ᠥᠪᠥᠷ ᠵᠠᠰᠠᠭ ᠠᠯᠪᠠᠨ ᠲᠠᠷᠬᠠᠭᠠᠭᠰᠠᠨ ﹇2016﹈ 123 ᠳ᠋ᠤᠭᠠᠷ ᠲᠤᠭᠠᠳᠤ | 9 ᠳ᠋ᠦ᠋ᠭᠡᠷ ᠰᠠᠷ᠎ᠠ ᠶᠢᠨ 9 ᠤ ᠡᠳᠦᠷ | | | ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠤᠷᠳᠤᠨ᠂ ᠦᠪᠡᠷᠳᠡᠬᠡᠨ ᠵᠠᠰᠠᠬᠤ ᠤᠷᠤᠨ ᠤ | ᠡᠯ᠎ᠡ ᠵᠦᠪᠯᠡᠯ᠂ ᠠᠯᠪᠠᠨ ᠬᠡᠷ᠂ ᠲᠢᠩᠬᠢᠮ᠂ ᠲᠤᠪᠴᠢᠶ᠎ᠡ᠂ ᠡᠯ᠎ᠡ ᠲᠤᠮᠤ ᠠᠵᠦ ᠠᠬᠤᠶᠢᠯᠠᠯ᠂ ᠠᠵᠢᠯ ᠦᠢᠯᠡᠰ ᠤᠨ | ᠨᠢᠬᠡᠴᠡ ᠳᠤ᠄ | ︽ᠷᠠᠳᠢᠤ᠋ ᠲᠧᠯᠸᠢᠰ ᠢ ᠲᠤᠰᠬᠤᠨ ᠪᠦᠷᠢ ᠳᠤ ᠨᠡᠪᠳᠡᠷᠡᠭᠦᠯᠵᠤ ᠪᠠᠶᠢᠭᠰᠠᠨ ᠠᠴᠠ ᠡᠷᠦᠬᠡ ᠪᠦᠷᠢ ᠳᠤ | ᠨᠡᠪᠳᠡᠷᠡᠬᠦᠯᠦᠨ ᠲᠡᠰ ᠲᠡᠪᠰᠢᠬᠦᠯᠬᠦ ᠠᠵᠢᠯ ᠢ ᠲᠦᠷᠬᠡᠳᠬᠡᠨ ᠠᠬᠢᠭᠤᠯᠬᠤ ᠲᠤᠬᠠᠢ ᠲᠦᠷᠦ ᠶᠢᠨ ᠶᠠᠪᠤᠳᠠᠯ ᠤᠨ | ᠬᠤᠷᠢᠶ᠎ᠠ ᠶᠢᠨ ᠠᠯᠪᠠᠨ ᠲᠢᠩᠬᠢᠮ ᠤᠨ ᠮᠡᠳᠡᠭᠳᠡᠯ︾ ︵ᠲᠦᠷᠦ ᠠᠯᠪᠠᠨ ᠲᠠᠷᠬᠠᠭᠠᠨᠨᠰᠠᠨ ﹇2016﹈ 20 ᠳ᠋ᠤᠭᠠᠷ | ᠲᠤᠭᠠᠳᠤ︶ ᠤᠨ ᠵᠤᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠦ᠂ ᠪᠦᠭᠦ ᠤᠷᠤᠨ ᠤ ᠷᠠᠳᠢᠤ᠋ ᠲᠧᠯᠸᠢᠰ ᠢ | ᠲᠤᠰᠬᠤᠨ ᠪᠦᠷᠢ ᠳᠤ ᠨᠡᠪᠳᠡᠷᠡᠭᠦᠯᠵᠤ ᠪᠠᠶᠢᠭᠰᠠᠨ ᠠᠴᠠ ᠡᠷᠦᠬᠡ ᠪᠦᠷᠢ ᠳᠤ ᠨᠡᠪᠳᠡᠷᠡᠬᠦᠯᠦᠨ ᠲᠡᠰ ᠲᠡᠪᠰᠢᠬᠦᠯᠬᠦ | ᠠᠵᠢᠯ ᠢ ᠲᠦᠷᠬᠡᠳᠬᠡᠨ ᠠᠬᠢᠭᠤᠯᠵᠦ᠂ ᠪᠦᠳᠦᠭᠦᠯᠢᠭ ᠬᠡᠯᠪᠡᠷᠢ ᠪᠠᠷ ᠪᠦᠷᠭᠦᠭᠦᠯᠵᠦ ᠪᠠᠶᠢᠨᠨᠰᠠᠨ ᠢ ᠨᠠᠷᠢᠯᠢᠨᠨᠵᠢᠭᠤᠯᠤᠨ | ᠡᠷᠦᠬᠡ ᠳᠤ ᠤᠷᠤᠭᠤᠯᠬᠤ ᠦᠢᠯᠡᠴᠢᠯᠡᠭᠡ ᠶᠢ ᠪᠠᠶᠢᠭᠤᠯᠤᠨ ᠲᠡᠰ ᠲᠡᠪᠰᠢᠬᠦᠯᠬᠦ᠂ ᠲᠠᠭᠤᠷᠢᠶᠠᠮᠠᠯ ᠲᠤᠬᠢᠶᠠᠨ | ᠲᠡᠮᠳᠡᠭ ᠢᠶᠠᠷ ᠪᠦᠷᠭᠦᠬᠦᠯᠵᠦ ᠪᠠᠶᠢᠨᠨᠰᠠᠨ ᠢ ᠲᠤᠭᠠᠴᠠᠯᠠᠭᠤᠯᠵᠦ ᠲᠤᠳᠤ ᠭᠦᠯᠢᠶᠡᠨ ᠠᠪᠤᠭᠤᠯᠤᠨ ᠲᠡᠰ ᠲᠡᠪᠰᠢᠬᠦᠯᠬᠦ᠂ | ᠤᠯᠠᠮᠵᠢᠯᠠᠯᠳᠤ ᠦᠵᠡᠵᠦ ᠰᠤᠨᠤᠰᠬᠤ ᠦᠢᠯᠡᠴᠢᠯᠡᠭᠡ ᠶᠢ ᠤᠯᠠᠨ ᠲᠡᠰ ᠲᠠᠪᠬᠤᠷᠭᠠᠳᠤ ᠤᠯᠠᠨ ᠠᠷᠭ᠎ᠠ ᠮᠠᠶ᠋ᠢᠭ ᠤᠯᠠᠨ | ᠡᠵᠡᠩᠨᠡᠯᠳᠡ ᠶᠢᠨ ᠪᠠᠶᠢᠳᠠᠯ ᠢᠶᠠᠷ ᠦᠢᠯᠡᠴᠢᠯᠡᠨ ᠲᠡᠰ ᠲᠡᠪᠰᠢᠭᠦᠯᠦᠭᠰᠡᠨ ᠷᠠᠳᠢᠤ᠋ ᠲᠧᠯᠸᠢᠰ ᠤᠨ ᠰᠢᠨ᠎ᠠ ᠬᠡᠯᠪᠡᠷᠢ ᠶᠢᠨ | ᠦᠢᠯᠡᠴᠢᠯᠡᠬᠡᠨ ᠤ ᠰᠢᠰᠲ᠋ᠧᠮᠵᠢ ᠶᠢ ᠪᠠᠶᠢᠭᠤᠯᠵᠦ᠂ ᠷᠠᠳᠢᠤ᠋ ᠲᠧᠯᠸᠢᠰ ᠤᠨ ᠦᠢᠯᠡᠴᠢᠯᠡᠬᠡᠨ ᠤ ᠴᠢᠳᠠᠪᠤᠷᠢ ᠪᠠ ᠬᠢᠷᠢ | ᠬᠡᠮᠵᠢᠶ᠎ᠡ ᠶᠢ ᠤᠯᠠᠮ ᠨᠢᠬᠡ ᠠᠯᠬᠤᠮ ᠲᠡᠬᠡᠭᠰᠢᠯᠡᠬᠦᠯᠬᠦ ᠶᠢᠨ ᠲᠤᠰᠠᠳᠠ᠂ ᠦᠪᠡᠷᠳᠡᠬᠡᠨ ᠵᠠᠰᠠᠬᠤ ᠤᠷᠤᠨ ᠤ ᠠᠷᠠᠳ ᠤᠨ | ᠵᠠᠰᠠᠭ ᠤᠨ ᠤᠷᠳᠤᠨ ᠢᠶᠠᠷ ᠵᠦᠪᠰᠢᠶᠡᠷᠡᠭᠦᠯᠦᠬᠡᠳ᠂ ᠮᠠᠨ ᠤ ᠤᠷᠤᠨ ᠤ ᠪᠤᠳᠠᠳᠠᠢ ᠲᠠᠢ ᠤᠶᠠᠯᠳᠤᠭᠤᠯᠤᠨ᠂ ᠡᠳᠦᠬᠡ | ᠲᠤᠤᠷᠠᠬᠢ ᠮᠡᠳᠦ ᠰᠠᠨᠠᠯ ᠢ ᠲᠤᠷᠠᠳᠪᠠ᠃ | ᠨᠢᠬᠡ᠂ ᠶᠡᠷᠦᠩᠬᠡᠢ ᠱᠠᠭᠠᠷᠳᠠᠯᠭ᠎ᠠ | ︵ᠨᠢᠬᠡ︶ ᠵᠢᠯᠤᠭᠤᠳᠬᠤ ᠦᠵᠡᠯ ᠰᠠᠨᠠᠭ᠎ᠠ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠪᠤᠯᠤᠨ ᠠᠷᠪᠠᠨ | ᠨᠠᠢᠮᠠᠳᠤᠭᠠᠷ ᠬᠤᠭᠤᠴᠠᠭᠠᠨ ᠤ ᠲᠦᠪ ᠬᠤᠷᠢᠶ᠎ᠠ ᠶᠢᠨ ᠭᠤᠷᠪᠠᠳᠤᠭᠠᠷ᠂ ᠲᠦᠷᠪᠡᠳᠦᠬᠡᠷ᠂ ᠲᠠᠪᠤᠳᠤᠭᠠᠷ ᠪᠦᠭᠦᠳᠡ | ᠬᠤᠷᠠᠯ ᠤᠨ ᠵᠤᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠦ᠂ ᠨᠠᠮ ᠤᠨ ᠲᠦᠪ | ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠪᠤᠯᠤᠨ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ᠂ | ᠵᠠᠰᠠᠭ ᠤᠨ ᠤᠷᠳᠤᠨ ᠤ ᠰᠶᠢᠳᠪᠦᠷᠢᠳᠦ ᠪᠤᠳᠤᠯᠭ᠎ᠠ ᠶᠢᠨ ᠪᠠᠶᠢᠷᠢᠯᠠᠭᠤᠯᠤᠯᠳᠠ ᠶᠤᠰᠤᠭᠠᠷ᠂ ᠠᠷᠠᠳ ᠲᠦᠮᠡᠨ ᠢᠶᠠᠷ | ᠲᠦᠪ ᠪᠤᠯᠭᠠᠨᠨᠰᠠᠨ ᠠᠵᠢᠯ ᠤᠨ ᠤᠳᠤᠷᠢᠳᠤᠮᠵᠢ ᠶᠢ ᠪᠠᠷᠢᠮᠳᠠᠯᠠᠵᠦ᠂ ᠦᠬᠡᠷᠡᠴᠢᠯᠡᠯᠳᠡ ᠬᠢᠵᠦ ᠰᠢᠨ᠎ᠠ ᠶᠢ ᠡᠭᠦᠳᠭᠦ ᠪᠠᠷ | ᠭᠦᠳᠡᠯᠬᠡᠭᠦᠷ ᠪᠤᠯᠭᠠᠨ᠂ ᠲᠡᠰ ᠲᠡᠪᠰᠢᠬᠦᠯᠦᠨ ᠭᠦᠭᠵᠢᠬᠦᠯᠬᠦ ᠪᠠᠷ ᠭᠤᠤᠯ ᠱᠤᠭᠤᠮ ᠪᠤᠯᠭᠠᠵᠦ᠂ ᠦᠨᠳᠦᠰᠦᠨ | ᠱᠠᠳᠤ ᠪᠠᠷ ᠭᠤᠤᠯᠳᠠᠯᠭ᠎ᠠ ᠪᠤᠯᠭᠠᠨ᠂ ᠵᠠᠰᠠᠭ ᠤᠨ ᠤᠷᠳᠤᠨ ᠪᠠ ᠵᠠᠬ᠎ᠠ ᠲᠡᠯᠬᠡᠭᠦᠷ ᠤᠨ ᠦᠢᠯᠡᠳᠦᠯ ᠢ ᠭᠦᠢᠴᠡᠳ | ᠪᠠᠳᠠᠷᠠᠭᠤᠯᠵᠦ᠂ ᠲᠤᠭᠠᠴᠠᠯᠬᠠᠰᠠᠨ ᠷᠠᠳᠢᠤ᠋ ᠲᠧᠯᠸᠢᠰ ᠤᠨ ᠪᠦᠷᠭᠦᠯᠳᠡ ᠪᠠ ᠰᠠᠭᠤᠷᠢ ᠪᠡᠯᠡᠳᠬᠡᠮᠵᠢ ᠶᠢᠨ ᠪᠦᠳᠦᠬᠡᠨ | ᠪᠠᠶᠢᠭᠤᠯᠤᠯᠳᠠ ᠶᠢ ᠲᠦᠷᠬᠡᠳᠬᠡᠨ᠂ ᠤᠷᠳᠤ ᠬᠤᠭᠤᠴᠠᠭ᠎ᠠ ᠭᠦᠴᠦᠨ ᠲᠠᠢ ᠲᠤᠨᠨᠳᠠᠴᠠ ᠶᠢ ᠪᠠᠶᠢᠭᠤᠯᠤᠨ | ᠪᠦᠷᠢᠨᠰᠢᠬᠦᠯᠵᠦ᠂ ᠷᠠᠳᠢᠤ᠋ ᠲᠧᠯᠸᠢᠰ ᠤᠨ ᠪᠦᠷᠬᠦᠬᠦ ᠴᠢᠳᠠᠪᠤᠷᠢ ᠪᠠ ᠦᠢᠯᠡᠴᠢᠯᠡᠬᠡᠨ ᠤ ᠬᠢᠷᠢ ᠬᠡᠮᠵᠢᠶ᠎ᠡ ᠶᠢ ᠤᠯᠠᠮ ᠨᠢᠬᠡ | ᠠᠯᠬᠤᠮ ᠲᠡᠬᠡᠭᠰᠢᠯᠡᠬᠦᠯᠦᠨ᠂ ᠬᠢᠯᠢ ᠬᠢᠵᠠᠭᠠᠷ ᠢᠶᠠᠨ ᠪᠠᠬᠢᠵᠢᠬᠦᠯᠵᠦ ᠠᠷᠠᠳ ᠲᠤ ᠠᠰᠢᠭ ᠭᠦᠷᠳᠡᠬᠡᠬᠦ ᠷᠠᠳᠢᠤ᠋ | ᠲᠧᠯᠸᠢᠰ ᠤᠨ ᠦᠢᠯᠡᠴᠢᠯᠡᠬᠡᠨ ᠤ ᠰᠢᠰᠲ᠋ᠧᠮᠵᠢ ᠶᠢ ᠪᠦᠭᠦ ᠭᠦᠴᠦᠨ ᠢᠶᠠᠷ ᠪᠠᠶᠢᠭᠤᠯᠵᠦ᠂ ᠦᠨᠳᠦᠰᠦᠨ ᠱᠠᠳᠤᠨ ᠤ | ᠤᠯᠠᠨ ᠲᠦᠮᠡᠨ ᠤ ᠡᠳᠦᠷ ᠢᠷᠡᠭᠦᠶ᠎ᠡ ᠦᠰᠦᠨ ᠨᠡᠮᠡᠭᠳᠡᠵᠦ ᠪᠦᠭᠦᠢ ᠦᠪᠡᠷᠮᠢᠴᠡ ᠤᠯᠠᠨ ᠶᠠᠩᠵᠤᠳᠤ ᠰᠤᠶᠤᠯ ᠤᠨ | ᠬᠡᠷᠡᠭᠴᠡᠭᠡ ᠱᠠᠭᠠᠷᠳᠠᠯᠭ᠎ᠠ ᠶᠢ ᠲᠠᠰᠤᠷᠠᠯᠳᠠ ᠦᠬᠡᠢ ᠬᠠᠩᠭᠠᠨ᠂ ᠦᠨᠳᠦᠰᠦᠳᠠᠨ ᠤ ᠪᠦᠯᠭᠦᠮᠳᠡᠯ ᠢ ᠠᠬᠢᠭᠤᠯᠬᠤ᠂ ᠬᠢᠯᠢ | ᠬᠢᠵᠠᠭᠠᠷ ᠤᠨ ᠲᠤᠨᠨᠳᠠᠭᠤᠨ ᠢ ᠬᠠᠮᠠᠭᠠᠯᠠᠬᠤ ᠳᠤ ᠰᠠᠶᠢᠨ ᠰᠠᠶᠢᠬᠠᠨ ᠤᠷᠴᠢᠨ ᠲᠤᠭᠤᠷᠢᠨ ᠢ ᠪᠤᠢ ᠪᠤᠯᠭᠠᠨ᠎ᠠ᠃ | ︵ᠬᠤᠶᠠᠷ︶ ᠠᠵᠢᠯ ᠤᠨ ᠬᠠᠷᠠᠯᠳᠠ᠃ ᠤᠳᠠᠰᠤᠭᠦᠢ᠂ ᠤᠳᠠᠰᠤᠳᠤ᠂ ᠲᠠᠭᠠᠭᠤᠯᠢ ᠤᠳᠤ ᠵᠡᠷᠬᠡ ᠭᠤᠷᠪᠠᠨ | ᠵᠦᠢᠯ ᠤᠨ ᠮᠡᠷᠬᠡᠵᠢᠯ ᠢᠶᠠᠷ ᠪᠦᠷᠭᠦᠭᠦᠯᠬᠦ ᠠᠷᠭ᠎ᠠ ᠮᠠᠶ᠋ᠢᠭ ᠢ ᠨᠢᠬᠡᠳᠦᠯᠳᠡᠢ ᠲᠦᠯᠦᠪᠯᠡᠵᠦ᠂ 2020 ᠤᠨ ᠪᠤᠯᠳᠠᠯ᠎ᠠ᠂ | ᠲᠤᠭᠠᠴᠠᠯᠬᠠᠰᠠᠨ ᠷᠠᠳᠢᠤ᠋ ᠲᠧᠯᠸᠢᠰ ᠢ ᠡᠷᠦᠬᠡ ᠪᠦᠷᠢ ᠳᠤ ᠨᠡᠪᠳᠡᠷᠡᠭᠦᠯᠭᠦ ᠶᠢ ᠦᠨᠳᠦᠰᠦᠨ ᠳᠡᠭᠡᠨ ᠪᠡᠶᠡᠯᠡᠬᠦᠯᠤᠨ᠂ | ᠬᠤᠳᠠ ᠭᠦᠳᠡᠭᠡ ᠶᠢ ᠪᠦᠷᠬᠦᠬᠦᠯᠦᠭᠰᠡᠨ᠂ ᠲᠦᠭᠦᠮ ᠲᠦᠳᠡ ᠦᠨᠳᠦᠷ ᠦᠷ᠎ᠡ ᠠᠰᠢᠭ ᠲᠠᠢ᠂ ᠴᠢᠳᠠᠮᠵᠢ ᠨᠢ ᠲᠡᠭᠦᠰ | ᠲᠡᠭᠦᠯᠳᠡᠷ᠂ ᠦᠢᠯᠡᠴᠢᠯᠡᠭᠡ ᠨᠢ ᠡᠷᠦᠬᠡ ᠳᠤ ᠭᠦᠷᠦᠭᠰᠡᠨ ᠷᠠᠳᠢᠤ᠋ ᠲᠧᠯᠸᠢᠰ ᠢ ᠪᠦᠷᠬᠦᠬᠦᠯᠬᠦ ᠰᠢᠨ᠎ᠠ ᠬᠡᠯᠪᠡᠷᠢ ᠶᠢᠨ | ᠦᠢᠯᠡᠴᠢᠯᠡᠬᠡᠨ ᠤ ᠰᠢᠰᠲ᠋ᠧᠮᠵᠢ ᠶᠢ ᠪᠦᠷᠢᠯᠳᠦᠭᠦᠯᠦᠨ᠎ᠠ᠃ ᠦᠪᠡᠷᠳᠡᠬᠡᠨ ᠵᠠᠰᠠᠬᠤ ᠤᠷᠤᠨ᠂ ᠠᠶᠢᠮᠠᠭ ᠬᠤᠳᠠ᠂ | ᠬᠤᠰᠢᠭᠤ ᠰᠢᠶᠠᠨ ︵ᠬᠤᠳᠠ᠂ ᠲᠤᠭᠤᠷᠢᠭ︶ ᠭᠤᠷᠪᠠᠨ ᠱᠠᠳᠤᠨ ᠳᠤ ᠭᠠᠵᠠᠷ ᠲᠡᠬᠡᠷᠡᠬᠢ ᠤᠳᠠᠰᠦᠭᠦᠢ ᠷᠠᠳᠢᠤ᠋ | ᠲᠧᠯᠸᠢᠰ ᠶᠢ ᠦᠨᠳᠦᠰᠦᠨ ᠳᠡᠭᠡᠨ ᠪᠦᠷᠬᠦᠬᠦᠯᠵᠦ᠂ ᠤᠳᠠᠰᠤᠳᠤ ᠰᠦᠯᠵᠢᠶ᠎ᠡ ᠨᠡᠪᠳᠡᠷᠡᠭᠡ ᠦᠬᠡᠢ ᠭᠠᠵᠠᠷ ᠤᠷᠤᠨ | ᠪᠦᠬᠦᠨ ᠳᠤ ᠲᠠᠭᠠᠭᠤᠯᠢ ᠤᠳᠤᠨ ᠤ ᠰᠢᠭᠤᠳ ᠨᠡᠪᠳᠡᠷᠡᠭᠦᠯᠬᠦ ᠤᠯᠠᠨ ᠨᠡᠶᠢᠳᠡ ᠶᠢᠨ ᠦᠢᠯᠡᠴᠢᠯᠡᠭᠡ ᠶᠢ ᠪᠦᠷᠬᠦᠬᠦᠯᠦᠨ᠎ᠠ᠃ | ᠤᠳᠠᠰᠤᠳᠤ ᠷᠠᠳᠢᠤ᠋ ᠲᠧᠯᠸᠢᠰ ᠤᠨ ᠰᠦᠯᠵᠢᠶᠡᠨ ᠤ ᠲᠤᠭᠠᠴᠠᠯᠬᠠᠰᠠᠨ ᠪᠠᠭᠳᠠᠭᠠᠮᠵᠢ ᠶᠡᠬᠡᠳᠡᠢ᠂ ᠬᠤᠤᠰ ᠴᠢᠭᠯᠡᠯ ᠢᠶᠠᠷ | ᠬᠠᠷᠢᠯᠴᠠᠨ ᠨᠡᠪᠳᠡᠷᠡᠬᠦ ᠪᠠ ᠤᠶᠤᠨᠴᠢᠯᠠᠬᠤ ᠶᠢ ᠴᠢᠷᠮᠠᠶᠢᠨ ᠪᠡᠶᠡᠯᠡᠬᠦᠯᠦᠨ᠎ᠠ᠃ ᠬᠠᠩᠭᠠᠯᠭ᠎ᠠ ᠶᠢᠨ ᠲᠠᠯ᠎ᠠ ᠳᠠᠬᠢ | ᠪᠦᠳᠦᠴᠡ ᠶᠢᠨ ᠴᠢᠨᠠᠷᠳᠠᠢ ᠦᠬᠡᠷᠡᠴᠢᠯᠡᠯᠳᠡ ᠶᠢ ᠭᠦᠨᠵᠡᠬᠡᠶᠢᠷᠡᠭᠦᠯᠬᠦ ᠶᠢᠨ ᠲᠤᠭᠤᠷᠢᠨ ᠳᠤ᠂ ᠷᠠᠳᠢᠤ᠋ ᠲᠧᠯᠸᠢᠰ ᠤᠨ | ᠫᠷᠤᠭ᠍ᠷᠠᠮ ᠤᠨ ᠬᠠᠩᠭᠠᠯᠭ᠎ᠠ ᠶᠢᠨ ᠴᠢᠳᠠᠪᠤᠷᠢ ᠪᠠ ᠦᠢᠯᠡᠴᠢᠯᠡᠬᠡᠨ ᠤ ᠬᠢᠷᠢ ᠬᠡᠮᠵᠢᠶ᠎ᠡ ᠶᠢ ᠲᠡᠬᠡᠭᠰᠢᠯᠡᠬᠦᠯᠦᠨ᠂ | ᠦᠪᠡᠷᠳᠡᠬᠡᠨ ᠵᠠᠰᠠᠬᠤ ᠤᠷᠤᠨ᠂ ᠠᠶᠢᠮᠠᠭ ᠬᠤᠳᠠ᠂ ᠬᠤᠰᠢᠭᠤ ᠰᠢᠶᠠᠨ ︵ᠬᠤᠳᠠ᠂ ᠲᠤᠭᠤᠷᠢᠭ︶ ᠭᠤᠷᠪᠠᠨ | ᠱᠠᠳᠤᠨ ᠤ ᠷᠠᠳᠢᠤ᠋ ᠲᠧᠯᠸᠢᠰ ᠤᠨ ᠫᠷᠤᠭ᠍ᠷᠠᠮ ᠤᠨ ᠠᠭᠤᠯᠭ᠎ᠠ ᠪᠠ ᠠᠮᠤᠷ ᠲᠦᠪᠰᠢᠨ ᠨᠡᠪᠳᠡᠷᠡᠭᠦᠯᠭᠦ ᠪᠦᠭᠦ ᠶᠠᠪᠤᠴᠠ ᠳᠤ | ᠬᠢᠨᠠᠨ ᠰᠢᠨᠵᠢᠵᠦ ᠬᠢᠨᠠᠨ ᠬᠠᠮᠢᠶᠠᠷᠬᠤ ᠶᠢ ᠦᠨᠳᠦᠰᠦᠨ ᠳᠡᠭᠡᠨ ᠪᠡᠶᠡᠯᠡᠬᠦᠯᠦᠨ᠎ᠠ᠃ ᠷᠠᠳᠢᠤ᠋ ᠲᠧᠯᠸᠢᠰ ᠤᠨ ᠦᠨᠳᠦᠰᠦᠨ | ᠤᠯᠠᠨ ᠨᠡᠶᠢᠳᠡ ᠶᠢᠨ ᠦᠢᠯᠡᠴᠢᠯᠡᠭᠡ ᠶᠢ ᠤᠯᠤᠰ ᠤᠨ ᠵᠢᠯᠤᠭᠤᠳᠬᠤ ᠪᠠᠷᠢᠮᠵᠢᠶ᠎ᠠ ᠳᠤ ᠭᠦᠷᠦᠭᠦᠯᠵᠦ᠂ ᠵᠠᠬ᠎ᠠ | ᠲᠡᠯᠬᠡᠭᠦᠷ ᠲᠤ ᠦᠢᠯᠡᠴᠢᠯᠡᠬᠦ ᠭᠦᠴᠦᠨ ᠴᠢᠳᠠᠪᠤᠷᠢ ᠶᠢ ᠤᠯᠠᠮ ᠨᠢᠬᠡ ᠠᠯᠬᠤᠮ ᠲᠡᠬᠡᠭᠰᠢᠯᠡᠬᠦᠯᠦᠨ᠂ ᠰᠠᠭᠤᠷᠢ | ᠪᠡᠯᠡᠳᠬᠡᠮᠵᠢ ᠶᠢᠨ ᠪᠠᠳᠤᠯᠠᠭ᠎ᠠ ᠶᠢᠨ ᠴᠢᠳᠠᠪᠤᠷᠢ ᠶᠢ ᠪᠦᠭᠦ ᠲᠡᠯ᠎ᠡ ᠪᠠᠷ ᠲᠡᠬᠡᠭᠰᠢᠯᠡᠬᠦᠯᠵᠦ᠂ ᠤᠷᠳᠤ ᠬᠤᠭᠤᠴᠠᠭ᠎ᠠ | ᠭᠦᠴᠦᠨ ᠲᠠᠢ ᠲᠤᠨᠨᠳᠠᠴᠠ ᠶᠢ ᠨᠡᠩ ᠲᠡᠭᠦᠯᠳᠡᠷᠵᠢᠬᠦᠯᠦᠨ᠎ᠠ᠃ | ᠬᠤᠶᠠᠷ᠂ ᠭᠤᠤᠯᠳᠠᠯᠭ᠎ᠠ ᠲᠠᠢ ᠡᠭᠦᠷᠬᠡ | ︵ᠭᠤᠷᠪᠠ︶ ᠲᠤᠭᠠᠴᠠᠯᠬᠠᠰᠠᠨ ᠷᠠᠳᠢᠤ᠋ ᠲᠧᠯᠸᠢᠰ ᠢ ᠪᠦᠷᠬᠦᠬᠦᠯᠵᠦ ᠭᠦᠯᠢᠶᠡᠨ ᠠᠪᠬᠤ ᠶᠢ ᠪᠦᠭᠦ ᠲᠠᠯ᠎ᠠ ᠪᠠᠷ | ᠪᠡᠶᠡᠯᠡᠬᠦᠯᠦᠨ᠎ᠠ᠃ ᠪᠦᠭᠦ ᠤᠷᠤᠨ ᠤ ᠷᠠᠳᠢᠤ᠋ ᠲᠧᠯᠸᠢᠰ ᠢ ᠪᠦᠷᠬᠦᠬᠦᠯᠬᠦ ᠰᠢᠰᠲ᠋ᠧᠮᠵᠢ ᠶᠢ ᠤᠯᠠᠮ ᠨᠢᠬᠡ ᠠᠯᠬᠤᠮ | ᠲᠡᠭᠦᠯᠳᠡᠷᠵᠢᠬᠦᠯᠵᠦ᠂ ᠤᠳᠠᠰᠤᠳᠤ ᠰᠦᠯᠵᠢᠶ᠎ᠡ ᠨᠡᠪᠳᠡᠷᠡᠭᠡ ᠦᠬᠡᠢ ᠮᠠᠯᠵᠢᠬᠤ ᠲᠠᠷᠢᠶᠠᠯᠠᠬᠤ ᠤᠷᠤᠨ ᠳᠤ᠂ ᠤᠯᠠᠨ | ᠲᠦᠮᠡᠨ ᠤ ᠰᠢᠭᠤᠳ ᠨᠡᠪᠳᠡᠷᠡᠬᠦᠯᠬᠦ ᠲᠠᠭᠠᠭᠤᠯᠢ ᠤᠳᠤ ︵ᠲᠠᠩ ᠮᠤᠳᠦ᠋ᠯ᠂ ᠬᠤᠤᠰ ᠮᠤᠳᠦ᠋ᠯ︶ ᠪᠠ ᠭᠠᠵᠠᠷ | ᠲᠡᠬᠡᠷᠡᠬᠢ ᠲᠤᠭᠠᠴᠠᠯᠬᠠᠰᠠᠨ ᠲᠧᠯᠸᠢᠰ ᠵᠡᠷᠬᠡ ᠠᠷᠭ᠎ᠠ ᠮᠠᠶ᠋ᠢᠭ ᠰᠤᠩᠭᠤᠬᠤ ᠶᠢ ᠵᠤᠷᠢᠨᠨᠵᠢᠭᠤᠯᠤᠨ᠎ᠠ︔ ᠬᠡᠷᠡᠯ | ᠳᠠᠲᠠᠯᠭᠠ ᠶᠢ ᠲᠤᠰᠬᠤᠨ ᠳᠤ ᠤᠷᠤᠭᠤᠯᠬᠤ ᠨᠦᠭᠦᠴᠡᠯ ᠲᠠᠢ ᠮᠠᠯᠵᠢᠬᠤ ᠲᠠᠷᠢᠶᠠᠯᠠᠬᠤ ᠤᠷᠤᠨ ᠨᠢ᠂ ᠤᠳᠠᠰᠤᠳᠤ | ᠲᠤᠭᠠᠴᠠᠯᠬᠠᠰᠠᠨ ᠲᠧᠯᠸᠢᠰ ᠤᠨ ᠠᠷᠭ᠎ᠠ ᠮᠠᠶ᠋ᠢᠭ ᠢᠶᠠᠷ ᠭᠦᠯᠢᠶᠡᠨ ᠠᠪᠬᠤ ᠶᠢ ᠰᠤᠩᠭᠤᠵᠦ ᠪᠤᠯᠤᠨ᠎ᠠ᠃ ᠲᠦᠪ ᠤᠨ | ᠷᠠᠳᠢᠤ᠋ ᠲᠧᠯᠸᠢᠰ ᠤᠨ ᠫᠷᠤᠭ᠍ᠷᠠᠮ ᠢ ᠤᠳᠠᠰᠤᠭᠦᠢ ᠲᠤᠭᠠᠴᠠᠯᠠᠭᠤᠯᠤᠨ ᠪᠦᠷᠬᠦᠬᠦᠯᠬᠦ ᠪᠦᠳᠦᠬᠡᠨ ᠪᠠᠶᠢᠭᠤᠯᠤᠯᠳᠠ ᠶᠢ ᠪᠦᠭᠦ | ᠲᠠᠯ᠎ᠠ ᠪᠠᠷ ᠪᠡᠶᠡᠯᠡᠬᠦᠯᠦᠭᠰᠡᠨ ᠰᠠᠭᠤᠷᠢᠨ ᠲᠡᠬᠡᠷ᠎ᠡ᠂ ᠦᠪᠡᠷᠳᠡᠬᠡᠨ ᠵᠠᠰᠠᠬᠤ ᠤᠷᠤᠨ᠂ ᠠᠶᠢᠮᠠᠭ ᠬᠤᠳᠠ ᠪᠠ ᠬᠤᠰᠢᠭᠤ | ᠰᠢᠶᠠᠨ ︵ᠬᠤᠳᠠ᠂ ᠲᠤᠭᠤᠷᠢᠭ︶ ᠤ ᠭᠠᠵᠠᠷ ᠲᠡᠬᠡᠷᠡᠬᠢ ᠲᠤᠭᠠᠴᠠᠯᠬᠠᠰᠠᠨ ᠲᠧᠯᠸᠢᠰ ᠤᠨ ᠪᠦᠳᠦᠬᠡᠨ | ᠪᠠᠶᠢᠭᠤᠯᠤᠯᠳᠠ ᠶᠢ ᠤᠯᠠᠮ ᠨᠢᠬᠡ ᠠᠯᠬᠤᠮ ᠴᠢᠩᠭᠠᠳᠬᠠᠨ᠎ᠠ᠃ ᠭᠦᠳᠡᠭᠡ ᠲᠤᠰᠬᠤᠨ ᠤ ᠦᠷᠬᠡᠨ ᠪᠦᠰᠡᠳᠦ | ᠢᠨᠵᠧᠨᠧᠷᠢᠩ ᠢ ᠶᠡᠬᠡᠪᠡᠷ ᠬᠡᠷᠡᠭᠵᠢᠬᠦᠯᠵᠦ᠂ ᠮᠠᠯᠵᠢᠬᠤ ᠲᠠᠷᠢᠶᠠᠯᠠᠬᠤ ᠤᠷᠤᠨ ᠤ ᠦᠷᠬᠡᠨ ᠪᠦᠰᠡᠳᠦ ᠰᠦᠯᠵᠢᠶ᠎ᠡ ᠶᠢᠨ | ᠪᠦᠷᠬᠦᠬᠦ ᠬᠢᠷᠢ ᠬᠡᠮᠵᠢᠶ᠎ᠡ ᠪᠠ ᠵᠠᠯᠭᠠᠵᠦ ᠤᠷᠤᠭᠤᠯᠬᠤ ᠬᠤᠷᠳᠤᠯᠠᠮᠵᠢ ᠶᠢ ᠲᠡᠬᠡᠭᠰᠢᠯᠡᠬᠦᠯᠦᠨ᠂ ᠮᠠᠯᠵᠢᠬᠤ ᠲᠠᠷᠢᠶᠠᠯᠠᠬᠤ | ᠤᠷᠤᠨ ᠤ ᠬᠡᠷᠡᠭᠯᠡᠭᠴᠢᠳ ᠤᠳᠠᠰᠤᠭᠦᠢ᠂ ᠤᠳᠠᠰᠤᠳᠤ᠂ ᠰᠢᠭᠤᠳ ᠨᠡᠪᠳᠡᠷᠡᠬᠦᠯᠬᠦ ᠲᠠᠭᠠᠭᠤᠯᠢ ᠤᠳᠤ ᠮᠡᠳᠦ ᠶᠢᠨ | ᠲᠧᠯᠸᠢᠰ ᠤᠨ ᠲᠤᠬᠠᠶᠢᠯᠠᠬᠰᠠᠨ ᠠᠵᠢᠯ ᠢ ᠴᠢᠯᠦᠬᠡᠳᠡᠢ ᠰᠤᠩᠭᠤᠨ ᠬᠡᠷᠡᠭᠯᠡᠵᠦ ᠪᠤᠯᠤᠨ᠎ᠠ᠃ ᠪᠦᠭᠦ ᠤᠯᠤᠰ ᠤᠨ | ᠤᠳᠠᠰᠤᠳᠤ ᠷᠠᠳᠢᠤ᠋ ᠲᠧᠯᠸᠢᠰ ᠤᠨ ᠰᠦᠯᠵᠢᠶ᠎ᠡ ᠶᠢ ᠡᠮᠬᠢᠯᠡᠨ ᠨᠡᠶᠢᠯᠡᠬᠦᠯᠬᠦ ᠪᠠᠷ ᠠᠨᠢᠰᠤ ᠪᠤᠯᠭᠠᠵᠦ᠂ ᠪᠦᠭᠦ ᠤᠷᠤᠨ ᠤ | ᠤᠳᠠᠰᠤᠳᠤ ᠰᠦᠯᠵᠢᠶ᠎ᠡ ᠬᠢᠬᠡᠳ ᠪᠦᠭᠦ ᠤᠯᠤᠰ ᠤᠨ ᠤᠳᠠᠰᠤᠳᠤ ᠰᠦᠯᠵᠢᠶ᠎ᠡ ᠶᠢᠨ ᠬᠠᠷᠢᠯᠴᠠᠨ ᠬᠤᠯᠪᠤᠭᠠᠯᠠᠨ | ᠬᠠᠷᠢᠯᠴᠠᠨ ᠨᠡᠪᠳᠡᠷᠡᠬᠦᠯᠬᠦ ᠶᠢ ᠲᠦᠷᠬᠡᠬᠡᠨ ᠪᠡᠶᠡᠯᠡᠬᠦᠯᠦᠨ᠎ᠠ᠃ ᠰᠢᠭᠤᠳ ᠨᠡᠪᠳᠡᠷᠡᠬᠦᠯᠬᠦ ᠲᠠᠭᠠᠭᠤᠯᠢ ᠤᠳᠤ ᠪᠠᠷ ᠭᠠᠵᠠᠷ | ᠲᠡᠬᠡᠷᠡᠬᠢ ᠲᠧᠯᠸᠢᠰ ᠤᠨ ᠰᠤᠪᠠᠭ ᠢ ᠤᠯᠠᠮᠵᠢᠯᠠᠨ ᠲᠠᠮᠵᠢᠭᠤᠯᠬᠤ ᠪᠠᠨ ᠦᠷᠬᠦᠯᠵᠢᠯᠡᠨ ᠰᠠᠶᠢᠳᠤᠷ ᠬᠢᠨ᠎ᠠ᠃ ᠰᠤᠨᠢᠨ | ᠮᠡᠳᠡᠭᠡ ᠬᠡᠪᠯᠡᠯ ᠷᠠᠳᠢᠤ᠋ ᠺᠢᠨᠤ᠋ ᠲᠧᠯᠸᠢᠰ ᠢᠶᠠᠷ ᠬᠢᠯᠢ ᠬᠢᠵᠠᠭᠠᠷ ᠢᠶᠠᠨ ᠪᠠᠬᠢᠵᠢᠬᠦᠯᠬᠦ ᠢᠨᠵᠧᠨᠧᠷᠢᠩ ᠢ ᠬᠡᠷᠡᠭᠵᠢᠬᠦᠯᠵᠦ᠂ | ᠬᠢᠯᠢ ᠬᠢᠵᠠᠭᠠᠷ ᠤᠨ ᠭᠠᠵᠠᠷ ᠤᠷᠤᠨ ᠳᠤ ᠷᠠᠳᠢᠤ᠋ ᠲᠧᠯᠸᠢᠰ ᠢ ᠪᠦᠷᠬᠦᠬᠦᠯᠬᠦ ᠢᠨᠵᠧᠨᠧᠷᠢᠩ ᠪᠠ ᠴᠦᠬᠡᠨ ᠲᠤᠭᠠᠳᠤ | ᠦᠨᠳᠦᠰᠦᠳᠡᠨ ᠤ ᠦᠭᠡ ᠬᠡᠯᠡᠨ ᠤ ᠷᠠᠳᠢᠤ᠋ ᠲᠧᠯᠸᠢᠰ ᠢ ᠪᠦᠷᠬᠦᠬᠦᠯᠬᠦ ᠢᠨᠵᠧᠨᠧᠷᠢᠩ ᠤᠨ ᠪᠦᠳᠦᠬᠡᠨ ᠪᠠᠶᠢᠭᠤᠯᠤᠯᠳᠠ ᠶᠢ | ᠤᠯᠠᠮ ᠨᠢᠬᠡ ᠠᠯᠬᠤᠮ ᠴᠢᠩᠭᠠᠳᠬᠠᠨ᠎ᠠ᠃ | ︵ᠲᠦᠷᠪᠡ︶ ᠦᠨᠳᠦᠰᠦᠨ ᠤᠯᠠᠨ ᠨᠡᠶᠢᠳᠡ ᠶᠢᠨ ᠦᠢᠯᠡᠴᠢᠯᠡᠭᠡ ᠶᠢ ᠭᠦᠢᠴᠡᠳ ᠪᠠᠳᠤᠯᠠᠨ᠎ᠠ᠃ ᠦᠪᠡᠷᠳᠡᠬᠡᠨ | ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ᠂ ᠵᠠᠰᠠᠭ ᠤᠨ ᠤᠷᠳᠤᠨ ᠤ ᠠᠯᠪᠠᠨ ᠲᠢᠩᠬᠢᠮ ᠤᠨ ︽︿ | ᠤᠳᠤ ᠦᠶ᠎ᠡ ᠶᠢᠨ ᠤᠯᠠᠨ ᠨᠡᠶᠢᠳᠡ ᠶᠢᠨ ᠰᠤᠶᠤᠯ ᠤᠨ ᠦᠢᠯᠡᠴᠢᠯᠡᠬᠡᠨ ᠤ ᠰᠢᠰᠲ᠋ᠧᠮᠵᠢ ᠶᠢ ᠲᠦᠷᠬᠡᠳᠬᠡᠨ ᠪᠠᠶᠢᠭᠤᠯᠬᠤ | ᠲᠤᠬᠠᠢ ᠬᠡᠷᠡᠭᠵᠢᠬᠦᠯᠬᠦ ᠰᠠᠨᠠᠯ﹀ ᠢ ᠲᠠᠷᠤᠮᠠᠯᠯᠠᠨ ᠶᠠᠪᠤᠭᠤᠯᠬᠤ ᠮᠡᠳᠡᠭᠳᠡᠯ︾ ︵ᠦᠪᠦᠷ ᠨᠠᠮ ᠠᠯᠪᠠᠨ ᠲᠠᠷᠬᠠᠭᠠᠨᠨᠰᠠᠨ ﹇ | 2016﹈ 8 ᠳ᠋ᠤᠭᠠᠷ ᠲᠤᠭᠠᠳᠤ︶ ᠤᠨ ᠱᠠᠭᠠᠷᠳᠠᠯᠭ᠎ᠠ ᠶᠤᠰᠤᠭᠠᠷ᠂ ᠦᠨᠳᠦᠰᠦᠨ ᠤᠯᠠᠨ ᠨᠡᠶᠢᠳᠡ ᠶᠢᠨ | ᠦᠢᠯᠡᠴᠢᠯᠡᠭᠡ ᠶᠢ ᠴᠢᠩᠭᠠᠷᠠᠭᠤᠯᠵᠦ᠂ ᠤᠳᠠᠰᠤᠭᠦᠢ ︵ᠲᠤᠭᠠᠴᠠᠯᠠᠮᠠᠯ᠂ ᠲᠠᠭᠤᠷᠢᠶᠠᠮᠠᠯ︶᠂ ᠰᠢᠭᠤᠳ ᠨᠡᠪᠳᠡᠷᠡᠬᠦᠯᠬᠦ | ᠲᠠᠭᠠᠭᠤᠯᠢ ᠤᠳᠤᠨ ᠤ ᠷᠠᠳᠢᠤ᠋ ᠲᠧᠯᠸᠢᠰ ᠤᠨ ᠦᠨᠳᠦᠰᠦᠨ ᠤᠯᠠᠨ ᠨᠡᠶᠢᠳᠡ ᠶᠢᠨ ᠦᠢᠯᠡᠴᠢᠯᠡᠬᠡᠨ ᠤ ᠫᠷᠤᠭ᠍ᠷᠠᠮ ᠤᠨ | ᠢᠵᠢ ᠲᠤᠭ᠎ᠠ ᠶᠢ ᠪᠠᠷᠢᠮᠵᠢᠶᠠᠳᠤ ᠱᠠᠭᠠᠷᠳᠠᠯᠭ᠎ᠠ ᠳᠤ ᠭᠦᠷᠦᠭᠦᠯᠬᠦ ᠶᠢ ᠦᠨᠡᠨᠬᠦ ᠪᠠᠳᠤᠯᠠᠨ᠎ᠠ᠃ ᠤᠳᠠᠰᠤᠳᠤ | ᠲᠧᠯᠸᠢᠰ ᠤᠨ ᠰᠦᠯᠵᠢᠶᠡᠨ ᠤ ᠠᠵᠦ ᠠᠬᠤᠶᠢᠯᠠᠯ ᠨᠢ ᠦᠨᠳᠦᠰᠦᠨ ᠤᠯᠠᠨ ᠨᠡᠶᠢᠳᠡ ᠶᠢᠨ ᠦᠢᠯᠡᠴᠢᠯᠡᠬᠡᠨ ᠤ | ᠪᠠᠷᠢᠮᠵᠢᠶ᠎ᠠ ᠶᠢ ᠪᠠᠳᠤᠯᠠᠬᠤ ᠶᠢᠨ ᠬᠠᠮᠳᠤ᠂ ᠤᠨᠴᠠᠭᠠᠢ ᠭᠦᠮᠦᠰ ᠲᠤ ᠲᠦᠷᠦ ᠶᠢᠨ ᠪᠤᠳᠤᠯᠭ᠎ᠠ ᠶᠢᠨ ᠬᠠᠷᠠᠭᠠᠯᠵᠠᠯ | ᠦᠵᠡᠬᠦᠯᠦᠨ᠎ᠠ᠃ ᠡᠯ᠎ᠡ ᠱᠠᠳᠤᠨ ᠤ ᠷᠠᠳᠢᠤ᠋ ᠲᠧᠯᠸᠢᠰ ᠬᠤᠷᠢᠶ᠎ᠠ ᠶᠢᠨ ᠡᠷᠬᠢᠯᠡᠨ ᠨᠡᠬᠡᠬᠡᠭᠰᠡᠨ ᠮᠤᠩᠭᠤᠯ ᠬᠡᠯᠡᠨ ᠤ ᠷᠠᠳᠢᠤ᠋ | ᠲᠧᠯᠸᠢᠰ ᠤᠨ ᠫᠷᠤᠭ᠍ᠷᠠᠮ ᠢ ᠤᠯᠠᠨ ᠨᠡᠶᠢᠳᠡ ᠶᠢᠨ ᠦᠢᠯᠡᠴᠢᠯᠡᠬᠡᠨ ᠤ ᠪᠠᠳᠤᠯᠠᠭ᠎ᠠ ᠶᠢᠨ ᠭᠦᠷᠢᠶ᠎ᠡ ᠬᠡᠪᠴᠢᠶ᠎ᠡ ᠳᠤ | ᠤᠷᠤᠭᠤᠯᠵᠦ᠂ ᠮᠤᠩᠭᠤᠯ ᠬᠡᠯᠡᠨ ᠤ ᠷᠠᠳᠢᠤ᠋ ᠲᠧᠯᠸᠢᠰ ᠤᠨ ᠫᠷᠦᠭᠷᠡᠮ ᠢ ᠤᠷᠴᠢᠭᠤᠯᠬᠤ ᠪᠠ ᠦᠢᠯᠡᠳᠬᠦ ᠪᠠᠨ | ᠴᠢᠩᠭᠠᠳᠬᠠᠨ᠂ ᠦᠨᠳᠦᠰᠦᠳᠡᠨ ᠤ ᠰᠤᠶᠤᠯ ᠢ ᠪᠠᠳᠠᠷᠠᠭᠤᠯᠬᠤ᠂ ᠬᠠᠮᠠᠭᠠᠯᠠᠬᠤ ᠪᠠ ᠤᠯᠠᠮᠵᠢᠯᠠᠨ ᠵᠠᠯᠭᠠᠮᠵᠢᠯᠠᠨ᠎ᠠ᠃ | ᠡᠯ᠎ᠡ ᠱᠠᠳᠤᠨ ᠤ ᠷᠠᠳᠢᠤ᠋ ᠲᠧᠯᠸᠢᠰ ᠤᠨ ᠨᠡᠪᠳᠡᠷᠡᠬᠦᠯᠬᠦ ᠪᠠᠶᠢᠭᠤᠯᠤᠮᠵᠢ ᠨᠢ ᠡᠯ᠎ᠡ ᠬᠠᠮᠢᠶ᠎ᠠ ᠪᠦᠬᠦᠢ ᠰᠠᠯᠠᠭ᠎ᠠ | ᠮᠦᠴᠢᠷ ᠲᠠᠢ ᠬᠠᠮᠵᠢᠯᠴᠠᠬᠤ ᠪᠠᠨ ᠴᠢᠩᠭᠠᠳᠬᠠᠵᠦ᠂ ᠰᠢᠨᠵᠢᠯᠡᠬᠦ ᠤᠬᠠᠭᠠᠨ ᠮᠡᠷᠬᠡᠵᠢᠯ ᠢᠶᠠᠷ ᠪᠠᠶᠠᠵᠢᠬᠤ᠂ ᠲᠠᠷᠢᠶᠠᠯᠠᠩ | ᠤᠢ ᠰᠢᠭᠤᠢ ᠶᠢ ᠲᠠᠷᠢᠵᠦ ᠤᠷᠭᠤᠭᠤᠯᠬᠤ᠂ ᠮᠡᠳᠡᠯᠬᠡ ᠲᠦᠬᠡᠮᠡᠯᠵᠢᠬᠦᠯᠬᠦ᠂ ᠬᠠᠤᠯᠢ ᠪᠠᠷ ᠵᠠᠰᠠᠬᠤ ᠪᠠᠶᠢᠭᠤᠯᠤᠯᠳᠠ᠂ | ᠡᠷᠡᠭᠦᠯ ᠬᠠᠮᠠᠭᠠᠯᠠᠯ ᠬᠢᠵᠢᠭ ᠢ ᠰᠡᠷᠬᠡᠶᠢᠯᠡᠬᠦ᠂ ᠭᠦᠳᠡᠯᠬᠡᠬᠡᠨ ᠢᠶᠠᠷ ᠪᠡᠶ᠎ᠡ ᠪᠤᠯᠪᠠᠰᠤᠷᠠᠭᠤᠯᠬᠤ᠂ ᠭᠠᠮᠰᠢᠭ ᠢ ᠰᠡᠷᠬᠡᠶᠢᠯᠡᠵᠦ | ᠭᠠᠮᠰᠢᠭ ᠢ ᠪᠠᠭᠠᠰᠬᠠᠬᠤ᠂ ᠤᠰᠤᠨ ᠠᠰᠢᠨᠨᠯᠠᠯᠳᠠ ᠴᠠᠭ ᠠᠭᠤᠷ᠂ ᠰᠤᠶᠤᠯ ᠵᠤᠭ᠎ᠠ ᠴᠠᠩᠬᠡᠯ ᠵᠡᠷᠬᠡ ᠦᠨᠳᠦᠰᠦᠨ | ᠱᠠᠳᠤᠨ ᠤ ᠤᠯᠠᠨ ᠲᠦᠮᠡᠨ ᠲᠠᠢ ᠤᠶᠢᠷᠠᠳᠤᠨᠨᠰᠠᠨ ᠫᠷᠤᠭ᠍ᠷᠠᠮ ᠪᠤᠯᠤᠩ ᠢ ᠨᠡᠬᠡᠬᠡᠨ ᠡᠷᠬᠢᠯᠡᠬᠦ ᠪᠠ ᠬᠤᠷᠰᠢᠨ ᠡᠷᠬᠢᠯᠡᠵᠦ᠂ | ᠦᠨᠳᠦᠰᠦᠨ ᠱᠠᠳᠤᠨ ᠤ ᠤᠯᠠᠨ ᠲᠦᠮᠡᠨ ᠤ ᠨᠠᠭᠠᠳᠤ ᠵᠠᠬ᠎ᠠ ᠶᠢᠨ ᠰᠤᠶᠤᠯ ᠤᠨ ᠡᠷᠬᠡ ᠠᠰᠢᠭ ᠢ ᠦᠨᠡᠨᠬᠦ ᠪᠠᠳᠤᠯᠠᠨ᠂ | ᠦᠨᠳᠦᠰᠦᠨ ᠱᠠᠳᠤᠨ ᠤ ᠤᠯᠠᠨ ᠲᠦᠮᠡᠨ ᠳᠤ ᠦᠢᠯᠡᠴᠢᠯᠡᠨ᠎ᠠ᠃ | ︵ᠲᠠᠪᠤ︶ ᠪᠠᠴᠢᠮ ᠪᠠᠶᠢᠳᠠᠯ ᠢ ᠠᠷᠭᠠᠴᠠᠬᠤ ᠷᠠᠳᠢᠤ᠋ ᠶᠢᠨ ᠰᠢᠰᠲ᠋ᠧᠮᠵᠢ ᠶᠢᠨ ᠪᠠᠶᠢᠭᠤᠯᠤᠯᠳᠠ ᠶᠢ ᠲᠦᠷᠬᠡᠳᠬᠡᠨ | ᠠᠬᠢᠭᠤᠯᠤᠨ᠎ᠠ᠃ ︽ᠨᠢᠬᠡᠳᠦᠯᠳᠡᠢ ᠬᠤᠯᠪᠤᠭᠠᠯᠠᠨ ᠭᠦᠳᠡᠯᠦᠯᠴᠡᠵᠦ᠂ ᠠᠮᠤᠷ ᠲᠦᠪᠰᠢᠨ ᠪᠦᠬᠡᠳ ᠨᠠᠶᠢᠳᠠᠪᠤᠷᠢᠳᠠᠢ᠂ | ᠲᠦᠷᠬᠡᠨ ᠪᠦᠬᠡᠳ ᠦᠨᠳᠦᠷ ᠦᠷ᠎ᠡ ᠪᠦᠳᠦᠮᠵᠢᠳᠡᠢ᠂ ᠡᠩ ᠤᠨ ᠪᠠ ᠪᠠᠴᠢᠮ ᠦᠶ᠎ᠡ ᠶᠢ ᠤᠶᠠᠯᠳᠤᠭᠤᠯᠬᠤ︾ ᠵᠠᠷᠴᠢᠮ | ᠶᠤᠰᠤᠭᠠᠷ᠂ ᠪᠦᠭᠦ ᠤᠷᠤᠨ ᠳᠤ ᠵᠠᠰᠠᠭ ᠵᠠᠬᠢᠷᠭᠠᠨ ᠤ ᠲᠤᠰᠬᠤᠨ᠂ ᠲᠠᠷᠢᠶᠠᠯᠠᠩ ᠮᠠᠯᠵᠢᠯ ᠤᠢ ᠶᠢᠨ ᠲᠠᠯᠠᠪᠠᠢ ᠶᠢᠨ | ᠪᠠᠴᠢᠮ ᠪᠠᠶᠢᠳᠠᠯ ᠢ ᠠᠷᠭᠠᠴᠠᠬᠤ ᠷᠠᠳᠢᠤ᠋ ᠶᠢ ᠲᠤᠰᠬᠤᠨ ᠪᠦᠷᠢ ᠳᠤ ᠲᠠᠭᠤᠷᠢᠰᠤᠭᠤᠯᠬᠤ ᠢᠨᠵᠧᠨᠧᠷᠢᠩ ᠤᠨ ᠪᠦᠳᠦᠬᠡᠨ | ᠪᠠᠶᠢᠭᠤᠯᠤᠯᠳᠠ ᠶᠢ ᠨᠢᠬᠡᠨᠳᠡ ᠪᠡᠶᠡᠯᠡᠬᠦᠯᠦᠭᠰᠡᠨ ᠰᠠᠭᠤᠷᠢᠨ ᠳᠤ᠂ ᠠᠶᠢᠯ ᠲᠤᠰᠬᠤᠨ᠂ ᠬᠤᠳᠠ ᠪᠠᠯᠭᠠᠰᠤ ᠲᠡᠰᠢ ᠢᠳᠡᠭ | ᠢᠳᠡᠭ ᠢᠶᠠᠷ ᠤᠯᠠᠷᠢᠭᠤᠯᠵᠦ᠂ ᠤᠯᠠᠨ ᠲᠦᠮᠡᠨ ᠳᠤ ᠦᠢᠯᠡᠴᠢᠯᠡᠬᠦ᠂ ᠨᠡᠶᠢᠬᠡᠮ ᠳᠤ ᠦᠢᠯᠡᠴᠢᠯᠡᠭᠰᠡᠨ ᠪᠠᠴᠢᠮ ᠪᠠᠶᠢᠳᠠᠯ ᠢ | ᠠᠷᠭᠠᠴᠠᠬᠤ ᠷᠠᠳᠢᠤ᠋ ᠶᠢᠨ ᠰᠢᠰᠲ᠋ᠧᠮᠵᠢ ᠶᠢ ᠪᠠᠶᠢᠭᠤᠯᠤᠨ᠎ᠠ᠃ ᠪᠦᠭᠦ ᠤᠷᠤᠨ ᠤ ᠤᠳᠤ ᠶᠢᠨ ᠪᠠᠶᠢᠭ᠎ᠠ ᠷᠠᠳᠢᠤ᠋ ᠲᠧᠯᠸᠢᠰ ᠢ | ᠤᠯᠠᠮᠵᠢᠯᠠᠨ ᠲᠠᠮᠵᠢᠭᠤᠯᠵᠦ ᠪᠦᠷᠬᠦᠬᠦᠯᠬᠦ ᠡᠬᠢ ᠪᠠᠶᠠᠯᠢᠭ ᠢ ᠨᠢᠬᠡᠳᠦᠯᠳᠡᠢ ᠲᠦᠯᠦᠪᠯᠡᠨ ᠠᠰᠢᠨᠨᠯᠠᠵᠦ᠂ ᠡᠯ᠎ᠡ ᠱᠠᠳᠤᠨ ᠤ | ᠪᠠᠴᠢᠮ ᠪᠠᠶᠢᠳᠠᠯ ᠢ ᠠᠷᠭᠠᠴᠠᠬᠤ ᠷᠠᠳᠢᠤ᠋ ᠶᠢ ᠦᠢᠯᠡᠳᠴᠤ ᠨᠡᠪᠳᠡᠷᠡᠬᠦᠯᠬᠦ ᠪᠠ ᠲᠤᠬᠢᠷᠠᠭᠤᠯᠵᠦ ᠡᠵᠡᠮᠳᠡᠬᠦ ᠲᠡᠪᠴᠡᠩ ᠢ | ᠲᠡᠭᠦᠯᠳᠡᠷᠵᠢᠬᠦᠯᠦᠨ᠂ ᠪᠠᠴᠢᠮ ᠪᠠᠶᠢᠳᠠᠯ ᠢ ᠠᠷᠭᠠᠴᠠᠬᠤ ᠮᠡᠳᠡᠭᠡ ᠵᠠᠩᠬᠢ ᠶᠢ ᠨᠡᠶᠢᠳᠡᠯᠡᠬᠦ ᠲᠤᠨᠨᠳᠠᠴᠠ ᠶᠢ | ᠪᠦᠷᠢᠨᠰᠢᠬᠦᠯᠵᠦ᠂ ᠦᠪᠡᠷᠳᠡᠬᠡᠨ ᠵᠠᠰᠠᠬᠤ ᠤᠷᠤᠨ᠂ ᠠᠶᠢᠮᠠᠭ ᠬᠤᠳᠠ᠂ ᠬᠤᠰᠢᠭᠤ ᠰᠢᠶᠠᠨ ︵ᠬᠤᠳᠠ᠂ ᠲᠤᠭᠤᠷᠢᠭ︶ | ᠭᠤᠷᠪᠠᠨ ᠱᠠᠳᠤᠨ ᠳᠤ ᠨᠢᠬᠡᠳᠦᠯᠳᠡᠢ ᠵᠤᠬᠢᠴᠠᠭᠤᠯᠬᠤ᠂ ᠲᠡᠬᠡᠳᠦ ᠲᠤᠤᠷᠠᠳᠤ ᠱᠠᠳᠤᠨ ᠤ ᠬᠢ ᠶᠢ ᠨᠡᠪᠳᠡᠷᠡᠬᠦᠯᠬᠦ᠂ | ᠬᠠᠮᠢᠶᠠᠷᠴᠤ ᠡᠵᠡᠮᠳᠡᠵᠦ ᠪᠤᠯᠬᠤ᠂ ᠶᠡᠷᠦᠩᠬᠡᠶᠢᠯᠡᠨ ᠪᠦᠷᠬᠦᠬᠦᠯᠦᠭᠰᠡᠨ ᠪᠠᠴᠢᠮ ᠪᠠᠶᠢᠳᠠᠯ ᠢ ᠠᠷᠭᠠᠴᠠᠬᠤ ᠷᠠᠳᠢᠤ᠋ ᠶᠢᠨ | ᠰᠢᠰᠲ᠋ᠧᠮᠵᠢ ᠶᠢ ᠪᠦᠷᠢᠯᠳᠦᠬᠦᠯᠵᠦ᠂ ᠡᠯ᠎ᠡ ᠱᠠᠳᠤᠨ ᠤ ᠵᠠᠰᠠᠭ ᠤᠨ ᠤᠷᠳᠤᠨ ᠤ ᠪᠠᠴᠢᠮ ᠪᠠᠶᠢᠳᠠᠯ ᠢ ᠠᠷᠭᠠᠴᠠᠬᠤ | ᠮᠡᠳᠡᠭᠡ ᠵᠠᠩᠬᠢ ᠨᠡᠶᠢᠳᠡᠯᠡᠬᠦ ᠳᠤ ᠲᠦᠷᠬᠡᠨ᠂ ᠤᠨᠤᠪᠴᠢᠳᠠᠢ᠂ ᠪᠦᠭᠦ ᠲᠠᠯ᠎ᠠ ᠶᠢᠨ ᠦᠢᠯᠡᠴᠢᠯᠡᠭᠡ ᠬᠠᠩᠭᠠᠨ᠎ᠠ᠃ | ︵ᠵᠢᠷᠭᠤᠭ᠎ᠠ︶ ᠰᠠᠭᠤᠷᠢ ᠪᠡᠯᠡᠳᠬᠡᠮᠵᠢ ᠶᠢ ᠦᠬᠡᠷᠡᠴᠢᠯᠡᠬᠦ ᠢᠨᠵᠧᠨᠧᠷᠢᠩ ᠢ ᠶᠡᠬᠡᠪᠡᠷ ᠬᠡᠷᠡᠭᠵᠢᠬᠦᠯᠦᠨ᠎ᠠ᠃ ︽ | ᠠᠷᠪᠠᠨ ᠬᠤᠶᠠᠳᠤᠭᠠᠷ ᠲᠠᠪᠤᠨ ᠵᠢᠯ︾ ᠤᠨ ᠬᠤᠭᠤᠴᠠᠭᠠᠨ ᠳᠤ ᠷᠠᠳᠢᠤ᠋ ᠲᠧᠯᠸᠢᠰ ᠤᠳᠠᠰᠤᠭᠦᠢ ᠰᠠᠴᠤᠷᠠᠭᠤᠯᠬᠤ | ᠦᠷᠳᠡᠬᠡᠨ ᠤ ᠰᠠᠭᠤᠷᠢ ᠪᠡᠯᠡᠳᠬᠡᠮᠵᠢ ᠶᠢᠨ ᠪᠦᠳᠦᠬᠡᠨ ᠪᠠᠶᠢᠭᠤᠯᠤᠯᠳᠠ ᠶᠢ ᠪᠦᠭᠦ ᠲᠠᠯ᠎ᠠ ᠪᠠᠷ ᠪᠡᠶᠡᠯᠡᠬᠦᠯᠦᠭᠰᠡᠨ | ᠰᠠᠭᠤᠷᠢᠨ ᠳᠤ᠂ ᠬᠤᠰᠢᠭᠤ ᠰᠢᠶᠠᠨ ᠤ ᠱᠠᠳᠤᠨ ᠠᠴᠠ ᠲᠡᠬᠡᠭᠰᠢᠬᠢ ᠤᠳᠠᠰᠤᠭᠦᠢ ᠰᠠᠴᠤᠷᠠᠭᠤᠯᠬᠤ ᠦᠷᠳᠡᠭᠡ ︵ | ᠲᠠᠮᠵᠢᠭᠤᠯᠤᠨ ᠨᠡᠪᠳᠡᠷᠡᠬᠦᠯᠬᠦ ᠦᠷᠳᠡᠭᠡ᠂ ᠬᠢᠨᠠᠨ ᠰᠢᠨᠵᠢᠬᠦ ᠦᠷᠳᠡᠭᠡ᠂ ᠲᠠᠭᠠᠭᠤᠯᠢ ᠤᠳᠤᠨ ᠤ ᠲᠡᠯᠡᠬᠡᠢ ᠶᠢᠨ | ᠪᠦᠮᠪᠦᠷᠴᠡᠭ ᠤᠨ ᠦᠷᠳᠡᠭᠡ︶ ᠵᠡᠷᠬᠡ ᠰᠠᠭᠤᠷᠢ ᠪᠡᠯᠡᠳᠬᠡᠮᠵᠢ ᠶᠢ ᠦᠷᠭᠦᠯᠵᠢᠯᠡᠨ ᠦᠬᠡᠷᠡᠴᠢᠯᠡᠨ ᠪᠠᠶᠢᠭᠤᠯᠤᠨ᠎ᠠ᠃ | ᠪᠠᠷᠢᠮᠵᠢᠶᠠᠵᠢᠭᠤᠯᠤᠨᠨᠰᠠᠨ ᠦᠷᠳᠡᠭᠡ ᠶᠢᠨ ᠪᠦᠳᠦᠬᠡᠨ ᠪᠠᠶᠢᠭᠤᠯᠤᠯᠳᠠ ᠶᠢᠨ ᠢᠨᠵᠧᠨᠧᠷᠢᠩ ᠢ ᠬᠡᠷᠡᠭᠵᠢᠬᠦᠯᠵᠦ᠂ ᠷᠠᠳᠢᠤ᠋ | ᠲᠧᠯᠸᠢᠰ ᠤᠨ ᠫᠷᠤᠭ᠍ᠷᠠᠮ ᠤᠨ ᠠᠮᠤᠷ ᠲᠦᠪᠰᠢᠨ ᠢᠶᠠᠷ ᠨᠡᠪᠳᠡᠷᠡᠬᠦᠯᠬᠦ ᠶᠢ ᠦᠨᠡᠨᠬᠦ ᠪᠠᠳᠤᠯᠠᠨ᠎ᠠ᠃ ᠬᠢᠨᠠᠨ ᠰᠢᠨᠵᠢᠵᠦ | ᠬᠢᠨᠠᠨ ᠬᠠᠮᠢᠶᠠᠷᠬᠤ ᠲᠡᠪᠴᠡᠩ ᠤᠨ ᠪᠠᠶᠢᠭᠤᠯᠤᠯᠳᠠ ᠶᠢ ᠴᠢᠩᠭᠠᠳᠬᠠᠵᠦ᠂ ᠷᠠᠳᠢᠤ᠋ ᠲᠧᠯᠸᠢᠰ ᠤᠨ ᠫᠷᠤᠭ᠍ᠷᠠᠮ ᠤᠨ | ᠨᠡᠪᠳᠡᠷᠡᠬᠦᠯᠬᠡ ᠶᠢ ᠬᠠᠮᠢᠶᠠᠷᠴᠤ ᠡᠵᠡᠮᠳᠡᠬᠦ ᠶᠢ ᠦᠨᠡᠨᠬᠦ ᠪᠠᠳᠤᠯᠠᠨ᠎ᠠ᠃ ᠷᠠᠳᠢᠤ᠋ ᠲᠧᠯᠸᠢᠰ ᠤᠨ ᠪᠠᠶᠢᠭᠤᠯᠤᠮᠵᠢ ᠶᠢᠨ | ᠰᠤᠷᠪᠤᠯᠵᠢᠯᠠᠵᠦ ᠨᠠᠶᠢᠷᠠᠭᠤᠯᠵᠦ ᠨᠡᠪᠳᠡᠷᠡᠬᠦᠯᠬᠦ ᠲᠦᠭᠦᠬᠡᠷᠦᠮᠵᠢ ᠲᠦᠭᠦᠷᠵᠢᠬᠦᠯᠬᠦ ᠶᠢ ᠴᠢᠩᠭᠠᠳᠬᠠᠵᠦ᠂ ᠷᠠᠳᠢᠤ᠋ | ᠲᠧᠯᠸᠢᠰ ᠤᠨ ᠨᠡᠶᠢᠳᠡ ᠶᠢᠨ ᠠᠰᠠᠷᠠᠮᠵᠢ ᠶᠢᠨ ᠫᠷᠤᠭ᠍ᠷᠠᠮ ᠤᠨ ᠦᠢᠯᠡᠳᠴᠤ ᠨᠡᠪᠳᠡᠷᠡᠬᠦᠯᠬᠦ ᠴᠢᠳᠠᠪᠤᠷᠢ ᠶᠢ ᠤᠯᠠᠮ ᠨᠢᠬᠡ | ᠠᠯᠬᠤᠮ ᠲᠡᠬᠡᠭᠰᠢᠯᠡᠬᠦᠯᠦᠨ᠎ᠠ᠃ ᠦᠨᠳᠦᠰᠦᠨ ᠱᠠᠳᠤᠨ ᠤ ᠷᠠᠳᠢᠤ᠋ ᠲᠧᠯᠸᠢᠰ ᠤᠨ ᠡᠬᠢ ᠪᠠᠶᠠᠯᠢᠭ ᠢ ᠡᠮᠬᠢᠯᠡᠨ | ᠨᠡᠶᠢᠯᠡᠬᠦᠯᠵᠦ᠂ ᠦᠨᠳᠦᠰᠦᠨ ᠱᠠᠳᠤᠨ ᠤ ᠶᠡᠷᠦᠩᠬᠡᠶᠢᠯᠡᠭᠰᠡᠨ ᠰᠤᠶᠤᠯ ᠤᠨ ᠦᠷᠳᠡᠭᠡ ᠳᠤ ᠲᠦᠰᠢᠭᠯᠡᠵᠦ᠂ ᠷᠠᠳᠢᠤ᠋ | ᠲᠧᠯᠸᠢᠰ ᠤᠨ ᠮᠡᠷᠬᠡᠵᠢᠯ ᠤᠨ ᠭᠦᠴᠦ ᠶᠢ ᠲᠤᠬᠢᠷᠠᠭᠤᠯᠤᠨ᠂ ᠰᠤᠮᠤ ᠰᠢᠶᠠᠩ ᠪᠠᠯᠭᠠᠰᠤᠨ ᠤ ᠷᠠᠳᠢᠤ᠋ ᠲᠧᠯᠸᠢᠰ ᠢ | ᠬᠠᠮᠢᠶᠠᠷᠴᠤ ᠬᠠᠮᠠᠭᠠᠯᠠᠬᠤ ᠲᠠᠯᠠᠪᠤᠷ ᠭᠠᠵᠠᠷ ᠢ ᠲᠤᠨᠨᠳᠠᠪᠤᠷᠢᠵᠢᠭᠤᠯᠬᠤ᠂ ᠲᠤᠨᠨᠳᠠᠴᠠ ᠶᠢ ᠬᠡᠪᠰᠢᠬᠦᠯᠬᠦ ᠶᠢ | ᠪᠡᠶᠡᠯᠡᠬᠦᠯᠦᠨ᠎ᠠ᠃ ᠤᠳᠤ ᠶᠢᠨ ᠪᠠᠶᠢᠭ᠎ᠠ ᠷᠠᠳᠢᠤ᠋ ᠲᠧᠯᠸᠢᠰ ᠤᠨ ᠤᠯᠠᠨ ᠨᠡᠶᠢᠳᠡ ᠶᠢᠨ ᠰᠠᠭᠤᠷᠢ ᠪᠡᠯᠡᠳᠬᠡᠮᠵᠢ ᠶᠢ | ᠪᠦᠳᠦᠮᠵᠢᠳᠡᠢ ᠠᠰᠢᠨᠨᠯᠠᠵᠦ᠂ ᠵᠠᠬ᠎ᠠ ᠲᠡᠯᠬᠡᠭᠦᠷ ᠤᠨ ᠠᠷᠭ᠎ᠠ ᠪᠠᠷᠢᠯ ᠢ ᠬᠡᠷᠡᠭᠯᠡᠵᠦ᠂ ᠮᠠᠯᠵᠢᠬᠤ ᠲᠠᠷᠢᠶᠠᠯᠠᠬᠤ ᠤᠷᠤᠨ ᠳᠤ | ᠤᠳᠠᠰᠤᠳᠤ ᠲᠧᠯᠸᠢᠰ ᠤᠨ ᠬᠡᠷᠡᠯ ᠲᠠᠳᠠᠯᠭ᠎ᠠ ᠶᠢᠨ ᠨᠢᠷᠤᠭᠤᠪᠴᠢ ᠰᠦᠯᠵᠢᠶ᠎ᠡ ᠪᠠ ᠲᠡᠪᠴᠡᠩ ᠢ ᠲᠦᠷᠬᠡᠳᠬᠡᠨ | ᠪᠠᠶᠢᠭᠤᠯᠵᠦ᠂ ᠬᠡᠷᠡᠯ ᠰᠢᠷᠬᠡᠭ ᠢᠶᠠᠷ ᠤᠯᠠᠮᠵᠢᠯᠠᠨ ᠲᠠᠮᠵᠢᠭᠤᠯᠬᠤ ᠲᠡᠷᠢᠬᠦᠨ ᠤ ᠮᠡᠷᠬᠡᠵᠢᠯ ᠢ ᠬᠡᠷᠡᠭᠯᠡᠨ᠂ ᠰᠢᠨ᠎ᠠ ᠨᠢᠬᠡ | ᠦᠶ᠎ᠡ ᠶᠢᠨ ᠷᠠᠳᠢᠤ᠋ ᠲᠧᠯᠸᠢᠰ ᠤᠨ ᠰᠦᠯᠵᠢᠶ᠎ᠡ ᠶᠢ ᠪᠠᠶᠢᠭᠤᠯᠤᠨ᠎ᠠ᠃ | ︵ᠲᠤᠯᠤᠭ᠎ᠠ︶ ᠰᠤᠳᠤᠨ ᠦᠢᠯᠡᠴᠢᠯᠡᠭᠡ ᠪᠠ ᠵᠠᠬ᠎ᠠ ᠲᠡᠯᠬᠡᠭᠦᠷ ᠤᠨ ᠦᠢᠯᠡᠴᠢᠯᠡᠭᠡ ᠶᠢ ᠴᠢᠩᠭᠠᠷᠠᠭᠤᠯᠤᠨ᠎ᠠ᠃ | ᠠᠵᠦ ᠠᠬᠤᠶᠢᠯᠠᠯ ᠪᠠ ᠨᠡᠶᠢᠬᠡᠮ ᠤᠨ ᠭᠦᠷᠦᠩᠬᠡ ᠶᠢᠨ ᠷᠠᠳᠢᠤ᠋ ᠲᠧᠯᠸᠢᠰ ᠤᠨ ᠫᠷᠤᠭ᠍ᠷᠠᠮ ᠢ ᠦᠢᠯᠡᠳᠬᠦ ᠭᠦᠷᠢᠶ᠎ᠡ | ᠴᠠᠷᠠᠭ᠎ᠠ ᠳᠤ ᠤᠷᠤᠬᠤ ᠶᠢ ᠵᠤᠷᠢᠨᠨᠵᠢᠭᠤᠯᠵᠦ᠂ ᠺᠢᠨᠤ᠋ ᠲᠧᠯᠸᠢᠰ ᠤᠨ ᠫᠷᠦᠭᠷᠠᠮ ᠢ ᠵᠣᠬᠢᠶᠠᠨ ᠪᠦᠳᠦᠬᠡᠬᠦ ᠠᠵᠢᠯᠯᠠᠬᠤ | ᠲᠠᠰᠤᠭ ᠤᠨ ᠭᠦᠭᠵᠢᠯᠳᠡ ᠶᠢ ᠲᠡᠮᠵᠢᠨ ᠲᠡᠳᠬᠦᠵᠦ᠂ ᠡᠯ᠎ᠡ ᠱᠠᠳᠤᠨ ᠤ ᠷᠠᠳᠢᠤ᠋ ᠲᠧᠯᠸᠢᠰ ᠬᠤᠷᠢᠶ᠎ᠠ ᠪᠤᠯᠤᠨ | ᠨᠡᠶᠢᠬᠡᠮ ᠤᠨ ᠪᠠᠶᠢᠭᠤᠯᠤᠮᠵᠢ ᠶᠢᠨ ᠬᠠᠮᠳᠤᠷᠠᠯᠴᠠᠬᠤ ᠶᠢ ᠠᠬᠢᠭᠤᠯᠤᠨ᠂ ᠦᠪᠡᠰᠦᠪᠡᠨ ᠦᠢᠯᠡᠳᠴᠤ᠂ ᠬᠡᠷᠡᠭᠴᠡᠭᠡ ᠪᠠᠷ | ᠫᠷᠤᠭ᠍ᠷᠠᠮ ᠦᠢᠯᠡᠳᠬᠦ ᠬᠤᠪᠢ ᠶᠢᠨ ᠵᠢᠩ ᠢ ᠨᠡᠮᠡᠭᠳᠡᠬᠦᠯᠦᠨ᠎ᠠ᠃ ᠲᠦᠷᠦ ᠶᠢᠨ ᠪᠤᠳᠤᠯᠭ᠎ᠠ ᠪᠠᠷ ᠭᠦᠳᠦᠯᠦᠨ | ᠵᠢᠯᠤᠭᠤᠳᠬᠤ ᠶᠢ ᠴᠢᠩᠭᠠᠳᠬᠠᠵᠦ᠂ ᠦᠪᠦᠷ ᠮᠤᠩᠭᠤᠯ ᠤᠨ ᠰᠤᠶᠤᠯ ᠤᠨ ᠤᠨᠴᠠᠯᠢᠨᠨᠳᠤ ᠷᠠᠳᠢᠤ᠋ ᠲᠧᠯᠸᠢᠰ ᠤᠨ | ᠰᠤᠳᠤᠨ ᠪᠦᠳᠦᠬᠡᠯ ᠢ ᠲᠠᠰᠤᠷᠠᠯᠳᠠ ᠦᠬᠡᠢ ᠭᠠᠷᠭᠠᠵᠦ᠂ ᠮᠤᠩᠭᠤᠯ ᠬᠡᠯᠡᠨ ᠤ ᠫᠷᠤᠭ᠍ᠷᠠᠮ ᠤᠨ ᠳ᠋ᠠᠶᠢᠲ᠋ᠠ ᠭᠦᠮᠦᠷᠬᠡ ᠶᠢ | ᠪᠠᠶᠢᠭᠤᠯᠤᠨ᠂ ᠡᠯ᠎ᠡ ᠭᠠᠵᠠᠷ ᠤᠷᠤᠨ ᠤ ᠮᠤᠩᠭᠤᠯ ᠬᠡᠯᠡᠨ ᠤ ᠷᠠᠳᠢᠤ᠋ ᠲᠧᠯᠸᠢᠰ ᠤᠨ ᠫᠷᠤᠭ᠍ᠷᠠᠮ ᠢ ᠡᠮᠬᠢᠯᠡᠨ ᠨᠡᠶᠢᠯᠡᠬᠦᠯᠵᠦ᠂ | ᠮᠤᠩᠭᠤᠯ ᠬᠡᠯᠡᠨ ᠤ ᠷᠠᠳᠢᠤ᠋ ᠲᠧᠯᠸᠢᠰ ᠤᠨ ᠫᠷᠤᠭ᠍ᠷᠠᠮ ᠤᠨ ᠠᠭᠤᠯᠭ᠎ᠠ ᠶᠢ ᠪᠠᠶᠠᠯᠢᠨᠨᠵᠢᠭᠤᠯᠤᠨᠠ᠃ ᠲᠧᠯᠸᠢᠰ ᠤᠨ | ᠫᠷᠤᠭ᠍ᠷᠠᠮ ᠢ ᠦᠢᠯᠡᠳᠬᠦ᠂ ᠤᠯᠠᠮᠵᠢᠯᠠᠨ ᠲᠠᠮᠵᠢᠭᠤᠯᠬᠤ᠂ ᠨᠡᠪᠳᠡᠷᠡᠬᠦᠯᠬᠦ ᠳᠤ ᠦᠨᠳᠦᠷ ᠲᠤᠳᠤᠴᠠ ᠲᠠᠢ ᠪᠤᠯᠭᠠᠬᠤ ᠶᠢ | ᠲᠦᠷᠬᠡᠳᠬᠡᠨ ᠠᠬᠢᠭᠤᠯᠤᠨ᠎ᠠ᠃ ︽ᠦᠷᠬᠡᠨ ᠪᠦᠰᠡᠳᠦ ᠷᠠᠳᠢᠣ᠋ ᠲᠧᠯᠸᠢᠰ︾ ᠤᠨ ᠪᠠᠶᠢᠯᠳᠤᠬᠤ ᠪᠤᠳᠤᠯᠭ᠎ᠠ ᠶᠢ | ᠬᠡᠷᠡᠭᠵᠢᠬᠦᠯᠵᠦ᠂ ᠬᠡᠷᠡᠭᠯᠡᠭᠴᠢᠳ ᠲᠤ ᠷᠠᠳᠢᠤ᠋ ᠲᠧᠯᠸᠢᠰ ᠤᠨ ᠦᠨᠳᠦᠰᠦᠨ ᠲᠤᠬᠠᠶᠢᠯᠠᠬᠰᠠᠨ ᠠᠵᠢᠯ ᠢ ᠬᠠᠩᠭᠠᠨᠨᠰᠠᠨ | ᠰᠠᠭᠤᠷᠢᠨ ᠳᠤ᠂ ︽ᠬᠡᠷᠡᠯ ᠰᠢᠷᠬᠡᠭ ᠢ ᠡᠷᠦᠬᠡ ᠳᠤ ᠤᠷᠤᠭᠤᠯᠬᠤ︾ ᠠᠷᠭ᠎ᠠ ᠮᠠᠶ᠋ᠢᠭ ᠢᠶᠠᠷ ᠦᠨᠳᠦᠷ ᠦᠷᠬᠡᠨ ᠪᠦᠰᠡᠳᠦ᠂ | ᠶᠡᠭᠡ ᠪᠠᠭᠳᠠᠭᠠᠮᠵᠢ ᠲᠠᠢ ᠤᠳᠠᠰᠤᠳᠤ ᠲᠧᠯᠸᠢᠰ ᠤᠨ ᠰᠦᠯᠵᠢᠶ᠎ᠡ ᠶᠢ ᠪᠠᠶᠢᠭᠤᠯᠵᠦ᠂ ᠰᠦᠢᠳᠬᠡᠯ ᠲᠤᠰᠢᠶᠠᠬᠤ | ᠫᠷᠤᠭ᠍ᠷᠠᠮ᠂ ᠦᠨᠳᠦᠷ ᠲᠤᠳᠤᠴᠠ ᠲᠠᠢ ᠲᠧᠯᠸᠢᠰ᠂ ᠨᠡᠭᠦᠳᠡᠯ ᠤᠯᠠᠨ ᠵᠠᠭᠤᠴᠢᠳᠤ ᠬᠠᠷᠢᠯᠴᠠᠨ ᠦᠢᠯᠡᠳᠦᠯᠴᠡᠬᠦ | ᠲᠧᠯᠸᠢᠰ᠂ ᠪᠤᠴᠠᠭᠠᠨ ᠦᠵᠡᠵᠦ ᠰᠤᠩᠭᠤᠵᠦ ᠨᠡᠪᠳᠡᠷᠡᠬᠦᠯᠬᠦ᠂ ᠲᠧᠯᠸᠢᠰ ᠤᠨ ᠨᠢᠬᠡᠳᠬᠡᠯ ᠴᠦᠷᠬᠡ᠂ ᠦᠷᠬᠡᠨ | ᠪᠦᠰᠡᠳᠦ ᠦᠢᠯᠡᠴᠢᠯᠡᠭᠡ᠂ ᠰᠦᠯᠵᠢᠶᠡᠨ ᠤ ᠡᠯᠧᠺᠲᠷᠣᠨ ᠬᠤᠳᠠᠯᠳᠤᠭ᠎ᠠ ᠵᠡᠷᠬᠡ ᠰᠢᠨ᠎ᠠ ᠪᠠᠷ ᠪᠤᠢ ᠪᠤᠯᠤᠨᠨᠰᠠᠨ | ᠲᠤᠬᠠᠶᠢᠯᠠᠬᠰᠠᠨ ᠠᠵᠢᠯ ᠪᠠ ᠦᠢᠯᠡᠴᠢᠯᠡᠭᠡ ᠶᠢ ᠭᠦᠭᠵᠢᠬᠦᠯᠦᠨ᠂ ᠤᠯᠠᠨ ᠲᠦᠮᠡᠨ ᠤ ᠤᠯᠠᠨ ᠶᠠᠩᠵᠤᠳᠤ᠂ ᠤᠯᠠᠨ | ᠲᠡᠰ ᠲᠠᠪᠬᠤᠷᠭᠠᠳᠤ ᠦᠢᠯᠡᠴᠢᠯᠡᠬᠡᠨ ᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ ᠷᠠᠳᠢᠤ᠋ ᠲᠧᠯᠸᠢᠰ ᠤᠨ | ᠰᠦᠯᠵᠢᠶᠡᠨ ᠤ ᠬᠠᠷᠢᠯᠴᠠᠨ ᠬᠤᠯᠪᠤᠭᠠᠯᠠᠵᠦ ᠬᠠᠷᠢᠯᠴᠠᠨ ᠨᠡᠪᠳᠡᠷᠡᠯᠴᠡᠬᠦ ᠪᠠᠶᠢᠭᠤᠯᠤᠯᠳᠠ ᠪᠠ ᠬᠤᠳᠠ᠂ ᠭᠦᠳᠡᠭᠡ | ᠲᠤᠰᠬᠤᠨ ᠤ ᠤᠯᠠᠨ ᠨᠡᠶᠢᠳᠡ ᠶᠢᠨ ᠲᠠᠯᠠᠪᠤᠷ ᠭᠠᠵᠠᠷ ᠲᠤ Wi Fi ᠬᠠᠯᠠᠮᠰᠢᠯ ᠴᠢᠬ ᠪᠠᠶᠢᠷᠢᠰᠢᠭᠤᠯᠬᠤ ᠶᠢ ᠲᠡᠮᠵᠢᠵᠦ᠂ | ︽ᠷᠠᠳᠢᠤ᠋ ᠲᠧᠯᠸᠢᠰ +︾ ᠠᠵᠢᠯᠯᠠᠭ᠎ᠠ ᠶᠢ ᠲᠦᠷᠬᠡᠳᠬᠡᠨ ᠬᠡᠷᠡᠭᠵᠢᠬᠦᠯᠵᠦ᠂ ᠬᠤᠳᠠ ᠶᠢᠨ ᠶᠠᠪᠤᠳᠠᠯ ᠤᠨ | ᠦᠢᠯᠡᠴᠢᠯᠡᠭᠡ᠂ ᠡᠯᠧᠺᠲᠷᠣᠨ ᠬᠤᠳᠠᠯᠳᠤᠭᠠᠨ ᠤ ᠶᠠᠪᠤᠳᠠᠯ᠂ ᠠᠯᠤᠰ ᠡᠵᠡᠮᠰᠢᠯᠳᠦ ᠰᠤᠷᠭᠠᠨ ᠭᠦᠮᠦᠵᠢᠯ᠂ ᠠᠷᠠᠳ ᠤᠨ | ᠠᠮᠢᠳᠤᠷᠠᠯ ᠤᠨ ᠦᠢᠯᠡᠴᠢᠯᠡᠭᠡ ᠵᠡᠷᠬᠡ ᠶᠡᠷᠦᠩᠬᠡᠶᠢᠯᠡᠭᠰᠡᠨ ᠮᠡᠳᠡᠭᠡ ᠵᠠᠩᠬᠢ ᠶᠢᠨ ᠦᠢᠯᠡᠴᠢᠯᠡᠭᠡ ᠶᠢ ᠦᠷᠬᠡᠳᠬᠡᠨ᠎ᠠ᠃ | ᠰᠢᠨ᠎ᠠ ᠵᠠᠭᠤᠴᠢᠯᠠᠭᠤᠷ ᠢ ᠬᠢᠨᠠᠨ ᠰᠢᠨᠵᠢᠵᠦ ᠬᠢᠨᠠᠨ ᠬᠠᠮᠢᠶᠠᠷᠬᠤ ᠪᠠᠨ ᠴᠢᠩᠭᠠᠳᠬᠠᠵᠦ᠂ ᠷᠠᠳᠢᠤ᠋ ᠲᠧᠯᠸᠢᠰ ᠤᠨ | ᠫᠷᠤᠭ᠍ᠷᠠᠮ ᠤᠨ ᠠᠭᠤᠯᠭ᠎ᠠ ᠶᠢᠨ ᠠᠮᠤᠷ ᠲᠦᠪᠰᠢᠨ ᠪᠠ ᠰᠤᠶᠤᠯ ᠤᠨ ᠠᠮᠤᠷ ᠲᠦᠪᠰᠢᠨ ᠢ ᠦᠨᠡᠨᠬᠦ ᠪᠠᠳᠤᠯᠠᠨ᠎ᠠ᠃ | ︵ᠨᠠᠢᠮᠠ︶ ᠤᠷᠳᠤ ᠬᠤᠭᠤᠴᠠᠭ᠎ᠠ ᠭᠦᠴᠦᠨ ᠲᠠᠢ ᠲᠤᠨᠨᠳᠠᠴᠠ ᠶᠢ ᠪᠠᠶᠢᠭᠤᠯᠵᠦ ᠪᠦᠷᠢᠨᠰᠢᠬᠦᠯᠦᠨ᠎ᠠ᠃ | ᠵᠠᠰᠠᠭ ᠤᠨ ᠤᠷᠳᠤᠨ ᠢᠶᠠᠷ ᠭᠤᠤᠯᠯᠠᠭᠤᠯᠬᠤ᠂ ᠨᠡᠶᠢᠬᠡᠮᠴᠢᠯᠡᠵᠦ ᠭᠦᠭᠵᠢᠭᠰᠡᠨ ᠷᠠᠳᠢᠤ᠋ ᠲᠧᠯᠸᠢᠰ ᠤᠨ ᠤᠯᠠᠨ | ᠨᠡᠶᠢᠳᠡ ᠶᠢᠨ ᠦᠢᠯᠡᠴᠢᠯᠡᠬᠡᠨ ᠤ ᠤᠷᠳᠤ ᠬᠤᠭᠤᠴᠠᠭ᠎ᠠ ᠭᠦᠴᠦᠨ ᠲᠠᠢ ᠲᠤᠨᠨᠳᠠᠴᠠ ᠶᠢ ᠲᠦᠷᠬᠡᠳᠬᠡᠨ ᠪᠠᠶᠢᠭᠤᠯᠵᠦ᠂ | ᠬᠤᠰᠢᠭᠤ ᠰᠢᠶᠠᠨ ᠤ ᠱᠠᠳᠤ ᠵᠢᠴᠢ ᠲᠡᠭᠦᠨ ᠠᠴᠠ ᠲᠡᠬᠡᠭᠰᠢᠬᠢ ᠪᠠᠶᠢᠭᠤᠯᠤᠮᠵᠢ ᠠᠴᠠ ᠬᠠᠮᠢᠶᠠᠷᠤᠨᠨᠰᠠᠨ᠂ ᠰᠤᠮᠤ ᠰᠢᠶᠠᠩ | ᠪᠠᠯᠭᠠᠰᠤᠨ ᠤ ᠰᠦᠯᠵᠢᠶᠡᠨ ᠴᠢᠬ ᠢᠶᠠᠷ ᠲᠤᠯᠭᠠᠭᠤᠷᠢᠯᠬᠠᠰᠠᠨ᠂ ᠭᠠᠴᠠᠭ᠎ᠠ ᠲᠤᠰᠬᠤᠨ ︵ᠲᠤᠭᠤᠶᠢᠯᠠᠩ︶ ᠠᠴᠠ | ᠲᠤᠰᠬᠠᠢ ᠭᠦᠮᠦᠨ ᠬᠠᠷᠢᠭᠤᠴᠬᠠᠰᠠᠨ᠂ ᠬᠡᠷᠡᠭᠯᠡᠭᠴᠢᠳ ᠠᠴᠠ ᠵᠦᠢ ᠵᠤᠬᠢᠰᠳᠠᠢ ᠡᠭᠦᠷᠬᠡᠯᠡᠭᠰᠡᠨ ᠤᠯᠠᠨ ᠨᠡᠶᠢᠳᠡ ᠶᠢᠨ | ᠦᠢᠯᠡᠴᠢᠯᠡᠬᠡᠨ ᠤ ᠤᠷᠳᠤ ᠬᠤᠭᠤᠴᠠᠭ᠎ᠠ ᠭᠦᠴᠦᠨ ᠲᠠᠢ ᠠᠵᠢᠯᠯᠠᠭᠤᠯᠵᠦ ᠵᠠᠰᠠᠨ ᠬᠠᠮᠠᠭᠠᠯᠠᠬᠤ ᠰᠢᠰᠲ᠋ᠧᠮᠵᠢ ᠶᠢ ᠢᠳᠡᠭ | ᠢᠳᠡᠭ ᠢᠶᠠᠷ ᠪᠦᠷᠢᠯᠳᠦᠭᠦᠯᠦᠨ᠎ᠠ᠃ ᠰᠤᠨᠢᠨ ᠮᠡᠳᠡᠭᠡ ᠬᠡᠪᠯᠡᠯ ᠷᠠᠳᠢᠤ᠋ ᠺᠢᠨᠤ᠋ ᠲᠧᠯᠸᠢᠰ ᠤᠨ ᠤᠯᠠᠨ ᠨᠡᠶᠢᠳᠡ ᠶᠢᠨ | ᠦᠢᠯᠡᠴᠢᠯᠡᠬᠡᠨ ᠤ ᠪᠠᠶᠢᠭᠤᠯᠤᠮᠵᠢ ᠶᠢᠨ ᠡᠭᠦᠷᠬᠡ ᠴᠢᠳᠠᠪᠤᠷᠢ ᠶᠢ ᠤᠯᠠᠮ ᠨᠢᠬᠡ ᠠᠯᠬᠤᠮ ᠴᠢᠩᠭᠠᠷᠠᠭᠤᠯᠵᠦ᠂ ᠤᠯᠠᠨ | ᠨᠡᠶᠢᠳᠡ ᠶᠢᠨ ᠦᠢᠯᠡᠴᠢᠯᠡᠬᠡᠨ ᠤ ᠲᠡᠪᠴᠡᠩ ᠪᠠ ᠬᠡᠷᠡᠭᠯᠡᠭᠴᠢᠳ ᠤᠨ ᠬᠠᠮᠢᠶᠠᠷᠤᠯᠳᠠ ᠶᠢᠨ ᠰᠢᠰᠲ᠋ᠧᠮ ᠢ ᠪᠠᠶᠢᠭᠤᠯᠤᠨ | ᠲᠡᠬᠦᠯᠳᠡᠷᠵᠢᠬᠦᠯᠵᠦ᠂ ᠨᠠᠷᠢᠯᠢᠨᠨᠵᠢᠨᠨᠰᠨᠨ᠂ ᠤᠨᠤᠭᠠᠨᠨᠰᠠᠨ ᠬᠠᠮᠢᠶᠠᠷᠤᠯᠳᠠ ᠶᠢ ᠢᠳᠡᠭ ᠢᠳᠡᠭ ᠢᠶᠠᠷ ᠪᠡᠶᠡᠯᠡᠬᠦᠯᠦᠨ᠎ᠠ᠃ | ᠵᠠᠰᠠᠭ ᠤᠨ ᠤᠷᠳᠤᠨ ᠦᠢᠯᠡᠴᠢᠯᠡᠭᠡ ᠬᠤᠳᠠᠯᠳᠤᠨ ᠠᠪᠬᠤ᠂ ᠲᠦᠷᠦᠯ ᠵᠦᠢᠯ ᠤᠨ ᠨᠦᠭᠦᠪᠦᠷᠢ ᠦᠭᠭᠦ᠂ | ᠬᠠᠨᠳᠤᠯᠭ᠎ᠠ ᠲᠠᠢ ᠪᠠᠷ ᠵᠤᠭᠤᠰ ᠢᠶᠠᠷ ᠲᠤᠰᠠᠯᠠᠬᠤ᠂ ᠵᠢᠬᠡᠯᠡᠯᠬᠡ ᠳᠤ ᠲᠠᠮ ᠭᠦᠦ ᠦᠭᠭᠦ ᠵᠡᠷᠬᠡ ᠲᠦᠷᠦ ᠶᠢᠨ | ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠬᠡᠷᠡᠭᠯᠡᠵᠦ᠂ ᠵᠠᠰᠠᠭ ᠤᠨ ᠤᠷᠳᠤᠨ ᠢᠶᠠᠷ ᠭᠤᠤᠯᠯᠠᠭᠤᠯᠤᠨᠨᠰᠠᠨ᠂ ᠠᠵᠦ | ᠠᠬᠤᠶᠢᠯᠠᠯ ᠪᠠ ᠨᠡᠶᠢᠬᠡᠮ ᠠᠴᠠ ᠬᠠᠮᠳᠤ ᠪᠠᠷ ᠤᠷᠤᠯᠴᠬᠠᠰᠠᠨ ᠷᠠᠳᠢᠤ᠋ ᠲᠧᠯᠸᠢᠰ ᠤᠨ ᠤᠯᠠᠨ ᠨᠡᠶᠢᠳᠡ ᠶᠢᠨ | ᠦᠢᠯᠡᠴᠢᠯᠡᠬᠡᠨ ᠤ ᠤᠷᠳᠤ ᠬᠤᠭᠤᠴᠠᠭ᠎ᠠ ᠭᠦᠴᠦᠨ ᠲᠠᠢ ᠲᠤᠨᠨᠳᠠᠴᠠ ᠶᠢ ᠪᠦᠷᠢᠯᠳᠦᠭᠦᠯᠦᠨ᠎ᠠ᠃ ᠬᠤᠰᠢᠭᠤ ᠰᠢᠶᠠᠨ ︵ | ᠬᠤᠳᠠ᠂ ᠲᠤᠭᠤᠷᠢᠭ︶ ᠤ ᠷᠠᠳᠢᠤ᠋ ᠲᠧᠯᠸᠢᠰ ᠤᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ | ᠪᠤᠯ ᠷᠠᠳᠢᠤ᠋ ᠲᠧᠯᠸᠢᠰ ᠤᠨ ᠤᠯᠠᠨ ᠨᠡᠶᠢᠳᠡ ᠶᠢᠨ ᠦᠢᠯᠡᠴᠢᠯᠡᠬᠡᠨ ᠤ ᠪᠡᠯᠡᠳᠬᠡᠮᠵᠢ ᠶᠢ ᠬᠠᠮᠢᠶᠠᠷᠴᠤ ᠬᠠᠮᠠᠭᠠᠯᠠᠬᠤ ᠭᠤᠤᠯ | ᠴᠤᠨᠨᠴᠠ ᠪᠤᠯᠤᠨ᠎ᠠ ᠂ ᠪᠠᠴᠢᠮ ᠪᠠᠶᠢᠳᠠᠯ ᠢ ᠠᠷᠭᠠᠴᠠᠬᠤ ᠷᠠᠳᠢᠤ᠋ ᠶᠢ ᠲᠤᠰᠬᠤᠨ ᠪᠦᠷᠢ ᠳᠤ ᠲᠠᠭᠤᠷᠢᠰᠤᠭᠤᠯᠬᠤ᠂ ᠷᠠᠳᠢᠤ᠋ | ᠲᠧᠯᠸᠢᠰ ᠤᠨ ᠰᠢᠭᠤᠳ ᠨᠡᠪᠳᠡᠷᠡᠬᠦᠯᠬᠦ ᠲᠠᠭᠠᠭᠤᠯᠢ ᠤᠳᠤᠨ ᠤ ᠪᠡᠯᠡᠳᠬᠡᠮᠵᠢ ᠲᠦᠭᠦᠬᠡᠷᠦᠮᠵᠢ ᠳᠤ ᠵᠠᠷᠴᠢᠮ | ᠲᠡᠬᠡᠷ᠎ᠡ ᠪᠠᠨ ᠰᠤᠮᠤ ᠰᠢᠶᠠᠩ ᠪᠠᠯᠭᠠᠰᠤ ᠠᠴᠠ ᠬᠠᠮᠢᠶᠠᠷᠴᠤ ᠬᠠᠮᠠᠭᠠᠯᠠᠬᠤ ᠰᠦᠯᠵᠢᠶᠡᠨ ᠴᠢᠬ ᠲᠠᠢ ᠪᠤᠯᠭᠠᠵᠦ᠂ | ᠭᠠᠴᠠᠭ᠎ᠠ ᠲᠤᠰᠬᠤᠨ ᠤ ᠬᠢᠨ ᠲᠤᠰᠬᠠᠢ ᠭᠦᠮᠦᠨ ᠬᠠᠷᠢᠭᠤᠴᠠᠨ᠎ᠠ᠃ ᠷᠠᠳᠢᠤ᠋ ᠲᠧᠯᠸᠢᠰ ᠤᠨ ᠦᠢᠯᠡᠴᠢᠯᠡᠬᠡᠨ ᠤ ᠠᠵᠦ | ᠠᠬᠤᠶᠢᠯᠠᠯ ᠤᠨ ᠡᠵᠡᠩᠨᠡᠵᠦ ᠦᠢᠯᠡᠴᠢᠯᠡᠬᠦ ᠠᠵᠢᠯᠯᠠᠭ᠎ᠠ ᠶᠢ ᠬᠢᠨᠠᠵᠦ ᠬᠠᠮᠢᠶᠠᠷᠬᠤ ᠪᠠ ᠦᠨᠡᠯᠡᠬᠦ ᠶᠢ ᠴᠢᠩᠭᠠᠳᠬᠠᠵᠦ᠂ | ᠦᠢᠯᠡᠴᠢᠯᠡᠬᠡᠨ ᠤ ᠬᠢᠷᠢ ᠬᠡᠮᠵᠢᠶ᠎ᠡ ᠶᠢ ᠲᠠᠰᠤᠷᠠᠯᠳᠠ ᠦᠬᠡᠢ ᠠᠬᠢᠭᠤᠯᠤᠨ᠎ᠠ᠃ | ᠭᠤᠷᠪᠠ᠂ ᠪᠠᠳᠤᠯᠠᠭ᠎ᠠ ᠶᠢᠨ ᠠᠷᠭ᠎ᠠ ᠬᠡᠮᠵᠢᠶ᠎ᠡ | ︵ᠶᠢᠰᠦ︶ ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠪᠠᠨ ᠴᠢᠩᠭᠠᠷᠠᠭᠤᠯᠤᠨ᠎ᠠ᠃ ᠡᠯ᠎ᠡ ᠱᠠᠳᠤᠨ ᠤ | ᠠᠷᠠᠳ ᠤᠨ ᠵᠠᠰᠠᠭ ᠤᠨ ᠤᠷᠳᠤᠨ ᠪᠤᠯ ᠲᠤᠰ ᠭᠠᠵᠠᠷ ᠤᠷᠤᠨ ᠤ ᠷᠠᠳᠢᠤ᠋ ᠲᠧᠯᠸᠢᠰ ᠢ ᠲᠤᠰᠬᠤᠨ ᠪᠦᠷᠢ ᠳᠤ | ᠨᠡᠪᠳᠡᠷᠡᠬᠦᠯᠬᠦ ᠶᠢ ᠡᠷᠦᠬᠡ ᠪᠦᠷᠢ ᠳᠤ ᠨᠡᠪᠳᠡᠷᠡᠬᠦᠯᠦᠨ ᠲᠡᠰ ᠲᠡᠪᠰᠢᠬᠦᠯᠬᠦ ᠠᠵᠢᠯ ᠢ ᠬᠠᠷᠢᠭᠤᠴᠠᠬᠤ ᠭᠤᠤᠯ ᠴᠤᠨᠨᠴᠠ | ᠪᠠᠶᠢᠵᠦ᠂ ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠪᠠᠨ ᠦᠨᠡᠨᠬᠦ ᠴᠢᠩᠭᠠᠳᠬᠠᠵᠦ᠂ ᠵᠠᠰᠠᠭ ᠤᠨ ᠤᠷᠳᠤᠨ ᠤ | ᠬᠤᠪᠢᠳᠠᠨ ᠬᠠᠮᠢᠶᠠᠷᠴᠤ ᠬᠠᠷᠢᠭᠤᠴᠠᠵᠦ ᠪᠦᠭᠦᠢ ᠨᠦᠭᠦᠷ ᠢᠶᠠᠷ ᠲᠤᠭᠤᠶᠢᠯᠠᠩ ᠤᠨ ᠲᠠᠷᠤᠭ᠎ᠠ ᠪᠤᠯᠭᠠᠨ᠂ ᠰᠤᠨᠢᠨ | ᠮᠡᠳᠡᠭᠡ ᠬᠡᠪᠯᠡᠯ ᠷᠠᠳᠢᠤ᠋ ᠺᠢᠨᠤ᠋ ᠲᠧᠯᠸᠢᠰ ᠤᠨ ᠰᠠᠯᠠᠭ᠎ᠠ ᠮᠦᠴᠢᠷ ᠲᠦᠷᠦᠭᠦᠯᠡᠨ ᠬᠢᠵᠦ᠂ ᠭᠦᠭᠵᠢᠬᠦᠯᠦᠯᠳᠡ | ᠦᠬᠡᠷᠡᠴᠢᠯᠡᠯᠳᠡ᠂ ᠡᠳ᠋ ᠤᠨ ᠵᠠᠰᠠᠭ ᠪᠠ ᠷᠠᠳᠢᠤ᠋ ᠲᠧᠯᠸᠢᠰ᠂ ᠤᠳᠠᠰᠤᠳᠤ ᠲᠧᠯᠸᠢᠰ ᠤᠨ ᠰᠦᠯᠵᠢᠶ᠎ᠡ ᠵᠡᠷᠬᠡ | ᠬᠤᠯᠪᠤᠨᠨᠳᠠᠯ ᠪᠦᠭᠦᠢ ᠰᠠᠯᠠᠭ᠎ᠠ ᠮᠦᠴᠢᠷ ᠵᠢᠴᠢ ᠠᠵᠦ ᠠᠬᠤᠶᠢᠯᠠᠯ ᠤᠷᠤᠯᠴᠬᠠᠰᠠᠨ ᠤᠳᠤᠷᠢᠳᠬᠤ ᠲᠤᠭᠤᠶᠢᠯᠠᠩ ᠢ | ᠪᠠᠶᠢᠭᠤᠯᠵᠦ᠂ ᠵᠠᠰᠠᠭ ᠤᠨ ᠤᠷᠳᠤᠨ ᠨᠢᠬᠡᠳᠦᠯᠳᠡᠢ ᠤᠳᠤᠷᠢᠳᠤᠨᠨᠰᠠᠨ᠂ ᠰᠠᠯᠠᠭ᠎ᠠ ᠮᠦᠴᠢᠷ ᠤᠨ ᠬᠢᠨ ᠨᠢᠨᠨᠳᠠ | ᠬᠠᠮᠵᠢᠯᠴᠬᠠᠰᠠᠨ ᠠᠵᠢᠯᠯᠠᠬᠤ ᠲᠤᠨᠨᠳᠠᠴᠠ ᠶᠢ ᠪᠦᠷᠢᠯᠳᠦᠬᠦᠯᠦᠨ᠎ᠠ᠃ ᠷᠠᠳᠢᠤ᠋ ᠲᠧᠯᠸᠢᠰ ᠢ ᠡᠷᠦᠬᠡ ᠪᠦᠷᠢ ᠳᠤ | ᠨᠡᠪᠳᠡᠷᠡᠬᠦᠯᠦᠨ ᠲᠡᠰ ᠲᠡᠪᠰᠢᠬᠦᠯᠬᠦ ᠠᠵᠢᠯ ᠢ ᠡᠯ᠎ᠡ ᠱᠠᠳᠤᠨ ᠤ ᠵᠠᠰᠠᠭ ᠤᠨ ᠤᠷᠳᠤᠨ ᠤ ᠡᠳᠦᠷ ᠲᠤᠳᠤᠮ ᠤᠨ | ᠴᠢᠬᠤᠯᠠ ᠵᠦᠪᠯᠡᠬᠦ ᠵᠦᠢᠯ ᠳᠡᠭᠡᠨ ᠤᠷᠤᠭᠤᠯᠤᠨ᠂ ᠤᠷᠤᠨ ᠨᠤᠳᠤᠭ ᠤᠨ ᠠᠵᠦ ᠠᠬᠤᠢ ᠨᠡᠶᠢᠬᠡᠮ ᠤᠨ | ᠭᠦᠭᠵᠢᠯᠳᠡ ᠶᠢᠨ ᠶᠡᠷᠦᠩᠬᠡᠢ ᠲᠦᠯᠦᠪᠵᠢᠬᠦᠯᠬᠡ ᠳᠤ ᠤᠷᠤᠭᠤᠯᠵᠦ᠂ ᠤᠯᠠᠨ ᠨᠡᠶᠢᠳᠡ ᠶᠢᠨ ᠡᠳ᠋ ᠤᠨ ᠵᠠᠰᠠᠭ ᠤᠨ | ᠵᠠᠷᠤᠯᠭ᠎ᠠ ᠶᠢᠨ ᠲᠦᠰᠦᠪ ᠲᠤ ᠤᠷᠤᠭᠤᠯᠤᠨ᠂ ᠬᠠᠷᠢᠭᠤᠴᠠᠯᠭ᠎ᠠ ᠶᠢ ᠰᠢᠯᠭᠠᠨ ᠬᠢᠨᠠᠬᠤ ᠶᠢ ᠴᠢᠩᠭᠠᠷᠠᠭᠤᠯᠵᠦ᠂ ᠡᠯ᠎ᠡ | ᠵᠦᠢᠯ ᠤᠨ ᠬᠠᠷᠠᠯᠳᠠᠳᠤ ᠡᠭᠦᠷᠬᠡ ᠶᠢᠨ ᠤᠷᠤᠨᠨᠰᠢᠳᠠᠢ ᠪᠡᠶᠡᠯᠡᠭᠳᠡᠬᠦ ᠶᠢ ᠦᠨᠡᠨᠬᠦ ᠪᠠᠳᠤᠯᠠᠨ᠎ᠠ᠃ ᠰᠤᠨᠢᠨ ᠮᠡᠳᠡᠭᠡ ᠬᠡᠪᠯᠡᠯ | ᠷᠠᠳᠢᠤ᠋ ᠺᠢᠨᠤ᠋ ᠲᠧᠯᠸᠢᠰ ᠤᠨ ᠰᠠᠯᠠᠭ᠎ᠠ ᠮᠦᠴᠢᠷ ᠨᠢ ᠤᠳᠠᠰᠤᠭᠦᠢ᠂ ᠤᠳᠠᠰᠤᠳᠤ ᠪᠠ ᠰᠢᠭᠤᠳ ᠨᠡᠪᠳᠡᠷᠡᠬᠦᠯᠬᠦ | ᠲᠠᠭᠠᠭᠤᠯᠢ ᠤᠳᠤᠨ ᠤ ᠪᠦᠷᠬᠦᠬᠦ ᠤᠷᠤᠨ ᠪᠦᠰᠡ ᠶᠢ ᠪᠦᠭᠦ ᠲᠠᠯ᠎ᠠ ᠪᠠᠷ ᠲᠦᠯᠦᠪᠵᠢᠬᠦᠯᠦᠨ᠂ ᠮᠡᠷᠬᠡᠵᠢᠯ ᠤᠨ ᠲᠦᠰᠦᠯ | ᠲᠤᠨᠨᠳᠠᠭᠠᠵᠦ᠂ ᠪᠠᠷᠢᠯᠭ᠎ᠠ ᠶᠢᠨ ᠪᠦᠳᠦᠬᠡᠨ ᠪᠠᠶᠢᠭᠤᠯᠤᠯᠳᠠ᠂ ᠬᠠᠮᠢᠶᠠᠷᠤᠯᠳᠠ᠂ ᠴᠢᠳᠠᠪᠤᠷᠢᠳᠠᠨ ᠤ ᠡᠩᠨᠡᠭᠡ ᠶᠢᠨ | ᠪᠠᠶᠢᠭᠤᠯᠤᠯᠳᠠ ᠪᠠ ᠪᠤᠯᠪᠠᠰᠤᠷᠠᠭᠤᠯᠤᠯ ᠵᠡᠷᠬᠡ ᠠᠵᠢᠯ ᠢ ᠰᠠᠶᠢᠳᠤᠷ ᠨᠠᠶᠢᠳᠠᠪᠤᠷᠢᠵᠢᠭᠤᠯᠤᠨ᠎ᠠ︔ ᠭᠦᠭᠵᠢᠬᠦᠯᠦᠯᠳᠡ | ᠦᠬᠡᠷᠡᠴᠢᠯᠡᠯᠳᠡ ᠶᠢᠨ ᠰᠠᠯᠠᠭ᠎ᠠ ᠮᠥᠴᠢᠷ ᠨᠢ ᠲᠦᠷᠦᠯ ᠵᠦᠢᠯ ᠲᠤᠨᠨᠳᠠᠭᠠᠬᠤ᠂ ᠲᠦᠯᠦᠪᠵᠢᠬᠦᠯᠬᠦ ᠵᠡᠷᠬᠡ ᠠᠵᠢᠯ ᠢ | ᠢᠳᠡᠪᠬᠢᠳᠡᠢ ᠰᠠᠶᠢᠳᠦᠷ ᠬᠢᠨ᠎ᠠ︔ ᠡᠳ᠋ ᠤᠨ ᠵᠠᠰᠠᠭ ᠤᠨ ᠰᠠᠯᠠᠭ᠎ᠠ ᠮᠦᠴᠢᠷ ᠨᠢ ᠪᠦᠳᠦᠬᠡᠨ ᠪᠠᠶᠢᠭᠤᠯᠬᠤ ᠪᠠ | ᠠᠵᠢᠯᠯᠠᠭᠤᠯᠵᠦ ᠵᠠᠰᠠᠨ ᠬᠠᠮᠠᠭᠠᠯᠠᠬᠤ ᠪᠡᠯᠡ ᠮᠦᠩᠭᠦ ᠶᠢ ᠨᠢᠬᠡᠳᠦᠯᠳᠡᠢ ᠲᠦᠯᠦᠪᠵᠢᠬᠦᠯᠦᠨ ᠲᠤᠬᠢᠷᠠᠭᠤᠯᠵᠦ᠂ ᠪᠡᠯᠡ | ᠮᠦᠩᠭᠦ ᠶᠢᠨ ᠬᠠᠮᠢᠶᠠᠷᠤᠯᠳᠠ ᠶᠢ ᠴᠢᠩᠭᠠᠷᠠᠭᠤᠯᠤᠨ᠎ᠠ᠂ ᠬᠢᠨᠠᠨ ᠪᠤᠳᠤᠯᠳᠠ ᠶᠢᠨ ᠰᠠᠯᠠᠭ᠎ᠠ ᠮᠦᠴᠢᠷ ᠨᠢ ᠪᠡᠯᠡ | ᠮᠦᠩᠭᠦ ᠳᠤ ᠬᠢᠨᠠᠨ ᠪᠤᠳᠤᠵᠦ ᠬᠢᠨᠠᠯᠳᠠ ᠲᠠᠯᠪᠢᠬᠤ ᠶᠢ ᠴᠢᠩᠭᠠᠳᠬᠠᠨ᠎ᠠ︔ ᠪᠤᠰᠤᠳ ᠬᠠᠮᠢᠶ᠎ᠠ ᠪᠦᠭᠦᠢ ᠰᠠᠯᠠᠭ᠎ᠠ | ᠮᠦᠴᠢᠷ ᠨᠢ ᠡᠭᠦᠷᠬᠡ ᠴᠢᠳᠠᠪᠤᠷᠢ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠦ᠂ ᠬᠠᠮᠵᠢᠯᠴᠠᠬᠤ ᠠᠵᠢᠯ ᠢ | ᠢᠳᠡᠪᠬᠢᠳᠡᠢ ᠬᠢᠨ᠎ᠠ᠃ | ︵ᠠᠷᠪᠠ︶ ᠪᠡᠯᠡ ᠮᠦᠩᠭᠦ ᠶᠢᠨ ᠪᠠᠳᠤᠯᠠᠭ᠎ᠠ ᠶᠢ ᠴᠢᠩᠭᠠᠷᠠᠭᠤᠯᠤᠨ᠎ᠠ᠃ ᠱᠠᠳᠤ ᠬᠤᠪᠢᠶᠠᠨ ᠡᠬᠦᠷᠬᠡᠯᠡᠵᠦ | ᠬᠠᠷᠢᠭᠤᠴᠠᠬᠤ ᠵᠠᠷᠴᠢᠮ ᠶᠤᠰᠤᠭᠠᠷ᠂ ᠦᠪᠡᠷᠳᠡᠬᠡᠨ ᠵᠠᠰᠬᠠᠤ ᠤᠷᠤᠨ᠂ ᠠᠶᠢᠮᠠᠭ ᠬᠤᠳᠠ ᠪᠠ ᠬᠤᠰᠢᠭᠤ ᠰᠢᠶᠠᠨ ︵ | ᠬᠤᠳᠠ᠂ ᠲᠤᠭᠤᠷᠢᠭ︶ ᠤ ᠠᠷᠠᠳ ᠤᠨ ᠵᠠᠰᠠᠭ ᠤᠨ ᠤᠷᠳᠤᠨ ᠨᠢ ᠲᠤᠰ ᠱᠠᠳᠤᠨ ᠤ ᠷᠠᠳᠢᠤ᠋ ᠲᠧᠯᠸᠢᠰ ᠤᠨ | ᠤᠳᠠᠰᠤᠭᠦᠢ ᠰᠠᠴᠤᠷᠠᠭᠤᠯᠬᠤ ᠦᠷᠳᠡᠭᠡ᠂ ᠲᠠᠮᠵᠢᠭᠤᠯᠤᠨ ᠨᠡᠪᠳᠡᠷᠡᠬᠦᠯᠬᠦ ᠦᠷᠳᠡᠭᠡ᠂ ᠬᠢᠨᠠᠨ ᠰᠢᠨᠵᠢᠬᠦ ᠦᠷᠳᠡᠭᠡ | ᠵᠡᠷᠬᠡ ᠷᠠᠳᠢᠤ᠋ ᠲᠧᠯᠸᠢᠰ ᠤᠨ ᠤᠯᠠᠨ ᠨᠡᠶᠢᠳᠡ ᠶᠢᠨ ᠪᠡᠯᠡᠳᠬᠡᠮᠵᠢ ᠪᠠ ᠪᠠᠶᠢᠭᠤᠯᠤᠮᠵᠢ ᠶᠢ ᠪᠠᠶᠢᠭᠤᠯᠤᠨ ᠦᠬᠡᠷᠡᠴᠢᠯᠡᠬᠦ | ᠵᠢᠴᠢ ᠠᠵᠢᠯᠯᠠᠭᠤᠯᠵᠦ ᠵᠠᠰᠠᠨ ᠬᠠᠮᠠᠭᠠᠯᠠᠬᠤ ᠪᠡᠯᠡ ᠮᠦᠩᠭᠦ ᠶᠢ ᠲᠤᠰ ᠲᠤᠰ ᠲᠠᠭᠠᠨ ᠬᠠᠷᠢᠭᠤᠴᠠᠵᠦ᠂ ᠲᠦᠪ ᠪᠠ | ᠦᠪᠡᠷᠳᠡᠬᠡᠨ ᠵᠠᠰᠠᠬᠤ ᠤᠷᠤᠨ ᠤ ᠡᠳ᠋ ᠤᠨ ᠵᠠᠰᠠᠭ ᠠᠴᠠ ᠤᠳᠤ ᠶᠢᠨ ᠪᠠᠶᠢᠭ᠎ᠠ ᠵᠠᠮ ᠮᠦᠷ ᠢᠶᠠᠷ ᠲᠠᠮᠵᠢᠭᠤᠯᠵᠦ | ᠰᠢᠯᠵᠢᠬᠦᠯᠦᠨ ᠦᠭᠭᠦ ᠪᠡᠯᠡ ᠮᠦᠩᠭᠦ ᠶᠢ ᠲᠤᠬᠢᠷᠠᠭᠤᠯᠵᠦ᠂ ᠬᠤᠯᠪᠤᠨᠨᠳᠠᠯ ᠪᠦᠭᠦᠢ ᠲᠤᠨᠨᠳᠠᠭᠠᠯ ᠶᠤᠰᠤᠭᠠᠷ ᠲᠦᠪ ᠪᠠ | ᠦᠪᠡᠷᠳᠡᠬᠡᠨ ᠵᠠᠰᠠᠬᠤ ᠤᠷᠤᠨ ᠤ ᠷᠠᠳᠢᠣ᠋ ᠲᠧᠯᠸᠢᠰ ᠤᠨ ᠫᠷᠤᠭ᠍ᠷᠠᠮ ᠢ ᠲᠠᠮᠵᠢᠭᠤᠯᠤᠨ ᠨᠡᠪᠳᠡᠷᠡᠬᠦᠯᠵᠦ ᠪᠠᠶᠢᠭ᠎ᠠ ᠤᠷᠤᠨ | ᠨᠤᠳᠤᠭ ᠤᠨ ᠬᠢᠨ ᠳᠤ ᠵᠤᠬᠢᠬᠤ ᠨᠦᠭᠦᠪᠦᠷᠢ ᠤᠯᠭᠤᠨ᠎ᠠ᠃ ᠮᠤᠩᠭᠤᠯ ᠬᠡᠯᠡᠨ ᠤ ᠷᠠᠳᠢᠣ᠋ ᠲᠧᠯᠸᠢᠰ ᠤᠨ ᠫᠷᠤᠭ᠍ᠷᠠᠮ ᠢ | ᠦᠢᠯᠡᠳᠬᠦ ᠪᠠ ᠲᠡᠭᠦᠨ ᠢ ᠪᠦᠷᠬᠦᠬᠦᠯᠬᠦ ᠪᠠᠶᠢᠭᠤᠯᠤᠯᠳᠠ ᠶᠢ ᠲᠡᠮᠵᠢᠨ ᠲᠡᠳᠬᠦᠬᠦ ᠡᠷᠴᠢᠮ ᠢᠶᠠᠨ ᠴᠢᠩᠭᠠᠷᠠᠭᠤᠯᠵᠦ᠂ | ᠤᠷᠤᠨ ᠨᠤᠳᠤᠭ ᠤᠨ ᠷᠠᠳᠢᠣ᠋ ᠲᠧᠯᠸᠢᠰ ᠢ ᠡᠷᠦᠬᠡ ᠪᠦᠷᠢ ᠳᠤ ᠨᠡᠪᠳᠡᠷᠡᠬᠦᠯᠬᠦ ᠶᠢ ᠪᠠᠭᠳᠠᠭᠠᠨᠨᠰᠠᠨ ᠤᠯᠠᠨ ᠨᠡᠶᠢᠳᠡ ᠶᠢᠨ | ᠰᠤᠶᠤᠯ ᠤᠨ ᠦᠢᠯᠡᠴᠢᠯᠡᠬᠡᠨ ᠤ ᠰᠢᠰᠲ᠋ᠧᠮᠵᠢ ᠶᠢᠨ ᠪᠠᠶᠢᠭᠤᠯᠤᠯᠳᠠ ᠶᠢ ᠨᠢᠬᠡᠳᠦᠯᠳᠡᠢ ᠲᠦᠯᠦᠪᠵᠢᠬᠦᠯᠦᠨ | ᠠᠬᠢᠭᠤᠯᠬᠤ ᠶᠢ ᠲᠡᠮᠵᠢᠨ᠎ᠠ᠃ | ︵ᠠᠷᠪᠠᠨ ᠨᠢᠬᠡ︶ ᠲᠦᠷᠦ ᠶᠢᠨ ᠪᠤᠳᠤᠯᠭ᠎ᠠ ᠶᠢᠨ ᠲᠡᠮᠵᠢᠯᠬᠡ ᠶᠢ ᠲᠡᠭᠦᠯᠳᠡᠷᠵᠢᠬᠦᠯᠦᠨ᠎ᠠ᠃ ᠷᠠᠳᠢᠣ᠋ | ᠲᠧᠯᠸᠢᠰ ᠤᠨ ᠰᠦᠯᠵᠢᠶᠡᠨ ᠤ ᠪᠠᠶᠢᠭᠤᠯᠤᠮᠵᠢ ᠶᠢᠨ 51% ᠠᠴᠠ ᠲᠡᠬᠡᠭᠰᠢᠬᠢ ᠬᠤᠪᠢᠴᠠᠭ᠎ᠠ ᠡᠵᠡᠮᠰᠢᠭᠰᠡᠨ ᠤᠷᠢᠳᠠᠯ | ᠲᠤᠤᠷ᠎ᠠ᠂ ᠪᠤᠰᠤᠳ ᠭᠦᠷᠦᠩᠬᠡ ᠶᠢᠨ ᠬᠤᠰᠢᠭᠤ ᠰᠢᠶᠠᠨ ᠤ ᠱᠠᠳᠤ ᠠᠴᠠ ᠲᠤᠷᠤᠨᠨᠰᠢᠬᠢ ᠤᠳᠠᠰᠤᠳᠤ ᠲᠧᠯᠸᠢᠰ ᠤᠨ | ᠰᠦᠯᠵᠢᠶᠡᠨ ᠤ ᠪᠠᠶᠢᠭᠤᠯᠤᠯᠳᠠ ᠳᠤ ᠪᠡᠯᠡ ᠤᠷᠤᠭᠤᠯᠤᠯᠳᠠ ᠬᠢᠵᠦ ᠬᠤᠪᠢ ᠤᠷᠤᠭᠤᠯᠬᠤ ᠶᠢ ᠵᠦᠪᠰᠢᠶᠡᠷᠡᠨ᠎ᠠ᠃ ᠷᠠᠳᠢᠣ᠋ | ᠲᠧᠯᠸᠢᠰ ᠤᠨ ᠰᠦᠯᠵᠢᠶᠡᠨ ᠤ ᠪᠠᠶᠢᠭᠤᠯᠤᠮᠵᠢ ᠶᠢᠨ ᠮᠠᠯᠵᠢᠬᠤ ᠲᠠᠷᠢᠶᠠᠯᠠᠬᠤ ᠤᠷᠤᠨ ᠤ ᠦᠷᠬᠡᠨ ᠪᠦᠰᠡ ᠪᠠ ᠮᠡᠳᠡᠭᠡ | ᠵᠠᠩᠬᠢᠵᠢᠯᠳᠠ ᠶᠢᠨ ᠶᠡᠷᠦᠩᠬᠡᠶᠢᠯᠡᠭᠰᠡᠨ ᠦᠢᠯᠡᠴᠢᠯᠡᠬᠡᠨ ᠤ ᠲᠠᠪᠴᠠᠩ ᠤᠨ ᠪᠠᠶᠢᠭᠤᠯᠤᠯᠳᠠ ᠳᠤ ᠤᠷᠤᠯᠴᠠᠬᠤ ᠶᠢ | ᠵᠤᠷᠢᠨᠨᠵᠢᠭᠤᠯᠤᠨ᠎ᠠ᠃ ᠬᠤᠳᠠ ᠭᠦᠳᠡᠭᠡ ᠶᠢᠨ ᠲᠦᠯᠦᠪᠵᠢᠬᠦᠯᠬᠡ ᠪᠦᠳᠦᠬᠡᠨ ᠪᠠᠶᠢᠭᠤᠯᠤᠯᠳᠠ ᠨᠢ ᠷᠠᠳᠢᠤ᠋ ᠲᠧᠯᠸᠢᠰ ᠤᠨ | ᠰᠦᠯᠵᠢᠶ᠎ᠡ ᠳᠤ ᠬᠡᠷᠡᠭᠰᠡᠬᠦ ᠪᠦᠭᠦᠢ ᠬᠠᠮ ᠨᠦᠬᠡᠨ ᠬᠤᠩᠬᠢᠯ ᠤᠨ ᠨᠡᠪᠳᠡᠷᠡᠬᠦ ᠵᠠᠮ ᠵᠢᠴᠢ ᠲᠠᠯᠠᠪᠤᠷ ᠭᠠᠵᠠᠷ᠂ ᠮᠠᠰᠢᠨ ᠤ | ᠦᠷᠦᠬᠡ᠂ ᠴᠠᠬᠢᠯᠭᠠᠨ ᠭᠦᠴᠦᠨ ᠤ ᠪᠡᠯᠡᠳᠬᠡᠮᠵᠢ ᠵᠡᠷᠬᠡ ᠶᠢ ᠪᠡᠯᠡᠳᠬᠡᠨ ᠲᠠᠯᠪᠢᠵᠦ᠂ ᠲᠤᠤᠷ ᠰᠦᠯᠵᠢᠶ᠎ᠡ ᠶᠢᠨ | ᠬᠤᠩᠬᠢᠯ ᠳᠤ ᠤᠷᠤᠭᠤᠯᠬᠤ ᠶᠢᠨ ᠰᠦᠢᠳᠬᠡᠯ ᠬᠤᠷᠢᠶᠠᠬᠤ ᠪᠠᠷᠢᠮᠵᠢᠶ᠎ᠠ ᠳᠤ ᠵᠤᠬᠢᠬᠤ ᠬᠡᠮᠵᠢᠶᠡᠨ ᠤ ᠬᠠᠷᠠᠭᠠᠯᠵᠠᠯ | ᠦᠵᠡᠬᠦᠯᠵᠦ ᠪᠤᠯᠤᠨ᠎ᠠ᠃ | ︵ᠠᠷᠪᠠᠨ ᠬᠤᠶᠠᠷ︶ ᠰᠢᠯᠭᠠᠨ ᠬᠢᠨᠠᠵᠦ ᠦᠨᠡᠯᠡᠬᠦ ᠶᠢ ᠴᠢᠩᠭᠠᠳᠬᠠᠨ᠎ᠠ᠃ ︽ᠦᠪᠦᠷ ᠮᠤᠩᠭᠤᠯ ᠤᠨ | ᠦᠪᠡᠷᠳᠡᠬᠡᠨ ᠵᠠᠰᠠᠬᠤ ᠤᠷᠤᠨ ᠤ ᠤᠯᠠᠨ ᠨᠡᠶᠢᠳᠡ ᠶᠢᠨ ᠰᠤᠶᠤᠯ ᠤᠨ ᠦᠢᠯᠡᠴᠢᠯᠡᠬᠡᠨ ᠤ ᠰᠢᠰᠲ᠋ᠧᠮᠵᠢ ᠶᠢᠨ | ᠪᠠᠶᠢᠭᠤᠯᠤᠯᠳᠠ ᠶᠢ ᠦᠨᠡᠯᠡᠵᠦ ᠰᠢᠯᠭᠠᠨ ᠬᠢᠨᠠᠬᠤ ᠠᠷᠭ᠎ᠠ ︵ᠲᠤᠷᠰᠢᠨ ᠬᠡᠷᠡᠭᠵᠢᠬᠦᠯᠬᠦ︶︾ ᠶᠤᠰᠤᠭᠠᠷ᠂ ᠷᠠᠳᠢᠤ᠋ | ᠲᠧᠯᠸᠢᠰ ᠢ ᠡᠷᠦᠬᠡ ᠪᠦᠷᠢ ᠳᠤ ᠨᠡᠪᠳᠡᠷᠡᠬᠦᠯᠦᠨ ᠲᠡᠰ ᠲᠡᠪᠰᠢᠬᠦᠯᠬᠦ ᠠᠵᠢᠯ ᠤᠨ ᠲᠦᠷᠦ ᠶᠢᠨ ᠪᠤᠳᠤᠯᠭ᠎ᠠ ᠶᠢᠨ ᠠᠷᠭ᠎ᠠ | ᠬᠡᠮᠵᠢᠶ᠎ᠡ᠂ ᠵᠤᠬᠢᠶᠠᠨ ᠪᠠᠶᠢᠭᠤᠯᠤᠯᠳᠠ ᠶᠢᠨ ᠪᠠᠳᠤᠯᠠᠭ᠎ᠠ᠂ ᠲᠦᠯᠦᠪᠵᠢᠬᠦᠯᠬᠡ ᠵᠤᠬᠢᠶᠠᠬᠤ ᠪᠠ ᠲᠦᠷᠦᠯ ᠵᠦᠢᠯ ᠤᠨ | ᠬᠡᠷᠡᠭᠵᠢᠬᠦᠯᠦᠯᠳᠡ᠂ ᠡᠳ᠋ ᠤᠨ ᠵᠠᠰᠠᠭ ᠤᠨ ᠷᠠᠳᠢᠤ᠋ ᠲᠧᠯᠸᠢᠰ ᠢ ᠡᠷᠦᠬᠡ ᠪᠦᠷᠢ ᠳᠤ ᠨᠡᠪᠳᠡᠷᠡᠬᠦᠯᠦᠨ ᠲᠡᠰ ᠲᠡᠪᠰᠢᠬᠦᠯᠬᠦ | ᠪᠠᠶᠢᠭᠤᠯᠤᠯᠳᠠ ᠶᠢᠨ ᠤᠷᠤᠭᠤᠯᠤᠯᠳᠠ᠂ ᠲᠡᠬᠡᠳᠦ ᠱᠠᠳᠤᠨ ᠤ ᠷᠠᠳᠢᠤ᠋ ᠲᠧᠯᠸᠢᠰ ᠢ ᠡᠷᠦᠬᠡ ᠪᠦᠷᠢ ᠳᠤ ᠨᠡᠪᠳᠡᠷᠡᠬᠦᠯᠦᠨ | ᠲᠡᠰ ᠲᠡᠪᠰᠢᠬᠦᠯᠬᠦ ᠪᠠᠶᠢᠭᠤᠯᠤᠯᠳᠠ ᠳᠤ ᠰᠠᠯᠭᠠᠨ ᠦᠭᠭᠦᠭᠰᠡᠨ ᠲᠤᠰᠬᠠᠢ ᠵᠦᠢᠯ ᠤᠨ ᠪᠡᠯᠡ ᠮᠦᠩᠭᠦ ᠶᠢ | ᠪᠤᠳᠠᠳᠠᠶᠢᠵᠢᠭᠤᠯᠤᠨ ᠲᠤᠬᠢᠷᠠᠭᠤᠯᠤᠨᠨᠰᠠᠨ ᠪᠠᠶᠢᠳᠠᠯ᠂ ᠪᠠᠶᠢᠭᠤᠯᠤᠮᠵᠢ ᠶᠢᠨ ᠪᠠᠶᠢᠷᠢᠯᠠᠭᠤᠯᠤᠯᠳᠠ ᠪᠠ ᠠᠵᠢᠯᠳᠠᠨ ᠤ | ᠲᠤᠬᠢᠷᠠᠭᠤᠯᠤᠯᠳᠠ᠂ ᠰᠠᠭᠤᠷᠢ ᠪᠡᠯᠡᠳᠬᠡᠮᠵᠢ ᠶᠢᠨ ᠪᠦᠳᠦᠬᠡᠨ ᠪᠠᠶᠢᠭᠤᠯᠤᠯᠳᠠ ᠪᠠ ᠷᠠᠳᠢᠤ᠋ ᠲᠧᠯᠸᠢᠰ ᠢ ᠪᠦᠷᠬᠦᠬᠦᠯᠦᠭᠰᠡᠨ | ᠪᠠᠶᠢᠳᠠᠯ ᠵᠡᠷᠬᠡ ᠶᠢ ᠡᠯ᠎ᠡ ᠱᠠᠳᠤᠨ ᠤ ᠠᠷᠠᠳ ᠤᠨ ᠵᠠᠰᠠᠭ ᠤᠨ ᠤᠷᠳᠤᠨ ᠤ ᠤᠯᠠᠨ ᠨᠡᠶᠢᠳᠡ ᠶᠢᠨ ᠰᠤᠶᠤᠯ ᠤᠨ | ᠦᠢᠯᠡᠴᠢᠯᠡᠬᠡᠨ ᠤ ᠰᠢᠰᠲ᠋ᠧᠮᠵᠢ ᠶᠢᠨ ᠪᠠᠶᠢᠭᠤᠯᠤᠯᠳᠠ ᠶᠢ ᠦᠨᠡᠯᠡᠵᠦ ᠰᠢᠯᠭᠠᠨ ᠬᠢᠨᠠᠬᠤ ᠭᠦᠢᠴᠡᠳᠬᠡᠯ ᠲᠤᠭ᠎ᠠ ᠳᠤ | ᠤᠷᠤᠭᠤᠯᠵᠦ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠰᠢᠯᠭᠠᠨ ᠬᠢᠨᠠᠬᠤ ᠶᠢ ᠴᠢᠩᠭᠠᠷᠠᠭᠤᠯᠵᠦ᠂ ᠠᠵᠢᠯ ᠤᠨ | ᠪᠤᠳᠠᠳᠠᠢ ᠦᠷ᠎ᠡ ᠪᠦᠳᠦᠮᠵᠢ ᠶᠢ ᠦᠨᠡᠨᠬᠦ ᠪᠠᠳᠤᠯᠠᠬᠤ ᠬᠡᠷᠡᠭᠳᠡᠢ᠃ | |