ᠥᠪᠥᠷ ᠮᠣᠩᠭᠤᠯ ︽ᠢᠳᠡᠭᠡᠨ ᠪᠠ ᠡᠮ ᠤᠨ ᠵᠦᠢᠯ ᠠᠮᠤᠷ ᠲᠦᠪᠰᠢᠨ ᠪᠠᠶᠢᠬᠤ ᠥᠪᠥᠷ ᠮᠣᠩᠭᠤᠯ︾᠎ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦ ᠪᠠᠷ ᠢᠶᠠᠨ ᠠᠬᠢᠭᠤᠯᠵᠤ ᠪᠤᠢ
ᠨᠡᠶᠢᠲᠡᠯᠡᠭᠰᠡᠨ ᠴᠠᠭ᠄
2017/2/22
     ᠡᠨᠡ ᠵᠢᠯ ᠮᠠᠨ ᠤ ᠣᠷᠣᠨ︽ᠢᠳᠡᠭᠡᠨ ᠪᠠ ᠡᠮ ᠤᠨ ᠵᠦᠢᠯ ᠠᠮᠤᠷ ᠲᠦᠪᠰᠢᠨ ᠪᠠᠶᠢᠬᠤ ᠥᠪᠥᠷ ᠮᠣᠩᠭᠤᠯ︾᠎ ᠤᠨ ᠪᠦᠲᠦᠭᠡᠨ ᠪᠠᠶᠢᠭᠤᠯᠤᠯᠲᠠ ᠶᠢᠨ ᠱᠠᠳᠤ ᠦᠶ᠎ᠡ ᠶᠢᠨ ᠴᠢᠨᠠᠷᠲᠠᠶ ᠬᠠᠷᠠᠯᠲᠠᠲᠤ ᠡᠭᠦᠷᠭᠡ ᠶᠢ ᠬᠦᠴᠦᠯᠡᠨ ᠪᠡᠶᠡᠯᠡᠭᠦᠯᠬᠦ ᠪᠠᠷ ᠪᠠᠶᠢᠨ᠎ᠠ᠃ ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠳᠠ᠂ ᠲᠣᠭᠤᠷᠢᠭ︶ ︽ᠢᠳᠡᠭᠡᠨ ᠪᠠ ᠡᠮ ᠤᠨ ᠵᠦᠢᠯ ᠠᠮᠤᠷ ᠲᠦᠪᠰᠢᠨ ᠪᠠᠶᠢᠬᠤ ᠥᠪᠥᠷ ᠮᠣᠩᠭᠤᠯ︾᠎ ᠢ ᠲᠤᠰ ᠭᠠᠵᠠᠷ ᠣᠷᠣᠨ ᠤ 2017 ᠣᠨ ᠤ ᠴᠢᠬᠤᠯᠠ ᠲᠣᠮᠣ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠳᠤ ᠣᠷᠣᠭᠤᠯᠵᠤ᠂ ᠪᠦᠳᠦᠭᠡᠨ ᠪᠠᠶᠢᠭᠤᠯᠤᠯᠲᠠ ᠶᠢᠨ ᠠᠵᠢᠯ ᠳᠤ ᠬᠡᠷᠡᠭᠰᠡᠬᠦ ᠬᠥᠮᠦᠨ ᠤ ᠬᠦᠴᠦ᠂ ᠪᠣᠳᠠᠰ ᠤᠨ ᠬᠦᠴᠦ᠂ ᠡᠳ᠋ ᠤᠨ ᠬᠦᠴᠦ ᠶᠢ ᠭᠦᠢᠴᠡᠳ ᠪᠠᠲᠤᠯᠠᠨ᠎ᠠ᠃ ᠨᠢᠭᠡ ᠳᠤ 2017 ᠣᠨ  ᠤ ᠢᠳᠡᠭᠡᠨ ᠪᠠ ᠡᠮ ᠤᠨ ᠵᠦᠢᠯ ᠤᠨ ᠠᠮᠤᠷ ᠲᠥᠪᠰᠢᠨ ᠤ ᠬᠢᠨᠠᠯᠲᠠ ᠬᠠᠮᠢᠶᠠᠷᠤᠯᠲᠠ ᠶᠢᠨ ᠵᠠᠷᠤᠳᠠᠯ ᠤᠨ ᠲᠥᠰᠦᠪ ᠤᠨ ᠵᠠᠷᠤᠯᠭ᠎ᠠ ᠶᠢ ᠪᠠᠲᠤᠯᠠᠨ᠎ᠠ᠄ ᠨᠢᠳᠤᠨᠤᠨ ᠬᠥᠮᠦᠨ ᠪᠦᠷᠢ ᠎ ᠶᠢᠨ ᠳᠤᠮᠳᠠᠴᠢ ᠬᠢᠨᠠᠨ ᠬᠠᠮᠢᠶᠠᠷᠬᠤ ᠵᠠᠷᠤᠳᠠᠯ ᠨᠢ15 ᠲᠥᠭᠦᠷᠢᠭ ᠬᠦᠷᠬᠦ ᠦᠭᠡᠢ ᠪᠠᠶᠢᠭᠰᠠᠨ ᠵᠢᠴᠢ ᠦᠨᠳᠦᠰᠦᠨ ᠱᠠᠲᠤᠨ ᠤ ᠬᠢᠨᠠᠯᠲᠠ ᠬᠠᠮᠢᠶᠠᠷᠤᠯᠲᠠ ᠶᠢᠨ ᠭᠠᠵᠠᠷ ᠤᠨ ᠪᠠᠷᠢᠮᠵᠢᠶᠠᠵᠢᠭᠤᠯᠤᠭᠰᠠᠨ ᠪᠠᠶᠢᠭᠤᠯᠤᠯᠲᠠ ᠶᠢ ᠪᠡᠶᠡᠯᠡᠭᠦᠯᠦᠭᠡᠳᠦᠢ ᠠᠶᠢᠮᠠᠭ ᠬᠤᠳᠠ᠂ ᠬᠤᠰᠢᠭᠤ ᠰᠢᠶᠠᠨ ︵ᠬᠤᠳᠠ᠂ ᠲᠣᠭᠤᠷᠢᠭ︶᠂ ᠡᠨᠡ ᠵᠢᠯ ᠡᠷᠬᠡᠪᠰᠢ ᠡᠳ᠋ ᠤᠨ ᠵᠠᠰᠠᠭ ᠤᠨ ᠵᠠᠷᠤᠳᠠᠯ ᠤᠨ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠤᠨ᠎ᠠ᠃ ᠬᠤᠶᠠᠷ ᠲᠤ ᠢᠳᠡᠭᠡᠨ ᠪᠣᠯᠪᠠᠰᠤᠷᠠᠭᠤᠯᠬᠤ ᠬᠦᠷᠢᠶᠡᠯᠡᠩ ᠲᠣᠭᠤᠷᠢᠭ ᠪᠣᠯᠤᠨ ᠶᠡᠷᠦᠩᠬᠡᠶᠢᠯᠡᠭᠰᠡᠨ ᠬᠡᠯᠪᠡᠷᠢ ᠶᠢᠨ ᠬᠥᠳᠡᠭᠡ ᠠᠵᠤ ᠠᠬᠤᠶ  ᠶᠢᠨ ᠠᠷᠠᠯᠵᠢᠶᠠᠨ ᠤ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠤᠨ᠎ᠠ᠄ ᠨᠢᠳᠤᠨᠤᠨ ᠢᠳᠡᠭᠡᠨ ᠪᠣᠯᠪᠠᠰᠤᠷᠠᠭᠤᠯᠬᠤ ᠬᠦᠷᠢᠶᠡᠯᠡᠩ ᠲᠣᠭᠤᠷᠢᠭ ᠪᠣᠯᠤᠨ ᠶᠡᠷᠦᠩᠬᠡᠶᠢᠯᠡᠭᠰᠡᠨ ᠬᠡᠯᠪᠡᠷᠢ ᠶᠢᠨ ᠬᠥᠳᠡᠭᠡ ᠠᠵᠤ ᠠᠬᠤᠶ ᠶᠢᠨ ᠠᠷᠠᠯᠵᠢᠶᠠᠨ ᠤ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠶᠢ ᠬᠤᠭᠤᠴᠠᠭ᠎ᠠ ᠶᠣᠰᠣᠭᠠᠷ ᠪᠡᠶᠡᠯᠡᠭᠦᠯᠦᠭᠡᠳᠦᠢ ᠬᠤᠰᠢᠭᠤ ᠰᠢᠶᠠᠨ ︵ᠬᠤᠳᠠ᠂ ᠲᠣᠭᠤᠷᠢᠭ︶᠎ ᠳᠤ ᠰᠢᠮᠳᠠᠭᠤᠯᠤᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ᠎ᠠ᠃ ᠭᠤᠷᠪᠠ ᠳᠤ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠳᠠ ᠶᠢᠨ ᠪᠦᠳᠦᠭᠡᠨ ᠪᠠᠶᠢᠭᠤᠯᠤᠯᠲᠠ ᠶᠢ ᠱᠠᠯᠠᠪᠬᠠᠨ ᠳᠥᠯᠭᠢᠨ ᠠᠬᠢᠭᠤᠯᠤᠨ᠎ᠠ᠄ ᠬᠥᠬᠡᠬᠤᠲᠠ᠂ ᠤᠯᠠᠭᠠᠨᠴᠠᠪ ᠬᠤᠲᠠ ᠶᠢᠨ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠳᠠ ᠶᠢᠨ ᠬᠤᠭᠤᠴᠠᠭᠠᠨ ᠳᠤᠮᠳᠠ ᠰᠢᠯᠭᠠᠨ ᠠᠪᠬᠤ ᠶᠢ ᠪᠡᠶᠡᠯᠡᠭᠦᠯᠵᠦ᠂ ᠴᠡᠭ ᠢᠶᠠᠷ ᠪᠦᠬᠦ ᠲᠠᠯ᠎ᠠ ᠶᠢ ᠳᠠᠶᠢᠴᠢᠯᠠᠵᠤ᠂ ᠪᠦᠬᠦ ᠣᠷᠣᠨ  ᠤ ᠢᠳᠡᠭᠡᠨ ᠪᠠ ᠡᠮ ᠤᠨ ᠵᠦᠢᠯ ᠤᠨ ᠠᠮᠤᠷ ᠲᠥᠪᠰᠢᠨ ᠤ ᠬᠢᠷᠢ ᠬᠡᠮᠵᠢᠶ᠎ᠡ ᠶᠢ ᠪᠦᠬᠦᠯᠢ ᠴᠣᠭᠴᠠ ᠪᠠᠷ ᠨᠢ ᠳᠡᠭᠡᠭᠰᠢᠯᠡᠭᠦᠯᠦᠨ᠎ᠡ᠃ ᠣᠶᠢᠯᠠᠭᠠᠭᠰᠠᠨ ᠢᠶᠠᠷ᠂ ᠡᠨᠡ ᠵᠢᠯ᠂ ᠮᠠᠨ ᠤ ᠣᠷᠣᠨ ᠪᠠᠰᠠ ᠢᠳᠡᠭᠡᠨ ᠪᠠ ᠡᠮ ᠤᠨ ᠵᠦᠢᠯ ᠤᠨ ᠠᠮᠤᠷ ᠲᠥᠪᠰᠢᠨ ᠤ ᠦᠯᠢᠭᠡᠷ ᠠᠪᠴᠤ ᠪᠠᠶᠢᠴᠠᠭᠠᠬᠤ ᠬᠢᠨᠠᠨ ᠬᠡᠮᠵᠢᠬᠦ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠵᠦ᠂ ᠪᠦᠬᠦ ᠣᠷᠣᠨ ᠤ ᠬᠡᠪᠴᠢᠶᠡᠨ ᠲᠤᠲᠤᠷᠠᠬᠢ ᠢᠳᠡᠭᠡᠨ ᠤ ᠵᠦᠢᠯ ᠦᠢᠯᠡᠳᠪᠦᠷᠢᠯᠡᠬᠦ ᠠᠵᠤ ᠠᠬᠤᠶᠢᠯᠠᠯ ᠤᠳ ᠢ ᠰᠤᠭᠤᠴᠠᠨ ᠪᠠᠶᠢᠴᠠᠭᠠᠬᠤ ᠶᠢ ᠪᠦᠷᠢᠨ ᠪᠦᠷᠬᠦᠭᠦᠯᠬᠦ ᠶᠢ ᠪᠡᠶᠡᠯᠡᠭᠦᠯᠦᠨ᠂ ᠦᠢᠯᠡᠳᠪᠦᠷᠢᠯᠡᠬᠦ᠂ ᠡᠵᠡᠩᠨᠡᠬᠦ᠂ ᠬᠡᠷᠡᠭᠯᠡᠭᠡ᠂ ᠬᠡᠷᠡᠭᠯᠡᠬᠦ ᠵᠡᠷᠭᠡ ᠡᠯ᠎ᠡ ᠵᠠᠩᠭᠢᠯᠠᠭ᠎ᠠ ᠳᠤ ᠪᠦᠷᠢᠨ ᠪᠦᠷᠬᠦᠭᠦᠯᠵᠦ᠂ ᠡᠯ᠎ᠡ ᠲᠥᠷᠥᠯ  ᠤᠨ ᠡᠵᠡᠩᠨᠡᠯᠲᠡ ᠶᠢᠨ ᠪᠠᠶᠢᠳᠠᠯ ᠳᠤ ᠨᠡᠶᠢᠳᠡᠮ ᠪᠦᠷᠬᠦᠭᠦᠯᠵᠦ᠂ ᠬᠤᠲᠠ ᠬᠥᠳᠡᠭᠡ᠂ ᠬᠥᠳᠡᠭᠡ ᠲᠣᠰᠬᠤᠨ ᠎ ᠳᠤ ᠪᠦᠷᠢᠨ ᠪᠦᠷᠬᠦᠭᠦᠯᠦᠨ᠎ᠡ᠃ ᠰᠤᠷᠭᠠᠭᠤᠯᠢ ᠪᠣᠯᠣᠨ ᠬᠡᠦᠬᠡᠳ ᠤᠨ ᠴᠡᠴᠡᠷᠯᠢᠭ ᠤᠨ ᠬᠤᠭᠤᠯᠠᠨ ᠭᠡᠷ᠂ ᠬᠥᠳᠡᠭᠡ ᠲᠣᠰᠬᠤᠨ ᠤ ᠬᠠᠮᠲᠤ ᠪᠠᠷ ᠬᠤᠭᠤᠯᠠᠯᠠᠬᠤ᠂ ᠵᠢᠭᠤᠯᠴᠢᠯᠠᠯ ᠤᠨ ᠦᠵᠡᠮᠵᠢᠲᠦ ᠣᠷᠣᠨ ᠵᠢᠴᠢ ᠡᠷᠭᠢᠨ ᠲᠣᠭᠤᠷᠢᠨ᠂ ᠪᠠᠷᠢᠯᠭ᠎ᠠ ᠶᠢᠨ ᠭᠠᠵᠠᠷ ᠤᠨ ᠬᠤᠭᠤᠯᠠᠨ ᠭᠡᠷ ᠢ ᠶᠡᠷᠦᠩᠬᠡᠶᠢᠯᠡᠨ ᠵᠠᠰᠠᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠬᠦ ᠶᠢᠨ ᠬᠠᠮᠲᠤ ᠴᠢᠩᠭᠠᠳᠬᠠᠨ᠎ᠠ᠃  
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号