ᠦᠪᠦᠷ ᠵᠠᠰᠠᠭ ᠲᠠᠷᠬᠠᠭᠠᠭᠰᠠᠨ ﹇2016﹈ 99 ᠳ᠋ᠤᠭᠡᠷ ᠲᠤᠭᠠᠳᠤ | 8 ᠳ᠋ᠤᠭᠠᠷ ᠰᠠᠷ᠎ᠠ ᠶᠢᠨ 14 ᠤ ᠡᠳᠦᠷ | | | ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠤᠷᠳᠤᠨ᠂ ᠦᠪᠡᠷᠳᠡᠬᠡᠨ ᠵᠠᠰᠠᠬᠤ ᠤᠷᠤᠨ ᠤ | ᠡᠯ᠎ᠡ ᠵᠦᠪᠯᠡᠯ᠂ ᠠᠯᠪᠠᠨ ᠬᠡᠷ᠂ ᠲᠢᠩᠬᠢᠮ᠂ ᠲᠤᠪᠴᠢᠶ᠎ᠡ᠂ ᠡᠯ᠎ᠡ ᠲᠤᠮᠤ ᠠᠵᠦ ᠠᠬᠤᠶᠢᠯᠠᠯ᠂ ᠠᠵᠢᠯ ᠦᠢᠯᠡᠰ ᠤᠨ | ᠨᠢᠬᠡᠴᠡ ᠳᠤ᠄ | ︽ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠯᠵᠢᠶᠠᠨ ᠤ ᠲᠠᠯᠠᠪᠤᠷ ᠭᠠᠵᠠᠷ ᠤᠨ | ᠬᠠᠮᠢᠶᠠᠷᠤᠯᠳᠠ ᠶᠢᠨ ᠠᠷᠭ᠎ᠠ ︵ᠲᠤᠷᠰᠢᠨ ᠬᠡᠷᠡᠭᠵᠢᠭᠦᠯᠭᠦ︶︾ ᠶᠢ ᠡᠳᠦᠬᠡ ᠲᠠᠨᠠᠷ ᠲᠤ ᠲᠠᠷᠤᠮᠠᠯᠯᠠᠨ ᠶᠠᠪᠤᠭᠤᠯᠤᠯ᠎ᠠ᠂ | ᠪᠤᠳᠠᠳᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠲᠤᠤᠱᠯᠠᠭᠤᠯᠤᠨ ᠬᠡᠷᠡᠭᠵᠢᠭᠦᠯᠳᠦᠬᠡᠢ᠃ | | | ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠯᠵᠢᠶᠠᠨ ᠤ | ᠲᠠᠯᠠᠪᠤᠷ ᠭᠠᠵᠠᠷ ᠤᠨ ᠬᠠᠮᠢᠶᠠᠷᠤᠯᠳᠠ ᠶᠢᠨ ᠠᠷᠭ᠎ᠠ ︵ᠲᠤᠷᠰᠢᠨ ᠬᠡᠷᠡᠭᠵᠢᠭᠦᠯᠭᠦ︶ | | | ᠨᠢᠬᠡᠳᠦᠬᠡᠷ ᠪᠦᠯᠦᠭ ᠶᠡᠷᠦᠩᠬᠡᠢ ᠲᠦᠷᠢᠮ | | | ᠨᠢᠬᠡᠳᠦᠬᠡᠷ ᠵᠦᠢᠯ ᠠᠷᠠᠯᠵᠢᠶᠠᠨ ᠤ ᠲᠠᠯᠠᠪᠤᠷ ᠭᠠᠵᠠᠷ ᠤᠨ ᠬᠢᠨᠠᠯᠳᠠ ᠬᠠᠮᠢᠶᠠᠷᠤᠯᠳᠠ ᠪᠠᠨ ᠴᠢᠩᠭᠠᠳᠬᠠᠨ᠂ | ᠠᠷᠠᠯᠵᠢᠶᠠᠨ ᠤ ᠲᠠᠯᠠᠪᠤᠷ ᠭᠠᠵᠠᠷ ᠤᠨ ᠡᠵᠡᠩᠨᠡᠯᠳᠡ ᠵᠢᠴᠢ ᠬᠠᠮᠢᠶ᠎ᠠ ᠪᠦᠭᠦᠢ ᠠᠵᠢᠯᠯᠠᠭ᠎ᠠ ᠶᠢ ᠵᠢᠷᠤᠮᠵᠢᠭᠤᠯᠵᠦ᠂ ᠵᠠᠬ᠎ᠠ | ᠲᠡᠯᠬᠡᠭᠦᠷ ᠲᠤ ᠤᠷᠤᠯᠴᠬᠠᠴᠢ ᠶᠢᠨ ᠬᠠᠤᠯᠢ ᠶᠤᠰᠤᠨ ᠤ ᠡᠷᠬᠡ ᠠᠰᠢᠭ ᠢ ᠬᠠᠮᠠᠭᠠᠯᠠᠨ᠂ ᠮᠦᠩᠭᠦᠨ ᠭᠦᠢᠯᠬᠡᠬᠡᠨ ᠤ | ᠲᠦᠭᠰᠢᠭᠦᠷᠢ ᠶᠢ ᠦᠨᠡᠨᠬᠦ ᠰᠡᠷᠬᠡᠶᠢᠯᠡᠵᠦ᠂ ᠦᠪᠡᠷᠳᠡᠬᠡᠨ ᠵᠠᠰᠠᠬᠤ ᠤᠷᠤᠨ ᠤ ᠡᠯ᠎ᠡ ᠲᠦᠷᠦᠯ ᠤᠨ ᠠᠷᠠᠯᠵᠢᠶᠠᠨ ᠤ | ᠲᠠᠯᠠᠪᠤᠷ ᠭᠠᠵᠠᠷ ᠤᠨ ᠡᠷᠡᠭᠦᠯ ᠭᠦᠭᠵᠢᠯᠳᠡ ᠶᠢ ᠠᠬᠢᠭᠤᠯᠬᠤ ᠶᠢᠨ ᠲᠤᠰᠠᠳᠠ᠂ ︽ᠡᠯ᠎ᠡ ᠲᠦᠷᠦᠯ ᠤᠨ ᠠᠷᠠᠯᠵᠢᠶᠠᠨ ᠤ | ᠲᠠᠯᠠᠪᠤᠷ ᠭᠠᠵᠠᠷ ᠢ ᠴᠡᠪᠡᠷᠯᠡᠨ ᠴᠡᠭᠴᠡᠯᠡᠵᠦ ᠮᠦᠩᠭᠦᠨ ᠭᠦᠢᠯᠬᠡᠬᠡᠨ ᠤ ᠲᠦᠭᠰᠢᠭᠦᠷᠢ ᠶᠢ ᠦᠨᠡᠨᠬᠦ ᠰᠡᠷᠬᠡᠶᠢᠯᠡᠬᠦ ᠲᠤᠬᠠᠢ | ᠲᠦᠷᠦ ᠶᠢᠨ ᠶᠠᠪᠤᠳᠠᠯ ᠤᠨ ᠬᠤᠷᠢᠶ᠎ᠠ ᠶᠢᠨ ᠲᠤᠨᠨᠳᠠᠭᠠᠯ︾ ︵ᠲᠦᠷᠦ ᠲᠠᠷᠬᠠᠭᠠᠨᠨᠰᠠᠨ ﹇2011﹈ 38 ᠳ᠋ᠤᠭᠠᠷ | ᠲᠤᠭᠠᠳᠤ︶᠂ ︽ᠡᠯ᠎ᠡ ᠲᠦᠷᠦᠯ ᠤᠨ ᠠᠷᠠᠯᠵᠢᠶᠠᠨ ᠤ ᠲᠠᠯᠠᠪᠤᠷ ᠭᠠᠵᠠᠷ ᠢ ᠴᠡᠪᠡᠷᠯᠡᠨ ᠴᠡᠭᠴᠡᠯᠡᠬᠦ ᠲᠤᠬᠠᠢ ᠲᠦᠷᠦ ᠶᠢᠨ | ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠬᠡᠷᠡᠭᠵᠢᠭᠦᠯᠭᠦ ᠰᠨᠠᠠᠯ︾ ︵ᠲᠦᠷᠦ ᠠᠯᠪᠠᠨ ᠲᠠᠷᠬᠠᠭᠠᠨᠨᠰᠠᠨ ﹇ | 2012﹈ 37 ᠳ᠋ᠤᠭᠠᠷ ᠲᠤᠭᠠᠳᠤ︶ ᠤᠨ ᠬᠤᠯᠪᠤᠨᠨᠳᠠᠯ ᠪᠦᠭᠦᠢ ᠵᠤᠷᠢᠭ ᠰᠠᠨᠠᠭ᠎ᠠ ᠶᠢ ᠦᠨᠳᠦᠰᠦᠯᠡᠨ᠂ ᠦᠪᠡᠷᠳᠡᠬᠡᠨ | ᠵᠠᠰᠠᠬᠤ ᠤᠷᠤᠨ ᠤ ᠪᠤᠳᠠᠳᠠᠢ ᠲᠠᠢ ᠤᠶᠠᠯᠳᠤᠭᠤᠯᠤᠨ᠂ ᠲᠤᠰ ᠠᠷᠭ᠎ᠠ ᠶᠢ ᠲᠤᠨᠨᠳᠠᠭᠠᠪᠠ᠃ | ᠬᠤᠶᠠᠳᠤᠭᠠᠷ ᠵᠦᠢᠯ ᠲᠤᠰ ᠠᠷᠭ᠎ᠠ ᠨᠢ ᠦᠪᠡᠷᠳᠡᠬᠡᠨ ᠵᠠᠰᠠᠬᠤ ᠤᠷᠤᠨ ᠤ ᠵᠠᠰᠠᠭ ᠵᠠᠬᠢᠷᠭᠠᠨ ᠤ ᠤᠷᠤᠨ ᠤ | ᠲᠤᠳᠤᠷ᠎ᠠ ᠨᠢᠬᠡᠨᠳᠡ ᠪᠠᠶᠢᠭᠤᠯᠤᠨᠨᠰᠠᠨ ᠪᠡ ᠰᠢᠨ᠎ᠠ ᠪᠠᠷ ᠪᠠᠶᠢᠭᠤᠯᠤᠨᠨᠰᠠᠨ ᠠᠷᠠᠯᠵᠢᠶᠠᠨ ᠤ ᠲᠠᠯᠠᠪᠤᠷ ᠭᠠᠵᠠᠷ᠂ ᠤᠨᠳᠤᠤ | ᠭᠠᠵᠠᠷ ᠤᠨ ᠠᠷᠠᠯᠵᠢᠶᠠᠨ ᠤ ᠲᠠᠯᠠᠪᠤᠷ ᠭᠠᠵᠠᠷ ᠤᠨ ᠦᠪᠡᠷᠳᠡᠬᠡᠨ ᠵᠠᠰᠠᠬᠤ ᠤᠷᠤᠨ ᠳᠤ ᠪᠠᠶᠢᠭᠤᠯᠤᠨᠨᠰᠠᠨ ᠬᠤᠪᠢᠶᠠᠷᠢ | ᠪᠠᠶᠢᠭᠤᠯᠤᠮᠵᠢ ᠵᠢᠴᠢ ᠤᠷᠤᠯᠠᠬᠤ ᠪᠠᠶᠢᠭᠤᠯᠤᠮᠵᠢ ᠳᠤ ᠬᠡᠷᠡᠭᠯᠡᠭᠳᠡᠨ᠎ᠡ᠃ | ᠭᠤᠷᠪᠠᠳᠤᠭᠠᠷ ᠵᠦᠢᠯ ᠲᠤᠰ ᠠᠷᠭ᠎ᠠ ᠳᠤ ᠬᠡᠯᠡᠵᠦ ᠪᠦᠭᠦᠢ ᠠᠷᠠᠯᠵᠢᠶᠠᠨ ᠤ ᠲᠠᠯᠠᠪᠤᠷ ᠭᠠᠵᠠᠷ ᠬᠡᠳᠡᠭ ᠨᠢ | ᠦᠪᠡᠷᠳᠡᠬᠡᠨ ᠵᠠᠰᠠᠬᠤ ᠤᠷᠤᠨ ᠤ ᠵᠠᠰᠠᠭ ᠵᠠᠬᠢᠷᠭᠠᠨ ᠤ ᠤᠷᠤᠨ ᠤ ᠲᠤᠳᠤᠷᠠᠬᠢ ᠦᠪᠡᠷᠳᠡᠬᠡᠨ ᠵᠠᠰᠬᠠᠤ ᠤᠷᠤᠨ ᠤ | ᠠᠷᠠᠳ ᠤᠨ ᠵᠠᠰᠠᠭ ᠤᠨ ᠤᠷᠳᠤᠨ ᠢᠶᠠᠷ ᠵᠦᠪᠰᠢᠶᠡᠷᠡᠭᠦᠯᠦᠬᠡᠳ ᠪᠠᠶᠢᠭᠤᠯᠤᠨᠨᠰᠠᠨ᠂ ᠡᠷᠬᠡ ᠠᠰᠢᠭ ᠤᠨ ᠲᠦᠷᠦᠯ ᠤᠨ | ᠠᠷᠠᠯᠵᠢᠶ᠎ᠠ᠂ ᠲᠠᠸᠠᠷ ᠤᠨ ᠪᠡᠯᠡᠨ ᠪᠠᠷᠠᠭ᠎ᠠ ᠶᠢᠨ ᠠᠷᠠᠯᠵᠢᠶ᠎ᠠ ᠡᠷᠬᠢᠯᠡᠵᠦ ᠪᠠᠶᠢᠭ᠎ᠠ ᠠᠷᠠᠯᠵᠢᠶᠠᠨ ᠤ ᠲᠠᠯᠠᠪᠤᠷ ᠭᠠᠵᠠᠷ ᠢ | ᠵᠢᠭᠠᠨ᠎ᠠ᠂ ᠬᠡᠪᠡᠴᠤ ᠵᠦᠪᠬᠡᠨ ᠲᠡᠷᠬᠡ ᠭᠦᠰᠬᠡ᠂ ᠬᠡᠷ ᠪᠠᠶᠢᠰᠢᠩ ᠭᠠᠵᠠᠷ ᠭᠦᠷᠦᠩᠬᠡ ᠵᠢᠴᠢ ᠲᠠᠸᠠᠷ ᠤᠨ ᠵᠢᠵᠢᠭᠯᠡᠨ | ᠪᠤᠷᠤᠯᠠᠭᠤᠯᠬᠤ ᠪᠤᠳᠠᠳᠤ ᠴᠤᠨᠨᠴᠠᠳᠤ ᠲᠡᠯᠬᠡᠭᠦᠷ᠂ ᠴᠤᠨᠨᠯᠠᠭᠠ ᠮᠠᠶᠢᠮᠠᠢ ᠶᠢᠨ ᠵᠠᠬ᠎ᠠ ᠲᠡᠯᠬᠡᠭᠦᠷ᠂ ᠬᠤᠳᠠᠯᠳᠤᠭᠠᠨ ᠤ | ᠲᠠᠯᠠᠪᠤᠷ᠂ ᠪᠠᠷᠠᠭ᠎ᠠ ᠬᠤᠳᠠᠯᠳᠤᠨ ᠠᠪᠬᠤ ᠲᠦᠪ᠂ ᠬᠡᠳᠦ ᠲᠡᠯᠬᠡᠭᠦᠷ ᠵᠡᠷᠬᠡ ᠪᠤᠳᠠᠳᠤ ᠡᠳ᠋ ᠤᠨ ᠠᠷᠠᠯᠵᠢᠶ᠎ᠠ ᠡᠷᠬᠢᠯᠡᠵᠦ | ᠪᠠᠶᠢᠭ᠎ᠠ ᠠᠷᠠᠯᠵᠢᠶᠠᠨ ᠤ ᠲᠠᠯᠠᠪᠤᠷ ᠭᠠᠵᠠᠷ ᠪᠠᠭᠳᠠᠬᠤ ᠦᠬᠡᠢ ᠪᠦᠬᠡᠳ ᠪᠠᠰᠠ ᠲᠦᠷᠦ ᠶᠢᠨ ᠶᠠᠪᠤᠳᠠᠯ ᠤᠨ | ᠬᠤᠷᠢᠶ᠎ᠠ ᠶᠢᠨ ᠮᠦᠩᠭᠦᠨ ᠭᠦᠢᠯᠬᠡᠬᠡᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠠᠴᠠ ᠬᠢᠨᠠᠨ ᠬᠠᠮᠢᠶᠠᠷᠤᠨᠨᠰᠠᠨ | ᠮᠦᠩᠭᠦᠨ ᠭᠦᠢᠯᠬᠡᠬᠡᠨ ᠤ ᠨᠡᠷᠡᠳᠭᠦᠨ ᠤ ᠠᠷᠠᠯᠵᠢᠶ᠎ᠠ ᠡᠷᠬᠢᠯᠡᠵᠦ ᠪᠠᠶᠢᠭ᠎ᠠ ᠠᠷᠠᠯᠵᠢᠶᠠᠨ ᠤ ᠲᠠᠯᠠᠪᠤᠷ ᠭᠠᠵᠠᠷ ᠢ | ᠪᠠᠭᠳᠠᠭᠠᠬᠤ ᠦᠬᠡᠢ᠃ | ᠡᠷᠬᠡ ᠠᠰᠢᠭ ᠤᠨ ᠲᠦᠷᠦᠯ ᠤᠨ ᠠᠷᠠᠯᠵᠢᠶᠠᠨ ᠤ ᠲᠠᠯᠠᠪᠤᠷ ᠭᠠᠵᠠᠷ ᠬᠡᠳᠡᠭ ᠨᠢ᠂ ᠦᠮᠴᠢᠯᠡᠬᠦ ᠡᠷᠬᠡ᠂ | ᠰᠲ᠋ᠤᠺ ᠤᠨ ᠡᠷᠬᠡ᠂ ᠦᠭᠴᠡᠬᠡᠨ ᠤ ᠡᠷᠬᠡ᠂ ᠤᠢ ᠰᠢᠭᠤᠢ ᠶᠢᠨ ᠡᠷᠬᠡ᠂ ᠠᠭᠤᠷᠬᠠᠢ ᠶᠢᠨ ᠡᠷᠬᠡ᠂ ᠪᠤᠬᠢᠷᠳᠤᠯ | ᠭᠠᠳ᠋ᠬᠠᠰᠢᠯᠠᠭᠤᠯᠬᠤ ᠡᠷᠬᠡ᠂ ᠨᠡᠭᠦᠷᠡᠰᠦᠳᠦ᠋ᠷᠦᠭᠴᠢ ᠭᠠᠳ᠋ᠬᠠᠰᠢᠯᠠᠭᠤᠯᠬᠤ ᠡᠷᠬᠡ᠂ ᠮᠡᠳᠡᠯᠬᠡ ᠶᠢᠨ ᠪᠦᠳᠦᠬᠡᠭᠳᠡᠭᠦᠨ ᠤ | ᠦᠮᠴᠢᠯᠡᠬᠦ ᠡᠷᠬᠡ᠂ ᠰᠤᠶᠤᠯ ᠤᠷᠠᠯᠢᠭ ᠤᠨ ᠪᠦᠳᠦᠬᠡᠯ ᠪᠦᠳᠦᠬᠡᠭᠳᠡᠭᠦᠨ ᠤ ᠡᠷᠬᠡ ᠠᠰᠢᠭ᠂ ᠮᠦᠩᠭᠦᠨ ᠭᠦᠢᠯᠬᠡᠬᠡᠨ ᠤ | ᠭᠦᠷᠦᠩᠬᠡ ᠶᠢᠨ ᠡᠷᠬᠡ ᠠᠰᠢᠭ ᠵᠡᠷᠬᠡ ᠠᠷᠠᠯᠵᠢᠶᠠᠨ ᠤ ᠠᠵᠢᠯᠯᠠᠭ᠎ᠠ ᠡᠷᠬᠢᠯᠡᠵᠦ ᠪᠠᠶᠢᠭ᠎ᠠ ᠲᠠᠯᠠᠪᠤᠷ ᠭᠠᠵᠠᠷ ᠪᠤᠶᠤ | ᠢᠨᠲ᠋ᠧᠷ ᠰᠦᠯᠵᠢᠶ᠎ᠡ ᠶᠢᠨ ᠠᠷᠠᠯᠵᠢᠶᠠᠨ ᠤ ᠲᠡᠪᠴᠡᠩ ᠢ ᠵᠢᠭᠠᠨ᠎ᠠ᠃ | ᠲᠠᠸᠠᠷ ᠤᠨ ᠪᠡᠯᠡᠨ ᠪᠠᠷᠠᠭᠠᠨ ᠤ ᠠᠷᠠᠯᠵᠢᠶᠠᠨ ᠤ ᠲᠠᠯᠠᠪᠤᠷ ᠭᠠᠵᠠᠷ ᠬᠡᠳᠡᠭ ᠨᠢ᠂ ᠬᠤᠳᠠᠯᠳᠤᠨᠨᠴᠢ ᠬᠤᠳᠠᠯᠳᠤᠨ | ᠠᠪᠤᠨᠨᠴᠢ ᠬᠤᠶᠠᠷ ᠲᠠᠯ᠎ᠠ ᠪᠠᠷ ᠢᠶᠠᠨ ᠢᠯᠡ᠂ ᠪᠠᠶᠢᠩᠭᠤ ᠶᠢᠨ ᠴᠢᠨᠠᠷᠳᠠᠢ ᠪᠤᠶᠤ ᠲᠤᠨᠨᠳᠠᠮᠠᠯ ᠬᠤᠭᠤᠴᠠᠭ᠎ᠠ ᠲᠠᠢ ᠪᠠᠷ | ᠲᠠᠸᠠᠷ ᠤᠨ ᠪᠡᠯᠡᠨ ᠪᠠᠷᠠᠭᠠᠨ ᠤ ᠠᠷᠠᠯᠵᠢᠶᠠᠨ ᠤ ᠠᠵᠢᠯᠯᠠᠭ᠎ᠠ ᠬᠢᠵᠦ᠂ ᠮᠡᠳᠡᠭᠡ ᠵᠠᠩᠬᠢ᠂ ᠪᠠᠷᠠᠭᠠᠨ ᠤ ᠭᠦᠢᠯᠬᠡᠬᠡ ᠵᠡᠷᠬᠡ | ᠲᠦᠭᠦᠷ ᠦᠢᠯᠡᠴᠢᠯᠡᠬᠡᠨ ᠤ ᠴᠢᠳᠠᠮᠵᠢ ᠪᠦᠭᠦᠢ ᠲᠠᠯᠠᠪᠤᠷ ᠭᠠᠵᠠᠷ ᠪᠤᠶᠤ ᠢᠨᠲ᠋ᠧᠷ ᠰᠦᠯᠵᠢᠶᠡᠨ ᠤ ᠠᠷᠠᠯᠵᠢᠶᠠᠨ ᠤ | ᠲᠡᠪᠴᠡᠩ ᠢ ᠵᠢᠭᠠᠨ᠎ᠠ᠃ | ᠲᠦᠷᠪᠡᠳᠦᠬᠡᠷ ᠵᠦᠢᠯ ᠦᠪᠡᠷᠳᠡᠬᠡᠨ ᠵᠠᠰᠠᠬᠤ ᠤᠷᠤᠨ ᠠᠴᠠ ︽ᠶᠡᠷᠦᠩᠬᠡᠢ ᠬᠡᠮᠵᠢᠶ᠎ᠡ ᠶᠢ ᠨᠢ ᠬᠢᠵᠠᠭᠠᠷᠯᠠᠵᠦ᠂ | ᠵᠤᠬᠢᠰᠳᠠᠢ ᠪᠠᠶᠢᠷᠢᠯᠠᠭᠤᠯᠤᠯᠳᠠ ᠬᠢᠵᠦ᠂ ᠪᠤᠯᠭᠤᠮᠵᠢᠳᠠᠢ ᠬᠢᠨᠠᠨ ᠵᠦᠪᠰᠢᠶᠡᠷᠡᠭᠦ︾ ᠵᠠᠷᠴᠢᠮ ᠶᠤᠰᠤᠭᠠᠷ᠂ ᠡᠯ᠎ᠡ | ᠲᠦᠷᠦᠯ ᠤᠨ ᠠᠷᠠᠯᠵᠢᠶᠠᠨ ᠤ ᠲᠠᠯᠠᠪᠤᠷ ᠭᠠᠵᠠᠷ ᠤᠨ ᠲᠤᠭ᠎ᠠ ᠬᠡᠮᠵᠢᠶ᠎ᠡ᠂ ᠬᠡᠪᠴᠢᠶ᠎ᠡ ᠪᠡ ᠤᠷᠤᠨ ᠤ ᠲᠠᠷᠬᠠᠯᠳᠠ ᠶᠢ | ᠨᠢᠬᠡᠳᠦᠯᠳᠡᠢ ᠲᠦᠯᠦᠪᠯᠡᠨ ᠲᠦᠯᠦᠪᠵᠢᠭᠦᠯᠵᠦ᠂ ᠠᠷᠠᠯᠵᠢᠶᠠᠨ ᠤ ᠲᠠᠯᠠᠪᠤᠷ ᠭᠠᠵᠠᠷ ᠪᠠᠶᠢᠭᠤᠯᠬᠤ ᠶᠢ ᠪᠤᠯᠭᠤᠮᠵᠢᠳᠠᠢ | ᠬᠢᠨᠠᠨ ᠵᠦᠪᠰᠢᠶᠡᠷᠡᠨ᠎ᠠ᠃ | ᠲᠠᠪᠤᠳᠤᠭᠠᠷ ᠵᠦᠢᠯ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠠᠴᠠ | ᠦᠪᠡᠷᠳᠡᠬᠡᠨ ᠵᠠᠰᠬᠠᠤ ᠤᠷᠤᠨ ᠤ ᠠᠷᠠᠳ ᠤᠨ ᠵᠠᠰᠠᠭ ᠤᠨ ᠤᠷᠳᠤᠨ ᠤ ᠮᠦᠩᠭᠦᠨ ᠭᠦᠢᠯᠬᠡᠬᠡᠨ ᠤ ᠠᠵᠢᠯ ᠤᠨ ᠠᠯᠪᠠᠨ | ᠬᠡᠷ ︵ᠲᠤᠷᠤᠨᠨᠰᠢ ᠦᠪᠡᠷᠳᠡᠬᠡᠨ ᠵᠠᠰᠠᠬᠤ ᠤᠷᠤᠨ ᠤ ᠮᠦᠩᠭᠦᠨ ᠭᠦᠢᠯᠬᠡᠬᠡᠨ ᠤ ᠠᠯᠪᠠᠨ ᠬᠡᠷ ᠬᠡᠵᠦ ᠲᠤᠪᠴᠢᠯᠠᠨ᠎ᠠ︶ | ᠲᠤ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠢ ᠲᠦᠯᠦᠬᠡᠯᠡᠨ᠂ ᠡᠷᠬᠡ ᠠᠰᠢᠭ ᠤᠨ | ᠴᠢᠨᠠᠷᠳᠠᠢ ᠠᠷᠠᠯᠵᠢᠶᠠᠨ ᠤ ᠲᠠᠯᠠᠪᠤᠷ ᠭᠠᠵᠠᠷ ᠲᠤ ᠬᠢᠨᠠᠯᠳᠠ ᠬᠠᠮᠢᠶᠠᠷᠤᠯᠳᠠ ᠬᠢᠯᠬᠡᠭᠦ ᠪᠠᠷ ᠡᠷᠬᠡ ᠤᠯᠭᠤᠨ᠎ᠠ︔ | ᠦᠪᠡᠷᠳᠡᠬᠡᠨ ᠵᠠᠰᠠᠬᠤ ᠤᠷᠤᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠨᠢ ︽ᠲᠠᠸᠠᠷ ᠤᠨ ᠪᠡᠯᠡᠨ ᠪᠠᠷᠠᠭᠠᠨ ᠤ | ᠵᠠᠬ᠎ᠠ ᠲᠡᠯᠬᠡᠭᠦᠷ ᠤᠨ ᠠᠷᠠᠯᠵᠢᠶᠠᠨ ᠤ ᠤᠨᠴᠤᠭᠤᠢ ᠲᠤᠨᠨᠳᠠᠭᠠᠯ ︵ᠲᠤᠷᠰᠢᠨ ᠬᠡᠷᠡᠭᠵᠢᠭᠦᠯᠭᠦ︶︾ ︵ᠬᠤᠳᠠᠯᠳᠤᠭᠠᠨ ᠤ | ᠶᠠᠪᠤᠳᠠᠯ ᠤᠨ ᠶᠠᠮᠤᠨ ᠤ ᠵᠠᠷᠯᠢᠭ ﹇2013﹈ 3 ᠳ᠋ᠤᠭᠠᠷ ᠲᠤᠭᠠᠳᠤ︶ ᠶᠤᠰᠤᠭᠠᠷ᠂ ᠲᠠᠸᠠᠷ ᠤᠨ ᠪᠡᠯᠡᠨ ᠪᠠᠷᠠᠭᠠᠨ ᠤ | ᠠᠷᠠᠯᠵᠢᠶᠠᠨ ᠤ ᠲᠠᠯᠠᠪᠤᠷ ᠭᠠᠵᠠᠷ ᠲᠤ ᠬᠢᠨᠠᠯᠳᠠ ᠬᠠᠮᠢᠶᠠᠷᠤᠯᠳᠠ ᠬᠢᠨ᠎ᠠ᠃ | ᠵᠢᠷᠭᠤᠳᠤᠭᠠᠷ ᠵᠦᠢᠯ ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ | ᠤᠷᠳᠤᠨ ᠠᠴᠠ ᠲᠤᠰ ᠵᠠᠰᠠᠭ ᠵᠠᠬᠢᠷᠭᠠᠨ ᠤ ᠤᠷᠤᠨ ᠤ ᠲᠤᠳᠤᠷᠠᠬᠢ ᠠᠷᠠᠯᠵᠢᠶᠠᠨ ᠤ ᠲᠠᠯᠠᠪᠤᠷ ᠭᠠᠵᠠᠷ ᠤᠨ | ᠲᠦᠭᠰᠢᠭᠦᠷᠢ ᠶᠢ ᠰᠡᠷᠬᠡᠶᠢᠯᠡᠬᠦ ᠪᠡ ᠰᠶᠢᠳᠪᠦᠷᠢᠯᠡᠬᠦ ᠬᠠᠷᠢᠭᠤᠴᠠᠯᠭ᠎ᠠ ᠶᠢ ᠡᠭᠦᠷᠬᠡᠯᠡᠨ᠎ᠠ᠂ ᠬᠢᠨᠠᠯᠳᠠ ᠬᠠᠮᠢᠶᠠᠷᠤᠯᠳᠠ ᠶᠢᠨ | ᠲᠤᠰᠬᠠᠢ ᠰᠠᠯᠠᠭ᠎ᠠ ᠮᠦᠴᠢᠷ ︵ᠲᠤᠷᠤᠨᠨᠰᠢ ᠠᠶᠢᠮᠠᠭ ᠬᠤᠳᠠ ᠶᠢᠨ ᠬᠢᠨᠠᠯᠳᠠ ᠬᠠᠮᠢᠶᠠᠷᠤᠯᠳᠠ ᠶᠢᠨ ᠰᠠᠯᠠᠭ᠎ᠠ ᠮᠦᠴᠢᠷ | ᠬᠡᠵᠦ ᠲᠤᠪᠴᠢᠯᠠᠨ᠎ᠠ︶ ᠢ ᠲᠤᠳᠤᠷᠬᠠᠶᠢᠯᠠᠵᠦ᠂ ᠲᠦᠭᠰᠢᠭᠦᠷᠢ ᠶᠢ ᠰᠡᠷᠬᠡᠶᠢᠯᠡᠬᠦ ᠪᠡ ᠰᠶᠢᠳᠪᠦᠷᠢᠯᠡᠬᠦ ᠠᠵᠢᠯ ᠢ ᠪᠤᠳᠠᠳᠠᠢ | ᠬᠠᠷᠢᠭᠤᠴᠠᠨ᠂ ᠠᠷᠠᠯᠵᠢᠶᠠᠨ ᠤ ᠲᠠᠯᠠᠪᠤᠷ ᠭᠠᠵᠠᠷ ᠤᠨ ᠵᠢᠷᠤᠮᠵᠢᠯ ᠲᠠᠢ ᠡᠵᠡᠩᠨᠡᠬᠦ ᠶᠢ ᠪᠠᠳᠤᠯᠠᠨ᠎ᠠ᠃ | ᠲᠤᠯᠤᠳᠤᠭᠠᠷ ᠵᠦᠢᠯ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠤᠯᠤᠰ ᠤᠨ | ᠦᠮᠴᠢᠯᠡᠯᠳᠦ ᠡᠳ᠋ ᠭᠦᠷᠦᠩᠬᠡ ᠶᠢᠨ ᠬᠢᠨᠠᠯᠳᠠ ᠬᠠᠮᠢᠶᠠᠷᠤᠯᠳᠠ ᠶᠢᠨ ᠰᠠᠯᠠᠭ᠎ᠠ ᠮᠦᠴᠢᠷ ᠠᠴᠠ ᠠᠵᠦ ᠠᠬᠤᠶᠢᠯᠠᠯ ᠤᠨ | ᠤᠯᠤᠰ ᠤᠨ ᠦᠮᠴᠢᠯᠡᠯᠳᠦ ᠡᠳ᠋ ᠭᠦᠷᠦᠩᠬᠡ ᠶᠢᠨ ᠠᠷᠠᠯᠵᠢᠶᠠᠨ ᠤ ᠠᠵᠢᠯᠯᠠᠭ᠎ᠠ ᠳᠤ ᠬᠠᠤᠯᠢ ᠶᠤᠰᠤᠭᠠᠷ ᠬᠢᠨᠠᠯᠳᠠ | ᠬᠠᠮᠢᠶᠠᠷᠤᠯᠳᠠ ᠬᠢᠬᠦ ᠡᠭᠦᠷᠬᠡ ᠬᠠᠷᠢᠭᠤᠴᠠᠯᠭ᠎ᠠ ᠡᠭᠦᠷᠬᠡᠯᠡᠵᠦ᠂ ᠠᠵᠦ ᠠᠬᠤᠶᠢᠯᠠᠯ ᠤᠨ ᠤᠯᠤᠰ ᠤᠨ ᠦᠮᠴᠢᠯᠠᠯ ᠤᠨ | ᠦᠮᠴᠢᠯᠡᠬᠦ ᠡᠷᠬᠡ ᠶᠢᠨ ᠠᠷᠠᠯᠵᠢᠶ᠎ᠠ ᠡᠷᠬᠢᠯᠡᠵᠦ ᠪᠠᠶᠢᠭ᠎ᠠ ᠠᠷᠠᠯᠵᠢᠶᠠᠨ ᠤ ᠲᠠᠯᠠᠪᠤᠷ ᠭᠠᠵᠠᠷ ᠨᠢ ᠡᠷᠬᠡᠪᠰᠢ ᠦᠪᠡᠷᠳᠡᠬᠡᠨ | ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠤᠯᠤᠰ ᠤᠨ ᠦᠮᠴᠢᠯᠡᠯᠳᠦ ᠡᠳ᠋ ᠭᠦᠷᠦᠩᠬᠡ ᠶᠢᠨ ᠬᠢᠨᠠᠯᠳᠠ | ᠬᠠᠮᠢᠶᠠᠷᠤᠯᠳᠠ ᠶᠢᠨ ᠰᠠᠯᠠᠭ᠎ᠠ ᠮᠦᠴᠢᠷ ᠢᠶᠠᠷ ᠮᠠᠭᠠᠳᠯᠠᠨ ᠲᠤᠭᠳᠠᠭᠠᠯᠭᠠᠵᠦ᠂ ᠠᠵᠦ ᠠᠬᠤᠶᠢᠯᠠᠯ ᠤᠨ ᠤᠯᠤᠰ ᠤᠨ | ᠦᠮᠴᠢᠯᠡᠯ ᠤᠨ ᠦᠮᠴᠢᠯᠡᠬᠦ ᠡᠷᠬᠡ ᠶᠢ ᠰᠢᠯᠵᠢᠭᠦᠯᠭᠦ ᠬᠠᠮᠢᠶ᠎ᠠ ᠪᠦᠭᠦᠢ ᠲᠤᠨᠨᠳᠠᠭᠠᠯ ᠢ ᠦᠨᠳᠦᠰᠦᠯᠡᠨ ᠠᠷᠠᠯᠵᠢᠶᠠᠨ ᠤ | ᠲᠤᠬᠠᠶᠢᠯᠬᠠᠰᠠᠨ ᠠᠵᠢᠯ ᠢ ᠵᠢᠷᠤᠮᠵᠢᠭᠤᠯᠤᠨ ᠦᠷᠨᠢᠭᠦᠯᠦᠨ᠎ᠠ᠃ | | | ᠬᠤᠶᠠᠳᠤᠭᠠᠷ ᠪᠦᠯᠦᠭ ᠠᠷᠠᠯᠵᠢᠶᠠᠨ ᠤ ᠲᠠᠯᠠᠪᠤᠷ ᠭᠠᠵᠠᠷ ᠢ ᠪᠠᠶᠢᠭᠤᠯᠬᠤ᠂ ᠬᠤᠪᠢᠷᠠᠭᠠᠬᠤ ᠪᠡ | ᠵᠤᠨᠨᠰᠤᠭᠠᠬᠤ | | | ᠨᠠᠢᠮᠠᠳᠤᠭᠠᠷ ᠵᠦᠢᠯ ᠰᠢᠨ᠎ᠠ ᠪᠠᠷ ᠪᠠᠶᠢᠭᠤᠯᠤᠨᠨᠰᠠᠨ ᠠᠷᠠᠯᠵᠢᠶᠠᠨ ᠤ ᠲᠠᠯᠠᠪᠤᠷ ᠭᠠᠵᠠᠷ ᠨᠢ ᠡᠷᠬᠡᠪᠰᠢ | ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠢᠶᠠᠷ ᠵᠦᠪᠰᠢᠶᠡᠷᠡᠭᠦᠯᠦᠭᠰᠡᠨ ᠪᠠᠶᠢᠬᠤ ᠬᠡᠷᠡᠭᠳᠡᠢ᠃ | ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠨᠨᠳᠠᠭᠠᠯ ᠳᠤ ᠠᠰᠳᠠᠭᠠᠨ ᠲᠤᠨᠨᠳᠠᠭᠠᠯ ᠲᠠᠢ ᠠᠴᠠ ᠪᠤᠰᠤᠳ᠂ | ᠵᠦᠪᠰᠢᠶᠡᠷᠡᠭᠦᠯᠦᠭᠰᠡᠨ ᠦᠬᠡᠢ ᠪᠠᠶᠢᠪᠠᠯ᠂ ᠶᠠᠮᠠᠷᠪᠠ ᠨᠢᠬᠡᠴᠡ ᠪᠤᠶᠤ ᠬᠤᠪᠢ ᠭᠦᠮᠦᠨ ᠬᠡᠳ ᠠᠷᠠᠯᠵᠢᠶᠠᠨ ᠤ ᠲᠠᠯᠠᠪᠤᠷ | ᠭᠠᠵᠠᠷ ᠪᠠᠶᠢᠭᠤᠯᠵᠦ ᠪᠤᠯᠬᠤ ᠦᠬᠡᠢ᠂ ᠡᠰᠡᠭᠦᠯ᠎ᠡ ᠶᠠᠮᠠᠷᠪᠠ ᠨᠢᠬᠡᠨ ᠬᠡᠯᠪᠡᠷᠢ ᠪᠠᠷ ᠡᠷᠬᠡ ᠠᠰᠢᠭ ᠤᠨ ᠲᠦᠷᠦᠯ᠂ | ᠲᠠᠸᠠᠷ ᠤᠨ ᠪᠡᠯᠡᠨ ᠪᠠᠷᠠᠭᠠᠨ ᠤ ᠠᠷᠠᠯᠵᠢᠶ᠎ᠠ ᠶᠢᠨ ᠡᠵᠡᠩᠨᠡᠯᠳᠡ ᠵᠢᠴᠢ ᠬᠠᠮᠢᠶ᠎ᠠ ᠪᠦᠭᠦᠢ ᠠᠵᠢᠯᠯᠠᠭ᠎ᠠ ᠶᠢ ᠵᠤᠬᠢᠶᠠᠨ | ᠪᠠᠶᠢᠭᠤᠯᠤᠨ ᠦᠷᠨᠢᠭᠦᠯᠵᠦ ᠪᠤᠯᠬᠤ ᠦᠬᠡᠢ᠃ ᠲᠤᠨᠨᠳᠠᠭᠠᠯ ᠠᠴᠠ ᠵᠦᠷᠢᠴᠡᠵᠦ ᠪᠠᠶᠢᠭᠤᠯᠤᠨᠨᠰᠠᠨ ᠠᠷᠠᠯᠵᠢᠶᠠᠨ ᠤ | ᠲᠠᠯᠠᠪᠤᠷ ᠭᠠᠵᠠᠷ ᠢ ᠬᠠᠤᠯᠢ ᠶᠤᠰᠤᠭᠠᠷ ᠭᠦᠴᠦᠨ ᠦᠬᠡᠢ ᠪᠤᠯᠭᠠᠨ᠎ᠠ᠃ | ᠶᠢᠰᠦᠳᠦᠬᠡᠷ ᠵᠦᠢᠯ ᠲᠤᠰ ᠠᠷᠭ᠎ᠠ ᠶᠢ ᠦᠨᠳᠦᠰᠦᠯᠡᠨ ᠪᠠᠶᠢᠭᠤᠯᠤᠨᠨᠰᠠᠨ ᠠᠷᠠᠯᠵᠢᠶᠠᠨ ᠤ ᠲᠠᠯᠠᠪᠤᠷ ᠭᠠᠵᠠᠷ ᠨᠢ᠂ | ᠨᠡᠷᠡᠶᠢᠳᠦᠯ ᠳᠡᠭᠡᠨ ︽ᠠᠷᠠᠯᠵᠢᠶᠠᠨ ᠤ ᠭᠠᠵᠠᠷ︾ ᠪᠤᠶᠤ ︽ᠠᠷᠠᠯᠵᠢᠶᠠᠨ ᠤ ᠲᠦᠪ︾ ᠬᠡᠮᠡᠬᠦ ᠦᠰᠦᠭ ᠬᠠᠳᠠᠨ | ᠲᠤᠳᠤᠷᠬᠠᠶᠢᠯᠠᠵᠦ ᠪᠤᠯᠤᠨ᠎ᠠ᠃ ᠨᠡᠷᠡᠶᠢᠳᠦᠯ ᠳᠤᠨᠢ ︽ᠠᠷᠠᠯᠵᠢᠶᠠᠨ ᠤ ᠭᠠᠵᠠᠷ︾ ᠬᠡᠮᠡᠬᠦ ᠦᠰᠦᠭ ᠲᠠᠢ ᠠᠷᠠᠯᠵᠢᠶᠠᠨ ᠤ | ᠲᠠᠯᠠᠪᠤᠷ ᠭᠠᠵᠠᠷ ᠨᠢ᠂ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠢᠶᠠᠷ | ᠵᠦᠪᠰᠢᠶᠡᠷᠡᠭᠦᠯᠭᠦ ᠠᠴᠠ ᠡᠮᠤᠨ᠎ᠠ᠂ ᠤᠯᠤᠰ ᠤᠨ ᠡᠯ᠎ᠡ ᠲᠦᠷᠦᠯ ᠤᠨ ᠠᠷᠠᠯᠵᠢᠶᠠᠨ ᠤ ᠲᠠᠯᠠᠪᠤᠷ ᠭᠠᠵᠠᠷ ᠢ ᠴᠡᠪᠡᠷᠯᠡᠵᠦ | ᠴᠡᠭᠴᠡᠯᠡᠭᠰᠡᠨ ᠶᠠᠮᠤᠨ ᠤ ᠬᠤᠭᠤᠷᠤᠨᠳᠤᠬᠢ ᠬᠠᠮᠳᠤᠷᠬᠠᠰᠠᠨ ᠬᠤᠷᠠᠯ ᠤᠨ ᠪᠢᠴᠢᠭ ᠤᠨ ᠬᠡᠯᠪᠡᠷᠢ ᠶᠢᠨ ᠬᠠᠷᠢᠭᠤ | ᠲᠤᠰᠬᠠᠵᠦ ᠰᠠᠨᠠᠯ ᠢ ᠤᠯᠤᠨᠨᠰᠠᠨ ᠪᠠᠶᠢᠬᠤ ᠬᠡᠷᠡᠭᠳᠡᠢ᠃ | ᠠᠷᠪᠠᠳᠤᠭᠠᠷ ᠵᠦᠢᠯ ᠠᠷᠠᠯᠵᠢᠶᠠᠨ ᠤ ᠲᠠᠯᠠᠪᠤᠷ ᠭᠠᠵᠠᠷ ᠪᠠᠶᠢᠭᠤᠯᠬᠤ ᠶᠢ ᠪᠡᠯᠡᠳᠬᠡᠨ ᠪᠠᠶᠢᠭᠤᠯᠬᠤ ᠪᠡ ᠠᠵᠢᠯ | ᠡᠬᠢᠯᠡᠬᠦ ᠬᠡᠮᠡᠬᠦ ᠬᠤᠶᠠᠷ ᠱᠠᠳᠤ ᠬᠤᠪᠢᠶᠠᠨ᠎ᠠ᠃ | ᠠᠷᠠᠯᠵᠢᠶᠠᠨ ᠤ ᠲᠠᠯᠠᠪᠤᠷ ᠭᠠᠵᠠᠷ ᠪᠡᠯᠡᠳᠬᠡᠨ ᠪᠠᠶᠢᠭᠤᠯᠬᠤ ᠪᠠᠷ ᠭᠤᠶᠤᠴᠢᠯᠠᠬᠤ ᠳᠠᠭᠠᠨ᠂ ᠭᠤᠶᠤᠴᠢᠯᠬᠠᠴᠢ ᠶᠢᠨ | ᠪᠠᠶᠢᠭ᠎ᠠ ᠠᠶᠢᠮᠠᠭ ᠬᠤᠳᠠ ᠶᠢᠨ ᠬᠢᠨᠠᠯᠳᠠ ᠬᠠᠮᠢᠶᠠᠷᠤᠯᠳᠠ ᠶᠢᠨ ᠰᠠᠯᠠᠭ᠎ᠠ ᠮᠦᠴᠢᠷ ᠠᠴᠠ ᠠᠩᠬ᠎ᠠ ᠬᠢᠨ᠋ᠬᠠᠰᠠᠨ ᠤ ᠲᠠᠷᠠᠭ᠎ᠠ | ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠤᠷᠳᠤᠨ ᠳᠤ ᠮᠡᠳᠡᠭᠦᠯᠵᠦ᠂ ᠠᠶᠢᠮᠠᠭ ᠤᠨ ᠵᠠᠬᠢᠷᠭ᠎ᠠ᠂ | ᠬᠤᠳᠠ ᠶᠢᠨ ᠠᠷᠠᠳ ᠤᠨ ᠵᠠᠰᠠᠭ ᠤᠨ ᠤᠷᠳᠤᠨ ᠠᠴᠠ ᠬᠢᠨᠠᠨ ᠵᠦᠪᠰᠢᠶᠡᠷᠡᠭᠰᠡᠨ ᠤ ᠲᠠᠷᠠᠭ᠎ᠠ ᠦᠪᠡᠷᠳᠡᠬᠡᠨ ᠵᠠᠰᠠᠬᠤ | ᠤᠷᠤᠨ ᠤ ᠮᠦᠩᠭᠦᠨ ᠭᠦᠢᠯᠬᠡᠬᠡᠨ ᠤ ᠠᠯᠪᠠᠨ ᠬᠡᠷ ᠪᠤᠶᠤ ᠦᠪᠡᠷᠳᠡᠬᠡᠨ ᠵᠠᠰᠠᠬᠤ ᠤᠷᠤᠨ ᠤ ᠬᠤᠳᠠᠯᠳᠤᠭᠠᠨ ᠤ | ᠶᠠᠪᠤᠳᠠᠯ ᠤᠨ ᠲᠢᠩᠬᠢᠮ ᠳᠤ ᠮᠡᠳᠡᠭᠦᠯᠭᠦ ᠬᠡᠷᠡᠭᠳᠡᠢ᠃ ᠦᠪᠡᠷᠳᠡᠬᠡᠨ ᠵᠠᠰᠠᠬᠤ ᠤᠷᠤᠨ ᠤ ᠮᠦᠩᠭᠦᠨ ᠭᠦᠢᠯᠬᠡᠬᠡᠨ ᠤ | ᠠᠯᠪᠠᠨ ᠬᠡᠷ ᠪᠤᠶᠤ ᠦᠪᠡᠷᠳᠡᠬᠡᠨ ᠵᠠᠰᠠᠬᠤ ᠤᠷᠤᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠬᠢᠨᠠᠨ | ᠬᠠᠷᠭᠤᠭᠤᠯᠬᠤ ᠶᠢᠨ ᠬᠠᠮᠳᠤ ᠦᠪᠡᠷᠳᠡᠬᠡᠨ ᠵᠠᠰᠠᠬᠤ ᠤᠷᠤᠨ ᠤ ᠬᠠᠮᠢᠶ᠎ᠠ ᠪᠦᠭᠦᠢ ᠰᠠᠯᠠᠭ᠎ᠠ ᠮᠦᠴᠢᠷ ᠤᠨ ᠰᠠᠨᠠᠯ ᠢ | ᠬᠤᠷᠢᠶᠬᠠᠰᠠᠨ ᠤ ᠰᠡᠭᠦᠯᠡᠷ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠳᠤ ᠮᠡᠳᠡᠭᠦᠯᠵᠦ | ᠵᠦᠪᠰᠢᠶᠡᠷᠡᠭᠦᠯᠤᠨᠠ᠃ | ᠪᠡᠯᠡᠳᠬᠡᠨ ᠪᠠᠶᠢᠭᠤᠯᠬᠤ ᠠᠵᠢᠯ ᠢᠶᠠᠨ ᠲᠠᠭᠤᠰᠬᠠᠵᠦ ᠠᠵᠢᠯ ᠡᠬᠢᠯᠡᠬᠦ ᠪᠠᠷ ᠪᠠᠶᠢᠭ᠎ᠠ ᠠᠷᠠᠯᠵᠢᠶᠠᠨ ᠤ ᠲᠠᠯᠠᠪᠤᠷ | ᠭᠠᠵᠠᠷ ᠨᠢ᠂ ᠪᠡᠯᠡᠳᠬᠡᠨ ᠪᠠᠶᠢᠭᠤᠯᠤᠨᠨᠰᠠᠨ ᠪᠠᠶᠢᠭᠤᠯᠤᠮᠵᠢ ᠠᠴᠠ ᠪᠠᠶᠢᠭ᠎ᠠ ᠠᠶᠢᠮᠠᠭ ᠬᠤᠳᠠ ᠶᠢᠨ ᠢᠶᠠᠨ ᠬᠢᠨᠠᠯᠳᠠ | ᠬᠠᠮᠢᠶᠠᠷᠤᠯᠳᠠ ᠶᠢᠨ ᠰᠠᠯᠠᠭ᠎ᠠ ᠮᠦᠴᠢᠷ ᠲᠤ ᠠᠵᠢᠯ ᠡᠬᠢᠯᠡᠬᠦ ᠭᠤᠶᠤᠴᠢᠯᠠᠯ ᠭᠠᠷᠭᠠᠵᠦ᠂ ᠠᠶᠢᠮᠠᠭ ᠬᠤᠳᠠ ᠶᠢᠨ | ᠬᠢᠨᠠᠯᠳᠠ ᠬᠠᠮᠢᠶᠠᠷᠤᠯᠳᠠ ᠶᠢᠨ ᠰᠠᠯᠠᠭ᠎ᠠ ᠮᠦᠴᠢᠷ ᠠᠴᠠ ᠦᠪᠡᠷᠳᠡᠬᠡᠨ ᠵᠠᠰᠠᠬᠤ ᠤᠷᠤᠨ ᠤ ᠮᠦᠩᠭᠦᠨ ᠭᠦᠢᠯᠬᠡᠬᠡᠨ ᠤ | ᠠᠯᠪᠠᠨ ᠬᠡᠷ ᠪᠤᠶᠤ ᠦᠪᠡᠷᠳᠡᠬᠡᠨ ᠵᠠᠰᠠᠬᠤ ᠤᠷᠤᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠳᠤ ᠰᠢᠯᠭᠠᠨ ᠠᠪᠬᠤ | ᠭᠤᠶᠤᠴᠢᠯᠠᠯ ᠲᠤᠷᠠᠳᠤᠨ᠎ᠠ︔ ᠦᠪᠡᠷᠳᠡᠬᠡᠨ ᠵᠠᠰᠠᠬᠤ ᠤᠷᠤᠨ ᠤ ᠮᠦᠩᠭᠦᠨ ᠭᠦᠢᠯᠬᠡᠬᠡᠨ ᠤ ᠠᠯᠪᠠᠨ ᠬᠡᠷ ᠪᠤᠶᠤ | ᠦᠪᠡᠷᠳᠡᠬᠡᠨ ᠵᠠᠰᠠᠬᠤ ᠤᠷᠤᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠲᠦᠷᠦᠭᠦᠯᠡᠨ ᠬᠢᠵᠦ᠂ ᠦᠪᠡᠷᠳᠡᠬᠡᠨ | ᠵᠠᠰᠠᠬᠤ ᠤᠷᠤᠨ ᠤ ᠬᠠᠮᠢᠶ᠎ᠠ ᠪᠦᠭᠦᠢ ᠰᠠᠯᠠᠭ᠎ᠠ ᠮᠦᠴᠢᠷ ᠵᠢᠴᠢ ᠪᠠᠶᠢᠭ᠎ᠠ ᠠᠶᠢᠮᠠᠭ ᠬᠤᠳᠠ ᠶᠢᠨ ᠬᠢᠨᠠᠯᠳᠠ | ᠬᠠᠮᠢᠶᠠᠷᠤᠯᠳᠠ ᠶᠢᠨ ᠰᠠᠯᠠᠭ᠎ᠠ ᠮᠦᠴᠢᠷ ᠯᠦᠭᠡ ᠬᠢᠨᠠᠨ ᠰᠢᠯᠭᠠᠬᠤ ᠠᠵᠢᠯᠯᠠᠬᠤ ᠲᠤᠭᠤᠶᠢᠯᠠᠩ ᠵᠤᠬᠢᠶᠠᠨ ᠪᠠᠶᠢᠭᠤᠯᠵᠦ᠂ | ᠠᠵᠢᠯ ᠡᠬᠢᠯᠡᠬᠦ ᠪᠠᠷ ᠪᠠᠶᠢᠭ᠎ᠠ ᠠᠷᠠᠯᠵᠢᠶᠠᠨ ᠤ ᠲᠠᠯᠠᠪᠤᠷ ᠭᠠᠵᠠᠷ ᠤᠨ ᠠᠬᠤᠢ ᠲᠠᠯᠠᠪᠤᠷ ᠢ ᠪᠠᠶᠢᠴᠠᠭᠠᠨᠨᠰᠠᠨ ᠤ ᠲᠠᠷᠠᠭ᠎ᠠ᠂ | ᠠᠵᠢᠯ ᠡᠬᠢᠯᠡᠬᠦ ᠶᠢ ᠵᠦᠪᠰᠢᠶᠡᠷᠡᠭᠦ ᠪᠢᠴᠢᠭ ᠮᠠᠲ᠋ᠧᠷᠢᠶᠠᠯ ᠭᠠᠷᠭᠠᠵᠦ ᠦᠭᠭᠦᠨ᠎ᠠ᠃ | ᠠᠷᠪᠠᠨ ᠨᠢᠬᠡᠳᠦᠬᠡᠷ ᠵᠦᠢᠯ ᠰᠢᠨ᠎ᠠ ᠪᠠᠷ ᠪᠠᠶᠢᠭᠤᠯᠤᠨᠨᠰᠠᠨ ᠠᠷᠠᠯᠵᠢᠶᠠᠨ ᠤ ᠲᠠᠯᠠᠪᠤᠷ ᠭᠠᠵᠠᠷ ᠨᠢ᠂ | ᠺᠤᠮᠫᠠᠨᠢ ᠶᠢᠨ ᠲᠦᠷᠢᠮᠳᠦ ᠵᠤᠬᠢᠶᠠᠨ ᠪᠠᠶᠢᠭᠤᠯᠬᠤ ᠬᠡᠯᠪᠡᠷᠢ ᠶᠢ ᠬᠡᠷᠡᠭᠵᠢᠭᠦᠯᠵᠦ᠂ ︽ᠪᠦᠭᠦᠳᠡ ᠨᠠᠶᠢᠷᠠᠮᠳᠠᠬᠤ ᠲᠤᠮᠳᠠᠳᠤ | ᠠᠷᠠᠳ ᠤᠯᠤᠰ ᠤᠨ ᠺᠤᠮᠫᠠᠨᠢ ᠶᠢᠨ ᠬᠠᠤᠯᠢ︾ ᠶᠢᠨ ᠲᠤᠨᠨᠳᠠᠭᠠᠯ ᠳᠤ ᠨᠡᠶᠢᠴᠡᠭᠦ ᠠᠴᠠ ᠪᠤᠰᠤᠳ᠂ ᠪᠠᠰᠠ ᠲᠤᠤᠷᠠᠬᠢ | ᠨᠦᠭᠦᠴᠡᠯ ᠢ ᠪᠦᠷᠢᠳᠦᠭᠦᠯᠭᠦ ᠬᠡᠷᠡᠭᠳᠡᠢ᠄ | ︵ᠨᠢᠬᠡ︶ ᠰᠢᠨ᠎ᠠ ᠪᠠᠷ ᠪᠠᠶᠢᠭᠤᠯᠤᠨᠨᠰᠠᠨ ᠠᠷᠠᠯᠵᠢᠶᠠᠨ ᠤ ᠲᠠᠯᠠᠪᠤᠷ ᠭᠠᠵᠠᠷ ᠤᠨ ᠨᠡᠷᠡᠶᠢᠳᠦᠯ ᠳᠤ ︽ | ᠠᠷᠠᠯᠵᠢᠶᠠᠨ ᠤ ᠭᠠᠵᠠᠷ︾ ᠬᠡᠮᠡᠬᠦ ᠦᠰᠦᠭ ᠬᠡᠷᠡᠭᠯᠡᠭᠰᠡᠨ ᠪᠠᠶᠢᠪᠠᠯ᠂ ᠲᠠᠩᠰᠠᠯᠠᠬᠤ ᠭᠦᠷᠦᠩᠬᠡ ᠮᠦᠩᠭᠦ ᠨᠢ ᠨᠢᠬᠡ | ᠳ᠋ᠦᠩᠰᠢᠭᠤᠷ ᠲᠦᠭᠦᠷᠢᠭ ᠠᠷᠠᠳ ᠤᠨ ᠵᠤᠭᠤᠰ ᠠᠴᠠ ᠪᠠᠭ᠎ᠠ ᠪᠠᠶᠢᠵᠦ ᠪᠤᠯᠬᠤ ᠦᠬᠡᠢ︔ ᠰᠲ᠋ᠤᠺ ᠤᠨ ᠡᠷᠬᠡ᠂ | ᠦᠭᠴᠡᠬᠡᠨ ᠤ ᠡᠷᠬᠡ᠂ ᠮᠦᠩᠭᠦᠨ ᠭᠦᠢᠯᠬᠡᠬᠡᠨ ᠤ ᠭᠦᠷᠦᠩᠬᠡ ᠶᠢᠨ ᠲᠦᠷᠦᠯ ᠤᠨ ᠠᠷᠠᠯᠵᠢᠶᠠᠨ ᠤ ᠲᠠᠯᠠᠪᠤᠷ ᠭᠠᠵᠠᠷ ᠤᠨ | ᠲᠠᠩᠰᠠᠯᠠᠬᠤ ᠭᠦᠷᠦᠩᠬᠡ ᠮᠦᠩᠭᠦ ᠨᠢ 5000 ᠲᠦᠮᠡᠨ ᠲᠦᠭᠦᠷᠢᠭ ᠠᠷᠠᠳ ᠤᠨ ᠵᠤᠭᠤᠰ ᠠᠴᠠ ᠪᠠᠭ᠎ᠠ ᠪᠠᠶᠢᠵᠦ | ᠪᠤᠯᠬᠤ ᠦᠬᠡᠢ︔ | ︵ᠬᠤᠶᠠᠷ︶ ᠺᠤᠮᠫᠠᠨᠢ ᠶᠢᠨ ᠪᠦᠷᠢᠨ ᠪᠦᠳᠦᠨ ᠵᠠᠰᠠᠯᠳᠠ ᠶᠢᠨ ᠪᠦᠳᠦᠴᠡ᠂ ᠲᠡᠭᠦᠰ ᠲᠡᠭᠦᠯᠳᠡᠷ | ᠲᠤᠬᠠᠶᠢᠯᠬᠠᠰᠠᠨ ᠠᠵᠢᠯ ᠤᠨ ᠲᠦᠷᠢᠮ᠂ ᠲᠦᠭᠰᠢᠭᠦᠷᠢ ᠶᠢᠨ ᠬᠠᠮᠢᠶᠠᠷᠤᠯᠳᠠ ᠪᠡ ᠲᠤᠳᠤᠭᠠᠳᠤ ᠶᠢᠨ ᠡᠵᠡᠮᠳᠡᠯ ᠤᠨ | ᠲᠦᠷᠢᠮ ᠢ ᠪᠦᠷᠢᠯᠳᠦᠭᠦᠯᠦᠭᠰᠡᠨ ᠪᠠᠶᠢᠬᠤ ᠬᠡᠷᠡᠭᠳᠡᠢ︔ | ︵ᠭᠤᠷᠪᠠ︶ ᠱᠠᠭᠠᠷᠳᠠᠯᠭ᠎ᠠ ᠳᠤ ᠨᠡᠶᠢᠴᠡᠭᠦ ᠡᠵᠡᠩᠨᠡᠯᠳᠡ ᠶᠢᠨ ᠲᠠᠯᠠᠪᠤᠷ ᠭᠠᠵᠠᠷ ᠪᠡ ᠠᠮᠤᠷ ᠲᠦᠪᠰᠢᠨ | ᠲᠤᠨᠨᠳᠠᠪᠤᠷᠢᠳᠠᠢ ᠠᠷᠠᠯᠵᠢᠶᠠᠨ ᠤ ᠮᠡᠳᠡᠭᠡ ᠵᠠᠩᠬᠢ ᠶᠢᠨ ᠰᠢᠰᠲ᠋ᠧᠮ ᠲᠠᠢ ᠪᠠᠶᠢᠬᠤ ᠬᠡᠷᠡᠭᠳᠡᠢ︔ | ︵ᠲᠦᠷᠪᠡ︶ ᠠᠵᠦ ᠠᠬᠤᠢ᠂ ᠮᠦᠩᠭᠦᠨ ᠭᠦᠢᠯᠬᠡᠬᠡ᠂ ᠬᠠᠤᠯᠢ ᠴᠠᠭᠠᠵᠠ᠂ ᠮᠠᠷᠬᠡᠵᠢᠯ ᠵᠡᠷᠬᠡ ᠲᠠᠯ᠎ᠠ ᠶᠢᠨ | ᠲᠤᠰᠬᠠᠢ ᠬᠢᠷᠢ ᠬᠡᠮ ᠲᠠᠢ ᠠᠵᠢᠯᠳᠠᠨ ᠲᠠᠢ ᠪᠠᠶᠢᠬᠤ ᠬᠡᠷᠡᠭᠳᠡᠢ︔ | ︵ᠲᠠᠪᠤ︶ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠨᠨᠳᠠᠭᠠᠯ ᠵᠢᠴᠢ ᠦᠪᠡᠷᠳᠡᠬᠡᠨ ᠵᠠᠰᠠᠬᠤ | ᠤᠷᠤᠨ ᠤ ᠬᠢᠨᠠᠯᠳᠠ ᠬᠠᠮᠢᠶᠠᠷᠤᠯᠳᠠ ᠶᠢᠨ ᠰᠠᠯᠠᠭ᠎ᠠ ᠮᠦᠴᠢᠷ ᠤᠨ ᠲᠤᠨᠨᠳ᠋ᠬᠠᠰᠠᠨ ᠪᠤᠰᠤᠳ ᠪᠤᠯᠭᠤᠮᠵᠢᠳᠠᠢ | ᠨᠦᠭᠦᠴᠡᠯ ᠲᠠᠢ ᠪᠠᠶᠢᠬᠤ ᠬᠡᠷᠡᠭᠳᠡᠢ᠃ | ᠠᠷᠪᠠᠨ ᠬᠤᠶᠠᠳᠤᠭᠠᠷ ᠵᠦᠢᠯ ᠠᠷᠠᠯᠵᠢᠶᠠᠨ ᠤ ᠲᠠᠯᠠᠪᠤᠷ ᠭᠠᠵᠠᠷ ᠪᠠᠶᠢᠭᠤᠯᠬᠤ ᠪᠠᠷ ᠭᠤᠶᠤᠴᠢᠯᠠᠬᠤ ᠳᠠᠭᠠᠨ᠂ | ᠲᠤᠤᠷᠠᠬᠢ ᠮᠡᠳᠦ ᠭᠤᠶᠤᠴᠢᠯᠠᠯ ᠤᠨ ᠮᠠᠲ᠋ᠧᠷᠢᠶᠠᠯ ᠢ ᠲᠤᠰᠢᠶᠠᠨ᠎ᠠ᠄ | ︵ᠨᠢᠬᠡ︶ ᠭᠤᠶᠤᠴᠢᠯᠠᠯ ᠤᠨ ᠪᠢᠴᠢᠭ ᠲᠤᠭᠤᠷᠪᠢᠨ᠎ᠠ᠂ ᠠᠭᠤᠯᠭ᠎ᠠ ᠶᠢᠨ ᠬᠤᠪᠢ ᠳᠤ ᠪᠠᠶᠢᠭᠤᠯᠬᠤ ᠪᠠᠷ | ᠪᠠᠶᠢᠭ᠎ᠠ ᠠᠷᠠᠯᠵᠢᠶᠠᠨ ᠤ ᠲᠠᠯᠠᠪᠤᠷ ᠭᠠᠵᠠᠷ ᠤᠨ ᠨᠡᠷᠡᠶᠢᠳᠦᠯ᠂ ᠲᠠᠩᠰᠠᠯᠬᠠᠰᠠᠨ ᠭᠠᠵᠠᠷ᠂ ᠡᠵᠡᠩᠨᠡᠯᠳᠡ ᠶᠢᠨ ᠬᠡᠪᠴᠢᠶ᠎ᠡ᠂ | ᠲᠠᠩᠰᠠᠯᠬᠠᠰᠠᠨ ᠭᠦᠷᠦᠩᠬᠡ ᠮᠦᠩᠭᠦ᠂ ᠰᠲ᠋ᠤᠺ ᠤᠨ ᠡᠷᠬᠡ ᠶᠢᠨ ᠪᠦᠳᠦᠴᠡ᠂ ᠠᠷᠠᠯᠵᠢᠶᠠᠨ ᠤ ᠵᠦᠢᠯ᠂ ᠠᠷᠠᠯᠵᠢᠶᠠᠨ ᠤ | ᠠᠷᠭ᠎ᠠ ᠮᠠᠶ᠋ᠢᠭ ᠵᠡᠷᠬᠡ ᠦᠨᠳᠦᠰᠦᠨ ᠮᠡᠳᠡᠭᠡ ᠵᠠᠩᠬᠢ ᠶᠢ ᠪᠠᠭᠳᠠᠭᠠᠨ᠎ᠠ︔ | ︵ᠬᠤᠶᠠᠷ︶ ᠬᠡᠷᠡᠭᠵᠢᠭᠦᠯᠵᠦ ᠪᠤᠯᠬᠤᠶᠢᠴᠠ ᠰᠤᠳᠤᠯᠭᠠᠨ ᠤ ᠮᠡᠳᠡᠭᠦᠯᠦᠯᠳᠡ᠂ ᠠᠭᠤᠯᠭ᠎ᠠ ᠶᠢᠨ ᠬᠤᠪᠢ ᠳᠤ | ᠪᠠᠶᠢᠭᠤᠯᠬᠤ ᠪᠠᠷ ᠪᠠᠶᠢᠭ᠎ᠠ ᠠᠷᠠᠯᠵᠢᠶᠠᠨ ᠤ ᠲᠠᠯᠠᠪᠤᠷ ᠭᠠᠵᠠᠷ ᠤᠨ ᠵᠤᠷᠢᠯᠭ᠎ᠠ᠂ ᠪᠤᠯᠤᠯᠴᠠᠭᠠᠳᠤ ᠴᠢᠨᠠᠷ᠂ ᠴᠢᠬᠤᠯᠠ | ᠴᠢᠨᠠᠷ᠂ ᠵᠠᠬ᠎ᠠ ᠲᠡᠯᠬᠡᠭᠦᠷ ᠤᠨ ᠨᠦᠭᠦᠴᠡᠯ᠂ ᠠᠷᠠᠯᠵᠢᠶᠠᠨ ᠤ ᠵᠦᠢᠯ ᠤᠨ ᠵᠢᠷᠤᠭ ᠲᠦᠯᠦᠪᠯᠡᠭᠡ᠂ ᠲᠦᠭᠰᠢᠭᠦᠷᠢ ᠶᠢᠨ | ᠡᠵᠡᠮᠳᠡᠯ ᠤᠨ ᠴᠢᠳᠠᠪᠤᠷᠢ ᠵᠢᠴᠢ ᠠᠷᠭ᠎ᠠ ᠬᠡᠮᠵᠢᠶ᠎ᠡ᠂ ᠲᠤᠬᠠᠶᠢᠯᠬᠠᠰᠠᠨ ᠠᠵᠢᠯ ᠤᠨ ᠢᠷᠡᠬᠡᠳᠦᠢ ᠶᠢᠨ ᠭᠦᠭᠵᠢᠯᠳᠡ ᠶᠢᠨ | ᠲᠦᠯᠦᠪᠵᠢᠭᠦᠯᠬᠡ ᠵᠢᠴᠢ ᠨᠡᠶᠢᠬᠡᠮ ᠠᠵᠦ ᠠᠬᠤᠢ ᠶᠢᠨ ᠦᠷ᠎ᠡ ᠠᠰᠢᠭ ᠤᠨ ᠵᠠᠳᠠᠯᠤᠯᠳᠠ ᠵᠡᠷᠬᠡ ᠶᠢ ᠪᠠᠭᠳᠠᠭᠠᠬᠤ | ᠪᠤᠯᠪᠠᠴᠤ ᠡᠭᠦᠨ ᠳᠤ ᠬᠢᠵᠠᠭᠠᠷᠯᠬᠠᠳᠠᠬᠤ ᠦᠬᠡᠢ︔ | ︵ᠭᠤᠷᠪᠠ︶ ᠺᠤᠮᠫᠠᠨᠢ ᠶᠢᠨ ᠲᠦᠷᠢᠮ ᠵᠢᠴᠢ ᠲᠤᠳᠤᠭᠠᠳᠤ ᠶᠢᠨ ᠡᠵᠡᠮᠳᠡᠯ ᠤᠨ ᠲᠦᠷᠢᠮ᠂ ᠺᠤᠮᠫᠠᠨᠢ ᠶᠢᠨ | ᠲᠦᠷᠢᠮ ᠳᠤ ᠪᠠᠶᠢᠭᠤᠯᠬᠤ ᠪᠠᠷ ᠪᠠᠶᠢᠭ᠎ᠠ ᠠᠷᠠᠯᠵᠢᠶᠠᠨ ᠤ ᠲᠠᠯᠠᠪᠤᠷ ᠭᠠᠵᠠᠷ ᠤᠨ ᠲᠤᠳᠤᠭᠠᠳᠤ ᠶᠢᠨ ᠵᠤᠬᠢᠶᠠᠨ | ᠪᠠᠶᠢᠭᠤᠯᠤᠯᠳᠠ᠂ ᠪᠠᠶᠢᠭᠤᠯᠬᠤ ᠠᠷᠭ᠎ᠠ ᠮᠠᠶ᠋ᠢᠭ᠂ ᠡᠭᠦᠰᠬᠡᠭᠴᠢ ᠶᠢᠨ ᠪᠠᠶᠢᠳᠠᠯ᠂ ᠬᠡᠷᠡᠭ ᠵᠦᠪᠯᠡᠬᠦ ᠵᠢᠷᠤᠮᠵᠢᠯ᠂ | ᠲᠠᠷᠬᠠᠭᠠᠬᠤ ᠤᠴᠢᠷ ᠰᠢᠯᠳᠠᠭᠠᠨ ᠵᠢᠴᠢ ᠢᠯᠭᠠᠷᠠᠭᠤᠯᠤᠨ ᠲᠤᠭᠠᠴᠠᠭ᠎ᠠ ᠬᠢᠭᠦ ᠠᠷᠭ᠎ᠠ ᠵᠡᠷᠬᠡ ᠶᠢ ᠪᠠᠭᠳᠠᠭᠠᠨ᠎ᠠ︔ | ᠲᠤᠳᠤᠭᠠᠳᠤ ᠶᠢᠨ ᠡᠵᠡᠮᠳᠡᠯ ᠤᠨ ᠲᠦᠷᠢᠮ ᠳᠤ ᠠᠷᠠᠯᠵᠢᠶᠠᠨ ᠤ ᠵᠢᠷᠤᠮᠵᠢᠯ᠂ ᠠᠷᠠᠯᠵᠢᠶᠠᠨ ᠤ ᠪᠡᠯᠡ ᠮᠦᠩᠭᠦ ᠶᠢᠨ | ᠬᠠᠮᠢᠶᠠᠷᠤᠯᠳᠠ ᠶᠢᠨ ᠲᠦᠷᠢᠮ᠂ ᠪᠡᠯᠡ ᠤᠷᠤᠭᠤᠯᠤᠨᠨᠴᠢ ᠶᠢᠨ ᠵᠤᠬᠢᠰᠳᠠᠢ ᠲᠦᠷᠢᠮ᠂ ᠪᠦᠷᠢᠯᠳᠦᠭᠦᠨ ᠤ | ᠬᠠᠮᠢᠶᠠᠷᠤᠯᠳᠠ ᠶᠢᠨ ᠲᠦᠷᠢᠮ᠂ ᠮᠡᠳᠡᠭᠡ ᠵᠠᠩᠬᠢ ᠢᠯᠡ ᠨᠡᠶᠢᠳᠡᠯᠡᠬᠦ ᠲᠦᠷᠢᠮ᠂ ᠲᠦᠭᠰᠢᠭᠦᠷᠢ ᠶᠢᠨ ᠬᠠᠮᠢᠶᠠᠷᠤᠯᠳᠠ ᠶᠢᠨ | ᠲᠦᠷᠢᠮ᠂ ᠡᠳ᠋ ᠤᠨ ᠶᠠᠪᠤᠳᠠᠯ ᠤᠨ ᠲᠦᠷᠢᠮ᠂ ᠪᠠᠴᠢᠮ ᠪᠠᠶᠢᠳᠠᠯ ᠢ ᠠᠷᠭᠠᠴᠠᠨ ᠰᠶᠢᠳᠪᠦᠷᠢᠯᠡᠬᠦ ᠲᠦᠰᠦᠯ ᠵᠡᠷᠬᠡ ᠶᠢ | ᠪᠠᠭᠳᠠᠭᠠᠨ᠎ᠠ︔ | ︵ᠲᠦᠷᠪᠡ︶ ᠡᠭᠦᠰᠬᠡᠭᠴᠢ ︵ᠪᠡᠯᠡ ᠮᠦᠩᠭᠦ ᠭᠠᠷᠭᠠᠨᠨᠴᠢ︶ ᠶᠢᠨ ᠦᠨᠳᠦᠰᠦᠨ ᠪᠠᠶᠢᠳᠠᠯ᠂ ᠡᠭᠦᠨ ᠳᠤ ᠠᠵᠦ | ᠠᠬᠤᠶᠢᠯᠠᠯ ᠤᠨ ᠡᠭᠦᠰᠬᠡᠭᠴᠢ ︵ᠪᠡᠯᠡ ᠮᠦᠩᠭᠦ ᠭᠠᠷᠭᠠᠨᠨᠴᠢ︶ ᠶᠢᠨ ᠦᠨᠳᠦᠰᠦᠨ ᠪᠠᠶᠢᠳᠠᠯ ᠳᠤ ᠨᠡᠷᠡᠶᠢᠳᠦᠯ᠂ | ᠬᠠᠤᠯᠢ ᠪᠠᠷ ᠲᠤᠨᠨᠳᠠᠭᠠᠨᠨᠰᠠᠨ ᠲᠦᠯᠦᠬᠡᠯᠡᠭᠴᠢ᠂ ᠲᠠᠩᠰᠠᠯᠠᠭᠤᠯᠤᠨᠨᠰᠠᠨ ᠭᠦᠷᠦᠩᠬᠡ ᠮᠦᠩᠭᠦ᠂ ᠪᠤᠳᠠᠳᠠᠢ ᠲᠤᠰᠢᠶᠠᠭᠰᠠᠨ | ᠭᠦᠷᠦᠩᠬᠡ ᠮᠦᠩᠭᠦ᠂ ᠲᠠᠩᠰᠠᠯᠠᠭᠤᠯᠤᠨᠨᠰᠠᠨ ᠭᠠᠵᠠᠷ᠂ ᠡᠵᠡᠩᠨᠡᠯᠳᠡ ᠶᠢᠨ ᠦᠨᠡᠮᠯᠡᠯ᠂ ᠭᠠᠶᠢᠯᠢ ᠶᠢᠨ ᠶᠠᠪᠤᠳᠠᠯ | ᠲᠡᠮᠳᠡᠭᠯᠡᠬᠦ ᠦᠨᠡᠮᠯᠡᠯ᠂ ᠤᠷᠴᠢᠮ ᠤᠨ ᠬᠤᠶᠠᠷ ᠵᠢᠯ ᠳᠤ ᠬᠢᠨᠠᠨ ᠪᠤᠳᠤᠨᠨᠰᠠᠨ ᠡᠳ᠋ ᠤᠨ ᠶᠠᠪᠤᠳᠠᠯ ᠤᠨ ᠮᠡᠳᠡᠭᠦᠯᠦᠯᠳᠡ᠂ | ᠡᠵᠡᠩᠨᠡᠯᠳᠡ ᠭᠦᠭᠵᠢᠯᠳᠡ ᠶᠢᠨ ᠪᠠᠶᠢᠳᠠᠯ᠂ ᠤᠷᠴᠢᠮ ᠤᠨ ᠭᠤᠷᠪᠠᠨ ᠵᠢᠯ ᠤᠨ ᠢᠳᠡᠬᠡᠮᠵᠢ ᠶᠢᠨ ᠪᠠᠶᠢᠳᠠᠯ ᠵᠡᠷᠬᠡ ᠶᠢ | ᠪᠠᠭᠳᠠᠭᠠᠨ᠎ᠠ︔ ᠪᠠᠶᠢᠭᠠᠯᠢᠭ ᠡᠭᠦᠰᠬᠡᠭᠴᠢ ᠬᠦᠮᠦᠨ ︵ᠪᠡᠯᠡ ᠮᠦᠩᠭᠦ ᠭᠠᠷᠭᠠᠨᠨᠴᠢ︶ ᠤ ᠦᠨᠳᠦᠰᠦᠨ ᠪᠠᠶᠢᠳᠠᠯ ᠳᠤ | ᠬᠤᠪᠢ ᠭᠦᠮᠦᠨ ᠤ ᠲᠤᠪᠴᠢ ᠨᠠᠮᠳᠠᠷ᠂ ᠪᠡᠶ᠎ᠡ ᠶᠢᠨ ᠦᠨᠡᠮᠯᠡᠯ ᠤᠨ ᠬᠠᠭᠤᠯᠪᠤᠷᠢ᠂ ᠬᠤᠪᠢ ᠭᠦᠮᠦᠨ ᠤ ᠢᠳᠡᠬᠡᠮᠵᠢ ᠶᠢᠨ | ᠮᠡᠳᠡᠭᠦᠯᠦᠯᠳᠡ᠂ ᠶᠠᠯ᠎ᠠ ᠦᠯᠦ ᠬᠢᠭᠰᠡᠨ ᠲᠡᠮᠳᠡᠭᠯᠡᠯ ᠤᠨ ᠬᠡᠷᠡᠴᠢ ᠵᠡᠷᠬᠡ ᠶᠢ ᠪᠠᠭᠳᠠᠭᠠᠨ᠎ᠠ︔ | ︵ᠲᠠᠪᠤ︶ ᠬᠡᠷᠡᠭ ᠮᠡᠳᠡᠭᠴᠢ᠂ ᠬᠢᠨᠠᠯᠳᠠ ᠲᠠᠯᠪᠢᠨᠨᠴᠢ᠂ ᠲᠡᠬᠡᠳᠦ ᠵᠡᠷᠬᠡ ᠶᠢᠨ ᠬᠠᠮᠢᠶᠠᠷᠤᠯᠳᠠ ᠶᠢᠨ | ᠠᠵᠢᠯᠳᠠᠨ ᠢᠶᠠᠷ ᠲᠤᠮᠢᠯᠠᠬᠳᠠᠬᠤ ᠬᠦᠮᠦᠰ ᠤᠨ ᠲᠤᠪᠴᠢ ᠨᠠᠮᠳᠠᠷ᠂ ᠪᠡᠶ᠎ᠡ ᠶᠢᠨ ᠦᠨᠡᠮᠯᠡᠯ ᠤᠨ ᠬᠠᠭᠤᠯᠪᠤᠷᠢ᠂ ᠬᠤᠪᠢ | ᠭᠦᠮᠦᠨ ᠤ ᠢᠳᠡᠬᠡᠮᠵᠢ ᠶᠢᠨ ᠮᠡᠳᠡᠭᠦᠯᠦᠯᠳᠡ᠂ ᠶᠠᠯ᠎ᠠ ᠦᠯᠦ ᠬᠢᠭᠰᠡᠨ ᠲᠡᠮᠳᠡᠭᠯᠡᠯ ᠤᠨ ᠬᠡᠷᠡᠴᠢ᠂ ᠰᠤᠷᠤᠯᠴᠠᠬᠰᠠᠨ | ᠨᠠᠮᠳᠠᠷ ᠤᠨ ᠦᠨᠡᠮᠯᠡᠯ ᠤᠨ ᠬᠠᠭᠤᠯᠪᠤᠷᠢ ᠵᠡᠷᠬᠡ ᠮᠠᠲ᠋ᠧᠷᠢᠶᠠᠯ︔ | ︵ᠵᠢᠷᠭᠤᠭ᠎ᠠ︶ ᠪᠠᠶᠢᠭ᠎ᠠ ᠠᠶᠢᠮᠠᠭ ᠬᠤᠳᠠ ᠶᠢᠨ ᠬᠢᠨᠠᠯᠳᠠ ᠬᠠᠮᠢᠶᠠᠷᠤᠯᠳᠠ ᠶᠢᠨ ᠰᠠᠯᠠᠭ᠎ᠠ ᠮᠦᠴᠢᠷ ᠤᠨ | ᠭᠠᠷᠭᠠᠵᠦ ᠦᠭᠭᠦᠭᠰᠡᠨ ᠠᠷᠠᠯᠵᠢᠶᠠᠨ ᠤ ᠲᠠᠯᠠᠪᠤᠷ ᠭᠠᠵᠠᠷ ᠤᠨ ᠬᠢᠨᠠᠯᠳᠠ ᠬᠠᠮᠢᠶᠠᠷᠤᠯᠳᠠ᠂ ᠲᠦᠭᠰᠢᠭᠦᠷᠢ ᠶᠢ ᠰᠡᠷᠬᠡᠶᠢᠯᠡᠬᠦ | ᠪᠠ ᠰᠶᠢᠳᠪᠦᠷᠢᠯᠡᠬᠦ ᠠᠮᠠᠯᠠᠯᠳᠠ ᠶᠢᠨ ᠪᠢᠴᠢᠭ︔ | ︵ᠲᠤᠯᠤᠭ᠎ᠠ︶ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠳᠠ ᠶᠢᠨ ᠰᠠᠯᠠᠭ᠎ᠠ | ᠮᠦᠴᠢᠷ ᠠᠴᠠ ᠭᠠᠷᠭᠠᠵᠦ ᠦᠭᠭᠦᠭᠰᠡᠨ ︽ᠠᠵᠦ ᠠᠬᠤᠶᠢᠯᠠᠯ ᠤᠨ ᠨᠡᠷᠡᠶᠢᠳᠦᠯ ᠢ ᠤᠷᠢᠳᠴᠢᠯᠠᠨ ᠬᠠᠷᠭᠤᠭᠤᠯᠵᠦ | ᠵᠦᠪᠰᠢᠶᠡᠷᠡᠭᠰᠡᠨ ᠮᠡᠳᠡᠭᠳᠡᠯ ᠤᠨ ᠪᠢᠴᠢᠭ︾︔ | ︵ᠨᠠᠢᠮᠠ︶ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠨᠨᠳᠠᠭᠠᠯ ᠵᠢᠴᠢ ᠦᠪᠡᠷᠳᠡᠬᠡᠨ ᠵᠠᠰᠠᠬᠤ | ᠤᠷᠤᠨ ᠤ ᠬᠢᠨᠠᠯᠳᠠ ᠬᠠᠮᠢᠶᠠᠷᠤᠯᠳᠠ ᠶᠢᠨ ᠰᠠᠯᠠᠭ᠎ᠠ ᠮᠦᠴᠢᠷ ᠤᠨ ᠲᠤᠨᠨᠳᠠᠭᠠᠨᠨᠰᠠᠨ ᠪᠤᠰᠤᠳ ᠬᠠᠮᠢᠶ᠎ᠠ ᠪᠦᠭᠦᠢ | ᠮᠠᠲ᠋ᠧᠷᠢᠶᠠᠯ᠃ | ᠠᠷᠪᠠᠨ ᠭᠤᠷᠪᠠᠳᠤᠭᠠᠷ ᠵᠦᠢᠯ ᠰᠢᠨ᠎ᠠ ᠪᠠᠷ ᠪᠠᠶᠢᠭᠤᠯᠤᠨᠨᠰᠠᠨ ᠠᠷᠠᠯᠵᠢᠶᠠᠨ ᠤ ᠲᠠᠯᠠᠪᠤᠷ ᠭᠠᠵᠠᠷ ᠨᠢ | ᠦᠪᠡᠷᠳᠡᠬᠡᠨ ᠵᠠᠰᠬᠠᠤ ᠤᠷᠤᠨ ᠤ ᠠᠷᠠᠳ ᠤᠨ ᠵᠠᠰᠠᠭ ᠤᠨ ᠤᠷᠳᠤᠨ ᠤ ᠵᠦᠪᠰᠢᠶᠡᠷᠡᠭᠰᠡᠨ ᠪᠡᠯᠡᠳᠬᠡᠨ ᠪᠠᠶᠢᠭᠤᠯᠬᠤ | ᠪᠢᠴᠢᠭ ᠮᠠᠲ᠋ᠧᠷᠢᠶᠠᠯ ᠢ ᠭᠠᠷᠳ᠋ᠬᠠᠰᠠᠨ ᠤ ᠲᠠᠷᠠᠭ᠎ᠠ᠂ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ | ᠬᠠᠮᠢᠶᠠᠷᠤᠯᠳᠠ ᠶᠢᠨ ᠰᠠᠯᠠᠭ᠎ᠠ ᠮᠦᠴᠢᠷ ᠠᠴᠠ ᠲᠡᠳᠡᠨ ᠳᠤ ᠦᠢᠯᠡᠳᠪᠦᠷᠢ ᠬᠤᠳᠠᠯᠳᠤᠭᠠᠨ ᠤ ᠲᠠᠩᠰᠠᠯᠠᠨ ᠲᠡᠮᠳᠡᠭᠯᠡᠬᠦ ᠶᠢ | ᠭᠦᠢᠴᠡᠳᠬᠡᠵᠦ ᠪᠤᠯᠤᠨ᠎ᠠ᠃ ᠰᠢᠨ᠎ᠠ ᠪᠠᠷ ᠪᠠᠶᠢᠭᠤᠯᠤᠨᠨᠰᠠᠨ ᠠᠷᠠᠯᠵᠢᠶᠠᠨ ᠤ ᠲᠠᠯᠠᠪᠤᠷ ᠭᠠᠵᠠᠷ ᠨᠢ ᠪᠡᠯᠡᠳᠬᠡᠨ | ᠪᠠᠶᠢᠭᠤᠯᠵᠦ ᠪᠤᠯᠬᠤ ᠪᠠᠷ ᠵᠦᠪᠰᠢᠶᠡᠷᠡᠭᠦᠯᠦᠭᠰᠡᠨ ᠤ ᠲᠠᠷᠠᠭᠠᠬᠢ 6 ᠰᠠᠷ᠎ᠠ ᠶᠢᠨ ᠲᠤᠳᠤᠷ᠎ᠠ ᠪᠡᠯᠡᠳᠬᠡᠨ ᠪᠠᠶᠢᠭᠤᠯᠬᠤ | ᠠᠵᠢᠯ ᠢᠶᠠᠨ ᠲᠠᠭᠤᠰᠬᠠᠨ᠎ᠠ᠂ ᠵᠠᠷᠴᠢᠮ ᠲᠡᠬᠡᠷ᠎ᠡ ᠪᠠᠨ ᠪᠡᠯᠡᠳᠬᠡᠨ ᠪᠠᠶᠢᠭᠤᠯᠬᠤ ᠬᠤᠭᠤᠴᠠᠭ᠎ᠠ ᠶᠢ ᠤᠷᠳᠤᠳᠬᠠᠵᠦ | ᠪᠤᠯᠬᠤ ᠦᠬᠡᠢ᠃ ᠰᠢᠨ᠎ᠠ ᠪᠠᠷ ᠪᠠᠶᠢᠭᠤᠯᠤᠨᠨᠰᠠᠨ ᠠᠷᠠᠯᠵᠢᠶᠠᠨ ᠤ ᠲᠠᠯᠠᠪᠤᠷ ᠭᠠᠵᠠᠷ ᠨᠢ ᠪᠡᠯᠡᠳᠬᠡᠨ ᠪᠠᠶᠢᠭᠤᠯᠬᠤ | ᠠᠵᠢᠯ ᠢᠶᠠᠨ ᠲᠠᠭᠤᠰᠬᠠᠭᠰᠠᠨ ᠤ ᠦᠪᠡᠷᠳᠡᠬᠡᠨ ᠵᠠᠰᠠᠬᠤ ᠤᠷᠤᠨ ᠤ ᠮᠦᠩᠭᠦᠨ ᠭᠦᠢᠯᠬᠡᠬᠡᠨ ᠤ ᠠᠯᠪᠠᠨ ᠬᠡᠷ ᠪᠤᠶᠤ | ᠦᠪᠡᠷᠳᠡᠬᠡᠨ ᠵᠠᠰᠠᠬᠤ ᠤᠷᠤᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠠᠵᠢᠯ ᠡᠬᠢᠯᠡᠬᠦ ᠶᠢ ᠵᠦᠪᠰᠢᠶᠡᠷᠡᠭᠰᠡᠨ | ᠪᠢᠴᠢᠭ ᠮᠠᠲ᠋ᠧᠷᠢᠶᠠᠯ ᠢ ᠭᠠᠷᠳ᠋ᠬᠠᠰᠠᠨ ᠤ ᠲᠠᠷᠠᠭ᠎ᠠ᠂ ᠮᠦᠩᠭᠦᠨ ᠭᠦᠢᠯᠬᠡᠬᠡᠨ ᠤ ᠪᠠᠶᠢᠭᠤᠯᠤᠮᠵᠢ ᠠᠴᠠ ᠲᠡᠳᠡᠨ ᠳᠤ | ᠲᠠᠩᠰᠠᠨ ᠡᠷᠦᠬᠡ ᠨᠡᠬᠡᠬᠡᠬᠦ ᠭᠠᠷᠳᠠᠮ ᠢ ᠭᠦᠢᠴᠡᠳᠬᠡᠵᠦ ᠪᠤᠯᠤᠨ᠎ᠠ᠃ | ᠠᠷᠪᠠᠨ ᠲᠦᠷᠪᠡᠳᠦᠬᠡᠷ ᠵᠦᠢᠯ ᠤᠨᠳᠤᠤ ᠭᠠᠵᠠᠷ ᠤᠨ ᠠᠷᠠᠯᠵᠢᠶᠠᠨ ᠤ ᠲᠠᠯᠠᠪᠤᠷ ᠭᠠᠵᠠᠷ ᠨᠢ ᠵᠠᠷᠴᠢᠮ | ᠲᠡᠬᠡᠷ᠎ᠡ ᠪᠠᠨ ᠦᠪᠡᠷᠳᠡᠬᠡᠨ ᠵᠠᠰᠠᠬᠤ ᠤᠷᠤᠨ ᠳᠤ ᠬᠤᠪᠢᠶᠠᠷᠢ ᠪᠠᠶᠢᠭᠤᠯᠤᠮᠵᠢ ᠵᠢᠴᠢ ᠤᠷᠤᠯᠠᠬᠤ ᠪᠠᠶᠢᠭᠤᠯᠤᠮᠵᠢ | ᠪᠠᠶᠢᠭᠤᠯᠵᠦ ᠪᠤᠯᠬᠤ ᠦᠬᠡᠢ᠃ ᠡᠷᠬᠡᠪᠰᠢ ᠪᠠᠶᠢᠭᠤᠯᠬᠤ ᠴᠢᠬᠤᠯᠠᠳᠠᠢ ᠪᠠᠶᠢᠪᠠᠯ᠂ ᠠᠷᠠᠯᠵᠢᠶᠠᠨ ᠤ ᠲᠠᠯᠠᠪᠤᠷ ᠭᠠᠵᠠᠷ ᠤᠨ | ᠲᠠᠩᠰᠠᠯᠠᠭᠤᠯᠤᠨᠨᠰᠠᠨ ᠭᠠᠵᠠᠷ ᠤᠨ ᠮᠤᠵᠢ ᠶᠢᠨ ᠲᠡᠰ ᠤᠨ ᠠᠷᠠᠳ ᠤᠨ ᠵᠠᠰᠠᠭ ᠤᠨ ᠤᠷᠳᠤᠨ ᠠᠴᠠ ᠤᠨᠳᠤᠤ ᠭᠠᠵᠠᠷ | ᠬᠤᠪᠢᠶᠠᠷᠢ ᠪᠠᠶᠢᠭᠤᠯᠤᠮᠵᠢ ᠪᠠᠶᠢᠭᠤᠯᠬᠤ ᠶᠢ ᠨᠢ ᠵᠦᠪᠰᠢᠶᠡᠷᠡᠭᠰᠡᠨ ᠪᠢᠴᠢᠭ ᠮᠠᠲ᠋ᠧᠷᠢᠶᠠᠯ ᠢ ᠬᠠᠩᠭᠠᠬᠤ ᠶᠢᠨ ᠬᠠᠮᠳᠤ᠂ | ᠲᠤᠰ ᠠᠷᠭ᠎ᠠ ᠳᠤ ᠲᠤᠨᠨᠳᠠᠭᠠᠨᠨᠰᠠᠨ ᠰᠢᠨ᠎ᠠ ᠪᠠᠷ ᠪᠠᠶᠢᠭᠤᠯᠬᠤ ᠠᠷᠠᠯᠵᠢᠶᠠᠨ ᠤ ᠲᠠᠯᠠᠪᠤᠷ ᠭᠠᠵᠠᠷ ᠤᠨ ᠲᠡᠰ ᠲᠠᠷᠠᠭᠠᠯᠠᠯ ᠢ | ᠦᠨᠳᠦᠰᠦᠯᠡᠨ ᠬᠠᠮᠢᠶ᠎ᠠ ᠪᠦᠭᠦᠢ ᠭᠠᠷᠳᠠᠮ ᠢ ᠭᠦᠢᠴᠡᠳᠬᠡᠨ᠎ᠠ᠃ | ᠠᠷᠪᠠᠨ ᠲᠠᠪᠤᠳᠤᠭᠠᠷ ᠵᠦᠢᠯ ᠦᠪᠡᠷᠳᠡᠬᠡᠨ ᠵᠠᠰᠠᠬᠤ ᠤᠷᠤᠨ ᠤ ᠡᠯ᠎ᠡ ᠲᠦᠷᠦᠯ ᠤᠨ ᠠᠷᠠᠯᠵᠢᠶᠠᠨ ᠤ | ᠲᠠᠯᠠᠪᠤᠷ ᠭᠠᠵᠠᠷ ᠨᠢ ᠵᠠᠷᠴᠢᠮ ᠲᠡᠬᠡᠷ᠎ᠡ ᠪᠠᠨ ᠮᠤᠵᠢ ︵ᠤᠷᠤᠨ᠂ ᠬᠤᠳᠠ︶ ᠠᠯᠤᠰᠯᠠᠨ ᠬᠤᠪᠢᠶᠠᠷᠢ ᠪᠠᠶᠢᠭᠤᠯᠤᠮᠵᠢ | ᠵᠢᠴᠢ ᠤᠷᠤᠯᠠᠬᠤ ᠪᠠᠶᠢᠭᠤᠯᠤᠮᠵᠢ ᠪᠠᠶᠢᠭᠤᠯᠵᠦ ᠡᠵᠡᠩᠨᠡᠯᠳᠡ ᠶᠢᠨ ᠠᠵᠢᠯᠯᠠᠭ᠎ᠠ ᠦᠷᠨᠢᠭᠦᠯᠵᠦ ᠪᠤᠯᠬᠤ ᠦᠬᠡᠢ᠃ | ᠡᠷᠬᠡᠪᠰᠢ ᠪᠠᠶᠢᠭᠤᠯᠬᠤ ᠴᠢᠬᠤᠯᠠᠳᠠᠢ ᠪᠠᠶᠢᠪᠠᠯ᠂ ᠦᠪᠡᠷᠳᠡᠬᠡᠨ ᠵᠠᠰᠠᠬᠤ ᠤᠷᠤᠨ ᠤ ᠮᠦᠩᠭᠦᠨ ᠭᠦᠢᠯᠬᠡᠬᠡᠨ ᠤ ᠠᠯᠪᠠᠨ | ᠬᠡᠷ ᠪᠤᠶᠤ ᠦᠪᠡᠷᠳᠡᠬᠡᠨ ᠵᠠᠰᠠᠬᠤ ᠤᠷᠤᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠠᠴᠠ ᠬᠢᠨᠠᠨ | ᠬᠠᠷᠭᠤᠭᠤᠯᠤᠨᠨᠰᠠᠨ ᠤ ᠲᠠᠷᠠᠭ᠎ᠠ᠂ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠳᠤ | ᠮᠡᠳᠡᠭᠦᠯᠵᠦ ᠵᠦᠪᠰᠢᠶᠡᠷᠡᠭᠦᠯᠦᠨ᠎ᠠ᠃ | ᠠᠷᠪᠠᠨ ᠵᠢᠷᠭᠤᠳᠤᠭᠠᠷ ᠵᠦᠢᠯ ᠠᠷᠠᠯᠵᠢᠶᠠᠨ ᠤ ᠲᠠᠯᠠᠪᠤᠷ ᠭᠠᠵᠠᠷ ᠲᠤ ᠲᠤᠤᠷᠠᠬᠢ ᠵᠦᠢᠯᠡᠰ ᠤᠨ ᠨᠢᠬᠡ ᠨᠢ | ᠪᠠᠶᠢᠪᠠᠯ᠂ ᠠᠷᠠᠯᠵᠢᠶᠠᠨ ᠤ ᠲᠠᠯᠠᠪᠤᠷ ᠭᠠᠵᠠᠷ ᠤᠨ ᠰᠢᠨᠵᠢ ᠴᠢᠨᠠᠷ ᠢ ᠦᠨᠳᠦᠰᠦᠯᠡᠨ ᠠᠶᠢᠮᠠᠭ ᠬᠤᠳᠠ ᠶᠢᠨ ᠬᠢᠨᠠᠯᠳᠠ | ᠬᠠᠮᠢᠶᠠᠷᠤᠯᠳᠠ ᠶᠢᠨ ᠰᠠᠯᠠᠭ᠎ᠠ ᠮᠦᠴᠢᠷ ᠬᠠᠷᠭᠤᠭᠤᠯᠤᠨ ᠵᠦᠪᠰᠢᠶᠡᠷᠡᠭᠰᠡᠨ ᠤ ᠲᠠᠷᠠᠭ᠎ᠠ᠂ ᠦᠪᠡᠷᠳᠡᠬᠡᠨ ᠵᠠᠰᠠᠬᠤ | ᠤᠷᠤᠨ ᠤ ᠮᠦᠩᠭᠦᠨ ᠭᠦᠢᠯᠬᠡᠬᠡᠨ ᠤ ᠠᠯᠪᠠᠨ ᠬᠡᠷ ᠪᠤᠶᠤ ᠦᠪᠡᠷᠳᠡᠬᠡᠨ ᠵᠠᠰᠠᠬᠤ ᠤᠷᠤᠨ ᠤ ᠬᠤᠳᠠᠯᠳᠤᠭᠠᠨ ᠤ | ᠶᠠᠪᠤᠳᠠᠯ ᠤᠨ ᠲᠢᠩᠬᠢᠮ ᠳᠤ ᠮᠡᠳᠡᠭᠦᠯᠵᠦ ᠪᠦᠷᠢᠳᠬᠡᠨ ᠲᠠᠩᠰᠠᠯᠠᠭᠤᠯᠬᠤ ᠪᠠᠷ ᠭᠤᠶᠤᠴᠢᠯᠠᠨ᠎ᠠ᠃ | ︵ᠨᠢᠬᠡ︶ ᠵᠤᠬᠢᠶᠠᠨ ᠪᠠᠶᠢᠭᠤᠯᠤᠯᠳᠠ ᠶᠢᠨ ᠬᠡᠯᠪᠡᠷᠢ ᠶᠢ ᠬᠤᠪᠢᠷᠠᠭᠤᠯᠬᠤ︔ | ︵ᠬᠤᠶᠠᠷ︶ ᠲᠠᠩᠰᠠᠯᠠᠨ ᠭᠦᠷᠦᠩᠬᠡ ᠮᠦᠩᠭᠦ ᠶᠢ ᠬᠤᠪᠢᠷᠠᠭᠤᠯᠬᠤ︔ | ︵ᠭᠤᠷᠪᠠ︶ ᠤᠷᠤᠨ ᠰᠠᠭᠤᠴᠠ ᠶᠢ ᠬᠤᠪᠢᠷᠠᠭᠤᠯᠬᠤ︔ | ︵ᠲᠦᠷᠪᠡ︶ ᠬᠠᠤᠯᠢ ᠪᠠᠷ ᠲᠤᠨᠨᠳᠠᠭᠠᠨᠨᠰᠠᠨ ᠲᠦᠯᠦᠬᠡᠯᠡᠭᠴᠢ ᠶᠢ ᠬᠤᠪᠢᠷᠠᠭᠤᠯᠬᠤ︔ | ︵ᠲᠠᠪᠤ︶ ᠬᠡᠷᠡᠭ ᠮᠡᠳᠡᠭᠴᠢ᠂ ᠬᠢᠨᠠᠯᠳᠠ ᠲᠠᠯᠪᠢᠨᠨᠴᠢ᠂ ᠲᠡᠬᠡᠳᠦ ᠵᠡᠷᠬᠡ ᠶᠢᠨ ᠬᠠᠮᠢᠶᠠᠷᠤᠯᠳᠠ ᠶᠢᠨ ᠠᠵᠢᠯᠳᠠᠨ ᠢ | ᠬᠤᠪᠢᠷᠠᠭᠤᠯᠬᠤ︔ | ︵ᠵᠢᠷᠭᠤᠭ᠎ᠠ︶ ᠬᠤᠪᠢ ᠤᠷᠤᠭᠤᠯᠤᠨᠨᠴᠢ ᠶᠢ ᠬᠤᠪᠢᠷᠠᠭᠤᠯᠬᠤ︔ | ︵ᠲᠤᠯᠤᠭ᠎ᠠ︶ ᠺᠤᠮᠫᠠᠨᠢ ᠶᠢᠨ ᠲᠦᠷᠢᠮ ᠢ ᠬᠤᠪᠢᠷᠠᠭᠤᠯᠬᠤ︔ | ︵ᠨᠠᠢᠮᠠ︶ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠨᠨᠳᠠᠭᠠᠯ ᠵᠢᠴᠢ ᠦᠪᠡᠷᠳᠡᠬᠡᠨ ᠵᠠᠰᠠᠬᠤ | ᠤᠷᠤᠨ ᠤ ᠬᠢᠨᠠᠯᠳᠠ ᠬᠠᠮᠢᠶᠠᠷᠤᠯᠳᠠ ᠶᠢᠨ ᠰᠠᠯᠠᠭ᠎ᠠ ᠮᠦᠴᠢᠷ ᠤᠨ ᠲᠤᠨᠨᠳᠠᠭᠠᠨᠨᠰᠠᠨ ᠪᠤᠰᠤᠳ ᠬᠤᠪᠢᠷᠠᠭᠤᠯᠬᠤ | ᠵᠦᠢᠯᠡᠰ ᠲᠠᠢ ᠪᠠᠶᠢᠬᠤ᠃ | ᠠᠷᠪᠠᠨ ᠲᠤᠯᠤᠳᠤᠭᠠᠷ ᠵᠦᠢᠯ ᠠᠷᠠᠯᠵᠢᠶᠠᠨ ᠤ ᠲᠠᠯᠠᠪᠤᠷ ᠭᠠᠵᠠᠷ ᠲᠤ ᠲᠤᠤᠷᠠᠬᠢ ᠮᠡᠳᠦ ᠴᠢᠬᠤᠯᠠ ᠶᠡᠭᠡ | ᠵᠦᠢᠯᠡᠰ ᠤᠨ ᠨᠢᠬᠡ ᠨᠢ ᠪᠠᠶᠢᠪᠠᠯ᠂ ᠠᠷᠠᠯᠵᠢᠶᠠᠨ ᠤ ᠲᠠᠯᠠᠪᠤᠷ ᠭᠠᠵᠠᠷ ᠤᠨ ᠰᠢᠨᠵᠢ ᠴᠢᠨᠠᠷ ᠢ ᠦᠨᠳᠦᠰᠦᠯᠡᠨ ᠠᠶᠢᠮᠠᠭ | ᠬᠤᠳᠠ ᠶᠢᠨ ᠬᠢᠨᠠᠯᠳᠠ ᠬᠠᠮᠢᠶᠠᠷᠤᠯᠳᠠ ᠶᠢᠨ ᠰᠠᠯᠠᠭ᠎ᠠ ᠮᠦᠴᠢᠷ ᠠᠩᠬ᠎ᠠ ᠬᠢᠨ᠋ᠬᠠᠰᠠᠨ ᠤ ᠲᠠᠷᠠᠭ᠎ᠠ᠂ ᠦᠪᠡᠷᠳᠡᠬᠡᠨ ᠵᠠᠰᠠᠬᠤ | ᠤᠷᠤᠨ ᠤ ᠮᠦᠩᠭᠦᠨ ᠭᠦᠢᠯᠬᠡᠬᠡᠨ ᠤ ᠠᠯᠪᠠᠨ ᠬᠡᠷ ᠪᠤᠶᠤ ᠦᠪᠡᠷᠳᠡᠬᠡᠨ ᠵᠠᠰᠠᠬᠤ ᠤᠷᠤᠨ ᠤ ᠬᠤᠳᠠᠯᠳᠤᠭᠠᠨ ᠤ | ᠶᠠᠪᠤᠳᠠᠯ ᠤᠨ ᠲᠢᠩᠬᠢᠮ ᠳᠤ ᠮᠡᠳᠡᠭᠦᠯᠵᠦ ᠬᠠᠷᠭᠤᠭᠤᠯᠤᠨ ᠵᠦᠪᠰᠢᠶᠡᠷᠡᠭᠦᠯᠭᠦ ᠪᠠᠷ ᠭᠤᠶᠤᠴᠢᠯᠠᠨ᠎ᠠ᠃ | ︵ᠨᠢᠬᠡ︶ ᠨᠡᠷᠡᠶᠢᠳᠦᠯ ᠢ ᠬᠤᠪᠢᠷᠠᠭᠤᠯᠬᠤ︔ | ︵ᠬᠤᠶᠠᠷ︶ ᠡᠵᠡᠩᠨᠡᠯᠳᠡ ᠶᠢᠨ ᠭᠦᠷᠢᠶ᠎ᠡ ᠬᠡᠪᠴᠢᠶ᠎ᠡ ᠶᠢ ᠲᠤᠬᠢᠷᠠᠭᠤᠯᠬᠤ︔ | ︵ᠭᠤᠷᠪᠠ︶ ᠲᠤᠰᠠᠭᠠᠷ ᠪᠠᠶᠢᠭᠤᠯᠬᠤ ᠪᠤᠶᠤ ᠨᠡᠶᠢᠯᠡᠬᠦᠯᠬᠦ︔ | ︵ᠲᠦᠷᠪᠡ︶ ᠦᠪᠡᠷᠳᠡᠬᠡᠨ ᠵᠠᠰᠠᠬᠤ ᠤᠷᠤᠨ ᠳᠤ ᠬᠤᠪᠢᠶᠠᠷᠢ ᠪᠠᠶᠢᠭᠤᠯᠤᠮᠵᠢ ᠪᠠᠶᠢᠭᠤᠯᠬᠤ︔ | ︵ᠲᠠᠪᠤ︶ ᠠᠷᠠᠯᠵᠢᠶᠠᠨ ᠤ ᠵᠢᠷᠤᠮᠵᠢᠯ ᠢ ᠬᠤᠪᠢᠷᠠᠭᠤᠯᠬᠤ ᠪᠤᠶᠤ ᠠᠷᠠᠯᠵᠢᠶᠠᠨ ᠤ ᠵᠦᠢᠯ ᠢ ᠰᠢᠨ᠎ᠠ ᠪᠠᠷ | ᠪᠠᠶᠢᠭᠤᠯᠬᠤ︔ | ︵ᠵᠢᠷᠭᠤᠭ᠎ᠠ︶ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠨᠨᠳᠠᠭᠠᠯ ᠵᠢᠴᠢ ᠦᠪᠡᠷᠳᠡᠬᠡᠨ ᠵᠠᠰᠬᠠᠤ | ᠤᠷᠤᠨ ᠤ ᠬᠢᠨᠠᠯᠳᠠ ᠬᠠᠮᠢᠶᠠᠷᠤᠯᠳᠠ ᠶᠢᠨ ᠰᠠᠯᠠᠭ᠎ᠠ ᠮᠦᠴᠢᠷ ᠤᠨ ᠲᠤᠨᠨᠳᠠᠭᠠᠨᠨᠰᠠᠨ ᠪᠤᠰᠤᠳ ᠬᠤᠪᠢᠷᠠᠭᠤᠯᠬᠤ | ᠵᠦᠢᠯᠡᠰ ᠲᠠᠢ ᠪᠠᠶᠢᠬᠤ᠃ | ᠠᠷᠪᠠᠨ ᠨᠠᠢᠮᠠᠳᠤᠭᠠᠷ ᠵᠦᠢᠯ ᠠᠷᠠᠯᠵᠢᠶᠠᠨ ᠤ ᠲᠠᠯᠠᠪᠤᠷ ᠭᠠᠵᠠᠷ ᠨᠢ ᠲᠤᠤᠷᠠᠬᠢ ᠮᠡᠳᠦ ᠰᠢᠯᠳᠠᠭᠠᠨ ᠠᠴᠠ | ᠪᠤᠯᠵᠦ ᠠᠷᠠᠯᠵᠢᠶᠠᠯᠠᠬᠤ ᠪᠠᠨ ᠵᠤᠭᠰᠤᠭᠠᠵᠦ ᠪᠤᠯᠤᠨ᠎ᠠ᠄ | ︵ᠨᠢᠬᠡ︶ ᠺᠤᠮᠫᠠᠨᠢ ᠶᠢᠨ ᠲᠦᠷᠢᠮ ᠳᠤ ᠲᠤᠨᠨᠳᠠᠭᠠᠨᠨᠰᠠᠨ ᠡᠵᠡᠩᠨᠡᠯᠳᠡ ᠶᠢᠨ ᠴᠠᠭ ᠤᠨ ᠬᠢᠵᠠᠭᠠᠷ ᠲᠤᠯᠤᠨᠨᠰᠠᠨ | ᠪᠤᠶᠤ ᠲᠤᠨᠨᠳᠠᠭᠠᠨᠨᠰᠠᠨ ᠪᠤᠰᠤᠳ ᠲᠠᠷᠬᠠᠭᠠᠬᠤ ᠤᠴᠢᠷ ᠰᠢᠯᠳᠠᠭᠠᠨ ᠡᠬᠦᠰᠦᠭᠰᠡᠨ ᠦᠶᠡᠰ︔ | ︵ᠬᠤᠶᠠᠷ︶ ᠬᠤᠪᠢ ᠤᠷᠤᠭᠤᠯᠤᠨᠨᠴᠢ ︵ᠲᠦᠯᠦᠬᠡᠯᠡᠭᠴᠢ︶ ᠶᠢᠨ ᠶᠡᠭᠡ ᠬᠤᠷᠠᠯ ᠠᠴᠠ ᠲᠠᠷᠬᠠᠭᠠᠬᠤ | ᠰᠶᠢᠳᠪᠦᠷᠢ ᠭᠠᠷᠭᠠᠭᠰᠠᠨ︔ | ︵ᠭᠤᠷᠪᠠ︶ ᠲᠤᠰᠠᠭᠠᠷ ᠪᠠᠶᠢᠭᠤᠯᠬᠤ ᠪᠤᠶᠤ ᠨᠡᠶᠢᠯᠡᠬᠦᠯᠬᠦ ᠠᠴᠠ ᠪᠤᠯᠵᠦ ᠲᠠᠷᠠᠭᠠᠬᠤ ᠴᠢᠬᠤᠯᠠᠳᠠᠢ ᠪᠤᠯᠤᠬᠰᠠᠨ︔ | ︵ᠲᠦᠷᠪᠡ︶ ᠠᠷᠠᠳ ᠤᠨ ᠰᠢᠭᠦᠭᠦ ᠬᠤᠷᠢᠶ᠎ᠠ ᠬᠠᠤᠯᠢ ᠶᠤᠰᠤᠭᠠᠷ ᠺᠤᠮᠫᠠᠨᠢ ᠶᠢ ᠲᠠᠷᠬᠠᠭᠠᠬᠤ ᠪᠠᠷ ᠨᠡᠶᠢᠳᠡᠯᠡᠭᠰᠡᠨ︔ | ︵ᠲᠠᠪᠤ︶ ᠰᠢᠨ᠎ᠠ ᠪᠠᠷ ᠪᠠᠶᠢᠭᠤᠯᠤᠨᠨᠰᠠᠨ ᠠᠷᠠᠯᠵᠢᠶᠠᠨ ᠤ ᠲᠠᠯᠠᠪᠤᠷ ᠭᠠᠵᠠᠷ ᠨᠢ ᠦᠪᠡᠷᠳᠡᠬᠡᠨ ᠵᠠᠰᠠᠬᠤ | ᠤᠷᠤᠨ ᠤ ᠠᠷᠠᠳ ᠤᠨ ᠵᠠᠰᠠᠭ ᠤᠨ ᠤᠷᠳᠤᠨ ᠤ ᠪᠠᠶᠢᠭᠤᠯᠬᠤ ᠶᠢ ᠵᠦᠪᠰᠢᠶᠡᠷᠡᠭᠰᠡᠨ ᠪᠡᠯᠡᠳᠬᠡᠨ ᠪᠠᠶᠢᠭᠤᠯᠬᠤ ᠪᠢᠴᠢᠭ | ᠮᠠᠲ᠋ᠧᠷᠢᠶᠠᠯ ᠢ ᠭᠠᠷᠳ᠋ᠬᠠᠰᠠᠨ ᠤ ᠲᠠᠷᠠᠭ᠎ᠠ᠂ 6 ᠰᠠᠷ᠎ᠠ ᠶᠢᠨ ᠲᠤᠳᠤᠷ᠎ᠠ ᠪᠡᠯᠡᠳᠬᠡᠨ ᠪᠠᠶᠢᠭᠤᠯᠬᠤ ᠠᠵᠢᠯ ᠢᠶᠠᠨ | ᠪᠡᠶᠡᠯᠡᠭᠦᠯᠦᠭᠰᠡᠨ ᠦᠬᠡᠢ ᠪᠠᠶᠢᠪᠠᠯ᠂ ᠲᠡᠳᠡᠬᠡᠷ ᠤᠨ ᠪᠡᠯᠡᠳᠬᠡᠨ ᠪᠠᠶᠢᠭᠤᠯᠬᠤ ᠬᠢᠷᠢ ᠬᠡᠮ ᠢ ᠨᠢ ᠭᠦᠴᠦᠨ ᠦᠬᠡᠢ | ᠪᠤᠯᠭᠠᠬᠤ︔ | ︵ᠵᠢᠷᠭᠤᠭ᠎ᠠ︶ ᠠᠷᠠᠯᠵᠢᠶᠠᠨ ᠤ ᠲᠠᠯᠠᠪᠤᠷ ᠭᠠᠵᠠᠷ ᠨᠢ ᠠᠵᠢᠯ ᠡᠬᠢᠯᠡᠭᠰᠡᠨ ᠤ ᠲᠠᠷᠠᠭ᠎ᠠ᠂ ᠨᠢᠬᠡ ᠡᠩ ᠤᠨ | ᠵᠢᠯ ᠤᠨ ᠲᠤᠳᠤᠷ᠎ᠠ ᠠᠷᠠᠯᠵᠢᠶᠠᠨ ᠤ ᠲᠤᠬᠠᠶᠢᠯᠠᠨᠰᠠᠨ ᠠᠵᠢᠯ ᠬᠢᠭᠰᠡᠨ ᠦᠬᠡᠢ ᠪᠠᠶᠢᠪᠠᠯ᠂ ᠡᠵᠡᠩᠨᠡᠯᠳᠡ ᠶᠢᠨ ᠬᠢᠷᠢ | ᠬᠡᠮ ᠢ ᠨᠢ ᠭᠦᠴᠦᠨ ᠦᠬᠡᠢ ᠪᠤᠯᠭᠠᠬᠤ︔ | ︵ᠲᠤᠯᠤᠭ᠎ᠠ︶ ᠲᠤᠨᠨᠳᠠᠭᠠᠯ ᠠᠴᠠ ᠵᠦᠷᠢᠴᠡᠨ ᠪᠠᠶᠢᠭᠤᠯᠤᠨᠨᠰᠠᠨ ᠪᠤᠶᠤ ᠲᠤᠨᠨᠳᠠᠭᠠᠯ ᠠᠴᠠ ᠵᠦᠷᠢᠴᠡᠨ | ᠡᠵᠡᠩᠨᠡᠬᠡᠳ ᠭᠦᠴᠦᠨ ᠦᠬᠡᠢ ᠪᠤᠯᠭᠠᠬᠤ ᠪᠠᠷ ᠵᠠᠷᠯᠢᠨᠨᠳᠠᠭᠤᠯᠤᠨᠨᠰᠠᠨ ᠪᠠᠶᠢᠪᠠᠯ︔ | ︵ᠨᠠᠢᠮᠠ︶ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠨᠨᠳᠠᠭᠠᠯ ᠵᠢᠴᠢ ᠦᠪᠡᠷᠳᠡᠬᠡᠨ ᠵᠠᠰᠠᠬᠤ | ᠤᠷᠤᠨ ᠤ ᠬᠢᠨᠠᠯᠳᠠ ᠬᠠᠮᠢᠶᠠᠷᠤᠯᠳᠠ ᠶᠢᠨ ᠰᠠᠯᠠᠭ᠎ᠠ ᠮᠦᠴᠢᠷ ᠤᠨ ᠲᠤᠨᠨᠳᠠᠭᠠᠨᠨᠰᠠᠨ ᠪᠤᠰᠤᠳ ᠲᠠᠷᠬᠠᠭᠠᠬᠤ᠂ ᠬᠠᠰᠤᠬᠤ᠂ | ᠭᠦᠴᠦᠨ ᠦᠬᠡᠢ ᠪᠤᠯᠭᠠᠬᠤ ᠵᠦᠢᠯᠡᠰ ᠲᠠᠢ ᠪᠠᠶᠢᠬᠤ᠃ | ᠠᠷᠪᠠ ᠶᠢᠰᠦᠳᠦᠬᠡᠷ ᠵᠦᠢᠯ ᠠᠷᠠᠯᠵᠢᠶᠠᠨ ᠤ ᠲᠠᠯᠠᠪᠤᠷ ᠭᠠᠵᠠᠷ ᠢ ᠲᠠᠷᠬᠠᠭᠠᠬᠤ ᠴᠢᠬᠤᠯᠠᠳᠠᠢ ᠪᠠᠶᠢᠪᠠᠯ᠂ | ᠦᠪᠡᠷᠳᠡᠬᠡᠨ ᠵᠠᠰᠠᠬᠤ ᠤᠷᠤᠨ ᠤ ᠮᠦᠩᠭᠦᠨ ᠭᠦᠢᠯᠬᠡᠬᠡᠨ ᠤ ᠠᠯᠪᠠᠨ ᠬᠡᠷ ᠪᠤᠶᠤ ᠦᠪᠡᠷᠳᠡᠬᠡᠨ ᠵᠠᠰᠠᠬᠤ ᠤᠷᠤᠨ ᠤ | ᠬᠤᠳᠠᠯᠳᠤᠭᠠᠨ ᠤ ᠶᠠᠪᠤᠳᠠᠯ ᠤᠨ ᠲᠢᠩᠬᠢᠮ ᠢᠶᠠᠷ ᠵᠦᠪᠰᠢᠶᠡᠷᠡᠭᠦᠯᠭᠦ ᠪᠠᠷ ᠭᠤᠶᠤᠴᠢᠯᠠᠨ᠎ᠠ︔ ᠠᠷᠠᠯᠵᠢᠶᠠᠨ ᠤ ᠲᠠᠯᠠᠪᠤᠷ | ᠭᠠᠵᠠᠷ ᠨᠢ ᠬᠠᠰᠤᠬᠳᠠᠨ ᠭᠦᠴᠦᠨ ᠦᠬᠡᠢ ᠪᠤᠯᠤᠬᠰᠠᠨ ᠪᠠᠶᠢᠪᠠᠯ᠂ ᠦᠪᠡᠷᠳᠡᠬᠡᠨ ᠵᠠᠰᠠᠬᠤ ᠤᠷᠤᠨ ᠤ ᠮᠦᠩᠭᠦᠨ | ᠭᠦᠢᠯᠬᠡᠬᠡᠨ ᠤ ᠠᠯᠪᠠᠨ ᠬᠡᠷ ᠪᠤᠶᠤ ᠦᠪᠡᠷᠳᠡᠬᠡᠨ ᠵᠠᠰᠬᠠᠤ ᠤᠷᠤᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠠᠴᠠ | ᠦᠪᠡᠷᠳᠡᠬᠡᠨ ᠵᠠᠰᠠᠬᠤ ᠤᠷᠤᠨ ᠤ ᠵᠠᠰᠠᠭ ᠤᠨ ᠤᠷᠳᠤᠨ ᠳᠤ ᠮᠡᠳᠡᠭᠦᠯᠵᠦ ᠵᠦᠪᠰᠢᠶᠡᠷᠡᠭᠰᠡᠨ ᠤ ᠲᠠᠷᠠᠭ᠎ᠠ | ᠬᠡᠷᠡᠭᠵᠢᠭᠦᠯᠦᠨ᠎ᠠ᠃ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠨᠨᠳᠠᠭᠠᠯ ᠳᠤ ᠠᠰᠳᠠᠭᠠᠨ ᠲᠤᠨᠨᠳᠠᠭᠠᠯ ᠲᠠᠢ | ᠪᠠᠶᠢᠪᠠᠯ ᠡᠭᠦᠨ ᠳᠤ ᠪᠠᠭᠳᠠᠬᠳᠠᠬᠤ ᠦᠬᠡᠢ᠃ | ᠬᠤᠷᠢᠳᠤᠭᠠᠷ ᠵᠦᠢᠯ ᠠᠷᠠᠯᠵᠢᠶᠠᠨ ᠤ ᠲᠠᠯᠠᠪᠤᠷ ᠭᠠᠵᠠᠷ ᠨᠢ ᠲᠠᠷᠬᠠᠭᠠᠨᠨᠳᠠᠵᠦ᠂ ᠭᠦᠴᠦᠨ ᠦᠬᠡᠢ | ᠪᠤᠯᠭᠠᠨᠨᠰᠠᠨ ᠠᠴᠠ ᠪᠤᠯᠵᠦ ᠠᠷᠠᠯᠵᠢᠶᠠᠯᠠᠬᠤ ᠪᠠᠨ ᠵᠤᠨᠨᠰᠤᠨᠨᠰᠠᠨ ᠪᠠᠶᠢᠪᠠᠯ᠂ ᠬᠠᠤᠯᠢ ᠶᠤᠰᠤᠭᠠᠷ ᠢᠯᠭᠠᠷᠠᠭᠤᠯᠤᠨ | ᠲᠤᠭᠠᠴᠠᠭ᠎ᠠ ᠬᠢᠭᠦ ᠲᠤᠭᠤᠶᠢᠯᠠᠩ ᠪᠠᠶᠢᠭᠤᠯᠵᠦ᠂ ᠲᠤᠨᠨᠳᠠᠭᠠᠯ ᠶᠤᠰᠤᠭᠠᠷ ᠵᠠᠭᠤᠴᠢᠯᠠᠭᠤᠷ ᠢᠶᠠᠷ ᠠᠯᠪᠠᠨ ᠵᠠᠷ | ᠨᠡᠶᠢᠳᠡᠯᠡᠨ᠎ᠠ᠃ ᠢᠯᠭᠠᠷᠠᠭᠤᠯᠤᠨ ᠲᠤᠭᠠᠴᠠᠭ᠎ᠠ ᠬᠢᠭᠦ ᠲᠤᠭᠤᠶᠢᠯᠠᠩ ᠤᠨ ᠲᠤᠨᠨᠳᠠᠭᠠᠨᠨᠰᠠᠨ ᠢᠯᠭᠠᠷᠠᠭᠤᠯᠤᠨ ᠲᠤᠭᠠᠴᠠᠭ᠎ᠠ | ᠬᠢᠭᠦ ᠲᠦᠰᠦᠪ ᠢ ᠪᠡᠯᠡ ᠤᠷᠤᠭᠤᠯᠤᠨᠨᠴᠢ ︵ᠬᠤᠪᠢ ᠤᠷᠤᠭᠤᠯᠤᠨᠨᠴᠢᠳ ᠤᠨ ᠵᠦᠪᠯᠡᠯ︶ ᠠᠴᠠ ᠵᠦᠪᠰᠢᠶᠡᠷᠡᠭᠰᠡᠨ ᠤ | ᠲᠠᠷᠠᠭ᠎ᠠ᠂ ᠦᠪᠡᠷᠳᠡᠬᠡᠨ ᠵᠠᠰᠠᠬᠤ ᠤᠷᠤᠨ ᠤ ᠮᠦᠩᠭᠦᠨ ᠭᠦᠢᠯᠬᠡᠬᠡᠨ ᠤ ᠠᠯᠪᠠᠨ ᠬᠡᠷ ᠪᠤᠶᠤ ᠦᠪᠡᠷᠳᠡᠬᠡᠨ ᠵᠠᠰᠠᠬᠤ | ᠤᠷᠤᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠳᠤ ᠮᠡᠳᠡᠭᠦᠯᠵᠦ ᠪᠦᠷᠢᠳᠬᠡᠨ ᠲᠠᠩᠰᠠᠯᠠᠭᠤᠯᠤᠨ᠎ᠠ᠃ | ᠢᠯᠭᠠᠷᠠᠭᠤᠯᠤᠨ ᠲᠤᠭᠠᠴᠠᠭ᠎ᠠ ᠬᠢᠭᠦ ᠠᠵᠢᠯ ᠲᠠᠭᠤᠰᠤᠨᠨᠰᠠᠨ ᠤ ᠲᠠᠷᠠᠭ᠎ᠠ᠂ ᠠᠷᠠᠯᠵᠢᠶᠠᠨ ᠤ ᠲᠠᠯᠠᠪᠤᠷ ᠭᠠᠵᠠᠷ ᠨᠢ ᠬᠠᠤᠯᠢ | ᠶᠤᠰᠤᠭᠠᠷ ᠦᠢᠯᠡᠳᠪᠦᠷᠢ ᠬᠤᠳᠠᠯᠳᠤᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠲᠤ | ᠺᠤᠮᠫᠠᠨᠢ ᠪᠠᠨ ᠲᠠᠩᠰᠠᠨ ᠠᠴᠠ ᠬᠠᠰᠤᠵᠦ ᠲᠡᠮᠳᠡᠭᠯᠡᠬᠦᠯᠬᠦ ᠪᠠᠷ ᠭᠤᠶᠤᠴᠢᠯᠠᠨ᠎ᠠ᠃ | ᠬᠤᠷᠢᠨ ᠨᠢᠬᠡᠳᠦᠬᠡᠷ ᠵᠦᠢᠯ ᠠᠷᠠᠯᠵᠢᠶᠠᠨ ᠤ ᠲᠠᠯᠠᠪᠤᠷ ᠭᠠᠵᠠᠷ ᠨᠢ ᠬᠤᠭᠤᠴᠠᠭ᠎ᠠ ᠲᠤᠯᠤᠨᠨᠰᠠᠨ | ᠦᠭᠴᠡᠭᠡ ᠪᠠᠨ ᠲᠦᠯᠦᠵᠦ ᠲᠡᠶᠢᠯᠬᠦ ᠦᠬᠡᠢ ᠪᠦᠬᠡᠳ ᠡᠳ᠋ ᠭᠦᠷᠦᠩᠬᠡ ᠨᠢ ᠪᠦᠭᠦ ᠦᠭᠴᠡᠭᠡ ᠪᠠᠨ ᠲᠦᠯᠦᠵᠦ ᠲᠡᠶᠢᠯᠬᠦ | ᠦᠬᠡᠢ ᠪᠤᠶᠤ ᠲᠦᠯᠦᠬᠦ ᠴᠢᠳᠠᠪᠤᠷᠢ ᠢᠯᠡᠳᠳᠡ ᠲᠤᠳ᠋ᠬᠠᠳᠠᠵᠦ ᠪᠠᠶᠢᠪᠠᠯ᠂ ᠬᠠᠤᠯᠢ ᠶᠤᠰᠤᠭᠠᠷ ᠲᠠᠮᠫᠤᠷᠠᠭᠤᠯᠬᠤ ᠶᠢ | ᠬᠡᠷᠡᠭᠵᠢᠬᠦᠯᠦᠨ᠎ᠠ᠃ | ᠬᠤᠷᠢᠨ ᠬᠤᠶᠠᠳᠤᠭᠠᠷ ᠵᠦᠢᠯ ᠦᠷᠬᠡᠨ ᠬᠡᠷᠡᠭᠴᠡᠬᠡᠨ ᠤ ᠲᠠᠸᠠᠷ᠂ ᠤᠯᠤᠰ ᠤᠨ ᠦᠮᠴᠢᠯᠡᠯᠳᠦ ᠦᠮᠴᠢᠯᠡᠬᠦ | ᠡᠷᠬᠡ᠂ ᠰᠤᠶᠤᠯ ᠤᠨ ᠦᠮᠴᠢᠯᠡᠬᠦ ᠡᠷᠬᠡ᠂ ᠮᠠᠯᠵᠢᠬᠤ ᠲᠠᠷᠢᠶᠠᠯᠠᠬᠤ ᠤᠷᠤᠨ ᠤ ᠦᠮᠴᠢᠯᠡᠬᠦ ᠡᠷᠬᠡ ᠶᠢ ᠰᠢᠯᠵᠢᠭᠦᠯᠦᠨ | ᠬᠤᠪᠢᠷᠠᠭᠤᠯᠬᠤ᠂ ᠤᠯᠠᠨ ᠨᠡᠶᠢᠳᠡ ᠶᠢᠨ ᠡᠬᠢ ᠪᠠᠶᠠᠯᠢᠭ ᠤᠨ ᠠᠷᠠᠯᠵᠢᠶ᠎ᠠ ᠵᠡᠷᠬᠡ ᠭᠦᠷᠢᠶ᠎ᠡ ᠴᠠᠷᠠᠭ᠎ᠠ ᠶᠢᠨ ᠠᠷᠠᠯᠵᠢᠶᠠᠨ ᠤ | ᠲᠠᠯᠠᠪᠤᠷ ᠭᠠᠵᠠᠷ ᠢ ᠪᠠᠶᠢᠭᠤᠯᠬᠤ᠂ ᠬᠤᠪᠢᠷᠠᠭᠤᠯᠬᠤ ᠪᠡ ᠵᠤᠨᠨᠰᠤᠭᠠᠬᠤ ᠳᠤ᠂ ᠤᠯᠤᠰ ᠪᠤᠶᠤ ᠦᠪᠡᠷᠳᠡᠬᠡᠨ ᠵᠠᠰᠠᠬᠤ | ᠤᠷᠤᠨ ᠠᠴᠠ ᠠᠰᠳᠠᠭᠠᠨ ᠲᠤᠨᠨᠳᠠᠭᠠᠯ ᠲᠠᠢ ᠪᠠᠶᠢᠪᠠᠯ᠂ ᠲᠡᠷᠡᠬᠦ ᠲᠤᠨᠨᠳᠠᠭᠠᠯ ᠢ ᠬᠡᠷᠡᠭᠵᠢᠭᠦᠯᠦᠨ᠎ᠡ᠃ | | | ᠭᠤᠷᠪᠠᠳᠤᠭᠠᠷ ᠪᠦᠯᠦᠭ ᠠᠷᠠᠯᠵᠢᠶᠠᠨ ᠤ ᠲᠠᠯᠠᠪᠤᠷ ᠭᠠᠵᠠᠷ ᠤᠨ ᠡᠵᠡᠩᠨᠡᠬᠦ ᠠᠵᠢᠯᠯᠠᠭᠠᠨ ᠤ | ᠵᠢᠷᠤᠮᠵᠢᠯ | | | ᠬᠤᠷᠢᠨ ᠭᠤᠷᠪᠠᠳᠤᠭᠠᠷ ᠵᠦᠢᠯ ᠠᠷᠠᠯᠵᠢᠶᠠᠨ ᠤ ᠲᠠᠯᠠᠪᠤᠷ ᠭᠠᠵᠠᠷ ᠨᠢ ᠡᠷᠬᠡᠪᠰᠢ ᠬᠠᠮᠢᠶ᠎ᠠ ᠪᠦᠭᠦᠢ ᠬᠠᠤᠯᠢ | ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠨᠨᠳᠠᠭᠠᠯ ᠵᠢᠴᠢ ᠬᠢᠨᠠᠯᠳᠠ ᠬᠠᠮᠢᠶᠠᠷᠤᠯᠳᠠ ᠶᠢᠨ ᠰᠠᠯᠠᠭ᠎ᠠ ᠮᠦᠴᠢᠷ ᠤᠨ | ᠲᠤᠨᠨᠳᠠᠭᠠᠯ ᠢ ᠴᠢᠩᠭ᠎ᠠ ᠰᠠᠬᠢᠨ ᠵᠢᠷᠤᠮᠯᠠᠵᠦ᠂ ᠢᠯᠡ ᠲᠤᠳᠤ᠂ ᠡᠷᠬᠡ ᠲᠡᠭᠰᠢ᠂ ᠲᠦᠪ ᠭᠤᠤᠯᠴᠢ ᠵᠠᠷᠴᠢᠮ ᠢ | ᠪᠠᠷᠢᠮᠳᠠᠯᠠᠨ᠂ ᠪᠤᠳᠠᠳᠤ ᠴᠤᠨᠨᠴᠠᠳᠤ ᠠᠵᠦ ᠠᠬᠤᠢ ᠳᠤ ᠦᠢᠯᠡᠴᠢᠯᠡᠬᠦ ᠪᠠᠷ ᠵᠤᠷᠢᠯᠭ᠎ᠠ ᠪᠤᠯᠭᠠᠵᠦ᠂ ᠡᠵᠡᠩᠨᠡᠯᠳᠡ ᠶᠢᠨ | ᠠᠵᠢᠯᠯᠠᠭ᠎ᠠ ᠶᠢ ᠦᠨᠡᠨᠬᠦ ᠵᠢᠷᠤᠮᠵᠢᠭᠤᠯᠤᠨ᠂ ᠪᠡᠯᠡ ᠤᠷᠤᠭᠤᠯᠤᠨᠨᠴᠢ ᠳᠤ ᠦᠨᠡᠨᠴᠢ ᠢᠳᠡᠬᠡᠮᠵᠢ ᠶᠢᠨ ᠡᠭᠦᠷᠬᠡ ᠪᠠᠨ | ᠬᠢᠨᠠᠮᠠᠭᠠᠢ ᠭᠦᠢᠴᠡᠳᠬᠡᠵᠦ᠂ ᠪᠡᠯᠡ ᠤᠷᠤᠭᠤᠯᠤᠨᠨᠴᠢ ᠶᠢᠨ ᠬᠠᠤᠯᠢ ᠶᠤᠰᠤᠨ ᠤ ᠡᠷᠬᠡ ᠠᠰᠢᠭ ᠢ ᠬᠠᠮᠠᠭᠠᠯᠠᠨ᠂ | ᠲᠦᠭᠰᠢᠭᠦᠷᠢ ᠶᠢ ᠪᠦᠳᠦᠮᠵᠢᠳᠡᠢ ᠡᠵᠡᠮᠳᠡᠵᠦ᠂ ᠵᠠᠬ᠎ᠠ ᠲᠡᠯᠬᠡᠭᠦᠷ ᠤᠨ ᠲᠤᠨᠨᠳᠠᠭᠤᠨ ᠢ ᠬᠠᠮᠠᠭᠠᠯᠠᠨ᠎ᠠ᠃ | ᠬᠤᠷᠢᠨ ᠲᠦᠷᠪᠡᠳᠦᠬᠡᠷ ᠵᠦᠢᠯ ᠠᠷᠠᠯᠵᠢᠶᠠᠨ ᠤ ᠲᠠᠯᠠᠪᠤᠷ ᠭᠠᠵᠠᠷ ᠨᠢ ᠡᠵᠡᠩᠨᠡᠯᠳᠡ ᠶᠢᠨ ᠠᠵᠢᠯᠯᠠᠭ᠎ᠠ | ᠦᠷᠨᠢᠭᠦᠯᠭᠦ ᠳᠡᠭᠡᠨ ᠲᠤᠤᠷᠠᠬᠢ ᠮᠡᠳᠦ ᠦᠢᠯᠡ ᠠᠵᠢᠯᠯᠠᠭ᠎ᠠ ᠲᠠᠢ ᠪᠠᠶᠢᠵᠦ ᠪᠤᠯᠬᠤ ᠦᠬᠡᠢ᠄ | ︵ᠨᠢᠬᠡ︶ ᠶᠠᠮᠠᠷᠪᠠ ᠡᠷᠬᠡ ᠠᠰᠢᠭ ᠢ ᠠᠳᠠᠯᠢ ᠲᠡᠭᠰᠢ ᠬᠤᠪᠢ ᠶᠢᠨ ᠲᠤᠭ᠎ᠠ ᠪᠤᠯᠭᠠᠨ ᠵᠠᠳᠠᠯᠵᠦ ᠢᠯᠡ ᠪᠠᠷ | ᠲᠠᠷᠬᠠᠭᠠᠵᠦ ᠪᠤᠯᠬᠤ ᠦᠬᠡᠢ᠃ ᠶᠠᠮᠠᠷᠪᠠ ᠠᠷᠠᠯᠵᠢᠶᠠᠨ ᠤ ᠲᠠᠯᠠᠪᠤᠷ ᠭᠠᠵᠠᠷ ᠨᠢ ᠦᠢᠯᠡᠴᠢᠯᠡᠭᠡ ᠪᠡ ᠪᠡᠯᠡᠳᠬᠡᠮᠵᠢ ᠪᠠᠨ | ᠠᠰᠢᠨᠨᠯᠠᠨ᠂ ᠡᠷᠬᠡ ᠠᠰᠢᠭ ᠢᠶᠠᠨ ᠠᠳᠠᠯᠢ ᠲᠡᠭᠰᠢ ᠬᠤᠪᠢ ᠶᠢᠨ ᠲᠤᠭ᠎ᠠ ᠪᠤᠯᠭᠠᠨ ᠵᠠᠳᠠᠯᠵᠦ ᠪᠡᠯᠡ ᠤᠷᠤᠭᠤᠯᠤᠨᠨᠴᠢ ᠳᠤ | ᠲᠠᠷᠬᠠᠭᠠᠨ ᠪᠤᠷᠤᠯᠠᠭᠤᠯᠪᠠᠯ᠂ ᠲᠠᠷᠤᠢ ︽ᠠᠳᠠᠯᠢ ᠲᠡᠭᠰᠢ ᠬᠤᠪᠢ ᠶᠢᠨ ᠲᠤᠭ᠎ᠠ ᠪᠠᠷ ᠢᠯᠡ ᠲᠠᠷᠬᠠᠭᠠᠨᠨᠰᠠᠨ︾ ᠳᠤ | ᠲᠤᠭᠠᠴᠢᠨᠨᠳᠠᠨᠠ᠃ ᠬᠤᠪᠢᠴᠠᠭᠠᠳᠤ ᠺᠤᠮᠫᠠᠨᠢ ᠶᠢᠨ ᠬᠤᠪᠢᠴᠠᠭᠠᠨ ᠤ ᠢᠯᠡ ᠲᠠᠷᠬᠠᠭᠠᠯᠳᠠ ᠨᠢ ︽ᠪᠦᠭᠦᠳᠡ | ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠺᠤᠮᠫᠠᠨᠢ ᠶᠢᠨ ᠬᠠᠤᠯᠢ︾᠂ ︽ᠪᠦᠭᠦᠳᠡ ᠨᠠᠶᠢᠷᠠᠮᠳᠠᠬᠤ ᠲᠤᠮᠳᠠᠳᠤ | ᠠᠷᠠᠳ ᠤᠯᠤᠰ ᠤᠨ ᠦᠨᠡᠳᠦ ᠲᠡᠮᠳᠡᠭᠳᠦ ᠶᠢᠨ ᠬᠠᠤᠯᠢ︾ ᠶᠢᠨ ᠬᠠᠮᠢᠶ᠎ᠠ ᠪᠦᠭᠦᠢ ᠲᠤᠨᠨᠳᠠᠭᠠᠯ ᠳᠤ ᠬᠡᠷᠡᠭᠯᠡᠭᠳᠡᠨ᠎ᠡ︔ | ︵ᠬᠤᠶᠠᠷ︶ ᠲᠦᠪᠯᠡᠷᠡᠭᠦᠯᠦᠨ ᠠᠷᠠᠯᠵᠢᠶᠠᠯᠠᠬᠤ ᠠᠷᠭ᠎ᠠ ᠮᠠᠶ᠋ᠢᠭ ᠢ ᠬᠡᠷᠡᠭᠯᠡᠨ ᠠᠷᠠᠯᠵᠢᠶᠠᠯᠠᠵᠦ ᠪᠤᠯᠬᠤ ᠦᠬᠡᠢ᠃ | ᠲᠤᠰ ᠠᠷᠭ᠎ᠠ ᠳᠤ ᠵᠢᠭᠠᠵᠦ ᠪᠦᠬᠦᠢ ︽ᠲᠦᠪᠯᠡᠷᠡᠭᠦᠯᠦᠨ ᠠᠷᠠᠯᠵᠢᠶᠠᠯᠠᠬᠤ ᠠᠷᠭ᠎ᠠ ᠮᠠᠶ᠋ᠢᠭ︾ ᠳᠤ ᠬᠠᠮ | ᠦᠷᠢᠰᠦᠯᠳᠦᠬᠡᠨ ᠤ ᠦᠨ᠎ᠠ᠂ ᠦᠷᠭᠦᠯᠵᠢᠯᠡᠭᠰᠡᠨ ᠦᠷᠢᠰᠦᠯᠳᠦᠬᠡᠨ ᠤ ᠦᠨ᠎ᠠ᠂ ᠡᠯᠧᠺᠲᠷᠣᠨ ᠡᠪᠯᠡᠭᠦᠯᠬᠡ᠂ ᠨᠡᠷ᠎ᠡ | ᠪᠤᠷᠤᠭᠤᠯᠬᠠᠰᠠᠨ ᠠᠷᠠᠯᠵᠢᠶ᠎ᠠ᠂ ᠰᠲ᠋ᠣᠺ ᠤᠨ ᠲᠤᠰᠠᠭᠠᠷ ᠲᠤᠰᠠᠯᠠᠬᠤ ᠠᠷᠠᠯᠵᠢᠶ᠎ᠠ ᠵᠡᠷᠬᠡ ᠠᠷᠠᠯᠵᠢᠶᠠᠨ ᠤ ᠠᠷᠭ᠎ᠠ ᠮᠠᠶ᠋ᠢᠭ | ᠪᠠᠭᠳᠠᠨ᠎ᠠ᠂ ᠬᠡᠪᠡᠴᠤ ᠵᠦᠪᠳᠡᠯᠴᠡᠬᠡᠷ ᠢᠶᠠᠷ ᠰᠢᠯᠵᠢᠭᠦᠯᠦᠨ ᠦᠭᠭᠦ᠂ ᠬᠠᠤᠯᠢ ᠶᠤᠰᠤᠭᠠᠷ ᠦᠨ᠎ᠠ ᠬᠠᠶᠠᠯᠴᠠᠨ | ᠬᠤᠳᠠᠯᠳᠤᠬᠤ ᠨᠢ ᠡᠬᠦᠨ ᠳᠤ ᠪᠠᠭᠳᠠᠬᠤ ᠦᠬᠡᠢ︔ | ︵ᠭᠤᠷᠪᠠ︶ ᠡᠷᠬᠡ ᠠᠰᠢᠭ ᠢᠶᠠᠨ ᠪᠠᠷᠢᠮᠵᠢᠶᠠᠵᠢᠭᠤᠯᠬᠤ ᠠᠷᠠᠯᠵᠢᠶᠠᠨ ᠤ ᠨᠢᠬᠡᠴᠢ ᠶᠤᠰᠤᠭᠠᠷ ᠦᠷᠭᠦᠯᠵᠢᠯᠡᠨ | ᠫᠠᠶᠢᠰᠠ ᠡᠯᠭᠦᠨ ᠠᠷᠠᠯᠵᠢᠶᠠᠯᠠᠵᠦ ᠪᠤᠯᠬᠤ ᠦᠬᠡᠢ᠃ ᠲᠤᠰ ᠠᠷᠭ᠎ᠠ ᠳᠤ ᠬᠡᠯᠡᠵᠦ ᠪᠠᠶᠢᠭ᠎ᠠ ︽ᠪᠠᠷᠢᠮᠵᠢᠶᠠᠵᠢᠭᠤᠯᠬᠤ | ᠠᠷᠠᠯᠵᠢᠶᠠᠨ ᠤ ᠨᠢᠬᠡᠴᠢ︾ ᠬᠡᠳᠡᠭ ᠨᠢ ᠰᠲ᠋ᠤᠺ ᠤᠨ ᠡᠷᠬᠡ ᠠᠴᠠ ᠪᠤᠰᠤᠳ ᠡᠷᠬᠡ ᠠᠰᠢᠭ ᠢ ᠬᠠᠮᠤᠭ ᠤᠨ ᠪᠠᠭ᠎ᠠ | ᠠᠷᠠᠯᠵᠢᠶᠠᠨ ᠤ ᠨᠢᠬᠡᠴᠢ ᠪᠤᠯᠭᠠᠨ ᠲᠤᠨᠨᠳᠠᠭᠠᠬᠤ ᠶᠢᠨ ᠬᠠᠮᠳᠤ᠂ ᠬᠠᠮᠤᠭ ᠤᠨ ᠪᠠᠭ᠎ᠠ ᠠᠷᠠᠯᠵᠢᠶᠠᠨ ᠤ ᠨᠢᠬᠡᠴᠢ ᠪᠤᠶᠤ | ᠲᠡᠭᠦᠨ ᠤ ᠪᠦᠭᠦᠯᠢ ᠲᠤᠭᠠᠨ ᠤ ᠲᠠᠬᠢᠨ ᠢᠶᠠᠷ ᠠᠷᠠᠯᠵᠢᠶᠠᠯᠠᠬᠤ ᠶᠢ ᠵᠢᠭᠠᠵᠦ ᠪᠤᠢ︔ ︽ᠦᠷᠭᠦᠯᠵᠢᠯᠡᠨ ᠫᠠᠶᠢᠰᠠ ᠡᠯᠭᠦᠨ | ᠠᠷᠠᠯᠵᠢᠶᠠᠯᠠᠬᠤ︾ ᠬᠡᠳᠡᠭ ᠨᠢ ᠬᠤᠳᠠᠯᠳᠤᠵᠦ ᠠᠪᠤᠨᠨᠰᠠᠨ ᠤ ᠲᠠᠷᠠᠭ᠎ᠠ 5 ᠠᠷᠠᠯᠵᠢᠶᠠᠯᠠᠬᠤ ᠡᠳᠦᠷ ᠤᠨ ᠲᠤᠳᠤᠷ᠎ᠠ | ᠢᠵᠢᠯ ᠨᠢᠬᠡ ᠠᠷᠠᠯᠵᠢᠶᠠᠨ ᠤ ᠵᠦᠢᠯ ᠢ ᠫᠠᠶᠢᠰᠠ ᠡᠯᠭᠦᠨ ᠠᠷᠠᠯᠵᠢᠶᠠᠯᠠᠬᠤ ᠪᠤᠶᠤ ᠬᠤᠳᠠᠯᠳᠤᠨᠨᠰᠠᠨ ᠤ ᠲᠠᠷᠠᠭ᠎ᠠ 5 | ᠠᠷᠠᠯᠵᠢᠶᠠᠯᠠᠬᠤ ᠡᠳᠦᠷ ᠤᠨ ᠲᠤᠳᠤᠷ᠎ᠠ ᠢᠵᠢᠯ ᠨᠢᠬᠡ ᠠᠷᠠᠯᠵᠢᠶᠠᠨ ᠤ ᠵᠦᠢᠯ ᠢ ᠫᠠᠶᠢᠰᠠ ᠡᠯᠭᠦᠨ ᠬᠤᠳᠠᠯᠳᠤᠵᠦ | ᠠᠪᠬᠤ ᠶᠢ ᠵᠢᠭᠠᠵᠦ ᠪᠤᠢ᠃ | ︵ᠲᠦᠷᠪᠡ︶ ᠡᠷᠬᠡ ᠠᠰᠢᠭ ᠡᠵᠡᠮᠰᠢᠭᠴᠢ ᠶᠢ ᠨᠡᠶᠢᠳᠡ 200 ᠭᠦᠮᠦᠨ ᠠᠴᠠ ᠬᠡᠳᠦᠷᠡᠬᠦᠯᠵᠦ ᠪᠤᠯᠬᠤ ᠦᠬᠡᠢ᠃ | ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠨᠨᠳᠠᠭᠠᠯ ᠳᠤ ᠠᠰᠳᠠᠭᠠᠨ ᠲᠤᠨᠨᠳᠠᠭᠠᠯ ᠲᠠᠢ ᠠᠴᠠ ᠪᠤᠰᠤᠳ᠂ | ᠶᠠᠮᠠᠷᠪᠠ ᠡᠷᠬᠡ ᠠᠰᠢᠭ ᠤᠨ ᠦᠷᠬᠦᠯᠵᠢᠯᠡᠨ ᠪᠠᠶᠢᠬᠤ ᠬᠤᠭᠤᠴᠠᠭᠠᠨ ᠳᠤ᠂ ᠲᠠᠷᠬᠠᠭᠠᠨ ᠶᠠᠪᠤᠭᠤᠯᠬᠤ ᠡᠰᠡᠭᠦᠯ᠎ᠡ | ᠰᠢᠯᠵᠢᠭᠦᠯᠦᠨ ᠦᠭᠭᠦ ᠠᠯᠢ ᠨᠢᠬᠡᠨ ᠲᠠᠯ᠎ᠠ ᠳᠤ ᠴᠤ ᠲᠡᠷᠡ᠂ ᠪᠤᠳᠠᠳᠠᠢ ᠡᠵᠡᠮᠰᠢᠭᠴᠢ ᠶᠢ ᠨᠡᠶᠢᠳᠡ 200 ᠭᠦᠮᠦᠨ ᠠᠴᠠ | ᠬᠡᠳᠦᠷᠡᠬᠦᠯᠵᠦ ᠪᠤᠯᠬᠤ ᠦᠬᠡᠢ᠂ ᠢᠳᠡᠬᠡᠮᠵᠢᠯᠡᠬᠦ᠂ ᠨᠠᠶᠢᠳᠠᠵᠦ ᠤᠷᠤᠯᠠᠬᠤ ᠵᠡᠷᠬᠡ ᠠᠷᠭ᠎ᠠ ᠮᠠᠶ᠋ᠢᠭ ᠢᠶᠠᠷ ᠤᠷᠤᠯᠠᠨ | ᠭᠠᠷᠳ᠋ᠬᠠᠰᠠᠨ ᠪᠠᠶᠢᠪᠠᠯ᠂ ᠪᠤᠳᠠᠳᠠᠢ ᠡᠵᠡᠮᠰᠢᠭᠴᠢ ᠶᠢᠨ ᠲᠤᠭ᠎ᠠ ᠪᠠᠷ ᠲᠤᠭᠠᠴᠢᠨ ᠪᠤᠳᠤᠨ᠎ᠠ᠃ | ︵ᠲᠠᠪᠤ︶ ᠲᠦᠪᠯᠡᠷᠡᠭᠦᠯᠦᠨ ᠠᠷᠠᠯᠵᠢᠶᠠᠯᠠᠬᠤ ᠠᠷᠭ᠎ᠠ ᠮᠠᠶ᠋ᠢᠭ ᠢᠶᠠᠷ ᠪᠠᠷᠢᠮᠵᠢᠶᠠᠵᠢᠭᠤᠯᠬᠤ ᠬᠡᠷ᠎ᠡ ᠶᠢᠨ ᠠᠷᠠᠯᠵᠢᠶ᠎ᠠ | ᠬᠢᠵᠦ ᠪᠤᠯᠬᠤ ᠦᠬᠡᠢ᠃ ᠲᠤᠰ ᠠᠷᠭ᠎ᠠ ᠳᠤ ᠵᠢᠭᠠᠵᠦ ᠪᠦᠭᠦᠢ ︽ᠪᠠᠷᠢᠮᠵᠢᠶᠠᠵᠢᠭᠤᠯᠬᠤ ᠬᠡᠷ᠎ᠡ︾ ᠳᠤ ᠬᠤᠶᠠᠷ | ᠵᠦᠢᠯ ᠤᠨ ᠪᠠᠶᠢᠳᠠᠯ ᠪᠠᠭᠳᠠᠨ᠎ᠠ᠄ ᠨᠢᠬᠡ ᠨᠢ ᠠᠷᠠᠯᠵᠢᠶᠠᠨ ᠤ ᠲᠠᠯᠠᠪᠤᠷ ᠭᠠᠵᠠᠷ ᠠᠴᠠ ᠨᠢᠬᠡᠳᠦᠯᠳᠡᠢ ᠲᠤᠨᠨᠳᠠᠭᠠᠨᠨᠰᠠᠨ᠂ | ᠦᠨ᠎ᠠ ᠬᠠᠩᠰᠢ ᠠᠴᠠ ᠪᠤᠰᠤᠳ ᠵᠦᠢᠯ ᠵᠤᠷᠪᠤᠰ ᠨᠢ ᠲᠤᠨᠨᠳᠠᠮᠠᠯ ᠪᠠᠶᠢᠵᠦ᠂ ᠬᠤᠵᠢᠮ ᠤᠨ ᠶᠠᠮᠠᠷ ᠨᠢᠬᠡᠨ ᠴᠠᠭ ᠪᠤᠶᠤ | ᠭᠠᠵᠠᠷ ᠤᠷᠤᠨ ᠳᠤ ᠵᠤᠬᠢᠬᠤ ᠲᠤᠭ᠎ᠠ ᠬᠡᠮᠵᠢᠶᠡᠨ ᠤ ᠬᠠᠷᠠᠯᠳᠠᠳᠤ ᠪᠤᠳᠠᠰ ᠰᠢᠯᠵᠢᠭᠦᠯᠦᠨ ᠲᠤᠰᠢᠶᠠᠬᠤ ᠪᠠᠷ | ᠲᠤᠨᠨᠳ᠋ᠬᠠᠰᠠᠨ ᠬᠡᠷ᠎ᠡ︔ ᠨᠦᠭᠦᠬᠡ ᠨᠢ ᠠᠷᠠᠯᠵᠢᠶᠠᠨ ᠤ ᠲᠠᠯᠠᠪᠤᠷ ᠭᠠᠵᠠᠷ ᠠᠴᠠ ᠨᠢᠬᠡᠳᠦᠯᠳᠡᠢ ᠲᠤᠨᠨᠳᠠᠭᠠᠨᠨᠰᠠᠨ᠂ | ᠬᠤᠳᠠᠯᠳᠤᠨ ᠠᠪᠬᠤ ᠲᠠᠯ᠎ᠠ ᠨᠢ ᠬᠤᠵᠢᠮ ᠤᠨ ᠶᠠᠮᠠᠷ ᠨᠢᠬᠡᠨ ᠴᠠᠭ ᠲᠤ ᠲᠤᠨᠨᠳ᠋ᠬᠠᠰᠠᠨ ᠦᠨ᠎ᠠ ᠪᠠᠷ ᠬᠤᠳᠠᠯᠳᠤᠨ | ᠠᠪᠬᠤ ᠪᠤᠶᠤ ᠬᠤᠳᠠᠯᠳᠤᠨ ᠭᠠᠷᠭᠠᠬᠤ ᠪᠠᠷ ᠪᠤᠯᠵᠤᠨᠨᠰᠠᠨ ᠬᠠᠷᠠᠯᠳᠠᠳᠤ ᠡᠳ᠋ ᠤᠨ ᠬᠡᠷ᠎ᠡ ᠪᠤᠯᠤᠨ᠎ᠠ︔ | ︵ᠵᠢᠷᠭᠤᠭ᠎ᠠ︶ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠬᠠᠮᠢᠶ᠎ᠠ ᠪᠦᠭᠦᠢ ᠮᠦᠩᠭᠦᠨ ᠭᠦᠢᠯᠬᠡᠬᠡᠨ ᠤ | ᠬᠠᠮᠢᠶᠠᠷᠤᠯᠳᠠ ᠶᠢᠨ ᠰᠠᠯᠠᠭ᠎ᠠ ᠮᠦᠴᠢᠷ ᠢᠶᠠᠷ ᠵᠦᠪᠰᠢᠶᠡᠷᠡᠭᠦᠯᠦᠭᠰᠡᠨ ᠦᠬᠡᠢ ᠪᠠᠶᠢᠪᠠᠯ᠂ ᠶᠠᠮᠠᠷᠪᠠ ᠠᠷᠠᠯᠵᠢᠶᠠᠨ ᠤ | ᠲᠠᠯᠠᠪᠤᠷ ᠭᠠᠵᠠᠷ ᠨᠢ ᠲᠠᠭᠠᠳᠬᠠᠯ᠂ ᠢᠳᠡᠬᠡᠮᠵᠢᠳᠦ ᠵᠢᠬᠡᠯᠡᠯᠬᠡ᠂ ᠰᠢᠵᠢᠷ ᠠᠯᠳᠠ ᠵᠡᠷᠬᠡ ᠮᠦᠩᠭᠦᠨ ᠭᠦᠢᠯᠬᠡᠬᠡᠨ ᠤ | ᠨᠡᠷᠡᠳᠭᠦᠨ ᠤ ᠠᠷᠠᠯᠵᠢᠶ᠎ᠠ ᠡᠷᠬᠢᠯᠡᠵᠦ ᠪᠤᠯᠬᠤ ᠦᠬᠡᠢ᠃ | ᠬᠤᠷᠢᠨ ᠲᠠᠪᠤᠳᠤᠭᠠᠷ ᠵᠦᠢᠯ ᠠᠷᠠᠯᠵᠢᠶᠠᠨ ᠤ ᠲᠠᠯᠠᠪᠤᠷ ᠭᠠᠵᠠᠷ ᠤᠨ ᠬᠡᠷᠡᠭ ᠮᠡᠳᠡᠭᠴᠢ᠂ ᠬᠢᠨᠠᠯᠳᠠ | ᠲᠠᠯᠪᠢᠨᠨᠴᠢ᠂ ᠲᠡᠬᠡᠳᠦ ᠵᠡᠷᠬᠡ ᠶᠢᠨ ᠬᠠᠮᠢᠶᠠᠷᠤᠯᠳᠠ ᠶᠢᠨ ᠠᠵᠢᠯᠳᠠᠨ ᠨᠢ᠂ ᠬᠠᠮᠢᠶ᠎ᠠ ᠪᠦᠭᠦᠢ ᠬᠠᠤᠯᠢ ᠴᠠᠭᠠᠵᠠ᠂ ᠵᠠᠰᠠᠭ | ᠵᠠᠬᠢᠷᠭᠠᠨ ᠤ ᠬᠠᠤᠯᠢ ᠲᠤᠨᠨᠳᠠᠭᠠᠯ ᠢ ᠤᠶᠢᠯᠠᠭᠠᠵᠦ᠂ ᠡᠬᠦᠷᠬᠡ ᠬᠠᠷᠢᠭᠤᠴᠠᠯᠭ᠎ᠠ ᠪᠠᠨ ᠭᠦᠢᠴᠡᠳᠬᠡᠭᠦ ᠳᠤ ᠬᠡᠷᠡᠭᠰᠡᠬᠦ | ᠡᠵᠡᠩᠨᠡᠯᠳᠡ ᠬᠠᠮᠢᠶᠠᠷᠤᠯᠳᠠ ᠶᠢᠨ ᠴᠢᠳᠠᠪᠤᠷᠢ ᠲᠠᠢ ᠪᠠᠶᠢᠬᠤ ᠬᠡᠷᠡᠭᠳᠡᠢ᠃ ᠠᠷᠠᠯᠵᠢᠶᠠᠨ ᠤ ᠲᠠᠯᠠᠪᠤᠷ ᠭᠠᠵᠠᠷ ᠨᠢ ᠬᠠᠤᠯᠢ | ᠰᠠᠬᠢᠯᠭ᠎ᠠ ᠠᠴᠠ ᠵᠦᠷᠢᠴᠡᠭᠰᠡᠨ ᠦᠢᠯᠡ ᠠᠵᠢᠯᠯᠠᠭ᠎ᠠ ᠠᠴᠠ ᠪᠤᠯᠵᠦ ᠲᠤᠰᠢᠶᠠᠯ ᠢᠶᠠᠨ ᠤᠨᠨᠴᠠᠷᠠᠭᠤᠯᠤᠨᠨᠳ᠋ᠬᠠᠰᠠᠨ | ᠠᠷᠠᠯᠵᠢᠶᠠᠨ ᠤ ᠲᠠᠯᠠᠪᠤᠷ ᠭᠠᠵᠠᠷ ᠤᠨ ᠲᠤᠬᠠᠶᠢᠯᠬᠠᠰᠠᠨ ᠠᠵᠢᠯ ᠡᠷᠬᠢᠯᠡᠭᠰᠡᠨ ᠭᠦᠮᠦᠰ ᠪᠡ ᠵᠠᠰᠠᠭ ᠵᠠᠬᠢᠷᠭᠠᠨ ᠢᠶᠠᠷ | ᠭᠦᠬᠡᠬᠡᠭᠳᠡᠭᠰᠡᠨ ᠤᠯᠤᠰ ᠤᠨ ᠪᠠᠶᠢᠭᠤᠯᠭ᠎ᠠ ᠶᠢᠨ ᠠᠵᠢᠯᠳᠠᠨ ᠢ ᠤᠷᠢᠨ ᠬᠡᠷᠡᠭᠯᠡᠵᠦ ᠪᠤᠯᠬᠤ ᠦᠬᠡᠢ᠃ | ᠬᠤᠷᠢᠨ ᠵᠢᠷᠭᠤᠳᠤᠭᠠᠷ ᠵᠦᠢᠯ ᠠᠷᠠᠯᠵᠢᠶᠠᠨ ᠤ ᠲᠠᠯᠠᠪᠤᠷ ᠭᠠᠵᠠᠷ ᠨᠢ ᠪᠡᠯᠡ ᠤᠷᠤᠭᠤᠯᠤᠨᠨᠴᠢ ᠶᠢᠨ | ᠵᠤᠬᠢᠰᠳᠤ ᠴᠢᠨᠠᠷᠳᠠᠢ ᠬᠠᠮᠢᠶᠠᠷᠤᠯᠳᠠ ᠶᠢᠨ ᠲᠦᠷᠢᠮ ᠪᠡ ᠪᠡᠯᠡ ᠤᠷᠤᠭᠤᠯᠤᠨᠨᠴᠢ ᠶᠢᠨ ᠤᠷᠤᠭᠤᠯᠬᠤ ᠶᠢ ᠵᠦᠪᠰᠢᠶᠡᠷᠡᠭᠦ | ᠱᠠᠭᠠᠷᠳᠠᠯᠭ᠎ᠠ ᠶᠢ ᠲᠤᠨᠨᠳᠠᠵᠦ᠂ ᠲᠤᠨᠨᠳᠠᠮᠠᠯ ᠬᠤᠭᠤᠴᠠᠭ᠎ᠠ ᠲᠠᠢ ᠪᠠᠷ ᠵᠠᠬ᠎ᠠ ᠲᠡᠯᠬᠡᠭᠦᠷ ᠤᠨ ᠲᠦᠭᠰᠢᠭᠦᠷᠢ ᠶᠢᠨ ᠮᠡᠳᠡᠭᠡ | ᠵᠠᠩᠬᠢ ᠶᠢᠨ ᠰᠠᠨᠠᠭᠤᠯᠤᠮᠵᠢ ᠦᠭᠴᠤ᠂ ᠪᠡᠯᠡ ᠤᠷᠤᠭᠤᠯᠤᠨᠨᠴᠢ ᠳᠤ ᠭᠦᠮᠦᠵᠢᠭᠦᠯᠦᠯ ᠬᠢᠵᠦ᠂ ᠪᠡᠯᠡ | ᠤᠷᠤᠭᠤᠯᠤᠨᠨᠴᠢ ᠶᠢᠨ ᠬᠠᠤᠯᠢ ᠶᠤᠰᠤᠨ ᠤ ᠡᠷᠬᠡ ᠠᠰᠢᠭ ᠢ ᠪᠠᠳᠤᠯᠠᠨ᠎ᠠ᠃ | ᠬᠤᠷᠢᠨ ᠲᠤᠯᠤᠳᠤᠭᠠᠷ ᠵᠦᠢᠯ ᠠᠷᠠᠯᠵᠢᠶᠠᠨ ᠤ ᠲᠠᠯᠠᠪᠤᠷ ᠭᠠᠵᠠᠷ ᠨᠢ ᠪᠡᠯᠡ ᠣᠷᠣᠭᠤᠯᠤᠭᠴᠢ ᠶᠢᠨ ᠪᠡᠯᠠ | ᠮᠥᠩᠭᠦᠨ ᠤ ᠠᠮᠤᠷ ᠲᠦᠪᠰᠢᠨ ᠢ ᠦᠨᠡᠨᠬᠦ ᠬᠠᠮᠠᠭᠠᠯᠠᠵᠦ᠂ ᠬᠠᠷᠢᠴᠠᠭᠠᠨ ᠤ ᠡᠷᠦᠬᠡ ᠶᠢᠨ ᠠᠷᠠᠯᠵᠢᠶᠠᠨ ᠤ ᠳ᠋ᠦ᠋ᠶᠢᠩᠨᠡᠨ | ᠪᠤᠳᠦᠬᠰᠡᠠ ᠪᠡᠯᠠ ᠮᠥᠩᠭᠦ ᠶᠢ ᠭᠤᠷᠪᠠᠳᠠᠬᠢ ᠡᠲᠡᠭᠡᠳ ᠲᠤ ᠬᠠᠳᠠᠭᠠᠯᠠᠵᠤ ᠬᠠᠮᠢᠶᠠᠷᠬᠤ ᠲᠦᠷᠢᠮ ᠢ ᠬᠡᠷᠡᠭᠵᠢᠭᠦᠯᠵᠦ᠂ | ᠠᠷᠠᠯᠵᠢᠶᠠᠨ ᠤ ᠮᠡᠳᠡᠭᠡ ᠵᠠᠩᠭᠢ ᠶᠢᠨ ᠰᠢᠰᠲ᠋ᠧᠮ ᠤᠨ ᠠᠮᠤᠷ ᠲᠦᠪᠰᠢᠨ ᠲᠣᠭᠲᠠᠭᠤᠨ ᠴᠢᠨᠠᠷ ᠤᠨ ᠱᠠᠭᠠᠷᠳᠠᠯᠭ᠎ᠠ ᠳᠤ | ᠨᠡᠶᠢᠴᠡᠭᠦ ᠶᠢ ᠦᠨᠡᠨᠬᠦ ᠪᠠᠲᠤᠯᠠᠬᠤ ᠬᠡᠷᠡᠭᠲᠡᠶ᠃ | ᠬᠤᠷᠢᠨ ᠨᠠᠢᠮᠠᠳᠤᠭᠠᠷ ᠵᠦᠢᠯ ᠠᠷᠠᠯᠵᠢᠶᠠᠨ ᠤ ᠲᠠᠯᠠᠪᠤᠷ ᠭᠠᠵᠠᠷ ᠨᠢ ᠬᠤᠷᠢᠶᠠᠨ ᠠᠪᠤᠨᠨᠰᠠᠨ ᠵᠠᠷᠤᠳᠠᠯ ᠤᠨ | ᠲᠤᠳᠤᠷ᠎ᠠ ᠠᠴᠠ ᠵᠣᠬᠢᠬᠤ ᠬᠠᠷᠢᠴᠠᠯ ᠢᠶᠠᠷ ᠲᠦᠭᠰᠢᠭᠦᠷᠢ ᠶᠢ ᠰᠡᠷᠭᠡᠶᠢᠯᠡᠬᠦ ᠪᠡᠯᠡᠳᠬᠡᠯ ᠮᠥᠩᠭᠦ ᠭᠠᠷᠭᠠᠨ ᠠᠪᠴᠤ᠂ | ᠲᠤᠰᠠᠭᠠᠷ ᠲᠣᠭᠠᠴᠠᠭ᠎ᠠ ᠬᠢᠵᠦ᠂ ᠲᠤᠰᠬᠠᠶ ᠳᠠᠩᠰᠠ ᠪᠠᠷ ᠬᠠᠮᠢᠶᠠᠷᠤᠨ᠂ ᠪᠡᠯᠡ ᠤᠷᠤᠭᠤᠯᠤᠨᠨᠴᠢ ᠶᠢᠨ ᠬᠠᠤᠯᠢ | ᠶᠣᠰᠣᠨ ᠤ ᠡᠷᠬᠡ ᠠᠰᠢᠭ ᠢ ᠬᠠᠮᠠᠭᠠᠯᠠᠬᠤ ᠵᠢᠴᠢ ᠠᠷᠠᠯᠵᠢᠶᠠᠨ ᠤ ᠲᠠᠯᠠᠪᠤᠷ ᠭᠠᠵᠠᠷ ᠤᠨ ᠴᠢᠬᠤᠯᠠ ᠶᠡᠭᠡ ᠠᠵᠤ | ᠠᠬᠤᠶ ᠶᠢᠨ ᠬᠤᠬᠢᠷᠠᠯ ᠢ ᠨᠦᠭᠦᠪᠦᠷᠢᠯᠡᠬᠦ ᠳᠤ ᠬᠡᠷᠡᠭᠯᠡᠵᠦ᠂ ᠠᠷᠠᠯᠵᠢᠶᠠᠨ ᠤ ᠲᠠᠯᠠᠪᠤᠷ ᠭᠠᠵᠠᠷ ᠤᠨ ᠲᠤᠬᠠᠶᠢᠯᠬᠠᠰᠠᠨ | ᠠᠵᠢᠯ ᠤᠨ ᠠᠵᠢᠯᠯᠠᠭ᠎ᠠ ᠲᠠᠢ ᠬᠤᠯᠪᠤᠨᠨᠳᠠᠬᠤ ᠴᠢᠬᠤᠯᠠ ᠶᠡᠭᠡ ᠲᠦᠭᠰᠢᠭᠦᠷᠢ ᠶᠢᠨ ᠠᠳᠡᠯ ᠵᠡᠷᠭᠡ ᠶᠢ ᠰᠡᠷᠬᠡᠶᠢᠯᠡᠨ᠎ᠡ᠃ | ᠬᠤᠷᠢ ᠶᠢᠰᠦᠳᠦᠬᠡᠷ ᠵᠦᠢᠯ ᠠᠷᠠᠯᠵᠢᠶᠠᠨ ᠤ ᠲᠠᠯᠠᠪᠤᠷ ᠭᠠᠵᠠᠷ ᠨᠢ ᠠᠵᠤ ᠠᠬᠤᠶᠢᠯᠠᠯ ᠤᠨ ᠨᠢᠭᠲᠠᠯᠠᠨ | ᠪᠤᠳᠤᠬᠤ ᠪᠠᠷᠢᠮᠵᠢᠶ᠎ᠠ ᠵᠡᠷᠭᠡ ᠱᠠᠭᠠᠷᠳᠠᠯᠭ᠎ᠠ ᠶᠣᠰᠣᠭᠠᠷ᠂ ᠡᠳ᠋ ᠤᠨ ᠶᠠᠪᠤᠳᠠᠯ ᠤᠨ ᠨᠢᠭᠲᠠᠯᠠᠨ ᠪᠤᠳᠤᠬᠤ ᠲᠦᠷᠢᠮ ᠢ | ᠪᠠᠶᠢᠭᠤᠯᠤᠨ ᠲᠡᠭᠦᠯᠳᠡᠷᠵᠢᠭᠦᠯᠵᠦ᠂ ᠠᠵᠤ ᠠᠬᠤᠶᠢᠯᠠᠯ ᠤᠨ ᠡᠳ᠋ ᠤᠨ ᠶᠠᠪᠤᠳᠠᠯ ᠤᠨ ᠪᠠᠶᠢᠳᠠᠯ᠂ ᠡᠵᠡᠩᠨᠡᠯᠲᠡ ᠶᠢᠨ | ᠦᠷ᠎ᠡ ᠪᠦᠲᠦᠭᠡᠯ ᠪᠠ ᠪᠡᠯᠡᠨ ᠵᠣᠭᠤᠰ ᠤᠨ ᠭᠦᠢᠯᠭᠡᠭᠡᠨ ᠤ ᠬᠡᠮᠵᠢᠶ᠎ᠡ ᠶᠢ ᠦᠨᠡᠨ ᠪᠣᠳᠠᠲᠠᠶ ᠪᠠᠷ ᠲᠡᠮᠳᠡᠭᠯᠡᠬᠦ ᠪᠡ | ᠲᠤᠰᠬᠠᠬᠤ ᠬᠡᠷᠡᠭᠳᠡᠢ᠃ | ᠭᠤᠴᠢᠳᠤᠭᠠᠷ ᠵᠦᠢᠯ ᠬᠡᠰᠢᠬᠦᠳ ᠤᠨ ᠲᠦᠷᠢᠮ ᠢ ᠬᠡᠷᠡᠭᠵᠢᠭᠦᠯᠦᠭᠰᠡᠨ ᠠᠷᠠᠯᠵᠢᠶᠠᠨ ᠤ ᠲᠠᠯᠠᠪᠤᠷ ᠭᠠᠵᠠᠷ ᠨᠢ᠂ | ᠬᠡᠰᠢᠬᠦᠳ ᠤᠨ ᠤᠷᠤᠭᠤᠯᠬᠤ ᠶᠢ ᠵᠦᠪᠰᠢᠶᠡᠷᠡᠭᠦ ᠵᠤᠬᠢᠰᠳᠠᠢ ᠪᠠᠷᠢᠮᠵᠢᠶ᠎ᠠ ᠲᠤᠨᠨᠳᠠᠭᠠᠬᠤ ᠶᠢᠨ ᠬᠠᠮᠳᠤ᠂ ᠬᠡᠰᠢᠬᠦᠳ ᠢ | ᠬᠢᠨᠠᠨ ᠬᠠᠮᠢᠶᠠᠷᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠬᠡᠰᠢᠬᠦᠳ ᠤᠨ ᠲᠦᠷᠢᠮ ᠳᠤ ᠨᠡᠶᠢᠴᠡᠭᠰᠡᠨ | ᠬᠠᠮᠢᠶᠠᠷᠤᠯᠳᠠ ᠶᠢᠨ ᠡᠭᠦᠷᠬᠡ ᠬᠠᠷᠢᠭᠤᠴᠠᠯᠭ᠎ᠠ ᠶᠢ ᠭᠦᠢᠴᠡᠳᠬᠡᠭᠦ ᠬᠡᠷᠡᠭᠳᠡᠢ᠃ ᠠᠷᠠᠯᠵᠢᠶᠠᠨ ᠤ ᠲᠠᠯᠠᠪᠤᠷ ᠭᠠᠵᠠᠷ ᠪᠡ | ᠬᠡᠰᠢᠬᠦᠳ ᠨᠢ ᠬᠠᠷᠢᠴᠠᠭᠠᠨ ᠤ ᠡᠷᠦᠬᠡ ᠳᠤ ᠪᠡᠯᠡ ᠤᠷᠤᠭᠤᠯᠤᠨᠨᠰᠠᠨ ᠡᠬᠡ ᠮᠦᠩᠭᠦ ᠨᠢ ᠬᠤᠬᠢᠷᠠᠯ ᠳᠤ ᠦᠯᠦ | ᠤᠴᠠᠷᠠᠭᠤᠯᠬᠤ ᠠᠮᠠᠯᠠᠯᠳᠠ ᠬᠢᠭᠦ ᠪᠤᠶᠤ ᠬᠠᠮᠤᠭ ᠪᠠᠭ᠎ᠠ ᠠᠰᠢᠭ ᠤᠯᠵᠠᠪᠤᠷᠢ ᠤᠯᠬᠤ ᠠᠮᠠᠯᠠᠯᠳᠠ ᠬᠢᠵᠦ ᠪᠤᠯᠬᠤ ᠦᠬᠡᠢ᠂ | ᠲᠤᠬᠠᠶᠢᠯᠠᠭᠰᠠᠨ ᠠᠵᠢᠯ ᠤᠨ ᠲᠤᠮᠳᠠ ᠪᠠᠨ ᠬᠠᠷᠢᠴᠠᠭᠠᠨ ᠤ ᠡᠷᠦᠬᠡ ᠯᠦᠭᠡ ᠠᠰᠢᠭ ᠤᠯᠵᠠᠪᠤᠷᠢ ᠪᠠᠨ ᠬᠤᠪᠢᠶᠠᠯᠴᠠᠬᠤ | ᠪᠤᠶᠤ ᠲᠦᠭᠰᠢᠭᠦᠷᠢ ᠶᠢ ᠬᠠᠮᠲᠤ ᠪᠠᠷ ᠡᠭᠦᠷᠭᠡᠯᠡᠬᠦ ᠪᠠᠷ ᠪᠤᠯᠵᠤᠵᠦ ᠪᠤᠯᠬᠤ ᠦᠬᠡᠢ᠂ ᠬᠠᠷᠢᠴᠠᠭᠠᠨ ᠤ ᠡᠷᠦᠬᠡ ᠶᠢ | ᠣᠷᠣᠯᠠᠵᠤ ᠬᠤᠳᠠᠯᠳᠤᠭᠠᠯᠠᠬᠤ ᠲᠤᠭ᠎ᠠ ᠬᠡᠮᠵᠢᠶ᠎ᠡ᠂ ᠲᠦᠷᠦᠯ᠂ ᠦᠨ᠎ᠡ ᠵᠢᠴᠢ ᠬᠤᠳᠠᠯᠳᠤᠨ ᠠᠪᠬᠤ ᠪᠤᠶᠤ ᠬᠤᠳᠠᠯᠳᠤᠨ | ᠭᠠᠷᠭᠠᠬᠤ ᠪᠦᠷᠢᠨ ᠡᠷᠬᠡᠲᠦ ᠨᠠᠶᠢᠳᠠᠯᠭ᠎ᠠ ᠶᠢ ᠬᠦᠯᠢᠶᠡᠨ ᠠᠪᠴᠤ ᠪᠤᠯᠬᠤ ᠦᠬᠡᠢ᠃ | ᠭᠤᠴᠢᠨ ᠨᠢᠭᠡᠳᠦᠭᠡᠷ ᠵᠦᠢᠯ ᠠᠷᠠᠯᠵᠢᠶᠠᠨ ᠤ ᠲᠠᠯᠠᠪᠤᠷ ᠭᠠᠵᠠᠷ ᠨᠢ ᠲᠦᠭᠰᠢᠭᠦᠷᠢ ᠶᠢᠨ ᠰᠡᠷᠡᠮᠵᠢ᠂ | ᠲᠦᠭᠰᠢᠭᠦᠷᠢ ᠶᠢ ᠰᠢᠢᠳᠪᠦᠷᠢᠯᠡᠬᠦ ᠵᠡᠷᠭᠡ ᠲᠦᠭᠰᠢᠭᠦᠷᠢ ᠶᠢ ᠡᠵᠡᠮᠳᠡᠬᠦ ᠳᠦᠷᠢᠮ ᠵᠢᠴᠢ ᠭᠡᠨᠡᠳᠲᠡ ᠶᠢᠨ ᠬᠡᠷᠡᠭ ᠢ | ᠰᠢᠢᠳᠪᠦᠷᠢᠯᠡᠬᠦ ᠪᠡᠯᠡᠳᠬᠡᠯ ᠲᠥᠰᠦᠯ ᠲᠤᠨᠨᠳᠠᠭᠠᠬᠤ ᠬᠡᠷᠡᠭᠳᠡᠢ᠃ | ᠭᠤᠴᠢᠨ ᠬᠤᠶᠠᠳᠤᠭᠠᠷ ᠵᠦᠢᠯ ᠠᠷᠠᠯᠵᠢᠶᠠᠨ ᠤ ᠲᠠᠯᠠᠪᠤᠷ ᠭᠠᠵᠠᠷ ᠨᠢ ᠪᠡᠯᠡ ᠣᠷᠣᠭᠤᠯᠤᠭᠴᠢ ᠶᠢᠨ ᠮᠡᠳᠡᠭᠡ | ᠵᠠᠩᠭᠢ ᠶᠢᠨ ᠨᠢᠭᠤᠴᠠ ᠶᠢ ᠬᠠᠮᠠᠭᠠᠯᠠᠬᠤ ᠡᠭᠦᠷᠭᠡ ᠲᠠᠢ᠂ ᠪᠡᠯᠡ ᠤᠷᠤᠭᠤᠯᠤᠨᠨᠴᠢ ᠶᠢᠨ ᠬᠠᠩᠭᠠᠭᠰᠠᠨ ᠮᠡᠳᠡᠭᠡ ᠵᠠᠩᠭᠢ ᠶᠢ | ᠠᠰᠢᠨᠨᠯᠠᠵᠦ ᠶᠠᠮᠠᠷᠪᠠ ᠠᠷᠠᠯᠵᠢᠶ᠎ᠠ ᠲᠠᠢ ᠬᠤᠯᠪᠤᠭ᠎ᠠ ᠦᠬᠡᠢ ᠪᠤᠶᠤ ᠪᠡᠯᠡ ᠤᠷᠤᠭᠤᠯᠤᠨᠨᠴᠢ ᠶᠢᠨ ᠠᠰᠢᠭ ᠲᠤᠰᠠ ᠶᠢ | ᠬᠤᠬᠢᠷᠠᠭᠤᠯᠬᠤ ᠦᠢᠯᠡ ᠠᠵᠢᠯᠯᠠᠭ᠎ᠠ ᠶᠢ ᠬᠢᠵᠦ ᠪᠣᠯᠬᠤ ᠦᠬᠡᠢ᠃ | ᠭᠤᠴᠢᠨ ᠭᠤᠷᠪᠠᠳᠤᠭᠠᠷ ᠵᠦᠢᠯ ᠠᠷᠠᠯᠵᠢᠶᠠᠨ ᠤ ᠲᠠᠯᠠᠪᠤᠷ ᠭᠠᠵᠠᠷ ᠤᠨ ᠬᠠᠮᠢᠶ᠎ᠠ ᠪᠦᠬᠦᠢ ᠠᠵᠢᠯᠳᠡᠠ ᠵᠢᠴᠢ | ᠠᠷᠠᠯᠵᠢᠶᠠᠨ ᠤ ᠲᠠᠯᠠᠪᠤᠷ ᠭᠠᠵᠠᠷ ᠤᠨ ᠬᠤᠪᠢ ᠣᠷᠣᠭᠤᠯᠤᠭᠴᠢ᠂ ᠪᠣᠳᠠᠲᠠᠶ ᠡᠵᠡᠮᠳᠡᠭᠴᠢ ᠨᠢ ᠲᠤᠰ ᠠᠷᠠᠯᠵᠢᠶᠠᠨ ᠤ | ᠲᠠᠯᠠᠪᠤᠷ ᠭᠠᠵᠠᠷ ᠤᠨ ᠠᠷᠠᠯᠵᠢᠶᠠᠨ ᠳᠤ ᠣᠷᠣᠯᠴᠠᠵᠤ ᠪᠣᠯᠬᠤ ᠦᠭᠡᠢ᠂ ᠲᠤᠳᠤᠭᠠᠳᠤ ᠶᠢᠨ ᠮᠡᠳᠡᠭᠡ ᠵᠠᠩᠭᠢ ᠶᠢ | ᠵᠠᠳᠠᠷᠠᠭᠤᠯᠬᠤ ᠪᠤᠶᠤ ᠲᠤᠳᠤᠭᠠᠳᠤ ᠶᠢᠨ ᠮᠡᠳᠡᠭᠡ ᠵᠠᠩᠭᠢ ᠶᠢ ᠠᠰᠢᠭᠯᠠᠨ ᠬᠠᠤᠯᠢ ᠪᠤᠰᠤ ᠠᠰᠢᠭ ᠲᠤᠰᠠ ᠤᠯᠵᠦ ᠪᠤᠯᠬᠤ | ᠦᠬᠡᠢ᠃ | ᠭᠤᠴᠢᠨ ᠳᠥᠷᠪᠡᠳᠦᠭᠡᠷ ᠵᠦᠢᠯ ᠠᠷᠠᠯᠵᠢᠶᠠᠨ ᠤ ᠲᠠᠯᠠᠪᠤᠷ ᠭᠠᠵᠠᠷ ᠨᠢ ᠲᠡᠭᠦᠨ ᠤ ᠬᠤᠪᠢ ᠤᠷᠤᠭᠤᠯᠤᠨᠨᠴᠢ᠂ | ᠪᠣᠳᠠᠲᠠᠶ ᠡᠵᠡᠮᠳᠡᠭᠴᠢ ᠪᠤᠶᠤ ᠪᠤᠰᠤᠳ ᠬᠤᠯᠪᠣᠭᠳᠠᠬᠤ ᠬᠥᠮᠦᠨ ᠳᠤ ᠪᠡᠯᠡ ᠲᠤᠬᠢᠷᠠᠭᠤᠯᠭ᠎ᠠ ᠬᠠᠩᠭᠠᠵᠦ ᠪᠤᠯᠬᠤ | ᠦᠬᠡᠢ᠂ ᠭᠠᠳ᠋ᠬᠠᠰᠢ ᠲᠠᠭᠠᠭᠠᠯᠳᠠ ᠬᠢᠵᠦ ᠪᠣᠯᠬᠤ ᠦᠭᠡᠢ᠂ ᠣᠷᠣᠯᠠᠨ ᠭᠦᠢᠴᠡᠳᠬᠡᠬᠦ ᠪᠠᠶᠢᠭᠤᠯᠤᠮᠵᠢ ᠠᠴᠠ ᠠᠰᠢᠭ | ᠲᠤᠰᠠ ᠤᠯᠵᠦ ᠪᠣᠯᠬᠤ ᠦᠭᠡᠢ᠃ | ᠭᠤᠴᠢᠨ ᠲᠠᠪᠤᠳᠤᠭᠠᠷ ᠵᠦᠢᠯ ᠠᠷᠠᠯᠵᠢᠶᠠᠨ ᠤ ᠲᠠᠯᠠᠪᠤᠷ ᠭᠠᠵᠠᠷ ᠨᠢ ᠦᠪᠡᠷ ᠤᠨ ᠪᠡᠯᠡ ᠮᠦᠩᠭᠦ ᠪᠠᠷ ᠢᠶᠠᠨ | ᠪᠡᠯᠡ ᠤᠷᠤᠭᠤᠯᠵᠦ᠂ ᠲᠡᠳᠡᠬᠡᠷ ᠪᠡᠯᠡ ᠤᠷᠤᠭᠤᠯᠤᠨᠨᠰᠠᠨ ᠵᠦᠢᠯ᠂ ᠪᠡᠯᠡ ᠤᠷᠤᠭᠤᠯᠤᠨᠨᠰᠠᠨ ᠬᠢᠵᠠᠭᠠᠷ ᠲᠤᠭ᠎ᠠ ᠵᠡᠷᠭᠡ | ᠵᠦᠢᠯᠡᠰ ᠢᠶᠠᠨ ᠺᠤᠮᠫᠠᠨᠢ ᠶᠢᠨ ᠲᠦᠷᠢᠮ ᠳᠤ ᠲᠤᠳᠤᠷᠬᠠᠶᠢᠯᠠᠬᠤ ᠬᠡᠷᠡᠭᠳᠡᠢ᠃ | | ᠲᠦᠷᠪᠡᠳᠦᠬᠡᠷ ᠪᠦᠯᠦᠭ ᠠᠷᠠᠯᠵᠢᠶᠠᠨ ᠤ ᠲᠠᠯᠠᠪᠤᠷ ᠭᠠᠵᠠᠷ ᠤᠨ ᠬᠢᠨᠠᠯᠳᠠ ᠬᠠᠮᠢᠶᠠᠷᠤᠯᠳᠠ | | ᠭᠤᠴᠢᠨ ᠵᠢᠷᠭᠤᠳᠤᠭᠠᠷ ᠵᠦᠢᠯ ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ | ᠤᠷᠳᠤᠨ ᠠᠴᠠ ᠠᠷᠠᠯᠵᠢᠶᠠᠨ ᠤ ᠲᠠᠯᠠᠪᠤᠷ ᠭᠠᠵᠠᠷ ᠤᠨ ᠲᠦᠭᠰᠢᠭᠦᠷᠢ ᠶᠢ ᠰᠶᠢᠳᠪᠦᠷᠢᠯᠡᠬᠦ ᠪᠡᠯᠡᠳᠬᠡᠯ ᠲᠦᠰᠦᠯ ᠪᠤᠯᠤᠨ | ᠬᠡᠨᠡᠳᠳᠡ ᠶᠢᠨ ᠬᠡᠷᠡᠭ ᠢ ᠪᠠᠴᠢᠮ ᠠᠷᠭᠠᠴᠠᠬᠤ ᠪᠡᠯᠡᠳᠬᠡᠯ ᠲᠦᠰᠦᠯ ᠲᠤᠨᠨᠳᠠᠭᠠᠬᠤ ᠶᠢᠨ ᠬᠠᠮᠳᠤ ᠦᠪᠡᠷᠳᠡᠬᠡᠨ ᠵᠠᠰᠠᠬᠤ | ᠤᠷᠤᠨ ᠤ ᠮᠦᠩᠭᠦᠨ ᠭᠦᠢᠯᠬᠡᠬᠡᠨ ᠤ ᠠᠯᠪᠠᠨ ᠬᠡᠷ᠂ ᠦᠪᠡᠷᠳᠡᠬᠡᠨ ᠵᠠᠰᠠᠬᠤ ᠤᠷᠤᠨ ᠤ ᠬᠤᠳᠠᠯᠳᠤᠭᠠᠨ ᠤ | ᠶᠠᠪᠤᠳᠠᠯ ᠤᠨ ᠲᠢᠩᠬᠢᠮ ᠢ ᠬᠠᠮᠵᠢᠨ ᠠᠷᠠᠯᠵᠢᠶᠠᠨ ᠤ ᠲᠠᠯᠠᠪᠤᠷ ᠭᠠᠵᠠᠷ ᠵᠢᠴᠢ ᠠᠷᠠᠯᠵᠢᠶᠠᠨ ᠤ ᠲᠠᠯᠠᠪᠤᠷ ᠭᠠᠵᠠᠷ ᠤᠨ | ᠬᠡᠰᠢᠬᠦᠨ ᠨᠢᠬᠡᠴᠡ ᠳᠤ ᠬᠢᠨᠠᠯᠳᠠ ᠬᠠᠮᠢᠶᠠᠷᠤᠯᠳᠠ ᠬᠢᠨ᠎ᠠ᠃ | ᠭᠤᠴᠢᠨ ᠲᠤᠯᠤᠳᠤᠭᠠᠷ ᠵᠦᠢᠯ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠮᠦᠩᠭᠦᠨ ᠭᠦᠢᠯᠬᠡᠬᠡᠨ ᠤ | ᠬᠠᠮᠢᠶᠠᠷᠤᠯᠳᠠ ᠶᠢᠨ ᠰᠠᠯᠠᠭ᠎ᠠ ᠮᠦᠴᠢᠷ ᠤᠨ ᠲᠤᠮᠢᠯᠬᠠᠰᠠᠨ ᠪᠠᠶᠢᠭᠤᠯᠤᠮᠵᠢ ᠨᠢ ᠵᠢᠯᠤᠭᠤᠳᠬᠤ᠂ ᠵᠤᠬᠢᠴᠠᠭᠤᠯᠬᠤ ᠪᠡ | ᠬᠢᠨᠠᠯᠳᠠ ᠲᠠᠯᠪᠢᠬᠤ ᠡᠭᠦᠷᠬᠡ ᠬᠠᠷᠢᠭᠤᠴᠠᠯᠭ᠎ᠠ ᠲᠠᠢ᠂ ᠠᠷᠠᠯᠵᠢᠶᠠᠨ ᠤ ᠲᠠᠯᠠᠪᠤᠷ ᠭᠠᠵᠠᠷ ᠲᠤ ᠡᠭᠦᠰᠴᠤ ᠮᠡᠳᠡᠬᠦ | ᠮᠦᠩᠭᠦᠨ ᠭᠦᠢᠯᠬᠡᠬᠡᠨ ᠤ ᠲᠦᠭᠰᠢᠭᠦᠷᠢ ᠳᠤ ᠤᠷᠢᠳᠴᠢᠯᠠᠨ ᠰᠡᠷᠡᠮᠵᠢ ᠦᠭᠭᠦ ᠶᠢᠨ ᠬᠠᠮᠳᠤ᠂ ᠦᠪᠡᠷᠳᠡᠬᠡᠨ ᠵᠠᠰᠠᠬᠤ | ᠤᠷᠤᠨ ᠤ ᠮᠦᠩᠭᠦᠨ ᠭᠦᠢᠯᠬᠡᠬᠡᠨ ᠤ ᠠᠯᠪᠠᠨ ᠬᠡᠷ᠂ ᠦᠪᠡᠷᠳᠡᠬᠡᠨ ᠵᠠᠰᠬᠠᠤ ᠤᠷᠤᠨ ᠤ ᠬᠤᠳᠠᠯᠳᠤᠭᠠᠨ ᠤ | ᠶᠠᠪᠤᠳᠠᠯ ᠤᠨ ᠲᠢᠩᠬᠢᠮ ᠢ ᠬᠠᠮᠵᠢᠨ ᠠᠷᠠᠯᠵᠢᠶᠠᠨ ᠤ ᠲᠠᠯᠠᠪᠤᠷ ᠭᠠᠵᠠᠷ ᠤᠨ ᠮᠦᠩᠭᠦᠨ ᠭᠦᠢᠯᠬᠡᠬᠡᠨ ᠤ ᠬᠠᠤᠯᠢ ᠪᠤᠰᠤ | ᠠᠵᠢᠯᠯᠠᠭ᠎ᠠ ᠤᠨ ᠰᠢᠨᠵᠢ ᠴᠢᠨᠠᠷ ᠢ ᠲᠤᠨᠨᠳᠠᠭᠠᠬᠤ ᠪᠡ ᠰᠶᠢᠳᠪᠦᠷᠢᠯᠡᠵᠦ ᠰᠢᠮᠳᠠᠭᠤᠯᠤᠨ ᠵᠢᠯᠤᠭᠤᠳᠬᠤ ᠠᠵᠢᠯ ᠢ | ᠰᠠᠶᠢᠳᠤᠷ ᠬᠢᠨ᠎ᠠ᠃ | ᠭᠤᠴᠢᠨ ᠨᠠᠢᠮᠠᠳᠤᠭᠠᠷ ᠵᠦᠢᠯ ᠦᠪᠡᠷᠳᠡᠬᠡᠨ ᠵᠠᠰᠠᠬᠤ ᠤᠷᠤᠨ ᠤ ᠮᠦᠩᠭᠦᠨ ᠭᠦᠢᠯᠬᠡᠬᠡᠨ ᠤ ᠠᠯᠪᠠᠨ ᠬᠡᠷ᠂ | ᠦᠪᠡᠷᠳᠡᠬᠡᠨ ᠵᠠᠰᠠᠬᠤ ᠤᠷᠤᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠨᠢ ᠦᠪᠡᠷᠳᠡᠬᠡᠨ ᠵᠠᠰᠠᠬᠤ ᠤᠷᠤᠨ ᠤ | ᠬᠠᠮᠢᠶ᠎ᠠ ᠪᠦᠭᠦᠢ ᠰᠠᠯᠠᠭ᠎ᠠ ᠮᠦᠴᠢᠷ ᠪᠤᠯᠤᠨ ᠠᠶᠢᠮᠠᠭ ᠬᠤᠳᠠ ᠶᠢᠨ ᠬᠢᠨᠠᠯᠳᠠ ᠬᠠᠮᠢᠶᠠᠷᠤᠯᠳᠠ ᠶᠢᠨ ᠰᠠᠯᠠᠭ᠎ᠠ | ᠮᠦᠴᠢᠷ ᠲᠠᠢ ᠬᠠᠮᠳᠤᠷᠠᠨ ᠠᠷᠠᠯᠵᠢᠶᠠᠨ ᠤ ᠲᠠᠯᠠᠪᠤᠷ ᠭᠠᠵᠠᠷ ᠲᠤ ᠠᠬᠤᠢ ᠲᠠᠯᠠᠪᠠᠢ ᠵᠢᠴᠢ ᠠᠬᠤᠢ ᠲᠠᠯᠠᠪᠠᠢ ᠶᠢᠨ ᠪᠤᠰᠤ | ᠪᠠᠶᠢᠴᠠᠭᠠᠯᠳᠠ ᠬᠢᠭᠦ ᠬᠡᠷᠡᠭᠳᠡᠢ᠃ ᠠᠬᠤᠢ ᠲᠠᠯᠠᠪᠠᠢ ᠶᠢᠨ ᠪᠠᠶᠢᠴᠠᠭᠠᠯᠳᠠ ᠬᠢᠭᠦ ᠦᠶᠡᠰ᠂ ᠲᠤᠤᠷᠠᠬᠢ ᠮᠡᠳᠦ ᠠᠷᠭ᠎ᠠ | ᠬᠡᠮᠵᠢᠶ᠎ᠡ ᠶᠢ ᠠᠪᠴᠤ ᠪᠤᠯᠤᠨ᠎ᠠ᠄ | ︵ᠨᠢᠬᠡ︶ ᠠᠬᠤᠢ ᠲᠠᠯᠠᠪᠠᠢ ᠳᠤ ᠤᠴᠢᠵᠦ ᠪᠠᠶᠢᠴᠠᠭᠠᠯᠳᠠ ᠬᠢᠵᠦ ᠬᠡᠷᠡᠴᠢ ᠴᠤᠨᠨᠯᠠᠭᠤᠯᠤᠨᠠ︔ | ︵ᠬᠤᠶᠠᠷ︶ ᠲᠤᠬᠠᠶᠢᠢᠳᠠᠢ ᠭᠦᠮᠦᠨ ᠵᠢᠴᠢ ᠪᠠᠶᠢᠴᠠᠭᠠᠵᠦ ᠪᠠᠶᠢᠭ᠎ᠠ ᠬᠡᠷᠡᠭ ᠯᠦᠭᠡ ᠬᠤᠯᠪᠤᠭ᠎ᠠ ᠲᠠᠢ ᠨᠢᠬᠡᠴᠡ | ᠪᠤᠯᠤᠨ ᠬᠤᠪᠢ ᠭᠦᠮᠦᠨ ᠠᠴᠠ ᠠᠰᠠᠭᠤᠨ ᠯᠠᠪᠯᠠᠵᠦ᠂ ᠲᠡᠳᠡᠨ ᠳᠤ ᠪᠠᠶᠢᠴᠠᠭᠠᠵᠦ ᠪᠠᠶᠢᠭ᠎ᠠ ᠬᠡᠷᠡᠭ ᠯᠦᠭᠡ | ᠬᠤᠯᠪᠤᠭ᠎ᠠ ᠲᠠᠢ ᠵᠦᠢᠯᠡᠰ ᠲᠤ ᠲᠤᠳᠤᠷᠬᠠᠶᠢᠯᠠᠯᠳᠠ ᠬᠢᠭᠦ ᠶᠢ ᠱᠠᠭᠠᠷᠳᠠᠨ᠎ᠠ︔ | ︵ᠭᠤᠷᠪᠠ︶ ᠠᠷᠠᠯᠵᠢᠶᠠᠨ ᠤ ᠲᠠᠯᠠᠪᠤᠷ ᠭᠠᠵᠠᠷ ᠤᠨ ᠲᠡᠬᠡᠳᠦ ᠵᠡᠷᠬᠡ ᠶᠢᠨ ᠠᠵᠢᠯᠳᠠᠨ ᠵᠢᠴᠢ ᠪᠠᠶᠢᠴᠠᠭᠠᠵᠦ | ᠪᠠᠶᠢᠭ᠎ᠠ ᠬᠡᠷᠡᠭ ᠯᠦᠭᠡ ᠬᠤᠯᠪᠤᠭ᠎ᠠ ᠲᠠᠢ ᠪᠤᠰᠤᠳ ᠠᠵᠢᠯᠳᠠᠨ ᠲᠠᠢ ᠪᠤᠯᠵᠤᠨ ᠶᠠᠷᠢᠯᠴᠠᠨ᠎ᠠ︔ | ︵ᠲᠦᠷᠪᠡ︶ ᠪᠠᠶᠢᠴᠠᠭᠠᠵᠦ ᠪᠠᠶᠢᠭ᠎ᠠ ᠬᠡᠷᠡᠭ ᠯᠦᠭᠡ ᠬᠤᠯᠪᠤᠭ᠎ᠠ ᠲᠠᠢ ᠡᠳ᠋ ᠭᠦᠷᠦᠩᠬᠡ ᠶᠢᠨ ᠡᠷᠬᠡ ᠶᠢᠨ | ᠲᠠᠩᠰᠠᠯᠠᠨ ᠲᠡᠮᠳᠡᠭᠯᠡᠭᠰᠡᠨ ᠵᠡᠷᠬᠡ ᠮᠠᠲ᠋ᠧᠷᠢᠶᠠᠯ ᠢ ᠪᠠᠶᠢᠴᠠᠭᠠᠨ ᠦᠵᠡᠵᠦ᠂ ᠬᠠᠭᠤᠯᠠᠪᠤᠷᠢᠯᠠᠨᠠ︔ | ︵ᠲᠠᠪᠤ︶ ᠠᠷᠠᠯᠵᠢᠶᠠᠨ ᠤ ᠲᠠᠯᠠᠪᠤᠷ ᠭᠠᠵᠠᠷ ᠤᠨ ᠠᠷᠠᠯᠵᠢᠶᠠᠨ ᠤ ᠰᠢᠰᠲ᠋ᠧᠮ ᠵᠢᠴᠢ ᠠᠷᠤ ᠲᠠᠯ᠎ᠠ ᠶᠢᠨ | ᠲᠦᠭᠦᠬᠡᠷᠦᠮᠵᠢ ᠶᠢ ᠪᠠᠶᠢᠴᠠᠭᠠᠨ᠎ᠠ︔ | ︵ᠵᠢᠷᠭᠤᠭ᠎ᠠ︶ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠨᠨᠳᠠᠭᠠᠯ ᠵᠢᠴᠢ ᠦᠪᠡᠷᠳᠡᠬᠡᠨ ᠵᠠᠰᠠᠬᠤ | ᠤᠷᠤᠨ ᠤ ᠬᠢᠨᠠᠯᠳᠠ ᠬᠠᠮᠢᠶᠠᠷᠤᠯᠳᠠ ᠶᠢᠨ ᠰᠠᠯᠠᠭ᠎ᠠ ᠮᠦᠴᠢᠷ ᠤᠨ ᠲᠤᠨᠨᠳᠠᠭᠠᠨᠨᠰᠠᠨ ᠪᠤᠰᠤᠳ ᠠᠷᠭ᠎ᠠ ᠬᠡᠮᠵᠢᠶ᠎ᠡ᠃ | ᠠᠷᠠᠯᠵᠢᠶᠠᠨ ᠤ ᠲᠠᠯᠠᠪᠤᠷ ᠭᠠᠵᠠᠷ ᠨᠢ ᠠᠬᠤᠢ ᠲᠠᠯᠠᠪᠠᠢ ᠶᠢᠨ ᠪᠠᠶᠢᠴᠠᠭᠠᠯᠳᠠ ᠳᠤ ᠢᠳᠡᠪᠬᠢᠳᠡᠢ ᠬᠠᠮᠵᠢᠯᠴᠠᠬᠤ ᠬᠡᠷᠡᠭᠳᠡᠢ᠂ | ᠲᠡᠪᠴᠢᠬᠦ᠂ ᠬᠠᠷᠰᠢᠯᠠᠬᠤ ᠪᠠ ᠨᠢᠭᠤᠨ ᠲᠠᠯᠳᠠᠯᠠᠵᠦ ᠪᠤᠯᠬᠤ ᠦᠬᠡᠢ᠃ | ᠭᠤᠴᠢ ᠶᠢᠰᠦᠳᠦᠬᠡᠷ ᠵᠦᠢᠯ ᠠᠷᠠᠯᠵᠢᠶᠠᠨ ᠤ ᠲᠠᠯᠠᠪᠤᠷ ᠭᠠᠵᠠᠷ ᠨᠢ ᠲᠤᠨᠨᠳᠠᠭᠠᠯ ᠶᠤᠰᠤᠭᠠᠷ ᠲᠤᠨᠨᠳ᠋ᠬᠠᠰᠠᠨ | ᠬᠤᠭᠤᠴᠠᠭᠠᠨ ᠳᠤ ᠬᠢᠨᠠᠯᠳᠠ ᠬᠠᠮᠢᠶᠠᠷᠤᠯᠳᠠ ᠶᠢᠨ ᠰᠠᠯᠠᠭ᠎ᠠ ᠮᠦᠴᠢᠷ ᠲᠤ ᠤᠨ ᠤ ᠡᠵᠡᠩᠨᠡᠯᠳᠡ ᠶᠢᠨ ᠮᠡᠳᠡᠭᠦᠯᠦᠯᠳᠡ᠂ | ᠨᠢᠨᠨᠳᠠᠯᠠᠨ ᠪᠤᠳᠤᠨᠨᠰᠠᠨ ᠮᠡᠳᠡᠭᠦᠯᠦᠯᠳᠡ ᠵᠢᠴᠢ ᠬᠢᠨᠠᠯᠳᠠ ᠬᠠᠮᠢᠶᠠᠷᠤᠯᠳᠠ ᠶᠢᠨ ᠰᠠᠯᠠᠭ᠎ᠠ ᠮᠦᠴᠢᠷ ᠤᠨ ᠱᠠᠭᠠᠷᠳ᠋ᠬᠠᠰᠠᠨ | ᠪᠤᠰᠤᠳ ᠮᠠᠲ᠋ᠧᠷᠢᠶᠠᠯ ᠢ ᠮᠡᠳᠡᠬᠦᠯᠦᠨ ᠭᠦᠷᠬᠡᠬᠦ ᠬᠡᠷᠡᠭᠳᠡᠢ᠂ ᠴᠢᠬᠤᠯᠠ ᠶᠡᠭᠡ ᠵᠦᠢᠯᠡᠰ ᠢᠶᠠᠨ ᠴᠠᠭ ᠲᠤᠬᠠᠢ ᠳᠤᠨᠢ | ᠬᠢᠨᠠᠯᠳᠠ ᠬᠠᠮᠢᠶᠠᠷᠤᠯᠳᠠ ᠶᠢᠨ ᠰᠠᠯᠠᠭ᠎ᠠ ᠮᠦᠴᠢᠷ ᠲᠤ ᠮᠡᠳᠡᠭᠦᠯᠦᠨ᠎ᠠ᠃ | ᠲᠦᠴᠢᠳᠦᠬᠡᠷ ᠵᠦᠢᠯ ᠠᠷᠠᠯᠵᠢᠶᠠᠨ ᠤ ᠲᠠᠯᠠᠪᠤᠷ ᠭᠠᠵᠠᠷ ᠤᠨ ᠢᠯᠡ ᠨᠡᠶᠢᠢᠳᠡᠯᠡᠭᠰᠡᠨ᠂ ᠮᠡᠳᠡᠭᠦᠯᠦᠨ | ᠭᠦᠷᠬᠡᠭᠰᠡᠨ ᠪᠤᠶᠤ ᠬᠠᠩᠭᠠᠨᠨᠰᠠᠨ ᠮᠠᠲ᠋ᠧᠷᠢᠶᠠᠯ᠂ ᠮᠡᠳᠡᠭᠡ ᠵᠠᠩᠬᠢ ᠨᠢ ᠦᠨᠡᠨ ᠪᠤᠳᠠᠳᠠᠢ᠂ ᠵᠦᠪ ᠤᠨᠤᠪᠴᠢᠳᠠᠢ᠂ | ᠪᠦᠷᠢᠨ ᠪᠦᠳᠦᠨ ᠪᠠᠶᠢᠢᠬᠤ ᠬᠡᠷᠡᠭᠳᠡᠢ᠂ ᠬᠤᠳᠠᠯ ᠬᠠᠭᠤᠷᠮᠠᠭ ᠲᠡᠮᠳᠡᠭᠯᠡᠯ᠂ ᠠᠳᠡᠭᠦᠷᠡᠭᠦᠯᠭᠦ ᠲᠤᠭᠠᠴᠢᠯᠳᠠ ᠪᠤᠶᠤ | ᠴᠢᠬᠤᠯᠠ ᠶᠡᠭᠡ ᠤᠷᠬᠢᠨᠨᠳᠠᠯ ᠲᠠᠢ ᠪᠠᠶᠢᠵᠦ ᠪᠤᠯᠬᠤ ᠦᠬᠡᠢ᠃ | ᠲᠦᠴᠢᠨ ᠨᠢᠬᠡᠳᠦᠬᠡᠷ ᠵᠦᠢᠯ ᠬᠤᠳᠠᠯᠳᠤᠭᠠᠨ ᠤ ᠪᠠᠩᠬᠢ᠂ ᠲᠡᠮᠳᠡᠭᠳᠦ ᠶᠢᠨ ᠺᠤᠮᠫᠠᠨᠢ᠂ ᠬᠤᠭᠤᠴᠠᠭᠠᠳᠤ | ᠪᠠᠷᠠᠭᠠᠨ ᠤ ᠺᠤᠮᠫᠠᠨᠢ᠂ ᠲᠠᠭᠠᠳᠬᠠᠯ ᠤᠨ ᠺᠤᠮᠫᠠᠨᠢ᠂ ᠢᠳᠡᠬᠡᠮᠵᠢᠳᠦ ᠪᠡᠯᠡ ᠤᠷᠤᠭᠤᠯᠤᠯᠳᠠ ᠶᠢᠨ ᠺᠤᠮᠫᠠᠨᠢ ᠵᠡᠷᠬᠡ | ᠮᠦᠩᠭᠦᠨ ᠭᠦᠢᠯᠬᠡᠬᠡᠨ ᠤ ᠪᠠᠶᠢᠭᠤᠯᠤᠮᠵᠢ ᠨᠤᠭᠤᠳ ᠲᠤᠨᠨᠳᠠᠭᠠᠯ ᠠᠴᠠ ᠵᠦᠷᠢᠴᠡᠵᠦ ᠪᠠᠶᠢᠭᠤᠯᠤᠨᠨᠰᠠᠨ ᠠᠷᠠᠯᠵᠢᠶᠠᠨ ᠤ | ᠲᠠᠯᠠᠪᠤᠷ ᠭᠠᠵᠠᠷ ᠲᠤ ᠲᠠᠩᠰᠠᠨ ᠡᠷᠦᠬᠡ ᠨᠡᠬᠡᠬᠡᠬᠦ᠂ ᠲᠠᠭᠠᠭᠠᠴᠢᠯᠠᠨ ᠪᠤᠷᠤᠯᠠᠭᠤᠯᠬᠤ᠂ ᠨᠠᠶᠢᠳᠠᠨ ᠬᠠᠮᠢᠶᠠᠷᠤᠭᠤᠯᠬᠤ᠂ | ᠡᠳ᠋ ᠭᠦᠷᠦᠩᠬᠡ ᠬᠤᠪᠢᠶᠠᠷᠢᠯᠠᠨ ᠰᠢᠯᠵᠢᠭᠦᠯᠭᠦ᠂ ᠤᠷᠤᠯᠠᠵᠦ ᠬᠤᠳᠠᠯᠳᠤᠭᠠᠯᠠᠬᠤ᠂ ᠪᠡᠯᠡ ᠤᠷᠤᠭᠤᠯᠤᠯᠳᠠ ᠶᠢᠨ | ᠯᠠᠪᠯᠠᠭ᠎ᠠ ᠬᠢᠬᠦ᠂ ᠲᠠᠭᠠᠳᠬᠠᠯ ᠵᠡᠷᠬᠡ ᠦᠢᠯᠡᠴᠢᠯᠡᠭᠡ ᠬᠠᠩᠭᠠᠵᠦ ᠪᠤᠯᠬᠤ ᠦᠬᠡᠢ᠃ | ᠲᠦᠴᠢᠨ ᠬᠤᠶᠠᠳᠤᠭᠠᠷ ᠵᠦᠢᠯ ᠠᠷᠠᠯᠵᠢᠶᠠᠨ ᠤ ᠲᠠᠯᠠᠪᠤᠷ ᠭᠠᠵᠠᠷ ᠨᠢ ᠡᠵᠡᠩᠨᠡᠯᠳᠡ ᠶᠢᠨ ᠶᠠᠪᠤᠴᠠ ᠳᠠᠭᠠᠨ᠂ | ᠲᠤᠰ ᠠᠷᠭ᠎ᠠ ᠶᠢ ᠵᠦᠷᠢᠴᠡᠭᠰᠡᠨ ᠪᠤᠶᠤ ᠪᠤᠰᠤᠳ ᠬᠠᠤᠯᠢ ᠲᠤᠨᠨᠳᠠᠭᠠᠯ ᠠᠴᠠ ᠵᠦᠷᠢᠴᠡᠭᠰᠡᠨ ᠦᠢᠯᠡ ᠠᠵᠢᠯᠯᠠᠭ᠎ᠠ ᠲᠠᠢ | ᠪᠠᠶᠢᠪᠠᠯ᠂ ᠦᠪᠡᠷᠳᠡᠬᠡᠨ ᠵᠠᠰᠠᠬᠤ ᠤᠷᠤᠨ ᠤ ᠮᠦᠩᠭᠦᠨ ᠭᠦᠢᠯᠬᠡᠬᠡᠨ ᠤ ᠠᠯᠪᠠᠨ ᠬᠡᠷ᠂ ᠦᠪᠡᠷᠳᠡᠬᠡᠨ ᠵᠠᠰᠠᠬᠤ | ᠤᠷᠤᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠠᠴᠠ ᠪᠠᠶᠢᠳᠠᠯ ᠤᠨ ᠭᠦᠨᠳᠦ ᠭᠦᠩᠬᠡᠨ ᠢ ᠦᠨᠳᠦᠰᠦᠯᠡᠵᠦ᠂ | ᠬᠠᠤᠯᠢ ᠶᠤᠰᠤᠭᠠᠷ ᠲᠤᠤᠷᠠᠬᠢ ᠮᠡᠳᠦ ᠬᠢᠨᠠᠯᠳᠠ ᠬᠠᠮᠢᠶᠠᠷᠤᠯᠳᠠ ᠶᠢᠨ ᠠᠷᠭ᠎ᠠ ᠬᠡᠮᠵᠢᠶ᠎ᠡ ᠶᠢ ᠠᠪᠤᠨ᠎ᠠ᠄ | ︵ᠨᠢᠬᠡ︶ ᠲᠦᠭᠰᠢᠭᠦᠷᠢ ᠶᠢ ᠰᠡᠷᠡᠮᠵᠢᠯᠡᠬᠦᠯᠬᠦ︔ | ︵ᠬᠤᠶᠠᠷ︶ ᠬᠢᠨᠠᠯᠳᠠ ᠬᠠᠮᠢᠶᠠᠷᠤᠯᠳᠠ ᠶᠢᠨ ᠶᠠᠷᠢᠯᠴᠠᠭ᠎ᠠ ᠬᠢᠭᠦ︔ | ︵ᠭᠤᠷᠪᠠ︶ ᠰᠠᠷᠠᠮᠵᠢ ᠶᠢᠨ ᠪᠢᠴᠢᠭ ᠭᠠᠷᠭᠠᠬᠤ︔ | ︵ᠲᠦᠷᠪᠡ︶ ᠲᠤᠨᠨᠳᠠᠭᠠᠯ ᠠᠴᠠ ᠵᠦᠷᠢᠴᠡᠭᠰᠡᠨ ᠠᠷᠠᠯᠵᠢᠶᠠᠨ ᠤ ᠵᠦᠢᠯ ᠢ ᠨᠢ ᠭᠦᠴᠦᠨ ᠦᠬᠡᠢ ᠪᠤᠯᠭᠠᠬᠤ᠂ | ᠲᠤᠨᠨᠳᠠᠭᠠᠯ ᠠᠴᠠ ᠵᠦᠷᠢᠴᠡᠭᠰᠡᠨ ᠡᠵᠡᠩᠨᠡᠯᠳᠡ ᠶᠢᠨ ᠠᠵᠢᠯᠯᠠᠭ᠎ᠠ ᠶᠢ ᠨᠢ ᠵᠤᠨᠨᠰᠤᠭᠠᠬᠤ ᠪᠠᠷ ᠵᠠᠷᠯᠢᠨᠨᠳᠠᠬᠤ ᠶᠢᠨ ᠬᠠᠮᠳᠤ᠂ | ᠲᠤᠨᠨᠳ᠋ᠬᠠᠰᠠᠨ ᠬᠤᠭᠤᠴᠠᠭᠠᠨ ᠳᠤ ᠴᠡᠭᠴᠡᠯᠡᠨ ᠰᠠᠶᠢᠵᠢᠷᠠᠭᠤᠯᠬᠤ ᠪᠠᠷ ᠱᠠᠭᠠᠷᠳᠠᠬᠤ︔ | ︵ᠲᠠᠪᠤ︶ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠨᠨᠳᠠᠭᠠᠯ ᠵᠢᠴᠢ ᠦᠪᠡᠷᠳᠡᠬᠡᠨ ᠵᠠᠰᠠᠬᠤ | ᠤᠷᠤᠨ ᠤ ᠬᠢᠨᠠᠯᠳᠠ ᠬᠠᠮᠢᠶᠠᠷᠤᠯᠳᠠ ᠶᠢᠨ ᠰᠠᠯᠠᠭ᠎ᠠ ᠮᠦᠴᠢᠷ ᠠᠴᠠ ᠲᠤᠨᠨᠳᠠᠭᠠᠨᠨᠰᠠᠨ ᠪᠤᠰᠤᠳ ᠬᠢᠨᠠᠯᠳᠠ | ᠬᠠᠮᠢᠶᠠᠷᠤᠯᠳᠠ ᠶᠢᠨ ᠠᠷᠭ᠎ᠠ ᠬᠡᠮᠵᠢᠶ᠎ᠡ᠃ ᠬᠤᠭᠤᠴᠠᠭ᠎ᠠ ᠨᠢ ᠬᠡᠳᠦᠷᠡᠬᠡᠳ ᠬᠠᠯᠠᠨ ᠰᠠᠶᠢᠵᠢᠷᠠᠭᠤᠯᠤᠨᠨᠰᠠᠨ ᠦᠬᠡᠢ ᠪᠤᠶᠤ | ᠴᠡᠭᠴᠡᠯᠡᠨ ᠰᠠᠶᠢᠵᠢᠷᠠᠭᠤᠯᠬᠤ ᠶᠢ ᠲᠡᠪᠴᠢᠵᠦ ᠦᠷᠭᠦᠯᠵᠢᠯᠡᠨ ᠬᠠᠤᠯᠢ ᠲᠤᠨᠨᠳᠠᠭᠠᠯ ᠠᠴᠠ ᠵᠦᠷᠢᠴᠡᠨ ᠡᠵᠡᠩᠨᠡᠯᠳᠡ ᠶᠢᠨ | ᠠᠵᠢᠯᠯᠠᠭ᠎ᠠ ᠬᠢᠭᠰᠡᠨ ᠪᠠᠶᠢᠪᠠᠯ᠂ ᠦᠪᠡᠷᠳᠡᠬᠡᠨ ᠵᠠᠰᠬᠠᠤ ᠤᠷᠤᠨ ᠤ ᠮᠦᠩᠭᠦᠨ ᠭᠦᠢᠯᠬᠡᠬᠡᠨ ᠤ ᠠᠯᠪᠠᠨ ᠬᠡᠷ᠂ | ᠦᠪᠡᠷᠳᠡᠬᠡᠨ ᠵᠠᠰᠠᠬᠤ ᠤᠷᠤᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠠᠴᠠ ᠦᠪᠡᠷᠳᠡᠬᠡᠨ ᠵᠠᠰᠠᠬᠤ ᠤᠷᠤᠨ ᠤ | ᠠᠷᠠᠳ ᠤᠨ ᠵᠠᠰᠠᠭ ᠤᠨ ᠤᠷᠳᠤᠨ ᠳᠤ ᠮᠡᠳᠡᠭᠦᠯᠦᠨ ᠵᠦᠪᠰᠢᠶᠡᠷᠡᠭᠦᠯᠦᠭᠰᠡᠨ ᠤ ᠲᠠᠷᠠᠭ᠎ᠠ᠂ ᠲᠡᠳᠡᠨ ᠤ ᠡᠵᠡᠩᠨᠡᠯᠳᠡ ᠶᠢᠨ | ᠬᠢᠷᠢ ᠬᠡᠮ ᠢ ᠨᠢ ᠭᠦᠴᠦᠨ ᠦᠬᠡᠢ ᠪᠤᠯᠭᠠᠨ᠎ᠠ᠂ ᠦᠢᠯᠡᠳᠪᠦᠷᠢ ᠬᠤᠳᠠᠯᠳᠤᠭ᠎ᠠ ᠶᠢᠨ ᠵᠠᠰᠠᠭ ᠵᠠᠬᠢᠷᠭᠠᠨ ᠤ | ᠬᠠᠮᠢᠶᠠᠷᠤᠯᠳᠠ ᠶᠢᠨ ᠰᠠᠯᠠᠭ᠎ᠠ ᠮᠦᠴᠢᠷ ᠠᠴᠠ ᠬᠠᠤᠯᠢ ᠶᠤᠰᠤᠭᠠᠷ ᠬᠠᠭᠠᠵᠦ ᠵᠤᠨᠨᠰᠤᠭᠠᠬᠤ ᠪᠤᠶᠤ ᠬᠦᠴᠦᠨ ᠦᠬᠡᠢ | ᠪᠤᠯᠭᠠᠨ᠎ᠠ︔ ᠶᠠᠯ᠎ᠠ ᠬᠢᠭᠰᠡᠨ ᠳᠤ ᠭᠦᠷᠦᠭᠰᠡᠨ ᠪᠠᠶᠢᠪᠠᠯ᠂ ᠬᠠᠤᠯᠢ ᠶᠤᠰᠤᠭᠠᠷ ᠡᠷᠡᠭᠦᠦ ᠶᠢᠨ ᠬᠡᠷᠡᠭ ᠤᠨ ᠬᠠᠷᠢᠭᠤᠴᠠᠯᠭ᠎ᠠ | ᠨᠡᠬᠡᠮᠵᠢᠯᠡᠨ᠎ᠠ᠃ | | ᠲᠠᠪᠤᠳᠤᠭᠠᠷ ᠪᠦᠯᠦᠭ ᠲᠠᠭᠠᠯᠳᠤᠭᠤᠯᠤᠯ ᠲᠦᠷᠢᠮ | | ᠲᠦᠴᠢᠨ ᠭᠤᠷᠪᠠᠳᠤᠭᠠᠷ ᠵᠦᠢᠯ ᠦᠪᠡᠷᠳᠡᠬᠡᠨ ᠵᠠᠰᠠᠬᠤ ᠤᠷᠤᠨ ᠤ ᠮᠦᠩᠭᠦᠨ ᠭᠦᠢᠯᠬᠡᠬᠡᠨ ᠤ ᠠᠯᠪᠠᠨ ᠬᠡᠷ᠂ | ᠦᠪᠡᠷᠳᠡᠬᠡᠨ ᠵᠠᠰᠠᠬᠤ ᠤᠷᠤᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠨᠢ ᠲᠤᠰ ᠠᠷᠭ᠎ᠠ ᠶᠢ ᠦᠨᠳᠦᠰᠦᠯᠡᠨ | ᠡᠷᠬᠡ ᠠᠰᠢᠭ ᠤᠨ ᠲᠦᠷᠦᠯ ᠪᠤᠯᠤᠨ ᠲᠠᠸᠠᠷ ᠤᠨ ᠪᠡᠯᠡᠨ ᠪᠠᠷᠠᠭᠠᠨ ᠤ ᠠᠷᠠᠯᠵᠢᠶᠠᠨ ᠤ ᠲᠠᠯᠠᠪᠤᠷ ᠭᠠᠵᠠᠷ ᠤᠨ ᠬᠢᠨᠠᠯᠳᠠ | ᠬᠠᠮᠢᠶᠠᠷᠤᠯᠳᠠ ᠶᠢᠨ ᠬᠡᠷᠡᠭᠵᠢᠭᠦᠯᠭᠦ ᠨᠠᠷᠢᠨ ᠲᠦᠷᠢᠮ ᠢ ᠲᠤᠰ ᠲᠤᠰ ᠲᠤᠨᠨᠳᠠᠭᠠᠨ᠎ᠠ᠃ | ᠲᠦᠴᠢᠨ ᠲᠦᠷᠪᠡᠳᠦᠬᠡᠷ ᠵᠦᠢᠯ ᠲᠤᠰ ᠠᠷᠭ᠎ᠠ ᠶᠢ 2016 ᠤᠨ ᠤ 10 ᠳ᠋ᠤᠭᠠᠷ ᠰᠠᠷ᠎ᠠ ᠶᠢᠨ 1 ᠤ | ᠡᠳᠦᠷ ᠠᠴᠠ ᠡᠬᠢᠯᠡᠨ ᠬᠡᠷᠡᠭᠵᠢᠭᠦᠯᠦᠨ᠎ᠠ᠃ |