ᠥᠪᠥᠷ ᠵᠠᠰᠠᠭ ᠠᠯᠪᠠᠨ ᠲᠠᠷᠬᠠᠭᠠᠭᠰᠠᠨ ﹇2016﹈ 111 ᠳ᠋ᠤᠭᠡᠷ ᠲᠤᠭᠠᠳᠤ | 2016 ᠣᠨ ᠤ 8 ᠳ᠋ᠣᠭᠠᠷ ᠰᠡᠷ᠎ᠠ ᠶᠢᠨ 31 ᠤ ᠡᠳᠣᠷ | ᠡᠯ᠎ᠡ ᠠᠶᠢᠮᠠᠭ ᠤᠨ ᠵᠠᠬᠢᠷᠭ᠎ᠠ᠂ ᠬᠤᠳᠡ ᠶᠢᠨ ᠠᠷᠡᠳ ᠤᠨ ᠵᠠᠰᠠᠭ ᠤᠨ ᠣᠷᠳᠣᠨ᠂ ᠦᠪᠡᠷᠳᠡᠭᠡᠨ ᠵᠠᠰᠬᠠᠥ ᠣᠷᠣᠨ ᠤ | ᠡᠯ᠎ᠡ ᠵᠦᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠥ ᠠᠵᠦ ᠠᠬᠤᠶᠢᠯᠠᠯ᠂ ᠠᠵᠢᠯ ᠦᠢᠯᠡᠰ ᠤᠨ | ᠨᠢᠭᠡᠴᠡ ᠳᠤ᠄ | ᠦᠪᠡᠷᠳᠡᠭᠡᠨ ᠵᠠᠰᠬᠠᠥ ᠣᠷᠣᠨ ᠤ ᠮᠦᠡᠭᠬᠦᠨ ᠬᠦᠢᠯᠭᠡᠭᠡᠨ ᠤ ᠠᠯᠪᠠᠨ ᠭᠡᠷ᠂ ᠠᠷᠡᠳ ᠤᠨ ᠪᠠᠩᠬᠢ ᠶᠢᠨ | ᠬᠦᠬᠡᠬᠤᠳᠡ ᠲᠥᠪ ᠰᠠᠯᠪᠦᠷᠢ ᠪᠠᠩᠬᠢ᠂ ᠦᠪᠤᠷ ᠮᠣᠩᠭᠤᠯ ᠤᠨ ᠪᠠᠩᠬᠢ ᠶᠢᠨ ᠦᠢᠯᠡᠰ ᠤᠨ ᠬᠢᠨᠡᠯᠳᠡ | ᠬᠠᠮᠢᠶᠡᠷᠦᠯᠳᠡ ᠶᠢᠨ ᠲᠣᠪᠴᠢᠶ᠎ᠠ᠂ ᠦᠪᠤᠷ ᠮᠣᠩᠭᠤᠯ ᠤᠨ ᠲᠡᠮᠳᠡᠭᠳᠦ ᠶᠢᠨ ᠬᠢᠨᠡᠯᠳᠡ ᠬᠠᠮᠢᠶᠡᠷᠦᠯᠳᠡ ᠶᠢᠨ ᠲᠣᠪᠴᠢᠶ᠎ᠠ᠂ | ᠦᠪᠤᠷ ᠮᠣᠩᠭᠤᠯ ᠤᠨ ᠳᠠᠭᠠᠳᠬᠠᠯ ᠤᠨ ᠬᠢᠨᠡᠯᠳᠡ ᠬᠠᠮᠢᠶᠡᠷᠦᠯᠳᠡ ᠶᠢᠨ ᠲᠣᠪᠴᠢᠶ᠎ᠠ ᠶᠢᠨ ︽ᠮᠦᠡᠭᠬᠦᠨ | ᠬᠦᠢᠯᠭᠡᠭᠡᠨ ᠢᠶᠠᠷ ᠰᠢᠶᠡᠨ ᠤ ᠭᠡᠪᠴᠢᠶᠡᠨ ᠤ ᠠᠵᠦ ᠠᠬᠤᠢ ᠶᠢᠨ ᠬᠦᠭᠵᠢᠯᠳᠡ ᠶᠢ ᠳᠡᠮᠵᠢᠬᠦ ᠢᠨᠵᠧᠨᠧᠷᠢᠩ ᠤᠨ | ᠲᠣᠷᠰᠢᠯᠳᠡ ᠶᠢᠨ ᠴᠢᠬ ᠢ ᠬᠡᠷᠡᠭᠵᠢᠭᠦᠯᠬᠦ ᠲᠣᠬᠠᠢ ᠵᠢᠯᠥᠭᠤᠳᠬᠤ ᠰᠠᠨᠠᠯ︾ ᠢ ᠦᠪᠡᠷᠳᠡᠭᠡᠨ ᠵᠠᠰᠬᠠᠥ ᠣᠷᠣᠨ ᠤ | ᠠᠷᠡᠳ ᠤᠨ ᠵᠠᠰᠠᠭ ᠤᠨ ᠣᠷᠳᠣᠨ ᠢᠶᠠᠷ ᠵᠦᠪᠰᠢᠶᠡᠷᠡᠬᠦᠯᠦᠭᠡᠳ᠂ ᠡᠳᠣᠭᠡ ᠳᠡᠨᠡᠷ ᠲᠤ ᠣᠯᠠᠮᠵᠢᠯᠠᠨ ᠶᠠᠪᠤᠭᠤᠯᠥᠯ᠎ᠠ᠂ | ᠪᠤᠳᠡᠳᠡᠢ ᠲᠠᠢ ᠪᠠᠨ ᠣᠶᠠᠯᠳᠣᠭᠤᠯᠵᠦ᠂ ᠬᠢᠨᠠᠮᠠᠭᠠᠢ ᠲᠣᠣᠱᠯᠠᠭᠤᠯᠥᠨ ᠭᠡᠷᠡᠭᠵᠢᠬᠦᠯᠳᠣᠭᠡᠢ᠃ | ᠮᠦᠡᠭᠬᠦᠨ ᠬᠦᠢᠯᠭᠡᠭᠡᠨ ᠢᠶᠠᠷ ᠰᠢᠶᠡᠨ ᠤ ᠭᠡᠪᠴᠢᠶᠡᠨ ᠤ ᠠᠵᠦ | ᠠᠬᠤᠢ ᠶᠢᠨ ᠬᠦᠭᠵᠢᠯᠳᠡ ᠶᠢ ᠳᠡᠮᠵᠢᠬᠦ ᠢᠨᠵᠧᠨᠧᠷᠢᠩ ᠤᠨ | ᠲᠣᠷᠰᠢᠯᠳᠡ ᠶᠢᠨ ᠴᠢᠬ ᠢ ᠭᠡᠷᠡᠭᠵᠢᠬᠦᠯᠬᠦ ᠲᠤᠬᠠᠢ ᠵᠢᠯᠥᠭᠤᠳᠬᠤ ᠰᠠᠨᠠᠯ | ᠦᠪᠡᠷᠳᠡᠭᠡᠨ ᠵᠠᠰᠬᠠᠥ ᠣᠷᠣᠨ ᠤ ᠮᠦᠡᠭᠬᠦᠨ ᠬᠦᠢᠯᠭᠡᠭᠡᠨ ᠤ ᠠᠯᠪᠠᠨ ᠭᠡᠷ | ᠠᠷᠡᠳ ᠤᠨ ᠪᠠᠩᠬᠢ ᠶᠢᠨ ᠬᠦᠬᠡᠬᠤᠳᠡ ᠲᠥᠪ ᠰᠠᠯᠪᠦᠷᠢ ᠪᠠᠩᠬᠢ | ᠦᠪᠤᠷ ᠮᠣᠩᠭᠤᠯ ᠤᠨ ᠪᠠᠩᠬᠢ ᠶᠢᠨ ᠦᠢᠯᠡᠰ ᠤᠨ ᠬᠢᠨᠡᠯᠳᠡ ᠬᠠᠮᠢᠶᠡᠷᠦᠯᠳᠡ ᠶᠢᠨ ᠲᠣᠪᠴᠢᠶ᠎ᠠ | ᠦᠪᠤᠷ ᠮᠣᠩᠭᠤᠯ ᠤᠨ ᠲᠡᠮᠳᠡᠭᠳᠦ ᠶᠢᠨ ᠬᠢᠨᠡᠯᠳᠡ ᠬᠠᠮᠢᠶᠡᠷᠦᠯᠳᠡ ᠶᠢᠨ ᠲᠣᠪᠴᠢᠶ᠎ᠠ | ᠦᠪᠤᠷ ᠮᠣᠩᠭᠤᠯ ᠤᠨ ᠳᠠᠭᠠᠳᠬᠠᠯ ᠤᠨ ᠬᠢᠨᠡᠯᠳᠡ ᠬᠠᠮᠢᠶᠡᠷᠦᠯᠳᠡ ᠶᠢᠨ ᠲᠣᠪᠴᠢᠶ᠎ᠠ | ᠮᠦᠡᠭᠬᠦᠨ ᠬᠦᠢᠯᠭᠡᠭᠡᠨ ᠤ ᠦᠢᠯᠡᠴᠢᠯᠡᠭᠡᠨ ᠤ ᠪᠤᠳᠡᠳᠣ ᠴᠣᠠᠠᠴᠠ ᠶᠢᠨ ᠠᠵᠦ ᠠᠬᠤᠢ ᠶᠢᠨ ᠡᠷᠴᠢᠮ ᠢ | ᠴᠢᠩᠭᠠᠷᠡᠭᠤᠯᠵᠦ᠂ ᠪᠡᠯᠡ ᠮᠦᠡᠭᠬᠦ ᠶᠢ ᠰᠢᠶᠡᠨ ᠤ ᠭᠡᠪᠴᠢᠶᠡᠨ ᠤ ᠠᠵᠦ ᠠᠬᠤᠶᠢᠯᠠᠯ ᠵᠢᠴᠢ ᠦᠷᠭᠡᠨ ᠣᠯᠡᠨ ᠮᠠᠯᠴᠢᠨ | ᠳᠡᠷᠢᠶᠡᠴᠢᠨ ᠲᠡᠰᠢ ᠬᠠᠨᠳᠣᠭᠤᠯᠬᠤ ᠶᠢ ᠬᠦᠳᠦᠯᠥᠨ ᠵᠢᠯᠥᠭᠤᠳᠬᠤ ᠶᠢᠨ ᠲᠣᠰᠠᠳᠡ᠂ ᠡᠳᠦᠭᠡ ᠮᠦᠡᠭᠬᠦᠨ | ᠬᠦᠢᠯᠭᠡᠭᠡᠨ ᠢᠶᠠᠷ ᠰᠢᠶᠡᠨ ᠤ ᠭᠡᠪᠴᠢᠶᠡᠨ ᠤ ᠠᠵᠦ ᠠᠬᠤᠢ ᠶᠢᠨ ᠬᠦᠭᠵᠢᠯᠳᠡ ᠶᠢ ᠳᠡᠮᠵᠢᠬᠦ ᠢᠨᠵᠧᠨᠧᠷᠢᠩ ︵ᠲᠣᠷᠣᠠᠠᠰᠢ | ᠰᠢᠶᠡᠨ ᠤ ᠭᠡᠪᠴᠢᠶᠡᠨ ᠤ ᠮᠦᠡᠭᠬᠦᠨ ᠬᠦᠢᠯᠭᠡᠭᠡᠨ ᠤ ᠢᠨᠵᠧᠨᠧᠷᠢᠩ ᠭᠡᠵᠦ ᠲᠣᠪᠴᠢᠯᠠᠨ᠎ᠠ︶ ᠤᠨ ᠲᠣᠷᠰᠢᠯᠳᠡ ᠶᠢᠨ | ᠴᠢᠬ ᠢ ᠭᠡᠷᠡᠭᠵᠢᠬᠦᠯᠬᠦ ᠲᠣᠬᠠᠢ ᠲᠣᠣᠷᠡᠬᠢ ᠮᠡᠳᠦ ᠰᠠᠨᠠᠯ ᠢ ᠲᠤᠷᠡᠳᠪᠡ᠃ | ᠨᠢᠭᠡ᠂ ᠶᠡᠷᠦᠩᠭᠡᠢ ᠱᠠᠭᠠᠷᠳᠡᠯᠭ᠎ᠠ | ︵ᠨᠢᠭᠡ︶ ᠵᠢᠯᠥᠭᠤᠳᠬᠤ ᠦᠵᠡᠯ ᠰᠠᠨᠠᠭ᠎ᠠ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠡᠯ ᠪᠤᠯᠥᠨ ᠠᠷᠪᠠᠨ | ᠨᠠᠢᠮᠠᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠣᠭᠠᠷ᠂ ᠳᠥᠷᠪᠡᠳᠣᠭᠡᠷ᠂ ᠲᠠᠪᠤᠳᠣᠭᠠᠷ ᠪᠦᠬᠦᠲᠡ | ᠬᠤᠷᠡᠯ ᠤᠨ ᠵᠣᠷᠢᠭ ᠰᠠᠨᠠᠭ᠎ᠠ ᠶᠢ ᠪᠦᠬᠦ ᠳᠡᠯ᠎ᠠ ᠪᠠᠷ ᠲᠣᠣᠱᠯᠠᠭᠤᠯᠥᠨ ᠨᠠᠶᠢᠳᠡᠪᠦᠷᠢᠵᠢᠭᠤᠯᠵᠦ᠂ ᠶᠡᠷᠦᠩᠭᠡᠢ ᠱᠦᠵᠢ | ᠰᠢ ᠶᠢᠨ ᠫᠢᠡᠭ ᠤᠨ ᠠᠯᠢ ᠣᠯᠡᠨ ᠴᠢᠬᠤᠯᠡ ᠶᠡᠷᠢᠶ᠎ᠠ ᠪᠤᠯᠥᠨ ᠦᠪᠤᠷ ᠮᠣᠩᠭᠤᠯ ᠢ ᠰᠢᠨᠵᠢᠯᠡᠨ ᠪᠠᠶᠢᠴᠠᠭᠠᠬᠤ ᠳᠠᠭᠠᠨ | ᠶᠡᠷᠢᠠᠠᠰᠠᠨ ᠴᠢᠬᠤᠯᠡ ᠶᠡᠷᠢᠶ᠎ᠠ ᠶᠢᠨ ᠵᠣᠷᠢᠭ ᠰᠠᠨᠠᠭ᠎ᠠ ᠶᠢ ᠬᠦᠨᠵᠡᠭᠡᠢ ᠲᠣᠣᠱᠯᠠᠭᠤᠯᠥᠨ ᠨᠡᠶᠢᠳᠡᠪᠦᠷᠢᠵᠢᠭᠤᠯᠵᠦ᠂ | ᠦᠪᠡᠷᠳᠡᠭᠡᠨ ᠵᠠᠰᠬᠠᠥ ᠣᠷᠣᠨ ᠤ ᠨᠠᠮ ᠤᠨ ᠬᠤᠷᠢᠶ᠎ᠠ ᠶᠢᠨ ᠶᠢᠰᠦᠳᠣᠭᠡᠷ ᠬᠤᠭᠤᠴᠠᠭᠠᠨ ᠤ ᠠᠷᠪᠠᠨ ᠳᠥᠷᠪᠡᠳᠣᠭᠡᠷ | ᠣᠳᠠᠭᠠᠨ ᠤ ᠪᠦᠬᠦ ᠭᠡᠰᠢᠬᠦᠳ ᠤᠨ ᠬᠤᠷᠡᠯ ᠪᠠ ᠪᠦᠬᠦ ᠣᠷᠣᠨ ᠤ ᠠᠵᠦ ᠠᠬᠤᠢ ᠶᠢᠨ ᠠᠵᠢᠯ ᠤᠨ ᠬᠤᠷᠡᠯ ᠤᠨ ᠵᠣᠷᠢᠭ | ᠰᠠᠨᠠᠭ᠎ᠠ ᠶᠢ ᠬᠢᠨᠠᠮᠠᠭᠠᠢ ᠲᠣᠣᠱᠯᠠᠭᠤᠯᠥᠨ ᠨᠠᠶᠢᠳᠡᠪᠦᠷᠢᠵᠢᠭᠤᠯᠵᠦ᠂ ᠰᠢᠨ᠎ᠡ ᠶᠢ ᠡᠬᠦᠳᠬᠦ᠂ ᠵᠤᠬᠢᠴᠠᠩᠭᠤᠢ᠂ ᠪᠤᠬᠢᠷᠳᠦᠯ | ᠦᠭᠡᠢ᠂ ᠨᠡᠭᠡᠭᠡᠯᠳᠡ ᠲᠠᠢ᠂ ᠬᠠᠮᠳᠣᠪᠡᠷ ᠬᠦᠷᠲᠡᠬᠦ ᠬᠦᠭᠵᠢᠯᠳᠡ ᠶᠢᠨ ᠣᠨᠣᠯᠵᠢᠬᠤᠨ ᠢ ᠪᠡᠷᠢᠮᠳᠡᠯᠡᠨ᠂ ᠰᠢᠶᠡᠨ ᠤ | ᠭᠡᠪᠴᠢᠶᠡᠨ ᠤ ᠮᠦᠡᠭᠬᠦᠨ ᠬᠦᠢᠯᠭᠡᠭᠡᠨ ᠤ ᠢᠨᠵᠧᠨᠧᠷᠢᠩ ᠢ ᠨᠢᠭᠡᠳᠦᠯᠳᠡᠢ ᠳᠥᠯᠥᠪᠯᠡᠨ ᠭᠡᠷᠡᠭᠵᠢᠬᠦᠯᠵᠦ᠂ ᠮᠦᠡᠭᠬᠦᠨ | ᠬᠦᠢᠯᠭᠡᠭᠡᠨ ᠤ ᠵᠤᠬᠢᠶᠡᠨ ᠪᠠᠶᠢᠭᠤᠯᠥᠯᠳᠡ ᠶᠢᠨ ᠰᠢᠰᠲ᠋ᠧᠮᠵᠢ ᠶᠢ ᠳᠠᠰᠣᠷᠡᠯᠳᠡ ᠦᠭᠡᠢ ᠳᠡᠬᠦᠯᠳᠡᠷᠵᠢᠬᠦᠯᠥᠨ᠂ ᠰᠢᠶᠡᠨ ᠤ | ᠭᠡᠪᠴᠢᠶᠡᠨ ᠤ ᠣᠨᠴᠠᠯᠢᠠᠠᠳᠦ ᠠᠵᠦ ᠦᠢᠯᠡᠰ᠂ ᠬᠦᠳᠦᠴᠢ ᠠᠵᠦ ᠠᠬᠤᠶᠢᠯᠠᠯ᠂ ᠮᠠᠯᠴᠢᠨ ᠳᠡᠷᠢᠶᠡᠴᠢᠨ ᠤ | ᠦᠢᠯᠡᠳᠪᠦᠷᠢᠯᠡᠯ ᠤᠨ ᠬᠦᠭᠵᠢᠯᠲᠡ ᠶᠢ ᠶᠡᠭᠡᠪᠡᠷ ᠳᠡᠮᠵᠢᠵᠦ᠂ ᠰᠢᠨ᠎ᠡ ᠭᠡᠯᠪᠡᠷᠢ ᠶᠢᠨ ᠬᠤᠳᠡ ᠪᠠᠯᠭᠠᠰᠦᠵᠢᠯᠳᠠ᠂ | ᠳᠡᠷᠢᠶᠡᠯᠡᠩ ᠮᠠᠯ ᠠᠵᠦ ᠠᠬᠤᠢ ᠶᠢᠨ ᠣᠳᠣᠬᠢᠴᠢᠯᠡᠯᠳᠡ ᠶᠢᠨ ᠵᠣᠬᠢᠴᠠᠩᠭᠤᠢ ᠬᠦᠭᠵᠢᠯᠳᠡ ᠶᠢ ᠠᠬᠢᠭᠤᠯᠥᠨ᠂ ᠰᠢᠶᠡᠨ ᠤ | ᠭᠡᠪᠴᠢᠶᠡᠨ ᠤ ᠠᠵᠦ ᠠᠬᠤᠢ ᠨᠡᠶᠢᠭᠡᠮ ᠤᠨ ᠦᠷᠬᠦᠯᠵᠢᠯᠡᠨ ᠡᠷᠡᠬᠦᠯ ᠢᠶᠠᠷ ᠬᠦᠭᠵᠢᠬᠦ ᠶᠢ ᠠᠬᠢᠭᠤᠯᠥᠨ᠎ᠠ᠃ | ︵ᠬᠤᠶᠡᠷ︶ ᠦᠨᠳᠣᠰᠣᠨ ᠵᠠᠷᠴᠢᠮ᠃ | — ᠮᠦᠡᠭᠬᠦᠨ ᠬᠦᠢᠯᠭᠡᠭᠡᠨ ᠬᠢᠭᠡᠳ ᠠᠵᠦ ᠠᠬᠤᠢ ᠶᠢᠨ ᠰᠠᠶᠢᠨ ᠢᠶᠠᠷ ᠬᠠᠷᠢᠯᠴᠠᠨ ᠬᠦᠳᠡᠯᠦᠯᠴᠡᠨ | ᠬᠦᠭᠵᠢᠬᠦᠯᠬᠦ ᠶᠢ ᠪᠡᠷᠢᠮᠳᠡᠯᠡᠨᠠ᠃ ᠰᠢᠶᠡᠨ ᠤ ᠭᠡᠪᠴᠢᠶᠡᠨ ᠤ ᠠᠵᠦ ᠠᠬᠤᠢ ᠨᠡᠶᠢᠭᠡᠮ ᠤᠨ ᠬᠦᠭᠵᠢᠯᠳᠡ ᠶᠢᠨ | ᠭᠡᠷᠡᠭᠴᠡᠭᠡ ᠱᠠᠭᠠᠷᠳᠡᠯᠭ᠎ᠠ ᠳᠤ ᠢᠳᠡᠪᠬᠢᠳᠡᠢ ᠵᠤᠬᠢᠴᠡᠭᠤᠯᠥᠨ᠂ ᠮᠦᠡᠭᠬᠦᠨ ᠬᠦᠢᠯᠭᠡᠭᠡᠨ ᠤ ᠦᠢᠯᠡᠴᠢᠯᠡᠭᠡᠨ ᠤ | ᠴᠢᠳᠠᠮᠵᠢ ᠶᠢ ᠴᠢᠩᠭᠠᠷᠡᠭᠤᠯᠵᠦ᠂ ᠮᠦᠡᠭᠬᠦᠨ ᠬᠦᠢᠯᠭᠡᠭᠡᠨ ᠤ ᠳᠡᠮᠵᠢᠬᠦ ᠡᠷᠴᠢᠮ ᠢ ᠴᠢᠩᠭᠠᠷᠡᠭᠤᠯᠥᠨ᠂ ᠠᠵᠦ ᠠᠬᠤᠢ᠂ | ᠮᠦᠡᠭᠬᠦᠨ ᠬᠦᠢᠯᠭᠡᠭᠡᠨ ᠰᠠᠶᠢᠨ ᠢᠶᠠᠷ ᠬᠠᠷᠢᠯᠴᠠᠨ ᠬᠦᠳᠡᠯᠦᠯᠴᠡᠭᠰᠡᠨ᠂ ᠬᠠᠮᠳᠣᠪᠡᠷ ᠬᠦᠭᠵᠢᠭᠰᠡᠨ ᠬᠤᠣᠰ ᠠᠮᠵᠢᠯᠳᠡ | ᠣᠯᠬᠤ ᠪᠠᠶᠢᠷᠢᠰᠢᠯ ᠢ ᠪᠦᠷᠢᠯᠳᠦᠬᠦᠯᠥᠨ᠎ᠠ᠃ | — ᠦᠭᠡᠷᠡᠴᠢᠯᠡᠯᠳᠡ ᠪᠠᠷ ᠬᠦᠭᠵᠢᠯᠳᠡ ᠶᠢ ᠠᠬᠢᠭᠤᠯᠬᠤ ᠶᠢ ᠪᠡᠷᠢᠮᠳᠡᠯᠡᠨᠠ᠃ ᠮᠦᠡᠭᠬᠦᠨ ᠬᠦᠢᠯᠭᠡᠭᠡᠨ ᠤ | ᠦᠢᠯᠡᠰ ᠤᠨ ᠦᠭᠡᠷᠡᠴᠢᠯᠡᠯᠳᠡ ᠶᠢ ᠣᠯᠡᠮ ᠨᠢᠭᠡ ᠠᠯᠬᠤᠮ ᠬᠦᠨᠵᠡᠭᠡᠶᠢᠷᠡᠬᠦᠯᠵᠦ᠂ ᠣᠨᠴᠣᠭᠤᠶᠢᠯᠠᠨ ᠣᠷᠣᠨ | ᠨᠣᠳᠤᠭ ᠤᠨ ᠬᠠᠦᠯᠢ ᠶᠢᠨ ᠡᠷᠭᠡᠳᠡᠨ ᠤ ᠮᠦᠡᠭᠬᠦᠨ ᠬᠦᠢᠯᠭᠡᠭᠡᠨ ᠤ ᠪᠠᠶᠢᠭᠤᠯᠥᠮᠵᠢ ᠶᠢᠨ ᠦᠷᠢᠰᠦᠯᠳᠦᠬᠦ ᠬᠦᠴᠣᠨ ᠢ | ᠬᠦᠴᠦᠳᠡᠢ ᠲᠡᠭᠡᠭᠰᠢᠯᠡᠬᠦᠯᠦᠨ᠎ᠡ︔ ᠰᠢᠨ᠎ᠡ ᠭᠡᠯᠪᠡᠷᠢ ᠶᠢᠨ ᠰᠢᠶᠡᠨ ᠤ ᠭᠡᠪᠴᠢᠶᠡᠨ ᠤ ᠮᠦᠡᠭᠬᠦᠨ ᠬᠦᠢᠯᠭᠡᠭᠡᠨ ᠤ ᠵᠤᠬᠢᠶᠡᠨ | ᠪᠠᠶᠢᠭᠤᠯᠥᠯᠳᠡ ᠶᠢᠨ ᠴᠣᠠᠠᠴᠠᠯᠠᠯᠳᠡ ᠶᠢ ᠳᠥᠷᠭᠡᠳᠭᠡᠵᠦ᠂ ᠣᠯᠡᠨ ᠵᠦᠢᠯ ᠤᠨ ᠦᠮᠴᠢᠯᠠᠯᠳᠦ ᠮᠦᠡᠭᠬᠦᠨ ᠬᠦᠢᠯᠭᠡᠭᠡᠨ ᠤ | ᠪᠠᠶᠢᠭᠤᠯᠥᠮᠵᠢ ᠶᠢ ᠨᠢᠭᠡᠳᠦᠯᠳᠡᠢ ᠳᠥᠯᠥᠪᠯᠡᠨ ᠬᠦᠭᠵᠢᠬᠦᠯᠵᠦ᠂ ᠠᠷᠡᠳ ᠤᠨ ᠲᠤᠮᠳᠡᠬᠢ ᠪᠡᠯᠡ ᠲᠣᠬᠢᠷᠡᠭᠤᠯᠭ᠎ᠠ ᠬᠢᠬᠦ ᠶᠢ | ᠵᠢᠷᠦᠮᠵᠢᠭᠤᠯᠥᠨ ᠬᠦᠭᠵᠢᠬᠦᠯᠬᠦ ᠶᠢ ᠢᠳᠡᠪᠬᠢᠳᠡᠢ ᠪᠠᠷ ᠬᠦᠳᠦᠯᠥᠨ ᠵᠢᠯᠥᠭᠤᠳᠣᠨ᠎ᠠ᠃ | — ᠮᠦᠡᠭᠬᠦᠨ ᠬᠦᠢᠯᠭᠡᠭᠡᠨ ᠤ ᠰᠢᠨ᠎ᠡ ᠶᠢ ᠡᠬᠦᠳᠬᠦ ᠪᠠ ᠮᠦᠡᠭᠬᠦᠨ ᠬᠦᠢᠯᠭᠡᠭᠡᠨ ᠢ ᠲᠣᠠᠠᠳᠠᠭᠤᠨ | ᠪᠠᠶᠢᠯᠭᠠᠬᠤ ᠶᠢ ᠵᠡᠷᠭᠡᠪᠡᠷ ᠠᠬᠢᠭᠤᠯᠬᠤ ᠶᠢ ᠪᠡᠷᠢᠮᠳᠡᠯᠡᠨᠠ᠃ ᠮᠦᠡᠭᠬᠦᠨ ᠬᠦᠢᠯᠭᠡᠭᠡᠨ ᠤ ᠰᠢᠨ᠎ᠡ ᠶᠢ ᠡᠬᠦᠳᠬᠦ | ᠠᠯᠬᠤᠴᠠ ᠶᠢ ᠳᠥᠷᠭᠡᠳᠭᠡᠵᠦ᠂ ᠨᠡᠩ ᠳᠡᠬᠦᠯᠳᠡᠷᠵᠢᠭᠰᠡᠨ ᠮᠦᠡᠭᠬᠦᠨ ᠬᠦᠢᠯᠭᠡᠭᠡᠨ ᠤ ᠦᠢᠯᠡᠴᠢᠯᠡᠭᠡᠨ ᠤ ᠰᠢᠰᠲ᠋ᠧᠮᠵᠢ ᠶᠢ | ᠪᠠᠶᠢᠭᠤᠯᠥᠨ ᠪᠦᠷᠢᠨᠰᠢᠬᠦᠯᠵᠦ᠂ ᠮᠦᠡᠭᠬᠦᠨ ᠬᠦᠢᠯᠭᠡᠭᠡᠨ ᠤ ᠨᠡᠷᠡᠳᠬᠦᠨ ᠪᠤᠯᠥᠨ ᠦᠢᠯᠡᠴᠢᠯᠡᠭᠡᠨ ᠤ ᠠᠷᠭ᠎ᠠ ᠮᠠᠶ᠋ᠢᠭ ᠲᠤ | ᠰᠢᠨ᠎ᠡ ᠶᠢ ᠡᠬᠦᠳᠦᠨ᠎ᠠ︔ ᠮᠦᠡᠭᠬᠦᠨ ᠬᠦᠢᠯᠭᠡᠭᠡᠨ ᠤ ᠦᠢᠯᠡᠰ ᠤᠨ ᠦᠷᠬᠦᠯᠵᠢᠯᠡᠨ ᠬᠦᠭᠵᠢᠬᠦ ᠴᠢᠳᠡᠪᠦᠷᠢ ᠪᠠ | ᠮᠦᠡᠭᠬᠦᠨ ᠬᠦᠢᠯᠭᠡᠭᠡᠨ ᠤ ᠠᠵᠢᠯᠯᠠᠭᠠᠨ ᠤ ᠶᠠᠰᠣ ᠴᠢᠨᠡᠷ ᠢ ᠳᠠᠰᠣᠷᠡᠯᠳᠡ ᠦᠭᠡᠢ ᠲᠡᠭᠡᠭᠰᠢᠯᠡᠬᠦᠯᠥᠨ᠂ ᠪᠦᠳᠦᠮᠵᠢᠳᠡᠢ | ᠬᠢᠨᠡᠯᠳᠡ ᠬᠠᠮᠢᠶᠡᠷᠦᠯᠳᠡ ᠶᠢᠨ ᠲᠣᠠᠠᠳᠡᠴᠠ ᠶᠢ ᠪᠦᠷᠢᠨᠰᠢᠬᠦᠯᠥᠨ ᠳᠡᠬᠦᠯᠳᠡᠷᠵᠢᠬᠦᠯᠵᠦ᠂ ᠰᠢᠶᠡᠨ ᠤ ᠭᠡᠪᠴᠢᠶᠡᠨ ᠤ | ᠮᠦᠡᠭᠬᠦᠨ ᠬᠦᠢᠯᠭᠡᠭᠡᠨ ᠢ ᠲᠣᠠᠠᠳᠠᠭᠤᠨ ᠪᠠᠶᠢᠯᠭᠠᠬᠤ ᠶᠢ ᠦᠨᠡᠨᠬᠦ ᠪᠠᠳᠣᠯᠠᠨ᠎ᠠ᠃ | — ᠵᠠᠰᠠᠭ ᠤᠨ ᠣᠷᠳᠣᠨ ᠬᠦᠳᠦᠯᠦᠨ ᠵᠢᠯᠣᠭᠤᠳᠬᠤ ᠪᠠ ᠵᠠᠬ᠎ᠠ ᠳᠡᠯᠭᠡᠬᠦᠷ ᠢᠶᠠᠷ ᠣᠳᠣᠷᠢᠳᠣᠮᠵᠢ | ᠪᠤᠯᠭᠠᠬᠤ ᠶᠢ ᠬᠠᠷᠢᠯᠴᠠᠨ ᠣᠶᠠᠯᠳᠣᠭᠤᠯᠬᠤ ᠶᠢ ᠪᠡᠷᠢᠮᠳᠡᠯᠡᠨᠠ᠃ ᠮᠦᠡᠭᠬᠦᠨ ᠬᠦᠢᠯᠭᠡᠭᠡᠨ ᠤ ᠦᠭᠡᠷᠡᠴᠢᠯᠡᠯᠳᠡ | ᠬᠦᠭᠵᠢᠯᠳᠡ ᠲᠤᠠᠠᠳᠠᠭᠤᠨ ᠪᠠᠶᠢᠯᠭᠠᠬᠤ ᠶᠢ ᠪᠠᠳᠣᠯᠠᠬᠤ ᠪᠠ ᠠᠬᠢᠭᠤᠯᠬᠤ ᠣᠷᠣᠨ ᠨᠣᠳᠤᠭ ᠤᠨ ᠵᠠᠰᠠᠭ ᠤᠨ ᠣᠷᠳᠣᠨ ᠤ | ᠦᠢᠯᠡᠳᠣᠯ ᠢ ᠬᠦᠢᠴᠡᠳ ᠪᠡᠳᠡᠷᠡᠭᠤᠯᠵᠦ᠂ ᠮᠦᠡᠭᠬᠦᠨ ᠬᠦᠢᠯᠭᠡᠭᠡᠨ ᠤ ᠠᠮᠢ ᠠᠬᠤᠢ ᠶᠢᠨ ᠣᠷᠴᠢᠨ ᠲᠤᠭᠤᠷᠢᠨ ᠤ | ᠪᠦᠳᠦᠭᠡᠨ ᠪᠠᠶᠢᠭᠤᠯᠥᠯᠳᠡ ᠶᠢ ᠴᠢᠩᠭᠠᠳᠬᠠᠨ᠂ ᠮᠦᠡᠭᠬᠦᠨ ᠬᠦᠢᠯᠭᠡᠭᠡᠨ ᠤ ᠦᠢᠯᠡᠰ ᠲᠤ ᠰᠠᠶᠢᠨ ᠰᠠᠶᠢᠬᠠᠨ | ᠬᠦᠭᠵᠢᠯᠳᠡ ᠶᠢᠨ ᠣᠷᠴᠢᠨ ᠲᠤᠭᠤᠷᠢᠨ ᠢ ᠪᠠᠶᠢᠭᠤᠯᠥᠨ᠎ᠠ︔ ᠡᠯ᠎ᠠ ᠳᠥᠷᠦᠯ ᠤᠨ ᠮᠦᠡᠭᠬᠦᠨ ᠬᠦᠢᠯᠭᠡᠭᠡᠨ ᠤ ᠬᠦᠴᠣᠨ | ᠵᠦᠢᠯ ᠤᠨ ᠵᠠᠬ᠎ᠠ ᠳᠡᠯᠭᠡᠬᠦᠷ ᠢ ᠪᠤᠶᠢᠵᠢᠭᠤᠯᠥᠨ᠂ ᠣᠯᠡᠨ ᠳᠡᠰ ᠲᠠᠪᠬᠤᠷᠭ᠎ᠠ ᠶᠢᠨ ᠮᠦᠡᠭᠬᠦᠨ ᠬᠦᠢᠯᠭᠡᠭᠡᠨ ᠤ ᠵᠠᠬ᠎ᠠ | ᠳᠡᠯᠭᠡᠬᠦᠷ ᠢ ᠳᠥᠷᠭᠡᠳᠭᠡᠨ ᠪᠣᠢ ᠪᠣᠯᠭᠠᠵᠤ᠂ ᠵᠠᠬ᠎ᠠ ᠳᠡᠯᠭᠡᠬᠦᠷ ᠤᠨ ᠬᠦᠳᠦᠯᠥᠨ ᠵᠢᠯᠥᠭᠤᠳᠬᠤ ᠦᠢᠯᠡᠳᠣᠯ ᠢ | ᠪᠠᠳᠠᠷᠡᠭᠤᠯᠥᠨ᠂ ᠮᠦᠡᠭᠬᠦᠨ ᠬᠦᠢᠯᠭᠡᠭᠡᠨ ᠤ ᠠᠵᠢᠯᠯᠠᠭᠠᠨ ᠤ ᠬᠠᠷᠢᠴᠠᠠᠩᠭᠤᠢ ᠪᠡᠶ᠎ᠠ ᠪᠠᠨ ᠳᠠᠭᠠᠭᠠᠠᠠᠰᠠᠨ ᠴᠢᠨᠡᠷ ᠢ | ᠪᠠᠳᠣᠯᠠᠨ᠎ᠠ᠃ | ︵ᠭᠤᠷᠪᠠ︶ ᠬᠦᠭᠵᠢᠯᠳᠡ ᠶᠢᠨ ᠬᠠᠷᠡᠯᠳᠡ᠃ ᠮᠠᠨ ᠤ ᠣᠷᠣᠨ ᠤ ᠰᠢᠶᠡᠨ ᠤ ᠬᠡᠪᠴᠢᠶᠡᠨ ᠤ ᠠᠵᠦ ᠠᠬᠤᠢ | ᠨᠡᠶᠢᠭᠡᠮ ᠤᠨ ᠬᠦᠭᠵᠢᠯᠳᠡ ᠶᠢᠨ ᠪᠤᠳᠡᠳᠣ ᠪᠠᠶᠢᠳᠡᠯ ᠢ ᠦᠨᠳᠣᠰᠣᠯᠡᠨ᠂ ︽ᠭᠤᠷᠪᠡᠨ ᠠᠯᠬᠤᠮ ᠬᠤᠪᠢᠶᠡᠨ ᠶᠠᠪᠤᠬᠤ︾ | ᠪᠠᠷ ᠳᠡᠮᠵᠢᠭᠤᠯᠥᠨ ᠰᠢᠶᠡᠨ ᠤ ᠭᠡᠪᠴᠢᠶᠡᠨ ᠤ ᠮᠦᠡᠭᠬᠦᠨ ᠬᠦᠢᠯᠭᠡᠭᠡᠨ ᠤ ᠢᠨᠵᠧᠨᠧᠷᠢᠩ ᠢᠶᠠᠷ ᠰᠢᠶᠡᠨ ᠢ | ᠬᠦᠴᠦᠷᠭᠡᠭᠵᠢᠬᠦᠯᠬᠦ ᠪᠠᠶᠢᠯᠳᠣᠬᠤ ᠪᠤᠳᠣᠯᠭ᠎ᠠ ᠶᠢᠨ ᠬᠠᠷᠡᠯᠳᠡ ᠶᠢ ᠴᠢᠷᠮᠡᠶᠢᠨ ᠪᠠᠶᠠᠯᠠᠬᠦᠯᠥᠨ᠎ᠠ᠃ | ᠨᠢᠭᠡᠳᠣᠭᠡᠷ ᠠᠯᠬᠤᠮ ᠳᠤ᠄ ᠮᠦᠡᠭᠬᠦᠨ ᠬᠦᠢᠯᠭᠡᠭᠡᠨ ᠤ ᠦᠢᠯᠡᠴᠢᠯᠡᠭᠡᠨ ᠤ ᠪᠤᠳᠡᠳᠣ ᠴᠣᠠᠠᠴᠠ ᠶᠢᠨ ᠠᠵᠦ | ᠠᠬᠤᠢ ᠶᠢᠨ ᠴᠢᠳᠡᠪᠦᠷᠢ ᠶᠢ ᠣᠯᠡᠮ ᠨᠢᠭᠡ ᠠᠯᠬᠤᠮ ᠲᠡᠭᠡᠭᠰᠢᠯᠡᠬᠦᠯᠦᠨ᠎ᠡ᠃ ᠮᠦᠡᠭᠬᠦᠨ ᠬᠦᠢᠯᠭᠡᠭᠡᠨ ᠢᠶᠠᠷ ᠴᠢᠬᠤᠯᠡ | ᠶᠡᠭᠡ ᠳᠦᠷᠦᠯ ᠵᠦᠢᠯ ᠤᠨ ᠭᠤᠤᠯᠳᠡᠯᠭ᠎ᠠ ᠲᠠᠢ ᠢᠨᠵᠧᠨᠧᠷᠢᠩ ᠤᠨ ᠪᠦᠳᠦᠭᠡᠨ ᠪᠠᠶᠢᠭᠤᠯᠥᠯᠳᠡ ᠶᠢ ᠪᠠᠳᠤᠯᠠᠬᠤ | ᠡᠷᠴᠢᠮ ᠢᠶᠠᠨ ᠴᠢᠩᠭᠠᠷᠡᠭᠤᠯᠵᠦ᠂ ᠮᠦᠡᠭᠬᠦᠨ ᠬᠦᠢᠯᠭᠡᠭᠡᠨ ᠤ ᠡᠬᠢ ᠪᠠᠶᠠᠯᠢᠭ ᠢ ᠲᠣᠬᠢᠷᠡᠭᠤᠯᠬᠤ ᠪᠠ ᠠᠵᠦ ᠦᠢᠯᠡᠰ ᠤᠨ | ᠭᠡᠯᠪᠡᠷᠢ ᠪᠠᠨ ᠬᠤᠪᠢᠷᠡᠭᠤᠯᠥᠨ ᠳᠡᠰ ᠳᠡᠪᠰᠢᠬᠦᠯᠬᠦ ᠶᠢ ᠵᠤᠯᠭᠠᠭᠤᠯᠬᠤ ᠶᠢ ᠣᠯᠡᠮ ᠨᠢᠭᠡ ᠠᠯᠬᠤᠮ ᠴᠢᠩᠭᠠᠳᠬᠠᠨ᠂ | ᠢᠳᠡᠭᠡᠮᠵᠢᠳᠦ ᠵᠢᠭᠡᠯᠡᠯᠭᠡ ᠶᠢᠨ ᠪᠦᠳᠦᠴᠠ ᠶᠢ ᠣᠯᠡᠮ ᠨᠢᠭᠡ ᠠᠯᠬᠤᠮ ᠰᠢᠯᠢᠳᠡᠭᠵᠢᠬᠦᠯᠵᠦ᠂ ᠰᠢᠶᠡᠨ ᠤ ᠭᠡᠪᠴᠢᠶᠡᠨ ᠤ | ᠬᠠᠳᠠᠭᠠᠯᠠᠵᠦ ᠪᠠᠶᠢᠭ᠎ᠠ ᠵᠤᠭᠤᠰ ᠢ ᠲᠤᠬᠠᠢ ᠶᠢᠨ ᠭᠠᠵᠡᠷ ᠲᠤ ᠭᠡᠷᠡᠭᠯᠡᠭᠰᠡᠨ ᠬᠠᠷᠢᠴᠠᠯ ᠢ ᠨᠡᠯᠢᠶᠡᠳ ᠶᠡᠭᠡᠪᠡᠷ | ᠳᠡᠭᠡᠭᠰᠢᠯᠡᠬᠦᠯᠥᠨ᠎ᠠ᠃ ᠳᠦᠭᠡᠮᠡᠯ ᠬᠠᠷᠠᠭᠠᠯᠵᠠᠯᠳᠤ ᠮᠦᠡᠭᠬᠦᠨ ᠬᠦᠢᠯᠭᠡᠭᠡᠨ ᠢ ᠬᠦᠨᠵᠡᠭᠡᠢ ᠠᠬᠢᠭᠤᠯᠥᠨ᠂ ᠵᠢᠵᠢᠭ ᠪᠢᠴᠢᠯ | ᠠᠵᠦ ᠠᠬᠤᠶᠢᠯᠠᠯ ᠪᠤᠯᠥᠨ ︽ᠮᠠᠯ ᠳᠡᠷᠢᠶᠡᠯᠡᠩ ᠮᠠᠯᠵᠢᠬᠤ ᠳᠡᠷᠢᠶᠡᠯᠠᠬᠤ ᠣᠷᠣᠨ ᠮᠠᠯᠴᠢᠨ ᠳᠡᠷᠢᠶᠡᠴᠢᠨ︾ ᠤ ᠮᠦᠡᠭᠬᠦᠨ | ᠬᠦᠢᠯᠭᠡᠭᠡᠨ ᠤ ᠦᠢᠯᠡᠴᠢᠯᠡᠭᠡᠨ ᠤ ᠬᠠᠨᠤᠮᠵᠢᠳᠡᠢ ᠪᠠᠶᠢᠬᠤ ᠨᠣᠷᠮ᠎ᠠ ᠶᠢ ᠶᠡᠭᠡ ᠭᠡᠮᠵᠢᠶ᠎ᠠ ᠪᠠᠷ ᠲᠡᠭᠡᠭᠰᠢᠯᠡᠬᠦᠯᠵᠦ᠂ ︽ᠪᠡᠯᠡ | ᠲᠤᠬᠢᠷᠡᠭᠤᠯᠭ᠎ᠠ ᠬᠢᠬᠦ ᠳᠤ ᠬᠦᠴᠢᠷᠳᠡᠢ᠂ ᠪᠡᠯᠡ ᠲᠣᠬᠢᠷᠡᠭᠤᠯᠭ᠎ᠠ ᠬᠢᠬᠦ ᠳᠤ ᠦᠨᠡᠳᠡᠢ︾ ᠠᠰᠠᠭᠤᠳᠡᠯ ᠢ ᠨᠡᠯᠢᠶᠡᠳ ᠶᠡᠭᠡ | ᠰᠠᠶᠢᠵᠢᠷᠡᠯᠳ᠋ᠨ ᠲᠠᠢ ᠪᠤᠯᠭᠠᠨ᠎ᠠ᠃ | ᠬᠤᠶᠠᠳᠣᠭᠠᠷ ᠠᠯᠬᠤᠮ ᠳᠤ᠄ ᠮᠦᠡᠭᠬᠦᠨ ᠬᠦᠢᠯᠭᠡᠭᠡᠨ ᠢᠶᠠᠷ ᠳᠡᠮᠵᠢᠵᠦ ᠪᠠᠶᠢᠭ᠎ᠠ ᠰᠢᠶᠡᠨ ᠤ ᠭᠡᠪᠴᠢᠶᠡᠨ ᠤ | ᠣᠨᠴᠠᠯᠢᠠᠠᠳᠣ ᠠᠵᠦ ᠦᠢᠯᠡᠰ ᠢ ᠦᠨᠳᠣᠰᠣᠨ ᠳᠡᠭᠡᠨ ᠪᠣᠢ ᠪᠣᠯᠭᠠᠨ᠎ᠠ᠃ ᠮᠦᠡᠭᠬᠦᠨ ᠬᠦᠢᠯᠭᠡᠭᠡᠨ ᠢᠶᠠᠷ ᠳᠡᠮᠵᠢᠵᠦ | ᠪᠠᠶᠢᠭ᠎ᠠ ᠰᠢᠶᠠᠨ ᠤ ᠭᠡᠪᠴᠢᠶᠡᠨ ᠤ ᠭᠤᠤᠯᠯᠠᠬᠤ ᠠᠵᠦ ᠦᠢᠯᠡᠰ ᠪᠤᠯᠥᠨ ᠭᠤᠣᠯᠳᠠᠯᠭ᠎ᠠ ᠲᠠᠢ ᠠᠵᠦ ᠠᠬᠤᠶᠢᠯᠠᠯ ᠢ | ᠨᠡᠯᠢᠶᠡᠳ ᠳᠥᠷᠬᠡᠨ ᠬᠦᠭᠵᠢᠬᠦᠯᠵᠦ᠂ ᠠᠵᠦ ᠦᠢᠯᠡᠰ ᠤᠨ ᠭᠡᠪᠴᠢᠶ᠎ᠠ ᠶᠢ ᠳᠠᠰᠣᠷᠡᠯᠳᠡ ᠦᠭᠡᠢ ᠪᠤᠵᠠᠭᠠᠶᠢᠷᠡᠭᠤᠯᠥᠨ᠂ | ᠪᠦᠭᠡᠮᠨᠡᠷᠡᠭᠰᠡᠨ ᠬᠢᠷᠢ ᠭᠡᠮᠵᠢᠶ᠎ᠠ ᠶᠢ ᠢᠯᠡᠳᠳᠡ ᠲᠡᠭᠡᠭᠰᠢᠯᠡᠬᠦᠯᠵᠦ᠂ ᠦᠷᠢᠰᠦᠯᠳᠦᠬᠦ ᠬᠦᠴᠣᠨ ᠢ ᠮᠡᠳᠡᠭᠳᠡᠬᠦ᠋ᠢᠴᠡ | ᠲᠡᠭᠡᠭᠰᠢᠯᠡᠬᠦᠯᠥᠨ᠂ ᠬᠥᠳᠦᠴᠢ ᠠᠵᠦ ᠠᠬᠤᠶᠢᠯᠠᠯ ᠢ ᠨᠡᠷᠡᠳᠣ ᠳᠥᠷᠦᠯ ᠳᠡᠮᠳᠡᠭᠵᠢᠬᠦᠯᠬᠦ᠂ ᠭᠡᠪᠴᠢᠶᠡᠵᠢᠬᠦᠯᠬᠦ ᠶᠢ | ᠦᠨᠳᠣᠰᠣᠨ ᠳᠡᠭᠡᠨ ᠪᠣᠢ ᠪᠣᠯᠭᠠᠨ᠎ᠠ᠃ ᠰᠢᠶᠡᠨ ᠤ ᠭᠡᠪᠴᠢᠶᠡᠨ ᠤ ᠠᠵᠦ ᠠᠬᠤᠢ ᠶᠢᠨ ᠶᠡᠷᠦᠩᠭᠡᠢ ᠭᠡᠮᠵᠢᠶ᠎ᠠ ᠶᠢ | ᠲᠤᠠᠠᠳᠠᠭᠤᠨ ᠢᠶᠠᠷ ᠲᠡᠭᠡᠭᠰᠢᠯᠡᠬᠦᠯᠬᠦ ᠶᠢ ᠪᠠᠶᠡᠯᠡᠬᠦᠯᠵᠦ᠂ ᠡᠳ᠋ ᠤᠨ ᠵᠠᠰᠠᠭ ᠤᠨ ᠣᠷᠣᠯᠭ᠎ᠠ ᠶᠢ ᠲᠤᠠᠠᠳᠠᠭᠤᠨ ᠢᠶᠠᠷ | ᠨᠡᠮᠡᠭᠳᠡᠬᠦᠯᠥᠨ᠂ ᠬᠤᠳᠡ ᠬᠦᠳᠡᠭᠡ ᠶᠢᠨ ᠰᠠᠭᠤᠭᠠᠯᠢ ᠠᠷᠡᠳ ᠤᠨ ᠣᠷᠣᠯᠭ᠎ᠠ ᠪᠠ ᠠᠵᠦ ᠠᠬᠤᠢ ᠶᠢᠨ ᠬᠦᠭᠵᠢᠯᠳᠡ ᠶᠢ | ᠲᠣᠠᠠᠳᠠᠭᠤᠨ ᠢᠶᠠᠷ ᠨᠡᠮᠡᠭᠳᠡᠬᠦᠯᠥᠨ᠎ᠡ᠃ ᠪᠡᠯᠡ ᠲᠣᠬᠢᠷᠡᠭᠤᠯᠭ᠎ᠠ ᠬᠢᠬᠦ ᠪᠦᠳᠦᠴᠡ ᠶᠢ ᠲᠠᠰᠣᠷᠡᠯᠳᠡ ᠦᠭᠡᠢ | ᠰᠢᠯᠢᠳᠡᠭᠵᠢᠬᠦᠯᠵᠦ᠂ ᠰᠢᠭᠤᠳ ᠪᠡᠯᠡ ᠲᠣᠬᠢᠷᠡᠭᠤᠯᠭ᠎ᠠ ᠬᠢᠬᠦ ᠬᠠᠷᠢᠴᠠᠯ ᠢ ᠲᠠᠰᠣᠷᠡᠯᠳᠡ ᠦᠭᠡᠢ ᠲᠡᠭᠡᠭᠰᠢᠯᠡᠬᠦᠯᠥᠨ᠂ | ᠭᠤᠤᠯ ᠰᠠᠮᠪᠠᠷ᠎ᠠ᠂ ᠠᠳᠠᠯ ᠦᠢᠯᠡᠰ ᠴᠣᠠᠠᠴᠠᠯᠠᠬᠤ ᠰᠠᠮᠪᠠᠷ᠎ᠠ᠂ ᠰᠢᠨ᠎ᠡ ᠭᠤᠷᠪᠠᠳᠣᠭᠠᠷ ᠰᠠᠮᠪᠠᠷ᠎ᠠ᠂ ᠦᠪᠤᠷ | ᠮᠣᠩᠭᠤᠯ ᠤᠨ ᠰᠲ᠋ᠤᠺ ᠤᠨ ᠡᠷᠬᠡ ᠶᠢᠨ ᠠᠷᠡᠯᠵᠢᠶᠠᠨ ᠤ ᠲᠥᠪ ᠤᠨ ᠵᠠᠬ᠎ᠠ ᠳᠡᠯᠭᠡᠬᠦᠷ ᠲᠤ ᠬᠦᠳᠦᠴᠢ ᠠᠵᠦ | ᠠᠬᠤᠶᠢᠯᠠᠯ ᠢ ᠭᠠᠷᠭᠠᠬᠤ ᠪᠤᠶᠤ ᠫᠠᠶᠢᠰᠠ ᠡᠯᠬᠦᠨ᠎ᠠ᠃ | ᠭᠤᠷᠪᠠᠳᠣᠭᠠᠷ ᠠᠯᠬᠤᠮ ᠳᠤ᠄ ᠮᠦᠡᠭᠬᠦᠨ ᠬᠦᠢᠯᠭᠡᠭᠡᠨ ᠢᠶᠠᠷ ᠳᠡᠮᠵᠢᠭᠰᠡᠨ ᠰᠢᠨ᠎ᠡ ᠭᠡᠯᠪᠡᠷᠢ ᠶᠢᠨ ᠬᠤᠳᠡ | ᠪᠠᠯᠭᠠᠰᠣᠵᠢᠯᠳᠡ ᠪᠠ ᠲᠠᠷᠢᠶᠡᠯᠡᠩ ᠮᠠᠯ ᠠᠵᠦ ᠠᠬᠤᠢ ᠶᠢᠨ ᠣᠳᠣᠬᠢᠴᠢᠯᠠᠯᠳᠡ ᠳᠤ ᠢᠯᠡᠳᠳᠡ ᠦᠷ᠎ᠠ ᠪᠦᠳᠦᠮᠵᠢ | ᠣᠯᠤᠨ᠎ᠠ᠃ ᠬᠤᠳᠡ ᠪᠠᠯᠭᠠᠰᠣᠵᠢᠯᠳᠡ ᠶᠢᠨ ᠬᠦᠭᠵᠢᠯᠳᠡ ᠶᠢᠨ ᠱᠠᠭᠠᠷᠳᠡᠯᠭ᠎ᠠ ᠶᠣᠰᠣᠭᠠᠷ᠂ ᠣᠰᠦ᠂ ᠢᠯᠴᠢ᠂ | ᠴᠠᠬᠢᠯᠭᠠᠨ᠂ ᠰᠢᠳᠠᠮᠠᠬᠠᠢ ᠬᠡᠢ ᠬᠠᠩᠭᠠᠬᠤ᠂ ᠪᠤᠵᠠᠷ ᠣᠰᠦ ᠬᠤᠭ ᠨᠣᠪᠰᠢ ᠶᠢ ᠰᠢᠢᠳᠪᠦᠷᠢᠯᠡᠬᠦ᠂ ᠬᠤᠳᠡ ᠶᠢᠨ | ᠶᠡᠷᠦᠩᠭᠡᠶᠢᠯᠡᠭᠰᠡᠨ ᠬᠠᠮ ᠨᠦᠬᠡᠨ ᠬᠤᠭ᠍ᠬᠢᠯ ᠵᠡᠷᠭᠡ ᠰᠠᠭᠤᠷᠢ ᠪᠡᠯᠡᠳᠭᠡᠮᠵᠢ ᠶᠢᠨ ᠪᠦᠳᠦᠭᠡᠨ ᠪᠠᠶᠢᠭᠤᠯᠥᠯᠳᠡ ᠶᠢ ᠣᠯᠡᠮ | ᠨᠢᠭᠡ ᠠᠯᠬᠤᠮ ᠳᠡᠮᠵᠢᠨ᠎ᠠ᠃ ᠲᠠᠷᠢᠶᠡᠯᠡᠩ ᠮᠠᠯ ᠠᠵᠦ ᠠᠬᠤᠢ ᠶᠢᠨ ᠣᠳᠣᠬᠢᠴᠢᠯᠠᠯᠳᠡ ᠶᠢᠨ ᠬᠢᠷᠢ ᠭᠡᠮᠵᠢᠶ᠎ᠠ ᠶᠢ | ᠠᠬᠢᠭᠤᠯᠤᠨ ᠨᠡᠯᠢᠶᠡᠳ ᠶᠡᠭᠡ ᠳᠡᠭᠡᠭᠰᠢᠯᠡᠯᠳᠠ ᠲᠠᠢ ᠪᠣᠯᠭᠠᠵᠤ᠂ ᠨᠢᠭᠡ ᠪᠦᠯᠥᠭ ᠣᠰᠣᠨ ᠠᠰᠢᠠᠠᠯᠠᠯᠳᠡ᠂ | ᠳᠡᠷᠢᠶᠡᠯᠡᠩ ᠤᠨ ᠮᠠᠰᠢᠨ᠂ ᠣᠳᠣ ᠦᠶ᠎ᠠ ᠶᠢᠨ ᠦᠷ᠎ᠠ ᠶᠢᠨ ᠦᠢᠯᠡᠰ ᠵᠡᠷᠭᠡ ᠢᠨᠵᠧᠨᠧᠷᠢᠩ ᠢ ᠭᠡᠷᠡᠭᠵᠢᠬᠦᠯᠬᠦ ᠶᠢ | ᠠᠬᠢᠭᠤᠯᠥᠨ᠂ ᠭᠡᠪᠴᠢᠶᠡᠵᠢᠬᠦᠯᠥᠨ ᠳᠡᠷᠢᠵᠦ ᠳᠡᠵᠢᠭᠡᠵᠦ ᠦᠷᠡᠵᠢᠬᠦᠯᠬᠦ ᠶᠢ ᠪᠠᠶᠠᠯᠠᠬᠦᠯᠥᠨ᠎ᠠ᠃ ᠠᠷᠡᠳ ᠤᠨ | ᠠᠮᠢᠳᠣᠷᠡᠯ ᠤᠨ ᠬᠢᠷᠢ ᠭᠡᠮᠵᠢᠶ᠎ᠠ ᠪᠠ ᠶᠠᠰᠣ ᠴᠢᠨᠡᠷ ᠢ ᠨᠡᠶᠢᠳᠡᠮ ᠳᠡᠭᠡᠭᠰᠢᠯᠡᠬᠦᠯᠬᠦ᠂ ᠰᠢᠶᠡᠨ ᠤ ᠭᠡᠪᠴᠢᠶᠡᠨ ᠤ ᠠᠮᠢ | ᠠᠬᠤᠢ ᠶᠢᠨ ᠣᠷᠴᠢᠨ ᠲᠤᠭᠤᠷᠢᠨ ᠤ ᠶᠠᠰᠣ ᠴᠢᠨᠡᠷ ᠢ ᠶᠡᠷᠦᠩᠭᠡᠢ ᠳᠤᠨᠢ ᠰᠠᠶᠢᠵᠢᠷᠡᠯᠳᠡ ᠲᠠᠢ ᠪᠤᠯᠭᠠᠬᠤ ᠶᠢ ᠠᠬᠢᠭᠤᠯᠵᠦ | ᠂ ᠮᠠᠯᠵᠢᠬᠤ ᠳᠡᠷᠢᠶᠡᠯᠠᠬᠤ ᠣᠷᠣᠨ ᠤ ᠶᠠᠳᠠᠭᠤ ᠬᠦᠴᠢᠷᠳᠡᠯᠳᠡᠢ ᠬᠦᠮᠦᠨ ᠠᠮᠠ ᠶᠢᠨ ᠶᠠᠳᠠᠭᠤ ᠠᠴᠠ ᠠᠩᠬᠢᠵᠢᠷᠠᠬᠤ ᠶᠢ | ᠪᠠᠶᠠᠯᠡᠬᠦᠯᠬᠦ ᠶᠢ ᠠᠬᠢᠭᠤᠯᠥᠨ᠎ᠠ᠃ | ᠬᠤᠶᠡᠷ᠂ ᠭᠤᠤᠯ ᠡᠬᠦᠷᠭᠡ | ︵ᠨᠢᠭᠡ︶ ᠣᠷᠣᠨ ᠨᠣᠳᠤᠭ ᠤᠨ ᠵᠠᠰᠠᠭ ᠤᠨ ᠣᠷᠳᠣᠨ ᠪᠤᠯᠥᠨ ᠦᠪᠡᠷᠳᠡᠭᠡᠨ ᠵᠠᠰᠬᠠᠥ ᠣᠷᠣᠨ ᠤ ᠬᠠᠮᠢᠶ᠎ᠠ | ᠪᠦᠬᠦᠢ ᠰᠠᠯᠠᠭ᠎ᠠ ᠮᠦᠴᠢᠷ ᠤᠨ ᠭᠤᠤᠯᠯᠠᠬᠤ ᠦᠢᠯᠡᠳᠣᠯ ᠢ ᠰᠠᠶᠢᠳᠣᠷ ᠪᠠᠳᠡᠷᠡᠭᠤᠯᠥᠨ᠎ᠠ᠃ | 1. ᠲᠣᠷᠰᠢᠯᠳᠡ ᠶᠢᠨ ᠴᠢᠬ ᠤᠨ ᠬᠤᠰᠢᠭᠤ ᠰᠢᠶᠡᠨ ︵ᠬᠤᠳᠡ᠂ ᠲᠤᠭᠤᠷᠢᠭ︶ ᠨᠢ ᠰᠢᠶᠡᠨ ᠤ ᠭᠡᠪᠴᠢᠶᠡᠨ ᠤ | ᠮᠦᠡᠭᠬᠦᠨ ᠬᠦᠢᠯᠭᠡᠭᠡᠨ ᠤ ᠢᠨᠵᠧᠨᠧᠷᠢᠩ ᠤᠨ ᠭᠡᠷᠡᠭᠵᠢᠬᠦᠯᠬᠦ ᠳᠥᠰᠥᠯ ᠢ ᠲᠣᠠᠠᠳᠠᠭᠠᠨ᠎ᠠ᠃ ᠡᠯ᠎ᠠ ᠲᠣᠷᠰᠢᠯᠳᠡ ᠶᠢᠨ | ᠬᠤᠰᠢᠭᠤ ᠰᠢᠶᠡᠨ ︵ᠬᠤᠳᠡ᠂ ᠲᠤᠭᠤᠷᠢᠭ︶ ᠤ ᠠᠷᠡᠳ ᠤᠨ ᠵᠠᠰᠠᠭ ᠤᠨ ᠣᠷᠳᠣᠨ ᠨᠢ ᠲᠣᠰ ᠪᠡᠶ᠎ᠠ ᠶᠢᠨ | ᠪᠤᠳᠡᠳᠡᠢ ᠲᠠᠢ ᠪᠠᠨ ᠣᠶᠠᠯᠳᠣᠭᠤᠯᠵᠦ᠂ ᠣᠷᠣᠨ ᠪᠠᠶᠢᠷᠢ᠂ ᠣᠨᠴᠣᠭᠤᠢ ᠲᠤᠠᠠᠳᠠᠭᠠᠠᠠᠳ᠋ᠬᠠᠰᠠᠨ ᠡᠬᠢ ᠪᠠᠶᠠᠯᠢᠭ ᠪᠤᠯᠥᠨ | ᠳᠡᠥᠬᠡ ᠬᠦᠮᠦᠨ ᠨᠡᠶᠢᠬᠡᠮ ᠵᠡᠷᠭᠡ ᠳᠡᠪᠡᠭᠤᠯᠢᠭ ᠢᠶᠠᠨ ᠦᠨᠳᠣᠰᠣᠯᠡᠨ᠂ ᠰᠢᠶᠡᠨ ᠤ ᠭᠡᠪᠴᠢᠶᠡᠨ ᠤ ᠮᠦᠡᠭᠬᠦᠨ | ᠬᠦᠢᠯᠭᠡᠭᠡᠨ ᠤ ᠢᠨᠵᠧᠨᠧᠷᠢᠩ ᠤᠨ ᠭᠡᠷᠡᠭᠵᠢᠬᠦᠯᠬᠦ ᠳᠥᠰᠥᠯ ᠢ ᠵᠤᠬᠢᠶᠡᠨ ᠪᠠᠶᠢᠭᠤᠯᠥᠨ ᠲᠣᠠᠠᠳᠠᠭᠠᠨ᠎ᠠ᠃ ︽ | ᠳᠡᠷᠢᠶᠡᠯᠠᠬᠤ ᠳᠤ ᠲᠣᠬᠢᠷᠠᠬᠤ ᠨᠢ ᠳᠡᠷᠢᠶᠡᠯᠡᠩ ᠡᠷᠬᠢᠯᠡᠵᠦ᠂ ᠠᠵᠦ ᠦᠢᠯᠡᠳᠪᠦᠷᠢ ᠳᠤ ᠲᠣᠬᠢᠷᠠᠬᠤ ᠨᠢ ᠠᠵᠦ | ᠦᠢᠯᠡᠳᠪᠦᠷᠢ ᠡᠷᠬᠢᠯᠡᠵᠦ᠂ ᠠᠷᠡᠯᠵᠢᠶ᠎ᠠ ᠬᠤᠳᠠᠯᠳᠤᠭ᠎ᠠ ᠡᠷᠬᠢᠯᠡᠬᠦ ᠳᠤ ᠲᠣᠬᠢᠷᠠᠬᠤ ᠨᠢ ᠠᠷᠡᠯᠵᠢᠶ᠎ᠠ ᠬᠤᠳᠠᠯᠳᠤᠭ᠎ᠠ | ᠡᠷᠬᠢᠯᠡᠵᠦ᠂ ᠵᠢᠭᠤᠯᠴᠢᠯᠠᠯ ᠳᠤ ᠲᠣᠬᠢᠷᠠᠬᠤ ᠨᠢ ᠵᠢᠭᠤᠯᠴᠢᠯᠠᠯ ᠡᠷᠬᠢᠯᠡᠬᠦ︾ ᠵᠠᠷᠴᠢᠮ ᠶᠣᠰᠣᠭᠠᠷ᠂ ᠮᠦᠡᠭᠬᠦᠨ | ᠬᠦᠢᠯᠭᠡᠭᠡᠨ ᠤ ᠡᠬᠢ ᠪᠠᠶᠠᠯᠢᠭ ᠢ ᠲᠦᠢᠯ ᠤᠨ ᠣᠨᠣᠪᠴᠢᠳᠡᠢ ᠪᠠᠷ ᠲᠣᠬᠢᠷᠡᠭᠤᠯᠵᠦ᠂ ᠰᠢᠶᠡᠨ ᠤ ᠭᠡᠪᠴᠢᠶᠡᠨ ᠤ | ᠭᠤᠤᠯᠯᠠᠬᠤ ᠠᠵᠦ ᠦᠢᠯᠡᠰ ᠪᠤᠯᠥᠨ ᠣᠨᠴᠠᠯᠢᠠᠠᠳᠣ ᠠᠵᠦ ᠦᠢᠯᠡᠰ ᠤᠨ ᠬᠦᠭᠵᠢᠯᠳᠡ ᠶᠢ ᠳᠡᠮᠵᠢᠨ᠎ᠠ᠃ ᠲᠣᠰ | ᠬᠤᠰᠢᠭᠤ ᠰᠢᠶᠡᠨ ︵ᠬᠤᠳᠡ᠂ ᠲᠤᠭᠤᠷᠢᠭ︶ ᠤ ᠠᠵᠦ ᠠᠬᠤᠶᠢᠯᠠᠯ ᠤᠨ ᠦᠨᠡᠨ ᠪᠠᠶᠢᠳᠡᠯ ᠢ ᠣᠶᠢᠯᠠᠭᠠᠨ ᠡᠮᠬᠢᠯᠡᠵᠦ᠂ | ᠭᠤᠤᠯᠳᠠᠯᠭ᠎ᠠ ᠲᠠᠢ ᠬᠠᠪᠰᠣᠷᠣᠨ ᠳᠡᠳᠬᠦᠬᠦ ᠠᠵᠦ ᠠᠬᠤᠶᠢᠯᠠᠯ ᠤᠨ ᠨᠡᠷᠡᠰ ᠢ ᠰᠣᠳᠣᠯᠥᠨ ᠲᠣᠷᠡᠳᠣᠨᠠ᠃ | ᠭᠤᠤᠯᠳᠠᠯᠭ᠎ᠠ ᠲᠠᠢ ᠳᠡᠮᠵᠢᠬᠦ ᠳᠥᠷᠦᠯ ᠵᠦᠢᠯ ᠤᠨ ᠨᠡᠷᠡᠰ ᠢ ᠰᠣᠳᠣᠯᠥᠨ ᠲᠣᠠᠠᠳᠠᠭᠠᠵᠦ᠂ ᠳᠥᠷᠦᠯ ᠵᠦᠢᠯ ᠤᠨ | ᠳᠥᠯᠥᠪᠵᠢᠬᠦᠯᠭᠡ᠂ ᠣᠷᠴᠢᠨ ᠲᠤᠭᠤᠷᠢᠨ ᠤ ᠬᠠᠮᠠᠭᠠᠯᠠᠯᠳᠡ᠂ ᠭᠠᠵᠡᠷ ᠰᠢᠷᠦᠢ ᠵᠡᠷᠭᠡ ᠳᠡᠯ᠎ᠠ ᠠᠴᠠ ᠳᠥᠷᠦᠯ ᠵᠦᠢᠯ ᠢ | ᠪᠤᠳᠡᠳᠡᠶᠢᠵᠢᠭᠤᠯᠥᠨ ᠭᠡᠷᠡᠭᠵᠢᠬᠦᠯᠬᠦ ᠶᠢ ᠠᠬᠢᠭᠤᠯᠥᠨ᠎ᠠ᠃ ᠳᠠᠭᠠᠭᠠᠯᠳᠡ ᠬᠢᠬᠦ ︽ᠪᠡᠯᠡ ᠮᠦᠡᠭᠬᠦ ᠶᠢᠨ ᠳᠠᠳᠠᠭᠠᠯ︾ ᠢ | ᠪᠠᠶᠢᠭᠤᠯᠥᠨ᠂ ᠮᠦᠡᠭᠬᠦᠨ ᠬᠦᠢᠯᠭᠡᠭᠡᠨ ᠤ ᠪᠠᠶᠢᠭᠤᠯᠥᠮᠵᠢ ᠯᠤᠭ᠎ᠠ ᠬᠠᠮᠳᠣᠷᠡᠯᠴᠠᠵᠦ᠂ 1᠄ 10 ᠶᠢᠨ ᠬᠠᠷᠢᠴᠡᠯ ᠢᠶᠠᠷ | ᠵᠢᠭᠡᠯᠡᠯᠭᠡ ᠶᠢ ᠶᠡᠬᠡᠪᠡᠷ ᠳᠡᠯᠪᠢᠵᠦ᠂ ᠠᠵᠦ ᠠᠬᠤᠶᠢᠯᠠᠯ ᠤᠨ ᠢᠳᠡᠭᠡᠮᠵᠢ ᠶᠢ ᠨᠡᠮᠡᠭᠳᠡᠬᠦᠯᠥᠨ᠎ᠡ᠃ ᠮᠠᠯᠵᠢᠬᠤ ᠳᠡᠷᠢᠶᠡᠯᠠᠬᠤ | ᠣᠷᠣᠨ ᠤ ᠢᠳᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠥᠯᠳᠡ ᠶᠢ ᠳᠥᠷᠭᠡᠳᠭᠡᠵᠦ᠂ ᠢᠳᠡᠭᠡᠮᠵᠢᠳᠡᠢ ᠡᠷᠦᠬᠡ᠂ | ᠢᠳᠡᠭᠡᠮᠵᠢᠳᠡᠢ ᠲᠣᠰᠬᠤᠨ ︵ᠭᠠᠴᠠᠭ᠎ᠠ︶᠂ ᠢᠳᠡᠭᠡᠮᠵᠢᠳᠡᠢ ᠰᠢᠶᠡᠩ ᠪᠠᠯᠭᠠᠰᠣ ︵ᠰᠣᠮᠥ︶ ᠶᠢ ᠰᠢᠯᠭᠠᠷᠠᠭᠤᠯᠤᠨ | ᠲᠣᠠᠠᠳᠠᠭᠠᠬᠤ ᠪᠠ ᠡᠬᠦᠳᠣᠨ ᠪᠠᠶᠢᠭᠤᠯᠬᠤ ᠠᠵᠢᠯᠯᠠᠭ᠎ᠠ ᠶᠢ ᠬᠦᠨᠵᠡᠭᠡᠢ ᠦᠷᠨᠢᠬᠦᠯᠥᠨ᠂ ᠮᠠᠯᠵᠢᠬᠤ ᠲᠠᠷᠢᠶᠡᠯᠠᠬᠤ | ᠣᠷᠣᠨ ᠤ ᠢᠳᠡᠭᠡᠮᠵᠢ ᠶᠢᠨ ᠰᠣᠶᠣᠯ ᠢ ᠪᠤᠶᠢᠵᠢᠭᠤᠯᠥᠨ᠂ ᠮᠠᠯᠵᠢᠬᠤ ᠳᠡᠷᠢᠶᠡᠯᠠᠬᠤ ᠣᠷᠣᠨ ᠤ ᠰᠠᠶᠢᠨ ᠰᠠᠶᠢᠬᠠᠨ | ᠢᠳᠡᠭᠡᠮᠵᠢ ᠶᠢᠨ ᠣᠷᠴᠢᠨ ᠲᠤᠭᠤᠷᠢᠨ ᠢ ᠪᠤᠢ ᠪᠤᠯᠭᠠᠨ᠎ᠠ᠃ | 2. ᠠᠶᠢᠮᠠᠭ ᠬᠤᠳᠡ ᠨᠢ ᠰᠢᠶᠡᠨ ᠤ ᠭᠡᠪᠴᠢᠶᠡᠨ ᠤ ᠮᠦᠡᠭᠬᠦᠨ ᠬᠦᠢᠯᠭᠡᠭᠡᠨ ᠤ ᠢᠨᠵᠧᠨᠧᠷᠢᠩ ᠬᠡᠷᠡᠭᠵᠢᠬᠦᠯᠬᠦ ᠶᠢ | ᠬᠠᠪᠰᠣᠷᠣᠨ ᠬᠦᠴᠦᠯᠡᠨ᠎ᠠ᠃ ᠡᠯ᠎ᠠ ᠠᠶᠢᠮᠠᠭ ᠤᠨ ᠵᠠᠬᠢᠷᠭ᠎ᠠ᠂ ᠬᠤᠳᠡ ᠶᠢᠨ ᠠᠷᠡᠳ ᠤᠨ ᠵᠠᠰᠠᠭ ᠤᠨ ᠣᠷᠳᠣᠨ ᠨᠢ | ᠰᠢᠶᠡᠨ ᠤ ᠭᠡᠪᠴᠢᠶᠡᠨ ᠤ ᠮᠦᠡᠭᠬᠦᠨ ᠬᠦᠢᠯᠭᠡᠭᠡᠨ ᠤ ᠢᠨᠵᠧᠨᠧᠷᠢᠩ ᠤᠨ ᠠᠵᠢᠯ ᠤᠨ ᠣᠳᠣᠷᠢᠳᠬᠤ ᠲᠤᠭᠤᠶᠢᠯᠡᠩ ᠢ | ᠪᠠᠶᠢᠭᠤᠯᠵᠦ᠂ ᠲᠣᠷᠰᠢᠯᠳᠡ ᠶᠢᠨ ᠬᠤᠰᠢᠭᠤ ᠰᠢᠶᠡᠨ ︵ᠬᠤᠳᠡ᠂ ᠲᠤᠭᠤᠷᠢᠭ︶ ᠤ ᠰᠢᠶᠡᠨ ᠤ ᠭᠡᠪᠴᠢᠶᠡᠨ ᠤ | ᠮᠦᠡᠭᠬᠦᠨ ᠬᠦᠢᠯᠭᠡᠭᠡᠨ ᠤ ᠢᠨᠵᠧᠨᠧᠷᠢᠩ ᠤᠨ ᠭᠡᠷᠡᠭᠵᠢᠬᠦᠯᠬᠦ ᠳᠥᠰᠥᠯ ᠢ ᠲᠣᠠᠠᠳᠠᠭᠠᠬᠤ ᠶᠢ ᠵᠢᠯᠥᠭᠤᠳᠤᠨᠠ᠃ ᠠᠶᠢᠮᠠᠭ | ᠬᠤᠳᠡ ᠶᠢᠨ ᠮᠦᠡᠭᠬᠦᠨ ᠬᠦᠢᠯᠭᠡᠭᠡᠨ ᠤ ᠡᠬᠢ ᠪᠠᠶᠠᠯᠢᠭ ᠢ ᠲᠣᠷᠰᠢᠯᠳᠡ ᠶᠢᠨ ᠴᠢᠬ ᠤᠨ ᠬᠤᠰᠢᠭᠤ ᠰᠢᠶᠠᠨ ︵ᠬᠤᠳᠡ᠂ | ᠲᠤᠭᠤᠷᠢᠭ︶ ᠲᠡᠰᠢ ᠭᠡᠯᠪᠠᠶᠢᠯᠭᠡᠵᠦ᠂ ᠲᠡᠬᠡᠳᠤ ᠲᠤᠤᠷᠠᠳᠤ ᠱᠠᠳᠤᠨ ᠤ ᠬᠠᠮᠳᠣᠷᠠᠨ ᠬᠦᠳᠡᠯᠥᠯᠴᠠᠬᠦ᠂ ᠬᠦᠨᠳᠡᠯᠡᠨ ᠢᠶᠠᠷ | ᠵᠤᠬᠢᠴᠠᠭᠤᠯᠬᠤ ᠦᠢᠯᠡᠳᠣᠯ ᠢ ᠪᠠᠳᠡᠷᠡᠭᠤᠯᠵᠦ᠂ ᠲᠣᠷᠰᠢᠯᠳᠡ ᠶᠢᠨ ᠴᠢᠬ ᠤᠨ ᠠᠵᠢᠯ ᠢ ᠣᠷᠣᠠᠠᠰᠢᠳᠡᠢ ᠦᠷᠨᠢᠬᠦᠯᠬᠦ ᠶᠢ | ᠠᠬᠢᠭᠤᠯᠥᠨ᠎ᠠ᠃ ᠠᠶᠢᠮᠠᠭ ᠬᠤᠳᠡ ᠶᠢᠨ ᠬᠦᠳᠥᠴᠢ ᠠᠵᠦ ᠠᠬᠤᠶᠢᠯᠠᠯ ᠵᠢᠴᠢ ᠨᠡᠷᠡᠳᠣ ᠳᠥᠷᠦᠯ ᠲᠡᠮᠳᠡᠭᠳᠦ ᠶᠢᠨ ᠠᠵᠦ | ᠠᠬᠤᠶᠢᠯᠠᠯ ᠢ ᠵᠤᠷᠢᠬᠵᠢᠭᠤᠯᠤᠨ ᠦᠪᠡᠷ ᠤᠨ ᠦᠷᠲᠡᠭ ᠢᠶᠠᠨ ᠪᠠᠭᠤᠷᠡᠭᠤᠯᠵᠦ᠂ ᠭᠡᠪᠴᠢᠶ᠎ᠠ ᠪᠠ ᠶᠡᠷᠦᠩᠭᠡᠶᠢᠯᠡᠭᠰᠡᠨ ᠠᠵᠦ | ᠠᠬᠤᠢ ᠶᠢᠨ ᠦᠷ᠎ᠠ ᠠᠰᠢᠭ ᠢᠶᠠᠨ ᠳᠡᠭᠡᠭᠰᠢᠯᠡᠬᠦᠯᠬᠦ ᠪᠠᠷ ᠵᠠᠷᠴᠢᠮ ᠪᠣᠯᠭᠠᠵᠦ᠂ ᠮᠡᠷᠭᠡᠵᠢᠯ ᠢᠶᠠᠨ ᠣᠯᠠᠮᠵᠢᠯᠠᠵᠦ | ᠳᠡᠯᠭᠡᠷᠡᠬᠦᠯᠵᠦ ᠪᠤᠯᠬᠤ᠂ ᠵᠠᠳᠡᠯᠵᠦ ᠰᠠᠯᠭᠠᠵᠦ ᠪᠤᠯᠬᠤ ᠳᠥᠬᠦᠷᠵᠢᠬᠦᠯᠬᠦ ᠵᠦᠢᠯᠡᠰ ᠵᠢᠴᠢ ᠦᠢᠯᠡᠳᠪᠦᠷᠢᠯᠡᠯ ᠤᠨ ᠣᠷ᠎ᠡ | ᠮᠡᠷᠭᠡᠵᠢᠯ ᠢ ᠳᠠᠰᠣᠷᠡᠯᠳᠡ ᠦᠭᠡᠢ ᠰᠠᠯᠭᠠᠵᠦ ᠪᠠᠶᠢᠭᠠᠳ ᠰᠢᠶᠡᠨ ᠤ ᠭᠡᠪᠴᠢᠶᠡᠨ ᠳᠤ ᠬᠠᠨᠳᠣᠭᠤᠯᠥᠨ ᠬᠦᠭᠵᠢᠬᠦᠯᠵᠦ᠂ | ᠲᠡᠳᠡᠬᠡᠷ ᠤᠨ ᠨᠦᠯᠥᠭᠡᠯᠡᠨ ᠳᠡᠶᠢᠴᠢᠯᠠᠬᠤ ᠦᠢᠯᠡᠳᠣᠯ ᠢ ᠨᠡᠩ ᠰᠠᠶᠢᠨ ᠪᠠᠳᠡᠷᠡᠭᠤᠯᠵᠦ᠂ ᠲᠣᠮᠥ ᠭᠡᠯᠪᠡᠷᠢ ᠶᠢᠨ ᠠᠵᠦ | ᠠᠬᠤᠶᠢᠯᠠᠯ ᠢᠶᠠᠷ ᠬᠦᠳᠥᠴᠢ ᠪᠤᠯᠭᠠᠨ᠂ ᠬᠠᠮᠢᠶ᠎ᠠ ᠪᠦᠬᠦᠢ ᠠᠵᠦ ᠠᠬᠤᠶᠢᠯᠠᠯ ᠨᠢᠠᠠᠳᠡ ᠬᠠᠮᠵᠢᠯᠴᠬᠠᠰᠠᠨ ᠠᠵᠦ | ᠦᠢᠯᠡᠰ ᠤᠨ ᠭᠡᠯᠬᠢᠶ᠎ᠠ ᠶᠢ ᠪᠣᠢ ᠪᠤᠯᠭᠠᠨ᠎ᠠ᠂ ᠣᠨᠴᠣᠭᠤᠶᠢᠯᠠᠨ ᠴᠠᠭᠠᠨ ᠢᠳᠡᠭᠡᠨ ᠡᠳ᠋ᠰᠢᠬᠦᠯᠬᠦ ᠠᠵᠦ ᠦᠢᠯᠡᠰ᠂ | ᠮᠢᠬᠠᠨ ᠤ ᠳᠥᠷᠦᠯ ᠡᠳ᠋ᠰᠢᠬᠦᠯᠬᠦ ᠠᠵᠦ ᠦᠢᠯᠡᠰ᠂ ᠠᠮᠥ ᠪᠤᠳᠠᠭ᠎ᠠ ᠲᠣᠰᠤ ᠡᠳ᠋ᠰᠢᠬᠦᠯᠬᠦ ᠠᠵᠦ ᠦᠢᠯᠡᠰ᠂ | ᠣᠨᠴᠠᠯᠢᠠᠠᠳᠣ ᠡᠳ᠋ᠰᠢᠬᠦᠯᠬᠦ ᠠᠵᠦ ᠦᠢᠯᠡᠰ ᠵᠡᠷᠭᠡ ᠶᠢ ᠭᠤᠤᠯᠳᠡᠯᠭ᠎ᠠ ᠲᠠᠢ ᠳᠡᠮᠵᠢᠬᠦ ᠶᠢᠨ ᠳᠠᠭᠠᠥ ᠬᠠᠮᠢᠶ᠎ᠠ ᠪᠦᠬᠦᠢ | ᠠᠵᠢᠯ ᠳᠥᠷᠦᠯ ᠤᠨ ᠬᠦᠭᠵᠢᠯᠳᠡ ᠶᠢ ᠳᠡᠶᠢᠴᠢᠯᠠᠨᠠ᠃ | 3. ᠦᠪᠡᠷᠳᠡᠭᠡᠨ ᠵᠠᠰᠬᠠᠥ ᠣᠷᠣᠨ ᠤ ᠮᠦᠡᠭᠬᠦᠨ ᠬᠦᠢᠯᠭᠡᠭᠡᠨ ᠤ ᠰᠠᠯᠠᠭ᠎ᠠ ᠮᠦᠴᠢᠷ ᠤᠳ ᠬᠠᠮᠳᠤᠷᠠᠨ | ᠬᠦᠳᠡᠯᠦᠯᠴᠡᠵᠦ ᠰᠢᠶᠡᠨ ᠤ ᠭᠡᠪᠴᠢᠶᠡᠨ ᠤ ᠮᠦᠡᠭᠬᠦᠨ ᠬᠦᠢᠯᠭᠡᠭᠡᠨ ᠤ ᠢᠨᠵᠧᠨᠧᠷᠢᠩ ᠢ ᠭᠡᠷᠡᠭᠵᠢᠬᠦᠯᠥᠨ᠎ᠠ᠃ | ᠦᠪᠡᠷᠳᠡᠭᠡᠨ ᠵᠠᠰᠬᠠᠥ ᠣᠷᠣᠨ ᠤ ᠮᠦᠡᠭᠬᠦᠨ ᠬᠦᠢᠯᠭᠡᠭᠡᠨ ᠤ ᠠᠯᠪᠠᠨ ᠭᠡᠷ ᠨᠢ ᠨᠢᠭᠡᠳᠦᠯᠳᠡᠢ ᠳᠥᠯᠥᠪᠯᠡᠨ | ᠵᠤᠬᠢᠴᠠᠭᠤᠯᠵᠦ ᠪᠠᠶᠢᠭᠠᠳ ᠦᠪᠡᠷᠳᠡᠭᠡᠨ ᠵᠠᠰᠬᠠᠥ ᠣᠷᠣᠨ ᠤ ᠳᠡᠯ᠎ᠠ ᠶᠢᠨ ᠳᠥᠷᠥ ᠶᠢᠨ ᠪᠤᠳᠣᠯᠭ᠎ᠠ᠂ ᠮᠦᠡᠭᠬᠦᠨ | ᠬᠦᠢᠯᠭᠡᠭᠡᠨ᠂ ᠠᠵᠦ ᠠᠬᠤᠶᠢᠯᠠᠯ ᠤᠨ ᠡᠬᠢ ᠪᠠᠶᠠᠯᠢᠭ ᠢ ᠰᠠᠶᠢᠳᠣᠷ ᠠᠰᠢᠠᠠᠯᠠᠨ᠂ ᠲᠣᠷᠰᠢᠯᠳᠡ ᠶᠢᠨ ᠬᠤᠰᠢᠭᠤ ᠰᠢᠶᠡᠨ | ︵ᠬᠤᠳᠡ᠂ ᠲᠤᠭᠤᠷᠢᠭ︶ ᠤ ᠬᠡᠷᠡᠭᠵᠢᠬᠦᠯᠬᠦ ᠰᠢᠶᠡᠨ ᠤ ᠭᠡᠪᠴᠢᠶᠡᠨ ᠤ ᠮᠦᠡᠭᠬᠦᠨ ᠬᠦᠢᠯᠭᠡᠭᠡᠨ ᠤ ᠢᠨᠵᠧᠨᠧᠷᠢᠩ ᠢ | ᠳᠡᠮᠵᠢᠨ᠎ᠠ᠃ ᠠᠷᠡᠳ ᠤᠨ ᠪᠠᠩᠬᠢ ᠶᠢᠨ ᠬᠦᠬᠡᠬᠤᠳᠡ ᠲᠥᠪ ᠰᠠᠯᠪᠤᠷᠢ ᠪᠠᠩᠬᠢ ᠨᠢ ᠳᠡᠷᠢᠶᠡᠯᠡᠩ ᠢ ᠳᠡᠮᠵᠢᠬᠦ ᠳᠡᠬᠢᠨ | ᠵᠢᠭᠡᠯᠡᠯᠭᠡ᠂ ᠶᠠᠳᠠᠭᠤ ᠶᠢ ᠳᠡᠳᠬᠦᠬᠦ ᠳᠡᠬᠢᠨ ᠵᠢᠭᠡᠯᠡᠯᠭᠡ᠂ ᠵᠦᠷᠢᠶᠡᠵᠢᠬᠦᠯᠥᠭᠰᠡᠨ ᠬᠠᠳᠠᠭᠠᠯᠠᠮᠵᠢ ᠶᠢᠨ ᠪᠡᠯᠡᠳᠭᠡᠯ | ᠮᠦᠡᠭᠬᠦᠨ ᠤ ᠨᠣᠷᠮ᠎ᠠ ᠵᠡᠷᠭᠡ ᠳᠥᠷᠥ ᠶᠢᠨ ᠪᠤᠳᠣᠯᠭ᠎ᠠ ᠶᠢᠨ ᠪᠠᠭᠠᠵᠢ ᠶᠢ ᠠᠮᠢᠳᠣᠯᠢᠭ ᠢᠶᠠᠷ ᠭᠡᠷᠡᠭᠯᠡᠨ᠂ ᠪᠠᠩᠬᠢ ᠶᠢᠨ | ᠦᠢᠯᠡᠰ ᠤᠨ ᠮᠦᠡᠭᠬᠦᠨ ᠬᠦᠢᠯᠭᠡᠭᠡᠨ ᠤ ᠪᠠᠶᠢᠭᠤᠯᠥᠮᠵᠢ ᠶᠢ ᠬᠦᠳᠦᠯᠥᠨ ᠵᠢᠯᠥᠭᠤᠳᠴᠥ ᠪᠠᠶᠢᠭᠠᠳ ᠰᠢᠶᠡᠨ ᠤ | ᠭᠡᠪᠴᠢᠶᠡᠨ ᠤ ᠪᠠ ᠮᠠᠯᠵᠢᠬᠤ ᠳᠡᠷᠢᠶᠡᠯᠠᠬᠤ ᠣᠷᠣᠨ ᠤ ᠢᠳᠡᠭᠡᠮᠵᠢᠳᠦ ᠵᠢᠭᠡᠯᠡᠯᠭᠡ ᠶᠢᠨ ᠡᠬᠢ ᠪᠠᠶᠠᠯᠢᠭ ᠢ | ᠲᠣᠬᠢᠷᠡᠭᠤᠯᠬᠤ ᠶᠢ ᠴᠢᠩᠭᠠᠷᠡᠭᠤᠯᠵᠦ᠂ ᠰᠢᠶᠡᠨ ᠤ ᠭᠡᠪᠴᠢᠶᠡᠨ ᠤ ᠬᠠᠳᠠᠭᠠᠯᠠᠮᠵᠢ ᠪᠠ ᠵᠢᠭᠡᠯᠡᠯᠭᠡ ᠶᠢᠨ ᠬᠠᠷᠢᠴᠠᠭᠤᠯᠬᠤ | ᠬᠠᠷᠢᠴᠡᠯ ᠢ ᠳᠠᠰᠣᠷᠡᠯᠳᠡ ᠦᠭᠡᠢ ᠳᠡᠭᠡᠭᠰᠢᠯᠡᠬᠦᠯᠵᠦ᠂ ᠢᠳᠡᠭᠡᠮᠵᠢᠳᠦ ᠵᠢᠭᠡᠯᠡᠯᠭᠡ ᠳᠡᠯᠪᠢᠬᠤ ᠶᠡᠷᠦᠩᠭᠡᠢ ᠭᠡᠮᠵᠢᠶ᠎ᠠ ᠶᠢᠨ | ᠦᠷᠬᠦᠯᠵᠢᠯᠡᠨ ᠨᠡᠮᠡᠭᠳᠡᠬᠦ ᠶᠢ ᠦᠨᠡᠨᠬᠦ ᠪᠠᠳᠣᠯᠠᠨ᠎ᠠ᠃ ᠦᠪᠤᠷ ᠮᠣᠩᠭᠤᠯ ᠤᠨ ᠪᠠᠩᠬᠢ ᠶᠢᠨ ᠦᠢᠯᠡᠰ ᠤᠨ ᠬᠢᠨᠡᠯᠳᠡ | ᠬᠠᠮᠢᠶᠡᠷᠦᠯᠳᠡ ᠶᠢᠨ ᠲᠤᠪᠴᠢᠶ᠎ᠠ ᠨᠢ ᠰᠢᠶᠡᠨ ᠤ ᠭᠡᠪᠴᠢᠶᠡᠨ ᠤ ᠮᠦᠡᠭᠬᠦᠨ ᠬᠦᠢᠯᠭᠡᠭᠡᠨ ᠤ ᠪᠠᠶᠢᠭᠤᠯᠥᠮᠵᠢ ᠶᠢᠨ | ᠪᠠᠶᠢᠷᠢᠯᠠᠭᠤᠯᠥᠯᠳᠡ ᠶᠢ ᠰᠢᠯᠢᠳᠡᠭᠵᠢᠬᠦᠯᠵᠦ᠂ ᠬᠤᠳᠠᠯᠳᠣᠭᠠᠨ ᠤ ᠪᠠᠩᠬᠢ ᠶᠢᠨ ᠰᠢᠶᠡᠨ ᠤ ᠭᠡᠪᠴᠢᠶᠡᠨ ᠤ | ᠪᠠᠶᠢᠭᠤᠯᠤᠭᠠᠳᠤᠢ ᠲᠣᠣᠷ ᠴᠢᠬ ᠤᠨ ᠪᠠᠶᠢᠷᠢᠯᠠᠭᠤᠯᠥᠯᠳᠡ ᠪᠠᠨ ᠳᠥᠷᠭᠡᠳᠭᠡᠬᠦ ᠶᠢ ᠳᠡᠮᠵᠢᠵᠦ᠂ ᠰᠢᠶᠡᠨ ᠤ ᠭᠡᠪᠴᠢᠶ᠎ᠠ ᠶᠢ | ᠪᠦᠷᠢᠨ ᠪᠦᠷᠬᠦᠬᠦᠯᠬᠦ ᠶᠢ ᠠᠯᠢ ᠳᠥᠷᠬᠡᠨ ᠢᠶᠠᠷ ᠪᠠᠶᠠᠯᠠᠬᠦᠯᠬᠦ ᠶᠢᠨ ᠬᠠᠮᠳᠣ᠂ ᠦᠢᠯᠡᠴᠢᠯᠡᠭᠡᠨ ᠤ ᠲᠣᠣᠷ ᠰᠦᠯᠵᠢᠶ᠎ᠠ ᠶᠢ | ᠰᠣᠮᠥ ᠰᠢᠶᠡᠩ ᠪᠠᠯᠭᠠᠰᠣ ᠲᠡᠰᠢ ᠤᠷᠳᠤᠳᠬᠠᠵᠦ᠂ ᠲᠣᠰᠬᠤᠨ ᠪᠠᠯᠭᠠᠰᠣ ᠶᠢᠨ ᠪᠠᠩᠬᠢ ᠶᠢ ᠳᠥᠷᠭᠡᠳᠭᠡᠨ ᠪᠠᠶᠢᠭᠤᠯᠥᠨ᠎ᠠ | ᠃ ᠦᠪᠤᠷ ᠮᠣᠩᠭᠤᠯ ᠤᠨ ᠳᠡᠮᠳᠡᠭᠳᠦ ᠶᠢᠨ ᠬᠢᠨᠡᠯᠳᠡ ᠬᠠᠮᠢᠶᠡᠷᠦᠯᠳᠡ ᠶᠢᠨ ᠲᠣᠪᠴᠢᠶ᠎ᠠ ᠨᠢ ᠬᠠᠪᠰᠣᠷᠣᠨ ᠵᠢᠯᠥᠭᠤᠳᠴᠥ | ᠪᠤᠯᠪᠠᠰᠣᠷᠡᠭᠤᠯᠬᠤ ᠵᠡᠷᠭᠡ ᠠᠷᠭ᠎ᠠ ᠭᠡᠮᠵᠢᠶ᠎ᠠ ᠶᠢ ᠴᠢᠩᠭᠠᠷᠡᠭᠤᠯᠵᠦ᠂ ᠰᠢᠶᠡᠨ ᠤ ᠭᠡᠪᠴᠢᠶᠡᠨ ᠤ ᠠᠵᠦ ᠠᠬᠤᠶᠢᠯᠠᠯ ᠤᠨ | ᠣᠯᠡᠨ ᠳᠡᠰ ᠳᠡᠪᠬᠤᠷᠭ᠎ᠠ ᠲᠠᠢ ᠬᠦᠷᠦᠩᠭᠡ ᠶᠢᠨ ᠵᠠᠬ᠎ᠠ ᠳᠡᠯᠭᠡᠬᠦᠷ ᠢᠶᠠᠷ ᠳᠡᠮᠵᠢᠭᠤᠯᠥᠨ ᠪᠡᠯᠡ ᠲᠣᠬᠢᠷᠡᠭᠤᠯᠭ᠎ᠠ ᠬᠢᠬᠦ ᠶᠢ | ᠠᠬᠢᠭᠤᠯᠵᠦ᠂ ᠳᠡᠷᠢᠶᠡᠯᠡᠩ ᠮᠠᠯ ᠤᠨ ᠠᠰᠢᠭ ᠰᠢᠮ᠎ᠡ ᠶᠢᠨ ᠪᠦᠳᠦᠭᠡᠭᠳᠡᠬᠦᠨ ᠤ ᠬᠤᠭᠤᠴᠠᠭᠠᠳᠣ ᠪᠠᠷᠠᠭ᠎ᠠ ᠶᠢᠨ | ᠠᠷᠡᠯᠵᠢᠶ᠎ᠠ ᠪᠠ ᠦᠷᠬᠡᠨ ᠬᠡᠷᠡᠭᠴᠡᠬᠡᠨ ᠤ ᠳᠡᠸᠡᠷ ᠤᠨ ᠵᠠᠬ᠎ᠠ ᠳᠡᠯᠭᠡᠬᠦᠷ ᠤᠨ ᠪᠦᠳᠦᠭᠡᠨ ᠪᠠᠶᠢᠭᠤᠯᠥᠯᠳᠡ ᠶᠢ | ᠠᠬᠢᠭᠤᠯᠥᠨ᠎ᠠ᠃ ᠦᠪᠤᠷ ᠮᠣᠩᠭᠤᠯ ᠤᠨ ᠳᠠᠭᠠᠳᠬᠠᠯ ᠤᠨ ᠬᠢᠨᠡᠯᠳᠡ ᠬᠠᠮᠢᠶᠡᠷᠣᠯᠳᠡ ᠶᠢᠨ ᠲᠣᠪᠴᠢᠶ᠎ᠠ ᠨᠢ ᠵᠢᠵᠢᠭ | ᠪᠢᠴᠢᠯ ᠠᠵᠦ ᠠᠬᠤᠶᠢᠯᠠᠯ ᠤᠨ ᠵᠢᠭᠡᠯᠡᠯᠭᠡ ᠶᠢᠨ ᠪᠠᠳᠣᠯᠠᠭ᠎ᠠ ᠶᠢᠨ ᠳᠠᠭᠠᠳᠬᠠᠯ ᠢ ᠯᠠᠪᠳᠠᠭᠤᠨ ᠢᠶᠠᠷ ᠦᠷᠨᠢᠬᠦᠯᠵᠦ᠂ | ᠳᠥᠷᠥ ᠶᠢᠨ ᠪᠤᠳᠣᠯᠭ᠎ᠠ ᠶᠢᠨ ᠴᠢᠨᠡᠷᠳᠡᠢ ᠳᠡᠷᠢᠶᠡᠯᠡᠩ ᠤᠨ ᠳᠠᠭᠠᠳᠬᠠᠯ ᠤᠨ ᠵᠦᠢᠯ ᠪᠤᠯᠥᠨ ᠪᠦᠷᠬᠦᠬᠦᠯᠬᠦ ᠬᠦᠷᠢᠶ᠎ᠠ | ᠭᠡᠪᠴᠢᠶ᠎ᠠ ᠶᠢ ᠨᠡᠮᠡᠭᠳᠡᠬᠦᠯᠥᠨ᠂ ᠳᠡᠯ᠎ᠠ ᠨᠣᠳᠤᠭ ᠤᠨ ᠮᠠᠯᠵᠢᠬᠤ ᠣᠷᠣᠨ ᠤ ᠮᠠᠯ ᠣᠨᠤᠭ᠎ᠠ ᠶᠢᠨ ᠴᠠᠭ ᠠᠭᠤᠷ ᠤᠨ | ᠢᠯᠡᠳᠭᠡᠭᠴᠢ ᠶᠢᠨ ᠳᠠᠭᠠᠳᠬᠠᠯ ᠪᠠ ᠳᠥᠮᠥᠰᠦ ᠶᠢᠨ ᠦᠨ᠎ᠠ ᠬᠠᠨᠭ᠍ᠰᠢ ᠶᠢᠨ ᠢᠯᠡᠳᠭᠡᠭᠴᠢ ᠶᠢᠨ ᠳᠠᠭᠠᠳᠬᠠᠯ ᠤᠨ | ᠲᠣᠷᠰᠢᠯᠳᠡ ᠶᠢᠨ ᠠᠵᠢᠯ ᠢ ᠠᠬᠢᠭᠤᠯᠥᠨ᠎ᠠ᠃ | ︵ᠬᠤᠶᠡᠷ︶ ᠮᠦᠡᠭᠬᠦᠨ ᠬᠦᠢᠯᠭᠡᠭᠡᠨ ᠤ ᠪᠠᠶᠢᠭᠤᠯᠥᠮᠵᠢ ᠶᠢᠨ ᠳᠡᠮᠵᠢᠬᠦ ᠦᠢᠯᠡᠳᠣᠯ ᠢ ᠰᠠᠶᠢᠳᠣᠷ | ᠪᠠᠳᠡᠷᠡᠭᠤᠯᠥᠨ᠎ᠠ᠃ | 1. ᠡᠯ᠎ᠠ ᠳᠥᠷᠦᠯ ᠤᠨ ᠪᠠᠩᠬᠢ ᠶᠢᠨ ᠦᠢᠯᠡᠰ ᠤᠨ ᠮᠦᠡᠭᠬᠦᠨ ᠬᠦᠢᠯᠭᠡᠭᠡᠨ ᠤ ᠪᠠᠶᠢᠭᠤᠯᠥᠮᠵᠢ ᠶᠢᠨ | ᠦᠢᠯᠡᠳᠣᠯ ᠢ ᠪᠠᠳᠡᠷᠡᠭᠤᠯᠥᠨ᠎ᠠ᠃ ᠳᠥᠷᠥ ᠶᠢᠨ ᠪᠤᠳᠣᠯᠭ᠎ᠠ ᠶᠢᠨ ᠴᠢᠨᠡᠷᠳᠡᠢ ᠮᠦᠡᠭᠬᠦᠨ ᠬᠦᠢᠯᠭᠡᠭᠡᠨ᠂ | ᠬᠤᠳᠠᠯᠳᠤᠭ᠎ᠠ ᠶᠢᠨ ᠴᠢᠨᠡᠷᠳᠡᠢ ᠮᠦᠡᠭᠬᠦᠨ ᠬᠦᠢᠯᠭᠡᠭᠡᠨ ᠪᠠ ᠬᠠᠮᠳᠣᠷᠡᠯᠴᠠᠭ᠎ᠠ ᠶᠢᠨ ᠴᠢᠨᠡᠷᠳᠡᠢ ᠮᠦᠡᠭᠬᠦᠨ ᠬᠦᠢᠯᠭᠡᠭᠡᠨ ᠤ | ᠬᠠᠮᠵᠢᠯᠴᠠᠬᠤ ᠦᠢᠯᠡᠳᠣᠯ ᠢ ᠨᠢᠭᠡᠳᠦᠯᠳᠡᠢ ᠳᠥᠯᠥᠪᠯᠡᠨ ᠪᠠᠳᠡᠷᠡᠭᠤᠯᠵᠦ᠂ ᠮᠦᠡᠭᠬᠦᠨ ᠬᠦᠢᠯᠭᠡᠭᠡᠨ ᠤ ᠪᠠᠶᠢᠭᠤᠯᠥᠮᠵᠢ ᠶᠢ | ᠵᠤᠷᠢᠬᠵᠢᠭᠤᠯᠵᠤ ᠪᠠᠶᠢᠭᠠᠳ ᠰᠢᠶᠡᠨ ᠤ ᠭᠡᠪᠴᠢᠶᠡᠨ ᠳᠤ ᠮᠦᠡᠭᠬᠦᠨ ᠬᠦᠢᠯᠭᠡᠭᠡᠨ ᠤ ᠨᠡᠷᠡᠳᠬᠦᠨ ᠪᠠ ᠦᠢᠯᠡᠴᠢᠯᠡᠭᠡᠨ ᠤ | ᠰᠢᠨ᠎ᠡ ᠶᠢ ᠡᠬᠦᠳᠬᠦ ᠶᠢ ᠦᠷᠨᠢᠬᠦᠯᠥᠨ᠎ᠠ᠃ ᠣᠯᠥᠰ ᠤᠨ ᠨᠡᠭᠡᠭᠡᠯᠳᠡ ᠶᠢᠨ ᠪᠠᠩᠬᠢ ᠶᠢᠨ ᠦᠪᠤᠷ ᠮᠣᠩᠭᠤᠯ ᠤᠨ | ᠬᠤᠪᠢᠶᠡᠷᠢ ᠪᠠᠩᠬᠢ ᠨᠢ ᠲᠣᠷᠰᠢᠯᠳᠡ ᠶᠢᠨ ᠬᠤᠰᠢᠭᠤ ᠰᠢᠶᠡᠨ ︵ᠬᠤᠳᠡ᠂ ᠲᠤᠭᠤᠷᠢᠭ︶ ᠤ ᠳᠦᠬᠦᠮ ᠪᠦᠳᠦᠬᠦᠯᠢᠭ | ᠣᠷᠣᠨ ᠰᠠᠭᠤᠴᠠᠳᠤ ᠲᠤᠭᠤᠷᠢᠭ ᠢ ᠦᠭᠡᠷᠡᠴᠢᠯᠡᠨ ᠰᠢᠨᠡᠳᠭᠡᠬᠦ᠂ ᠰᠢᠨ᠎ᠡ ᠮᠠᠯᠵᠢᠬᠤ ᠳᠡᠷᠢᠶᠡᠯᠠᠬᠤ ᠣᠷᠣᠨ ᠤ ᠪᠦᠳᠦᠭᠡᠨ | ᠪᠠᠶᠢᠭᠤᠯᠥᠯᠳᠡ ᠶᠢᠨ ᠢᠳᠡᠭᠡᠮᠵᠢᠳᠦ ᠵᠢᠭᠡᠯᠡᠯᠭᠡ ᠳᠤ ᠪᠡᠯᠡ ᠮᠦᠡᠭᠬᠦ ᠪᠠᠷ ᠳᠡᠮᠵᠢᠬᠦ ᠡᠷᠴᠢᠮ ᠢᠶᠠᠨ ᠴᠢᠩᠭᠠᠷᠡᠭᠤᠯᠵᠦ᠂ | ᠪᠡᠯᠡ ᠮᠦᠡᠭᠬᠦ ᠶᠢ ᠪᠦᠬᠡᠮ ᠢᠶᠠᠷ ᠵᠢᠭᠡᠯᠡᠯᠭᠡ ᠪᠤᠯᠭᠠᠨ ᠬᠤᠪᠢᠷᠡᠭᠤᠯᠬᠤ ᠭᠡᠯᠪᠡᠷᠢ ᠪᠠᠷ ᠪᠤᠰᠣᠳ ᠪᠠᠩᠬᠢ ᠶᠢᠨ ᠦᠢᠯᠡᠰ ᠤᠨ | ᠮᠦᠡᠭᠬᠦᠨ ᠬᠦᠢᠯᠭᠡᠭᠡᠨ ᠤ ᠪᠠᠶᠢᠭᠤᠯᠥᠮᠵᠢ ᠯᠤᠭ᠎ᠠ ᠬᠠᠮᠳᠣᠷᠡᠯᠴᠠᠵᠦ ᠪᠠᠶᠢᠭᠠᠳ ᠲᠣᠷᠰᠢᠯᠳᠡ ᠶᠢᠨ ᠬᠤᠰᠢᠭᠤ ᠰᠢᠶᠡᠨ ︵ | ᠬᠤᠳᠡ᠂ ᠲᠤᠭᠤᠷᠢᠭ︶ ᠤ ᠵᠢᠵᠢᠭ ᠪᠢᠴᠢᠯ ᠠᠵᠦ ᠠᠬᠤᠶᠢᠯᠠᠯ ᠤᠨ ᠵᠢᠭᠡᠯᠡᠯᠭᠡ ᠶᠢᠨ ᠦᠪᠡᠷ ᠤᠨ ᠦᠷᠲᠡᠭ ᠢ | ᠭᠤᠤᠯᠳᠡᠯᠭ᠎ᠠ ᠲᠠᠢ ᠪᠠᠭᠤᠷᠡᠭᠤᠯᠥᠨ᠎ᠠ᠃ ᠳᠡᠷᠢᠶᠡᠯᠡᠩ ᠤᠨ ᠬᠦᠭᠵᠢᠬᠦᠯᠥᠯᠳᠡ ᠶᠢᠨ ᠪᠠᠩᠬᠢ ᠶᠢᠨ ᠦᠪᠤᠷ ᠮᠣᠩᠭᠤᠯ ᠤᠨ | ᠬᠤᠪᠢᠶᠡᠷᠢ ᠪᠠᠩᠬᠢ ᠨᠢ ᠲᠣᠷᠰᠢᠯᠳᠡ ᠶᠢᠨ ᠬᠤᠰᠢᠭᠤ ᠰᠢᠶᠡᠨ ︵ᠬᠤᠳᠡ᠂ ᠲᠤᠭᠤᠷᠢᠭ︶ ᠤ ᠳᠡᠷᠢᠶᠡᠯᠡᠩ ᠮᠠᠯ ᠠᠵᠦ | ᠠᠬᠤᠢ ᠶᠢᠨ ᠰᠠᠭᠤᠷᠢ ᠪᠡᠯᠡᠳᠭᠡᠮᠵᠢ᠂ ᠣᠨᠳᠣᠥ ᠭᠠᠵᠡᠷ ᠨᠡᠬᠦᠯᠭᠡᠬᠦ ᠵᠡᠷᠭᠡ ᠶᠢᠨ ᠵᠢᠭᠡᠯᠡᠯᠭᠡ ᠶᠢᠨ ᠡᠷᠴᠢᠮ ᠢᠶᠠᠨ | ᠴᠢᠩᠭᠠᠷᠡᠭᠤᠯᠥᠨ᠎ᠠ᠃ ᠲᠣᠮᠥ ᠭᠡᠯᠪᠡᠷᠢ ᠶᠢᠨ ᠪᠠᠩᠬᠢ ᠨᠢ ᠲᠣᠷᠰᠢᠯᠳᠡ ᠶᠢᠨ ᠬᠤᠰᠢᠭᠤ ᠰᠢᠶᠡᠨ ︵ᠬᠤᠳᠡ᠂ ᠲᠤᠭᠤᠷᠢᠭ | ︶ ᠳᠤ ᠵᠢᠵᠢᠭ ᠪᠢᠴᠢᠯ ᠠᠵᠦ ᠠᠬᠤᠶᠢᠯᠠᠯ ᠤᠨ ᠲᠣᠰᠬᠠᠢ ᠡᠵᠡᠩᠨᠡᠯᠳᠡ ᠶᠢᠨ ᠪᠠᠶᠢᠭᠤᠯᠥᠮᠵᠢ ᠪᠠᠶᠢᠭᠤᠯᠬᠤ ᠶᠢ | ᠳᠥᠷᠭᠡᠳᠭᠡᠵᠦ᠂ ᠰᠢᠥᠳᠡᠨ ᠤ ᠶᠠᠪᠤᠳᠡᠯ ᠤᠨ ᠬᠠᠳᠠᠭᠠᠯᠠᠮᠵᠢ ᠶᠢᠨ ᠪᠠᠩᠬᠢ ᠨᠢ ᠳᠡᠷᠢᠶᠡᠯᠡᠩ ᠮᠠᠯ ᠠᠵᠦ ᠠᠬᠤᠢ ᠳᠤ | ᠬᠤᠯᠪᠤᠠᠠᠳ᠋ᠬᠠᠰᠠᠨ ᠪᠠᠭ᠎ᠠ ᠲᠤᠭ᠎ᠠ ᠶᠢᠨ ᠵᠢᠭᠡᠯᠡᠯᠭᠡ ᠶᠢᠨ ᠲᠣᠬᠠᠶᠢᠯᠬᠠᠰᠠᠨ ᠠᠵᠢᠯ ᠢ ᠯᠠᠪᠳᠠᠭᠤᠨ ᠢᠶᠠᠷ ᠦᠷᠨᠢᠬᠦᠯᠵᠦ᠂ | ᠳᠡᠷᠢᠶᠡᠯᠡᠩ ᠮᠠᠯ ᠠᠵᠦ ᠠᠬᠤᠢ ᠳᠤ ᠬᠤᠯᠪᠤᠠᠠᠳ᠋ᠬᠠᠰᠠᠨ ᠲᠣᠬᠠᠶᠢᠯᠬᠠᠰᠠᠨ ᠠᠵᠢᠯ ᠤᠨ ᠬᠦᠷᠢᠶ᠎ᠠ ᠭᠡᠪᠴᠢᠶ᠎ᠠ ᠪᠠᠨ | ᠦᠷᠭᠡᠳᠭᠡᠬᠦ ᠶᠢ ᠵᠣᠷᠢᠠᠠᠵᠢᠭᠤᠯᠥᠨ᠎ᠠ᠃ ᠪᠦᠬᠦ ᠣᠯᠥᠰ ᠤᠨ ᠴᠢᠨᠡᠷᠳᠡᠢ ᠬᠤᠪᠢ ᠣᠷᠣᠭᠤᠯᠥᠬᠠᠰᠠᠨ ᠳᠥᠷᠢᠮᠳᠦ | ᠬᠤᠳᠠᠯᠳᠣᠭᠠᠨ ᠤ ᠪᠠᠩᠬᠢ᠂ ᠬᠤᠳᠡ ᠶᠢᠨ ᠬᠤᠳᠠᠯᠳᠣᠭᠠᠨ ᠤ ᠪᠠᠩᠬᠢ ᠶᠢᠨ ᠦᠨᠳᠣᠰᠣᠨ ᠱᠠᠳᠣᠨ ᠳᠤ ᠦᠨᠳᠣᠰᠣ | ᠬᠠᠳᠬᠤᠨ᠂ ᠵᠢᠵᠢᠭ ᠪᠢᠴᠢᠯ ᠠᠵᠦ ᠠᠬᠤᠶᠢᠯᠠᠯ᠂ ︽ᠮᠠᠯ ᠳᠡᠷᠢᠶᠡᠯᠡᠩ ᠮᠠᠯᠵᠢᠬᠤ ᠳᠡᠷᠢᠶᠡᠯᠠᠬᠤ ᠣᠷᠣᠨ ᠮᠠᠯᠴᠢᠨ | ᠳᠡᠷᠢᠶᠡᠴᠢᠨ︾ ᠪᠤᠯᠥᠨ ᠬᠤᠳᠡ ᠪᠠᠯᠭᠠᠰᠣ ᠶᠢᠨ ᠰᠠᠭᠤᠭᠠᠯᠢ ᠠᠷᠡᠳ ᠲᠤ ᠨᠡᠩ ᠴᠢᠭᠯᠡᠬᠦᠯᠬᠦ ᠴᠢᠨᠡᠷᠳᠡᠢ᠂ ᠨᠡᠩ | ᠳᠦᠬᠦᠮ ᠳᠦᠳᠡ ᠮᠦᠡᠭᠬᠦᠨ ᠬᠦᠢᠯᠭᠡᠭᠡᠨ ᠤ ᠦᠢᠯᠡᠴᠢᠯᠡᠭᠡᠨ ᠬᠠᠩᠭᠠᠬᠤ ᠶᠢ ᠵᠣᠷᠢᠠᠠᠵᠢᠭᠤᠯᠥᠨ᠎ᠠ᠃ ᠣᠷᠣᠨ | ᠨᠣᠳᠤᠭ ᠤᠨ ᠬᠠᠦᠯᠢ ᠶᠢᠨ ᠡᠷᠭᠡᠳᠡᠨ ᠤ ᠮᠦᠡᠭᠬᠦᠨ ᠬᠦᠢᠯᠭᠡᠭᠡᠨ ᠤ ᠪᠠᠶᠢᠭᠤᠯᠥᠮᠵᠢ ᠨᠢ ᠵᠢᠵᠢᠭ ᠪᠢᠴᠢᠯ ᠠᠵᠦ | ᠠᠬᠤᠶᠢᠯᠠᠯ ᠪᠤᠯᠥᠨ ︽ᠮᠠᠯ ᠳᠡᠷᠢᠶᠡᠯᠡᠩ ᠮᠠᠯᠵᠢᠬᠤ ᠳᠡᠷᠢᠶᠡᠯᠠᠬᠤ ᠣᠷᠣᠨ ᠮᠠᠯᠴᠢᠨ ᠳᠡᠷᠢᠶᠡᠴᠢᠨ︾ ᠳᠤ ᠦᠢᠯᠡᠴᠢᠯᠡᠬᠦ | ᠴᠢᠳᠡᠪᠦᠷᠢ ᠪᠠᠨ ᠣᠯᠡᠮ ᠨᠢᠭᠡ ᠠᠯᠬᠤᠮ ᠳᠡᠭᠡᠭᠰᠢᠯᠡᠬᠦᠯᠥᠨ᠎ᠠ᠃ | 2. ᠮᠦᠡᠭᠬᠦᠨ ᠬᠦᠢᠯᠭᠡᠭᠡᠨ ᠤ ᠪᠦᠯᠥᠭᠯᠡᠯ ᠤᠨ ᠳᠡᠪᠡᠭᠤᠯᠢᠭ ᠢ ᠪᠠᠳᠡᠷᠡᠭᠤᠯᠥᠨ᠎ᠠ᠃ ᠮᠦᠡᠭᠬᠦᠨ ᠬᠦᠢᠯᠭᠡᠭᠡᠨ ᠤ | ᠪᠦᠯᠥᠭᠯᠡᠯ ᠤᠨ ᠢᠳᠡᠭᠡᠮᠵᠢᠳᠦ ᠵᠢᠭᠡᠯᠡᠯᠭᠡ᠂ ᠳᠡᠮᠳᠡᠭᠳᠦ᠂ ᠳᠠᠭᠠᠳᠬᠠᠯ᠂ ᠪᠡᠯᠡ ᠣᠷᠣᠭᠤᠯᠥᠯᠳᠡ ᠶᠢᠨ ᠫᠠᠶᠢᠰᠡ ᠦᠨᠠᠮᠯᠠᠯ | ᠪᠦᠷᠢᠨ ᠪᠠᠶᠢᠬᠤ ᠳᠡᠪᠠᠭᠤᠯᠢᠭ ᠢ ᠢᠳᠡᠪᠬᠢᠳᠡᠢ ᠪᠠᠷ ᠪᠠᠳᠡᠷᠡᠭᠤᠯᠵᠦ᠂ ᠮᠦᠡᠭᠬᠦᠨ ᠬᠦᠢᠯᠭᠡᠭᠡᠨ ᠤ ᠪᠦᠯᠥᠭᠯᠡᠯ ᠬᠢᠬᠡᠳ | ᠰᠢᠶᠡᠨ ᠤ ᠭᠡᠪᠴᠢᠶ᠎ᠠ ᠯᠦᠭᠡ ᠠᠵᠦ ᠦᠢᠯᠡᠰ ᠤᠨ ᠬᠤᠯᠪᠤᠭ᠎ᠠ ᠶᠢᠨ ᠬᠠᠮᠵᠢᠯᠴᠠᠨ ᠬᠠᠷᠢᠯᠴᠠᠨ ᠬᠦᠳᠡᠯᠥᠯᠴᠡᠬᠦ ᠵᠬᠠᠪᠤᠷ ᠢ | ᠦᠷᠨᠢᠬᠦᠯᠬᠦ ᠶᠢ ᠢᠳᠡᠪᠬᠢᠳᠡᠢ ᠪᠠᠷ ᠠᠬᠢᠭᠤᠯᠥᠨ᠂ ᠵᠦᠡᠭ ᠰᠢᠡ᠂ ᠭᠤᠸᠡᠩ ᠳ᠋ᠡ᠂ ᠫᠢᠡᠭ ᠠᠨ᠂ ᠵᠣᠥ ᠱᠠᠩ᠂ ᠫᠦ᠋ ᠹᠠ | ᠂ ᠰᠢᠩ ᠶᠧ ᠵᠡᠷᠭᠡ ᠮᠦᠡᠭᠬᠦᠨ ᠬᠦᠢᠯᠭᠡᠭᠡᠨ ᠤ ᠪᠦᠯᠥᠭᠯᠡᠯ ᠬᠢᠬᠡᠳ ᠰᠢᠶᠡᠨ ᠤ ᠭᠡᠪᠴᠢᠶᠡᠨ ᠤ ᠠᠮᠢ ᠠᠬᠤᠢ ᠶᠢᠨ ᠠᠵᠦ | ᠦᠢᠯᠡᠰ ᠤᠨ ᠬᠤᠯᠪᠤᠭ᠎ᠠ᠂ ᠠᠵᠦ ᠦᠢᠯᠡᠰ ᠤᠨ ᠭᠡᠯᠬᠢᠶ᠎ᠠ ᠶᠢᠨ ᠮᠦᠡᠭᠬᠦᠨ ᠬᠦᠢᠯᠭᠡᠭᠡᠨ᠂ ᠠᠭᠤᠷᠬᠠᠢ ᠶᠢᠨ ᠦᠢᠯᠡᠰ ᠤᠨ | ᠪᠦᠯᠥᠭᠯᠡᠯ᠂ ᠭᠤᠤᠯᠳᠠᠯᠭ᠎ᠠ ᠲᠠᠢ ᠨᠡᠭᠡᠭᠡᠨ ᠬᠦᠭᠵᠢᠬᠦᠯᠵᠦ ᠨᠡᠭᠡᠭᠡᠯᠳᠡ ᠬᠢᠬᠦ ᠲᠣᠷᠰᠢᠯᠳᠡ ᠶᠢᠨ ᠲᠤᠭᠤᠷᠢᠭ ᠯᠤᠭ᠎ᠠ | ᠣᠯᠡᠨ ᠡᠰᠢᠵᠢᠬᠦᠯᠥᠨ ᠵᠤᠯᠭᠠᠭᠤᠯᠬᠤ ᠪᠠ ᠬᠦᠨ ᠠᠭᠤᠰᠣᠯᠴᠠᠬᠤ ᠶᠢ ᠳᠡᠮᠵᠢᠨ᠎ᠠ᠃ | 3. ᠳᠡᠨᠵᠢᠯᠡᠨ ᠪᠠᠷᠢᠴᠠᠭᠠᠯᠨᠵᠦ ᠳᠠᠭᠠᠭᠠᠯᠳᠡ ᠬᠢᠬᠦ ᠠᠷᠭ᠎ᠠ ᠮᠠᠶ᠋ᠢᠭ ᠤᠨ ᠰᠢᠨ᠎ᠡ ᠶᠢ ᠡᠬᠦᠳᠬᠦ ᠶᠢ ᠠᠬᠢᠭᠤᠯᠥᠨ᠎ᠠ᠃ | ︽ᠬᠤᠶᠡᠷ ᠡᠷᠬᠡ︾ ᠪᠠᠷ ᠢᠶᠠᠨ ᠪᠠᠷᠢᠴᠠᠭᠠᠯᠠᠨ ᠵᠢᠭᠡᠯᠡᠯᠭᠡ ᠠᠪᠬᠤ ᠲᠣᠷᠰᠢᠯᠳᠡ ᠶᠢᠨ ᠴᠢᠬ ᠤᠨ ᠠᠵᠢᠯ ᠢ | ᠢᠳᠡᠪᠬᠢᠳᠡᠢ ᠪᠠᠷ ᠦᠷᠨᠢᠬᠦᠯᠥᠨ᠎ᠠ᠃ ᠵᠤᠵᠠᠭᠠᠨ ᠬᠡᠷᠡᠮᠳᠦ ᠨᠠᠷᠡᠨ ᠭᠡᠷᠡᠯ ᠤᠨ ᠬᠦᠯᠡᠮᠵᠢ ᠶᠢᠨ ᠦᠮᠴᠢᠯᠡᠬᠦ ᠡᠷᠬᠡ᠂ ᠲᠣᠮᠥ | ᠲᠤᠮᠳᠡ ᠭᠡᠯᠪᠡᠷᠢ ᠶᠢᠨ ᠳᠡᠷᠢᠶᠡᠯᠡᠩ ᠤᠨ ᠮᠠᠰᠢᠨ ᠪᠠᠭᠠᠵᠢ᠂ ᠳᠡᠷᠢᠶᠡᠯᠡᠩ ᠮᠠᠯ ᠤᠨ ᠠᠰᠢᠭ ᠰᠢᠮ᠎ᠡ ᠶᠢᠨ | ᠪᠦᠳᠦᠭᠡᠭᠳᠡᠬᠦᠨ ᠤ ᠵᠠᠬᠢᠶᠠᠯᠠᠭ᠎ᠠ ᠶᠢᠨ ᠬᠠᠭᠤᠳᠠᠰᠣ ᠵᠢᠴᠢ ᠳᠡᠷᠢᠶᠡᠯᠡᠩ ᠮᠠᠯ ᠠᠵᠦ ᠠᠬᠤᠢ ᠶᠢᠨ ᠮᠡᠳᠡᠯᠭᠡ ᠶᠢᠨ | ᠪᠦᠳᠦᠭᠡᠭᠳᠡᠬᠦᠨ ᠤ ᠦᠮᠴᠢᠯᠡᠬᠦ ᠡᠷᠬᠡ ᠵᠡᠷᠭᠡ ᠪᠠᠷ ᠬᠠᠷᠡᠯᠳᠡ ᠡᠳ᠋ ᠪᠤᠯᠭᠠᠭᠰᠠᠨ ᠰᠢᠨ᠎ᠡ ᠭᠡᠯᠪᠡᠷᠢ ᠶᠢᠨ ᠳᠡᠨᠵᠢᠯᠡᠨ | ᠪᠠᠷᠢᠴᠠᠭᠠᠯᠠᠵᠦ ᠳᠠᠭᠠᠭᠠᠯᠳᠡ ᠬᠢᠬᠦ ᠠᠷᠭ᠎ᠠ ᠮᠠᠶ᠋ᠢᠭ ᠢ ᠰᠦᠪᠡᠭᠴᠢᠯᠡᠨ ᠳᠡᠯᠭᠡᠷᠡᠬᠦᠯᠥᠨ᠎ᠠ᠃ ᠮᠠᠯᠴᠢᠨ ᠳᠡᠷᠢᠶᠡᠴᠢᠨ ᠤ | ᠲᠣᠰᠬᠠᠢ ᠬᠤᠷᠰᠢᠶ᠎ᠠ ᠶᠢᠨ ᠭᠤᠤᠯ ᠴᠣᠠᠠᠴᠠ ᠳᠤ ᠢᠳᠡᠭᠡᠮᠵᠢᠳᠦ ᠵᠢᠭᠡᠯᠡᠯᠭᠡ ᠶᠢᠨ ᠳᠡᠮᠵᠢᠯᠭᠡ ᠶᠢ ᠴᠢᠩᠭᠠᠷᠡᠭᠤᠯᠥᠨ᠎ᠠ᠃ | ᠳᠡᠷᠢᠶᠡᠯᠡᠩ ᠮᠠᠯ ᠤᠨ ᠠᠰᠢᠭ ᠰᠢᠮ᠎ᠡ ᠶᠢᠨ ᠪᠦᠳᠦᠭᠡᠭᠳᠡᠬᠦᠨ ᠤ ᠬᠠᠳᠠᠭᠠᠯᠠᠵᠦ ᠪᠠᠶᠢᠭ᠎ᠠ ᠪᠠᠷᠠᠭ᠎ᠠ ᠪᠠᠷ ᠳᠡᠨᠵᠢᠯᠡᠨ | ᠪᠠᠷᠢᠴᠠᠭᠠᠯᠠᠬᠤ ᠵᠡᠷᠭᠡ ᠰᠢᠨ᠎ᠡ ᠡᠬᠦᠳᠦᠯᠳᠡ ᠲᠠᠢ ᠲᠣᠬᠠᠶᠢᠯᠬᠠᠰᠠᠨ ᠠᠵᠢᠯ ᠢ ᠰᠦᠪᠡᠭᠴᠢᠯᠡᠨ ᠦᠷᠨᠢᠬᠦᠯᠥᠨ᠎ᠠ᠃ | 4.ᠮᠠᠯᠵᠢᠬᠤ ᠳᠡᠷᠢᠶᠡᠯᠠᠬᠤ ᠣᠷᠣᠨ ᠤ ᠢᠳᠡᠭᠡᠮᠵᠢᠳᠦ ᠵᠢᠭᠡᠯᠡᠯᠭᠡ ᠶᠢᠨ ᠦᠢᠯᠡᠴᠢᠯᠡᠭᠡᠨ ᠤ ᠨᠡᠷᠡᠳᠬᠦᠨ ᠳᠤ | ᠰᠢᠨ᠎ᠡ ᠶᠢ ᠡᠬᠦᠳᠣᠨ᠎ᠠ᠃ ᠪᠠᠩᠬᠢ ᠶᠢᠨ ᠦᠢᠯᠡᠰ ᠤᠨ ᠮᠦᠡᠭᠬᠦᠨ ᠬᠦᠢᠯᠭᠡᠭᠡᠨ ᠤ ᠪᠠᠶᠢᠭᠤᠯᠥᠮᠵᠢ ᠶᠢ ᠬᠦᠳᠦᠯᠥᠨ | ᠵᠢᠯᠥᠭᠤᠳᠴᠥ ᠪᠠᠶᠢᠭᠠᠳ ᠳᠡᠷᠢᠶᠡᠯᠡᠩ ᠮᠠᠯ ᠠᠵᠦ ᠠᠬᠤᠢ ᠶᠢᠨ ᠦᠢᠯᠡᠳᠪᠦᠷᠢᠯᠡᠯ ᠤᠨ ᠦᠶᠡᠯᠡᠯ ᠤᠨ ᠬᠤᠭᠤᠴᠠᠭ᠎ᠠ | ᠪᠤᠯᠥᠨ ᠠᠵᠦ ᠠᠬᠤᠢ ᠶᠢᠨ ᠣᠨᠴᠠᠯᠢᠭ ᠲᠠᠢ ᠣᠶᠠᠯᠳᠣᠭᠤᠯᠥᠨ᠂ ᠢᠳᠡᠭᠡᠮᠵᠢ ᠣᠯᠭᠤᠬᠤ ᠠᠷᠭ᠎ᠠ ᠮᠠᠶ᠋ᠢᠭ ᠢ | ᠠᠮᠢᠳᠣᠯᠢᠭ ᠢᠶᠠᠷ ᠲᠣᠠᠠᠳᠠᠭᠠᠵᠦ᠂ ᠵᠢᠭᠡᠯᠡᠯᠭᠡ ᠶᠢᠨ ᠲᠤᠭ᠎ᠠ ᠭᠡᠮᠵᠢᠶ᠎ᠠ᠂ ᠵᠢᠭᠡᠯᠡᠯᠭᠡ ᠳᠡᠯᠪᠢᠬᠤ ᠠᠬᠢᠴᠠ ᠪᠠ ᠬᠤᠷᠢᠶᠡᠨ | ᠠᠪᠠᠨ᠋ᠥ ᠴᠠᠭ ᠬᠤᠭᠤᠴᠠᠭ᠎ᠠ ᠶᠢ ᠵᠦᠢ ᠵᠤᠬᠢᠰᠳᠡᠢ ᠲᠣᠠᠠᠳᠠᠭᠠᠨ᠂ ᠮᠠᠯᠴᠢᠨ ᠳᠡᠷᠢᠶᠡᠴᠢᠨ ᠤ ᠪᠤᠳᠡᠳᠡᠢ ᠦᠢᠯᠡᠳᠪᠦᠷᠢᠯᠡᠯ | ᠡᠵᠡᠩᠨᠡᠯᠳᠡ ᠶᠢᠨ ᠭᠡᠷᠡᠭᠴᠡᠭᠡ ᠱᠠᠭᠠᠷᠳᠡᠯᠭ᠎ᠠ ᠶᠢ ᠬᠠᠩᠭᠠᠨ᠎ᠠ᠃ ᠳᠡᠷᠢᠶᠡᠯᠡᠩ ᠮᠠᠯ ᠤᠨ ᠠᠰᠢᠭ ᠰᠢᠮ᠎ᠡ ᠶᠢᠨ | ᠪᠦᠳᠦᠭᠡᠭᠳᠡᠬᠦᠨ ᠡᠳ᠋ᠰᠢᠬᠦᠯᠬᠦ ᠬᠦᠳᠥᠴᠢ ᠠᠵᠦ ᠠᠬᠤᠶᠢᠯᠠᠯ ᠳᠤ ᠳᠥᠰᠢᠭᠯᠡᠨ᠂ ᠠᠵᠦ ᠦᠢᠯᠡᠰ ᠤᠨ ᠭᠡᠯᠬᠢᠶ᠎ᠠ ᠶᠢᠨ | ᠢᠳᠡᠭᠡᠮᠵᠢᠳᠦ ᠵᠢᠭᠡᠯᠡᠯᠭᠡ ᠶᠢᠨ ᠰᠢᠨ᠎ᠡ ᠶᠢ ᠡᠬᠦᠳᠦᠭᠰᠡᠨ ᠨᠡᠷᠡᠳᠬᠦᠨ ᠢ ᠳᠡᠯᠭᠡᠷᠡᠬᠦᠯᠵᠦ᠂ ᠠᠵᠦ ᠠᠬᠤᠶᠢᠯᠠᠯ ᠤᠳ ᠤᠨ | ᠪᠠᠩᠬᠢ ᠶᠢᠨ ᠭᠤᠪᠢᠭᠤᠯᠭ᠎ᠠ ᠳᠠᠭᠠᠭᠠᠬᠤ ᠳᠡᠮᠳᠡᠭ᠂ ᠢᠳᠡᠭᠡᠮᠵᠢ ᠶᠢᠨ ᠦᠨᠡᠮᠯᠠᠯ᠂ ᠪᠠᠳᠤᠯᠠᠨ ᠲᠠᠭᠠᠭᠠᠬᠤ ᠵᠠᠬᠢᠲᠡᠯ ᠵᠡᠷᠭᠡ | ᠨᠡᠷᠡᠳᠬᠦᠨ ᠢ ᠭᠡᠷᠡᠭᠯᠡᠨ ᠪᠡᠯᠡ ᠲᠣᠬᠢᠷᠡᠭᠤᠯᠭ᠎ᠠ ᠬᠢᠬᠦ ᠶᠢ ᠢᠳᠡᠪᠬᠢᠳᠡᠢ ᠪᠠᠷ ᠵᠣᠷᠢᠠᠠᠵᠢᠭᠤᠯᠥᠨ᠎ᠠ᠃ ᠪᠠᠩᠬᠢ ᠶᠢᠨ | ᠦᠢᠯᠡᠰ ᠤᠨ ᠮᠦᠡᠭᠬᠦᠨ ᠬᠦᠢᠯᠭᠡᠭᠡᠨ ᠤ ᠪᠠᠶᠢᠭᠤᠯᠥᠮᠵᠢ ᠭᠢᠬᠡᠳ ᠲᠣᠮᠥ ᠭᠡᠯᠪᠡᠷᠢ ᠶᠢᠨ ᠳᠡᠷᠢᠶᠡᠯᠡᠩ ᠤᠨ ᠮᠠᠰᠢᠨ | ᠦᠢᠯᠡᠳᠪᠦᠷᠢᠯᠡᠬᠦ ᠠᠵᠦ ᠠᠬᠤᠶᠢᠯᠠᠯ ᠯᠤᠭ᠎ᠠ ᠨᠢᠠᠠᠳᠡ ᠬᠠᠮᠳᠣᠷᠡᠯᠴᠠᠬᠤ ᠶᠢ ᠳᠡᠮᠵᠢᠵᠦ᠂ ᠳᠡᠷᠢᠶᠡᠯᠡᠩ ᠤᠨ ᠮᠠᠰᠢᠨ ᠢᠶᠠᠷ | ᠪᠡᠯᠡ ᠲᠣᠬᠢᠷᠡᠭᠤᠯᠭ᠎ᠠ ᠬᠢᠵᠦ ᠳᠥᠷᠢᠶᠡᠰᠦᠯᠡᠬᠦ ᠲᠣᠬᠠᠶᠢᠯᠬᠠᠰᠠᠨ ᠠᠵᠢᠯ ᠢ ᠦᠷᠨᠢᠬᠦᠯᠥᠨ᠂ ᠮᠠᠯᠴᠢᠨ ᠳᠡᠷᠢᠶᠡᠴᠢᠨ ᠤ | ᠳᠡᠷᠢᠶᠡᠯᠡᠩ ᠮᠠᠯ ᠠᠵᠦ ᠠᠬᠤᠢ ᠶᠢᠨ ᠮᠠᠰᠢᠨ ᠳᠥᠷᠢᠶᠡᠰᠦᠯᠡᠨ ᠭᠡᠷᠡᠭᠯᠡᠬᠦ ᠳᠤ ᠳᠦᠬᠦᠮ ᠦᠵᠡᠬᠦᠯᠥᠨ᠎ᠠ᠃ ᠢᠳᠡᠭᠡᠮᠵᠢᠳᠦ | ᠵᠢᠭᠡᠯᠡᠯᠭᠡ ᠶᠢᠨ ᠪᠡᠯᠡ ᠮᠦᠡᠭᠬᠦ ᠪᠤᠯᠥᠨ ᠵᠠᠰᠠᠭ ᠤᠨ ᠣᠷᠳᠣᠨ ᠤ ᠶᠠᠳᠠᠭᠤ ᠶᠢ ᠳᠡᠳᠬᠦᠬᠦ ᠪᠡᠯᠡ ᠮᠦᠡᠭᠬᠦ ᠶᠢ | ᠣᠷᠭᠠᠨᠢᠭ ᠢᠶᠠᠷ ᠣᠶᠠᠯᠳᠣᠭᠤᠯᠬᠤ ᠶᠢ ᠴᠢᠩᠭᠠᠳᠬᠠᠵᠦ᠂ ︽ᠪᠠᠩᠬᠢ + ᠵᠠᠰᠠᠭ ᠤᠨ ᠣᠷᠳᠣᠨ + ᠬᠦᠳᠥᠴᠢ ᠠᠵᠦ | ᠠᠬᠠᠦ᠋ᠢᠯᠠᠯ + ᠳᠡᠷᠢᠶᠡᠯᠠᠬᠤ ᠡᠷᠦᠬᠡ︾ ᠶᠢᠨ ᠵᠬᠠᠪᠤᠷ ᠢᠶᠠᠷ ᠳᠡᠮᠵᠢᠭᠤᠯᠥᠨ᠂ ᠮᠠᠯᠵᠢᠬᠤ ᠳᠡᠷᠢᠶᠡᠯᠠᠬᠤ ᠣᠷᠣᠨ ᠤ | ᠶᠠᠳᠠᠭᠤ ᠬᠦᠴᠢᠷᠳᠡᠯᠳᠡᠢ ᠡᠷᠦᠬᠡ ᠶᠢ ᠬᠠᠪᠰᠣᠷᠣᠨ ᠶᠠᠳᠠᠭᠤ ᠠᠴᠠ ᠠᠩᠬᠢᠵᠢᠷᠡᠭᠤᠯᠥᠨ ᠪᠠᠶᠠᠵᠢᠭᠤᠯᠤᠨ | ᠴᠢᠨᠡᠭᠡᠯᠢᠭᠵᠢᠬᠦᠯᠥᠨᠠ᠃ ᠮᠦᠡᠭᠬᠦᠨ ᠬᠦᠢᠯᠭᠡᠭᠡᠨ ᠢᠶᠠᠷ ᠶᠠᠳᠠᠭᠤ ᠶᠢ ᠳᠡᠳᠬᠦᠬᠦ ᠠᠵᠢᠯ ᠳᠠᠬᠢ ᠲᠣᠮᠳᠠᠳᠣ ᠣᠯᠥᠰ ᠤᠨ | ᠶᠠᠳᠠᠭᠤ ᠶᠢ ᠳᠡᠳᠬᠦᠬᠦ ᠰᠠᠭᠤᠷᠢ ᠮᠦᠡᠭᠬᠦ ᠶᠢᠨ ᠨᠡᠶᠢᠭᠡᠮᠯᠢᠭ ᠤᠨ ︽ᠵᠦᠡᠭ ᠡᠾᠤ ᠳᠡᠷᠢᠶᠡᠯᠡᠩ ᠤᠨ ᠢᠳᠡᠭᠡᠮᠵᠢᠳᠦ | ᠵᠢᠭᠡᠯᠡᠯᠭᠡ︾ ᠶᠢᠨ ᠨᠡᠶᠢᠲᠡ ᠶᠢᠨ ᠠᠰᠠᠷᠠᠮᠵᠢ ᠶᠢᠨ ᠴᠢᠨᠡᠷᠳᠡᠢ ᠪᠠᠭ᠎ᠠ ᠲᠤᠭ᠎ᠠ ᠶᠢᠨ ᠵᠢᠭᠡᠯᠡᠯᠭᠡ ᠶᠢᠨ ᠢᠳᠡᠪᠬᠢ | ᠦᠢᠯᠡᠳᠣᠯ ᠢ ᠬᠦᠢᠴᠡᠳ ᠪᠠᠳᠡᠷᠡᠭᠤᠯᠥᠨ᠎ᠠ᠃ | 5. ᠳᠡᠷᠢᠶᠡᠯᠡᠩ ᠢ ᠳᠡᠳᠬᠦᠬᠦ ᠮᠦᠡᠭᠬᠦᠨ ᠬᠦᠢᠯᠭᠡᠭᠡᠨ ᠤ ᠦᠢᠯᠡᠴᠢᠯᠡᠭᠡᠨ ᠤ ᠴᠢᠬ ᠤᠨ ︽ᠳᠡᠰ ᠳᠡᠪᠰᠢᠭᠰᠡᠨ | ᠬᠡᠪ︾ ᠢ ᠪᠤᠢ ᠪᠤᠯᠭᠠᠨ᠎ᠠ᠃ ᠳᠡᠷᠢᠶᠡᠯᠡᠩ ᠢ ᠳᠡᠳᠬᠦᠬᠦ ᠮᠦᠡᠭᠬᠦᠨ ᠬᠦᠢᠯᠭᠡᠭᠡᠨ ᠤ ᠦᠢᠯᠡᠴᠢᠯᠡᠭᠡᠨ ᠤ ᠳᠡᠪᠴᠠᠩ ᠢᠶᠠᠷ | ᠳᠡᠮᠵᠢᠭᠤᠯᠥᠨ ᠮᠠᠯᠵᠢᠬᠤ ᠳᠡᠷᠢᠶᠡᠯᠠᠬᠤ ᠣᠷᠣᠨ ᠤ ᠲᠣᠣᠷ ᠴᠢᠬ ᠪᠠᠶᠢᠬᠤ ᠦᠭᠡᠢ ᠮᠦᠡᠭᠬᠦᠨ ᠬᠦᠢᠯᠭᠡᠭᠡᠨ ᠤ | ᠪᠠᠶᠢᠭᠤᠯᠥᠮᠵᠢ ᠶᠢ ᠭᠠᠴᠠᠭ᠎ᠠ ᠲᠣᠰᠬᠤᠨ ᠳᠤ ᠢᠳᠡᠭᠡᠮᠵᠢᠳᠦ ᠵᠢᠭᠡᠯᠡᠯᠭᠡ ᠶᠢᠨ ᠦᠢᠯᠡᠴᠢᠯᠡᠭᠡᠨ ᠦᠷᠨᠢᠬᠦᠯᠥᠨ᠎ᠠ᠃ | ᠳᠡᠷᠢᠶᠡᠯᠡᠩ ᠢ ᠳᠡᠳᠬᠦᠬᠦ ᠮᠦᠡᠭᠬᠦᠨ ᠬᠦᠢᠯᠭᠡᠭᠡᠨ ᠤ ᠦᠢᠯᠡᠴᠢᠯᠡᠭᠡᠨ ᠤ ᠳᠡᠪᠴᠠᠩ ᠪᠤᠯᠥᠨ ᠵᠠᠰᠠᠭ ᠤᠨ ᠣᠷᠳᠣᠨ ᠤ | ᠦᠢᠯᠡᠴᠢᠯᠡᠭᠡᠨ ᠤ ᠳᠡᠪᠴᠠᠩ ᠢᠶᠠᠨ ᠵᠤᠯᠭᠠᠭᠤᠯᠬᠤ ᠶᠢ ᠣᠯᠡᠮ ᠨᠢᠭᠡ ᠠᠯᠬᠤᠮ ᠠᠬᠢᠭᠤᠯᠵᠦ᠂ ᠭᠠᠶᠢᠯᠢ ᠰᠦᠢᠳᠭᠡᠯ᠂ | ᠨᠡᠶᠢᠭᠡᠮ ᠤᠨ ᠳᠠᠭᠠᠳᠬᠠᠯ ᠤᠨ ᠵᠠᠷᠣᠳᠡᠯ᠂ ᠵᠠᠮ ᠬᠠᠷᠢᠯᠴᠠᠭ᠎ᠠ ᠶᠢᠨ ᠲᠤᠷᠭᠠᠵᠦ ᠬᠤᠷᠢᠶᠬᠤ ᠵᠤᠭᠤᠰ ᠢ ᠲᠣᠰᠢᠶᠠᠬᠤ | ᠵᠡᠷᠭᠡ ᠴᠢᠳᠠᠮᠵᠢ ᠶᠢ ᠪᠠᠶᠠᠯᠠᠬᠦᠯᠥᠨ᠎ᠠ᠃ ᠮᠦᠡᠭᠬᠦᠨ ᠬᠦᠢᠯᠭᠡᠭᠡᠨ ᠤ ᠲᠣᠣᠷ ᠴᠢᠬ ᠤᠨ ᠭᠠᠳ᠋ᠬᠠᠰᠢ ᠪᠠᠨ | ᠤᠷᠳᠤᠳᠬᠠᠬᠤ ᠶᠢ ᠦᠷᠭᠡᠳᠭᠡᠨ᠂ ᠣᠳᠣ ᠶᠢᠨ ᠪᠠᠶᠢᠭ᠎ᠠ ᠦᠵᠤᠬᠦᠷ ᠤᠨ ᠳᠦᠬᠦᠭᠡᠷᠣᠮᠵᠢ ᠶᠢ ᠰᠢᠯᠵᠢᠮᠡᠯ ᠢᠨᠲ᠋ᠧᠷ | ᠰᠦᠯᠵᠢᠶᠡᠵᠢᠬᠦᠯᠥᠨ ᠳᠡᠰ ᠳᠡᠪᠰᠢᠬᠦᠯᠬᠦ ᠪᠠᠷ ᠳᠡᠮᠵᠢᠭᠤᠯᠥᠨ᠂ ᠮᠠᠰᠢᠨ ᠪᠠᠭᠠᠵᠢ ᠶᠢᠨ ᠦᠪᠡᠷ ᠤᠨ ᠦᠷᠲᠡᠭ ᠢ ᠣᠯᠡᠮ | ᠨᠢᠭᠡ ᠠᠯᠬᠤᠮ ᠪᠠᠭᠤᠷᠡᠭᠤᠯᠵᠦ᠂ ᠭᠠᠷ ᠲᠠᠭᠠᠨ ᠠᠪᠴᠤ ᠶᠠᠪᠤᠬᠤ ᠡᠬᠦᠯᠡᠨ POS ` MINI ᠡᠬᠦᠯᠡᠨ POS | ᠵᠡᠷᠭᠡ ᠰᠢᠯᠵᠢᠮᠡᠯ ᠦᠵᠣᠬᠦᠷ ᠤᠨ ᠳᠦᠬᠦᠭᠡᠷᠣᠮᠵᠢ ᠶᠢ ᠡᠬᠦᠳᠴᠥ᠂ ᠮᠦᠡᠭᠬᠦᠨ ᠬᠦᠢᠯᠭᠡᠭᠡᠨ ᠤ ᠦᠢᠯᠡᠴᠢᠯᠡᠭᠡᠨ ᠤ | ᠴᠢᠬ ᠤᠨ ᠦᠢᠯᠡᠴᠢᠯᠡᠬᠦ ᠬᠦᠷᠢᠶ᠎ᠡ ᠭᠡᠪᠴᠢᠶ᠎ᠠ ᠶᠢ ᠳᠡᠷᠢᠶᠡᠯᠡᠩ ᠮᠠᠯ ᠤᠨ ᠠᠰᠢᠭ ᠰᠢᠮ᠎ᠡ ᠶᠢᠨ ᠪᠦᠳᠦᠭᠡᠭᠳᠡᠬᠦᠨ ᠢ | ᠬᠤᠳᠠᠯᠳᠣᠨ ᠠᠪᠠᠨ᠋ᠥ ᠬᠦᠷᠢᠶ᠎ᠡ ᠴᠡᠷᠠᠭ᠎ᠠ ᠳᠤ ᠬᠦᠷᠳᠡᠯ᠎ᠠ ᠦᠷᠭᠡᠳᠭᠡᠨ᠎ᠠ᠃ | ︵ᠭᠤᠷᠪᠡ︶ ᠣᠯᠡᠨ ᠳᠡᠰ ᠳᠡᠪᠬᠤᠷᠭ᠎ᠠ ᠲᠠᠢ ᠬᠦᠷᠦᠩᠭᠡ ᠶᠢᠨ ᠵᠠᠬ᠎ᠠ ᠳᠡᠯᠭᠡᠬᠦᠷ ᠤᠨ ᠦᠢᠯᠡᠳᠣᠯ ᠢ ᠰᠠᠶᠢᠳᠣᠷ | ᠪᠠᠳᠡᠷᠡᠭᠤᠯᠥᠨ᠎ᠠ᠃ | 1. ᠠᠵᠦ ᠠᠬᠤᠶᠢᠯᠠᠯ ᠤᠨ ᠵᠠᠬ᠎ᠠ ᠳᠡᠯᠭᠡᠬᠦᠷ ᠲᠤ ᠭᠠᠷᠴᠥ ᠫᠠᠶᠢᠰᠡ ᠡᠯᠬᠦᠨ ᠪᠡᠯᠡ ᠲᠣᠬᠢᠷᠡᠭᠤᠯᠭ᠎ᠠ ᠬᠢᠬᠦ ᠶᠢ | ᠠᠬᠢᠭᠤᠯᠥᠨ᠎ᠠ᠃ ᠰᠢᠶᠡᠨ ᠤ ᠭᠡᠪᠴᠢᠶᠡᠨ ᠤ ᠬᠦᠳᠥᠴᠢ ᠠᠵᠦ ᠠᠬᠤᠶᠢᠯᠠᠯ ᠢ ᠳᠡᠮᠵᠢᠬᠦ ᠡᠷᠴᠢᠮ ᠢᠶᠠᠨ ᠴᠢᠩᠭᠠᠷᠡᠭᠤᠯᠥᠨ᠂ | ᠣᠯᠡᠨ ᠵᠦᠢᠯ ᠤᠨ ᠭᠡᠯᠪᠡᠷᠢ ᠶᠢᠨ ᠬᠠᠪᠰᠣᠷᠣᠨ ᠵᠢᠯᠥᠭᠤᠳᠬᠤ ᠪᠤᠯᠪᠠᠰᠣᠷᠡᠭᠤᠯᠥᠯ ᠢ ᠵᠤᠬᠢᠶᠡᠨ ᠪᠠᠶᠢᠭᠤᠯᠵᠦ᠂ | ᠰᠢᠶᠡᠨ ᠤ ᠭᠡᠪᠴᠢᠶᠡᠨ ᠤ ᠬᠦᠳᠥᠴᠢ ᠠᠵᠦ ᠠᠬᠤᠶᠢᠯᠠᠯ ᠤᠨ ᠰᠢᠨ᠎ᠡ ᠭᠤᠷᠪᠠᠳᠣᠭᠠᠷ ᠰᠠᠮᠪᠠᠷ᠎ᠠ᠂ ᠠᠳᠠᠯ ᠦᠢᠯᠡᠰ | ᠴᠣᠠᠠᠴᠠᠯᠠᠬᠤ ᠰᠠᠮᠪᠠᠷ᠎ᠠ᠂ ᠭᠤᠤᠯ ᠰᠠᠮᠪᠠᠷ᠎ᠠ ᠳᠤ ᠫᠠᠶᠢᠰᠡ ᠡᠯᠬᠦᠨ ᠵᠠᠬ᠎ᠠ ᠳᠡᠯᠭᠡᠬᠦᠷ ᠲᠤ ᠭᠠᠷᠬᠤ ᠶᠢ ᠠᠬᠢᠭᠤᠯᠥᠨ᠎ᠠ᠃ | ᠦᠪᠤᠷ ᠮᠣᠩᠭᠤᠯ ᠤᠨ ᠰᠲ᠋ᠤᠺ ᠤᠨ ᠡᠷᠬᠡ ᠶᠢᠨ ᠠᠷᠡᠯᠵᠢᠶ᠎ᠠ ᠶᠢᠨ ᠲᠥᠪ ᠲᠤ ᠲᠤᠮᠳᠡ ᠵᠢᠵᠢᠭ ᠠᠵᠦ ᠠᠬᠤᠶᠢᠯᠠᠯ ᠤᠨ | ᠣᠷᠢᠳᠡᠪᠡᠷ ᠫᠠᠶᠢᠰᠡ ᠡᠯᠬᠦᠨ ᠠᠷᠡᠯᠵᠢᠶᠠᠯᠠᠬᠤ᠂ ᠨᠠᠶᠢᠳᠡᠨ ᠬᠠᠮᠢᠶᠡᠷᠦᠭᠤᠯᠵᠦ ᠨᠡᠶᠢᠳᠡᠯᠡᠬᠦ ᠪᠠ ᠶᠡᠷᠦᠩᠭᠡᠶᠢᠯᠡᠨ ᠳᠡᠯᠭᠡᠨ | ᠦᠵᠡᠬᠦᠯᠬᠦ ᠶᠢ ᠢᠳᠡᠪᠬᠢᠳᠡᠢ ᠪᠠᠷ ᠳᠡᠮᠵᠢᠨ᠎ᠠ᠃ | 2. ᠣᠯᠡᠨ ᠡᠰᠢᠵᠢᠭᠰᠡᠨ ᠵᠢᠭᠡᠯᠡᠯᠭᠡ ᠶᠢᠨ ᠳᠡᠮᠳᠡᠭᠳᠦ ᠪᠠᠷ ᠪᠡᠯᠡ ᠲᠣᠬᠢᠷᠡᠭᠤᠯᠭ᠎ᠠ ᠬᠢᠬᠦ ᠶᠢ ᠦᠷᠭᠡᠳᠭᠡᠨ᠎ᠠ᠃ | ᠠᠵᠦ ᠠᠬᠤᠶᠢᠯᠠᠯ ᠪᠤᠯᠥᠨ ᠣᠯᠡᠨ ᠡᠰᠢᠵᠢᠭᠰᠡᠨ ᠵᠢᠭᠡᠯᠡᠯᠭᠡ ᠶᠢᠨ ᠳᠡᠮᠳᠡᠭᠳᠦ ᠶᠢᠨ ᠵᠠᠬ᠎ᠠ ᠳᠡᠯᠭᠡᠬᠦᠷ ᠢ ᠵᠤᠯᠭᠠᠭᠤᠯᠬᠤ ᠶᠢ | ᠠᠬᠢᠭᠤᠯᠵᠦ᠂ ᠠᠵᠦ ᠠᠬᠤᠶᠢᠯᠠᠯ ᠤᠨ ᠲᠣᠮᠳᠡ ᠵᠢᠵᠢᠭ ᠠᠵᠦ ᠠᠬᠤᠶᠢᠯᠠᠯ ᠤᠨ ᠬᠤᠪᠢ ᠪᠠᠷ ᠢᠶᠠᠨ ᠵᠤᠭᠤᠰ | ᠬᠤᠷᠠᠮᠳᠤᠭᠤᠯᠬᠤ ᠵᠢᠭᠡᠯᠡᠯᠭᠡ ᠶᠢᠨ ᠳᠡᠮᠳᠡᠭᠳᠦ ᠲᠠᠷᠬᠠᠭᠠᠬᠤ ᠶᠢ ᠳᠠᠮᠵᠢᠨ᠎ᠠ᠃ ᠡᠵᠡᠩᠨᠡᠯᠳᠡ ᠨᠢ ᠲᠣᠠᠠᠳᠠᠭᠤᠨ᠂ ᠪᠡᠯᠡᠨ | ᠵᠤᠭᠤᠰ ᠤᠨ ᠬᠦᠢᠯᠭᠡᠭᠡᠨ ᠨᠢ ᠲᠣᠠᠠᠳᠠᠭᠤᠨ ᠪᠠᠶᠢᠳᠠᠭ ᠳᠡᠷᠢᠶᠡᠯᠡᠩ ᠮᠠᠯ ᠠᠵᠦ ᠠᠬᠤᠢ ᠶᠢᠨ ᠡᠵᠡᠩᠨᠡᠯᠳᠡ ᠶᠢᠨ ᠠᠵᠦ | ᠠᠬᠤᠶᠢᠯᠠᠯ ᠤᠨ ᠭᠠᠵᠡᠷ ᠰᠢᠷᠦᠢ ︵ᠬᠠᠳᠣᠯᠡᠩ ᠪᠡᠯᠴᠢᠭᠡᠷ︶ ᠶᠢᠨ ᠠᠰᠢᠭ ᠣᠯᠵᠠᠪᠦᠷᠢ ᠶᠢᠨ ᠡᠷᠬᠡ ᠪᠠᠨ | ᠳᠠᠭᠠᠭᠠᠴᠢᠯᠠᠬᠤ ᠵᠡᠷᠭᠡ ᠪᠠᠷ ᠰᠠᠭᠤᠷᠢ ᠬᠦᠷᠣᠩᠭᠡ ᠪᠤᠯᠭᠠᠵᠦ ᠡᠳ᠋ ᠬᠦᠷᠣᠩᠭᠡ ᠶᠢᠨ ᠳᠡᠮᠳᠡᠭᠵᠢᠬᠦᠯᠥᠯᠳᠡ ᠦᠷᠨᠢᠬᠦᠯᠬᠦ ᠶᠢ | ᠵᠣᠷᠢᠠᠠᠵᠢᠭᠤᠯᠥᠨ᠎ᠠ᠃ ᠣᠷᠣᠨ ᠨᠣᠳᠤᠭ ᠤᠨ ᠬᠠᠦᠯᠢ ᠶᠢᠨ ᠡᠷᠭᠡᠳᠡᠨ ᠤ ᠪᠠᠩᠬᠢ ᠶᠢᠨ ᠬᠢᠨ ᠪᠠᠶᠢᠭᠤᠯᠥᠮᠵᠢ ᠶᠢᠨ | ᠪᠠᠩᠬᠢ ᠶᠢᠨ ᠬᠤᠭᠤᠷᠣᠨᠳᠣ ᠶᠢᠨ ᠵᠠᠬ᠎ᠠ ᠲᠡᠯᠬᠡᠬᠦᠷ ᠲᠤ ᠬᠤᠶᠠᠳᠣᠭᠠᠷ ᠳᠡᠰ ᠤᠨ ᠬᠦᠷᠣᠩᠭᠡ ᠶᠢᠨ ᠪᠠᠭᠠᠵᠢ ᠪᠠ ︽ | ᠳᠡᠷᠢᠶᠡᠯᠡᠩ ᠳᠡᠷᠢᠶᠡᠯᠠᠬᠤ ᠣᠷᠣᠨ ᠳᠡᠷᠢᠶᠡᠴᠢᠨ︾ ᠤ ᠲᠣᠰᠬᠠᠢ ᠮᠦᠡᠭᠬᠦᠨ ᠬᠦᠢᠯᠭᠡᠭᠡᠨ ᠤ ᠳᠡᠮᠳᠡᠭᠳᠦ ᠲᠠᠷᠬᠠᠭᠠᠬᠤ ᠶᠢ | ᠳᠡᠮᠵᠢᠨ᠎ᠠ᠃ | 3. ᠳᠡᠸᠡᠷ ᠤᠨ ᠵᠠᠬ᠎ᠠ ᠳᠡᠯᠭᠡᠬᠦᠷ ᠤᠨ ᠪᠦᠳᠦᠭᠡᠨ ᠪᠠᠶᠢᠭᠤᠯᠥᠯᠳᠡ ᠪᠤᠯᠥᠨ ᠳᠡᠷᠢᠶᠡᠯᠡᠩ ᠮᠠᠯ ᠤᠨ ᠠᠰᠢᠭ | ᠰᠢᠮ᠎ᠡ ᠶᠢᠨ ᠪᠦᠳᠦᠭᠡᠭᠳᠡᠬᠦᠨ ᠤ ᠬᠤᠭᠤᠴᠠᠭᠠᠳᠣ ᠪᠠᠷᠠᠭ᠎ᠠ ᠶᠢᠨ ᠠᠷᠡᠯᠵᠢᠶ᠎ᠠ ᠶᠢ ᠠᠬᠢᠭᠤᠯᠥᠨ᠎ᠠ᠃ ᠬᠤᠭᠤᠴᠠᠭᠠᠳᠣ | ᠪᠠᠷᠠᠭ᠎ᠠ ᠶᠢᠨ ᠪᠠᠶᠢᠭᠤᠯᠥᠮᠵᠢ ᠯᠤᠭ᠎ᠠ ᠶᠢᠨ ᠪᠠᠶᠢᠯᠳᠣᠬᠤ ᠪᠤᠳᠣᠯᠭ᠎ᠠ ᠶᠢᠨ ᠬᠠᠮᠳᠣᠷᠡᠯᠴᠠᠭ᠎ᠠ ᠪᠠᠨ ᠴᠢᠩᠭᠠᠳᠬᠠᠵᠦ᠂ | ᠬᠤᠭᠤᠴᠠᠭᠠᠳᠣ ᠪᠠᠷᠠᠭ᠎ᠠ ᠶᠢᠨ ᠺᠣᠮᠫᠠᠨᠢ ᠶᠢᠨ ᠬᠤᠪᠢᠶᠡᠷᠢ ᠪᠠᠶᠢᠭᠤᠯᠥᠮᠵᠢ ᠶᠢ ᠪᠠᠶᠢᠭᠤᠯᠬᠤ᠂ ᠬᠤᠭᠤᠴᠠᠭᠠᠳᠣ | ᠪᠠᠷᠠᠭ᠎ᠠ ᠶᠢᠨ ᠲᠠᠰᠤᠯᠤᠨ ᠪᠤᠳᠣᠬᠤ ᠬᠦᠮᠦᠷᠭᠡ ᠶᠢ ᠨᠡᠮᠡᠵᠦ ᠪᠠᠶᠢᠭᠤᠯᠬᠤ᠂ ᠣᠨᠴᠠᠯᠢᠠᠠᠳᠣ ᠬᠤᠭᠤᠴᠠᠭᠠᠳᠣ ᠪᠠᠷᠠᠭ᠎ᠠ ᠶᠢᠨ | ᠵᠦᠢᠯ ᠢ ᠪᠤᠶᠢᠵᠢᠭᠤᠯᠥᠨ ᠨᠡᠭᠡᠭᠡᠬᠦ ᠵᠡᠷᠭᠡ ᠠᠷᠭ᠎ᠠ ᠮᠠᠶ᠋ᠢᠭ ᠢᠶᠠᠷ ᠳᠡᠮᠵᠢᠭᠤᠯᠥᠨ ᠬᠤᠭᠤᠴᠠᠭᠠᠳᠣ ᠪᠠᠷᠠᠭ᠎ᠠ ᠶᠢᠨ | ᠠᠷᠡᠯᠵᠢᠶ᠎ᠠ ᠦᠷᠨᠢᠬᠦᠯᠵᠦ᠂ ᠬᠤᠭᠤᠴᠠᠭᠠᠳᠣ ᠪᠠᠷᠠᠭ᠎ᠠ ᠶᠢᠨ ᠵᠠᠬ᠎ᠠ ᠳᠡᠯᠭᠡᠬᠦᠷ ᠤᠨ ᠦᠨ᠎ᠠ ᠬᠠᠨᠭ᠍ᠰᠢ ᠢᠯᠡᠷᠡᠬᠦᠯᠬᠦ ᠪᠠ | ᠳᠥᠭᠰᠢᠬᠦᠷᠢ ᠶᠢ ᠠᠷᠭᠠᠯᠠᠵᠦ ᠵᠠᠶᠢᠯᠡᠭᠤᠯᠬᠤ ᠴᠢᠳᠠᠮᠵᠢ ᠶᠢ ᠬᠦᠢᠴᠡᠳ ᠪᠠᠳᠡᠷᠡᠭᠤᠯᠥᠨ᠂ ᠮᠠᠯᠵᠢᠬᠤ ᠳᠡᠷᠢᠶᠡᠯᠠᠬᠤ | ᠣᠷᠣᠨ ᠤ ᠦᠢᠯᠡᠳᠪᠦᠷᠢᠯᠡᠯ ᠡᠵᠡᠩᠨᠡᠯᠳᠡ ᠶᠢ ᠲᠤᠠᠠᠳᠠᠭᠤᠨ ᠪᠠᠶᠢᠯᠭᠠᠨ᠎ᠠ᠃ | 4.ᠳᠡᠮᠳᠡᠭᠳᠦ ᠶᠢᠨ ᠬᠤᠭᠤᠴᠠᠭᠠᠳᠣ ᠪᠠᠷᠠᠭ᠎ᠠ ᠶᠢᠨ ᠪᠠᠶᠢᠭᠤᠯᠥᠮᠵᠢ ᠶᠢ ᠪᠠᠶᠢᠭᠤᠯᠥᠨ ᠪᠦᠷᠢᠨᠰᠢᠬᠦᠯᠥᠨ᠎ᠠ᠃ | ᠳᠡᠮᠳᠡᠭᠳᠦ᠂ ᠬᠤᠭᠤᠴᠠᠭᠠᠳᠣ ᠪᠠᠷᠠᠭ᠎ᠠ᠂ ᠰᠠᠭᠤᠷᠢ ᠮᠦᠡᠭᠬᠦ᠂ ᠰᠲ᠋ᠥᠺ ᠤᠨ ᠡᠷᠬᠡ ᠶᠢᠨ ᠠᠷᠡᠯᠵᠢᠶ᠎ᠠ ᠶᠢᠨ ᠵᠠᠬ᠎ᠠ | ᠳᠡᠯᠭᠡᠬᠦᠷ ᠵᠡᠷᠭᠡ ᠣᠳᠣ ᠦᠶ᠎ᠠ ᠶᠢᠨ ᠰᠢᠨ᠎ᠡ ᠭᠡᠯᠪᠡᠷᠢ ᠶᠢᠨ ᠲᠤᠮᠳᠡ ᠵᠢᠵᠢᠭ ᠪᠠᠩᠬᠢ ᠶᠢᠨ ᠪᠤᠰᠣ ᠮᠦᠡᠭᠬᠦᠨ | ᠬᠦᠢᠯᠭᠡᠭᠡᠨ ᠤ ᠪᠠᠶᠢᠭᠤᠯᠥᠮᠵᠢ ᠶᠢᠨ ᠰᠢᠶᠡᠨ ᠤ ᠭᠡᠪᠴᠢᠶᠡᠨ ᠳᠤ ᠬᠤᠪᠢᠶᠡᠷᠢ ᠪᠠᠶᠢᠭᠤᠯᠥᠮᠵᠢ ᠪᠤᠶᠤ ᠲᠣᠬᠠᠶᠢᠯᠬᠠᠰᠠᠨ | ᠠᠵᠢᠯ ᠦᠷᠨᠢᠬᠦᠯᠬᠦ ᠶᠢ ᠳᠡᠮᠵᠢᠨ᠎ᠠ᠃ | ︵ᠳᠥᠷᠪᠡ︶ ᠳᠠᠭᠠᠳᠬᠠᠯ ᠤᠨ ᠦᠢᠯᠡᠰ ᠤᠨ ᠲᠤᠠᠠᠳᠠᠪᠦᠷᠢᠵᠢᠭᠤᠯᠥᠷ ᠤᠨ ᠦᠢᠯᠡᠳᠣᠯ ᠢ ᠰᠠᠶᠢᠳᠣᠷ | ᠪᠠᠳᠡᠷᠡᠭᠤᠯᠥᠨ᠎ᠠ᠃ | 1. ᠳᠡᠷᠢᠶᠡᠯᠡᠩ ᠤᠨ ᠳᠠᠭᠠᠳᠬᠠᠯ ᠤᠨ ᠨᠡᠷᠡᠳᠬᠦᠨ ᠳᠤ ᠰᠢᠨ᠎ᠡ ᠶᠢ ᠡᠬᠦᠳᠣᠨ᠎ᠠ᠃ ᠲᠣᠷᠰᠢᠯᠳᠡ ᠶᠢᠨ ᠬᠤᠰᠢᠭᠤ | ᠰᠢᠶᠡᠨ ︵ᠬᠤᠳᠡ᠂ ᠲᠤᠭᠤᠷᠢᠭ︶ ᠳᠤ ᠣᠷᠢᠳᠡᠪᠡᠷ ᠳᠡᠯ᠎ᠠ ᠨᠣᠳᠤᠭ ᠤᠨ ᠮᠠᠯᠵᠢᠬᠤ ᠣᠷᠣᠨ ᠤ ᠮᠠᠯ ᠣᠨᠤᠭ᠎ᠠ ᠶᠢᠨ | ᠴᠠᠭ ᠠᠭᠤᠷ ᠤᠨ ᠢᠯᠡᠳᠭᠡᠭᠴᠢ ᠶᠢᠨ ᠳᠠᠭᠠᠳᠬᠠᠯ᠂ ᠳᠥᠮᠥᠰᠦ ᠶᠢᠨ ᠦᠨ᠎ᠠ ᠬᠠᠨᠭ᠍ᠰᠢ ᠶᠢᠨ ᠢᠯᠡᠳᠭᠡᠭᠴᠢ᠂ | ᠳᠡᠷᠢᠶᠡᠯᠡᠩ ᠮᠠᠯ ᠤᠨ ᠠᠰᠢᠭ ᠰᠢᠮ᠎ᠡ ᠶᠢᠨ ᠪᠦᠳᠦᠭᠡᠭᠳᠡᠬᠦᠨ ᠤ ᠦᠨ᠎ᠠ ᠬᠠᠨᠭ᠍ᠰᠢ ᠶᠢᠨ ᠢᠯᠡᠳᠭᠡᠭᠴᠢ ᠶᠢᠨ | ᠳᠠᠭᠠᠳᠬᠠᠯ ᠤᠨ ᠲᠣᠷᠰᠢᠯᠳᠡ ᠶᠢᠨ ᠴᠢᠬ ᠤᠨ ᠠᠵᠢᠯ ᠢ ᠦᠷᠨᠢᠬᠦᠯᠥᠨ᠎ᠠ᠃ ᠡᠯ᠎ᠠ ᠳᠠᠭᠠᠳᠬᠠᠯ ᠤᠨ ᠺᠣᠮᠫᠠᠨᠢ ᠶᠢ | ᠵᠤᠷᠢᠬᠵᠢᠭᠤᠯᠵᠦ ᠪᠠᠶᠢᠭᠠᠳ ᠳᠡᠷᠢᠶᠡᠯᠡᠩ ᠤᠨ ᠳᠠᠭᠠᠳᠬᠠᠯ ᠤᠨ ᠦᠢᠯᠡᠴᠢᠯᠡᠭᠡᠨ ᠤ ᠬᠦᠷᠢᠶ᠎ᠠ ᠭᠡᠪᠴᠢᠶ᠎ᠠ ᠪᠠᠨ | ᠦᠷᠭᠡᠳᠭᠡᠵᠦ᠂ ᠳᠡᠷᠢᠮᠡᠯ ᠤᠨ ᠵᠦᠢᠯ᠂ ᠮᠠᠯ ᠤᠨ ᠠᠰᠢᠭ ᠰᠢᠮ᠎ᠡ ᠵᠡᠷᠭᠡ ᠬᠦᠷᠢᠶ᠎ᠠ ᠴᠡᠷᠠᠭ᠎ᠠ ᠶᠢᠨ ᠣᠨᠴᠠᠯᠢᠠᠠᠳᠣ | ᠳᠠᠭᠠᠳᠬᠠᠯ ᠤᠨ ᠨᠡᠷᠡᠳᠬᠦᠨ ᠢ ᠰᠣᠳᠣᠯᠥᠨ ᠨᠡᠭᠡᠭᠡᠨ᠎ᠠ᠃ ᠣᠯᠠᠮᠵᠢᠯᠠᠯᠳᠦ ᠳᠥᠷᠥ ᠶᠢᠨ ᠪᠤᠳᠣᠯᠭ᠎ᠠ ᠶᠢᠨ ᠴᠢᠨᠡᠷᠳᠡᠢ | ᠳᠠᠭᠠᠳᠬᠠᠯ ᠤᠨ ᠵᠦᠢᠯ ᠢ ᠦᠷᠬᠦᠯᠵᠢᠯᠡᠨ ᠦᠷᠭᠡᠳᠭᠡᠭᠰᠡᠨ ᠰᠠᠭᠤᠷᠢᠨ ᠳᠡᠭᠡᠷ᠎ᠠ᠂ ᠣᠨᠴᠠᠯᠢᠠᠠᠳᠣ ᠳᠠᠭᠠᠳᠬᠠᠯ ᠤᠨ | ᠵᠦᠢᠯ ᠤᠨ ᠳᠠᠭᠠᠳᠬᠠᠯ ᠳᠤ ᠬᠠᠮᠤᠷᠬᠤ ᠭᠡᠪᠴᠢᠶ᠎ᠠ ᠶᠢ ᠲᠣᠠᠠᠳᠠᠭᠤᠨ ᠢᠶᠠᠷ ᠦᠷᠭᠡᠳᠭᠡᠨ᠎ᠠ᠃ | 2. ᠳᠡᠷᠢᠶᠡᠯᠡᠩ ᠤᠨ ᠳᠠᠭᠠᠳᠬᠠᠯ ᠤᠨ ᠶᠡᠭᠡ ᠭᠠᠮᠰᠢᠭ ᠤᠨ ᠳᠥᠭᠰᠢᠬᠦᠷᠢ ᠵᠠᠶᠢᠳᠠᠭᠤᠯᠬᠤ ᠲᠤᠠᠠᠳᠡᠴᠠ ᠶᠢ | ᠪᠠᠶᠢᠭᠤᠯᠥᠨ᠎ᠠ᠃ ᠡᠳ᠋ ᠤᠨ ᠵᠠᠰᠠᠭ ᠤᠨ ᠳᠡᠮᠵᠢᠯᠭᠡ ᠶᠢᠨ ᠬᠦᠳᠦᠯᠥᠨ ᠵᠢᠯᠥᠭᠤᠳᠬᠤ᠂ ᠨᠡᠶᠢᠭᠡᠮ ᠤᠨ ᠬᠦᠷᠦᠩᠭᠡ | ᠦᠷᠭᠡᠨ ᠢᠶᠠᠷ ᠣᠷᠣᠯᠴᠠᠭᠰᠠᠨ ᠳᠡᠷᠢᠶᠡᠯᠡᠩ ᠤᠨ ᠳᠠᠭᠠᠳᠬᠠᠯ ᠤᠨ ᠶᠡᠭᠡ ᠭᠠᠮᠰᠢᠭ ᠤᠨ ᠳᠥᠭᠰᠢᠬᠦᠷᠢ ᠵᠠᠶᠢᠳᠠᠭᠤᠯᠬᠤ | ᠲᠤᠠᠠᠳᠡᠴᠠ ᠶᠢ ᠪᠠᠶᠢᠭᠤᠯᠵᠦ᠂ ︽ᠣᠯᠡᠨ ᠳᠡᠯ᠎ᠠ ᠶᠢᠨ ᠬᠢᠨ ᠣᠷᠣᠯᠴᠬᠠᠥ᠂ ᠳᠥᠭᠰᠢᠬᠦᠷᠢ ᠶᠢ ᠬᠠᠮᠳᠣᠪᠡᠷ ᠡᠬᠦᠷᠭᠡᠯᠡᠬᠦ᠂ | ᠣᠯᠡᠨ ᠳᠠᠪᠬᠤᠷᠭ᠎ᠠ ᠪᠠᠷ ᠵᠠᠶᠢᠳᠠᠭᠤᠯᠬᠤ︾ ᠠᠪᠤᠷᠡᠨ ᠳᠡᠳᠬᠦᠬᠦ ᠵᠬᠠᠪᠤᠷ ᠢ ᠪᠦᠷᠢᠯᠳᠦᠬᠦᠯᠵᠦ᠂ ᠬᠦᠨᠳᠦ ᠶᠡᠭᠡ | ᠪᠠᠶᠢᠭᠠᠯᠢ ᠶᠢᠨ ᠭᠠᠮᠰᠢᠭ ᠢ ᠬᠤᠷᠢᠠᠠᠯᠠᠬᠤ ᠴᠢᠳᠡᠪᠦᠷᠢ ᠶᠢ ᠨᠢ ᠴᠢᠩᠭᠠᠷᠡᠭᠤᠯᠥᠨ᠎ᠠ᠃ | 3. ᠳᠠᠭᠠᠳᠬᠠᠯ ᠤᠨ ᠦᠢᠯᠡᠴᠢᠯᠡᠭᠡᠨ ᠤ ᠠᠵᠦ ᠠᠬᠤᠢ ᠶᠢᠨ ᠪᠦᠳᠦᠴᠡ ᠶᠢᠨ ᠲᠣᠬᠢᠷᠡᠭᠤᠯᠥᠯᠳᠡ ᠶᠢ | ᠠᠬᠢᠭᠤᠯᠥᠨ᠎ᠠ᠃ ᠲᠣᠷᠰᠢᠯᠳᠡ ᠶᠢᠨ ᠬᠤᠰᠢᠭᠤ ᠰᠢᠶᠡᠨ ︵ᠬᠤᠳᠡ᠂ ᠲᠤᠭᠤᠷᠢᠭ︶ ᠳᠤ ᠣᠷᠢᠳᠡᠪᠡᠷ ᠵᠢᠵᠢᠭ ᠪᠢᠴᠢᠯ | ᠠᠵᠦ ᠠᠬᠤᠶᠢᠯᠠᠯ ᠤᠨ ᠢᠳᠡᠭᠡᠮᠵᠢ ᠶᠢᠨ ᠳᠠᠭᠠᠳᠬᠠᠯ ᠪᠤᠯᠥᠨ ᠵᠢᠭᠡᠯᠡᠯᠭᠡ ᠶᠢᠨ ᠪᠠᠳᠣᠯᠠᠭ᠎ᠠ ᠶᠢᠨ ᠳᠠᠭᠠᠳᠬᠠᠯ ᠢ | ᠦᠷᠨᠢᠬᠦᠯᠵᠦ᠂ ᠵᠢᠵᠢᠭ ᠪᠢᠴᠢᠯ ᠠᠵᠦ ᠠᠬᠤᠶᠢᠯᠠᠯ ᠤᠨ ᠪᠡᠯᠡ ᠲᠣᠬᠢᠷᠡᠭᠤᠯᠭ᠎ᠠ ᠬᠢᠬᠦ ᠴᠢᠳᠡᠪᠦᠷᠢ ᠶᠢ ᠴᠢᠩᠭᠠᠷᠡᠭᠤᠯᠥᠨ᠎ᠠ | ᠃ ᠲᠣᠷᠰᠢᠯᠳᠡ ᠶᠢᠨ ᠬᠤᠰᠢᠭᠤ ᠰᠢᠶᠡᠨ ︵ᠬᠤᠳᠡ᠂ ᠲᠤᠭᠤᠷᠢᠭ︶ ᠨᠤᠭᠤᠳ ᠤᠨ ᠬᠤᠳᠠᠯᠳᠣᠭᠠᠨ ᠤ ᠳᠠᠭᠠᠳᠬᠠᠯ ᠤᠨ | ᠺᠣᠮᠫᠠᠨᠢ ᠠᠴᠠ ᠦᠢᠯᠡᠴᠢᠯᠡᠭᠡ ᠬᠤᠳᠠᠯᠳᠣᠨ ᠠᠪᠠᠨ᠋ᠥ ᠵᠡᠷᠭᠡ ᠠᠷᠭ᠎ᠠ ᠮᠠᠶ᠋ᠢᠭ ᠢᠶᠠᠷ ᠳᠡᠮᠵᠢᠭᠤᠯᠥᠨ ᠨᠠᠰᠣᠳᠡᠨ ᠢ ᠠᠰᠠᠷᠠᠬᠤ | ᠂ ᠡᠮᠴᠢᠯᠡᠭᠡᠨ ᠤ ᠳᠠᠭᠠᠳᠬᠠᠯ ᠤᠨ ᠡᠯ᠎ᠠ ᠳᠥᠷᠦᠯ ᠤᠨ ᠦᠢᠯᠡᠴᠢᠯᠡᠭᠡᠨ ᠢ ᠦᠷᠨᠢᠬᠦᠯᠵᠦ᠂ ᠨᠡᠶᠢᠭᠡᠮ ᠤᠨ | ᠬᠠᠮᠢᠶᠡᠷᠦᠯᠳᠡ ᠶᠢᠨ ᠦᠷ᠎ᠠ ᠠᠰᠢᠭ ᠢ ᠳᠡᠭᠡᠭᠰᠢᠯᠡᠬᠦᠯᠥᠨ᠎ᠠ᠃ | 4. ᠳᠠᠭᠠᠳᠬᠠᠯ ᠤᠨ ᠪᠡᠯᠡ ᠮᠦᠡᠭᠬᠦ ᠶᠢ ᠰᠢᠶᠡᠨ ᠤ ᠭᠡᠪᠴᠢᠶᠡᠨ ᠳᠤ ᠪᠡᠯᠡ ᠣᠷᠣᠭᠤᠯᠥᠭᠤᠯᠬᠤ ᠪᠠᠷ ᠴᠢᠷᠮᠠᠶᠢᠨ᠎ᠠ | ᠃ ᠳᠠᠭᠠᠳᠬᠠᠯ ᠤᠨ ᠪᠡᠯᠡ ᠮᠦᠡᠭᠬᠦ ᠨᠢ ᠠᠪᠤᠴᠠᠭᠠᠨ ᠤ ᠡᠷᠬᠡ ᠶᠢᠨ ᠪᠡᠯᠡ ᠣᠷᠣᠭᠤᠯᠬᠤ ᠳᠥᠯᠥᠪᠯᠡᠭᠡ᠂ ᠰᠲ᠋ᠥᠺ ᠤᠨ | ᠡᠷᠭᠡ ᠶᠢᠨ ᠪᠡᠯᠡ ᠣᠷᠣᠭᠤᠯᠬᠤ ᠳᠥᠯᠥᠪᠯᠡᠭᠡ ᠵᠡᠷᠭᠡ ᠠᠷᠭ᠎ᠠ ᠮᠠᠶ᠋ᠢᠭ ᠢ ᠠᠰᠢᠠᠠᠯᠠᠨ᠂ ᠰᠢᠶᠡᠨ ᠤ ᠭᠡᠪᠴᠢᠶᠡᠨ ᠤ | ᠴᠢᠬᠤᠯᠡ ᠶᠡᠭᠡ ᠰᠠᠭᠤᠷᠢ ᠪᠡᠯᠡᠳᠭᠡᠮᠵᠢ᠂ ᠳᠦᠬᠦᠮ ᠪᠦᠳᠦᠬᠦᠯᠢᠭ ᠣᠷᠣᠨ ᠰᠠᠭᠤᠴᠠᠳᠤ ᠲᠤᠭᠤᠷᠢᠭ ᠢ ᠦᠭᠡᠷᠡᠴᠢᠯᠡᠨ | ᠰᠢᠨᠡᠳᠭᠡᠬᠦ᠂ ᠬᠤᠳᠡ ᠪᠠᠯᠭᠠᠰᠣᠵᠢᠯᠳᠡ ᠶᠢᠨ ᠪᠦᠳᠦᠭᠡᠨ ᠪᠠᠶᠢᠭᠤᠯᠥᠯᠳᠡ ᠵᠡᠷᠭᠡ ᠠᠷᠡᠳ ᠤᠨ ᠠᠮᠢᠳᠣᠷᠡᠯ ᠤᠨ | ᠢᠨᠵᠧᠨᠧᠷᠢᠩ ᠪᠠ ᠴᠢᠬᠤᠯᠡ ᠶᠡᠭᠡ ᠢᠨᠵᠧᠨᠧᠷᠢᠩ ᠢ ᠳᠡᠮᠵᠢᠨ᠎ᠠ᠃ | 5. ᠳᠡᠷᠢᠶᠡᠯᠡᠩ ᠮᠠᠯ ᠠᠵᠦ ᠠᠬᠤᠢ ᠶᠢᠨ ᠳᠠᠭᠠᠳᠬᠠᠯ ᠤᠨ ᠰᠢᠰᠲ᠋ᠤᠮᠵᠢ ᠶᠢ ᠪᠠᠶᠢᠭᠤᠯᠥᠨ ᠪᠦᠷᠢᠨᠰᠢᠬᠦᠯᠥᠨ᠎ᠠ᠃ | ᠳᠡᠷᠢᠶᠡᠯᠡᠩ ᠤᠨ ᠳᠠᠭᠠᠳᠬᠠᠯ ᠢ ᠡᠷᠬᠢᠯᠡᠨ ᠬᠦᠢᠴᠡᠳᠭᠡᠬᠦ ᠪᠠᠶᠢᠭᠤᠯᠥᠮᠵᠢ ᠬᠢᠬᠡᠳ ᠰᠣᠮᠥ ᠰᠢᠶᠡᠩ ᠪᠠᠯᠭᠠᠰᠣ ᠶᠢᠨ | ᠠᠷᠡᠳ ᠤᠨ ᠵᠠᠰᠠᠭ ᠤᠨ ᠣᠷᠳᠣᠨ ᠯᠤᠭ᠎ᠠ ᠬᠠᠮᠳᠣᠷᠡᠯᠴᠠᠭ᠎ᠠ ᠪᠠᠨ ᠴᠢᠩᠭᠠᠳᠬᠠᠬᠤ ᠶᠢ ᠳᠡᠮᠵᠢᠵᠦ᠂ ᠰᠢᠶᠡᠨ ᠤ | ᠭᠡᠪᠴᠢᠶᠡᠨ ᠤ ᠬᠤᠪᠢᠶᠡᠷᠢ ᠪᠠᠶᠢᠭᠤᠯᠥᠮᠵᠢ ᠪᠠᠷ ᠳᠥᠰᠢᠭ ᠪᠤᠯᠭᠠᠨ᠂ ᠵᠠᠰᠠᠭ ᠵᠠᠬᠢᠷᠭᠠᠨ ᠤ ᠦᠢᠯᠡᠴᠢᠯᠡᠭᠡᠨ ᠤ ᠡᠬᠢ | ᠪᠠᠶᠠᠯᠢᠭ ᠢ ᠡᠮᠬᠢᠯᠡᠨ ᠨᠡᠶᠢᠯᠡᠬᠦᠯᠵᠦ᠂ ᠰᠣᠮᠥ ᠰᠢᠶᠡᠩ ᠪᠠᠯᠭᠠᠰᠣ᠂ ᠭᠠᠴᠠᠭ᠎ᠠ ᠲᠣᠰᠬᠤᠨ ᠳᠤ ︽ᠮᠠᠯ ᠳᠡᠷᠢᠶᠡᠯᠡᠩ | ᠮᠠᠯᠵᠢᠬᠤ ᠳᠡᠷᠢᠶᠡᠯᠠᠬᠤ ᠣᠷᠣᠨ ᠮᠠᠯᠴᠢᠨ ᠳᠡᠷᠢᠶᠡᠴᠢᠨ︾ ᠤ ᠳᠠᠭᠠᠳᠬᠠᠯ ᠤᠨ ᠦᠨᠳᠣᠰᠣᠨ ᠱᠠᠳᠣᠨ ᠤ | ᠦᠢᠯᠡᠴᠢᠯᠡᠭᠡᠨ ᠤ ᠦᠷᠲᠡᠭᠡ ︵ᠴᠢᠬ︶ ᠪᠠᠶᠢᠭᠤᠯᠵᠦ᠂ ᠳᠠᠭᠠᠳᠬᠠᠯ ᠳᠤ ᠣᠷᠣᠯᠴᠠᠬᠤ ᠦᠢᠯᠡᠴᠢᠯᠡᠭᠡᠨ᠂ ᠲᠣᠬᠠᠢ ᠶᠢᠨ | ᠭᠠᠵᠡᠷ ᠤᠨ ᠬᠠᠶᠢᠨ ᠪᠠᠶᠢᠴᠠᠭᠠᠯᠳᠡ᠂ ᠭᠠᠮᠰᠢᠭ ᠤᠨ ᠳᠡᠷᠠᠭ᠎ᠠ ᠳᠥᠯᠥᠬᠦ ᠵᠡᠷᠭᠡ ᠳᠠᠭᠠᠳᠬᠠᠯ ᠤᠨ ᠦᠢᠯᠡᠴᠢᠯᠡᠭᠡᠨ ᠤ | ᠶᠠᠰᠣ ᠴᠢᠨᠡᠷ ᠪᠠ ᠦᠷ᠎ᠠ ᠪᠦᠳᠦᠮᠵᠢ ᠶᠢ ᠳᠡᠭᠡᠭᠰᠢᠯᠡᠬᠦᠯᠦᠨ᠎ᠡ᠃ | ︵ᠲᠠᠪᠤ︶ ᠡᠯ᠎ᠠ ᠳᠥᠷᠦᠯ ᠤᠨ ᠮᠦᠡᠭᠬᠦᠨ ᠬᠦᠢᠯᠭᠡᠭᠡᠨ ᠤ ᠪᠠᠶᠢᠭᠤᠯᠥᠮᠵᠢ ᠶᠢᠨ ᠦᠪᠡᠷᠮᠢᠴᠡ ᠳᠡᠪᠡᠭᠤᠯᠢᠭ | ᠦᠢᠯᠡᠳᠣᠯ ᠢ ᠰᠠᠶᠢᠳᠣᠷ ᠪᠠᠳᠡᠷᠡᠭᠤᠯᠥᠨ᠎ᠠ᠃ | 1. ᠲᠣᠷᠰᠢᠯᠳᠡ ᠶᠢᠨ ᠬᠤᠰᠢᠭᠤ ᠰᠢᠶᠡᠨ ︵ᠬᠤᠳᠡ᠂ ᠲᠤᠭᠤᠷᠢᠭ︶ ᠳᠤ ᠣᠷᠢᠳᠡᠪᠡᠷ ᠪᠠᠭ᠎ᠠ ᠲᠤᠭ᠎ᠠ ᠶᠢᠨ | ᠵᠢᠭᠡᠯᠡᠯᠭᠡ ᠶᠢᠨ ᠺᠣᠮᠫᠠᠨᠢ᠂ ᠪᠡᠯᠡ ᠲᠣᠬᠢᠷᠡᠭᠤᠯᠭ᠎ᠠ ᠬᠢᠬᠦ ᠴᠢᠨᠡᠷᠳᠡᠢ ᠳᠠᠭᠠᠭᠠᠯᠳᠡ ᠶᠢᠨ ᠺᠣᠮᠫᠠᠨᠢ ᠪᠠᠶᠢᠭᠤᠯᠥᠨ᠎ᠠ᠃ | ᠲᠣᠷᠰᠢᠯᠳᠡ ᠶᠢᠨ ᠬᠤᠰᠢᠭᠤ ᠰᠢᠶᠡᠨ ︵ᠬᠤᠳᠡ᠂ ᠲᠤᠭᠤᠷᠢᠭ︶ ᠳᠤ ᠣᠷᠢᠳᠡᠪᠡᠷ ᠪᠠᠭ᠎ᠠ ᠲᠤᠭ᠎ᠠ ᠶᠢᠨ ᠵᠢᠭᠡᠯᠡᠯᠭᠡ ᠶᠢᠨ | ᠺᠣᠮᠫᠠᠨᠢ ᠪᠤᠶᠤ ᠬᠤᠪᠢᠶᠡᠷᠢ ᠪᠠᠶᠢᠭᠤᠯᠥᠮᠵᠢ ᠶᠢ ᠪᠠᠶᠢᠭᠤᠯᠵᠦ᠂ ᠰᠢᠶᠡᠨ ᠤ ᠭᠡᠪᠴᠢᠶᠡᠨ ᠳᠠᠬᠢ ᠢᠳᠡᠭᠡᠮᠵᠢᠳᠦ | ᠵᠢᠭᠡᠯᠡᠯᠭᠡ ᠶᠢᠨ ᠬᠠᠩᠭᠠᠯᠭ᠎ᠠ ᠶᠢ ᠪᠦᠳᠦᠮᠵᠢᠳᠡᠢ ᠨᠡᠮᠡᠭᠳᠡᠬᠦᠯᠦᠨ᠎ᠠ︔ ᠳᠡᠷᠢᠶᠡᠯᠡᠩ ᠮᠠᠯ ᠠᠵᠦ ᠠᠬᠤᠢ ᠶᠢᠨ ᠢᠳᠡᠭᠡᠮᠵᠢᠳᠦ | ᠵᠢᠭᠡᠯᠡᠯᠭᠡ ᠶᠢᠨ ᠪᠡᠯᠡ ᠲᠣᠬᠢᠷᠡᠭᠤᠯᠭ᠎ᠠ ᠬᠢᠬᠦ ᠳᠠᠭᠠᠭᠠᠯᠳᠡ ᠶᠢᠨ ᠬᠤᠪᠢᠶᠡᠷᠢ ᠪᠠᠶᠢᠭᠤᠯᠥᠮᠵᠢ ᠪᠠ ᠭᠡᠷᠩ ᠡᠷᠬᠢᠯᠡᠬᠦ | ᠭᠠᠵᠡᠷ ᠢ ᠣᠷᠢᠳᠡᠪᠡᠷ ᠪᠠᠶᠢᠭᠤᠯᠵᠦ᠂ ᠠᠮᠥ ᠪᠤᠳᠠᠭ᠎ᠠ ᠶᠢᠨ ᠭᠡᠪᠴᠢᠶᠡᠵᠢᠭᠰᠡᠨ ᠡᠵᠡᠩᠨᠡᠯᠳᠡ ᠪᠠ ᠳᠡᠷᠢᠶᠡᠯᠡᠩ ᠮᠠᠯ ᠠᠵᠦ | ᠠᠬᠤᠢ ᠶᠢᠨ ᠦᠢᠯᠡᠳᠪᠦᠷᠢᠯᠡᠯ ᠤᠨ ᠬᠦᠭᠵᠢᠯᠳᠡ ᠶᠢ ᠳᠡᠮᠵᠢᠵᠦ᠂ ᠳᠡᠷᠢᠶᠡᠯᠡᠩ ᠮᠠᠯ ᠠᠵᠦ ᠠᠬᠤᠢ ᠶᠢᠨ | ᠬᠦᠭᠵᠢᠯᠲᠡ ᠳᠤ ᠪᠡᠯᠡ ᠲᠣᠬᠢᠷᠡᠭᠤᠯᠭ᠎ᠠ ᠬᠢᠬᠦ ᠳᠤ ᠬᠦᠴᠢᠷᠳᠡᠢ᠂ ᠪᠡᠯᠡ ᠲᠤᠬᠢᠷᠡᠭᠤᠯᠭ᠎ᠠ ᠬᠢᠬᠦ ᠳᠤ ᠦᠨᠡᠳᠡᠢ ᠪᠠᠶᠢᠬᠤ | ᠠᠰᠠᠭᠤᠳᠡᠯ ᠢ ᠠᠯᠬᠤᠮ ᠠᠯᠬᠤᠮ ᠢᠶᠠᠷ ᠬᠤᠪᠢᠷᠡᠭᠤᠯᠬᠤ ᠪᠠ ᠰᠠᠶᠢᠵᠢᠷᠡᠭᠤᠯᠥᠨᠠ᠃ | 2. ᠬᠦᠳᠡᠯᠬᠦ ᠬᠦᠷᠦᠩᠭᠡ ᠪᠠᠷ ᠳᠡᠨᠵᠢᠯᠡᠬᠤ ᠶᠢ ᠢᠳᠡᠪᠬᠢᠳᠡᠢ ᠪᠠᠷ ᠦᠷᠨᠢᠬᠦᠯᠥᠨ᠎ᠠ᠃ ᠦᠪᠤᠷ ᠮᠣᠩᠭᠤᠯ ᠤᠨ | ᠡᠾᠸᠡᠭ ᠶᠢᠨ ᠳᠠᠭᠠᠭᠠᠯᠳᠡ ᠶᠢᠨ ᠵᠦᠢᠯᠡᠰ ᠵᠡᠷᠭᠡ ᠺᠣᠮᠫᠠᠨᠢ ᠨᠢ ᠲᠣᠷᠰᠢᠯᠳᠡ ᠶᠢᠨ ᠬᠤᠰᠢᠭᠤ ᠰᠢᠶᠡᠨ ︵ᠬᠤᠳᠡ᠂ | ᠲᠤᠭᠤᠷᠢᠭ︶ ᠳᠤ ᠣᠷᠢᠳᠡᠪᠡᠷ ᠵᠢᠬᠦᠷᠳᠡᠨ ᠤ ᠬᠦᠳᠡᠯᠬᠦ ᠬᠦᠷᠦᠩᠬᠡ ᠪᠠᠷ ᠪᠠᠷᠢᠴᠠᠭᠠᠯᠠᠬᠤ᠂ ᠪᠡᠷᠢᠮᠵᠢᠶᠡᠳᠦ | ᠬᠦᠮᠥᠷᠭᠡ ᠶᠢᠨ ᠬᠠᠭᠤᠳᠠᠰᠤ ᠪᠠᠷ ᠳᠡᠨᠵᠢᠯᠡᠵᠦ ᠪᠡᠯᠡ ᠲᠣᠬᠢᠷᠡᠭᠤᠯᠭ᠎ᠠ ᠬᠢᠬᠦ ᠵᠡᠷᠭᠡ ᠦᠢᠯᠡᠴᠢᠯᠡᠭᠡᠨ ᠢ ᠦᠷᠨᠢᠬᠦᠯᠵᠦ᠂ | ᠪᠠᠩᠬᠢ᠂ ᠠᠵᠦ ᠠᠬᠤᠶᠢᠯᠠᠯ᠂ ᠬᠦᠮᠥᠷᠭᠡᠯᠡᠨ ᠬᠠᠳᠠᠭᠠᠯᠠᠬᠤ ᠭᠤᠷᠪᠠᠭᠤᠯᠡ ᠶᠢᠨ ᠬᠤᠭᠤᠷᠣᠨᠳᠦ ᠪᠠᠨ ᠬᠠᠷᠢᠯᠴᠠᠨ | ᠳᠡᠮᠵᠢᠵᠦ ᠬᠠᠮᠵᠢᠯᠴᠠᠬᠤ ᠲᠤᠠᠠᠳᠡᠴᠠ ᠳᠤ ᠰᠢᠨ᠎ᠡ ᠶᠢ ᠡᠬᠦᠳᠴᠥ᠂ ᠳᠠᠭᠠᠭᠠᠯᠳᠡ ᠶᠢᠨ ᠵᠦᠢᠯᠡᠰ ᠤᠨ | ᠬᠠᠮᠢᠶᠡᠷᠦᠯᠳᠡ ᠶᠢᠨ ᠦᠢᠯᠡᠴᠢᠯᠡᠭᠡᠨ ᠢᠶᠠᠷ ᠠᠵᠦ ᠠᠬᠤᠶᠢᠯᠠᠯ ᠤᠨ ᠬᠦᠳᠡᠯᠬᠦ ᠬᠦᠷᠦᠩᠭᠡ ᠶᠢᠨ ᠡᠬᠢ ᠪᠠᠶᠠᠯᠢᠭ ᠢ | ᠠᠮᠢᠯᠠᠭᠤᠯᠵᠦ᠂ ᠲᠤᠮᠳᠡ ᠵᠢᠵᠢᠭ ᠠᠵᠦ ᠠᠬᠤᠶᠢᠯᠠᠯ ᠤᠨ ᠳᠥᠷᠬᠡᠨ ᠬᠦᠭᠵᠢᠬᠦ ᠶᠢ ᠳᠡᠮᠵᠢᠨ᠎ᠠ᠃ | 3. ᠮᠠᠯᠵᠢᠬᠤ ᠳᠡᠷᠢᠶᠡᠯᠠᠬᠤ ᠣᠷᠣᠨ ᠤ ᠦᠮᠴᠢᠯᠡᠬᠦ ᠡᠷᠬᠡ ᠶᠢᠨ ᠠᠷᠡᠯᠵᠢᠶᠡᠨ ᠤ ᠵᠠᠬ᠎ᠠ ᠳᠡᠯᠭᠡᠬᠦᠷ ᠢ | ᠪᠠᠶᠢᠭᠤᠯᠥᠨ᠎ᠠ᠃ ᠲᠣᠷᠰᠢᠯᠳᠡ ᠶᠢᠨ ᠬᠤᠰᠢᠭᠤ ᠰᠢᠶᠡᠨ ︵ᠬᠤᠳᠡ᠂ ᠲᠤᠭᠤᠷᠢᠭ︶ ᠨᠢ ︽ᠮᠠᠯᠵᠢᠬᠤ ᠳᠡᠷᠢᠶᠡᠯᠠᠬᠤ | ᠣᠷᠣᠨ ᠤ ᠦᠮᠴᠢᠯᠡᠬᠦ ᠡᠷᠬᠡ ᠪᠠᠨ ᠰᠢᠯᠵᠢᠬᠦᠯᠵᠦ ᠠᠷᠠᠯᠵᠢᠶᠠᠯᠠᠬᠤ ᠵᠠᠬ᠎ᠠ ᠳᠡᠯᠭᠡᠬᠦᠷ ᠤᠨ ᠪᠦᠳᠦᠭᠡᠨ | ᠪᠠᠶᠢᠭᠤᠯᠤᠯᠳᠠ ᠶᠢᠨ ᠲᠤᠬᠠᠢ ᠦᠪᠤᠷ ᠮᠣᠩᠭᠤᠯ ᠤᠨ ᠦᠪᠡᠷᠳᠡᠭᠡᠨ ᠵᠠᠰᠬᠠᠥ ᠣᠷᠣᠨ ᠤ ᠠᠷᠡᠳ ᠤᠨ ᠵᠠᠰᠠᠭ ᠤᠨ | ᠣᠷᠳᠣᠨ ᠤ ᠠᠯᠪᠠᠨ ᠳᠢᠩᠬᠢᠮ ᠤᠨ ᠭᠡᠷᠡᠭᠵᠢᠬᠦᠯᠬᠦ ᠰᠠᠨᠠᠯ︾ ︵ᠦᠪᠤᠷ ᠵᠠᠰᠠᠭ ᠠᠯᠪᠠᠨ ᠲᠠᠷᠬᠠᠭᠠᠠᠠᠰᠠᠨ ﹇2015﹈ | 149 ᠳ᠋ᠣᠭᠡᠷ ᠲᠣᠭᠠᠳᠣ︶ ᠤᠨ ᠬᠠᠮᠢᠶ᠎ᠠ ᠪᠦᠬᠦᠢ ᠲᠣᠠᠠᠳᠠᠭᠠᠯ ᠢ ᠦᠨᠳᠣᠰᠣᠯᠡᠨ᠂ ᠮᠠᠯᠵᠢᠬᠤ ᠳᠡᠷᠢᠶᠡᠯᠠᠬᠤ ᠣᠷᠣᠨ ᠤ | ᠦᠮᠴᠢᠯᠡᠬᠦ ᠡᠷᠬᠡ ᠶᠢᠨ ᠠᠷᠡᠯᠵᠢᠶᠡᠨ ᠤ ᠵᠠᠬ᠎ᠠ ᠳᠡᠯᠭᠡᠬᠦᠷ ᠢ ᠰᠦᠪᠡᠭᠴᠢᠯᠡᠨ ᠪᠠᠶᠢᠭᠤᠯᠵᠦ ᠪᠤᠯᠥᠨ᠎ᠠ᠃ ᠬᠠᠮᠢᠶ᠎ᠠ ᠪᠦᠬᠦᠢ | ᠮᠦᠡᠭᠬᠦᠨ ᠬᠦᠢᠯᠭᠡᠭᠡᠨ ᠤ ᠪᠠᠶᠢᠭᠤᠯᠥᠮᠵᠢ ᠨᠢ ᠡᠮᠬᠢᠯᠡᠨ ᠨᠡᠶᠢᠯᠡᠬᠦᠯᠵᠦ ᠦᠨᠡᠯᠡᠨ ᠵᠢᠱᠢᠬᠦ᠂ ᠳᠠᠭᠠᠭᠠᠯᠳᠡ᠂ ᠮᠦᠡᠭᠬᠦᠨ | ᠬᠦᠢᠯᠭᠡᠭᠡᠨ᠂ ᠰᠠᠭᠤᠷᠢ ᠮᠦᠡᠭᠬᠦ ᠵᠡᠷᠭᠡ ᠮᠦᠡᠭᠬᠦᠨ ᠬᠦᠢᠯᠭᠡᠭᠡᠨ ᠤ ᠡᠯᠧᠮᠧᠨ᠋ᠲ ᠶᠣᠰᠣᠭᠠᠷ ᠵᠠᠬ᠎ᠠ ᠳᠡᠯᠭᠡᠬᠦᠷ ᠲᠤ | ᠣᠷᠣᠵᠦ ᠠᠵᠢᠯ ᠦᠷᠨᠢᠬᠦᠯᠥᠨ᠂ ᠶᠡᠷᠦᠩᠭᠡᠶᠢᠯᠡᠭᠰᠡᠨ ᠴᠢᠨᠡᠷᠳᠡᠢ ᠮᠦᠡᠭᠬᠦᠨ ᠬᠦᠢᠯᠭᠡᠭᠡᠨ ᠤ ᠦᠢᠯᠡᠴᠢᠯᠡᠭᠡᠨ ᠢ ᠬᠠᠩᠭᠠᠵᠦ | ᠂ ᠦᠢᠯᠡᠳᠪᠦᠷᠢᠯᠡᠯ ᠤᠨ ᠬᠦᠴᠣᠨ ᠵᠦᠢᠯ ᠤᠨ ᠬᠦᠢᠯᠭᠡᠭᠡᠨ ᠢ ᠳᠡᠮᠵᠢᠨ᠎ᠠ᠃ | 4. ᠠᠷᠡᠳ ᠤᠨ ᠲᠣᠮᠳᠡᠬᠢ ᠪᠡᠯᠡ ᠲᠣᠬᠢᠷᠡᠭᠤᠯᠭ᠎ᠠ ᠶᠢᠨ ᠡᠷᠡᠬᠦᠯ ᠢᠶᠠᠷ ᠬᠦᠭᠵᠢᠬᠦ ᠶᠢ ᠬᠦᠳᠦᠯᠥᠨ | ᠵᠢᠯᠥᠭᠤᠳᠣᠨ᠎ᠠ᠃ ᠠᠷᠡᠳ ᠤᠨ ᠲᠣᠮᠳᠡᠬᠢ ᠪᠡᠯᠡ ᠲᠣᠬᠢᠷᠡᠭᠤᠯᠭ᠎ᠠ ᠶᠢ ᠵᠢᠷᠦᠮᠵᠢᠭᠤᠯᠵᠦ ᠬᠦᠳᠦᠯᠥᠨ ᠵᠢᠯᠥᠭᠤᠳᠬᠤ | ᠲᠣᠷᠰᠢᠯᠳᠡ ᠶᠢᠨ ᠴᠢᠬ ᠤᠨ ᠬᠦᠷᠢᠶ᠎ᠠ ᠭᠡᠪᠴᠢᠶ᠎ᠠ ᠶᠢ ᠦᠷᠭᠡᠳᠭᠡᠵᠦ᠂ ᠠᠷᠡᠳ ᠤᠨ ᠲᠣᠮᠳᠡᠬᠢ ᠵᠢᠭᠡᠯᠡᠯᠭᠡ ᠵᠢᠭᠡᠯᠡᠵᠦ | ᠳᠡᠩᠰᠡᠯᠠᠨ ᠲᠡᠮᠳᠡᠭᠯᠡᠬᠦ ᠦᠢᠯᠡᠴᠢᠯᠡᠭᠡᠨ ᠤ ᠲᠥᠪ ᠢ ᠢᠳᠡᠪᠬᠢᠳᠡᠢ ᠪᠦᠭᠡᠳ ᠪᠤᠯᠭᠤᠮᠵᠢᠳᠡᠢ ᠪᠠᠷ ᠰᠦᠪᠡᠭᠴᠢᠯᠡᠨ | ᠬᠦᠭᠵᠢᠬᠦᠯᠵᠦ᠂ ᠠᠷᠡᠳ ᠤᠨ ᠲᠣᠮᠳᠡᠬᠢ ᠪᠡᠯᠡ ᠮᠦᠡᠭᠬᠦ ᠶᠢᠨ ᠬᠠᠩᠭᠠᠯᠭ᠎ᠠ ᠪᠠ ᠭᠡᠷᠡᠭᠴᠡᠭᠡ ᠱᠠᠭᠠᠷᠳᠡᠯᠭ᠎ᠠ ᠶᠢ ᠡᠮᠬᠢ | ᠳᠢᠭᠯᠢᠮ ᠲᠠᠢ ᠪᠠᠷ ᠵᠤᠯᠭᠠᠭᠤᠯᠵᠦ᠂ ᠠᠷᠠᠳ ᠤᠨ ᠲᠣᠮᠳᠡᠬᠢ ᠪᠡᠯᠡ ᠲᠣᠬᠢᠷᠡᠭᠤᠯᠭ᠎ᠠ ᠶᠢ ᠢᠯᠡ ᠪᠤᠯᠭᠠᠵᠦ | ᠵᠢᠷᠦᠮᠵᠢᠭᠤᠯᠥᠨ ᠬᠦᠭᠵᠢᠬᠦᠯᠬᠦ ᠶᠢ ᠠᠬᠢᠭᠤᠯᠥᠨ᠎ᠠ᠃ ᠠᠷᠡᠳ ᠤᠨ ᠲᠣᠮᠳᠡᠬᠢ ᠵᠢᠭᠡᠯᠡᠯᠭᠡ ᠵᠢᠭᠡᠯᠡᠵᠦ ᠳᠡᠩᠰᠡᠯᠠᠨ | ᠲᠡᠮᠳᠡᠭᠯᠡᠬᠦ ᠦᠢᠯᠡᠴᠢᠯᠡᠭᠡᠨ ᠤ ᠲᠥᠪ ᠢ ᠬᠦᠭᠵᠢᠬᠦᠯᠵᠦ᠂ ᠵᠠᠭᠤᠴᠢᠯᠠᠬᠤ ᠪᠠᠶᠢᠭᠤᠯᠥᠮᠵᠢ ᠶᠢ ᠳᠡᠳᠡᠨ ᠣᠷᠣᠭᠤᠯᠵᠦ | ᠪᠠᠶᠢᠭᠠᠳ ᠠᠷᠡᠳ ᠤᠨ ᠲᠣᠮᠳᠡᠬᠢ ᠵᠢᠭᠡᠯᠡᠯᠭᠡ ᠵᠢᠭᠡᠯᠡᠵᠦ ᠳᠡᠩᠰᠡᠯᠠᠨ ᠲᠡᠮᠳᠡᠭᠯᠡᠬᠦ᠂ ᠪᠤᠯᠵᠤᠭᠠᠳᠦ ᠠᠯᠪᠠᠨ ᠭᠡᠷᠡᠴᠢᠯᠡᠭᠡ | ᠬᠢᠬᠦ᠂ ᠡᠳ᠋ ᠬᠦᠷᠦᠩᠭᠡ ᠶᠢ ᠦᠨᠡᠯᠡᠨ ᠵᠢᠱᠢᠬᠦ ᠵᠡᠷᠭᠡ ᠦᠢᠯᠡᠴᠢᠯᠡᠭᠡ ᠶᠢ ᠬᠠᠩᠭᠠᠵᠦ᠂ ᠡᠯ᠎ᠠ ᠳᠥᠷᠦᠯ ᠤᠨ ᠪᠡᠯᠡ | ᠣᠷᠣᠭᠤᠯᠵᠦ ᠪᠡᠯᠡ ᠲᠣᠬᠢᠷᠡᠭᠤᠯᠭ᠎ᠠ ᠬᠢᠬᠦ ᠪᠠᠶᠢᠭᠤᠯᠥᠮᠵᠢ ᠶᠢ ᠣᠷᠣᠭᠤᠯᠥᠨ ᠰᠠᠭᠤᠯᠭᠠᠵᠦ᠂ ᠲᠣᠬᠠᠶᠢᠯᠬᠠᠰᠠᠨ ᠠᠵᠢᠯ ᠢ | ᠵᠢᠷᠦᠮᠵᠢᠭᠤᠯᠥᠨ ᠦᠷᠨᠢᠬᠦᠯᠥᠨ᠎ᠠ᠃ | 5. ᠰᠢᠶᠡᠨ ᠤ ᠭᠡᠪᠴᠢᠶᠡᠨ ᠤ ᠮᠦᠡᠭᠬᠦᠨ ᠬᠦᠢᠯᠭᠡᠭᠡᠨ ᠤ ᠪᠠᠶᠢᠭᠤᠯᠥᠮᠵᠢ ᠶᠢᠨ ᠵᠦᠢ ᠪᠤᠰᠣ ᠵᠢᠭᠡᠯᠡᠯᠭᠡ ᠶᠢ | ᠳᠥᠷᠭᠡᠳᠭᠡᠨ ᠰᠢᠢᠳᠪᠦᠷᠢᠯᠡᠨ᠎ᠠ᠃ ᠮᠦᠡᠭᠬᠦᠨ ᠬᠦᠢᠯᠭᠡᠭᠡᠨ ᠤ ᠡᠳ᠋ ᠬᠦᠷᠦᠩᠭᠡ ᠶᠢᠨ ᠬᠠᠮᠢᠶᠡᠷᠦᠯᠳᠡ ᠶᠢᠨ ᠺᠣᠮᠫᠠᠨᠢ ᠨᠢ | ᠲᠣᠷᠰᠢᠯᠳᠡ ᠶᠢᠨ ᠬᠤᠰᠢᠭᠤ ᠰᠢᠶᠡᠨ ︵ᠬᠤᠳᠡ᠂ ᠲᠤᠭᠤᠷᠢᠭ︶ ᠤ ᠵᠦᠢ ᠪᠤᠰᠣ ᠡᠳ᠋ ᠬᠦᠷᠦᠩᠭᠡ ᠪᠠᠨ | ᠰᠢᠢᠳᠪᠦᠷᠢᠯᠡᠬᠦ ᠳᠤ ᠳᠡᠮᠵᠢᠯᠭᠡ ᠦᠵᠡᠬᠦᠯᠵᠦ᠂ ᠵᠠᠬ᠎ᠠ ᠳᠡᠯᠭᠡᠬᠦᠷᠵᠢᠬᠦᠯᠥᠭᠰᠡᠨ ᠠᠷᠭ᠎ᠠ ᠪᠡᠷᠢᠯ ᠢ ᠢᠳᠡᠪᠬᠢᠳᠡᠢ ᠪᠠᠷ | ᠭᠡᠷᠡᠭᠯᠡᠨ᠂ ᠣᠯᠡᠨ ᠵᠠᠮ ᠮᠦᠷ ᠢᠶᠠᠷ ᠵᠦᠢ ᠪᠤᠰᠣ ᠡᠳ᠋ ᠬᠦᠷᠦᠩᠭᠡ ᠶᠢ ᠰᠢᠢᠳᠪᠦᠷᠢᠯᠡᠵᠦ᠂ ᠣᠷᠣᠨ ᠨᠣᠳᠤᠭ ᠤᠨ | ᠬᠠᠦᠯᠢ ᠶᠢᠨ ᠡᠷᠭᠡᠳᠡᠨ ᠤ ᠮᠦᠡᠭᠬᠦᠨ ᠬᠦᠢᠯᠭᠡᠭᠡᠨ ᠤ ᠪᠠᠶᠢᠭᠤᠯᠥᠮᠵᠢ ᠶᠢᠨ ᠰᠢᠨ᠎ᠡ ᠪᠠᠷ ᠨᠡᠮᠡᠭᠳᠡᠬᠦ ᠵᠢᠭᠡᠯᠡᠯᠭᠡ ᠳᠤ ᠣᠷᠣᠨ | ᠵᠠᠢ ᠭᠠᠷᠭᠠᠵᠦ ᠦᠭᠬᠦᠨ᠎ᠠ᠃ | ᠭᠤᠷᠪᠡ᠂ ᠵᠤᠬᠢᠶᠡᠨ ᠪᠠᠶᠢᠭᠤᠯᠵᠦ ᠪᠠᠳᠣᠯᠠᠬᠤ ᠠᠷᠭ᠎ᠠ ᠭᠡᠮᠵᠢᠶ᠎ᠠ | ︵ᠨᠢᠭᠡ︶ ᠵᠤᠬᠢᠶᠡᠨ ᠪᠠᠶᠢᠭᠤᠯᠥᠯᠳᠡ ᠶᠢᠨ ᠣᠳᠣᠷᠢᠳᠣᠯᠭ᠎ᠠ ᠪᠠ ᠰᠢᠮᠳᠠᠭᠤᠯᠤᠨ ᠵᠢᠯᠥᠭᠤᠳᠴᠥ ᠰᠢᠯᠭᠠᠨ | ᠬᠢᠨᠠᠬᠤ ᠶᠢ ᠴᠢᠩᠭᠠᠳᠬᠠᠨ᠎ᠠ᠃ ᠦᠪᠡᠷᠳᠡᠭᠡᠨ ᠵᠠᠰᠬᠠᠥ ᠣᠷᠣᠨ ᠤ ᠮᠦᠡᠭᠬᠦᠨ ᠬᠦᠢᠯᠭᠡᠭᠡᠨ ᠤ ᠠᠯᠪᠠᠨ ᠭᠡᠷ᠂ | ᠠᠷᠡᠳ ᠤᠨ ᠪᠠᠩᠬᠢ ᠶᠢᠨ ᠬᠦᠬᠡᠬᠤᠳᠡ ᠲᠥᠪ ᠰᠠᠯᠪᠦᠷᠢ ᠪᠠᠩᠬᠢ᠂ ᠦᠪᠤᠷ ᠮᠣᠩᠭᠤᠯ ᠤᠨ ᠪᠠᠩᠬᠢ ᠶᠢᠨ ᠦᠢᠯᠡᠰ ᠤᠨ | ᠬᠢᠨᠡᠯᠳᠡ ᠬᠠᠮᠢᠶᠡᠷᠦᠯᠳᠡ ᠶᠢᠨ ᠲᠣᠪᠴᠢᠶ᠎ᠠ᠂ ᠳᠠᠭᠠᠳᠬᠠᠯ ᠤᠨ ᠬᠢᠨᠡᠯᠳᠡ ᠬᠠᠮᠢᠶᠡᠷᠦᠯᠳᠡ ᠶᠢᠨ ᠲᠣᠪᠴᠢᠶ᠎ᠠ᠂ | ᠲᠡᠮᠳᠡᠭᠳᠦ ᠶᠢᠨ ᠬᠢᠨᠡᠯᠳᠡ ᠬᠠᠮᠢᠶᠡᠷᠦᠯᠳᠡ ᠶᠢᠨ ᠲᠣᠪᠴᠢᠶ᠎ᠠ ᠨᠢ ᠦᠪᠡᠷᠳᠡᠭᠡᠨ ᠵᠠᠰᠬᠠᠥ ᠣᠷᠣᠨ ᠤ ᠠᠷᠡᠳ ᠤᠨ | ᠵᠠᠰᠠᠭ ᠤᠨ ᠣᠷᠳᠣᠨ ᠤ ᠨᠢᠭᠡᠳᠦᠯᠳᠡᠢ ᠣᠳᠣᠷᠢᠳᠣᠯᠭ᠎ᠠ ᠲᠣᠣᠷ᠎ᠠ᠂ ᠡᠬᠦᠷᠭᠡ ᠬᠠᠷᠢᠭᠤᠴᠠᠯᠭ᠎ᠠ ᠶᠢᠨ ᠠᠵᠢᠯ ᠤᠨ | ᠬᠤᠪᠢᠶᠡᠷᠢᠯᠡᠯ ᠶᠣᠰᠣᠭᠠᠷ᠂ ᠬᠠᠮᠵᠢᠯᠴᠠᠨ ᠵᠤᠬᠢᠴᠠᠯᠳᠣᠵᠦ᠂ ᠬᠠᠮᠳᠣᠪᠡᠷ ᠬᠠᠷᠢᠭᠤᠴᠠᠨ᠂ ᠪᠦᠬᠦ ᠬᠦᠴᠣᠨ ᠢ | ᠪᠦᠷᠢᠯᠳᠦᠬᠦᠯᠵᠦ᠂ ᠪᠦᠬᠦ ᠣᠷᠣᠨ ᠤ ᠰᠢᠶᠡᠨ ᠤ ᠭᠡᠪᠴᠢᠶᠡᠨ ᠤ ᠮᠦᠡᠭᠬᠦᠨ ᠬᠦᠢᠯᠭᠡᠭᠡᠨ ᠤ ᠢᠨᠵᠧᠨᠧᠷᠢᠩ ᠤᠨ | ᠲᠣᠷᠰᠢᠯᠳᠡ ᠶᠢᠨ ᠴᠢᠬ ᠤᠨ ᠠᠵᠢᠯ ᠢ ᠢᠳᠡᠪᠬᠢᠳᠡᠢ ᠪᠠᠷ ᠵᠤᠬᠢᠶᠡᠨ ᠪᠠᠶᠢᠭᠤᠯᠥᠨ ᠭᠡᠷᠡᠭᠵᠢᠬᠦᠯᠵᠦ᠂ ᠲᠣᠠᠠᠳᠠᠮᠠᠯ | ᠬᠤᠭᠤᠴᠠᠭ᠎ᠠ ᠲᠠᠢ ᠪᠠᠷ ᠠᠵᠢᠯ ᠲᠣᠬᠢᠷᠡᠭᠤᠯᠬᠤ ᠬᠤᠷᠡᠯ ᠬᠤᠷᠡᠯᠳᠣᠭᠤᠯᠵᠦ᠂ ᠠᠵᠢᠯ ᠤᠨ ᠲᠣᠮᠳᠡᠬᠢ ᠬᠦᠴᠢᠷᠳᠡᠯ ᠪᠠ | ᠠᠰᠠᠭᠤᠳᠡᠯ ᠢ ᠵᠤᠬᠢᠴᠠᠭᠤᠯᠥᠨ ᠰᠢᠢᠳᠪᠦᠷᠢᠯᠡᠨ᠎ᠠ︔ ᠰᠢᠶᠡᠨ ᠤ ᠭᠡᠪᠴᠢᠶᠡᠨ ᠤ ᠮᠦᠡᠭᠬᠦᠨ ᠬᠦᠢᠯᠭᠡᠭᠡᠨ ᠤ | ᠢᠨᠵᠧᠨᠧᠷᠢᠩ ᠤᠨ ᠲᠣᠷᠰᠢᠯᠳᠡ ᠶᠢᠨ ᠴᠢᠬ ᠢ ᠭᠡᠷᠡᠭᠵᠢᠬᠦᠯᠥᠭᠰᠡᠨ ᠪᠠᠶᠢᠳᠡᠯ ᠳᠤ ᠮᠦᠷᠳᠡᠵᠦ ᠰᠢᠮᠳᠠᠭᠤᠯᠤᠨ | ᠵᠢᠯᠥᠭᠤᠳᠬᠤ ᠪᠠᠨ ᠴᠢᠩᠭᠠᠳᠬᠠᠵᠦ᠂ ᠮᠦᠡᠭᠬᠦᠨ ᠬᠦᠢᠯᠭᠡᠭᠡᠨ ᠤ ᠪᠠᠶᠢᠭᠤᠯᠥᠮᠵᠢ ᠶᠢᠨ ᠰᠢᠶᠡᠨ ᠤ ᠭᠡᠪᠴᠢᠶᠡᠨ ᠤ | ᠮᠦᠡᠭᠬᠦᠨ ᠬᠦᠢᠯᠭᠡᠭᠡᠨ ᠭᠡᠷᠡᠭᠵᠢᠬᠦᠯᠥᠭᠰᠡᠨ ᠳᠤ ᠠᠵᠢᠯ ᠤᠨ ᠠᠮᠵᠢᠯᠳᠡ ᠪᠦᠳᠦᠮᠵᠢ ᠶᠢ ᠰᠢᠯᠭᠠᠨ ᠬᠢᠨᠠᠬᠤ ᠶᠢ | ᠭᠡᠷᠡᠭᠵᠢᠬᠦᠯᠥᠨ᠎ᠠ︔ ᠰᠢᠶᠡᠨ ᠤ ᠭᠡᠪᠴᠢᠶᠡᠨ ᠤ ᠵᠢᠭᠡᠯᠡᠯᠭᠡ᠂ ᠰᠢᠭᠤᠳ ᠪᠡᠯᠡ ᠲᠣᠬᠢᠷᠡᠭᠤᠯᠭ᠎ᠠ ᠬᠢᠬᠦ᠂ ᠳᠠᠭᠠᠳᠬᠠᠯ | ᠵᠡᠷᠭᠡ ᠮᠦᠡᠭᠬᠦᠨ ᠬᠦᠢᠯᠭᠡᠭᠡᠨ ᠤ ᠲᠤᠭ᠎ᠠ ᠪᠦᠷᠢᠳᠭᠡᠯ ᠤᠨ ᠠᠵᠢᠯ ᠢ ᠴᠢᠩᠭᠠᠳᠬᠠᠵᠦ᠂ ᠰᠢᠶᠡᠨ ᠤ ᠭᠡᠪᠴᠢᠶᠡᠨ ᠤ ᠠᠵᠦ | ᠠᠬᠤᠢ ᠶᠢ ᠳᠡᠮᠵᠢᠭᠰᠡᠨ ᠮᠦᠡᠭᠬᠦᠨ ᠬᠦᠢᠯᠭᠡᠭᠡᠨ ᠤ ᠪᠠᠶᠢᠭᠤᠯᠥᠮᠵᠢ ᠶᠢᠨ ᠪᠠᠶᠢᠳᠡᠯ ᠢ ᠪᠦᠬᠦ ᠳᠡᠯ᠎ᠠ ᠪᠠᠷ᠂ ᠴᠠᠭ | ᠲᠣᠬᠠᠢ ᠳᠤᠨᠢ᠂ ᠵᠥᠪ ᠣᠨᠣᠪᠴᠢᠳᠡᠢ ᠲᠣᠰᠬᠠᠨ᠎ᠠ᠃ ᠡᠯ᠎ᠠ ᠠᠶᠢᠮᠠᠭ ᠤᠨ ᠵᠠᠬᠢᠷᠭ᠎ᠠ᠂ ᠬᠤᠳᠡ ᠶᠢᠨ ᠠᠷᠡᠳ ᠤᠨ | ᠵᠠᠰᠠᠭ ᠤᠨ ᠣᠷᠳᠣᠨ᠂ ᠡᠯ᠎ᠠ ᠲᠣᠷᠰᠢᠯᠳᠡ ᠶᠢᠨ ᠬᠤᠰᠢᠭᠤ ᠰᠢᠶᠡᠨ ︵ᠬᠤᠳᠡ᠂ ᠲᠤᠭᠤᠷᠢᠭ︶ ᠤ ᠠᠷᠡᠳ ᠤᠨ | ᠵᠠᠰᠠᠭ ᠤᠨ ᠣᠷᠳᠣᠨ ᠨᠢ ᠵᠤᠬᠢᠶᠡᠨ ᠪᠠᠶᠢᠭᠤᠯᠥᠯᠳᠡ ᠶᠢᠨ ᠣᠳᠣᠷᠢᠳᠣᠯᠭ᠎ᠠ ᠪᠠᠨ ᠦᠨᠡᠨᠬᠦ ᠴᠢᠩᠭᠠᠳᠬᠠᠵᠦ᠂ ᠠᠵᠢᠯ ᠤᠨ | ᠲᠤᠠᠠᠳᠡᠴᠠ ᠶᠢ ᠪᠠᠶᠢᠭᠤᠯᠥᠨ᠂ ᠨᠠᠷᠢᠨ ᠨᠢᠠᠠᠳᠡ ᠠᠵᠢᠯ ᠤᠨ ᠳᠥᠰᠥᠯ ᠢ ᠲᠣᠠᠠᠳᠠᠭᠠᠵᠦ᠂ ᠰᠢᠶᠡᠨ ᠤ ᠭᠡᠪᠴᠢᠶᠡᠨ ᠤ | ᠮᠦᠡᠭᠬᠦᠨ ᠬᠦᠢᠯᠭᠡᠭᠡᠨ ᠤ ᠢᠨᠵᠧᠨᠧᠷᠢᠩ ᠤᠨ ᠲᠣᠷᠰᠢᠯᠳᠡ ᠶᠢᠨ ᠴᠢᠬ ᠤᠨ ᠡᠯ᠎ᠠ ᠵᠦᠢᠯ ᠤᠨ ᠠᠵᠢᠯ ᠢ ᠢᠳᠡᠪᠬᠢᠳᠡᠢ | ᠪᠦᠭᠡᠳ ᠯᠠᠪᠳᠠᠭᠤᠨ ᠢᠶᠠᠷ ᠠᠬᠢᠭᠤᠯᠥᠨ᠎ᠠ᠃ | ︵ᠬᠤᠶᠡᠷ︶ ᠡᠳ᠋ ᠤᠨ ᠵᠠᠰᠠᠭ ᠭᠠᠶᠢᠯᠢ ᠶᠢᠨ ᠳᠥᠷᠥ ᠶᠢᠨ ᠪᠤᠳᠣᠯᠭ᠎ᠠ ᠪᠠᠷ ᠳᠡᠮᠵᠢᠬᠦ ᠡᠷᠴᠢᠮ ᠢ | ᠴᠢᠩᠭᠠᠷᠡᠭᠤᠯᠥᠨ᠎ᠠ᠃ ︽ᠡᠳ᠋ ᠤᠨ ᠵᠠᠰᠠᠭ ᠭᠠᠶᠢᠯᠢ ᠮᠦᠡᠭᠬᠦᠨ ᠬᠦᠢᠯᠭᠡᠭᠡᠨ ᠤ ᠬᠠᠮᠵᠢᠯᠴᠠᠨ ᠪᠤᠳᠡᠳᠣ ᠴᠣᠠᠠᠴᠠ ᠶᠢᠨ | ᠠᠵᠦ ᠠᠬᠤᠢ ᠶᠢᠨ ᠬᠦᠭᠵᠢᠯᠳᠡ ᠶᠢ ᠳᠡᠮᠵᠢᠵᠦ ᠠᠵᠦ ᠠᠬᠤᠶᠢᠯᠠᠯ ᠤᠨ ᠬᠦᠳᠡᠯᠥᠩᠬᠦᠢ ᠴᠢᠨᠡᠷ ᠢ ᠴᠢᠩᠭᠠᠳᠬᠠᠬᠤ | ᠲᠣᠬᠠᠢ ᠦᠪᠤᠷ ᠮᠣᠩᠭᠤᠯ ᠤᠨ ᠦᠪᠡᠷᠳᠡᠭᠡᠨ ᠵᠠᠰᠬᠠᠥ ᠣᠷᠣᠨ ᠤ ᠠᠷᠡᠳ ᠤᠨ ᠵᠠᠰᠠᠭ ᠤᠨ ᠣᠷᠳᠣᠨ ᠤ ᠰᠠᠨᠠᠯ︾ ︵ | ᠦᠪᠤᠷ ᠵᠠᠰᠠᠭ ᠲᠠᠷᠬᠠᠭᠠᠠᠠᠰᠠᠨ ﹇2016﹈ 28 ᠳ᠋ᠣᠭᠠᠷ ᠲᠤᠭᠠᠳᠣ︶ ᠤᠨ ᠵᠣᠷᠢᠭ ᠰᠠᠨᠠᠭ᠎ᠠ ᠶᠣᠰᠣᠭᠠᠷ᠂ ᠬᠤᠰᠢᠭᠤ | ᠰᠢᠶᠡᠨ ︵ᠬᠤᠳᠡ᠂ ᠲᠤᠭᠤᠷᠢᠭ︶ ᠤ ᠳᠠᠭᠠᠭᠠᠯᠳᠡ ᠬᠢᠬᠦ ︽ᠪᠡᠯᠡ ᠮᠦᠡᠭᠬᠦ ᠶᠢᠨ ᠳᠠᠳᠡᠭᠠᠯ︾ ᠪᠠᠶᠢᠭᠤᠯᠬᠤ ᠠᠵᠢᠯ ᠢ | ᠰᠠᠶᠢᠳᠣᠷ ᠬᠢᠵᠦ᠂ ᠲᠥᠪ ᠤᠨ ᠡᠳ᠋ ᠤᠨ ᠵᠠᠰᠠᠭ ᠤᠨ ᠶᠠᠳᠠᠭᠤ ᠶᠢ ᠳᠡᠳᠬᠦᠬᠦ ᠵᠢᠭᠡᠯᠡᠯᠭᠡ ᠶᠢᠨ ᠳᠡᠮ ᠬᠦᠥ ᠶᠢ | ᠢᠳᠡᠪᠬᠢᠳᠡᠢ ᠪᠠᠷ ᠨᠡᠶᠢᠳᠡᠪᠦᠷᠢᠵᠢᠭᠤᠯᠥᠨ᠂ ᠮᠠᠯᠵᠢᠬᠤ ᠳᠡᠷᠢᠶᠡᠯᠠᠬᠤ ᠤᠷᠤᠨ ᠤ ᠢᠳᠡᠭᠡᠮᠵᠢᠳᠦ ᠵᠢᠭᠡᠯᠡᠯᠭᠡ ᠶᠢᠨ | ᠬᠤᠬᠢᠷᠡᠯ ᠢ ᠨᠦᠬᠦᠪᠦᠷᠢᠯᠡᠬᠦ ᠲᠣᠠᠠᠳᠡᠴᠠ ᠶᠢ ᠳᠡᠬᠦᠯᠳᠡᠷᠵᠢᠬᠦᠯᠵᠦ᠂ ᠳᠡᠷᠢᠶᠡᠯᠡᠩ ᠤᠨ ᠳᠠᠭᠠᠳᠬᠠᠯ ᠤᠨ ᠵᠠᠷᠣᠳᠡᠯ ᠤᠨ | ᠨᠦᠬᠦᠪᠦᠷᠢ ᠦᠭᠬᠦ ᠳᠥᠷᠥ ᠶᠢᠨ ᠪᠤᠳᠣᠯᠭ᠎ᠠ ᠶᠢ ᠳᠡᠬᠦᠯᠳᠡᠷᠵᠢᠬᠦᠯᠥᠨ᠂ ᠡᠯ᠎ᠠ ᠭᠠᠵᠡᠷ ᠣᠷᠣᠨ ᠤ ᠣᠨᠴᠠᠯᠢᠠᠠᠳᠣ | ᠳᠡᠪᠡᠭᠤᠯᠢᠭ ᠳᠡᠷᠢᠶᠡᠯᠡᠩ ᠮᠠᠯ ᠤᠨ ᠠᠰᠢᠭ ᠰᠢᠮ᠎ᠡ ᠶᠢᠨ ᠪᠦᠳᠦᠭᠡᠭᠳᠡᠬᠦᠨ ᠤ ᠳᠠᠭᠠᠳᠬᠠᠯ ᠤᠨ ᠵᠠᠷᠣᠳᠡᠯ ᠳᠤ ᠨᠦᠬᠦᠪᠦᠷᠢ | ᠦᠭᠬᠦ ᠶᠢ ᠵᠣᠷᠢᠠᠠᠵᠢᠭᠤᠯᠥᠨ᠎ᠠ᠃ | ︵ᠭᠤᠷᠪᠠ︶ ᠵᠦᠭ ᠴᠢᠭᠯᠡᠯ ᠳᠤᠨᠢ ᠵᠤᠯᠭᠠᠭᠤᠯᠤᠬᠰᠠᠨ ᠪᠡᠯᠡ ᠲᠣᠬᠢᠷᠡᠭᠤᠯᠭ᠎ᠠ ᠬᠢᠬᠦ ᠵᠬᠠᠪᠤᠷ ᠢ ᠪᠠᠶᠢᠭᠤᠯᠥᠨ᠎ᠠ᠃ | ᠮᠦᠡᠭᠬᠦᠨ ᠬᠦᠢᠯᠭᠡᠭᠡᠨ ᠤ ᠡᠯ᠎ᠠ ᠪᠠᠶᠢᠭᠤᠯᠥᠮᠵᠢ ᠨᠢ ᠠᠵᠢᠯ ᠤᠨ ᠪᠤᠳᠡᠳᠡᠢ ᠪᠠᠨ ᠦᠨᠳᠣᠰᠣᠯᠡᠨ ᠪᠡᠯᠡ ᠲᠣᠬᠢᠷᠡᠭᠤᠯᠭ᠎ᠠ | ᠬᠢᠬᠦ ᠪᠤᠳᠡᠳᠡᠢ ᠳᠥᠯᠥᠪᠯᠡᠭᠡ ᠪᠠ ᠳᠥᠰᠥᠯ ᠲᠣᠠᠠᠳᠠᠭᠠᠬᠤ ᠶᠢᠨ ᠬᠠᠮᠳᠣ᠂ ᠦᠪᠡᠷᠳᠡᠭᠡᠨ ᠵᠠᠰᠬᠠᠥ ᠣᠷᠣᠨ ᠤ ᠮᠦᠡᠭᠬᠦᠨ | ᠬᠦᠢᠯᠭᠡᠭᠡᠨ ᠤ ᠠᠯᠪᠠᠨ ᠭᠡᠷ ᠲᠤ ᠮᠡᠳᠡᠬᠦᠯᠥᠨ᠎ᠠ︔ ᠲᠣᠷᠰᠢᠯᠳᠡ ᠶᠢᠨ ᠬᠤᠰᠢᠭᠤ ᠰᠢᠶᠡᠨ ︵ᠬᠤᠳᠡ᠂ ᠲᠤᠭᠤᠷᠢᠭ︶ | ᠳᠤ ᠲᠣᠬᠠᠢ ᠶᠢᠨ ᠭᠠᠵᠡᠷ ᠤᠨ ᠪᠤᠳᠡᠳᠡᠢ ᠪᠠᠶᠢᠳᠡᠯ ᠳᠤ ᠨᠡᠶᠢᠴᠡᠭᠰᠡᠨ ᠨᠢᠭᠡᠨ ᠳᠥᠬᠦᠷ ᠪᠡᠯᠡ ᠲᠣᠬᠢᠷᠡᠭᠤᠯᠭ᠎ᠠ ᠬᠢᠬᠦ | ᠵᠬᠠᠪᠤᠷ ᠢ ᠪᠠᠶᠢᠭᠤᠯᠵᠦ᠂ ᠮᠦᠡᠭᠬᠦᠨ ᠬᠦᠢᠯᠭᠡᠭᠡᠨ ᠤ ᠰᠢᠨ᠎ᠡ ᠶᠢ ᠡᠬᠦᠳᠬᠦ ᠡᠷᠴᠢᠮ ᠢ ᠣᠯᠡᠮ ᠨᠢᠭᠡ ᠠᠯᠬᠤᠮ | ᠴᠢᠩᠭᠠᠷᠡᠭᠤᠯᠥᠨ᠎ᠠ︔ ᠰᠢᠶᠡᠨ ᠤ ᠭᠡᠪᠴᠢᠶᠡᠨ ᠤ ᠮᠦᠡᠭᠬᠦᠨ ᠬᠦᠢᠯᠭᠡᠭᠡᠨ ᠤ ᠭᠡᠷᠡᠭᠴᠡᠭᠡ ᠱᠠᠭᠠᠷᠳᠡᠯᠭ᠎ᠠ ᠶᠢᠨ ᠵᠦᠷᠢᠶ᠎ᠠ | ᠶᠡᠭᠡ᠂ ᠣᠷᠣᠨ ᠪᠦᠰᠡ ᠶᠢᠨ ᠴᠢᠨᠡᠷ ᠢᠶᠠᠷ ᠴᠢᠩᠭ᠎ᠠ ᠪᠠᠶᠢᠬᠤ ᠣᠨᠴᠠᠯᠢᠭ ᠲᠤ ᠴᠢᠭᠯᠡᠬᠦᠯᠥᠨ᠂ ︽ᠨᠢᠭᠡ ᠰᠢᠶᠡᠨ ᠨᠢᠭᠡ | ᠨᠡᠷᠡᠳᠬᠦᠨ ᠲᠠᠢ᠂ ᠨᠢᠭᠡ ᠪᠠᠩᠬᠢ ᠨᠢᠭᠡ ᠨᠡᠷᠡᠳᠬᠦᠨ ᠲᠠᠢ︾ ᠪᠠᠶᠢᠬᠤ ᠰᠢᠶᠡᠨ ᠤ ᠭᠡᠪᠴᠢᠶᠡᠨ ᠤ ᠮᠦᠡᠭᠬᠦᠨ | ᠬᠦᠢᠯᠭᠡᠭᠡᠨ ᠤ ᠰᠢᠨ᠎ᠡ ᠶᠢ ᠡᠬᠦᠳᠬᠦ ᠲᠤᠠᠠᠳᠡᠴᠠ ᠶᠢ ᠪᠠᠶᠢᠭᠤᠯᠵᠦ᠂ ᠰᠢᠶᠡᠨ ᠤ ᠭᠡᠪᠴᠢᠶᠡᠨ ᠤ ᠮᠦᠡᠭᠬᠦᠨ ᠬᠦᠢᠯᠭᠡᠭᠡᠨ ᠤ | ᠦᠢᠯᠡᠴᠢᠯᠡᠭᠡᠨ ᠤ ᠬᠢᠷᠢ ᠭᠡᠮᠵᠢᠶ᠎ᠠ ᠶᠢ ᠣᠯᠡᠮ ᠨᠢᠭᠡ ᠠᠯᠬᠤᠮ ᠳᠡᠭᠡᠭᠰᠢᠯᠡᠬᠦᠯᠥᠨ᠂ ᠰᠢᠶᠡᠨ ᠤ ᠭᠡᠪᠴᠢᠶᠡᠨ ᠤ | ᠢᠳᠡᠭᠡᠮᠵᠢᠳᠦ ᠵᠢᠭᠡᠯᠡᠯᠭᠡ ᠶᠢᠨ ᠶᠡᠷᠦᠩᠭᠡᠢ ᠭᠡᠮᠵᠢᠶ᠎ᠠ ᠶᠢ ᠨᠡᠮᠡᠭᠳᠡᠬᠦᠯᠵᠦ᠂ ᠰᠢᠶᠡᠨ ᠤ ᠭᠡᠪᠴᠢᠶᠡᠨ ᠤ ᠠᠵᠦ ᠠᠬᠤᠢ ᠶᠢᠨ | ᠣᠯᠡᠨ ᠡᠰᠢᠵᠢᠭᠰᠡᠨ ᠪᠡᠯᠡ ᠲᠣᠬᠢᠷᠡᠭᠤᠯᠭ᠎ᠠ ᠬᠢᠬᠦ ᠭᠡᠷᠡᠭᠴᠡᠭᠡ ᠱᠠᠭᠠᠷᠳᠡᠯᠭ᠎ᠠ ᠶᠢ ᠴᠢᠷᠮᠠᠶᠢᠨ ᠬᠠᠩᠭᠠᠨ᠎ᠠ᠃ ᠮᠦᠡᠭᠬᠦᠨ | ᠬᠦᠢᠯᠭᠡᠭᠡᠨ ᠤ ᠪᠠᠶᠢᠭᠤᠯᠤᠮᠵᠢ ᠬᠢᠬᠡᠳ ᠲᠣᠷᠰᠢᠯᠳᠡ ᠶᠢᠨ ᠬᠤᠰᠢᠭᠤ ᠰᠢᠶᠡᠨ ︵ᠬᠤᠳᠡ᠂ ᠲᠤᠭᠤᠷᠢᠭ︶ ᠯᠤᠭ᠎ᠠ | ᠬᠠᠷᠢᠯᠴᠠᠨ ᠲᠣᠰᠢᠶᠡᠯ ᠡᠬᠦᠷᠭᠡᠯᠡᠭᠰᠡᠨ ᠺᠠᠳ᠋ᠷ ᠲᠣᠮᠢᠯᠡᠵᠦ᠂ ᠮᠦᠡᠭᠬᠦᠨ ᠬᠦᠢᠯᠭᠡᠭᠡᠨ ᠤ ᠡᠬᠢ ᠪᠠᠶᠠᠯᠢᠭ ᠢ ᠬᠦᠳᠦᠯᠥᠨ | ᠵᠢᠯᠥᠭᠤᠳᠴᠥ ᠪᠠᠶᠢᠭᠠᠳ ᠰᠢᠶᠡᠨ ᠤ ᠭᠡᠪᠴᠢᠶᠡᠨ ᠳᠤ ᠪᠦᠭᠡᠮᠨᠡᠷᠡᠬᠦᠯᠥᠨ᠂ ᠰᠢᠶᠡᠨ ᠤ ᠭᠡᠪᠴᠢᠶᠡᠨ ᠤ ᠣᠨᠴᠠᠯᠢᠠᠠᠳᠣ | ᠠᠵᠦ ᠦᠢᠯᠡᠰ ᠤᠨ ᠭᠡᠯᠬᠢᠶ᠎ᠠ ᠪᠠᠷ ᠠᠴᠢᠶᠡᠯᠡᠪᠦᠷᠢ ᠪᠤᠯᠭᠠᠠᠠᠰᠠᠨ ᠣᠨᠴᠠᠯᠢᠠᠠᠳᠣ ᠮᠦᠡᠭᠬᠦᠨ ᠬᠦᠢᠯᠭᠡᠭᠡᠨ ᠤ | ᠦᠢᠯᠡᠴᠢᠯᠡᠭᠡᠨ ᠢ ᠪᠤᠢ ᠪᠤᠯᠭᠠᠵᠦ᠂ ᠰᠢᠶᠡᠨ ᠤ ᠭᠡᠪᠴᠢᠶᠡᠨ ᠤ ᠮᠦᠡᠭᠬᠦᠨ ᠬᠦᠢᠯᠭᠡᠭᠡᠨ ᠤ ᠦᠢᠯᠡᠴᠢᠯᠡᠭᠡᠨ ᠤ ᠴᠢᠳᠡᠪᠦᠷᠢ | ᠪᠠ ᠬᠢᠷᠢ ᠭᠡᠮᠵᠢᠶ᠎ᠠ ᠶᠢᠨ ᠳᠡᠭᠡᠭᠰᠢᠯᠡᠯᠳᠡ ᠶᠢ ᠪᠦᠬᠦᠯᠢ ᠴᠣᠠᠠᠴᠠ ᠪᠠᠷ ᠨᠢ ᠠᠬᠢᠭᠤᠯᠥᠨ᠎ᠠ᠃ ᠡᠯ᠎ᠠ ᠲᠣᠮᠥ ᠮᠦᠡᠭᠬᠦᠨ | ᠬᠦᠢᠯᠭᠡᠭᠡᠨ ᠤ ᠪᠠᠶᠢᠭᠤᠯᠥᠮᠵᠢ ᠢᠯᠡᠩᠭᠤᠶ᠎ᠠ ᠮᠦᠡᠭᠬᠦᠨ ᠬᠦᠢᠯᠭᠡᠭᠡᠨ ᠤ ᠰᠲ᠋ᠥᠺ ᠡᠵᠡᠮᠳᠡᠬᠦ ᠪᠦᠯᠥᠭᠯᠡᠯ ᠤᠨ ᠡᠬᠢ | ᠪᠠᠶᠠᠯᠢᠭ ᠤᠨ ᠳᠡᠪᠡᠭᠤᠯᠢᠭ ᠢᠶᠠᠨ ᠪᠠᠳᠡᠷᠡᠭᠤᠯᠬᠤ ᠶᠢ ᠵᠣᠷᠢᠠᠠᠵᠢᠭᠤᠯᠵᠦ᠂ ᠬᠦᠢᠴᠡᠳ ᠪᠠᠶᠢᠴᠠᠭᠠᠨ ᠰᠣᠳᠣᠯᠵᠦ | ᠨᠣᠳᠡᠯᠬᠠᠰᠠᠨ ᠰᠠᠭᠤᠷᠢᠨ ᠳᠡᠭᠡᠷ᠎ᠠ᠂ ᠲᠣᠷᠰᠢᠯᠳᠡ ᠶᠢᠨ ᠬᠤᠰᠢᠭᠤ ᠰᠢᠶᠡᠨ ︵ᠬᠤᠳᠡ᠂ ᠲᠤᠭᠤᠷᠢᠭ︶ ᠯᠤᠭ᠎ᠠ | ᠴᠢᠯᠥᠭᠡᠳᠡᠢ ᠬᠤᠯᠪᠤᠭᠠᠯᠠᠵᠦ ᠪᠠᠶᠢᠭᠠᠳ ᠠᠵᠢᠯ ᠳᠥᠷᠦᠯ ᠢᠶᠠᠷ ᠢᠶᠠᠨ ᠬᠠᠪᠰᠣᠷᠣᠨ ᠳᠡᠳᠬᠦᠨ᠎ᠠ᠃ | ︵ᠳᠥᠷᠪᠡ︶ ᠮᠠᠯᠵᠢᠬᠤ ᠳᠡᠷᠢᠶᠡᠯᠠᠬᠤ ᠣᠷᠣᠨ ᠤ ᠮᠦᠡᠭᠬᠦᠨ ᠬᠦᠢᠯᠭᠡᠭᠡᠨ ᠤ ᠬᠦᠷᠢᠶ᠎ᠠ ᠴᠡᠷᠠᠭ᠎ᠠ ᠶᠢᠨ | ᠳᠥᠭᠰᠢᠬᠦᠷᠢ ᠶᠢ ᠰᠡᠷᠭᠡᠶᠢᠯᠡᠨ᠎ᠠ᠃ ᠡᠯ᠎ᠠ ᠱᠠᠳᠣᠨ ᠤ ᠮᠦᠡᠭᠬᠦᠨ ᠬᠦᠢᠯᠭᠡᠭᠡᠨ ᠤ ᠬᠠᠮᠢᠶᠡᠷᠦᠯᠳᠡ ᠶᠢᠨ ᠰᠠᠯᠠᠭ᠎ᠠ | ᠮᠦᠴᠢᠷ ᠨᠢ ᠡᠬᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠡᠷᠢᠯᠡᠯ ᠶᠣᠰᠣᠭᠠᠷ᠂ ᠮᠦᠡᠭᠬᠦᠨ ᠬᠦᠢᠯᠭᠡᠭᠡᠨ ᠤ | ᠪᠠᠶᠢᠭᠤᠯᠥᠮᠵᠢ ᠶᠢᠨ ᠡᠳ᠋ ᠬᠦᠷᠦᠩᠭᠡ ᠶᠢᠨ ᠶᠠᠰᠣ ᠴᠢᠨᠡᠷ᠂ ᠬᠦᠳᠡᠯᠥᠩᠬᠦᠢ ᠴᠢᠨᠡᠷ ᠤᠨ ᠪᠠᠶᠢᠳᠡᠯ ᠪᠠ ᠡᠵᠡᠩᠨᠡᠯᠳᠡ ᠶᠢᠨ | ᠳᠥᠭᠰᠢᠬᠦᠷᠢ ᠶᠢ ᠨᠠᠷᠢᠨ ᠨᠢᠠᠠᠳᠡ ᠠᠩᠬᠠᠷᠴᠥ᠂ ᠳᠥᠭᠰᠢᠬᠦᠷᠢ ᠶᠢ ᠢᠯᠭᠠᠨ ᠳᠡᠨᠢᠬᠤ᠂ ᠬᠢᠨᠡᠨ ᠰᠢᠨᠵᠢᠬᠦ᠂ ᠦᠨᠡᠯᠡᠨ | ᠵᠢᠱᠢᠬᠦ᠂ ᠣᠷᠢᠳᠴᠢᠯᠡᠨ ᠰᠡᠷᠡᠮᠵᠢᠯᠡᠬᠦ ᠪᠠ ᠡᠵᠡᠮᠳᠡᠬᠦ ᠠᠵᠢᠯ ᠢ ᠰᠠᠶᠢᠳᠣᠷ ᠬᠢᠵᠦ᠂ ᠵᠠᠰᠠᠭ ᠤᠨ ᠣᠷᠳᠣᠨ ᠯᠤᠭ᠎ᠠ | ᠬᠠᠮᠵᠢᠯᠴᠠᠨ ᠮᠦᠡᠭᠬᠦᠨ ᠬᠦᠢᠯᠭᠡᠭᠡᠨ ᠤ ᠳᠥᠭᠰᠢᠬᠦᠷᠢ ᠶᠢᠨ ᠭᠡᠷᠩ ᠢ ᠴᠠᠭ ᠲᠣᠬᠠᠢ ᠳᠤᠨᠢ ᠦᠨᠳᠣᠷ ᠦᠷ᠎ᠠ | ᠪᠦᠳᠦᠮᠵᠢᠳᠡᠢ ᠪᠠᠷ ᠰᠢᠢᠳᠪᠦᠷᠢᠯᠡᠨ᠎ᠠ᠃ ᠮᠦᠡᠭᠬᠦᠨ ᠬᠦᠢᠯᠭᠡᠭᠡᠨ ᠤ ᠪᠠᠶᠢᠭᠤᠯᠥᠮᠵᠢ ᠨᠢ ᠲᠣᠳᠣᠭᠠᠳᠣ ᠶᠢᠨ | ᠳᠥᠭᠰᠢᠬᠦᠷᠢ ᠪᠠᠨ ᠡᠵᠡᠮᠳᠡᠬᠦ ᠰᠢᠰᠲ᠋ᠧᠮᠵᠢ ᠶᠢ ᠰᠢᠯᠢᠳᠡᠭᠵᠢᠬᠦᠯᠵᠦ᠂ ᠳᠥᠭᠰᠢᠬᠦᠷᠢ ᠶᠢ ᠬᠠᠮᠢᠶᠡᠷᠬᠤ ᠴᠢᠳᠡᠪᠦᠷᠢ ᠪᠠᠨ | ᠳᠡᠭᠡᠭᠰᠢᠯᠡᠬᠦᠯᠥᠨ᠎ᠠ᠃ ᠡᠯ᠎ᠠ ᠱᠠᠳᠣᠨ ᠤ ᠠᠷᠡᠳ ᠤᠨ ᠵᠠᠰᠠᠭ ᠤᠨ ᠣᠷᠳᠣᠨ ᠨᠢ ᠪᠠᠭ᠎ᠠ ᠲᠤᠭ᠎ᠠ ᠶᠢᠨ ᠵᠢᠭᠡᠯᠡᠯᠭᠡ ᠶᠢᠨ | ᠺᠣᠮᠫᠠᠨᠢ᠂ ᠳᠠᠭᠠᠭᠠᠯᠳᠡ ᠶᠢᠨ ᠺᠣᠮᠫᠠᠨᠢ᠂ ᠠᠷᠡᠳ ᠤᠨ ᠲᠣᠮᠳᠡᠬᠢ ᠬᠦᠷᠦᠩᠭᠡ ᠶᠢᠨ ᠬᠠᠮᠢᠶᠡᠷᠦᠯᠳᠡ ᠶᠢᠨ ᠺᠣᠮᠫᠠᠨᠢ᠂ | ᠮᠠᠯᠵᠢᠬᠤ ᠳᠡᠷᠢᠶᠡᠯᠠᠬᠤ ᠣᠷᠣᠨ ᠤ ᠪᠡᠯᠡ ᠮᠦᠡᠭᠬᠦ ᠶᠢᠨ ᠬᠠᠪᠰᠣᠷᠣᠯᠴᠠᠨ ᠬᠤᠷᠰᠢᠬᠤ ᠵᠤᠬᠢᠶᠡᠨ ᠪᠠᠶᠢᠭᠤᠯᠥᠯᠳᠡ ᠶᠢ | ᠬᠢᠨᠡᠡ ᠬᠠᠮᠢᠶᠡᠷᠬᠤ ᠬᠠᠷᠢᠭᠤᠴᠠᠯᠭ᠎ᠠ ᠪᠠᠨ ᠦᠨᠡᠨᠬᠦ ᠬᠦᠢᠴᠡᠳᠭᠡᠵᠦ᠂ ᠮᠦᠡᠭᠬᠦᠨ ᠬᠦᠢᠯᠭᠡᠭᠡᠨ ᠤ ᠬᠡᠨᠡᠳᠲᠡ ᠶᠢᠨ | ᠭᠡᠷᠩ ᠢ ᠪᠠᠴᠢᠮ ᠠᠷᠭᠠᠴᠠᠬᠤ ᠪᠡᠯᠡᠳᠭᠡᠯ ᠳᠥᠰᠥᠯ ᠢ ᠳᠡᠬᠦᠯᠳᠡᠷᠵᠢᠬᠦᠯᠵᠦ᠂ ᠣᠷᠣᠨ ᠪᠦᠰᠡ ᠶᠢᠨ ᠴᠢᠨᠡᠷᠳᠡᠢ ᠪᠠ | ᠰᠢᠰᠲ᠋ᠧᠮ ᠤᠨ ᠴᠢᠨᠡᠷᠳᠡᠢ ᠳᠥᠭᠰᠢᠬᠦᠷᠢ ᠡᠬᠦᠰᠬᠦ ᠦᠭᠡᠢ ᠪᠠᠶᠢᠯᠭᠠᠬᠤ ᠬᠤᠷᠢᠭ᠎ᠠ ᠱᠣᠭᠤᠮ ᠢ ᠰᠠᠬᠢᠬᠤ ᠭᠡᠷᠡᠭᠳᠡᠢ᠃ | ᠳᠠᠭᠠᠯᠳᠣᠭᠤᠯᠥᠯ᠄ ᠮᠦᠡᠭᠬᠦᠨ ᠬᠦᠢᠯᠭᠡᠭᠡᠨ ᠢᠶᠠᠷ ᠰᠢᠶᠡᠨ ᠤ ᠭᠡᠪᠴᠢᠶᠡᠨ ᠤ ᠠᠵᠦ ᠠᠬᠤᠢ ᠶᠢᠨ ᠬᠦᠭᠵᠢᠯᠳᠡ ᠶᠢ | ᠳᠡᠮᠵᠢᠬᠦ ᠢᠨᠵᠧᠨᠧᠷᠢᠩ ᠤᠨ ᠲᠣᠷᠰᠢᠯᠳᠡ ᠶᠢᠨ ᠴᠢᠬ ᠤᠨ ᠨᠡᠷᠡᠰ | ᠳᠠᠭᠠᠯᠳᠣᠭᠤᠯᠥᠯ | ᠮᠦᠡᠭᠬᠦᠨ ᠬᠦᠢᠯᠭᠡᠭᠡᠨ ᠢᠶᠠᠷ ᠰᠢᠶᠡᠨ ᠤ ᠭᠡᠪᠴᠢᠶᠡᠨ ᠤ ᠠᠵᠦ ᠠᠬᠤᠢ ᠶᠢᠨ | ᠬᠦᠭᠵᠢᠯᠳᠡ ᠶᠢ ᠳᠡᠮᠵᠢᠬᠦ ᠢᠨᠵᠧᠨᠧᠷᠢᠩ ᠤᠨ ᠲᠣᠷᠰᠢᠯᠳᠡ ᠶᠢᠨ ᠴᠢᠬ ᠤᠨ ᠨᠡᠷᠡᠰ | ᠬᠦᠭᠡᠬᠤᠳᠡ᠄ ᠬᠤᠷᠢᠨᠬᠡᠷ ᠰᠢᠶᠡᠨ᠂ ᠴᠢᠩ ᠱᠦᠢ ᠡᠾᠧ ᠰᠢᠶᠡᠨ | ᠪᠤᠭᠤᠳᠣ᠄ ᠴᠢᠩ ᠱᠠᠨ ᠲᠤᠭᠤᠷᠢᠭ᠂ ᠰᠢᠭᠤᠶᠢᠳᠦ ᠲᠤᠭᠤᠷᠢᠭ | ᠬᠦᠯᠥᠨ ᠪᠤᠶᠢᠷ ᠬᠤᠳᠡ᠄ ᠶᠬᠠᠰᠢ ᠬᠤᠳᠡ | ᠬᠢᠩᠭᠠᠨ ᠠᠶᠢᠮᠠᠭ᠄ ᠵᠠᠯᠠᠶᠢᠳ ᠬᠤᠰᠢᠭᠤ | ᠳᠥᠩᠯᠢᠶᠥᠥ ᠬᠤᠳᠡ᠄ ᠨᠠᠢᠮᠠᠨ ᠬᠤᠰᠢᠭᠤ | ᠣᠯᠠᠭᠠᠠᠬᠠᠳᠡ ᠬᠤᠳᠡ᠄ ᠠᠷᠥ ᠬᠤᠷᠴᠢᠨ ᠬᠤᠰᠢᠭᠤ | ᠰᠢᠯᠢ ᠶᠢᠨ ᠭᠤᠤᠯ ᠠᠶᠢᠮᠠᠭ᠄ ᠰᠢᠯᠥᠭᠤᠨ ᠬᠥᠬᠡ ᠬᠤᠰᠢᠭᠤ | ᠣᠯᠠᠭᠠᠨᠴᠠᠪ ᠬᠤᠳᠡ᠄ ᠳᠥᠷᠪᠡᠳ ᠬᠤᠰᠢᠭᠤ | ᠣᠷᠳᠣᠰ ᠬᠤᠳᠡ᠄ ᠳᠡᠯᠡᠳ ᠬᠤᠰᠢᠭᠤ | ᠪᠠᠶᠠᠨᠨᠡᠭᠤᠷ ᠬᠤᠳᠡ᠄ ᠯᠢᠨᠾᠧ ᠲᠤᠭᠤᠷᠢᠭ | ᠦᠬᠠᠢ ᠬᠤᠳᠡ᠄ ᠬᠠᠶᠢᠨᠠᠨ ᠲᠤᠭᠤᠷᠢᠭ | ᠠᠯᠠᠱᠠ ᠠᠶᠢᠮᠠᠭ᠄ ᠠᠯᠠᠱᠠ ᠵᠠᠬᠦᠨ ᠬᠤᠰᠢᠭᠤ | ᠮᠠᠨᠵᠤᠤᠷ ᠬᠤᠳᠡ | ᠡᠷᠢᠶᠡᠨ ᠬᠤᠳᠡ | ︵ᠲᠣᠰ ᠪᠢᠴᠢᠭ ᠮᠠᠲ᠋ᠧᠷᠢᠶᠡᠯ ᠢ ᠢᠯᠡ ᠨᠡᠶᠢᠳᠡᠯᠡᠨ᠎ᠡ︶ |