2017 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠠᠬᠢ ᠨᠡᠷ᠎ᠡ ᠦᠭᠡᠰ ᠤᠨ ᠲᠠᠶᠢᠯᠪᠤᠷᠢ
ᠨᠡᠶᠢᠲᠡᠯᠡᠭᠰᠡᠨ ᠴᠠᠭ᠄
2017/2/7
     1. ᠭᠤᠷᠪᠠ  ᠶᠢ ᠪᠠᠭᠠᠰᠬᠠᠬᠤ ᠨᠢᠭᠡ ᠶᠢ ᠪᠠᠭᠤᠷᠠᠭᠤᠯᠬᠤ ᠨᠢᠭᠡ ᠶᠢ ᠨᠦᠭᠦᠪᠦᠷᠢᠯᠡᠬᠦ᠄ ᠦᠯᠡᠭᠦᠳᠡᠵᠦ ᠪᠠᠶᠢᠭ᠎ᠠ ᠦᠢᠯᠡᠳᠪᠦᠷᠢᠯᠡᠯ ᠤᠨ ᠴᠢᠳᠠᠪᠤᠷᠢ ᠶᠢ ᠰᠢᠢᠳᠪᠦᠷᠢᠯᠡᠬᠦ᠂ ᠬᠠᠳᠠᠭᠠᠯᠠᠭᠳᠠᠴᠠ ᠶᠢ ᠪᠠᠭᠠᠰᠬᠠᠬᠤ᠂ ᠬᠦᠰᠢᠭᠦᠷᠭᠡ ᠶᠢ ᠦᠭᠡᠶᠢᠰᠭᠡᠬᠦ᠂ ᠥᠪᠡᠷ ᠤᠨ ᠦᠷᠲᠡᠭ ᠢ ᠪᠠᠭᠤᠷᠠᠭᠤᠯᠬᠤ᠂ ᠳᠤᠲᠠᠭᠤᠳᠠᠯ ᠢᠶᠠᠨ ᠨᠦᠬᠦᠪᠦᠷᠢᠯᠡᠬᠦ ᠪᠣᠯ ᠬᠠᠩᠭᠠᠯᠭ᠎ᠠ ᠶᠢᠨ ᠲᠠᠯ᠎ᠠ ᠳᠠᠬᠢ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠶᠢᠨ ᠴᠢᠬᠤᠯᠠ ᠠᠭᠤᠯᠭ᠎ᠠ ᠪᠤᠯᠤᠨ᠎ᠠ᠃      2. ᠭᠠᠵᠠᠷ ᠳᠣᠣᠷᠠᠬᠢ ᠶᠡᠷᠦᠩᠬᠡᠶᠢᠯᠡᠭᠰᠡᠨ ᠬᠤᠭᠤᠯᠠᠢ ᠭᠤᠤᠷᠰᠤ ᠶᠢᠨ ᠬᠤᠩᠬᠢᠯ᠄ ᠬᠤᠲᠠ ᠶᠢᠨ ᠭᠠᠵᠠᠷ ᠳᠣᠣᠷ᠎ᠠ ᠨᠥᠬᠡᠨ ᠵᠠᠮ ᠤᠨ ᠣᠷᠣᠨ ᠵᠠᠢ ᠶᠢ ᠪᠠᠶᠢᠭᠤᠯᠵᠤ᠂ ᠴᠠᠬᠢᠯᠭᠠᠨ ᠬᠤᠯᠪᠣᠭ᠎ᠠ ᠰᠢᠲᠠᠮᠠᠬᠠᠢ ᠬᠡᠢ  ᠢᠯᠴᠢ ᠤᠰᠤ ᠵᠡᠷᠭᠡ ᠡᠯ᠎ᠡ ᠵᠦᠢᠯ ᠤᠨ ᠪᠠᠷᠢᠯᠭ᠎ᠠ ᠶᠢᠨ ᠬᠤᠭᠤᠯᠠᠢ ᠤᠳᠠᠰᠤ ᠶᠢ ᠨᠢᠭᠡ ᠴᠣᠭᠴᠠᠵᠢᠭᠤᠯᠵᠤ᠂ ᠨᠢᠭᠡᠳᠦᠯᠲᠡᠢ ᠲᠥᠯᠥᠪᠵᠢᠭᠦᠯᠵᠦ᠂ ᠨᠢᠭᠡᠳᠦᠯᠲᠡᠢ ᠵᠢᠷᠤᠭᠯᠠᠨ ᠲᠥᠯᠦᠪᠯᠡᠵᠦ᠂ ᠨᠢᠭᠡᠳᠦᠯᠲᠡᠢ ᠪᠦᠲᠦᠭᠡᠨ  ᠪᠠᠶᠢᠭᠤᠯᠬᠤ ᠪᠠ ᠬᠠᠮᠢᠶᠠᠷᠬᠤ ᠶᠢ ᠵᠢᠭᠠᠵᠤ ᠪᠤᠢ᠃      3.ᠲᠣᠮᠣ ᠳ᠋ᠠᠶᠢᠲ᠋ᠠ᠄ ᠰᠢᠨ᠎ᠡ ᠦᠶ᠎ᠡ ᠶᠢᠨ ᠮᠡᠳᠡᠭᠡ ᠵᠠᠩᠬᠢ ᠶᠢᠨ ᠮᠡᠷᠭᠡᠵᠢᠯ ᠪᠣᠯᠣᠨ ᠦᠢᠯᠡᠴᠢᠯᠡᠭᠡᠨ ᠤ ᠡᠵᠡᠩᠨᠡᠯᠲᠡ ᠶᠢᠨ ᠪᠠᠶᠢᠳᠠᠯ᠂ ᠭᠤᠣᠯᠳᠠᠭᠤ ᠳᠠᠯᠠᠢ ᠶᠡᠬᠡᠲᠡᠢ ᠲᠤᠭ᠎ᠠ ᠬᠡᠮᠵᠢᠶ᠎ᠡ᠂ ᠢᠷᠡᠯᠲᠡ ᠨᠢ ᠲᠠᠷᠠᠬᠠᠢ ᠪᠣᠲᠠᠷᠬᠠᠢ᠂ ᠣᠯᠠᠨ ᠬᠡᠯᠪᠡᠷᠢ ᠶᠠᠩᠵᠤ ᠶᠢᠨ ᠣᠯᠠᠨ ᠲᠤᠭ᠎ᠠ ᠪᠠᠷᠢᠮᠲᠠ ᠶᠢ ᠴᠤᠭᠯᠠᠭᠤᠯᠬᠤ᠂  ᠬᠠᠳᠠᠭᠠᠯᠠᠬᠤ ᠪᠠ ᠬᠤᠯᠪᠤᠭᠳᠠᠭᠤᠯᠤᠨ ᠵᠠᠳᠠᠯᠵᠤ᠂ ᠲᠡᠭᠦᠨ ᠤ ᠲᠣᠲᠣᠷ᠎ᠠ ᠠᠴᠠ ᠰᠢᠨ᠎ᠡ ᠮᠡᠳᠡᠯᠭᠡ ᠢᠯᠡᠷᠡᠭᠦᠯᠦᠨ᠂ ᠰᠢᠨ᠎ᠡ ᠦᠷᠲᠡᠭ ᠪᠦᠲᠦᠭᠡᠵᠦ᠂ ᠰᠢᠨ᠎ᠡ ᠴᠢᠳᠠᠪᠤᠷᠢ ᠶᠢ ᠳᠡᠭᠡᠭᠰᠢᠯᠡᠭᠦᠯᠬᠦ ᠶᠢ ᠵᠢᠭᠠᠵᠤ ᠪᠤᠢ᠃      4. ᠲᠦᠮᠡᠨ ᠣᠯᠠᠨ ᠢᠶᠠᠷ ᠢᠶᠠᠨ ᠠᠳᠠᠯ ᠦᠢᠯᠡᠰ ᠴᠣᠭᠴᠠᠯᠠᠬᠤ ᠣᠷᠣᠨ ᠵᠠᠢ᠄ ᠵᠠᠬ᠎ᠠ ᠳᠡᠯᠭᠡᠭᠦᠷᠵᠢᠯᠲᠡ ᠶᠢᠨ ᠲᠣᠭᠲᠠᠴᠠ᠂ ᠲᠤᠰᠬᠠᠶᠢᠵᠢᠭᠰᠠᠨ ᠦᠢᠯᠡᠴᠢᠯᠡᠭᠡ ᠪᠠ ᠬᠦᠷᠦᠩᠭᠡᠵᠢᠯᠲᠡ ᠶᠢᠨ ᠵᠠᠮ ᠮᠥᠷ ᠢᠶᠠᠷ ᠳᠠᠮᠵᠢᠵᠤ ᠡᠭᠦᠳᠦᠨ ᠪᠠᠶᠢᠭᠤᠯᠤᠭᠰᠠᠨ ᠦᠪᠡᠷ ᠤᠨ ᠦᠷᠲᠡᠭ ᠢᠶᠠᠷ ᠳᠣᠣᠷ᠎ᠠ᠂ ᠳᠦᠭᠦᠮ ᠲᠦᠲᠡ᠂ ᠬᠠᠮ ᠬᠦᠴᠦᠨ ᠵᠦᠢᠯ ᠤᠨ᠂ ᠨᠡᠭᠡᠭᠡᠯᠲᠡ ᠶᠢᠨ ᠮᠠᠶ᠋ᠢᠭ ᠤᠨ ᠰᠢᠨ᠎ᠡ ᠬᠡᠯᠪᠡᠷᠢ ᠶᠢᠨ ᠠᠳᠠᠯ ᠦᠢᠯᠡᠰ ᠴᠣᠭᠴᠠᠯᠠᠬᠤ ᠦᠢᠯᠡᠴᠢᠯᠡᠭᠡᠨ ᠤ ᠲᠠᠪᠴᠠᠩ ᠢ ᠵᠢᠭᠠᠵᠤ ᠪᠤᠢ᠃      5. ᠪᠠᠭᠤᠯᠭᠠᠬᠤ ᠬᠠᠮᠢᠶᠠᠷᠬᠤ ᠦᠢᠯᠡᠴᠢᠯᠡᠬᠦ᠄ ᠵᠠᠰᠠᠭ ᠢ ᠴᠣᠮᠬᠠᠳᠬᠠᠨ ᠡᠷᠬᠡ ᠶᠢ ᠪᠠᠭᠤᠯᠭᠠᠬᠤ᠂ ᠪᠠᠭᠤᠯᠭᠠᠬᠤ ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠭᠡ ᠶᠢ ᠰᠢᠯᠢᠳᠡᠭᠵᠢᠭᠦᠯᠬᠦ ᠶᠢ ᠵᠢᠭᠠᠵᠤ ᠪᠤᠢ᠃      6.ᠨᠠᠢᠮᠠᠨ ᠨᠠᠷᠢᠨ ᠬᠠᠭᠤᠳᠠᠰᠤ᠄ ᠡᠷᠬᠡ ᠶᠢᠨ ᠨᠠᠷᠢᠨ ᠬᠠᠭᠤᠳᠠᠰᠤ᠂ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠂ ᠵᠠᠭᠤᠴᠢ ᠦᠢᠯᠡᠴᠢᠯᠡᠭᠡ ᠶᠢᠨ ᠵᠦᠢᠯᠡᠰ ᠤᠨ ᠨᠠᠷᠢᠨ ᠬᠠᠭᠤᠳᠠᠰᠤ᠂ ᠵᠠᠭᠤᠴᠢ ᠦᠢᠯᠡᠴᠢᠯᠡᠭᠡ  ᠶᠢᠨ ᠰᠦᠢᠳᠬᠡᠯ ᠬᠤᠷᠢᠶᠠᠬᠤ ᠭᠠᠷᠴᠠᠭ ᠤᠨ ᠨᠠᠷᠢᠨ ᠬᠠᠭᠤᠳᠠᠰᠤ᠂ ᠣᠯᠠᠨ ᠨᠡᠶᠢᠲᠡ ᠶᠢᠨ ᠦᠢᠯᠡᠴᠢᠯᠡᠭᠡ ᠶᠢᠨ ᠵᠦᠢᠯᠡᠰ ᠤᠨ ᠨᠠᠷᠢᠨ ᠬᠠᠭᠤᠳᠠᠰᠤ᠂ ᠬᠡᠷᠡᠴᠢᠯᠡᠬᠦ ᠵᠦᠢᠯᠡᠰ ᠤᠨ ᠨᠠᠷᠢᠨ ᠬᠠᠭᠤᠳᠠᠰᠤ᠂  ᠮᠠᠰᠢᠨ ᠤ ᠲᠠᠰᠢᠷᠠᠮ ᠢᠶᠠᠷ ᠰᠤᠭᠤᠴᠢᠨ ᠪᠠᠶᠢᠴᠠᠭᠠᠬᠤ ᠵᠦᠢᠯᠡᠰ ᠤᠨ ᠨᠠᠷᠢᠨ ᠬᠠᠭᠤᠳᠠᠰᠤ᠂ ᠵᠠᠰᠠᠭ ᠵᠠᠬᠢᠷᠭᠠᠨ ᠤ ᠠᠵᠢᠯ ᠦᠢᠯᠡᠰ ᠤᠨ ᠴᠢᠨᠠᠷᠲᠠᠢ ᠰᠦᠢᠳᠬᠡᠯ ᠬᠤᠷᠢᠶᠠᠬᠤ ᠭᠠᠷᠴᠠᠭ ᠤᠨ ᠨᠠᠷᠢᠨ ᠬᠠᠭᠤᠳᠠᠰᠤ ᠪᠠᠭᠲᠠᠨ᠎ᠠ᠃      7. ᠲᠠᠪᠤᠨ ᠦᠨᠡᠮᠯᠡᠯ ᠢ ᠨᠡᠶᠢᠯᠡᠭᠦᠯᠦᠨ ᠨᠢᠭᠡ ᠪᠣᠯᠭᠠᠬᠤ᠂  ᠨᠢᠭᠡ ᠦᠨᠡᠮᠯᠡᠯ ᠳᠤ ᠨᠢᠭᠡ ᠨᠣᠮᠧᠷ ᠲᠠᠢ ᠪᠠᠶᠢᠯᠭᠠᠬᠤ᠄ ᠠᠵᠤ ᠦᠢᠯᠡᠳᠪᠦᠷᠢ ᠬᠤᠳᠠᠯᠳᠤᠭ᠎ᠠ᠂ ᠶᠠᠰᠦ ᠴᠢᠨᠠᠷ ᠤᠨ ᠪᠠᠶᠢᠴᠠᠭᠠᠯᠲᠠ᠂ ᠭᠠᠶᠢᠯᠢ ᠶᠢᠨ ᠶᠠᠪᠤᠳᠠᠯ᠂ ᠬᠦᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ᠂ ᠲᠤᠭ᠎ᠠ ᠪᠦᠷᠢᠳᠬᠡᠯ ᠤᠨ ᠰᠠᠯᠠᠭ᠎ᠠ ᠮᠦᠴᠢᠷ ᠠᠴᠠ ᠲᠤᠰ ᠲᠤᠰ ᠣᠯᠭᠤᠭᠰᠠᠨ ᠡᠵᠡᠩᠨᠡᠯᠲᠡ ᠶᠢᠨ ᠦᠨᠡᠮᠯᠡᠯ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠣᠷᠣᠯᠠᠬᠤ ᠨᠣᠮᠧᠷ ᠤᠨ ᠦᠨᠡᠮᠯᠡᠯ᠂ ᠭᠠᠶᠢᠯᠢ ᠶᠢᠨ ᠶᠠᠪᠤᠳᠠᠯ ᠤᠨ ᠳᠠᠩᠰᠠᠯᠠᠭᠰᠠᠨ ᠦᠨᠡᠮᠯᠡᠯ᠂ ᠨᠡᠶᠢᠭᠡᠮ ᠤᠨ ᠳᠠᠭᠠᠳᠬᠠᠯ ᠤᠨ ᠳᠠᠩᠰᠠᠯᠠᠭᠰᠠᠨ ᠦᠨᠡᠮᠯᠡᠯ᠂ ᠲᠤᠭ᠎ᠠ ᠪᠦᠷᠢᠳᠭᠡᠯ ᠤᠨ ᠳᠠᠩᠰᠠᠯᠠᠭᠰᠠᠨ ᠦᠨᠡᠮᠯᠡᠯ ᠵᠡᠷᠭᠡ ᠲᠠᠪᠤᠨ ᠲᠦᠷᠦᠯ ᠤᠨ ᠭᠡᠷᠡᠴᠢ ᠦᠨᠡᠮᠯᠡᠯ ᠢ ᠠᠵᠤ ᠦᠢᠯᠡᠳᠪᠦᠷᠢ ᠬᠤᠳᠠᠯᠳᠤᠭ᠎ᠠ ᠶᠢᠨ ᠰᠠᠯᠠᠭ᠎ᠠ ᠮᠦᠴᠢᠷ ᠠᠴᠠ ᠨᠢᠭᠡᠯᠡ ᠡᠵᠡᠩᠨᠡᠯᠲᠡ ᠶᠢᠨ ᠦᠨᠡᠮᠯᠡᠯ ᠪᠣᠯᠭᠠᠨ ᠥᠭᠡᠷᠡᠴᠢᠯᠡᠵᠦ ᠣᠯᠭᠤᠨ᠂ ᠤᠤᠯ ᠤᠨ ᠬᠠᠮᠢᠶ᠎ᠠ ᠪᠦᠬᠦᠢ ᠭᠡᠷᠡᠴᠢ ᠦᠨᠡᠮᠯᠡᠯ ᠤᠨ ᠴᠢᠳᠠᠪᠬᠢ ᠲᠠᠢ ᠪᠦᠭᠡᠳ ᠨᠡᠶᠢᠭᠡᠮ ᠤᠨ ᠨᠢᠭᠡᠳᠦᠯᠲᠡᠢ ᠢᠲᠡᠭᠡᠮᠵᠢ ᠶᠢᠨ ᠣᠷᠣᠯᠠᠬᠤ ᠨᠤᠮᠧᠷ ᠢ ᠨᠡᠮᠡᠵᠦ ᠣᠷᠣᠭᠤᠯᠬᠤ ᠶᠢ ᠵᠢᠭᠠᠵᠤ ᠪᠤᠢ᠃      8. ᠬᠤᠶᠠᠷ ᠢ ᠰᠤᠭᠤᠴᠢᠵᠤ ᠨᠢᠭᠡ ᠶᠢ ᠢᠯᠡ ᠪᠤᠯᠭᠠᠬᠤ᠄ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠠᠪᠤᠴᠠ ᠳᠤ ᠪᠠᠶᠢᠴᠠᠭᠠᠬᠤ ᠡᠲᠡᠭᠡᠳ ᠢ ᠮᠠᠰᠢᠨ ᠤ ᠲᠠᠰᠢᠷᠠᠮ ᠢᠶᠠᠷ ᠰᠤᠭᠤᠴᠢᠨ ᠪᠠᠶᠢᠴᠠᠭᠠᠵᠤ᠂ ᠬᠠᠤᠯᠢ ᠬᠡᠷᠡᠭᠵᠢᠭᠦᠯᠬᠦ ᠪᠠᠶᠢᠴᠠᠭᠠᠬᠤ ᠠᠵᠢᠯᠲᠠᠨ ᠢ ᠮᠠᠰᠢᠨ ᠤ ᠲᠠᠰᠢᠷᠠᠮ ᠢᠶᠠᠷ ᠰᠣᠭᠤᠴᠢᠨ ᠲᠣᠮᠢᠯᠠᠵᠤ᠂ ᠰᠤᠭᠤᠴᠢᠨ ᠪᠠᠶᠢᠴᠠᠭᠠᠭᠰᠠᠨ ᠪᠠᠶᠢᠳᠠᠯ ᠵᠢᠴᠢ ᠪᠠᠶᠢᠴᠠᠭᠠᠨ ᠰᠢᠢᠳᠪᠦᠷᠢᠯᠡᠭᠰᠡᠨ ᠦᠷ᠎ᠡ ᠳ᠋ᠦᠩ ᠢᠶᠠᠨ ᠨᠡᠶᠢᠭᠡᠮ ᠳᠤ ᠴᠠᠭ ᠲᠤᠬᠠᠢ ᠳᠤᠨᠢ ᠢᠯᠡ ᠪᠣᠯᠭᠠᠬᠤ ᠶᠢ ᠵᠢᠭᠠᠵᠤ ᠪᠤᠢ᠃      9. ᠡᠵᠡᠩᠨᠡᠯᠲᠡ ᠶᠢᠨ ᠭᠠᠶᠢᠯᠢ ᠶᠢ ᠦᠷᠲᠡᠭ ᠨᠡᠮᠡᠭᠳᠡᠯ ᠤᠨ ᠭᠠᠶᠢᠯᠢ ᠪᠣᠯᠭᠠᠨ ᠥᠭᠡᠷᠡᠴᠢᠯᠡᠬᠦ᠄ ᠡᠵᠡᠩᠨᠡᠯᠲᠡ ᠶᠢᠨ ᠭᠠᠶᠢᠯᠢ ᠶᠢ ᠦᠷᠲᠡᠭ ᠨᠡᠮᠡᠭᠳᠡᠯ ᠤᠨ ᠭᠠᠶᠢᠯᠢ ᠪᠣᠯᠭᠠᠨ ᠥᠭᠡᠷᠡᠴᠢᠯᠡᠬᠦ ᠶᠢ ᠵᠢᠭᠠᠵᠤ ᠪᠤᠢ᠃      10. ᠳᠤᠮᠳᠠᠲᠤ ᠡᠸᠦ᠋ᠷᠦᠫᠡ ᠶᠢᠨ ᠡᠭᠡᠯᠵᠢ ᠶᠢᠨ ᠭᠠᠯᠲᠤ ᠲᠡᠷᠭᠡ᠄ ᠳᠤᠮᠳᠠᠲᠤ ᠤᠯᠤᠰ ᠤᠨ ᠲᠡᠮᠦᠷ ᠵᠠᠮ ᠤᠨ ᠶᠡᠷᠦᠩᠬᠡᠢ ᠺᠣᠮᠫᠠᠨᠢ ᠠᠴᠠ ᠵᠣᠬᠢᠶᠠᠨ ᠪᠠᠶᠢᠭᠤᠯᠵᠤ᠂ ᠲᠡᠷᠭᠡᠨ ᠤ ᠲᠣᠭᠲᠠᠭᠰᠠᠨ ᠳᠠᠷᠠᠭᠠᠯᠠᠯ᠂ ᠵᠠᠮ ᠱᠣᠭᠤᠮ᠂ ᠡᠭᠡᠯᠵᠢ ᠶᠢᠨ ᠴᠠᠭ ᠢᠶᠠᠷ ᠶᠠᠪᠤᠬᠤ᠂ ᠳᠤᠮᠳᠠᠲᠤ ᠪᠠ ᠡᠸᠦ᠋ᠷᠦᠫᠡ ᠵᠢᠴᠢ ︽ᠨᠢᠭᠡ ᠵᠠᠮ ᠨᠢᠭᠡ ᠪᠦᠰᠡ︾ ᠶᠢᠨ ᠳᠠᠭᠠᠤ  ᠳᠠᠬᠢ ᠤᠯᠤᠰ ᠤᠨ ᠬᠤᠭᠤᠷᠤᠨᠳᠤ ᠨᠡᠪᠲᠡᠷᠡᠵᠦ ᠪᠠᠶᠢᠭ᠎ᠠ ᠲᠡᠮᠦᠷ ᠵᠠᠮ ᠤᠨ ᠳᠡᠭᠡᠭᠡᠪᠦᠷᠢᠯᠡᠭᠰᠡᠨ ᠴᠢᠩᠭᠡᠯᠢᠭ ᠤᠨ ᠣᠯᠠᠨ ᠤᠯᠤᠰ ᠤᠨ ᠬᠤᠯᠪᠣᠭᠠᠯᠠᠨ ᠲᠡᠭᠡᠭᠡᠪᠦᠷᠢᠯᠡᠬᠦ ᠭᠠᠯᠲᠤ ᠲᠡᠷᠭᠡ ᠶᠢ ᠵᠢᠭᠠᠵᠤ ᠪᠤᠢ᠃      11. ᠬᠤᠶᠠᠷ ᠢ ᠲᠠᠷᠢᠭᠦᠨ ᠳᠡᠰ ᠲᠤ ᠣᠷᠣᠭᠤᠯᠬᠤ᠄ ᠤᠯᠤᠰ ᠤᠨ ᠳᠡᠰ ᠳᠠᠪᠬᠤᠷᠭ᠎ᠠ ᠶᠢᠨ ᠲᠠᠯ᠎ᠠ ᠠᠴᠠ ᠠᠪᠴᠤ ᠬᠡᠯᠡᠪᠡᠯ ᠳᠡᠯᠡᠭᠡᠢ ᠶᠢᠨ ᠲᠡᠷᠢᠭᠦᠨ ᠳᠡᠰ ᠤᠨ ᠶᠡᠭᠡ ᠰᠤᠷᠭᠠᠭᠤᠯᠢ ᠪᠠ ᠲᠡᠷᠢᠭᠦᠨ ᠳᠡᠰ ᠤᠨ ᠰᠢᠨᠵᠢᠯᠡᠭᠡᠨ ᠤ ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠨ ᠠᠬᠢᠭᠤᠯᠬᠤ ᠶᠢ ᠵᠢᠭᠠᠵᠤ ᠪᠤᠢ᠃ ᠥᠪᠡᠷᠲᠡᠭᠡᠨ ᠵᠠᠰᠠᠬᠤ ᠣᠷᠣᠨ ᠠᠴᠠ ᠲᠤᠰ ᠵᠠᠭᠤᠨ ᠤ ᠳᠤᠮᠳᠠᠴᠢ ᠪᠣᠯᠬᠤ ᠳᠤ ᠤᠯᠤᠰ ᠤᠨ ᠲᠣᠳᠤᠭᠠᠲᠤ ᠶᠢᠨ ᠲᠡᠷᠢᠭᠦᠨ ᠳᠡᠰ ᠤᠨ ᠰᠤᠷᠭᠠᠭᠤᠯᠢ ᠶᠢ 4-6 ᠪᠦᠲᠦᠭᠡᠨ ᠪᠠᠶᠢᠭᠤᠯᠵᠤ᠂ ᠥᠪᠥᠷ ᠮᠣᠩᠭᠤᠯ ᠤᠨ ᠶᠡᠭᠡ ᠰᠤᠷᠭᠠᠭᠤᠯᠢ ᠶᠢ ᠳᠡᠯᠡᠭᠡᠢ ᠶᠢᠨ ᠲᠡᠷᠢᠭᠦᠨ ᠳᠡᠰ ᠤᠨ ᠶᠡᠭᠡ ᠰᠤᠷᠭᠠᠭᠤᠯᠢ ᠶᠢᠨ ᠬᠢᠷᠢ ᠬᠡᠮᠵᠢᠶ᠎ᠡ ᠳᠤ ᠬᠦᠷᠦᠭᠦᠯᠬᠦ ᠶᠢ ᠭᠤᠣᠯᠳᠠᠯᠭ᠎ᠠ ᠲᠠᠢ ᠪᠠᠷ ᠳᠡᠮᠵᠢᠬᠦ ᠶᠢ ᠳᠣᠷᠠᠳᠪᠠ︔ ᠤᠯᠤᠰ ᠤᠨ ᠲᠣᠲᠤᠭᠠᠳᠤ ᠶᠢᠨ ᠲᠡᠷᠢᠭᠦᠨ ᠳᠡᠰ ᠤᠨ ᠰᠢᠨᠵᠢᠯᠡᠭᠡᠨ ᠢ 50 ᠣᠷᠴᠢᠮ ᠪᠦᠲᠦᠭᠡᠨ ᠪᠠᠶᠢᠭᠤᠯᠤᠨ᠎ᠠ᠂ ᠡᠭᠦᠨ ᠳᠤ 11 ᠣᠷᠴᠢᠮ ᠤᠨ ᠰᠢᠨᠵᠢᠯᠡᠭᠡᠨ ᠨᠢ ᠳᠡᠯᠡᠭᠡᠢ ᠶᠢᠨ ᠲᠡᠷᠢᠭᠦᠨ ᠳᠡᠰ ᠤᠨ ᠬᠢᠷᠢ ᠬᠡᠮᠵᠢᠶᠡᠨ ᠳᠤ ᠬᠦᠷᠦᠭᠦᠯᠬᠦ  ᠪᠠᠷ ᠴᠢᠷᠮᠠᠶᠢᠨ᠎ᠠ᠃      12. ︽ᠲᠠᠪᠤᠵᠢᠭᠤᠯᠤᠨ︾ ᠬᠠᠮᠵᠢᠯᠴᠠᠬᠤ᠄ ᠥᠪᠡᠷᠲᠡᠭᠡᠨ ᠵᠠᠰᠠᠬᠤ ᠣᠷᠣᠨ ᠤ ᠠᠷᠪᠠᠳᠤᠭᠠᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠳᠤᠷᠠᠳᠤᠭᠰᠠᠨ ᠮᠠᠨ ᠤ ᠣᠷᠣᠨ ᠤ ᠬᠤᠶᠢᠰᠢᠲᠠ ᠶᠢᠨ 5 ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠵᠠᠷᠴᠢᠮ ᠱᠠᠭᠠᠷᠳᠠᠯᠭ᠎ᠠ ᠶᠢᠨ ᠨᠢᠭᠡ ᠪᠣᠯᠣᠨ᠎ᠠ᠂ ᠲᠣᠬᠠᠶᠢᠯᠠᠪᠠᠯ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ᠂ ᠮᠡᠳᠡᠭᠡ ᠵᠠᠩᠭᠢᠵᠢᠯᠲᠠ᠂ ᠬᠤᠳᠠ ᠪᠠᠯᠭᠠᠰᠤᠵᠢᠯᠳᠡ᠂ ᠲᠠᠷᠢᠶᠠᠯᠠᠩ ᠮᠠᠯ ᠠᠵᠤ ᠠᠬᠤᠶ ᠶᠢᠨ ᠣᠳᠣᠬᠢᠴᠢᠯᠠᠯᠲᠠ᠂ ᠪᠣᠬᠢᠷᠳᠤᠯ ᠦᠭᠡᠶᠢᠵᠢᠯᠲᠡ ᠶᠢᠨ ᠭᠦᠨᠵᠡᠭᠡᠶ ᠠᠭᠤᠰᠤᠯᠴᠠᠯ ᠬᠠᠮᠵᠢᠯᠴᠠᠨ ᠬᠦᠭᠵᠢᠬᠦ ᠶᠢ ᠵᠢᠭᠠᠵᠤ ᠪᠤᠢ᠃      13. ᠳᠥᠷᠪᠡ ᠶᠢ ᠦᠨᠳᠦᠷ ᠪᠠᠶᠢᠯᠭᠠᠬᠤ᠄ ᠥᠪᠡᠷᠲᠡᠭᠡᠨ ᠵᠠᠰᠠᠬᠤ ᠣᠷᠣᠨ ᠤ ᠠᠷᠪᠠᠳᠤᠭᠠᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠲᠤᠭᠲᠠᠭᠠᠭᠰᠠᠨ ᠮᠠᠨ ᠤ ᠣᠷᠣᠨ ᠤ ᠬᠤᠶᠢᠰᠢᠲᠠ ᠶᠢᠨ 5 ᠵᠢᠯ ᠤᠨ ᠮᠠᠨ ᠤ ᠤᠷᠤᠨ ᠤ ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠬᠠᠷᠠᠯᠲᠠ ᠶᠢᠨ ᠨᠢᠭᠡ ᠪᠤᠯᠤᠨ᠎ᠠ᠂ ᠲᠤᠬᠠᠶᠢᠯᠠᠪᠠᠯ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠲᠡᠭ᠂ ᠲᠣᠭᠲᠠᠮᠠᠯ ᠬᠦᠷᠦᠩᠭᠡ ᠶᠢᠨ ᠪᠡᠯᠡ ᠣᠷᠤᠭᠤᠯᠤᠯᠲᠠ᠂ ᠡᠩ ᠤᠨ ᠨᠡᠶᠢᠲᠡ ᠶᠢᠨ ᠲᠥᠰᠥᠪ ᠤᠨ ᠣᠷᠣᠯᠭ᠎ᠠ ᠪᠠ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠤᠨ ᠪᠦᠬᠦ ᠤᠯᠤᠰ ᠤᠨ ᠬᠢᠷᠢ ᠲᠦᠪᠰᠢᠨ ᠠᠴᠠ ᠦᠨᠳᠦᠷ ᠪᠠᠶᠢᠬᠤ ᠶᠢ ᠵᠢᠭᠠᠵᠤ ᠪᠤᠢ᠃      14. ᠵᠠᠬ᠎ᠠ ᠳᠡᠯᠭᠡᠭᠦᠷᠵᠢᠭᠦᠯᠦᠨ ᠦᠷᠢ ᠥᠭᠴᠡᠭᠡ ᠪᠠᠨ ᠰᠲ᠋ᠤᠺ ᠪᠤᠯᠭᠠᠨ ᠬᠤᠪᠢᠷᠠᠭᠤᠯᠬᠤ᠄ ᠵᠠᠬ᠎ᠠ ᠳᠡᠯᠭᠡᠭᠦᠷᠴᠢᠯᠡᠬᠦ ᠠᠷᠭ᠎ᠠ ᠮᠠᠶ᠋ᠢᠭ ᠢᠶᠠᠷ᠂ ᠪᠠᠩᠬᠢ ᠶᠢᠨ ᠠᠪᠴᠠᠭᠠᠨ ᠤ ᠡᠷᠬᠡ ᠶᠢ ᠰᠲ᠋ᠤᠺ ᠪᠤᠯᠭᠠᠨ ᠬᠤᠪᠢᠷᠠᠭᠤᠯᠬᠤ ᠳᠤ᠂ ᠤᠯᠤᠰ ᠠᠴᠠ ᠠᠰᠲᠠᠭᠠᠨ ᠲᠣᠭᠲᠠᠭᠠᠯ ᠲᠠᠢ ᠪᠠᠶᠢᠬᠤ ᠠᠴᠠ ᠭᠠᠳᠠᠨ᠎ᠠ᠂ ᠪᠠᠩᠬᠢ ᠶᠢᠨ ᠠᠪᠴᠠᠭᠠᠨ ᠤ ᠡᠷᠬᠡ ᠶᠢ ᠰᠲ᠋ᠣᠺ ᠪᠣᠯᠭᠠᠨ ᠬᠤᠪᠢᠷᠠᠭᠤᠯᠬᠤ ᠳᠤ᠂ ᠬᠡᠷᠡᠭᠵᠢᠭᠦᠯᠬᠦ ᠪᠠᠶᠢᠭᠤᠯᠤᠮᠵᠢ ︵ᠮᠥᠩᠭᠦᠨ ᠭᠦᠢᠯᠭᠡᠭᠡᠨ ᠤ ᠡᠳ᠋ ᠬᠦᠷᠦᠩᠭᠡ ᠶᠢᠨ ᠬᠠᠮᠢᠶᠠᠷᠤᠯᠲᠠ ᠶᠢᠨ ᠺᠣᠮᠫᠠᠨᠢ᠂ ᠳᠠᠭᠠᠳᠬᠠᠯ ᠤᠨ ᠡᠳ᠋ ᠬᠦᠷᠦᠩᠭᠡ ᠶᠢᠨ ᠬᠠᠮᠢᠶᠠᠷᠤᠯᠲᠠ ᠶᠢᠨ ᠪᠠᠶᠢᠭᠤᠯᠤᠮᠵᠢ᠂ ᠤᠯᠤᠰ ᠤᠨ ᠦᠮᠴᠢᠯᠡᠯᠲᠦ ᠬᠦᠷᠦᠩᠭᠡ ᠶᠢᠨ ᠪᠡᠯᠡ ᠣᠷᠣᠭᠤᠯᠤᠯᠲᠠ ᠶᠢᠨ ᠠᠵᠢᠯᠯᠠᠭᠠᠨ ᠤ ᠺᠣᠮᠫᠠᠨᠢ ᠵᠡᠷᠭᠡ ᠪᠠᠭᠲᠠᠨ᠎ᠠ︶  ᠳᠤ ᠠᠪᠴᠠᠭᠠᠨ ᠤ ᠡᠷᠬᠡ ᠪᠠᠨ ᠰᠢᠯᠵᠢᠭᠦᠯᠦᠨ ᠦᠭᠬᠦ ᠪᠠᠷ ᠳᠠᠮᠵᠢᠭᠤᠯᠤᠨ᠂ ᠬᠡᠷᠡᠭᠵᠢᠭᠦᠯᠬᠦ ᠪᠠᠶᠢᠭᠤᠯᠤᠮᠵᠢ ᠠᠴᠠ ᠠᠪᠴᠠᠭᠠᠨ ᠤ ᠡᠷᠬᠡ ᠶᠢ ᠨᠥᠬᠦᠭᠡ ᠲᠠᠯ᠎ᠠ ᠶᠢᠨ ᠠᠵᠤ ᠠᠬᠤᠶᠢᠯᠠᠯ ᠤᠨ ᠰᠲ᠋ᠣᠺ ᠪᠤᠯᠭᠠᠨ ᠬᠤᠪᠢᠷᠠᠭᠤᠯᠬᠤ ᠠᠷᠭ᠎ᠠ ᠬᠡᠯᠪᠡᠷᠢ ᠪᠠᠷ ᠪᠡᠶᠡᠯᠡᠭᠦᠯᠬᠦ ᠶᠢ ᠵᠢᠭᠠᠵᠤ ᠪᠤᠢ᠃      15. ᠭᠤᠷᠪᠠᠨ ᠡᠷᠬᠡ ᠶᠢ ᠰᠠᠯᠭᠠᠨ ᠪᠠᠶᠢᠷᠢᠯᠠᠭᠤᠯᠬᠤ᠄ ᠮᠠᠯᠵᠢᠬᠤ ᠲᠠᠷᠢᠶᠠᠯᠠᠬᠤ ᠤᠷᠤᠨ ᠤ ᠭᠠᠵᠠᠷ ᠰᠢᠷᠤᠢ ᠨᠤᠲᠤᠭ ᠪᠡᠯᠴᠢᠭᠡᠷ ᠤᠨ ᠨᠡᠶᠢᠲᠡ ᠶᠢᠨ ᠥᠮᠴᠢᠯᠡᠯ ᠤᠨ ᠡᠷᠬᠡ᠂ ᠮᠠᠯᠵᠢᠬᠤ ᠲᠠᠷᠢᠶᠠᠯᠠᠬᠤ ᠡᠷᠦᠬᠡ ᠶᠢᠨ ᠳᠠᠭᠠᠭᠠᠴᠢᠯᠠᠯᠲᠠ ᠶᠢᠨ ᠡᠷᠬᠡ᠂ ᠭᠠᠵᠠᠷ ᠰᠢᠷᠤᠢ ᠨᠣᠲᠤᠭ ᠪᠡᠯᠴᠢᠭᠡᠷ ᠤᠨ ᠡᠵᠡᠩᠨᠡᠯᠲᠡ ᠶᠢᠨ ᠡᠷᠬᠡ ᠵᠡᠷᠭᠡ ᠭᠤᠷᠪᠡᠨ ᠡᠷᠬᠡ ᠶᠢ ᠰᠠᠯᠭᠠᠨ ᠪᠠᠶᠢᠷᠢᠯᠠᠭᠤᠯᠬᠤ ᠶᠢ ᠵᠡᠷᠭᠡᠪᠡᠷ ᠬᠡᠷᠡᠭᠵᠢᠭᠦᠯᠵᠦ᠂ ᠨᠡᠶᠢᠲᠡ ᠶᠢᠨ ᠦᠮᠴᠢᠯᠡᠯ ᠤᠨ ᠡᠷᠬᠡ ᠶᠢ ᠨᠠᠶᠢᠳᠠᠪᠤᠷᠢᠵᠢᠭᠤᠯᠤᠨ᠂ ᠳᠠᠭᠠᠭᠠᠴᠢᠯᠠᠯᠲᠠ ᠶᠢᠨ ᠡᠷᠬᠡ ᠶᠢ ᠲᠣᠭᠲᠠᠭᠤᠨ ᠪᠠᠶᠢᠯᠭᠠᠵᠤ᠂ ᠡᠵᠡᠩᠨᠡᠯᠲᠡ ᠶᠢᠨ ᠡᠷᠬᠡ ᠶᠢ ᠠᠮᠢᠳᠤᠯᠢᠭ ᠪᠣᠯᠭᠠᠬᠤ ᠶᠢ ᠵᠢᠭᠠᠵᠤ ᠪᠤᠢ᠃      16. ︽ᠬᠤᠶᠠᠷ ᠡᠷᠬᠡ︾ ᠶᠢᠨ ᠪᠠᠷᠢᠴᠠᠭᠠᠲᠤ ᠵᠢᠭᠡᠯᠡᠯᠭᠡ᠄ ᠮᠠᠯᠵᠢᠬᠤ ᠲᠠᠷᠢᠶᠠᠯᠠᠬᠤ ᠤᠷᠤᠨ ᠤ ᠭᠠᠵᠠᠷ ᠰᠢᠷᠦᠢ ᠨᠤᠲᠤᠭ ᠪᠡᠯᠴᠢᠭᠡᠷ ᠤᠨ ᠡᠵᠡᠩᠨᠡᠯᠲᠡ ᠶᠢᠨ ᠡᠷᠬᠡ ᠶᠢᠨ ᠪᠠᠷᠢᠴᠠᠭᠠᠲᠤ ᠵᠢᠭᠡᠯᠡᠯᠭᠡ ᠪᠣᠯᠣᠨ ᠮᠠᠯᠴᠢᠨ ᠲᠠᠷᠢᠶᠠᠴᠢᠳ ᠤᠨ ᠤᠷᠤᠨ ᠰᠠᠭᠤᠴᠠ ᠡᠳ᠋ ᠬᠦᠷᠦᠩᠭᠡ ᠶᠢᠨ ᠡᠷᠬᠡ ᠶᠢᠨ ᠪᠠᠷᠢᠴᠠᠭᠠᠲᠤ ᠵᠢᠭᠡᠯᠡᠯᠭᠡ ᠶᠢ ᠵᠢᠭᠠᠵᠤ ᠪᠤᠢ᠃      17. ᠭᠤᠣᠯ ᠮᠦᠷᠡᠨ ᠤ ᠠᠵᠢᠯ ᠳᠤ ᠬᠠᠷᠢᠭᠤᠴᠠᠬᠤ ᠳᠠᠷᠤᠭ᠎ᠠ ᠶᠢᠨ ᠳᠦᠷᠢᠮ᠄ ᠤᠷᠤᠨ ᠨᠤᠲᠤᠭ ᠤᠨ ᠨᠠᠮ ᠵᠠᠰᠠᠭ ᠤᠨ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢᠨ ᠳᠦᠷᠢᠮ ᠢᠶᠠᠷ ᠭᠤᠣᠯ ᠪᠣᠯᠭᠠᠭᠰᠠᠨ ᠭᠤᠣᠯ ᠮᠦᠷᠡᠨ ᠨᠠᠭᠤᠷ ᠴᠦᠬᠦᠷᠦᠮ ᠤᠨ ᠬᠠᠮᠢᠶᠠᠷᠤᠯᠲᠠ ᠬᠠᠮᠠᠭᠠᠯᠠᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ ᠂ ᠤᠰᠤᠨ ᠤ ᠡᠬᠢ ᠰᠤᠷᠪᠤᠯᠵᠢ ᠶᠢ ᠬᠠᠮᠠᠭᠠᠯᠠᠬᠤ᠂ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ᠂ ᠤᠰᠤᠨ ᠤ ᠤᠷᠴᠢᠨ ᠲᠣᠭᠤᠷᠢᠨ ᠢ ᠰᠠᠶᠢᠵᠢᠷᠠᠭᠤᠯᠬᠤ᠂ ᠤᠰᠤᠨ ᠤ ᠠᠮᠢ ᠠᠬᠤᠢ ᠶᠢ ᠰᠢᠯᠢᠳᠡᠭᠵᠢᠭᠦᠯᠬᠦ ᠪᠠᠷ ᠭᠤᠣᠯ ᠡᠭᠦᠷᠭᠡ ᠪᠣᠯᠭᠠᠨ᠎ᠠ᠃ ᠤᠯᠤᠰ ᠠᠴᠠ ᠮᠤᠵᠢ᠂ ᠬᠤᠲᠠ᠂ ᠰᠢᠶᠠᠨ᠂ ᠰᠢᠶᠠᠩ ᠤᠨ ᠳᠥᠷᠪᠡᠨ ᠱᠠᠲᠤᠨ ᠤ ᠭᠤᠣᠯ ᠮᠦᠷᠡᠨ ᠤ ᠳᠠᠷᠤᠭ᠎ᠠ ᠶᠢᠨ ᠰᠢᠰᠲ᠋ᠧᠮᠵᠢ ᠶᠢ ᠪᠠᠶᠢᠭᠤᠯᠤᠨ᠂ ᠡᠯ᠎ᠡ ᠮᠤᠵᠢ᠂ ᠦᠪᠡᠷᠲᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠲᠠ ᠨᠢ ᠶᠡᠷᠦᠩᠬᠡᠢ ᠭᠤᠣᠯ ᠮᠦᠷᠡᠨ ᠤ ᠳᠠᠷᠤᠭ᠎ᠠ ᠲᠣᠬᠢᠷᠠᠭᠤᠯᠵᠤ᠂ ᠨᠠᠮ ᠤᠨ ᠬᠤᠷᠢᠶ᠎ᠠ ᠪᠣᠶᠤ ᠵᠠᠰᠠᠭ ᠤᠨ ᠤᠷᠳᠤᠨ ᠤ ᠭᠤᠣᠯ ᠬᠠᠷᠢᠭᠤᠴᠠᠯᠭᠠᠲᠠᠨ ᠠᠴᠠ ᠡᠭᠦᠷᠭᠡᠯᠡᠬᠦ ᠶᠢ ᠵᠢᠭᠠᠵᠤ ᠪᠤᠢ᠃      18. ᠠᠵᠤ ᠠᠬᠤᠢ ᠶᠢ ᠬᠠᠮᠲᠤᠪᠠᠷ ᠬᠦᠷᠲᠡᠬᠦ᠄ ᠢᠨᠲ᠋ᠧᠷ ᠰᠦᠯᠵᠢᠶᠡᠨ ᠤ ᠮᠡᠷᠭᠡᠵᠢᠯ ᠬᠦᠭᠵᠢᠭᠰᠡᠨ ᠠᠬᠤᠢ ᠪᠠᠶᠢᠳᠠᠯ ᠤᠨ ᠳᠤᠤᠷ᠎ᠠ ᠪᠣᠢ ᠪᠣᠯᠣᠭᠰᠠᠨ ᠴᠤ᠋ ᠰᠢᠨ᠎ᠡ ᠬᠤᠳᠠᠯᠳᠤᠭᠠᠨ ᠤ ᠵᠠᠭᠪᠤᠷ ᠪᠣᠯᠣᠨ᠎ᠠ᠂ ᠨᠡᠶᠢᠲᠡ ᠤᠯᠠᠨ ᠢᠶᠠᠷ ᠢᠶᠠᠨ ᠰᠤᠯᠠ ᠰᠡᠯᠡᠭᠦᠦ ᠡᠬᠢ ᠪᠠᠶᠠᠯᠢᠭ ᠢ ᠨᠡᠶᠢᠭᠡᠮᠴᠢᠯᠡᠭᠰᠡᠨ ᠲᠠᠪᠴᠠᠩ ᠢᠶᠠᠷ ᠳᠠᠮᠵᠢᠭᠤᠯᠤᠨ ᠪᠤᠰᠤᠳ ᠲᠤ ᠬᠤᠪᠢᠶᠠᠨ ᠬᠦᠷᠲᠡᠭᠡᠵᠦ᠂ ᠡᠭᠦᠨ ᠤ ᠤᠯᠠᠮ ᠠᠴᠠ ᠠᠰᠢᠭ ᠤᠯᠵᠠᠪᠤᠷᠢ ᠣᠯᠬᠤ ᠶᠢ ᠵᠢᠭᠠᠵᠤ ᠪᠤᠢ᠃      19. ᠬᠠᠮ ᠵᠢᠭᠤᠯᠴᠢᠯᠠᠯ᠄ ᠵᠣᠬᠢᠬᠤ ᠤᠷᠤᠨ ᠪᠦᠰᠡ ᠶᠢᠨ ᠳᠣᠲᠣᠷ᠎ᠠ᠂ ᠵᠢᠭᠤᠯᠴᠢᠯᠠᠯ ᠤᠨ ᠦᠢᠯᠡᠰ ᠢᠶᠠᠷ ᠳᠠᠪᠠᠭᠤᠯᠢᠭ ᠠᠵᠤ ᠦᠢᠯᠡᠰ ᠪᠣᠯᠭᠠᠵᠤ᠂ ᠤᠷᠤᠨ ᠪᠦᠰᠡ ᠶᠢᠨ ᠳᠣᠲᠣᠷᠠᠬᠢ ᠵᠢᠭᠤᠯᠴᠢᠯᠠᠯ ᠤᠨ ᠡᠬᠢ ᠪᠠᠶᠠᠯᠢᠭ᠂ ᠬᠠᠮᠢᠶ᠎ᠠ ᠪᠦᠬᠦᠢ ᠠᠵᠤ ᠦᠢᠯᠡᠰ᠂ ᠠᠮᠢ ᠠᠬᠤᠢ ᠶᠢᠨ ᠤᠷᠴᠢᠨ ᠲᠣᠭᠤᠷᠢᠨ᠂ ᠤᠯᠠᠨ ᠨᠡᠶᠢᠲᠡ ᠶᠢᠨ ᠦᠢᠯᠡᠴᠢᠯᠡᠭᠡ᠂ ᠪᠠᠶᠢᠭᠤᠯᠤᠯ ᠲᠣᠭᠲᠠᠴᠠ᠂ ᠲᠥᠷᠦ ᠶᠢᠨ ᠪᠣᠳᠤᠯᠭ᠎ᠠ ᠬᠠᠤᠯᠢ ᠲᠣᠭᠲᠠᠭᠠᠯ᠂ ᠪᠣᠯᠪᠠᠰᠤᠨ ᠬᠡᠪ ᠴᠢᠨᠠᠷ ᠵᠡᠷᠭᠡ ᠶᠢ ᠪᠦᠬᠦ ᠲᠠᠯ᠎ᠠ ᠪᠠᠷ᠂ ᠰᠢᠰᠲ᠋ᠧᠮᠵᠢᠭᠦᠯᠵᠦ ᠰᠢᠯᠢᠳᠡᠭᠵᠢᠭᠦᠯᠦᠨ ᠳᠡᠭᠡᠭᠰᠢᠯᠡᠭᠦᠯᠬᠦ ᠪᠠᠷ ᠳᠠᠮᠵᠢᠨ᠂ ᠡᠬᠢ ᠪᠠᠶᠠᠯᠢᠭ ᠤᠨ ᠤᠷᠭᠠᠨᠢᠭ ᠨᠢᠭᠡᠲᠦᠯ᠂ ᠠᠵᠤ ᠦᠢᠯᠡᠰ ᠤᠨ ᠠᠭᠤᠰᠤᠯᠴᠠᠨ ᠬᠦᠭᠵᠢᠬᠦ᠂ ᠨᠡᠶᠢᠭᠡᠮ ᠤᠨ ᠬᠠᠮᠲᠤᠪᠠᠷ ᠪᠠᠶᠢᠭᠤᠯᠵᠤ ᠬᠠᠮᠲᠤᠪᠠᠷ ᠬᠦᠷᠲᠡᠬᠦ ᠶᠢ ᠪᠡᠶᠡᠯᠡᠭᠦᠯᠵᠦ᠂ ᠵᠢᠭᠤᠯᠴᠢᠯᠠᠯ ᠤᠨ ᠦᠢᠯᠡᠰ ᠢᠶᠠᠷ ᠠᠵᠤ ᠠᠬᠤᠢ ᠨᠡᠶᠢᠭᠡᠮ ᠤᠨ ᠬᠥᠭᠵᠢᠯᠲᠡ ᠶᠢ ᠳᠠᠶᠢᠴᠢᠯᠠᠨ ᠠᠬᠢᠭᠤᠯᠬᠤ ᠶᠢ ᠵᠢᠭᠠᠵᠤ ᠪᠤᠢ᠃      20. ︽ᠵᠢᠭᠤᠯᠴᠢᠯᠠᠯ  +︾  ᠪᠠᠶᠢᠯᠳᠤᠬᠤ ᠪᠣᠳᠣᠯᠭ᠎ᠠ᠄ ᠵᠢᠭᠤᠯᠴᠢᠯᠠᠯ ᠤᠨ ᠦᠢᠯᠡᠰ ᠤᠨ ᠠᠭᠤᠰᠤᠯᠴᠠᠬᠤ ᠴᠢᠳᠠᠪᠤᠷᠢ ᠶᠢ ᠪᠠᠳᠠᠷᠠᠭᠤᠯᠤᠨ᠂ ᠬᠠᠮᠢᠶ᠎ᠠ ᠪᠦᠬᠦᠢ ᠠᠵᠤ ᠦᠢᠯᠡᠰ ᠪᠠ ᠬᠦᠷᠢᠶ᠎ᠡ  ᠴᠠᠷᠠᠭ᠎ᠠ ᠶᠢᠨ ᠬᠦᠭᠵᠢᠯᠲᠡ ᠳᠤ ᠵᠢᠭᠤᠯᠴᠢᠯᠠᠯ ᠤᠨ ᠲᠠᠪᠴᠠᠩ ᠬᠠᠩᠭᠠᠵᠤ᠂ ᠰᠢᠨ᠎ᠡ ᠡᠵᠡᠩᠨᠡᠯᠲᠡ ᠶᠢᠨ ᠪᠠᠶᠢᠳᠠᠯ ᠢ ᠪᠣᠢ ᠪᠣᠯᠭᠠᠵᠤ᠂ ᠲᠡᠳᠡᠨ ᠤ ᠬᠦᠭᠵᠢᠯᠲᠡ ᠶᠢᠨ ᠬᠢᠷᠢ ᠲᠥᠪᠰᠢᠨ ᠪᠠ ᠶᠡᠷᠦᠩᠬᠡᠶᠢᠯᠡᠭᠰᠡᠨ ᠥᠷᠲᠡᠭ ᠢ ᠳᠡᠭᠡᠭᠰᠢᠯᠡᠭᠦᠯᠦᠨ᠎ᠡ᠃ ᠡᠭᠦᠨ ᠳᠤ ᠵᠢᠭᠤᠯᠴᠢᠯᠠᠯ + ᠪᠡᠯᠡ ᠣᠷᠣᠭᠤᠯᠤᠯᠲᠠ᠂ ᠵᠢᠭᠤᠯᠴᠢᠯᠠᠯ + ᠬᠡᠷᠡᠭᠯᠡᠭᠡ᠂ ᠵᠢᠭᠤᠯᠴᠢᠯᠠᠯ + ᠰᠢᠨᠵᠢᠯᠡᠬᠦ ᠤᠬᠠᠭᠠᠨ ᠮᠡᠷᠭᠡᠵᠢᠯ ᠵᠡᠷᠭᠡ ᠪᠠᠭᠲᠠᠨ᠎ᠠ᠃      21.ᠨᠡᠶᠢᠳᠡᠮ ᠳᠤᠨᠢ ᠬᠠᠷᠠᠭᠠᠯᠵᠠᠬᠤ ᠮᠥᠩᠭᠦᠨ ᠭᠦᠢᠯᠭᠡᠭᠡᠨ᠄ ᠠᠵᠠ ᠳᠣᠬᠢᠶᠠᠯ ᠡᠷᠬᠡ ᠲᠡᠭᠰᠢ ᠪᠠᠶᠢᠬᠤ ᠱᠠᠭᠠᠷᠳᠠᠯᠭ᠎ᠠ ᠪᠠ ᠬᠤᠳᠠᠯᠳᠤᠭᠠᠨ ᠤ ᠦᠢᠯᠡᠰ ᠤᠨ ᠦᠷᠭᠦᠯᠵᠢᠯᠡᠬᠦ ᠵᠠᠷᠴᠢᠮ ᠳᠤ ᠰᠠᠭᠤᠷᠢᠯᠠᠨ᠂ ᠡᠭᠦᠷᠭᠡᠯᠡᠵᠦ ᠪᠣᠯᠬᠤᠶᠢᠴᠠ ᠥᠪᠡᠷ ᠤᠨ ᠦᠷᠲᠡᠭ ᠢᠶᠠᠷ ᠮᠥᠩᠭᠦᠨ ᠭᠦᠢᠯᠭᠡᠭᠡᠨ ᠤ ᠦᠢᠯᠡᠴᠢᠯᠡᠭᠡ ᠶᠢᠨ ᠬᠡᠷᠡᠭᠴᠡᠭᠡ ᠱᠠᠭᠠᠷᠳᠠᠯᠭ᠎ᠠ  ᠲᠠᠢ ᠨᠡᠶᠢᠭᠡᠮ ᠤᠨ ᠡᠯ᠎ᠡ ᠱᠠᠲᠤ ᠳᠠᠪᠬᠤᠷᠭ᠎ᠠ ᠪᠠ ᠪᠦᠯᠬᠦᠮ ᠨᠡᠶᠢᠲᠡ ᠳᠤ ᠵᠣᠬᠢᠰᠲᠠᠶ᠂ ᠪᠦᠲᠦᠮᠵᠢᠲᠡᠶ ᠮᠥᠩᠭᠦᠨ ᠭᠦᠢᠯᠭᠡᠭᠡᠨ ᠤ ᠦᠢᠯᠡᠴᠢᠯᠡᠭᠡ ᠬᠠᠩᠭᠠᠨ᠎ᠠ᠃  ᠵᠢᠵᠢᠭ ᠪᠢᠴᠢᠯ ᠠᠵᠤ ᠠᠬᠤᠶᠢᠯᠠᠯ᠂ ᠮᠠᠯᠴᠢᠨ ᠲᠠᠷᠢᠶᠠᠴᠢᠨ᠂ ᠬᠤᠲᠠ ᠪᠠᠯᠭᠠᠰᠤ ᠶᠢᠨ ᠣᠷᠣᠯᠭ᠎ᠠ ᠳᠣᠣᠷ᠎ᠠ ᠬᠥᠮᠥᠰ᠂ ᠶᠠᠳᠠᠭᠤ ᠬᠦᠴᠢᠷᠳᠡᠯᠲᠡᠢ ᠬᠥᠮᠥᠰ ᠪᠠ ᠵᠡᠮᠳᠡᠭᠴᠦᠳ᠂ ᠨᠠᠰᠤᠲᠠᠶᠢᠴᠤᠳ ᠵᠡᠷᠭᠡ ᠣᠨᠴᠤᠭᠤᠢ ᠬᠦᠮᠦᠰ ᠪᠣᠯ ᠣᠳᠣᠬᠠᠨ ᠳᠤ ᠮᠠᠨ ᠤ ᠣᠯᠤᠰ ᠤᠨ ᠨᠡᠶᠢᠳᠡᠮ ᠳᠤᠨᠢ ᠬᠠᠷᠠᠭᠠᠯᠵᠠᠬᠤ ᠮᠥᠩᠭᠦᠨ ᠭᠦᠢᠯᠭᠡᠭᠡᠨ ᠤ ᠭᠤᠣᠯᠳᠠᠯᠭ᠎ᠠ ᠲᠠᠢ ᠦᠢᠯᠡᠴᠢᠯᠡᠬᠦ ᠡᠲᠡᠭᠡᠳ ᠪᠣᠯᠣᠨ᠎ᠠ᠃      22. ᠪᠣᠬᠢᠷᠲᠤᠯ ᠦᠭᠡᠢ ᠮᠦᠩᠭᠦᠨ ᠭᠦᠢᠯᠭᠡᠭᠡᠨ᠄ ᠤᠷᠴᠢᠨ ᠲᠣᠭᠤᠷᠢᠨ ᠢ ᠥᠭᠡᠷᠡᠴᠢᠯᠡᠵᠦ ᠰᠠᠶᠢᠵᠢᠷᠠᠭᠤᠯᠤᠨ ᠂ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠬᠤ ᠪᠠ ᠡᠬᠢ ᠪᠠᠶᠠᠯᠢᠭ ᠢ ᠠᠷᠪᠢᠯᠠᠨ ᠦᠨᠳᠦᠷ ᠪᠦᠲᠦᠮᠵᠢᠲᠡᠢ ᠪᠠᠷ ᠠᠰᠢᠭᠯᠠᠬᠤ ᠶᠢ ᠳᠡᠮᠵᠢᠬᠦ ᠶᠢᠨ ᠲᠤᠰᠠᠳᠠ᠂ ᠤᠷᠴᠢᠨ ᠲᠣᠭᠤᠷᠢᠨ ᠤ ᠬᠠᠮᠠᠭᠠᠯᠠᠯᠲᠠ᠂ ᠡᠨᠧᠷᠭᠢ ᠠᠷᠪᠢᠯᠠᠬᠤ᠂ ᠠᠷᠢᠭᠤᠨ ᠴᠡᠪᠡᠷ ᠡᠨᠧᠷᠭᠢ᠂ ᠪᠣᠬᠢᠷᠲᠤᠯ ᠦᠭᠡᠢ ᠵᠠᠮ ᠬᠠᠷᠢᠯᠴᠠᠭ᠎ᠠ᠂ ᠪᠣᠬᠢᠷᠲᠤᠯ ᠦᠭᠡᠢ ᠪᠠᠷᠢᠯᠭ᠎ᠠ ᠵᠡᠷᠭᠡ ᠬᠦᠷᠢᠶ᠎ᠡ ᠴᠠᠷᠠᠭ᠎ᠠ ᠶᠢᠨ ᠲᠦᠷᠦᠯ ᠵᠦᠢᠯ ᠤᠨ ᠪᠡᠯᠡ ᠤᠷᠤᠭᠤᠯᠤᠯᠲᠠ ᠪᠡᠯᠡ ᠲᠣᠬᠢᠷᠠᠭᠤᠯᠭ᠎ᠠ᠂ ᠲᠦᠷᠦᠯ ᠵᠦᠢᠯ ᠤᠨ ᠡᠵᠡᠩᠨᠡᠯᠲᠡ᠂ ᠲᠥᠭᠰᠢᠭᠦᠷᠢ ᠶᠢᠨ ᠬᠠᠮᠢᠶᠠᠷᠤᠯᠲᠠ ᠵᠡᠷᠭᠡ ᠳᠤ ᠬᠠᠩᠭᠠᠭᠰᠠᠨ ᠮᠦᠩᠭᠦᠨ ᠭᠦᠢᠯᠭᠡᠭᠡᠨ ᠤ ᠦᠢᠯᠡᠴᠢᠯᠡᠭᠡ ᠶᠢ ᠵᠢᠭᠠᠵᠤ ᠪᠤᠢ᠃      23. ᠤᠯᠠᠭᠠᠨᠴᠠᠪ ᠳ᠋ᠠᠲ᠋ᠦ᠋ᠩ ᠴᠢᠭᠤᠯᠤᠯᠲᠤ ᠬᠠᠭᠠᠯᠭ᠎ᠠ ᠶᠢᠨ ᠬᠠᠮᠲᠤᠷᠠᠯᠴᠠᠭᠠᠨ ᠤ ᠤᠷᠤᠨ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠤᠯᠠᠭᠠᠨᠴᠠᠪ ᠬᠤᠲᠠ᠂ ᠱᠠᠨ ᠰᠢ ᠮᠤᠵᠢ ᠶᠢᠨ ᠳ᠋ᠠᠲ᠋ᠦ᠋ᠩ ᠬᠤᠲᠠ᠂ ᠾᠧᠪᠸᠢ ᠮᠤᠵᠢ ᠶᠢᠨ ᠴᠢᠭᠤᠯᠤᠯᠲᠤ ᠬᠠᠭᠠᠯᠭ᠎ᠠ ᠬᠤᠲᠠ ᠵᠡᠷᠭᠡ ᠪᠠᠭᠲᠠᠨ᠎ᠠ᠃      24. ᠠᠵᠤ ᠠᠬᠤᠶᠢᠯᠠᠯ ᠤᠨ ᠣᠨ ᠤ ᠮᠥᠩᠭᠦ᠄ ᠠᠵᠤ ᠠᠬᠤᠶᠢᠯᠠᠯ ᠵᠢᠴᠢ ᠲᠡᠭᠦᠨ ᠤ ᠬᠠᠣᠯᠢ ᠶᠣᠰᠤᠭᠠᠷ ᠠᠵᠢᠯᠲᠠᠨ ᠠᠵᠢᠯᠴᠢᠨ ᠦᠨᠳᠦᠰᠦᠨ ᠨᠠᠰᠤᠵᠢᠯ ᠤᠨ ᠳᠠᠭᠠᠳᠬᠠᠯ ᠳᠤ ᠬᠠᠣᠯᠢ ᠶᠣᠰᠣᠭᠠᠷ ᠣᠷᠣᠯᠴᠠᠭᠰᠠᠨ ᠰᠠᠭᠤᠷᠢᠨ ᠳᠡᠭᠡᠷ᠎ᠡ᠂ ᠰᠠᠶᠢᠨ ᠳᠤᠷ᠎ᠠ ᠠᠴᠠ ᠪᠠᠨ ᠲᠣᠭᠲᠠᠭᠠᠭᠰᠠᠨ ᠨᠠᠰᠤᠵᠢᠯ ᠤᠨ ᠨᠥᠬᠦᠪᠦᠷᠢ ᠳᠦᠷᠢᠮ ᠪᠣᠯᠣᠨ᠎ᠠ᠃ ᠬᠡᠷᠡᠭᠰᠡᠬᠦ ᠰᠦᠢᠳᠬᠡᠯ ᠢ ᠠᠵᠤ ᠠᠬᠤᠶᠢᠯᠠᠯ ᠪᠠ ᠠᠵᠢᠯᠲᠠᠨ ᠠᠵᠢᠯᠴᠢᠨ ᠠᠴᠠ ᠬᠠᠮᠲᠤᠪᠡᠷ ᠲᠤᠰᠢᠶᠠᠵᠤ᠂ ᠠᠵᠢᠯᠲᠠᠨ ᠠᠵᠢᠯᠴᠢᠨ  ᠨᠢ ᠤᠯᠤᠰ ᠠᠴᠠ ᠲᠣᠭᠲᠠᠭᠠᠭᠰᠠᠨ ᠠᠵᠢᠯ ᠠᠴᠠ ᠪᠠᠨ ᠪᠠᠭᠤᠬᠤ ᠨᠠᠰᠤᠨ ᠳᠤ  ᠬᠦᠷᠪᠡᠯ᠂ ᠲᠤᠰ ᠬᠥᠮᠥᠨ ᠤ ᠠᠵᠤ ᠠᠬᠤᠶᠢᠯᠠᠯ ᠤᠨ ᠣᠨ ᠤ ᠮᠥᠩᠭᠦ ᠶᠢᠨ ᠬᠤᠪᠢ ᠬᠥᠮᠥᠨ ᠤ ᠳᠠᠩᠰᠠᠨ ᠡᠷᠦᠬᠡ ᠠᠴᠠ ᠨᠢᠭᠡᠯᠡ ᠤᠳᠠᠭ᠎ᠠ ᠪᠠᠷ ᠪᠤᠶᠤ ᠲᠣᠭᠲᠠᠮᠠᠯ ᠬᠤᠭᠤᠴᠠᠭ᠎ᠠ ᠲᠠᠢ ᠪᠠᠷ ᠭᠠᠷᠭᠠᠨ ᠠᠪᠴᠤ ᠪᠣᠯᠬᠤ ᠶᠢ ᠵᠢᠭᠠᠵᠤ ᠪᠤᠢ᠃      25.  ᠲᠣᠬᠠᠶᠢᠯᠠᠭᠰᠠᠨ ᠠᠵᠢᠯ ᠤᠨ ᠣᠨ ᠤ ᠮᠥᠩᠭᠦ᠄ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠵᠢᠴᠢ  ᠲᠡᠭᠦᠨ ᠤ ᠠᠵᠢᠯᠲᠠᠳ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠦᠨᠳᠦᠰᠦᠨ ᠨᠠᠰᠤᠵᠢᠯ ᠤᠨ ᠳᠠᠭᠠᠳᠬᠠᠯ ᠳᠤ ᠣᠷᠣᠯᠴᠠᠭᠰᠠᠨ ᠰᠠᠭᠤᠷᠢᠨ ᠳᠡᠭᠡᠷ᠎ᠡ ᠲᠣᠭᠲᠠᠭᠠᠭᠰᠠᠨ ᠨᠠᠰᠤᠵᠢᠯ ᠤᠨ ᠨᠥᠬᠦᠪᠦᠷᠢ ᠳᠦᠷᠢᠮ ᠪᠣᠯᠣᠨ᠎ᠠ᠃ ᠬᠡᠷᠡᠭᠰᠡᠬᠦ ᠰᠦᠢᠳᠬᠡᠯ ᠢ ᠨᠢᠭᠡᠴᠡ ᠪᠠ ᠠᠵᠢᠯᠲᠠᠨ ᠬᠤᠪᠢ ᠬᠥᠮᠥᠨ ᠬᠠᠮᠲᠤᠪᠡᠷ ᠡᠭᠦᠷᠭᠡᠯᠡᠵᠦ᠂ ᠠᠵᠢᠯᠲᠠᠳ ᠨᠢ ᠤᠯᠤᠰ ᠠᠴᠠ ᠲᠣᠭᠲᠠᠭᠠᠭᠰᠠᠨ ᠠᠵᠢᠯ ᠠᠴᠠ ᠪᠠᠨ ᠪᠠᠭᠤᠬᠤ ᠨᠥᠬᠦᠴᠡᠯ ᠳᠤ ᠬᠦᠷᠦᠭᠰᠡᠨ ᠤ ᠬᠠᠮᠲᠤ ᠠᠵᠢᠯ ᠠᠴᠠ ᠪᠠᠨ ᠪᠠᠭᠤᠬᠤ ᠭᠠᠷᠳᠠᠮ ᠢ ᠬᠠᠣᠯᠢ ᠶᠣᠰᠣᠭᠠᠷ ᠭᠦᠢᠴᠡᠳᠬᠡᠭᠰᠡᠨ ᠤ ᠳᠠᠷᠠᠭ᠎ᠠ ᠭᠠᠷᠭᠠᠨ ᠠᠪᠴᠤ ᠪᠣᠯᠣᠨ᠎ᠠ᠃          26. ᠱᠠᠲᠤ ᠬᠤᠪᠢᠶᠠᠨ ᠣᠨᠣᠰᠢᠯᠠᠨ ᠡᠮᠨᠡᠬᠦ ᠳᠦᠷᠢᠮ᠄ ᠡᠪᠡᠳᠴᠢᠨ ᠤ ᠬᠦᠨᠳᠦ ᠬᠥᠩᠭᠡᠨ ᠠᠯᠭᠤᠷ ᠪᠠᠴᠢᠮ ᠵᠢᠴᠢ ᠡᠮᠨᠡᠨ ᠵᠠᠰᠠᠬᠤ ᠬᠦᠴᠢᠷ ᠬᠢᠯᠪᠠᠷ ᠤᠨ ᠬᠡᠮᠵᠢᠶ᠎ᠡ ᠪᠠᠷ᠂ ᠠᠳᠠᠯᠢ ᠪᠣᠰᠤ ᠳᠡᠰ ᠤᠨ ᠡᠮᠴᠢᠯᠡᠭᠡ ᠶᠢᠨ ᠪᠠᠶᠢᠭᠤᠯᠤᠮᠵᠢ ᠠᠳᠠᠯᠢ ᠪᠣᠰᠤ ᠡᠪᠡᠳᠴᠢᠨ ᠢ ᠣᠨᠣᠰᠢᠯᠠᠨ ᠲᠣᠭᠲᠠᠭᠠᠬᠤ᠂ ᠡᠮᠨᠡᠨ ᠵᠠᠰᠠᠬᠤ ᠶᠢ ᠡᠭᠦᠷᠭᠡᠯᠡᠵᠦ᠂ ᠦᠨᠳᠦᠰᠦᠨ ᠱᠠᠲᠤᠨ  ᠳᠤ ᠠᠩᠬ᠎ᠠ ᠣᠨᠤᠰᠢᠯᠠᠬᠤ᠂ ᠬᠤᠣᠰ ᠴᠢᠭᠯᠡᠯ ᠢᠶᠠᠷ ᠰᠢᠯᠵᠢᠭᠦᠯᠦᠨ ᠣᠨᠣᠰᠢᠯᠠᠬᠤ᠂ ᠠᠯᠭᠤᠷ ᠪᠠᠴᠢᠮ ᠢ ᠬᠤᠪᠢᠶᠠᠵᠤ ᠡᠮᠨᠡᠬᠦ᠂ ᠳᠡᠭᠡᠳᠦ ᠳᠣᠣᠷᠠᠳᠤ ᠱᠠᠲᠤ ᠬᠠᠮᠲᠤᠷᠠᠨ ᠬᠦᠳᠡᠯᠦᠯᠴᠡᠬᠦ ᠡᠮᠴᠢᠯᠡᠭᠡᠨ ᠤ ᠵᠠᠭᠪᠤᠷ ᠢ ᠠᠯᠬᠤᠮ ᠠᠯᠬᠤᠮ ᠢᠶᠠᠷ ᠪᠣᠢ ᠪᠣᠯᠭᠠᠨ᠎ᠠ᠃ ᠭᠤᠣᠯᠳᠠᠭᠤ ᠰᠢᠯᠢᠳᠡᠭ ᠡᠮᠴᠢᠯᠡᠭᠡ ᠶᠢᠨ ᠡᠬᠢ ᠪᠠᠶᠠᠯᠢᠭ ᠤᠨ ᠳᠣᠣᠷ᠎ᠠ ᠱᠠᠲᠤᠨ ᠳᠤ ᠬᠡᠯᠪᠡᠶᠢᠬᠦ ᠶᠢ ᠬᠦᠲᠦᠯᠦᠨ ᠵᠢᠯᠣᠭᠤᠳᠴᠤ᠂ ᠰᠢᠨᠵᠢᠯᠡᠬᠦ ᠤᠬᠠᠭᠠᠨᠴᠢ ᠵᠦᠢ ᠵᠣᠬᠢᠰᠲᠠᠢ ᠡᠪᠡᠳᠴᠢᠨ ᠡᠮᠨᠡᠭᠦᠯᠬᠦ ᠡᠮᠬᠢ ᠵᠢᠷᠤᠮ ᠢ ᠪᠣᠢ ᠪᠣᠯᠭᠠᠵᠤ᠂ ᠦᠨᠳᠦᠰᠦᠨ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠡᠷᠬᠡ ᠲᠡᠭᠰᠢ ᠠᠰᠢᠭᠯᠠᠵᠤ ᠪᠣᠯᠬᠤ  ᠶᠢ ᠠᠬᠢᠭᠤᠯᠣᠨ᠎ᠠ᠃      27. ᠳᠥᠷᠪᠡᠨ ᠬᠠᠮᠤᠭ ᠠᠴᠠ ᠴᠢᠩᠭ᠎ᠠ᠄ ᠬᠠᠮᠤᠭ ᠠᠴᠠ ᠴᠢᠩᠭ᠎ᠠ ᠨᠢᠭᠲᠠ ᠪᠠᠷᠢᠮᠵᠢᠶ᠎ᠠ᠂ ᠬᠠᠮᠤᠭ ᠠᠴᠠ ᠴᠢᠩᠭ᠎ᠠ ᠬᠢᠨᠠᠯᠲᠠ ᠬᠠᠮᠢᠶᠠᠷᠤᠯᠲᠠ᠂ ᠬᠠᠮᠤᠭ ᠠᠴᠠ ᠴᠢᠩᠭ᠎ᠠ ᠰᠢᠳᠭᠡᠯ ᠲᠣᠷᠭᠠᠭᠤᠯᠢ᠂ ᠬᠠᠮᠤᠭ ᠤᠨ ᠴᠢᠩᠭ᠎ᠠ ᠬᠠᠷᠢᠭᠤᠴᠠᠯᠭ᠎ᠠ ᠬᠡᠯᠡᠯᠴᠡᠬᠦ ᠪᠠᠷ ᠳᠠᠮᠵᠢᠭᠤᠯᠵᠤ ᠢᠳᠡᠭᠡᠨ ᠪᠣᠯᠣᠨ ᠡᠮ ᠤᠨ ᠵᠦᠢᠯ ᠤᠨ ᠠᠶᠤᠯ ᠦᠭᠡᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠶᠢ ᠵᠢᠭᠠᠵᠤ ᠪᠤᠢ᠃
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ