ᠥᠪᠥᠷ ᠵᠠᠰᠠᠭ ᠠᠯᠪᠠᠨ ᠥᠰᠥᠭ ﹇2016﹈ 181 ᠳ᠋ᠤᠭᠡᠷ ᠲᠤᠭᠠᠳᠤ | 10 ᠳ᠋ᠤᠭᠠᠷ ᠰᠠᠷ᠎ᠠ ᠶᠢᠨ 24 ᠤ ᠡᠳᠦᠷ | | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ | ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ | ᠨᠢᠭᠡᠴᠡ ᠳᠤ᠄ | ︽ᠪᠦᠬᠦ ᠤᠷᠤᠨ ᠤ ᠡᠨᠡ ᠡᠪᠦᠯ ᠢᠷᠡᠬᠦ ᠬᠠᠪᠤᠷ ᠤᠨ ᠭᠠᠯ ᠤᠨ ᠭᠠᠮᠰᠢᠭ ᠢ ᠰᠡᠷᠭᠡᠶᠢᠯᠡᠨ ᠡᠵᠡᠮᠳᠡᠬᠦ ᠠᠵᠢᠯ ᠤᠨ | ᠲᠦᠰᠦᠯ︾ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ | ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠤᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠵᠣᠬᠢᠶᠠᠨ | ᠪᠠᠶᠢᠭᠤᠯᠤᠨ ᠬᠡᠷᠡᠭᠵᠢᠭᠦᠯᠲᠦᠭᠡᠢ᠃ | | ᠪᠦᠬᠦ ᠣᠷᠣᠨ ᠤ ᠡᠨᠡ ᠡᠪᠦᠯ ᠢᠷᠡᠬᠦ ᠬᠠᠪᠤᠷ ᠤᠨ ᠭᠠᠯ ᠤᠨ ᠭᠠᠮᠰᠢᠭ ᠢ ᠰᠡᠷᠭᠡᠶᠢᠯᠡᠨ ᠡᠵᠡᠮᠳᠡᠬᠦ ᠠᠵᠢᠯ ᠤᠨ ᠲᠦᠰᠦᠯ | | | ᠡᠨᠡ ᠡᠪᠦᠯ ᠢᠷᠡᠬᠦ ᠬᠠᠪᠤᠷ ᠤᠨ ᠭᠠᠯ ᠤᠨ ᠭᠠᠮᠰᠢᠭ ᠢ ᠰᠡᠷᠭᠡᠶᠢᠯᠡᠨ ᠡᠵᠡᠮᠳᠡᠬᠦ ᠠᠵᠢᠯ ᠢ ᠦᠨᠡᠨᠬᠦ | ᠴᠢᠩᠭᠠᠳᠬᠠᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠪᠤᠳᠠᠲᠠᠢ ᠲᠠᠢ ᠪᠠᠨ ᠤᠶᠠᠯᠳᠤᠭᠤᠯᠤᠨ ᠲᠤᠰ | ᠲᠦᠰᠦᠯ ᠢ ᠲᠣᠭᠲᠠᠭᠠᠪᠠ᠃ | ᠨᠢᠭᠡ᠂ ᠠᠵᠢᠯ ᠤᠨ ᠬᠠᠷᠠᠯᠲᠠ | ᠣᠯᠠᠨ ᠨᠡᠶᠢᠲᠡ ᠶᠢᠨ ᠠᠮᠤᠷ ᠲᠥᠪᠰᠢᠨ ᠢ ᠤᠯᠠᠮ ᠨᠢᠭᠡ ᠠᠯᠬᠤᠮ ᠴᠢᠩᠭᠠᠳᠬᠠᠬᠤ ᠲᠣᠬᠠᠢ ᠤᠯᠤᠰ ᠪᠠ | ᠥᠪᠡᠷᠲᠡᠭᠡᠨ ᠵᠠᠰᠠᠬᠤ ᠣᠷᠣᠨ ᠤ ᠠᠵᠢᠯ ᠤᠨ ᠪᠠᠶᠢᠷᠢᠯᠠᠭᠤᠯᠤᠯᠲᠠ ᠶᠢ ᠭᠦᠨᠵᠡᠭᠡᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠡᠯ᠎ᠡ ᠭᠠᠵᠠᠷ ᠣᠷᠣᠨ ᠤ ᠭᠠᠯ ᠰᠡᠷᠬᠡᠶᠢᠢᠯᠡᠵᠦ ᠤᠨᠲᠠᠷᠠᠭᠠᠬᠤ ᠠᠵᠢᠯ ᠤᠨ ᠤᠳᠤᠷᠢᠳᠤᠯᠭ᠎ᠠ ᠶᠢ | ᠴᠢᠩᠭᠠᠳᠬᠠᠨ᠂ ᠬᠠᠮᠢᠶ᠎ᠠ ᠪᠦᠬᠦᠢ ᠡᠭᠦᠷᠭᠡ ᠴᠢᠳᠠᠪᠤᠷᠢ ᠪᠦᠬᠦᠢ ᠰᠠᠯᠠᠭ᠎ᠠ ᠮᠦᠴᠢᠷ ᠪᠣᠯᠣᠨ ᠲᠣᠲᠤᠭᠠᠲᠤ ᠶᠢ | ᠬᠠᠮᠠᠭᠠᠯᠠᠬᠤ ᠪᠠᠶᠢᠭᠤᠯᠭ᠎ᠠ ᠶᠢᠨ ᠬᠠᠮᠢᠶ᠎ᠠ ᠪᠦᠬᠦᠢ ᠴᠠᠭᠳᠠᠭᠠᠨ ᠤ ᠲᠥᠷᠥᠯ ᠢ ᠵᠣᠬᠢᠶᠠᠨ ᠪᠠᠶᠢᠭᠤᠯᠵᠤ᠂ ᠨᠡᠶᠢᠭᠡᠮ ᠤᠨ | ᠡᠯ᠎ᠡ ᠲᠠᠯ᠎ᠠ ᠶᠢᠨ ᠬᠦᠴᠦᠨ ᠢ ᠳᠠᠶᠢᠴᠢᠯᠠᠨ᠂ ᠭᠠᠯ ᠢ ᠰᠡᠷᠭᠡᠶᠢᠯᠡᠨ ᠤᠨᠲᠠᠷᠠᠭᠠᠬᠤ ᠦᠨᠳᠦᠰᠦᠨ ᠱᠠᠲᠤᠨ ᠤ ᠰᠠᠭᠤᠷᠢ ᠶᠢ | ᠪᠠᠬᠢᠵᠢᠭᠦᠯᠬᠦ ᠬᠢᠭᠡᠳ ᠭᠠᠯ ᠤᠨ ᠭᠠᠮᠰᠢᠭ ᠢ ᠰᠡᠷᠭᠡᠶᠢᠯᠡᠨ ᠡᠵᠡᠮᠳᠡᠬᠦ ᠶᠢ ᠬᠠᠷᠢᠯᠴᠠᠨ ᠤᠶᠠᠯᠳᠤᠭᠤᠯᠤᠭᠰᠠᠨ ᠠᠷᠭ᠎ᠠ | ᠮᠠᠶ᠋ᠢᠭ ᠢ ᠠᠪᠴᠤ᠂ ᠡᠨᠡ ᠡᠪᠦᠯ ᠢᠷᠡᠬᠦ ᠬᠠᠪᠤᠷ ᠤᠨ ᠭᠠᠯ ᠤᠨ ᠭᠠᠮᠰᠢᠭ ᠢ ᠰᠡᠷᠭᠡᠶᠢᠯᠡᠨ ᠡᠵᠡᠮᠳᠡᠬᠦ ᠠᠵᠢᠯ ᠢ ᠪᠦᠬᠦ | ᠲᠠᠯ᠎ᠠ ᠪᠠᠷ ᠦᠷᠨᠢᠭᠦᠯᠦᠨ᠂ ᠨᠡᠯᠢᠶᠡᠳ ᠶᠡᠭᠡ ᠬᠡᠮᠵᠢᠶᠡᠨ ᠤ ᠬᠦᠮᠦᠨ ᠠᠳᠡᠬᠦ ᠭᠠᠯ ᠤᠨ ᠭᠠᠮᠰᠢᠭ ᠢ ᠴᠢᠷᠮᠠᠶᠢᠨ | ᠤᠷᠢᠳᠴᠢᠯᠡᠨ ᠰᠡᠷᠭᠡᠶᠢᠯᠡᠬᠦ ᠪᠠ ᠪᠠᠭᠠᠰᠬᠠᠵᠤ᠂ ᠬᠦᠨᠳᠦ ᠣᠨᠴᠠ ᠶᠡᠭᠡ ᠣᠨᠴᠣᠭᠤᠶᠢᠯᠠᠨ ᠣᠯᠠᠨ ᠢᠶᠠᠷ ᠠᠳᠡᠵᠦ | ᠰᠢᠷᠬᠠᠲᠤᠬᠤ ᠭᠠᠯ ᠤᠨ ᠭᠠᠮᠰᠢᠭ ᠢ ᠡᠷᠡᠰ ᠬᠤᠷᠢᠭᠯᠠᠨ᠂ ᠪᠦᠬᠦ ᠣᠷᠣᠨ ᠤ ᠭᠠᠯ ᠤᠨ ᠭᠠᠮᠰᠢᠭ ᠤᠨ ᠪᠠᠶᠢᠳᠠᠯ ᠢ | ᠥᠷᠭᠦᠯᠵᠢᠯᠡᠨ ᠲᠣᠭᠲᠠᠭᠤᠨ ᠪᠠᠶᠢᠯᠭᠠᠬᠤ ᠶᠢ ᠪᠠᠳᠤᠯᠠᠨ᠎ᠠ᠃ | ᠬᠤᠶᠠᠷ᠂ ᠠᠵᠢᠯ ᠤᠨ ᠴᠠᠭ ᠬᠤᠭᠤᠴᠠᠭ᠎ᠠ | 2016 ᠣᠨ ᠤ 10 ᠳ᠋ᠤᠭᠠᠷ ᠰᠠᠷ᠎ᠠ ᠠᠴᠠ 2017 ᠣᠨ ᠤ 3 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ | ᠦᠷᠭᠦᠯᠵᠢᠯᠡᠨ᠎ᠡ᠃ | ᠭᠤᠷᠪᠠ᠂ ᠠᠵᠢᠯ ᠤᠨ ᠠᠭᠤᠯᠭ᠎ᠠ ᠵᠢᠴᠢ ᠠᠷᠭ᠎ᠠ ᠬᠡᠮᠵᠢᠶ᠎ᠡ | ︵ᠨᠢᠭᠡ︶ ᠭᠠᠯ ᠤᠨ ᠭᠠᠮᠰᠢᠭ ᠢ ᠰᠡᠷᠭᠡᠶᠢᠯᠡᠨ ᠡᠵᠡᠮᠳᠡᠬᠦ ᠶᠢ ᠴᠢᠩᠭ᠎ᠠ ᠠᠳᠬᠤᠨ᠎ᠠ᠃ | 1. ︽ᠭᠠᠯ ᠤᠨᠲᠠᠷᠠᠭᠠᠬᠤ ᠶᠢᠨ ᠠᠮᠤᠷ ᠲᠥᠪᠰᠢᠨ ᠨᠡᠶᠢᠭᠡᠮ ᠲᠣᠭᠤᠷᠢᠭ ᠢ ᠡᠭᠦᠳᠦᠨ ᠪᠠᠶᠢᠭᠤᠯᠬᠤ︾ | ᠠᠵᠢᠯᠯᠠᠭ᠎ᠠ ᠶᠢ ᠦᠷᠨᠢᠭᠦᠯᠦᠨ᠎ᠡ᠃ ᠡᠯ᠎ᠡ ᠱᠠᠲᠤᠨ ᠤ ᠵᠠᠰᠠᠭ ᠤᠨ ᠣᠷᠳᠣᠨ ᠵᠢᠴᠢ ᠶᠡᠷᠦᠩᠭᠡᠶᠢᠯᠡᠨ ᠵᠠᠰᠠᠬᠤ ᠵᠡᠷᠭᠡ | ᠬᠠᠮᠢᠶ᠎ᠠ ᠪᠦᠬᠦᠢ ᠰᠠᠯᠠᠭ᠎ᠠ ᠮᠦᠴᠢᠷ ᠤᠳ ︽ᠭᠠᠯ ᠤᠨᠲᠠᠷᠠᠭᠠᠬᠤ ᠶᠢᠨ ᠠᠮᠤᠷ ᠲᠥᠪᠰᠢᠨ ᠨᠡᠶᠢᠭᠡᠮ ᠲᠣᠭᠤᠷᠢᠭ ᠢ | ᠡᠭᠦᠳᠦᠨ ᠪᠠᠶᠢᠭᠤᠯᠬᠤ︾ ᠠᠵᠢᠯᠯᠠᠭ᠎ᠠ ᠶᠢ ᠶᠡᠬᠡᠪᠡᠷ ᠵᠣᠬᠢᠶᠠᠨ ᠪᠠᠶᠢᠭᠤᠯᠤᠨ ᠦᠷᠨᠢᠭᠦᠯᠵᠦ᠂ ᠰᠠᠭᠤᠭᠠᠯᠢ ᠠᠷᠠᠳ ᠤᠨ | ᠨᠡᠶᠢᠭᠡᠮ ᠲᠣᠭᠤᠷᠢᠭ᠂ ᠣᠷᠣᠨ ᠰᠠᠭᠤᠴᠠ ᠶᠢᠨ ᠠᠰᠠᠷ ᠬᠦᠷᠢᠶ᠎ᠡ ᠨᠢᠭᠡᠪᠦᠷᠢ ᠨᠢ ᠡᠷᠬᠡᠪᠰᠢ ᠳᠣᠣᠷᠠᠬᠢ ᠮᠡᠲᠦ 5 | ᠲᠠᠯ᠎ᠠ ᠶᠢᠨ ᠱᠠᠭᠠᠷᠳᠠᠯᠭ᠎ᠠ ᠳᠤ ᠬᠦᠷᠦᠭᠰᠡᠨ ᠪᠠᠶᠢᠬᠤ ᠬᠡᠷᠡᠭᠲᠡᠢ᠄ ᠨᠢᠭᠡ ᠳᠤ ᠭᠠᠯ ᠤᠨᠲᠠᠷᠠᠭᠠᠬᠤ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠤᠨ᠎ᠠ᠃ ᠰᠠᠭᠤᠭᠠᠯᠢ ᠠᠷᠠᠳ ᠤᠨ ᠨᠡᠶᠢᠭᠡᠮ ᠲᠣᠭᠤᠷᠢᠭ᠂ ᠣᠷᠣᠨ ᠰᠠᠭᠤᠴᠠ ᠶᠢᠨ ᠠᠰᠠᠷ | ᠨᠢᠭᠡᠪᠦᠷᠢ ᠶᠢᠨ ᠭᠠᠯ ᠤᠨᠲᠠᠷᠠᠭᠠᠬᠤ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠨᠢᠭᠡᠴᠡ ᠶᠢ ᠡᠷᠬᠡᠪᠰᠢ | ᠲᠣᠲᠤᠷᠬᠠᠶᠢᠯᠠᠵᠤ᠂ ᠡᠳᠦᠷ ᠲᠤᠳᠤᠮ ᠤᠨ ᠭᠠᠯ ᠰᠡᠷᠭᠡᠶᠢᠯᠡᠬᠦ ᠪᠠᠶᠢᠴᠠᠭᠠᠯᠲᠠ᠂ ᠤᠬᠠᠭᠤᠯᠤᠯ ᠬᠥᠮᠥᠵᠢᠭᠦᠯᠦᠯ᠂ | ᠪᠣᠯᠪᠠᠰᠤᠷᠠᠭᠤᠯᠤᠯ ᠰᠣᠷᠢᠯᠲᠠ ᠵᠡᠷᠭᠡ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠤᠨ᠎ᠠ᠃ ᠬᠤᠶᠠᠷ ᠲᠤ ᠵᠠᠶᠢᠯᠠᠭᠤᠯᠵᠤ ᠶᠠᠪᠤᠭᠤᠯᠬᠤ ᠶᠢᠨ ᠨᠡᠪᠳᠡᠷᠡᠬᠦ ᠵᠠᠮ ᠢ ᠰᠠᠭᠠᠳ ᠦᠭᠡᠢ | ᠨᠡᠪᠲᠡᠷᠡᠭᠦᠯᠦᠨ᠎ᠡ᠃ ᠵᠠᠶᠢᠯᠠᠭᠤᠯᠵᠤ ᠶᠠᠪᠤᠭᠤᠯᠬᠤ ᠵᠠᠮ᠂ ᠠᠮᠤᠷ ᠲᠦᠪᠰᠢᠨ ᠭᠠᠷᠬᠤ ᠡᠭᠦᠳᠡ ᠵᠢᠴᠢ ᠭᠠᠯ ᠤᠨᠲᠠᠷᠠᠭᠠᠬᠤ | ᠮᠠᠰᠢᠨ ᠲᠡᠷᠭᠡᠨ ᠤ ᠨᠡᠪᠲᠡᠷᠡᠬᠦ ᠵᠠᠮ ᠤᠨ ᠰᠠᠭᠠᠳ ᠦᠭᠡᠢ ᠨᠡᠪᠲᠡᠷᠡᠬᠦ ᠶᠢ ᠡᠷᠬᠡᠪᠰᠢ ᠪᠠᠲᠤᠯᠠᠵᠤ᠂ ᠵᠠᠶᠢᠯᠠᠭᠤᠯᠵᠤ | ᠶᠠᠪᠤᠭᠤᠯᠬᠤ ᠶᠢᠨ ᠨᠡᠪᠳᠡᠷᠡᠬᠦ ᠵᠠᠮ ᠳᠤ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠶᠢ ᠲᠣᠭᠲᠠᠭᠠᠯ ᠠᠴᠠ ᠵᠦᠷᠢᠴᠡᠨ | ᠵᠣᠭᠰᠤᠭᠠᠵᠤ ᠪᠣᠯᠬᠤ ᠦᠬᠡᠢ᠂ ᠵᠠᠶᠢᠯᠠᠭᠤᠯᠵᠤ ᠶᠠᠪᠤᠭᠤᠯᠬᠤ ᠶᠢᠨ ᠨᠡᠪᠳᠡᠷᠡᠬᠦ ᠵᠡᠮ᠂ ᠬᠤᠭᠤᠯᠠᠶ ᠭᠤᠤᠷᠰᠤ ᠨᠦᠬᠡᠨ | ᠵᠠᠮ ᠵᠡᠷᠭᠡ ᠤᠯᠠᠨ ᠨᠡᠶᠢᠲᠡ ᠶᠢᠨ ᠣᠷᠣᠨ ᠪᠦᠰᠡ ᠵᠢᠴᠢ ᠴᠠᠬᠢᠯᠭᠠᠨ ᠬᠡᠮᠵᠢᠭᠦᠷ ᠤᠨ ᠬᠠᠶᠢᠷᠴᠠᠭ ᠤᠨ ᠬᠠᠪᠢ ᠳᠤ | ᠰᠢᠳᠠᠵᠦ ᠨᠤᠴᠤᠬᠤ ᠶᠠᠭᠤᠮ᠎ᠠ ᠬᠡᠦᠮ᠎ᠡ ᠣᠪᠣᠭᠠᠯᠠᠵᠤ ᠪᠣᠯᠬᠤ ᠦᠭᠡᠢ᠂ ᠴᠠᠬᠢᠯᠭᠠᠨ ᠪᠠ ᠰᠢᠲᠠᠮᠠᠬᠠᠢ ᠬᠡᠢ ᠶᠢᠨ ᠤᠲᠠᠰᠤ | ᠱᠤᠭᠤᠮ ᠢ ᠬᠠᠮᠢᠶ᠎ᠠ ᠨᠠᠮᠢᠶ᠎ᠠ ᠦᠭᠡᠢ ᠲᠠᠲᠠᠵᠤ ᠵᠠᠯᠭᠠᠵᠤ ᠪᠣᠯᠬᠤ ᠦᠭᠡᠢ᠂ ᠪᠣᠰᠤᠭ᠎ᠠ ᠨᠦᠬᠡᠨ ᠤ ᠭᠠᠯ ᠰᠡᠷᠭᠡᠶᠢᠯᠡᠵᠦ | ᠪᠦᠭᠯᠡᠬᠦ ᠠᠵᠢᠯ ᠢ ᠴᠢᠩᠭ᠎ᠠ ᠨᠢᠭᠲᠠ ᠨᠠᠶᠢᠳᠠᠪᠤᠷᠢᠵᠢᠭᠤᠯᠵᠤ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠳᠤ | ᠴᠠᠬᠢᠯᠭᠠᠨ ᠴᠡᠨᠡᠭᠯᠡᠬᠦ ᠶᠢ ᠵᠢᠷᠤᠮᠵᠢᠭᠤᠯᠤᠨ ᠬᠠᠮᠢᠶᠠᠷᠤᠨ᠎ᠠ᠃ ᠭᠤᠷᠪᠠ ᠳᠤ ᠭᠠᠯ ᠤᠨᠲᠠᠷᠠᠭᠠᠬᠤ ᠪᠡᠯᠡᠳᠬᠡᠮᠵᠢ ᠶᠢ | ᠰᠡᠯᠪᠢᠨ ᠬᠠᠮᠠᠭᠠᠯᠠᠨ᠎ᠠ᠃ ᠠᠦ᠋ᠲ᠋ᠣ᠋ ᠭᠠᠯ ᠤᠨᠲᠠᠷᠠᠭᠠᠬᠤ ᠪᠡᠯᠡᠳᠬᠡᠮᠵᠢ ᠶᠢ ᠲᠣᠭᠲᠠᠮᠠᠯ ᠬᠤᠭᠤᠴᠠᠭ᠎ᠠ ᠲᠠᠢ ᠪᠠᠷ | ᠬᠠᠮᠠᠭᠠᠯᠠᠨ ᠠᠷᠠᠴᠢᠯᠠᠵᠤ᠂ ᠪᠦᠷᠢᠨ ᠪᠦᠲᠦᠨ ᠮᠥᠷᠲᠡᠭᠡᠨ ᠪᠦᠲᠦᠮᠵᠢᠲᠡᠢ ᠪᠠᠶᠢᠬᠤ ᠶᠢ ᠪᠠᠲᠤᠯᠠᠨ᠂ ᠭᠠᠯ ᠤᠨᠲᠠᠷᠠᠭᠠᠬᠤ | ᠡᠵᠡᠮᠳᠡᠯ ᠤᠨ ᠲᠠᠰᠤᠭ ᠤᠨ ᠵᠢᠵᠢᠭᠦᠷᠯᠡᠭᠴᠢ ᠶᠢᠨ ᠦᠨᠡᠮᠯᠡᠯ ᠠᠪᠴᠤ ᠠᠵᠢᠯᠯᠠᠬᠤ ᠪᠥᠭᠡᠳ ᠠᠵᠢᠯ ᠤᠨ ᠤᠷᠤᠨ | ᠪᠠᠶᠢᠷᠢᠨ ᠳᠤ ᠪᠠᠶᠢᠬᠤ ᠶᠢ ᠦᠨᠡᠨᠬᠦ ᠪᠠᠲᠤᠯᠠᠨ᠎ᠠ᠃ ᠲᠦᠷᠪᠡ ᠳᠤ ᠤᠬᠠᠭᠤᠯᠤᠯ ᠬᠦᠮᠦᠵᠢᠭᠦᠯᠦᠯ ᠬᠢᠬᠦ ᠶᠢ | ᠴᠢᠩᠭᠠᠳᠬᠠᠨ᠎ᠠ᠃ ᠨᠡᠶᠢᠭᠡᠮ ᠲᠣᠭᠤᠷᠢᠭ ᠤᠨ ᠭᠠᠯ ᠤᠨᠲᠠᠷᠠᠭᠠᠬᠤ ᠶᠢᠨ ᠤᠬᠠᠭᠤᠯᠬᠤ ᠡᠯᠴᠢ ᠶᠢᠨ ᠦᠢᠯᠡᠳᠦᠯ ᠢ | ᠭᠦᠢᠴᠡᠳ ᠪᠠᠳᠠᠷᠠᠭᠤᠯᠵᠤ᠂ ᠭᠠᠯ ᠤᠨᠲᠠᠷᠠᠭᠠᠬᠤ ᠠᠮᠤᠷ ᠲᠦᠪᠰᠢᠨ ᠢ ᠠᠶᠢᠯ ᠡᠷᠦᠭᠡ ᠳᠤ ᠣᠷᠣᠭᠤᠯᠬᠤ ᠶᠢᠨ | ᠤᠬᠠᠭᠤᠯᠬᠤ ᠠᠵᠢᠯᠯᠠᠭ᠎ᠠ ᠶᠢ ᠦᠷᠨᠢᠭᠦᠯᠦᠨ᠂ ᠰᠠᠭᠤᠭᠠᠯᠢ ᠠᠷᠠᠳ ᠢ ᠵᠣᠬᠢᠶᠠᠨ ᠪᠠᠶᠢᠭᠤᠯᠤᠨ ᠭᠠᠯ ᠤᠨᠲᠠᠷᠠᠭᠠᠬᠤ ᠪᠠ | ᠵᠠᠶᠢᠯᠠᠭᠤᠯᠵᠤ ᠠᠶᠤᠯ ᠠᠴᠠ ᠵᠠᠶᠢᠯᠠᠬᠤ ᠰᠣᠷᠢᠯᠲᠠ ᠬᠢᠵᠦ᠂ ᠨᠡᠶᠢᠭᠡᠮ ᠲᠣᠭᠤᠷᠢᠭ ᠤᠨ ᠤᠬᠠᠭᠤᠯᠤᠯ ᠤᠨ ᠰᠠᠮᠪᠠᠷ᠎ᠠ᠂ | ᠠᠰᠠᠷ ᠲᠠᠭᠲᠤ ᠶᠢᠨ ᠬᠠᠷᠠᠭᠠᠨ ᠳᠠᠪᠲᠠᠮᠵᠢ ᠶᠢ ᠠᠰᠢᠭᠯᠠᠨ ᠭᠠᠯ ᠤᠨᠲᠠᠷᠠᠭᠠᠬᠤ ᠠᠮᠤᠷ ᠲᠥᠪᠰᠢᠨ ᠤ ᠶᠡᠷᠦ ᠶᠢᠨ | ᠮᠡᠳᠡᠯᠭᠡ ᠶᠢ ᠲᠣᠭᠲᠠᠮᠠᠯ ᠬᠤᠭᠤᠴᠠᠭ᠎ᠠ ᠲᠠᠢ ᠪᠠᠷ ᠤᠬᠠᠭᠤᠯᠤᠨ᠎ᠠ᠃ ᠲᠠᠪᠤ ᠳᠤ ᠪᠢᠴᠢᠯ ᠬᠡᠯᠪᠡᠷᠢ ᠶᠢᠨ ᠭᠠᠯ | ᠤᠨᠲᠠᠷᠠᠭᠠᠬᠤ ᠦᠷᠲᠡᠭᠡ ᠶᠢ ᠪᠦᠷᠢᠨᠰᠢᠭᠦᠯᠦᠨ ᠬᠦᠴᠦᠷᠬᠡᠭᠵᠢᠭᠦᠯᠦᠨ᠎ᠡ᠃ ᠬᠠᠮᠢᠶᠠᠷᠤᠯᠲᠠ ᠶᠢᠨ ᠰᠠᠯᠠᠭ᠎ᠠ ᠮᠥᠴᠢᠷ᠂ | ᠠᠳᠠᠯ ᠠᠬᠤᠶ ᠶᠢᠨ ᠦᠢᠯᠡᠴᠢᠯᠡᠭᠡ ᠲᠠᠢ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠲᠣᠭᠤᠷᠢᠭ ᠤᠳ ᠪᠢᠴᠢᠯ | ᠬᠡᠯᠪᠡᠷᠢ ᠶᠢᠨ ᠭᠠᠯ ᠤᠨᠲᠠᠷᠠᠭᠠᠬᠤ ᠦᠷᠳᠡᠭᠡ ᠪᠠᠶᠢᠭᠤᠯᠵᠤ᠂ ᠴᠢᠬᠤᠯᠠ ᠪᠦᠬᠦᠢ ᠭᠠᠯ ᠤᠨᠲᠠᠷᠠᠭᠠᠬᠤ ᠪᠠᠭᠠᠵᠢ ᠬᠡᠷᠡᠭᠰᠡᠯ | ᠲᠣᠬᠢᠷᠠᠭᠤᠯᠤᠨ᠂ ᠲᠤᠰᠬᠠᠶ ᠪᠠ ᠬᠠᠪᠰᠤᠷᠭᠠᠭᠰᠠᠨ ᠠᠵᠢᠯᠲᠠᠳ ᠲᠤ ᠰᠤᠷᠢᠯᠭ᠎ᠠ ᠪᠣᠯᠪᠠᠰᠤᠷᠠᠭᠤᠯᠤᠯ ᠬᠢᠨ᠎ᠡ᠃ ᠪᠢᠴᠢᠯ | ᠬᠡᠯᠪᠡᠷᠢ ᠶᠢᠨ ᠭᠠᠯ ᠤᠨᠲᠠᠷᠠᠭᠠᠬᠤ ᠥᠷᠳᠡᠭᠡ ᠨᠢ ᠡᠭᠡᠯᠵᠢ ᠨᠢᠭᠡᠪᠦᠷᠢ ᠳᠤ 3 ᠠᠴᠠ ᠲᠤᠲᠠᠭᠤ ᠦᠭᠡᠢ ᠲᠤᠰᠬᠠᠶ ︵ | ᠬᠠᠪᠰᠤᠷᠭᠠᠭᠰᠠᠨ︶ ᠲᠤᠰᠢᠶᠠᠯᠳᠤ ᠭᠠᠯ ᠤᠨᠲᠠᠷᠠᠭᠠᠬᠤ ᠠᠵᠢᠯᠲᠠᠨ ᠲᠣᠬᠢᠷᠠᠭᠤᠯᠤᠨ 24 ᠴᠠᠭ ᠢᠶᠠᠷ ᠠᠵᠢᠯ ᠤᠨ | ᠪᠠᠶᠢᠷᠢᠨ ᠳᠤ ᠪᠠᠶᠢᠬᠤ ᠶᠢ ᠦᠨᠡᠨᠬᠦ ᠪᠠᠲᠤᠯᠠᠵᠤ᠂ ᠰᠥᠨᠢ ᠶᠢᠨ ᠭᠠᠯ ᠰᠡᠷᠭᠡᠶᠢᠯᠡᠬᠦ ᠴᠠᠭᠳᠠᠨ ᠪᠠᠶᠢᠴᠠᠭᠠᠯᠲᠠ ᠶᠢ | ᠴᠢᠩᠭᠠᠳᠬᠠᠨ᠂ ᠭᠠᠯ ᠤᠨ ᠠᠶᠤᠯ ᠡᠭᠦᠰᠦᠮᠡᠭᠴᠡ᠂ ︽ᠨᠢᠭᠡ ᠮᠢᠨᠦ᠋ᠲ ᠲᠤ ᠪᠠᠷᠢᠨ ᠬᠦᠳᠡᠯᠵᠦ᠂ 3 ᠮᠢᠨᠦ᠋ᠲ ᠲᠤ | ᠲᠤᠬᠠᠶ ᠶᠢᠨ ᠭᠠᠵᠠᠷ ᠲᠤ ᠬᠦᠷᠴᠦ ᠰᠢᠢᠳᠪᠦᠷᠢᠯᠡᠬᠦ︾ ᠶᠢ ᠭᠦᠢᠴᠡᠳᠬᠡᠨ᠎ᠡ᠃ | 2. ᠨᠡᠶᠢᠭᠡᠮ ᠨᠢᠭᠡᠴᠡ ᠶᠢᠨ ᠪᠢᠴᠢᠯ ᠬᠡᠯᠪᠡᠷᠢ ᠶᠢᠨ ᠭᠠᠯ ᠤᠨᠲᠠᠷᠠᠭᠠᠬᠤ ᠥᠷᠳᠡᠭᠡ ᠶᠢ ᠪᠣᠳᠠᠲᠠᠶᠢᠵᠢᠭᠤᠯᠤᠨ | ᠴᠢᠩᠭᠠᠳᠬᠠᠨ᠎ᠠ᠃ ᠭᠠᠯ ᠤᠨᠲᠠᠷᠠᠭᠠᠬᠤ ᠶᠢᠨ ᠠᠮᠤᠷ ᠲᠦᠪᠰᠢᠨ ᠤ ᠭᠤᠣᠯᠳᠠᠯᠭ᠎ᠠ ᠲᠠᠢ ᠨᠢᠭᠡᠴᠡ ᠨᠢ ᠪᠦᠬᠦᠨ ᠢᠶᠠᠷ ᠢᠶᠠᠨ | ᠪᠢᠴᠢᠯ ᠬᠡᠯᠪᠡᠷᠢ ᠶᠢᠨ ᠭᠠᠯ ᠤᠨᠲᠠᠷᠠᠭᠠᠬᠤ ᠦᠷᠲᠡᠭᠡ ᠪᠠᠶᠢᠭᠤᠯᠤᠨ ᠴᠢᠩᠭᠠᠳᠬᠠᠵᠦ᠂ ᠪᠢᠴᠢᠯ ᠬᠡᠯᠪᠡᠷᠢ ᠶᠢᠨ ᠭᠠᠯ | ᠤᠨᠲᠠᠷᠠᠭᠠᠬᠤ ᠦᠷᠳᠡᠭᠡ ᠨᠢ ᠭᠠᠯ ᠤᠨᠲᠠᠷᠠᠭᠠᠬᠤ ᠶᠢᠨ ᠠᠮᠤᠷ ᠲᠦᠪᠰᠢᠨ ᠢ ᠴᠠᠭᠳᠠᠨ ᠪᠠᠶᠢᠴᠠᠭᠠᠬᠤ ᠠᠩᠬᠢ᠂ ᠭᠠᠯ | ᠤᠨᠲᠠᠷᠠᠭᠠᠵᠤ ᠠᠪᠤᠷᠠᠨ ᠲᠤᠰᠠᠯᠠᠬᠤ ᠲᠦᠷᠦᠭᠦᠨ ᠤ ᠠᠩᠭᠢ ᠪᠣᠯᠣᠨ ᠭᠠᠯ ᠤᠨᠲᠠᠷᠠᠭᠠᠬᠤ ᠲᠤᠬᠠᠶ ᠮᠡᠳᠡᠯᠭᠡ ᠶᠢ | ᠤᠬᠠᠭᠤᠯᠬᠤ ᠠᠩᠭᠢ ᠶᠢᠨ ︽ᠭᠤᠷᠪᠠᠨ ᠠᠩᠭᠢ ᠶᠢ ᠨᠢᠭᠡᠳᠬᠡᠬᠦ︾ ᠱᠠᠭᠠᠷᠳᠠᠯᠭ᠎ᠠ ᠳᠤ ᠬᠦᠷᠴᠦ᠂ ᠡᠳᠦᠷ ᠲᠤᠳᠤᠮ ᠤᠨ | ᠭᠠᠯ ᠰᠡᠷᠭᠡᠶᠢᠯᠡᠬᠦ ᠴᠠᠭᠳᠠᠨ ᠪᠠᠶᠢᠴᠠᠭᠠᠯᠲᠠ᠂ ᠭᠠᠯ ᠤᠨᠲᠠᠷᠠᠭᠠᠬᠤ ᠤᠬᠠᠭᠤᠯᠤᠯ ᠤᠨ ᠠᠵᠢᠯ ᠢ ᠦᠷᠨᠢᠭᠦᠯᠦᠨ᠂ | ᠭᠠᠯ ᠤᠨ ᠭᠠᠮᠰᠢᠭ ᠡᠭᠦᠰᠬᠦ ᠳᠤ ᠲᠦᠷᠭᠡᠨ ᠪᠠᠷᠢᠨ ᠬᠦᠳᠡᠯᠵᠦ᠂ ᠥᠨᠳᠥᠷ ᠪᠦᠲᠦᠮᠵᠢᠲᠡᠶ ᠪᠠᠷ ᠰᠢᠢᠳᠪᠦᠷᠢᠯᠡᠨ᠎ᠡ᠃ | ᠨᠢᠭᠡ ᠳᠤ ᠭᠠᠯ ᠰᠡᠷᠭᠡᠶᠢᠯᠡᠬᠦ ᠴᠠᠭᠳᠠᠨ ᠪᠠᠶᠢᠴᠠᠭᠠᠯᠲᠠ ᠶᠢ ᠦᠷᠨᠢᠭᠦᠯᠦᠨ᠎ᠡ᠃ ᠪᠢᠴᠢᠯ ᠬᠡᠯᠪᠡᠷᠢ ᠶᠢᠨ ᠭᠠᠯ ᠤᠨᠲᠠᠷᠠᠭᠠᠬᠤ | ᠦᠷᠳᠡᠭᠡ ᠶᠢᠨ ᠭᠠᠯ ᠰᠡᠷᠭᠡᠶᠢᠯᠡᠬᠦ ᠴᠠᠭᠳᠠᠨ ᠪᠠᠶᠢᠴᠠᠭᠠᠬᠤ ᠲᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠭᠠᠯ ᠤᠨ | ᠭᠠᠮᠰᠢᠭ ᠤᠨ ᠭᠡᠮ ᠰᠣᠭᠤᠭ ᠢ ᠲᠡᠮᠳᠡᠭᠯᠡᠬᠦ᠂ ᠮᠡᠳᠡᠭᠦᠯᠦᠯᠲᠡ ᠬᠢᠬᠦ᠂ ᠰᠢᠮᠳᠠᠭᠤᠯᠤᠨ ᠭᠦᠢᠴᠡᠳᠬᠡᠬᠦ᠂ ᠴᠡᠭᠴᠡᠯᠡᠨ | ᠰᠠᠶᠢᠵᠢᠷᠠᠭᠤᠯᠬᠤ᠂ ᠳᠠᠪᠲᠠᠨ ᠪᠠᠶᠢᠴᠠᠭᠠᠬᠤ ᠵᠡᠷᠭᠡ ᠳᠡᠰ ᠳᠠᠷᠠᠭᠠᠯᠠᠯ ᠢ ᠲᠣᠲᠤᠷᠬᠠᠶᠢᠯᠠᠵᠤ᠂ ᠠᠵᠢᠯᠲᠠᠨ ᠲᠣᠬᠢᠷᠠᠭᠤᠯᠤᠨ | ᠡᠭᠡᠯᠵᠢ ᠤᠳᠠᠭ᠎ᠠ ᠬᠤᠪᠢᠶᠠᠷᠢᠯᠠᠨ ᠭᠠᠯ ᠰᠡᠷᠭᠡᠶᠢᠯᠡᠬᠦ ᠴᠠᠭᠳᠠᠨ ᠪᠠᠶᠢᠴᠠᠭᠠᠯᠲᠠ ᠬᠢᠬᠦ ᠶᠢ ᠥᠷᠨᠢᠭᠦᠯᠵᠦ᠂ ᠡᠭᠡᠯᠵᠢ | ᠤᠳᠠᠭ᠎ᠠ ᠨᠢᠭᠡᠪᠦᠷᠢ ᠳᠤ ᠠᠵᠢᠯ ᠤᠨ ᠪᠠᠶᠢᠷᠢᠨ ᠳᠤ 3 ᠠᠴᠠ ᠲᠤᠲᠠᠭᠤ ᠦᠭᠡᠢ ᠬᠥᠮᠥᠨ ᠪᠠᠶᠢᠯᠭᠠᠵᠤ᠂ 24 ᠴᠠᠭ ᠢᠶᠠᠷ | ᠵᠢᠵᠢᠭᠦᠷᠯᠡᠬᠦ ᠶᠢ ᠪᠠᠲᠤᠯᠠᠨ᠎ᠠ᠃ ᠨᠢᠭᠡᠴᠡ ᠶᠢᠨ ᠭᠠᠯ ᠤᠨᠲᠠᠷᠠᠭᠠᠬᠤ ᠶᠢᠨ ᠬᠠᠮᠢᠶᠠᠷᠤᠯᠲᠠ ᠶᠢᠨ ᠠᠵᠢᠯᠲᠠᠨ ᠤ ᠴᠠᠭᠳᠠᠨ | ᠪᠠᠶᠢᠴᠠᠭᠠᠭᠰᠠᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠰᠤᠭᠤᠴᠢᠨ ᠪᠠᠶᠢᠴᠠᠭᠠᠨ᠎ᠠ᠃ ᠬᠤᠶᠠᠷ ᠲᠤ ᠡᠬᠢᠯᠡᠵᠦ | ᠭᠠᠷᠤᠬᠰᠠᠨ ᠭᠠᠯ ᠤᠨ ᠭᠠᠮᠰᠢᠭ ᠢ ᠲᠠᠷᠤᠵᠦ ᠤᠨᠳᠠᠷᠠᠭᠠᠨ ᠠᠪᠤᠷᠠᠯᠳᠠ ᠬᠢᠨ᠎ᠠ᠃ ᠪᠢᠴᠢᠯ ᠬᠡᠯᠪᠡᠷᠢ ᠶᠢᠨ ᠭᠠᠯ | ᠤᠨᠲᠠᠷᠠᠭᠠᠬᠤ ᠥᠷᠳᠡᠭᠡ ᠨᠢ ᠴᠢᠬᠤᠯᠠ ᠪᠦᠬᠦᠢ ᠰᠡᠷᠭᠡᠶᠢᠯᠡᠨ ᠬᠠᠮᠠᠭᠠᠯᠠᠬᠤ ᠲᠤᠨᠤᠭ ᠲᠦᠬᠦᠭᠡᠷᠦᠮᠵᠢ ᠪᠣᠯᠤᠨ ᠭᠠᠯ | ᠤᠨᠲᠠᠷᠠᠭᠠᠬᠤ ᠪᠠᠭᠠᠵᠢ ᠬᠡᠷᠡᠭᠰᠡᠯ ᠲᠣᠬᠢᠷᠠᠭᠤᠯᠤᠨ᠂ ᠭᠠᠯ ᠤᠨᠲᠠᠷᠠᠭᠠᠬᠤ ᠪᠠ ᠪᠠᠴᠢᠮ ᠪᠠᠶᠢᠳᠠᠯ ᠢ ᠠᠷᠭᠠᠴᠠᠨ | ᠵᠠᠶᠢᠯᠠᠭᠤᠯᠬᠤ ᠲᠥᠰᠦᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠪᠣᠳᠠᠲᠤ ᠰᠣᠷᠢᠯᠲᠠ ᠪᠣᠯᠤᠨ ᠪᠣᠳᠠᠲᠤ | ᠰᠤᠷᠢᠯᠭ᠎ᠠ ᠪᠤᠯᠪᠠᠰᠤᠷᠠᠭᠤᠯᠤᠯ ᠢ ᠲᠣᠭᠲᠠᠮᠠᠯ ᠬᠤᠭᠤᠴᠠᠭ᠎ᠠ ᠲᠠᠢ ᠪᠠᠷ ᠦᠷᠨᠢᠭᠦᠯᠵᠦ᠂ ᠲᠦᠷᠭᠡᠨ ᠠᠷᠭᠠᠴᠠᠬᠤ | ᠴᠢᠳᠠᠪᠤᠷᠢ ᠶᠢ ᠳᠡᠭᠡᠭᠰᠢᠯᠡᠭᠦᠯᠦᠨ᠂ ᠭᠠᠯ ᠤᠨ ᠪᠠᠶᠢᠳᠠᠯ ᠢ ᠮᠡᠳᠡᠮᠡᠭᠴᠡ᠂ ︽ᠣᠶᠢᠷᠠᠯᠴᠠᠭ᠎ᠠ ᠪᠠᠶᠢᠭ᠎ᠠ ᠠᠵᠢᠯᠳᠡᠠ ᠨᠢ 1 | ᠮᠢᠨᠦ᠋ᠲ ᠲᠤ ᠠᠩᠬᠠᠨ ᠤ ᠰᠢᠢᠳᠪᠦᠷᠢᠯᠡᠯᠲᠡ ᠬᠢᠵᠦ᠂ ᠭᠠᠯ ᠤᠨᠲᠠᠷᠠᠭᠠᠬᠤ ᠪᠠᠶᠢᠯᠳᠤᠭᠠᠨ ᠤ ᠳᠤᠭᠤᠶᠢᠯᠠᠩ ᠨᠢ 3 | ᠮᠢᠨᠦ᠋ᠲ ᠲᠤ ᠲᠤᠬᠠᠶ ᠶᠢᠨ ᠭᠠᠵᠠᠷ ᠲᠤ ᠬᠦᠷᠴᠦ ᠭᠠᠯ ᠤᠨᠲᠠᠷᠠᠭᠠᠨ ᠠᠪᠤᠷᠠᠯᠳᠠ ᠬᠢᠵᠦ᠂ ᠲᠤᠰᠠᠯᠠᠬᠤ ᠬᠦᠴᠦᠨ ᠨᠢ 5 | ᠮᠢᠨᠦ᠋ᠲ ᠲᠤ ᠬᠠᠮᠵᠢᠯᠴᠠᠨ ᠠᠵᠢᠯᠯᠠᠬᠤ︾ ᠱᠠᠭᠠᠷᠳᠠᠯᠭ᠎ᠠ ᠶᠣᠰᠣᠭᠠᠷ᠂ ᠡᠬᠢᠯᠡᠵᠦ ᠭᠠᠷᠤᠬᠰᠠᠨ ᠭᠠᠯ ᠤᠨ ᠭᠠᠮᠰᠢᠭ ᠢ | ᠴᠠᠭ ᠲᠤᠬᠠᠶ ᠳᠤᠨᠢ ᠰᠢᠢᠳᠪᠦᠷᠢᠯᠡᠨ᠎ᠡ᠃ ᠭᠤᠷᠪᠠ ᠳᠤ ᠭᠠᠯ ᠤᠨᠲᠠᠷᠠᠭᠠᠬᠤ ᠲᠤᠬᠠᠶ ᠮᠡᠳᠡᠯᠭᠡ ᠶᠢ ᠤᠬᠠᠭᠤᠯᠤᠨ᠎ᠠ᠃ | ᠪᠢᠴᠢᠯ ᠬᠡᠯᠪᠡᠷᠢ ᠶᠢᠨ ᠭᠠᠯ ᠤᠨᠲᠠᠷᠠᠭᠠᠬᠤ ᠥᠷᠳᠡᠭᠡ ᠶᠢᠨ ᠠᠵᠢᠯᠲᠠᠨ ᠨᠢ ᠠᠵᠢᠯᠲᠠᠨ ᠳᠠᠭᠠᠨ ᠭᠠᠯ ᠤᠨᠲᠠᠷᠠᠭᠠᠬᠤ | ᠶᠡᠷᠦ ᠶᠢᠨ ᠮᠡᠳᠡᠯᠭᠡ ᠶᠢ ᠢᠳᠡᠪᠬᠢᠲᠡᠢ ᠪᠠᠷ ᠤᠬᠠᠭᠤᠯᠤᠨ ᠲᠦᠭᠡᠮᠡᠯᠵᠢᠭᠦᠯᠵᠦ᠂ ᠠᠵᠢᠯ ᠤᠨ ᠪᠠᠶᠢᠷᠢ ᠶᠢᠨ ᠭᠠᠯ ᠤᠨ | ᠭᠠᠮᠰᠢᠭ ᠤᠨ ᠠᠶᠤᠯ ᠲᠦᠭᠰᠢᠭᠦᠷᠢ ᠪᠣᠯᠣᠨ ᠭᠠᠯ ᠤᠨᠲᠠᠷᠠᠭᠠᠬᠤ ᠶᠢᠨ ᠠᠮᠤᠷ ᠲᠥᠪᠰᠢᠨ ᠢᠶᠠᠷ ᠠᠵᠢᠯᠯᠠᠬᠤ ᠲᠦᠷᠢᠮ ᠢ | ᠰᠠᠨᠠᠭᠤᠯᠤᠨ᠎ᠠ᠃ ᠪᠢᠴᠢᠯ ᠬᠡᠯᠪᠡᠷᠢ ᠶᠢᠨ ᠭᠠᠯ ᠤᠨᠲᠠᠷᠠᠭᠠᠬᠤ ᠦᠷᠲᠡᠭᠡ ᠶᠢ ᠵᠤᠷᠢᠬᠵᠢᠭᠤᠯᠤᠨ᠂ ᠨᠢᠭᠡᠴᠡ ᠶᠢᠨ ᠭᠠᠯ | ᠤᠨᠲᠠᠷᠠᠭᠠᠬᠤ ᠸᠢᠴᠠᠲ ᠪᠦᠯᠦᠭᠵᠢᠯ ᠪᠠᠶᠢᠭᠤᠯᠤᠨ᠂ ᠭᠠᠯ ᠤᠨᠲᠠᠷᠠᠭᠠᠬᠤ ᠶᠢᠨ ᠠᠮᠤᠷ ᠲᠦᠪᠰᠢᠨ ᠤ ᠰᠠᠨᠠᠭᠤᠯᠤᠮᠵᠢ ᠶᠢ | ᠲᠣᠭᠲᠠᠮᠠᠯ ᠬᠤᠭᠤᠴᠠᠭ᠎ᠠ ᠲᠠᠢ ᠪᠠᠷ ᠶᠠᠪᠤᠭᠤᠯᠵᠤ᠂ ᠭᠠᠯ ᠤᠨ ᠭᠠᠮᠰᠢᠭ ᠲᠣᠬᠢᠶᠠᠯᠳᠤᠪᠠᠯ᠂ ᠵᠠᠶᠢᠯᠠᠭᠤᠯᠵᠤ | ᠶᠠᠪᠤᠭᠤᠯᠬᠤ ᠶᠢ ᠰᠠᠨᠠᠭᠤᠯᠬᠤ ᠳᠤᠨᠢ ᠲᠤᠰᠠᠯᠠᠨ᠎ᠠ᠃ ᠡᠯ᠎ᠡ ᠱᠠᠲᠤᠨ ᠤ ᠵᠠᠰᠠᠭ ᠤᠨ ᠣᠷᠳᠣᠨ ᠨᠢ ᠬᠠᠮᠢᠶ᠎ᠠ ᠪᠦᠬᠦᠢ | ᠲᠥᠷᠥ ᠶᠢᠨ ᠪᠣᠳᠣᠯᠭ᠎ᠠ ᠶᠢᠨ ᠴᠢᠨᠠᠷᠲᠠᠶ ᠪᠢᠴᠢᠭ ᠮᠠᠲ᠋ᠧᠷᠢᠶᠠᠯ ᠢ ᠨᠡᠶᠢᠲᠡᠯᠡᠬᠦ ᠶᠢᠨ ᠬᠠᠮᠲᠤ᠂ ᠵᠢᠯ ᠪᠦᠷᠢ ᠲᠤᠰᠬᠠᠶ | ᠵᠦᠢᠯ ᠤᠨ ᠵᠠᠷᠤᠳᠠᠯ ᠬᠤᠪᠢᠶᠠᠷᠢᠯᠠᠨ ᠪᠠᠭᠤᠯᠭᠠᠵᠤ᠂ ᠪᠠᠷᠢᠮᠵᠢᠶ᠎ᠠ ᠳᠤ ᠬᠦᠷᠦᠭᠰᠡᠨ ᠪᠢᠴᠢᠯ ᠬᠡᠯᠪᠡᠷᠢ ᠶᠢᠨ ᠭᠠᠯ | ᠤᠨᠲᠠᠷᠠᠭᠠᠬᠤ ᠥᠷᠳᠡᠭᠡ ᠳᠤ ᠵᠣᠬᠢᠬᠤ ᠬᠡᠮᠵᠢᠶᠡᠨ ᠤ ᠨᠥᠬᠦᠪᠥᠷᠢ ᠥᠭᠴᠦ᠂ ᠪᠣᠯᠪᠠᠰᠤᠷᠠᠭᠤᠯᠤᠯ ᠳᠤ ᠬᠢᠷᠢ | ᠲᠡᠩᠴᠡᠭᠰᠡᠨ᠂ ᠳᠠᠩᠰᠠᠯᠠᠭᠤᠯᠵᠤ ᠲᠡᠮᠳᠡᠭᠯᠡᠭᠰᠡᠨ ᠪᠢᠴᠢᠯ ᠬᠡᠯᠪᠡᠷᠢ ᠶᠢᠨ ᠭᠠᠯ ᠤᠨᠲᠠᠷᠠᠭᠠᠬᠤ ᠥᠷᠳᠡᠭᠡ ᠶᠢᠨ | ᠠᠵᠢᠯᠲᠠᠳ ᠲᠤ ᠪᠡᠶ᠎ᠡ ᠮᠠᠬᠠᠪᠤᠳ ᠤᠨ ᠰᠠᠨᠠᠭᠠᠨ ᠳᠤ ᠦᠭᠡᠢ ᠰᠢᠷᠬᠠᠲᠤᠯ ᠤᠨ ᠳᠠᠭᠠᠳᠬᠠᠯ ᠭᠦᠢᠴᠡᠳᠬᠡᠵᠦ᠂ ᠰᠢᠯᠢᠳᠡᠭ | ᠠᠵᠢᠯᠲᠠᠨ ᠪᠣᠯᠣᠨ ᠨᠢᠷᠤᠭᠤᠪᠴᠢ ᠬᠦᠴᠦᠨ ᠳᠤ ᠣᠨᠴᠣᠭᠤᠢ ᠨᠡᠮᠡᠭᠦᠷᠢ ᠮᠥᠩᠭᠦ ᠣᠯᠭᠤᠨ᠂ ᠲᠤᠪᠤᠶᠢᠮ᠎ᠠ ᠬᠤᠪᠢ | ᠨᠡᠮᠡᠷᠢ ᠦᠵᠡᠭᠦᠯᠦᠭᠰᠡᠨ ᠪᠢᠴᠢᠯ ᠬᠡᠯᠪᠡᠷᠢ ᠶᠢᠨ ᠭᠠᠯ ᠤᠨᠲᠠᠷᠠᠭᠠᠬᠤ ᠦᠷᠳᠡᠭᠡ ᠪᠤᠶᠤ ᠠᠵᠢᠯᠲᠠᠨ ᠢ ᠴᠠᠭ ᠲᠣᠬᠠᠢ ᠳᠤᠨᠢ | ᠱᠠᠩᠨᠠᠨ᠎ᠠ᠃ | 3. ᠴᠠᠬᠢᠯᠭᠠᠨ ᠠᠴᠠ ᠡᠭᠦᠰᠦᠭᠰᠡᠨ ᠭᠠᠯ ᠤᠨ ᠭᠠᠮᠰᠢᠭ ᠢ ᠰᠡᠷᠭᠡᠶᠢᠯᠡᠬᠦ ᠲᠤᠰᠬᠠᠶ ᠴᠡᠭᠴᠡᠯᠡᠨ ᠵᠠᠰᠠᠯᠲᠠ ᠶᠢ | ᠭᠦᠨᠵᠡᠭᠡᠢ ᠠᠬᠢᠭᠤᠯᠤᠨ᠎ᠠ᠃ ᠡᠯ᠎ᠡ ᠭᠠᠵᠠᠷ ᠣᠷᠣᠨ ᠨᠢ ᠭᠤᠣᠯᠳᠠᠭᠤ ᠨᠡᠶᠢᠭᠡᠮ ᠤᠨ ᠨᠢᠭᠡᠴᠡ᠂ ᠰᠠᠭᠤᠭᠠᠯᠢ ᠠᠷᠠᠳ ᠤᠨ | ᠨᠡᠶᠢᠭᠡᠮ ᠲᠣᠭᠤᠷᠢᠭ ᠤᠨ ᠴᠠᠬᠢᠯᠭᠠᠨ ᠠᠴᠠ ᠡᠭᠦᠰᠦᠭᠰᠡᠨ ᠭᠠᠯ ᠢ ᠰᠡᠷᠭᠡᠶᠢᠯᠡᠬᠦ ᠠᠰᠠᠭᠤᠳᠠᠯ ᠤᠨ ᠲᠣᠭᠤᠷᠢᠨ ᠳᠤ | ᠲᠤᠰᠬᠠᠶ ᠴᠡᠭᠴᠡᠯᠡᠨ ᠵᠠᠰᠠᠯᠲᠠ ᠦᠷᠨᠢᠭᠦᠯᠵᠦ᠂ ᠴᠠᠬᠢᠯᠭᠠᠨ ᠠᠴᠠ ᠡᠭᠦᠰᠦᠭᠰᠡᠨ ᠭᠠᠯ ᠤᠨ ᠭᠠᠮᠰᠢᠭ ᠤᠨ ᠠᠳᠡᠯ | ᠭᠠᠷᠬᠤ ᠶᠢ ᠪᠠᠭᠠᠰᠬᠠᠨ᠎ᠠ᠃ ᠨᠢᠭᠡ ᠳᠤ ᠬᠠᠭᠤᠴᠢᠷᠠᠵᠤ ᠮᠠᠭᠤᠵᠢᠷᠠᠭᠰᠠᠨ ᠵᠢᠵᠢᠭ ᠲᠣᠭᠤᠷᠢᠭ ᠤᠨ ᠴᠠᠬᠢᠯᠭᠠᠨ ᠤᠲᠠᠰᠤ | ᠱᠤᠭᠤᠮ ᠢ ᠥᠭᠡᠷᠡᠴᠢᠯᠡᠨ ᠰᠠᠶᠢᠵᠢᠷᠠᠭᠤᠯᠤᠨ᠎ᠠ᠃ ᠴᠠᠬᠢᠯᠭᠠᠨ ᠤ ᠤᠲᠠᠰᠤ ᠱᠤᠭᠤᠮ ᠢ ᠥᠭᠡᠷᠡᠴᠢᠯᠡᠨ | ᠰᠠᠶᠢᠵᠢᠷᠠᠭᠤᠯᠬᠤ ᠶᠢ ᠬᠤᠲᠠ ᠶᠢᠨ ᠳᠤᠮᠳᠠᠬᠢ ᠲᠣᠰᠬᠤᠨ᠂ ᠳᠥᠭᠦᠮ ᠪᠦᠳᠦᠭᠦᠯᠢᠭ ᠣᠷᠣᠨ ᠰᠠᠭᠤᠴᠠᠳᠤ ᠲᠣᠭᠤᠷᠢᠭ᠂ | ᠬᠠᠭᠤᠴᠢᠷᠠᠵᠤ ᠮᠠᠭᠤᠵᠢᠷᠠᠭᠰᠠᠨ ᠵᠢᠵᠢᠭ ᠲᠣᠭᠤᠷᠢᠭ ᠪᠣᠯᠣᠨ ᠤᠯᠠᠮᠵᠢᠯᠠᠯᠲᠤ ᠠᠶᠢᠯ ᠲᠣᠰᠬᠤᠨ ᠢ ᠥᠭᠡᠷᠡᠴᠢᠯᠡᠨ | ᠰᠢᠨᠡᠳᠬᠡᠬᠦ ᠢᠨᠵᠧᠨᠧᠷᠢᠩ ᠤᠨ ᠠᠭᠤᠯᠭ᠎ᠠ ᠳᠤ ᠣᠷᠣᠭᠤᠯᠵᠤ᠂ ᠴᠠᠬᠢᠯᠭᠠᠨ ᠤᠲᠠᠰᠤ ᠱᠤᠭᠤᠮ ᠢ ᠳᠤᠷ᠎ᠠ ᠪᠠᠷ ᠢᠶᠠᠨ | ᠲᠠᠲᠠᠵᠤ ᠵᠠᠯᠭᠠᠬᠤ ᠠᠰᠠᠭᠤᠳᠠᠯ ᠢ ᠴᠡᠭᠴᠡᠯᠡᠨ ᠵᠠᠰᠠᠵᠤ᠂ ᠦᠵᠢᠷᠡᠵᠦ ᠡᠪᠳᠡᠷᠡᠨ ᠰᠦᠢᠳᠦᠭᠰᠡᠨ ᠴᠠᠬᠢᠯᠭᠠᠨ ᠤᠲᠠᠰᠤ | ᠱᠤᠭᠤᠮ ᠢ ᠰᠣᠯᠢᠨ ᠰᠢᠨᠡᠳᠬᠡᠵᠦ᠂ ᠴᠠᠬᠢᠯᠭᠠᠨ ᠠᠴᠠ ᠡᠭᠦᠰᠦᠭᠰᠡᠨ ᠭᠠᠯ ᠤᠨ ᠭᠠᠮᠰᠢᠭ ᠢ ᠬᠢᠨᠠᠨ ᠡᠵᠡᠮᠳᠡᠬᠦ ᠰᠢᠰᠲ᠋ᠧᠮ | ᠤᠭᠰᠠᠷᠠᠬᠤ ᠶᠢ ᠵᠣᠷᠢᠬᠵᠢᠭᠤᠯᠤᠨ᠎ᠠ᠃ ᠬᠤᠶᠠᠷ ᠲᠤ ᠴᠠᠬᠢᠯᠭᠠᠨ ᠬᠡᠷᠡᠭᠯᠡᠬᠦ ᠬᠠᠮᠢᠶᠠᠷᠤᠯᠲᠠ ᠶᠢ ᠴᠢᠩᠭᠠᠳᠬᠠᠨ᠎ᠠ᠃ ᠡᠯ᠎ᠡ | ᠨᠢᠭᠡᠴᠡ ︵ᠠᠳᠠᠯ ᠠᠬᠤᠶ ᠶᠢᠨ ᠦᠢᠯᠡᠴᠢᠯᠡᠭᠡᠨ ᠤ ᠨᠢᠭᠡᠴᠡ ᠪᠠᠭᠲᠠᠨ᠎ᠠ︶ ᠨᠦᠭᠦᠳ ᠠᠮᠤᠷ ᠲᠥᠪᠰᠢᠨ ᠢᠶᠠᠷ ᠴᠠᠬᠢᠯᠭᠠᠨ | ᠬᠡᠷᠡᠭᠯᠡᠬᠦ ᠬᠠᠮᠢᠶᠠᠷᠤᠯᠲᠠ ᠶᠢᠨ ᠲᠦᠷᠢᠮ ᠢ ᠲᠣᠭᠲᠠᠭᠠᠬᠤ ᠶᠢᠨ ᠬᠠᠮᠲᠤ ᠨᠠᠶᠢᠳᠠᠪᠤᠷᠢᠵᠢᠭᠤᠯᠤᠭᠰᠠᠨ ᠡᠰᠡᠬᠦ᠂ | ᠦᠨᠡᠮᠯᠡᠯ ᠲᠠᠢ ᠴᠠᠬᠢᠯᠭᠠᠨ ᠤ ᠠᠵᠢᠯᠲᠠᠨ ᠢ ᠲᠣᠭᠲᠠᠭᠠᠯ ᠶᠣᠰᠣᠭᠠᠷ ᠤᠷᠢᠨ ᠡᠯᠰᠡᠵᠦ ᠠᠵᠢᠯ ᠤᠨ ᠪᠠᠶᠢᠷᠢ ᠳᠤ | ᠭᠠᠷᠭᠠᠭᠰᠠᠨ ᠡᠰᠡᠬᠦ᠂ ᠴᠠᠬᠢᠯᠭᠠᠨ ᠬᠡᠷᠡᠭᠰᠡᠯ ᠤᠨ ᠦᠢᠯᠡᠳᠬᠦᠨ ᠵᠢᠴᠢ ᠲᠡᠳᠡᠬᠡᠷ ᠤᠨ ᠤᠲᠠᠰᠤ ᠱᠤᠭᠤᠮ ᠪᠣᠯᠣᠨ | ᠬᠡᠷᠡᠭᠯᠡᠭᠡᠨ ᠤ ᠭᠤᠤᠷᠰᠤ ᠬᠤᠭᠤᠯᠠᠶ ᠶᠢ ᠲᠤᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠨ ᠬᠠᠮᠠᠭᠠᠯᠠᠨ | ᠠᠷᠠᠴᠢᠯᠠᠬᠤ ᠪᠠ ᠰᠢᠯᠭᠠᠨ ᠰᠢᠨᠵᠢᠭᠰᠡᠨ ᠡᠰᠡᠬᠦ᠂ ᠴᠠᠬᠢᠯᠭᠠᠨ ᠤ ᠭᠡᠮ ᠰᠣᠭᠤᠭ ᠤᠨ ᠠᠰᠠᠭᠤᠳᠠᠯ ᠢ ᠴᠠᠭ ᠲᠤᠬᠠᠶ ᠳᠤᠨᠢ | ᠴᠡᠭᠴᠡᠯᠡᠨ ᠰᠠᠶᠢᠵᠢᠷᠠᠭᠤᠯᠤᠭᠰᠠᠨ ᠡᠰᠡᠬᠦ ᠵᠡᠷᠭᠡ ᠲᠠᠯ᠎ᠠ ᠪᠠᠷ ᠭᠤᠣᠯᠳᠠᠯᠭ᠎ᠠ ᠲᠠᠢ ᠪᠠᠶᠢᠴᠠᠭᠠᠯᠲᠠ ᠬᠢᠨ᠎ᠡ᠃ ᠭᠤᠷᠪᠠ ᠳᠤ | ᠬᠠᠮᠲᠤᠷᠠᠭᠰᠠᠨ ᠪᠠᠶᠢᠴᠠᠭᠠᠯᠲᠠ ᠦᠷᠨᠢᠭᠦᠯᠦᠨ᠎ᠡ᠃ ᠴᠠᠬᠢᠯᠭᠠᠨ ᠬᠦᠴᠦ᠂ ᠳᠣᠲᠣᠭᠠᠳᠤ ᠶᠢ ᠬᠠᠮᠠᠭᠠᠯᠠᠬᠤ᠂ ᠣᠷᠣᠨ | ᠰᠠᠭᠤᠴᠠ ᠬᠤᠳᠠ ᠬᠥᠳᠡᠭᠡ ᠶᠢᠨ ᠪᠥᠳᠥᠭᠡᠨ ᠪᠠᠶᠢᠭᠤᠯᠤᠯᠲᠠ᠂ ᠠᠵᠤ ᠦᠢᠯᠡᠳᠪᠦᠷᠢ ᠬᠤᠳᠠᠯᠳᠤᠭ᠎ᠠ᠂ ᠶᠠᠰᠤ | ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ᠂ ᠠᠶᠤᠯ ᠦᠬᠡᠢ ᠶᠢᠨ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ᠂ | ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠵᠡᠷᠭᠡ ᠰᠠᠯᠠᠭ᠎ᠠ ᠮᠥᠴᠢᠷ ᠤᠳ ᠢ ᠵᠣᠬᠢᠶᠠᠨ | ᠪᠠᠶᠢᠭᠤᠯᠤᠨ ᠴᠠᠬᠢᠯᠭᠠᠨ ᠤ ᠠᠮᠤᠷ ᠲᠦᠪᠰᠢᠨ ᠤ ᠬᠠᠮᠲᠤᠷᠠᠭᠰᠠᠨ ᠪᠠᠶᠢᠴᠠᠭᠠᠯᠲᠠ ᠵᠢᠴᠢ ᠴᠠᠬᠢᠯᠭᠠᠨ ᠤ ᠠᠵᠢᠯᠴᠢᠨ | ᠠᠵᠢᠯ ᠤᠨ ᠦᠨᠡᠮᠯᠡᠯ ᠠᠪᠴᠤ ᠠᠵᠢᠯ ᠤᠨ ᠪᠠᠶᠢᠷᠢ ᠳᠤ ᠭᠠᠷᠬᠤ ᠪᠠᠶᠢᠴᠠᠭᠠᠯᠲᠠ ᠶᠢ ᠦᠷᠨᠢᠭᠦᠯᠦᠨ᠂ ᠲᠦᠷᠢᠮ | ᠲᠣᠭᠲᠠᠭᠠᠯ ᠠᠴᠠ ᠵᠥᠷᠢᠴᠡᠭᠰᠡᠨ ᠥᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠵᠦ᠂ ᠴᠠᠬᠢᠯᠭᠠᠨ ᠠᠴᠠ | ᠡᠭᠦᠰᠦᠭᠰᠡᠨ ᠭᠠᠯ ᠤᠨ ᠭᠠᠮᠰᠢᠭ ᠢ ᠰᠡᠷᠭᠡᠶᠢᠯᠡᠬᠦ ᠮᠡᠳᠡᠯᠭᠡ ᠶᠢ ᠥᠷᠭᠡᠨ ᠳᠡᠯᠭᠡᠷ ᠢᠶᠠᠷ ᠲᠦᠭᠡᠮᠡᠯᠵᠢᠭᠦᠯᠵᠦ᠂ ᠣᠯᠠᠨ | ᠲᠦᠮᠡᠨ ᠤ ᠠᠮᠤᠷ ᠲᠦᠪᠰᠢᠨ ᠤ ᠲᠠᠯ᠎ᠠ ᠶᠢᠨ ᠦᠵᠡᠯ ᠤᠬᠠᠮᠰᠠᠷ ᠢ ᠨᠢ ᠳᠡᠭᠡᠭᠰᠢᠯᠡᠭᠦᠯᠦᠨ᠂ ᠴᠠᠬᠢᠯᠭᠠᠨ ᠠᠴᠠ | ᠡᠭᠦᠰᠦᠭᠰᠡᠨ ᠭᠠᠯ ᠤᠨ ᠭᠠᠮᠰᠢᠭ ᠪᠣᠯᠣᠨ ᠠᠳᠡᠯ ᠢ ᠪᠦᠲᠦᠮᠵᠢᠲᠡᠢ ᠪᠠᠭᠠᠰᠬᠠᠨ᠎ᠠ᠃ | 4. ᠬᠦᠨᠳᠦ ᠶᠡᠭᠡ ᠭᠠᠯ ᠤᠨ ᠭᠠᠮᠰᠢᠭ ᠤᠨ ᠭᠡᠮ ᠰᠣᠭᠤᠭ ᠢ ᠪᠦᠬᠦ ᠬᠦᠴᠦᠨ ᠢᠶᠠᠷ ᠴᠡᠭᠴᠡᠯᠡᠨ ᠵᠠᠰᠠᠨ᠎ᠠ᠃ | ᠬᠠᠷᠠᠬᠠᠨ ᠴᠡᠭᠴᠡᠯᠡᠨ ᠰᠠᠶᠢᠵᠢᠷᠠᠭᠤᠯᠵᠤ ᠳᠠᠭᠤᠰᠤᠭᠠᠳᠤᠢ ᠣᠷᠣᠨ ᠪᠦᠰᠡ ᠶᠢᠨ ᠴᠢᠨᠠᠷᠲᠠᠢ ᠭᠠᠯ ᠤᠨ ᠭᠠᠮᠰᠢᠭ ᠤᠨ | ᠭᠡᠮ ᠰᠣᠭᠤᠭ ᠪᠣᠯᠣᠨ ᠬᠦᠨᠳᠦ ᠶᠡᠭᠡ ᠭᠠᠯ ᠤᠨ ᠭᠠᠮᠰᠢᠭ ᠤᠨ ᠭᠡᠮ ᠰᠣᠭᠤᠭ᠂ ᠣᠨᠴᠣᠭᠤᠶᠢᠯᠠᠨ 2016 ᠣᠨ ᠤ | ᠲᠣᠳᠣᠭᠠᠲᠤ ᠶᠢ ᠬᠠᠮᠠᠭᠠᠯᠠᠬᠤ ᠶᠠᠮᠤᠨ ᠠᠴᠠ ᠢᠯᠡᠴᠢᠯᠡᠭᠰᠡᠨ ᠮᠠᠨ ᠤ ᠣᠷᠣᠨ ᠤ ᠬᠦᠨᠳᠦ ᠶᠡᠭᠡ ᠭᠠᠯ ᠤᠨ ᠭᠠᠮᠰᠢᠭ ᠤᠨ | ᠭᠡᠮ ᠰᠣᠭᠤᠭ ᠲᠠᠢ 4 ᠨᠢᠭᠡᠴᠡ ᠳᠤ᠂ ᠡᠯ᠎ᠡ ᠱᠠᠲᠤᠨ ᠤ ᠵᠠᠰᠠᠭ ᠤᠨ ᠣᠷᠳᠣᠨ ᠪᠣᠯᠣᠨ ᠶᠡᠷᠦᠩᠭᠡᠶᠢᠯᠡᠨ ᠵᠠᠰᠠᠬᠤ | ᠰᠠᠯᠠᠭ᠎ᠠ ᠮᠦᠴᠢᠷ ᠨᠢ ᠭᠡᠮ ᠰᠣᠭᠤᠭ ᠢ ᠴᠡᠭᠴᠡᠯᠡᠨ ᠰᠠᠶᠢᠵᠢᠷᠠᠭᠤᠯᠬᠤ ᠨᠢᠭᠡᠴᠡ ᠶᠢᠨ ᠭᠤᠣᠯ ᠴᠣᠭᠴᠠ ᠶᠢᠨ | ᠬᠠᠷᠢᠭᠤᠴᠠᠯᠭ᠎ᠠ᠂ ᠠᠵᠢᠯ ᠲᠥᠷᠥᠯ ᠤᠨ ᠰᠠᠯᠠᠭ᠎ᠠ ᠮᠦᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠤᠯᠠᠮ | ᠴᠢᠨᠠᠭᠰᠢᠳᠠ ᠲᠣᠲᠣᠷᠬᠠᠶᠢᠯᠠᠨ᠂ ᠬᠠᠤᠯᠢ ᠴᠠᠭᠠᠵᠠ᠂ ᠠᠵᠤ ᠠᠬᠤᠶ᠂ ᠵᠠᠰᠠᠭ ᠵᠠᠬᠢᠷᠭᠠᠨ ᠵᠡᠷᠬᠡ ᠶᠢᠨ ᠠᠷᠭ᠎ᠠ | ᠬᠡᠮᠵᠢᠶ᠎ᠡ ᠶᠢ ᠶᠡᠷᠦᠩᠬᠡᠶᠢᠯᠡᠨ ᠬᠡᠷᠡᠭᠯᠡᠵᠦ᠂ ᠴᠡᠭᠴᠡᠯᠡᠨ ᠰᠠᠶᠢᠵᠢᠷᠠᠭᠤᠯᠬᠤ ᠲᠥᠰᠦᠯ᠂ ᠬᠤᠭᠤᠴᠠᠭ᠎ᠠ ᠬᠢᠵᠠᠭᠠᠷ᠂ ᠪᠡᠯᠡ | ᠮᠥᠩᠭᠦ ᠪᠣᠯᠣᠨ ᠰᠡᠷᠭᠡᠶᠢᠯᠡᠬᠦ ᠠᠷᠭ᠎ᠠ ᠬᠡᠮᠵᠢᠶ᠎ᠡ ᠶᠢ ᠰᠢᠮᠳᠠᠭᠤᠯᠤᠨ ᠨᠠᠶᠢᠳᠠᠪᠤᠷᠢᠵᠢᠭᠤᠯᠵᠤ᠂ ᠬᠤᠭᠤᠴᠠᠭ᠎ᠠ ᠬᠢᠵᠠᠭᠠᠷᠯᠠᠨ | ᠴᠡᠭᠴᠡᠯᠡᠨ ᠰᠠᠶᠢᠵᠢᠷᠠᠭᠤᠯᠵᠤ ᠬᠡᠷᠡᠭ ᠰᠢᠢᠳᠪᠦᠷᠢᠯᠡᠬᠦ ᠶᠢ ᠦᠨᠡᠨᠬᠦ ᠪᠠᠲᠤᠯᠠᠨ᠎ᠠ᠃ ᠡᠨᠡ ᠡᠪᠦᠯ ᠢᠷᠡᠬᠦ ᠬᠠᠪᠤᠷ ᠤᠨ | ᠭᠠᠯ ᠤᠨ ᠭᠠᠮᠰᠢᠭ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ ᠪᠠᠶᠢᠴᠠᠭᠠᠵᠤ ᠢᠯᠡᠷᠡᠭᠦᠯᠦᠭᠰᠡᠨ ᠬᠦᠨᠳᠤ ᠶᠡᠭᠡ | ᠭᠠᠯ ᠤᠨ ᠭᠡᠮ ᠰᠣᠭᠤᠭ ᠢ ᠲᠣᠬᠠᠢ ᠶᠢᠨ ᠭᠠᠵᠠᠷ ᠤᠨ ᠵᠠᠰᠠᠭ ᠤᠨ ᠣᠷᠳᠣᠨ ᠨᠡᠷ᠎ᠡ ᠵᠢᠭᠠᠵᠤ ᠰᠢᠮᠳᠠᠭᠤᠯᠤᠨ | ᠭᠦᠢᠴᠡᠳᠬᠡᠭᠦᠯᠵᠦ᠂ ᠤᠳᠠᠭᠠᠰᠢᠷᠠᠭᠤᠯᠤᠭᠠᠳ ᠵᠠᠰᠠᠬᠤ ᠤᠶᠢᠭᠡᠢ ᠪᠠᠶᠢᠬᠤ ᠬᠦᠨᠳᠦ ᠶᠡᠭᠡ ᠭᠠᠯ ᠤᠨ ᠭᠠᠮᠰᠢᠭ ᠤᠨ ᠭᠡᠮ | ᠰᠣᠭᠤᠭ ᠲᠤ ᠠᠯᠪᠠᠳᠠᠯᠭ᠎ᠠ ᠶᠢᠨ ᠠᠷᠭ᠎ᠠ ᠬᠡᠷᠡᠭᠯᠡᠬᠦ ᠶᠢᠨ ᠬᠠᠮᠲᠤ᠂ ᠶᠠᠷᠢᠶ᠎ᠠ ᠬᠡᠯᠡᠯᠴᠡᠭᠡᠨ ᠤ ᠬᠢᠨᠠᠯᠲᠠ ᠲᠠᠯᠪᠢᠬᠤ | ᠦᠢᠯᠡᠳᠦᠯ ᠢ ᠭᠦᠢᠴᠡᠳ ᠪᠠᠳᠠᠷᠠᠭᠤᠯᠵᠤ᠂ ᠡᠯ᠎ᠡ ᠱᠠᠲᠤᠨ ᠤ ᠬᠢᠨ ᠤ ᠭᠤᠣᠯ ᠵᠠᠭᠤᠴᠢᠯᠠᠭᠤᠷ ᠢ ᠪᠦᠯᠦᠭ ᠤᠳᠠᠭ᠎ᠠ | ᠬᠤᠪᠢᠶᠠᠨ ᠵᠣᠬᠢᠴᠠᠭᠤᠯᠵᠤ ᠪᠠᠶᠢᠭᠠᠳ ᠢᠯᠡᠴᠢᠯᠡᠨ ᠨᠡᠶᠢᠲᠡᠯᠡᠵᠦ᠂ ᠴᠡᠭᠴᠡᠯᠡᠨ ᠰᠠᠶᠢᠵᠢᠷᠠᠭᠤᠯᠬᠤ ᠶᠢ ᠡᠷᠴᠢᠮᠲᠡᠢ | ᠠᠬᠢᠭᠤᠯᠤᠨ᠎ᠠ᠃ | 5. ᠴᠢᠬᠤᠯᠠ ᠶᠡᠭᠡ ᠠᠵᠢᠯᠯᠠᠭ᠎ᠠ ᠪᠣᠯᠣᠨ ᠴᠢᠬᠤᠯᠠ ᠪᠠᠶᠠᠷ ᠳᠤᠷᠠᠰᠬᠠᠯ ᠤᠨ ᠡᠳᠦᠷ ᠤᠨ ᠭᠠᠯ | ᠤᠨᠲᠠᠷᠠᠭᠠᠬᠤ ᠶᠢᠨ ᠠᠮᠤᠷ ᠲᠥᠪᠰᠢᠨ ᠤ ᠬᠠᠮᠠᠭᠠᠯᠠᠯᠲᠠ ᠶᠢᠨ ᠠᠵᠢᠯ ᠢ ᠰᠠᠶᠢᠲᠤᠷ ᠬᠢᠨ᠎ᠡ᠃ ᠡᠯ᠎ᠡ ᠭᠠᠵᠠᠷ | ᠣᠷᠣᠨ ᠨᠤᠭᠤᠳ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ | ᠬᠤᠷᠠᠯ᠂ ᠪᠦᠬᠦ ᠤᠯᠤᠰ ᠪᠠ ᠥᠪᠡᠷᠲᠡᠭᠡᠨ ᠵᠠᠰᠠᠬᠤ ᠣᠷᠣᠨ ᠤ ︽ᠬᠤᠶᠠᠷ ᠬᠤᠷᠠᠯ︾ ᠵᠡᠷᠭᠡ ᠴᠢᠬᠤᠯᠠ ᠶᠡᠭᠡ | ᠠᠵᠢᠯᠯᠠᠭ᠎ᠠ ᠵᠢᠴᠢ ᠰᠢᠨ᠎ᠡ ᠵᠢᠯ᠂ ᠴᠠᠭᠠᠨ ᠰᠠᠷ᠎ᠠ ︵ᠪᠢᠲᠡᠭᠦᠨ ᠤ ᠰᠦᠨᠢ︶᠂ ᠥᠯᠵᠡᠶᠢᠲᠦ ᠡᠳᠦᠷ ᠤᠨ ᠪᠠᠶᠠᠷ ᠵᠡᠷᠭᠡ | ᠴᠢᠬᠤᠯᠠ ᠪᠠᠶᠠᠷ ᠳᠤᠷᠠᠰᠬᠠᠯ ᠤᠨ ᠡᠳᠦᠷ ᠤᠨ ᠭᠠᠯ ᠤᠨᠲᠠᠷᠠᠭᠠᠬᠤ ᠶᠢᠨ ᠠᠮᠤᠷ ᠲᠦᠪᠰᠢᠨ ᠤ ᠬᠠᠮᠠᠭᠠᠯᠠᠯᠲᠠ ᠶᠢᠨ | ᠠᠵᠢᠯ ᠢ ᠪᠦᠬᠦ ᠬᠦᠴᠦᠨ ᠢᠶᠠᠷ ᠰᠠᠶᠢᠲᠤᠷ ᠬᠢᠨ᠎ᠡ᠃ ᠮᠠᠨ ᠤ ᠣᠷᠣᠨ ᠨᠢ ᠪᠡᠭᠡᠵᠢᠩ ᠬᠤᠲᠠ ᠳᠠᠭᠠᠤ ᠶᠢᠨ ︽ | ᠬᠠᠮᠠᠭᠠᠯᠠᠭᠴᠢ︾ ᠭᠠᠵᠠᠷ ᠣᠷᠣᠨ ᠪᠣᠯᠣᠭᠰᠠᠨ ᠤ ᠬᠤᠪᠢ ᠳᠤ᠂ ᠪᠡᠭᠡᠵᠢᠩ ᠳᠤ ᠴᠠᠬᠢᠯᠭᠠᠨ ᠬᠠᠩᠭᠠᠬᠤ᠂ ᠰᠢᠲᠠᠮᠠᠬᠠᠢ | ᠬᠡᠢ ᠬᠠᠩᠭᠠᠬᠤ ᠵᠢᠴᠢ ᠵᠠᠮ ᠬᠠᠷᠢᠯᠴᠠᠭ᠎ᠠ᠂ ᠴᠢᠮᠡᠭᠡ ᠬᠤᠯᠪᠣᠭ᠎ᠠ ᠶᠢᠨ ᠬᠦᠢᠰᠦ ᠵᠡᠷᠭᠡ ᠴᠢᠬᠤᠯᠠ ᠬᠡᠰᠡᠭ ᠤᠨ ᠭᠠᠯ | ᠤᠨᠲᠠᠷᠠᠭᠠᠬᠤ ᠶᠢᠨ ᠠᠮᠤᠷ ᠲᠥᠪᠰᠢᠨ ᠤ ᠪᠠᠶᠢᠴᠠᠭᠠᠯᠲᠠ ᠶᠢ ᠭᠤᠣᠯᠳᠠᠯᠭ᠎ᠠ ᠲᠠᠢ ᠴᠢᠩᠭᠠᠳᠬᠠᠨ᠎ᠠ᠃ ᠴᠢᠬᠤᠯᠠ ᠶᠡᠭᠡ | ᠠᠵᠢᠯᠯᠠᠭ᠎ᠠ ᠪᠣᠯᠣᠨ ᠴᠢᠬᠤᠯᠠ ᠪᠠᠶᠠᠷ ᠳᠤᠷᠠᠰᠬᠠᠯ ᠤᠨ ᠡᠳᠦᠷ ᠤᠨ ᠬᠤᠭᠤᠴᠠᠭᠠᠨ ᠳᠤ᠂ ᠡᠯ᠎ᠡ ᠬᠠᠮᠢᠶ᠎ᠠ ᠪᠦᠬᠦᠢ | ᠰᠠᠯᠠᠭ᠎ᠠ ᠮᠥᠴᠢᠷ ᠤᠳ ᠢ ᠵᠣᠬᠢᠶᠠᠨ ᠪᠠᠶᠢᠭᠤᠯᠤᠨ ᠭᠠᠯ ᠰᠡᠷᠭᠡᠶᠢᠯᠡᠬᠦ ᠪᠠᠶᠢᠴᠠᠭᠠᠯᠲᠠ ᠶᠢ ᠬᠠᠮᠲᠤᠷᠠᠨ ᠦᠷᠨᠢᠭᠦᠯᠬᠦ ᠶᠢᠨ | ᠬᠠᠮᠲᠤ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ᠂ ᠨᠡᠶᠢᠭᠡᠮ ᠲᠣᠭᠤᠷᠢᠭ ᠪᠣᠯᠣᠨ ᠨᠢᠭᠡᠴᠡ ᠶᠢ | ᠰᠢᠮᠳᠠᠭᠤᠯᠤᠨ ᠬᠤᠸᠠᠷ ᠫᠤᠤᠵᠢᠩ ᠲᠠᠯᠪᠢᠬᠤ ᠣᠷᠣᠨ ᠪᠦᠰᠡ ᠵᠢᠴᠢ ᠭᠤᠣᠯᠳᠠᠯᠭ᠎ᠠ ᠲᠠᠢ ᠣᠷᠣᠨ ᠪᠦᠰᠡ ᠳᠤ ︽ | ᠦᠨᠡᠨ ᠨᠡᠷ᠎ᠡ ᠶᠢᠨ ᠳᠦᠷᠢᠮᠲᠦ︾ ᠴᠠᠭᠳᠠᠨ ᠰᠡᠷᠭᠡᠶᠢᠯᠡᠬᠦ ᠬᠠᠷᠠᠭᠤᠯ ᠭᠠᠷᠭᠠᠨ ᠰᠠᠬᠢᠬᠤ ᠶᠢ ᠬᠡᠷᠡᠭᠵᠢᠭᠦᠯᠦᠨ᠎ᠡ᠃ | 6. ᠮᠠᠯᠵᠢᠬᠤ ᠲᠠᠷᠢᠶᠠᠯᠠᠬᠤ ᠣᠷᠣᠨ᠂ ᠰᠢᠭᠤᠶᠢᠲᠤ ᠣᠷᠣᠨ ᠤ ᠭᠠᠯ ᠤᠨ ᠭᠠᠮᠰᠢᠭ ᠢ ᠰᠡᠷᠭᠡᠶᠢᠯᠡᠨ | ᠡᠵᠡᠮᠳᠡᠬᠦ ᠶᠢ ᠴᠢᠩᠭᠠᠳᠬᠠᠨ᠎ᠠ᠃ ᠡᠨᠡ ᠡᠪᠦᠯ ᠢᠷᠡᠬᠦ ᠬᠠᠪᠤᠷ ᠤᠨ ᠭᠠᠯ ᠤᠨ ᠭᠠᠮᠰᠢᠭ ᠢ ᠰᠡᠷᠭᠡᠶᠢᠯᠡᠨ ᠡᠵᠡᠮᠳᠡᠬᠦ | ᠬᠤᠭᠤᠴᠠᠭᠠᠨ ᠳᠤ᠂ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶᠂ ᠭᠠᠴᠠᠭ᠎ᠠ | ᠲᠣᠰᠬᠤᠨ ︵ᠰᠠᠭᠤᠭᠠᠯᠢ ᠠᠷᠠᠳ ᠤᠨ ᠵᠥᠪᠯᠡᠯ︶ ᠨᠢ ︽ᠲᠤᠤᠷᠴᠢᠯᠠᠭᠰᠠᠨ︾ ᠵᠢᠭᠰᠠᠭᠠᠨ ᠪᠠᠶᠢᠴᠠᠭᠠᠯᠲᠠ ᠬᠢᠵᠦ᠂ | ᠭᠠᠴᠠᠭ᠎ᠠ ᠳᠤᠭᠤᠶᠢᠯᠠᠩ᠂ ᠲᠦᠷᠢᠶᠡᠰᠦᠯᠡᠭᠰᠡᠨ ᠭᠡᠷ ᠵᠢᠴᠢ ᠭᠠᠴᠠᠭᠠᠨ ᠤ ᠠᠷᠠᠳ ᠤᠨ ᠭᠠᠯ ᠪᠠ ᠴᠠᠬᠢᠯᠭᠠᠨ | ᠬᠡᠷᠡᠭᠯᠡᠬᠦ ᠶᠢ ᠪᠠᠶᠢᠴᠠᠭᠠᠬᠤ ᠪᠠ ᠭᠠᠯ ᠤᠨᠲᠠᠷᠠᠭᠠᠬᠤ ᠤᠬᠠᠭᠤᠯᠤᠯ ᠬᠥᠮᠦᠵᠢᠯ ᠬᠢᠬᠦ ᠶᠢ ᠴᠢᠩᠭᠠᠳᠬᠠᠨ᠎ᠠ᠃ ᠰᠠᠯᠬᠢ | ᠶᠡᠬᠡᠲᠡᠢ ᠡᠳᠦᠷ ᠭᠠᠯ ᠴᠠᠭᠠᠵᠠᠯᠠᠬᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠴᠠᠬᠢᠯᠭᠠᠨ ᠤᠲᠠᠰᠤ | ᠱᠤᠭᠤᠮ ᠢ ᠴᠠᠭ ᠲᠣᠬᠠᠢ ᠳᠤᠨᠢ ᠪᠠᠶᠢᠴᠠᠭᠠᠨ ᠵᠠᠰᠠᠬᠤ᠂ ᠬᠤᠯᠠᠩ ᠢ ᠰᠡᠯᠪᠢᠨ ᠬᠠᠮᠠᠭᠠᠯᠠᠬᠤ᠂ ᠡᠪᠡᠰᠦ ᠲᠦᠯᠡᠭᠡ | ᠣᠪᠣᠭᠠᠯᠠᠬᠤ ᠶᠢ ᠵᠢᠷᠤᠮᠵᠢᠭᠤᠯᠵᠤ᠂ ︽ᠠᠶᠢᠯ ᠲᠤᠰᠬᠤᠨ ᠵᠠᠯᠭᠠᠯᠳᠤᠨ ᠭᠠᠯᠳᠠᠭᠳᠠᠬᠤ︾ ᠡ᠊ᠨᠳᠡᠯ ᠭᠠᠷᠬᠤ ᠠᠴᠠ | ᠴᠢᠩᠭ᠎ᠠ ᠰᠡᠷᠭᠡᠶᠢᠯᠡᠨ᠎ᠡ᠃ ᠰᠢᠭᠤᠶᠢᠢᠳᠤ ᠣᠷᠣᠨ ᠳᠤ ︽ᠵᠠᠰᠠᠭ ᠤᠨ ᠣᠷᠳᠣᠨ ᠨᠢᠭᠡᠳᠦᠯᠲᠡᠶ ᠤᠳᠤᠷᠢᠳᠬᠤ᠂ ᠤᠢ | ᠰᠢᠭᠤᠶ ᠶᠢᠨ ᠭᠠᠴᠠᠭ᠎ᠠ ᠲᠣᠰᠬᠤᠨ ︵ᠰᠠᠭᠤᠭᠠᠯᠢ ᠠᠷᠠᠳ ᠤᠨ ᠵᠥᠪᠯᠡᠯ︶ ᠵᠣᠬᠢᠶᠠᠨ ᠪᠠᠶᠢᠭᠤᠯᠵᠤ ᠬᠠᠮᠢᠶᠠᠷᠬᠤ᠂ ᠤᠢ | ᠰᠢᠭᠤᠶ ᠶᠢᠨ ᠰᠠᠭᠤᠭᠠᠯᠢ ᠠᠷᠠᠳ ᠬᠠᠮᠲᠤᠷᠠᠨ ᠰᠡᠷᠭᠡᠶᠢᠯᠡᠬᠦ︾ ᠵᠠᠷᠴᠢᠮ ᠶᠣᠰᠣᠭᠠᠷ᠂ ︽ᠳᠣᠯᠣᠭᠠᠨ ᠡᠷᠦᠬᠡ | ᠬᠠᠮᠲᠤᠷᠠᠨ ᠰᠡᠷᠭᠡᠶᠢᠯᠡᠬᠦ︾᠂ ︽ᠠᠷᠪᠠᠨ ᠡᠷᠤᠭᠡ ᠶᠢᠨ ᠬᠠᠮᠲᠤᠷᠠᠨ ᠪᠠᠲᠤᠯᠠᠬᠤ︾ ᠪᠠ ᠠᠮᠤᠷ ᠢ ᠬᠠᠮᠠᠭᠠᠯᠠᠵᠤ ᠭᠠᠯ | ᠤᠨᠲᠠᠷᠠᠭᠠᠬᠤ ᠬᠤᠯᠪᠣᠭᠠᠯᠠᠨ ᠰᠡᠷᠭᠡᠶᠢᠯᠡᠵᠤ ᠴᠠᠭᠳᠠᠨ ᠪᠠᠶᠢᠴᠠᠭᠠᠬᠤ ᠵᠡᠷᠭᠡ ᠪᠦᠲᠦᠮᠵᠢᠲᠡᠶ ᠠᠷᠭ᠎ᠠ ᠪᠠᠷᠢᠯ ᠢ | ᠥᠷᠭᠦᠯᠵᠢᠯᠡᠨ ᠬᠡᠷᠡᠭᠵᠢᠭᠦᠯᠵᠦ᠂ ᠤᠢ ᠰᠢᠭᠤᠶ ᠶᠢᠨ ᠬᠤᠲᠠ ᠪᠠᠯᠭᠠᠰᠤ ᠳᠤ ᠭᠦᠨᠵᠡᠭᠡᠶᠢᠷᠡᠨ ᠰᠠᠭᠤᠭᠠᠯᠢ ᠠᠷᠠᠳ ᠤᠨ | ᠭᠠᠯ ᠪᠠ ᠴᠠᠬᠢᠯᠭᠠᠨ ᠬᠡᠷᠡᠭᠯᠡᠬᠦ ᠶᠢ ᠪᠠᠶᠢᠴᠠᠭᠠᠵᠤ᠂ ᠦᠵᠢᠷᠡᠵᠦ ᠮᠠᠭᠤᠳᠠᠬᠰᠠᠨ ᠴᠠᠬᠢᠯᠭᠠᠨ ᠤᠲᠠᠰᠤ ᠶᠢ ᠰᠢᠮᠳᠠᠭᠤᠯᠤᠨ | ᠰᠣᠯᠢᠭᠤᠯᠵᠤ᠂ ᠴᠠᠬᠢᠯᠭᠠᠨ ᠤᠲᠠᠰᠤ ᠶᠢ ᠬᠤᠪᠢ ᠪᠠᠷ ᠢᠶᠠᠨ ᠳᠤᠷ᠎ᠠ ᠪᠠᠷ ᠲᠠᠲᠠᠵᠤ ᠵᠠᠯᠭᠠᠬᠤ ᠪᠠ ᠲᠣᠭᠲᠠᠭᠠᠯ ᠳᠤ | ᠦᠯᠦ ᠨᠡᠶᠢᠴᠡᠬᠦᠯᠤᠡ ᠴᠠᠬᠢᠯᠭᠠᠨ ᠬᠡᠷᠡᠭᠯᠡᠭᠰᠡᠳ ᠢ ᠡᠷᠡᠰ ᠴᠡᠭᠴᠡᠯᠡᠨ ᠰᠠᠶᠢᠵᠢᠷᠠᠭᠤᠯᠵᠤ᠂ ᠬᠠᠭᠠᠯᠤᠭᠰᠠᠨ ᠲᠦᠯᠡᠭᠡ | ᠮᠤᠳᠤ ᠪᠠ ᠣᠪᠣᠭ᠎ᠠ ᠲᠠᠢ ᠡᠪᠡᠰᠦ ᠲᠦᠯᠡᠭᠡ ᠶᠢ ᠡᠷᠴᠢᠮᠲᠡᠢ ᠴᠡᠪᠡᠷᠯᠡᠨ ᠴᠡᠭᠴᠡᠯᠡᠵᠦ᠂ ᠭᠠᠯ ᠤᠨᠲᠠᠷᠠᠭᠠᠬᠤ ᠲᠡᠷᠭᠡ | ᠨᠡᠪᠲᠡᠷᠡᠬᠦ ᠵᠠᠮ ᠢ ᠰᠢᠯᠤᠭᠤᠳᠬᠠᠨ᠂ ᠰᠢᠭᠤᠶᠢᠲᠤ ᠣᠷᠣᠨ ᠤ ᠭᠠᠯ ᠤᠨ ᠭᠠᠮᠰᠢᠭ ᠤᠨ ᠡ᠊ᠨᠳᠡᠯ ᠭᠠᠷᠬᠤ ᠶᠢ ᠴᠢᠩᠭ᠎ᠠ | ᠰᠡᠷᠭᠡᠶᠢᠯᠡᠨ᠎ᠡ᠃ | 7. ᠭᠠᠯ ᠤᠨ ᠭᠠᠮᠰᠢᠭ ᠤᠨ ᠭᠡᠮ ᠰᠣᠭᠤᠭ ᠢ ᠲᠤᠰᠬᠠᠶᠢᠯᠠᠨ ᠴᠡᠭᠴᠡᠯᠡᠵᠦ ᠵᠠᠰᠠᠬᠤ ᠠᠵᠢᠯᠯᠠᠭ᠎ᠠ ᠶᠢ ᠵᠣᠬᠢᠶᠠᠨ | ᠪᠠᠶᠢᠭᠤᠯᠤᠨ ᠦᠷᠨᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ᠂ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ︽ᠪᠦᠬᠦ ᠣᠷᠣᠨ ᠤ | ᠠᠮᠤᠷ ᠲᠦᠪᠰᠢᠨ ᠤ ᠶᠡᠭᠡ ᠪᠠᠶᠢᠴᠠᠭᠠᠯᠲᠠ ᠶᠢ ᠥᠷᠨᠢᠭᠦᠯᠬᠦ ᠲᠤᠬᠠᠶ ᠮᠡᠳᠡᠭᠳᠡᠯ︾ ︵ᠥᠪᠥᠷ ᠨᠠᠮ ᠠᠯᠪᠠᠨ | ᠲᠠᠷᠬᠠᠭᠠᠭᠰᠠᠨ ᠴᠠᠬᠢᠯᠭᠠᠨ ﹇2016﹈ 19 ᠳ᠋ᠤᠭᠡᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠡᠯ᠎ᠡ ᠭᠠᠵᠠᠷ | ᠣᠷᠣᠨ ᠨᠤᠭᠤᠳ 2016 ᠣᠨ ᠤ 11 ᠳ᠋ᠤᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ᠂ ᠬᠥᠮᠥᠨ ᠲᠥᠪᠯᠡᠷᠡᠵᠦ | ᠴᠤᠭᠯᠠᠷᠠᠭᠰᠠᠨ ᠲᠠᠯᠠᠪᠤᠷ ᠭᠠᠵᠠᠷ᠂ ᠠᠮᠠᠷᠬᠠᠨ ᠨᠣᠴᠣᠵᠤ ᠠᠮᠠᠷᠬᠠᠨ ᠳᠡᠯᠪᠡᠷᠡᠬᠦ ᠲᠠᠯᠠᠪᠤᠷ ᠭᠠᠵᠠᠷ ᠵᠡᠷᠭᠡ | ᠭᠤᠣᠯᠳᠠᠯᠭ᠎ᠠ ᠲᠠᠢ ᠲᠠᠯᠠᠪᠤᠷ ᠭᠠᠵᠠᠷ ᠪᠣᠯᠤᠨ ᠨᠢᠭᠡᠴᠡ ᠳᠤ ᠴᠢᠭᠯᠡᠭᠦᠯᠦᠨ ᠭᠠᠯ ᠰᠡᠷᠭᠡᠶᠢᠯᠡᠵᠤ ᠤᠨᠲᠠᠷᠠᠭᠠᠬᠤ ᠶᠢᠨ | ᠠᠮᠤᠷ ᠲᠥᠪᠰᠢᠨ ᠤ ᠶᠡᠭᠡ ᠪᠠᠶᠢᠴᠠᠭᠠᠯᠲᠠ ᠬᠢᠵᠦ᠂ ᠭᠠᠯ ᠤᠨ ᠭᠠᠮᠰᠢᠭ ᠤᠨ ᠭᠡᠮ ᠰᠣᠭᠤᠭ ᠢ ᠪᠠᠶᠢᠴᠠᠭᠠᠨ | ᠰᠢᠢᠳᠪᠦᠷᠢᠯᠡᠵᠦ ᠴᠡᠭᠴᠡᠯᠡᠨ ᠵᠠᠰᠠᠬᠤ ᠡᠷᠴᠢᠮ ᠢᠶᠠᠨ ᠦᠨᠡᠨᠬᠦ ᠴᠢᠩᠭᠠᠷᠠᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ | ᠪᠤᠳᠠᠲᠠᠢ ᠲᠠᠢ ᠪᠠᠨ ᠤᠶᠠᠯᠳᠤᠭᠤᠯᠤᠨ᠂ ᠡᠨᠡ ᠡᠪᠦᠯ ᠢᠷᠡᠬᠦ ᠬᠠᠪᠤᠷ ᠪᠦᠬᠦ ᠣᠷᠣᠨ ᠳᠤ ᠨᠡᠭᠦᠷᠡᠰᠦ ᠬᠢᠮᠢ ᠶᠢᠨ ᠠᠵᠤ | ᠦᠢᠯᠡᠳᠪᠦᠷᠢ ᠶᠢᠨ ᠠᠵᠤ ᠠᠬᠤᠶᠢᠯᠠᠯ ᠪᠣᠯᠣᠨ ᠬᠦᠢᠳᠡᠨ ᠬᠥᠮᠥᠷᠭᠡ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠢ ᠡᠳ᠋ᠰᠢᠭᠦᠯᠦᠨ ᠪᠣᠯᠪᠠᠰᠤᠷᠠᠭᠤᠯᠬᠤ ᠲᠠᠯᠠᠪᠤᠷ ᠭᠠᠵᠠᠷ ᠤᠨ ᠭᠠᠯ ᠤᠨ ᠭᠠᠮᠰᠢᠭ ᠤᠨ ᠭᠡᠮ ᠰᠣᠭᠤᠭ ᠢ | ᠲᠤᠰᠬᠠᠶᠢᠯᠠᠨ ᠴᠡᠭᠴᠡᠯᠡᠨ ᠵᠠᠰᠠᠬᠤ ᠠᠵᠢᠯᠯᠠᠭ᠎ᠠ ᠶᠢ ᠭᠤᠣᠯᠳᠠᠯᠭ᠎ᠠ ᠲᠠᠢ ᠦᠷᠨᠢᠭᠦᠯᠦᠨ᠎ᠡ᠃ | ︵1︶ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠠᠬᠤᠶᠢᠯᠠᠯ᠃ ᠮᠠᠨ ᠤ ᠣᠷᠣᠨ ᠤ ᠣᠳᠣᠬᠢ | ᠶᠡᠬᠡᠩᠬᠢ ᠬᠡᠰᠡᠭ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠠᠬᠤᠶᠢᠯᠠᠯ ᠨᠢᠭᠡᠨᠲᠡ ᠤᠳᠠᠭᠠᠨ ᠵᠢᠯ ᠢᠶᠠᠷ | ᠠᠵᠢᠯᠯᠠᠭᠠᠳ ᠣᠯᠠᠩᠬᠢ ᠪᠡᠯᠡᠳᠬᠡᠮᠵᠢ ᠲᠥᠬᠦᠭᠡᠷᠦᠮᠵᠢ᠂ ᠳᠠᠷᠤᠯᠲᠠᠲᠤ ᠰᠠᠪᠠ ᠨᠢ ᠨᠢᠭᠡᠨᠲᠡ ᠴᠢᠯᠡᠭᠡᠨ ᠤ | ᠬᠤᠭᠤᠴᠠᠭᠠᠨ ᠳᠤ ᠣᠷᠣᠵᠤ᠂ ︽ᠭᠤᠭᠤᠵᠢᠵᠤ ᠭᠡᠭᠡᠭᠳᠡᠬᠦ︾ ᠪᠠᠶᠢᠳᠠᠯ ᠠᠮᠠᠷᠬᠠᠨ ᠭᠠᠷᠬᠤ ᠪᠤᠳᠠᠲᠠᠢ ᠳᠤ | ᠴᠢᠭᠯᠡᠭᠦᠯᠦᠨ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠠᠬᠤᠶᠢᠯᠠᠯ ᠢ ᠲᠤᠰᠬᠠᠶᠢᠯᠠᠨ ᠴᠡᠭᠴᠡᠯᠡᠨ | ᠵᠠᠰᠠᠯᠲᠠ ᠶᠢ ᠵᠤᠬᠢᠶᠠᠨ ᠪᠠᠶᠢᠭᠤᠯᠤᠨ ᠦᠷᠨᠢᠭᠦᠯᠵᠦ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ | ᠠᠬᠤᠶᠢᠯᠠᠯ ᠤᠨ ᠰᠠᠭᠤᠷᠢ ᠲᠤᠭ᠎ᠠ ᠪᠣᠯᠣᠨ ᠭᠠᠯ ᠰᠡᠷᠭᠡᠶᠢᠯᠡᠵᠤ ᠤᠨᠲᠠᠷᠠᠭᠠᠬᠤ ᠶᠢᠨ ᠠᠮᠤᠷ ᠲᠦᠪᠰᠢᠨ ᠤ ᠠᠵᠢᠯ ᠤᠨ | ᠪᠠᠶᠢᠳᠠᠯ ᠢ ᠰᠠᠶᠢᠲᠤᠷ ᠣᠶᠢᠯᠠᠭᠠᠨ᠎ᠠ᠃ ᠭᠠᠯ ᠤᠨᠲᠠᠷᠠᠭᠠᠬᠤ ᠶᠢᠨ ᠵᠢᠷᠤᠭ ᠲᠥᠯᠥᠪᠯᠡᠭᠡ ᠶᠢ ᠬᠢᠨᠠᠨ ᠬᠠᠷᠭᠤᠭᠤᠯᠬᠤ ᠪᠠ | ᠰᠢᠯᠭᠠᠨ ᠠᠪᠤᠭᠰᠠᠨ ᠪᠠᠶᠢᠳᠠᠯ᠂ ᠭᠠᠯ ᠤᠨᠲᠠᠷᠠᠭᠠᠬᠤ ᠶᠢᠨ ᠠᠮᠤᠷ ᠲᠥᠪᠰᠢᠨ ᠤ ᠬᠠᠷᠢᠭᠤᠴᠠᠯᠭ᠎ᠠ ᠶᠢᠨ ᠲᠦᠷᠢᠮ ᠢ | ᠪᠠᠶᠢᠭᠤᠯᠤᠭᠰᠠᠨ ᠪᠠᠶᠢᠳᠠᠯ᠂ ᠭᠠᠯ ᠤᠨᠲᠠᠷᠠᠭᠠᠬᠤ ᠶᠢᠨ ᠪᠡᠯᠡᠳᠬᠡᠮᠵᠢ ᠶᠢᠨ ᠠᠵᠢᠯᠯᠠᠭᠠᠨ ᠪᠤᠯᠤᠨ ᠠᠷᠠᠴᠢᠯᠠᠨ | ᠬᠠᠮᠠᠭᠠᠯᠠᠭᠰᠠᠨ᠂ ᠭᠠᠯ ᠤᠨᠲᠠᠷᠠᠭᠠᠬᠤ ᠶᠢᠨ ᠡᠳᠦᠷ ᠲᠤᠳᠤᠮ ᠤᠨ ᠪᠠᠶᠢᠴᠠᠭᠠᠯᠲᠠ ᠴᠠᠭᠳᠠᠨ ᠪᠠᠶᠢᠴᠠᠭᠠᠯᠲᠠ᠂ ᠭᠠᠯ ᠢ | ᠰᠡᠷᠭᠡᠶᠢᠯᠡᠬᠦ ᠳᠡᠯᠪᠡᠷᠡᠯᠲᠡ ᠶᠢ ᠰᠡᠷᠭᠡᠶᠢᠯᠡᠬᠦ ᠠᠶᠤᠩᠭ᠎ᠠ ᠠᠴᠠ ᠰᠡᠷᠭᠡᠶᠢᠯᠡᠬᠦ ᠪᠠ ᠭᠤᠭᠤᠵᠢᠵᠤ ᠯᠠᠪᠠᠷᠡᠬᠦ ᠶᠢ ᠰᠡᠷᠭᠡᠶᠢᠯᠡᠬᠦ | ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠭᠰᠠᠨ ᠪᠠᠶᠢᠳᠠᠯ᠂ ᠭᠠᠯ ᠤᠨᠲᠠᠷᠠᠭᠠᠬᠤ ᠡᠮ ᠨᠠᠶᠢᠷᠠᠯᠭ᠎ᠠ ᠶᠢᠨ | ᠨᠥᠬᠡᠴᠡᠯᠡᠭᠰᠡᠨ ᠪᠠᠶᠢᠳᠠᠯ᠂ ᠭᠠᠯ ᠤᠨᠲᠠᠷᠠᠭᠠᠬᠤ ᠪᠠᠴᠢᠮ ᠪᠠᠶᠢᠳᠠᠯ ᠢ ᠠᠷᠭᠠᠴᠠᠬᠤ ᠲᠥᠰᠦᠯ ᠲᠣᠭᠲᠠᠭᠠᠬᠰᠠᠨ ᠪᠠᠶᠢᠳᠠᠯ᠂ | ᠰᠣᠷᠢᠯᠲᠠ ᠬᠢᠬᠦ ᠶᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠭᠰᠠᠨ ᠪᠠᠶᠢᠳᠠᠯ᠂ ᠲᠤᠰᠬᠠᠢ | ᠲᠤᠰᠢᠶᠠᠯᠲᠤ ᠭᠠᠯ ᠤᠨᠲᠠᠷᠠᠭᠠᠬᠤ ᠠᠩᠬᠢ ᠪᠠᠶᠢᠭᠤᠯᠤᠭᠰᠠᠨ ᠪᠠᠶᠢᠳᠠᠯ᠂ ᠠᠵᠢᠯᠳᠠᠨ ᠠᠵᠢᠯᠴᠢᠨ ᠤ ᠭᠠᠯ | ᠤᠨᠲᠠᠷᠠᠭᠠᠬᠤ ᠶᠢᠨ ᠠᠮᠤᠷ ᠲᠦᠪᠰᠢᠨ ᠤ ᠬᠥᠮᠦᠵᠢᠯ ᠪᠣᠯᠪᠠᠰᠤᠷᠠᠭᠤᠯᠤᠯ ᠦᠷᠨᠢᠭᠦᠯᠬᠦ ᠶᠢᠨ ᠬᠠᠮᠲᠤ ᠪᠦᠬᠦᠨ ᠢ ᠡᠬᠡ | ᠳᠠᠩᠰᠠ ᠪᠠᠶᠢᠭᠤᠯᠤᠨ ᠪᠦᠷᠢᠨᠰᠢᠭᠦᠯᠦᠭᠰᠡᠨ ᠪᠠᠶᠢᠳᠠᠯ ᠵᠡᠷᠭᠡ ᠶᠢ ᠭᠤᠣᠯᠳᠠᠯᠭ᠎ᠠ ᠲᠠᠢ ᠪᠠᠶᠢᠴᠠᠭᠠᠨ᠎ᠠ᠃ ᠡᠭᠦᠨ ᠤ ᠬᠠᠮᠲᠤ | ᠢᠯᠴᠢ ᠶᠢᠨ ᠴᠠᠬᠢᠯᠭᠠᠨ ᠤ ᠠᠵᠤ ᠠᠬᠤᠶᠢᠯᠠᠯ ᠳᠤ ᠭᠠᠯ ᠤᠨᠲᠠᠷᠠᠭᠠᠬᠤ ᠲᠤᠰᠬᠠᠶ ᠪᠠᠶᠢᠴᠠᠭᠠᠯᠲᠠ ᠬᠢᠨ᠎ᠡ᠃ | ︵2︶ ᠬᠦᠢᠲᠡᠨ ᠬᠥᠮᠥᠷᠭᠡ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠦᠨ | ᠪᠣᠯᠪᠠᠰᠤᠷᠠᠭᠤᠯᠬᠤ ᠲᠠᠯᠠᠪᠤᠷ ᠭᠠᠵᠠᠷ᠃ ᠮᠠᠨ ᠤ ᠣᠷᠣᠨ ᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠢ ᠦᠢᠯᠡᠳᠪᠦᠷᠢᠯᠡᠵᠦ ᠡᠳ᠋ᠰᠢᠬᠦᠯᠦᠨ ᠪᠣᠯᠪᠠᠰᠤᠷᠠᠭᠤᠯᠬᠤ ᠲᠠᠯᠠᠪᠤᠷ ᠭᠠᠵᠠᠷ ᠨᠡᠯᠢᠶᠡᠳ ᠣᠯᠠᠨ ᠪᠠᠶᠢᠵᠤ᠂ | ᠡᠪᠦᠯ ᠤᠨ ᠤᠯᠠᠷᠢᠯ ᠨᠢ ᠪᠠᠰᠠ ᠭᠤᠣᠯ ᠦᠢᠯᠡᠳᠪᠦᠷᠢᠯᠡᠯ ᠤᠨ ᠤᠯᠠᠷᠢᠯ ᠪᠣᠯᠬᠤᠷ᠂ ᠬᠦᠢᠲᠡᠨ ᠬᠥᠮᠥᠷᠭᠡ ᠶᠢ ᠪᠠᠶᠢᠩᠭᠤ | ᠪᠦᠬᠡᠳ ᠶᠡᠭᠡ ᠬᠡᠮᠵᠢᠶ᠎ᠡ ᠪᠠᠷ ᠬᠡᠷᠡᠭᠯᠡᠬᠦ ᠪᠤᠯᠵᠦ᠂ ᠡᠪᠦᠯ ᠬᠠᠪᠤᠷ ᠤᠨ ᠭᠠᠯ ᠤᠨ ᠭᠠᠮᠰᠢᠭ ᠢ ᠰᠡᠷᠭᠡᠶᠢᠯᠡᠨ ᠡᠵᠡᠮᠳᠡᠬᠦ | ᠴᠢᠬᠤᠯᠠ ᠪᠦᠬᠦᠢ ᠭᠠᠵᠠᠷ ᠲᠠᠯᠠᠪᠤᠷ ᠪᠤᠯᠪᠠ᠃ ᠬᠦᠢᠲᠡᠨ ᠬᠥᠮᠥᠷᠭᠡ ᠨᠢ ᠲᠣᠭᠲᠠᠭᠠᠯ ᠠᠴᠠ ᠵᠥᠷᠢᠴᠡᠨ ᠨᠣᠴᠣᠮᠠᠲᠠᠭᠠᠶ | ᠰᠢᠲᠠᠮᠠᠬᠠᠶ ᠮᠠᠲ᠋ᠧᠷᠢᠶᠠᠯ ᠢᠶᠠᠷ ᠴᠠᠬᠢᠮ ᠪᠣᠯᠭᠠᠭᠰᠠᠨ ᠥᠩᠭᠡᠲᠦ ᠪᠤᠯᠤᠳ ᠬᠠᠪᠲᠠᠰᠤ ᠪᠠᠶᠢᠬᠤ ᠡᠰᠡᠬᠦ᠂ ᠠᠮᠢᠨᠳᠣ | ᠡᠰᠲ᠋ᠧᠷ ᠤᠨ ᠪᠦᠭᠡᠭᠡᠨᠡᠪᠦᠷᠢ ᠬᠥᠭᠡᠰᠦ ᠵᠡᠷᠭᠡ ᠨᠣᠴᠣᠮᠠᠲᠠᠭᠠᠶ ᠰᠢᠲᠠᠮᠠᠬᠠᠶ ᠮᠠᠲ᠋ᠧᠷᠢᠶᠠᠯ ᠢ ᠲᠣᠭᠲᠠᠭᠠᠯ ᠠᠴᠠ ᠵᠥᠷᠢᠴᠡᠨ | ᠭᠡᠷ ᠪᠠᠶᠢᠰᠢᠩ ᠵᠠᠰᠠᠵᠤ ᠴᠢᠮᠡᠭᠯᠡᠬᠦ ᠳᠤ ᠬᠡᠷᠡᠭᠯᠡᠭᠰᠡᠨ ᠪᠤᠶᠤ ᠬᠠᠯᠠᠭᠤᠨ ᠢ ᠬᠥᠨᠳᠡᠶᠢᠷᠡᠭᠦᠯᠵᠦ ᠢᠯᠴᠢ ᠬᠠᠳᠠᠭᠠᠯᠠᠬᠤ | ᠳᠠᠪᠬᠤᠷᠭ᠎ᠠ ᠪᠣᠯᠭᠠᠭᠰᠠᠨ ᠦᠵᠡᠭᠳᠡᠯ ᠪᠠᠶᠢᠬᠤ ᠡᠰᠡᠬᠦ ᠶᠢ ᠭᠤᠣᠯᠳᠠᠯᠭ᠎ᠠ ᠲᠠᠢ ᠪᠠᠶᠢᠴᠠᠭᠠᠨ᠎ᠠ᠃ ᠰᠢᠩᠭᠡᠨ ᠰᠢᠪᠲᠦᠷ ᠢ | ᠬᠡᠷᠡᠭᠯᠡᠨ ᠬᠥᠷᠥᠭᠡᠭᠦᠷ ᠪᠣᠯᠭᠠᠭᠰᠠᠨ ᠠᠵᠤ ᠠᠬᠤᠶᠢᠯᠠᠯ ᠳᠤ᠂ ᠰᠢᠪᠲᠦᠷ ᠤᠨ ᠲᠥᠬᠦᠭᠡᠷᠦᠮᠵᠢ ᠵᠢᠴᠢ ᠲᠡᠭᠦᠨ ᠢ | ᠬᠠᠳᠠᠭᠠᠯᠠᠬᠤ ᠲᠠᠯᠠᠪᠤᠷ ᠭᠠᠵᠠᠷ ᠤᠨ ᠭᠠᠯ ᠢ ᠰᠡᠷᠭᠡᠶᠢᠯᠡᠬᠦ ᠪᠠ ᠳᠡᠯᠪᠡᠷᠡᠯᠲᠡ ᠠᠴᠠ ᠰᠡᠷᠭᠡᠶᠢᠯᠡᠬᠦ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠤᠭᠰᠠᠨ ᠪᠠᠶᠢᠳᠠᠯ᠂ ᠴᠠᠬᠢᠯᠭᠠᠨ ᠲᠥᠬᠦᠭᠡᠷᠦᠮᠵᠢ᠂ ᠴᠠᠬᠢᠯᠭᠠᠨ ᠤᠲᠠᠰᠤ ᠶᠢᠨ ᠠᠮᠤᠷ ᠲᠥᠪᠰᠢᠨ ᠢ | ᠪᠠᠶᠢᠴᠠᠭᠠᠨ ᠰᠢᠨᠵᠢᠭᠰᠡᠨ ᠪᠠᠶᠢᠳᠠᠯ ᠵᠢᠴᠢ ᠭᠠᠯ ᠤᠨᠲᠠᠷᠠᠭᠠᠬᠤ ᠶᠢᠨ ᠪᠡᠯᠡᠳᠬᠡᠮᠵᠢ ᠶᠢᠨ ᠠᠵᠢᠯᠯᠠᠭᠠᠨ ᠵᠡᠷᠭᠡ ᠪᠠᠶᠢᠳᠠᠯ ᠢ | ᠭᠤᠣᠯᠳᠠᠯᠭ᠎ᠠ ᠲᠠᠢ ᠪᠠᠶᠢᠴᠠᠭᠠᠨ᠎ᠠ᠃ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠦᠢᠯᠡᠳᠪᠦᠷᠢᠯᠡᠵᠦ | ᠡᠳ᠋ᠰᠢᠭᠦᠯᠦᠨ ᠪᠣᠯᠪᠠᠰᠤᠷᠠᠭᠤᠯᠬᠤ ᠲᠠᠯᠠᠪᠤᠷ ᠭᠠᠵᠠᠷ ᠨᠢ ᠭᠠᠯ ᠤᠨᠲᠠᠷᠠᠭᠠᠬᠤ ᠶᠢᠨ ᠠᠮᠤᠷ ᠲᠥᠪᠰᠢᠨ ᠤ | ᠬᠠᠷᠢᠭᠤᠴᠠᠯᠭ᠎ᠠ ᠶᠢᠨ ᠲᠦᠷᠢᠮ ᠢ ᠪᠠᠶᠢᠭᠤᠯᠵᠤ᠂ ᠡᠳᠦᠷ ᠲᠤᠲᠤᠮ ᠤᠨ ᠭᠠᠯ ᠤᠨᠲᠠᠷᠠᠭᠠᠬᠤ ᠶᠢᠨ ᠪᠠᠶᠢᠴᠠᠭᠠᠯᠲᠠ | ᠴᠠᠭᠳᠠᠨ ᠪᠠᠶᠢᠴᠠᠭᠠᠯᠲᠠ᠂ ᠭᠠᠯ ᠤᠨᠲᠠᠷᠠᠭᠠᠬᠤ ᠪᠠᠴᠢᠮ ᠪᠠᠶᠢᠳᠠᠯ ᠢ ᠠᠷᠭᠠᠴᠠᠬᠤ ᠲᠥᠰᠦᠯ ᠲᠣᠭᠲᠠᠭᠠᠬᠤ ᠪᠠ | ᠰᠣᠷᠢᠯᠲᠠ ᠬᠢᠬᠦ᠂ ᠠᠵᠢᠯᠳᠠᠨ ᠠᠵᠢᠯᠴᠢᠨ ᠤ ᠭᠠᠯ ᠤᠨᠲᠠᠷᠠᠭᠠᠬᠤ ᠶᠢᠨ ᠠᠮᠤᠷ ᠲᠦᠪᠰᠢᠨ ᠤ ᠬᠥᠮᠦᠵᠢᠯ | ᠪᠣᠯᠪᠠᠰᠤᠷᠠᠭᠤᠯᠤᠯ ᠵᠡᠷᠭᠡ ᠳᠦᠷᠢᠮ ᠢ ᠨᠠᠶᠢᠳᠠᠪᠤᠷᠢᠵᠢᠭᠤᠯᠤᠨ᠎ᠠ᠃ | ︵ᠬᠤᠶᠠᠷ︶ ᠭᠠᠯ ᠤᠨᠲᠠᠷᠠᠭᠠᠬᠤ ᠶᠢᠨ ᠠᠮᠤᠷ ᠲᠦᠪᠰᠢᠨ ᠤ ᠦᠨᠳᠦᠰᠦᠨ ᠱᠠᠲᠤᠨ ᠤ ᠰᠠᠭᠤᠷᠢ ᠶᠢ | ᠪᠠᠬᠢᠵᠢᠭᠦᠯᠦᠨ᠎ᠡ᠃ | 1. ᠭᠠᠯ ᠤᠨᠲᠠᠷᠠᠭᠠᠬᠤ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ ᠵᠠᠰᠠᠪᠤᠷᠢ ᠣᠷᠣᠭᠤᠯᠬᠤ ᠶᠢ | ᠲᠥᠷᠭᠡᠳᠬᠡᠨ᠎ᠡ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽13 · 5︾ ᠶᠢᠨ | ᠲᠥᠯᠥᠪᠵᠢᠭᠦᠯᠭᠡ ᠶᠢᠨ ᠭᠠᠯ ᠤᠨᠲᠠᠷᠠᠭᠠᠬᠤ ᠠᠵᠢᠯ ᠦᠢᠯᠡᠰ ᠤᠨ ᠬᠦᠭᠵᠢᠭᠦᠯᠦᠯᠲᠡ ᠶᠢᠨ ᠲᠥᠯᠥᠪᠵᠢᠭᠦᠯᠭᠡ︾ ᠶᠢ | ᠨᠠᠶᠢᠷᠠᠭᠤᠯᠤᠨ ᠵᠣᠬᠢᠶᠠᠵᠤ ᠨᠡᠶᠢᠲᠡᠯᠡᠨ᠂ ᠡᠯ᠎ᠡ ᠭᠠᠵᠠᠷ ᠣᠷᠣᠨ ᠤ ᠬᠢᠨ ᠬᠤᠳᠠ ᠬᠥᠳᠡᠭᠡ ᠶᠢᠨ ᠭᠠᠯ | ᠤᠨᠲᠠᠷᠠᠭᠠᠬᠤ ᠶᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠪᠠ ᠵᠠᠰᠠᠪᠤᠷᠢ | ᠣᠷᠣᠭᠤᠯᠤᠨ᠎ᠠ᠃ 2016 ᠣᠨ ᠤ ᠰᠡᠭᠦᠯᠴᠢ ᠠᠴᠠ ᠡᠮᠦᠨ᠎ᠡ᠂ ᠬᠤᠲᠠ᠂ ᠰᠢᠶᠠᠨ ᠤ ᠬᠡᠪᠴᠢᠶ᠎ᠡ᠂ ᠪᠦᠬᠦ | ᠤᠯᠤᠰ ᠤᠨ ᠭᠤᠣᠯᠳᠠᠯᠭ᠎ᠠ ᠲᠠᠢ ᠪᠠᠯᠭᠠᠰᠤ ᠵᠢᠴᠢ 60% ᠶᠢᠨ ᠪᠤᠰᠤᠳ ᠪᠠᠶᠢᠭᠤᠯᠤᠮᠵᠢᠲᠤ ᠪᠠᠯᠭᠠᠰᠤ ᠨᠤᠭᠤᠳ | ᠬᠤᠳᠠ ᠬᠥᠳᠡᠭᠡ ᠶᠢᠨ ᠭᠠᠯ ᠤᠨᠲᠠᠷᠠᠭᠠᠬᠤ ᠶᠢᠨ ᠲᠥᠯᠥᠪᠵᠢᠭᠦᠯᠭᠡ ︵ᠭᠠᠯ ᠤᠨᠲᠠᠷᠠᠭᠠᠬᠤ ᠶᠢᠨ ᠲᠤᠰᠬᠠᠶ | ᠬᠠᠭᠤᠳᠠᠰᠤ︶ ᠶᠢ ᠲᠣᠭᠲᠠᠭᠠᠨ᠎ᠠ ︵ᠵᠠᠰᠠᠪᠤᠷᠢ ᠣᠷᠣᠭᠤᠯᠤᠨ᠎ᠠ︶᠃ | 2. ᠣᠯᠠᠨ ᠨᠡᠶᠢᠲᠡ ᠶᠢᠨ ᠭᠠᠯ ᠤᠨᠲᠠᠷᠠᠭᠠᠬᠤ ᠶᠢᠨ ᠪᠡᠯᠡᠳᠬᠡᠮᠵᠢ ᠶᠢᠨ ᠪᠥᠳᠥᠭᠡᠨ ᠪᠠᠶᠢᠭᠤᠯᠤᠯᠲᠠ ᠶᠢ | ᠴᠢᠩᠭᠠᠳᠬᠠᠨ᠎ᠠ᠃ 2016 ᠣᠨ ᠤ ᠰᠡᠭᠦᠯᠴᠢ ᠠᠴᠠ ᠡᠮᠦᠨ᠎ᠡ᠂ ᠡᠯ᠎ᠡ ᠭᠠᠵᠠᠷ ᠣᠷᠣᠨ ᠨᠤᠭᠤᠳ ᠵᠢᠯ ᠤᠨ ᠡᠬᠢᠨ ᠤ | ᠭᠠᠯ ᠤᠨᠲᠠᠷᠠᠭᠠᠬᠤ ᠠᠵᠢᠯ ᠤᠨ ᠬᠠᠷᠢᠭᠤᠴᠠᠯᠭ᠎ᠠ ᠶᠢᠨ ᠪᠢᠴᠢᠭ ᠲᠤ ᠭᠠᠷ ᠤᠨ ᠦᠰᠦᠭ ᠵᠢᠷᠤᠭᠰᠠᠨ ᠭᠠᠯ ᠤᠨᠲᠠᠷᠠᠭᠠᠬᠤ | ᠤᠶᠢᠷᠳᠡᠭᠡ᠂ ᠰᠤᠷᠢᠯᠭ᠎ᠠ ᠪᠤᠯᠪᠠᠰᠤᠷᠠᠭᠤᠯᠤᠯ ᠤᠨ ᠰᠠᠭᠤᠷᠢᠨ ᠭᠠᠵᠠᠷ᠂ ᠬᠤᠳᠠ ᠶᠢᠨ ᠶᠠᠪᠤᠳᠠᠯ ᠤᠨ ᠭᠠᠯ ᠤᠨᠲᠠᠷᠠᠭᠠᠬᠤ | ᠲᠠᠲᠠᠭᠤᠷ ᠵᠡᠷᠭᠡ ᠪᠦᠳᠤᠭᠡᠨ ᠪᠠᠶᠢᠭᠤᠯᠤᠯᠲᠠ ᠶᠢᠨ ᠡᠭᠦᠷᠭᠡ ᠶᠢ ᠪᠡᠶᠡᠯᠡᠭᠦᠯᠵᠦ᠂ 30% ᠶᠢᠨ ᠰᠤᠮᠤ ᠰᠢᠶᠠᠩ | ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠪᠣᠯᠤᠨ ᠭᠠᠴᠠᠭ᠎ᠠ ᠲᠣᠰᠬᠤᠨ ︵ᠰᠠᠭᠤᠭᠠᠯᠢ | ᠠᠷᠠᠳ ᠤᠨ ᠵᠥᠪᠯᠡᠯ︶ ᠨᠢ ᠪᠢᠴᠢᠯ ᠬᠡᠯᠪᠡᠷᠢ ᠶᠢᠨ ᠭᠠᠯ ᠤᠨᠲᠠᠷᠠᠭᠠᠬᠤ ᠥᠷᠲᠡᠭᠡ ᠪᠠᠶᠢᠭᠤᠯᠵᠤ᠂ ᠤᠯᠠᠨ ᠨᠡᠶᠢᠲᠡ ᠶᠢᠨ | ᠭᠠᠯ ᠤᠨᠲᠠᠷᠠᠭᠠᠬᠤ ᠪᠡᠯᠡᠳᠬᠡᠮᠵᠢ ᠶᠢᠨ ᠪᠥᠳᠥᠭᠡᠨ ᠪᠠᠶᠢᠭᠤᠯᠤᠯᠲᠠ᠂ ᠰᠡᠯᠪᠢᠨ ᠬᠠᠮᠠᠭᠠᠯᠠᠬᠤ ᠪᠠ ᠬᠠᠮᠢᠶᠠᠷᠬᠤ | ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠬᠤᠳᠠ ᠶᠢᠨ ᠶᠠᠪᠤᠳᠠᠯ ᠤᠨ ᠭᠠᠯ ᠤᠨᠲᠠᠷᠠᠭᠠᠬᠤ | ᠲᠠᠲᠠᠭᠤᠷ ᠤᠨ ᠪᠦᠷᠢᠨ ᠪᠦᠲᠦᠨ ᠪᠠᠶᠢᠬᠤ ᠨᠤᠷᠮ᠎ᠠ ᠶᠢ 97 ᠳᠤ ᠬᠦᠷᠦᠭᠦᠯᠦᠨ᠎ᠡ᠃ | 3. ᠤᠯᠠᠨ ᠵᠦᠢᠯ ᠤᠨ ᠬᠡᠯᠪᠡᠷᠢ ᠶᠢᠨ ᠭᠠᠯ ᠤᠨᠲᠠᠷᠠᠭᠠᠬᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ | 2016 ᠣᠨ ᠤ ᠰᠡᠭᠦᠯᠴᠢ ᠠᠴᠠ ᠡᠮᠦᠨ᠎ᠡ᠂ ᠡᠯ᠎ᠡ ᠭᠠᠵᠠᠷ ᠣᠷᠣᠨ ᠨᠢ ᠵᠠᠰᠠᠭ ᠤᠨ ᠣᠷᠳᠣᠨ ᠤ ᠲᠤᠰᠬᠠᠢ | ᠲᠤᠰᠢᠶᠠᠯᠲᠤ ᠭᠠᠯ ᠤᠨᠲᠠᠷᠠᠭᠠᠬᠤ ᠠᠵᠢᠯᠲᠠᠨ᠂ ᠭᠠᠯ ᠤᠨᠲᠠᠷᠠᠭᠠᠬᠤ ᠪᠢᠴᠢᠭ ᠤᠨ ᠠᠵᠢᠯᠲᠠᠳ ᠤᠨ ᠣᠨ ᠤ | ᠬᠥᠭᠵᠢᠯᠲᠡ ᠶᠢᠨ ᠡᠭᠦᠷᠭᠡ ᠶᠢ ᠪᠡᠶᠡᠯᠡᠭᠦᠯᠦᠨ᠎ᠡ︔ ᠵᠠᠰᠠᠭ ᠤᠨ ᠣᠷᠳᠣᠨ ᠤ ᠲᠤᠰᠬᠠᠢ ᠲᠤᠰᠢᠶᠠᠯᠲᠤ ᠭᠠᠯ | ᠤᠨᠲᠠᠷᠠᠭᠠᠬᠤ ᠠᠵᠢᠯᠲᠠᠨ ᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ ᠬᠢᠨᠠᠨ ᠲᠣᠭᠲᠠᠭᠠᠬᠤ ᠣᠨ ᠤ ᠡᠭᠦᠷᠭᠡ ᠶᠢ | ᠪᠡᠶᠡᠯᠡᠭᠦᠯᠵᠦ᠂ ᠳᠣᠲᠣᠭᠠᠳᠤ ᠶᠢ ᠬᠠᠮᠠᠭᠠᠯᠠᠬᠤ ᠶᠢᠨ ᠭᠠᠯ ᠤᠨᠲᠠᠷᠠᠭᠠᠬᠤ ᠰᠠᠯᠠᠭ᠎ᠠ ᠮᠦᠴᠢᠷ ᠤᠨ ᠬᠠᠮᠢᠶᠠᠷᠴᠤ ᠪᠠᠶᠢᠭ᠎ᠠ | ᠵᠠᠰᠠᠭ ᠤᠨ ᠣᠷᠳᠣᠨ ᠤ ᠲᠤᠰᠬᠠᠢ ᠲᠤᠰᠢᠶᠠᠯᠲᠤ ᠭᠠᠯ ᠤᠨᠲᠠᠷᠠᠭᠠᠬᠤ ᠠᠵᠢᠯᠲᠠᠨ ᠤ ᠦᠨᠡᠮᠯᠡᠯ ᠠᠪᠴᠤ ᠠᠵᠢᠯ ᠤᠨ | ᠪᠠᠶᠢᠷᠢ ᠳᠤ ᠭᠠᠷᠬᠤ ᠨᠣᠷᠮ᠎ᠠ ᠶᠢ ᠵᠢᠯ ᠳᠠᠷᠠᠭᠠᠯᠠᠨ 20% ᠠᠴᠠ ᠳᠣᠣᠷ᠎ᠠ ᠦᠯᠦ ᠪᠠᠶᠢᠯᠭᠠᠨ᠎ᠠ᠃ ᠨᠡᠶᠢᠭᠡᠮ ᠤᠨ ᠭᠠᠯ | ᠤᠨᠲᠠᠷᠠᠭᠠᠬᠤ ᠠᠵᠢᠯ ᠬᠢᠵᠦ ᠪᠠᠶᠢᠭ᠎ᠠ ᠬᠥᠮᠦᠰ ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ ᠬᠢᠨᠠᠨ ᠲᠣᠭᠲᠠᠭᠠᠬᠤ | ᠠᠵᠢᠯ ᠢ ᠴᠢᠩᠭᠠᠳᠬᠠᠵᠤ᠂ 2016 ᠣᠨ ᠤ ᠰᠡᠭᠦᠯᠴᠢ ᠠᠴᠠ ᠡᠮᠦᠨ᠎ᠡ᠂ ᠭᠠᠯ ᠤᠨᠲᠠᠷᠠᠭᠠᠬᠤ ᠡᠵᠡᠮᠳᠡᠯ ᠤᠨ | ᠲᠠᠰᠤᠭ ᠤᠨ ᠠᠵᠢᠯᠯᠠᠭᠴᠢᠳ ᠦᠨᠡᠮᠯᠡᠯ ᠠᠪᠴᠤ ᠠᠵᠢᠯ ᠤᠨ ᠪᠠᠶᠢᠷᠢ ᠳᠤ ᠭᠠᠷᠬᠤ ᠨᠤᠷᠮ᠎ᠠ ᠶᠢ 85% ᠳᠤ | ᠬᠦᠷᠦᠭᠦᠯᠦᠨ᠎ᠡ᠃ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠶᠢᠨ ᠲᠤᠰᠬᠠᠶ | ᠲᠤᠰᠢᠶᠠᠯᠲᠤ᠂ ᠰᠠᠶᠢᠨ ᠳᠤᠷ᠎ᠠ ᠶᠢᠨ ᠭᠠᠯ ᠤᠨᠲᠠᠷᠠᠭᠠᠬᠤ ᠠᠩᠬᠢ ᠶᠢ ᠲᠥᠷᠭᠡᠳᠬᠡᠨ ᠬᠦᠭᠵᠢᠭᠦᠯᠵᠦ᠂ 2016 ᠣᠨ ᠤ | ᠰᠡᠭᠦᠯᠴᠢ ᠠᠴᠠ ᠡᠮᠦᠨ᠎ᠡ᠂ ᠪᠦᠬᠦ ᠤᠯᠤᠰ ᠤᠨ ᠭᠤᠣᠯᠳᠠᠯᠭ᠎ᠠ ᠲᠠᠢ ᠪᠠᠯᠭᠠᠰᠤ ᠪᠣᠯᠣᠨ 75% ᠶᠢᠨ ᠪᠠᠶᠢᠭᠤᠯᠵᠤ | ᠳᠠᠭᠤᠰᠤᠭᠰᠠᠨ ᠲᠣᠭᠤᠷᠢᠭ ᠤᠨ ᠲᠠᠯᠠᠪᠠᠢ ᠨᠢ 2 ᠲᠦᠮᠡᠨ ᠲᠡᠭᠰᠢ ᠳᠥᠷᠪᠡᠯᠵᠢᠨ ᠺᠢᠯᠣᠮᠧᠲᠷ ᠢ ᠳᠠᠪᠠᠭᠰᠠᠨ ᠪᠤᠶᠤ | ᠪᠠᠶᠢᠭᠤᠯᠵᠤ ᠳᠠᠭᠤᠰᠤᠭᠰᠠᠨ ᠲᠣᠭᠤᠷᠢᠭ ᠲᠤ ᠪᠠᠶᠢᠩᠭᠤ ᠰᠠᠭᠤᠭ᠎ᠠ ᠬᠥᠮᠦᠨ ᠠᠮᠠ ᠨᠢ 2 ᠲᠦᠮᠡᠨ ᠬᠥᠮᠦᠨ ᠢ | ᠳᠠᠪᠠᠭᠰᠠᠨ ᠪᠤᠰᠤᠳ ᠪᠠᠶᠢᠭᠤᠯᠤᠮᠵᠢᠲᠤ ᠪᠠᠯᠭᠠᠰᠤ ᠨᠤᠭᠤᠳ ᠲᠤᠰᠬᠠᠢ ᠲᠤᠰᠢᠶᠠᠯᠲᠤ ᠭᠠᠯ ᠤᠨᠲᠠᠷᠠᠭᠠᠬᠤ ᠠᠩᠬᠢ | ᠪᠠᠶᠢᠭᠤᠯᠵᠤ᠂ 80% ᠶᠢᠨ ᠪᠤᠰᠤᠳ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ | ᠪᠣᠯᠤᠨ ᠪᠠᠶᠢᠩᠭᠤ ᠰᠠᠭᠤᠭ᠎ᠠ ᠬᠥᠮᠦᠨ ᠠᠮᠠ ᠨᠢ ᠮᠢᠩᠭᠠᠨ ᠬᠥᠮᠥᠨ ᠢ ᠳᠠᠪᠠᠭᠰᠠᠨ ᠵᠠᠰᠠᠭ ᠵᠠᠬᠢᠷᠭᠠᠨ ᠤ ᠲᠣᠰᠬᠤᠨ᠂ | ᠠᠶᠢᠯ ᠲᠣᠰᠬᠤᠨ ᠳᠤ ᠰᠠᠶᠢᠨ ᠳᠤᠷ᠎ᠠ ᠶᠢᠨ ᠭᠠᠯ ᠤᠨᠲᠠᠷᠠᠭᠠᠬᠤ ᠠᠩᠬᠢ ᠶᠢ ᠪᠠᠶᠢᠭᠤᠯᠤᠨ᠎ᠠ᠃ ᠪᠦᠬᠦ ᠣᠷᠣᠨ ᠤ | ᠮᠠᠯᠵᠢᠬᠤ ᠲᠠᠷᠢᠶᠠᠯᠠᠬᠤ ᠣᠷᠣᠨ ᠤ ᠭᠠᠯ ᠤᠨᠲᠠᠷᠠᠭᠠᠬᠤ ᠦᠷᠲᠡᠭᠡ ᠬᠢᠬᠡᠳ ᠪᠢᠴᠢᠯ ᠬᠡᠯᠪᠡᠷᠢ ᠶᠢᠨ ᠭᠠᠯ ᠤᠨᠲᠠᠷᠠᠭᠠᠬᠤ | ᠥᠷᠳᠡᠭᠡ ᠶᠢ ᠪᠦᠲᠦᠭᠡᠨ ᠪᠠᠶᠢᠭᠤᠯᠬᠤ ᠠᠬᠤᠢ ᠲᠠᠯᠠᠪᠠᠢ ᠶᠢᠨ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ | ᠲᠤᠤᠱᠯᠠᠭᠤᠯᠤᠨ ᠨᠠᠶᠢᠳᠠᠪᠤᠷᠢᠵᠢᠭᠤᠯᠵᠤ᠂ 2016 ᠣᠨ ᠤ ᠰᠡᠭᠦᠯᠴᠢ ᠠᠴᠠ ᠡᠮᠦᠨ᠎ᠡ᠂ ᠪᠥᠬᠦ ᠣᠷᠣᠨ ᠤ ᠮᠠᠯᠵᠢᠬᠤ | ᠲᠠᠷᠢᠶᠠᠯᠠᠬᠤ ᠣᠷᠣᠨ ᠤ 188 ᠭᠠᠯ ᠤᠨᠲᠠᠷᠠᠭᠠᠬᠤ ᠥᠷᠳᠡᠭᠡ ᠶᠢᠨ ᠪᠥᠳᠥᠭᠡᠨ ᠪᠠᠶᠢᠭᠤᠯᠤᠯᠲᠠ ᠶᠢᠨ ᠡᠭᠦᠷᠭᠡ ᠶᠢ | ᠪᠡᠶᠡᠯᠡᠭᠦᠯᠬᠦ ᠶᠢᠨ ᠬᠠᠮᠲᠤ 150 ᠶᠢ ᠨᠢ ᠠᠰᠢᠭᠯᠠᠯᠲᠠ ᠳᠤ ᠣᠷᠣᠭᠤᠯᠤᠨ᠎ᠠ᠃ | 4. ᠭᠠᠯ ᠤᠨᠲᠠᠷᠠᠭᠠᠬᠤ ᠶᠢᠨ ᠠᠮᠤᠷ ᠲᠥᠪᠰᠢᠨ ᠤ ︽ᠲᠤᠤᠷᠴᠢᠯᠠᠭᠰᠠᠨ︾ ᠬᠠᠮᠢᠶᠠᠷᠤᠯᠲᠠ ᠶᠢ | ᠨᠠᠶᠢᠳᠠᠪᠤᠷᠢᠵᠢᠭᠤᠯᠤᠨ᠎ᠠ᠃ ᠭᠠᠯ ᠤᠨᠲᠠᠷᠠᠭᠠᠬᠤ ᠶᠢᠨ ᠠᠮᠤᠷ ᠲᠥᠪᠰᠢᠨ ᠤ ︽ᠲᠤᠤᠷᠴᠢᠯᠠᠭᠰᠠᠨ︾ | ᠬᠠᠮᠢᠶᠠᠷᠤᠯᠲᠠ ᠶᠢᠨ ᠪᠠᠷᠢᠮᠵᠢᠶ᠎ᠠ ᠶᠢ ᠲᠣᠭᠲᠠᠭᠠᠵᠤ᠂ ᠭᠠᠯ ᠤᠨᠲᠠᠷᠠᠭᠠᠬᠤ ᠶᠢᠨ ᠠᠮᠤᠷ ᠲᠥᠪᠰᠢᠨ ᠤ ︽ | ᠲᠤᠤᠷᠴᠢᠯᠠᠭᠰᠠᠨ︾ ᠬᠠᠮᠢᠶᠠᠷᠤᠯᠲᠠ ᠶᠢ ᠶᠡᠷᠦᠩᠬᠡᠶᠢᠯᠡᠨ ᠵᠠᠰᠠᠬᠤ ᠰᠠᠯᠠᠭ᠎ᠠ ᠮᠥᠴᠢᠷ ᠤᠨ ᠰᠠᠭᠤᠷᠢ ᠶᠡᠷᠦᠩᠬᠡᠶᠢᠯᠡᠭᠰᠡᠨ | ᠦᠢᠯᠡᠴᠢᠯᠡᠭᠡᠨ ᠤ ᠬᠠᠮᠢᠶᠠᠷᠤᠯᠲᠠ ᠶᠢᠨ ᠲᠠᠪᠴᠠᠩ ᠳᠤ ᠣᠷᠣᠭᠤᠯᠤᠨ᠎ᠠ᠃ ᠲᠣᠭᠠᠴᠠᠯᠠᠭᠰᠠᠨ᠂ ᠮᠡᠳᠡᠭᠡ ᠵᠠᠩᠭᠢᠵᠢᠯᠠᠭᠰᠠᠨ | ᠠᠷᠭ᠎ᠠ ᠪᠠᠷᠢᠯ ᠢ ᠠᠰᠢᠭᠯᠠᠨ᠂ ᠤᠳᠤ ᠶᠢᠨ ᠪᠠᠶᠢᠭ᠎ᠠ ᠦᠨᠳᠦᠰᠦᠨ ᠱᠠᠲᠤᠨ ᠤ ᠠᠵᠢᠯ ᠤᠨ ᠲᠠᠪᠴᠠᠩ ᠪᠤᠶᠤ ᠰᠢᠯᠵᠢᠭᠡ | ᠦᠵᠦᠭᠦᠷᠯᠢᠭ ᠢ ᠭᠦᠢᠴᠡᠳ ᠠᠰᠢᠭᠯᠠᠵᠤ᠂ ᠲᠣᠣᠷᠴᠢᠯᠠᠭᠰᠠᠨ ᠭᠠᠯ ᠤᠨᠲᠠᠷᠠᠭᠠᠬᠤ ᠶᠢᠨ ᠬᠠᠮᠢᠶᠠᠷᠤᠯᠲᠠ ᠶᠢᠨ ᠭᠠᠷ | ᠤᠲᠠᠰᠤᠨ ᠤ APP ᠬᠡᠷᠡᠭᠯᠡᠭᠡᠨ ᠤ ᠵᠥᠭᠡᠯᠡᠨ ᠲᠤᠨᠤᠭᠯᠠᠯ ᠢ ᠳᠡᠯᠭᠡᠷᠡᠭᠦᠯᠦᠨ ᠤᠭᠰᠠᠷᠠᠭᠤᠯᠵᠤ᠂ ᠲᠣᠣᠷᠴᠢᠯᠠᠭᠰᠠᠨ | ᠭᠠᠯ ᠤᠨᠲᠠᠷᠠᠭᠠᠬᠤ ᠶᠢᠨ ᠮᠡᠳᠡᠭᠡ ᠵᠠᠩᠭᠢ ᠶᠢ ᠴᠤᠭᠯᠠᠭᠤᠯᠬᠤ᠂ ᠪᠠᠶᠢᠳᠠᠯ ᠢ ᠬᠠᠷᠢᠭᠤ ᠲᠤᠰᠬᠠᠬᠤ᠂ ᠠᠰᠠᠭᠤᠳᠠᠯ ᠢ | ᠰᠢᠮᠳᠠᠭᠤᠯᠤᠨ ᠰᠢᠢᠳᠪᠦᠷᠢᠯᠡᠬᠦ ᠶᠢ ᠴᠢᠩᠭᠠᠳᠬᠠᠨ᠎ᠠ᠃ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ | ᠡᠷᠬᠢᠯᠡᠬᠦ ᠭᠠᠵᠠᠷ︶ ᠳᠤ ᠭᠠᠯ ᠤᠨᠲᠠᠷᠠᠭᠠᠬᠤ ᠶᠢᠨ ᠠᠮᠤᠷ ᠲᠦᠪᠰᠢᠨ ᠤ ᠵᠣᠬᠢᠶᠠᠨ ᠪᠠᠶᠢᠭᠤᠯᠤᠯᠲᠠ ᠶᠢ ᠪᠠᠶᠢᠭᠤᠯᠤᠨ | ᠪᠦᠷᠢᠨᠰᠢᠭᠦᠯᠬᠦ ᠶᠢ ᠠᠬᠢᠭᠤᠯᠵᠤ᠂ ᠭᠠᠯ ᠤᠨᠲᠠᠷᠠᠭᠠᠬᠤ ᠶᠢᠨ ᠠᠮᠤᠷ ᠲᠦᠪᠰᠢᠨ ᠤ ᠬᠠᠷᠢᠭᠤᠴᠠᠯᠭᠠᠲᠤ ᠬᠥᠮᠥᠨ ᠪᠣᠯᠣᠨ | ᠲᠤᠰᠬᠠᠢ ᠲᠤᠰᠢᠶᠠᠯᠲᠤ ᠭᠠᠯ ᠤᠨᠲᠠᠷᠠᠭᠠᠬᠤ ᠶᠢᠨ ᠬᠠᠮᠢᠶᠠᠷᠤᠯᠲᠠ ᠶᠢᠨ ᠠᠵᠢᠯᠲᠠᠳ ᠢ ᠱᠠᠲᠤ ᠳᠠᠷᠠᠭᠠᠯᠠᠨ | ᠲᠤᠲᠤᠷᠬᠠᠶᠢᠯᠠᠵᠤ᠂ ᠭᠠᠯ ᠤᠨᠲᠠᠷᠠᠭᠠᠬᠤ ᠶᠢᠨ ᠠᠮᠤᠷ ᠲᠦᠪᠰᠢᠨ ᠢ ᠦᠨᠳᠦᠰᠦᠨ ᠱᠠᠲᠤᠨ ᠤ ᠤᠯᠠᠨ ᠨᠡᠶᠢᠲᠡ ᠶᠢᠨ | ᠦᠢᠯᠡᠴᠢᠯᠡᠭᠡ ᠪᠤᠶᠤ ᠶᠡᠷᠦᠩᠬᠡᠶᠢᠯᠡᠨ ᠵᠠᠰᠠᠬᠤ ᠲᠠᠪᠴᠠᠩ ᠳᠤ ᠣᠷᠣᠭᠤᠯᠤᠨ᠎ᠠ᠃ 2017 ᠣᠨ ᠤ 3 ᠳ᠋ᠤᠭᠠᠷ | ᠰᠠᠷ᠎ᠠ ᠶᠢᠨ ᠰᠡᠭᠦᠯᠴᠢ ᠠᠴᠠ ᠡᠮᠦᠨ᠎ᠡ᠂ 60% ᠶᠢᠨ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ | ᠡᠷᠬᠢᠯᠡᠬᠦ ᠭᠠᠵᠠᠷ︶ ᠶᠢᠨ ᠭᠠᠯ ᠤᠨᠲᠠᠷᠠᠭᠠᠬᠤ ᠶᠢᠨ ᠠᠮᠤᠷ ᠲᠦᠪᠰᠢᠨ ᠤ ᠲᠣᠣᠷ ᠢ ᠵᠢᠷᠤᠮᠵᠢᠭᠤᠯᠤᠨ ᠬᠠᠮᠢᠶᠠᠷᠬᠤ ᠶᠢ | ᠪᠡᠶᠡᠯᠡᠭᠦᠯᠦᠨ᠎ᠡ᠃ | 5. ᠭᠠᠯ ᠤᠨᠲᠠᠷᠠᠭᠠᠬᠤ ᠶᠢᠨ ᠠᠮᠤᠷ ᠲᠦᠪᠰᠢᠨ ᠤ ᠣᠷᠣᠨ ᠪᠦᠰᠡ ᠶᠢᠨ ᠬᠠᠮᠲᠤᠷᠠᠨ ᠰᠡᠷᠭᠡᠶᠢᠯᠡᠬᠦ ᠠᠵᠢᠯ ᠢ | ᠴᠢᠩᠭᠠᠳᠬᠠᠨ᠎ᠠ᠃ ︽ᠣᠷᠣᠨ ᠪᠠᠶᠢᠷᠢ ᠨᠢ ᠬᠥᠷᠰᠢ ᠵᠡᠷᠭᠡᠯᠡᠳᠡᠭᠡ︾ ᠪᠤᠶᠤ ︽ᠠᠵᠢᠯ ᠲᠦᠷᠦᠯ ᠨᠢ ᠠᠳᠠᠯᠢᠪᠲᠤᠷ | ᠣᠶᠢᠷᠠᠯᠴᠠᠭ᠎ᠠ︾ ᠪᠠᠶᠢᠬᠤ ᠵᠠᠷᠴᠢᠮ ᠶᠣᠰᠣᠭᠠᠷ᠂ ᠨᠡᠶᠢᠭᠡᠮ ᠤᠨ ᠨᠢᠭᠡᠴᠡ ᠶᠢ ᠵᠣᠬᠢᠶᠠᠨ ᠪᠠᠶᠢᠭᠤᠯᠵᠤ ᠪᠠᠶᠢᠭᠠᠳ | ᠬᠦᠷᠢᠶ᠎ᠡ ᠬᠡᠪᠴᠢᠶ᠎ᠡ ᠬᠤᠪᠢᠶᠠᠷᠢᠯᠠᠨ ᠲᠣᠭᠲᠠᠭᠠᠵᠤ ᠭᠠᠯ ᠤᠨᠲᠠᠷᠠᠭᠠᠬᠤ ᠶᠢᠨ ᠬᠠᠮᠲᠤᠷᠠᠨ ᠰᠡᠷᠭᠡᠶᠢᠯᠡᠬᠦ ᠣᠷᠣᠨ | ᠪᠦᠰᠡ ᠶᠢ ᠪᠦᠷᠢᠯᠳᠤᠭᠦᠯᠦᠨ᠂ ᠣᠷᠣᠨ ᠪᠦᠰᠡ ᠶᠢᠨ ᠬᠤᠯᠪᠣᠭᠠᠯᠠᠨ ᠰᠡᠷᠭᠡᠶᠢᠯᠡᠬᠦ ᠲᠦᠷᠢᠮ ᠪᠣᠯᠣᠨ ᠴᠢᠮᠡᠭᠡ ᠬᠤᠯᠪᠣᠭ᠎ᠠ | ᠂ ᠪᠠᠴᠢᠮ ᠪᠠᠶᠢᠳᠠᠯ ᠢ ᠠᠷᠭᠠᠴᠠᠬᠤ ᠳᠤ ᠲᠠᠭᠠᠬᠤ ᠲᠣᠭᠲᠠᠴᠠ ᠶᠢ ᠪᠠᠶᠢᠭᠤᠯᠵᠤ᠂ ᠬᠠᠷᠢᠯᠴᠠᠨ ᠪᠠᠶᠢᠴᠠᠭᠠᠵᠤ ᠰᠢᠯᠭᠠᠬᠤ᠂ | ᠬᠤᠷᠠᠯ ᠬᠢᠵᠦ ᠵᠥᠪᠳᠡᠯᠴᠡᠬᠦ᠂ ᠲᠤᠬᠠᠶᠢᠯᠠᠭᠰᠠᠨ ᠠᠵᠢᠯ ᠤᠨ ᠰᠣᠯᠢᠯᠴᠠᠭ᠎ᠠ ᠬᠢᠬᠦ᠂ ᠪᠣᠯᠪᠠᠰᠤᠷᠠᠭᠤᠯᠤᠯ ᠰᠣᠷᠢᠯᠲᠠ ᠬᠢᠬᠦ | ᠵᠡᠷᠭᠡ ᠠᠵᠢᠯᠯᠠᠭ᠎ᠠ ᠶᠢ ᠵᠣᠬᠢᠶᠠᠨ ᠪᠠᠶᠢᠭᠤᠯᠤᠨ ᠦᠷᠨᠢᠭᠦᠯᠵᠦ᠂ ᠪᠠᠴᠢᠮ ᠪᠠᠶᠢᠳᠠᠯ ᠳᠤ ᠠᠷᠭᠠᠴᠠᠨ ᠲᠣᠬᠢᠷᠠᠭᠤᠯᠬᠤ᠂ | ᠬᠠᠮᠲᠤᠷᠠᠨ ᠪᠠᠶᠢᠯᠳᠤᠬᠤ᠂ ᠪᠠᠶᠢᠯᠳᠤᠭᠠᠨ ᠳᠤᠨᠢ ᠲᠤᠰᠠᠯᠠᠬᠤ ᠵᠡᠷᠭᠡ ᠲᠠᠯ᠎ᠠ ᠪᠠᠷ ᠬᠢ ᠰᠣᠷᠢᠯᠲᠠ ᠶᠢ ᠲᠣᠭᠲᠠᠮᠠᠯ | ᠬᠤᠭᠤᠴᠠᠭ᠎ᠠ ᠲᠠᠢ ᠪᠠᠷ ᠦᠷᠨᠢᠭᠦᠯᠵᠦ᠂ ᠬᠠᠮᠲᠤᠷᠠᠨ ᠰᠡᠷᠭᠡᠶᠢᠯᠡᠬᠦ ᠣᠷᠣᠨ ᠪᠦᠰᠡ ᠶᠢᠨ ᠳᠣᠲᠣᠷ᠎ᠠ ︽ᠨᠢᠭᠡ ᠴᠢᠬ ᠲᠤ | ᠭᠠᠯ ᠭᠠᠷᠪᠠᠯ᠂ ᠣᠯᠠᠨ ᠴᠢᠬ ᠢᠶᠠᠷ ᠬᠦᠳᠡᠯᠦᠯᠴᠡᠵᠦ᠂ ᠬᠥᠷᠰᠢ ᠰᠠᠭᠠᠬᠠᠯᠲᠠ ᠪᠠᠷ ᠬᠠᠷᠢᠯᠴᠠᠨ ᠬᠠᠪᠰᠤᠷᠤᠯᠴᠠᠵᠤ᠂ | ᠬᠠᠮᠵᠢᠯᠴᠠᠨ ᠪᠠᠶᠢᠯᠳᠤᠬᠤ︾ ᠶᠢ ᠠᠯᠬᠤᠮ ᠠᠯᠬᠤᠮ ᠢᠶᠠᠷ ᠪᠡᠶᠡᠯᠡᠭᠦᠯᠵᠦ᠂ ᠣᠷᠣᠨ ᠪᠦᠰᠡ ᠶᠢᠨ ᠬᠠᠮᠲᠤᠷᠠᠨ | ᠰᠡᠷᠭᠡᠶᠢᠯᠡᠵᠦ ᠬᠠᠮᠵᠢᠯᠴᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ 2017 ᠣᠨ ᠤ 3 ᠳ᠋ᠤᠭᠠᠷ ᠰᠠᠷ᠎ᠠ ᠶᠢᠨ | ᠰᠡᠭᠦᠯᠴᠢ ᠠᠴᠠ ᠡᠮᠦᠨ᠎ᠡ᠂ ᠪᠥᠬᠦ ᠣᠷᠣᠨ ᠤ ᠲᠤᠰᠬᠠᠢ ᠣᠷᠣᠨ ᠤ ᠲᠡᠰ ᠠᠴᠠ ᠳᠡᠭᠡᠭᠰᠢᠬᠢ ᠬᠤᠲᠠ ᠶᠢᠨ 40% ᠶᠢᠨ | ᠠᠷᠠᠯᠵᠢᠶᠠᠨ ᠤ ᠲᠣᠭᠤᠷᠢᠭ᠂ ᠵᠢᠭᠤᠯᠴᠢᠯᠠᠯ ᠤᠨ ᠲᠣᠭᠤᠷᠢᠭ᠂ ᠨᠡᠭᠡᠭᠡᠯᠲᠡ ᠶᠢᠨ ᠲᠣᠭᠤᠷᠢᠭ ᠵᠡᠷᠭᠡ ᠭᠤᠣᠯᠳᠠᠯᠭ᠎ᠠ ᠲᠠᠢ | ᠨᠢᠭᠡᠴᠡ ᠲᠥᠪᠯᠡᠷᠡᠭᠰᠡᠨ ᠣᠷᠣᠨ ᠪᠦᠰᠡ ᠳᠤ ᠭᠠᠯ ᠤᠨᠲᠠᠷᠠᠭᠠᠬᠤ ᠶᠢᠨ ᠠᠮᠤᠷ ᠲᠥᠪᠰᠢᠨ ᠤ ᠬᠠᠮᠲᠤᠷᠠᠨ ᠰᠡᠷᠭᠡᠶᠢᠯᠡᠵᠦ | ᠬᠠᠮᠵᠢᠯᠴᠠᠬᠤ ᠵᠣᠬᠢᠶᠠᠨ ᠪᠠᠶᠢᠭᠤᠯᠤᠯᠲᠠ ᠶᠢ ᠪᠠᠶᠢᠭᠤᠯᠤᠨ᠎ᠠ᠃ | 6. ᠭᠠᠯ ᠤᠨᠲᠠᠷᠠᠭᠠᠬᠤ ᠶᠢᠨ ᠠᠮᠤᠷ ᠲᠥᠪᠰᠢᠨ ᠤ ᠮᠡᠷᠭᠡᠵᠢᠯ ᠪᠠ ᠪᠣᠳᠠᠰ ᠢᠶᠠᠷ ᠰᠡᠷᠭᠡᠶᠢᠯᠡᠬᠦ ᠠᠷᠭ᠎ᠠ | ᠬᠡᠮᠵᠢᠶ᠎ᠡ ᠶᠢ ᠴᠢᠩᠭᠠᠳᠬᠠᠨ᠎ᠠ᠃ ᠡᠯ᠎ᠡ ᠭᠠᠵᠠᠷ ᠣᠷᠣᠨ ᠨᠤᠭᠤᠳ ︽ᠤᠬᠠᠭᠠᠯᠢᠭ ᠬᠤᠳᠠ︾ ᠶᠢ ᠪᠦᠲᠦᠭᠡᠨ | ᠪᠠᠶᠢᠭᠤᠯᠬᠤ ᠠᠵᠠ ᠲᠣᠬᠢᠶᠠᠯ ᠢ ᠴᠢᠩᠭ᠎ᠠ ᠡᠵᠡᠮᠳᠡᠨ᠂ ᠡᠭᠦᠯᠡᠨ ᠪᠣᠳᠣᠯᠳᠠ᠂ ᠪᠤᠳᠠᠰᠯᠢᠭ ᠬᠤᠯᠪᠤᠭᠠᠳᠤ ᠰᠦᠯᠵᠢᠶ᠎ᠡ᠂ | ᠲᠤᠮᠤ ᠳ᠋ᠠᠶᠢᠲ᠋ᠠ ᠵᠡᠷᠭᠡ ᠮᠡᠳᠡᠭᠡ ᠵᠠᠩᠭᠢ ᠶᠢᠨ ᠮᠡᠷᠭᠡᠵᠢᠯ ᠪᠣᠯᠣᠨ ᠭᠠᠯ ᠤᠨᠲᠠᠷᠠᠭᠠᠬᠤ ᠠᠵᠢᠯ ᠢ ᠨᠢᠭᠲᠠ | ᠠᠭᠤᠰᠤᠯᠴᠠᠭᠤᠯᠵᠤ᠂ ᠭᠠᠯ ᠤᠨᠲᠠᠷᠠᠭᠠᠬᠤ ᠶᠢᠨ ᠨᠡᠶᠢᠭᠡᠮᠴᠢᠯᠡᠭᠰᠡᠨ ᠬᠠᠮᠢᠶᠠᠷᠤᠯᠲᠠ ᠶᠢᠨ ᠲᠠᠪᠴᠠᠩ ᠢ ᠪᠠᠶᠢᠭᠤᠯᠤᠨ᠎ᠠ᠃ | ᠬᠥᠬᠡᠬᠤᠲᠠ᠂ ᠬᠥᠯᠥᠨ ᠪᠤᠶᠢᠷ ᠬᠤᠳᠠ᠂ ᠤᠷᠳᠤᠰ ᠬᠤᠳᠠ᠂ ᠦᠬᠠᠶ ᠬᠤᠳᠠ ᠵᠡᠷᠭᠡ ᠪᠦᠬᠦ ᠤᠯᠤᠰ ᠤᠨ ︽ | ᠤᠬᠠᠭᠠᠯᠢᠭ ᠬᠤᠳᠠ︾ ᠶᠢ ᠪᠦᠲᠦᠭᠡᠨ ᠪᠠᠶᠢᠭᠤᠯᠬᠤ 4 ᠲᠤᠷᠰᠢᠯᠲᠠ ᠶᠢᠨ ᠬᠤᠳᠠ ᠨᠢ ᠤᠷᠢᠳᠠᠪᠡᠷ ᠬᠡᠷᠡᠭᠵᠢᠭᠦᠯᠦᠨ | ᠤᠷᠢᠳᠠᠪᠡᠷ ᠬᠢᠵᠦ᠂ 2017 ᠣᠨ ᠤ 3 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠭᠠᠯ ᠤᠨᠲᠠᠷᠠᠭᠠᠬᠤ ᠶᠢᠨ | ᠬᠠᠮᠢᠶᠠᠷᠤᠯᠲᠠ ᠶᠢ ︽ᠤᠬᠠᠭᠠᠯᠢᠭ ᠬᠤᠳᠠ︾ ᠶᠢᠨ ᠪᠦᠳᠦᠭᠡᠨ ᠪᠠᠶᠢᠭᠤᠯᠬᠤ ᠠᠭᠤᠯᠭ᠎ᠠ ᠳᠤ ᠣᠷᠣᠭᠤᠯᠤᠨ᠎ᠠ᠃ ᠡᠯ᠎ᠡ | ᠭᠠᠵᠠᠷ ᠣᠷᠣᠨ ᠨᠤᠭᠤᠳ ᠪᠤᠳᠠᠰᠯᠢᠭ ᠬᠤᠯᠪᠤᠭᠠᠳᠤ ᠰᠦᠯᠵᠢᠶᠡᠨ ᠤ ᠮᠡᠷᠭᠡᠵᠢᠯ ᠢ ᠢᠳᠡᠪᠬᠢᠲᠡᠢ ᠪᠠᠷ ᠬᠡᠷᠡᠭᠯᠡᠨ ᠭᠠᠯ | ᠤᠨᠲᠠᠷᠠᠭᠠᠬᠤ ᠳᠤ ᠠᠯᠤᠰ ᠠᠴᠠ ᠬᠢᠨᠠᠨ ᠡᠵᠡᠮᠳᠡᠬᠦ ᠰᠢᠰᠲ᠋ᠧᠮ ᠢ ᠪᠠᠶᠢᠭᠤᠯᠤᠨ᠂ ᠨᠡᠶᠢᠭᠡᠮ ᠤᠨ ᠨᠢᠭᠡᠴᠡ ᠶᠢᠨ ᠭᠠᠯ | ᠤᠨᠲᠠᠷᠠᠭᠠᠬᠤ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ | ᠬᠥᠬᠡᠬᠤᠲᠠ ᠨᠢ 2017 ᠣᠨ ᠤ 3 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠭᠠᠯ ᠤᠨᠲᠠᠷᠠᠭᠠᠬᠤ ᠳᠤ | ᠠᠯᠤᠰ ᠠᠴᠠ ᠬᠢᠨᠠᠨ ᠡᠵᠡᠮᠳᠡᠬᠦ ᠰᠢᠰᠲ᠋ᠧᠮ ᠢ ᠪᠠᠶᠢᠭᠤᠯᠬᠤ ᠶᠢᠨ ᠬᠠᠮᠲᠤ ᠭᠠᠯ ᠤᠨ ᠭᠠᠮᠰᠢᠭ ᠤᠨ ᠲᠦᠭᠰᠢᠭᠦᠷᠢ ᠶᠡᠬᠡᠲᠡᠶ | 60% ᠶᠢᠨ ᠨᠢᠭᠡᠴᠡ ᠶᠢ ᠰᠢᠰᠲ᠋ᠧᠮ ᠳᠤ ᠵᠠᠯᠭᠠᠨ ᠣᠷᠣᠭᠤᠯᠤᠨ᠎ᠠ᠃ ᠡᠯ᠎ᠡ ᠭᠠᠵᠠᠷ ᠣᠷᠣᠨ ᠨᠤᠭᠤᠳ ᠲᠤᠰᠠᠭᠠᠷ | ᠮᠠᠶ᠋ᠢᠭ ᠤᠨ ᠤᠲᠤᠭ᠎ᠠ ᠪᠠᠷ ᠮᠡᠳᠡᠷᠡᠬᠦ ᠭᠠᠯ ᠤᠨ ᠭᠠᠮᠰᠢᠭ ᠢ ᠬᠠᠶᠢᠨ ᠰᠢᠨᠵᠢᠵᠦ ᠲᠦᠭᠰᠢᠭᠦᠷᠢ ᠮᠡᠳᠡᠭᠡᠯᠡᠬᠦ | ᠲᠣᠬᠢᠶᠠᠯᠠᠭᠤᠷ ᠤᠨ ᠬᠡᠷᠡᠭᠯᠡᠭᠡᠨ ᠤ ᠬᠦᠷᠢᠶ᠎ᠡ ᠬᠡᠪᠴᠢᠶ᠎ᠡ ᠶᠢ ᠠᠯᠬᠤᠮ ᠠᠯᠬᠤᠮ ᠢᠶᠠᠷ ᠥᠷᠭᠡᠳᠬᠡᠵᠦ᠂ 2016 ᠣᠨ ᠤ | ᠰᠡᠭᠦᠯᠴᠢ ᠠᠴᠠ ᠡᠮᠦᠨ᠎ᠡ ᠣᠨ ᠤ ᠤᠭᠰᠠᠷᠠᠭᠤᠯᠬᠤ ᠡᠭᠦᠷᠭᠡ ᠶᠢ ᠪᠡᠶᠡᠯᠡᠭᠦᠯᠬᠦ ᠶᠢᠨ ᠬᠠᠮᠲᠤ᠂ ᠪᠤᠳᠠᠲᠠᠢ ᠲᠠᠢ ᠪᠠᠨ | ᠤᠶᠠᠯᠳᠤᠭᠤᠯᠤᠨ ᠤᠭᠰᠠᠷᠠᠬᠤ ᠲᠤᠭ᠎ᠠ ᠬᠡᠮᠵᠢᠶ᠎ᠡ ᠶᠢ ᠨᠡᠮᠡᠭᠳᠡᠭᠦᠯᠦᠨ᠂ ᠮᠡᠷᠭᠡᠵᠢᠯ ᠢᠶᠠᠷ ᠰᠡᠷᠭᠡᠶᠢᠯᠡᠬᠦ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠎ᠡ᠃ | ︵ᠭᠤᠷᠪᠠ︶ ᠭᠠᠯ ᠤᠨᠲᠠᠷᠠᠭᠠᠬᠤ ᠶᠢᠨ ᠤᠬᠠᠭᠤᠯᠤᠯ ᠪᠣᠯᠪᠠᠰᠤᠷᠠᠭᠤᠯᠤᠯ ᠢ ᠴᠢᠩᠭᠠᠳᠬᠠᠨ᠎ᠠ᠃ | 1. ᠨᠡᠶᠢᠭᠡᠮᠴᠢᠯᠡᠭᠰᠡᠨ ᠤᠬᠠᠭᠤᠯᠤᠯ ᠢ ᠦᠷᠨᠢᠭᠦᠯᠦᠨ᠎ᠡ᠃ ᠭᠠᠯ ᠤᠨᠲᠠᠷᠠᠭᠠᠬᠤ ᠶᠢᠨ ᠠᠮᠤᠷ ᠲᠦᠪᠰᠢᠨ ᠤ | ᠤᠬᠠᠭᠤᠯᠤᠯ ᠬᠥᠮᠦᠵᠢᠯ ᠤᠨ ︽ᠳᠣᠯᠤᠭ᠎ᠠ ᠳᠤ ᠣᠷᠣᠭᠤᠯᠬᠤ︾ ᠠᠵᠢᠯ ᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠬᠤ ᠪᠠᠷ ᠭᠠᠷᠳᠠᠴᠠ ᠪᠣᠯᠭᠠᠨ᠂ ︽ᠭᠠᠯ ᠤᠨᠲᠠᠷᠠᠭᠠᠬᠤ ᠶᠢᠨ ᠤᠬᠠᠭᠤᠯᠤᠯ ᠢ ᠨᠡᠶᠢᠭᠡᠮ | ᠲᠣᠭᠤᠷᠢᠭ ᠲᠤ ᠣᠷᠣᠭᠤᠯᠬᠤ︾᠂ ︽ᠨᠡᠶᠢᠭᠡᠮ ᠲᠣᠭᠤᠷᠢᠭ ᠤᠨ ᠭᠠᠯ ᠤᠨᠲᠠᠷᠠᠭᠠᠬᠤ ᠶᠢᠨ ᠤᠬᠠᠭᠤᠯᠤᠯ ᠤᠨ | ᠡᠯᠴᠢ ᠶᠢᠨ ᠠᠵᠢᠯᠯᠠᠭ᠎ᠠ︾ ᠶᠢᠨ ᠲᠤᠰᠬᠠᠶ ᠠᠵᠢᠯᠯᠠᠭ᠎ᠠ ᠶᠢ ᠪᠠᠶᠢᠷᠢᠯᠠᠭᠤᠯᠤᠨ ᠦᠷᠨᠢᠭᠦᠯᠵᠦ᠂ ᠪᠦᠬᠦ ᠣᠷᠣᠨ ᠳᠤ | ᠨᠡᠶᠢᠭᠡᠮ ᠲᠣᠭᠤᠷᠢᠭ ᠤᠨ ᠭᠠᠯ ᠤᠨᠲᠠᠷᠠᠭᠠᠬᠤ ᠶᠢᠨ ᠤᠬᠠᠭᠤᠯᠤᠯ ᠤᠨ 200 ᠰᠢᠯᠢᠳᠡᠭ ᠡᠯᠴᠢ ᠶᠢ ᠰᠢᠯᠭᠠᠷᠠᠭᠤᠯᠤᠨ | ᠰᠤᠩᠭᠤᠨ᠎ᠠ︔ ᠭᠤᠷᠪᠠᠳᠤᠭᠠᠷ ᠬᠤᠭᠤᠴᠠᠭᠠᠨ ᠤ ︽119︾ ᠭᠠᠯ ᠤᠨᠲᠠᠷᠠᠭᠠᠬᠤ ᠠᠵᠢᠯ ᠤᠨ ᠱᠠᠩᠨᠠᠯ ᠢᠶᠠᠷ | ᠵᠢᠱᠢᠭᠳᠡᠭᠰᠡᠳ ︵ᠰᠣᠩᠭᠤᠭᠳᠠᠭᠰᠠᠳ︶ ᠤᠨ ᠲᠡᠷᠢᠭᠦᠨ ᠤ ᠦᠢᠯᠡ ᠠᠵᠢᠯᠯᠠᠭ᠎ᠠ ᠶᠢ ᠥᠷᠭᠡᠨ ᠢᠶᠠᠷ ᠤᠬᠠᠭᠤᠯᠵᠤ᠂ | ᠨᠡᠩ ᠣᠯᠠᠨ ᠬᠥᠮᠥᠰ ᠢ ᠭᠠᠯ ᠤᠨᠲᠠᠷᠠᠭᠠᠬᠤ ᠨᠡᠶᠢᠲᠡ ᠶᠢᠨ ᠠᠰᠠᠷᠠᠮᠵᠢ ᠶᠢᠨ ᠦᠢᠯᠡᠰ ᠲᠤ ᠣᠷᠣᠯᠴᠠᠭᠤᠯᠤᠨ᠎ᠠ︔ | ᠤᠯᠠᠷᠢᠯ ᠤᠨ ᠴᠢᠨᠠᠷᠲᠠᠢ ᠭᠠᠯ ᠤᠨ ᠭᠠᠮᠰᠢᠭ ᠤᠨ ᠣᠨᠴᠠᠯᠢᠭ ᠲᠤ ᠴᠢᠭᠯᠡᠭᠦᠯᠦᠨ᠂ ᠭᠠᠯ ᠤᠨᠲᠠᠷᠠᠭᠠᠬᠤ ᠶᠢᠨ ᠠᠮᠤᠷ | ᠲᠥᠪᠰᠢᠨ ᠤ ︽ᠭᠤᠷᠪᠠ ᠶᠢ ᠰᠠᠨᠠᠭᠤᠯᠬᠤ︾ ᠪᠠ ᠨᠡᠶᠢᠭᠡᠮ ᠤᠨ ᠨᠢᠭᠡᠴᠡ ᠶᠢᠨ ᠠᠵᠢᠯᠲᠠᠳ ᠤᠨ ︽ᠨᠢᠭᠡ ᠶᠢ | ᠮᠡᠳᠡᠭᠦᠯᠵᠦ ᠭᠤᠷᠪᠠ ᠶᠢ ᠭᠢᠵᠦ ᠴᠢᠳᠠᠬᠤ︾ ᠬᠥᠮᠥᠵᠢᠯ ᠤᠨ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠤᠨ᠎ᠠ︔ | ᠭᠠᠯ ᠣᠨᠲᠠᠷᠠᠭᠠᠬᠤ ᠥᠷᠲᠡᠭᠡ ᠪᠣᠯᠣᠨ ᠭᠠᠯ ᠤᠨᠲᠠᠷᠠᠭᠠᠬᠤ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ | ᠬᠥᠮᠥᠵᠢᠯ ᠤᠨ ᠰᠠᠭᠤᠷᠢᠨ ᠭᠠᠵᠠᠷ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠨᠢᠭᠡᠴᠡ ᠶᠢᠨ ᠠᠵᠢᠯᠲᠠᠳ ᠪᠣᠯᠣᠨ | ᠨᠡᠶᠢᠭᠡᠮ ᠤᠨ ᠣᠯᠠᠨ ᠲᠦᠮᠡᠨ ᠢ ᠢᠳᠡᠪᠬᠢᠲᠡᠢ ᠪᠠᠷ ᠵᠣᠬᠢᠶᠠᠨ ᠪᠠᠶᠢᠭᠤᠯᠤᠨ ᠲᠣᠭᠤᠷᠢᠨ ᠦᠵᠡᠭᠦᠯᠵᠦ ᠪᠡᠶᠡᠴᠢᠯᠡᠨ | ᠣᠶᠢᠯᠠᠭᠠᠭᠤᠯᠤᠨ᠎ᠠ︔ ᠵᠠᠰᠠᠭ ᠤᠨ ᠣᠷᠳᠣᠨ ᠣᠯᠠᠨ ᠨᠡᠶᠢᠲᠡ ᠶᠢᠨ ᠭᠠᠯ ᠣᠨᠲᠠᠷᠠᠭᠠᠬᠤ ᠦᠢᠯᠡᠴᠢᠯᠡᠭᠡ ᠶᠢ | ᠬᠤᠳᠠᠯᠳᠤᠨ ᠠᠪᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠨᠢᠭᠡᠴᠡ ᠶᠢᠨ ᠠᠵᠢᠯᠲᠠᠳ ᠪᠣᠯᠣᠨ ᠨᠡᠶᠢᠭᠡᠮ ᠤᠨ | ᠣᠯᠠᠨ ᠲᠦᠮᠡᠨ ᠤ ᠭᠠᠯ ᠤᠨᠲᠠᠷᠠᠭᠠᠬᠤ ᠶᠢᠨ ᠠᠮᠤᠷ ᠲᠥᠪᠰᠢᠨ ᠤ ᠦᠵᠡᠯ ᠤᠬᠠᠮᠰᠠᠷ ᠢ ᠴᠢᠩᠭᠠᠳᠬᠠᠨ᠎ᠠ᠃ | 2. ᠵᠠᠭᠤᠴᠢᠯᠠᠭᠤᠷ ᠤᠨ ᠬᠢᠨ ᠤ ᠤᠬᠠᠭᠤᠯᠤᠯ ᠢ ᠠᠬᠢᠭᠤᠯᠤᠨ᠎ᠠ᠃ ᠤᠯᠠᠮᠵᠢᠯᠠᠯᠲᠤ ᠵᠠᠭᠤᠴᠢᠯᠠᠭᠤᠷ ᠢ | ᠭᠦᠢᠴᠡᠳ ᠲᠦᠰᠢᠭᠯᠡᠵᠦ᠂ ᠭᠠᠯ ᠤᠨᠲᠠᠷᠠᠭᠠᠬᠤ ᠶᠢᠨ ᠤᠬᠠᠭᠤᠯᠤᠯ ᠤᠨ ᠲᠤᠰᠬᠠᠢ ᠪᠤᠯᠤᠩ᠂ ᠲᠤᠰᠬᠠᠢ ᠨᠢᠭᠤᠷ ᠪᠣᠯᠣᠨ | ᠲᠤᠰᠬᠠᠢ ᠰᠡᠳᠦᠪ ᠭᠠᠷᠭᠠᠵᠤ᠂ ᠭᠤᠣᠯ ᠰᠡᠳᠦᠪᠲᠦ ᠤᠬᠠᠭᠤᠯᠤᠯ ᠤᠨ ᠠᠭᠤᠯᠭ᠎ᠠ ᠶᠢ ᠭᠠᠷᠠᠭ ᠪᠣᠯᠭᠠᠨ ᠭᠠᠷᠭᠠᠨ᠎ᠠ︔ | ᠤᠯᠠᠷᠢᠯ ᠤᠨ ᠴᠢᠨᠠᠷᠲᠠᠢ ᠭᠠᠯ ᠤᠨ ᠭᠠᠮᠰᠢᠭ ᠢ ᠰᠡᠷᠭᠡᠶᠢᠯᠡᠬᠦ ᠣᠨᠴᠠᠯᠢᠭ ᠲᠤ ᠴᠢᠭᠯᠡᠭᠦᠯᠦᠨ᠂ ᠭᠠᠯ ᠤᠨᠲᠠᠷᠠᠭᠠᠬᠤ ᠶᠢᠨ | ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ ᠶᠢ ᠡᠳᠦᠷ ᠪᠦᠷᠢ ᠨᠡᠪᠲᠡᠷᠡᠭᠦᠯᠵᠦ᠂ ᠣᠯᠠᠨ ᠨᠡᠶᠢᠲᠡ ᠳᠤ ᠭᠠᠯ | ᠣᠨᠲᠠᠷᠠᠭᠠᠬᠤ ᠶᠢᠨ ᠠᠮᠤᠷ ᠲᠥᠪᠰᠢᠨ ᠢ ᠠᠩᠬᠠᠷᠬᠤ ᠶᠢ ᠰᠠᠨᠠᠭᠤᠯᠤᠨ᠎ᠠ︔ ᠭᠡᠷ ᠤᠨ ᠭᠠᠳᠠᠨᠠᠬᠢ ᠬᠠᠷᠠᠭᠠᠨ ᠳᠠᠪᠲᠠᠮᠵᠢ᠂ | ᠵᠠᠷ ᠮᠡᠳᠡᠭᠡᠨ ᠤ ᠫᠠᠶᠢᠰᠠ᠂ ᠠᠰᠠᠷ ᠲᠠᠭᠲᠤ ᠶᠢᠨ ᠵᠠᠢ ᠳᠠᠬᠢ ᠲᠧᠯᠸᠢᠰ ᠵᠡᠷᠭᠡ ᠨᠡᠶᠢᠭᠡᠮ ᠤᠨ ᠵᠠᠭᠤᠴᠢᠯᠠᠭᠤᠷ ᠢ | ᠠᠰᠢᠭᠯᠠᠨ᠂ ᠭᠠᠯ ᠤᠨᠲᠠᠷᠠᠭᠠᠬᠤ ᠶᠢᠨ ᠠᠮᠤᠷ ᠲᠥᠪᠰᠢᠨ ᠤ ᠶᠡᠷᠦ ᠶᠢᠨ ᠮᠡᠳᠡᠯᠭᠡ ᠪᠣᠯᠣᠨ ᠠᠶᠤᠯ ᠠᠴᠠ ᠵᠠᠶᠢᠯᠠᠵᠤ | ᠥᠪᠡᠷ ᠢ ᠪᠠᠨ ᠠᠪᠤᠷᠠᠬᠤ ᠤᠷ᠎ᠠ ᠴᠢᠳᠠᠪᠤᠷᠢ ᠶᠢ ᠡᠷᠴᠢᠮᠲᠡᠢ ᠤᠬᠠᠭᠤᠯᠤᠨ ᠲᠦᠭᠡᠮᠡᠯᠵᠢᠭᠦᠯᠦᠨ᠎ᠡ︔ ᠰᠢᠯᠵᠢᠭᠡ ᠢᠨᠲ᠋ᠧᠷ | ᠰᠦᠯᠵᠢᠶᠡᠨ ᠤ ᠭᠠᠯ ᠤᠨᠲᠠᠷᠠᠭᠠᠬᠤ ᠦᠢᠯᠡᠴᠢᠯᠡᠭᠡᠨ ᠤ ᠲᠠᠪᠴᠠᠩ ᠢ ᠰᠠᠶᠢᠲᠤᠷ ᠬᠡᠷᠡᠭᠯᠡᠨ᠂ ᠬᠡᠷᠡᠭᠯᠡᠭᠦᠰᠢᠲᠡᠢ᠂ ᠰᠢᠨ᠎ᠡ | ᠰᠡᠪᠡᠭᠦᠨ ᠭᠠᠯ ᠤᠨᠲᠠᠷᠠᠭᠠᠬᠤ ᠠᠩᠬᠠᠨ ᠤ ᠪᠦᠲᠦᠭᠡᠯ ᠢ ᠵᠣᠷᠢᠬᠵᠢᠭᠤᠯᠵᠤ᠂ ︽ᠪᠢᠴᠢᠯ ᠪᠦᠷᠭᠡ ᠸᠢᠴᠠᠲ ᠤᠨ ᠠᠷᠪᠠᠨ | ᠰᠢᠯᠢᠳᠡᠭ︾ ᠪᠦᠲᠦᠭᠡᠯ ᠢ ᠰᠢᠯᠭᠠᠷᠠᠭᠤᠯᠬᠤ ᠠᠵᠢᠯᠯᠠᠭ᠎ᠠ ᠶᠢ ᠢᠳᠡᠪᠬᠢᠲᠡᠢ ᠦᠷᠨᠢᠭᠦᠯᠦᠨ᠂ ᠰᠢᠨ᠎ᠡ ᠵᠠᠭᠤᠴᠢᠯᠠᠭᠤᠷ ᠤᠨ | ᠭᠤᠣᠯᠯᠠᠨ ᠬᠠᠮᠢᠶᠠᠷᠬᠤ ᠪᠠᠶᠢᠭᠤᠯᠤᠮᠵᠢ᠂ ᠲᠤᠰᠬᠠᠢ ᠮᠡᠷᠭᠡᠵᠢᠯ ᠤᠨ ᠪᠦᠯᠬᠦᠮ ᠪᠣᠯᠣᠨ ᠭᠠᠯ ᠤᠨᠲᠠᠷᠠᠭᠠᠬᠤ ᠠᠯᠪᠠᠨ | ᠰᠦᠯᠵᠢᠶ᠎ᠡ᠂ ᠪᠢᠴᠢᠯ ᠪᠦᠷᠭᠡ᠂ ᠸᠢᠴᠠᠲ ᠯᠤᠭ᠎ᠠ ᠬᠠᠷᠢᠯᠴᠠᠨ ᠬᠦᠳᠡᠯᠦᠯᠴᠡᠵᠦ᠂ ᠰᠢᠨ᠎ᠡ ᠵᠢᠭᠤᠴᠢᠯᠠᠭᠤᠷ ᠤᠨ | ᠲᠠᠪᠴᠠᠩ ᠤᠨ ᠭᠠᠯ ᠤᠨᠲᠠᠷᠠᠭᠠᠬᠤ ᠤᠬᠠᠭᠤᠯᠤᠯ ᠤᠨ ᠨᠥᠯᠥᠭᠡᠯᠡᠬᠦ ᠬᠦᠴᠦᠨ ᠪᠠ ᠤᠯᠠᠮᠵᠢᠯᠠᠬᠤ ᠬᠦᠴᠦᠨ ᠢ | ᠳᠡᠭᠡᠭᠰᠢᠯᠡᠭᠦᠯᠦᠨ᠎ᠡ᠃ ᠭᠤᠣᠯᠳᠠᠯᠭ᠎ᠠ ᠲᠠᠢ ᠲᠠᠯᠠᠪᠤᠷ ᠭᠠᠵᠠᠷ ᠲᠠᠬᠢ ᠭᠠᠯ ᠤᠨᠲᠠᠷᠠᠭᠠᠬᠤ ᠶᠢᠨ ᠠᠮᠤᠷ ᠲᠦᠪᠰᠢᠨ ᠤ | ᠪᠠᠷᠢᠮᠵᠢᠶ᠎ᠠ ᠶᠢᠨ ᠡᠯᠭᠦᠮᠡᠯ ᠵᠢᠷᠤᠭ ᠢ ᠳᠠᠷᠤᠮᠠᠯᠯᠠᠨ ᠨᠠᠭᠠᠵᠤ᠂ ᠭᠠᠯ ᠤᠨᠲᠠᠷᠠᠭᠠᠬᠤ ᠤᠬᠠᠭᠤᠯᠤᠯ ᠤᠨ ᠪᠦᠷᠬᠦᠴᠡ ᠶᠢᠨ | ᠬᠡᠮᠵᠢᠶ᠎ᠡ ᠶᠢ ᠬᠠᠮᠤᠭ ᠤᠨ ᠶᠡᠭᠡ ᠪᠠᠷ ᠥᠷᠭᠡᠳᠬᠡᠨ᠎ᠡ᠃ | 3. ᠴᠢᠬᠤᠯᠠ ᠵᠠᠩᠭᠢᠯᠠᠭ᠎ᠠ ᠶᠢᠨ ᠴᠠᠭ ᠤᠨ ᠤᠬᠠᠭᠤᠯᠤᠯ ᠢ ᠰᠠᠶᠢᠲᠤᠷ ᠠᠳᠬᠤᠨ᠎ᠠ᠃ ︽119︾ ᠭᠠᠯ | ᠤᠨᠲᠠᠷᠠᠭᠠᠬᠤ ᠡᠳᠦᠷ ᠢ ︽119︾ ᠭᠠᠯ ᠤᠨᠲᠠᠷᠠᠭᠠᠬᠤ ᠤᠬᠠᠭᠤᠯᠤᠯ ᠤᠨ ᠰᠠᠷ᠎ᠠ ᠪᠣᠯᠭᠠᠵᠤ ᠥᠷᠭᠡᠳᠬᠡᠨ᠂ | ᠵᠠᠭᠤᠴᠢᠯᠠᠭᠤᠷ᠂ ᠲᠤᠰᠬᠠᠶ ᠮᠡᠷᠭᠡᠵᠢᠯ ᠤᠨ ᠪᠦᠯᠬᠦᠮ ᠵᠡᠷᠭᠡ ᠤᠬᠠᠭᠤᠯᠤᠯ ᠤᠨ ᠬᠦᠴᠦᠨ ᠢ ᠭᠤᠣᠯᠳᠠᠯᠭ᠎ᠠ ᠲᠠᠢ | ᠵᠣᠬᠢᠶᠠᠨ ᠪᠠᠶᠢᠭᠤᠯᠤᠨ ᠵᠣᠬᠢᠴᠠᠭᠤᠯᠵᠤ᠂ ᠥᠳᠬᠡᠨ ᠵᠤᠵᠠᠭᠠᠨ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠨ᠂ | ᠨᠡᠶᠢᠭᠡᠮ ᠨᠡᠶᠢᠲᠡ ᠶᠢ ᠳᠠᠶᠢᠴᠢᠯᠠᠨ ᠥᠷᠭᠡᠨ ᠢᠶᠠᠷ ᠣᠷᠣᠯᠴᠠᠭᠤᠯᠤᠨ᠎ᠠ︔ ᠰᠢᠨ᠎ᠡ ᠵᠢᠯ᠂ ᠴᠠᠭᠠᠨ ᠰᠠᠷ᠎ᠠ ︵ᠪᠢᠲᠡᠭᠦᠨ ᠤ | ᠰᠦᠨᠢ︶᠂ ᠦᠯᠵᠡᠶᠢᠲᠦ ᠡᠳᠦᠷ ᠪᠣᠯᠤᠨ ᠪᠦᠬᠦ ᠤᠯᠤᠰ ᠤᠨ ︽ᠬᠤᠶᠠᠷ ᠬᠤᠷᠠᠯ︾ ᠤᠨ ᠬᠤᠭᠤᠴᠠᠭᠠᠨ ᠳᠤ | ᠬᠠᠨᠳᠤᠯᠭᠠᠲᠤ ᠴᠢᠨᠠᠷᠲᠠᠶ ᠭᠤᠣᠯ ᠰᠡᠳᠦᠪᠲᠦ ᠤᠬᠠᠭᠤᠯᠤᠯ ᠤᠨ ᠠᠵᠢᠯᠯᠠᠭ᠎ᠠ ᠶᠢ ᠲᠥᠰᠥᠪᠯᠡᠨ ᠵᠣᠬᠢᠶᠠᠨ ᠪᠠᠶᠢᠭᠤᠯᠵᠤ᠂ | ᠨᠡᠶᠢᠭᠡᠮ ᠲᠣᠭᠤᠷᠢᠭ ᠤᠨ ᠭᠠᠯ ᠤᠨᠲᠠᠷᠠᠭᠠᠬᠤ ᠤᠬᠠᠭᠤᠯᠤᠯ ᠤᠨ ᠡᠯᠴᠢ᠂ ᠲᠤᠤᠷᠴᠢᠯᠠᠯ ᠤᠨ ᠠᠵᠢᠯᠲᠠᠨ ᠵᠡᠷᠭᠡ | ᠤᠬᠠᠭᠤᠯᠤᠯ ᠤᠨ ᠨᠢᠷᠤᠭᠤᠪᠴᠢ ᠬᠦᠴᠦᠨ ᠤ ᠦᠢᠯᠡᠳᠦᠯ ᠢ ᠪᠠᠳᠠᠷᠠᠭᠤᠯᠤᠨ᠂ ᠭᠠᠯ ᠤᠨ ᠭᠠᠮᠰᠢᠭ ᠢ ᠤᠷᠢᠳᠴᠢᠯᠡᠨ | ᠰᠡᠷᠭᠡᠶᠢᠯᠡᠬᠦ ᠪᠠ ᠠᠶᠤᠯ ᠠᠴᠠ ᠵᠠᠶᠢᠯᠠᠵᠤ ᠥᠪᠡᠷ ᠢ ᠪᠠᠨ ᠠᠪᠤᠷᠠᠬᠤ ᠮᠡᠳᠡᠯᠭᠡ ᠶᠢ ᠶᠡᠬᠡᠪᠡᠷ ᠲᠦᠭᠡᠮᠡᠯᠵᠢᠭᠦᠯᠦᠨ᠎ᠡ᠃ | 4. ᠭᠠᠯ ᠤᠨᠲᠠᠷᠠᠭᠠᠬᠤ ᠶᠢᠨ ᠠᠮᠤᠷ ᠲᠦᠪᠰᠢᠨ ᠤ ᠬᠠᠮ ᠪᠣᠯᠪᠠᠰᠤᠷᠠᠭᠤᠯᠤᠯ ᠤᠨ ᠠᠵᠢᠯᠯᠠᠭ᠎ᠠ ᠶᠢ | ᠭᠦᠨᠵᠡᠭᠡᠶᠢᠷᠡᠭᠦᠯᠦᠨ ᠦᠷᠨᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠶ ᠪᠠᠶᠢᠷᠢᠯᠠᠭᠤᠯᠤᠯᠲᠠ | ᠶᠣᠰᠣᠭᠠᠷ᠂ ᠡᠯ᠎ᠡ ᠱᠠᠲᠤᠨ ᠤ ᠨᠠᠮ ᠵᠠᠰᠠᠭ ᠤᠨ ᠪᠠᠶᠢᠭᠤᠯᠭ᠎ᠠ᠂ ᠵᠠᠰᠠᠭ ᠤᠨ ᠣᠷᠳᠣᠨ ᠤ ᠰᠠᠯᠠᠭ᠎ᠠ ᠮᠥᠴᠢᠷ᠂ | ᠤᠯᠤᠰ ᠤᠨ ᠦᠮᠴᠢᠯᠡᠯᠲᠦ ᠠᠵᠤ ᠠᠬᠤᠶᠢᠯᠠᠯ᠂ ᠨᠡᠶᠢᠭᠡᠮ ᠤᠨ ᠨᠢᠭᠡᠴᠡ ᠵᠢᠴᠢ ᠰᠤᠮᠤ ᠰᠢᠶᠠᠩ ᠪᠠᠯᠭᠠᠰᠤ ︵ᠵᠡᠭᠡᠯᠢ | ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶᠂ ᠭᠠᠴᠠᠭ᠎ᠠ ᠲᠣᠰᠬᠤᠨ ︵ᠰᠠᠭᠤᠭᠠᠯᠢ ᠠᠷᠠᠳ ᠤᠨ ᠵᠥᠪᠯᠡᠯ︶ ᠤ | ᠬᠠᠷᠢᠭᠤᠴᠠᠯᠭᠠᠲᠤ ᠬᠥᠮᠥᠨ᠂ ᠬᠠᠮᠢᠶᠠᠷᠤᠯᠲᠠ ᠶᠢᠨ ᠠᠵᠢᠯᠲᠠᠨ ᠳᠤ ᠭᠠᠯ ᠤᠨᠲᠠᠷᠠᠭᠠᠬᠤ ᠶᠢᠨ ᠠᠮᠤᠷ ᠲᠦᠪᠰᠢᠨ ᠤ | ᠪᠣᠯᠪᠠᠰᠤᠷᠠᠭᠤᠯᠤᠯ ᠤᠨ ᠠᠵᠢᠯ ᠢ ᠥᠷᠭᠦᠯᠵᠢᠯᠡᠨ ᠭᠦᠨᠵᠡᠭᠡᠢ ᠦᠷᠨᠢᠭᠦᠯᠦᠨ᠂ 2017 ᠣᠨ ᠤ 3 ᠳ᠋ᠤᠭᠠᠷ ᠰᠠᠷ᠎ᠠ ᠶᠢᠨ | ᠰᠡᠭᠦᠯᠴᠢ ᠠᠴᠠ ᠡᠮᠦᠨ᠎ᠡ ᠨᠢᠭᠡ ᠤᠳᠠᠭ᠎ᠠ ᠨᠡᠶᠢᠳᠡᠮ ᠪᠣᠯᠪᠠᠰᠤᠷᠠᠭᠤᠯᠬᠤ ᠪᠠᠷ ᠴᠢᠷᠮᠠᠶᠢᠨ᠎ᠠ᠃ | ᠲᠦᠷᠪᠡ᠂ ᠠᠵᠢᠯ ᠤᠨ ᠠᠯᠬᠤᠮ ᠲᠠᠷᠠᠭ᠎ᠠ | ᠡᠨᠡ ᠡᠪᠦᠯ ᠢᠷᠡᠬᠦ ᠬᠠᠪᠤᠷ ᠤᠨ ᠭᠠᠯ ᠤᠨ ᠭᠠᠮᠰᠢᠭ ᠢ ᠰᠡᠷᠭᠡᠶᠢᠯᠡᠨ ᠡᠵᠡᠮᠳᠡᠬᠦ ᠠᠵᠢᠯ ᠢ ᠭᠤᠷᠪᠠᠨ ᠱᠠᠳᠦ | ᠬᠤᠪᠢᠶᠠᠨ᠎ᠠ᠄ | ︵ᠨᠢᠭᠡ︶ ᠲᠠᠶᠢᠴᠢᠯᠠᠯᠲᠠ ᠬᠢᠵᠦ ᠪᠠᠶᠢᠷᠢᠯᠠᠭᠤᠯᠬᠤ ᠱᠠᠲᠦ ︵2016 ᠣᠨ ᠤ 10 ᠳ᠋ᠤᠭᠠᠷ ᠰᠠᠷ᠎ᠠ ᠶᠢᠨ | 25 ᠤ ᠡᠳᠦᠷ ᠠᠴᠠ ᠡᠮᠦᠨ᠎ᠡ︶᠃ | ᠡᠯ᠎ᠡ ᠱᠠᠲᠤᠨ ᠤ ᠵᠠᠰᠠᠭ ᠤᠨ ᠣᠷᠳᠣᠨ ᠪᠤᠶᠤ ᠶᠡᠷᠦᠩᠬᠡᠶᠢᠯᠡᠨ ᠵᠠᠰᠠᠬᠤ ᠰᠠᠯᠠᠭ᠎ᠠ ᠮᠥᠴᠢᠷ ᠨᠢ ᠪᠦᠬᠦ ᠲᠠᠯ᠎ᠠ ᠪᠠᠷ | ᠳᠠᠶᠢᠴᠢᠯᠠᠯᠲᠠ ᠬᠢᠵᠦ ᠪᠠᠶᠢᠷᠢᠯᠠᠭᠤᠯᠤᠨ᠂ ᠥᠪᠡᠷᠲᠡᠭᠡᠨ ᠵᠠᠰᠠᠬᠤ ᠣᠷᠣᠨ ᠤ ᠡᠯ᠎ᠡ ᠠᠵᠢᠯ ᠲᠥᠷᠥᠯ ᠤᠨ ᠰᠠᠯᠠᠭ᠎ᠠ | ᠮᠥᠴᠢᠷ ᠤᠳ ᠲᠤᠰ ᠠᠵᠢᠯ ᠲᠥᠷᠥᠯ ᠤᠨ ᠢᠶᠠᠨ ᠰᠢᠰᠲ᠋ᠧᠮ ᠳᠡᠭᠡᠨ ᠪᠠᠶᠢᠷᠢᠯᠠᠭᠤᠯᠤᠯᠲᠠ ᠬᠢᠵᠦ᠂ ᠲᠤᠰᠬᠠᠶ ᠬᠤᠷᠠᠯ | ᠬᠤᠷᠠᠯᠳᠤᠭᠤᠯᠤᠨ᠂ ᠬᠡᠷᠡᠭᠵᠢᠭᠦᠯᠬᠦ ᠲᠥᠰᠦᠯ ᠢ ᠲᠣᠭᠲᠠᠭᠠᠵᠤ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ | ᠪᠠᠶᠢᠭᠤᠯᠤᠭᠠᠳ ᠥᠷᠭᠡᠨ ᠢᠶᠠᠷ ᠤᠬᠠᠭᠤᠯᠤᠨ ᠲᠠᠶᠢᠴᠢᠯᠠᠵᠤ᠂ ᠱᠠᠳᠤ ᠳᠠᠷᠠᠭᠠᠯᠠᠨ ᠲᠠᠶᠢᠴᠢᠯᠠᠨ | ᠪᠤᠳᠠᠲᠠᠶᠢᠵᠢᠭᠤᠯᠤᠨ᠎ᠠ᠃ | ︵ᠬᠤᠶᠠᠷ︶ ᠵᠣᠬᠢᠶᠠᠨ ᠪᠠᠶᠢᠭᠤᠯᠤᠨ ᠬᠡᠷᠡᠭᠵᠢᠭᠦᠯᠬᠦ ᠱᠡᠳᠦ ︵ᠪᠦᠬᠦ ᠤᠯᠤᠰ ᠤᠨ ︽ᠬᠤᠶᠠᠷ ᠬᠤᠷᠠᠯ︾ | ᠲᠡᠭᠦᠰᠬᠦ ᠠᠴᠠ ᠡᠮᠦᠨ᠎ᠡ︶᠃ | ᠡᠯ᠎ᠡ ᠭᠠᠵᠠᠷ ᠣᠷᠣᠨ ᠨᠢ ᠲᠣᠭᠲᠠᠭᠠᠭᠰᠠᠨ ᠠᠵᠢᠯ ᠤᠨ ᠬᠠᠷᠠᠯᠲᠠ ᠶᠣᠰᠣᠭᠠᠷ᠂ ᠠᠵᠢᠯ ᠤᠨ | ᠬᠠᠷᠢᠭᠤᠴᠠᠯᠭ᠎ᠠ ᠪᠠᠨ ᠲᠤᠲᠤᠷᠬᠠᠶᠢᠯᠠᠨ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠤ᠂ ᠡᠯ᠎ᠡ ᠵᠦᠢᠯ ᠤᠨ | ᠠᠵᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠪᠦᠬᠦ ᠬᠦᠴᠦ ᠪᠠᠷ ᠢᠶᠠᠨ ᠰᠠᠶᠢᠲᠤᠷ ᠠᠳᠬᠤᠨ᠎ᠠ᠃ | ᠥᠪᠡᠷᠲᠡᠭᠡᠨ ᠵᠠᠰᠠᠬᠤ ᠣᠷᠣᠨ ᠠᠴᠠ ᠲᠣᠭᠲᠠᠮᠠᠯ ᠬᠤᠭᠤᠴᠠᠭ᠎ᠠ ᠲᠠᠢ ᠪᠠᠷ ᠬᠤᠷᠠᠯ ᠬᠤᠷᠠᠯᠳᠤᠭᠤᠯᠵᠤ᠂ ᠠᠬᠢᠴᠠ ᠶᠢᠨ | ᠪᠠᠶᠢᠳᠠᠯ ᠢ ᠮᠡᠳᠡᠭᠡᠯᠡᠨ᠂ ᠣᠷᠣᠰᠢᠵᠤ ᠪᠠᠶᠢᠭ᠎ᠠ ᠠᠰᠠᠭᠤᠳᠠᠯ ᠢ ᠵᠠᠳᠠᠯᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ | ᠠᠬᠢᠭᠤᠯᠤᠨ᠎ᠠ᠃ | ︵ᠭᠤᠷᠪᠠ︶ ᠳ᠋ᠦᠡᠭᠨᠡᠯᠲᠡ ᠬᠢᠵᠦ ᠰᠢᠯᠭᠠᠨ ᠦᠨᠡᠯᠡᠬᠦ ᠱᠠᠲᠤ ︵2017 ᠣᠨ ᠤ 3 ᠳ᠋ᠤᠭᠠᠷ ᠰᠠᠷ᠎ᠠ ᠶᠢᠨ | 31 ᠤ ᠡᠳᠦᠷ ᠠᠴᠠ ᠡᠮᠦᠨ᠎ᠡ︶᠃ | ᠡᠯ᠎ᠡ ᠭᠠᠵᠠᠷ ᠣᠷᠣᠨ ᠨᠢ ᠡᠨᠡ ᠡᠪᠦᠯ ᠢᠷᠡᠬᠦ ᠬᠠᠪᠤᠷ ᠤᠨ ᠭᠠᠯ ᠤᠨ ᠭᠠᠮᠰᠢᠭ ᠢ ᠰᠡᠷᠭᠡᠶᠢᠯᠡᠨ ᠡᠵᠡᠮᠳᠡᠬᠦ | ᠠᠵᠢᠯ ᠤᠨ ᠪᠠᠶᠢᠳᠠᠯ ᠢ ᠬᠤᠷᠢᠶᠠᠩᠭᠤᠶᠢᠯᠠᠨ ᠵᠠᠳᠠᠯᠵᠤ᠂ ᠥᠪᠡᠰᠦᠪᠡᠨ ᠪᠠᠶᠢᠴᠠᠭᠠᠵᠤ ᠥᠪᠡᠰᠦᠪᠡᠨ ᠦᠨᠡᠯᠡᠨ᠂ | ᠲᠤᠷᠰᠢᠯᠭ᠎ᠠ ᠪᠠ ᠠᠷᠭ᠎ᠠ ᠪᠠᠷᠢᠯ ᠢ ᠳ᠋ᠦᠡᠭᠨᠡᠵᠤ᠂ ᠭᠠᠯ ᠢ ᠰᠡᠷᠭᠡᠶᠢᠯᠡᠬᠦ᠂ ᠭᠠᠯ ᠤᠨᠲᠠᠷᠠᠭᠠᠬᠤ ᠴᠢᠳᠠᠪᠤᠷᠢ ᠶᠢ | ᠳᠡᠭᠡᠭᠰᠢᠯᠡᠭᠦᠯᠬᠦ ᠤᠷᠳᠤ ᠬᠤᠭᠤᠴᠠᠭᠠᠨ ᠤ ᠬᠦᠴᠦᠨ ᠲᠠᠢ ᠲᠣᠭᠲᠠᠴᠠ ᠶᠢ ᠰᠤᠳᠤᠯᠤᠨ ᠪᠠᠶᠢᠭᠤᠯᠤᠨ᠎ᠠ᠃ | ᠲᠠᠪᠤ᠂ ᠠᠵᠢᠯ ᠤᠨ ᠱᠠᠭᠠᠷᠳᠠᠯᠭ᠎ᠠ | ︵ᠨᠢᠭᠡ︶ ᠦᠵᠡᠯ ᠰᠠᠨᠠᠭᠠᠨ ᠤ ᠲᠠᠨᠢᠯᠲᠠ ᠪᠠᠨ ᠳᠡᠭᠡᠭᠰᠢᠯᠡᠭᠦᠯᠦᠨ᠎ᠡ᠃ | ᠮᠠᠨ ᠤ ᠣᠷᠣᠨ ᠤ ᠡᠪᠦᠯ ᠤᠨ ᠤᠯᠠᠷᠢᠯ ᠤᠨ ᠬᠦᠢᠲᠡᠨ ᠠᠭᠤᠷ ᠠᠮᠢᠰᠬᠤᠯ ᠤᠨ ᠬᠤᠭᠤᠴᠠᠭ᠎ᠠ ᠤᠷᠲᠤ᠂ | ᠬᠠᠪᠤᠷ ᠤᠨ ᠤᠯᠠᠷᠢᠯ ᠳᠤ ᠭᠠᠩ ᠬᠠᠭᠤᠷᠠᠶ ᠰᠠᠯᠬᠢ ᠶᠡᠬᠡᠲᠡᠢ᠂ ᠭᠠᠯ ᠤᠨ ᠭᠠᠮᠰᠢᠭ ᠣᠯᠠᠨ ᠡᠭᠦᠰᠴᠦ᠂ ᠠᠮᠠᠷᠬᠠᠨ | ᠡᠭᠦᠰᠳᠡᠭ᠂ ᠡᠭᠦᠨ ᠤ ᠳᠡᠭᠡᠷ᠎ᠡ ᠴᠢᠬᠤᠯᠠ ᠶᠡᠭᠡ ᠠᠵᠢᠯᠯᠠᠭ᠎ᠠ ᠪᠠ ᠴᠢᠬᠤᠯᠠ ᠪᠠᠶᠠᠷ ᠳᠤᠷᠠᠰᠬᠠᠯ ᠤᠨ ᠡᠳᠦᠷ | ᠲᠥᠪᠯᠡᠷᠡᠩᠭᠦᠢ ᠪᠣᠯᠬᠤᠷ᠂ ᠭᠠᠯ ᠤᠨ ᠭᠠᠮᠰᠢᠭ ᠤᠨ ᠲᠦᠭᠰᠢᠭᠦᠷᠢ ᠤᠯᠠᠮ ᠢᠶᠠᠷ ᠨᠡᠮᠡᠭᠳᠡᠨ᠂ ᠶᠡᠭᠡ ᠭᠠᠯ ᠤᠨ ᠭᠠᠮᠰᠢᠭ | ᠠᠳᠡᠯ ᠠᠮᠠᠷᠬᠠᠨ ᠡᠭᠦᠰᠳᠡᠭ᠃ ᠡᠯ᠎ᠡ ᠭᠠᠵᠠᠷ ᠣᠷᠣᠨ ᠨᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ | ᠠᠵᠢᠯ ᠤᠨ ᠡᠷᠴᠢᠮ ᠢᠶᠠᠨ ᠴᠢᠩᠭᠠᠷᠠᠭᠤᠯᠤᠨ᠂ ᠡᠯ᠎ᠡ ᠵᠦᠢᠯ ᠤᠨ ᠭᠠᠯ ᠤᠨ ᠭᠠᠮᠰᠢᠭ ᠢ ᠰᠡᠷᠭᠡᠶᠢᠯᠡᠨ ᠡᠵᠡᠮᠳᠡᠬᠦ ᠠᠷᠭ᠎ᠠ | ᠬᠡᠮᠵᠢᠶ᠎ᠡ ᠶᠢ ᠦᠨᠡᠨᠬᠦ ᠪᠤᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ | ︵ᠬᠤᠶᠠᠷ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ | ᠥᠪᠡᠷᠲᠡᠭᠡᠨ ᠵᠠᠰᠠᠬᠤ ᠣᠷᠣᠨ ᠤ ᠡᠨᠡ ᠡᠪᠦᠯ ᠢᠷᠡᠬᠦ ᠬᠠᠪᠤᠷ ᠤᠨ ᠭᠠᠯ ᠤᠨ ᠭᠠᠮᠰᠢᠭ ᠢ ᠰᠡᠷᠭᠡᠶᠢᠯᠡᠨ ᠡᠵᠡᠮᠳᠡᠬᠦ | ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠬᠤᠪᠢᠳᠠᠨ ᠬᠠᠮᠢᠶᠠᠷᠴᠤ | ᠪᠦᠬᠦᠢ ᠳᠡᠳ᠋ ᠲᠡᠷᠢᠭᠦᠯᠡᠭᠴᠢ ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ᠂ ᠥᠪᠡᠷᠲᠡᠭᠡᠨ ᠵᠠᠰᠠᠬᠤ | ᠣᠷᠣᠨ ᠤ ᠭᠠᠯ ᠢ ᠰᠡᠷᠭᠡᠶᠢᠯᠡᠬᠦ ᠶᠢᠨ ᠠᠮᠤᠷ ᠲᠦᠪᠰᠢᠨ ᠤ ᠺᠣᠮᠢᠰ ᠤᠨ ᠪᠦᠷᠢᠯᠳᠦᠬᠦᠨ ᠨᠢᠭᠡᠴᠡ ᠶᠢᠨ ᠭᠠᠯ | ᠤᠨᠲᠠᠷᠠᠭᠠᠬᠤ ᠠᠵᠢᠯ ᠢ ᠭᠤᠣᠯᠯᠠᠨ ᠬᠠᠮᠢᠶᠠᠷᠬᠤ ᠬᠠᠷᠢᠭᠤᠴᠠᠯᠭᠠᠲᠤ ᠬᠥᠮᠥᠰ ᠢᠶᠠᠷ ᠭᠡᠰᠢᠭᠦᠨ ᠪᠣᠯᠭᠠᠵᠤ᠂ | ᠤᠳᠤᠷᠢᠳᠬᠤ ᠳᠤᠭᠤᠶᠢᠯᠠᠩ ᠤᠨ ᠠᠯᠪᠠᠨ ᠭᠡᠷ ᠢ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠶᠢᠨ | ᠭᠠᠯ ᠤᠨᠲᠠᠷᠠᠭᠠᠬᠤ ᠶᠡᠷᠦᠩᠬᠡᠶ ᠠᠩᠭᠢ ᠳᠤ ᠲᠣᠬᠢᠷᠠᠭᠤᠯᠤᠨ᠎ᠠ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠳ | ᠵᠣᠬᠢᠬᠤ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠪᠠᠶᠢᠭᠤᠯᠤᠮᠵᠢ ᠪᠠᠶᠢᠭᠤᠯᠤᠨ᠂ ᠠᠵᠢᠯ ᠤᠨ ᠲᠥᠰᠦᠯ ᠢ | ᠲᠣᠭᠲᠠᠭᠠᠵᠤ᠂ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠨ᠂ ᠲᠣᠬᠢᠷᠠᠭᠤᠯᠤᠨ ᠵᠢᠯᠣᠭᠤᠳᠬᠤ ᠶᠢ | ᠴᠢᠩᠭᠠᠳᠬᠠᠵᠤ᠂ ᠡᠯ᠎ᠡ ᠵᠦᠢᠯ ᠤᠨ ᠠᠵᠢᠯ ᠤᠨ ᠡᠭᠦᠷᠭᠡ ᠶᠢ ᠨᠢᠭᠡᠳᠦᠯᠲᠡᠶ ᠲᠥᠯᠥᠪᠯᠡᠨ ᠠᠬᠢᠭᠤᠯᠬᠤ ᠬᠡᠷᠡᠭᠲᠡᠢ᠃ | ︵ᠭᠤᠷᠪᠠ︶ ᠠᠪᠤᠷᠠᠨ ᠲᠤᠰᠠᠯᠠᠬᠤ ᠲᠣᠭᠲᠠᠴᠠ ᠶᠢ ᠪᠠᠶᠢᠭᠤᠯᠤᠨ᠎ᠠ᠃ | ᠡᠯ᠎ᠡ ᠱᠠᠲᠤᠨ ᠤ ᠳᠣᠲᠣᠭᠠᠳᠤ ᠶᠢ ᠬᠠᠮᠠᠭᠠᠯᠠᠬᠤ ᠶᠢᠨ ᠭᠠᠯ ᠤᠨᠲᠠᠷᠠᠭᠠᠬᠤ ᠰᠠᠯᠠᠭ᠎ᠠ ᠮᠥᠴᠢᠷ ᠤᠳ ᠤᠳᠤ ᠶᠢᠨ | ᠪᠠᠶᠢᠭ᠎ᠠ ᠵᠢᠯᠣᠭᠤᠳᠤᠨ ᠲᠣᠬᠢᠷᠠᠭᠤᠯᠬᠤ ᠲᠠᠪᠴᠠᠩ ᠳᠤ ᠲᠦᠰᠢᠭᠯᠡᠨ᠂ ᠵᠠᠰᠠᠭ ᠤᠨ ᠣᠷᠳᠣᠨ ᠤ ᠬᠠᠮᠢᠶ᠎ᠠ ᠪᠦᠬᠦᠢ | ᠰᠠᠯᠠᠭ᠎ᠠ ᠮᠥᠴᠢᠷ ᠯᠦᠭᠡ ᠶᠢᠨ ᠮᠡᠳᠡᠭᠡ ᠵᠠᠩᠭᠢ ᠶᠢ ᠬᠠᠮᠲᠤᠪᠠᠷ ᠬᠦᠷᠲᠡᠬᠦ᠂ ᠮᠡᠳᠡᠭᠡᠯᠡᠬᠦ᠂ ᠤᠷᠢᠳᠴᠢᠯᠠᠨ | ᠰᠡᠷᠡᠮᠵᠢᠯᠡᠭᠦᠯᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠠᠶᠤᠯ ᠦᠬᠡᠢ ᠶᠢᠨ ᠬᠢᠨᠠᠯᠲᠠ ᠬᠠᠮᠢᠶᠠᠷᠤᠯᠲᠠ᠂ | ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ᠂ ᠣᠷᠴᠢᠨ ᠲᠣᠭᠤᠷᠢᠨ ᠤ ᠬᠠᠮᠠᠭᠠᠯᠠᠯᠲᠠ᠂ ᠬᠤᠳᠠ ᠶᠢᠨ ᠶᠠᠪᠤᠳᠠᠯ᠂ | ᠴᠠᠭ ᠠᠭᠤᠷ᠂ ᠭᠠᠵᠠᠷ ᠬᠥᠳᠡᠯᠦᠯᠲᠡ ᠵᠡᠷᠭᠡ ᠰᠠᠯᠠᠭ᠎ᠠ ᠮᠥᠴᠢᠷ ᠯᠦᠭᠡ ᠶᠢᠨ ᠪᠠᠴᠢᠮ ᠪᠠᠶᠢᠳᠠᠯ ᠢ ᠠᠷᠭᠠᠴᠠᠵᠤ | ᠬᠠᠮᠵᠢᠯᠴᠠᠬᠤ ᠶᠢ ᠭᠤᠣᠯᠳᠠᠯᠭ᠎ᠠ ᠲᠠᠢ ᠪᠠᠷ ᠴᠢᠩᠭᠠᠳᠬᠠᠨ᠂ ᠠᠵᠤ ᠠᠬᠤᠶᠢᠯᠠᠯ ᠤᠨ ᠲᠤᠰᠬᠠᠶ ᠲᠤᠰᠢᠶᠠᠯᠳᠤ ᠭᠠᠯ | ᠤᠨᠲᠠᠷᠠᠭᠠᠬᠤ ᠠᠩᠬᠢ᠂ ᠬᠠᠮᠲᠤᠷᠠᠨ ᠬᠥᠳᠡᠯᠦᠯᠴᠡᠬᠦ ᠨᠢᠭᠡᠴᠡ ᠯᠦᠭᠡ ᠨᠡᠶᠢᠯᠡᠮᠡᠯ ᠰᠣᠷᠢᠯᠲᠠ ᠬᠢᠵᠦ᠂ ᠡᠨᠡ ᠡᠪᠦᠯ ᠢᠷᠡᠬᠦ | ᠬᠠᠪᠤᠷ ᠤᠨ ᠭᠠᠯ ᠤᠨ ᠭᠠᠮᠰᠢᠭ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ᠂ ᠡᠯ᠎ᠡ ᠠᠶᠢᠮᠠᠭ ᠬᠤᠳᠠ ᠨᠤᠭᠤᠳ | ᠶᠡᠷᠦᠩᠬᠡᠶᠢᠯᠡᠭᠰᠡᠨ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠠᠳᠠᠭ ᠲᠠᠭᠠᠨ 1 ᠤᠳᠠᠭ᠎ᠠ ᠵᠣᠬᠢᠶᠠᠨ ᠪᠠᠶᠢᠭᠤᠯᠤᠨ | ᠦᠷᠨᠢᠭᠦᠯᠬᠦ ᠬᠡᠷᠡᠭᠲᠡᠢ᠃ | ︵ᠲᠦᠷᠪᠡ︶ ᠱᠠᠩᠨᠠᠵᠤ ᠰᠢᠳᠬᠡᠵᠦ ᠬᠠᠷᠢᠭᠤᠴᠠᠯᠭ᠎ᠠ ᠬᠡᠯᠡᠯᠴᠡᠬᠦ ᠶᠢ ᠴᠢᠩᠭᠠᠷᠠᠭᠤᠯᠤᠨ᠎ᠠ᠃ | ︽ᠲᠦᠷᠪᠡ ᠶᠢ ᠬᠢᠬᠦ ᠦᠬᠡᠢ ᠬᠤᠶᠠᠷ ᠢ ᠰᠢᠭᠤᠳ ᠬᠦᠢᠴᠡᠳᠬᠡᠬᠦ︾ ᠤᠨ ᠱᠠᠭᠠᠷᠳᠠᠯᠭ᠎ᠠ ᠶᠣᠰᠣᠭᠠᠷ᠂ | ᠢᠯᠡ ᠪᠠᠷ ᠪᠠᠶᠢᠴᠠᠭᠠᠵᠤ ᠳᠠᠯᠳᠠᠭᠤᠷ ᠰᠣᠷᠪᠣᠯᠵᠢᠯᠠᠬᠤ ᠶᠢ ᠬᠢᠨᠠᠮᠠᠭᠠᠶ ᠦᠷᠨᠢᠭᠦᠯᠦᠨ᠂ ᠣᠷᠣᠰᠢᠵᠤ ᠪᠠᠶᠢᠭ᠎ᠠ | ᠠᠰᠠᠭᠤᠳᠠᠯ ᠢ ᠴᠠᠭ ᠲᠤᠬᠠᠶ ᠳᠤᠨᠢ ᠰᠢᠮᠳᠠᠭᠤᠯᠵᠤ ᠪᠠᠶᠢᠭᠠᠳ ᠥᠭᠡᠷᠡᠴᠢᠯᠡᠨ ᠰᠠᠶᠢᠵᠢᠷᠠᠭᠤᠯᠵᠤ᠂ ᠠᠯᠳᠠᠰᠢ ᠭᠠᠷᠬᠤ ᠶᠢ | ᠰᠡᠷᠭᠡᠶᠢᠯᠡᠨ ᠬᠤᠷᠢᠭᠯᠠᠵᠤ᠂ ᠡᠯ᠎ᠡ ᠵᠦᠢᠯ ᠤᠨ ᠠᠵᠢᠯ ᠤᠨ ᠱᠠᠭᠠᠷᠳᠠᠯᠭ᠎ᠠ ᠶᠢ ᠪᠤᠳᠠᠲᠠᠶᠢᠵᠢᠭᠤᠯᠤᠨ | ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠠᠵᠢᠯ ᠤᠨ ᠳᠤᠮᠳᠠ ᠢᠯᠡᠳᠲᠡ ᠦᠷ᠎ᠡ ᠪᠦᠲᠦᠮᠵᠢ | ᠣᠯᠤᠭᠰᠠᠨ ᠨᠢᠭᠡᠴᠡ ᠪᠣᠯᠣᠨ ᠬᠤᠪᠢ ᠬᠥᠮᠦᠨ ᠢ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠥᠬᠢᠭᠦᠯᠦᠨ | ᠱᠠᠩᠨᠠᠬᠤ ᠬᠡᠷᠡᠭᠲᠡᠶ᠃ ᠠᠵᠢᠯ ᠤᠨ ᠨᠠᠶᠢᠳᠠᠪᠤᠷᠢᠵᠢᠭᠤᠯᠤᠯᠲᠠ ᠨᠢ ᠬᠦᠴᠦᠨ ᠦᠭᠡᠢ᠂ ᠠᠬᠢᠴᠠ ᠪᠠᠷ ᠤᠳᠠᠭᠠᠨ ᠪᠠᠶᠢᠭ᠎ᠠ | ᠭᠠᠵᠠᠷ ᠣᠷᠣᠨ ᠪᠣᠯᠤᠨ ᠰᠠᠯᠠᠭ᠎ᠠ ᠮᠥᠴᠢᠷ ᠢ ᠮᠡᠳᠡᠭᠡᠯᠡᠨ ᠰᠢᠭᠦᠮᠵᠢᠯᠡᠬᠦ ᠶᠢᠨ ᠬᠠᠮᠲᠤ ᠬᠠᠮᠢᠶ᠎ᠠ ᠪᠦᠬᠦᠢ | ᠤᠳᠤᠷᠢᠳᠤᠯᠭ᠎ᠠ ᠲᠠᠢ ᠪᠣᠯᠵᠣᠨ ᠶᠠᠷᠢᠯᠴᠠᠬᠤ ᠬᠡᠷᠡᠭᠲᠡᠶ︔ ᠨᠡᠯᠢᠶᠡᠳ ᠶᠡᠭᠡ ᠠᠴᠠ ᠳᠡᠭᠡᠭᠰᠢᠬᠢ ᠬᠡᠮᠵᠢᠶᠡᠨ ᠤ ᠬᠥᠮᠥᠨ | ᠠᠳᠡᠭᠰᠡᠨ ᠭᠠᠯ ᠤᠨ ᠭᠠᠮᠰᠢᠭ ᠤᠨ ᠡ᠊ᠨᠳᠡᠯ ᠭᠠᠷᠤᠭᠰᠠᠨ ᠪᠠᠶᠢᠪᠠᠯ᠂ ︽ᠲᠥᠷᠪᠡ ᠶᠢ ᠦᠯᠦ ᠰᠤᠯᠠᠷᠠᠭᠤᠯᠬᠤ︾ ᠵᠠᠷᠴᠢᠮ | ᠶᠣᠰᠣᠭᠠᠷ᠂ ᠬᠠᠤᠯᠢ ᠴᠠᠭᠠᠵᠠ ᠰᠠᠬᠢᠯᠭ᠎ᠠ ᠪᠠᠲᠤ ᠶᠣᠰᠣᠭᠠᠷ ᠬᠠᠮᠢᠶ᠎ᠠ ᠪᠦᠬᠦᠢ ᠨᠢᠭᠡᠴᠡ ᠪᠣᠯᠤᠨ ᠬᠥᠮᠦᠰ ᠤᠨ | ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠬᠦ ᠬᠡᠷᠡᠭᠲᠡᠶ᠃ | |