ᠥᠪᠥᠷ ᠮᠣᠩᠭᠤᠯ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠦᠢᠯᠡᠴᠢᠯᠡᠭᠡᠨ ᠤ ᠶᠠᠰᠤ ᠴᠢᠨᠠᠷ ᠤᠨ | ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ︽ᠬᠤᠶᠠᠷ ᠢ ᠲᠠᠰᠢᠷᠠᠮ ᠢᠶᠠᠷ ᠬᠢᠬᠦ᠂ ᠨᠢᠭᠡ ᠶᠢ ᠢᠯᠠ ᠪᠣᠯᠭᠠᠬᠤ︾ | ᠬᠢᠨᠠᠨ ᠬᠠᠮᠢᠶᠠᠷᠬᠤ ᠵᠠᠭᠪᠤᠷ ᠢ ᠬᠡᠷᠡᠭᠵᠢᠭᠦᠯᠦᠨ᠂ ᠨᠡᠶᠢᠭᠡᠮ ᠤᠨ ᠦᠨᠡᠯᠡᠨ ᠵᠢᠱᠢᠬᠦ ᠲᠣᠭᠲᠠᠴᠠ ᠶᠢ ᠪᠠᠶᠢᠭᠤᠯᠵᠦ᠂ ᠠᠵᠢᠯ | ᠲᠦᠷᠦᠯ ᠤᠨ ᠦᠪᠡᠷ ᠢ ᠪᠠᠨ ᠴᠢᠩᠭ᠎ᠠ ᠱᠠᠭᠠᠷᠳᠠᠬᠤ᠂ ᠤᠯᠠᠨ ᠲᠦᠮᠡᠨ ᠢᠯᠡᠴᠢᠯᠡᠬᠦ᠂ ᠵᠠᠭᠤᠴᠢ ᠶᠢᠨ ᠬᠢᠨᠠᠯᠲᠠ | ᠲᠠᠯᠪᠢᠬᠤ ᠵᠡᠷᠭᠡ ᠲᠠᠯ᠎ᠠ ᠪᠠᠷ ᠬᠢ ᠦᠢᠯᠡᠳᠦᠯ ᠢ ᠪᠠᠳᠠᠷᠠᠭᠤᠯᠵᠤ᠂ ᠨᠠᠰᠤᠲᠠᠨ ᠢ ᠳᠠᠷᠤᠯᠠᠬᠤ ᠬᠠᠯᠠ ᠠᠮᠰᠠᠭᠤᠯᠬᠤ | ᠦᠢᠯᠡ ᠠᠵᠢᠯᠯᠠᠭ᠎ᠠ ᠶᠢ ᠬᠠᠤᠯᠢ ᠲᠣᠭᠲᠠᠭᠠᠯ ᠶᠣᠰᠣᠭᠠᠷ ᠴᠢᠩᠭ᠎ᠠ ᠰᠢᠳᠬᠡᠬᠦ ᠪᠠᠷ ᠪᠠᠶᠢᠨ᠎ᠠ᠃ | ᠣᠶᠢᠯᠠᠭᠠᠭᠰᠠᠨ ᠢᠶᠠᠷ᠂ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠳ ᠡᠨᠡ ᠵᠢᠯ ᠨᠠᠰᠤᠵᠢᠯ ᠤᠨ | ᠠᠰᠠᠷᠠᠮᠵᠢ ᠶᠢᠨ ᠪᠠᠶᠢᠭᠤᠯᠤᠮᠵᠢ ᠶᠢᠨ ᠶᠠᠰᠤ ᠴᠢᠨᠠᠷ ᠤᠨ ᠪᠦᠳᠦᠭᠡᠨ ᠪᠠᠶᠢᠭᠤᠯᠤᠯᠲᠠ ᠶᠢᠨ ᠣᠨ ᠤ ᠠᠵᠢᠯᠯᠠᠭ᠎ᠠ ᠶᠢ | ᠢᠳᠡᠪᠬᠢᠲᠡᠶ ᠥᠷᠨᠢᠭᠦᠯᠵᠦ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠪᠠᠶᠢᠳᠠᠯ ᠢ ᠣᠶᠢᠯᠠᠭᠠᠬᠤ | ᠪᠠᠶᠢᠴᠠᠭᠠᠯᠲᠠ ᠦᠷᠨᠢᠭᠦᠯᠦᠨ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠦᠶᠯᠡᠴᠢᠯᠡᠭᠡᠨ ᠤ ᠶᠠᠰᠤ | ᠴᠢᠨᠠᠷ ᠤᠨ ᠵᠢᠷᠤᠮᠵᠢᠯ ᠢ ᠰᠤᠳᠤᠯᠤᠨ ᠲᠣᠭᠲᠠᠭᠠᠵᠤ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠶᠠᠰᠤ | ᠴᠢᠨᠠᠷ ᠤᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮᠵᠢ ᠶᠢ ᠪᠦᠷᠢᠨᠰᠢᠭᠦᠯᠦᠨ᠂ ᠭᠡᠷ ᠤᠷᠤᠨ ᠪᠣᠯᠤᠨ ᠨᠡᠶᠢᠭᠡᠮ | ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠥᠭᠡᠷᠡᠴᠢᠯᠡᠯᠲᠡ ᠶᠢᠨ ᠲᠤᠷᠰᠢᠯᠲᠠ ᠶᠢ | ᠭᠦᠨᠵᠡᠭᠡᠶᠢᠷᠡᠭᠦᠯᠬᠦ ᠪᠠ ᠮᠠᠯᠵᠢᠬᠤ ᠲᠠᠷᠢᠶᠠᠯᠠᠬᠤ ᠣᠷᠣᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ | ᠬᠥᠭᠵᠢᠯᠲᠡ ᠶᠢ ᠲᠥᠷᠭᠡᠳᠬᠡᠬᠦ ᠪᠠᠷ ᠪᠠᠶᠢᠨ᠎ᠠ᠃ ᠡᠭᠦᠨ ᠠᠴᠠ ᠭᠠᠳᠠᠨ᠎ᠠ᠂ ᠠᠷᠠᠳ ᠤᠨ ᠶᠠᠪᠤᠳᠠᠯ ᠤᠨ ᠰᠠᠯᠠᠭ᠎ᠠ | ᠮᠥᠴᠢᠷ ᠤᠳ ᠨᠢ ᠨᠡᠶᠢᠭᠡᠮ ᠤᠨ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠨᠢᠭᠡᠯᠠ ᠤᠳᠠᠭ᠎ᠠ ᠶᠢᠨ ᠴᠢᠨᠠᠷᠲᠠᠶ | ᠪᠥᠲᠦᠭᠡᠨ ᠪᠠᠶᠢᠭᠤᠯᠤᠯᠲᠠ ᠶᠢᠨ ᠨᠥᠬᠦᠪᠥᠷᠢ ᠥᠭᠬᠦ ᠪᠠ ᠣᠷᠣ ᠶᠢᠨ ᠡᠵᠡᠩᠨᠡᠯᠲᠡ ᠶᠢᠨ ᠨᠥᠬᠦᠪᠥᠷᠢ ᠥᠭᠬᠦ ᠵᠡᠷᠭᠡ | ᠬᠠᠷᠠᠭᠠᠯᠵᠠᠯᠳᠤ ᠲᠦᠷᠦ ᠶᠢᠨ ᠪᠤᠳᠤᠯᠭ᠎ᠠ ᠶᠢ ᠰᠠᠶᠢᠲᠤᠷ ᠨᠠᠶᠢᠳᠠᠪᠤᠷᠢᠵᠢᠭᠤᠯᠬᠤ ᠶᠢᠨ ᠬᠠᠮᠲᠤ ᠨᠥᠬᠦᠪᠥᠷᠢ ᠣᠯᠭᠤᠬᠤ | ᠠᠷᠭ᠎ᠠ ᠶᠢ ︽ᠲᠣᠭᠤᠰᠬ᠎ᠠ ᠨᠦᠬᠦᠪᠦᠷᠢᠯᠡᠬᠦ︾᠂ ︽ᠣᠷᠣ ᠪᠠᠷ ᠨᠦᠬᠦᠪᠦᠷᠢᠯᠡᠬᠦ︾ ᠪᠠᠶᠢᠭᠰᠠᠨ ᠠᠴᠠ ᠨᠢ ︽ᠬᠦᠮᠦᠨ | ᠲᠤᠭ᠎ᠠ ᠪᠠᠷ ᠨᠦᠬᠦᠪᠦᠷᠢᠯᠡᠬᠦ︾ ᠲᠡᠰᠢ ᠬᠤᠪᠢᠷᠠᠭᠤᠯᠬᠤ ᠶᠢ ᠲᠦᠯᠬᠢᠨ ᠠᠬᠢᠭᠤᠯᠵᠤ᠂ ᠬᠠᠳᠠᠭᠠᠯᠠᠮᠵᠢ ᠶᠢᠨ ᠪᠡᠯᠡᠳᠬᠡᠯ | ᠮᠥᠩᠭᠦᠨ ᠤ ᠨᠤᠷᠮ᠎ᠠ ᠶᠢ ᠪᠠᠭᠤᠷᠠᠭᠤᠯᠤᠨ ᠶᠠᠳᠠᠭᠤ ᠶᠢ ᠲᠡᠳᠬᠦᠬᠦ ᠠᠵᠢᠯ ᠤᠨ ᠬᠦᠴᠦᠯᠡᠴᠡ ᠪᠠᠨ ᠴᠢᠩᠭᠠᠳᠬᠠᠬᠤ ᠪᠠᠷ | ᠪᠠᠶᠢᠨ᠎ᠠ︔ ᠪᠠᠰᠠ ᠡᠮᠴᠢᠯᠡᠭᠡ ᠪᠣᠯᠣᠨ ᠠᠰᠠᠷᠠᠮᠵᠢ ᠶᠢ ᠤᠶᠠᠯᠳᠤᠭᠤᠯᠬᠤ ᠵᠢᠴᠢ ︽ᠢᠨᠲ᠋ᠧᠷ ᠰᠦᠯᠵᠢᠶ᠎ᠡ + | ᠨᠠᠰᠤᠵᠢᠯ ᠤᠨ ᠠᠰᠠᠷᠠᠮᠵᠢ︾ 12349 ᠶᠢᠨ ᠠᠷᠠᠳ ᠲᠤ ᠳᠦᠭᠦᠮ ᠦᠵᠡᠭᠦᠯᠬᠦ ᠨᠠᠰᠤᠵᠢᠯ ᠤᠨ ᠦᠢᠯᠡᠴᠢᠯᠡᠭᠡᠨ ᠤ | ᠲᠥᠪ ᠢ ᠪᠥᠳᠥᠭᠡᠨ ᠪᠠᠶᠢᠭᠤᠯᠬᠤ ᠡᠷᠴᠢᠮ ᠢᠶᠠᠨ ᠴᠢᠩᠭᠠᠷᠠᠭᠤᠯᠵᠤ᠂ PPP ᠵᠠᠭᠪᠤᠷ᠂ ᠦᠢᠯᠡᠴᠢᠯᠡᠭᠡ ᠬᠤᠳᠠᠯᠳᠤᠨ | ᠠᠪᠬᠤ᠂ ᠠᠯᠪᠠᠨ ᠠᠴᠠ ᠪᠠᠶᠢᠭᠤᠯᠵᠤ ᠠᠷᠠᠳ ᠠᠴᠠ ᠡᠵᠡᠩᠨᠡᠬᠦ᠂ ᠠᠷᠠᠳ ᠠᠴᠠ ᠡᠷᠬᠢᠯᠡᠨ ᠠᠯᠪᠠᠨ ᠠᠴᠠ ᠲᠤᠰᠠᠯᠠᠬᠤ | ᠵᠡᠷᠭᠡ ᠤᠯᠠᠨ ᠵᠦᠢᠯ ᠤᠨ ᠬᠡᠯᠪᠡᠷᠢ ᠪᠠᠷ ᠳᠠᠮᠵᠢᠨ ᠨᠡᠶᠢᠭᠡᠮ ᠤᠨ ᠬᠦᠴᠦᠨ ᠢ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠦᠢᠯᠡᠰ ᠲᠤ ᠳᠡᠮᠵᠢᠯᠭᠡ ᠦᠵᠡᠭᠦᠯᠬᠦ ᠶᠢ ᠲᠥᠯᠬᠢᠨ ᠠᠬᠢᠭᠤᠯᠤᠨ᠎ᠠ︔ ᠡᠭᠦᠨ ᠤ ᠬᠠᠮᠲᠤ | ᠠᠷᠠᠳ ᠠᠴᠠ ᠡᠵᠡᠩᠨᠡᠭᠰᠡᠨ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠨᠤᠭᠤᠳ ᠢ ᠵᠣᠷᠢᠭᠵᠢᠭᠤᠯᠤᠨ | ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ᠂ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ ᠶᠢᠨ ᠡᠬᠢ ᠪᠠᠶᠠᠯᠢᠭ ᠤᠨ | ᠳᠠᠪᠠᠭᠤᠯᠢᠭ ᠢ ᠭᠦᠢᠴᠡᠳ ᠠᠰᠢᠭᠯᠠᠵᠤ᠂ ᠦᠨᠳᠦᠰᠦᠲᠡᠨ ᠤ ᠭᠠᠵᠠᠷ ᠣᠷᠣᠨ ᠤ ᠣᠨᠴᠠᠯᠢᠭ ᠪᠦᠬᠦᠢ ᠨᠡᠭᠦᠳᠡᠯ ᠤᠨ | ᠰᠢᠪᠠᠭᠤ ᠮᠠᠶ᠋ᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ᠂ ᠮᠣᠩᠭᠤᠯ ᠡᠮ ᠡᠮᠨᠡᠯᠭᠡ ᠶᠢᠨ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡ ᠵᠡᠷᠭᠡ ᠰᠢᠨ᠎ᠡ ᠪᠠᠷ ᠬᠥᠭᠵᠢᠭᠰᠡᠨ ᠨᠠᠰᠤᠵᠢᠯ ᠤᠨ ᠠᠰᠠᠷᠠᠮᠵᠢ ᠶᠢᠨ ᠦᠢᠯᠡᠰ ᠤᠨ | ᠪᠠᠶᠢᠳᠠᠯ ᠤᠨ ᠬᠥᠭᠵᠢᠯᠲᠡ ᠶᠢ ᠳᠡᠮᠵᠢᠨ᠎ᠡ︔ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢ ᠬᠢᠨᠠᠨ | ᠵᠥᠪᠰᠢᠶᠡᠷᠡᠬᠦ ᠶᠢ ᠳᠥᠭᠦᠮ ᠳᠦᠲᠡᠴᠢᠯᠡᠵᠦ᠂ ︽ᠣᠯᠠᠨ ᠲᠠᠯ᠎ᠠ ᠠᠴᠠ ᠭᠦᠢᠴᠡᠳᠬᠡᠬᠦ︾ ᠶᠢ ︽ᠨᠢᠭᠡ | ᠴᠣᠩᠬᠤᠪᠴᠢ ᠪᠠᠷ ᠭᠦᠢᠴᠡᠳᠬᠡᠬᠦ︾ ᠪᠣᠯᠭᠠᠨ᠂ ︽ᠤᠯᠠᠨ ᠲᠦᠮᠡᠨ ᠨᠠᠰᠢ ᠴᠠᠰᠢ ᠭᠦᠶᠦᠯᠳᠦᠬᠦ︾ ᠶᠢ ︽ᠰᠠᠯᠠᠭ᠎ᠠ | ᠮᠥᠴᠢᠷ ᠬᠠᠮᠵᠢᠯᠴᠠᠨ ᠡᠷᠬᠢᠯᠡᠬᠦ︾ ᠪᠣᠯᠭᠠᠨ᠎ᠠ᠃ | ᠥᠪᠥᠷ ᠮᠣᠩᠭᠤᠯ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠵᠠᠬ᠎ᠠ ᠳᠡᠯᠭᠡᠭᠦᠷ ᠢ ᠪᠦᠬᠦ ᠲᠠᠯ᠎ᠠ ᠪᠠᠷ | ᠴᠢᠯᠥᠭᠡᠲᠡᠶ ᠲᠠᠯᠪᠢᠵᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠰᠠᠨᠠᠯ | ᠨᠡᠶᠢᠲᠡᠯᠡᠵᠦ᠂ ᠳᠣᠷᠣᠭᠰᠢ ᠪᠠᠭᠤᠯᠭᠠᠬᠤ ᠶᠣᠰᠣᠲᠠᠶ ᠡᠷᠬᠡ ᠶᠢ ᠠᠯᠢ ᠪᠣᠯᠬᠤ ᠪᠠᠷ ᠴᠢᠯᠥᠭᠡᠲᠡᠶ ᠪᠥᠭᠡᠳ ᠭᠦᠢᠴᠡᠳ | ᠲᠠᠯᠪᠢᠨ᠂ ᠬᠠᠮᠢᠶᠠᠷᠬᠤ ᠶᠣᠰᠣᠲᠠᠶ ᠬᠡᠷᠡᠭ ᠶᠠᠪᠤᠳᠠᠯ ᠢ ᠰᠠᠶᠢᠲᠤᠷ ᠬᠠᠮᠢᠶᠠᠷᠬᠤ ᠪᠣᠯᠤᠨ᠎ᠠ᠃ ᠠᠷᠠᠳ ᠤᠨ ᠶᠠᠪᠤᠳᠠᠯ ᠤᠨ | ᠶᠠᠮᠤᠨ ᠤ ᠪᠦᠷᠢᠳᠬᠡᠯ ᠠᠴᠠ ᠦᠵᠡᠪᠡᠯ᠂ ᠦᠪᠦᠷ ᠮᠣᠩᠭᠤᠯ ᠤᠨ ᠮᠢᠩᠭᠠᠨ ᠨᠠᠰᠤᠲᠠᠨ ᠪᠦᠷᠢ ᠨᠣᠭᠳᠠᠬᠤ ᠣᠷᠣ ᠶᠢᠨ | ᠲᠤᠭ᠎ᠠ ᠨᠢ ᠭᠤᠷᠪᠠᠨ ᠵᠢᠯ ᠳᠠᠷᠠᠭᠠᠯᠠᠨ ᠪᠦᠬᠦ ᠤᠯᠤᠰ ᠤᠨ ᠨᠢᠭᠡᠳᠦᠭᠡᠷ ᠲᠤ ᠵᠢᠭᠰᠠᠭᠠᠭᠳᠠᠪᠠ᠃ ᠣᠳᠣ ᠥᠪᠥᠷ | ᠮᠣᠩᠭᠤᠯ ᠳᠤ ᠡᠯ᠎ᠡ ᠲᠦᠷᠦᠯ ᠤᠨ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ 2979᠂ ᠣᠷᠣ 24.2 ᠲᠥᠮᠡ | ᠪᠠᠶᠢᠵᠤ᠂ ᠨᠠᠰᠤᠵᠢᠯ ᠤᠨ ᠠᠰᠠᠷᠠᠮᠵᠢ ᠶᠢᠨ ᠣᠷᠣ ᠨᠢ 2015 ᠣᠨ ᠤ ᠬᠢ ᠠᠴᠠ 2 ᠲᠥᠮᠡ ᠰᠢᠨ᠎ᠡ ᠪᠠᠷ ᠨᠡᠮᠡᠭᠳᠡᠨ᠂ | ᠪᠦᠬᠦ ᠣᠷᠣᠨ ᠤ ᠮᠢᠩᠭᠠᠨ ᠨᠠᠰᠤᠲᠠᠨ ᠪᠦᠷᠢ ᠳᠤ ᠨᠣᠭᠳᠠᠬᠤ ᠨᠠᠰᠤᠵᠢᠯ ᠤᠨ ᠠᠰᠠᠷᠠᠮᠵᠢ ᠶᠢᠨ ᠣᠷᠣ ᠨᠢ 59 ᠳᠤ | ᠬᠦᠷᠪᠡ᠃ |