ᠥᠪᠥᠷ ᠵᠠᠰᠠᠭ ᠠᠯᠪᠠᠨ ᠲᠠᠷᠬᠠᠭᠠᠭᠰᠠᠨ ﹇2016﹈ 142 ᠳ᠋ᠤᠭᠠᠷ ᠲᠤᠭᠠᠳᠤ | 2016 ᠤᠨ ᠤ 9 ᠳ᠋ᠤᠬᠡᠷ ᠰᠠᠷ᠎ᠠ ᠶᠢᠨ 23 ᠤ ᠡᠳᠦᠷ | ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠤᠷᠳᠤᠨ᠂ ᠡᠯ᠎ᠡ ᠬᠤᠰᠢᠭᠤ ᠰᠢᠶᠠᠨ ᠤ | ᠠᠷᠠᠳ ᠤᠨ ᠵᠠᠰᠠᠭ ᠤᠨ ᠤᠷᠳᠤᠨ᠂ ᠦᠪᠡᠷᠳᠡᠬᠡᠨ ᠵᠠᠰᠠᠬᠤ ᠤᠷᠤᠨ ᠤ ᠡᠯ᠎ᠡ ᠵᠦᠪᠯᠡᠯ᠂ ᠠᠯᠪᠠᠨ ᠬᠡᠷ᠂ ᠲᠢᠩᠬᠢᠮ᠂ | ᠲᠤᠪᠴᠢᠶ᠎ᠡ᠂ ᠡᠯ᠎ᠡ ᠲᠤᠮᠤ ᠠᠵᠦ ᠠᠬᠤᠶᠢᠯᠠᠯ᠂ ᠠᠵᠢᠯ ᠦᠢᠯᠡᠰ ᠤᠨ ᠨᠢᠬᠡᠴᠡ ᠳᠤ᠄ | ᠦᠪᠡᠷᠳᠡᠬᠡᠨ ᠵᠠᠰᠠᠬᠤ ᠤᠷᠤᠨ ᠤ ᠲᠤᠳᠤᠭᠠᠳᠤ ᠶᠢ ᠬᠠᠮᠠᠭᠠᠯᠠᠬᠤ ᠲᠢᠩᠬᠢᠮ᠂ ᠵᠠᠮ ᠬᠠᠷᠢᠯᠴᠠᠭ᠎ᠠ | ᠲᠡᠬᠡᠬᠡᠪᠦᠷᠢ ᠶᠢᠨ ᠲᠢᠩᠬᠢᠮ ᠤᠨ ︽ᠮᠠᠰᠢᠨ ᠲᠡᠷᠬᠡᠨ ᠤ ᠵᠢᠯᠤᠭᠤᠴᠢ ᠶᠢ ᠪᠤᠯᠪᠠᠰᠤᠷᠠᠭᠤᠯᠵᠦ ᠰᠢᠯᠭᠠᠬᠤ ᠲᠦᠷᠢᠮ ᠤᠨ | ᠦᠬᠡᠷᠡᠴᠢᠯᠡᠯᠳᠡ ᠶᠢ ᠠᠬᠢᠭᠤᠯᠬᠤ ᠲᠤᠬᠠᠢ ᠬᠡᠷᠡᠭᠵᠢᠬᠦᠯᠬᠦ ᠰᠠᠨᠠᠯ︾ ᠢ ᠦᠪᠡᠷᠳᠡᠬᠡᠨ ᠵᠠᠰᠠᠬᠤ ᠤᠷᠤᠨ ᠤ ᠠᠷᠠᠳ ᠤᠨ | ᠵᠠᠰᠠᠭ ᠤᠨ ᠤᠷᠳᠤᠨ ᠢᠶᠠᠷ ᠵᠦᠪᠰᠢᠶᠡᠷᠡᠭᠦᠯᠦᠬᠡᠳ᠂ ᠡᠳᠦᠬᠡ ᠲᠠᠨᠠᠷ ᠲᠤ ᠤᠯᠠᠮᠵᠢᠯᠠᠨ ᠶᠠᠪᠤᠭᠤᠯᠤᠯ᠎ᠠ᠂ | ᠪᠤᠳᠠᠳᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠵᠤᠬᠢᠶᠠᠨ ᠪᠠᠶᠢᠭᠤᠯᠵᠦ ᠬᠡᠷᠡᠭᠵᠢᠭᠦᠯᠳᠦᠬᠡᠢ᠃ | ᠮᠠᠰᠢᠨ ᠲᠡᠷᠬᠡᠨ ᠤ ᠵᠢᠯᠤᠭᠤᠴᠢ ᠶᠢ ᠪᠤᠯᠪᠠᠰᠤᠷᠠᠭᠤᠯᠵᠦ ᠰᠢᠯᠭᠠᠬᠤ ᠲᠦᠷᠢᠮ ᠤᠨ | ᠦᠬᠡᠷᠡᠴᠢᠯᠡᠯᠳᠡ ᠶᠢ ᠠᠬᠢᠭᠤᠯᠬᠤ ᠲᠤᠬᠠᠢ ᠬᠡᠷᠡᠭᠵᠢᠬᠦᠯᠬᠦ ᠰᠠᠨᠠᠯ | ᠦᠪᠡᠷᠳᠡᠬᠡᠨ ᠵᠠᠰᠠᠬᠤ ᠤᠷᠤᠨ ᠤ ᠲᠤᠳᠤᠭᠠᠳᠤ ᠶᠢ ᠬᠠᠮᠠᠭᠠᠯᠠᠬᠤ ᠲᠢᠩᠬᠢᠮ | ᠵᠠᠮ ᠬᠠᠷᠢᠯᠴᠠᠭ᠎ᠠ ᠲᠡᠬᠡᠬᠡᠪᠦᠷᠢ ᠶᠢᠨ ᠲᠢᠩᠬᠢᠮ | ︵2016 ᠤᠨ ᠤ 9 ᠳ᠋ᠤᠬᠡᠷ ᠰᠠᠷ᠎ᠠ︶ | ︽ᠮᠠᠰᠢᠨ ᠲᠡᠷᠬᠡᠨ ᠤ ᠵᠢᠯᠤᠭᠤᠴᠢ ᠶᠢ ᠪᠤᠯᠪᠠᠰᠤᠷᠠᠭᠤᠯᠵᠦ ᠰᠢᠯᠭᠠᠬᠤ ᠲᠦᠷᠢᠮ ᠤᠨ ᠦᠬᠡᠷᠡᠴᠢᠯᠡᠯᠳᠡ ᠶᠢ | ᠠᠬᠢᠭᠤᠯᠬᠤ ᠲᠤᠬᠠᠢ ᠲᠤᠳᠤᠭᠠᠳᠤ ᠶᠢ ᠬᠠᠮᠠᠭᠠᠯᠠᠬᠤ ᠶᠠᠮᠤᠨ ᠵᠠᠮ ᠬᠠᠷᠢᠯᠴᠠᠭ᠎ᠠ ᠲᠡᠬᠡᠬᠡᠪᠦᠷᠢ ᠶᠢᠨ ᠶᠠᠮᠤᠨ ᠤ ᠰᠠᠨᠠᠯ ᠢ | ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠤᠯᠠᠮᠵᠢᠯᠠᠨ ᠶᠠᠪᠤᠭᠤᠯᠬᠤ ᠮᠡᠳᠡᠭᠳᠡᠯ︾ ︵ᠲᠦᠷᠦ | ᠠᠯᠪᠠᠨ ᠲᠠᠷᠬᠠᠭᠠᠨᠨᠰᠠᠨ ﹇2015﹈ 88 ᠳ᠋ᠤᠭᠠᠷ ᠲᠤᠭᠠᠳᠤ︶ ᠪᠠ ︽ᠮᠠᠰᠢᠨ ᠲᠡᠷᠬᠡᠨ ᠤ ᠵᠢᠯᠤᠭᠤᠴᠢ ᠶᠢ | ᠪᠤᠯᠪᠠᠰᠤᠷᠠᠭᠤᠯᠵᠦ ᠰᠢᠯᠭᠠᠬᠤ ᠲᠦᠷᠢᠮ ᠤᠨ ᠦᠬᠡᠷᠡᠴᠢᠯᠡᠯᠳᠡ ᠶᠢᠨ ᠠᠵᠢᠯ ᠢ ᠰᠠᠶᠢᠳᠤᠷ ᠬᠢᠭᠦ ᠲᠤᠬᠠᠢ ᠲᠤᠳᠤᠭᠠᠳᠤ ᠶᠢ | ᠬᠠᠮᠠᠭᠠᠯᠠᠬᠤ ᠶᠠᠮᠤᠨ ᠵᠠᠮ ᠬᠠᠷᠢᠯᠴᠠᠭ᠎ᠠ ᠲᠡᠬᠡᠬᠡᠪᠦᠷᠢ ᠶᠢᠨ ᠶᠠᠮᠤᠨ ᠤ ᠮᠡᠳᠡᠭᠳᠡᠯ︾ ︵ᠲᠤᠳᠤᠭᠠᠳᠤ ᠵᠠᠮ ᠬᠠᠮᠢᠶᠠᠷᠤᠯᠳᠠ | ﹇2016﹈ 50 ᠳ᠋ᠤᠭᠠᠷ ᠲᠤᠭᠠᠳᠤ︶ ᠤᠨ ᠵᠤᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠦ᠂ ᠪᠦᠭᠦ | ᠤᠷᠤᠨ ᠤ ᠮᠠᠰᠢᠨ ᠲᠡᠷᠬᠡᠨ ᠤ ᠵᠢᠯᠤᠭᠤᠴᠢ ᠶᠢ ᠪᠤᠯᠪᠠᠰᠤᠷᠠᠭᠤᠯᠵᠦ ᠰᠢᠯᠭᠠᠬᠤ ᠲᠦᠷᠢᠮ ᠤᠨ ᠦᠬᠡᠷᠡᠴᠢᠯᠡᠯᠳᠡ ᠶᠢ ᠪᠦᠭᠦ | ᠲᠠᠯ᠎ᠠ ᠪᠠᠷ ᠠᠬᠢᠭᠤᠯᠬᠤ ᠶᠢᠨ ᠲᠤᠰᠠᠳᠠ᠂ ᠮᠠᠨ ᠤ ᠤᠷᠤᠨ ᠤ ᠪᠤᠳᠠᠳᠠᠢ ᠲᠠᠢ ᠤᠶᠠᠯᠳᠤᠭᠤᠯᠵᠦ᠂ ᠡᠳᠦᠬᠡ ᠲᠤᠤᠷᠠᠬᠢ | ᠮᠡᠳᠦ ᠬᠡᠷᠡᠭᠵᠢᠬᠦᠯᠬᠦ ᠰᠠᠨᠠᠯ ᠢ ᠲᠤᠷᠠᠳᠪᠠ᠃ | ᠨᠢᠬᠡ᠂ ᠶᠡᠷᠦᠩᠬᠡᠢ ᠱᠠᠭᠠᠷᠳᠠᠯᠭ᠎ᠠ | ︵ᠨᠢᠬᠡ︶ ᠵᠢᠯᠤᠭᠤᠳᠬᠤ ᠦᠵᠡᠯ ᠰᠠᠨᠠᠭ᠎ᠠ᠃ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠪᠤᠯᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ | ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ᠂ ᠲᠦᠷᠪᠡᠳᠦᠬᠡᠷ ᠪᠦᠭᠦᠳᠡ ᠬᠤᠷᠠᠯ᠂ ᠲᠠᠪᠤᠳᠤᠭᠠᠷ ᠪᠦᠭᠦᠳᠡ | ᠬᠤᠷᠠᠯ ᠤᠨ ᠵᠤᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠦ᠂ ᠮᠠᠰᠢᠨ ᠲᠡᠷᠬᠡᠨ ᠤ | ᠵᠢᠯᠤᠭᠤᠴᠢ ᠶᠢ ᠪᠤᠯᠪᠠᠰᠤᠷᠠᠭᠤᠯᠵᠦ ᠰᠢᠯᠭᠠᠬᠤ ᠠᠵᠢᠯ ᠤᠨ ᠦᠢᠯᠡᠴᠢᠯᠡᠭᠡ ᠬᠠᠮᠢᠶᠠᠷᠤᠯᠳᠠ ᠶᠢᠨ ᠲᠦᠪᠰᠢᠨ ᠢ | ᠲᠡᠬᠡᠭᠰᠢᠯᠡᠬᠦᠯᠬᠦ ᠪᠠᠷ ᠬᠠᠷᠠᠯᠳᠠ ᠪᠤᠯᠭᠠᠨ᠂ ᠵᠠᠰᠠᠭ ᠢ ᠴᠤᠮᠬᠠᠳᠬᠠᠵᠦ ᠡᠷᠬᠡ ᠶᠢ ᠲᠤᠷᠤᠨᠨᠰᠢ ᠪᠠᠭᠤᠯᠭᠠᠬᠤ᠂ | ᠪᠠᠭᠤᠯᠭᠠᠬᠤ ᠪᠠ ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠭᠡ ᠶᠢ ᠰᠢᠯᠢᠳᠡᠭᠵᠢᠬᠦᠯᠬᠦ ᠪᠠᠷ ᠭᠦᠴᠦᠯᠡᠬᠦ ᠴᠢᠬ | ᠪᠤᠯᠭᠠᠬᠤ ᠶᠢ ᠦᠷᠭᠦᠯᠵᠢᠯᠡᠨ ᠠᠬᠢᠭᠤᠯᠵᠦ᠂ ᠠᠰᠠᠭᠤᠳᠠᠯ ᠢᠶᠠᠷ ᠤᠳᠤᠷᠢᠳᠤᠮᠵᠢ ᠪᠤᠯᠭᠠᠨ᠂ ᠦᠬᠡᠷᠡᠴᠢᠯᠡᠯᠳᠡ ᠪᠠᠷ | ᠭᠦᠳᠡᠯᠬᠡᠭᠦ ᠭᠦᠴᠦᠨ ᠪᠤᠯᠭᠠᠬᠤ ᠶᠢ ᠪᠠᠷᠢᠮᠳᠠᠯᠠᠵᠦ᠂ ᠵᠢᠯᠤᠭᠤᠳᠬᠤ ᠶᠢ ᠪᠤᠯᠪᠠᠰᠤᠷᠠᠭᠤᠯᠬᠤ ᠵᠠᠬ᠎ᠠ ᠲᠡᠯᠬᠡᠭᠦᠷ ᠤᠨ | ᠴᠢᠯᠦᠬᠡᠳᠦ ᠦᠷᠢᠰᠦᠯᠳᠦᠬᠡᠨ᠂ ᠵᠢᠯᠤᠭᠤᠳᠬᠤ ᠶᠢᠨ ᠰᠢᠯᠭᠠᠯᠳᠠ ᠶᠢᠨ ᠡᠷᠬᠡ ᠲᠡᠭᠰᠢ ᠲᠦᠪ ᠭᠤᠤᠯᠴᠢ᠂ ᠦᠢᠯᠡᠴᠢᠯᠡᠭᠡ | ᠬᠠᠮᠢᠶᠠᠷᠤᠯᠳᠠ ᠶᠢᠨ ᠲᠦᠭᠦᠮ ᠲᠦᠳᠡ ᠲᠡᠬᠡᠳᠦ ᠠᠰᠢᠨᠨᠯᠠᠮᠵᠢ ᠲᠠᠢ ᠪᠠᠶᠢᠬᠤ ᠶᠢ ᠠᠬᠢᠭᠤᠯᠤᠨ᠂ ᠠᠷᠠᠳ ᠤᠯᠠᠨ ᠤ | ᠵᠢᠯᠤᠭᠤᠳᠬᠤ ᠶᠢ ᠪᠤᠯᠪᠠᠰᠤᠷᠠᠬᠤ ᠰᠢᠯᠭᠠᠯᠳᠠ ᠶᠢᠨ ᠬᠡᠷᠡᠭᠴᠡᠭᠡ ᠱᠠᠭᠠᠷᠳᠠᠯᠭ᠎ᠠ ᠶᠢ ᠲᠠᠰᠤᠷᠠᠯᠳᠠ ᠦᠬᠡᠢ ᠬᠠᠩᠭᠠᠵᠦ᠂ | ᠵᠢᠯᠤᠭᠤᠳᠬᠤ ᠶᠢ ᠪᠤᠯᠪᠠᠰᠤᠷᠠᠭᠤᠯᠵᠦ ᠰᠢᠯᠭᠠᠬᠤ ᠴᠢᠨᠠᠷ ᠴᠢᠨᠰᠠᠭ᠎ᠠ ᠶᠢ ᠲᠠᠰᠤᠷᠠᠯᠳᠠ ᠦᠬᠡᠢ ᠲᠡᠬᠡᠭᠰᠢᠯᠡᠬᠦᠯᠦᠨ᠂ ᠵᠠᠮ | ᠬᠠᠷᠢᠯᠴᠠᠭᠠᠨ ᠤ ᠠᠮᠤᠷ ᠲᠦᠪᠰᠢᠨ᠂ ᠪᠤᠯᠪᠠᠰᠤᠨ᠂ ᠡᠮᠬᠢ ᠵᠢᠷᠤᠮ ᠲᠠᠢ ᠪᠠᠶᠢᠬᠤ ᠶᠢ ᠲᠠᠰᠤᠷᠠᠯᠳᠠ ᠦᠬᠡᠢ ᠪᠡᠶᠡᠯᠡᠬᠦᠯᠬᠦ | ᠬᠡᠷᠡᠭᠳᠡᠢ᠃ | ︵ᠬᠤᠶᠠᠷ︶ ᠦᠨᠳᠦᠰᠦᠨ ᠵᠠᠷᠴᠢᠮ᠃ | 1. ᠠᠮᠤᠷ ᠲᠦᠪᠰᠢᠨ ᠢ ᠲᠡᠷᠢᠬᠦᠨ ᠳᠤ ᠲᠠᠯᠪᠢᠬᠤ ᠶᠢ ᠪᠠᠷᠢᠮᠳᠠᠯᠠᠬᠤ ᠬᠡᠷᠡᠭᠳᠡᠢ᠃ ᠪᠤᠯᠪᠠᠰᠤᠷᠠᠭᠤᠯᠤᠯ ᠤᠨ | ᠴᠢᠨᠠᠷ ᠴᠢᠨᠰᠠᠭ᠎ᠠ ᠶᠢ ᠴᠢᠩᠳᠠᠯᠠᠵᠦ᠂ ᠰᠢᠯᠭᠠᠯᠳᠠ ᠶᠢᠨ ᠪᠤᠭᠤᠮᠳᠠ ᠶᠢ ᠴᠢᠩᠭ᠎ᠠ ᠠᠳᠬᠤᠨ᠂ ᠰᠢᠯᠭᠠᠯᠳᠠ ᠶᠢᠨ | ᠪᠠᠷᠢᠮᠵᠢᠶ᠎ᠠ ᠶᠢ ᠴᠢᠩᠭ᠎ᠠ ᠰᠠᠬᠢᠵᠦ᠂ ᠰᠢᠨ᠎ᠠ ᠵᠢᠯᠤᠭᠤᠴᠢ ᠶᠢᠨ ᠠᠮᠤᠷ ᠲᠦᠪᠰᠢᠨ ᠤ ᠦᠵᠡᠯ ᠤᠬᠠᠮᠰᠠᠷ ᠤᠨ ᠲᠠᠳᠬᠠᠯ ᠢ | ᠴᠢᠩᠭᠠᠷᠠᠭᠤᠯᠵᠦ᠂ ᠠᠮᠤᠷ ᠲᠦᠪᠰᠢᠨ ᠢᠶᠠᠷ ᠵᠢᠯᠤᠭᠤᠳᠬᠤ ᠮᠡᠷᠬᠡᠵᠢᠯ ᠴᠢᠳᠠᠪᠤᠷᠢ ᠶᠢ ᠲᠡᠬᠡᠭᠰᠢᠯᠡᠬᠦᠯᠵᠦ᠂ ᠠᠮᠤᠷ | ᠲᠦᠪᠰᠢᠨ ᠪᠤᠯᠪᠠᠰᠤᠨ ᠬᠡᠪ ᠴᠢᠨᠠᠷ ᠢ ᠴᠢᠩᠭᠠᠳᠬᠠᠨ᠂ ᠵᠠᠮ ᠬᠠᠷᠢᠯᠴᠠᠭᠠᠨ ᠤ ᠠᠮᠤᠷ ᠲᠦᠪᠰᠢᠨ ᠢ ᠦᠨᠡᠨᠬᠦ ᠪᠠᠳᠤᠯᠠᠬᠤ | ᠬᠡᠷᠡᠭᠳᠡᠢ᠃ | 2. ᠠᠷᠠᠳ ᠲᠤ ᠲᠦᠭᠦᠮ ᠦᠵᠡᠬᠦᠯᠵᠦ ᠠᠷᠠᠳ ᠲᠤ ᠠᠰᠢᠨᠨᠳᠠᠢ ᠪᠠᠶᠢᠬᠤ ᠶᠢ ᠪᠠᠷᠢᠮᠳᠠᠯᠠᠬᠤ ᠬᠡᠷᠡᠭᠳᠡᠢ᠃ | ᠤᠯᠠᠨ ᠶᠠᠩᠵᠦ ᠶᠢᠨ ᠪᠤᠯᠪᠠᠰᠤᠷᠠᠭᠤᠯᠤᠯ ᠤᠨ ᠦᠢᠯᠡᠴᠢᠯᠡᠭᠡ ᠬᠠᠩᠭᠠᠵᠦ᠂ ᠪᠤᠯᠪᠠᠰᠤᠷᠠᠭᠤᠯᠵᠦ ᠰᠢᠯᠭᠠᠬᠤ ᠲᠡᠰ | ᠲᠠᠷᠠᠭᠠᠯᠠᠯ ᠢ ᠰᠢᠯᠢᠳᠡᠭᠵᠢᠬᠦᠯᠦᠨ᠂ ᠤᠯᠠᠨ ᠲᠦᠮᠡᠨ ᠤ ᠭᠦᠰᠡᠯ ᠡᠷᠡᠮᠡᠯᠵᠡᠯ ᠢ ᠭᠦᠨᠳᠦᠳᠬᠡᠵᠦ᠂ ᠦᠪᠡᠰᠦᠪᠡᠨ | ᠰᠤᠩᠭᠤᠬᠤ ᠶᠢ ᠶᠠᠪᠤᠨᠨᠳᠠᠭᠤᠯᠵᠦ᠂ ᠭᠠᠷᠳᠠᠮ ᠢ ᠲᠤᠪᠴᠢᠯᠠᠨ᠂ ᠠᠵᠢᠯ ᠭᠦᠢᠴᠡᠳᠬᠡᠬᠦ ᠦᠷ᠎ᠡ ᠠᠰᠢᠭ ᠢ | ᠲᠡᠬᠡᠭᠰᠢᠯᠡᠬᠦᠯᠵᠦ᠂ ᠤᠯᠠᠨ ᠲᠦᠮᠡᠨ ᠤ ᠵᠢᠯᠤᠭᠤᠴᠢ ᠶᠢᠨ ᠦᠨᠡᠮᠯᠡᠯ ᠰᠢᠯᠭᠠᠵᠦ ᠠᠪᠬᠤ ᠳᠤ ᠲᠦᠭᠦᠮ ᠦᠵᠡᠬᠦᠯᠬᠦ | ᠬᠡᠷᠡᠭᠳᠡᠢ᠃ | 3. ᠴᠢᠯᠦᠬᠡᠳᠡᠢ ᠦᠷᠢᠰᠦᠯᠳᠦᠬᠦ ᠶᠢ ᠪᠠᠷᠢᠮᠳᠠᠯᠠᠬᠤ ᠬᠡᠷᠡᠭᠳᠡᠢ᠃ ᠵᠢᠯᠤᠭᠤᠳᠬᠤ ᠶᠢ ᠪᠤᠯᠪᠠᠰᠤᠷᠠᠭᠤᠯᠬᠤ ᠵᠠᠬ᠎ᠠ | ᠲᠡᠯᠬᠡᠭᠦᠷ ᠢ ᠤᠯᠠᠮ ᠨᠢᠬᠡ ᠠᠯᠬᠤᠮ ᠴᠢᠯᠦᠬᠡᠳᠡᠢ ᠪᠤᠯᠭᠠᠵᠦ᠂ ᠲᠦᠪ ᠭᠤᠤᠯᠴᠢ ᠪᠠᠷ ᠦᠷᠢᠰᠦᠯᠳᠦᠬᠦ ᠲᠤᠨᠨᠳᠠᠴᠠ ᠶᠢ | ᠲᠡᠭᠦᠯᠳᠡᠷᠵᠢᠬᠦᠯᠦᠨ᠂ ᠪᠤᠯᠪᠠᠰᠤᠷᠠᠭᠤᠯᠤᠯ ᠤᠨ ᠵᠠᠬ᠎ᠠ ᠲᠡᠯᠬᠡᠭᠦᠷ ᠤᠨ ᠠᠮᠢᠵᠢᠷᠠᠯ ᠤᠨ ᠭᠦᠴᠦᠨ ᠢ ᠭᠦᠭᠵᠢᠬᠡᠵᠦ᠂ | ᠨᠡᠶᠢᠬᠡᠮ ᠤᠨ ᠰᠢᠯᠭᠠᠯᠳᠠ ᠶᠢᠨ ᠡᠬᠢ ᠪᠠᠶᠠᠯᠢᠭ ᠢ ᠠᠰᠢᠨᠨᠯᠠᠨ᠂ ᠬᠠᠩᠭᠠᠯᠭ᠎ᠠ ᠬᠢᠬᠡᠳ ᠬᠡᠷᠡᠭᠴᠡᠬᠡᠨ ᠤ ᠪᠦᠳᠦᠮᠵᠢᠳᠡᠢ | ᠵᠠᠯᠭᠠᠯᠳᠤᠬᠤ ᠶᠢ ᠪᠡᠶᠡᠯᠡᠬᠦᠯᠵᠦ᠂ ᠪᠤᠯᠪᠠᠰᠤᠷᠠᠭᠤᠯᠤᠯ ᠰᠢᠯᠭᠠᠯᠳᠠ ᠶᠢᠨ ᠦᠢᠯᠡᠴᠢᠯᠡᠭᠡ ᠬᠠᠮᠢᠶᠠᠷᠤᠯᠳᠠ ᠶᠢᠨ | ᠲᠦᠪᠰᠢᠨ ᠢ ᠲᠡᠬᠡᠭᠰᠢᠯᠡᠬᠦᠯᠬᠦ ᠬᠡᠷᠡᠭᠳᠡᠢ᠃ | 4. ᠲᠦᠪ ᠭᠤᠤᠯᠴᠢ ᠠᠷᠢᠭᠤᠨ ᠴᠢᠬᠡᠴᠢ ᠪᠠᠶᠢᠬᠤ ᠶᠢ ᠪᠠᠷᠢᠮᠳᠠᠯᠠᠬᠤ ᠬᠡᠷᠡᠭᠳᠡᠢ᠃ ᠪᠤᠯᠪᠠᠰᠤᠷᠠᠭᠤᠯᠤᠯ᠂ | ᠪᠤᠯᠵᠤᠨ ᠰᠢᠯᠭᠠᠬᠤ᠂ ᠰᠢᠯᠭᠠᠯᠳᠠ᠂ ᠵᠢᠯᠤᠭᠤᠴᠢ ᠶᠢᠨ ᠦᠨᠡᠮᠯᠡᠯ ᠤᠯᠭᠤᠬᠤ ᠪᠦᠭᠦ ᠶᠠᠪᠤᠴᠠ ᠶᠢ ᠢᠯᠡ ᠲᠤᠳᠤ᠂ | ᠨᠢᠨᠨᠳᠠ ᠴᠢᠩᠭ᠎ᠠ ᠵᠢᠷᠤᠮᠵᠢᠯ ᠲᠠᠢ ᠪᠤᠯᠭᠠᠬᠤ ᠶᠢ ᠪᠡᠶᠡᠯᠡᠬᠦᠯᠵᠦ᠂ ᠲᠤᠳᠤᠭᠠᠳᠤ ᠭᠠᠳᠠᠭᠠᠳᠤ ᠶᠢᠨ ᠬᠢᠨᠠᠯᠳᠠ ᠲᠠᠯᠪᠢᠬᠤ | ᠲᠤᠨᠨᠳᠠᠴᠠ ᠶᠢ ᠪᠦᠷᠢᠨᠰᠢᠭᠦᠯᠦᠨ᠂ ᠲᠤᠨᠨᠳᠠᠭᠠᠯ ᠠᠴᠠ ᠵᠦᠷᠢᠴᠡᠪᠡᠯ ᠬᠠᠷᠢᠭᠤᠴᠠᠯᠭ᠎ᠠ ᠬᠡᠯᠡᠯᠴᠡᠬᠦ ᠶᠢ ᠴᠢᠩᠳᠠᠯᠠᠵᠦ᠂ | ᠬᠠᠤᠯᠢ ᠠᠴᠠ ᠵᠦᠷᠢᠴᠡᠭᠰᠡᠨ ᠢᠯᠵᠢᠷᠡᠯ ᠤᠨ ᠦᠢᠯᠡ ᠠᠵᠢᠯᠯᠠᠭ᠎ᠠ ᠶᠢ ᠡᠷᠡᠰ ᠪᠠᠶᠢᠴᠠᠭᠠᠨ ᠰᠶᠢᠳᠪᠦᠷᠢᠯᠡᠵᠦ᠂ | ᠵᠠᠰᠠᠭ ᠤᠨ ᠤᠷᠳᠤᠨ ᠤ ᠨᠡᠶᠢᠳᠡ ᠳᠤ ᠢᠳᠡᠬᠡᠬᠦᠯᠬᠦ ᠭᠦᠴᠦ ᠪᠠ ᠤᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ | ᠲᠠᠰᠤᠷᠠᠯᠳᠠ ᠦᠬᠡᠢ ᠲᠡᠬᠡᠭᠰᠢᠯᠡᠬᠦᠯᠬᠦ ᠬᠡᠷᠡᠭᠳᠡᠢ᠃ | ︵ᠭᠤᠷᠪᠠ︶ ᠠᠵᠢᠯ ᠤᠨ ᠬᠠᠷᠠᠯᠳᠠ᠃ | 2016 ᠤᠨ ᠳᠤ᠂ ᠵᠢᠯᠤᠭᠤᠴᠢ ᠶᠢ ᠪᠤᠯᠪᠠᠰᠤᠷᠠᠭᠤᠯᠵᠦ ᠰᠢᠯᠭᠠᠬᠤ ᠲᠦᠷᠢᠮ ᠤᠨ ᠦᠬᠡᠷᠡᠴᠢᠯᠡᠯᠳᠡ ᠶᠢᠨ | ᠠᠵᠢᠯ ᠢ ᠪᠠᠶᠢᠷᠢᠯᠠᠭᠤᠯᠵᠦ᠂ ᠡᠯ᠎ᠡ ᠵᠦᠢᠯ ᠤᠨ ᠡᠭᠦᠷᠬᠡ ᠶᠢ ᠠᠬᠢᠭᠤᠯᠬᠤ ᠠᠯᠬᠤᠮ ᠲᠠᠷᠠᠭ᠎ᠠ ᠶᠢ ᠲᠤᠳᠤᠷᠬᠠᠶᠢᠯᠠᠨ᠂ | ᠴᠢᠬᠤᠯᠠ ᠶᠡᠭᠡ ᠦᠬᠡᠷᠡᠴᠢᠯᠡᠯᠳᠡ ᠶᠢᠨ ᠵᠦᠢᠯᠡᠰ ᠤᠨ ᠲᠤᠷᠰᠢᠯᠳᠠ ᠶᠢᠨ ᠴᠢᠬ ᠢ ᠡᠬᠢᠯᠡᠬᠦᠯᠦᠨ᠎ᠠ︔ 2017 ᠤᠨ ᠳᠤ | ᠂ ᠲᠤᠷᠰᠢᠯᠳᠠ ᠶᠢᠨ ᠴᠢᠬ ᠤᠨ ᠲᠤᠷᠰᠢᠯᠭ᠎ᠠ ᠶᠢ ᠳ᠋ᠦ᠋ᠶᠢᠩᠨᠡᠵᠦ᠂ ᠲᠤᠳᠤᠭᠠᠳᠤ ᠶᠢ ᠬᠠᠮᠠᠭᠠᠯᠠᠬᠤ ᠶᠠᠮᠤᠨ᠂ ᠵᠠᠮ | ᠬᠠᠷᠢᠯᠴᠠᠭ᠎ᠠ ᠲᠡᠬᠡᠬᠡᠪᠦᠷᠢ ᠶᠢᠨ ᠶᠠᠮᠤᠨ ᠵᠡᠷᠬᠡ ᠶᠢᠨ ᠬᠠᠮᠢᠶ᠎ᠠ ᠪᠦᠭᠦᠢ ᠦᠬᠡᠷᠡᠴᠢᠯᠡᠯᠳᠡ ᠶᠢᠨ ᠪᠠᠶᠢᠷᠢᠯᠠᠭᠤᠯᠤᠯᠳᠠ ᠪᠠ | ᠠᠷᠭ᠎ᠠ ᠬᠡᠮᠵᠢᠶ᠎ᠠ ᠶᠢ ᠭᠦᠨᠵᠡᠬᠡᠢ ᠨᠠᠶᠢᠳᠠᠪᠤᠷᠢᠵᠢᠭᠤᠯᠵᠦ᠂ ᠮᠠᠨ ᠤ ᠤᠷᠤᠨ ᠤ ᠦᠬᠡᠷᠡᠴᠢᠯᠡᠯᠳᠡ ᠶᠢᠨ ᠲᠦᠭᠦᠷ | ᠲᠦᠷᠦ ᠶᠢᠨ ᠪᠤᠳᠤᠯᠭ᠎ᠠ ᠪᠠ ᠠᠷᠭ᠎ᠠ ᠬᠡᠮᠵᠢᠶ᠎ᠡ ᠶᠢ ᠤᠯᠠᠮ ᠨᠢᠬᠡ ᠠᠯᠬᠤᠮ ᠠᠬᠢᠭᠤᠯᠤᠨ᠎ᠠ︔ 2018 ᠤᠨ ᠳᠤ᠂ | ᠦᠬᠡᠷᠡᠴᠢᠯᠡᠯᠳᠡ ᠶᠢᠨ ᠭᠤᠤᠯᠳᠠᠯᠭ᠎ᠠ ᠲᠠᠢ ᠠᠵᠢᠯ ᠤᠨ ᠡᠭᠦᠷᠬᠡ ᠶᠢ ᠪᠦᠭᠦ ᠲᠠᠯ᠎ᠠ ᠪᠠᠷ ᠪᠡᠶᠡᠯᠡᠬᠦᠯᠵᠦ᠂ ᠨᠡᠬᠡᠬᠡᠯᠳᠡ ᠲᠠᠢ | ᠡᠮᠬᠢ ᠵᠢᠷᠤᠮ ᠲᠠᠢ᠂ ᠲᠦᠪ ᠭᠤᠤᠯᠴᠢ ᠪᠠᠷ ᠦᠷᠢᠰᠦᠯᠳᠦᠬᠦ᠂ ᠦᠢᠯᠡᠴᠢᠯᠡᠭᠡ ᠪᠠᠷ ᠰᠢᠯᠢᠳᠡᠭ᠂ ᠬᠠᠮᠢᠶᠠᠷᠤᠯᠳᠠ ᠪᠠᠷ | ᠵᠢᠷᠤᠮᠵᠢᠯ ᠲᠠᠢ ᠵᠢᠯᠤᠭᠤᠴᠢ ᠪᠤᠯᠪᠠᠰᠤᠷᠠᠭᠤᠯᠬᠤ ᠵᠠᠬ᠎ᠠ ᠲᠡᠯᠬᠡᠭᠦᠷ ᠤᠨ ᠰᠢᠰᠲ᠋ᠧᠮᠵᠢ ᠶᠢ ᠦᠨᠳᠦᠰᠦᠨ ᠳᠡᠭᠡᠨ | ᠪᠠᠶᠢᠭᠤᠯᠵᠦ᠂ ᠢᠯᠡ ᠲᠤᠳᠤ᠂ ᠡᠷᠬᠡ ᠬᠠᠷᠢᠭᠤᠴᠠᠯᠭ᠎ᠠ ᠨᠢ ᠲᠤᠳᠤᠷᠬᠠᠢ᠂ ᠠᠵᠢᠯᠯᠠᠭᠠᠨ ᠨᠢ ᠦᠨᠳᠦᠷ ᠪᠦᠳᠦᠮᠵᠢᠳᠡᠢ᠂ | ᠢᠯᠡ ᠠᠷᠢᠭᠤᠨ ᠴᠢᠬᠡᠴᠢ ᠪᠠᠶᠢᠬᠤ ᠵᠢᠯᠤᠭᠤᠴᠢ ᠶᠢᠨ ᠰᠢᠯᠭᠠᠯᠳᠠ ᠶᠢᠨ ᠬᠠᠮᠢᠶᠠᠷᠤᠯᠳᠠ ᠶᠢᠨ ᠪᠠᠶᠢᠭᠤᠯᠤᠯ ᠢ | ᠦᠨᠳᠦᠰᠦᠨ ᠳᠡᠭᠡᠨ ᠪᠠᠶᠢᠭᠤᠯᠤᠨ᠂ ᠪᠤᠯᠪᠠᠰᠤᠷᠠᠭᠤᠯᠤᠯ ᠰᠢᠯᠭᠠᠯᠳᠠ ᠶᠢᠨ ᠲᠦᠭᠦᠮ ᠦᠬᠡᠢ᠂ ᠵᠢᠷᠤᠮᠵᠢᠯ ᠦᠬᠡᠢ᠂ | ᠬᠢᠮᠳᠠ ᠪᠤᠰᠤ ᠵᠡᠷᠬᠡ ᠠᠰᠠᠭᠤᠳᠠᠯ ᠢ ᠦᠨᠳᠦᠰᠦᠨ ᠳᠡᠭᠡᠨ ᠰᠶᠢᠳᠪᠦᠷᠢᠯᠡᠨ᠎ᠠ᠃ | ᠬᠤᠶᠠᠷ᠂ ᠭᠤᠤᠯ ᠡᠭᠦᠷᠬᠡ | ︵ᠨᠢᠬᠡ︶ ᠪᠤᠯᠪᠠᠰᠤᠷᠠᠭᠤᠯᠤᠯ ᠤᠨ ᠲᠦᠷᠢᠮ ᠤᠨ ᠦᠬᠡᠷᠡᠴᠢᠯᠡᠯᠳᠡ ᠶᠢ ᠠᠬᠢᠭᠤᠯᠬᠤ ᠬᠡᠷᠡᠭᠳᠡᠢ᠃ | 1. ᠵᠢᠯᠤᠭᠤᠴᠢ ᠶᠢ ᠲᠦᠷᠦᠯ ᠬᠤᠪᠢᠶᠠᠵᠦ ᠭᠦᠮᠦᠵᠢᠭᠦᠯᠵᠦ ᠪᠤᠯᠪᠠᠰᠤᠷᠠᠭᠤᠯᠬᠤ ᠶᠢ ᠬᠡᠷᠡᠭᠵᠢᠬᠦᠯᠬᠦ ᠬᠡᠷᠡᠭᠳᠡᠢ᠃ | ᠲᠤᠮᠤ ᠬᠡᠯᠪᠡᠷᠢ ᠶᠢᠨ ᠠᠶᠠᠨᠴᠢᠨ ᠪᠠᠷᠠᠭᠠᠨ ᠤ ᠮᠠᠰᠢᠨ ᠲᠡᠷᠬᠡᠨ ᠤ ᠵᠢᠯᠤᠭᠤᠴᠢ ᠳᠤ ᠲᠤᠰᠬᠠᠶᠢᠵᠢᠨᠨᠰᠠᠨ ᠵᠢᠯᠤᠭᠤᠳᠬᠤ | ᠪᠤᠯᠪᠠᠰᠤᠷᠠᠭᠤᠯᠤᠯ ᠢ ᠶᠠᠪᠤᠭᠤᠯᠵᠦ᠂ ᠲᠤᠮᠤ ᠬᠡᠯᠪᠡᠷᠢ ᠶᠢᠨ ᠠᠶᠠᠨᠴᠢᠨ ᠪᠠᠷᠠᠭᠠᠨ ᠤ ᠲᠡᠷᠬᠡᠨ ᠤ ᠵᠢᠯᠤᠭᠤᠴᠢ ᠶᠢᠨ | ᠪᠤᠯᠪᠠᠰᠤᠷᠠᠭᠤᠯᠤᠯ ᠤᠨ ᠰᠠᠭᠤᠷᠢᠨ ᠭᠠᠵᠠᠷ ᠪᠠᠶᠢᠭᠤᠯᠬᠤ ᠶᠢ ᠭᠦᠳᠦᠯᠦᠨ ᠵᠢᠯᠤᠭᠤᠳᠴᠤ᠂ ᠲᠦᠪᠯᠡᠷᠡᠭᠰᠡᠨ ᠬᠡᠯᠪᠡᠷᠢ ᠶᠢᠨ | ᠭᠦᠮᠦᠵᠢᠯ ᠪᠤᠯᠪᠠᠰᠤᠷᠠᠭᠤᠯᠤᠯ ᠦᠷᠨᠢᠬᠦᠯᠬᠦ ᠬᠡᠷᠡᠭᠳᠡᠢ᠃ ᠵᠢᠵᠢᠭ ᠬᠡᠯᠪᠡᠷᠢ ᠶᠢᠨ ᠮᠠᠰᠢᠨ ᠲᠡᠷᠬᠡᠨ ᠤ ᠵᠢᠯᠤᠭᠤᠴᠢ ᠶᠢ | ᠪᠤᠯᠪᠠᠰᠤᠷᠠᠭᠤᠯᠬᠤ ᠠᠷᠭ᠎ᠠ ᠮᠠᠶ᠋ᠢᠭ ᠢ ᠪᠦᠭᠦ ᠲᠠᠯ᠎ᠠ ᠪᠠᠷ ᠰᠢᠯᠢᠳᠡᠭᠵᠢᠬᠦᠯᠵᠦ᠂ ᠲᠤᠨᠨᠳᠠᠮᠠᠯ ᠰᠤᠷᠤᠯᠴᠠᠬᠤ ᠴᠠᠭ ᠪᠦᠭᠦᠢ | ᠪᠤᠯᠪᠠᠰᠤᠷᠠᠭᠤᠯᠤᠯ ᠤᠨ ᠱᠠᠭᠠᠷᠳᠠᠯᠭ᠎ᠠ ᠶᠢ ᠪᠡᠶᠡᠯᠡᠬᠦᠯᠦᠭᠰᠡᠨ ᠰᠠᠭᠤᠷᠢᠨ ᠲᠡᠬᠡᠷ᠎ᠡ᠂ ᠰᠤᠷᠤᠨᠨᠴᠢᠳ ᠲᠤᠰ ᠪᠡᠶ᠎ᠡ ᠶᠢᠨ | ᠪᠠᠶᠢᠳᠠᠯ ᠢᠶᠠᠨ ᠦᠨᠳᠦᠰᠦᠯᠡᠵᠦ ᠪᠤᠯᠪᠠᠰᠤᠷᠠᠭᠤᠯᠤᠯ ᠤᠨ ᠰᠤᠷᠤᠯᠴᠠᠬᠤ ᠴᠠᠭ ᠪᠠ ᠠᠭᠤᠯᠭ᠎ᠠ ᠶᠢ ᠨᠡᠮᠡᠵᠦ᠂ ᠦᠪᠡᠷᠮᠢᠴᠡ | ᠂ ᠵᠦᠷᠢᠶᠡᠳᠦ ᠪᠤᠯᠪᠠᠰᠤᠷᠠᠭᠤᠯᠤᠯ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠦ ᠪᠤᠯᠤᠨ᠎ᠠ᠃ ︵ᠦᠪᠡᠷᠳᠡᠬᠡᠨ ᠵᠠᠰᠠᠬᠤ | ᠤᠷᠤᠨ ᠤ ᠵᠠᠮ ᠬᠠᠷᠢᠯᠴᠠᠭ᠎ᠠ ᠲᠡᠬᠡᠬᠡᠪᠦᠷᠢ ᠶᠢᠨ ᠲᠢᠩᠬᠢᠮ᠂ ᠲᠤᠳᠤᠭᠠᠳᠤ ᠶᠢ ᠬᠠᠮᠠᠭᠠᠯᠠᠬᠤ ᠲᠢᠩᠬᠢᠮ᠂ ᠰᠤᠷᠭᠠᠨ | ᠭᠦᠮᠦᠵᠢᠯ ᠤᠨ ᠲᠢᠩᠬᠢᠮ᠂ ᠭᠦᠮᠦᠨ ᠤ ᠭᠦᠴᠦᠨ ᠤ ᠡᠬᠢ ᠪᠠᠶᠠᠯᠢᠭ ᠨᠡᠶᠢᠬᠡᠮ ᠤᠨ ᠪᠠᠳᠤᠯᠠᠭ᠎ᠠ ᠶᠢᠨ ᠲᠢᠩᠬᠢᠮ | ᠬᠠᠷᠢᠭᠤᠴᠠᠨ᠎ᠠ︶ | 2. ᠪᠤᠯᠪᠠᠰᠤᠷᠠᠭᠤᠯᠤᠯ ᠤᠨ ᠠᠷᠭ᠎ᠠ ᠮᠠᠶ᠋ᠢᠭ ᠢ ᠰᠢᠯᠢᠳᠡᠭᠵᠢᠬᠦᠯᠬᠦ ᠬᠡᠷᠡᠭᠳᠡᠢ᠃ ᠵᠢᠯᠤᠭᠤᠳᠬᠤ ᠶᠢ | ᠪᠤᠯᠪᠠᠰᠤᠷᠠᠭᠤᠯᠬᠤ ᠪᠠᠶᠢᠭᠤᠯᠤᠮᠵᠢ ᠶᠢᠨ ᠪᠤᠯᠪᠠᠰᠤᠷᠠᠭᠤᠯᠤᠯ ᠤᠨ ᠪᠦᠭᠦ ᠵᠠᠷᠤᠳᠠᠯ ᠢ ᠨᠢᠬᠡ ᠤᠳᠠᠭ᠎ᠠ ᠳᠤ ᠤᠷᠢᠳᠴᠢᠯᠠᠨ | ᠬᠤᠷᠢᠶᠠᠬᠤ ᠵᠬᠠᠪᠤᠷ ᠢ ᠦᠬᠡᠷᠡᠴᠢᠯᠡᠵᠦ᠂ ᠴᠠᠭ ᠲᠡᠮᠳᠡᠭᠯᠡᠵᠦ ᠪᠤᠯᠪᠠᠰᠤᠷᠠᠭᠤᠯᠬᠤ᠂ ᠴᠠᠭ ᠲᠡᠮᠳᠡᠭᠯᠡᠵᠦ ᠰᠦᠢᠳᠬᠡᠯ | ᠬᠤᠷᠢᠶᠠᠬᠤ᠂ ᠤᠷᠢᠳᠠᠪᠡᠷ ᠪᠤᠯᠪᠠᠰᠤᠷᠠᠭᠤᠯᠵᠦ ᠲᠠᠷᠠᠭ᠎ᠠ ᠨᠢ ᠰᠦᠢᠳᠬᠡᠯ ᠲᠤᠰᠢᠶᠠᠬᠤ ᠠᠷᠭ᠎ᠠ ᠬᠡᠮᠵᠢᠶ᠎ᠡ ᠶᠢ ᠢᠳᠡᠪᠬᠢᠳᠡᠢ | ᠶᠠᠪᠤᠨᠨᠳᠠᠭᠤᠯᠬᠤ ᠬᠡᠷᠡᠭᠳᠡᠢ᠃ ᠰᠤᠷᠤᠨᠨᠴᠢᠳ ᠪᠤᠯᠪᠠᠰᠤᠷᠠᠭᠤᠯᠤᠯ ᠤᠨ ᠴᠠᠭ ᠢᠶᠠᠨ ᠦᠪᠡᠰᠦᠪᠡᠨ ᠤᠷᠢᠳᠴᠢᠯᠠᠨ | ᠪᠤᠯᠵᠤᠬᠤ᠂ ᠰᠤᠷᠭᠠᠨᠨᠴᠢ ᠪᠠᠨ ᠦᠪᠡᠰᠦᠪᠡᠨ ᠰᠤᠩᠭᠤᠬᠤ᠂ ᠰᠦᠢᠳᠬᠡᠯ ᠲᠤᠰᠢᠶᠠᠬᠤ ᠠᠷᠭ᠎ᠠ ᠪᠠᠨ ᠦᠪᠡᠰᠦᠪᠡᠨ | ᠰᠤᠩᠭᠤᠬᠤ ᠠᠷᠭ᠎ᠠ ᠮᠠᠶ᠋ᠢᠭ ᠢ ᠬᠡᠷᠡᠭᠵᠢᠬᠦᠯᠬᠦ ᠬᠡᠷᠡᠭᠳᠡᠢ᠃ 2016 ᠤᠨ ᠤ ᠵᠢᠯ ᠤᠨ ᠰᠡᠭᠦᠯᠴᠢ ᠠᠴᠠ ᠡᠮᠤᠨ᠎ᠠ᠂ | ᠡᠯ᠎ᠡ ᠭᠠᠵᠠᠷ ᠤᠷᠤᠨ ᠨᠢ ᠤᠯᠤᠰ ᠤᠨ ᠪᠠᠷᠢᠮᠵᠢᠶ᠎ᠠ ᠳᠤ ᠨᠡᠶᠢᠴᠡᠬᠦ ᠴᠠᠭ ᠲᠡᠮᠳᠡᠭᠯᠡᠵᠦ ᠪᠤᠯᠪᠠᠰᠤᠷᠠᠭᠤᠯᠬᠤ | ᠬᠠᠮᠢᠶᠠᠷᠤᠯᠳᠠ ᠶᠢᠨ ᠰᠢᠰᠲ᠋ᠧᠮ ᠢ ᠦᠨᠳᠦᠰᠦᠨ ᠳᠡᠭᠡᠨ ᠪᠠᠶᠢᠭᠤᠯᠵᠦ᠂ ᠪᠦᠭᠦ ᠤᠷᠤᠨ ᠳᠤ ᠴᠠᠭ ᠲᠡᠮᠳᠡᠭᠯᠡᠵᠦ | ᠪᠤᠯᠪᠠᠰᠤᠷᠠᠭᠤᠯᠬᠤ᠂ ᠰᠤᠷᠤᠯᠴᠠᠬᠤ ᠴᠠᠭ ᠢᠶᠠᠷ ᠨᠢ ᠰᠦᠢᠳᠬᠡᠯ ᠬᠤᠷᠢᠶᠠᠬᠤ᠂ ᠤᠷᠢᠳᠠᠪᠡᠷ ᠪᠤᠯᠪᠠᠰᠤᠷᠠᠭᠤᠯᠵᠦ | ᠲᠠᠷᠠᠭ᠎ᠠ ᠨᠢ ᠰᠦᠢᠳᠬᠡᠯ ᠲᠤᠰᠢᠶᠠᠬᠤ ᠦᠢᠯᠡᠴᠢᠯᠡᠬᠡᠨ ᠤ ᠵᠬᠠᠪᠤᠷ ᠢ ᠪᠦᠭᠦ ᠲᠠᠯ᠎ᠠ ᠪᠠᠷ ᠶᠠᠪᠤᠨᠨᠳᠠᠭᠤᠯᠵᠤ ᠪᠠᠶᠢᠭ᠎ᠠ | ᠵᠢᠯᠤᠭᠤᠳᠬᠤ ᠶᠢ ᠪᠤᠯᠪᠠᠰᠤᠷᠠᠭᠤᠯᠬᠤ ᠪᠠᠶᠢᠭᠤᠯᠤᠮᠵᠢ ᠶᠢᠨ ᠪᠦᠷᠭᠦᠴᠡ ᠶᠢᠨ ᠨᠤᠷᠮ᠎ᠠ ᠶᠢ 50% ᠠᠴᠠ ᠲᠡᠬᠡᠭᠰᠢ ᠳᠤ | ᠭᠦᠷᠦᠭᠦᠯᠦᠨ᠎ᠠ᠃ ᠰᠤᠷᠤᠨᠨᠴᠢᠳ ᠤᠨ ᠬᠢᠴᠢᠶᠡᠯ ᠲᠦᠷᠦᠯ ᠬᠤᠪᠢᠶᠠᠬᠤ᠂ ᠵᠢᠯᠤᠭᠤᠳᠬᠤ ᠶᠢ ᠪᠤᠯᠪᠠᠰᠤᠷᠠᠭᠤᠯᠬᠤ | ᠪᠠᠶᠢᠭᠤᠯᠤᠮᠵᠢ ᠠᠯᠤᠰᠯᠠᠵᠦ ᠪᠤᠯᠪᠠᠰᠤᠷᠠᠭᠤᠯᠤᠯ ᠳᠤ ᠤᠷᠤᠯᠴᠠᠬᠤ ᠶᠢ ᠴᠠᠭ ᠲᠤᠨᠢ ᠲᠤᠬᠢᠷᠠᠭᠤᠯᠤᠨ ᠰᠦᠪᠡᠭᠴᠢᠯᠡᠬᠦ | ᠬᠡᠷᠡᠭᠳᠡᠢ᠃ ︵ᠦᠪᠡᠷᠳᠡᠬᠡᠨ ᠵᠠᠰᠠᠬᠤ ᠤᠷᠤᠨ ᠤ ᠵᠠᠮ ᠬᠠᠷᠢᠯᠴᠠᠭ᠎ᠠ ᠲᠡᠬᠡᠬᠡᠪᠦᠷᠢ ᠶᠢᠨ ᠲᠢᠩᠬᠢᠮ ᠬᠠᠷᠢᠭᠤᠴᠠᠨ᠎ᠠ︶ | 3. ᠵᠢᠵᠢᠭ ᠬᠡᠯᠪᠡᠷᠢ ᠶᠢᠨ ᠮᠠᠰᠢᠨ ᠲᠡᠷᠬᠡᠨ ᠤ ᠵᠢᠯᠤᠭᠤᠴᠢ ᠶᠢᠨ ᠦᠪᠡᠰᠦᠪᠡᠨ ᠰᠤᠷᠴᠤ ᠰᠢᠭᠤᠳ | ᠰᠢᠯᠭᠠᠭᠤᠯᠬᠤ ᠲᠤᠷᠰᠢᠯᠳᠠ ᠶᠢᠨ ᠴᠢᠬ ᠢ ᠯᠠᠪᠳᠠᠭᠤᠨ ᠢᠶᠠᠷ ᠦᠷᠨᠢᠬᠦᠯᠬᠦ ᠬᠡᠷᠡᠭᠳᠡᠢ᠃ ᠲᠤᠳᠤᠭᠠᠳᠤ ᠶᠢ ᠬᠠᠮᠠᠭᠠᠯᠠᠬᠤ | ᠶᠠᠮᠤᠨ᠂ ᠵᠠᠮ ᠬᠠᠷᠢᠯᠴᠠᠭ᠎ᠠ ᠲᠡᠬᠡᠬᠡᠪᠦᠷᠢ ᠶᠢᠨ ᠶᠠᠮᠤᠨ᠂ ᠲᠤᠮᠳᠠᠳᠤ ᠤᠯᠤᠰ ᠤᠨ ᠲᠠᠭᠠᠳᠬᠠᠯ ᠤᠨ ᠬᠢᠨᠠᠯᠳᠠ | ᠬᠠᠮᠢᠶᠠᠷᠤᠯᠳᠠ ᠶᠢᠨ ᠵᠦᠪᠯᠡᠯ ᠵᠡᠷᠬᠡ ᠭᠤᠷᠪᠠᠨ ᠶᠠᠮᠤᠨ ᠵᠦᠪᠯᠡᠯ ᠤᠨ ᠱᠠᠭᠠᠷᠳᠠᠯᠭ᠎ᠠ ᠶᠢ ᠦᠨᠳᠦᠰᠦᠯᠡᠵᠦ᠂ ᠪᠤᠭᠤᠳᠤ | ᠬᠤᠳᠠ ᠵᠡᠷᠬᠡ ᠭᠠᠵᠠᠷ ᠤᠷᠤᠨ ᠤ ᠲᠤᠷᠰᠢᠯᠳᠠ ᠶᠢᠨ ᠴᠢᠬ ᠤᠨ ᠠᠵᠢᠯ ᠢ ᠯᠠᠪᠳᠠᠭᠤᠨ ᠢᠶᠠᠷ ᠠᠬᠢᠭᠤᠯᠤᠨ᠂ ᠰᠠᠶᠢᠨ | ᠬᠢᠳᠡᠯ ᠢ ᠴᠠᠭ ᠲᠤᠬᠠᠢ ᠳᠤᠨᠢ ᠳ᠋ᠦ᠋ᠶᠢᠡᠭᠨᠡᠵᠦ ᠪᠠᠶᠢᠭᠠᠳ ᠲᠠᠭᠤᠷᠢᠶᠠᠵᠦ ᠲᠡᠯᠬᠡᠷᠡᠬᠦᠯᠵᠦ ᠪᠤᠯᠬᠤᠶᠢᠴᠠ ᠠᠮᠵᠢᠯᠳᠠ ᠲᠠᠢ | ᠲᠤᠷᠰᠢᠯᠭ᠎ᠠ ᠶᠢ ᠲᠦᠷᠬᠡᠳᠬᠡᠨ ᠪᠤᠢ ᠪᠤᠯᠭᠠᠬᠤ ᠬᠡᠷᠡᠭᠳᠡᠢ᠃ ︵ᠦᠪᠡᠷᠳᠡᠬᠡᠨ ᠵᠠᠰᠠᠬᠤ ᠤᠷᠤᠨ ᠤ ᠲᠤᠳᠤᠭᠠᠳᠤ ᠶᠢ | ᠬᠠᠮᠠᠭᠠᠯᠠᠬᠤ ᠲᠢᠩᠬᠢᠮ᠂ ᠵᠠᠮ ᠬᠠᠷᠢᠯᠴᠠᠭ᠎ᠠ ᠲᠡᠬᠡᠬᠡᠪᠦᠷᠢ ᠶᠢᠨ ᠲᠢᠩᠬᠢᠮ᠂ ᠦᠪᠦᠷ ᠮᠤᠩᠭᠤᠯ ᠤᠨ ᠲᠠᠭᠠᠳᠬᠠᠯ ᠤᠨ | ᠬᠢᠨᠠᠯᠳᠠ ᠬᠠᠮᠢᠶᠠᠷᠤᠯᠳᠠ ᠶᠢᠨ ᠲᠤᠪᠴᠢᠶ᠎ᠠ ᠬᠠᠷᠢᠭᠤᠴᠠᠨ᠎ᠠ︶ | 4. ᠵᠢᠯᠤᠭᠤᠳᠬᠤ ᠶᠢ ᠪᠤᠯᠪᠠᠰᠤᠷᠠᠭᠤᠯᠬᠤ ᠵᠠᠬ᠎ᠠ ᠲᠡᠯᠬᠡᠭᠦᠷ ᠢ ᠤᠯᠠᠮ ᠨᠢᠬᠡ ᠠᠯᠬᠤᠮ ᠴᠢᠯᠦᠬᠡᠳᠡᠢ ᠲᠠᠯᠪᠢᠬᠤ | ᠬᠡᠷᠡᠭᠳᠡᠢ᠃ ᠤᠯᠤᠰ ᠤᠨ ᠬᠤᠯᠪᠤᠨᠨᠳᠠᠯ ᠪᠦᠭᠦᠢ ᠬᠠᠤᠯᠢ ᠴᠠᠭᠠᠵᠠ ᠬᠠᠤᠯᠢ ᠲᠤᠨᠨᠳᠠᠭᠠᠯ ᠤᠨ ᠲᠤᠬᠳᠠᠭᠠᠯ ᠢᠶᠠᠷ ᠴᠢᠩᠭ᠎ᠠ | ᠦᠨᠳᠦᠰᠦᠯᠡᠯ ᠪᠤᠯᠭᠠᠵᠦ᠂ ᠵᠢᠯᠤᠭᠤᠳᠬᠤ ᠶᠢ ᠪᠤᠯᠪᠠᠰᠤᠷᠠᠭᠤᠯᠬᠤ ᠪᠠᠶᠢᠭᠤᠯᠤᠮᠵᠢ ᠶᠢᠨ ᠵᠠᠬ᠎ᠠ ᠲᠡᠯᠬᠡᠭᠦᠷ ᠲᠤ | ᠵᠦᠪᠰᠢᠶᠡᠷᠡᠭᠦᠯᠦᠨ ᠤᠷᠤᠭᠤᠯᠬᠤ ᠵᠦᠪᠰᠢᠶᠡᠷᠡᠯ ᠤᠨ ᠲᠦᠷᠢᠮ ᠢ ᠤᠯᠠᠮ ᠨᠢᠬᠡ ᠠᠯᠬᠤᠮ ᠲᠡᠭᠦᠯᠳᠡᠷᠵᠢᠬᠦᠯᠦᠨ᠂ ᠬᠠᠤᠯᠢ | ᠴᠠᠭᠠᠵᠠ ᠬᠠᠤᠯᠢ ᠲᠤᠨᠨᠳᠠᠭᠠᠯ ᠳᠤ ᠲᠤᠳᠤᠷᠬᠠᠢ ᠲᠤᠨᠨᠳᠠᠭᠠᠨᠨᠰᠠᠨ ᠦᠬᠡᠢ ᠵᠠᠬ᠎ᠠ ᠲᠡᠯᠬᠡᠭᠦᠷ ᠲᠤ ᠵᠦᠪᠰᠢᠶᠡᠷᠡᠭᠦᠯᠦᠨ | ᠤᠷᠤᠭᠤᠯᠬᠤ ᠨᠦᠭᠦᠴᠡᠯ ᠢ ᠭᠦᠴᠦᠨ ᠦᠬᠡᠢ ᠪᠤᠯᠭᠠᠬᠤ ᠬᠡᠷᠡᠭᠳᠡᠢ᠃ ᠵᠢᠯᠤᠭᠤᠳᠬᠤ ᠶᠢ ᠪᠤᠯᠪᠠᠰᠤᠷᠠᠭᠤᠯᠬᠤ ᠵᠠᠬ᠎ᠠ | ᠲᠡᠯᠬᠡᠭᠦᠷ ᠤᠨ ᠬᠠᠩᠭᠠᠯᠭ᠎ᠠ ᠬᠡᠷᠡᠭᠴᠡᠬᠡᠨ ᠤ ᠮᠡᠳᠡᠭᠡ ᠵᠠᠩᠬᠢ ᠶᠢ ᠲᠤᠨᠨᠳᠠᠮᠠᠯ ᠬᠤᠭᠤᠴᠠᠭ᠎ᠠ ᠲᠠᠢ ᠢᠯᠡ ᠪᠤᠯᠭᠠᠵᠦ᠂ | ᠨᠡᠶᠢᠬᠡᠮ ᠤᠨ ᠪᠡᠯᠡ ᠮᠦᠩᠭᠦ ᠶᠢᠨ ᠤᠬᠠᠭᠠᠯᠢᠭ ᠤᠷᠤᠭᠤᠯᠤᠯᠳᠠ ᠶᠢ ᠭᠦᠳᠦᠯᠦᠨ ᠵᠢᠯᠤᠭᠤᠳᠴᠤ᠂ ᠵᠢᠯᠤᠭᠤᠳᠬᠤ ᠶᠢ | ᠪᠤᠯᠪᠠᠰᠤᠷᠠᠭᠤᠯᠬᠤ ᠵᠠᠬ᠎ᠠ ᠲᠡᠯᠬᠡᠭᠦᠷ ᠤᠨ ᠡᠷᠡᠭᠦᠯ ᠢᠶᠠᠷ ᠡᠮᠬᠢ ᠵᠢᠷᠤᠮ ᠲᠠᠢ ᠭᠦᠭᠵᠢᠯᠳᠡ ᠶᠢ ᠠᠬᠢᠭᠤᠯᠬᠤ ᠬᠡᠷᠡᠭᠳᠡᠢ᠃ | ︵ᠦᠪᠡᠷᠳᠡᠬᠡᠨ ᠵᠠᠰᠠᠬᠤ ᠤᠷᠤᠨ ᠤ ᠵᠠᠮ ᠬᠠᠷᠢᠯᠴᠠᠭ᠎ᠠ ᠲᠡᠬᠡᠬᠡᠪᠦᠷᠢ ᠶᠢᠨ ᠲᠢᠩᠬᠢᠮ ᠬᠠᠷᠢᠭᠤᠴᠠᠨ᠎ᠠ︶ | 5. ᠵᠢᠯᠤᠭᠤᠳᠬᠤ ᠶᠢ ᠪᠤᠯᠪᠠᠰᠤᠷᠠᠭᠤᠯᠬᠤ ᠪᠠᠶᠢᠭᠤᠯᠤᠮᠵᠢ ᠶᠢᠨ ᠭᠤᠤᠯ ᠴᠤᠨᠨᠴᠠ ᠶᠢᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠬᠤ ᠬᠡᠷᠡᠭᠳᠡᠢ᠃ ᠵᠢᠯᠤᠭᠤᠳᠬᠤ ᠶᠢ ᠪᠤᠯᠪᠠᠰᠤᠷᠠᠭᠤᠯᠬᠤ ᠪᠠᠶᠢᠭᠤᠯᠤᠮᠵᠢ ᠨᠢ ᠤᠯᠤᠰ ᠤᠨ ᠪᠠᠷᠢᠮᠵᠢᠶ᠎ᠠ | ᠪᠠ ᠲᠤᠨᠨᠳᠠᠭᠠᠯ ᠢ ᠴᠢᠩᠭ᠎ᠠ ᠦᠨᠳᠦᠰᠦᠯᠡᠵᠦ ᠰᠤᠷᠭᠠᠨᠨᠴᠢ ᠶᠢᠨ ᠲᠡᠷᠬᠡ᠂ ᠰᠤᠷᠭᠠᠨᠨᠴᠢ ᠪᠠ ᠵᠢᠭᠠᠨ ᠰᠤᠷᠭᠠᠬᠤ | ᠪᠡᠯᠡᠳᠬᠡᠮᠵᠢ ᠲᠤᠬᠢᠷᠠᠭᠤᠯᠤᠨ᠂ ᠪᠤᠯᠪᠠᠰᠤᠷᠠᠭᠤᠯᠤᠯ ᠤᠨ ᠭᠦᠳᠦᠯᠪᠦᠷᠢ ᠳᠤ ᠲᠤᠨᠨᠳᠠᠭᠠᠨᠨᠰᠠᠨ ᠠᠭᠤᠯᠭ᠎ᠠ ᠪᠠ | ᠰᠤᠷᠤᠯᠴᠠᠬᠤ ᠴᠠᠭ ᠢ ᠴᠢᠩᠭ᠎ᠠ ᠦᠨᠳᠦᠰᠦᠯᠡᠨ ᠪᠤᠯᠪᠠᠰᠤᠷᠠᠭᠤᠯᠵᠦ᠂ ᠪᠤᠯᠪᠠᠰᠤᠷᠠᠭᠤᠯᠤᠯ ᠤᠨ ᠶᠠᠰᠤ ᠴᠢᠨᠠᠷ ᠢ ᠦᠨᠡᠨᠬᠦ | ᠪᠠᠳᠤᠯᠠᠬᠤ ᠬᠡᠷᠡᠭᠳᠡᠢ᠃ ᠵᠢᠯᠤᠭᠤᠳᠬᠤ ᠶᠢ ᠪᠤᠯᠪᠠᠰᠤᠷᠠᠭᠤᠯᠬᠤ ᠪᠠᠶᠢᠭᠤᠯᠤᠮᠵᠢ ᠨᠢ ᠪᠤᠯᠪᠠᠰᠤᠷᠠᠭᠤᠯᠤᠯ | ᠲᠡᠭᠦᠰᠬᠡᠭᠰᠡᠳ ᠲᠤ ᠰᠤᠷᠤᠯᠭ᠎ᠠ ᠲᠡᠭᠦᠰᠦᠭᠰᠡᠨ ᠦᠨᠡᠮᠯᠡᠯ ᠤᠯᠭᠤᠬᠤ ᠬᠡᠷᠡᠭᠳᠡᠢ᠃ ᠭᠤᠤᠯᠴᠢᠯᠠᠨ ᠬᠠᠮᠢᠶᠠᠷᠬᠤ ᠰᠠᠯᠠᠭ᠎ᠠ | ᠮᠥᠴᠢᠷ ᠤᠳ ᠬᠢᠨᠠᠯᠳᠠ ᠬᠠᠮᠢᠶᠠᠷᠤᠯᠳᠠ ᠪᠠᠨ ᠴᠢᠩᠭᠠᠳᠬᠠᠵᠦ᠂ ᠠᠵᠢᠯ ᠬᠡᠷᠡᠭ ᠤᠨ ᠲᠤᠮᠳᠠᠬᠢ ᠠᠵᠢᠯ ᠬᠡᠷᠡᠭ ᠤᠨ | ᠲᠠᠷᠠᠭᠠᠬᠢ ᠪᠠᠶᠢᠴᠠᠭᠠᠯᠳᠠ ᠶᠢ ᠴᠢᠩᠭᠠᠳᠬᠠᠨ᠂ ᠵᠠᠬ᠎ᠠ ᠲᠡᠯᠬᠡᠭᠦᠷ ᠤᠨ ᠡᠮᠬᠢ ᠲᠢᠭᠯᠢᠮ ᠢ ᠵᠢᠷᠤᠮᠵᠢᠭᠤᠯᠬᠤ ᠬᠡᠷᠡᠭᠳᠡᠢ᠃ | ᠶᠠᠮᠠᠷᠪᠠ ᠨᠢᠬᠡᠨ ᠰᠠᠯᠠᠭ᠎ᠠ ᠮᠦᠴᠢᠷ ᠬᠡᠳ ᠵᠢᠯᠤᠭᠤᠳᠬᠤ ᠶᠢ ᠪᠤᠯᠪᠠᠰᠤᠷᠠᠭᠤᠯᠬᠤ ᠵᠠᠬ᠎ᠠ ᠲᠡᠯᠬᠡᠭᠦᠷ ᠤᠨ ᠬᠡᠪ ᠤᠨ᠂ | ᠦᠪᠡᠰᠦᠪᠡᠨ ᠡᠵᠡᠨ ᠮᠡᠳᠡᠵᠦ ᠡᠵᠡᠩᠨᠡᠬᠦ ᠠᠵᠢᠯᠯᠠᠭ᠎ᠠ ᠶᠢ ᠬᠠᠷᠰᠢᠯᠠᠵᠦ᠂ ᠬᠢᠵᠠᠭᠠᠷᠯᠠᠵᠦ ᠪᠤᠯᠬᠤ ᠦᠬᠡᠢ᠂ ᠲᠡᠳᠡᠨ ᠤ | ᠡᠵᠡᠩᠨᠡᠯᠳᠡ ᠶᠢᠨ ᠭᠤᠤᠯ ᠴᠤᠨᠨᠴᠠ ᠶᠢᠨ ᠪᠠᠶᠢᠷᠢ ᠰᠠᠭᠤᠷᠢ ᠶᠢ ᠪᠠᠳᠤᠯᠠᠬᠤ ᠬᠡᠷᠡᠭᠳᠡᠢ᠃ ︵ᠦᠪᠡᠷᠳᠡᠬᠡᠨ ᠵᠠᠰᠠᠬᠤ | ᠤᠷᠤᠨ ᠤ ᠵᠠᠮ ᠬᠠᠷᠢᠯᠴᠠᠭ᠎ᠠ ᠲᠡᠬᠡᠬᠡᠪᠦᠷᠢ ᠶᠢᠨ ᠲᠢᠩᠬᠢᠮ ᠬᠠᠷᠢᠭᠤᠴᠠᠨ᠎ᠠ︶ | 6. ᠵᠢᠯᠤᠭᠤᠳᠬᠤ ᠶᠢ ᠪᠤᠯᠪᠠᠰᠤᠷᠠᠭᠤᠯᠬᠤ ᠲᠤᠰᠬᠠᠶᠢᠵᠢᠨᠨᠰᠠᠨ ᠬᠢᠷᠢ ᠬᠡᠮᠵᠢᠶ᠎ᠡ ᠶᠢ ᠲᠡᠬᠡᠭᠰᠢᠯᠡᠬᠦᠯᠬᠦ ᠬᠡᠷᠡᠭᠳᠡᠢ᠃ | ︽ᠮᠠᠰᠢᠨ ᠲᠡᠷᠬᠡᠨ ᠤ ᠵᠢᠯᠤᠭᠤᠳᠬᠤ ᠶᠢ ᠪᠣᠯᠪᠠᠰᠤᠷᠠᠭᠤᠯᠬᠤ ᠵᠢᠭᠠᠨ ᠰᠤᠷᠭᠠᠯᠳᠠ ᠪᠤᠯᠤᠨ ᠰᠢᠯᠭᠠᠯᠳᠠ ᠶᠢᠨ | ᠭᠦᠳᠦᠯᠪᠦᠷᠢ︾᠂ ᠮᠠᠰᠢᠨ ᠲᠡᠷᠬᠡ ᠶᠢ ᠠᠮᠤᠷ ᠲᠦᠪᠰᠢᠨ ᠪᠤᠯᠪᠠᠰᠤᠨ ᠵᠢᠯᠤᠭᠤᠳᠬᠤ ᠠᠵᠢᠯᠯᠠᠭᠠᠨ ᠤ ᠵᠢᠷᠤᠮᠵᠢᠯ ᠢ | ᠴᠢᠩᠭ᠎ᠠ ᠲᠤᠤᠱᠯᠠᠭᠤᠯᠤᠨ ᠬᠡᠷᠡᠭᠵᠢᠬᠦᠯᠵᠦ᠂ ᠵᠠᠮ ᠬᠠᠷᠢᠯᠴᠠᠭᠠᠨ ᠤ ᠠᠮᠤᠷ ᠲᠦᠪᠰᠢᠨ ᠤ ᠦᠵᠡᠯ ᠤᠬᠠᠮᠰᠠᠷ ᠪᠠ | ᠪᠤᠯᠪᠠᠰᠤᠨ ᠵᠠᠮ ᠬᠠᠷᠢᠯᠴᠠᠭᠠᠨ ᠤ ᠤᠨᠤᠯᠵᠢᠬᠤᠨ ᠤ ᠪᠤᠯᠪᠠᠰᠤᠷᠠᠭᠤᠯᠤᠯ ᠢ ᠴᠢᠩᠭᠠᠳᠬᠠᠬᠤ ᠬᠡᠷᠡᠭᠳᠡᠢ᠃ ᠬᠡᠪ | ᠴᠢᠨᠠᠷ ᠤᠨ ᠰᠤᠷᠭᠠᠨ ᠭᠦᠮᠦᠵᠢᠯ ᠢ ᠴᠢᠩᠭᠠᠳᠬᠠᠵᠦ᠂ ᠠᠮᠤᠷ ᠲᠦᠪᠰᠢᠨ ᠪᠤᠯᠪᠠᠰᠤᠨ ᠵᠢᠯᠤᠭᠤᠳᠬᠤ ᠦᠵᠡᠯ | ᠤᠬᠠᠮᠰᠠᠷ ᠢ ᠭᠦᠮᠦᠵᠢᠬᠦᠯᠬᠦ ᠶᠢ ᠲᠤᠪᠤᠶᠢᠯᠭᠠᠬᠤ ᠶᠢᠨ ᠬᠠᠮᠳᠤ᠂ ᠪᠤᠯᠪᠠᠰᠤᠷᠠᠭᠤᠯᠤᠯ ᠰᠢᠯᠭᠠᠯᠳᠠ ᠶᠢᠨ ᠪᠦᠭᠦ | ᠶᠠᠪᠤᠴᠠ ᠳᠤ ᠲᠤᠤᠱᠯᠬᠠᠳᠠᠭᠤᠯᠬᠤ ᠬᠡᠷᠡᠭᠳᠡᠢ᠃ ᠵᠢᠯᠤᠭᠤᠳᠬᠤ ᠶᠢ ᠪᠤᠯᠪᠠᠰᠤᠷᠠᠭᠤᠯᠬᠤ ᠪᠠᠶᠢᠭᠤᠯᠤᠮᠵᠢ ᠶᠢ ᠵᠢᠭᠠᠨ | ᠵᠢᠯᠤᠭᠤᠳᠴᠤ ᠪᠠᠶᠢᠭᠠᠳ ᠤᠨᠤᠯ ᠤᠨ ᠵᠢᠭᠠᠨ ᠰᠤᠷᠭᠠᠯᠳᠠ ᠶᠢᠨ ᠠᠷᠭ᠎ᠠ ᠮᠠᠶ᠋ᠢᠭ ᠪᠠ ᠠᠭᠤᠯᠭ᠎ᠠ ᠶᠢ ᠨᠢ ᠦᠬᠡᠷᠡᠴᠢᠯᠡᠨ | ᠰᠠᠶᠢᠵᠢᠷᠠᠭᠤᠯᠵᠦ᠂ ᠰᠦᠯᠵᠢᠶᠡᠨ ᠤ ᠠᠯᠤᠰ ᠡᠵᠡᠮᠰᠢᠯ ᠤᠨ ᠵᠢᠭᠠᠨ ᠰᠤᠷᠭᠠᠯᠳᠠ᠂ ᠬᠠᠮ ᠵᠠᠭᠤᠴᠢᠯᠠᠭᠤᠷ ᠤᠨ ᠵᠢᠭᠠᠨ | ᠰᠤᠷᠭᠠᠯᠳᠠ᠂ ᠵᠠᠮ ᠬᠠᠷᠢᠯᠴᠠᠭᠠᠨ ᠤ ᠠᠳᠡᠯ ᠬᠡᠷᠡᠭ ᠤᠨ ᠵᠢᠱᠢᠶᠡᠨ ᠤ ᠵᠢᠭᠠᠨ ᠰᠤᠷᠭᠠᠯᠳᠠ᠂ ᠵᠠᠮ ᠬᠠᠷᠢᠯᠴᠠᠭᠠᠨ ᠤ | ᠠᠮᠤᠷ ᠲᠦᠪᠰᠢᠨ ᠳᠤ ᠪᠡᠶ᠎ᠡ ᠪᠠᠷ ᠢᠶᠠᠨ ᠤᠶᠢᠯᠠᠭᠠᠬᠤ ᠵᠡᠷᠬᠡ ᠠᠷᠭ᠎ᠠ ᠮᠠᠶ᠋ᠢᠭ ᠢ ᠬᠡᠷᠡᠭᠯᠡᠵᠦ᠂ ᠤᠨᠤᠯ ᠮᠡᠳᠡᠯᠬᠡ ᠶᠢᠨ | ᠪᠤᠯᠪᠠᠰᠤᠷᠠᠭᠤᠯᠤᠯ ᠪᠠ ᠪᠤᠳᠠᠳᠠᠢ ᠠᠵᠢᠯᠯᠠᠭᠠᠨ ᠤ ᠰᠤᠷᠭᠠᠭᠤᠯᠢᠯᠠᠯ ᠤᠨ ᠰᠤᠯᠢᠪᠴᠠᠨ ᠠᠭᠤᠰᠤᠯᠳᠤᠬᠤ ᠶᠢ ᠠᠬᠢᠭᠤᠯᠵᠦ᠂ | ᠵᠢᠯᠤᠭᠤᠳᠬᠤ ᠪᠤᠯᠪᠠᠰᠤᠷᠠᠭᠤᠯᠤᠯ ᠤᠨ ᠲᠤᠰᠬᠠᠶᠢᠵᠢᠯ᠂ ᠰᠢᠰᠲ᠋ᠧᠮᠵᠢᠯ ᠤᠨ ᠬᠢᠷᠢ ᠬᠡᠮᠵᠢᠶ᠎ᠡ ᠶᠢ ᠲᠡᠬᠡᠭᠰᠢᠯᠡᠬᠦᠯᠬᠦ | ᠬᠡᠷᠡᠭᠳᠡᠢ᠃ ︵ᠦᠪᠡᠷᠳᠡᠬᠡᠨ ᠵᠠᠰᠠᠬᠤ ᠤᠷᠤᠨ ᠤ ᠵᠠᠮ ᠬᠠᠷᠢᠯᠴᠠᠭ᠎ᠠ ᠲᠡᠬᠡᠬᠡᠪᠦᠷᠢ ᠶᠢᠨ ᠲᠢᠩᠬᠢᠮ᠂ ᠲᠤᠳᠤᠭᠠᠳᠤ ᠶᠢ | ᠬᠠᠮᠠᠭᠠᠯᠠᠬᠤ ᠲᠢᠩᠬᠢᠮ ᠬᠠᠷᠢᠭᠤᠴᠠᠨ᠎ᠠ︶ | 7. ᠵᠢᠯᠤᠭᠤᠳᠬᠤ ᠶᠢ ᠪᠤᠯᠪᠠᠰᠤᠷᠠᠭᠤᠯᠬᠤ ᠠᠵᠢᠯ ᠲᠦᠷᠦᠯ ᠤᠨ ᠦᠨᠡᠨᠴᠢ ᠢᠳᠡᠬᠡᠮᠵᠢᠳᠦ ᠰᠢᠰᠲ᠋ᠧᠮᠵᠢ ᠶᠢ | ᠪᠦᠷᠢᠨᠰᠢᠬᠦᠯᠬᠦ ᠬᠡᠷᠡᠭᠳᠡᠢ᠃ ᠵᠠᠬ᠎ᠠ ᠲᠡᠯᠬᠡᠭᠦᠷ ᠲᠤ ᠵᠦᠪᠰᠢᠶᠡᠷᠡᠭᠦᠯᠦᠨ ᠤᠷᠤᠭᠤᠯᠬᠤ ᠬᠠᠮᠢᠶᠠᠷᠤᠯᠳᠠ ᠪᠠ ᠡᠳᠦᠷ | ᠲᠤᠳᠤᠮ ᠤᠨ ᠬᠢᠨᠠᠯᠳᠠ ᠪᠠᠶᠢᠴᠠᠭᠠᠯᠳᠠ ᠲᠠᠢ ᠤᠶᠠᠯᠳᠤᠭᠤᠯᠵᠦ᠂ ᠵᠢᠯᠤᠭᠤᠳᠬᠤ ᠶᠢ ᠪᠤᠯᠪᠠᠰᠤᠷᠠᠭᠤᠯᠬᠤ | ᠪᠠᠶᠢᠭᠤᠯᠤᠮᠵᠢ ᠶᠢᠨ ᠬᠢᠷᠢ ᠬᠡᠮ ᠤᠨ ᠨᠦᠭᠦᠴᠡᠯ᠂ ᠡᠵᠡᠩᠨᠡᠯᠳᠡ ᠶᠢᠨ ᠠᠵᠢᠯᠯᠠᠭ᠎ᠠ᠂ ᠰᠤᠷᠭᠠᠨᠨᠴᠢ ᠶᠢᠨ ᠬᠠᠮᠢᠶᠠᠷᠤᠯᠳᠠ᠂ | ᠪᠤᠯᠪᠠᠰᠤᠷᠠᠭᠤᠯᠤᠯ ᠤᠨ ᠶᠠᠰᠤ ᠴᠢᠨᠠᠷ᠂ ᠰᠤᠷᠤᠨᠨᠴᠢᠳ ᠤᠨ ᠵᠠᠭᠠᠯᠳᠤᠬᠤ ᠨᠤᠷᠮ᠎ᠠ ᠵᠡᠷᠬᠡ ᠳᠤ ᠶᠡᠷᠦᠩᠬᠡᠶᠢᠯᠡᠭᠰᠡᠨ | ᠰᠢᠯᠭᠠᠨ ᠬᠢᠨᠠᠯᠳᠠ ᠬᠢᠵᠦ᠂ ᠢᠳᠡᠬᠡᠮᠵᠢ ᠶᠢᠨ ᠲᠠᠩᠰᠠ ᠡᠪᠬᠡᠮᠡᠯ ᠪᠠ ᠬᠠᠤᠯᠢ ᠲᠤᠨᠨᠳᠠᠭᠠᠯ ᠠᠴᠠ ᠵᠦᠷᠢᠴᠡᠭᠰᠡᠨ ᠮᠡᠳᠡᠭᠡ | ᠵᠠᠩᠬᠢ ᠶᠢ ᠢᠯᠡ ᠨᠡᠶᠢᠳᠡᠯᠡᠬᠦ ᠵᠡᠷᠬᠡ ᠲᠦᠷᠢᠮ ᠢ ᠪᠠᠶᠢᠭᠤᠯᠤᠨ ᠪᠦᠷᠢᠨᠰᠢᠬᠦᠯᠬᠦ ᠬᠡᠷᠡᠭᠳᠡᠢ᠃ ᠵᠢᠯᠤᠭᠤᠳᠬᠤ ᠶᠢ | ᠪᠤᠯᠪᠠᠰᠤᠷᠠᠭᠤᠯᠬᠤ ᠪᠠᠶᠢᠭᠤᠯᠤᠮᠵᠢ ᠶᠢᠨ ᠦᠨᠡᠨᠴᠢ ᠢᠳᠡᠬᠡᠮᠵᠢ ᠶᠢ ᠰᠢᠯᠭᠠᠨ ᠬᠢᠨ᠋ᠬᠠᠰᠠᠨ ᠦᠷ᠎ᠡ ᠳ᠋ᠦᠩ᠂ | ᠰᠢᠯᠭᠠᠯᠳᠠ ᠳᠤ ᠬᠢᠷᠢ ᠲᠡᠩᠴᠡᠭᠰᠡᠨ ᠨᠤᠷᠮ᠎ᠠ᠂ ᠰᠤᠷᠤᠨᠨᠴᠢᠳ ᠠᠴᠠ ᠵᠢᠯᠤᠭᠤᠴᠢ ᠶᠢᠨ ᠦᠨᠡᠮᠯᠡᠯ ᠢᠶᠠᠨ ᠭᠠᠷᠳ᠋ᠬᠠᠰᠠᠨ ᠤ | ᠲᠠᠷᠠᠭᠠᠬᠢ 3 ᠵᠢᠯ ᠤᠨ ᠲᠤᠳᠤᠷᠠᠬᠢ ᠵᠠᠮ ᠬᠠᠷᠢᠯᠴᠠᠭᠠᠨ ᠤ ᠬᠠᠤᠯᠢ ᠠᠴᠠ ᠵᠦᠷᠢᠴᠡᠭᠰᠡᠨ ᠨᠤᠷᠮ᠎ᠠ ᠪᠠ ᠵᠠᠮ | ᠬᠠᠷᠢᠯᠴᠠᠭᠠᠨ ᠤ ᠠᠳᠡᠯ ᠬᠡᠷᠡᠭ ᠭᠠᠷᠭᠠᠨᠨᠰᠠᠨ ᠨᠤᠷᠮ᠎ᠠ ᠵᠡᠷᠬᠡ ᠮᠡᠳᠡᠭᠡ ᠵᠠᠩᠬᠢ ᠶᠢ ᠨᠡᠶᠢᠬᠡᠮ ᠳᠤ ᠴᠠᠭ ᠲᠤᠬᠠᠢ ᠳᠤᠨᠢ | ᠨᠡᠶᠢᠳᠡᠯᠡᠵᠦ᠂ ᠰᠤᠷᠤᠨᠨᠴᠢᠳ ᠢ ᠭᠦᠳᠦᠯᠦᠨ ᠵᠢᠯᠤᠭᠤᠳᠴᠤ ᠪᠠᠶᠢᠭᠠᠳ ᠴᠢᠨᠠᠷ ᠴᠢᠨᠰᠠᠭ᠎ᠠ ᠪᠠᠷ ᠦᠨᠳᠦᠷ᠂ ᠢᠳᠡᠬᠡᠯ | ᠭᠦᠨᠳᠦ ᠪᠠᠷ ᠰᠠᠶᠢᠨ᠂ ᠦᠢᠯᠡᠴᠢᠯᠡᠭᠡ ᠪᠠᠷ ᠰᠢᠯᠢᠳᠡᠭ ᠵᠢᠯᠤᠭᠤᠳᠬᠤ ᠶᠢ ᠪᠤᠯᠪᠠᠰᠤᠷᠠᠭᠤᠯᠬᠤ ᠪᠠᠶᠢᠭᠤᠯᠤᠮᠵᠢ ᠳᠤ | ᠰᠤᠷᠤᠯᠴᠠᠭᠤᠯᠬᠤ ᠪᠠᠷ ᠰᠤᠩᠭᠤᠯᠳᠠ ᠬᠢᠯᠬᠡᠬᠦ ᠬᠡᠷᠡᠭᠳᠡᠢ᠃ ᠵᠢᠯᠤᠭᠤᠳᠬᠤ ᠶᠢ ᠪᠤᠯᠪᠠᠰᠤᠷᠠᠭᠤᠯᠬᠤ ᠪᠠᠶᠢᠭᠤᠯᠤᠮᠵᠢ ᠶᠢᠨ | ᠲᠤᠰᠬᠠᠶᠢᠵᠢᠯ᠂ ᠨᠡᠷᠡᠳᠦ ᠲᠦᠷᠦᠯ ᠲᠡᠮᠳᠡᠭᠵᠢᠯ ᠤᠨ ᠭᠦᠭᠵᠢᠯᠳᠡ ᠶᠢ ᠠᠬᠢᠭᠤᠯᠵᠦ᠂ ᠵᠢᠯᠤᠭᠤᠳᠬᠤ ᠶᠢ | ᠪᠣᠯᠪᠠᠰᠤᠷᠠᠭᠤᠯᠬᠤ ᠪᠠᠶᠢᠭᠤᠯᠤᠮᠵᠢ ᠶᠢᠨ ᠦᠢᠯᠡᠴᠢᠯᠡᠬᠡᠨ ᠤ ᠵᠬᠠᠪᠤᠷ ᠲᠤ ᠲᠠᠰᠤᠷᠠᠯᠳᠠ ᠦᠬᠡᠢ ᠰᠢᠨ᠎ᠠ ᠡᠬᠦᠳᠦᠯᠳᠡ | ᠬᠢᠬᠦ ᠶᠢ ᠵᠤᠷᠢᠨᠨᠵᠢᠭᠤᠯᠤᠨ᠂ ᠦᠢᠯᠡᠴᠢᠯᠡᠬᠡᠨ ᠤ ᠶᠠᠰᠤ ᠴᠢᠨᠠᠷ ᠪᠠ ᠬᠢᠷᠢ ᠬᠡᠮᠵᠢᠶ᠎ᠡ ᠶᠢ ᠨᠢ ᠲᠡᠬᠡᠭᠰᠢᠯᠡᠬᠦᠯᠬᠦ ᠬᠡᠷᠡᠭᠳᠡᠢ᠃ | ︵ᠦᠪᠡᠷᠳᠡᠬᠡᠨ ᠵᠠᠰᠠᠬᠤ ᠤᠷᠤᠨ ᠤ ᠵᠠᠮ ᠬᠠᠷᠢᠯᠴᠠᠭ᠎ᠠ ᠲᠡᠬᠡᠬᠡᠪᠦᠷᠢ ᠶᠢᠨ ᠲᠢᠩᠬᠢᠮ᠂ ᠲᠤᠳᠤᠭᠠᠳᠤ ᠶᠢ ᠬᠠᠮᠠᠭᠠᠯᠠᠬᠤ | ᠲᠢᠩᠬᠢᠮ ᠬᠠᠷᠢᠭᠤᠴᠠᠨ᠎ᠠ︶ | 8. ᠰᠤᠷᠭᠠᠨᠨᠴᠢ ᠶᠢᠨ ᠡᠩᠨᠡᠬᠡᠨ ᠤ ᠪᠠᠶᠢᠭᠤᠯᠤᠯᠳᠠ ᠶᠢ ᠴᠢᠩᠭᠠᠳᠬᠠᠬᠤ ᠬᠡᠷᠡᠭᠳᠡᠢ᠃ ᠵᠢᠯᠤᠭᠤᠳᠬᠤ ᠶᠢ | ᠪᠤᠯᠪᠠᠰᠤᠷᠠᠭᠤᠯᠬᠤ ᠪᠠᠶᠢᠭᠤᠯᠤᠮᠵᠢ ᠨᠢ ᠰᠤᠷᠭᠠᠨᠨᠴᠢ ᠶᠢᠨ ᠬᠠᠮᠢᠶᠠᠷᠤᠯᠳᠠ ᠶᠢ ᠴᠢᠩᠭᠠᠳᠬᠠᠵᠦ᠂ ᠰᠤᠷᠭᠠᠨᠨᠴᠢ ᠤᠷᠢᠨ | ᠬᠡᠷᠡᠭᠯᠡᠬᠦ ᠠᠷᠭ᠎ᠠ ᠪᠠ ᠬᠠᠮᠢᠶᠠᠷᠤᠯᠳᠠ ᠶᠢᠨ ᠲᠦᠷᠢᠮ ᠢ ᠪᠠᠶᠢᠭᠤᠯᠤᠨ ᠪᠦᠷᠢᠨᠰᠢᠬᠦᠯᠬᠦ ᠬᠡᠷᠡᠭᠳᠡᠢ᠃ ᠮᠠᠰᠢᠨ ᠵᠢᠯᠤᠭᠤᠳᠬᠤ | ᠪᠠ ᠵᠢᠭᠠᠨ ᠰᠤᠷᠭᠠᠯᠳᠠ ᠶᠢᠨ ᠲᠤᠷᠰᠢᠯᠭ᠎ᠠ ᠪᠠᠷ ᠡᠯᠪᠡᠭ᠂ ᠠᠮᠤᠷ ᠲᠦᠪᠰᠢᠨ ᠪᠤᠯᠪᠠᠰᠤᠨ ᠵᠢᠯᠤᠭᠤᠳᠬᠤ ᠬᠡᠪ | ᠪᠤᠯᠪᠠᠰᠤᠷᠠᠯ ᠢᠶᠠᠷ ᠦᠨᠳᠦᠷ ᠵᠢᠯᠤᠭᠤᠴᠢ ᠶᠢ ᠤᠷᠢᠵᠦ ᠰᠤᠷᠭᠠᠨᠨᠴᠢ ᠪᠤᠯᠭᠠᠬᠤ ᠬᠡᠷᠡᠭᠳᠡᠢ︔ ᠵᠠᠮ ᠬᠠᠷᠢᠯᠴᠠᠭᠠᠨ ᠤ | ᠬᠠᠤᠯᠢ ᠠᠴᠠ ᠵᠦᠷᠢᠴᠡᠭᠰᠡᠨ ᠬᠤᠪᠢ ᠶᠢᠨ ᠲᠡᠮᠳᠡᠭᠯᠡᠯ ᠳᠤ ᠪᠦᠭᠦ ᠬᠤᠪᠢ ᠪᠠᠨ ᠬᠠᠰᠤᠭᠤᠯᠤᠨᠨᠰᠠᠨ ᠲᠡᠮᠳᠡᠭᠯᠡᠯ ᠲᠠᠢ | ᠪᠠᠶᠢᠵᠦ᠂ ᠵᠠᠮ ᠬᠠᠷᠢᠯᠴᠠᠭᠠᠨ ᠤ ᠭᠦᠮᠦᠨ ᠠᠳᠡᠭᠰᠡᠨ ᠬᠠᠷᠢᠭᠤᠴᠠᠯᠭ᠎ᠠ ᠶᠢᠨ ᠠᠳᠡᠯ ᠲᠠᠢ᠂ ᠰᠢᠯᠭᠠᠯᠳᠠ ᠳᠤ ᠮᠡᠭᠡ | ᠭᠠᠷᠭᠠᠬᠤ ᠶᠢ ᠵᠤᠬᠢᠶᠠᠨ ᠪᠠᠶᠢᠭᠤᠯᠬᠤ ᠪᠤᠶᠤ ᠲᠡᠭᠦᠨ ᠳᠤ ᠤᠷᠤᠯᠴᠠᠬᠤ᠂ ᠰᠤᠷᠤᠯᠭᠠᠳᠠᠨ ᠤ ᠡᠳ᠋ ᠪᠤᠳᠠᠰ ᠢ ᠭᠦᠯᠢᠶᠡᠨ | ᠠᠪᠬᠤ ᠪᠤᠶᠤ ᠬᠡᠯᠡᠵᠦ ᠠᠪᠤᠨᠨᠰᠠᠨ ᠭᠦᠮᠦᠰ ᠢ ᠤᠷᠢᠵᠦ ᠰᠤᠷᠭᠠᠨᠨᠴᠢ ᠪᠤᠯᠭᠠᠵᠦ ᠪᠤᠯᠬᠤ ᠦᠬᠡᠢ᠃ ᠤᠯᠤᠰ ᠤᠨ ᠠᠵᠢᠯ | ᠮᠡᠷᠬᠡᠵᠢᠯ ᠤᠨ ᠮᠡᠷᠬᠡᠵᠢᠯ ᠴᠢᠳᠠᠪᠤᠷᠢ ᠶᠢᠨ ᠬᠢᠨᠠᠨ ᠲᠤᠨᠨᠳᠠᠭᠠᠯᠳᠠ ᠶᠢ ᠦᠩᠬᠡᠷᠡᠭᠰᠡᠨ ᠵᠢᠯᠤᠭᠤᠴᠢ ᠶᠢ ᠡᠩ ᠲᠡᠷᠢᠭᠦᠨ ᠳᠤ | ᠰᠤᠩᠭᠤᠵᠦ ᠰᠤᠷᠭᠠᠨᠨᠴᠢ ᠪᠤᠯᠭᠠᠬᠤ ᠶᠢ ᠵᠤᠷᠢᠨᠨᠵᠢᠭᠤᠯᠤᠨ᠎ᠠ᠃ ᠵᠢᠯᠤᠭᠤᠳᠬᠤ ᠶᠢ ᠪᠤᠯᠪᠠᠰᠤᠷᠠᠭᠤᠯᠬᠤ ᠡᠯ᠎ᠡ | ᠪᠠᠶᠢᠭᠤᠯᠤᠮᠵᠢ ᠨᠤᠭᠤᠳ ᠰᠤᠷᠭᠠᠨᠨᠴᠢ ᠶᠢ ᠰᠢᠯᠭᠠᠨ ᠬᠢᠨᠠᠬᠤ ᠪᠠ ᠪᠤᠴᠠᠵᠦ ᠭᠠᠷᠬᠤ ᠲᠤᠨᠨᠳᠠᠴᠠ ᠶᠢ ᠴᠢᠩᠭ᠎ᠠ | ᠬᠡᠷᠡᠭᠵᠢᠬᠦᠯᠵᠦ᠂ ᠰᠤᠷᠤᠨᠨᠴᠢᠳ ᠤᠯᠠᠨᠳᠠ ᠵᠠᠭᠠᠯᠳᠤᠨᠨᠰᠠᠨ᠂ ᠵᠢᠭᠠᠨ ᠰᠤᠷᠭᠠᠯᠳᠠ ᠶᠢᠨ ᠶᠠᠰᠤ ᠴᠢᠨᠠᠷ ᠢᠶᠠᠷ ᠠᠨᠠᠢ᠂ | ᠠᠵᠢᠯ ᠮᠡᠷᠬᠡᠵᠢᠯ ᠤᠨ ᠶᠤᠰᠤ ᠮᠤᠷᠠᠯ ᠢᠶᠠᠷ ᠲᠤᠳᠠᠮᠠᠭ ᠰᠤᠷᠭᠠᠨᠨᠴᠢ ᠶᠢ ᠴᠠᠭ ᠲᠤᠬᠠᠢ ᠳᠤᠨᠢ ᠰᠶᠢᠳᠪᠦᠷᠢᠯᠡᠬᠦ ᠪᠤᠶᠤ | ᠢᠯᠭᠠᠷᠠᠭᠤᠯᠤᠨ ᠪᠤᠴᠠᠭᠠᠬᠤ ᠬᠡᠷᠡᠭᠳᠡᠢ᠃ ᠰᠤᠷᠭᠠᠨᠨᠴᠢ ᠶᠢᠨ ᠲᠤᠰᠬᠠᠢ ᠠᠵᠢᠯ ᠮᠡᠷᠬᠡᠵᠢᠯ ᠤᠨ ᠰᠤᠷᠭᠠᠨ ᠭᠦᠮᠦᠵᠢᠯ ᠢ | ᠲᠤᠷᠰᠢᠨ ᠦᠷᠨᠢᠭᠦᠯᠵᠦ᠂ ᠰᠤᠷᠭᠠᠨᠨᠴᠢ ᠶᠢᠨ ᠦᠷᠭᠦᠯᠵᠢᠯᠡᠭᠰᠡᠨ ᠰᠤᠷᠭᠠᠨ ᠭᠦᠮᠦᠵᠢᠯ ᠤᠨ ᠲᠦᠷᠢᠮ ᠢ | ᠲᠡᠭᠦᠯᠳᠡᠷᠵᠢᠬᠦᠯᠦᠨ᠂ ᠰᠤᠷᠭᠠᠨᠨᠴᠢ ᠶᠢᠨ ᠡᠩᠨᠡᠬᠡᠨ ᠤ ᠬᠡᠪ ᠪᠤᠯᠪᠠᠰᠤᠷᠠᠯ ᠪᠠ ᠵᠢᠭᠠᠨ ᠰᠤᠷᠭᠠᠬᠤ ᠬᠢᠷᠢ ᠬᠡᠮᠵᠢᠶ᠎ᠡ ᠶᠢ | ᠲᠡᠬᠡᠭᠰᠢᠯᠡᠬᠦᠯᠬᠦ ᠬᠡᠷᠡᠭᠳᠡᠢ᠃ ︵ᠦᠪᠡᠷᠳᠡᠬᠡᠨ ᠵᠠᠰᠠᠬᠤ ᠤᠷᠤᠨ ᠤ ᠵᠠᠮ ᠬᠠᠷᠢᠯᠴᠠᠭ᠎ᠠ ᠲᠡᠬᠡᠬᠡᠪᠦᠷᠢ ᠶᠢᠨ ᠲᠢᠩᠬᠢᠮ᠂ | ᠲᠤᠳᠤᠭᠠᠳᠤ ᠶᠢ ᠬᠠᠮᠠᠭᠠᠯᠠᠬᠤ ᠲᠢᠩᠬᠢᠮ᠂ ᠰᠤᠷᠭᠠᠨ ᠭᠦᠮᠦᠵᠢᠯ ᠤᠨ ᠲᠢᠩᠬᠢᠮ᠂ ᠭᠦᠮᠦᠨ ᠤ ᠭᠦᠴᠦᠨ ᠤ ᠡᠬᠢ | ᠪᠠᠶᠠᠯᠢᠭ ᠨᠡᠶᠢᠬᠡᠮ ᠤᠨ ᠪᠠᠳᠤᠯᠠᠭ᠎ᠠ ᠶᠢᠨ ᠲᠢᠩᠬᠢᠮ ᠬᠠᠷᠢᠭᠤᠴᠠᠨ᠎ᠠ︶ | ︵ᠬᠤᠶᠠᠷ︶ ᠰᠢᠯᠭᠠᠯᠳᠠ ᠶᠢᠨ ᠲᠦᠷᠢᠮ ᠤᠨ ᠦᠬᠡᠷᠡᠴᠢᠯᠡᠯᠳᠡ ᠶᠢ ᠭᠦᠨᠵᠡᠬᠡᠶᠢᠷᠡᠬᠦᠯᠬᠦ ᠬᠡᠷᠡᠭᠳᠡᠢ᠃ | 1. ᠰᠢᠯᠭᠠᠬᠤ ᠴᠢᠬ ᠤᠨ ᠪᠠᠶᠢᠷᠢᠯᠠᠭᠤᠯᠤᠯᠳᠠ ᠶᠢ ᠰᠢᠯᠢᠳᠡᠭᠵᠢᠬᠦᠯᠬᠦ ᠬᠡᠷᠡᠭᠳᠡᠢ᠃ ︽ᠤᠶᠢᠷ᠎ᠠ ᠬᠠᠪᠢ ᠳᠠᠭᠠᠨ | ᠰᠢᠯᠭᠠᠬᠤ᠂ ᠤᠶᠢᠷ᠎ᠠ ᠬᠠᠪᠢ ᠠᠴᠠ ᠦᠨᠡᠮᠯᠡᠯ ᠢᠶᠠᠨ ᠠᠪᠬᠤ᠂ ᠤᠯᠠᠨ ᠲᠦᠮᠡᠨ ᠳᠤ ᠲᠦᠭᠦᠮ ᠦᠵᠡᠬᠦᠯᠬᠦ᠂ ᠬᠡᠷᠡᠭᠴᠡᠭᠡ | ᠱᠠᠭᠠᠷᠳᠠᠯᠭ᠎ᠠ ᠶᠢ ᠨᠢ ᠬᠠᠩᠭᠠᠬᠤ︾ ᠵᠠᠷᠴᠢᠮ ᠶᠤᠰᠤᠭᠠᠷ᠂ ᠭᠦᠮᠦᠨ ᠠᠮᠠ᠂ ᠭᠠᠵᠠᠷ ᠵᠦᠢ ᠶᠢᠨ ᠪᠠᠶᠢᠷᠢᠰᠢᠯ᠂ | ᠦᠢᠯᠡᠴᠢᠯᠡᠬᠦ ᠭᠦᠷᠢᠶ᠎ᠡ ᠵᠠᠢ᠂ ᠠᠵᠦ ᠠᠬᠤᠢ ᠨᠡᠶᠢᠬᠡᠮ ᠤᠨ ᠭᠦᠭᠵᠢᠯᠳᠡ ᠵᠡᠷᠬᠡ ᠭᠦᠴᠦᠨ ᠵᠦᠢᠯ ᠢ ᠶᠡᠷᠦᠩᠬᠡᠶᠢᠯᠡᠨ | ᠪᠤᠳᠤᠯᠬᠢᠯᠠᠵᠦ᠂ ᠮᠠᠰᠢᠨ ᠲᠡᠷᠬᠡᠨ ᠤ ᠵᠢᠯᠤᠭᠤᠴᠢ ᠶᠢᠨ ᠰᠢᠯᠭᠠᠯᠳᠠ ᠶᠢᠨ ᠬᠢᠴᠢᠶᠡᠯ ᠲᠦᠷᠦᠯ ᠤᠨ ᠨᠢᠬᠡ ᠵᠢᠴᠢ ᠵᠢᠵᠢᠭ | ᠬᠡᠯᠪᠡᠷᠢ ᠶᠢᠨ ᠮᠠᠰᠢᠨ ᠲᠡᠷᠬᠡᠨ ᠤ ᠵᠢᠯᠤᠭᠤᠴᠢ ᠶᠢᠨ ᠰᠢᠯᠭᠠᠯᠳᠠ ᠶᠢᠨ ᠬᠢᠴᠢᠶᠡᠯ ᠲᠦᠷᠦᠯ ᠤᠨ ᠬᠤᠶᠠᠷ᠂ ᠬᠢᠴᠢᠶᠡᠯ | ᠲᠦᠷᠦᠯ ᠤᠨ ᠭᠤᠷᠪᠠ ᠶᠢᠨ ᠰᠢᠯᠭᠠᠯᠳᠠ ᠶᠢᠨ ᠲᠠᠯᠠᠪᠤᠷ ᠢ ᠵᠤᠬᠢᠰᠳᠠᠢ ᠪᠠᠶᠢᠷᠢᠯᠠᠭᠤᠯᠬᠤ ᠬᠡᠷᠡᠭᠳᠡᠢ᠃ ᠵᠢᠯᠤᠭᠤᠴᠢ ᠶᠢᠨ | ᠰᠢᠯᠭᠠᠯᠳᠠ ᠶᠢᠨ ᠲᠤᠬᠠᠶᠢᠯᠬᠠᠰᠠᠨ ᠠᠵᠢᠯ ᠢ ᠬᠤᠰᠢᠭᠤ ᠰᠢᠶᠠᠨ ᠤ ᠱᠠᠳᠤ ᠵᠦᠭ ᠲᠤᠷᠤᠨᠨᠰᠢ ᠪᠠᠭᠤᠯᠭᠠᠵᠦ᠂ | ᠤᠷᠳᠤᠳᠬᠠᠬᠤ ᠶᠢ ᠶᠡᠬᠡᠪᠡᠷ ᠠᠬᠢᠭᠤᠯᠤᠨ᠎ᠠ᠃ ᠠᠶᠢᠮᠠᠭ ᠬᠤᠳᠠ ᠶᠢᠨ ᠱᠠᠳᠤᠨ ᠤ ᠲᠤᠳᠤᠭᠠᠳᠤ ᠶᠢ ᠬᠠᠮᠠᠭᠠᠯᠠᠬᠤ | ᠪᠠᠶᠢᠭᠤᠯᠭ᠎ᠠ ᠠᠴᠠ ᠬᠤᠰᠢᠭᠤ ᠰᠢᠶᠠᠨ ᠤ ᠲᠡᠰ ᠤᠨ ᠲᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠰᠢᠯᠭᠠᠨᠨᠴᠢ | ᠲᠤᠮᠢᠯᠠᠨ ᠰᠠᠭᠤᠯᠭᠠᠵᠦ ᠰᠢᠯᠭᠠᠯᠳᠠ ᠦᠷᠨᠢᠬᠦᠯᠬᠦ ᠶᠢ ᠢᠳᠡᠪᠬᠢᠳᠡᠢ ᠠᠬᠢᠭᠤᠯᠵᠦ᠂ ᠨᠦᠭᠦᠴᠡᠯ ᠲᠠᠢ ᠬᠤᠰᠢᠭᠤ | ᠰᠢᠶᠠᠨ ᠤ ᠱᠠᠳᠤᠨ ᠤ ᠲᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠪᠠᠷ ᠵᠢᠵᠢᠭ ᠬᠡᠯᠪᠡᠷᠢ ᠶᠢᠨ ᠮᠠᠰᠢᠨ ᠲᠡᠷᠬᠡᠨ ᠤ | ᠵᠢᠯᠤᠭᠤᠴᠢ ᠶᠢᠨ ᠦᠨᠡᠮᠯᠡᠯ ᠤᠨ ᠰᠢᠯᠭᠠᠯᠳᠠ ᠶᠢᠨ ᠲᠤᠬᠠᠶᠢᠯᠬᠠᠰᠠᠨ ᠠᠵᠢᠯ ᠢ ᠲᠠᠭᠠᠭᠠᠴᠢᠯᠠᠭᠤᠯᠬᠤ ᠪᠠᠷ ᠨᠠᠶᠢᠳᠠᠵᠦ᠂ | ᠤᠯᠠᠨ ᠲᠦᠮᠡᠨ ᠤ ᠤᠶᠢᠷ᠎ᠠ ᠬᠠᠪᠢ ᠳᠠᠭᠠᠨ ᠰᠢᠯᠭᠠᠭᠤᠯᠬᠤ ᠳᠤ ᠲᠦᠭᠦᠮ ᠦᠵᠡᠬᠦᠯᠬᠦ ᠬᠡᠷᠡᠭᠳᠡᠢ᠃ ᠲᠠᠩ ᠲᠦᠷᠦᠯ ᠤᠨ | ᠬᠢᠴᠢᠶᠡᠯ ᠲᠦᠷᠦᠯ ᠢ ᠰᠢᠯᠭᠠᠭᠤᠯᠬᠤ ᠪᠠᠷ ᠨᠡᠷ᠎ᠡ ᠮᠡᠳᠡᠬᠦᠯᠦᠭᠰᠡᠨ ᠭᠦᠮᠦᠨ ᠤᠯᠠᠳᠠᠵᠦ ᠬᠤᠶᠢᠭᠤᠷ ᠳ᠋ᠤᠭᠠᠷᠯᠬᠠᠰᠠᠨ | ᠰᠢᠯᠭᠠᠭᠤᠯᠤᠨᠨᠴᠢ ᠶᠢ ᠠᠶᠢᠮᠠᠭ ᠬᠤᠳᠠ᠂ ᠬᠤᠰᠢᠭᠤ ᠰᠢᠶᠠᠨ ︵ᠬᠤᠳᠠ᠂ ᠲᠤᠭᠤᠷᠢᠭ︶ ᠤ ᠲᠤᠳᠤᠷᠠᠬᠢ ᠪᠤᠰᠤᠳ | ᠰᠢᠯᠭᠠᠯᠳᠠ ᠶᠢᠨ ᠲᠠᠯᠠᠪᠤᠷ ᠲᠤ ᠰᠢᠯᠭᠠᠭᠤᠯᠬᠤ ᠶᠢ ᠨᠢ ᠵᠦᠪᠰᠢᠶᠡᠷᠡᠵᠦ ᠪᠤᠯᠤᠨ᠎ᠠ᠃ ︵ᠦᠪᠡᠷᠳᠡᠬᠡᠨ ᠵᠠᠰᠠᠬᠤ | ᠤᠷᠤᠨ ᠤ ᠲᠤᠳᠤᠭᠠᠳᠤ ᠶᠢ ᠬᠠᠮᠠᠭᠠᠯᠠᠬᠤ ᠲᠢᠩᠬᠢᠮ ᠬᠠᠷᠢᠭᠤᠴᠠᠨ᠎ᠠ︶ | 2. ᠨᠡᠶᠢᠬᠡᠮ ᠤᠨ ᠰᠢᠯᠭᠠᠯᠳᠠ ᠶᠢᠨ ᠲᠠᠯᠠᠪᠤᠷ ᠢ ᠪᠦᠳᠦᠬᠡᠨ ᠪᠠᠶᠢᠭᠤᠯᠵᠦ ᠬᠡᠷᠡᠭᠯᠡᠬᠦ ᠶᠢ ᠵᠤᠷᠢᠨᠨᠵᠢᠭᠤᠯᠬᠤ | ᠬᠡᠷᠡᠭᠳᠡᠢ᠃ ᠡᠯ᠎ᠡ ᠭᠠᠵᠠᠷ ᠤᠷᠤᠨ ᠤ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠵᠦ᠂ ᠰᠢᠯᠭᠠᠯᠳᠠ ᠶᠢᠨ ᠲᠠᠯᠠᠪᠤᠷ ᠤᠨ | ᠪᠠᠶᠢᠷᠢᠯᠠᠭᠤᠯᠤᠯᠳᠠ ᠪᠠ ᠲᠤᠭ᠎ᠠ ᠬᠡᠮᠵᠢᠶ᠎ᠡ ᠶᠢ ᠵᠤᠬᠢᠰᠳᠠᠢ ᠲᠤᠨᠨᠳᠠᠭᠠᠨ᠂ ᠰᠢᠯᠭᠠᠯᠳᠠ ᠶᠢᠨ ᠲᠠᠯᠠᠪᠤᠷ ᠤᠨ ᠪᠦᠳᠦᠬᠡᠨ | ᠪᠠᠶᠢᠭᠤᠯᠤᠯᠳᠠ᠂ ᠲᠦᠭᠦᠬᠡᠷᠦᠮᠵᠢ ᠶᠢᠨ ᠲᠤᠬᠢᠷᠠᠭᠤᠯᠭ᠎ᠠ᠂ ᠰᠢᠰᠲ᠋ᠧᠮ ᠤᠨ ᠬᠠᠮᠠᠭᠠᠯᠠᠯᠳᠠ ᠨᠢ ᠤᠯᠤᠰ ᠤᠨ ᠬᠠᠮᠢᠶ᠎ᠠ | ᠪᠦᠭᠦᠢ ᠪᠠᠷᠢᠮᠵᠢᠶ᠎ᠠ ᠪᠠ ᠲᠤᠨᠨᠳᠠᠭᠠᠯ ᠳᠤ ᠨᠡᠶᠢᠴᠡᠬᠦ ᠬᠡᠷᠡᠭᠳᠡᠢ᠃ ᠨᠡᠶᠢᠬᠡᠮ ᠤᠨ ᠭᠦᠴᠦᠨ ᠢ ᠭᠦᠳᠦᠯᠦᠨ ᠵᠢᠯᠤᠭᠤᠳᠴᠤ | ᠪᠠᠶᠢᠭᠠᠳ ᠪᠡᠯᠡ ᠤᠷᠤᠭᠤᠯᠤᠨ ᠰᠢᠯᠭᠠᠬᠤ ᠲᠠᠯᠠᠪᠤᠷ ᠪᠠᠶᠢᠭᠤᠯᠵᠤ᠂ ᠵᠠᠰᠠᠭ ᠤᠨ ᠤᠷᠳᠤᠨ ᠦᠢᠯᠡᠴᠢᠯᠡᠭᠡ ᠬᠤᠳᠠᠯᠳᠤᠨ | ᠠᠪᠬᠤ ᠵᠡᠷᠬᠡ ᠠᠷᠭ᠎ᠠ ᠮᠠᠶ᠋ᠢᠭ ᠢ ᠢᠳᠡᠪᠬᠢᠳᠡᠢ ᠠᠬᠢᠭᠤᠯᠬᠤ ᠪᠠᠷ ᠲᠠᠮᠵᠢᠨ ᠨᠡᠶᠢᠬᠡᠮ ᠤᠨ ᠰᠢᠯᠭᠠᠯᠳᠠ ᠶᠢᠨ ᠲᠠᠯᠠᠪᠤᠷ ᠢ | ᠬᠡᠷᠡᠭᠯᠡᠵᠦ᠂ ᠲᠦᠪ ᠭᠤᠤᠯᠴᠢ ᠪᠠᠷ ᠦᠷᠢᠰᠦᠯᠳᠦᠬᠦ᠂ ᠢᠯᠡ ᠪᠠᠷ ᠰᠢᠯᠢᠳᠡᠭ ᠢ ᠨᠢ ᠰᠤᠩᠭᠤᠬᠤ ᠵᠠᠷᠴᠢᠮ ᠢ | ᠪᠠᠷᠢᠮᠳᠠᠯᠠᠵᠦ᠂ ᠢᠯᠡ ᠪᠠᠷ ᠲᠠᠭᠠᠭᠠᠴᠢᠯᠠᠯᠳᠠ ᠵᠠᠷᠯᠠᠬᠤ ᠵᠡᠷᠬᠡ ᠬᠠᠤᠯᠢ ᠶᠤᠰᠤᠨ ᠤ ᠡᠮᠬᠢ ᠵᠢᠷᠤᠮ ᠢᠶᠠᠷ ᠲᠠᠮᠵᠢᠵᠦ | ᠨᠡᠶᠢᠬᠡᠮ ᠤᠨ ᠰᠢᠯᠭᠠᠯᠳᠠ ᠶᠢᠨ ᠲᠠᠯᠠᠪᠤᠷ ᠢ ᠰᠤᠩᠭᠤᠨ ᠲᠤᠨᠨᠳᠠᠭᠠᠨ᠎ᠠ᠂ ᠨᠡᠶᠢᠬᠡᠮ ᠤᠨ ᠰᠢᠯᠭᠠᠯᠳᠠ ᠶᠢᠨ ᠲᠠᠯᠠᠪᠤᠷ ᠢ | ᠲᠦᠯᠦᠪᠦᠷᠢ ᠦᠬᠡᠢ ᠪᠠᠷ ᠬᠡᠷᠡᠭᠯᠡᠵᠦ ᠪᠤᠯᠬᠤ ᠦᠬᠡᠢ᠂ ᠨᠡᠶᠢᠬᠡᠮ ᠤᠨ ᠰᠢᠯᠭᠠᠯᠳᠠ ᠶᠢᠨ ᠲᠠᠯᠠᠪᠤᠷ ᠢ ᠡᠵᠡᠩᠨᠡᠬᠦ | ᠠᠵᠢᠯᠯᠠᠭ᠎ᠠ ᠳᠤ ᠤᠷᠤᠯᠴᠠᠵᠦ ᠪᠤᠯᠬᠤ ᠦᠬᠡᠢ᠃ ︵ᠦᠪᠡᠷᠳᠡᠬᠡᠨ ᠵᠠᠰᠠᠬᠤ ᠤᠷᠤᠨ ᠤ ᠲᠤᠳᠤᠭᠠᠳᠤ ᠶᠢ ᠬᠠᠮᠠᠭᠠᠯᠠᠬᠤ | ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠤᠯᠤᠰ ᠤᠨ ᠭᠠᠵᠠᠷ ᠰᠢᠷᠦᠢ ᠡᠬᠢ ᠪᠠᠶᠠᠯᠢᠭ ᠤᠨ ᠲᠢᠩᠬᠢᠮ᠂ | ᠭᠦᠭᠵᠢᠬᠦᠯᠦᠯᠳᠡ ᠦᠬᠡᠷᠡᠴᠢᠯᠡᠯᠳᠡ ᠶᠢᠨ ᠵᠦᠪᠯᠡᠯ ᠬᠠᠷᠢᠭᠤᠴᠠᠨ᠎ᠠ︶ | 3. ᠰᠢᠯᠭᠠᠨᠨᠴᠢ ᠶᠢᠨ ᠡᠩᠨᠡᠬᠡᠨ ᠤ ᠪᠠᠶᠢᠭᠤᠯᠤᠯᠳᠠ ᠶᠢ ᠴᠢᠩᠭᠠᠳᠬᠠᠬᠤ ᠬᠡᠷᠡᠭᠳᠡᠢ᠃ ᠰᠢᠯᠭᠠᠨᠨᠴᠢ ᠶᠢᠨ ᠬᠢᠷᠢ | ᠬᠡᠮ ᠤᠨ ᠬᠠᠮᠢᠶᠠᠷᠤᠯᠳᠠ᠂ ᠲᠤᠨᠨᠳᠠᠮᠠᠯ ᠬᠤᠭᠤᠴᠠᠭ᠎ᠠ ᠲᠠᠢ ᠪᠤᠯᠪᠠᠰᠤᠷᠠᠭᠤᠯᠤᠯ᠂ ᠰᠢᠯᠭᠠᠨ ᠬᠢᠨᠠᠯᠳᠠ ᠪᠠᠷ ᠰᠢᠯᠢᠭᠳᠡᠬᠦᠯᠬᠦ | ᠲᠦᠷᠢᠮ ᠢ ᠭᠦᠨᠵᠡᠬᠡᠶᠢᠷᠡᠬᠦᠯᠬᠦ ᠶᠢ ᠪᠠᠷᠢᠮᠳᠠᠯᠠᠨ᠂ ᠰᠢᠯᠭᠠᠨᠨᠴᠢ ᠶᠢᠨ ᠡᠩᠨᠡᠬᠡᠨ ᠤ ᠲᠤᠰᠬᠠᠶᠢᠵᠢᠯ᠂ ᠠᠵᠢᠯ ᠮᠡᠷᠬᠡᠵᠢᠯ ᠤᠨ | ᠬᠢᠷᠢ ᠬᠡᠮᠵᠢᠶ᠎ᠡ ᠶᠢ ᠪᠦᠭᠦ ᠲᠠᠯ᠎ᠠ ᠪᠠᠷ ᠲᠡᠬᠡᠭᠰᠢᠯᠡᠬᠦᠯᠬᠦ ᠬᠡᠷᠡᠭᠳᠡᠢ᠃ ᠰᠢᠯᠭᠠᠨᠨᠴᠢ ᠰᠤᠩᠭᠤᠨ ᠬᠡᠷᠡᠭᠯᠡᠬᠦ ᠵᠠᠮ ᠮᠦᠷ ᠪᠠ | ᠲᠤᠨᠨᠳᠠᠴᠠ ᠶᠢ ᠴᠢᠬᠤᠯᠠᠴᠢᠯᠠᠨ ᠦᠷᠬᠡᠳᠬᠡᠨ᠎ᠠ᠂ ᠡᠯ᠎ᠡ ᠭᠠᠵᠠᠷ ᠤᠷᠤᠨ ᠨᠢ ᠪᠤᠳᠠᠳᠠᠢ ᠬᠡᠷᠡᠭᠴᠡᠭᠡ ᠱᠠᠭᠠᠷᠳᠠᠯᠭ᠎ᠠ ᠪᠠᠨ | ᠦᠨᠳᠦᠰᠦᠯᠡᠨ᠂ ᠲᠤᠳᠤᠭᠠᠳᠤ ᠶᠢ ᠬᠠᠮᠠᠭᠠᠯᠠᠬᠤ ᠠᠷᠠᠳ ᠤᠨ ᠴᠬᠠᠳᠠᠭ᠎ᠠ ᠪᠠ ᠪᠢᠴᠢᠭ ᠤᠨ ᠲᠤᠰᠢᠶᠠᠯᠳᠠᠨ ᠤ | ᠲᠤᠳᠤᠷ᠎ᠠ ᠠᠴᠠ ᠲᠤᠰᠬᠠᠢ ᠪᠠ ᠲᠤᠰᠢᠶᠠᠯ ᠬᠠᠪᠰᠤᠷᠭᠠᠨᠨᠰᠠᠨ ᠰᠢᠯᠭᠠᠨᠨᠴᠢ ᠰᠢᠯᠭᠠᠷᠠᠭᠤᠯᠬᠤ ᠬᠡᠷᠡᠭᠳᠡᠢ᠃ | ᠲᠡᠬᠡᠬᠡᠪᠦᠷᠢ ᠶᠢᠨ ᠠᠵᠦ ᠠᠬᠤᠶᠢᠯᠠᠯ ᠤᠨ ᠵᠢᠯᠤᠭᠤᠴᠢ᠂ ᠴᠬᠠᠳᠠᠭ᠎ᠠ ᠶᠢᠨ ᠰᠤᠷᠳᠠᠯ ᠰᠠᠬᠢᠯᠭ᠎ᠠ ᠪᠠᠳᠤ ᠶᠢᠨ ᠬᠢᠨᠠᠯᠳᠠ | ᠲᠠᠯᠪᠢᠨᠨᠴᠢ ᠵᠡᠷᠬᠡ ᠶᠢ ᠲᠤᠷᠰᠢᠨ ᠤᠷᠢᠨ ᠬᠡᠷᠡᠭᠯᠡᠵᠦ ᠰᠢᠯᠭᠠᠯᠳᠠ ᠳᠤ ᠲᠤᠰᠠᠯᠠᠵᠦ ᠦᠨᠡᠯᠡᠨ ᠲᠠᠰᠤᠯᠬᠤ ᠪᠠ ᠬᠢᠨᠠᠯᠳᠠ | ᠲᠠᠯᠪᠢᠬᠤ ᠡᠭᠦᠷᠬᠡ ᠬᠠᠷᠢᠭᠤᠴᠠᠯᠭ᠎ᠠ ᠡᠭᠦᠷᠬᠡᠯᠡᠬᠦᠯᠵᠦ᠂ ᠰᠢᠯᠭᠠᠨᠨᠴᠢ ᠶᠢ ᠤᠯᠠᠨ ᠵᠠᠮ ᠮᠦᠷ ᠢᠶᠠᠷ ᠰᠤᠩᠭᠤᠨ ᠬᠡᠷᠡᠭᠯᠡᠬᠦ | ᠲᠤᠨᠨᠳᠠᠴᠠ ᠪᠠᠷ ᠲᠠᠮᠵᠢᠭᠤᠯᠤᠨ᠂ ᠤᠯᠠᠨ ᠡᠰᠢᠳᠦ᠂ ᠤᠯᠠᠨ ᠲᠡᠰ ᠲᠠᠪᠬᠤᠷᠭᠠᠳᠤ ᠰᠢᠯᠭᠠᠨᠨᠴᠢ ᠶᠢᠨ ᠡᠩᠨᠡᠭᠡ ᠶᠢ | ᠪᠠᠶᠢᠭᠤᠯᠬᠤ ᠬᠡᠷᠡᠭᠳᠡᠢ᠃ ︵ᠦᠪᠡᠷᠳᠡᠬᠡᠨ ᠵᠠᠰᠠᠬᠤ ᠤᠷᠤᠨ ᠤ ᠲᠤᠳᠤᠭᠠᠳᠤ ᠶᠢ ᠬᠠᠮᠠᠭᠠᠯᠠᠬᠤ ᠲᠢᠩᠬᠢᠮ᠂ ᠭᠦᠮᠦᠨ ᠤ | ᠭᠦᠴᠦᠨ ᠤ ᠡᠬᠢ ᠪᠠᠶᠠᠯᠢᠭ ᠨᠡᠶᠢᠬᠡᠮ ᠤᠨ ᠪᠠᠳᠤᠯᠠᠭ᠎ᠠ ᠶᠢᠨ ᠲᠢᠩᠬᠢᠮ ᠬᠠᠷᠢᠭᠤᠴᠠᠨ᠎ᠠ︶ | 4. ᠰᠢᠯᠭᠠᠯᠳᠠ ᠳᠤ ᠡᠵᠡᠨ ᠮᠡᠳᠡᠵᠦ ᠤᠷᠢᠳᠴᠢᠯᠠᠨ ᠪᠤᠯᠵᠤᠬᠤ ᠶᠢ ᠪᠦᠭᠦ ᠲᠠᠯ᠎ᠠ ᠪᠠᠷ ᠬᠡᠷᠡᠭᠵᠢᠬᠦᠯᠬᠦ ᠬᠡᠷᠡᠭᠳᠡᠢ᠃ | ᠪᠦᠭᠦ ᠤᠷᠤᠨ ᠳᠤ ᠰᠢᠯᠭᠠᠯᠳᠠ ᠳᠤ ᠨᠢᠬᠡᠳᠦᠯᠳᠡᠢ ᠤᠷᠢᠳᠴᠢᠯᠠᠨ ᠪᠤᠯᠵᠤᠬᠤ ᠦᠢᠯᠡᠴᠢᠯᠡᠬᠡᠨ ᠤ ᠲᠡᠪᠴᠡᠩ | ᠪᠠᠶᠢᠭᠤᠯᠤᠨ᠂ ᠢᠨᠲ᠋ᠧᠷ ᠰᠦᠯᠵᠢᠶ᠎ᠡ᠂ ᠳ᠋ᠢᠶᠠᠩᠬᠤᠸᠠ᠂ ᠴᠤᠩᠬᠤᠪᠴᠢ ᠵᠡᠷᠬᠡ ᠤᠯᠠᠨ ᠵᠦᠢᠯ ᠤᠨ ᠰᠢᠯᠭᠠᠭᠤᠯᠬᠤ ᠪᠠᠷ | ᠨᠡᠷ᠎ᠠ ᠮᠡᠳᠡᠬᠦᠯᠬᠦ ᠠᠷᠭ᠎ᠠ ᠮᠠᠶ᠋ᠢᠭ ᠢ ᠬᠠᠩᠭᠠᠵᠦ᠂ ᠰᠢᠯᠭᠠᠭᠤᠯᠤᠬᠴᠢᠳ ᠪᠤᠯᠪᠠᠰᠤᠷᠠᠭᠤᠯᠤᠯ ᠢᠶᠠᠨ ᠲᠠᠭᠤᠰᠬᠠᠨᠨᠰᠠᠨ ᠤ | ᠲᠠᠷᠠᠭ᠎ᠠ ᠲᠤᠨᠨᠳᠠᠭᠠᠯ ᠢ ᠦᠨᠳᠦᠰᠦᠯᠡᠨ ᠰᠢᠯᠭᠠᠭᠤᠯᠬᠤ ᠴᠠᠭ ᠪᠠ ᠰᠢᠯᠭᠠᠬᠤ ᠲᠠᠯᠠᠪᠤᠷ ᠢᠶᠠᠨ ᠡᠵᠡᠨ ᠮᠡᠳᠡᠨ ᠰᠤᠩᠭᠤᠵᠦ | ᠂ ᠰᠢᠯᠭᠠᠨᠨᠴᠢ ᠶᠢᠨ ᠡᠵᠡᠨ ᠮᠡᠳᠡᠬᠦ ᠡᠷᠬᠡ᠂ ᠰᠤᠩᠭᠤᠬᠤ ᠡᠷᠬᠡ ᠶᠢ ᠨᠢ ᠦᠨᠡᠨᠬᠦ ᠪᠠᠳᠤᠯᠠᠬᠤ ᠬᠡᠷᠡᠭᠳᠡᠢ᠃ 2016 | ᠤᠨ ᠤ 10 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠤᠨ᠎ᠠ᠂ ᠭᠦᠬᠡᠬᠤᠳᠠ᠂ ᠪᠤᠭᠤᠳᠤ ᠬᠤᠳᠠ ᠶᠢᠨ | ᠲᠤᠷᠰᠢᠯᠳᠠ ᠶᠢᠨ ᠴᠢᠬ ᠤᠨ ᠠᠵᠢᠯ ᠤᠨ ᠰᠠᠭᠤᠷᠢᠨ ᠲᠡᠬᠡᠷ᠎ᠡ᠂ ᠪᠦᠭᠦ ᠤᠷᠤᠨ ᠳᠤ ᠰᠢᠯᠭᠠᠯᠳᠠ ᠳᠤ ᠦᠪᠡᠰᠦᠪᠡᠨ | ᠡᠵᠡᠨ ᠮᠡᠳᠡᠵᠦ ᠤᠷᠢᠳᠴᠢᠯᠠᠨ ᠪᠤᠯᠵᠤᠬᠤ ᠶᠢ ᠲᠦᠬᠡᠮᠡᠯᠵᠢᠬᠦᠯᠦᠨ ᠬᠡᠷᠡᠭᠵᠢᠬᠦᠯᠬᠦ ᠬᠡᠷᠡᠭᠳᠡᠢ᠃ ᠰᠢᠯᠭᠠᠭᠤᠯᠬᠤ ᠪᠠᠷ | ᠨᠡᠷ᠎ᠠ ᠮᠡᠳᠡᠬᠦᠯᠬᠦ ᠪᠤᠶᠤ ᠰᠢᠯᠭᠠᠭᠤᠯᠬᠤ ᠪᠠᠷ ᠪᠤᠯᠵᠤᠨᠨᠰᠠᠨ ᠴᠠᠭ ᠤᠨ ᠡᠮᠤᠨ᠎ᠠ ᠬᠤᠶᠢᠨᠠᠬᠢ ᠲᠠᠷᠠᠭᠠᠯᠠᠯ ᠢ ᠦᠨᠳᠦᠰᠦᠯᠡᠵᠦ | ᠂ ᠰᠢᠯᠭᠠᠭᠤᠯᠤᠨᠨᠴᠢ ᠶᠢᠨ ᠰᠢᠯᠭᠠᠯᠳᠠ ᠶᠢ ᠲᠦᠪ ᠭᠤᠤᠯᠴᠢ ᠵᠦᠢ ᠵᠤᠬᠢᠰᠳᠠᠢ ᠪᠠᠷ ᠲᠤᠬᠢᠷᠠᠭᠤᠯᠬᠤ ᠬᠡᠷᠡᠭᠳᠡᠢ᠃ | ᠰᠢᠯᠭᠠᠯᠳᠠ ᠶᠢᠨ ᠰᠦᠢᠳᠬᠡᠯ ᠢ ᠰᠢᠯᠭᠠᠯᠳᠠ ᠪᠤᠯᠵᠤᠵᠦ ᠲᠤᠨᠨᠳ᠋ᠬᠠᠰᠠᠨ ᠤ ᠲᠠᠷᠠᠭ᠎ᠠ ᠬᠤᠷᠢᠶᠠᠨ ᠠᠪᠴᠤ᠂ ᠰᠦᠯᠵᠢᠶᠡᠨ | ᠲᠡᠬᠡᠷ᠎ᠡ ᠲᠤᠭᠠᠴᠠᠭ᠎ᠠ ᠬᠢᠬᠦ᠂ ᠪᠠᠩᠬᠢ ᠠᠴᠠ ᠤᠷᠤᠯᠠᠨ ᠬᠤᠷᠢᠶᠠᠬᠤ ᠵᠡᠷᠬᠡ ᠤᠯᠠᠨ ᠵᠦᠢᠯ ᠤᠨ ᠲᠤᠭᠠᠴᠠᠭ᠎ᠠ ᠬᠢᠬᠦ | ᠠᠷᠭ᠎ᠠ ᠮᠠᠶ᠋ᠢᠭ ᠢ ᠬᠠᠩᠭᠠᠵᠦ᠂ ᠰᠢᠯᠭᠠᠭᠤᠯᠤᠨᠨᠴᠢᠳ ᠬᠢᠴᠢᠶᠡᠯ ᠲᠦᠷᠦᠯ ᠬᠤᠪᠢᠶᠠᠵᠤ ᠪᠠᠶᠢᠭᠠᠳ ᠪᠤᠶᠤ ᠨᠢᠬᠡ | ᠤᠳᠠᠭ᠎ᠠ ᠳᠤ ᠰᠢᠯᠭᠠᠯᠳᠠ ᠶᠢᠨ ᠰᠦᠢᠳᠬᠡᠯ ᠢ ᠪᠦᠭᠦᠨ ᠢ ᠲᠤᠰᠢᠶᠠᠵᠦ ᠪᠤᠯᠤᠨ᠎ᠠ᠃ ︵ᠦᠪᠡᠷᠳᠡᠬᠡᠨ ᠵᠠᠰᠠᠬᠤ ᠤᠷᠤᠨ ᠤ | ᠲᠤᠳᠤᠭᠠᠳᠤ ᠶᠢ ᠬᠠᠮᠠᠭᠠᠯᠠᠬᠤ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠠᠷᠠᠳ ᠤᠨ ᠪᠠᠩᠬᠢ ᠶᠢᠨ | ᠭᠦᠬᠡᠬᠤᠳᠠ ᠶᠢᠨ ᠲᠦᠪ ᠰᠠᠯᠪᠤᠷᠢ ᠪᠠᠩᠬᠢ ᠬᠠᠷᠢᠭᠤᠴᠠᠨ᠎ᠠ︶ | 5. ᠰᠢᠯᠭᠠᠯᠳᠠ ᠬᠢᠨᠠᠵᠦ ᠦᠵᠡᠬᠦ ᠪᠠ ᠰᠢᠯᠭᠠᠯᠳᠠ ᠵᠤᠬᠢᠶᠠᠨ ᠪᠠᠶᠢᠭᠤᠯᠬᠤ ᠶᠢ ᠴᠢᠩᠳᠠᠯᠠᠬᠤ ᠬᠡᠷᠡᠭᠳᠡᠢ᠃ | ᠰᠢᠯᠭᠠᠯᠳᠠ ᠶᠢᠨ ᠠᠭᠤᠯᠭ᠎ᠠ ᠪᠠ ᠰᠢᠯᠭᠠᠯᠳᠠ ᠶᠢᠨ ᠲᠡᠰ ᠲᠠᠷᠠᠭᠠᠯᠠᠯ ᠢ ᠬᠠᠤᠯᠢ ᠲᠤᠨᠨᠳᠠᠭᠠᠯ ᠶᠤᠰᠤᠭᠠᠷ ᠴᠢᠩᠭ᠎ᠠ | ᠨᠠᠶᠢᠳᠠᠪᠤᠷᠢᠵᠢᠭᠤᠯᠵᠦ᠂ ᠰᠢᠯᠭᠠᠯᠳᠠ ᠶᠢᠨ ᠰᠠᠬᠢᠯᠭ᠎ᠠ ᠪᠠᠳᠤ ᠶᠢ ᠴᠢᠩᠭ᠎ᠠ ᠲᠤᠳᠤᠷᠬᠠᠶᠢᠯᠠᠨ᠂ ᠬᠢᠨᠠᠵᠤ ᠦᠵᠡᠬᠦ | ᠪᠠᠷᠢᠮᠵᠢᠶ᠎ᠠ ᠶᠢ ᠴᠢᠩᠭ᠎ᠠ ᠰᠠᠬᠢᠬᠤ ᠬᠡᠷᠡᠭᠳᠡᠢ᠃ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ ᠴᠠᠭᠠᠵᠠ ᠬᠠᠤᠯᠢ | ᠲᠤᠨᠨᠳᠠᠭᠠᠯ᠂ ᠲᠠᠯᠠᠪᠤᠷ ᠲᠠᠬᠢ ᠵᠢᠯᠤᠭᠤᠳᠬᠤ ᠮᠡᠷᠬᠡᠵᠢᠯ ᠴᠢᠳᠠᠪᠤᠷᠢ ᠪᠠ ᠠᠮᠤᠷ ᠲᠦᠪᠰᠢᠨ ᠪᠤᠯᠪᠠᠰᠤᠨ ᠵᠢᠯᠤᠭᠤᠳᠬᠤ | ᠶᠡᠷᠦ ᠶᠢᠨ ᠮᠡᠳᠡᠯᠬᠡ ᠶᠢᠨ ᠰᠢᠯᠭᠠᠯᠳᠠ ᠳᠤ ᠺᠣᠮᠫᠢᠦ᠋ᠲ᠋ᠧᠷ ᠢᠶᠠᠷ ᠬᠢᠨᠠᠵᠤ ᠦᠵᠡᠬᠦ ᠰᠢᠰᠲ᠋ᠧᠮ ᠢ ᠬᠡᠷᠡᠭᠯᠡᠵᠦ᠂ ᠵᠠᠮ ᠳᠤ | ᠭᠠᠷᠴᠤ ᠵᠢᠯᠤᠭᠤᠳᠬᠤ ᠮᠡᠷᠬᠡᠵᠢᠯ ᠴᠢᠳᠠᠪᠤᠷᠢ ᠶᠢᠨ ᠰᠢᠯᠭᠠᠯᠳᠠ ᠳᠤ ᠭᠦᠮᠦᠨ ᠲᠠᠭᠠᠵᠦ ᠬᠢᠨᠠᠵᠤ ᠦᠵᠡᠬᠦ ᠪᠠ | ᠺᠣᠮᠫᠢᠦ᠋ᠲ᠋ᠧᠷ ᠢᠶᠠᠷ ᠬᠢᠨᠠᠵᠤ ᠦᠵᠡᠬᠦ ᠶᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢ ᠶᠠᠪᠤᠨᠨᠳᠠᠭᠤᠯᠵᠦ᠂ 2016 | ᠤᠨ ᠤ ᠵᠢᠯ ᠤᠨ ᠰᠡᠭᠦᠯᠴᠢ ᠠᠴᠠ ᠡᠮᠤᠨ᠎ᠠ ᠪᠦᠭᠦ ᠤᠷᠤᠨ ᠤ ᠬᠤᠶᠠᠳᠤᠭᠠᠷ ᠲᠡᠰ ᠠᠴᠠ ᠲᠡᠬᠡᠭᠰᠢᠬᠢ ᠲᠡᠷᠬᠡ | ᠭᠦᠰᠬᠡ ᠶᠢᠨ ᠬᠠᠮᠢᠶᠠᠷᠤᠯᠳᠠ ᠶᠢᠨ ᠭᠠᠵᠠᠷ ︵ᠰᠢᠯᠭᠠᠯᠳᠠ ᠶᠢᠨ ᠲᠦᠪ︶ ᠲᠤ ᠪᠦᠭᠦ ᠲᠠᠯ᠎ᠠ ᠪᠠᠷ ᠶᠠᠪᠤᠨᠨᠳᠠᠭᠤᠯᠤᠨ᠂ | ᠨᠦᠭᠦᠴᠡᠯ ᠲᠠᠢ ᠭᠠᠵᠠᠷ ᠤᠷᠤᠨ ᠨᠢ ᠠᠶᠢᠮᠠᠭ ᠬᠤᠳᠠ ᠶᠢᠨ ᠲᠡᠷᠬᠡ ᠭᠦᠰᠬᠡ ᠶᠢᠨ ᠬᠠᠮᠢᠶᠠᠷᠤᠯᠳᠠ ᠶᠢᠨ ᠭᠠᠵᠠᠷ ︵ | ᠰᠢᠯᠭᠠᠯᠳᠠ ᠶᠢᠨ ᠲᠦᠪ︶ ᠲᠤ ᠵᠠᠮ ᠳᠤ ᠭᠠᠷᠴᠤ ᠵᠢᠯᠤᠭᠤᠳᠬᠤ ᠮᠡᠷᠬᠡᠵᠢᠯ ᠴᠢᠳᠠᠪᠤᠷᠢ ᠶᠢᠨ ᠰᠢᠯᠭᠠᠯᠳᠠ ᠶᠢ ᠬᠢᠨᠠᠵᠤ | ᠦᠵᠡᠬᠦ ᠲᠦᠪ ᠢ ᠨᠢᠬᠡᠳᠦᠯᠳᠡᠢ ᠲᠤᠬᠢᠷᠠᠭᠤᠯᠤᠨ᠂ ᠲᠤᠰ ᠬᠠᠷᠢᠶ᠎ᠠ ᠲᠤᠭᠤᠷᠢᠭ ᠤᠨ ᠰᠢᠯᠭᠠᠬᠤ ᠴᠢᠬ ᠤᠨ | ᠰᠢᠯᠭᠠᠯᠳᠠ ᠳᠤ ᠬᠡᠷᠡᠭᠯᠡᠬᠦ ᠲᠡᠷᠬᠡ ᠭᠦᠰᠬᠡ ᠶᠢ ᠲᠦᠪᠯᠡᠷᠡᠭᠦᠯᠦᠨ ᠬᠢᠨᠠᠨ ᠡᠵᠡᠮᠰᠢᠬᠦ ᠬᠡᠷᠡᠭᠳᠡᠢ᠂ ᠰᠢᠯᠭᠠᠬᠤ ᠲᠦᠷᠦᠯ | ᠵᠦᠢᠯ ᠢ ᠬᠠᠰᠤᠵᠦ᠂ ᠰᠢᠯᠭᠠᠬᠤ ᠵᠠᠮ ᠤᠨ ᠵᠠᠢ ᠶᠢ ᠪᠤᠭᠤᠨᠢᠰᠬᠠᠨ᠂ ᠬᠢᠨᠠᠵᠤ ᠦᠵᠡᠬᠦ ᠪᠠᠷᠢᠮᠵᠢᠶ᠎ᠠ ᠶᠢ ᠪᠠᠭᠤᠷᠠᠭᠤᠯᠵᠦ | ᠪᠤᠯᠬᠤ ᠦᠬᠡᠢ᠂ ᠰᠢᠯᠭᠠᠯᠳᠠ ᠶᠢᠨ ᠶᠠᠰᠤ ᠴᠢᠨᠠᠷ ᠢ ᠪᠠᠳᠤᠯᠠᠵᠦ᠂ ᠰᠢᠯᠭᠠᠯᠳᠠ ᠶᠢᠨ ᠲᠦᠪ ᠴᠢᠩᠭ᠎ᠠ ᠭᠤᠤᠯᠴᠢ | ᠪᠠᠶᠢᠬᠤ ᠶᠢ ᠦᠨᠡᠨᠬᠦ ᠪᠠᠳᠤᠯᠠᠬᠤ ᠬᠡᠷᠡᠭᠳᠡᠢ᠃ ᠲᠤᠳᠤᠭᠠᠳᠤ ᠶᠢ ᠬᠠᠮᠠᠭᠠᠯᠠᠬᠤ ᠶᠠᠮᠤᠨ ᠤ ᠨᠢᠬᠡᠳᠦᠯᠳᠡᠢ | ᠪᠠᠶᠢᠷᠢᠯᠠᠭᠤᠯᠤᠯᠳᠠ ᠶᠢ ᠨᠠᠶᠢᠳᠠᠪᠤᠷᠢᠵᠢᠭᠤᠯᠵᠦ᠂ ᠲᠠᠰᠢᠷᠠᠮ ᠢᠶᠠᠷ ᠰᠤᠭᠤᠯᠤᠨ ᠰᠢᠯᠭᠠᠬᠤ ᠶᠢ ᠲᠦᠬᠡᠮᠡᠯᠵᠢᠬᠦᠯᠦᠨ᠂ | ᠰᠢᠯᠭᠠᠯᠳᠠ ᠵᠤᠬᠢᠶᠠᠨ ᠪᠠᠶᠢᠭᠤᠯᠬᠤ ᠬᠡᠯᠪᠡᠷᠢ ᠶᠢᠨ ᠨᠢᠭᠤᠴᠠ ᠶᠢ ᠴᠢᠩᠳᠠᠯᠠᠵᠦ᠂ ᠺᠣᠮᠫᠢᠦ᠋ᠲ᠋ᠧᠷ ᠤᠨ ᠰᠢᠰᠲ᠋ᠧᠮ ᠠᠴᠠ | ᠲᠤᠰ ᠡᠳᠦᠷ ᠲᠤ ᠰᠢᠯᠭᠠᠨᠨᠴᠢ ᠶᠢ ᠲᠠᠰᠢᠷᠠᠮ ᠢᠶᠠᠷ ᠰᠤᠭᠤᠯᠤᠨ ᠰᠤᠩᠭᠤᠨ ᠲᠤᠬᠢᠷᠠᠭᠤᠯᠵᠦ᠂ ᠰᠢᠯᠭᠠᠭᠤᠯᠤᠨᠨᠴᠢ ᠶᠢ | ᠲᠠᠰᠢᠷᠠᠮ ᠢᠶᠠᠷ ᠰᠤᠭᠤᠯᠤᠨ ᠲᠤᠭᠤᠶᠢᠯᠠᠩ ᠬᠤᠪᠢᠶᠠᠵᠦ᠂ ᠰᠢᠯᠭᠠᠬᠤ ᠵᠠᠮ ᠱᠤᠭᠤᠮ ᠢ ᠲᠠᠰᠢᠷᠠᠮ ᠢᠶᠠᠷ ᠰᠤᠭᠤᠯᠤᠨ | ᠰᠤᠩᠭᠤᠵᠦ᠂ ᠰᠢᠯᠭᠠᠨᠨᠴᠢ ᠪᠠ ᠰᠢᠯᠭᠠᠭᠤᠯᠤᠨᠨᠴᠢ ᠶᠢᠨ ᠮᠡᠳᠡᠭᠡ ᠵᠠᠩᠬᠢ᠂ ᠵᠢᠯᠤᠭᠤᠳᠬᠤ ᠶᠢ ᠪᠤᠯᠪᠠᠰᠤᠷᠠᠭᠤᠯᠬᠤ | ᠪᠠᠶᠢᠭᠤᠯᠤᠮᠵᠢ ᠶᠢᠨ ᠮᠡᠳᠡᠭᠡ ᠵᠠᠩᠬᠢ ᠶᠢᠨ ᠬᠠᠷᠢᠯᠴᠠᠨ ᠬᠠᠯᠬᠠᠯᠠᠵᠦ᠂ ᠵᠤᠷᠢᠭᠤᠳᠠ ᠪᠠᠷ ᠤᠷᠤᠯᠳᠤᠬᠤ ᠶᠢ ᠲᠡᠪᠴᠢᠨ᠎ᠠ᠃ | ︵ᠦᠪᠡᠷᠳᠡᠬᠡᠨ ᠵᠠᠰᠠᠬᠤ ᠤᠷᠤᠨ ᠤ ᠲᠤᠳᠤᠭᠠᠳᠤ ᠶᠢ ᠬᠠᠮᠠᠭᠠᠯᠠᠬᠤ ᠲᠢᠩᠬᠢᠮ ᠬᠠᠷᠢᠭᠤᠴᠠᠨ᠎ᠠ︶ | 6. ᠰᠢᠯᠭᠠᠯᠳᠠ ᠶᠢᠨ ᠶᠠᠪᠤᠳᠠᠯ ᠢ ᠢᠯᠡ ᠪᠤᠯᠭᠠᠬᠤ ᠶᠢ ᠬᠡᠷᠡᠭᠵᠢᠬᠦᠯᠬᠦ ᠬᠡᠷᠡᠭᠳᠡᠢ᠃ ᠰᠢᠯᠭᠠᠯᠳᠠ ᠶᠢᠨ ᠮᠡᠳᠡᠭᠡ | ᠵᠠᠩᠬᠢ ᠶᠢ ᠢᠯᠡ ᠪᠤᠯᠭᠠᠵᠦ᠂ ᠢᠨᠲ᠋ᠧᠷ ᠰᠦᠯᠵᠢᠶ᠎ᠡ ᠪᠠᠷ ᠲᠠᠮᠵᠢᠨ ᠨᠡᠶᠢᠬᠡᠮ ᠨᠡᠶᠢᠳᠡ ᠳᠤ ᠰᠢᠯᠭᠠᠯᠳᠠ ᠶᠢᠨ | ᠲᠦᠯᠦᠪᠯᠡᠭᠡ᠂ ᠰᠢᠯᠭᠠᠯᠳᠠ ᠶᠢᠨ ᠲᠠᠯᠠᠪᠤᠷ᠂ ᠰᠢᠯᠭᠠᠨᠨᠴᠢ ᠪᠠ ᠪᠤᠯᠵᠤᠵᠦ ᠰᠢᠯᠭᠠᠨᠨᠰᠠᠨ ᠦᠷ᠎ᠡ ᠳ᠋ᠦ᠋ᠶᠢᠩ ᠢ ᠨᠡᠶᠢᠳᠡᠯᠡᠬᠦ | ᠬᠡᠷᠡᠭᠳᠡᠢ᠃ ᠰᠢᠯᠭᠠᠯᠳᠠ ᠶᠢᠨ ᠶᠠᠪᠤᠴᠠ ᠶᠢ ᠢᠯᠡ ᠪᠤᠯᠭᠠᠵᠦ᠂ ᠰᠢᠯᠭᠠᠯᠳᠠ ᠶᠢᠨ ᠲᠠᠯᠠᠪᠤᠷ᠂ ᠠᠵᠢᠯ ᠭᠦᠢᠴᠡᠳᠬᠡᠬᠦ | ᠶᠡᠭᠡ ᠲᠢᠩᠬᠢᠮ ᠵᠡᠷᠬᠡ ᠲᠠᠯᠠᠪᠤᠷ ᠲᠤ ᠰᠢᠯᠭᠠᠯᠳᠠ ᠶᠢᠨ ᠲᠦᠷᠰᠦᠳᠤ ᠪᠢᠴᠢᠯᠬᠡ ᠶᠢ ᠠᠷᠠᠳ ᠤᠯᠠᠨ ᠳᠤ ᠰᠢᠭᠤᠳ | ᠨᠡᠪᠳᠡᠷᠡᠭᠦᠯᠦᠨ᠎ᠠ᠃ ᠰᠢᠯᠭᠠᠯᠳᠠ ᠲᠠᠭᠤᠰᠤᠮᠬᠠᠴᠠ ᠲᠤᠬᠠᠢ ᠶᠢᠨ ᠲᠠᠯᠠᠪᠤᠷ ᠲᠤ ᠰᠢᠯᠭᠠᠯᠳᠠ ᠶᠢᠨ ᠪᠦᠳᠦᠮᠵᠢ ᠶᠢ | ᠨᠡᠶᠢᠳᠡᠯᠡᠵᠦ᠂ ᠰᠢᠯᠭᠠᠭᠤᠯᠤᠨᠨᠴᠢ ᠲᠤᠰ ᠡᠳᠦᠷ ᠲᠡᠭᠡᠨ ᠦᠪᠡᠷ ᠤᠨ ᠢᠶᠠᠨ ᠰᠢᠯᠭᠠᠯᠳᠠ ᠶᠢᠨ ᠲᠦᠷᠰᠦᠳᠤ | ᠪᠢᠴᠢᠯᠬᠡ ᠶᠢᠨ ᠮᠠᠲ᠋ᠧᠷᠢᠶᠠᠯ ᠢ ᠪᠠᠶᠢᠴᠠᠭᠠᠨ ᠯᠠᠪᠯᠠᠵᠦ ᠪᠤᠯᠤᠨ᠎ᠠ᠃ ᠰᠢᠯᠭᠠᠯᠳᠠ ᠶᠢᠨ ᠲᠠᠯᠠᠪᠤᠷ ᠢ ᠴᠢᠯᠦᠬᠡᠳᠡᠢ ᠪᠤᠯᠭᠠᠵᠦ᠂ | ᠲᠠᠯᠠᠪᠤᠷ ᠤᠨ ᠪᠡᠯᠡᠳᠬᠡᠮᠵᠢ ᠪᠠᠶᠢᠷᠢᠰᠢᠯ᠂ ᠰᠢᠯᠭᠠᠯᠳᠠ ᠶᠢᠨ ᠶᠠᠪᠤᠴᠠ ᠪᠠ ᠵᠠᠮ ᠱᠤᠭᠤᠮ ᠢ ᠨᠡᠶᠢᠳᠡᠯᠡᠨ᠂ | ᠲᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠤᠨ | ᠵᠢᠭᠠᠨ ᠲᠤᠨᠨᠳ᠋ᠬᠠᠰᠠᠨ᠂ ᠰᠢᠯᠭᠠᠯᠳᠠ ᠶᠢᠨ ᠪᠤᠰᠤ ᠴᠠᠭ ᠬᠤᠭᠤᠴᠠᠭ᠎ᠠ ᠳᠤ ᠰᠢᠯᠭᠠᠭᠤᠯᠤᠨᠨᠴᠢᠳ ᠰᠢᠯᠭᠠᠬᠤ | ᠲᠠᠯᠠᠪᠤᠷ ᠲᠤ ᠤᠴᠢᠵᠦ ᠲᠦᠯᠦᠪᠦᠷᠢ ᠦᠬᠡᠢ ᠪᠠᠷ ᠲᠡᠨᠳᠡᠬᠢ ᠤᠷᠴᠢᠨ ᠲᠤᠭᠤᠷᠢᠨ ᠢ ᠤᠶᠢᠯᠠᠭᠠᠬᠤ ᠶᠢ ᠰᠢᠯᠭᠠᠯᠳᠠ ᠶᠢᠨ | ᠲᠠᠯᠠᠪᠤᠷ ᠤᠨ ᠬᠠᠮᠢᠶᠠᠷᠤᠯᠳᠠ ᠶᠢᠨ ᠰᠠᠯᠠᠭ᠎ᠠ ᠮᠦᠴᠢᠷ ᠠᠴᠠ ᠵᠦᠪᠰᠢᠶᠡᠷᠡᠬᠦ ᠬᠡᠷᠡᠭᠳᠡᠢ᠃ ︵ᠦᠪᠡᠷᠳᠡᠬᠡᠨ ᠵᠠᠰᠠᠬᠤ | ᠤᠷᠤᠨ ᠤ ᠲᠤᠳᠤᠭᠠᠳᠤ ᠶᠢ ᠬᠠᠮᠠᠭᠠᠯᠠᠬᠤ ᠲᠢᠩᠬᠢᠮ ᠬᠠᠷᠢᠭᠤᠴᠠᠨ᠎ᠠ︶ | 7. ᠰᠢᠯᠭᠠᠯᠳᠠ ᠶᠢᠨ ᠲᠡᠰ ᠲᠠᠷᠠᠭᠠᠯᠠᠯ ᠢ ᠰᠢᠯᠢᠳᠡᠭᠵᠢᠬᠦᠯᠬᠦ ᠬᠡᠷᠡᠭᠳᠡᠢ᠃ ᠲᠠᠯᠠᠪᠤᠷ ᠲᠤ ᠵᠢᠯᠤᠭᠤᠳᠬᠤ | ᠮᠡᠷᠬᠡᠵᠢᠯ ᠴᠢᠳᠠᠪᠤᠷᠢ ᠶᠢ ᠰᠢᠯᠭᠠᠭᠤᠯᠬᠤ ᠪᠠ ᠵᠠᠮ ᠳᠤ ᠭᠠᠷᠴᠤ ᠵᠢᠯᠤᠭᠤᠳᠬᠤ ᠮᠡᠷᠬᠡᠵᠢᠯ ᠴᠢᠳᠠᠪᠤᠷᠢ ᠶᠢ | ᠰᠢᠯᠭᠠᠭᠤᠯᠬᠤ ᠶᠢ ᠨᠢᠬᠡ ᠤᠳᠠᠭ᠎ᠠ ᠳᠤ ᠤᠷᠢᠳᠴᠢᠯᠠᠨ ᠪᠤᠯᠵᠤᠬᠤ᠂ ᠲᠠᠷᠠᠭᠠᠯᠠᠨ ᠰᠢᠯᠭᠠᠭᠤᠯᠬᠤ ᠶᠢ ᠠᠯᠬᠤᠮ | ᠠᠯᠬᠤᠮ ᠢᠶᠠᠷ ᠠᠬᠢᠭᠤᠯᠵᠦ᠂ ᠰᠢᠯᠭᠠᠭᠤᠯᠤᠨᠨᠴᠢ ᠶᠢᠨ ᠢᠷᠡᠵᠦ ᠶᠠᠪᠤᠬᠤ ᠲᠤᠭ᠎ᠠ ᠤᠳᠠᠭ᠎ᠠ ᠶᠢ ᠪᠠᠭᠠᠰᠬᠠᠨ᠎ᠠ᠃ ᠵᠢᠵᠢᠭ | ᠬᠡᠯᠪᠡᠷᠢ ᠶᠢᠨ ᠮᠠᠰᠢᠨ ᠲᠡᠷᠬᠡᠨ ᠤ ᠰᠦᠨᠢ ᠪᠠᠷ ᠰᠢᠯᠭᠠᠬᠤ ᠠᠷᠭ᠎ᠠ ᠮᠠᠶ᠋ᠢᠭ ᠲᠤ ᠲᠤᠬᠢᠷᠠᠭᠤᠯᠤᠯᠳᠠ ᠬᠢᠵᠦ᠂ ᠡᠳᠦᠷ ᠢᠶᠠᠷ | ᠰᠦᠨᠢ ᠶᠢᠨ ᠳ᠋ᠤᠩ ᠤᠨ ᠬᠡᠷᠡᠯ ᠢ ᠲᠠᠭᠤᠷᠢᠶᠠᠬᠤ ᠬᠡᠯᠪᠡᠷᠢ ᠪᠠᠷ ᠰᠢᠯᠭᠠᠯᠳᠠ ᠬᠢᠵᠦ ᠪᠤᠯᠤᠨ᠎ᠠ᠃ ᠵᠠᠮ ᠳᠤ ᠭᠠᠷᠴᠤ | ᠵᠢᠯᠤᠭᠤᠳᠬᠤ ᠮᠡᠷᠬᠡᠵᠢᠯ ᠴᠢᠳᠠᠪᠤᠷᠢ ᠶᠢᠨ ᠰᠢᠯᠭᠠᠯᠳᠠ ᠨᠢ ᠬᠢᠷᠢ ᠲᠡᠩᠴᠡᠭᠰᠡᠨ ᠤ ᠲᠠᠷᠠᠭ᠎ᠠ᠂ ᠲᠤᠰ ᠡᠳᠦᠷ ᠲᠡᠭᠡᠨ | ᠠᠮᠤᠷ ᠲᠦᠪᠰᠢᠨ ᠪᠤᠯᠪᠠᠰᠤᠨ ᠢᠶᠠᠷ ᠵᠢᠯᠤᠭᠤᠳᠬᠤ ᠶᠡᠷᠦ ᠶᠢᠨ ᠮᠡᠳᠡᠯᠬᠡ ᠶᠢᠨ ᠰᠢᠯᠭᠠᠯᠳᠠ ᠳᠤ ᠤᠷᠤᠯᠴᠠᠬᠤ ᠪᠠᠷ | ᠱᠠᠭᠠᠷᠳ᠋ᠬᠠᠰᠠᠨ ᠰᠢᠯᠭᠠᠭᠤᠯᠤᠨᠨᠴᠢ ᠳᠤ᠂ ᠲᠤᠬᠢᠷᠠᠭᠤᠯᠤᠯᠳᠠ ᠬᠢᠵᠦ ᠦᠭᠭᠦ ᠬᠡᠷᠡᠭᠳᠡᠢ᠃ ᠬᠢᠴᠢᠶᠡᠯ ᠲᠦᠷᠦᠯ ᠤᠨ ᠪᠦᠭᠦ | ᠰᠢᠯᠭᠠᠯᠳᠠ ᠨᠢ ᠬᠢᠷᠢ ᠲᠡᠩᠴᠡᠭᠰᠡᠨ ᠤ ᠬᠠᠮᠳᠤ ᠲᠤᠨᠨᠳᠠᠭᠠᠯ ᠶᠤᠰᠤᠭᠠᠷ ᠴᠢᠬᠤᠯᠠ ᠪᠦᠭᠦᠢ ᠭᠠᠷᠳᠠᠮ ᠢᠶᠠᠨ | ᠭᠦᠢᠴᠡᠳᠬᠡᠭᠰᠡᠨ ᠤ ᠲᠠᠷᠠᠭ᠎ᠠ᠂ ᠲᠤᠰ ᠡᠳᠦᠷ ᠲᠤᠨᠢ ᠰᠢᠯᠭᠠᠭᠤᠯᠤᠨᠨᠴᠢ ᠳᠤ ᠮᠠᠰᠢᠨ ᠲᠡᠷᠬᠡᠨ ᠤ ᠵᠢᠯᠤᠭᠤᠴᠢ ᠶᠢᠨ | ᠦᠨᠡᠮᠯᠡᠯ ᠤᠯᠭᠤᠬᠤ ᠬᠡᠷᠡᠭᠳᠡᠢ᠃ ︵ᠦᠪᠡᠷᠳᠡᠬᠡᠨ ᠵᠠᠰᠠᠬᠤ ᠤᠷᠤᠨ ᠤ ᠲᠤᠳᠤᠭᠠᠳᠤ ᠶᠢ ᠬᠠᠮᠠᠭᠠᠯᠠᠬᠤ ᠲᠢᠩᠬᠢᠮ | ᠬᠠᠷᠢᠭᠤᠴᠠᠨ᠎ᠠ︶ | 8. ᠵᠢᠯᠤᠭᠤᠴᠢ ᠰᠢᠯᠭᠠᠭᠤᠯᠬᠤ ᠰᠢᠯᠭᠠᠯᠳᠠ ᠶᠢᠨ ᠲᠠᠩᠰᠠ ᠡᠪᠬᠡᠮᠡᠯ ᠤᠨ ᠬᠠᠮᠢᠶᠠᠷᠤᠯᠳᠠ ᠶᠢ | ᠡᠯᠧᠺᠲ᠋ᠤᠷᠤᠨᠴᠢᠯᠡᠬᠦ ᠶᠢ ᠬᠡᠷᠡᠭᠵᠢᠬᠦᠯᠬᠦ ᠬᠡᠷᠡᠭᠳᠡᠢ᠃ ᠵᠢᠯᠤᠭᠤᠴᠢ ᠰᠢᠯᠭᠠᠭᠤᠯᠬᠤ ᠰᠢᠯᠭᠠᠯᠳᠠ ᠶᠢᠨ ᠲᠠᠩᠰᠠ | ᠡᠪᠬᠡᠮᠡᠯ ᠤᠨ ᠮᠡᠳᠡᠭᠡ ᠵᠠᠩᠬᠢᠵᠢᠯᠳᠠ ᠶᠢᠨ ᠬᠠᠮᠢᠶᠠᠷᠬᠤ ᠰᠢᠰᠲ᠋ᠧᠮ ᠢ ᠪᠠᠶᠢᠭᠤᠯᠤᠨ ᠪᠦᠷᠢᠨᠰᠢᠬᠦᠯᠵᠦ᠂ | ᠰᠢᠯᠭᠠᠭᠤᠯᠤᠨᠨᠴᠢ ᠶᠢᠨ ᠮᠠᠲ᠋ᠧᠷᠢᠶᠠᠯ ᠢ ᠡᠯᠧᠺᠲ᠋ᠤᠷᠤᠨᠴᠢᠯᠡᠨ ᠬᠤᠷᠢᠶᠠᠵᠤ ᠴᠤᠨᠨᠯᠠᠭᠤᠯᠬᠤ ᠶᠢ ᠬᠡᠷᠡᠭᠵᠢᠬᠦᠯᠦᠨ᠂ | ᠲᠤᠬᠠᠶᠢᠯᠬᠠᠰᠠᠨ ᠠᠵᠢᠯ ᠢ ᠭᠦᠯᠢᠶᠡᠨ ᠠᠪᠴᠤ ᠰᠶᠢᠳᠪᠦᠷᠢᠯᠡᠬᠦ ᠭᠦᠰᠦᠨᠦᠭᠳᠦ ᠶᠢ ᠡᠯᠧᠺᠲ᠋ᠤᠷᠤᠨᠵᠢᠭᠦᠯᠦᠨ ᠪᠠᠶᠢᠭᠤᠯᠬᠤ᠂ | ᠵᠢᠯᠤᠭᠤᠴᠢ ᠰᠢᠯᠭᠠᠭᠤᠯᠬᠤ ᠰᠢᠯᠭᠠᠯᠳᠠ ᠶᠢᠨ ᠲᠤᠭ᠎ᠠ ᠪᠠᠷᠢᠮᠳᠠ ᠶᠢ ᠡᠯᠧᠺᠲ᠋ᠤᠷᠤᠨᠵᠢᠭᠦᠯᠦᠨ ᠲᠠᠮᠵᠢᠭᠤᠯᠬᠤ᠂ | ᠰᠢᠯᠭᠠᠯᠳᠠ ᠶᠢᠨ ᠪᠦᠳᠦᠮᠵᠢ ᠶᠢ ᠡᠯᠧᠺᠲ᠋ᠤᠷᠤᠨᠵᠢᠭᠦᠯᠦᠨ ᠨᠡᠷ᠎ᠡ ᠲᠡᠮᠳᠡᠭᠯᠡᠨ ᠲᠤᠳᠤᠯᠠᠭᠤᠯᠬᠤ ᠪᠤᠯᠭᠠᠵᠦ᠂ ᠵᠢᠯᠤᠭᠤᠴᠢ | ᠰᠢᠯᠭᠠᠭᠤᠯᠬᠤ ᠮᠠᠲ᠋ᠧᠷᠢᠶᠠᠯ ᠢ ᠮᠡᠳᠡᠭᠡ ᠵᠠᠩᠬᠢᠵᠢᠭᠤᠯᠤᠨ ᠬᠠᠳᠠᠭᠠᠯᠠᠨ᠂ ᠰᠢᠯᠭᠠᠯᠳᠠ ᠶᠢᠨ ᠠᠵᠢᠯ ᠤᠨ ᠦᠷ᠎ᠡ | ᠪᠦᠳᠦᠮᠵᠢ ᠶᠢ ᠲᠡᠬᠡᠭᠰᠢᠯᠡᠬᠦᠯᠬᠦ ᠬᠡᠷᠡᠭᠳᠡᠢ᠃ | ︵ᠭᠤᠷᠪᠠ︶ ᠬᠢᠨᠠᠯᠳᠠ ᠲᠠᠯᠪᠢᠵᠦ ᠬᠠᠷᠢᠭᠤᠴᠠᠯᠭ᠎ᠠ ᠬᠡᠯᠡᠯᠴᠡᠬᠦ ᠶᠢ ᠴᠢᠩᠳᠠᠯᠠᠬᠤ ᠬᠡᠷᠡᠭᠳᠡᠢ᠃ | 1. ᠪᠤᠯᠪᠠᠰᠤᠷᠠᠭᠤᠯᠤᠯ ᠤᠨ ᠠᠵᠢᠯᠯᠠᠭ᠎ᠠ ᠳᠠᠬᠢ ᠬᠢᠨᠠᠯᠳᠠ ᠬᠠᠮᠢᠶᠠᠷᠤᠯᠳᠠ ᠶᠢ ᠴᠢᠩᠭᠠᠷᠠᠭᠤᠯᠬᠤ ᠬᠡᠷᠡᠭᠳᠡᠢ᠃ | ᠵᠢᠯᠤᠭᠤᠳᠬᠤ ᠶᠢ ᠪᠤᠯᠪᠠᠰᠤᠷᠠᠭᠤᠯᠬᠤ ᠪᠠᠶᠢᠭᠤᠯᠤᠮᠵᠢ ᠶᠢᠨ ᠬᠢᠨᠠᠯᠳᠠ ᠬᠠᠮᠢᠶᠠᠷᠤᠯᠳᠠ ᠶᠢᠨ ᠲᠡᠪᠴᠡᠩ ᠢ ᠪᠠᠶᠢᠭᠤᠯᠤᠨ | ᠲᠡᠭᠦᠯᠳᠡᠷᠵᠢᠬᠦᠯᠵᠦ᠂ ᠪᠤᠯᠪᠠᠰᠤᠷᠠᠭᠤᠯᠤᠯ ᠤᠨ ᠶᠠᠪᠤᠴᠠ ᠳᠠᠬᠢ ᠭᠦᠳᠡᠯᠦᠩᠬᠦᠢ ᠬᠢᠨᠠᠯᠳᠠ ᠬᠠᠮᠢᠶᠠᠷᠤᠯᠳᠠ ᠶᠢ | ᠴᠢᠩᠭᠠᠳᠬᠠᠵᠦ᠂ ᠪᠤᠯᠪᠠᠰᠤᠷᠠᠭᠤᠯᠤᠯ ᠤᠨ ᠪᠠᠶᠢᠭᠤᠯᠤᠮᠵᠢ ᠨᠢ ᠰᠤᠷᠭᠠᠨᠨᠴᠢ ᠶᠢ ᠰᠢᠮᠳᠠᠭᠤᠯᠵᠦ ᠪᠠᠶᠢᠭᠠᠳ | ᠪᠤᠯᠪᠠᠰᠤᠷᠠᠭᠤᠯᠤᠯ ᠤᠨ ᠠᠭᠤᠯᠭ᠎ᠠ ᠪᠠ ᠰᠤᠷᠤᠯᠴᠠᠬᠤ ᠴᠠᠭ ᠢ ᠨᠠᠶᠢᠳᠠᠪᠤᠷᠢᠵᠢᠭᠤᠯᠤᠨ᠂ ᠪᠤᠯᠪᠠᠰᠤᠷᠠᠭᠤᠯᠤᠯ ᠤᠨ ᠮᠡᠳᠡᠭᠡ | ᠵᠠᠩᠬᠢ ᠶᠢᠨ ᠦᠨᠡᠨ ᠪᠤᠳᠠᠳᠠᠢ ᠪᠦᠳᠦᠮᠵᠢᠳᠡᠢ ᠪᠠᠶᠢᠬᠤ ᠶᠢ ᠦᠨᠡᠨᠬᠦ ᠪᠠᠳᠤᠯᠠᠬᠤ ᠬᠡᠷᠡᠭᠳᠡᠢ᠃ ᠵᠢᠯᠤᠭᠤᠳᠬᠤ ᠶᠢ | ᠪᠤᠯᠪᠠᠰᠤᠷᠠᠭᠤᠯᠬᠤ ᠪᠠᠶᠢᠭᠤᠯᠤᠮᠵᠢ ᠶᠢᠨ ᠬᠢᠨᠠᠯᠳᠠ ᠬᠠᠮᠢᠶᠠᠷᠤᠯᠳᠠ ᠶᠢᠨ ᠲᠡᠪᠴᠡᠩ ᠪᠠ ᠰᠢᠯᠭᠠᠯᠳᠠ ᠶᠢᠨ ᠰᠢᠰᠲ᠋ᠧᠮ ᠤᠨ | ᠰᠦᠯᠵᠢᠶ᠎ᠡ ᠬᠤᠯᠪᠤᠵᠦ ᠵᠠᠯᠭᠠᠬᠤ ᠶᠢ ᠠᠬᠢᠭᠤᠯᠵᠤ᠂ ᠵᠢᠯᠤᠭᠤᠳᠬᠤ ᠪᠣᠯᠪᠠᠰᠤᠷᠠᠭᠤᠯᠤᠯ ᠪᠤᠯᠤᠨ ᠰᠢᠯᠭᠠᠯᠳᠠ ᠶᠢᠨ | ᠮᠡᠳᠡᠭᠡ ᠵᠠᠩᠬᠢ ᠶᠢ ᠬᠠᠮᠳᠤ ᠪᠠᠷ ᠡᠳ᠋ᠯᠡᠬᠦ ᠶᠢ ᠪᠡᠶᠡᠯᠡᠬᠦᠯᠦᠨ᠂ ᠪᠤᠯᠪᠠᠰᠤᠷᠠᠭᠤᠯᠤᠯ ᠪᠤᠯᠤᠨ ᠰᠢᠯᠭᠠᠯᠳᠠ ᠶᠢᠨ | ᠪᠦᠳᠦᠮᠵᠢᠳᠡᠢ ᠵᠠᠯᠭᠠᠯᠳᠤᠬᠤ ᠶᠢ ᠪᠠᠳᠤᠯᠠᠬᠤ ᠬᠡᠷᠡᠭᠳᠡᠢ᠃ ᠰᠤᠷᠤᠨᠨᠴᠢᠳ ᠤᠨ ᠬᠢᠨᠠᠯᠳᠠ ᠲᠠᠯᠪᠢᠯᠳᠠ ᠪᠠ ᠦᠨᠡᠯᠡᠬᠦ | ᠲᠤᠨᠨᠳᠠᠴᠠ ᠶᠢ ᠪᠠᠶᠢᠭᠤᠯᠵᠦ᠂ ᠵᠢᠯᠤᠭᠤᠳᠬᠤ ᠪᠤᠯᠪᠠᠰᠤᠷᠠᠭᠤᠯᠤᠯ ᠳᠤ ᠵᠠᠭᠠᠯᠳᠤᠬᠤ ᠶᠢ ᠰᠶᠢᠳᠪᠦᠷᠢᠯᠡᠬᠦ ᠲᠦᠷᠢᠮ ᠢ | ᠪᠦᠷᠢᠨᠰᠢᠬᠦᠯᠦᠨ᠂ ᠳ᠋ᠢᠶᠠᠩᠬᠤᠸᠠ᠂ ᠰᠦᠯᠵᠢᠶ᠎ᠡ ᠵᠡᠷᠬᠡ ᠵᠠᠭᠠᠯᠳᠤᠬᠤ ᠵᠠᠮ ᠮᠦᠷ ᠢ ᠰᠢᠯᠤᠭᠤᠳᠬᠠᠵᠦ᠂ ᠴᠠᠭ | ᠲᠤᠬᠠᠢ ᠳᠤᠨᠢ ᠪᠠᠶᠢᠴᠠᠭᠠᠵᠦ᠂ ᠰᠶᠢᠳᠪᠦᠷᠢᠯᠡᠬᠦ ᠶᠢᠨ ᠬᠠᠮᠳᠤ ᠦᠷ᠎ᠡ ᠳ᠋ᠦ᠋ᠶᠢᠩ ᠢ ᠨᠡᠶᠢᠳᠡᠯᠡᠬᠦ ᠬᠡᠷᠡᠭᠳᠡᠢ᠃ ︵ | ᠦᠪᠡᠷᠳᠡᠬᠡᠨ ᠵᠠᠰᠠᠬᠤ ᠤᠷᠤᠨ ᠤ ᠵᠠᠮ ᠬᠠᠷᠢᠯᠴᠠᠭ᠎ᠠ ᠲᠡᠬᠡᠬᠡᠪᠦᠷᠢ ᠶᠢᠨ ᠲᠢᠩᠬᠢᠮ᠂ ᠲᠤᠳᠤᠭᠠᠳᠤ ᠶᠢ ᠬᠠᠮᠠᠭᠠᠯᠠᠬᠤ | ᠲᠢᠩᠬᠢᠮ ᠬᠠᠷᠢᠭᠤᠴᠠᠨ᠎ᠠ︶ | 2. ᠰᠢᠯᠭᠠᠯᠳᠠ ᠶᠢᠨ ᠬᠢᠨᠠᠯᠳᠠ ᠲᠠᠯᠪᠢᠬᠤ ᠲᠤᠨᠨᠳᠠᠴᠠ ᠶᠢ ᠲᠡᠭᠦᠯᠳᠡᠷᠵᠢᠬᠦᠯᠬᠦ ᠬᠡᠷᠡᠭᠳᠡᠢ᠃ ᠰᠢᠯᠭᠠᠯᠳᠠ ᠬᠢᠨᠠᠵᠤ | ᠦᠵᠡᠬᠦ ᠪᠠ ᠪᠦᠭᠦ ᠤᠯᠤᠰ ᠤᠨ ᠬᠢᠨᠠᠨ ᠬᠠᠮᠢᠶᠠᠷᠬᠤ ᠨᠢᠬᠡᠳᠦᠯᠳᠡᠢ ᠰᠢᠰᠲ᠋ᠧᠮ ᠢ ᠲᠡᠯᠬᠡᠷᠡᠬᠦᠯᠦᠨ ᠬᠡᠷᠡᠭᠯᠡᠵᠦ᠂ | ᠰᠢᠯᠭᠠᠯᠳᠠ ᠶᠢᠨ ᠠᠪᠢᠶ᠎ᠠ ᠲᠦᠷᠰᠦᠳᠤ ᠪᠢᠴᠢᠯᠬᠡ᠂ ᠬᠤᠷᠤᠭᠤᠨ ᠤᠷᠤᠮ ᠢᠶᠠᠷ ᠬᠡᠷᠡᠴᠢᠯᠡᠬᠦ᠂ ᠵᠢᠰᠣ ᠪᠠᠷ ᠢᠯᠭᠠᠨ | ᠲᠤᠳᠤᠯᠠᠬᠤ᠂ ᠲᠠᠭᠠᠭᠤᠯᠢ ᠤᠳᠤᠨ ᠤ ᠪᠠᠶᠢᠷᠢ ᠲᠤᠨᠨᠳᠠᠭᠠᠬᠤ ᠰᠢᠰᠲ᠋ᠧᠮ ᠵᠡᠷᠬᠡ ᠬᠢᠨᠠᠨ ᠬᠠᠮᠢᠶᠠᠷᠬᠤ ᠠᠷᠭ᠎ᠠ ᠶᠢ | ᠲᠡᠭᠦᠯᠳᠡᠷᠵᠢᠬᠦᠯᠵᠦ᠂ ᠰᠢᠯᠭᠠᠯᠳᠠ ᠶᠢᠨ ᠪᠦᠭᠦ ᠶᠠᠪᠤᠴᠠ ᠳᠤ ᠬᠠᠤᠯᠢ ᠬᠡᠷᠡᠭᠵᠢᠬᠦᠯᠬᠦ ᠲᠡᠮᠳᠡᠭᠯᠡᠬᠦᠷ ᠢ ᠬᠡᠷᠡᠭᠯᠡᠨ᠂ | ᠰᠢᠯᠭᠠᠯᠳᠠ ᠶᠢᠨ ᠦᠩᠬᠡᠷᠡᠯᠳᠡ᠂ ᠰᠢᠯᠭᠠᠯᠳᠠ ᠶᠢᠨ ᠲᠤᠭ᠎ᠠ ᠪᠠᠷᠢᠮᠳᠠ ᠶᠢ ᠴᠠᠭ ᠲᠤᠨᠢ ᠬᠢᠨᠠᠨ ᠡᠵᠡᠮᠰᠢᠬᠦ ᠪᠠ ᠠᠵᠢᠯ | ᠬᠡᠷᠡᠭ ᠤᠨ ᠲᠠᠷᠠᠭ᠎ᠠ ᠬᠡᠳᠡᠷᠬᠡᠨ ᠪᠠᠶᠢᠴᠠᠭᠠᠬᠤ ᠶᠢ ᠪᠡᠶᠡᠯᠡᠬᠦᠯᠬᠦ ᠬᠡᠷᠡᠭᠳᠡᠢ᠃ ᠰᠢᠯᠭᠠᠯᠳᠠ ᠶᠢᠨ ᠬᠢᠨᠠᠯᠳᠠ ᠲᠠᠯᠪᠢᠨ | ᠦᠨᠡᠯᠡᠬᠦ ᠲᠤᠨᠨᠳᠠᠴᠠ ᠶᠢ ᠪᠠᠶᠢᠭᠤᠯᠵᠦ᠂ ᠰᠢᠯᠭᠠᠯᠳᠠ ᠶᠢ ᠲᠠᠬᠢᠵᠦ ᠪᠠᠶᠢᠴᠠᠭᠠᠬᠤ᠂ ᠠᠪᠢᠶ᠎ᠠ ᠲᠦᠷᠰᠦᠳᠤ ᠪᠢᠴᠢᠯᠬᠡ ᠶᠢᠨ | ᠲᠠᠩᠰᠠ ᠡᠪᠬᠡᠮᠡᠯ ᠢ ᠰᠤᠭᠤᠴᠠᠨ ᠪᠠᠶᠢᠴᠠᠭᠠᠬᠤ᠂ ᠢᠯᠡᠴᠢᠯᠡᠨ ᠮᠡᠳᠡᠬᠦᠯᠵᠦ ᠵᠠᠭᠠᠯᠳᠤᠨᠨᠰᠠᠨ ᠢ ᠬᠠᠷᠭᠤᠭᠤᠯᠤᠨ | ᠪᠠᠶᠢᠴᠠᠭᠠᠵᠦ ᠬᠠᠷᠢᠭᠤ ᠲᠤᠰᠬᠠᠬᠤ ᠲᠦᠷᠢᠮ ᠢ ᠪᠦᠭᠦ ᠲᠠᠯ᠎ᠠ ᠪᠠᠷ ᠶᠠᠪᠤᠨᠨᠳᠠᠭᠤᠯᠬᠤ ᠬᠡᠷᠡᠭᠳᠡᠢ᠃ ᠨᠡᠶᠢᠬᠡᠮ ᠤᠨ | ᠬᠢᠨ᠋ᠬᠠᠴᠢ ᠶᠢ ᠤᠷᠢᠵᠦ᠂ ᠰᠢᠯᠭᠠᠯᠳᠠ ᠶᠢᠨ ᠠᠵᠢᠯ ᠳᠤ ᠬᠢᠨᠠᠯᠳᠠ ᠲᠠᠯᠪᠢᠭᠤᠯᠬᠤ ᠬᠡᠷᠡᠭᠳᠡᠢ᠃ ︵ᠦᠪᠡᠷᠳᠡᠬᠡᠨ ᠵᠠᠰᠠᠬᠤ | ᠤᠷᠤᠨ ᠤ ᠲᠤᠳᠤᠭᠠᠳᠤ ᠶᠢ ᠬᠠᠮᠠᠭᠠᠯᠠᠬᠤ ᠲᠢᠩᠬᠢᠮ ᠬᠠᠷᠢᠭᠤᠴᠠᠨ᠎ᠠ︶ | 3. ᠲᠤᠨᠨᠳᠠᠭᠠᠯ ᠠᠴᠠ ᠵᠦᠷᠢᠴᠡᠭᠰᠠᠨ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠳᠠᠯᠠᠬᠤ ᠬᠡᠷᠡᠭᠳᠡᠢ᠃ | ᠲᠤᠨᠨᠳᠠᠭᠠᠯ ᠠᠴᠠ ᠵᠦᠷᠢᠴᠡᠭᠰᠠᠨ ᠬᠠᠷᠢᠭᠤᠴᠠᠯᠭ᠎ᠠ ᠨᠡᠬᠡᠮᠵᠢᠯᠡᠬᠦ ᠪᠠ ᠪᠤᠴᠠᠨ ᠭᠠᠷᠬᠤ ᠲᠤᠨᠨᠳᠠᠴᠠ ᠶᠢ ᠪᠠᠶᠢᠭᠤᠯᠤᠨ | ᠲᠡᠭᠦᠯᠳᠡᠷᠵᠢᠬᠦᠯᠬᠦ ᠬᠡᠷᠡᠭᠳᠡᠢ᠃ ᠴᠠᠭ ᠲᠡᠮᠳᠡᠭᠯᠡᠵᠦ ᠪᠤᠯᠪᠠᠰᠤᠷᠠᠭᠤᠯᠬᠤ ᠮᠡᠳᠡᠭᠡ ᠵᠠᠩᠬᠢ ᠶᠢ ᠴᠠᠭ ᠲᠤᠬᠠᠢ ᠳᠤᠨᠢ | ᠪᠦᠷᠢᠳᠬᠡᠨ ᠵᠠᠳᠠᠯᠵᠦ᠂ ᠪᠤᠯᠪᠠᠰᠤᠷᠠᠭᠤᠯᠤᠯ ᠤᠨ ᠮᠡᠳᠡᠭᠡ ᠵᠠᠩᠬᠢ ᠶᠢᠨ ᠦᠨᠡᠨ ᠪᠤᠳᠠᠳᠠᠢ ᠪᠦᠳᠦᠮᠵᠢᠳᠡᠢ ᠪᠠᠶᠢᠬᠤ ᠶᠢ | ᠦᠨᠡᠨᠬᠦ ᠪᠠᠳᠤᠯᠠᠬᠤ ᠬᠡᠷᠡᠭᠳᠡᠢ᠃ ᠵᠢᠯᠤᠭᠤᠳᠬᠤ ᠶᠢ ᠪᠤᠯᠪᠠᠰᠤᠷᠠᠭᠤᠯᠬᠤ ᠪᠠᠶᠢᠭᠤᠯᠤᠮᠵᠢ ᠨᠢ ᠪᠤᠯᠪᠠᠰᠤᠷᠠᠭᠤᠯᠤᠯ ᠤᠨ | ᠲᠦᠷᠦᠯ ᠵᠦᠢᠯ ᠪᠠ ᠰᠤᠷᠤᠯᠴᠠᠬᠤ ᠴᠠᠭ ᠢ ᠪᠠᠭᠠᠰᠬᠠᠵᠦ᠂ ᠪᠤᠯᠪᠠᠰᠤᠷᠠᠭᠤᠯᠤᠯ ᠤᠨ ᠰᠢᠰᠲ᠋ᠧᠮ ᠤᠨ ᠲᠤᠭ᠎ᠠ | ᠪᠠᠷᠢᠮᠳᠠ ᠶᠢ ᠬᠠᠭᠤᠷᠮᠠᠭ ᠵᠤᠬᠢᠶᠠᠬᠤ ᠪᠤᠶᠤ ᠲᠤᠷ᠎ᠠ ᠪᠠᠷ ᠦᠬᠡᠷᠡᠴᠢᠯᠡᠬᠦ᠂ ᠲᠤᠨᠨᠳᠠᠭᠠᠯ ᠠᠴᠠ ᠵᠦᠷᠢᠴᠡᠵᠦ | ᠪᠤᠯᠪᠠᠰᠤᠷᠠᠭᠤᠯᠤᠯ ᠲᠡᠭᠦᠰᠦᠭᠰᠡᠨ ᠦᠨᠡᠮᠯᠡᠯ ᠤᠯᠭᠤᠵᠦ ᠪᠠᠶᠢᠭ᠎ᠠ ᠶᠢ ᠤᠯᠵᠦ ᠮᠡᠳᠡᠪᠡᠯ᠂ ᠬᠠᠤᠯᠢ ᠶᠤᠰᠤᠭᠠᠷ ᠴᠢᠩᠭ᠎ᠠ | ᠪᠠᠶᠢᠴᠠᠭᠠᠨ ᠰᠶᠢᠳᠪᠦᠷᠢᠯᠡᠵᠦ᠂ ᠡᠵᠡᠩᠨᠡᠯᠳᠡ ᠶᠢᠨ ᠵᠦᠪᠰᠢᠶᠡᠷᠡᠯ ᠤᠨ ᠦᠨᠡᠮᠯᠡᠯ ᠢ ᠨᠢ ᠭᠦᠴᠦᠨ ᠦᠬᠡᠢ ᠪᠤᠯᠭᠠᠬᠤ | ᠬᠡᠷᠡᠭᠳᠡᠢ᠃ ᠵᠢᠯᠤᠭᠤᠳᠬᠤ ᠶᠢ ᠪᠤᠯᠪᠠᠰᠤᠷᠠᠭᠤᠯᠬᠤ ᠪᠠᠶᠢᠭᠤᠯᠤᠮᠵᠢ ᠵᠢᠴᠢ ᠰᠤᠷᠭᠠᠨᠨᠴᠢ᠂ ᠲᠤᠳᠤᠭᠠᠳᠤ ᠶᠢ ᠬᠠᠮᠠᠭᠠᠯᠠᠬᠤ | ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠤᠨ ᠰᠢᠯᠭᠠᠨᠨᠴᠢ ᠰᠢᠯᠭᠠᠯᠳᠠ ᠳᠤ | ᠮᠡᠭᠡ ᠭᠠᠷᠭᠠᠬᠤ ᠶᠢ ᠵᠤᠬᠢᠶᠠᠨ ᠪᠠᠶᠢᠭᠤᠯᠬᠤ ᠪᠤᠶᠤ ᠲᠡᠭᠦᠨ ᠳᠤ ᠤᠷᠤᠯᠴᠠᠵᠦ᠂ ᠡᠯ᠎ᠡ ᠵᠦᠢᠯ ᠤᠨ ᠨᠡᠷ᠎ᠡ ᠪᠠᠷ | ᠰᠤᠷᠤᠨᠨᠴᠢᠳ ᠠᠴᠠ ᠡᠳ᠋ ᠮᠦᠩᠭᠦ ᠬᠤᠷᠢᠶᠠᠨ ᠠᠪᠤᠪᠠᠯ᠂ ᠬᠠᠤᠯᠢ ᠲᠤᠨᠨᠳᠠᠭᠠᠯ ᠶᠤᠰᠤᠭᠠᠷ ᠴᠢᠩᠭ᠎ᠠ ᠰᠢᠳᠬᠡᠨ | ᠲᠤᠷᠭᠠᠬᠤ ᠬᠡᠷᠡᠭᠳᠡᠢ᠃ ᠵᠢᠯᠤᠭᠤᠴᠢ ᠶᠢᠨ ᠦᠨᠡᠮᠯᠡᠯ ᠢᠶᠠᠨ ᠭᠠᠷᠳ᠋ᠬᠠᠰᠠᠨ ᠤ ᠲᠠᠷᠠᠭᠠᠬᠢ 3 ᠵᠢᠯ ᠤᠨ ᠲᠤᠳᠤᠷ᠎ᠠ ᠵᠠᠮ | ᠬᠠᠷᠢᠯᠴᠠᠭᠠᠨ ᠤ ᠦᠭᠦᠯ ᠤᠨ ᠠᠳᠡᠯ ᠬᠡᠷᠡᠭ ᠭᠠᠷᠭᠠᠨᠨᠰᠠᠨ ᠪᠦᠬᠡᠳ ᠭᠤᠤᠯ ᠬᠠᠷᠢᠭᠤᠴᠠᠯᠭ᠎ᠠ ᠠᠴᠠ ᠶᠡᠭᠡ | ᠬᠠᠷᠢᠭᠤᠴᠠᠯᠭ᠎ᠠ ᠡᠭᠦᠷᠬᠡᠯᠡᠭᠰᠡᠨ ᠵᠢᠯᠤᠭᠤᠴᠢ ᠪᠦᠬᠦᠨ ᠳᠤ᠂ ᠰᠢᠯᠭᠠᠯᠳᠠ ᠶᠢᠨ ᠦᠨᠡᠮᠯᠡᠯ ᠦᠭᠭᠦᠭᠰᠡᠨ | ᠦᠩᠬᠡᠷᠡᠯᠳᠡ ᠶᠢ ᠨᠢ ᠬᠡᠳᠡᠷᠬᠡᠨ ᠪᠠᠶᠢᠴᠠᠭᠠᠵᠦ᠂ ᠰᠢᠯᠭᠠᠨᠨᠴᠢ ᠨᠢ ᠰᠢᠯᠭᠠᠯᠳᠠ ᠶᠢᠨ ᠬᠢᠷᠢ ᠪᠦᠳᠦᠮᠵᠢ ᠶᠢ ᠬᠠᠭᠤᠷᠮᠠᠭ | ᠵᠤᠬᠢᠶᠠᠵᠦ᠂ ᠰᠢᠯᠭᠠᠯᠳᠠ ᠶᠢᠨ ᠪᠠᠷᠢᠮᠵᠢᠶ᠎ᠠ ᠶᠢ ᠪᠠᠭᠤᠷᠠᠭᠤᠯᠤᠨᠨᠰᠠᠨ ᠵᠡᠷᠬᠡ ᠲᠤᠨᠨᠳᠠᠭᠠᠯ ᠠᠴᠠ ᠵᠦᠷᠢᠴᠡᠭᠰᠡᠨ | ᠠᠰᠠᠭᠤᠳᠠᠯ ᠳᠤ ᠤᠷᠤᠯᠴᠬᠠᠰᠠᠨ ᠢ ᠤᠯᠵᠦ ᠮᠡᠳᠡᠪᠡᠯ᠂ ᠲᠡᠳᠡᠨ ᠤ ᠰᠢᠯᠭᠠᠨᠨᠴᠢ ᠪᠤᠯᠬᠤ ᠬᠢᠷᠢ ᠬᠡᠮ ᠢ ᠨᠢ ᠭᠦᠴᠦᠨ | ᠦᠬᠡᠢ ᠪᠤᠯᠭᠠᠵᠦ᠂ ᠨᠠᠰᠤᠨ ᠲᠤᠷᠰᠢᠳᠠ ᠵᠢᠯᠤᠭᠤᠴᠢ ᠶᠢᠨ ᠰᠢᠯᠭᠠᠯᠳᠠ ᠶᠢᠨ ᠠᠵᠢᠯ ᠳᠤ ᠤᠷᠤᠯᠴᠠᠭᠤᠯᠬᠤ ᠦᠬᠡᠢ᠂ | ᠶᠠᠯ᠎ᠠ ᠳᠤ ᠭᠦᠷᠦᠭᠰᠡᠨ ᠪᠤᠯ᠂ ᠬᠠᠤᠯᠢ ᠶᠤᠰᠤᠭᠠᠷ ᠡᠷᠡᠭᠦᠦ ᠶᠢᠨ ᠬᠡᠷᠡᠭ ᠤᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠳᠡᠢ᠃ | ᠰᠢᠯᠭᠠᠯᠳᠠ ᠶᠢᠨ ᠲᠠᠯᠠᠪᠤᠷ ᠪᠠ ᠰᠢᠯᠭᠠᠯᠳᠠ ᠶᠢᠨ ᠲᠦᠭᠦᠬᠡᠷᠦᠮᠵᠢ ᠶᠢ ᠦᠢᠯᠡᠳᠪᠦᠷᠢᠯᠡᠵᠦ ᠪᠤᠷᠤᠯᠠᠭᠤᠯᠤᠨᠨᠰᠠᠨ ᠠᠵᠦ | ᠠᠬᠤᠶᠢᠯᠠᠯ ᠤᠨ ᠬᠢᠨᠠᠯᠳᠠ ᠬᠠᠮᠢᠶᠠᠷᠤᠯᠳᠠ ᠶᠢ ᠴᠢᠩᠳᠠᠯᠠᠵᠦ᠂ ᠰᠢᠯᠭᠠᠯᠳᠠ ᠳᠤ ᠮᠡᠭᠡ ᠭᠠᠷᠭᠠᠬᠤ ᠶᠢ ᠵᠤᠬᠢᠶᠠᠨ | ᠪᠠᠶᠢᠭᠤᠯᠬᠤ ᠪᠤᠶᠤ ᠤᠷᠤᠯᠴᠠᠬᠰᠠᠨ᠂ ᠰᠢᠯᠭᠠᠯᠳᠠ ᠶᠢᠨ ᠰᠢᠰᠲ᠋ᠧᠮ ᠤᠨ ᠲᠤᠭ᠎ᠠ ᠪᠠᠷᠢᠮᠳᠠ ᠶᠢ ᠬᠠᠭᠤᠷᠮᠠᠭ ᠵᠤᠬᠢᠢᠬᠠᠰᠠᠨ | ᠪᠤᠶᠤ ᠲᠤᠷ᠎ᠠ ᠪᠠᠷ ᠦᠬᠡᠷᠡᠴᠢᠯᠡᠭᠰᠡᠨ ᠢ ᠤᠯᠵᠦ ᠮᠡᠳᠡᠪᠡᠯ᠂ ᠬᠡᠷᠡᠭ ᠲᠤ ᠬᠤᠯᠪᠤᠨᠨᠳᠠᠬᠰᠠᠨ ᠰᠢᠯᠭᠠᠯᠳᠠ ᠶᠢᠨ ᠲᠠᠯᠠᠪᠤᠷ | ᠪᠤᠶᠤ ᠬᠡᠷᠡᠭ ᠲᠤ ᠬᠤᠯᠪᠤᠨᠨᠳᠠᠬᠰᠠᠨ ᠠᠵᠦ ᠠᠬᠤᠶᠢᠯᠠᠯ ᠤᠨ ᠰᠢᠯᠭᠠᠯᠳᠠ ᠶᠢᠨ ᠲᠦᠭᠦᠬᠡᠷᠦᠮᠵᠢ ᠶᠢ ᠦᠷᠭᠦᠯᠵᠢᠯᠡᠨ | ᠬᠡᠷᠡᠭᠯᠡᠵᠦ ᠪᠤᠯᠬᠤ ᠦᠬᠡᠢ᠂ ᠬᠠᠮᠳᠤ ᠳᠤᠨᠢ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠬᠠᠤᠯᠢ ᠶᠤᠰᠤᠭᠠᠷ ᠨᠡᠬᠡᠮᠵᠢᠯᠡᠬᠦ | ᠬᠡᠷᠡᠭᠳᠡᠢ᠃ ︵ᠦᠪᠡᠷᠳᠡᠬᠡᠨ ᠵᠠᠰᠠᠬᠤ ᠤᠷᠤᠨ ᠤ ᠵᠠᠮ ᠬᠠᠷᠢᠯᠴᠠᠭ᠎ᠠ ᠲᠡᠬᠡᠬᠡᠪᠦᠷᠢ ᠶᠢᠨ ᠲᠢᠩᠬᠢᠮ᠂ ᠲᠤᠳᠤᠭᠠᠳᠤ ᠶᠢ | ᠬᠠᠮᠠᠭᠠᠯᠠᠬᠤ ᠲᠢᠩᠬᠢᠮ ᠬᠠᠷᠢᠭᠤᠴᠠᠨ᠎ᠠ︶ | 4. ᠵᠠᠰᠠᠭ ᠤᠨ ᠤᠷᠳᠤᠨ ᠤ ᠪᠠᠶᠢᠭᠤᠯᠤᠮᠵᠢ ᠠᠴᠠ ᠵᠢᠯᠤᠭᠤᠳᠬᠤ ᠶᠢ ᠪᠤᠯᠪᠠᠰᠤᠷᠠᠭᠤᠯᠬᠤ ᠪᠠᠶᠢᠭᠤᠯᠤᠮᠵᠢ | ᠭᠠᠷᠳᠠᠨ ᠡᠷᠬᠢᠯᠡᠵᠦ ᠦᠯᠦ ᠪᠤᠯᠬᠤ ᠲᠤᠨᠨᠳᠠᠭᠠᠯ ᠢ ᠴᠢᠩᠭ᠎ᠠ ᠬᠡᠷᠡᠭᠵᠢᠬᠦᠯᠬᠦ ᠬᠡᠷᠡᠭᠳᠡᠢ᠃ ᠤᠯᠤᠰ ᠤᠨ ᠬᠠᠤᠯᠢ ᠴᠠᠭᠠᠵᠠ | ᠪᠠ ᠬᠤᠯᠪᠤᠨᠨᠳᠠᠯ ᠪᠦᠭᠦᠢ ᠲᠤᠨᠨᠳᠠᠭᠠᠯ ᠢ ᠴᠢᠩᠭ᠎ᠠ ᠬᠡᠷᠡᠭᠵᠢᠬᠦᠯᠵᠦ᠂ ᠤᠯᠤᠰ ᠤᠨ ᠶᠠᠮᠠᠷᠪᠠ ᠨᠢᠬᠡᠨ ᠪᠠᠶᠢᠭᠤᠯᠭ᠎ᠠ ᠵᠢᠴᠢ | ᠵᠢᠯᠤᠭᠤᠳᠬᠤ ᠶᠢ ᠪᠣᠯᠪᠠᠰᠤᠷᠠᠭᠤᠯᠬᠤ ᠪᠠ ᠰᠢᠯᠭᠠᠯᠳᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ | ᠵᠢᠯᠤᠭᠤᠳᠬᠤ ᠶᠢ ᠪᠤᠯᠪᠠᠰᠤᠷᠠᠭᠤᠯᠬᠤ ᠪᠠᠶᠢᠭᠤᠯᠤᠮᠵᠢ ᠡᠷᠬᠢᠯᠡᠬᠦ ᠪᠤᠶᠤ ᠲᠡᠭᠦᠨ ᠳᠤ ᠤᠷᠤᠯᠴᠠᠵᠦ ᠪᠤᠯᠬᠤ ᠦᠬᠡᠢ᠃ | ᠡᠯ᠎ᠡ ᠭᠠᠵᠠᠷ ᠤᠷᠤᠨ ᠨᠤᠭᠤᠳ ᠲᠦᠪᠯᠡᠷᠡᠭᠦᠯᠦᠨ ᠢᠯᠭᠠᠷᠠᠭᠤᠯᠬᠤ ᠶᠢ ᠵᠤᠬᠢᠶᠠᠨ ᠪᠠᠶᠢᠭᠤᠯᠤᠨ ᠦᠷᠨᠢᠬᠦᠯᠵᠦ᠂ ᠬᠡᠷᠪᠡ | ᠡᠷᠬᠢᠯᠡᠬᠦ ᠪᠤᠶᠤ ᠡᠷᠬᠢᠯᠡᠬᠦ ᠳᠤ ᠤᠷᠤᠯᠴᠬᠠᠰᠠᠨ ᠢ ᠤᠯᠵᠦ ᠮᠡᠳᠡᠪᠡᠯ᠂ ᠡᠷᠬᠢᠯᠡᠬᠦ ᠶᠢ ᠨᠢ ᠵᠤᠨᠨᠰᠤᠭᠠᠬᠤ ᠪᠤᠶᠤ ᠪᠤᠴᠠᠵᠦ | ᠭᠠᠷᠬᠤ ᠶᠢ ᠲᠠᠷᠦ᠋ᠢᠬᠠᠨ ᠱᠠᠭᠠᠷᠳᠠᠵᠦ᠂ ᠪᠦᠷᠢᠮᠦᠰᠦᠨ ᠰᠠᠯᠵᠦ ᠭᠠᠷᠤᠨᠨᠰᠠᠨ ᠪᠠᠶᠢᠬᠤ ᠶᠢ ᠦᠨᠡᠨᠬᠦ ᠪᠠᠳᠤᠯᠠᠬᠤ ᠬᠡᠷᠡᠭᠳᠡᠢ | ᠃ ᠲᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠪᠠ | ᠵᠠᠮ ᠲᠡᠬᠡᠬᠡᠪᠦᠷᠢ ᠶᠢᠨ ᠬᠠᠮᠢᠶᠠᠷᠤᠯᠳᠠ ᠶᠢᠨ ᠪᠠᠶᠢᠭᠤᠯᠤᠮᠵᠢ ᠶᠢᠨ ᠠᠵᠢᠯᠳᠠᠨ ᠵᠢᠴᠢ ᠲᠡᠳᠡᠨ ᠤ ᠬᠠᠨᠢ ᠨᠦᠭᠦᠷ᠂ ᠦᠷ᠎ᠡ | ᠬᠡᠤᠬᠡᠳ ᠨᠢ ᠶᠠᠮᠠᠷᠪᠠ ᠬᠡᠯᠪᠡᠷᠢ ᠪᠠᠷ ᠵᠢᠯᠤᠭᠤᠳᠬᠤ ᠶᠢ ᠪᠤᠯᠪᠠᠰᠤᠷᠠᠭᠤᠯᠬᠤ ᠪᠠᠶᠢᠭᠤᠯᠤᠮᠵᠢ ᠡᠵᠡᠩᠨᠡᠬᠦ ᠪᠤᠶᠤ | ᠡᠵᠡᠩᠨᠡᠯᠳᠡ ᠳᠤ ᠤᠷᠤᠯᠴᠠᠵᠦ ᠪᠤᠯᠬᠤ ᠦᠬᠡᠢ᠂ ᠲᠤᠨᠨᠳᠠᠭᠠᠯ ᠠᠴᠠ ᠵᠦᠷᠢᠴᠡᠭᠰᠡᠨ ᠪᠤᠯ᠂ ᠴᠢᠩᠭ᠎ᠠ ᠰᠶᠢᠳᠪᠦᠷᠢᠯᠡᠬᠦ ᠪᠠ | ᠬᠠᠷᠢᠭᠤᠴᠠᠯᠭ᠎ᠠ ᠨᠡᠬᠡᠮᠵᠢᠯᠡᠬᠦ ᠬᠡᠷᠡᠭᠳᠡᠢ᠃ ︵ᠦᠪᠡᠷᠳᠡᠬᠡᠨ ᠵᠠᠰᠠᠬᠤ ᠤᠷᠤᠨ ᠤ ᠵᠠᠮ ᠬᠠᠷᠢᠯᠴᠠᠭ᠎ᠠ ᠲᠡᠬᠡᠬᠡᠪᠦᠷᠢ ᠶᠢᠨ | ᠲᠢᠩᠬᠢᠮ᠂ ᠲᠤᠳᠤᠭᠠᠳᠤ ᠶᠢ ᠬᠠᠮᠠᠭᠠᠯᠠᠬᠤ ᠲᠢᠩᠬᠢᠮ ᠵᠡᠷᠬᠡ ᠬᠠᠷᠢᠭᠤᠴᠠᠨ᠎ᠠ︶ | ︵ᠲᠦᠷᠪᠡ︶ ᠠᠷᠠᠳ ᠲᠤ ᠲᠦᠭᠦᠮ ᠦᠵᠡᠬᠦᠯᠬᠦ ᠦᠢᠯᠡᠴᠢᠯᠡᠬᠡᠨ ᠤ ᠲᠦᠪᠰᠢᠨ ᠢ ᠶᠡᠬᠡᠪᠡᠷ ᠲᠡᠬᠡᠭᠰᠢᠯᠡᠬᠦᠯᠬᠦ | ᠬᠡᠷᠡᠭᠳᠡᠢ᠃ | 1. ᠰᠤᠷᠤᠨᠨᠴᠢᠳ ᠤᠨ ᠬᠠᠤᠯᠢ ᠶᠤᠰᠤᠨ ᠤ ᠡᠷᠬᠡ ᠠᠰᠢᠭ ᠢ ᠬᠠᠮᠠᠭᠠᠯᠠᠬᠤ ᠬᠡᠷᠡᠭᠳᠡᠢ᠃ ᠵᠢᠯᠤᠭᠤᠳᠬᠤ ᠶᠢ | ᠪᠤᠯᠪᠠᠰᠤᠷᠠᠭᠤᠯᠬᠤ ᠪᠠᠶᠢᠭᠤᠯᠤᠮᠵᠢ ᠨᠢ ᠰᠤᠷᠤᠨᠨᠴᠢ ᠯᠤᠭ᠎ᠠ ᠵᠢᠯᠤᠭᠤᠳᠬᠤ ᠶᠢ ᠪᠤᠯᠪᠠᠰᠤᠷᠠᠭᠤᠯᠬᠤ ᠦᠢᠯᠡᠴᠢᠯᠡᠬᠡᠨ ᠤ | ᠪᠠᠷᠢᠮᠵᠢᠶᠠᠵᠢᠨᠨᠰᠠᠨ ᠬᠡᠷ᠎ᠡ ᠶᠢᠨ ᠪᠢᠴᠢᠭ ᠬᠠᠷ᠎ᠠ ᠲᠤᠨᠨᠳᠠᠬᠤ ᠶᠢ ᠬᠡᠷᠡᠭᠵᠢᠬᠦᠯᠵᠦ᠂ ᠰᠤᠷᠤᠨᠨᠴᠢᠳ ᠪᠠ ᠵᠢᠯᠤᠭᠤᠳᠬᠤ ᠶᠢ | ᠪᠤᠯᠪᠠᠰᠤᠷᠠᠭᠤᠯᠬᠤ ᠪᠠᠶᠢᠭᠤᠯᠤᠮᠵᠢ ᠶᠢᠨ ᠬᠤᠶᠠᠷ ᠲᠠᠯ᠎ᠠ ᠶᠢᠨ ᠡᠷᠬᠡ ᠡᠭᠦᠷᠬᠡ ᠪᠠᠨ ᠲᠤᠳᠤᠷᠬᠠᠶᠢᠯᠠᠨ᠂ | ᠰᠤᠷᠤᠨᠨᠴᠢᠳ ᠤᠨ ᠬᠠᠤᠯᠢ ᠶᠤᠰᠤᠨ ᠤ ᠡᠷᠬᠡ ᠠᠰᠢᠭ ᠢ ᠬᠠᠮᠠᠭᠠᠯᠠᠬᠤ ᠬᠡᠷᠡᠭᠳᠡᠢ᠃ ᠵᠢᠯᠤᠭᠤᠳᠬᠤ ᠶᠢ | ᠪᠤᠯᠪᠠᠰᠤᠷᠠᠭᠤᠯᠬᠤ ᠪᠠᠶᠢᠭᠤᠯᠤᠮᠵᠢ ᠨᠢ ᠰᠦᠢᠳᠬᠡᠯ ᠬᠤᠷᠢᠶᠠᠬᠤ ᠲᠠᠯᠠᠪᠤᠷ ᠤᠨ ᠢᠯᠭᠤᠮ ᠪᠠᠶᠢᠷᠢ᠂ ᠢᠨᠲ᠋ᠧᠷ ᠰᠦᠯᠵᠢᠶ᠎ᠡ | ᠵᠡᠷᠬᠡ ᠳᠤ ᠰᠦᠢᠳᠬᠡᠯ ᠬᠤᠷᠢᠶᠠᠬᠤ ᠲᠦᠷᠦᠯ ᠵᠦᠢᠯ᠂ ᠰᠦᠢᠳᠬᠡᠯ ᠬᠤᠷᠢᠶᠠᠬᠤ ᠪᠠᠷᠢᠮᠵᠢᠶ᠎ᠠ᠂ ᠬᠢᠨᠠᠯᠳᠠ ᠲᠠᠯᠪᠢᠵᠦ | ᠢᠯᠡᠴᠢᠯᠡᠨ ᠮᠡᠳᠡᠬᠦᠯᠬᠦ ᠤᠳᠠᠰᠤ ᠵᠡᠷᠬᠡ ᠶᠢ ᠨᠡᠶᠢᠬᠡᠮ ᠳᠤ ᠨᠡᠶᠢᠳᠡᠯᠡᠵᠦ᠂ ᠪᠤᠯᠪᠠᠰᠤᠷᠠᠭᠤᠯᠤᠯ ᠤᠨ ᠮᠡᠳᠡᠭᠡ ᠵᠠᠩᠬᠢ ᠶᠢᠨ | ᠺᠠᠷᠲ ᠤᠨ ᠰᠦᠢᠳᠬᠡᠯ᠂ ᠰᠤᠷᠤᠯᠭ᠎ᠠ ᠲᠡᠭᠦᠰᠬᠦ ᠦᠨᠡᠮᠯᠡᠯ ᠤᠨ ᠰᠦᠢᠳᠬᠡᠯ ᠵᠡᠷᠬᠡ ᠪᠤᠰᠤᠳ ᠶᠠᠮᠠᠷᠪᠠ ᠢᠯᠡᠭᠦᠴᠡ | ᠰᠦᠢᠳᠬᠡᠯ ᠬᠤᠷᠢᠶᠠᠵᠦ ᠪᠤᠯᠬᠤ ᠦᠬᠡᠢ᠃ ᠲᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠨᠢ ᠡᠳ᠋ ᠤᠨ ᠵᠠᠰᠠᠭ᠂ ᠦᠨ᠎ᠠ | ᠬᠠᠩᠰᠢ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠤᠨ ᠬᠠᠷᠭᠤᠭᠤᠯᠤᠨ ᠲᠤᠨᠨᠳ᠋ᠬᠠᠰᠠᠨ ᠰᠢᠯᠭᠠᠯᠳᠠ ᠶᠢᠨ | ᠰᠦᠢᠳᠬᠡᠯ ᠬᠤᠷᠢᠶᠠᠬᠤ ᠲᠦᠷᠦᠯ ᠵᠦᠢᠯ ᠪᠠ ᠪᠠᠷᠢᠮᠵᠢᠶ᠎ᠠ ᠶᠢ ᠴᠢᠩᠭ᠎ᠠ ᠬᠡᠷᠡᠭᠵᠢᠬᠦᠯᠵᠦ᠂ ᠰᠦᠢᠳᠬᠡᠯ ᠬᠤᠷᠢᠶᠠᠬᠤ | ᠲᠦᠷᠦᠯ ᠵᠦᠢᠯ ᠢ ᠲᠤᠷ᠎ᠠ ᠪᠠᠷ ᠨᠡᠮᠡᠬᠦ᠂ ᠰᠦᠢᠳᠬᠡᠯ ᠬᠤᠷᠢᠶᠠᠬᠤ ᠪᠠᠷᠢᠮᠵᠢᠶ᠎ᠠ ᠶᠢ ᠦᠰᠬᠡᠬᠦ ᠵᠢᠴᠢ ᠪᠤᠰᠤᠳ ᠶᠠᠮᠠᠷᠪᠠ | ᠵᠠᠷᠤᠳᠠᠯ ᠲᠠᠭᠠᠯᠳᠤᠭᠤᠯᠤᠨ ᠬᠤᠷᠢᠶᠠᠬᠤ ᠶᠢ ᠴᠢᠩᠭ᠎ᠠ ᠴᠠᠭᠠᠵᠠᠯᠠᠬᠤ ᠬᠡᠷᠡᠭᠳᠡᠢ᠃ ︵ᠦᠪᠡᠷᠳᠡᠬᠡᠨ ᠵᠠᠰᠠᠬᠤ ᠤᠷᠤᠨ ᠤ | ᠵᠠᠮ ᠬᠠᠷᠢᠯᠴᠠᠭ᠎ᠠ ᠲᠡᠬᠡᠬᠡᠪᠦᠷᠢ ᠶᠢᠨ ᠲᠢᠩᠬᠢᠮ᠂ ᠲᠤᠳᠤᠭᠠᠳᠤ ᠶᠢ ᠬᠠᠮᠠᠭᠠᠯᠠᠬᠤ ᠲᠢᠩᠬᠢᠮ᠂ ᠡᠳ᠋ ᠤᠨ ᠵᠠᠰᠠᠭ ᠤᠨ | ᠲᠢᠩᠬᠢᠮ᠂ ᠭᠦᠭᠵᠢᠭᠦᠯᠦᠯᠳᠡ ᠦᠬᠡᠷᠡᠴᠢᠯᠡᠯᠳᠡ ᠶᠢᠨ ᠵᠦᠪᠯᠡᠯ ᠬᠠᠷᠢᠭᠤᠴᠠᠨ᠎ᠠ︶ | 2. ᠵᠢᠯᠤᠭᠤᠴᠢ ᠶᠢᠨ ᠪᠡᠶ᠎ᠡ ᠶᠢᠨ ᠪᠠᠶᠢᠴᠠᠭᠠᠯᠳᠠ ᠶᠢᠨ ᠲᠦᠷᠢᠮ ᠢ ᠲᠡᠬᠦᠯᠳᠡᠷᠵᠢᠬᠦᠯᠬᠦ ᠬᠡᠷᠡᠭᠳᠡᠢ᠃ ᠤᠯᠤᠰ ᠤᠨ | ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠤᠨ ᠨᠢᠬᠡᠳᠦᠯᠳᠡᠢ ᠲᠤᠬᠢᠷᠠᠭᠤᠯᠤᠯᠳᠠ ᠶᠢ ᠨᠠᠶᠢᠳᠠᠪᠤᠷᠢᠵᠢᠭᠤᠯᠵᠦ᠂ | ᠵᠢᠯᠤᠭᠤᠴᠢ ᠳᠤ ᠲᠦᠷᠦᠯ ᠬᠤᠪᠢᠶᠠᠵᠦ ᠪᠡᠶ᠎ᠡ ᠶᠢᠨ ᠪᠠᠶᠢᠴᠠᠭᠠᠯᠳᠠ ᠬᠢᠭᠦ ᠲᠦᠷᠢᠮ ᠢ ᠪᠠᠶᠢᠭᠤᠯᠤᠨ᠂ ᠵᠢᠯᠤᠭᠤᠳᠬᠤ ᠶᠢ | ᠵᠦᠪᠰᠢᠶᠡᠷᠡᠭᠰᠡᠨ ᠮᠠᠰᠢᠨ ᠲᠡᠷᠬᠡᠨ ᠤ ᠬᠡᠯᠪᠡᠷᠢ ᠶᠢ ᠨᠢ ᠦᠨᠳᠦᠰᠦᠯᠡᠨ ᠠᠳᠠᠯᠢ ᠪᠤᠰᠤ ᠪᠡᠶ᠎ᠡ ᠶᠢᠨ ᠪᠠᠶᠢᠴᠠᠭᠠᠯᠳᠠ ᠶᠢᠨ | ᠪᠠᠷᠢᠮᠵᠢᠶ᠎ᠠ ᠲᠤᠨᠨᠳᠠᠭᠠᠵᠦ᠂ ᠲᠤᠮᠤ ᠲᠤᠮᠳᠠ ᠬᠡᠯᠪᠡᠷᠢ ᠶᠢᠨ ᠠᠶᠠᠨᠴᠢᠨ ᠪᠠᠷᠠᠭᠠᠨ ᠤ ᠮᠠᠰᠢᠨ ᠲᠡᠷᠬᠡᠨ ᠤ ᠵᠢᠯᠤᠭᠤᠴᠢ ᠶᠢᠨ | ᠪᠡᠶ᠎ᠡ ᠮᠠᠬᠠᠪᠤᠳ ᠤᠨ ᠨᠦᠭᠦᠴᠡᠯ ᠱᠠᠭᠠᠷᠳᠠᠯᠭ᠎ᠠ ᠶᠢ ᠲᠡᠬᠡᠭᠰᠢᠯᠡᠬᠦᠯᠦᠨ᠂ ᠵᠢᠵᠢᠭ ᠬᠡᠯᠪᠡᠷᠢ ᠶᠢᠨ ᠮᠠᠰᠢᠨ ᠲᠡᠷᠬᠡᠨ ᠤ | ᠵᠢᠯᠤᠭᠤᠴᠢ ᠶᠢᠨ ᠪᠡᠶ᠎ᠡ ᠶᠢᠨ ᠪᠠᠶᠢᠴᠠᠭᠠᠯᠳᠠ ᠶᠢᠨ ᠲᠦᠷᠦᠯ ᠵᠦᠢᠯ ᠪᠠ ᠠᠷᠭ᠎ᠠ ᠠᠪᠴᠢᠯ ᠢ ᠲᠦᠭᠦᠮᠴᠢᠯᠡᠨ | ᠰᠢᠯᠢᠳᠡᠭᠵᠢᠬᠦᠯᠬᠦ ᠬᠡᠷᠡᠭᠳᠡᠢ᠃ ᠡᠮᠴᠢᠯᠡᠬᠡᠨ ᠤ ᠪᠠᠶᠢᠭᠤᠯᠤᠮᠵᠢ ᠶᠢᠨ ᠲᠠᠯ᠎ᠠ ᠳᠠᠬᠢ ᠵᠢᠯᠤᠭᠤᠴᠢ ᠶᠢᠨ ᠪᠡᠶ᠎ᠡ ᠶᠢᠨ | ᠪᠠᠶᠢᠴᠠᠭᠠᠯᠳᠠ ᠶᠢᠨ ᠠᠵᠢᠯ ᠢ ᠤᠯᠠᠮ ᠨᠢᠬᠡ ᠠᠯᠬᠤᠮ ᠵᠢᠷᠤᠮᠵᠢᠭᠤᠯᠬᠤ ᠬᠡᠷᠡᠭᠳᠡᠢ︔ ᠦᠳᠡᠯᠦᠬᠡ ᠨᠠᠰᠤᠨ ᠤ | ᠵᠢᠯᠤᠭᠤᠴᠢ ᠶᠢᠨ ᠪᠡᠶ᠎ᠡ ᠶᠢᠨ ᠪᠠᠶᠢᠴᠠᠭᠠᠯᠳᠠ ᠶᠢᠨ ᠲᠤᠨᠨᠳᠠᠭᠠᠯ ᠢ ᠰᠠᠶᠢᠵᠢᠷᠠᠭᠤᠯᠤᠨ᠂ ᠵᠢᠯ ᠪᠦᠷᠢ ᠶᠢᠨ ᠨᠢᠬᠡ | ᠤᠳᠠᠭᠠᠨ ᠤ ᠪᠡᠶ᠎ᠡ ᠶᠢᠨ ᠪᠠᠶᠢᠴᠠᠭᠠᠯᠳᠠ ᠬᠢᠬᠦ ᠨᠠᠰᠤ ᠶᠢ ᠪᠦᠭᠦᠯᠢ 60 ᠨᠠᠰᠤ ᠪᠠᠶᠢᠨᠨᠰᠠᠨ ᠠᠴᠠ ᠨᠢ ᠪᠦᠭᠦᠯᠢ 70 | ᠨᠠᠰᠤ ᠪᠤᠯᠭᠠᠨ ᠲᠤᠬᠢᠷᠠᠭᠤᠯᠬᠤ ᠬᠡᠷᠡᠭᠳᠡᠢ᠃ ᠪᠡᠶ᠎ᠡ ᠶᠢᠨ ᠪᠠᠶᠢᠴᠠᠭᠠᠯᠳᠠ ᠶᠢᠨ ᠬᠡᠷᠡᠴᠢ ᠪᠠᠨ ᠲᠤᠰᠢᠶᠬᠠᠰᠠᠨ ᠦᠬᠡᠢ ᠠᠴᠠ | ᠪᠤᠯᠵᠦ ᠵᠢᠯᠤᠭᠤᠴᠢ ᠶᠢᠨ ᠦᠨᠡᠮᠯᠡᠯ ᠨᠢ ᠭᠦᠴᠦᠨ ᠦᠬᠡᠢ ᠪᠤᠯᠤᠨᠨᠰᠠᠨ ᠵᠢᠯᠤᠭᠤᠴᠢ ᠶᠢ ᠪᠤᠯ᠂ ᠲᠤᠨᠨᠳᠠᠭᠠᠯ ᠶᠤᠰᠤᠭᠠᠷ | ᠪᠡᠶ᠎ᠡ ᠶᠢᠨ ᠪᠠᠶᠢᠴᠠᠭᠠᠯᠳᠠ ᠬᠢᠵᠦ ᠬᠢᠷᠢ ᠲᠡᠩᠴᠡᠭᠰᠡᠨ ᠤ ᠲᠠᠷᠠᠭ᠎ᠠ ᠵᠢᠯᠤᠭᠤᠳᠬᠤ ᠬᠢᠷᠢ ᠬᠡᠮ ᠢ ᠨᠢ ᠰᠡᠷᠭᠦᠬᠡᠵᠦ | ᠪᠤᠯᠤᠨ᠎ᠠ᠃ ︵ᠦᠪᠡᠷᠳᠡᠬᠡᠨ ᠵᠠᠰᠠᠬᠤ ᠤᠷᠤᠨ ᠤ ᠲᠤᠳᠤᠭᠠᠳᠤ ᠶᠢ ᠬᠠᠮᠠᠭᠠᠯᠠᠬᠤ ᠲᠢᠩᠬᠢᠮ᠂ ᠡᠷᠡᠭᠦᠯ ᠬᠠᠮᠠᠭᠠᠯᠠᠯ | ᠲᠦᠯᠦᠪᠯᠡᠬᠡᠳᠦ ᠦᠷᠡᠵᠢᠯ ᠤᠨ ᠵᠦᠪᠯᠡᠯ ᠬᠠᠷᠢᠭᠤᠴᠠᠨ᠎ᠠ︶ | 3. ᠵᠡᠮᠳᠡᠭᠴᠦᠳ ᠤᠨ ᠮᠠᠰᠢᠨ ᠲᠡᠷᠬᠡ ᠵᠢᠯᠤᠭᠤᠳᠬᠤ ᠨᠦᠭᠦᠴᠡᠯ ᠢ ᠠᠯᠬᠤᠮ ᠠᠯᠬᠤᠮ ᠢᠶᠠᠷ ᠠᠭᠤᠵᠢᠭᠤ | ᠲᠠᠯᠪᠢᠬᠤ ᠬᠡᠷᠡᠭᠳᠡᠢ᠃ ᠦᠷᠦᠬᠡᠰᠦᠨ ᠨᠢᠳᠤᠨ ᠤ ᠬᠠᠷᠠᠭ᠎ᠠ ᠨᠢ ᠰᠠᠭᠠᠳ ᠲᠠᠢ ᠭᠦᠮᠦᠰ ᠤᠨ ᠮᠠᠰᠢᠨ ᠲᠡᠷᠬᠡ | ᠵᠢᠯᠤᠭᠤᠳᠬᠤ ᠨᠢᠳᠤᠨ ᠤ ᠬᠠᠷᠠᠭ᠎ᠠ ᠶᠢᠨ ᠪᠠᠶᠢᠴᠠᠭᠠᠬᠤ ᠪᠠᠷᠢᠮᠵᠢᠶ᠎ᠠ᠂ ᠲᠡᠬᠡᠳᠦ ᠮᠦᠴᠢ ᠨᠢ ᠵᠡᠮᠳᠡᠭ ᠪᠤᠯᠤᠨᠨᠰᠠᠳ ᠤᠨ | ᠲᠡᠷᠬᠡ ᠵᠢᠯᠤᠭᠤᠳᠬᠤ ᠳᠤ ᠲᠤᠰᠠᠯᠠᠬᠤ ᠲᠤᠨᠤᠨᠨᠯᠠᠯ ᠨᠡᠮᠡᠵᠦ ᠤᠨᠨᠰᠠᠷᠠᠬᠤ ᠵᠡᠷᠬᠡ ᠶᠢᠨ ᠲᠤᠬᠠᠢ ᠲᠤᠨᠨᠳᠠᠭᠠᠯ ᠢ | ᠨᠠᠶᠢᠳᠠᠪᠤᠷᠢᠵᠢᠭᠤᠯᠵᠦ᠂ ᠦᠷᠦᠬᠡᠰᠦᠨ ᠨᠢᠳᠤᠨ ᠤ ᠬᠠᠷᠠᠭ᠎ᠠ ᠨᠢ ᠰᠠᠭᠠᠳ ᠲᠠᠢ ᠪᠤᠯᠤᠨᠨᠰᠠ ᠭᠦᠮᠦᠰ᠂ ᠲᠡᠬᠡᠳᠦ | ᠮᠦᠴᠢ ᠨᠢ ᠵᠡᠮᠳᠡᠭ ᠪᠤᠯᠤᠨᠨᠰᠠᠳ ᠤᠨ ᠵᠢᠵᠢᠭ ᠬᠡᠯᠪᠡᠷᠢ ᠶᠢᠨ ᠮᠠᠰᠢᠨ ᠲᠡᠷᠬᠡᠨ ᠤ ᠦᠨᠡᠮᠯᠡᠯ ᠭᠤᠶᠤᠴᠢᠯᠠᠬᠤ | ᠨᠦᠭᠦᠴᠡᠯ ᠢ ᠲᠤᠬᠢᠷᠬᠠᠰᠠᠨ ᠴᠠᠭ ᠲᠤ ᠠᠭᠤᠵᠢᠭᠤ ᠪᠤᠯᠭᠠᠬᠤ ᠬᠡᠷᠡᠭᠳᠡᠢ︔ ᠵᠠᠮᠳᠡᠭᠴᠤᠳ ᠤᠨ ᠵᠢᠯᠤᠭᠤᠳᠬᠤ ᠶᠢ | ᠪᠤᠯᠪᠠᠰᠤᠷᠠᠭᠤᠯᠬᠤ ᠭᠦᠳᠦᠯᠪᠦᠷᠢ ᠪᠠ ᠪᠤᠯᠪᠠᠰᠤᠷᠠᠭᠤᠯᠤᠯ ᠤᠨ ᠵᠢᠭᠠᠬᠤ ᠮᠠᠲ᠋ᠧᠷᠢᠶᠠᠯ ᠤᠨ ᠱᠠᠭᠠᠷᠳᠠᠯᠭ᠎ᠠ ᠶᠢ | ᠨᠠᠶᠢᠳᠠᠪᠤᠷᠢᠵᠢᠭᠤᠯᠵᠦ᠂ ᠨᠦᠭᠦᠴᠡᠯ ᠲᠠᠢ ᠵᠢᠯᠤᠭᠤᠳᠬᠤ ᠶᠢ ᠪᠤᠯᠪᠠᠰᠤᠷᠠᠭᠤᠯᠬᠤ ᠪᠠᠶᠢᠭᠤᠯᠤᠮᠵᠢ ᠠᠴᠠ ᠵᠠᠮᠳᠡᠭᠴᠤᠳ ᠲᠤ | ᠵᠢᠯᠤᠭᠤᠳᠬᠤ ᠪᠤᠯᠪᠠᠰᠤᠷᠠᠭᠤᠯᠤᠯ ᠦᠷᠨᠢᠬᠦᠯᠬᠦ ᠶᠢ ᠵᠤᠷᠢᠨᠨᠵᠢᠭᠤᠯᠤᠨ᠂ ᠵᠡᠮᠳᠡᠭᠴᠤᠳ ᠤᠨ ᠦᠪᠡᠰᠦᠪᠡᠨ ᠮᠠᠰᠢᠨ ᠲᠡᠷᠬᠡ | ᠪᠠᠷᠢᠵᠦ ᠭᠠᠳ᠋ᠬᠠᠰᠢ ᠭᠠᠷᠬᠤ ᠳᠤ ᠨᠢ ᠲᠦᠭᠦᠮ ᠨᠦᠭᠦᠴᠡᠯ ᠬᠠᠩᠭᠠᠬᠤ ᠬᠡᠷᠡᠭᠳᠡᠢ᠃ ︵ᠦᠪᠡᠷᠳᠡᠬᠡᠨ ᠵᠠᠰᠠᠬᠤ ᠤᠷᠤᠨ ᠤ | ᠵᠡᠮᠳᠡᠭᠴᠤᠳ ᠤᠨ ᠬᠤᠯᠪᠤᠭ᠎ᠠ᠂ ᠲᠤᠳᠤᠭᠠᠳᠤ ᠶᠢ ᠬᠠᠮᠠᠭᠠᠯᠠᠬᠤ ᠲᠢᠩᠬᠢᠮ᠂ ᠵᠠᠮ ᠬᠠᠷᠢᠯᠴᠠᠭ᠎ᠠ ᠲᠡᠬᠡᠬᠡᠪᠦᠷᠢ ᠶᠢᠨ | ᠲᠢᠩᠬᠢᠮ᠂ ᠠᠵᠦ ᠠᠬᠤᠢ ᠪᠠ ᠮᠡᠳᠡᠭᠡ ᠵᠠᠩᠬᠢᠵᠢᠯᠳᠠ ᠶᠢᠨ ᠵᠦᠪᠯᠡᠯ᠂ ᠡᠷᠡᠭᠦᠯ ᠬᠠᠮᠠᠭᠠᠯᠠᠯ ᠲᠦᠯᠦᠪᠯᠡᠬᠡᠳᠦ | ᠦᠷᠡᠵᠢᠯ ᠤᠨ ᠵᠦᠪᠯᠡᠯ᠂ ᠦᠢᠯᠡᠳᠪᠦᠷᠢ ᠬᠤᠳᠠᠯᠳᠤᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠳᠠ ᠶᠢᠨ ᠲᠤᠪᠴᠢᠶ᠎ᠠ᠂ | ᠶᠠᠰᠤ ᠴᠢᠨᠠᠷ ᠲᠤ ᠮᠡᠷᠬᠡᠵᠢᠯ ᠤᠨ ᠬᠢᠨᠠᠯᠳᠠ ᠲᠠᠯᠪᠢᠬᠤ ᠲᠤᠪᠴᠢᠶ᠎ᠠ ᠬᠠᠷᠢᠭᠤᠴᠠᠨ᠎ᠠ︶ | 4. ᠠᠷᠠᠳ ᠲᠤ ᠲᠦᠭᠦᠮ ᠦᠵᠡᠭᠦᠯᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠳᠡᠢ᠃ ᠤᠨᠳᠤᠤ | ᠭᠠᠵᠠᠷ ᠲᠤ ᠵᠢᠯᠤᠭᠤᠴᠢ ᠶᠢᠨ ᠦᠨᠡᠮᠯᠡᠯ ᠢ ᠨᠦᠭᠦᠵᠦ ᠰᠤᠯᠢᠵᠦ ᠠᠪᠬᠤ᠂ ᠵᠢᠯᠤᠭᠤᠴᠢ ᠶᠢᠨ ᠦᠨᠡᠮᠯᠡᠯ ᠢ ᠬᠢᠨᠠᠨ | ᠰᠢᠯᠭᠠᠬᠤ ᠳᠤ ᠤᠷᠤᠯᠴᠠᠬᠤ᠂ ᠪᠡᠶ᠎ᠡ ᠶᠢᠨ ᠪᠠᠶᠢᠴᠠᠭᠠᠯᠳᠠ ᠶᠢᠨ ᠬᠡᠷᠡᠴᠢ ᠪᠠᠨ ᠲᠤᠰᠢᠶᠠᠬᠤ ᠶᠢ ᠵᠦᠪᠰᠢᠶᠡᠷᠡᠨ᠎ᠠ᠃ ᠲᠤᠮᠤ | ᠲᠤᠮᠳᠠ ᠬᠡᠯᠪᠡᠷᠢ ᠶᠢᠨ ᠠᠶᠠᠨᠴᠢᠨ ᠪᠠᠷᠠᠭᠠᠨ ᠤ ᠮᠠᠰᠢᠨ ᠲᠡᠷᠬᠡ ᠶᠢ ᠤᠨᠳᠤᠤ ᠭᠠᠵᠠᠷ ᠠᠴᠠ ᠭᠤᠶᠤᠴᠢᠯᠠᠵᠦ ᠠᠪᠬᠤ | ᠬᠢᠵᠠᠭᠠᠷᠯᠠᠯ ᠢ ᠦᠬᠡᠶᠢᠰᠬᠡᠵᠦ᠂ ᠰᠢᠯᠭᠠᠭᠤᠯᠤᠨᠨᠴᠢ ᠠᠴᠠ ᠡᠷᠦᠬᠡ ᠠᠮᠠ ᠪᠠᠶᠢᠭ᠎ᠠ ᠭᠠᠵᠠᠷ ᠪᠤᠶᠤ ᠰᠠᠭᠤᠭ᠎ᠠ | ᠭᠠᠵᠠᠷ ᠲᠤ ᠪᠠᠨ ᠰᠤᠷᠤᠯᠴᠠᠨ ᠪᠤᠯᠪᠠᠰᠤᠷᠠᠵᠦ᠂ ᠨᠡᠷ᠎ᠡ ᠮᠡᠳᠡᠭᠦᠯᠦᠨ ᠰᠢᠯᠭᠠᠵᠦ᠂ ᠵᠢᠯᠤᠭᠤᠴᠢ ᠶᠢᠨ ᠦᠨᠡᠮᠯᠡᠯ ᠠᠪᠴᠤ | ᠪᠤᠯᠤᠨ᠎ᠠ᠃ ᠵᠢᠯᠤᠭᠤᠴᠢ ᠶᠢᠨ ᠦᠨᠡᠮᠯᠡᠯ ᠨᠢ ᠭᠦᠴᠦᠨ ᠦᠬᠡᠢ ᠪᠤᠯᠤᠨᠨᠰᠠᠨ ᠵᠡᠷᠬᠡ ᠦᠩᠬᠡᠷᠡᠯᠳᠡ ᠲᠠᠢ ᠭᠦᠮᠦᠰ ᠤᠨ᠂ | ᠨᠠᠰᠤ ᠵᠢᠯ᠂ ᠪᠡᠶ᠎ᠡ ᠮᠠᠬᠠᠪᠤᠳ ᠤᠨ ᠨᠦᠭᠦᠴᠡᠯ ᠵᠡᠷᠬᠡ ᠨᠢ ᠵᠢᠯᠤᠭᠤᠴᠢ ᠶᠢᠨ ᠦᠨᠡᠮᠯᠡᠯ ᠲᠠᠬᠢᠵᠦ ᠭᠤᠶᠤᠴᠢᠯᠠᠬᠤ | ᠬᠠᠤᠯᠢ ᠳᠤ ᠲᠤᠨᠨᠳ᠋ᠬᠠᠰᠠᠨ ᠨᠦᠭᠦᠴᠡᠯ ᠳᠤ ᠨᠡᠶᠢᠴᠡᠪᠡᠯ᠂ ᠰᠤᠷᠤᠯᠴᠠᠬᠤ ᠦᠬᠡᠢ ᠪᠠᠷ ᠰᠢᠭᠤᠳ ᠰᠢᠯᠭᠠᠭᠤᠯᠬᠤ ᠪᠠᠷ | ᠭᠤᠶᠤᠴᠢᠯᠠᠵᠦ ᠪᠤᠯᠤᠨ᠎ᠠ᠂ ᠡᠯ᠎ᠡ ᠬᠢᠴᠢᠶᠡᠯ ᠲᠦᠷᠦᠯ ᠨᠢ ᠬᠢᠷᠢ ᠲᠡᠩᠴᠡᠭᠰᠡᠨ ᠤ ᠲᠠᠷᠠᠭ᠎ᠠ ᠵᠢᠯᠤᠭᠤᠴᠢ ᠶᠢᠨ | ᠦᠨᠡᠮᠯᠡᠯ ᠢ ᠨᠢ ᠬᠠᠷᠭᠤᠭᠤᠯᠤᠨ ᠤᠯᠭᠤᠬᠤ ᠶᠢ ᠵᠦᠪᠰᠢᠶᠡᠷᠡᠨ᠎ᠠ᠂ ᠬᠡᠪᠡᠴᠤ ᠵᠢᠯᠤᠭᠤᠴᠢ ᠶᠢᠨ ᠦᠨᠡᠮᠯᠡᠯ ᠢ ᠨᠢ | ᠬᠤᠷᠢᠶᠠᠨ ᠠᠪᠴᠤ ᠭᠦᠴᠦᠨ ᠦᠬᠡᠢ ᠪᠤᠯᠭᠠᠨᠨᠰᠠᠨ ᠪᠤᠶᠤ ᠭᠦᠴᠦᠨ ᠦᠬᠡᠢ ᠪᠤᠯᠭᠠᠨᠨᠳ᠋ᠬᠠᠰᠠᠨ ᠪᠤᠯ ᠡᠬᠦᠨ ᠳᠤ | ᠪᠠᠭᠳᠠᠬᠤ ᠦᠬᠡᠢ᠃ ᠪᠤᠰᠤᠳ ᠤᠯᠤᠰ ᠪᠠ ᠭᠠᠵᠠᠷ ᠤᠷᠤᠨ ᠲᠠᠢ ᠵᠢᠯᠤᠭᠤᠴᠢ ᠶᠢᠨ ᠦᠨᠡᠮᠯᠡᠯ ᠢ ᠬᠠᠷᠢᠯᠴᠠᠨ ᠮᠡᠳᠡᠷᠡᠵᠦ | ᠰᠤᠯᠢᠵᠦ ᠠᠪᠬᠤ ᠠᠵᠢᠯ ᠢ ᠬᠢᠨᠠᠮᠠᠭᠠᠢ ᠨᠠᠶᠢᠳᠠᠪᠤᠷᠢᠵᠢᠭᠤᠯᠵᠦ᠂ ᠠᠷᠠᠳ ᠢᠷᠬᠡᠳ ᠤᠨ ᠬᠢᠯᠢ ᠠᠴᠠ ᠭᠠᠷᠴᠤ ᠲᠡᠷᠬᠡ | ᠵᠢᠯᠤᠭᠤᠳᠬᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠬᠡᠷᠡᠭᠳᠡᠢ᠃ ︵ᠦᠪᠡᠷᠳᠡᠬᠡᠨ ᠵᠠᠰᠠᠬᠤ ᠤᠷᠤᠨ ᠤ | ᠲᠤᠳᠤᠭᠠᠳᠤ ᠶᠢ ᠬᠠᠮᠠᠭᠠᠯᠠᠬᠤ ᠲᠢᠩᠬᠢᠮ᠂ ᠵᠠᠮ ᠬᠠᠷᠢᠯᠴᠠᠭ᠎ᠠ ᠲᠡᠬᠡᠬᠡᠪᠦᠷᠢ ᠶᠢᠨ ᠲᠢᠩᠬᠢᠮ᠂ ᠭᠠᠳᠠᠭᠠᠳᠤ ᠶᠠᠪᠤᠳᠠᠯ ᠤᠨ | ᠠᠯᠪᠠᠨ ᠬᠡᠷ ᠬᠠᠷᠢᠭᠤᠴᠠᠨ᠎ᠠ︶ | ᠭᠤᠷᠪᠠ᠂ ᠠᠵᠢᠯ ᠤᠨ ᠱᠠᠭᠠᠷᠳᠠᠯᠭ᠎ᠠ | ︵ᠨᠢᠬᠡ︶ ᠨᠢᠬᠡᠳᠦᠯᠳᠡᠢ ᠲᠦᠯᠦᠪᠯᠡᠵᠦ ᠵᠤᠬᠢᠴᠠᠭᠤᠯᠬᠤ ᠶᠢ ᠴᠢᠩᠭᠠᠳᠬᠠᠬᠤ ᠬᠡᠷᠡᠭᠳᠡᠢ᠃ ᠵᠢᠯᠤᠭᠤᠴᠢ ᠶᠢ | ᠪᠤᠯᠪᠠᠰᠤᠷᠠᠭᠤᠯᠵᠤ ᠰᠢᠯᠭᠠᠬᠤ ᠲᠦᠷᠢᠮ ᠤᠨ ᠦᠬᠡᠷᠡᠴᠢᠯᠡᠯᠳᠡ ᠪᠤᠯ ᠨᠡᠶᠢᠬᠡᠮ ᠤᠨ ᠬᠠᠮᠢᠶᠠᠷᠤᠯᠳᠠ ᠳᠤ ᠰᠢᠨ᠎ᠠ ᠶᠢ | ᠡᠭᠦᠳᠭᠦ ᠶᠢ ᠭᠦᠨᠵᠡᠬᠡᠶᠢᠷᠡᠭᠦᠯᠵᠦ᠂ ᠤᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠠᠷᠠᠳ ᠤᠨ | ᠠᠮᠢᠳᠤᠷᠠᠯ ᠤᠨ ᠴᠢᠬᠤᠯᠠ ᠢᠨᠵᠧᠨᠧᠷᠢᠩ᠂ ᠮᠦᠨᠴᠤ ᠵᠠᠮ ᠬᠠᠷᠢᠯᠴᠠᠭᠠᠨ ᠤ ᠠᠮᠤᠷ ᠲᠦᠪᠰᠢᠨ ᠢ ᠤᠤᠯ ᠡᠬᠢ ᠠᠴᠠ ᠨᠢ | ᠵᠠᠰᠠᠬᠤ ᠴᠢᠬᠤᠯᠠ ᠠᠷᠭ᠎ᠠ ᠬᠡᠮᠵᠢᠶ᠎ᠡ ᠪᠤᠯᠬᠤ ᠶᠤᠮ᠃ ᠡᠯ᠎ᠡ ᠱᠠᠳᠤᠨ ᠤ ᠵᠠᠰᠠᠭ ᠤᠨ ᠤᠷᠳᠤᠨ ᠨᠤᠭᠤᠳ ᠲᠡᠬᠡᠳᠦ | ᠬᠡᠮᠵᠢᠶ᠎ᠡ ᠪᠠᠷ ᠴᠢᠬᠤᠯᠠᠴᠢᠯᠠᠵᠦ᠂ ᠲᠦᠷᠦᠭᠦᠯᠡᠨ ᠬᠢᠵᠦ ᠶᠡᠷᠦᠩᠬᠡᠶᠢᠯᠡᠨ ᠠᠳᠬᠤᠬᠤ ᠶᠢ ᠭᠤᠤᠯᠳᠠᠵᠦ᠂ ᠨᠢᠬᠡᠳᠦᠯᠳᠡᠢ | ᠲᠦᠯᠦᠪᠯᠡᠨ ᠵᠤᠬᠢᠴᠠᠭᠤᠯᠵᠦ᠂ ᠪᠤᠯᠪᠠᠰᠤᠷᠠᠭᠤᠯᠤᠯ ᠪᠠ ᠰᠢᠯᠭᠠᠯᠳᠠ ᠶᠢ ᠵᠠᠯᠭᠠᠯᠳᠤᠭᠤᠯᠬᠤ᠂ ᠰᠢᠯᠭᠠᠯᠳᠠ ᠶᠢᠨ | ᠬᠠᠩᠭᠠᠯᠭ᠎ᠠ ᠪᠠ ᠬᠡᠷᠡᠭᠴᠡᠭᠡ ᠶᠢᠨ ᠲᠡᠩᠴᠡᠭᠦᠷᠢᠯ᠂ ᠦᠢᠯᠡᠴᠢᠯᠡᠭᠡ ᠪᠠ ᠬᠠᠮᠢᠶᠠᠷᠤᠯᠳᠠ ᠶᠢ ᠠᠭᠤᠰᠤᠯᠴᠠᠭᠤᠯᠬᠤ ᠶᠢ | ᠪᠠᠳᠤᠯᠠᠬᠤ ᠬᠡᠷᠡᠭᠳᠡᠢ᠃ ᠡᠯ᠎ᠡ ᠬᠠᠮᠢᠶ᠎ᠠ ᠪᠦᠭᠦᠢ ᠰᠠᠯᠠᠭ᠎ᠠ ᠮᠦᠴᠢᠷ ᠤᠳ ᠲᠦᠷᠦ ᠶᠢᠨ ᠶᠠᠪᠤᠳᠠᠯ ᠤᠨ ᠬᠤᠷᠢᠶ᠎ᠠ ᠶᠢᠨ | ᠠᠯᠪᠠᠨ ᠲᠢᠩᠬᠢᠮ ᠤᠨ ︽ᠲᠦᠷᠦ ᠠᠯᠪᠠᠨ ᠲᠠᠷᠬᠠᠭᠠᠨᠨᠰᠠᠨ ﹇2015﹈ 88 ᠳ᠋ᠤᠭᠠᠷ ᠲᠤᠭᠠᠳᠤ︾ ᠪᠢᠴᠢᠭ | ᠮᠠᠲ᠋ᠧᠷᠢᠶᠠᠯ ᠲᠠᠢ ᠬᠠᠷᠢᠴᠠᠭᠤᠯᠵᠦ᠂ ᠡᠭᠦᠷᠬᠡ ᠬᠠᠷᠢᠭᠤᠴᠠᠯᠭ᠎ᠠ ᠪᠠᠨ ᠲᠤᠳᠤᠷᠬᠠᠶᠢᠯᠠᠨ᠂ ᠠᠵᠢᠯ ᠤᠨ ᠬᠠᠮᠵᠢᠯᠴᠠᠭ᠎ᠠ ᠪᠠ | ᠪᠠᠶᠢᠴᠠᠭᠠᠨ ᠰᠤᠳᠤᠯᠤᠯᠳᠠ ᠶᠢ ᠴᠢᠩᠭᠠᠳᠬᠠᠵᠦ᠂ ᠠᠵᠢᠯ ᠤᠨ ᠲᠤᠬᠢᠷᠠᠭᠤᠯᠤᠯᠳᠠ ᠶᠢ ᠴᠢᠩᠭᠠᠷᠠᠭᠤᠯᠤᠨ᠂ ᠡᠬᠦᠷᠬᠡ | ᠴᠢᠳᠠᠪᠤᠷᠢ ᠶᠢᠨ ᠠᠵᠢᠯ ᠤᠨ ᠬᠤᠪᠢᠶᠠᠷᠢᠯᠠᠯ ᠤᠨ ᠶᠤᠰᠤᠭᠠᠷ᠂ ᠨᠢᠨᠨᠳᠠ ᠬᠠᠮᠵᠢᠯᠴᠠᠨ᠂ ᠲᠦᠭᠦᠷ ᠲᠦᠷᠦ ᠶᠢᠨ | ᠪᠤᠳᠤᠯᠭ᠎ᠠ ᠶᠢ ᠱᠠᠯᠠᠪᠳᠠᠨ ᠭᠠᠷᠭᠠᠵᠦ᠂ ᠬᠡᠷᠡᠭᠵᠢᠬᠦᠯᠬᠦ ᠪᠤᠳᠠᠳᠠᠢ ᠲᠦᠰᠦᠯ ᠢ ᠲᠤᠨᠨᠳᠠᠭᠠᠨ᠂ ᠡᠯ᠎ᠡ ᠵᠦᠢᠯ ᠤᠨ | ᠦᠬᠡᠷᠡᠴᠢᠯᠡᠯᠳᠡ ᠶᠢᠨ ᠠᠷᠭ᠎ᠠ ᠪᠠᠷᠢᠯ ᠤᠨ ᠡᠮᠬᠢ ᠴᠡᠭᠴᠡ ᠲᠠᠢ ᠶᠠᠪᠤᠨᠨᠳᠠᠵᠦ᠂ ᠨᠠᠶᠢᠳᠠᠪᠤᠷᠢᠵᠢᠭᠤᠯᠤᠨ | ᠪᠤᠳᠠᠳᠠᠶᠢᠵᠢᠭᠤᠯᠬᠤ ᠶᠢ ᠦᠨᠡᠨᠬᠦ ᠪᠠᠳᠤᠯᠠᠬᠤ ᠬᠡᠷᠡᠭᠳᠡᠢ᠃ ᠲᠷᠠᠺᠲ᠋ᠤᠷ ᠵᠢᠯᠤᠭᠤᠳᠬᠤ ᠶᠢ ᠪᠤᠯᠪᠠᠰᠤᠷᠠᠭᠤᠯᠵᠤ ᠰᠢᠯᠭᠠᠬᠤ | ᠠᠵᠢᠯ ᠢ ᠲᠠᠷᠢᠶᠠᠯᠠᠩ ᠮᠠᠯ ᠠᠵᠦ ᠠᠬᠤᠢ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠠᠴᠠ ᠵᠠᠮ ᠬᠠᠷᠢᠯᠴᠠᠭ᠎ᠠ | ᠲᠡᠬᠡᠬᠡᠪᠦᠷᠢ ᠶᠢᠨ ᠠᠮᠤᠷ ᠲᠦᠪᠰᠢᠨ ᠤ ᠬᠠᠤᠯᠢ ᠵᠢᠴᠢ ᠬᠡᠷᠡᠭᠵᠢᠬᠦᠯᠬᠦ ᠲᠦᠷᠢᠮ ᠵᠡᠷᠬᠡ ᠬᠤᠯᠪᠤᠨᠨᠳᠠᠯ ᠪᠦᠭᠦᠢ | ᠲᠤᠨᠨᠳᠠᠭᠠᠯ ᠢ ᠦᠨᠳᠦᠰᠦᠯᠡᠵᠦ ᠦᠷᠨᠢᠬᠦᠯᠬᠦ ᠬᠡᠷᠡᠭᠳᠡᠢ᠃ ︵ᠬᠤᠯᠪᠤᠨᠨᠳᠠᠯ ᠪᠦᠭᠦᠢ ᠰᠠᠯᠠᠭ᠎ᠠ ᠮᠦᠴᠢᠷ ᠪᠠ ᠨᠢᠬᠡᠴᠡ | ᠲᠤᠰᠪᠤᠷᠢ ᠬᠠᠷᠢᠭᠤᠴᠠᠨ᠎ᠠ︶ | ︵ᠬᠤᠶᠠᠷ︶ ᠰᠠᠶᠢᠨ ᠰᠠᠶᠢᠬᠠᠨ ᠡᠮᠬᠢ ᠲᠢᠭᠯᠢᠮ ᠢ ᠬᠠᠮᠠᠭᠠᠯᠠᠬᠤ ᠬᠡᠷᠡᠭᠳᠡᠢ᠃ ᠡᠯ᠎ᠡ ᠭᠠᠵᠠᠷ ᠤᠷᠤᠨ ᠨᠤᠭᠤᠳ | ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠳᠠ ᠶᠢᠨ ᠠᠵᠢᠯ ᠢ ᠤᠯᠠᠮ ᠨᠢᠬᠡ ᠠᠯᠬᠤᠮ ᠴᠢᠩᠭᠠᠳᠬᠠᠵᠦ᠂ | ᠤᠤᠯ ᠡᠬᠢ ᠠᠴᠠ ᠨᠢ ᠬᠠᠮᠢᠶᠠᠷᠤᠨ ᠡᠵᠡᠮᠳᠡᠬᠦ ᠶᠢ ᠴᠢᠩᠳᠠᠯᠠᠵᠦ᠂ ᠶᠡᠷᠦᠩᠬᠡᠶᠢᠯᠡᠨ ᠵᠠᠰᠠᠬᠤ ᠶᠢ ᠬᠡᠷᠡᠭᠵᠢᠬᠦᠯᠦᠨ᠂ | ᠪᠠᠶᠢᠴᠠᠭᠠᠵᠦ ᠬᠠᠤᠯᠢ ᠬᠡᠷᠡᠭᠵᠢᠬᠦᠯᠬᠦ ᠶᠢ ᠴᠢᠩᠭᠠᠷᠠᠭᠤᠯᠵᠦ᠂ ᠵᠠᠮ ᠬᠠᠷᠢᠯᠴᠠᠭᠠᠨ ᠤ ᠲᠤᠬᠢᠶᠠᠨ ᠲᠡᠮᠳᠡᠭ ᠢᠶᠠᠷ ᠶᠠᠪᠤᠬᠤ | ᠦᠬᠡᠢ᠂ ᠪᠠᠴᠢᠮ ᠪᠠᠶᠢᠳᠠᠯ ᠢ ᠠᠷᠭᠠᠴᠠᠭᠠᠬᠤ ᠲᠡᠷᠬᠡᠨ ᠵᠠᠮ ᠢ ᠬᠠᠤᠯᠢ ᠠᠴᠠ ᠵᠦᠷᠢᠴᠡᠵᠦ ᠡᠵᠡᠯᠡᠬᠦ᠂ ᠠᠷᠢᠬᠢ | ᠤᠤᠭᠤᠨᠨᠰᠠᠨ ᠤ ᠲᠠᠷᠠᠭ᠎ᠠ ᠮᠠᠰᠢᠨ ᠲᠡᠷᠬᠡ ᠵᠢᠯᠤᠭᠤᠳᠬᠤ᠂ ᠬᠤᠷᠳᠤᠴᠠ ᠠᠴᠠ ᠪᠠᠨ ᠬᠡᠳᠦᠷᠡᠬᠦᠯᠦᠨ ᠵᠢᠯᠤᠭᠤᠳᠬᠤ | ᠵᠡᠷᠬᠡ ᠡᠯ᠎ᠡ ᠲᠦᠷᠦᠯ ᠤᠨ ᠵᠠᠮ ᠬᠠᠷᠢᠯᠴᠠᠭᠠᠨ ᠤ ᠬᠠᠤᠯᠢ ᠠᠴᠠ ᠵᠦᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ | ᠴᠤᠬᠢᠯᠳᠠ ᠦᠭᠭᠦ ᠪᠠ ᠴᠡᠭᠴᠡᠯᠡᠨ ᠵᠠᠰᠠᠵᠦ᠂ ᠵᠠᠮ ᠬᠠᠷᠢᠯᠴᠠᠭᠠᠨ ᠤ ᠡᠮᠬᠢ ᠲᠢᠭᠯᠢᠮ ᠢ ᠦᠨᠡᠨᠬᠦ ᠬᠠᠮᠠᠭᠠᠯᠠᠬᠤ ᠬᠡᠷᠡᠭᠳᠡᠢ᠃ | ᠵᠠᠮ ᠬᠠᠷᠢᠯᠴᠠᠭᠠᠨ ᠤ ᠠᠮᠤᠷ ᠲᠦᠪᠰᠢᠨ ᠤ ᠭᠦᠮᠦᠵᠢᠯ ᠢ ᠭᠦᠨᠵᠡᠬᠡᠢ ᠦᠷᠨᠢᠬᠦᠯᠵᠦ᠂ ᠪᠤᠯᠪᠠᠰᠤᠨ ᠵᠠᠮ | ᠬᠠᠷᠢᠯᠴᠠᠭᠠᠨ ᠤ ᠰᠠᠶᠢᠨ ᠲᠤᠷ᠎ᠠ ᠶᠢᠨ ᠦᠢᠯᠡᠴᠢᠯᠡᠭᠡ ᠶᠢ ᠭᠦᠳᠦᠯᠦᠨ ᠵᠢᠯᠤᠭᠤᠳᠬᠤ ᠪᠠᠨ ᠴᠢᠩᠭᠠᠳᠬᠠᠨ᠂ ᠪᠤᠯᠪᠠᠰᠤᠨ | ᠵᠠᠮ ᠬᠠᠷᠢᠯᠴᠠᠭᠠᠨ ᠤ ᠤᠨᠤᠯᠵᠢᠬᠤᠨ ᠢ ᠤᠯᠠᠮᠵᠢᠯᠠᠨ ᠲᠠᠮᠵᠢᠭᠤᠯᠵᠦ᠂ ᠵᠠᠮ ᠬᠠᠷᠢᠯᠴᠠᠭᠠᠨ ᠤ ᠦᠷᠬᠡᠨ ᠤᠯᠠᠨ | ᠤᠷᠤᠯᠴᠬᠠᠴᠢ ᠶᠢᠨ ᠠᠮᠤᠷ ᠲᠦᠪᠰᠢᠨ ᠤ ᠦᠵᠡᠯ ᠤᠬᠠᠮᠰᠠᠷ ᠪᠠ ᠪᠤᠯᠪᠠᠰᠤᠨ ᠬᠡᠪ ᠪᠤᠯᠪᠠᠰᠤᠷᠠᠯ ᠢ ᠲᠡᠬᠡᠭᠰᠢᠯᠡᠬᠦᠯᠦᠨ᠂ | ᠠᠮᠤᠷ ᠲᠦᠪᠰᠢᠨ᠂ ᠪᠤᠯᠪᠠᠰᠤᠨ᠂ ᠡᠮᠬᠢ ᠲᠢᠭᠯᠢᠮ ᠲᠠᠢ ᠵᠠᠮ ᠬᠠᠷᠢᠯᠴᠠᠭᠠᠨ ᠤ ᠤᠷᠴᠢᠨ ᠲᠤᠭᠤᠷᠢᠨ ᠢ ᠭᠦᠴᠦᠯᠡᠨ | ᠪᠠᠶᠢᠭᠤᠯᠬᠤ ᠬᠡᠷᠡᠭᠳᠡᠢ᠃ ︵ᠦᠪᠡᠷᠳᠡᠬᠡᠨ ᠵᠠᠰᠠᠬᠤ ᠤᠷᠤᠨ ᠤ ᠲᠤᠳᠤᠭᠠᠳᠤ ᠶᠢ ᠬᠠᠮᠠᠭᠠᠯᠠᠬᠤ ᠲᠢᠩᠬᠢᠮ᠂ ᠵᠠᠮ | ᠬᠠᠷᠢᠯᠴᠠᠭ᠎ᠠ ᠲᠡᠬᠡᠬᠡᠪᠦᠷᠢ ᠶᠢᠨ ᠲᠢᠩᠬᠢᠮ᠂ ᠤᠶᠤᠨ ᠤ ᠪᠤᠯᠪᠠᠰᠤᠨ ᠤ ᠪᠠᠶᠢᠭᠤᠯᠤᠯᠳᠠ ᠶᠢᠨ ᠠᠯᠪᠠᠨ ᠬᠡᠷ | ᠬᠠᠷᠢᠭᠤᠴᠠᠨ᠎ᠠ︶ | ︵ᠭᠤᠷᠪᠠ︶ ᠦᠷᠬᠡᠨ ᠢᠶᠠᠷ ᠤᠬᠠᠭᠤᠯᠵᠦ ᠭᠦᠳᠦᠯᠦᠨ ᠵᠢᠯᠤᠭᠤᠳᠬᠤ ᠬᠡᠷᠡᠭᠳᠡᠢ᠃ ᠡᠯ᠎ᠡ ᠭᠠᠵᠠᠷ ᠤᠷᠤᠨ᠂ | ᠡᠯ᠎ᠡ ᠬᠤᠯᠪᠤᠨᠨᠳᠠᠯ ᠪᠦᠭᠦᠢ ᠰᠠᠯᠠᠭ᠎ᠠ ᠮᠦᠴᠢᠷ ᠤᠳ ᠨᠠᠷᠢᠨ ᠨᠢᠮᠪᠠᠢ ᠲᠦᠯᠦᠪᠯᠡᠨ ᠲᠦᠯᠦᠪᠵᠢᠬᠦᠯᠵᠦ᠂ | ᠤᠬᠠᠭᠤᠯᠭ᠎ᠠ ᠶᠢ ᠴᠢᠩᠭᠠᠳᠬᠠᠨ᠂ ᠭᠤᠤᠯᠳᠠᠯᠭ᠎ᠠ ᠲᠠᠢ ᠠᠭᠤᠯᠭ᠎ᠠ ᠶᠢ ᠲᠦᠢᠯ ᠤᠨ ᠤᠨᠤᠪᠴᠢᠳᠠᠢ ᠤᠬᠠᠭᠤᠯᠤᠨ | ᠲᠠᠶᠢᠯᠪᠤᠷᠢᠯᠠᠵᠦ᠂ ᠨᠡᠶᠢᠬᠡᠮ ᠤᠨ ᠬᠠᠯᠠᠮᠵᠢᠯᠠᠵᠦ ᠪᠦᠭᠦᠢ ᠪᠠ ᠤᠯᠠᠨ ᠲᠦᠮᠡᠨ ᠤ ᠠᠩᠬᠠᠷᠤᠯ ᠳᠤ ᠢᠳᠡᠪᠬᠢᠳᠡᠢ ᠪᠠᠷ | ᠬᠠᠷᠢᠭᠤ ᠦᠭᠴᠤ᠂ ᠦᠬᠡᠷᠡᠴᠢᠯᠡᠯᠳᠡ ᠶᠢᠨ ᠦᠷ᠎ᠡ ᠪᠦᠳᠦᠮᠵᠢ ᠪᠠᠨ ᠴᠠᠭ ᠲᠤᠬᠠᠢ ᠳᠤᠨᠢ ᠤᠬᠠᠭᠤᠯᠤᠨ᠂ | ᠦᠬᠡᠷᠡᠴᠢᠯᠡᠯᠳᠡ ᠶᠢᠨ ᠢᠳᠡᠪᠬᠢ ᠡᠨᠧᠷᠬᠢ ᠶᠢ ᠬᠤᠷᠠᠮᠳᠤᠭᠤᠯᠵᠦ᠂ ᠮᠠᠰᠢᠨ ᠲᠡᠷᠬᠡᠨ ᠤ ᠵᠢᠯᠤᠭᠤᠴᠢ ᠪᠤᠯᠪᠠᠰᠤᠷᠠᠭᠤᠯᠵᠤ | ᠰᠢᠯᠭᠠᠬᠤ ᠲᠦᠷᠢᠮ ᠤᠨ ᠦᠬᠡᠷᠡᠴᠢᠯᠡᠯᠳᠡ ᠶᠢᠨ ᠠᠵᠢᠯ ᠢ ᠠᠬᠢᠭᠤᠯᠬᠤ ᠳᠤ ᠰᠠᠶᠢᠨ ᠰᠠᠶᠢᠬᠠᠨ ᠶᠠᠷᠢᠶ᠎ᠠ ᠬᠡᠯᠡᠯᠴᠡᠬᠡᠨ ᠤ | ᠤᠷᠴᠢᠨ ᠨᠦᠭᠦᠴᠡᠯ ᠢ ᠪᠦᠷᠢᠯᠳᠦᠬᠦᠯᠬᠦ ᠬᠡᠷᠡᠭᠳᠡᠢ᠃ ︵ᠦᠪᠡᠷᠳᠡᠬᠡᠨ ᠵᠠᠰᠠᠬᠤ ᠤᠷᠤᠨ ᠤ ᠲᠤᠳᠤᠭᠠᠳᠤ ᠶᠢ | ᠬᠠᠮᠠᠭᠠᠯᠠᠬᠤ ᠲᠢᠩᠬᠢᠮ᠂ ᠨᠠᠮ ᠤᠨ ᠬᠤᠷᠢᠶ᠎ᠠ ᠶᠢᠨ ᠤᠬᠠᠭᠤᠯᠬᠤ ᠬᠡᠯᠳᠡᠰ ᠬᠠᠷᠢᠭᠤᠴᠠᠨ᠎ᠠ︶ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠳᠡᠯᠡᠨ᠎ᠠ︶ |