ᠦᠪᠦᠷ ᠮᠤᠩᠭᠤᠯ ᠠᠷᠠᠳ ᠤᠨ ᠠᠮᠢᠳᠤᠷᠠᠯ ᠤᠨ ᠬᠦᠷᠢᠶ᠎ᠠ ᠴᠠᠷᠠᠭ᠎ᠠ ᠳᠠᠬᠢ ᠭᠤᠤᠯᠳᠠᠯᠭ᠎ᠠ ᠲᠠᠢ ᠠᠵᠢᠯ ᠢ ᠴᠢᠩᠭᠠᠳᠬᠠᠪᠠ
ᠨᠡᠶᠢᠲᠡᠯᠡᠭᠰᠡᠨ ᠴᠠᠭ᠄
2017/2/23
     2 ᠳ᠋ᠤᠭᠠᠷ ᠰᠠᠷ᠎ᠠ ᠶᠢᠨ 22᠎ ᠤᠨ ᠡᠳᠦᠷ ᠤᠨ ᠦᠳᠡ ᠶᠢᠨ ᠡᠮᠤᠨ᠎ᠠ᠂ 2017 ᠤᠨ ᠤ ᠦᠪᠡᠷᠳᠡᠭᠡᠨ ᠵᠠᠰᠠᠬᠤ ᠤᠷᠤᠨ ᠤ ᠠᠷᠠᠳ ᠤᠨ ᠠᠮᠢᠳᠤᠷᠠᠯ ᠤᠨ ᠬᠦᠷᠢᠶ᠎ᠠ ᠴᠠᠷᠠᠭ᠎ᠠ ᠳᠠᠬᠢ ᠭᠤᠤᠯᠳᠠᠯᠭ᠎ᠠ ᠲᠠᠢ ᠠᠵᠢᠯ ᠤᠨ ᠳᠤᠬᠠᠢ ᠰᠤᠨᠢᠨ ᠮᠡᠳᠡᠭᠡ ᠨᠡᠶᠢᠲᠡᠯᠡᠬᠦ ᠬᠤᠷᠠᠯ ᠬᠢᠵᠤ᠂ ᠠᠷᠠᠳ ᠤᠨ ᠠᠮᠢᠳᠤᠷᠠᠯ ᠲᠠᠢ ᠨᠢᠭᠳᠠ ᠬᠤᠯᠪᠤᠭᠳᠠᠵᠤ ᠪᠦᠬᠦᠢ ᠤᠯᠠᠨ ᠲᠦᠮᠡᠨ ᠤ ᠬᠠᠯᠠᠮᠵᠢᠯᠠᠵᠤ ᠪᠠᠶᠢᠭ᠎ᠠ 7 ᠳᠠᠯ᠎ᠠ ᠶᠢᠨ ᠭᠤᠤᠯᠳᠠᠯᠭ᠎ᠠ ᠲᠠᠢ ᠠᠵᠢᠯ ᠤᠨ ᠳᠤᠬᠠᠢ ᠰᠤᠨᠢᠨ ᠮᠡᠳᠡᠭᠡ ᠨᠡᠶᠢᠲᠡᠯᠡᠭᠰᠡᠨ ᠤ ᠬᠠᠮᠳᠤ ᠬᠠᠮᠢᠶ᠎ᠠ ᠪᠦᠬᠦᠢ ᠬᠠᠷᠢᠭᠤᠴᠠᠯᠭᠠᠳᠠᠨ ᠠᠴᠠ ᠰᠤᠷᠪᠤᠯᠵᠢᠯᠠᠭᠴᠢ ᠶᠢᠨ ᠠᠰᠠᠭᠤᠯᠳᠠ ᠳᠤ ᠬᠠᠷᠢᠭᠤᠯᠳᠠ ᠬᠢᠪᠡ᠃      2017 ᠤᠨ ᠤ ᠦᠪᠡᠷᠳᠡᠭᠡᠨ ᠵᠠᠰᠬᠠᠤ ᠤᠷᠤᠨ ᠤ ᠠᠷᠠᠳ ᠤᠨ ᠠᠮᠢᠳᠤᠷᠠᠯ ᠤᠨ ᠬᠦᠷᠢᠶ᠎ᠠ ᠴᠠᠷᠠᠭ᠎ᠠ ᠳᠠᠬᠢ ᠭᠤᠤᠯᠳᠠᠯᠭ᠎ᠠ ᠲᠠᠢ 7 ᠳᠠᠯ᠎ᠠ ᠶᠢᠨ ᠠᠵᠢᠯ ᠪᠤᠯ᠄      — ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠳᠠᠶᠢᠯᠠᠯᠳᠤᠭᠠᠨ ᠢ ᠰᠠᠶᠢᠲᠤᠷ ᠬᠢᠨ᠎ᠠ᠃ ᠡᠨᠡ ᠵᠢᠯ ᠮᠠᠨ ᠤ ᠤᠷᠤᠨ ︽ᠭᠤᠷᠪᠠ ᠶᠢ ᠬᠦᠳᠡᠭᠡ ᠳᠤᠰᠬᠤᠨ ᠳᠤ ᠬᠦᠷᠭᠡᠭᠦ ᠭᠤᠷᠪᠠ ᠶᠢ ᠡᠷᠦᠬᠡ ᠳᠤ ᠤᠷᠤᠭᠤᠯᠬᠤ︾᠂ ᠤᠨᠳᠤᠤ ᠭᠠᠵᠠᠷ ᠲᠤ ᠨᠡᠭᠦᠯᠭᠡᠨ ᠰᠢᠯᠵᠢᠭᠦᠯᠵᠤ ᠶᠠᠳᠠᠭᠤ ᠠᠴᠠ ᠠᠩᠬᠢᠵᠢᠷᠠᠭᠤᠯᠬᠤ᠂ ᠠᠵᠤ ᠦᠢᠯᠡᠰ ᠢᠶᠠᠷ ᠶᠠᠳᠠᠭᠤ ᠶᠢ ᠳᠡᠳᠭᠦᠵᠤ ᠨᠡᠭᠡᠭᠡᠨ ᠬᠦᠭᠵᠢᠭᠦᠯᠬᠦ᠂ ᠬᠦᠳᠡᠯᠮᠦᠷᠢ ᠬᠦᠴᠦ ᠶᠢ ᠭᠠᠳᠠᠭᠰᠢ ᠭᠠᠷᠭᠠᠨ ᠶᠠᠳᠠᠭᠤ ᠶᠢ ᠳᠡᠳᠭᠦᠵᠤ ᠨᠡᠭᠡᠭᠡᠨ ᠬᠦᠭᠵᠢᠭᠦᠯᠬᠦ᠂ ᠮᠦᠩᠭᠦᠨ ᠬᠦᠢᠯᠭᠡᠭᠡᠨ ᠢᠶᠠᠷ ᠶᠠᠳᠠᠭᠤ ᠶᠢ ᠳᠡᠳᠭᠦᠵᠤ ᠨᠡᠭᠡᠭᠡᠨ ᠬᠦᠭᠵᠢᠭᠦᠯᠬᠦ᠂ ᠰᠠᠭᠤᠷᠢ ᠪᠦᠳᠦᠭᠡᠨ ᠪᠠᠶᠢᠭᠤᠯᠤᠯᠲᠠ ᠪᠠᠷ ᠶᠠᠳᠠᠭᠤ ᠶᠢ ᠳᠡᠳᠭᠦᠵᠤ ᠨᠡᠭᠡᠭᠡᠨ ᠬᠦᠭᠵᠢᠭᠦᠯᠬᠦ᠂ ᠠᠮᠢ ᠠᠬᠤᠢ ᠶᠢᠨ ᠪᠦᠳᠦᠭᠡᠨ ᠪᠠᠶᠢᠭᠤᠯᠤᠯᠲᠠ ᠪᠠᠷ ᠶᠠᠳᠠᠭᠤ ᠶᠢ ᠳᠡᠳᠭᠦᠵᠤ ᠨᠡᠭᠡᠭᠡᠨ ᠬᠦᠭᠵᠢᠭᠦᠯᠬᠦ᠂ ᠰᠤᠷᠭᠠᠨ ᠬᠦᠮᠦᠵᠢᠯ ᠢᠶᠠᠷ ᠶᠠᠳᠠᠭᠤ ᠶᠢ ᠳᠡᠳᠭᠦᠵᠤ ᠨᠡᠭᠡᠭᠡᠨ ᠬᠦᠭᠵᠢᠭᠦᠯᠬᠦ᠂ ᠡᠷᠡᠭᠦᠯ ᠡᠩᠭᠡ ᠪᠠᠷ ᠶᠠᠳᠠᠭᠤ ᠶᠢ ᠳᠡᠳᠭᠦᠵᠤ ᠨᠡᠭᠡᠭᠡᠨ ᠬᠦᠭᠵᠢᠭᠦᠯᠬᠦ᠂ ᠨᠡᠶᠢᠭᠡᠮ ᠤᠨ ᠪᠠᠳᠤᠯᠠᠪᠤᠷᠢ ᠶᠢᠨ ᠬᠤᠷᠢᠭ᠎ᠠ ᠱᠤᠭᠤᠮ ᠵᠡᠷᠭᠡ ︽ᠠᠷᠪᠠᠨ ᠶᠡᠭᠡ ᠭᠤᠤᠯᠳᠠᠯᠭ᠎ᠠ ᠲᠠᠢ ᠢᠨᠵᠧᠨᠧᠷᠢᠩ︾᠎ ᠢ ᠬᠦᠴᠦᠯᠡᠨ ᠠᠬᠢᠭᠤᠯᠵᠤ᠂ 20 ᠲᠦᠮᠡᠨ ᠶᠠᠳᠠᠭᠤ ᠬᠦᠴᠢᠷᠳᠠᠯᠳᠠᠢ ᠬᠦᠮᠦᠨ ᠠᠮᠠ ᠶᠢ ᠶᠠᠳᠠᠭᠤ ᠠᠴᠠ ᠠᠩᠬᠢᠵᠢᠷᠠᠭᠤᠯᠵᠤ᠂ ᠦᠪᠡᠷᠳᠡᠭᠡᠨ ᠵᠠᠰᠠᠬᠤ ᠤᠷᠤᠨ ᠤ ᠤᠷᠤᠨ ᠤ ᠳᠡᠰ ᠤᠨ ᠬᠤᠰᠢᠭᠤ ᠰᠢᠶᠠᠨ ᠪᠠ ᠤᠯᠤᠰ ᠤᠨ ᠳᠡᠰ ᠤᠨ 3 ᠬᠤᠰᠢᠭᠤ ᠰᠢᠶᠠᠨ ᠤ ︽ᠶᠠᠳᠠᠭᠤ ᠶᠢᠨ ᠮᠠᠯᠠᠭᠠᠢ︾᠎ ᠶᠢ ᠠᠪᠴᠦ ᠬᠠᠶᠠᠨ᠎ᠠ᠃ ᠦᠪᠡᠷᠳᠡᠭᠡᠨ ᠵᠠᠰᠠᠬᠤ ᠤᠷᠤᠨ ᠳᠤᠰ ᠱᠠᠳᠤᠨ ᠤ ᠡᠳ᠋ ᠤᠨ ᠵᠠᠰᠠᠭ ᠠᠴᠠ ᠨᠢᠳᠤᠨᠤᠨ ᠵᠢᠯ ᠤᠨ ᠪᠡᠯᠡ ᠤᠷᠤᠭᠤᠯᠤᠭᠰᠠᠨ 38.38 ᠳ᠋ᠦᠩᠰᠢᠭᠤᠷ ᠲᠦᠭᠦᠷᠢᠭ ᠤᠨ ᠰᠠᠭᠤᠷᠢᠨ ᠲᠡᠭᠡᠷ᠎ᠡ 8 ᠳ᠋ᠦᠩᠰᠢᠭᠤᠷ ᠲᠦᠭᠦᠷᠢᠭ ᠨᠡᠮᠡᠭᠳᠡᠭᠦᠯᠵᠤ᠂ ᠲᠦᠪ ᠤᠨ ᠤᠷᠤᠨ ᠨᠤᠳᠤᠭ ᠤᠨ ᠵᠢᠭᠡᠯᠡᠯᠭᠡ ᠶᠢᠨ ᠳᠡᠮᠳᠡᠭᠳᠤ ᠶᠢ 12 ᠳ᠋ᠦᠩᠰᠢᠭᠤᠷ ᠴᠢᠷᠮᠠᠶᠢᠨ ᠤᠯᠵᠤ᠂ ᠮᠦᠩᠭᠦᠨ ᠬᠦᠢᠯᠭᠡᠭᠡᠨ ᠤ ᠪᠠᠶᠢᠭᠤᠯᠤᠮᠵᠢ ᠶᠢ ᠵᠤᠬᠢᠴᠠᠭᠤᠯᠵᠤ ᠪᠠᠶᠢᠭᠠᠳ 150 ᠳ᠋ᠦᠩᠰᠢᠭᠤᠷ ᠲᠦᠭᠦᠷᠢᠭ ᠠᠴᠠ ᠳᠡᠭᠡᠭᠰᠢ ᠵᠢᠭᠡᠯᠡᠯᠭᠡ ᠶᠢ ᠰᠢᠨ᠎ᠠ ᠪᠠᠷ ᠨᠡᠮᠡᠭᠳᠡᠭᠦᠯᠦᠨ᠎ᠠ᠃      — ᠠᠷᠭ᠎ᠠ ᠪᠦᠬᠦᠨ ᠢ ᠰᠦᠪᠡᠭᠴᠢᠯᠡᠨ ᠠᠵᠢᠯ ᠤᠯᠭᠤᠬᠤ ᠪᠠ ᠦᠢᠯᠡᠰ ᠪᠤᠰᠬᠠᠬᠤ ᠶᠢ ᠠᠬᠢᠭᠤᠯᠤᠨ᠎ᠠ᠃ ᠠᠵᠢᠯ ᠤᠯᠭᠤᠯᠳᠠ ᠪᠤᠯ ᠠᠷᠠᠳ ᠤᠨ ᠠᠮᠢᠳᠤᠷᠠᠯ ᠤᠨ ᠦᠨᠳᠦᠰᠦ ᠪᠤᠯᠤᠨ᠎ᠠ᠂ ᠡᠨᠡ ᠵᠢᠯ ᠤᠨ ᠬᠠᠷᠠᠯᠳᠠ ᠳᠤ ᠬᠤᠳᠠ ᠪᠠᠯᠭᠠᠰᠤᠨ ᠤ 25 ᠲᠦᠮᠡᠨ ᠬᠦᠮᠦᠨ ᠳᠤ ᠰᠢᠨ᠎ᠠ ᠪᠠᠷ ᠠᠵᠢᠯ ᠤᠯᠭᠤᠵᠤ᠂ ᠠᠵᠢᠯ ᠠᠯᠳᠠᠭᠰᠠᠳ ᠤᠨ ᠳᠠᠩᠰᠠᠯᠠᠭᠤᠯᠤᠬᠰᠠᠨ ᠨᠤᠷᠮ᠎ᠠ ᠶᠢ 4%᠎ ᠶᠢᠨ ᠳᠤᠳᠤᠷ᠎ᠠ ᠬᠢᠵᠠᠭᠠᠷᠯᠠᠨ᠎ᠠ᠃ ᠪᠤᠯᠪᠠᠰᠤᠷᠠᠭᠤᠯᠤᠨ ᠬᠦᠮᠦᠵᠢᠭᠦᠯᠵᠤ ᠠᠵᠢᠯ ᠤᠯᠬᠤ ᠴᠢᠳᠠᠪᠤᠷᠢ ᠶᠢ ᠳᠡᠭᠡᠭᠰᠢᠯᠡᠭᠦᠯᠵᠤ᠂ ᠡᠨᠡ ᠵᠢᠯ ᠳᠤ ᠬᠤᠳᠠ ᠬᠦᠳᠡᠭᠡ ᠶᠢᠨ 26 ᠲᠦᠮᠡ ᠠᠴᠠ ᠳᠡᠭᠡᠭᠰᠢᠬᠢ ᠬᠦᠳᠡᠯᠮᠦᠷᠢᠴᠢᠨ ᠢ ᠬᠦᠮᠦᠵᠢᠭᠦᠯᠦᠨ᠎ᠠ᠃ ︽ᠬᠤᠤᠰ ᠡᠭᠦᠳᠦᠯᠳᠡ︾᠎ ᠶᠢᠨ ᠴᠢᠳᠠᠪᠤᠷᠢ᠂ ᠭᠤᠤᠯᠳᠠᠯᠭ᠎ᠠ ᠲᠠᠢ ᠤᠯᠠᠨ ᠲᠦᠮᠡᠨ ᠤ ᠠᠵᠢᠯ ᠤᠯᠭᠤᠬᠤ ᠴᠢᠳᠠᠪᠤᠷᠢ᠂ ᠨᠡᠭᠦᠯᠭᠡᠨ ᠰᠢᠯᠵᠢᠭᠦᠯᠵᠤ ᠠᠵᠢᠯ ᠤᠯᠭᠤᠬᠤ ᠴᠢᠳᠠᠪᠤᠷᠢ᠂ ᠶᠠᠳᠠᠭᠤ ᠠᠴᠠ ᠠᠩᠬᠢᠵᠢᠷᠠᠭᠤᠯᠵᠤ ᠠᠵᠢᠯ ᠤᠯᠭᠤᠬᠤ ᠴᠢᠳᠠᠪᠤᠷᠢ ᠶᠢ ᠳᠡᠭᠡᠭᠰᠢᠯᠡᠭᠦᠯᠤᠨ᠎ᠠ᠃ ᠡᠨᠡ ᠵᠢᠯ ᠤᠨ ᠰᠡᠭᠦᠯᠴᠢ ᠪᠤᠯᠳᠠᠯ᠎ᠠ 245 ᠲᠦᠮᠡᠨ ᠮᠠᠯᠴᠢᠨ ᠳᠠᠷᠢᠶᠠᠴᠢᠨ ᠢ ᠰᠢᠯᠵᠢᠭᠦᠯᠦᠨ ᠠᠵᠢᠯ ᠤᠯᠭᠤᠬᠤ ᠶᠢ ᠪᠡᠶᠡᠯᠡᠭᠦᠯᠵᠤ᠂ 8.6 ᠲᠦᠮᠡᠨ ᠳᠠᠩᠰᠠ ᠺᠠᠷᠲ ᠪᠠᠶᠢᠭᠤᠯᠤᠭᠰᠠᠨ ᠶᠠᠳᠠᠭᠤ ᠬᠦᠴᠢᠷᠳᠠᠯᠳᠠᠢ ᠬᠦᠳᠡᠯᠮᠦᠷᠢᠴᠢᠨ ᠳᠤ ᠠᠵᠢᠯ ᠤᠯᠭᠤᠬᠤ ᠶᠢ ᠪᠡᠶᠡᠯᠡᠭᠦᠯᠦᠨ᠎ᠠ      — ᠲᠦᠭᠦᠮ ᠪᠦᠳᠦᠴᠡᠳᠦ ᠤᠷᠤᠨ ᠰᠠᠭᠤᠴᠠ ᠶᠢᠨ ᠳᠤᠭᠤᠷᠢᠭ ᠢ ᠦᠭᠡᠷᠡᠴᠢᠯᠡᠨ ᠪᠠᠶᠢᠭᠤᠯᠬᠤ ᠬᠦᠴᠦᠯᠡᠴᠡ ᠪᠠᠨ ᠦᠷᠭᠡᠳᠭᠡᠨ᠎ᠠ᠃ ᠡᠨᠡ ᠵᠢᠯ ᠳᠤ ᠮᠠᠨ ᠤ ᠤᠷᠤᠨ ᠲᠦᠭᠦᠮ ᠪᠦᠳᠦᠴᠡᠳᠦ ᠤᠷᠤᠨ ᠰᠠᠭᠤᠴᠠ ᠶᠢᠨ ᠳᠤᠭᠤᠷᠢᠭ ᠢ ᠦᠭᠡᠷᠡᠴᠢᠯᠡᠨ ᠪᠠᠶᠢᠭᠤᠯᠬᠤ ᠶᠢ ᠴᠢᠬᠤᠯᠠ ᠶᠡᠭᠡ ᠠᠷᠠᠳ ᠤᠨ ᠠᠮᠢᠳᠤᠷᠠᠯ ᠤᠨ ᠢᠨᠵᠧᠨᠧᠷᠢᠩ ᠪᠤᠯᠭᠠᠨ ᠠᠳᠬᠤᠵᠤ᠂ 22 ᠲᠦᠮᠡᠨ ᠢᠵᠢ ᠲᠦᠭᠦᠮ ᠪᠦᠳᠦᠴᠡᠳᠦ ᠤᠷᠤᠨ ᠰᠠᠭᠤᠴᠠ ᠶᠢᠨ ᠳᠤᠭᠤᠷᠢᠭ ᠢ ᠦᠭᠡᠷᠡᠴᠢᠯᠡᠨ ᠪᠠᠶᠢᠭᠤᠯᠤᠨ᠎ᠠ᠃ ᠤᠳᠤᠬᠠᠨ ᠪᠤᠯᠳᠠᠯ᠎ᠠ 1.5 ᠲᠦᠮᠡᠨ ᠢᠵᠢ ᠨᠢ ᠪᠠᠷᠢᠯᠭ᠎ᠠ ᠡᠬᠢᠯᠡᠭᠦᠯᠦᠭᠰᠡᠨ ᠪᠠᠶᠢᠨ᠎ᠠ᠃ ᠡᠭᠦᠨ ᠤ ᠬᠠᠮᠳᠤ᠂ ᠬᠠᠩᠭᠠᠯᠭ᠎ᠠ ᠶᠢᠨ ᠳᠠᠯ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠡ ᠶᠢ ᠨᠠᠶᠢᠳᠠᠪᠤᠷᠢᠵᠢᠭᠤᠯᠬᠤ ᠶᠢᠨ ᠱᠠᠭᠠᠷᠳᠠᠯᠭ᠎ᠠ ᠲᠠᠢ ᠤᠶᠠᠯᠳᠤᠭᠤᠯᠵᠤ᠂ ︽ᠬᠦᠮᠦᠷᠭᠡᠯᠡᠯᠳᠡ ᠶᠢ ᠪᠠᠭᠠᠰᠬᠠᠬᠤ︾ ᠳᠠᠯ᠎ᠠ ᠪᠠᠷ ᠲᠦᠭᠦᠮ ᠪᠦᠳᠦᠴᠡᠳᠦ ᠤᠷᠤᠨ ᠰᠠᠭᠤᠴᠠ ᠶᠢᠨ ᠳᠤᠭᠤᠷᠢᠭ ᠤᠨ ᠦᠭᠡᠷᠡᠴᠢᠯᠡᠨ ᠪᠠᠶᠢᠭᠤᠯᠤᠯᠲᠠ ᠳᠠᠬᠢ ᠵᠤᠭᠤᠰᠴᠢᠯᠠᠨ ᠳᠤᠭᠢᠷᠠᠭᠤᠯᠬᠤ ᠡᠷᠴᠢᠮ ᠢᠶᠠᠨ ᠴᠢᠩᠭᠠᠷᠠᠭᠤᠯᠤᠨ᠎ᠠ᠃      — ᠶᠠᠳᠠᠭᠤ ᠬᠦᠴᠢᠷᠳᠠᠯᠳᠠᠢ ᠭᠡᠷ ᠪᠦᠯᠢ ᠶᠢ ᠰᠤᠷᠭᠠᠨ ᠬᠦᠮᠦᠵᠢᠯ ᠪᠠᠷ ᠳᠤᠰᠠᠯᠠᠬᠤ ᠠᠵᠢᠯᠯᠠᠭ᠎ᠠ ᠶᠢ ᠪᠦᠬᠦ ᠳᠠᠯ᠎ᠠ ᠪᠠᠷ ᠨᠠᠶᠢᠳᠠᠪᠤᠷᠢᠵᠢᠭᠤᠯᠤᠨ᠎ᠠ᠃ ᠶᠠᠳᠠᠭᠤ ᠬᠦᠴᠢᠷᠳᠠᠯᠳᠠᠢ ᠭᠡᠷ ᠪᠦᠯᠢ ᠶᠢᠨ ᠬᠡᠦᠬᠡᠳ ᠤᠨ ᠰᠤᠷᠭᠠᠭᠤᠯᠢ ᠳᠤ ᠤᠷᠤᠬᠤ ᠠᠰᠠᠭᠤᠳᠠᠯ ᠨᠡᠶᠢᠭᠡᠮ ᠤᠨ ᠠᠩᠬᠠᠷᠤᠯ ᠢ ᠶᠡᠬᠡᠪᠡᠷ ᠳᠠᠳᠠᠭᠰᠠᠭᠠᠷ ᠢᠷᠡᠪᠡ᠃ ᠡᠨᠡ ᠵᠢᠯ ᠮᠠᠨ ᠤ ᠤᠷᠤᠨ ︽ᠤᠨᠢᠨ ᠳᠡᠭᠡᠷ᠎ᠡ ᠨᠢ ᠳᠤᠰᠠᠯᠠᠬᠤ︾ ᠪᠠ ︽ᠳᠤᠰᠠᠯᠠᠬᠤ ᠪᠠᠷ ᠳᠠᠮᠵᠢᠨ ᠴᠢᠳᠠᠪᠤᠷᠢᠳᠠᠨ ᠬᠦᠮᠦᠵᠢᠬᠦᠯᠬᠦ︾᠎ ᠪᠠᠷ ᠭᠤᠤᠯᠳᠠᠯᠭ᠎ᠠ ᠪᠤᠯᠭᠠᠨ᠂ ᠭᠡᠷ ᠪᠦᠯᠢ ᠶᠢᠨ ᠠᠵᠤ ᠠᠬᠤᠢ ᠬᠦᠴᠢᠷᠳᠡᠯᠳᠠᠢ ᠰᠤᠷᠤᠭᠴᠢ ᠶᠢ ᠳᠤᠰᠠᠯᠠᠬᠤ ᠶᠢ ᠪᠦᠷᠬᠦᠬᠦᠯᠤᠨ᠎ᠠ᠃ ᠨᠠᠭᠠᠳᠤ ᠵᠠᠬ᠎ᠠ ᠶᠢᠨ ᠠᠮᠢᠳᠤᠷᠠᠯ ᠤᠨ  ᠪᠠᠲᠤᠯᠠᠭ᠎ᠠ ᠬᠦᠷᠳᠡᠵᠤ ᠪᠠᠶᠢᠭ᠎ᠠ ᠭᠡᠷ ᠪᠦᠯᠢ ᠶᠢᠨ ᠤᠶᠤᠳᠠᠨ ᠪᠠ ᠦᠨᠦᠴᠢᠨ ᠤᠶᠤᠳᠠᠨ ᠳᠤ 1 ᠲᠦᠮᠡᠨ ᠲᠦᠬᠦᠷᠢᠭ ᠤᠨ ᠨᠦᠬᠦᠪᠦᠷᠢ ᠤᠯᠭᠤᠬᠤ ᠲᠦᠷᠦ ᠶᠢᠨ ᠪᠤᠳᠤᠯᠭ᠎ᠠ ᠶᠢ ᠦᠷᠬᠦᠯᠵᠢᠯᠡᠨ ᠬᠡᠷᠡᠭᠵᠢᠬᠦᠯᠵᠤ᠂ ᠳᠠᠩᠰᠠ ᠺᠠᠷᠲ ᠪᠠᠶᠢᠭᠤᠯᠤᠭᠰᠠᠨ ᠶᠠᠳᠠᠭᠤ ᠬᠦᠴᠢᠷᠳᠠᠯᠳᠠᠢ ᠭᠡᠷ ᠪᠦᠯᠢ ᠶᠢᠨ ᠤᠶᠤᠳᠠᠨ ᠪᠤᠯᠭᠠᠨ ᠢ ᠳᠤᠰᠠᠯᠠᠬᠤ ᠶᠢ ᠪᠦᠷᠭᠦᠭᠦᠯᠦᠨ᠎ᠠ᠃ ᠢᠳᠡᠭᠡᠮᠵᠢᠳᠤ ᠵᠢᠭᠡᠯᠡᠯᠭᠡ ᠪᠠᠷ ᠰᠤᠷᠤᠯᠭ᠎ᠠ ᠶᠢ ᠳᠡᠳᠭᠦᠭᠦ ᠠᠵᠢᠯᠯᠠᠭ᠎ᠠ ᠶᠢ ᠰᠠᠶᠢᠲᠤᠷ ᠦᠷᠨᠢᠭᠦᠯᠵᠤ᠂ 10 ᠳ᠋ᠦᠩᠰᠢᠭᠤᠷ ᠲᠦᠭᠦᠷᠢᠭ ᠤᠨ ᠵᠢᠭᠡᠯᠡᠯᠭᠡ ᠳᠠᠯᠪᠢᠬᠤ ᠪᠠᠷ ᠲᠦᠯᠦᠪᠯᠡᠵᠤ᠂ 14 ᠲᠦᠮᠡᠨ ᠰᠤᠷᠤᠭᠴᠢ ᠶᠢ ᠳᠡᠳᠭᠦᠭᠦ ᠪᠤᠯᠤᠨ᠎ᠠ᠃      — ᠡᠷᠡᠭᠦᠯ ᠡᠩᠭᠡ ᠶᠢᠨ ᠦᠢᠯᠡᠴᠢᠯᠡᠭᠡᠨ ᠢ ᠶᠡᠭᠡᠪᠡᠷ ᠰᠢᠯᠢᠳᠡᠭᠵᠢᠭᠦᠯᠤᠨ᠎ᠠ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠦᠭᠡᠷᠡᠴᠢᠯᠡᠯᠳᠡ ᠶᠢ ᠦᠷᠭᠦᠯᠵᠢᠯᠡᠨ ᠬᠦᠨᠵᠡᠭᠡᠶᠢᠷᠡᠭᠦᠯᠦᠨ᠂ ᠡᠯ᠎ᠠ ᠱᠠᠳᠤᠨ ᠤ ᠡᠮ ᠡᠮᠨᠡᠯᠭᠡ ᠶᠢᠨ ᠦᠢᠯᠡᠴᠢᠯᠡᠭᠡᠨ ᠤ ᠴᠢᠳᠠᠪᠤᠷᠢ ᠶᠢ ᠪᠦᠬᠦ ᠳᠠᠯ᠎ᠠ ᠪᠠᠷ ᠳᠡᠭᠡᠭᠰᠢᠯᠡᠭᠦᠯᠵᠤ᠂ ᠶᠠᠳᠠᠭᠤ ᠬᠦᠴᠢᠷᠳᠠᠯᠳᠠᠢ ᠬᠡᠷ ᠪᠦᠯᠢ ᠶᠢᠨ ᠡᠪᠡᠳᠴᠢᠨ ᠦᠵᠡᠭᠦᠯᠬᠦ ᠳᠤ ᠬᠦᠴᠢᠷᠳᠠᠢ ᠪᠠᠶᠢᠬᠤ ᠠᠰᠠᠭᠤᠳᠠᠯ ᠢ ᠰᠢᠢᠳᠪᠦᠷᠢᠯᠡᠭᠦ ᠶᠢ ᠪᠠᠳᠤᠯᠠᠨ᠎ᠠ᠃      — ᠨᠡᠶᠢᠭᠡᠮ ᠤᠨ ᠪᠠᠲᠤᠯᠠᠭ᠎ᠠ ᠶᠢᠨ ᠠᠮᠤᠷ ᠲᠦᠪᠰᠢᠨ ᠤ ᠳᠤᠤᠷᠵᠢᠯ ᠢ ᠪᠠᠬᠢᠵᠢᠭᠦᠯᠦᠨ᠎ᠠ᠃ ᠨᠡᠶᠢᠭᠡᠮ ᠤᠨ ᠪᠠᠲᠤᠯᠠᠭ᠎ᠠ ᠪᠤᠯ ᠠᠷᠠᠳ ᠤᠨ ᠠᠮᠢᠳᠤᠷᠠᠯ ᠤᠨ ᠰᠠᠭᠤᠷᠢ ᠪᠤᠯᠤᠨ᠎ᠠ᠂ ᠨᠡᠶᠢᠭᠡᠮ ᠤᠨ ᠪᠠᠲᠤᠯᠠᠭ᠎ᠠ ᠪᠠ ᠨᠡᠶᠢᠭᠡᠮ ᠤᠨ ᠠᠪᠤᠷᠠᠯᠳᠠ ᠶᠢᠨ ᠰᠢᠰᠲ᠋ᠧᠮ ᠤᠨ ᠪᠠᠶᠢᠭᠤᠯᠤᠯᠲᠠ ᠶᠢ ᠨᠢᠭᠡᠳᠦᠯᠳᠠᠢ ᠲᠦᠯᠦᠪᠵᠢᠭᠦᠯᠦᠨ ᠠᠬᠢᠭᠤᠯᠵᠤ᠂ ᠮᠠᠨ ᠤ ᠤᠷᠤᠨ ᠤ ᠠᠷᠠᠳ ᠤᠨ ᠪᠠᠲᠤᠯᠠᠭ᠎ᠠ ᠶᠢᠨ ᠠᠮᠤᠷ ᠲᠦᠪᠰᠢᠨ ᠤ ᠳᠤᠤᠷᠵᠢᠯ ᠢ ᠨᠡᠩ ᠪᠠᠬᠢᠵᠢᠭᠦᠯᠦᠨ᠎ᠠ᠃ ᠨᠡᠶᠢᠭᠡᠮ ᠤᠨ ᠪᠠᠲᠤᠯᠠᠭ᠎ᠠ ᠶᠢᠨ ᠳᠠᠯ᠎ᠠ ᠪᠠᠷ ᠡᠨᠡ ᠵᠢᠯ ᠳᠤ ︽ᠦᠭᠡᠷᠡᠴᠢᠯᠡᠭᠦ᠂ ᠦᠷᠭᠡᠳᠭᠡᠭᠦ᠂ ᠳᠡᠭᠡᠭᠰᠢᠯᠡᠭᠦᠯᠭᠦ᠂ ᠬᠤᠷᠢᠭ᠎ᠠ ᠱᠤᠭᠤᠮ ︾ ᠲᠦᠷᠪᠡᠨ ᠳᠠᠯ᠎ᠠ ᠪᠠᠷ ᠬᠦᠴᠦᠯᠡᠵᠤ᠂ ᠠᠷᠠᠳ ᠤᠨ ᠠᠮᠢᠳᠤᠷᠠᠯ ᠤᠨ ᠳᠠᠯ᠎ᠠ ᠪᠠᠷ ᠶᠠᠳᠠᠭᠤ ᠬᠦᠴᠢᠷᠳᠠᠯᠳᠠᠢ ᠤᠯᠠᠨ ᠲᠦᠮᠡᠨ ᠤ ᠠᠮᠢᠳᠤᠷᠠᠯ ᠢ ᠪᠠᠳᠤᠯᠠᠨ᠂ 2017 ᠤᠨ ᠳᠤ ᠬᠤᠳᠠ ᠬᠦᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠤᠯᠭᠤᠬᠤ ᠪᠠᠷᠢᠮᠵᠢᠶ᠎ᠠ ᠶᠢᠨ ᠳᠤᠮᠳᠠᠴᠢ ᠨᠡᠮᠡᠭᠳᠡᠯ ᠤᠨ ᠬᠡᠮᠵᠢᠶ᠎ᠠ ᠶᠢ ᠪᠦᠬᠦ ᠤᠷᠤᠨ ᠤ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠬᠦᠮᠦᠨ ᠳᠤᠮᠳᠠᠴᠢ ᠶᠢᠨ ᠡᠵᠡᠮᠳᠡᠵᠤ ᠪᠤᠯᠬᠤ ᠤᠷᠤᠯᠭ᠎ᠠ ᠶᠢᠨ ᠨᠡᠮᠡᠭᠳᠡᠯ ᠤᠨ ᠬᠠᠷᠢᠴᠠᠯ ᠠᠴᠠ ᠳᠠᠪᠠᠭᠤᠯᠤᠨ᠎ᠠ᠃      — ᠦᠪᠦᠷ ᠮᠤᠩᠭᠤᠯ ᠤᠨ ᠵᠡᠭᠦᠨ ᠪᠡᠶ᠎ᠠ ᠶᠢᠨ ᠴᠠᠬᠢᠯᠭᠠᠨ ᠤ ᠳᠤᠤᠷ ᠲᠤ ᠠᠳᠠᠯᠢ ᠦᠨ᠎ᠠ ᠶᠢ ᠬᠡᠷᠡᠭᠵᠢᠭᠦᠯᠬᠦ ᠪᠠ ᠪᠦᠬᠦ ᠤᠷᠤᠨ ᠤ ᠮᠠᠯᠵᠢᠬᠤ ᠳᠠᠷᠢᠶᠠᠯᠠᠬᠤ ᠤᠷᠤᠨ ᠤ ᠴᠠᠬᠢᠯᠭᠠᠨ ᠤ ᠳᠤᠤᠷ ᠢ ᠦᠭᠡᠷᠡᠴᠢᠯᠡᠨ ᠳᠡᠰ ᠳᠡᠪᠰᠢᠭᠦᠯᠬᠦ ᠶᠢ ᠠᠬᠢᠭᠤᠯᠤᠨ᠎ᠠ᠃ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠦᠪᠦᠷ ᠮᠤᠩᠭᠤᠯ ᠤᠨ ᠵᠡᠭᠦᠨ ᠪᠡᠶ᠎ᠠ ᠶᠢᠨ ᠴᠠᠬᠢᠯᠭᠠᠨ ᠤ ᠳᠤᠤᠷ ᠲᠤ ᠠᠳᠠᠯᠢ ᠦᠨ᠎ᠠ ᠶᠢ ᠬᠡᠷᠡᠭᠵᠢᠭᠦᠯᠬᠦ ᠳᠤᠬᠠᠢ ᠲᠦᠰᠦᠯ ᠢ ᠨᠢᠭᠡᠨᠳᠡ ᠳᠤᠭᠳᠠᠭᠠᠵᠤ᠂ ᠰᠠᠭᠤᠭᠠᠯᠢ ᠠᠷᠠᠳ ᠤᠨ ᠴᠠᠬᠢᠯᠭᠠᠨ ᠬᠡᠷᠡᠭᠯᠡᠭᠦ᠂ ᠳᠠᠷᠢᠶᠠᠯᠠᠩ ᠦᠢᠯᠡᠳᠪᠦᠷᠢᠯᠡᠯ ᠤᠨ ᠴᠠᠬᠢᠯᠭᠠᠨ ᠬᠡᠷᠡᠭᠯᠡᠭᠦ ᠪᠠ ᠬᠡᠪ ᠤᠨ ᠠᠵᠤ ᠦᠢᠯᠡᠳᠪᠦᠷᠢ ᠬᠤᠳᠠᠯᠳᠤᠭᠠᠨ ᠤ ᠴᠠᠬᠢᠯᠭᠠᠨ ᠬᠡᠷᠡᠭᠯᠡᠭᠦ ᠳᠤᠬᠠᠢ ᠳᠤᠳᠤᠷᠬᠠᠢ ᠳᠤᠭᠳᠠᠭᠠᠯ ᠭᠠᠷᠭᠠᠵᠤ᠂ ᠤᠶᠢᠷ᠎ᠠ ᠎ ᠳᠤ ᠤᠯᠤᠰ ᠤᠨ ᠬᠦᠭᠵᠢᠭᠦᠯᠦᠯᠳᠡ ᠦᠭᠡᠷᠡᠴᠢᠯᠡᠯᠳᠡ ᠶᠢᠨ ᠵᠦᠪᠯᠡᠯ ᠠᠴᠠ ᠵᠦᠪᠰᠢᠶᠡᠷᠡᠭᠰᠡᠨ ᠤ ᠳᠠᠷᠠᠭ᠎ᠠ ᠵᠤᠬᠢᠶᠠᠨ ᠪᠠᠶᠢᠭᠤᠯᠤᠨ ᠬᠡᠷᠡᠭᠵᠢᠭᠦᠯᠬᠦ ᠪᠠᠷ ᠪᠠᠶᠢᠨ᠎ᠠ᠃ ᠡᠭᠦᠨ ᠤ ᠬᠠᠮᠳᠤ᠂ ᠪᠦᠬᠦ ᠤᠷᠤᠨ ᠤ ᠮᠠᠯᠵᠢᠬᠤ ᠳᠠᠷᠢᠶᠠᠯᠠᠬᠤ ᠤᠷᠤᠨ ᠤ ᠴᠠᠬᠢᠯᠭᠠᠨ ᠤ ᠳᠤᠤᠷ ᠢ ᠦᠭᠡᠷᠡᠴᠢᠯᠡᠨ ᠳᠡᠰ ᠳᠡᠪᠰᠢᠭᠦᠯᠬᠦ ᠡᠷᠴᠢᠮ ᠢᠶᠠᠨ ᠦᠷᠭᠦᠯᠵᠢᠯᠡᠨ ᠴᠢᠩᠭᠠᠳᠬᠠᠵᠤ᠂ ᠡᠨᠡ ᠵᠢᠯ ᠳᠤ ᠤᠯᠤᠰ ᠠᠴᠠ ᠳᠤᠬᠢᠷᠠᠭᠤᠯᠤᠭᠰᠠᠨ 4 ᠳ᠋ᠦᠩᠰᠢᠭᠤᠷ ᠲᠦᠭᠦᠷᠢᠭ ᠤᠨ ᠲᠦᠪ ᠤᠨ ᠳᠦᠰᠦᠪ ᠤᠨ ᠳᠤᠳᠤᠷ᠎ᠠ ᠪᠡᠯᠡ ᠤᠷᠤᠭᠤᠯᠬᠤ ᠰᠠᠭᠤᠷᠢᠨ ᠳᠤ᠂ ᠬᠠᠮᠢᠶ᠎ᠠ ᠪᠦᠬᠦᠢ ᠴᠠᠬᠢᠯᠭᠠᠨ ᠤ ᠺᠤᠮᠫᠠᠨᠢ ᠶᠢ ᠵᠤᠬᠢᠴᠠᠭᠤᠯᠵᠤ ᠪᠠᠶᠢᠭᠠᠳ ᠮᠠᠯᠵᠢᠬᠤ ᠳᠠᠷᠢᠶᠠᠯᠠᠬᠤ ᠤᠷᠤᠨ ᠤ ᠴᠠᠬᠢᠯᠭᠠᠨ ᠤ ᠳᠤᠤᠷ ᠢ ᠦᠭᠡᠷᠡᠴᠢᠯᠡᠨ ᠳᠡᠰ ᠳᠡᠪᠰᠢᠭᠦᠯᠬᠦ ᠢᠨᠵᠧᠨᠧᠷᠢᠩ ᠳᠤ 34.8 ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠵᠤ᠂ ᠮᠠᠯᠵᠢᠬᠤ ᠳᠠᠷᠢᠶᠠᠯᠠᠬᠤ ᠤᠷᠤᠨ ᠢᠯᠠᠩᠭᠤᠶ᠎ᠠ ᠶᠠᠳᠠᠭᠤ ᠬᠦᠴᠢᠷᠳᠠᠯᠳᠠᠢ ᠭᠠᠵᠠᠷ ᠤᠷᠤᠨ ᠤ ᠴᠠᠬᠢᠯᠭᠠᠨ ᠬᠠᠩᠭᠠᠬᠤ ᠴᠢᠳᠠᠪᠤᠷᠢ ᠶᠢ ᠳᠡᠭᠡᠭᠰᠢᠯᠡᠭᠦᠯᠤᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号