ᠦᠪᠦᠷ ᠮᠣᠩᠭᠤᠯ ᠤᠨ ᠬᠢᠨ ᠰᠤᠷᠭᠠᠭᠤᠯᠢ ᠶᠢᠨ ᠬᠦᠷᠢᠶᠡᠨ ᠤ ᠭᠤᠣᠯᠳᠠᠯᠭ᠎ᠠ ᠲᠠᠢ ᠤᠷᠤᠨ ᠪᠦᠰᠡ ᠶᠢᠨ ᠠᠮᠤᠷ ᠲᠦᠪᠰᠢᠨ ᠤ ᠬᠠᠮᠢᠶᠠᠷᠤᠯᠲᠠ ᠶᠢ 5 ᠲᠠᠯ᠎ᠠ ᠪᠠᠷ ᠴᠢᠩᠭᠠᠳᠬᠠᠬᠤ ᠪᠣᠯᠣᠨ᠎ᠠ
ᠨᠡᠶᠢᠲᠡᠯᠡᠭᠰᠡᠨ ᠴᠠᠭ᠄
2017/2/24
      2 ᠳ᠋ᠤᠭᠠᠷ ᠰᠠᠷ᠎ᠠ ᠶᠢᠨ 20᠎ ᠤ ᠡᠳᠦᠷ᠂ ᠪᠦᠬᠦ ᠣᠷᠣᠨ ᠤ ᠰᠤᠷᠭᠠᠭᠤᠯᠢ ᠶᠢᠨ ᠠᠮᠤᠷ ᠲᠦᠪᠰᠢᠨ ᠢ ᠲᠣᠭᠲᠠᠭᠤᠨ ᠪᠠᠶᠢᠯᠭᠠᠬᠤ ᠠᠵᠢᠯ ᠤᠨ ᠬᠤᠷᠠᠯᠳᠤᠭᠠᠨ ᠬᠥᠬᠡᠬᠤᠲᠠ ᠳᠤ ᠶᠠᠪᠤᠭᠳᠠᠪᠠ᠂ ᠡᠨᠡ ᠵᠢᠯ ᠮᠠᠨ ᠤ ᠤᠷᠤᠨ ᠤ ᠬᠢᠨ ᠭᠠᠯ ᠤᠨᠲᠠᠷᠠᠭᠠᠬᠤ᠂ ᠤᠤᠭᠤᠬᠤ ᠤᠰᠤ᠂ ᠰᠤᠷᠤᠭᠴᠢ ᠵᠥᠭᠡᠭᠡᠪᠦᠷᠢᠯᠡᠬᠦ ᠲᠡᠷᠭᠡ ᠵᠡᠷᠭᠡ ᠲᠠᠪᠤᠨ ᠲᠠᠯ᠎ᠠ ᠠᠴᠠ ᠭᠠᠷᠳᠠᠵᠤ᠂ ᠰᠤᠷᠭᠠᠭᠤᠯᠢ ᠶᠢᠨ ᠬᠦᠷᠢᠶᠡᠨ ᠤ ᠭᠤᠣᠯᠳᠠᠯᠭ᠎ᠠ ᠲᠠᠢ ᠤᠷᠤᠨ ᠪᠦᠰᠡ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠡᠷᠴᠢᠮᠯᠡᠨ ᠴᠢᠩᠭᠠᠳᠬᠠᠬᠤ ᠪᠠᠷ ᠪᠠᠶᠢᠨ᠎ᠠ      ᠡᠩ ᠲᠡᠷᠢᠭᠦᠨ ᠳᠤ᠂ ᠭᠠᠯ ᠤᠨᠲᠠᠷᠠᠭᠠᠬᠤ ᠠᠮᠤᠷ ᠲᠦᠪᠰᠢᠨ ᠤ ᠳᠠᠯᠳᠠ ᠭᠡᠮ ᠢ ᠴᠡᠭᠴᠡᠯᠡᠨ ᠵᠠᠰᠠᠬᠤ ᠶᠢ ᠰᠠᠶᠢᠲᠤᠷ ᠠᠳᠬᠤᠬᠤ ᠬᠡᠷᠡᠭᠲᠡᠶ᠃ ᠡᠯ᠎ᠡ ᠱᠠᠲᠤᠨ ᠤ ᠡᠯ᠎ᠡ ᠲᠦᠷᠦᠯ ᠤᠨ ᠰᠤᠷᠭᠠᠭᠤᠯᠢ᠂ ᠬᠡᠦᠬᠡᠳ ᠤᠨ ᠴᠡᠴᠡᠷᠯᠢᠭ ᠎ ᠨᠢ ᠭᠠᠯ ᠤᠨᠲᠠᠷᠠᠭᠠᠬᠤ ᠨᠡᠪᠳᠡᠷᠡᠯ ᠵᠠᠮ ᠢ ᠪᠦᠬᠦ ᠲᠠᠯ᠎ᠠ ᠪᠠᠷ ᠰᠠᠭᠠᠳ ᠦᠭᠡᠢ ᠨᠡᠪᠲᠡᠷᠡᠭᠦᠯᠬᠦ ᠶᠢᠨ ᠬᠠᠮᠲᠤ᠂ ᠪᠦᠷᠢᠨ ᠪᠦᠷᠬᠦᠭᠦᠯᠬᠦ ᠂ ᠪᠦᠬᠦ ᠠᠵᠢᠯᠲᠠᠨ ᠣᠷᠤᠯᠴᠠᠬᠤ ᠭᠠᠯ ᠤᠨ ᠠᠶᠤᠯ ᠢ ᠰᠡᠷᠭᠡᠶᠢᠯᠡᠨ ᠤᠨᠲᠠᠷᠠᠭᠠᠬᠤ ᠰᠣᠷᠢᠯᠲᠠ ᠶᠢᠨ ᠵᠢᠯ ᠤᠨ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ ᠭᠠᠯ ᠤᠨ ᠠᠶᠤᠯ ᠡᠭᠦᠰᠬᠦ ᠥᠭᠡᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ︔ ᠰᠤᠷᠭᠠᠭᠤᠯᠢ ᠶᠢᠨ ᠬᠦᠷᠢᠶᠡᠨ ᠤ ᠤᠤᠭᠤᠬᠤ ᠤᠰᠤ ᠪᠣᠯᠣᠨ ᠢᠳᠡᠭᠡᠨ ᠤ ᠠᠮᠤᠷ ᠲᠥᠪᠰᠢᠨ ᠢ ᠴᠡᠭᠴᠡᠯᠡᠨ ᠵᠠᠰᠠᠬᠤ ᠡᠷᠴᠢᠮ ᠢ ᠴᠢᠩᠭᠠᠷᠠᠭᠤᠯᠬᠤ ᠬᠡᠷᠡᠭᠲᠡᠢ᠃ ᠡᠨᠡ ᠵᠢᠯ ᠤᠨ ᠡᠴᠦᠰ ᠪᠣᠯᠲᠠᠯ᠎ᠠ᠂ ᠪᠣᠢ ᠪᠦᠬᠦᠢ ᠰᠤᠷᠭᠠᠭᠤᠯᠢ ᠶᠢᠨ ᠬᠦᠷᠢᠶᠡᠨ ᠤ ᠬᠤᠭᠤᠯᠠᠨ ᠭᠡᠷ ᠤᠨ ᠡᠷᠡᠭᠦᠯ ᠬᠠᠮᠠᠭᠠᠯᠠᠯ ᠤᠨ ᠪᠠᠷᠢᠮᠵᠢᠶ᠎ᠠ ᠶᠢ B ᠳᠡᠰ ᠪᠤᠶᠤ B ᠳᠡᠰ ᠠᠴᠠ ᠳᠡᠭᠡᠭᠰᠢ ᠳᠤ ᠬᠦᠷᠦᠭᠦᠯᠬᠦ ᠪᠦᠭᠡᠳ ᠤᠤᠭᠤᠬᠤ ᠤᠰᠤ ᠶᠢᠨ ᠠᠮᠤᠷ ᠲᠥᠪᠰᠢᠨ ᠤ ᠡᠳᠦᠷ ᠲᠤᠳᠤᠮ ᠤᠨ ᠰᠢᠯᠭᠠᠨ ᠪᠠᠶᠢᠴᠠᠭᠠᠯᠲᠠ᠂ ᠬᠠᠮᠢᠶᠠᠷᠤᠯᠲᠠ ᠶᠢ ᠬᠡᠪᠰᠢᠭᠦᠯᠬᠦ ᠲᠣᠭᠲᠠᠴᠠ ᠶᠢ ᠪᠠᠶᠢᠭᠤᠯᠬᠤ ᠬᠡᠷᠡᠭᠲᠡᠢ︔ ᠰᠤᠷᠤᠭᠴᠢ ᠵᠥᠭᠡᠭᠡᠪᠦᠷᠢᠯᠡᠬᠦ ᠲᠡᠷᠭᠡ ᠶᠢᠨ ᠠᠮᠤᠷ ᠲᠥᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ᠃ ᠰᠤᠷᠤᠭᠴᠢ ᠵᠥᠭᠡᠭᠡᠪᠦᠷᠢᠯᠡᠬᠦ ᠪᠠᠷᠢᠮᠵᠢᠶᠠᠲᠤ ᠲᠡᠷᠭᠡᠨ ᠳᠤ ᠰᠠᠭᠤᠬᠤ ᠰᠤᠷᠤᠭᠴᠢᠳ ᠨᠢ ᠬᠤᠯᠪᠣᠭᠳᠠᠯ ᠪᠥᠬᠦᠢ ᠰᠠᠯᠠᠭ᠎ᠠ ᠮᠥᠴᠢᠷ ᠤᠨ ᠵᠠᠪᠰᠠᠷ ᠦᠭᠡᠢ ᠵᠣᠯᠭᠠᠭᠤᠯᠬᠤ ᠬᠡᠯᠪᠡᠷᠢ ᠶᠢᠨ ᠬᠠᠮᠢᠶᠠᠷᠤᠯᠲᠠ ᠦᠷᠨᠢᠭᠦᠯᠬᠦ ᠶᠢ ᠬᠠᠮᠵᠢᠯᠴᠠᠵᠤ᠂ ᠦᠨᠡᠮᠯᠡᠯ ᠦᠭᠡᠢ ᠨᠡᠶᠢᠭᠡᠮ ᠤᠨ ᠲᠡᠷᠭᠡ ᠬᠥᠰᠬᠡ ᠪᠣᠯᠣᠨ ︽ᠰᠤᠷᠤᠭᠴᠢ ᠵᠥᠭᠡᠭᠡᠪᠦᠷᠢᠯᠡᠬᠦ ᠬᠠᠷ᠎ᠠ ᠲᠡᠷᠭᠡ︾᠎ ᠳᠤ ᠰᠠᠭᠤᠬᠤ ᠶᠢ ᠡᠷᠡᠰ ᠬᠤᠷᠢᠭᠯᠠᠬᠤ ᠬᠡᠷᠡᠭᠲᠡᠢ︔ ᠲᠣᠣᠷ ᠰᠦᠯᠵᠢᠶ᠎ᠡ ᠶᠢᠨ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ ᠶᠢ ᠪᠦᠳᠦᠭᠡᠨ ᠪᠠᠶᠢᠭᠤᠯᠬᠤ ᠠᠯᠬᠤᠴᠠ ᠪᠠᠨ ᠲᠥᠷᠭᠡᠳᠬᠡᠬᠦ ᠬᠡᠷᠡᠭᠲᠡᠶ᠃ ᠡᠯ᠎ᠡ ᠱᠠᠲᠤᠨ ᠤ ᠡᠯ᠎ᠡ ᠲᠦᠷᠦᠯ ᠤᠨ ᠰᠤᠷᠭᠠᠭᠤᠯᠢ ᠨᠤᠭᠤᠳ ᠨᠢᠭᠡᠳᠦᠯᠲᠡᠶ ᠲᠥᠯᠥᠪᠵᠢᠭᠦᠯᠵᠦ᠂ ᠰᠦᠯᠵᠢᠶᠡᠵᠢᠭᠦᠯᠬᠦ ᠬᠡᠷᠡᠭᠯᠡᠭᠡᠨ ᠤ ᠠᠯᠬᠤᠴᠠ ᠪᠠᠨ ᠲᠥᠷᠭᠡᠳᠬᠡᠬᠦ ᠬᠡᠷᠡᠭᠲᠡᠢ︔ ︽ᠵᠢᠵᠢᠭ ᠬᠤᠭᠤᠯᠠᠨ ᠰᠢᠷᠡᠭᠡ︾᠎ ᠶᠢᠨ ᠰᠤᠷᠤᠭᠴᠢ ᠶᠢᠨ ᠠᠮᠤᠷ ᠲᠦᠪᠰᠢᠨ ᠤ ᠰᠤᠷᠭᠠᠨ ᠬᠥᠮᠦᠵᠢᠯ ᠤᠨ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ ᠰᠤᠷᠭᠠᠭᠤᠯᠢ ᠶᠢᠨ ᠬᠢᠨ ᠥᠪᠡᠷ ᠤᠨ ᠬᠠᠷᠢᠶᠠᠨ ᠳᠠᠬᠢ ︽ᠵᠢᠵᠢᠭ ᠬᠤᠭᠤᠯᠠᠨ ᠰᠢᠷᠡᠭᠡ︾᠎ ᠶᠢ ᠣᠶᠢᠯᠭᠠᠨ ᠪᠦᠷᠢᠳᠬᠡᠵᠦ᠂ ︽ᠵᠢᠵᠢᠭ ᠬᠤᠭᠤᠯᠠᠨ ᠰᠢᠷᠡᠭᠡ︾᠎ ᠶᠢᠨ ᠲᠤᠭ᠎ᠠ ᠬᠡᠮᠵᠢᠶ᠎ᠡ᠂ ᠲᠠᠷᠬᠠᠯᠲᠠ ᠪᠠ ᠬᠠᠮᠢᠶᠠᠷᠤᠯᠲᠠ ᠶᠢᠨ ᠪᠠᠶᠢᠳᠠᠯ ᠢ ᠣᠨᠣᠪᠴᠢᠲᠠᠶ ᠡᠵᠡᠮᠰᠢᠵᠦ᠂ ᠡᠳᠦᠷ ᠲᠤᠳᠤᠮ ᠤᠨ ᠬᠠᠮᠢᠶᠠᠷᠤᠯᠲᠠ ᠶᠢᠨ ᠰᠤᠷᠭᠠᠨ ᠬᠦᠮᠦᠵᠢᠯ ᠢ ᠴᠢᠩᠭᠠᠳᠬᠠᠨ᠂ ᠰᠤᠷᠤᠭᠴᠢᠳ ᠤᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号