ᠬᠦᠢᠲᠡᠨ ᠠᠭᠤᠷ ᠠᠮᠢᠰᠬᠤᠯ ᠬᠦᠷᠴᠦ ᠢᠷᠡᠬᠦ ᠶᠢ ᠳᠠᠭᠠᠯᠳᠤᠨ᠂ 2 ᠳ᠋ᠤᠭᠠᠷ ᠰᠠᠷ᠎ᠠ ᠶᠢᠨ 6 ᠤ ᠡᠳᠦᠷ ᠠᠴᠠ | ᠡᠬᠢᠯᠡᠨ᠂ ᠥᠪᠥᠷ ᠮᠣᠩᠭᠤᠯ ᠳᠤ ᠶᠡᠭᠡ ᠬᠡᠪᠴᠢᠶᠡᠨ ᠤ ᠴᠠᠰᠤ ᠣᠷᠣᠵᠤ᠂ ᠬᠡᠰᠡᠭ ᠭᠠᠵᠠᠷ ᠲᠤ ᠨᠡᠯᠢᠶᠡᠳ ᠶᠡᠭᠡ | ᠬᠡᠮᠵᠢᠶᠡᠨ ᠤ ᠴᠠᠰᠤ ᠣᠷᠣᠬᠤ ᠪᠣᠯᠣᠨ᠎ᠠ᠃ ᠵᠢᠱᠢᠯᠲᠡ ᠪᠠᠷ 2 ᠳ᠋ᠤᠭᠠᠷ ᠰᠠᠷ᠎ᠠ ᠶᠢᠨ 7 ᠤ ᠡᠳᠦᠷ᠂ ᠪᠦᠬᠦ ᠣᠷᠣᠨ ᠤ | ᠠᠭᠠᠷ ᠤᠨ ᠳᠤᠯᠠᠭᠠᠨ ᠮᠡᠳᠡᠭᠳᠡᠬᠦ᠋ᠢᠴᠡ ᠳᠣᠷᠣᠭᠰᠢᠯᠠᠵᠤ᠂ ᠭᠤᠣᠯ ᠭᠤᠣᠯ ᠬᠤᠲᠠᠳ ᠲᠤ ᠬᠠᠮᠤᠭ ᠥᠨᠳᠥᠷ | ᠠᠭᠠᠷ ᠤᠨ ᠳᠤᠯᠠᠭᠠᠨ ᠲᠡᠭ ᠭᠷᠠᠳᠦ᠋ᠰ ᠠᠴᠠ ᠳᠣᠷᠣᠭᠰᠢ ᠪᠠᠭᠤᠷᠠᠬᠤ ᠪᠣᠯᠤᠨ᠎ᠠ᠃ | ᠥᠪᠥᠷ ᠮᠣᠩᠭᠤᠯ ᠤᠨ ᠴᠠᠭ ᠠᠭᠤᠷ ᠤᠨ ᠬᠤᠷᠢᠶ᠎ᠠ ᠶᠢᠨ ᠵᠢᠱᠢᠯᠲᠡ ᠪᠠᠷ᠂ 6 ᠤ ᠡᠳᠦᠷ ᠠᠴᠠ ᠡᠬᠢᠯᠡᠵᠦ | ᠠᠯᠠᠱᠠ ᠠᠶᠢᠮᠠᠭ ᠤᠨ ᠵᠡᠭᠦᠨ ᠬᠡᠰᠡᠭ ᠠᠴᠠ ᠰᠢᠯᠢ ᠶᠢᠨ ᠭᠤᠣᠯ ᠠᠶᠢᠮᠠᠭ ᠤᠨ ᠪᠠᠷᠠᠭᠤᠨ ᠬᠡᠰᠡᠭ ᠬᠦᠷᠲᠡᠯ᠎ᠡ | ᠡᠭᠦᠯᠡᠰᠢᠵᠦ᠂ ᠴᠠᠰᠤ ᠪᠣᠷᠣᠭᠠᠨ ᠬᠤᠯᠢᠯᠳᠤᠵᠤ ᠣᠷᠣᠬᠤ ᠪᠣᠶᠣ ᠪᠠᠭ᠎ᠠ ᠴᠠᠰᠤ ᠲᠠᠢ᠂ ᠡᠭᠦᠨ ᠳᠤ ᠪᠠᠶᠠᠨᠨᠠᠭᠤᠷ ᠬᠤᠳᠠ | ᠶᠢᠨ ᠵᠡᠭᠦᠨ ᠬᠡᠰᠡᠭ᠂ ᠣᠷᠳᠣᠰ ᠬᠤᠲᠠ ᠶᠢᠨ ᠬᠤᠶᠢᠲᠤ ᠬᠡᠰᠡᠭ᠂ ᠪᠤᠭᠤᠲᠤ ᠬᠤᠲᠠ ᠶᠢᠨ ᠬᠤᠶᠢᠲᠤ ᠬᠡᠰᠡᠭ᠂ | ᠬᠥᠬᠡᠬᠤᠲᠠ᠂ ᠤᠯᠠᠭᠠᠨᠴᠠᠪ ᠬᠤᠲᠠ ᠶᠢᠨ ᠬᠤᠶᠢᠲᠤ ᠬᠡᠰᠡᠭ ᠢᠶᠠᠷ ᠳᠤᠮᠳᠠ ᠵᠡᠷᠭᠡ ᠶᠢᠨ ᠴᠠᠰᠤ ᠲᠠᠢ᠂ ᠪᠠᠶᠠᠨᠨᠠᠭᠤᠷ | ᠬᠤᠲᠠ ᠶᠢᠨ ᠵᠡᠭᠦᠨ ᠡᠮᠦᠨ᠎ᠡ ᠬᠡᠰᠡᠭ᠂ ᠪᠤᠭᠤᠲᠤ ᠬᠤᠲᠠ ᠶᠢᠨ ᠡᠮᠦᠨᠡᠲᠦ ᠬᠡᠰᠡᠭ᠂ ᠬᠥᠬᠡᠬᠤᠲᠠ ᠶᠢᠨ ᠪᠠᠷᠠᠭᠤᠨ | ᠬᠤᠶᠢᠲᠤ ᠬᠡᠰᠡᠭ ᠲᠤ ᠶᠡᠭᠡ ᠴᠠᠰᠤ ᠣᠷᠣᠵᠤ᠂ ᠪᠤᠰᠤᠳ ᠭᠠᠵᠠᠷ ᠣᠷᠣᠨ ᠳᠤ ᠲᠤᠩᠭᠠᠯᠠᠭ ᠠᠴᠠ ᠡᠭᠦᠯᠡᠰᠢᠨ᠎ᠡ︔ | ᠳᠤᠮᠳᠠ ᠬᠡᠰᠡᠭ ᠤᠨ ᠭᠠᠵᠠᠷ ᠣᠷᠣᠨ ᠳᠤ ᠪᠠᠷᠠᠭᠤᠨ ᠠᠴᠠ 3 ~ 4 ᠳᠡᠰ ᠤᠨ ᠰᠠᠯᠬᠢ ᠰᠠᠯᠬᠢᠯᠠᠨ᠎ᠠ᠂ ᠪᠤᠰᠤᠳ | ᠭᠠᠵᠠᠷ ᠣᠷᠣᠨ ᠳᠤ ᠪᠠᠷᠠᠭᠤᠨ ᠬᠤᠶᠢᠨ᠎ᠠ ᠠᠴᠠ 3 ~ 4 ᠳᠡᠰ ᠤᠨ ᠰᠠᠯᠬᠢ ᠰᠠᠯᠬᠢᠯᠠᠨ᠎ᠠ᠃ ᠴᠠᠰᠤ ᠪᠣᠷᠣᠭᠠᠨ ᠪᠠ | ᠬᠦᠶᠲᠡᠨ ᠠᠭᠤᠷ ᠠᠮᠢᠰᠬᠤᠯ ᠤᠨ ᠬᠠᠮᠲᠤ ᠶᠢᠨ ᠨᠥᠯᠥᠭᠡᠯᠡᠯ ᠢᠶᠠᠷ᠂ 7 ᠤ ᠡᠳᠦᠷ ᠤᠨ ᠥᠷᠯᠥᠭᠡ ᠪᠥᠬᠦ ᠣᠷᠣᠨ ᠤ | ᠶᠡᠬᠡᠩᠬᠢ ᠭᠠᠵᠠᠷ ᠣᠷᠣᠨ ᠤ ᠠᠭᠠᠷ ᠤᠨ ᠳᠤᠯᠠᠭᠠᠨ 4 ~ 6 ᠭᠷᠡᠳᠦ᠋ᠰ ᠪᠠᠭᠤᠷᠠᠵᠤ᠂ ᠬᠡᠰᠡᠭ ᠭᠠᠵᠠᠷ ᠣᠷᠣᠨ ᠤ | ᠠᠭᠠᠷ ᠤᠨ ᠳᠤᠯᠠᠭᠠᠨ 6 ᠭᠷᠡᠳᠦ᠋ᠰ ᠠᠴᠠ ᠳᠡᠭᠡᠭᠰᠢ ᠪᠠᠭᠤᠷᠠᠬᠤ ᠪᠣᠯᠣᠨ᠎ᠠ᠃ ᠡᠨᠡ ᠤᠳᠠᠭᠠᠨ ᠤ ᠬᠦᠢᠲᠡᠨ ᠠᠭᠤᠷ | ᠠᠮᠢᠰᠬᠤᠯ ᠤᠨ ᠨᠥᠯᠥᠭᠡᠯᠡᠬᠦ ᠬᠦᠷᠢᠶ᠎ᠡ ᠬᠡᠪᠴᠢᠶ᠎ᠡ ᠨᠡᠯᠢᠶᠡᠳ ᠥᠷᠭᠡᠨ ᠪᠠᠶᠢᠵᠤ᠂ ᠬᠥᠯᠥᠨ ᠪᠤᠶᠢᠷ ᠬᠤᠲᠠ ᠶᠢᠨ | ᠬᠤᠶᠢᠲᠤ ᠬᠡᠰᠡᠭ ᠲᠤ ᠬᠠᠮᠤᠭ ᠳᠣᠣᠷ᠎ᠠ ᠠᠭᠠᠷ ᠤᠨ ᠳᠤᠯᠠᠭᠠᠨ ᠲᠡᠭ ᠠᠴᠠ ᠳᠣᠷᠣᠭᠰᠢ 30 ᠭᠷᠠᠳᠦ᠋ᠰ ᠠᠴᠠ | ᠳᠣᠷᠣᠭᠰᠢ ᠬᠦᠷᠬᠦ ᠪᠣᠯᠣᠨ᠎ᠠ᠃ |