ᠪᠦᠬᠦ ᠣᠷᠣᠨ ᠤ ᠡᠨᠡ ᠡᠪᠦᠯ ᠢᠷᠡᠬᠦ ᠬᠠᠪᠤᠷ ᠤᠨ ᠭᠠᠯ ᠤᠨ ᠭᠠᠮᠰᠢᠭ ᠢ ᠰᠡᠷᠭᠡᠶᠢᠯᠡᠨ ᠡᠵᠡᠮᠳᠡᠬᠦ ᠠᠵᠢᠯ ᠤᠨ ᠲᠦᠰᠦᠯ ᠢ ᠳᠠᠷᠤᠮᠠᠯᠯᠠᠨ ᠶᠠᠪᠤᠭᠤᠯᠬᠤ ᠲᠣᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2017/2/24
                      ᠥᠪᠥᠷ ᠵᠠᠰᠠᠭ ᠠᠯᠪᠠᠨ ᠥᠰᠥᠭ ﹇2016﹈ 181 ᠳ᠋ᠤᠭᠡᠷ ᠲᠤᠭᠠᠳᠤ                               10 ᠳ᠋ᠤᠭᠠᠷ ᠰᠠᠷ᠎ᠠ ᠶᠢᠨ 24 ᠤ ᠡᠳᠦᠷᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ ᠳᠤ᠄      ︽ᠪᠦᠬᠦ ᠤᠷᠤᠨ ᠤ ᠡᠨᠡ ᠡᠪᠦᠯ ᠢᠷᠡᠬᠦ ᠬᠠᠪᠤᠷ ᠤᠨ ᠭᠠᠯ ᠤᠨ ᠭᠠᠮᠰᠢᠭ ᠢ ᠰᠡᠷᠭᠡᠶᠢᠯᠡᠨ ᠡᠵᠡᠮᠳᠡᠬᠦ ᠠᠵᠢᠯ ᠤᠨ ᠲᠦᠰᠦᠯ︾ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠤᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠵᠣᠬᠢᠶᠠᠨ ᠪᠠᠶᠢᠭᠤᠯᠤᠨ ᠬᠡᠷᠡᠭᠵᠢᠭᠦᠯᠲᠦᠭᠡᠢ᠃ᠪᠦᠬᠦ ᠣᠷᠣᠨ ᠤ ᠡᠨᠡ ᠡᠪᠦᠯ ᠢᠷᠡᠬᠦ ᠬᠠᠪᠤᠷ ᠤᠨ ᠭᠠᠯ ᠤᠨ ᠭᠠᠮᠰᠢᠭ ᠢ ᠰᠡᠷᠭᠡᠶᠢᠯᠡᠨ ᠡᠵᠡᠮᠳᠡᠬᠦ ᠠᠵᠢᠯ ᠤᠨ ᠲᠦᠰᠦᠯ      ᠡᠨᠡ ᠡᠪᠦᠯ ᠢᠷᠡᠬᠦ ᠬᠠᠪᠤᠷ ᠤᠨ ᠭᠠᠯ ᠤᠨ ᠭᠠᠮᠰᠢᠭ ᠢ ᠰᠡᠷᠭᠡᠶᠢᠯᠡᠨ ᠡᠵᠡᠮᠳᠡᠬᠦ ᠠᠵᠢᠯ ᠢ ᠦᠨᠡᠨᠬᠦ ᠴᠢᠩᠭᠠᠳᠬᠠᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠪᠤᠳᠠᠲᠠᠢ ᠲᠠᠢ ᠪᠠᠨ ᠤᠶᠠᠯᠳᠤᠭᠤᠯᠤᠨ ᠲᠤᠰ ᠲᠦᠰᠦᠯ ᠢ ᠲᠣᠭᠲᠠᠭᠠᠪᠠ᠃            ᠨᠢᠭᠡ᠂ ᠠᠵᠢᠯ ᠤᠨ ᠬᠠᠷᠠᠯᠲᠠ      ᠣᠯᠠᠨ ᠨᠡᠶᠢᠲᠡ ᠶᠢᠨ ᠠᠮᠤᠷ ᠲᠥᠪᠰᠢᠨ ᠢ ᠤᠯᠠᠮ ᠨᠢᠭᠡ ᠠᠯᠬᠤᠮ ᠴᠢᠩᠭᠠᠳᠬᠠᠬᠤ ᠲᠣᠬᠠᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠠᠵᠢᠯ ᠤᠨ ᠪᠠᠶᠢᠷᠢᠯᠠᠭᠤᠯᠤᠯᠲᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠯ᠎ᠡ ᠭᠠᠵᠠᠷ ᠣᠷᠣᠨ ᠤ ᠭᠠᠯ ᠰᠡᠷᠬᠡᠶᠢᠢᠯᠡᠵᠦ ᠤᠨᠲᠠᠷᠠᠭᠠᠬᠤ ᠠᠵᠢᠯ ᠤᠨ ᠤᠳᠤᠷᠢᠳᠤᠯᠭ᠎ᠠ ᠶᠢ ᠴᠢᠩᠭᠠᠳᠬᠠᠨ᠂ ᠬᠠᠮᠢᠶ᠎ᠠ ᠪᠦᠬᠦᠢ ᠡᠭᠦᠷᠭᠡ ᠴᠢᠳᠠᠪᠤᠷᠢ ᠪᠦᠬᠦᠢ ᠰᠠᠯᠠᠭ᠎ᠠ ᠮᠦᠴᠢᠷ ᠪᠣᠯᠣᠨ ᠲᠣᠲᠤᠭᠠᠲᠤ ᠶᠢ ᠬᠠᠮᠠᠭᠠᠯᠠᠬᠤ ᠪᠠᠶᠢᠭᠤᠯᠭ᠎ᠠ ᠶᠢᠨ ᠬᠠᠮᠢᠶ᠎ᠠ ᠪᠦᠬᠦᠢ ᠴᠠᠭᠳᠠᠭᠠᠨ ᠤ ᠲᠥᠷᠥᠯ ᠢ ᠵᠣᠬᠢᠶᠠᠨ ᠪᠠᠶᠢᠭᠤᠯᠵᠤ᠂ ᠨᠡᠶᠢᠭᠡᠮ ᠤᠨ ᠡᠯ᠎ᠡ ᠲᠠᠯ᠎ᠠ ᠶᠢᠨ ᠬᠦᠴᠦᠨ ᠢ ᠳᠠᠶᠢᠴᠢᠯᠠᠨ᠂ ᠭᠠᠯ ᠢ ᠰᠡᠷᠭᠡᠶᠢᠯᠡᠨ ᠤᠨᠲᠠᠷᠠᠭᠠᠬᠤ ᠦᠨᠳᠦᠰᠦᠨ ᠱᠠᠲᠤᠨ ᠤ ᠰᠠᠭᠤᠷᠢ ᠶᠢ ᠪᠠᠬᠢᠵᠢᠭᠦᠯᠬᠦ ᠬᠢᠭᠡᠳ ᠭᠠᠯ ᠤᠨ ᠭᠠᠮᠰᠢᠭ ᠢ ᠰᠡᠷᠭᠡᠶᠢᠯᠡᠨ ᠡᠵᠡᠮᠳᠡᠬᠦ ᠶᠢ ᠬᠠᠷᠢᠯᠴᠠᠨ ᠤᠶᠠᠯᠳᠤᠭᠤᠯᠤᠭᠰᠠᠨ ᠠᠷᠭ᠎ᠠ ᠮᠠᠶ᠋ᠢᠭ ᠢ ᠠᠪᠴᠤ᠂ ᠡᠨᠡ ᠡᠪᠦᠯ ᠢᠷᠡᠬᠦ ᠬᠠᠪᠤᠷ ᠤᠨ ᠭᠠᠯ ᠤᠨ ᠭᠠᠮᠰᠢᠭ ᠢ ᠰᠡᠷᠭᠡᠶᠢᠯᠡᠨ ᠡᠵᠡᠮᠳᠡᠬᠦ ᠠᠵᠢᠯ ᠢ ᠪᠦᠬᠦ ᠲᠠᠯ᠎ᠠ ᠪᠠᠷ ᠦᠷᠨᠢᠭᠦᠯᠦᠨ᠂ ᠨᠡᠯᠢᠶᠡᠳ ᠶᠡᠭᠡ ᠬᠡᠮᠵᠢᠶᠡᠨ ᠤ ᠬᠦᠮᠦᠨ ᠠᠳᠡᠬᠦ ᠭᠠᠯ ᠤᠨ ᠭᠠᠮᠰᠢᠭ ᠢ ᠴᠢᠷᠮᠠᠶᠢᠨ ᠤᠷᠢᠳᠴᠢᠯᠡᠨ ᠰᠡᠷᠭᠡᠶᠢᠯᠡᠬᠦ ᠪᠠ ᠪᠠᠭᠠᠰᠬᠠᠵᠤ᠂ ᠬᠦᠨᠳᠦ ᠣᠨᠴᠠ ᠶᠡᠭᠡ ᠣᠨᠴᠣᠭᠤᠶᠢᠯᠠᠨ ᠣᠯᠠᠨ ᠢᠶᠠᠷ ᠠᠳᠡᠵᠦ ᠰᠢᠷᠬᠠᠲᠤᠬᠤ ᠭᠠᠯ ᠤᠨ ᠭᠠᠮᠰᠢᠭ ᠢ ᠡᠷᠡᠰ ᠬᠤᠷᠢᠭᠯᠠᠨ᠂ ᠪᠦᠬᠦ ᠣᠷᠣᠨ ᠤ ᠭᠠᠯ ᠤᠨ ᠭᠠᠮᠰᠢᠭ ᠤᠨ ᠪᠠᠶᠢᠳᠠᠯ ᠢ ᠥᠷᠭᠦᠯᠵᠢᠯᠡᠨ ᠲᠣᠭᠲᠠᠭᠤᠨ ᠪᠠᠶᠢᠯᠭᠠᠬᠤ ᠶᠢ ᠪᠠᠳᠤᠯᠠᠨ᠎ᠠ᠃      ᠬᠤᠶᠠᠷ᠂ ᠠᠵᠢᠯ ᠤᠨ ᠴᠠᠭ ᠬᠤᠭᠤᠴᠠᠭ᠎ᠠ      2016 ᠣᠨ ᠤ 10 ᠳ᠋ᠤᠭᠠᠷ ᠰᠠᠷ᠎ᠠ ᠠᠴᠠ 2017 ᠣᠨ ᠤ 3 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ ᠦᠷᠭᠦᠯᠵᠢᠯᠡᠨ᠎ᠡ᠃      ᠭᠤᠷᠪᠠ᠂ ᠠᠵᠢᠯ ᠤᠨ ᠠᠭᠤᠯᠭ᠎ᠠ ᠵᠢᠴᠢ ᠠᠷᠭ᠎ᠠ ᠬᠡᠮᠵᠢᠶ᠎ᠡ      ︵ᠨᠢᠭᠡ︶ ᠭᠠᠯ ᠤᠨ ᠭᠠᠮᠰᠢᠭ ᠢ ᠰᠡᠷᠭᠡᠶᠢᠯᠡᠨ ᠡᠵᠡᠮᠳᠡᠬᠦ ᠶᠢ ᠴᠢᠩᠭ᠎ᠠ ᠠᠳᠬᠤᠨ᠎ᠠ᠃      1. ︽ᠭᠠᠯ ᠤᠨᠲᠠᠷᠠᠭᠠᠬᠤ ᠶᠢᠨ ᠠᠮᠤᠷ ᠲᠥᠪᠰᠢᠨ ᠨᠡᠶᠢᠭᠡᠮ ᠲᠣᠭᠤᠷᠢᠭ ᠢ ᠡᠭᠦᠳᠦᠨ ᠪᠠᠶᠢᠭᠤᠯᠬᠤ︾ ᠠᠵᠢᠯᠯᠠᠭ᠎ᠠ ᠶᠢ ᠦᠷᠨᠢᠭᠦᠯᠦᠨ᠎ᠡ᠃ ᠡᠯ᠎ᠡ ᠱᠠᠲᠤᠨ ᠤ ᠵᠠᠰᠠᠭ ᠤᠨ ᠣᠷᠳᠣᠨ ᠵᠢᠴᠢ ᠶᠡᠷᠦᠩᠭᠡᠶᠢᠯᠡᠨ ᠵᠠᠰᠠᠬᠤ ᠵᠡᠷᠭᠡ ᠬᠠᠮᠢᠶ᠎ᠠ ᠪᠦᠬᠦᠢ ᠰᠠᠯᠠᠭ᠎ᠠ ᠮᠦᠴᠢᠷ ᠤᠳ ︽ᠭᠠᠯ ᠤᠨᠲᠠᠷᠠᠭᠠᠬᠤ ᠶᠢᠨ ᠠᠮᠤᠷ ᠲᠥᠪᠰᠢᠨ ᠨᠡᠶᠢᠭᠡᠮ ᠲᠣᠭᠤᠷᠢᠭ ᠢ ᠡᠭᠦᠳᠦᠨ ᠪᠠᠶᠢᠭᠤᠯᠬᠤ︾ ᠠᠵᠢᠯᠯᠠᠭ᠎ᠠ ᠶᠢ ᠶᠡᠬᠡᠪᠡᠷ ᠵᠣᠬᠢᠶᠠᠨ ᠪᠠᠶᠢᠭᠤᠯᠤᠨ ᠦᠷᠨᠢᠭᠦᠯᠵᠦ᠂ ᠰᠠᠭᠤᠭᠠᠯᠢ ᠠᠷᠠᠳ ᠤᠨ ᠨᠡᠶᠢᠭᠡᠮ ᠲᠣᠭᠤᠷᠢᠭ᠂ ᠣᠷᠣᠨ ᠰᠠᠭᠤᠴᠠ ᠶᠢᠨ ᠠᠰᠠᠷ ᠬᠦᠷᠢᠶ᠎ᠡ ᠨᠢᠭᠡᠪᠦᠷᠢ ᠨᠢ ᠡᠷᠬᠡᠪᠰᠢ ᠳᠣᠣᠷᠠᠬᠢ ᠮᠡᠲᠦ 5 ᠲᠠᠯ᠎ᠠ ᠶᠢᠨ ᠱᠠᠭᠠᠷᠳᠠᠯᠭ᠎ᠠ ᠳᠤ ᠬᠦᠷᠦᠭᠰᠡᠨ ᠪᠠᠶᠢᠬᠤ ᠬᠡᠷᠡᠭᠲᠡᠢ᠄ ᠨᠢᠭᠡ ᠳᠤ ᠭᠠᠯ ᠤᠨᠲᠠᠷᠠᠭᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠰᠠᠭᠤᠭᠠᠯᠢ ᠠᠷᠠᠳ ᠤᠨ ᠨᠡᠶᠢᠭᠡᠮ ᠲᠣᠭᠤᠷᠢᠭ᠂ ᠣᠷᠣᠨ ᠰᠠᠭᠤᠴᠠ ᠶᠢᠨ ᠠᠰᠠᠷ ᠨᠢᠭᠡᠪᠦᠷᠢ ᠶᠢᠨ ᠭᠠᠯ ᠤᠨᠲᠠᠷᠠᠭᠠᠬᠤ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠨᠢᠭᠡᠴᠡ ᠶᠢ ᠡᠷᠬᠡᠪᠰᠢ ᠲᠣᠲᠤᠷᠬᠠᠶᠢᠯᠠᠵᠤ᠂ ᠡᠳᠦᠷ ᠲᠤᠳᠤᠮ ᠤᠨ ᠭᠠᠯ ᠰᠡᠷᠭᠡᠶᠢᠯᠡᠬᠦ ᠪᠠᠶᠢᠴᠠᠭᠠᠯᠲᠠ᠂ ᠤᠬᠠᠭᠤᠯᠤᠯ ᠬᠥᠮᠥᠵᠢᠭᠦᠯᠦᠯ᠂ ᠪᠣᠯᠪᠠᠰᠤᠷᠠᠭᠤᠯᠤᠯ ᠰᠣᠷᠢᠯᠲᠠ ᠵᠡᠷᠭᠡ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠬᠤᠶᠠᠷ ᠲᠤ ᠵᠠᠶᠢᠯᠠᠭᠤᠯᠵᠤ ᠶᠠᠪᠤᠭᠤᠯᠬᠤ ᠶᠢᠨ ᠨᠡᠪᠳᠡᠷᠡᠬᠦ ᠵᠠᠮ ᠢ ᠰᠠᠭᠠᠳ ᠦᠭᠡᠢ ᠨᠡᠪᠲᠡᠷᠡᠭᠦᠯᠦᠨ᠎ᠡ᠃ ᠵᠠᠶᠢᠯᠠᠭᠤᠯᠵᠤ ᠶᠠᠪᠤᠭᠤᠯᠬᠤ ᠵᠠᠮ᠂ ᠠᠮᠤᠷ ᠲᠦᠪᠰᠢᠨ ᠭᠠᠷᠬᠤ ᠡᠭᠦᠳᠡ ᠵᠢᠴᠢ ᠭᠠᠯ ᠤᠨᠲᠠᠷᠠᠭᠠᠬᠤ ᠮᠠᠰᠢᠨ ᠲᠡᠷᠭᠡᠨ ᠤ ᠨᠡᠪᠲᠡᠷᠡᠬᠦ ᠵᠠᠮ ᠤᠨ ᠰᠠᠭᠠᠳ ᠦᠭᠡᠢ ᠨᠡᠪᠲᠡᠷᠡᠬᠦ ᠶᠢ ᠡᠷᠬᠡᠪᠰᠢ ᠪᠠᠲᠤᠯᠠᠵᠤ᠂ ᠵᠠᠶᠢᠯᠠᠭᠤᠯᠵᠤ ᠶᠠᠪᠤᠭᠤᠯᠬᠤ ᠶᠢᠨ ᠨᠡᠪᠳᠡᠷᠡᠬᠦ ᠵᠠᠮ ᠳᠤ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠶᠢ ᠲᠣᠭᠲᠠᠭᠠᠯ ᠠᠴᠠ ᠵᠦᠷᠢᠴᠡᠨ ᠵᠣᠭᠰᠤᠭᠠᠵᠤ ᠪᠣᠯᠬᠤ ᠦᠬᠡᠢ᠂ ᠵᠠᠶᠢᠯᠠᠭᠤᠯᠵᠤ ᠶᠠᠪᠤᠭᠤᠯᠬᠤ ᠶᠢᠨ ᠨᠡᠪᠳᠡᠷᠡᠬᠦ ᠵᠡᠮ᠂ ᠬᠤᠭᠤᠯᠠᠶ ᠭᠤᠤᠷᠰᠤ ᠨᠦᠬᠡᠨ ᠵᠠᠮ ᠵᠡᠷᠭᠡ ᠤᠯᠠᠨ ᠨᠡᠶᠢᠲᠡ ᠶᠢᠨ ᠣᠷᠣᠨ ᠪᠦᠰᠡ ᠵᠢᠴᠢ ᠴᠠᠬᠢᠯᠭᠠᠨ ᠬᠡᠮᠵᠢᠭᠦᠷ ᠤᠨ ᠬᠠᠶᠢᠷᠴᠠᠭ ᠤᠨ ᠬᠠᠪᠢ ᠳᠤ ᠰᠢᠳᠠᠵᠦ ᠨᠤᠴᠤᠬᠤ ᠶᠠᠭᠤᠮ᠎ᠠ ᠬᠡᠦᠮ᠎ᠡ ᠣᠪᠣᠭᠠᠯᠠᠵᠤ ᠪᠣᠯᠬᠤ ᠦᠭᠡᠢ᠂ ᠴᠠᠬᠢᠯᠭᠠᠨ ᠪᠠ ᠰᠢᠲᠠᠮᠠᠬᠠᠢ ᠬᠡᠢ ᠶᠢᠨ ᠤᠲᠠᠰᠤ ᠱᠤᠭᠤᠮ ᠢ ᠬᠠᠮᠢᠶ᠎ᠠ ᠨᠠᠮᠢᠶ᠎ᠠ ᠦᠭᠡᠢ ᠲᠠᠲᠠᠵᠤ ᠵᠠᠯᠭᠠᠵᠤ ᠪᠣᠯᠬᠤ ᠦᠭᠡᠢ᠂ ᠪᠣᠰᠤᠭ᠎ᠠ ᠨᠦᠬᠡᠨ ᠤ ᠭᠠᠯ ᠰᠡᠷᠭᠡᠶᠢᠯᠡᠵᠦ ᠪᠦᠭᠯᠡᠬᠦ ᠠᠵᠢᠯ ᠢ ᠴᠢᠩᠭ᠎ᠠ ᠨᠢᠭᠲᠠ ᠨᠠᠶᠢᠳᠠᠪᠤᠷᠢᠵᠢᠭᠤᠯᠵᠤ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠳᠤ ᠴᠠᠬᠢᠯᠭᠠᠨ ᠴᠡᠨᠡᠭᠯᠡᠬᠦ ᠶᠢ ᠵᠢᠷᠤᠮᠵᠢᠭᠤᠯᠤᠨ ᠬᠠᠮᠢᠶᠠᠷᠤᠨ᠎ᠠ᠃ ᠭᠤᠷᠪᠠ ᠳᠤ ᠭᠠᠯ ᠤᠨᠲᠠᠷᠠᠭᠠᠬᠤ ᠪᠡᠯᠡᠳᠬᠡᠮᠵᠢ ᠶᠢ ᠰᠡᠯᠪᠢᠨ ᠬᠠᠮᠠᠭᠠᠯᠠᠨ᠎ᠠ᠃ ᠠᠦ᠋ᠲ᠋ᠣ᠋ ᠭᠠᠯ ᠤᠨᠲᠠᠷᠠᠭᠠᠬᠤ ᠪᠡᠯᠡᠳᠬᠡᠮᠵᠢ ᠶᠢ ᠲᠣᠭᠲᠠᠮᠠᠯ ᠬᠤᠭᠤᠴᠠᠭ᠎ᠠ ᠲᠠᠢ ᠪᠠᠷ ᠬᠠᠮᠠᠭᠠᠯᠠᠨ ᠠᠷᠠᠴᠢᠯᠠᠵᠤ᠂ ᠪᠦᠷᠢᠨ ᠪᠦᠲᠦᠨ ᠮᠥᠷᠲᠡᠭᠡᠨ ᠪᠦᠲᠦᠮᠵᠢᠲᠡᠢ ᠪᠠᠶᠢᠬᠤ ᠶᠢ ᠪᠠᠲᠤᠯᠠᠨ᠂ ᠭᠠᠯ ᠤᠨᠲᠠᠷᠠᠭᠠᠬᠤ ᠡᠵᠡᠮᠳᠡᠯ ᠤᠨ ᠲᠠᠰᠤᠭ ᠤᠨ ᠵᠢᠵᠢᠭᠦᠷᠯᠡᠭᠴᠢ ᠶᠢᠨ ᠦᠨᠡᠮᠯᠡᠯ ᠠᠪᠴᠤ ᠠᠵᠢᠯᠯᠠᠬᠤ ᠪᠥᠭᠡᠳ ᠠᠵᠢᠯ ᠤᠨ ᠤᠷᠤᠨ ᠪᠠᠶᠢᠷᠢᠨ ᠳᠤ ᠪᠠᠶᠢᠬᠤ ᠶᠢ ᠦᠨᠡᠨᠬᠦ ᠪᠠᠲᠤᠯᠠᠨ᠎ᠠ᠃ ᠲᠦᠷᠪᠡ ᠳᠤ ᠤᠬᠠᠭᠤᠯᠤᠯ ᠬᠦᠮᠦᠵᠢᠭᠦᠯᠦᠯ ᠬᠢᠬᠦ ᠶᠢ ᠴᠢᠩᠭᠠᠳᠬᠠᠨ᠎ᠠ᠃ ᠨᠡᠶᠢᠭᠡᠮ ᠲᠣᠭᠤᠷᠢᠭ ᠤᠨ ᠭᠠᠯ ᠤᠨᠲᠠᠷᠠᠭᠠᠬᠤ ᠶᠢᠨ ᠤᠬᠠᠭᠤᠯᠬᠤ ᠡᠯᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠭᠠᠯ ᠤᠨᠲᠠᠷᠠᠭᠠᠬᠤ ᠠᠮᠤᠷ ᠲᠦᠪᠰᠢᠨ ᠢ ᠠᠶᠢᠯ ᠡᠷᠦᠭᠡ ᠳᠤ ᠣᠷᠣᠭᠤᠯᠬᠤ ᠶᠢᠨ ᠤᠬᠠᠭᠤᠯᠬᠤ ᠠᠵᠢᠯᠯᠠᠭ᠎ᠠ ᠶᠢ ᠦᠷᠨᠢᠭᠦᠯᠦᠨ᠂ ᠰᠠᠭᠤᠭᠠᠯᠢ ᠠᠷᠠᠳ ᠢ ᠵᠣᠬᠢᠶᠠᠨ ᠪᠠᠶᠢᠭᠤᠯᠤᠨ ᠭᠠᠯ ᠤᠨᠲᠠᠷᠠᠭᠠᠬᠤ ᠪᠠ ᠵᠠᠶᠢᠯᠠᠭᠤᠯᠵᠤ ᠠᠶᠤᠯ ᠠᠴᠠ ᠵᠠᠶᠢᠯᠠᠬᠤ ᠰᠣᠷᠢᠯᠲᠠ ᠬᠢᠵᠦ᠂ ᠨᠡᠶᠢᠭᠡᠮ ᠲᠣᠭᠤᠷᠢᠭ ᠤᠨ ᠤᠬᠠᠭᠤᠯᠤᠯ ᠤᠨ ᠰᠠᠮᠪᠠᠷ᠎ᠠ᠂ ᠠᠰᠠᠷ ᠲᠠᠭᠲᠤ ᠶᠢᠨ ᠬᠠᠷᠠᠭᠠᠨ ᠳᠠᠪᠲᠠᠮᠵᠢ ᠶᠢ ᠠᠰᠢᠭᠯᠠᠨ ᠭᠠᠯ ᠤᠨᠲᠠᠷᠠᠭᠠᠬᠤ ᠠᠮᠤᠷ ᠲᠥᠪᠰᠢᠨ ᠤ ᠶᠡᠷᠦ ᠶᠢᠨ ᠮᠡᠳᠡᠯᠭᠡ ᠶᠢ ᠲᠣᠭᠲᠠᠮᠠᠯ ᠬᠤᠭᠤᠴᠠᠭ᠎ᠠ ᠲᠠᠢ ᠪᠠᠷ ᠤᠬᠠᠭᠤᠯᠤᠨ᠎ᠠ᠃ ᠲᠠᠪᠤ ᠳᠤ ᠪᠢᠴᠢᠯ ᠬᠡᠯᠪᠡᠷᠢ ᠶᠢᠨ ᠭᠠᠯ ᠤᠨᠲᠠᠷᠠᠭᠠᠬᠤ ᠦᠷᠲᠡᠭᠡ ᠶᠢ ᠪᠦᠷᠢᠨᠰᠢᠭᠦᠯᠦᠨ ᠬᠦᠴᠦᠷᠬᠡᠭᠵᠢᠭᠦᠯᠦᠨ᠎ᠡ᠃ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠠᠳᠠᠯ ᠠᠬᠤᠶ ᠶᠢᠨ ᠦᠢᠯᠡᠴᠢᠯᠡᠭᠡ ᠲᠠᠢ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠲᠣᠭᠤᠷᠢᠭ ᠤᠳ ᠪᠢᠴᠢᠯ ᠬᠡᠯᠪᠡᠷᠢ ᠶᠢᠨ ᠭᠠᠯ ᠤᠨᠲᠠᠷᠠᠭᠠᠬᠤ ᠦᠷᠳᠡᠭᠡ ᠪᠠᠶᠢᠭᠤᠯᠵᠤ᠂ ᠴᠢᠬᠤᠯᠠ ᠪᠦᠬᠦᠢ ᠭᠠᠯ ᠤᠨᠲᠠᠷᠠᠭᠠᠬᠤ ᠪᠠᠭᠠᠵᠢ ᠬᠡᠷᠡᠭᠰᠡᠯ ᠲᠣᠬᠢᠷᠠᠭᠤᠯᠤᠨ᠂ ᠲᠤᠰᠬᠠᠶ ᠪᠠ ᠬᠠᠪᠰᠤᠷᠭᠠᠭᠰᠠᠨ ᠠᠵᠢᠯᠲᠠᠳ ᠲᠤ ᠰᠤᠷᠢᠯᠭ᠎ᠠ ᠪᠣᠯᠪᠠᠰᠤᠷᠠᠭᠤᠯᠤᠯ ᠬᠢᠨ᠎ᠡ᠃ ᠪᠢᠴᠢᠯ ᠬᠡᠯᠪᠡᠷᠢ ᠶᠢᠨ ᠭᠠᠯ ᠤᠨᠲᠠᠷᠠᠭᠠᠬᠤ ᠥᠷᠳᠡᠭᠡ ᠨᠢ ᠡᠭᠡᠯᠵᠢ ᠨᠢᠭᠡᠪᠦᠷᠢ ᠳᠤ 3 ᠠᠴᠠ ᠲᠤᠲᠠᠭᠤ ᠦᠭᠡᠢ ᠲᠤᠰᠬᠠᠶ ︵ᠬᠠᠪᠰᠤᠷᠭᠠᠭᠰᠠᠨ︶ ᠲᠤᠰᠢᠶᠠᠯᠳᠤ ᠭᠠᠯ ᠤᠨᠲᠠᠷᠠᠭᠠᠬᠤ ᠠᠵᠢᠯᠲᠠᠨ ᠲᠣᠬᠢᠷᠠᠭᠤᠯᠤᠨ 24 ᠴᠠᠭ ᠢᠶᠠᠷ ᠠᠵᠢᠯ ᠤᠨ ᠪᠠᠶᠢᠷᠢᠨ ᠳᠤ ᠪᠠᠶᠢᠬᠤ ᠶᠢ ᠦᠨᠡᠨᠬᠦ ᠪᠠᠲᠤᠯᠠᠵᠤ᠂ ᠰᠥᠨᠢ ᠶᠢᠨ ᠭᠠᠯ ᠰᠡᠷᠭᠡᠶᠢᠯᠡᠬᠦ ᠴᠠᠭᠳᠠᠨ ᠪᠠᠶᠢᠴᠠᠭᠠᠯᠲᠠ ᠶᠢ ᠴᠢᠩᠭᠠᠳᠬᠠᠨ᠂ ᠭᠠᠯ ᠤᠨ ᠠᠶᠤᠯ ᠡᠭᠦᠰᠦᠮᠡᠭᠴᠡ᠂ ︽ᠨᠢᠭᠡ ᠮᠢᠨᠦ᠋ᠲ ᠲᠤ ᠪᠠᠷᠢᠨ ᠬᠦᠳᠡᠯᠵᠦ᠂ 3 ᠮᠢᠨᠦ᠋ᠲ ᠲᠤ ᠲᠤᠬᠠᠶ ᠶᠢᠨ ᠭᠠᠵᠠᠷ ᠲᠤ ᠬᠦᠷᠴᠦ ᠰᠢᠢᠳᠪᠦᠷᠢᠯᠡᠬᠦ︾ ᠶᠢ ᠭᠦᠢᠴᠡᠳᠬᠡᠨ᠎ᠡ᠃      2. ᠨᠡᠶᠢᠭᠡᠮ ᠨᠢᠭᠡᠴᠡ ᠶᠢᠨ ᠪᠢᠴᠢᠯ ᠬᠡᠯᠪᠡᠷᠢ ᠶᠢᠨ ᠭᠠᠯ ᠤᠨᠲᠠᠷᠠᠭᠠᠬᠤ ᠥᠷᠳᠡᠭᠡ ᠶᠢ ᠪᠣᠳᠠᠲᠠᠶᠢᠵᠢᠭᠤᠯᠤᠨ ᠴᠢᠩᠭᠠᠳᠬᠠᠨ᠎ᠠ᠃ ᠭᠠᠯ ᠤᠨᠲᠠᠷᠠᠭᠠᠬᠤ ᠶᠢᠨ ᠠᠮᠤᠷ ᠲᠦᠪᠰᠢᠨ ᠤ ᠭᠤᠣᠯᠳᠠᠯᠭ᠎ᠠ ᠲᠠᠢ ᠨᠢᠭᠡᠴᠡ ᠨᠢ ᠪᠦᠬᠦᠨ ᠢᠶᠠᠷ ᠢᠶᠠᠨ ᠪᠢᠴᠢᠯ ᠬᠡᠯᠪᠡᠷᠢ ᠶᠢᠨ ᠭᠠᠯ ᠤᠨᠲᠠᠷᠠᠭᠠᠬᠤ ᠦᠷᠲᠡᠭᠡ ᠪᠠᠶᠢᠭᠤᠯᠤᠨ ᠴᠢᠩᠭᠠᠳᠬᠠᠵᠦ᠂ ᠪᠢᠴᠢᠯ ᠬᠡᠯᠪᠡᠷᠢ ᠶᠢᠨ ᠭᠠᠯ ᠤᠨᠲᠠᠷᠠᠭᠠᠬᠤ ᠦᠷᠳᠡᠭᠡ ᠨᠢ ᠭᠠᠯ ᠤᠨᠲᠠᠷᠠᠭᠠᠬᠤ ᠶᠢᠨ ᠠᠮᠤᠷ ᠲᠦᠪᠰᠢᠨ ᠢ ᠴᠠᠭᠳᠠᠨ ᠪᠠᠶᠢᠴᠠᠭᠠᠬᠤ ᠠᠩᠬᠢ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠲᠦᠷᠦᠭᠦᠨ ᠤ ᠠᠩᠭᠢ ᠪᠣᠯᠣᠨ ᠭᠠᠯ ᠤᠨᠲᠠᠷᠠᠭᠠᠬᠤ ᠲᠤᠬᠠᠶ ᠮᠡᠳᠡᠯᠭᠡ ᠶᠢ ᠤᠬᠠᠭᠤᠯᠬᠤ ᠠᠩᠭᠢ ᠶᠢᠨ ︽ᠭᠤᠷᠪᠠᠨ ᠠᠩᠭᠢ ᠶᠢ ᠨᠢᠭᠡᠳᠬᠡᠬᠦ︾ ᠱᠠᠭᠠᠷᠳᠠᠯᠭ᠎ᠠ ᠳᠤ ᠬᠦᠷᠴᠦ᠂ ᠡᠳᠦᠷ ᠲᠤᠳᠤᠮ ᠤᠨ ᠭᠠᠯ ᠰᠡᠷᠭᠡᠶᠢᠯᠡᠬᠦ ᠴᠠᠭᠳᠠᠨ ᠪᠠᠶᠢᠴᠠᠭᠠᠯᠲᠠ᠂ ᠭᠠᠯ ᠤᠨᠲᠠᠷᠠᠭᠠᠬᠤ ᠤᠬᠠᠭᠤᠯᠤᠯ ᠤᠨ ᠠᠵᠢᠯ ᠢ ᠦᠷᠨᠢᠭᠦᠯᠦᠨ᠂ ᠭᠠᠯ ᠤᠨ ᠭᠠᠮᠰᠢᠭ ᠡᠭᠦᠰᠬᠦ ᠳᠤ ᠲᠦᠷᠭᠡᠨ ᠪᠠᠷᠢᠨ ᠬᠦᠳᠡᠯᠵᠦ᠂ ᠥᠨᠳᠥᠷ ᠪᠦᠲᠦᠮᠵᠢᠲᠡᠶ ᠪᠠᠷ ᠰᠢᠢᠳᠪᠦᠷᠢᠯᠡᠨ᠎ᠡ᠃ ᠨᠢᠭᠡ ᠳᠤ ᠭᠠᠯ ᠰᠡᠷᠭᠡᠶᠢᠯᠡᠬᠦ ᠴᠠᠭᠳᠠᠨ ᠪᠠᠶᠢᠴᠠᠭᠠᠯᠲᠠ ᠶᠢ ᠦᠷᠨᠢᠭᠦᠯᠦᠨ᠎ᠡ᠃ ᠪᠢᠴᠢᠯ ᠬᠡᠯᠪᠡᠷᠢ ᠶᠢᠨ ᠭᠠᠯ ᠤᠨᠲᠠᠷᠠᠭᠠᠬᠤ ᠦᠷᠳᠡᠭᠡ ᠶᠢᠨ ᠭᠠᠯ ᠰᠡᠷᠭᠡᠶᠢᠯᠡᠬᠦ ᠴᠠᠭᠳᠠᠨ ᠪᠠᠶᠢᠴᠠᠭᠠᠬᠤ ᠲᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠭᠠᠯ ᠤᠨ ᠭᠠᠮᠰᠢᠭ ᠤᠨ ᠭᠡᠮ ᠰᠣᠭᠤᠭ ᠢ ᠲᠡᠮᠳᠡᠭᠯᠡᠬᠦ᠂ ᠮᠡᠳᠡᠭᠦᠯᠦᠯᠲᠡ ᠬᠢᠬᠦ᠂ ᠰᠢᠮᠳᠠᠭᠤᠯᠤᠨ ᠭᠦᠢᠴᠡᠳᠬᠡᠬᠦ᠂ ᠴᠡᠭᠴᠡᠯᠡᠨ ᠰᠠᠶᠢᠵᠢᠷᠠᠭᠤᠯᠬᠤ᠂ ᠳᠠᠪᠲᠠᠨ ᠪᠠᠶᠢᠴᠠᠭᠠᠬᠤ ᠵᠡᠷᠭᠡ ᠳᠡᠰ ᠳᠠᠷᠠᠭᠠᠯᠠᠯ ᠢ ᠲᠣᠲᠤᠷᠬᠠᠶᠢᠯᠠᠵᠤ᠂ ᠠᠵᠢᠯᠲᠠᠨ ᠲᠣᠬᠢᠷᠠᠭᠤᠯᠤᠨ ᠡᠭᠡᠯᠵᠢ ᠤᠳᠠᠭ᠎ᠠ ᠬᠤᠪᠢᠶᠠᠷᠢᠯᠠᠨ ᠭᠠᠯ ᠰᠡᠷᠭᠡᠶᠢᠯᠡᠬᠦ ᠴᠠᠭᠳᠠᠨ ᠪᠠᠶᠢᠴᠠᠭᠠᠯᠲᠠ ᠬᠢᠬᠦ ᠶᠢ ᠥᠷᠨᠢᠭᠦᠯᠵᠦ᠂ ᠡᠭᠡᠯᠵᠢ ᠤᠳᠠᠭ᠎ᠠ ᠨᠢᠭᠡᠪᠦᠷᠢ ᠳᠤ ᠠᠵᠢᠯ ᠤᠨ ᠪᠠᠶᠢᠷᠢᠨ ᠳᠤ 3 ᠠᠴᠠ ᠲᠤᠲᠠᠭᠤ ᠦᠭᠡᠢ ᠬᠥᠮᠥᠨ ᠪᠠᠶᠢᠯᠭᠠᠵᠤ᠂ 24 ᠴᠠᠭ ᠢᠶᠠᠷ ᠵᠢᠵᠢᠭᠦᠷᠯᠡᠬᠦ ᠶᠢ ᠪᠠᠲᠤᠯᠠᠨ᠎ᠠ᠃ ᠨᠢᠭᠡᠴᠡ ᠶᠢᠨ ᠭᠠᠯ ᠤᠨᠲᠠᠷᠠᠭᠠᠬᠤ ᠶᠢᠨ ᠬᠠᠮᠢᠶᠠᠷᠤᠯᠲᠠ ᠶᠢᠨ ᠠᠵᠢᠯᠲᠠᠨ ᠤ ᠴᠠᠭᠳᠠᠨ ᠪᠠᠶᠢᠴᠠᠭᠠᠭᠰᠠᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠰᠤᠭᠤᠴᠢᠨ ᠪᠠᠶᠢᠴᠠᠭᠠᠨ᠎ᠠ᠃ ᠬᠤᠶᠠᠷ ᠲᠤ ᠡᠬᠢᠯᠡᠵᠦ ᠭᠠᠷᠤᠬᠰᠠᠨ ᠭᠠᠯ ᠤᠨ ᠭᠠᠮᠰᠢᠭ ᠢ ᠲᠠᠷᠤᠵᠦ ᠤᠨᠳᠠᠷᠠᠭᠠᠨ ᠠᠪᠤᠷᠠᠯᠳᠠ ᠬᠢᠨ᠎ᠠ᠃ ᠪᠢᠴᠢᠯ ᠬᠡᠯᠪᠡᠷᠢ ᠶᠢᠨ ᠭᠠᠯ ᠤᠨᠲᠠᠷᠠᠭᠠᠬᠤ ᠥᠷᠳᠡᠭᠡ ᠨᠢ ᠴᠢᠬᠤᠯᠠ ᠪᠦᠬᠦᠢ ᠰᠡᠷᠭᠡᠶᠢᠯᠡᠨ ᠬᠠᠮᠠᠭᠠᠯᠠᠬᠤ ᠲᠤᠨᠤᠭ ᠲᠦᠬᠦᠭᠡᠷᠦᠮᠵᠢ ᠪᠣᠯᠤᠨ ᠭᠠᠯ ᠤᠨᠲᠠᠷᠠᠭᠠᠬᠤ ᠪᠠᠭᠠᠵᠢ ᠬᠡᠷᠡᠭᠰᠡᠯ ᠲᠣᠬᠢᠷᠠᠭᠤᠯᠤᠨ᠂ ᠭᠠᠯ ᠤᠨᠲᠠᠷᠠᠭᠠᠬᠤ ᠪᠠ ᠪᠠᠴᠢᠮ ᠪᠠᠶᠢᠳᠠᠯ ᠢ ᠠᠷᠭᠠᠴᠠᠨ ᠵᠠᠶᠢᠯᠠᠭᠤᠯᠬᠤ ᠲᠥᠰᠦᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠪᠣᠳᠠᠲᠤ ᠰᠣᠷᠢᠯᠲᠠ ᠪᠣᠯᠤᠨ ᠪᠣᠳᠠᠲᠤ ᠰᠤᠷᠢᠯᠭ᠎ᠠ ᠪᠤᠯᠪᠠᠰᠤᠷᠠᠭᠤᠯᠤᠯ ᠢ ᠲᠣᠭᠲᠠᠮᠠᠯ ᠬᠤᠭᠤᠴᠠᠭ᠎ᠠ ᠲᠠᠢ ᠪᠠᠷ ᠦᠷᠨᠢᠭᠦᠯᠵᠦ᠂ ᠲᠦᠷᠭᠡᠨ ᠠᠷᠭᠠᠴᠠᠬᠤ ᠴᠢᠳᠠᠪᠤᠷᠢ ᠶᠢ ᠳᠡᠭᠡᠭᠰᠢᠯᠡᠭᠦᠯᠦᠨ᠂ ᠭᠠᠯ ᠤᠨ ᠪᠠᠶᠢᠳᠠᠯ ᠢ ᠮᠡᠳᠡᠮᠡᠭᠴᠡ᠂ ︽ᠣᠶᠢᠷᠠᠯᠴᠠᠭ᠎ᠠ ᠪᠠᠶᠢᠭ᠎ᠠ ᠠᠵᠢᠯᠳᠡᠠ ᠨᠢ 1 ᠮᠢᠨᠦ᠋ᠲ ᠲᠤ ᠠᠩᠬᠠᠨ ᠤ ᠰᠢᠢᠳᠪᠦᠷᠢᠯᠡᠯᠲᠡ ᠬᠢᠵᠦ᠂ ᠭᠠᠯ ᠤᠨᠲᠠᠷᠠᠭᠠᠬᠤ ᠪᠠᠶᠢᠯᠳᠤᠭᠠᠨ ᠤ ᠳᠤᠭᠤᠶᠢᠯᠠᠩ ᠨᠢ 3 ᠮᠢᠨᠦ᠋ᠲ ᠲᠤ ᠲᠤᠬᠠᠶ ᠶᠢᠨ ᠭᠠᠵᠠᠷ ᠲᠤ ᠬᠦᠷᠴᠦ ᠭᠠᠯ ᠤᠨᠲᠠᠷᠠᠭᠠᠨ ᠠᠪᠤᠷᠠᠯᠳᠠ ᠬᠢᠵᠦ᠂ ᠲᠤᠰᠠᠯᠠᠬᠤ ᠬᠦᠴᠦᠨ ᠨᠢ 5 ᠮᠢᠨᠦ᠋ᠲ ᠲᠤ ᠬᠠᠮᠵᠢᠯᠴᠠᠨ ᠠᠵᠢᠯᠯᠠᠬᠤ︾ ᠱᠠᠭᠠᠷᠳᠠᠯᠭ᠎ᠠ ᠶᠣᠰᠣᠭᠠᠷ᠂ ᠡᠬᠢᠯᠡᠵᠦ ᠭᠠᠷᠤᠬᠰᠠᠨ ᠭᠠᠯ ᠤᠨ ᠭᠠᠮᠰᠢᠭ ᠢ ᠴᠠᠭ ᠲᠤᠬᠠᠶ ᠳᠤᠨᠢ ᠰᠢᠢᠳᠪᠦᠷᠢᠯᠡᠨ᠎ᠡ᠃ ᠭᠤᠷᠪᠠ ᠳᠤ ᠭᠠᠯ ᠤᠨᠲᠠᠷᠠᠭᠠᠬᠤ ᠲᠤᠬᠠᠶ ᠮᠡᠳᠡᠯᠭᠡ ᠶᠢ ᠤᠬᠠᠭᠤᠯᠤᠨ᠎ᠠ᠃ ᠪᠢᠴᠢᠯ ᠬᠡᠯᠪᠡᠷᠢ ᠶᠢᠨ ᠭᠠᠯ ᠤᠨᠲᠠᠷᠠᠭᠠᠬᠤ ᠥᠷᠳᠡᠭᠡ ᠶᠢᠨ ᠠᠵᠢᠯᠲᠠᠨ ᠨᠢ ᠠᠵᠢᠯᠲᠠᠨ ᠳᠠᠭᠠᠨ ᠭᠠᠯ ᠤᠨᠲᠠᠷᠠᠭᠠᠬᠤ ᠶᠡᠷᠦ ᠶᠢᠨ ᠮᠡᠳᠡᠯᠭᠡ ᠶᠢ ᠢᠳᠡᠪᠬᠢᠲᠡᠢ ᠪᠠᠷ ᠤᠬᠠᠭᠤᠯᠤᠨ ᠲᠦᠭᠡᠮᠡᠯᠵᠢᠭᠦᠯᠵᠦ᠂ ᠠᠵᠢᠯ ᠤᠨ ᠪᠠᠶᠢᠷᠢ ᠶᠢᠨ ᠭᠠᠯ ᠤᠨ ᠭᠠᠮᠰᠢᠭ ᠤᠨ ᠠᠶᠤᠯ ᠲᠦᠭᠰᠢᠭᠦᠷᠢ ᠪᠣᠯᠣᠨ ᠭᠠᠯ ᠤᠨᠲᠠᠷᠠᠭᠠᠬᠤ ᠶᠢᠨ ᠠᠮᠤᠷ ᠲᠥᠪᠰᠢᠨ ᠢᠶᠠᠷ ᠠᠵᠢᠯᠯᠠᠬᠤ ᠲᠦᠷᠢᠮ ᠢ ᠰᠠᠨᠠᠭᠤᠯᠤᠨ᠎ᠠ᠃ ᠪᠢᠴᠢᠯ ᠬᠡᠯᠪᠡᠷᠢ ᠶᠢᠨ ᠭᠠᠯ ᠤᠨᠲᠠᠷᠠᠭᠠᠬᠤ ᠦᠷᠲᠡᠭᠡ ᠶᠢ ᠵᠤᠷᠢᠬᠵᠢᠭᠤᠯᠤᠨ᠂ ᠨᠢᠭᠡᠴᠡ ᠶᠢᠨ ᠭᠠᠯ ᠤᠨᠲᠠᠷᠠᠭᠠᠬᠤ ᠸᠢᠴᠠᠲ ᠪᠦᠯᠦᠭᠵᠢᠯ ᠪᠠᠶᠢᠭᠤᠯᠤᠨ᠂ ᠭᠠᠯ ᠤᠨᠲᠠᠷᠠᠭᠠᠬᠤ ᠶᠢᠨ ᠠᠮᠤᠷ ᠲᠦᠪᠰᠢᠨ ᠤ ᠰᠠᠨᠠᠭᠤᠯᠤᠮᠵᠢ ᠶᠢ ᠲᠣᠭᠲᠠᠮᠠᠯ ᠬᠤᠭᠤᠴᠠᠭ᠎ᠠ ᠲᠠᠢ ᠪᠠᠷ ᠶᠠᠪᠤᠭᠤᠯᠵᠤ᠂ ᠭᠠᠯ ᠤᠨ ᠭᠠᠮᠰᠢᠭ ᠲᠣᠬᠢᠶᠠᠯᠳᠤᠪᠠᠯ᠂ ᠵᠠᠶᠢᠯᠠᠭᠤᠯᠵᠤ ᠶᠠᠪᠤᠭᠤᠯᠬᠤ ᠶᠢ ᠰᠠᠨᠠᠭᠤᠯᠬᠤ ᠳᠤᠨᠢ ᠲᠤᠰᠠᠯᠠᠨ᠎ᠠ᠃ ᠡᠯ᠎ᠡ ᠱᠠᠲᠤᠨ ᠤ ᠵᠠᠰᠠᠭ ᠤᠨ ᠣᠷᠳᠣᠨ ᠨᠢ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠴᠢᠨᠠᠷᠲᠠᠶ ᠪᠢᠴᠢᠭ ᠮᠠᠲ᠋ᠧᠷᠢᠶᠠᠯ ᠢ ᠨᠡᠶᠢᠲᠡᠯᠡᠬᠦ ᠶᠢᠨ ᠬᠠᠮᠲᠤ᠂ ᠵᠢᠯ ᠪᠦᠷᠢ ᠲᠤᠰᠬᠠᠶ ᠵᠦᠢᠯ ᠤᠨ ᠵᠠᠷᠤᠳᠠᠯ ᠬᠤᠪᠢᠶᠠᠷᠢᠯᠠᠨ ᠪᠠᠭᠤᠯᠭᠠᠵᠤ᠂ ᠪᠠᠷᠢᠮᠵᠢᠶ᠎ᠠ ᠳᠤ ᠬᠦᠷᠦᠭᠰᠡᠨ ᠪᠢᠴᠢᠯ ᠬᠡᠯᠪᠡᠷᠢ ᠶᠢᠨ ᠭᠠᠯ ᠤᠨᠲᠠᠷᠠᠭᠠᠬᠤ ᠥᠷᠳᠡᠭᠡ ᠳᠤ ᠵᠣᠬᠢᠬᠤ ᠬᠡᠮᠵᠢᠶᠡᠨ ᠤ ᠨᠥᠬᠦᠪᠥᠷᠢ ᠥᠭᠴᠦ᠂ ᠪᠣᠯᠪᠠᠰᠤᠷᠠᠭᠤᠯᠤᠯ ᠳᠤ ᠬᠢᠷᠢ ᠲᠡᠩᠴᠡᠭᠰᠡᠨ᠂ ᠳᠠᠩᠰᠠᠯᠠᠭᠤᠯᠵᠤ ᠲᠡᠮᠳᠡᠭᠯᠡᠭᠰᠡᠨ ᠪᠢᠴᠢᠯ ᠬᠡᠯᠪᠡᠷᠢ ᠶᠢᠨ ᠭᠠᠯ ᠤᠨᠲᠠᠷᠠᠭᠠᠬᠤ ᠥᠷᠳᠡᠭᠡ ᠶᠢᠨ ᠠᠵᠢᠯᠲᠠᠳ ᠲᠤ ᠪᠡᠶ᠎ᠡ ᠮᠠᠬᠠᠪᠤᠳ ᠤᠨ ᠰᠠᠨᠠᠭᠠᠨ ᠳᠤ ᠦᠭᠡᠢ ᠰᠢᠷᠬᠠᠲᠤᠯ ᠤᠨ ᠳᠠᠭᠠᠳᠬᠠᠯ ᠭᠦᠢᠴᠡᠳᠬᠡᠵᠦ᠂ ᠰᠢᠯᠢᠳᠡᠭ ᠠᠵᠢᠯᠲᠠᠨ ᠪᠣᠯᠣᠨ ᠨᠢᠷᠤᠭᠤᠪᠴᠢ ᠬᠦᠴᠦᠨ ᠳᠤ ᠣᠨᠴᠣᠭᠤᠢ ᠨᠡᠮᠡᠭᠦᠷᠢ ᠮᠥᠩᠭᠦ ᠣᠯᠭᠤᠨ᠂ ᠲᠤᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠪᠢᠴᠢᠯ ᠬᠡᠯᠪᠡᠷᠢ ᠶᠢᠨ ᠭᠠᠯ ᠤᠨᠲᠠᠷᠠᠭᠠᠬᠤ ᠦᠷᠳᠡᠭᠡ ᠪᠤᠶᠤ ᠠᠵᠢᠯᠲᠠᠨ ᠢ ᠴᠠᠭ ᠲᠣᠬᠠᠢ ᠳᠤᠨᠢ ᠱᠠᠩᠨᠠᠨ᠎ᠠ᠃      3. ᠴᠠᠬᠢᠯᠭᠠᠨ ᠠᠴᠠ ᠡᠭᠦᠰᠦᠭᠰᠡᠨ ᠭᠠᠯ ᠤᠨ ᠭᠠᠮᠰᠢᠭ ᠢ ᠰᠡᠷᠭᠡᠶᠢᠯᠡᠬᠦ ᠲᠤᠰᠬᠠᠶ ᠴᠡᠭᠴᠡᠯᠡᠨ ᠵᠠᠰᠠᠯᠲᠠ ᠶᠢ ᠭᠦᠨᠵᠡᠭᠡᠢ ᠠᠬᠢᠭᠤᠯᠤᠨ᠎ᠠ᠃ ᠡᠯ᠎ᠡ ᠭᠠᠵᠠᠷ ᠣᠷᠣᠨ ᠨᠢ ᠭᠤᠣᠯᠳᠠᠭᠤ ᠨᠡᠶᠢᠭᠡᠮ ᠤᠨ ᠨᠢᠭᠡᠴᠡ᠂ ᠰᠠᠭᠤᠭᠠᠯᠢ ᠠᠷᠠᠳ ᠤᠨ ᠨᠡᠶᠢᠭᠡᠮ ᠲᠣᠭᠤᠷᠢᠭ ᠤᠨ ᠴᠠᠬᠢᠯᠭᠠᠨ ᠠᠴᠠ ᠡᠭᠦᠰᠦᠭᠰᠡᠨ ᠭᠠᠯ ᠢ ᠰᠡᠷᠭᠡᠶᠢᠯᠡᠬᠦ ᠠᠰᠠᠭᠤᠳᠠᠯ ᠤᠨ ᠲᠣᠭᠤᠷᠢᠨ ᠳᠤ ᠲᠤᠰᠬᠠᠶ ᠴᠡᠭᠴᠡᠯᠡᠨ ᠵᠠᠰᠠᠯᠲᠠ ᠦᠷᠨᠢᠭᠦᠯᠵᠦ᠂ ᠴᠠᠬᠢᠯᠭᠠᠨ ᠠᠴᠠ ᠡᠭᠦᠰᠦᠭᠰᠡᠨ ᠭᠠᠯ ᠤᠨ ᠭᠠᠮᠰᠢᠭ ᠤᠨ ᠠᠳᠡᠯ ᠭᠠᠷᠬᠤ ᠶᠢ ᠪᠠᠭᠠᠰᠬᠠᠨ᠎ᠠ᠃ ᠨᠢᠭᠡ ᠳᠤ ᠬᠠᠭᠤᠴᠢᠷᠠᠵᠤ ᠮᠠᠭᠤᠵᠢᠷᠠᠭᠰᠠᠨ ᠵᠢᠵᠢᠭ ᠲᠣᠭᠤᠷᠢᠭ ᠤᠨ ᠴᠠᠬᠢᠯᠭᠠᠨ ᠤᠲᠠᠰᠤ ᠱᠤᠭᠤᠮ ᠢ ᠥᠭᠡᠷᠡᠴᠢᠯᠡᠨ ᠰᠠᠶᠢᠵᠢᠷᠠᠭᠤᠯᠤᠨ᠎ᠠ᠃ ᠴᠠᠬᠢᠯᠭᠠᠨ ᠤ ᠤᠲᠠᠰᠤ ᠱᠤᠭᠤᠮ ᠢ ᠥᠭᠡᠷᠡᠴᠢᠯᠡᠨ ᠰᠠᠶᠢᠵᠢᠷᠠᠭᠤᠯᠬᠤ ᠶᠢ ᠬᠤᠲᠠ ᠶᠢᠨ ᠳᠤᠮᠳᠠᠬᠢ ᠲᠣᠰᠬᠤᠨ᠂ ᠳᠥᠭᠦᠮ ᠪᠦᠳᠦᠭᠦᠯᠢᠭ ᠣᠷᠣᠨ ᠰᠠᠭᠤᠴᠠᠳᠤ ᠲᠣᠭᠤᠷᠢᠭ᠂ ᠬᠠᠭᠤᠴᠢᠷᠠᠵᠤ ᠮᠠᠭᠤᠵᠢᠷᠠᠭᠰᠠᠨ ᠵᠢᠵᠢᠭ ᠲᠣᠭᠤᠷᠢᠭ ᠪᠣᠯᠣᠨ ᠤᠯᠠᠮᠵᠢᠯᠠᠯᠲᠤ ᠠᠶᠢᠯ ᠲᠣᠰᠬᠤᠨ ᠢ ᠥᠭᠡᠷᠡᠴᠢᠯᠡᠨ ᠰᠢᠨᠡᠳᠬᠡᠬᠦ ᠢᠨᠵᠧᠨᠧᠷᠢᠩ ᠤᠨ ᠠᠭᠤᠯᠭ᠎ᠠ ᠳᠤ ᠣᠷᠣᠭᠤᠯᠵᠤ᠂ ᠴᠠᠬᠢᠯᠭᠠᠨ ᠤᠲᠠᠰᠤ ᠱᠤᠭᠤᠮ ᠢ ᠳᠤᠷ᠎ᠠ ᠪᠠᠷ ᠢᠶᠠᠨ ᠲᠠᠲᠠᠵᠤ ᠵᠠᠯᠭᠠᠬᠤ ᠠᠰᠠᠭᠤᠳᠠᠯ ᠢ ᠴᠡᠭᠴᠡᠯᠡᠨ ᠵᠠᠰᠠᠵᠤ᠂ ᠦᠵᠢᠷᠡᠵᠦ ᠡᠪᠳᠡᠷᠡᠨ ᠰᠦᠢᠳᠦᠭᠰᠡᠨ ᠴᠠᠬᠢᠯᠭᠠᠨ ᠤᠲᠠᠰᠤ ᠱᠤᠭᠤᠮ ᠢ ᠰᠣᠯᠢᠨ ᠰᠢᠨᠡᠳᠬᠡᠵᠦ᠂ ᠴᠠᠬᠢᠯᠭᠠᠨ ᠠᠴᠠ ᠡᠭᠦᠰᠦᠭᠰᠡᠨ ᠭᠠᠯ ᠤᠨ ᠭᠠᠮᠰᠢᠭ ᠢ ᠬᠢᠨᠠᠨ ᠡᠵᠡᠮᠳᠡᠬᠦ ᠰᠢᠰᠲ᠋ᠧᠮ ᠤᠭᠰᠠᠷᠠᠬᠤ ᠶᠢ ᠵᠣᠷᠢᠬᠵᠢᠭᠤᠯᠤᠨ᠎ᠠ᠃ ᠬᠤᠶᠠᠷ ᠲᠤ ᠴᠠᠬᠢᠯᠭᠠᠨ ᠬᠡᠷᠡᠭᠯᠡᠬᠦ ᠬᠠᠮᠢᠶᠠᠷᠤᠯᠲᠠ ᠶᠢ ᠴᠢᠩᠭᠠᠳᠬᠠᠨ᠎ᠠ᠃ ᠡᠯ᠎ᠡ ᠨᠢᠭᠡᠴᠡ ︵ᠠᠳᠠᠯ ᠠᠬᠤᠶ ᠶᠢᠨ ᠦᠢᠯᠡᠴᠢᠯᠡᠭᠡᠨ ᠤ ᠨᠢᠭᠡᠴᠡ ᠪᠠᠭᠲᠠᠨ᠎ᠠ︶ ᠨᠦᠭᠦᠳ ᠠᠮᠤᠷ ᠲᠥᠪᠰᠢᠨ ᠢᠶᠠᠷ ᠴᠠᠬᠢᠯᠭᠠᠨ ᠬᠡᠷᠡᠭᠯᠡᠬᠦ ᠬᠠᠮᠢᠶᠠᠷᠤᠯᠲᠠ ᠶᠢᠨ ᠲᠦᠷᠢᠮ ᠢ ᠲᠣᠭᠲᠠᠭᠠᠬᠤ ᠶᠢᠨ ᠬᠠᠮᠲᠤ ᠨᠠᠶᠢᠳᠠᠪᠤᠷᠢᠵᠢᠭᠤᠯᠤᠭᠰᠠᠨ ᠡᠰᠡᠬᠦ᠂ ᠦᠨᠡᠮᠯᠡᠯ ᠲᠠᠢ ᠴᠠᠬᠢᠯᠭᠠᠨ ᠤ ᠠᠵᠢᠯᠲᠠᠨ ᠢ ᠲᠣᠭᠲᠠᠭᠠᠯ ᠶᠣᠰᠣᠭᠠᠷ ᠤᠷᠢᠨ ᠡᠯᠰᠡᠵᠦ ᠠᠵᠢᠯ ᠤᠨ ᠪᠠᠶᠢᠷᠢ ᠳᠤ ᠭᠠᠷᠭᠠᠭᠰᠠᠨ ᠡᠰᠡᠬᠦ᠂ ᠴᠠᠬᠢᠯᠭᠠᠨ ᠬᠡᠷᠡᠭᠰᠡᠯ ᠤᠨ ᠦᠢᠯᠡᠳᠬᠦᠨ ᠵᠢᠴᠢ ᠲᠡᠳᠡᠬᠡᠷ ᠤᠨ ᠤᠲᠠᠰᠤ ᠱᠤᠭᠤᠮ ᠪᠣᠯᠣᠨ ᠬᠡᠷᠡᠭᠯᠡᠭᠡᠨ ᠤ ᠭᠤᠤᠷᠰᠤ ᠬᠤᠭᠤᠯᠠᠶ ᠶᠢ ᠲᠤᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠨ ᠬᠠᠮᠠᠭᠠᠯᠠᠨ ᠠᠷᠠᠴᠢᠯᠠᠬᠤ ᠪᠠ ᠰᠢᠯᠭᠠᠨ ᠰᠢᠨᠵᠢᠭᠰᠡᠨ ᠡᠰᠡᠬᠦ᠂ ᠴᠠᠬᠢᠯᠭᠠᠨ ᠤ ᠭᠡᠮ ᠰᠣᠭᠤᠭ ᠤᠨ ᠠᠰᠠᠭᠤᠳᠠᠯ ᠢ ᠴᠠᠭ ᠲᠤᠬᠠᠶ ᠳᠤᠨᠢ ᠴᠡᠭᠴᠡᠯᠡᠨ ᠰᠠᠶᠢᠵᠢᠷᠠᠭᠤᠯᠤᠭᠰᠠᠨ ᠡᠰᠡᠬᠦ ᠵᠡᠷᠭᠡ ᠲᠠᠯ᠎ᠠ ᠪᠠᠷ ᠭᠤᠣᠯᠳᠠᠯᠭ᠎ᠠ ᠲᠠᠢ ᠪᠠᠶᠢᠴᠠᠭᠠᠯᠲᠠ ᠬᠢᠨ᠎ᠡ᠃ ᠭᠤᠷᠪᠠ ᠳᠤ ᠬᠠᠮᠲᠤᠷᠠᠭᠰᠠᠨ ᠪᠠᠶᠢᠴᠠᠭᠠᠯᠲᠠ ᠦᠷᠨᠢᠭᠦᠯᠦᠨ᠎ᠡ᠃ ᠴᠠᠬᠢᠯᠭᠠᠨ ᠬᠦᠴᠦ᠂ ᠳᠣᠲᠣᠭᠠᠳᠤ ᠶᠢ ᠬᠠᠮᠠᠭᠠᠯᠠᠬᠤ᠂ ᠣᠷᠣᠨ ᠰᠠᠭᠤᠴᠠ ᠬᠤᠳᠠ ᠬᠥᠳᠡᠭᠡ ᠶᠢᠨ ᠪᠥᠳᠥᠭᠡᠨ ᠪᠠᠶᠢᠭᠤᠯᠤᠯᠲᠠ᠂ ᠠᠵᠤ ᠦᠢᠯᠡᠳᠪᠦᠷᠢ ᠬᠤᠳᠠᠯᠳᠤᠭ᠎ᠠ᠂ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ᠂ ᠠᠶᠤᠯ ᠦᠬᠡᠢ ᠶᠢᠨ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠵᠡᠷᠭᠡ ᠰᠠᠯᠠᠭ᠎ᠠ ᠮᠥᠴᠢᠷ ᠤᠳ ᠢ ᠵᠣᠬᠢᠶᠠᠨ ᠪᠠᠶᠢᠭᠤᠯᠤᠨ ᠴᠠᠬᠢᠯᠭᠠᠨ ᠤ ᠠᠮᠤᠷ ᠲᠦᠪᠰᠢᠨ ᠤ ᠬᠠᠮᠲᠤᠷᠠᠭᠰᠠᠨ ᠪᠠᠶᠢᠴᠠᠭᠠᠯᠲᠠ ᠵᠢᠴᠢ ᠴᠠᠬᠢᠯᠭᠠᠨ ᠤ ᠠᠵᠢᠯᠴᠢᠨ ᠠᠵᠢᠯ ᠤᠨ ᠦᠨᠡᠮᠯᠡᠯ ᠠᠪᠴᠤ ᠠᠵᠢᠯ ᠤᠨ ᠪᠠᠶᠢᠷᠢ ᠳᠤ ᠭᠠᠷᠬᠤ ᠪᠠᠶᠢᠴᠠᠭᠠᠯᠲᠠ ᠶᠢ ᠦᠷᠨᠢᠭᠦᠯᠦᠨ᠂ ᠲᠦᠷᠢᠮ ᠲᠣᠭᠲᠠᠭᠠᠯ ᠠᠴᠠ ᠵᠥᠷᠢᠴᠡᠭᠰᠡᠨ ᠥᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠵᠦ᠂ ᠴᠠᠬᠢᠯᠭᠠᠨ ᠠᠴᠠ ᠡᠭᠦᠰᠦᠭᠰᠡᠨ ᠭᠠᠯ ᠤᠨ ᠭᠠᠮᠰᠢᠭ ᠢ ᠰᠡᠷᠭᠡᠶᠢᠯᠡᠬᠦ ᠮᠡᠳᠡᠯᠭᠡ ᠶᠢ ᠥᠷᠭᠡᠨ ᠳᠡᠯᠭᠡᠷ ᠢᠶᠠᠷ ᠲᠦᠭᠡᠮᠡᠯᠵᠢᠭᠦᠯᠵᠦ᠂ ᠣᠯᠠᠨ ᠲᠦᠮᠡᠨ ᠤ ᠠᠮᠤᠷ ᠲᠦᠪᠰᠢᠨ ᠤ ᠲᠠᠯ᠎ᠠ ᠶᠢᠨ ᠦᠵᠡᠯ ᠤᠬᠠᠮᠰᠠᠷ ᠢ ᠨᠢ ᠳᠡᠭᠡᠭᠰᠢᠯᠡᠭᠦᠯᠦᠨ᠂ ᠴᠠᠬᠢᠯᠭᠠᠨ ᠠᠴᠠ ᠡᠭᠦᠰᠦᠭᠰᠡᠨ ᠭᠠᠯ ᠤᠨ ᠭᠠᠮᠰᠢᠭ ᠪᠣᠯᠣᠨ ᠠᠳᠡᠯ ᠢ ᠪᠦᠲᠦᠮᠵᠢᠲᠡᠢ ᠪᠠᠭᠠᠰᠬᠠᠨ᠎ᠠ᠃      4. ᠬᠦᠨᠳᠦ ᠶᠡᠭᠡ ᠭᠠᠯ ᠤᠨ ᠭᠠᠮᠰᠢᠭ ᠤᠨ ᠭᠡᠮ ᠰᠣᠭᠤᠭ ᠢ ᠪᠦᠬᠦ ᠬᠦᠴᠦᠨ ᠢᠶᠠᠷ ᠴᠡᠭᠴᠡᠯᠡᠨ ᠵᠠᠰᠠᠨ᠎ᠠ᠃ ᠬᠠᠷᠠᠬᠠᠨ ᠴᠡᠭᠴᠡᠯᠡᠨ ᠰᠠᠶᠢᠵᠢᠷᠠᠭᠤᠯᠵᠤ ᠳᠠᠭᠤᠰᠤᠭᠠᠳᠤᠢ ᠣᠷᠣᠨ ᠪᠦᠰᠡ ᠶᠢᠨ ᠴᠢᠨᠠᠷᠲᠠᠢ ᠭᠠᠯ ᠤᠨ ᠭᠠᠮᠰᠢᠭ ᠤᠨ ᠭᠡᠮ ᠰᠣᠭᠤᠭ ᠪᠣᠯᠣᠨ ᠬᠦᠨᠳᠦ ᠶᠡᠭᠡ ᠭᠠᠯ ᠤᠨ ᠭᠠᠮᠰᠢᠭ ᠤᠨ ᠭᠡᠮ ᠰᠣᠭᠤᠭ᠂ ᠣᠨᠴᠣᠭᠤᠶᠢᠯᠠᠨ 2016 ᠣᠨ ᠤ ᠲᠣᠳᠣᠭᠠᠲᠤ ᠶᠢ ᠬᠠᠮᠠᠭᠠᠯᠠᠬᠤ ᠶᠠᠮᠤᠨ ᠠᠴᠠ ᠢᠯᠡᠴᠢᠯᠡᠭᠰᠡᠨ ᠮᠠᠨ ᠤ ᠣᠷᠣᠨ ᠤ ᠬᠦᠨᠳᠦ ᠶᠡᠭᠡ ᠭᠠᠯ ᠤᠨ ᠭᠠᠮᠰᠢᠭ ᠤᠨ ᠭᠡᠮ ᠰᠣᠭᠤᠭ ᠲᠠᠢ 4 ᠨᠢᠭᠡᠴᠡ ᠳᠤ᠂ ᠡᠯ᠎ᠡ ᠱᠠᠲᠤᠨ ᠤ ᠵᠠᠰᠠᠭ ᠤᠨ ᠣᠷᠳᠣᠨ ᠪᠣᠯᠣᠨ ᠶᠡᠷᠦᠩᠭᠡᠶᠢᠯᠡᠨ ᠵᠠᠰᠠᠬᠤ ᠰᠠᠯᠠᠭ᠎ᠠ ᠮᠦᠴᠢᠷ ᠨᠢ ᠭᠡᠮ ᠰᠣᠭᠤᠭ ᠢ ᠴᠡᠭᠴᠡᠯᠡᠨ ᠰᠠᠶᠢᠵᠢᠷᠠᠭᠤᠯᠬᠤ ᠨᠢᠭᠡᠴᠡ ᠶᠢᠨ ᠭᠤᠣᠯ ᠴᠣᠭᠴᠠ ᠶᠢᠨ ᠬᠠᠷᠢᠭᠤᠴᠠᠯᠭ᠎ᠠ᠂ ᠠᠵᠢᠯ ᠲᠥᠷᠥᠯ ᠤᠨ ᠰᠠᠯᠠᠭ᠎ᠠ ᠮᠦᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠤᠯᠠᠮ ᠴᠢᠨᠠᠭᠰᠢᠳᠠ ᠲᠣᠲᠣᠷᠬᠠᠶᠢᠯᠠᠨ᠂ ᠬᠠᠤᠯᠢ ᠴᠠᠭᠠᠵᠠ᠂ ᠠᠵᠤ ᠠᠬᠤᠶ᠂ ᠵᠠᠰᠠᠭ ᠵᠠᠬᠢᠷᠭᠠᠨ ᠵᠡᠷᠬᠡ ᠶᠢᠨ ᠠᠷᠭ᠎ᠠ ᠬᠡᠮᠵᠢᠶ᠎ᠡ ᠶᠢ ᠶᠡᠷᠦᠩᠬᠡᠶᠢᠯᠡᠨ ᠬᠡᠷᠡᠭᠯᠡᠵᠦ᠂ ᠴᠡᠭᠴᠡᠯᠡᠨ ᠰᠠᠶᠢᠵᠢᠷᠠᠭᠤᠯᠬᠤ ᠲᠥᠰᠦᠯ᠂ ᠬᠤᠭᠤᠴᠠᠭ᠎ᠠ ᠬᠢᠵᠠᠭᠠᠷ᠂ ᠪᠡᠯᠡ ᠮᠥᠩᠭᠦ ᠪᠣᠯᠣᠨ ᠰᠡᠷᠭᠡᠶᠢᠯᠡᠬᠦ ᠠᠷᠭ᠎ᠠ ᠬᠡᠮᠵᠢᠶ᠎ᠡ ᠶᠢ ᠰᠢᠮᠳᠠᠭᠤᠯᠤᠨ ᠨᠠᠶᠢᠳᠠᠪᠤᠷᠢᠵᠢᠭᠤᠯᠵᠤ᠂ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠵᠤ ᠬᠡᠷᠡᠭ ᠰᠢᠢᠳᠪᠦᠷᠢᠯᠡᠬᠦ ᠶᠢ ᠦᠨᠡᠨᠬᠦ ᠪᠠᠲᠤᠯᠠᠨ᠎ᠠ᠃ ᠡᠨᠡ ᠡᠪᠦᠯ ᠢᠷᠡᠬᠦ ᠬᠠᠪᠤᠷ ᠤᠨ ᠭᠠᠯ ᠤᠨ ᠭᠠᠮᠰᠢᠭ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ ᠪᠠᠶᠢᠴᠠᠭᠠᠵᠤ ᠢᠯᠡᠷᠡᠭᠦᠯᠦᠭᠰᠡᠨ ᠬᠦᠨᠳᠤ ᠶᠡᠭᠡ ᠭᠠᠯ ᠤᠨ ᠭᠡᠮ ᠰᠣᠭᠤᠭ ᠢ ᠲᠣᠬᠠᠢ ᠶᠢᠨ ᠭᠠᠵᠠᠷ ᠤᠨ ᠵᠠᠰᠠᠭ ᠤᠨ ᠣᠷᠳᠣᠨ ᠨᠡᠷ᠎ᠡ ᠵᠢᠭᠠᠵᠤ ᠰᠢᠮᠳᠠᠭᠤᠯᠤᠨ ᠭᠦᠢᠴᠡᠳᠬᠡᠭᠦᠯᠵᠦ᠂ ᠤᠳᠠᠭᠠᠰᠢᠷᠠᠭᠤᠯᠤᠭᠠᠳ ᠵᠠᠰᠠᠬᠤ ᠤᠶᠢᠭᠡᠢ ᠪᠠᠶᠢᠬᠤ ᠬᠦᠨᠳᠦ ᠶᠡᠭᠡ ᠭᠠᠯ ᠤᠨ ᠭᠠᠮᠰᠢᠭ ᠤᠨ ᠭᠡᠮ ᠰᠣᠭᠤᠭ ᠲᠤ ᠠᠯᠪᠠᠳᠠᠯᠭ᠎ᠠ ᠶᠢᠨ ᠠᠷᠭ᠎ᠠ ᠬᠡᠷᠡᠭᠯᠡᠬᠦ ᠶᠢᠨ ᠬᠠᠮᠲᠤ᠂ ᠶᠠᠷᠢᠶ᠎ᠠ ᠬᠡᠯᠡᠯᠴᠡᠭᠡᠨ ᠤ ᠬᠢᠨᠠᠯᠲᠠ ᠲᠠᠯᠪᠢᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠡᠯ᠎ᠡ ᠱᠠᠲᠤᠨ ᠤ ᠬᠢᠨ ᠤ ᠭᠤᠣᠯ ᠵᠠᠭᠤᠴᠢᠯᠠᠭᠤᠷ ᠢ ᠪᠦᠯᠦᠭ ᠤᠳᠠᠭ᠎ᠠ ᠬᠤᠪᠢᠶᠠᠨ ᠵᠣᠬᠢᠴᠠᠭᠤᠯᠵᠤ ᠪᠠᠶᠢᠭᠠᠳ ᠢᠯᠡᠴᠢᠯᠡᠨ ᠨᠡᠶᠢᠲᠡᠯᠡᠵᠦ᠂ ᠴᠡᠭᠴᠡᠯᠡᠨ ᠰᠠᠶᠢᠵᠢᠷᠠᠭᠤᠯᠬᠤ ᠶᠢ ᠡᠷᠴᠢᠮᠲᠡᠢ ᠠᠬᠢᠭᠤᠯᠤᠨ᠎ᠠ᠃      5. ᠴᠢᠬᠤᠯᠠ ᠶᠡᠭᠡ ᠠᠵᠢᠯᠯᠠᠭ᠎ᠠ ᠪᠣᠯᠣᠨ ᠴᠢᠬᠤᠯᠠ ᠪᠠᠶᠠᠷ ᠳᠤᠷᠠᠰᠬᠠᠯ ᠤᠨ ᠡᠳᠦᠷ ᠤᠨ ᠭᠠᠯ ᠤᠨᠲᠠᠷᠠᠭᠠᠬᠤ ᠶᠢᠨ ᠠᠮᠤᠷ ᠲᠥᠪᠰᠢᠨ ᠤ ᠬᠠᠮᠠᠭᠠᠯᠠᠯᠲᠠ ᠶᠢᠨ ᠠᠵᠢᠯ ᠢ ᠰᠠᠶᠢᠲᠤᠷ ᠬᠢᠨ᠎ᠡ᠃ ᠡᠯ᠎ᠡ ᠭᠠᠵᠠᠷ ᠣᠷᠣᠨ ᠨᠤᠭᠤᠳ ᠨᠠᠮ ᠤᠨ ᠠᠷᠪᠠᠨ  ᠨᠠᠢᠮᠠᠳᠤᠭᠠᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ᠂ ᠪᠦᠬᠦ ᠤᠯᠤᠰ ᠪᠠ ᠥᠪᠡᠷᠲᠡᠭᠡᠨ ᠵᠠᠰᠠᠬᠤ ᠣᠷᠣᠨ ᠤ ︽ᠬᠤᠶᠠᠷ ᠬᠤᠷᠠᠯ︾ ᠵᠡᠷᠭᠡ ᠴᠢᠬᠤᠯᠠ ᠶᠡᠭᠡ ᠠᠵᠢᠯᠯᠠᠭ᠎ᠠ ᠵᠢᠴᠢ ᠰᠢᠨ᠎ᠡ ᠵᠢᠯ᠂ ᠴᠠᠭᠠᠨ ᠰᠠᠷ᠎ᠠ ︵ᠪᠢᠲᠡᠭᠦᠨ ᠤ ᠰᠦᠨᠢ︶᠂ ᠥᠯᠵᠡᠶᠢᠲᠦ ᠡᠳᠦᠷ ᠤᠨ ᠪᠠᠶᠠᠷ ᠵᠡᠷᠭᠡ ᠴᠢᠬᠤᠯᠠ ᠪᠠᠶᠠᠷ ᠳᠤᠷᠠᠰᠬᠠᠯ ᠤᠨ ᠡᠳᠦᠷ ᠤᠨ ᠭᠠᠯ ᠤᠨᠲᠠᠷᠠᠭᠠᠬᠤ ᠶᠢᠨ ᠠᠮᠤᠷ ᠲᠦᠪᠰᠢᠨ ᠤ ᠬᠠᠮᠠᠭᠠᠯᠠᠯᠲᠠ ᠶᠢᠨ ᠠᠵᠢᠯ ᠢ ᠪᠦᠬᠦ ᠬᠦᠴᠦᠨ ᠢᠶᠠᠷ ᠰᠠᠶᠢᠲᠤᠷ ᠬᠢᠨ᠎ᠡ᠃ ᠮᠠᠨ ᠤ ᠣᠷᠣᠨ ᠨᠢ ᠪᠡᠭᠡᠵᠢᠩ ᠬᠤᠲᠠ ᠳᠠᠭᠠᠤ ᠶᠢᠨ ︽ᠬᠠᠮᠠᠭᠠᠯᠠᠭᠴᠢ︾ ᠭᠠᠵᠠᠷ ᠣᠷᠣᠨ ᠪᠣᠯᠣᠭᠰᠠᠨ ᠤ ᠬᠤᠪᠢ ᠳᠤ᠂ ᠪᠡᠭᠡᠵᠢᠩ ᠳᠤ ᠴᠠᠬᠢᠯᠭᠠᠨ ᠬᠠᠩᠭᠠᠬᠤ᠂ ᠰᠢᠲᠠᠮᠠᠬᠠᠢ ᠬᠡᠢ ᠬᠠᠩᠭᠠᠬᠤ ᠵᠢᠴᠢ ᠵᠠᠮ ᠬᠠᠷᠢᠯᠴᠠᠭ᠎ᠠ᠂ ᠴᠢᠮᠡᠭᠡ ᠬᠤᠯᠪᠣᠭ᠎ᠠ ᠶᠢᠨ ᠬᠦᠢᠰᠦ ᠵᠡᠷᠭᠡ ᠴᠢᠬᠤᠯᠠ ᠬᠡᠰᠡᠭ ᠤᠨ ᠭᠠᠯ ᠤᠨᠲᠠᠷᠠᠭᠠᠬᠤ ᠶᠢᠨ ᠠᠮᠤᠷ ᠲᠥᠪᠰᠢᠨ ᠤ ᠪᠠᠶᠢᠴᠠᠭᠠᠯᠲᠠ ᠶᠢ ᠭᠤᠣᠯᠳᠠᠯᠭ᠎ᠠ ᠲᠠᠢ ᠴᠢᠩᠭᠠᠳᠬᠠᠨ᠎ᠠ᠃ ᠴᠢᠬᠤᠯᠠ ᠶᠡᠭᠡ ᠠᠵᠢᠯᠯᠠᠭ᠎ᠠ ᠪᠣᠯᠣᠨ ᠴᠢᠬᠤᠯᠠ ᠪᠠᠶᠠᠷ ᠳᠤᠷᠠᠰᠬᠠᠯ ᠤᠨ ᠡᠳᠦᠷ ᠤᠨ ᠬᠤᠭᠤᠴᠠᠭᠠᠨ ᠳᠤ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠢ ᠵᠣᠬᠢᠶᠠᠨ ᠪᠠᠶᠢᠭᠤᠯᠤᠨ ᠭᠠᠯ ᠰᠡᠷᠭᠡᠶᠢᠯᠡᠬᠦ ᠪᠠᠶᠢᠴᠠᠭᠠᠯᠲᠠ ᠶᠢ ᠬᠠᠮᠲᠤᠷᠠᠨ ᠦᠷᠨᠢᠭᠦᠯᠬᠦ ᠶᠢᠨ ᠬᠠᠮᠲᠤ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ᠂ ᠨᠡᠶᠢᠭᠡᠮ ᠲᠣᠭᠤᠷᠢᠭ ᠪᠣᠯᠣᠨ ᠨᠢᠭᠡᠴᠡ ᠶᠢ ᠰᠢᠮᠳᠠᠭᠤᠯᠤᠨ ᠬᠤᠸᠠᠷ ᠫᠤᠤᠵᠢᠩ ᠲᠠᠯᠪᠢᠬᠤ ᠣᠷᠣᠨ ᠪᠦᠰᠡ ᠵᠢᠴᠢ ᠭᠤᠣᠯᠳᠠᠯᠭ᠎ᠠ ᠲᠠᠢ ᠣᠷᠣᠨ ᠪᠦᠰᠡ ᠳᠤ ︽ᠦᠨᠡᠨ ᠨᠡᠷ᠎ᠡ ᠶᠢᠨ ᠳᠦᠷᠢᠮᠲᠦ︾ ᠴᠠᠭᠳᠠᠨ ᠰᠡᠷᠭᠡᠶᠢᠯᠡᠬᠦ ᠬᠠᠷᠠᠭᠤᠯ ᠭᠠᠷᠭᠠᠨ ᠰᠠᠬᠢᠬᠤ ᠶᠢ ᠬᠡᠷᠡᠭᠵᠢᠭᠦᠯᠦᠨ᠎ᠡ᠃      6. ᠮᠠᠯᠵᠢᠬᠤ ᠲᠠᠷᠢᠶᠠᠯᠠᠬᠤ ᠣᠷᠣᠨ᠂ ᠰᠢᠭᠤᠶᠢᠲᠤ ᠣᠷᠣᠨ ᠤ ᠭᠠᠯ ᠤᠨ ᠭᠠᠮᠰᠢᠭ ᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠨ᠎ᠠ᠃ ᠡᠨᠡ ᠡᠪᠦᠯ ᠢᠷᠡᠬᠦ ᠬᠠᠪᠤᠷ ᠤᠨ ᠭᠠᠯ ᠤᠨ ᠭᠠᠮᠰᠢᠭ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ᠂ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶᠂ ᠭᠠᠴᠠᠭ᠎ᠠ ᠲᠣᠰᠬᠤᠨ ︵ᠰᠠᠭᠤᠭᠠᠯᠢ ᠠᠷᠠᠳ ᠤᠨ ᠵᠥᠪᠯᠡᠯ︶ ᠨᠢ ︽ᠲᠤᠤᠷᠴᠢᠯᠠᠭᠰᠠᠨ︾ ᠵᠢᠭᠰᠠᠭᠠᠨ ᠪᠠᠶᠢᠴᠠᠭᠠᠯᠲᠠ ᠬᠢᠵᠦ᠂ ᠭᠠᠴᠠᠭ᠎ᠠ ᠳᠤᠭᠤᠶᠢᠯᠠᠩ᠂ ᠲᠦᠷᠢᠶᠡᠰᠦᠯᠡᠭᠰᠡᠨ ᠭᠡᠷ ᠵᠢᠴᠢ ᠭᠠᠴᠠᠭᠠᠨ ᠤ ᠠᠷᠠᠳ ᠤᠨ ᠭᠠᠯ ᠪᠠ ᠴᠠᠬᠢᠯᠭᠠᠨ ᠬᠡᠷᠡᠭᠯᠡᠬᠦ ᠶᠢ ᠪᠠᠶᠢᠴᠠᠭᠠᠬᠤ ᠪᠠ ᠭᠠᠯ ᠤᠨᠲᠠᠷᠠᠭᠠᠬᠤ ᠤᠬᠠᠭᠤᠯᠤᠯ ᠬᠥᠮᠦᠵᠢᠯ ᠬᠢᠬᠦ ᠶᠢ ᠴᠢᠩᠭᠠᠳᠬᠠᠨ᠎ᠠ᠃ ᠰᠠᠯᠬᠢ ᠶᠡᠬᠡᠲᠡᠢ ᠡᠳᠦᠷ ᠭᠠᠯ ᠴᠠᠭᠠᠵᠠᠯᠠᠬᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠴᠠᠬᠢᠯᠭᠠᠨ ᠤᠲᠠᠰᠤ ᠱᠤᠭᠤᠮ ᠢ ᠴᠠᠭ ᠲᠣᠬᠠᠢ ᠳᠤᠨᠢ ᠪᠠᠶᠢᠴᠠᠭᠠᠨ ᠵᠠᠰᠠᠬᠤ᠂ ᠬᠤᠯᠠᠩ ᠢ ᠰᠡᠯᠪᠢᠨ ᠬᠠᠮᠠᠭᠠᠯᠠᠬᠤ᠂ ᠡᠪᠡᠰᠦ ᠲᠦᠯᠡᠭᠡ ᠣᠪᠣᠭᠠᠯᠠᠬᠤ ᠶᠢ ᠵᠢᠷᠤᠮᠵᠢᠭᠤᠯᠵᠤ᠂ ︽ᠠᠶᠢᠯ ᠲᠤᠰᠬᠤᠨ ᠵᠠᠯᠭᠠᠯᠳᠤᠨ ᠭᠠᠯᠳᠠᠭᠳᠠᠬᠤ︾ ᠡ᠊ᠨᠳᠡᠯ ᠭᠠᠷᠬᠤ ᠠᠴᠠ ᠴᠢᠩᠭ᠎ᠠ ᠰᠡᠷᠭᠡᠶᠢᠯᠡᠨ᠎ᠡ᠃ ᠰᠢᠭᠤᠶᠢᠢᠳᠤ ᠣᠷᠣᠨ ᠳᠤ ︽ᠵᠠᠰᠠᠭ ᠤᠨ ᠣᠷᠳᠣᠨ ᠨᠢᠭᠡᠳᠦᠯᠲᠡᠶ ᠤᠳᠤᠷᠢᠳᠬᠤ᠂ ᠤᠢ ᠰᠢᠭᠤᠶ ᠶᠢᠨ ᠭᠠᠴᠠᠭ᠎ᠠ ᠲᠣᠰᠬᠤᠨ ︵ᠰᠠᠭᠤᠭᠠᠯᠢ ᠠᠷᠠᠳ ᠤᠨ ᠵᠥᠪᠯᠡᠯ︶ ᠵᠣᠬᠢᠶᠠᠨ ᠪᠠᠶᠢᠭᠤᠯᠵᠤ ᠬᠠᠮᠢᠶᠠᠷᠬᠤ᠂ ᠤᠢ ᠰᠢᠭᠤᠶ ᠶᠢᠨ ᠰᠠᠭᠤᠭᠠᠯᠢ ᠠᠷᠠᠳ ᠬᠠᠮᠲᠤᠷᠠᠨ ᠰᠡᠷᠭᠡᠶᠢᠯᠡᠬᠦ︾ ᠵᠠᠷᠴᠢᠮ ᠶᠣᠰᠣᠭᠠᠷ᠂ ︽ᠳᠣᠯᠣᠭᠠᠨ ᠡᠷᠦᠬᠡ ᠬᠠᠮᠲᠤᠷᠠᠨ ᠰᠡᠷᠭᠡᠶᠢᠯᠡᠬᠦ︾᠂ ︽ᠠᠷᠪᠠᠨ ᠡᠷᠤᠭᠡ ᠶᠢᠨ ᠬᠠᠮᠲᠤᠷᠠᠨ ᠪᠠᠲᠤᠯᠠᠬᠤ︾ ᠪᠠ ᠠᠮᠤᠷ ᠢ ᠬᠠᠮᠠᠭᠠᠯᠠᠵᠤ ᠭᠠᠯ ᠤᠨᠲᠠᠷᠠᠭᠠᠬᠤ ᠬᠤᠯᠪᠣᠭᠠᠯᠠᠨ ᠰᠡᠷᠭᠡᠶᠢᠯᠡᠵᠤ ᠴᠠᠭᠳᠠᠨ ᠪᠠᠶᠢᠴᠠᠭᠠᠬᠤ ᠵᠡᠷᠭᠡ ᠪᠦᠲᠦᠮᠵᠢᠲᠡᠶ ᠠᠷᠭ᠎ᠠ ᠪᠠᠷᠢᠯ ᠢ ᠥᠷᠭᠦᠯᠵᠢᠯᠡᠨ ᠬᠡᠷᠡᠭᠵᠢᠭᠦᠯᠵᠦ᠂ ᠤᠢ ᠰᠢᠭᠤᠶ ᠶᠢᠨ ᠬᠤᠲᠠ ᠪᠠᠯᠭᠠᠰᠤ ᠳᠤ ᠭᠦᠨᠵᠡᠭᠡᠶᠢᠷᠡᠨ ᠰᠠᠭᠤᠭᠠᠯᠢ ᠠᠷᠠᠳ ᠤᠨ ᠭᠠᠯ ᠪᠠ ᠴᠠᠬᠢᠯᠭᠠᠨ ᠬᠡᠷᠡᠭᠯᠡᠬᠦ ᠶᠢ ᠪᠠᠶᠢᠴᠠᠭᠠᠵᠤ᠂ ᠦᠵᠢᠷᠡᠵᠦ ᠮᠠᠭᠤᠳᠠᠬᠰᠠᠨ ᠴᠠᠬᠢᠯᠭᠠᠨ ᠤᠲᠠᠰᠤ ᠶᠢ ᠰᠢᠮᠳᠠᠭᠤᠯᠤᠨ ᠰᠣᠯᠢᠭᠤᠯᠵᠤ᠂ ᠴᠠᠬᠢᠯᠭᠠᠨ ᠤᠲᠠᠰᠤ ᠶᠢ ᠬᠤᠪᠢ ᠪᠠᠷ ᠢᠶᠠᠨ ᠳᠤᠷ᠎ᠠ ᠪᠠᠷ ᠲᠠᠲᠠᠵᠤ ᠵᠠᠯᠭᠠᠬᠤ ᠪᠠ ᠲᠣᠭᠲᠠᠭᠠᠯ ᠳᠤ ᠦᠯᠦ ᠨᠡᠶᠢᠴᠡᠬᠦᠯᠤᠡ ᠴᠠᠬᠢᠯᠭᠠᠨ ᠬᠡᠷᠡᠭᠯᠡᠭᠰᠡᠳ ᠢ ᠡᠷᠡᠰ ᠴᠡᠭᠴᠡᠯᠡᠨ ᠰᠠᠶᠢᠵᠢᠷᠠᠭᠤᠯᠵᠤ᠂ ᠬᠠᠭᠠᠯᠤᠭᠰᠠᠨ ᠲᠦᠯᠡᠭᠡ ᠮᠤᠳᠤ ᠪᠠ ᠣᠪᠣᠭ᠎ᠠ ᠲᠠᠢ ᠡᠪᠡᠰᠦ ᠲᠦᠯᠡᠭᠡ ᠶᠢ ᠡᠷᠴᠢᠮᠲᠡᠢ ᠴᠡᠪᠡᠷᠯᠡᠨ ᠴᠡᠭᠴᠡᠯᠡᠵᠦ᠂ ᠭᠠᠯ ᠤᠨᠲᠠᠷᠠᠭᠠᠬᠤ ᠲᠡᠷᠭᠡ ᠨᠡᠪᠲᠡᠷᠡᠬᠦ ᠵᠠᠮ ᠢ ᠰᠢᠯᠤᠭᠤᠳᠬᠠᠨ᠂ ᠰᠢᠭᠤᠶᠢᠲᠤ ᠣᠷᠣᠨ ᠤ ᠭᠠᠯ ᠤᠨ ᠭᠠᠮᠰᠢᠭ ᠤᠨ ᠡ᠊ᠨᠳᠡᠯ ᠭᠠᠷᠬᠤ ᠶᠢ ᠴᠢᠩᠭ᠎ᠠ ᠰᠡᠷᠭᠡᠶᠢᠯᠡᠨ᠎ᠡ᠃      7. ᠭᠠᠯ ᠤᠨ ᠭᠠᠮᠰᠢᠭ ᠤᠨ ᠭᠡᠮ ᠰᠣᠭᠤᠭ ᠢ ᠲᠤᠰᠬᠠᠶᠢᠯᠠᠨ ᠴᠡᠭᠴᠡᠯᠡᠵᠦ ᠵᠠᠰᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠦᠷᠨᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ︽ᠪᠦᠬᠦ ᠣᠷᠣᠨ ᠤ ᠠᠮᠤᠷ ᠲᠦᠪᠰᠢᠨ ᠤ ᠶᠡᠭᠡ ᠪᠠᠶᠢᠴᠠᠭᠠᠯᠲᠠ ᠶᠢ ᠥᠷᠨᠢᠭᠦᠯᠬᠦ ᠲᠤᠬᠠᠶ ᠮᠡᠳᠡᠭᠳᠡᠯ︾ ︵ᠥᠪᠥᠷ ᠨᠠᠮ ᠠᠯᠪᠠᠨ ᠲᠠᠷᠬᠠᠭᠠᠭᠰᠠᠨ ᠴᠠᠬᠢᠯᠭᠠᠨ ﹇2016﹈ 19 ᠳ᠋ᠤᠭᠡᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠡᠯ᠎ᠡ ᠭᠠᠵᠠᠷ ᠣᠷᠣᠨ ᠨᠤᠭᠤᠳ 2016 ᠣᠨ ᠤ 11 ᠳ᠋ᠤᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ᠂ ᠬᠥᠮᠥᠨ ᠲᠥᠪᠯᠡᠷᠡᠵᠦ ᠴᠤᠭᠯᠠᠷᠠᠭᠰᠠᠨ ᠲᠠᠯᠠᠪᠤᠷ ᠭᠠᠵᠠᠷ᠂ ᠠᠮᠠᠷᠬᠠᠨ ᠨᠣᠴᠣᠵᠤ ᠠᠮᠠᠷᠬᠠᠨ ᠳᠡᠯᠪᠡᠷᠡᠬᠦ ᠲᠠᠯᠠᠪᠤᠷ ᠭᠠᠵᠠᠷ ᠵᠡᠷᠭᠡ ᠭᠤᠣᠯᠳᠠᠯᠭ᠎ᠠ ᠲᠠᠢ ᠲᠠᠯᠠᠪᠤᠷ ᠭᠠᠵᠠᠷ ᠪᠣᠯᠤᠨ ᠨᠢᠭᠡᠴᠡ ᠳᠤ ᠴᠢᠭᠯᠡᠭᠦᠯᠦᠨ ᠭᠠᠯ  ᠰᠡᠷᠭᠡᠶᠢᠯᠡᠵᠤ ᠤᠨᠲᠠᠷᠠᠭᠠᠬᠤ ᠶᠢᠨ ᠠᠮᠤᠷ ᠲᠥᠪᠰᠢᠨ ᠤ ᠶᠡᠭᠡ ᠪᠠᠶᠢᠴᠠᠭᠠᠯᠲᠠ ᠬᠢᠵᠦ᠂ ᠭᠠᠯ ᠤᠨ ᠭᠠᠮᠰᠢᠭ ᠤᠨ ᠭᠡᠮ ᠰᠣᠭᠤᠭ ᠢ ᠪᠠᠶᠢᠴᠠᠭᠠᠨ ᠰᠢᠢᠳᠪᠦᠷᠢᠯᠡᠵᠦ ᠴᠡᠭᠴᠡᠯᠡᠨ ᠵᠠᠰᠠᠬᠤ ᠡᠷᠴᠢᠮ ᠢᠶᠠᠨ ᠦᠨᠡᠨᠬᠦ ᠴᠢᠩᠭᠠᠷᠠᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠪᠤᠳᠠᠲᠠᠢ ᠲᠠᠢ ᠪᠠᠨ ᠤᠶᠠᠯᠳᠤᠭᠤᠯᠤᠨ᠂ ᠡᠨᠡ ᠡᠪᠦᠯ ᠢᠷᠡᠬᠦ ᠬᠠᠪᠤᠷ ᠪᠦᠬᠦ ᠣᠷᠣᠨ ᠳᠤ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠠᠬᠤᠶᠢᠯᠠᠯ ᠪᠣᠯᠣᠨ ᠬᠦᠢᠳᠡᠨ ᠬᠥᠮᠥᠷᠭᠡ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠦᠨ ᠪᠣᠯᠪᠠᠰᠤᠷᠠᠭᠤᠯᠬᠤ ᠲᠠᠯᠠᠪᠤᠷ ᠭᠠᠵᠠᠷ ᠤᠨ ᠭᠠᠯ ᠤᠨ ᠭᠠᠮᠰᠢᠭ ᠤᠨ ᠭᠡᠮ ᠰᠣᠭᠤᠭ ᠢ ᠲᠤᠰᠬᠠᠶᠢᠯᠠᠨ ᠴᠡᠭᠴᠡᠯᠡᠨ ᠵᠠᠰᠠᠬᠤ ᠠᠵᠢᠯᠯᠠᠭ᠎ᠠ ᠶᠢ ᠭᠤᠣᠯᠳᠠᠯᠭ᠎ᠠ ᠲᠠᠢ ᠦᠷᠨᠢᠭᠦᠯᠦᠨ᠎ᠡ᠃      ︵1︶ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠠᠬᠤᠶᠢᠯᠠᠯ᠃ ᠮᠠᠨ ᠤ ᠣᠷᠣᠨ ᠤ ᠣᠳᠣᠬᠢ ᠶᠡᠬᠡᠩᠬᠢ ᠬᠡᠰᠡᠭ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠠᠬᠤᠶᠢᠯᠠᠯ ᠨᠢᠭᠡᠨᠲᠡ ᠤᠳᠠᠭᠠᠨ ᠵᠢᠯ ᠢᠶᠠᠷ ᠠᠵᠢᠯᠯᠠᠭᠠᠳ ᠣᠯᠠᠩᠬᠢ ᠪᠡᠯᠡᠳᠬᠡᠮᠵᠢ ᠲᠥᠬᠦᠭᠡᠷᠦᠮᠵᠢ᠂ ᠳᠠᠷᠤᠯᠲᠠᠲᠤ ᠰᠠᠪᠠ ᠨᠢ ᠨᠢᠭᠡᠨᠲᠡ ᠴᠢᠯᠡᠭᠡᠨ ᠤ ᠬᠤᠭᠤᠴᠠᠭᠠᠨ ᠳᠤ ᠣᠷᠣᠵᠤ᠂ ︽ᠭᠤᠭᠤᠵᠢᠵᠤ ᠭᠡᠭᠡᠭᠳᠡᠬᠦ︾ ᠪᠠᠶᠢᠳᠠᠯ ᠠᠮᠠᠷᠬᠠᠨ ᠭᠠᠷᠬᠤ ᠪᠤᠳᠠᠲᠠᠢ ᠳᠤ ᠴᠢᠭᠯᠡᠭᠦᠯᠦᠨ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠠᠬᠤᠶᠢᠯᠠᠯ ᠢ ᠲᠤᠰᠬᠠᠶᠢᠯᠠᠨ ᠴᠡᠭᠴᠡᠯᠡᠨ ᠵᠠᠰᠠᠯᠲᠠ ᠶᠢ ᠵᠤᠬᠢᠶᠠᠨ ᠪᠠᠶᠢᠭᠤᠯᠤᠨ ᠦᠷᠨᠢᠭᠦᠯᠵᠦ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠰᠠᠭᠤᠷᠢ ᠲᠤᠭ᠎ᠠ ᠪᠣᠯᠣᠨ ᠭᠠᠯ ᠰᠡᠷᠭᠡᠶᠢᠯᠡᠵᠤ ᠤᠨᠲᠠᠷᠠᠭᠠᠬᠤ ᠶᠢᠨ ᠠᠮᠤᠷ ᠲᠦᠪᠰᠢᠨ ᠤ ᠠᠵᠢᠯ ᠤᠨ ᠪᠠᠶᠢᠳᠠᠯ ᠢ ᠰᠠᠶᠢᠲᠤᠷ ᠣᠶᠢᠯᠠᠭᠠᠨ᠎ᠠ᠃ ᠭᠠᠯ ᠤᠨᠲᠠᠷᠠᠭᠠᠬᠤ ᠶᠢᠨ ᠵᠢᠷᠤᠭ ᠲᠥᠯᠥᠪᠯᠡᠭᠡ ᠶᠢ ᠬᠢᠨᠠᠨ ᠬᠠᠷᠭᠤᠭᠤᠯᠬᠤ ᠪᠠ ᠰᠢᠯᠭᠠᠨ ᠠᠪᠤᠭᠰᠠᠨ ᠪᠠᠶᠢᠳᠠᠯ᠂ ᠭᠠᠯ ᠤᠨᠲᠠᠷᠠᠭᠠᠬᠤ ᠶᠢᠨ ᠠᠮᠤᠷ ᠲᠥᠪᠰᠢᠨ ᠤ ᠬᠠᠷᠢᠭᠤᠴᠠᠯᠭ᠎ᠠ ᠶᠢᠨ ᠲᠦᠷᠢᠮ ᠢ ᠪᠠᠶᠢᠭᠤᠯᠤᠭᠰᠠᠨ ᠪᠠᠶᠢᠳᠠᠯ᠂ ᠭᠠᠯ ᠤᠨᠲᠠᠷᠠᠭᠠᠬᠤ ᠶᠢᠨ ᠪᠡᠯᠡᠳᠬᠡᠮᠵᠢ ᠶᠢᠨ ᠠᠵᠢᠯᠯᠠᠭᠠᠨ ᠪᠤᠯᠤᠨ ᠠᠷᠠᠴᠢᠯᠠᠨ ᠬᠠᠮᠠᠭᠠᠯᠠᠭᠰᠠᠨ᠂ ᠭᠠᠯ ᠤᠨᠲᠠᠷᠠᠭᠠᠬᠤ ᠶᠢᠨ ᠡᠳᠦᠷ ᠲᠤᠳᠤᠮ ᠤᠨ ᠪᠠᠶᠢᠴᠠᠭᠠᠯᠲᠠ ᠴᠠᠭᠳᠠᠨ ᠪᠠᠶᠢᠴᠠᠭᠠᠯᠲᠠ᠂ ᠭᠠᠯ ᠢ ᠰᠡᠷᠭᠡᠶᠢᠯᠡᠬᠦ ᠳᠡᠯᠪᠡᠷᠡᠯᠲᠡ ᠶᠢ ᠰᠡᠷᠭᠡᠶᠢᠯᠡᠬᠦ ᠠᠶᠤᠩᠭ᠎ᠠ ᠠᠴᠠ ᠰᠡᠷᠭᠡᠶᠢᠯᠡᠬᠦ ᠪᠠ ᠭᠤᠭᠤᠵᠢᠵᠤ ᠯᠠᠪᠠᠷᠡᠬᠦ ᠶᠢ ᠰᠡᠷᠭᠡᠶᠢᠯᠡᠬᠦ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠭᠰᠠᠨ ᠪᠠᠶᠢᠳᠠᠯ᠂ ᠭᠠᠯ ᠤᠨᠲᠠᠷᠠᠭᠠᠬᠤ ᠡᠮ ᠨᠠᠶᠢᠷᠠᠯᠭ᠎ᠠ ᠶᠢᠨ ᠨᠥᠬᠡᠴᠡᠯᠡᠭᠰᠡᠨ ᠪᠠᠶᠢᠳᠠᠯ᠂ ᠭᠠᠯ ᠤᠨᠲᠠᠷᠠᠭᠠᠬᠤ ᠪᠠᠴᠢᠮ ᠪᠠᠶᠢᠳᠠᠯ ᠢ ᠠᠷᠭᠠᠴᠠᠬᠤ ᠲᠥᠰᠦᠯ ᠲᠣᠭᠲᠠᠭᠠᠬᠰᠠᠨ ᠪᠠᠶᠢᠳᠠᠯ᠂ ᠰᠣᠷᠢᠯᠲᠠ ᠬᠢᠬᠦ ᠶᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠭᠰᠠᠨ ᠪᠠᠶᠢᠳᠠᠯ᠂ ᠲᠤᠰᠬᠠᠢ ᠲᠤᠰᠢᠶᠠᠯᠲᠤ ᠭᠠᠯ ᠤᠨᠲᠠᠷᠠᠭᠠᠬᠤ ᠠᠩᠬᠢ ᠪᠠᠶᠢᠭᠤᠯᠤᠭᠰᠠᠨ ᠪᠠᠶᠢᠳᠠᠯ᠂ ᠠᠵᠢᠯᠳᠠᠨ ᠠᠵᠢᠯᠴᠢᠨ ᠤ ᠭᠠᠯ ᠤᠨᠲᠠᠷᠠᠭᠠᠬᠤ ᠶᠢᠨ ᠠᠮᠤᠷ ᠲᠦᠪᠰᠢᠨ ᠤ ᠬᠥᠮᠦᠵᠢᠯ ᠪᠣᠯᠪᠠᠰᠤᠷᠠᠭᠤᠯᠤᠯ ᠦᠷᠨᠢᠭᠦᠯᠬᠦ ᠶᠢᠨ ᠬᠠᠮᠲᠤ ᠪᠦᠬᠦᠨ ᠢ ᠡᠬᠡ ᠳᠠᠩᠰᠠ ᠪᠠᠶᠢᠭᠤᠯᠤᠨ ᠪᠦᠷᠢᠨᠰᠢᠭᠦᠯᠦᠭᠰᠡᠨ ᠪᠠᠶᠢᠳᠠᠯ ᠵᠡᠷᠭᠡ ᠶᠢ ᠭᠤᠣᠯᠳᠠᠯᠭ᠎ᠠ ᠲᠠᠢ ᠪᠠᠶᠢᠴᠠᠭᠠᠨ᠎ᠠ᠃ ᠡᠭᠦᠨ ᠤ ᠬᠠᠮᠲᠤ ᠢᠯᠴᠢ ᠶᠢᠨ ᠴᠠᠬᠢᠯᠭᠠᠨ ᠤ ᠠᠵᠤ ᠠᠬᠤᠶᠢᠯᠠᠯ ᠳᠤ ᠭᠠᠯ ᠤᠨᠲᠠᠷᠠᠭᠠᠬᠤ ᠲᠤᠰᠬᠠᠶ ᠪᠠᠶᠢᠴᠠᠭᠠᠯᠲᠠ ᠬᠢᠨ᠎ᠡ᠃      ︵2︶ ᠬᠦᠢᠲᠡᠨ ᠬᠥᠮᠥᠷᠭᠡ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠦᠨ ᠪᠣᠯᠪᠠᠰᠤᠷᠠᠭᠤᠯᠬᠤ ᠲᠠᠯᠠᠪᠤᠷ ᠭᠠᠵᠠᠷ᠃ ᠮᠠᠨ ᠤ ᠣᠷᠣᠨ ᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠦᠢᠯᠡᠳᠪᠦᠷᠢᠯᠡᠵᠦ ᠡᠳ᠋ᠰᠢᠬᠦᠯᠦᠨ ᠪᠣᠯᠪᠠᠰᠤᠷᠠᠭᠤᠯᠬᠤ ᠲᠠᠯᠠᠪᠤᠷ ᠭᠠᠵᠠᠷ ᠨᠡᠯᠢᠶᠡᠳ ᠣᠯᠠᠨ ᠪᠠᠶᠢᠵᠤ᠂ ᠡᠪᠦᠯ ᠤᠨ ᠤᠯᠠᠷᠢᠯ ᠨᠢ ᠪᠠᠰᠠ ᠭᠤᠣᠯ ᠦᠢᠯᠡᠳᠪᠦᠷᠢᠯᠡᠯ ᠤᠨ ᠤᠯᠠᠷᠢᠯ ᠪᠣᠯᠬᠤᠷ᠂ ᠬᠦᠢᠲᠡᠨ ᠬᠥᠮᠥᠷᠭᠡ ᠶᠢ ᠪᠠᠶᠢᠩᠭᠤ ᠪᠦᠬᠡᠳ ᠶᠡᠭᠡ ᠬᠡᠮᠵᠢᠶ᠎ᠡ ᠪᠠᠷ ᠬᠡᠷᠡᠭᠯᠡᠬᠦ ᠪᠤᠯᠵᠦ᠂ ᠡᠪᠦᠯ ᠬᠠᠪᠤᠷ ᠤᠨ ᠭᠠᠯ ᠤᠨ ᠭᠠᠮᠰᠢᠭ ᠢ ᠰᠡᠷᠭᠡᠶᠢᠯᠡᠨ ᠡᠵᠡᠮᠳᠡᠬᠦ ᠴᠢᠬᠤᠯᠠ ᠪᠦᠬᠦᠢ ᠭᠠᠵᠠᠷ ᠲᠠᠯᠠᠪᠤᠷ ᠪᠤᠯᠪᠠ᠃ ᠬᠦᠢᠲᠡᠨ ᠬᠥᠮᠥᠷᠭᠡ ᠨᠢ ᠲᠣᠭᠲᠠᠭᠠᠯ ᠠᠴᠠ ᠵᠥᠷᠢᠴᠡᠨ ᠨᠣᠴᠣᠮᠠᠲᠠᠭᠠᠶ ᠰᠢᠲᠠᠮᠠᠬᠠᠶ ᠮᠠᠲ᠋ᠧᠷᠢᠶᠠᠯ ᠢᠶᠠᠷ ᠴᠠᠬᠢᠮ ᠪᠣᠯᠭᠠᠭᠰᠠᠨ ᠥᠩᠭᠡᠲᠦ ᠪᠤᠯᠤᠳ ᠬᠠᠪᠲᠠᠰᠤ ᠪᠠᠶᠢᠬᠤ ᠡᠰᠡᠬᠦ᠂ ᠠᠮᠢᠨᠳᠣ ᠡᠰᠲ᠋ᠧᠷ ᠤᠨ ᠪᠦᠭᠡᠭᠡᠨᠡᠪᠦᠷᠢ ᠬᠥᠭᠡᠰᠦ ᠵᠡᠷᠭᠡ ᠨᠣᠴᠣᠮᠠᠲᠠᠭᠠᠶ ᠰᠢᠲᠠᠮᠠᠬᠠᠶ ᠮᠠᠲ᠋ᠧᠷᠢᠶᠠᠯ ᠢ ᠲᠣᠭᠲᠠᠭᠠᠯ ᠠᠴᠠ ᠵᠥᠷᠢᠴᠡᠨ ᠭᠡᠷ ᠪᠠᠶᠢᠰᠢᠩ ᠵᠠᠰᠠᠵᠤ ᠴᠢᠮᠡᠭᠯᠡᠬᠦ ᠳᠤ ᠬᠡᠷᠡᠭᠯᠡᠭᠰᠡᠨ ᠪᠤᠶᠤ ᠬᠠᠯᠠᠭᠤᠨ ᠢ ᠬᠥᠨᠳᠡᠶᠢᠷᠡᠭᠦᠯᠵᠦ ᠢᠯᠴᠢ ᠬᠠᠳᠠᠭᠠᠯᠠᠬᠤ ᠳᠠᠪᠬᠤᠷᠭ᠎ᠠ ᠪᠣᠯᠭᠠᠭᠰᠠᠨ ᠦᠵᠡᠭᠳᠡᠯ ᠪᠠᠶᠢᠬᠤ ᠡᠰᠡᠬᠦ ᠶᠢ ᠭᠤᠣᠯᠳᠠᠯᠭ᠎ᠠ ᠲᠠᠢ ᠪᠠᠶᠢᠴᠠᠭᠠᠨ᠎ᠠ᠃ ᠰᠢᠩᠭᠡᠨ ᠰᠢᠪᠲᠦᠷ ᠢ ᠬᠡᠷᠡᠭᠯᠡᠨ ᠬᠥᠷᠥᠭᠡᠭᠦᠷ ᠪᠣᠯᠭᠠᠭᠰᠠᠨ ᠠᠵᠤ ᠠᠬᠤᠶᠢᠯᠠᠯ ᠳᠤ᠂ ᠰᠢᠪᠲᠦᠷ ᠤᠨ ᠲᠥᠬᠦᠭᠡᠷᠦᠮᠵᠢ ᠵᠢᠴᠢ ᠲᠡᠭᠦᠨ ᠢ ᠬᠠᠳᠠᠭᠠᠯᠠᠬᠤ ᠲᠠᠯᠠᠪᠤᠷ ᠭᠠᠵᠠᠷ ᠤᠨ ᠭᠠᠯ ᠢ ᠰᠡᠷᠭᠡᠶᠢᠯᠡᠬᠦ ᠪᠠ ᠳᠡᠯᠪᠡᠷᠡᠯᠲᠡ ᠠᠴᠠ ᠰᠡᠷᠭᠡᠶᠢᠯᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠴᠠᠬᠢᠯᠭᠠᠨ ᠲᠥᠬᠦᠭᠡᠷᠦᠮᠵᠢ᠂ ᠴᠠᠬᠢᠯᠭᠠᠨ ᠤᠲᠠᠰᠤ ᠶᠢᠨ ᠠᠮᠤᠷ ᠲᠥᠪᠰᠢᠨ ᠢ ᠪᠠᠶᠢᠴᠠᠭᠠᠨ ᠰᠢᠨᠵᠢᠭᠰᠡᠨ ᠪᠠᠶᠢᠳᠠᠯ ᠵᠢᠴᠢ ᠭᠠᠯ ᠤᠨᠲᠠᠷᠠᠭᠠᠬᠤ ᠶᠢᠨ ᠪᠡᠯᠡᠳᠬᠡᠮᠵᠢ ᠶᠢᠨ ᠠᠵᠢᠯᠯᠠᠭᠠᠨ ᠵᠡᠷᠭᠡ ᠪᠠᠶᠢᠳᠠᠯ ᠢ ᠭᠤᠣᠯᠳᠠᠯᠭ᠎ᠠ ᠲᠠᠢ ᠪᠠᠶᠢᠴᠠᠭᠠᠨ᠎ᠠ᠃ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠦᠢᠯᠡᠳᠪᠦᠷᠢᠯᠡᠵᠦ ᠡᠳ᠋ᠰᠢᠭᠦᠯᠦᠨ ᠪᠣᠯᠪᠠᠰᠤᠷᠠᠭᠤᠯᠬᠤ ᠲᠠᠯᠠᠪᠤᠷ ᠭᠠᠵᠠᠷ ᠨᠢ ᠭᠠᠯ ᠤᠨᠲᠠᠷᠠᠭᠠᠬᠤ ᠶᠢᠨ ᠠᠮᠤᠷ ᠲᠥᠪᠰᠢᠨ ᠤ ᠬᠠᠷᠢᠭᠤᠴᠠᠯᠭ᠎ᠠ ᠶᠢᠨ ᠲᠦᠷᠢᠮ ᠢ ᠪᠠᠶᠢᠭᠤᠯᠵᠤ᠂ ᠡᠳᠦᠷ ᠲᠤᠲᠤᠮ ᠤᠨ ᠭᠠᠯ ᠤᠨᠲᠠᠷᠠᠭᠠᠬᠤ ᠶᠢᠨ ᠪᠠᠶᠢᠴᠠᠭᠠᠯᠲᠠ ᠴᠠᠭᠳᠠᠨ ᠪᠠᠶᠢᠴᠠᠭᠠᠯᠲᠠ᠂ ᠭᠠᠯ ᠤᠨᠲᠠᠷᠠᠭᠠᠬᠤ ᠪᠠᠴᠢᠮ ᠪᠠᠶᠢᠳᠠᠯ ᠢ ᠠᠷᠭᠠᠴᠠᠬᠤ ᠲᠥᠰᠦᠯ ᠲᠣᠭᠲᠠᠭᠠᠬᠤ ᠪᠠ ᠰᠣᠷᠢᠯᠲᠠ ᠬᠢᠬᠦ᠂ ᠠᠵᠢᠯᠳᠠᠨ ᠠᠵᠢᠯᠴᠢᠨ ᠤ ᠭᠠᠯ ᠤᠨᠲᠠᠷᠠᠭᠠᠬᠤ ᠶᠢᠨ ᠠᠮᠤᠷ ᠲᠦᠪᠰᠢᠨ ᠤ ᠬᠥᠮᠦᠵᠢᠯ ᠪᠣᠯᠪᠠᠰᠤᠷᠠᠭᠤᠯᠤᠯ ᠵᠡᠷᠭᠡ ᠳᠦᠷᠢᠮ ᠢ ᠨᠠᠶᠢᠳᠠᠪᠤᠷᠢᠵᠢᠭᠤᠯᠤᠨ᠎ᠠ᠃      ︵ᠬᠤᠶᠠᠷ︶ ᠭᠠᠯ ᠤᠨᠲᠠᠷᠠᠭᠠᠬᠤ ᠶᠢᠨ ᠠᠮᠤᠷ ᠲᠦᠪᠰᠢᠨ ᠤ ᠦᠨᠳᠦᠰᠦᠨ ᠱᠠᠲᠤᠨ ᠤ ᠰᠠᠭᠤᠷᠢ ᠶᠢ ᠪᠠᠬᠢᠵᠢᠭᠦᠯᠦᠨ᠎ᠡ᠃      1. ᠭᠠᠯ ᠤᠨᠲᠠᠷᠠᠭᠠᠬᠤ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ ᠵᠠᠰᠠᠪᠤᠷᠢ ᠣᠷᠣᠭᠤᠯᠬᠤ ᠶᠢ ᠲᠥᠷᠭᠡᠳᠬᠡᠨ᠎ᠡ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽13 · 5︾ ᠶᠢᠨ ᠲᠥᠯᠥᠪᠵᠢᠭᠦᠯᠭᠡ ᠶᠢᠨ ᠭᠠᠯ ᠤᠨᠲᠠᠷᠠᠭᠠᠬᠤ ᠠᠵᠢᠯ ᠦᠢᠯᠡᠰ ᠤᠨ ᠬᠦᠭᠵᠢᠭᠦᠯᠦᠯᠲᠡ ᠶᠢᠨ ᠲᠥᠯᠥᠪᠵᠢᠭᠦᠯᠭᠡ︾ ᠶᠢ ᠨᠠᠶᠢᠷᠠᠭᠤᠯᠤᠨ ᠵᠣᠬᠢᠶᠠᠵᠤ ᠨᠡᠶᠢᠲᠡᠯᠡᠨ᠂ ᠡᠯ᠎ᠡ ᠭᠠᠵᠠᠷ ᠣᠷᠣᠨ ᠤ ᠬᠢᠨ ᠬᠤᠳᠠ ᠬᠥᠳᠡᠭᠡ ᠶᠢᠨ ᠭᠠᠯ ᠤᠨᠲᠠᠷᠠᠭᠠᠬᠤ ᠶᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠪᠠ ᠵᠠᠰᠠᠪᠤᠷᠢ ᠣᠷᠣᠭᠤᠯᠤᠨ᠎ᠠ᠃ 2016 ᠣᠨ ᠤ ᠰᠡᠭᠦᠯᠴᠢ ᠠᠴᠠ ᠡᠮᠦᠨ᠎ᠡ᠂ ᠬᠤᠲᠠ᠂ ᠰᠢᠶᠠᠨ ᠤ ᠬᠡᠪᠴᠢᠶ᠎ᠡ᠂ ᠪᠦᠬᠦ ᠤᠯᠤᠰ ᠤᠨ ᠭᠤᠣᠯᠳᠠᠯᠭ᠎ᠠ ᠲᠠᠢ ᠪᠠᠯᠭᠠᠰᠤ ᠵᠢᠴᠢ 60% ᠶᠢᠨ ᠪᠤᠰᠤᠳ ᠪᠠᠶᠢᠭᠤᠯᠤᠮᠵᠢᠲᠤ ᠪᠠᠯᠭᠠᠰᠤ ᠨᠤᠭᠤᠳ ᠬᠤᠳᠠ ᠬᠥᠳᠡᠭᠡ ᠶᠢᠨ ᠭᠠᠯ ᠤᠨᠲᠠᠷᠠᠭᠠᠬᠤ ᠶᠢᠨ ᠲᠥᠯᠥᠪᠵᠢᠭᠦᠯᠭᠡ ︵ᠭᠠᠯ ᠤᠨᠲᠠᠷᠠᠭᠠᠬᠤ ᠶᠢᠨ ᠲᠤᠰᠬᠠᠶ ᠬᠠᠭᠤᠳᠠᠰᠤ︶ ᠶᠢ ᠲᠣᠭᠲᠠᠭᠠᠨ᠎ᠠ ︵ᠵᠠᠰᠠᠪᠤᠷᠢ ᠣᠷᠣᠭᠤᠯᠤᠨ᠎ᠠ︶᠃      2. ᠣᠯᠠᠨ ᠨᠡᠶᠢᠲᠡ ᠶᠢᠨ ᠭᠠᠯ ᠤᠨᠲᠠᠷᠠᠭᠠᠬᠤ ᠶᠢᠨ ᠪᠡᠯᠡᠳᠬᠡᠮᠵᠢ ᠶᠢᠨ ᠪᠥᠳᠥᠭᠡᠨ ᠪᠠᠶᠢᠭᠤᠯᠤᠯᠲᠠ ᠶᠢ ᠴᠢᠩᠭᠠᠳᠬᠠᠨ᠎ᠠ᠃ 2016 ᠣᠨ ᠤ ᠰᠡᠭᠦᠯᠴᠢ ᠠᠴᠠ ᠡᠮᠦᠨ᠎ᠡ᠂ ᠡᠯ᠎ᠡ ᠭᠠᠵᠠᠷ ᠣᠷᠣᠨ ᠨᠤᠭᠤᠳ ᠵᠢᠯ ᠤᠨ ᠡᠬᠢᠨ ᠤ ᠭᠠᠯ ᠤᠨᠲᠠᠷᠠᠭᠠᠬᠤ ᠠᠵᠢᠯ ᠤᠨ ᠬᠠᠷᠢᠭᠤᠴᠠᠯᠭ᠎ᠠ ᠶᠢᠨ ᠪᠢᠴᠢᠭ ᠲᠤ ᠭᠠᠷ ᠤᠨ ᠦᠰᠦᠭ ᠵᠢᠷᠤᠭᠰᠠᠨ ᠭᠠᠯ ᠤᠨᠲᠠᠷᠠᠭᠠᠬᠤ ᠤᠶᠢᠷᠳᠡᠭᠡ᠂ ᠰᠤᠷᠢᠯᠭ᠎ᠠ ᠪᠤᠯᠪᠠᠰᠤᠷᠠᠭᠤᠯᠤᠯ ᠤᠨ ᠰᠠᠭᠤᠷᠢᠨ ᠭᠠᠵᠠᠷ᠂ ᠬᠤᠳᠠ ᠶᠢᠨ ᠶᠠᠪᠤᠳᠠᠯ ᠤᠨ ᠭᠠᠯ ᠤᠨᠲᠠᠷᠠᠭᠠᠬᠤ ᠲᠠᠲᠠᠭᠤᠷ ᠵᠡᠷᠭᠡ ᠪᠦᠳᠤᠭᠡᠨ ᠪᠠᠶᠢᠭᠤᠯᠤᠯᠲᠠ ᠶᠢᠨ ᠡᠭᠦᠷᠭᠡ ᠶᠢ ᠪᠡᠶᠡᠯᠡᠭᠦᠯᠵᠦ᠂ 30% ᠶᠢᠨ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠪᠣᠯᠤᠨ ᠭᠠᠴᠠᠭ᠎ᠠ ᠲᠣᠰᠬᠤᠨ ︵ᠰᠠᠭᠤᠭᠠᠯᠢ ᠠᠷᠠᠳ ᠤᠨ ᠵᠥᠪᠯᠡᠯ︶ ᠨᠢ ᠪᠢᠴᠢᠯ ᠬᠡᠯᠪᠡᠷᠢ ᠶᠢᠨ ᠭᠠᠯ ᠤᠨᠲᠠᠷᠠᠭᠠᠬᠤ ᠥᠷᠲᠡᠭᠡ ᠪᠠᠶᠢᠭᠤᠯᠵᠤ᠂ ᠤᠯᠠᠨ ᠨᠡᠶᠢᠲᠡ ᠶᠢᠨ ᠭᠠᠯ ᠤᠨᠲᠠᠷᠠᠭᠠᠬᠤ ᠪᠡᠯᠡᠳᠬᠡᠮᠵᠢ ᠶᠢᠨ ᠪᠥᠳᠥᠭᠡᠨ ᠪᠠᠶᠢᠭᠤᠯᠤᠯᠲᠠ᠂ ᠰᠡᠯᠪᠢᠨ ᠬᠠᠮᠠᠭᠠᠯᠠᠬᠤ ᠪᠠ ᠬᠠᠮᠢᠶᠠᠷᠬᠤ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠬᠤᠳᠠ ᠶᠢᠨ ᠶᠠᠪᠤᠳᠠᠯ ᠤᠨ ᠭᠠᠯ ᠤᠨᠲᠠᠷᠠᠭᠠᠬᠤ ᠲᠠᠲᠠᠭᠤᠷ ᠤᠨ ᠪᠦᠷᠢᠨ ᠪᠦᠲᠦᠨ ᠪᠠᠶᠢᠬᠤ ᠨᠤᠷᠮ᠎ᠠ ᠶᠢ 97 ᠳᠤ ᠬᠦᠷᠦᠭᠦᠯᠦᠨ᠎ᠡ᠃      3. ᠤᠯᠠᠨ ᠵᠦᠢᠯ ᠤᠨ ᠬᠡᠯᠪᠡᠷᠢ ᠶᠢᠨ ᠭᠠᠯ ᠤᠨᠲᠠᠷᠠᠭᠠᠬᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ 2016 ᠣᠨ ᠤ ᠰᠡᠭᠦᠯᠴᠢ ᠠᠴᠠ ᠡᠮᠦᠨ᠎ᠡ᠂ ᠡᠯ᠎ᠡ ᠭᠠᠵᠠᠷ ᠣᠷᠣᠨ ᠨᠢ ᠵᠠᠰᠠᠭ ᠤᠨ ᠣᠷᠳᠣᠨ ᠤ ᠲᠤᠰᠬᠠᠢ ᠲᠤᠰᠢᠶᠠᠯᠲᠤ ᠭᠠᠯ ᠤᠨᠲᠠᠷᠠᠭᠠᠬᠤ ᠠᠵᠢᠯᠲᠠᠨ᠂ ᠭᠠᠯ ᠤᠨᠲᠠᠷᠠᠭᠠᠬᠤ ᠪᠢᠴᠢᠭ ᠤᠨ ᠠᠵᠢᠯᠲᠠᠳ ᠤᠨ ᠣᠨ ᠤ ᠬᠥᠭᠵᠢᠯᠲᠡ ᠶᠢᠨ ᠡᠭᠦᠷᠭᠡ ᠶᠢ ᠪᠡᠶᠡᠯᠡᠭᠦᠯᠦᠨ᠎ᠡ︔ ᠵᠠᠰᠠᠭ ᠤᠨ ᠣᠷᠳᠣᠨ ᠤ ᠲᠤᠰᠬᠠᠢ ᠲᠤᠰᠢᠶᠠᠯᠲᠤ ᠭᠠᠯ ᠤᠨᠲᠠᠷᠠᠭᠠᠬᠤ ᠠᠵᠢᠯᠲᠠᠨ ᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ ᠬᠢᠨᠠᠨ ᠲᠣᠭᠲᠠᠭᠠᠬᠤ ᠣᠨ ᠤ ᠡᠭᠦᠷᠭᠡ ᠶᠢ ᠪᠡᠶᠡᠯᠡᠭᠦᠯᠵᠦ᠂ ᠳᠣᠲᠣᠭᠠᠳᠤ ᠶᠢ ᠬᠠᠮᠠᠭᠠᠯᠠᠬᠤ ᠶᠢᠨ ᠭᠠᠯ ᠤᠨᠲᠠᠷᠠᠭᠠᠬᠤ ᠰᠠᠯᠠᠭ᠎ᠠ ᠮᠦᠴᠢᠷ ᠤᠨ ᠬᠠᠮᠢᠶᠠᠷᠴᠤ ᠪᠠᠶᠢᠭ᠎ᠠ ᠵᠠᠰᠠᠭ ᠤᠨ ᠣᠷᠳᠣᠨ ᠤ ᠲᠤᠰᠬᠠᠢ ᠲᠤᠰᠢᠶᠠᠯᠲᠤ ᠭᠠᠯ ᠤᠨᠲᠠᠷᠠᠭᠠᠬᠤ ᠠᠵᠢᠯᠲᠠᠨ ᠤ ᠦᠨᠡᠮᠯᠡᠯ ᠠᠪᠴᠤ ᠠᠵᠢᠯ ᠤᠨ ᠪᠠᠶᠢᠷᠢ ᠳᠤ ᠭᠠᠷᠬᠤ ᠨᠣᠷᠮ᠎ᠠ ᠶᠢ ᠵᠢᠯ ᠳᠠᠷᠠᠭᠠᠯᠠᠨ 20% ᠠᠴᠠ ᠳᠣᠣᠷ᠎ᠠ ᠦᠯᠦ ᠪᠠᠶᠢᠯᠭᠠᠨ᠎ᠠ᠃ ᠨᠡᠶᠢᠭᠡᠮ ᠤᠨ ᠭᠠᠯ ᠤᠨᠲᠠᠷᠠᠭᠠᠬᠤ ᠠᠵᠢᠯ ᠬᠢᠵᠦ ᠪᠠᠶᠢᠭ᠎ᠠ ᠬᠥᠮᠦᠰ ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ ᠬᠢᠨᠠᠨ ᠲᠣᠭᠲᠠᠭᠠᠬᠤ ᠠᠵᠢᠯ ᠢ ᠴᠢᠩᠭᠠᠳᠬᠠᠵᠤ᠂ 2016 ᠣᠨ ᠤ ᠰᠡᠭᠦᠯᠴᠢ ᠠᠴᠠ ᠡᠮᠦᠨ᠎ᠡ᠂ ᠭᠠᠯ ᠤᠨᠲᠠᠷᠠᠭᠠᠬᠤ ᠡᠵᠡᠮᠳᠡᠯ ᠤᠨ ᠲᠠᠰᠤᠭ ᠤᠨ ᠠᠵᠢᠯᠯᠠᠭᠴᠢᠳ ᠦᠨᠡᠮᠯᠡᠯ ᠠᠪᠴᠤ ᠠᠵᠢᠯ ᠤᠨ ᠪᠠᠶᠢᠷᠢ ᠳᠤ ᠭᠠᠷᠬᠤ ᠨᠤᠷᠮ᠎ᠠ ᠶᠢ 85% ᠳᠤ ᠬᠦᠷᠦᠭᠦᠯᠦᠨ᠎ᠡ᠃ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠶᠢᠨ ᠲᠤᠰᠬᠠᠶ ᠲᠤᠰᠢᠶᠠᠯᠲᠤ᠂ ᠰᠠᠶᠢᠨ ᠳᠤᠷ᠎ᠠ ᠶᠢᠨ ᠭᠠᠯ ᠤᠨᠲᠠᠷᠠᠭᠠᠬᠤ ᠠᠩᠬᠢ ᠶᠢ ᠲᠥᠷᠭᠡᠳᠬᠡᠨ ᠬᠦᠭᠵᠢᠭᠦᠯᠵᠦ᠂ 2016 ᠣᠨ ᠤ ᠰᠡᠭᠦᠯᠴᠢ ᠠᠴᠠ ᠡᠮᠦᠨ᠎ᠡ᠂ ᠪᠦᠬᠦ ᠤᠯᠤᠰ ᠤᠨ ᠭᠤᠣᠯᠳᠠᠯᠭ᠎ᠠ ᠲᠠᠢ ᠪᠠᠯᠭᠠᠰᠤ ᠪᠣᠯᠣᠨ 75% ᠶᠢᠨ ᠪᠠᠶᠢᠭᠤᠯᠵᠤ ᠳᠠᠭᠤᠰᠤᠭᠰᠠᠨ ᠲᠣᠭᠤᠷᠢᠭ ᠤᠨ ᠲᠠᠯᠠᠪᠠᠢ ᠨᠢ 2 ᠲᠦᠮᠡᠨ ᠲᠡᠭᠰᠢ ᠳᠥᠷᠪᠡᠯᠵᠢᠨ ᠺᠢᠯᠣᠮᠧᠲᠷ ᠢ ᠳᠠᠪᠠᠭᠰᠠᠨ ᠪᠤᠶᠤ ᠪᠠᠶᠢᠭᠤᠯᠵᠤ ᠳᠠᠭᠤᠰᠤᠭᠰᠠᠨ ᠲᠣᠭᠤᠷᠢᠭ ᠲᠤ ᠪᠠᠶᠢᠩᠭᠤ ᠰᠠᠭᠤᠭ᠎ᠠ ᠬᠥᠮᠦᠨ ᠠᠮᠠ ᠨᠢ 2 ᠲᠦᠮᠡᠨ ᠬᠥᠮᠦᠨ ᠢ ᠳᠠᠪᠠᠭᠰᠠᠨ ᠪᠤᠰᠤᠳ ᠪᠠᠶᠢᠭᠤᠯᠤᠮᠵᠢᠲᠤ ᠪᠠᠯᠭᠠᠰᠤ ᠨᠤᠭᠤᠳ ᠲᠤᠰᠬᠠᠢ ᠲᠤᠰᠢᠶᠠᠯᠲᠤ ᠭᠠᠯ ᠤᠨᠲᠠᠷᠠᠭᠠᠬᠤ ᠠᠩᠬᠢ ᠪᠠᠶᠢᠭᠤᠯᠵᠤ᠂ 80% ᠶᠢᠨ ᠪᠤᠰᠤᠳ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠪᠣᠯᠤᠨ ᠪᠠᠶᠢᠩᠭᠤ ᠰᠠᠭᠤᠭ᠎ᠠ ᠬᠥᠮᠦᠨ ᠠᠮᠠ ᠨᠢ ᠮᠢᠩᠭᠠᠨ ᠬᠥᠮᠥᠨ ᠢ ᠳᠠᠪᠠᠭᠰᠠᠨ ᠵᠠᠰᠠᠭ ᠵᠠᠬᠢᠷᠭᠠᠨ ᠤ ᠲᠣᠰᠬᠤᠨ᠂ ᠠᠶᠢᠯ ᠲᠣᠰᠬᠤᠨ ᠳᠤ ᠰᠠᠶᠢᠨ ᠳᠤᠷ᠎ᠠ ᠶᠢᠨ ᠭᠠᠯ ᠤᠨᠲᠠᠷᠠᠭᠠᠬᠤ ᠠᠩᠬᠢ ᠶᠢ ᠪᠠᠶᠢᠭᠤᠯᠤᠨ᠎ᠠ᠃ ᠪᠦᠬᠦ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠭᠠᠯ ᠤᠨᠲᠠᠷᠠᠭᠠᠬᠤ ᠦᠷᠲᠡᠭᠡ ᠬᠢᠬᠡᠳ ᠪᠢᠴᠢᠯ ᠬᠡᠯᠪᠡᠷᠢ ᠶᠢᠨ ᠭᠠᠯ ᠤᠨᠲᠠᠷᠠᠭᠠᠬᠤ ᠥᠷᠳᠡᠭᠡ ᠶᠢ ᠪᠦᠲᠦᠭᠡᠨ ᠪᠠᠶᠢᠭᠤᠯᠬᠤ ᠠᠬᠤᠢ ᠲᠠᠯᠠᠪᠠᠢ ᠶᠢᠨ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ 2016 ᠣᠨ ᠤ ᠰᠡᠭᠦᠯᠴᠢ ᠠᠴᠠ ᠡᠮᠦᠨ᠎ᠡ᠂ ᠪᠥᠬᠦ ᠣᠷᠣᠨ ᠤ ᠮᠠᠯᠵᠢᠬᠤ ᠲᠠᠷᠢᠶᠠᠯᠠᠬᠤ ᠣᠷᠣᠨ ᠤ 188 ᠭᠠᠯ ᠤᠨᠲᠠᠷᠠᠭᠠᠬᠤ ᠥᠷᠳᠡᠭᠡ ᠶᠢᠨ ᠪᠥᠳᠥᠭᠡᠨ ᠪᠠᠶᠢᠭᠤᠯᠤᠯᠲᠠ ᠶᠢᠨ ᠡᠭᠦᠷᠭᠡ ᠶᠢ ᠪᠡᠶᠡᠯᠡᠭᠦᠯᠬᠦ ᠶᠢᠨ ᠬᠠᠮᠲᠤ 150 ᠶᠢ ᠨᠢ ᠠᠰᠢᠭᠯᠠᠯᠲᠠ ᠳᠤ ᠣᠷᠣᠭᠤᠯᠤᠨ᠎ᠠ᠃     4. ᠭᠠᠯ ᠤᠨᠲᠠᠷᠠᠭᠠᠬᠤ ᠶᠢᠨ ᠠᠮᠤᠷ ᠲᠥᠪᠰᠢᠨ ᠤ ︽ᠲᠤᠤᠷᠴᠢᠯᠠᠭᠰᠠᠨ︾ ᠬᠠᠮᠢᠶᠠᠷᠤᠯᠲᠠ ᠶᠢ ᠨᠠᠶᠢᠳᠠᠪᠤᠷᠢᠵᠢᠭᠤᠯᠤᠨ᠎ᠠ᠃ ᠭᠠᠯ ᠤᠨᠲᠠᠷᠠᠭᠠᠬᠤ ᠶᠢᠨ ᠠᠮᠤᠷ ᠲᠥᠪᠰᠢᠨ ᠤ ︽ᠲᠤᠤᠷᠴᠢᠯᠠᠭᠰᠠᠨ︾ ᠬᠠᠮᠢᠶᠠᠷᠤᠯᠲᠠ ᠶᠢᠨ ᠪᠠᠷᠢᠮᠵᠢᠶ᠎ᠠ ᠶᠢ ᠲᠣᠭᠲᠠᠭᠠᠵᠤ᠂ ᠭᠠᠯ ᠤᠨᠲᠠᠷᠠᠭᠠᠬᠤ ᠶᠢᠨ ᠠᠮᠤᠷ ᠲᠥᠪᠰᠢᠨ ᠤ ︽ᠲᠤᠤᠷᠴᠢᠯᠠᠭᠰᠠᠨ︾ ᠬᠠᠮᠢᠶᠠᠷᠤᠯᠲᠠ ᠶᠢ ᠶᠡᠷᠦᠩᠬᠡᠶᠢᠯᠡᠨ ᠵᠠᠰᠠᠬᠤ ᠰᠠᠯᠠᠭ᠎ᠠ ᠮᠥᠴᠢᠷ ᠤᠨ ᠰᠠᠭᠤᠷᠢ ᠶᠡᠷᠦᠩᠬᠡᠶᠢᠯᠡᠭᠰᠡᠨ ᠦᠢᠯᠡᠴᠢᠯᠡᠭᠡᠨ ᠤ ᠬᠠᠮᠢᠶᠠᠷᠤᠯᠲᠠ ᠶᠢᠨ ᠲᠠᠪᠴᠠᠩ ᠳᠤ ᠣᠷᠣᠭᠤᠯᠤᠨ᠎ᠠ᠃ ᠲᠣᠭᠠᠴᠠᠯᠠᠭᠰᠠᠨ᠂ ᠮᠡᠳᠡᠭᠡ ᠵᠠᠩᠭᠢᠵᠢᠯᠠᠭᠰᠠᠨ ᠠᠷᠭ᠎ᠠ ᠪᠠᠷᠢᠯ ᠢ ᠠᠰᠢᠭᠯᠠᠨ᠂ ᠤᠳᠤ ᠶᠢᠨ ᠪᠠᠶᠢᠭ᠎ᠠ ᠦᠨᠳᠦᠰᠦᠨ ᠱᠠᠲᠤᠨ ᠤ ᠠᠵᠢᠯ ᠤᠨ ᠲᠠᠪᠴᠠᠩ ᠪᠤᠶᠤ ᠰᠢᠯᠵᠢᠭᠡ ᠦᠵᠦᠭᠦᠷᠯᠢᠭ ᠢ ᠭᠦᠢᠴᠡᠳ ᠠᠰᠢᠭᠯᠠᠵᠤ᠂ ᠲᠣᠣᠷᠴᠢᠯᠠᠭᠰᠠᠨ ᠭᠠᠯ ᠤᠨᠲᠠᠷᠠᠭᠠᠬᠤ ᠶᠢᠨ ᠬᠠᠮᠢᠶᠠᠷᠤᠯᠲᠠ ᠶᠢᠨ ᠭᠠᠷ ᠤᠲᠠᠰᠤᠨ ᠤ APP ᠬᠡᠷᠡᠭᠯᠡᠭᠡᠨ ᠤ ᠵᠥᠭᠡᠯᠡᠨ ᠲᠤᠨᠤᠭᠯᠠᠯ ᠢ ᠳᠡᠯᠭᠡᠷᠡᠭᠦᠯᠦᠨ ᠤᠭᠰᠠᠷᠠᠭᠤᠯᠵᠤ᠂ ᠲᠣᠣᠷᠴᠢᠯᠠᠭᠰᠠᠨ ᠭᠠᠯ ᠤᠨᠲᠠᠷᠠᠭᠠᠬᠤ ᠶᠢᠨ ᠮᠡᠳᠡᠭᠡ ᠵᠠᠩᠭᠢ ᠶᠢ ᠴᠤᠭᠯᠠᠭᠤᠯᠬᠤ᠂ ᠪᠠᠶᠢᠳᠠᠯ ᠢ ᠬᠠᠷᠢᠭᠤ ᠲᠤᠰᠬᠠᠬᠤ᠂ ᠠᠰᠠᠭᠤᠳᠠᠯ ᠢ ᠰᠢᠮᠳᠠᠭᠤᠯᠤᠨ ᠰᠢᠢᠳᠪᠦᠷᠢᠯᠡᠬᠦ ᠶᠢ ᠴᠢᠩᠭᠠᠳᠬᠠᠨ᠎ᠠ᠃ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠳᠤ ᠭᠠᠯ ᠤᠨᠲᠠᠷᠠᠭᠠᠬᠤ ᠶᠢᠨ ᠠᠮᠤᠷ ᠲᠦᠪᠰᠢᠨ ᠤ ᠵᠣᠬᠢᠶᠠᠨ ᠪᠠᠶᠢᠭᠤᠯᠤᠯᠲᠠ ᠶᠢ ᠪᠠᠶᠢᠭᠤᠯᠤᠨ ᠪᠦᠷᠢᠨᠰᠢᠭᠦᠯᠬᠦ ᠶᠢ ᠠᠬᠢᠭᠤᠯᠵᠤ᠂ ᠭᠠᠯ ᠤᠨᠲᠠᠷᠠᠭᠠᠬᠤ ᠶᠢᠨ ᠠᠮᠤᠷ ᠲᠦᠪᠰᠢᠨ ᠤ ᠬᠠᠷᠢᠭᠤᠴᠠᠯᠭᠠᠲᠤ ᠬᠥᠮᠥᠨ ᠪᠣᠯᠣᠨ ᠲᠤᠰᠬᠠᠢ ᠲᠤᠰᠢᠶᠠᠯᠲᠤ ᠭᠠᠯ ᠤᠨᠲᠠᠷᠠᠭᠠᠬᠤ ᠶᠢᠨ ᠬᠠᠮᠢᠶᠠᠷᠤᠯᠲᠠ ᠶᠢᠨ ᠠᠵᠢᠯᠲᠠᠳ ᠢ ᠱᠠᠲᠤ ᠳᠠᠷᠠᠭᠠᠯᠠᠨ ᠲᠤᠲᠤᠷᠬᠠᠶᠢᠯᠠᠵᠤ᠂ ᠭᠠᠯ ᠤᠨᠲᠠᠷᠠᠭᠠᠬᠤ ᠶᠢᠨ ᠠᠮᠤᠷ ᠲᠦᠪᠰᠢᠨ ᠢ ᠦᠨᠳᠦᠰᠦᠨ ᠱᠠᠲᠤᠨ ᠤ ᠤᠯᠠᠨ ᠨᠡᠶᠢᠲᠡ ᠶᠢᠨ ᠦᠢᠯᠡᠴᠢᠯᠡᠭᠡ ᠪᠤᠶᠤ ᠶᠡᠷᠦᠩᠬᠡᠶᠢᠯᠡᠨ ᠵᠠᠰᠠᠬᠤ ᠲᠠᠪᠴᠠᠩ ᠳᠤ ᠣᠷᠣᠭᠤᠯᠤᠨ᠎ᠠ᠃ 2017 ᠣᠨ ᠤ 3 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ᠂ 60% ᠶᠢᠨ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠶᠢᠨ ᠭᠠᠯ ᠤᠨᠲᠠᠷᠠᠭᠠᠬᠤ ᠶᠢᠨ ᠠᠮᠤᠷ ᠲᠦᠪᠰᠢᠨ ᠤ ᠲᠣᠣᠷ ᠢ ᠵᠢᠷᠤᠮᠵᠢᠭᠤᠯᠤᠨ ᠬᠠᠮᠢᠶᠠᠷᠬᠤ ᠶᠢ ᠪᠡᠶᠡᠯᠡᠭᠦᠯᠦᠨ᠎ᠡ᠃      5. ᠭᠠᠯ ᠤᠨᠲᠠᠷᠠᠭᠠᠬᠤ ᠶᠢᠨ ᠠᠮᠤᠷ ᠲᠦᠪᠰᠢᠨ ᠤ ᠣᠷᠣᠨ ᠪᠦᠰᠡ ᠶᠢᠨ ᠬᠠᠮᠲᠤᠷᠠᠨ ᠰᠡᠷᠭᠡᠶᠢᠯᠡᠬᠦ ᠠᠵᠢᠯ ᠢ ᠴᠢᠩᠭᠠᠳᠬᠠᠨ᠎ᠠ᠃ ︽ᠣᠷᠣᠨ ᠪᠠᠶᠢᠷᠢ ᠨᠢ ᠬᠥᠷᠰᠢ ᠵᠡᠷᠭᠡᠯᠡᠳᠡᠭᠡ︾ ᠪᠤᠶᠤ ︽ᠠᠵᠢᠯ ᠲᠦᠷᠦᠯ ᠨᠢ ᠠᠳᠠᠯᠢᠪᠲᠤᠷ ᠣᠶᠢᠷᠠᠯᠴᠠᠭ᠎ᠠ︾ ᠪᠠᠶᠢᠬᠤ ᠵᠠᠷᠴᠢᠮ ᠶᠣᠰᠣᠭᠠᠷ᠂ ᠨᠡᠶᠢᠭᠡᠮ ᠤᠨ ᠨᠢᠭᠡᠴᠡ ᠶᠢ ᠵᠣᠬᠢᠶᠠᠨ ᠪᠠᠶᠢᠭᠤᠯᠵᠤ ᠪᠠᠶᠢᠭᠠᠳ ᠬᠦᠷᠢᠶ᠎ᠡ ᠬᠡᠪᠴᠢᠶ᠎ᠡ ᠬᠤᠪᠢᠶᠠᠷᠢᠯᠠᠨ ᠲᠣᠭᠲᠠᠭᠠᠵᠤ ᠭᠠᠯ ᠤᠨᠲᠠᠷᠠᠭᠠᠬᠤ ᠶᠢᠨ ᠬᠠᠮᠲᠤᠷᠠᠨ ᠰᠡᠷᠭᠡᠶᠢᠯᠡᠬᠦ ᠣᠷᠣᠨ ᠪᠦᠰᠡ ᠶᠢ ᠪᠦᠷᠢᠯᠳᠤᠭᠦᠯᠦᠨ᠂ ᠣᠷᠣᠨ ᠪᠦᠰᠡ ᠶᠢᠨ ᠬᠤᠯᠪᠣᠭᠠᠯᠠᠨ ᠰᠡᠷᠭᠡᠶᠢᠯᠡᠬᠦ ᠲᠦᠷᠢᠮ ᠪᠣᠯᠣᠨ ᠴᠢᠮᠡᠭᠡ ᠬᠤᠯᠪᠣᠭ᠎ᠠ ᠂ ᠪᠠᠴᠢᠮ ᠪᠠᠶᠢᠳᠠᠯ ᠢ ᠠᠷᠭᠠᠴᠠᠬᠤ ᠳᠤ ᠲᠠᠭᠠᠬᠤ ᠲᠣᠭᠲᠠᠴᠠ ᠶᠢ ᠪᠠᠶᠢᠭᠤᠯᠵᠤ᠂ ᠬᠠᠷᠢᠯᠴᠠᠨ ᠪᠠᠶᠢᠴᠠᠭᠠᠵᠤ ᠰᠢᠯᠭᠠᠬᠤ᠂ ᠬᠤᠷᠠᠯ ᠬᠢᠵᠦ ᠵᠥᠪᠳᠡᠯᠴᠡᠬᠦ᠂ ᠲᠤᠬᠠᠶᠢᠯᠠᠭᠰᠠᠨ ᠠᠵᠢᠯ ᠤᠨ ᠰᠣᠯᠢᠯᠴᠠᠭ᠎ᠠ ᠬᠢᠬᠦ᠂ ᠪᠣᠯᠪᠠᠰᠤᠷᠠᠭᠤᠯᠤᠯ ᠰᠣᠷᠢᠯᠲᠠ ᠬᠢᠬᠦ ᠵᠡᠷᠭᠡ ᠠᠵᠢᠯᠯᠠᠭ᠎ᠠ ᠶᠢ ᠵᠣᠬᠢᠶᠠᠨ ᠪᠠᠶᠢᠭᠤᠯᠤᠨ ᠦᠷᠨᠢᠭᠦᠯᠵᠦ᠂ ᠪᠠᠴᠢᠮ ᠪᠠᠶᠢᠳᠠᠯ ᠳᠤ ᠠᠷᠭᠠᠴᠠᠨ ᠲᠣᠬᠢᠷᠠᠭᠤᠯᠬᠤ᠂ ᠬᠠᠮᠲᠤᠷᠠᠨ ᠪᠠᠶᠢᠯᠳᠤᠬᠤ᠂ ᠪᠠᠶᠢᠯᠳᠤᠭᠠᠨ ᠳᠤᠨᠢ ᠲᠤᠰᠠᠯᠠᠬᠤ ᠵᠡᠷᠭᠡ ᠲᠠᠯ᠎ᠠ ᠪᠠᠷ ᠬᠢ ᠰᠣᠷᠢᠯᠲᠠ ᠶᠢ ᠲᠣᠭᠲᠠᠮᠠᠯ ᠬᠤᠭᠤᠴᠠᠭ᠎ᠠ ᠲᠠᠢ ᠪᠠᠷ ᠦᠷᠨᠢᠭᠦᠯᠵᠦ᠂ ᠬᠠᠮᠲᠤᠷᠠᠨ ᠰᠡᠷᠭᠡᠶᠢᠯᠡᠬᠦ ᠣᠷᠣᠨ ᠪᠦᠰᠡ ᠶᠢᠨ ᠳᠣᠲᠣᠷ᠎ᠠ ︽ᠨᠢᠭᠡ ᠴᠢᠬ ᠲᠤ ᠭᠠᠯ ᠭᠠᠷᠪᠠᠯ᠂ ᠣᠯᠠᠨ ᠴᠢᠬ ᠢᠶᠠᠷ ᠬᠦᠳᠡᠯᠦᠯᠴᠡᠵᠦ᠂ ᠬᠥᠷᠰᠢ ᠰᠠᠭᠠᠬᠠᠯᠲᠠ ᠪᠠᠷ ᠬᠠᠷᠢᠯᠴᠠᠨ ᠬᠠᠪᠰᠤᠷᠤᠯᠴᠠᠵᠤ᠂ ᠬᠠᠮᠵᠢᠯᠴᠠᠨ ᠪᠠᠶᠢᠯᠳᠤᠬᠤ︾ ᠶᠢ ᠠᠯᠬᠤᠮ ᠠᠯᠬᠤᠮ ᠢᠶᠠᠷ ᠪᠡᠶᠡᠯᠡᠭᠦᠯᠵᠦ᠂ ᠣᠷᠣᠨ ᠪᠦᠰᠡ ᠶᠢᠨ ᠬᠠᠮᠲᠤᠷᠠᠨ ᠰᠡᠷᠭᠡᠶᠢᠯᠡᠵᠦ ᠬᠠᠮᠵᠢᠯᠴᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ 2017 ᠣᠨ ᠤ 3 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ᠂ ᠪᠥᠬᠦ ᠣᠷᠣᠨ ᠤ ᠲᠤᠰᠬᠠᠢ ᠣᠷᠣᠨ ᠤ ᠲᠡᠰ ᠠᠴᠠ ᠳᠡᠭᠡᠭᠰᠢᠬᠢ ᠬᠤᠲᠠ ᠶᠢᠨ 40% ᠶᠢᠨ ᠠᠷᠠᠯᠵᠢᠶᠠᠨ ᠤ ᠲᠣᠭᠤᠷᠢᠭ᠂ ᠵᠢᠭᠤᠯᠴᠢᠯᠠᠯ ᠤᠨ ᠲᠣᠭᠤᠷᠢᠭ᠂ ᠨᠡᠭᠡᠭᠡᠯᠲᠡ ᠶᠢᠨ ᠲᠣᠭᠤᠷᠢᠭ ᠵᠡᠷᠭᠡ ᠭᠤᠣᠯᠳᠠᠯᠭ᠎ᠠ ᠲᠠᠢ ᠨᠢᠭᠡᠴᠡ ᠲᠥᠪᠯᠡᠷᠡᠭᠰᠡᠨ ᠣᠷᠣᠨ ᠪᠦᠰᠡ ᠳᠤ ᠭᠠᠯ ᠤᠨᠲᠠᠷᠠᠭᠠᠬᠤ ᠶᠢᠨ ᠠᠮᠤᠷ ᠲᠥᠪᠰᠢᠨ ᠤ ᠬᠠᠮᠲᠤᠷᠠᠨ ᠰᠡᠷᠭᠡᠶᠢᠯᠡᠵᠦ ᠬᠠᠮᠵᠢᠯᠴᠠᠬᠤ ᠵᠣᠬᠢᠶᠠᠨ ᠪᠠᠶᠢᠭᠤᠯᠤᠯᠲᠠ ᠶᠢ ᠪᠠᠶᠢᠭᠤᠯᠤᠨ᠎ᠠ᠃      6. ᠭᠠᠯ ᠤᠨᠲᠠᠷᠠᠭᠠᠬᠤ ᠶᠢᠨ ᠠᠮᠤᠷ ᠲᠥᠪᠰᠢᠨ ᠤ ᠮᠡᠷᠭᠡᠵᠢᠯ ᠪᠠ ᠪᠣᠳᠠᠰ ᠢᠶᠠᠷ ᠰᠡᠷᠭᠡᠶᠢᠯᠡᠬᠦ ᠠᠷᠭ᠎ᠠ ᠬᠡᠮᠵᠢᠶ᠎ᠡ ᠶᠢ ᠴᠢᠩᠭᠠᠳᠬᠠᠨ᠎ᠠ᠃ ᠡᠯ᠎ᠡ ᠭᠠᠵᠠᠷ ᠣᠷᠣᠨ ᠨᠤᠭᠤᠳ ︽ᠤᠬᠠᠭᠠᠯᠢᠭ ᠬᠤᠳᠠ︾ ᠶᠢ ᠪᠦᠲᠦᠭᠡᠨ ᠪᠠᠶᠢᠭᠤᠯᠬᠤ ᠠᠵᠠ ᠲᠣᠬᠢᠶᠠᠯ ᠢ ᠴᠢᠩᠭ᠎ᠠ ᠡᠵᠡᠮᠳᠡᠨ᠂ ᠡᠭᠦᠯᠡᠨ ᠪᠣᠳᠣᠯᠳᠠ᠂ ᠪᠤᠳᠠᠰᠯᠢᠭ ᠬᠤᠯᠪᠤᠭᠠᠳᠤ ᠰᠦᠯᠵᠢᠶ᠎ᠡ᠂ ᠲᠤᠮᠤ ᠳ᠋ᠠᠶᠢᠲ᠋ᠠ ᠵᠡᠷᠭᠡ ᠮᠡᠳᠡᠭᠡ ᠵᠠᠩᠭᠢ ᠶᠢᠨ ᠮᠡᠷᠭᠡᠵᠢᠯ ᠪᠣᠯᠣᠨ ᠭᠠᠯ ᠤᠨᠲᠠᠷᠠᠭᠠᠬᠤ ᠠᠵᠢᠯ ᠢ ᠨᠢᠭᠲᠠ ᠠᠭᠤᠰᠤᠯᠴᠠᠭᠤᠯᠵᠤ᠂ ᠭᠠᠯ ᠤᠨᠲᠠᠷᠠᠭᠠᠬᠤ ᠶᠢᠨ ᠨᠡᠶᠢᠭᠡᠮᠴᠢᠯᠡᠭᠰᠡᠨ ᠬᠠᠮᠢᠶᠠᠷᠤᠯᠲᠠ ᠶᠢᠨ ᠲᠠᠪᠴᠠᠩ ᠢ ᠪᠠᠶᠢᠭᠤᠯᠤᠨ᠎ᠠ᠃ ᠬᠥᠬᠡᠬᠤᠲᠠ᠂ ᠬᠥᠯᠥᠨ ᠪᠤᠶᠢᠷ ᠬᠤᠳᠠ᠂ ᠤᠷᠳᠤᠰ ᠬᠤᠳᠠ᠂ ᠦᠬᠠᠶ ᠬᠤᠳᠠ ᠵᠡᠷᠭᠡ ᠪᠦᠬᠦ ᠤᠯᠤᠰ ᠤᠨ ︽ᠤᠬᠠᠭᠠᠯᠢᠭ ᠬᠤᠳᠠ︾ ᠶᠢ ᠪᠦᠲᠦᠭᠡᠨ ᠪᠠᠶᠢᠭᠤᠯᠬᠤ 4 ᠲᠤᠷᠰᠢᠯᠲᠠ ᠶᠢᠨ ᠬᠤᠳᠠ ᠨᠢ ᠤᠷᠢᠳᠠᠪᠡᠷ ᠬᠡᠷᠡᠭᠵᠢᠭᠦᠯᠦᠨ ᠤᠷᠢᠳᠠᠪᠡᠷ ᠬᠢᠵᠦ᠂ 2017 ᠣᠨ ᠤ 3 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠭᠠᠯ ᠤᠨᠲᠠᠷᠠᠭᠠᠬᠤ ᠶᠢᠨ ᠬᠠᠮᠢᠶᠠᠷᠤᠯᠲᠠ ᠶᠢ ︽ᠤᠬᠠᠭᠠᠯᠢᠭ ᠬᠤᠳᠠ︾ ᠶᠢᠨ ᠪᠦᠳᠦᠭᠡᠨ ᠪᠠᠶᠢᠭᠤᠯᠬᠤ ᠠᠭᠤᠯᠭ᠎ᠠ ᠳᠤ ᠣᠷᠣᠭᠤᠯᠤᠨ᠎ᠠ᠃ ᠡᠯ᠎ᠡ ᠭᠠᠵᠠᠷ ᠣᠷᠣᠨ ᠨᠤᠭᠤᠳ ᠪᠤᠳᠠᠰᠯᠢᠭ ᠬᠤᠯᠪᠤᠭᠠᠳᠤ ᠰᠦᠯᠵᠢᠶᠡᠨ ᠤ ᠮᠡᠷᠭᠡᠵᠢᠯ ᠢ ᠢᠳᠡᠪᠬᠢᠲᠡᠢ ᠪᠠᠷ ᠬᠡᠷᠡᠭᠯᠡᠨ ᠭᠠᠯ ᠤᠨᠲᠠᠷᠠᠭᠠᠬᠤ ᠳᠤ ᠠᠯᠤᠰ ᠠᠴᠠ ᠬᠢᠨᠠᠨ ᠡᠵᠡᠮᠳᠡᠬᠦ ᠰᠢᠰᠲ᠋ᠧᠮ ᠢ ᠪᠠᠶᠢᠭᠤᠯᠤᠨ᠂ ᠨᠡᠶᠢᠭᠡᠮ ᠤᠨ ᠨᠢᠭᠡᠴᠡ ᠶᠢᠨ ᠭᠠᠯ ᠤᠨᠲᠠᠷᠠᠭᠠᠬᠤ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠬᠥᠬᠡᠬᠤᠲᠠ ᠨᠢ 2017 ᠣᠨ ᠤ 3 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠭᠠᠯ ᠤᠨᠲᠠᠷᠠᠭᠠᠬᠤ ᠳᠤ ᠠᠯᠤᠰ ᠠᠴᠠ ᠬᠢᠨᠠᠨ ᠡᠵᠡᠮᠳᠡᠬᠦ ᠰᠢᠰᠲ᠋ᠧᠮ ᠢ ᠪᠠᠶᠢᠭᠤᠯᠬᠤ ᠶᠢᠨ ᠬᠠᠮᠲᠤ ᠭᠠᠯ ᠤᠨ ᠭᠠᠮᠰᠢᠭ ᠤᠨ ᠲᠦᠭᠰᠢᠭᠦᠷᠢ ᠶᠡᠬᠡᠲᠡᠶ 60% ᠶᠢᠨ ᠨᠢᠭᠡᠴᠡ ᠶᠢ ᠰᠢᠰᠲ᠋ᠧᠮ ᠳᠤ ᠵᠠᠯᠭᠠᠨ ᠣᠷᠣᠭᠤᠯᠤᠨ᠎ᠠ᠃ ᠡᠯ᠎ᠡ ᠭᠠᠵᠠᠷ ᠣᠷᠣᠨ ᠨᠤᠭᠤᠳ ᠲᠤᠰᠠᠭᠠᠷ ᠮᠠᠶ᠋ᠢᠭ ᠤᠨ ᠤᠲᠤᠭ᠎ᠠ ᠪᠠᠷ ᠮᠡᠳᠡᠷᠡᠬᠦ ᠭᠠᠯ ᠤᠨ ᠭᠠᠮᠰᠢᠭ ᠢ ᠬᠠᠶᠢᠨ ᠰᠢᠨᠵᠢᠵᠦ ᠲᠦᠭᠰᠢᠭᠦᠷᠢ ᠮᠡᠳᠡᠭᠡᠯᠡᠬᠦ ᠲᠣᠬᠢᠶᠠᠯᠠᠭᠤᠷ ᠤᠨ ᠬᠡᠷᠡᠭᠯᠡᠭᠡᠨ ᠤ ᠬᠦᠷᠢᠶ᠎ᠡ ᠬᠡᠪᠴᠢᠶ᠎ᠡ ᠶᠢ ᠠᠯᠬᠤᠮ ᠠᠯᠬᠤᠮ ᠢᠶᠠᠷ ᠥᠷᠭᠡᠳᠬᠡᠵᠦ᠂ 2016 ᠣᠨ ᠤ ᠰᠡᠭᠦᠯᠴᠢ ᠠᠴᠠ ᠡᠮᠦᠨ᠎ᠡ ᠣᠨ ᠤ ᠤᠭᠰᠠᠷᠠᠭᠤᠯᠬᠤ ᠡᠭᠦᠷᠭᠡ ᠶᠢ ᠪᠡᠶᠡᠯᠡᠭᠦᠯᠬᠦ ᠶᠢᠨ ᠬᠠᠮᠲᠤ᠂ ᠪᠤᠳᠠᠲᠠᠢ ᠲᠠᠢ ᠪᠠᠨ ᠤᠶᠠᠯᠳᠤᠭᠤᠯᠤᠨ ᠤᠭᠰᠠᠷᠠᠬᠤ ᠲᠤᠭ᠎ᠠ ᠬᠡᠮᠵᠢᠶ᠎ᠡ ᠶᠢ ᠨᠡᠮᠡᠭᠳᠡᠭᠦᠯᠦᠨ᠂ ᠮᠡᠷᠭᠡᠵᠢᠯ ᠢᠶᠠᠷ ᠰᠡᠷᠭᠡᠶᠢᠯᠡᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃      ︵ᠭᠤᠷᠪᠠ︶ ᠭᠠᠯ ᠤᠨᠲᠠᠷᠠᠭᠠᠬᠤ ᠶᠢᠨ ᠤᠬᠠᠭᠤᠯᠤᠯ ᠪᠣᠯᠪᠠᠰᠤᠷᠠᠭᠤᠯᠤᠯ ᠢ ᠴᠢᠩᠭᠠᠳᠬᠠᠨ᠎ᠠ᠃      1. ᠨᠡᠶᠢᠭᠡᠮᠴᠢᠯᠡᠭᠰᠡᠨ ᠤᠬᠠᠭᠤᠯᠤᠯ ᠢ ᠦᠷᠨᠢᠭᠦᠯᠦᠨ᠎ᠡ᠃ ᠭᠠᠯ ᠤᠨᠲᠠᠷᠠᠭᠠᠬᠤ ᠶᠢᠨ ᠠᠮᠤᠷ ᠲᠦᠪᠰᠢᠨ ᠤ ᠤᠬᠠᠭᠤᠯᠤᠯ ᠬᠥᠮᠦᠵᠢᠯ ᠤᠨ ︽ᠳᠣᠯᠤᠭ᠎ᠠ ᠳᠤ ᠣᠷᠣᠭᠤᠯᠬᠤ︾ ᠠᠵᠢᠯ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠪᠠᠷ ᠭᠠᠷᠳᠠᠴᠠ ᠪᠣᠯᠭᠠᠨ᠂ ︽ᠭᠠᠯ ᠤᠨᠲᠠᠷᠠᠭᠠᠬᠤ ᠶᠢᠨ ᠤᠬᠠᠭᠤᠯᠤᠯ ᠢ ᠨᠡᠶᠢᠭᠡᠮ ᠲᠣᠭᠤᠷᠢᠭ ᠲᠤ ᠣᠷᠣᠭᠤᠯᠬᠤ︾᠂ ︽ᠨᠡᠶᠢᠭᠡᠮ ᠲᠣᠭᠤᠷᠢᠭ ᠤᠨ ᠭᠠᠯ ᠤᠨᠲᠠᠷᠠᠭᠠᠬᠤ ᠶᠢᠨ ᠤᠬᠠᠭᠤᠯᠤᠯ ᠤᠨ ᠡᠯᠴᠢ ᠶᠢᠨ ᠠᠵᠢᠯᠯᠠᠭ᠎ᠠ︾ ᠶᠢᠨ ᠲᠤᠰᠬᠠᠶ ᠠᠵᠢᠯᠯᠠᠭ᠎ᠠ ᠶᠢ ᠪᠠᠶᠢᠷᠢᠯᠠᠭᠤᠯᠤᠨ ᠦᠷᠨᠢᠭᠦᠯᠵᠦ᠂ ᠪᠦᠬᠦ ᠣᠷᠣᠨ ᠳᠤ ᠨᠡᠶᠢᠭᠡᠮ ᠲᠣᠭᠤᠷᠢᠭ ᠤᠨ ᠭᠠᠯ ᠤᠨᠲᠠᠷᠠᠭᠠᠬᠤ ᠶᠢᠨ ᠤᠬᠠᠭᠤᠯᠤᠯ ᠤᠨ 200 ᠰᠢᠯᠢᠳᠡᠭ ᠡᠯᠴᠢ ᠶᠢ ᠰᠢᠯᠭᠠᠷᠠᠭᠤᠯᠤᠨ ᠰᠤᠩᠭᠤᠨ᠎ᠠ︔ ᠭᠤᠷᠪᠠᠳᠤᠭᠠᠷ ᠬᠤᠭᠤᠴᠠᠭᠠᠨ ᠤ ︽119︾ ᠭᠠᠯ ᠤᠨᠲᠠᠷᠠᠭᠠᠬᠤ ᠠᠵᠢᠯ ᠤᠨ ᠱᠠᠩᠨᠠᠯ ᠢᠶᠠᠷ ᠵᠢᠱᠢᠭᠳᠡᠭᠰᠡᠳ ︵ᠰᠣᠩᠭᠤᠭᠳᠠᠭᠰᠠᠳ︶ ᠤᠨ ᠲᠡᠷᠢᠭᠦᠨ ᠤ ᠦᠢᠯᠡ ᠠᠵᠢᠯᠯᠠᠭ᠎ᠠ ᠶᠢ ᠥᠷᠭᠡᠨ ᠢᠶᠠᠷ ᠤᠬᠠᠭᠤᠯᠵᠤ᠂ ᠨᠡᠩ ᠣᠯᠠᠨ ᠬᠥᠮᠥᠰ ᠢ ᠭᠠᠯ ᠤᠨᠲᠠᠷᠠᠭᠠᠬᠤ ᠨᠡᠶᠢᠲᠡ ᠶᠢᠨ ᠠᠰᠠᠷᠠᠮᠵᠢ ᠶᠢᠨ ᠦᠢᠯᠡᠰ ᠲᠤ ᠣᠷᠣᠯᠴᠠᠭᠤᠯᠤᠨ᠎ᠠ︔ ᠤᠯᠠᠷᠢᠯ ᠤᠨ ᠴᠢᠨᠠᠷᠲᠠᠢ ᠭᠠᠯ ᠤᠨ ᠭᠠᠮᠰᠢᠭ ᠤᠨ ᠣᠨᠴᠠᠯᠢᠭ ᠲᠤ ᠴᠢᠭᠯᠡᠭᠦᠯᠦᠨ᠂ ᠭᠠᠯ ᠤᠨᠲᠠᠷᠠᠭᠠᠬᠤ ᠶᠢᠨ ᠠᠮᠤᠷ ᠲᠥᠪᠰᠢᠨ ᠤ ︽ᠭᠤᠷᠪᠠ ᠶᠢ ᠰᠠᠨᠠᠭᠤᠯᠬᠤ︾ ᠪᠠ ᠨᠡᠶᠢᠭᠡᠮ ᠤᠨ ᠨᠢᠭᠡᠴᠡ ᠶᠢᠨ ᠠᠵᠢᠯᠲᠠᠳ ᠤᠨ ︽ᠨᠢᠭᠡ ᠶᠢ ᠮᠡᠳᠡᠭᠦᠯᠵᠦ ᠭᠤᠷᠪᠠ ᠶᠢ ᠭᠢᠵᠦ ᠴᠢᠳᠠᠬᠤ︾ ᠬᠥᠮᠥᠵᠢᠯ ᠤᠨ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠤᠨ᠎ᠠ︔ ᠭᠠᠯ ᠣᠨᠲᠠᠷᠠᠭᠠᠬᠤ ᠥᠷᠲᠡᠭᠡ ᠪᠣᠯᠣᠨ ᠭᠠᠯ ᠤᠨᠲᠠᠷᠠᠭᠠᠬᠤ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠬᠥᠮᠥᠵᠢᠯ ᠤᠨ ᠰᠠᠭᠤᠷᠢᠨ ᠭᠠᠵᠠᠷ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠨᠢᠭᠡᠴᠡ ᠶᠢᠨ ᠠᠵᠢᠯᠲᠠᠳ ᠪᠣᠯᠣᠨ ᠨᠡᠶᠢᠭᠡᠮ ᠤᠨ ᠣᠯᠠᠨ ᠲᠦᠮᠡᠨ ᠢ ᠢᠳᠡᠪᠬᠢᠲᠡᠢ ᠪᠠᠷ ᠵᠣᠬᠢᠶᠠᠨ ᠪᠠᠶᠢᠭᠤᠯᠤᠨ ᠲᠣᠭᠤᠷᠢᠨ ᠦᠵᠡᠭᠦᠯᠵᠦ ᠪᠡᠶᠡᠴᠢᠯᠡᠨ ᠣᠶᠢᠯᠠᠭᠠᠭᠤᠯᠤᠨ᠎ᠠ︔ ᠵᠠᠰᠠᠭ ᠤᠨ ᠣᠷᠳᠣᠨ ᠣᠯᠠᠨ ᠨᠡᠶᠢᠲᠡ ᠶᠢᠨ ᠭᠠᠯ ᠣᠨᠲᠠᠷᠠᠭᠠᠬᠤ ᠦᠢᠯᠡᠴᠢᠯᠡᠭᠡ ᠶᠢ ᠬᠤᠳᠠᠯᠳᠤᠨ ᠠᠪᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠨᠢᠭᠡᠴᠡ ᠶᠢᠨ ᠠᠵᠢᠯᠲᠠᠳ ᠪᠣᠯᠣᠨ ᠨᠡᠶᠢᠭᠡᠮ ᠤᠨ ᠣᠯᠠᠨ ᠲᠦᠮᠡᠨ ᠤ ᠭᠠᠯ ᠤᠨᠲᠠᠷᠠᠭᠠᠬᠤ ᠶᠢᠨ ᠠᠮᠤᠷ ᠲᠥᠪᠰᠢᠨ ᠤ ᠦᠵᠡᠯ ᠤᠬᠠᠮᠰᠠᠷ ᠢ ᠴᠢᠩᠭᠠᠳᠬᠠᠨ᠎ᠠ᠃      2. ᠵᠠᠭᠤᠴᠢᠯᠠᠭᠤᠷ ᠤᠨ ᠬᠢᠨ ᠤ ᠤᠬᠠᠭᠤᠯᠤᠯ ᠢ ᠠᠬᠢᠭᠤᠯᠤᠨ᠎ᠠ᠃ ᠤᠯᠠᠮᠵᠢᠯᠠᠯᠲᠤ ᠵᠠᠭᠤᠴᠢᠯᠠᠭᠤᠷ ᠢ ᠭᠦᠢᠴᠡᠳ ᠲᠦᠰᠢᠭᠯᠡᠵᠦ᠂ ᠭᠠᠯ ᠤᠨᠲᠠᠷᠠᠭᠠᠬᠤ ᠶᠢᠨ ᠤᠬᠠᠭᠤᠯᠤᠯ ᠤᠨ ᠲᠤᠰᠬᠠᠢ ᠪᠤᠯᠤᠩ᠂ ᠲᠤᠰᠬᠠᠢ ᠨᠢᠭᠤᠷ ᠪᠣᠯᠣᠨ ᠲᠤᠰᠬᠠᠢ ᠰᠡᠳᠦᠪ ᠭᠠᠷᠭᠠᠵᠤ᠂ ᠭᠤᠣᠯ ᠰᠡᠳᠦᠪᠲᠦ ᠤᠬᠠᠭᠤᠯᠤᠯ ᠤᠨ ᠠᠭᠤᠯᠭ᠎ᠠ ᠶᠢ ᠭᠠᠷᠠᠭ ᠪᠣᠯᠭᠠᠨ ᠭᠠᠷᠭᠠᠨ᠎ᠠ︔ ᠤᠯᠠᠷᠢᠯ ᠤᠨ ᠴᠢᠨᠠᠷᠲᠠᠢ ᠭᠠᠯ ᠤᠨ ᠭᠠᠮᠰᠢᠭ ᠢ ᠰᠡᠷᠭᠡᠶᠢᠯᠡᠬᠦ ᠣᠨᠴᠠᠯᠢᠭ ᠲᠤ ᠴᠢᠭᠯᠡᠭᠦᠯᠦᠨ᠂ ᠭᠠᠯ ᠤᠨᠲᠠᠷᠠᠭᠠᠬᠤ ᠶᠢᠨ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ ᠶᠢ ᠡᠳᠦᠷ ᠪᠦᠷᠢ ᠨᠡᠪᠲᠡᠷᠡᠭᠦᠯᠵᠦ᠂ ᠣᠯᠠᠨ ᠨᠡᠶᠢᠲᠡ ᠳᠤ ᠭᠠᠯ ᠣᠨᠲᠠᠷᠠᠭᠠᠬᠤ ᠶᠢᠨ ᠠᠮᠤᠷ ᠲᠥᠪᠰᠢᠨ ᠢ ᠠᠩᠬᠠᠷᠬᠤ ᠶᠢ ᠰᠠᠨᠠᠭᠤᠯᠤᠨ᠎ᠠ︔ ᠭᠡᠷ ᠤᠨ ᠭᠠᠳᠠᠨᠠᠬᠢ ᠬᠠᠷᠠᠭᠠᠨ ᠳᠠᠪᠲᠠᠮᠵᠢ᠂ ᠵᠠᠷ ᠮᠡᠳᠡᠭᠡᠨ ᠤ ᠫᠠᠶᠢᠰᠠ᠂ ᠠᠰᠠᠷ ᠲᠠᠭᠲᠤ ᠶᠢᠨ ᠵᠠᠢ ᠳᠠᠬᠢ ᠲᠧᠯᠸᠢᠰ ᠵᠡᠷᠭᠡ ᠨᠡᠶᠢᠭᠡᠮ ᠤᠨ ᠵᠠᠭᠤᠴᠢᠯᠠᠭᠤᠷ ᠢ ᠠᠰᠢᠭᠯᠠᠨ᠂ ᠭᠠᠯ ᠤᠨᠲᠠᠷᠠᠭᠠᠬᠤ ᠶᠢᠨ ᠠᠮᠤᠷ ᠲᠥᠪᠰᠢᠨ ᠤ ᠶᠡᠷᠦ ᠶᠢᠨ ᠮᠡᠳᠡᠯᠭᠡ ᠪᠣᠯᠣᠨ ᠠᠶᠤᠯ ᠠᠴᠠ ᠵᠠᠶᠢᠯᠠᠵᠤ ᠥᠪᠡᠷ ᠢ ᠪᠠᠨ ᠠᠪᠤᠷᠠᠬᠤ ᠤᠷ᠎ᠠ ᠴᠢᠳᠠᠪᠤᠷᠢ ᠶᠢ ᠡᠷᠴᠢᠮᠲᠡᠢ ᠤᠬᠠᠭᠤᠯᠤᠨ ᠲᠦᠭᠡᠮᠡᠯᠵᠢᠭᠦᠯᠦᠨ᠎ᠡ︔ ᠰᠢᠯᠵᠢᠭᠡ ᠢᠨᠲ᠋ᠧᠷ ᠰᠦᠯᠵᠢᠶᠡᠨ ᠤ ᠭᠠᠯ ᠤᠨᠲᠠᠷᠠᠭᠠᠬᠤ ᠦᠢᠯᠡᠴᠢᠯᠡᠭᠡᠨ ᠤ ᠲᠠᠪᠴᠠᠩ ᠢ ᠰᠠᠶᠢᠲᠤᠷ ᠬᠡᠷᠡᠭᠯᠡᠨ᠂ ᠬᠡᠷᠡᠭᠯᠡᠭᠦᠰᠢᠲᠡᠢ᠂ ᠰᠢᠨ᠎ᠡ ᠰᠡᠪᠡᠭᠦᠨ ᠭᠠᠯ ᠤᠨᠲᠠᠷᠠᠭᠠᠬᠤ ᠠᠩᠬᠠᠨ ᠤ ᠪᠦᠲᠦᠭᠡᠯ ᠢ ᠵᠣᠷᠢᠬᠵᠢᠭᠤᠯᠵᠤ᠂ ︽ᠪᠢᠴᠢᠯ ᠪᠦᠷᠭᠡ ᠸᠢᠴᠠᠲ ᠤᠨ ᠠᠷᠪᠠᠨ ᠰᠢᠯᠢᠳᠡᠭ︾ ᠪᠦᠲᠦᠭᠡᠯ ᠢ ᠰᠢᠯᠭᠠᠷᠠᠭᠤᠯᠬᠤ ᠠᠵᠢᠯᠯᠠᠭ᠎ᠠ ᠶᠢ ᠢᠳᠡᠪᠬᠢᠲᠡᠢ ᠦᠷᠨᠢᠭᠦᠯᠦᠨ᠂ ᠰᠢᠨ᠎ᠡ ᠵᠠᠭᠤᠴᠢᠯᠠᠭᠤᠷ ᠤᠨ ᠭᠤᠣᠯᠯᠠᠨ ᠬᠠᠮᠢᠶᠠᠷᠬᠤ ᠪᠠᠶᠢᠭᠤᠯᠤᠮᠵᠢ᠂ ᠲᠤᠰᠬᠠᠢ ᠮᠡᠷᠭᠡᠵᠢᠯ ᠤᠨ ᠪᠦᠯᠬᠦᠮ ᠪᠣᠯᠣᠨ ᠭᠠᠯ ᠤᠨᠲᠠᠷᠠᠭᠠᠬᠤ ᠠᠯᠪᠠᠨ ᠰᠦᠯᠵᠢᠶ᠎ᠡ᠂ ᠪᠢᠴᠢᠯ ᠪᠦᠷᠭᠡ᠂ ᠸᠢᠴᠠᠲ ᠯᠤᠭ᠎ᠠ ᠬᠠᠷᠢᠯᠴᠠᠨ ᠬᠦᠳᠡᠯᠦᠯᠴᠡᠵᠦ᠂ ᠰᠢᠨ᠎ᠡ ᠵᠢᠭᠤᠴᠢᠯᠠᠭᠤᠷ ᠤᠨ ᠲᠠᠪᠴᠠᠩ ᠤᠨ ᠭᠠᠯ ᠤᠨᠲᠠᠷᠠᠭᠠᠬᠤ ᠤᠬᠠᠭᠤᠯᠤᠯ ᠤᠨ ᠨᠥᠯᠥᠭᠡᠯᠡᠬᠦ ᠬᠦᠴᠦᠨ ᠪᠠ ᠤᠯᠠᠮᠵᠢᠯᠠᠬᠤ ᠬᠦᠴᠦᠨ ᠢ ᠳᠡᠭᠡᠭᠰᠢᠯᠡᠭᠦᠯᠦᠨ᠎ᠡ᠃ ᠭᠤᠣᠯᠳᠠᠯᠭ᠎ᠠ ᠲᠠᠢ ᠲᠠᠯᠠᠪᠤᠷ ᠭᠠᠵᠠᠷ ᠲᠠᠬᠢ ᠭᠠᠯ ᠤᠨᠲᠠᠷᠠᠭᠠᠬᠤ ᠶᠢᠨ ᠠᠮᠤᠷ ᠲᠦᠪᠰᠢᠨ ᠤ ᠪᠠᠷᠢᠮᠵᠢᠶ᠎ᠠ ᠶᠢᠨ ᠡᠯᠭᠦᠮᠡᠯ ᠵᠢᠷᠤᠭ ᠢ ᠳᠠᠷᠤᠮᠠᠯᠯᠠᠨ ᠨᠠᠭᠠᠵᠤ᠂ ᠭᠠᠯ ᠤᠨᠲᠠᠷᠠᠭᠠᠬᠤ ᠤᠬᠠᠭᠤᠯᠤᠯ ᠤᠨ ᠪᠦᠷᠬᠦᠴᠡ ᠶᠢᠨ ᠬᠡᠮᠵᠢᠶ᠎ᠡ ᠶᠢ ᠬᠠᠮᠤᠭ ᠤᠨ ᠶᠡᠭᠡ ᠪᠠᠷ ᠥᠷᠭᠡᠳᠬᠡᠨ᠎ᠡ᠃      3. ᠴᠢᠬᠤᠯᠠ ᠵᠠᠩᠭᠢᠯᠠᠭ᠎ᠠ ᠶᠢᠨ ᠴᠠᠭ ᠤᠨ ᠤᠬᠠᠭᠤᠯᠤᠯ ᠢ ᠰᠠᠶᠢᠲᠤᠷ ᠠᠳᠬᠤᠨ᠎ᠠ᠃ ︽119︾ ᠭᠠᠯ ᠤᠨᠲᠠᠷᠠᠭᠠᠬᠤ ᠡᠳᠦᠷ ᠢ ︽119︾ ᠭᠠᠯ ᠤᠨᠲᠠᠷᠠᠭᠠᠬᠤ ᠤᠬᠠᠭᠤᠯᠤᠯ ᠤᠨ ᠰᠠᠷ᠎ᠠ ᠪᠣᠯᠭᠠᠵᠤ ᠥᠷᠭᠡᠳᠬᠡᠨ᠂ ᠵᠠᠭᠤᠴᠢᠯᠠᠭᠤᠷ᠂ ᠲᠤᠰᠬᠠᠶ ᠮᠡᠷᠭᠡᠵᠢᠯ ᠤᠨ ᠪᠦᠯᠬᠦᠮ ᠵᠡᠷᠭᠡ ᠤᠬᠠᠭᠤᠯᠤᠯ ᠤᠨ ᠬᠦᠴᠦᠨ ᠢ ᠭᠤᠣᠯᠳᠠᠯᠭ᠎ᠠ ᠲᠠᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠥᠳᠬᠡᠨ ᠵᠤᠵᠠᠭᠠᠨ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠨ᠂ ᠨᠡᠶᠢᠭᠡᠮ ᠨᠡᠶᠢᠲᠡ ᠶᠢ ᠳᠠᠶᠢᠴᠢᠯᠠᠨ ᠥᠷᠭᠡᠨ ᠢᠶᠠᠷ ᠣᠷᠣᠯᠴᠠᠭᠤᠯᠤᠨ᠎ᠠ︔ ᠰᠢᠨ᠎ᠡ ᠵᠢᠯ᠂ ᠴᠠᠭᠠᠨ ᠰᠠᠷ᠎ᠠ ︵ᠪᠢᠲᠡᠭᠦᠨ ᠤ ᠰᠦᠨᠢ︶᠂ ᠦᠯᠵᠡᠶᠢᠲᠦ ᠡᠳᠦᠷ ᠪᠣᠯᠤᠨ ᠪᠦᠬᠦ ᠤᠯᠤᠰ ᠤᠨ ︽ᠬᠤᠶᠠᠷ ᠬᠤᠷᠠᠯ︾ ᠤᠨ ᠬᠤᠭᠤᠴᠠᠭᠠᠨ ᠳᠤ ᠬᠠᠨᠳᠤᠯᠭᠠᠲᠤ ᠴᠢᠨᠠᠷᠲᠠᠶ ᠭᠤᠣᠯ ᠰᠡᠳᠦᠪᠲᠦ ᠤᠬᠠᠭᠤᠯᠤᠯ ᠤᠨ ᠠᠵᠢᠯᠯᠠᠭ᠎ᠠ ᠶᠢ ᠲᠥᠰᠥᠪᠯᠡᠨ ᠵᠣᠬᠢᠶᠠᠨ ᠪᠠᠶᠢᠭᠤᠯᠵᠤ᠂ ᠨᠡᠶᠢᠭᠡᠮ ᠲᠣᠭᠤᠷᠢᠭ ᠤᠨ ᠭᠠᠯ ᠤᠨᠲᠠᠷᠠᠭᠠᠬᠤ ᠤᠬᠠᠭᠤᠯᠤᠯ ᠤᠨ ᠡᠯᠴᠢ᠂ ᠲᠤᠤᠷᠴᠢᠯᠠᠯ ᠤᠨ ᠠᠵᠢᠯᠲᠠᠨ ᠵᠡᠷᠭᠡ ᠤᠬᠠᠭᠤᠯᠤᠯ ᠤᠨ ᠨᠢᠷᠤᠭᠤᠪᠴᠢ ᠬᠦᠴᠦᠨ ᠤ ᠦᠢᠯᠡᠳᠦᠯ ᠢ ᠪᠠᠳᠠᠷᠠᠭᠤᠯᠤᠨ᠂ ᠭᠠᠯ ᠤᠨ ᠭᠠᠮᠰᠢᠭ ᠢ ᠤᠷᠢᠳᠴᠢᠯᠡᠨ ᠰᠡᠷᠭᠡᠶᠢᠯᠡᠬᠦ ᠪᠠ ᠠᠶᠤᠯ ᠠᠴᠠ ᠵᠠᠶᠢᠯᠠᠵᠤ ᠥᠪᠡᠷ ᠢ ᠪᠠᠨ ᠠᠪᠤᠷᠠᠬᠤ ᠮᠡᠳᠡᠯᠭᠡ ᠶᠢ ᠶᠡᠬᠡᠪᠡᠷ ᠲᠦᠭᠡᠮᠡᠯᠵᠢᠭᠦᠯᠦᠨ᠎ᠡ᠃      4. ᠭᠠᠯ ᠤᠨᠲᠠᠷᠠᠭᠠᠬᠤ ᠶᠢᠨ ᠠᠮᠤᠷ ᠲᠦᠪᠰᠢᠨ ᠤ ᠬᠠᠮ ᠪᠣᠯᠪᠠᠰᠤᠷᠠᠭᠤᠯᠤᠯ ᠤᠨ ᠠᠵᠢᠯᠯᠠᠭ᠎ᠠ ᠶᠢ ᠭᠦᠨᠵᠡᠭᠡᠶᠢᠷᠡᠭᠦᠯᠦᠨ ᠦᠷᠨᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ ᠡᠯ᠎ᠡ ᠱᠠᠲᠤᠨ ᠤ ᠨᠠᠮ ᠵᠠᠰᠠᠭ ᠤᠨ ᠪᠠᠶᠢᠭᠤᠯᠭ᠎ᠠ᠂ ᠵᠠᠰᠠᠭ ᠤᠨ ᠣᠷᠳᠣᠨ ᠤ ᠰᠠᠯᠠᠭ᠎ᠠ ᠮᠥᠴᠢᠷ᠂ ᠤᠯᠤᠰ ᠤᠨ ᠦᠮᠴᠢᠯᠡᠯᠲᠦ ᠠᠵᠤ ᠠᠬᠤᠶᠢᠯᠠᠯ᠂ ᠨᠡᠶᠢᠭᠡᠮ ᠤᠨ ᠨᠢᠭᠡᠴᠡ ᠵᠢᠴᠢ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶᠂ ᠭᠠᠴᠠᠭ᠎ᠠ ᠲᠣᠰᠬᠤᠨ ︵ᠰᠠᠭᠤᠭᠠᠯᠢ ᠠᠷᠠᠳ ᠤᠨ ᠵᠥᠪᠯᠡᠯ︶ ᠤ ᠬᠠᠷᠢᠭᠤᠴᠠᠯᠭᠠᠲᠤ ᠬᠥᠮᠥᠨ᠂ ᠬᠠᠮᠢᠶᠠᠷᠤᠯᠲᠠ ᠶᠢᠨ ᠠᠵᠢᠯᠲᠠᠨ ᠳᠤ ᠭᠠᠯ ᠤᠨᠲᠠᠷᠠᠭᠠᠬᠤ ᠶᠢᠨ ᠠᠮᠤᠷ ᠲᠦᠪᠰᠢᠨ ᠤ ᠪᠣᠯᠪᠠᠰᠤᠷᠠᠭᠤᠯᠤᠯ ᠤᠨ ᠠᠵᠢᠯ ᠢ ᠥᠷᠭᠦᠯᠵᠢᠯᠡᠨ ᠭᠦᠨᠵᠡᠭᠡᠢ ᠦᠷᠨᠢᠭᠦᠯᠦᠨ᠂ 2017 ᠣᠨ ᠤ 3 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠨᠢᠭᠡ ᠤᠳᠠᠭ᠎ᠠ ᠨᠡᠶᠢᠳᠡᠮ ᠪᠣᠯᠪᠠᠰᠤᠷᠠᠭᠤᠯᠬᠤ ᠪᠠᠷ ᠴᠢᠷᠮᠠᠶᠢᠨ᠎ᠠ᠃            ᠲᠦᠷᠪᠡ᠂ ᠠᠵᠢᠯ ᠤᠨ ᠠᠯᠬᠤᠮ ᠲᠠᠷᠠᠭ᠎ᠠ      ᠡᠨᠡ ᠡᠪᠦᠯ ᠢᠷᠡᠬᠦ ᠬᠠᠪᠤᠷ ᠤᠨ ᠭᠠᠯ ᠤᠨ ᠭᠠᠮᠰᠢᠭ ᠢ ᠰᠡᠷᠭᠡᠶᠢᠯᠡᠨ ᠡᠵᠡᠮᠳᠡᠬᠦ ᠠᠵᠢᠯ ᠢ ᠭᠤᠷᠪᠠᠨ ᠱᠠᠳᠦ ᠬᠤᠪᠢᠶᠠᠨ᠎ᠠ᠄            ︵ᠨᠢᠭᠡ︶ ᠲᠠᠶᠢᠴᠢᠯᠠᠯᠲᠠ ᠬᠢᠵᠦ ᠪᠠᠶᠢᠷᠢᠯᠠᠭᠤᠯᠬᠤ ᠱᠠᠲᠦ ︵2016 ᠣᠨ ᠤ 10 ᠳ᠋ᠤᠭᠠᠷ ᠰᠠᠷ᠎ᠠ ᠶᠢᠨ 25 ᠤ ᠡᠳᠦᠷ ᠠᠴᠠ ᠡᠮᠦᠨ᠎ᠡ︶᠃      ᠡᠯ᠎ᠡ ᠱᠠᠲᠤᠨ ᠤ ᠵᠠᠰᠠᠭ ᠤᠨ ᠣᠷᠳᠣᠨ ᠪᠤᠶᠤ ᠶᠡᠷᠦᠩᠬᠡᠶᠢᠯᠡᠨ ᠵᠠᠰᠠᠬᠤ ᠰᠠᠯᠠᠭ᠎ᠠ ᠮᠥᠴᠢᠷ ᠨᠢ ᠪᠦᠬᠦ ᠲᠠᠯ᠎ᠠ ᠪᠠᠷ ᠳᠠᠶᠢᠴᠢᠯᠠᠯᠲᠠ ᠬᠢᠵᠦ ᠪᠠᠶᠢᠷᠢᠯᠠᠭᠤᠯᠤᠨ᠂ ᠥᠪᠡᠷᠲᠡᠭᠡᠨ ᠵᠠᠰᠠᠬᠤ ᠣᠷᠣᠨ ᠤ ᠡᠯ᠎ᠡ ᠠᠵᠢᠯ ᠲᠥᠷᠥᠯ ᠤᠨ ᠰᠠᠯᠠᠭ᠎ᠠ ᠮᠥᠴᠢᠷ ᠤᠳ ᠲᠤᠰ ᠠᠵᠢᠯ ᠲᠥᠷᠥᠯ ᠤᠨ ᠢᠶᠠᠨ ᠰᠢᠰᠲ᠋ᠧᠮ ᠳᠡᠭᠡᠨ ᠪᠠᠶᠢᠷᠢᠯᠠᠭᠤᠯᠤᠯᠲᠠ ᠬᠢᠵᠦ᠂ ᠲᠤᠰᠬᠠᠶ ᠬᠤᠷᠠᠯ ᠬᠤᠷᠠᠯᠳᠤᠭᠤᠯᠤᠨ᠂ ᠬᠡᠷᠡᠭᠵᠢᠭᠦᠯᠬᠦ ᠲᠥᠰᠦᠯ ᠢ ᠲᠣᠭᠲᠠᠭᠠᠵᠤ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠪᠠᠶᠢᠭᠤᠯᠤᠭᠠᠳ ᠥᠷᠭᠡᠨ ᠢᠶᠠᠷ ᠤᠬᠠᠭᠤᠯᠤᠨ ᠲᠠᠶᠢᠴᠢᠯᠠᠵᠤ᠂ ᠱᠠᠳᠤ ᠳᠠᠷᠠᠭᠠᠯᠠᠨ ᠲᠠᠶᠢᠴᠢᠯᠠᠨ ᠪᠤᠳᠠᠲᠠᠶᠢᠵᠢᠭᠤᠯᠤᠨ᠎ᠠ᠃      ︵ᠬᠤᠶᠠᠷ︶ ᠵᠣᠬᠢᠶᠠᠨ ᠪᠠᠶᠢᠭᠤᠯᠤᠨ ᠬᠡᠷᠡᠭᠵᠢᠭᠦᠯᠬᠦ ᠱᠡᠳᠦ ︵ᠪᠦᠬᠦ ᠤᠯᠤᠰ ᠤᠨ ︽ᠬᠤᠶᠠᠷ ᠬᠤᠷᠠᠯ︾ ᠲᠡᠭᠦᠰᠬᠦ ᠠᠴᠠ ᠡᠮᠦᠨ᠎ᠡ︶᠃      ᠡᠯ᠎ᠡ ᠭᠠᠵᠠᠷ ᠣᠷᠣᠨ ᠨᠢ ᠲᠣᠭᠲᠠᠭᠠᠭᠰᠠᠨ ᠠᠵᠢᠯ ᠤᠨ ᠬᠠᠷᠠᠯᠲᠠ ᠶᠣᠰᠣᠭᠠᠷ᠂ ᠠᠵᠢᠯ ᠤᠨ ᠬᠠᠷᠢᠭᠤᠴᠠᠯᠭ᠎ᠠ ᠪᠠᠨ ᠲᠤᠲᠤᠷᠬᠠᠶᠢᠯᠠᠨ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠤ᠂ ᠡᠯ᠎ᠡ ᠵᠦᠢᠯ ᠤᠨ ᠠᠵᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠪᠦᠬᠦ ᠬᠦᠴᠦ ᠪᠠᠷ ᠢᠶᠠᠨ ᠰᠠᠶᠢᠲᠤᠷ ᠠᠳᠬᠤᠨ᠎ᠠ᠃ ᠥᠪᠡᠷᠲᠡᠭᠡᠨ ᠵᠠᠰᠠᠬᠤ ᠣᠷᠣᠨ ᠠᠴᠠ ᠲᠣᠭᠲᠠᠮᠠᠯ ᠬᠤᠭᠤᠴᠠᠭ᠎ᠠ ᠲᠠᠢ ᠪᠠᠷ ᠬᠤᠷᠠᠯ ᠬᠤᠷᠠᠯᠳᠤᠭᠤᠯᠵᠤ᠂ ᠠᠬᠢᠴᠠ ᠶᠢᠨ ᠪᠠᠶᠢᠳᠠᠯ ᠢ ᠮᠡᠳᠡᠭᠡᠯᠡᠨ᠂ ᠣᠷᠣᠰᠢᠵᠤ ᠪᠠᠶᠢᠭ᠎ᠠ ᠠᠰᠠᠭᠤᠳᠠᠯ ᠢ ᠵᠠᠳᠠᠯᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠤᠨ᠎ᠠ᠃      ︵ᠭᠤᠷᠪᠠ︶ ᠳ᠋ᠦᠡᠭᠨᠡᠯᠲᠡ ᠬᠢᠵᠦ ᠰᠢᠯᠭᠠᠨ ᠦᠨᠡᠯᠡᠬᠦ ᠱᠠᠲᠤ ︵2017 ᠣᠨ ᠤ 3 ᠳ᠋ᠤᠭᠠᠷ ᠰᠠᠷ᠎ᠠ ᠶᠢᠨ 31 ᠤ ᠡᠳᠦᠷ ᠠᠴᠠ ᠡᠮᠦᠨ᠎ᠡ︶᠃      ᠡᠯ᠎ᠡ ᠭᠠᠵᠠᠷ ᠣᠷᠣᠨ ᠨᠢ ᠡᠨᠡ ᠡᠪᠦᠯ ᠢᠷᠡᠬᠦ ᠬᠠᠪᠤᠷ ᠤᠨ ᠭᠠᠯ ᠤᠨ ᠭᠠᠮᠰᠢᠭ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠳᠠᠯ ᠢ ᠬᠤᠷᠢᠶᠠᠩᠭᠤᠶᠢᠯᠠᠨ ᠵᠠᠳᠠᠯᠵᠤ᠂ ᠥᠪᠡᠰᠦᠪᠡᠨ ᠪᠠᠶᠢᠴᠠᠭᠠᠵᠤ ᠥᠪᠡᠰᠦᠪᠡᠨ ᠦᠨᠡᠯᠡᠨ᠂ ᠲᠤᠷᠰᠢᠯᠭ᠎ᠠ ᠪᠠ ᠠᠷᠭ᠎ᠠ ᠪᠠᠷᠢᠯ ᠢ ᠳ᠋ᠦᠡᠭᠨᠡᠵᠤ᠂ ᠭᠠᠯ ᠢ ᠰᠡᠷᠭᠡᠶᠢᠯᠡᠬᠦ᠂ ᠭᠠᠯ ᠤᠨᠲᠠᠷᠠᠭᠠᠬᠤ ᠴᠢᠳᠠᠪᠤᠷᠢ ᠶᠢ ᠳᠡᠭᠡᠭᠰᠢᠯᠡᠭᠦᠯᠬᠦ ᠤᠷᠳᠤ ᠬᠤᠭᠤᠴᠠᠭᠠᠨ ᠤ ᠬᠦᠴᠦᠨ ᠲᠠᠢ ᠲᠣᠭᠲᠠᠴᠠ ᠶᠢ ᠰᠤᠳᠤᠯᠤᠨ ᠪᠠᠶᠢᠭᠤᠯᠤᠨ᠎ᠠ᠃      ᠲᠠᠪᠤ᠂ ᠠᠵᠢᠯ ᠤᠨ ᠱᠠᠭᠠᠷᠳᠠᠯᠭ᠎ᠠ      ︵ᠨᠢᠭᠡ︶ ᠦᠵᠡᠯ ᠰᠠᠨᠠᠭᠠᠨ ᠤ ᠲᠠᠨᠢᠯᠲᠠ ᠪᠠᠨ ᠳᠡᠭᠡᠭᠰᠢᠯᠡᠭᠦᠯᠦᠨ᠎ᠡ᠃      ᠮᠠᠨ ᠤ ᠣᠷᠣᠨ ᠤ ᠡᠪᠦᠯ ᠤᠨ ᠤᠯᠠᠷᠢᠯ ᠤᠨ ᠬᠦᠢᠲᠡᠨ ᠠᠭᠤᠷ ᠠᠮᠢᠰᠬᠤᠯ ᠤᠨ ᠬᠤᠭᠤᠴᠠᠭ᠎ᠠ ᠤᠷᠲᠤ᠂ ᠬᠠᠪᠤᠷ ᠤᠨ ᠤᠯᠠᠷᠢᠯ ᠳᠤ ᠭᠠᠩ ᠬᠠᠭᠤᠷᠠᠶ ᠰᠠᠯᠬᠢ ᠶᠡᠬᠡᠲᠡᠢ᠂ ᠭᠠᠯ ᠤᠨ ᠭᠠᠮᠰᠢᠭ ᠣᠯᠠᠨ ᠡᠭᠦᠰᠴᠦ᠂ ᠠᠮᠠᠷᠬᠠᠨ ᠡᠭᠦᠰᠳᠡᠭ᠂ ᠡᠭᠦᠨ ᠤ ᠳᠡᠭᠡᠷ᠎ᠡ ᠴᠢᠬᠤᠯᠠ ᠶᠡᠭᠡ ᠠᠵᠢᠯᠯᠠᠭ᠎ᠠ ᠪᠠ ᠴᠢᠬᠤᠯᠠ ᠪᠠᠶᠠᠷ ᠳᠤᠷᠠᠰᠬᠠᠯ ᠤᠨ ᠡᠳᠦᠷ ᠲᠥᠪᠯᠡᠷᠡᠩᠭᠦᠢ ᠪᠣᠯᠬᠤᠷ᠂ ᠭᠠᠯ ᠤᠨ ᠭᠠᠮᠰᠢᠭ ᠤᠨ ᠲᠦᠭᠰᠢᠭᠦᠷᠢ ᠤᠯᠠᠮ ᠢᠶᠠᠷ ᠨᠡᠮᠡᠭᠳᠡᠨ᠂ ᠶᠡᠭᠡ ᠭᠠᠯ ᠤᠨ ᠭᠠᠮᠰᠢᠭ ᠠᠳᠡᠯ ᠠᠮᠠᠷᠬᠠᠨ ᠡᠭᠦᠰᠳᠡᠭ᠃ ᠡᠯ᠎ᠡ ᠭᠠᠵᠠᠷ ᠣᠷᠣᠨ ᠨᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠠᠵᠢᠯ ᠤᠨ ᠡᠷᠴᠢᠮ ᠢᠶᠠᠨ ᠴᠢᠩᠭᠠᠷᠠᠭᠤᠯᠤᠨ᠂ ᠡᠯ᠎ᠡ ᠵᠦᠢᠯ ᠤᠨ ᠭᠠᠯ ᠤᠨ ᠭᠠᠮᠰᠢᠭ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠦᠨᠡᠨᠬᠦ ᠪᠤᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃      ︵ᠬᠤᠶᠠᠷ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃      ᠥᠪᠡᠷᠲᠡᠭᠡᠨ ᠵᠠᠰᠠᠬᠤ ᠣᠷᠣᠨ ᠤ ᠡᠨᠡ ᠡᠪᠦᠯ ᠢᠷᠡᠬᠦ ᠬᠠᠪᠤᠷ ᠤᠨ ᠭᠠᠯ ᠤᠨ ᠭᠠᠮᠰᠢᠭ ᠢ ᠰᠡᠷᠭᠡᠶᠢᠯᠡᠨ ᠡᠵᠡᠮᠳᠡᠬᠦ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠬᠤᠪᠢᠳᠠᠨ ᠬᠠᠮᠢᠶᠠᠷᠴᠤ ᠪᠦᠬᠦᠢ ᠳᠡᠳ᠋ ᠲᠡᠷᠢᠭᠦᠯᠡᠭᠴᠢ ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ᠂ ᠥᠪᠡᠷᠲᠡᠭᠡᠨ ᠵᠠᠰᠠᠬᠤ ᠣᠷᠣᠨ ᠤ ᠭᠠᠯ ᠢ ᠰᠡᠷᠭᠡᠶᠢᠯᠡᠬᠦ ᠶᠢᠨ ᠠᠮᠤᠷ ᠲᠦᠪᠰᠢᠨ ᠤ ᠺᠣᠮᠢᠰ ᠤᠨ ᠪᠦᠷᠢᠯᠳᠦᠬᠦᠨ ᠨᠢᠭᠡᠴᠡ ᠶᠢᠨ ᠭᠠᠯ ᠤᠨᠲᠠᠷᠠᠭᠠᠬᠤ ᠠᠵᠢᠯ ᠢ ᠭᠤᠣᠯᠯᠠᠨ ᠬᠠᠮᠢᠶᠠᠷᠬᠤ ᠬᠠᠷᠢᠭᠤᠴᠠᠯᠭᠠᠲᠤ ᠬᠥᠮᠥᠰ ᠢᠶᠠᠷ ᠭᠡᠰᠢᠭᠦᠨ ᠪᠣᠯᠭᠠᠵᠤ᠂ ᠤᠳᠤᠷᠢᠳᠬᠤ ᠳᠤᠭᠤᠶᠢᠯᠠᠩ ᠤᠨ ᠠᠯᠪᠠᠨ ᠭᠡᠷ ᠢ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠶᠢᠨ ᠭᠠᠯ ᠤᠨᠲᠠᠷᠠᠭᠠᠬᠤ ᠶᠡᠷᠦᠩᠬᠡᠶ ᠠᠩᠭᠢ ᠳᠤ ᠲᠣᠬᠢᠷᠠᠭᠤᠯᠤᠨ᠎ᠠ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠳ ᠵᠣᠬᠢᠬᠤ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠪᠠᠶᠢᠭᠤᠯᠤᠮᠵᠢ ᠪᠠᠶᠢᠭᠤᠯᠤᠨ᠂ ᠠᠵᠢᠯ ᠤᠨ ᠲᠥᠰᠦᠯ ᠢ ᠲᠣᠭᠲᠠᠭᠠᠵᠤ᠂ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠨ᠂ ᠲᠣᠬᠢᠷᠠᠭᠤᠯᠤᠨ ᠵᠢᠯᠣᠭᠤᠳᠬᠤ ᠶᠢ ᠴᠢᠩᠭᠠᠳᠬᠠᠵᠤ᠂ ᠡᠯ᠎ᠡ ᠵᠦᠢᠯ ᠤᠨ ᠠᠵᠢᠯ ᠤᠨ ᠡᠭᠦᠷᠭᠡ ᠶᠢ ᠨᠢᠭᠡᠳᠦᠯᠲᠡᠶ ᠲᠥᠯᠥᠪᠯᠡᠨ ᠠᠬᠢᠭᠤᠯᠬᠤ ᠬᠡᠷᠡᠭᠲᠡᠢ᠃      ︵ᠭᠤᠷᠪᠠ︶ ᠠᠪᠤᠷᠠᠨ ᠲᠤᠰᠠᠯᠠᠬᠤ ᠲᠣᠭᠲᠠᠴᠠ ᠶᠢ ᠪᠠᠶᠢᠭᠤᠯᠤᠨ᠎ᠠ᠃      ᠡᠯ᠎ᠡ ᠱᠠᠲᠤᠨ ᠤ ᠳᠣᠲᠣᠭᠠᠳᠤ ᠶᠢ ᠬᠠᠮᠠᠭᠠᠯᠠᠬᠤ ᠶᠢᠨ ᠭᠠᠯ ᠤᠨᠲᠠᠷᠠᠭᠠᠬᠤ ᠰᠠᠯᠠᠭ᠎ᠠ ᠮᠥᠴᠢᠷ ᠤᠳ ᠤᠳᠤ ᠶᠢᠨ ᠪᠠᠶᠢᠭ᠎ᠠ ᠵᠢᠯᠣᠭᠤᠳᠤᠨ ᠲᠣᠬᠢᠷᠠᠭᠤᠯᠬᠤ ᠲᠠᠪᠴᠠᠩ ᠳᠤ ᠲᠦᠰᠢᠭᠯᠡᠨ᠂ ᠵᠠᠰᠠᠭ ᠤᠨ ᠣᠷᠳᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠯᠦᠭᠡ ᠶᠢᠨ ᠮᠡᠳᠡᠭᠡ ᠵᠠᠩᠭᠢ ᠶᠢ ᠬᠠᠮᠲᠤᠪᠠᠷ ᠬᠦᠷᠲᠡᠬᠦ᠂ ᠮᠡᠳᠡᠭᠡᠯᠡᠬᠦ᠂ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠠᠶᠤᠯ ᠦᠬᠡᠢ ᠶᠢᠨ ᠬᠢᠨᠠᠯᠲᠠ ᠬᠠᠮᠢᠶᠠᠷᠤᠯᠲᠠ᠂ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ᠂ ᠣᠷᠴᠢᠨ ᠲᠣᠭᠤᠷᠢᠨ ᠤ ᠬᠠᠮᠠᠭᠠᠯᠠᠯᠲᠠ᠂ ᠬᠤᠳᠠ ᠶᠢᠨ ᠶᠠᠪᠤᠳᠠᠯ᠂ ᠴᠠᠭ ᠠᠭᠤᠷ᠂ ᠭᠠᠵᠠᠷ ᠬᠥᠳᠡᠯᠦᠯᠲᠡ ᠵᠡᠷᠭᠡ ᠰᠠᠯᠠᠭ᠎ᠠ ᠮᠥᠴᠢᠷ ᠯᠦᠭᠡ ᠶᠢᠨ ᠪᠠᠴᠢᠮ ᠪᠠᠶᠢᠳᠠᠯ ᠢ ᠠᠷᠭᠠᠴᠠᠵᠤ ᠬᠠᠮᠵᠢᠯᠴᠠᠬᠤ ᠶᠢ ᠭᠤᠣᠯᠳᠠᠯᠭ᠎ᠠ ᠲᠠᠢ ᠪᠠᠷ ᠴᠢᠩᠭᠠᠳᠬᠠᠨ᠂ ᠠᠵᠤ ᠠᠬᠤᠶᠢᠯᠠᠯ ᠤᠨ ᠲᠤᠰᠬᠠᠶ ᠲᠤᠰᠢᠶᠠᠯᠳᠤ ᠭᠠᠯ ᠤᠨᠲᠠᠷᠠᠭᠠᠬᠤ ᠠᠩᠬᠢ᠂ ᠬᠠᠮᠲᠤᠷᠠᠨ ᠬᠥᠳᠡᠯᠦᠯᠴᠡᠬᠦ ᠨᠢᠭᠡᠴᠡ ᠯᠦᠭᠡ ᠨᠡᠶᠢᠯᠡᠮᠡᠯ ᠰᠣᠷᠢᠯᠲᠠ ᠬᠢᠵᠦ᠂ ᠡᠨᠡ ᠡᠪᠦᠯ ᠢᠷᠡᠬᠦ ᠬᠠᠪᠤᠷ ᠤᠨ ᠭᠠᠯ ᠤᠨ ᠭᠠᠮᠰᠢᠭ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ᠂ ᠡᠯ᠎ᠡ ᠠᠶᠢᠮᠠᠭ ᠬᠤᠳᠠ ᠨᠤᠭᠤᠳ ᠶᠡᠷᠦᠩᠬᠡᠶᠢᠯᠡᠭᠰᠡᠨ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠠᠳᠠᠭ ᠲᠠᠭᠠᠨ 1 ᠤᠳᠠᠭ᠎ᠠ ᠵᠣᠬᠢᠶᠠᠨ ᠪᠠᠶᠢᠭᠤᠯᠤᠨ ᠦᠷᠨᠢᠭᠦᠯᠬᠦ ᠬᠡᠷᠡᠭᠲᠡᠢ᠃      ︵ᠲᠦᠷᠪᠡ︶ ᠱᠠᠩᠨᠠᠵᠤ ᠰᠢᠳᠬᠡᠵᠦ ᠬᠠᠷᠢᠭᠤᠴᠠᠯᠭ᠎ᠠ ᠬᠡᠯᠡᠯᠴᠡᠬᠦ ᠶᠢ ᠴᠢᠩᠭᠠᠷᠠᠭᠤᠯᠤᠨ᠎ᠠ᠃      ︽ᠲᠦᠷᠪᠡ ᠶᠢ ᠬᠢᠬᠦ ᠦᠬᠡᠢ ᠬᠤᠶᠠᠷ ᠢ ᠰᠢᠭᠤᠳ ᠬᠦᠢᠴᠡᠳᠬᠡᠬᠦ︾ ᠤᠨ ᠱᠠᠭᠠᠷᠳᠠᠯᠭ᠎ᠠ ᠶᠣᠰᠣᠭᠠᠷ᠂ ᠢᠯᠡ ᠪᠠᠷ ᠪᠠᠶᠢᠴᠠᠭᠠᠵᠤ ᠳᠠᠯᠳᠠᠭᠤᠷ ᠰᠣᠷᠪᠣᠯᠵᠢᠯᠠᠬᠤ ᠶᠢ ᠬᠢᠨᠠᠮᠠᠭᠠᠶ ᠦᠷᠨᠢᠭᠦᠯᠦᠨ᠂ ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠶ ᠳᠤᠨᠢ ᠰᠢᠮᠳᠠᠭᠤᠯᠵᠤ ᠪᠠᠶᠢᠭᠠᠳ ᠥᠭᠡᠷᠡᠴᠢᠯᠡᠨ ᠰᠠᠶᠢᠵᠢᠷᠠᠭᠤᠯᠵᠤ᠂ ᠠᠯᠳᠠᠰᠢ ᠭᠠᠷᠬᠤ ᠶᠢ ᠰᠡᠷᠭᠡᠶᠢᠯᠡᠨ ᠬᠤᠷᠢᠭᠯᠠᠵᠤ᠂ ᠡᠯ᠎ᠡ ᠵᠦᠢᠯ ᠤᠨ ᠠᠵᠢᠯ ᠤᠨ ᠱᠠᠭᠠᠷᠳᠠᠯᠭ᠎ᠠ ᠶᠢ ᠪᠤᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠠᠵᠢᠯ ᠤᠨ ᠳᠤᠮᠳᠠ ᠢᠯᠡᠳᠲᠡ ᠦᠷ᠎ᠡ ᠪᠦᠲᠦᠮᠵᠢ ᠣᠯᠤᠭᠰᠠᠨ ᠨᠢᠭᠡᠴᠡ ᠪᠣᠯᠣᠨ ᠬᠤᠪᠢ ᠬᠥᠮᠦᠨ ᠢ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠥᠬᠢᠭᠦᠯᠦᠨ ᠱᠠᠩᠨᠠᠬᠤ ᠬᠡᠷᠡᠭᠲᠡᠶ᠃ ᠠᠵᠢᠯ ᠤᠨ ᠨᠠᠶᠢᠳᠠᠪᠤᠷᠢᠵᠢᠭᠤᠯᠤᠯᠲᠠ ᠨᠢ ᠬᠦᠴᠦᠨ ᠦᠭᠡᠢ᠂ ᠠᠬᠢᠴᠠ ᠪᠠᠷ ᠤᠳᠠᠭᠠᠨ ᠪᠠᠶᠢᠭ᠎ᠠ ᠭᠠᠵᠠᠷ ᠣᠷᠣᠨ ᠪᠣᠯᠤᠨ ᠰᠠᠯᠠᠭ᠎ᠠ ᠮᠥᠴᠢᠷ ᠢ ᠮᠡᠳᠡᠭᠡᠯᠡᠨ ᠰᠢᠭᠦᠮᠵᠢᠯᠡᠬᠦ ᠶᠢᠨ ᠬᠠᠮᠲᠤ ᠬᠠᠮᠢᠶ᠎ᠠ ᠪᠦᠬᠦᠢ ᠤᠳᠤᠷᠢᠳᠤᠯᠭ᠎ᠠ ᠲᠠᠢ ᠪᠣᠯᠵᠣᠨ ᠶᠠᠷᠢᠯᠴᠠᠬᠤ ᠬᠡᠷᠡᠭᠲᠡᠶ︔ ᠨᠡᠯᠢᠶᠡᠳ ᠶᠡᠭᠡ ᠠᠴᠠ ᠳᠡᠭᠡᠭᠰᠢᠬᠢ ᠬᠡᠮᠵᠢᠶᠡᠨ ᠤ ᠬᠥᠮᠥᠨ ᠠᠳᠡᠭᠰᠡᠨ ᠭᠠᠯ ᠤᠨ ᠭᠠᠮᠰᠢᠭ ᠤᠨ ᠡ᠊ᠨᠳᠡᠯ ᠭᠠᠷᠤᠭᠰᠠᠨ ᠪᠠᠶᠢᠪᠠᠯ᠂ ︽ᠲᠥᠷᠪᠡ ᠶᠢ ᠦᠯᠦ ᠰᠤᠯᠠᠷᠠᠭᠤᠯᠬᠤ︾ ᠵᠠᠷᠴᠢᠮ ᠶᠣᠰᠣᠭᠠᠷ᠂ ᠬᠠᠤᠯᠢ ᠴᠠᠭᠠᠵᠠ ᠰᠠᠬᠢᠯᠭ᠎ᠠ ᠪᠠᠲᠤ ᠶᠣᠰᠣᠭᠠᠷ ᠬᠠᠮᠢᠶ᠎ᠠ ᠪᠦᠬᠦᠢ ᠨᠢᠭᠡᠴᠡ ᠪᠣᠯᠤᠨ ᠬᠥᠮᠦᠰ ᠤᠨ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠬᠦ ᠬᠡᠷᠡᠭᠲᠡᠶ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号