︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿13·5﹀ ᠶᠢᠨ ᠰᠣᠶᠣᠯ ᠤᠨ | ᠥᠭᠡᠷᠡᠴᠢᠯᠡᠯᠲᠡ ᠬᠥᠭᠵᠢᠯᠲᠡ ᠶᠢᠨ ᠲᠥᠯᠥᠪᠵᠢᠭᠦᠯᠭᠡ︾ ︵ᠳᠣᠷᠣᠭᠰᠢ ︽ᠲᠥᠯᠥᠪᠵᠢᠭᠦᠯᠭᠡ︾ ᠭᠡᠵᠦ | ᠲᠣᠪᠴᠢᠯᠠᠨ᠎ᠠ︶ ᠶᠢ ᠲᠦᠷᠦᠭᠦᠬᠡᠨ ᠨᠡᠶᠢᠲᠡᠯᠡᠵᠡᠶ᠃ ᠲᠤᠰ ︽ᠲᠥᠯᠥᠪᠵᠢᠭᠦᠯᠭᠡ︾ ᠳᠤ ︽13·5︾ ᠶᠢᠨ | ᠲᠥᠯᠥᠪᠵᠢᠭᠦᠯᠭᠡ ᠶᠢᠨ ᠬᠤᠭᠤᠴᠠᠭᠠᠨ ᠳᠤ ᠥᠪᠥᠷ ᠮᠣᠩᠭᠤᠯ ᠨᠢᠭᠡ ᠪᠦᠯᠦᠭ ᠡᠷᠲᠡᠨ ᠤ ᠪᠠᠭᠤᠷᠢ᠂ ᠡᠷᠲᠡᠨ ᠤ ᠪᠤᠯᠠᠰᠢ᠂ | ᠮᠢᠩ ᠴᠢᠩ ᠤᠯᠤᠰ ᠤᠨ ᠡᠷᠲᠡᠨ ᠤ ᠪᠠᠷᠢᠯᠭ᠎ᠠ ᠪᠠ ᠴᠥᠭᠡᠨ ᠲᠣᠭᠠᠲᠤ ᠦᠨᠳᠦᠰᠦᠲᠡᠨ ᠤ ᠪᠠᠷᠢᠯᠭ᠎ᠠ᠂ ᠣᠷᠴᠢᠨ | ᠣᠳᠣ ᠦᠶ᠎ᠡ ᠶᠢᠨ ᠲᠡᠦᠬᠡ ᠶᠢᠨ ᠳᠤᠷᠠᠰᠬᠠᠯᠲᠤ ᠵᠦᠢᠯ ᠤᠨ ᠪᠠᠷᠢᠯᠭ᠎ᠠ ᠶᠢᠨ ᠰᠦᠷᠦᠭᠵᠢᠯ ᠂ ᠤᠯᠠᠮᠵᠢᠯᠠᠯᠲᠤ ᠠᠶᠢᠯ | ᠲᠣᠰᠬᠤᠨ᠂ ᠨᠡᠶᠢᠲᠡᠯᠢᠭ ᠰᠣᠶᠣᠯ ᠤᠨ ᠥᠪ᠂ ᠠᠵᠤ ᠦᠢᠯᠡᠳᠪᠦᠷᠢ ᠶᠢᠨ ᠥᠪ ᠬᠥᠷᠥᠩᠭᠡ ᠶᠢ ᠬᠠᠮᠠᠭᠠᠯᠠᠬᠤ ᠰᠡᠯᠪᠢᠨ | ᠵᠠᠰᠠᠬᠤ ᠢᠨᠵᠧᠨᠧᠷᠢᠩ ᠢ ᠭᠤᠣᠯᠳᠠᠯᠭ᠎ᠠ ᠲᠠᠢ ᠬᠡᠷᠡᠭᠵᠢᠭᠦᠯᠬᠦ ᠶᠢ ᠲᠣᠳᠣᠷᠬᠠᠶᠢᠯᠠᠵᠠᠢ᠃ | ︽ᠲᠥᠯᠥᠪᠵᠢᠭᠦᠯᠭᠡ︾ ᠳᠤ ᠳᠤᠷᠠᠳᠤᠭᠰᠠᠨ ᠨᠢ᠂ ︽ᠲᠦᠮᠡᠨ ᠭᠠᠵᠠᠷ ᠤᠨ ᠴᠠᠢ ᠶᠢᠨ ᠵᠠᠮ︾ ᠤᠨ ᠥᠪᠥᠷ | ᠮᠣᠩᠭᠤᠯ ᠳᠠᠬᠢ ᠬᠡᠰᠡᠭ ᠢ ᠪᠣᠳᠠᠰ ᠤᠨ ᠪᠤᠰᠤ ᠰᠣᠶᠣᠯ ᠤᠨ ᠥᠪ ᠢᠶᠠᠷ ᠭᠤᠶᠤᠴᠢᠯᠠᠬᠤ ᠠᠵᠢᠯ ᠪᠣᠯᠤᠨ ︽ᠲᠠᠯ᠎ᠠ | ᠨᠤᠲᠤᠭ ᠤᠨ ᠲᠣᠷᠭᠠᠨ ᠵᠠᠮ︾ ᠤᠨ ᠬᠠᠭᠤᠴᠢ ᠰᠤᠳᠤᠯᠤᠯ ᠤᠨ ᠪᠠᠶᠢᠴᠠᠭᠠᠬᠤ ᠪᠠ ᠰᠤᠳᠤᠯᠬᠤ ᠠᠵᠢᠯ ᠢ ᠰᠠᠶᠢᠲᠤᠷ | ᠬᠢᠨ᠎ᠡ︔ ᠭᠤᠣᠯᠳᠠᠯᠭ᠎ᠠ ᠲᠠᠢ ᠭᠠᠵᠠᠷ ᠬᠡᠰᠡᠭ ᠲᠠᠬᠢ ᠤᠷᠳᠤ ᠴᠠᠭᠠᠨ ᠬᠡᠷᠡᠮ ᠢ ᠬᠠᠮᠠᠭᠠᠯᠠᠬᠤ ᠢᠨᠵᠧᠨᠧᠷᠢᠩ ᠢ | ᠬᠡᠷᠡᠭᠵᠢᠭᠦᠯᠦᠨ᠎ᠡ︔ ᠮᠠᠨ ᠤ ᠣᠷᠣᠨ ᠤ ᠯᠢᠶᠣᠤ ᠤᠯᠤᠰ ᠤᠨ ᠳᠡᠭᠡᠳᠦ ᠨᠡᠶᠢᠰᠯᠡᠯ ᠪᠠ ᠯᠢᠶᠣᠤ ᠤᠯᠤᠰ ᠤᠨ | ᠳᠡᠭᠡᠳᠦᠰ ᠤᠨ ᠣᠩᠭᠤᠨ ᠤ ᠰᠦᠷᠦᠭᠵᠢᠯ᠂ ᠤᠯᠠᠭᠠᠨᠬᠠᠳᠠ ᠶᠢᠨ ᠰᠣᠶᠣᠯ ᠤᠨ ᠪᠠᠭᠤᠷᠢ ᠶᠢᠨ ᠰᠦᠷᠦᠭᠵᠢᠯ᠂ ᠮᠤᠨᠠ | ᠠᠭᠤᠯᠠ ᠶᠢᠨ ᠬᠠᠳᠠᠨ ᠵᠢᠷᠤᠭ ᠤᠨ ᠪᠠᠭᠤᠷᠢ ᠶᠢᠨ ᠰᠦᠷᠦᠭᠵᠢᠯ ᠢ ᠪᠣᠳᠠᠰ ᠤᠨ ᠪᠤᠰᠤ ᠰᠣᠶᠣᠯ ᠤᠨ ᠥᠪ ᠢᠶᠠᠷ | ᠭᠤᠶᠤᠴᠢᠯᠠᠬᠤ ᠠᠵᠢᠯ ᠢ ᠢᠳᠡᠪᠬᠢᠲᠡᠶ ᠲᠦᠯᠬᠢᠨ ᠠᠬᠢᠭᠤᠯᠤᠨ᠎ᠠ ᠭᠡᠵᠡᠢ᠃ | ︽ᠲᠥᠯᠥᠪᠵᠢᠭᠦᠯᠭᠡ︾ ᠳᠤ ᠲᠣᠳᠣᠷᠬᠠᠶᠢᠯᠠᠭᠰᠠᠨ ᠨᠢ᠂ ᠰᠢᠯᠵᠢᠭᠦᠯᠵᠦ ᠪᠣᠯᠬᠤ ᠬᠤᠪᠣᠷ ᠨᠠᠨᠳᠢᠨ ᠲᠡᠦᠬᠡ ᠶᠢᠨ | ᠳᠤᠷᠠᠰᠬᠠᠯᠲᠤ ᠵᠦᠢᠯ ᠢ ᠠᠪᠤᠷᠠᠯᠳᠠ ᠶᠢᠨ ᠴᠢᠨᠠᠷᠲᠠᠶ ᠬᠠᠮᠠᠭᠠᠯᠠᠬᠤ ᠪᠠ ᠰᠡᠷᠭᠦᠭᠡᠵᠦ᠂ ᠥᠪᠥᠷ ᠮᠣᠩᠭᠤᠯ ᠤᠨ | ᠣᠶᠣᠨᠴᠢᠷ ᠮᠦᠽᠧᠶ ᠶᠢ ᠪᠦᠲᠦᠭᠡᠨ ᠪᠠᠶᠢᠭᠤᠯᠵᠤ᠂ ᠪᠦᠬᠦ ᠣᠷᠣᠨ ᠤ ᠤᠯᠤᠰ ᠤᠨ ᠥᠮᠴᠢᠯᠡᠯ ᠤᠨ ᠮᠦᠽᠧᠶ ᠳᠤ | ᠬᠠᠳᠠᠭᠠᠯᠠᠵᠤ ᠪᠠᠶᠢᠭ᠎ᠠ ᠬᠤᠪᠣᠷ ᠨᠠᠨᠳᠢᠨ ᠲᠡᠦᠬᠡ ᠶᠢᠨ ᠳᠤᠷᠠᠰᠬᠠᠯᠲᠤ ᠵᠦᠢᠯ ᠤᠨ ᠲᠣᠭᠠᠴᠢᠯᠠᠭᠰᠠᠨ ᠡᠬᠢ ᠪᠠᠶᠠᠯᠢᠭ ᠢ | ᠬᠠᠮᠲᠤ ᠪᠠᠷ ᠡᠳ᠋ᠯᠡᠬᠦ ᠶᠢ ᠪᠡᠶᠡᠯᠡᠭᠦᠯᠦᠨ᠎ᠡ᠃ ᠨᠢᠭᠡ ᠪᠦᠯᠦᠭ ᠭᠤᠣᠯᠳᠠᠯᠭ᠎ᠠ ᠲᠠᠢ ᠳᠤᠮᠤ ᠪᠠᠭᠤᠷᠢ᠂ ᠡᠷᠲᠡᠨ ᠤ ᠬᠡᠭᠦᠷ | ᠤᠩᠭᠤᠠ ᠳᠤ ︽ᠲᠠᠯ᠎ᠠ ᠨᠤᠲᠤᠭ ᠤᠨ ᠵᠤᠯᠠ ︾ ᠠᠮᠤᠷ ᠲᠦᠪᠰᠢᠨ ᠤ ᠰᠡᠷᠭᠡᠶᠢᠯᠡᠨ ᠬᠠᠮᠠᠭᠠᠯᠠᠬᠤ ᠢᠨᠵᠧᠨᠧᠷᠢᠩ ᠤᠨ | ᠲᠥᠷᠥᠯ ᠵᠦᠢᠯ ᠵᠢᠴᠢ ᠡᠷᠲᠡᠨ ᠤ ᠪᠠᠷᠢᠯᠭ᠎ᠠ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢᠨ ᠢᠨᠵᠧᠨᠧᠷᠢᠩ ᠢ | ᠬᠡᠷᠡᠭᠵᠢᠭᠦᠯᠵᠦ᠂ ᠬᠡᠪᠴᠢᠶ᠎ᠡ ᠪᠠᠷ ᠨᠡᠯᠢᠶᠡᠳ ᠶᠡᠭᠡ᠂ ᠠᠶᠤᠯ ᠲᠦᠭᠰᠢᠭᠦᠷᠢ ᠪᠠᠷ ᠨᠡᠯᠢᠶᠡᠳ ᠶᠡᠭᠡ ᠪᠠᠶᠢᠭ᠎ᠠ ᠪᠦᠬᠦ | ᠤᠯᠤᠰ ᠤᠨ ᠭᠤᠣᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠨᠢᠭᠡᠴᠡ ᠶᠢᠨ ᠠᠮᠤᠷ | ᠲᠦᠪᠰᠢᠨ ᠤ ᠬᠠᠮᠠᠭᠠᠯᠠᠯᠲᠠ ᠶᠢᠨ ᠰᠢᠰᠲ᠋ᠧᠮᠵᠢ ᠶᠢ ᠦᠨᠳᠦᠰᠦᠨ ᠳᠡᠭᠡᠨ ᠪᠠᠶᠢᠭᠤᠯᠤᠨ᠎ᠠ᠃ ᠳᠣᠲᠣᠭᠠᠳᠤ ᠶᠢ | ᠬᠠᠮᠠᠭᠠᠯᠠᠬᠤ᠂ ᠭᠠᠯ ᠢ ᠰᠡᠷᠭᠡᠶᠢᠯᠡᠬᠦ᠂ ᠪᠣᠭᠤᠮᠲᠠ᠂ ᠠᠵᠤ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ | ᠬᠠᠮᠢᠶᠠᠷᠤᠯᠲᠠ ᠶᠢᠨ ᠰᠠᠯᠠᠭ᠎ᠠ ᠮᠥᠴᠢᠷ ᠯᠦᠭᠡ ᠶᠢᠨ ᠬᠠᠮᠵᠢᠯᠴᠠᠭᠠᠨ ᠤ ᠲᠣᠭᠲᠠᠴᠠ ᠶᠢ ᠦᠷᠭᠦᠯᠵᠢᠯᠡᠨ ᠴᠢᠩᠭᠠᠳᠬᠠᠵᠤ᠂ | ᠬᠠᠮᠲᠤᠷᠠᠨ ᠬᠠᠤᠯᠢ ᠬᠡᠷᠡᠭᠵᠢᠭᠦᠯᠬᠦ ᠪᠠᠨ ᠴᠢᠩᠭᠠᠷᠠᠭᠤᠯᠤᠨ᠂ ᠲᠡᠦᠬᠡ ᠶᠢᠨ ᠳᠤᠷᠠᠰᠬᠠᠯᠲᠤ ᠵᠦᠢᠯ ᠤᠨ ᠬᠠᠤᠯᠢ ᠠᠴᠠ | ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ︽ᠲᠠᠯ᠎ᠠ ᠨᠤᠲᠤᠭ ᠤᠨ ᠬᠤᠪᠢᠯᠭᠠᠨ | ᠪᠦᠷᠭᠦᠳ ᠢᠨᠵᠧᠨᠧᠷᠢᠩ︾ ᠢ ᠭᠤᠣᠯᠳᠠᠯᠭ᠎ᠠ ᠲᠠᠢ ᠲᠦᠯᠬᠢᠨ ᠠᠬᠢᠭᠤᠯᠵᠤ᠂ ᠪᠦᠬᠦ ᠣᠷᠣᠨ ᠤ ᠬᠢᠯᠢ ᠶᠢᠨ 20 | ᠬᠤᠰᠢᠭᠤ ᠰᠢᠶᠠᠨ ᠲᠣᠭᠤᠷᠢᠭ ᠤᠨ ᠰᠣᠶᠣᠯ ᠲᠡᠦᠬᠡ ᠶᠢᠨ ᠳᠤᠷᠠᠰᠬᠠᠯᠲᠤ ᠵᠦᠢᠯ ᠢ ᠬᠠᠮᠲᠤ ᠪᠠᠷ ᠲᠣᠭᠤᠷᠢᠨ | ᠪᠠᠶᠢᠴᠠᠭᠠᠵᠤ᠂ ︽ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠮᠣᠷᠢᠲᠤ ᠠᠩᠬᠢ︾ ᠶᠢᠨ ᠬᠠᠮᠠᠭᠠᠯᠠᠯᠲᠠ ᠶᠢᠨ | ᠬᠡᠪ ᠵᠠᠭᠪᠤᠷ ᠢ ᠶᠡᠬᠡᠪᠡᠷ ᠲᠦᠯᠬᠢᠨ ᠠᠬᠢᠭᠤᠯᠵᠤ᠂ ︽ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠲᠡᠮᠡᠭᠡᠲᠦ | ᠠᠩᠭᠢ︾ ᠶᠢ ᠪᠠᠶᠢᠭᠤᠯᠵᠤ᠂ ᠥᠷᠭᠡᠨ ᠤᠯᠠᠨ ᠦᠨᠳᠦᠰᠦᠨ ᠱᠠᠲᠤᠨ ᠤ ᠣᠯᠠᠨ ᠲᠦᠮᠡᠨ ᠢ ᠳᠠᠶᠢᠴᠢᠯᠠᠬᠤ᠂ | ᠵᠣᠷᠢᠭᠵᠢᠭᠤᠯᠬᠤ ᠪᠠ ᠬᠥᠲᠥᠯᠥᠨ ᠵᠢᠯᠣᠭᠤᠳᠴᠤ ᠪᠠᠶᠢᠭᠠᠳ ᠲᠡᠦᠬᠡ ᠶᠢᠨ ᠳᠤᠷᠠᠰᠬᠠᠯᠲᠤ ᠵᠦᠢᠯ ᠤᠨ ᠠᠮᠤᠷ | ᠲᠦᠪᠰᠢᠨ ᠤ ᠠᠵᠢᠯ ᠳᠤ ᠣᠷᠣᠯᠴᠠᠭᠤᠯᠵᠤ᠂ ᠰᠦᠯᠵᠢᠶᠡᠵᠢᠭᠰᠡᠨ ᠲᠡᠦᠬᠡ ᠶᠢᠨ ᠳᠤᠷᠠᠰᠬᠠᠯᠲᠤ ᠵᠦᠢᠯ ᠤᠨ ᠠᠮᠤᠷ | ᠲᠦᠪᠰᠢᠨ ᠤ ᠰᠡᠷᠭᠡᠶᠢᠯᠡᠨ ᠬᠠᠮᠠᠭᠠᠯᠠᠬᠤ ᠲᠣᠭᠲᠠᠴᠠ ᠶᠢ ᠪᠤᠢ ᠪᠣᠯᠭᠠᠨ᠎ᠠ ᠭᠡᠵᠡᠢ᠃ |