ᠦᠪᠦᠷ ᠮᠣᠩᠭᠤᠯ ᠭᠤᠷᠪᠠᠨ ᠳᠡᠰ ᠤᠨ ᠨᠡᠷᠡᠲᠦ ᠲᠦᠷᠦᠯ ᠲᠡᠮᠳᠡᠭᠲᠦ ᠵᠢᠭᠤᠯᠴᠢᠯᠠᠯ ᠤᠨ ᠵᠠᠮ ᠱᠤᠭᠤᠮ ᠢ 100 ᠭᠠᠷᠤᠢ ᠪᠠᠶᠢᠭᠤᠯᠪᠠ
ᠨᠡᠶᠢᠲᠡᠯᠡᠭᠰᠡᠨ ᠴᠠᠭ᠄
2017/2/23
      ᠤᠶᠢᠷ᠎ᠠ ᠶᠢᠨ ᠬᠤᠶᠠᠷ ᠵᠢᠯ ᠳᠤ᠂ ᠥᠪᠥᠷ ᠮᠣᠩᠭᠤᠯ ᠨᠡᠷᠡᠲᠦ ᠲᠦᠷᠦᠯ ᠲᠡᠮᠳᠡᠭᠲᠦ ᠵᠢᠭᠤᠯᠴᠢᠯᠠᠯ ᠤᠨ ᠵᠠᠮ ᠱᠤᠭᠤᠮ ᠢ ᠢᠳᠡᠪᠬᠢᠲᠡᠶ ᠪᠠᠷ ᠡᠭᠦᠳᠦᠨ ᠨᠡᠬᠡᠬᠡᠵᠦ᠂ ᠵᠢᠭᠤᠯᠴᠢᠯᠠᠯ ᠤᠨ ᠦᠢᠯᠡᠰ ᠤᠨ ︽643X︾ ᠨᠡᠷᠡᠳᠤ ᠲᠦᠷᠦᠯ ᠲᠡᠮᠳᠡᠭᠲᠦ ᠰᠢᠰᠲ᠋ᠧᠮᠵᠢ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠵᠦ᠂ ᠲᠣᠷᠭᠠᠨ ᠵᠠᠮ᠂ ᠲᠦᠮᠡᠨ ᠭᠠᠵᠠᠷ ᠤᠨ ᠴᠠᠢ ᠶᠢᠨ ᠵᠠᠮ᠂ ᠬᠠᠲᠤᠨ ᠭᠤᠣᠯ᠂ ᠣᠷᠳᠣ ᠴᠠᠭᠠᠨ ᠬᠡᠷᠡᠮ ᠵᠡᠷᠭᠡ ᠤᠯᠠᠨ ᠤᠯᠤᠰ ᠤᠨ ᠪᠠ ᠮᠤᠵᠢ᠂ ᠭᠠᠵᠠᠷ ᠣᠷᠣᠨ ᠤ ᠭᠤᠷᠪᠠᠨ ᠳᠡᠰ ᠤᠨ ᠨᠡᠷᠡᠲᠦ ᠲᠦᠷᠦᠯ ᠲᠡᠮᠳᠡᠭᠲᠦ ᠵᠢᠭᠤᠯᠴᠢᠯᠠᠯ ᠤᠨ ᠵᠠᠮ ᠱᠤᠭᠤᠮ ᠢ 100 ᠭᠠᠷᠤᠶ ᠭᠤᠣᠯᠳᠠᠯᠭ᠎ᠠ ᠲᠠᠢ ᠪᠠᠶᠢᠭᠤᠯᠤᠨ᠂ ᠵᠢᠭᠤᠯᠴᠢᠯᠠᠯ ᠤᠨ ᠦᠢᠯᠡᠰ ᠤᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠥᠪᠥᠷ ᠮᠣᠩᠭᠤᠯ ᠤᠨ ᠵᠢᠭᠤᠯᠴᠢᠯᠠᠯ ᠤᠨ ᠦᠢᠯᠡᠰ ᠤᠨ ᠳᠡᠰ ᠳᠡᠪᠰᠢᠨ ᠬᠦᠭᠵᠢᠬᠦ ᠶᠢ ᠲᠦᠯᠬᠢᠨ ᠠᠬᠢᠭᠤᠯᠪᠠ᠃      ᠴᠢᠭ᠋ ᠢᠶᠠᠷ ᠪᠦᠬᠦ ᠲᠠᠯ᠎ᠠ ᠶᠢ ᠳᠠᠶᠢᠴᠢᠯᠠᠬᠤ   ᠨᠡᠷᠡᠲᠦ ᠲᠦᠷᠦᠯ ᠲᠡᠮᠳᠡᠭᠲᠦ ᠵᠢᠭᠤᠯᠴᠢᠯᠠᠯ ᠤᠨ ᠦᠵᠡᠮᠵᠢᠲᠦ ᠣᠷᠣᠨ ᠤ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ ᠪᠣᠢ      ᠥᠪᠥᠷ ᠮᠣᠩᠭᠤᠯ ᠤᠨ ᠵᠢᠭᠤᠯᠴᠢᠯᠠᠯ ᠤᠨ ︽643X︾ ᠨᠡᠷᠡᠲᠦ ᠲᠦᠷᠦᠯ ᠲᠡᠮᠳᠡᠭᠲᠦ ᠰᠢᠰᠲ᠋ᠧᠮᠵᠢ ᠶᠢᠨ ᠭᠦᠨᠵᠡᠭᠡᠶᠢᠷᠡᠬᠦ ᠶᠢ ᠳᠠᠭᠠᠯᠳᠤᠨ᠂ ᠨᠡᠷᠡᠲᠦ ᠲᠦᠷᠦᠯ ᠲᠡᠮᠳᠡᠭᠲᠦ ᠶᠢᠨ ᠨᠦᠯᠦᠭᠡᠯᠡᠨ ᠳᠠᠶᠢᠴᠢᠯᠠᠬᠤ ᠬᠦᠴᠦᠨ ᠨᠢ ᠥᠪᠥᠷ ᠮᠣᠩᠭᠤᠯ ᠤᠨ ᠵᠢᠭᠤᠯᠴᠢᠯᠠᠯ ᠤᠨ ᠬᠥᠭᠵᠢᠯᠲᠡ ᠶᠢᠨ ᠬᠠᠮᠤᠭ ᠤᠨ ᠬᠦᠴᠦᠷᠬᠡᠭ ᠬᠥᠳᠡᠯᠭᠡᠭᠴᠢ ᠬᠦᠴᠦᠨ ᠪᠣᠯᠣᠭᠰᠠᠨ ᠪᠠᠶᠢᠨ᠎ᠠ᠃ ᠨᠡᠷᠡᠲᠦ ᠲᠦᠷᠦᠯ ᠲᠡᠮᠳᠡᠭᠲᠦ ᠵᠢᠭᠤᠯᠴᠢᠯᠠᠯ ᠤᠨ ᠵᠠᠮ ᠱᠤᠭᠤᠮ ᠢ ᠡᠭᠦᠳᠦᠨ ᠪᠠᠶᠢᠭᠤᠯᠬᠤ ᠠᠵᠢᠯ ᠪᠣᠯ ᠪᠥᠬᠦ ᠣᠷᠣᠨ ᠤ ᠵᠢᠭᠤᠯᠴᠢᠯᠠᠯ ᠤᠨ ᠦᠢᠯᠡᠰ ᠤᠨ 10 ᠶᠡᠭᠡ ᠢᠨᠵᠧᠨᠧᠷᠢᠩ ᠤᠨ ᠴᠢᠬᠤᠯᠠ ᠠᠭᠤᠯᠭ᠎ᠠ ᠮᠥᠨ᠂ ᠰᠢᠨ᠎ᠡ ᠬᠡᠪ ᠪᠠᠶᠢᠳᠠᠯ ᠳᠣᠣᠷ᠎ᠠ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠶᠢ ᠰᠢᠯᠢᠳᠡᠭᠵᠢᠭᠦᠯᠬᠦ᠂ ᠣᠷᠣᠨ ᠪᠦᠰᠡ ᠶᠢᠨ ᠬᠠᠮᠲᠤᠷᠠᠯᠴᠠᠭ᠎ᠠ ᠶᠢ ᠠᠬᠢᠭᠤᠯᠬᠤ᠂ ᠵᠢᠭᠤᠯᠴᠢᠯᠠᠯ ᠤᠨ ᠨᠡᠷᠡᠳᠬᠦᠨ ᠢ ᠡᠯᠪᠡᠭᠵᠢᠭᠦᠯᠬᠦ᠂ ᠵᠢᠭᠤᠯᠴᠢᠯᠠᠯ ᠤᠨ ᠪᠡᠯᠡ ᠣᠷᠣᠭᠤᠯᠤᠯᠲᠠ ᠬᠢᠭᠡᠳ ᠬᠡᠷᠡᠭᠯᠡᠭᠡ ᠶᠢ ᠠᠬᠢᠭᠤᠯᠬᠤ᠂ ᠭᠠᠵᠠᠷ ᠣᠷᠣᠨ ᠤ ᠵᠢᠭᠤᠯᠴᠢᠯᠠᠯ ᠤᠨ ᠨᠥᠯᠥᠭᠡᠯᠡᠬᠦ ᠬᠦᠴᠦᠨ ᠢ ᠦᠳᠲᠡᠷ ᠲᠦᠷᠭᠡᠨ ᠳᠡᠭᠡᠭᠰᠢᠯᠡᠭᠦᠯᠬᠦ ᠵᠡᠷᠭᠡ ᠲᠠᠯ᠎ᠠ ᠳᠤ ᠭᠤᠣᠯ ᠢ ᠨᠢ ᠠᠳᠬᠤᠵᠤ ᠭᠤᠣᠯᠳᠠᠯᠭ᠎ᠠ ᠶᠢ ᠨᠢ ᠳᠤᠷᠠᠳᠬᠤ ᠴᠢᠬᠤᠯᠠ ᠦᠢᠯᠡᠳᠦᠯ ᠲᠠᠢ ᠶᠤᠮ᠃      ᠥᠪᠥᠷ ᠮᠣᠩᠭᠤᠯ ᠤᠨ ᠵᠢᠭᠤᠯᠴᠢᠯᠠᠯ ᠤᠨ ᠲᠣᠪᠴᠢᠶ᠎ᠠ ᠨᠢ ᠵᠢᠭᠤᠯᠴᠢᠯᠠᠯ ᠤᠨ ᠨᠡᠷᠡᠲᠦ ᠲᠦᠷᠦᠯ ᠲᠡᠮᠳᠡᠭᠲᠦ ᠦᠵᠡᠮᠵᠢ ᠶᠢᠨ ᠣᠷᠣᠨ ᠢ ᠡᠭᠦᠳᠦᠨ ᠪᠠᠶᠢᠭᠤᠯᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠲᠡᠭᠦᠨ ᠢ ᠪᠦᠬᠦ ᠣᠷᠣᠨ ᠤ ᠵᠢᠭᠤᠯᠴᠢᠯᠠᠯ ᠤᠨ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢᠨ ᠨᠢᠭᠡᠨ ᠴᠢᠬᠤᠯᠠ ᠠᠷᠭ᠎ᠠ ᠬᠡᠮᠵᠢᠶ᠎ᠡ ᠪᠣᠯᠭᠠᠨ ᠠᠳᠬᠤᠵᠤ᠂ ᠲᠦᠷᠦ ᠶᠢᠨ ᠪᠤᠳᠤᠯᠭ᠎ᠠ ᠶᠢᠨ ᠳᠡᠮᠵᠢᠯᠭᠡ ᠦᠵᠡᠭᠦᠯᠬᠦ᠂ ᠪᠡᠯᠡ ᠣᠷᠣᠭᠤᠯᠤᠯᠲᠠ ᠪᠠᠷ ᠬᠥᠲᠥᠯᠥᠨ ᠵᠢᠯᠣᠭᠤᠳᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠨ᠂ ᠨᠡᠷᠡᠲᠦ ᠲᠦᠷᠦᠯ ᠲᠡᠮᠳᠡᠭᠲᠦ ᠵᠢᠭᠤᠯᠴᠢᠯᠠᠯ ᠤᠨ ᠦᠵᠡᠮᠵᠢ ᠶᠢᠨ ᠣᠷᠣᠨ ᠤ ᠵᠢᠭᠤᠯᠴᠢᠯᠠᠯ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠶᠢ ᠴᠢᠩᠭᠠᠳᠬᠠᠵᠤ᠂ ᠨᠡᠷᠡᠲᠦ ᠲᠦᠷᠦᠯ ᠲᠡᠮᠳᠡᠭᠲᠦ ᠵᠢᠭᠤᠯᠴᠢᠯᠠᠯ ᠤᠨ ᠦᠵᠡᠮᠵᠢ ᠶᠢᠨ ᠤᠷᠤᠨ ᠤ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠶᠢ ᠠᠬᠢᠭᠤᠯᠪᠠ᠃      ᠨᠡᠷᠡᠲᠦ ᠲᠦᠷᠦᠯ ᠲᠡᠮᠳᠡᠭᠲᠦ ᠵᠢᠭᠤᠯᠴᠢᠯᠠᠯ ᠤᠨ ᠦᠵᠡᠮᠵᠢ ᠶᠢᠨ ᠤᠷᠤᠨ ᠤ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠵᠠᠮ ᠬᠠᠷᠢᠯᠴᠠᠭᠠᠨ ᠤ ᠵᠠᠮ ᠱᠤᠭᠤᠮ ᠳᠤ ᠰᠠᠭᠤᠷᠢᠯᠠᠨ᠂ ᠪᠤᠰᠤᠳ ᠦᠵᠡᠮᠵᠢ ᠶᠢᠨ ᠣᠷᠣᠨ ᠢ ᠳᠠᠶᠢᠴᠢᠯᠠᠵᠤ᠂ ᠨᠡᠷᠡᠲᠦ ᠲᠦᠷᠦᠯ ᠲᠡᠮᠳᠡᠭᠲᠦ ᠵᠢᠭᠤᠯᠴᠢᠯᠠᠯ ᠤᠨ ᠦᠵᠡᠮᠵᠢ ᠶᠢᠨ ᠤᠷᠤᠨ ᠬᠢᠭᠡᠳ ᠨᠡᠷᠡᠲᠦ ᠲᠦᠷᠦᠯ ᠲᠡᠮᠳᠡᠭᠲᠦ ᠵᠢᠭᠤᠯᠴᠢᠯᠠᠯ ᠤᠨ ᠵᠠᠮ ᠱᠤᠭᠤᠮ ᠤᠨ ᠬᠠᠷᠢᠯᠴᠠᠨ ᠠᠬᠢᠭᠤᠯᠬᠤ ᠬᠥᠭᠵᠢᠯᠲᠡ ᠶᠢᠨ ᠪᠠᠶᠢᠷᠢᠰᠢᠯ ᠢ ᠪᠣᠢ ᠪᠣᠯᠭᠠᠭᠰᠠᠨ ᠪᠠᠶᠢᠨ᠎ᠠ᠃      ᠪᠦᠬᠦ ᠲᠠᠯ᠎ᠠ ᠪᠠᠷ ᠬᠦᠭᠵᠢᠭᠦᠯᠵᠦ   ᠭᠤᠷᠪᠠᠨ ᠳᠡᠰ ᠤᠨ ᠨᠡᠷᠡᠲᠦ ᠲᠦᠷᠦᠯ ᠲᠡᠮᠳᠡᠭᠲᠦ ᠵᠠᠮ ᠱᠤᠭᠤᠮ ᠨᠢ ᠵᠢᠭᠤᠯᠴᠢᠯᠠᠯ ᠤᠨ ᠠᠵᠤ ᠦᠶᠯᠡᠰ ᠤᠨ ᠳᠡᠰ ᠳᠡᠪᠰᠢᠨ ᠬᠦᠭᠵᠢᠬᠦ ᠶᠢ ᠠᠬᠢᠭᠤᠯᠵᠤ ᠪᠣᠢ      ᠤᠯᠠᠨ ᠨᠡᠶᠢᠲᠡ ᠶᠢᠨ ᠵᠢᠭᠤᠯᠴᠢᠯᠠᠯ ᠤᠨ ᠴᠠᠭ ᠦᠶ᠎ᠡ ᠬᠦᠷᠴᠦ ᠢᠷᠡᠬᠦ ᠶᠢ ᠳᠠᠭᠠᠯᠳᠤᠨ᠂ ᠦᠵᠡᠮᠵᠢ ᠶᠢᠨ ᠴᠢᠭ᠋ ᠦᠵᠡᠮᠵᠢ ᠶᠢᠨ ᠣᠷᠣᠨ ᠢᠶᠠᠷ ᠵᠢᠭᠤᠯᠴᠢᠯᠠᠬᠤ ᠨᠢ ᠵᠢᠭᠤᠯᠴᠢᠯᠠᠭᠴᠢᠳ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ ᠴᠢᠳᠠᠬᠤ ᠦᠭᠡᠢ ᠪᠣᠯᠪᠠ᠂ ᠨᠡᠷᠡᠲᠦ ᠲᠦᠷᠦᠯ ᠲᠡᠮᠳᠡᠭᠲᠦ ᠵᠢᠭᠤᠯᠴᠢᠯᠠᠯ ᠤᠨ ᠵᠠᠮ ᠱᠤᠭᠤᠮ ᠢ ᠡᠭᠦᠳᠦᠨ ᠪᠠᠶᠢᠭᠤᠯᠬᠤ ᠠᠵᠢᠯ ᠨᠢ ᠵᠢᠭᠤᠯᠴᠢᠯᠠᠯ ᠤᠨ ᠠᠵᠤ ᠦᠶᠯᠡᠰ ᠤᠨ ᠳᠡᠰ ᠳᠡᠪᠰᠢᠨ ᠬᠦᠭᠵᠢᠬᠦ ᠶᠢ ᠳᠥᠯᠭᠢᠨ ᠠᠬᠢᠭᠤᠯᠬᠤ ᠴᠢᠬᠤᠯᠠ ᠭᠠᠷᠳᠠᠴᠠ ᠪᠣᠯᠪᠠ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠤᠨ ᠦᠢᠯᠡᠰ ᠤᠨ ︽643X︾ ᠨᠡᠷᠡᠳᠤ ᠲᠦᠷᠦᠯ ᠲᠡᠮᠳᠡᠭᠲᠦ ᠰᠢᠰᠲ᠋ᠧᠮᠵᠢ ᠶᠢᠨ ᠪᠠᠶᠢᠯᠳᠤᠬᠤ ᠪᠤᠳᠤᠯᠭ᠎ᠠ ᠶᠢ ᠦᠨᠳᠦᠰᠦᠯᠡᠪᠡᠯ᠂ ᠮᠠᠨ ᠤ ᠣᠷᠣᠨ 100 ᠭᠠᠷᠤᠶ ᠭᠤᠷᠪᠠᠨ ᠳᠡᠰ ᠤᠨ ᠨᠡᠷᠡᠲᠦ ᠲᠦᠷᠦᠯ ᠲᠡᠮᠳᠡᠭᠲᠦ ᠵᠢᠭᠤᠯᠴᠢᠯᠠᠯ ᠤᠨ ᠵᠠᠮ ᠱᠤᠭᠤᠮ ᠢ ᠨᠢᠭᠡᠨᠲᠡ ᠪᠠᠶᠢᠭᠤᠯᠪᠡ᠃ ᠨᠢᠭᠡᠳᠦᠭᠡᠷ ᠳᠡᠰ ᠤᠨ ᠨᠡᠷᠡᠲᠦ ᠲᠦᠷᠦᠯ ᠲᠡᠮᠳᠡᠭᠲᠦ ᠵᠢᠭᠤᠯᠴᠢᠯᠠᠯ ᠤᠨ ᠵᠠᠮ ᠱᠤᠭᠤᠮ ᠨᠢ ᠭᠤᠣᠯᠳᠠᠭᠤ ᠤᠯᠤᠰ ᠠᠴᠠ ᠨᠢᠭᠡᠳᠦᠯᠲᠡᠶ ᠲᠥᠯᠦᠪᠯᠡᠨ ᠠᠬᠢᠭᠤᠯᠤᠭᠰᠠᠨ ︽ᠲᠣᠷᠭᠠᠨ ᠵᠠᠮ︾᠂ ︽ᠲᠦᠮᠡᠨ ᠭᠠᠵᠠᠷ ᠤᠨ ᠴᠠᠢ ᠶᠢᠨ ᠵᠠᠮ︾᠂ ᠬᠠᠲᠤᠨ ᠭᠤᠣᠯ᠂ ᠤᠷᠲᠤ ᠴᠠᠭᠠᠨ ᠬᠡᠷᠡᠮ ᠵᠡᠷᠭᠡ ᠶᠢᠨ ᠲᠣᠭᠤᠷᠢᠨ ᠳᠤ ᠰᠡᠳᠤᠵᠤ ᠲᠥᠯᠦᠪᠯᠡᠭᠰᠡᠨ ᠮᠤᠵᠢ ᠣᠷᠣᠨ ᠠᠯᠤᠰᠯᠠᠭᠰᠠᠨ ᠵᠠᠮ ᠱᠤᠭᠤᠮ ᠪᠣᠯᠣᠨ᠎ᠠ᠃ ᠬᠤᠶᠠᠳᠤᠭᠠᠷ ᠳᠡᠰ ᠤᠨ ᠨᠡᠷᠡᠲᠦ ᠲᠦᠷᠦᠯ ᠲᠡᠮᠳᠡᠭᠲᠦ ᠵᠢᠭᠤᠯᠴᠢᠯᠠᠯ ᠤᠨ ᠵᠠᠮ ᠱᠤᠭᠤᠮ ᠨᠢ ᠭᠤᠣᠯᠳᠠᠭᠤ ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠤᠨ ᠲᠣᠪᠴᠢᠶ᠎ᠠ ᠲᠦᠯᠦᠪᠵᠢᠭᠦᠯᠦᠨ ᠪᠠᠶᠢᠭᠤᠯᠵᠤ᠂ ᠦᠨᠳᠦᠰᠦᠨ ᠳᠡᠭᠡᠨ ᠥᠪᠡᠷᠲᠡᠭᠡᠨ ᠵᠠᠰᠠᠬᠤ ᠣᠷᠣᠨ ᠤ ᠪᠦᠬᠦ ᠨᠤᠲᠤᠭ ᠳᠡᠪᠢᠰᠬᠡᠷ ᠪᠣᠶᠣ ᠣᠯᠠᠩᠬᠢ ᠠᠶᠢᠮᠠᠭ ᠬᠤᠲᠠ ᠶᠢ ᠲᠤᠭᠤᠯᠤᠭᠰᠠᠨ ᠵᠢᠭᠤᠯᠴᠢᠯᠠᠯ ᠤᠨ ᠵᠠᠮ ᠱᠤᠭᠤᠮ᠂ ᠵᠢᠱᠢᠶᠡᠯᠡᠪᠡᠯ ᠵᠡᠭᠦᠨ ᠪᠠᠷᠠᠭᠤᠨ ᠢ ᠨᠡᠪᠲᠡᠷᠡᠭᠦᠯᠦᠭᠰᠡᠨ ᠲᠦᠮᠡᠨ ᠭᠠᠵᠠᠷ ᠤᠨ ᠲᠠᠯ᠎ᠠ ᠨᠤᠲᠤᠭ ᠤᠨ ᠲᠩᠷᠢᠯᠢᠭ ᠵᠠᠮ᠂ ᠲᠠᠯ᠎ᠠ ᠨᠤᠲᠤᠭ ᠤᠨ ᠮᠣᠷᠢᠨ ᠵᠠᠮ᠂ ᠬᠠᠲᠤᠨ ᠭᠤᠣᠯ ᠤᠨ ︽几︾ ᠦᠰᠦᠭ ᠤᠨ ᠬᠡᠯᠪᠡᠷᠢᠲᠦ ᠲᠣᠬᠤᠢ ᠶᠢᠨ ᠡᠯᠡᠰᠦᠨ ᠴᠦᠯ ᠤᠨ ᠱᠤᠭᠤᠮ᠂ ᠮᠣᠩᠭᠤᠯ ᠤᠨ ᠡᠬᠢ ᠡᠭᠦᠰᠦᠯ ᠤᠨ ᠰᠢᠵᠢᠷ ᠠᠯᠲᠠᠨ ᠱᠤᠭᠤᠮ ᠵᠡᠷᠭᠡ ᠪᠣᠯᠣᠨ᠎ᠠ᠃ ᠭᠤᠷᠪᠠᠳᠤᠭᠠᠷ ᠳᠡᠰ ‍ᠤᠨ‌ᠨᠡᠷᠡᠲᠦ ᠲᠦᠷᠦᠯ ᠲᠡᠮᠳᠡᠭᠲᠦ ᠵᠢᠭᠤᠯᠴᠢᠯᠠᠯ ᠤᠨ ᠵᠠᠮ ᠱᠤᠭᠤᠮ ᠨᠢ ᠭᠤᠣᠯᠳᠠᠭᠤ ᠮᠠᠨ ᠤ ᠣᠷᠣᠨ ᠤ ᠡᠯ᠎ᠡ ᠠᠶᠢᠮᠠᠭ ᠬᠤᠲᠠ ᠪᠠᠶᠢᠭᠠᠯᠢ ᠳᠡᠯᠡᠬᠡᠢ ᠶᠢᠨ ᠰᠤᠶᠤᠷᠬᠠᠭᠰᠠᠨ ᠳᠠᠪᠠᠭᠤᠯᠢᠭ ᠲᠠᠭᠠᠨ ᠲᠦᠰᠢᠭᠯᠡᠨ᠂ ᠣᠷᠣᠨ ᠪᠦᠰᠡ ᠶᠢᠨ ᠬᠠᠮᠲᠤᠷᠠᠯᠴᠠᠭ᠎ᠠ ᠶᠢ ᠠᠬᠢᠭᠤᠯᠵᠦ᠂ ᠡᠯᠪᠡᠭ ᠪᠠᠶᠠᠯᠢᠭ ᠵᠢᠭᠤᠯᠴᠢᠯᠠᠯ ᠤᠨ ᠨᠡᠷᠡᠳᠬᠦᠨ ᠢ ᠡᠮᠬᠢᠯᠡᠨ ᠨᠡᠶᠢᠯᠡᠭᠦᠯᠵᠦ᠂ ᠰᠣᠶᠣᠯ ᠤᠨ ᠷᠢᠳᠢ ᠰᠢᠳᠢ ᠳᠤ ᠲᠦᠰᠢᠭᠯᠡᠨ ᠪᠠᠶᠢᠭᠤᠯᠪᠠ᠃ ᠵᠢᠱᠢᠶᠡᠯᠡᠪᠡᠯ ᠷᠠᠰᠢᠶᠠᠨ ᠬᠠᠶᠢᠯᠠᠷ ᠮᠠᠨᠵᠤᠤᠷ ᠤᠨ ︽ᠠᠯᠲᠠᠨ ᠭᠤᠷᠪᠠᠯᠵᠢᠨ ᠣᠷᠣᠨ︾᠎ ᠤ ᠳᠥᠷᠪᠡᠨ ᠤᠯᠠᠷᠢᠯ ᠤᠨ ᠵᠢᠭᠤᠯᠴᠢᠯᠠᠯ᠂ ᠤᠯᠠᠭᠠᠨᠬᠠᠳᠠ ᠬᠤᠲᠠ ᠶᠢᠨ ᠬᠤᠩ ᠱᠠᠨ ᠰᠣᠶᠣᠯ ᠤᠨ ᠵᠢᠭᠤᠯᠴᠢᠯᠠᠯ ᠵᠡᠷᠭᠡ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号