ᠯᠢ ᠵᠢᠢ ᠾᠧᠩ ᠴᠧᠺ ᠤᠨ ᠶᠡᠷᠦᠩᠭᠡᠶᠢᠯᠡᠭᠴᠢ ᠶᠢᠨ ᠵᠦᠪᠯᠡᠭᠴᠢ ᠶᠠᠩ · ᠭᠤᠤ ᠾᠸᠤ ᠳ᠋ᠧ ᠲᠠᠢ ᠠᠭᠤᠯᠵᠠᠪᠠ
ᠨᠡᠶᠢᠲᠡᠯᠡᠭᠰᠡᠨ ᠴᠠᠭ᠄
2017/2/23
    2 ᠳ᠋ᠤᠭᠠᠷ ᠰᠠᠷ᠎ᠠ ᠶᠢᠨ 22᠎ ᠤᠨ ᠡᠳᠦᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠾᠧᠩ ᠬᠦᠬᠡᠬᠤᠳᠠ ᠳᠤ ᠪᠦᠬᠦᠳᠡ ᠨᠠᠶᠢᠷᠠᠮᠳᠠᠬᠤ ᠴᠧᠺ ᠤᠯᠤᠰ ᠤᠨ ᠶᠡᠷᠦᠩᠭᠡᠶᠢᠯᠡᠭᠴᠢ ᠶᠢᠨ ᠵᠦᠪᠯᠡᠭᠴᠢ ᠶᠠᠩ · ᠭᠤᠤ ᠾᠸᠤ ᠳ᠋ᠧ ᠲᠠᠢ ᠠᠭᠤᠯᠵᠠᠪᠠ᠃      2 ᠳ᠋ᠤᠭᠠᠷ ᠰᠠᠷ᠎ᠠ ᠶᠢᠨ 22᠎ ᠤᠨ ᠡᠳᠦᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠾᠧᠩ ᠬᠦᠬᠡᠬᠤᠳᠠ ᠳᠤ ᠪᠦᠬᠦᠳᠡ ᠨᠠᠶᠢᠷᠠᠮᠳᠠᠬᠤ ᠴᠧᠺ ᠤᠯᠤᠰ ᠤᠨ ᠶᠡᠷᠦᠩᠭᠡᠶᠢᠯᠡᠭᠴᠢ ᠶᠢᠨ ᠵᠦᠪᠯᠡᠭᠴᠢ ᠶᠠᠩ · ᠭᠤᠤ ᠾᠸᠤ ᠳ᠋ᠧ ᠲᠠᠢ ᠠᠭᠤᠯᠵᠠᠪᠠ᠃      ᠯᠢ ᠵᠢᠢ ᠾᠧᠩ ᠶᠠᠩ · ᠭᠤᠤ ᠾᠸᠤ ᠳ᠋ᠧ ᠶᠢᠨ ᠦᠪᠦᠷ ᠮᠣᠩᠭᠤᠯ ᠳᠤ ᠢᠷᠡᠵᠦ ᠠᠶᠢᠯᠴᠢᠯᠠᠭᠰᠠᠨ ᠢ ᠪᠠᠶᠠᠷᠯᠠᠨ ᠤᠬᠳᠤᠵᠤ ᠪᠠᠶᠢᠬᠤ ᠪᠠᠨ ᠢᠯᠡᠳᠭᠡᠪᠡ᠃ ᠦᠪᠦᠷ ᠮᠤᠩᠭᠤᠯ ᠤᠨ ᠦᠨᠳᠦᠰᠦᠨ ᠪᠠᠶᠢᠳᠠᠯ ᠢ ᠳᠣᠪᠴᠢ ᠲᠠᠨᠢᠯᠴᠠᠭᠤᠯᠤᠬᠰᠠᠨ ᠤ ᠲᠠᠷᠠᠭ᠎ᠠ᠂ ᠯᠢ ᠵᠢᠢ ᠾᠧᠩ ᠬᠡᠯᠡᠭᠰᠡᠨ ᠨᠢ᠂ ᠤᠳᠤᠬᠠᠨ ᠳᠤ ᠮᠠᠨ ᠤ ᠤᠷᠤᠨ ᠤ ᠬᠦᠭᠵᠢᠯᠳᠡ ᠳᠤ ᠳᠣᠩ ᠰᠠᠶᠢᠨ ᠲᠤᠬᠢᠶᠠᠯ ᠲᠤᠬᠢᠶᠠᠯᠳᠤᠵᠤ᠂ ᠪᠦᠬᠦ ᠤᠷᠤᠨ ᠳᠠᠶᠠᠭᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ᠦᠪᠦᠷ ᠮᠤᠩᠭᠤᠯ ᠳᠤ ᠰᠢᠨᠵᠢᠯᠡᠨ ᠪᠠᠶᠢᠴᠠᠭᠠᠬᠤ ᠦᠶ᠎ᠠ ᠶᠢᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠬᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠦᠭᠵᠢᠯᠳᠡ᠂ ᠠᠮᠢ ᠠᠬᠤᠢ᠂ ᠠᠷᠠᠳ ᠤᠨ ᠠᠮᠢᠳᠤᠷᠠᠯ ᠤᠨ ᠭᠤᠷᠪᠠᠨ ᠬᠤᠷᠢᠭ᠎ᠠ ᠱᠤᠭᠤᠮ ᠢ ᠪᠠᠳᠤ ᠰᠠᠬᠢᠵᠤ᠂ ᠰᠠᠭᠤᠷᠢ ᠲᠦᠭᠦᠭᠡᠷᠦᠮᠵᠢ ᠶᠢᠨ ︽ᠲᠤᠯᠤᠭᠠᠨ ᠲᠤᠤᠷ︾᠎ ᠢ ᠬᠠᠮᠳᠤᠪᠡᠷ ᠴᠤᠬᠴᠠᠯᠠᠬᠤ᠂ ᠰᠢᠨ᠎ᠠ ᠪᠠᠷ ᠮᠠᠨᠳᠤᠵᠤ ᠪᠠᠶᠢᠭ᠎ᠠ ᠠᠵᠤ ᠦᠢᠯᠡᠰ ᠤᠨ ︽ᠲᠤᠯᠤᠭᠠᠨ ᠦᠢᠯᠡᠰ︾᠎ ᠢ ᠬᠠᠮᠳᠤᠪᠡᠷ ᠮᠠᠨᠳᠤᠭᠤᠯᠬᠤ ᠶᠢ ᠶᠡᠬᠡᠪᠡᠷ ᠠᠬᠢᠭᠤᠯᠵᠤ᠂ ᠭᠠᠳᠠᠭᠠᠳᠣ ᠨᠡᠭᠡᠭᠡᠯᠳᠡ ᠪᠠᠨ ᠪᠦᠬᠦ ᠲᠠᠯ᠎ᠠ ᠪᠠᠷ ᠦᠷᠭᠡᠳᠭᠡᠨ ᠂ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠲᠡᠰ ᠲᠡᠪᠰᠢᠭᠦᠯᠬᠦ ᠠᠬᠢᠴᠠ ᠪᠠᠨ ᠲᠦᠷᠭᠡᠳᠭᠡᠵᠤ᠂ ᠤᠷᠤᠨ ᠨᠤᠳᠤᠭ ᠤᠨ ᠦᠢᠯᠡᠳᠪᠦᠷᠢᠯᠡᠯ ᠤᠨ ᠶᠡᠷᠦᠩᠬᠡᠢ ᠦᠷᠳᠡᠭ᠂ ᠲᠤᠬᠳᠠᠮᠠᠯ ᠬᠦᠷᠦᠩᠭᠡ ᠶᠢᠨ ᠪᠡᠯᠡ ᠤᠷᠤᠭᠤᠯᠤᠯᠳᠠ᠂ ᠡᠩ ᠤᠨ ᠤᠯᠠᠨ ᠨᠡᠶᠢᠲᠡ ᠶᠢᠨ ᠲᠦᠰᠦᠪ ᠤᠨ ᠤᠷᠤᠯᠭ᠎ᠠ ᠪᠠ ᠬᠤᠳᠠ ᠪᠠᠯᠭᠠᠰᠦ ᠶᠢᠨ ᠰᠠᠭᠤᠭᠠᠯᠢ ᠠᠷᠠᠳ ᠤᠨ ᠤᠷᠤᠯᠭ᠎ᠠ ᠶᠢᠨ ᠨᠡᠮᠡᠭᠳᠡᠯ ᠢ ᠪᠦᠬᠦ ᠤᠯᠤᠰ ᠤᠨ ᠲᠤᠮᠳᠠᠴᠢ ᠲᠦᠪᠰᠢᠨ ᠠᠴᠠ ᠦᠨᠳᠦᠷ ᠪᠠᠶᠢᠯᠭᠠᠬᠤ ᠶᠢ ᠴᠢᠷᠮᠠᠶᠢᠨ ᠪᠠᠶᠡᠯᠡᠭᠦᠯᠵᠤ᠂ ᠡᠭᠡ ᠤᠯᠤᠰ ᠤᠨ ᠤᠮᠠᠷᠠᠳᠦ ᠶᠢᠨ ᠦᠵᠡᠮᠵᠢ ᠶᠢᠨ ᠤᠷᠤᠨ ᠢ ᠨᠡᠩ ᠦᠵᠡᠰᠭᠦᠯᠡᠩᠳᠦ ᠰᠠᠶᠢᠬᠠᠨ ᠪᠤᠯᠭᠠᠨ ᠪᠦᠳᠦᠭᠡᠨ ᠪᠠᠶᠢᠭᠤᠯᠵᠤ ᠪᠠᠶᠢᠨ᠎ᠠ᠃ ᠦᠪᠡᠷᠳᠡᠭᠡᠨ ᠵᠠᠰᠠᠬᠤ ᠤᠷᠤᠨ ᠴᠧᠺ ᠯᠤᠭ᠎ᠠ ᠰᠤᠯᠢᠯᠴᠠᠭ᠎ᠠ ᠬᠠᠮᠳᠤᠷᠠᠯᠴᠠᠭ᠎ᠠ ᠦᠷᠨᠢᠭᠦᠯᠭᠦ ᠶᠢ ᠲᠡᠭᠡᠳᠦ ᠬᠡᠮᠵᠢᠶ᠎ᠠ ᠪᠠᠷ ᠬᠦᠨᠳᠦᠳᠭᠡᠵᠤ ᠪᠤᠢ᠃ ᠴᠧᠺ ᠤᠨ ᠬᠢᠨ ᠦᠪᠦᠷ ᠮᠤᠩᠭᠤᠯ ᠢ ᠪᠡᠯᠡ ᠤᠷᠤᠭᠤᠯᠤᠨ ᠬᠦᠭᠵᠢᠭᠦᠯᠭᠦ ᠴᠢᠬᠤᠯᠠ ᠬᠠᠷᠠᠯᠳᠠᠳᠦ ᠭᠠᠵᠠᠷ ᠪᠤᠯᠭᠠᠵᠤ᠂ ᠬᠤᠶᠠᠷ ᠲᠠᠯ᠎ᠠ ᠪᠠᠷ ᠢᠶᠠᠨ ᠲᠠᠪᠠᠭᠤᠯᠢᠭ ᠢᠶᠠᠨ ᠬᠠᠷᠢᠯᠴᠠᠨ ᠨᠦᠬᠦᠪᠦᠷᠢᠯᠡᠬᠦ ᠪᠠᠷ ᠲᠦᠰᠢᠭ ᠪᠣᠯᠭᠠᠵᠣ᠂ ᠠᠵᠤ ᠠᠬᠤᠢ ᠠᠷᠠᠯᠵᠢᠶ᠎ᠠ᠂ ᠠᠵᠤ ᠦᠢᠯᠡᠰ ᠂ ᠵᠢᠭᠤᠯᠴᠢᠯᠠᠯ᠂ ᠰᠤᠶᠤᠯ ᠢᠷᠭᠡᠨᠰᠢᠯ᠂ ᠰᠤᠷᠭᠠᠨ ᠬᠦᠮᠦᠵᠢᠯ᠂ ᠠᠭᠠᠷ ᠤᠨ ᠠᠶᠠᠯᠠᠯ ᠤᠨ ᠦᠢᠯᠡᠰ ᠵᠡᠷᠭᠡ ᠬᠦᠷᠢᠶᠡᠨ ᠳᠠᠬᠢ ᠰᠤᠯᠢᠯᠴᠠᠭ᠎ᠠ ᠬᠠᠮᠳᠤᠷᠠᠯᠴᠠᠭ᠎ᠠ ᠪᠠᠨ ᠲᠠᠰᠤᠷᠠᠯᠳᠠ ᠦᠭᠡᠢ ᠬᠦᠨᠵᠡᠭᠡᠶᠢᠷᠡᠬᠦᠯᠵᠤ᠂ ᠬᠠᠷᠢᠯᠴᠠᠨ ᠠᠰᠢᠬᠳᠠᠢ ᠬᠠᠮᠳᠤᠪᠡᠷ ᠠᠰᠢᠭ ᠬᠦᠷᠳᠡᠨ᠂ ᠬᠠᠮᠳᠤᠪᠡᠷ ᠬᠦᠭᠵᠢᠭᠦ ᠶᠢ ᠠᠬᠢᠭᠤᠯᠬᠤ ᠶᠢ ᠬᠦᠰᠡᠵᠤ ᠪᠠᠶᠢᠨ᠎ᠠ ᠬᠡᠵᠡᠢ᠃      ᠶᠠᠩ · ᠭᠤᠤ ᠾᠸᠤ ᠳ᠋ᠧ ᠬᠡᠯᠡᠭᠰᠡᠨ ᠨᠢ᠂ ᠴᠧᠺ ᠪᠤᠯ ᠲᠤᠮᠳᠠ ᠵᠡᠭᠦᠨ ᠡᠸᠦ᠋ᠷᠦᠫᠠ ᠶᠢᠨ ᠭᠠᠵᠠᠷ ᠤᠷᠤᠨ ᠪᠦᠭᠡᠳ ᠲᠤᠷᠭᠠᠨ ᠵᠠᠮ ᠤᠨ ᠠᠵᠤ ᠠᠬᠤᠢ ᠶᠢᠨ ᠪᠦᠰᠡ ᠲᠠᠭᠠᠤ ᠶᠢᠨ ᠴᠢᠬᠤᠯᠠ ᠤᠯᠤᠰ ᠪᠤᠯᠤᠨ᠎ᠠ᠂ ᠲᠤᠮᠳᠠᠳᠤ ᠤᠯᠤᠰ ᠤᠨ ᠲᠤᠮᠳᠠ ᠵᠡᠭᠦᠨ ᠡᠸᠦ᠋ᠷᠦᠫᠠ ᠶᠢᠨ ᠭᠠᠵᠠᠷ ᠤᠷᠤᠨ ᠳᠠᠬᠢ ᠴᠢᠬᠤᠯᠠ ᠬᠠᠮᠳᠤᠷᠠᠨ ᠠᠵᠢᠯᠯᠠᠬᠤ ᠬᠠᠨᠢᠳᠠᠨ ᠪᠤᠯᠤᠨ᠎ᠠ᠃ ᠦᠪᠦᠷ ᠮᠤᠩᠭᠤᠯ ᠪᠤᠯ ᠲᠤᠮᠳᠠᠳᠤ ᠤᠯᠤᠰ ᠤᠨ ︽ᠨᠢᠭᠡ ᠪᠦᠰᠡ ᠨᠢᠭᠡ ᠵᠠᠮ︾᠎ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠬᠤ ᠲᠤᠮᠳᠠᠬᠢ ᠴᠢᠬᠤᠯᠠ ᠴᠡᠭ ᠪᠤᠯᠤᠨ᠎ᠠ᠃ ᠴᠧᠺ ᠳᠣᠰ ᠪᠡᠶ᠎ᠡ ᠶᠢᠨ ᠲᠠᠪᠠᠭᠤᠯᠢᠭ ᠢᠶᠠᠨ ᠪᠠᠳᠠᠷᠠᠭᠤᠯᠤᠨ᠂ ᠭᠤᠤᠯᠳᠠᠭᠤ ᠨᠡᠶᠢᠳᠡᠮ ᠬᠡᠷᠡᠭᠯᠡᠭᠡᠨ ᠤ ᠠᠭᠠᠷ ᠤᠨ ᠠᠶᠠᠯᠠᠯ᠂ ᠪᠤᠳᠠᠰ ᠤᠨ ᠬᠦᠢᠯᠭᠡᠭᠡᠨ ᠤ ᠲᠦᠪ᠂ ᠮᠠᠰᠢᠨ ᠲᠡᠷᠭᠡᠨ ᠤ ᠠᠵᠤ ᠦᠢᠯᠡᠰ ᠤᠨ ᠪᠤᠯᠪᠠᠰᠤᠷᠠᠯ᠂ ᠰᠤᠶᠤᠯ ᠵᠡᠷᠭᠡ ᠬᠦᠷᠢᠶᠡᠨ ᠳᠤ ᠪᠦᠬᠦ ᠲᠠᠯ᠎ᠠ ᠶᠢᠨ ᠬᠠᠮᠳᠤᠷᠠᠯᠴᠠᠭ᠎ᠠ ᠪᠠᠨ ᠴᠢᠩᠭᠠᠳᠬᠠᠵᠤ᠂ ᠰᠠᠶᠢᠨ ᠰᠠᠶᠢᠬᠠᠨ ᠢᠷᠡᠭᠡᠳᠦᠢ ᠶᠢ ᠬᠠᠮᠳᠤᠪᠡᠷ ᠡᠭᠦᠳᠦᠨ᠎ᠡ ᠬᠡᠪᠡ᠃      ᠦᠪᠡᠷᠳᠡᠭᠡᠨ ᠵᠠᠰᠠᠬᠤ ᠤᠷᠤᠨ ᠤ ᠤᠳᠤᠷᠢᠳᠤᠯᠭ᠎ᠠ ᠵᠠᠩ ᠵᠢᠶᠠᠨ ᠮᠢᠨ᠂ ᠯᠦᠸᠧ ᠶᠦᠩ ᠭᠠᠩ ᠠᠭᠤᠯᠵᠠᠯᠳᠠ ᠳᠤ ᠤᠷᠤᠯᠴᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号