ᠡᠨᠡ ᠵᠢᠯ ᠥᠪᠥᠷ ᠮᠣᠩᠭᠤᠯ1100 ᠳ᠋ᠦᠩᠰᠢᠭᠤᠷ ᠲᠥᠭᠦᠷᠢᠭ ᠪᠡᠯᠡ ᠤᠷᠤᠭᠤᠯᠤᠨ 22 ᠲᠦᠮᠡᠨ ᠢᠵᠢ ᠳᠥᠭᠦᠮ ᠪᠦᠳᠦᠭᠦᠯᠢᠭ ᠣᠷᠣᠨ ᠰᠠᠭᠤᠴᠠᠲᠦ ᠲᠤᠭᠤᠷᠢᠭ ᠢ ᠥᠭᠡᠷᠡᠴᠢᠯᠡᠬᠦ ᠡᠭᠦᠷᠭᠡ ᠶᠢ ᠪᠡᠶᠡᠯᠡᠭᠦᠯᠬᠦ ᠪᠠᠷ ᠪᠠᠶᠢᠨ᠎ᠠ
ᠨᠡᠶᠢᠲᠡᠯᠡᠭᠰᠡᠨ ᠴᠠᠭ᠄
2017/2/24
     2017 ᠣᠨ ᠳᠤ ᠥᠪᠥᠷ ᠮᠣᠩᠭᠤᠯ ᠳᠥᠭᠦᠮ ᠪᠦᠳᠦᠭᠦᠯᠢᠭ ᠣᠷᠣᠨ ᠰᠠᠭᠤᠴᠠᠲᠤ ᠲᠣᠭᠤᠷᠢᠭ ᠢ ᠥᠭᠡᠷᠡᠴᠢᠯᠡᠨ ᠪᠠᠶᠢᠭᠤᠯᠬᠤ ᠡᠭᠦᠷᠭᠡ ᠨᠢ 22 ᠲᠦᠮᠡᠨ ᠢᠵᠢ ᠪᠠᠶᠢᠵᠤ᠂ ᠶᠡᠷᠦᠩᠬᠡᠶ ᠪᠡᠯᠡ ᠣᠷᠣᠭᠤᠯᠤᠯᠲᠠ ᠨᠢ ᠪᠠᠷᠤᠭ 1100 ᠳ᠋ᠦᠩᠰᠢᠭᠤᠷ ᠲᠥᠭᠦᠷᠢᠭ ᠪᠣᠯᠤᠨ᠎ᠠ᠃ ᠣᠳᠣᠬᠠᠨ ᠳᠤ ᠨᠢᠭᠡᠨᠲᠡ 1.5 ᠲᠦᠮᠡᠨ ᠢᠵᠢ ᠶᠢ ᠠᠵᠢᠯ ᠡᠬᠢᠯᠡᠭᠦᠯᠦᠨ ᠪᠠᠶᠢᠭᠤᠯᠵᠤ ᠪᠤᠢ᠃      ᠡᠨᠡ ᠵᠢᠯ ᠥᠪᠥᠷ ᠮᠣᠩᠭᠤᠯ ᠮᠥᠨ ᠯᠡ ᠳᠥᠭᠦᠮ ᠪᠦᠳᠦᠭᠦᠯᠢᠭ ᠣᠷᠣᠨ ᠰᠠᠭᠤᠴᠠᠲᠦ ᠲᠤᠭᠤᠷᠢᠭ ᠢ ᠥᠭᠡᠷᠡᠴᠢᠯᠡᠬᠦ ᠶᠢ ᠴᠢᠬᠤᠯᠠ ᠶᠡᠭᠡ ᠠᠷᠠᠳ ᠤᠨ ᠠᠮᠢᠳᠤᠷᠠᠯ ᠤᠨ ᠢᠨᠵᠧᠨᠧᠷᠢᠩ ᠪᠤᠯᠭᠠᠪᠠ᠃ ᠣᠶᠢᠯᠠᠭᠠᠭᠰᠠᠨ ᠢᠶᠠᠷ᠂ ᠤᠯᠤᠰ ᠠᠴᠠ ᠪᠠᠭᠤᠯᠭᠠᠭᠰᠠᠨ ᠳᠦᠭᠦᠮ ᠪᠦᠳᠦᠭᠦᠯᠢᠭ ᠣᠷᠣᠨ ᠰᠠᠭᠤᠴᠠᠲᠦ ᠲᠤᠭᠤᠷᠠᠭ ᠢ ᠦᠭᠡᠷᠡᠴᠢᠯᠡᠬᠦ ᠭᠤᠷᠪᠠᠨ ᠵᠢᠯ ᠤᠨ ᠲᠥᠯᠥᠪᠯᠡᠭᠡ ᠶᠢᠨ ᠶᠣᠰᠣᠭᠠᠷ᠂ ᠥᠪᠥᠷ ᠮᠣᠩᠭᠤᠯ ᠰᠢᠭᠤᠶᠢᠲᠤ ᠣᠷᠣᠨ ᠪᠠ ᠠᠳᠠᠷ ᠬᠠᠭᠠᠯᠪᠤᠷᠢᠯᠠᠯᠲᠠ ᠶᠢᠨ ᠤᠷᠤᠨ ᠤ ᠳᠥᠭᠦᠮ ᠪᠦᠳᠦᠭᠦᠯᠢᠭ ᠣᠷᠣᠨ ᠰᠠᠭᠤᠴᠠᠲᠦ ᠲᠤᠭᠤᠷᠢᠭ ᠢ ᠥᠭᠡᠷᠡᠴᠢᠯᠡᠬᠦ ᠡᠭᠦᠷᠭᠡ ᠶᠢ ᠤᠳᠤ ᠦᠨᠳᠦᠰᠦᠨ ᠳᠡᠭᠡᠨ ᠪᠡᠶᠡᠯᠡᠭᠦᠯᠵᠦ᠂ ᠦᠯᠡᠳᠡᠭᠰᠡᠨ ᠨᠢ ᠴᠦᠮ ᠬᠤᠲᠠ ᠶᠢᠨ ᠳᠥᠭᠦᠮ ᠪᠦᠳᠦᠭᠦᠯᠢᠭ ᠣᠷᠣᠨ ᠰᠠᠭᠤᠴᠠᠳᠤ ᠲᠣᠭᠤᠷᠢᠭ ᠢ ᠥᠭᠡᠷᠡᠴᠢᠯᠡᠬᠦ ᠲᠦᠷᠦᠯ ᠵᠦᠢᠯ ᠪᠤᠯᠤᠨ᠎ᠠ᠃ ᠥᠪᠥᠷ ᠮᠣᠩᠭᠤᠯ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠲᠠᠢ ᠤᠶᠠᠯᠳᠤᠭᠤᠯᠤᠨ᠂ ︽ᠬᠠᠳᠠᠭᠠᠯᠠᠯᠲᠠ ᠶᠢ ᠪᠠᠭᠠᠰᠬᠠᠬᠤ︾ ᠲᠠᠯ᠎ᠠ ᠪᠠᠷ ᠳᠦᠭᠦᠮ ᠪᠦᠳᠦᠭᠦᠯᠢᠭ ᠤᠷᠤᠨ ᠰᠠᠭᠤᠴᠠᠲᠦ ᠲᠣᠭᠤᠷᠢᠭ ᠤᠨ ᠥᠭᠡᠷᠡᠴᠢᠯᠡᠯᠲᠡ ᠶᠢᠨ ᠵᠤᠭᠤᠰᠵᠢᠭᠤᠯᠤᠨ ᠲᠥᠪᠬᠢᠨᠡᠭᠦᠯᠬᠦ ᠡᠷᠴᠢᠮ ᠢ ᠤᠯᠠᠮ ᠨᠢᠭᠡ ᠠᠯᠬᠤᠮ ᠨᠡᠮᠡᠭᠳᠡᠭᠦᠯᠵᠦ᠂ ᠶᠡᠷᠦᠩᠬᠡᠶ ᠳᠤᠬᠢᠷᠠᠭᠤᠯᠤᠯᠲᠠ ᠶᠢ 70%᠎ ᠠᠴᠠ ᠳᠣᠣᠷ᠎ᠠ ᠦᠭᠡᠢ ᠪᠠᠶᠢᠯᠭᠠᠨ᠎ᠠ᠃ ᠲᠠᠸᠠᠷ ᠤᠨ ᠭᠡᠷ ᠪᠠᠶᠢᠰᠢᠩ ᠤᠨ ᠬᠠᠳᠠᠭᠠᠯᠠᠮᠵᠢ ᠶᠢᠨ ᠬᠡᠮᠵᠢᠶ᠎ᠡ ᠶᠡᠭᠡ᠂ ᠵᠠᠬ᠎ᠠ ᠳᠡᠯᠭᠡᠭᠦᠷ ᠤᠨ ᠭᠡᠷ ᠪᠠᠶᠢᠰᠢᠩ ᠤᠨ ᠡᠬᠢ ᠰᠤᠷᠪᠤᠯᠵᠢ ᠬᠠᠩᠭᠠᠮᠵᠢᠲᠠᠶ ᠪᠠᠶᠢᠭ᠎ᠠ ᠬᠤᠰᠢᠭᠤ ᠰᠢᠶᠠᠨ ︵ᠬᠤᠳᠠ᠂ ᠲᠣᠭᠤᠷᠢᠭ︶᠎ ᠳᠤ ᠪᠦᠬᠦᠨ ᠢ ᠨᠢ ᠵᠤᠭᠤᠰᠴᠢᠯᠠᠭᠰᠠᠨ ᠲᠦᠪᠬᠢᠨᠡᠭᠦᠯᠡᠬᠦ ᠶᠢ ᠪᠡᠶᠡᠯᠡᠭᠦᠯᠵᠦ᠂ ᠠᠷᠠᠳ ᠢᠷᠭᠡᠳ ᠲᠤ ᠰᠠᠭᠤᠷᠢᠰᠢᠬᠤ ᠬᠦᠰᠡᠯ ᠢ ᠨᠢ ᠲᠦᠷᠭᠡᠬᠡᠨ ᠪᠡᠶᠡᠯᠡᠭᠦᠯᠦᠨ᠎ᠡ᠃ ᠤᠳᠤᠬᠠᠨ᠂ ᠪᠤᠭᠤᠲᠤ ᠬᠤᠳᠠ᠂ ᠬᠥᠯᠥᠨ ᠪᠤᠶᠢᠢᠷ ᠬᠤᠳᠠ᠂ ᠬᠢᠩᠭᠠᠨ ᠠᠶᠢᠮᠠᠭ᠂ ᠤᠯᠠᠭᠠᠨᠬᠠᠳᠠ ᠬᠤᠳᠠ᠂ ᠣᠷᠳᠣᠰ ᠬᠤᠲᠠ ᠶᠢᠨ 8.2 ᠲᠦᠮᠡᠨ ᠢᠵᠢ ᠳᠥᠭᠦᠮ ᠪᠦᠳᠦᠭᠦᠯᠢᠭ ᠣᠷᠣᠨ ᠰᠠᠭᠤᠴᠠᠲᠦ ᠲᠤᠭᠤᠷᠢᠭ ᠢ ᠥᠭᠡᠷᠡᠴᠢᠯᠡᠬᠦ ᠲᠦᠷᠦᠯ ᠵᠦᠢᠯ ᠨᠢᠭᠡᠨᠲᠡ ᠪᠠᠩᠬᠢ ᠯᠤᠭ᠎ᠠ ᠵᠣᠯᠭᠠᠭᠤᠯᠬᠤ ᠶᠢ ᠪᠡᠶᠡᠯᠡᠭᠦᠯᠵᠦ᠂ 463 ᠳ᠋ᠦᠩᠰᠢᠭᠤᠷ ᠲᠥᠭᠦᠷᠢᠭ ᠤᠨ ᠵᠢᠭᠡᠯᠡᠯᠭᠡ ᠭᠤᠶᠤᠴᠢᠯᠠᠪᠠ᠃ ᠡᠭᠦᠨ ᠠᠴᠠ ᠭᠠᠳᠠᠨ᠎ᠠ᠂ ᠥᠪᠡᠷᠲᠡᠭᠡᠨ ᠵᠠᠰᠠᠬᠤ ᠣᠷᠣᠨ ᠠᠴᠠ ᠡᠯ᠎ᠡ ᠭᠠᠵᠠᠷ ᠤᠨ ᠬᠢᠨ ᠠᠵᠤ ᠠᠬᠤᠶᠢᠯᠠᠯ ᠤᠨ ᠵᠢᠭᠡᠯᠡᠯᠭᠡ ᠶᠢᠨ ᠲᠡᠮᠳᠡᠭᠲᠦ ᠲᠠᠷᠬᠠᠭᠠᠬᠤ ᠪᠠᠷ ᠳᠠᠮᠵᠢᠭᠤᠯᠤᠨ ᠳᠥᠭᠦᠮ ᠪᠦᠳᠦᠭᠦᠯᠢᠭ ᠣᠷᠣᠨ ᠰᠠᠭᠤᠴᠠᠲᠤ ᠲᠣᠭᠤᠷᠢᠭ ᠢ ᠥᠭᠡᠷᠡᠴᠢᠯᠡᠬᠦ ᠶᠢ ᠢᠳᠡᠪᠬᠢᠲᠡᠶ ᠳᠡᠮᠵᠢᠨ᠎ᠡ᠃ ᠡᠯ᠎ᠡ ᠵᠦᠢᠯ ᠤᠨ ᠥᠮᠴᠢᠯᠡᠯ ᠤᠨ ᠠᠵᠤ ᠠᠬᠤᠶᠢᠯᠠᠯ ᠤᠨ ᠳᠥᠭᠦᠮ ᠪᠦᠳᠦᠭᠦᠯᠢᠭ ᠣᠷᠣᠨ ᠰᠠᠭᠤᠴᠠᠲᠦ ᠲᠤᠭᠤᠷᠢᠭ ᠢ ᠥᠭᠡᠷᠡᠴᠢᠯᠡᠬᠦ ᠡᠭᠦᠷᠭᠡ ᠶᠢ ᠵᠠᠯᠭᠠᠵᠤ ᠠᠪᠬᠤ ᠶᠢ ᠵᠣᠷᠢᠭᠵᠢᠭᠤᠯᠤᠨ᠂ ᠭᠡᠷ ᠭᠠᠵᠠᠷ ᠬᠦᠷᠦᠩᠭᠡ ᠶᠢᠨ ᠤᠯᠤᠰ ᠤᠨ ᠥᠮᠴᠢᠯᠡᠯ ᠤᠨ ᠠᠵᠤ ᠠᠬᠤᠶᠢᠯᠠᠯ᠂ ᠲᠥᠪ ᠤᠨ ᠠᠵᠤ ᠠᠬᠤᠶᠢᠯᠠᠯ᠂ ᠲᠤᠮᠤ ᠬᠡᠯᠪᠡᠷᠢ ᠶᠢᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠵᠡᠷᠭᠡ ᠶᠢ ᠬᠥᠲᠥᠯᠥᠨ ᠵᠢᠯᠣᠭᠤᠳᠴᠤ ᠪᠠᠶᠢᠭᠠᠳ ᠳᠥᠭᠦᠮ ᠪᠦᠳᠦᠭᠦᠯᠢᠭ ᠣᠷᠣᠨ ᠰᠠᠭᠤᠴᠠᠲᠦ ᠲᠤᠭᠤᠷᠢᠭ ᠢ ᠥᠭᠡᠷᠡᠴᠢᠯᠡᠬᠦ ᠳᠤ ᠤᠷᠤᠯᠴᠠᠭᠤᠯᠵᠤ᠂ ᠳᠥᠭᠦᠮ ᠪᠦᠳᠦᠭᠦᠯᠢᠭ ᠣᠷᠣᠨ ᠰᠠᠭᠤᠴᠠᠲᠦ ᠲᠤᠭᠤᠷᠢᠭ ᠢ ᠥᠭᠡᠷᠡᠴᠢᠯᠡᠬᠦ ᠪᠡᠯᠡ ᠮᠥᠩᠭᠦ ᠶᠢᠨ ᠪᠠᠲᠤᠯᠠᠭ᠎ᠠ ᠶᠢ ᠪᠠᠬᠢᠵᠢᠭᠦᠯᠦᠨ᠎ᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号