| | | ᠰᠤᠷᠪᠤᠯᠵᠢᠯᠠᠭᠰᠠᠨ ᠴᠠᠭ᠄ | 2017 ᠣᠨ ᠤ1 ᠳ᠋ᠦ᠋ᠭᠡᠷ ᠰᠠᠷ᠎ᠠ ᠶᠢᠨ 24 ᠤ ᠦᠳᠡ ᠶᠢᠨ ᠡᠮᠦᠨ᠎ᠡ ᠶᠢᠨ 9 ᠴᠠᠭ ᠲᠤ | ᠰᠤᠷᠪᠤᠯᠵᠢᠯᠠᠭᠰᠠᠨ ᠵᠣᠴᠢᠨ᠄ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠭᠠᠶᠢᠯᠢ ᠶᠢᠨ ᠶᠠᠪᠤᠳᠠᠯ ᠤᠨ | ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶ᠎ᠠ ᠶᠢᠨ ᠳᠠᠷᠤᠭ᠎ᠠ ᠲᠠᠨ ᠡᠾᠧᠩ | ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄ | ᠣᠶᠢᠷ᠎ᠠ ᠶᠢᠨ ᠵᠢᠯ ᠤᠨ ᠲᠤᠷᠰᠢ᠂ ᠠᠵᠤ ᠠᠬᠤᠶ ᠶᠢᠨ ᠳᠤᠮᠳᠠ ᠳᠡᠭᠡᠳᠦ ᠬᠤᠷᠳᠤᠴᠠ ᠪᠠᠷ ᠨᠡᠮᠡᠭᠳᠡᠬᠦ᠂ ᠳᠤᠮᠳᠠ | ᠳᠡᠭᠡᠳᠦ ᠳᠡᠰ ᠵᠦᠭ ᠳᠠᠪᠰᠢᠬᠤ ᠶᠢ ᠲᠦᠯᠬᠢᠨ ᠠᠬᠢᠭᠤᠯᠬᠤ ᠶᠢᠨ ᠲᠤᠰᠠᠳᠠ᠂ ᠨᠠᠮ ᠤᠨ ᠲᠥᠪ ᠬᠤᠷᠢᠶ᠎ᠠ᠂ | ᠲᠥᠷᠥ ᠶᠢᠨ ᠶᠠᠪᠤᠳᠠᠯ ᠤᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠠᠯᠢ ᠤᠯᠠᠨ ᠴᠢᠬᠤᠯᠠ ᠶᠡᠭᠡ | ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠪᠡ᠃ ᠡᠭᠦᠨ ᠳᠤ ᠭᠤᠣᠯᠳᠠᠭᠤ᠄ ᠡᠵᠡᠩᠨᠡᠯᠲᠡ ᠶᠢᠨ | ᠭᠠᠶᠢᠯᠢ ᠶᠢ ᠥᠷᠲᠡᠭ ᠨᠡᠮᠡᠭᠳᠡᠯ ᠤᠨ ᠭᠠᠶᠢᠯᠢ ᠪᠣᠯᠭᠠᠨ ᠥᠭᠡᠷᠡᠴᠢᠯᠡᠬᠦ ᠶᠢ ᠪᠦᠬᠦ ᠲᠠᠯ᠎ᠠ ᠪᠠᠷ ᠬᠡᠷᠡᠭᠵᠢᠭᠦᠯᠬᠦ᠂ ᠵᠢᠵᠢᠭ | ᠬᠡᠯᠪᠡᠷᠢ ᠶᠢᠨ ᠥᠴᠦᠬᠡᠨ ᠠᠰᠢᠭᠲᠤ ᠠᠵᠤ ᠠᠬᠤᠶᠢᠯᠠᠯ ᠠᠴᠠ ᠠᠵᠤ ᠠᠬᠤᠶᠢᠯᠠᠯ ᠤᠨ ᠣᠯᠵᠠᠪᠤᠷᠢ ᠶᠢᠨ ᠭᠠᠶᠢᠯᠢ ᠶᠢ | ᠬᠠᠭᠠᠰ ᠢᠶᠠᠷ ᠬᠠᠰᠤᠵᠤ ᠲᠠᠲᠠᠪᠤᠷᠢᠯᠠᠬᠤ ᠲᠦᠷᠦ ᠶᠢᠨ ᠪᠤᠳᠤᠯᠭ᠎ᠠ ᠶᠢᠨ ᠲᠣᠬᠢᠷᠠᠬᠤ ᠬᠦᠷᠢᠶ᠎ᠡ ᠬᠡᠪᠴᠢᠶ᠎ᠡ ᠶᠢ | ᠥᠷᠭᠡᠳᠬᠡᠬᠦ᠂ ᠵᠢᠵᠢᠭ ᠪᠢᠴᠢᠯ ᠠᠵᠤ ᠠᠬᠤᠶᠢᠯᠠᠯ ᠢ ᠥᠷᠲᠡᠭ ᠨᠡᠮᠡᠭᠳᠡᠯ ᠤᠨ ᠭᠠᠶᠢᠯᠢ ᠠᠴᠠ ᠬᠡᠯᠲᠦᠷᠢᠭᠦᠯᠬᠦ ᠨᠥᠬᠦᠴᠡᠯ | ᠢ ᠠᠭᠤᠵᠢᠭᠤ ᠲᠠᠯᠪᠢᠬᠤ᠂ ᠰᠤᠳᠤᠯᠤᠨ ᠨᠡᠭᠡᠭᠡᠬᠦ ᠵᠠᠷᠤᠳᠠᠯ ᠢ ᠨᠡᠮᠡᠨ ᠪᠤᠳᠤᠵᠤ ᠰᠠᠭᠤᠳᠬᠠᠨ ᠠᠪᠬᠤ ᠲᠥᠷᠥ ᠶᠢᠨ | ᠪᠤᠳᠤᠯᠭ᠎ᠠ ᠶᠢᠨ ᠬᠡᠪᠴᠢᠶ᠎ᠡ ᠶᠢ ᠥᠷᠭᠡᠳᠬᠡᠬᠦ᠂ ᠭᠤᠣᠯᠳᠠᠯᠭ᠎ᠠ ᠲᠠᠢ ᠳᠡᠮᠵᠢᠵᠦ ᠪᠠᠶᠢᠭ᠎ᠠ ᠠᠵᠢᠯ ᠲᠦᠷᠦᠯ ᠳᠤ ᠨᠡᠩ | ᠢᠯᠡᠭᠦᠦ ᠬᠠᠷᠠᠭᠠᠯᠵᠠᠯ ᠤᠨ ᠲᠣᠭᠲᠠᠮᠠᠯ ᠬᠥᠷᠥᠩᠭᠡ ᠶᠢᠨ ᠡᠯᠡᠭᠳᠡᠯ ᠢ ᠲᠦᠷᠭᠡᠳᠬᠡᠬᠦ ᠲᠥᠷᠥ ᠶᠢᠨ ᠪᠣᠳᠣᠯᠭ᠎ᠠ | ᠬᠡᠷᠡᠭᠵᠢᠭᠦᠯᠬᠦ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠦᠨᠡᠮᠰᠢᠨ ᠲᠣᠭᠲᠠᠭᠠᠬᠤ ᠬᠦᠷᠢᠶ᠎ᠡ | ᠬᠡᠪᠴᠢᠶ᠎ᠡ ᠶᠢ ᠡᠮᠬᠢ ᠵᠢᠷᠤᠮ ᠲᠠᠢ ᠥᠷᠭᠡᠳᠬᠡᠬᠦ᠂ ᠦᠨᠡᠮᠰᠢᠨ ᠲᠣᠭᠲᠠᠭᠠᠬᠤ ᠭᠠᠷᠳᠠᠮ ᠢ ᠳᠦᠭᠦᠮᠴᠢᠯᠡᠬᠦ᠂ ᠤᠯᠤᠰ ᠤᠨ | ᠭᠠᠶᠢᠯᠢ᠂ ᠣᠷᠣᠨ ᠨᠤᠲᠤᠭ ᠤᠨ ᠭᠠᠶᠢᠯᠢ ᠶᠢᠨ ᠲᠠᠲᠠᠪᠤᠷᠢᠯᠠᠨ ᠬᠠᠮᠢᠶᠠᠷᠬᠤ ᠪᠠᠶᠢᠭᠤᠯᠤᠯ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠵᠡᠷᠭᠡ ᠠᠭᠤᠯᠭ᠎ᠠ ᠪᠠᠭᠲᠠᠨ᠎ᠠ᠃ | | ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ᠄ | | ᠬᠥᠲᠥᠯᠥᠭᠴᠢ᠄ | ᠥᠷᠭᠡᠨ ᠣᠯᠠᠨ ᠰᠦᠯᠵᠢᠶᠡᠨ ᠠᠨᠳᠠ ᠨᠠᠷ ᠰᠠᠶᠢᠨ ᠪᠠᠶᠢᠵᠠᠭᠠᠨ᠎ᠠ ᠤᠤ᠂ ᠲᠣᠰ ᠬᠤᠭᠤᠴᠠᠭᠠᠨ ᠤ ︽ᠳᠤᠮᠳᠠᠳᠤ | ᠤᠯᠤᠰ · ᠥᠪᠥᠷ ᠮᠣᠩᠭᠤᠯ︾ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠳᠤ ᠣᠷᠣᠯᠴᠠᠭᠰᠠᠨ ᠳᠤ ᠪᠠᠶᠠᠷᠯᠠᠨ | ᠤᠭᠲᠤᠵᠤ ᠪᠠᠶᠢᠨ᠎ᠠ᠃ ᠤᠳᠣᠬᠠᠨ ᠳᠤ᠂ ᠬᠠᠩᠭᠠᠯᠭ᠎ᠠ ᠶᠢᠨ ᠲᠠᠯ᠎ᠠ ᠳᠠᠬᠢ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ | ᠪᠣᠯᠣᠨ ᠠᠵᠤ ᠠᠬᠤᠶ ᠶᠢᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠠᠬᠢᠭᠤᠯᠬᠤ ᠳᠤᠮᠳᠠ ᠭᠠᠶᠢᠯᠢ ᠶᠢᠨ | ᠬᠦᠷᠢᠶ᠎ᠡ ᠬᠡᠪᠴᠢᠶᠡᠨ ᠳᠠᠬᠢ ᠥᠭᠡᠷᠡᠴᠢᠯᠡᠯᠲᠡ ᠵᠢᠴᠢ ᠭᠠᠶᠢᠯᠢ ᠶᠢ ᠬᠥᠩᠭᠡᠯᠡᠵᠦ ᠬᠡᠯᠲᠦᠷᠢᠭᠦᠯᠬᠦ ᠲᠦᠷᠦ ᠶᠢᠨ | ᠪᠤᠳᠤᠯᠭ᠎ᠠ ᠶᠢᠨ ᠦᠵᠡᠭᠦᠯᠬᠦ ᠦᠢᠯᠡᠳᠦᠯ ᠤᠯᠠᠮ ᠠᠴᠠ ᠤᠯᠠᠮ ᠢᠯᠡᠷᠬᠡᠶ ᠪᠣᠯᠵᠤ᠂ ᠤᠯᠠᠨ ᠤ ᠡᠭᠦᠨ ᠤ ᠲᠤᠬᠠᠶ | ᠠᠩᠬᠠᠷᠤᠯ ᠤᠨ ᠬᠡᠮᠵᠢᠶ᠎ᠡ ᠴᠦ ᠤᠯᠠᠮ ᠠᠴᠠ ᠤᠯᠠᠮ ᠥᠨᠳᠥᠷ ᠪᠤᠯᠵᠤ ᠪᠠᠶᠢᠨ᠎ᠠ᠃ ᠥᠨᠥᠳᠦᠷ᠂ ᠪᠢᠳᠡ ᠮᠠᠰᠢ | ᠪᠠᠶᠠᠷᠲᠠᠶ ᠪᠠᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠭᠠᠶᠢᠯᠢ ᠶᠢᠨ ᠶᠠᠪᠤᠳᠠᠯ ᠤᠨ | ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶ᠎ᠠ ᠶᠢᠨ ᠳᠠᠷᠤᠭ᠎ᠠ ᠲᠠᠨ ᠡᠾᠧᠩ ᠢ | ᠤᠷᠢᠵᠤ᠂ ᠤᠯᠠᠨ ᠤ ᠨᠡᠶᠢᠳᠡᠮ ᠠᠩᠬᠠᠷᠴᠤ ᠪᠠᠶᠢᠭ᠎ᠠ ᠰᠡᠳᠦᠪ ᠤᠨ ᠲᠠᠯ᠎ᠠ ᠪᠠᠷ ᠲᠠ ᠪᠦᠬᠦᠨ ᠲᠠᠢ ᠰᠦᠯᠵᠢᠶᠡᠨ | ᠳᠡᠭᠡᠷ᠎ᠡ ᠰᠠᠨᠠᠯ ᠢᠶᠠᠨ ᠰᠣᠯᠢᠯᠴᠠᠨ᠂ ᠲᠡᠭᠦᠨ ᠢᠶᠠᠷ ᠬᠤᠯᠪᠣᠭᠳᠠᠯ ᠪᠦᠬᠦᠢ ᠪᠠᠶᠢᠳᠠᠯ ᠢ ᠤᠯᠠᠨ ᠳᠤ ᠲᠠᠨᠢᠯᠴᠠᠭᠤᠯᠬᠤ ᠶᠢᠨ | ᠬᠠᠮᠲᠤ ᠤᠯᠠᠨ ᠤ ᠠᠰᠠᠭᠤᠯᠲᠠ ᠶᠢ ᠬᠠᠷᠠᠭᠤᠯᠬᠤ ᠪᠠᠷ ᠪᠣᠯᠪᠠ᠃ | ᠲᠠᠨ ᠡᠾᠧᠩ᠄ | ᠬᠥᠲᠥᠯᠥᠭᠴᠢ᠂ ᠰᠦᠯᠵᠢᠶᠡᠨ ᠠᠨᠳᠠ ᠨᠠᠷ ᠡ᠂ ᠲᠠ ᠪᠦᠬᠦᠨ ᠰᠠᠶᠢᠨ ᠪᠠᠶᠢᠵᠠᠭᠠᠨ᠎ᠠ ᠤᠤ︕ ︽ᠳᠤᠮᠳᠠᠳᠤ | ᠤᠯᠤᠰ · ᠥᠪᠥᠷ ᠮᠣᠩᠭᠤᠯ︾ ᠰᠦᠯᠵᠢᠶᠡᠨ ᠳᠡᠭᠡᠷ᠎ᠡ ᠣᠯᠠᠨ ᠲᠠᠢ ᠰᠠᠨᠠᠯ ᠢᠶᠠᠨ ᠰᠣᠯᠢᠯᠴᠠᠬᠤ ᠪᠣᠯᠣᠭᠰᠠᠨ ᠳᠠᠭᠠᠨ | ᠰᠡᠳᠬᠢᠯ ᠮᠠᠰᠢ ᠦᠨᠳᠦᠷ ᠪᠠᠶᠢᠨ᠎ᠠ᠃ ᠡᠨᠡ ᠲᠠᠰᠢᠷᠠᠮ ᠳᠤ᠂ ᠪᠢ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠤᠯᠤᠰ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠡᠮᠦᠨ᠎ᠡ ᠠᠴᠠ ᠭᠠᠶᠢᠯᠢ ᠲᠠᠲᠠᠪᠤᠷᠢ ᠶᠢᠨ ᠠᠵᠢᠯ | ᠳᠤ ᠢᠮᠠᠭᠲᠠ ᠰᠡᠳᠬᠢᠯ ᠲᠠᠯᠪᠢᠵᠤ᠂ ᠳᠡᠮᠵᠢᠵᠦ ᠢᠷᠡᠭᠰᠡᠨ ᠥᠷᠭᠡᠨ ᠣᠯᠠᠨ ᠰᠦᠯᠵᠢᠶᠡᠨ ᠠᠨᠳᠠ ᠨᠠᠷ ᠲᠠᠭᠠᠨ ᠴᠢᠩ | ᠰᠡᠳᠬᠢᠯ ᠠᠴᠠ ᠪᠠᠨ ᠲᠠᠯᠠᠷᠬᠠᠵᠤ ᠪᠠᠶᠢᠨ᠎ᠠ᠃ | ᠬᠥᠲᠥᠯᠥᠭᠴᠢ᠄ | ᠶᠠᠭᠤᠨ ᠤ ᠤᠷᠢᠳ ᠲᠠ ᠣᠶᠢᠷ᠎ᠠ ᠶᠢᠨ ᠵᠢᠯ ᠤᠳ ᠲᠤ ᠪᠢᠳᠠ ᠶᠠᠮᠠᠷ ᠶᠠᠮᠠᠷ ᠴᠢᠬᠤᠯᠠ ᠶᠡᠭᠡ ᠲᠥᠷᠥ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠦᠭᠰᠡᠨ ᠢ ᠲᠠᠨᠢᠯᠴᠠᠭᠤᠯᠤᠭᠠᠳ ᠥᠭᠭᠦᠨ᠎ᠡ ᠤᠤ︖ | ᠲᠠᠨ ᠡᠾᠧᠩ᠄ | ᠣᠶᠢᠷ᠎ᠠ ᠶᠢᠨ ᠵᠢᠯ ᠳᠤ᠂ ᠠᠵᠤ ᠠᠬᠤᠶ ᠶᠢᠨ ᠳᠤᠮᠳᠠ ᠳᠡᠭᠡᠳᠦ ᠬᠤᠷᠳᠤᠴᠠ ᠪᠠᠷ ᠨᠡᠮᠡᠭᠳᠡᠬᠦ ᠶᠢ ᠠᠬᠢᠭᠤᠯᠵᠤ᠂ | ᠳᠤᠮᠳᠠ ᠳᠡᠭᠡᠳᠦ ᠳᠡᠰ ᠵᠦᠭ ᠳᠠᠪᠰᠢᠭᠤᠯᠬᠤ ᠶᠢ ᠠᠬᠢᠭᠤᠯᠬᠤ ᠶᠢᠨ ᠲᠤᠯᠠᠳᠠ᠂ ᠨᠠᠮ ᠤᠨ ᠲᠥᠪ ᠬᠤᠷᠢᠶ᠎ᠠ᠂ | ᠲᠥᠷᠥ ᠶᠢᠨ ᠶᠠᠪᠤᠳᠠᠯ ᠤᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠠᠯᠢ ᠤᠯᠠᠨ ᠴᠢᠬᠤᠯᠠ ᠶᠡᠭᠡ | ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠬᠡᠷᠡᠭᠵᠢᠭᠦᠯᠪᠡ᠂ ᠭᠠᠶᠢᠯᠢ ᠶᠢᠨ ᠲᠦᠷᠢᠮ ᠤᠨ ᠥᠭᠡᠷᠡᠴᠢᠯᠡᠯᠲᠡ ᠪᠣᠯᠣᠨ | ᠭᠠᠶᠢᠯᠢ ᠬᠠᠰᠤᠵᠤ ᠬᠡᠯᠲᠦᠷᠢᠭᠦᠯᠬᠦ ᠲᠦᠷᠦ ᠶᠢᠨ ᠪᠤᠳᠤᠯᠭ᠎ᠠ ᠪᠣᠯ ᠡᠭᠦᠨ ᠤ ᠳᠣᠲᠣᠷᠠᠬᠢ ᠴᠢᠬᠤᠯᠠ ᠨᠢᠭᠡ ᠲᠠᠯ᠎ᠠ | ᠪᠣᠯᠤᠨ᠎ᠠ᠃ ᠡᠭᠦᠨ ᠳᠤ ᠭᠤᠣᠯᠳᠠᠭᠤ ᠳᠣᠣᠷᠠᠬᠢ ᠠᠭᠤᠯᠭ᠎ᠠ ᠤᠳ ᠪᠠᠭᠲᠠᠨ᠎ᠠ᠄ ᠨᠢᠭᠡ ᠳᠤ 2013 ᠣᠨ ᠤ 8 | ᠳ᠋ᠤᠭᠠᠷ ᠰᠠᠷ᠎ᠠ ᠶᠢᠨ 1 ᠤ ᠡᠳᠦᠷ ᠠᠴᠠ ᠪᠥᠬᠦ ᠣᠷᠣᠨ ᠤ ᠵᠠᠮ ᠲᠡᠭᠡᠭᠡᠪᠦᠷᠢ ᠶᠢᠨ ᠦᠢᠯᠡᠰ ᠪᠣᠯᠣᠨ ᠬᠡᠰᠡᠭ ᠣᠳᠣ | ᠦᠶ᠎ᠡ ᠶᠢᠨ ᠦᠢᠯᠡᠴᠢᠯᠡᠭᠡᠨ ᠤ ᠦᠢᠯᠡᠰ ᠲᠤ ᠡᠵᠡᠩᠨᠡᠯᠲᠡ ᠶᠢᠨ ᠭᠠᠶᠢᠯᠢ ᠶᠢ ᠦᠷᠲᠡᠭ ᠨᠡᠮᠡᠭᠳᠡᠯ ᠤᠨ ᠭᠠᠶᠢᠯᠢ ᠪᠣᠯᠭᠠᠨ | ᠥᠭᠡᠷᠡᠴᠢᠯᠡᠬᠦ ᠲᠤᠷᠰᠢᠯᠲᠠ ᠬᠢᠵᠦ᠂ 2016 ᠣᠨ ᠤ 5 ᠳ᠋ᠤᠭᠠᠷ ᠰᠠᠷ᠎ᠠ ᠶᠢᠨ1 ᠤ ᠡᠳᠦᠷ ᠪᠣᠯᠬᠤ ᠳᠤ ᠮᠥᠩᠭᠦᠨ | ᠭᠦᠢᠯᠭᠡᠭᠡᠨ ᠤ ᠦᠢᠯᠡᠰ ᠵᠡᠷᠭᠡ ᠳᠥᠷᠪᠡᠨ ᠲᠣᠮᠣ ᠠᠵᠢᠯ ᠲᠥᠷᠥᠯ ᠳᠤ ᠪᠦᠬᠦ ᠲᠠᠯ᠎ᠠ ᠪᠠᠷ ᠳᠡᠯᠭᠡᠷᠡᠭᠦᠯᠦᠨ᠂ ᠪᠤᠢ | ᠪᠦᠬᠦᠢ ᠡᠳ᠋ ᠪᠠᠷᠠᠭ᠎ᠠ᠂ ᠦᠢᠯᠡᠴᠢᠯᠡᠭᠡᠨ ᠤ ᠪᠤᠢ ᠪᠦᠭᠦᠢ ᠵᠠᠩᠭᠢᠯᠠᠭ᠎ᠠ ᠨᠤᠭᠤᠳ ᠲᠤ ︽ᠪᠦᠷᠢᠨ ᠪᠥᠷᠬᠦᠭᠦᠯᠬᠦ︾ ᠶᠢ | ᠠᠯᠬᠤᠮ ᠠᠯᠬᠤᠮ ᠢᠶᠠᠷ ᠪᠡᠶᠡᠯᠡᠭᠦᠯᠪᠡ᠃ 2016 ᠣᠨ ᠤ ᠵᠢᠯ ᠤᠨ ᠡᠴᠦᠰ ᠪᠣᠯᠬᠤ ᠳᠤ᠂ ᠪᠥᠬᠦ ᠣᠷᠣᠨ ᠳᠤ ︽ | ᠪᠣᠶ ᠪᠥᠬᠦᠶ ᠠᠵᠢᠯ ᠲᠥᠷᠥᠯ ᠤᠨ ᠭᠠᠶᠢᠯᠢ ᠶᠢᠨ ᠡᠭᠦᠷᠭᠡᠯᠡᠯ ᠢ ᠬᠠᠰᠤᠭᠳᠠᠭᠤᠯᠬᠤ ᠠᠴᠠ ᠪᠢᠰᠢ ᠨᠡᠮᠡᠭᠳᠡᠭᠦᠯᠬᠦ ᠦᠭᠡᠶ | ᠪᠠᠶᠢᠬᠤ︾ ᠥᠭᠡᠷᠡᠴᠢᠯᠡᠯᠲᠡ ᠶᠢᠨ ᠬᠠᠷᠠᠯᠲᠠ ᠶᠢ ᠪᠦᠬᠦ ᠲᠠᠯ᠎ᠠ ᠪᠠᠷ ᠪᠡᠶᠡᠯᠡᠭᠦᠯᠦᠨ᠂ ᠳᠥᠷᠪᠡᠨ ᠲᠣᠮᠣ ᠠᠵᠢᠯ | ᠲᠥᠷᠥᠯ ᠤᠨ ᠭᠠᠶᠢᠯᠢ ᠲᠤᠰᠢᠶᠠᠭᠴᠢ ᠶᠢᠨ ᠭᠠᠶᠢᠯᠢ ᠶᠢ 18.53 ᠳ᠋ᠦᠩᠰᠢᠭᠤᠷ ᠲᠦᠬᠦᠷᠢᠭ ᠬᠠᠰᠤᠵᠤ᠂ ᠭᠠᠶᠢᠯᠢ | ᠬᠠᠰᠤᠭᠰᠠᠨ ᠭᠠᠶᠢᠯᠢ ᠲᠤᠰᠢᠶᠠᠭᠴᠢ ᠶᠢᠨ ᠡᠷᠦᠬᠡ ᠶᠢᠨ ᠲᠣᠭᠠᠨ ᠤ ᠬᠠᠷᠢᠴᠠᠯ ᠨᠢ 99.22% ᠲᠤ ᠬᠦᠷᠴᠦ᠂ ︽ | 3 + 7︾ ᠠᠵᠢᠯ ᠲᠥᠷᠥᠯ ᠤᠨ 21.41 ᠳ᠋ᠦᠩᠰᠢᠭᠤᠷ ᠲᠥᠭᠦᠷᠢᠭ ᠤᠨ ᠭᠠᠶᠢᠯᠢ ᠶᠢ ᠬᠠᠰᠤᠵᠤ᠂ ᠤᠤᠯ ᠤᠨ | ᠥᠷᠲᠡᠭ ᠨᠡᠮᠡᠭᠳᠡᠯ ᠤᠨ ᠭᠠᠶᠢᠯᠢ ᠲᠤᠰᠢᠶᠠᠭᠴᠢ ᠶᠢᠨ 35.76 ᠳ᠋ᠦᠩᠰᠢᠭᠤᠷ ᠲᠥᠭᠦᠷᠢᠭ ᠤᠨ ᠭᠠᠶᠢᠯᠢ ᠶᠢ ᠬᠠᠰᠤᠵᠤ᠂ | ᠡᠵᠡᠩᠨᠡᠯᠲᠡ ᠶᠢᠨ ᠭᠠᠶᠢᠯᠢ ᠶᠢ ᠥᠷᠳᠡᠭ ᠨᠡᠮᠡᠭᠳᠡᠯ ᠤᠨ ᠭᠠᠶᠢᠯᠢ ᠪᠣᠯᠭᠠᠨ ᠥᠭᠡᠷᠡᠴᠢᠯᠡᠭᠡᠳ ᠨᠡᠶᠢᠲᠡ 75.7 | ᠳ᠋ᠦᠩᠰᠢᠭᠤᠷ ᠲᠥᠭᠦᠷᠢᠭ ᠤᠨ ᠭᠠᠶᠢᠯᠢ ᠬᠠᠰᠤᠪᠠ︔ ᠬᠤᠶᠠᠷ ᠲᠤ ᠵᠢᠵᠢᠭ ᠬᠡᠯᠪᠡᠷᠢ ᠶᠢᠨ ᠥᠴᠦᠬᠡᠨ ᠠᠰᠢᠭᠲᠤ ᠠᠵᠤ | ᠠᠬᠤᠶᠢᠯᠠᠯ ᠠᠴᠠ ᠣᠯᠵᠠᠪᠤᠷᠢ ᠶᠢᠨ ᠭᠠᠶᠢᠯᠢ ᠶᠢ ᠬᠠᠭᠠᠰ ᠢᠶᠠᠷ ᠬᠠᠰᠤᠵᠤ ᠲᠠᠲᠠᠪᠤᠷᠢᠯᠠᠬᠤ ᠲᠦᠷᠦ ᠶᠢᠨ ᠪᠤᠳᠤᠯᠭ᠎ᠠ ᠶᠢᠨ | ᠲᠣᠬᠢᠷᠠᠬᠤ ᠬᠦᠷᠢᠶ᠎ᠡ ᠬᠡᠪᠴᠢᠶ᠎ᠡ ᠶᠢ ᠤᠷᠢᠳ ᠬᠤᠵᠢᠳ 4 ᠤᠳᠠᠭ᠎ᠠ ᠥᠷᠭᠡᠳᠬᠡᠨ᠂ ᠵᠢᠯ ᠤᠨ ᠭᠠᠶᠢᠯᠢ ᠲᠤᠰᠢᠶᠠᠬᠤ | ᠶᠣᠰᠣᠲᠠᠶ ᠣᠯᠵᠠᠪᠤᠷᠢ ᠶᠢᠨ ᠲᠤᠭ᠎ᠠ ᠨᠢ ᠤᠤᠯ ᠳᠠᠭᠠᠨ 3 ᠲᠦᠮᠡᠨ ᠲᠥᠭᠦᠷᠢᠭ ᠪᠠᠶᠢᠭᠰᠠᠨ ᠠᠴᠠ ᠨᠢ ᠠᠯᠬᠤᠮ | ᠠᠯᠬᠤᠮ ᠪᠠᠷ 30 ᠲᠦᠮᠡᠨ ᠲᠥᠭᠦᠷᠢᠭ ᠪᠣᠯᠭᠠᠨ ᠳᠡᠭᠡᠭᠰᠢᠯᠡᠭᠦᠯᠪᠡ︔ ᠭᠤᠷᠪᠠ ᠳᠤ᠂ ᠵᠢᠵᠢᠭ ᠪᠢᠴᠢᠯ ᠠᠵᠤ | ᠠᠬᠤᠶᠢᠯᠠᠯ ᠢ ᠦᠷᠳᠡᠭ ᠨᠡᠮᠡᠭᠳᠡᠯ ᠤᠨ ᠭᠠᠶᠢᠯᠢ ᠶᠢ ᠬᠡᠯᠲᠦᠷᠢᠭᠦᠯᠬᠦ ᠨᠥᠬᠦᠴᠡᠯ ᠢ ᠬᠤᠶᠠᠷ ᠣᠳᠠᠭ᠎ᠠ ᠠᠭᠤᠵᠢᠭᠤ | ᠲᠠᠯᠪᠢᠵᠤ᠂ ᠰᠠᠷ᠎ᠠ ᠶᠢᠨ ᠪᠣᠷᠣᠯᠠᠭᠤᠯᠤᠯᠲᠠ ᠶᠢᠨ ᠲᠤᠭ᠎ᠠ ᠨᠢ 5000 ᠲᠥᠭᠦᠷᠢᠭ ᠠᠴᠠ ᠪᠠᠶᠢᠭᠰᠠᠨ ᠠᠴᠠ ᠨᠢ 3 | ᠲᠦᠮᠡᠨ ᠲᠥᠭᠦᠷᠢᠭ ᠪᠣᠯᠭᠠᠨ ᠳᠡᠭᠡᠭᠰᠢᠯᠡᠭᠦᠯᠪᠡ︔ ᠲᠦᠷᠪᠡ ᠳᠤ᠂ ᠰᠤᠳᠤᠯᠤᠨ ᠨᠡᠭᠡᠭᠡᠬᠦ ᠵᠠᠷᠤᠳᠠᠯ ᠢ ᠨᠡᠮᠡᠨ ᠪᠤᠳᠤᠵᠤ | ᠰᠠᠭᠤᠳᠬᠠᠨ ᠠᠪᠬᠤ ᠳᠦᠷᠦ ᠶᠢᠨ ᠪᠤᠲᠤᠯᠭ᠎ᠠ ᠶᠢᠨ ᠬᠡᠷᠡᠭᠵᠢᠭᠦᠯᠬᠦ ᠬᠡᠪᠴᠢᠶ᠎ᠡ ᠶᠢ 2 ᠤᠳᠠᠭ᠎ᠠ ᠥᠷᠭᠡᠳᠬᠡᠨ᠂ ᠵᠦᠩ | ᠭᠤᠸᠠᠨ ᠴᠦᠨ ᠤ ᠭᠠᠶᠢᠯᠢ ᠲᠠᠲᠠᠪᠤᠷᠢ ᠶᠢᠨ ᠲᠥᠷᠥ ᠶᠢᠨ ᠪᠣᠳᠣᠯᠭ᠎ᠠ ᠶᠢ ᠪᠦᠬᠦ ᠤᠯᠤᠰ ᠳᠠᠶᠠᠭᠠᠷ ᠲᠤ | ᠳᠡᠯᠭᠡᠷᠡᠭᠦᠯᠪᠡ ︔ ᠲᠠᠪᠤ ᠳᠤ ᠭᠤᠣᠯᠳᠠᠯᠭ᠎ᠠ ᠲᠠᠢ ᠳᠡᠮᠵᠢᠬᠦ 6 ᠠᠵᠢᠯ ᠲᠦᠷᠦᠯ ᠳᠤ ᠲᠣᠭᠲᠠᠮᠠᠯ ᠬᠥᠷᠥᠩᠭᠡ ᠶᠢᠨ | ᠡᠯᠡᠭᠳᠡᠯ ᠢ ᠲᠦᠷᠭᠡᠳᠬᠡᠬᠦ ᠨᠡᠩ ᠢᠯᠡᠭᠦᠦ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ | ᠲᠠᠷᠠᠭ᠎ᠠ ᠪᠠᠷ ᠨᠢ 10 ᠠᠵᠢᠯ ᠲᠥᠷᠥᠯ ᠪᠣᠯᠭᠠᠨ ᠥᠷᠭᠡᠳᠬᠡᠪᠡ᠃ ᠵᠢᠷᠭᠤᠭ᠎ᠠ ᠳᠤ ᠳᠡᠭᠡᠳᠦ ᠰᠢᠨ᠎ᠡ ᠮᠡᠷᠭᠡᠵᠢᠯ ᠤᠨ | ᠠᠵᠤ ᠠᠬᠤᠶᠢᠯᠠᠯ ᠢ ᠦᠨᠡᠮᠰᠢᠨ ᠲᠣᠭᠲᠠᠭᠠᠬᠤ ᠬᠦᠷᠢᠶ᠎ᠡ ᠬᠡᠪᠴᠢᠶ᠎ᠡ ᠶᠢ ᠡᠮᠬᠢ ᠵᠢᠷᠤᠮ ᠲᠠᠢ ᠪᠠᠷ ᠥᠷᠭᠡᠳᠭᠡᠵᠦ᠂ | ᠦᠨᠡᠮᠰᠢᠨ ᠲᠣᠭᠲᠠᠭᠠᠬᠤ ᠭᠠᠷᠳᠠᠮ ᠢ ᠳᠦᠭᠦᠮᠴᠢᠯᠡᠪᠡ᠃ | ᠬᠥᠲᠥᠯᠥᠭᠴᠢ᠄ | ᠭᠠᠶᠢᠯᠢ ᠲᠠᠲᠠᠪᠤᠷᠢ ᠶᠢᠨ ᠲᠦᠷᠢᠮ ᠤᠨ ᠥᠭᠡᠷᠡᠴᠢᠯᠡᠯᠲᠡ ᠪᠣᠯᠣᠨ ᠭᠠᠶᠢᠯᠢ ᠬᠠᠰᠤᠵᠤ ᠬᠡᠯᠲᠦᠷᠢᠭᠦᠯᠬᠦ | ᠲᠦᠷᠦ ᠶᠢᠨ ᠪᠤᠳᠤᠯᠭ᠎ᠠ ᠨᠢ ᠥᠪᠡᠷᠲᠡᠭᠡᠨ ᠵᠠᠰᠠᠬᠤ ᠣᠷᠣᠨ ᠤ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ | ᠴᠢᠨᠠᠷᠲᠠᠶ ᠥᠭᠡᠷᠡᠴᠢᠯᠡᠯᠲᠡ ᠶᠢ ᠠᠬᠢᠭᠤᠯᠬᠤ ᠪᠠ ᠠᠵᠤ ᠠᠬᠤᠶ ᠶᠢᠨ ᠬᠡᠯᠪᠡᠷᠢ ᠪᠠᠨ ᠬᠤᠪᠢᠷᠠᠭᠤᠯᠤᠨ ᠲᠡᠰ | ᠳᠡᠪᠰᠢᠭᠦᠯᠬᠦ ᠳᠤ ᠶᠠᠮᠠᠷ ᠦᠢᠯᠡᠳᠦᠯ ᠦᠵᠡᠭᠦᠯᠦᠭᠰᠡᠨ ᠪᠤᠢ︖ | ᠲᠠᠨ ᠾᠧᠩ᠄ | ᠮᠠᠨ ᠤ ᠣᠷᠣᠨ ᠤ ᠠᠵᠤ ᠠᠬᠤᠶ ᠶᠢᠨ ᠬᠥᠭᠵᠢᠯᠲᠡ ᠰᠢᠨ᠎ᠡ ᠬᠡᠪ ᠪᠠᠶᠢᠳᠠᠯ ᠳᠤ ᠣᠷᠣᠬᠤ ᠶᠢ ᠳᠠᠭᠠᠯᠳᠤᠨ᠂ | 2012 ᠣᠨ ᠠᠴᠠ 2016 ᠣᠨ ᠪᠣᠯᠲᠠᠯ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | GDP ᠶᠢᠨ ᠨᠡᠮᠡᠭᠳᠡᠯ ᠨᠢ 10.59% ᠪᠠᠶᠢᠭᠰᠠᠨ ᠠᠴᠠ ᠪᠠᠨ ᠢᠳᠡᠭ ᠢᠳᠡᠭ ᠢᠶᠠᠷ 7.3% ᠣᠷᠴᠢᠮ ᠪᠣᠯᠣᠨ | ᠪᠠᠭᠤᠷᠠᠵᠤ᠂ ᠨᠡᠮᠡᠭᠳᠡᠯ ᠨᠢ 3.29 ᠵᠠᠭᠤᠨ ᠤ ᠴᠡᠭ ᠪᠠᠭᠤᠷᠠᠪᠠ᠃ ᠡᠨᠡ ᠬᠦ 7.3% ᠣᠷᠴᠢᠮ ᠤᠨ ᠨᠡᠮᠡᠭᠳᠡᠯ ᠤᠨ | ᠬᠡᠮᠵᠢᠶ᠎ᠡ ᠨᠢ ᠶᠠᠰᠤ ᠴᠢᠨᠠᠷ ᠢ ᠳᠡᠭᠡᠭᠰᠢᠯᠡᠭᠦᠯᠬᠦ᠂ ᠪᠦᠲᠦᠴᠡ ᠶᠢ ᠰᠢᠯᠢᠳᠡᠭᠵᠢᠭᠦᠯᠬᠦ᠂ ᠠᠵᠤ ᠦᠢᠯᠡᠰ ᠳᠡᠰ ᠢ | ᠳᠡᠪᠰᠢᠭᠦᠯᠬᠦ᠂ ᠬᠥᠳᠡᠯᠭᠡᠭᠴᠢ ᠡᠨᠧᠷᠭᠢ ᠶᠢᠨ ᠰᠣᠯᠢᠯᠲᠠ ᠳᠤᠮᠳᠠ ᠪᠡᠶᠡᠯᠡᠭᠦᠯᠦᠭᠰᠡᠨ ᠪᠣᠯᠬᠤᠷ ᠨᠡᠩ ᠡᠷᠬᠢᠮ ᠨᠠᠨᠳᠢᠨ | ᠪᠣᠯᠬᠤ ᠶᠤᠮ᠃ ᠭᠠᠶᠢᠯᠢ ᠬᠠᠰᠤᠵᠤ ᠬᠡᠯᠲᠦᠷᠢᠭᠦᠯᠬᠦ ᠪᠠᠷ ᠭᠤᠣᠯ ᠠᠭᠤᠯᠭ᠎ᠠ ᠪᠣᠯᠭᠠᠭᠰᠠᠨ ᠠᠯᠢ ᠤᠯᠠᠨ ᠭᠠᠶᠢᠯᠢ ᠶᠢᠨ | ᠲᠦᠷᠢᠮ ᠤᠨ ᠥᠭᠡᠷᠡᠴᠢᠯᠡᠯᠲᠡ ᠪᠠ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢ | ᠦᠷᠭᠦᠯᠵᠢᠯᠡᠨ ᠬᠦᠴᠦᠯᠡᠬᠦ ᠶᠢ ᠳᠠᠭᠠᠯᠳᠤᠨ᠂ ᠮᠠᠨ ᠤ ᠣᠷᠣᠨ ᠤ ᠤᠯᠤᠰ ᠤᠨ ᠭᠠᠶᠢᠯᠢ ᠶᠢᠨ ᠰᠠᠯᠠᠭ᠎ᠠ ᠮᠥᠴᠢᠷ ᠤᠨ | ᠵᠣᠬᠢᠶᠠᠨ ᠪᠠᠶᠢᠭᠤᠯᠤᠭᠰᠠᠨ ᠭᠠᠶᠢᠯᠢ ᠲᠠᠲᠠᠪᠤᠷᠢ ᠶᠢᠨ ᠣᠷᠣᠯᠭ᠎ᠠ ᠶᠢᠨ ᠨᠡᠮᠡᠭᠳᠡᠯ ᠨᠢ 2012 ᠣᠨ ᠳᠤ 4.1% | ᠪᠠᠶᠢᠭᠰᠠᠨ ᠠᠴᠠ ᠪᠠᠨ ᠪᠠᠭᠤᠷᠠᠭᠠᠳ 2016 ᠣᠨ ᠳᠤ 0.7% ᠪᠣᠯᠵᠤ ︵ᠰᠢᠨ᠎ᠡ ᠡᠵᠡᠩᠨᠡᠯᠲᠡ ᠶᠢᠨ ᠭᠠᠶᠢᠯᠢ ᠶᠢ | ᠦᠷᠳᠡᠭ ᠨᠡᠮᠡᠭᠳᠡᠯ ᠤᠨ ᠭᠠᠶᠢᠯᠢ ᠪᠣᠯᠭᠠᠨ ᠥᠭᠡᠷᠡᠴᠢᠯᠡᠬᠦ ᠳᠥᠷᠪᠡᠨ ᠶᠡᠭᠡ ᠠᠵᠢᠯ ᠲᠥᠷᠥᠯ ᠤᠨ ᠬᠠᠷᠢᠴᠠᠭᠤᠯᠵᠤ | ᠪᠣᠯᠤᠰᠢ ᠦᠬᠡᠢ ᠡᠯᠧᠮᠧᠨ᠋ᠲ ᠢ ᠬᠠᠰᠤᠪᠠ︶᠂ 3.4 ᠵᠠᠭᠤᠨ ᠤ ᠴᠡᠭ ᠪᠠᠭᠤᠷᠠᠵᠤ᠂ ᠠᠳᠠᠯᠢ ᠬᠤᠭᠤᠴᠠᠭᠠᠨ ᠤ | GDP ᠶᠢᠨ ᠨᠡᠮᠡᠭᠳᠡᠯ ᠤᠨ ᠪᠠᠭᠤᠷᠠᠯᠲᠠ ᠠᠴᠠ ᠪᠠᠰᠠ ᠢᠯᠡᠭᠦᠦ ᠰᠢᠭ ᠪᠣᠯᠪᠠ᠃ ᠡᠭᠦᠨ ᠳᠤ ᠬᠡᠳᠦ᠋ᠢᠪᠡᠷ ᠣᠯᠠᠨ | ᠵᠦᠢᠯ ᠤᠨ ᠰᠢᠯᠲᠠᠭᠠᠨ ᠪᠠᠶᠢᠬᠤ ᠪᠣᠯᠪᠠᠴᠤ ᠭᠠᠶᠢᠯᠢ ᠬᠠᠰᠤᠵᠤ ᠬᠡᠯᠲᠦᠷᠢᠭᠦᠯᠦᠭᠰᠡᠨ ᠨᠢ ᠴᠢᠬᠤᠯᠠ ᠰᠢᠯᠲᠠᠭᠠᠨ ᠤ ᠨᠢᠭᠡ | ᠨᠢ ᠪᠣᠯᠬᠤ ᠨᠢ ᠳᠠᠮᠵᠢᠭ ᠦᠭᠡᠢ᠃ 2012 ᠣᠨ ᠠᠴᠠ 2016 ᠪᠣᠯᠲᠠᠯ᠎ᠠ᠂ ᠪᠦᠬᠦ ᠣᠷᠣᠨ ᠤ ᠤᠯᠤᠰ ᠤᠨ | ᠭᠠᠶᠢᠯᠢ ᠶᠢᠨ ᠶᠠᠪᠤᠳᠠᠯ ᠤᠨ ᠰᠢᠰᠲ᠋ᠧᠮ 100.4 ᠳ᠋ᠦᠩᠰᠢᠭᠤᠷ ᠲᠥᠭᠦᠷᠢᠭ ᠤᠨ ᠭᠠᠶᠢᠯᠢ ᠬᠠᠰᠤᠵᠤ ᠬᠡᠯᠲᠦᠷᠢᠭᠦᠯᠵᠦ | ᠪᠠᠶᠢᠭᠰᠠᠨ ᠠᠴᠠ ᠪᠠᠨ 199.5 ᠳ᠋ᠦᠩᠰᠢᠭᠤᠷ ᠲᠥᠭᠦᠷᠢᠭ ᠪᠣᠯᠭᠠᠨ ᠨᠡᠮᠡᠭᠳᠡᠭᠦᠯᠵᠦ᠂ ᠲᠤᠰ ᠵᠢᠯ ᠤᠨ ᠭᠠᠶᠢᠯᠢ ᠶᠢᠨ | ᠣᠷᠣᠯᠭ᠎ᠠ ᠶᠢᠨ ᠬᠠᠷᠢᠴᠠᠯ ᠤᠨ 9% ᠶᠢ ᠡᠵᠡᠯᠡᠵᠦ ᠪᠠᠶᠢᠭᠰᠠᠨ ᠠᠴᠠ ᠪᠠᠨ 20.3% ᠪᠣᠯᠣᠨ ᠳᠡᠭᠡᠭᠰᠢᠯᠡᠪᠡ᠃ | ᠭᠠᠶᠢᠯᠢ ᠲᠠᠲᠠᠪᠤᠷᠢ ᠶᠢᠨ ᠣᠷᠣᠯᠭ᠎ᠠ ᠶᠢᠨ ᠨᠡᠮᠡᠭᠳᠡᠯ ᠦᠷᠭᠦᠯᠵᠢᠯᠡᠨ ᠪᠠᠭᠤᠷᠠᠭᠰᠠᠨ ᠪᠠ ᠬᠠᠰᠤᠵᠤ ᠬᠡᠯᠲᠦᠷᠢᠭᠦᠯᠬᠦ | ᠶᠠᠪᠤᠳᠠᠯ ᠲᠠᠰᠤᠷᠠᠯᠳᠠ ᠦᠭᠡᠢ ᠳᠡᠭᠡᠭᠰᠢᠯᠡᠭᠰᠡᠨ ᠨᠢ ᠭᠠᠶᠢᠯᠢ ᠬᠠᠰᠤᠵᠤ ᠬᠡᠯᠲᠦᠷᠢᠭᠦᠯᠬᠦ ᠠᠯᠢ ᠣᠯᠠᠨ ᠲᠦᠷᠦ ᠶᠢᠨ | ᠪᠤᠳᠤᠯᠭ᠎ᠠ ᠨᠢ ᠭᠠᠶᠢᠯᠢ ᠲᠤᠰᠢᠶᠠᠭᠴᠢᠳ ᠲᠤ ᠲᠥᠷᠥ ᠶᠢᠨ ᠪᠣᠳᠣᠯᠭ᠎ᠠ ᠶᠢᠨ ᠠᠰᠢᠭ ᠬᠦᠷᠲᠡᠭᠡᠭᠰᠡᠨ ᠢ | ᠲᠣᠳᠣᠷᠬᠠᠶᠢᠯᠠᠪᠠ᠃ ᠭᠠᠶᠢᠯᠢ ᠶᠢᠨ ᠲᠦᠷᠢᠮ ᠤᠨ ᠥᠭᠡᠷᠡᠴᠢᠯᠡᠯᠲᠡ ᠪᠠ ᠭᠠᠶᠢᠯᠢ ᠬᠠᠰᠤᠵᠤ ᠬᠡᠯᠲᠦᠷᠢᠭᠦᠯᠬᠦ | ᠲᠦᠷᠦ ᠶᠢᠨ ᠪᠤᠳᠤᠯᠭ᠎ᠠ ᠨᠢ ᠭᠠᠶᠢᠯᠢ ᠲᠤᠰᠢᠶᠠᠭᠴᠢ ᠶᠢᠨ ᠭᠠᠶᠢᠯᠢ ᠲᠠᠲᠠᠪᠤᠷᠢ ᠶᠢᠨ ᠡᠭᠦᠷᠭᠡᠯᠡᠯ ᠢ ᠰᠢᠭᠤᠳ | ᠬᠥᠩᠭᠡᠯᠡᠭᠰᠡᠨ ᠢᠶᠠᠷ ᠪᠠᠷᠠᠬᠤ ᠦᠭᠡᠢ ᠪᠠᠰᠠ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ | ᠪᠣᠯᠣᠨ ᠭᠠᠶᠢᠯᠢ ᠲᠤᠰᠢᠶᠠᠭᠴᠢ ᠶᠢᠨ ᠬᠡᠯᠪᠡᠷᠢ ᠪᠠᠨ ᠬᠤᠪᠢᠷᠠᠭᠤᠯᠵᠤ ᠲᠡᠰ ᠳᠡᠪᠰᠢᠭᠦᠯᠬᠦ ᠶᠢ ᠠᠬᠢᠭᠤᠯᠵᠤ᠂ ᠦᠢ | ᠣᠯᠠᠨ ᠢᠶᠠᠷ ᠢᠶᠠᠨ ᠠᠳᠠᠯ ᠦᠢᠯᠡᠰ ᠴᠣᠭᠴᠠᠯᠠᠵᠤ᠂ ᠲᠦᠭ ᠲᠦᠮᠡᠨ ᠤᠯᠠᠨ ᠢᠶᠠᠷ ᠢᠶᠠᠨ ᠰᠢᠨ᠎ᠡ ᠶᠢ ᠡᠭᠦᠳᠬᠦ ᠶᠢ | ᠵᠣᠷᠢᠭᠵᠢᠭᠤᠯᠵᠤ᠂ ᠠᠵᠤ ᠠᠬᠤᠶ ᠶᠢᠨ ᠨᠡᠮᠡᠭᠳᠡᠯ ᠢ ᠲᠣᠭᠲᠠᠪᠤᠷᠢᠵᠢᠭᠤᠯᠬᠤ ᠪᠠ ᠵᠠᠬ᠎ᠠ ᠳᠡᠯᠭᠡᠭᠦᠷ ᠤᠨ ᠠᠮᠢᠵᠢᠷᠠᠯ ᠤᠨ | ᠬᠦᠴᠦᠨ ᠢ ᠨᠡᠮᠡᠭᠳᠡᠭᠦᠯᠬᠦ ᠳᠤ ᠠᠬᠢᠭᠤᠯᠬᠤ ᠦᠢᠯᠡᠳᠦᠯ ᠦᠵᠡᠭᠦᠯᠵᠡᠢ᠃ | ᠬᠥᠲᠥᠯᠥᠭᠴᠢ᠄ | ᠲᠠ ᠡᠵᠡᠩᠨᠡᠯᠲᠡ ᠶᠢᠨ ᠭᠠᠶᠢᠯᠢ ᠶᠢ ᠦᠷᠳᠡᠭ ᠨᠡᠮᠡᠭᠳᠡᠯ ᠤᠨ ᠭᠠᠶᠢᠯᠢ ᠪᠣᠯᠭᠠᠨ ᠥᠭᠡᠷᠡᠴᠢᠯᠡᠭᠰᠡᠨ ᠨᠢ ᠪᠣᠳᠠᠲᠤ | ᠴᠣᠭᠴᠠ ᠶᠢᠨ ᠠᠵᠤ ᠠᠬᠤᠶ ᠳᠤ ᠶᠠᠮᠠᠷ ᠨᠥᠯᠥᠭᠡ ᠦᠵᠡᠭᠦᠯᠦᠭᠰᠡᠨ ᠢ ᠶᠠᠷᠢᠭᠠᠳ ᠥᠭᠭᠦᠨ᠎ᠡ ᠦᠦ︖ | ᠲᠠᠨ ᠾᠧᠩ᠄ | ᠡᠵᠡᠩᠨᠡᠯᠲᠡ ᠶᠢᠨ ᠭᠠᠶᠢᠯᠢ ᠶᠢ ᠦᠷᠳᠡᠭ ᠨᠡᠮᠡᠭᠳᠡᠯ ᠤᠨ ᠭᠠᠶᠢᠯᠢ ᠪᠣᠯᠭᠠᠨ ᠥᠭᠡᠷᠡᠴᠢᠯᠡᠭᠰᠡᠨ ᠪᠠ ᠭᠠᠶᠢᠯᠢ | ᠲᠠᠲᠠᠪᠤᠷᠢ ᠶᠢᠨ ᠠᠯᠢ ᠤᠯᠠᠨ ᠬᠠᠷᠠᠭᠠᠯᠵᠠᠯ ᠤᠨ ᠲᠥᠷᠥ ᠶᠢᠨ ᠪᠤᠳᠤᠯᠭ᠎ᠠ ᠨᠢ ᠠᠵᠤ ᠦᠢᠯᠡᠳᠪᠦᠷᠢ ᠶᠢᠨ ᠠᠵᠤ | ᠠᠬᠤᠶᠢᠯᠠᠯ ᠵᠡᠷᠭᠡ ᠪᠣᠳᠠᠲᠤ ᠴᠣᠭᠴᠠ ᠶᠢᠨ ᠠᠵᠤ ᠠᠬᠤᠶ ᠳᠤ ᠠᠰᠢᠭ ᠬᠦᠷᠲᠡᠭᠡᠵᠦ᠂ ᠲᠣᠩ ᠢᠳᠡᠪᠬᠢᠲᠡᠶ ᠦᠢᠯᠡᠳᠦᠯ | ᠦᠵᠡᠭᠦᠯᠦᠭᠰᠡᠨ ᠪᠠᠶᠢᠨ᠎ᠠ᠃ ᠡᠵᠡᠩᠨᠡᠯᠲᠡ ᠶᠢᠨ ᠭᠠᠶᠢᠯᠢ ᠶᠢ ᠦᠷᠳᠡᠭ ᠨᠡᠮᠡᠭᠳᠡᠯ ᠤᠨ ᠭᠠᠶᠢᠯᠢ ᠪᠣᠯᠭᠠᠨ | ᠥᠭᠡᠷᠡᠴᠢᠯᠡᠭᠰᠡᠨ ᠢᠶᠠᠷ ᠠᠪᠴᠤ ᠬᠡᠯᠡᠪᠡᠯ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠪᠣᠯ ᠤᠤᠯ ᠳᠠᠭᠠᠨ ᠥᠷᠲᠡᠭ | ᠨᠡᠮᠡᠭᠳᠡᠯ ᠤᠨ ᠭᠠᠶᠢᠯᠢ ᠲᠤᠰᠢᠶᠠᠭᠴᠢ ᠪᠠᠶᠢᠵᠤ᠂ ᠲᠤᠰ ᠪᠡᠶ᠎ᠡ ᠨᠢ ᠡᠵᠡᠩᠨᠡᠯᠲᠡ ᠶᠢᠨ ᠭᠠᠶᠢᠯᠢ ᠶᠢ ᠦᠷᠳᠡᠭ | ᠨᠡᠮᠡᠭᠳᠡᠯ ᠤᠨ ᠭᠠᠶᠢᠯᠢ ᠪᠣᠯᠭᠠᠨ ᠥᠭᠡᠷᠡᠴᠢᠯᠡᠬᠦ ᠬᠡᠪᠴᠢᠶᠡᠨ ᠳᠤ ᠪᠠᠭᠲᠠᠬᠤ ᠦᠭᠡᠢ ᠪᠠᠶᠢᠪᠠ᠃ ᠭᠡᠪᠡᠴᠦ ᠲᠡᠳ᠋ᠨ | ᠰᠢᠨ᠎ᠡ ᠪᠠᠷ ᠥᠷᠭᠡᠳᠬᠡᠭᠰᠡᠨ ᠬᠡᠪᠴᠢᠶᠡᠨ ᠳᠠᠬᠢ ᠭᠠᠶᠢᠯᠢ ᠲᠤᠰᠢᠶᠠᠭᠴᠢ ᠶᠢᠨ ᠬᠤᠪᠢ ᠪᠠᠷ ᠡᠵᠡᠩᠨᠡᠯᠲᠡ ᠶᠢᠨ | ᠭᠠᠶᠢᠯᠢ ᠶᠢ ᠦᠷᠳᠡᠭ ᠨᠡᠮᠡᠭᠳᠡᠯ ᠤᠨ ᠭᠠᠶᠢᠯᠢ ᠪᠣᠯᠭᠠᠨ ᠥᠭᠡᠷᠡᠴᠢᠯᠡᠭᠰᠡᠨ ᠤ ᠲᠠᠷᠠᠭ᠎ᠠ ᠭᠠᠷᠭᠠᠭᠰᠠᠨ ᠤᠶᠢᠷᠳᠡᠭ | ᠨᠡᠮᠡᠭᠳᠡᠯ ᠤᠨ ᠭᠠᠶᠢᠯᠢ ᠶᠢᠨ ᠲᠤᠰᠬᠠᠶ ᠪᠠᠷᠢᠮᠲᠠ ᠪᠠᠷ ᠲᠤᠯᠭᠠᠨ ᠬᠠᠰᠤᠵᠤ ᠪᠣᠯᠬᠤ ᠪᠣᠯᠣᠭᠰᠠᠨ ᠲᠤᠯᠠ ᠵᠣᠬᠢᠬᠤ | ᠤᠳᠬ᠎ᠠ ᠠᠭᠤᠯᠭ᠎ᠠ ᠠᠴᠠ ᠠᠪᠴᠤ ᠬᠡᠯᠡᠪᠡᠯ᠂ ᠲᠡᠳᠡ ᠪᠣᠯ ᠡᠵᠡᠩᠨᠡᠯᠲᠡ ᠶᠢᠨ ᠭᠠᠶᠢᠯᠢ ᠶᠢ ᠦᠷᠳᠡᠭ ᠨᠡᠮᠡᠭᠳᠡᠯ ᠤᠨ | ᠭᠠᠶᠢᠯᠢ ᠪᠣᠯᠭᠠᠨ ᠥᠭᠡᠷᠡᠴᠢᠯᠡᠬᠦ ᠳᠤ ︽ᠴᠡᠪᠡᠷ ᠠᠰᠢᠭ ᠬᠦᠷᠳᠡᠭᠴᠢ︾ ᠨᠢ ᠮᠥᠨ᠃ 2013 ᠣᠨ ᠠᠴᠠ 2015 | ᠣᠨ ᠪᠣᠯᠲᠠᠯ᠎ᠠ᠂ ᠪᠥᠬᠦ ᠣᠷᠣᠨ ᠤ ᠠᠵᠤ ᠦᠢᠯᠡᠳᠪᠦᠷᠢ ᠶᠢᠨ ᠠᠵᠤ ᠠᠬᠤᠶᠢᠯᠠᠯ ᠢᠶᠠᠷ ᠭᠤᠣᠯ ᠪᠣᠯᠭᠠᠭᠰᠠᠨ ᠤᠤᠯ ᠤᠨ | ᠥᠷᠲᠡᠭ ᠨᠡᠮᠡᠭᠳᠡᠯ ᠤᠨ ᠭᠠᠶᠢᠯᠢ ᠲᠤᠰᠢᠶᠠᠭᠴᠢᠳ ︽3 + 7︾ ᠠᠵᠢᠯ ᠲᠥᠷᠥᠯ ᠤᠨ ᠲᠤᠯᠭᠠᠨ ᠬᠠᠰᠤᠭᠰᠠᠨ | ᠭᠠᠶᠢᠯᠢ ᠨᠢ ᠲᠤᠰ ᠲᠤᠰ 4.83 ᠳ᠋ᠦᠩᠰᠢᠭᠤᠷ ᠲᠥᠭᠦᠷᠢᠭ᠂ 16.86 ᠳ᠋ᠦᠩᠰᠢᠭᠤᠷ ᠲᠥᠭᠦᠷᠢᠭ᠂ 18.52 | ᠳ᠋ᠦᠩᠰᠢᠭᠤᠷ ᠲᠥᠭᠦᠷᠢᠭ ᠪᠣᠯᠣᠨ ᠨᠡᠮᠡᠭᠳᠡᠵᠦ᠂ ᠠᠯᠬᠤᠮ ᠠᠯᠬᠤᠮ ᠢᠶᠠᠷ ᠨᠡᠮᠡᠭᠳᠡᠬᠦ ᠬᠠᠨᠳᠤᠰᠢ ᠲᠠᠢ ᠪᠣᠯᠵᠠᠢ᠃ | ᠢᠯᠠᠩᠭᠤᠶ᠎ᠠ 2016 ᠣᠨ ᠳᠤ ᠭᠠᠶᠢᠯᠢ ᠶᠢᠨ ᠬᠠᠰᠤᠬᠤ ᠬᠡᠪᠴᠢᠶ᠎ᠡ ᠦᠷᠭᠦᠯᠵᠢᠯᠡᠨ ᠥᠷᠭᠡᠳᠴᠦ᠂ 1 — 4 ᠳ᠋ᠦ᠋ᠭᠡᠷ | ᠰᠠᠷ᠎ᠠ ᠳᠤ ᠤᠤᠯ ᠤᠨ ᠥᠷᠲᠡᠭ ᠨᠡᠮᠡᠭᠳᠡᠯ ᠤᠨ ᠭᠠᠶᠢᠯᠢ ᠶᠢᠨ ᠲᠤᠰᠢᠶᠠᠭᠴᠢ ︽3 + 7︾ ᠠᠵᠢᠯ ᠲᠥᠷᠤᠯ ᠤᠨ | ᠲᠤᠯᠭᠠᠨ ᠬᠠᠰᠤᠭᠰᠠᠨ ᠭᠠᠶᠢᠯᠢ ᠨᠢ 6.84 ᠳ᠋ᠦᠩᠰᠢᠭᠤᠷ ᠲᠥᠭᠦᠷᠢᠭ ᠪᠣᠯᠣᠨ ᠨᠡᠮᠡᠭᠳᠡᠵᠦ᠂ 5 ᠳ᠋ᠤᠭᠠᠷ ᠰᠠᠷ᠎ᠠ ᠳᠤ | ᠡᠵᠡᠩᠨᠡᠯᠲᠡ ᠶᠢᠨ ᠭᠠᠶᠢᠯᠢ ᠶᠢ ᠦᠷᠲᠡᠭ ᠨᠡᠮᠡᠭᠳᠡᠯ ᠤᠨ ᠭᠠᠶᠢᠯᠢ ᠪᠣᠯᠭᠠᠨ ᠥᠭᠡᠷᠡᠴᠢᠯᠡᠬᠦ ᠲᠤᠷᠰᠢᠯᠲᠠ ᠶᠢ ᠪᠦᠬᠦ | ᠲᠠᠯ᠎ᠠ ᠪᠠᠷ ᠬᠡᠷᠡᠭᠵᠢᠭᠦᠯᠦᠭᠰᠡᠨ ᠤ ᠳᠠᠷᠠᠭ᠎ᠠ᠂ ᠲᠤᠯᠭᠠᠨ ᠬᠠᠰᠤᠵᠤ ᠪᠣᠯᠬᠤ ᠭᠠᠶᠢᠯᠢ ᠶᠢᠨ ᠲᠤᠭ᠎ᠠ ᠦᠷᠭᠦᠯᠵᠢᠯᠡᠨ | ᠨᠡᠮᠡᠭᠳᠡᠵᠦ᠂ 5 —12 ᠳ᠋ᠤᠭᠠᠷ ᠰᠠᠷ᠎ᠠ ᠳᠤ ︽3 + 7︾ ᠠᠵᠢᠯ ᠲᠥᠷᠥᠯ ᠤᠨ ᠲᠤᠯᠭᠠᠨ ᠬᠠᠰᠤᠭᠰᠠᠨ ᠭᠠᠶᠢᠯᠢ | ᠨᠢ 16.37 ᠳ᠋ᠦᠩᠰᠢᠭᠤᠷ ᠲᠥᠭᠦᠷᠢᠭ ᠪᠣᠯᠣᠭᠰᠠᠨ ᠠᠴᠠ ᠭᠠᠳᠠᠨ᠎ᠠ᠂ ᠪᠠᠰᠠ ᠰᠢᠨ᠎ᠡ ᠪᠠᠷ ᠨᠡᠮᠡᠭᠳᠡᠭᠰᠡᠨ ᠳᠥᠷᠪᠡᠨ | ᠶᠡᠭᠡ ᠠᠵᠢᠯ ᠲᠥᠷᠥᠯ ᠤᠨ ᠲᠤᠯᠭᠠᠨ ᠬᠠᠰᠤᠭᠰᠠᠨ ᠭᠠᠶᠢᠯᠢ 12.55 ᠳ᠋ᠦᠩᠰᠢᠭᠤᠷ ᠲᠥᠭᠦᠷᠢᠭ ᠣᠯᠪᠠ᠃ | ᠢᠩᠭᠢᠭᠰᠡᠨ ᠢᠶᠠᠷ᠂ 2016 ᠣᠨ ᠳᠤ᠂ ᠤᠤᠯ ᠤᠨ ᠥᠷᠲᠡᠭ ᠨᠡᠮᠡᠭᠳᠡᠯ ᠤᠨ ᠭᠠᠶᠢᠯᠢ ᠲᠤᠰᠢᠶᠠᠭᠴᠢᠳ ᠲᠤ ᠨᠡᠶᠢᠲᠡ | 35.76 ᠳ᠋ᠦᠩᠰᠢᠭᠤᠷ ᠲᠥᠭᠦᠷᠢᠭ ᠤᠨ ᠭᠠᠶᠢᠯᠢ ᠬᠠᠰᠤᠨ ᠥᠭᠴᠦ᠂ ᠪᠦᠬᠦ ᠡᠵᠡᠩᠨᠡᠯᠲᠡ ᠶᠢᠨ ᠭᠠᠶᠢᠯᠢ ᠶᠢ ᠦᠷᠳᠡᠭ | ᠨᠡᠮᠡᠭᠳᠡᠯ ᠤᠨ ᠭᠠᠶᠢᠯᠢ ᠪᠣᠯᠭᠠᠨ ᠥᠭᠡᠷᠡᠴᠢᠯᠡᠨ ᠬᠠᠰᠤᠭᠰᠠᠨ ᠭᠠᠶᠢᠯᠢ ᠶᠢᠨ ᠲᠤᠭ᠎ᠠ ᠶᠢᠨ ᠪᠠᠷᠤᠭ ᠬᠤᠶᠠᠷ ᠬᠤᠪᠢ ᠶᠢᠨ | ᠨᠢᠭᠡ ᠰᠢᠬᠠᠮ ᠢ ᠡᠵᠡᠯᠡᠪᠡ᠃ ᠪᠦᠬᠦ ᠣᠷᠣᠨ ᠤ ᠠᠵᠤ ᠦᠢᠯᠡᠳᠪᠦᠷᠢ ᠶᠢᠨ ᠦᠷᠳᠡᠭ ᠨᠡᠮᠡᠭᠳᠡᠯ ᠤᠨ ᠭᠠᠶᠢᠯᠢ ᠪᠠ ᠠᠵᠤ | ᠦᠢᠯᠡᠳᠪᠦᠷᠢ ᠶᠢᠨ ᠨᠡᠮᠡᠭᠳᠡᠯ ᠦᠷᠳᠡᠭ ᠤᠨ ᠬᠠᠷᠢᠴᠠᠯ ᠬᠡᠮᠵᠢᠭᠳᠡᠯ ᠤᠨ ᠬᠤᠪᠢᠷᠠᠯᠲᠠ ᠶᠢᠨ ᠪᠠᠶᠢᠳᠠᠯ ᠠᠴᠠ ᠦᠵᠡᠪᠡᠯ᠂ | 2012 ᠣᠨ ᠳᠤ ᠡᠨᠡ ᠬᠦ ᠬᠠᠷᠢᠴᠠᠯ ᠨᠢ 6.7% ᠪᠠᠶᠢᠵᠤ᠂ ᠡᠵᠡᠩᠨᠡᠯᠲᠡ ᠶᠢᠨ ᠭᠠᠶᠢᠯᠢ ᠶᠢ ᠦᠷᠳᠡᠭ ᠨᠡᠮᠡᠭᠳᠡᠯ ᠤᠨ | ᠭᠠᠶᠢᠯᠢ ᠪᠣᠯᠭᠠᠨ ᠥᠭᠡᠷᠡᠴᠢᠯᠡᠬᠦ ᠲᠤᠷᠰᠢᠯᠲᠠ ᠶᠢᠨ ᠬᠦᠷᠢᠶ᠎ᠡ ᠬᠡᠪᠴᠢᠶ᠎ᠡ ᠲᠠᠰᠤᠷᠠᠯᠳᠡ ᠦᠭᠡᠢ ᠥᠷᠭᠡᠵᠢᠬᠦ ᠶᠢ | ᠳᠠᠭᠠᠯᠳᠤᠨ᠂ ᠲᠤᠯᠭᠠᠨ ᠬᠠᠰᠤᠭᠰᠠᠨ ᠭᠠᠶᠢᠯᠢ ᠶᠢᠨ ᠲᠤᠭ᠎ᠠ ᠲᠠᠰᠤᠷᠠᠯᠲᠠ ᠦᠭᠡᠶ ᠨᠡᠮᠡᠭᠳᠡᠵᠦ᠂ ᠡᠨᠡ ᠬᠦ ᠬᠠᠷᠢᠴᠠᠯ ᠨᠢ | ᠵᠢᠯ ᠳᠠᠷᠠᠭᠠᠯᠠᠨ ᠪᠠᠭᠤᠷᠠᠨ 2015 ᠣᠨ ᠳᠤ 5.1% ᠪᠣᠯᠪᠠ᠃ ᠣᠳᠣᠬᠠᠨ᠂ ᠥᠪᠥᠷ ᠮᠣᠩᠭᠤᠯ ᠤᠨ ᠲᠤᠭ᠎ᠠ | ᠪᠦᠷᠢᠳᠬᠡᠯ ᠤᠨ ᠲᠣᠪᠴᠢᠶ᠎ᠠ 2016 ᠣᠨ ᠤ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠢ ᠬᠠᠷᠠᠬᠠᠨ | ᠨᠡᠶᠢᠲᠡᠯᠡᠭᠡᠳᠦᠢ᠂ ᠠᠵᠤ ᠦᠢᠯᠡᠳᠪᠦᠷᠢ ᠶᠢᠨ ᠦᠷᠳᠡᠭ ᠨᠡᠮᠡᠭᠳᠡᠯ ᠤᠨ ᠭᠠᠶᠢᠯᠢ ᠠᠳᠠᠯᠢ ᠬᠤᠭᠤᠴᠠᠭᠠᠨ ᠤ ᠬᠢ ᠠᠴᠠ 4. | 6% ᠪᠠᠭᠤᠷᠠᠭᠰᠠᠨ ᠪᠣᠯᠬᠤᠷ ᠥᠪᠥᠷ ᠮᠣᠩᠭᠤᠯ ᠤᠨ ᠲᠤᠭ᠎ᠠ ᠪᠦᠷᠢᠳᠬᠡᠯ ᠤᠨ ᠲᠣᠪᠴᠢᠶᠠᠨ ᠤ ᠨᠡᠶᠢᠲᠡᠯᠡᠭᠰᠡᠨ 1 — | 11 ᠳ᠋ᠦ᠋ᠭᠡᠷ ᠰᠠᠷ᠎ᠠ ᠪᠣᠯᠲᠠᠯᠠᠬᠢ ᠠᠵᠤ ᠦᠢᠯᠡᠳᠪᠦᠷᠢ ᠶᠢᠨ ᠨᠡᠮᠡᠭᠳᠡᠯ ᠦᠷᠲᠡᠭ ᠠᠳᠠᠯᠢ ᠬᠤᠭᠤᠴᠠᠭᠠᠨ ᠤ ᠬᠢ ᠠᠴᠠ 7. | 2% ᠨᠡᠮᠡᠭᠳᠡᠵᠦ᠂ ᠨᠢᠭᠡ ᠨᠢ ᠪᠠᠭᠤᠷᠠᠭᠠᠳ ᠨᠢᠭᠡ ᠨᠢ ᠨᠡᠮᠡᠭᠳᠡᠵᠦ᠂ 2016 ᠣᠨ ᠤ ᠠᠵᠤ ᠦᠢᠯᠡᠳᠪᠦᠷᠢ ᠶᠢᠨ | ᠦᠷᠳᠡᠭ ᠨᠡᠮᠡᠭᠳᠡᠯ ᠤᠨ ᠭᠠᠶᠢᠯᠢ ᠪᠣᠯᠣᠨ ᠠᠵᠤ ᠦᠢᠯᠡᠳᠪᠦᠷᠢ ᠶᠢᠨ ᠨᠡᠮᠡᠭᠳᠡᠯ ᠦᠷᠲᠡᠭ ᠤᠨ ᠬᠠᠷᠢᠴᠠᠯ ᠬᠡᠮᠵᠢᠭᠳᠡᠯ ᠨᠢ | ᠯᠠᠪᠲᠠᠶ ᠨᠡᠩ ᠳᠣᠣᠷ᠎ᠠ ᠰᠢᠭ᠋ ᠪᠣᠯᠣᠨ᠎ᠠ᠃ ᠡᠵᠡᠩᠨᠡᠯᠲᠡ ᠶᠢᠨ ᠭᠠᠶᠢᠯᠢ ᠶᠢ ᠦᠷᠳᠡᠭ ᠨᠡᠮᠡᠭᠳᠡᠯ ᠤᠨ ᠭᠠᠶᠢᠯᠢ ᠪᠣᠯᠭᠠᠨ | ᠥᠭᠡᠷᠡᠴᠢᠯᠡᠬᠦ ᠵᠢᠴᠢ ᠡᠯ᠎ᠡ ᠵᠦᠢᠯ ᠤᠨ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠤᠳᠤᠯᠭ᠎ᠠ ᠨᠢ | ᠪᠣᠳᠠᠲᠤ ᠴᠣᠭᠴᠠ ᠶᠢᠨ ᠠᠵᠤ ᠠᠬᠤᠶ᠂ ᠠᠵᠤ ᠦᠢᠯᠡᠳᠪᠦᠷᠢ ᠶᠢᠨ ᠠᠵᠤ ᠠᠬᠤᠶᠢᠯᠠᠯ᠂ ᠦᠢᠯᠡᠳᠬᠡᠯ ᠤᠨ ᠠᠵᠤ | ᠦᠢᠯᠡᠰ ᠲᠤ ᠦᠵᠡᠭᠦᠯᠦᠭᠰᠡᠨ ᠭᠠᠶᠢᠯᠢ ᠬᠠᠰᠤᠬᠤ ᠦᠢᠯᠡᠳᠦᠯ ᠨᠢ ᠦᠨᠡᠨ ᠪᠣᠳᠠᠲᠠᠶ ᠪᠥᠭᠡᠳ ᠡᠳᠡᠭᠡᠷ ᠠᠵᠤ | ᠠᠬᠤᠶᠢᠯᠠᠯ ᠤᠨ ᠠᠵᠤ ᠠᠬᠤᠶ ᠶᠢᠨ ᠤᠷᠤᠭᠤᠳᠠᠯ ᠤᠨ ᠳᠠᠷᠤᠯᠲᠠ ᠶᠢ ᠠᠷᠭᠠᠴᠠᠬᠤ ᠳᠤ ᠠᠮᠢᠵᠢᠷᠠᠯ ᠤᠨ ᠬᠦᠴᠦᠨ ᠢ | ᠨᠡᠮᠡᠭᠳᠡᠭᠦᠯᠦᠭᠰᠡᠨ᠂ ᠠᠵᠤ ᠦᠢᠯᠡᠰ ᠤᠨ ᠪᠦᠲᠦᠴᠡ ᠶᠢᠨ ᠳᠡᠰ ᠳᠡᠪᠰᠢᠭᠦᠯᠬᠦ ᠳᠤ ᠬᠥᠭᠵᠢᠯᠲᠡ ᠶᠢᠨ ᠵᠠᠮ | ᠡᠷᠢᠯᠬᠢᠯᠡᠬᠦ ᠳᠤ ᠦᠵᠡᠭᠦᠯᠦᠭᠰᠡᠨ ᠬᠠᠪᠰᠤᠷᠤᠯᠭ᠎ᠠ ᠨᠢ ᠴᠦ ᠦᠨᠡᠨ ᠪᠣᠲᠠᠲᠠᠢ ᠶᠤᠮ᠃ | ᠬᠥᠲᠥᠯᠥᠭᠴᠢ᠄ | ᠡᠵᠡᠩᠨᠡᠯᠲᠡ ᠶᠢᠨ ᠭᠠᠶᠢᠯᠢ ᠶᠢ ᠦᠷᠳᠡᠭ ᠨᠡᠮᠡᠭᠳᠡᠯ ᠤᠨ ᠭᠠᠶᠢᠯᠢ ᠪᠣᠯᠭᠠᠨ ᠥᠭᠡᠷᠡᠴᠢᠯᠡᠭᠰᠡᠨ ᠨᠢ ᠵᠢᠵᠢᠭ ᠠᠵᠤ | ᠠᠬᠤᠶᠢᠯᠠᠯ ᠳᠤ ᠶᠠᠮᠠᠷ ᠶᠠᠮᠠᠷ ᠲᠡᠳᠬᠦᠨ ᠳᠡᠮᠵᠢᠬᠦ ᠦᠢᠯᠡᠳᠦᠯ ᠦᠵᠡᠭᠦᠯᠦᠭᠰᠡᠨ ᠪᠤᠢ︖ | ᠲᠠᠨ ᠾᠧᠩ᠄ | ᠵᠢᠵᠢᠭ ᠠᠵᠤ ᠠᠬᠤᠶᠢᠯᠠᠯ ᠪᠣᠯ ᠡᠵᠡᠩᠨᠡᠯᠲᠡ ᠶᠢᠨ ᠭᠠᠶᠢᠯᠢ ᠶᠢ ᠦᠷᠳᠡᠭ ᠨᠡᠮᠡᠭᠳᠡᠯ ᠤᠨ ᠭᠠᠶᠢᠯᠢ ᠪᠣᠯᠭᠠᠨ | ᠥᠭᠡᠷᠡᠴᠢᠯᠡᠬᠦ ᠳᠤ ᠮᠠᠰᠢ ᠶᠡᠭᠡ ᠠᠰᠢᠭ ᠲᠤᠰᠠ ᠬᠦᠷᠲᠡᠭᠰᠡᠨ ᠬᠠᠮᠲᠤ ᠨᠡᠶᠢᠲᠡ ᠪᠣᠯᠣᠨ᠎ᠠ᠃ ᠪᠦᠷᠢᠳᠬᠡᠯ ᠠᠴᠠ | ᠦᠵᠡᠪᠡᠯ᠂ ᠨᠢᠳᠤᠨᠤᠨ ᠤ ᠡᠵᠡᠩᠨᠡᠯᠲᠡ ᠶᠢᠨ ᠭᠠᠶᠢᠯᠢ ᠶᠢ ᠦᠷᠲᠡᠭ ᠨᠡᠮᠡᠭᠳᠡᠯ ᠤᠨ ᠭᠠᠶᠢᠯᠢ ᠪᠣᠯᠭᠠᠨ ᠥᠭᠡᠷᠡᠴᠢᠯᠡᠬᠦ ᠶᠢ | ᠪᠦᠬᠦ ᠲᠠᠯ᠎ᠠ ᠪᠠᠷ ᠬᠡᠷᠡᠭᠵᠢᠭᠦᠯᠦᠭᠰᠡᠨ ᠲᠤᠷᠰᠢᠯᠲᠠ ᠶᠢᠨ ᠴᠢᠭ᠋ ᠤᠨ 23. 8 ᠲᠦᠮᠡᠨ ᠡᠷᠦᠬᠡ ᠭᠠᠶᠢᠯᠢ | ᠲᠤᠰᠢᠶᠠᠭᠴᠢᠳ ᠤᠨ ᠳᠣᠲᠣᠷ᠎ᠠ᠂ ᠪᠠᠭ᠎ᠠ ᠬᠡᠪᠴᠢᠶᠡᠨ ᠤ ᠭᠠᠶᠢᠯᠢ ᠲᠤᠰᠢᠶᠠᠭᠴᠢ 22.6 ᠲᠦᠮᠡᠨ ᠡᠷᠦᠬᠡ ᠪᠠᠶᠢᠵᠤ᠂ | ᠪᠦᠬᠦ ᠲᠤᠷᠰᠢᠯᠲᠠ ᠶᠢᠨ ᠴᠢᠭ᠋ ᠤᠨ ᠭᠠᠶᠢᠯᠢ ᠲᠤᠰᠢᠶᠠᠭᠴᠢ ᠶᠢᠨ 95% ᠶᠢ ᠡᠵᠡᠯᠡᠵᠡᠶ᠃ 5 —12 ᠳ᠋ᠤᠭᠠᠷ | ᠰᠠᠷ᠎ᠠ ᠳᠤ᠂ ᠡᠨᠡ ᠬᠦ 22.6 ᠲᠦᠮᠡᠨ ᠡᠷᠦᠬᠡ ᠪᠠᠭ᠎ᠠ ᠬᠡᠪᠴᠢᠶᠡᠨ ᠤ ᠭᠠᠶᠢᠯᠢ ᠲᠤᠰᠢᠶᠠᠭᠴᠢ ᠶᠢᠨ ᠭᠠᠶᠢᠯᠢ ᠶᠢᠨ | ᠡᠭᠦᠷᠭᠡᠯᠡᠯ ᠨᠢ ᠳᠤᠮᠳᠠᠴᠢ ᠪᠠᠷ 36.8% ᠪᠠᠷ ᠪᠠᠭᠤᠷᠠᠵᠠᠢ᠃ ᠡᠨᠡ ᠨᠢ ᠲᠦᠷᠢᠮ ᠤᠨ ᠲᠥᠯᠥᠪᠯᠡᠭᠡᠨ ᠤ ᠦᠢᠯᠡᠴᠢᠯᠡᠬᠦ | ᠲᠠᠯ᠎ᠠ ᠪᠠᠷ ᠢᠯᠡᠷᠡᠭᠰᠡᠨ ᠮᠥᠷᠲᠡᠭᠡᠨ ᠪᠠᠰᠠ ᠡᠯ᠎ᠡ ᠱᠠᠲᠤᠨ ᠤ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠤᠨ | ᠭᠠᠶᠢᠯᠢ ᠲᠤᠰᠢᠶᠠᠬᠤ ᠳᠤ ᠦᠢᠯᠡᠴᠢᠯᠡᠬᠦ ᠲᠠᠯ᠎ᠠ ᠪᠠᠷ ᠭᠦᠢᠴᠡᠳ ᠢᠯᠡᠷᠡᠵᠠᠢ᠃ ᠲᠦᠷᠢᠮ ᠤᠨ ᠲᠥᠯᠥᠪᠯᠡᠭᠡᠨ ᠤ ᠲᠠᠯ᠎ᠠ | ᠪᠠᠷ ᠠᠪᠴᠤ ᠬᠡᠯᠡᠪᠡᠯ᠂ ᠡᠵᠡᠩᠨᠡᠯᠲᠡ ᠶᠢᠨ ᠭᠠᠶᠢᠯᠢ ᠶᠢ ᠦᠷᠳᠡᠭ ᠨᠡᠮᠡᠭᠳᠡᠯ ᠤᠨ ᠭᠠᠶᠢᠯᠢ ᠪᠣᠯᠭᠠᠨ ᠥᠭᠡᠷᠡᠴᠢᠯᠡᠬᠦ | ᠲᠦᠷᠦ ᠶᠢᠨ ᠪᠤᠳᠤᠯᠭ᠎ᠠ ᠶᠢᠨ ᠲᠣᠭᠲᠠᠭᠠᠯ ᠨᠢ᠂ ᠵᠢᠵᠢᠭ ᠠᠵᠤ ᠠᠬᠤᠶᠢᠯᠠᠯ ᠳᠤ 3% ᠪᠠᠷ ᠲᠠᠲᠠᠪᠤᠷᠢᠯᠠᠬᠤ | ᠨᠤᠷᠮ᠎ᠠ ᠶᠢ ᠬᠡᠷᠡᠭᠵᠢᠭᠦᠯᠪᠡ᠃ ᠬᠡᠷᠪᠡ ᠲᠡᠳᠡ ᠤᠤᠯ ᠳᠠᠭᠠᠨ 5% ᠶᠢᠨ ᠡᠵᠡᠩᠨᠡᠯᠲᠡ ᠶᠢᠨ ᠭᠠᠶᠢᠯᠢ ᠲᠣᠰᠢᠶᠠᠵᠤ | ᠪᠠᠶᠢᠭᠰᠠᠨ ᠪᠣᠯ᠂ ᠡᠵᠡᠩᠨᠡᠯᠲᠡ ᠶᠢᠨ ᠭᠠᠶᠢᠯᠢ ᠶᠢ ᠦᠷᠳᠡᠭ ᠨᠡᠮᠡᠭᠳᠡᠯ ᠤᠨ ᠭᠠᠶᠢᠯᠢ ᠪᠣᠯᠭᠠᠨ ᠥᠭᠡᠷᠡᠴᠢᠯᠡᠭᠰᠡᠨ ᠠᠴᠠ | ᠬᠤᠶᠢᠰᠢ ᠲᠠᠲᠠᠪᠤᠷᠢᠯᠠᠬᠤ ᠨᠤᠷᠮ᠎ᠠ ᠨᠢ 3% ᠪᠣᠯᠵᠤ ᠪᠠᠭᠤᠷᠠᠵᠤ᠂ ᠡᠭᠦᠷᠭᠡᠯᠡᠬᠦ ᠬᠡᠮᠵᠢᠶ᠎ᠡ ᠨᠢ ᠰᠢᠭᠤᠳ 40% ᠪᠠᠷ | ᠪᠠᠭᠤᠷᠠᠪᠠ︔ ᠬᠡᠷᠪᠡ ᠲᠡᠳᠡ ᠤᠤᠯ ᠳᠠᠭᠠᠨ 3% ᠶᠢᠨ ᠡᠵᠡᠩᠨᠡᠯᠲᠡ ᠶᠢᠨ ᠭᠠᠶᠢᠯᠢ ᠲᠣᠰᠢᠶᠠᠵᠤ ᠪᠠᠶᠢᠭᠰᠠᠨ ᠪᠣᠯ | ᠦᠡᠭᠭᠡᠨ ᠲᠠᠯ᠎ᠠ ᠠᠴᠠ ᠨᠢ ᠦᠵᠡᠪᠡᠯ ᠵᠥᠪᠬᠡᠨ ᠭᠠᠶᠢᠯᠢ ᠶᠢᠨ ᠡᠭᠦᠷᠭᠡᠯᠡᠯ ᠨᠢ ᠵᠡᠷᠭᠡᠴᠡᠡ ᠰᠢᠯᠢᠵᠢᠵᠠᠢ᠂ ᠭᠡᠪᠡᠴᠦ ᠬᠡᠷᠡᠭ | ᠳᠡᠭᠡᠷ᠎ᠡ ᠪᠠᠨ ᠭᠠᠶᠢᠯᠢ ᠪᠤᠳᠦᠬᠤ ᠦᠨᠳᠦᠰᠦᠯᠡᠯ ᠳᠤᠨᠢ ᠬᠤᠪᠢᠷᠠᠯᠲᠠ ᠭᠠᠷᠴᠤ᠂ ᠤᠤᠯ ᠤᠨ ᠡᠵᠡᠩᠨᠡᠯᠲᠡ ᠶᠢᠨ | ᠭᠠᠶᠢᠯᠢ ᠶᠢᠨ ᠭᠠᠶᠢᠯᠢ ᠪᠤᠳᠤᠬᠤ ᠦᠨᠳᠦᠰᠦᠯᠡᠯ ᠳᠤᠨᠢ ᠭᠠᠶᠢᠯᠢ ᠶᠢᠨ ᠦᠨ᠎ᠡ ᠪᠠᠭᠲᠠᠭᠠᠵᠤ ᠪᠠᠶᠢᠭᠰᠠᠨ ᠪᠣᠯ ᠦᠷᠳᠡᠭ | ᠨᠡᠮᠡᠭᠳᠡᠯ ᠤᠨ ᠭᠠᠶᠢᠯᠢ ᠶᠢᠨ ᠭᠠᠶᠢᠯᠢ ᠪᠤᠳᠦᠬᠤ ᠦᠨᠳᠦᠰᠦᠯᠡᠯ ᠳᠤ ᠭᠠᠶᠢᠯᠢ ᠶᠢᠨ ᠦᠨ᠎ᠡ ᠪᠠᠭᠲᠠᠬᠤ ᠦᠭᠡᠢ ᠪᠣᠯᠵᠠᠢ᠂ | ᠢᠩᠭᠢᠵᠦ ᠰᠣᠯᠢᠵᠤ ᠪᠣᠳᠣᠪᠠᠯ ᠭᠠᠶᠢᠯᠢ ᠶᠢᠨ ᠡᠭᠦᠷᠭᠡᠯᠡᠯ ᠨᠢ ᠴᠦ ᠪᠠᠭᠤᠷᠠᠵᠠᠢ᠃ ᠭᠠᠶᠢᠯᠢ ᠲᠤᠰᠢᠶᠠᠬᠤ ᠳᠤ | ᠦᠢᠯᠡᠴᠢᠯᠡᠬᠦᠲ᠋ᠠᠯᠠ ᠪᠠᠷ ᠠᠪᠴᠤ ᠬᠡᠯᠡᠪᠡᠯ᠂ ᠪᠦᠬᠦ ᠣᠷᠣᠨ ᠤ ᠤᠯᠤᠰ ᠤᠨ ᠭᠠᠶᠢᠯᠢ ᠶᠢᠨ ᠶᠠᠪᠤᠳᠠᠯ ᠤᠨ ᠰᠢᠰᠲ᠋ᠧᠮ ᠨᠢ | ᠡᠵᠡᠩᠨᠡᠯᠲᠡ ᠶᠢᠨ ᠭᠠᠶᠢᠯᠢ ᠶᠢ ᠥᠷᠳᠡᠭ ᠨᠡᠮᠡᠭᠳᠡᠯ ᠤᠨ ᠭᠠᠶᠢᠯᠢ ᠪᠣᠯᠭᠠᠨ ᠥᠭᠡᠷᠡᠴᠢᠯᠡᠬᠦ ᠡᠯ᠎ᠡ ᠱᠠᠲᠤᠨ ᠤ ᠠᠵᠢᠯ ᠤᠨ | ᠭᠤᠣᠯᠳᠠᠯᠭ᠎ᠠ ᠶᠢ ᠦᠨᠳᠦᠰᠦᠯᠡᠵᠦ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ | ᠨᠡᠶᠢᠲᠡᠯᠡᠭᠰᠡᠨ 80 ᠵᠦᠢᠯ ᠤᠨ ᠭᠠᠶᠢᠯᠢ ᠲᠤᠰᠢᠶᠠᠬᠤ ᠳᠤ ᠦᠢᠯᠡᠴᠢᠯᠡᠬᠦ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠶ | ᠨᠠᠶᠢᠳᠠᠪᠤᠷᠢᠵᠢᠭᠤᠯᠪᠠ᠃ ᠪᠦᠬᠦ ᠣᠷᠣᠨ ᠤ ᠡᠯ᠎ᠡ ᠱᠠᠲᠤᠨ ᠤ ᠤᠯᠤᠰ ᠤᠨ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ | ᠨᠤᠭᠤᠳ ᠴᠢᠭ᠋ ᠱᠤᠭᠤᠮ ᠨᠡᠶᠢᠳᠡᠮ ᠢ ᠤᠶᠠᠯᠳᠤᠭᠤᠯᠵᠤ᠂ ᠡᠯ᠎ᠡ ᠲᠦ᠋ᠷᠦᠯ ᠤᠨ ᠭᠠᠶᠢᠯᠢ ᠲᠤᠰᠢᠶᠠᠭᠴᠢ ᠶᠢᠨ | ᠪᠣᠯᠪᠠᠰᠤᠷᠠᠭᠤᠯᠤᠯ ᠢ 1341 ᠤᠳᠠᠭ᠎ᠠ ᠬᠢᠵᠦ᠂ ᠭᠠᠶᠢᠯᠢ ᠲᠤᠰᠢᠶᠠᠭᠴᠢ ᠳᠤ 22.54 ᠲᠦᠮᠡᠨ ᠡᠷᠦᠬᠡ ᠤᠳᠠᠭ᠎ᠠ | ᠪᠣᠯᠪᠠᠰᠤᠷᠠᠭᠤᠯᠤᠯ ᠬᠢᠵᠦ᠂ 91.04 ᠲᠦᠮᠡᠨ ᠬᠤᠪᠢ ᠤᠬᠠᠭᠤᠯᠬᠤ ᠮᠠᠲ᠋ᠧᠷᠢᠶᠠᠯ ᠲᠠᠷᠬᠠᠭᠠᠵᠤ᠂ 12366 | ᠦᠢᠯᠡᠴᠢᠯᠡᠭᠡᠨ ᠤ ᠰᠢᠭᠤᠳ ᠤᠲᠠᠰᠤ ᠪᠠᠷ ᠳᠠᠮᠵᠢᠭᠤᠯᠤᠨ ᠡᠵᠡᠩᠨᠡᠯᠲᠡ ᠶᠢᠨ ᠭᠠᠶᠢᠯᠢ ᠶᠢ ᠦᠷᠳᠡᠭ ᠨᠡᠮᠡᠭᠳᠡᠯ ᠤᠨ | ᠭᠠᠶᠢᠯᠢ ᠪᠣᠯᠭᠠᠨ ᠥᠭᠡᠷᠡᠴᠢᠯᠡᠬᠦ ᠲᠦᠷᠦ ᠶᠢᠨ ᠪᠤᠳᠤᠯᠭ᠎ᠠ ᠶᠢᠨ ᠯᠠᠪᠯᠠᠯᠭ᠎ᠠ ᠶᠢ 1.5 ᠲᠦᠮᠡ ᠭᠠᠷᠤᠶ ᠬᠦᠯᠢᠶᠡᠨ | ᠠᠪᠴᠤ ᠭᠦᠢᠴᠡᠳᠬᠡᠪᠡ᠂ ᠸᠢᠴᠠᠲ ᠲᠠᠪᠴᠠᠩ ᠺᠣᠳ᠋ ᠢᠶᠠᠷ ᠳᠠᠮᠵᠢᠭᠤᠯᠤᠨ ᠡᠵᠡᠩᠨᠡᠯᠲᠡ ᠶᠢᠨ ᠭᠠᠶᠢᠯᠢ ᠶᠢ ᠦᠷᠳᠡᠭ | ᠨᠡᠮᠡᠭᠳᠡᠯ ᠤᠨ ᠭᠠᠶᠢᠯᠢ ᠪᠣᠯᠭᠠᠨ ᠥᠭᠡᠷᠡᠴᠢᠯᠡᠬᠦ ᠶᠢ ᠣᠶᠢᠯᠠᠭᠠᠭᠤᠯᠵᠤ᠂ ᠵᠢᠵᠢᠭ ᠠᠵᠤ ᠠᠬᠤᠶᠢᠯᠠᠯ ᠤᠳ | ᠡᠵᠡᠩᠨᠡᠯᠲᠡ ᠶᠢᠨ ᠭᠠᠶᠢᠯᠢ ᠶᠢ ᠥᠷᠳᠡᠭ ᠨᠡᠮᠡᠭᠳᠡᠯ ᠤᠨ ᠭᠠᠶᠢᠯᠢ ᠪᠣᠯᠭᠠᠨ ᠥᠭᠡᠷᠡᠴᠢᠯᠡᠬᠦ ᠲᠦᠷᠦ ᠶᠢᠨ ᠪᠤᠳᠤᠯᠭ᠎ᠠ ᠶᠢ | ᠭᠦᠶᠴᠡᠳ ᠬᠡᠷᠡᠭᠯᠡᠬᠦ ᠳᠤᠨᠢ ᠬᠠᠪᠰᠤᠷᠤᠯᠭ᠎ᠠ ᠦᠵᠡᠭᠦᠯᠪᠡ᠃ ᠰᠢᠦᠳᠠᠨ ᠳᠤ ᠨᠠᠶᠢᠳᠠᠵᠤ ︽ᠬᠤᠶᠠᠷ ᠢ ᠣᠷᠣᠯᠠᠬᠤ︾᠂ | ᠲᠤᠰᠬᠠᠶ ᠪᠠᠷᠢᠮᠲᠠ ᠶᠢ ᠣᠷᠣᠯᠠᠨ ᠬᠢᠵᠦ ᠥᠭᠬᠦ ᠶᠢ ᠰᠦᠯᠵᠢᠶᠡᠨ ᠳᠡᠭᠡᠷ᠎ᠡ ᠤᠷᠢᠳᠴᠢᠯᠠᠨ ᠭᠤᠶᠤᠴᠢᠯᠠᠬᠤ᠂ | ᠥᠪᠡᠷᠲᠡᠭᠡᠨ ᠪᠠᠷᠢᠮᠲᠠ ᠣᠷᠣᠯᠠᠨ ᠬᠢᠵᠦ ᠥᠭᠬᠦ ᠦᠵᠦᠭᠦᠷ ᠲᠣᠬᠢᠷᠠᠭᠤᠯᠬᠤ᠂ ᠪᠠᠷᠢᠮᠲᠠ ᠭᠠᠷᠭᠠᠨ ᠠᠪᠬᠤ ᠤᠳᠠᠭ᠎ᠠ | ᠲᠤᠭ᠎ᠠ ᠶᠢ ᠳᠥᠭᠦᠮᠴᠢᠯᠡᠬᠦ ᠵᠡᠷᠭᠡ ᠪᠠᠷ ᠳᠠᠮᠵᠢᠭᠤᠯᠤᠨ ᠪᠠᠷᠢᠮᠲᠠ ᠶᠢᠨ ᠦᠢᠯᠡᠴᠢᠯᠡᠭᠡ ᠶᠢ ᠰᠢᠯᠢᠳᠡᠭᠵᠢᠭᠦᠯᠪᠡ᠃ ᠬᠠᠤᠯᠢ | ᠶᠣᠰᠣᠭᠠᠷ ᠭᠠᠶᠢᠯᠢ ᠲᠤᠰᠢᠶᠠᠭᠰᠠᠨ ᠭᠤᠶᠤᠴᠢᠯᠠᠯ ᠤᠨ ᠤᠳᠠᠭ᠎ᠠ ᠲᠤᠭ᠎ᠠ ᠶᠢ ᠳᠥᠭᠦᠮᠴᠢᠯᠡᠵᠦ ᠂ ᠬᠠᠨᠳᠤᠯᠭ᠎ᠠ | ᠲᠠᠢ ᠰᠠᠨᠠᠭᠤᠯᠬᠤ ᠣᠬᠤᠷ ᠮᠡᠳᠡᠭᠡ ᠶᠢ 42 ᠲᠦᠮᠡᠨ ᠵᠤᠷᠪᠤᠰ ᠶᠠᠪᠤᠭᠤᠯᠪᠠ᠃ ᠬᠤᠨᠣᠭᠯᠠᠬᠤ ᠠᠵᠤ ᠦᠢᠯᠡᠰ ᠤᠨ | ᠪᠠᠭ᠎ᠠ ᠬᠡᠪᠴᠢᠶᠡᠨ ᠤ ᠭᠠᠶᠢᠯᠢ ᠲᠤᠰᠢᠶᠠᠭᠴᠢ ᠳᠤ ᠲᠤᠷᠰᠢᠯᠲᠠ ᠂ ᠥᠪᠡᠰᠦᠪᠡᠨ ᠲᠤᠰᠬᠠᠶ ᠪᠠᠷᠢᠮᠲᠠ ᠭᠠᠷᠭᠠᠬᠤ ᠶᠢ | ᠬᠢᠪᠡ᠃ ᠦᠷᠳᠡᠭ ᠨᠡᠮᠡᠭᠳᠡᠯ ᠤᠨ ᠭᠠᠶᠢᠯᠢ ᠶᠢᠨ ᠪᠠᠷᠢᠮᠲᠠ ᠶᠢᠨ ᠥᠨᠡᠮᠰᠢᠯᠡᠯᠲᠡ ᠶᠢ ᠦᠭᠡᠶᠢᠰᠬᠡᠬᠦ ᠬᠦᠷᠢᠶ᠎ᠡ | ᠬᠡᠪᠴᠢᠶ᠎ᠡ ᠶᠢ ᠭᠠᠶᠢᠯᠢ ᠲᠤᠰᠢᠶᠠᠬᠤ ᠢᠲᠡᠭᠡᠮᠵᠢ ᠶᠢᠨ C ᠲᠡᠰ ᠤᠨ ᠭᠠᠶᠢᠯᠢ ᠲᠤᠰᠢᠶᠠᠭᠴᠢ ᠬᠦᠷᠲᠡᠯ᠎ᠡ ᠥᠷᠭᠡᠳᠬᠡᠵᠤ᠂ | ᠥᠨᠡᠮᠰᠢᠯᠡᠯᠲᠡ ᠶᠢ ᠦᠭᠡᠶᠢᠰᠬᠡᠬᠦ ᠨᠤᠷᠮ᠎ᠠ ᠶᠢ 68% ᠳᠤ ᠬᠦᠷᠦᠭᠦᠯᠵᠦ᠂ ᠥᠷᠭᠡᠨ ᠤᠯᠠᠨ ᠵᠢᠵᠢᠭ ᠠᠵᠤ | ᠠᠬᠤᠶᠢᠯᠠᠯ ᠳᠤ ᠰᠢᠭᠤᠳ ᠠᠰᠢᠭ ᠬᠦᠷᠲᠡᠭᠡᠵᠦ᠂ ᠲᠡᠳᠡᠨ ᠤ ᠭᠠᠶᠢᠯᠢ ᠭᠦᠢᠴᠡᠳᠬᠡᠬᠦ ᠥᠪᠡᠷ ᠤᠨ ᠥᠷᠳᠡᠭ ᠢ ᠨᠢ | ᠪᠦᠲᠦᠮᠵᠢᠲᠡᠶ ᠪᠠᠷ ᠪᠠᠭᠤᠷᠠᠭᠤᠯᠵᠠᠶ᠃ | ᠬᠥᠲᠥᠯᠥᠭᠴᠢ᠄ | ᠲᠨ ᠰᠠᠶ᠋ᠢ ︽ᠪᠣᠶ ᠪᠥᠬᠦᠶ ᠠᠵᠢᠯ ᠲᠥᠷᠥᠯ ᠤᠨ ᠭᠠᠶᠢᠯᠢ ᠶᠢᠨ ᠡᠭᠦᠷᠭᠡᠯᠡᠯ ᠢ ᠬᠠᠰᠤᠬᠤ ᠠᠴᠠ ᠪᠢᠰᠢ | ᠨᠡᠮᠡᠭᠳᠡᠭᠦᠯᠬᠦ ᠦᠭᠡᠶ︾ ᠭᠡᠵᠦ ᠶᠠᠷᠢᠪᠠ᠂ ᠭᠡᠲᠡᠯ᠎ᠡ ᠣᠶᠢᠯᠠᠭᠠᠭᠰᠠᠨ ᠢᠶᠠᠷ᠂ ᠡᠵᠡᠩᠨᠡᠯᠲᠡ ᠶᠢᠨ ᠭᠠᠶᠢᠯᠢ ᠶᠢ ᠦᠷᠳᠡᠭ | ᠨᠡᠮᠡᠭᠳᠡᠯ ᠤᠨ ᠭᠠᠶᠢᠯᠢ ᠪᠣᠯᠭᠠᠨ ᠥᠭᠡᠷᠡᠴᠢᠯᠡᠭᠰᠡᠨ ᠤ ᠳᠠᠷᠠᠭ᠎ᠠ᠂ ᠴᠥᠭᠡᠨ ᠲᠣᠭᠠᠨ ᠤ ᠠᠵᠤ ᠠᠬᠤᠶᠢᠯᠠᠯ ᠤᠨ | ᠭᠠᠶᠢᠯᠢ ᠶᠢᠨ ᠡᠭᠦᠷᠭᠡᠯᠡᠯ ᠨᠢ ᠨᠡᠮᠡᠭᠳᠡᠭᠰᠡᠨ ᠪᠠᠶᠢᠨ᠎ᠠ᠂ ᠲᠠ ᠡᠨᠡ ᠠᠰᠠᠭᠤᠳᠠᠯ ᠢ ᠤᠯᠠᠨ ᠳᠤ ᠲᠠᠶᠢᠯᠪᠤᠷᠢᠯᠠᠭᠠᠳ | ᠥᠭᠭᠦᠨ᠎ᠡ ᠦᠦ᠃ | ᠲᠠᠨ ᠾᠧᠩ᠄ | 2016 ᠣᠨ ᠤ 5 ᠳ᠋ᠤᠭᠠᠷ ᠰᠠᠷ᠎ᠠ ᠶᠢᠨ 1 ᠤ ᠡᠳᠦᠷ ᠠᠴᠠ ᠡᠵᠡᠩᠨᠡᠯᠲᠡ ᠶᠢᠨ ᠭᠠᠶᠢᠯᠢ ᠶᠢ ᠦᠷᠲᠡᠭ | ᠨᠡᠮᠡᠭᠳᠡᠯ ᠤᠨ ᠭᠠᠶᠢᠯᠢ ᠪᠣᠯᠭᠠᠨ ᠥᠭᠡᠷᠡᠴᠢᠯᠡᠬᠦ ᠲᠤᠷᠰᠢᠯᠲᠠ ᠶᠢ ᠪᠦᠬᠦ ᠲᠠᠯ᠎ᠠ ᠪᠠᠷ ᠬᠡᠷᠡᠭᠵᠢᠭᠦᠯᠦᠭᠰᠡᠨ ᠠᠴᠠ ᠨᠠᠰᠢ᠂ | ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠡᠳ᠋ ᠤᠨ ᠵᠠᠰᠠᠭ ᠤᠨ ᠶᠠᠮᠤᠨ ᠲᠠᠢ ᠬᠠᠮᠲᠤᠷᠠᠨ ᠠᠯᠢ | ᠣᠯᠠᠨ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠨᠡᠶᠢᠲᠡᠯᠡᠵᠦ᠂ ᠠᠵᠤ ᠠᠬᠤᠶᠢᠯᠠᠯ ᠤᠨ ᠨᠡᠶᠢᠲᠡᠴᠢ | ᠴᠢᠨᠠᠷᠲᠠᠶ ᠵᠦᠢ ᠶᠣᠰᠣᠨ ᠤ ᠬᠦᠰᠡᠯ ᠱᠠᠭᠠᠷᠳᠠᠯᠭ᠎ᠠ ᠶᠢ ᠦᠨᠳᠦᠰᠦᠯᠡᠨ᠂ ᠣᠯᠠᠨ ᠨᠥᠬᠦᠪᠥᠷᠢ ᠲᠣᠭᠲᠠᠭᠠᠯ ᠭᠠᠷᠭᠠᠭᠰᠠᠨ | ᠪᠦᠭᠡᠳ ᠦᠢᠯᠡᠴᠢᠯᠡᠭᠡ ᠶᠢ ᠰᠢᠯᠢᠳᠡᠭᠵᠢᠭᠦᠯᠬᠦ ᠠᠯᠢ ᠣᠯᠠᠨ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠪᠣᠶ ᠪᠥᠬᠦᠶ ᠠᠵᠢᠯ | ᠲᠥᠷᠥᠯ ᠤᠨ ᠭᠠᠶᠢᠯᠢ ᠶᠢᠨ ᠡᠭᠦᠷᠭᠡᠯᠡᠯ ᠢ ᠪᠦᠬᠦᠨ ᠢ ᠬᠥᠩᠭᠡᠷᠡᠭᠦᠯᠬᠦ ᠶᠢ ᠪᠡᠶᠡᠯᠡᠭᠦᠯᠪᠡ᠃ ᠡᠵᠡᠩᠨᠡᠯᠲᠡ ᠶᠢᠨ | ᠭᠠᠶᠢᠯᠢ ᠶᠢ ᠦᠷᠳᠡᠭ ᠨᠡᠮᠡᠭᠳᠡᠯ ᠤᠨ ᠭᠠᠶᠢᠯᠢ ᠪᠣᠯᠭᠠᠨ ᠥᠭᠡᠷᠡᠴᠢᠯᠡᠭᠰᠡᠨ ᠤ ᠳᠠᠷᠠᠭ᠎ᠠ᠂ ᠵᠠᠷᠢᠮ ᠠᠵᠤ ᠠᠬᠤᠶᠢᠯᠠᠯ ᠤᠨ | ᠭᠠᠶᠢᠯᠢ ᠶᠢᠨ ᠡᠭᠦᠷᠭᠡᠯᠡᠯ ᠬᠦᠨᠳᠦᠷᠡᠬᠦ ᠪᠠᠶᠢᠳᠠᠯ ᠠᠯᠬᠤᠮ ᠠᠯᠬᠤᠮ ᠢᠶᠠᠷ ᠢᠳᠡᠪᠬᠢᠲᠡᠶ ᠬᠤᠪᠢᠷᠠᠯᠲᠠ ᠭᠠᠷᠪᠠ᠃ ᠪᠥᠬᠦ | ᠣᠷᠣᠨ ᠤ ᠪᠠᠶᠢᠳᠠᠯ ᠠᠴᠠ ᠦᠵᠡᠪᠡᠯ᠂ 2016 ᠣᠨ ᠤ 5 ᠳ᠋ᠤᠭᠠᠷ ᠰᠠᠷ᠎ᠠ ᠳᠤ ᠡᠵᠡᠩᠨᠡᠯᠲᠡ ᠶᠢᠨ ᠭᠠᠶᠢᠯᠢ ᠶᠢ | ᠦᠷᠲᠡᠭ ᠨᠡᠮᠡᠭᠳᠡᠯ ᠤᠨ ᠭᠠᠶᠢᠯᠢ ᠪᠣᠯᠭᠠᠨ ᠥᠭᠡᠷᠡᠴᠢᠯᠡᠬᠦ ᠲᠤᠷᠰᠢᠯᠲᠠ ᠶᠢ ᠪᠦᠬᠦ ᠲᠠᠯ᠎ᠠ ᠪᠠᠷ ᠬᠡᠷᠡᠭᠵᠢᠭᠦᠯᠦᠭᠰᠡᠨ ᠲᠤᠰ | ᠰᠠᠷ᠎ᠠ ᠳᠤ᠂ ᠳᠥᠷᠪᠡᠨ ᠶᠡᠭᠡ ᠠᠵᠢᠯ ᠲᠥᠷᠥᠯ ᠳᠣᠲᠣᠷᠠᠬᠢ ᠭᠠᠶᠢᠯᠢ ᠶᠢᠨ ᠡᠭᠦᠷᠭᠡᠯᠡᠯ ᠨᠢ ᠬᠥᠨᠳᠦᠷᠡᠭᠰᠡᠨ ᠭᠠᠶᠢᠯᠢ | ᠲᠤᠰᠢᠶᠠᠭᠴᠢ ᠶᠢᠨ ᠬᠠᠷᠢᠴᠠᠯ ᠨᠢ 1.02% ᠪᠣᠯᠪᠠ᠃ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠪᠠ ᠠᠵᠤ | ᠠᠬᠤᠶᠢᠯᠠᠯ ᠬᠤᠶᠠᠷ ᠲᠠᠯ᠎ᠠ ᠶᠢᠨ ᠬᠠᠮᠲᠤ ᠶᠢᠨ ᠴᠢᠷᠮᠠᠶᠢᠯᠭ᠎ᠠ ᠪᠠᠷ ᠳᠠᠮᠵᠢᠭᠠᠳ᠂ 2016 ᠣᠨ ᠤ 12 ᠳ᠋ᠤᠭᠠᠷ ᠰᠠᠷ᠎ᠠ | ᠪᠣᠯᠬᠤ ᠳᠤ᠂ ᠳᠥᠷᠪᠡᠨ ᠶᠡᠭᠡ ᠠᠵᠢᠯ ᠲᠥᠷᠥᠯ ᠤᠨ 23.8 ᠲᠦᠮᠡᠨ ᠡᠷᠦᠬᠡ ᠲᠤᠷᠰᠢᠯᠲᠠ ᠶᠢᠨ ᠴᠢᠭ᠋ ᠤᠨ ᠭᠠᠶᠢᠯᠢ | ᠲᠤᠰᠢᠶᠠᠭᠴᠢᠳ ᠤᠨ ᠳᠣᠲᠣᠷ᠎ᠠ᠂ ᠵᠥᠪᠬᠡᠨ 0.78% ᠭᠠᠶᠢᠯᠢ ᠲᠤᠰᠢᠶᠠᠭᠴᠢᠳ ᠤᠨ ᠭᠠᠶᠢᠯᠢ ᠶᠢᠨ ᠡᠭᠦᠷᠭᠡᠯᠡᠯ ᠨᠢ | ᠠᠳᠠᠯᠢ ᠪᠤᠰᠤ ᠬᠡᠮᠵᠢᠶ᠎ᠡ ᠪᠠᠷ ᠬᠥᠨᠳᠦᠷᠡᠬᠦ ᠠᠰᠠᠭᠤᠳᠠᠯ ᠣᠷᠣᠰᠢᠵᠤ ᠪᠠᠶᠢᠪᠠ᠃ ᠠᠵᠤ ᠠᠬᠤᠶᠢᠯᠠᠯ ᠤᠨ ᠭᠠᠶᠢᠯᠢ ᠶᠢᠨ | ᠡᠭᠦᠷᠭᠡᠯᠡᠯ ᠤᠨ ᠲᠣᠭᠲᠠᠭᠤᠨ ᠪᠤᠰᠤ ᠪᠠᠶᠢᠳᠠᠯ ᠤᠨ ᠢᠯᠡᠷᠡᠯ ᠨᠢ ᠨᠡᠯᠢᠶᠡᠳ ᠪᠤᠳᠤᠯᠢᠶᠠᠨᠲᠠᠶ ᠪᠠᠶᠢᠵᠤ᠂ ᠪᠦᠲᠦᠴᠡ ᠶᠢᠨ | ᠴᠢᠨᠠᠷᠲᠠᠶ ᠬᠤᠪᠢᠷᠠᠬᠤ ᠪᠠᠶᠢᠳᠠᠯ ᠢᠯᠡᠷᠡᠵᠡᠢ᠄ ᠳᠥᠷᠪᠡᠨ ᠶᠡᠭᠡ ᠠᠵᠢᠯ ᠲᠥᠷᠥᠯ ᠤᠨ 26 ᠵᠢᠵᠢᠭ ᠠᠵᠢᠯ ᠲᠦᠷᠦᠯ ᠤᠨ | ᠳᠣᠲᠣᠷ᠎ᠠ᠂ ᠵᠠᠷᠢᠮ ᠵᠢᠵᠢᠭ ᠠᠵᠢᠯ ᠲᠥᠷᠥᠯ ᠤᠨ ᠭᠠᠶᠢᠯᠢ ᠶᠢᠨ ᠡᠭᠦᠷᠭᠡᠯᠡᠯ ᠨᠢ ᠬᠥᠨᠳᠦᠷᠡᠭᠰᠡᠨ ᠠᠵᠤ ᠠᠬᠤᠶᠢᠯᠠᠯ ᠤᠨ | ᠡᠵᠡᠯᠡᠬᠦ ᠬᠠᠷᠢᠴᠠᠯ ᠨᠢ ᠬᠠᠷᠢᠴᠠᠩᠭᠤᠶ ᠪᠠᠷ ᠣᠯᠠᠨ ᠰᠢᠭ᠋᠂ ᠵᠠᠷᠢᠮ ᠨᠢ ᠴᠥᠭᠡᠨ ᠰᠢᠭ ᠪᠥᠭᠡᠳ ᠬᠤᠪᠢᠷᠠᠯᠲᠠ ᠶᠢᠨ | ᠳᠤᠮᠳᠠ ᠣᠷᠣᠰᠢᠵᠤ ᠪᠠᠶᠢᠨ᠎ᠠ︔ ᠵᠠᠷᠢᠮ ᠠᠵᠤ ᠠᠬᠤᠶᠢᠯᠠᠯ ᠤᠨ ᠡᠨᠡ ᠰᠠᠷ᠎ᠠ ᠶᠢᠨ ᠭᠠᠶᠢᠯᠢ ᠶᠢᠨ ᠡᠭᠦᠷᠭᠡᠯᠡᠯ ᠨᠢ | ᠬᠥᠨᠳᠥᠷᠡᠵᠦ᠂ ᠳᠠᠷᠠᠭ᠎ᠠ ᠰᠠᠷ᠎ᠠ ᠶᠢᠨ ᠭᠠᠶᠢᠯᠢ ᠶᠢᠨ ᠡᠭᠦᠷᠭᠡᠯᠡᠯ ᠨᠢ ᠪᠠᠭᠤᠷᠠᠳᠠᠭ︔ ᠠᠳᠠᠯᠢ ᠨᠢᠭᠡᠨ ᠵᠢᠵᠢᠭ ᠠᠵᠢᠯ | ᠲᠦᠷᠦᠯ ᠤᠨ ᠳᠣᠲᠣᠷ᠎ᠠ᠂ ᠵᠠᠷᠢᠮ ᠳᠠᠭᠠᠨ ᠡᠨᠡ ᠨᠢᠭᠡᠨ ᠠᠵᠤ ᠠᠬᠤᠶᠢᠯᠠᠯ ᠤᠨ ᠭᠠᠶᠢᠯᠢ ᠶᠢᠨ ᠡᠭᠦᠷᠭᠡᠯᠡᠯ ᠨᠢ | ᠬᠥᠨᠳᠥᠷᠡᠵᠦ᠂ ᠵᠠᠷᠢᠮ ᠳᠠᠭᠠᠨ ᠲᠡᠷᠡ ᠨᠢᠭᠡ ᠠᠵᠤ ᠠᠬᠤᠶᠢᠯᠠᠯ ᠤᠨ ᠭᠠᠶᠢᠯᠢ ᠶᠢᠨ ᠡᠭᠦᠷᠭᠡᠯᠡᠯ ᠨᠢ ᠳᠡᠭᠡᠭᠰᠢᠯᠡᠳᠡᠭ᠃ | ᠭᠡᠪᠡᠴᠦ ᠭᠠᠶᠢᠯᠢ ᠶᠢᠨ ᠡᠭᠦᠷᠭᠡᠯᠡᠯ ᠤᠨ ᠬᠥᠨᠳᠦᠷᠡᠬᠦ ᠬᠡᠮᠵᠢᠶ᠎ᠡ ᠪᠣᠯᠤᠨ ᠲᠤᠭ᠎ᠠ ᠬᠡᠮᠵᠢᠶ᠎ᠡ ᠨᠢ ᠣᠯᠠᠩᠬᠢ ᠳᠠᠭᠠᠨ | ᠪᠠᠭᠤᠷᠠᠬᠤ ᠬᠠᠨᠳᠤᠰᠢ ᠲᠠᠢ ᠪᠣᠯᠤᠭᠰᠠᠨ ᠶᠤᠮ᠃ ᠠᠵᠤ ᠠᠬᠤᠶᠢᠯᠠᠯ ᠤᠨ ᠭᠠᠶᠢᠯᠢ ᠶᠢᠨ ᠡᠭᠦᠷᠭᠡᠯᠡᠯ ᠤᠨ ᠬᠡᠯᠪᠡᠯᠵᠡᠯ | ᠭᠠᠷᠤᠭᠰᠠᠨ ᠰᠢᠯᠲᠠᠭᠠᠨ ᠨᠢ ᠤᠯᠠᠨ ᠲᠠᠯ᠎ᠠ ᠶᠢᠨ ᠪᠠᠶᠢᠳᠠᠭ᠂ ᠪᠡᠯᠡ ᠤᠷᠤᠭᠤᠯᠤᠯᠲᠠ ᠶᠢᠨ ᠦᠶᠡᠯᠡᠯ ᠤᠨ ᠬᠤᠭᠤᠴᠠᠭ᠎ᠠ᠂ | ᠬᠥᠷᠥᠩᠭᠡ ᠶᠢᠨ ᠪᠦᠲᠦᠴᠡ᠂ ᠬᠠᠮᠢᠶᠠᠷᠤᠯᠲᠠ ᠶᠢᠨ ᠪᠠᠶᠢᠳᠠᠯ᠂ ᠲᠥᠷᠥ ᠶᠢᠨ ᠪᠤᠳᠦᠯᠭ᠎ᠠ ᠣᠶᠢᠯᠠᠭᠠᠬᠤ ᠬᠡᠮᠵᠢᠶ᠎ᠡ ᠵᠡᠷᠭᠡ | ᠤᠯᠠᠨ ᠵᠦᠢᠯ ᠤᠨ ᠬᠦᠴᠦᠨ ᠵᠦᠢᠯ ᠪᠦᠷ ᠨᠥᠯᠥᠭᠡᠯᠡᠳᠡᠭ᠃ ᠠᠵᠤ ᠠᠬᠤᠶᠢᠯᠠᠯ ᠤᠨ ᠪᠠᠶᠢᠳᠠᠯ ᠲᠦᠮᠨ ᠮᠢᠩᠭᠠᠨ | ᠢᠯᠭᠠᠭ᠎ᠠ ᠵᠥᠷᠢᠶ᠎ᠡ ᠲᠠᠢ ᠪᠣᠯᠣᠭᠠᠳ᠂ ᠨᠢᠭᠡᠳᠦᠯᠲᠡᠶ ᠭᠠᠶᠢᠯᠢ ᠲᠠᠲᠠᠪᠤᠷᠢ ᠶᠢᠨ ᠲᠦᠷᠦ ᠶᠢᠨ ᠪᠤᠳᠤᠯᠭ᠎ᠠ ᠶᠢᠨ ᠳᠣᠣᠷ᠎ᠠ | ᠪᠤᠢ ᠪᠦ᠋ᠬᠦᠢ ᠠᠵᠤ ᠠᠬᠤᠶᠢᠯᠠᠯ ᠵᠢᠴᠢ ᠠᠵᠤ ᠠᠬᠤᠶᠢᠯᠠᠯ ᠤᠨ ᠪᠤᠢ ᠪᠦᠬᠦᠢ ᠴᠠᠭ ᠦᠶ᠎ᠡ ᠶᠢᠨ ᠭᠠᠶᠢᠯᠢ ᠶᠢᠨ | ᠡᠭᠦᠷᠭᠡᠯᠡᠯ ᠢ ᠴᠥᠮ ᠪᠠᠭᠤᠷᠠᠭᠤᠯᠬᠤ ᠳᠤ ᠦᠨᠡᠬᠡᠷ ᠬᠦᠴᠢᠷᠲᠡᠶ ᠶᠤᠮ᠂ ᠬᠡᠳᠦ᠋ᠢᠪᠡᠷ ᠬᠤᠪᠢᠷᠠᠯᠲᠠ ᠶᠢᠨ ᠬᠠᠨᠳᠤᠰᠢ | ᠰᠠᠶᠢᠨ ᠪᠠᠶᠢᠪᠠᠴᠤ ᠪᠦᠬᠦ ᠣᠷᠣᠨ ᠤ ᠡᠯ᠎ᠡ ᠱᠠᠲᠤᠨ ᠤ ᠤᠯᠤᠰ ᠤᠨ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠨᠤᠭᠤᠳ | ᠡᠨᠡ ᠠᠰᠠᠭᠤᠳᠠᠯ ᠢ ᠮᠥᠨ ᠬᠦ ᠥᠩᠭᠡᠷᠡᠭᠰᠡᠨ ᠲᠠᠢ ᠪᠠᠨ ᠠᠳᠠᠯᠢ ᠪᠠᠷ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ | ᠪᠠᠶᠢᠨ᠎ᠠ᠃ 2016 ᠣᠨ ᠤ 12 ᠳ᠋ᠤᠭᠠᠷ ᠰᠠᠷ᠎ᠠ ᠶᠢᠨ ᠡᠵᠡᠩᠨᠡᠯᠲᠡ ᠶᠢᠨ ᠭᠠᠶᠢᠯᠢ ᠶᠢ ᠦᠷᠳᠡᠭ ᠨᠡᠮᠡᠭᠳᠡᠯ ᠤᠨ | ᠭᠠᠶᠢᠯᠢ ᠪᠣᠯᠭᠠᠨ ᠥᠭᠡᠷᠡᠴᠢᠯᠡᠭᠰᠡᠨ ᠲᠤᠭ᠎ᠠ ᠪᠠᠷᠢᠮᠲᠠ ᠠᠴᠠ ᠦᠵᠡᠪᠡᠯ᠂ ᠪᠦᠬᠦ ᠣᠷᠣᠨ ᠡᠵᠡᠩᠨᠡᠯᠲᠡ ᠶᠢᠨ ᠭᠠᠶᠢᠯᠢ ᠶᠢ | ᠦᠷᠳᠡᠭ ᠨᠡᠮᠡᠭᠳᠡᠯ ᠤᠨ ᠭᠠᠶᠢᠯᠢ ᠪᠣᠯᠭᠠᠨ ᠥᠭᠡᠷᠡᠴᠢᠯᠡᠬᠦ ᠪᠠᠶᠢᠳᠠᠯ ᠢ ᠪᠦᠬᠦ ᠲᠠᠯ᠎ᠠ ᠪᠠᠷ ᠳ᠋ᠦᠩᠨᠡᠵᠦ ᠦᠨᠡᠯᠡᠨ | ᠵᠢᠱᠢᠭᠰᠡᠨ ᠤ ᠳᠠᠭᠠᠤ᠂ ᠲᠤᠰᠬᠠᠢ ᠬᠥᠮᠥᠨ ᠵᠣᠬᠢᠶᠠᠨ ᠪᠠᠶᠢᠭᠤᠯᠦᠨ ᠭᠠᠶᠢᠯᠢ ᠶᠢᠨ ᠡᠭᠦᠷᠭᠡᠯᠡᠯ ᠨᠢ 0.78% | ᠬᠥᠨᠳᠦᠷᠡᠭᠰᠡᠨ ᠠᠵᠤ ᠠᠬᠤᠶᠢᠯᠠᠯ ᠤᠳ ᠲᠤ ᠵᠠᠳᠠᠯᠵᠤ ᠰᠤᠳᠤᠯᠤᠨ ᠮᠠᠭᠠᠳᠯᠠᠯᠲᠠ ᠬᠢᠪᠡ᠃ ᠠᠵᠤ ᠠᠬᠤᠶᠢᠯᠠᠯ ᠤᠨ | ᠵᠦᠢ ᠵᠣᠬᠢᠰᠲᠠᠶ ᠬᠦᠰᠡᠯ ᠱᠠᠭᠠᠷᠳᠠᠯᠭ᠎ᠠ ᠶᠢ ᠬᠠᠤᠯᠢ ᠶᠣᠰᠣᠭᠠᠷ ᠢᠳᠡᠪᠬᠢᠲᠡᠶ ᠰᠢᠢᠳᠪᠦᠷᠢᠯᠡᠭᠰᠡᠨ ᠪᠤᠶᠤ ᠤᠯᠤᠰ ᠤᠨ | ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠳᠤ ᠲᠤᠰᠬᠠᠪᠠ᠃ ᠡᠭᠦᠨ ᠠᠴᠠ ᠭᠠᠳᠠᠨ᠎ᠠ ᠪᠠᠰᠠ ᠦᠢᠯᠡᠴᠢᠯᠡᠭᠡ ᠶᠢ | ᠦᠷᠭᠦᠯᠵᠢᠯᠡᠨ ᠰᠢᠯᠢᠳᠡᠭᠵᠢᠭᠦᠯᠵᠦ᠂ ᠭᠤᠣᠯᠳᠠᠯᠭ᠎ᠠ ᠲᠠᠢ ᠠᠵᠢᠯ ᠲᠥᠷᠥᠯ ᠪᠣᠯᠤᠨ ᠭᠠᠶᠢᠯᠢ ᠶᠢᠨ ᠡᠭᠦᠷᠭᠡᠯᠡᠯ ᠨᠢ | ᠣᠬᠤᠷ ᠬᠤᠭᠤᠴᠠᠭᠠᠨ ᠳᠤ ᠢᠯᠡᠳᠲᠡ ᠬᠥᠨᠳᠦᠷᠡᠭᠰᠡᠨ ᠠᠵᠤ ᠠᠬᠤᠶᠢᠯᠠᠯ ᠤᠳ ᠲᠤ ᠣᠴᠢᠨ ᠬᠠᠪᠰᠤᠷᠤᠨ | ᠵᠢᠯᠣᠭᠤᠳᠴᠤ᠂ ᠠᠵᠤ ᠠᠬᠤᠶᠢᠯᠠᠯ ᠢ ᠬᠠᠪᠰᠣᠷᠣᠨ ᠳᠣᠲᠣᠭᠠᠳᠤ ᠶᠢᠨ ᠬᠠᠮᠢᠶᠠᠷᠤᠯᠲᠠ ᠶᠢ ᠨᠢ ᠰᠠᠶᠢᠵᠢᠷᠠᠭᠤᠯᠤᠨ᠂ | ᠡᠵᠡᠩᠨᠡᠯᠲᠡ ᠶᠢᠨ ᠭᠠᠶᠢᠯᠢ ᠶᠢ ᠥᠷᠳᠡᠭ ᠨᠡᠮᠡᠭᠳᠡᠯ ᠤᠨ ᠭᠠᠶᠢᠯᠢ ᠪᠣᠯᠭᠠᠨ ᠥᠭᠡᠷᠡᠴᠢᠯᠡᠬᠦ ᠵᠢᠴᠢ ᠬᠤᠯᠪᠣᠭᠳᠠᠯ ᠪᠦᠬᠦᠢ | ᠭᠠᠶᠢᠯᠢ ᠲᠠᠲᠠᠪᠤᠷᠢ ᠶᠢᠨ ᠲᠦᠷᠦ ᠶᠢᠨ ᠪᠤᠳᠤᠯᠭ᠎ᠠ ᠶᠢ ᠭᠦᠶᠴᠡᠳ ᠰᠠᠶᠢᠨ ᠬᠡᠷᠡᠭᠯᠡᠭᠦᠯᠵᠦ᠂ ᠨᠡᠩ ᠤᠯᠠᠨ ᠠᠵᠤ | ᠠᠬᠤᠶᠢᠯᠠᠯ ᠤᠳ ᠲᠤ ᠡᠵᠡᠩᠨᠡᠯᠲᠡ ᠶᠢᠨ ᠭᠠᠶᠢᠯᠢ ᠶᠢ ᠦᠷᠳᠡᠭ ᠨᠡᠮᠡᠭᠳᠡᠯ ᠤᠨ ᠭᠠᠶᠢᠯᠢ ᠪᠣᠯᠭᠠᠨ ᠥᠭᠡᠷᠡᠴᠢᠯᠡᠬᠦ ᠶᠢᠨ | ᠠᠰᠢᠭ ᠬᠦᠷᠲᠡᠭᠡᠪᠡ᠃ | ᠬᠥᠲᠥᠯᠥᠭᠴᠢ᠄ | ᠠᠵᠤ ᠠᠬᠤᠶᠢᠯᠠᠯ ᠤᠨ ᠳᠣᠲᠣᠭᠠᠳᠤ ᠶᠢᠨ ᠬᠠᠮᠢᠶᠠᠷᠤᠯᠲᠠ ᠨᠢ ᠡᠵᠡᠩᠨᠡᠯᠲᠡ ᠶᠢᠨ ᠭᠠᠶᠢᠯᠢ ᠶᠢ ᠦᠷᠲᠡᠭ | ᠨᠡᠮᠡᠭᠳᠡᠯ ᠤᠨ ᠪᠤᠯᠭᠠᠨ ᠦᠭᠡᠷᠡᠴᠢᠯᠡᠬᠦ ᠭᠠᠶᠢᠯᠢ ᠬᠥᠩᠭᠡᠯᠡᠬᠦ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠳᠤ | ᠶᠠᠮᠠᠷ ᠨᠥᠯᠥᠭᠡ ᠦᠵᠡᠭᠦᠯᠬᠦ ᠪᠤᠢ︖ | ᠲᠠᠨ ᠾᠧᠩ᠄ | ᠡᠵᠡᠩᠨᠡᠯᠲᠡ ᠶᠢᠨ ᠭᠠᠶᠢᠯᠢ ᠶᠢ ᠦᠷᠲᠡᠭ ᠨᠡᠮᠡᠭᠳᠡᠯ ᠤᠨ ᠭᠠᠶᠢᠯᠢ ᠪᠤᠯᠭᠠᠨ ᠦᠭᠡᠷᠡᠴᠢᠯᠡᠬᠦ ᠨᠢ ᠭᠠᠶᠢᠯᠢ ᠶᠢᠨ | ᠲᠦᠷᠢᠮ ᠤᠨ ᠥᠭᠡᠷᠡᠴᠢᠯᠡᠯᠲᠡ ᠶᠢᠨ ᠨᠢᠭᠡᠨ ᠴᠢᠬᠤᠯᠠ ᠠᠷᠭ᠎ᠠ ᠬᠡᠮᠵᠢᠶ᠎ᠡ ᠪᠤᠯᠤᠭᠰᠠᠨ ᠤ ᠬᠤᠪᠢ ᠳᠤ᠂ ᠭᠠᠶᠢᠯᠢ ᠶᠢ | ᠰᠢᠭᠤᠳ ᠬᠠᠰᠤᠵᠤ ᠬᠡᠯᠲᠦᠷᠢᠭᠦᠯᠬᠦ ᠲᠠᠢ ᠪᠦᠷᠢᠮᠦᠰᠦᠨ ᠠᠳᠠᠯᠢ ᠦᠭᠡᠢ ᠶᠤᠮ᠂ ᠠᠵᠤ ᠠᠬᠤᠶᠢᠯᠠᠯ ᠨᠢ ᠲᠥᠷᠢᠮ ᠤᠨ | ᠱᠠᠭᠠᠷᠳᠠᠯᠭ᠎ᠠ ᠶᠢᠨ ᠬᠤᠪᠢᠷᠠᠯᠲᠠ ᠶᠢ ᠦᠨᠳᠦᠰᠦᠯᠡᠨ ᠳᠣᠲᠣᠭᠠᠳᠤ ᠶᠢᠨ ᠬᠠᠮᠢᠶᠠᠷᠤᠯᠲᠠ ᠪᠠᠨ ᠵᠣᠬᠢᠴᠠᠩᠭᠤᠶ | ᠰᠠᠶᠢᠵᠢᠷᠠᠭᠤᠯᠬᠤ ᠪᠠ ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢᠨ ᠠᠰᠢᠭ ᠲᠤᠰᠠ ᠶᠢ ᠴᠢᠳᠠᠬᠤ ᠶᠢᠨ ᠬᠢᠷᠢ ᠪᠠᠷ | ᠢᠯᠡᠭᠦᠬᠡᠨ ᠬᠦᠷᠲᠡᠬᠦ ᠨᠢ ᠨᠡᠩ ᠴᠢᠬᠤᠯᠠ ᠶᠤᠮ᠃ ᠨᠢᠭᠡ ᠵᠢᠱᠢᠶ᠎ᠡ ᠲᠠᠲᠠᠵᠤ ᠬᠡᠯᠡᠪᠡᠯ᠄ 2016 ᠣᠨ ᠤ 5 ᠳ᠋ᠤᠭᠠᠷ | ᠰᠠᠷ᠎ᠠ ᠠᠴᠠ ᠤᠷᠢᠳ ᠬᠤᠵᠢᠳ ᠢᠶᠠᠷ᠂ ᠭᠠᠳᠠᠷ ᠮᠤᠵᠢ ᠳᠤ ᠪᠠᠭᠤᠳᠠᠯ ᠤᠨ ᠦᠢᠯᠡᠰ ᠨᠢ ᠡᠵᠡᠩᠨᠡᠯᠲᠡ ᠶᠢᠨ ᠭᠠᠶᠢᠯᠢ ᠶᠢ | ᠦᠷᠳᠡᠭ ᠨᠡᠮᠡᠭᠳᠡᠯ ᠤᠨ ᠭᠠᠶᠢᠯᠢ ᠪᠤᠯᠭᠠᠨ ᠦᠭᠡᠷᠡᠴᠢᠯᠡᠬᠦ ᠨᠡᠷ᠎ᠡ ᠪᠠᠷ ᠦᠨ᠎ᠡ ᠦᠰᠭᠡᠭᠰᠡᠨ ᠬᠡᠷᠡᠭ ᠭᠠᠷᠴᠤ᠂ | ᠨᠡᠶᠢᠭᠡᠮ ᠤᠨ ᠠᠩᠬᠠᠷᠤᠯ ᠢ ᠲᠠᠲᠠᠪᠠ᠃ ᠡᠭᠦᠨ ᠳᠤ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ | ᠤᠯᠤᠰ ᠤᠨ ᠵᠢᠭᠤᠯᠴᠢᠯᠠᠯ ᠤᠨ ᠲᠣᠪᠴᠢᠶ᠎ᠠ ᠪᠠ ᠡᠯ᠎ᠡ ᠭᠠᠵᠠᠷ ᠤᠨ ᠪᠠᠷᠠᠭᠠᠨ ᠤ ᠦᠨ᠎ᠡ ᠶᠢᠨ ᠰᠠᠯᠠᠭ᠎ᠠ ᠮᠥᠴᠢᠷ ᠤᠳ | ᠲᠡᠷᠡ ᠳᠠᠷᠤᠶ ᠳᠤᠨᠢ ᠰᠢᠢᠳᠪᠦᠷᠢᠯᠡᠪᠡ᠃ ᠪᠦᠬᠦ ᠣᠷᠣᠨ ᠤ ᠡᠯ᠎ᠡ ᠱᠠᠲᠤᠨ ᠤ ᠤᠯᠤᠰ ᠤᠨ ᠭᠠᠶᠢᠯᠢ ᠶᠢᠨ ᠶᠠᠪᠤᠳᠠᠯ ᠤᠨ | ᠪᠠᠶᠢᠭᠤᠯᠭ᠎ᠠ ᠨᠤᠭᠤᠳ ᠡᠵᠡᠩᠨᠡᠯᠲᠡ ᠶᠢᠨ ᠭᠠᠶᠢᠯᠢ ᠶᠢ ᠦᠷᠳᠡᠭ ᠨᠡᠮᠡᠭᠳᠡᠯ ᠤᠨ ᠭᠠᠶᠢᠯᠢ ᠪᠤᠯᠭᠠᠨ ᠦᠭᠡᠷᠡᠴᠢᠯᠡᠬᠦ | ᠲᠥᠷᠥ ᠶᠢᠨ ᠪᠤᠳᠤᠯᠭ᠎ᠠ ᠶᠢᠨ ᠲᠤᠭᠲᠠᠭᠠᠯ ᠢ ᠠᠵᠤ ᠠᠬᠤᠶᠢᠯᠠᠯ ᠳᠤ ᠤᠯᠠᠮ ᠨᠠᠷᠢᠨ ᠲᠠᠶᠢᠯᠪᠤᠷᠢᠯᠠᠯᠲᠠ ᠲᠠᠶᠢᠯᠤᠮᠵᠢ | ᠬᠢᠵᠦ᠂ ᠠᠵᠤ ᠠᠬᠤᠶᠢᠯᠠᠯ ᠤᠨ ᠪᠤᠷᠤᠭᠤ ᠣᠶᠢᠯᠠᠭᠠᠯᠲᠠ ᠶᠢ ᠴᠠᠭ ᠲᠤᠬᠠᠶ ᠳᠤᠨᠢ ᠠᠷᠢᠯᠭᠠᠵᠤ᠂ ᠪᠦᠬᠦ ᠤᠯᠤᠰ ᠤᠨ | ᠠᠩᠬᠠᠳᠠᠭᠴᠢ ᠢᠳᠡᠭᠡᠨ ᠤᠮᠳᠠᠭᠠᠨ ᠤ ᠦᠢᠯᠡᠰ ᠲᠤ ᠲᠠᠷᠢᠶᠠᠯᠠᠩ ᠤᠨ ᠪᠦᠲᠦᠭᠡᠭᠳᠡᠬᠦᠨ ᠢ ᠬᠢᠨᠠᠨ ᠲᠣᠭᠲᠠᠭᠠᠵᠤ | ᠬᠠᠰᠤᠬᠤ ᠠᠷᠭ᠎ᠠ ᠶᠢ ᠬᠡᠷᠡᠭᠵᠢᠭᠦᠯᠪᠡ᠃ ᠪᠦᠷᠢᠳᠬᠡᠯ ᠤᠨ ᠲᠤᠭ᠎ᠠ ᠪᠠᠷᠢᠮᠲᠠ ᠠᠴᠠ ᠦᠵᠡᠪᠡᠯ᠂ 2016 ᠣᠨ ᠤ | 5-12 ᠳ᠋ᠤᠭᠠᠷ ᠰᠠᠷ᠎ᠠ ᠪᠤᠯᠲᠠᠯ᠎ᠠ ᠢᠳᠡᠭᠡᠨ ᠤᠮᠳᠠᠭᠠᠨ ᠤ ᠦᠢᠯᠡᠰ ᠲᠤ 1.1 ᠳ᠋ᠦᠩᠰᠢᠭᠤᠷ ᠲᠥᠭᠦᠷᠢᠭ ᠤᠨ ᠭᠠᠶᠢᠯᠢ | ᠬᠠᠰᠤᠵᠤ᠂ ᠭᠠᠶᠢᠯᠢ ᠶᠢᠨ ᠡᠭᠦᠷᠭᠡᠯᠡᠯ ᠢ 40.5% ᠪᠠᠭᠤᠷᠠᠭᠤᠯᠪᠠ︔ ᠬᠤᠨᠣᠭᠯᠠᠬᠤ ᠦᠢᠯᠡᠰ ᠲᠤ 0.7 | ᠳ᠋ᠦᠩᠰᠢᠭᠤᠷ ᠲᠥᠭᠦᠷᠢᠭ ᠤᠨ ᠭᠠᠶᠢᠯᠢ ᠬᠠᠰᠤᠵᠤ᠂ ᠭᠠᠶᠢᠯᠢ ᠶᠢᠨ ᠡᠭᠦᠷᠭᠡᠯᠡᠯ ᠢ 37.1% ᠪᠠᠭᠤᠷᠠᠭᠤᠯᠤᠭᠰᠠᠨ | ᠪᠠᠶᠢᠨ᠎ᠠ᠃ ᠪᠠᠰᠠ ᠵᠢᠱᠢᠶᠡᠯᠡᠪᠡᠯ᠂ ᠡᠵᠡᠩᠨᠡᠯᠲᠡ ᠶᠢᠨ ᠭᠠᠶᠢᠯᠢ ᠶᠢ ᠦᠷᠲᠡᠭ ᠨᠡᠮᠡᠭᠳᠡᠯ ᠤᠨ ᠭᠠᠶᠢᠯᠢ ᠪᠤᠯᠭᠠᠨ | ᠦᠭᠡᠷᠡᠴᠢᠯᠡᠬᠦ ᠲᠤᠷᠰᠢᠯᠲᠠ ᠶᠢ ᠪᠦᠬᠦ ᠲᠠᠯ᠎ᠠ ᠪᠠᠷ ᠬᠡᠷᠡᠭᠵᠢᠭᠦᠯᠦᠭᠰᠡᠨ ᠤ ᠳᠠᠷᠠᠭ᠎ᠠ᠂ ᠮᠠᠢ ᠳ᠋ᠠᠩ ᠯᠤᠤ ᠶᠢᠨ ᠥᠪᠡᠷᠲᠡᠭᠡᠨ | ᠡᠵᠡᠩᠨᠡᠬᠦ ᠳᠡᠯᠭᠡᠭᠦᠷ ᠤᠨ ᠦᠷᠲᠡᠭ ᠨᠡᠮᠡᠭᠳᠡᠯ ᠤᠨ ᠭᠠᠶᠢᠯᠢ ᠶᠢᠨ ᠡᠭᠦᠷᠭᠡᠯᠡᠯ ᠨᠢ ᠢᠯᠡᠳᠲᠡ ᠪᠠᠭᠤᠷᠠᠵᠠᠢ᠂ ᠪᠦᠬᠦ | ᠣᠷᠣᠨ ᠤ ᠪᠠᠶᠢᠳᠠᠯ ᠠᠴᠠ ᠦᠵᠡᠪᠡᠯ᠂ 2016 ᠣᠨ ᠤ 1— 4 ᠳ᠋ᠦ᠋ᠭᠡᠷ ᠰᠠᠷ᠎ᠠ ᠳᠤ 4.9% ᠪᠠᠶᠢᠭᠰᠠᠨ ᠠᠴᠠ ᠪᠠᠨ | 5-12 ᠳ᠋ᠤᠭᠠᠷ ᠰᠠᠷ᠎ᠠ ᠪᠤᠯᠬᠤ ᠳᠤ 0.5% ᠪᠤᠯᠵᠤ ᠪᠠᠭᠤᠷᠠᠪᠠ᠃ ᠡᠨᠡᠬᠦ ᠬᠤᠪᠢᠷᠠᠯᠲᠠ ᠨᠢ᠂ ᠨᠢᠭᠡ ᠲᠠᠯ᠎ᠠ ᠪᠠᠷ | ᠡᠵᠡᠩᠨᠡᠯᠲᠡ ᠶᠢᠨ ᠭᠠᠶᠢᠯᠢ ᠶᠢ ᠦᠷᠳᠡᠭ ᠨᠡᠮᠡᠭᠳᠡᠯ ᠤᠨ ᠭᠠᠶᠢᠯᠢ ᠪᠤᠯᠭᠠᠨ ᠦᠭᠡᠷᠡᠴᠢᠯᠡᠬᠦ ᠨᠢ ᠲᠤᠯᠭᠠᠨ ᠬᠠᠰᠤᠬᠤ | ᠲᠣᠭᠲᠠᠴᠠ ᠶᠢ ᠤᠷᠤᠭᠤᠯᠤᠭᠰᠠᠨ ᠠᠴᠠ ᠪᠤᠯᠤᠭᠰᠠᠨ ᠪᠠ ᠡᠭᠦᠨ ᠲᠠᠢ ᠠᠳᠠᠯᠢᠬᠠᠨ ᠴᠢᠬᠤᠯᠠ ᠨᠢ ᠮᠠᠢ ᠳ᠋ᠠᠩ ᠯᠤᠤ | ᠳᠣᠲᠣᠭᠠᠳᠤ ᠶᠢᠨ ᠬᠠᠮᠢᠶᠠᠷᠤᠯᠲᠠ ᠶᠢᠨ ᠡᠵᠡᠮᠰᠢᠯ ᠤᠨ ᠳᠦᠷᠢᠮ ᠢᠶᠠᠨ ᠴᠠᠭ ᠲᠤᠬᠠᠶ ᠳᠤᠨᠢ ᠳᠡᠰ ᠲᠡᠪᠰᠢᠭᠦᠯᠦᠨ | ᠪᠦᠷᠢᠨᠰᠢᠭᠦᠯᠵᠦ᠂ ᠲᠥᠷᠥ ᠶᠢᠨ ᠪᠣᠳᠣᠯᠭ᠎ᠠ ᠶᠢᠨ ᠲᠣᠬᠢᠷᠠᠭᠤᠯᠤᠯᠲᠠ ᠶᠢᠨ ᠲᠤᠬᠢᠶᠠᠯ ᠢ ᠠᠳᠬᠤᠵᠤ᠂ ᠬᠤᠳᠠᠯᠳᠤᠨ | ᠠᠪᠬᠤ ᠰᠢᠰᠲ᠋ᠧᠮᠵᠢ᠂ ᠲᠦᠭᠦᠬᠡᠶ ᠡᠳ᠋ ᠮᠠᠲ᠋ᠧᠷᠢᠶᠠᠯ ᠪᠣᠯᠪᠠᠰᠤᠷᠠᠭᠤᠯᠬᠤ᠂ ᠪᠠᠷᠠᠭ᠎ᠠ ᠶᠢᠨ ᠭᠦᠢᠯᠭᠡᠭᠡᠨ ᠤ ᠲᠣᠬᠢᠷᠠᠭᠤᠯᠤᠨ | ᠬᠦᠷᠭᠡᠬᠦ ᠵᠡᠷᠭᠡ ᠲᠠᠯ᠎ᠠ ᠶᠢᠨ ᠲᠤᠰᠬᠠᠶᠢᠵᠢᠭᠤᠯᠤᠭᠰᠠᠨ ᠠᠵᠢᠯ ᠤᠨ ᠬᠤᠪᠢᠶᠠᠷᠢᠯᠠᠯ ᠢᠶᠠᠷ ᠳᠠᠮᠵᠢᠭᠤᠯᠤᠨ᠂ | ᠦᠢᠯᠡᠳᠬᠦᠨ ᠤ ᠬᠡᠯᠬᠢᠶ᠎ᠡ ᠶᠢ ᠰᠢᠯᠢᠳᠡᠭᠵᠢᠭᠦᠯᠵᠦ᠂ ᠡᠵᠡᠩᠨᠡᠯᠲᠡ ᠶᠢᠨ ᠵᠠᠭᠪᠤᠷ ᠢ ᠤᠯᠠᠮ ᠠᠮᠢᠳᠤᠯᠢᠭ ᠪᠣᠯᠭᠠᠵᠤ᠂ | ᠠᠵᠢᠯᠯᠠᠭᠠᠨ ᠤ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ︽ᠬᠠᠰᠤᠬᠤ ᠴᠢᠬᠤᠯᠠᠲᠠᠢ ᠶᠢ ᠨᠢ | ᠴᠦᠮ ᠬᠠᠰᠤᠬᠤ︾ ᠶᠢ ᠪᠡᠶᠡᠯᠡᠭᠦᠯᠵᠦ᠂ ᠭᠠᠶᠢᠯᠢ ᠶᠢᠨ ᠡᠭᠦᠷᠭᠡᠯᠡᠯ ᠢᠶᠠᠨ ᠶᠡᠬᠡᠪᠡᠷ ᠬᠦᠩᠭᠡᠷᠡᠭᠦᠯᠦᠭᠰᠡᠨ ᠳᠤ ᠪᠤᠢ᠃ | ᠭᠠᠶᠢᠯᠢ ᠶᠢᠨ ᠡᠭᠦᠷᠭᠡᠯᠡᠯ ᠢ ᠬᠦᠩᠭᠡᠷᠡᠭᠦᠯᠦᠭᠰᠡᠨ ᠵᠢᠱᠢᠶ᠎ᠡ ᠮᠠᠰᠢ ᠠᠷᠪᠢᠨ ᠪᠠᠶᠢᠬᠤ ᠨᠢ ᠠᠵᠤ ᠠᠬᠤᠶᠢᠯᠠᠯ | ᠳᠣᠲᠣᠭᠠᠳᠤ ᠶᠢᠨ ᠬᠠᠮᠢᠶᠠᠷᠤᠯᠲᠠ ᠪᠤᠯ ᠴᠢᠩᠭᠠᠳᠬᠠᠨ ᠰᠠᠶᠢᠵᠢᠷᠠᠭᠤᠯᠵᠤ᠂ ᠡᠵᠡᠩᠨᠡᠯᠲᠡ ᠶᠢᠨ ᠴᠢᠨᠠᠷ ᠴᠢᠨᠰᠠᠭ᠎ᠠ ᠪᠠᠨ | ᠳᠡᠭᠡᠭᠰᠢᠯᠡᠭᠦᠯᠪᠡᠯ ᠲᠤᠯᠭᠠᠨ ᠬᠠᠰᠤᠬᠤ ᠶᠢ ᠴᠢᠳᠠᠬᠤ ᠶᠢᠨ ᠬᠢᠷᠢ ᠪᠠᠷ ᠢᠯᠡᠭᠦᠦ ᠬᠦᠷᠲᠡᠭᠡᠳ ᠭᠠᠶᠢᠯᠢ ᠶᠢᠨ | ᠡᠭᠦᠷᠭᠡᠯᠡᠯ ᠢᠶᠠᠨ ᠬᠦᠩᠭᠡᠯᠡᠬᠦ ᠳᠤ ᠲᠦᠢᠯ ᠤᠨ ᠴᠢᠬᠤᠯᠠ ᠦᠢᠯᠡᠳᠦᠯ ᠲᠠᠢ ᠶᠤᠮ ᠭᠡᠰᠡᠨ ᠢ ᠬᠠᠷᠠᠭᠤᠯᠵᠤ ᠪᠠᠶᠢᠨ᠎ᠠ᠃ | ᠴᠠᠭ ᠬᠤᠭᠤᠴᠠᠭᠠᠨ ᠤ ᠤᠯᠠᠷᠢᠯᠲᠠ ᠶᠢ ᠳᠠᠭᠠᠯᠳᠤᠨ᠂ ᠠᠵᠤ ᠠᠬᠤᠶᠢᠯᠠᠯ ᠤᠨ ᠡᠵᠡᠩᠨᠡᠯᠲᠡ ᠬᠠᠮᠢᠶᠠᠷᠤᠯᠲᠠ | ᠲᠡᠰᠦᠷᠡᠯᠳᠠ ᠦᠭᠡᠢ ᠰᠠᠶᠢᠵᠢᠷᠠᠵᠤ᠂ ᠲᠤᠯᠭᠠᠨ ᠬᠠᠰᠤᠬᠤ ᠨᠡᠩ ᠢᠯᠡᠭᠦᠦ ᠪᠦᠷᠢᠨ ᠭᠦᠢᠴᠡᠳ ᠪᠤᠯᠵᠤ᠂ | ᠡᠵᠡᠩᠨᠡᠯᠲᠡ ᠶᠢᠨ ᠭᠠᠶᠢᠯᠢ ᠶᠢ ᠦᠷᠲᠡᠭ ᠨᠡᠮᠡᠭᠳᠡᠯ ᠤᠨ ᠭᠠᠶᠢᠯᠢ ᠪᠤᠯᠭᠠᠨ ᠦᠭᠡᠷᠡᠴᠢᠯᠡᠨ ᠭᠠᠶᠢᠯᠢ ᠶᠢ ᠬᠥᠩᠭᠡᠯᠡᠬᠦ | ᠦᠢᠯᠡᠳᠦᠯ ᠤᠯᠠᠮ ᠠᠴᠠ ᠤᠯᠠᠮ ᠢᠯᠡᠷᠬᠡᠶ ᠪᠣᠯᠵᠤ᠂ ᠠᠵᠤ ᠠᠬᠤᠶᠢᠯᠠᠯ ᠢ ᠳᠡᠮᠵᠢᠬᠦ ᠶᠠᠪᠤᠳᠠᠯ ᠤᠯᠠᠮ ᠠᠴᠠ ᠤᠯᠠᠮ | ᠪᠦᠲᠦᠮᠵᠢᠲᠡᠶ ᠪᠣᠯᠤᠨ᠎ᠠ ᠭᠡᠵᠦ ᠪᠢ ᠪᠠᠲᠤ ᠢᠲᠡᠭᠡᠵᠦ ᠪᠠᠶᠢᠨ᠎ᠠ᠃ | ᠬᠥᠲᠥᠯᠥᠭᠴᠢ᠄ | ᠥᠭᠡᠷᠡᠴᠢᠯᠡᠯᠲᠡ ᠭᠡᠪᠡᠯ᠂ ᠤᠯᠤᠰ ᠤᠨ ᠭᠠᠶᠢᠯᠢ᠂ ᠣᠷᠣᠨ ᠨᠤᠲᠤᠭ ᠤᠨ ᠭᠠᠶᠢᠯᠢ ᠶᠢᠨ ᠲᠠᠲᠠᠪᠤᠷᠢᠯᠠᠨ | ᠬᠠᠮᠢᠶᠠᠷᠬᠤ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠠᠵᠢᠯ ᠵᠢᠯ ᠢᠯᠡᠭᠦᠦ ᠶᠠᠪᠤᠭᠳᠠᠵᠤ ᠪᠠᠶᠢᠨ᠎ᠠ᠂ | ᠪᠢᠳᠡ ᠡᠨᠡ ᠲᠠᠯ᠎ᠠ ᠪᠠᠷ ᠶᠠᠮᠠᠷ ᠶᠠᠮᠠᠷ ᠠᠮᠵᠢᠯᠲᠠ ᠤᠯᠤᠭᠰᠠᠨ ᠢ ᠲᠠ ᠤᠯᠠᠨ ᠳᠤ ᠲᠠᠨᠢᠯᠴᠠᠭᠤᠯᠵᠤ ᠦᠭᠭᠦᠨ᠎ᠡ ᠤᠤ︖ | ᠲᠠᠨ ᠾᠧᠩ᠄ | ᠥᠪᠥᠷ ᠮᠣᠩᠭᠤᠯ ᠤᠨ ᠤᠯᠤᠰ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ︽ᠤᠯᠤᠰ ᠤᠨ ᠭᠠᠶᠢᠯᠢ᠂ | ᠣᠷᠣᠨ ᠨᠤᠲᠤᠭ ᠤᠨ ᠭᠠᠶᠢᠯᠢ ᠶᠢᠨ ᠲᠠᠲᠠᠪᠤᠷᠢᠯᠠᠨ ᠬᠠᠮᠢᠶᠠᠷᠬᠤ ᠪᠠᠶᠢᠭᠤᠯᠤᠯ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠲᠥᠰᠦᠯ︾ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ | ᠬᠠᠮᠲᠤᠷᠠᠨ ᠳᠠᠷᠤᠮᠠᠯᠯᠠᠨ ᠲᠠᠷᠬᠠᠭᠠᠭᠰᠠᠨ ᠥᠭᠡᠷᠡᠴᠢᠯᠡᠯᠲᠡ ᠶᠢᠨ ᠬᠡᠷᠡᠭᠵᠢᠭᠦᠯᠬᠦ ᠲᠦᠰᠦᠯ ᠢ ᠬᠢᠨᠠᠮᠠᠭᠠᠶ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠭᠠᠶᠢᠯᠢ ᠲᠠᠲᠠᠪᠤᠷᠢ ᠶᠢ ᠬᠠᠮᠲᠤ ᠪᠠᠷ ᠵᠠᠰᠠᠬᠤ ᠪᠠᠶᠢᠷᠢᠰᠢᠯ ᠢ ᠪᠤᠢ ᠪᠤᠯᠭᠠᠬᠤ ᠪᠠᠷ ᠭᠤᠣᠯᠳᠠᠯᠭ᠎ᠠ | ᠪᠣᠯᠭᠠᠨ᠂ ᠭᠤᠣᠯᠳᠠᠯᠭ᠎ᠠ ᠲᠠᠢ ᠥᠭᠡᠷᠡᠴᠢᠯᠡᠯᠲᠡ ᠶᠢᠨ 10 ᠲᠦᠷᠦᠯ ᠵᠦᠢᠯ ᠪᠠ ᠰᠢᠨ᠎ᠡ ᠶᠢ ᠡᠭᠦᠳᠬᠦ | ᠥᠭᠡᠷᠡᠴᠢᠯᠡᠯᠲᠡ ᠶᠢᠨ 3 ᠲᠦᠷᠦᠯ ᠵᠦᠢᠯ ᠢ ᠲᠤᠭᠲᠠᠭᠠᠵᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ | ᠣᠷᠳᠣᠨ ᠢᠶᠠᠷ ᠤᠯᠤᠰ ᠪᠣᠯᠤᠨ ᠣᠷᠣᠨ ᠨᠤᠲᠤᠭ ᠤᠨ ᠭᠠᠶᠢᠯᠢ ᠶᠢᠨ ᠬᠠᠮᠲᠤᠷᠠᠯᠴᠠᠭ᠎ᠠ ᠶᠢ ᠠᠬᠢᠭᠤᠯᠬᠤ ᠬᠤᠷᠠᠯ | ᠬᠢᠯᠭᠡᠵᠦ᠂ ᠤᠷᠢᠳ ᠬᠤᠵᠢᠳ ︽ᠲᠥᠰᠦᠯ︾ ᠢ ᠰᠢᠮᠳᠠᠭᠤᠯᠤᠨ ᠨᠠᠶᠢᠳᠠᠪᠤᠷᠢᠵᠢᠭᠤᠯᠬᠤ ᠤᠳᠤᠷᠢᠳᠬᠤ | ᠳᠤᠭᠤᠶᠢᠯᠠᠩ ᠤᠨ ᠬᠤᠷᠠᠯ ᠢ 12 ᠤᠳᠠᠭ᠎ᠠ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠴᠢᠭ᠋ ᠢᠶᠠᠷ ᠨᠡᠶᠢᠳᠡᠮ ᠢ | ᠳᠠᠶᠢᠴᠢᠯᠠᠬᠤ᠂ ᠨᠠᠷᠢᠨ ᠪᠤᠲᠠᠲᠠᠢ ᠶᠢ ᠵᠡᠷᠭᠡᠪᠡᠷ ᠠᠳᠬᠤᠵᠤ᠂ 62 ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ | ᠨᠢᠭᠡᠳᠦᠯᠲᠡᠶ ᠲᠥᠯᠥᠪᠵᠢᠭᠦᠯᠦᠨ ᠬᠡᠷᠡᠭᠵᠢᠭᠦᠯᠦᠭᠰᠡᠨ ᠪᠠ ᠲᠦᠯᠬᠢᠨ ᠠᠬᠢᠭᠤᠯᠵᠤ᠂ ᠥᠭᠡᠷᠡᠴᠢᠯᠡᠯᠲᠡ ᠶᠢᠨ ᠰᠠᠶᠢᠨ | ᠰᠠᠶᠢᠬᠠᠨ ᠪᠠᠶᠢᠳᠠᠯ ᠢ ᠪᠤᠢ ᠪᠤᠯᠭᠠᠵᠤ᠂ ᠭᠠᠶᠢᠯᠢ ᠲᠤᠰᠢᠶᠠᠭᠴᠢ ᠶᠢᠨ ᠬᠦᠷᠲᠡᠮᠵᠢ ᠶᠢᠨ ᠲᠦᠷᠦᠭᠳᠡᠯ ᠪᠣᠯᠤᠨ | ᠲᠠᠭᠠᠰᠢᠶᠠᠯ ᠤᠨ ᠬᠡᠮᠵᠢᠶ᠎ᠡ ᠶᠡᠭᠡ ᠪᠠᠷ ᠳᠡᠭᠡᠭᠰᠢᠯᠡᠪᠡ᠃ ᠨᠢᠭᠡ ᠳᠤ ᠲᠠᠲᠠᠪᠤᠷᠢᠯᠠᠨ ᠬᠠᠮᠢᠶᠠᠷᠬᠤ ᠬᠠᠷᠢᠭᠤᠴᠠᠯᠭ᠎ᠠ ᠶᠢ | ᠬᠤᠪᠢᠶᠠᠷᠢᠯᠠᠬᠤ ᠶᠢ ᠰᠢᠯᠤᠭᠤᠳᠬᠠᠬᠤ ᠲᠠᠯ᠎ᠠ ᠪᠠᠷ᠃ ᠡᠵᠡᠩᠨᠡᠯᠲᠡ ᠶᠢᠨ ᠭᠠᠶᠢᠯᠢ ᠶᠢ ᠦᠷᠳᠡᠭ ᠨᠡᠮᠡᠭᠳᠡᠯ ᠤᠨ ᠭᠠᠶᠢᠯᠢ | ᠪᠤᠯᠭᠠᠨ ᠦᠭᠡᠷᠡᠴᠢᠯᠡᠬᠦ ᠳᠤ ︽ᠰᠠᠶᠢᠲᠤᠷ ᠪᠠᠷᠢᠮᠲᠠ ᠬᠢᠬᠦ︾᠂ ︽ᠰᠠᠶᠢᠲᠤᠷ ᠭᠠᠶᠢᠯᠢ ᠮᠡᠳᠡᠭᠦᠯᠬᠦ︾᠂ ︽ᠰᠠᠶᠢᠲᠤᠷ | ᠵᠠᠳᠠᠯᠤᠯᠲᠠ ᠬᠢᠬᠦ︾᠂ ︽ᠰᠠᠶᠢᠲᠤᠷ ᠰᠠᠶᠢᠵᠢᠷᠠᠭᠤᠯᠬᠤ︾ ᠲᠦᠷᠪᠡᠨ ᠳᠠᠶᠢᠯᠠᠯᠳᠤᠭᠠᠨ ᠢ ᠦᠷᠬᠦᠯᠵᠢᠯᠡᠨ ᠰᠠᠶᠢᠲᠤᠷ | ᠬᠢᠵᠦ᠂ ︽ᠬᠤᠶᠠᠷ ᠢ ᠦᠷᠭᠡᠳᠬᠡᠨ ᠨᠢᠭᠡ ᠶᠢ ᠪᠠᠭᠤᠷᠠᠭᠤᠯᠬᠤ︾ ᠬᠠᠷᠠᠯᠲᠠ ᠶᠢ ᠪᠡᠶᠡᠯᠡᠭᠦᠯᠵᠦ᠂ ᠥᠭᠡᠷᠡᠴᠢᠯᠡᠯᠲᠡ ᠶᠢᠨ | ︽ᠦᠷ᠎ᠡ ᠠᠰᠢᠭ︾ ᠢ ᠦᠷᠭᠦᠯᠵᠢᠯᠡᠨ ᠴᠢᠯᠦᠭᠡᠯᠡᠪᠡ︔ ᠤᠯᠤᠰ ᠤᠨ ᠪᠠ ᠣᠷᠣᠨ ᠨᠤᠲᠤᠭ ᠤᠨ ᠭᠠᠶᠢᠯᠢ ᠶᠢᠨ | ᠬᠠᠷᠢᠯᠴᠠᠨ ᠨᠠᠶᠢᠳᠠᠵᠤ ᠣᠷᠣᠯᠠᠨ ᠲᠠᠲᠠᠪᠤᠷᠢᠯᠠᠬᠤ ᠠᠵᠢᠯ ᠢ ᠰᠠᠶᠢᠲᠤᠷ ᠬᠢᠪᠡ᠃ ᠬᠤᠶᠠᠷ ᠲᠤ ᠭᠠᠶᠢᠯᠢ ᠲᠤᠰᠢᠶᠠᠬᠤ ᠳᠤ | ᠦᠢᠯᠡᠴᠢᠯᠡᠬᠦ ᠲᠤᠭᠲᠠᠴᠠ ᠶᠢᠨ ᠰᠢᠨ᠎ᠡ ᠶᠢ ᠡᠭᠦᠳᠬᠦ ᠲᠠᠯ᠎ᠠ ᠪᠠᠷ᠃ ︽ᠭᠠᠶᠢᠯᠢ ᠲᠤᠰᠢᠶᠠᠭᠴᠢ ᠳᠤ ᠳᠦᠬᠦᠮ | ᠦᠵᠡᠭᠦᠯᠬᠦ ᠬᠠᠪᠤᠷ ᠤᠨ ᠰᠠᠯᠬᠢᠨ ᠠᠵᠢᠯᠯᠠᠭ᠎ᠠ︾ ᠶᠢ ᠭᠦᠨᠵᠡᠭᠡᠶᠢᠷᠡᠭᠦᠯᠵᠦ᠂ 10 ᠲᠥᠷᠥᠯ ᠤᠨ 34 ᠵᠦᠢᠯ ᠤᠨ | ᠳᠥᠭᠦᠮ ᠦᠵᠡᠭᠦᠯᠬᠦ ᠠᠷᠭ᠎ᠠ ᠬᠡᠮᠵᠢᠶ᠎ᠡ ᠶᠢ ᠠᠪᠤᠪᠠ︔ 37 ᠵᠦᠢᠯ ᠤᠨ ᠦᠨᠳᠦᠰᠦᠨ ᠬᠠᠮᠲᠤᠷᠠᠯᠴᠠᠭᠠᠨ ᠤ ᠵᠦᠢᠯᠡᠰ | ᠪᠠ 14 ᠵᠦᠢᠯ ᠤᠨ ᠰᠢᠨ᠎ᠡ ᠶᠢ ᠡᠭᠦᠳᠬᠦ ᠬᠠᠮᠲᠤᠷᠠᠯᠴᠠᠭᠠᠨ ᠤ ᠵᠦᠢᠯᠡᠰ ᠢ ᠲᠦᠯᠬᠢᠨ ᠠᠬᠢᠭᠤᠯᠪᠠ︔ 7 ᠲᠣᠮᠣ | ᠲᠦᠷᠦᠯ 54 ᠶᠡᠭᠡ ᠵᠦᠢᠯ 211 ᠪᠠᠭ᠎ᠠ ᠵᠦᠢᠯ ᠤᠨ ᠲᠤᠬᠠᠶᠢᠯᠠᠭᠰᠠᠨ ᠠᠵᠢᠯ ᠤᠨ ︽ᠪᠥᠬᠦ ᠣᠷᠣᠨ ᠳᠤ ᠨᠡᠶᠢᠳᠡᠮ | ᠰᠢᠢᠳᠪᠦᠷᠢᠯᠡᠬᠦ︾ ᠶᠢ ᠬᠡᠷᠡᠭᠵᠢᠭᠦᠯᠪᠡ︔ ᠬᠠᠷᠢᠭᠤᠴᠠᠯᠭ᠎ᠠ ᠠᠩᠬ᠎ᠠ ᠲᠤᠯᠭᠠᠬᠤ᠂ ᠬᠤᠭᠤᠴᠠᠭ᠎ᠠ ᠲᠣᠭᠲᠠᠭᠠᠨ | ᠭᠦᠢᠴᠡᠳᠬᠡᠵᠦ ᠳᠠᠭᠤᠰᠬᠠᠬᠤ᠂ ᠤᠷᠢᠳᠴᠢᠯᠠᠨ ᠪᠣᠯᠵᠣᠵᠤ ᠭᠠᠶᠢᠯᠢ ᠭᠦᠢᠴᠡᠳᠬᠡᠬᠦ᠂ ᠴᠠᠭ ᠤᠷᠲᠤᠳᠬᠠᠨ | ᠦᠢᠯᠡᠴᠢᠯᠡᠬᠦ ᠶᠢ ᠪᠦᠷᠢᠨᠰᠢᠭᠦᠯᠪᠡ︔ ᠭᠠᠶᠢᠯᠢ ᠲᠤᠰᠢᠶᠠᠭᠴᠢ ᠶᠢᠨ ᠲᠠᠭᠠᠰᠢᠶᠠᠯ ᠤᠨ ᠬᠡᠮᠵᠢᠶ᠎ᠡ ᠶᠢᠨ ᠪᠠᠶᠢᠴᠠᠭᠠᠯᠲᠠ ᠶᠢ | ᠰᠠᠶᠢᠲᠤᠷ ᠬᠢᠪᠡ︔ ᠭᠠᠳᠠᠭᠠᠳᠤ ᠭᠠᠷᠭᠠᠯᠲᠠ ᠶᠢᠨ ᠭᠠᠶᠢᠯᠢ ᠪᠤᠴᠠᠭᠠᠬᠤ ᠴᠤᠪᠤᠷᠠᠯ ᠢ ᠳᠥᠭᠦᠮᠴᠢᠯᠡᠵᠦ᠂ ᠭᠠᠳᠠᠭᠠᠳᠤ | ᠭᠠᠷᠭᠠᠯᠲᠠ ᠶᠢᠨ ᠭᠠᠶᠢᠯᠢ ᠪᠤᠴᠠᠭᠠᠬᠤ ᠠᠬᠢᠴᠠ ᠶᠢ ᠲᠦᠷᠭᠡᠳᠬᠡᠪᠡ︔ ᠭᠠᠶᠢᠯᠢ ᠭᠦᠶᠴᠡᠳᠬᠡᠬᠦ ᠦᠶᠯᠡᠴᠢᠯᠡᠭᠡᠨ ᠤ | 300 ᠢᠵᠢ ᠠᠦ᠋ᠲ᠋ᠤ᠋ ᠦᠵᠦᠭᠦᠷ ᠠᠰᠢᠭᠯᠠᠯᠲᠠ ᠳᠤ ᠤᠷᠤᠭᠤᠯᠤᠨ ᠬᠡᠷᠡᠭᠯᠡᠪᠡ︔ ᠭᠠᠶᠢᠯᠢ ᠶᠢᠨ ᠬᠥᠮᠥᠷᠭᠡ ᠶᠢᠨ | ᠮᠥᠩᠭᠦᠨ ᠤ ᠰᠢᠰᠲ᠋ᠧᠮ ᠢ ᠨᠡᠪᠲᠡᠷᠡᠭᠦᠯᠵᠦ᠂ 80% ᠶᠢᠨ ᠭᠠᠶᠢᠯᠢ ᠶᠢᠨ ᠮᠦᠩᠭᠦ ᠶᠢ ᠡᠯᠧᠺᠲᠷᠤᠨ ᠢᠶᠠᠷ | ᠲᠤᠰᠢᠶᠠᠬᠤ ᠶᠢ ᠪᠡᠶᠡᠯᠡᠭᠦᠯᠪᠡ︔ ᠪᠦᠬᠦ ᠣᠷᠣᠨ ᠤ 118 ᠬᠤᠰᠢᠭᠤ ᠰᠢᠶᠠᠨ ᠨᠢᠭᠡᠴᠡ ᠪᠦᠷ ᠤᠯᠤᠰ ᠤᠨ ᠪᠠ ᠣᠷᠣᠨ | ᠨᠤᠲᠤᠭ ᠤᠨ ᠭᠠᠶᠢᠯᠢ ᠶᠢᠨ ᠬᠢᠨ ᠬᠠᠮᠲᠤᠷᠠᠨ ᠭᠠᠶᠢᠯᠢ ᠭᠦᠶᠴᠡᠳᠬᠡᠬᠦ ᠶᠢ ᠪᠡᠶᠡᠯᠡᠭᠦᠯᠵᠦ᠂ ︽ᠨᠢᠭᠡ ᠡᠭᠦᠳᠡ ᠪᠠᠷ | ᠤᠷᠤᠵᠤ᠂ ᠬᠤᠶᠠᠷ ᠡᠷᠦᠬᠡ ᠶᠢᠨ ᠤᠴᠢᠷ ᠢ ᠰᠢᠢᠳᠪᠦᠷᠢᠯᠡᠬᠦ︾ ᠶᠢ ᠪᠡᠶᠡᠯᠡᠭᠦᠯᠪᠡ︔ ︽ᠮᠦᠩᠭᠦ ᠭᠠᠶᠢᠯᠢ ᠶᠢᠨ | ᠰᠤᠯᠢᠯᠴᠠᠭ᠎ᠠ︾ ᠶᠢᠨ ᠲᠠᠪᠴᠠᠩ ᠭᠠᠷᠭᠠᠵᠤ᠂ 7.65 ᠳ᠋ᠦᠩᠰᠢᠭᠤᠷ ᠲᠦᠬᠦᠷᠢᠭ ᠤᠨ ᠵᠢᠭᠡᠯᠡᠯᠭᠡ ᠲᠠᠯᠪᠢᠵᠤ᠂ | 3000 ᠭᠠᠷᠤᠶ ᠬᠥᠮᠦᠨ ᠢ ᠳᠠᠶᠢᠴᠢᠯᠠᠨ ᠠᠵᠢᠯ ᠤᠯᠭᠤᠵᠤ᠂ ︽ᠬᠤᠤᠰ ᠡᠭᠦᠳᠦᠯᠲᠡ︾ ᠶᠢ ᠬᠦᠴᠦᠲᠡᠢ ᠲᠤᠰᠠᠯᠠᠪᠠ | ︔ ᠤᠯᠤᠰ ᠤᠨ ᠪᠠ ᠣᠷᠣᠨ ᠨᠤᠲᠤᠭ ᠤᠨ ᠭᠠᠶᠢᠯᠢ ᠶᠢᠨ ᠬᠢᠨ ᠰᠦᠯᠵᠢᠶᠡᠨ ᠳᠡᠭᠡᠷ᠎ᠡ ᠭᠠᠶᠢᠯᠢ ᠭᠦᠢᠴᠡᠳᠬᠡᠬᠦ | ᠲᠠᠪᠴᠠᠩ ᠢ ᠬᠠᠮᠲᠤᠪᠠᠷ ᠪᠠᠶᠢᠭᠤᠯᠪᠠ᠃ | ᠭᠤᠷᠪᠠ ᠳᠤ ᠲᠠᠲᠠᠪᠤᠷᠢᠯᠠᠬᠤ ᠬᠠᠮᠢᠶᠠᠷᠤᠯᠲᠠ ᠶᠢᠨ ᠠᠷᠭ᠎ᠠ ᠮᠠᠶ᠋ᠢᠭ ᠢ ᠬᠤᠪᠢᠷᠠᠭᠤᠯᠬᠤ ᠲᠠᠯ᠎ᠠ ᠪᠠᠷ᠃ ᠪᠥᠬᠦ | ᠣᠷᠣᠨ ᠳᠤ ᠭᠠᠶᠢᠯᠢ ᠲᠤᠰᠢᠶᠠᠭᠴᠢ ᠶᠢ ᠲᠦᠷᠦᠯ ᠬᠤᠪᠢᠶᠠᠨ ᠲᠡᠰ ᠬᠤᠪᠢᠶᠠᠨ ᠬᠠᠮᠢᠶᠠᠷᠬᠤ ᠶᠢ ᠪᠥᠬᠦ ᠲᠠᠯ᠎ᠠ ᠪᠠᠷ | ᠬᠡᠷᠡᠭᠵᠢᠭᠦᠯᠪᠡ︔ ᠲᠤᠮᠤ ᠠᠵᠤ ᠠᠬᠤᠶᠢᠯᠠᠯ ᠳᠤ ᠦᠢᠯᠡᠴᠢᠯᠡᠬᠦ ᠬᠢᠭᠡᠳ ᠬᠠᠮᠢᠶᠠᠷᠬᠤ ᠥᠭᠡᠷᠡᠴᠢᠯᠡᠯᠲᠡ ᠶᠢ | ᠭᠦᠨᠵᠡᠭᠡᠶᠢᠷᠡᠭᠦᠯᠪᠡ︔ ᠭᠠᠶᠢᠯᠢ ᠬᠠᠰᠤᠵᠤ ᠬᠡᠯᠲᠦᠷᠢᠭᠦᠯᠬᠦ ᠬᠢᠨᠠᠨ ᠪᠣᠳᠣᠯᠲᠠ ᠶᠢᠨ ᠰᠢᠰᠲ᠋ᠧᠮᠵᠢ ᠶᠢ ᠪᠦᠷᠢᠨᠰᠢᠭᠦᠯᠪᠡ︔ | ︽ᠬᠠᠨᠳᠤᠯᠭᠠᠲᠤ ᠪᠠᠶᠢᠴᠠᠭᠠᠯᠲᠠ︾ ᠶᠢᠨ ᠬᠡᠪ ᠵᠠᠭᠪᠤᠷ ᠢ ᠬᠡᠷᠡᠭᠵᠢᠭᠦᠯᠪᠡ︔ ᠪᠠᠷᠢᠮᠲᠠ ᠶᠢᠨ ᠰᠢᠨ᠎ᠡ ᠰᠢᠰᠲ᠋ᠧᠮ ᠢ | ᠬᠡᠷᠡᠭᠵᠢᠭᠦᠯᠵᠦ᠂ ᠪᠠᠷᠢᠮᠲᠠ ᠶᠢᠨ ᠲᠤᠮᠤ ᠳ᠋ᠠᠶᠢᠲ᠋ᠠ ᠶᠢ ᠠᠰᠢᠭᠯᠠᠨ ᠪᠠᠷᠢᠮᠲᠠ ᠶᠢ ᠬᠤᠳᠠᠯ ᠬᠠᠭᠤᠷᠮᠠᠭ ᠢᠶᠠᠷ ᠵᠣᠬᠢᠶᠠᠬᠤ | ᠵᠡᠷᠭᠡ ᠭᠠᠶᠢᠯᠢ ᠲᠠᠲᠠᠪᠤᠷᠢ ᠶᠢᠨ ᠲᠦᠭᠰᠢᠭᠦᠷᠢ ᠶᠢ ᠡᠬᠢ ᠰᠤᠷᠪᠤᠯᠵᠢ ᠠᠴᠠ ᠨᠢ ᠰᠡᠷᠭᠡᠶᠢᠯᠡᠨ ᠡᠵᠡᠮᠳᠡᠪᠡ︔ ᠬᠤᠪᠢ ᠶᠢᠨ | ᠡᠵᠡᠩᠨᠡᠯᠲᠡ ᠶᠢᠨ ᠭᠠᠶᠢᠯᠢ ᠲᠠᠲᠠᠪᠤᠷᠢ ᠶᠢᠨ ᠨᠡᠶᠢᠭᠡᠮᠴᠢᠯᠡᠭᠰᠡᠨ ᠬᠠᠮᠢᠶᠠᠷᠤᠯᠲᠠ ᠶᠢᠨ ᠬᠢᠷᠢ ᠲᠥᠪᠰᠢᠨ ᠢ | ᠳᠡᠭᠡᠭᠰᠢᠯᠡᠭᠦᠯᠪᠡ᠃ ᠲᠦᠷᠪᠡ ᠳᠤ ᠤᠯᠠᠨ ᠤᠯᠤᠰ ᠤᠨ ᠬᠠᠮᠲᠤᠷᠠᠯᠴᠠᠭ᠎ᠠ ᠳᠤ ᠭᠦᠨᠵᠡᠭᠡᠶ ᠤᠷᠤᠯᠴᠠᠬᠤ ᠲᠠᠯ᠎ᠠ ᠪᠠᠷ᠃ | ︽ᠤᠯᠠᠨ ᠲᠠᠯᠠᠲᠤ ᠭᠠᠶᠢᠯᠢ ᠲᠠᠲᠠᠪᠤᠷᠢ ᠶᠢᠨ ᠲᠠᠲᠠᠪᠤᠷᠢᠯᠠᠯᠲᠠ ᠬᠠᠮᠢᠶᠠᠷᠤᠯᠲᠠ ᠶᠢᠨ ᠬᠠᠷᠢᠯᠴᠠᠨ ᠲᠤᠰᠠᠯᠠᠯᠴᠠᠬᠤ | ᠨᠡᠶᠢᠲᠡ ᠶᠢᠨ ᠭᠡᠷ᠎ᠡ︾ ᠶᠢ ᠰᠠᠶᠢᠲᠤᠷ ᠭᠦᠢᠴᠡᠳᠬᠡᠪᠡ︔ ︽ᠭᠠᠳᠠᠭᠰᠢ ᠭᠠᠷᠬᠤ︾ ᠭᠠᠶᠢᠯᠢ ᠲᠤᠰᠢᠶᠠᠭᠴᠢ ᠶᠢᠨ | ᠰᠠᠭᠤᠷᠢ ᠮᠡᠳᠡᠭᠡ ᠵᠠᠩᠭᠢ ᠪᠣᠯᠣᠨ ᠭᠠᠶᠢᠯᠢ ᠲᠠᠲᠠᠪᠤᠷᠢ ᠶᠢᠨ ᠲᠥᠷᠥ ᠶᠢᠨ ᠪᠤᠳᠤᠯᠭ᠎ᠠ ᠶᠢᠨ ᠯᠠᠪᠯᠠᠯᠲᠠ ᠥᠭᠬᠦ᠂ | ᠤᠬᠠᠭᠤᠯᠤᠨ ᠲᠠᠶᠢᠯᠪᠤᠷᠢᠯᠠᠬᠤ ᠵᠡᠷᠭᠡ ᠠᠵᠢᠯ ᠢ ᠰᠠᠶᠢᠲᠤᠷ ᠬᠢᠪᠡ︔ ᠤᠯᠠᠨ ᠤᠯᠤᠰ ᠤᠨ ᠭᠠᠶᠢᠯᠢ ᠲᠠᠲᠠᠪᠤᠷᠢ ᠶᠢᠨ | ᠮᠡᠳᠡᠭᠡᠯᠡᠯ ᠤᠨ ᠰᠣᠯᠢᠯᠴᠠᠯ ᠢ ᠴᠢᠩᠭᠠᠳᠬᠠᠵᠤ᠂ ᠭᠠᠶᠢᠯᠢ ᠠᠴᠠ ᠵᠠᠶᠢᠯᠠᠬᠤ ᠶᠢ ᠡᠰᠡᠷᠭᠦᠴᠡᠬᠦ ᠪᠠᠶᠢᠴᠠᠭᠠᠯᠲᠠ ᠶᠢᠨ | ᠡᠷᠴᠢᠮ ᠢ ᠴᠢᠩᠭᠠᠷᠠᠭᠤᠯᠪᠡ︔ ᠤᠯᠤᠰ ᠤᠨ ᠢᠯᠭᠠᠯᠳᠤ ᠭᠠᠶᠢᠯᠢ ᠲᠠᠲᠠᠪᠤᠷᠢ ᠶᠢᠨ ᠮᠡᠳᠡᠭᠡ ᠵᠠᠩᠭᠢ ᠶᠢᠨ | ᠰᠣᠳᠣᠯᠣᠯᠲᠠ ᠶᠢ ᠠᠬᠢᠭᠤᠯᠪᠠ᠃ ᠲᠠᠪᠤ ᠳᠤ ᠭᠠᠶᠢᠯᠢ ᠶᠢᠨ ᠶᠠᠪᠤᠳᠠᠯ ᠤᠨ ᠵᠣᠬᠢᠶᠠᠨ ᠪᠠᠶᠢᠭᠤᠯᠤᠯᠲᠠ ᠶᠢᠨ | ᠰᠢᠰᠲ᠋ᠧᠮᠵᠢ ᠶᠢ ᠰᠢᠯᠢᠳᠡᠭᠵᠢᠭᠦᠯᠬᠦ ᠲᠠᠯ᠎ᠠ ᠪᠠᠷ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠱᠠᠭᠠᠷᠳᠠᠯᠭ᠎ᠠ ᠶᠢ | ᠲᠤᠤᠱᠯᠠᠭᠤᠯᠵᠤ︔ ᠴᠢᠳᠠᠪᠤᠷᠢᠲᠠᠨ ᠢᠶᠠᠷ ᠭᠠᠶᠢᠯᠢ ᠲᠠᠲᠠᠪᠤᠷᠢ ᠶᠢ ᠬᠦᠴᠦᠷᠬᠡᠭᠵᠢᠭᠦᠯᠬᠦ ᠪᠠᠶᠢᠯᠳᠤᠬᠤ ᠪᠤᠳᠤᠯᠭ᠎ᠠ ᠶᠢ | ᠬᠡᠷᠡᠭᠵᠢᠭᠦᠯᠵᠦ᠂ ︽1155︾ ᠲᠡᠷᠢᠭᠦᠨ ᠢ ᠡᠭᠦᠳᠴᠦ ᠰᠢᠯᠢᠳᠡᠭ ᠪᠣᠯᠬᠤ ᠪᠠᠷ ᠴᠢᠷᠮᠠᠶᠢᠬᠤ ᠠᠵᠢᠯᠯᠠᠭ᠎ᠠ | ᠥᠷᠨᠢᠭᠦᠯᠪᠡ︔ ᠴᠢᠳᠠᠪᠤᠷᠢᠲᠠᠨ ᠤ ᠬᠥᠮᠥᠷᠭᠡ 14 ᠪᠠᠶᠢᠭᠤᠯᠵᠤ᠂ ᠳᠠᠭᠠᠭᠤᠯᠤᠭᠴᠢ ᠴᠢᠳᠠᠪᠤᠷᠢᠲᠠᠨ ᠢ ᠬᠥᠮᠦᠵᠢᠭᠦᠯᠬᠦ | ᠡᠷᠴᠢᠮ ᠢᠶᠠᠨ ᠨᠡᠮᠡᠭᠳᠡᠭᠦᠯᠪᠡ︔ ︽ᠪᠦᠭᠦ ᠤᠯᠤᠰ ᠤᠨ ᠭᠠᠶᠢᠯᠢ ᠶᠢᠨ ᠶᠠᠪᠤᠳᠠᠯ ᠤᠨ ᠰᠢᠰᠲ᠋ᠧᠮ ᠤᠨ ᠠᠷᠢᠭᠤᠨ | ᠴᠢᠬᠡᠴᠢ ᠪᠠᠷ ᠵᠠᠰᠠᠭ ᠪᠠᠷᠢᠬᠤ ᠬᠥᠮᠦᠵᠢᠯ ᠤᠨ ᠰᠠᠭᠤᠷᠢᠨ ᠭᠠᠵᠠᠷ︾ 1 ᠶᠢ ᠪᠠᠶᠢᠭᠤᠯᠵᠤ᠂ ᠣᠷᠣᠨ ᠨᠤᠲᠤᠭ ᠤᠨ ᠡᠯ᠎ᠡ | ᠱᠠᠲᠤᠨ ᠤ ᠨᠠᠮ ᠵᠠᠰᠠᠭ ᠤᠨ ᠪᠠᠶᠢᠭᠤᠯᠭ᠎ᠠ ᠪᠠᠷ ᠨᠡᠷᠡᠶᠢᠳᠦᠭᠳᠡᠭᠰᠡᠨ ᠠᠷᠢᠭᠤᠨ ᠴᠢᠬᠡᠴᠢ ᠪᠠᠷ ᠵᠠᠰᠠᠭ ᠪᠠᠷᠢᠬᠤ | ᠬᠥᠮᠦᠵᠢᠯ ᠤᠨ ᠰᠠᠭᠤᠷᠢᠨ ᠭᠠᠵᠠᠷ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠰᠣᠶᠣᠯ ᠤᠨ ᠵᠢᠱᠢᠶ᠎ᠡ ᠦᠵᠡᠭᠦᠯᠬᠦ ᠴᠢᠬ | ᠪᠣᠯᠣᠨ ᠠᠷᠢᠭᠤᠨ ᠴᠢᠬᠡᠴᠢ ᠪᠠᠷ ᠵᠠᠰᠠᠭ ᠪᠠᠷᠢᠬᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠰᠠᠭᠤᠷᠢᠨ ᠭᠠᠵᠠᠷ | 104 ᠪᠠᠶᠢᠨ᠎ᠠ︔ ᠬᠡᠷᠡᠭᠯᠡᠭᠡᠨ ᠤ ᠭᠠᠶᠢᠯᠢ ᠲᠠᠲᠠᠪᠤᠷᠢ ᠶᠢᠨ ᠲᠦᠭᠰᠢᠭᠦᠷᠢ ᠬᠢᠭᠡᠳ ᠳᠣᠲᠣᠭᠠᠳᠤ ᠡᠵᠡᠮᠳᠡᠯ ᠤᠨ | ᠬᠠᠮᠢᠶᠠᠷᠤᠯᠲᠠ ᠶᠢᠨ ᠰᠢᠰᠲ᠋ᠧᠮ ᠢ ᠰᠤᠳᠤᠯᠤᠨ ᠨᠡᠭᠡᠭᠡᠵᠦ ᠂ ︽ᠬᠤᠶᠠᠷ ᠡᠷᠬᠡ︾ ᠶᠢᠨ ᠠᠵᠢᠯᠯᠠᠭᠠᠨ ᠳᠤ ᠬᠢᠨᠠᠯᠲᠠ | ᠲᠠᠯᠪᠢᠬᠤ ᠡᠷᠴᠢᠮ ᠢᠶᠠᠨ ᠴᠢᠩᠭᠠᠷᠠᠭᠤᠯᠪᠠ᠃ ᠵᠢᠷᠭᠤᠭ᠎ᠠ ᠳᠤ ᠭᠠᠶᠢᠯᠢ ᠲᠠᠲᠠᠪᠤᠷᠢ ᠶᠢ ᠬᠠᠮᠲᠤᠪᠠᠷ ᠵᠠᠰᠠᠬᠤ ᠪᠠᠶᠢᠷᠢᠰᠢᠯ ᠢ | ᠪᠠᠶᠢᠭᠤᠯᠬᠤ ᠲᠠᠯ᠎ᠠ ᠪᠠᠷ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ | ᠭᠠᠶᠢᠯᠢ ᠶᠢ ᠶᠡᠷᠦᠩᠬᠡᠶᠢᠯᠡᠨ ᠵᠠᠰᠠᠬᠤ ᠶᠢᠨ ᠬᠡᠷᠡᠭᠵᠢᠭᠦᠯᠬᠦ ᠰᠠᠨᠠᠯ ᠢ ᠨᠠᠶᠢᠳᠠᠪᠤᠷᠢᠵᠢᠭᠤᠯᠵᠤ᠂ ᠠᠯᠳᠡᠠ ᠭᠠᠶᠢᠯᠢ ᠶᠢᠨ | ᠭᠤᠷᠪᠠᠳᠤᠭᠠᠷ ᠬᠤᠭᠤᠴᠠᠭ᠎ᠠ᠂ ᠬᠠᠭᠤᠷᠮᠠᠭ ᠢ ᠰᠡᠷᠭᠡᠶᠢᠯᠡᠬᠦ ᠭᠠᠶᠢᠯᠢ ᠡᠵᠡᠮᠳᠡᠬᠦ ᠵᠡᠷᠭᠡ 9 ᠰᠢᠰᠲ᠋ᠧᠮ ᠤᠨ ᠳ᠋ᠠᠶᠢᠲ᠋ᠠ ᠶᠢ | ᠡᠮᠬᠢᠯᠡᠨ ᠨᠡᠶᠢᠯᠡᠭᠦᠯᠵᠦ᠂ ᠭᠠᠶᠢᠯᠢ ᠲᠠᠲᠠᠪᠤᠷᠢ ᠶᠢᠨ ᠲᠤᠮᠤ ᠳ᠋ᠠᠶᠢᠲ᠋ᠠ ᠶᠢᠨ ᠲᠠᠪᠴᠠᠩ ᠢ ᠪᠠᠶᠢᠭᠤᠯᠤᠨ᠂ ᠳ᠋ᠠᠶᠢᠲ᠋ᠠ ᠶᠢᠨ | ᠪᠠᠷᠢᠮᠵᠢᠶᠠᠵᠢᠭᠤᠯᠤᠯᠲᠠ ᠪᠠ ᠶᠠᠰᠤ ᠴᠢᠨᠠᠷ ᠤᠨ ᠬᠠᠮᠢᠶᠠᠷᠤᠯᠲᠠ ᠶᠢ ᠠᠬᠢᠭᠤᠯᠵᠤ᠂ ᠮᠡᠳᠡᠭᠡ ᠵᠠᠩᠭᠢ ᠶᠢ ᠬᠠᠮᠲᠤ ᠪᠠᠷ | ᠬᠥᠷᠲᠡᠬᠦ ᠵᠢᠴᠢ ᠦᠷᠳᠡᠭ ᠤᠨ ᠨᠡᠮᠡᠭᠳᠡᠯ ᠤᠨ ᠬᠡᠷᠡᠭᠯᠡᠯᠲᠡ ᠶᠢ ᠭᠦᠨᠵᠡᠭᠡᠶᠢᠷᠡᠭᠦᠯᠪᠡ︔ ᠵᠠᠰᠠᠭ ᠤᠨ ᠣᠷᠳᠣᠨ ᠤ | ᠬᠤᠳᠠᠯᠳᠤᠨ ᠠᠪᠬᠤ ᠡᠯ᠎ᠡ ᠵᠦᠢᠯ ᠤᠨ ᠲᠣᠭᠲᠠᠭᠠᠯ ᠢ ᠴᠢᠩᠭ᠎ᠠ ᠬᠡᠷᠡᠭᠵᠢᠭᠦᠯᠪᠡ︔ ᠪᠦᠬᠦ ᠤᠯᠤᠰ ᠤᠨ ᠠᠩᠬᠠᠳᠠᠭᠴᠢ | ᠰᠦᠯᠵᠢᠶᠡᠨ ᠳᠡᠭᠡᠷᠡᠬᠢ ᠠᠯᠳᠡᠠ ᠭᠠᠶᠢᠯᠢ ᠶᠢᠨ ᠭᠤᠷᠪᠠᠳᠤᠭᠠᠷ ᠬᠤᠭᠤᠴᠠᠭᠠᠨ ᠤ ᠭᠠᠶᠢᠯᠢ ᠲᠤᠰᠢᠶᠠᠬᠤ ᠢᠲᠡᠭᠡᠮᠵᠢ ᠶᠢᠨ | ᠬᠠᠮᠢᠶᠠᠷᠤᠯᠲᠠ ᠶᠢᠨ ᠰᠢᠰᠲ᠋ᠧᠮ ᠢ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠢᠲᠡᠭᠡᠮᠵᠢ ᠶᠢᠨ ᠮᠡᠳᠡᠭᠡ | ᠵᠠᠩᠭᠢ ᠶᠢᠨ ᠲᠠᠪᠴᠠᠩ ᠯᠤᠭ᠎ᠠ ᠰᠢᠰᠲ᠋ᠧᠮᠵᠢᠭᠦᠯᠦᠨ ᠵᠤᠯᠭᠠᠯᠳᠤᠭᠤᠯᠬᠤ ᠶᠢ ᠪᠡᠶᠡᠯᠡᠭᠦᠯᠪᠡ︔ ︽ᠲᠠᠪᠤᠨ ᠦᠨᠡᠮᠯᠡᠯ ᠢ | ᠨᠢᠭᠡᠳᠬᠡᠬᠦ︾ ︽ᠬᠤᠶᠠᠷ ᠦᠨᠡᠮᠯᠡᠯ ᠢ ᠨᠡᠶᠢᠯᠡᠭᠦᠯᠬᠦ︾ ᠦᠢᠯᠡᠳᠪᠦᠷᠢ ᠬᠤᠳᠠᠯᠳᠤᠭ᠎ᠠ ᠶᠢᠨ ᠵᠦᠢᠯᠡᠰ ᠤᠨ ᠲᠦᠷᠢᠮ ᠤᠨ | ᠥᠭᠡᠷᠡᠴᠢᠯᠡᠯᠲᠡ ᠶᠢ ᠨᠠᠶᠢᠳᠠᠪᠤᠷᠢᠵᠢᠭᠤᠯᠪᠡ︔ ᠠᠵᠤ ᠦᠢᠯᠡᠳᠪᠦᠷᠢ ᠬᠤᠳᠠᠯᠳᠤᠭ᠎ᠠ ᠶᠢᠨ ᠵᠠᠰᠠᠭ ᠵᠠᠬᠢᠷᠭᠠᠨ ᠤ | ᠬᠠᠮᠢᠶᠠᠷᠤᠯᠲᠠ ᠶᠢᠨ ᠲᠣᠪᠴᠢᠶ᠎ᠠ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ᠂ ᠶᠠᠰᠤ ᠴᠢᠨᠠᠷ ᠲᠤ | ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ᠂ ᠪᠠᠩᠬᠢ ᠶᠢᠨ ᠦᠢᠯᠡᠰ ᠲᠤ ᠬᠢᠨᠠᠯᠲᠠ ᠲᠠᠯᠪᠢᠬᠤ ᠲᠣᠪᠴᠢᠶ᠎ᠠ᠂ | ᠳᠣᠲᠣᠭᠠᠳᠤ ᠶᠢ ᠬᠠᠮᠠᠭᠠᠯᠠᠬᠤ ᠵᠡᠷᠭᠡ ᠰᠠᠯᠠᠭ᠎ᠠ ᠮᠥᠴᠢᠷ ᠯᠦᠭᠡ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ︽ | ᠭᠠᠶᠢᠯᠢ ᠶᠢᠨ ᠴᠠᠭᠳᠠᠭᠠᠨ ᠤ ᠬᠠᠷᠢᠯᠴᠠᠬᠤ ᠲᠣᠭᠲᠠᠴᠠ ᠶᠢᠨ ᠠᠯᠪᠠᠨ ᠭᠡᠷ︾ ᠢ ᠪᠠᠶᠢᠭᠤᠯᠪᠠ︔ ᠬᠠᠤᠯᠢ ᠴᠠᠭᠠᠵᠠ ᠶᠢᠨ | ᠶᠡᠷᠦᠩᠬᠡᠶ ᠵᠥᠪᠯᠡᠭᠴᠢ ᠶᠢᠨ ᠳᠦᠷᠢᠮ ᠪᠣᠯᠣᠨ ᠠᠯᠪᠠᠨ ᠲᠤᠰᠢᠶᠠᠯᠲᠤ ᠬᠠᠤᠯᠢᠴᠢ ᠶᠢᠨ ᠳᠦᠷᠢᠮ ᠢ ᠬᠡᠷᠡᠭᠵᠢᠭᠦᠯᠪᠡ︔ | ᠬᠠᠤᠯᠢ ᠪᠠᠷ ᠵᠠᠰᠠᠬᠤ ᠭᠠᠶᠢᠯᠢ ᠶᠢᠨ ᠶᠠᠪᠤᠳᠠᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠪᠦᠲᠦᠭᠡᠨ | ᠪᠠᠶᠢᠭᠤᠯᠤᠯᠲᠠ ᠶᠢ ᠲᠦᠯᠬᠢᠨ ᠠᠬᠢᠭᠤᠯᠪᠡ︔ ᠥᠭᠡᠷᠡᠴᠢᠯᠡᠯᠲᠡ ᠶᠢᠨ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠵᠤ᠂ | ᠥᠭᠡᠷᠡᠴᠢᠯᠡᠯᠲᠡ ᠶᠢ ᠣᠶᠢᠯᠭᠠᠬᠤ ᠬᠡᠮᠵᠢᠶ᠎ᠡ ᠪᠣᠯᠤᠨ ᠨᠥᠯᠥᠭᠡᠯᠡᠬᠦ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠪᠡ᠃ | ᠬᠥᠲᠥᠯᠥᠭᠴᠢ᠄ | ᠡᠨᠡ ᠵᠢᠯ ᠮᠠᠨ ᠤ ᠥᠪᠥᠷ ᠮᠣᠩᠭᠤᠯ ᠤᠨ ᠤᠯᠤᠰ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠨᠢ ᠡᠯ᠎ᠡ | ᠵᠦᠢᠯ ᠤᠨ ᠭᠠᠶᠢᠯᠢ ᠲᠠᠲᠠᠪᠤᠷᠢ ᠶᠢᠨ ᠲᠦᠷᠦ ᠶᠢᠨ ᠪᠤᠳᠤᠯᠭ᠎ᠠ ᠶᠢ ᠤᠯᠠᠮ ᠨᠢᠭᠡ ᠠᠯᠬᠤᠮ ᠰᠠᠶᠢᠲᠤᠷ | ᠨᠠᠶᠢᠳᠠᠪᠤᠷᠢᠵᠢᠭᠤᠯᠬᠤ ᠳᠤ ᠶᠠᠮᠠᠷ ᠶᠠᠮᠠᠷ ᠪᠣᠳᠠᠲᠠᠶ ᠠᠷᠭ᠎ᠠ ᠬᠡᠮᠵᠢᠶ᠎ᠡ ᠠᠪᠬᠤ ᠪᠤᠢ︖ | ᠲᠠᠨ ᠾᠧᠩ᠄ | ᠲᠥᠪ ᠤᠨ ᠠᠵᠤ ᠠᠬᠤᠶ ᠶᠢᠨ ᠠᠵᠢᠯ ᠤᠨ ᠬᠤᠷᠠᠯᠳᠤᠭᠠᠨ ᠠᠴᠠ ᠴᠢᠬᠤᠯᠠᠴᠢᠯᠠᠭᠰᠠᠨ ᠨᠢ᠂ 2017 ᠣᠨ ᠳᠤ | ᠠᠵᠤ ᠠᠬᠤᠶᠢᠯᠠᠯ ᠤᠨ ᠭᠠᠶᠢᠯᠢ ᠶᠢᠨ ᠳᠠᠷᠤᠭᠠᠰᠤ ᠶᠢ ᠬᠦᠩᠭᠡᠷᠡᠭᠦᠯᠬᠦ ᠬᠡᠷᠡᠭᠲᠡᠢ ᠭᠡᠪᠡ᠃ ᠪᠦᠭᠦ ᠤᠯᠤᠰ ᠤᠨ | ᠭᠠᠶᠢᠯᠢ ᠶᠢᠨ ᠶᠠᠪᠤᠳᠠᠯ ᠤᠨ ᠠᠵᠢᠯ ᠤᠨ ᠬᠤᠷᠠᠯᠳᠤᠭᠠᠨ ᠠᠴᠠ᠂ ᠡᠯ᠎ᠡ ᠱᠠᠲᠤᠨ ᠤ ᠭᠠᠶᠢᠯᠢ ᠶᠢᠨ ᠶᠠᠪᠤᠳᠠᠯ ᠤᠨ | ᠪᠠᠶᠢᠭᠤᠯᠭ᠎ᠠ ᠨᠤᠭᠤᠳ ᠬᠠᠤᠯᠢ ᠶᠣᠰᠣᠭᠠᠷ ᠭᠠᠶᠢᠯᠢ ᠲᠠᠲᠠᠪᠤᠷᠢᠯᠠᠵᠤ᠂ ︽ᠬᠡᠳᠤ ᠭᠠᠶᠢᠯᠢ︾ ᠲᠠᠲᠠᠪᠤᠷᠢᠯᠠᠵᠦ ᠤᠭᠲᠤ | ᠪᠣᠯᠬᠤ ᠦᠭᠡᠢ᠂ ᠭᠠᠶᠢᠯᠢ ᠶᠢ ᠬᠠᠰᠤᠵᠤ ᠬᠡᠯᠲᠡᠷᠢᠭᠦᠯᠬᠦ ᠶᠢ ᠡᠷᠡᠰ ᠨᠠᠶᠢᠳᠠᠪᠤᠷᠢᠵᠢᠭᠤᠯᠵᠤ᠂ ᠭᠠᠶᠢᠯᠢ ᠠᠴᠠ ᠵᠠᠶᠢᠯᠠᠬᠤ | ᠭᠠᠶᠢᠯᠢ ᠮᠡᠬᠡᠯᠡᠬᠦ ᠠᠵᠢᠯᠯᠠᠭ᠎ᠠ ᠳᠤ ᠡᠷᠡᠰ ᠴᠣᠬᠢᠯᠲᠠ ᠥᠭᠬᠦ ᠬᠡᠷᠡᠭᠲᠡᠶ ᠭᠡᠵᠦ ᠱᠠᠭᠠᠷᠳᠠᠪᠠ᠃ ᠦᠢᠷ᠎ᠠ ᠶᠢᠨ ᠡᠳᠦᠷ᠂ | ᠪᠢᠳᠡ ᠪᠦᠬᠦ ᠣᠷᠣᠨ ᠤ ᠤᠯᠤᠰ ᠤᠨ ᠭᠠᠶᠢᠯᠢ ᠶᠢᠨ ᠶᠠᠪᠤᠳᠠᠯ ᠤᠨ ᠠᠵᠢᠯ ᠤᠨ ᠬᠤᠷᠠᠯ ᠬᠢᠵᠦ᠂ ᠡᠵᠡᠩᠨᠡᠯᠲᠡ ᠶᠢᠨ | ᠭᠠᠶᠢᠯᠢ ᠶᠢ ᠦᠷᠳᠡᠭ ᠨᠡᠮᠡᠭᠳᠡᠯ ᠤᠨ ᠭᠠᠶᠢᠯᠢ ᠪᠣᠯᠭᠠᠨ ᠦᠭᠡᠷᠡᠴᠢᠯᠡᠬᠦ ᠲᠦᠷᠦ ᠶᠢᠨ ᠪᠤᠳᠤᠯᠭ᠎ᠠ ᠶᠢᠨ ︽ᠶᠡᠭᠡ | ᠬᠠᠪᠰᠤᠷᠤᠨ ᠵᠢᠯᠤᠭᠤᠳᠤᠯᠭ᠎ᠠ︾ ᠶᠢ ᠭᠦᠨᠵᠡᠭᠡᠶ ᠥᠷᠨᠢᠭᠦᠯᠵᠦ᠂ ᠬᠠᠨᠳᠤᠯᠭᠠᠲᠤ ᠴᠢᠨᠠᠷᠲᠠᠶ ᠪᠠᠷ ᠭᠠᠶᠢᠯᠢ | ᠲᠤᠰᠢᠶᠠᠭᠴᠢ ᠶᠢ ᠬᠠᠪᠰᠤᠷᠤᠨ ᠲᠤᠯᠭᠠᠨ ᠬᠠᠰᠤᠬᠤ ᠲᠦᠷᠦ ᠶᠢᠨ ᠪᠤᠳᠤᠯᠭ᠎ᠠ ᠶᠢ ᠰᠠᠶᠢᠲᠤᠷ ᠬᠡᠷᠡᠭᠯᠡᠭᠦᠯᠵᠦ᠂ ᠭᠠᠶᠢᠯᠢ | ᠲᠠᠲᠠᠪᠤᠷᠢ ᠶᠢᠨ ᠲᠦᠷᠦ ᠶᠢᠨ ᠪᠤᠳᠤᠯᠭ᠎ᠠ ᠶᠢᠨ ︽ᠠᠰᠢᠭ ᠣᠷᠣᠯᠭ᠎ᠠ︾ ᠶᠢ ᠨᠡᠩ ᠰᠠᠶᠢᠨ ᠡᠳ᠋ᠯᠡᠭᠦᠯᠦᠨ᠎ᠡ᠃ 2017 | ᠣᠨ ᠤ ︽ᠭᠠᠶᠢᠯᠢ ᠲᠤᠰᠢᠶᠠᠭᠴᠢ ᠳᠤ ᠳᠥᠭᠦᠮ ᠦᠵᠡᠭᠦᠯᠬᠦ ᠬᠠᠪᠤᠷ ᠤᠨ ᠰᠠᠯᠬᠢᠨ ᠠᠵᠢᠯᠯᠠᠭ᠎ᠠ︾ ᠶᠢ ᠬᠢᠨᠠᠮᠠᠭᠠᠶ | ᠵᠣᠬᠢᠶᠠᠨ ᠪᠠᠶᠢᠭᠤᠯᠤᠨ ᠥᠷᠨᠢᠭᠦᠯᠵᠦ᠂ ᠭᠠᠶᠢᠯᠢ ᠲᠤᠰᠢᠶᠠᠭᠴᠢ ᠳᠤ ︽ᠶᠡᠭᠡ ᠪᠠᠷ ᠦᠢᠯᠡᠴᠢᠯᠡᠬᠦ︾ ᠶᠢ ᠬᠦᠴᠦᠯᠡᠨ | ᠰᠢᠯᠢᠳᠡᠭᠵᠢᠭᠦᠯᠵᠦ᠂ ᠠᠷᠠᠳ ᠲᠤ ᠳᠥᠭᠦᠮ ᠦᠵᠡᠭᠦᠯᠬᠦ ᠠᠷᠭ᠎ᠠ ᠬᠢᠳᠡᠯ ᠢ ᠢᠯᠡᠭᠦᠬᠡᠨ ᠠᠪᠴᠤ᠂ ᠠᠷᠠᠳ ᠲᠤ | ᠠᠰᠢᠭᠲᠠᠶ ᠠᠷᠭ᠎ᠠ ᠪᠤᠳᠤᠯᠭ᠎ᠠ ᠶᠢ ᠢᠯᠡᠭᠦᠬᠡᠨ ᠬᠡᠷᠡᠭᠵᠢᠭᠦᠯᠵᠦ᠂ ᠭᠠᠶᠢᠯᠢ ᠲᠤᠰᠢᠶᠠᠭᠴᠢᠳ ᠤᠨ ᠬᠦᠷᠲᠡᠮᠵᠢᠲᠦ | ᠲᠦᠷᠦᠭᠳᠡᠯ ᠪᠣᠯᠤᠨ ᠲᠠᠭᠠᠰᠢᠶᠠᠯ ᠤᠨ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠦᠨ᠎ᠡ᠃ 4 ᠳ᠋ᠦ᠋ᠭᠡᠷ ᠰᠠᠷ᠎ᠠ ᠳᠤ ᠪᠣᠯᠬᠤ | 26 ᠳ᠋ᠤᠭᠠᠷ ᠤᠳᠠᠭ᠎ᠠ ᠶᠢᠨ ᠪᠦᠬᠦ ᠤᠯᠤᠰ ᠤᠨ ᠭᠠᠶᠢᠯᠢ ᠲᠠᠲᠠᠪᠤᠷᠢ ᠶᠢᠨ ᠤᠬᠠᠭᠤᠯᠭ᠎ᠠ ᠶᠢᠨ ᠰᠠᠷ᠎ᠠ ᠶᠢᠨ | ᠠᠵᠢᠯᠯᠠᠭ᠎ᠠ ᠶᠢ ᠰᠠᠶᠢᠲᠤᠷ ᠦᠷᠨᠢᠭᠦᠯᠵᠦ᠂ ᠰᠢᠨ᠎ᠡ ᠨᠢᠭᠡᠨ ᠡᠭᠡᠯᠵᠢ ᠶᠢᠨ ᠭᠠᠶᠢᠯᠢ ᠲᠠᠲᠠᠪᠤᠷᠢ ᠶᠢᠨ ︽ᠶᠡᠭᠡ | ᠤᠬᠠᠭᠤᠯᠭ᠎ᠠ︾ ᠶᠢ ᠦᠷᠨᠢᠭᠦᠯᠵᠦ᠂ ᠢᠯᠠᠩᠭᠤᠶ᠎ᠠ ᠭᠠᠶᠢᠯᠢ ᠲᠠᠲᠠᠪᠤᠷᠢ ᠶᠢᠨ ᠲᠠᠲᠠᠪᠤᠷᠢᠯᠠᠨ ᠬᠠᠮᠢᠶᠠᠷᠬᠤ | ᠪᠠᠶᠢᠭᠤᠯᠤᠯ ᠤᠨ ᠥᠭᠡᠷᠡᠴᠢᠯᠡᠯᠲᠡ ᠪᠣᠯᠣᠨ ᠭᠠᠶᠢᠯᠢ ᠬᠠᠰᠤᠵᠤ ᠬᠡᠯᠲᠦᠷᠢᠭᠦᠯᠬᠦ ᠲᠦᠷᠦ ᠶᠢᠨ ᠪᠤᠳᠤᠯᠭ᠎ᠠ ᠵᠢᠴᠢ | ᠲᠡᠭᠦᠨ ᠤ ᠲᠤᠤᠱᠯᠠᠭᠤᠯᠵᠤ ᠪᠠᠶᠢᠭ᠎ᠠ ᠦᠷ᠎ᠡ ᠪᠦᠲᠦᠮᠵᠢ ᠶᠢᠨ ᠤᠬᠠᠭᠤᠯᠤᠭ᠎ᠠ ᠶᠢ ᠴᠢᠩᠭᠠᠳᠬᠠᠵᠦ᠂ ᠭᠠᠶᠢᠯᠢ | ᠲᠤᠰᠢᠶᠠᠭᠴᠢᠳ ᠲᠤ ᠭᠠᠶᠢᠯᠢ ᠲᠠᠲᠠᠪᠤᠷᠢ ᠶᠢᠨ ᠲᠦᠷᠦ ᠶᠢᠨ ᠪᠤᠳᠤᠯᠭ᠎ᠠ ᠶᠢᠨ ᠲᠣᠭᠲᠠᠭᠠᠯ ᠵᠢᠴᠢ ᠠᠵᠢᠯᠯᠠᠭᠠᠨ ᠤ | ᠠᠷᠭ᠎ᠠ ᠶᠢ ᠨᠡᠩ ᠰᠠᠶᠢᠨ ᠮᠡᠳᠡᠭᠦᠯᠵᠦ᠂ ᠨᠡᠩ ᠣᠯᠠᠨ ︽ᠠᠰᠢᠭ ᠣᠷᠣᠯᠭ᠎ᠠ︾ ᠬᠦᠷᠲᠡᠭᠡᠨ᠎ᠡ᠃ ᠪᠠᠭᠴᠠᠯᠠᠭᠠᠳ | ᠬᠡᠯᠡᠪᠡᠯ᠄ ᠪᠢᠳᠡ ᠬᠠᠷᠢᠯᠴᠠᠨ ᠣᠶᠢᠯᠠᠭᠠᠯᠴᠠᠬᠤ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ︽ | ᠰᠢᠰᠲ᠋ᠧᠮ ᠤᠨ ᠬᠤᠷᠠᠮᠠᠯ︾ ᠢ ᠨᠡᠩ ᠴᠢᠬᠤᠯᠠᠴᠢᠯᠠᠨ᠂ ᠤᠯᠤᠰ ᠤᠨ ᠭᠠᠶᠢᠯᠢ ᠶᠢᠨ ᠶᠠᠪᠤᠳᠠᠯ ᠤᠨ ᠠᠵᠢᠯ ᠤᠨ ᠡᠯ᠎ᠡ | ᠵᠦᠶᠯ ᠤᠨ ᠰᠢᠯᠢᠳᠡᠭ ᠠᠮᠵᠢᠯᠲᠠ ᠪᠠᠷ ᠢᠶᠠᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠣᠨ ᠥᠪᠡᠷᠲᠡᠭᠡᠨ | ᠵᠠᠰᠠᠬᠤ ᠣᠷᠣᠨ ᠪᠠᠶᠢᠭᠤᠯᠤᠭᠳᠠᠭᠰᠠᠨ 70 ᠵᠢᠯ ᠤᠨ ᠣᠢ ᠶᠢ ᠤᠭᠲᠤᠨ ᠪᠡᠯᠭᠡᠯᠡᠨ᠎ᠡ᠃ | ᠬᠥᠲᠥᠯᠥᠭᠴᠢ᠄ | ᠵᠠ ᠰᠠᠶᠢᠨ ᠪᠣᠯᠣᠯ᠎ᠠ᠂ ᠲᠠᠨ ᠤ ᠲᠠᠶᠢᠯᠤᠮᠵᠢ ᠬᠢᠭᠰᠡᠨ ᠳᠤ ᠲᠤᠩ ᠲᠠᠯᠠᠷᠬᠠᠵᠤ ᠪᠠᠶᠢᠨ᠎ᠠ᠂ ᠰᠦᠯᠵᠢᠶᠡᠨ ᠤ | ᠠᠨᠳᠠ ᠨᠠᠷ ᠤᠨ ᠣᠷᠣᠯᠴᠠᠭᠰᠠᠨ ᠳᠤ ᠴᠤ ᠲᠠᠯᠠᠷᠬᠠᠵᠤ ᠪᠠᠶᠢᠨ᠎ᠠ᠂ ᠲᠣᠰ ᠬᠤᠭᠤᠴᠠᠭᠠᠨ ᠤ ᠰᠤᠷᠪᠤᠯᠵᠢᠯᠠᠭ᠎ᠠ ᠠᠳᠡ | ᠭᠦᠷᠦᠭᠡᠳ ᠲᠡᠭᠦᠰᠦᠯ᠎ᠡ᠂ ᠲᠠᠷᠠᠭᠠᠴᠢ ᠶᠢᠨ ᠳ᠋ᠤᠭᠠᠷ ᠲᠤ ᠪᠠᠶᠠᠷᠲᠠᠶ ᠵᠣᠯᠭᠠᠶ᠎ᠠ︕ | | | | ᠦᠪᠡᠷᠲᠡᠭᠡᠨ ᠵᠠᠰᠠᠬᠤ ᠤᠷᠤᠨ ᠤ ᠤᠯᠤᠰ ᠤᠨ ᠭᠠᠶᠢᠯᠢ ᠶᠢᠨ ᠶᠠᠪᠤᠳᠠᠯ ᠤᠨ ᠲᠤᠪᠴᠢᠶ᠎ᠠ ᠶᠢᠨ ᠡᠷᠬᠢᠯᠡᠭᠰᠡᠨ | ᠪᠦᠬᠦ ᠤᠯᠤᠰ ᠤᠨ ᠭᠠᠶᠢᠯᠢ ᠶᠢᠨ ᠶᠠᠪᠤᠳᠠᠯ ᠤᠨ ᠠᠵᠢᠯ ᠤᠨ ᠬᠤᠷᠠᠯ | | | | ᠲᠠᠨ ᠾᠧᠩ ᠲᠤᠪᠴᠢᠶᠠᠨ ᠲᠠᠷᠤᠭ᠎ᠠ ᠠᠵᠤ ᠠᠬᠤᠶᠢᠯᠠᠯ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ | ᠪᠠᠶᠢᠭ᠎ᠠ ᠨᠢ | | |