ᠥᠪᠥᠷ ᠮᠣᠩᠭᠤᠯ ᠤᠨ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠡᠨᠡ ᠵᠢᠯ ᠪᠠᠰᠠ ᠨᠡᠮᠡᠭᠳᠡᠬᠦ ᠪᠤᠯᠤᠨ᠎ᠠ
ᠨᠡᠶᠢᠲᠡᠯᠡᠭᠰᠡᠨ ᠴᠠᠭ᠄
2017/2/22
     ᠡᠨᠡ ᠵᠢᠯ᠂ ᠥᠪᠥᠷ ᠮᠣᠩᠭᠤᠯ ᠪᠠᠷᠤᠭ 8% ᠪᠠ 13%᠎ ᠶᠢᠨ ᠨᠡᠮᠡᠭᠳᠡᠯ ᠤᠨ ᠬᠠᠷᠢᠴᠠᠯ ᠢᠶᠠᠷ ᠬᠤᠳᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ᠎ᠡ᠃      ᠤᠳᠤᠬᠠᠨ᠂ ᠪᠦᠬᠦ ᠣᠷᠣᠨ ᠳᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠲᠠᠢ᠂ ᠣᠨᠴᠠ ᠬᠦᠴᠢᠷᠳᠡᠯᠲᠡᠶ ᠬᠥᠮᠦᠰ᠂ ᠥᠨᠥᠴᠢᠨ ᠵᠡᠮᠳᠡᠭ ᠬᠡᠦᠬᠡᠳ ᠵᠡᠷᠭᠡ ᠪᠠᠶᠢᠩᠭᠤ ᠶᠢᠨ ᠴᠢᠨᠠᠷᠲᠠᠶ ᠲᠡᠩᠬᠡᠷᠡᠭᠦᠯᠦᠨ ᠲᠤᠰᠠᠯᠠᠬᠤ ᠴᠢᠬᠤᠯᠠᠲᠠᠶ ᠬᠦᠴᠢᠷᠳᠡᠯᠲᠡᠶ ᠬᠦᠮᠦᠰ 176.1 ᠲᠦᠮᠡᠨ ᠬᠥᠮᠦᠨ ᠪᠠᠶᠢᠵᠤ᠂ ᠪᠠᠴᠢᠮ ᠪᠠᠶᠢᠳᠠᠯ ᠢ ᠠᠷᠭᠠᠴᠠᠵᠤ ᠲᠡᠩᠬᠡᠷᠡᠭᠦᠯᠦᠨ ᠲᠤᠰᠠᠯᠠᠬᠤ᠂ ᠠᠰᠠᠷᠠᠨ ᠬᠠᠷᠠᠭᠠᠯᠵᠠᠬᠤ ᠣᠨᠴᠣᠭᠤᠶ ᠬᠦᠴᠢᠷᠳᠡᠯᠲᠡᠶ ᠬᠦᠮᠦᠰ 7.56 ᠲᠦᠮᠡᠨ ᠬᠥᠮᠦᠨ ᠪᠠᠶᠢᠨ᠎ᠠ᠃ ᠭᠠᠮᠰᠢᠭ ᠠᠴᠠ ᠪᠤᠯᠵᠤ ᠲᠡᠩᠬᠡᠷᠡᠭᠦᠯᠦᠨ ᠲᠤᠰᠠᠯᠠᠬᠤ  ᠴᠢᠬᠤᠯᠠᠲᠠᠢ ᠤᠯᠠᠨ ᠲᠦᠮᠡᠨ ᠵᠢᠯ ᠪᠦᠷᠢ ᠳᠤᠮᠳᠠᠴᠢ ᠪᠠᠷ ᠪᠠᠷᠤᠭ 260 ᠭᠠᠷᠤᠶ ᠲᠦᠮᠡ ᠪᠠᠶᠢᠨ᠎ᠠ᠃ ᠡᠨᠡ ᠵᠢᠯ᠂ ᠥᠪᠥᠷ ᠮᠣᠩᠭᠤᠯ ︽ᠨᠡᠮᠡᠭᠳᠡᠭᠦᠯᠬᠦ ᠠᠴᠠ ᠪᠢᠰᠢ ᠬᠠᠰᠤᠭᠳᠠᠭᠤᠯᠬᠤ ᠦᠭᠡᠢ᠂ ᠲᠣᠭᠲᠠᠭᠤᠨ ᠢᠶᠠᠷ ᠳᠡᠭᠡᠭᠰᠢᠯᠡᠭᠦᠯᠬᠦ︾ ᠵᠠᠷᠴᠢᠮ ᠶᠤᠰᠤᠭᠠᠷ᠂ ᠬᠦᠴᠢᠷᠳᠡᠯ ᠲᠠᠢ ᠤᠯᠠᠨ ᠲᠦᠮᠡᠨ ᠢ ᠲᠡᠩᠬᠡᠷᠡᠭᠦᠯᠦᠨ ᠲᠤᠰᠠᠯᠠᠬᠤ ᠪᠠᠲᠤᠯᠠᠭ᠎ᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ᠎ᠡ᠃ 6% ᠪᠠ 9%᠎ ᠶᠢᠨ ᠨᠡᠮᠡᠭᠳᠡᠯ ᠤᠨ ᠬᠠᠷᠢᠴᠠᠯ ᠢᠶᠠᠷ ᠮᠠᠯᠵᠢᠬᠤ ᠲᠠᠷᠢᠶᠠᠯᠠᠬᠤ ᠣᠷᠣᠨ ᠤ ᠣᠨᠴᠠ ᠬᠦᠴᠢᠷᠳᠡᠯᠲᠡᠶ ᠬᠦᠮᠦᠰ ᠢ ᠲᠥᠪᠯᠡᠷᠡᠭᠦᠯᠬᠦ ᠪᠠ ᠲᠠᠷᠠᠬᠠᠢ ᠠᠰᠠᠷᠠᠨ ᠲᠡᠵᠢᠭᠡᠬᠦ ᠪᠠᠷᠢᠮᠵᠢᠶ᠎ᠠ ᠶᠢ ᠳᠡᠭᠡᠭᠰᠢᠯᠡᠭᠦᠯᠵᠦ᠂ 8%᠎ ᠶᠢᠨ ᠨᠡᠮᠡᠭᠳᠡᠯ ᠤᠨ ᠬᠠᠷᠢᠴᠠᠯ ᠢᠶᠠᠷ ᠥᠨᠥᠴᠢᠨ ᠬᠡᠦᠬᠡᠳ ᠤᠨ ᠪᠠᠲᠤᠯᠠᠭ᠎ᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ᠎ᠡ᠃ ᠡᠭᠦᠨ ᠤ ᠵᠡᠷᠭᠡᠴᠡᠭᠡᠪᠡᠷ ᠪᠠᠰᠠ ᠬᠤᠳᠠ ᠶᠢᠨ ᠣᠨᠴᠠ ᠬᠦᠴᠢᠷᠳᠡᠯ ᠲᠠᠢ ᠬᠥᠮᠦᠰ᠂ ᠬᠦᠴᠢᠷᠳᠡᠯᠲᠡᠶ ᠵᠡᠮᠳᠡᠭᠴᠦᠳ ᠪᠠ ᠬᠦᠨᠳᠦ ᠵᠡᠮᠳᠡᠭ ᠬᠦᠮᠦᠰ ᠵᠡᠷᠭᠡ ᠬᠦᠴᠢᠷᠳᠡᠯᠲᠡᠶ ᠤᠯᠠᠨ ᠲᠦᠮᠡᠨ ᠢ ᠠᠪᠤᠷᠠᠨ ᠲᠤᠰᠠᠯᠠᠬᠤ ᠪᠠᠲᠤᠯᠠᠭ᠎ᠠ ᠶᠢᠨ ᠪᠠᠷᠢᠮᠵᠢᠶ᠎ᠠ ᠶᠢ ᠵᠣᠬᠢᠰᠲᠠᠶ ᠪᠠᠷ ᠳᠡᠭᠡᠭᠰᠢᠯᠡᠭᠦᠯᠦᠨ᠎ᠡ᠃ ᠨᠥᠬᠦᠴᠡᠯ ᠳᠤ ᠨᠡᠶᠢᠴᠡᠬᠦ ᠪᠣᠶ ᠪᠥᠬᠦᠶ ᠳᠠᠩᠰᠠ ᠡᠪᠬᠡᠮᠡᠯ ᠪᠠᠶᠢᠭᠤᠯᠤᠨ ᠺᠠᠷᠲ ᠠᠪᠤᠭᠰᠠᠨ ᠶᠠᠳᠠᠭᠤ ᠬᠦᠴᠢᠷᠳᠡᠯ ᠲᠠᠢ ᠬᠥᠮᠦᠨ ᠠᠮᠠ ᠶᠢᠨ ᠪᠠᠲᠤᠯᠠᠬᠤ ᠶᠣᠰᠣᠲᠠᠶ ᠶᠢ ᠨᠢ ᠴᠥᠮ ᠪᠠᠲᠤᠯᠠᠬᠤ ᠶᠢ ᠦᠨᠡᠨ ᠬᠦ ᠪᠠᠲᠤᠯᠠᠨ᠎ᠠ᠃ ᠡᠭᠦᠨ ᠠᠴᠠ ᠭᠠᠳᠠᠨ᠎ᠠ᠂ ᠡᠨᠡ ᠵᠢᠯ ᠥᠪᠥᠷ ᠮᠣᠩᠭᠤᠯ ︽ᠢᠨᠲ᠋ᠧᠷ ᠰᠦᠯᠵᠢᠶ᠎ᠡ + ᠨᠠᠰᠤᠵᠢᠯ ᠤᠨ ᠠᠰᠠᠷᠠᠮᠵᠢ︾᠎ ᠶᠢᠨ ᠦᠢᠯᠡᠴᠢᠯᠡᠭᠡᠨ ᠤ ᠬᠡᠪ ᠵᠠᠭᠪᠤᠷ ᠢ ᠳᠡᠯᠭᠡᠷᠡᠭᠦᠯᠵᠦ᠂ ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠳᠤ ᠲᠦᠰᠢᠭᠯᠡᠨ ᠦᠶᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠵᠦ᠂ ᠦᠢᠯᠡᠴᠢᠯᠡᠭᠡᠨ ᠤ ᠠᠬᠤᠯᠬᠤᠨ ᠢ ᠭᠦᠨᠵᠡᠭᠡᠶᠢᠷᠡᠭᠦᠯᠬᠦ ᠶᠢᠨ ᠬᠠᠮᠲᠤ ᠥᠨᠳᠥᠷ ᠨᠠᠰᠤᠨ ᠤ ᠨᠦᠬᠦᠪᠦᠷᠢ ᠶᠢᠨ ᠲᠦᠭᠡᠮᠡᠯ ᠬᠠᠷᠠᠭᠠᠯᠵᠠᠯ ᠤᠨ ᠳᠦᠷᠢᠮ ᠢ ᠬᠡᠷᠡᠭᠵᠢᠭᠦᠯᠵᠦ᠂ 60 ᠨᠠᠰᠤᠨ ᠠᠴᠠ ᠳᠡᠭᠡᠭᠰᠢᠬᠢ ᠨᠠᠰᠤᠲᠠᠨ ᠤ ᠰᠠᠨᠠᠭᠠᠨ ᠳᠤ ᠦᠭᠡᠢ ᠭᠡᠮᠲᠦᠯ ᠤᠨ ᠳᠠᠭᠠᠳᠬᠠᠯ ᠤᠨ ᠲᠣᠭᠲᠠᠴᠠ ᠶᠢ ᠪᠠᠶᠢᠭᠤᠯᠤᠨ᠎ᠠ᠃      ᠣᠶᠢᠯᠠᠭᠠᠭᠰᠠᠨ ᠢᠶᠠᠷ᠂ 2016 ᠣᠨ ᠳᠤ ᠪᠥᠬᠦ ᠣᠷᠣᠨ ᠤ ᠠᠷᠠᠳ ᠤᠨ ᠶᠠᠪᠤᠳᠠᠯ ᠤᠨ ᠰᠢᠰᠲ᠋ᠧᠮ ᠤᠳ ᠠᠷᠠᠳ ᠤᠨ ᠠᠮᠢᠳᠤᠷᠠᠯ ᠢ ᠦᠨᠡᠨ ᠬᠦ ᠪᠠᠲᠤᠯᠠᠨ ᠰᠠᠶᠢᠵᠢᠷᠠᠭᠤᠯᠵᠤ᠂ ᠡᠯ᠎ᠡ ᠵᠦᠢᠯ ᠤᠨ ᠠᠷᠠᠳ ᠤᠨ ᠶᠠᠪᠤᠳᠠᠯ ᠤᠨ ᠦᠢᠯᠡᠰ ᠢ ᠪᠦᠬᠦ ᠴᠤᠭᠴᠠ ᠪᠠᠷ ᠨᠢ ᠠᠬᠢᠭᠤᠯᠵᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠬᠢᠷᠢ ᠲᠦᠪᠰᠢᠨ ᠶᠢ ᠲᠣᠭᠲᠠᠭᠤᠨ ᠢᠶᠠᠷ ᠳᠡᠭᠡᠭᠰᠢᠯᠡᠭᠦᠯᠵᠦ᠂ ᠪᠠᠲᠤᠯᠠᠭ᠎ᠠ ᠶᠢᠨ ᠬᠠᠮᠤᠷᠬᠤ ᠬᠦᠷᠢᠶ᠎ᠡ ᠬᠡᠪᠴᠢᠶ᠎ᠡ ᠶᠢ ᠤᠯᠠᠮ ᠨᠢᠭᠡ ᠠᠯᠬᠤᠮ ᠦᠷᠭᠡᠳᠬᠡᠵᠦ᠂ ᠡᠯ᠎ᠡ ᠱᠠᠲᠤᠨ ᠤ ᠡᠳ᠋ ᠤᠨ ᠵᠠᠰᠠᠭ ᠤᠨ ᠠᠷᠠᠳ ᠤᠨ ᠠᠮᠢᠳᠤᠷᠠᠯ ᠤᠨ ᠵᠠᠷᠤᠯᠭ᠎ᠠ ᠶᠢ 2979 ᠳ᠋ᠦᠩᠰᠢᠭᠤᠷ ᠲᠥᠭᠦᠷᠢᠭ ᠲᠤ ᠬᠦᠷᠦᠭᠦᠯᠵᠦ᠂ ᠡᠩ ᠤᠨ ᠤᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠶᠢᠨ 65.8%᠎ ᠶᠢ ᠡᠵᠡᠯᠡᠭᠦᠯᠵᠦ᠂ ᠬᠦᠴᠢᠷᠳᠡᠯ ᠲᠠᠢ ᠣᠯᠠᠨ ᠲᠦᠮᠡᠨ ᠤ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢᠨ ᠬᠢᠷᠢ ᠬᠡᠮᠵᠢᠶ᠎ᠡ ᠶᠢ ᠢᠮᠠᠭᠲᠠ ᠪᠦᠬᠦ ᠤᠯᠤᠰ ᠤᠨ ᠡᠮᠦᠨ᠎ᠡ ᠡᠩᠨᠡᠭᠡᠨ ᠳᠤ ᠪᠠᠶᠢᠯᠭᠠᠨ᠎ᠠ᠃ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠪᠦᠬᠦ ᠣᠷᠣᠨ ᠤ ᠨᠠᠰᠤᠵᠢᠯ ᠤᠨ ᠠᠰᠠᠷᠠᠮᠵᠢ ᠶᠢᠨ ᠡᠪᠡᠳᠴᠢᠲᠡᠨ ᠤ ᠣᠷᠣ 24.2 ᠲᠦᠮᠡ ᠳᠤ ᠬᠦᠷᠦᠭᠦᠯᠵᠦ᠂ ᠪᠦᠬᠦ ᠣᠷᠣᠨ ᠤ ᠮᠢᠩᠭᠠᠨ ᠨᠠᠰᠤᠲᠠᠨ ᠪᠦᠷᠢ ᠳᠤ ᠨᠤᠭᠳᠠᠬᠤ ᠡᠪᠡᠳᠴᠢᠲᠡᠨ ᠤ ᠣᠷᠣ ᠶᠢᠨ ᠲᠤᠭ᠎ᠠ ᠶᠢ ᠪᠦᠬᠦ ᠤᠯᠤᠰ ᠲᠤ ᠲᠡᠷᠢᠭᠦᠯᠡᠬᠦ ᠬᠢᠷᠢ ᠬᠡᠮᠵᠢᠶᠡᠨ ᠳᠤ ᠬᠦᠷᠦᠭᠦᠯᠦᠨ᠎ᠡ᠃ ᠬᠤᠲᠠ ᠬᠦᠳᠡᠭᠡ ᠶᠢᠨ ᠵᠠᠰᠠᠬᠤ ᠰᠢᠰᠲ᠋ᠧᠮ ᠢ ᠲᠠᠰᠤᠷᠠᠯᠲᠠ ᠦᠭᠡᠢ ᠪᠦᠷᠢᠨᠰᠢᠭᠦᠯᠵᠦ᠂ ᠭᠠᠴᠠᠭᠠᠨ ᠤ ᠠᠷᠠᠳ ᠤᠨ ᠳᠤᠭᠤᠶᠢᠯᠠᠩ ᠪᠤᠶᠤ ᠪᠠᠶᠢᠭᠠᠯᠢᠯᠢᠭ ᠲᠤᠰᠬᠤᠨ ᠢᠶᠠᠷ ᠦᠨᠳᠦᠰᠦᠨ ᠨᠢᠭᠡᠴᠡ ᠪᠤᠯᠭᠠᠭᠰᠠᠨ ᠭᠠᠴᠠᠭᠠᠨ ᠤ ᠠᠷᠠᠳ ᠤᠨ ᠦᠪᠡᠷᠲᠡᠭᠡᠨ ᠵᠠᠰᠠᠬᠤ ᠲᠤᠷᠰᠢᠯᠲᠠ ᠬᠢᠵᠦ᠂ ᠨᠡᠶᠢᠭᠡᠮ ᠲᠣᠭᠤᠷᠢᠭ ᠤᠨ ᠵᠦᠪᠯᠡᠬᠦ ᠪᠠ ᠳᠠᠷᠤᠭᠠᠰᠤ ᠶᠢ ᠬᠦᠩᠭᠡᠯᠡᠨ ᠦᠷ᠎ᠡ ᠠᠰᠢᠭ ᠢ ᠨᠡᠮᠡᠭᠳᠡᠭᠦᠯᠬᠦ ᠶᠢ ᠭᠦᠨᠵᠡᠭᠡᠢ ᠲᠦᠯᠬᠢᠨ ᠠᠬᠢᠭᠤᠯᠵᠤ᠂ ᠪᠦᠬᠦ ᠣᠷᠣᠨ ᠤ ᠬᠤᠲᠠ ᠪᠠᠯᠭᠠᠰᠤᠨ ᠤ ᠨᠡᠶᠢᠭᠡᠮ ᠤᠨ ᠠᠵᠢᠯᠯᠠᠭ᠎ᠠ ᠪᠣᠯᠤᠨ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠪᠡᠯᠡᠳᠬᠡᠮᠵᠢ ᠶᠢᠨ ᠪᠠᠷᠢᠮᠵᠢᠶ᠎ᠠ ᠳᠤ ᠬᠥᠷᠬᠦ ᠨᠣᠷᠮ᠎ᠠ ᠶᠢ 94.8%᠎ ᠳᠤ ᠬᠦᠷᠦᠭᠦᠯᠵᠦ᠂ ᠣᠯᠠᠨ ᠲᠦᠮᠡᠨ ᠳᠤ ᠦᠢᠯᠡᠴᠢᠯᠡᠬᠦ ︽ᠬᠠᠮᠤᠭ ᠡᠴᠦᠰ ᠤᠨ ᠨᠢᠭᠡ ᠺᠢᠯᠣᠮᠧᠲᠷ︾᠎ ᠢ ᠦᠨᠡᠨ ᠬᠦ ᠨᠡᠪᠲᠡᠷᠡᠭᠦᠯᠦᠨ᠎ᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号