ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠣᠯᠠᠨ ᠵᠦᠢᠯ ᠤᠨ ᠠᠷᠭ᠎ᠠ ᠬᠡᠯᠪᠡᠷᠢ ᠪᠠᠷ ᠰᠢᠨ᠎ᠡ ᠮᠠᠶ᠋ᠢᠭ ᠤᠨ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠨ ᠪᠤᠶᠢᠵᠢᠭᠤᠯᠬᠤ ᠪᠠᠷ ᠪᠠᠶᠢᠨ᠎ᠠ
ᠨᠡᠶᠢᠲᠡᠯᠡᠭᠰᠡᠨ ᠴᠠᠭ᠄
2017/2/8
      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠦᠨᠦᠬᠡᠨ ︽ᠰᠢᠨ᠎ᠡ ᠮᠠᠶ᠋ᠢᠭ ᠤᠨ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠨ ᠢ ᠪᠤᠶᠢᠵᠢᠭᠤᠯᠬᠤ ᠠᠵᠢᠯ ᠢ ᠲᠦᠷᠭᠡᠳᠬᠡᠬᠦ ᠲᠤᠬᠠᠶ ᠰᠠᠨᠠᠯ︾ ︵ᠳᠣᠷᠣᠭᠰᠢ ︽ᠰᠠᠨᠠᠯ︾ ᠭᠡᠵᠦ ᠲᠣᠪᠴᠢᠯᠠᠨ᠎ᠠ︶᠎ ᠢ ᠨᠡᠶᠢᠲᠡᠯᠡᠪᠡ᠂ ︽ᠰᠠᠨᠠᠯ︾ ᠎ ᠳᠤ ᠰᠢᠨ᠎ᠡ ᠮᠠᠶ᠋ᠢᠭ ᠤᠨ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠨ ᠢ ᠪᠤᠶᠢᠵᠢᠭᠤᠯᠬᠤ ᠬᠦᠮᠦᠵᠢᠭᠦᠯᠦᠭᠳᠡᠭᠴᠢᠳ ᠰᠢᠨ᠎ᠡ ᠮᠠᠶ᠋ᠢᠭ ᠤᠨ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠨ ᠪᠤᠶᠢᠵᠢᠭᠤᠯᠬᠤ ᠤᠯᠠᠨ ᠵᠦᠢᠯ ᠤᠨ ᠪᠣᠳᠠᠲᠠᠶ ᠠᠷᠭ᠎ᠠ ᠬᠡᠮᠵᠢᠶ᠎ᠡ ᠶᠢ ᠲᠤᠭᠲᠠᠭᠠᠪᠠ᠃      ︽ᠰᠠᠨᠠᠯ︾᠎ ᠳᠤ᠂ ᠤᠷᠳᠤ ᠬᠤᠭᠤᠴᠠᠭ᠎ᠠ ᠪᠠᠷ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠬᠢᠵᠦ ᠪᠠᠶᠢᠭ᠎ᠠ ᠮᠠᠯᠴᠢᠨ ᠲᠠᠷᠢᠶᠠᠴᠢᠨ᠂ ᠠᠵᠤ ᠦᠢᠯᠡᠰ ᠤᠨ ᠵᠤᠬᠢᠬᠤ ᠬᠡᠪᠴᠢᠶ᠎ᠡ ᠲᠠᠢ᠂ ᠰᠣᠶᠣᠯ ᠪᠣᠯᠪᠠᠰᠤᠷᠠᠯ ᠬᠡᠪ ᠴᠢᠨᠠᠷ ᠢᠶᠠᠷ ᠨᠡᠯᠢᠶᠡᠳ ᠥᠨᠳᠥᠷ ᠲᠤᠰᠬᠠᠶ ᠡᠷᠦᠬᠡ᠂ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢᠨ ᠡᠵᠡᠨ᠂ ᠮᠠᠯᠴᠢᠨ ᠲᠠᠷᠢᠶᠠᠴᠢᠨ ᠤ ᠬᠤᠷᠰᠢᠶ᠎ᠡ ᠶᠢᠨ ᠭᠤᠣᠯᠯᠠᠭᠴᠢ ᠬᠦᠴᠦᠨ ᠪᠠ ᠲᠠᠷᠢᠶᠠᠯᠠᠩ ᠮᠠᠯ ᠠᠵᠤ ᠠᠬᠤᠶ ᠶᠢᠨ ᠠᠵᠤ ᠠᠬᠤᠶᠢᠯᠠᠯ ᠤᠨ ᠬᠠᠷᠢᠭᠤᠴᠠᠯᠭᠠᠲᠠᠳ ᠢ ᠦᠢᠯᠡᠳᠪᠦᠷᠢᠯᠡᠯ ᠡᠵᠡᠩᠨᠡᠯᠲᠡ ᠶᠢᠨ ᠬᠡᠯᠪᠡᠷᠢ ᠶᠢᠨ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠨ ᠢᠶᠠᠷ ᠬᠦᠮᠦᠵᠢᠭᠦᠯᠦᠨ᠎ᠡ︔ ᠲᠤᠰᠬᠠᠶᠢᠵᠢᠭᠰᠠᠨ ᠲᠤᠮᠤ ᠡᠷᠦᠭᠡ᠂ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ᠂ ᠮᠠᠯᠴᠢᠨ ᠲᠠᠷᠢᠶᠠᠴᠢᠨ ᠤ ᠬᠤᠷᠰᠢᠶ᠎ᠡ ᠪᠠ ᠲᠠᠷᠢᠶᠠᠯᠠᠩ ᠮᠠᠯ ᠠᠵᠤ ᠠᠬᠤᠶ ᠶᠢᠨ ᠠᠵᠤ ᠠᠬᠤᠶᠢᠯᠠᠯ ᠳᠤ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠬᠢᠵᠦ ᠪᠠᠶᠢᠭ᠎ᠠ᠂ ᠵᠣᠬᠢᠬᠤ ᠲᠤᠰᠬᠠᠶ ᠮᠡᠷᠭᠡᠵᠢᠯ ᠤᠨ ᠴᠢᠳᠠᠪᠤᠷᠢ ᠲᠠᠢ ᠲᠠᠷᠢᠶᠠᠯᠠᠩ ᠮᠠᠯ ᠠᠵᠤ ᠠᠬᠤᠶ ᠶᠢᠨ ᠬᠦᠴᠦ ᠶᠠᠪᠤᠭᠴᠢ ᠮᠠᠯᠴᠢᠨ ᠲᠠᠷᠢᠶᠠᠴᠢᠨ᠂ ᠬᠥᠯᠥᠰᠥᠨ ᠠᠵᠢᠯᠳᠠᠨ ᠢ ᠲᠤᠰᠬᠠᠶ ᠮᠡᠷᠭᠡᠵᠢᠯ ᠤᠨ ᠤᠷ᠎ᠠ ᠴᠢᠳᠠᠪᠤᠷᠢ ᠶᠢᠨ ᠬᠡᠯᠪᠡᠷᠢ ᠶᠢᠨ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠨ ᠢᠶᠠᠷ ᠬᠦᠮᠦᠵᠢᠭᠦᠯᠦᠨ᠎ᠡ︔ ᠲᠠᠷᠢᠶᠠᠯᠠᠩ ᠮᠠᠯ ᠠᠵᠤ ᠠᠬᠤᠶ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠳᠤ ᠡᠰᠡᠬᠦᠯ᠎ᠡ ᠰᠢᠭᠤᠳ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠡᠮᠦᠨ᠎ᠡ᠂ ᠦᠢᠯᠡᠳᠪᠦᠷᠢᠯᠡᠯ ᠤᠨ ᠳᠤᠮᠳᠠ᠂ ᠦᠢᠯᠡᠳᠪᠦᠷᠢᠯᠡᠯ ᠤᠨ ᠳᠠᠷᠠᠭ᠎ᠠ ᠦᠢᠯᠡᠴᠢᠯᠡᠭᠡ ᠬᠢᠵᠦ ᠪᠠᠶᠢᠭ᠎ᠠ ᠬᠥᠮᠦᠰ ᠢ ᠲᠤᠰᠬᠠᠶ ᠮᠡᠷᠭᠡᠵᠢᠯ ᠤᠨ ᠦᠶᠯᠡᠴᠢᠯᠡᠭᠡᠨ ᠤ ᠬᠡᠯᠪᠡᠷᠢ ᠶᠢᠨ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠨ ᠢᠶᠠᠷ ᠬᠦᠮᠦᠵᠢᠭᠦᠯᠦᠨ᠎ᠡ︔ ᠮᠠᠯᠵᠢᠬᠤ ᠲᠠᠷᠢᠶᠠᠯᠠᠬᠤ ᠤᠷᠤᠨ ᠳᠤ ᠠᠳᠠᠯ ᠦᠢᠯᠡᠰ ᠴᠣᠭᠴᠠᠯᠠᠬᠤ ᠵᠣᠷᠢᠭ ᠬᠦᠰᠡᠯ ᠲᠠᠢ ᠨᠤᠲᠤᠭ ᠲᠠᠭᠠᠨ ᠪᠤᠴᠠᠭᠰᠠᠨ ᠶᠡᠭᠡ ᠰᠤᠷᠭᠠᠭᠤᠯᠢ ᠲᠡᠭᠦᠰᠦᠭᠰᠡᠳ ᠵᠢᠴᠢ ᠢᠳᠡᠷ ᠨᠠᠰᠤᠨ ᠤ ᠬᠦᠴᠦ ᠶᠠᠪᠤᠭᠴᠢ ᠮᠠᠯᠴᠢᠨ ᠲᠠᠷᠢᠶᠠᠴᠢᠨ᠂ ᠴᠡᠷᠢᠭ ᠠᠴᠠ ᠪᠠᠭᠤᠭᠰᠠᠳ᠂ ᠰᠢᠨ᠎ᠡ ᠮᠠᠶ᠋ᠢᠭ ᠤᠨ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠨ ᠤ ᠬᠤᠶᠢᠴᠢ ᠦᠶ᠎ᠡ ᠵᠡᠷᠭᠡ ᠶᠢ ᠤᠷ᠎ᠠ ᠴᠢᠳᠠᠪᠤᠷᠢ ᠶᠢᠨ ᠬᠡᠯᠪᠡᠷᠢ ᠶᠢᠨ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠨ ᠪᠠ ᠰᠢᠨ᠎ᠡ ᠮᠠᠶ᠋ᠢᠭ ᠤᠨ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠨ ᠤ ᠵᠠᠯᠭᠠᠮᠵᠢᠯᠠᠭᠴᠢ ᠪᠠᠷ ᠬᠦᠮᠦᠵᠢᠭᠦᠯᠵᠦ᠂ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠡᠵᠡᠩᠨᠡᠯᠲᠡ ᠳᠤ ᠵᠠᠯᠭᠠᠮᠵᠢᠯᠠᠭᠴᠢ ᠲᠠᠢ ᠪᠠᠶᠢᠬᠤ ᠶᠢ ᠪᠠᠲᠤᠯᠠᠨ᠎ᠠ ᠭᠡᠵᠦ ᠲᠤᠳᠤᠷᠬᠠᠶᠢᠯᠠᠪᠠ᠃      ︽ᠰᠠᠨᠠᠯ︾᠎ ᠳᠤ ᠳᠤᠷᠠᠳᠤᠭᠰᠠᠨ ᠨᠢ᠂ ᠰᠢᠨ᠎ᠡ ᠮᠠᠶ᠋ᠢᠭ ᠤᠨ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠨ ᠢ ᠪᠤᠶᠢᠵᠢᠭᠤᠯᠬᠤ ᠶᠢᠨ ᠬᠠᠷᠠᠯᠲᠠ ᠡᠭᠦᠷᠭᠡ ᠪᠤᠯ ᠦᠢᠯᠡᠳᠪᠦᠷᠢᠯᠡᠯ ᠡᠵᠡᠩᠨᠡᠯᠲᠡ ᠶᠢᠨ ᠬᠡᠯᠪᠡᠷᠢ ᠶᠢᠨ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠨ ᠢ ᠪᠤᠶᠢᠵᠢᠭᠤᠯᠬᠤ ᠪᠠᠷ ᠭᠤᠣᠯ ᠪᠣᠯᠭᠠᠵᠤ᠂ ᠬᠠᠮᠲᠤ ᠳᠤᠨᠢ ᠲᠤᠰᠬᠠᠶ ᠮᠡᠷᠭᠡᠵᠢᠯ ᠤᠨ ᠤᠷ᠎ᠠ ᠴᠢᠳᠠᠪᠤᠷᠢ ᠪᠠ ᠲᠤᠰᠬᠠᠶ ᠮᠡᠷᠭᠡᠵᠢᠯ ᠤᠨ ᠦᠢᠯᠡᠴᠢᠯᠡᠭᠡᠨ ᠤ ᠬᠡᠯᠪᠡᠷᠢ ᠶᠢᠨ ᠬᠢ ᠶᠢ ᠬᠠᠮᠲᠤ ᠳᠤᠨᠢ ᠬᠠᠷᠠᠭᠠᠯᠵᠠᠨ ᠪᠤᠶᠢᠵᠢᠭᠤᠯᠵᠤ᠂ ᠵᠢᠯ ᠪᠦᠷᠢ 1 ᠲᠦᠮᠡ ᠠᠴᠠ ᠳᠡᠭᠡᠭᠰᠢ ᠬᠥᠮᠦᠨ ᠢ ᠪᠤᠶᠢᠵᠢᠭᠤᠯᠵᠤ᠂ 2020 ᠣᠨ ᠪᠣᠯᠬᠤ ᠳᠤ᠂ ᠪᠥᠬᠦ ᠣᠷᠣᠨ ᠳᠤ ᠰᠢᠨ᠎ᠡ ᠮᠠᠶ᠋ᠢᠭ ᠤᠨ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠨ ᠢ 5 ᠲᠦᠮᠡᠨ ᠬᠥᠮᠦᠨ ᠠᠴᠠ ᠳᠡᠭᠡᠭᠰᠢ ᠪᠤᠶᠢᠵᠢᠭᠤᠯᠬᠤ ᠪᠠᠷ ᠴᠢᠷᠮᠠᠶᠢᠨ᠎ᠠ︔ 5 ᠵᠢᠯ ᠤᠨ ᠴᠢᠷᠮᠠᠶᠢᠯᠭ᠎ᠠ ᠪᠠᠷ ᠳᠠᠮᠵᠢᠨ᠂ ᠮᠠᠨ ᠤ ᠣᠷᠣᠨ ᠤ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠨ ᠢ ᠪᠤᠶᠢᠵᠢᠭᠤᠯᠬᠤ ᠰᠤᠷᠭᠠᠨ ᠬᠥᠮᠦᠵᠢᠯ ᠤᠨ ᠪᠣᠯᠪᠠᠰᠤᠷᠠᠭᠤᠯᠤᠯ᠂ ᠵᠢᠷᠤᠮᠵᠢᠭᠰᠠᠨ ᠬᠠᠮᠢᠶᠠᠷᠤᠯᠲᠠ ᠬᠢᠭᠡᠳ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠳᠦᠷᠢᠮ ᠤᠨ ᠰᠢᠰᠲ᠋ᠧᠮ ᠢ ᠰᠦᠪᠡᠭᠴᠢᠯᠡᠨ ᠪᠠᠶᠢᠭᠤᠯᠤᠨ᠎ᠠ︔ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠵᠤ᠂ ᠰᠢᠨ᠎ᠡ ᠮᠠᠶ᠋ᠢᠭ ᠤᠨ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠨ ᠤ ᠳᠠᠩᠰᠠ ᠡᠪᠬᠡᠮᠡᠯ ᠢ ᠪᠦᠷᠢᠨᠰᠢᠭᠦᠯᠵᠦ᠂ ᠬᠥᠳᠡᠯᠦᠩᠭᠦᠶ ᠬᠠᠮᠢᠶᠠᠷᠤᠯᠲᠠ ᠶᠢ ᠬᠡᠷᠡᠭᠵᠢᠭᠦᠯᠬᠦ᠂ ᠲᠡᠳᠬᠦᠨ ᠳᠡᠮᠵᠢᠬᠦ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠳᠤ ᠰᠢᠨᠵᠢᠯᠡᠬᠦ ᠤᠬᠠᠭᠠᠨᠴᠢ ᠦᠨᠳᠦᠰᠦᠯᠡᠯ ᠬᠠᠩᠭᠠᠨ᠎ᠠ ᠭᠡᠵᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号