ᠪᠦᠬᠦ ᠤᠷᠤᠨ ᠤ ᠤᠯᠤᠰ ᠤᠨ ᠦᠮᠴᠢᠯᠡᠯ ᠤᠨ ᠰᠤᠶᠤᠯ ᠤᠨ ᠠᠵᠤ ᠠᠬᠤᠶᠢᠯᠠᠯ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠬᠤᠷᠠᠯᠳᠤᠪᠠ  ᠪᠠᠢ ᠢᠤᠢ ᠭᠠᠩ ᠬᠤᠷᠠᠯ ᠳᠤ ᠤᠷᠤᠯᠴᠠᠵᠤ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2017/2/23
      2 ᠳ᠋ᠤᠭᠠᠷ ᠰᠠᠷ᠎ᠠ ᠶᠢᠨ 22᠎ ᠤᠨ ᠡᠳᠦᠷ᠂ ᠪᠦᠬᠦ ᠤᠷᠤᠨ ᠤ ᠤᠯᠤᠰ ᠤᠨ ᠦᠮᠴᠢᠯᠡᠯ ᠤᠨ ᠰᠤᠶᠤᠯ ᠤᠨ ᠠᠵᠤ ᠠᠬᠤᠶᠢᠯᠠᠯ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠬᠦᠬᠡᠬᠤᠳᠠ ᠳᠤ ᠬᠤᠷᠠᠯᠳᠤᠪᠠ᠃      ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠡᠭᠭᠤ ᠶᠢᠨ ᠬᠡᠰᠢᠭᠦᠨ᠂ ᠤᠬᠠᠭᠤᠯᠬᠤ ᠬᠡᠯᠳᠡᠰ ᠤᠨ ᠲᠠᠷᠤᠭ᠎ᠠ ᠪᠠᠢ ᠢᠤᠢ ᠭᠠᠩ ᠬᠤᠷᠠᠯ ᠳᠤ ᠤᠷᠤᠯᠴᠠᠵᠤ ᠶᠠᠷᠢᠶ᠎ᠠ ᠲᠠᠯᠪᠢᠪᠠ᠃      ᠪᠠᠢ ᠢᠤᠢ ᠭᠠᠩ ᠵᠢᠭᠠᠵᠤ ᠭᠠᠷᠭᠠᠬᠰᠠᠨ ᠨᠢ᠂ ᠪᠦᠬᠦ ᠤᠷᠤᠨ ᠤ ᠡᠯ᠎ᠠ ᠱᠠᠳᠤᠨ ᠤ ᠡᠯ᠎ᠠ ᠲᠦᠷᠦᠯ ᠤᠨ ᠤᠯᠤᠰ ᠤᠨ ᠦᠮᠴᠢᠯᠡᠯ ᠤᠨ ᠰᠤᠶᠤᠯ ᠤᠨ ᠠᠵᠤ ᠠᠬᠤᠶᠢᠯᠠᠯ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠤᠭᠤᠳ ᠤᠨ ᠵᠤᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠴᠢᠬᠤᠯᠠ ᠤᠯᠤᠰ ᠲᠦᠷᠦ ᠶᠢᠨ ᠡᠭᠦᠷᠭᠡ ᠪᠤᠯᠭᠠᠵᠤ᠂ ᠲᠦᠪ ᠤᠨ ᠪᠠ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠤᠯᠤᠰ ᠤᠨ ᠦᠮᠴᠢᠯᠡᠯ ᠤᠨ ᠠᠵᠤ ᠠᠬᠤᠶᠢᠯᠠᠯ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠲᠤᠬᠠᠢ ᠲᠤᠬᠢᠷᠠᠭᠤᠯᠤᠯᠳᠠ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶ᠎ᠠ ᠶᠢᠨ ᠵᠢᠷᠭᠤᠳᠤᠭᠠᠷ ᠪᠦᠬᠦᠳᠡ ᠬᠤᠷᠠᠯ ᠪᠠ ᠦᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠤᠳᠠᠭ᠎ᠠ ᠶᠢᠨ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠠᠷᠪᠠᠳᠤᠭᠠᠷ ᠬᠤᠭᠤᠴᠠᠭᠠᠨ ᠤ ᠬᠤᠶᠠᠳᠤᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠤᠭᠤᠷᠢᠨ ᠳᠤ ᠮᠠᠨ ᠤ ᠤᠷᠤᠨ ᠤ ᠤᠯᠤᠰ ᠤᠨ ᠦᠮᠴᠢᠯᠡᠯ ᠤᠨ ᠰᠤᠶᠤᠯ ᠤᠨ ᠠᠵᠤ ᠠᠬᠤᠶᠢᠯᠠᠯ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠰᠢᠨ᠎ᠠ ᠪᠠᠶᠢᠳᠠᠯ ᠢ ᠨᠡᠭᠡᠬᠡᠭᠦ ᠬᠡᠷᠡᠭᠳᠡᠢ ᠬᠡᠪᠡ᠃      ᠪᠠᠢ ᠢᠤᠢ ᠭᠠᠩ ᠴᠢᠬᠤᠯᠠᠴᠢᠯᠠᠬᠰᠠᠨ ᠨᠢ᠂ ᠪᠦᠬᠦ ᠤᠷᠤᠨ ᠤ ᠡᠯ᠎ᠠ ᠱᠠᠳᠤᠨ ᠤ ᠡᠯ᠎ᠡ ᠲᠦᠷᠦᠯ ᠤᠨ ᠤᠯᠤᠰ ᠤᠨ ᠦᠮᠴᠢᠯᠡᠯ ᠤᠨ ᠰᠤᠶᠤᠯ ᠤᠨ ᠠᠵᠤ ᠠᠬᠤᠶᠢᠯᠠᠯ ᠦᠵᠡᠯᠳᠡ ᠲᠠᠨᠢᠯᠳᠠ ᠪᠠᠨ ᠦᠨᠡᠨᠭᠦ ᠲᠡᠭᠡᠭᠰᠢᠯᠡᠭᠦᠯᠦᠨ᠂ ᠰᠢᠨ᠎ᠠ ᠪᠠᠶᠢᠳᠠᠯ ᠲᠤᠤᠷᠠᠬᠢ ᠤᠯᠤᠰ ᠤᠨ ᠦᠮᠴᠢᠯᠡᠯ ᠤᠨ ᠰᠤᠶᠤᠯ ᠤᠨ ᠠᠵᠤ ᠠᠬᠤᠶᠢᠯᠠᠯ ᠤᠨ ᠨᠠᠮ ᠤᠨ ᠪᠠᠶᠢᠭᠤᠯᠤᠯᠲᠠ ᠶᠢᠨ ᠠᠵᠢᠯ ᠢ ᠰᠠᠶᠢᠲᠤᠷ ᠬᠢᠭᠦ ᠶᠢᠨ ᠴᠢᠬᠤᠯᠠ ᠠᠴᠢ ᠬᠤᠯᠪᠤᠬᠳᠠᠯ ᠢ ᠬᠦᠨᠵᠡᠭᠡᠢ ᠳᠠᠨᠢᠬᠤ ᠬᠡᠷᠡᠭᠳᠡᠢ᠃ ᠲᠤᠰᠢᠶᠠᠯ ᠬᠠᠷᠢᠭᠤᠴᠠᠯᠭ᠎ᠠ ᠪᠠᠨ ᠬᠢᠨᠠᠮᠠᠭᠠᠢ ᠬᠦᠢᠴᠡᠳᠭᠡᠵᠤ᠂ ᠰᠢᠨ᠎ᠠ ᠪᠠᠶᠢᠳᠠᠯ ᠲᠤᠤᠷᠠᠬᠢ ᠤᠯᠤᠰ ᠤᠨ ᠦᠮᠴᠢᠯᠡᠯ ᠤᠨ ᠰᠤᠶᠤᠯ ᠤᠨ ᠠᠵᠤ ᠠᠬᠤᠶᠢᠯᠠᠯ ᠤᠨ ᠨᠠᠮ ᠤᠨ ᠪᠠᠶᠢᠭᠤᠯᠤᠯᠲᠠ ᠶᠢᠨ ᠰᠢᠨᠵᠢᠯᠡᠭᠦ ᠤᠬᠠᠭᠠᠠᠴᠢᠯᠠᠬᠤ ᠲᠦᠪᠰᠢᠨ ᠢ ᠲᠠᠰᠤᠷᠠᠯᠳᠠ ᠦᠭᠡᠢ ᠲᠡᠭᠡᠭᠰᠢᠯᠡᠭᠦᠯᠭᠦ ᠬᠡᠷᠡᠭᠳᠡᠢ᠃ ︽ᠲᠦᠷᠪᠡᠨ ᠤᠬᠠᠮᠰᠠᠷ︾᠎ ᠢᠶᠠᠨ ᠢᠮᠠᠬᠳᠠ ᠴᠢᠩᠭᠠᠷᠠᠭᠤᠯᠵᠤ᠂ ᠠᠵᠤ ᠠᠬᠤᠶᠢᠯᠠᠯ ᠤᠨ ᠬᠦᠭᠵᠢᠯᠳᠡ ᠶᠢᠨ ᠵᠦᠪ ᠴᠢᠭᠯᠡᠯ ᠢ ᠴᠢᠩᠭ᠎ᠠ ᠡᠵᠡᠮᠳᠡᠭᠦ ᠬᠡᠷᠡᠭᠳᠡᠢ᠃ ᠨᠠᠮ ᠤᠨ ᠵᠤᠬᠢᠶᠠᠨ ᠪᠠᠶᠢᠭᠤᠯᠤᠯᠲᠠ ᠶᠢᠨ ᠴᠤᠬᠴᠠᠯᠠᠯᠳᠠ ᠶᠢ ᠢᠮᠠᠬᠳᠠ ᠴᠢᠩᠭᠠᠷᠠᠭᠤᠯᠵᠤ᠂ ᠨᠠᠮ ᠤᠨ ᠤᠳᠤᠷᠢᠳᠤᠯᠭ᠎ᠠ ᠶᠢᠨ ᠭᠤᠤᠯᠯᠠᠬᠴᠢ ᠶᠢᠨ ᠪᠠᠶᠢᠷᠢ ᠰᠠᠭᠤᠷᠢ ᠶᠢ ᠳᠤᠪᠤᠶᠢᠯᠭᠠᠬᠤ ᠬᠡᠷᠡᠭᠳᠡᠢ᠃ ᠡᠵᠡᠩᠨᠡᠯᠳᠡ ᠬᠠᠮᠢᠶᠠᠷᠤᠯᠳᠠ ᠪᠠᠨ ᠢᠮᠠᠬᠳᠠ ᠴᠢᠩᠭᠠᠷᠠᠭᠤᠯᠵᠤ᠂ ᠠᠵᠤ ᠠᠬᠤᠶᠢᠯᠠᠯ ᠤᠨ ᠰᠢᠯᠢᠳᠡᠭᠵᠢᠨ ᠬᠦᠴᠦᠷᠭᠡᠭᠵᠢᠵᠤ ᠪᠤᠵᠠᠭᠠᠶᠢᠷᠠᠬᠤ ᠶᠢ ᠠᠬᠢᠭᠤᠯᠬᠤ ᠬᠡᠷᠡᠭᠳᠡᠢ᠃ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠢ ᠢᠮᠠᠬᠳᠠ ᠴᠢᠩᠭᠠᠷᠠᠭᠤᠯᠵᠤ᠂ ᠠᠵᠤ ᠠᠬᠤᠶᠢᠯᠠᠯ ᠤᠨ ᠠᠵᠢᠯᠳᠠᠨ ᠠᠵᠢᠯᠴᠢᠨ ᠤ ᠬᠦᠭᠵᠢᠯᠳᠡ ᠶᠢ ᠬᠠᠮᠳᠤᠪᠡᠷ ᠰᠦᠪᠡᠭᠴᠢᠯᠡᠭᠦ ᠨᠢᠬᠳᠠᠷᠠᠭᠤᠯᠬᠤ ᠬᠦᠴᠦᠨ ᠢ ᠴᠢᠩᠭᠠᠷᠠᠭᠤᠯᠬᠤ ᠬᠡᠷᠡᠭᠳᠡᠢ᠃ ᠨᠠᠮ ᠤᠨ ᠰᠤᠷᠳᠠᠯ ᠴᠢᠭᠡᠴᠢ ᠵᠠᠰᠠᠭ ᠤᠨ ᠪᠠᠶᠢᠭᠤᠯᠤᠯᠲᠠ ᠶᠢ ᠢᠮᠠᠬᠳᠠ ᠴᠢᠩᠭᠠᠷᠠᠭᠤᠯᠵᠤ᠂ ᠠᠵᠤ ᠠᠬᠤᠶᠢᠯᠠᠯ ᠤᠨ ᠡᠷᠡᠭᠦᠯ ᠢᠶᠠᠷ ᠬᠦᠭᠵᠢᠭᠦ ᠳᠤ ᠰᠠᠶᠢᠨ ᠰᠠᠶᠢᠬᠠᠨ ᠤᠷᠴᠢᠨ ᠲᠤᠭᠤᠷᠢᠨ ᠢ ᠪᠦᠷᠢᠯᠳᠦᠭᠦᠯᠦᠨ ᠦᠭᠬᠦ ᠬᠡᠷᠡᠭᠳᠡᠢ᠃ ᠤᠳᠤᠷᠢᠳᠤᠯᠭ᠎ᠠ ᠪᠠᠨ ᠪᠦᠬᠦ ᠲᠠᠯ᠎ᠠ ᠪᠠᠷ ᠴᠢᠩᠭᠠᠳᠬᠠᠵᠤ᠂ ᠤᠯᠤᠰ ᠤᠨ ᠦᠮᠴᠢᠯᠡᠯ ᠤᠨ ᠰᠤᠶᠤᠯ ᠤᠨ ᠠᠵᠤ ᠠᠬᠤᠶᠢᠯᠠᠯ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠬᠠᠷᠢᠭᠤᠴᠠᠯᠭ᠎ᠠ ᠪᠠ ᠡᠭᠦᠷᠭᠡ ᠶᠢ ᠦᠨᠡᠨᠭᠦ ᠡᠭᠦᠷᠭᠡᠯᠡᠵᠤ᠂ ᠰᠢᠯᠢᠳᠡᠭ ᠠᠮᠵᠢᠯᠳᠡ ᠪᠠᠷ ᠢᠶᠠᠨ ᠦᠪᠡᠷᠳᠡᠭᠡᠨ ᠵᠠᠰᠠᠬᠤ ᠤᠷᠤᠨ  ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠠᠮᠵᠢᠯᠳᠠ ᠲᠠᠢ ᠬᠤᠷᠠᠯᠳᠤᠬᠤ ᠶᠢ ᠤᠬᠳᠤᠬᠤ ᠬᠡᠷᠡᠭᠳᠡᠢ ᠬᠡᠵᠡᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号