ᠦᠪᠦᠷ ᠵᠠᠰᠠᠭ ᠠᠯᠪᠠᠨ ᠲᠠᠷᠬᠠᠭᠠᠭᠰᠠᠨ ﹇2016﹈ 122 ᠳ᠋ᠤᠭᠠᠷ ᠲᠤᠭᠠᠳᠤ | 2016 ᠤᠨ ᠤ 9 ᠳ᠋ᠤᠬᠡᠷ ᠰᠠᠷ᠎ᠠ ᠶᠢᠨ 9 ᠤ ᠡᠳᠦᠷ | ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠤᠷᠳᠤᠨ᠂ ᠦᠪᠡᠷᠳᠡᠬᠡᠨ ᠵᠠᠰᠠᠬᠤ ᠤᠷᠤᠨ ᠤ | ᠡᠯ᠎ᠡ ᠵᠦᠪᠯᠡᠯ᠂ ᠠᠯᠪᠠᠨ ᠬᠡᠷ᠂ ᠲᠢᠩᠬᠢᠮ᠂ ᠲᠤᠪᠴᠢᠶ᠎ᠡ᠂ ᠡᠯ᠎ᠡ ᠲᠤᠮᠤ ᠠᠵᠦ ᠠᠬᠤᠶᠢᠯᠠᠯ᠂ ᠠᠵᠢᠯ ᠦᠢᠯᠡᠰ ᠤᠨ | ᠨᠢᠬᠡᠴᠡ ᠳᠤ᠄ | ︽ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠮᠤᠩᠭᠤᠯ ᠡᠮ ᠡᠮᠨᠡᠯᠬᠡ ᠬᠢᠳᠠᠳ ᠡᠮ | ᠡᠮᠨᠡᠯᠬᠡ ᠶᠢᠨ ᠡᠷᠡᠭᠦᠯ ᠮᠡᠨᠳᠦ ᠶᠢᠨ ᠦᠢᠯᠡᠴᠢᠯᠡᠭᠡ ᠶᠢᠨ ᠭᠦᠭᠵᠢᠯᠳᠡ ᠶᠢᠨ ᠲᠦᠯᠦᠪᠵᠢᠭᠦᠯᠬᠡ ︵2016 — | 2020 ᠤᠨ︶︾ ᠶᠢ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠢᠶᠠᠷ | ᠵᠦᠪᠰᠢᠶᠡᠷᠡᠭᠦᠯᠦᠬᠡᠳ᠂ ᠡᠳᠦᠬᠡ ᠲᠠᠨᠠᠷ ᠲᠤ ᠲᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠢ ᠲᠤᠤᠱᠯᠠᠭᠤᠯᠤᠨ | ᠬᠡᠷᠡᠭᠵᠢᠭᠦᠯᠳᠦᠬᠡᠢ᠃ | ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠮᠤᠩᠭᠤᠯ ᠡᠮ ᠡᠮᠨᠡᠯᠬᠡ ᠬᠢᠳᠠᠳ ᠡᠮ ᠡᠮᠨᠡᠯᠬᠡ ᠶᠢᠨ | ᠡᠷᠡᠭᠦᠯ ᠮᠡᠨᠳᠦ ᠶᠢᠨ ᠦᠢᠯᠡᠴᠢᠯᠡᠭᠡ ᠶᠢᠨ ᠬᠥᠭᠵᠢᠯᠲᠡ ᠶᠢᠨ ᠲᠦᠯᠦᠪᠵᠢᠭᠦᠯᠭᠡ ︵2016 —2020 ᠣᠨ︶ | | ︽ᠬᠢᠳᠠᠳ ᠡᠮ ᠡᠮᠨᠡᠯᠬᠡ ᠶᠢᠨ ᠡᠷᠡᠭᠦᠯ ᠮᠡᠨᠳᠦ ᠶᠢᠨ ᠦᠢᠯᠡᠴᠢᠯᠡᠭᠡ ᠶᠢᠨ ᠭᠦᠭᠵᠢᠯᠳᠡ ᠶᠢᠨ ᠲᠦᠯᠦᠪᠵᠢᠭᠦᠯᠬᠡ | ︵2016 — 2020 ᠤᠨ︶ ᠶᠢ ᠲᠠᠷᠤᠮᠠᠯᠯᠠᠨ ᠶᠠᠪᠤᠭᠤᠯᠬᠤ ᠲᠤᠬᠠᠢ ᠲᠦᠷᠦ ᠶᠢᠨ ᠶᠠᠪᠤᠳᠠᠯ ᠤᠨ ᠬᠤᠷᠢᠶ᠎ᠡ ᠶᠢᠨ | ᠠᠯᠪᠠᠨ ᠲᠢᠩᠬᠢᠮ ᠤᠨ ᠮᠡᠳᠡᠭᠳᠡᠯ︾ ︵ᠲᠦᠷᠦ ᠠᠯᠪᠠᠨ ᠲᠠᠷᠬᠠᠭᠠᠨᠨᠰᠠᠨ ﹇2015﹈ 32 ᠳ᠋ᠤᠭᠠᠷ ᠲᠤᠭᠠᠳᠤ︶ ᠢ | ᠲᠤᠤᠱᠯᠠᠭᠤᠯᠤᠨ ᠨᠠᠶᠢᠳᠠᠪᠤᠷᠢᠵᠢᠭᠤᠯᠵᠦ᠂ ᠮᠠᠨ ᠤ ᠤᠷᠤᠨ ᠤ ᠮᠤᠩᠭᠤᠯ ᠡᠮ ᠡᠮᠨᠡᠯᠬᠡ ᠬᠢᠳᠡᠳ ᠡᠮ ᠡᠮᠨᠡᠯᠬᠡ ᠶᠢᠨ | ᠤᠨᠴᠠᠯᠢᠭ ᠲᠠᠪᠠᠭᠤᠯᠢᠭ ᠢᠶᠠᠨ ᠭᠦᠢᠴᠡᠳ ᠪᠠᠳᠠᠷᠠᠭᠤᠯᠤᠨ᠂ ᠪᠦᠭᠦ ᠤᠷᠤᠨ ᠤ ᠮᠤᠩᠭᠤᠯ ᠡᠮ ᠡᠮᠨᠡᠯᠬᠡ ᠬᠢᠳᠡᠳ ᠡᠮ | ᠡᠮᠨᠡᠯᠬᠡ ᠶᠢᠨ ᠡᠷᠡᠭᠦᠯ ᠮᠡᠨᠳᠦ ᠶᠢᠨ ᠦᠢᠯᠡᠴᠢᠯᠡᠭᠡ ᠶᠢ ᠲᠦᠷᠬᠡᠳᠬᠡᠨ ᠭᠦᠭᠵᠢᠭᠦᠯᠵᠦ᠂ ᠡᠮ ᠡᠮᠨᠡᠯᠬᠡ ᠶᠢᠨ ᠡᠷᠡᠭᠦᠯ | ᠬᠠᠮᠠᠭᠠᠯᠠᠯ ᠤᠨ ᠪᠠᠶᠢᠭᠤᠯᠤᠯ ᠤᠨ ᠦᠬᠡᠷᠡᠴᠢᠯᠡᠯᠳᠡ ᠶᠢ ᠭᠦᠨᠵᠡᠬᠡᠶᠢᠷᠡᠭᠦᠯᠭᠦ ᠳᠤ ᠭᠦᠴᠤ ᠨᠡᠮᠡᠵᠦ᠂ ᠪᠦᠭᠦ ᠢᠷᠬᠡᠳ ᠤᠨ | ᠡᠷᠡᠭᠦᠯ ᠮᠡᠨᠳᠤ ᠶᠢᠨ ᠬᠡᠪ ᠪᠤᠯᠪᠠᠰᠤᠷᠠᠯ ᠢ ᠲᠡᠬᠡᠭᠰᠢᠯᠡᠬᠦᠯᠭᠦ ᠶᠢᠨ ᠲᠤᠰᠠᠳᠠ᠂ ᠦᠪᠡᠷᠳᠡᠬᠡᠨ ᠵᠠᠰᠠᠬᠤ ᠤᠷᠤᠨ ᠤ | ᠪᠤᠳᠠᠳᠠᠢ ᠲᠠᠢ ᠤᠶᠠᠯᠳᠤᠭᠤᠯᠤᠨ᠂ ᠲᠤᠰ ᠲᠦᠯᠦᠪᠵᠢᠭᠦᠯᠬᠡ ᠶᠢ ᠲᠤᠨᠨᠳᠠᠭᠠᠪᠠ᠃ | ᠨᠢᠬᠡ᠂ ᠶᠡᠷᠦᠩᠬᠡᠢ ᠱᠠᠭᠠᠷᠳᠠᠯᠭ᠎ᠠ | ︵ᠨᠢᠬᠡ︶ ᠵᠢᠯᠤᠭᠤᠳᠬᠤ ᠦᠵᠡᠯ ᠰᠠᠨᠠᠭ᠎ᠠ᠃ ᠳ᠋ᠧᠩ ᠰᠢᠶᠤᠤ ᠫᠢᠩ ᠤᠨ ᠤᠨᠤᠯ᠂ ︽ᠭᠤᠷᠪᠡ ᠶᠢ | ᠲᠦᠯᠦᠬᠡᠯᠡᠬᠦ︾ ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢ ᠭᠦᠭᠵᠢᠯᠳᠡ ᠶᠢᠨ ᠦᠵᠡᠯᠳᠡ ᠪᠠᠷ | ᠵᠢᠯᠤᠭᠤᠳᠤᠯᠭ᠎ᠠ ᠪᠤᠯᠭᠠᠵᠦ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠪᠤᠯᠤᠨ ᠠᠷᠪᠠᠨ ᠨᠠᠢᠮᠠᠳᠤᠭᠠᠷ | ᠬᠤᠭᠤᠴᠠᠭᠠᠨ ᠤ ᠲᠦᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ᠂ ᠲᠦᠷᠪᠡᠳᠦᠬᠡᠷ ᠪᠦᠭᠦᠳᠡ ᠬᠤᠷᠠᠯ᠂ | ᠲᠠᠪᠤᠳᠤᠭᠠᠷ ᠪᠦᠭᠦᠳᠡ ᠬᠤᠷᠠᠯ ᠤᠨ ᠵᠤᠷᠢᠭ ᠰᠠᠨᠠᠭ᠎ᠠ ᠶᠢ ᠭᠦᠨᠵᠡᠬᠡᠢ ᠲᠤᠤᠱᠯᠠᠭᠤᠯᠤᠨ᠂ ᠨᠠᠮ ᠤᠨ ᠲᠦᠪ ᠬᠤᠷᠢᠶ᠎ᠠ᠂ | ᠲᠦᠷᠦ ᠶᠢᠨ ᠶᠠᠪᠤᠳᠠᠯ ᠤᠨ ᠬᠤᠷᠢᠶ᠎ᠠ ᠪᠡ ᠦᠪᠡᠷᠳᠡᠬᠡᠨ ᠵᠠᠰᠬᠠᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ | ᠤᠷᠳᠤᠨ ᠤ ᠰᠶᠢᠳᠪᠦᠷᠢᠳᠦ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠬᠢᠨᠠᠮᠠᠭᠠᠢ ᠨᠠᠶᠢᠳᠠᠪᠤᠷᠢᠵᠢᠭᠤᠯᠵᠦ᠂ | ᠦᠬᠡᠷᠡᠴᠢᠯᠡᠯᠳᠡ ᠶᠢ ᠪᠦᠭᠦ ᠲᠠᠯ᠎ᠠ ᠪᠠᠷ ᠭᠦᠨᠵᠡᠬᠡᠶᠢᠷᠡᠭᠦᠯᠦᠨ᠂ ᠦᠢᠯᠡᠴᠢᠯᠡᠬᠡᠨ ᠤ ᠵᠬᠠᠪᠤᠷ ᠲᠤ ᠰᠢᠨ᠎ᠠ ᠶᠢ ᠡᠭᠦᠳᠴᠤ᠂ | ᠠᠷᠠᠳ ᠤᠯᠠᠨ ᠤ ᠡᠮᠴᠢᠯᠡᠭᠡ ᠡᠷᠡᠭᠦᠯ ᠬᠠᠮᠠᠭᠠᠯᠠᠯ ᠤᠨ ᠦᠨᠳᠦᠰᠦᠨ ᠦᠢᠯᠡᠴᠢᠯᠡᠭᠡ ᠶᠢ ᠦᠨᠡᠨᠬᠦ ᠪᠠᠳᠤᠯᠬᠠᠰᠠᠨ | ᠰᠠᠭᠤᠷᠢᠨ ᠲᠡᠬᠡᠷ᠎ᠡ᠂ ᠤᠯᠠᠨ ᠡᠰᠢᠳᠦ ᠪᠡᠯᠡ ᠤᠷᠤᠭᠤᠯᠤᠯᠳᠠ ᠶᠢ ᠵᠤᠷᠢᠨᠨᠵᠢᠭᠤᠯᠵᠦ᠂ ᠵᠠᠬ᠎ᠠ ᠲᠡᠯᠬᠡᠭᠦᠷ ᠢ | ᠪᠤᠶᠢᠵᠢᠭᠤᠯᠬᠤ ᠶᠢ ᠲᠦᠷᠬᠡᠳᠬᠡᠨ᠂ ᠮᠤᠩᠭᠤᠯ ᠡᠮ ᠡᠮᠨᠡᠯᠬᠡ ᠬᠢᠳᠡᠳ ᠡᠮ ᠡᠮᠨᠡᠯᠬᠡ ᠶᠢᠨ ᠦᠢᠯᠡᠴᠢᠯᠡᠬᠡᠨ ᠤ | ᠴᠢᠳᠠᠪᠤᠷᠢ ᠶᠢ ᠲᠡᠬᠡᠭᠰᠢᠯᠡᠭᠦᠯᠵᠦ᠂ ᠮᠤᠩᠭᠤᠯ ᠡᠮ ᠡᠮᠨᠡᠯᠬᠡ ᠬᠢᠳᠡᠳ ᠡᠮ ᠡᠮᠨᠡᠯᠬᠡ ᠶᠢᠨ ᠦᠢᠯᠡᠴᠢᠯᠡᠬᠡᠨ ᠤ ᠭᠦᠷᠢᠶ᠎ᠡ | ᠴᠠᠷᠠᠭ᠎ᠠ ᠶᠢ ᠦᠷᠬᠡᠳᠬᠡᠨ᠂ ᠮᠤᠩᠭᠤᠯ ᠡᠮ ᠡᠮᠨᠡᠯᠬᠡ ᠬᠢᠳᠡᠳ ᠡᠮ ᠡᠮᠨᠡᠯᠬᠡ ᠶᠢᠨ ᠦᠢᠯᠡᠴᠢᠯᠡᠬᠡᠨ ᠤ ᠲᠠᠯᠳᠠ | ᠭᠦᠴᠦᠨ ᠢ ᠪᠠᠳᠠᠷᠠᠭᠤᠯᠵᠦ᠂ ᠠᠷᠠᠳ ᠤᠯᠠᠨ ᠤ ᠮᠤᠩᠭᠤᠯ ᠡᠮ ᠡᠮᠨᠡᠯᠬᠡ ᠬᠢᠳᠡᠳ ᠡᠮ ᠡᠮᠨᠡᠯᠬᠡ ᠶᠢᠨ ᠡᠷᠡᠭᠦᠯ | ᠮᠡᠨᠳᠦ ᠶᠢᠨ ᠦᠢᠯᠡᠴᠢᠯᠡᠬᠡᠨ ᠤ ᠤᠯᠠᠨ ᠲᠠᠪᠬᠤᠷᠭᠠᠳᠤ ᠤᠯᠠᠨ ᠶᠠᠩᠵᠦ ᠶᠢᠨ ᠱᠠᠭᠠᠷᠳᠠᠯᠭ᠎ᠠ ᠶᠢ ᠲᠠᠰᠤᠷᠠᠯᠳᠠ ᠦᠬᠡᠢ | ᠬᠠᠩᠭᠠᠵᠦ᠂ ᠦᠪᠡᠷᠳᠡᠬᠡᠨ ᠵᠠᠰᠠᠬᠤ ᠤᠷᠤᠨ ᠤ ᠠᠵᠦ ᠠᠬᠤᠢ ᠨᠡᠶᠢᠬᠡᠮ ᠤᠨ ᠪᠦᠭᠦ ᠲᠠᠯ᠎ᠠ ᠶᠢᠨ ᠭᠦᠭᠵᠢᠯᠳᠡ ᠳᠤ | ᠰᠢᠨ᠎ᠠ ᠭᠦᠳᠡᠯᠬᠡᠭᠦ ᠭᠦᠴᠦᠨ ᠨᠡᠮᠡᠷᠢᠯᠡᠨ᠎ᠠ᠃ | ︵ᠬᠤᠶᠠᠷ︶ ᠦᠨᠳᠦᠰᠦᠨ ᠵᠠᠷᠴᠢᠮ᠃ | ᠰᠢᠰᠲ᠋ᠧᠮᠵᠢ ᠶᠢ ᠲᠡᠭᠦᠯᠳᠡᠷᠵᠢᠭᠦᠯᠵᠦ᠂ ᠠᠷᠠᠳ ᠤᠯᠠᠨ ᠳᠤ ᠦᠢᠯᠡᠴᠢᠯᠡᠨ᠎ᠠ᠃ ᠮᠤᠩᠭᠤᠯ ᠡᠮ ᠡᠮᠨᠡᠯᠬᠡ | ᠬᠢᠳᠡᠳ ᠡᠮ ᠡᠮᠨᠡᠯᠬᠡ ᠶᠢᠨ ᠦᠢᠯᠡᠴᠢᠯᠡᠬᠡᠨ ᠤ ᠰᠢᠰᠲ᠋ᠧᠮᠵᠢ ᠶᠢᠨ ᠪᠠᠶᠢᠭᠤᠯᠤᠯᠳᠠ ᠶᠢ ᠴᠢᠩᠭᠠᠳᠬᠠᠨ | ᠲᠡᠭᠦᠯᠳᠡᠷᠵᠢᠭᠦᠯᠵᠦ᠂ ᠮᠤᠩᠭᠤᠯ ᠡᠮᠴᠢᠯᠡᠭᠡ ᠬᠢᠳᠡᠳ ᠡᠮᠴᠢᠯᠡᠭᠡ ᠶᠢᠨ ᠤᠨᠤᠰᠢᠯᠠᠵᠦ ᠡᠮᠨᠡᠬᠦ ᠮᠡᠷᠬᠡᠵᠢᠯ ᠤᠨ ᠬᠢᠷᠢ | ᠬᠡᠮᠵᠢᠶ᠎ᠡ ᠪᠡ ᠦᠢᠯᠡᠴᠢᠯᠡᠬᠡᠨ ᠤ ᠴᠢᠳᠠᠪᠤᠷᠢ ᠶᠢ ᠲᠠᠰᠤᠷᠠᠯᠳᠠ ᠦᠬᠡᠢ ᠲᠡᠬᠡᠭᠰᠢᠯᠡᠭᠦᠯᠦᠨ᠂ ᠮᠤᠩᠭᠤᠯ ᠡᠮ ᠡᠮᠨᠡᠯᠬᠡ | ᠬᠢᠳᠡᠳ ᠡᠮ ᠡᠮᠨᠡᠯᠬᠡ ᠶᠢᠨ ᠦᠨᠳᠦᠰᠦᠨ ᠪᠡ ᠦᠨᠳᠦᠰᠦᠨ ᠪᠤᠰᠤ ᠡᠷᠡᠭᠦᠯ ᠮᠡᠨᠳᠦ ᠶᠢᠨ ᠦᠢᠯᠡᠴᠢᠯᠡᠬᠡᠨ ᠤ | ᠵᠤᠬᠢᠴᠠᠩᠭᠤᠢ ᠭᠦᠭᠵᠢᠯᠳᠡ ᠶᠢ ᠪᠡᠶᠡᠯᠡᠬᠦᠯᠵᠦ᠂ ᠪᠦᠭᠦ ᠢᠷᠬᠡᠳ ᠤᠨ ᠡᠷᠡᠭᠦᠯ ᠮᠡᠨᠳᠦ ᠶᠢᠨ ᠬᠡᠪ ᠴᠢᠨᠠᠷ ᠢ | ᠲᠡᠬᠡᠭᠰᠢᠯᠡᠭᠦᠯᠦᠨ᠎ᠠ᠃ | ᠵᠠᠰᠠᠭ ᠤᠨ ᠤᠷᠳᠤᠨ ᠭᠦᠳᠦᠯᠦᠨ ᠵᠢᠯᠤᠭᠤᠳᠴᠤ᠂ ᠵᠠᠬ᠎ᠠ ᠲᠡᠯᠬᠡᠭᠦᠷ ᠢᠶᠠᠷ ᠭᠦᠳᠡᠯᠬᠡᠭᠦᠷ ᠪᠤᠯᠭᠠᠨ᠎ᠠ᠃ | ᠲᠦᠷᠢᠮ ᠤᠨ ᠪᠠᠶᠢᠭᠤᠯᠤᠯᠳᠠ᠂ ᠵᠠᠰᠠᠭ ᠤᠨ ᠤᠷᠳᠤᠨ ᠤ ᠭᠦᠳᠦᠯᠦᠨ ᠵᠢᠯᠤᠭᠤᠳᠤᠯᠭ᠎ᠠ ᠵᠢᠴᠢ ᠲᠤᠬᠠᠶᠢᠯᠬᠠᠰᠠᠨ | ᠠᠵᠢᠯ ᠤᠨ ᠬᠢᠨᠠᠨ ᠬᠠᠮᠢᠶᠠᠷᠤᠯᠳᠠ ᠳᠠᠬᠢ ᠵᠠᠰᠠᠭ ᠤᠨ ᠤᠷᠳᠤᠨ ᠵᠢᠴᠢ ᠠᠵᠢᠯ ᠲᠦᠷᠦᠯ ᠤᠨ ᠬᠢᠨ ᠤ ᠬᠢᠨᠠᠯᠳᠠ | ᠬᠠᠮᠢᠶᠠᠷᠤᠯᠳᠠ ᠵᠡᠷᠬᠡ ᠲᠠᠯ᠎ᠠ ᠶᠢᠨ ᠡᠭᠦᠷᠬᠡ ᠬᠠᠷᠢᠭᠤᠴᠠᠯᠭ᠎ᠠ ᠪᠠᠨ ᠴᠢᠩᠭᠠᠳᠬᠠᠨ᠎ᠠ᠃ ᠡᠬᠢ ᠪᠠᠶᠠᠯᠢᠭ ᠤᠨ | ᠲᠤᠬᠢᠷᠠᠭᠤᠯᠤᠯᠳᠠ ᠳᠠᠬᠢ ᠵᠠᠬ᠎ᠠ ᠲᠡᠯᠬᠡᠭᠦᠷ ᠤᠨ ᠰᠶᠢᠳᠪᠦᠷᠢᠯᠡᠬᠦ ᠴᠢᠨᠠᠷᠳᠠᠢ ᠦᠢᠯᠡᠳᠦᠯ ᠢ ᠪᠠᠳᠠᠷᠠᠭᠤᠯᠵᠦ᠂ | ᠨᠡᠶᠢᠬᠡᠮ ᠤᠨ ᠬᠦᠴᠦᠨ ᠢ ᠲᠠᠶᠢᠴᠢᠯᠠᠨ᠂ ᠮᠤᠩᠭᠤᠯ ᠡᠮ ᠡᠮᠨᠡᠯᠬᠡ ᠬᠢᠳᠡᠳ ᠡᠮ ᠡᠮᠨᠡᠯᠬᠡ ᠶᠢᠨ ᠡᠷᠡᠭᠦᠯ ᠮᠡᠨᠳᠦ ᠶᠢᠨ | ᠦᠢᠯᠡᠴᠢᠯᠡᠬᠡᠨ ᠤ ᠬᠠᠩᠭᠠᠯᠭ᠎ᠠ ᠶᠢ ᠲᠠᠰᠤᠷᠠᠯᠳᠠ ᠦᠬᠡᠢ ᠨᠡᠮᠡᠭᠳᠡᠭᠦᠯᠵᠦ᠂ ᠦᠢᠯᠡᠴᠢᠯᠡᠬᠡᠨ ᠤ ᠶᠠᠰᠤ ᠴᠢᠨᠠᠷ ᠪᠡ ᠦᠷ᠎ᠡ | ᠪᠦᠳᠦᠮᠵᠢ ᠶᠢ ᠲᠡᠬᠡᠭᠰᠢᠯᠡᠭᠦᠯᠦᠨ᠎ᠠ᠃ | ᠤᠨᠴᠠᠯᠢᠭ ᠢᠶᠠᠨ ᠪᠠᠳᠠᠷᠠᠭᠤᠯᠤᠨ᠂ ᠭᠦᠭᠵᠢᠯᠳᠡ ᠶᠢᠨ ᠰᠢᠨ᠎ᠠ ᠶᠢ ᠡᠭᠦᠳᠦᠨ᠎ᠠ᠃ ᠮᠤᠩᠭᠤᠯ ᠡᠮ ᠡᠮᠨᠡᠯᠬᠡ | ᠬᠢᠳᠡᠳ ᠡᠮ ᠡᠮᠨᠡᠯᠬᠡ ᠶᠢᠨ ᠤᠤᠭᠠᠯ ᠰᠡᠳᠬᠢᠭᠦᠢ ᠶᠢ ᠪᠠᠷᠢᠮᠳᠠᠯᠠᠵᠦ᠂ ᠤᠨᠴᠠᠯᠢᠭ ᠲᠠᠪᠠᠭᠤᠯᠢᠭ ᠢᠶᠠᠨ ᠪᠠᠳᠠᠷᠠᠭᠤᠯᠤᠨ᠂ | ᠰᠢᠨᠵᠢᠯᠡᠬᠦ ᠤᠬᠠᠭᠠᠨ ᠮᠡᠷᠬᠡᠵᠢᠯ ᠢ ᠤᠯᠠᠷᠢᠭᠤᠯᠬᠤ ᠶᠢ ᠲᠦᠷᠬᠡᠳᠬᠡᠵᠦ᠂ ᠦᠢᠯᠡᠴᠢᠯᠡᠬᠡᠨ ᠤ ᠭᠦᠷᠢᠶ᠎ᠡ ᠬᠡᠪᠴᠢᠶ᠎ᠡ ᠪᠠᠨ | ᠦᠷᠬᠡᠳᠬᠡᠨ᠂ ᠦᠢᠯᠡᠴᠢᠯᠡᠬᠡᠨ ᠤ ᠵᠬᠠᠪᠤᠷ ᠲᠤ ᠰᠢᠨ᠎ᠠ ᠶᠢ ᠡᠭᠦᠳᠴᠤ᠂ ᠮᠤᠩᠭᠤᠯ ᠡᠮ ᠡᠮᠨᠡᠯᠬᠡ ᠬᠢᠳᠡᠳ ᠡᠮ | ᠡᠮᠨᠡᠯᠬᠡ ᠶᠢᠨ ᠡᠷᠡᠭᠦᠯ ᠮᠡᠨᠳᠦ ᠶᠢᠨ ᠦᠢᠯᠡᠴᠢᠯᠡᠬᠡᠨ ᠤ ᠦᠷᠭᠦᠯᠵᠢᠯᠡᠨ ᠭᠦᠭᠵᠢᠬᠦ ᠶᠢ ᠠᠬᠢᠭᠤᠯᠤᠨ᠎ᠠ᠃ | ︵ᠭᠤᠷᠪᠠ︶ ᠶᠡᠷᠦᠩᠬᠡᠢ ᠬᠠᠷᠠᠯᠳᠠ᠃ 2020 ᠤᠨ ᠪᠤᠯᠳᠠᠯ᠎ᠠ᠂ ᠪᠦᠭᠦ ᠤᠷᠤᠨ ᠤ ᠮᠤᠩᠭᠤᠯ ᠡᠮ ᠡᠮᠨᠡᠯᠬᠡ | ᠬᠢᠳᠡᠳ ᠡᠮ ᠡᠮᠨᠡᠯᠬᠡ ᠶᠢᠨ ᠡᠷᠡᠭᠦᠯ ᠮᠡᠨᠳᠦ ᠶᠢᠨ ᠦᠢᠯᠡᠴᠢᠯᠡᠬᠡᠨ ᠤ ᠭᠦᠭᠵᠢᠯᠳᠡ ᠶᠢᠨ ᠪᠠᠶᠢᠭᠤᠯᠤᠯ ᠲᠤᠨᠨᠳᠠᠴᠠ ᠶᠢ | ᠦᠨᠳᠦᠰᠦᠨ ᠳᠡᠭᠡᠨ ᠪᠦᠷᠢᠯᠳᠦᠭᠦᠯᠵᠦ᠂ ᠦᠢᠯᠡᠴᠢᠯᠡᠬᠡᠨ ᠤ ᠰᠢᠰᠲ᠋ᠧᠮᠵᠢ ᠶᠢ ᠦᠨᠳᠦᠰᠦᠨ ᠳᠡᠭᠡᠨ ᠪᠠᠶᠢᠭᠤᠯᠤᠨ᠂ | ᠦᠢᠯᠡᠴᠢᠯᠡᠬᠡᠨ ᠤ ᠴᠢᠳᠠᠪᠤᠷᠢ ᠶᠢ ᠶᠡᠬᠡᠪᠡᠷ ᠲᠡᠬᠡᠭᠰᠢᠯᠡᠬᠦᠯᠵᠦ᠂ ᠦᠢᠯᠡᠴᠢᠯᠡᠬᠡᠨ ᠤ ᠨᠡᠷᠡᠳᠭᠦᠨ ᠢ ᠨᠡᠩ | ᠪᠠᠶᠠᠯᠢᠨᠨᠵᠢᠭᠤᠯᠤᠨ᠂ ᠦᠢᠯᠡᠴᠢᠯᠡᠬᠡᠨ ᠤ ᠭᠦᠷᠢᠶ᠎ᠡ ᠬᠡᠪᠴᠢᠶ᠎ᠡ ᠶᠢ ᠢᠯᠡᠳᠳᠡ ᠦᠷᠬᠡᠳᠬᠡᠵᠦ᠂ ᠭᠦᠭᠵᠢᠯᠳᠡ ᠶᠢᠨ | ᠤᠷᠴᠢᠨ ᠢ ᠨᠡᠩ ᠲᠡᠭᠦᠯᠳᠡᠷᠵᠢᠭᠦᠯᠦᠨ᠂ ᠦᠪᠡᠷᠳᠡᠬᠡᠨ ᠵᠠᠰᠠᠬᠤ ᠤᠷᠤᠨ ᠤ ᠡᠷᠡᠭᠦᠯ ᠮᠡᠨᠳᠦ ᠶᠢᠨ ᠦᠢᠯᠡᠴᠢᠯᠡᠬᠡᠨ ᠤ | ᠦᠢᠯᠡᠰ ᠤᠨ ᠭᠦᠭᠵᠢᠯᠳᠡ ᠪᠡ ᠠᠵᠦ ᠠᠬᠤᠢ ᠨᠡᠶᠢᠬᠡᠮ ᠤᠨ ᠬᠡᠯᠪᠡᠷᠢ ᠶᠢ ᠬᠤᠪᠢᠷᠠᠭᠤᠯᠵᠦ ᠭᠦᠭᠵᠢᠬᠦᠯᠬᠦ ᠳᠤ | ᠭᠦᠴᠦᠳᠡᠢ ᠲᠤᠯᠭᠠᠭᠤᠷᠢᠯᠠᠯ ᠬᠠᠩᠭᠠᠨ᠎ᠠ᠃ | ᠬᠤᠶᠠᠷ᠂ ᠭᠤᠤᠯᠳᠠᠯᠭ᠎ᠠ ᠲᠠᠢ ᠡᠭᠦᠷᠬᠡ | ︵ᠨᠢᠬᠡ︶ ᠮᠤᠩᠭᠤᠯ ᠡᠮ ᠡᠮᠨᠡᠯᠬᠡ ᠬᠢᠳᠡᠳ ᠡᠮ ᠡᠮᠨᠡᠯᠬᠡ ᠶᠢᠨ ᠪᠡᠶ᠎ᠡ ᠰᠤᠪᠢᠯᠠᠯᠳᠠ ᠡᠷᠡᠭᠦᠯᠵᠢᠯ ᠤᠨ | ᠦᠢᠯᠡᠴᠢᠯᠡᠭᠡ ᠶᠢ ᠶᠡᠬᠡᠪᠡᠷ ᠭᠦᠭᠵᠢᠭᠦᠯᠦᠨ᠎ᠠ᠃ ᠮᠤᠩᠭᠤᠯ ᠡᠮ ᠡᠮᠨᠡᠯᠬᠡ ᠬᠢᠳᠡᠳ ᠡᠮ ᠡᠮᠨᠡᠯᠬᠡ ᠶᠢᠨ ᠪᠡᠶ᠎ᠡ | ᠰᠤᠪᠢᠯᠠᠯᠳᠠ ᠡᠷᠡᠭᠦᠯᠵᠢᠯ ᠤᠨ ᠦᠢᠯᠡᠴᠢᠯᠡᠬᠡᠨ ᠤ ᠲᠦᠷᠦᠯ ᠤᠨ ᠵᠢᠷᠤᠮᠵᠢᠯ᠂ ᠪᠠᠷᠢᠮᠵᠢᠶ᠎ᠠ ᠲᠤᠨᠨᠳᠠᠭᠠᠬᠤ ᠪᠡ | ᠬᠡᠷᠡᠭᠵᠢᠭᠦᠯᠭᠦ ᠪᠠᠨ ᠲᠦᠷᠬᠡᠳᠬᠡᠵᠦ᠂ ᠮᠤᠩᠭᠤᠯ ᠡᠮ ᠡᠮᠨᠡᠯᠬᠡ ᠬᠢᠳᠡᠳ ᠡᠮ ᠡᠮᠨᠡᠯᠬᠡ ᠶᠢᠨ ᠪᠠᠷᠢᠮᠵᠢᠶᠠᠳᠤ | ᠵᠢᠷᠤᠮᠵᠢᠯ ᠲᠠᠢ ᠡᠷᠡᠭᠦᠯᠵᠢᠯ ᠤᠨ ᠦᠢᠯᠡᠴᠢᠯᠡᠭᠡ ᠬᠠᠩᠭᠠᠬᠤ ᠶᠢ ᠠᠬᠢᠭᠤᠯᠤᠨ᠎ᠠ᠃ ᠮᠤᠩᠭᠤᠯ ᠡᠮᠨᠡᠯᠬᠡ ᠬᠢᠳᠡᠳ | ᠡᠮᠨᠡᠯᠬᠡ ᠶᠢᠨ ᠡᠮᠴᠢᠯᠡᠬᠡᠨ ᠤ ᠪᠠᠶᠢᠭᠤᠯᠤᠮᠵᠢ ᠶᠢᠨ ᠡᠪᠡᠳᠴᠢᠯᠡᠬᠦ ᠠᠴᠠ ᠤᠷᠢᠳᠠ ᠰᠡᠷᠬᠡᠶᠢᠯᠡᠨ ᠵᠠᠰᠠᠬᠤ | ᠦᠢᠯᠡᠴᠢᠯᠡᠬᠡᠨ ᠤ ᠴᠢᠳᠠᠪᠤᠷᠢ ᠶᠢᠨ ᠪᠠᠶᠢᠭᠤᠯᠤᠯᠳᠠ ᠶᠢ ᠴᠢᠩᠭᠠᠳᠬᠠᠵᠦ᠂ ᠵᠢᠱᠢᠶ᠎ᠡ ᠦᠵᠡᠭᠦᠯᠵᠦ ᠲᠠᠶᠢᠴᠢᠯᠠᠬᠤ | ᠦᠢᠯᠡᠳᠦᠯ ᠢ ᠴᠢᠩᠭᠠᠳᠬᠠᠨ᠎ᠠ᠃ ᠮᠤᠩᠭᠤᠯ ᠡᠮ ᠡᠮᠨᠡᠯᠬᠡ ᠬᠢᠳᠡᠳ ᠡᠮ ᠡᠮᠨᠡᠯᠬᠡ ᠶᠢᠨ ᠲᠡᠬᠡᠳᠦ ᠵᠡᠷᠬᠡ ᠶᠢᠨ | ᠰᠤᠷᠭᠠᠭᠤᠯᠢ ᠪᠡ ᠰᠢᠨᠵᠢᠯᠡᠬᠦ ᠤᠬᠠᠭᠠᠨ ᠤ ᠰᠤᠳᠤᠯᠭᠠᠨ᠂ ᠡᠮᠴᠢᠯᠡᠬᠡᠨ ᠤ ᠪᠠᠶᠢᠭᠤᠯᠤᠮᠵᠢ ᠬᠢᠬᠡᠳ ᠦᠨᠳᠦᠰᠦᠨ | ᠱᠠᠳᠤᠨ ᠤ ᠡᠷᠡᠭᠦᠯ ᠬᠠᠮᠠᠭᠠᠯᠠᠯ ᠤᠨ ᠪᠠᠶᠢᠭᠤᠯᠤᠮᠵᠢ᠂ ᠨᠡᠶᠢᠬᠡᠮ ᠤᠨ ᠪᠡᠶ᠎ᠡ ᠰᠤᠪᠢᠯᠠᠯᠳᠠ ᠡᠷᠡᠭᠦᠯᠵᠢᠯ ᠤᠨ | ᠪᠠᠶᠢᠭᠤᠯᠤᠮᠵᠢ ᠶᠢᠨ ᠬᠠᠮᠳᠤᠷᠠᠯᠴᠠᠭ᠎ᠠ ᠶᠢ ᠵᠤᠷᠢᠨᠨᠵᠢᠭᠤᠯᠵᠦ᠂ ᠮᠤᠩᠭᠤᠯ ᠡᠮ ᠡᠮᠨᠡᠯᠬᠡ ᠬᠢᠳᠡᠳ ᠡᠮ ᠡᠮᠨᠡᠯᠬᠡ ᠶᠢᠨ | ᠤᠯᠠᠨ ᠶᠠᠩᠵᠦ ᠬᠡᠯᠪᠡᠷᠢ ᠶᠢᠨ᠂ ᠤᠯᠠᠨ ᠵᠦᠢᠯ ᠤᠨ᠂ ᠤᠶᠤᠨᠴᠢᠯᠬᠠᠰᠠᠨ ᠪᠡᠶ᠎ᠡ ᠰᠤᠪᠢᠯᠠᠯᠳᠠ ᠡᠷᠡᠭᠦᠯᠵᠢᠯ ᠤᠨ | ᠦᠢᠯᠡᠴᠢᠯᠡᠬᠡᠨ ᠤ ᠨᠡᠷᠡᠳᠭᠦᠨ ᠢ ᠨᠡᠬᠡᠬᠡᠨ ᠭᠦᠭᠵᠢᠭᠦᠯᠦᠨ᠎ᠠ᠃ ᠦᠨᠳᠦᠰᠦᠨ ᠱᠠᠳᠤᠨ ᠤ ᠡᠮᠴᠢᠯᠡᠬᠡᠨ ᠤ | ᠲᠠᠭᠠᠳᠬᠠᠯ ᠯᠤᠭ᠎ᠠ ᠤᠷᠭᠠᠨᠢᠭ ᠢᠶᠠᠷ ᠵᠠᠯᠭᠠᠭᠤᠯᠬᠤ ᠬᠤᠳᠠᠯᠳᠤᠭᠠᠨ ᠤ ᠡᠷᠡᠭᠦᠯᠵᠢᠯ ᠤᠨ ᠲᠠᠭᠠᠳᠬᠠᠯ ᠢ ᠶᠡᠬᠡᠪᠡᠷ | ᠭᠦᠭᠵᠢᠭᠦᠯᠦᠨ᠂ ᠲᠠᠭᠠᠳᠬᠠᠯ ᠤᠨ ᠪᠠᠶᠢᠭᠤᠯᠤᠮᠵᠢ ᠶᠢ ᠵᠤᠷᠢᠬᠵᠢᠭᠤᠯᠵᠦ ᠪᠠᠶᠢᠭᠠᠳ ᠮᠤᠩᠭᠤᠯ ᠡᠮᠴᠢᠯᠡᠭᠡ ᠬᠢᠳᠡᠳ | ᠡᠮᠴᠢᠯᠡᠭᠡ ᠶᠢᠨ ᠡᠷᠡᠭᠦᠯ ᠮᠠᠨᠳᠤ ᠶᠢᠨ ᠪᠠᠳᠤᠯᠠᠭ᠎ᠠ ᠶᠢᠨ ᠵᠬᠠᠪᠤᠷ ᠲᠤ ᠰᠢᠨ᠎ᠠ ᠶᠢ ᠡᠭᠦᠳᠴᠦ᠂ ᠮᠤᠩᠭᠤᠯ ᠡᠮᠴᠢᠯᠡᠭᠡ | ᠬᠢᠳᠡᠳ ᠡᠮᠴᠢᠯᠡᠭᠡ ᠶᠢᠨ ᠤᠨᠴᠠᠯᠢᠨᠨᠳᠤ ᠡᠷᠡᠬᠦᠯ ᠮᠡᠨᠳᠤ ᠶᠢᠨ ᠬᠠᠮᠢᠶᠠᠷᠤᠯᠳᠠ ᠶᠢᠨ ᠦᠢᠯᠡᠴᠢᠯᠡᠭᠡ ᠶᠢ ᠨᠡᠬᠡᠬᠡᠨ | ᠬᠦᠭᠵᠢᠬᠦᠯᠦᠨ᠎ᠠ᠃ ᠮᠤᠩᠭᠤᠯ ᠡᠮᠴᠢᠯᠡᠭᠡ ᠬᠢᠳᠡᠳ ᠡᠮᠴᠢᠯᠡᠭᠡ ᠶᠢᠨ ᠪᠡᠶ᠎ᠡ ᠰᠤᠪᠢᠯᠠᠯᠳᠠ ᠡᠷᠡᠭᠦᠯᠵᠢᠯ ᠤᠨ ᠦᠢᠯᠡᠴᠢᠯᠡᠭᠡ | ᠂ ᠡᠷᠡᠬᠦᠯ ᠮᠡᠨᠳᠤ ᠶᠢᠨ ᠬᠠᠮᠢᠶᠠᠷᠤᠯᠳᠠ ᠵᠡᠷᠬᠡ ᠶᠢᠨ ᠴᠢᠳᠠᠪᠤᠷᠢᠳᠠᠨ ᠢ ᠭᠦᠮᠦᠵᠢᠭᠦᠯᠭᠦ ᠡᠷᠴᠢᠮ ᠢᠶᠠᠨ ᠴᠢᠩᠭᠠᠳᠬᠠᠵᠦ᠂ | ᠲᠡᠬᠡᠳᠦ ᠰᠤᠷᠭᠠᠭᠤᠯᠢ ᠪᠡ ᠠᠵᠢᠯ ᠮᠡᠷᠬᠡᠵᠢᠯ ᠤᠨ ᠰᠤᠷᠭᠠᠭᠤᠯᠢ ᠶᠢᠨ ᠮᠤᠩᠭᠤᠯ ᠡᠮᠴᠢᠯᠡᠭᠡ ᠬᠢᠳᠡᠳ ᠡᠮᠴᠢᠯᠡᠭᠡ ᠶᠢᠨ | ᠪᠡᠶ᠎ᠡ ᠰᠤᠪᠢᠯᠠᠯᠳᠠ ᠡᠷᠡᠭᠦᠯᠵᠢᠯ ᠤᠨ ᠬᠠᠮᠢᠶ᠎ᠠ ᠪᠦᠭᠦᠢ ᠲᠤᠰᠬᠠᠢ ᠮᠡᠷᠬᠡᠵᠢᠯ ᠨᠡᠬᠡᠬᠡᠭᠦ ᠶᠢ ᠵᠤᠷᠢᠨᠨᠵᠢᠭᠤᠯᠤᠨ᠎ᠠ᠃ | ᠮᠤᠩᠭᠤᠯ ᠡᠮᠴᠢᠯᠡᠭᠡ ᠬᠢᠳᠡᠳ ᠡᠮᠴᠢᠯᠡᠭᠡ ᠶᠢᠨ ᠪᠡᠶ᠎ᠡ ᠰᠤᠪᠢᠯᠠᠯᠳᠠ ᠡᠷᠡᠭᠦᠯᠵᠢᠯ ᠤᠨ ᠦᠢᠯᠡᠴᠢᠯᠡᠬᠡᠨ ᠤ ᠠᠵᠢᠯ | ᠲᠦᠷᠦᠯ ᠤᠨ ᠵᠤᠬᠢᠶᠠᠨ ᠪᠠᠶᠢᠭᠤᠯᠤᠯᠳᠠ ᠪᠠᠶᠢᠭᠤᠯᠬᠤ ᠶᠢ ᠲᠡᠮᠵᠢᠵᠦ᠂ ᠠᠵᠢᠯ ᠲᠦᠷᠦᠯ ᠤᠨ ᠦᠪᠡᠷ ᠢ ᠪᠠᠨ | ᠱᠠᠭᠠᠷᠳᠠᠬᠤ ᠶᠢ ᠠᠬᠢᠭᠤᠯᠤᠨ᠂ ᠠᠵᠢᠯ ᠲᠦᠷᠦᠯ ᠤᠨ ᠬᠠᠮᠢᠶ᠎ᠠ ᠪᠦᠭᠦᠢ ᠴᠢᠳᠠᠪᠤᠷᠢᠳᠠᠨ ᠤ ᠪᠤᠯᠪᠠᠰᠤᠷᠠᠭᠤᠯᠤᠯ ᠵᠤᠬᠢᠶᠠᠨ | ᠪᠠᠶᠢᠭᠤᠯᠵᠦ ᠦᠷᠨᠢᠭᠦᠯᠭᠦ ᠶᠢ ᠵᠤᠷᠢᠨᠨᠵᠢᠭᠤᠯᠤᠨ᠎ᠠ᠃ | ᠲᠤᠰᠬᠠᠢ ᠪᠤᠯᠤᠩ 1 ᠮᠤᠩᠭᠤᠯ ᠡᠮᠴᠢᠯᠡᠭᠡ ᠬᠢᠳᠠᠳ ᠡᠮᠴᠢᠯᠡᠭᠡ ᠶᠢᠨ ᠪᠡᠶ᠎ᠠ ᠰᠤᠪᠢᠯᠠᠯᠳᠠ ᠡᠷᠡᠬᠦᠯᠵᠢᠯ ᠤᠨ | ᠦᠢᠯᠡᠴᠢᠯᠡᠬᠡᠨ ᠤ ᠪᠠᠶᠢᠭᠤᠯᠤᠯᠳᠠ ᠶᠢᠨ ᠲᠦᠷᠦᠯ ᠵᠦᠢᠯ | ᠡᠪᠡᠳᠴᠢᠯᠡᠬᠦ ᠠᠴᠠ ᠤᠷᠢᠳᠠ ᠰᠡᠷᠬᠡᠶᠢᠯᠡᠨ ᠵᠠᠰᠠᠬᠤ ᠦᠢᠯᠡᠴᠢᠯᠡᠬᠡᠨ ᠤ ᠴᠢᠳᠠᠪᠤᠷᠢ ᠶᠢᠨ ᠪᠠᠶᠢᠭᠤᠯᠤᠯᠳᠠ | ᠪᠦᠬᠦ ᠤᠷᠤᠨ ᠤ ᠬᠤᠶᠠᠳᠤᠭᠠᠷ ᠲᠡᠰ ᠠᠴᠠ ᠲᠡᠬᠡᠭᠰᠢᠬᠢ ᠮᠤᠩᠭᠤᠯ ᠡᠮᠨᠡᠯᠬᠡ ᠬᠢᠳᠠᠳ ᠡᠮᠨᠡᠯᠬᠡ ᠶᠢᠨ | ᠡᠮᠴᠢᠯᠡᠬᠡᠨ ᠤ ᠪᠠᠶᠢᠭᠤᠯᠤᠮᠵᠢ ᠳᠤ ᠪᠦᠷ ᠡᠪᠡᠳᠴᠢᠯᠡᠬᠦ ᠠᠴᠠ ᠤᠷᠢᠳᠠ ᠰᠡᠷᠬᠡᠶᠢᠯᠡᠨ ᠵᠠᠰᠠᠬᠤ ᠰᠠᠯᠠᠭ᠎ᠠ ᠨᠡᠬᠡᠬᠡᠵᠦ᠂ | ᠮᠤᠩᠭᠤᠯ ᠡᠮ ᠡᠮᠨᠡᠯᠬᠡ ᠬᠢᠳᠠᠳ ᠡᠮ ᠡᠮᠨᠡᠯᠬᠡ ᠶᠢᠨ ᠪᠡᠶ᠎ᠠ ᠰᠤᠪᠢᠯᠠᠯᠳᠠ ᠡᠷᠡᠬᠦᠯᠵᠢᠯ ᠤᠨ ᠦᠢᠯᠡᠴᠢᠯᠡᠭᠡ ᠬᠠᠨᠭ᠍ᠭᠠᠨ᠎ᠠ᠃ | ᠪᠤᠢ ᠪᠦᠬᠦᠢ ᠨᠡᠶᠢᠬᠡᠮ ᠲᠤᠭᠤᠷᠢᠬ ᠤᠨ ᠡᠷᠡᠬᠦᠯ ᠬᠠᠮᠠᠭᠠᠯᠠᠯ ᠤᠨ ᠦᠢᠯᠡᠴᠢᠯᠡᠬᠡᠨ ᠤ ᠲᠦᠪ ᠪᠠ 70% ᠤᠨ ᠰᠤᠮᠤ | ᠰᠢᠶᠠᠩ ᠪᠠᠯᠭᠠᠰᠤ ᠶᠢᠨ ᠡᠷᠡᠬᠦᠯ ᠬᠠᠮᠠᠭᠠᠯᠠᠯ ᠤᠨ ᠬᠤᠷᠢᠶ᠎ᠠ ᠨᠢ ᠮᠤᠩᠭᠤᠯ ᠡᠮ ᠡᠮᠨᠡᠯᠬᠡ ᠪᠤᠶᠤ ᠬᠢᠳᠠᠳ ᠡᠮ | ᠡᠮᠨᠡᠯᠬᠡ ᠶᠢᠨ ᠤᠨᠴᠠᠯᠢᠬᠳᠤ ᠡᠷᠡᠬᠦᠯ ᠮᠡᠨᠳᠤ ᠶᠢᠨ ᠬᠠᠮᠢᠶᠠᠷᠤᠯᠳᠠ ᠶᠢᠨ ᠦᠢᠯᠡᠴᠢᠯᠡᠭᠡ ᠦᠷᠨᠢᠬᠦᠯᠦᠨ᠎ᠠ᠂ ᠠᠶᠢᠮᠠᠭ | ᠬᠤᠳᠠ ᠨᠢᠬᠡᠪᠦᠷᠢ ᠨᠢ 3 ᠠᠴᠠ 5 ᠡᠪᠡᠳᠴᠢᠯᠡᠬᠦ ᠠᠴᠠ ᠤᠷᠢᠳᠠ ᠰᠡᠷᠬᠡᠶᠢᠯᠡᠨ ᠵᠠᠰᠠᠬᠤ ᠵᠢᠱᠢᠶ᠎ᠠ ᠦᠵᠡᠬᠦᠯᠬᠦ | ᠨᠢᠬᠡᠴᠡ ᠶᠢ ᠭᠤᠤᠯᠳᠠᠯᠭ᠎ᠠ ᠲᠠᠢ ᠲᠠᠮᠵᠢᠨ ᠲᠡᠳᠬᠦᠨ᠎ᠠ᠃ | ᠮᠤᠩᠭᠤᠯ ᠡᠮᠴᠢᠯᠡᠭᠡ ᠬᠢᠳᠠᠳ ᠡᠮᠴᠢᠯᠡᠭᠡ ᠶᠢᠨ ᠪᠡᠶ᠎ᠠ ᠰᠤᠪᠢᠯᠠᠯᠳᠠ ᠡᠷᠡᠬᠦᠯᠵᠢᠯ ᠤᠨ ᠵᠢᠱᠢᠶ᠎ᠠ ᠦᠵᠡᠬᠦᠯᠬᠦ | ᠲᠤᠭᠤᠷᠢᠭ ᠪᠠ ᠰᠠᠭᠤᠷᠢᠨ ᠭᠠᠵᠠᠷ ᠤᠨ ᠪᠦᠳᠦᠬᠡᠨ ᠪᠠᠶᠢᠭᠤᠯᠤᠯᠳᠠ | ᠮᠤᠩᠭᠤᠯ ᠡᠮᠴᠢᠯᠡᠭᠡ ᠬᠢᠳᠠᠳ ᠡᠮᠴᠢᠯᠡᠭᠡ ᠶᠢᠨ ᠪᠡᠶ᠎ᠠ ᠰᠤᠪᠢᠯᠠᠯᠳᠠ ᠡᠷᠡᠬᠦᠯᠵᠢᠯ ᠤᠨ ᠵᠢᠱᠢᠶ᠎ᠠ ᠦᠵᠡᠬᠦᠯᠬᠦ | ᠰᠠᠭᠤᠷᠢᠨ ᠭᠠᠵᠠᠷ ᠢ ᠪᠠᠶᠢᠭᠤᠯᠵᠦ᠂ ᠮᠤᠩᠭᠤᠯ ᠡᠮᠴᠢᠯᠡᠭᠡ ᠬᠢᠳᠠᠳ ᠡᠮᠴᠢᠯᠡᠭᠡ ᠶᠢᠨ ᠪᠡᠶ᠎ᠠ ᠰᠤᠪᠢᠯᠠᠯᠳᠠ | ᠡᠷᠡᠬᠦᠯᠵᠢᠯ ᠤᠨ ᠦᠢᠯᠡᠴᠢᠯᠡᠬᠡᠨ ᠤ ᠪᠦᠯᠦᠭᠯᠡᠯ ᠪᠤᠶᠤ ᠬᠡᠯᠬᠢᠶᠡᠳᠤ ᠪᠠᠶᠢᠭᠤᠯᠤᠮᠵᠢ ᠶᠢ ᠪᠤᠶᠢᠵᠢᠭᠤᠯᠬᠤ ᠪᠤᠶᠤ | ᠤᠷᠤᠭᠤᠯᠵᠦ ᠠᠪᠴᠢᠷᠠᠨ᠎ᠠ᠃ | ᠮᠤᠩᠭᠤᠯ ᠡᠮᠴᠢᠯᠡᠭᠡ ᠬᠢᠳᠠᠳ ᠡᠮᠴᠢᠯᠡᠭᠡ ᠶᠢᠨ ᠪᠡᠶ᠎ᠠ ᠰᠤᠪᠢᠯᠠᠯᠳᠠ ᠡᠷᠡᠬᠦᠯᠵᠢᠯ ᠤᠨ ᠦᠢᠯᠡᠴᠢᠯᠡᠬᠡᠨ ᠤ | ᠵᠢᠷᠤᠮᠵᠢᠯᠳᠤ ᠪᠦᠳᠦᠬᠡᠨ ᠪᠠᠶᠢᠭᠤᠯᠤᠯᠳᠠ | ᠮᠤᠩᠭᠤᠯ ᠡᠮᠴᠢᠯᠡᠭᠡ ᠬᠢᠳᠠᠳ ᠡᠮᠴᠢᠯᠡᠭᠡ ᠶᠢᠨ ᠪᠡᠶ᠎ᠠ ᠰᠤᠪᠢᠯᠠᠯᠳᠠ ᠡᠷᠡᠬᠦᠯᠵᠢᠯ ᠤᠨ ᠪᠠᠶᠢᠭᠤᠯᠤᠮᠵᠢ᠂ | ᠠᠵᠢᠯᠳᠠᠨ᠂ ᠮᠡᠷᠬᠡᠵᠢᠯ᠂ ᠦᠢᠯᠡᠴᠢᠯᠡᠭᠡ᠂ ᠦᠢᠯᠡᠳᠬᠦᠨ ᠵᠡᠷᠬᠡ ᠶᠢᠨ ᠵᠢᠷᠤᠮᠵᠢᠯᠳᠤ ᠬᠠᠮᠢᠶᠠᠷᠤᠯᠳᠠ ᠶᠢ ᠴᠢᠩᠭᠠᠳᠬᠠᠵᠦ | ᠂ ᠦᠢᠯᠡᠴᠢᠯᠡᠬᠡᠨ ᠤ ᠶᠠᠰᠤ ᠴᠢᠨᠠᠷ ᠪᠠ ᠦᠢᠯᠡᠴᠢᠯᠡᠬᠡᠨ ᠤ ᠬᠢᠷᠢ ᠬᠡᠮᠵᠢᠶ᠎ᠠ ᠶᠢ ᠲᠡᠬᠡᠭᠰᠢᠯᠡᠬᠦᠯᠦᠨ᠎ᠠ᠃ | ︵ᠬᠤᠶᠠᠷ︶ ᠮᠤᠩᠭᠤᠯ ᠡᠮ ᠡᠮᠨᠡᠯᠬᠡ ᠬᠢᠳᠠᠳ ᠡᠮ ᠡᠮᠨᠡᠯᠬᠡ ᠶᠢᠨ ᠡᠮᠴᠢᠯᠡᠬᠡᠨ ᠤ ᠦᠢᠯᠡᠴᠢᠯᠡᠭᠡ ᠶᠢᠨ | ᠰᠢᠰᠲ᠋ᠧᠮᠵᠢ ᠶᠢᠨ ᠪᠠᠶᠢᠭᠤᠯᠤᠯᠳᠠ ᠶᠢ ᠴᠢᠩᠭᠠᠳᠬᠠᠨ᠎ᠠ᠃ ᠦᠪᠡᠷᠳᠡᠬᠡᠨ ᠵᠠᠰᠠᠬᠤ ᠤᠷᠤᠨ ᠤ ᠮᠤᠩᠭᠤᠯ ᠡᠮᠨᠡᠯᠬᠡ | ᠬᠢᠳᠡᠳ ᠡᠮᠨᠡᠯᠬᠡ ᠶᠢᠨ ᠭᠤᠤᠯᠳᠠᠯᠭ᠎ᠠ ᠲᠠᠢ ᠡᠮᠴᠢᠯᠡᠬᠡᠨ ᠤ ᠪᠠᠶᠢᠭᠤᠯᠤᠮᠵᠢ ᠪᠠᠷ ᠭᠦᠳᠦᠴᠢ ᠪᠤᠯᠭᠠᠵᠦ᠂ ᠠᠶᠢᠮᠠᠭ | ᠬᠤᠳᠠ ᠶᠢᠨ ᠮᠤᠩᠭᠤᠯ ᠡᠮᠨᠡᠯᠬᠡ ᠬᠢᠳᠡᠳ ᠡᠮᠨᠡᠯᠬᠡ ᠶᠢᠨ ᠡᠮᠴᠢᠯᠡᠬᠡᠨ ᠤ ᠪᠠᠶᠢᠭᠤᠯᠤᠮᠵᠢ ᠪᠠᠷ ᠲᠤᠯᠭᠠᠭᠤᠷᠢᠯᠠᠯ ᠪᠤᠯᠭᠠᠵᠦ | ᠂ ᠬᠤᠰᠢᠭᠤ ᠰᠢᠶᠠᠨ ︵ᠬᠤᠳᠠ᠂ ᠲᠤᠭᠤᠷᠢᠭ︶ ᠤ ᠮᠤᠩᠭᠤᠯ ᠡᠮᠨᠡᠯᠬᠡ ᠬᠢᠳᠠᠳ ᠡᠮᠨᠡᠯᠬᠡ ᠶᠢᠨ ᠡᠮᠴᠢᠯᠡᠬᠡᠨ ᠤ | ᠪᠠᠶᠢᠭᠤᠯᠤᠮᠵᠢ ᠪᠠᠷ ᠰᠠᠭᠤᠷᠢ ᠪᠤᠯᠭᠠᠵᠦ᠂ ᠪᠤᠰᠤᠳ ᠡᠮᠴᠢᠯᠡᠬᠡᠨ ᠤ ᠪᠠᠶᠢᠭᠤᠯᠤᠮᠵᠢ ᠶᠢᠨ ᠮᠤᠩᠭᠤᠯ ᠡᠮ ᠡᠮᠨᠡᠯᠬᠡ | ᠬᠢᠳᠡᠳ ᠡᠮ ᠡᠮᠨᠡᠯᠬᠡ ᠶᠢᠨ ᠦᠢᠯᠡᠴᠢᠯᠡᠭᠡ ᠪᠠᠷ ᠨᠦᠭᠦᠪᠦᠷᠢ ᠪᠤᠯᠭᠠᠵᠦ᠂ ᠰᠤᠮᠤ ᠰᠢᠶᠠᠩ ᠪᠠᠯᠭᠠᠰᠤ ᠶᠢᠨ ᠡᠷᠡᠭᠦᠯ | ᠬᠠᠮᠠᠭᠠᠯᠠᠯ ᠤᠨ ᠬᠤᠷᠢᠶ᠎ᠡ᠂ ᠭᠠᠴᠠᠭ᠎ᠠ ᠲᠤᠰᠬᠤᠨ ᠤ ᠡᠷᠡᠭᠦᠯ ᠬᠠᠮᠠᠭᠠᠯᠠᠯ ᠤᠨ ᠲᠠᠰᠤᠭ ᠪᠠ ᠨᠡᠶᠢᠬᠡᠮ ᠲᠤᠭᠤᠷᠢᠭ ᠤᠨ | ᠡᠷᠡᠭᠦᠯ ᠬᠠᠮᠠᠭᠠᠯᠠᠯ ᠤᠨ ᠦᠢᠯᠡᠴᠢᠯᠡᠬᠡᠨ ᠤ ᠪᠠᠶᠢᠭᠤᠯᠤᠮᠵᠢ ᠪᠠᠷ ᠲᠡᠪᠢᠰᠬᠡᠷ ᠪᠤᠯᠭᠠᠨᠨᠰᠠᠨ ᠮᠤᠩᠭᠤᠯ ᠡᠮ ᠡᠮᠨᠡᠯᠬᠡ | ᠬᠢᠳᠡᠳ ᠡᠮ ᠡᠮᠨᠡᠯᠬᠡ ᠶᠢᠨ ᠨᠡᠯᠢᠶᠡᠳ ᠪᠦᠷᠢᠨ ᠲᠡᠭᠦᠯᠳᠡᠷ ᠡᠮᠴᠢᠯᠡᠬᠡᠨ ᠤ ᠦᠢᠯᠡᠴᠢᠯᠡᠭᠡ ᠶᠢᠨ ᠰᠢᠰᠲ᠋ᠧᠮᠵᠢ ᠶᠢ | ᠲᠦᠷᠬᠡᠳᠬᠡᠨ ᠪᠦᠷᠢᠯᠳᠦᠭᠦᠯᠦᠨ᠎ᠠ︔ ᠮᠤᠩᠭᠤᠯ ᠡᠮᠨᠡᠯᠬᠡ ᠬᠢᠳᠡᠳ ᠡᠮᠨᠡᠯᠬᠡ ᠶᠢᠨ ᠡᠮᠴᠢᠯᠡᠬᠡᠨ ᠤ ᠦᠢᠯᠡᠴᠢᠯᠡᠭᠡ ᠶᠢᠨ | ᠪᠦᠯᠦᠭᠵᠢᠨ ᠭᠦᠭᠵᠢᠬᠦ ᠶᠢ ᠠᠬᠢᠭᠤᠯᠵᠦ᠂ ᠦᠪᠡᠷᠳᠡᠬᠡᠨ ᠵᠠᠰᠠᠬᠤ ᠤᠷᠤᠨ ᠤ ᠲᠡᠰ ᠤᠨ ᠮᠤᠩᠭᠤᠯ ᠡᠮᠨᠡᠯᠬᠡ ᠬᠢᠳᠡᠳ | ᠡᠮᠨᠡᠯᠬᠡ ᠶᠢᠨ ᠬᠤᠷᠢᠶ᠎ᠠ ᠪᠠᠷ ᠭᠦᠳᠦᠴᠢ ᠪᠤᠯᠭᠠᠨᠨᠰᠠᠨ ᠮᠤᠩᠭᠤᠯ ᠡᠮᠨᠡᠯᠬᠡ ᠬᠢᠳᠠᠳ ᠡᠮᠨᠡᠯᠬᠡ ᠶᠢᠨ ᠡᠮᠴᠢᠯᠡᠬᠡᠨ ᠤ | ᠬᠤᠯᠪᠤᠭᠠᠳᠤ ᠴᠤᠨᠨᠴᠠ ᠪᠠ ᠲᠤᠰᠬᠠᠢ ᠰᠠᠯᠠᠭᠠᠨ ᠤ ᠲᠤᠰᠬᠠᠢ ᠡᠪᠡᠳᠴᠢᠨ ᠤ ᠬᠠᠮᠵᠢᠯᠴᠠᠬᠤ ᠲᠤᠭᠤᠶᠢᠯᠠᠩ ᠢ | ᠪᠤᠶᠢᠵᠢᠭᠤᠯᠤᠨ᠎ᠠ᠃ ᠡᠯ᠎ᠡ ᠱᠠᠳᠤᠨ ᠤ ᠮᠤᠩᠭᠤᠯ ᠡᠮᠨᠡᠯᠬᠡ ᠬᠢᠳᠡᠳ ᠡᠮᠨᠡᠯᠬᠡ ᠶᠢᠨ ᠡᠮᠴᠢᠯᠡᠬᠡᠨ ᠤ ᠪᠠᠶᠢᠭᠤᠯᠤᠮᠵᠢ ᠶᠢᠨ | ᠮᠤᠩᠭᠤᠯ ᠡᠮ ᠬᠢᠳᠡᠳ ᠡᠮ ᠤᠨ ᠨᠠᠶᠢᠷᠠᠯᠭ᠎ᠠ ᠶᠢᠨ ᠲᠠᠰᠤᠭ ᠤᠨ ᠵᠢᠷᠤᠮᠵᠢᠨᠨᠰᠠᠨ ᠪᠠᠶᠢᠭᠤᠯᠤᠯᠳᠠ ᠶᠢ ᠴᠢᠩᠭᠠᠳᠬᠠᠵᠦ᠂ | ᠮᠤᠩᠭᠤᠯ ᠡᠮ ᠤᠨ ᠡᠮᠨᠡᠯᠬᠡ ᠶᠢᠨ ᠬᠤᠷᠢᠶ᠎ᠠ ᠶᠢᠨ ᠨᠠᠶᠢᠷᠠᠯᠭ᠎ᠠ ᠶᠢ ᠪᠦᠭᠦ ᠤᠷᠤᠨ ᠤ ᠠᠯᠪᠠᠨ ᠠᠴᠠ ᠡᠷᠬᠢᠯᠡᠭᠰᠡᠨ | ᠮᠤᠩᠭᠤᠯ ᠡᠮᠨᠡᠯᠬᠡ ᠬᠢᠳᠡᠳ ᠡᠮᠨᠡᠯᠬᠡ ᠶᠢᠨ ᠬᠤᠷᠢᠶ᠎ᠠ ᠪᠤᠶᠤ ᠡᠮᠨᠡᠯᠬᠡ ᠶᠢᠨ ᠬᠤᠯᠪᠤᠭᠠᠳᠤ ᠴᠤᠨᠨᠴᠠ ᠵᠢᠴᠢ ᠬᠤᠪᠢᠶᠠᠷᠢ | ᠬᠤᠷᠢᠶ᠎ᠠ ᠶᠢᠨ ᠡᠮ ᠨᠠᠶᠢᠷᠠᠭᠤᠯᠬᠤ ᠳᠤ ᠬᠡᠷᠡᠭᠯᠡᠬᠦ ᠶᠢ ᠵᠤᠷᠢᠨᠨᠵᠢᠭᠤᠯᠵᠦ᠂ ᠬᠤᠰᠢᠭᠤ ᠰᠢᠶᠠᠨ ᠭᠦᠳᠡᠭᠡ ᠲᠤᠰᠬᠤᠨ ᠤ | ᠨᠢᠬᠡ ᠴᠤᠨᠨᠴᠠᠵᠢᠭᠤᠯᠤᠨᠨᠰᠠᠨ ᠦᠢᠯᠡᠴᠢᠯᠡᠬᠡᠨ ᠤ ᠲᠤᠷᠰᠢᠯᠳᠠ ᠶᠢᠨ ᠴᠢᠬ ᠤᠨ ᠠᠵᠢᠯ ᠢ ᠠᠬᠢᠭᠤᠯᠤᠨ᠎ᠠ︔ ᠨᠡᠶᠢᠬᠡᠮ ᠤᠨ | ᠭᠦᠷᠦᠩᠬᠡ ᠶᠢᠨ ᠵᠤᠬᠢᠬᠤ ᠬᠡᠪᠴᠢᠶ᠎ᠡ ᠪᠦᠭᠦᠢ ᠮᠤᠩᠭᠤᠯ ᠡᠮᠴᠢᠯᠡᠭᠡ ᠬᠢᠳᠡᠳ ᠡᠮᠴᠢᠯᠡᠭᠡ ᠶᠢᠨ ᠠᠰᠢᠭ ᠤᠯᠵᠠᠪᠤᠷᠢ ᠶᠢᠨ | ᠪᠤᠰᠤ ᠲᠤᠰᠬᠠᠢ ᠰᠠᠯᠠᠭᠠᠨ ᠤ ᠡᠮᠨᠡᠯᠬᠡ ᠶᠢᠨ ᠬᠤᠷᠢᠶ᠎ᠠ᠂ ᠡᠮᠨᠡᠨ ᠰᠤᠪᠢᠯᠠᠬᠤ ᠭᠦᠷᠢᠶᠡᠯᠡᠩ ᠪᠠ ᠤᠯᠠᠮᠵᠢᠯᠠᠯᠳᠤ ᠮᠤᠩᠭᠤᠯ | ᠡᠮᠴᠢᠯᠡᠭᠡ ᠬᠢᠳᠡᠳ ᠡᠮᠴᠢᠯᠡᠭᠡ ᠶᠢᠨ ᠤᠨᠤᠰᠢᠯᠠᠨ ᠡᠮᠨᠡᠬᠦ ᠭᠠᠵᠠᠷ ᠡᠷᠬᠢᠯᠡᠬᠦ ᠶᠢ ᠲᠡᠮᠵᠢᠵᠦ᠂ ᠡᠮ ᠤᠨ ᠵᠦᠢᠯ ᠡᠵᠡᠩᠨᠡᠵᠦ | ᠪᠠᠶᠢᠭ᠎ᠠ ᠠᠵᠦ ᠠᠬᠤᠶᠢᠯᠠᠯ ᠤᠨ ᠮᠤᠩᠭᠤᠯ ᠡᠮᠴᠢᠯᠡᠭᠡ ᠬᠢᠳᠡᠳ ᠡᠮᠴᠢᠯᠡᠭᠡ ᠶᠢᠨ ᠡᠮᠴᠢ ᠲᠠᠢ ᠤᠨᠤᠰᠢᠯᠠᠨ ᠡᠮᠨᠡᠬᠦ ᠭᠠᠵᠠᠷ | ᠡᠷᠬᠢᠯᠡᠬᠦ ᠶᠢ ᠵᠦᠪᠰᠢᠶᠡᠷᠡᠨ᠎ᠠ᠃ | ᠲᠤᠰᠬᠠᠢ ᠪᠤᠯᠤᠩ 2 ᠮᠤᠩᠭᠤᠯ ᠡᠮᠨᠡᠯᠬᠡ ᠬᠢᠳᠠᠳ ᠡᠮᠨᠡᠯᠬᠡ ᠶᠢᠨ ᠡᠮᠴᠢᠯᠡᠬᠡᠨ ᠤ ᠦᠢᠯᠡᠴᠢᠯᠡᠭᠡ ᠶᠢᠨ | ᠰᠢᠰᠲ᠋ᠧᠮᠵᠢ ᠶᠢᠨ ᠪᠠᠶᠢᠭᠤᠯᠤᠯᠳᠠ ᠶᠢᠨ ᠲᠦᠷᠦᠯ ᠵᠦᠢᠯ | ᠮᠤᠩᠭᠤᠯ ᠡᠮᠴᠢᠯᠡᠭᠡ ᠬᠢᠳᠠᠳ ᠡᠮᠴᠢᠯᠡᠭᠡ ᠶᠢᠨ ᠬᠤᠷᠢᠶ᠎ᠠ ᠶᠢᠨ ᠦᠢᠯᠡᠴᠢᠯᠡᠬᠡᠨ ᠤ ᠴᠢᠳᠠᠪᠤᠷᠢ ᠶᠢᠨ | ᠪᠠᠶᠢᠭᠤᠯᠤᠯᠳᠠ | ᠡᠯ᠎ᠠ ᠱᠠᠳᠤᠨ ᠤ ᠮᠤᠩᠭᠤᠯ ᠡᠮᠴᠢᠯᠡᠭᠡ ᠬᠢᠳᠠᠳ ᠡᠮᠴᠢᠯᠡᠭᠡ ᠶᠢᠨ ᠬᠤᠷᠢᠶ᠎ᠠ ᠶᠢᠨ ᠦᠢᠯᠡᠴᠢᠯᠡᠬᠡᠨ ᠤ | ᠴᠢᠳᠠᠪᠤᠷᠢ ᠶᠢᠨ ᠪᠠᠶᠢᠭᠤᠯᠤᠯᠳᠠ ᠶᠢ ᠴᠢᠩᠭᠠᠳᠬᠠᠵᠦ᠂ ᠤᠯᠤᠰ ᠤᠨ ᠲᠡᠰ ᠤᠨ ᠡᠮᠨᠡᠯᠬᠡ ᠶᠢᠨ ᠬᠤᠷᠢᠶ᠎ᠠ ᠶᠢᠨ | ᠱᠠᠭᠠᠷᠳᠠᠯᠭ᠎ᠠ ᠳᠤ ᠨᠡᠶᠢᠴᠡᠬᠦ ᠰᠠᠭᠤᠷᠢ ᠪᠡᠯᠡᠳᠬᠡᠮᠵᠢ ᠪᠠ ᠲᠦᠬᠦᠬᠡᠷᠦᠮᠵᠢ ᠶᠢᠨ ᠪᠠᠷᠢᠮᠵᠢᠶᠠᠵᠢᠭᠤᠯᠤᠬᠰᠠᠨ | ᠲᠤᠬᠢᠷᠠᠭᠤᠯᠭ᠎ᠠ ᠳᠤ ᠲᠦᠷᠬᠡᠨ ᠬᠦᠷᠦᠬᠦᠯᠵᠦ᠂ ᠡᠯ᠎ᠠ ᠠᠶᠢᠮᠠᠭ ᠬᠤᠳᠠ ᠨᠢ ᠨᠠᠭᠠᠳᠤ ᠵᠠᠬ᠎ᠠ ᠳᠠᠭᠠᠨ ᠭᠤᠷᠪᠠᠳᠤᠭᠠᠷ | ᠲᠡᠰ ᠤᠨ ᠬᠦᠬᠡ ᠲᠦᠷᠦᠯ ᠤᠨ 1 ᠮᠤᠩᠭᠤᠯ ᠡᠮᠴᠢᠯᠡᠭᠡ ᠬᠢᠳᠠᠳ ᠡᠮᠴᠢᠯᠡᠭᠡ ᠶᠢᠨ ᠡᠮᠨᠡᠯᠬᠡ ᠶᠢᠨ ᠬᠤᠷᠢᠶ᠎ᠠ ᠶᠢ | ᠲᠤᠬᠢᠳᠠᠢ ᠪᠠᠶᠢᠭᠤᠯᠵᠦ᠂ ᠡᠯ᠎ᠠ ᠬᠤᠰᠢᠭᠤ ᠰᠢᠶᠠᠨ ︵ᠬᠤᠳᠠ᠂ ᠲᠤᠭᠤᠷᠢᠭ︶ ᠨᠢ ᠬᠤᠶᠠᠳᠤᠭᠠᠷ ᠲᠡᠰ ᠤᠨ ᠬᠦᠬᠡ | ᠲᠦᠷᠦᠯ ᠤᠨ 1 ᠮᠤᠩᠭᠤᠯ ᠡᠮᠴᠢᠯᠡᠭᠡ ᠬᠢᠳᠠᠳ ᠡᠮᠴᠢᠯᠡᠭᠡ ᠶᠢᠨ ᠡᠮᠨᠡᠯᠬᠡ ᠶᠢᠨ ᠬᠤᠷᠢᠶ᠎ᠠ ᠶᠢ ᠲᠤᠬᠢᠳᠠᠢ ᠪᠠᠶᠢᠭᠤᠯᠤᠨ᠎ᠠ᠃ | | ᠮᠤᠩᠭᠤᠯ ᠡᠮ ᠡᠮᠨᠡᠯᠬᠡ ᠬᠢᠳᠠᠳ ᠡᠮ ᠡᠮᠨᠡᠯᠬᠡ ᠶᠢᠨ ᠤᠨᠴᠠᠯᠢᠭ ᠲᠠᠪᠠᠭᠤᠯᠢᠭ ᠢ ᠪᠠᠳᠠᠷᠠᠭᠤᠯᠤᠨ᠎ᠠ | ᠡᠯ᠎ᠠ ᠱᠠᠳᠤᠨ ᠤ ᠮᠤᠩᠭᠤᠯ ᠡᠮᠴᠢᠯᠡᠭᠡ ᠬᠢᠳᠠᠳ ᠡᠮᠴᠢᠯᠡᠭᠡ ᠶᠢᠨ ᠡᠮᠨᠡᠯᠬᠡ ᠶᠢᠨ ᠬᠤᠷᠢᠶ᠎ᠠ ᠨᠢ ᠮᠤᠩᠭᠤᠯ ᠡᠮ | ᠡᠮᠨᠡᠯᠬᠡ ᠬᠢᠳᠠᠳ ᠡᠮ ᠡᠮᠨᠡᠯᠬᠡ ᠶᠢᠨ ᠵᠡᠬᠦᠤ ᠲᠦᠬᠡᠨᠡᠯᠬᠡ᠂ ᠪᠤᠮᠪᠠ ᠲᠠᠯᠪᠢᠬᠤ᠂ ᠬᠠᠨᠠᠬᠤ ᠵᠠᠰᠠᠯ᠂ ᠢᠯᠢᠯᠬᠡ ᠨᠤᠬᠤᠯᠭᠠ | ᠂ ᠴᠡᠭᠡ ᠶᠢᠨ ᠵᠠᠰᠠᠯ᠂ ᠢᠯᠢᠵᠦ ᠪᠠᠷᠢᠬᠤ᠂ ᠪᠡᠯᠴᠢᠷᠳᠡᠬᠦ᠂ ᠪᠡᠶ᠎ᠠ ᠰᠡᠳᠬᠢᠴᠡ ᠶᠢᠨ ᠠᠨᠠᠭᠠᠬᠤ ᠤᠬᠠᠭᠠᠨ᠂ ᠡᠮᠳᠤ | ᠤᠬᠢᠶᠠᠯ᠂ ᠰᠢᠪᠠᠭ᠋ᠤ ᠵᠠᠰᠠᠯ ᠵᠡᠷᠬᠡ ᠮᠤᠩᠭᠤᠯ ᠡᠮᠴᠢᠯᠡᠭᠡ ᠬᠢᠳᠠᠳ ᠡᠮᠴᠢᠯᠡᠭᠡ ᠶᠢᠨ ᠤᠨᠴᠠᠯᠢᠬᠳᠤ ᠤᠨᠤᠰᠢᠯᠠᠵᠦ ᠡᠮᠨᠡᠬᠦ | ᠲᠦᠷᠦᠯ ᠵᠦᠢᠯ ᠢ ᠢᠳᠡᠪᠬᠢᠳᠡᠢ ᠦᠷᠨᠢᠬᠦᠯᠦᠨ᠎ᠠ᠃ | ᠮᠤᠩᠭᠤᠯ ᠡᠮᠴᠢᠯᠡᠭᠡ ᠬᠢᠳᠠᠳ ᠡᠮᠴᠢᠯᠡᠭᠡ ᠶᠢᠨ ᠲᠤᠰᠬᠠᠢ ᠰᠠᠯᠠᠭᠠᠨ ᠤ ᠲᠤᠰᠬᠠᠢ ᠡᠪᠡᠳᠴᠢᠨ ᠢ ᠤᠨᠤᠰᠢᠯᠠᠵᠦ | ᠡᠮᠨᠡᠬᠦ ᠲᠦᠪ ᠤᠨ ᠪᠠᠶᠢᠭᠤᠯᠤᠯᠳᠠ | ᠤᠯᠤᠰ ᠤᠨ ᠲᠡᠰ ᠤᠨ ᠮᠤᠩᠭᠤᠯ ᠡᠮᠴᠢᠯᠡᠭᠡ ᠬᠢᠳᠠᠳ ᠡᠮᠴᠢᠯᠡᠭᠡ ᠶᠢᠨ ᠲᠤᠰᠬᠠᠢ ᠰᠠᠯᠠᠭᠠᠨ ᠤ ᠲᠤᠰᠬᠠᠢ | ᠡᠪᠡᠳᠴᠢᠨ ᠢ ᠤᠨᠤᠰᠢᠯᠠᠵᠦ ᠡᠮᠨᠡᠬᠦ 1 ᠲᠦᠪ ᠪᠠ ᠤᠷᠤᠨ ᠪᠦᠰᠡ ᠶᠢᠨ ᠮᠤᠩᠭᠤᠯ ᠡᠮᠴᠢᠯᠡᠭᠡ ᠬᠢᠳᠠᠳ ᠡᠮᠴᠢᠯᠡᠭᠡ ᠶᠢᠨ | ᠲᠤᠰᠬᠠᠢ ᠰᠠᠯᠠᠭᠠᠨ ᠤ ᠲᠤᠰᠬᠠᠢ ᠡᠪᠡᠳᠴᠢᠨ ᠢ ᠤᠨᠤᠰᠢᠯᠠᠵᠦ ᠡᠮᠨᠡᠬᠦ ᠲᠦᠪ ᠢ 7 ᠠᠴᠠ ᠲᠡᠬᠡᠭᠰᠢᠬᠢ ᠪᠠᠶᠢᠭᠤᠯᠤᠨ᠎ᠠ᠃ | ᠦᠨᠳᠦᠰᠦᠨ ᠱᠠᠳᠤᠨ ᠤ ᠮᠤᠩᠭᠤᠯ ᠡᠮ ᠡᠮᠨᠡᠯᠬᠡ ᠬᠢᠳᠠᠳ ᠡᠮ ᠡᠮᠨᠡᠯᠬᠡ ᠶᠢᠨ ᠦᠢᠯᠡᠴᠢᠯᠡᠬᠡᠨ ᠤ | ᠴᠢᠳᠠᠪᠤᠷᠢ ᠶᠢᠨ ᠪᠠᠶᠢᠭᠤᠯᠤᠯᠳᠠ | ᠰᠤᠮᠤ ᠰᠢᠶᠠᠩ ᠪᠠᠯᠭᠠᠰᠤ ᠶᠢᠨ ᠡᠷᠡᠬᠦᠯ ᠬᠠᠮᠠᠭᠠᠯᠠᠯ ᠤᠨ ᠬᠤᠷᠢᠶ᠎ᠠ ᠪᠠ ᠨᠡᠶᠢᠬᠡᠮ ᠲᠤᠭᠤᠷᠢᠭ ᠤᠨ ᠡᠷᠡᠬᠦᠯ | ᠬᠠᠮᠠᠭᠠᠯᠠᠯ ᠤᠨ ᠦᠢᠯᠡᠴᠢᠯᠡᠬᠡᠨ ᠤ ᠲᠦᠪ ᠤᠨ ᠮᠤᠩᠭᠤᠯ ᠡᠮ ᠡᠮᠨᠡᠯᠬᠡ ᠪᠤᠶᠤ ᠬᠢᠳᠠᠳ ᠡᠮ ᠡᠮᠨᠡᠯᠬᠡ ᠶᠢᠨ | ᠤᠨᠴᠠᠯᠢᠬᠳᠤ ᠤᠨᠤᠰᠢᠯᠠᠵᠦ ᠡᠮᠨᠡᠬᠦ ᠲᠤᠭᠤᠷᠢᠭ ᠤᠨ ᠪᠠᠶᠢᠭᠤᠯᠤᠯᠳᠠ ᠶᠢ ᠴᠢᠩᠭᠠᠳᠬᠠᠵᠦ᠂ ᠮᠤᠩᠭᠤᠯ ᠡᠮᠴᠢᠯᠡᠭᠡ | ᠬᠢᠳᠠᠳ ᠡᠮᠴᠢᠯᠡᠭᠡ ᠶᠢᠨ ᠤᠨᠤᠰᠢᠯᠠᠵᠦ ᠡᠮᠨᠡᠬᠦ ᠲᠦᠬᠦᠬᠡᠷᠦᠮᠵᠢ ᠶᠢ ᠵᠢᠷᠤᠮᠵᠢᠭᠤᠯᠤᠨ ᠲᠤᠬᠢᠷᠠᠭᠤᠯᠵᠦ᠂ ᠰᠤᠮᠤ ᠰᠢᠶᠠᠩ | ᠪᠠᠯᠭᠠᠰᠤ ᠶᠢᠨ ᠡᠷᠡᠬᠦᠯ ᠬᠠᠮᠠᠭᠠᠯᠠᠯ ᠤᠨ ᠬᠤᠷᠢᠶ᠎ᠠ᠂ 70% ᠶᠢᠨ ᠭᠠᠴᠠᠭ᠎ᠠ ᠲᠤᠰᠬᠤᠨ ᠤ ᠡᠷᠡᠬᠦᠯ ᠬᠠᠮᠠᠭᠠᠯᠠᠯ ᠤᠨ | ᠲᠠᠰᠤᠭ ᠵᠢᠴᠢ ᠪᠦᠬᠦ ᠨᠡᠶᠢᠬᠡᠮ ᠲᠤᠭᠤᠷᠢᠭ ᠤᠨ ᠡᠷᠡᠬᠦᠯ ᠬᠠᠮᠠᠭᠠᠯᠠᠯ ᠤᠨ ᠦᠢᠯᠡᠴᠢᠯᠡᠬᠡᠨ ᠤ ᠪᠠᠶᠢᠭᠤᠯᠤᠮᠵᠢ ᠨᠢ | ᠮᠤᠩᠭᠤᠯ ᠡᠮ ᠡᠮᠨᠡᠯᠬᠡ ᠪᠤᠶᠤ ᠬᠢᠳᠠᠳ ᠡᠮ ᠡᠮᠨᠡᠯᠬᠡ ᠶᠢᠨ ᠦᠢᠯᠡᠴᠢᠯᠡᠭᠡ ᠬᠠᠨᠭ᠍ᠭᠠᠨ᠎ᠠ᠃ ᠡᠯ᠎ᠠ ᠱᠠᠳᠤᠨ ᠤ ᠮᠤᠩᠭᠤᠯ | ᠡᠮᠴᠢᠯᠡᠭᠡ ᠪᠤᠶᠤ ᠬᠢᠳᠠᠳ ᠡᠮᠴᠢᠯᠡᠭᠡ ᠶᠢᠨ ᠡᠮᠨᠡᠯᠬᠡ ᠶᠢᠨ ᠬᠤᠷᠢᠶ᠎ᠠ ᠳᠤ ᠲᠦᠰᠢᠭᠯᠡᠵᠦ ᠠᠶᠢᠮᠠᠭ ᠬᠤᠳᠠ ᠶᠢᠨ ᠲᠡᠰ ᠪᠠ | ᠬᠤᠰᠢᠭᠤ ᠰᠢᠶᠠᠨ ᠤ ᠲᠡᠰ ᠤᠨ ᠮᠤᠩᠭᠤᠯ ᠡᠮᠴᠢᠯᠡᠭᠡ ᠬᠢᠳᠠᠳ ᠡᠮᠴᠢᠯᠡᠭᠡ ᠶᠢᠨ ᠮᠡᠷᠬᠡᠵᠢᠯ ᠢ ᠲᠦᠬᠡᠮᠡᠯᠵᠢᠬᠦᠯᠬᠦ ᠳᠤ | ᠲᠤᠬᠢᠷᠠᠮᠵᠢᠳᠠᠢ ᠰᠠᠭᠤᠷᠢᠨ ᠭᠠᠵᠠᠷ ᠢ ᠪᠠᠶᠢᠭᠤᠯᠵᠦ᠂ ᠨᠡᠶᠢᠬᠡᠮ ᠲᠤᠭᠤᠷᠢᠭ ᠤᠨ ᠡᠷᠡᠬᠦᠯ ᠬᠠᠮᠠᠭᠠᠯᠠᠯ ᠤᠨ | ᠦᠢᠯᠡᠴᠢᠯᠡᠬᠡᠨ ᠤ ᠪᠠᠶᠢᠭᠤᠯᠤᠮᠵᠢ ᠪᠠ ᠰᠤᠮᠤ ᠰᠢᠶᠠᠨᠩ ᠪᠠᠯᠭᠠᠰᠤ ᠶᠢᠨ ᠡᠷᠡᠬᠦᠯ ᠬᠠᠮᠠᠭᠠᠯᠠᠯ ᠤᠨ ᠬᠤᠷᠢᠶ᠎ᠠ ᠨᠢᠬᠡᠪᠦᠷᠢ ᠳᠤ | ᠨᠠᠭᠠᠳᠤ ᠵᠠᠬ᠎ᠠ ᠳᠠᠭᠠᠨ ᠮᠤᠩᠭᠤᠯ ᠡᠮᠴᠢᠯᠡᠭᠡ ᠬᠢᠳᠠᠳ ᠡᠮᠴᠢᠯᠡᠭᠡ ᠳᠤ ᠲᠤᠬᠢᠷᠠᠮᠵᠢᠳᠠᠢ 6 ᠲᠦᠷᠦᠯ ᠤᠨ ᠮᠡᠷᠬᠡᠵᠢᠯ ᠢ | ᠲᠦᠬᠡᠮᠡᠯᠵᠢᠬᠦᠯᠦᠨ᠂ ᠨᠡᠶᠢᠬᠡᠮ ᠲᠤᠭᠤᠷᠢᠭ ᠤᠨ ᠡᠷᠡᠬᠦᠯ ᠬᠠᠮᠠᠭᠠᠯᠠᠯ ᠤᠨ ᠦᠢᠯᠡᠴᠢᠯᠡᠬᠡᠨ ᠤ ᠦᠷᠳᠡᠭᠡ ᠪᠠ ᠭᠠᠴᠠᠭ᠎ᠠ | ᠲᠤᠰᠬᠤᠨ ᠤ ᠡᠷᠡᠬᠦᠯ ᠬᠠᠮᠠᠭᠠᠯᠠᠯ ᠤᠨ ᠲᠠᠰᠤᠭ ᠨᠢᠬᠡᠪᠦᠷᠢ ᠳᠤ ᠨᠠᠭᠠᠳᠤ ᠵᠠᠬ᠎ᠠ ᠳᠠᠭᠠᠨ ᠮᠤᠩᠭᠤᠯ ᠡᠮᠴᠢᠯᠡᠭᠡ ᠬᠢᠳᠠᠳ | ᠡᠮᠴᠢᠯᠡᠭᠡ ᠳᠤ ᠲᠤᠬᠢᠷᠠᠮᠵᠢᠳᠠᠢ 3 ᠲᠦᠷᠦᠯ ᠤᠨ ᠮᠡᠷᠬᠡᠵᠢᠯ ᠢ ᠲᠦᠬᠡᠮᠡᠯᠵᠢᠬᠦᠯᠦᠨ᠎ᠠ᠃ | ᠮᠤᠩᠭᠤᠯ ᠡᠮ ᠤᠨ ᠡᠮᠨᠡᠯᠬᠡ ᠶᠢᠨ ᠬᠤᠷᠢᠶ᠎ᠠ ᠶᠢᠨ ᠨᠠᠶᠢᠷᠠᠯᠭ᠎ᠠ ᠶᠢ ᠵᠤᠬᠢᠰᠳᠠᠢ ᠨᠠᠶᠢᠷᠠᠵᠦ ᠬᠡᠷᠡᠭᠯᠡᠨ᠎ᠠ | ᠮᠤᠩᠭᠤᠯ ᠡᠮ ᠤᠨ ᠡᠮᠨᠡᠯᠬᠡ ᠶᠢᠨ ᠬᠤᠷᠢᠶ᠎ᠠ ᠶᠢᠨ ᠨᠠᠶᠢᠷᠠᠯᠭ᠎ᠠ ᠨᠠᠶᠢᠷᠠᠵᠦ ᠬᠡᠷᠡᠭᠯᠡᠬᠦ ᠶᠢ ᠵᠤᠷᠢᠬᠵᠢᠭᠤᠯᠵᠦ᠂ | ᠡᠷᠳᠡᠮᠳᠡᠨ ᠤ ᠮᠡᠳᠡᠷᠡᠵᠦ ᠪᠦᠬᠦᠢ ᠤᠷᠳᠤ ᠬᠤᠭᠤᠴᠠᠭ᠎ᠠ ᠪᠠᠷ ᠬᠡᠷᠡᠭᠯᠡᠭᠰᠡᠨ᠂ ᠡᠮᠴᠢᠯᠡᠬᠡᠨ ᠤ ᠦᠷ᠎ᠠ ᠪᠦᠳᠦᠮᠵᠢ | ᠲᠤᠳᠤᠷᠬᠠᠢ ᠪᠦᠬᠡᠳ ᠡᠮᠴᠢᠯᠡᠭᠡ ᠳᠤ ᠪᠠᠴᠢᠮ ᠱᠠᠭᠠᠷᠳᠠᠬᠳᠠᠬᠤ ᠡᠮᠴᠢᠯᠡᠬᠡᠨ ᠤ ᠪᠠᠶᠢᠭᠤᠯᠤᠮᠵᠢ ᠶᠢᠨ ᠮᠤᠩᠭᠤᠯ ᠡᠮ ᠤᠨ | ᠨᠠᠶᠢᠷᠠᠯᠭ᠎ᠠ ᠶᠢ ᠪᠦᠬᠦ ᠤᠷᠤᠨ ᠤ ᠠᠯᠪᠠᠨ ᠠᠴᠠ ᠡᠷᠬᠢᠯᠡᠭᠰᠡᠨ ᠮᠤᠩᠭᠤᠯ ᠡᠮᠴᠢᠯᠡᠭᠡ ᠬᠢᠳᠠᠳ ᠡᠮᠴᠢᠯᠡᠭᠡ ᠶᠢᠨ | ᠡᠮᠨᠡᠯᠬᠡ ᠶᠢᠨ ᠬᠤᠷᠢᠶ᠎ᠠ ᠪᠤᠶᠤ ᠡᠮᠨᠡᠯᠬᠡ ᠶᠢᠨ ᠬᠤᠯᠪᠤᠭᠠᠳᠤ ᠴᠤᠬᠴᠠ ᠵᠢᠴᠢ ᠬᠤᠪᠢᠶᠠᠷᠢ ᠬᠤᠷᠢᠶ᠎ᠠ ᠶᠢᠨ ᠡᠮ | ᠨᠠᠶᠢᠷᠠᠬᠤ ᠳᠤ ᠬᠡᠷᠡᠭᠯᠡᠬᠦ ᠶᠢ ᠵᠦᠪᠰᠢᠶᠡᠷᠡᠨ᠎ᠠ᠃ | ᠠᠷᠠᠳ ᠠᠴᠠ ᠡᠷᠬᠢᠯᠡᠭᠰᠡᠨ ᠠᠰᠢᠭ ᠤᠯᠵᠠᠪᠤᠷᠢ ᠶᠢᠨ ᠪᠤᠰᠤ ᠮᠤᠩᠭᠤᠯ ᠡᠮᠴᠢᠯᠡᠭᠡ ᠬᠢᠳᠠᠳ ᠡᠮᠴᠢᠯᠡᠭᠡ ᠶᠢᠨ | ᠡᠮᠨᠡᠯᠬᠡ ᠶᠢᠨ ᠬᠤᠷᠢᠶ᠎ᠠ ᠶᠢᠨ ᠪᠦᠳᠦᠬᠡᠨ ᠪᠠᠶᠢᠭᠤᠯᠤᠯᠳᠠ | ᠨᠡᠶᠢᠬᠡᠮ ᠤᠨ ᠬᠦᠷᠦᠩᠬᠡ ᠶᠢ ᠵᠤᠷᠢᠬᠵᠢᠭᠤᠯᠵᠦ ᠠᠰᠢᠭ ᠤᠯᠵᠠᠪᠤᠷᠢ ᠶᠢᠨ ᠪᠤᠰᠤ ᠮᠤᠩᠭᠤᠯ ᠡᠮᠴᠢᠯᠡᠭᠡ ᠬᠢᠳᠠᠳ | ᠡᠮᠴᠢᠯᠡᠭᠡ ᠶᠢᠨ ᠲᠤᠰᠬᠠᠢ ᠰᠠᠯᠠᠭᠠᠨ ᠤ ᠡᠮᠨᠡᠯᠬᠡ ᠶᠢᠨ ᠬᠤᠷᠢᠶ᠎ᠠ ᠡᠷᠬᠢᠯᠡᠬᠦᠯᠦᠨᠠ︔ ᠮᠤᠩᠭᠤᠯ ᠡᠮᠴᠢᠯᠡᠭᠡ ᠬᠢᠳᠠᠳ | ᠡᠮᠴᠢᠯᠡᠭᠡ ᠶᠢᠨ ᠤᠨᠴᠠᠯᠢᠭ ᠲᠤᠪᠤᠶᠢᠮ᠎ᠠ ᠡᠷᠡᠬᠦᠯᠵᠢᠯ ᠤᠨ ᠡᠮᠨᠡᠯᠬᠡ ᠶᠢᠨ ᠬᠤᠷᠢᠶ᠎ᠠ᠂ ᠨᠠᠰᠤᠳᠠᠶᠢᠴᠤᠤᠯ ᠤᠨ | ᠡᠪᠡᠳᠴᠢᠨ ᠤ ᠡᠮᠨᠡᠯᠬᠡ ᠶᠢᠨ ᠬᠤᠷᠢᠶ᠎ᠠ᠂ ᠰᠤᠪᠢᠯᠠᠯᠳᠠ ᠶᠢᠨ ᠬᠦᠷᠢᠶᠡᠯᠡᠩ᠂ ᠨᠠᠰᠤ ᠡᠴᠦᠰᠯᠡᠬᠦ ᠶᠢᠨ ᠬᠠᠯᠠᠮᠵᠢᠯᠠᠯ ᠤᠨ | ᠡᠮᠨᠡᠯᠬᠡ ᠶᠢᠨ ᠬᠤᠷᠢᠶ᠎ᠠ ᠵᠡᠷᠬᠡ ᠡᠮᠴᠢᠯᠡᠬᠡᠨ ᠤ ᠪᠠᠶᠢᠭᠤᠯᠤᠮᠵᠢ ᠶᠢ ᠬᠦᠭᠵᠢᠬᠦᠯᠦᠨ᠎ᠠ᠃ | ︵ᠭᠤᠷᠪᠠ︶ ᠮᠤᠩᠭᠤᠯ ᠡᠮ ᠡᠮᠨᠡᠯᠬᠡ ᠬᠢᠳᠡᠳ ᠡᠮ ᠡᠮᠨᠡᠯᠬᠡ ᠶᠢᠨ ᠤᠨᠴᠠᠯᠢᠨᠨᠳᠦ ᠡᠷᠡᠭᠦᠯᠵᠢᠯ ᠤᠨ | ᠦᠢᠯᠡᠴᠢᠯᠡᠭᠡ ᠭᠦᠭᠵᠢᠭᠦᠯᠭᠦ ᠶᠢ ᠲᠡᠮᠵᠢᠨ᠎ᠠ᠃ ᠡᠯ᠎ᠡ ᠱᠠᠳᠤᠨ ᠤ ᠮᠤᠩᠭᠤᠯ ᠡᠮᠴᠢᠯᠡᠭᠡ ᠬᠢᠳᠡᠳ ᠡᠮᠴᠢᠯᠡᠭᠡ ᠶᠢᠨ | ᠡᠮᠨᠡᠯᠬᠡ ᠶᠢᠨ ᠬᠤᠷᠢᠶ᠎ᠠ ᠨᠢ ᠡᠮᠴᠢᠯᠡᠬᠡᠨ ᠤ ᠡᠬᠢ ᠪᠠᠶᠠᠯᠢᠭ ᠤᠨ ᠲᠠᠪᠠᠭᠤᠯᠢᠭ ᠲᠠᠭᠠᠨ ᠲᠦᠰᠢᠭᠯᠡᠵᠦ᠂ ᠨᠡᠶᠢᠬᠡᠮ ᠤᠨ | ᠭᠦᠷᠦᠩᠬᠡ ᠯᠦᠭᠡ ᠬᠠᠮᠳᠤᠷᠠᠯᠴᠠᠭ᠎ᠠ ᠦᠷᠨᠢᠭᠦᠯᠦᠨ᠂ ᠮᠤᠩᠭᠤᠯ ᠡᠮᠴᠢᠯᠡᠭᠡ ᠬᠢᠳᠡᠳ ᠡᠮᠴᠢᠯᠡᠭᠡ ᠶᠢᠨ ᠤᠨᠴᠠᠯᠢᠨᠨᠳᠤ | ᠡᠷᠡᠭᠦᠯᠵᠢᠯ ᠤᠨ ᠪᠠᠶᠢᠭᠤᠯᠤᠮᠵᠢ ᠪᠠᠶᠢᠭᠤᠯᠬᠤ ᠶᠢ ᠵᠤᠷᠢᠨᠨᠵᠢᠭᠤᠯᠤᠨ᠎ᠠ᠃ ᠬᠤᠰᠢᠭᠤ ᠰᠢᠶᠠᠨ ᠤ ᠲᠡᠰ ᠤᠨ ᠮᠤᠩᠭᠤᠯ | ᠡᠮᠴᠢᠯᠡᠭᠡ ᠬᠢᠳᠡᠳ ᠡᠮᠴᠢᠯᠡᠭᠡ ᠶᠢᠨ ᠡᠮᠨᠡᠯᠬᠡ ᠶᠢᠨ ᠬᠤᠷᠢᠶ᠎ᠠ ᠶᠢ ᠲᠠᠮᠵᠢᠵᠦ ᠪᠠᠶᠢᠭᠠᠳ ᠨᠡᠶᠢᠬᠡᠮ ᠲᠤᠭᠤᠷᠢᠭ ᠤᠨ | ᠡᠷᠡᠭᠦᠯ ᠬᠠᠮᠠᠭᠠᠯᠠᠯ ᠤᠨ ᠦᠢᠯᠡᠴᠢᠯᠡᠬᠡᠨ ᠤ ᠲᠦᠪ᠂ ᠰᠤᠮᠤ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ | ᠂ ᠵᠡᠮᠳᠡᠭᠴᠤᠳ ᠤᠨ ᠡᠷᠡᠭᠦᠯᠵᠢᠯ ᠤᠨ ᠲᠦᠪ᠂ ᠠᠵᠢᠯ ᠠᠴᠠ ᠪᠤᠯᠤᠨᠨᠰᠠᠨ ᠬᠡᠮᠳᠦᠯ ᠤᠨ ᠡᠷᠡᠭᠦᠯᠵᠢᠯ ᠤᠨ ᠲᠦᠪ᠂ | ᠠᠷᠠᠳ ᠤᠨ ᠶᠠᠪᠤᠳᠠᠯ ᠤᠨ ᠡᠷᠡᠭᠦᠯᠵᠢᠯ ᠤᠨ ᠪᠠᠶᠢᠭᠤᠯᠤᠮᠵᠢ᠂ ᠤᠨᠴᠤᠭᠤᠢ ᠰᠤᠷᠭᠠᠨ ᠭᠦᠮᠦᠵᠢᠯ ᠭᠦᠷᠳᠡᠬᠦ ᠰᠤᠷᠭᠠᠭᠤᠯᠢ | ᠵᠡᠷᠬᠡ ᠪᠠᠶᠢᠭᠤᠯᠤᠮᠵᠢ ᠶᠢ ᠵᠢᠯᠤᠭᠤᠳᠴᠤ᠂ ᠮᠤᠩᠭᠤᠯ ᠡᠮᠴᠢᠯᠡᠭᠡ ᠬᠢᠳᠡᠳ ᠡᠮᠴᠢᠯᠡᠭᠡ ᠶᠢᠨ ᠤᠨᠴᠠᠯᠢᠨᠨᠳᠦ | ᠡᠷᠡᠭᠦᠯᠵᠢᠯ ᠤᠨ ᠦᠢᠯᠡᠴᠢᠯᠡᠬᠡᠨ ᠦᠷᠨᠢᠭᠦᠯᠦᠨ᠎ᠠ᠃ ᠮᠤᠩᠭᠤᠯ ᠡᠮᠴᠢᠯᠡᠭᠡ ᠬᠢᠳᠡᠳ ᠡᠮᠴᠢᠯᠡᠭᠡ ᠶᠢᠨ ᠮᠡᠷᠬᠡᠵᠢᠯ ᠢᠶᠠᠷ | ᠲᠠᠷᠢᠬᠢᠨ ᠡᠪᠡᠳᠴᠢᠨ ᠤ ᠡᠷᠡᠭᠦᠯᠵᠢᠯ᠂ ᠶᠠᠰᠤᠨ ᠤ ᠰᠠᠯᠠᠭᠠᠨ ᠤ ᠡᠷᠡᠭᠦᠯᠵᠢᠯ᠂ ᠵᠢᠷᠦᠬᠡ ᠠᠭᠤᠰᠬᠢ ᠶᠢᠨ ᠡᠷᠡᠭᠦᠯᠵᠢᠯ᠂ | ᠨᠢᠳᠦᠨ ᠤ ᠡᠪᠡᠳᠴᠢᠨ ᠤ ᠡᠷᠡᠭᠦᠯᠵᠢᠯ᠂ ᠬᠡᠤᠬᠡᠳ ᠤᠨ ᠡᠷᠡᠭᠦᠯᠵᠢᠯ᠂ ᠨᠠᠰᠤᠳᠠᠨ ᠤ ᠬᠠᠭᠤᠴᠢᠨ ᠠᠷᠬᠠᠭ ᠤᠨ | ᠡᠷᠡᠭᠦᠯᠵᠢᠯ ᠵᠡᠷᠬᠡ ᠳᠠᠬᠢ ᠮᠡᠷᠬᠡᠵᠢᠯ ᠤᠨ ᠪᠤᠭᠤᠮᠳᠠ ᠰᠢᠪᠳᠤᠯᠤᠯᠳᠠ ᠶᠢ ᠦᠷᠨᠢᠭᠦᠯᠵᠦ᠂ ᠬᠠᠮᠢᠶ᠎ᠠ ᠪᠦᠭᠦᠢ | ᠦᠢᠯᠡᠴᠢᠯᠡᠬᠡᠨ ᠤ ᠪᠠᠷᠢᠮᠵᠢᠶ᠎ᠠ ᠵᠢᠴᠢ ᠵᠢᠷᠤᠮᠵᠢᠯ ᠢ ᠲᠡᠭᠦᠯᠳᠡᠷᠵᠢᠭᠦᠯᠦᠨ᠎ᠠ᠃ ᠠᠶᠢᠮᠠᠭ ᠬᠤᠳᠠ ᠶᠢᠨ ᠲᠡᠰ ᠤᠨ ᠮᠤᠩᠭᠤᠯ | ᠡᠮᠴᠢᠯᠡᠭᠡ ᠬᠢᠳᠡᠳ ᠡᠮᠴᠢᠯᠡᠭᠡ ᠶᠢᠨ ᠡᠮᠨᠡᠯᠬᠡ ᠶᠢᠨ ᠬᠤᠷᠢᠶ᠎ᠠ ᠳᠤ ᠲᠦᠰᠢᠭᠯᠡᠵᠦ ᠮᠤᠩᠭᠤᠯ ᠡᠮᠴᠢᠯᠡᠭᠡ ᠬᠢᠳᠡᠳ | ᠡᠮᠴᠢᠯᠡᠭᠡ ᠶᠢᠨ ᠤᠨᠴᠠᠯᠢᠬᠳᠤ ᠡᠷᠡᠭᠦᠯᠵᠢᠯ ᠤᠨ ᠵᠢᠱᠢᠶ᠎ᠡ ᠦᠵᠡᠭᠦᠯᠭᠦ ᠲᠦᠪ ᠪᠠ ᠮᠡᠷᠬᠡᠵᠢᠯ ᠲᠦᠬᠡᠮᠡᠯᠵᠢᠭᠦᠯᠭᠦ ᠲᠦᠪ ᠢ | ᠪᠠᠶᠢᠭᠤᠯᠤᠨ᠎ᠠ᠃ ᠮᠤᠩᠭᠤᠯ ᠡᠮᠴᠢᠯᠡᠭᠡ ᠬᠢᠳᠡᠳ ᠡᠮᠴᠢᠯᠡᠭᠡ ᠶᠢᠨ ᠤᠨᠴᠠᠯᠢᠨᠨᠳᠤ ᠡᠷᠡᠭᠦᠯᠵᠢᠯ ᠤᠨ ᠦᠢᠯᠡᠴᠢᠯᠡᠭᠡ | ᠬᠢᠬᠡᠳ ᠨᠠᠰᠤᠵᠢᠯ᠂ ᠵᠢᠭᠤᠯᠴᠢᠯᠠᠯ᠂ ᠰᠤᠷᠭᠠᠨ ᠭᠦᠮᠦᠵᠢᠯ᠂ ᠡᠮ ᠤᠨ ᠵᠦᠢᠯ ᠪᠠᠭᠠᠵᠢ ᠬᠡᠷᠡᠭᠰᠡᠯ᠂ ᠮᠡᠳᠡᠭᠡ | ᠵᠠᠩᠬᠢ ᠶᠢᠨ ᠢᠨᠵᠧᠨᠧᠷᠢᠩ ᠵᠡᠷᠬᠡ ᠠᠵᠦ ᠦᠢᠯᠡᠰ ᠤᠨ ᠠᠭᠤᠰᠤᠯᠴᠠᠨ ᠭᠦᠭᠵᠢᠭᠦ ᠶᠢ ᠢᠳᠡᠪᠬᠢᠳᠡᠢ ᠠᠬᠢᠭᠤᠯᠤᠨ᠎ᠠ᠃ | ᠲᠤᠰᠬᠠᠢ ᠪᠤᠯᠤᠩ 3 ᠮᠤᠩᠭᠤᠯ ᠡᠮᠴᠢᠯᠡᠭᠡ ᠬᠢᠳᠠᠳ ᠡᠮᠴᠢᠯᠡᠭᠡ ᠶᠢᠨ ᠤᠨᠴᠠᠯᠢᠬᠳᠤ ᠡᠷᠡᠬᠦᠯᠵᠢᠯ ᠤᠨ | ᠦᠢᠯᠡᠴᠢᠯᠡᠬᠡᠨ ᠤ ᠴᠢᠳᠠᠪᠤᠷᠢ ᠶᠢᠨ ᠪᠠᠶᠢᠭᠤᠯᠤᠯᠳᠠ ᠶᠢᠨ ᠲᠦᠷᠦᠯ ᠵᠦᠢᠯ | ᠮᠤᠩᠭᠤᠯ ᠡᠮᠴᠢᠯᠡᠭᠡ ᠬᠢᠳᠠᠳ ᠡᠮᠴᠢᠯᠡᠭᠡ ᠶᠢᠨ ᠤᠨᠴᠠᠯᠢᠬᠳᠤ ᠡᠷᠡᠬᠦᠯᠵᠢᠯ ᠤᠨ ᠴᠢᠳᠠᠪᠤᠷᠢ ᠶᠢᠨ ᠪᠠᠶᠢᠭᠤᠯᠤᠯᠳᠠ | | ᠮᠤᠩᠭᠤᠯ ᠡᠮᠴᠢᠯᠡᠭᠡ ᠬᠢᠳᠠᠳ ᠡᠮᠴᠢᠯᠡᠭᠡ ᠶᠢᠨ ᠡᠮᠨᠡᠯᠬᠡ ᠶᠢᠨ ᠬᠤᠷᠢᠶ᠎ᠠ ᠶᠢᠨ ᠡᠷᠡᠬᠦᠯᠵᠢᠯ ᠤᠨ ᠰᠠᠯᠠᠭᠠᠨ ᠤ | ᠪᠠᠶᠢᠭᠤᠯᠤᠯᠳᠠ ᠶᠢ ᠴᠢᠩᠭᠠᠳᠬᠠᠵᠦ᠂ ᠵᠢᠯ ᠪᠦᠷᠢ ᠮᠤᠩᠭᠤᠯ ᠡᠮᠴᠢᠯᠡᠭᠡ ᠬᠢᠳᠠᠳ ᠡᠮᠴᠢᠯᠡᠭᠡ ᠶᠢᠨ | ᠪᠠᠷᠢᠮᠵᠢᠶᠠᠵᠢᠭᠤᠯᠤᠬᠰᠠᠨ᠂ ᠵᠢᠷᠤᠮᠵᠢᠭᠤᠯᠤᠬᠰᠠᠨ 20 ᠡᠷᠡᠬᠦᠯᠵᠢᠯ ᠤᠨ ᠰᠠᠯᠠᠭ᠎ᠠ ᠲᠠᠰᠤᠭ ᠪᠠᠶᠢᠭᠤᠯᠬᠤ ᠶᠢ ᠲᠠᠮᠵᠢᠵᠦ᠂ | ᠡᠮᠴᠢᠯᠡᠬᠡᠨ ᠤ ᠪᠠᠶᠢᠭᠤᠯᠤᠮᠵᠢ ᠶᠢᠨ ᠮᠤᠩᠭᠤᠯ ᠡᠮᠴᠢᠯᠡᠭᠡ ᠬᠢᠳᠠᠳ ᠡᠮᠴᠢᠯᠡᠭᠡ ᠶᠢᠨ ᠤᠨᠴᠠᠯᠢᠬᠳᠤ ᠡᠷᠡᠬᠦᠯᠵᠢᠯ ᠤᠨ | ᠡᠮᠴᠢᠯᠡᠭᠡ᠂ ᠰᠤᠷᠭᠠᠭᠤᠯᠢᠯᠠᠯ ᠤᠨ ᠵᠢᠭᠠᠨ ᠵᠢᠯᠤᠭᠤᠳᠤᠯᠭ᠎ᠠ᠂ ᠮᠡᠳᠡᠯᠬᠡ ᠲᠦᠬᠡᠮᠡᠯᠵᠢᠬᠦᠯᠬᠦ᠂ ᠡᠷᠡᠬᠦᠯᠵᠢᠯ | ᠰᠤᠪᠢᠯᠠᠯᠳᠠ ᠶᠢᠨ ᠦᠢᠯᠡᠴᠢᠯᠡᠭᠡ ᠦᠷᠨᠢᠬᠦᠯᠬᠦ ᠶᠢ ᠠᠬᠢᠭᠤᠯᠤᠨ᠎ᠠ᠃ | ᠮᠤᠩᠭᠤᠯ ᠡᠮᠴᠢᠯᠡᠭᠡ ᠪᠤᠶᠤ ᠬᠢᠳᠠᠳ ᠡᠮᠴᠢᠯᠡᠭᠡ ᠶᠢᠨ ᠡᠷᠡᠬᠦᠯᠵᠢᠯ ᠤᠨ ᠲᠦᠪ ᠤᠨ ᠪᠠᠶᠢᠭᠤᠯᠤᠯᠳᠠ ᠶᠢ | ᠲᠠᠮᠵᠢᠨ᠎ᠠ | ᠦᠪᠡᠷᠳᠡᠬᠡᠨ ᠵᠠᠰᠠᠬᠤ ᠤᠷᠤᠨ ᠤ ᠲᠡᠰ ᠤᠨ ᠮᠤᠩᠭᠤᠯ ᠡᠮᠴᠢᠯᠡᠭᠡ ᠬᠢᠳᠠᠳ ᠡᠮᠴᠢᠯᠡᠭᠡ ᠶᠢᠨ ᠡᠮᠨᠡᠯᠬᠡ ᠶᠢᠨ | ᠬᠤᠷᠢᠶ᠎ᠠ ᠶᠢᠨ ᠪᠠᠶᠢᠭᠤᠯᠤᠯᠳᠠ ᠳᠤ ᠲᠦᠰᠢᠭᠯᠡᠵᠦ ᠦᠪᠡᠷᠳᠡᠬᠡᠨ ᠵᠠᠰᠠᠬᠤ ᠤᠷᠤᠨ ᠤ ᠲᠡᠰ ᠤᠨ ᠮᠤᠩᠭᠤᠯ ᠡᠮᠴᠢᠯᠡᠭᠡ | ᠪᠤᠶᠤ ᠬᠢᠳᠠᠳ ᠡᠮᠴᠢᠯᠡᠭᠡ ᠶᠢᠨ ᠶᠡᠷᠦᠩᠬᠡᠶᠢᠯᠡᠭᠰᠡᠨ ᠡᠷᠡᠬᠦᠯᠵᠢᠯ ᠤᠨ ᠲᠦᠪ ᠢ 3᠂ ᠦᠪᠡᠷᠳᠡᠬᠡᠨ ᠵᠠᠰᠠᠬᠤ ᠤᠷᠤᠨ ᠤ | ᠲᠡᠰ ᠤᠨ ᠮᠤᠩᠭᠤᠯ ᠡᠮᠴᠢᠯᠡᠭᠡ ᠬᠢᠳᠠᠳ ᠡᠮᠴᠢᠯᠡᠭᠡ ᠶᠢᠨ ᠲᠤᠰᠬᠠᠢ ᠰᠠᠯᠠᠭᠠᠨ ᠤ ᠡᠮᠨᠡᠯᠬᠡ ᠶᠢᠨ ᠡᠷᠡᠬᠦᠯᠵᠢᠯ ᠤᠨ | ᠲᠦᠪ ᠢ 6 ᠪᠠᠶᠢᠭᠤᠯᠵᠦ᠂ ᠵᠢᠯ ᠪᠦᠷᠢ ᠤᠷᠤᠨ ᠪᠦᠰᠡ ᠶᠢᠨ ᠴᠢᠨᠠᠷᠳᠠᠢ ᠮᠤᠩᠭᠤᠯ ᠡᠮᠴᠢᠯᠡᠭᠡ ᠬᠢᠳᠠᠳ ᠡᠮᠴᠢᠯᠡᠭᠡ ᠶᠢᠨ | ᠡᠷᠡᠬᠦᠯᠵᠢᠯ ᠤᠨ ᠲᠦᠪ ᠢ 15 ᠠᠴᠠ 20 ᠪᠠᠶᠢᠭᠤᠯᠬᠤ ᠶᠢ ᠲᠠᠮᠵᠢᠨ᠎ᠠ᠃ ᠠᠶᠢᠮᠠᠭ ᠬᠤᠳᠠ ᠶᠢᠨ ᠲᠡᠰ ᠤᠨ ᠮᠤᠩᠭᠤᠯ | ᠡᠮᠴᠢᠯᠡᠭᠡ ᠬᠢᠳᠠᠳ ᠡᠮᠴᠢᠯᠡᠭᠡ ᠶᠢᠨ ᠡᠮᠨᠡᠯᠬᠡ ᠶᠢᠨ ᠬᠤᠷᠢᠶ᠎ᠠ ᠳᠤ ᠲᠦᠰᠢᠭᠯᠡᠵᠦ ᠮᠤᠩᠭᠤᠯ ᠡᠮᠴᠢᠯᠡᠭᠡ ᠪᠤᠶᠤ ᠬᠢᠳᠠᠳ | ᠡᠮᠴᠢᠯᠡᠭᠡ ᠶᠢᠨ ᠡᠷᠡᠬᠦᠯᠵᠢᠯ ᠤᠨ ᠡᠮᠨᠡᠯᠬᠡ ᠶᠢᠨ ᠬᠤᠷᠢᠶ᠎ᠠ ᠶᠢ 3 ᠠᠴᠠ 5 ᠪᠠᠶᠢᠭᠤᠯᠤᠨ᠎ᠠ᠃ | ︵ᠲᠦᠷᠪᠡ︶ ᠮᠤᠩᠭᠤᠯ ᠡᠮ ᠡᠮᠨᠡᠯᠬᠡ ᠬᠢᠳᠡᠳ ᠡᠮ ᠡᠮᠨᠡᠯᠬᠡ ᠶᠢᠨ ᠡᠷᠡᠭᠦᠯᠵᠢᠯ ᠨᠠᠰᠤᠵᠢᠯ ᠤᠨ | ᠦᠢᠯᠡᠴᠢᠯᠡᠭᠡ ᠶᠢ ᠢᠳᠡᠪᠬᠢᠳᠡᠢ ᠭᠦᠭᠵᠢᠭᠦᠯᠤᠨ᠎ᠠ᠃ ᠮᠤᠩᠭᠤᠯ ᠡᠮ ᠡᠮᠨᠡᠯᠬᠡ ᠬᠢᠳᠡᠳ ᠡᠮ ᠡᠮᠨᠡᠯᠬᠡ ᠶᠢᠨ ᠤᠨᠴᠠᠯᠢᠨᠨᠳᠦ | ᠨᠠᠰᠤᠵᠢᠯ ᠤᠨ ᠪᠠᠶᠢᠭᠤᠯᠤᠮᠵᠢ ᠶᠢ ᠭᠦᠭᠵᠢᠭᠦᠯᠵᠦ᠂ ᠮᠤᠩᠭᠤᠯ ᠡᠮᠨᠡᠯᠬᠡ ᠬᠢᠳᠡᠳ ᠡᠮᠨᠡᠯᠬᠡ ᠶᠢᠨ ᠡᠮᠴᠢᠯᠡᠭᠡ ᠪᠠ | ᠡᠷᠡᠭᠦᠯᠵᠢᠯ ᠤᠨ ᠦᠢᠯᠡᠴᠢᠯᠡᠬᠡᠨ ᠤ ᠨᠠᠰᠤᠵᠢᠯ ᠤᠨ ᠪᠠᠶᠢᠭᠤᠯᠤᠮᠵᠢ ᠶᠢᠨ ᠪᠠᠶᠢᠭᠤᠯᠤᠯᠳᠠ ᠶᠢ ᠴᠢᠩᠭᠠᠳᠬᠠᠵᠦ᠂ ᠮᠤᠩᠭᠤᠯ | ᠡᠮ ᠡᠮᠨᠡᠯᠬᠡ ᠬᠢᠳᠡᠳ ᠡᠮ ᠡᠮᠨᠡᠯᠬᠡ ᠶᠢᠨ ᠡᠷᠡᠭᠦᠯᠵᠢᠯ ᠨᠠᠰᠤᠵᠢᠯ ᠤᠨ ᠦᠢᠯᠡᠴᠢᠯᠡᠬᠡᠨ ᠤ ᠵᠬᠠᠪᠤᠷ ᠢ ᠰᠦᠪᠡᠭᠴᠢᠯᠡᠨ | ᠪᠠᠶᠢᠭᠤᠯᠤᠨ᠎ᠠ᠃ ᠮᠤᠩᠭᠤᠯ ᠡᠮ ᠡᠮᠨᠡᠯᠬᠡ ᠬᠢᠳᠡᠳ ᠡᠮ ᠡᠮᠨᠡᠯᠬᠡ ᠶᠢᠨ ᠡᠷᠡᠭᠦᠯᠵᠢᠯ ᠨᠠᠰᠤᠵᠢᠯ ᠢᠶᠠᠷ ᠭᠤᠤᠯ | ᠪᠤᠯᠭᠠᠨᠨᠰᠠᠨ ᠰᠤᠪᠢᠯᠠᠯᠳᠠ ᠶᠢᠨ ᠭᠦᠷᠢᠶᠡᠯᠡᠩ᠂ ᠡᠮᠨᠡᠨ ᠰᠤᠪᠢᠯᠠᠬᠤ ᠭᠦᠷᠢᠶᠡᠯᠡᠩ ᠪᠠ ᠨᠠᠰᠤᠵᠢᠯ ᠤᠨ ᠪᠠᠶᠢᠭᠤᠯᠤᠮᠵᠢ ᠶᠢ | ᠰᠢᠨ᠎ᠠ ᠪᠠᠷ ᠪᠠᠶᠢᠭᠤᠯᠬᠤ ᠶᠢ ᠵᠤᠷᠢᠨᠨᠵᠢᠭᠤᠯᠵᠦ᠂ ᠡᠮᠴᠢᠯᠡᠭᠡ ᠰᠤᠪᠢᠯᠠᠯᠳᠠ ᠶᠢ ᠤᠶᠠᠯᠳᠤᠭᠤᠯᠤᠨᠨᠰᠠᠨ ᠬᠡᠯᠪᠡᠷᠢ ᠶᠢᠨ | ᠨᠠᠰᠤᠵᠢᠯ ᠤᠨ ᠪᠠᠶᠢᠭᠤᠯᠤᠮᠵᠢ ᠶᠢ ᠡᠭᠦᠳᠦᠨ ᠪᠠᠶᠢᠭᠤᠯᠤᠨ᠎ᠠ᠃ ᠨᠦᠭᠦᠴᠡᠯ ᠲᠠᠢ ᠮᠤᠩᠭᠤᠯ ᠡᠮᠴᠢᠯᠡᠭᠡ ᠬᠢᠳᠡᠳ | ᠡᠮᠴᠢᠯᠡᠭᠡ ᠶᠢᠨ ᠡᠮᠨᠡᠯᠬᠡ ᠶᠢᠨ ᠬᠤᠷᠢᠶ᠎ᠠ ᠶᠢ ᠲᠠᠮᠵᠢᠵᠦ ᠪᠠᠶᠢᠭᠠᠳ ᠨᠠᠶᠢᠳᠠᠨ ᠬᠠᠮᠢᠶᠠᠷᠬᠤ᠂ ᠨᠡᠶᠢᠬᠡᠮ ᠤᠨ | ᠭᠦᠷᠦᠩᠬᠡ ᠲᠠᠢ ᠬᠠᠮᠳᠤᠷᠠᠯᠴᠠᠬᠤ ᠵᠡᠷᠬᠡ ᠤᠯᠠᠨ ᠵᠦᠢᠯ ᠤᠨ ᠬᠡᠯᠪᠡᠷᠢ ᠪᠠᠷ ᠡᠮᠴᠢᠯᠡᠭᠡ ᠰᠤᠪᠢᠯᠠᠯᠳᠠ ᠶᠢ | ᠤᠶᠠᠯᠳᠤᠭᠤᠯᠤᠨᠨᠰᠠᠨ ᠬᠡᠯᠪᠡᠷᠢ ᠶᠢᠨ ᠨᠠᠰᠤᠵᠢᠯ ᠤᠨ ᠪᠠᠶᠢᠭᠤᠯᠤᠮᠵᠢ ᠶᠢ ᠡᠷᠬᠢᠯᠡᠨ᠎ᠠ᠃ ᠬᠤᠶᠠᠳᠤᠭᠠᠷ ᠲᠡᠰ ᠠᠴᠠ | ᠲᠡᠬᠡᠭᠰᠢᠬᠢ ᠮᠤᠩᠭᠤᠯ ᠡᠮᠴᠢᠯᠡᠭᠡ ᠬᠢᠳᠡᠳ ᠡᠮᠴᠢᠯᠡᠭᠡ ᠶᠢᠨ ᠡᠮᠨᠡᠯᠬᠡ ᠶᠢᠨ ᠬᠤᠷᠢᠶ᠎ᠠ ᠳᠤ ᠨᠠᠰᠤᠳᠠᠶᠢᠴᠤᠤᠯ ᠤᠨ | ᠡᠪᠡᠳᠴᠢᠨ ᠤ ᠰᠠᠯᠠᠭ᠎ᠠ ᠲᠤᠬᠢᠷᠠᠭᠤᠯᠵᠦ᠂ ᠨᠠᠰᠤᠳᠠᠶᠢᠴᠤᠤᠯ ᠤᠨ ᠡᠪᠡᠳᠴᠢᠳᠠᠨ ᠤ ᠤᠷᠤ ᠶᠢᠨ ᠲᠤᠭ᠎ᠠ ᠶᠢ | ᠨᠡᠮᠡᠭᠳᠡᠭᠦᠯᠦᠨ᠂ ᠨᠠᠰᠤᠳᠠᠶᠢᠴᠤᠤᠯ ᠤᠨ ᠡᠪᠡᠳᠴᠢᠨ᠂ ᠤᠳᠠᠭᠠᠨ ᠴᠢᠨᠠᠷᠳᠠᠢ ᠡᠪᠡᠳᠴᠢᠨ ᠢ ᠰᠡᠷᠬᠡᠶᠢᠯᠡᠵᠦ ᠵᠠᠰᠠᠬᠤ ᠪᠠ | ᠡᠷᠡᠭᠦᠯᠵᠢᠬᠦᠯᠬᠦ ᠰᠤᠪᠢᠯᠠᠯᠳᠠ ᠶᠢ ᠦᠷᠨᠢᠭᠦᠯᠦᠨ᠂ ᠨᠠᠰᠤᠵᠢᠯ ᠤᠨ ᠪᠠᠶᠢᠭᠤᠯᠤᠮᠵᠢ ᠳᠤ ᠤᠷᠢᠳᠴᠢᠯᠠᠨ ᠪᠤᠯᠵᠤᠬᠤ | ᠰᠠᠭᠠᠳ ᠦᠬᠡᠢ ᠵᠠᠮ ᠨᠡᠬᠡᠬᠡᠵᠦ᠂ ᠨᠠᠰᠤᠳᠠᠶᠢᠴᠤᠤᠯ ᠤᠨ ᠡᠪᠡᠳᠴᠢᠨ ᠢᠶᠠᠨ ᠦᠵᠡᠭᠦᠯᠭᠦ ᠳᠤ ᠤᠷᠢᠳᠠᠪᠡᠷ ᠬᠠᠷᠠᠭᠠᠯᠵᠠᠬᠤ | ᠦᠢᠯᠡᠴᠢᠯᠡᠭᠡ ᠬᠠᠩᠭᠠᠨ᠎ᠠ︔ ᠨᠡᠶᠢᠬᠡᠮ ᠲᠤᠭᠤᠷᠢᠭ ᠤᠨ ᠡᠮᠴᠢᠯᠡᠬᠡᠨ ᠤ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠯᠦᠭᠡ | ᠨᠡᠶᠢᠬᠡᠮ ᠲᠤᠭᠤᠷᠢᠭ ᠪᠠ ᠬᠡᠷ ᠲᠡᠭᠡᠨ ᠰᠠᠭᠤᠨᠨᠰᠠᠨ ᠨᠠᠰᠤᠳᠠᠶᠢᠴᠤᠤᠯ ᠳᠤ ᠮᠤᠩᠭᠤᠯ ᠡᠮ ᠡᠮᠨᠡᠯᠬᠡ ᠬᠢᠳᠡᠳ ᠡᠮ | ᠡᠮᠨᠡᠯᠬᠡ ᠶᠢᠨ ᠡᠷᠡᠭᠦᠯᠵᠢᠯ ᠨᠠᠰᠤᠵᠢᠯ ᠤᠨ ᠦᠢᠯᠡᠴᠢᠯᠡᠭᠡ ᠶᠢ ᠬᠠᠮᠳᠤᠷᠠᠨ ᠦᠷᠨᠢᠭᠦᠯᠵᠦ᠂ ᠨᠠᠰᠤᠳᠠᠶᠢᠴᠤᠤᠯ ᠳᠤ ᠡᠷᠡᠭᠦᠯ | ᠮᠡᠨᠳᠦ ᠶᠢᠨ ᠲᠠᠩᠰᠠ ᠡᠪᠬᠡᠮᠡᠯ᠂ ᠡᠮᠴᠢᠯᠡᠬᠡᠨ ᠤ ᠬᠡᠷ᠎ᠡ ᠶᠢᠨ ᠦᠢᠯᠡᠴᠢᠯᠡᠬᠡᠨ ᠤ ᠬᠠᠷᠢᠴᠠᠭ᠎ᠠ ᠪᠠᠶᠢᠭᠤᠯᠤᠨ᠂ ᠬᠡᠷ ᠲᠤᠨᠢ | ᠤᠴᠢᠵᠦ ᠤᠨᠤᠰᠢᠯᠠᠨ ᠦᠵᠡᠬᠦ᠂ ᠪᠡᠶ᠎ᠡ ᠶᠢᠨ ᠡᠷᠡᠭᠦᠯ ᠮᠡᠨᠳᠦ ᠶᠢ ᠪᠠᠶᠢᠴᠠᠭᠠᠬᠤ᠂ ᠡᠷᠡᠭᠦᠯᠵᠢᠯ ᠤᠨ ᠯᠠᠪᠯᠠᠯᠭ᠎ᠠ ᠬᠢᠬᠦ | ᠵᠡᠷᠬᠡ ᠦᠢᠯᠡᠴᠢᠯᠡᠭᠡ ᠦᠷᠨᠢᠭᠦᠯᠦᠨ᠂ ᠬᠡᠷ ᠲᠡᠭᠡᠨ ᠰᠠᠭᠤᠨᠨᠰᠠᠨ ᠨᠠᠰᠤᠳᠠᠶᠢᠴᠤᠤᠯ ᠳᠤ ᠬᠠᠩᠭᠠᠬᠤ ᠡᠮᠴᠢᠯᠡᠭᠡ ᠪᠠ | ᠰᠤᠪᠢᠯᠠᠯᠳᠠ ᠶᠢᠨ ᠦᠢᠯᠡᠴᠢᠯᠡᠭᠡ ᠶᠢ ᠵᠢᠷᠤᠮᠵᠢᠭᠤᠯᠵᠦ᠂ ᠲᠤᠨᠨᠳᠠᠭᠠᠯ ᠳᠤ ᠨᠡᠶᠢᠴᠡᠬᠦ ᠡᠮᠴᠢᠯᠡᠬᠡᠨ ᠤ ᠰᠦᠢᠳᠬᠡᠯ ᠢ | ᠡᠮᠴᠢᠯᠡᠬᠡᠨ ᠤ ᠲᠠᠭᠠᠳᠬᠠᠯ ᠤᠨ ᠬᠡᠪᠴᠢᠶᠠᠨ ᠳᠤ ᠤᠷᠤᠭᠤᠯᠤᠨ᠎ᠠ᠃ ᠨᠦᠭᠦᠴᠡᠯ ᠲᠠᠢ ᠨᠠᠰᠤᠵᠢᠯ ᠤᠨ | ᠪᠠᠶᠢᠭᠤᠯᠤᠮᠵᠢ ᠶᠢᠨ ᠨᠠᠰᠤᠳᠠᠶᠢᠴᠤᠤᠯ ᠤᠨ ᠡᠪᠡᠳᠴᠢᠨ᠂ ᠤᠳᠠᠭᠠᠨ ᠴᠢᠨᠠᠷᠳᠠᠢ ᠡᠪᠡᠳᠴᠢᠨ ᠢ ᠰᠡᠷᠬᠡᠶᠢᠯᠡᠨ ᠵᠠᠰᠠᠬᠤ ᠪᠠᠷ | ᠭᠤᠤᠯᠯᠬᠠᠰᠠᠨ ᠮᠤᠩᠭᠤᠯ ᠡᠮᠴᠢᠯᠡᠭᠡ ᠬᠢᠳᠡᠳ ᠡᠮᠴᠢᠯᠡᠭᠡ ᠶᠢᠨ ᠡᠮᠨᠡᠬᠦ ᠲᠠᠰᠤᠭ ᠲᠤᠬᠢᠷᠠᠭᠤᠯᠬᠤ ᠶᠢ ᠠᠬᠢᠭᠤᠯᠵᠦ᠂ | ᠮᠤᠩᠭᠤᠯ ᠡᠮᠴᠢᠯᠡᠭᠡ ᠬᠢᠳᠡᠳ ᠡᠮᠴᠢᠯᠡᠭᠡ ᠶᠢᠨ ᠤᠨᠴᠠᠯᠢᠨᠨᠳᠤ ᠡᠷᠡᠭᠦᠯᠵᠢᠯ ᠤᠨ ᠬᠠᠮᠢᠶᠠᠷᠤᠯᠳᠠ ᠠᠭᠤᠰᠤᠯᠴᠬᠠᠰᠠᠨ | ᠨᠠᠰᠤᠳᠠᠶᠢᠴᠤᠤᠯ ᠤᠨ ᠪᠡᠶ᠎ᠡ ᠰᠤᠪᠢᠯᠠᠯᠳᠠ ᠡᠷᠡᠭᠦᠯᠵᠢᠯ ᠤᠨ ᠬᠠᠮᠠᠭᠠᠯᠠᠯᠳᠠ᠂ ᠡᠮᠴᠢᠯᠡᠭᠡ᠂ ᠡᠷᠡᠭᠦᠯᠵᠢᠯ᠂ | ᠰᠤᠪᠢᠯᠠᠯᠳᠠ ᠶᠢᠨ ᠦᠢᠯᠡᠴᠢᠯᠡᠭᠡ ᠦᠷᠨᠢᠭᠦᠯᠵᠦ᠂ ᠮᠤᠩᠭᠤᠯ ᠡᠮᠴᠢᠯᠡᠭᠡ ᠬᠢᠳᠡᠳ ᠡᠮᠴᠢᠯᠡᠭᠡ ᠶᠢᠨ ᠶᠡᠭᠡ ᠡᠮᠴᠢ ᠶᠢᠨ | ᠤᠯᠠᠨ ᠭᠠᠵᠠᠷ ᠡᠮᠴᠢᠯᠠᠬᠦ᠂ ᠮᠤᠩᠭᠤᠯ ᠡᠮᠨᠡᠯᠬᠡ ᠬᠢᠳᠡᠳ ᠡᠮᠨᠡᠯᠬᠡ ᠶᠢᠨ ᠡᠮᠴᠢᠯᠡᠬᠡᠨ ᠤ ᠪᠠᠶᠢᠭᠤᠯᠤᠮᠵᠢ ᠶᠢᠨ | ᠦᠢᠯᠡᠴᠢᠯᠡᠬᠡᠨ ᠤ ᠬᠡᠷ᠎ᠡ ᠲᠤᠨᠨᠳᠠᠬᠤ ᠵᠡᠷᠬᠡ ᠤᠯᠠᠨ ᠠᠷᠭ᠎ᠠ ᠪᠠᠷᠢᠯ ᠢᠶᠠᠷ ᠲᠠᠮᠵᠢᠭᠤᠯᠤᠨ᠂ ᠮᠤᠩᠭᠤᠯ ᠡᠮ ᠡᠮᠨᠡᠯᠬᠡ | ᠬᠢᠳᠡᠳ ᠡᠮ ᠡᠮᠨᠡᠯᠬᠡ ᠶᠢᠨ ᠡᠷᠡᠭᠦᠯᠵᠢᠯ ᠤᠨ ᠡᠮᠴᠢᠯᠡᠭᠡ᠂ ᠪᠡᠶ᠎ᠠ ᠰᠤᠪᠢᠯᠠᠯᠳᠠ ᠡᠷᠡᠭᠦᠯᠵᠢᠯ ᠤᠨ ᠤᠨᠤᠯᠵᠢᠬᠤᠨ ᠢ | ᠡᠷᠡᠭᠦᠯᠵᠢᠯ ᠨᠠᠰᠤᠵᠢᠯ ᠤᠨ ᠪᠦᠭᠦ ᠶᠠᠪᠤᠴᠠ ᠳᠤ ᠠᠭᠤᠰᠬᠠᠵᠦ᠂ ᠨᠦᠭᠦᠴᠡᠯ ᠳᠤ ᠨᠡᠶᠢᠴᠡᠬᠦ ᠶᠢ ᠨᠢ ᠲᠤᠨᠨᠳᠠᠭᠠᠯ | ᠶᠤᠰᠤᠭᠠᠷ ᠬᠤᠳᠠ ᠭᠦᠳᠡᠭᠡ ᠶᠢᠨ ᠦᠨᠳᠦᠰᠦᠨ ᠡᠮᠴᠢᠯᠡᠬᠡᠨ ᠤ ᠲᠠᠭᠠᠳᠬᠠᠯ ᠤᠨ ᠲᠤᠨᠨᠳ᠋ᠬᠠᠰᠠᠨ ᠴᠢᠬ ᠤᠨ | ᠬᠡᠪᠴᠢᠶᠠᠨ ᠳᠤ ᠤᠷᠤᠭᠤᠯᠵᠦ ᠪᠤᠯᠤᠨ᠎ᠠ᠃ | ᠲᠤᠰᠬᠠᠢ ᠪᠤᠯᠤᠩ 4 ᠮᠤᠩᠭᠤᠯ ᠡᠮ ᠡᠮᠨᠡᠯᠬᠡ ᠬᠢᠳᠠᠳ ᠡᠮ ᠡᠮᠨᠡᠯᠬᠡ ᠶᠢᠨ ᠡᠷᠡᠬᠦᠯ ᠮᠡᠨᠳᠤ ᠨᠠᠰᠤᠵᠢᠯ ᠤᠨ | ᠦᠢᠯᠡᠴᠢᠯᠡᠭᠡ ᠶᠢᠨ ᠲᠤᠷᠰᠢᠯᠳᠠ ᠶᠢᠨ ᠴᠢᠬ ᠤᠨ ᠲᠦᠷᠦᠯ ᠵᠦᠢᠯ | ᠮᠤᠩᠭᠤᠯ ᠡᠮᠴᠢᠯᠡᠭᠡ ᠬᠢᠳᠠᠳ ᠡᠮᠴᠢᠯᠡᠭᠡ ᠶᠢᠨ ᠡᠮᠨᠡᠯᠬᠡ ᠶᠢᠨ ᠬᠤᠷᠢᠶ᠎ᠠ ᠪᠠ ᠨᠠᠰᠤᠵᠢᠯ ᠡᠷᠡᠬᠦᠯᠵᠢᠯ ᠤᠨ | ᠦᠢᠯᠡᠴᠢᠯᠡᠭᠡ ᠶᠢ ᠤᠶᠠᠯᠳᠤᠭᠤᠯᠤᠭᠰᠠᠨ ᠲᠤᠷᠰᠢᠯᠳᠠ ᠶᠢᠨ ᠴᠢᠬ ᠢ ᠦᠷᠨᠢᠬᠦᠯᠦᠨ᠎ᠠ | ᠮᠤᠩᠭᠤᠯ ᠡᠮ ᠡᠮᠨᠡᠯᠬᠡ ᠬᠢᠳᠠᠳ ᠡᠮ ᠡᠮᠨᠡᠯᠬᠡ ᠶᠢᠨ ᠡᠷᠡᠬᠦᠯ ᠮᠡᠨᠳᠤ ᠨᠠᠰᠤᠵᠢᠯ ᠢᠶᠠᠷ ᠭᠤᠤᠯ ᠪᠤᠯᠭᠠᠭᠰᠠᠨ | ᠰᠤᠪᠢᠯᠠᠯᠳᠠ ᠶᠢᠨ ᠬᠦᠷᠢᠶᠡᠯᠡᠩ᠂ ᠡᠮᠨᠡᠨ ᠰᠤᠪᠢᠯᠠᠬᠤ ᠬᠦᠷᠢᠶᠡᠯᠡᠩ ᠪᠤᠶᠤ ᠨᠠᠰᠤᠵᠢᠯ ᠤᠨ ᠪᠠᠶᠢᠭᠤᠯᠤᠮᠵᠢ ᠶᠢ | ᠪᠠᠶᠢᠭᠤᠯᠤᠨ᠎ᠠ᠃ ᠨᠦᠬᠦᠴᠡᠯ ᠲᠠᠢ ᠮᠤᠩᠭᠤᠯ ᠡᠮᠴᠢᠯᠡᠭᠡ ᠬᠢᠳᠠᠳ ᠡᠮᠴᠢᠯᠡᠭᠡ ᠶᠢᠨ ᠡᠮᠨᠡᠯᠬᠡ ᠶᠢᠨ ᠬᠤᠷᠢᠶ᠎ᠠ ᠳᠤ | ᠲᠦᠰᠢᠭᠯᠡᠵᠦ ᠡᠮᠴᠢᠯᠡᠭᠡ ᠨᠠᠰᠤᠵᠢᠯ ᠡᠷᠡᠬᠦᠯᠵᠢᠯ ᠤᠨ ᠪᠠᠶᠢᠭᠤᠯᠤᠮᠵᠢ ᠪᠠᠶᠢᠭᠤᠯᠬᠤ ᠶᠢ ᠲᠤᠷᠰᠢᠵᠦ ᠬᠢᠨ᠎ᠠ᠃ | ᠮᠣᠩᠭᠤᠯ ᠡᠮᠴᠢᠯᠡᠭᠡ ᠬᠢᠳᠠᠳ ᠡᠮᠴᠢᠯᠡᠭᠡ ᠶᠢᠨ ᠡᠮᠨᠡᠯᠬᠡ ᠶᠢᠨ ᠬᠤᠷᠢᠶ᠎ᠠ ᠬᠢᠬᠡᠳ ᠨᠠᠰᠤᠵᠢᠯ ᠤᠨ ᠪᠠᠶᠢᠭᠤᠯᠤᠮᠵᠢ᠂ | ᠨᠡᠶᠢᠬᠡᠮ ᠲᠤᠭᠤᠷᠢᠭ ᠤᠨ ᠡᠮᠴᠢᠯᠡᠭᠡ ᠡᠷᠡᠬᠦᠯ ᠬᠠᠮᠠᠭᠠᠯᠠᠯ ᠤᠨ ᠪᠠᠶᠢᠭᠤᠯᠤᠮᠵᠢ ᠶᠢᠨ ᠬᠠᠮᠳᠤᠷᠠᠯᠴᠠᠬᠤ ᠵᠠᠬᠪᠤᠷ ᠢ | ᠰᠦᠪᠡᠭᠴᠢᠯᠡᠨ᠎ᠠ | ᠬᠤᠶᠠᠳᠤᠭᠠᠷ ᠲᠡᠰ ᠠᠴᠠ ᠲᠡᠬᠡᠭᠰᠢᠬᠢ ᠮᠤᠩᠭᠤᠯ ᠡᠮᠴᠢᠯᠡᠭᠡ ᠬᠢᠳᠠᠳ ᠡᠮᠴᠢᠯᠡᠭᠡ ᠶᠢᠨ ᠡᠮᠨᠡᠯᠬᠡ ᠶᠢᠨ ᠬᠤᠷᠢᠶ᠎ᠠ | ᠬᠢᠬᠡᠳ 2 ᠠᠴᠠ 3 ᠨᠠᠰᠤᠵᠢᠯ ᠤᠨ ᠪᠠᠶᠢᠭᠤᠯᠤᠮᠵᠢ ᠶᠢᠨ ᠬᠠᠮᠳᠤᠷᠠᠯᠴᠠᠬᠤ ᠬᠠᠷᠢᠴᠠᠭ᠎ᠠ ᠶᠢ ᠪᠠᠶᠢᠭᠤᠯᠵᠦ᠂ ᠮᠤᠩᠭᠤᠯ | ᠡᠮ ᠡᠮᠨᠡᠯᠬᠡ ᠬᠢᠳᠠᠳ ᠡᠮ ᠡᠮᠨᠡᠯᠬᠡ ᠶᠢᠨ ᠡᠷᠡᠬᠦᠯᠵᠢᠯ ᠨᠠᠰᠤᠵᠢᠯ ᠤᠨ ᠦᠢᠯᠡᠴᠢᠯᠡᠭᠡ ᠦᠷᠨᠢᠬᠦᠯᠦᠨ᠂ 2 ᠠᠴᠠ 3 | ᠨᠡᠶᠢᠬᠡᠮ ᠲᠤᠭᠤᠷᠢᠭ ᠤᠨ ᠡᠷᠡᠬᠦᠯ ᠬᠠᠮᠠᠭᠠᠯᠠᠯ ᠤᠨ ᠦᠢᠯᠡᠴᠢᠯᠡᠬᠡᠨ ᠤ ᠲᠦᠪ ᠯᠦᠭᠡ ᠬᠠᠮᠳᠤᠷᠠᠨ ᠮᠤᠩᠭᠤᠯ ᠡᠮ ᠡᠮᠨᠡᠯᠬᠡ | ᠬᠢᠳᠠᠳ ᠡᠮ ᠡᠮᠨᠡᠯᠬᠡ ᠶᠢᠨ ᠨᠡᠶᠢᠬᠡᠮ ᠲᠤᠭᠤᠷᠢᠭ ᠪᠠ ᠬᠡᠷ ᠲᠡᠭᠡᠨ ᠰᠠᠭᠤᠭᠰᠠᠨ ᠨᠠᠰᠤᠳᠠᠶᠢᠴᠤᠤᠯ ᠳᠤ ᠡᠷᠡᠬᠦᠯᠵᠢᠯ | ᠨᠠᠰᠤᠵᠢᠯ ᠤᠨ ᠦᠢᠯᠡᠴᠢᠯᠡᠭᠡ ᠦᠷᠨᠢᠬᠦᠯᠦᠨ᠎ᠠ᠃ | ᠮᠤᠩᠭᠤᠯ ᠡᠮᠴᠢᠯᠡᠭᠡ ᠬᠢᠳᠠᠳ ᠡᠮᠴᠢᠯᠡᠭᠡ ᠶᠢᠨ ᠨᠠᠰᠤᠳᠠᠶᠢᠴᠤᠳ ᠲᠤ ᠵᠤᠷᠢᠭᠤᠯᠤᠬᠰᠠᠨ ᠤᠨᠴᠠᠯᠢᠬᠳᠤ | ᠡᠷᠡᠬᠦᠯᠵᠢᠯ ᠤᠨ ᠬᠠᠮᠢᠶᠠᠷᠤᠯᠳᠠ ᠳᠤ ᠰᠢᠨ᠎ᠠ ᠶᠢ ᠡᠬᠦᠳᠦᠨ᠎ᠠ | ᠤᠯᠠᠨ ᠡᠰᠢᠵᠢᠬᠦᠯᠬᠦ᠂ ᠤᠯᠠᠨ ᠲᠠᠪᠬᠤᠷᠭᠠᠳᠤ ᠮᠤᠩᠭᠤᠯ ᠡᠮ ᠡᠮᠨᠡᠯᠬᠡ ᠬᠢᠳᠠᠳ ᠡᠮ ᠡᠮᠨᠡᠯᠬᠡ ᠶᠢᠨ | ᠡᠷᠡᠬᠦᠯᠵᠢᠯ ᠤᠨ ᠬᠠᠮᠢᠶᠠᠷᠤᠯᠳᠠ ᠶᠢᠨ ᠦᠢᠯᠡᠴᠢᠯᠡᠬᠡᠨ ᠤ ᠬᠠᠮᠳᠤᠷᠠᠯ ᠢ ᠰᠤᠳᠤᠯᠵᠦ᠂ ᠨᠠᠰᠤᠵᠢᠯ ᠤᠨ ᠦᠢᠯᠡᠴᠢᠯᠡᠬᠡᠨ ᠤ | ᠰᠢᠨ᠎ᠠ ᠡᠵᠡᠩᠨᠡᠯᠳᠡ ᠶᠢᠨ ᠪᠠᠶᠢᠳᠠᠯ ᠢ ᠬᠦᠭᠵᠢᠬᠦᠯᠦᠨ᠎ᠠ᠃ | ᠮᠤᠩᠭᠤᠯ ᠡᠮ ᠡᠮᠨᠡᠯᠬᠡ ᠬᠢᠳᠠᠳ ᠡᠮ ᠡᠮᠨᠡᠯᠬᠡ ᠶᠢᠨ ᠡᠷᠡᠬᠦᠯᠵᠢᠯ ᠨᠠᠰᠤᠵᠢᠯ ᠤᠨ ᠦᠢᠯᠡᠴᠢᠯᠡᠬᠡᠨ ᠤ ᠬᠡᠯᠪᠡᠷᠢ | ᠪᠦᠬᠦᠢ ᠴᠢᠳᠠᠪᠤᠷᠢᠳᠠᠨ ᠢ ᠬᠦᠮᠦᠵᠢᠬᠦᠯᠦᠨ᠎ᠠ | ᠮᠤᠩᠭᠤᠯ ᠡᠮ ᠡᠮᠨᠡᠯᠬᠡ ᠬᠢᠳᠠᠳ ᠡᠮ ᠡᠮᠨᠡᠯᠬᠡ ᠶᠢᠨ ᠲᠡᠬᠡᠳᠤ ᠵᠡᠷᠬᠡ ᠶᠢᠨ ᠰᠤᠷᠭᠠᠭᠤᠯᠢ ᠪᠠ ᠦᠪᠡᠷᠳᠡᠬᠡᠨ | ᠵᠠᠰᠠᠬᠤ ᠤᠷᠤᠨ ᠤ ᠲᠡᠰ ᠤᠨ ᠮᠤᠩᠭᠤᠯ ᠡᠮᠴᠢᠯᠡᠭᠡ ᠬᠢᠳᠠᠳ ᠡᠮᠴᠢᠯᠡᠭᠡ ᠶᠢᠨ ᠡᠮᠨᠡᠯᠬᠡ ᠶᠢᠨ ᠬᠤᠷᠢᠶ᠎ᠠ ᠳᠤ | ᠲᠦᠰᠢᠭᠯᠡᠵᠦ᠂ ᠮᠤᠩᠭᠤᠯ ᠡᠮ ᠡᠮᠨᠡᠯᠬᠡ ᠬᠢᠳᠠᠳ ᠡᠮ ᠡᠮᠨᠡᠯᠬᠡ ᠶᠢᠨ ᠡᠷᠡᠬᠦᠯᠵᠢᠯ ᠨᠠᠰᠤᠵᠢᠯ ᠤᠨ ᠦᠢᠯᠡᠴᠢᠯᠡᠬᠡᠨ ᠤ | ᠪᠤᠯᠪᠠᠰᠤᠷᠠᠭᠤᠯᠤᠯ ᠤᠨ ᠰᠠᠭᠤᠷᠢᠨ ᠭᠠᠵᠠᠷ ᠢ ᠪᠠᠶᠢᠭᠤᠯᠵᠦ᠂ ᠨᠠᠰᠤᠵᠢᠯ ᠤᠨ ᠦᠢᠯᠡᠴᠢᠯᠡᠬᠡᠨ ᠤ ᠡᠮᠴᠢ | ᠰᠤᠪᠢᠯᠠᠬᠴᠢ ᠶᠢᠨ ᠮᠤᠩᠭᠤᠯ ᠡᠮ ᠡᠮᠨᠡᠯᠬᠡ ᠬᠢᠳᠠᠳ ᠡᠮ ᠡᠮᠨᠡᠯᠬᠡ ᠶᠢᠨ ᠮᠡᠳᠡᠯᠬᠡ ᠪᠠ ᠮᠡᠷᠬᠡᠵᠢᠯ ᠴᠢᠳᠠᠪᠤᠷᠢ ᠶᠢᠨ | ᠪᠤᠯᠪᠠᠰᠤᠷᠠᠭᠤᠯᠤᠯ ᠢ ᠴᠢᠩᠭᠠᠳᠬᠠᠵᠦ᠂ ᠮᠤᠩᠭᠤᠯ ᠡᠮ ᠡᠮᠨᠡᠯᠬᠡ ᠬᠢᠳᠠᠳ ᠡᠮ ᠡᠮᠨᠡᠯᠬᠡ ᠶᠢᠨ ᠡᠷᠡᠬᠦᠯᠵᠢᠯ | ᠨᠠᠰᠤᠵᠢᠯ ᠤᠨ ᠲᠠᠯ᠎ᠠ ᠪᠠᠷ ᠬᠢ ᠴᠢᠳᠠᠪᠤᠷᠢᠳᠠᠨ ᠢ ᠬᠦᠮᠦᠵᠢᠬᠦᠯᠦᠨ᠂ ᠡᠯ᠎ᠠ ᠠᠶᠢᠮᠠᠭ ᠬᠤᠳᠠ ᠶᠢ ᠵᠤᠷᠢᠬᠵᠢᠭᠤᠯᠤᠨ | ᠠᠶᠢᠮᠠᠭ ᠬᠤᠳᠠ ᠶᠢᠨ ᠲᠡᠰ ᠤᠨ ᠮᠤᠩᠭᠤᠯ ᠡᠮ ᠡᠮᠨᠡᠯᠬᠡ ᠬᠢᠳᠠᠳ ᠡᠮ ᠡᠮᠨᠡᠯᠬᠡ ᠶᠢᠨ ᠡᠷᠡᠬᠦᠯᠵᠢᠯ ᠨᠠᠰᠤᠵᠢᠯ ᠤᠨ | ᠦᠢᠯᠡᠴᠢᠯᠡᠬᠡᠨ ᠤ ᠪᠤᠳᠠᠳᠤ ᠪᠤᠯᠪᠠᠰᠤᠷᠠᠭᠤᠯᠤᠯ ᠤᠨ ᠰᠠᠭᠤᠷᠢᠨ ᠭᠠᠵᠠᠷ ᠪᠠᠶᠢᠭᠤᠯᠤᠨ᠎ᠠ᠃ | ︵ᠲᠠᠪᠤ︶ ᠮᠤᠩᠭᠤᠯ ᠡᠮ ᠡᠮᠨᠡᠯᠬᠡ ᠬᠢᠳᠠᠳ ᠡᠮ ᠡᠮᠨᠡᠯᠬᠡ ᠶᠢᠨ ᠰᠤᠶᠤᠯ ᠪᠠ ᠡᠷᠡᠬᠦᠯ ᠡᠩᠬᠡᠳᠤ | ᠵᠢᠭᠤᠯᠴᠢᠯᠠᠯ ᠤᠨ ᠠᠵᠦ ᠦᠢᠯᠡᠰ ᠢ ᠪᠤᠶᠢᠵᠢᠭᠤᠯᠵᠦ ᠬᠦᠭᠵᠢᠬᠦᠯᠦᠨ᠎ᠠ᠃ ᠮᠤᠩᠭᠤᠯ ᠡᠮ ᠡᠮᠨᠡᠯᠬᠡ ᠬᠢᠳᠡᠳ ᠡᠮ | ᠡᠮᠨᠡᠯᠬᠡ ᠶᠢᠨ ᠪᠤᠳᠠᠰ ᠤᠨ ᠪᠤᠰᠤ ᠰᠤᠶᠤᠯ ᠤᠨ ᠦᠪ ᠤᠨ ᠬᠠᠮᠠᠭᠠᠯᠠᠯᠳᠠ ᠶᠢ ᠴᠢᠩᠭᠠᠳᠬᠠᠵᠦ᠂ ᠤᠯᠤᠰ ᠤᠨ ᠲᠡᠰ ᠪᠠ | ᠦᠪᠡᠷᠳᠡᠬᠡᠨ ᠵᠠᠰᠠᠬᠤ ᠤᠷᠤᠨ ᠤ ᠲᠡᠰ ᠤᠨ ᠮᠤᠩᠭᠤᠯ ᠡᠮ ᠡᠮᠨᠡᠯᠬᠡ ᠬᠢᠳᠡᠳ ᠡᠮ ᠡᠮᠨᠡᠯᠬᠡ ᠶᠢᠨ ᠰᠤᠶᠤᠯ ᠰᠢᠨᠵᠢᠯᠡᠬᠦ | ᠤᠬᠠᠭᠠᠨ ᠢ ᠲᠦᠬᠡᠮᠡᠯᠵᠢᠬᠦᠯᠬᠦ ᠤᠬᠠᠭᠤᠯᠤᠯ ᠭᠦᠮᠦᠵᠢᠯ ᠤᠨ ᠰᠠᠭᠤᠷᠢᠨ ᠭᠠᠵᠠᠷ ᠪᠠ ᠰᠤᠳᠤᠯᠵᠦ ᠰᠤᠷᠤᠯᠴᠠᠬᠤ | ᠵᠢᠭᠤᠯᠴᠢᠯᠠᠯ ᠤᠨ ᠰᠠᠭᠤᠷᠢᠨ ᠭᠠᠵᠠᠷ ᠢ ᠪᠠᠶᠢᠭᠤᠯᠤᠨ᠎ᠠ᠃ ᠠᠷᠠᠳ ᠤᠯᠠᠨ ᠤ ᠡᠷᠡᠭᠦᠯ ᠮᠡᠨᠳᠦ ᠶᠢᠨ ᠦᠵᠡᠯ ᠤᠬᠠᠮᠰᠠᠷ | ᠪᠠ ᠡᠷᠡᠭᠦᠯ ᠰᠠᠷᠠᠭᠤᠯ ᠠᠮᠢᠳᠤᠷᠠᠯ ᠤᠨ ᠲᠠᠳᠬᠠᠯ ᠢ ᠭᠦᠳᠦᠯᠦᠨ ᠵᠢᠯᠤᠭᠤᠳᠬᠤ ᠪᠠᠨ ᠴᠢᠩᠭᠠᠳᠬᠠᠵᠦ᠂ ︽ᠬᠢᠳᠡᠳ | ᠡᠮᠨᠡᠯᠬᠡ ᠬᠢᠳᠡᠳ ᠡᠮ ᠤᠨ ᠲᠤᠮᠳᠠᠳᠤ ᠤᠯᠤᠰ ᠤᠨ ᠠᠶᠠᠯᠠᠯ · ᠮᠤᠩᠭᠤᠯ ᠡᠮᠨᠡᠯᠬᠡ ᠮᠤᠩᠭᠤᠯ ᠡᠮ ᠤᠨ ᠦᠪᠦᠷ | ᠮᠤᠩᠭᠤᠯ ᠤᠨ ᠠᠶᠠᠯᠠᠯ︾ ᠵᠡᠷᠬᠡ ᠰᠢᠨᠵᠢᠯᠡᠬᠦ ᠤᠬᠠᠭᠠᠨ ᠢ ᠲᠦᠬᠡᠮᠡᠯᠵᠢᠭᠦᠯᠭᠦ ᠤᠬᠠᠭᠤᠯᠤᠯ ᠤᠨ ᠠᠵᠢᠯᠯᠠᠭ᠎ᠠ ᠶᠢ | ᠦᠷᠭᠦᠯᠵᠢᠯᠡᠨ ᠦᠷᠨᠢᠭᠦᠯᠵᠦ᠂ ᠭᠤᠤᠯ ᠪᠤᠯᠬᠤ ᠪᠢᠴᠢᠭ ᠬᠡᠪᠯᠡᠯᠳᠤ ᠵᠠᠭᠤᠴᠢᠯᠠᠭᠤᠷ᠂ ᠷᠠᠳᠢᠤ᠋ ᠲᠧᠯᠸᠢᠰ ᠪᠠ ᠢᠨᠲ᠋ᠧᠷ | ᠰᠦᠯᠵᠢᠶ᠎ᠡ ᠵᠡᠷᠬᠡ ᠲᠡᠪᠴᠡᠩ ᠢ ᠠᠰᠢᠨᠨᠯᠠᠨ᠂ ᠮᠤᠩᠭᠤᠯ ᠡᠮ ᠡᠮᠨᠡᠯᠬᠡ ᠬᠢᠳᠡᠳ ᠡᠮ ᠡᠮᠨᠡᠯᠬᠡ ᠶᠢᠨ ᠪᠡᠶ᠎ᠡ ᠰᠤᠪᠢᠯᠠᠯᠳᠠ | ᠡᠷᠡᠭᠦᠯᠵᠢᠯ ᠤᠨ ᠲᠤᠰᠬᠠᠢ ᠪᠤᠯᠤᠩ ᠭᠠᠷᠭᠠᠵᠦ᠂ ᠮᠤᠩᠭᠤᠯ ᠡᠮ ᠡᠮᠨᠡᠯᠬᠡ ᠬᠢᠳᠡᠳ ᠡᠮ ᠡᠮᠨᠡᠯᠬᠡ ᠶᠢᠨ ᠪᠡᠶ᠎ᠡ | ᠰᠤᠪᠢᠯᠠᠯᠳᠠ ᠡᠷᠡᠭᠦᠯᠵᠢᠯ ᠤᠨ ᠮᠡᠳᠡᠯᠬᠡ ᠶᠢ ᠤᠬᠠᠭᠤᠯᠤᠨ᠎ᠠ᠃ ᠬᠡᠤᠬᠡᠳ ᠤᠨ ᠴᠡᠴᠡᠷᠯᠢᠭ ᠪᠠ ᠲᠤᠮᠳᠠᠳᠤ ᠪᠠᠭ᠎ᠠ | ᠰᠤᠷᠭᠠᠭᠤᠯᠢ ᠳᠤ ᠲᠤᠮᠳᠠᠳᠤ ᠤᠯᠤᠰ ᠤᠨ ᠤᠯᠠᠮᠵᠢᠯᠠᠯᠳᠤ ᠰᠤᠶᠤᠯ ᠪᠠ ᠮᠤᠩᠭᠤᠯ ᠡᠮᠴᠢᠯᠡᠭᠡ ᠬᠢᠳᠡᠳ ᠡᠮᠴᠢᠯᠡᠭᠡ ᠶᠢᠨ | ᠡᠷᠡᠬᠦᠯ ᠮᠡᠨᠳᠤ ᠶᠢᠨ ᠮᠡᠳᠡᠯᠬᠡ ᠶᠢ ᠲᠦᠬᠡᠮᠡᠯᠵᠢᠭᠦᠯᠭᠦ ᠠᠵᠢᠯᠯᠠᠭ᠎ᠠ ᠶᠢ ᠦᠷᠨᠢᠭᠦᠯᠦᠨ᠎ᠠ᠃ | ᠮᠠᠨ ᠤ ᠤᠷᠤᠨ ᠤ ᠮᠤᠩᠭᠤᠯ ᠡᠮ ᠡᠮᠨᠡᠯᠬᠡ ᠬᠢᠳᠡᠳ ᠡᠮ ᠡᠮᠨᠡᠯᠬᠡ ᠶᠢᠨ ᠡᠮᠴᠢᠯᠡᠬᠡᠨ ᠤ ᠲᠠᠪᠠᠭᠤᠯᠢᠭ ᠡᠬᠢ | ᠪᠠᠶᠠᠯᠢᠭ᠂ ᠤᠨᠴᠠᠯᠢᠨᠨᠳᠤ ᠪᠡᠶ᠎ᠡ ᠰᠤᠪᠢᠯᠠᠯᠳᠠ ᠡᠷᠡᠭᠦᠯᠵᠢᠯ ᠤᠨ ᠡᠬᠢ ᠪᠠᠶᠠᠯᠢᠭ᠂ ᠪᠤᠬᠢᠷᠳᠤᠯ ᠦᠬᠡᠢ ᠠᠮᠢ ᠠᠬᠤᠢ ᠶᠢᠨ | ᠵᠢᠭᠤᠯᠴᠢᠯᠠᠯ ᠤᠨ ᠡᠬᠢ ᠪᠠᠶᠠᠯᠢᠭ ᠢᠶᠠᠨ ᠡᠮᠬᠢᠯᠡᠨ ᠨᠡᠶᠢᠯᠡᠬᠦᠯᠵᠦ᠂ ᠮᠤᠩᠭᠤᠯ ᠡᠮ ᠡᠮᠨᠡᠯᠬᠡ ᠬᠢᠳᠡᠳ ᠡᠮ ᠡᠮᠨᠡᠯᠬᠡ ᠶᠢᠨ | ᠰᠤᠶᠤᠯ᠂ ᠡᠮᠴᠢᠯᠡᠭᠡ᠂ ᠪᠡᠶ᠎ᠡ ᠰᠤᠪᠢᠯᠠᠯᠳᠠ ᠡᠷᠡᠭᠦᠯᠵᠢᠯ ᠤᠨ ᠵᠢᠭᠤᠯᠴᠢᠯᠠᠯ ᠢ ᠭᠦᠭᠵᠢᠭᠦᠯᠦᠨ᠂ ᠵᠢᠭᠤᠯᠴᠢᠯᠠᠯ ᠤᠨ | ᠦᠢᠯᠡᠰ ᠢ ᠰᠢᠯᠢᠳᠡᠭᠵᠢᠬᠦᠯᠵᠦ ᠲᠡᠰ ᠲᠡᠪᠰᠢᠬᠦᠯᠬᠦ ᠶᠢ ᠠᠬᠢᠭᠤᠯᠤᠨ᠎ᠠ᠃ ᠮᠤᠩᠭᠤᠯ ᠡᠮᠨᠡᠯᠬᠡ ᠬᠢᠳᠡᠳ ᠡᠮᠨᠡᠯᠬᠡ ᠶᠢᠨ | ᠡᠮᠴᠢᠯᠡᠬᠡᠨ ᠤ ᠪᠠᠶᠢᠭᠤᠯᠤᠮᠵᠢ᠂ ᠮᠤᠩᠭᠤᠯ ᠡᠮ ᠤᠨ ᠮᠠᠲ᠋ᠧᠷᠢᠶᠠᠯ ᠬᠢᠳᠠᠳ ᠡᠮ ᠤᠨ ᠮᠠᠲ᠋ᠧᠷᠢᠶᠠᠯ ᠢ ᠲᠠᠷᠢᠬᠤ ᠰᠠᠭᠤᠷᠢᠨ | ᠭᠠᠵᠠᠷ᠂ ᠮᠤᠩᠭᠤᠯ ᠡᠮ ᠬᠢᠳᠡᠳ ᠡᠮ ᠤᠨ ᠦᠢᠯᠡᠳᠪᠦᠷᠢ ᠪᠠ ᠲᠡᠯᠬᠡᠭᠦᠷ᠂ ᠮᠤᠩᠭᠤᠯ ᠡᠮ ᠡᠮᠨᠡᠯᠬᠡ ᠬᠢᠳᠡᠳ ᠡᠮ | ᠡᠮᠨᠡᠯᠬᠡ ᠶᠢᠨ ᠰᠤᠶᠤᠯ ᠤᠨ ᠰᠠᠭᠤᠷᠢᠨ ᠭᠠᠵᠠᠷ᠂ ᠮᠤᠩᠭᠤᠯ ᠡᠮ ᠡᠮᠨᠡᠯᠬᠡ ᠬᠢᠳᠡᠳ ᠡᠮ ᠡᠮᠨᠡᠯᠬᠡ ᠶᠢᠨ ᠪᠡᠶ᠎ᠡ | ᠰᠤᠪᠢᠯᠠᠯᠳᠠ ᠡᠷᠡᠭᠦᠯᠵᠢᠯ ᠤᠨ ᠪᠠᠶᠢᠭᠤᠯᠤᠮᠵᠢ ᠵᠡᠷᠬᠡ ᠮᠤᠩᠭᠤᠯ ᠡᠮ ᠡᠮᠨᠡᠯᠬᠡ ᠬᠢᠳᠡᠳ ᠡᠮ ᠡᠮᠨᠡᠯᠬᠡ ᠶᠢᠨ ᠡᠬᠢ | ᠪᠠᠶᠠᠯᠢᠭ ᠢ ᠵᠢᠭᠤᠯᠴᠢᠯᠠᠯ ᠤᠨ ᠰᠤᠶᠤᠯ ᠤᠨ ᠠᠵᠦ ᠦᠢᠯᠡᠰ ᠤᠨ ᠭᠦᠭᠵᠢᠯᠳᠡ ᠶᠢᠨ ᠠᠢ ᠳᠤ ᠠᠠᠭᠤᠰᠤᠯᠴᠠᠭᠤᠯᠬᠤ ᠶᠢ | ᠢᠳᠡᠪᠬᠢᠳᠡᠢ ᠠᠬᠢᠭᠤᠯᠤᠨ᠎ᠠ᠃ ᠮᠤᠩᠭᠤᠯ ᠡᠮ ᠡᠮᠨᠡᠯᠬᠡ ᠬᠢᠳᠡᠳ ᠡᠮ ᠡᠮᠨᠡᠯᠬᠡ ᠶᠢᠨ ᠨᠢᠬᠡ ᠪᠦᠯᠦᠭ ᠤᠨᠴᠠᠯᠢᠨᠨᠳᠦ | ᠵᠢᠭᠤᠯᠴᠢᠯᠠᠯ ᠤᠨ ᠬᠤᠳᠠ᠂ ᠰᠤᠶᠤᠯ ᠤᠨ ᠵᠡᠬᠡᠯᠢ᠂ ᠭᠤᠤᠯ ᠰᠡᠳᠦᠪᠳᠦ ᠴᠡᠴᠡᠷᠯᠢᠭ ᠢ ᠪᠠᠶᠢᠭᠤᠯᠤᠨ᠎ᠠ᠃ ᠮᠤᠩᠭᠤᠯ ᠡᠮ | ᠬᠢᠳᠡᠳ ᠡᠮ ᠤᠨ ᠨᠢᠬᠡ ᠪᠦᠯᠦᠭ ᠰᠢᠨᠵᠢᠯᠡᠬᠦ ᠤᠬᠠᠭᠠᠨ ᠮᠡᠷᠬᠡᠵᠢᠯ ᠤᠨ ᠲᠠᠷᠢᠶᠠᠯᠠᠩ᠂ ᠬᠤᠪᠤᠷ ᠴᠤᠬᠠᠭ ᠮᠤᠩᠭᠤᠯ | ᠡᠮ ᠤᠨ ᠮᠠᠲ᠋ᠧᠷᠢᠶᠠᠯ ᠬᠢᠳᠡᠳ ᠡᠮ ᠤᠨ ᠮᠠᠲ᠋ᠧᠷᠢᠶᠠᠯ ᠢ ᠲᠠᠷᠢᠬᠤ᠂ ᠭᠦᠳᠡᠭᠡ ᠨᠤᠳᠤᠭ ᠤᠨ ᠦᠵᠡᠮᠵᠢᠳᠦ ᠠᠮᠢ | ᠠᠬᠤᠢ ᠶᠢᠨ ᠰᠡᠯᠡᠭᠦᠴᠡᠯ ᠵᠢᠭᠤᠯᠴᠢᠯᠠᠯ ᠢ ᠬᠠᠷᠢᠯᠴᠠᠨ ᠤᠶᠠᠯᠳᠤᠭᠤᠯᠤᠨᠨᠰᠠᠨ ᠪᠡᠶ᠎ᠡ ᠰᠤᠪᠢᠯᠠᠯᠳᠠ ᠶᠢ ᠪᠡᠶᠡᠴᠢᠯᠡᠨ ᠬᠢᠬᠦ | ᠪᠠ ᠲᠤᠭᠤᠷᠢᠨ ᠦᠵᠡᠵᠦ ᠰᠤᠨᠢᠷᠬᠠᠬᠤ ᠰᠠᠭᠤᠷᠢᠨ ᠭᠠᠵᠠᠷ ᠢ ᠪᠤᠢ ᠪᠤᠯᠭᠠᠨ᠎ᠠ᠃ ᠤᠷᠤᠨ ᠪᠦᠰᠡ ᠶᠢᠨ ᠲᠤᠳᠤᠷᠠᠬᠢ | ᠡᠮᠴᠢᠯᠡᠬᠡᠨ ᠤ ᠪᠠᠶᠢᠭᠤᠯᠤᠮᠵᠢ᠂ ᠮᠤᠩᠭᠤᠯ ᠡᠮᠴᠢᠯᠡᠭᠡ ᠬᠢᠳᠡᠳ ᠡᠮᠴᠢᠯᠡᠭᠡ ᠶᠢᠨ ᠪᠡᠶ᠎ᠡ ᠰᠤᠪᠢᠯᠠᠯᠳᠠ ᠡᠷᠡᠭᠦᠯᠵᠢᠯ ᠤᠨ | ᠪᠠᠶᠢᠭᠤᠯᠤᠮᠵᠢ᠂ ᠪᠡᠶ᠎ᠡ ᠰᠤᠪᠢᠯᠠᠯᠳᠠ ᠡᠷᠡᠭᠦᠯᠵᠢᠯ ᠤᠨ ᠨᠡᠷᠡᠳᠭᠦᠨ ᠢ ᠦᠢᠯᠡᠳᠪᠦᠷᠢᠯᠡᠬᠦ ᠠᠵᠦ ᠠᠬᠤᠶᠢᠯᠠᠯ ᠵᠡᠷᠬᠡ ᠡᠬᠢ | ᠪᠠᠶᠠᠯᠢᠭ ᠢ ᠡᠮᠬᠢᠯᠡᠨ ᠨᠡᠶᠢᠯᠡᠬᠦᠯᠵᠦ᠂ ᠮᠤᠩᠭᠤᠯ ᠡᠮᠴᠢᠯᠡᠭᠡ ᠬᠢᠳᠡᠳ ᠡᠮᠴᠢᠯᠡᠭᠡ ᠶᠢᠨ ᠪᠡᠶ᠎ᠡ ᠰᠤᠪᠢᠯᠠᠯᠳᠠ | ᠡᠷᠡᠭᠦᠯᠵᠢᠯ ᠤᠨ ᠦᠢᠯᠡᠴᠢᠯᠡᠭᠡ ᠪᠠᠷ ᠭᠤᠤᠯᠯᠠᠭᠤᠯᠤᠬᠰᠠᠨ᠂ ᠮᠤᠩᠭᠤᠯ ᠡᠮ ᠤᠨ ᠮᠠᠲ᠋ᠧᠷᠢᠶᠠᠯ ᠬᠢᠳᠠᠳ ᠡᠮ ᠤᠨ | ᠮᠠᠲ᠋ᠧᠷᠢᠶᠠᠯ ᠢ ᠲᠠᠷᠢᠬᠤ᠂ ᠮᠤᠩᠭᠤᠯ ᠡᠮᠨᠡᠯᠬᠡ ᠬᠢᠳᠠᠳ ᠡᠮᠨᠡᠯᠬᠡ ᠶᠢᠨ ᠡᠮᠴᠢᠯᠡᠬᠡᠨ ᠤ ᠦᠢᠯᠡᠴᠢᠯᠡᠭᠡ᠂ ᠮᠤᠩᠭᠤᠯ ᠡᠮ | ᠡᠮᠨᠡᠯᠬᠡ ᠬᠢᠳᠡᠳ ᠡᠮ ᠡᠮᠨᠡᠯᠬᠡ ᠶᠢᠨ ᠡᠷᠡᠬᠦᠯ ᠮᠡᠨᠳᠤ ᠨᠠᠰᠤᠵᠢᠯ ᠤᠨ ᠦᠢᠯᠡᠴᠢᠯᠡᠭᠡ ᠶᠢ ᠠᠭᠤᠰᠤᠯᠴᠠᠭᠤᠯᠬᠤ ᠶᠢ ᠨᠢᠬᠡ | ᠴᠤᠨᠨᠴᠠᠵᠢᠭᠤᠯᠤᠨᠨᠰᠠᠨ ᠮᠤᠩᠭᠤᠯ ᠡᠮ ᠡᠮᠨᠡᠯᠬᠡ ᠬᠢᠳᠡᠳ ᠡᠮ ᠡᠮᠨᠡᠯᠬᠡ ᠶᠢᠨ ᠡᠷᠡᠬᠦᠯ ᠮᠡᠨᠳᠤ ᠵᠢᠭᠤᠯᠴᠢᠯᠠᠯ ᠤᠨ ᠨᠢᠬᠡ | ᠪᠦᠯᠦᠭ ᠵᠢᠱᠢᠶ᠎ᠡ ᠦᠵᠡᠭᠦᠯᠭᠦ ᠲᠤᠭᠤᠷᠢᠭ ᠢ ᠪᠤᠢ ᠪᠤᠯᠭᠠᠨ᠎ᠠ᠃ ᠮᠠᠨ ᠤ ᠤᠷᠤᠨ ᠤ ᠬᠠᠯᠠᠭᠤᠨ ᠷᠠᠰᠢᠶᠠᠨ ᠤ | ᠵᠢᠭᠤᠯᠴᠢᠯᠠᠯ ᠤᠨ ᠠᠮᠠᠷᠠᠯᠳᠠ ᠶᠢᠨ ᠵᠤᠰᠠᠭᠠᠯ᠂ ᠬᠠᠯᠠᠭᠤᠨ ᠷᠠᠰᠢᠶᠠᠨ ᠤ ᠵᠢᠭᠤᠯᠴᠢᠯᠠᠯ ᠤᠨ ᠵᠢᠵᠢᠭ ᠪᠠᠯᠭᠠᠰᠤ ᠵᠡᠷᠬᠡ | ᠲᠠᠪᠠᠭᠤᠯᠢᠭ ᠢᠶᠠᠨ ᠪᠠᠳᠠᠷᠠᠭᠤᠯᠵᠦ᠂ ︽ᠬᠠᠯᠠᠭᠤᠨ ᠷᠠᠰᠢᠶᠠᠨ + ᠮᠦᠰᠦ ᠴᠠᠰᠤ + ᠮᠤᠩᠭᠤᠯ ᠡᠮ ᠡᠮᠨᠡᠯᠬᠡ ᠬᠢᠳᠡᠳ | ᠡᠮ ᠡᠮᠨᠡᠯᠬᠡ︾ ᠶᠢᠨ ᠤᠨᠴᠠᠯᠢᠨᠨᠳᠤ ᠵᠢᠭᠤᠯᠴᠢᠯᠠᠯ ᠤᠨ ᠰᠤᠶᠤᠯ ᠤᠨ ᠨᠡᠷᠡᠳᠬᠦᠨ ᠢ ᠪᠤᠢ ᠪᠤᠯᠭᠠᠵᠦ᠂ ᠬᠠᠯᠠᠭᠤᠨ | ᠷᠠᠰᠢᠶᠠᠨ ᠤ ᠵᠢᠭᠤᠯᠴᠢᠯᠠᠯ ᠤᠨ ᠨᠡᠷᠡᠳᠬᠦᠨ ᠢ ᠤᠯᠠᠮ ᠨᠢᠬᠡ ᠠᠯᠬᠤᠮ ᠲᠡᠰ ᠲᠡᠪᠰᠢᠭᠦᠯᠦᠨ᠂ ᠲᠡᠭᠦᠨ ᠢ ᠪᠡᠶ᠎ᠡ | ᠴᠢᠬᠢᠷᠬᠠᠵᠢᠭᠤᠯᠵᠦ ᠪᠡᠶ᠎ᠡ ᠰᠤᠪᠢᠯᠠᠬᠤ ᠲᠡᠰᠢ ᠬᠡᠯᠪᠡᠷᠢ ᠶᠢ ᠨᠢ ᠬᠤᠪᠢᠷᠠᠭᠤᠯᠵᠦ᠂ ᠮᠤᠩᠭᠤᠯ ᠡᠮ ᠡᠮᠨᠡᠯᠬᠡ ᠬᠢᠳᠡᠳ ᠡᠮ | ᠡᠮᠨᠡᠯᠬᠡ ᠶᠢᠨ ᠬᠠᠯᠠᠭᠤᠨ ᠷᠠᠰᠢᠶᠠᠨ ᠤ ᠡᠷᠡᠬᠦᠯ ᠡᠩᠬᠡᠳᠤ ᠵᠢᠭᠤᠯᠴᠢᠯᠠᠯ ᠤᠨ ᠤᠨᠴᠠᠯᠢᠨᠨᠳᠤ ᠨᠡᠷᠡᠳᠤ ᠲᠦᠷᠦᠯ ᠲᠡᠮᠳᠡᠭ ᠢ | ᠪᠤᠶᠢᠵᠢᠭᠤᠯᠤᠨ᠎ᠠ᠃ ᠮᠤᠩᠭᠤᠯ ᠡᠮ ᠤᠨ ᠮᠠᠲ᠋ᠧᠷᠢᠶᠠᠯ ᠬᠢᠳᠡᠳ ᠡᠮ ᠤᠨ ᠮᠠᠲ᠋ᠧᠷᠢᠶᠠᠯ ᠢ ᠲᠠᠷᠢᠬᠤ ᠰᠠᠭᠤᠷᠢᠨ ᠭᠠᠵᠠᠷ᠂ | ᠡᠮᠳᠦ ᠤᠷᠭᠤᠮᠠᠯ ᠤᠨ ᠴᠡᠴᠡᠷᠯᠢᠭ ᠵᠡᠷᠬᠡ ᠰᠡᠯᠡᠭᠦᠴᠡᠯ ᠤᠨ ᠤᠨᠴᠠᠯᠢᠨᠨᠳᠦ ᠮᠠᠯ ᠲᠠᠷᠢᠶᠠᠯᠠᠩ ᠢ ᠭᠦᠭᠵᠢᠭᠦᠯᠵᠦ᠂ ︽ | ᠰᠤᠶᠤᠯ + ᠮᠠᠯ ᠲᠠᠷᠢᠶᠠᠯᠠᠩ + ᠮᠤᠩᠭᠤᠯ ᠡᠮ ᠡᠮᠨᠡᠯᠬᠡ ᠬᠢᠳᠡᠳ ᠡᠮ ᠡᠮᠨᠡᠯᠬᠡ︾ ᠶᠢᠨ ᠭᠦᠨ ᠠᠭᠤᠰᠤᠯᠴᠠᠬᠤ ᠶᠢ | ᠪᠡᠶᠡᠯᠡᠭᠦᠯᠦᠨ᠎ᠠ᠃ ᠮᠠᠨ ᠤ ᠤᠷᠤᠨ ᠤ ᠮᠤᠩᠭᠤᠯ ᠡᠮ ᠬᠢᠳᠡᠳ ᠡᠮ ᠤᠨ ᠡᠬᠢ ᠪᠠᠶᠠᠯᠢᠭ ᠤᠨ ᠦᠪᠡᠷᠮᠢᠴᠡ ᠪᠦᠬᠡᠳ | ᠪᠠᠶᠠᠯᠢᠭ ᠲᠠᠪᠠᠭᠤᠯᠢᠭ ᠢᠶᠠᠨ ᠭᠦᠢᠴᠡᠳ ᠪᠠᠳᠠᠷᠠᠭᠤᠯᠵᠦ᠂ ᠴᠠᠭᠠᠨ ᠭᠤᠶᠤᠤ᠂ ᠤᠯᠠᠭᠠᠨ ᠭᠤᠶᠤᠤ᠂ ᠴᠢᠨ᠋ᠸ᠎ᠠ ᠶᠢᠨ | ᠬᠠᠷᠮᠠᠭ᠂ ᠬᠤᠨᠴᠢᠷ᠂ ᠰᠢᠬᠢᠷ ᠡᠪᠡᠰᠦ᠂ ᠱᠦᠭᠦᠷᠬᠡᠨᠠ᠂ ᠪᠤᠷᠴᠠ ᠡᠪᠡᠰᠦ᠂ ᠴᠢᠴᠠᠷᠭᠠᠨ᠎ᠠ᠂ ᠵᠡᠬᠡᠷᠬᠡᠨᠠ᠂ ᠴᠢᠯᠠᠭᠤᠨ | ᠰᠠᠮᠤᠷ ᠵᠡᠷᠬᠡ ᠵᠢᠩᠬᠢᠨᠢ ᠡᠮ ᠤᠨ ᠮᠠᠲ᠋ᠧᠷᠢᠶᠠᠯ ᠲᠠᠢ ᠮᠤᠩᠭᠤᠯ ᠡᠮ ᠬᠢᠳᠡᠳ ᠡᠮ ᠤᠨ ᠵᠢᠭᠤᠯᠴᠢᠯᠠᠯ ᠤᠨ ᠤᠨᠴᠠᠯᠢᠨᠨᠳᠦ | ᠲᠠᠸᠠᠷ ᠤᠨ ᠨᠡᠷᠡᠳᠦ ᠲᠦᠷᠦᠯ ᠲᠡᠮᠳᠡᠭᠳᠦ ᠶᠢ ᠪᠤᠶᠢᠵᠢᠭᠤᠯᠵᠦ᠂ ᠪᠤᠢ ᠪᠤᠯᠭᠠᠬᠤ ᠪᠠ ᠲᠡᠯᠬᠡᠷᠡᠭᠦᠯᠦᠨᠠ᠃ ᠮᠤᠩᠭᠤᠯ | ᠦᠨᠳᠦᠰᠦᠳᠡᠨ ᠤ ᠤᠯᠠᠮᠵᠢᠯᠠᠯᠳᠤ ᠰᠤᠶᠤᠯ ᠤᠨ ᠵᠢᠭᠤᠯᠴᠢᠯᠠᠯ ᠪᠠ ᠮᠤᠩᠭᠤᠯ ᠡᠮ ᠡᠮᠨᠡᠯᠬᠡ ᠬᠢᠳᠡᠳ ᠡᠮ ᠡᠮᠨᠡᠯᠬᠡ ᠶᠢᠨ | ᠡᠷᠡᠬᠦᠯ ᠮᠡᠨᠳᠤ ᠶᠢᠨ ᠦᠢᠯᠡᠴᠢᠯᠡᠭᠡ ᠶᠢ ᠬᠠᠷᠢᠯᠴᠠᠨ ᠤᠶᠠᠯᠳᠤᠭᠤᠯᠤᠨᠨᠰᠠᠨ ᠮᠤᠩᠭᠤᠯ ᠡᠮ ᠡᠮᠨᠡᠯᠬᠡ ᠬᠢᠳᠡᠳ ᠡᠮ | ᠡᠮᠨᠡᠯᠬᠡ ᠶᠢᠨ ᠡᠷᠡᠬᠦᠯ ᠡᠩᠬᠡ ᠶᠢᠨ ᠰᠤᠳᠤᠨ ᠵᠢᠭᠤᠯᠴᠢᠯᠠᠯ ᠤᠨ ᠵᠠᠮ ᠱᠤᠭᠤᠮ ᠢ ᠪᠤᠢ ᠪᠤᠯᠭᠠᠨ᠎ᠠ᠃ | ᠲᠤᠰᠬᠠᠢ ᠪᠤᠯᠤᠩ 5 ᠮᠤᠩᠭᠤᠯ ᠡᠮ ᠡᠮᠨᠡᠯᠬᠡ ᠬᠢᠳᠠᠳ ᠡᠮ ᠡᠮᠨᠡᠯᠬᠡ ᠶᠢᠨ ᠰᠤᠶᠤᠯ ᠪᠠ ᠡᠷᠡᠬᠦᠯ ᠡᠩᠬᠡᠳᠤ | ᠵᠢᠭᠤᠯᠴᠢᠯᠠᠯ ᠤᠨ ᠠᠵᠦ ᠦᠢᠯᠡᠰ ᠤᠨ ᠬᠦᠭᠵᠢᠯᠳᠡ ᠶᠢᠨ ᠲᠦᠷᠦᠯ ᠵᠦᠢᠯ | ᠮᠤᠩᠭᠤᠯ ᠡᠮ ᠡᠮᠨᠡᠯᠬᠡ ᠬᠢᠳᠠᠳ ᠡᠮ ᠡᠮᠨᠡᠯᠬᠡ ᠶᠢᠨ ᠰᠤᠶᠤᠯ ᠤᠨ ᠤᠯᠠᠨ ᠨᠡᠶᠢᠳᠡ ᠶᠢᠨ ᠪᠡᠯᠡᠳᠬᠡᠮᠵᠢ ᠶᠢᠨ | ᠪᠦᠳᠦᠬᠡᠨ ᠪᠠᠶᠢᠭᠤᠯᠤᠯᠳᠠ | ᠨᠢᠬᠡ ᠪᠦᠯᠦᠭ ᠮᠤᠩᠭᠤᠯ ᠡᠮ ᠡᠮᠨᠡᠯᠬᠡ ᠬᠢᠳᠠᠳ ᠡᠮ ᠡᠮᠨᠡᠯᠬᠡ ᠶᠢᠨ ᠰᠤᠶᠤᠯ ᠰᠢᠨᠵᠢᠯᠡᠬᠦ ᠤᠬᠠᠭᠠᠨ ᠢ | ᠲᠦᠬᠡᠮᠡᠯᠵᠢᠬᠦᠯᠬᠦ ᠶᠢᠨ ᠤᠬᠠᠭᠤᠯᠤᠯ ᠬᠦᠮᠦᠵᠢᠯ ᠤᠨ ᠰᠠᠭᠤᠷᠢᠨ ᠭᠠᠵᠠᠷ ᠢ ᠪᠦᠳᠦᠬᠡᠨ ᠪᠠᠶᠢᠭᠤᠯᠵᠦ᠂ ᠤᠳᠤ ᠶᠢᠨ | ᠪᠠᠶᠢᠭ᠎ᠠ ᠤᠯᠠᠨ ᠨᠡᠶᠢᠳᠡ ᠶᠢᠨ ᠪᠡᠯᠡᠳᠬᠡᠮᠵᠢ ᠶᠢ ᠠᠰᠢᠭᠯᠠᠵᠦ᠂ ᠮᠤᠩᠭᠤᠯ ᠡᠮ ᠡᠮᠨᠡᠯᠬᠡ ᠬᠢᠳᠠᠳ ᠡᠮ ᠡᠮᠨᠡᠯᠬᠡ ᠶᠢᠨ | ᠡᠷᠡᠬᠦᠯ ᠴᠢᠬᠢᠷᠠᠭ ᠤᠨ ᠤᠨᠤᠯᠵᠢᠬᠤᠨ ᠢ ᠤᠷᠤᠭᠤᠯᠤᠨ ᠠᠪᠴᠢᠷᠠᠵᠦ᠂ ᠨᠢᠬᠡ ᠪᠦᠯᠦᠭ ᠮᠤᠩᠭᠤᠯ ᠡᠮ ᠡᠮᠨᠡᠯᠬᠡ ᠬᠢᠳᠠᠳ | ᠡᠮ ᠡᠮᠨᠡᠯᠬᠡ ᠶᠢᠨ ᠡᠷᠡᠬᠦᠯ ᠮᠡᠨᠳᠤ ᠪᠡᠶ᠎ᠠ ᠰᠤᠪᠢᠯᠠᠯᠳᠠ ᠶᠢᠨ ᠮᠡᠳᠡᠯᠬᠡ ᠶᠢ ᠲᠦᠬᠡᠮᠡᠯᠵᠢᠬᠦᠯᠬᠦ᠂ ᠪᠡᠶ᠎ᠠ ᠰᠤᠪᠢᠯᠠᠯᠳᠠ | ᠡᠷᠡᠬᠦᠯᠵᠢᠯ ᠢ ᠪᠠᠶᠠᠴᠢᠯᠠᠨ ᠬᠢᠬᠦ᠂ ᠡᠷᠡᠬᠦᠯ ᠮᠡᠨᠳᠤ ᠵᠤᠭ᠎ᠠ ᠴᠡᠩᠬᠡᠯ ᠢ ᠠᠭᠤᠰᠤᠯᠴᠠᠭᠤᠯᠬᠤ ᠶᠢ ᠨᠢᠬᠡ | ᠴᠤᠬᠴᠠᠵᠢᠭᠤᠯᠤᠬᠰᠠᠨ ᠮᠤᠩᠭᠤᠯ ᠡᠮ ᠡᠮᠨᠡᠯᠬᠡ ᠬᠢᠳᠠᠳ ᠡᠮ ᠡᠮᠨᠡᠯᠬᠡ ᠶᠢᠨ ᠰᠤᠶᠤᠯ ᠤᠨ ᠭᠤᠤᠯ ᠰᠡᠳᠦᠪᠳᠤ | ᠬᠦᠷᠢᠶᠡᠯᠡᠩ ᠲᠤᠭᠤᠷᠢᠭ ᠢ ᠭᠠᠷᠭᠠᠨ᠎ᠠ᠃ | ᠮᠤᠩᠭᠤᠯ ᠡᠮ ᠡᠮᠨᠡᠯᠬᠡ ᠬᠢᠳᠠᠳ ᠡᠮ ᠡᠮᠨᠡᠯᠬᠡ ᠶᠢᠨ ᠰᠤᠶᠤᠯ ᠢ ᠤᠯᠠᠮᠵᠢᠯᠠᠨ ᠵᠠᠯᠭᠠᠮᠵᠢᠯᠠᠬᠤ ᠢᠨᠵᠧᠨᠧᠷᠢᠩ | ︽ᠭᠤᠷᠪᠠᠨ ᠨᠡᠷᠡᠳᠡᠢ ᠶᠢᠨ ᠢᠨᠵᠧᠨᠧᠷᠢᠩ︾ ︵ᠨᠡᠷᠡᠳᠡᠢ ᠡᠮᠴᠢ᠂ ᠨᠡᠷᠡᠳᠡᠢ ᠡᠮᠴᠢᠯᠡᠬᠡᠨ ᠤ ᠰᠠᠯᠠᠭ᠎ᠠ᠂ ᠨᠡᠷᠡᠳᠡᠢ | ᠡᠮᠨᠡᠯᠬᠡ ᠶᠢᠨ ᠬᠤᠷᠢᠶ᠎ᠠ︶ ᠢ ᠴᠢᠨᠠᠬᠰᠢᠳᠠ ᠠᠬᠢᠭᠤᠯᠵᠦ᠂ ᠬᠢᠳᠠᠳ ᠠᠨᠠᠭᠠᠬᠤ ᠶᠢᠨ ᠶᠡᠭᠡ ᠡᠮᠴᠢ ᠶᠢᠨ ᠠᠵᠢᠯᠯᠠᠬᠤ | ᠲᠠᠰᠤᠭ 3᠂ ᠮᠤᠩᠭᠤᠯ ᠠᠨᠠᠭᠠᠬᠤ ᠶᠢᠨ ᠤᠯᠠᠮᠵᠢᠯᠠᠨ ᠵᠠᠯᠭᠠᠮᠵᠢᠯᠠᠬᠤ ᠤᠷᠤᠰᠬᠠᠯ ᠪᠦᠯᠦᠭ ᠤᠨ ᠠᠵᠢᠯᠯᠠᠬᠤ ᠲᠠᠰᠤᠭ | 5᠂ ᠤᠯᠤᠰ ᠪᠠ ᠦᠪᠡᠷᠳᠡᠬᠡᠨ ᠵᠠᠰᠠᠬᠤ ᠤᠷᠤᠨ ᠤ ᠲᠡᠰ ᠤᠨ ᠮᠤᠩᠭᠤᠯ ᠡᠮ ᠡᠮᠨᠡᠯᠬᠡ ᠬᠢᠳᠠᠳ ᠡᠮ ᠡᠮᠨᠡᠯᠬᠡ ᠶᠢᠨ | ᠮᠡᠷᠬᠡᠵᠢᠯᠳᠡᠨ ᠤ ᠡᠷᠳᠡᠮ ᠰᠢᠨᠵᠢᠯᠡᠬᠡᠨ ᠤ ᠲᠤᠷᠰᠢᠯᠭ᠎ᠠ ᠶᠢ ᠤᠯᠠᠮᠵᠢᠯᠠᠨ ᠵᠠᠯᠭᠠᠮᠵᠢᠯᠠᠬᠤ ᠠᠵᠢᠯᠯᠠᠬᠤ ᠲᠠᠰᠤᠭ 80 ᠢ | ᠪᠠᠶᠢᠭᠤᠯᠵᠦ᠂ ᠦᠪᠡᠷᠳᠡᠬᠡᠨ ᠵᠠᠰᠠᠬᠤ ᠤᠷᠤᠨ ᠤ ᠮᠤᠩᠭᠤᠯ ᠡᠮ ᠡᠮᠨᠡᠯᠬᠡ ᠬᠢᠳᠠᠳ ᠡᠮ ᠡᠮᠨᠡᠯᠬᠡ ᠶᠢᠨ ᠠᠬᠠᠮᠠᠳ | ᠨᠡᠷᠡᠳᠡᠢ ᠮᠡᠷᠬᠡᠵᠢᠯᠳᠡᠨ ᠤ ᠡᠷᠳᠡᠮ ᠰᠢᠨᠵᠢᠯᠡᠬᠡᠨ ᠤ ᠲᠤᠷᠰᠢᠯᠭ᠎ᠠ ᠶᠢ ᠤᠯᠠᠮᠵᠢᠯᠠᠨ ᠵᠠᠯᠭᠠᠮᠵᠢᠯᠠᠬᠤ ᠠᠵᠢᠯ ᠢ | ᠦᠷᠬᠦᠯᠵᠢᠯᠡᠨ ᠦᠷᠨᠢᠬᠦᠯᠦᠨ᠎ᠠ᠃ ᠮᠤᠩᠭᠤᠯ ᠡᠮ ᠡᠮᠨᠡᠯᠬᠡ ᠬᠢᠳᠠᠳ ᠡᠮ ᠡᠮᠨᠡᠯᠬᠡ ᠶᠢᠨ ᠡᠷᠳᠡᠮ ᠰᠢᠨᠵᠢᠯᠡᠭᠡ ᠶᠢ | ᠤᠯᠠᠮᠵᠢᠯᠠᠨ ᠵᠠᠯᠭᠠᠮᠵᠢᠯᠠᠬᠤ ᠪᠠ ᠲᠦᠬᠡᠮᠡᠯᠵᠢᠬᠦᠯᠵᠦ ᠬᠡᠷᠡᠭᠯᠡᠬᠦ ᠵᠠᠬᠪᠤᠷ ᠲᠤ ᠰᠢᠨ᠎ᠠ ᠶᠢ ᠡᠬᠦᠳᠴᠤ᠂ ᠮᠤᠩᠭᠤᠯ ᠡᠮ | ᠡᠮᠨᠡᠯᠬᠡ ᠬᠢᠳᠠᠳ ᠡᠮ ᠡᠮᠨᠡᠯᠬᠡ ᠶᠢᠨ 20 ᠢᠵᠢ ᠰᠤᠷᠪᠤᠯᠵᠢ ᠪᠢᠴᠢᠭ ᠢ ᠲᠢᠭᠯᠡᠨ ᠡᠮᠬᠢᠳᠬᠡᠵᠦ᠂ ᠮᠤᠩᠭᠤᠯ ᠡᠮ | ᠡᠮᠨᠡᠯᠬᠡ ᠶᠢᠨ ᠪᠠᠷᠢᠮᠵᠢᠶ᠎ᠠ ᠶᠢ 5 ᠢᠵᠢ ᠬᠡᠪᠯᠡᠨᠠ᠃ | ᠮᠤᠩᠭᠤᠯ ᠡᠮ ᠡᠮᠨᠡᠯᠬᠡ ᠬᠢᠳᠠᠳ ᠡᠮ ᠡᠮᠨᠡᠯᠬᠡ ᠶᠢᠨ ᠰᠤᠶᠤᠯ ᠢ ᠤᠯᠠᠨ ᠨᠡᠶᠢᠳᠡ ᠪᠠᠷ ᠤᠯᠠᠮᠵᠢᠯᠠᠨ | ᠲᠡᠯᠬᠡᠷᠡᠬᠦᠯᠬᠦ ᠢᠨᠵᠧᠨᠧᠷᠢᠩ | ︽ᠬᠢᠳᠠᠳ ᠡᠮᠨᠡᠯᠬᠡ ᠬᠢᠳᠠᠳ ᠡᠮ ᠤᠨ ᠲᠤᠮᠳᠠᠳᠤ ᠤᠯᠤᠰ ᠤᠨ ᠠᠶᠠᠯᠠᠯ᠂ ᠮᠤᠩᠭᠤᠯ ᠡᠮᠨᠡᠯᠬᠡ ᠮᠤᠩᠭᠤᠯ | ᠡᠮ ᠤᠨ ᠦᠪᠦᠷ ᠮᠤᠩᠭᠤᠯ ᠤᠨ ᠠᠶᠠᠯᠠᠯ︾ ᠤᠨ ᠠᠵᠢᠯᠯᠠᠭ᠎ᠠ ᠶᠢ ᠠᠬᠢᠭᠤᠯᠵᠦ᠂ ᠮᠤᠩᠭᠤᠯ ᠡᠮ ᠡᠮᠨᠡᠯᠬᠡ ᠬᠢᠳᠠᠳ ᠡᠮ | ᠡᠮᠨᠡᠯᠬᠡ ᠶᠢᠨ ᠰᠢᠨᠵᠢᠯᠡᠬᠦ ᠤᠬᠠᠭᠠᠨ ᠢ ᠲᠦᠬᠡᠮᠡᠯᠵᠢᠬᠦᠯᠬᠦ ᠤᠬᠠᠭᠤᠯᠭ᠎ᠠ ᠶᠢᠨ ᠭᠠᠷᠠᠭ᠂ ᠭᠤᠤᠯ ᠰᠡᠳᠦᠪᠳᠤ ᠰᠤᠶᠤᠯ ᠤᠨ | ᠨᠠᠶᠢᠷ᠂ ᠮᠡᠳᠡᠯᠬᠡ ᠮᠡᠷᠬᠡᠵᠢᠯ ᠴᠢᠳᠠᠪᠤᠷᠢ ᠶᠢᠨ ᠮᠦᠷᠦᠶᠢᠴᠡᠬᠡᠨ᠂ ᠮᠤᠩᠭᠤᠯ ᠡᠮ ᠡᠮᠨᠡᠯᠬᠡ ᠬᠢᠳᠠᠳ ᠡᠮ ᠡᠮᠨᠡᠯᠬᠡ ᠶᠢᠨ | ᠰᠤᠶᠤᠯ ᠢ ᠲᠤᠭᠤᠷᠢᠨ ᠲᠠᠶᠢᠯᠤᠮᠵᠢ ᠬᠢᠬᠦ ᠵᠡᠷᠬᠡ ᠤᠯᠠᠨ ᠵᠦᠢᠯ ᠤᠨ ᠬᠡᠯᠪᠡᠷᠢ ᠪᠠᠷ ᠲᠠᠮᠵᠢᠭᠤᠯᠤᠨ᠂ ᠤᠯᠠᠨ | ᠨᠡᠶᠢᠳᠡ ᠶᠢᠨ ᠮᠤᠩᠭᠤᠯ ᠡᠮᠴᠢᠯᠡᠭᠡ ᠬᠢᠳᠠᠳ ᠡᠮᠴᠢᠯᠡᠭᠡ ᠶᠢᠨ ᠪᠡᠶ᠎ᠠ ᠰᠤᠪᠢᠯᠠᠯᠳᠠ ᠡᠷᠡᠬᠦᠯᠵᠢᠯ ᠤᠨ ᠬᠡᠪ ᠪᠤᠯᠪᠠᠰᠤᠷᠠᠯ ᠢ | ᠲᠡᠬᠡᠭᠰᠢᠯᠡᠬᠦᠯᠦᠨ᠎ᠠ᠃ ᠮᠤᠩᠭᠤᠯ ᠡᠮ ᠡᠮᠨᠡᠯᠬᠡ ᠬᠢᠳᠠᠳ ᠡᠮ ᠡᠮᠨᠡᠯᠬᠡ ᠶᠢᠨ ᠰᠤᠶᠤᠯ ᠰᠢᠨᠵᠢᠯᠡᠬᠦ ᠤᠬᠠᠭᠠᠨ ᠢ | ᠲᠦᠬᠡᠮᠡᠯᠵᠢᠬᠦᠯᠬᠦ ᠡᠩᠨᠡᠭᠡ ᠶᠢ ᠪᠠᠶᠢᠭᠤᠯᠵᠦ᠂ ᠮᠤᠩᠭᠤᠯ ᠡᠮ ᠡᠮᠨᠡᠯᠬᠡ ᠬᠢᠳᠠᠳ ᠡᠮ ᠡᠮᠨᠡᠯᠬᠡ ᠶᠢᠨ ᠰᠤᠶᠤᠯ | ᠤᠷᠠᠯᠢᠭ ᠤᠨ ᠪᠦᠳᠦᠬᠡᠯ ᠢ ᠬᠦᠨᠵᠡᠬᠡᠢ ᠰᠤᠳᠤᠯᠵᠦ᠂ ᠠᠭᠤᠳᠠᠯᠠᠵᠦ᠂ ᠵᠤᠬᠢᠶᠠᠨ ᠪᠦᠳᠦᠬᠡᠵᠦ᠂ ᠮᠤᠩᠭᠤᠯ ᠡᠮ ᠡᠮᠨᠡᠯᠬᠡ | ᠬᠢᠳᠠᠳ ᠡᠮ ᠡᠮᠨᠡᠯᠬᠡ ᠶᠢᠨ ᠪᠤᠳᠠᠰ ᠤᠨ ᠪᠤᠰᠤ ᠰᠤᠶᠤᠯ ᠤᠨ ᠦᠪ ᠢ ᠬᠠᠮᠠᠭᠠᠯᠠᠬᠤ ᠪᠠ ᠤᠯᠠᠮᠵᠢᠯᠠᠨ ᠲᠡᠯᠬᠡᠷᠡᠬᠦᠯᠬᠦ | ᠠᠵᠢᠯ ᠢ ᠦᠷᠨᠢᠬᠦᠯᠦᠨ᠎ᠠ᠃ | ᠮᠤᠩᠭᠤᠯ ᠡᠮ ᠡᠮᠨᠡᠯᠬᠡ ᠬᠢᠳᠠᠳ ᠡᠮ ᠡᠮᠨᠡᠯᠬᠡ ᠶᠢᠨ ᠡᠷᠡᠬᠦᠯ ᠡᠩᠬᠡᠳᠤ ᠵᠢᠭᠤᠯᠴᠢᠯᠠᠯ ᠤᠨ ᠵᠢᠱᠢᠶ᠎ᠠ ᠦᠵᠡᠬᠦᠯᠬᠦ | ᠲᠤᠭᠤᠷᠢᠭ ᠤᠨ ᠪᠦᠳᠦᠬᠡᠨ ᠪᠠᠶᠢᠭᠤᠯᠤᠯᠳᠠ | ᠦᠪᠡᠷᠳᠡᠬᠡᠨ ᠵᠠᠰᠠᠬᠤ ᠤᠷᠤᠨ ᠤ ᠲᠡᠰ ᠤᠨ ᠮᠤᠩᠭᠤᠯ ᠡᠮ ᠡᠮᠨᠡᠯᠬᠡ ᠬᠢᠳᠠᠳ ᠡᠮ ᠡᠮᠨᠡᠯᠬᠡ ᠶᠢᠨ ᠡᠷᠡᠬᠦᠯ | ᠡᠩᠬᠡᠳᠤ ᠵᠢᠭᠤᠯᠴᠢᠯᠠᠯ ᠤᠨ 2 ᠵᠢᠱᠢᠶ᠎ᠠ ᠦᠵᠡᠬᠦᠯᠬᠦ ᠰᠠᠭᠤᠷᠢᠨ ᠭᠠᠵᠠᠷ ᠢ ᠪᠤᠢ ᠪᠤᠯᠭᠠᠨ᠎ᠠ︔ ᠠᠶᠢᠮᠠᠭ ᠬᠤᠳᠠ | ᠨᠢᠬᠡᠪᠦᠷᠢ ᠨᠢ ᠮᠤᠩᠭᠤᠯ ᠡᠮ ᠡᠮᠨᠡᠯᠬᠡ ᠬᠢᠳᠠᠳ ᠡᠮ ᠡᠮᠨᠡᠯᠬᠡ ᠶᠢᠨ 1 ᠠᠴᠠ 2 ᠤᠨᠴᠠᠯᠢᠬᠳᠤ ᠵᠢᠭᠤᠯᠴᠢᠯᠠᠯ ᠤᠨ | ᠵᠢᠱᠢᠶ᠎ᠠ ᠦᠵᠡᠬᠦᠯᠬᠦ ᠰᠠᠭᠤᠷᠢᠨ ᠭᠠᠵᠠᠷ ᠢ ᠪᠠᠶᠢᠭᠤᠯᠬᠤ ᠶᠢᠨ ᠬᠠᠮᠳᠤ᠂ ᠲᠤᠬᠠᠢ ᠶᠢᠨ ᠭᠠᠵᠠᠷ ᠤᠨ ᠰᠤᠳᠤᠨ | ᠵᠢᠭᠤᠯᠴᠢᠯᠠᠯ ᠤᠨ ᠵᠠᠮ ᠱᠤᠭᠤᠮ ᠳᠤ ᠤᠷᠤᠭᠤᠯᠤᠨ᠎ᠠ᠃ | ︵ᠵᠢᠷᠭᠤᠭ᠎ᠠ︶ ᠮᠤᠩᠭᠤᠯ ᠡᠮ ᠡᠮᠨᠡᠯᠬᠡ ᠬᠢᠳᠡᠳ ᠡᠮ ᠡᠮᠨᠡᠯᠬᠡ ᠶᠢᠨ ᠡᠷᠡᠬᠦᠯ ᠮᠡᠨᠳᠤ ᠶᠢᠨ ᠦᠢᠯᠡᠴᠢᠯᠡᠭᠡ ᠶᠢᠨ | ᠬᠠᠮᠢᠶ᠎ᠠ ᠪᠦᠭᠦᠢ ᠲᠤᠯᠭᠠᠭᠤᠷᠢ ᠠᠵᠦ ᠦᠢᠯᠡᠰ ᠤᠨ ᠭᠦᠭᠵᠢᠯᠳᠡ ᠶᠢ ᠢᠳᠡᠪᠬᠢᠳᠡᠢ ᠠᠬᠢᠭᠤᠯᠤᠨ᠎ᠠ᠃ ᠮᠤᠩᠭᠤᠯ ᠡᠮ | ᠡᠮᠨᠡᠯᠬᠡ ᠬᠢᠳᠡᠳ ᠡᠮ ᠡᠮᠨᠡᠯᠬᠡ ᠶᠢᠨ ᠰᠢᠨᠵᠢᠯᠡᠬᠦ ᠤᠬᠠᠭᠠᠨ ᠮᠡᠷᠬᠡᠵᠢᠯ ᠤᠨ ᠰᠢᠨ᠎ᠠ ᠶᠢ ᠡᠭᠦᠳᠭᠦ ᠮᠡᠷᠬᠡᠵᠢᠯ ᠤᠨ | ᠲᠡᠪᠴᠡᠩ ᠤᠨ ᠪᠠᠶᠢᠭᠤᠯᠤᠯᠳᠠ ᠶᠢ ᠴᠢᠩᠭᠠᠳᠬᠠᠵᠦ᠂ ᠦᠪᠡᠷᠳᠡᠬᠡᠨ ᠵᠠᠰᠠᠬᠤ ᠤᠷᠤᠨ ᠤ ᠰᠢᠨ᠎ᠠ ᠡᠮ ᠡᠭᠦᠳᠴᠤ | ᠦᠢᠯᠡᠳᠬᠦ ᠶᠡᠷᠦᠩᠬᠡᠶᠢᠯᠡᠭᠰᠡᠨ ᠲᠡᠪᠴᠡᠩ᠂ ᠤᠯᠤᠰ ᠤᠨ ᠮᠤᠩᠭᠤᠯ ᠡᠮ ᠬᠢᠳᠡᠳ ᠡᠮ ᠤᠨ ᠰᠢᠨ᠎ᠠ ᠡᠮ ᠤᠨ | ᠡᠮᠴᠢᠯᠡᠬᠡᠨ ᠤ ᠲᠤᠷᠰᠢᠯᠳᠠ ᠶᠢᠨ ᠵᠠᠩᠬᠢᠯᠠᠭ᠎ᠠ ᠶᠢᠨ ᠮᠡᠷᠬᠡᠵᠢᠯ ᠤᠨ ᠲᠡᠪᠴᠡᠩ ᠵᠡᠷᠬᠡ ᠰᠢᠨ᠎ᠠ ᠶᠢ ᠡᠭᠦᠳᠭᠦ | ᠲᠡᠪᠴᠡᠩ ᠤᠨ ᠭᠦᠭᠵᠢᠯᠳᠡ ᠶᠢ ᠢᠳᠡᠪᠬᠢᠳᠡᠢ ᠲᠡᠮᠵᠢᠨ ᠲᠡᠳᠭᠦᠨᠠ᠃ ᠮᠤᠩᠭᠤᠯ ᠡᠮ ᠬᠢᠳᠡᠳ ᠡᠮ ᠤᠨ ᠡᠬᠢ | ᠪᠠᠶᠠᠯᠢᠭ ᠤᠨ ᠦᠷᠭᠦᠯᠵᠢᠯᠡᠨ ᠭᠦᠭᠵᠢᠬᠦ ᠶᠢ ᠠᠬᠢᠭᠤᠯᠵᠦ᠂ ᠦᠪᠡᠷᠳᠡᠬᠡᠨ ᠵᠠᠰᠠᠬᠤ ᠤᠷᠤᠨ ᠤ ᠮᠤᠩᠭᠤᠯ ᠡᠮ ᠬᠢᠳᠡᠳ | ᠡᠮ ᠤᠨ ᠡᠬᠢ ᠪᠠᠶᠠᠯᠢᠭ ᠤᠨ ᠨᠡᠶᠢᠳᠡᠮ ᠪᠠᠶᠢᠴᠠᠭᠠᠯᠳᠠ ᠶᠢᠨ ᠠᠵᠢᠯ ᠢ ᠪᠡᠶᠡᠯᠡᠬᠦᠯᠦᠨ᠎ᠠ᠃ ᠮᠤᠩᠭᠤᠯ ᠡᠮ ᠡᠮᠨᠡᠯᠬᠡ | ᠬᠢᠳᠡᠳ ᠡᠮ ᠡᠮᠨᠡᠯᠬᠡ ᠶᠢᠨ ᠡᠷᠡᠭᠦᠯᠵᠢᠯ ᠤᠨ ᠪᠠᠭᠠᠵᠢ ᠬᠡᠷᠡᠭᠰᠡᠯ ᠤᠨ ᠰᠤᠳᠤᠯᠤᠨ ᠨᠡᠬᠡᠬᠡᠨ ᠭᠦᠭᠵᠢᠬᠦᠯᠬᠦ᠂ ᠦᠢᠯᠡᠳᠦᠨ | ᠪᠦᠳᠦᠬᠡᠬᠦ ᠪᠠ ᠬᠡᠷᠡᠭᠯᠡᠬᠦ ᠶᠢ ᠵᠤᠷᠢᠨᠨᠵᠢᠭᠤᠯᠤᠨ ᠭᠦᠭᠵᠢᠬᠦᠯᠦᠨ᠎ᠠ᠃ ᠮᠤᠩᠭᠤᠯ ᠡᠮ ᠤᠨ ᠮᠠᠲ᠋ᠧᠷᠢᠶᠠᠯ ᠬᠢᠳᠡᠳ ᠡᠮ ᠤᠨ | ᠮᠠᠲ᠋ᠧᠷᠢᠶᠠᠯ ᠤᠨ ᠦᠷ᠎ᠡ ᠴᠢᠬᠢ ᠶᠢᠨ ᠰᠠᠶᠢᠨ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ ᠰᠠᠭᠤᠷᠢᠨ ᠭᠠᠵᠠᠷ ᠵᠢᠴᠢ | ᠮᠤᠩᠭᠤᠯ ᠡᠮ ᠬᠢᠳᠡᠳ ᠡᠮ ᠤᠨ ᠴᠢᠨᠠᠷ ᠰᠠᠶᠢᠳᠠᠢ ᠡᠮ ᠤᠨ ᠮᠠᠲ᠋ᠧᠷᠢᠶᠠᠯ ᠢ ᠦᠢᠯᠡᠳᠪᠦᠷᠢᠯᠡᠬᠦ ᠰᠠᠭᠤᠷᠢᠨ ᠭᠠᠵᠠᠷ ᠤᠨ | ᠪᠦᠳᠦᠬᠡᠨ ᠪᠠᠶᠢᠭᠤᠯᠤᠯᠳᠠ ᠶᠢ ᠴᠢᠩᠭᠠᠳᠬᠠᠨ᠎ᠠ᠃ ᠤᠨᠴᠠᠯᠢᠨᠨᠳᠦ ᠵᠢᠩᠬᠢᠨᠢ ᠡᠮ ᠤᠨ ᠮᠠᠲ᠋ᠧᠷᠢᠶᠠᠯ ᠤᠨ ᠤᠷᠤᠨ ᠤ | ᠲᠠᠪᠠᠭᠤᠯᠢᠭ ᠲᠠᠢ ᠤᠶᠠᠯᠳᠤᠭᠤᠯᠵᠦ᠂ ᠦᠪᠡᠷᠳᠡᠬᠡᠨ ᠵᠠᠰᠠᠬᠤ ᠤᠷᠤᠨ ᠤ ᠵᠢᠩᠬᠢᠨᠢ ᠡᠮ ᠤᠨ ᠮᠠᠲ᠋ᠧᠷᠢᠶᠠᠯ ᠤᠨ ᠨᠡᠷᠡᠳᠦ | ᠲᠦᠷᠦᠯ ᠲᠡᠮᠳᠡᠭᠳᠦ ᠶᠢ ᠪᠤᠢ ᠪᠤᠯᠭᠠᠨ᠎ᠠ᠃ ᠮᠤᠩᠭᠤᠯ ᠡᠮ ᠡᠮᠨᠡᠯᠬᠡ ᠬᠢᠳᠡᠳ ᠡᠮ ᠡᠮᠨᠡᠯᠬᠡ ᠶᠢᠨ ᠡᠷᠡᠬᠦᠯ ᠮᠡᠨᠳᠤ ᠶᠢᠨ | ᠦᠢᠯᠡᠴᠢᠯᠡᠭᠡ ᠶᠢᠨ ᠲᠤᠯᠭᠠᠭᠤᠷᠢ ᠠᠵᠦ ᠦᠢᠯᠡᠰ ᠤᠨ ᠰᠦᠷᠦᠭᠵᠢᠯ ᠢ ᠵᠤᠷᠢᠬᠵᠢᠭᠤᠯᠤᠨ ᠬᠦᠭᠵᠢᠬᠦᠯᠵᠦ᠂ | ᠵᠢᠷᠤᠮᠵᠢᠯ ᠲᠠᠢ ᠲᠠᠷᠢᠵᠦ᠂ ᠴᠢᠨᠠᠬᠤ ᠡᠮ ᠡᠳ᠋ᠰᠢᠭᠦᠯᠦᠨ ᠪᠤᠯᠪᠠᠰᠤᠷᠠᠭᠤᠯᠬᠤ᠂ ᠴᠡᠪᠡᠷᠰᠢᠬᠦᠯᠵᠦ ᠪᠤᠯᠪᠠᠰᠤᠷᠠᠭᠤᠯᠤᠨᠨᠰᠠᠨ | ᠡᠳ᠋ ᠢ ᠦᠢᠯᠡᠳᠪᠦᠷᠢᠯᠡᠬᠦ᠂ ᠮᠤᠩᠭᠤᠯ ᠡᠮ ᠬᠢᠳᠡᠳ ᠡᠮ ᠪᠠ ᠬᠠᠮᠢᠶ᠎ᠠ ᠪᠦᠭᠦᠢ ᠡᠷᠡᠭᠦᠯᠵᠢᠯ ᠤᠨ ᠪᠦᠳᠦᠬᠡᠭᠳᠡᠭᠦᠨ ᠢ | ᠨᠡᠬᠡᠬᠡᠨ ᠭᠦᠭᠵᠢᠭᠦᠯᠵᠦ ᠰᠢᠨ᠎ᠠ ᠶᠢ ᠡᠭᠦᠳᠭᠦ ᠪᠠᠷ ᠨᠢᠬᠡ ᠴᠤᠨᠨᠴᠠᠵᠢᠭᠤᠯᠤᠨᠨᠰᠠᠨ ᠮᠤᠩᠭᠤᠯ ᠡᠮ ᠬᠢᠳᠡᠳ ᠡᠮ ᠤᠨ | ᠠᠵᠦ ᠦᠢᠯᠡᠰ ᠤᠨ ᠬᠡᠯᠬᠢᠶ᠎ᠡ ᠶᠢ ᠠᠯᠬᠤᠮ ᠢᠶᠠᠷ ᠪᠦᠷᠢᠯᠳᠦᠭᠦᠯᠦᠨ᠎ᠠ᠃ | ᠲᠤᠰᠬᠠᠢ ᠪᠤᠯᠤᠩ 6 ᠮᠤᠩᠭᠤᠯ ᠡᠮ ᠡᠮᠨᠡᠯᠬᠡ ᠬᠢᠳᠠᠳ ᠡᠮ ᠡᠮᠨᠡᠯᠬᠡ ᠶᠢᠨ ᠡᠷᠡᠬᠦᠯ ᠮᠡᠨᠳᠤ ᠶᠢᠨ | ᠦᠢᠯᠡᠴᠢᠯᠡᠬᠡᠨ ᠤ ᠬᠠᠮᠢᠶ᠎ᠠ ᠪᠦᠬᠦᠢ ᠲᠤᠯᠭᠠᠭᠤᠷᠢ ᠠᠵᠦ ᠦᠢᠯᠡᠰ ᠤᠨ ᠭᠤᠤᠯᠳᠠᠯᠭ᠎ᠠ ᠲᠠᠢ ᠲᠦᠷᠦᠯ ᠵᠦᠢᠯ | ᠬᠠᠮᠵᠢᠯᠴᠠᠨ ᠰᠢᠨ᠎ᠠ ᠶᠢ ᠡᠬᠦᠳᠬᠦ ᠴᠢᠳᠠᠪᠤᠷᠢ ᠶᠢᠨ ᠪᠠᠶᠢᠭᠤᠯᠤᠯᠳᠠ | ᠡᠮᠴᠢᠯᠡᠬᠡᠨ ᠤ ᠪᠠᠶᠢᠭᠤᠯᠤᠮᠵᠢ᠂ ᠠᠵᠦ ᠦᠢᠯᠡᠰ ᠤᠨ ᠰᠦᠷᠦᠭᠵᠢᠯ᠂ ᠰᠢᠨᠵᠢᠯᠡᠬᠦ ᠤᠬᠠᠭᠠᠨ ᠤ ᠰᠤᠳᠤᠯᠤᠯ ᠤᠨ | ᠨᠢᠬᠡᠴᠡ᠂ ᠲᠡᠬᠡᠳᠤ ᠰᠢᠨ᠎ᠠ ᠠᠵᠦ ᠠᠬᠤᠶᠢᠯᠠᠯ ᠢᠶᠠᠷ ᠲᠦᠰᠢᠭ ᠪᠤᠯᠭᠠᠭᠰᠠᠨ ᠮᠡᠷᠬᠡᠵᠢᠯ ᠤᠨ ᠰᠢᠨ᠎ᠠ ᠶᠢ ᠡᠬᠦᠳᠬᠦ | ᠲᠠᠪᠴᠠᠩ ᠤᠨ ᠪᠠᠶᠢᠭᠤᠯᠤᠯᠳᠠ ᠶᠢ ᠲᠠᠮᠵᠢᠵᠦ᠂ ᠮᠤᠩᠭᠤᠯ ᠡᠮ ᠤᠨ ᠮᠠᠲ᠋ᠧᠷᠢᠶᠠᠯ ᠬᠢᠳᠠᠳ ᠡᠮ ᠤᠨ ᠮᠠᠲ᠋ᠧᠷᠢᠶᠠᠯ ᠤᠨ | ᠵᠢᠷᠤᠮᠵᠢᠭᠤᠯᠤᠨ ᠲᠠᠷᠢᠬᠤ ︵ᠲᠡᠵᠢᠬᠡᠨ ᠦᠷᠡᠵᠢᠬᠦᠯᠬᠦ︶ ᠵᠠᠩᠬᠢᠯᠠᠭ᠎ᠠ ᠶᠢᠨ ᠮᠡᠷᠬᠡᠵᠢᠯ ᠢ ᠰᠤᠳᠤᠯᠬᠤ ᠪᠠ ᠬᠡᠷᠡᠭᠯᠡᠬᠦ ᠶᠢ | ᠦᠷᠨᠢᠬᠦᠯᠦᠨ᠂ ᠮᠤᠩᠭᠤᠯ ᠡᠮ ᠬᠢᠳᠠᠳ ᠡᠮ ᠤᠨ ᠡᠬᠢ ᠪᠠᠶᠠᠯᠢᠭ ᠤᠨ ᠬᠦᠳᠡᠯᠦᠩᠬᠦᠢ ᠬᠢᠨᠠᠨ ᠰᠢᠨᠵᠢᠬᠦ ᠰᠢᠰᠲ᠋ᠧᠮᠵᠢ | ᠪᠠ ᠮᠤᠩᠭᠤᠯ ᠡᠮ ᠤᠨ ᠮᠠᠲ᠋ᠧᠷᠢᠶᠠᠯ ᠬᠢᠳᠠᠳ ᠡᠮ ᠤᠨ ᠮᠠᠲ᠋ᠧᠷᠢᠶᠠᠯ ᠤᠨ ᠮᠦᠷᠳᠡᠨ ᠤᠬᠤᠴᠢᠯᠠᠬᠤ ᠰᠢᠰᠲ᠋ᠧᠮ ᠢ | ᠪᠠᠶᠢᠭᠤᠯᠵᠦ᠂ ᠮᠤᠩᠭᠤᠯ ᠡᠮᠴᠢᠯᠡᠭᠡ ᠬᠢᠳᠠᠳ ᠡᠮᠴᠢᠯᠡᠭᠡ ᠶᠢᠨ ᠡᠷᠡᠬᠦᠯ ᠮᠡᠨᠳᠤ ᠶᠢᠨ ᠦᠢᠯᠡᠴᠢᠯᠡᠬᠡᠨ ᠤ ᠦᠢᠯᠡᠰ ᠯᠦᠭᠡ | ᠬᠠᠷᠢᠯᠴᠠᠨ ᠲᠦᠬᠦᠷᠵᠢᠭᠰᠡᠨ ᠮᠤᠩᠭᠤᠯ ᠡᠮ ᠬᠢᠳᠠᠳ ᠡᠮ ᠤᠨ ᠡᠬᠢ ᠪᠠᠶᠠᠯᠢᠭ ᠤᠨ ᠨᠡᠬᠡᠬᠡᠯᠳᠡ ᠶᠢ ᠭᠤᠤᠯᠴᠢᠯᠠᠨ | ᠦᠷᠨᠢᠬᠦᠯᠵᠦ᠂ ᠤᠷᠤᠨ ᠨᠤᠳᠤᠭ ᠤᠨ ᠦᠪᠡᠷᠮᠢᠴᠡ ᠤᠨᠴᠠᠯᠢᠭ ᠲᠠᠢ ᠮᠤᠩᠭᠤᠯ ᠡᠮ ᠬᠢᠳᠠᠳ ᠡᠮ ᠤᠨ ᠡᠷᠡᠬᠦᠯᠵᠢᠯ ᠤᠨ | ᠰᠢᠷᠢᠰ ᠪᠦᠳᠦᠬᠡᠭᠳᠡᠬᠦᠨ ᠢ ᠪᠤᠢ ᠪᠤᠯᠭᠠᠵᠦ᠂ ᠮᠤᠩᠭᠤᠯ ᠡᠮ ᠬᠢᠳᠠᠳ ᠡᠮ ᠤᠨ ᠰᠢᠨᠵᠢᠯᠡᠬᠦ ᠤᠬᠠᠭᠠᠨ ᠮᠡᠷᠬᠡᠵᠢᠯ ᠤᠨ | ᠦᠷ᠎ᠠ ᠪᠦᠳᠦᠮᠵᠢ ᠶᠢ ᠤᠯᠠᠷᠢᠭᠤᠯᠬᠤ ᠶᠢ ᠠᠬᠢᠭᠤᠯᠤᠨ᠎ᠠ᠃ | ᠮᠤᠩᠭᠤᠯ ᠡᠮ ᠡᠮᠨᠡᠯᠬᠡ ᠬᠢᠳᠠᠳ ᠡᠮ ᠡᠮᠨᠡᠯᠬᠡ ᠶᠢᠨ ᠴᠢᠬᠢᠷᠠᠬᠵᠢᠭᠤᠯᠬᠤ ᠪᠦᠳᠦᠬᠡᠭᠳᠡᠬᠦᠨ ᠢ ᠨᠡᠬᠡᠬᠡᠨ | ᠬᠦᠭᠵᠢᠬᠦᠯᠦᠨ᠎ᠠ | ᠮᠤᠩᠭᠤᠯ ᠡᠮᠨᠡᠯᠬᠡ ᠬᠢᠳᠠᠳ ᠡᠮᠨᠡᠯᠬᠡ ᠶᠢᠨ ᠡᠷᠡᠬᠦᠯ ᠮᠡᠨᠳᠤ ᠶᠢᠨ ᠦᠢᠯᠡᠴᠢᠯᠡᠬᠡᠨ ᠤ ᠦᠢᠯᠡᠰ ᠲᠤ | ᠦᠢᠯᠡᠴᠢᠯᠡᠬᠦ ᠪᠠᠷ ᠵᠤᠷᠢᠯᠳᠠ ᠪᠤᠯᠭᠠᠵᠦ᠂ ᠮᠤᠩᠭᠤᠯ ᠡᠮ ᠬᠢᠳᠠᠳ ᠡᠮ ᠤᠨ ᠡᠬᠢ ᠪᠠᠶᠠᠯᠢᠭ ᠤᠨ ᠪᠤᠬᠢᠷᠳᠤᠯ ᠦᠬᠡᠢ | ᠦᠢᠯᠡᠳᠪᠦᠷᠢᠯᠡᠬᠦ ᠪᠠ ᠤᠯᠠᠨ ᠡᠰᠢᠵᠢᠬᠦᠯᠵᠦ ᠨᠡᠬᠡᠬᠡᠨ ᠬᠦᠭᠵᠢᠬᠦᠯᠬᠦ ᠶᠢ ᠠᠬᠢᠭᠤᠯᠤᠨ᠂ ᠮᠤᠩᠭᠤᠯ ᠡᠮ ᠤᠨ | ᠮᠠᠲ᠋ᠧᠷᠢᠶᠠᠯ ᠬᠢᠳᠠᠳ ᠡᠮ ᠤᠨ ᠮᠠᠲ᠋ᠧᠷᠢᠶᠠᠯ ᠤᠨ ᠦᠷ᠎ᠠ ᠴᠢᠬᠢ ᠶᠢᠨ ᠰᠠᠶᠢᠨ ᠡᠬᠦᠯᠳᠡᠷ ᠢ ᠦᠷᠡᠵᠢᠬᠦᠯᠦᠨ | ᠪᠤᠶᠢᠵᠢᠭᠤᠯᠬᠤ ᠰᠠᠭᠤᠷᠢᠨ ᠭᠠᠵᠠᠷ ᠵᠢᠴᠢ ᠮᠤᠩᠭᠤᠯ ᠡᠮ ᠬᠢᠳᠠᠳ ᠡᠮ ᠤᠨ ᠴᠢᠨᠠᠷ ᠰᠠᠶᠢᠳᠠᠢ ᠡᠮ ᠤᠨ ᠮᠠᠲ᠋ᠧᠷᠢᠶᠠᠯ ᠤᠨ | ᠦᠢᠯᠡᠳᠪᠦᠷᠢᠯᠡᠬᠦ ᠰᠠᠭᠤᠷᠢᠨ ᠭᠠᠵᠠᠷ ᠢ ᠪᠠᠶᠢᠭᠤᠯᠵᠦ᠂ ᠦᠪᠡᠷᠳᠡᠬᠡᠨ ᠵᠠᠰᠠᠬᠤ ᠤᠷᠤᠨ ᠤ ᠵᠢᠩᠬᠢᠨᠢ ᠮᠤᠩᠭᠤᠯ ᠡᠮ ᠤᠨ | ᠮᠠᠲ᠋ᠧᠷᠢᠶᠠᠯ ᠬᠢᠳᠠᠳ ᠡᠮ ᠤᠨ ᠮᠠᠲ᠋ᠧᠷᠢᠶᠠᠯ ᠤᠨ ᠵᠦᠢᠯ ᠢᠶᠠᠷ ᠴᠢᠬᠤᠯᠠ ᠡᠮ ᠤᠨ ᠮᠠᠲ᠋ᠧᠷᠢᠶᠠᠯ ᠪᠤᠯᠭᠠᠨ᠂ | ᠡᠷᠡᠬᠦᠯᠵᠢᠯ ᠤᠨ ᠢᠳᠡᠬᠡᠨ ᠤ ᠵᠦᠢᠯ ᠪᠠ ᠴᠢᠳᠠᠪᠬᠢᠳᠤ ᠢᠳᠡᠬᠡᠨ ᠤ ᠵᠦᠢᠯ ᠢ ᠨᠡᠬᠡᠬᠡᠨ ᠬᠦᠭᠵᠢᠬᠦᠯᠵᠦ᠂ ᠮᠤᠩᠭᠤᠯ ᠡᠮ | ᠬᠢᠳᠠᠳ ᠡᠮ ᠤᠨ ᠨᠡᠷᠡᠳᠡᠢ ᠲᠠᠸᠠᠷ ᠤᠨ ᠲᠡᠮᠳᠡᠭᠳᠤ ᠶᠢᠨ ᠪᠦᠳᠦᠬᠡᠭᠳᠡᠬᠦᠨ ᠢ ᠪᠤᠶᠢᠵᠢᠭᠤᠯᠤᠨ᠂ ᠮᠤᠩᠭᠤᠯ ᠡᠮᠨᠡᠯᠬᠡ | ᠬᠢᠳᠠᠳ ᠡᠮᠨᠡᠯᠬᠡ ᠶᠢᠨ ᠡᠮᠴᠢᠯᠡᠬᠡᠨ ᠤ ᠪᠠᠭᠠᠵᠢ ᠬᠡᠷᠡᠭᠰᠡᠯ ᠢ ᠰᠤᠳᠤᠯᠤᠨ ᠨᠡᠬᠡᠬᠡᠨ ᠬᠦᠭᠵᠢᠬᠦᠯᠵᠦ ᠲᠡᠯᠬᠡᠷᠡᠬᠦᠯᠬᠦ ᠪᠠ | ᠦᠢᠯᠡᠳᠪᠦᠷᠢᠯᠡᠬᠦ ᠶᠢ ᠶᠡᠬᠡᠪᠡᠷ ᠲᠠᠮᠵᠢᠵᠦ᠂ ᠮᠤᠩᠭᠤᠯ ᠡᠮ ᠬᠢᠳᠠᠳ ᠡᠮ ᠤᠨ ᠠᠵᠦ ᠦᠢᠯᠡᠰ ᠤᠨ ᠰᠦᠷᠦᠭᠵᠢᠯ ᠢ ᠪᠤᠢ | ᠪᠤᠯᠭᠠᠨ᠎ᠠ᠃ | ︵ᠲᠤᠯᠤᠭ᠎ᠠ︶ ᠮᠤᠩᠭᠤᠯ ᠡᠮ ᠡᠮᠨᠡᠯᠬᠡ ᠬᠢᠳᠡᠳ ᠡᠮ ᠡᠮᠨᠡᠯᠬᠡ ᠶᠢᠨ ᠦᠢᠯᠡᠴᠢᠯᠡᠬᠡᠨ ᠤ ᠠᠷᠠᠯᠵᠢᠶ᠎ᠠ ᠶᠢ | ᠠᠬᠢᠭᠤᠯᠤᠨ᠎ᠠ᠃ ︽ᠨᠢᠬᠡ ᠪᠦᠰᠡ ᠨᠢᠬᠡ ᠵᠠᠮ︾ ᠤᠨ ᠪᠦᠳᠦᠬᠡᠨ ᠪᠠᠶᠢᠭᠤᠯᠤᠯᠳᠠ ᠲᠠᠢ ᠤᠶᠠᠯᠳᠤᠭᠤᠯᠵᠦ᠂ ᠮᠤᠩᠭᠤᠯ | ᠡᠮᠨᠡᠯᠬᠡ ᠬᠢᠳᠡᠳ ᠡᠮᠨᠡᠯᠬᠡ ᠶᠢᠨ ᠡᠮᠴᠢᠯᠡᠬᠡᠨ ᠤ ᠪᠠᠶᠢᠭᠤᠯᠤᠮᠵᠢ ᠶᠢ ᠵᠤᠷᠢᠬᠵᠢᠭᠤᠯᠤᠨ᠂ ᠤᠯᠠᠨ ᠤᠯᠤᠰ ᠤᠨ | ᠡᠮᠴᠢᠯᠡᠬᠡᠨ ᠤ ᠬᠡᠯᠳᠡᠰ ᠪᠤᠶᠤ ᠭᠠᠳᠠᠭᠠᠳᠤ ᠶᠢᠨ ᠵᠤᠴᠢᠨ ᠳᠤ ᠦᠢᠯᠡᠴᠢᠯᠡᠬᠦ ᠬᠡᠯᠳᠡᠰ ᠪᠠᠶᠢᠭᠤᠯᠵᠤ᠂ ᠮᠤᠩᠭᠤᠯ ᠡᠮᠨᠡᠯᠬᠡ | ᠬᠢᠳᠡᠳ ᠡᠮᠨᠡᠯᠬᠡ ᠶᠢᠨ ᠡᠮᠴᠢᠯᠡᠬᠡᠨ ᠤ ᠤᠯᠠᠨ ᠶᠠᠩᠵᠦ ᠶᠢᠨ ᠲᠡᠬᠡᠳᠤ ᠦᠵᠦᠬᠦᠷ ᠤᠨ ᠡᠷᠡᠭᠦᠯᠵᠢᠯ ᠤᠨ ᠦᠢᠯᠡᠴᠢᠯᠡᠭᠡ | ᠬᠠᠩᠭᠠᠵᠦ᠂ ᠬᠢᠯᠢ ᠶᠢᠨ ᠭᠠᠳᠠᠨᠠᠬᠢ ᠬᠡᠷᠡᠭᠯᠡᠭᠡ ᠶᠢ ᠲᠠᠳᠠᠨ᠎ᠠ᠃ ᠮᠤᠩᠭᠤᠯ ᠡᠮᠨᠡᠯᠬᠡ ᠬᠢᠳᠡᠳ ᠡᠮᠨᠡᠯᠬᠡ ᠶᠢᠨ | ᠡᠮᠴᠢᠯᠡᠬᠡᠨ ᠤ ᠪᠠᠶᠢᠭᠤᠯᠤᠮᠵᠢ ᠬᠢᠬᠡᠳ ᠵᠢᠭᠤᠯᠴᠢᠯᠠᠯ ᠤᠨ ᠪᠠᠶᠢᠭᠤᠯᠤᠮᠵᠢ᠂ ᠬᠠᠯᠠᠭᠤᠨ ᠷᠠᠰᠢᠶᠠᠨ ᠤ ᠡᠮᠨᠡᠵᠦ ᠰᠤᠪᠢᠯᠠᠬᠤ | ᠪᠠᠶᠢᠭᠤᠯᠤᠮᠵᠢ ᠵᠡᠷᠬᠡ ᠯᠦᠭᠡ ᠬᠠᠮᠳᠤᠷᠠᠯᠴᠠᠬᠤ ᠶᠢ ᠵᠤᠷᠢᠨᠨᠵᠢᠭᠤᠯᠵᠦ᠂ ᠤᠯᠠᠨ ᠤᠯᠤᠰ ᠤᠨ ᠵᠢᠭᠤᠯᠴᠢᠯᠠᠯ ᠤᠨ | ᠠᠮᠠᠷᠠᠯᠳᠠ ᠶᠢᠨ ᠵᠤᠰᠠᠭᠠᠯ ᠤᠨ ᠡᠬᠢ ᠪᠠᠶᠠᠯᠢᠭ ᠢ ᠨᠡᠬᠡᠬᠡᠨ ᠭᠦᠭᠵᠢᠭᠦᠯᠵᠦ᠂ ᠮᠤᠩᠭᠤᠯ ᠡᠮ ᠡᠮᠨᠡᠯᠬᠡ ᠬᠢᠳᠡᠳ ᠡᠮ | ᠡᠮᠨᠡᠯᠬᠡ ᠶᠢᠨ ᠡᠷᠡᠬᠦᠯ ᠡᠩᠬᠡᠳᠤ ᠵᠢᠭᠤᠯᠴᠢᠯᠠᠯ ᠤᠨ ᠲᠦᠷᠦᠯ ᠵᠦᠢᠯ ᠢ ᠦᠷᠨᠢᠭᠦᠯᠦᠨ᠎ᠠ᠃ ᠭᠠᠳᠠᠭᠠᠳᠤ ᠳᠤ | ᠬᠠᠨᠳᠤᠭᠤᠯᠤᠨᠨᠰᠠᠨ ᠦᠢᠯᠡᠴᠢᠯᠡᠬᠡᠨ ᠤ ᠠᠷᠠᠯᠵᠢᠶ᠎ᠠ ᠶᠢᠨ ᠲᠤᠷᠰᠢᠯᠳᠠ ᠶᠢᠨ ᠴᠢᠬ ᠪᠤᠯᠬᠤ ᠮᠤᠩᠭᠤᠯ ᠡᠮᠨᠡᠯᠬᠡ ᠬᠢᠳᠡᠳ | ᠡᠮᠨᠡᠯᠬᠡ ᠶᠢᠨ ᠡᠮᠴᠢᠯᠡᠬᠡᠨ ᠤ ᠪᠠᠶᠢᠭᠤᠯᠤᠮᠵᠢ ᠶᠢ ᠵᠤᠷᠢᠬᠵᠢᠭᠤᠯᠤᠨ᠂ ᠬᠢᠯᠢ ᠶᠢᠨ ᠭᠠᠳᠠᠨ᠎ᠠ ᠬᠡᠯᠬᠢᠶᠡᠵᠢᠭᠰᠡᠨ | ᠡᠮᠨᠡᠯᠬᠡ ᠶᠢᠨ ᠬᠤᠷᠢᠶ᠎ᠠ ᠡᠷᠬᠢᠯᠡᠵᠦ ᠨᠡᠬᠡᠬᠡᠨ᠎ᠠ᠃ ᠲᠡᠬᠡᠳᠦ ᠵᠡᠷᠬᠡ ᠶᠢᠨ ᠠᠨᠠᠭᠠᠬᠤ ᠤᠬᠠᠭᠠᠨ ᠤ | ᠰᠤᠷᠭᠠᠭᠤᠯᠢ ᠨᠤᠭᠤᠳ ᠤᠨ ᠭᠠᠳᠠᠭᠠᠳᠤ ᠲᠠᠢ ᠬᠠᠷᠢᠯᠴᠠᠬᠤ ᠭᠦᠷᠢᠶ᠎ᠡ ᠴᠠᠷᠠᠭ᠎ᠠ ᠪᠠ ᠬᠡᠪᠴᠢᠶ᠎ᠡ ᠪᠠᠨ ᠤᠯᠠᠮ ᠨᠢᠬᠡ | ᠠᠯᠬᠤᠮ ᠦᠷᠬᠡᠳᠬᠡᠬᠦ ᠶᠢ ᠵᠤᠷᠢᠨᠨᠵᠢᠭᠤᠯᠵᠦ᠂ ᠭᠠᠳᠠᠭᠠᠳᠤ ᠳᠤ ᠰᠤᠷᠤᠯᠴᠠᠬᠤ ᠰᠤᠷᠤᠨᠨᠴᠢ ᠶᠢ ᠭᠦᠮᠦᠵᠢᠬᠦᠯᠬᠦ᠂ | ᠭᠠᠳᠠᠭᠠᠳᠤ ᠳᠤ ᠲᠤᠮᠢᠯᠬᠠᠰᠠᠨ ᠠᠵᠢᠯᠳᠠᠳ ᠤᠨ ᠭᠦᠳᠡᠯᠮᠦᠷᠢ ᠦᠢᠯᠡᠴᠢᠯᠡᠭᠡ᠂ ᠰᠢᠨᠵᠢᠯᠡᠬᠦ ᠤᠬᠠᠭᠠᠨ ᠮᠡᠷᠬᠡᠵᠢᠯ ᠢ | ᠬᠠᠮᠳᠤᠷᠠᠨ ᠨᠡᠬᠡᠬᠡᠨ ᠭᠦᠭᠵᠢᠭᠦᠯᠭᠦ ᠵᠡᠷᠬᠡ ᠲᠠᠯ᠎ᠠ ᠳᠤ ᠨᠡᠩ ᠶᠡᠭᠡ ᠦᠢᠯᠡᠳᠦᠯ ᠪᠠᠳᠠᠷᠠᠭᠤᠯᠤᠨ᠂ ᠮᠤᠩᠭᠤᠯ ᠡᠮ ᠡᠮᠨᠡᠯᠬᠡ | ᠬᠢᠳᠡᠳ ᠡᠮ ᠡᠮᠨᠡᠯᠬᠡ ᠶᠢᠨ ᠰᠤᠶᠤᠯ ᠢ ᠲᠡᠯᠡᠬᠡᠢ ᠲᠤ ᠤᠬᠠᠭᠤᠯᠬᠤ ᠪᠠ ᠲᠦᠬᠡᠮᠡᠯᠵᠢᠬᠦᠯᠦᠨ᠎ᠠ᠃ ᠮᠤᠩᠭᠤᠯ ᠡᠮ | ᠡᠮᠨᠡᠯᠬᠡ ᠬᠢᠳᠡᠳ ᠡᠮ ᠡᠮᠨᠡᠯᠬᠡ ᠶᠢᠨ ᠦᠢᠯᠡᠴᠢᠯᠡᠬᠡᠨ ᠤ ᠠᠷᠠᠯᠵᠢᠶ᠎ᠠ ᠶᠢᠨ ᠵᠠᠬ᠎ᠠ ᠲᠡᠯᠬᠡᠭᠦᠷ ᠤᠨ ᠭᠤᠤᠯ ᠴᠤᠨᠨᠴᠠ ᠶᠢ | ᠪᠤᠶᠢᠵᠢᠭᠤᠯᠬᠤ ᠪᠠᠷ ᠬᠠᠷᠠᠯᠳᠠ ᠪᠤᠯᠭᠠᠵᠦ᠂ ᠮᠤᠩᠭᠤᠯ ᠡᠮ ᠡᠮᠨᠡᠯᠬᠡ ᠬᠢᠳᠡᠳ ᠡᠮ ᠡᠮᠨᠡᠯᠬᠡ ᠶᠢᠨ ᠦᠢᠯᠡᠴᠢᠯᠡᠬᠡᠨ ᠤ | ᠠᠷᠠᠯᠵᠢᠶ᠎ᠠ ᠶᠢᠨ ᠨᠢᠬᠡ ᠪᠦᠯᠦᠭ ᠵᠢᠱᠢᠶ᠎ᠡ ᠦᠵᠡᠬᠦᠯᠬᠦ ᠪᠠᠶᠢᠭᠤᠯᠤᠮᠵᠢ ᠶᠢ ᠪᠠᠶᠢᠭᠤᠯᠤᠨ᠎ᠠ᠃ ᠰᠢᠨᠵᠢᠯᠡᠬᠦ ᠤᠬᠠᠭᠠᠨ | ᠮᠡᠷᠬᠡᠵᠢᠯ ᠤᠨ ᠰᠢᠨ᠎ᠠ ᠶᠢ ᠡᠭᠦᠳᠭᠦ ᠦᠢᠯᠡᠳᠦᠯ ᠢ ᠪᠠᠳᠠᠷᠠᠭᠤᠯᠵᠦ᠂ ᠤᠯᠠᠨ ᠤᠯᠤᠰ ᠤᠨ ᠵᠠᠬ᠎ᠠ ᠲᠡᠯᠬᠡᠭᠦᠷ ᠤᠨ | ᠱᠠᠭᠠᠷᠳᠠᠯᠭ᠎ᠠ ᠳᠤ ᠨᠡᠶᠢᠴᠡᠭᠰᠡᠨ ᠨᠡᠯᠢᠶᠡᠳ ᠦᠨᠳᠦᠷ ᠨᠡᠮᠡᠯᠳᠡ ᠦᠷᠳᠡᠭ ᠪᠦᠭᠦᠢ ᠮᠤᠩᠭᠤᠯ ᠡᠮ ᠡᠮᠨᠡᠯᠬᠡ ᠬᠢᠳᠡᠳ ᠡᠮ | ᠡᠮᠨᠡᠯᠬᠡ ᠶᠢᠨ ᠦᠢᠯᠡᠴᠢᠯᠡᠬᠡᠨ ᠤ ᠠᠷᠠᠯᠵᠢᠶ᠎ᠠ ᠶᠢᠨ ᠲᠦᠷᠦᠯ ᠵᠦᠢᠯ ︵ᠪᠦᠳᠦᠬᠡᠭᠳᠡᠭᠦᠨ︶ ᠤᠳ ᠢ ᠪᠤᠶᠢᠵᠢᠭᠤᠯᠤᠨ᠎ᠠ᠃ | ᠲᠡᠬᠡᠳᠦ ᠰᠤᠷᠭᠠᠭᠤᠯᠢ᠂ ᠬᠢᠷᠢ ᠴᠢᠳᠠᠮᠵᠢ ᠲᠠᠢ ᠨᠡᠶᠢᠬᠡᠮ ᠤᠨ ᠪᠤᠯᠪᠠᠰᠤᠷᠠᠭᠤᠯᠤᠯ ᠤᠨ ᠪᠠᠶᠢᠭᠤᠯᠤᠮᠵᠢ ᠪᠠᠷ | ᠪᠦᠷᠢᠯᠳᠦᠭᠰᠡᠨ ᠤᠯᠠᠨ ᠲᠡᠰ ᠲᠠᠪᠬᠤᠷᠭᠠᠳᠤ᠂ ᠤᠯᠠᠨ ᠵᠠᠮ ᠮᠦᠷ ᠲᠠᠢ ᠮᠤᠩᠭᠤᠯ ᠡᠮᠴᠢᠯᠡᠭᠡ ᠬᠢᠳᠡᠳ ᠡᠮᠴᠢᠯᠡᠭᠡ ᠶᠢᠨ | ᠤᠯᠠᠨ ᠤᠯᠤᠰ ᠤᠨ ᠦᠢᠯᠡᠴᠢᠯᠡᠬᠡᠨ ᠤ ᠠᠷᠠᠯᠵᠢᠶ᠎ᠠ ᠶᠢᠨ ᠭᠦᠮᠦᠨ ᠤ ᠭᠦᠴᠦᠨ ᠤ ᠡᠬᠢ ᠪᠠᠶᠠᠯᠢᠭ ᠤᠨ | ᠪᠤᠯᠪᠠᠰᠤᠷᠠᠭᠤᠯᠤᠯ ᠤᠨ ᠰᠢᠰᠲ᠋ᠧᠮᠵᠢ ᠶᠢ ᠪᠠᠶᠢᠭᠤᠯᠤᠨ᠎ᠠ᠃ ᠮᠤᠩᠭᠤᠯ ᠡᠮ ᠡᠮᠨᠡᠯᠬᠡ ᠬᠢᠳᠡᠳ ᠡᠮ ᠡᠮᠨᠡᠯᠬᠡ ᠶᠢᠨ | ᠦᠢᠯᠡᠴᠢᠯᠡᠬᠡᠨ ᠤ ᠠᠷᠠᠯᠵᠢᠶ᠎ᠠ ᠶᠢᠨ ᠤᠯᠠᠨ ᠤᠯᠤᠰ ᠤᠨ ᠵᠠᠬ᠎ᠠ ᠲᠡᠯᠬᠡᠭᠦᠷ ᠢ ᠨᠡᠬᠡᠬᠡᠨ ᠦᠷᠬᠡᠳᠬᠡᠵᠦ᠂ ᠬᠢᠯᠢ ᠶᠢᠨ | ᠲᠤᠳᠤᠷ᠎ᠠ ᠭᠠᠳᠠᠨᠠᠬᠢ ᠦᠵᠡᠭᠦᠯᠦᠯᠬᠡ ᠶᠢ ᠠᠰᠢᠨᠨᠯᠠᠨ ᠮᠠᠨ ᠤ ᠤᠷᠤᠨ ᠤ ᠮᠤᠩᠭᠤᠯ ᠡᠮ ᠡᠮᠨᠡᠯᠬᠡ ᠬᠢᠳᠡᠳ ᠡᠮ | ᠡᠮᠨᠡᠯᠬᠡ ᠶᠢᠨ ᠡᠮᠴᠢᠯᠡᠬᠡᠨ ᠤ ᠡᠷᠡᠭᠦᠯᠵᠢᠯ ᠤᠨ ᠦᠢᠯᠡᠴᠢᠯᠡᠭᠡ᠂ ᠬᠠᠯᠠᠭᠤᠨ ᠷᠠᠰᠢᠶᠠᠨ ᠢᠶᠠᠷ ᠡᠮᠨᠡᠨ ᠰᠤᠪᠢᠯᠠᠬᠤ | ᠦᠢᠯᠡᠴᠢᠯᠡᠭᠡ᠂ ᠴᠢᠬᠢᠷᠠᠬᠵᠢᠭᠤᠯᠬᠤ ᠰᠤᠪᠢᠯᠠᠯᠳᠠ᠂ ᠠᠮᠢ ᠠᠬᠤᠢ ᠶᠢᠨ ᠪᠤᠬᠢᠷᠳᠤᠯ ᠦᠬᠡᠢ ᠵᠢᠭᠤᠯᠴᠢᠯᠠᠯ ᠵᠡᠷᠬᠡ ᠤᠯᠠᠨ | ᠤᠯᠤᠰ ᠤᠨ ᠦᠢᠯᠡᠴᠢᠯᠡᠬᠡᠨ ᠤ ᠠᠷᠠᠯᠵᠢᠶᠠᠨ ᠤ ᠲᠦᠷᠦᠯ ᠵᠦᠢᠯ ᠢ ᠤᠬᠠᠭᠤᠯᠤᠨ᠎ᠠ᠃ | ᠲᠤᠰᠬᠠᠢ ᠪᠤᠯᠤᠩ 7 ᠮᠤᠩᠭᠤᠯ ᠡᠮ ᠡᠮᠨᠡᠯᠬᠡ ᠬᠢᠳᠠᠳ ᠡᠮ ᠡᠮᠨᠡᠯᠬᠡ ᠶᠢᠨ ᠦᠢᠯᠡᠴᠢᠯᠡᠬᠡᠨ ᠤ ᠠᠷᠠᠯᠵᠢᠶ᠎ᠠ ᠶᠢᠨ | ᠭᠤᠤᠯᠳᠠᠯᠭ᠎ᠠ ᠲᠠᠢ ᠲᠦᠷᠦᠯ ᠵᠦᠢᠯ | ᠮᠤᠩᠭᠤᠯ ᠡᠮ ᠡᠮᠨᠡᠯᠬᠡ ᠬᠢᠳᠠᠳ ᠡᠮ ᠡᠮᠨᠡᠯᠬᠡ ᠶᠢᠨ ᠦᠢᠯᠡᠴᠢᠯᠡᠬᠡᠨ ᠤ ᠠᠷᠠᠯᠵᠢᠶ᠎ᠠ ᠶᠢ ᠤᠷᠢᠳᠠᠪᠠᠷ | ᠬᠡᠷᠡᠭᠵᠢᠬᠦᠯᠵᠦ ᠤᠷᠢᠳᠠᠪᠠᠷ ᠲᠤᠷᠰᠢᠨ᠎ᠠ | ᠦᠪᠡᠷᠳᠡᠬᠡᠨ ᠵᠠᠰᠠᠬᠤ ᠤᠷᠤᠨ ᠤ ᠲᠡᠰ ᠤᠨ ᠮᠤᠩᠭᠤᠯ ᠡᠮᠴᠢᠯᠡᠭᠡ ᠬᠢᠳᠠᠳ ᠡᠮᠴᠢᠯᠡᠭᠡ ᠶᠢᠨ ᠡᠮᠨᠡᠯᠬᠡ ᠶᠢᠨ | ᠬᠤᠷᠢᠶ᠎ᠠ ᠶᠢ ᠵᠤᠷᠢᠬᠵᠢᠭᠤᠯᠤᠨ ᠮᠤᠩᠭᠤᠯ ᠡᠮ ᠡᠮᠨᠡᠯᠬᠡ ᠬᠢᠳᠠᠳ ᠡᠮ ᠡᠮᠨᠡᠯᠬᠡ ᠶᠢᠨ ᠦᠢᠯᠡᠴᠢᠯᠡᠬᠡᠨ ᠤ ᠠᠷᠠᠯᠵᠢᠶ᠎ᠠ ᠶᠢ | ᠤᠷᠢᠳᠠᠪᠠᠷ ᠬᠡᠷᠡᠭᠵᠢᠬᠦᠯᠵᠦ ᠤᠷᠢᠳᠠᠪᠠᠷ ᠲᠤᠷᠰᠢᠵᠦ᠂ ᠨᠢᠬᠡ ᠪᠦᠯᠦᠭ ᠵᠢᠱᠢᠶ᠎ᠠ ᠦᠵᠡᠬᠦᠯᠬᠦ ᠦᠢᠯᠡᠳᠦᠯ ᠪᠦᠬᠦᠢ | ᠮᠤᠩᠭᠤᠯ ᠡᠮ ᠡᠮᠨᠡᠯᠬᠡ ᠬᠢᠳᠠᠳ ᠡᠮ ᠡᠮᠨᠡᠯᠬᠡ ᠶᠢᠨ ᠦᠢᠯᠡᠴᠢᠯᠡᠬᠡᠨ ᠤ ᠠᠷᠠᠯᠵᠢᠶ᠎ᠠ ᠶᠢᠨ ᠪᠠᠶᠢᠭᠤᠯᠤᠮᠵᠢ ᠶᠢ | ᠪᠠᠶᠢᠭᠤᠯᠵᠦ᠂ ᠲᠡᠯᠡᠬᠡᠢ ᠳᠤ ᠨᠦᠯᠦᠬᠡᠯᠡᠬᠦ ᠬᠦᠴᠦᠨ ᠪᠦᠬᠦᠢ ᠮᠤᠩᠭᠤᠯ ᠡᠮ ᠡᠮᠨᠡᠯᠬᠡ ᠬᠢᠳᠠᠳ ᠡᠮ ᠡᠮᠨᠡᠯᠬᠡ ᠶᠢᠨ | ᠦᠢᠯᠡᠴᠢᠯᠡᠬᠡᠨ ᠤ ᠠᠷᠠᠯᠵᠢᠶ᠎ᠠ ᠶᠢᠨ ᠤᠷᠤᠨ ᠪᠦᠰᠡ ᠶᠢ ᠡᠬᠦᠳᠦᠨ ᠪᠠᠶᠢᠭᠤᠯᠬᠤ ᠪᠠᠷ ᠬᠦᠳᠦᠯᠦᠨ ᠵᠢᠯᠤᠭᠤᠳᠤᠨ᠎ᠠ᠃ | ᠮᠤᠩᠭᠤᠯ ᠡᠮᠴᠢᠯᠡᠭᠡ ᠬᠢᠳᠠᠳ ᠡᠮᠴᠢᠯᠡᠭᠡ ᠶᠢᠨ ᠪᠠᠶᠢᠭᠤᠯᠤᠮᠵᠢ ᠬᠢᠬᠡᠳ ᠬᠢᠯᠢ ᠶᠢᠨ ᠭᠠᠳᠠᠨᠠᠬᠢ ᠡᠮᠴᠢᠯᠡᠬᠡᠨ ᠤ | ᠪᠠᠶᠢᠭᠤᠯᠤᠮᠵᠢ ᠶᠢᠨ ᠬᠠᠮᠳᠤᠷᠠᠯᠴᠠᠭ᠎ᠠ ᠰᠤᠯᠢᠯᠴᠠᠭ᠎ᠠ ᠦᠷᠨᠢᠬᠦᠯᠬᠦ ᠶᠢ ᠵᠤᠷᠢᠬᠵᠢᠭᠤᠯᠤᠨ᠎ᠠ | ᠦᠪᠡᠷᠳᠡᠬᠡᠨ ᠵᠠᠰᠠᠬᠤ ᠤᠷᠤᠨ ᠤ ᠲᠡᠰ ᠤᠨ ᠮᠤᠩᠭᠤᠯ ᠡᠮᠴᠢᠯᠡᠭᠡ ᠶᠢᠨ ᠪᠠᠶᠢᠭᠤᠯᠤᠮᠵᠢ ᠬᠢᠬᠡᠳ ᠬᠢᠯᠢ ᠶᠢᠨ | ᠭᠠᠳᠠᠨᠠᠬᠢ ᠡᠮᠴᠢᠯᠡᠬᠡᠨ ᠤ ᠪᠠᠶᠢᠭᠤᠯᠤᠮᠵᠢ ᠶᠢᠨ ᠪᠡᠯᠡ ᠨᠡᠶᠢᠯᠡᠬᠦᠯᠦᠨ ᠬᠠᠮᠳᠤᠷᠠᠯᠴᠠᠬᠤ ᠲᠤᠷᠰᠢᠯᠳᠠ ᠶᠢᠨ ᠴᠢᠬ ᠢ | ᠡᠬᠢᠯᠡᠬᠦᠯᠦᠨ᠎ᠠ᠃ | ᠭᠤᠷᠪᠠ᠂ ᠲᠦᠷᠦ ᠶᠢᠨ ᠪᠤᠳᠤᠯᠭ᠎ᠠ ᠶᠢ ᠲᠡᠭᠦᠯᠳᠡᠷᠵᠢᠭᠦᠯᠦᠨ᠎ᠠ | ︵ᠨᠢᠬᠡ︶ ᠵᠠᠬ᠎ᠠ ᠲᠡᠯᠬᠡᠭᠦᠷ ᠲᠤ ᠵᠦᠪᠰᠢᠶᠡᠷᠡᠨ ᠤᠷᠤᠭᠤᠯᠬᠤ ᠶᠢ ᠠᠭᠤᠵᠢᠭᠤ ᠲᠠᠯᠪᠢᠨ᠎ᠠ᠃ ᠮᠤᠩᠭᠤᠯ ᠡᠮ | ᠡᠮᠨᠡᠯᠬᠡ ᠬᠢᠳᠡᠳ ᠡᠮ ᠡᠮᠨᠡᠯᠬᠡ ᠶᠢᠨ ᠡᠷᠡᠬᠦᠯ ᠮᠡᠨᠳᠤ ᠶᠢᠨ ᠦᠢᠯᠡᠴᠢᠯᠡᠬᠡᠨ ᠤ ᠠᠵᠢᠯ ᠲᠦᠷᠦᠯ ᠤᠨ ᠵᠠᠰᠠᠭ ᠵᠠᠬᠢᠷᠭᠠᠨ ᠤ | ᠵᠦᠢᠯᠡᠰ ᠢ ᠤᠯᠠᠮ ᠨᠢᠬᠡ ᠠᠯᠬᠤᠮ ᠡᠮᠬᠢᠯᠡᠵᠦ᠂ ᠬᠢᠨᠠᠨ ᠵᠦᠪᠰᠢᠶᠡᠷᠡᠭᠦ ᠲᠡᠰ ᠲᠠᠷᠠᠭᠠᠯᠠᠯ ᠢ ᠰᠢᠯᠢᠳᠡᠭᠵᠢᠬᠦᠯᠦᠨ᠂ | ᠠᠵᠢᠯ ᠤᠨ ᠦᠷ᠎ᠡ ᠪᠦᠳᠦᠮᠵᠢ ᠶᠢ ᠲᠡᠬᠡᠭᠰᠢᠯᠡᠬᠦᠯᠦᠨ᠎ᠠ᠃ ᠬᠠᠤᠯᠢ ᠴᠠᠭᠠᠵᠠ ᠬᠠᠤᠯᠢ ᠲᠤᠨᠨᠳᠠᠭᠠᠯ ᠳᠤ ᠤᠷᠤᠬᠤ ᠶᠢ ᠨᠢ | ᠦᠯᠦ ᠵᠦᠪᠰᠢᠶᠡᠷᠡᠭᠦ ᠪᠠᠷ ᠲᠤᠳᠤᠷᠬᠠᠶᠢᠯᠠᠬᠰᠠᠨ ᠦᠬᠡᠢ ᠮᠤᠩᠭᠤᠯ ᠡᠮ ᠡᠮᠨᠡᠯᠬᠡ ᠬᠢᠳᠡᠳ ᠡᠮ ᠡᠮᠨᠡᠯᠬᠡ ᠶᠢᠨ ᠡᠷᠡᠬᠦᠯ | ᠮᠡᠨᠳᠤ ᠶᠢᠨ ᠦᠢᠯᠡᠴᠢᠯᠡᠬᠡᠨ ᠤ ᠭᠦᠷᠢᠶ᠎ᠡ ᠴᠠᠷᠠᠭ᠎ᠠ ᠪᠦᠭᠦᠨ ᠢ ᠪᠦᠷ ᠨᠡᠶᠢᠬᠡᠮ ᠤᠨ ᠡᠳ᠋ ᠭᠦᠷᠦᠩᠬᠡ ᠳᠤ ᠴᠢᠯᠦᠬᠡᠳᠡᠢ | ᠪᠤᠯᠭᠠᠬᠤ ᠮᠦᠷᠳᠡᠬᠡᠨ ᠴᠢᠯᠦᠬᠡᠳᠡᠢ ᠪᠤᠯᠭᠠᠬᠤ ᠭᠦᠷᠢᠶ᠎ᠡ ᠴᠠᠷᠠᠭ᠎ᠠ ᠪᠠᠨ ᠲᠠᠰᠤᠷᠠᠯᠳᠠ ᠦᠬᠡᠢ ᠦᠷᠬᠡᠳᠬᠡᠨ᠎ᠠ︔ ᠲᠤᠰ | ᠭᠠᠵᠠᠷ ᠤᠷᠤᠨ ᠤ ᠡᠳ᠋ ᠭᠦᠷᠦᠩᠬᠡ ᠳᠤ ᠴᠢᠯᠦᠬᠡᠳᠡᠢ ᠪᠤᠯᠭᠠᠬᠤ ᠮᠤᠩᠭᠤᠯ ᠡᠮ ᠡᠮᠨᠡᠯᠬᠡ ᠬᠢᠳᠡᠳ ᠡᠮ ᠡᠮᠨᠡᠯᠬᠡ ᠶᠢᠨ | ᠡᠷᠡᠬᠦᠯ ᠮᠡᠨᠳᠤ ᠶᠢᠨ ᠦᠢᠯᠡᠴᠢᠯᠡᠬᠡᠨ ᠤ ᠭᠦᠷᠢᠶ᠎ᠡ ᠴᠠᠷᠠᠭ᠎ᠠ ᠪᠦᠭᠦᠨ ᠢ ᠪᠦᠷ ᠭᠠᠳᠠᠷ ᠤᠷᠤᠨ ᠤ ᠡᠳ᠋ ᠭᠦᠷᠦᠩᠬᠡ ᠳᠤ | ᠴᠢᠯᠦᠬᠡᠳᠡᠢ ᠪᠤᠯᠭᠠᠬᠤ ᠬᠡᠷᠡᠭᠳᠡᠢ᠃ ᠡᠯ᠎ᠠ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ | ᠤᠷᠳᠤᠨ ᠨᠢ ᠮᠤᠩᠭᠤᠯ ᠡᠮᠨᠡᠯᠬᠡ ᠬᠢᠳᠡᠳ ᠡᠮᠨᠡᠯᠬᠡ ᠶᠢᠨ ᠦᠨᠳᠦᠰᠦᠨ ᠡᠮᠴᠢᠯᠡᠭᠡ᠂ ᠨᠠᠰᠤᠵᠢᠯ ᠤᠨ ᠡᠷᠡᠭᠦᠯᠵᠢᠬᠦᠯᠦᠯ᠂ | ᠡᠷᠡᠬᠦᠯ ᠡᠩᠬᠡᠳᠤ ᠵᠢᠭᠤᠯᠴᠢᠯᠠᠯ ᠵᠡᠷᠬᠡ ᠳᠤ ᠵᠠᠰᠠᠭ ᠤᠨ ᠤᠷᠳᠤᠨ ᠤ ᠦᠢᠯᠡᠴᠢᠯᠡᠭᠡ ᠬᠤᠳᠠᠯᠳᠤᠨ ᠠᠪᠬᠤ | ᠬᠡᠪᠴᠢᠶ᠎ᠡ ᠪᠠᠨ ᠦᠷᠬᠡᠳᠬᠡᠨ᠎ᠠ᠃ ᠤᠯᠤᠰ ᠤᠨ ᠲᠤᠨᠨᠳᠠᠭᠠᠯ ᠶᠤᠰᠤᠭᠠᠷ᠂ ᠭᠦᠳᠡᠭᠡ ᠲᠤᠰᠬᠤᠨ ᠤ ᠡᠮᠴᠢ ᠶᠢᠨ ᠠᠵᠢᠯ | ᠡᠷᠬᠢᠯᠡᠬᠦ ᠦᠨᠡᠮᠯᠡᠯ ᠢ ᠭᠠᠷᠳ᠋ᠬᠠᠰᠠᠨ ᠮᠤᠩᠭᠤᠯ ᠡᠮ ᠡᠮᠨᠡᠯᠬᠡ ᠬᠢᠳᠡᠳ ᠡᠮ ᠡᠮᠨᠡᠯᠬᠡ ᠶᠢᠨ ᠡᠷᠳᠡᠮ ᠮᠡᠷᠬᠡᠵᠢᠯ ᠲᠠᠢ | ᠭᠦᠮᠦᠰ ᠤᠨ ᠰᠤᠮᠤ ᠰᠢᠶᠠᠩ ᠪᠠᠯᠭᠠᠰᠤ ᠪᠠ ᠭᠠᠴᠠᠭ᠎ᠠ ᠲᠤᠰᠬᠤᠨ ᠳᠤ ᠠᠵᠢᠯ ᠡᠷᠬᠢᠯᠡᠬᠦ ᠳᠤ ᠵᠦᠪᠬᠡᠨ ᠬᠢᠨᠠᠨ | ᠵᠦᠪᠰᠢᠶᠡᠷᠡᠭᠰᠡᠨ ᠤᠯᠠᠮᠵᠢᠯᠠᠯᠳᠤ ᠮᠤᠩᠭᠤᠯ ᠡᠮᠨᠡᠯᠬᠡ ᠬᠢᠳᠡᠳ ᠡᠮᠨᠡᠯᠬᠡ ᠶᠢᠨ ᠡᠮᠴᠢᠯᠡᠬᠡᠨ ᠳᠤ ᠦᠢᠯᠡᠴᠢᠯᠡᠬᠦ ᠬᠡᠷᠡᠴᠢ | ᠬᠠᠩᠭᠠᠪᠠᠯ ᠤᠯᠠᠮᠵᠢᠯᠠᠯᠳᠤ ᠮᠤᠩᠭᠤᠯ ᠡᠮᠨᠡᠯᠬᠡ ᠬᠢᠳᠡᠳ ᠡᠮᠨᠡᠯᠬᠡ ᠶᠢᠨ ᠡᠮᠨᠡᠬᠦ ᠲᠠᠰᠤᠭ ᠡᠷᠬᠢᠯᠡᠬᠦ ᠶᠢ | ᠵᠦᠪᠰᠢᠶᠡᠷᠡᠨ᠎ᠠ᠃ | ︵ᠬᠤᠶᠠᠷ︶ ᠭᠠᠵᠠᠷ ᠬᠡᠷᠡᠭᠯᠡᠬᠦ ᠪᠠᠳᠤᠯᠠᠭ᠎ᠠ ᠶᠢ ᠴᠢᠩᠭᠠᠳᠬᠠᠨ᠎ᠠ᠃ ᠡᠯ᠎ᠡ ᠭᠠᠵᠠᠷ ᠤᠷᠤᠨ ᠨᠢ ᠭᠠᠵᠠᠷ ᠰᠢᠷᠤᠢ | ᠠᠰᠢᠨᠨᠯᠠᠬᠤ ᠶᠡᠷᠦᠩᠬᠡᠢ ᠲᠦᠯᠦᠪᠵᠢᠭᠦᠯᠬᠡ ᠪᠠ ᠬᠤᠳᠠ ᠭᠦᠳᠡᠭᠡ ᠶᠢᠨ ᠲᠦᠯᠦᠪᠵᠢᠭᠦᠯᠬᠡ ᠶᠢ ᠦᠨᠳᠦᠰᠦᠯᠡᠨ᠂ | ᠮᠤᠩᠭᠤᠯ ᠡᠮ ᠡᠮᠨᠡᠯᠬᠡ ᠬᠢᠳᠡᠳ ᠡᠮ ᠡᠮᠨᠡᠯᠬᠡ ᠶᠢᠨ ᠡᠷᠡᠬᠦᠯ ᠮᠡᠨᠳᠤ ᠶᠢᠨ ᠦᠢᠯᠡᠴᠢᠯᠡᠭᠡ ᠶᠢᠨ ᠭᠦᠭᠵᠢᠯᠳᠡ ᠶᠢᠨ | ᠱᠠᠭᠠᠷᠳᠠᠯᠭ᠎ᠠ ᠶᠢ ᠨᠢᠬᠡᠳᠦᠯᠳᠡᠢ ᠲᠦᠯᠦᠪᠯᠡᠨ ᠪᠤᠳᠤᠯᠬᠢᠯᠠᠵᠦ᠂ ᠮᠤᠩᠭᠤᠯ ᠡᠮ ᠡᠮᠨᠡᠯᠬᠡ ᠬᠢᠳᠡᠳ ᠡᠮ ᠡᠮᠨᠡᠯᠬᠡ ᠶᠢᠨ | ᠡᠷᠡᠬᠦᠯ ᠮᠡᠨᠳᠤ ᠶᠢᠨ ᠦᠢᠯᠡᠴᠢᠯᠡᠭᠡ ᠳᠤ ᠬᠡᠷᠡᠭᠯᠡᠬᠦ ᠭᠠᠵᠠᠷ ᠤᠨ ᠬᠠᠩᠭᠠᠯᠭ᠎ᠠ ᠶᠢ ᠦᠷᠬᠡᠳᠬᠡᠵᠦ᠂ ᠠᠰᠢᠭ | ᠤᠯᠵᠠᠪᠤᠷᠢ ᠶᠢᠨ ᠪᠤᠰᠤ ᠴᠢᠨᠠᠷᠳᠠᠢ ᠮᠤᠩᠭᠤᠯ ᠡᠮ ᠡᠮᠨᠡᠯᠬᠡ ᠬᠢᠳᠡᠳ ᠡᠮ ᠡᠮᠨᠡᠯᠬᠡ ᠶᠢᠨ ᠡᠷᠡᠬᠦᠯ ᠮᠡᠨᠳᠤ ᠶᠢᠨ | ᠦᠢᠯᠡᠴᠢᠯᠡᠬᠡᠨ ᠤ ᠪᠠᠶᠢᠭᠤᠯᠤᠮᠵᠢ ᠶᠢᠨ ᠬᠡᠷᠡᠭᠯᠡᠬᠦ ᠭᠠᠵᠠᠷ ᠢ ᠤᠷᠢᠳᠠᠪᠡᠷ ᠪᠠᠳᠤᠯᠠᠨ᠎ᠠ᠃ ᠬᠤᠳᠠ ᠪᠠᠯᠭᠠᠰᠤᠵᠢᠯᠳᠠ ᠶᠢᠨ | ᠪᠦᠳᠦᠬᠡᠨ ᠪᠠᠶᠢᠭᠤᠯᠤᠯᠳᠠ ᠳᠤ ᠮᠤᠩᠭᠤᠯ ᠡᠮ ᠡᠮᠨᠡᠯᠬᠡ ᠬᠢᠳᠡᠳ ᠡᠮ ᠡᠮᠨᠡᠯᠬᠡ ᠶᠢᠨ ᠡᠷᠡᠬᠦᠯ ᠮᠡᠨᠳᠤ ᠶᠢᠨ | ᠦᠢᠯᠡᠴᠢᠯᠡᠭᠡ ᠶᠢᠨ ᠪᠠᠶᠢᠭᠤᠯᠤᠮᠵᠢ ᠳᠤ ᠤᠷᠢᠳᠠᠪᠡᠷ ᠭᠠᠵᠠᠷ ᠰᠢᠷᠦᠢ ᠲᠤᠬᠢᠷᠠᠭᠤᠯᠵᠦ ᠭᠦᠭᠵᠢᠯᠳᠡ ᠶᠢᠨ ᠬᠡᠷᠡᠭᠴᠡᠭᠡ | ᠱᠠᠭᠠᠷᠳᠠᠯᠭ᠎ᠠ ᠶᠢ ᠬᠠᠩᠭᠠᠨ᠎ᠠ᠃ ᠬᠠᠮᠢᠶ᠎ᠠ ᠪᠦᠭᠦᠢ ᠲᠤᠨᠨᠳᠠᠭᠠᠯ ᠶᠤᠰᠤᠭᠠᠷ ᠮᠤᠩᠭᠤᠯ ᠡᠮ ᠡᠮᠨᠡᠯᠬᠡ ᠬᠢᠳᠡᠳ ᠡᠮ | ᠡᠮᠨᠡᠯᠬᠡ ᠶᠢᠨ ᠡᠷᠡᠬᠦᠯ ᠮᠡᠨᠳᠤ ᠶᠢᠨ ᠦᠢᠯᠡᠴᠢᠯᠡᠭᠡ ᠶᠢᠨ ᠪᠠᠶᠢᠭᠤᠯᠤᠮᠵᠢ ᠶᠢᠨ ᠲᠠᠯᠠᠪᠤᠷ ᠭᠠᠵᠠᠷ ᠪᠠ ᠪᠡᠯᠡᠳᠬᠡᠮᠵᠢ | ᠲᠤᠬᠢᠷᠠᠭᠤᠯᠤᠨ᠎ᠠ᠃ ᠬᠤᠪᠢᠶᠠᠷᠢᠯᠠᠵᠦ ᠰᠠᠯᠭᠠᠬᠤ ᠠᠷᠭ᠎ᠠ ᠮᠠᠶ᠋ᠢᠭ ᠢᠶᠠᠷ ᠤᠯᠤᠨᠨᠰᠠᠨ ᠤᠬ ᠤᠨ ᠪᠠᠶᠢᠬᠰᠠᠨ ᠬᠡᠷ | ᠭᠦᠷᠦᠩᠬᠡ ᠪᠠ ᠤᠤᠯ ᠤᠨ ᠭᠠᠵᠠᠷ ᠰᠢᠷᠤᠢ ᠶᠢ ᠠᠰᠢᠨᠨᠯᠠᠨ ᠡᠯ᠎ᠡ ᠱᠠᠳᠤᠨ ᠤ ᠮᠤᠩᠭᠤᠯ ᠡᠮᠨᠡᠯᠬᠡ ᠬᠢᠳᠡᠳ ᠡᠮᠨᠡᠯᠬᠡ ᠶᠢᠨ | ᠡᠮᠴᠢᠯᠡᠬᠡᠨ ᠤ ᠪᠠᠶᠢᠭᠤᠯᠤᠮᠵᠢ ᠳᠤ ᠲᠦᠰᠢᠭᠯᠡᠨ ᠮᠤᠩᠭᠤᠯ ᠡᠮ ᠡᠮᠨᠡᠯᠬᠡ ᠬᠢᠳᠡᠳ ᠡᠮ ᠡᠮᠨᠡᠯᠬᠡ ᠶᠢᠨ ᠡᠷᠡᠬᠦᠯ | ᠮᠡᠨᠳᠤ ᠶᠢᠨ ᠦᠢᠯᠡᠴᠢᠯᠡᠭᠡ ᠶᠢᠨ ᠪᠠᠶᠢᠭᠤᠯᠤᠮᠵᠢ ᠡᠷᠬᠢᠯᠡᠬᠦ ᠶᠢ ᠲᠡᠮᠵᠢᠵᠦ᠂ 1 ᠵᠢᠯ ᠠᠴᠠ ᠲᠡᠬᠡᠭᠰᠢᠬᠢ ᠦᠷᠭᠦᠯᠵᠢᠯᠡᠨ | ᠡᠵᠡᠩᠨᠡᠵᠦ᠂ ᠬᠤᠪᠢᠶᠠᠷᠢᠯᠠᠨ ᠰᠠᠯᠭᠠᠵᠦ ᠭᠠᠵᠠᠷ ᠬᠡᠷᠡᠭᠯᠡᠬᠦ ᠭᠠᠷᠴᠬᠠᠯᠠᠯ ᠳᠤ ᠨᠡᠶᠢᠴᠡᠬᠦ ᠮᠤᠩᠭᠤᠯ ᠡᠮ ᠡᠮᠨᠡᠯᠬᠡ ᠬᠢᠳᠡᠳ | ᠡᠮ ᠡᠮᠨᠡᠯᠬᠡ ᠶᠢᠨ ᠡᠷᠡᠬᠦᠯ ᠮᠡᠨᠳᠤ ᠶᠢᠨ ᠦᠢᠯᠡᠴᠢᠯᠡᠭᠡ ᠶᠢᠨ ᠲᠦᠷᠦᠯ ᠵᠦᠢᠯ ᠳᠤ᠂ ᠲᠤᠨᠨᠳᠠᠭᠠᠯ ᠢ ᠦᠨᠳᠦᠰᠦᠯᠡᠵᠦ | ᠭᠠᠵᠠᠷ ᠰᠢᠷᠤᠢ ᠶᠢ ᠬᠤᠪᠢᠶᠠᠷᠢᠯᠠᠨ ᠰᠠᠯᠭᠠᠵᠦ ᠭᠠᠵᠠᠷ ᠬᠡᠷᠡᠭᠯᠡᠬᠦ ᠭᠠᠷᠳᠠᠮ ᠭᠦᠢᠴᠡᠳᠬᠡᠵᠦ ᠪᠤᠯᠤᠨ᠎ᠠ︔ ᠭᠠᠵᠠᠷ ᠰᠢᠷᠤᠢ | ᠬᠤᠪᠢᠶᠠᠷᠢᠯᠠᠨ ᠰᠠᠯᠭᠠᠬᠤ ᠨᠦᠭᠦᠴᠡᠯ ᠳᠤ ᠨᠡᠶᠢᠴᠡᠬᠦ ᠦᠬᠡᠢ ᠪᠠᠶᠢᠪᠠᠯ᠂ ᠵᠦᠪᠳᠡᠯᠴᠡᠬᠡᠷ ᠬᠢᠵᠦ ᠰᠢᠯᠵᠢᠬᠦᠯᠦᠨ | ᠬᠤᠳᠠᠯᠳᠤᠬᠤ ᠠᠷᠭ᠎ᠠ ᠮᠠᠶ᠋ᠢᠭ ᠢ ᠬᠡᠷᠡᠭᠯᠡᠵᠦ ᠪᠠᠶᠢᠭᠠᠳ ᠭᠠᠵᠠᠷ ᠬᠡᠷᠡᠭᠯᠡᠬᠦ ᠭᠠᠷᠳᠠᠮ ᠢ ᠭᠦᠢᠴᠡᠳᠬᠡᠵᠦ ᠪᠤᠯᠤᠨ᠎ᠠ᠃ | ︵ᠭᠤᠷᠪᠠ︶ ᠪᠡᠯᠡ ᠤᠷᠤᠭᠤᠯᠵᠦ ᠪᠡᠯᠡ ᠲᠤᠬᠢᠷᠠᠭᠤᠯᠭ᠎ᠠ ᠬᠢᠬᠦ ᠡᠷᠴᠢᠮ ᠢ ᠴᠢᠩᠭᠠᠷᠠᠭᠤᠯᠤᠨ᠎ᠠ᠃ ᠮᠦᠩᠭᠦᠨ | ᠭᠦᠢᠯᠬᠡᠬᠡᠨ ᠪᠠ ᠠᠵᠦ ᠦᠢᠯᠡᠰ ᠤᠨ ᠡᠳ᠋ ᠭᠦᠷᠦᠩᠬᠡ ᠬᠠᠮᠳᠤ ᠪᠠᠷ ᠪᠡᠯᠡ ᠮᠦᠩᠭᠦ ᠴᠤᠨᠨᠯᠠᠭᠤᠯᠤᠨᠨᠰᠠᠨ ᠡᠷᠡᠬᠦᠯ | ᠮᠡᠨᠳᠤ ᠶᠢᠨ ᠠᠵᠦ ᠦᠢᠯᠡᠰ ᠤᠨ ᠪᠡᠯᠡ ᠤᠷᠤᠭᠤᠯᠬᠤ ᠰᠠᠭᠤᠷᠢ ᠮᠦᠩᠭᠦ ᠪᠠᠶᠢᠭᠤᠯᠬᠤ ᠶᠢ ᠠᠬᠢᠭᠤᠯᠵᠦ᠂ ᠮᠤᠩᠭᠤᠯ ᠡᠮ | ᠡᠮᠨᠡᠯᠬᠡ ᠬᠢᠳᠡᠳ ᠡᠮ ᠡᠮᠨᠡᠯᠬᠡ ᠶᠢᠨ ᠡᠷᠡᠬᠦᠯ ᠮᠡᠨᠳᠤ ᠶᠢᠨ ᠦᠢᠯᠡᠴᠢᠯᠡᠭᠡ ᠶᠢᠨ ᠲᠦᠷᠦᠯ ᠵᠦᠢᠯ ᠢ ᠨᠢᠬᠡᠳᠦᠯᠳᠡᠢ | ᠲᠦᠯᠦᠪᠯᠡᠨ ᠲᠡᠮᠵᠢᠨ᠎ᠠ᠃ ᠮᠤᠩᠭᠤᠯ ᠡᠮ ᠡᠮᠨᠡᠯᠬᠡ ᠬᠢᠳᠡᠳ ᠡᠮ ᠡᠮᠨᠡᠯᠬᠡ ᠶᠢᠨ ᠡᠷᠡᠬᠦᠯ ᠮᠡᠨᠳᠤ ᠶᠢᠨ | ᠦᠢᠯᠡᠴᠢᠯᠡᠭᠡ ᠶᠢᠨ ᠪᠠᠶᠢᠭᠤᠯᠤᠮᠵᠢ ᠵᠢᠴᠢ ᠬᠠᠮᠢᠶ᠎ᠠ ᠪᠦᠭᠦᠢ ᠠᠵᠦ ᠦᠢᠯᠡᠰ ᠢ ᠭᠦᠭᠵᠢᠭᠦᠯᠵᠦ ᠪᠡᠯᠡ ᠲᠤᠬᠢᠷᠠᠭᠤᠯᠭ᠎ᠠ | ᠬᠢᠬᠦ ᠵᠠᠮ ᠮᠦᠷ ᠢ ᠦᠷᠬᠡᠳᠬᠡᠵᠦ᠂ ᠨᠡᠶᠢᠬᠡᠮ ᠤᠨ ᠭᠦᠷᠦᠩᠬᠡ ᠶᠢ ᠵᠤᠷᠢᠬᠵᠢᠭᠤᠯᠤᠨ ᠮᠤᠩᠭᠤᠯ ᠡᠮ ᠡᠮᠨᠡᠯᠬᠡ ᠬᠢᠳᠡᠳ | ᠡᠮ ᠡᠮᠨᠡᠯᠬᠡ ᠶᠢᠨ ᠡᠷᠡᠬᠦᠯ ᠮᠡᠨᠳᠤ ᠶᠢᠨ ᠦᠢᠯᠡᠴᠢᠯᠡᠭᠡ ᠶᠢᠨ ᠲᠦᠷᠦᠯ ᠵᠦᠢᠯ ᠳᠤ ᠪᠡᠯᠡ ᠤᠷᠤᠭᠤᠯᠤᠨ᠎ᠠ᠃ | ᠨᠦᠭᠦᠴᠡᠯ ᠳᠤ ᠨᠡᠶᠢᠴᠡᠬᠦ ᠮᠤᠩᠭᠤᠯ ᠡᠮ ᠡᠮᠨᠡᠯᠬᠡ ᠬᠢᠳᠡᠳ ᠡᠮ ᠡᠮᠨᠡᠯᠬᠡ ᠶᠢᠨ ᠡᠷᠡᠬᠦᠯ ᠮᠡᠨᠳᠤ ᠶᠢᠨ ᠦᠢᠯᠡᠴᠢᠯᠡᠭᠡ ᠶᠢᠨ | ᠠᠵᠦ ᠠᠬᠤᠶᠢᠯᠠᠯ ᠤᠨ ᠵᠠᠬ᠎ᠠ ᠲᠡᠯᠬᠡᠭᠦᠷ ᠲᠤ ᠭᠠᠷᠴᠤ ᠪᠡᠯᠡ ᠲᠤᠬᠢᠷᠠᠭᠤᠯᠭ᠎ᠠ ᠬᠢᠬᠦ ᠪᠠ ᠵᠢᠬᠡᠯᠡᠯᠬᠡ ᠶᠢᠨ ᠲᠡᠮᠳᠡᠭᠳᠦ | ᠲᠠᠷᠬᠠᠭᠠᠬᠤ ᠶᠢ ᠢᠳᠡᠪᠬᠢᠳᠡᠢ ᠲᠡᠮᠵᠢᠨ᠎ᠠ᠃ ᠮᠤᠩᠭᠤᠯ ᠡᠮ ᠡᠮᠨᠡᠯᠬᠡ ᠬᠢᠳᠡᠳ ᠡᠮ ᠡᠮᠨᠡᠯᠬᠡ ᠶᠢᠨ ᠡᠷᠡᠬᠦᠯ ᠮᠡᠨᠳᠤ ᠶᠢᠨ | ᠦᠢᠯᠡᠴᠢᠯᠡᠭᠡ ᠶᠢ ᠭᠦᠭᠵᠢᠬᠦᠯᠬᠦ ᠪᠠᠷ ᠠᠳᠠᠯ ᠦᠢᠯᠡᠰ ᠴᠤᠨᠨᠴᠠᠯᠠᠵᠦ ᠪᠡᠯᠡ ᠤᠷᠤᠭᠤᠯᠤᠨᠨᠰᠠᠨ ᠠᠵᠦ ᠠᠬᠤᠶᠢᠯᠠᠯ ᠢ | ᠲᠡᠮᠵᠢᠨ᠎ᠠ᠃ ᠮᠤᠩᠭᠤᠯ ᠡᠮ ᠡᠮᠨᠡᠯᠬᠡ ᠬᠢᠳᠡᠳ ᠡᠮ ᠡᠮᠨᠡᠯᠬᠡ ᠶᠢᠨ ᠦᠢᠯᠡᠴᠢᠯᠡᠭᠡ ᠶᠢᠨ ᠠᠷᠠᠯᠵᠢᠶ᠎ᠠ ᠬᠤᠳᠠᠯᠳᠤᠭ᠎ᠠ ᠶᠢᠨ | ᠭᠠᠳᠠᠭᠠᠳᠤ ᠭᠤᠪᠢᠭᠤᠯᠭ᠎ᠠ ᠶᠢᠨ ᠬᠠᠮᠢᠶᠠᠷᠤᠯᠳᠠ ᠶᠢ ᠲᠡᠮᠵᠢᠬᠦ ᠡᠷᠴᠢᠮ ᠢᠶᠠᠨ ᠴᠢᠩᠭᠠᠷᠠᠭᠤᠯᠵᠦ᠂ ᠪᠤᠭᠤᠮᠳᠠ ᠪᠠᠷ | ᠦᠩᠬᠡᠷᠡᠭᠡᠬᠦ ᠳᠤ ᠲᠦᠭᠦᠮ ᠦᠵᠡᠬᠦᠯᠬᠦ ᠶᠢ ᠠᠬᠢᠭᠤᠯᠤᠨ᠎ᠠ᠃ ᠡᠯ᠎ᠡ ᠲᠦᠷᠦᠯ ᠤᠨ ᠠᠳᠠᠯ ᠦᠢᠯᠡᠰ ᠴᠤᠨᠨᠴᠠᠯᠠᠵᠦ ᠪᠡᠯᠡ | ᠤᠷᠤᠭᠤᠯᠤᠨᠨᠰᠠᠨ ᠪᠠᠶᠢᠭᠤᠯᠤᠮᠵᠢ ᠪᠠ ᠪᠡᠯᠡ ᠲᠤᠬᠢᠷᠠᠭᠤᠯᠭ᠎ᠠ ᠬᠢᠵᠦ ᠲᠠᠭᠠᠭᠠᠯᠳᠠ ᠬᠢᠬᠦ ᠪᠠᠶᠢᠭᠤᠯᠤᠮᠵᠢ ᠶᠢ | ᠵᠤᠷᠢᠬᠵᠢᠭᠤᠯᠤᠨ ᠮᠤᠩᠭᠤᠯ ᠡᠮ ᠡᠮᠨᠡᠯᠬᠡ ᠬᠢᠳᠡᠳ ᠡᠮ ᠡᠮᠨᠡᠯᠬᠡ ᠶᠢᠨ ᠡᠷᠡᠬᠦᠯ ᠮᠡᠨᠳᠤ ᠶᠢᠨ ᠦᠢᠯᠡᠴᠢᠯᠡᠭᠡ ᠶᠢᠨ | ᠭᠦᠷᠢᠶ᠎ᠡ ᠴᠠᠷᠠᠭ᠎ᠠ ᠳᠠᠬᠢ ᠰᠢᠨ᠎ᠠ ᠶᠢ ᠡᠭᠦᠳᠭᠦ ᠬᠡᠯᠪᠡᠷᠢ ᠪᠦᠬᠦᠢ ᠰᠢᠨ᠎ᠠ ᠡᠵᠡᠩᠨᠡᠯᠳᠡ ᠶᠢᠨ ᠪᠠᠶᠢᠳᠠᠯ᠂ ᠪᠢᠴᠢᠯ ᠵᠢᠵᠢᠭ | ᠠᠵᠦ ᠠᠬᠤᠶᠢᠯᠠᠯ ᠤᠨ ᠲᠤᠬᠠᠶᠢᠯᠬᠠᠰᠠᠨ ᠠᠵᠢᠯ ᠢ ᠦᠷᠨᠢᠭᠦᠯᠤᠨ᠎ᠠ᠃ | ︵ᠲᠦᠷᠪᠡ︶ ᠡᠳ᠋ ᠤᠨ ᠵᠠᠰᠠᠭ ᠭᠠᠶᠢᠯᠢ ᠶᠢᠨ ᠲᠦᠷᠦ ᠶᠢᠨ ᠪᠤᠳᠤᠯᠭ᠎ᠠ ᠶᠢ ᠲᠡᠭᠦᠯᠳᠡᠷᠵᠢᠭᠦᠯᠦᠨ᠎ᠠ᠃ | ᠵᠠᠰᠠᠭ ᠤᠨ ᠤᠷᠳᠤᠨ ᠤ ᠮᠤᠩᠭᠤᠯ ᠡᠮ ᠡᠮᠨᠡᠯᠬᠡ ᠬᠢᠳᠡᠳ ᠡᠮ ᠡᠮᠨᠡᠯᠬᠡ ᠳᠤ ᠪᠡᠯᠡ ᠤᠷᠤᠭᠤᠯᠬᠤ ᠲᠦᠷᠦ ᠶᠢᠨ | ᠪᠤᠳᠤᠯᠭ᠎ᠠ ᠶᠢ ᠲᠤᠤᠱᠯᠠᠭᠤᠯᠤᠨ ᠲᠡᠭᠦᠯᠳᠡᠷᠵᠢᠭᠦᠯᠬᠦ ᠶᠢᠨ ᠬᠠᠮᠳᠤ᠂ ᠠᠯᠪᠠᠨ ᠠᠴᠠ ᠡᠷᠬᠢᠯᠡᠭᠰᠡᠨ ᠮᠤᠩᠭᠤᠯ ᠡᠮᠴᠢᠯᠡᠭᠡ | ᠬᠢᠳᠡᠳ ᠡᠮᠴᠢᠯᠡᠭᠡ ᠶᠢᠨ ᠡᠮᠨᠡᠯᠬᠡ ᠶᠢᠨ ᠬᠤᠷᠢᠶ᠎ᠠ ᠳᠤ ᠬᠠᠷᠠᠭᠠᠯᠵᠠᠯ ᠦᠵᠡᠬᠦᠯᠦᠨ᠎ᠠ᠃ ᠮᠤᠩᠭᠤᠯ ᠡᠮ ᠡᠮᠨᠡᠯᠬᠡ ᠬᠢᠳᠡᠳ | ᠡᠮ ᠡᠮᠨᠡᠯᠬᠡ ᠶᠢᠨ ᠭᠦᠷᠢᠶ᠎ᠡ ᠴᠠᠷᠠᠭ᠎ᠠ ᠳᠤ ᠵᠠᠰᠠᠭ ᠤᠨ ᠤᠷᠳᠤᠨ ᠤ ᠦᠢᠯᠡᠴᠢᠯᠡᠭᠡ ᠬᠤᠳᠠᠯᠳᠤᠨ ᠠᠪᠬᠤ | ᠲᠤᠨᠨᠳᠠᠴᠠ ᠶᠢ ᠲᠡᠭᠦᠯᠳᠡᠷᠵᠢᠭᠦᠯᠵᠦ᠂ ᠵᠠᠰᠠᠭ ᠤᠨ ᠤᠷᠳᠤᠨ ᠤ ᠦᠢᠯᠡᠴᠢᠯᠡᠭᠡ ᠬᠤᠳᠠᠯᠳᠤᠨ ᠠᠪᠬᠤ ᠡᠷᠴᠢᠮ ᠢ | ᠴᠢᠩᠭᠠᠷᠠᠭᠤᠯᠤᠨ᠎ᠠ᠃ ᠨᠦᠭᠦᠴᠡᠯ ᠳᠤ ᠨᠡᠶᠢᠴᠡᠬᠦ᠂ ᠦᠨᠳᠦᠰᠦᠨ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡ | ᠬᠠᠩᠭᠠᠨᠨᠰᠠᠨ ᠠᠯᠪᠠᠨ ᠠᠴᠠ ᠡᠷᠬᠢᠯᠡᠭᠰᠡᠨ ᠪᠤᠰᠤ ᠮᠤᠩᠭᠤᠯ ᠡᠮᠨᠡᠯᠬᠡ ᠬᠢᠳᠡᠳ ᠡᠮᠨᠡᠯᠬᠡ ᠶᠢᠨ ᠡᠮᠴᠢᠯᠡᠬᠡᠨ ᠤ | ᠪᠠᠶᠢᠭᠤᠯᠤᠮᠵᠢ ᠨᠢ ᠤᠯᠠᠨ ᠨᠡᠶᠢᠳᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡ ᠶᠢᠨ ᠡᠭᠦᠷᠬᠡ ᠶᠢ ᠡᠭᠦᠷᠬᠡᠯᠡᠵᠦ᠂ | ᠲᠤᠨᠨᠳᠠᠭᠠᠯ ᠶᠤᠰᠤᠭᠠᠷ ᠡᠳ᠋ ᠤᠨ ᠵᠠᠰᠠᠭ ᠤᠨ ᠨᠦᠭᠦᠪᠦᠷᠢ ᠬᠦᠷᠳᠡᠵᠦ ᠪᠤᠯᠤᠨ᠎ᠠ᠂ ᠲᠡᠳᠡᠭᠡᠷ ᠤᠨ ᠲᠤᠰᠬᠠᠢ | ᠡᠮᠴᠢᠯᠡᠬᠡᠨ ᠤ ᠰᠠᠯᠠᠭ᠎ᠠ ᠪᠠᠶᠢᠭᠤᠯᠬᠤ᠂ ᠲᠦᠭᠦᠬᠡᠷᠦᠮᠵᠢ ᠬᠤᠳᠠᠯᠳᠤᠨ ᠠᠪᠬᠤ᠂ ᠠᠵᠢᠯᠳᠠᠳ ᠤᠨ | ᠪᠤᠯᠪᠠᠰᠤᠷᠠᠭᠤᠯᠤᠯ ᠳᠤ ᠠᠳᠠᠯᠢ ᠱᠠᠳᠤᠨ ᠤ ᠠᠷᠠᠳ ᠤᠨ ᠵᠠᠰᠠᠭ ᠤᠨ ᠤᠷᠳᠤᠨ ᠠᠴᠠ ᠲᠡᠮᠵᠢᠯᠬᠡ ᠦᠵᠡᠬᠦᠯᠵᠦ ᠪᠤᠯᠤᠨ᠎ᠠ | ᠃ ᠰᠢᠨᠵᠢᠯᠡᠬᠦ ᠤᠬᠠᠭᠠᠨ ᠮᠡᠷᠬᠡᠵᠢᠯ ᠤᠨ ᠲᠡᠮᠵᠢᠬᠦ ᠡᠷᠴᠢᠮ ᠢ ᠴᠢᠩᠭᠠᠷᠠᠭᠤᠯᠵᠦ᠂ ᠵᠠᠩᠬᠢᠯᠠᠭ᠎ᠠ ᠶᠢᠨ ᠮᠡᠷᠬᠡᠵᠢᠯ ᠢ ᠨᠡᠬᠡᠬᠡᠨ | ᠭᠦᠭᠵᠢᠭᠦᠯᠭᠦ ᠵᠢᠴᠢ ᠠᠵᠦ ᠦᠢᠯᠡᠰᠵᠢᠬᠦᠯᠬᠦ ᠶᠢ ᠭᠦᠳᠦᠯᠦᠨ ᠵᠢᠯᠤᠭᠤᠳᠤᠨ᠎ᠠ᠃ ᠬᠠᠮᠢᠶ᠎ᠠ ᠪᠦᠭᠦᠢ ᠠᠵᠢᠯ ᠮᠡᠷᠬᠡᠵᠢᠯ ᠤᠨ | ᠪᠤᠯᠪᠠᠰᠤᠷᠠᠭᠤᠯᠤᠯ ᠪᠠ ᠡᠭᠦᠷᠬᠡ ᠴᠢᠳᠠᠪᠤᠷᠢ ᠶᠢᠨ ᠬᠢᠨᠠᠨ ᠲᠤᠨᠨᠳᠠᠭᠠᠯᠳᠠ ᠳᠤ ᠤᠷᠤᠯᠴᠬᠠᠰᠠᠨ ᠭᠦᠮᠦᠰ ᠲᠤ᠂ | ᠨᠦᠭᠦᠴᠡᠯ ᠳᠤ ᠨᠡᠶᠢᠴᠡᠪᠡᠯ ᠲᠤᠨᠨᠳᠠᠭᠠᠯ ᠶᠤᠰᠤᠭᠠᠷ ᠨᠦᠭᠦᠪᠦᠷᠢ ᠤᠯᠭᠤᠨ᠎ᠠ᠃ ᠠᠵᠦ ᠠᠬᠤᠶᠢᠯᠠᠯ᠂ ᠬᠤᠪᠢ | ᠭᠦᠮᠦᠨ ᠨᠢ ᠨᠡᠶᠢᠳᠡ ᠶᠢᠨ ᠠᠰᠠᠷᠠᠮᠵᠢ ᠶᠢᠨ ᠴᠢᠨᠠᠷᠳᠠᠢ ᠨᠡᠶᠢᠬᠡᠮ ᠤᠨ ᠪᠦᠯᠭᠦᠮ ᠪᠤᠶᠤ ᠬᠤᠰᠢᠭᠤ ᠰᠢᠶᠠᠨ ᠤ | ᠱᠠᠳᠤᠨ ᠠᠴᠠ ᠲᠡᠬᠡᠭᠰᠢᠬᠢ ᠠᠷᠠᠳ ᠤᠨ ᠵᠠᠰᠠᠭ ᠤᠨ ᠤᠷᠳᠤᠨ ᠵᠢᠴᠢ ᠰᠠᠯᠠᠭ᠎ᠠ ᠮᠦᠴᠢᠷ ᠢᠶᠠᠷ ᠲᠠᠮᠵᠢᠵᠦ ᠠᠰᠢᠭ | ᠤᠯᠵᠠᠪᠤᠷᠢ ᠶᠢᠨ ᠪᠤᠰᠤ ᠴᠢᠨᠠᠷᠳᠠᠢ ᠮᠤᠩᠭᠤᠯ ᠡᠮᠨᠡᠯᠬᠡ ᠬᠢᠳᠡᠳ ᠡᠮᠨᠡᠯᠬᠡ ᠶᠢᠨ ᠡᠮᠴᠢᠯᠡᠬᠡᠨ ᠤ ᠪᠠᠶᠢᠭᠤᠯᠤᠮᠵᠢ ᠳᠤ | ᠬᠠᠨᠳᠢᠪᠯᠬᠠᠰᠠᠨ ᠵᠦᠢᠯᠡᠰ ᠢ ᠭᠠᠶᠢᠯᠢ ᠶᠢᠨ ᠬᠠᠤᠯᠢ ᠵᠢᠴᠢ ᠬᠠᠮᠢᠶ᠎ᠠ ᠪᠦᠭᠦᠢ ᠭᠠᠶᠢᠯᠢ ᠲᠠᠳᠠᠪᠤᠷᠢ ᠶᠢᠨ ᠲᠦᠷᠦ ᠶᠢᠨ | ᠪᠤᠳᠤᠯᠭ᠎ᠠ ᠶᠢᠨ ᠲᠤᠨᠨᠳᠠᠭᠠᠯ ᠶᠤᠰᠤᠭᠠᠷ ᠭᠠᠶᠢᠯᠢ ᠲᠠᠳᠠᠪᠤᠷᠢᠯᠠᠬᠤ ᠠᠴᠠ ᠡᠮᠤᠨ᠎ᠠ ᠰᠠᠭᠤᠯᠭᠠᠨ ᠠᠪᠤᠨ᠎ᠠ᠃ ᠮᠤᠩᠭᠤᠯ | ᠡᠮ ᠡᠮᠨᠡᠯᠬᠡ ᠬᠢᠳᠡᠳ ᠡᠮ ᠡᠮᠨᠡᠯᠬᠡ ᠶᠢᠨ ᠦᠨ᠎ᠠ ᠬᠠᠩᠰᠢ ᠪᠦᠷᠢᠯᠳᠦᠬᠦ ᠲᠤᠨᠨᠳᠠᠴᠠ ᠶᠢ ᠲᠡᠭᠦᠯᠳᠡᠷᠵᠢᠭᠦᠯᠵᠦ᠂ | ᠠᠯᠪᠠᠨ ᠠᠴᠠ ᠡᠷᠬᠢᠯᠡᠭᠰᠡᠨ ᠪᠤᠰᠤ ᠮᠤᠩᠭᠤᠯ ᠡᠮ ᠡᠮᠨᠡᠯᠬᠡ ᠬᠢᠳᠡᠳ ᠡᠮᠨᠡᠯᠬᠡ ᠶᠢᠨ ᠡᠮᠴᠢᠯᠡᠬᠡᠨ ᠤ ᠪᠠᠶᠢᠭᠤᠯᠤᠮᠵᠢ ᠶᠢᠨ | ᠡᠮᠴᠢᠯᠡᠬᠡᠨ ᠤ ᠦᠢᠯᠡᠴᠢᠯᠡᠬᠦ ᠦᠨ᠎ᠠ ᠬᠠᠩᠰᠢ ᠳᠤ ᠵᠠᠬ᠎ᠠ ᠲᠡᠯᠬᠡᠭᠦᠷ ᠤᠨ ᠲᠤᠬᠢᠷᠠᠭᠤᠯᠭ᠎ᠠ ᠶᠢᠨ ᠦᠨ᠎ᠠ ᠬᠠᠩᠰᠢ ᠶᠢ | ᠬᠡᠷᠡᠭᠵᠢᠬᠦᠯᠦᠨ᠎ᠠ᠃ | ᠲᠦᠷᠪᠡ᠂ ᠪᠠᠳᠤᠯᠠᠭ᠎ᠠ ᠶᠢᠨ ᠠᠷᠭ᠎ᠠ ᠬᠡᠮᠵᠢᠶ᠎ᠠ | ︵ᠨᠢᠬᠡ︶ ᠵᠤᠬᠢᠶᠠᠨ ᠪᠠᠶᠢᠭᠤᠯᠵᠦ ᠬᠡᠷᠡᠭᠵᠢᠭᠦᠯᠭᠦ ᠪᠠᠨ ᠴᠢᠩᠭᠠᠳᠬᠠᠨ᠎ᠠ᠃ ᠡᠯ᠎ᠡ ᠭᠠᠵᠠᠷ ᠤᠷᠤᠨ᠂ ᠡᠯ᠎ᠡ | ᠬᠤᠯᠪᠤᠨᠨᠳᠠᠯ ᠪᠦᠭᠦᠢ ᠰᠠᠯᠠᠭ᠎ᠠ ᠮᠦᠴᠢᠷ ᠨᠢ ᠲᠡᠬᠡᠳᠦ ᠬᠡᠮᠵᠢᠶ᠎ᠡ ᠪᠠᠷ ᠴᠢᠬᠤᠯᠠᠴᠢᠯᠠᠵᠦ᠂ ᠮᠤᠩᠭᠤᠯ ᠡᠮ ᠡᠮᠨᠡᠯᠬᠡ | ᠬᠢᠳᠡᠳ ᠡᠮ ᠡᠮᠨᠡᠯᠬᠡ ᠶᠢᠨ ᠡᠷᠡᠬᠦᠯ ᠮᠡᠨᠳᠤ ᠶᠢᠨ ᠦᠢᠯᠡᠴᠢᠯᠡᠭᠡ ᠶᠢ ᠭᠦᠭᠵᠢᠭᠦᠯᠭᠦ ᠶᠢ ᠴᠢᠬᠤᠯᠠ ᠪᠠᠶᠢᠷᠢᠨ ᠳᠤ | ᠲᠠᠯᠪᠢᠵᠦ᠂ ᠨᠢᠬᠡᠳᠦᠯᠳᠡᠢ ᠲᠦᠯᠦᠪᠯᠡᠵᠦ ᠵᠤᠬᠢᠴᠠᠭᠤᠯᠤᠨ᠂ ᠤᠷᠤᠭᠤᠯᠤᠯᠳᠠ ᠪᠠᠨ ᠨᠡᠮᠡᠭᠳᠡᠭᠦᠯᠵᠦ᠂ ᠰᠠᠶᠢᠨ ᠰᠠᠶᠢᠬᠠᠨ | ᠭᠦᠭᠵᠢᠯᠳᠡ ᠶᠢᠨ ᠤᠷᠴᠢᠨ ᠲᠤᠭᠤᠷᠢᠨ ᠢ ᠡᠭᠦᠳᠦᠨ ᠪᠠᠶᠢᠭᠤᠯᠤᠨ᠎ᠠ᠃ ᠦᠪᠡᠷᠳᠡᠬᠡᠨ ᠵᠠᠰᠬᠠᠤ ᠤᠷᠤᠨ ᠤ ᠡᠷᠡᠭᠦᠯ | ᠬᠠᠮᠠᠭᠠᠯᠠᠯ ᠲᠦᠯᠦᠪᠯᠡᠯᠬᠡᠳᠦ ᠦᠷᠡᠵᠢᠯ ᠤᠨ ᠵᠦᠪᠯᠡᠯ ᠨᠢ ᠲᠦᠷᠦᠭᠦᠯᠡᠨ ᠬᠠᠷᠢᠭᠤᠴᠠᠬᠤ ᠦᠢᠯᠡᠳᠦᠯ ᠢ ᠪᠠᠳᠠᠷᠠᠭᠤᠯᠵᠦ᠂ | ᠬᠤᠯᠪᠤᠨᠨᠳᠠᠯ ᠪᠦᠭᠦᠢ ᠰᠠᠯᠠᠭ᠎ᠠ ᠮᠦᠴᠢᠷ ᠯᠦᠭᠡ ᠬᠠᠮᠳᠤᠷᠠᠯᠴᠠᠨ ᠬᠢᠨᠠᠨ ᠰᠢᠨᠵᠢᠵᠦ ᠰᠢᠯᠭᠠᠵᠦ ᠦᠨᠡᠯᠡᠬᠦ ᠶᠢ | ᠴᠢᠩᠭᠠᠳᠬᠠᠵᠦ᠂ ᠲᠦᠯᠦᠪᠵᠢᠭᠦᠯᠦᠨ ᠬᠡᠷᠡᠭᠵᠢᠭᠦᠯᠭᠦ ᠶᠠᠪᠤᠴᠠ ᠳᠤ ᠲᠤᠬᠢᠶᠠᠯᠳᠤᠨᠨᠰᠠᠨ ᠠᠰᠠᠭᠤᠳᠠᠯ ᠢ ᠰᠤᠳᠤᠯᠤᠨ | ᠰᠶᠢᠳᠪᠦᠷᠢᠯᠡᠨ᠎ᠠ᠃ ᠭᠦᠭᠵᠢᠭᠦᠯᠦᠯᠳᠡ ᠦᠬᠡᠷᠡᠴᠢᠯᠡᠯᠳᠡ᠂ ᠠᠷᠠᠳ ᠤᠨ ᠶᠠᠪᠤᠳᠠᠯ᠂ ᠡᠳ᠋ ᠤᠨ ᠵᠠᠰᠠᠭ᠂ ᠭᠦᠮᠦᠨ ᠤ | ᠭᠦᠴᠦᠨ ᠤ ᠡᠬᠢ ᠪᠠᠶᠠᠯᠢᠭ ᠨᠡᠶᠢᠬᠡᠮ ᠤᠨ ᠪᠠᠳᠤᠯᠠᠭ᠎ᠠ᠂ ᠤᠯᠤᠰ ᠤᠨ ᠭᠠᠵᠠᠷ ᠰᠢᠷᠤᠢ ᠡᠬᠢ ᠪᠠᠶᠠᠯᠢᠭ᠂ | ᠬᠤᠳᠠᠯᠳᠤᠭᠠᠨ ᠤ ᠶᠠᠪᠤᠳᠠᠯ᠂ ᠰᠤᠶᠤᠯ᠂ ᠰᠤᠷᠭᠠᠨ ᠭᠦᠮᠦᠵᠢᠯ᠂ ᠭᠠᠳᠠᠭᠠᠳᠤ ᠶᠠᠪᠤᠳᠠᠯ᠂ ᠵᠢᠭᠤᠯᠴᠢᠯᠠᠯ᠂ ᠮᠦᠩᠭᠦᠨ | ᠭᠦᠢᠯᠬᠡᠬᠡᠨ᠂ ᠠᠵᠦ ᠠᠬᠤᠢ ᠪᠠ ᠮᠡᠳᠡᠭᠡ ᠵᠠᠩᠬᠢᠵᠢᠯᠳᠠ᠂ ᠰᠢᠨᠵᠢᠯᠡᠬᠦ ᠤᠬᠠᠭᠠᠨ ᠮᠡᠷᠬᠡᠵᠢᠯ᠂ ᠢᠳᠡᠬᠡᠨ ᠪᠠ ᠡᠮ ᠤᠨ | ᠵᠦᠢᠯ ᠤᠨ ᠬᠢᠨᠠᠯᠳᠠ ᠬᠠᠮᠢᠶᠠᠷᠤᠯᠳᠠ ᠵᠡᠷᠬᠡ ᠰᠠᠯᠠᠭ᠎ᠠ ᠮᠦᠴᠢᠷ ᠨᠢ ᠲᠤᠰ ᠲᠤᠰ ᠤᠨ ᠡᠭᠦᠷᠬᠡ ᠲᠤᠰᠢᠶᠠᠯ ᠢᠶᠠᠨ | ᠭᠦᠢᠴᠡᠳᠬᠡᠵᠦ᠂ ᠯᠠᠪᠳᠠᠭᠤᠨ ᠪᠠᠳᠤᠳᠠᠢ ᠠᠬᠢᠭᠤᠯᠵᠦ ᠨᠠᠶᠢᠳᠠᠪᠤᠷᠢᠵᠢᠭᠤᠯᠤᠨ᠎ᠠ᠃ | ︵ᠬᠤᠶᠠᠷ︶ ᠴᠢᠳᠠᠪᠤᠷᠢᠳᠠᠨ ᠢ ᠭᠦᠮᠦᠵᠢᠭᠦᠯᠭᠦ ᠶᠢ ᠲᠦᠷᠬᠡᠳᠬᠡᠨ᠎ᠠ᠃ ᠲᠡᠬᠡᠳᠦ ᠰᠤᠷᠭᠠᠭᠤᠯᠢ ᠪᠠ ᠠᠵᠢᠯ | ᠮᠡᠷᠬᠡᠵᠢᠯ ᠤᠨ ᠰᠤᠷᠭᠠᠭᠤᠯᠢ ᠳᠤ ᠮᠤᠩᠭᠤᠯ ᠡᠮᠴᠢᠯᠡᠭᠡ ᠬᠢᠳᠡᠳ ᠡᠮᠴᠢᠯᠡᠭᠡ ᠶᠢᠨ ᠤᠨᠴᠠᠯᠢᠨᠨᠳᠦ ᠡᠷᠡᠭᠦᠯᠵᠢᠬᠦᠯᠬᠦ | ᠤᠶᠢᠯᠡᠴᠢᠯᠡᠭᠡ᠂ ᠡᠷᠡᠬᠦᠯ ᠮᠡᠨᠳᠤ ᠶᠢᠨ ᠬᠠᠮᠢᠶᠠᠷᠤᠯᠳᠠ ᠵᠡᠷᠬᠡ ᠮᠤᠩᠭᠤᠯ ᠡᠮ ᠡᠮᠨᠡᠯᠬᠡ ᠬᠢᠳᠡᠳ ᠡᠮ ᠡᠮᠨᠡᠯᠬᠡ ᠶᠢᠨ | ᠡᠷᠡᠬᠦᠯ ᠮᠡᠨᠳᠤ ᠶᠢᠨ ᠦᠢᠯᠡᠴᠢᠯᠡᠬᠡᠨ ᠤ ᠬᠠᠮᠢᠶ᠎ᠠ ᠪᠦᠭᠦᠢ ᠲᠤᠰᠬᠠᠢ ᠮᠡᠷᠬᠡᠵᠢᠯ ᠪᠠᠶᠢᠭᠤᠯᠬᠤ ᠶᠢ ᠠᠬᠢᠭᠤᠯᠵᠦ᠂ | ᠮᠤᠩᠭᠤᠯ ᠡᠮ ᠡᠮᠨᠡᠯᠬᠡ ᠬᠢᠳᠡᠳ ᠡᠮ ᠡᠮᠨᠡᠯᠬᠡ ᠶᠢᠨ ᠡᠷᠡᠬᠦᠯ ᠮᠡᠨᠳᠤ ᠶᠢᠨ ᠦᠢᠯᠡᠴᠢᠯᠡᠭᠡ ᠶᠢᠨ ᠮᠡᠷᠬᠡᠵᠢᠯ ᠴᠢᠳᠠᠪᠤᠷᠢᠳᠠᠢ | ᠴᠢᠳᠠᠪᠤᠷᠢᠳᠠᠨ ᠳᠤ ᠠᠵᠢᠯ ᠤᠨ ᠪᠠᠶᠢᠷᠢ ᠲᠤᠬᠢᠷᠠᠭᠤᠯᠬᠤ ᠶᠢ ᠦᠷᠬᠡᠳᠬᠡᠨ᠂ ᠮᠤᠩᠭᠤᠯ ᠡᠮ ᠡᠮᠨᠡᠯᠬᠡ ᠬᠢᠳᠡᠳ ᠡᠮ | ᠡᠮᠨᠡᠯᠬᠡ ᠶᠢᠨ ᠡᠷᠡᠬᠦᠯ ᠮᠡᠨᠳᠤ ᠶᠢᠨ ᠦᠢᠯᠡᠴᠢᠯᠡᠭᠡ ᠶᠢᠨ ᠭᠦᠷᠢᠶ᠎ᠡ ᠴᠠᠷᠠᠭ᠎ᠠ ᠶᠢᠨ ᠬᠠᠮᠢᠶ᠎ᠠ ᠪᠦᠭᠦᠢ ᠠᠵᠢᠯ ᠮᠨᠷᠬᠡᠵᠢᠯ ︵ | ᠠᠵᠢᠯ ᠤᠨ ᠵᠦᠢᠯ︶ ᠢ ᠠᠯᠬᠤᠮ ᠠᠯᠬᠤᠮ ᠢᠶᠠᠷ ᠪᠦᠷᠢᠨᠰᠢᠭᠦᠯᠦᠨ᠎ᠠ᠃ ᠡᠷᠡᠭᠦᠯᠵᠢᠬᠦᠯᠬᠦ ᠶᠡᠭᠡ ᠡᠮᠴᠢ᠂ ᠡᠷᠡᠬᠦᠯᠵᠢᠬᠦᠯᠬᠦ | ᠡᠮᠴᠢᠯᠡᠭᠴᠢ᠂ ᠡᠷᠡᠭᠦᠯᠵᠢᠬᠦᠯᠬᠦ ᠰᠤᠪᠢᠯᠬᠠᠴᠢ ᠵᠡᠷᠬᠡ ᠠᠵᠢᠯ ᠡᠷᠬᠢᠯᠡᠭᠰᠡᠳ ᠲᠤ ᠵᠢᠷᠤᠮᠵᠢᠨᠨᠰᠠᠨ ᠪᠤᠯᠪᠠᠰᠤᠷᠠᠭᠤᠯᠤᠯ ᠤᠨ | ᠲᠦᠷᠢᠮ ᠢ ᠬᠡᠷᠡᠭᠵᠢᠭᠦᠯᠵᠦ᠂ ᠤᠯᠠᠨ ᠠᠷᠭ᠎ᠠ ᠵᠠᠮ᠂ ᠤᠯᠠᠨ ᠡᠰᠢᠵᠢᠬᠦᠯᠵᠦ ᠪᠠᠶᠢᠭᠠᠳ ᠡᠯ᠎ᠡ ᠲᠡᠰ ᠤᠨ ᠡᠯ᠎ᠡ | ᠲᠦᠷᠦᠯ ᠤᠨ ᠮᠡᠷᠬᠡᠵᠢᠯ ᠴᠢᠳᠠᠪᠤᠷᠢ ᠶᠢᠨ ᠪᠤᠯᠪᠠᠰᠤᠷᠠᠭᠤᠯᠤᠯ ᠦᠷᠨᠢᠭᠦᠯᠭᠦ ᠶᠢ ᠵᠤᠷᠢᠨᠨᠵᠢᠭᠤᠯᠤᠨ᠎ᠠ᠃ ᠰᠤᠷᠭᠠᠭᠤᠯᠢ ᠪᠠ | ᠠᠵᠦ ᠠᠬᠤᠶᠢᠯᠠᠯ ᠬᠠᠮᠳᠤᠷᠠᠯᠴᠠᠨ ᠰᠤᠷᠭᠠᠭᠤᠯᠢ ᠡᠷᠬᠢᠯᠡᠬᠦ ᠶᠢ ᠠᠬᠢᠭᠤᠯᠵᠦ᠂ ᠮᠤᠩᠭᠤᠯ ᠡᠮᠨᠡᠯᠬᠡ ᠬᠢᠳᠡᠳ | ᠡᠮᠨᠡᠯᠬᠡ ᠶᠢᠨ ᠡᠮᠴᠢᠯᠡᠬᠡᠨ ᠳᠤ ᠲᠤᠳ᠋ᠬᠠᠳᠠᠵᠦ ᠪᠠᠶᠢᠭ᠎ᠠ ᠴᠢᠳᠠᠪᠤᠷᠢᠳᠠᠨ ᠪᠠ ᠮᠤᠩᠭᠤᠯ ᠡᠮᠴᠢᠯᠡᠭᠡ ᠬᠢᠳᠡᠳ | ᠡᠮᠴᠢᠯᠡᠭᠡ ᠶᠢᠨ ᠪᠡᠶ᠎ᠡ ᠰᠤᠪᠢᠯᠠᠯᠳᠠ ᠡᠷᠡᠭᠦᠯᠵᠢᠯ ᠵᠡᠷᠬᠡ ᠮᠤᠩᠭᠤᠯ ᠡᠮ ᠡᠮᠨᠡᠯᠬᠡ ᠬᠢᠳᠡᠳ ᠡᠮ ᠡᠮᠨᠡᠯᠬᠡ ᠶᠢᠨ ᠮᠡᠷᠬᠡᠵᠢᠯ | ᠴᠢᠳᠠᠪᠤᠷᠢᠳᠠᠢ ᠴᠢᠳᠠᠪᠤᠷᠢᠳᠠᠨ ᠢ ᠭᠦᠴᠦᠯᠡᠨ ᠭᠦᠮᠦᠵᠢᠭᠦᠯᠦᠨ᠎ᠠ᠃ ᠮᠤᠩᠭᠤᠯ ᠡᠮ ᠡᠮᠨᠡᠯᠬᠡ ᠬᠢᠳᠡᠳ ᠡᠮ ᠡᠮᠨᠡᠯᠬᠡ ᠶᠢᠨ | ᠮᠡᠳᠡᠯᠬᠡ ᠪᠠ ᠮᠡᠷᠬᠡᠵᠢᠯ ᠴᠢᠳᠠᠪᠤᠷᠢ ᠲᠠᠢ ᠡᠷᠡᠬᠦᠯ ᠮᠡᠨᠳᠤ ᠶᠢᠨ ᠦᠢᠯᠡᠴᠢᠯᠡᠭᠡ ᠶᠢᠨ ᠠᠵᠢᠯ ᠡᠷᠬᠢᠯᠡᠭᠰᠡᠳ ᠢ | ᠵᠢᠷᠤᠮᠵᠢᠭᠤᠯᠬᠤ ᠶᠢᠨ ᠬᠠᠮᠳᠤ ᠲᠦᠷᠬᠡᠳᠬᠡᠨ ᠭᠦᠮᠦᠵᠢᠭᠦᠯᠵᠦ᠂ ᠮᠤᠩᠭᠤᠯ ᠡᠮ ᠡᠮᠨᠡᠯᠬᠡ ᠬᠢᠳᠡᠳ ᠡᠮ ᠡᠮᠨᠡᠯᠬᠡ ᠶᠢᠨ | ᠡᠷᠡᠬᠦᠯ ᠡᠩᠬᠡᠳᠤ ᠵᠢᠭᠤᠯᠴᠢᠯᠠᠯ᠂ ᠮᠤᠩᠭᠤᠯ ᠡᠮ ᠡᠮᠨᠡᠯᠬᠡ ᠬᠢᠳᠡᠳ ᠡᠮ ᠡᠮᠨᠡᠯᠬᠡ ᠶᠢᠨ ᠰᠢᠨᠵᠢᠯᠡᠬᠦ ᠤᠬᠠᠭᠠᠨ ᠢ | ᠲᠦᠬᠡᠮᠡᠯᠵᠢᠭᠦᠯᠭᠦ ᠤᠬᠠᠭᠤᠯᠭ᠎ᠠ᠂ ᠮᠤᠩᠭᠤᠯ ᠡᠮ ᠡᠮᠨᠡᠯᠬᠡ ᠬᠢᠳᠡᠳ ᠡᠮ ᠡᠮᠨᠡᠯᠬᠡ ᠶᠢᠨ ᠦᠢᠯᠡᠴᠢᠯᠡᠬᠡᠨ ᠤ ᠠᠷᠠᠯᠵᠢᠶ᠎ᠠ | ᠬᠤᠳᠠᠯᠳᠤᠭ᠎ᠠ ᠶᠢᠨ ᠬᠠᠮ ᠬᠡᠯᠪᠡᠷᠢ ᠶᠢᠨ ᠴᠢᠳᠠᠪᠤᠷᠢᠳᠠᠨ ᠢ ᠰᠦᠪᠡᠭᠴᠢᠯᠡᠨ ᠭᠦᠮᠦᠵᠢᠬᠦᠯᠵᠦ᠂ ᠮᠤᠩᠭᠤᠯ ᠡᠮ ᠡᠮᠨᠡᠯᠬᠡ | ᠬᠢᠳᠡᠳ ᠡᠮ ᠡᠮᠨᠡᠯᠬᠡ ᠶᠢᠨ ᠡᠷᠡᠬᠦᠯ ᠮᠡᠨᠳᠤ ᠶᠢᠨ ᠦᠢᠯᠡᠴᠢᠯᠡᠭᠡ ᠶᠢ ᠭᠦᠭᠵᠢᠭᠦᠯᠭᠦ ᠪᠠ ᠠᠵᠢᠯ ᠤᠯᠵᠦ ᠦᠢᠯᠡᠰ | ᠴᠤᠨᠨᠴᠠᠯᠠᠬᠤ ᠬᠠᠮᠢᠶ᠎ᠠ ᠪᠦᠭᠦᠢ ᠲᠡᠳᠬᠦᠨ ᠲᠡᠮᠵᠢᠬᠦ ᠲᠦᠷᠦ ᠶᠢᠨ ᠪᠤᠳᠤᠯᠭ᠎ᠠ ᠶᠢ ᠨᠢᠨᠨᠳᠠ ᠵᠠᠯᠭᠠᠭᠤᠯᠬᠤ ᠶᠢ | ᠠᠬᠢᠭᠤᠯᠤᠨ᠎ᠠ᠃ | ︵ᠭᠤᠷᠪᠠ︶ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠨ᠎ᠠ᠃ ᠶᠠᠷᠢᠶ᠎ᠠ ᠬᠡᠯᠡᠯᠴᠡᠬᠡᠨ ᠢᠶᠠᠷ | ᠭᠦᠳᠦᠯᠦᠨ ᠵᠢᠯᠤᠭᠤᠳᠬᠤ ᠶᠢ ᠴᠢᠩᠭᠠᠳᠬᠠᠵᠦ᠂ ᠨᠡᠶᠢᠬᠡᠮ ᠨᠡᠶᠢᠳᠡ ᠪᠠᠷ ᠢᠶᠠᠨ ᠮᠤᠩᠭᠤᠯ ᠡᠮ ᠡᠮᠨᠡᠯᠬᠡ ᠬᠢᠳᠡᠳ ᠡᠮ | ᠡᠮᠨᠡᠯᠬᠡ ᠶᠢᠨ ᠤᠯᠠᠮᠵᠢᠯᠠᠯᠳᠤ ᠮᠡᠳᠡᠯᠬᠡ ᠶᠢ ᠭᠦᠨᠳᠦᠳᠬᠡᠬᠦ ᠪᠠ ᠬᠠᠮᠠᠭᠠᠯᠠᠬᠤ᠂ ᠡᠷᠡᠬᠦᠯ ᠮᠡᠨᠳᠤ ᠶᠢ ᠴᠢᠬᠤᠯᠠᠴᠢᠯᠠᠬᠤ ᠪᠠ | ᠠᠬᠢᠭᠤᠯᠬᠤ ᠨᠡᠶᠢᠬᠡᠮ ᠤᠨ ᠬᠡᠪ ᠰᠤᠷᠳᠠᠯ ᠢ ᠪᠤᠢ ᠪᠤᠯᠭᠠᠨ᠎ᠠ᠃ ᠷᠠᠳᠢᠤ᠋᠂ ᠲᠧᠯᠸᠢᠰ᠂ ᠰᠤᠨᠢᠨ ᠰᠡᠳᠬᠦᠯ᠂ ᠰᠦᠯᠵᠢᠶ᠎ᠡ | ᠵᠡᠷᠬᠡ ᠵᠠᠭᠤᠴᠢᠯᠠᠭᠤᠷ ᠤᠨ ᠫᠷᠤᠭ᠍ᠷᠠᠮ᠂ ᠪᠤᠯᠤᠩ ᠪᠠ ᠬᠡᠪᠯᠡᠯ ᠤᠨ ᠨᠢᠭᠤᠷ ᠨᠡᠬᠡᠬᠡᠨ ᠡᠷᠬᠢᠯᠡᠬᠦ ᠪᠠᠷ ᠲᠠᠮᠵᠢᠭᠤᠯᠤᠨ᠂ | ᠮᠤᠩᠭᠤᠯ ᠡᠮ ᠡᠮᠨᠡᠯᠬᠡ ᠬᠢᠳᠡᠳ ᠡᠮ ᠡᠮᠨᠡᠯᠬᠡ ᠶᠢᠨ ᠰᠤᠶᠤᠯ ᠤᠨ ᠤᠬᠠᠭᠤᠯᠭ᠎ᠠ ᠪᠠ ᠡᠮᠴᠢᠯᠡᠬᠡᠨ ᠤ ᠮᠡᠳᠡᠯᠬᠡ ᠶᠢ | ᠲᠦᠬᠡᠮᠡᠯᠵᠢᠬᠦᠯᠬᠦ ᠠᠵᠢᠯᠯᠠᠭ᠎ᠠ ᠦᠷᠨᠢᠭᠦᠯᠭᠦ ᠶᠢ ᠲᠡᠮᠵᠢᠵᠦ᠂ ᠤᠬᠢ ᠡᠷᠳᠡᠮ ᠢᠶᠠᠷ ᠤᠨᠤᠰᠢᠯᠠᠵᠦ ᠦᠨᠡᠨᠴᠢ | ᠰᠡᠳᠬᠢᠯ ᠢᠶᠠᠷ ᠡᠮᠨᠡᠬᠦ ᠤᠨᠤᠯᠵᠢᠬᠤᠨ ᠢ ᠰᠤᠷᠳᠠᠯᠴᠢᠯᠠᠨ ᠪᠠᠳᠠᠷᠠᠭᠤᠯᠤᠨ᠎ᠠ᠃ ᠬᠠᠤᠯᠢ ᠪᠤᠰᠤ ᠪᠠᠷ ᠡᠮᠴᠢᠯᠡᠬᠦ ᠪᠠ | ᠮᠤᠩᠭᠤᠯ ᠡᠮ ᠬᠢᠳᠡᠳ ᠡᠮ᠂ ᠡᠷᠡᠭᠦᠯᠵᠢᠯ ᠤᠨ ᠵᠦᠢᠯᠡᠰ ᠪᠠ ᠡᠷᠡᠭᠦᠯᠵᠢᠯ ᠤᠨ ᠢᠳᠡᠬᠡᠨ ᠤ ᠵᠦᠢᠯ᠂ ᠡᠮᠴᠢᠯᠡᠬᠡᠨ ᠤ | ᠪᠠᠶᠢᠭᠤᠯᠤᠮᠵᠢ ᠵᠡᠷᠬᠡ ᠶᠢ ᠬᠤᠳᠠᠯ ᠬᠠᠭᠤᠷᠮᠠᠭ ᠢᠶᠠᠷ ᠤᠬᠠᠭᠤᠯᠤᠨᠨᠰᠠᠨ ᠬᠠᠤᠯᠢ ᠲᠤᠨᠨᠳᠠᠭᠠᠯ ᠠᠴᠠ ᠵᠦᠷᠢᠴᠡᠭᠰᠡᠨ | ᠦᠢᠯᠡ ᠠᠵᠢᠯᠯᠠᠭ᠎ᠠ ᠳᠤ ᠬᠠᠤᠯᠢ ᠶᠤᠰᠤᠭᠠᠷ ᠴᠢᠩᠭ᠎ᠠ ᠴᠤᠬᠢᠯᠳᠠ ᠦᠭᠭᠦᠨ᠎ᠠ᠃ | ︵ᠲᠦᠷᠪᠡ︶ ᠬᠢᠨᠠᠨ ᠰᠢᠨᠵᠢᠵᠦ ᠦᠨᠡᠯᠡᠬᠦ ᠲᠤᠨᠨᠳᠠᠴᠠ ᠶᠢ ᠪᠠᠶᠢᠭᠤᠯᠤᠨ ᠪᠦᠷᠢᠨᠰᠢᠭᠦᠯᠦᠨ᠎ᠠ᠃ ᠮᠤᠩᠭᠤᠯ ᠡᠮ | ᠡᠮᠨᠡᠯᠬᠡ ᠬᠢᠳᠡᠳ ᠡᠮ ᠡᠮᠨᠡᠯᠬᠡ ᠶᠢᠨ ᠡᠷᠡᠬᠦᠯ ᠮᠡᠨᠳᠤ ᠶᠢᠨ ᠦᠢᠯᠡᠴᠢᠯᠡᠭᠡ ᠶᠢᠨ ᠦᠢᠯᠡᠰ ᠤᠨ ᠭᠦᠭᠵᠢᠯᠳᠡ ᠶᠢᠨ ᠬᠢᠨᠠᠨ | ᠰᠢᠨᠵᠢᠯᠳᠠ ᠶᠢ ᠴᠢᠩᠭᠠᠳᠬᠠᠵᠦ᠂ ᠠᠵᠦ ᠦᠢᠯᠡᠰ ᠤᠨ ᠭᠦᠭᠵᠢᠯᠳᠡ ᠶᠢᠨ ᠭᠦᠳᠡᠯᠦᠯ ᠪᠠᠶᠢᠳᠠᠯ ᠪᠠ ᠬᠠᠨᠳᠤᠰᠢ ᠶᠢ | ᠡᠵᠡᠮᠰᠢᠨ᠂ ᠠᠵᠦ ᠦᠢᠯᠡᠰ ᠤᠨ ᠭᠦᠭᠵᠢᠯᠳᠡ ᠶᠢᠨ ᠲᠦᠷᠦ ᠶᠢᠨ ᠪᠤᠳᠤᠯᠭ᠎ᠠ ᠶᠢᠨ ᠰᠤᠳᠤᠯᠭᠠᠨ ᠢ ᠦᠷᠨᠢᠭᠦᠯᠵᠦ᠂ | ᠠᠵᠦ ᠦᠢᠯᠡᠰ ᠤᠨ ᠭᠦᠭᠵᠢᠯᠳᠡ ᠶᠢᠨ ᠪᠠᠶᠢᠳᠠᠯ ᠢ ᠲᠤᠨᠨᠳᠠᠮᠠᠯ ᠬᠤᠭᠤᠴᠠᠭ᠎ᠠ ᠲᠠᠢ ᠪᠠᠷ ᠲᠡᠬᠡᠭᠰᠢ ᠮᠡᠳᠡᠬᠦᠯᠬᠦ ᠬᠡᠷᠡᠭᠳᠡᠢ᠃ | ᠮᠤᠩᠭᠤᠯ ᠡᠮ ᠡᠮᠨᠡᠯᠬᠡ ᠬᠢᠳᠡᠳ ᠡᠮ ᠡᠮᠨᠡᠯᠬᠡ ᠶᠢᠨ ᠡᠷᠡᠬᠦᠯ ᠮᠡᠨᠳᠤ ᠶᠢᠨ ᠦᠢᠯᠡᠴᠢᠯᠡᠭᠡ ᠶᠢᠨ ᠭᠦᠭᠵᠢᠯᠳᠡ ᠶᠢᠨ | ᠦᠨᠡᠯᠡᠬᠦ ᠰᠢᠰᠲ᠋ᠧᠮᠵᠢ ᠶᠢ ᠰᠦᠪᠡᠭᠴᠢᠯᠡᠨ ᠪᠠᠶᠢᠭᠤᠯᠵᠦ᠂ ᠮᠤᠩᠭᠤᠯ ᠡᠮ ᠡᠮᠨᠡᠯᠬᠡ ᠬᠢᠳᠡᠳ ᠡᠮ ᠡᠮᠨᠡᠯᠬᠡ ᠶᠢᠨ ᠡᠷᠡᠬᠦᠯ | ᠮᠡᠨᠳᠤ ᠶᠢᠨ ᠦᠢᠯᠡᠴᠢᠯᠡᠭᠡ ᠶᠢᠨ ᠭᠦᠭᠵᠢᠯᠳᠡ ᠶᠢᠨ ᠬᠢᠷᠢ ᠬᠡᠮᠵᠢᠶ᠎ᠡ ᠶᠢ ᠪᠦᠭᠦ ᠲᠠᠯ᠎ᠠ ᠪᠠᠷ ᠰᠢᠨᠵᠢᠯᠡᠬᠦ ᠤᠬᠠᠭᠠᠨᠴᠢ ᠪᠠᠷ | ᠦᠨᠡᠯᠠᠬᠦ ᠬᠡᠷᠡᠭᠳᠡᠢ᠃ | | |