ᠥᠪᠥᠷ ᠵᠠᠰᠠᠭ ᠲᠠᠷᠬᠠᠭᠠᠭᠰᠠᠨ ﹇2016﹈ 122 ᠳ᠋ᠤᠭᠠᠷ ᠲᠤᠭᠠᠳᠤ | 11 ᠳ᠋ᠤᠬᠡᠷ ᠰᠠᠷ᠎ᠠ ᠶᠢᠨ 1 ᠤ ᠡᠳᠦᠷ | ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠤᠷᠳᠤᠨ᠂ ᠦᠪᠡᠷᠳᠡᠬᠡᠨ ᠵᠠᠰᠠᠬᠤ ᠤᠷᠤᠨ ᠤ | ᠡᠯ᠎ᠡ ᠵᠦᠪᠯᠡᠯ᠂ ᠠᠯᠪᠠᠨ ᠬᠡᠷ᠂ ᠲᠢᠩᠬᠢᠮ᠂ ᠲᠤᠪᠴᠢᠶ᠎ᠡ᠂ ᠡᠯ᠎ᠡ ᠲᠤᠮᠤ ᠠᠵᠦ ᠠᠬᠤᠶᠢᠯᠠᠯ᠂ ᠠᠵᠢᠯ ᠦᠢᠯᠡᠰ ᠤᠨ | ᠨᠢᠬᠡᠴᠡ ᠳᠤ᠄ | ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ ᠲᠠᠭᠠᠳᠬᠠᠯ ︵ᠲᠤᠷᠤᠨᠨᠰᠢ | ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠡᠮᠴᠢᠯᠡᠭᠡ ᠶᠢᠨ ᠲᠠᠭᠠᠳᠬᠠᠯ ᠬᠡᠵᠦ ᠲᠤᠪᠴᠢᠯᠠᠨ᠎ᠠ︶ ᠤᠨ ᠲᠦᠷᠢᠮ | ᠪᠠ ᠮᠠᠯᠵᠢᠬᠤ ᠲᠠᠷᠢᠶᠠᠯᠠᠬᠤ ᠤᠷᠤᠨ ᠤ ᠰᠢᠨ᠎ᠠ ᠬᠡᠯᠪᠡᠷᠢ ᠶᠢᠨ ᠬᠤᠷᠰᠢᠨᠨᠰᠠᠨ ᠡᠮᠴᠢᠯᠡᠭᠡ ︵ᠲᠤᠷᠤᠨᠨᠰᠢ ᠭᠦᠳᠡᠭᠡ | ᠲᠤᠰᠬᠤᠨ ᠤ ᠰᠢᠨ᠎ᠠ ᠬᠤᠷᠰᠢᠨᠨᠰᠠᠨ ᠡᠮᠴᠢᠯᠡᠭᠡ ᠬᠡᠵᠦ ᠲᠤᠪᠴᠢᠯᠠᠨ᠎ᠠ︶ ᠶᠢᠨ ᠲᠦᠷᠢᠮ ᠢ ᠪᠦᠳᠦᠮᠵᠢᠳᠡᠢ ᠡᠮᠬᠢᠯᠡᠨ | ᠨᠡᠶᠢᠯᠡᠬᠦᠯᠵᠦ᠂ ᠬᠤᠳᠠ ᠭᠦᠳᠡᠭᠡ ᠶᠢᠨ ᠰᠠᠭᠤᠭᠠᠯᠢ ᠠᠷᠠᠳ ᠲᠤ ᠦᠨᠳᠦᠰᠦᠨ ᠡᠮᠴᠢᠯᠡᠭᠡ ᠶᠢᠨ ᠲᠠᠭᠠᠳᠬᠠᠯ ᠤᠨ ᠡᠷᠬᠡ | ᠠᠰᠢᠭ ᠢ ᠲᠦᠪ ᠭᠤᠤᠯᠴᠢ ᠪᠠᠷ ᠡᠳ᠋ᠯᠡᠬᠦᠯᠬᠦ ᠶᠢ ᠪᠡᠶᠡᠯᠡᠬᠦᠯᠦᠨ᠂ ᠨᠡᠶᠢᠬᠡᠮ ᠤᠨ ᠲᠦᠪ ᠭᠤᠤᠯᠴᠢ ᠰᠢᠳᠤᠷᠭᠤ ᠶᠤᠰᠤ ᠶᠢ | ᠠᠬᠢᠭᠤᠯᠵᠦ᠂ ᠠᠷᠠᠳ ᠤᠯᠠᠨ ᠤ ᠪᠤᠶᠠᠨ ᠵᠢᠷᠭᠠᠯ ᠢ ᠨᠡᠮᠡᠭᠳᠡᠬᠦᠯᠦᠨ᠂ ᠡᠮᠴᠢᠯᠡᠭᠡ ᠶᠢᠨ ᠲᠠᠭᠠᠳᠬᠠᠯ ᠤᠨ ᠠᠵᠢᠯ | ᠦᠢᠯᠡᠰ ᠤᠨ ᠦᠷᠬᠦᠯᠵᠢᠯᠡᠨ ᠭᠦᠭᠵᠢᠬᠦ ᠶᠢ ᠠᠬᠢᠭᠤᠯᠬᠤ ᠶᠢᠨ ᠲᠤᠰᠠᠳᠠ᠂ ︽ᠪᠦᠭᠦᠳᠡ ᠨᠠᠶᠢᠷᠠᠮᠳᠠᠬᠤ ᠲᠤᠮᠳᠠᠳᠤ | ᠠᠷᠠᠳ ᠤᠯᠤᠰ ᠤᠨ ᠨᠡᠶᠢᠬᠡᠮ ᠤᠨ ᠲᠠᠭᠠᠳᠬᠠᠯ ᠤᠨ ᠬᠠᠤᠯᠢ︾᠂ ︽ᠬᠤᠳᠠ ᠭᠦᠳᠡᠭᠡ ᠶᠢᠨ ᠰᠠᠭᠤᠭᠠᠯᠢ ᠠᠷᠠᠳ ᠤᠨ | ᠦᠨᠳᠦᠰᠦᠨ ᠡᠮᠴᠢᠯᠡᠭᠡ ᠶᠢᠨ ᠲᠠᠭᠠᠳᠬᠠᠯ ᠤᠨ ᠲᠦᠷᠢᠮ ᠢ ᠡᠮᠬᠢᠯᠡᠨ ᠨᠡᠶᠢᠯᠡᠬᠦᠯᠬᠦ ᠲᠤᠬᠠᠢ ᠲᠦᠷᠦ ᠶᠢᠨ ᠶᠠᠪᠤᠳᠠᠯ ᠤᠨ | ᠬᠤᠷᠢᠶ᠎ᠠ ᠶᠢᠨ ᠰᠠᠨᠠᠯ︾ ︵ᠲᠦᠷᠦ ᠲᠠᠷᠬᠠᠭᠠᠨᠨᠰᠠᠨ ﹇2016﹈ 3 ᠳ᠋ᠤᠭᠠᠷ ᠲᠤᠭᠠᠳᠤ︶ ᠪᠠ ︽ᠦᠪᠦᠷ | ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠬᠤᠳᠠ ᠪᠠᠯᠭᠠᠰᠤᠨ ᠤ ᠦᠨᠳᠦᠰᠦᠨ ᠡᠮᠴᠢᠯᠡᠭᠡ ᠶᠢᠨ ᠲᠠᠭᠠᠳᠬᠠᠯ ᠤᠨ | ᠲᠦᠷᠢᠮ︾ ᠢ ᠦᠨᠳᠦᠰᠦᠯᠡᠵᠦ᠂ ᠮᠠᠨ ᠤ ᠤᠷᠤᠨ ᠤ ᠪᠤᠳᠠᠳᠠᠢ ᠲᠠᠢ ᠤᠶᠠᠯᠳᠤᠭᠤᠯᠤᠨ᠂ ᠬᠤᠳᠠ ᠭᠦᠳᠡᠭᠡ ᠶᠢᠨ | ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ ᠲᠠᠭᠠᠳᠬᠠᠯ ᠤᠨ ᠨᠢᠬᠡᠳᠦᠯᠳᠡᠢ ᠲᠦᠷᠢᠮ ᠢ ᠪᠠᠶᠢᠭᠤᠯᠬᠤ ᠪᠠᠷ | ᠡᠳᠦᠬᠡ ᠲᠤᠤᠷᠠᠬᠢ ᠮᠡᠳᠦ ᠰᠠᠨᠠᠯ ᠢ ᠲᠤᠷᠠᠳᠪᠠ᠃ | ᠨᠢᠬᠡ᠂ ᠦᠨᠳᠦᠰᠦᠨ ᠵᠠᠷᠴᠢᠮ ᠪᠠ ᠬᠠᠷᠠᠯᠳᠠᠳᠤ ᠡᠭᠦᠷᠬᠡ | ︵ᠨᠢᠬᠡ︶ ᠦᠨᠳᠦᠰᠦᠨ ᠵᠠᠷᠴᠢᠮ᠃ | ᠨᠡᠶᠢᠳᠡᠮ ᠪᠦᠷᠭᠦᠭᠦᠯᠭᠦ᠂ ᠦᠨᠳᠦᠰᠦ ᠶᠢ ᠪᠠᠳᠤᠯᠠᠬᠤ᠂ ᠤᠯᠠᠨ ᠲᠡᠰ ᠲᠠᠪᠬᠤᠷᠭ᠎ᠠ ᠲᠠᠢ ᠪᠠᠶᠢᠯᠭᠠᠬᠤ᠂ | ᠦᠷᠭᠦᠯᠵᠢᠯᠡᠵᠦ ᠪᠤᠯᠬᠤ ᠶᠢ ᠪᠠᠷᠢᠮᠳᠠᠯᠠᠵᠦ᠂ ᠡᠮᠴᠢᠯᠡᠭᠡ ᠶᠢᠨ ᠪᠠᠳᠤᠯᠠᠭ᠎ᠠ ᠶᠢᠨ ᠬᠢᠷᠢ ᠬᠡᠮᠵᠢᠶ᠎ᠡ ᠬᠢᠬᠡᠳ ᠠᠵᠦ ᠠᠬᠤᠢ | ᠨᠡᠶᠢᠬᠡᠮ ᠤᠨ ᠭᠦᠭᠵᠢᠯᠳᠡ ᠶᠢᠨ ᠬᠢᠷᠢ ᠬᠡᠮᠵᠢᠶ᠎ᠡ ᠯᠦᠭᠡ ᠬᠠᠷᠢᠯᠴᠠᠨ ᠵᠤᠬᠢᠴᠠᠯᠳᠤᠬᠤ ᠶᠢ ᠠᠬᠢᠭᠤᠯᠤᠨ᠎ᠠ︔ ᠪᠡᠯᠡ | ᠬᠤᠷᠠᠮᠳᠤᠭᠤᠯᠬᠤ ᠪᠠ ᠤᠯᠭᠤᠮᠵᠢ ᠶᠢ ᠬᠠᠷᠢᠯᠴᠠᠨ ᠬᠤᠯᠪᠤᠨᠨᠳᠠᠭᠤᠯᠬᠤ᠂ ᠡᠷᠬᠡ ᠠᠰᠢᠭ ᠪᠠ ᠡᠭᠦᠷᠬᠡ ᠶᠢ ᠬᠠᠷᠢᠯᠴᠠᠨ | ᠲᠡᠩᠴᠡᠭᠦᠷᠢᠰᠢᠬᠦᠯᠬᠦ ᠶᠢ ᠪᠠᠷᠢᠮᠳᠠᠯᠠᠵᠦ᠂ ᠬᠤᠳᠠ ᠭᠦᠳᠡᠭᠡ ᠶᠢᠨ ᠰᠠᠭᠤᠭᠠᠯᠢ ᠠᠷᠠᠳ ᠲᠤ ᠦᠨᠳᠦᠰᠦᠨ ᠡᠮᠴᠢᠯᠡᠭᠡ ᠶᠢᠨ | ᠲᠠᠭᠠᠳᠬᠠᠯ ᠤᠨ ᠤᠯᠭᠤᠮᠵᠢ ᠶᠢ ᠲᠦᠪ ᠭᠤᠤᠯᠴᠢ ᠪᠠᠷ ᠡᠳ᠋ᠯᠡᠬᠦᠯᠬᠦ ᠶᠢ ᠪᠡᠶᠡᠯᠡᠬᠦᠯᠦᠨ᠎ᠡ︔ ᠡᠮᠴᠢᠯᠡᠭᠡ᠂ | ᠡᠮᠴᠢᠯᠡᠭᠡ ᠶᠢᠨ ᠲᠠᠭᠠᠳᠬᠠᠯ᠂ ᠡᠮ ᠡᠮᠨᠡᠯᠬᠡ ᠵᠡᠷᠬᠡ ︽ᠡᠮᠴᠢᠯᠡᠭᠡ ᠶᠢᠨ ᠲᠠᠭᠠᠳᠬᠠᠯ ᠡᠷᠡᠭᠦᠯ ᠬᠠᠮᠠᠭᠠᠯᠠᠯ ᠡᠮ ᠤᠨ | ᠵᠦᠢᠯ ᠭᠤᠷᠪᠠ︾ ᠶᠢᠨ ᠬᠠᠮᠳᠤᠷᠠᠨ ᠭᠦᠳᠡᠯᠦᠯᠴᠡᠬᠦ ᠶᠢ ᠪᠠᠷᠢᠮᠳᠠᠯᠠᠨ᠎ᠠ︔ ᠦᠨᠳᠦᠰᠦᠨ ᠡᠮᠴᠢᠯᠡᠭᠡ ᠶᠢᠨ ᠲᠠᠭᠠᠳᠬᠠᠯ᠂ | ᠭᠦᠨᠳᠦ ᠡᠪᠡᠳᠴᠢᠨ ᠤ ᠲᠠᠭᠠᠳᠬᠠᠯ᠂ ᠡᠮᠴᠢᠯᠡᠭᠡ ᠪᠠᠷ ᠠᠪᠤᠷᠠᠨ ᠲᠤᠰᠠᠯᠠᠬᠤ᠂ ᠬᠤᠳᠠᠯᠳᠤᠭᠠᠨ ᠤ ᠡᠷᠡᠭᠦᠯ ᠡᠩᠬᠡ ᠶᠢᠨ | ᠲᠠᠭᠠᠳᠬᠠᠯ ᠵᠡᠷᠬᠡ ᠲᠦᠷᠢᠮ ᠢ ᠪᠦᠳᠦᠮᠵᠢᠳᠡᠢ ᠵᠤᠯᠭᠠᠯᠳᠤᠭᠤᠯᠬᠤ ᠶᠢ ᠪᠠᠷᠢᠮᠳᠠᠯᠠᠨ᠎ᠠ︔ ᠤᠷᠤᠯᠭ᠎ᠠ ᠪᠠᠷ ᠵᠠᠷᠤᠯᠭ᠎ᠠ ᠶᠢ | ᠲᠤᠨᠨᠳᠠᠭᠠᠬᠤ᠂ ᠤᠷᠤᠯᠭ᠎ᠠ ᠵᠠᠷᠤᠯᠭ᠎ᠠ ᠶᠢ ᠲᠡᠩᠴᠡᠭᠦᠷᠢᠳᠡᠢ ᠪᠠᠶᠢᠯᠭᠠᠬᠤ᠂ ᠪᠠᠭᠠᠬᠠᠨ ᠦᠯᠡᠳᠡᠪᠦᠷᠢ ᠲᠠᠢ ᠪᠠᠶᠢᠬᠤ | ᠵᠠᠷᠴᠢᠮ ᠢ ᠪᠠᠷᠢᠮᠳᠠᠯᠠᠵᠦ᠂ ᠡᠮᠴᠢᠯᠡᠭᠡ ᠶᠢᠨ ᠲᠠᠭᠠᠳᠬᠠᠯ ᠤᠨ ᠰᠠᠭᠤᠷᠢ ᠮᠦᠩᠭᠦ ᠶᠢ ᠠᠮᠤᠷ ᠲᠦᠪᠰᠢᠨ ᠲᠤᠨᠨᠳᠠᠪᠤᠷᠢᠳᠠᠢ | ᠠᠵᠢᠯᠯᠠᠭᠤᠯᠬᠤ ᠶᠢ ᠪᠠᠳᠤᠯᠠᠨ᠎ᠠ︔ ᠶᠡᠷᠦᠩᠬᠡᠢ ᠴᠤᠨᠨᠴᠠ ᠠᠴᠠ ᠲᠦᠯᠦᠪᠵᠢᠬᠦᠯᠬᠦ᠂ ᠬᠤᠳᠠ ᠭᠦᠳᠡᠭᠡ ᠶᠢ ᠨᠢᠬᠡᠳᠦᠯᠳᠡᠢ | ᠲᠦᠯᠦᠪᠵᠢᠬᠦᠯᠬᠦ᠂ ᠡᠬᠢ ᠪᠠᠶᠠᠯᠢᠭ ᠢ ᠡᠮᠬᠢᠯᠡᠨ ᠨᠡᠶᠢᠯᠡᠬᠦᠯᠬᠦ᠂ ᠦᠷ᠎ᠡ ᠠᠰᠢᠭ ᠢ ᠨᠡᠮᠡᠭᠳᠡᠬᠦᠯᠬᠦ ᠶᠢ ᠪᠠᠷᠢᠮᠳᠠᠯᠠᠵᠤ᠂ | ᠬᠤᠳᠠ ᠭᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ ᠲᠠᠭᠠᠳᠬᠠᠯ ᠤᠨ ᠨᠢᠬᠡᠳᠦᠯᠳᠡᠢ | ᠲᠦᠷᠢᠮ ᠢ ᠪᠠᠶᠢᠭᠤᠯᠤᠨ᠎ᠠ᠃ | ︵ᠬᠤᠶᠠᠷ︶ ᠬᠠᠷᠠᠯᠳᠠᠳᠤ ᠡᠭᠦᠷᠬᠡ᠃ | ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠡᠮᠴᠢᠯᠡᠭᠡ ᠶᠢᠨ ᠲᠠᠭᠠᠳᠬᠠᠯ ᠪᠠ ᠭᠦᠳᠡᠭᠡ ᠲᠤᠰᠬᠤᠨ ᠤ | ᠰᠢᠨ᠎ᠠ ᠬᠤᠷᠰᠢᠨᠨᠰᠠᠨ ᠡᠮᠴᠢᠯᠡᠭᠡ ᠶᠢᠨ ᠡᠬᠢ ᠪᠠᠶᠠᠯᠢᠭ ᠢ ᠡᠮᠬᠢᠯᠡᠨ ᠨᠡᠶᠢᠯᠡᠬᠦᠯᠵᠦ᠂ ᠬᠤᠳᠠ ᠭᠦᠳᠡᠭᠡ ᠶᠢᠨ ᠰᠠᠭᠤᠭᠠᠯᠢ | ᠠᠷᠠᠳ ᠤᠨ ᠦᠨᠳᠦᠰᠦᠨ ᠡᠮᠴᠢᠯᠡᠭᠡ ᠶᠢᠨ ᠲᠠᠭᠠᠳᠬᠠᠯ ᠤᠨ ᠨᠢᠬᠡᠳᠦᠯᠳᠡᠢ ᠬᠠᠮᠢᠶᠠᠷᠤᠯᠳᠠ ᠶᠢᠨ ᠰᠢᠰᠲ᠋ᠧᠮᠵᠢ ᠶᠢ | ᠪᠠᠶᠢᠭᠤᠯᠤᠨ᠂ ᠪᠦᠷᠭᠦᠭᠦ ᠬᠡᠪᠴᠢᠶ᠎ᠡ᠂ ᠪᠡᠯᠡ ᠬᠤᠷᠠᠮᠳᠤᠭᠤᠯᠬᠤ ᠲᠦᠷᠦ ᠶᠢᠨ ᠪᠤᠳᠤᠯᠭ᠎ᠠ᠂ ᠪᠠᠳᠤᠯᠠᠭ᠎ᠠ ᠶᠢᠨ ᠤᠯᠭᠤᠮᠵᠢ | ᠂ ᠡᠮᠴᠢᠯᠡᠭᠡ ᠶᠢᠨ ᠲᠠᠭᠠᠳᠬᠠᠯ ᠤᠨ ᠭᠠᠷᠴᠠᠭ᠂ ᠲᠤᠨᠨᠳ᠋ᠬᠠᠰᠠᠨ ᠴᠢᠬ ᠤᠨ ᠬᠠᠮᠢᠶᠠᠷᠤᠯᠳᠠ ᠪᠠ ᠰᠠᠭᠤᠷᠢ ᠮᠦᠩᠭᠦᠨ ᠤ | ᠬᠠᠮᠢᠶᠠᠷᠤᠯᠳᠠ ᠵᠡᠷᠬᠡ ︽ᠵᠢᠷᠭᠤᠭ᠎ᠠ ᠶᠢ ᠨᠢᠬᠡᠳᠦᠬᠦᠯᠬᠦ︾ ᠶᠢ ᠪᠡᠶᠡᠯᠡᠬᠦᠯᠵᠦ᠂ ᠤᠷᠤᠨ ᠤ ᠪᠠᠶᠢᠳᠠᠯ ᠳᠤ | ᠵᠤᠬᠢᠴᠠᠭᠤᠯᠤᠨᠨᠰᠠᠨ᠂ ᠬᠤᠳᠠ ᠭᠦᠳᠡᠭᠡ ᠶᠢ ᠨᠢᠬᠡᠳᠦᠯᠳᠡᠢ ᠲᠦᠯᠦᠪᠵᠢᠬᠦᠯᠦᠭᠰᠡᠨ᠂ ᠠᠷᠠᠳ ᠢ ᠢᠪᠡᠬᠡᠵᠦ ᠦᠷ᠎ᠡ | ᠠᠰᠢᠭ ᠢ ᠨᠢ ᠶᠡᠭᠡ ᠪᠤᠯᠭᠠᠨᠨᠰᠠᠨ᠂ ᠲᠦᠪ ᠭᠤᠤᠯᠴᠢ ᠪᠠᠷ ᠭᠦᠷᠳᠡᠵᠦ ᠪᠤᠯᠬᠤᠶᠢᠴᠠ ᠬᠤᠳᠠ ᠭᠦᠳᠡᠭᠡ ᠶᠢᠨ ᠰᠠᠭᠤᠭᠠᠯᠢ | ᠠᠷᠠᠳ ᠤᠨ ᠦᠨᠳᠦᠰᠦᠨ ᠡᠮᠴᠢᠯᠡᠭᠡ ᠶᠢᠨ ᠲᠠᠭᠠᠳᠬᠠᠯ ᠤᠨ ᠲᠦᠷᠢᠮ ᠢ ᠪᠠᠶᠢᠭᠤᠯᠵᠦ᠂ ᠲᠠᠭᠠᠳᠬᠠᠯ ᠳᠤ ᠤᠷᠤᠨᠨᠰᠠᠨ | ᠰᠠᠭᠤᠭᠠᠯᠢ ᠠᠷᠠᠳ ᠲᠤ ᠬᠠᠮᠤᠭ ᠤᠨ ᠶᠡᠭᠡ ᠬᠡᠮᠵᠢᠶ᠎ᠡ ᠪᠠᠷ ᠠᠰᠢᠭ ᠭᠦᠷᠳᠡᠬᠡᠨ᠎ᠠ᠃ 2017 ᠤᠨ ᠤ 1 ᠳ᠋ᠤᠬᠡᠷ | ᠰᠠᠷ᠎ᠠ ᠶᠢᠨ 1 ᠤ ᠡᠳᠦᠷ᠂ ᠡᠯ᠎ᠡ ᠨᠢᠬᠡᠳᠦᠯᠳᠡᠢ ᠲᠦᠯᠦᠪᠵᠢᠬᠦᠯᠬᠦ ᠭᠠᠵᠠᠷ ᠤᠷᠤᠨ ᠨᠢ ᠬᠤᠳᠠ ᠭᠦᠳᠡᠭᠡ ᠶᠢᠨ | ᠰᠠᠭᠤᠭᠠᠯᠢ ᠠᠷᠠᠳ ᠤᠨ ᠦᠨᠳᠦᠰᠦᠨ ᠡᠮᠴᠢᠯᠡᠬᠡᠨ ᠤ ᠲᠠᠭᠠᠳᠬᠠᠯ ᠤᠨ ᠨᠢᠬᠡᠳᠦᠯᠳᠡᠢ ᠲᠦᠷᠢᠮ ᠢ ᠬᠡᠷᠡᠭᠵᠢᠬᠦᠯᠦᠨ᠎ᠠ᠃ | ᠬᠤᠶᠠᠷ᠂ ᠲᠠᠭᠠᠳᠬᠠᠯ ᠳᠤ ᠤᠷᠤᠬᠤ ᠬᠡᠪᠴᠢᠶ᠎ᠡ ᠪᠠ ᠨᠢᠬᠡᠳᠦᠯᠳᠡᠢ ᠲᠦᠯᠦᠪᠵᠢᠬᠦᠯᠬᠦ ᠲᠡᠰ ᠲᠠᠪᠬᠤᠷᠭ᠎ᠠ | ︵ᠨᠢᠬᠡ︶ ᠲᠠᠭᠠᠳᠬᠠᠯ ᠳᠤ ᠤᠷᠤᠬᠤ ᠬᠡᠪᠴᠢᠶ᠎ᠡ᠃ | ᠦᠪᠡᠷᠳᠡᠬᠡᠨ ᠵᠠᠰᠠᠬᠤ ᠤᠷᠤᠨ ᠤ ᠵᠠᠰᠠᠭ ᠵᠠᠬᠢᠷᠭᠠᠨ ᠤ ᠤᠷᠤᠨ ᠤ ᠲᠤᠳᠤᠷᠠᠬᠢ ᠠᠵᠢᠯᠳᠠᠨ ᠠᠵᠢᠯᠴᠢᠨ ᠤ | ᠦᠨᠳᠦᠰᠦᠨ ᠡᠮᠴᠢᠯᠡᠭᠡ ᠶᠢᠨ ᠲᠠᠭᠠᠳᠬᠠᠯ ᠳᠤ ᠤᠷᠤᠬᠤ ᠬᠡᠪᠴᠢᠶ᠎ᠡ ᠳᠤ ᠬᠠᠷᠢᠶᠠᠯᠬᠠᠳᠠᠬᠤ ᠦᠬᠡᠢ ᠬᠤᠳᠠ | ᠭᠦᠳᠡᠭᠡ ᠶᠢᠨ ᠰᠠᠭᠤᠭᠠᠯᠢ ᠠᠷᠠᠳ ᠢ᠂ ᠡᠭᠦᠨ ᠳᠤ ᠮᠠᠯᠵᠢᠬᠤ ᠲᠠᠷᠢᠶᠠᠯᠠᠬᠤ ᠤᠷᠤᠨ ᠤ ᠰᠠᠭᠤᠭᠠᠯᠢ ᠠᠷᠠᠳ᠂ ᠬᠤᠳᠠ | ᠪᠠᠯᠭᠠᠰᠤ ᠳᠤ ᠠᠵᠢᠯ ᠦᠬᠡᠢ ᠰᠠᠭᠤᠭᠠᠯᠢ ᠠᠷᠠᠳ᠂ ᠡᠯ᠎ᠡ ᠲᠦᠷᠦᠯ ᠤᠨ ᠪᠦᠭᠦᠯᠢ ᠡᠳᠦᠷ ᠤᠨ ᠲᠦᠷᠢᠮᠳᠦ | ᠰᠤᠷᠭᠠᠭᠤᠯᠢ ᠳᠤ ᠪᠠᠶᠢᠭ᠎ᠠ ᠰᠤᠷᠤᠨᠨᠴᠢ᠂ ᠰᠤᠷᠬᠤ ᠨᠠᠰᠤᠨ ᠠᠴᠠ ᠡᠮᠦᠨᠡᠬᠢ ᠬᠡᠤᠬᠡᠳ᠂ ᠤᠯᠤᠰ ᠪᠠ ᠦᠪᠡᠷᠳᠡᠬᠡᠨ | ᠵᠠᠰᠠᠬᠤ ᠤᠷᠤᠨ ᠠᠴᠠ ᠲᠤᠨᠨᠳᠠᠭᠠᠨᠨᠰᠠᠨ ᠪᠤᠰᠤᠳ ᠭᠦᠮᠦᠰ ᠢ ᠪᠠᠭᠳᠠᠭᠠᠵᠦ᠂ ᠨᠢᠬᠡᠳᠦᠯᠳᠡᠢ ᠲᠦᠯᠦᠪᠵᠢᠬᠦᠯᠦᠭᠰᠡᠨ | ᠭᠠᠵᠠᠷ ᠤᠷᠤᠨ ᠤ ᠬᠤᠳᠠ ᠭᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ ᠲᠠᠭᠠᠳᠬᠠᠯ ᠳᠤ | ᠤᠷᠤᠭᠤᠯᠬᠤ ᠬᠡᠷᠡᠭᠳᠡᠢ᠃ ᠲᠠᠭᠠᠳᠬᠠᠯ ᠳᠤ ᠤᠷᠤᠨᠨᠰᠠᠨ ᠭᠦᠮᠦᠰ ᠨᠢ ᠬᠤᠳᠠ ᠭᠦᠳᠡᠭᠡ ᠶᠢᠨ ᠰᠠᠭᠤᠭᠠᠯᠢ ᠠᠷᠠᠳ ᠤᠨ | ᠦᠨᠳᠦᠰᠦᠨ ᠡᠮᠴᠢᠯᠡᠭᠡ ᠶᠢᠨ ᠲᠠᠭᠠᠳᠬᠠᠯ ᠪᠠ ᠠᠵᠢᠯᠳᠠᠨ ᠠᠵᠢᠯᠴᠢᠨ ᠤ ᠦᠨᠳᠦᠰᠦᠨ ᠡᠮᠴᠢᠯᠡᠭᠡ ᠶᠢᠨ | ᠲᠠᠭᠠᠳᠬᠠᠯ ᠳᠤ ᠵᠡᠷᠬᠡᠪᠡᠷ ᠤᠷᠤᠵᠦ ᠪᠤᠯᠬᠤ ᠦᠬᠡᠢ᠂ ᠡᠮᠴᠢᠯᠡᠭᠡ ᠶᠢᠨ ᠲᠠᠭᠠᠳᠬᠠᠯ ᠤᠨ ᠤᠯᠭᠤᠮᠵᠢ ᠶᠢ ᠲᠠᠪᠬᠤᠷ | ᠭᠦᠷᠳᠡᠵᠦ ᠪᠤᠯᠬᠤ ᠦᠬᠡᠢ᠃ | ᠦᠪᠡᠷᠳᠡᠬᠡᠨ ᠵᠠᠰᠬᠠᠤ ᠤᠷᠤᠨ ᠤ ᠲᠤᠳᠤᠷ᠎ᠠ ᠪᠠᠨ ᠤᠨᠳᠤᠤ ᠭᠠᠵᠠᠷ ᠤᠨ ᠲᠠᠭᠠᠳᠬᠠᠯ ᠳᠤ ᠤᠷᠤᠬᠤ ᠲᠦᠷᠢᠮ ᠢ | ᠪᠠᠶᠢᠭᠤᠯᠵᠦ᠂ ᠤᠷᠤᠨ ᠤ ᠲᠤᠳᠤᠷᠠᠬᠢ ᠡᠷᠦᠬᠡ ᠠᠮᠠ ᠤᠷᠤᠭᠤᠯᠤᠨᠨᠰᠠᠨ ᠦᠬᠡᠢ ᠭᠠᠵᠠᠷ ᠲᠤ ᠦᠪᠡᠷᠳᠡᠬᠡᠨ ᠵᠠᠰᠠᠬᠤ | ᠤᠷᠤᠨ ᠤ ᠤᠷᠤᠰᠢᠨ ᠰᠠᠭᠤᠬᠤ ᠦᠨᠡᠮᠯᠡᠯ ᠤᠯᠤᠨᠨᠰᠠᠨ ᠬᠤᠳᠠ ᠭᠦᠳᠡᠭᠡ ᠶᠢᠨ ᠰᠠᠭᠤᠭᠠᠯᠢ ᠠᠷᠠᠳ ᠨᠢ ᠡᠷᠦᠬᠡ ᠠᠮᠠ | ᠪᠠᠶᠢᠭ᠎ᠠ ᠭᠠᠵᠠᠷ ᠪᠤᠶᠤ ᠤᠷᠤᠰᠢᠨ ᠰᠠᠭᠤᠭ᠎ᠠ ᠭᠠᠵᠠᠷ ᠤᠨ ᠠᠯᠢ ᠨᠢᠬᠡ ᠶᠢ ᠨᠢ ᠰᠤᠩᠭᠤᠵᠦ ᠲᠠᠭᠠᠳᠬᠠᠯ ᠳᠤ ᠤᠷᠤᠵᠦ᠂ | ᠤᠷᠤᠰᠢᠨ ᠰᠠᠭᠤᠭ᠎ᠠ ᠭᠠᠵᠠᠷ ᠤᠨ ᠢᠶᠠᠨ ᠡᠮᠴᠢᠯᠡᠭᠡ ᠶᠢᠨ ᠲᠠᠭᠠᠳᠬᠠᠯ ᠳᠤ ᠤᠷᠤᠨᠨᠰᠠᠨ ᠭᠦᠮᠦᠨ ᠲᠠᠢ ᠠᠳᠠᠯᠢᠬᠠᠨ | ᠤᠯᠭᠤᠮᠵᠢ ᠭᠦᠷᠳᠡᠨ᠎ᠡ᠃ ᠲᠠᠭᠠᠳᠬᠠᠯ ᠳᠤ ᠤᠷᠤᠨᠨᠰᠠᠨ ᠭᠠᠵᠠᠷ ᠤᠨ ᠠᠶᠢᠮᠠᠭ ᠬᠤᠳᠠ᠂ ᠬᠤᠰᠢᠭᠤ ᠰᠢᠶᠠᠨ ︵ᠬᠤᠳᠠ᠂ | ᠲᠤᠭᠤᠷᠢᠭ︶ ᠤ ᠡᠳ᠋ ᠤᠨ ᠵᠠᠰᠠᠭ ᠨᠢ ᠲᠤᠬᠠᠢ ᠶᠢᠨ ᠭᠠᠵᠠᠷ ᠤᠨ ᠲᠠᠭᠠᠳᠬᠠᠯ ᠳᠤ ᠤᠷᠤᠨᠨᠰᠠᠨ ᠭᠦᠮᠦᠨ ᠤ | ᠪᠠᠷᠢᠮᠵᠢᠶ᠎ᠠ ᠲᠠᠢ ᠬᠠᠷᠢᠴᠠᠭᠤᠯᠵᠦ ᠨᠦᠭᠦᠪᠦᠷᠢ ᠦᠭᠭᠦ ᠬᠡᠷᠡᠭᠳᠡᠢ᠃ ᠡᠷᠦᠬᠡ ᠠᠮᠠ ᠪᠠᠶᠢᠭ᠎ᠠ ᠭᠠᠵᠠᠷ ᠲᠠᠭᠠᠨ ᠨᠢᠬᠡᠨᠳᠡ | ᠲᠠᠭᠠᠳᠬᠠᠯ ᠳᠤ ᠤᠷᠤᠨᠨᠰᠠᠨ ᠭᠦᠮᠦᠰ ᠨᠢ ᠡᠮᠴᠢᠯᠡᠭᠡ ᠶᠢᠨ ᠲᠠᠭᠠᠳᠬᠠᠯ ᠤᠨ ᠬᠠᠷᠢᠴᠠᠭ᠎ᠠ ᠪᠠᠨ ᠰᠢᠯᠵᠢᠬᠦᠯᠵᠦ | ᠵᠠᠯᠭᠠᠭᠤᠯᠬᠤ ᠭᠠᠷᠳᠠᠮ ᠭᠦᠢᠴᠡᠳᠬᠡᠵᠦ ᠪᠠᠶᠢᠭᠠᠳ ᠤᠷᠤᠰᠢᠨ ᠰᠠᠭᠤᠭ᠎ᠠ ᠭᠠᠵᠠᠷ ᠲᠠᠭᠠᠨ ᠲᠠᠭᠠᠳᠬᠠᠯ ᠳᠤ ᠤᠷᠤᠬᠤ ᠶᠢ | ᠪᠡᠶᠡᠯᠡᠬᠦᠯᠵᠦ ᠪᠤᠯᠤᠨ᠎ᠠ᠃ | ︵ᠬᠤᠶᠠᠷ︶ ᠨᠢᠬᠡᠳᠦᠯᠳᠡᠢ ᠲᠦᠯᠦᠪᠵᠢᠬᠦᠯᠬᠦ ᠲᠡᠰ ᠲᠠᠪᠬᠤᠷᠭ᠎ᠠ᠃ | ᠬᠤᠳᠠ ᠭᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ ᠲᠠᠭᠠᠳᠬᠠᠯ ᠳᠤ ᠠᠶᠢᠮᠠᠭ | ᠬᠤᠳᠠ ᠶᠢᠨ ᠱᠠᠳᠤᠨ ᠤ ᠨᠢᠬᠡᠳᠦᠯᠳᠡᠢ ᠲᠦᠯᠦᠪᠵᠢᠬᠦᠯᠬᠦ ᠶᠢ ᠬᠡᠷᠡᠭᠵᠢᠬᠦᠯᠵᠦ᠂ ᠠᠶᠢᠮᠠᠭ ᠬᠤᠳᠠ ᠪᠠᠷ ᠨᠢᠬᠡᠴᠢ | ᠪᠤᠯᠭᠠᠵᠦ ᠪᠡᠯᠡ ᠬᠤᠷᠠᠮᠳᠤᠭᠤᠯᠬᠤ ᠠᠷᠭ᠎ᠠ ᠮᠠᠶ᠋ᠢᠭ᠂ ᠤᠯᠭᠤᠮᠵᠢ ᠶᠢᠨ ᠲᠦᠷᠦ ᠶᠢᠨ ᠪᠤᠳᠤᠯᠭ᠎ᠠ᠂ ᠰᠠᠭᠤᠷᠢ | ᠮᠦᠩᠭᠦᠨ ᠤ ᠬᠠᠮᠢᠶᠠᠷᠤᠯᠳᠠ᠂ ᠦᠢᠯᠡᠴᠢᠯᠡᠬᠡᠨ ᠤ ᠬᠢᠨᠠᠯᠳᠠ ᠬᠠᠮᠢᠶᠠᠷᠤᠯᠳᠠ᠂ ᠭᠠᠷᠳᠠᠨ ᠭᠦᠢᠴᠡᠳᠬᠡᠬᠦ ᠴᠤᠪᠤᠷᠠᠯ ᠪᠠ | ᠮᠡᠳᠡᠭᠡ ᠵᠠᠩᠬᠢ ᠶᠢᠨ ᠬᠠᠮᠢᠶᠠᠷᠤᠯᠳᠠ ᠶᠢ ᠨᠢᠬᠡᠳᠦᠬᠦᠯᠦᠨᠠ᠃ ᠦᠪᠡᠷᠳᠡᠬᠡᠨ ᠵᠠᠰᠠᠬᠤ ᠤᠷᠤᠨ ᠤ ᠱᠠᠳᠤᠨ ᠤ | ᠨᠢᠬᠡᠳᠦᠯᠳᠡᠢ ᠲᠦᠯᠦᠪᠵᠢᠬᠦᠯᠬᠦ ᠶᠢ ᠢᠳᠡᠪᠬᠢᠳᠡᠢ ᠰᠦᠪᠡᠭᠴᠢᠯᠡᠬᠦ ᠬᠡᠷᠡᠭᠳᠡᠢ᠃ | ᠭᠤᠷᠪᠠ᠂ ᠰᠠᠭᠤᠷᠢ ᠮᠦᠩᠭᠦ ᠬᠤᠷᠠᠮᠳᠤᠭᠤᠯᠵᠦ ᠴᠤᠨᠨᠯᠠᠭᠤᠯᠬᠤ ᠨᠠᠷᠢᠯᠢᠬ ᠪᠤᠳᠤᠯᠳᠠ ᠶᠢ | ᠲᠡᠩᠴᠡᠭᠦᠷᠢᠰᠢᠬᠦᠯᠦᠭᠰᠡᠨ ᠰᠠᠭᠤᠷᠢᠨ ᠲᠡᠬᠡᠷ᠎ᠡ᠂ ᠠᠵᠦ ᠠᠬᠤᠢ ᠨᠡᠶᠢᠬᠡᠮ ᠤᠨ ᠭᠦᠭᠵᠢᠯᠳᠡ ᠶᠢᠨ ᠬᠢᠷᠢ ᠬᠡᠮᠵᠢᠶ᠎ᠡ᠂ ᠡᠯ᠎ᠡ | ᠲᠠᠯ᠎ᠠ ᠶᠢᠨ ᠲᠠᠭᠠᠭᠠᠴᠠ ᠶᠢᠨ ᠴᠢᠳᠠᠪᠤᠷᠢ ᠲᠠᠢ ᠵᠤᠬᠢᠴᠬᠠᠰᠠᠨ ᠪᠡᠯᠡ ᠬᠤᠷᠠᠮᠳᠤᠭᠤᠯᠬᠤ ᠲᠤᠨᠨᠳᠠᠭᠤᠨ ᠲᠤᠨᠨᠳᠠᠴᠠ ᠶᠢ | ᠠᠯᠬᠤᠮ ᠠᠯᠬᠤᠮ ᠢᠶᠠᠷ ᠪᠠᠶᠢᠭᠤᠯᠬᠤ ᠬᠡᠷᠡᠭᠳᠡᠢ᠃ | ︵ᠨᠢᠬᠡ︶ ᠰᠠᠭᠤᠷᠢ ᠮᠦᠩᠬᠦ ᠲᠠᠳᠠᠪᠤᠷᠢᠯᠠᠵᠦ ᠲᠤᠰᠢᠶᠠᠬᠤ᠃ | ᠬᠤᠳᠠ ᠭᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ ᠲᠠᠭᠠᠳᠬᠠᠯ ᠤᠨ ᠰᠠᠭᠤᠷᠢ | ᠮᠦᠩᠭᠦ ᠶᠢ ᠬᠤᠪᠢ ᠭᠦᠮᠦᠨ ᠰᠦᠢᠳᠬᠡᠯ ᠲᠤᠰᠢᠶᠠᠬᠤ᠂ ᠵᠠᠰᠠᠭ ᠤᠨ ᠤᠷᠳᠤᠨ ᠨᠦᠭᠦᠪᠦᠷᠢᠯᠡᠬᠦ ᠶᠢ ᠬᠠᠷᠢᠯᠴᠠᠨ | ᠤᠶᠠᠯᠳᠤᠭᠤᠯᠬᠤ ᠪᠠᠷ ᠭᠤᠤᠯᠯᠬᠠᠰᠠᠨ ᠪᠡᠯᠡ ᠬᠤᠷᠠᠮᠳᠤᠭᠤᠯᠬᠤ ᠠᠷᠭ᠎ᠠ ᠮᠠᠶ᠋ᠢᠭ ᠢᠶᠠᠷ ᠬᠤᠷᠠᠮᠳᠤᠭᠤᠯᠤᠨ ᠴᠤᠨᠨᠯᠠᠭᠤᠯᠵᠦ | ᠬᠠᠮᠳᠤ ᠨᠡᠶᠢᠳᠡ᠂ ᠨᠢᠬᠡᠴᠡ ᠪᠤᠶᠤ ᠪᠤᠰᠤᠳ ᠨᠡᠶᠢᠬᠡᠮ ᠠᠵᠦ ᠠᠬᠤᠢ ᠶᠢᠨ ᠵᠤᠬᠢᠶᠠᠨ ᠪᠠᠶᠢᠭᠤᠯᠤᠯᠳᠠ ᠠᠴᠠ ᠲᠡᠮᠵᠢᠯᠬᠡ | ᠪᠤᠶᠤ ᠵᠤᠭᠤᠰ ᠢᠶᠠᠷ ᠲᠤᠰᠠᠯᠠᠬᠤ ᠶᠢ ᠵᠤᠷᠢᠨᠨᠵᠢᠭᠤᠯᠤᠨ᠎ᠠ᠃ ᠤᠷᠤᠨ ᠪᠦᠰᠡ ᠶᠢᠨ ᠲᠤᠳᠤᠷ᠎ᠠ ᠪᠠᠨ ᠨᠢᠬᠡᠳᠦᠯᠳᠡᠢ ᠪᠡᠯᠡ | ᠬᠤᠷᠠᠮᠳᠤᠭᠤᠯᠬᠤ᠂ ᠤᠯᠭᠤᠮᠵᠢ ᠤᠯᠭᠤᠬᠤ ᠪᠠᠷᠢᠮᠵᠢᠶ᠎ᠠ ᠶᠢ ᠨᠢᠬᠡᠳᠦᠯᠳᠡᠢ ᠲᠦᠯᠦᠪᠵᠢᠬᠦᠯᠵᠦ᠂ ᠬᠡᠪ ᠤᠨ | ᠲᠤᠬᠢᠷᠠᠭᠤᠯᠬᠤ ᠲᠤᠨᠨᠳᠠᠴᠠ ᠶᠢ ᠪᠠᠶᠢᠭᠤᠯᠤᠨ᠎ᠠ᠃ ᠬᠤᠪᠢ ᠭᠦᠮᠦᠨ᠂ ᠬᠡᠷ ᠪᠦᠯᠢ ᠪᠤᠶᠤ ᠰᠤᠷᠭᠠᠭᠤᠯᠢ ︵ᠬᠡᠤᠬᠡᠳ ᠤᠨ | ᠴᠡᠴᠡᠷᠯᠢᠭ︶ ᠢᠶᠠᠷ ᠨᠢᠬᠡᠴᠢ ᠪᠤᠯᠭᠠᠵᠦ ᠲᠠᠭᠠᠳᠬᠠᠯ ᠳᠤ ᠤᠷᠤᠵᠦ ᠰᠦᠢᠳᠬᠡᠯ ᠲᠤᠰᠢᠶᠠᠵᠦ ᠪᠤᠯᠤᠨ᠎ᠠ᠃ ᠬᠤᠳᠠ | ᠭᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ ᠲᠠᠭᠠᠳᠬᠠᠯ ᠳᠤ ᠡᠩ ᠤᠨ ᠤᠨ ᠢᠶᠠᠷ | ᠲᠠᠭᠠᠳᠬᠠᠯ ᠳᠤ ᠤᠷᠤᠨᠨᠰᠠᠨ ᠦᠶᠡᠯᠡᠯ ᠢ ᠲᠤᠭᠠᠴᠠᠨ ᠪᠤᠳᠤᠵᠦ᠂ ᠤᠨ ᠢᠶᠠᠷ ᠤᠷᠢᠳᠴᠢᠯᠠᠨ ᠰᠦᠢᠳᠬᠡᠯ ᠲᠤᠰᠢᠶᠠᠬᠤ | ᠲᠦᠷᠢᠮ ᠢ ᠬᠡᠷᠡᠭᠵᠢᠬᠦᠯᠦᠨ᠂ ᠵᠢᠯ ᠪᠦᠷᠢ ᠶᠢᠨ 9 ᠳ᠋ᠤᠬᠡᠷ ᠰᠠᠷ᠎ᠠ ᠠᠴᠠ ᠢᠷᠡᠬᠦ ᠵᠢᠯ ᠤᠨ 2 ᠳ᠋ᠤᠭᠠᠷ ᠰᠠᠷ᠎ᠠ | ᠭᠦᠷᠳᠡᠯᠡᠬᠢ ᠶᠢ ᠰᠦᠢᠳᠬᠡᠯ ᠲᠤᠰᠢᠶᠠᠬᠤ ᠬᠤᠭᠤᠴᠠᠭ᠎ᠠ ᠪᠤᠯᠭᠠᠵᠦ᠂ ᠲᠠᠷᠠᠭᠠᠴᠢ ᠶᠢᠨ ᠤᠨ ᠤ ᠬᠤᠪᠢ ᠭᠦᠮᠦᠨ ᠤ | ᠲᠠᠭᠠᠳᠬᠠᠯ ᠳᠤ ᠤᠷᠤᠬᠤ ᠵᠠᠷᠤᠳᠠᠯ ᠢ ᠬᠤᠷᠢᠶᠠᠨ ᠲᠤᠰᠢᠶᠠᠯᠭᠠᠨ᠎ᠠ᠃ | ᠤᠷᠤᠨ ᠨᠤᠳᠤᠭ ᠤᠨ ᠭᠠᠶᠢᠯᠢ ᠶᠢᠨ ᠰᠠᠯᠠᠭ᠎ᠠ ᠮᠦᠴᠢᠷ ᠨᠢ ᠬᠤᠳᠠ ᠭᠦᠳᠡᠭᠡ ᠶᠢᠨ ᠰᠠᠭᠤᠭᠠᠯᠢ ᠠᠷᠠᠳ ᠤᠨ | ᠦᠨᠳᠦᠰᠦᠨ ᠡᠮᠴᠢᠯᠡᠭᠡ ᠶᠢᠨ ᠲᠠᠭᠠᠳᠬᠠᠯ ᠤᠨ ᠵᠠᠷᠤᠳᠠᠯ ᠤᠨ ᠲᠠᠳᠠᠪᠤᠷᠢᠯᠠᠵᠦ ᠲᠤᠰᠢᠶᠠᠬᠤ ᠠᠵᠢᠯ ᠢ ᠬᠠᠷᠢᠭᠤᠴᠠᠵᠦ᠂ | ᠪᠤᠳᠠᠳᠠᠢ ᠲᠠᠳᠠᠪᠤᠷᠢᠯᠠᠵᠦ ᠲᠤᠰᠢᠶᠠᠬᠤ ᠠᠷᠭ᠎ᠠ ᠶᠢ ᠤᠷᠤᠨ ᠨᠤᠳᠤᠭ ᠤᠨ ᠭᠠᠶᠢᠯᠢ ᠶᠢᠨ ᠰᠠᠯᠠᠭ᠎ᠠ ᠮᠦᠴᠢᠷ ᠠᠴᠠ | ᠬᠤᠯᠪᠤᠨᠨᠳᠠᠯ ᠪᠦᠭᠦᠢ ᠰᠠᠯᠠᠭ᠎ᠠ ᠮᠦᠴᠢᠷ ᠲᠠᠢ ᠬᠠᠮᠳᠤᠷᠠᠯᠴᠠᠨ ᠠᠰᠳᠠᠭᠠᠨ ᠲᠤᠨᠨᠳᠠᠭᠠᠨ᠎ᠠ᠃ ᠰᠤᠮᠤ ᠰᠢᠶᠠᠩ | ᠪᠠᠯᠭᠠᠰᠤ ᠶᠢᠨ ᠠᠷᠠᠳ ᠤᠨ ᠵᠠᠰᠠᠭ ᠤᠨ ᠤᠷᠳᠤᠨ᠂ ᠵᠡᠬᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠵᠢᠴᠢ | ᠬᠠᠷᠢᠶᠠᠳᠤ ᠭᠠᠴᠠᠭ᠎ᠠ ᠲᠤᠰᠬᠤᠨ ᠤ ᠵᠦᠪᠯᠡᠯ᠂ ᠰᠠᠭᠤᠭᠠᠯᠢ ᠠᠷᠠᠳ ᠤᠨ ᠵᠦᠪᠯᠡᠯ ᠠᠴᠠ ᠤᠷᠤᠨ ᠨᠤᠳᠤᠭ ᠤᠨ | ᠭᠠᠶᠢᠯᠢ ᠶᠢᠨ ᠰᠠᠯᠠᠭ᠎ᠠ ᠮᠥᠴᠢᠷ ᠢ ᠬᠠᠮᠵᠢᠵᠦ ᠪᠠᠶᠢᠭᠠᠳ ᠬᠠᠷᠢᠶᠠᠳᠤ ᠲᠤᠭᠤᠷᠢᠭ ᠤᠨ ᠬᠤᠳᠠ ᠭᠦᠳᠡᠭᠡ ᠶᠢᠨ | ᠰᠠᠭᠤᠭᠠᠯᠢ ᠠᠷᠠᠳ ᠤᠨ ᠡᠮᠴᠢᠯᠡᠭᠡ ᠶᠢᠨ ᠲᠠᠭᠠᠳᠬᠠᠯ ᠤᠨ ᠵᠠᠷᠤᠳᠠᠯ ᠢ ᠤᠷᠤᠯᠠᠨ ᠬᠤᠷᠢᠶᠠᠵᠦ ᠲᠤᠰᠢᠶᠠᠬᠤ ᠠᠵᠢᠯ ᠢ | ᠰᠠᠶᠢᠳᠤᠷ ᠬᠢᠬᠦ ᠬᠡᠷᠡᠭᠳᠡᠢ᠃ ᠦᠨᠳᠦᠰᠦᠨ ᠱᠠᠳᠤᠨ ᠤ ᠭᠦᠳᠡᠯᠮᠦᠷᠢ ᠶᠢᠨ ᠪᠠᠳᠤᠯᠠᠭ᠎ᠠ ᠶᠢᠨ ᠦᠷᠳᠡᠭᠡ ︵ᠭᠠᠵᠠᠷ︶᠂ | ᠰᠤᠮᠤ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ᠂ ᠭᠠᠴᠠᠭ᠎ᠠ ᠲᠤᠰᠬᠤᠨ ᠤ ᠡᠷᠡᠬᠦᠯ ᠬᠠᠮᠠᠭᠠᠯᠠᠯ ᠤᠨ | ᠲᠠᠰᠤᠭ ᠨᠢ ᠲᠦᠷᠦ ᠶᠢᠨ ᠪᠤᠳᠤᠯᠭ᠎ᠠ ᠶᠢ ᠤᠬᠠᠭᠤᠯᠬᠤ᠂ ᠯᠠᠪᠯᠠᠵᠦ ᠪᠠᠶᠢᠴᠠᠭᠠᠨ ᠠᠰᠠᠭᠤᠬᠤ ᠵᠡᠷᠬᠡ ᠦᠢᠯᠡᠴᠢᠯᠡᠭᠡ ᠶᠢ | ᠬᠠᠮᠵᠢᠯᠴᠠᠨ ᠦᠷᠨᠢᠬᠦᠯᠬᠦ ᠬᠡᠷᠡᠭᠳᠡᠢ᠃ ᠨᠦᠭᠦᠴᠡᠯ ᠲᠠᠢ ᠭᠠᠵᠠᠷ ᠤᠷᠤᠨ ᠳᠤ ᠨᠡᠶᠢᠬᠡᠮ ᠤᠨ ᠪᠠᠳᠤᠯᠠᠭ᠎ᠠ ᠶᠢᠨ | ᠺᠠᠷᠲ ᠢᠶᠠᠷ ᠤᠷᠤᠯᠠᠨ ᠬᠠᠰᠤᠬᠤ ᠶᠢᠨ ᠰᠦᠢᠳᠬᠡᠯ ᠲᠤᠰᠢᠶᠠᠬᠤ ᠵᠬᠠᠪᠤᠷ ᠬᠡᠷᠡᠭᠵᠢᠬᠦᠯᠬᠦ ᠶᠢ ᠵᠤᠷᠢᠨᠨᠵᠢᠭᠤᠯᠤᠨ᠎ᠠ᠃ | ︵ᠬᠤᠶᠠᠷ︶ ᠡᠳ᠋ ᠤᠨ ᠵᠠᠰᠠᠭ ᠤᠨ ᠨᠦᠭᠦᠪᠦᠷᠢ᠃ | ᠦᠪᠡᠷᠳᠡᠬᠡᠨ ᠵᠠᠰᠠᠬᠤ ᠤᠷᠤᠨ ᠤ ᠡᠳ᠋ ᠤᠨ ᠵᠠᠰᠠᠭ ᠤᠨ ᠨᠦᠭᠦᠪᠦᠷᠢ ᠶᠢᠨ ᠪᠠᠷᠢᠮᠵᠢᠶ᠎ᠠ ᠪᠠ ᠰᠢᠯᠵᠢᠬᠦᠯᠦᠨ | ᠤᠯᠭᠤᠬᠤ ᠠᠷᠭ᠎ᠠ ᠮᠠᠶ᠋ᠢᠭ ᠢ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠠᠴᠠ ᠠᠵᠦ ᠠᠬᠤᠢ | ᠨᠡᠶᠢᠬᠡᠮ ᠤᠨ ᠭᠦᠭᠵᠢᠯᠳᠡ ᠶᠢᠨ ᠪᠠᠶᠢᠳᠠᠯ ᠢ ᠦᠨᠳᠦᠰᠦᠯᠡᠵᠦ ᠲᠤᠬᠢᠷᠬᠠᠰᠠᠨ ᠴᠠᠭ ᠲᠤᠨᠢ ᠲᠤᠬᠢᠷᠠᠭᠤᠯᠤᠨ᠎ᠠ᠃ ᠡᠯ᠎ᠡ | ᠱᠠᠳᠤᠨ ᠤ ᠠᠷᠠᠳ ᠤᠨ ᠵᠠᠰᠠᠭ ᠤᠨ ᠤᠷᠳᠤᠨ ᠨᠢ ᠬᠤᠳᠠ ᠭᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ | ᠡᠮᠴᠢᠯᠡᠭᠡ ᠶᠢᠨ ᠲᠠᠭᠠᠳᠬᠠᠯ ᠤᠨ ᠨᠦᠭᠦᠪᠦᠷᠢ ᠶᠢᠨ ᠪᠡᠯᠡ ᠮᠦᠩᠭᠦ ᠶᠢ ᠤᠨ ᠤ ᠡᠳ᠋ ᠤᠨ ᠵᠠᠰᠠᠭ ᠤᠨ ᠲᠦᠰᠦᠪ ᠤᠨ | ᠲᠤᠬᠢᠷᠠᠭᠤᠯᠤᠯᠳᠠ ᠳᠤ ᠤᠷᠤᠭᠤᠯᠬᠤ ᠶᠢᠨ ᠬᠠᠮᠳᠤ᠂ ᠤᠯᠤᠰ ᠪᠠ ᠦᠪᠡᠷᠳᠡᠬᠡᠨ ᠵᠠᠰᠠᠬᠤ ᠤᠷᠤᠨ ᠤ ᠬᠤᠯᠪᠤᠨᠨᠳᠠᠯ | ᠪᠦᠭᠦᠢ ᠲᠤᠨᠨᠳᠠᠭᠠᠯ ᠶᠤᠰᠤᠭᠠᠷ ᠡᠳ᠋ ᠤᠨ ᠵᠠᠰᠠᠭ ᠤᠨ ᠨᠦᠭᠦᠪᠦᠷᠢ ᠶᠢᠨ ᠪᠡᠯᠡ ᠮᠦᠩᠭᠦ ᠶᠢ ᠴᠠᠭ ᠲᠤᠬᠠᠢ ᠳᠤᠨᠢ | ᠭᠦᠢᠴᠡᠳ ᠰᠠᠯᠭᠠᠵᠦ ᠦᠭᠭᠦ ᠶᠢ ᠪᠠᠳᠤᠯᠠᠬᠤ ᠶᠢᠨ ᠬᠠᠮᠳᠤ ᠰᠠᠭᠤᠷᠢ ᠮᠦᠩᠭᠦᠨ ᠤ ᠲᠤᠰᠬᠠᠢ ᠲᠠᠩᠰᠠᠨ ᠡᠷᠦᠬᠡ ᠳᠤ | ᠰᠢᠯᠵᠢᠬᠦᠯᠵᠦ ᠤᠷᠤᠭᠤᠯᠤᠨ᠎ᠠ᠃ | ᠤᠯᠤᠰ ᠠᠴᠠ ᠲᠤᠨᠨᠳᠠᠭᠠᠨᠨᠰᠠᠨ ᠡᠳ᠋ ᠤᠨ ᠵᠠᠰᠠᠭ ᠤᠨ ᠨᠦᠭᠦᠪᠦᠷᠢ ᠶᠢᠨ ᠪᠡᠯᠡ ᠮᠦᠩᠭᠦ ᠶᠢᠨ ᠲᠤᠳᠤᠷ᠎ᠠ᠂ | ᠲᠦᠪ ᠤᠨ ᠡᠳ᠋ ᠤᠨ ᠵᠠᠰᠠᠭ ᠤᠨ ᠨᠦᠭᠦᠪᠦᠷᠢ ᠠᠴᠠ ᠭᠠᠳᠠᠨ᠎ᠠ᠂ ᠦᠪᠡᠷᠳᠡᠬᠡᠨ ᠵᠠᠰᠠᠬᠤ ᠤᠷᠤᠨ ᠠᠴᠠ ᠡᠯ᠎ᠡ | ᠭᠠᠵᠠᠷ ᠤᠨ ᠡᠳ᠋ ᠤᠨ ᠭᠦᠴᠦᠨ ᠢ ᠦᠨᠳᠦᠰᠦᠯᠡᠵᠦ ᠲᠦᠷᠦᠯ ᠲᠡᠰ ᠬᠤᠪᠢᠶᠠᠵᠦ ᠨᠦᠭᠦᠪᠦᠷᠢᠯᠡᠨ᠎ᠡ᠃ 2016 ᠤᠨ ᠤ | ᠦᠪᠡᠷᠳᠡᠬᠡᠨ ᠵᠠᠰᠠᠬᠤ ᠤᠷᠤᠨ ᠤ ᠨᠦᠭᠦᠪᠦᠷᠢ ᠶᠢᠨ ᠰᠠᠭᠤᠷᠢ ᠲᠤᠭ᠎ᠠ ᠳᠤ ᠨᠢᠬᠡᠳᠦᠬᠡᠷ ᠲᠦᠷᠦᠯ ᠤᠨ ᠭᠠᠵᠠᠷ | ᠤᠷᠤᠨ ᠨᠢ 43 ᠲᠦᠭᠦᠷᠢᠭ᠂ ᠬᠤᠶᠠᠳᠤᠭᠠᠷ ᠲᠦᠷᠦᠯ ᠤᠨ ᠭᠠᠵᠠᠷ ᠤᠷᠤᠨ ᠨᠢ 60 ᠲᠦᠭᠦᠷᠢᠭ᠂ ᠭᠤᠷᠪᠠᠳᠤᠭᠠᠷ | ᠲᠦᠷᠦᠯ ᠤᠨ ᠭᠠᠵᠠᠷ ᠤᠷᠤᠨ ᠨᠢ 77 ᠲᠦᠭᠦᠷᠢᠭ ᠪᠠᠶᠢᠵᠦ᠂ ᠲᠠᠷᠠᠭᠠᠴᠢ ᠪᠠᠷ ᠵᠢᠯ ᠪᠤᠯᠭᠠᠨ ᠡᠭᠦᠨ ᠤ ᠰᠠᠭᠤᠷᠢᠨ | ᠲᠡᠬᠡᠷ᠎ᠡ᠂ ᠲᠤᠬᠠᠢ ᠶᠢᠨ ᠵᠢᠯ ᠤᠨ ᠨᠡᠮᠡᠭᠳᠡᠭᠰᠡᠨ ᠬᠡᠰᠡᠭ ᠲᠤ᠂ ᠨᠢᠬᠡᠳᠦᠬᠡᠷ ᠲᠦᠷᠦᠯ ᠤᠨ ᠭᠠᠵᠠᠷ ᠤᠷᠤᠨ ᠨᠢ | 30% ᠪᠠᠷ ᠨᠦᠭᠦᠪᠦᠷᠢᠯᠡᠬᠦ᠂ ᠬᠤᠶᠠᠳᠤᠭᠠᠷ ᠲᠦᠷᠦᠯ ᠤᠨ ᠭᠠᠵᠠᠷ ᠤᠷᠤᠨ ᠨᠢ 50% ᠪᠠᠷ ᠨᠦᠭᠦᠪᠦᠷᠢᠯᠡᠬᠦ᠂ | ᠭᠤᠷᠪᠠᠳᠤᠭᠠᠷ ᠲᠦᠷᠦᠯ ᠤᠨ ᠭᠠᠵᠠᠷ ᠤᠷᠤᠨ ᠨᠢ 70% ᠪᠠᠷ ᠨᠦᠭᠦᠪᠦᠷᠢᠯᠡᠬᠦ ᠶᠢ ᠬᠡᠷᠡᠭᠵᠢᠬᠦᠯᠵᠦ᠂ ᠪᠤᠰᠤᠳ | ᠬᠡᠰᠡᠭ ᠢ ᠨᠢ ᠠᠶᠢᠮᠠᠭ ᠬᠤᠳᠠ᠂ ᠬᠤᠰᠢᠭᠤ ᠰᠢᠶᠠᠨ ︵ᠬᠤᠳᠠ᠂ ᠲᠤᠭᠤᠷᠢᠭ︶ ᠤ ᠡᠳ᠋ ᠤᠨ ᠵᠠᠰᠠᠭ ᠠᠴᠠ ᠱᠠᠳᠤ | ᠬᠤᠪᠢᠶᠠᠵᠦ ᠡᠭᠦᠷᠬᠡᠯᠡᠨ᠎ᠠ᠃ ᠭᠠᠵᠠᠷ ᠤᠷᠤᠨ ᠤ ᠡᠳ᠋ ᠤᠨ ᠭᠦᠴᠦᠨ ᠢ ᠲᠦᠷᠦᠯ ᠬᠤᠪᠢᠶᠠᠬᠤ ᠳᠤ᠂ ᠦᠪᠡᠷᠳᠡᠬᠡᠨ | ᠵᠠᠰᠠᠬᠤ ᠤᠷᠤᠨ ᠤ ᠡᠳ᠋ ᠤᠨ ᠵᠠᠰᠠᠭ ᠤᠨ ᠲᠤᠰᠬᠠᠢ ᠲᠦᠷᠦᠯ ᠵᠦᠢᠯ ᠢᠶᠠᠷ ᠰᠢᠯᠵᠢᠬᠦᠯᠦᠨ ᠤᠯᠭᠤᠬᠤ ᠭᠠᠵᠠᠷ | ᠤᠷᠤᠨ ᠢᠶᠠᠷ ᠲᠦᠷᠦᠯ ᠬᠤᠪᠢᠶᠠᠵᠦ ᠲᠤᠨᠨᠳᠠᠭᠠᠨ᠎ᠠ᠃ | ︵ᠭᠤᠷᠪᠠ︶ ᠬᠤᠪᠢ ᠭᠦᠮᠦᠨ ᠤ ᠰᠦᠢᠳᠬᠡᠯ ᠲᠤᠰᠢᠶᠠᠬᠤ᠃ | ᠬᠤᠪᠢ ᠭᠦᠮᠦᠨ ᠤ ᠰᠦᠢᠳᠬᠡᠯ ᠲᠤᠰᠢᠶᠠᠬᠤ ᠪᠠᠷᠢᠮᠵᠢᠶ᠎ᠠ ᠬᠢᠬᠡᠳ ᠬᠤᠳᠠ ᠭᠦᠳᠡᠭᠡ ᠶᠢᠨ ᠰᠠᠭᠤᠭᠠᠯᠢ | ᠠᠷᠠᠳ ᠤᠨ ᠭᠦᠮᠦᠨ ᠲᠤᠮᠳᠠᠴᠢ ᠶᠢᠨ ᠡᠵᠡᠮᠳᠡᠵᠦ ᠪᠤᠯᠬᠤ ᠤᠷᠤᠯᠭ᠎ᠠ ᠲᠠᠢ ᠬᠠᠷᠢᠯᠴᠠᠨ ᠵᠣᠯᠭᠠᠯᠳᠤᠭᠤᠯᠬᠤ | ᠭᠦᠳᠡᠯᠦᠩᠬᠦᠢ ᠲᠤᠬᠢᠷᠠᠭᠤᠯᠬᠤ ᠲᠤᠨᠨᠳᠠᠴᠠ ᠶᠢ ᠠᠯᠬᠤᠮ ᠠᠯᠬᠤᠮ ᠢᠶᠠᠷ ᠪᠠᠶᠢᠭᠤᠯᠤᠨ᠎ᠠ᠃ ᠵᠠᠰᠠᠭ ᠤᠨ ᠤᠷᠳᠤᠨ | ᠬᠢᠬᠡᠳ ᠬᠤᠪᠢ ᠭᠦᠮᠦᠨ ᠤ ᠪᠡᠯᠡ ᠬᠤᠷᠠᠮᠳᠤᠭᠤᠯᠬᠤ ᠬᠠᠷᠢᠭᠤᠴᠠᠯᠭ᠎ᠠ ᠶᠢ ᠵᠦᠢ ᠵᠤᠬᠢᠰᠳᠠᠢ ᠬᠤᠪᠢᠶᠠᠷᠢᠯᠠᠵᠦ᠂ | ᠵᠠᠰᠠᠭ ᠤᠨ ᠤᠷᠳᠤᠨ ᠤ ᠨᠦᠭᠦᠪᠦᠷᠢ ᠶᠢᠨ ᠪᠠᠷᠢᠮᠵᠢᠶ᠎ᠠ ᠶᠢ ᠲᠡᠬᠡᠭᠰᠢᠯᠡᠬᠦᠯᠬᠦ ᠶᠢᠨ ᠬᠠᠮᠳᠤ᠂ ᠬᠤᠪᠢ ᠭᠦᠮᠦᠨ ᠤ | ᠰᠦᠢᠳᠬᠡᠯ ᠲᠤᠰᠢᠶᠠᠬᠤ ᠬᠤᠪᠢ ᠶᠢᠨ ᠵᠢᠩ ᠢ ᠵᠤᠬᠢᠬᠤ ᠬᠡᠮᠵᠢᠶ᠎ᠡ ᠪᠠᠷ ᠲᠡᠬᠡᠭᠰᠢᠯᠡᠬᠦᠯᠦᠨ᠎ᠠ᠃ ᠬᠤᠳᠠ ᠭᠦᠳᠡᠭᠡ ᠶᠢᠨ | ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ ᠲᠠᠭᠠᠳᠬᠠᠯ ᠤᠨ ᠲᠦᠷᠢᠮ ᠢ ᠨᠢᠬᠡᠳᠬᠡᠭᠰᠡᠨ ᠤ ᠲᠠᠷᠠᠭ᠎ᠠ᠂ | ᠨᠢᠬᠡᠳᠦᠯᠳᠡᠢ ᠲᠦᠯᠦᠪᠵᠢᠬᠦᠯᠬᠦ ᠨᠦᠭᠦᠴᠡᠯ ᠲᠠᠢ ᠭᠠᠵᠠᠷ ᠤᠷᠤᠨ ᠨᠢ ᠬᠤᠪᠢ ᠭᠦᠮᠦᠨ ᠤ ᠰᠦᠢᠳᠬᠡᠯ ᠲᠤᠰᠢᠶᠠᠬᠤ | ᠲᠡᠰ ᠢ ᠨᠢᠬᠡᠳᠦᠯᠳᠡᠢ ᠲᠤᠨᠨᠳᠠᠭᠠᠵᠦ ᠪᠤᠯᠤᠨ᠎ᠠ᠃ ᠲᠦᠷ ᠴᠠᠭ ᠨᠦᠭᠦᠴᠡᠯ ᠪᠦᠷᠢᠯᠳᠦᠭᠦᠯᠦᠭᠰᠡᠨ ᠦᠬᠡᠢ ᠪᠠᠶᠢᠪᠠᠯ | ᠰᠦᠢᠳᠬᠡᠯ ᠲᠤᠰᠢᠶᠠᠬᠤ ᠬᠤᠶᠠᠷ ᠲᠡᠰ ᠢᠶᠠᠷ ᠢᠯᠭᠠᠨ ᠲᠤᠨᠨᠳᠠᠭᠠᠵᠦ᠂ ᠠᠳᠠᠯᠢ ᠪᠤᠰᠤ ᠤᠯᠭᠤᠮᠵᠢ ᠶᠢᠨ ᠬᠢᠷᠢ | ᠬᠡᠮᠵᠢᠶ᠎ᠡ ᠶᠢ ᠬᠡᠷᠡᠭᠵᠢᠬᠦᠯᠵᠦ ᠪᠤᠯᠤᠨ᠎ᠠ᠃ ᠬᠤᠳᠠ ᠪᠠᠯᠭᠠᠰᠤᠨ ᠤ ᠰᠠᠭᠤᠭᠠᠯᠢ ᠠᠷᠠᠳ ᠨᠢ ᠵᠠᠷᠴᠢᠮ ᠲᠡᠬᠡᠷ᠎ᠡ ᠪᠠᠨ | ᠪᠠᠷᠢᠮᠵᠢᠶ᠎ᠠ ᠪᠠᠷ ᠦᠨᠳᠦᠷ ᠲᠡᠰ ᠢ ᠰᠤᠩᠭᠤᠵᠦ ᠰᠦᠢᠳᠬᠡᠯ ᠲᠤᠰᠢᠶᠠᠵᠦ᠂ ᠮᠠᠯᠵᠢᠬᠤ ᠲᠠᠷᠢᠶᠠᠯᠠᠬᠤ ᠤᠷᠤᠨ ᠤ | ᠰᠠᠭᠤᠭᠠᠯᠢ ᠠᠷᠠᠳ ᠨᠢ ᠡᠭᠦᠨ ᠤ ᠲᠤᠳᠤᠷᠠᠬᠢ ᠨᠢᠬᠡ ᠲᠡᠰ ᠢ ᠰᠤᠩᠭᠤᠵᠦ ᠰᠦᠢᠳᠬᠡᠯ ᠲᠤᠰᠢᠶᠠᠵᠦ ᠪᠤᠯᠤᠨ᠎ᠠ᠂ | 2 ᠠᠴᠠ 3 ᠵᠢᠯ ᠤᠨ ᠲᠤᠳᠤᠷ᠎ᠠ ᠰᠦᠢᠳᠬᠡᠯ ᠲᠤᠰᠢᠶᠠᠬᠤ ᠪᠠᠷᠢᠮᠵᠢᠶ᠎ᠠ ᠪᠠ ᠤᠯᠭᠤᠮᠵᠢ ᠶᠢᠨ ᠬᠢᠷᠢ ᠬᠡᠮᠵᠢᠶ᠎ᠡ ᠶᠢ | ᠪᠦᠭᠦᠨ ᠢ ᠨᠢᠬᠡᠳᠦᠬᠦᠯᠬᠦ ᠬᠡᠷᠡᠭᠳᠡᠢ᠃ | ᠠᠮᠢᠳᠤᠷᠠᠯ ᠤᠨ ᠨᠠᠭᠠᠳᠤ ᠵᠠᠬ᠎ᠠ ᠶᠢᠨ ᠪᠠᠳᠤᠯᠠᠭ᠎ᠠ ᠶᠢ ᠭᠦᠷᠳᠡᠵᠦ ᠪᠠᠶᠢᠭ᠎ᠠ ᠰᠠᠭᠤᠭᠠᠯᠢ ᠠᠷᠠᠳ᠂ | ᠭᠦᠳᠡᠯᠮᠦᠷᠢᠯᠡᠬᠦ ᠴᠢᠳᠠᠪᠤᠷᠢ ᠪᠠᠨ ᠠᠯᠳ᠋ᠬᠠᠰᠠᠨ ᠵᠡᠮᠳᠡᠭᠴᠦᠳ᠂ ᠤᠷᠤᠯᠭ᠎ᠠ ᠪᠠᠭᠠᠳᠠᠢ ᠬᠡᠷ ᠪᠦᠯᠢ ᠶᠢᠨ ᠪᠦᠭᠦᠯᠢ 60 | ᠨᠠᠰᠤᠨ ᠠᠴᠠ ᠲᠡᠬᠡᠭᠰᠢᠬᠢ ᠨᠠᠰᠤᠳᠠᠶᠢᠴᠤᠤᠯ ᠪᠠ ᠨᠠᠰᠤᠨ ᠳᠤ ᠦᠯᠦ ᠭᠦᠷᠦᠭᠰᠡᠳ ᠵᠡᠷᠬᠡ ᠬᠦᠮᠦᠰ ᠤᠨ ᠬᠤᠳᠠ | ᠭᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ ᠲᠠᠭᠠᠳᠬᠠᠯ ᠳᠤ ᠤᠷᠤᠨᠨᠰᠠᠨ ᠬᠤᠪᠢ ᠭᠦᠮᠦᠨ ᠤ | ᠰᠦᠢᠳᠬᠡᠯ ᠲᠤᠰᠢᠶᠠᠬᠤ ᠵᠤᠬᠢᠰᠳᠠᠢ ᠬᠡᠰᠡᠭ ᠲᠤᠨᠢ ᠤᠷᠤᠨ ᠨᠤᠳᠤᠭ ᠤᠨ ᠠᠷᠠᠳ ᠤᠨ ᠵᠠᠰᠠᠭ ᠤᠨ ᠤᠷᠳᠤᠨ ᠠᠴᠠ | ᠨᠡᠮᠡᠭᠦᠷᠢ ᠤᠯᠭᠤᠵᠦ᠂ ᠨᠡᠮᠡᠭᠦᠷᠢ ᠶᠢᠨ ᠪᠠᠷᠢᠮᠵᠢᠶ᠎ᠠ ᠶᠢ ᠨᠢ ᠤᠤᠯ ᠤᠨ ᠲᠦᠷᠦ ᠶᠢᠨ ᠪᠤᠳᠤᠯᠭ᠎ᠠ ᠪᠠᠷ ᠬᠡᠷᠡᠭᠵᠢᠬᠦᠯᠬᠦ | ᠬᠡᠷᠡᠭᠳᠡᠢ᠃ ᠲᠦᠷᠦ ᠶᠢᠨ ᠪᠤᠳᠤᠯᠭ᠎ᠠ ᠶᠢᠨ ᠲᠤᠨᠨᠳᠠᠭᠠᠯ ᠳᠤ ᠨᠡᠶᠢᠴᠡᠬᠦ ᠲᠠᠩᠰᠠ ᠡᠪᠬᠡᠮᠡᠯ ᠪᠠ ᠺᠠᠷᠲ ᠲᠠᠢ ᠶᠠᠳᠠᠭᠤ | ᠭᠦᠴᠢᠷᠳᠡᠢ ᠭᠦᠮᠦᠨ ᠠᠮᠠ ᠶᠢᠨ ᠬᠤᠳᠠ ᠭᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ | ᠲᠠᠭᠠᠳᠬᠠᠯ ᠤᠨ ᠬᠤᠪᠢ ᠭᠦᠮᠦᠨ ᠤ ᠰᠦᠢᠳᠬᠡᠯ ᠲᠤᠰᠢᠶᠠᠬᠤ ᠵᠤᠬᠢᠰᠳᠠᠢ ᠬᠡᠰᠡᠭ ᠲᠤᠨᠢ ᠡᠳ᠋ ᠤᠨ ᠵᠠᠰᠠᠭ ᠠᠴᠠ | ᠨᠡᠮᠡᠭᠦᠷᠢ ᠤᠯᠭᠤᠬᠤ ᠬᠡᠷᠡᠭᠳᠡᠢ᠃ ᠤᠨᠴᠠ ᠭᠦᠴᠢᠷᠳᠡᠢ ᠭᠦᠮᠦᠰ᠂ ᠤᠨᠴᠠ ᠭᠦᠴᠢᠷᠳᠡᠢ ᠭᠦᠮᠦᠰ ᠢ ᠠᠪᠤᠷᠠᠨ | ᠲᠤᠰᠠᠯᠠᠵᠦ ᠲᠡᠳᠬᠦᠨ ᠲᠡᠵᠢᠬᠡᠬᠦ ᠬᠡᠪᠴᠢᠶᠡᠨ ᠳᠤ ᠤᠷᠤᠭᠤᠯᠤᠬᠰᠠᠨ ᠬᠡᠤᠬᠡᠳ ᠤᠨ ᠲᠠᠭᠠᠳᠬᠠᠯ ᠳᠤ ᠤᠷᠤᠬᠤ | ᠵᠠᠷᠤᠳᠠᠯ ᠳᠤᠨᠢ ᠤᠷᠤᠨ ᠨᠤᠳᠤᠭ ᠤᠨ ᠠᠷᠠᠳ ᠤᠨ ᠵᠠᠰᠠᠭ ᠤᠨ ᠤᠷᠳᠤᠨ ᠠᠴᠠ ᠪᠦᠭᠦ ᠲᠤᠭ᠎ᠠ ᠪᠠᠷ ᠨᠢ ᠵᠤᠭᠤᠰ ᠢᠶᠠᠷ | ᠲᠤᠰᠠᠯᠠᠬᠤ ᠬᠡᠷᠡᠭᠳᠡᠢ᠃ | ︵ᠲᠦᠷᠪᠡ︶ ᠨᠢᠯᠬ᠎ᠠ ᠬᠡᠤᠬᠡᠳ ᠢ ᠲᠠᠭᠠᠳᠬᠠᠯ ᠳᠤ ᠤᠷᠤᠭᠤᠯᠬᠤ᠃ | ᠨᠢᠯᠬ᠎ᠠ ᠬᠡᠤᠬᠡᠳ ᠤᠨ ᠡᠴᠢᠬᠡ ᠡᠬᠡ ᠶᠢᠨ ᠠᠯᠢ ᠨᠢᠬᠡ ᠨᠢ ᠦᠪᠡᠷᠳᠡᠬᠡᠨ ᠵᠠᠰᠠᠬᠤ ᠤᠷᠤᠨ ᠤ ᠲᠤᠳᠤᠷᠠᠬᠢ | ᠦᠨᠳᠦᠰᠦᠨ ᠡᠮᠴᠢᠯᠡᠭᠡ ᠶᠢᠨ ᠲᠠᠭᠠᠳᠬᠠᠯ ᠳᠤ ᠤᠷᠤᠨᠨᠰᠠᠨ ᠪᠦᠬᠡᠳ ᠲᠤᠨᠨᠳᠠᠭᠠᠯ ᠶᠤᠰᠤᠭᠠᠷ ᠰᠦᠢᠳᠬᠡᠯ | ᠲᠤᠰᠢᠶᠠᠭᠰᠠᠨ ᠪᠠᠶᠢᠪᠠᠯ᠂ ᠡᠬᠡ ᠶᠢᠨ ᠬᠡᠪᠡᠯᠢ ᠳᠤ ᠪᠠᠶᠢᠨᠨᠰᠠᠨ ᠦᠶ᠎ᠡ ᠳᠠᠬᠢ ᠬᠡᠤᠬᠡᠳ ᠨᠢ ᠡᠴᠢᠬᠡ ᠡᠬᠡ ᠶᠢᠨ ᠢᠶᠠᠨ ᠠᠯᠢ | ᠨᠢᠬᠡ ᠶᠢᠨ ᠢᠶᠠᠨ ᠲᠠᠭᠠᠳᠬᠠᠯ ᠳᠤ ᠤᠷᠤᠨᠨᠰᠠᠨ ᠭᠠᠵᠠᠷ ᠲᠤ ᠲᠠᠭᠠᠳᠬᠠᠯ ᠳᠤ ᠤᠷᠤᠨᠨᠰᠠᠨ ᠲᠠᠩᠰᠠᠯᠠᠵᠦ ᠲᠡᠮᠳᠡᠭᠯᠡᠬᠦ | ᠭᠠᠷᠳᠠᠮ ᠭᠦᠢᠴᠡᠳᠬᠡᠨ᠎ᠠ᠂ ᠲᠠᠷᠤᠢ ᠨᠢᠯᠬ᠎ᠠ ᠬᠡᠤᠬᠡᠳ ᠢ ᠨᠢ ᠬᠤᠳᠠ ᠭᠦᠳᠡᠭᠡ ᠶᠢᠨ ᠰᠠᠭᠤᠭᠠᠯᠢ ᠠᠷᠠᠳ ᠤᠨ | ᠦᠨᠳᠦᠰᠦᠨ ᠡᠮᠴᠢᠯᠡᠭᠡ ᠶᠢᠨ ᠲᠠᠭᠠᠳᠬᠠᠯ ᠳᠤ ᠤᠷᠤᠨᠨᠰᠠᠨ ᠢᠶᠠᠷ ᠬᠠᠨᠳᠤᠵᠦ᠂ ᠲᠤᠬᠠᠢ ᠶᠢᠨ ᠵᠢᠯ ᠤᠨ ᠲᠠᠭᠠᠳᠬᠠᠯ ᠳᠤ | ᠤᠷᠤᠨᠨᠰᠠᠨ ᠰᠦᠢᠳᠬᠡᠯ ᠲᠤᠰᠢᠶᠠᠬᠤ ᠠᠴᠠ ᠬᠡᠯᠳᠦᠷᠢᠬᠦᠯᠵᠦ᠂ ᠪᠤᠢ ᠪᠤᠯᠤᠨᠨᠰᠠᠨ ᠡᠮᠴᠢᠯᠡᠭᠡ ᠶᠢᠨ ᠵᠠᠷᠤᠳᠠᠯ ᠢ | ᠲᠠᠩᠰᠠᠯᠠᠨ ᠲᠡᠮᠳᠡᠭᠯᠡᠭᠰᠡᠨ ᠭᠠᠵᠠᠷ ᠤᠨ ᠬᠤᠳᠠ ᠭᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ | ᠲᠠᠭᠠᠳᠬᠠᠯ ᠤᠨ ᠰᠠᠭᠤᠷᠢ ᠮᠦᠩᠭᠦ ᠪᠠᠷ ᠲᠠᠮᠵᠢᠭᠤᠯᠵᠦ ᠲᠠᠩᠰᠠᠨ ᠠᠴᠠ ᠲᠠᠶᠢᠯᠵᠦ᠂ ᠢᠷᠡᠬᠦ ᠵᠢᠯ ᠳᠤᠨᠢ ᠨᠢᠯᠬ᠎ᠠ | ᠬᠡᠤᠬᠡᠳ ᠤᠨ ᠲᠤᠰ ᠭᠦᠮᠦᠨ ᠤ ᠪᠡᠶ᠎ᠡ ᠭᠠᠷᠤᠯ ᠢᠶᠠᠷ ᠰᠦᠢᠳᠬᠡᠯ ᠲᠤᠰᠢᠶᠠᠵᠦ ᠲᠠᠭᠠᠳᠬᠠᠯ ᠳᠤ ᠤᠷᠤᠭᠤᠯᠬᠤ ᠬᠡᠷᠡᠭᠳᠡᠢ᠃ | ᠲᠦᠷᠪᠡ᠂ ᠡᠮᠴᠢᠯᠡᠭᠡ ᠶᠢᠨ ᠲᠠᠭᠠᠳᠬᠠᠯ ᠤᠨ ᠤᠯᠭᠤᠮᠵᠢ | ᠡᠯ᠎ᠡ ᠭᠠᠵᠠᠷ ᠤᠷᠤᠨ ᠨᠢ ᠬᠤᠳᠠ ᠭᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ | ᠲᠠᠭᠠᠳᠬᠠᠯ ᠤᠨ ᠶᠡᠷᠦᠩᠬᠡᠢ ᠤᠯᠭᠤᠮᠵᠢ ᠶᠢᠨ ᠬᠢᠷᠢ ᠬᠡᠮᠵᠢᠶ᠎ᠡ ᠶᠢ ᠪᠠᠭᠤᠷᠠᠭᠤᠯᠬᠤ ᠦᠬᠡᠢ ᠪᠠᠶᠢᠬᠤ ᠶᠢᠨ ᠬᠠᠮᠳᠤ᠂ ᠠᠵᠦ | ᠠᠬᠤᠢ ᠨᠡᠶᠢᠬᠡᠮ ᠤᠨ ᠭᠦᠭᠵᠢᠯᠳᠡ ᠲᠠᠢ ᠬᠠᠷᠢᠯᠴᠠᠨ ᠵᠤᠬᠢᠴᠬᠠᠰᠠᠨ ᠡᠮᠴᠢᠯᠡᠭᠡ ᠶᠢᠨ ᠲᠠᠭᠠᠳᠬᠠᠯ ᠤᠨ ᠤᠯᠭᠤᠮᠵᠢ ᠶᠢᠨ | ᠭᠦᠳᠡᠯᠦᠩᠬᠦᠢ ᠲᠤᠬᠢᠷᠠᠭᠤᠯᠬᠤ ᠲᠤᠨᠨᠳᠠᠴᠠ ᠶᠢ ᠠᠯᠬᠤᠮ ᠠᠯᠬᠤᠮ ᠢᠶᠠᠷ ᠪᠠᠶᠢᠭᠤᠯᠵᠦ᠂ ᠬᠤᠳᠠ ᠭᠦᠳᠡᠭᠡ ᠶᠢᠨ | ᠰᠠᠭᠤᠭᠠᠯᠢ ᠠᠷᠠᠳ ᠤᠨ ᠡᠮᠴᠢᠯᠡᠭᠡ ᠶᠢᠨ ᠲᠠᠭᠠᠳᠬᠠᠯ ᠤᠨ ᠪᠠᠳᠤᠯᠠᠭ᠎ᠠ ᠶᠢᠨ ᠬᠢᠷᠢ ᠬᠡᠮᠵᠢᠶ᠎ᠡ ᠶᠢ ᠠᠯᠬᠤᠮ ᠠᠯᠬᠤᠮ ᠢᠶᠠᠷ | ᠲᠡᠬᠡᠭᠰᠢᠯᠡᠬᠦᠯᠦᠨ᠎ᠠ᠃ ᠬᠡᠷᠡᠭᠯᠡᠬᠡᠨ ᠤ ᠮᠤᠩᠭᠤᠯ ᠬᠢᠳᠡᠳ ᠡᠮ ᠡᠮᠨᠡᠯᠬᠡ ᠪᠠ ᠮᠤᠩᠭᠤᠯ ᠬᠢᠳᠡᠳ ᠡᠮᠴᠢᠯᠡᠭᠡ ᠳᠤ | ᠲᠤᠬᠢᠷᠠᠬᠤ ᠮᠡᠷᠬᠡᠵᠢᠯ ᠢ ᠶᠡᠬᠡᠪᠡᠷ ᠲᠡᠯᠬᠡᠷᠡᠭᠦᠯᠭᠦ ᠶᠢᠨ ᠬᠠᠮᠳᠤ᠂ ᠮᠤᠩᠭᠤᠯ ᠬᠢᠳᠡᠳ ᠡᠮᠴᠢᠯᠡᠭᠡ ᠲᠡᠰᠢ ᠲᠦᠷᠦ ᠶᠢᠨ | ᠪᠤᠳᠤᠯᠭ᠎ᠠ ᠶᠢᠨ ᠬᠠᠷᠠᠭᠠᠯᠵᠠᠯ ᠦᠵᠡᠬᠦᠯᠬᠦ ᠬᠡᠷᠡᠭᠳᠡᠢ᠃ | ︵ᠨᠢᠬᠡ︶ ᠡᠭᠦᠳᠡᠨ ᠡᠮᠨᠡᠯᠬᠡ ᠶᠢ ᠨᠢᠬᠡᠳᠦᠯᠳᠡᠢ ᠲᠦᠯᠦᠪᠵᠢᠬᠦᠯᠬᠦ᠃ | ᠡᠯ᠎ᠡ ᠭᠠᠵᠠᠷ ᠤᠷᠤᠨ ᠨᠢ ᠬᠤᠳᠠ ᠭᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ | ᠲᠠᠭᠠᠳᠬᠠᠯ ᠳᠠᠬᠢ ᠡᠭᠦᠳᠡᠨ ᠡᠮᠨᠡᠯᠬᠡ ᠶᠢᠨ ᠨᠢᠬᠡᠳᠦᠯᠳᠡᠢ ᠲᠦᠯᠦᠪᠵᠢᠬᠦᠯᠬᠦ ᠲᠦᠷᠢᠮ ᠢ ᠠᠯᠬᠤᠮ ᠠᠯᠬᠤᠮ ᠢᠶᠠᠷ | ᠪᠠᠶᠢᠭᠤᠯᠵᠦ᠂ ᠡᠭᠦᠳᠡᠨ ᠡᠮᠨᠡᠯᠬᠡ ᠶᠢᠨ ᠨᠢᠬᠡᠳᠦᠯᠳᠡᠢ ᠲᠦᠯᠦᠪᠵᠢᠬᠦᠯᠬᠦ ᠳᠤ ᠡᠩ ᠤᠨ ᠡᠭᠦᠳᠡᠨ ᠡᠮᠨᠡᠯᠬᠡ ᠪᠠ ᠡᠭᠦᠳᠡᠨ | ᠡᠮᠨᠡᠯᠬᠡ ᠶᠢᠨ ᠤᠨᠴᠤᠭᠤᠢ ᠠᠷᠬᠠᠭ ᠡᠪᠡᠳᠴᠢᠨ ᠵᠡᠷᠬᠡ ᠶᠢ ᠪᠠᠭᠳᠠᠭᠠᠨ᠎ᠠ᠃ ᠰᠠᠭᠤᠷᠢ ᠮᠦᠩᠭᠦ ᠶᠢᠨ ᠶᠡᠷᠦᠩᠬᠡᠢ | ᠬᠡᠮᠵᠢᠶ᠎ᠡ ᠶᠢ ᠦᠨᠳᠦᠰᠦᠯᠡᠵᠦ ᠡᠭᠦᠳᠡᠨ ᠡᠮᠨᠡᠯᠬᠡ ᠳᠤ ᠡᠪᠡᠳᠴᠢᠨ ᠦᠵᠡᠬᠦᠯᠬᠦ ᠭᠦᠮᠦᠨ ᠤ ᠡᠵᠡᠯᠡᠬᠦ ᠬᠠᠷᠢᠴᠠᠯ᠂ | ᠡᠬᠢᠯᠡᠵᠦ ᠲᠤᠭᠠᠴᠠᠬᠤ ᠪᠠᠷᠢᠮᠵᠢᠶ᠎ᠠ᠂ ᠦᠭᠴᠤ ᠤᠯᠭᠤᠬᠤ ᠬᠠᠷᠢᠴᠠᠯ ᠵᠢᠴᠢ ᠬᠠᠮᠤᠭ ᠤᠨ ᠶᠡᠭᠡ ᠪᠠᠷ ᠦᠭᠴᠤ | ᠤᠯᠭᠤᠬᠤ ᠬᠢᠵᠠᠭᠠᠷ ᠲᠤᠭ᠎ᠠ ᠵᠡᠷᠬᠡ ᠭᠦᠢᠴᠡᠳᠬᠡᠯ ᠲᠤᠭ᠎ᠠ ᠶᠢ ᠵᠤᠬᠢᠰᠳᠠᠢ ᠲᠤᠨᠨᠳᠠᠭᠠᠬᠤ ᠬᠡᠷᠡᠭᠳᠡᠢ᠃ ᠡᠩ ᠤᠨ | ᠡᠭᠦᠳᠡᠨ ᠡᠮᠨᠡᠯᠬᠡ ᠶᠢᠨ ᠦᠭᠴᠤ ᠤᠯᠭᠤᠬᠤ ᠬᠠᠷᠢᠴᠠᠯ ᠢ 50% ᠠᠴᠠ ᠲᠤᠤᠷ᠎ᠠ ᠪᠠᠶᠢᠯᠭᠠᠵᠦ ᠪᠤᠯᠬᠤ ᠦᠬᠡᠢ᠃ | ᠰᠤᠮᠤ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ᠂ ᠭᠠᠴᠠᠭ᠎ᠠ ᠲᠤᠰᠬᠤᠨ ᠤ ᠡᠷᠡᠭᠦᠯ ᠬᠠᠮᠠᠭᠠᠯᠠᠯ ᠤᠨ | ᠲᠠᠰᠤᠭ᠂ ᠬᠤᠳᠠ ᠶᠢᠨ ᠨᠡᠶᠢᠬᠡᠮ ᠲᠤᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠬᠡᠨ ᠤ ᠲᠦᠪ ︵ᠦᠷᠳᠡᠭᠡ︶ | ᠶᠢ ᠡᠭᠦᠳᠡᠨ ᠡᠮᠨᠡᠯᠬᠡ ᠶᠢᠨ ᠨᠢᠬᠡᠳᠦᠯᠳᠡᠢ ᠲᠦᠯᠦᠪᠵᠢᠬᠦᠯᠵᠦ ᠵᠦᠪᠳᠡᠯᠴᠡᠨ ᠬᠠᠮᠢᠶᠠᠷᠬᠤ ᠡᠮᠴᠢᠯᠡᠬᠡᠨ ᠤ ᠪᠠᠶᠢᠭᠤᠯᠤᠮᠵᠢ | ᠪᠤᠯᠭᠠᠵᠦ᠂ ᠲᠠᠭᠠᠳᠬᠠᠯ ᠳᠤ ᠤᠷᠤᠨᠨᠰᠠᠨ ᠰᠠᠭᠤᠭᠠᠯᠢ ᠠᠷᠠᠳ ᠲᠤ ᠡᠭᠦᠳᠡᠨ ᠡᠮᠨᠡᠯᠬᠡ ᠳᠤ ᠡᠪᠡᠳᠴᠢᠨ ᠦᠵᠡᠬᠦᠯᠬᠦ | ᠦᠢᠯᠡᠴᠢᠯᠡᠭᠡ ᠬᠠᠩᠭᠠᠬᠤ ᠬᠡᠷᠡᠭᠳᠡᠢ᠃ | ︵ᠬᠤᠶᠠᠷ︶ ᠡᠮᠨᠡᠯᠬᠡ ᠳᠤ ᠰᠠᠭᠤᠬᠤ ᠪᠠᠳᠤᠯᠠᠭ᠎ᠠ᠃ | ᠡᠯ᠎ᠡ ᠨᠢᠬᠡᠳᠦᠯᠳᠡᠢ ᠲᠦᠯᠦᠪᠵᠢᠬᠦᠯᠬᠦ ᠭᠠᠵᠠᠷ ᠤᠷᠤᠨ ᠨᠢ ᠲᠦᠷᠦ ᠶᠢᠨ ᠪᠤᠳᠤᠯᠭ᠎ᠠ ᠶᠢᠨ ᠬᠡᠪᠴᠢᠶᠡᠨ ᠳᠠᠬᠢ | ᠡᠮᠨᠡᠯᠬᠡ ᠳᠤ ᠰᠠᠭᠤᠬᠤ ᠡᠮᠴᠢᠯᠡᠭᠡ ᠶᠢᠨ ᠰᠦᠢᠳᠬᠡᠯ ᠤᠨ ᠦᠭᠴᠤ ᠤᠯᠭᠤᠬᠤ ᠲᠤᠮᠳᠠᠴᠢ ᠬᠠᠷᠢᠴᠠᠯ ᠢ 75% | ᠤᠷᠴᠢᠮ ᠢᠶᠠᠷ ᠪᠠᠶᠢᠯᠭᠠᠵᠦ᠂ ᠬᠠᠮᠤᠭ ᠤᠨ ᠶᠡᠭᠡ ᠪᠠᠷ ᠦᠭᠴᠤ ᠤᠯᠭᠤᠬᠤ ᠬᠢᠵᠠᠭᠠᠷ ᠲᠤᠭ᠎ᠠ ᠶᠢ ᠲᠤᠬᠠᠢ ᠶᠢᠨ | ᠭᠠᠵᠠᠷ ᠤᠨ ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠭᠦᠮᠦᠨ ᠲᠤᠮᠳᠠᠴᠢ ᠶᠢᠨ ᠡᠵᠡᠮᠳᠡᠵᠦ ᠪᠤᠯᠬᠤ | ᠤᠷᠤᠯᠭ᠎ᠠ ᠶᠢᠨ 6 ᠲᠠᠬᠢᠨ ᠠᠴᠠ ᠲᠡᠬᠡᠭᠰᠢ ᠳᠤ ᠭᠦᠷᠦᠭᠦᠯᠭᠦ ᠬᠡᠷᠡᠭᠳᠡᠢ᠃ ᠭᠠᠷᠴᠠᠭ ᠠᠴᠠ ᠭᠠᠳᠠᠨᠠᠬᠢ ᠵᠠᠷᠤᠳᠠᠯ ᠢ | ᠵᠤᠬᠢᠰᠳᠠᠢ ᠡᠵᠡᠮᠳᠡᠵᠦ᠂ ᠲᠦᠷᠦ ᠶᠢᠨ ᠪᠤᠳᠤᠯᠭ᠎ᠠ ᠶᠢᠨ ᠬᠡᠪᠴᠢᠶᠡᠨ ᠳᠠᠬᠢ ᠦᠭᠴᠤ ᠤᠯᠭᠤᠬᠤ ᠬᠠᠷᠢᠴᠠᠯ ᠬᠢᠬᠡᠳ | ᠪᠤᠳᠠᠳᠠᠢ ᠦᠭᠴᠤ ᠤᠯᠭᠤᠬᠤ ᠬᠠᠷᠢᠴᠠᠯ ᠤᠨ ᠵᠦᠷᠢᠶ᠎ᠡ ᠶᠢ ᠠᠯᠬᠤᠮ ᠠᠯᠬᠤᠮ ᠢᠶᠠᠷ ᠪᠠᠭᠠᠰᠬᠠᠨ᠂ ᠤᠯᠭᠤᠮᠵᠢ ᠶᠢᠨ | ᠬᠢᠷᠢ ᠬᠡᠮᠵᠢᠶ᠎ᠡ ᠬᠢᠬᠡᠳ ᠰᠦᠢᠳᠬᠡᠯ ᠲᠤᠰᠢᠶᠠᠬᠤ ᠪᠠᠷᠢᠮᠵᠢᠶ᠎ᠠ ᠶᠢ ᠬᠠᠷᠢᠯᠴᠠᠨ ᠵᠣᠯᠭᠠᠯᠳᠤᠭᠤᠯᠬᠤ ᠭᠦᠳᠡᠯᠦᠩᠬᠦᠢ | ᠲᠤᠬᠢᠷᠠᠭᠤᠯᠬᠤ ᠲᠤᠨᠨᠳᠠᠴᠠ ᠶᠢ ᠪᠠᠶᠢᠭᠤᠯᠬᠤ ᠬᠡᠷᠡᠭᠳᠡᠢ᠃ ᠲᠠᠭᠠᠳᠬᠠᠯ ᠳᠤ ᠤᠷᠤᠨᠨᠰᠠᠨ ᠬᠤᠳᠠ ᠭᠦᠳᠡᠭᠡ ᠶᠢᠨ | ᠰᠠᠭᠤᠭᠠᠯᠢ ᠠᠷᠠᠳ ᠤᠨ ᠦᠷᠡᠵᠢᠯ ᠤᠨ ᠡᠮᠴᠢᠯᠡᠭᠡ ᠶᠢᠨ ᠰᠦᠢᠳᠬᠡᠯ ᠢ ᠬᠤᠳᠠ ᠭᠦᠳᠡᠭᠡ ᠶᠢᠨ ᠰᠠᠭᠤᠭᠠᠯᠢ ᠠᠷᠠᠳ ᠤᠨ | ᠦᠨᠳᠦᠰᠦᠨ ᠡᠮᠴᠢᠯᠡᠭᠡ ᠶᠢᠨ ᠲᠠᠭᠠᠳᠬᠠᠯ ᠤᠨ ᠦᠭᠴᠤ ᠤᠯᠭᠤᠬᠤ ᠬᠡᠪᠴᠢᠶᠡᠨ ᠳᠤ ᠤᠷᠤᠭᠤᠯᠤᠨ᠎ᠠ᠂ ᠡᠳ᠋ ᠤᠨ | ᠵᠠᠰᠠᠭ ᠤᠨ ᠭᠦᠩᠬᠡᠵᠢᠬᠦ ᠳᠤ ᠨᠦᠭᠦᠪᠦᠷᠢ ᠦᠭᠭᠦ ᠲᠦᠷᠦ ᠶᠢᠨ ᠪᠤᠳᠤᠯᠭ᠎ᠠ ᠶᠢ ᠭᠦᠷᠳᠡᠭᠰᠡᠨ ᠪᠠᠶᠢᠪᠠᠯ᠂ ᠡᠳ᠋ ᠤᠨ | ᠵᠠᠰᠠᠭ ᠤᠨ ᠨᠦᠭᠦᠪᠦᠷᠢ ᠤᠯᠭᠤᠨᠨᠰᠠᠨ ᠤ ᠲᠠᠷᠠᠭᠠᠬᠢ ᠭᠦᠩᠬᠡᠵᠢᠬᠦ ᠡᠮᠴᠢᠯᠡᠭᠡ ᠶᠢᠨ ᠦᠯᠡᠬᠦᠦ ᠰᠦᠢᠳᠬᠡᠯ ᠢ ᠨᠢ ᠬᠤᠳᠠ | ᠭᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ ᠲᠠᠭᠠᠳᠬᠠᠯ ᠤᠨ ᠰᠠᠭᠤᠷᠢ ᠮᠦᠩᠭᠦ ᠠᠴᠠ | ᠲᠤᠨᠨᠳᠠᠭᠠᠯ ᠶᠤᠰᠤᠭᠠᠷ ᠲᠠᠩᠰᠠᠨ ᠠᠴᠠ ᠲᠠᠶᠢᠯᠤᠨ᠎ᠠ᠃ ᠲᠡᠰ ᠬᠤᠪᠢᠶᠠᠵᠦ ᠤᠨᠤᠰᠢᠯᠠᠨ ᠡᠮᠨᠡᠬᠦ ᠬᠠᠮᠢᠶᠠᠷᠤᠯᠳᠠ ᠶᠢ | ᠢᠳᠡᠪᠬᠢᠳᠡᠢ ᠠᠬᠢᠭᠤᠯᠵᠦ᠂ ᠠᠳᠠᠯᠢ ᠪᠤᠰᠤ ᠱᠠᠳᠥ ᠲᠡᠰ ᠤᠨ ᠡᠮᠴᠢᠯᠡᠬᠡᠨ ᠤ ᠪᠠᠶᠢᠭᠤᠯᠤᠮᠵᠢ ᠶᠢᠨ ᠡᠮᠨᠡᠯᠬᠡ ᠳᠤ | ᠰᠠᠭᠤᠬᠤ ᠨᠢᠬᠡᠳᠦᠯᠳᠡᠢ ᠲᠦᠯᠦᠪᠵᠢᠬᠦᠯᠬᠦ ᠰᠠᠭᠤᠷᠢ ᠮᠦᠩᠭᠦᠨ ᠤ ᠡᠬᠢᠯᠡᠵᠦ ᠲᠤᠭᠠᠴᠠᠬᠤ ᠪᠠᠷᠢᠮᠵᠢᠶ᠎ᠠ ᠪᠠ ᠦᠭᠴᠤ | ᠤᠯᠭᠤᠬᠤ ᠬᠠᠷᠢᠴᠠᠯ ᠤᠨ ᠵᠦᠷᠢᠶ᠎ᠡ ᠶᠢ ᠵᠤᠬᠢᠬᠤ ᠬᠡᠮᠵᠢᠶ᠎ᠡ ᠪᠠᠷ ᠦᠷᠬᠡᠳᠬᠡᠵᠦ᠂ ᠲᠡᠬᠡᠳᠦ ᠱᠠᠳᠤᠨ ᠤ ᠡᠮᠨᠡᠯᠬᠡ ᠳᠤ | ᠰᠢᠯᠵᠢᠪᠡᠯ ᠦᠪᠡᠰᠦᠪᠡᠨ ᠮᠦᠩᠭᠦ ᠲᠤᠭᠠᠴᠠᠬᠤ ᠬᠠᠷᠢᠴᠠᠯ ᠢ ᠨᠢ ᠲᠡᠬᠡᠭᠰᠢᠯᠡᠬᠦᠯᠦᠨ᠎ᠠ᠂ ᠲᠡᠬᠡᠭᠰᠢᠯᠡᠬᠦᠯᠬᠦ ᠬᠡᠮᠵᠢᠶ᠎ᠡ ᠶᠢ | ᠶᠡᠷᠦ ᠳᠡᠭᠡᠨ 5% ᠠᠴᠠ ᠲᠤᠷᠤᠨᠨᠰᠢ ᠪᠠᠶᠢᠯᠭᠠᠵᠦ ᠪᠤᠯᠬᠤ ᠦᠬᠡᠢ᠂ ᠬᠤᠳᠠ ᠭᠦᠳᠡᠭᠡ ᠶᠢᠨ ᠰᠠᠭᠤᠭᠠᠯᠢ ᠠᠷᠠᠳ ᠢ | ᠭᠦᠳᠦᠯᠦᠨ ᠵᠢᠯᠤᠭᠤᠳᠴᠤ ᠪᠠᠶᠢᠭᠠᠳ ᠦᠨᠳᠦᠰᠦᠨ ᠱᠠᠳᠤᠨ ᠤ ᠡᠮᠴᠢᠯᠡᠬᠡᠨ ᠤ ᠪᠠᠶᠢᠭᠤᠯᠤᠮᠵᠢ ᠳᠤ ᠡᠪᠡᠳᠴᠢᠨ ᠢᠶᠠᠨ | ᠡᠮᠨᠡᠬᠦᠯᠵᠦ ᠤᠨᠤᠰᠢᠯᠠᠭᠤᠯᠬᠤ ᠬᠡᠷᠡᠭᠳᠡᠢ᠃ | ︵ᠭᠤᠷᠪᠠ︶ ᠭᠦᠨᠳᠦ ᠡᠪᠡᠳᠴᠢᠨ ᠤ ᠲᠠᠭᠠᠳᠬᠠᠯ᠃ | ᠡᠯ᠎ᠡ ᠭᠠᠵᠠᠷ ᠤᠷᠤᠨ ᠨᠢ ︽ᠬᠤᠳᠠ ᠭᠦᠳᠡᠭᠡ ᠶᠢᠨ ᠰᠠᠭᠤᠭᠠᠯᠢ ᠠᠷᠠᠳ ᠤᠨ ᠭᠦᠨᠳᠦ ᠡᠪᠡᠳᠴᠢᠨ ᠤ | ᠲᠠᠭᠠᠳᠬᠠᠯ ᠢ ᠪᠦᠭᠦ ᠲᠠᠯ᠎ᠠ ᠪᠠᠷ ᠬᠡᠷᠡᠭᠵᠢᠬᠦᠯᠬᠦ ᠲᠤᠬᠠᠢ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ | ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠤᠨ ᠬᠡᠷᠡᠭᠵᠢᠬᠦᠯᠬᠦ ᠰᠠᠨᠠᠯ︾ ︵ᠦᠪᠦᠷ ᠵᠠᠰᠠᠭ ᠠᠯᠪᠠᠨ | ᠲᠠᠷᠬᠠᠭᠠᠨᠨᠰᠠᠨ ﹇2015﹈ 102 ᠳ᠋ᠤᠭᠠᠷ ᠲᠤᠭᠠᠳᠤ︶ ᠤᠨ ᠲᠤᠨᠨᠳᠠᠭᠠᠯ ᠢ ᠦᠨᠳᠦᠰᠦᠯᠡᠵᠦ᠂ ︽ᠭᠦᠨᠳᠦ | ᠡᠪᠡᠳᠴᠢᠳᠠᠨ ᠢ ᠪᠠᠳᠤᠯᠠᠬᠤ︾ ᠵᠠᠷᠴᠢᠮ ᠢ ᠲᠤᠪᠤᠶᠢᠯᠭᠠᠨ᠂ ᠬᠤᠳᠠᠯᠳᠤᠭᠠᠨ ᠤ ᠲᠠᠭᠠᠳᠬᠠᠯ ᠤᠨ ᠺᠤᠮᠫᠠᠨᠢ ᠯᠤᠭ᠎ᠠ | ᠬᠠᠮᠳᠤᠷᠠᠯᠴᠠᠬᠤ ᠶᠢ ᠴᠢᠩᠭᠠᠳᠬᠠᠵᠦ᠂ ᠵᠠᠰᠠᠭ ᠤᠨ ᠤᠷᠳᠤᠨ ᠤ ᠠᠷᠠᠯᠵᠢᠶᠠᠨ ᠤ ᠲᠡᠪᠴᠡᠩ ᠢᠶᠠᠷ ᠲᠠᠮᠵᠢᠨ | ᠬᠤᠳᠠᠯᠳᠤᠭᠠᠨ ᠤ ᠲᠠᠭᠠᠳᠬᠠᠯ ᠤᠨ ᠺᠤᠮᠫᠠᠨᠢ ᠶᠢ ᠰᠤᠩᠭᠤᠵᠦ᠂ ᠬᠤᠳᠠ ᠭᠦᠳᠡᠭᠡ ᠶᠢᠨ ᠰᠠᠭᠤᠭᠠᠯᠢ ᠠᠷᠠᠳ ᠤᠨ | ᠭᠦᠨᠳᠦ ᠡᠪᠡᠳᠴᠢᠨ ᠤ ᠨᠢᠬᠡᠳᠦᠯᠳᠡᠢ ᠲᠠᠭᠠᠳᠬᠠᠯ ᠤᠨ ᠲᠦᠷᠢᠮ ᠢ ᠪᠠᠶᠢᠭᠤᠯᠤᠨ ᠪᠦᠷᠢᠨᠰᠢᠬᠦᠯᠵᠦ᠂ ᠪᠡᠯᠡ | ᠬᠤᠷᠠᠮᠳᠤᠭᠤᠯᠬᠤ ᠪᠠᠷᠢᠮᠵᠢᠶ᠎ᠠ ᠪᠠ ᠤᠯᠭᠤᠮᠵᠢ ᠶᠢᠨ ᠬᠢᠷᠢ ᠬᠡᠮᠵᠢᠶ᠎ᠡ ᠶᠢ ᠠᠯᠬᠤᠮ ᠠᠯᠬᠤᠮ ᠢᠶᠠᠷ ᠲᠡᠬᠡᠭᠰᠢᠯᠡᠬᠦᠯᠦᠨ᠂ | ᠭᠦᠨᠳᠦ ᠡᠪᠡᠳᠴᠢᠨ ᠤ ᠲᠠᠭᠠᠳᠬᠠᠯ ᠤᠨ ᠤᠯᠭᠤᠮᠵᠢ ᠶᠢ ᠭᠦᠴᠢᠷᠳᠡᠯᠳᠡᠢ ᠡᠪᠡᠳᠴᠢᠳᠠᠨ ᠪᠠ ᠭᠦᠨᠳᠦ ᠡᠪᠡᠳᠴᠢᠳᠠᠨ | ᠲᠡᠰᠢ ᠬᠡᠯᠪᠠᠶᠢᠯᠬᠡᠬᠦ ᠬᠡᠷᠡᠭᠳᠡᠢ᠃ ᠬᠤᠳᠠᠯᠳᠤᠭᠠᠨ ᠤ ᠲᠠᠭᠠᠳᠬᠠᠯ ᠤᠨ ᠪᠠᠶᠢᠭᠤᠯᠤᠮᠵᠢ ᠶᠢ ᠭᠦᠳᠦᠯᠦᠨ ᠵᠢᠯᠤᠭᠤᠳᠬᠤ | ᠪᠠ ᠵᠤᠷᠢᠨᠨᠵᠢᠭᠤᠯᠵᠦ ᠪᠠᠶᠢᠭᠠᠳ ᠦᠨᠳᠦᠰᠦᠨ ᠡᠮᠴᠢᠯᠡᠭᠡ ᠶᠢᠨ ᠲᠠᠭᠠᠳᠬᠠᠯ᠂ ᠭᠦᠨᠳᠦ ᠡᠪᠡᠳᠴᠢᠨ ᠤ ᠲᠠᠭᠠᠳᠬᠠᠯ ᠲᠠᠢ | ᠬᠠᠷᠢᠯᠴᠠᠨ ᠵᠤᠯᠭᠠᠯᠳᠤᠭᠤᠯᠤᠨᠨᠰᠠᠨ ᠬᠤᠳᠠᠯᠳᠤᠭᠠᠨ ᠤ ᠲᠠᠭᠠᠳᠬᠠᠯ ᠤᠨ ᠨᠡᠷᠡᠳᠬᠦᠨ ᠢ ᠨᠡᠬᠡᠬᠡᠨ ᠭᠦᠭᠵᠢᠬᠦᠯᠵᠦ᠂ | ᠬᠡᠨᠡᠳᠳᠡ ᠶᠢᠨ ᠰᠢᠷᠬᠠᠳᠤᠯ ᠤᠨ ᠡᠮᠴᠢᠯᠡᠬᠡᠨ ᠤ ᠲᠠᠭᠠᠳᠬᠠᠯ ᠵᠡᠷᠬᠡ ᠲᠤᠬᠠᠶᠢᠯᠬᠠᠰᠠᠨ ᠠᠵᠢᠯ ᠢ ᠭᠠᠷᠳᠠᠨ | ᠭᠦᠢᠴᠡᠳᠬᠡᠬᠦ ᠳᠤ ᠤᠷᠤᠯᠴᠠᠭᠤᠯᠤᠨ᠂ ᠤᠯᠠᠨ ᠲᠡᠰ ᠲᠠᠪᠬᠤᠷᠭᠠᠳᠤ ᠪᠠᠳᠤᠯᠠᠭ᠎ᠠ ᠶᠢᠨ ᠰᠢᠰᠲ᠋ᠧᠮᠵᠢ ᠶᠢ ᠬᠠᠮᠳᠤ ᠪᠠᠷ | ᠪᠠᠶᠢᠭᠤᠯᠤᠨ᠂ ᠲᠠᠭᠠᠳᠬᠠᠯ ᠳᠤ ᠤᠷᠤᠨᠨᠰᠠᠨ ᠰᠠᠭᠤᠭᠠᠯᠢ ᠠᠷᠠᠳ ᠤᠨ ᠭᠦᠨᠳᠦ ᠡᠪᠡᠳᠴᠢᠨ ᠤ ᠡᠮᠴᠢᠯᠡᠬᠡᠨ ᠤ | ᠵᠠᠷᠤᠳᠠᠯ ᠤᠨ ᠲᠠᠷᠤᠭᠠᠰᠤ ᠶᠢ ᠦᠨᠡᠨᠬᠦ ᠭᠦᠩᠬᠡᠷᠡᠬᠦᠯᠬᠦ ᠬᠡᠷᠡᠭᠳᠡᠢ᠃ | ︵ᠲᠦᠷᠪᠡ︶ ᠡᠷᠡᠭᠦᠯ ᠡᠩᠬᠡ ᠪᠠᠷ ᠶᠠᠳᠠᠭᠤ ᠶᠢ ᠲᠡᠳᠬᠦᠬᠦ᠃ | ᠤᠯᠤᠰ ᠪᠠ ᠦᠪᠡᠷᠳᠡᠬᠡᠨ ᠵᠠᠰᠠᠬᠤ ᠤᠷᠤᠨ ᠤ ᠡᠷᠡᠭᠦᠯ ᠡᠩᠬᠡ ᠪᠠᠷ ᠶᠠᠳᠠᠭᠤ ᠶᠢ ᠲᠡᠳᠬᠦᠬᠦ ᠢᠨᠵᠧᠨᠧᠷᠢᠩ ᠤᠨ | ᠬᠤᠯᠪᠤᠨᠨᠳᠠᠯ ᠪᠦᠭᠦᠢ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠦ᠂ ᠡᠷᠡᠭᠦᠯ ᠡᠩᠬᠡ ᠪᠠᠷ ᠶᠠᠳᠠᠭᠤ ᠶᠢ ᠲᠡᠳᠬᠦᠬᠦ | ᠢᠨᠵᠧᠨᠧᠷᠢᠩ ᠤᠨ ᠬᠠᠮᠢᠶ᠎ᠠ ᠪᠦᠭᠦᠢ ᠲᠦᠷᠦ ᠶᠢᠨ ᠪᠤᠳᠤᠯᠭ᠎ᠠ ᠶᠢᠨ ᠲᠤᠨᠨᠳᠠᠭᠠᠯ ᠳᠤ ᠨᠡᠶᠢᠴᠡᠬᠦ ᠭᠦᠮᠦᠰ ᠤᠨ | ᠡᠮᠨᠡᠯᠬᠡ ᠳᠤ ᠰᠠᠭᠤᠵᠦ ᠲᠠᠩᠰᠠᠨ ᠠᠴᠠ ᠲᠠᠶᠢᠯᠬᠤ᠂ ᠡᠭᠦᠳᠡᠨ ᠡᠮᠨᠡᠯᠬᠡ ᠪᠠᠷ ᠨᠢᠬᠡᠳᠦᠯᠳᠡᠢ ᠲᠦᠯᠦᠪᠵᠢᠬᠦᠯᠬᠦ ᠪᠠ | ᠭᠦᠨᠳᠦ ᠡᠪᠡᠳᠴᠢᠨ ᠤ ᠲᠠᠭᠠᠳᠬᠠᠯ ᠵᠡᠷᠬᠡ ᠲᠠᠯ᠎ᠠ ᠳᠤ ᠲᠦᠷᠦ ᠶᠢᠨ ᠪᠤᠳᠤᠯᠭ᠎ᠠ ᠪᠠᠷ ᠬᠠᠷᠠᠭᠠᠯᠵᠠᠬᠤ ᠶᠢ ᠬᠡᠷᠡᠭᠵᠢᠬᠦᠯᠬᠦ | ᠬᠡᠷᠡᠭᠳᠡᠢ᠃ ᠠᠮᠢᠳᠤᠷᠠᠯ ᠤᠨ ᠨᠠᠭᠠᠳᠤ ᠵᠠᠬ᠎ᠠ ᠶᠢᠨ ᠪᠠᠳᠤᠯᠠᠭ᠎ᠠ ᠲᠠᠢ ᠬᠡᠷ ᠪᠦᠯᠢ ᠶᠢᠨ ᠪᠦᠷᠢᠯᠳᠦᠬᠦᠨ᠂ ᠤᠨᠴᠠ | ᠭᠦᠴᠢᠷᠳᠡᠯᠳᠡᠢ ᠭᠦᠮᠦᠰ ᠲᠤ ᠡᠮᠴᠢᠯᠡᠬᠡᠨ ᠤ ᠠᠪᠤᠷᠠᠨ ᠲᠤᠰᠠᠯᠠᠯᠳᠠ ᠶᠢ ᠰᠠᠶᠢᠳᠤᠷ ᠬᠢᠭᠰᠡᠨ ᠰᠠᠭᠤᠷᠢᠨ ᠲᠡᠬᠡᠷ᠎ᠡ᠂ | ᠤᠷᠤᠯᠭ᠎ᠠ ᠪᠠᠭᠠᠳᠠᠢ ᠠᠪᠤᠷᠠᠨ ᠲᠤᠰᠠᠯᠠᠭᠤᠯᠬᠤ ᠡᠳᠡᠬᠡᠳ ᠪᠠ ᠡᠪᠡᠳᠴᠢᠨ ᠠᠴᠠ ᠪᠤᠯᠵᠦ ᠶᠠᠳᠠᠭᠤᠷᠬᠠᠰᠠᠨ ᠬᠡᠷ | ᠪᠦᠯᠢ ᠶᠢᠨ ᠭᠦᠨᠳᠦ ᠡᠪᠡᠳᠴᠢᠳᠠᠨ ᠢ ᠡᠮᠴᠢᠯᠡᠬᠡᠨ ᠤ ᠠᠪᠤᠷᠠᠨ ᠲᠤᠰᠠᠯᠠᠯᠳᠠ ᠪᠠ ᠭᠦᠨᠳᠦ ᠤᠨᠴᠠ ᠶᠡᠭᠡ ᠡᠪᠡᠳᠴᠢᠨ | ᠡᠮᠬᠡᠭ ᠤᠨ ᠡᠮᠴᠢᠯᠡᠬᠡᠨ ᠤ ᠠᠪᠤᠷᠠᠨ ᠲᠤᠰᠠᠯᠠᠯᠳᠠ ᠶᠢᠨ ᠭᠦᠷᠢᠶ᠎ᠡ ᠬᠡᠪᠴᠢᠶᠡᠨ ᠳᠤ ᠠᠯᠬᠤᠮ ᠠᠯᠬᠤᠮ ᠢᠶᠠᠷ | ᠤᠷᠤᠭᠤᠯᠤᠨ᠎ᠠ᠃ ᠠᠮᠢᠳᠤᠷᠠᠯ ᠤᠨ ᠨᠠᠭᠠᠳᠤ ᠵᠠᠬ᠎ᠠ ᠶᠢᠨ ᠪᠠᠳᠤᠯᠠᠭ᠎ᠠ ᠲᠠᠢ ᠬᠡᠷ ᠪᠦᠯᠢ ᠶᠢᠨ ᠪᠦᠷᠢᠯᠳᠦᠬᠦᠨ ᠪᠠ ᠤᠨᠴᠠ | ᠭᠦᠴᠢᠷᠳᠡᠯᠳᠡᠢ ᠭᠦᠮᠦᠰ ᠤᠨ ᠵᠦᠪᠳᠡᠯᠴᠡᠨ ᠬᠠᠮᠢᠶᠠᠷᠴᠤ ᠪᠠᠶᠢᠭ᠎ᠠ ᠡᠮᠴᠢᠯᠡᠬᠡᠨ ᠤ ᠪᠠᠶᠢᠭᠤᠯᠤᠮᠵᠢ ᠳᠠᠬᠢ ᠲᠦᠷᠦ ᠶᠢᠨ | ᠪᠤᠳᠤᠯᠭ᠎ᠠ ᠶᠢᠨ ᠬᠡᠪᠴᠢᠶᠡᠨ ᠲᠤᠳᠤᠷᠠᠬᠢ ᠡᠮᠨᠡᠯᠬᠡ ᠳᠤ ᠰᠠᠭᠤᠨᠨᠰᠠᠨ ᠵᠠᠷᠤᠳᠠᠯ ᠢ ᠨᠢ ᠦᠨᠳᠦᠰᠦᠨ ᠡᠮᠴᠢᠯᠡᠬᠡᠨ ᠤ | ᠲᠠᠭᠠᠳᠬᠠᠯ᠂ ᠬᠤᠳᠠ ᠭᠦᠳᠡᠭᠡ ᠶᠢᠨ ᠰᠠᠭᠤᠭᠠᠯᠢ ᠠᠷᠠᠳ ᠤᠨ ᠭᠦᠨᠳᠦ ᠡᠪᠡᠳᠴᠢᠨ ᠤ ᠲᠠᠭᠠᠳᠬᠠᠯ ᠵᠢᠴᠢ ᠡᠯ᠎ᠡ | ᠲᠦᠷᠦᠯ ᠤᠨ ᠬᠤᠳᠠᠯᠳᠤᠭᠠᠨ ᠤ ᠨᠦᠭᠦᠪᠦᠷᠢ ᠡᠮᠴᠢᠯᠡᠬᠡᠨ ᠤ ᠲᠠᠭᠠᠳᠬᠠᠯ ᠢᠶᠠᠷ ᠲᠠᠩᠰᠠᠨ ᠠᠴᠠ ᠲᠠᠶᠢᠯᠤᠨᠨᠰᠠᠨ ᠤ | ᠲᠠᠷᠠᠭ᠎ᠠ᠂ ᠬᠤᠪᠢ ᠭᠦᠮᠦᠨ ᠤ ᠡᠭᠦᠷᠬᠡᠯᠡᠬᠦ ᠵᠠᠷᠤᠳᠠᠯ ᠢ ᠨᠢ ᠤᠨ ᠤ ᠠᠪᠤᠷᠠᠨ ᠲᠤᠰᠠᠯᠠᠬᠤ ᠶᠢᠨ ᠬᠢᠵᠠᠭᠠᠷᠯᠠᠬᠤ | ᠲᠤᠭᠠᠨ ᠤ ᠲᠤᠳᠤᠷ᠎ᠠ 70% ᠠᠴᠠ ᠲᠤᠤᠷ᠎ᠠ ᠪᠠᠶᠢᠯᠭᠠᠬᠤ ᠦᠬᠡᠢ ᠬᠠᠷᠢᠴᠠᠯ ᠢᠶᠠᠷ ᠠᠪᠤᠷᠠᠨ ᠲᠤᠰᠠᠯᠠᠬᠤ ᠬᠡᠷᠡᠭᠳᠡᠢ᠃ | ᠲᠠᠪᠤ᠂ ᠡᠮᠴᠢᠯᠡᠬᠡᠨ ᠤ ᠲᠠᠭᠠᠳᠬᠠᠯ ᠤᠨ ᠬᠠᠮᠢᠶᠠᠷᠤᠯᠳᠠ ᠪᠠ ᠭᠠᠷᠳᠠᠨ ᠬᠢᠬᠦ ᠦᠢᠯᠡᠴᠢᠯᠡᠭᠡ | ︵ᠨᠢᠬᠡ︶ ᠦᠨᠳᠦᠰᠦᠨ ᠡᠮᠴᠢᠯᠡᠭᠡ ᠶᠢᠨ ᠲᠠᠭᠠᠳᠬᠠᠯ ᠤᠨ ᠭᠠᠷᠴᠠᠭ ᠢ ᠨᠢᠬᠡᠳᠦᠭᠦᠯᠦᠨᠠ᠃ | ᠬᠤᠳᠠ ᠭᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ ᠲᠠᠭᠠᠳᠬᠠᠯ ᠳᠤ ᠬᠡᠷᠡᠭᠵᠢᠬᠦᠯᠬᠦ | ᠪᠦᠭᠦ ᠤᠷᠤᠨ ᠤ ᠦᠨᠳᠦᠰᠦᠨ ᠡᠮᠴᠢᠯᠡᠭᠡ ᠶᠢᠨ ᠲᠠᠭᠠᠳᠬᠠᠯ ᠤᠨ ᠡᠮ ᠤᠨ ᠵᠦᠢᠯ ᠤᠨ ᠭᠠᠷᠴᠠᠭ᠂ ᠤᠨᠤᠰᠢᠯᠠᠨ ᠡᠮᠨᠡᠬᠦ | ᠲᠦᠷᠦᠯ ᠵᠦᠢᠯ ᠪᠠ ᠡᠮᠴᠢᠯᠡᠬᠡᠨ ᠤ ᠦᠢᠯᠡᠴᠢᠯᠡᠬᠦ ᠪᠡᠯᠡᠳᠬᠡᠮᠵᠢ ᠶᠢᠨ ᠨᠢᠬᠡᠳᠦᠯᠳᠡᠢ ᠪᠠᠷᠢᠮᠵᠢᠶ᠎ᠠ ᠶᠢ ᠦᠪᠡᠷᠳᠡᠬᠡᠨ | ᠵᠠᠰᠠᠬᠤ ᠤᠷᠤᠨ ᠤ ᠭᠦᠮᠦᠨ ᠤ ᠭᠦᠴᠦᠨ ᠤ ᠡᠬᠢ ᠪᠠᠶᠠᠯᠢᠭ ᠨᠡᠶᠢᠬᠡᠮ ᠤᠨ ᠪᠠᠳᠤᠯᠠᠭ᠎ᠠ ᠶᠢᠨ ᠲᠢᠩᠬᠢᠮ ᠠᠴᠠ | ᠤᠯᠤᠰ ᠤᠨ ᠲᠤᠨᠨᠳᠠᠭᠠᠯ ᠶᠤᠰᠤᠭᠠᠷ ᠬᠤᠯᠪᠤᠨᠨᠳᠠᠯ ᠪᠦᠭᠦᠢ ᠰᠠᠯᠠᠭ᠎ᠠ ᠮᠦᠴᠢᠷ ᠲᠠᠢ ᠬᠠᠮᠳᠤᠷᠠᠯᠴᠠᠨ ᠲᠤᠨᠨᠳᠠᠭᠠᠬᠤ ᠶᠢᠨ | ᠬᠠᠮᠳᠤ᠂ ᠭᠦᠳᠡᠯᠦᠩᠭᠦᠢ ᠲᠤᠬᠢᠷᠠᠭᠤᠯᠬᠤ ᠲᠤᠨᠨᠳᠠᠴᠠ ᠶᠢ ᠪᠠᠶᠢᠭᠤᠯᠬᠤ ᠬᠡᠷᠡᠭᠳᠡᠢ᠃ | ︵ᠬᠤᠶᠠᠷ︶ ᠡᠮᠴᠢᠯᠡᠬᠡᠨ ᠤ ᠲᠠᠭᠠᠳᠬᠠᠯ ᠤᠨ ᠬᠠᠷᠢᠴᠠᠭ᠎ᠠ ᠶᠢ ᠰᠢᠯᠵᠢᠬᠦᠯᠵᠦ ᠵᠠᠯᠭᠠᠭᠤᠯᠤᠨ᠎ᠠ᠃ | ᠦᠨᠳᠦᠰᠦᠨ ᠡᠮᠴᠢᠯᠡᠭᠡ ᠶᠢᠨ ᠲᠠᠭᠠᠳᠬᠠᠯ ᠤᠨ ᠬᠠᠷᠢᠴᠠᠭ᠎ᠠ ᠶᠢ ᠰᠢᠯᠵᠢᠬᠦᠯᠵᠦ ᠵᠠᠯᠭᠠᠭᠤᠯᠬᠤ ᠠᠷᠭ᠎ᠠ ᠶᠢ ᠤᠯᠠᠮ | ᠨᠢᠬᠡ ᠠᠯᠬᠤᠮ ᠲᠡᠭᠦᠯᠳᠡᠷᠵᠢᠬᠦᠯᠵᠦ᠂ ᠬᠠᠮᠢᠶᠠᠷᠤᠯᠳᠠ ᠶᠢᠨ ᠦᠢᠯᠡᠴᠢᠯᠡᠬᠡᠨ ᠤ ᠠᠵᠢᠯ ᠢ ᠰᠠᠶᠢᠳᠤᠷ ᠬᠢᠵᠦ᠂ ᠠᠳᠠᠯᠢ | ᠪᠤᠰᠤ ᠡᠮᠴᠢᠯᠡᠬᠡᠨ ᠤ ᠲᠠᠭᠠᠳᠬᠠᠯ ᠤᠨ ᠲᠦᠷᠢᠮ ᠤᠨ ᠬᠤᠭᠤᠷᠤᠨᠳᠤᠬᠢ ᠰᠦᠢᠳᠬᠡᠯ ᠲᠤᠰᠢᠶᠠᠬᠤ ᠤᠨ ᠤ ᠬᠢᠵᠠᠭᠠᠷ᠂ | ᠤᠯᠭᠤᠮᠵᠢ ᠭᠦᠷᠳᠡᠬᠦ ᠵᠡᠷᠬᠡ ᠲᠠᠯ᠎ᠠ ᠪᠠᠷ ᠬᠢ ᠬᠠᠷᠢᠯᠴᠠᠨ ᠵᠤᠯᠭᠠᠯᠳᠤᠬᠤ ᠶᠢ ᠪᠡᠶᠡᠯᠡᠬᠦᠯᠦᠨ᠂ ᠲᠠᠭᠠᠳᠬᠠᠯ ᠳᠤ | ᠤᠷᠤᠨᠨᠰᠠᠨ ᠰᠠᠭᠤᠭᠠᠯᠢ ᠠᠷᠠᠳ ᠤᠨ ᠨᠢᠬᠡᠳᠦᠯᠳᠡᠢ ᠲᠦᠯᠦᠪᠵᠢᠬᠦᠯᠦᠭᠰᠡᠨ ᠭᠠᠵᠠᠷ ᠤᠷᠤᠨ ᠪᠤᠶᠤ ᠲᠦᠷᠢᠮ | ᠠᠯᠤᠰᠯᠠᠬᠰᠠᠨ ᠦᠨᠳᠦᠰᠦᠨ ᠡᠮᠴᠢᠯᠡᠭᠡ ᠶᠢᠨ ᠲᠠᠭᠠᠳᠬᠠᠯ ᠤᠨ ᠬᠠᠷᠢᠴᠠᠭ᠎ᠠ ᠪᠠᠨ ᠰᠢᠯᠵᠢᠬᠦᠯᠬᠦ ᠬᠠᠤᠯᠢ ᠶᠤᠰᠤᠨ ᠤ | ᠡᠷᠬᠡ ᠠᠰᠢᠭ ᠢ ᠪᠠᠳᠤᠯᠠᠬᠤ ᠬᠡᠷᠡᠭᠳᠡᠢ᠃ ᠦᠨᠳᠦᠰᠦᠨ ᠡᠮᠴᠢᠯᠡᠭᠡ ᠶᠢᠨ ᠲᠠᠭᠠᠳᠬᠠᠯ ᠤᠨ ᠬᠠᠷᠢᠴᠠᠭ᠎ᠠ ᠶᠢ ᠰᠢᠯᠵᠢᠬᠦᠯᠵᠦ | ᠵᠠᠯᠭᠠᠭᠤᠯᠬᠤ ᠪᠤᠳᠠᠳᠠᠢ ᠠᠷᠭ᠎ᠠ ᠶᠢ ᠨᠢᠬᠡᠳᠦᠯᠳᠡᠢ ᠲᠦᠯᠦᠪᠵᠢᠬᠦᠯᠬᠦ ᠭᠠᠵᠠᠷ ᠤᠷᠤᠨ ᠠᠴᠠ ᠲᠤᠨᠨᠳᠠᠭᠠᠨ᠎ᠠ᠃ ᠤᠷᠤᠨ ᠤ | ᠲᠤᠳᠤᠷ᠎ᠠ ᠪᠠᠨ ᠤᠨᠳᠤᠤ ᠭᠠᠵᠠᠷ ᠡᠪᠡᠳᠴᠢᠨ ᠦᠵᠡᠬᠦᠯᠬᠦ ᠳᠤ ᠰᠢᠭᠤᠳ ᠳ᠋ᠦᠩᠨᠡᠨ ᠪᠤᠳᠤᠬᠤ ᠶᠢ ᠲᠦᠷᠬᠡᠳᠬᠡᠨ | ᠠᠬᠢᠭᠤᠯᠬᠤ ᠪᠠ ᠲᠡᠭᠦᠯᠳᠡᠷᠵᠢᠬᠦᠯᠵᠦ᠂ ᠤᠯᠤᠰ ᠤᠨ ᠤᠨᠳᠤᠤ ᠭᠠᠵᠠᠷ ᠡᠪᠡᠳᠴᠢᠨ ᠦᠵᠡᠬᠦᠯᠬᠦ ᠳᠤ ᠰᠢᠭᠤᠳ | ᠳ᠋ᠦᠩᠨᠡᠨ ᠪᠤᠳᠤᠬᠤ ᠲᠡᠪᠴᠡᠩ ᠲᠤ ᠲᠦᠰᠢᠭᠯᠡᠨ᠂ 2017 ᠤᠨ ᠤ ᠰᠡᠭᠦᠯᠴᠢ ᠠᠴᠠ ᠡᠮᠤᠨ᠎ᠠ ᠮᠤᠵᠢ ᠠᠯᠤᠰᠯᠠᠵᠦ | ᠤᠨᠳᠤᠤ ᠭᠠᠵᠠᠷ ᠡᠪᠡᠳᠴᠢᠨ ᠦᠵᠡᠬᠦᠯᠬᠦ ᠳᠤ ᠰᠢᠭᠤᠳ ᠳ᠋ᠦᠩᠨᠡᠨ ᠪᠤᠳᠤᠬᠤ ᠲᠤᠨᠨᠳᠠᠴᠠ ᠶᠢ ᠪᠠᠶᠢᠭᠤᠯᠬᠤ ᠬᠡᠷᠡᠭᠳᠡᠢ᠃ | ︵ᠭᠤᠷᠪᠠ︶ ᠡᠮᠴᠢᠯᠡᠬᠡᠨ ᠤ ᠲᠠᠭᠠᠳᠬᠠᠯ ᠤᠨ ᠦᠢᠯᠡᠴᠢᠯᠡᠬᠡᠨ ᠤ ᠪᠠᠶᠢᠭᠤᠯᠤᠮᠵᠢ ᠶᠢᠨ ᠬᠠᠮᠢᠶᠠᠷᠤᠯᠳᠠ᠃ | ᠡᠯ᠎ᠡ ᠨᠢᠬᠡᠳᠦᠯᠳᠡᠢ ᠲᠦᠯᠦᠪᠵᠢᠬᠦᠯᠬᠦ ᠭᠠᠵᠠᠷ ᠤᠷᠤᠨ ᠨᠢ ᠬᠤᠳᠠ ᠭᠦᠳᠡᠭᠡ ᠶᠢᠨ ᠰᠠᠭᠤᠭᠠᠯᠢ ᠠᠷᠠᠳ ᠤᠨ | ᠦᠨᠳᠦᠰᠦᠨ ᠡᠮᠴᠢᠯᠡᠭᠡ ᠶᠢᠨ ᠲᠠᠭᠠᠳᠬᠠᠯ ᠤᠨ ᠬᠠᠮᠢᠶᠠᠷᠤᠯᠳᠠ ᠶᠢᠨ ᠦᠢᠯᠡᠴᠢᠯᠡᠬᠡᠨ ᠤ ᠪᠤᠳᠠᠳᠠᠢ ᠪᠠᠶᠢᠳᠠᠯ ᠪᠠ | ᠲᠠᠭᠠᠳᠬᠠᠯ ᠳᠤ ᠤᠷᠤᠨᠨᠰᠠᠨ ᠭᠦᠮᠦᠰ ᠤᠨ ᠡᠪᠡᠳᠴᠢᠨ ᠦᠵᠡᠬᠦᠯᠬᠦ ᠱᠠᠭᠠᠷᠳᠠᠯᠭ᠎ᠠ ᠶᠢ ᠦᠨᠳᠦᠰᠦᠯᠡᠵᠦ᠂ ᠲᠤᠰ | ᠨᠢᠬᠡᠳᠦᠯᠳᠡᠢ ᠲᠦᠯᠦᠪᠵᠢᠬᠦᠯᠬᠦ ᠭᠠᠵᠠᠷ ᠤᠷᠤᠨ ᠤ ᠵᠦᠪᠳᠡᠯᠴᠡᠨ ᠬᠠᠮᠢᠶᠠᠷᠴᠤ ᠪᠠᠶᠢᠭ᠎ᠠ ᠡᠮ ᠡᠮᠨᠡᠯᠬᠡ ᠶᠢᠨ | ᠦᠢᠯᠡᠴᠢᠯᠡᠬᠡᠨ ᠤ ᠪᠠᠶᠢᠭᠤᠯᠤᠮᠵᠢ ᠶᠢ ᠵᠤᠬᠢᠰᠳᠠᠢ ᠲᠤᠨᠨᠳᠠᠭᠠᠨ᠂ ᠵᠦᠪᠳᠡᠯᠴᠡᠨ ᠬᠠᠮᠢᠶᠠᠷᠬᠤ ᠶᠢ ᠲᠠᠰᠤᠷᠠᠯᠳᠠ ᠦᠬᠡᠢ | ᠲᠡᠭᠦᠯᠳᠡᠷᠵᠢᠬᠦᠯᠵᠦ᠂ ᠡᠳᠦᠷ ᠲᠤᠳᠤᠮ ᠤᠨ ᠬᠢᠨᠠᠯᠳᠠ ᠪᠠᠶᠢᠴᠠᠭᠠᠯᠳᠠ ᠶᠢ ᠴᠢᠩᠭᠠᠳᠬᠠᠨ᠂ ᠭᠦᠳᠡᠯᠦᠩᠭᠦᠢ | ᠬᠠᠮᠢᠶᠠᠷᠤᠯᠳᠠ ᠶᠢ ᠬᠡᠷᠡᠭᠵᠢᠬᠦᠯᠵᠦ᠂ ᠤᠶᠤᠨᠴᠢ ᠬᠢᠨᠠᠨ ᠡᠵᠡᠮᠳᠡᠬᠦ ᠬᠠᠮᠢᠶᠠᠷᠤᠯᠳᠠ ᠶᠢ ᠪᠦᠭᠦ ᠲᠠᠯ᠎ᠠ ᠪᠠᠷ ᠠᠬᠢᠭᠤᠯᠤᠨ᠂ | ᠤᠷᠤᠭᠤᠯᠵᠦ ᠠᠪᠴᠢᠷᠠᠬᠤ ᠶᠢ ᠠᠭᠤᠵᠢᠭᠤ ᠪᠤᠯᠭᠠᠵᠦ᠂ ᠴᠢᠩᠭ᠎ᠠ ᠬᠠᠮᠢᠶᠠᠷᠴᠤ᠂ ᠰᠢᠭᠠᠷᠤ ᠶᠢ ᠨᠢ ᠤᠷᠬᠢᠨᠨᠳᠠᠭᠤᠯᠬᠤ | ᠬᠡᠷᠡᠭᠳᠡᠢ᠃ ᠬᠤᠳᠠ ᠭᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ ᠲᠠᠭᠠᠳᠬᠠᠯ ᠤᠨ | ᠢᠳᠡᠬᠡᠮᠵᠢ ᠶᠢᠨ ᠲᠡᠰ ᠲᠤᠨᠨᠳᠠᠭᠠᠬᠤ ᠲᠦᠷᠢᠮ ᠢ ᠪᠠᠶᠢᠭᠤᠯᠵᠦ᠂ ᠵᠦᠪᠳᠡᠯᠴᠡᠨ ᠬᠠᠮᠢᠶᠠᠷᠬᠤ ᠳᠤ ᠤᠷᠤᠭᠤᠯᠤᠨᠨᠰᠠᠨ ᠡᠮ | ᠡᠮᠨᠡᠯᠬᠡ ᠶᠢᠨ ᠪᠠᠶᠢᠭᠤᠯᠤᠮᠵᠢ᠂ ᠡᠮᠴᠢᠯᠡᠭᠡ ᠶᠢᠨ ᠲᠠᠭᠠᠳᠬᠠᠯ ᠤᠨ ᠠᠵᠢᠯ ᠡᠷᠬᠢᠯᠡᠬᠦ ᠶᠡᠭᠡ ᠡᠮᠴᠢ᠂ ᠡᠮᠴᠢᠯᠡᠭᠡ ᠶᠢᠨ | ᠲᠠᠭᠠᠳᠬᠠᠯ ᠤᠨ ᠭᠠᠷᠳᠠᠨ ᠭᠦᠢᠴᠡᠳᠬᠡᠬᠦ ᠪᠠᠶᠢᠭᠤᠯᠤᠮᠵᠢ ᠪᠠ ᠲᠠᠭᠠᠳᠬᠠᠯ ᠳᠤ ᠤᠷᠤᠬᠰᠠᠨ ᠰᠠᠭᠤᠭᠠᠯᠢ ᠠᠷᠠᠳ ᠨᠢ | ᠬᠤᠳᠠ ᠭᠦᠳᠡᠭᠡ ᠶᠢᠨ ᠦᠨᠳᠦᠰᠦᠨ ᠡᠮᠴᠢᠯᠡᠭᠡ ᠶᠢᠨ ᠲᠠᠭᠠᠳᠬᠠᠯ ᠤᠨ ᠬᠠᠮᠢᠶᠠᠷᠤᠯᠳᠠ ᠪᠠ ᠦᠢᠯᠡᠴᠢᠯᠡᠭᠡ ᠳᠤ | ᠵᠢᠷᠤᠮᠵᠢᠯ ᠲᠠᠢ ᠪᠠᠷ ᠤᠷᠤᠯᠴᠠᠨ᠂ ᠦᠨᠡᠨᠴᠢ ᠢᠳᠡᠬᠡᠮᠵᠢ ᠶᠢᠨ ᠡᠭᠦᠷᠬᠡ ᠶᠢ ᠰᠠᠶᠢᠨ ᠲᠤᠷ᠎ᠠ ᠠᠴᠠ ᠪᠠᠨ ᠭᠦᠢᠴᠡᠳᠬᠡᠬᠦ | ᠬᠡᠷᠡᠭᠳᠡᠢ᠃ | ︵ᠲᠦᠷᠪᠡ︶ ᠰᠦᠢᠳᠬᠡᠯ ᠲᠤᠰᠢᠶᠠᠬᠤ ᠠᠷᠭ᠎ᠠ ᠮᠠᠶ᠋ᠢᠭ ᠤᠨ ᠦᠬᠡᠷᠡᠴᠢᠯᠡᠯᠳᠡ ᠶᠢ ᠠᠬᠢᠭᠤᠯᠤᠨ᠎ᠠ᠃ | ᠡᠯ᠎ᠡ ᠭᠠᠵᠠᠷ ᠤᠷᠤᠨ᠂ ᠡᠯ᠎ᠡ ᠬᠤᠯᠪᠤᠨᠨᠳᠠᠯ ᠪᠦᠭᠦᠢ ᠰᠠᠯᠠᠭ᠎ᠠ ᠮᠦᠴᠢᠷ ᠨᠢ ᠪᠦᠭᠦ ᠤᠷᠤᠨ ᠤ ᠡᠮ ᠡᠮᠨᠡᠯᠬᠡ | ᠡᠷᠡᠭᠦᠯ ᠬᠠᠮᠠᠭᠠᠯᠠᠯ ᠤᠨ ᠲᠦᠷᠢᠮ ᠤᠨ ᠦᠬᠡᠷᠡᠴᠢᠯᠡᠯᠳᠡ ᠶᠢᠨ ᠨᠢᠬᠡᠳᠦᠯᠳᠡᠢ ᠪᠠᠶᠢᠷᠢᠯᠠᠭᠤᠯᠤᠯᠳᠠ ᠶᠤᠰᠤᠭᠠᠷ᠂ ᠲᠡᠰ | ᠬᠤᠪᠢᠶᠠᠵᠦ ᠤᠨᠤᠰᠢᠯᠠᠨ ᠡᠮᠨᠡᠬᠦ᠂ ᠬᠡᠷ᠎ᠡ ᠲᠤᠨᠨᠳᠠᠵᠦ ᠦᠢᠯᠡᠴᠢᠯᠡᠬᠦ᠂ ᠪᠤᠯᠵᠤᠨᠨᠰᠠᠨ ᠡᠳᠦᠷ ᠢᠶᠠᠷ ᠮᠡᠰᠡ ᠵᠠᠰᠠᠯ ᠬᠢᠬᠦ᠂ | ᠡᠮᠴᠢᠯᠡᠬᠡᠨ ᠤ ᠠᠷᠭ᠎ᠠ ᠵᠠᠮ ᠵᠡᠷᠬᠡ ᠡᠮᠴᠢᠯᠡᠬᠡᠨ ᠤ ᠲᠦᠷᠦ ᠶᠢᠨ ᠪᠤᠳᠤᠯᠭ᠎ᠠ ᠨᠠᠶᠢᠳᠠᠪᠤᠷᠢᠵᠢᠭᠤᠯᠬᠤ ᠶᠢ ᠠᠬᠢᠭᠤᠯᠬᠤ | ᠬᠡᠷᠡᠭᠳᠡᠢ᠃ ᠪᠦᠭᠦ ᠲᠤᠭᠠᠨ ᠤ ᠲᠦᠰᠦᠪ ᠢᠶᠠᠷ ᠰᠦᠢᠳᠬᠡᠯ ᠲᠤᠰᠢᠶᠠᠬᠤ ᠬᠠᠮᠢᠶᠠᠷᠤᠯᠳᠠ ᠲᠤᠤᠷᠠᠭᠢ ᠡᠪᠡᠳᠴᠢᠨ ᠤ | ᠲᠦᠷᠦᠯ ︵ᠡᠪᠡᠳᠴᠢᠳᠠᠨ ᠤ ᠲᠤᠭᠤᠶᠢᠯᠠᠩ︶ ᠢᠶᠠᠷ ᠰᠦᠢᠳᠬᠡᠯ ᠲᠤᠰᠢᠶᠠᠬᠤ᠂ ᠭᠦᠮᠦᠨ ᠤ ᠲᠤᠭ᠎ᠠ ᠪᠠᠷ ᠰᠦᠢᠳᠬᠡᠯ | ᠲᠤᠰᠢᠶᠠᠬᠤ᠂ ᠡᠪᠡᠳᠴᠢᠳᠠᠨ ᠤ ᠤᠷᠤ ᠪᠠ ᠡᠳᠦᠷ ᠢᠶᠠᠷ ᠰᠦᠢᠳᠬᠡᠯ ᠲᠤᠰᠢᠶᠠᠬᠤ ᠵᠡᠷᠬᠡ ᠦᠭᠴᠤ ᠤᠯᠭᠤᠬᠤ ᠠᠷᠭ᠎ᠠ | ᠮᠠᠶ᠋ᠢᠭ ᠤᠨ ᠦᠬᠡᠷᠡᠴᠢᠯᠡᠯᠳᠡ ᠶᠢ ᠪᠦᠭᠦ ᠲᠠᠯ᠎ᠠ ᠪᠠᠷ ᠠᠬᠢᠭᠤᠯᠤᠨ᠂ ᠡᠮᠴᠢᠯᠡᠬᠡᠨ ᠤ ᠪᠠᠶᠢᠭᠤᠯᠤᠮᠵᠢ ᠶᠢᠨ ᠨᠦᠭᠦᠪᠦᠷᠢᠯᠡᠬᠦ | ᠲᠤᠨᠨᠳᠠᠴᠠ ᠶᠢ ᠲᠡᠭᠦᠯᠳᠡᠷᠵᠢᠬᠦᠯᠵᠦ᠂ ᠡᠮᠴᠢᠯᠡᠬᠡᠨ ᠤ ᠪᠠᠶᠢᠭᠤᠯᠤᠮᠵᠢ ᠶᠢᠨ ᠦᠪᠡᠷ ᠤᠨ ᠦᠷᠳᠡᠭ ᠢᠶᠠᠨ | ᠰᠠᠨᠠᠭᠠᠴᠢᠯᠠᠭ᠎ᠠ ᠠᠴᠠ ᠪᠠᠨ ᠡᠵᠡᠮᠰᠢᠬᠦ ᠶᠢ ᠭᠦᠳᠦᠯᠦᠨ ᠵᠢᠯᠤᠭᠤᠳᠴᠤ᠂ ᠤᠨᠤᠰᠢᠯᠠᠨ ᠡᠮᠨᠡᠬᠦ ᠠᠵᠢᠯᠯᠠᠭ᠎ᠠ ᠶᠢ | ᠵᠢᠷᠤᠮᠵᠢᠭᠤᠯᠬᠤ ᠬᠡᠷᠡᠭᠳᠡᠢ᠃ ᠭᠠᠷᠳᠠᠨ ᠭᠦᠢᠴᠡᠳᠬᠡᠬᠦ ᠪᠠᠶᠢᠭᠤᠯᠤᠮᠵᠢ ᠶᠢ ᠵᠤᠷᠢᠨᠨᠵᠢᠭᠤᠯᠤᠨ ᠵᠦᠪᠳᠡᠯᠴᠡᠨ ᠬᠠᠮᠢᠶᠠᠷᠴᠤ | ᠪᠠᠶᠢᠭ᠎ᠠ ᠡᠮᠴᠢᠯᠡᠬᠡᠨ ᠤ ᠪᠠᠶᠢᠭᠤᠯᠤᠮᠵᠢ ᠯᠤᠭ᠎ᠠ ᠬᠡᠯᠡᠯᠴᠡᠨ ᠵᠥᠪᠳᠡᠯᠴᠡᠬᠦ ᠶᠢ ᠦᠷᠨᠢᠬᠦᠯᠵᠦ᠂ ᠲᠦᠭᠰᠢᠭᠦᠷᠢ ᠶᠢ ᠰᠠᠯᠭᠠᠨ | ᠡᠭᠦᠷᠬᠡᠯᠡᠬᠦ ᠪᠠ ᠤᠷᠮᠠᠰᠢᠭᠤᠯᠵᠦ ᠬᠢᠵᠠᠭᠠᠷᠯᠠᠬᠤ ᠲᠤᠨᠨᠳᠠᠴᠠ ᠶᠢ ᠪᠠᠶᠢᠭᠤᠯᠤᠨ᠂ ᠡᠮᠴᠢᠯᠡᠬᠡᠨ ᠤ ᠪᠠᠶᠢᠭᠤᠯᠤᠮᠵᠢ ᠪᠠ | ᠡᠮᠨᠡᠯᠬᠡ ᠶᠢᠨ ᠠᠵᠢᠯᠳᠠᠨ ᠤ ᠡᠮᠴᠢᠯᠡᠬᠡᠨ ᠤ ᠵᠠᠷᠤᠳᠠᠯ ᠢ ᠵᠤᠬᠢᠰᠳᠠᠢ ᠡᠵᠡᠮᠰᠢᠬᠦ ᠢᠳᠡᠪᠬᠢᠵᠢᠯ ᠢ ᠭᠦᠢᠴᠡᠳ ᠲᠠᠶᠢᠴᠢᠯᠠᠬᠤ | ᠬᠡᠷᠡᠭᠳᠡᠢ᠃ | ︵ᠲᠠᠪᠤ︶ ᠮᠡᠳᠡᠭᠡ ᠵᠠᠩᠬᠢᠵᠢᠯᠳᠠ ᠶᠢᠨ ᠪᠠᠶᠢᠭᠤᠯᠤᠯᠳᠠ ᠶᠢ ᠴᠢᠩᠭᠠᠳᠬᠠᠨ᠎ᠠ᠃ | ︽ᠪᠠᠷᠢᠮᠵᠢᠶ᠎ᠠ ᠶᠢ ᠨᠢᠬᠡᠳᠦᠬᠦᠯᠬᠦ᠂ ᠡᠬᠢ ᠪᠠᠶᠠᠯᠢᠭ ᠢ ᠬᠠᠮᠳᠤ ᠪᠠᠷ ᠭᠦᠷᠳᠡᠬᠡᠬᠦ᠂ ᠲᠤᠭ᠎ᠠ ᠪᠠᠷᠢᠮᠳᠠ ᠶᠢ | ᠲᠦᠪᠯᠡᠷᠡᠬᠦᠯᠬᠦ᠂ ᠦᠢᠯᠡᠴᠢᠯᠡᠭᠡ ᠶᠢ ᠦᠷᠬᠡᠳᠬᠡᠬᠦ︾ ᠵᠠᠷᠴᠢᠮ ᠶᠤᠰᠤᠭᠠᠷ᠂ ᠬᠤᠳᠠ ᠭᠦᠳᠡᠭᠡ ᠶᠢᠨ ᠰᠠᠭᠤᠭᠠᠯᠢ | ᠠᠷᠠᠳ ᠤᠨ ᠦᠨᠳᠦᠰᠦᠨ ᠡᠮᠴᠢᠯᠡᠬᠡᠨ ᠤ ᠲᠠᠭᠠᠳᠬᠠᠯ ᠤᠨ ᠮᠡᠳᠡᠭᠡ ᠵᠠᠩᠬᠢ ᠶᠢᠨ ᠲᠤᠤᠷ ᠰᠦᠯᠵᠢᠶ᠎ᠡ ᠪᠠ ᠲᠤᠭ᠎ᠠ | ᠪᠠᠷᠢᠮᠳᠠ ᠶᠢᠨ ᠡᠬᠢ ᠪᠠᠶᠠᠯᠢᠭ ᠢ ᠡᠮᠬᠢᠯᠡᠨ ᠨᠡᠶᠢᠯᠡᠬᠦᠯᠵᠦ᠂ ᠪᠦᠭᠦ ᠤᠷᠤᠨ ᠳᠠᠬᠢ ᠬᠤᠳᠠ ᠭᠦᠳᠡᠭᠡ ᠶᠢᠨ ᠰᠠᠭᠤᠭᠠᠯᠢ | ᠠᠷᠠᠳ ᠤᠨ ᠦᠨᠳᠦᠰᠦᠨ ᠡᠮᠴᠢᠯᠡᠭᠡ ᠶᠢᠨ ᠲᠠᠭᠠᠳᠬᠠᠯ ᠤᠨ ᠨᠢᠬᠡᠳᠦᠯᠳᠡᠢ ᠮᠡᠳᠡᠭᠡ ᠵᠠᠩᠬᠢ ᠶᠢᠨ ᠰᠢᠰᠲ᠋ᠧᠮ ᠢ ᠠᠯᠬᠤᠮ | ᠠᠯᠬᠤᠮ ᠢᠶᠠᠷ ᠪᠠᠶᠢᠭᠤᠯᠤᠨ᠂ ᠪᠦᠭᠦ ᠤᠷᠤᠨ ᠤ ᠡᠯ᠎ᠡ ᠠᠶᠢᠮᠠᠭ ᠬᠤᠳᠠ᠂ ᠬᠤᠰᠢᠭᠤ ᠰᠢᠶᠠᠨ ︵ᠬᠤᠳᠠ᠂ ᠲᠤᠭᠤᠷᠢᠭ | ︶᠂ ᠰᠤᠮᠤ ᠰᠢᠶᠠᠩ ᠪᠠᠯᠭᠠᠰᠤ ︵ᠵᠡᠬᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶᠂ ᠭᠠᠴᠠᠭ᠎ᠠ ᠲᠤᠰᠬᠤᠨ ︵ | ᠨᠡᠶᠢᠬᠡᠮ ᠲᠤᠭᠤᠷᠢᠭ︶ ᠢ ᠬᠠᠮᠤᠷᠤᠨᠨᠰᠠᠨ ᠦᠢᠯᠡᠴᠢᠯᠡᠬᠡᠨ ᠤ ᠲᠤᠤᠷ ᠰᠦᠯᠵᠢᠶ᠎ᠡ ᠶᠢ ᠲᠦᠷᠬᠡᠳᠬᠡᠨ ᠪᠠᠶᠢᠭᠤᠯᠵᠦ᠂ | ᠬᠤᠳᠠ ᠭᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ ᠲᠠᠭᠠᠳᠬᠠᠯ ᠤᠨ ᠮᠡᠳᠡᠭᠡ ᠵᠠᠩᠬᠢ ᠶᠢᠨ | ᠰᠢᠰᠲ᠋ᠧᠮ ᠬᠢᠬᠡᠳ ᠡᠮᠴᠢᠯᠡᠬᠡᠨ ᠤ ᠠᠪᠤᠷᠠᠨ ᠲᠤᠰᠠᠯᠠᠯᠳᠠ᠂ ᠭᠦᠨᠳᠦ ᠡᠪᠡᠳᠴᠢᠨ ᠤ ᠲᠠᠭᠠᠳᠬᠠᠯ᠂ ᠡᠪᠡᠳᠴᠢᠨ | ᠡᠮᠬᠡᠭ ᠤᠨ ᠪᠠᠴᠢᠮ ᠪᠠᠶᠢᠳᠠᠯ ᠢ ᠠᠷᠭᠠᠴᠠᠬᠤ ᠠᠪᠤᠷᠠᠨ ᠲᠤᠰᠠᠯᠠᠯᠳᠠ᠂ ᠬᠤᠳᠠᠯᠳᠤᠭᠠᠨ ᠤ ᠨᠦᠭᠦᠪᠦᠷᠢ ᠡᠮᠴᠢᠯᠡᠬᠡᠨ ᠤ | ᠲᠠᠭᠠᠳᠬᠠᠯ᠂ ᠵᠦᠪᠳᠡᠯᠴᠡᠨ ᠬᠠᠮᠢᠶᠠᠷᠴᠤ ᠪᠠᠶᠢᠭ᠎ᠠ ᠡᠮᠴᠢᠯᠡᠬᠡᠨ ᠤ ᠪᠠᠶᠢᠭᠤᠯᠤᠮᠵᠢ ᠵᠡᠷᠬᠡ ᠶᠢᠨ ᠮᠡᠳᠡᠭᠡ ᠵᠠᠩᠬᠢ ᠶᠢ | ᠬᠠᠮᠢᠶᠠᠷᠬᠤ ᠲᠡᠪᠴᠡᠩ ᠤᠨ ᠬᠠᠷᠢᠯᠴᠠᠨ ᠬᠤᠯᠪᠤᠯᠳᠤᠵᠦ ᠬᠠᠷᠢᠯᠴᠠᠨ ᠨᠡᠪᠳᠡᠷᠡᠯᠴᠡᠬᠦ ᠶᠢ ᠰᠠᠶᠢᠳᠤᠷ ᠬᠢᠵᠦ᠂ ︽ᠨᠢᠬᠡ | ᠦᠷᠳᠡᠭᠡ ᠪᠠᠷ︾ ᠮᠡᠳᠡᠭᠡ ᠵᠠᠩᠬᠢ ᠰᠤᠯᠢᠯᠴᠠᠬᠤ ᠪᠠ ᠰᠢᠭᠤᠳ ᠳ᠋ᠦᠩᠨᠡᠨ ᠪᠤᠳᠤᠬᠤ ᠶᠢ ᠠᠯᠬᠤᠮ ᠠᠯᠬᠤᠮ ᠢᠶᠠᠷ | ᠪᠡᠶᠡᠯᠡᠬᠦᠯᠬᠦ ᠬᠡᠷᠡᠭᠳᠡᠢ᠃ ᠨᠡᠶᠢᠬᠡᠮ ᠤᠨ ᠪᠠᠳᠤᠯᠠᠭ᠎ᠠ ᠶᠢᠨ ᠬᠤᠶᠠᠳᠤᠭᠠᠷ ᠪᠠᠷᠯᠠᠯᠳᠤ ᠺᠠᠷᠲ ᠢ ᠦᠢᠯᠡᠳᠦᠨ ᠤᠯᠭᠤᠬᠤ ᠪᠠ | ᠬᠡᠷᠡᠭᠯᠡᠬᠦ ᠠᠵᠢᠯ ᠢ ᠪᠦᠭᠦ ᠲᠠᠯ᠎ᠠ ᠪᠠᠷ ᠦᠷᠨᠢᠬᠦᠯᠵᠦ᠂ ᠨᠢᠬᠡᠨᠳᠡ ᠤᠯᠭᠤᠨᠨᠰᠠᠨ ᠰᠠᠭᠤᠭᠠᠯᠢ ᠠᠷᠠᠳ ᠤᠨ ᠡᠷᠡᠭᠦᠯ | ᠡᠩᠬᠡ ᠶᠢᠨ ᠺᠠᠷᠲ ᠢ ᠨᠡᠶᠢᠬᠡᠮ ᠤᠨ ᠪᠠᠳᠤᠯᠠᠭ᠎ᠠ ᠶᠢᠨ ᠺᠠᠷᠲ ᠲᠠᠢ ᠵᠡᠷᠬᠡᠪᠡᠷ ᠬᠡᠷᠡᠭᠯᠡᠬᠦ ᠪᠤᠯᠭᠠᠵᠦ᠂ ᠠᠯᠬᠤᠮ | ᠠᠯᠬᠤᠮ ᠢᠶᠠᠷ ᠨᠡᠶᠢᠬᠡᠮ ᠤᠨ ᠪᠠᠳᠤᠯᠠᠭ᠎ᠠ ᠶᠢᠨ ᠺᠠᠷᠲ ᠲᠠᠢ ᠬᠠᠷᠢᠯᠴᠠᠨ ᠨᠡᠪᠳᠡᠷᠡᠯᠴᠡᠬᠦᠯᠵᠦ ᠠᠭᠤᠰᠤᠯᠴᠠᠭᠤᠯᠬᠤ | ᠬᠡᠷᠡᠭᠳᠡᠢ᠃ | ᠵᠢᠷᠭᠤᠭ᠎ᠠ᠂ ᠰᠠᠭᠤᠷᠢ ᠮᠦᠩᠭᠦᠨ ᠤ ᠬᠠᠮᠢᠶᠠᠷᠤᠯᠳᠠ ᠪᠠ ᠬᠢᠨᠠᠯᠳᠠ ᠲᠠᠯᠪᠢᠯᠳᠠ | ︵ᠨᠢᠬᠡ︶ ᠰᠠᠭᠤᠷᠢ ᠮᠦᠩᠭᠦᠨ ᠤ ᠬᠠᠮᠢᠶᠠᠷᠤᠯᠳᠠ ᠶᠢ ᠨᠢᠬᠡᠳᠦᠬᠦᠯᠬᠦ ᠬᠡᠷᠡᠭᠳᠡᠢ᠃ | ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠡᠮᠴᠢᠯᠡᠭᠡ ᠶᠢᠨ ᠲᠠᠭᠠᠳᠬᠠᠯ ᠪᠠ ᠭᠦᠳᠡᠭᠡ ᠲᠤᠰᠬᠤᠨ ᠤ | ᠰᠢᠨ᠎ᠠ ᠬᠤᠷᠰᠢᠨᠨᠰᠠᠨ ᠡᠮᠴᠢᠯᠡᠭᠡ ᠶᠢᠨ ᠰᠠᠭᠤᠷᠢ ᠮᠦᠩᠭᠦ ᠶᠢ ᠨᠡᠶᠢᠯᠡᠬᠦᠯᠵᠦ ᠬᠤᠳᠠ ᠭᠦᠳᠡᠭᠡ ᠶᠢᠨ ᠰᠠᠭᠤᠭᠠᠯᠢ | ᠠᠷᠠᠳ ᠤᠨ ᠦᠨᠳᠦᠰᠦᠨ ᠡᠮᠴᠢᠯᠡᠭᠡ ᠶᠢᠨ ᠲᠠᠭᠠᠳᠬᠠᠯ ᠤᠨ ᠰᠠᠭᠤᠷᠢ ᠮᠦᠩᠭᠦ ᠪᠤᠯᠭᠠᠵᠦ᠂ ᠰᠠᠭᠤᠷᠢ ᠮᠦᠩᠭᠦᠨ ᠤ | ᠬᠠᠮᠢᠶᠠᠷᠤᠯᠳᠠ ᠳᠤ ᠤᠯᠤᠰ ᠤᠨ ᠨᠢᠬᠡᠳᠦᠯᠳᠡᠢ ᠡᠳ᠋ ᠤᠨ ᠶᠠᠪᠤᠳᠠᠯ ᠤᠨ ᠲᠦᠷᠢᠮ᠂ ᠨᠢᠨᠨᠳᠠᠯᠠᠨ ᠪᠤᠳᠤᠬᠤ ᠲᠦᠷᠢᠮ ᠪᠠ | ᠲᠦᠰᠦᠪ ᠵᠢᠴᠢ ᠲᠦᠰᠦᠪ ᠤᠨ ᠭᠦᠢᠴᠡᠳᠬᠡᠯ ᠤᠨ ᠬᠠᠮᠢᠶᠠᠷᠤᠯᠳᠠ ᠶᠢᠨ ᠲᠦᠷᠢᠮ ᠢ ᠬᠡᠷᠡᠭᠵᠢᠬᠦᠯᠦᠨ᠎ᠠ᠃ ᠬᠤᠳᠠ | ᠭᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ ᠲᠠᠭᠠᠳᠬᠠᠯ ᠤᠨ ᠰᠠᠭᠤᠷᠢ ᠮᠦᠩᠭᠦ ᠶᠢ | ᠲᠠᠭᠠᠳᠬᠠᠯ ᠳᠤ ᠤᠷᠤᠨᠨᠰᠠᠨ ᠬᠤᠳᠠ ᠭᠦᠳᠡᠭᠡ ᠶᠢᠨ ᠰᠠᠭᠤᠭᠠᠯᠢ ᠠᠷᠠᠳ ᠤᠨ ᠡᠮᠨᠡᠯᠬᠡ ᠳᠤ ᠰᠠᠭᠤᠬᠤ᠂ ᠡᠭᠦᠳᠡᠨ | ᠡᠮᠨᠡᠯᠬᠡ ᠶᠢᠨ ᠨᠢᠬᠡᠳᠦᠯᠳᠡᠢ ᠲᠦᠯᠦᠪᠵᠢᠬᠦᠯᠬᠦ ᠪᠠ ᠭᠦᠨᠳᠦ ᠡᠪᠡᠳᠴᠢᠨ ᠤ ᠲᠠᠭᠠᠳᠬᠠᠯ ᠢ ᠬᠤᠳᠠᠯᠳᠤᠨ ᠠᠪᠬᠤ ᠵᠡᠷᠬᠡ | ᠵᠠᠷᠤᠯᠭ᠎ᠠ ᠳᠤ ᠬᠡᠷᠡᠭᠯᠡᠨ᠎ᠠ᠂ ᠭᠠᠷᠳᠠᠨ ᠭᠦᠢᠴᠡᠳᠬᠡᠬᠦ ᠪᠠᠶᠢᠭᠤᠯᠤᠮᠵᠢ ᠶᠢᠨ ᠠᠵᠢᠯ ᠤᠨ ᠵᠠᠷᠤᠳᠠᠯ ᠵᠡᠷᠬᠡ ᠳᠤ ᠬᠡᠷᠡᠭᠯᠡᠵᠦ | ᠪᠤᠯᠬᠤ ᠦᠬᠡᠢ᠃ ᠰᠠᠭᠤᠷᠢ ᠮᠦᠩᠭᠦ ᠶᠢ ᠡᠳ᠋ ᠤᠨ ᠵᠠᠰᠠᠭ ᠤᠨ ᠲᠤᠰᠬᠠᠢ ᠲᠠᠩᠰᠠᠨ ᠡᠷᠦᠬᠡ ᠳᠤ ᠤᠷᠤᠭᠤᠯᠤᠨ᠂ | ᠲᠤᠰᠠᠭᠠᠷ ᠲᠤᠭᠠᠴᠠᠭ᠎ᠠ ᠬᠢᠵᠦ᠂ ︽ᠤᠷᠤᠯᠭ᠎ᠠ ᠵᠠᠷᠤᠯᠭ᠎ᠠ ᠶᠢ ᠠᠰ ᠲᠤᠨᠢ ᠪᠤᠳᠤᠬᠤ︾ ᠶᠢ ᠬᠡᠷᠡᠭᠵᠢᠬᠦᠯᠦᠨ᠂ ᠶᠠᠮᠠᠷᠪᠠ | ᠨᠢᠬᠡᠴᠡ ᠪᠠ ᠬᠤᠪᠢ ᠭᠦᠮᠦᠨ ᠬᠡᠳ ᠰᠢᠬᠠᠨ ᠡᠵᠡᠯᠡᠵᠦ ᠰᠢᠯᠵᠢᠬᠦᠯᠦᠨ ᠬᠡᠷᠡᠭᠯᠡᠵᠦ ᠪᠤᠯᠬᠤ ᠦᠬᠡᠢ᠃ ᠡᠯ᠎ᠡ ᠱᠠᠳᠤᠨ ᠤ | ᠠᠷᠠᠳ ᠤᠨ ᠵᠠᠰᠠᠭ ᠤᠨ ᠤᠷᠳᠤᠨ ᠠᠴᠠ ᠭᠠᠷᠳᠠᠨ ᠭᠦᠢᠴᠡᠳᠬᠡᠬᠦ ᠪᠠᠶᠢᠭᠤᠯᠤᠮᠵᠢ ᠶᠢᠨ ᠵᠠᠷᠤᠳᠠᠯ ᠢ ᠪᠠᠳᠤᠯᠠᠬᠤ | ᠡᠷᠴᠢᠮ ᠢᠶᠠᠨ ᠴᠢᠩᠭᠠᠷᠠᠭᠤᠯᠵᠦ᠂ ᠵᠠᠰᠠᠭ ᠤᠨ ᠤᠷᠳᠤᠨ ᠠᠴᠠ ᠠᠰᠳᠠᠭᠠᠨ ᠲᠤᠬᠢᠷᠠᠭᠤᠯᠤᠬᠰᠠᠨ ᠪᠡᠯᠡ ᠮᠦᠩᠭᠦ ᠲᠠᠢ | ᠤᠯᠠᠨ ᠨᠡᠶᠢᠳᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠬᠡᠨ ᠤ ᠲᠦᠷᠦᠯ ᠵᠦᠢᠯ᠂ ᠤᠨᠴᠤᠭᠤᠢ ᠭᠦᠮᠦᠰ ᠤᠨ | ᠠᠰᠠᠷᠠᠮᠵᠢ ᠶᠢᠨ ᠤᠯᠭᠤᠮᠵᠢ ᠵᠡᠷᠬᠡ ᠶᠢ ᠬᠤᠳᠠ ᠭᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ | ᠲᠠᠭᠠᠳᠬᠠᠯ ᠤᠨ ᠰᠠᠭᠤᠷᠢ ᠮᠦᠩᠭᠦᠨ ᠠᠴᠠ ᠦᠭᠴᠤ ᠪᠤᠯᠬᠤ ᠦᠬᠡᠢ᠃ | ︵ᠬᠤᠶᠠᠷ︶ ᠰᠠᠭᠤᠷᠢ ᠮᠦᠩᠭᠦ ᠶᠢ ᠬᠡᠷᠡᠭᠯᠡᠬᠦ ᠦᠷ᠎ᠡ ᠠᠰᠢᠭ ᠢ ᠲᠡᠬᠡᠭᠰᠢᠯᠡᠬᠦᠯᠬᠦ ᠬᠡᠷᠡᠭᠳᠡᠢ᠃ | ᠬᠤᠳᠠ ᠭᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ ᠲᠠᠭᠠᠳᠬᠠᠯ ᠤᠨ ᠰᠠᠭᠤᠷᠢ | ᠮᠦᠩᠭᠦ ᠶᠢᠨ ᠲᠦᠰᠦᠪ ᠪᠠ ᠲᠦᠰᠦᠪ ᠤᠨ ᠭᠦᠢᠴᠡᠳᠬᠡᠯ ᠢ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠨᠡᠶᠢᠬᠡᠮ ᠤᠨ | ᠪᠠᠳᠤᠯᠠᠭ᠎ᠠ ᠶᠢᠨ ᠲᠠᠭᠠᠳᠬᠠᠯ ᠤᠨ ᠰᠠᠭᠤᠷᠢ ᠮᠦᠩᠭᠦ ᠶᠢᠨ ᠲᠦᠰᠦᠪ ᠤᠨ ᠬᠠᠮᠢᠶᠠᠷᠤᠯᠳᠠ ᠶᠢᠨ ᠬᠠᠮᠢᠶ᠎ᠠ ᠪᠦᠭᠦᠢ ᠪᠢᠴᠢᠭ | ᠮᠠᠲ᠋ᠧᠷᠢᠶᠠᠯ ᠳᠤ ᠲᠤᠨᠨᠳᠠᠭᠠᠨᠨᠰᠠᠨ ᠲᠡᠰ ᠲᠠᠷᠠᠭᠠᠯᠠᠯ ᠢᠶᠠᠷ ᠨᠠᠶᠢᠷᠠᠭᠤᠯᠤᠨ ᠵᠤᠬᠢᠶᠠᠵᠦ᠂ ᠬᠢᠨᠠᠵᠦ ᠵᠦᠪᠰᠢᠶᠡᠷᠡᠭᠦᠯᠦᠨ᠎ᠠ᠃ | ᠰᠠᠭᠤᠷᠢ ᠮᠦᠩᠭᠦᠨ ᠤ ᠦᠯᠡᠳᠡᠪᠦᠷᠢ ᠶᠢᠨ ᠨᠤᠷᠮ᠎ᠠ ᠶᠢ ᠵᠤᠬᠢᠰᠳᠠᠢ ᠪᠠᠷ ᠬᠢᠵᠠᠭᠠᠷᠯᠠᠵᠦ᠂ ᠲᠤᠰ ᠵᠢᠯ ᠤᠨ | ᠦᠯᠡᠳᠡᠪᠦᠷᠢ ᠶᠢᠨ ᠨᠤᠷᠮ᠎ᠠ ᠶᠢ ᠵᠠᠷᠴᠢᠮ ᠲᠡᠬᠡᠷ᠎ᠡ ᠪᠠᠨ ᠲᠤᠰ ᠵᠢᠯ ᠤᠨ ᠰᠠᠭᠤᠷᠢ ᠮᠦᠩᠭᠦᠨ ᠤ ᠤᠷᠤᠯᠭ᠎ᠠ ᠶᠢᠨ ᠪᠦᠭᠦ | ᠲᠤᠭᠠᠨ ᠤ 15% ᠶᠢᠨ ᠲᠤᠳᠤᠷ᠎ᠠ ᠬᠢᠵᠠᠭᠠᠷᠯᠠᠬᠤ ᠬᠡᠷᠡᠭᠳᠡᠢ᠃ ᠡᠮᠴᠢᠯᠡᠭᠡ ᠶᠢᠨ ᠲᠠᠭᠠᠳᠬᠠᠯ ᠤᠨ ᠰᠠᠭᠤᠷᠢ | ᠮᠦᠩᠭᠦᠨ ᠤ ᠪᠦᠭᠦ ᠲᠦᠰᠦᠪ ᠤᠨ ᠬᠠᠮᠢᠶᠠᠷᠤᠯᠳᠠ ᠶᠢ ᠲᠡᠭᠦᠯᠳᠡᠷᠵᠢᠬᠦᠯᠦᠭᠰᠡᠨ ᠰᠠᠭᠤᠷᠢᠨ ᠲᠡᠬᠡᠷ᠎ᠡ᠂ ᠰᠠᠭᠤᠷᠢ | ᠮᠦᠩᠭᠦᠨ ᠤ ᠵᠠᠷᠤᠯᠭ᠎ᠠ ᠶᠢᠨ ᠪᠦᠳᠦᠴᠡ ᠶᠢ ᠵᠤᠬᠢᠰᠳᠠᠢ ᠲᠤᠬᠢᠷᠠᠭᠤᠯᠵᠦ᠂ ᠴᠢᠬᠤᠯᠠ ᠪᠦᠭᠦᠢ ᠦᠯᠡᠳᠡᠪᠦᠷᠢ ᠶᠢ | ᠬᠠᠰᠤᠨ᠎ᠠ᠂ ᠡᠭᠦᠳᠡᠨ ᠡᠮᠨᠡᠯᠬᠡ ᠶᠢᠨ ᠵᠠᠷᠤᠴᠠᠭᠤᠯᠤᠨᠨᠰᠠᠨ ᠰᠠᠭᠤᠷᠢ ᠮᠦᠩᠭᠦᠨ ᠤ ᠡᠵᠡᠯᠡᠬᠦ ᠬᠠᠷᠢᠴᠠᠯ ᠢ ᠲᠤᠰ ᠵᠢᠯ ᠤᠨ | ᠰᠠᠭᠤᠷᠢ ᠮᠦᠩᠭᠦᠨ ᠤ ᠵᠠᠷᠤᠯᠭ᠎ᠠ ᠶᠢᠨ 15% ᠶᠢᠨ ᠲᠤᠳᠤᠷ᠎ᠠ ᠬᠢᠵᠠᠭᠠᠷᠯᠠᠬᠤ ᠬᠡᠷᠡᠭᠳᠡᠢ᠃ | ︵ᠭᠤᠷᠪᠠ︶ ᠰᠠᠭᠤᠷᠢ ᠮᠦᠩᠭᠦᠨ ᠤ ᠬᠢᠨᠠᠯᠳᠠ ᠲᠠᠯᠪᠢᠯᠳᠠ ᠶᠢ ᠴᠢᠩᠭᠠᠳᠬᠠᠬᠤ ᠬᠡᠷᠡᠭᠳᠡᠢ᠃ | ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠬᠦ ᠲᠤᠨᠨᠳᠠᠴᠠ ᠶᠢ ᠪᠠᠶᠢᠭᠤᠯᠵᠦ᠂ ᠰᠠᠭᠤᠷᠢ ᠮᠦᠩᠭᠦᠨ ᠤ | ᠠᠵᠢᠯᠯᠠᠭᠠᠨ ᠳᠤ ᠭᠦᠳᠡᠯᠦᠩᠭᠦᠢ ᠵᠠᠳᠠᠯᠤᠯᠳᠠ ᠪᠠ ᠬᠢᠨᠠᠨ ᠡᠵᠡᠮᠰᠢᠯ ᠢ ᠬᠡᠷᠡᠭᠵᠢᠬᠦᠯᠬᠦ ᠬᠡᠷᠡᠭᠳᠡᠢ᠃ ᠡᠯ᠎ᠡ ᠠᠶᠢᠮᠠᠭ ᠤᠨ | ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠤᠷᠳᠤᠨ ᠨᠢ ᠰᠠᠭᠤᠷᠢ ᠮᠦᠩᠭᠦᠨ ᠤ ᠬᠢᠨᠠᠯᠳᠠ ᠲᠠᠯᠪᠢᠬᠤ | ᠠᠷᠭ᠎ᠠ ᠶᠢ ᠲᠤᠨᠨᠳᠠᠭᠠᠵᠦ᠂ ᠵᠠᠰᠠᠭ ᠤᠨ ᠤᠷᠳᠤᠨ ᠤ ᠰᠠᠯᠠᠭ᠎ᠠ ᠮᠦᠴᠢᠷ᠂ ᠠᠷᠠᠳ ᠤᠨ ᠲᠦᠯᠦᠬᠡᠯᠡᠭᠴᠢᠳ ᠤᠨ ᠶᠡᠭᠡ | ᠬᠤᠷᠠᠯ ᠤᠨ ᠲᠦᠯᠦᠬᠡᠯᠡᠭᠴᠢ᠂ ᠤᠯᠤᠰ ᠲᠦᠷᠦ ᠶᠢᠨ ᠵᠦᠪᠯᠡᠯᠬᠡᠨ ᠤ ᠬᠡᠰᠢᠬᠦᠨ᠂ ᠵᠦᠪᠳᠡᠯᠴᠡᠨ ᠬᠠᠮᠢᠶᠠᠷᠬᠤ | ᠪᠠᠶᠢᠭᠤᠯᠤᠮᠵᠢ᠂ ᠲᠠᠭᠠᠳᠬᠠᠯ ᠳᠤ ᠤᠷᠤᠨᠨᠰᠠᠨ ᠰᠠᠭᠤᠭᠠᠯᠢ ᠠᠷᠠᠳ᠂ ᠲᠤᠰᠬᠠᠢ ᠮᠡᠷᠬᠡᠵᠢᠯᠳᠡᠨ ᠵᠡᠷᠬᠡ ᠶᠢᠨ | ᠤᠷᠤᠯᠴᠬᠠᠰᠠᠨ ᠬᠤᠳᠠ ᠭᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ ᠲᠠᠭᠠᠳᠬᠠᠯ ᠤᠨ | ᠰᠠᠭᠤᠷᠢ ᠮᠦᠩᠭᠦ ᠶᠢᠨ ᠬᠢᠨᠠᠯᠳᠠ ᠬᠠᠮᠢᠶᠠᠷᠤᠯᠳᠠ ᠶᠢᠨ ᠵᠦᠪᠯᠡᠯ ᠢ ᠪᠠᠶᠢᠭᠤᠯᠵᠦ᠂ ᠰᠠᠭᠤᠷᠢ ᠮᠦᠩᠭᠦ ᠶᠢ | ᠬᠤᠷᠠᠮᠳᠤᠭᠤᠯᠬᠤ᠂ ᠠᠵᠢᠯᠯᠠᠭᠤᠯᠬᠤ᠂ ᠬᠡᠷᠡᠭᠯᠡᠬᠦ ᠪᠠ ᠬᠠᠮᠢᠶᠠᠷᠬᠤ ᠳᠤ ᠬᠢᠨᠠᠯᠳᠠ ᠲᠠᠯᠪᠢᠬᠤ ᠬᠡᠷᠡᠭᠳᠡᠢ᠃ ᠭᠦᠮᠦᠨ ᠤ | ᠭᠦᠴᠦᠨ ᠤ ᠡᠬᠢ ᠪᠠᠶᠠᠯᠢᠭ ᠨᠡᠶᠢᠬᠡᠮ ᠤᠨ ᠪᠠᠳᠤᠯᠠᠭ᠎ᠠ ᠶᠢᠨ ᠰᠠᠯᠠᠭ᠎ᠠ ᠮᠦᠴᠢᠷ ᠨᠢ ᠰᠠᠭᠤᠷᠢ ᠮᠦᠩᠭᠦᠨ ᠤ ᠤᠷᠤᠯᠭ᠎ᠠ | ᠵᠠᠷᠤᠯᠭ᠎ᠠ᠂ ᠬᠠᠮᠢᠶᠠᠷᠤᠯᠳᠠ ᠪᠠ ᠪᠡᠯᠡ ᠤᠷᠤᠭᠤᠯᠵᠦ ᠡᠵᠡᠩᠨᠡᠭᠰᠡᠨ ᠪᠠᠶᠢᠳᠠᠯ ᠳᠤ ᠪᠠᠶᠢᠴᠠᠭᠠᠯᠳᠠ ᠬᠢᠵᠦ᠂ ᠨᠡᠶᠢᠬᠡᠮ | ᠨᠡᠶᠢᠳᠡ ᠳᠤ ᠰᠠᠭᠤᠷᠢ ᠮᠦᠩᠭᠦᠨ ᠤ ᠤᠷᠤᠯᠭ᠎ᠠ ᠵᠠᠷᠤᠯᠭ᠎ᠠ ᠶᠢᠨ ᠬᠡᠷᠡᠭᠯᠡᠭᠰᠡᠨ ᠪᠠᠶᠢᠳᠠᠯ ᠢ ᠲᠤᠨᠨᠳᠠᠮᠠᠯ | ᠬᠤᠭᠤᠴᠠᠭ᠎ᠠ ᠲᠠᠢ ᠪᠠᠷ ᠨᠡᠶᠢᠳᠡᠯᠡᠬᠦ ᠬᠡᠷᠡᠭᠳᠡᠢ᠃ ᠡᠯ᠎ᠡ ᠱᠠᠳᠤᠨ ᠤ ᠡᠳ᠋ ᠤᠨ ᠵᠠᠰᠠᠭ᠂ ᠬᠢᠨᠠᠨ ᠪᠤᠳᠤᠬᠤ ᠰᠠᠯᠠᠭ᠎ᠠ | ᠮᠦᠴᠢᠷ ᠨᠢ ᠲᠤᠰ ᠲᠤᠰ ᠤᠨ ᠡᠭᠦᠷᠬᠡ ᠬᠠᠷᠢᠭᠤᠴᠠᠯᠭ᠎ᠠ ᠶᠤᠰᠤᠭᠠᠷ᠂ ᠬᠤᠳᠠ ᠭᠦᠳᠡᠭᠡ ᠶᠢᠨ ᠰᠠᠭᠤᠭᠠᠯᠢ ᠠᠷᠠᠳ ᠤᠨ | ᠦᠨᠳᠦᠰᠦᠨ ᠡᠮᠴᠢᠯᠡᠭᠡ ᠶᠢᠨ ᠲᠠᠭᠠᠳᠬᠠᠯ ᠤᠨ ᠰᠠᠭᠤᠷᠢ ᠮᠦᠩᠭᠦᠨ ᠤ ᠤᠷᠤᠯᠭ᠎ᠠ ᠵᠠᠷᠤᠯᠭ᠎ᠠ᠂ ᠬᠠᠮᠢᠶᠠᠷᠤᠯᠳᠠ ᠪᠠ | ᠪᠡᠯᠡ ᠤᠷᠤᠭᠤᠯᠵᠦ ᠡᠵᠡᠩᠨᠡᠭᠰᠡᠨ ᠪᠠᠶᠢᠳᠠᠯ ᠳᠤ ᠬᠢᠨᠠᠯᠳᠠ ᠲᠠᠯᠪᠢᠬᠤ ᠬᠡᠷᠡᠭᠳᠡᠢ᠃ | ᠲᠤᠯᠤᠭ᠎ᠠ᠂ ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ | ᠬᠤᠳᠠ ᠭᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ ᠲᠠᠭᠠᠳᠬᠠᠯ ᠤᠨ ᠨᠢᠬᠡᠳᠦᠯᠳᠡᠢ | ᠲᠦᠷᠢᠮ ᠢ ᠪᠠᠶᠢᠭᠤᠯᠬᠤ ᠪᠤᠯ ᠦᠬᠡᠷᠡᠴᠢᠯᠡᠯᠳᠡ ᠶᠢ ᠪᠦᠭᠦ ᠲᠠᠯ᠎ᠠ ᠪᠠᠷ ᠭᠦᠨᠵᠡᠬᠡᠶᠢᠷᠡᠭᠦᠯᠭᠦ ᠶᠢᠨ ᠴᠢᠬᠤᠯᠠ ᠠᠭᠤᠯᠭ᠎ᠠ | ᠮᠦᠨ᠂ ᠡᠯ᠎ᠡ ᠱᠠᠳᠤᠨ ᠤ ᠠᠷᠠᠳ ᠤᠨ ᠵᠠᠰᠠᠭ ᠤᠨ ᠤᠷᠳᠤᠨ ᠠᠴᠠ ᠲᠡᠬᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ | ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠪᠠᠨ ᠦᠨᠡᠨᠬᠦ ᠴᠢᠩᠭᠠᠳᠬᠠᠨ᠂ ᠨᠠᠷᠢᠨ ᠨᠢᠨᠨᠳᠠ ᠪᠠᠶᠢᠷᠢᠯᠠᠭᠤᠯᠵᠦ᠂ | ᠬᠠᠷᠢᠭᠤᠴᠠᠯᠭ᠎ᠠ ᠶᠢ ᠲᠤᠳᠤᠷᠬᠠᠶᠢᠯᠠᠨ᠂ ᠨᠡᠶᠢᠳᠡᠪᠤᠷᠢᠵᠢᠭᠤᠯᠬᠤ ᠶᠢ ᠰᠠᠶᠢᠳᠤᠷ ᠠᠳᠬᠤᠵᠦ᠂ ᠠᠵᠢᠯ ᠤᠨ ᠲᠤᠨᠨᠳᠠᠭᠤᠨ | ᠪᠦᠬᠡᠳ ᠠᠯᠬᠤᠮ ᠲᠠᠷᠠᠭ᠎ᠠ ᠲᠠᠢ ᠠᠬᠢᠬᠤ ᠶᠢ ᠪᠠᠳᠤᠯᠠᠬᠤ ᠬᠡᠷᠡᠭᠳᠡᠢ᠃ ᠡᠯ᠎ᠡ ᠬᠤᠯᠪᠤᠨᠨᠳᠠᠯ ᠪᠦᠭᠦᠢ ᠰᠠᠯᠠᠭ᠎ᠠ | ᠮᠦᠴᠢᠷ ᠨᠢ ᠪᠦᠭᠦ ᠲᠠᠯ᠎ᠠ ᠠᠴᠠ ᠡᠭᠦᠰᠴᠤ᠂ ᠲᠤᠰ ᠲᠤᠰ ᠤᠨ ᠬᠠᠷᠢᠭᠤᠴᠠᠯᠭ᠎ᠠ ᠪᠠᠨ ᠭᠦᠢᠴᠡᠳᠬᠡᠨ᠂ ᠭᠦᠴᠦ | ᠬᠠᠮᠳᠤᠳᠬᠠᠨ ᠬᠤᠷᠰᠢᠨ ᠠᠵᠢᠯᠯᠠᠵᠦ᠂ ᠰᠢᠨ᠎ᠠ ᠲᠦᠷᠢᠮ ᠤᠨ ᠲᠤᠨᠨᠳᠠᠭᠤᠨ ᠢᠶᠠᠷ ᠬᠡᠷᠡᠭᠵᠢᠬᠦᠯᠦᠭᠳᠡᠬᠦ ᠶᠢ ᠦᠨᠡᠨᠬᠦ | ᠪᠠᠳᠤᠯᠠᠬᠤ ᠬᠡᠷᠡᠭᠳᠡᠢ᠃ ᠬᠠᠮᠳᠤᠷᠠᠨ ᠠᠵᠢᠯᠯᠠᠬᠤ ᠲᠤᠨᠨᠳᠠᠴᠠ ᠶᠢ ᠤᠯᠠᠮ ᠨᠢᠬᠡ ᠠᠯᠬᠤᠮ ᠲᠡᠭᠦᠯᠳᠡᠷᠵᠢᠬᠦᠯᠵᠦ᠂ ᠠᠵᠢᠯ | ᠲᠤᠬᠢᠷᠠᠭᠤᠯᠬᠤ ᠪᠠ ᠲᠤᠨᠨᠳᠠᠮᠠᠯ ᠬᠤᠭᠤᠴᠠᠭ᠎ᠠ ᠲᠠᠢ ᠮᠡᠳᠡᠬᠡᠯᠡᠬᠦ ᠲᠦᠷᠢᠮ ᠢ ᠪᠠᠶᠢᠭᠤᠯᠤᠨ᠂ ᠰᠢᠨ᠎ᠠ ᠲᠦᠷᠢᠮ ᠢ | ᠪᠠᠶᠢᠭᠤᠯᠬᠤ ᠪᠠ ᠬᠡᠷᠡᠭᠵᠢᠬᠦᠯᠬᠦ ᠲᠤᠮᠳᠠ ᠡᠭᠦᠰᠦᠭᠰᠡᠨ ᠰᠢᠨ᠎ᠠ ᠪᠠᠶᠢᠳᠠᠯ᠂ ᠰᠢᠨ᠎ᠠ ᠠᠰᠠᠭᠤᠳᠠᠯ ᠢ ᠵᠤᠬᠢᠴᠠᠭᠤᠯᠤᠨ | ᠰᠶᠢᠳᠪᠦᠷᠢᠯᠡᠵᠦ᠂ ᠴᠢᠬᠤᠯᠠ ᠶᠡᠭᠡ ᠠᠰᠠᠭᠤᠳᠠᠯ ᠲᠠᠢ ᠪᠤᠯ ᠴᠠᠭ ᠲᠤᠬᠠᠢ ᠳᠤᠨᠢ ᠦᠪᠡᠷᠳᠡᠬᠡᠨ ᠵᠠᠰᠠᠬᠤ ᠤᠷᠤᠨ ᠤ | ᠠᠷᠠᠳ ᠤᠨ ᠵᠠᠰᠠᠭ ᠤᠨ ᠤᠷᠳᠤᠨ ᠳᠤ ᠮᠡᠳᠡᠬᠦᠯᠬᠦ ᠬᠡᠷᠡᠭᠳᠡᠢ᠃ | ᠡᠯ᠎ᠡ ᠭᠠᠵᠠᠷ ᠤᠷᠤᠨ᠂ ᠡᠯ᠎ᠡ ᠬᠤᠯᠪᠤᠨᠨᠳᠠᠯ ᠪᠦᠭᠦᠢ ᠰᠠᠯᠠᠭ᠎ᠠ ᠮᠦᠴᠢᠷ ᠨᠢ ︽ᠡᠮᠴᠢᠯᠡᠭᠡ ᠶᠢᠨ ᠲᠠᠭᠠᠳᠬᠠᠯ᠂ | ᠡᠷᠡᠭᠦᠯ ᠬᠠᠮᠠᠭᠠᠯᠠᠯ᠂ ᠡᠮ ᠤᠨ ᠵᠦᠢᠯ ᠭᠤᠷᠪᠠ ᠶᠢᠨ ᠬᠠᠮᠳᠤᠷᠠᠨ ᠭᠦᠳᠡᠯᠦᠯᠴᠡᠬᠦ︾ ᠶᠢ ᠢᠳᠡᠪᠬᠢᠳᠡᠢ ᠠᠬᠢᠭᠤᠯᠵᠦ᠂ | ᠡᠮᠴᠢᠯᠡᠭᠡ᠂ ᠡᠮ ᠡᠮᠨᠡᠯᠬᠡ ᠶᠢᠨ ᠡᠬᠢ ᠪᠠᠶᠠᠯᠢᠭ ᠶᠢ ᠵᠦᠢ ᠵᠤᠬᠢᠰᠳᠠᠢ ᠲᠤᠬᠢᠷᠠᠭᠤᠯᠬᠤ ᠬᠢᠬᠡᠳ ᠰᠢᠨᠵᠢᠯᠡᠬᠦ | ᠤᠬᠠᠭᠠᠨᠴᠢ ᠪᠠᠷ ᠬᠡᠷᠡᠭᠯᠡᠬᠦ ᠳᠠᠬᠢ ᠡᠮᠴᠢᠯᠡᠭᠡ ᠶᠢᠨ ᠲᠠᠭᠠᠳᠬᠠᠯ ᠤᠨ ᠭᠦᠰᠢᠭᠦᠷᠬᠡ ᠶᠢᠨ ᠦᠢᠯᠡᠳᠦᠯ ᠢ ᠭᠦᠢᠴᠡᠳ | ᠪᠠᠳᠠᠷᠠᠭᠤᠯᠤᠨ᠂ ᠡᠷᠬᠡ ᠪᠠ ᠬᠠᠷᠢᠭᠤᠴᠠᠯᠭ᠎ᠠ ᠨᠢ ᠨᠢᠬᠡᠳᠦᠯᠳᠡᠢ᠂ ᠬᠠᠮᠳᠤᠪᠠᠷ ᠠᠬᠢᠨᠨᠰᠠᠨ ᠬᠠᠮᠢᠶᠠᠷᠤᠯᠳᠠ ᠶᠢᠨ | ᠪᠠᠶᠢᠭᠤᠯᠤᠮᠵᠢ ᠶᠢ ᠠᠯᠬᠤᠮ ᠠᠯᠬᠤᠮ ᠢᠶᠠᠷ ᠪᠠᠶᠢᠭᠤᠯᠬᠤ ᠬᠡᠷᠡᠭᠳᠡᠢ᠃ ᠦᠪᠡᠷᠳᠡᠬᠡᠨ ᠵᠠᠰᠠᠬᠤ ᠤᠷᠤᠨ ᠤ ᠭᠦᠮᠦᠨ ᠤ | ᠭᠦᠴᠦᠨ ᠤ ᠡᠬᠢ ᠪᠠᠶᠠᠯᠢᠭ ᠨᠡᠶᠢᠬᠡᠮ ᠤᠨ ᠪᠠᠳᠤᠯᠠᠭ᠎ᠠ ᠶᠢᠨ ᠲᠢᠩᠬᠢᠮ ᠨᠢ ᠪᠦᠭᠦ ᠤᠷᠤᠨ ᠤ ᠬᠤᠳᠠ ᠭᠦᠳᠡᠭᠡ ᠶᠢᠨ | ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ ᠲᠠᠭᠠᠳᠬᠠᠯ ᠤᠨ ᠠᠵᠢᠯ ᠢ ᠬᠠᠷᠢᠭᠤᠴᠠᠨ ᠬᠠᠮᠢᠶᠠᠷᠬᠤ ᠬᠡᠷᠡᠭᠳᠡᠢ᠃ | ᠦᠨᠳᠦᠰᠦᠨ ᠡᠮᠴᠢᠯᠡᠭᠡ ᠶᠢᠨ ᠲᠠᠭᠠᠳᠬᠠᠯ ᠤᠨ ᠵᠠᠰᠠᠭ ᠵᠠᠬᠢᠷᠭᠠᠨ ᠤ ᠬᠠᠮᠢᠶᠠᠷᠤᠯᠳᠠ ᠪᠠ ᠲᠤᠬᠠᠶᠢᠯᠬᠠᠰᠠᠨ ᠠᠵᠢᠯ ᠤᠨ | ᠭᠠᠷᠳᠠᠨ ᠭᠦᠢᠴᠡᠳᠬᠡᠬᠦ ᠪᠠᠶᠢᠭᠤᠯᠤᠮᠵᠢ ᠶᠢᠨ ᠡᠭᠦᠷᠬᠡ ᠴᠢᠳᠠᠪᠤᠷᠢ ᠶᠢ ᠨᠢᠬᠡᠳᠦᠬᠦᠯᠵᠦ᠂ ᠡᠯ᠎ᠡ ᠠᠶᠢᠮᠠᠭ ᠬᠤᠳᠠ᠂ | ᠬᠤᠰᠢᠭᠤ ᠰᠢᠶᠠᠨ ︵ᠬᠤᠳᠠ᠂ ᠲᠤᠭᠤᠷᠢᠭ︶ ᠤ ᠭᠦᠮᠦᠨ ᠤ ᠭᠦᠴᠦᠨ ᠤ ᠡᠬᠢ ᠪᠠᠶᠠᠯᠢᠭ ᠨᠡᠶᠢᠬᠡᠮ ᠤᠨ | ᠪᠠᠳᠤᠯᠠᠭ᠎ᠠ ᠶᠢᠨ ᠰᠠᠯᠠᠭ᠎ᠠ ᠮᠦᠴᠢᠷ ᠨᠢ ᠲᠤᠰ ᠭᠠᠵᠠᠷ ᠤᠷᠤᠨ ᠤ ᠬᠤᠳᠠ ᠭᠦᠳᠡᠭᠡ ᠶᠢᠨ ᠰᠠᠭᠤᠭᠠᠯᠢ ᠠᠷᠠᠳ ᠤᠨ | ᠦᠨᠳᠦᠰᠦᠨ ᠡᠮᠴᠢᠯᠡᠭᠡ ᠶᠢᠨ ᠲᠠᠭᠠᠳᠬᠠᠯ ᠤᠨ ᠪᠤᠳᠠᠳᠠᠢ ᠬᠠᠮᠢᠶᠠᠷᠤᠯᠳᠠ ᠪᠠ ᠲᠤᠬᠠᠶᠢᠯᠬᠠᠰᠠᠨ ᠠᠵᠢᠯ ᠤᠨ ᠭᠠᠷᠳᠠᠨ | ᠭᠦᠢᠴᠡᠳᠬᠡᠬᠦ ᠠᠵᠢᠯ ᠢ ᠬᠠᠷᠢᠭᠤᠴᠠᠨ᠂ ᠤᠳᠤ ᠶᠢᠨ ᠪᠠᠶᠢᠭ᠎ᠠ ᠬᠤᠳᠠ ᠪᠠᠯᠭᠠᠰᠤᠨ ᠤ ᠰᠠᠭᠤᠭᠠᠯᠢ ᠠᠷᠠᠳ ᠤᠨ | ᠡᠮᠴᠢᠯᠡᠭᠡ ᠶᠢᠨ ᠲᠠᠭᠠᠳᠬᠠᠯ᠂ ᠭᠦᠳᠡᠭᠡ ᠲᠤᠰᠬᠤᠨ ᠤ ᠰᠢᠨ᠎ᠠ ᠬᠤᠷᠰᠢᠨᠨᠰᠠᠨ ᠡᠮᠴᠢᠯᠡᠭᠡ ᠶᠢᠨ ᠭᠠᠷᠳᠠᠨ ᠭᠦᠢᠴᠡᠳᠬᠡᠬᠦ | ᠡᠬᠢ ᠪᠠᠶᠠᠯᠢᠭ ᠢ ᠡᠮᠬᠢᠯᠡᠨ ᠨᠡᠶᠢᠯᠡᠬᠦᠯᠵᠦ᠂ ᠭᠠᠷᠳᠠᠨ ᠭᠦᠢᠴᠡᠳᠬᠡᠬᠦ ᠪᠠᠶᠢᠭᠤᠯᠤᠮᠵᠢ ᠶᠢᠨ ᠪᠦᠳᠦᠬᠡᠨ ᠪᠠᠶᠢᠭᠤᠯᠤᠯᠳᠠ ᠶᠢ | ᠴᠢᠩᠭᠠᠳᠬᠠᠨ᠂ ᠲᠤᠳᠤᠭᠠᠳᠤ ᠳᠠᠬᠢ ᠪᠠ ᠭᠠᠳᠠᠷ ᠲᠠᠯ᠎ᠠ ᠶᠢᠨ ᠬᠢᠨᠠᠯᠳᠠ ᠲᠠᠯᠪᠢᠵᠦ ᠬᠢᠵᠠᠭᠠᠷᠯᠠᠬᠤ ᠲᠤᠨᠨᠳᠠᠴᠠ ᠶᠢ | ᠲᠡᠭᠦᠯᠳᠡᠷᠵᠢᠬᠦᠯᠵᠦ᠂ ᠲᠤᠬᠠᠶᠢᠯᠬᠠᠰᠠᠨ ᠠᠵᠢᠯ ᠤᠨ ᠪᠤᠯᠪᠠᠰᠤᠷᠠᠭᠤᠯᠤᠯ ᠪᠠ ᠠᠮᠵᠢᠯᠳᠠ ᠪᠦᠳᠦᠮᠵᠢ ᠶᠢᠨ ᠰᠢᠯᠭᠠᠨ | ᠬᠢᠨᠠᠬᠤ ᠶᠢ ᠴᠢᠩᠭᠠᠳᠬᠠᠨ᠂ ᠡᠬᠢ ᠪᠠᠶᠠᠯᠢᠭ ᠢ ᠵᠤᠬᠢᠰᠳᠠᠢ ᠲᠤᠬᠢᠷᠠᠭᠤᠯᠵᠦ᠂ ᠡᠩᠨᠡᠬᠡᠨ ᠤ ᠪᠦᠳᠦᠴᠡ ᠶᠢ | ᠰᠢᠯᠢᠳᠡᠭᠵᠢᠬᠦᠯᠦᠨ᠂ ᠲᠤᠬᠠᠶᠢᠯᠬᠠᠰᠠᠨ ᠠᠵᠢᠯ ᠤᠨ ᠤᠷ᠎ᠡ ᠮᠡᠷᠬᠡᠰᠢᠯ ᠢ ᠲᠡᠬᠡᠭᠰᠢᠯᠡᠬᠦᠯᠵᠦ᠂ ᠨᠠᠷᠢᠯᠢᠨᠨᠵᠢᠨᠨᠰᠠᠨ | ᠬᠠᠮᠢᠶᠠᠷᠤᠯᠳᠠ ᠶᠢ ᠪᠡᠶᠡᠯᠡᠬᠦᠯᠦᠨ᠂ ᠤᠯᠠᠨ ᠲᠦᠮᠡᠨ ᠳᠤ ᠵᠢᠷᠤᠮᠵᠢᠯ ᠲᠠᠢ᠂ ᠴᠢᠨᠠᠷ ᠰᠠᠶᠢᠳᠠᠢ᠂ ᠦᠨᠳᠦᠷ ᠪᠦᠳᠦᠮᠵᠢᠳᠡᠢ᠂ | ᠲᠦᠭᠦᠮ ᠲᠦᠳᠡ ᠦᠢᠯᠡᠴᠢᠯᠡᠭᠡ ᠬᠠᠩᠭᠠᠬᠤ ᠬᠡᠷᠡᠭᠳᠡᠢ᠃ ᠡᠯ᠎ᠡ ᠱᠠᠳᠤᠨ ᠤ ᠡᠷᠡᠭᠦᠯ ᠬᠠᠮᠠᠭᠠᠯᠠᠯ ᠲᠦᠯᠦᠪᠯᠡᠬᠡᠳᠦ | ᠦᠷᠡᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠨᠢ ᠡᠮᠴᠢᠯᠡᠬᠡᠨ ᠤ ᠪᠠᠶᠢᠭᠤᠯᠤᠮᠵᠢ ᠶᠢᠨ ᠬᠠᠮᠢᠶᠠᠷᠤᠯᠳᠠ ᠶᠢᠨ | ᠠᠵᠢᠯ ᠢ ᠴᠢᠩᠭᠠᠳᠬᠠᠵᠦ᠂ ᠡᠮᠨᠡᠯᠬᠡ ᠶᠢᠨ ᠠᠵᠢᠯᠳᠠᠨ ᠤ ᠤᠨᠤᠰᠢᠯᠠᠵᠦ ᠡᠮᠨᠡᠬᠦ ᠠᠵᠢᠯᠯᠠᠭ᠎ᠠ ᠶᠢ ᠤᠯᠠᠮ ᠨᠢᠬᠡ ᠠᠯᠬᠤᠮ | ᠵᠢᠷᠤᠮᠵᠢᠭᠤᠯᠤᠨ᠂ ᠡᠮ ᠬᠡᠷᠡᠭᠯᠡᠬᠦ᠂ ᠬᠤᠷᠤᠨᠨᠳᠠᠭᠤᠯᠬᠤ ᠮᠠᠲ᠋ᠧᠷᠢᠶᠠᠯ᠂ ᠠᠨᠠᠭᠠᠬᠤ ᠶᠢᠨ ᠲᠤᠮᠤ ᠬᠡᠯᠪᠡᠷᠢ ᠶᠢᠨ | ᠪᠠᠶᠢᠴᠠᠭᠠᠯᠳᠠ ᠵᠡᠷᠬᠡ ᠠᠵᠢᠯᠯᠠᠭ᠎ᠠ ᠶᠢᠨ ᠬᠢᠨᠠᠯᠳᠠ ᠬᠠᠮᠢᠶᠠᠷᠤᠯᠳᠠ ᠶᠢ ᠭᠤᠤᠯᠳᠠᠯᠭ᠎ᠠ ᠲᠠᠢ ᠴᠢᠩᠭᠠᠳᠬᠠᠬᠤ ᠬᠡᠷᠡᠭᠳᠡᠢ᠃ | ᠡᠮᠴᠢᠯᠡᠬᠡᠨ ᠤ ᠪᠠᠶᠢᠭᠤᠯᠤᠮᠵᠢ ᠶᠢᠨ ᠲᠤᠳᠤᠭᠠᠳᠤ ᠳᠠᠬᠢ ᠡᠵᠡᠮᠰᠢᠯ ᠤᠨ ᠲᠦᠷᠢᠮ ᠢ ᠴᠢᠩᠭᠠᠷᠠᠭᠤᠯᠵᠦ᠂ | ᠲᠤᠳᠤᠭᠠᠳᠤ ᠶᠢᠨ ᠠᠵᠢᠯᠯᠠᠭᠠᠨ ᠤ ᠦᠷ᠎ᠡ ᠪᠦᠳᠦᠮᠵᠢ ᠶᠢ ᠲᠡᠬᠡᠭᠰᠢᠯᠡᠬᠦᠯᠦᠨ᠂ ᠡᠮᠴᠢᠯᠡᠬᠡᠨ ᠤ ᠪᠠᠶᠢᠭᠤᠯᠤᠮᠵᠢ ᠪᠠ | ᠡᠮᠨᠡᠯᠬᠡ ᠶᠢᠨ ᠠᠵᠢᠯᠳᠠᠨ ᠤ ᠵᠢᠷᠤᠮᠵᠢᠯ ᠲᠠᠢ ᠤᠨᠤᠰᠢᠯᠠᠨ ᠡᠮᠨᠡᠬᠦ ᠠᠵᠢᠯᠯᠠᠭ᠎ᠠ ᠶᠢᠨ ᠲᠤᠳᠤᠭᠠᠳᠤ ᠳᠠᠬᠢ ᠤᠷᠮᠠᠰᠢᠭᠤᠯᠬᠤ | ᠲᠤᠨᠨᠳᠠᠴᠠ ᠶᠢ ᠪᠠᠶᠢᠭᠤᠯᠵᠦ᠂ ᠡᠮᠴᠢᠯᠡᠬᠡᠨ ᠤ ᠵᠠᠷᠤᠳᠠᠯ ᠤᠨ ᠵᠦᠢ ᠵᠤᠬᠢᠰ ᠦᠬᠡᠢ ᠪᠠᠷ ᠬᠡᠳᠦ ᠲᠦᠷᠬᠡᠨ ᠦᠰᠬᠦ ᠶᠢ | ᠪᠦᠳᠦᠮᠵᠢᠳᠡᠢ ᠬᠢᠵᠠᠭᠠᠷᠯᠠᠬᠤ ᠬᠡᠷᠡᠭᠳᠡᠢ᠃ | ᠡᠯ᠎ᠡ ᠭᠠᠵᠠᠷ ᠤᠷᠤᠨ᠂ ᠡᠯ᠎ᠡ ᠬᠤᠯᠪᠤᠨᠨᠳᠠᠯ ᠪᠦᠭᠦᠢ ᠰᠠᠯᠠᠭ᠎ᠠ ᠮᠦᠴᠢᠷ ᠨᠢ ᠡᠯ᠎ᠡ ᠵᠦᠢᠯ ᠤᠨ ᠤᠬᠠᠭᠤᠯᠬᠤ | ᠵᠠᠭᠤᠴᠢᠯᠠᠭᠤᠷ ᠢ ᠠᠰᠢᠨᠨᠯᠠᠵᠦ ᠵᠦᠪ ᠲᠠᠯ᠎ᠠ ᠶᠢᠨ ᠤᠬᠠᠭᠤᠯᠭ᠎ᠠ ᠪᠠ ᠶᠠᠷᠢᠶ᠎ᠠ ᠬᠡᠯᠡᠯᠴᠡᠭᠡ ᠪᠠᠷ ᠭᠦᠳᠦᠯᠦᠨ | ᠵᠢᠯᠤᠭᠤᠳᠬᠤ ᠶᠢ ᠴᠢᠩᠭᠠᠳᠬᠠᠵᠦ᠂ ᠬᠤᠳᠠ ᠭᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠬᠡᠨ ᠤ | ᠲᠠᠭᠠᠳᠬᠠᠯ ᠤᠨ ᠨᠢᠬᠡᠳᠦᠯᠳᠡᠢ ᠲᠦᠷᠢᠮ ᠢ ᠪᠠᠶᠢᠭᠤᠯᠬᠤ ᠶᠢᠨ ᠴᠢᠬᠤᠯᠠ ᠠᠴᠢ ᠬᠤᠯᠪᠤᠨᠨᠳᠠᠯ ᠢ ᠴᠢᠬᠤᠯᠠᠴᠢᠯᠠᠨ | ᠤᠬᠠᠭᠤᠯᠵᠦ᠂ ᠲᠦᠷᠦ ᠶᠢᠨ ᠪᠤᠳᠤᠯᠭ᠎ᠠ ᠶᠢ ᠴᠠᠭ ᠲᠤᠬᠠᠢ ᠳᠤᠨᠢ ᠤᠨᠤᠪᠴᠢᠳᠠᠢ ᠤᠬᠠᠭᠤᠯᠤᠨ ᠲᠠᠶᠢᠯᠪᠤᠷᠢᠯᠠᠵᠦ᠂ | ᠤᠯᠠᠨ ᠨᠡᠶᠢᠳᠡ ᠶᠢᠨ ᠬᠠᠯᠠᠮᠵᠢᠯᠠᠵᠦ ᠪᠦᠭᠦᠢ ᠵᠦᠢᠯ ᠳᠤ ᠢᠳᠡᠪᠬᠢᠳᠡᠢ ᠪᠠᠷ ᠬᠠᠷᠢᠭᠤ ᠦᠭᠴᠤ᠂ ᠨᠡᠶᠢᠬᠡᠮ ᠤᠨ ᠬᠢᠨ ᠤ | ᠭᠦᠰᠡᠯ ᠲᠦᠰᠦᠬᠡᠯᠡᠯ ᠢ ᠵᠤᠬᠢᠰᠳᠠᠢ ᠭᠦᠳᠦᠯᠦᠨ ᠵᠢᠯᠤᠭᠤᠳᠴᠤ᠂ ᠰᠠᠶᠢᠨ ᠰᠠᠶᠢᠬᠠᠨ ᠤᠷᠴᠢᠨ ᠪᠠᠶᠢᠳᠠᠯ ᠢ ᠴᠢᠷᠮᠠᠶᠢᠨ | ᠪᠠᠶᠢᠭᠤᠯᠬᠤ ᠬᠡᠷᠡᠭᠳᠡᠢ᠃ | ᠡᠯ᠎ᠡ ᠨᠢᠬᠡᠳᠦᠯᠳᠡᠢ ᠲᠦᠯᠦᠪᠵᠢᠬᠦᠯᠬᠦ ᠭᠠᠵᠠᠷ ᠤᠷᠤᠨ ᠨᠢ ᠲᠤᠰ ᠰᠠᠨᠠᠯ ᠢ ᠦᠨᠳᠦᠰᠦᠯᠡᠵᠦ ᠪᠤᠳᠠᠳᠠᠢ | ᠬᠡᠷᠡᠭᠵᠢᠬᠦᠯᠬᠦ ᠨᠠᠷᠢᠨ ᠲᠦᠷᠢᠮ ᠢ ᠲᠤᠨᠨᠳᠠᠭᠠᠬᠤ ᠬᠡᠷᠡᠭᠳᠡᠢ᠃ ᠤᠤᠯ ᠤᠨ ᠬᠤᠳᠠ ᠪᠠᠯᠭᠠᠰᠤ ᠶᠢᠨ ᠰᠠᠭᠤᠭᠠᠯᠢ | ᠠᠷᠠᠳ ᠤᠨ ᠦᠨᠳᠦᠰᠦᠨ ᠡᠮᠴᠢᠯᠡᠭᠡ ᠶᠢᠨ ᠲᠠᠭᠠᠳᠬᠠᠯ ᠤᠨ ᠲᠦᠷᠢᠮ ᠪᠠ ᠰᠢᠨ᠎ᠠ ᠬᠡᠯᠪᠡᠷᠢ ᠶᠢᠨ ᠮᠠᠯᠵᠢᠬᠤ ᠲᠠᠷᠢᠶᠠᠯᠠᠬᠤ | ᠤᠷᠤᠨ ᠤ ᠬᠤᠷᠰᠢᠨᠨᠰᠠᠨ ᠡᠮᠴᠢᠯᠡᠭᠡ ᠶᠢᠨ ᠲᠦᠷᠢᠮ ᠨᠢ ᠲᠤᠰ ᠰᠠᠨᠠᠯ ᠤᠨ ᠲᠤᠨᠨᠳᠠᠭᠠᠯ ᠲᠠᠢ ᠨᠢᠬᠡᠳᠦᠯ ᠦᠬᠡᠢ ᠪᠠᠶᠢᠪᠠᠯ᠂ | ᠲᠤᠰ ᠰᠠᠨᠠᠯ ᠢᠶᠠᠷ ᠪᠠᠷᠢᠮᠵᠢᠶ᠎ᠠ ᠪᠤᠯᠭᠠᠬᠤ ᠬᠡᠷᠡᠭᠳᠡᠢ᠃ |