ᠦᠪᠦᠷ ᠵᠠᠰᠠᠭ ᠠᠯᠪᠠᠨ ᠲᠠᠷᠬᠠᠭᠠᠭᠰᠠᠨ ﹇2016﹈ 120 ᠳ᠋ᠤᠭᠠᠷ ᠲᠤᠭᠠᠳᠤ | 2016 ᠣᠨ ᠤ 9 ᠳ᠋ᠤᠭᠡᠷ ᠰᠠᠷ᠎ᠠ ᠶᠢᠨ 9 ᠤ ᠡᠳᠦᠷ | ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ | ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠤ ᠠᠵᠤ ᠠᠬᠤᠶᠢᠯᠠᠯ᠂ ᠠᠵᠢᠯ ᠦᠢᠯᠡᠰ ᠤᠨ | ᠨᠢᠭᠡᠴᠡ ᠳᠤ᠄ | ︽ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ ᠥᠷᠢᠲᠦᠵᠦ ᠪᠠᠶᠢᠭ᠎ᠠ ᠠᠰᠠᠭᠤᠳᠠᠯ ᠢ ᠪᠦᠬᠦ | ᠲᠠᠯ᠎ᠠ ᠪᠠᠷ ᠵᠠᠰᠠᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠰᠠᠨᠠᠯ︾ ︵ᠲᠥᠷᠥ | ᠠᠯᠪᠠᠨ ᠲᠠᠷᠬᠠᠭᠠᠭᠰᠠᠨ ﹇2016﹈ 1 ᠳ᠋ᠤᠭᠡᠷ ᠲᠣᠭᠠᠲᠤ︶ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ︽ᠡᠶ᠎ᠡ ᠵᠣᠬᠢᠴᠠᠯ ᠲᠠᠢ | ᠬᠥᠳᠡᠯᠮᠦᠷᠢ ᠶᠢᠨ ᠬᠠᠷᠢᠴᠠᠭ᠎ᠠ ᠶᠢ ᠪᠠᠶᠢᠭᠤᠯᠬᠤ ᠲᠤᠬᠠᠶ ᠬᠡᠷᠡᠭᠵᠢᠭᠦᠯᠬᠦ ᠰᠠᠨᠠᠯ︾ ︵ᠥᠪᠥᠷ ᠨᠠᠮ ᠲᠠᠷᠬᠠᠭᠠᠭᠰᠠᠨ ﹇ | 2015﹈ 22 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠦᠨᠳᠦᠰᠦᠯᠡᠨ᠂ ᠮᠠᠯᠴᠢᠨ ᠲᠠᠷᠢᠶᠠᠴᠢᠨ ᠬᠦᠴᠦ | ᠶᠠᠪᠤᠭᠰᠠᠳ ᠤᠨ ᠴᠠᠯᠢᠩ ᠢ ᠥᠷᠢᠲᠦᠵᠦ ᠪᠠᠶᠢᠭ᠎ᠠ ᠠᠰᠠᠭᠤᠳᠠᠯ ᠢ ᠪᠦᠬᠦ ᠲᠠᠯ᠎ᠠ ᠪᠠᠷ ᠵᠠᠰᠠᠬᠤ ᠶᠢᠨ ᠲᠤᠰᠠᠳᠠ᠂ ᠮᠠᠨ ᠤ | ᠣᠷᠣᠨ ᠤ ᠪᠤᠳᠠᠲᠠᠢ ᠲᠠᠢ ᠤᠶᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠳᠣᠣᠷᠠᠬᠢ ᠮᠡᠲᠦ ᠰᠠᠨᠠᠯ ᠢ ᠳᠤᠷᠠᠳᠪᠠ᠃ | ᠨᠢᠭᠡ᠂ ᠶᠡᠷᠦᠩᠬᠡᠶ ᠱᠠᠭᠠᠷᠳᠠᠯᠭ᠎ᠠ | ︵ᠨᠢᠭᠡ︶ ᠵᠢᠯᠣᠭᠤᠳᠬᠤ ᠦᠵᠡᠯ ᠰᠠᠨᠠᠭ᠎ᠠ᠃ | ︽ᠲᠠᠪᠤ ᠶᠢ ᠨᠢᠭᠡ ᠴᠤᠭᠴᠠᠵᠢᠭᠤᠯᠬᠤ︾ ᠶᠡᠷᠦᠩᠬᠡᠶ ᠪᠠᠶᠢᠢᠷᠢᠯᠠᠭᠤᠯᠤᠯᠳᠠ᠂ ︽ᠳᠥᠷᠪᠡᠨ ᠪᠦᠬᠦ ᠲᠠᠯ᠎ᠠ︾ ᠶᠢᠨ | ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠪᠣᠯᠤᠨ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ | ᠬᠤᠷᠢᠶ᠎ᠠ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ | ᠪᠤᠳᠤᠯᠭ᠎ᠠ ᠶᠢᠨ ᠲᠤᠬᠢᠷᠠᠭᠤᠯᠤᠯᠳᠠ ᠶᠤᠰᠣᠭᠠᠷ᠂ ᠰᠢᠨ᠎ᠡ ᠶᠢ ᠡᠭᠦᠳᠬᠦ᠂ ᠵᠣᠬᠢᠴᠠᠩᠭᠤᠢ᠂ ᠪᠣᠬᠢᠷᠳᠤᠯ ᠦᠭᠡᠢ᠂ | ᠨᠡᠭᠡᠭᠡᠯᠳᠡ ᠲᠠᠢ ᠪᠦᠭᠡᠳ ᠬᠠᠮᠲᠤ ᠳᠠᠭᠠᠨ ᠬᠦᠷᠲᠡᠬᠦ ᠬᠥᠭᠵᠢᠯᠲᠡ ᠶᠢᠨ ᠣᠨᠣᠯᠵᠢᠬᠤᠨ ᠢ ᠪᠠᠲᠤ ᠪᠠᠬᠢ ᠪᠣᠢ ᠪᠣᠯᠭᠠᠵᠤ᠂ | ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠬᠥᠳᠡᠯᠮᠦᠷᠢ ᠶᠢᠨ ᠣᠷᠣᠯᠭ᠎ᠠ ᠶᠢ ᠬᠠᠮᠠᠭᠠᠯᠠᠬᠤ ᠶᠢᠨ ᠲᠣᠭᠤᠷᠢᠨ ᠳᠤ᠂ | ᠴᠠᠯᠢᠩ ᠣᠯᠭᠤᠬᠤ ᠠᠵᠢᠯᠯᠠᠭ᠎ᠠ ᠶᠢ ᠬᠦᠴᠦᠯᠡᠨ ᠵᠢᠷᠤᠮᠵᠢᠭᠤᠯᠤᠨ᠂ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ | ᠰᠢᠯᠢᠳᠡᠭᠵᠢᠭᠦᠯᠵᠦ᠂ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠴᠢᠩᠭᠠᠷᠠᠭᠤᠯᠵᠤ᠂ ᠮᠠᠯᠴᠢᠨ ᠲᠠᠷᠢᠶᠠᠴᠢᠨ ᠬᠦᠴᠦ | ᠶᠠᠪᠤᠭᠰᠠᠳ ᠤᠨ ᠴᠡᠯᠢᠩ ᠢ ᠦᠷᠢᠲᠦᠬᠦ ᠠᠰᠠᠭᠤᠳᠠᠯ ᠢ ᠰᠡᠷᠭᠡᠶᠢᠯᠡᠬᠦ ᠪᠠ ᠰᠢᠢᠳᠪᠦᠷᠢᠯᠡᠬᠦ ᠤᠷᠳᠤ ᠬᠤᠭᠤᠴᠠᠭᠠᠨ ᠤ | ᠪᠦᠲᠦᠮᠵᠢᠲᠡᠶ ᠲᠣᠭᠲᠠᠴᠠ ᠶᠢ ᠪᠦᠷᠢᠨᠰᠢᠭᠦᠯᠦᠨ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠬᠥᠳᠡᠯᠮᠦᠷᠢ ᠶᠢᠨ | ᠬᠥᠯᠥᠰᠥ ᠣᠯᠭᠤᠮᠵᠢ ᠶᠢᠨ ᠡᠷᠬᠡ ᠠᠰᠢᠭ ᠢ ᠦᠨᠡᠨᠬᠦ ᠪᠠᠲᠤᠯᠠᠵᠤ᠂ ᠨᠡᠶᠢᠭᠡᠮ ᠤᠨ ᠲᠥᠪ ᠭᠤᠣᠯᠴᠢ ᠰᠢᠳᠤᠷᠭᠤ | ᠶᠣᠰᠣ ᠶᠢ ᠬᠠᠮᠠᠭᠠᠯᠠᠨ᠂ ᠨᠡᠶᠢᠭᠡᠮ ᠤᠨ ᠡᠶ᠎ᠡ ᠵᠣᠬᠢᠴᠠᠯ ᠲᠠᠢ ᠲᠣᠭᠲᠠᠭᠤᠨ ᠪᠠᠶᠢᠳᠠᠯ ᠢ ᠠᠬᠢᠭᠤᠯᠤᠨ᠎ᠠ᠃ | ︵ᠬᠤᠶᠠᠷ︶ ᠦᠨᠳᠦᠰᠦᠨ ᠵᠠᠷᠴᠢᠮ᠃ | 1. ᠦᠡᠭᠭᠡᠨ ᠲᠠᠯ᠎ᠠ ᠪᠠ ᠦᠨᠳᠦᠰᠦ ᠰᠤᠷᠪᠤᠯᠵᠢ ᠶᠢ ᠨᠢ ᠵᠡᠷᠭᠡᠪᠡᠷ ᠵᠠᠰᠠᠬᠤ ᠶᠢ ᠪᠠᠷᠢᠮᠲᠠᠯᠠᠵᠤ᠂ ᠦᠨᠳᠦᠰᠦ | ᠰᠤᠷᠪᠣᠯᠵᠢ ᠠᠴᠠ ᠨᠢ ᠵᠠᠰᠠᠬᠤ ᠪᠠᠷ ᠭᠤᠣᠯᠯᠠᠨ᠎ᠠ᠃ ᠪᠠᠷᠢᠯᠭ᠎ᠠ ᠶᠢᠨ ᠪᠦᠳᠦᠭᠡᠠ ᠪᠠᠶᠢᠭᠤᠯᠤᠯᠲᠠ ᠶᠢᠨ ᠲᠥᠷᠥᠯ ᠵᠦᠢᠯ ᠢ | ᠨᠡᠷ᠎ᠠ ᠵᠢᠬᠡᠯᠡᠨ ᠳᠠᠭᠠᠭᠠᠴᠢᠯᠠᠭᠤᠯᠬᠤ᠂ ᠬᠠᠤᠯᠢ ᠠᠴᠠ ᠵᠥᠷᠢᠴᠡᠵᠦ ᠳᠠᠭᠠᠭᠠᠴᠢᠯᠠᠭᠤᠯᠬᠤ᠂ ᠬᠤᠪᠢᠶᠠᠨ | ᠳᠠᠭᠠᠭᠠᠴᠢᠯᠠᠭᠤᠯᠬᠤ ᠵᠡᠷᠭᠡ ᠭᠤᠣᠯ ᠵᠠᠩᠭᠢᠯᠠᠭ᠎ᠠ ᠶᠢ ᠠᠳᠬᠤᠵᠤ᠂ ᠡᠳᠦᠷ ᠲᠤᠳᠤᠮ ᠤᠨ ᠬᠢᠨᠠᠯᠲᠠ ᠬᠠᠮᠢᠶᠠᠷᠤᠯᠲᠠ ᠶᠢ | ᠴᠢᠩᠭᠠᠷᠠᠭᠤᠯᠵᠤ᠂ ᠦᠡᠭᠬᠡᠷᠡᠭᠰᠡᠨ ᠤ ᠥᠷᠢ ᠰᠢᠷᠢ ᠶᠢ ᠢᠯᠭᠠᠷᠠᠭᠤᠯᠤᠨ᠂ ᠡᠬᠢ ᠡᠭᠦᠰᠦᠯ ᠠᠴᠠ ᠨᠢ ᠵᠠᠰᠠᠬᠤ ᠶᠢ | ᠬᠡᠷᠡᠭᠵᠢᠭᠦᠯᠦᠨ᠎ᠡ᠃ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ ᠦᠭᠬᠦ ᠶᠢᠨ ᠪᠠᠲᠤᠯᠠᠬᠤ ᠲᠦᠷᠢᠮ ᠢ | ᠪᠦᠷᠢᠨᠰᠢᠭᠦᠯᠦᠨ ᠨᠠᠶᠢᠳᠠᠪᠤᠷᠢᠵᠢᠭᠤᠯᠵᠤ᠂ ᠴᠠᠯᠢᠩ ᠬᠦᠯᠦᠰᠦ ᠶᠢ ᠴᠠᠭ ᠲᠤᠬᠠᠶ ᠳᠤᠨᠢ ᠲᠤᠭ᠎ᠠ ᠶᠣᠰᠣᠭᠠᠷ ᠭᠦᠢᠴᠡᠳ | ᠥᠭᠬᠦ ᠶᠢ ᠦᠨᠡᠨᠬᠦ ᠪᠠᠲᠤᠯᠠᠬᠤ ᠬᠡᠷᠡᠭᠲᠡᠶ᠃ | 2. ᠬᠠᠷᠢᠭᠤᠴᠠᠯᠭ᠎ᠠ ᠶᠢ ᠲᠣᠲᠣᠷᠬᠠᠢ ᠪᠣᠯᠭᠠᠬᠤ ᠶᠢ ᠪᠠᠷᠢᠮᠲᠠᠯᠠᠵᠤ᠂ ᠬᠢᠨᠠᠯᠲᠠ ᠬᠠᠮᠢᠶᠠᠷᠤᠯᠲᠠ ᠪᠠᠨ | ᠴᠢᠩᠭᠠᠳᠬᠠᠨ᠎ᠠ᠃ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠲᠣᠲᠣᠷᠬᠠᠢ ᠪᠣᠯᠭᠠᠵᠤ᠂ ᠬᠠᠷᠢᠶ᠎ᠠ ᠣᠷᠣᠨ ᠢᠶᠠᠷ ᠨᠢ | ᠬᠠᠮᠢᠶᠠᠷᠬᠤ᠂ ᠱᠠᠲᠤ ᠬᠤᠪᠢᠶᠠᠨ ᠬᠠᠷᠢᠭᠤᠴᠠᠬᠤ ᠪᠠ ᠬᠡᠨ ᠭᠤᠣᠯᠴᠢᠯᠠᠨ ᠬᠠᠮᠢᠶᠠᠷᠪᠠᠯ ᠲᠡᠷᠡ ᠬᠠᠷᠢᠭᠤᠴᠠᠬᠤ | ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠲᠤᠰ ᠲᠤᠰ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠬᠢᠨᠠᠯᠲᠠ | ᠬᠠᠮᠢᠶᠠᠷᠤᠯᠲᠠ ᠶᠢᠨ ᠨᠡᠶᠢᠯᠡᠮᠡᠯ ᠬᠦᠴᠦᠨ ᠢ ᠪᠤᠢ ᠪᠣᠯᠭᠠᠨ᠎ᠠ᠃ ᠴᠠᠯᠢᠩ ᠥᠭᠬᠦ ᠭᠤᠣᠯ ᠴᠣᠭᠴᠠ ᠶᠢᠨ | ᠬᠠᠷᠢᠭᠤᠴᠠᠯᠭ᠎ᠠ ᠶᠢ ᠲᠣᠲᠣᠷᠬᠠᠶᠢᠯᠠᠵᠤ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠨ᠂ ᠪᠦᠬᠦ | ᠲᠠᠯ᠎ᠠ ᠪᠠᠷ ᠵᠠᠰᠠᠬᠤ ᠠᠵᠢᠯ ᠤᠨ ᠪᠦᠬᠦᠯᠢ ᠴᠣᠭᠴᠠ ᠶᠢᠨ ᠨᠡᠶᠢᠯᠡᠮᠡᠯ ᠬᠦᠴᠦᠨ ᠢ ᠪᠣᠢ ᠪᠣᠯᠭᠠᠨ᠎ᠠ᠃ | 3. ᠬᠠᠤᠯᠢ ᠶᠣᠰᠣᠭᠠᠷ ᠵᠠᠰᠠᠬᠤ ᠶᠢ ᠪᠠᠷᠢᠮᠲᠠᠯᠠᠵᠤ᠂ ᠵᠠᠮ ᠮᠦᠷ ᠢ ᠰᠢᠯᠤᠭᠤᠳᠬᠠᠨ᠎ᠠ᠃ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ᠂ ᠡᠶᠡᠲᠡᠭᠦᠯᠵᠦ ᠬᠥᠨᠳᠡᠯᠡᠨ ᠠᠴᠠ ᠲᠠᠰᠤᠯᠬᠤ ᠪᠠ ᠢᠷᠭᠡᠨ ᠤ ᠬᠡᠷᠡᠭ ᠤᠨ ᠬᠠᠤᠯᠢ ᠴᠠᠭᠠᠵᠠ ᠶᠢᠨ | ᠬᠦᠷᠢᠶ᠎ᠡ ᠬᠡᠪᠴᠢᠶ᠎ᠡ ᠶᠢ ᠲᠤᠲᠤᠷᠬᠠᠶᠢᠯᠠᠵᠤ᠂ ᠡᠳᠦᠷ ᠲᠤᠳᠤᠮ ᠤᠨ ᠪᠠᠶᠢᠴᠠᠭᠠᠯᠲᠠ ᠶᠢ ᠬᠠᠣᠯᠢ ᠶᠣᠰᠣᠭᠠᠷ | ᠴᠢᠩᠭᠠᠷᠠᠭᠤᠯᠤᠨ᠂ ᠠᠵᠤ ᠠᠬᠤᠶᠢᠯᠠᠯ ᠪᠠ ᠮᠠᠯᠴᠢᠨ ᠲᠠᠷᠢᠶᠠᠴᠢᠨ ᠬᠦᠴᠦ ᠶᠠᠪᠤᠭᠰᠠᠳ ᠢ ᠰᠠᠨᠠᠭᠠᠴᠢᠯᠠᠭ᠎ᠠ ᠠᠴᠠ ᠪᠠᠨ | ᠬᠦᠲᠦᠯᠦᠨ ᠵᠢᠯᠤᠭᠤᠳᠴᠦ ᠪᠠᠶᠢᠭᠠᠳ ᠴᠠᠯᠢᠩ ᠢ ᠥᠷᠢᠲᠦᠵᠦ ᠪᠠᠶᠢᠭ᠎ᠠ ᠠᠰᠠᠭᠤᠳᠠᠯ ᠢ ᠬᠠᠤᠯᠢ ᠶᠣᠰᠣᠭᠠᠷ | ᠰᠢᠢᠳᠪᠦᠷᠢᠯᠡᠨ᠎ᠡ᠃ | ︵ᠭᠤᠷᠪᠠ︶ ᠬᠠᠷᠠᠯᠲᠠᠳᠤ ᠡᠭᠦᠷᠭᠡ᠃ | ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠬᠤᠳᠠ ᠶᠢᠨ ᠶᠠᠪᠤᠳᠠᠯ ᠤᠨ | ᠬᠠᠮᠢᠶᠠᠷᠤᠯᠲᠠ᠂ ᠵᠠᠮ ᠬᠠᠷᠢᠯᠴᠠᠭ᠎ᠠ ᠲᠡᠭᠡᠭᠡᠪᠦᠷᠢ᠂ ᠤᠰᠤᠨ ᠠᠰᠢᠭᠯᠠᠯᠲᠠ ᠵᠡᠷᠭᠡ ᠪᠠᠷᠢᠯᠭ᠎ᠠ ᠶᠢᠨ ᠪᠦᠲᠦᠭᠡᠨ | ᠪᠠᠶᠢᠭᠤᠯᠤᠯᠲᠠ ᠶᠢᠨ ᠬᠦᠷᠢᠶ᠎ᠡ ᠴᠠᠷᠠᠭ᠎ᠠ ᠪᠠ ᠬᠢᠮᠢ ᠶᠢᠨ ᠠᠵᠤ ᠦᠢᠯᠡᠳᠪᠦᠷᠢ᠂ ᠡᠳ᠋ᠰᠢᠭᠦᠯᠵᠦ ᠦᠢᠯᠡᠳᠬᠦ᠂ ᠢᠳᠡᠭᠡᠨ | ᠤᠮᠳᠠᠭᠠᠨ ᠤ ᠦᠢᠯᠡᠴᠢᠯᠡᠭᠡ ᠵᠡᠷᠭᠡ ᠴᠠᠯᠢᠩ ᠥᠷᠢᠲᠦᠬᠦ ᠠᠰᠠᠭᠤᠳᠠᠯ ᠠᠮᠠᠷᠬᠠᠨ ᠡᠭᠦᠰᠳᠡᠭ ᠬᠥᠳᠡᠯᠮᠦᠷᠢ ᠨᠢᠬᠳᠠᠷᠠᠬᠰᠠᠨ | ᠬᠡᠯᠪᠡᠷᠢ ᠶᠢᠨ ᠠᠵᠢᠯ ᠲᠦᠷᠤᠯ ᠢ ᠵᠠᠰᠠᠯᠲᠠ ᠶᠢᠨ ᠭᠤᠣᠯᠳᠠᠯᠭ᠎ᠠ ᠪᠣᠯᠭᠠᠵᠤ᠂ ᠪᠦᠲᠦᠭᠡᠨ ᠪᠠᠶᠢᠭᠤᠯᠤᠯᠲᠠ ᠶᠢᠨ ᠲᠥᠷᠥᠯ | ᠵᠦᠢᠯ ᠢ ᠬᠠᠮᠢᠶᠠᠷᠬᠤ ᠪᠠᠷ ᠭᠠᠷᠳᠠᠴᠠ ᠪᠣᠯᠭᠠᠨ᠂ ᠴᠠᠯᠢᠩ ᠢ ᠪᠠᠲᠤᠯᠠᠬᠤ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠬᠤ ᠪᠠᠷ ᠭᠤᠣᠯ ᠪᠣᠯᠭᠠᠵᠤ᠂ ᠲᠤᠭ᠎ᠠ ᠶᠣᠰᠣᠭᠠᠷ ᠴᠠᠯᠢᠩ ᠢ ᠨᠢ ᠥᠭᠬᠦ ᠪᠠᠷ ᠵᠠᠩᠭᠢᠯᠠᠭ᠎ᠠ ᠪᠣᠯᠭᠠᠵᠤ᠂ | ᠡᠬᠢ ᠡᠭᠦᠰᠦᠯ ᠠᠴᠠ ᠨᠢ ᠤᠷᠢᠳᠴᠢᠯᠠᠨ ᠰᠡᠷᠭᠡᠶᠢᠯᠡᠬᠦ᠂ ᠬᠦᠳᠡᠯᠦᠩᠭᠦᠢ ᠬᠢᠨᠠᠨ ᠬᠠᠮᠢᠶᠠᠷᠬᠤ᠂ ᠢᠲᠡᠭᠡᠮᠵᠢ ᠪᠠᠨ | ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠶᠢ ᠬᠠᠷᠢᠯᠴᠠᠨ ᠤᠶᠠᠯᠳᠤᠭᠤᠯᠤᠭᠰᠠᠨ ᠳᠦᠷᠢᠮ ᠤᠨ ᠪᠠᠲᠤᠯᠠᠭ᠎ᠠ ᠶᠢᠨ | ᠰᠢᠰᠲ᠋ᠧᠮᠵᠢ ᠶᠢ ᠪᠦᠷᠢᠯᠳᠦᠭᠦᠯᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠥᠪᠡᠷ ᠢ ᠪᠠᠨ ᠱᠠᠭᠠᠷᠳᠠᠬᠤ᠂ | ᠵᠠᠰᠠᠭ ᠤᠨ ᠣᠷᠳᠣᠨ ᠬᠠᠤᠯᠢ ᠶᠣᠰᠣᠭᠠᠷ ᠬᠢᠨᠠᠨ ᠬᠠᠮᠢᠶᠠᠷᠬᠤ᠂ ᠨᠡᠶᠢᠭᠡᠮ ᠤᠨ ᠬᠢᠨ ᠬᠠᠮᠵᠢᠯᠴᠠᠨ ᠬᠢᠨᠠᠯᠲᠠ ᠲᠠᠯᠪᠢᠬᠤ᠂ | ᠬᠠᠤᠯᠢ ᠴᠠᠭᠠᠵᠠ ᠶᠢᠨ ᠬᠢᠨ ᠬᠤᠯᠪᠣᠭᠠᠯᠠᠨ ᠬᠦᠳᠡᠯᠦᠯᠴᠡᠵᠦ ᠵᠠᠯᠬᠠᠭᠠᠨ ᠰᠢᠳᠬᠡᠬᠦ ᠠᠵᠢᠯ ᠤᠨ ᠰᠢᠰᠲ᠋ᠧᠮᠵᠢ ᠶᠢ | ᠲᠡᠭᠦᠯᠳᠡᠷᠵᠢᠭᠦᠯᠵᠦ᠂ ᠡᠳᠦᠷ ᠲᠤᠳᠤᠮ ᠤᠨ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠦᠯᠲᠡ ᠶᠢ ᠦᠨᠡᠨᠬᠦ | ᠴᠢᠩᠭᠠᠳᠬᠠᠨ᠂ ᠵᠠᠰᠠᠯᠲᠠ ᠶᠢᠨ ᠨᠡᠶᠢᠯᠡᠮᠡᠯ ᠬᠦᠴᠦᠨ ᠢ ᠪᠤᠢ ᠪᠣᠯᠭᠠᠨ᠎ᠠ᠃ 2016 ᠣᠨ ᠤ ᠰᠡᠭᠦᠯᠴᠢ ᠪᠣᠯᠬᠤ ᠳᠤ᠂ | ᠡᠯ᠎ᠡ ᠭᠠᠵᠠᠷ ᠣᠷᠣᠨ ᠤ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ ᠥᠷᠢᠲᠦᠭᠰᠡᠨ ᠦᠡᠭᠬᠡᠷᠡᠭᠰᠡᠨ ᠤ | ᠥᠷᠢ ᠰᠢᠷᠢ ᠶᠢᠨ ᠨᠠᠷᠢᠨ ᠬᠠᠭᠤᠳᠠᠰᠤ ᠶᠢ ᠪᠦᠬᠦ ᠲᠠᠯ᠎ᠠ ᠪᠠᠷ ᠢᠯᠭᠠᠷᠠᠭᠤᠯᠬᠤ ᠶᠢᠨ ᠬᠠᠮᠲᠤ ᠦᠡᠭᠬᠡᠷᠡᠭᠰᠡᠨ ᠤ ᠴᠢᠬᠤᠯᠠ | ᠶᠡᠭᠡ ᠥᠷᠢ ᠰᠢᠷᠢ ᠶᠢ ᠢᠯᠭᠠᠷᠠᠭᠤᠯᠬᠤ ᠡᠭᠦᠷᠭᠡ ᠶᠢᠨ 70% ᠠᠴᠠ ᠳᠡᠭᠡᠭᠰᠢᠬᠢ ᠶᠢ ᠪᠡᠶᠡᠯᠡᠭᠦᠯᠵᠦ᠂ ᠪᠠᠴᠢᠮ | ᠪᠠᠶᠢᠳᠠᠯ ᠢ ᠠᠷᠭᠠᠴᠠᠬᠤ ᠡᠷᠭᠢᠯᠲᠡ ᠶᠢᠨ ᠮᠥᠩᠭᠦ ᠶᠢ ᠨᠠᠶᠢᠳᠠᠪᠤᠷᠢᠵᠢᠭᠤᠯᠤᠭᠰᠠᠨ ᠨᠤᠷᠮ᠎ᠠ ᠶᠢ 100% ᠳᠤ | ᠬᠦᠷᠦᠭᠦᠯᠵᠦ᠂ ᠴᠠᠯᠢᠩ ᠤᠨ ᠪᠠᠲᠤᠯᠠᠭ᠎ᠠ ᠶᠢᠨ ᠮᠥᠩᠭᠦ ᠶᠢ ᠨᠠᠶᠢᠳᠠᠪᠤᠷᠢᠵᠢᠭᠤᠯᠤᠭᠰᠠᠨ ᠨᠤᠷᠮ᠎ᠠ ᠶᠢ 100% ᠳᠤ | ᠬᠦᠷᠦᠭᠦᠯᠦᠨ᠎ᠡ︔ 2017 ᠣᠨ ᠤ ᠰᠡᠭᠦᠯᠴᠢ ᠪᠣᠯᠬᠤ ᠳᠤ᠂ ᠡᠯ᠎ᠡ ᠭᠠᠵᠠᠷ ᠣᠷᠣᠨ ᠨᠤᠭᠤᠳ ᠦᠡᠭᠬᠡᠷᠡᠭᠰᠡᠨ ᠤ | ᠥᠷᠢ ᠰᠢᠷᠢ ᠶᠢ ᠢᠯᠭᠠᠷᠠᠭᠤᠯᠬᠤ ᠡᠭᠦᠷᠭᠡ ᠶᠢ ᠪᠡᠶᠡᠯᠡᠭᠦᠯᠦᠨ᠎ᠡ︔ 2018 ᠣᠨ ᠰᠡᠭᠦᠯᠴᠢ ᠪᠣᠯᠬᠤ ᠳᠤ᠂ ᠡᠯ᠎ᠡ | ᠭᠠᠵᠠᠷ ᠣᠷᠣᠨ ᠨᠢ ᠦᠨᠡᠨ ᠨᠡᠷ᠎ᠡ ᠶᠢᠨ ᠳᠦᠷᠢᠮ ᠤᠨ ᠬᠠᠮᠢᠶᠠᠷᠤᠯᠲᠠ᠂ ᠴᠠᠯᠢᠩ ᠪᠠ ᠪᠠᠷᠢᠯᠭ᠎ᠠ ᠶᠢᠨ ᠵᠣᠭᠤᠰ ᠢ | ᠠᠰ ᠲᠤᠨᠢ ᠲᠠᠩᠰᠠ ᠪᠠᠶᠢᠭᠤᠯᠤᠨ ᠬᠠᠮᠢᠶᠠᠷᠬᠤ᠂ ᠪᠠᠩᠬᠢ ᠠᠴᠠ ᠰᠠᠷ᠎ᠠ ᠪᠦᠷᠢ ᠴᠠᠯᠢᠩ ᠣᠷᠣᠯᠠᠨ ᠲᠦᠭᠡᠭᠡᠬᠦ᠂ | ᠪᠠᠷᠢᠯᠭ᠎ᠠ ᠶᠢᠨ ᠠᠵᠢᠯ ᠤᠨ ᠲᠤᠬᠠᠶ ᠶᠢᠨ ᠭᠠᠵᠠᠷ ᠲᠤ ᠡᠷᠬᠡ ᠠᠰᠢᠭ ᠢᠶᠠᠨ ᠬᠠᠮᠠᠭᠠᠯᠠᠵᠤ ᠢᠯᠡ ᠨᠡᠶᠢᠲᠡᠯᠡᠬᠦ ᠵᠡᠷᠭᠡ | ᠲᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ᠰᠢᠨ᠎ᠡ ᠪᠠᠷ ᠥᠷᠢᠲᠦᠬᠦ ᠪᠠᠶᠢᠳᠠᠯ ᠢ ᠳᠠᠬᠢᠨ ᠡᠭᠦᠰᠬᠡᠬᠦ ᠦᠭᠡᠢ | ᠪᠣᠯᠭᠠᠨ᠎ᠠ︔ 2019 ᠣᠨ ᠤ ᠰᠡᠭᠦᠯᠴᠢ ᠪᠣᠯᠬᠤ ᠳᠤ᠂ ᠮᠠᠭᠤ ᠰᠠᠨᠠᠭ᠎ᠠ ᠲᠠᠢ ᠪᠠᠷ ᠴᠠᠯᠢᠩ ᠥᠷᠢᠲᠦᠬᠦ᠂ ᠴᠠᠯᠢᠩ | ᠦᠷᠢᠲᠦᠭᠡᠳ ᠵᠠᠶᠢᠢᠯᠠᠨ ᠲᠤᠳᠠᠭᠠᠵᠦ ᠳᠠᠯᠳᠠᠯᠠᠬᠰᠠᠨ ᠬᠠᠤᠯᠢ ᠠᠴᠠ ᠵᠥᠷᠢᠴᠡᠵᠦ ᠶᠠᠯ᠎ᠠ ᠬᠢᠭᠰᠡᠳ ᠢ ᠪᠦᠲᠦᠮᠵᠢᠲᠡᠶ ᠪᠠᠷ | ᠬᠤᠷᠢᠭᠯᠠᠨ᠎ᠠ︔ 2020 ᠣᠨ ᠤ ᠰᠡᠭᠦᠯᠴᠢ ᠪᠣᠯᠬᠤ ᠳᠤ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ | ᠴᠠᠯᠢᠩ ᠢ ᠥᠭᠬᠦ ᠠᠰᠠᠭᠤᠳᠠᠯ ᠢ ᠪᠦᠬᠦ ᠲᠠᠯ᠎ᠠ ᠪᠠᠷ ᠵᠠᠰᠠᠵᠤ ᠴᠠᠯᠢᠩ ᠥᠷᠢᠲᠦᠬᠦ ᠦᠭᠡᠢ ᠪᠠᠶᠢᠬᠤ ᠬᠠᠷᠠᠯᠳᠠ ᠶᠢ | ᠦᠨᠳᠦᠰᠦᠨ ᠳᠡᠭᠡᠨ ᠪᠡᠶᠡᠯᠡᠭᠦᠯᠦᠨ᠎ᠡ᠃ | ᠬᠤᠶᠠᠷ᠂ ᠭᠤᠣᠯ ᠠᠷᠭ᠎ᠠ ᠬᠡᠮᠵᠢᠶ᠎ᠡ | ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ ᠥᠷᠢᠲᠦᠬᠦ ᠠᠰᠠᠭᠤᠳᠠᠯ ᠢ ᠪᠦᠬᠦ ᠲᠠᠯ᠎ᠠ ᠪᠠᠷ | ᠵᠠᠰᠠᠬᠤ ᠶᠢᠨ ᠲᠥᠯᠥᠭᠡ᠂ ᠲᠦᠷᠦ ᠶᠢᠨ ᠪᠤᠳᠤᠯᠭ᠎ᠠ ᠶᠢᠨ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠵᠦ᠂ 2017 | ᠣᠨ ᠤ ᠲᠡᠬᠡᠷ᠎ᠠ ᠬᠠᠭᠠᠰ ᠵᠢᠯ ᠪᠣᠯᠬᠤ ᠳᠤ᠂ ᠡᠯ᠎ᠡ ᠭᠠᠵᠠᠷ ᠣᠷᠣᠨ ᠨᠢ ᠪᠠᠴᠢᠮ ᠪᠠᠶᠢᠳᠠᠯ ᠢ ᠠᠷᠭᠠᠴᠠᠬᠤ | ᠡᠷᠭᠢᠯᠲᠡ ᠶᠢᠨ ᠮᠥᠩᠭᠦ ᠶᠢᠨ ᠳᠦᠷᠢᠮ ᠢ ᠪᠦᠬᠦ ᠲᠠᠯ᠎ᠠ ᠪᠠᠷ ᠪᠠᠶᠢᠭᠤᠯᠬᠤ ᠶᠢᠨ ᠬᠠᠮᠲᠤ ᠪᠠᠴᠢᠮ ᠪᠠᠶᠢᠳᠠᠯ ᠢ ᠠᠷᠭᠠᠴᠠᠬᠤ | ᠡᠷᠭᠢᠯᠲᠡ ᠶᠢᠨ ᠮᠥᠩᠭᠦ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠵᠤ᠂ ᠣᠷᠣᠨ ᠰᠠᠭᠤᠴᠠ | ᠬᠤᠳᠠ ᠬᠥᠳᠡᠭᠡ ᠶᠢᠨ ᠪᠥᠳᠥᠭᠡᠨ ᠪᠠᠶᠢᠭᠤᠯᠤᠯᠲᠠ᠂ ᠵᠠᠮ ᠬᠠᠷᠢᠯᠴᠠᠭ᠎ᠠ ᠲᠡᠭᠡᠭᠡᠪᠦᠷᠢ᠂ ᠤᠰᠤᠨ ᠠᠰᠢᠭᠯᠠᠯᠲᠠ ᠵᠡᠷᠭᠡ | ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ︵ᠳᠣᠷᠣᠭᠰᠢ ︿ᠠᠵᠢᠯ ᠲᠥᠷᠥᠯ ᠤᠨ ᠬᠢᠨᠠᠯᠲᠠ | ᠬᠠᠮᠢᠶᠠᠷᠤᠯᠲᠠ ᠶᠢᠨ ᠰᠠᠯᠠᠭ᠎ᠠ ᠮᠥᠴᠢᠷ﹀ ᠭᠡᠵᠦ ᠲᠣᠪᠴᠢᠯᠠᠨ᠎ᠠ︶ ᠠᠴᠠ ᠴᠠᠯᠢᠩ ᠤᠨ ᠪᠠᠲᠤᠯᠠᠭ᠎ᠠ ᠶᠢᠨ ᠮᠥᠩᠭᠦ᠂ | ᠦᠨᠡᠨ ᠨᠡᠷ᠎ᠡ ᠶᠢᠨ ᠳᠦᠷᠢᠮ ᠤᠨ ᠬᠠᠮᠢᠶᠠᠷᠤᠯᠲᠠ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶ᠎ᠡ | ᠴᠠᠷᠠᠭ᠎ᠠ ᠶᠢᠨ ᠴᠠᠯᠢᠩ ᠥᠭᠬᠦ ᠠᠷᠭ᠎ᠠ᠂ ᠴᠠᠯᠢᠩ ᠪᠠ ᠪᠠᠷᠢᠯᠭ᠎ᠠ ᠶᠢᠨ ᠵᠣᠭᠤᠰ ᠢ ᠠᠰ ᠲᠤᠨᠢ ᠲᠠᠩᠰᠠ ᠪᠠᠶᠢᠭᠤᠯᠤᠨ | ᠬᠠᠮᠢᠶᠠᠷᠬᠤ᠂ ᠪᠠᠩᠬᠢ ᠠᠴᠠ ᠰᠠᠷ᠎ᠠ ᠪᠦᠷᠢ ᠴᠠᠯᠢᠩ ᠣᠷᠣᠯᠠᠨ ᠲᠦᠭᠡᠭᠡᠬᠦ᠂ ᠪᠠᠷᠢᠯᠭ᠎ᠠ ᠶᠢᠨ ᠲᠤᠬᠠᠶ ᠶᠢᠨ ᠭᠠᠵᠠᠷ ᠲᠤ | ᠡᠷᠬᠡ ᠠᠰᠢᠭ ᠢᠶᠠᠨ ᠬᠠᠮᠠᠭᠠᠯᠠᠵᠤ ᠢᠯᠡ ᠨᠡᠶᠢᠲᠡᠯᠡᠬᠦ ᠵᠡᠷᠭᠡ ᠠᠵᠢᠯ ᠤᠨ ᠲᠥᠷᠢᠮ ᠪᠣᠯᠤᠨ ᠲᠣᠭᠲᠠᠴᠠ ᠶᠢ | ᠪᠦᠷᠢᠨᠰᠢᠭᠦᠯᠦᠨ᠎ᠡ᠃ 2017 ᠣᠨ ᠤ ᠰᠡᠭᠦᠯᠴᠢ ᠪᠣᠯᠬᠤ ᠳᠤ᠂ ᠠᠵᠤ ᠠᠬᠤᠶᠢᠯᠠᠯ ᠤᠨ ᠢᠲᠡᠭᠡᠮᠵᠢ ᠣᠯᠬᠤ | ᠰᠢᠰᠲ᠋ᠧᠮᠵᠢ᠂ ᠴᠠᠯᠢᠩ ᠥᠷᠢᠲᠦᠬᠦ ᠶᠢ ᠤᠷᠢᠳᠴᠢᠯᠠᠨ ᠰᠡᠷᠡᠮᠵᠢᠯᠡᠭᠦᠯᠬᠦ᠂ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠦᠯᠲᠡ ᠪᠠ ᠬᠠᠤᠯᠢ ᠴᠠᠭᠠᠵᠠ ᠶᠢ ᠵᠣᠯᠭᠠᠭᠤᠯᠬᠤ ᠲᠣᠭᠲᠠᠴᠠ ᠶᠢ ᠪᠦᠷᠢᠨᠰᠢᠭᠦᠯᠦᠨ᠎ᠡ᠃ 2018 ᠣᠨ ᠤ | ᠰᠡᠭᠦᠯᠴᠢ ᠪᠣᠯᠬᠤ ᠳᠤ᠂ ᠪᠥᠳᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠪᠠᠷᠢᠴᠠᠭᠠᠯᠠᠨ ᠲᠦᠯᠦᠬᠦ᠂ ᠥᠮᠴᠢᠲᠡᠨ | ᠳᠠᠭᠠᠭᠠᠯᠲᠠ ᠬᠢᠬᠦ᠂ ᠪᠠᠩᠬᠢ ᠶᠢᠨ ᠳᠠᠭᠠᠭᠠᠯᠲᠠ ᠶᠢᠨ ᠪᠢᠴᠢᠭ ᠵᠡᠷᠭᠡ ᠳᠦᠷᠢᠮ ᠪᠣᠯᠤᠨ ᠬᠤᠳᠠᠯᠳᠤᠭᠠᠨ ᠤ ᠳᠠᠭᠠᠳᠬᠠᠯ ᠢ | ᠣᠷᠣᠭᠤᠯᠤᠨ ᠠᠪᠴᠢᠷᠠᠬᠤ ᠲᠣᠭᠲᠠᠴᠠ ᠶᠢ ᠬᠠᠶᠢᠨ ᠰᠦᠪᠡᠭᠴᠢᠯᠡᠨ ᠪᠠᠶᠢᠭᠤᠯᠤᠨ᠎ᠠ᠃ 2020 ᠣᠨ ᠪᠣᠯᠬᠤ ᠳᠤ᠂ | ᠪᠥᠬᠦ ᠣᠷᠣᠨ ᠤ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ ᠥᠷᠢᠲᠦᠵᠦ ᠪᠠᠶᠢᠭ᠎ᠠ ᠠᠰᠠᠭᠤᠳᠠᠯ ᠤᠨ | ᠵᠠᠰᠠᠬᠤ ᠳᠦᠷᠢᠮ ᠢ ᠪᠦᠷᠢᠨᠰᠢᠭᠦᠯᠦᠭᠰᠡᠨ᠂ ᠬᠠᠷᠢᠭᠤᠴᠠᠯᠭ᠎ᠠ ᠶᠢ ᠪᠣᠳᠠᠳᠠᠶᠢᠵᠢᠭᠤᠯᠤᠭᠰᠠᠨ᠂ ᠬᠢᠨᠠᠯᠲᠠ ᠬᠠᠮᠢᠶᠠᠷᠤᠯᠲᠠ ᠶᠢ | ᠬᠦᠴᠦᠨ ᠲᠠᠢ ᠪᠣᠯᠭᠠᠭᠰᠠᠨ ᠠᠵᠢᠯ ᠤᠨ ᠪᠠᠶᠢᠷᠢᠰᠢᠯ ᠢ ᠪᠤᠢ ᠪᠣᠯᠭᠠᠨ᠎ᠠ᠃ | ︵ᠨᠢᠭᠡ︶ ᠴᠠᠯᠢᠩ ᠥᠭᠬᠦ ᠬᠠᠷᠢᠭᠤᠴᠠᠯᠭ᠎ᠠ ᠶᠢ ᠰᠢᠯᠤᠭᠤᠳᠬᠠᠵᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ | ᠲᠡᠭᠦᠯᠳᠡᠷᠵᠢᠭᠦᠯᠦᠨ᠎ᠡ᠃ | 1. ᠴᠠᠯᠢᠩ ᠥᠭᠬᠦ ᠵᠠᠰᠠᠭ ᠵᠠᠬᠢᠷᠭᠠᠨ ᠤ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠲᠣᠲᠣᠷᠬᠠᠶᠢᠯᠠᠨ᠎ᠠ᠃ ᠡᠯ᠎ᠡ | ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠨᠢ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ ᠥᠷᠢᠲᠦᠬᠦ | ᠠᠰᠠᠭᠤᠳᠠᠯ ᠢ ᠪᠦᠬᠦ ᠲᠠᠯ᠎ᠠ ᠪᠠᠷ ᠵᠠᠰᠠᠬᠤ ᠶᠡᠷᠦᠩᠬᠡᠶ ᠬᠠᠷᠢᠭᠤᠴᠠᠯᠭ᠎ᠠ ᠶᠢ ᠡᠭᠦᠷᠭᠡᠯᠡᠵᠦ᠂ ᠲᠣᠭᠲᠠᠮᠠᠯ | ᠬᠤᠭᠤᠴᠠᠭ᠎ᠠ ᠲᠠᠢ ᠪᠠᠷ ᠰᠢᠮᠳᠠᠭᠤᠯᠤᠨ ᠪᠠᠶᠢᠴᠠᠭᠠᠬᠤ ᠪᠠ ᠬᠠᠷᠢᠭᠤᠴᠠᠯᠭ᠎ᠠ ᠨᠡᠬᠡᠮᠵᠢᠯᠡᠬᠦ ᠲᠦᠷᠢᠮ ᠢ ᠪᠠᠶᠢᠭᠤᠯᠤᠨ | ᠪᠦᠷᠢᠨᠰᠢᠭᠦᠯᠵᠦ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ ᠦᠷᠢᠲᠦᠬᠦ ᠠᠰᠠᠭᠤᠳᠠᠯ ᠤᠯᠠᠨ ᠪᠦᠬᠡᠳ | ᠪᠠᠶᠢᠩᠭᠤ ᠡᠭᠦᠰᠬᠦ᠂ ᠢᠯᠡᠴᠢᠯᠡᠭᠡ ᠵᠠᠭᠠᠯᠳᠤᠯᠭ᠎ᠠ ᠶᠢᠨ ᠬᠡᠮᠵᠢᠶ᠎ᠡ ᠶᠡᠭᠡ ᠪᠠᠶᠢᠭ᠎ᠠ ᠭᠠᠵᠠᠷ ᠣᠷᠣᠨ ᠵᠢᠴᠢ ᠬᠠᠤᠯᠢ ᠠᠴᠠ | ᠵᠥᠷᠢᠴᠡᠭᠰᠡᠨ ᠬᠦᠨᠳᠦ ᠶᠡᠭᠡ ᠬᠡᠷᠡᠭ ᠢ ᠭᠤᠣᠯᠳᠠᠯᠭ᠎ᠠ ᠲᠠᠢ ᠪᠠᠷ ᠰᠢᠮᠳᠠᠭᠤᠯᠤᠨ ᠪᠠᠶᠢᠴᠠᠭᠠᠨ᠎ᠠ᠃ ᠵᠠᠰᠠᠭ ᠤᠨ | ᠣᠷᠳᠣᠨ ᠤ ᠪᠡᠯᠠ ᠣᠷᠣᠭᠤᠯᠤᠭᠰᠠᠨ ᠪᠠᠷᠢᠯᠭ᠎ᠠ ᠶᠢᠨ ᠲᠥᠷᠥᠯ ᠵᠦᠢᠯ ᠨᠢ ᠪᠠᠷᠢᠯᠭ᠎ᠠ ᠶᠢᠨ ᠵᠣᠭᠤᠰ ᠢ ᠦᠷᠢᠲᠦᠭᠰᠡᠨ ᠤ | ᠬᠠᠮᠲᠤ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ ᠥᠷᠢᠲᠦᠭᠰᠡᠨ ᠠᠰᠠᠭᠤᠳᠠᠯ ᠭᠠᠷᠭᠠᠭᠰᠠᠨ ᠪᠠᠶᠢᠪᠠᠯ᠂ | ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢ | ᠨᠡᠬᠡᠮᠵᠢᠯᠡᠨ᠎ᠡ᠃ | ᠬᠥᠭᠵᠢᠭᠦᠯᠦᠯᠲᠡ ᠥᠭᠡᠷᠡᠴᠢᠯᠡᠯᠲᠡ ᠶᠢᠨ ᠰᠠᠯᠠᠭ᠎ᠠ ᠮᠥᠴᠢᠷ ᠠᠴᠠ ᠬᠠᠷᠢᠭᠤᠴᠠᠵᠤ ᠪᠠᠶᠢᠭᠠᠳ ᠲᠤᠰ ᠭᠠᠵᠠᠷ | ᠣᠷᠣᠨ ᠤ ᠵᠠᠰᠠᠭ ᠤᠨ ᠣᠷᠳᠣᠨ ᠤ ᠪᠡᠯᠡ ᠣᠷᠣᠭᠤᠯᠤᠭᠰᠠᠨ ᠲᠥᠷᠥᠯ ᠵᠦᠢᠯ ᠢ ᠬᠢᠨᠠᠨ ᠵᠥᠪᠰᠢᠶᠡᠷᠡᠬᠦ | ᠬᠠᠮᠢᠶᠠᠷᠤᠯᠲᠠ ᠶᠢ ᠴᠢᠩᠭᠠᠳᠬᠠᠵᠤ᠂ ᠪᠡᠯᠡ ᠮᠥᠩᠭᠦ ᠶᠢᠨ ᠢᠷᠡᠯᠲᠡ ᠪᠣᠯᠣᠨ ᠴᠤᠭᠯᠠᠭᠤᠯᠤᠭᠰᠠᠨ ᠠᠷᠭ᠎ᠠ ᠮᠠᠶ᠋ᠢᠭ ᠢ | ᠴᠢᠩᠭ᠎ᠠ ᠬᠢᠨᠠᠨ ᠪᠠᠶᠢᠴᠠᠭᠠᠵᠤ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ ᠥᠷᠢᠲᠥᠵᠦ ᠢᠲᠡᠭᠡᠮᠵᠢ | ᠠᠯᠳᠠᠭᠰᠠᠨ ᠠᠵᠤ ᠠᠬᠤᠶᠢᠯᠠᠯ ᠤᠳ ᠢ ᠢᠲᠡᠭᠡᠮᠵᠢ ᠣᠯᠬᠤ ᠰᠢᠰᠲ᠋ᠧᠮ ᠳᠤ ᠬᠠᠤᠯᠢ ᠶᠣᠰᠤᠭᠠᠷ ᠣᠷᠣᠭᠤᠯᠬᠤ ᠶᠢᠨ | ᠬᠠᠮᠲᠤ ᠬᠤᠯᠪᠣᠭᠠᠯᠠᠨ ᠵᠠᠯᠬᠠᠭᠠᠨ ᠴᠡᠭᠡᠷᠯᠡᠭᠦᠯᠦᠨ᠎ᠡ᠃ | ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠬᠠᠷᠢᠭᠤᠴᠠᠵᠤ ᠪᠠᠶᠢᠭᠠᠳ ᠲᠤᠰ ᠭᠠᠵᠠᠷ ᠣᠷᠣᠨ ᠤ ᠵᠠᠰᠠᠭ ᠤᠨ | ᠣᠷᠳᠣᠨ ᠤ ᠪᠡᠯᠡ ᠣᠷᠣᠭᠤᠯᠤᠭᠰᠠᠨ ᠲᠥᠷᠥᠯ ᠵᠦᠢᠯ ᠤᠨ ᠪᠥᠳᠥᠭᠡᠨ ᠪᠠᠶᠢᠭᠤᠯᠤᠯᠲᠠ ᠶᠢᠨ ᠪᠦᠬᠦ ᠶᠠᠪᠤᠴᠠ ᠶᠢᠨ ᠪᠡᠯᠡ | ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠡᠳ᠋ ᠤᠨ ᠵᠠᠰᠠᠭ ᠤᠨ ᠪᠡᠯᠡ ᠮᠥᠩᠭᠦ ᠶᠢ ᠲᠣᠭᠲᠠᠭᠠᠯ | ᠶᠣᠰᠣᠭᠠᠷ ᠴᠠᠭ ᠲᠤᠬᠠᠶ ᠳᠤᠨᠢ ᠲᠤᠭ᠎ᠠ ᠶᠣᠰᠣᠭᠠᠷ ᠰᠢᠯᠵᠢᠭᠦᠯᠦᠨ ᠥᠭᠴᠦ᠂ ᠪᠠᠴᠢᠮ ᠪᠠᠶᠢᠳᠠᠯ ᠢ ᠠᠷᠭᠠᠴᠠᠬᠤ | ᠡᠷᠭᠢᠯᠲᠡ ᠶᠢᠨ ᠮᠥᠩᠭᠦ ᠶᠢᠨ ᠳᠦᠷᠢᠮ ᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃ | ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠠᠵᠢᠯ ᠲᠥᠷᠥᠯ ᠤᠨ ᠬᠢᠨᠠᠯᠲᠠ | ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠬᠠᠤᠯᠢ ᠶᠣᠰᠣᠭᠠᠷ ᠭᠦᠢᠴᠡᠳᠬᠡᠵᠦ᠂ ᠤᠯᠤᠰ ᠤᠨ ᠪᠠ ᠥᠪᠡᠷᠲᠡᠭᠡᠨ ᠵᠠᠰᠠᠬᠤ | ᠣᠷᠣᠨ ᠤ ᠲᠣᠭᠲᠠᠭᠠᠭᠰᠠᠨ ᠬᠤᠯᠪᠣᠭᠳᠠᠯ ᠪᠦᠬᠦᠢ ᠪᠠᠷᠢᠯᠭ᠎ᠠ ᠶᠢᠨ ᠬᠠᠮᠢᠶᠠᠷᠤᠯᠲᠠ ᠪᠠ ᠴᠠᠯᠢᠩ ᠥᠭᠬᠦ ᠡᠯ᠎ᠡ ᠵᠦᠢᠯ ᠤᠨ | ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠲᠦᠷᠢᠮ ᠲᠣᠭᠲᠠᠭᠠᠯ ᠤᠳ ᠢ ᠨᠠᠶᠢᠳᠠᠪᠤᠷᠢᠵᠢᠭᠤᠯᠵᠤ᠂ ᠲᠤᠰ ᠭᠠᠵᠠᠷ | ᠣᠷᠣᠨ ᠤ ᠲᠤᠰ ᠠᠵᠢᠯ ᠲᠦᠷᠦᠯ ᠤᠨ ᠪᠠᠷᠢᠯᠭ᠎ᠠ ᠶᠢᠨ ᠲᠥᠷᠥᠯ ᠵᠦᠢᠯ ᠢ ᠰᠢᠯᠵᠢᠭᠦᠯᠦᠨ ᠳᠠᠭᠠᠭᠠᠴᠢᠯᠠᠭᠤᠯᠬᠤ ᠪᠠ | ᠬᠤᠪᠢᠶᠠᠨ ᠳᠠᠭᠠᠭᠠᠴᠢᠯᠠᠬᠤ ᠬᠠᠤᠯᠢ ᠶᠣᠰᠣᠨ ᠤ ᠪᠠᠶᠢᠳᠠᠯ ᠢ ᠬᠠᠷᠢᠭᠤᠴᠠᠨ ᠪᠠᠶᠢᠴᠠᠭᠠᠵᠤ ᠬᠠᠷᠭᠤᠭᠤᠯᠤᠨ ᠲᠣᠳᠣᠯᠠᠵᠤ᠂ | ᠨᠡᠷ᠎ᠡ ᠵᠢᠭᠡᠯᠡᠵᠦ ᠳᠠᠭᠠᠭᠠᠴᠢᠯᠠᠭᠤᠯᠬᠤ᠂ ᠬᠠᠤᠯᠢ ᠠᠴᠠ ᠵᠥᠷᠢᠴᠡᠵᠦ ᠳᠠᠭᠠᠭᠠᠴᠢᠯᠠᠭᠤᠯᠬᠤ᠂ ᠰᠢᠯᠵᠢᠭᠦᠯᠦᠨ | ᠳᠠᠭᠠᠭᠠᠴᠢᠯᠠᠭᠤᠯᠬᠤ᠂ ᠬᠤᠪᠢᠶᠠᠨ ᠳᠠᠭᠠᠭᠠᠴᠢᠯᠠᠭᠤᠯᠬᠤ᠂ ᠪᠠᠷᠢᠯᠭ᠎ᠠ ᠶᠢᠨ ᠵᠣᠭᠤᠰ ᠢ ᠥᠷᠢᠲᠦᠬᠦ ᠵᠡᠷᠭᠡ ᠠᠴᠠ | ᠪᠣᠯᠤᠭᠰᠠᠨ ᠴᠠᠯᠢᠩ ᠥᠷᠢᠲᠥᠬᠦ ᠬᠡᠷᠡᠭ ᠢ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃ | ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠨᠢ ᠮᠠᠯᠴᠢᠨ | ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠤᠨ ᠠᠰᠠᠭᠤᠳᠠᠯ ᠢ ᠰᠢᠢᠳᠪᠦᠷᠢᠯᠡᠬᠦ ᠶᠢᠨ ᠵᠣᠬᠢᠶᠠᠨ ᠪᠠᠶᠢᠭᠤᠯᠬᠤ ᠪᠠ | ᠵᠣᠬᠢᠴᠠᠭᠤᠯᠬᠤ ᠠᠵᠢᠯ ᠢ ᠡᠭᠦᠷᠭᠡᠯᠡᠬᠦ ᠶᠢᠨ ᠬᠠᠮᠲᠤ᠂ ᠲᠤᠰ ᠭᠠᠵᠠᠷ ᠣᠷᠣᠨ ᠤ ᠬᠢᠮᠢ ᠶᠢᠨ ᠠᠵᠤ ᠦᠢᠯᠡᠳᠪᠦᠷᠢ᠂ | ᠡᠳ᠋ᠰᠢᠭᠦᠯᠵᠦ ᠦᠢᠯᠡᠳᠬᠦ᠂ ᠢᠳᠡᠭᠡᠨ ᠤᠮᠳᠠᠭᠠᠨ ᠦᠢᠯᠡᠴᠢᠯᠡᠭᠡᠨ ᠵᠡᠷᠭᠡ ᠬᠥᠳᠡᠯᠮᠦᠷᠢ ᠨᠢᠬᠳᠠᠷᠠᠬᠰᠠᠨ ᠬᠡᠯᠪᠡᠷᠢ ᠶᠢᠨ | ᠠᠵᠢᠯ ᠲᠦᠷᠦᠯ ᠤᠳ ᠤᠨ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ ᠴᠠᠭ ᠲᠤᠬᠠᠶ ᠳᠤᠨᠢ ᠲᠤᠭ᠎ᠠ | ᠶᠣᠰᠣᠭᠠᠷ ᠥᠭᠭᠦᠭᠰᠡᠨ ᠪᠠᠶᠢᠳᠠᠯ ᠢ ᠭᠤᠣᠯᠳᠠᠯᠭ᠎ᠠ ᠲᠠᠢ ᠪᠠᠷ ᠬᠠᠣᠯᠢ ᠶᠣᠰᠣᠭᠠᠷ ᠪᠠᠶᠢᠴᠠᠭᠠᠵᠤ᠂ ᠤᠯᠤᠰ ᠤᠨ ᠪᠠ | ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ ᠪᠦᠬᠦ | ᠲᠠᠯ᠎ᠠ ᠪᠠᠷ ᠵᠠᠰᠠᠬᠤ ᠬᠠᠮᠢᠶ᠎ᠠ ᠪᠦᠬᠦᠢ ᠳᠦᠷᠢᠮ ᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠢᠨᠠᠨ ᠪᠠᠶᠢᠴᠠᠭᠠᠨ᠎ᠠ᠃ | ᠤᠯᠤᠰ ᠤᠨ ᠦᠮᠴᠢᠯᠡᠯᠲᠦ ᠡᠳ᠋ ᠬᠦᠷᠦᠩᠭᠡ ᠶᠢᠨ ᠬᠢᠨᠠᠨ ᠬᠠᠮᠢᠶᠠᠷᠬᠤ ᠰᠠᠯᠠᠭ᠎ᠠ ᠮᠥᠴᠢᠷ ᠠᠴᠠ ᠬᠠᠷᠢᠭᠤᠴᠠᠵᠤ | ᠪᠠᠶᠢᠭᠠᠳ ᠡᠷᠬᠡ ᠣᠯᠭᠤᠭᠰᠠᠨ ᠠᠵᠤ ᠠᠬᠤᠶᠢᠯᠠᠯ ᠤᠨ ᠪᠡᠯᠡ ᠭᠠᠷᠭᠠᠭᠴᠢ ᠶᠢ ᠬᠢᠨᠠᠨ ᠬᠠᠮᠢᠶᠠᠷᠬᠤ ᠡᠭᠦᠷᠭᠡ | ᠬᠠᠷᠢᠭᠤᠴᠠᠯᠭ᠎ᠠ ᠪᠠᠨ ᠭᠦᠢᠴᠡᠳᠬᠡᠬᠦ ᠪᠠ ᠮᠠᠯᠴᠢᠨ ᠲᠠᠷᠢᠶᠠᠴᠢᠨ ᠬᠦᠴᠦ ᠶᠠᠪᠤᠭᠰᠠᠳ ᠲᠤ ᠥᠷᠢᠲᠦᠭᠰᠡᠨ ᠴᠠᠯᠢᠩ ᠢ ᠨᠢ | ᠥᠭᠬᠦ ᠠᠵᠢᠯ ᠢ ᠪᠦᠬᠦ ᠲᠠᠯ᠎ᠠ ᠪᠠᠷ ᠵᠠᠰᠠᠨ᠎ᠠ᠃ | ᠬᠠᠤᠯᠢ ᠴᠠᠭᠠᠵᠠ ᠶᠢᠨ ᠰᠠᠯᠠᠭ᠎ᠠ ᠮᠥᠴᠢᠷ ᠠᠴᠠ ᠬᠠᠷᠢᠭᠤᠴᠠᠵᠤ ᠪᠠᠶᠢᠭᠠᠳ ᠬᠠᠤᠯᠢ ᠴᠠᠭᠠᠵᠠ ᠶᠢᠨ | ᠤᠬᠠᠭᠤᠯᠭ᠎ᠠ ᠵᠢᠴᠢ ᠮᠠᠯᠴᠢᠨ ᠲᠠᠷᠢᠶᠠᠴᠢᠨ ᠬᠦᠴᠦ ᠶᠠᠪᠤᠭᠰᠠᠳ ᠲᠤ ᠬᠠᠤᠯᠢ ᠴᠠᠭᠠᠵᠠ ᠶᠢᠨ ᠦᠢᠯᠡᠴᠢᠯᠡᠭᠡ ᠪᠠ | ᠬᠠᠤᠯᠢ ᠴᠠᠭᠠᠵᠠ ᠶᠢᠨ ᠲᠤᠰᠠᠯᠠᠮᠵᠢ ᠬᠠᠨᠭ᠍ᠭᠠᠬᠤ ᠠᠵᠢᠯ ᠢ ᠦᠷᠨᠢᠭᠦᠯᠦᠨ᠎ᠡ᠃ | ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠠᠴᠠ ᠬᠠᠷᠢᠭᠤᠴᠠᠵᠤ ᠪᠠᠶᠢᠭᠠᠳ ᠬᠥᠳᠡᠯᠮᠦᠷᠢ ᠶᠢᠨ ᠬᠥᠯᠥᠰᠥ | ᠣᠯᠭᠤᠮᠵᠢ ᠥᠭᠬᠦ ᠶᠢ ᠲᠡᠪᠴᠢᠭᠰᠡᠨ ᠶᠠᠯ᠎ᠠ ᠳᠤ ᠰᠡᠵᠢᠭᠯᠡᠭᠳᠡᠭᠰᠡᠨ ᠬᠡᠷᠡᠭ ᠢ ᠪᠠᠶᠢᠴᠠᠭᠠᠨ ᠰᠢᠢᠳᠪᠦᠷᠢᠯᠡᠬᠦ ᠶᠢ ᠰᠠᠶᠢᠲᠤᠷ | ᠬᠢᠵᠦ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ ᠥᠷᠢᠲᠦᠭᠰᠡᠨ ᠠᠴᠠ ᠪᠣᠯᠵᠤ ᠡᠭᠦᠰᠦᠭᠰᠡᠨ | ᠪᠦᠯᠬᠦᠮ ᠨᠡᠶᠢᠲᠡ ᠶᠢᠨ ᠴᠢᠨᠠᠷᠲᠠᠶ ᠬᠡᠷᠡᠭ ᠢ ᠬᠠᠣᠯᠢ ᠶᠣᠰᠣᠭᠠᠷ ᠰᠢᠢᠳᠪᠦᠷᠢᠯᠡᠨ᠎ᠡ᠃ | ᠠᠵᠤ ᠦᠢᠯᠡᠳᠪᠦᠷᠢ ᠬᠤᠳᠠᠯᠳᠤᠭ᠎ᠠ ᠶᠢᠨ ᠰᠠᠯᠠᠭ᠎ᠠ ᠮᠥᠴᠢᠷ ᠠᠴᠠ ᠬᠠᠷᠢᠭᠤᠴᠠᠵᠤ ᠪᠠᠶᠢᠭᠠᠳ ᠠᠵᠤ | ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠢᠯᠡ ᠨᠡᠶᠢᠲᠡᠯᠡᠬᠦ ᠰᠢᠰᠲ᠋ᠧᠮ ᠢᠶᠠᠷ ᠳᠠᠮᠵᠢᠭᠤᠯᠤᠨ᠂ ᠴᠠᠯᠢᠩ ᠢ | ᠥᠷᠢᠲᠦᠵᠦ ᠢᠲᠡᠭᠡᠮᠵᠢ ᠠᠯᠳᠠᠭᠰᠠᠨ ᠠᠵᠤ ᠠᠬᠤᠶᠢᠯᠠᠯ ᠢ ᠢᠯᠡ ᠨᠡᠶᠢᠲᠡᠯᠡᠬᠦ ᠵᠡᠷᠭᠡ ᠠᠵᠢᠯ ᠢ ᠬᠢᠨ᠎ᠡ᠃ | ᠡᠯ᠎ᠡ ᠭᠠᠵᠠᠷ ᠣᠷᠣᠨ ᠨᠢ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠶᠢ ᠢᠳᠡᠪᠬᠢᠳᠡᠢ ᠲᠠᠮᠵᠢᠵᠦ | ᠪᠠᠶᠢᠢᠭᠠᠳ ᠠᠵᠤ ᠠᠬᠤᠶᠢᠯᠠᠯ ᠤᠨ ᠬᠥᠳᠡᠯᠮᠦᠷᠢ ᠶᠢᠨ ᠪᠠᠲᠤᠯᠠᠭ᠎ᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠢ | ᠬᠡᠷᠡᠭᠵᠢᠭᠦᠯᠦᠭᠰᠡᠨ ᠪᠠᠶᠢᠳᠠᠯ ᠳᠤ ᠬᠢᠨᠠᠯᠲᠠ ᠲᠠᠯᠪᠢᠵᠦ᠂ ᠴᠠᠯᠢᠩ ᠢ ᠥᠷᠢᠲᠦᠭᠰᠡᠨ ᠠᠰᠠᠭᠤᠳᠠᠯ ᠢ ᠮᠡᠳᠡᠪᠡᠯ ᠴᠠᠭ | ᠲᠤᠬᠠᠶ ᠳᠤᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠮᠡᠳᠡᠭᠦᠯᠵᠦ ᠬᠠᠤᠯᠢ ᠶᠣᠰᠣᠭᠠᠷ ᠰᠢᠢᠳᠪᠦᠷᠢᠯᠡᠨ᠎ᠡ᠃ | ᠠᠷᠠᠳ ᠤᠨ ᠪᠠᠩᠬᠢ ᠠᠴᠠ ᠬᠠᠷᠢᠭᠤᠴᠠᠵᠤ ᠪᠠᠶᠢᠭᠠᠳ ᠡᠯ᠎ᠡ ᠲᠥᠷᠥᠯ ᠤᠨ ᠠᠵᠤ ᠠᠬᠤᠶᠢᠯᠠᠯ ᠤᠨ ᠮᠠᠯᠴᠢᠨ | ᠲᠠᠷᠢᠶᠠᠴᠢᠨ ᠬᠦᠴᠦ ᠶᠠᠪᠤᠭᠰᠠᠳ ᠲᠤ ᠴᠠᠯᠢᠩ ᠣᠯᠭᠤᠬᠤ ᠺᠠᠷᠲ ᠢ ᠪᠠᠩᠬᠢ ᠶᠢᠨ ᠰᠢᠰᠲ᠋ᠧᠮ ᠲᠤ ᠣᠷᠣᠭᠤᠯᠵᠤ᠂ | ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ ᠥᠷᠢᠲᠦᠭᠰᠡᠨ ᠠᠵᠤ ᠠᠬᠤᠶᠢᠯᠠᠯ ᠤᠳ ᠲᠤ ᠬᠤᠯᠪᠣᠭᠠᠯᠠᠨ | ᠵᠠᠯᠬᠠᠭᠠᠨ ᠴᠡᠭᠡᠷᠯᠡᠭᠦᠯᠬᠦ ᠶᠢ ᠬᠡᠷᠡᠭᠵᠢᠭᠦᠯᠦᠨ᠎ᠡ᠃ | ᠷᠠᠳᠢᠣ᠋ ᠨᠡᠪᠲᠡᠷᠡᠭᠦᠯᠭᠡ ᠲᠧᠯᠸᠢᠰ ᠵᠢᠴᠢ ᠰᠣᠨᠢᠨ ᠮᠡᠳᠡᠭᠡᠨ ᠤ ᠵᠠᠭᠤᠴᠢᠯᠠᠭᠤᠷ ᠬᠠᠷᠢᠭᠤᠴᠠᠵᠤ ᠪᠠᠶᠢᠭᠠᠳ | ᠤᠬᠠᠭᠤᠯᠤᠨ ᠬᠥᠲᠥᠯᠥᠨ ᠵᠢᠯᠣᠭᠤᠳᠬᠤ ᠪᠠ ᠶᠠᠷᠢᠶ᠎ᠠ ᠬᠡᠯᠡᠯᠴᠡᠭᠡᠨ ᠢᠶᠠᠷ ᠬᠠᠮᠢᠶᠠᠷᠤᠨ ᠡᠵᠡᠮᠳᠡᠬᠦ ᠶᠢ ᠨᠢᠭᠡᠳᠦᠯᠲᠡᠢ | ᠲᠥᠯᠥᠪᠯᠡᠵᠦ᠂ ᠵᠥᠪ ᠲᠠᠯ᠎ᠠ ᠠᠴᠠ ᠬᠥᠲᠥᠯᠥᠨ ᠵᠢᠯᠣᠭᠤᠳᠬᠤ ᠶᠢ ᠴᠢᠩᠭᠠᠳᠬᠠᠵᠤ᠂ ᠰᠦᠯᠵᠢᠶᠡᠨ ᠳᠡᠭᠡᠷᠡᠬᠢ ᠶᠠᠷᠢᠶ᠎ᠠ | ᠬᠡᠯᠡᠯᠴᠡᠭᠡᠨ ᠤ ᠪᠠᠶᠢᠳᠠᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ | 2. ᠠᠵᠤ ᠠᠬᠤᠶᠢᠯᠠᠯ ᠤᠨ ᠴᠠᠯᠢᠩ ᠥᠭᠬᠦ ᠭᠤᠣᠯ ᠴᠣᠭᠴᠠ ᠶᠢᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠤᠨ᠎ᠠ᠃ ᠡᠯ᠎ᠡ ᠲᠦᠷᠦᠯ ᠤᠨ ᠠᠵᠤ ᠠᠬᠤᠶᠢᠯᠠᠯ ᠤᠳ ᠡᠯᠰᠡᠨ ᠬᠡᠷᠡᠭᠯᠡᠬᠦ ᠪᠦᠬᠦᠢ ᠮᠠᠯᠴᠢᠨ | ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠥᠭᠬᠦ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ | ᠴᠠᠯᠢᠩ ᠢ ᠬᠠᠣᠯᠢ ᠶᠣᠰᠣᠭᠠᠷ ᠰᠠᠷ᠎ᠠ ᠪᠦᠷᠢ ᠲᠤᠭ᠎ᠠ ᠶᠣᠰᠣᠭᠠᠷ ᠨᠢ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ | ᠲᠤᠰ ᠬᠦᠮᠦᠨ ᠳᠤᠨᠢ ᠣᠯᠭᠤᠨ᠎ᠠ᠃ | ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶ᠎ᠡ ᠴᠠᠷᠠᠭ᠎ᠠ ᠶᠢᠨ ᠪᠠᠷᠢᠯᠭ᠎ᠠ ᠶᠢᠨ ᠠᠵᠢᠯ ᠢ | ᠶᠡᠷᠦᠩᠬᠡᠶᠢᠯᠡᠨ ᠳᠠᠭᠠᠭᠠᠴᠢᠯᠠᠭᠰᠠᠨ ᠠᠵᠤ ᠠᠬᠤᠶᠢᠯᠠᠯ ︵ᠪᠦᠳᠦᠬᠡᠨ ᠪᠠᠶᠢᠢᠭᠤᠯᠬᠤ ᠨᠢᠭᠡᠴᠡ ᠶᠢᠨ | ᠳᠠᠭᠠᠭᠠᠴᠢᠯᠠᠭᠤᠯᠤᠭᠰᠠᠨ ᠪᠠᠷᠢᠯᠭ᠎ᠠ ᠶᠢ ᠰᠢᠭᠤᠳ ᠳᠠᠭᠠᠭᠠᠴᠢᠯᠠᠭᠰᠠᠨ ᠲᠤᠰᠬᠠᠶ ᠳᠠᠭᠠᠭᠠᠴᠢᠯᠠᠯᠲᠠ ᠶᠢᠨ ᠠᠵᠤ | ᠠᠬᠤᠶᠢᠯᠠᠯ ᠪᠠᠭᠲᠠᠨ᠎ᠠ᠂ ᠳᠣᠷᠣᠭᠰᠢ ᠠᠳᠠᠯᠢ︶ ᠨᠢ ᠳᠠᠭᠠᠭᠠᠴᠢᠯᠠᠭᠰᠠᠨ ᠪᠠᠷᠢᠯᠭ᠎ᠠ ᠶᠢᠨ ᠲᠦᠷᠦᠯ ᠵᠦᠢᠯ ᠳᠠᠬᠢ ᠮᠠᠯᠴᠢᠨ | ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠥᠭᠬᠦ ᠳᠤ ᠪᠣᠳᠠᠲᠠᠶ ᠬᠠᠷᠢᠭᠤᠴᠠᠯᠭ᠎ᠠ ᠶᠢ ᠡᠭᠦᠷᠭᠡᠯᠡᠵᠦ᠂ ᠬᠤᠪᠢᠶᠠᠨ | ᠳᠠᠭᠠᠭᠠᠴᠢᠯᠠᠭᠰᠠᠨ ᠠᠵᠤ ᠠᠬᠤᠶᠢᠯᠠᠯ ︵ᠶᠡᠷᠦᠩᠭᠡᠢ ᠳᠠᠭᠠᠭᠠᠴᠢᠯᠠᠭᠰᠠᠨ ᠠᠵᠤ ᠠᠬᠤᠶᠢᠯᠠᠯ ᠤᠨ | ᠳᠠᠭᠠᠭᠠᠴᠢᠯᠠᠭᠤᠯᠤᠭᠰᠠᠨ ᠪᠠᠷᠢᠯᠭ᠎ᠠ ᠶᠢ ᠳᠠᠭᠠᠭᠠᠴᠢᠯᠠᠨ ᠪᠠᠷᠢᠬᠤ ᠲᠤᠰᠬᠠᠶ ᠮᠡᠷᠭᠡᠵᠢᠯ ᠤᠨ ᠠᠵᠤ ᠠᠬᠤᠶᠢᠯᠠᠯ ᠪᠠᠭᠲᠠᠨ᠎ᠠ᠂ | ᠳᠣᠷᠣᠭᠰᠢ ᠠᠳᠠᠯᠢ︶ ᠨᠢ ᠡᠯᠰᠡᠨ ᠬᠡᠷᠡᠭᠯᠡᠬᠦ ᠪᠦᠬᠦᠢ ᠮᠠᠯᠴᠢᠨ ᠲᠠᠷᠢᠶᠠᠴᠢᠨ ᠬᠦᠴᠦ ᠶᠠᠪᠤᠭᠰᠠᠳ ᠲᠤ ᠴᠠᠯᠢᠩ ᠥᠭᠬᠦ | ᠰᠢᠭᠤᠳ ᠬᠠᠷᠢᠭᠤᠴᠠᠯᠭ᠎ᠠ ᠶᠢ ᠡᠭᠦᠷᠭᠡᠯᠡᠨ᠎ᠡ᠃ | ︵ᠬᠤᠶᠠᠷ︶ ᠴᠠᠯᠢᠩ ᠥᠭᠬᠦ ᠶᠢᠨ ᠪᠠᠲᠤᠯᠠᠬᠤ ᠲᠦᠷᠢᠮ ᠢ ᠪᠦᠷᠢᠨᠰᠢᠭᠦᠯᠦᠨ᠎ᠡ᠃ | 1. ᠴᠠᠯᠢᠩ ᠤᠨ ᠪᠠᠲᠤᠯᠠᠭ᠎ᠠ ᠶᠢᠨ ᠮᠥᠩᠭᠦ ᠪᠣᠯᠣᠨ ᠪᠠᠴᠢᠮ ᠪᠠᠶᠢᠳᠠᠯ ᠢ ᠠᠷᠭᠠᠴᠠᠬᠤ ᠡᠷᠭᠢᠯᠲᠡ ᠶᠢᠨ | ᠮᠥᠩᠭᠦ ᠶᠢᠨ ᠳᠦᠷᠢᠮ ᠢ ᠨᠡᠶᠢᠳᠠᠪᠤᠷᠢᠵᠢᠭᠤᠯᠤᠨ᠎ᠠ᠃ ᠪᠥᠬᠦ ᠣᠷᠣᠨ ᠤ ᠪᠤᠢ ᠪᠥᠬᠦᠢ ᠪᠠᠷᠢᠯᠭ᠎ᠠ ᠶᠢᠨ ᠲᠥᠷᠥᠯ | ᠵᠦᠢᠯ ᠨᠢ ᠴᠦᠮ ︽ᠪᠠᠷᠢᠯᠭ᠎ᠠ ᠶᠢᠨ ᠪᠦᠲᠥᠭᠡᠨ ᠪᠠᠶᠢᠭᠤᠯᠤᠯᠲᠠ ᠶᠢᠨ ᠬᠦᠷᠢᠶ᠎ᠡ ᠴᠠᠷᠠᠭ᠎ᠠ ᠶᠢᠨ ᠪᠠᠲᠤᠯᠠᠭ᠎ᠠ ᠶᠢᠨ | ᠮᠥᠩᠭᠦ ᠶᠢ ᠢᠯᠭᠠᠷᠠᠭᠤᠯᠤᠨ ᠵᠢᠷᠤᠮᠵᠢᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ | ᠲᠢᠩᠬᠢᠮ ᠤᠨ ᠮᠡᠳᠡᠭᠳᠡᠯ︾ ︵ᠲᠥᠷᠥ ᠠᠯᠪᠠᠨ ᠲᠠᠷᠬᠠᠭᠠᠭᠰᠠᠨ ﹇2016﹈ 49 ᠳ᠋ᠤᠭᠡᠷ ᠲᠣᠭᠠᠲᠤ︶ ᠤᠨ | ᠱᠠᠭᠠᠷᠳᠠᠯᠭ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠮᠠᠯᠴᠢᠨ | ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠤᠨ ᠪᠠᠲᠤᠯᠠᠭ᠎ᠠ ᠶᠢᠨ ᠮᠥᠩᠭᠦ ᠶᠢ ᠲᠤᠰᠢᠶᠠᠨ᠎ᠠ᠃ ᠴᠠᠯᠢᠩ ᠤᠨ | ᠪᠠᠲᠤᠯᠠᠭ᠎ᠠ ᠶᠢᠨ ᠮᠥᠩᠭᠦ ᠶᠢ ᠵᠥᠷᠢᠶᠡᠴᠢᠯᠡᠨ ᠲᠤᠰᠢᠶᠠᠵᠤ ᠬᠠᠳᠠᠭᠠᠯᠠᠬᠤ ᠠᠷᠭ᠎ᠠ ᠶᠢ ᠬᠡᠷᠡᠭᠵᠢᠭᠦᠯᠵᠦ᠂ ᠵᠣᠬᠢᠬᠤ | ᠬᠤᠭᠤᠴᠠᠭᠠᠨ ᠤ ᠲᠤᠲᠤᠷ᠎ᠠ ᠴᠠᠯᠢᠩ ᠥᠷᠢᠲᠦᠭᠰᠡᠨ ᠦᠭᠡᠢ ᠠᠵᠤ ᠠᠬᠤᠶᠢᠯᠠᠯ ᠳᠤ ᠬᠠᠰᠤᠵᠤ ᠬᠡᠯᠲᠦᠷᠢᠭᠦᠯᠬᠦ ᠠᠷᠭ᠎ᠠ | ᠬᠡᠮᠵᠢᠶ᠎ᠡ ᠶᠢ ᠠᠪᠴᠤ᠂ ᠴᠠᠯᠢᠩ ᠥᠷᠢᠲᠦᠭᠰᠡᠨ ᠠᠵᠤ ᠠᠬᠤᠶᠢᠯᠠᠯ ᠳᠤ ᠲᠤᠰᠢᠶᠠᠨ ᠬᠠᠳᠠᠭᠠᠯᠠᠬᠤ ᠬᠠᠷᠢᠴᠠᠯ ᠢ ᠵᠣᠬᠢᠬᠤ | ᠬᠡᠮᠵᠢᠶ᠎ᠡ ᠪᠠᠷ ᠳᠡᠭᠡᠭᠰᠢᠯᠡᠭᠦᠯᠦᠨ᠎ᠡ᠃ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠤᠨ ᠪᠠᠲᠤᠯᠠᠭ᠎ᠠ ᠶᠢᠨ | ᠮᠥᠩᠭᠦ ᠪᠠᠨ ᠲᠤᠰᠢᠶᠠᠵᠤ ᠳᠠᠭᠤᠰᠬᠠᠭᠠᠳᠤᠢ ᠪᠠᠷ ᠮᠦᠨᠬᠦ ᠠᠵᠢᠯᠯᠠᠵᠤ ᠪᠠᠶᠢᠭ᠎ᠠ ᠪᠦᠲᠦᠭᠡᠨ ᠪᠠᠶᠢᠭᠤᠯᠤᠯᠲᠠ ᠶᠢᠨ | ᠲᠥᠷᠥᠯ ᠵᠦᠢᠯ ᠳᠤ᠂ ᠪᠠᠲᠤᠯᠠᠭ᠎ᠠ ᠶᠢᠨ ᠮᠥᠩᠭᠦ ᠬᠤᠷᠢᠶᠠᠬᠤ ᠠᠵᠢᠯ ᠲᠥᠷᠥᠯ ᠤᠨ ᠬᠠᠮᠢᠶᠠᠷᠤᠯᠲᠠ ᠶᠢᠨ ᠰᠠᠯᠠᠭ᠎ᠠ | ᠮᠥᠴᠢᠷ ᠠᠴᠠ ᠪᠦᠳᠦᠬᠡᠨ ᠪᠠᠶᠢᠢᠭᠤᠯᠬᠤ ᠨᠢᠭᠡᠴᠡ ᠪᠤᠶᠤ ᠪᠠᠷᠢᠯᠭ᠎ᠠ ᠶᠢᠨ ᠶᠡᠷᠦᠩᠬᠡᠶ ᠳᠠᠭᠠᠭᠠᠴᠢᠯᠠᠭᠰᠠᠨ ᠠᠵᠤ | ᠠᠬᠤᠶᠢᠯᠠᠯ ᠢ ᠵᠠᠷᠯᠢᠭᠳᠠᠵᠤ ᠪᠠᠶᠢᠭᠠᠳ ᠲᠣᠭᠲᠠᠭᠰᠠᠨ ᠬᠤᠭᠤᠴᠠᠭᠠᠨ ᠳᠤ ᠲᠤᠰᠢᠶᠠᠵᠤ ᠳᠠᠭᠤᠰᠬᠠᠯᠭᠠᠨᠠ᠃ | ᠡᠯ᠎ᠡ ᠭᠠᠵᠠᠷ ᠣᠷᠣᠨ ᠨᠢ ᠪᠠᠴᠢᠮ ᠪᠠᠶᠢᠳᠠᠯ ᠢ ᠠᠷᠭᠠᠴᠠᠬᠤ ᠡᠷᠭᠢᠯᠲᠡ ᠶᠢᠨ ᠮᠥᠩᠭᠦ ᠶᠢᠨ ᠳᠦᠷᠢᠮ ᠢ ᠪᠦᠬᠦ | ᠲᠠᠯ᠎ᠠ ᠪᠠᠷ ᠪᠠᠶᠢᠭᠤᠯᠬᠤ ᠶᠢᠨ ᠬᠠᠮᠲᠤ᠂ ᠣᠨ ᠤ ᠪᠥᠳᠥᠭᠡᠨ ᠪᠠᠶᠢᠭᠤᠯᠤᠯᠲᠠ ᠶᠢᠨ ᠪᠡᠯᠡ ᠮᠥᠩᠭᠦ ᠶᠢᠨ ᠬᠡᠪᠴᠢᠶ᠎ᠡ | ᠪᠣᠯᠣᠨ ᠲᠦᠷᠦᠭᠦᠦ ᠵᠢᠯ ᠤᠨ ᠥᠷᠢᠲᠦᠭᠰᠡᠨ ᠴᠠᠯᠢᠩ ᠤᠨ ᠲᠤᠭ᠎ᠠ ᠵᠡᠷᠭᠡ ᠪᠠᠶᠢᠳᠠᠯ ᠢ ᠦᠨᠳᠦᠰᠦᠯᠡᠨ᠂ ᠪᠠᠴᠢᠮ | ᠪᠠᠶᠢᠳᠠᠯ ᠢ ᠠᠷᠭᠠᠴᠠᠬᠤ ᠡᠷᠭᠢᠯᠲᠡ ᠶᠢᠨ ᠮᠥᠩᠭᠦ ᠶᠢᠨ ᠪᠠᠷᠢᠮᠵᠢᠶ᠎ᠠ ᠶᠢ ᠵᠣᠬᠢᠰᠲᠠᠶ ᠪᠠᠷ ᠳᠡᠭᠡᠭᠰᠢᠯᠡᠭᠦᠯᠦᠨ᠎ᠡ᠃ ᠮᠠᠯᠴᠢᠨ | ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ ᠣᠷᠣᠯᠠᠨ ᠥᠭᠴᠦ ᠪᠠᠶᠢᠭ᠎ᠠ ᠪᠠᠴᠢᠮ ᠪᠠᠶᠢᠳᠠᠯ ᠢ ᠠᠷᠭᠠᠴᠠᠵᠤ | ᠡᠷᠭᠢᠯᠲᠡ ᠶᠢᠨ ᠮᠥᠩᠭᠦ ᠶᠢ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ | ᠬᠠᠷᠢᠭᠤᠴᠠᠵᠤ ᠨᠡᠬᠡᠮᠵᠢᠯᠡᠨ ᠠᠪᠴᠤ ᠥᠭᠭᠦᠨ᠎ᠡ᠃ | ︵ᠡᠯ᠎ᠡ ᠱᠠᠲᠤᠨ ᠤ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠡᠭᠦᠷᠭᠡ | ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠲᠦᠷᠦᠭᠦᠯᠡᠨ ᠬᠢᠵᠦ᠂ ᠡᠳ᠋ ᠤᠨ ᠵᠠᠰᠠᠭ᠂ ᠬᠥᠮᠦᠨ ᠤ | ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ᠂ ᠠᠷᠠᠳ ᠤᠨ ᠪᠠᠩᠬᠢ ᠵᠡᠷᠭᠡ ᠬᠠᠮᠢᠶ᠎ᠠ ᠪᠦᠬᠦᠢ ᠰᠠᠯᠠᠭ᠎ᠠ | ᠮᠥᠴᠢᠷ ᠬᠠᠮᠵᠢᠯᠴᠠᠨ᠎ᠠ︶ | 2. ᠪᠠᠷᠢᠯᠭ᠎ᠠ ᠪᠠᠷᠢᠬᠤ ᠶᠠᠪᠤᠴᠠ ᠳᠤ ᠳ᠋ᠦ᠋ᠶᠢᠩᠨᠡᠨ ᠪᠤᠳᠤᠬᠤ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠦᠨ᠎ᠡ᠃ | ᠪᠠᠷᠢᠯᠭ᠎ᠠ ᠶᠢᠨ ᠵᠣᠭᠤᠰ ᠢ ᠥᠭᠬᠦ ᠪᠠ ᠳ᠋ᠦ᠋ᠶᠢᠩᠨᠡᠨ ᠪᠤᠳᠤᠬᠤ ᠦᠢᠯᠡ ᠠᠵᠢᠯᠯᠠᠭ᠎ᠠ ᠶᠢ ᠴᠢᠩᠭ᠎ᠠ ᠪᠠᠷ ᠵᠢᠷᠤᠮᠵᠢᠭᠤᠯᠵᠦ᠂ | ᠪᠦᠲᠦᠭᠡᠨ ᠪᠠᠶᠢᠭᠤᠯᠬᠤ ᠨᠢᠭᠡᠴᠡ ᠨᠢ ᠭᠡᠷ᠎ᠡ ᠳᠤ ᠪᠣᠯᠵᠣᠨ ᠲᠣᠭᠲᠠᠭᠰᠠᠨ ᠬᠡᠮᠵᠢᠯᠲᠡ ᠶᠢᠨ ᠦᠶᠡᠯᠡᠯ ᠪᠤᠶᠤ | ᠪᠠᠷᠢᠯᠭ᠎ᠠ ᠶᠢᠨ ᠠᠬᠢᠴᠠ ᠶᠣᠰᠣᠭᠠᠷ ᠳ᠋ᠦ᠋ᠶᠢᠩᠨᠡᠨ ᠪᠤᠳᠦᠬᠤ ᠶᠢᠨ ᠬᠠᠮᠲᠤ ᠪᠠᠷᠢᠯᠭ᠎ᠠ ᠶᠢᠨ ᠮᠥᠩᠭᠦ ᠶᠢ ᠥᠭᠭᠦᠨ᠎ᠡ᠃ | ᠪᠥᠳᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠠᠷᠢᠴᠠᠭᠠᠯᠠᠨ ᠲᠦᠯᠦᠬᠦ᠂ ᠥᠮᠴᠢᠲᠡᠨ ᠨᠢ ᠳᠠᠭᠠᠭᠠᠯᠲᠠ ᠬᠢᠬᠦ᠂ | ᠪᠠᠩᠬᠢ ᠶᠢᠨ ᠳᠠᠭᠠᠭᠠᠯᠲᠠ ᠶᠢᠨ ᠪᠢᠴᠢᠭ ᠵᠡᠷᠭᠡ ᠳᠦᠷᠢᠮ ᠪᠣᠯᠤᠨ ᠬᠤᠳᠠᠯᠳᠤᠭᠠᠨ ᠤ ᠳᠠᠭᠠᠳᠬᠠᠯ ᠳᠤ ᠣᠷᠣᠭᠤᠯᠬᠤ | ᠲᠣᠭᠲᠠᠴᠠ ᠶᠢ ᠬᠠᠶᠢᠨ ᠰᠦᠪᠡᠭᠴᠢᠯᠡᠵᠦ ᠪᠠᠶᠢᠭᠤᠯᠤᠨ᠂ ᠪᠠᠷᠢᠯᠭ᠎ᠠ ᠶᠢᠨ ᠵᠣᠭᠤᠰ ᠢ ᠥᠷᠢᠲᠦᠬᠦ ᠠᠰᠠᠭᠤᠳᠠᠯ ᠢ | ᠪᠦᠲᠦᠮᠵᠢᠲᠡᠶ ᠪᠠᠷ ᠰᠢᠢᠳᠪᠦᠷᠢᠯᠡᠨ᠎ᠡ᠃ | ︵ᠡᠯ᠎ᠡ ᠱᠠᠲᠤᠨ ᠤ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠦᠴᠢᠷ ᠤᠳ ᠡᠭᠦᠷᠭᠡ | ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | 3. ᠴᠠᠯᠢᠩ ᠪᠠ ᠪᠠᠷᠢᠯᠭ᠎ᠠ ᠶᠢᠨ ᠵᠣᠭᠤᠰ ᠢ ᠠᠰ ᠲᠤᠨᠢ ᠲᠠᠩᠰᠠ ᠪᠠᠶᠢᠭᠤᠯᠤᠨ ᠬᠠᠮᠢᠶᠠᠷᠬᠤ ᠳᠦᠷᠢᠮ ᠢ ᠪᠦᠬᠦ | ᠲᠠᠯ᠎ᠠ ᠪᠠᠷ ᠬᠡᠷᠡᠭᠵᠢᠭᠦᠯᠦᠨ᠎ᠡ᠃ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶ᠎ᠡ ᠴᠠᠷᠠᠭ᠎ᠠ ᠳᠤ ᠬᠥᠮᠦᠨ ᠤ | ᠬᠦᠴᠦᠨ ᠤ ᠰᠦᠢᠳᠬᠡᠯ ᠪᠣᠯᠤᠨ ᠪᠠᠷᠢᠯᠭ᠎ᠠ ᠶᠢᠨ ᠪᠤᠰᠤᠳ ᠵᠣᠭᠤᠰ ᠢ ᠠᠰ ᠲᠤᠨᠢ ᠲᠠᠩᠰᠠ ᠪᠠᠶᠢᠭᠤᠯᠤᠨ ᠬᠠᠮᠢᠶᠠᠷᠬᠤ | ᠳᠦᠷᠢᠮ ᠢ ᠬᠡᠷᠡᠭᠵᠢᠭᠦᠯᠵᠦ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠲᠤ ᠤᠷᠢᠳᠴᠢᠯᠠᠨ ᠥᠭᠬᠦ ᠴᠠᠯᠢᠩ ᠤᠨ | ᠬᠢᠷᠢ ᠬᠡᠮᠵᠢᠶ᠎ᠡ ᠶᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠭᠰᠠᠨ ᠨᠠᠭᠠᠳᠤ | ᠵᠠᠬ᠎ᠠ ᠶᠢᠨ ᠴᠠᠯᠢᠩ ᠤᠨ ᠪᠠᠷᠢᠮᠵᠢᠶ᠎ᠠ ᠠᠴᠠ ᠳᠣᠣᠷ᠎ᠠ ᠦᠯᠦ ᠪᠠᠶᠢᠯᠭᠠᠵᠤ᠂ ᠪᠤᠳᠠᠲᠠᠢ ᠠᠰ ᠲᠤᠨᠢ ᠲᠠᠩᠰᠠ ᠪᠠᠶᠢᠭᠤᠯᠬᠤ | ᠬᠠᠷᠢᠴᠠᠯ ᠢ ᠡᠯ᠎ᠡ ᠭᠠᠵᠠᠷ ᠣᠷᠣᠨ ᠠᠴᠠ ᠲᠣᠭᠲᠠᠭᠠᠵᠤ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ | ᠥᠭᠬᠦ ᠳᠤ ᠲᠤᠰᠬᠠᠢ ᠬᠡᠷᠡᠭᠯᠡᠨ᠎ᠡ᠃ ᠪᠤᠢ ᠪᠦᠬᠦᠢ ᠪᠦᠳᠦᠭᠡᠨ ᠪᠠᠶᠢᠭᠤᠯᠤᠯᠳᠠ ᠶᠢᠨ ᠲᠥᠷᠥᠯ ᠵᠦᠢᠯ ᠢ ᠪᠦᠲᠦᠭᠡᠨ | ᠪᠠᠶᠢᠭᠤᠯᠬᠤ ᠨᠢᠭᠡᠴᠡ ᠨᠢ ᠴᠦᠮ ᠪᠠᠷᠢᠯᠭ᠎ᠠ ᠶᠢᠨ ᠠᠵᠢᠯ ᠢ ᠳᠠᠭᠠᠭᠠᠴᠢᠯᠠᠬᠤ ᠭᠡᠷ᠎ᠡ ᠳᠤ ᠪᠣᠯᠵᠣᠨ ᠲᠣᠭᠲᠠᠭᠰᠠᠨ | ᠬᠠᠷᠢᠴᠠᠯ ᠶᠣᠰᠣᠭᠠᠷ ᠪᠤᠶᠤ ᠪᠠᠷᠢᠯᠭ᠎ᠠ ᠶᠢᠨ ᠶᠡᠷᠦᠩᠭᠡᠢ ᠳᠠᠭᠠᠭᠠᠴᠢᠯᠠᠭᠰᠠᠨ ᠠᠵᠤ ᠠᠬᠤᠶᠢᠯᠠᠯ ᠤᠨ ᠬᠠᠩᠭᠠᠭᠰᠠᠨ | ᠬᠥᠮᠦᠨ ᠤ ᠬᠦᠴᠦᠨ ᠤ ᠰᠦᠢᠳᠬᠡᠯ ᠤᠨ ᠲᠤᠭ᠎ᠠ ᠬᠡᠮᠵᠢᠶ᠎ᠡ ᠶᠣᠰᠣᠭᠠᠷ᠂ ᠥᠭᠬᠦ ᠶᠣᠰᠣᠲᠠᠶ ᠪᠠᠷᠢᠯᠭ᠎ᠠ ᠶᠢᠨ ᠵᠣᠭᠤᠰ | ᠲᠤᠳᠤᠷᠠᠬᠢ ᠬᠥᠮᠦᠨ ᠤ ᠬᠦᠴᠦᠨ ᠤ ᠰᠦᠢᠳᠬᠡᠯ ᠢ ᠪᠠᠷᠢᠯᠭ᠎ᠠ ᠶᠢᠨ ᠶᠡᠷᠦᠩᠬᠡᠶ ᠳᠠᠭᠠᠭᠠᠴᠢᠯᠠᠭᠰᠠᠨ ᠠᠵᠤ | ᠠᠬᠤᠶᠢᠯᠠᠯ ᠤᠨ ᠪᠠᠶᠢᠭᠤᠯᠤᠭᠰᠠᠨ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠤᠨ ᠳᠠᠩᠰᠠᠨ ᠡᠷᠦᠬᠡ ᠳᠤ | ᠲᠤᠰᠠᠭᠠᠷ ᠨᠢ ᠰᠢᠯᠵᠢᠭᠦᠯᠦᠨ ᠥᠭᠬᠦ ᠶᠢᠨ ᠬᠠᠮᠲᠤ᠂ ᠬᠠᠷᠢᠶ᠎ᠠ ᠭᠠᠵᠠᠷ ᠤᠨ ᠠᠵᠢᠯ ᠲᠥᠷᠥᠯ ᠤᠨ ᠬᠢᠨᠠᠯᠲᠠ | ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠤᠨ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ | ᠰᠠᠯᠠᠭ᠎ᠠ ᠮᠥᠴᠢᠷ ᠲᠤ ᠪᠦᠷᠢᠳᠬᠡᠨ ᠳᠠᠩᠰᠠᠯᠠᠭᠤᠯᠤᠨ᠎ᠠ᠃ ᠳᠠᠩᠰᠠᠨ ᠡᠷᠦᠬᠡ ᠪᠠᠶᠢᠭᠤᠯᠤᠭᠰᠠᠨ ᠪᠠᠩᠬᠢ ᠨᠢ ᠮᠠᠯᠴᠢᠨ | ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠤᠨ ᠲᠤᠰᠬᠠᠶ ᠲᠠᠩᠰᠠ ᠡᠷᠦᠬᠡ ᠶᠢᠨ ᠡᠳᠦᠷ ᠲᠤᠳᠤᠮ ᠤᠨ ᠬᠢᠨᠠᠯᠲᠠ | ᠬᠠᠮᠢᠶᠠᠷᠤᠯᠲᠠ ᠶᠢ ᠬᠠᠷᠢᠭᠤᠴᠠᠵᠤ᠂ ᠪᠡᠯᠡ ᠮᠥᠩᠭᠦ ᠬᠦᠷᠦᠯᠴᠡᠬᠦ ᠦᠭᠡᠢ᠂ ᠨᠡᠭᠦᠯᠭᠡᠨ ᠬᠡᠷᠡᠭᠯᠡᠭᠰᠡᠨ ᠵᠡᠷᠭᠡ ᠪᠠᠶᠢᠳᠠᠯ ᠢ | ᠮᠡᠳᠡᠪᠡᠯ ᠬᠠᠷᠢᠶ᠎ᠠ ᠭᠠᠵᠠᠷ ᠤᠨ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠤᠨ | ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠲᠤ ᠴᠠᠭ ᠲᠣᠬᠠᠢ ᠳᠤᠨᠢ | ᠮᠡᠳᠡᠭᠦᠯᠵᠦ᠂ ᠲᠤᠰᠬᠠᠶ ᠵᠣᠭᠤᠰ ᠢ ᠲᠤᠰᠬᠠᠶ ᠵᠦᠢᠯ ᠳᠤ ᠬᠡᠷᠡᠭᠯᠡᠬᠦ ᠶᠢ ᠦᠨᠡᠨᠬᠦ ᠪᠠᠲᠤᠯᠠᠨ᠎ᠠ᠃ | ︵ᠡᠯ᠎ᠡ ᠱᠠᠲᠤᠨ ᠤ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠡᠭᠦᠷᠭᠡ | ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠲᠦᠷᠦᠭᠦᠯᠡᠨ ᠬᠢᠵᠦ᠂ ᠬᠥᠮᠦᠨ ᠤ ᠬᠦᠴᠦᠨ ᠤ ᠡᠬᠢ | ᠪᠠᠶᠠᠯᠢᠭ ᠨᠡᠶᠢᠭᠡᠮ ᠤᠨ ᠪᠠᠲᠤᠯᠠᠭ᠎ᠠ᠂ ᠠᠷᠠᠳ ᠤᠨ ᠪᠠᠩᠬᠢ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠤᠨ ᠨᠢᠭᠡᠴᠡ | ᠬᠠᠮᠵᠢᠯᠴᠠᠨ᠎ᠠ︶ | 4. ᠪᠠᠩᠬᠢ ᠠᠴᠠ ᠰᠠᠷ᠎ᠠ ᠪᠦᠷᠢ ᠶᠢᠨ ᠴᠠᠯᠢᠩ ᠢ ᠣᠷᠣᠯᠠᠨ ᠥᠭᠬᠦ ᠲᠦᠷᠢᠮ ᠢ ᠪᠦᠬᠦ ᠲᠠᠯ᠎ᠠ ᠪᠠᠷ | ᠬᠡᠷᠡᠭᠵᠢᠭᠦᠯᠦᠨ᠎ᠡ᠃ ᠡᠯ᠎ᠡ ᠲᠦᠷᠦᠯ ᠤᠨ ᠠᠵᠤ ᠠᠬᠤᠶᠢᠯᠠᠯ ᠤᠳ ᠪᠠᠩᠬᠢ ᠳᠤ ᠨᠠᠶᠢᠳᠠᠵᠤ ᠮᠠᠯᠴᠢᠨ ᠲᠠᠷᠢᠶᠠᠴᠢᠨ | ᠬᠦᠴᠦ ᠶᠠᠪᠤᠭᠰᠠᠳ ᠤᠨ ᠴᠠᠯᠢᠩ ᠢ ᠣᠷᠣᠯᠠᠨ ᠥᠭᠭᠦᠨ᠎ᠡ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠨᠡᠶᠢᠭᠡᠮ ᠤᠨ ᠪᠠᠲᠤᠯᠠᠭ᠎ᠠ ᠶᠢᠨ ᠺᠠᠷᠲ ᠲᠠᠢ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠪᠠᠷᠢᠯᠭ᠎ᠠ ᠶᠢᠨ ᠠᠵᠤ | ᠠᠬᠤᠶᠢᠯᠠᠯ ᠨᠢ ᠴᠠᠯᠢᠩ ᠢ ᠰᠠᠷ᠎ᠠ ᠪᠦᠷᠢ ᠨᠡᠶᠢᠭᠡᠮ ᠤᠨ ᠪᠠᠲᠤᠯᠠᠭ᠎ᠠ ᠶᠢᠨ ᠺᠠᠷᠲ ᠨᠡᠮᠡᠭᠰᠡᠨ ᠪᠠᠩᠬᠢ ᠶᠢᠨ ᠳᠠᠩᠰᠠᠨ | ᠡᠷᠦᠬᠡ ᠳᠤ ᠤᠷᠤᠭᠤᠯᠤᠨ ᠥᠭᠴᠦ᠂ ᠬᠤᠪᠢ ᠬᠥᠮᠦᠨ ᠨᠢ ᠨᠡᠶᠢᠭᠡᠮ ᠤᠨ ᠪᠠᠲᠤᠯᠠᠭ᠎ᠠ ᠶᠢᠨ ᠺᠠᠷᠲ ᠢᠶᠠᠷ ᠢᠶᠠᠨ | ᠪᠠᠩᠬᠢ ᠶᠢᠨ ᠵᠠᠮ ᠮᠥᠷ ᠢᠶᠠᠷ ᠳᠠᠮᠵᠢᠨ ᠠᠪᠴᠤ ᠪᠤᠯᠣᠨ᠎ᠠ︔ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠣᠷᠣᠨ ᠪᠦᠰᠡ ᠶᠢᠨ ᠲᠣᠲᠣᠷᠠᠬᠢ ᠨᠡᠶᠢᠭᠡᠮ ᠤᠨ ᠪᠠᠲᠤᠯᠠᠭ᠎ᠠ ᠶᠢᠨ ᠺᠠᠷᠲ ᠪᠠᠶᠢᠬᠤ ᠦᠭᠡᠢ ᠮᠠᠯᠴᠢᠨ ᠲᠠᠷᠢᠶᠠᠴᠢᠨ | ᠬᠦᠴᠦ ᠶᠠᠪᠤᠭᠰᠠᠳ ᠲᠤ᠂ ᠪᠠᠷᠢᠯᠭ᠎ᠠ ᠶᠢᠨ ᠠᠵᠤ ᠠᠬᠤᠶᠢᠯᠠᠯ ᠠᠴᠠ ᠲᠡᠳᠡᠨ ᠳᠤ ᠪᠠᠩᠬᠢ ᠶᠢᠨ ᠴᠠᠯᠢᠩ ᠤᠨ ᠺᠠᠷᠲ | ᠭᠦᠢᠴᠡᠳᠬᠡᠵᠦ ᠥᠭᠬᠦ ᠶᠢ ᠬᠠᠷᠢᠭᠤᠴᠠᠬᠤ ᠶᠢᠨ ᠬᠠᠮᠲᠤ᠂ ᠪᠠᠩᠬᠢ ᠠᠴᠠ ᠰᠠᠷ᠎ᠠ ᠪᠦᠷᠢ ᠴᠠᠯᠢᠩ ᠢ ᠨᠢ ᠣᠷᠣᠯᠠᠨ | ᠥᠭᠭᠦᠨ᠎ᠡ᠃ ᠡᠯ᠎ᠡ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠲᠦᠷᠦ ᠠᠯᠪᠠᠨ | ᠲᠠᠷᠬᠠᠭᠠᠭᠰᠠᠨ ﹇2016﹈ 1 ᠳ᠋ᠤᠭᠡᠷ ᠲᠣᠭᠠᠲᠤ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠲᠦᠷᠢᠮ ᠢ | ᠲᠣᠭᠲᠠᠭᠠᠵᠤ ᠲᠡᠭᠦᠯᠳᠡᠷᠵᠢᠭᠦᠯᠬᠦ ᠶᠢᠨ ᠬᠠᠮᠲᠤ ᠠᠵᠤ ᠠᠬᠤᠶᠢᠯᠠᠯ ᠳᠤ ᠬᠢᠨᠠᠯᠲᠠ ᠲᠠᠯᠪᠢᠵᠤ ᠪᠠᠶᠢᠭᠠᠳ ᠬᠡᠷᠡᠭᠵᠢᠭᠦᠯᠦᠨ᠎ᠡ | ᠃ | ︵ᠡᠯ᠎ᠡ ᠱᠠᠲᠤᠨ ᠤ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠬᠥᠮᠦᠨ ᠤ | ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ᠂ ᠠᠷᠠᠳ ᠤᠨ ᠪᠠᠩᠬᠢ ᠵᠡᠷᠭᠡ ᠬᠠᠮᠢᠶ᠎ᠠ ᠪᠦᠬᠦᠢ ᠰᠠᠯᠠᠭ᠎ᠠ | ᠮᠥᠴᠢᠷ ᠪᠠ ᠨᠢᠭᠡᠴᠡ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | 5. ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠦᠨᠡᠨ ᠨᠡᠷ᠎ᠡ ᠶᠢᠨ ᠳᠦᠷᠢᠮ ᠤᠨ ᠬᠠᠮᠢᠶᠠᠷᠤᠯᠲᠠ ᠶᠢ | ᠪᠦᠬᠦ ᠲᠠᠯ᠎ᠠ ᠪᠠᠷ ᠬᠡᠷᠡᠭᠵᠢᠭᠦᠯᠦᠨ᠎ᠡ᠃ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶ᠎ᠡ ᠴᠠᠷᠠᠭ᠎ᠠ ᠳᠤ | ᠪᠠᠷᠢᠯᠭ᠎ᠠ ᠶᠢᠨ ᠠᠵᠤ ᠠᠬᠤᠶᠢᠯᠠᠯ ᠤᠳ ᠴᠥᠮ ᠰᠢᠭᠤᠳ ᠡᠯᠰᠡᠨ ᠬᠡᠷᠡᠭᠯᠡᠬᠦ ᠪᠦᠬᠦᠢ ᠮᠠᠯᠴᠢᠨ ᠲᠠᠷᠢᠶᠠᠴᠢᠨ ᠬᠦᠴᠦ | ᠶᠠᠪᠤᠭᠰᠠᠳ ᠲᠠᠢ ᠤᠷᠢᠳᠠᠪᠠᠷ ᠬᠥᠳᠡᠯᠮᠦᠷᠢ ᠶᠢᠨ ᠭᠡᠷ᠎ᠡ ᠲᠣᠭᠲᠠᠭᠰᠠᠨ ᠤ ᠳᠠᠷᠠᠭ᠎ᠠ ᠪᠠᠷᠢᠯᠭ᠎ᠠ ᠶᠢᠨ ᠠᠵᠢᠯ ᠳᠤ | ᠤᠷᠤᠯᠴᠠᠭᠤᠯᠵᠦ᠂ ᠬᠥᠳᠡᠯᠮᠦᠷᠢ ᠠᠵᠢᠯᠴᠢᠨ ᠬᠡᠷᠡᠭᠯᠡᠬᠦ ᠶᠢ ᠰᠦᠯᠵᠢᠶᠡᠨ ᠳᠡᠭᠡᠷ᠎ᠡ ᠪᠦᠷᠢᠳᠬᠡᠨ ᠳᠠᠩᠰᠠᠯᠠᠭᠤᠯᠬᠤ ᠶᠢ | ᠪᠦᠬᠦ ᠲᠠᠯ᠎ᠠ ᠪᠠᠷ ᠬᠡᠷᠡᠭᠵᠢᠭᠦᠯᠦᠨ᠎ᠡ᠃ ᠬᠥᠳᠡᠯᠮᠦᠷᠢ ᠬᠦᠴᠦ ᠶᠢ ᠳᠠᠭᠠᠭᠠᠴᠢᠯᠠᠬᠤ ᠠᠵᠢᠯᠯᠠᠭ᠎ᠠ ᠲᠠᠢ ᠬᠥᠳᠡᠯᠮᠦᠷᠢ | ᠠᠵᠢᠯᠴᠢᠨ ᠬᠡᠷᠡᠭᠯᠡᠬᠦ ᠳᠤ ᠶᠡᠷᠦᠩᠭᠡᠢ ᠳᠠᠭᠠᠭᠠᠴᠢᠯᠠᠭᠰᠠᠨ ᠲᠠᠯ᠎ᠠ ᠨᠢ ᠬᠥᠳᠡᠯᠮᠦᠷᠢ ᠬᠦᠴᠦᠨ ᠤ ᠬᠥᠮᠦᠰ ᠢ ᠦᠨᠡᠨ | ᠨᠡᠷ᠎ᠡ ᠪᠠᠷ ᠨᠢ ᠲᠡᠮᠳᠡᠭᠯᠡᠨ ᠳᠠᠩᠰᠠᠯᠠᠵᠤ᠂ ᠦᠨᠡᠨ ᠨᠡᠷ᠎ᠡ ᠶᠢᠨ ᠳᠦᠷᠢᠮ ᠤᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ | ᠰᠢᠰᠲ᠋ᠧᠮ ᠳᠤ ᠣᠷᠣᠭᠤᠯᠤᠨ᠂ ᠨᠡᠷᠡᠰ ᠢ ᠨᠢ ᠬᠦᠳᠡᠯᠮᠦᠷᠢ ᠬᠦᠴᠦᠨ ᠤ ᠬᠥᠯᠥᠰᠥ ᠮᠥᠩᠭᠦ ᠥᠭᠬᠦ ᠦᠨᠳᠦᠰᠦᠨ ᠡᠰᠢ | ᠪᠠᠷᠢᠮᠲᠠ ᠪᠣᠯᠭᠠᠵᠤ᠂ ᠠᠳᠠᠭ ᠲᠠᠭᠠᠨ 3 ᠵᠢᠯ ᠬᠠᠳᠠᠭᠠᠯᠠᠵᠤ ᠪᠠᠶᠢᠴᠠᠭᠠᠬᠤ ᠳᠤ ᠪᠡᠯᠡᠳᠬᠡᠨ᠎ᠡ᠃ | ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠪᠦᠲᠦᠭᠡᠨ ᠪᠠᠶᠢᠭᠤᠯᠬᠤ ᠨᠢᠭᠡᠴᠡ | ᠂ ᠪᠠᠷᠢᠯᠭ᠎ᠠ ᠶᠢᠨ ᠠᠵᠢᠯ ᠢ ᠬᠢᠨᠠᠵᠤ ᠬᠠᠮᠢᠶᠠᠷᠬᠤ ᠡᠲᠡᠭᠡᠳ᠂ ᠪᠠᠷᠢᠯᠭ᠎ᠠ ᠶᠢᠨ ᠠᠵᠤ ᠠᠬᠤᠶᠢᠯᠠᠯ᠂ ᠮᠠᠯᠴᠢᠨ ᠲᠠᠷᠢᠶᠠᠴᠢᠨ | ᠬᠦᠴᠦ ᠶᠠᠪᠤᠭᠰᠠᠳ ᠤᠨ ᠲᠥᠯᠥᠭᠡᠯᠡᠭᠴᠢᠳ ᠢᠶᠠᠷ ᠪᠠᠷᠢᠯᠭ᠎ᠠ ᠶᠢᠨ ᠲᠤᠬᠠᠶ ᠶᠢᠨ ᠭᠠᠵᠠᠷ ᠲᠠᠬᠢ ᠮᠠᠯᠴᠢᠨ ᠲᠠᠷᠢᠶᠠᠴᠢᠨ | ᠬᠦᠴᠦ ᠶᠠᠪᠤᠭᠰᠠᠳ ᠤᠨ ᠠᠵᠢᠯ ᠤᠨ ᠠᠯᠪᠠᠨ ᠭᠡᠷ ᠪᠠᠶᠢᠭᠤᠯᠬᠤ ᠳᠤ ᠬᠢᠨᠠᠯᠲᠠ ᠲᠠᠯᠪᠢᠵᠤ᠂ ᠠᠵᠤ ᠠᠬᠤᠶᠢᠯᠠᠯ ᠤᠨ | ᠡᠯ᠎ᠡ ᠵᠦᠢᠯ ᠤᠨ ᠠᠵᠢᠯᠴᠢᠨ ᠬᠡᠷᠡᠭᠯᠡᠬᠦ ᠳᠦᠷᠢᠮ ᠢ ᠨᠠᠶᠢᠳᠠᠪᠤᠷᠢᠵᠢᠭᠤᠯᠬᠤ ᠳᠤ ᠬᠢᠨᠠᠯᠲᠠ ᠲᠠᠯᠪᠢᠨ᠎ᠠ᠃ ᠬᠠᠤᠯᠢ | ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠬᠠᠤᠯᠢ ᠲᠣᠭᠲᠠᠭᠠᠯ ᠶᠣᠰᠣᠭᠠᠷ ᠮᠡᠳᠡᠭᠡᠯᠡᠬᠦ᠂ ᠬᠤᠭᠤᠴᠠᠭ᠎ᠠ | ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ᠂ ᠳᠠᠭᠠᠭᠠᠴᠢᠯᠠᠯᠲᠠ ᠵᠠᠷᠯᠠᠨ ᠳᠠᠭᠠᠭᠠᠴᠢᠯᠠᠯᠲᠠ ᠬᠦᠯᠢᠶᠡᠬᠦ ᠶᠢ ᠨᠢ | ᠬᠢᠵᠠᠭᠠᠷᠯᠠᠬᠤ᠂ ᠨᠥᠯᠥᠭᠡ ᠮᠠᠭᠤᠳᠠᠢ ᠤᠶᠢᠢᠯᠠ ᠠᠵᠢᠯᠯᠠᠭ᠎ᠠ ᠶᠢ ᠨᠢ ᠲᠡᠮᠳᠡᠭᠯᠡᠬᠦ᠂ ᠵᠠᠬ᠎ᠠ ᠳᠡᠯᠭᠡᠭᠦᠷ ᠠᠴᠠ ᠴᠡᠪᠡᠷᠯᠡᠨ | ᠭᠠᠷᠭᠠᠬᠤ ᠵᠡᠷᠭᠡ ᠠᠷᠭ᠎ᠠ ᠮᠠᠶ᠋ᠢᠭ ᠢᠶᠠᠷ ᠰᠢᠳᠬᠡᠨ ᠲᠤᠷᠭᠠᠵᠦ ᠵᠠᠯᠬᠠᠭᠠᠨ᠎ᠠ᠃ | ︵ᠡᠯ᠎ᠡ ᠱᠠᠲᠤᠨ ᠤ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠬᠥᠮᠦᠨ ᠤ | ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠡᠭᠦᠷᠭᠡ | ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠤᠰᠤᠭᠠᠷ ᠬᠠᠷᠢᠭᠤᠴᠠᠨ᠎ᠠ︶ | 6. ᠪᠠᠷᠢᠯᠭ᠎ᠠ ᠶᠢᠨ ᠲᠤᠬᠠᠶ ᠶᠢᠨ ᠭᠠᠵᠠᠷ ᠲᠤ ᠡᠷᠬᠡ ᠪᠠᠨ ᠬᠠᠮᠠᠭᠠᠯᠠᠬᠤ ᠮᠡᠳᠡᠭᠡ ᠵᠠᠩᠭᠢ ᠶᠢ ᠢᠯᠡ ᠨᠡᠶᠢᠲᠡᠯᠡᠬᠦ | ᠲᠦᠷᠢᠮ ᠢ ᠪᠦᠬᠦ ᠲᠠᠯ᠎ᠠ ᠪᠠᠷ ᠬᠡᠷᠡᠭᠵᠢᠭᠦᠯᠦᠨ᠎ᠡ᠃ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ | ᠮᠥᠴᠢᠷ ᠤᠳ ᠪᠠᠷᠢᠯᠭ᠎ᠠ ᠶᠢᠨ ᠲᠣᠬᠠᠢ ᠶᠢᠨ ᠭᠠᠵᠠᠷ ᠲᠤ ᠢᠯᠡ ᠨᠡᠶᠢᠲᠡᠯᠡᠬᠦ ᠵᠡᠷᠭᠡ ᠬᠠᠮᠢᠶᠠᠷᠤᠯᠲᠠ ᠶᠢᠨ ᠳᠦᠷᠢᠮ ᠢ | ᠲᠣᠭᠲᠠᠭᠠᠨ ᠲᠡᠭᠦᠯᠳᠡᠷᠵᠢᠭᠦᠯᠬᠦ ᠶᠢᠨ ᠬᠠᠮᠲᠤ᠂ ᠪᠠᠷᠢᠯᠭ᠎ᠠ ᠶᠢᠨ ᠠᠵᠤ ᠠᠬᠤᠶᠢᠯᠠᠯ ᠤᠨ ᠨᠠᠶᠢᠢᠳᠠᠪᠤᠷᠢᠵᠢᠭᠤᠯᠤᠨ | ᠪᠤᠳᠠᠲᠠᠶᠢᠵᠢᠭᠤᠯᠬᠤ ᠳᠤ ᠬᠢᠨᠠᠯᠲᠠ ᠲᠠᠯᠪᠢᠵᠤ᠂ ᠢᠯᠡ ᠨᠡᠶᠢᠲᠡᠯᠡᠭᠰᠡᠨ ᠮᠡᠳᠡᠭᠡ ᠵᠠᠩᠭᠢ ᠶᠢᠨ ᠪᠦᠷᠢᠨ ᠪᠦᠷᠬᠦᠭᠦᠯᠬᠦ ᠶᠢ | ᠦᠨᠡᠨᠬᠦ ᠪᠠᠲᠤᠯᠠᠨ᠎ᠠ᠃ ᠦᠨᠡᠨ ᠮᠥᠨ ᠢᠶᠠᠷ ᠨᠢ ᠢᠯᠡ ᠨᠡᠶᠢᠲᠡᠯᠡᠭᠰᠡᠨ ᠦᠭᠡᠢ ᠪᠠᠶᠢᠪᠠᠯ᠂ ᠠᠵᠢᠯ ᠲᠥᠷᠥᠯ ᠤᠨ | ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ | ᠵᠠᠯᠠᠷᠠᠭᠤᠯᠤᠨ᠎ᠠ᠃ | ︵ᠡᠯ᠎ᠡ ᠱᠠᠲᠤᠨ ᠤ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠡᠭᠦᠷᠭᠡ | ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠭᠤᠷᠪᠠ︶ ᠡᠷᠬᠡ ᠪᠠᠨ ᠬᠠᠮᠠᠭᠠᠯᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ | 1.ᠢᠯᠡᠴᠢᠯᠡᠨ ᠵᠠᠭᠠᠯᠳᠤᠭᠰᠠᠨ ᠢ ᠰᠢᠢᠳᠪᠦᠷᠢᠯᠡᠬᠦ ᠲᠣᠭᠲᠠᠴᠠ ᠶᠢ ᠪᠦᠷᠢᠨᠰᠢᠭᠦᠯᠦᠨ᠎ᠡ᠃ ᠠᠵᠢᠯ ᠲᠥᠷᠥᠯ ᠤᠨ | ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠶᠡᠷᠦᠩᠬᠡᠶ ᠳᠠᠭᠠᠭᠠᠴᠢᠯᠠᠬᠰᠠᠨ ᠠᠵᠤ ᠠᠬᠤᠶᠢᠯᠠᠯ᠂ | ᠬᠥᠳᠡᠯᠮᠦᠷᠢ ᠶᠢᠨ ᠪᠠᠲᠤᠯᠠᠭ᠎ᠠ ᠬᠢᠨᠠᠯᠲᠠ ᠪᠠᠶᠢᠴᠠᠭᠠᠯᠲᠠ ᠶᠢᠨ ᠬᠢᠨ ᠤ ᠰᠦᠯᠵᠢᠶᠡᠨ ᠳᠡᠭᠡᠷ᠎ᠡ ᠬᠠᠮᠲᠤᠷᠠᠨ ᠬᠦᠳᠡᠯᠦᠯᠴᠡᠵᠦ | ᠢᠯᠡᠴᠢᠯᠡᠨ ᠵᠠᠭᠠᠯᠳᠤᠬᠤ ᠴᠣᠩᠬᠤᠪᠴᠢ ᠪᠠ ᠬᠦᠯᠢᠶᠡᠨ ᠠᠪᠴᠤ ᠰᠢᠢᠳᠪᠦᠷᠢᠯᠡᠬᠦ ᠴᠣᠩᠬᠤᠪᠴᠢ ᠶᠢ ᠲᠦᠷᠭᠡᠳᠬᠡᠨ | ᠪᠠᠶᠢᠭᠤᠯᠵᠤ᠂ ᠢᠯᠡᠴᠢᠯᠡᠨ ᠵᠠᠭᠠᠯᠳᠣᠬᠤ ᠳ᠋ᠢᠶᠠᠩᠬᠤᠸᠠ᠂ ᠬᠦᠯᠢᠶᠡᠨ ᠠᠪᠴᠤ ᠰᠢᠢᠳᠪᠦᠷᠢᠯᠡᠬᠦ ᠰᠦᠯᠵᠢᠶ᠎ᠡ ᠶᠢᠨ ᠬᠠᠶ᠋ᠢᠭ | ᠪᠠ ᠭᠠᠵᠠᠷ ᠢ ᠨᠡᠶᠢᠲᠡᠯᠡᠨ᠂ ᠢᠯᠡᠴᠢᠯᠡᠨ ᠮᠡᠳᠡᠭᠦᠯᠵᠦ ᠵᠠᠭᠠᠯᠳᠤᠭᠴᠢ ᠶᠢᠨ ᠡᠷᠬᠡ ᠠᠰᠢᠭ ᠢ ᠪᠠᠲᠤᠯᠠᠨ᠎ᠠ᠃ ᠬᠠᠮᠲᠤᠷᠠᠨ | ᠬᠦᠳᠡᠯᠦᠯᠴᠡᠵᠦ ᠢᠯᠡᠴᠢᠯᠡᠨ ᠵᠠᠭᠠᠯᠳᠤᠬᠤ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠡᠭᠦᠷᠭᠡ ᠬᠠᠷᠢᠭᠤᠴᠠᠯᠭ᠎ᠠ ᠶᠢᠨ | ᠠᠵᠢᠯ ᠤᠨ ᠬᠤᠪᠢᠶᠠᠷᠢᠯᠠᠯ ᠶᠣᠰᠣᠭᠠᠷ᠂ ᠲᠦᠷᠦᠯ ᠬᠤᠪᠢᠶᠠᠨ ᠬᠦᠯᠢᠶᠡᠨ ᠠᠪᠴᠤ ᠰᠢᠢᠳᠪᠦᠷᠢᠯᠡᠵᠦ᠂ ︽ᠪᠦᠬᠦᠯᠢ | ᠡᠳᠦᠷ ᠤᠨ᠂ ᠪᠦᠷᠢᠨ ᠪᠦᠷᠬᠦᠭᠦᠯᠦᠭᠰᠡᠨ᠂ ᠪᠦᠬᠦ ᠬᠦᠷᠢᠶ᠎ᠡ ᠴᠠᠷᠠᠭ᠎ᠠ︾ ᠪᠠᠷ ᠬᠢᠨᠠᠨ ᠡᠵᠡᠮᠳᠡᠵᠦ ᠰᠢᠢᠳᠪᠦᠷᠢᠯᠡᠬᠦ | ᠲᠣᠭᠲᠠᠴᠠ ᠶᠢ ᠬᠦᠴᠦᠯᠡᠨ ᠪᠠᠶᠢᠭᠤᠯᠵᠤ᠂ ᠰᠦᠯᠵᠢᠶᠡᠨ ᠳᠡᠭᠡᠷ᠎ᠡ ᠪᠠ ᠰᠦᠯᠵᠢᠶ᠎ᠡ ᠠᠴᠠ ᠭᠠᠳᠠᠨ᠎ᠠ ᠢᠯᠡᠴᠢᠯᠡᠨ | ᠵᠠᠭᠠᠯᠳᠤᠬᠤ ᠶᠢ ᠪᠡᠶᠡᠯᠡᠭᠦᠯᠦᠨ᠂ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ | ᠰᠢᠰᠲ᠋ᠧᠮ ᠢᠶᠠᠷ ᠢᠶᠠᠨ ᠬᠦᠯᠢᠶᠡᠨ ᠠᠪᠴᠤ ᠰᠢᠢᠳᠪᠦᠷᠢᠯᠡᠨ᠎ᠡ᠃ | ︵ᠡᠯ᠎ᠡ ᠱᠠᠲᠤᠨ ᠤ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ | ᠲᠦᠷᠦᠭᠦᠯᠡᠨ ᠬᠢᠵᠦ᠂ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠡᠭᠦᠷᠭᠡ | ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠮᠵᠢᠯᠴᠠᠨ᠎ᠠ︶ | 2. ᠮᠡᠳᠡᠭᠡ ᠵᠠᠩᠭᠢ ᠶᠢᠨ ᠬᠢᠨᠠᠨ ᠰᠢᠨᠵᠢᠬᠦ ᠪᠠ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ | ᠲᠡᠭᠦᠯᠳᠡᠷᠵᠢᠭᠦᠯᠦᠨ᠎ᠡ᠃ ᠠᠵᠢᠯ ᠲᠥᠷᠥᠯ ᠤᠨ ᠬᠢᠨᠠᠯᠳᠠ ᠬᠠᠮᠢᠶᠠᠷᠤᠯᠳᠠ ᠶᠢᠨ ᠰᠠᠯᠠᠭ᠎ᠠ ᠮᠥᠴᠢᠷ ᠤᠨ ᠮᠡᠳᠡᠭᠡ | ᠵᠠᠩᠭᠢ ᠶᠢ ᠡᠮᠬᠢᠯᠡᠨ ᠨᠡᠶᠢᠯᠡᠭᠦᠯᠬᠦ ᠶᠢ ᠴᠢᠩᠭᠠᠳᠬᠠᠨ᠂ ᠡᠳᠦᠷ ᠲᠤᠳᠤᠮ ᠤᠨ ᠬᠢᠨᠠᠯᠲᠠ ᠪᠠᠶᠢᠴᠠᠭᠠᠯᠲᠠ ᠶᠢ | ᠴᠢᠩᠭᠠᠷᠠᠭᠤᠯᠵᠤ᠂ ᠦᠨᠡᠨ ᠨᠡᠷ᠎ᠡ ᠶᠢᠨ ᠳᠦᠷᠢᠮ ᠤᠨ ᠮᠡᠳᠡᠭᠡ ᠵᠠᠩᠭᠢ ᠶᠢᠨ ᠬᠠᠮᠢᠶᠠᠷᠤᠯᠲᠠ᠂ ᠬᠥᠳᠡᠯᠮᠦᠷᠢ ᠬᠦᠴᠦ | ᠠᠵᠢᠯᠴᠢᠨ ᠢ ᠪᠦᠷᠢᠳᠬᠡᠨ ᠳᠠᠩᠰᠠᠯᠠᠬᠤ ᠵᠡᠷᠭᠡ ᠰᠢᠰᠲ᠋ᠧᠮ ᠳᠤ ᠲᠦᠰᠢᠭᠯᠡᠨ᠂ ᠮᠠᠯᠴᠢᠨ ᠲᠠᠷᠢᠶᠠᠴᠢᠨ ᠬᠦᠴᠦ | ᠶᠠᠪᠤᠭᠰᠠᠳ ᠲᠤ ᠴᠠᠯᠢᠩ ᠥᠭᠴᠦ ᠪᠠᠶᠢᠭ᠎ᠠ ᠪᠠᠶᠢᠳᠠᠯ ᠳᠤ ᠬᠥᠳᠡᠯᠦᠩᠭᠦᠶ ᠬᠢᠨᠠᠯᠲᠠ ᠬᠠᠮᠢᠶᠠᠷᠤᠯᠲᠠ ᠬᠢᠵᠦ᠂ ᠴᠠᠯᠢᠩ | ᠦᠷᠢᠲᠦᠬᠦ ᠲᠠᠯᠳᠠ ᠭᠡᠮ ᠰᠣᠭᠤᠭ ᠢ ᠴᠠᠭ ᠲᠤᠬᠠᠶ ᠳᠤᠨᠢ ᠮᠡᠳᠡᠬᠦ ᠶᠢᠨ ᠬᠠᠮᠲᠤ ᠰᠢᠢᠳᠪᠦᠷᠢᠯᠡᠨ᠎ᠡ᠃ ᠠᠵᠢᠯ | ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠣᠨ ᠶᠡᠷᠦᠩᠬᠡᠶ ᠳᠠᠭᠠᠭᠠᠴᠢᠯᠠᠬᠰᠠᠨ ᠠᠵᠤ | ᠠᠬᠤᠶᠢᠯᠠᠯ ᠨᠢ ᠲᠤᠬᠠᠶ ᠶᠢᠨ ᠭᠠᠵᠠᠷ ᠤᠨ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ | ᠰᠠᠯᠠᠭ᠎ᠠ ᠮᠥᠴᠢᠷ ᠲᠤ ᠮᠠᠯᠴᠢᠨ ᠲᠠᠷᠢᠶᠠᠴᠢᠨ ᠬᠦᠴᠦ ᠶᠠᠪᠤᠭᠰᠠᠳ ᠢ ᠬᠡᠷᠡᠭᠯᠡᠵᠦ ᠪᠠᠶᠢᠭ᠎ᠠ ᠪᠠᠶᠢᠳᠠᠯ ᠪᠠ ᠴᠠᠯᠢᠩ ᠥᠭᠬᠦ | ᠬᠦᠳᠡᠯᠦᠩᠭᠦᠢ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠡᠭᠦᠷᠭᠡ ᠲᠠᠢ ᠶᠤᠮ᠃ ᠬᠥᠮᠦᠨ ᠤ ᠬᠦᠴᠦᠨ ᠤ ᠡᠬᠢ | ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠨᠢ ᠠᠵᠤ ᠠᠬᠤᠶᠢᠯᠠᠯ ᠤᠨ ᠦᠢᠯᠡᠳᠪᠦᠷᠢᠯᠡᠯ | ᠡᠵᠡᠩᠨᠡᠯᠲᠡ ᠶᠢᠨ ᠪᠠᠶᠢᠳᠠᠯ᠂ ᠤᠰᠤ ᠴᠠᠬᠢᠯᠭᠠᠨ ᠤ ᠬᠠᠩᠭᠠᠯᠭ᠎ᠠ ᠵᠡᠷᠭᠡ ᠬᠠᠮᠢᠶ᠎ᠠ ᠪᠦᠬᠦᠢ ᠭᠦᠢᠴᠡᠳᠬᠡᠯ ᠲᠤᠭ᠎ᠠ ᠶᠢᠨ | ᠬᠤᠪᠢᠷᠠᠯᠲᠠ ᠶᠢᠨ ᠪᠠᠶᠢᠳᠠᠯ᠂ ᠭᠠᠶᠢᠯᠢ ᠶᠢᠨ ᠮᠥᠩᠭᠦ ᠲᠤᠰᠢᠶᠠᠬᠤ ᠵᠢᠴᠢ ᠭᠠᠶᠢᠯᠢ ᠶᠢᠨ ᠮᠥᠩᠭᠦ ᠥᠷᠢᠲᠦᠵᠦ ᠪᠠᠶᠢᠭ᠎ᠠ | ᠮᠡᠳᠡᠭᠡ ᠵᠠᠩᠭᠢ ᠶᠢ ᠦᠨᠳᠦᠰᠦᠯᠡᠨ᠂ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠯᠤᠭ᠎ᠠ | ᠬᠠᠮᠵᠢᠯᠴᠠᠨ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ᠂ ᠭᠤᠣᠯᠳᠠᠯᠭ᠎ᠠ ᠲᠠᠢ ᠠᠵᠤ ᠠᠬᠤᠶᠢᠯᠠᠯ᠂ ᠭᠤᠣᠯᠳᠠᠯᠭ᠎ᠠ ᠲᠠᠢ | ᠲᠥᠷᠥᠯ ᠵᠦᠢᠯ ᠳᠤ ᠲᠣᠭᠲᠠᠮᠠᠯ ᠬᠤᠭᠤᠴᠠᠭ᠎ᠠ ᠲᠠᠢ ᠪᠠᠷ ᠰᠢᠮᠳᠠᠭᠤᠯᠤᠨ ᠪᠠᠶᠢᠴᠠᠭᠠᠬᠤ ᠪᠠ ᠶᠡᠷᠦᠩᠭᠡᠶᠢᠯᠡᠨ ᠵᠠᠳᠠᠯᠵᠤ | ᠰᠤᠳᠤᠯᠤᠨ ᠮᠠᠭᠠᠳᠯᠠᠵᠤ᠂ ᠴᠠᠯᠢᠩ ᠥᠷᠢᠲᠦᠬᠦ ᠲᠠᠯᠳᠠ ᠬᠡᠮ ᠰᠣᠭᠤᠭ ᠢ ᠮᠡᠳᠡᠪᠡᠯ ᠳᠠᠷᠦ᠋ᠢᠬᠠᠨ ᠲᠤᠬᠠᠶ ᠶᠢᠨ | ᠭᠠᠵᠠᠷ ᠤᠨ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ᠂ ᠤᠷᠢᠳᠴᠢᠯᠠᠨ ᠰᠡᠷᠡᠮᠵᠢᠯᠡᠭᠦᠯᠵᠦ ᠰᠡᠷᠭᠡᠶᠢᠯᠡᠬᠦ | ᠠᠵᠢᠯ ᠢ ᠰᠠᠶᠢᠲᠤᠷ ᠬᠢᠨ᠎ᠡ᠃ | ︵ᠡᠯ᠎ᠡ ᠱᠠᠲᠤᠨ ᠤ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠤᠨ ᠬᠥᠮᠦᠨ ᠤ | ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠲᠦᠷᠦᠭᠦᠯᠡᠨ ᠬᠢᠵᠦ᠂ ᠠᠵᠤ | ᠦᠢᠯᠡᠳᠪᠦᠷᠢ ᠬᠤᠳᠠᠯᠳᠤᠭ᠎ᠠ᠂ ᠭᠠᠶᠢᠯᠢ ᠶᠢᠨ ᠶᠠᠪᠤᠳᠠᠯ᠂ ᠮᠥᠩᠭᠦᠨ ᠭᠦᠢᠯᠭᠡᠭᠡᠨ᠂ ᠤᠰᠤᠨ ᠠᠰᠢᠭᠯᠠᠯᠲᠠ᠂ | ᠴᠠᠬᠢᠯᠭᠠᠨ ᠬᠦᠴᠦᠨ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠤᠨ ᠨᠢᠭᠡᠴᠡ ᠬᠠᠮᠵᠢᠯᠴᠠᠨ᠎ᠠ︶ | 3. ᠠᠵᠤ ᠠᠬᠤᠶᠢᠯᠠᠯ ᠤᠨ ᠦᠨᠡᠨᠴᠢ ᠢᠲᠡᠭᠡᠮᠵᠢ ᠶᠢᠨ ᠬᠠᠮᠢᠶᠠᠷᠤᠯᠲᠠ ᠪᠣᠯᠣᠨ ᠢᠲᠡᠭᠡᠮᠵᠢ ᠠᠯᠳᠠᠭᠰᠠᠳ ᠢ | ᠵᠠᠯᠬᠠᠭᠠᠨ ᠴᠡᠭᠡᠷᠯᠡᠭᠦᠯᠬᠦ ᠲᠣᠭᠲᠠᠴᠠ ᠶᠢ ᠲᠡᠭᠦᠯᠳᠡᠷᠵᠢᠭᠦᠯᠦᠨ᠎ᠡ᠃ ᠬᠥᠭᠵᠢᠭᠦᠯᠦᠯᠲᠡ ᠥᠭᠡᠷᠡᠴᠢᠯᠡᠯᠲᠡ ᠶᠢᠨ ᠰᠠᠯᠠᠭ᠎ᠠ | ᠮᠥᠴᠢᠷ ᠨᠢ ᠠᠵᠤ ᠠᠬᠤᠶᠢᠯᠠᠯ ᠤᠨ ᠢᠲᠡᠭᠡᠮᠵᠢ ᠣᠯᠬᠤ ᠬᠠᠮᠢᠶᠠᠷᠤᠯᠲᠠ ᠶᠢᠨ ᠮᠡᠳᠡᠭᠡ ᠵᠠᠩᠭᠢ ᠶᠢ ᠡᠮᠬᠢᠯᠡᠨ | ᠨᠡᠶᠢᠯᠡᠭᠦᠯᠵᠦ᠂ ᠰᠦᠯᠵᠢᠶ᠎ᠡ ᠪᠠᠷ ᠬᠠᠷᠢᠯᠴᠠᠬᠤ ᠵᠠᠮ ᠮᠥᠷ ᠢ ᠪᠠᠶᠢᠭᠤᠯᠵᠤ᠂ ᠬᠠᠷᠢᠯᠴᠠᠨ ᠬᠤᠯᠪᠣᠭᠠᠯᠠᠵᠤ ᠬᠠᠷᠢᠯᠴᠠᠨ | ᠨᠡᠪᠲᠡᠷᠡᠯᠴᠡᠬᠦ᠂ ᠬᠠᠷᠢᠯᠴᠠᠨ ᠮᠡᠳᠡᠷᠡᠵᠦ ᠬᠠᠮᠲᠤᠪᠠᠷ ᠡᠳ᠋ᠯᠡᠬᠦ ᠶᠢ ᠪᠡᠶᠡᠯᠡᠭᠦᠯᠵᠦ᠂ ᠨᠢᠭᠡ ᠴᠣᠭᠴᠠᠵᠢᠭᠤᠯᠤᠭᠰᠠᠨ | ᠦᠨᠡᠨᠴᠢ ᠢᠲᠡᠭᠡᠮᠵᠢ ᠶᠢᠨ ᠦᠨᠡᠯᠡᠯᠲᠡ ᠪᠣᠯᠤᠨ ᠢᠲᠡᠭᠡᠮᠵᠢ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠶᠢ | ᠬᠡᠷᠡᠭᠵᠢᠭᠦᠯᠦᠨ᠎ᠡ᠃ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ︽ᠢᠲᠡᠭᠡᠮᠵᠢ | ᠠᠯᠳᠠᠭᠰᠠᠨ ᠠᠵᠤ ᠠᠬᠤᠶᠢᠯᠠᠯ ᠢ ᠬᠠᠮᠵᠢᠯᠴᠠᠨ ᠬᠢᠨᠠᠨ ᠬᠠᠮᠢᠶᠠᠷᠬᠤ ᠪᠠ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ | ᠬᠠᠮᠲᠤᠷᠠᠯᠴᠠᠭ᠎ᠠ ᠶᠢᠨ ᠪᠢᠴᠢᠭ︾ ︵ᠥᠪᠥᠷ ᠬᠦᠭᠵᠢᠬᠦᠯᠦᠯᠳᠡ ᠥᠭᠡᠷᠡᠴᠢᠯᠡᠯᠲᠡ ᠡᠳ᠋ ᠮᠥᠩᠭᠦᠨ ᠦᠰᠦᠭ ﹇2015 | ﹈ 126 ᠳ᠋ᠤᠭᠠᠷ ᠲᠣᠭᠠᠲᠤ ᠪᠢᠴᠢᠭ ᠮᠠᠲ᠋ᠧᠷᠢᠶᠠᠯ︶ ᠪᠣᠯᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠨᠡᠶᠢᠭᠡᠮ ᠤᠨ ᠬᠠᠤᠯᠢ ᠶᠢᠨ ᠡᠷᠬᠡᠲᠡᠨ ᠤ ᠬᠥᠳᠡᠯᠮᠦᠷᠢ ᠶᠢᠨ ᠪᠠᠲᠤᠯᠠᠭ᠎ᠠ ᠶᠢᠨ ᠢᠲᠡᠭᠡᠮᠵᠢ ᠳᠤ ᠢᠲᠡᠭᠡᠮᠵᠢ | ᠠᠯᠳᠠᠭᠰᠠᠨ ᠢ ᠵᠠᠯᠬᠠᠭᠠᠨ ᠴᠡᠭᠡᠷᠯᠡᠭᠦᠯᠬᠦ ᠠᠷᠭ᠎ᠠ︾ ︵ᠥᠪᠥᠷ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ | ᠪᠠᠲᠤᠯᠠᠭ᠎ᠠ ᠲᠠᠷᠬᠠᠭᠠᠭᠰᠠᠨ ﹇2014﹈ 97 ᠳ᠋ᠤᠭᠠᠷ ᠲᠣᠭᠠᠲᠤ ᠪᠢᠴᠢᠭ ᠮᠠᠲ᠋ᠧᠷᠢᠶᠠᠯ︶ ᠵᠡᠷᠭᠡ ᠢᠲᠡᠭᠡᠮᠵᠢ | ᠠᠯᠳᠠᠭᠰᠠᠨ ᠢ ᠵᠠᠯᠬᠠᠭᠠᠨ ᠴᠡᠭᠡᠷᠯᠡᠭᠦᠯᠬᠦ ᠲᠣᠭᠲᠠᠭᠠᠯ ᠢ ᠬᠢᠨᠠᠮᠠᠭᠠᠢ ᠨᠠᠶᠢᠳᠠᠪᠤᠷᠢᠵᠢᠭᠤᠯᠵᠤ᠂ ᠢᠲᠡᠭᠡᠮᠵᠢ ᠠᠯᠳᠠᠭᠰᠠᠨ | ᠭᠤᠣᠯ ᠴᠣᠭᠴᠠ ᠶᠢ ︽ᠨᠢᠭᠡ ᠭᠠᠵᠠᠷ ᠬᠠᠤᠯᠢ ᠠᠴᠠ ᠵᠦᠷᠢᠴᠡᠪᠡᠯ᠂ ᠭᠠᠵᠠᠷ ᠪᠣᠯᠭᠠᠨ ᠳᠤ ᠬᠢᠵᠠᠭᠠᠷᠯᠠᠬᠳᠠᠬᠤ︾ | ᠪᠣᠯᠭᠠᠨ᠎ᠠ᠃ | ︵ᠡᠯ᠎ᠡ ᠱᠠᠲᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠰᠠᠯᠠᠭ᠎ᠠ ᠮᠥᠴᠢᠷ ᠲᠦᠷᠦᠭᠦᠯᠡᠨ ᠬᠢᠵᠦ᠂ ᠠᠵᠢᠯ | ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠤᠨ ᠡᠳ᠋ ᠤᠨ ᠵᠠᠰᠠᠭ᠂ ᠬᠥᠮᠦᠨ ᠤ ᠬᠦᠴᠦᠨ ᠤ | ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ᠂ ᠤᠯᠤᠰ ᠤᠨ ᠦᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ | ᠵᠥᠪᠯᠡᠯ ᠵᠢᠴᠢ ᠤᠯᠤᠰ ᠤᠨ ᠦᠮᠴᠢᠯᠡᠯᠲᠦ ᠡᠳ᠋ ᠬᠦᠷᠦᠩᠭᠡ ᠶᠢᠨ ᠪᠤᠰᠤᠳ ᠬᠢᠨᠠᠯᠲᠠ ᠬᠠᠮᠢᠶᠠᠷᠤᠯᠲᠠ᠂ ᠠᠵᠤ | ᠦᠢᠯᠡᠳᠪᠦᠷᠢ ᠬᠤᠳᠠᠯᠳᠤᠭ᠎ᠠ᠂ ᠠᠵᠢᠯᠴᠢᠨ ᠤ ᠡᠪᠯᠡᠯ᠂ ᠠᠷᠠᠳ ᠤᠨ ᠪᠠᠩᠬᠢ ᠵᠡᠷᠭᠡ ᠬᠠᠮᠢᠶ᠎ᠠ ᠪᠦᠬᠦᠢ ᠰᠠᠯᠠᠭ᠎ᠠ | ᠮᠥᠴᠢᠷ ᠪᠠ ᠨᠢᠭᠡᠴᠡ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠳᠦᠷᠪᠡ︶ ᠴᠠᠯᠢᠩ ᠥᠭᠬᠦ ᠶᠢ ᠡᠬᠢ ᠡᠭᠦᠰᠦᠯ ᠠᠴᠠ ᠨᠢ ᠵᠠᠰᠠᠬᠤ ᠶᠢ ᠴᠢᠩᠭᠠᠳᠬᠠᠨ᠎ᠠ᠃ | 1. ᠪᠠᠷᠢᠯᠭ᠎ᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠲᠡᠰ ᠳᠠᠷᠠᠭᠠᠯᠠᠯ ᠢ ᠴᠢᠩᠭᠠᠳᠬᠠᠨ᠎ᠠ᠃ ︽ | ᠤᠷᠢᠳᠠᠪᠠᠷ ᠪᠡᠯᠡ ᠮᠥᠩᠭᠦ ᠶᠢ ᠨᠠᠶᠢᠳᠠᠪᠤᠷᠢᠵᠢᠭᠤᠯᠵᠤ᠂ ᠳᠠᠷᠠᠭ᠎ᠠ ᠳᠤᠨᠢ ᠲᠥᠷᠥᠯ ᠵᠦᠢᠯ ᠲᠤᠭᠳᠠᠭᠠᠵᠦ ᠪᠦᠲᠦᠭᠡᠨ | ᠪᠠᠶᠢᠭᠤᠯᠬᠤ︾ ᠵᠠᠷᠴᠢᠮ ᠶᠣᠰᠣᠭᠠᠷ᠂ ᠲᠤᠰ ᠱᠠᠲᠤᠨ ᠤ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ | ᠲᠥᠷᠥᠯ ᠵᠦᠢᠯ ᠢ ᠬᠢᠨᠠᠨ ᠵᠥᠪᠰᠢᠶᠡᠷᠡᠬᠦ ᠬᠠᠮᠢᠶᠠᠷᠤᠯᠲᠠ ᠶᠢ ᠴᠢᠩᠭᠠᠳᠬᠠᠨ᠂ ᠪᠡᠯᠡ ᠮᠥᠩᠭᠦ ᠶᠢᠨ ᠢᠷᠡᠯᠲᠡ ᠪᠠ | ᠴᠤᠭᠯᠠᠭᠤᠯᠬᠤ ᠠᠷᠭ᠎ᠠ ᠮᠠᠶ᠋ᠢᠭ ᠢ ᠴᠢᠩᠭ᠎ᠠ ᠬᠢᠨᠠᠨ ᠪᠠᠶᠢᠴᠠᠭᠠᠨ᠎ᠠ᠃ ᠪᠦᠳᠦᠭᠡᠠ ᠪᠠᠶᠢᠭᠤᠯᠬᠤ ᠨᠢᠭᠡᠴᠡ ᠶᠢᠨ ᠤᠷᠢᠳᠠᠪᠠᠷ | ᠠᠵᠢᠯ ᠡᠬᠢᠯᠡᠭᠦᠯᠵᠦ ᠳᠠᠷᠠᠭ᠎ᠠ ᠪᠠᠷ ᠨᠢ ᠬᠢᠨᠠᠨ ᠵᠥᠪᠰᠢᠶᠡᠷᠡᠭᠦᠯᠬᠦ ᠭᠠᠷᠳᠠᠮ ᠨᠦᠬᠦᠪᠦᠷᠢᠯᠡᠬᠦ ᠶᠢ ᠴᠢᠩᠭ᠎ᠠ ᠴᠠᠭᠠᠵᠠᠯᠠᠨ᠂ | ᠪᠠᠷᠢᠯᠭ᠎ᠠ ᠶᠢᠨ ᠵᠣᠭᠤᠰ ᠢ ᠳ᠋ᠦ᠋ᠶᠢᠩᠨᠡᠨ ᠪᠤᠳᠦᠬᠤ ᠶᠢ ᠤᠷᠲᠤ ᠬᠤᠭᠤᠴᠠᠭ᠎ᠠ ᠪᠠᠷ ᠥᠷᠢᠲᠦᠭᠰᠡᠨ ᠪᠤᠶᠤ ᠪᠠᠷᠢᠯᠭ᠎ᠠ ᠶᠢᠨ | ᠵᠣᠭᠤᠰ ᠢ ᠥᠷᠢᠲᠦᠵᠤ ᠪᠠᠶᠢᠢᠭ᠎ᠠ ᠪᠦᠳᠦᠭᠡᠠ ᠪᠠᠶᠢᠭᠤᠯᠬᠤ ᠨᠢᠭᠡᠴᠡ ᠶᠢ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠠᠴᠠ | ᠲᠡᠳᠡᠨ ᠤ ᠰᠢᠨ᠎ᠡ ᠲᠥᠷᠥᠯ ᠵᠦᠢᠯ ᠤᠨ ᠠᠵᠢᠯ ᠡᠬᠢᠯᠡᠭᠦᠯᠬᠦ ᠶᠢ ᠨᠢ ᠵᠥᠪᠰᠢᠶᠡᠷᠡᠵᠦ ᠪᠣᠯᠬᠤ ᠦᠭᠡᠢ᠃ | ︵ᠡᠯ᠎ᠡ ᠱᠠᠲᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠰᠠᠯᠠᠭ᠎ᠠ ᠮᠥᠴᠢᠷ ᠪᠣᠯᠤᠨ ᠠᠵᠢᠯ ᠲᠥᠷᠥᠯ ᠤᠨ | ᠬᠢᠨᠠᠯᠳᠠ ᠬᠠᠮᠢᠶᠠᠷᠤᠯᠲᠠ ᠶᠢᠨ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ | ᠬᠠᠷᠢᠭᠤᠴᠠᠨ᠎ᠠ︶ | 2. ᠪᠥᠳᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢ | ᠴᠢᠩᠭᠠᠳᠬᠠᠨ᠎ᠠ᠃ ᠪᠠᠷᠢᠯᠭ᠎ᠠ ᠶᠢᠨ ᠵᠤᠭᠤᠰ ᠥᠭᠬᠦ ᠳᠠᠭᠠᠭᠠᠯᠲᠠ ᠶᠢᠨ ᠲᠦᠷᠢᠮ ᠢ ᠬᠡᠷᠡᠭᠵᠢᠭᠦᠯᠵᠦ᠂ ᠪᠠᠷᠢᠯᠭ᠎ᠠ ᠶᠢᠨ | ᠵᠤᠭᠤᠰ ᠥᠷᠢᠲᠦᠬᠦ ᠶᠢ ᠤᠷᠢᠳᠴᠢᠯᠠᠨ ᠰᠡᠷᠭᠡᠶᠢᠯᠡᠨ᠎ᠡ᠃ ᠵᠠᠰᠠᠭ ᠤᠨ ᠣᠷᠳᠣᠨ ᠤ ᠪᠡᠯᠡ ᠣᠷᠣᠭᠤᠯᠤᠭᠰᠠᠨ ᠲᠥᠷᠥᠯ | ᠵᠦᠢᠯ ᠳᠤ ᠪᠡᠯᠡ ᠮᠥᠩᠭᠦ ᠰᠢᠯᠵᠢᠬᠦᠯᠦᠨ ᠥᠭᠬᠦ ᠶᠢ ᠴᠢᠩᠭ᠎ᠠ ᠬᠢᠨᠠᠨ ᠪᠠᠶᠢᠴᠠᠭᠠᠵᠤ᠂ ᠲᠤᠰ ᠭᠠᠵᠠᠷ ᠤᠨ ᠵᠠᠰᠠᠭ ᠤᠨ | ᠣᠷᠳᠣᠨ ᠤ ᠪᠡᠯᠡ ᠣᠷᠣᠭᠤᠯᠣᠭᠰᠠᠨ ᠲᠥᠷᠥᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠪᠦᠬᠦ ᠶᠠᠪᠤᠴᠠ ᠶᠢᠨ ᠪᠡᠯᠡ | ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠡᠳ᠋ ᠤᠨ ᠵᠠᠰᠠᠭ ᠤᠨ ᠪᠡᠯᠡ ᠮᠥᠩᠭᠦ ᠶᠢ ᠲᠣᠭᠲᠠᠭᠠᠯ | ᠶᠣᠰᠣᠭᠠᠷ ᠴᠠᠭ ᠲᠤᠬᠠᠶ ᠳᠤᠨᠢ ᠲᠤᠭ᠎ᠠ ᠶᠣᠰᠣᠭᠠᠷ ᠰᠢᠯᠵᠢᠭᠦᠯᠦᠨ ᠥᠭᠴᠦ᠂ ᠪᠦᠲᠦᠭᠡᠨ ᠪᠠᠶᠢᠭᠤᠯᠤᠯᠲᠠ ᠶᠢᠨ ᠪᠡᠯᠡ | ᠮᠥᠩᠭᠦ ᠶᠢ ᠪᠣᠳᠠᠲᠠᠶᠢᠵᠢᠭᠤᠯᠤᠭᠰᠠᠨ ᠥᠭᠡᠢ ᠪᠠᠷᠢᠯᠭ᠎ᠠ ᠶᠢᠨ ᠲᠦᠷᠣᠯ ᠵᠦᠢᠯ ᠳᠤ ᠠᠵᠢᠯ ᠡᠬᠢᠯᠡᠭᠦᠯᠬᠦ ᠵᠥᠪᠰᠢᠶᠡᠷᠡᠯ | ᠣᠯᠭᠤᠵᠤ ᠪᠣᠯᠬᠤ ᠦᠭᠡᠶ᠃ ᠵᠠᠰᠠᠭ ᠤᠨ ᠣᠷᠳᠣᠨ ᠤ ᠪᠡᠯᠡ ᠣᠷᠣᠭᠤᠯᠤᠭᠰᠠᠨ ᠲᠥᠷᠥᠯ ᠵᠦᠢᠯ ᠳᠤ ᠪᠠᠷᠢᠯᠭ᠎ᠠ ᠶᠢᠨ | ᠠᠵᠤ ᠠᠬᠤᠶᠢᠯᠠᠯ ᠨᠢ ᠪᠡᠯᠡ ᠮᠥᠩᠭᠦ ᠠᠪᠴᠤ ᠳᠠᠭᠠᠭᠠᠴᠢᠯᠠᠬᠤ ᠠᠷᠭ᠎ᠠ ᠮᠠᠶ᠋ᠢᠭ ᠢᠶᠠᠷ ᠪᠦᠳᠦᠭᠡᠨ ᠪᠠᠶᠢᠭᠤᠯᠵᠤ ᠪᠣᠯᠬᠤ | ᠦᠭᠡᠢ᠂ ᠪᠡᠯᠡ ᠮᠥᠩᠭᠦ ᠠᠪᠴᠤ ᠳᠠᠭᠠᠭᠠᠴᠢᠯᠠᠬᠤ ᠬᠤᠯᠪᠣᠭᠳᠠᠯ ᠪᠦᠬᠦᠢ ᠠᠭᠤᠯᠭ᠎ᠠ ᠶᠢ ᠠᠵᠢᠯ ᠤᠨ | ᠳᠠᠭᠠᠭᠠᠴᠢᠯᠠᠯᠲᠠ ᠶᠢᠨ ᠭᠡᠷ᠎ᠡ ᠵᠢᠴᠢ ᠨᠥᠬᠦᠪᠥᠷᠢᠯᠡᠬᠦ ᠵᠣᠷᠪᠣᠰ ᠲᠤ ᠪᠢᠴᠢᠵᠦ ᠣᠷᠣᠭᠤᠯᠵᠤ ᠪᠣᠯᠬᠤ ᠦᠭᠡᠢ᠃ | ︵ᠡᠯ᠎ᠡ ᠱᠠᠲᠤᠨ ᠤ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠣᠨ ᠡᠳ᠋ ᠤᠨ | ᠵᠠᠰᠠᠭ ᠤᠨ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | | 3. ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶ᠎ᠡ ᠴᠠᠷᠠᠭ᠎ᠠ ᠶᠢᠨ ᠠᠵᠢᠯᠴᠢᠨ ᠬᠡᠷᠡᠭᠯᠡᠬᠦ ᠠᠷᠭ᠎ᠠ | ᠮᠠᠶ᠋ᠢᠭ ᠤᠨ ᠥᠭᠡᠷᠡᠴᠢᠯᠡᠯᠲᠡ ᠶᠢ ᠬᠡᠷᠡᠭᠵᠢᠭᠦᠯᠦᠨ᠎ᠡ᠃ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶ᠎ᠡ | ᠴᠠᠷᠠᠭ᠎ᠠ ᠶᠢᠨ ᠲᠤᠰᠬᠠᠶᠢᠵᠢᠭᠰᠠᠨ ᠡᠩᠨᠡᠭᠡ ᠶᠢ ᠪᠤᠶᠢᠵᠢᠭᠤᠯᠤᠨ ᠬᠥᠭᠵᠢᠭᠦᠯᠵᠦ᠂ ᠪᠦᠳᠦᠬᠡᠨ ᠪᠠᠶᠢᠢᠭᠤᠯᠬᠤ ᠲᠤᠰᠬᠠᠢ | ᠠᠵᠢᠯ ᠤᠨ ᠡᠩᠨᠡᠭᠡ ᠪᠠᠷ ᠪᠥᠳᠥᠭᠡᠨ ᠪᠠᠶᠢᠭᠤᠯᠤᠯᠲᠠ ᠶᠢᠨ ᠲᠥᠷᠥᠯ ᠵᠦᠢᠯ ᠳᠠᠭᠠᠭᠠᠴᠢᠯᠠᠭᠤᠯᠬᠤ ᠶᠢ ᠵᠣᠷᠢᠬᠵᠢᠭᠤᠯᠤᠨ᠂ | ᠲᠤᠰᠬᠠᠢ ᠠᠵᠢᠯᠯᠠᠬᠤ ᠺᠣᠮᠫᠠᠨᠢ ᠶᠢ ᠵᠣᠬᠢᠶᠠᠨ ᠪᠠᠶᠢᠭᠤᠯᠤᠨ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠢ ᠠᠵᠤ | ᠦᠢᠯᠡᠰ ᠤᠨ ᠠᠵᠢᠯᠴᠢᠨ ᠲᠡᠰᠢ ᠬᠤᠪᠢᠷᠠᠭᠤᠯᠬᠤ ᠶᠢ ᠲᠥᠷᠭᠡᠳᠬᠡᠨ᠎ᠡ᠃ ᠬᠤᠪᠢᠶᠠᠨ ᠳᠠᠭᠠᠭᠠᠴᠢᠯᠠᠭᠰᠠᠨ ᠨᠢᠭᠡᠴᠡ ᠶᠢᠨ | ᠠᠵᠢᠯᠴᠢᠨ ᠬᠡᠷᠡᠭᠯᠡᠬᠦ ᠬᠠᠮᠢᠶᠠᠷᠤᠯᠲᠠ ᠪᠠ ᠴᠠᠯᠢᠩ ᠥᠭᠴᠦ ᠪᠠᠶᠢᠭ᠎ᠠ ᠪᠠᠶᠢᠳᠠᠯ ᠢ ᠬᠢᠨᠠᠨ ᠬᠠᠮᠢᠶᠠᠷᠬᠤ ᠡᠭᠦᠷᠭᠡ | ᠬᠠᠷᠢᠭᠤᠴᠠᠯᠭ᠎ᠠ ᠶᠢ ᠴᠢᠩᠭ᠎ᠠ ᠭᠦᠢᠴᠡᠳᠬᠡᠨ᠎ᠡ᠃ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ | ᠥᠷᠢᠲᠦᠭᠰᠡᠨ ᠦᠢᠯᠡ ᠠᠵᠢᠯᠯᠠᠭ᠎ᠠ ᠣᠷᠣᠰᠢᠵᠤ ᠪᠠᠷᠢᠬᠤ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠵᠦᠪᠰᠢᠶᠡᠷᠡᠨ | ᠤᠷᠤᠬᠤ ᠶᠢ ᠬᠡᠷᠡᠭᠵᠢᠬᠦᠯᠬᠦ᠂ ᠳᠠᠭᠠᠭᠠᠴᠢᠯᠠᠯᠲᠠ ᠵᠠᠷᠯᠠᠬᠤ ᠪᠠ ᠳᠠᠭᠠᠭᠠᠴᠢᠯᠠᠯᠲᠠ ᠬᠦᠯᠢᠶᠡᠬᠦ ᠬᠢᠷᠢ ᠬᠡᠮ ᠢ ᠬᠢᠵᠠᠭᠠᠷᠯᠠᠬᠤ | ᠪᠠ ᠰᠢᠨ᠎ᠡ ᠪᠠᠷ ᠠᠵᠢᠯ ᠡᠬᠢᠯᠡᠭᠦᠯᠬᠦ ᠲᠥᠷᠥᠯ ᠵᠦᠢᠯ ᠢ ᠵᠥᠪᠰᠢᠶᠡᠷᠡᠬᠦ ᠵᠡᠷᠭᠡ ᠬᠢᠨᠠᠨ ᠬᠠᠮᠢᠶᠠᠷᠬᠤ ᠡᠷᠴᠢᠮ ᠢᠶᠠᠨ | ᠴᠢᠩᠭᠠᠷᠠᠭᠤᠯᠬᠤ ᠶᠢᠨ ᠬᠠᠮᠲᠤ ᠵᠣᠬᠢᠬᠤ ᠬᠡᠮᠵᠢᠶ᠎ᠡ ᠪᠠᠷ ᠵᠠᠯᠬᠠᠭᠠᠨ ᠰᠢᠳᠬᠡᠵᠦ ᠲᠤᠷᠭᠠᠨ᠎ᠠ᠃ | ︵ᠡᠯ᠎ᠡ ᠱᠠᠲᠤᠨ ᠤ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠡᠭᠦᠷᠭᠡ | ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠲᠠᠪᠤ︶ ᠴᠠᠯᠢᠩ ᠥᠭᠬᠦ ᠶᠢ ᠬᠠᠣᠯᠢ ᠪᠠᠷ ᠵᠠᠰᠠᠬᠤ ᠵᠠᠮ ᠮᠦᠷ ᠢ ᠰᠢᠯᠤᠭᠤᠳᠬᠠᠨ᠎ᠠ᠃ | 1. ᠴᠠᠯᠢᠩ ᠥᠷᠢᠲᠦᠭᠰᠡᠨ ᠬᠡᠷᠡᠭ ᠢ ᠴᠢᠩᠭ᠎ᠠ ᠪᠠᠶᠢᠴᠠᠭᠠᠵᠤ ᠰᠢᠢᠳᠪᠦᠷᠢᠯᠡᠨ᠎ᠡ᠃ ᠰᠠᠯᠠᠭ᠎ᠠ ᠮᠥᠴᠢᠷ ᠤᠳ ᠤᠨ | ᠬᠤᠭᠤᠷᠣᠨᠳᠣᠬᠢ ᠬᠠᠤᠯᠢ ᠬᠡᠷᠡᠭᠵᠢᠭᠦᠯᠬᠦ ᠬᠠᠮᠲᠤᠷᠠᠯᠴᠠᠭ᠎ᠠ ᠶᠢ ᠴᠢᠩᠭᠠᠳᠬᠠᠨ᠂ ᠬᠠᠮᠲᠤᠷᠠᠨ ᠪᠠᠶᠢᠴᠠᠭᠠᠬᠤ᠂ ᠬᠠᠮᠲᠤᠷᠠᠨ | ᠬᠡᠷᠡᠭ ᠰᠢᠢᠳᠪᠦᠷᠢᠯᠡᠬᠦ᠂ ᠬᠠᠮᠲᠤᠷᠠᠨ ᠰᠢᠮᠳᠠᠭᠤᠯᠤᠨ ᠪᠠᠶᠢᠴᠠᠭᠠᠬᠤ ᠵᠡᠷᠭᠡ ᠠᠷᠭ᠎ᠠ ᠮᠠᠶ᠋ᠢᠭ ᠢ ᠠᠪᠴᠤ᠂ ᠮᠠᠯᠴᠢᠨ | ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠥᠷᠢᠲᠦᠭᠰᠡᠨ ᠬᠡᠷᠡᠭ ᠢ ᠪᠠᠶᠢᠴᠠᠭᠠᠨ ᠰᠢᠢᠳᠪᠦᠷᠢᠯᠡᠬᠦ ᠦᠷ᠎ᠡ | ᠴᠢᠳᠠᠮᠵᠢ ᠶᠢ ᠳᠡᠭᠡᠭᠰᠢᠯᠡᠭᠦᠯᠦᠨ᠎ᠡ᠃ ᠬᠥᠳᠡᠯᠮᠦᠷᠢ ᠶᠢᠨ ᠬᠥᠯᠥᠰᠥ ᠣᠯᠭᠤᠮᠵᠢ ᠥᠭᠬᠦ ᠶᠢ ᠲᠡᠪᠴᠢᠭᠰᠡᠨ ᠶᠠᠯ᠎ᠠ ᠬᠢᠭᠰᠡᠨ | ᠰᠡᠵᠢᠭᠯᠡᠯᠲᠡᠶ ᠬᠡᠷᠡᠭ ᠢ ᠪᠠᠶᠢᠴᠠᠭᠠᠨ ᠰᠢᠢᠳᠪᠦᠷᠢᠯᠡᠬᠦ ᠡᠷᠴᠢᠮ ᠢ ᠴᠢᠩᠭᠠᠷᠠᠭᠤᠯᠤᠨ᠂ ᠮᠠᠭᠤ ᠰᠠᠨᠠᠭ᠎ᠠ ᠲᠠᠢ ᠪᠠᠷ ᠴᠠᠯᠢᠩ | ᠥᠷᠢᠲᠦᠭᠰᠡᠨ ᠪᠠ ᠴᠠᠯᠢᠩ ᠥᠷᠢᠲᠦᠭᠰᠡᠨ ᠠᠴᠠ ᠪᠤᠯᠵᠤ ᠵᠠᠶᠢᠢᠯᠠᠨ ᠲᠤᠲᠠᠭᠠᠵᠤ ᠲᠠᠯᠳᠠᠯᠠᠬᠰᠠᠨ ᠬᠠᠤᠯᠢ ᠠᠴᠠ | ᠵᠦᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ ᠰᠦᠷᠳᠡᠭᠦᠯᠦᠨ᠎ᠡ᠃ | ︵ᠡᠯ᠎ᠡ ᠱᠠᠲᠤᠨ ᠤ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠤᠨ ᠬᠥᠮᠦᠨ ᠤ | ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ᠂ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠡᠭᠦᠷᠭᠡ | ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | 2. ᠴᠠᠯᠢᠩ ᠥᠷᠢᠲᠦᠭᠰᠡᠨ ᠮᠠᠷᠭᠤᠯᠳᠤᠭᠠᠨ ᠲᠠᠢ ᠬᠡᠷᠡᠭ ᠢ ᠴᠠᠭ ᠲᠤᠬᠠᠶ ᠳᠤᠨᠢ ᠰᠢᠢᠳᠪᠦᠷᠢᠯᠡᠨ᠎ᠡ᠃ | ᠬᠥᠳᠡᠯᠮᠦᠷᠢ ᠬᠦᠴᠦ ᠶᠢᠨ ᠳᠠᠭᠠᠭᠠᠴᠢᠯᠠᠯᠲᠠ ᠶᠢᠨ ᠭᠡᠷ᠎ᠡ ᠠᠴᠠ ᠡᠭᠦᠰᠦᠭᠰᠡᠨ ᠬᠥᠳᠡᠯᠮᠦᠷᠢ ᠬᠦᠴᠦ ᠶᠢᠨ ᠬᠠᠷᠠᠮᠵᠢ ︵ | ᠬᠥᠳᠡᠯᠮᠦᠷᠢ ᠶᠢᠨ ᠬᠦᠯᠦᠰᠦ ᠣᠯᠭᠤᠮᠵᠢ ᠪᠠᠭᠲᠠᠨ᠎ᠠ︶ ᠶᠢᠨ ᠮᠠᠷᠭᠤᠯᠳᠤᠭᠠᠨ ᠪᠠ ᠵᠢᠭᠤᠷᠠᠯᠳᠤᠭᠠᠨ ᠢ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠠᠷᠢᠯᠭ᠎ᠠ ᠶᠢᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠭᠡᠷ᠎ᠡ ᠶᠢᠨ ᠬᠠᠤᠯᠢ︾ ᠪᠣᠯᠣᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠢᠷᠭᠡᠨ ᠤ ᠬᠠᠤᠯᠢ ᠶᠢᠨ ᠶᠡᠷᠦᠩᠬᠡᠶ ᠲᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ | ᠰᠢᠢᠳᠪᠦᠷᠢᠯᠡᠨ᠎ᠡ᠃ ᠬᠥᠳᠡᠯᠮᠦᠷᠢ ᠶᠢᠨ ᠭᠡᠷ᠎ᠡ ᠠᠴᠠ ᠡᠭᠦᠰᠦᠭᠰᠡᠨ ᠴᠠᠯᠢᠩ ᠤᠨ ᠮᠠᠷᠭᠤᠯᠳᠤᠭᠠᠨ ᠢ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠳᠡᠯᠮᠦᠷᠢ ᠶᠢᠨ ᠮᠠᠷᠭᠤᠯᠳᠤᠭᠠᠨ ᠢ ᠡᠶᠡᠳᠡᠭᠦᠯᠵᠦ ᠬᠥᠨᠳᠡᠯᠡᠨ ᠠᠴᠠ | ᠲᠠᠰᠤᠯᠬᠤ ᠬᠠᠤᠯᠢ︾ ᠶᠢᠨ ᠲᠣᠭᠲᠠᠭᠠᠯ ᠶᠣᠰᠣᠭᠠᠷ᠂ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ | ᠡᠷᠬᠢᠯᠡᠬᠦ ᠭᠠᠵᠠᠷ︶᠂ ᠭᠠᠴᠠᠭ᠎ᠠ ᠲᠣᠰᠬᠤᠨ ᠤ ᠦᠨᠳᠦᠰᠦᠨ ᠱᠠᠲᠤᠨ ᠤ ᠡᠶᠡᠳᠡᠭᠦᠯᠬᠦ ᠵᠡᠷᠭᠡ ᠵᠣᠬᠢᠶᠠᠨ | ᠪᠠᠶᠢᠭᠤᠯᠤᠯᠲᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠢ | ᠬᠥᠲᠥᠯᠥᠨ ᠵᠢᠯᠣᠭᠤᠳᠴᠤ ᠪᠠᠶᠢᠭᠠᠳ ᠲᠤᠬᠠᠢ ᠶᠢᠨ ᠭᠠᠵᠠᠷ ᠪᠠ ᠣᠶᠢᠷᠠᠯᠴᠠᠭ᠎ᠠ ᠭᠠᠵᠠᠷ ᠲᠠᠭᠠᠨ ᠴᠠᠯᠢᠩ ᠤᠨ | ᠮᠠᠷᠭᠤᠯᠳᠤᠭᠠᠨ ᠢ ᠰᠢᠢᠳᠪᠦᠷᠢᠯᠡᠬᠦᠯᠦᠨ᠎ᠡ᠃ ᠡᠯ᠎ᠡ ᠱᠠᠲᠤᠨ ᠤ ᠬᠥᠳᠡᠯᠮᠦᠷᠢ ᠠᠵᠢᠯᠳᠠᠨ ᠤ ᠶᠠᠪᠤᠳᠠᠯ ᠤᠨ | ᠮᠠᠷᠭᠤᠯᠳᠤᠭᠠᠨ ᠤ ᠬᠥᠨᠳᠡᠯᠡᠨ ᠠᠴᠠ ᠲᠠᠰᠤᠯᠬᠤ ᠵᠥᠪᠯᠡᠯ ᠨᠢ ᠴᠠᠯᠢᠩ ᠢ ᠥᠷᠢᠲᠦᠭᠰᠡᠨ ᠬᠡᠷᠡᠭ ᠲᠤ ︽ᠰᠠᠭᠠᠳ ᠥᠭᠡᠢ | ᠨᠡᠪᠲᠡᠷᠡᠬᠦ ᠵᠠᠮ︾ ᠨᠡᠭᠡᠭᠡᠵᠦ᠂ ᠡᠶᠡᠲᠡᠭᠦᠯᠵᠦ ᠬᠥᠨᠳᠡᠯᠡᠨ ᠠᠴᠠ ᠲᠠᠰᠤᠯᠬᠤ᠂ ᠡᠶᠡᠲᠡᠭᠦᠯᠵᠦ ᠰᠢᠭᠦᠬᠦ᠂ ᠲᠠᠰᠤᠯᠤᠨ | ᠰᠢᠬᠦᠬᠦ ᠶᠢ ᠵᠤᠯᠭᠠᠭᠤᠯᠬᠤ ᠪᠠᠨ ᠴᠢᠩᠭᠠᠳᠬᠠᠨ᠂ ᠴᠠᠯᠢᠩ ᠦᠷᠢᠲᠦᠭᠰᠡᠨ ᠮᠠᠷᠭᠤᠯᠳᠤᠭᠠᠨ ᠤ ᠬᠡᠷᠡᠭ ᠢ ᠴᠠᠭ | ᠲᠤᠬᠠᠶ ᠳᠤᠨᠢ ᠰᠢᠢᠳᠪᠦᠷᠢᠯᠡᠨ᠎ᠡ᠃ | ︵ᠡᠯ᠎ᠡ ᠱᠠᠲᠤᠨ ᠤ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠤᠨ ᠬᠥᠮᠦᠨ ᠤ | ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠶᠢᠨ | ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | 3. ᠭᠡᠨᠡᠳᠲᠡ ᠶᠢᠨ ᠴᠢᠨᠠᠷᠲᠠᠶ ᠪᠦᠯᠦᠭᠯᠡᠯᠳᠤ ᠴᠣᠭᠴᠠ ᠶᠢᠨ ᠬᠡᠷᠡᠭ ᠢ ᠲᠣᠬᠢᠲᠠᠢ ᠰᠢᠢᠳᠪᠦᠷᠢᠯᠡᠨ᠎ᠡ᠃ ᠥᠪᠥᠷ | ᠨᠠᠮ ᠲᠠᠷᠬᠠᠭᠠᠭᠰᠠᠨ ﹇2015﹈ 22 ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠡᠯ᠎ᠡ | ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠠᠵᠢᠯᠴᠢᠨ ᠤ ᠡᠪᠯᠡᠯ᠂ ᠠᠵᠤ ᠠᠬᠤᠶᠢᠯᠠᠯ ᠤᠨ ᠲᠥᠯᠥᠭᠡᠯᠡᠭᠴᠢ ᠶᠢᠨ | ᠵᠣᠬᠢᠶᠠᠨ ᠪᠠᠶᠢᠭᠤᠯᠤᠯᠲᠠ ᠨᠢ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠬᠠᠤᠯᠢ ᠴᠠᠭᠠᠵᠠ ᠶᠢᠨ ᠵᠥᠪᠯᠡᠯ ᠢ | ᠢᠳᠡᠪᠬᠢᠲᠡᠢ ᠬᠠᠮᠵᠢᠵᠤ ᠪᠠᠶᠢᠭᠠᠳ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ ᠥᠷᠢᠲᠦᠭᠰᠡᠨ ᠠᠴᠠ | ᠡᠭᠦᠰᠦᠭᠰᠡᠨ ᠪᠦᠯᠦᠭᠯᠡᠯᠳᠤ ᠴᠣᠭᠴᠠ ᠶᠢᠨ ᠴᠢᠨᠠᠷᠲᠠᠶ ᠬᠡᠷᠡᠭ ᠢ ᠰᠢᠢᠳᠪᠦᠷᠢᠯᠡᠵᠦ᠂ ᠮᠠᠯᠴᠢᠨ ᠲᠠᠷᠢᠶᠠᠴᠢᠨ ᠬᠦᠴᠦ | ᠶᠠᠪᠤᠭᠰᠠᠳ ᠤᠨ ᠴᠠᠯᠢᠩ ᠢ ᠨᠢ ᠥᠭᠬᠦ ᠠᠰᠠᠭᠤᠳᠠᠯ ᠢ ᠦᠳᠲᠡᠷ ᠲᠦᠷᠭᠡᠨ ᠲᠤᠰᠬᠠᠬᠤ ᠪᠠ ᠰᠢᠢᠳᠪᠦᠷᠢᠯᠡᠬᠦ ᠠᠵᠢᠯ ᠤᠨ | ᠨᠡᠶᠢᠯᠡᠮᠡᠯ ᠬᠦᠴᠦᠨ ᠢ ᠪᠣᠢ ᠪᠣᠯᠭᠠᠵᠤ᠂ ᠠᠵᠤ ᠠᠬᠤᠶᠢᠯᠠᠯ ᠢ ᠰᠢᠮᠳᠠᠭᠤᠯᠤᠨ ᠭᠤᠣᠯ ᠴᠣᠭᠴᠠ ᠶᠢᠨ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠪᠦᠯᠦᠭᠯᠡᠯᠳᠤ ᠴᠣᠭᠴᠠ ᠶᠢᠨ ᠴᠢᠨᠠᠷᠲᠠᠶ ᠬᠡᠷᠡᠭ ᠢ ᠴᠠᠭ ᠲᠣᠬᠠᠢ ᠳᠤᠨᠢ | ᠲᠣᠬᠢᠲᠠᠢ ᠰᠢᠢᠳᠪᠦᠷᠢᠯᠡᠨ᠎ᠡ᠃ | ︵ᠡᠯ᠎ᠡ ᠱᠠᠲᠤᠨ ᠤ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠤᠨ | ᠳᠣᠲᠣᠭᠠᠳᠤ ᠶᠢ ᠬᠠᠮᠠᠭᠠᠯᠠᠬᠤ᠂ ᠠᠵᠢᠯᠴᠢᠨ ᠤ ᠡᠪᠯᠡᠯ᠂ ᠠᠵᠤ ᠦᠢᠯᠡᠳᠪᠦᠷᠢ ᠬᠤᠳᠠᠯᠳᠤᠭᠠᠨ ᠤ ᠬᠤᠯᠪᠤᠭᠠᠳᠤ ᠬᠤᠷᠠᠯ | ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠪᠠ ᠨᠢᠭᠡᠴᠡ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ | ᠶᠣᠰᠣᠭᠠᠷ ᠬᠠᠷᠢᠭᠤᠴᠠᠨ᠎ᠠ︶ | ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ | | ᠡᠯ᠎ᠡ ᠭᠠᠵᠠᠷ ᠣᠷᠣᠨ ᠤ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ ᠥᠷᠢᠲᠦᠭᠰᠡᠨ | ᠠᠰᠠᠭᠤᠳᠠᠯ ᠢ ᠪᠦᠬᠦ ᠲᠠᠯ᠎ᠠ ᠪᠠᠷ ᠵᠠᠰᠠᠬᠤ ᠠᠵᠢᠯ ᠤᠨ ᠪᠠᠶᠢᠭᠤᠯᠤᠯ ᠢ ᠪᠠᠶᠢᠭᠤᠯᠤᠨ ᠪᠦᠷᠢᠨᠰᠢᠭᠦᠯᠦᠨ᠎ᠡ᠃ ᠬᠠᠷᠠᠯᠲᠠᠲᠤ | ᠬᠠᠷᠢᠭᠤᠴᠠᠯᠭ᠎ᠠ ᠶᠢᠨ ᠲᠦᠷᠢᠮ ᠢ ᠲᠡᠭᠦᠯᠳᠡᠷᠵᠢᠭᠦᠯᠵᠦ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ | ᠥᠭᠬᠦ ᠪᠠᠲᠤᠯᠠᠭ᠎ᠠ ᠶᠢ ᠵᠠᠰᠠᠭ ᠤᠨ ᠣᠷᠳᠣᠨ ᠤ ᠰᠢᠯᠭᠠᠨ ᠬᠢᠨᠠᠵᠤ ᠦᠨᠡᠯᠡᠬᠦ ᠭᠦᠢᠴᠡᠳᠬᠡᠯ ᠲᠤᠭ᠎ᠠ ᠶᠢᠨ | ᠰᠢᠰᠲ᠋ᠧᠮᠵᠢ ᠳᠤ ᠣᠷᠣᠭᠤᠯᠤᠨ᠎ᠠ᠃ ᠡᠯ᠎ᠡ ᠱᠠᠲᠤᠨ ᠤ ᠵᠠᠰᠠᠭ ᠤᠨ ᠣᠷᠳᠣᠨ ᠤ ᠪᠠᠷᠢᠯᠭ᠎ᠠ ᠶᠢᠨ ᠪᠦᠲᠦᠭᠡᠨ | ᠪᠠᠶᠢᠭᠤᠯᠤᠯᠲᠠ ᠶᠢ ᠬᠤᠪᠢᠳᠠᠨ ᠬᠠᠮᠢᠶᠠᠷᠴᠤ ᠪᠦᠬᠦᠢ ᠬᠠᠷᠢᠭᠤᠴᠠᠯᠭᠠᠲᠠᠨ ᠲᠣᠯᠣᠭᠠᠶᠢᠯᠠᠭᠰᠠᠨ᠂ ᠡᠯ᠎ᠡ ᠬᠠᠮᠢᠶ᠎ᠠ ᠪᠦᠬᠦᠢ | ᠰᠠᠯᠠᠭ᠎ᠠ ᠮᠥᠴᠢᠷ ᠪᠣᠯᠣᠨ ᠨᠢᠭᠡᠴᠡ ᠶᠢᠨ ᠣᠷᠣᠯᠴᠠᠭᠰᠠᠨ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ | ᠥᠷᠢᠲᠦᠭᠰᠡᠨ ᠠᠰᠠᠭᠤᠳᠠᠯ ᠢ ᠪᠦᠬᠦ ᠲᠠᠯ᠎ᠠ ᠪᠠᠷ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠢ ᠪᠦᠷᠢᠨᠰᠢᠭᠦᠯᠵᠦ᠂ | ᠲᠣᠭᠲᠠᠮᠠᠯ ᠬᠤᠭᠤᠴᠠᠭ᠎ᠠ ᠲᠠᠢ ᠪᠠᠷ ᠰᠤᠳᠤᠯᠤᠨ ᠮᠠᠭᠠᠳᠯᠠᠵᠤ᠂ ᠤᠯᠠᠷᠢᠯ ᠪᠦᠷᠢ ᠮᠡᠳᠡᠭᠡᠯᠡᠨ᠂ ᠶᠡᠷᠦᠩᠬᠡᠶᠢᠯᠡᠨ ᠵᠠᠰᠠᠵᠤ᠂ | ᠲᠤᠪᠤᠶᠢᠮ᠎ᠠ ᠠᠰᠠᠭᠤᠳᠠᠯ ᠢ ᠰᠢᠢᠳᠪᠦᠷᠢᠯᠡᠬᠦ ᠪᠣᠳᠠᠲᠠᠶ ᠠᠷᠭ᠎ᠠ ᠬᠡᠮᠵᠢᠶ᠎ᠡ ᠲᠣᠭᠲᠠᠭᠠᠵᠤ᠂ ᠴᠢᠬᠤᠯᠠ ᠶᠡᠭᠡ ᠲᠦᠪᠡᠭᠲᠡᠢ | ᠬᠦᠴᠢᠷ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠂ ᠴᠠᠯᠢᠩ ᠥᠷᠢᠲᠦᠭᠰᠡᠨ ᠬᠡᠷᠡᠭ ᠢ ᠰᠢᠮᠳᠠᠭᠤᠯᠤᠨ | ᠰᠢᠢᠳᠪᠦᠷᠢᠯᠡᠵᠦ᠂ ᠬᠠᠷᠢᠭᠤᠴᠠᠯᠭ᠎ᠠ ᠠᠯᠳᠠᠵᠤ ᠲᠤᠰᠢᠶᠠᠯ ᠢᠶᠠᠨ ᠭᠤᠲᠤᠭᠠᠭᠰᠠᠨ ᠦᠢᠯᠡ ᠠᠵᠢᠯᠯᠠᠭ᠎ᠠ ᠶᠢ ᠪᠠᠶᠢᠴᠠᠭᠠᠨ | ᠰᠢᠢᠳᠪᠦᠷᠢᠯᠡᠨ᠎ᠡ᠃ | ︵ᠬᠤᠶᠠᠷ︶ ᠬᠠᠣᠯᠢ ᠬᠡᠷᠡᠭᠵᠢᠭᠦᠯᠵᠦ ᠡᠷᠬᠡ ᠬᠠᠮᠠᠭᠠᠯᠠᠬᠤ ᠴᠢᠳᠠᠪᠤᠷᠢ ᠶᠢᠨ ᠪᠠᠶᠢᠭᠤᠯᠤᠯᠲᠠ ᠶᠢ | ᠴᠢᠩᠭᠠᠷᠠᠭᠤᠯᠤᠨ᠎ᠠ᠃ | ᠡᠯ᠎ᠡ ᠭᠠᠵᠠᠷ ᠣᠷᠣᠨ ᠨᠢ ᠡᠯ᠎ᠡ ᠱᠠᠲᠤᠨ ᠤ ᠬᠠᠤᠯᠢ ᠬᠡᠷᠡᠭᠵᠢᠭᠦᠯᠵᠦ ᠡᠷᠬᠡ ᠬᠠᠮᠠᠭᠠᠯᠠᠬᠤ ᠪᠠᠶᠢᠭᠤᠯᠤᠮᠵᠢ ᠶᠢᠨ | ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠠᠵᠢᠯ ᠤᠨ ᠬᠡᠷᠡᠭᠴᠡᠭᠡ ᠪᠠᠨ ᠦᠨᠳᠦᠰᠦᠯᠡᠨ ᠬᠠᠤᠯᠢ | ᠬᠡᠷᠡᠭᠵᠢᠭᠦᠯᠬᠦ ᠪᠠᠶᠢᠭᠤᠯᠤᠮᠵᠢ ᠳᠤ ᠵᠠᠮ ᠬᠠᠷᠢᠯᠴᠠᠭ᠎ᠠ᠂ ᠬᠠᠤᠯᠢ ᠬᠡᠷᠡᠭᠵᠢᠭᠦᠯᠬᠦ ᠲᠤᠨᠤᠭ ᠲᠥᠬᠦᠭᠡᠷᠦᠮᠵᠢ ᠵᠡᠷᠭᠡ | ᠪᠡᠯᠡᠳᠬᠡᠮᠵᠢ ᠶᠢᠨ ᠪᠠᠭᠠᠵᠢ ᠬᠡᠷᠡᠭᠰᠡᠯ ᠲᠣᠬᠢᠷᠠᠭᠤᠯᠤᠨ᠎ᠠ᠃ | ︵ᠭᠤᠷᠪᠠ︶ ᠬᠠᠤᠯᠢ ᠴᠠᠭᠠᠵᠠ ᠶᠢ ᠲᠦᠭᠡᠮᠡᠯᠵᠢᠭᠦᠯᠬᠦ ᠤᠬᠠᠭᠤᠯᠭ᠎ᠠ ᠪᠠ ᠶᠠᠷᠢᠶ᠎ᠠ ᠬᠡᠯᠡᠯᠴᠡᠭᠡᠨ ᠢᠶᠠᠷ ᠬᠥᠲᠥᠯᠬᠦ | ᠵᠢᠯᠣᠭᠤᠳᠤᠯᠭ᠎ᠠ ᠶᠢ ᠴᠢᠩᠭᠠᠳᠬᠠᠨ᠎ᠠ᠃ | ᠰᠣᠨᠢᠨ ᠮᠡᠳᠡᠭᠡᠨ ᠤ ᠵᠠᠭᠤᠴᠢᠯᠠᠭᠤᠷ ᠤᠨ ᠤᠬᠠᠭᠤᠯᠵᠤ ᠬᠥᠲᠥᠯᠥᠨ ᠵᠢᠯᠣᠭᠤᠳᠬᠤ ᠪᠠ ᠶᠠᠷᠢᠶ᠎ᠠ | ᠬᠡᠯᠡᠯᠴᠡᠭᠡᠨ ᠢᠶᠠᠷ ᠬᠢᠨᠠᠯᠲᠠ ᠲᠠᠯᠪᠢᠬᠤ ᠦᠢᠯᠡᠳᠦᠯ ᠢ ᠪᠠᠳᠠᠷᠠᠭᠤᠯᠤᠨ᠂ ᠬᠥᠳᠡᠯᠮᠦᠷᠢ ᠶᠢᠨ ᠪᠠᠲᠤᠯᠠᠭ᠎ᠠ ᠶᠢᠨ ᠬᠠᠤᠯᠢ | ᠴᠠᠭᠠᠵᠠ ᠬᠠᠤᠯᠢ ᠲᠣᠭᠲᠠᠭᠠᠯ ᠢ ᠶᠡᠬᠡᠪᠡᠷ ᠤᠬᠠᠭᠤᠯᠤᠨ᠎ᠠ᠃ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ | ᠲᠥᠯᠥᠭᠡᠯᠡᠭᠴᠢ ᠪᠠᠷ ᠭᠤᠣᠯᠳᠠᠯᠭ᠎ᠠ ᠪᠣᠯᠭᠠᠭᠰᠠᠨ ᠬᠥᠳᠡᠯᠮᠦᠷᠢ ᠶᠢᠨ ᠪᠠᠲᠤᠯᠠᠭ᠎ᠠ ᠶᠢᠨ ᠬᠠᠤᠯᠢ ᠴᠠᠭᠠᠵᠠ ᠶᠢᠨ | ᠮᠡᠳᠡᠯᠭᠡ ᠶᠢᠨ ᠪᠣᠯᠪᠠᠰᠤᠷᠠᠭᠤᠯᠤᠯ ᠢ ᠥᠷᠭᠡᠨ ᠳᠡᠯᠭᠡᠷ ᠦᠷᠨᠢᠭᠦᠯᠵᠦ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ | ᠴᠠᠯᠢᠩ ᠢ ᠥᠷᠢᠲᠥᠭᠰᠡᠨ ᠠᠰᠠᠭᠤᠳᠠᠯ ᠢ ᠵᠠᠰᠠᠬᠰᠠᠨ ᠲᠤᠷᠰᠢᠯᠭ᠎ᠠ ᠪᠠ ᠠᠷᠭ᠎ᠠ ᠪᠠᠷᠢᠯ ᠢ ᠳ᠋ᠦ᠋ᠶᠢᠩᠨᠡᠨ ᠳᠡᠯᠭᠡᠷᠡᠭᠦᠯᠵᠦ᠂ | ᠴᠠᠯᠢᠩ ᠥᠷᠢᠲᠦᠵᠦ ᠬᠠᠤᠯᠢ ᠠᠴᠠ ᠵᠥᠷᠢᠴᠡᠭᠰᠡᠨ ᠨᠡᠶᠢᠲᠡᠯᠢᠭ ᠬᠡᠷᠡᠭ ᠢ ᠬᠠᠤᠯᠢ ᠶᠣᠰᠣᠭᠠᠷ ᠨᠡᠶᠢᠲᠡᠯᠡᠵᠦ᠂ ᠠᠵᠤ | ᠠᠬᠤᠶᠢᠯᠠᠯ ᠤᠨ ᠡᠵᠡᠩᠨᠡᠭᠴᠢᠳ ᠢ ᠬᠥᠲᠥᠯᠥᠨ ᠵᠢᠯᠣᠭᠤᠳᠴᠤ ᠪᠠᠶᠢᠭᠠᠳ ᠬᠠᠤᠯᠢ ᠶᠣᠰᠣᠭᠠᠷ ᠠᠵᠢᠯᠴᠢᠨ ᠬᠡᠷᠡᠭᠯᠡᠬᠦ᠂ | ᠴᠠᠯᠢᠩ ᠢ ᠴᠠᠭ ᠲᠤᠬᠠᠶ ᠳᠤᠨᠢ ᠲᠤᠭ᠎ᠠ ᠶᠣᠰᠣᠭᠠᠷ ᠥᠭᠬᠦ ᠬᠠᠤᠯᠢ ᠴᠠᠭᠠᠵᠠ ᠶᠢᠨ ᠦᠵᠡᠯ ᠤᠬᠠᠮᠰᠠᠷ ᠢ ᠨᠢ | ᠴᠢᠩᠭᠠᠷᠠᠭᠤᠯᠵᠤ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠢ ᠬᠦᠲᠦᠯᠦᠨ ᠵᠢᠯᠣᠭᠤᠳᠴᠦ ᠪᠠᠶᠢᠭᠠᠳ ᠬᠠᠤᠯᠢ | ᠶᠣᠰᠣᠭᠠᠷ ᠤᠬᠠᠭᠠᠯᠢᠭ ᠢᠶᠠᠷ ᠬᠦᠰᠡᠯ ᠱᠠᠭᠠᠷᠳᠠᠯᠭ᠎ᠠ ᠪᠠᠨ ᠢᠯᠡᠳᠬᠡᠵᠦ᠂ ᠮᠠᠯᠴᠢᠨ ᠲᠠᠷᠢᠶᠠᠴᠢᠨ ᠬᠦᠴᠦ | ᠶᠠᠪᠤᠭᠰᠠᠳ ᠤᠨ ᠴᠠᠯᠢᠩ ᠢ ᠨᠢ ᠥᠭᠬᠦ ᠶᠢ ᠪᠠᠲᠤᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠬᠠᠮᠲᠤᠪᠡᠷ ᠪᠤᠢ | ᠪᠣᠯᠭᠠᠨ᠎ᠠ᠃ | |