ᠰᠢᠨ᠎ᠠ ᠶᠢ ᠡᠭᠦᠳᠴᠤ ᠦᠪᠦᠷ ᠮᠤᠩᠭᠤᠯ ᠤᠨ ᠠᠵᠤ ᠠᠬᠤᠢ ᠶᠢᠨ ᠬᠦᠭᠵᠢᠯᠳᠡ ᠳᠤ ᠰᠢᠨ᠎ᠠ ᠬᠦᠳᠡᠯᠭᠡᠬᠦ ᠴᠢᠳᠠᠪᠤᠷᠢ ᠶᠢ ᠨᠡᠮᠡᠷᠢᠯᠡᠨᠡᠮ
ᠨᠡᠶᠢᠲᠡᠯᠡᠭᠰᠡᠨ ᠴᠠᠭ᠄
2017/2/27
      ︽ᠦᠪᠡᠷᠳᠡᠭᠡᠨ ᠵᠠᠰᠬᠠᠤ ᠤᠷᠤᠨ ᠬᠢᠭᠡᠳ ᠲᠦᠪ ᠤᠨ ᠠᠵᠤ ᠠᠬᠤᠶᠢᠯᠠᠯ ᠤᠨ ᠶᠠᠷᠢᠯᠴᠠᠬᠤ ᠬᠤᠷᠠᠯ ᠲᠡᠭᠡᠷ᠎ᠠ᠂ ᠠᠵᠤ  ᠠᠬᠤᠶᠢᠯᠠᠯ ᠨᠢ ᠦᠪᠦᠷ ᠮᠤᠩᠭᠤᠯ ᠤᠨ ᠴᠠᠬᠢᠯᠭᠠᠨ ᠬᠦᠴᠦᠨ ᠤ ᠪᠦᠯᠦᠭᠯᠡᠯ᠂ ᠲᠤᠮᠳᠠᠳᠤ ᠤᠯᠤᠰ ᠤᠨ ᠠᠷᠠᠳ ᠤᠨ ᠠᠭᠠᠷ ᠤᠨ ᠠᠶᠠᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠪᠦᠯᠦᠭᠯᠡᠯ ᠲᠠᠢ ᠡᠨᠧᠷᠬᠢ ᠨᠦᠭᠡᠴᠡᠯᠡᠬᠦ ᠳ᠋ᠢᠶᠠᠨ ‍ᠤᠤᠢ ᠶᠢᠨ ᠲᠦᠷᠦᠯ ᠵᠦᠢᠯ ᠤᠨ ᠬᠠᠮᠳᠤᠷᠠᠯᠴᠠᠭᠠᠨ ᠤ ᠬᠡᠯᠡᠯᠴᠡᠭᠡᠷ ᠲᠤᠭᠳᠠᠬᠤ ᠪᠠᠷ ᠪᠤᠢ᠃ ᠲᠦᠷᠦᠯ ᠵᠦᠢᠯ ᠤᠨ ᠨᠠᠶᠢᠳᠠᠪᠤᠷᠢᠵᠢᠭᠤᠯᠤᠭᠳᠠᠬᠤ ᠨᠢ ᠠᠭᠤᠷᠬᠠᠢ ᠶᠢᠨ ᠦᠢᠯᠡᠰ ᠤᠨ ᠪᠦᠯᠦᠭᠯᠡᠯ ᠤᠨ ᠬᠡᠯᠪᠡᠷᠢ ᠪᠠᠨ ᠬᠤᠪᠢᠷᠠᠭᠤᠯᠤᠨ ᠲᠡᠰ ᠲᠡᠪᠰᠢᠭᠦᠯᠬᠦ᠂ ᠪᠠᠯ ᠴᠢᠯᠠᠭᠤ ᠶᠢᠨ ᠰᠢᠨ᠎ᠠ ᠮᠠᠲ᠋ᠧᠷᠢᠶᠠᠯ ᠤᠨ ᠠᠵᠤ ᠦᠢᠯᠡᠰ ᠤᠨ ᠰᠢᠨ᠎ᠠ ᠶᠢ ᠡᠭᠦᠳᠦᠨ ᠬᠦᠭᠵᠢᠬᠦ ᠳᠤ ᠴᠢᠬᠤᠯᠠ ᠦᠢᠯᠡᠳᠦᠯ ᠦᠵᠡᠭᠦᠯᠬᠦ ᠪᠤᠯᠤᠨ᠎ᠠ︾᠃ 2 ᠳ᠋ᠤᠭᠠᠷ ᠰᠠᠷ᠎ᠠ ᠶᠢᠨ 21᠎ ᠤ ᠡᠳᠦᠷ᠂ ᠦᠪᠦᠷ ᠮᠤᠩᠭᠤᠯ ᠤᠨ ᠠᠭᠤᠷᠬᠠᠢ ᠶᠢᠨ ᠦᠢᠯᠡᠰ ᠤᠨ ᠪᠦᠯᠦᠭᠯᠡᠯ ᠤᠨ ᠬᠠᠮᠢᠶ᠎ᠠ ᠪᠦᠬᠦᠢ ᠬᠠᠷᠢᠭᠤᠴᠠᠯᠭᠠᠳᠠᠨ ᠰᠤᠷᠪᠤᠯᠵᠢᠯᠠᠭ᠎ᠠ ᠬᠦᠯᠢᠶᠡᠬᠦ ᠳᠡᠭᠡᠨ ᠡᠶᠢᠨᠬᠦ ᠰᠡᠳᠭᠢᠯ ᠲᠤᠭᠳᠤᠯᠤᠨ ᠶᠠᠷᠢᠵᠤ ᠪᠠᠶᠢᠯ᠎ᠠ᠃      ᠦᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠤᠳᠠᠭ᠎ᠠ ᠶᠢᠨ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠲᠡᠭᠡᠷ᠎ᠠ᠂ ᠬᠦᠭᠵᠢᠯᠳᠡ ᠶᠢ ᠲᠦᠷᠭᠡᠳᠭᠡᠬᠦ ᠲᠤᠮᠳᠠ ᠬᠡᠯᠪᠡᠷᠢ ᠪᠠᠨ ᠬᠤᠪᠢᠷᠠᠭᠤᠯᠤᠨ ᠲᠡᠰ ᠲᠡᠪᠰᠢᠭᠦᠯᠬᠦ᠂ ᠬᠡᠯᠪᠡᠷᠢ ᠪᠠᠨ ᠬᠤᠪᠢᠷᠠᠭᠤᠯᠤᠨ ᠲᠡᠰ ᠲᠡᠪᠰᠢᠭᠦᠯᠬᠦ ᠲᠤᠮᠳᠠ ᠬᠦᠭᠵᠢᠯᠳᠡ ᠶᠢ ᠲᠦᠷᠭᠡᠳᠭᠡᠬᠦ ᠶᠢ ᠪᠠᠷᠢᠮᠳᠠᠯᠠᠵᠤ᠂ ᠰᠢᠨ᠎ᠠ ᠶᠢ ᠡᠭᠦᠳᠬᠦ ᠪᠠᠷ ᠬᠦᠳᠡᠯᠭᠡᠭᠦᠷ ᠪᠤᠯᠭᠠᠵᠤ᠂ ᠦᠭᠡᠷᠡᠴᠢᠯᠡᠯᠳᠡ ᠪᠠᠷ ᠠᠬᠢᠭᠤᠯᠬᠤ᠂ ᠨᠡᠭᠡᠭᠡᠯᠳᠡ ᠪᠠᠷ ᠳᠠᠶᠢᠴᠢᠯᠠᠬᠤ᠂ ᠲᠦᠷᠦᠯ ᠵᠦᠢᠯ ᠢᠶᠠᠷ ᠲᠠᠳᠠᠬᠤ ᠶᠢ ᠴᠢᠩᠭᠠᠳᠬᠠᠵᠤ᠂ ᠪᠠᠶᠢᠭᠤᠯᠤᠮᠵᠢ ᠲᠤᠭᠳᠠᠴᠠ ᠶᠢᠨ ᠬᠡᠯᠪᠡᠷᠢ ᠶᠢ ᠬᠤᠪᠢᠷᠠᠭᠤᠯᠬᠤ᠂ ᠠᠵᠤ ᠦᠢᠯᠡᠰ ᠤᠨ ᠪᠦᠳᠦᠴᠡ ᠶᠢᠨ ᠬᠡᠯᠪᠡᠷᠢ ᠶᠢ ᠬᠤᠪᠢᠷᠠᠭᠤᠯᠬᠤ᠂ ᠡᠳ᠋ ᠬᠦᠷᠦᠩᠭᠡ ᠶᠢᠨ ᠪᠦᠳᠦᠴᠡ ᠶᠢᠨ ᠬᠡᠯᠪᠡᠷᠢ ᠶᠢ ᠬᠤᠪᠢᠷᠠᠭᠤᠯᠬᠤ ᠶᠢ ᠬᠦᠴᠦᠯᠡᠨ ᠠᠬᠢᠭᠤᠯᠵᠤ᠂ ᠠᠵᠤ ᠠᠬᠤᠢ ᠨᠡᠶᠢᠭᠡᠮ ᠤᠨ ᠬᠦᠭᠵᠢᠯᠳᠡ ᠶᠢᠨ ᠴᠢᠨᠠᠷ ᠴᠢᠨᠰᠠᠭ᠎ᠠ ᠪᠠ ᠦᠷ᠎ᠠ ᠠᠰᠢᠭ ᠢ ᠪᠦᠬᠦ ᠲᠠᠯ᠎ᠠ ᠪᠠᠷ ᠲᠡᠭᠡᠭᠰᠢᠯᠡᠭᠦᠯᠬᠦ ᠬᠡᠷᠡᠭᠳᠡᠢ ᠭᠡᠵᠦ ᠲᠤᠷᠠᠳᠤᠭᠰᠠᠨ ᠪᠠᠶᠢᠨ᠎ᠠ᠃      ᠦᠪᠦᠷ ᠮᠤᠩᠭᠤᠯ ᠡᠯᠪᠡᠭ ᠪᠠᠶᠠᠯᠢᠭ ᠡᠳ᠋ ᠪᠤᠳᠠᠰ ᠤᠨ ᠲᠠᠪᠠᠭᠤᠯᠢᠭ ᠪᠠ ᠤᠷᠤᠨ ᠪᠠᠶᠢᠷᠢ ᠶᠢᠨ ᠲᠠᠪᠠᠭᠤᠯᠢᠭ ᠲᠠᠢ᠂ ᠭᠦᠨ ᠵᠤᠵᠠᠭᠠᠨ ᠪᠤᠳᠠᠰ ᠤᠨ ᠰᠠᠭᠤᠷᠢ ᠪᠠ ᠤᠯᠠᠨ ᠠᠷᠪᠢᠨ ᠬᠦᠭᠵᠢᠯᠳᠡ ᠶᠢᠨ ᠠᠵᠠ ᠲᠤᠬᠢᠶᠠᠯ ᠲᠠᠢ᠃ ᠦᠪᠦᠷ ᠮᠤᠩᠭᠤᠯ ᠤᠨ ᠪᠤᠳᠠᠳᠤ ᠴᠤᠭᠴᠠ ᠶᠢᠨ ᠠᠵᠤ ᠠᠬᠤᠢ ᠶᠢ ᠬᠦᠴᠦᠷᠭᠡᠭᠵᠢᠭᠦᠯᠦᠨ ᠪᠤᠵᠠᠭᠠᠶᠢᠷᠠᠭᠤᠯᠬᠤ ᠴᠢᠬᠤᠯᠠ ᠬᠦᠴᠦᠨ ᠪᠤᠯᠤᠭᠰᠠᠨ ᠤ ᠬᠤᠪᠢ ᠳᠤ᠂ ᠲᠦᠪ ᠤᠨ ᠠᠵᠤ ᠠᠬᠤᠶᠢᠯᠠᠯ ᠨᠢ ᠠᠵᠤ ᠠᠬᠤᠢ ᠶᠢᠨ ᠬᠦᠭᠵᠢᠯᠳᠡ ᠶᠢᠨ ᠰᠢᠨ᠎ᠠ ᠬᠡᠪ ᠪᠠᠶᠢᠳᠠᠯ ᠲᠠᠢ ᠰᠠᠨᠠᠭᠠᠴᠢᠯᠠᠭ᠎ᠠ ᠠᠴᠠ ᠪᠠᠨ ᠵᠤᠬᠢᠴᠠᠵᠤ᠂ ᠠᠵᠠ ᠲᠤᠬᠢᠶᠠᠯ ᠢ ᠰᠠᠶᠢᠲᠤᠷ ᠠᠳᠬᠤᠵᠤ᠂ ᠢᠳᠡᠪᠬᠢᠳᠡᠢ ᠪᠠᠷ ᠰᠢᠨ᠎ᠠ ᠶᠢ ᠡᠭᠦᠳᠦᠨ᠂ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠭᠡᠵᠦ᠂ ᠦᠪᠦᠷ ᠮᠤᠩᠭᠤᠯ ᠤᠨ ᠠᠵᠤ ᠠᠬᠤᠢ ᠶᠢᠨ ᠬᠦᠭᠵᠢᠯᠳᠡ ᠳᠤ ᠰᠢᠨ᠎ᠠ ᠬᠦᠳᠡᠯᠭᠡᠬᠦ ᠴᠢᠳᠠᠪᠤᠷᠢ ᠶᠢ ᠬᠠᠩᠭᠠᠭᠰᠠᠨ ᠪᠠᠶᠢᠨ᠎ᠠ᠃      ᠪᠦᠷᠢᠳᠭᠡᠯ ᠢᠶᠠᠷ᠂ ︽12·5︾᠎ ᠶᠢᠨ ᠬᠤᠭᠤᠴᠠᠭᠠᠨ ᠳᠤ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠯᠤᠰ ᠤᠨ ᠡᠳ᠋ ᠬᠦᠷᠦᠩᠭᠡ ᠶᠢᠨ ᠬᠢᠨᠠᠨ ᠬᠠᠮᠢᠶᠠᠷᠤᠯᠳᠠ ᠶᠢᠨ ᠵᠦᠪᠯᠡᠯ ᠠᠴᠠ ᠪᠡᠯᠡ ᠮᠦᠩᠭᠦ ᠭᠠᠷᠭᠠᠵᠤ ᠬᠢᠨᠠᠨ ᠬᠠᠮᠢᠶᠠᠷᠴᠦ ᠪᠠᠶᠢᠭ᠎ᠠ ᠠᠵᠤ ᠠᠬᠤᠶᠢᠯᠠᠯ ᠤᠳ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠠ ᠶᠢ ᠡᠭᠦᠳᠬᠦ ᠠᠵᠢᠯ ᠪᠤᠳᠠᠳᠤ ᠦᠷ᠎ᠠ ᠪᠦᠳᠦᠮᠵᠢ ᠤᠯᠵᠤ᠂ ᠤᠷᠢᠳ ᠬᠤᠵᠢᠳ ᠠᠺᠠᠳᠧᠮᠢᠴᠢ ᠶᠢᠨ ᠠᠵᠢᠯᠯᠠᠬᠤ ᠲᠠᠰᠤᠭ 2᠂ ᠫᠤᠰᠲ ᠳ᠋ᠤᠺᠲ᠋ᠤᠷ ᠤᠨ ᠠᠵᠢᠯᠯᠠᠬᠤ ᠦᠷᠳᠡᠭᠡ 1᠂ ᠤᠯᠤᠰ ᠤᠨ ᠭᠤᠤᠯᠳᠠᠯᠭ᠎ᠠ ᠲᠠᠢ ᠲᠤᠷᠰᠢᠯᠳᠠ ᠶᠢᠨ ᠲᠠᠰᠤᠭ 1᠂ ᠦᠪᠡᠷᠳᠡᠭᠡᠨ ᠵᠠᠰᠠᠬᠤ ᠤᠷᠤᠨ ᠤ ᠭᠤᠤᠯᠳᠠᠯᠭ᠎ᠠ ᠲᠠᠢ ᠲᠤᠷᠰᠢᠯᠳᠠ ᠶᠢᠨ ᠲᠠᠰᠤᠭ 1 ᠪᠠᠶᠢᠭᠤᠯᠵᠤ᠂ 59 ᠦᠪᠡᠷᠳᠡᠭᠡᠨ ᠵᠠᠰᠠᠬᠤ ᠤᠷᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠱᠠᠩᠨᠠᠯ᠂ 950 ᠭᠠᠷᠤᠢ ᠲᠦᠷᠦᠯ ᠤᠨ ᠲᠤᠰᠬᠠᠢ ᠠᠰᠢᠭ ᠤᠨ ᠡᠷᠭᠡ ᠬᠦᠷᠳᠡᠵᠡᠢ᠃      ᠰᠢᠨ᠎ᠠ ᠶᠢ ᠡᠭᠦᠳᠬᠦ ᠪᠤᠯ ᠠᠵᠤ ᠠᠬᠤᠶᠢᠯᠠᠯ ᠤᠨ ᠠᠮᠢᠵᠢᠷᠠᠯ ᠤᠨ ᠬᠦᠴᠦᠨ᠂ ᠮᠦᠨᠴᠦ ᠠᠵᠤ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠤᠨ ᠲᠡᠰ ᠲᠡᠪᠰᠢᠭᠦᠯᠬᠦ ᠪᠠ ᠦᠷᠭᠦᠯᠵᠢᠯᠡᠬᠦ ᠬᠦᠭᠵᠢᠯᠳᠡ ᠶᠢᠨ ᠵᠠᠩᠭᠢᠯᠠᠭ᠎ᠠ ᠪᠤᠯᠤᠨ᠎ᠠ᠃ ᠦᠪᠦᠷ ᠮᠤᠩᠭᠤᠯ ᠤᠨ ᠲᠤᠮᠤ ᠬᠡᠯᠪᠡᠷᠢ ᠶᠢᠨ ᠡᠮ ᠡᠮᠨᠡᠯᠭᠡ ᠶᠢᠨ ᠲᠤᠨᠤᠭᠯᠠᠯ ᠦᠢᠯᠡᠳᠪᠦᠷᠢᠯᠡᠬᠦ ᠤᠤᠭᠠᠨ ᠠᠵᠤ ᠠᠬᠤᠶᠢᠯᠠᠯ ᠪᠤᠯᠤᠭᠰᠠᠨ ᠰᠢ ᠪᠤᠤ ᠡᠮ ᠡᠮᠨᠡᠯᠭᠡ ᠨᠢ 2016 ᠤᠨ ᠳᠤ ︽ᠲᠤᠮᠳᠠᠳᠤ ᠶᠢᠨ ᠰᠢᠯᠢᠳᠡᠭ ᠮᠡᠷᠭᠡᠵᠢᠯ︾᠎ ᠤᠨ ᠢᠷᠠᠭᠤ ᠠᠯᠳᠠᠷ ᠢ ᠬᠦᠷᠳᠡᠵᠦ᠂ ᠲᠤᠮᠳᠠᠳᠤ ᠤᠯᠤᠰ ᠤᠨ 93 ᠵᠦᠢᠯ ᠤᠨ ︽ᠲᠤᠮᠳᠠᠳᠤ ᠶᠢᠨ ᠰᠢᠯᠢᠳᠡᠭ ᠮᠡᠷᠭᠡᠵᠢᠯ︾᠎ ᠤᠨ ᠲᠦᠷᠦᠯ ᠵᠦᠢᠯ ᠤᠨ ᠰᠢᠯᠭᠠᠷᠠᠭᠤᠯᠤᠯᠳᠠ ᠲᠤᠮᠳᠠ ᠨᠢᠭᠡᠳᠦᠭᠡᠷ ᠲᠤ ᠲᠤᠳᠤᠷᠠᠵᠠᠢ᠃      ᠰᠢᠨ᠎ᠠ ᠶᠢ ᠡᠭᠦᠳᠬᠦ ᠳᠤ ᠲᠦᠰᠢᠭᠯᠡᠨ᠂ ᠪᠤᠭᠤᠳᠤ ᠶᠢᠨ ᠪᠤᠯᠤᠳ ᠲᠡᠮᠦᠷ ᠤᠨ ᠪᠦᠯᠦᠭᠯᠡᠯ ᠺᠤᠮᠫᠠᠨᠢ ᠶᠢᠨ ᠠᠵᠤ ᠦᠢᠯᠡᠰ ᠤᠨ ᠤᠯᠠᠨ ᠡᠰᠢᠵᠢᠭᠰᠡᠨ ᠬᠦᠭᠵᠢᠯᠳᠡ ᠲᠠᠰᠤᠷᠠᠯᠳᠠ ᠦᠭᠡᠢ ᠴᠢᠩᠭᠠᠷᠠᠵᠤ᠂ ᠲᠢᠶᠧ ᠵᠢᠶᠧ ᠪᠠᠷᠠᠭᠠᠨ ᠤ ᠭᠦᠢᠯᠭᠡᠭᠡᠨ ᠤ ᠺᠤᠮᠫᠠᠨᠢ ᠶᠢ ᠪᠠᠶᠢᠭᠤᠯᠤᠨ᠂ ᠲᠠᠷᠬᠠᠨ ᠮᠤᠤᠮᠢᠩᠭᠠᠨ ᠬᠤᠯᠪᠤᠭᠠᠳᠤ ᠬᠤᠰᠢᠭᠤ ᠶᠢᠨ ᠵᠠᠰᠠᠭ ᠤᠨ ᠤᠷᠳᠤᠨ ᠲᠠᠢ ᠬᠠᠮᠳᠤᠷᠠᠨ ᠮᠠᠨᠳᠤᠯ ᠬᠢᠯᠢ ᠶᠢᠨ ᠪᠤᠭᠤᠮᠳᠠ ᠶᠢᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠤᠭᠤᠷᠢᠭ ᠢ ᠲᠠᠬᠢᠵᠤ ᠵᠤᠬᠢᠶᠠᠨ ᠪᠠᠶᠢᠭᠤᠯᠬᠤ ᠶᠢᠨ ᠬᠠᠮᠳᠤ ᠤᠯᠠᠮᠵᠢᠯᠠᠯᠳᠤ ᠵᠠᠭᠤᠴᠢᠯᠠᠭᠤᠷ᠂ ᠰᠤᠶᠤᠯ᠂ ᠪᠡᠶ᠎ᠠ ᠶᠢᠨ ᠲᠠᠮᠢᠷ ᠤᠨ ᠲᠠᠯᠠᠪᠠᠢ ᠵᠡᠷᠭᠡ ᠡᠬᠢ ᠪᠠᠶᠠᠯᠢᠭ ᠢ ᠨᠡᠶᠢᠳᠭᠡᠵᠤ᠂ ᠲᠢᠶᠧ ᠬᠤᠸᠠ ᠰᠤᠶᠤᠯ ᠤᠨ ᠺᠤᠮᠫᠠᠨᠢ ᠶᠢ ᠲᠠᠬᠢᠵᠤ ᠵᠤᠬᠢᠶᠠᠨ ᠪᠠᠶᠢᠭᠤᠯᠵᠠᠢ᠃      ᠰᠢᠨ᠎ᠠ ᠶᠢ ᠡᠭᠦᠳᠬᠦ ᠲᠤᠮᠳᠠ ᠲᠠᠰᠤᠷᠠᠯᠳᠠ ᠦᠭᠡᠢ ᠬᠦᠭᠵᠢᠨ ᠪᠤᠵᠠᠭᠠᠶᠢᠷᠠᠭᠰᠠᠨ ᠲᠦᠪ ᠤᠨ ᠠᠵᠤ ᠠᠬᠤᠶᠢᠯᠠᠯ ᠎ ᠤᠳ ᠦᠪᠦᠷ ᠮᠤᠩᠭᠤᠯ ᠤᠨ ᠪᠦᠳᠦᠭᠡᠨ ᠪᠠᠶᠢᠭᠤᠯᠤᠯᠲᠠ ᠳᠤ ᠶᠠᠭ ᠰᠠᠶᠢᠬᠠᠨ ᠢᠳᠡᠪᠬᠢᠯᠡᠨ ᠤᠷᠤᠯᠴᠠᠵᠤ ᠪᠤᠢ᠃ ᠲᠤᠮᠳᠠᠳᠤ ᠤᠯᠤᠰ ᠤᠨ ᠠᠮᠢ ᠨᠠᠰᠤᠨ ᠤ ᠲᠠᠭᠠᠳᠬᠠᠯ ᠤᠨ ︵ᠪᠦᠯᠦᠭᠯᠡᠯ︶ ᠺᠤᠮᠫᠠᠨᠢ ᠶᠢᠨ ᠨᠡᠷ᠎ᠠ ᠶᠢᠨ ᠲᠤᠤᠷᠠᠬᠢ ᠲᠤᠮᠳᠠᠳᠤ ᠤᠯᠤᠰ ᠤᠨ ᠠᠮᠢ ᠨᠠᠰᠤᠨ ᠤ ᠪᠡᠯᠡ ᠬᠦᠷᠦᠩᠭᠡ ᠶᠢᠨ ᠬᠠᠮᠢᠶᠠᠷᠤᠯᠳᠠ ᠶᠢᠨ ᠺᠤᠮᠫᠠᠨᠢ ᠨᠢ ᠰᠠᠭᠤᠷᠢ ᠲᠦᠭᠦᠭᠡᠷᠦᠮᠵᠢ ᠶᠢᠨ ᠲᠦᠷᠦᠯ ᠵᠦᠢᠯ ᠳᠤ ᠪᠡᠯᠡ ᠤᠷᠤᠭᠤᠯᠬᠤ ᠪᠠᠷ ᠲᠠᠮᠵᠢᠨ᠂ ᠮᠠᠨ ᠤ ᠤᠷᠤᠨ ᠤ ᠤᠷᠤᠨ ᠨᠤᠳᠤᠭ ᠤᠨ ᠠᠵᠤ ᠠᠬᠤᠢ ᠶᠢᠨ ᠪᠦᠳᠦᠭᠡᠨ ᠪᠠᠶᠢᠭᠤᠯᠤᠯᠲᠠ ᠳᠤ ᠬᠦᠴᠦᠨ ᠵᠢᠳᠭᠦᠯ ᠢᠶᠠᠨ ᠦᠵᠡᠭᠦᠯᠵᠦ ᠪᠤᠢ᠂ ᠨᠢᠭᠡᠨᠳᠡ ᠪᠡᠯᠡ ᠤᠷᠤᠭᠤᠯᠤᠭᠰᠠᠨ ᠲᠦᠷᠦᠯ ᠵᠦᠢᠯ ᠳᠤ᠄ ᠢᠮᠢᠨ ᠨᠡᠭᠦᠷᠡᠰᠦ ᠪᠠᠷ ᠴᠠᠬᠢᠯᠭᠠᠨ ᠭᠠᠷᠭᠠᠬᠤ᠂ ᠬᠤᠸᠠ ᠨᠧᠩ ᠬᠦᠯᠦᠨ ᠪᠤᠶᠢᠷ ᠤᠨ ᠡᠨᠧᠷᠬᠢ᠂ ᠳ᠋ᠠ ᠲᠠᠩ ᠤᠨ ᠲᠤᠭᠳᠠᠬᠤ ᠴᠠᠬᠢᠯᠭᠠᠨ ᠵᠡᠷᠭᠡ ᠲᠦᠷᠦᠯ ᠵᠦᠢᠯ ᠪᠤᠢ᠃ ᠲᠤᠰ ᠺᠤᠮᠫᠠᠨᠢ ᠨᠢ ᠤᠳᠤ ᠪᠤᠯᠳᠠᠯ᠎ᠠ 30.1 ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠤᠯᠳᠠ ᠶᠢ ᠪᠡᠶᠡᠯᠡᠭᠦᠯᠦᠭᠡᠳ ᠪᠤᠢ᠃      ᠮᠧᠩ ᠨᠧᠩ ᠪᠦᠯᠦᠭᠯᠡᠯ ᠨᠢ ᠴᠠᠬᠢᠯᠭᠠᠨ ᠤ ᠦᠨ᠎ᠠ ᠪᠠᠭᠤᠷᠠᠵᠤ᠂ ᠨᠡᠭᠦᠷᠡᠰᠤᠨ ᠤ ᠦᠨ᠎ᠠ ᠦᠰᠦᠨ᠂ ᠴᠠᠬᠢᠯᠭᠠᠨ ᠭᠠᠷᠭᠠᠬᠤ ᠠᠵᠤ ᠠᠬᠤᠶᠢᠯᠠᠯ ᠤᠨ ᠡᠵᠡᠩᠨᠡᠯᠳᠡ ᠶᠢᠨ ᠲᠠᠷᠤᠭᠠᠰᠤ ᠨᠡᠶᠢᠳᠡᠮ ᠬᠦᠨᠳᠦ ᠪᠠᠶᠢᠭ᠎ᠠ ᠪᠠᠶᠢᠳᠠᠯ ᠳᠤ ᠴᠢᠭᠯᠡᠭᠦᠯᠦᠨ᠂ ᠴᠠᠭ ᠤᠨ ᠪᠠᠶᠢᠳᠠᠯ ᠢ ᠰᠢᠨᠵᠢᠵᠦ᠂ ᠬᠦᠭᠵᠢᠯᠳᠡ ᠶᠢᠨ ᠵᠠᠭᠪᠤᠷ ᠢᠶᠠᠨ ᠢᠳᠡᠪᠬᠢᠳᠡᠢ ᠰᠢᠨᠡᠴᠢᠯᠡᠨ᠂ ︽EPC︾ ᠬᠠᠮᠢᠶᠠᠷᠤᠯᠳᠠ ᠶᠢᠨ ᠵᠠᠭᠪᠤᠷᠰᠢᠯ ᠢ ᠬᠡᠷᠡᠭᠵᠢᠭᠦᠯᠵᠦ᠂ ᠲᠡᠭᠡᠳᠦ ᠲᠤᠤᠷᠠᠳᠤ ᠤᠷᠤᠰᠬᠠᠯ ᠤᠨ ᠠᠵᠤ ᠠᠬᠤᠶᠢᠯᠠᠯ ᠤᠨ ᠬᠤᠯᠪᠤᠭᠠᠯᠠᠨ ᠠᠵᠢᠯᠯᠠᠬᠤ ᠶᠢ ᠠᠬᠢᠭᠤᠯᠵᠤ᠂ ᠲᠠᠭᠠᠯᠳᠠ ᠠᠵᠤ ᠦᠢᠯᠡᠰ ᠢᠶᠠᠷ ᠭᠤᠤᠯ ᠠᠵᠤ ᠦᠢᠯᠡᠰ ᠢ ᠲᠤᠰᠠᠯᠬᠠᠤ ᠶᠢ ᠪᠡᠶᠡᠯᠡᠭᠦᠯᠵᠡᠢ᠃ ᠪᠦᠬᠦ ᠵᠢᠯ ᠳᠤ ᠬᠠᠮᠢᠶ᠎ᠠ ᠪᠦᠬᠦᠢ ᠠᠵᠤ ᠦᠢᠯᠡᠰ 2.42 ᠳ᠋ᠦᠩᠰᠢᠭᠤᠷ ᠲᠦᠭᠦᠷᠢᠭ ᠤᠨ ᠠᠰᠢᠭ ᠤᠯᠵᠠᠪᠤᠷᠢ ᠶᠢ ᠪᠡᠶᠡᠯᠡᠭᠦᠯᠵᠦ᠂ ᠤᠷᠵᠢᠨᠤᠨ ᠤ ᠠᠳᠠᠯᠢ ᠬᠤᠭᠤᠴᠠᠭᠠᠨ ᠤ ᠬᠢ ᠠᠴᠠ 2.56 ᠳ᠋ᠦᠩᠰᠢᠭᠤᠷ ᠲᠦᠭᠦᠷᠢᠭ ᠨᠡᠮᠡᠭᠳᠡᠵᠦ᠂ ︽ᠴᠠᠬᠢᠯᠭᠠᠨ ᠢᠶᠠᠷ ᠭᠤᠤᠯᠯᠠᠵᠤ ᠪᠠᠶᠢᠭᠰᠠᠨ︾ ᠡᠵᠡᠩᠨᠡᠯᠳᠡ ᠶᠢᠨ ᠪᠠᠶᠢᠷᠢᠰᠢᠭᠤᠯᠤᠯᠲᠠ ᠶᠢ ᠠᠯᠭᠤᠷ ᠢᠶᠠᠷ ᠡᠪᠳᠡᠭᠰᠡᠨ ᠪᠠᠶᠢᠨ᠎ᠠ᠃      ᠲᠦᠪ ᠤᠨ ᠠᠵᠤ ᠠᠬᠤᠶᠢᠯᠠᠯ ᠢ ᠬᠢᠨᠠᠨ ᠬᠠᠮᠢᠶᠠᠷᠬᠤ ᠰᠠᠯᠠᠭ᠎ᠠ ᠮᠦᠴᠢᠷ ᠪᠤᠯᠤᠭᠰᠠᠨ ᠤ ᠬᠤᠪᠢ ᠳᠤ᠂ ᠦᠪᠡᠷᠳᠡᠭᠡᠨ ᠵᠠᠰᠠᠬᠤ ᠤᠷᠤᠨ ᠤ ᠤᠯᠤᠰ ᠤᠨ ᠡᠳ᠋ ᠬᠦᠷᠦᠩᠭᠡ ᠶᠢᠨ ᠬᠢᠨᠠᠨ ᠬᠠᠮᠢᠶᠠᠷᠤᠯᠳᠠ ᠶᠢᠨ ᠵᠦᠪᠯᠡᠯ ᠨᠢ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠰᠠᠨᠠᠭᠠᠴᠢᠯᠠᠭ᠎ᠠ ᠠᠴᠠ ᠪᠠᠨ ᠬᠠᠮᠳᠤᠷᠠᠨ ᠠᠵᠢᠯᠯᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠠ ᠶᠢ ᠡᠭᠦᠳᠬᠦ ᠬᠠᠮᠢᠶᠠᠷᠤᠯᠳᠠ ᠶᠢᠨ ᠡᠷᠴᠢᠮ ᠢᠶᠠᠨ ᠲᠠᠰᠤᠷᠠᠯᠳᠠ ᠦᠭᠡᠢ ᠴᠢᠩᠭᠠᠳᠬᠠᠵᠠᠢ᠃ 2016 ᠤᠨ ᠳᠤ᠂ ᠦᠪᠡᠷᠳᠡᠭᠡᠨ ᠵᠠᠰᠠᠬᠤ ᠤᠷᠤᠨ ᠤ ᠤᠯᠤᠰ ᠤᠨ ᠡᠳ᠋ ᠬᠦᠷᠦᠩᠭᠡ ᠶᠢᠨ ᠬᠢᠨᠠᠨ ᠬᠠᠮᠢᠶᠠᠷᠤᠯᠳᠠ ᠶᠢᠨ ᠵᠦᠪᠯᠡᠯ ᠨᠢ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠳ ᠢᠶᠠᠨ ᠵᠤᠬᠢᠶᠠᠨ ᠪᠠᠶᠢᠭᠤᠯᠵᠤ᠂ ᠪᠦᠬᠦ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠠ ᠶᠢ ᠡᠭᠦᠳᠬᠦ ᠶᠡᠭᠡ ᠬᠤᠷᠠᠯ ᠤᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠭᠤᠯᠵᠤ᠂ ᠲᠦᠪ ᠪᠤᠯᠤᠨ ᠦᠪᠡᠷᠳᠡᠭᠡᠨ ᠵᠠᠰᠠᠬᠤ ᠤᠷᠤᠨ ᠤ ᠲᠤᠭᠳᠠᠭᠠᠭᠰᠠᠨ ᠰᠢᠨ᠎ᠠ ᠶᠢ ᠡᠭᠦᠳᠦᠨ ᠬᠦᠭᠵᠢᠭᠦᠯᠬᠦ ᠰᠡᠳᠭᠢᠴᠡ ᠪᠠ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢᠨ ᠲᠤᠭᠤᠷᠢᠨ ᠳᠤ᠂ ᠲᠡᠭᠡᠳᠦ ᠰᠢᠨ᠎ᠠ ᠮᠡᠷᠭᠡᠵᠢᠯ ᠤᠨ ᠦᠷ᠎ᠠ ᠪᠦᠳᠦᠭᠡᠯ ᠢ ᠬᠤᠪᠢᠷᠠᠭᠤᠯᠬᠤ᠂ ᠭᠤᠤᠯᠳᠠᠯᠭ᠎ᠠ ᠲᠠᠢ ᠬᠦᠷᠢᠶ᠎ᠠ ᠴᠠᠷᠠᠭ᠎ᠠ ᠪᠠ ᠵᠠᠩᠭᠢᠯᠠᠭ᠎ᠠ ᠶᠢᠨ ᠮᠡᠷᠭᠡᠵᠢᠯ ᠤᠨ ᠪᠤᠭᠤᠮᠳᠠ ᠶᠢ ᠰᠢᠪᠳᠤᠯᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠲᠠᠪᠴᠠᠩ ᠤᠨ ᠠᠴᠢᠶᠠᠯᠠᠪᠤᠷᠢ ᠶᠢᠨ ᠪᠠᠶᠢᠭᠤᠯᠤᠯᠲᠠ ᠵᠡᠷᠭᠡ ᠭᠤᠷᠪᠠᠨ ᠲᠤᠮᠤ ᠪᠠᠶᠢᠯᠳᠤᠬᠤ ᠪᠤᠳᠤᠯᠭ᠎ᠠ ᠶᠢ ᠪᠦᠬᠦ ᠬᠦᠴᠦᠨ ᠢᠶᠠᠷ ᠬᠡᠷᠡᠭᠵᠢᠭᠦᠯᠵᠦ᠂ ︽ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠠ ᠶᠢ ᠡᠭᠦᠳᠬᠦ  ᠰᠢᠰᠲ᠋ᠧᠮᠵᠢ ᠶᠢᠨ ᠪᠠᠶᠢᠭᠤᠯᠤᠯᠲᠠ ᠶᠢᠨ ᠬᠡᠷᠡᠭᠵᠢᠭᠦᠯᠬᠦ ᠰᠠᠨᠠᠯ︾᠎ ᠢ ᠲᠤᠭᠳᠠᠭᠠᠭᠰᠠᠨ ᠪᠠ ᠵᠠᠰᠠᠨ ᠦᠭᠡᠷᠡᠴᠢᠯᠡᠵᠠᠢ᠃      ᠦᠪᠡᠷᠳᠡᠭᠡᠨ ᠵᠠᠰᠠᠬᠤ ᠤᠷᠤᠨ ᠤ ᠤᠯᠤᠰ ᠤᠨ ᠡᠳ᠋ ᠬᠦᠷᠦᠩᠭᠡ ᠶᠢᠨ ᠬᠢᠨᠨᠠ ᠬᠠᠮᠢᠶᠠᠷᠤᠯᠳᠠ ᠶᠢᠨ ᠵᠦᠪᠯᠡᠯ ᠨᠢ ᠪᠠᠰᠠ ᠠᠵᠤ ᠠᠬᠤᠶᠢᠯᠠᠯ ᠢ ᠵᠢᠯᠤᠭᠤᠳᠤᠨ ᠤᠯᠠᠮᠵᠢᠯᠠᠯᠳᠤ ᠠᠵᠤ ᠦᠢᠯᠡᠰ ᠢ ᠲᠡᠰ ᠲᠡᠪᠰᠢᠭᠦᠯᠦᠨ ᠦᠭᠡᠷᠡᠴᠢᠯᠡᠨ ᠪᠠᠶᠢᠭᠤᠯᠬᠤ ᠶᠢ ᠬᠦᠴᠦᠯᠡᠨ ᠠᠬᠢᠭᠤᠯᠵᠤ᠂ ᠤᠷᠳᠤ ᠬᠤᠭᠤᠴᠠᠭ᠎ᠠ ᠪᠠᠷ ᠠᠯᠳᠠᠭᠳᠠᠯ ᠲᠠᠢ ᠠᠵᠤ ᠠᠬᠤᠶᠢᠯᠠᠯ ᠪᠠ ᠦᠷ᠎ᠠ ᠪᠦᠳᠦᠮᠵᠢ ᠲᠤᠤᠷ᠎ᠠ ᠪᠤᠶᠤ ᠦᠷ᠎ᠠ ᠪᠦᠳᠦᠮᠵᠢ ᠦᠭᠡᠢ ᠪᠡᠯᠡ ᠬᠦᠷᠦᠩᠭᠡ ᠶᠢ ᠰᠢᠢᠳᠪᠦᠷᠢᠯᠡᠬᠦ ᠡᠷᠴᠢᠮ ᠢᠶᠠᠨ ᠴᠢᠩᠭᠠᠳᠬᠠᠵᠤ᠂ ᠲᠡᠷᠢᠭᠦᠨ ᠤ ᠬᠡᠷᠡᠭᠯᠡᠭᠡᠨ ᠤ ᠮᠡᠷᠭᠡᠵᠢᠯ ᠢ ᠠᠰᠢᠠᠠᠯᠠᠨ᠂ ᠪᠦᠳᠦᠭᠡᠭᠳᠡᠭᠦᠨ ᠤ ᠬᠠᠯᠠᠭᠳᠠᠵᠤ ᠰᠢᠨᠡᠳᠬᠦ ᠪᠠ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠲᠡᠪᠰᠢᠭᠦᠯᠬᠦ ᠶᠢ ᠠᠬᠢᠭᠤᠯᠵᠤ᠂ ᠠᠵᠤ ᠠᠬᠤᠶᠢᠯᠠᠯ ᠤᠨ ᠭᠤᠤᠯᠯᠠᠬᠤ ᠦᠷᠢᠰᠦᠯᠳᠦᠬᠦ ᠬᠦᠴᠦᠨ ᠢ ᠪᠦᠳᠦᠮᠵᠢᠳᠡᠢ ᠲᠡᠭᠡᠭᠰᠢᠯᠡᠭᠦᠯᠦᠭᠰᠡᠨ ᠪᠠᠶᠢᠨ᠎ᠠ᠃ ᠠᠵᠤ ᠠᠬᠤᠶᠢᠯᠠᠯ ᠤᠨ ᠦᠷ᠎ᠠ ᠪᠦᠳᠦᠮᠵᠢ ᠲᠤᠤᠷ᠎ᠠ ᠪᠤᠶᠤ ᠦᠷ᠎ᠠ ᠪᠦᠳᠦᠮᠵᠢ ᠦᠭᠡᠢ ᠪᠡᠯᠡ ᠬᠦᠷᠦᠩᠭᠡ ᠶᠢ ᠠᠩᠬᠠᠳᠤᠭᠠᠷ ᠪᠦᠯᠦᠭ ᠤᠨ 300 ᠭᠠᠷᠤᠢ ᠵᠦᠢᠯ ᠢ ᠪᠠᠶᠢᠴᠠᠭᠠᠨ ᠭᠠᠷᠭᠠᠵᠤ᠂ 100 ᠭᠠᠷᠤᠢ ᠵᠦᠢᠯ ᠢ ᠨᠢ ᠬᠠᠤᠯᠢ ᠶᠤᠰᠤᠭᠠᠷ ᠰᠢᠢᠳᠪᠦᠷᠢᠯᠡᠵᠦ᠂ ᠨᠦᠭᠡᠴᠡ ᠪᠡᠯᠡ ᠬᠦᠷᠦᠩᠭᠡ ᠶᠢ ᠪᠦᠳᠦᠮᠵᠢᠳᠡᠢ ᠠᠮᠢᠳᠤᠯᠢᠠᠠᠵᠢᠭᠤᠯᠤᠨ᠂ ᠡᠳ᠋ ᠬᠦᠷᠦᠩᠭᠡ ᠶᠢᠨ ᠪᠦᠳᠦᠴᠡ ᠶᠢ ᠰᠢᠯᠢᠳᠡᠭᠵᠢᠭᠦᠯᠵᠦ᠂ ᠠᠵᠤ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠬᠤ ᠪᠠ ᠪᠦᠳᠦᠴᠡ ᠶᠢᠨ ᠲᠤᠬᠢᠷᠠᠭᠤᠯᠤᠯᠳᠠ ᠬᠢᠬᠦ ᠶᠢ ᠠᠬᠢᠭᠤᠯᠵᠠᠢ᠃ ᠪᠠᠰᠠ ᠨᠢᠭᠡ ᠲᠠᠯ᠎ᠠ ᠪᠠᠷ᠂ ᠬᠠᠮᠢᠶᠠᠷᠤᠨ ᠡᠵᠡᠮᠳᠡᠬᠦ ᠡᠷᠴᠢᠮ ᠢ ᠴᠢᠩᠭᠠᠳᠬᠠᠵᠤ᠂ ᠦᠪᠡᠷ ᠤᠨ ᠦᠷᠳᠡᠭ ᠢ ᠪᠠᠭᠤᠷᠠᠭᠤᠯᠤᠨ ᠦᠷ᠎ᠠ ᠠᠰᠢᠭ ᠢ ᠨᠡᠮᠡᠭᠳᠡᠭᠦᠯᠬᠦ ᠲᠠᠯ᠎ᠠ ᠪᠠᠷ ᠴᠢᠩᠭ᠎ᠠ ᠠᠳᠬᠤᠭᠰᠠᠨ ᠢᠶᠠᠷ᠂ 2016 ᠤᠨ ᠳᠤ᠂ 13 ᠬᠢᠨᠠᠨ ᠬᠠᠮᠢᠶᠠᠷᠤᠯᠳᠠ ᠶᠢᠨ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠳᠡ ᠶᠢᠨ ᠦᠪᠡᠷ ᠤᠨ ᠦᠷᠳᠡᠭ ᠨᠢ ᠤᠷᠵᠢᠨᠤᠨ ᠤ ᠠᠳᠠᠯᠢ ᠬᠤᠭᠤᠴᠠᠭᠠᠨ ᠤ ᠬᠢ ᠠᠴᠠ 18.5 ᠳ᠋ᠦᠩᠰᠢᠭᠤᠷ ᠲᠦᠭᠦᠷᠢᠭ ᠪᠠᠭᠤᠷᠠᠵᠤ᠂ 1.5%᠎ ᠪᠠᠷ ᠲᠤᠷᠤᠭᠰᠢᠯᠠᠵᠠᠢ᠃ 2016 ᠤᠨ ᠤ ᠡᠴᠤᠰ ᠪᠤᠯᠳᠠᠯ᠎ᠠ᠂ 13 ᠬᠢᠨᠠᠨ ᠬᠠᠮᠢᠶᠠᠷᠤᠯᠳᠠ ᠶᠢᠨ ᠠᠵᠤ ᠠᠬᠤᠶᠢᠯᠠᠯ ᠤᠨ ᠪᠡᠯᠡ ᠬᠦᠷᠦᠩᠭᠡ ᠶᠢᠨ ᠶᠡᠷᠦᠩᠬᠡᠢ ᠬᠡᠮᠵᠢᠶ᠎ᠠ ᠨᠢ 3319.3 ᠳ᠋ᠦᠩᠰᠢᠭᠤᠷ ᠲᠦᠭᠦᠷᠢᠭ ᠲᠤ ᠬᠦᠷᠴᠦ᠂ ᠤᠷᠵᠢᠨᠤᠨ ᠤ ᠠᠳᠠᠯᠢ ᠬᠤᠭᠤᠴᠠᠭᠠᠨ ᠤ ᠬᠢ ᠠᠴᠠ 1.6% ᠨᠡᠮᠡᠭᠳᠡᠪᠡ︔ ᠪᠦᠬᠦ ᠵᠢᠯ ᠢᠶᠠᠷ ᠢᠶᠠᠨ 1112.5 ᠳ᠋ᠦᠩᠰᠢᠭᠤᠷ ᠲᠦᠭᠦᠷᠢᠭ ᠤᠨ ᠡᠵᠡᠩᠨᠡᠯᠳᠡ ᠶᠢᠨ ᠤᠷᠤᠯᠭ᠎ᠠ ᠶᠢ ᠪᠡᠶᠡᠯᠡᠭᠦᠯᠵᠦ᠂ ᠤᠷᠵᠢᠨᠤᠨ ᠤ ᠠᠳᠠᠯᠢ ᠬᠤᠭᠤᠴᠠᠭᠠᠨ ᠤ ᠬᠢ ᠠᠴᠠ 1.5% ᠨᠡᠮᠡᠭᠳᠡᠵᠡᠢ᠃      ᠡᠭᠦᠨ ᠠᠴᠠ ᠭᠠᠳᠠᠨ᠎ᠠ᠂ ᠮᠠᠨ ᠤ ᠤᠷᠤᠨ ᠤᠯᠤᠰ ᠤᠨ ᠦᠮᠴᠢᠯᠡᠯᠳᠦ ᠠᠵᠤ ᠠᠬᠤᠶᠢᠯᠠᠯ ᠤᠨ ᠴᠢᠳᠠᠪᠤᠷᠢᠳᠠᠨ ᠤ ᠠᠵᠢᠯ ᠢ ᠲᠡᠭᠡᠳᠦ ᠬᠡᠮᠵᠢᠶ᠎ᠠ ᠪᠠᠷ ᠬᠦᠨᠳᠦᠳᠭᠡᠵᠦ᠂ ᠰᠢᠷᠢᠰ ᠴᠢᠬᠤᠯᠠ ᠠᠷᠭ᠎ᠠ ᠬᠡᠮᠵᠢᠶ᠎ᠠ ᠠᠪᠤᠪᠠ᠃ ᠲᠤᠭᠳᠠᠮᠠᠯ ᠬᠤᠭᠤᠴᠠᠭ᠎ᠠ ᠲᠠᠢ ᠠᠳᠠᠯᠢᠳᠬᠠᠨ ᠰᠢᠯᠭᠠᠷᠠᠭᠤᠯᠬᠤ ᠪᠠ ᠰᠤᠩᠭᠤᠬᠤ ᠠᠷᠭ᠎ᠠ ᠪᠠᠷ ᠤᠯᠤᠰ ᠤᠨ ᠦᠮᠴᠢᠯᠡᠯᠳᠦ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠠ ᠶᠢ ᠡᠭᠦᠳᠦᠭᠰᠡᠨ ᠴᠢᠳᠠᠪᠤᠷᠢᠳᠠᠨ ᠢ ᠦᠪᠡᠷᠳᠡᠭᠡᠨ ᠵᠠᠰᠠᠬᠤ ᠤᠷᠤᠨ ᠳᠤ ᠲᠠᠨᠢᠯᠴᠠᠭᠤᠯᠤᠨ ᠲᠡᠪᠰᠢᠭᠦᠯᠵᠦ᠂ ᠲᠠᠯ᠎ᠠ ᠨᠤᠳᠤᠭ ᠤᠨ ᠰᠤᠳᠤᠨ ᠴᠢᠳᠠᠪᠤᠷᠢᠳᠠᠨ ᠤ ᠢᠨᠵᠧᠨᠧᠷᠢᠩ ᠳᠤ ᠪᠦᠷᠢᠳᠭᠡᠭᠦᠯᠪᠡ︔ ᠪᠤᠰᠤᠳ ᠡᠯ᠎ᠠ ᠲᠦᠷᠦᠯ ᠤᠨ ᠬᠦᠬᠢᠭᠦᠯᠦᠯ ᠤᠨ ᠲᠦᠷᠢᠮ ᠲᠠᠢ ᠤᠶᠠᠯᠳᠤᠭᠤᠯᠤᠨ᠂ ᠴᠢᠳᠠᠪᠤᠷᠢᠳᠠᠨ ᠳᠤ ᠨᠡᠯᠢᠶᠡᠳ ᠦᠨᠳᠦᠷ ᠢᠷᠠᠭᠤ ᠠᠯᠳᠠᠷ ᠢ ᠤᠯᠭᠤᠬᠤ ᠶᠢᠨ ᠬᠠᠮᠳᠤ ᠠᠵᠤ ᠠᠬᠤᠢ ᠶᠢᠨ ᠤᠯᠭᠤᠮᠵᠢ ᠬᠦᠷᠳᠡᠭᠡᠮᠵᠢ ᠶᠢᠨ ᠲᠠᠯ᠎ᠠ ᠪᠠᠷ ᠴᠦ ᠤᠨᠴᠠᠭᠠᠢ ᠬᠠᠷᠠᠭᠠᠯᠵᠠᠯ ᠦᠵᠡᠬᠦᠯᠵᠠᠢ᠃      ᠰᠢᠨ᠎ᠠ ᠶᠢ ᠡᠭᠦᠳᠬᠦ ᠤᠷᠮᠠᠰᠢᠭᠤᠯᠬᠤ ᠲᠤᠭᠳᠠᠴᠠ᠂ ᠲᠦᠪ ᠤᠨ ᠠᠵᠤ ᠠᠬᠤᠶᠢᠯᠠᠯ ᠤᠨ ᠰᠠᠨᠠᠭᠠᠴᠢᠯᠠᠭᠠᠳᠤ ᠬᠢᠳᠡᠯ᠂ ᠦᠪᠡᠷᠳᠡᠭᠡᠨ ᠵᠠᠰᠠᠬᠤ ᠤᠷᠤᠨ ᠤ ᠤᠷᠤᠨ ᠪᠠᠶᠢᠷᠢ ᠶᠢᠨ ᠲᠠᠪᠠᠭᠤᠯᠢᠭ ᠵᠢᠴᠢ ᠡᠬᠢ ᠪᠠᠶᠠᠯᠢᠭ ᠤᠨ ᠲᠠᠪᠠᠭᠤᠯᠢᠭ ᠨᠢ ᠶᠠᠭ ᠰᠠᠶᠢᠬᠠᠨ ᠲᠦᠪ ᠤᠨ ᠠᠵᠤ ᠠᠬᠤᠶᠢᠯᠠᠯ ᠤᠨ ᠮᠡᠷᠭᠡᠵᠢᠯ ᠤᠨ ᠲᠠᠪᠠᠭᠤᠯᠢᠭ ᠲᠠᠢ ᠬᠠᠷᠢᠯᠴᠠᠨ ᠠᠭᠤᠰᠤᠯᠴᠠᠵᠤ᠂ ᠡᠭᠡ ᠤᠯᠤᠰ ᠤᠨ ᠤᠮᠠᠷᠠᠳᠤ ᠶᠢᠨ ᠬᠢᠯᠢ ᠬᠢᠵᠠᠭᠠᠷ ᠤᠷᠤᠨ ᠳᠤ ᠠᠵᠤ ᠠᠬᠤᠢ ᠶᠢᠨ ᠰᠢᠨ᠎ᠠ ᠨᠡᠮᠡᠭᠳᠡᠯ ᠤᠨ ᠲᠦᠢᠯ ᠢ ᠪᠦᠷᠢᠯᠳᠦᠭᠦᠯᠦᠨᠡᠮ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号