ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ ᠥᠷᠢᠲᠦᠵᠦ ᠪᠠᠶᠢᠭ᠎ᠠ ᠠᠰᠠᠭᠤᠳᠠᠯ ᠢ ᠪᠦᠬᠦ ᠲᠠᠯ᠎ᠠ ᠪᠠᠷ ᠵᠠᠰᠠᠬᠤ ᠲᠣᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ
ᠨᠡᠶᠢᠲᠡᠯᠡᠭᠰᠡᠨ ᠴᠠᠭ᠄
2017/2/8
                        ᠦᠪᠦᠷ ᠵᠠᠰᠠᠭ ᠠᠯᠪᠠᠨ ᠲᠠᠷᠬᠠᠭᠠᠭᠰᠠᠨ ﹇2016﹈ 120 ᠳ᠋ᠤᠭᠠᠷ ᠲᠤᠭᠠᠳᠤ                              2016 ᠣᠨ ᠤ 9 ᠳ᠋ᠤᠭᠡᠷ ᠰᠠᠷ᠎ᠠ ᠶᠢᠨ 9 ᠤ ᠡᠳᠦᠷᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠤ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ ᠳᠤ᠄      ︽ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ ᠥᠷᠢᠲᠦᠵᠦ ᠪᠠᠶᠢᠭ᠎ᠠ ᠠᠰᠠᠭᠤᠳᠠᠯ ᠢ ᠪᠦᠬᠦ ᠲᠠᠯ᠎ᠠ ᠪᠠᠷ ᠵᠠᠰᠠᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠰᠠᠨᠠᠯ︾ ︵ᠲᠥᠷᠥ ᠠᠯᠪᠠᠨ ᠲᠠᠷᠬᠠᠭᠠᠭᠰᠠᠨ ﹇2016﹈ 1 ᠳ᠋ᠤᠭᠡᠷ ᠲᠣᠭᠠᠲᠤ︶ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ︽ᠡᠶ᠎ᠡ ᠵᠣᠬᠢᠴᠠᠯ ᠲᠠᠢ ᠬᠥᠳᠡᠯᠮᠦᠷᠢ ᠶᠢᠨ ᠬᠠᠷᠢᠴᠠᠭ᠎ᠠ ᠶᠢ ᠪᠠᠶᠢᠭᠤᠯᠬᠤ ᠲᠤᠬᠠᠶ ᠬᠡᠷᠡᠭᠵᠢᠭᠦᠯᠬᠦ ᠰᠠᠨᠠᠯ︾ ︵ᠥᠪᠥᠷ ᠨᠠᠮ ᠲᠠᠷᠬᠠᠭᠠᠭᠰᠠᠨ ﹇2015﹈ 22 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠦᠨᠳᠦᠰᠦᠯᠡᠨ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ ᠥᠷᠢᠲᠦᠵᠦ ᠪᠠᠶᠢᠭ᠎ᠠ ᠠᠰᠠᠭᠤᠳᠠᠯ ᠢ ᠪᠦᠬᠦ ᠲᠠᠯ᠎ᠠ ᠪᠠᠷ ᠵᠠᠰᠠᠬᠤ ᠶᠢᠨ ᠲᠤᠰᠠᠳᠠ᠂ ᠮᠠᠨ ᠤ ᠣᠷᠣᠨ ᠤ ᠪᠤᠳᠠᠲᠠᠢ ᠲᠠᠢ ᠤᠶᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠳᠣᠣᠷᠠᠬᠢ ᠮᠡᠲᠦ ᠰᠠᠨᠠᠯ ᠢ ᠳᠤᠷᠠᠳᠪᠠ᠃      ᠨᠢᠭᠡ᠂ ᠶᠡᠷᠦᠩᠬᠡᠶ ᠱᠠᠭᠠᠷᠳᠠᠯᠭ᠎ᠠ      ︵ᠨᠢᠭᠡ︶ ᠵᠢᠯᠣᠭᠤᠳᠬᠤ ᠦᠵᠡᠯ ᠰᠠᠨᠠᠭ᠎ᠠ᠃      ︽ᠲᠠᠪᠤ ᠶᠢ ᠨᠢᠭᠡ ᠴᠤᠭᠴᠠᠵᠢᠭᠤᠯᠬᠤ︾ ᠶᠡᠷᠦᠩᠬᠡᠶ ᠪᠠᠶᠢᠢᠷᠢᠯᠠᠭᠤᠯᠤᠯᠳᠠ᠂ ︽ᠳᠥᠷᠪᠡᠨ ᠪᠦᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠪᠣᠯᠤᠨ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ ᠪᠤᠳᠤᠯᠭ᠎ᠠ ᠶᠢᠨ ᠲᠤᠬᠢᠷᠠᠭᠤᠯᠤᠯᠳᠠ ᠶᠤᠰᠣᠭᠠᠷ᠂ ᠰᠢᠨ᠎ᠡ ᠶᠢ ᠡᠭᠦᠳᠬᠦ᠂ ᠵᠣᠬᠢᠴᠠᠩᠭᠤᠢ᠂ ᠪᠣᠬᠢᠷᠳᠤᠯ ᠦᠭᠡᠢ᠂ ᠨᠡᠭᠡᠭᠡᠯᠳᠡ ᠲᠠᠢ ᠪᠦᠭᠡᠳ ᠬᠠᠮᠲᠤ ᠳᠠᠭᠠᠨ ᠬᠦᠷᠲᠡᠬᠦ ᠬᠥᠭᠵᠢᠯᠲᠡ ᠶᠢᠨ ᠣᠨᠣᠯᠵᠢᠬᠤᠨ ᠢ ᠪᠠᠲᠤ ᠪᠠᠬᠢ ᠪᠣᠢ ᠪᠣᠯᠭᠠᠵᠤ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠬᠥᠳᠡᠯᠮᠦᠷᠢ ᠶᠢᠨ ᠣᠷᠣᠯᠭ᠎ᠠ ᠶᠢ ᠬᠠᠮᠠᠭᠠᠯᠠᠬᠤ ᠶᠢᠨ ᠲᠣᠭᠤᠷᠢᠨ ᠳᠤ᠂ ᠴᠠᠯᠢᠩ ᠣᠯᠭᠤᠬᠤ ᠠᠵᠢᠯᠯᠠᠭ᠎ᠠ ᠶᠢ ᠬᠦᠴᠦᠯᠡᠨ ᠵᠢᠷᠤᠮᠵᠢᠭᠤᠯᠤᠨ᠂ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠴᠢᠩᠭᠠᠷᠠᠭᠤᠯᠵᠤ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠡᠯᠢᠩ ᠢ ᠦᠷᠢᠲᠦᠬᠦ ᠠᠰᠠᠭᠤᠳᠠᠯ ᠢ ᠰᠡᠷᠭᠡᠶᠢᠯᠡᠬᠦ ᠪᠠ ᠰᠢᠢᠳᠪᠦᠷᠢᠯᠡᠬᠦ ᠤᠷᠳᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨᠰᠢᠭᠦᠯᠦᠨ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠬᠥᠳᠡᠯᠮᠦᠷᠢ ᠶᠢᠨ ᠬᠥᠯᠥᠰᠥ ᠣᠯᠭᠤᠮᠵᠢ ᠶᠢᠨ ᠡᠷᠬᠡ ᠠᠰᠢᠭ ᠢ ᠦᠨᠡᠨᠬᠦ ᠪᠠᠲᠤᠯᠠᠵᠤ᠂ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠨ᠂ ᠨᠡᠶᠢᠭᠡᠮ ᠤᠨ ᠡᠶ᠎ᠡ ᠵᠣᠬᠢᠴᠠᠯ ᠲᠠᠢ ᠲᠣᠭᠲᠠᠭᠤᠨ ᠪᠠᠶᠢᠳᠠᠯ ᠢ ᠠᠬᠢᠭᠤᠯᠤᠨ᠎ᠠ᠃      ︵ᠬᠤᠶᠠᠷ︶ ᠦᠨᠳᠦᠰᠦᠨ ᠵᠠᠷᠴᠢᠮ᠃      1. ᠦᠡᠭᠭᠡᠨ ᠲᠠᠯ᠎ᠠ ᠪᠠ ᠦᠨᠳᠦᠰᠦ ᠰᠤᠷᠪᠤᠯᠵᠢ ᠶᠢ ᠨᠢ ᠵᠡᠷᠭᠡᠪᠡᠷ ᠵᠠᠰᠠᠬᠤ ᠶᠢ ᠪᠠᠷᠢᠮᠲᠠᠯᠠᠵᠤ᠂ ᠦᠨᠳᠦᠰᠦ ᠰᠤᠷᠪᠣᠯᠵᠢ ᠠᠴᠠ ᠨᠢ ᠵᠠᠰᠠᠬᠤ ᠪᠠᠷ ᠭᠤᠣᠯᠯᠠᠨ᠎ᠠ᠃ ᠪᠠᠷᠢᠯᠭ᠎ᠠ ᠶᠢᠨ ᠪᠦᠳᠦᠭᠡᠠ ᠪᠠᠶᠢᠭᠤᠯᠤᠯᠲᠠ ᠶᠢᠨ ᠲᠥᠷᠥᠯ ᠵᠦᠢᠯ ᠢ ᠨᠡᠷ᠎ᠠ ᠵᠢᠬᠡᠯᠡᠨ ᠳᠠᠭᠠᠭᠠᠴᠢᠯᠠᠭᠤᠯᠬᠤ᠂ ᠬᠠᠤᠯᠢ ᠠᠴᠠ ᠵᠥᠷᠢᠴᠡᠵᠦ ᠳᠠᠭᠠᠭᠠᠴᠢᠯᠠᠭᠤᠯᠬᠤ᠂ ᠬᠤᠪᠢᠶᠠᠨ ᠳᠠᠭᠠᠭᠠᠴᠢᠯᠠᠭᠤᠯᠬᠤ ᠵᠡᠷᠭᠡ ᠭᠤᠣᠯ ᠵᠠᠩᠭᠢᠯᠠᠭ᠎ᠠ ᠶᠢ ᠠᠳᠬᠤᠵᠤ᠂ ᠡᠳᠦᠷ ᠲᠤᠳᠤᠮ ᠤᠨ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠵᠤ᠂ ᠦᠡᠭᠬᠡᠷᠡᠭᠰᠡᠨ ᠤ ᠥᠷᠢ ᠰᠢᠷᠢ ᠶᠢ ᠢᠯᠭᠠᠷᠠᠭᠤᠯᠤᠨ᠂ ᠡᠬᠢ ᠡᠭᠦᠰᠦᠯ ᠠᠴᠠ ᠨᠢ ᠵᠠᠰᠠᠬᠤ ᠶᠢ ᠬᠡᠷᠡᠭᠵᠢᠭᠦᠯᠦᠨ᠎ᠡ᠃ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ ᠦᠭᠬᠦ ᠶᠢᠨ ᠪᠠᠲᠤᠯᠠᠬᠤ ᠲᠦᠷᠢᠮ ᠢ ᠪᠦᠷᠢᠨᠰᠢᠭᠦᠯᠦᠨ ᠨᠠᠶᠢᠳᠠᠪᠤᠷᠢᠵᠢᠭᠤᠯᠵᠤ᠂ ᠴᠠᠯᠢᠩ ᠬᠦᠯᠦᠰᠦ ᠶᠢ ᠴᠠᠭ ᠲᠤᠬᠠᠶ ᠳᠤᠨᠢ ᠲᠤᠭ᠎ᠠ ᠶᠣᠰᠣᠭᠠᠷ ᠭᠦᠢᠴᠡᠳ ᠥᠭᠬᠦ ᠶᠢ ᠦᠨᠡᠨᠬᠦ ᠪᠠᠲᠤᠯᠠᠬᠤ ᠬᠡᠷᠡᠭᠲᠡᠶ᠃      2. ᠬᠠᠷᠢᠭᠤᠴᠠᠯᠭ᠎ᠠ ᠶᠢ ᠲᠣᠲᠣᠷᠬᠠᠢ ᠪᠣᠯᠭᠠᠬᠤ ᠶᠢ ᠪᠠᠷᠢᠮᠲᠠᠯᠠᠵᠤ᠂ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠨ᠎ᠠ᠃ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠲᠣᠲᠣᠷᠬᠠᠢ ᠪᠣᠯᠭᠠᠵᠤ᠂ ᠬᠠᠷᠢᠶ᠎ᠠ ᠣᠷᠣᠨ ᠢᠶᠠᠷ ᠨᠢ ᠬᠠᠮᠢᠶᠠᠷᠬᠤ᠂ ᠱᠠᠲᠤ ᠬᠤᠪᠢᠶᠠᠨ ᠬᠠᠷᠢᠭᠤᠴᠠᠬᠤ ᠪᠠ ᠬᠡᠨ ᠭᠤᠣᠯᠴᠢᠯᠠᠨ ᠬᠠᠮᠢᠶᠠᠷᠪᠠᠯ ᠲᠡᠷᠡ ᠬᠠᠷᠢᠭᠤᠴᠠᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠲᠤᠰ ᠲᠤᠰ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠬᠢᠨᠠᠯᠲᠠ ᠬᠠᠮᠢᠶᠠᠷᠤᠯᠲᠠ ᠶᠢᠨ ᠨᠡᠶᠢᠯᠡᠮᠡᠯ ᠬᠦᠴᠦᠨ ᠢ ᠪᠤᠢ ᠪᠣᠯᠭᠠᠨ᠎ᠠ᠃ ᠴᠠᠯᠢᠩ ᠥᠭᠬᠦ ᠭᠤᠣᠯ ᠴᠣᠭᠴᠠ ᠶᠢᠨ ᠬᠠᠷᠢᠭᠤᠴᠠᠯᠭ᠎ᠠ ᠶᠢ ᠲᠣᠲᠣᠷᠬᠠᠶᠢᠯᠠᠵᠤ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠨ᠂ ᠪᠦᠬᠦ ᠲᠠᠯ᠎ᠠ ᠪᠠᠷ ᠵᠠᠰᠠᠬᠤ ᠠᠵᠢᠯ ᠤᠨ ᠪᠦᠬᠦᠯᠢ ᠴᠣᠭᠴᠠ ᠶᠢᠨ ᠨᠡᠶᠢᠯᠡᠮᠡᠯ ᠬᠦᠴᠦᠨ ᠢ ᠪᠣᠢ ᠪᠣᠯᠭᠠᠨ᠎ᠠ᠃      3. ᠬᠠᠤᠯᠢ ᠶᠣᠰᠣᠭᠠᠷ ᠵᠠᠰᠠᠬᠤ ᠶᠢ ᠪᠠᠷᠢᠮᠲᠠᠯᠠᠵᠤ᠂ ᠵᠠᠮ ᠮᠦᠷ ᠢ ᠰᠢᠯᠤᠭᠤᠳᠬᠠᠨ᠎ᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ᠂ ᠡᠶᠡᠲᠡᠭᠦᠯᠵᠦ ᠬᠥᠨᠳᠡᠯᠡᠨ ᠠᠴᠠ ᠲᠠᠰᠤᠯᠬᠤ ᠪᠠ ᠢᠷᠭᠡᠨ ᠤ ᠬᠡᠷᠡᠭ ᠤᠨ ᠬᠠᠤᠯᠢ ᠴᠠᠭᠠᠵᠠ ᠶᠢᠨ ᠬᠦᠷᠢᠶ᠎ᠡ ᠬᠡᠪᠴᠢᠶ᠎ᠡ ᠶᠢ ᠲᠤᠲᠤᠷᠬᠠᠶᠢᠯᠠᠵᠤ᠂ ᠡᠳᠦᠷ ᠲᠤᠳᠤᠮ ᠤᠨ ᠪᠠᠶᠢᠴᠠᠭᠠᠯᠲᠠ ᠶᠢ ᠬᠠᠣᠯᠢ ᠶᠣᠰᠣᠭᠠᠷ ᠴᠢᠩᠭᠠᠷᠠᠭᠤᠯᠤᠨ᠂ ᠠᠵᠤ ᠠᠬᠤᠶᠢᠯᠠᠯ ᠪᠠ ᠮᠠᠯᠴᠢᠨ ᠲᠠᠷᠢᠶᠠᠴᠢᠨ ᠬᠦᠴᠦ ᠶᠠᠪᠤᠭᠰᠠᠳ ᠢ ᠰᠠᠨᠠᠭᠠᠴᠢᠯᠠᠭ᠎ᠠ ᠠᠴᠠ ᠪᠠᠨ ᠬᠦᠲᠦᠯᠦᠨ ᠵᠢᠯᠤᠭᠤᠳᠴᠦ ᠪᠠᠶᠢᠭᠠᠳ ᠴᠠᠯᠢᠩ ᠢ ᠥᠷᠢᠲᠦᠵᠦ ᠪᠠᠶᠢᠭ᠎ᠠ ᠠᠰᠠᠭᠤᠳᠠᠯ ᠢ ᠬᠠᠤᠯᠢ ᠶᠣᠰᠣᠭᠠᠷ ᠰᠢᠢᠳᠪᠦᠷᠢᠯᠡᠨ᠎ᠡ᠃      ︵ᠭᠤᠷᠪᠠ︶ ᠬᠠᠷᠠᠯᠲᠠᠳᠤ ᠡᠭᠦᠷᠭᠡ᠃      ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠬᠤᠳᠠ ᠶᠢᠨ ᠶᠠᠪᠤᠳᠠᠯ ᠤᠨ ᠬᠠᠮᠢᠶᠠᠷᠤᠯᠲᠠ᠂ ᠵᠠᠮ ᠬᠠᠷᠢᠯᠴᠠᠭ᠎ᠠ ᠲᠡᠭᠡᠭᠡᠪᠦᠷᠢ᠂ ᠤᠰᠤᠨ ᠠᠰᠢᠭᠯᠠᠯᠲᠠ ᠵᠡᠷᠭᠡ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶ᠎ᠡ ᠴᠠᠷᠠᠭ᠎ᠠ ᠪᠠ ᠬᠢᠮᠢ ᠶᠢᠨ ᠠᠵᠤ ᠦᠢᠯᠡᠳᠪᠦᠷᠢ᠂ ᠡᠳ᠋ᠰᠢᠭᠦᠯᠵᠦ ᠦᠢᠯᠡᠳᠬᠦ᠂ ᠢᠳᠡᠭᠡᠨ ᠤᠮᠳᠠᠭᠠᠨ ᠤ ᠦᠢᠯᠡᠴᠢᠯᠡᠭᠡ ᠵᠡᠷᠭᠡ ᠴᠠᠯᠢᠩ ᠥᠷᠢᠲᠦᠬᠦ ᠠᠰᠠᠭᠤᠳᠠᠯ ᠠᠮᠠᠷᠬᠠᠨ ᠡᠭᠦᠰᠳᠡᠭ ᠬᠥᠳᠡᠯᠮᠦᠷᠢ ᠨᠢᠬᠳᠠᠷᠠᠬᠰᠠᠨ ᠬᠡᠯᠪᠡᠷᠢ ᠶᠢᠨ ᠠᠵᠢᠯ ᠲᠦᠷᠤᠯ ᠢ ᠵᠠᠰᠠᠯᠲᠠ ᠶᠢᠨ ᠭᠤᠣᠯᠳᠠᠯᠭ᠎ᠠ ᠪᠣᠯᠭᠠᠵᠤ᠂ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠠᠮᠢᠶᠠᠷᠬᠤ ᠪᠠᠷ ᠭᠠᠷᠳᠠᠴᠠ ᠪᠣᠯᠭᠠᠨ᠂ ᠴᠠᠯᠢᠩ ᠢ ᠪᠠᠲᠤᠯᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠪᠠᠷ ᠭᠤᠣᠯ ᠪᠣᠯᠭᠠᠵᠤ᠂ ᠲᠤᠭ᠎ᠠ ᠶᠣᠰᠣᠭᠠᠷ ᠴᠠᠯᠢᠩ ᠢ ᠨᠢ ᠥᠭᠬᠦ ᠪᠠᠷ ᠵᠠᠩᠭᠢᠯᠠᠭ᠎ᠠ ᠪᠣᠯᠭᠠᠵᠤ᠂ ᠡᠬᠢ ᠡᠭᠦᠰᠦᠯ ᠠᠴᠠ ᠨᠢ ᠤᠷᠢᠳᠴᠢᠯᠠᠨ ᠰᠡᠷᠭᠡᠶᠢᠯᠡᠬᠦ᠂ ᠬᠦᠳᠡᠯᠦᠩᠭᠦᠢ ᠬᠢᠨᠠᠨ ᠬᠠᠮᠢᠶᠠᠷᠬᠤ᠂ ᠢᠲᠡᠭᠡᠮᠵᠢ ᠪᠠᠨ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠶᠢ ᠬᠠᠷᠢᠯᠴᠠᠨ ᠤᠶᠠᠯᠳᠤᠭᠤᠯᠤᠭᠰᠠᠨ ᠳᠦᠷᠢᠮ ᠤᠨ ᠪᠠᠲᠤᠯᠠᠭ᠎ᠠ ᠶᠢᠨ ᠰᠢᠰᠲ᠋ᠧᠮᠵᠢ ᠶᠢ ᠪᠦᠷᠢᠯᠳᠦᠭᠦᠯᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠥᠪᠡᠷ ᠢ ᠪᠠᠨ ᠱᠠᠭᠠᠷᠳᠠᠬᠤ᠂ ᠵᠠᠰᠠᠭ ᠤᠨ ᠣᠷᠳᠣᠨ ᠬᠠᠤᠯᠢ ᠶᠣᠰᠣᠭᠠᠷ ᠬᠢᠨᠠᠨ ᠬᠠᠮᠢᠶᠠᠷᠬᠤ᠂ ᠨᠡᠶᠢᠭᠡᠮ ᠤᠨ ᠬᠢᠨ ᠬᠠᠮᠵᠢᠯᠴᠠᠨ ᠬᠢᠨᠠᠯᠲᠠ ᠲᠠᠯᠪᠢᠬᠤ᠂ ᠬᠠᠤᠯᠢ ᠴᠠᠭᠠᠵᠠ ᠶᠢᠨ ᠬᠢᠨ ᠬᠤᠯᠪᠣᠭᠠᠯᠠᠨ ᠬᠦᠳᠡᠯᠦᠯᠴᠡᠵᠦ ᠵᠠᠯᠬᠠᠭᠠᠨ ᠰᠢᠳᠬᠡᠬᠦ ᠠᠵᠢᠯ ᠤᠨ ᠰᠢᠰᠲ᠋ᠧᠮᠵᠢ ᠶᠢ ᠲᠡᠭᠦᠯᠳᠡᠷᠵᠢᠭᠦᠯᠵᠦ᠂ ᠡᠳᠦᠷ ᠲᠤᠳᠤᠮ ᠤᠨ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠦᠯᠲᠡ ᠶᠢ ᠦᠨᠡᠨᠬᠦ ᠴᠢᠩᠭᠠᠳᠬᠠᠨ᠂ ᠵᠠᠰᠠᠯᠲᠠ ᠶᠢᠨ ᠨᠡᠶᠢᠯᠡᠮᠡᠯ ᠬᠦᠴᠦᠨ ᠢ ᠪᠤᠢ ᠪᠣᠯᠭᠠᠨ᠎ᠠ᠃ 2016 ᠣᠨ ᠤ ᠰᠡᠭᠦᠯᠴᠢ ᠪᠣᠯᠬᠤ ᠳᠤ᠂ ᠡᠯ᠎ᠡ ᠭᠠᠵᠠᠷ ᠣᠷᠣᠨ ᠤ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ ᠥᠷᠢᠲᠦᠭᠰᠡᠨ ᠦᠡᠭᠬᠡᠷᠡᠭᠰᠡᠨ ᠤ ᠥᠷᠢ ᠰᠢᠷᠢ ᠶᠢᠨ ᠨᠠᠷᠢᠨ ᠬᠠᠭᠤᠳᠠᠰᠤ ᠶᠢ ᠪᠦᠬᠦ ᠲᠠᠯ᠎ᠠ ᠪᠠᠷ ᠢᠯᠭᠠᠷᠠᠭᠤᠯᠬᠤ ᠶᠢᠨ ᠬᠠᠮᠲᠤ ᠦᠡᠭᠬᠡᠷᠡᠭᠰᠡᠨ ᠤ ᠴᠢᠬᠤᠯᠠ ᠶᠡᠭᠡ ᠥᠷᠢ ᠰᠢᠷᠢ ᠶᠢ ᠢᠯᠭᠠᠷᠠᠭᠤᠯᠬᠤ ᠡᠭᠦᠷᠭᠡ ᠶᠢᠨ 70% ᠠᠴᠠ ᠳᠡᠭᠡᠭᠰᠢᠬᠢ ᠶᠢ ᠪᠡᠶᠡᠯᠡᠭᠦᠯᠵᠦ᠂ ᠪᠠᠴᠢᠮ ᠪᠠᠶᠢᠳᠠᠯ ᠢ ᠠᠷᠭᠠᠴᠠᠬᠤ ᠡᠷᠭᠢᠯᠲᠡ ᠶᠢᠨ ᠮᠥᠩᠭᠦ ᠶᠢ ᠨᠠᠶᠢᠳᠠᠪᠤᠷᠢᠵᠢᠭᠤᠯᠤᠭᠰᠠᠨ ᠨᠤᠷᠮ᠎ᠠ ᠶᠢ 100% ᠳᠤ ᠬᠦᠷᠦᠭᠦᠯᠵᠦ᠂ ᠴᠠᠯᠢᠩ ᠤᠨ ᠪᠠᠲᠤᠯᠠᠭ᠎ᠠ ᠶᠢᠨ ᠮᠥᠩᠭᠦ ᠶᠢ ᠨᠠᠶᠢᠳᠠᠪᠤᠷᠢᠵᠢᠭᠤᠯᠤᠭᠰᠠᠨ ᠨᠤᠷᠮ᠎ᠠ ᠶᠢ 100% ᠳᠤ ᠬᠦᠷᠦᠭᠦᠯᠦᠨ᠎ᠡ︔ 2017 ᠣᠨ ᠤ ᠰᠡᠭᠦᠯᠴᠢ ᠪᠣᠯᠬᠤ ᠳᠤ᠂ ᠡᠯ᠎ᠡ ᠭᠠᠵᠠᠷ ᠣᠷᠣᠨ ᠨᠤᠭᠤᠳ ᠦᠡᠭᠬᠡᠷᠡᠭᠰᠡᠨ ᠤ ᠥᠷᠢ ᠰᠢᠷᠢ ᠶᠢ ᠢᠯᠭᠠᠷᠠᠭᠤᠯᠬᠤ ᠡᠭᠦᠷᠭᠡ ᠶᠢ ᠪᠡᠶᠡᠯᠡᠭᠦᠯᠦᠨ᠎ᠡ︔ 2018 ᠣᠨ ᠰᠡᠭᠦᠯᠴᠢ ᠪᠣᠯᠬᠤ ᠳᠤ᠂ ᠡᠯ᠎ᠡ ᠭᠠᠵᠠᠷ ᠣᠷᠣᠨ ᠨᠢ ᠦᠨᠡᠨ ᠨᠡᠷ᠎ᠡ ᠶᠢᠨ ᠳᠦᠷᠢᠮ ᠤᠨ ᠬᠠᠮᠢᠶᠠᠷᠤᠯᠲᠠ᠂ ᠴᠠᠯᠢᠩ ᠪᠠ ᠪᠠᠷᠢᠯᠭ᠎ᠠ ᠶᠢᠨ ᠵᠣᠭᠤᠰ ᠢ ᠠᠰ ᠲᠤᠨᠢ ᠲᠠᠩᠰᠠ ᠪᠠᠶᠢᠭᠤᠯᠤᠨ ᠬᠠᠮᠢᠶᠠᠷᠬᠤ᠂ ᠪᠠᠩᠬᠢ ᠠᠴᠠ ᠰᠠᠷ᠎ᠠ ᠪᠦᠷᠢ ᠴᠠᠯᠢᠩ ᠣᠷᠣᠯᠠᠨ ᠲᠦᠭᠡᠭᠡᠬᠦ᠂ ᠪᠠᠷᠢᠯᠭ᠎ᠠ ᠶᠢᠨ ᠠᠵᠢᠯ ᠤᠨ ᠲᠤᠬᠠᠶ ᠶᠢᠨ ᠭᠠᠵᠠᠷ ᠲᠤ ᠡᠷᠬᠡ ᠠᠰᠢᠭ ᠢᠶᠠᠨ ᠬᠠᠮᠠᠭᠠᠯᠠᠵᠤ ᠢᠯᠡ ᠨᠡᠶᠢᠲᠡᠯᠡᠬᠦ ᠵᠡᠷᠭᠡ ᠲᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ᠰᠢᠨ᠎ᠡ ᠪᠠᠷ ᠥᠷᠢᠲᠦᠬᠦ ᠪᠠᠶᠢᠳᠠᠯ ᠢ ᠳᠠᠬᠢᠨ ᠡᠭᠦᠰᠬᠡᠬᠦ ᠦᠭᠡᠢ ᠪᠣᠯᠭᠠᠨ᠎ᠠ︔ 2019 ᠣᠨ ᠤ ᠰᠡᠭᠦᠯᠴᠢ ᠪᠣᠯᠬᠤ ᠳᠤ᠂ ᠮᠠᠭᠤ ᠰᠠᠨᠠᠭ᠎ᠠ ᠲᠠᠢ ᠪᠠᠷ ᠴᠠᠯᠢᠩ ᠥᠷᠢᠲᠦᠬᠦ᠂ ᠴᠠᠯᠢᠩ ᠦᠷᠢᠲᠦᠭᠡᠳ ᠵᠠᠶᠢᠢᠯᠠᠨ ᠲᠤᠳᠠᠭᠠᠵᠦ ᠳᠠᠯᠳᠠᠯᠠᠬᠰᠠᠨ ᠬᠠᠤᠯᠢ ᠠᠴᠠ ᠵᠥᠷᠢᠴᠡᠵᠦ ᠶᠠᠯ᠎ᠠ ᠬᠢᠭᠰᠡᠳ ᠢ ᠪᠦᠲᠦᠮᠵᠢᠲᠡᠶ ᠪᠠᠷ ᠬᠤᠷᠢᠭᠯᠠᠨ᠎ᠠ︔ 2020 ᠣᠨ ᠤ ᠰᠡᠭᠦᠯᠴᠢ ᠪᠣᠯᠬᠤ ᠳᠤ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ ᠥᠭᠬᠦ ᠠᠰᠠᠭᠤᠳᠠᠯ ᠢ ᠪᠦᠬᠦ ᠲᠠᠯ᠎ᠠ ᠪᠠᠷ ᠵᠠᠰᠠᠵᠤ ᠴᠠᠯᠢᠩ ᠥᠷᠢᠲᠦᠬᠦ ᠦᠭᠡᠢ ᠪᠠᠶᠢᠬᠤ ᠬᠠᠷᠠᠯᠳᠠ ᠶᠢ ᠦᠨᠳᠦᠰᠦᠨ ᠳᠡᠭᠡᠨ ᠪᠡᠶᠡᠯᠡᠭᠦᠯᠦᠨ᠎ᠡ᠃      ᠬᠤᠶᠠᠷ᠂ ᠭᠤᠣᠯ ᠠᠷᠭ᠎ᠠ ᠬᠡᠮᠵᠢᠶ᠎ᠡ      ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ ᠥᠷᠢᠲᠦᠬᠦ ᠠᠰᠠᠭᠤᠳᠠᠯ ᠢ ᠪᠦᠬᠦ ᠲᠠᠯ᠎ᠠ ᠪᠠᠷ ᠵᠠᠰᠠᠬᠤ ᠶᠢᠨ ᠲᠥᠯᠥᠭᠡ᠂ ᠲᠦᠷᠦ ᠶᠢᠨ ᠪᠤᠳᠤᠯᠭ᠎ᠠ ᠶᠢᠨ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠵᠦ᠂ 2017 ᠣᠨ ᠤ ᠲᠡᠬᠡᠷ᠎ᠠ ᠬᠠᠭᠠᠰ ᠵᠢᠯ ᠪᠣᠯᠬᠤ ᠳᠤ᠂ ᠡᠯ᠎ᠡ ᠭᠠᠵᠠᠷ ᠣᠷᠣᠨ ᠨᠢ ᠪᠠᠴᠢᠮ ᠪᠠᠶᠢᠳᠠᠯ ᠢ ᠠᠷᠭᠠᠴᠠᠬᠤ ᠡᠷᠭᠢᠯᠲᠡ ᠶᠢᠨ ᠮᠥᠩᠭᠦ ᠶᠢᠨ ᠳᠦᠷᠢᠮ ᠢ ᠪᠦᠬᠦ ᠲᠠᠯ᠎ᠠ ᠪᠠᠷ ᠪᠠᠶᠢᠭᠤᠯᠬᠤ ᠶᠢᠨ ᠬᠠᠮᠲᠤ ᠪᠠᠴᠢᠮ ᠪᠠᠶᠢᠳᠠᠯ ᠢ ᠠᠷᠭᠠᠴᠠᠬᠤ ᠡᠷᠭᠢᠯᠲᠡ ᠶᠢᠨ ᠮᠥᠩᠭᠦ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠵᠤ᠂ ᠣᠷᠣᠨ ᠰᠠᠭᠤᠴᠠ ᠬᠤᠳᠠ ᠬᠥᠳᠡᠭᠡ ᠶᠢᠨ ᠪᠥᠳᠥᠭᠡᠨ ᠪᠠᠶᠢᠭᠤᠯᠤᠯᠲᠠ᠂ ᠵᠠᠮ ᠬᠠᠷᠢᠯᠴᠠᠭ᠎ᠠ ᠲᠡᠭᠡᠭᠡᠪᠦᠷᠢ᠂ ᠤᠰᠤᠨ ᠠᠰᠢᠭᠯᠠᠯᠲᠠ ᠵᠡᠷᠭᠡ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ︵ᠳᠣᠷᠣᠭᠰᠢ ︿ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ﹀ ᠭᠡᠵᠦ ᠲᠣᠪᠴᠢᠯᠠᠨ᠎ᠠ︶ ᠠᠴᠠ ᠴᠠᠯᠢᠩ ᠤᠨ ᠪᠠᠲᠤᠯᠠᠭ᠎ᠠ ᠶᠢᠨ ᠮᠥᠩᠭᠦ᠂ ᠦᠨᠡᠨ ᠨᠡᠷ᠎ᠡ ᠶᠢᠨ ᠳᠦᠷᠢᠮ ᠤᠨ ᠬᠠᠮᠢᠶᠠᠷᠤᠯᠲᠠ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶ᠎ᠡ ᠴᠠᠷᠠᠭ᠎ᠠ ᠶᠢᠨ ᠴᠠᠯᠢᠩ ᠥᠭᠬᠦ ᠠᠷᠭ᠎ᠠ᠂ ᠴᠠᠯᠢᠩ ᠪᠠ ᠪᠠᠷᠢᠯᠭ᠎ᠠ ᠶᠢᠨ ᠵᠣᠭᠤᠰ ᠢ ᠠᠰ ᠲᠤᠨᠢ ᠲᠠᠩᠰᠠ ᠪᠠᠶᠢᠭᠤᠯᠤᠨ ᠬᠠᠮᠢᠶᠠᠷᠬᠤ᠂ ᠪᠠᠩᠬᠢ ᠠᠴᠠ ᠰᠠᠷ᠎ᠠ ᠪᠦᠷᠢ ᠴᠠᠯᠢᠩ ᠣᠷᠣᠯᠠᠨ ᠲᠦᠭᠡᠭᠡᠬᠦ᠂ ᠪᠠᠷᠢᠯᠭ᠎ᠠ ᠶᠢᠨ ᠲᠤᠬᠠᠶ ᠶᠢᠨ ᠭᠠᠵᠠᠷ ᠲᠤ ᠡᠷᠬᠡ ᠠᠰᠢᠭ ᠢᠶᠠᠨ ᠬᠠᠮᠠᠭᠠᠯᠠᠵᠤ ᠢᠯᠡ ᠨᠡᠶᠢᠲᠡᠯᠡᠬᠦ ᠵᠡᠷᠭᠡ ᠠᠵᠢᠯ ᠤᠨ ᠲᠥᠷᠢᠮ ᠪᠣᠯᠤᠨ ᠲᠣᠭᠲᠠᠴᠠ ᠶᠢ ᠪᠦᠷᠢᠨᠰᠢᠭᠦᠯᠦᠨ᠎ᠡ᠃ 2017 ᠣᠨ ᠤ ᠰᠡᠭᠦᠯᠴᠢ ᠪᠣᠯᠬᠤ ᠳᠤ᠂ ᠠᠵᠤ ᠠᠬᠤᠶᠢᠯᠠᠯ ᠤᠨ ᠢᠲᠡᠭᠡᠮᠵᠢ ᠣᠯᠬᠤ ᠰᠢᠰᠲ᠋ᠧᠮᠵᠢ᠂ ᠴᠠᠯᠢᠩ ᠥᠷᠢᠲᠦᠬᠦ ᠶᠢ ᠤᠷᠢᠳᠴᠢᠯᠠᠨ ᠰᠡᠷᠡᠮᠵᠢᠯᠡᠭᠦᠯᠬᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠪᠠ ᠬᠠᠤᠯᠢ ᠴᠠᠭᠠᠵᠠ ᠶᠢ ᠵᠣᠯᠭᠠᠭᠤᠯᠬᠤ ᠲᠣᠭᠲᠠᠴᠠ ᠶᠢ ᠪᠦᠷᠢᠨᠰᠢᠭᠦᠯᠦᠨ᠎ᠡ᠃ 2018 ᠣᠨ ᠤ ᠰᠡᠭᠦᠯᠴᠢ ᠪᠣᠯᠬᠤ ᠳᠤ᠂ ᠪᠥᠳᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠪᠠᠷᠢᠴᠠᠭᠠᠯᠠᠨ ᠲᠦᠯᠦᠬᠦ᠂ ᠥᠮᠴᠢᠲᠡᠨ ᠳᠠᠭᠠᠭᠠᠯᠲᠠ ᠬᠢᠬᠦ᠂ ᠪᠠᠩᠬᠢ ᠶᠢᠨ ᠳᠠᠭᠠᠭᠠᠯᠲᠠ ᠶᠢᠨ ᠪᠢᠴᠢᠭ ᠵᠡᠷᠭᠡ ᠳᠦᠷᠢᠮ ᠪᠣᠯᠤᠨ ᠬᠤᠳᠠᠯᠳᠤᠭᠠᠨ ᠤ ᠳᠠᠭᠠᠳᠬᠠᠯ ᠢ ᠣᠷᠣᠭᠤᠯᠤᠨ ᠠᠪᠴᠢᠷᠠᠬᠤ ᠲᠣᠭᠲᠠᠴᠠ ᠶᠢ ᠬᠠᠶᠢᠨ ᠰᠦᠪᠡᠭᠴᠢᠯᠡᠨ ᠪᠠᠶᠢᠭᠤᠯᠤᠨ᠎ᠠ᠃ 2020 ᠣᠨ ᠪᠣᠯᠬᠤ ᠳᠤ᠂ ᠪᠥᠬᠦ ᠣᠷᠣᠨ ᠤ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ ᠥᠷᠢᠲᠦᠵᠦ ᠪᠠᠶᠢᠭ᠎ᠠ ᠠᠰᠠᠭᠤᠳᠠᠯ ᠤᠨ ᠵᠠᠰᠠᠬᠤ ᠳᠦᠷᠢᠮ ᠢ ᠪᠦᠷᠢᠨᠰᠢᠭᠦᠯᠦᠭᠰᠡᠨ᠂ ᠬᠠᠷᠢᠭᠤᠴᠠᠯᠭ᠎ᠠ ᠶᠢ ᠪᠣᠳᠠᠳᠠᠶᠢᠵᠢᠭᠤᠯᠤᠭᠰᠠᠨ᠂ ᠬᠢᠨᠠᠯᠲᠠ ᠬᠠᠮᠢᠶᠠᠷᠤᠯᠲᠠ ᠶᠢ ᠬᠦᠴᠦᠨ ᠲᠠᠢ ᠪᠣᠯᠭᠠᠭᠰᠠᠨ ᠠᠵᠢᠯ ᠤᠨ ᠪᠠᠶᠢᠷᠢᠰᠢᠯ ᠢ ᠪᠤᠢ ᠪᠣᠯᠭᠠᠨ᠎ᠠ᠃      ︵ᠨᠢᠭᠡ︶ ᠴᠠᠯᠢᠩ ᠥᠭᠬᠦ ᠬᠠᠷᠢᠭᠤᠴᠠᠯᠭ᠎ᠠ ᠶᠢ ᠰᠢᠯᠤᠭᠤᠳᠬᠠᠵᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ᠎ᠡ᠃      1. ᠴᠠᠯᠢᠩ ᠥᠭᠬᠦ ᠵᠠᠰᠠᠭ ᠵᠠᠬᠢᠷᠭᠠᠨ ᠤ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠲᠣᠲᠣᠷᠬᠠᠶᠢᠯᠠᠨ᠎ᠠ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠨᠢ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ ᠥᠷᠢᠲᠦᠬᠦ ᠠᠰᠠᠭᠤᠳᠠᠯ ᠢ ᠪᠦᠬᠦ ᠲᠠᠯ᠎ᠠ ᠪᠠᠷ ᠵᠠᠰᠠᠬᠤ ᠶᠡᠷᠦᠩᠬᠡᠶ ᠬᠠᠷᠢᠭᠤᠴᠠᠯᠭ᠎ᠠ ᠶᠢ ᠡᠭᠦᠷᠭᠡᠯᠡᠵᠦ᠂ ᠲᠣᠭᠲᠠᠮᠠᠯ ᠬᠤᠭᠤᠴᠠᠭ᠎ᠠ ᠲᠠᠢ ᠪᠠᠷ ᠰᠢᠮᠳᠠᠭᠤᠯᠤᠨ ᠪᠠᠶᠢᠴᠠᠭᠠᠬᠤ ᠪᠠ ᠬᠠᠷᠢᠭᠤᠴᠠᠯᠭ᠎ᠠ ᠨᠡᠬᠡᠮᠵᠢᠯᠡᠬᠦ ᠲᠦᠷᠢᠮ ᠢ ᠪᠠᠶᠢᠭᠤᠯᠤᠨ ᠪᠦᠷᠢᠨᠰᠢᠭᠦᠯᠵᠦ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ ᠦᠷᠢᠲᠦᠬᠦ ᠠᠰᠠᠭᠤᠳᠠᠯ ᠤᠯᠠᠨ ᠪᠦᠬᠡᠳ ᠪᠠᠶᠢᠩᠭᠤ ᠡᠭᠦᠰᠬᠦ᠂ ᠢᠯᠡᠴᠢᠯᠡᠭᠡ ᠵᠠᠭᠠᠯᠳᠤᠯᠭ᠎ᠠ ᠶᠢᠨ ᠬᠡᠮᠵᠢᠶ᠎ᠡ ᠶᠡᠭᠡ ᠪᠠᠶᠢᠭ᠎ᠠ ᠭᠠᠵᠠᠷ ᠣᠷᠣᠨ ᠵᠢᠴᠢ ᠬᠠᠤᠯᠢ ᠠᠴᠠ ᠵᠥᠷᠢᠴᠡᠭᠰᠡᠨ ᠬᠦᠨᠳᠦ ᠶᠡᠭᠡ ᠬᠡᠷᠡᠭ ᠢ ᠭᠤᠣᠯᠳᠠᠯᠭ᠎ᠠ ᠲᠠᠢ ᠪᠠᠷ ᠰᠢᠮᠳᠠᠭᠤᠯᠤᠨ ᠪᠠᠶᠢᠴᠠᠭᠠᠨ᠎ᠠ᠃ ᠵᠠᠰᠠᠭ ᠤᠨ ᠣᠷᠳᠣᠨ ᠤ ᠪᠡᠯᠠ ᠣᠷᠣᠭᠤᠯᠤᠭᠰᠠᠨ ᠪᠠᠷᠢᠯᠭ᠎ᠠ ᠶᠢᠨ ᠲᠥᠷᠥᠯ ᠵᠦᠢᠯ ᠨᠢ ᠪᠠᠷᠢᠯᠭ᠎ᠠ ᠶᠢᠨ ᠵᠣᠭᠤᠰ ᠢ ᠦᠷᠢᠲᠦᠭᠰᠡᠨ ᠤ ᠬᠠᠮᠲᠤ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ ᠥᠷᠢᠲᠦᠭᠰᠡᠨ ᠠᠰᠠᠭᠤᠳᠠᠯ ᠭᠠᠷᠭᠠᠭᠰᠠᠨ ᠪᠠᠶᠢᠪᠠᠯ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢ ᠨᠡᠬᠡᠮᠵᠢᠯᠡᠨ᠎ᠡ᠃      ᠬᠥᠭᠵᠢᠭᠦᠯᠦᠯᠲᠡ ᠥᠭᠡᠷᠡᠴᠢᠯᠡᠯᠲᠡ ᠶᠢᠨ ᠰᠠᠯᠠᠭ᠎ᠠ ᠮᠥᠴᠢᠷ ᠠᠴᠠ ᠬᠠᠷᠢᠭᠤᠴᠠᠵᠤ ᠪᠠᠶᠢᠭᠠᠳ ᠲᠤᠰ ᠭᠠᠵᠠᠷ ᠣᠷᠣᠨ ᠤ ᠵᠠᠰᠠᠭ ᠤᠨ ᠣᠷᠳᠣᠨ ᠤ ᠪᠡᠯᠡ ᠣᠷᠣᠭᠤᠯᠤᠭᠰᠠᠨ ᠲᠥᠷᠥᠯ ᠵᠦᠢᠯ ᠢ ᠬᠢᠨᠠᠨ ᠵᠥᠪᠰᠢᠶᠡᠷᠡᠬᠦ ᠬᠠᠮᠢᠶᠠᠷᠤᠯᠲᠠ ᠶᠢ ᠴᠢᠩᠭᠠᠳᠬᠠᠵᠤ᠂ ᠪᠡᠯᠡ ᠮᠥᠩᠭᠦ ᠶᠢᠨ ᠢᠷᠡᠯᠲᠡ ᠪᠣᠯᠣᠨ ᠴᠤᠭᠯᠠᠭᠤᠯᠤᠭᠰᠠᠨ ᠠᠷᠭ᠎ᠠ ᠮᠠᠶ᠋ᠢᠭ ᠢ ᠴᠢᠩᠭ᠎ᠠ ᠬᠢᠨᠠᠨ ᠪᠠᠶᠢᠴᠠᠭᠠᠵᠤ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ ᠥᠷᠢᠲᠥᠵᠦ ᠢᠲᠡᠭᠡᠮᠵᠢ ᠠᠯᠳᠠᠭᠰᠠᠨ ᠠᠵᠤ ᠠᠬᠤᠶᠢᠯᠠᠯ ᠤᠳ ᠢ ᠢᠲᠡᠭᠡᠮᠵᠢ ᠣᠯᠬᠤ ᠰᠢᠰᠲ᠋ᠧᠮ ᠳᠤ ᠬᠠᠤᠯᠢ ᠶᠣᠰᠤᠭᠠᠷ ᠣᠷᠣᠭᠤᠯᠬᠤ ᠶᠢᠨ ᠬᠠᠮᠲᠤ ᠬᠤᠯᠪᠣᠭᠠᠯᠠᠨ ᠵᠠᠯᠬᠠᠭᠠᠨ ᠴᠡᠭᠡᠷᠯᠡᠭᠦᠯᠦᠨ᠎ᠡ᠃      ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠬᠠᠷᠢᠭᠤᠴᠠᠵᠤ ᠪᠠᠶᠢᠭᠠᠳ ᠲᠤᠰ ᠭᠠᠵᠠᠷ ᠣᠷᠣᠨ ᠤ ᠵᠠᠰᠠᠭ ᠤᠨ ᠣᠷᠳᠣᠨ ᠤ ᠪᠡᠯᠡ ᠣᠷᠣᠭᠤᠯᠤᠭᠰᠠᠨ ᠲᠥᠷᠥᠯ ᠵᠦᠢᠯ ᠤᠨ ᠪᠥᠳᠥᠭᠡᠨ ᠪᠠᠶᠢᠭᠤᠯᠤᠯᠲᠠ ᠶᠢᠨ ᠪᠦᠬᠦ ᠶᠠᠪᠤᠴᠠ ᠶᠢᠨ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠡᠳ᠋ ᠤᠨ ᠵᠠᠰᠠᠭ ᠤᠨ ᠪᠡᠯᠡ ᠮᠥᠩᠭᠦ ᠶᠢ ᠲᠣᠭᠲᠠᠭᠠᠯ ᠶᠣᠰᠣᠭᠠᠷ ᠴᠠᠭ ᠲᠤᠬᠠᠶ ᠳᠤᠨᠢ ᠲᠤᠭ᠎ᠠ ᠶᠣᠰᠣᠭᠠᠷ ᠰᠢᠯᠵᠢᠭᠦᠯᠦᠨ ᠥᠭᠴᠦ᠂ ᠪᠠᠴᠢᠮ ᠪᠠᠶᠢᠳᠠᠯ ᠢ ᠠᠷᠭᠠᠴᠠᠬᠤ ᠡᠷᠭᠢᠯᠲᠡ ᠶᠢᠨ ᠮᠥᠩᠭᠦ ᠶᠢᠨ ᠳᠦᠷᠢᠮ ᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃      ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠬᠠᠤᠯᠢ ᠶᠣᠰᠣᠭᠠᠷ ᠭᠦᠢᠴᠡᠳᠬᠡᠵᠦ᠂ ᠤᠯᠤᠰ ᠤᠨ ᠪᠠ ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ ᠬᠤᠯᠪᠣᠭᠳᠠᠯ ᠪᠦᠬᠦᠢ ᠪᠠᠷᠢᠯᠭ᠎ᠠ ᠶᠢᠨ ᠬᠠᠮᠢᠶᠠᠷᠤᠯᠲᠠ ᠪᠠ ᠴᠠᠯᠢᠩ ᠥᠭᠬᠦ ᠡᠯ᠎ᠡ ᠵᠦᠢᠯ ᠤᠨ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠲᠦᠷᠢᠮ ᠲᠣᠭᠲᠠᠭᠠᠯ ᠤᠳ ᠢ ᠨᠠᠶᠢᠳᠠᠪᠤᠷᠢᠵᠢᠭᠤᠯᠵᠤ᠂ ᠲᠤᠰ ᠭᠠᠵᠠᠷ ᠣᠷᠣᠨ ᠤ ᠲᠤᠰ ᠠᠵᠢᠯ ᠲᠦᠷᠦᠯ ᠤᠨ ᠪᠠᠷᠢᠯᠭ᠎ᠠ ᠶᠢᠨ ᠲᠥᠷᠥᠯ ᠵᠦᠢᠯ ᠢ ᠰᠢᠯᠵᠢᠭᠦᠯᠦᠨ ᠳᠠᠭᠠᠭᠠᠴᠢᠯᠠᠭᠤᠯᠬᠤ ᠪᠠ ᠬᠤᠪᠢᠶᠠᠨ ᠳᠠᠭᠠᠭᠠᠴᠢᠯᠠᠬᠤ ᠬᠠᠤᠯᠢ ᠶᠣᠰᠣᠨ ᠤ ᠪᠠᠶᠢᠳᠠᠯ ᠢ ᠬᠠᠷᠢᠭᠤᠴᠠᠨ ᠪᠠᠶᠢᠴᠠᠭᠠᠵᠤ ᠬᠠᠷᠭᠤᠭᠤᠯᠤᠨ ᠲᠣᠳᠣᠯᠠᠵᠤ᠂ ᠨᠡᠷ᠎ᠡ ᠵᠢᠭᠡᠯᠡᠵᠦ ᠳᠠᠭᠠᠭᠠᠴᠢᠯᠠᠭᠤᠯᠬᠤ᠂ ᠬᠠᠤᠯᠢ ᠠᠴᠠ ᠵᠥᠷᠢᠴᠡᠵᠦ ᠳᠠᠭᠠᠭᠠᠴᠢᠯᠠᠭᠤᠯᠬᠤ᠂ ᠰᠢᠯᠵᠢᠭᠦᠯᠦᠨ ᠳᠠᠭᠠᠭᠠᠴᠢᠯᠠᠭᠤᠯᠬᠤ᠂ ᠬᠤᠪᠢᠶᠠᠨ ᠳᠠᠭᠠᠭᠠᠴᠢᠯᠠᠭᠤᠯᠬᠤ᠂ ᠪᠠᠷᠢᠯᠭ᠎ᠠ ᠶᠢᠨ ᠵᠣᠭᠤᠰ ᠢ ᠥᠷᠢᠲᠦᠬᠦ ᠵᠡᠷᠭᠡ ᠠᠴᠠ ᠪᠣᠯᠤᠭᠰᠠᠨ ᠴᠠᠯᠢᠩ ᠥᠷᠢᠲᠥᠬᠦ ᠬᠡᠷᠡᠭ ᠢ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃      ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠨᠢ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠤᠨ ᠠᠰᠠᠭᠤᠳᠠᠯ ᠢ ᠰᠢᠢᠳᠪᠦᠷᠢᠯᠡᠬᠦ ᠶᠢᠨ ᠵᠣᠬᠢᠶᠠᠨ ᠪᠠᠶᠢᠭᠤᠯᠬᠤ ᠪᠠ ᠵᠣᠬᠢᠴᠠᠭᠤᠯᠬᠤ ᠠᠵᠢᠯ ᠢ ᠡᠭᠦᠷᠭᠡᠯᠡᠬᠦ ᠶᠢᠨ ᠬᠠᠮᠲᠤ᠂ ᠲᠤᠰ ᠭᠠᠵᠠᠷ ᠣᠷᠣᠨ ᠤ ᠬᠢᠮᠢ ᠶᠢᠨ ᠠᠵᠤ ᠦᠢᠯᠡᠳᠪᠦᠷᠢ᠂ ᠡᠳ᠋ᠰᠢᠭᠦᠯᠵᠦ ᠦᠢᠯᠡᠳᠬᠦ᠂ ᠢᠳᠡᠭᠡᠨ ᠤᠮᠳᠠᠭᠠᠨ ᠦᠢᠯᠡᠴᠢᠯᠡᠭᠡᠨ ᠵᠡᠷᠭᠡ ᠬᠥᠳᠡᠯᠮᠦᠷᠢ ᠨᠢᠬᠳᠠᠷᠠᠬᠰᠠᠨ ᠬᠡᠯᠪᠡᠷᠢ ᠶᠢᠨ ᠠᠵᠢᠯ ᠲᠦᠷᠦᠯ ᠤᠳ ᠤᠨ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ ᠴᠠᠭ ᠲᠤᠬᠠᠶ ᠳᠤᠨᠢ ᠲᠤᠭ᠎ᠠ ᠶᠣᠰᠣᠭᠠᠷ ᠥᠭᠭᠦᠭᠰᠡᠨ ᠪᠠᠶᠢᠳᠠᠯ ᠢ ᠭᠤᠣᠯᠳᠠᠯᠭ᠎ᠠ ᠲᠠᠢ ᠪᠠᠷ ᠬᠠᠣᠯᠢ ᠶᠣᠰᠣᠭᠠᠷ ᠪᠠᠶᠢᠴᠠᠭᠠᠵᠤ᠂ ᠤᠯᠤᠰ ᠤᠨ ᠪᠠ ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ ᠪᠦᠬᠦ ᠲᠠᠯ᠎ᠠ ᠪᠠᠷ ᠵᠠᠰᠠᠬᠤ ᠬᠠᠮᠢᠶ᠎ᠠ ᠪᠦᠬᠦᠢ ᠳᠦᠷᠢᠮ ᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠢᠨᠠᠨ ᠪᠠᠶᠢᠴᠠᠭᠠᠨ᠎ᠠ᠃      ᠤᠯᠤᠰ ᠤᠨ ᠦᠮᠴᠢᠯᠡᠯᠲᠦ ᠡᠳ᠋ ᠬᠦᠷᠦᠩᠭᠡ ᠶᠢᠨ ᠬᠢᠨᠠᠨ ᠬᠠᠮᠢᠶᠠᠷᠬᠤ ᠰᠠᠯᠠᠭ᠎ᠠ ᠮᠥᠴᠢᠷ ᠠᠴᠠ ᠬᠠᠷᠢᠭᠤᠴᠠᠵᠤ ᠪᠠᠶᠢᠭᠠᠳ ᠡᠷᠬᠡ ᠣᠯᠭᠤᠭᠰᠠᠨ ᠠᠵᠤ ᠠᠬᠤᠶᠢᠯᠠᠯ ᠤᠨ ᠪᠡᠯᠡ ᠭᠠᠷᠭᠠᠭᠴᠢ ᠶᠢ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠪᠠ ᠮᠠᠯᠴᠢᠨ ᠲᠠᠷᠢᠶᠠᠴᠢᠨ ᠬᠦᠴᠦ ᠶᠠᠪᠤᠭᠰᠠᠳ ᠲᠤ ᠥᠷᠢᠲᠦᠭᠰᠡᠨ ᠴᠠᠯᠢᠩ ᠢ ᠨᠢ ᠥᠭᠬᠦ ᠠᠵᠢᠯ ᠢ ᠪᠦᠬᠦ ᠲᠠᠯ᠎ᠠ ᠪᠠᠷ ᠵᠠᠰᠠᠨ᠎ᠠ᠃      ᠬᠠᠤᠯᠢ ᠴᠠᠭᠠᠵᠠ ᠶᠢᠨ ᠰᠠᠯᠠᠭ᠎ᠠ ᠮᠥᠴᠢᠷ ᠠᠴᠠ ᠬᠠᠷᠢᠭᠤᠴᠠᠵᠤ ᠪᠠᠶᠢᠭᠠᠳ ᠬᠠᠤᠯᠢ ᠴᠠᠭᠠᠵᠠ ᠶᠢᠨ ᠤᠬᠠᠭᠤᠯᠭ᠎ᠠ ᠵᠢᠴᠢ ᠮᠠᠯᠴᠢᠨ ᠲᠠᠷᠢᠶᠠᠴᠢᠨ ᠬᠦᠴᠦ ᠶᠠᠪᠤᠭᠰᠠᠳ ᠲᠤ ᠬᠠᠤᠯᠢ ᠴᠠᠭᠠᠵᠠ ᠶᠢᠨ ᠦᠢᠯᠡᠴᠢᠯᠡᠭᠡ ᠪᠠ ᠬᠠᠤᠯᠢ ᠴᠠᠭᠠᠵᠠ ᠶᠢᠨ ᠲᠤᠰᠠᠯᠠᠮᠵᠢ ᠬᠠᠨᠭ᠍ᠭᠠᠬᠤ ᠠᠵᠢᠯ ᠢ ᠦᠷᠨᠢᠭᠦᠯᠦᠨ᠎ᠡ᠃      ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠠᠴᠠ ᠬᠠᠷᠢᠭᠤᠴᠠᠵᠤ ᠪᠠᠶᠢᠭᠠᠳ ᠬᠥᠳᠡᠯᠮᠦᠷᠢ ᠶᠢᠨ ᠬᠥᠯᠥᠰᠥ ᠣᠯᠭᠤᠮᠵᠢ ᠥᠭᠬᠦ ᠶᠢ ᠲᠡᠪᠴᠢᠭᠰᠡᠨ ᠶᠠᠯ᠎ᠠ ᠳᠤ ᠰᠡᠵᠢᠭᠯᠡᠭᠳᠡᠭᠰᠡᠨ ᠬᠡᠷᠡᠭ ᠢ ᠪᠠᠶᠢᠴᠠᠭᠠᠨ ᠰᠢᠢᠳᠪᠦᠷᠢᠯᠡᠬᠦ ᠶᠢ ᠰᠠᠶᠢᠲᠤᠷ ᠬᠢᠵᠦ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ ᠥᠷᠢᠲᠦᠭᠰᠡᠨ ᠠᠴᠠ ᠪᠣᠯᠵᠤ ᠡᠭᠦᠰᠦᠭᠰᠡᠨ ᠪᠦᠯᠬᠦᠮ ᠨᠡᠶᠢᠲᠡ ᠶᠢᠨ ᠴᠢᠨᠠᠷᠲᠠᠶ ᠬᠡᠷᠡᠭ ᠢ ᠬᠠᠣᠯᠢ ᠶᠣᠰᠣᠭᠠᠷ ᠰᠢᠢᠳᠪᠦᠷᠢᠯᠡᠨ᠎ᠡ᠃      ᠠᠵᠤ ᠦᠢᠯᠡᠳᠪᠦᠷᠢ ᠬᠤᠳᠠᠯᠳᠤᠭ᠎ᠠ ᠶᠢᠨ ᠰᠠᠯᠠᠭ᠎ᠠ ᠮᠥᠴᠢᠷ ᠠᠴᠠ ᠬᠠᠷᠢᠭᠤᠴᠠᠵᠤ ᠪᠠᠶᠢᠭᠠᠳ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠢᠯᠡ ᠨᠡᠶᠢᠲᠡᠯᠡᠬᠦ ᠰᠢᠰᠲ᠋ᠧᠮ ᠢᠶᠠᠷ ᠳᠠᠮᠵᠢᠭᠤᠯᠤᠨ᠂ ᠴᠠᠯᠢᠩ ᠢ ᠥᠷᠢᠲᠦᠵᠦ ᠢᠲᠡᠭᠡᠮᠵᠢ ᠠᠯᠳᠠᠭᠰᠠᠨ ᠠᠵᠤ ᠠᠬᠤᠶᠢᠯᠠᠯ ᠢ ᠢᠯᠡ ᠨᠡᠶᠢᠲᠡᠯᠡᠬᠦ ᠵᠡᠷᠭᠡ ᠠᠵᠢᠯ ᠢ ᠬᠢᠨ᠎ᠡ᠃      ᠡᠯ᠎ᠡ ᠭᠠᠵᠠᠷ ᠣᠷᠣᠨ ᠨᠢ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠶᠢ ᠢᠳᠡᠪᠬᠢᠳᠡᠢ ᠲᠠᠮᠵᠢᠵᠦ ᠪᠠᠶᠢᠢᠭᠠᠳ ᠠᠵᠤ ᠠᠬᠤᠶᠢᠯᠠᠯ ᠤᠨ ᠬᠥᠳᠡᠯᠮᠦᠷᠢ ᠶᠢᠨ ᠪᠠᠲᠤᠯᠠᠭ᠎ᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠢ ᠬᠡᠷᠡᠭᠵᠢᠭᠦᠯᠦᠭᠰᠡᠨ ᠪᠠᠶᠢᠳᠠᠯ ᠳᠤ ᠬᠢᠨᠠᠯᠲᠠ ᠲᠠᠯᠪᠢᠵᠦ᠂ ᠴᠠᠯᠢᠩ ᠢ ᠥᠷᠢᠲᠦᠭᠰᠡᠨ ᠠᠰᠠᠭᠤᠳᠠᠯ ᠢ ᠮᠡᠳᠡᠪᠡᠯ ᠴᠠᠭ ᠲᠤᠬᠠᠶ ᠳᠤᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠮᠡᠳᠡᠭᠦᠯᠵᠦ ᠬᠠᠤᠯᠢ ᠶᠣᠰᠣᠭᠠᠷ ᠰᠢᠢᠳᠪᠦᠷᠢᠯᠡᠨ᠎ᠡ᠃      ᠠᠷᠠᠳ ᠤᠨ ᠪᠠᠩᠬᠢ ᠠᠴᠠ ᠬᠠᠷᠢᠭᠤᠴᠠᠵᠤ ᠪᠠᠶᠢᠭᠠᠳ ᠡᠯ᠎ᠡ ᠲᠥᠷᠥᠯ ᠤᠨ ᠠᠵᠤ ᠠᠬᠤᠶᠢᠯᠠᠯ ᠤᠨ ᠮᠠᠯᠴᠢᠨ ᠲᠠᠷᠢᠶᠠᠴᠢᠨ ᠬᠦᠴᠦ ᠶᠠᠪᠤᠭᠰᠠᠳ ᠲᠤ ᠴᠠᠯᠢᠩ ᠣᠯᠭᠤᠬᠤ ᠺᠠᠷᠲ ᠢ ᠪᠠᠩᠬᠢ ᠶᠢᠨ ᠰᠢᠰᠲ᠋ᠧᠮ ᠲᠤ ᠣᠷᠣᠭᠤᠯᠵᠤ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ ᠥᠷᠢᠲᠦᠭᠰᠡᠨ ᠠᠵᠤ ᠠᠬᠤᠶᠢᠯᠠᠯ ᠤᠳ ᠲᠤ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠶᠢ ᠬᠡᠷᠡᠭᠵᠢᠭᠦᠯᠦᠨ᠎ᠡ᠃      ᠷᠠᠳᠢᠣ᠋ ᠨᠡᠪᠲᠡᠷᠡᠭᠦᠯᠭᠡ ᠲᠧᠯᠸᠢᠰ ᠵᠢᠴᠢ ᠰᠣᠨᠢᠨ ᠮᠡᠳᠡᠭᠡᠨ ᠤ ᠵᠠᠭᠤᠴᠢᠯᠠᠭᠤᠷ ᠬᠠᠷᠢᠭᠤᠴᠠᠵᠤ ᠪᠠᠶᠢᠭᠠᠳ ᠤᠬᠠᠭᠤᠯᠤᠨ ᠬᠥᠲᠥᠯᠥᠨ ᠵᠢᠯᠣᠭᠤᠳᠬᠤ ᠪᠠ ᠶᠠᠷᠢᠶ᠎ᠠ ᠬᠡᠯᠡᠯᠴᠡᠭᠡᠨ ᠢᠶᠠᠷ ᠬᠠᠮᠢᠶᠠᠷᠤᠨ ᠡᠵᠡᠮᠳᠡᠬᠦ ᠶᠢ ᠨᠢᠭᠡᠳᠦᠯᠲᠡᠢ ᠲᠥᠯᠥᠪᠯᠡᠵᠦ᠂ ᠵᠥᠪ ᠲᠠᠯ᠎ᠠ ᠠᠴᠠ ᠬᠥᠲᠥᠯᠥᠨ ᠵᠢᠯᠣᠭᠤᠳᠬᠤ ᠶᠢ ᠴᠢᠩᠭᠠᠳᠬᠠᠵᠤ᠂ ᠰᠦᠯᠵᠢᠶᠡᠨ ᠳᠡᠭᠡᠷᠡᠬᠢ ᠶᠠᠷᠢᠶ᠎ᠠ ᠬᠡᠯᠡᠯᠴᠡᠭᠡᠨ ᠤ ᠪᠠᠶᠢᠳᠠᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃      2. ᠠᠵᠤ ᠠᠬᠤᠶᠢᠯᠠᠯ ᠤᠨ ᠴᠠᠯᠢᠩ ᠥᠭᠬᠦ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠡᠯ᠎ᠡ ᠲᠦᠷᠦᠯ ᠤᠨ ᠠᠵᠤ ᠠᠬᠤᠶᠢᠯᠠᠯ ᠤᠳ ᠡᠯᠰᠡᠨ ᠬᠡᠷᠡᠭᠯᠡᠬᠦ ᠪᠦᠬᠦᠢ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠥᠭᠬᠦ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠴᠠᠯᠢᠩ ᠢ ᠬᠠᠣᠯᠢ ᠶᠣᠰᠣᠭᠠᠷ ᠰᠠᠷ᠎ᠠ ᠪᠦᠷᠢ ᠲᠤᠭ᠎ᠠ ᠶᠣᠰᠣᠭᠠᠷ ᠨᠢ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠲᠤᠰ ᠬᠦᠮᠦᠨ ᠳᠤᠨᠢ ᠣᠯᠭᠤᠨ᠎ᠠ᠃      ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶ᠎ᠡ ᠴᠠᠷᠠᠭ᠎ᠠ ᠶᠢᠨ ᠪᠠᠷᠢᠯᠭ᠎ᠠ ᠶᠢᠨ ᠠᠵᠢᠯ ᠢ ᠶᠡᠷᠦᠩᠬᠡᠶᠢᠯᠡᠨ ᠳᠠᠭᠠᠭᠠᠴᠢᠯᠠᠭᠰᠠᠨ ᠠᠵᠤ ᠠᠬᠤᠶᠢᠯᠠᠯ ︵ᠪᠦᠳᠦᠬᠡᠨ ᠪᠠᠶᠢᠢᠭᠤᠯᠬᠤ ᠨᠢᠭᠡᠴᠡ ᠶᠢᠨ ᠳᠠᠭᠠᠭᠠᠴᠢᠯᠠᠭᠤᠯᠤᠭᠰᠠᠨ ᠪᠠᠷᠢᠯᠭ᠎ᠠ ᠶᠢ ᠰᠢᠭᠤᠳ ᠳᠠᠭᠠᠭᠠᠴᠢᠯᠠᠭᠰᠠᠨ ᠲᠤᠰᠬᠠᠶ ᠳᠠᠭᠠᠭᠠᠴᠢᠯᠠᠯᠲᠠ ᠶᠢᠨ ᠠᠵᠤ ᠠᠬᠤᠶᠢᠯᠠᠯ ᠪᠠᠭᠲᠠᠨ᠎ᠠ᠂ ᠳᠣᠷᠣᠭᠰᠢ ᠠᠳᠠᠯᠢ︶ ᠨᠢ ᠳᠠᠭᠠᠭᠠᠴᠢᠯᠠᠭᠰᠠᠨ ᠪᠠᠷᠢᠯᠭ᠎ᠠ ᠶᠢᠨ ᠲᠦᠷᠦᠯ ᠵᠦᠢᠯ ᠳᠠᠬᠢ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠥᠭᠬᠦ ᠳᠤ ᠪᠣᠳᠠᠲᠠᠶ ᠬᠠᠷᠢᠭᠤᠴᠠᠯᠭ᠎ᠠ ᠶᠢ ᠡᠭᠦᠷᠭᠡᠯᠡᠵᠦ᠂ ᠬᠤᠪᠢᠶᠠᠨ ᠳᠠᠭᠠᠭᠠᠴᠢᠯᠠᠭᠰᠠᠨ ᠠᠵᠤ ᠠᠬᠤᠶᠢᠯᠠᠯ ︵ᠶᠡᠷᠦᠩᠭᠡᠢ ᠳᠠᠭᠠᠭᠠᠴᠢᠯᠠᠭᠰᠠᠨ ᠠᠵᠤ ᠠᠬᠤᠶᠢᠯᠠᠯ ᠤᠨ ᠳᠠᠭᠠᠭᠠᠴᠢᠯᠠᠭᠤᠯᠤᠭᠰᠠᠨ ᠪᠠᠷᠢᠯᠭ᠎ᠠ ᠶᠢ ᠳᠠᠭᠠᠭᠠᠴᠢᠯᠠᠨ ᠪᠠᠷᠢᠬᠤ ᠲᠤᠰᠬᠠᠶ ᠮᠡᠷᠭᠡᠵᠢᠯ ᠤᠨ ᠠᠵᠤ ᠠᠬᠤᠶᠢᠯᠠᠯ ᠪᠠᠭᠲᠠᠨ᠎ᠠ᠂ ᠳᠣᠷᠣᠭᠰᠢ ᠠᠳᠠᠯᠢ︶ ᠨᠢ ᠡᠯᠰᠡᠨ ᠬᠡᠷᠡᠭᠯᠡᠬᠦ ᠪᠦᠬᠦᠢ ᠮᠠᠯᠴᠢᠨ ᠲᠠᠷᠢᠶᠠᠴᠢᠨ ᠬᠦᠴᠦ ᠶᠠᠪᠤᠭᠰᠠᠳ ᠲᠤ ᠴᠠᠯᠢᠩ ᠥᠭᠬᠦ ᠰᠢᠭᠤᠳ ᠬᠠᠷᠢᠭᠤᠴᠠᠯᠭ᠎ᠠ ᠶᠢ ᠡᠭᠦᠷᠭᠡᠯᠡᠨ᠎ᠡ᠃      ︵ᠬᠤᠶᠠᠷ︶ ᠴᠠᠯᠢᠩ ᠥᠭᠬᠦ ᠶᠢᠨ ᠪᠠᠲᠤᠯᠠᠬᠤ ᠲᠦᠷᠢᠮ ᠢ ᠪᠦᠷᠢᠨᠰᠢᠭᠦᠯᠦᠨ᠎ᠡ᠃      1. ᠴᠠᠯᠢᠩ ᠤᠨ ᠪᠠᠲᠤᠯᠠᠭ᠎ᠠ ᠶᠢᠨ ᠮᠥᠩᠭᠦ ᠪᠣᠯᠣᠨ ᠪᠠᠴᠢᠮ ᠪᠠᠶᠢᠳᠠᠯ ᠢ ᠠᠷᠭᠠᠴᠠᠬᠤ ᠡᠷᠭᠢᠯᠲᠡ ᠶᠢᠨ ᠮᠥᠩᠭᠦ ᠶᠢᠨ ᠳᠦᠷᠢᠮ ᠢ ᠨᠡᠶᠢᠳᠠᠪᠤᠷᠢᠵᠢᠭᠤᠯᠤᠨ᠎ᠠ᠃ ᠪᠥᠬᠦ ᠣᠷᠣᠨ ᠤ ᠪᠤᠢ ᠪᠥᠬᠦᠢ ᠪᠠᠷᠢᠯᠭ᠎ᠠ ᠶᠢᠨ ᠲᠥᠷᠥᠯ ᠵᠦᠢᠯ ᠨᠢ ᠴᠦᠮ ︽ᠪᠠᠷᠢᠯᠭ᠎ᠠ ᠶᠢᠨ ᠪᠦᠲᠥᠭᠡᠨ ᠪᠠᠶᠢᠭᠤᠯᠤᠯᠲᠠ ᠶᠢᠨ ᠬᠦᠷᠢᠶ᠎ᠡ ᠴᠠᠷᠠᠭ᠎ᠠ ᠶᠢᠨ ᠪᠠᠲᠤᠯᠠᠭ᠎ᠠ ᠶᠢᠨ ᠮᠥᠩᠭᠦ ᠶᠢ ᠢᠯᠭᠠᠷᠠᠭᠤᠯᠤᠨ ᠵᠢᠷᠤᠮᠵᠢᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠮᠡᠳᠡᠭᠳᠡᠯ︾ ︵ᠲᠥᠷᠥ ᠠᠯᠪᠠᠨ ᠲᠠᠷᠬᠠᠭᠠᠭᠰᠠᠨ ﹇2016﹈ 49 ᠳ᠋ᠤᠭᠡᠷ ᠲᠣᠭᠠᠲᠤ︶ ᠤᠨ ᠱᠠᠭᠠᠷᠳᠠᠯᠭ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠤᠨ ᠪᠠᠲᠤᠯᠠᠭ᠎ᠠ ᠶᠢᠨ ᠮᠥᠩᠭᠦ ᠶᠢ ᠲᠤᠰᠢᠶᠠᠨ᠎ᠠ᠃ ᠴᠠᠯᠢᠩ ᠤᠨ ᠪᠠᠲᠤᠯᠠᠭ᠎ᠠ ᠶᠢᠨ ᠮᠥᠩᠭᠦ ᠶᠢ ᠵᠥᠷᠢᠶᠡᠴᠢᠯᠡᠨ ᠲᠤᠰᠢᠶᠠᠵᠤ ᠬᠠᠳᠠᠭᠠᠯᠠᠬᠤ ᠠᠷᠭ᠎ᠠ ᠶᠢ ᠬᠡᠷᠡᠭᠵᠢᠭᠦᠯᠵᠦ᠂ ᠵᠣᠬᠢᠬᠤ ᠬᠤᠭᠤᠴᠠᠭᠠᠨ ᠤ ᠲᠤᠲᠤᠷ᠎ᠠ ᠴᠠᠯᠢᠩ ᠥᠷᠢᠲᠦᠭᠰᠡᠨ ᠦᠭᠡᠢ ᠠᠵᠤ ᠠᠬᠤᠶᠢᠯᠠᠯ ᠳᠤ ᠬᠠᠰᠤᠵᠤ ᠬᠡᠯᠲᠦᠷᠢᠭᠦᠯᠬᠦ ᠠᠷᠭ᠎ᠠ ᠬᠡᠮᠵᠢᠶ᠎ᠡ ᠶᠢ ᠠᠪᠴᠤ᠂ ᠴᠠᠯᠢᠩ ᠥᠷᠢᠲᠦᠭᠰᠡᠨ ᠠᠵᠤ ᠠᠬᠤᠶᠢᠯᠠᠯ ᠳᠤ ᠲᠤᠰᠢᠶᠠᠨ ᠬᠠᠳᠠᠭᠠᠯᠠᠬᠤ ᠬᠠᠷᠢᠴᠠᠯ ᠢ ᠵᠣᠬᠢᠬᠤ ᠬᠡᠮᠵᠢᠶ᠎ᠡ ᠪᠠᠷ ᠳᠡᠭᠡᠭᠰᠢᠯᠡᠭᠦᠯᠦᠨ᠎ᠡ᠃ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠤᠨ ᠪᠠᠲᠤᠯᠠᠭ᠎ᠠ ᠶᠢᠨ ᠮᠥᠩᠭᠦ ᠪᠠᠨ ᠲᠤᠰᠢᠶᠠᠵᠤ ᠳᠠᠭᠤᠰᠬᠠᠭᠠᠳᠤᠢ ᠪᠠᠷ ᠮᠦᠨᠬᠦ ᠠᠵᠢᠯᠯᠠᠵᠤ ᠪᠠᠶᠢᠭ᠎ᠠ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ᠂ ᠪᠠᠲᠤᠯᠠᠭ᠎ᠠ ᠶᠢᠨ ᠮᠥᠩᠭᠦ ᠬᠤᠷᠢᠶᠠᠬᠤ ᠠᠵᠢᠯ ᠲᠥᠷᠥᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠪᠦᠳᠦᠬᠡᠨ ᠪᠠᠶᠢᠢᠭᠤᠯᠬᠤ ᠨᠢᠭᠡᠴᠡ ᠪᠤᠶᠤ ᠪᠠᠷᠢᠯᠭ᠎ᠠ ᠶᠢᠨ ᠶᠡᠷᠦᠩᠬᠡᠶ ᠳᠠᠭᠠᠭᠠᠴᠢᠯᠠᠭᠰᠠᠨ ᠠᠵᠤ ᠠᠬᠤᠶᠢᠯᠠᠯ ᠢ ᠵᠠᠷᠯᠢᠭᠳᠠᠵᠤ ᠪᠠᠶᠢᠭᠠᠳ ᠲᠣᠭᠲᠠᠭᠰᠠᠨ ᠬᠤᠭᠤᠴᠠᠭᠠᠨ ᠳᠤ ᠲᠤᠰᠢᠶᠠᠵᠤ ᠳᠠᠭᠤᠰᠬᠠᠯᠭᠠᠨ᠎ᠠ᠃      ᠡᠯ᠎ᠡ ᠭᠠᠵᠠᠷ ᠣᠷᠣᠨ ᠨᠢ ᠪᠠᠴᠢᠮ ᠪᠠᠶᠢᠳᠠᠯ ᠢ ᠠᠷᠭᠠᠴᠠᠬᠤ ᠡᠷᠭᠢᠯᠲᠡ ᠶᠢᠨ ᠮᠥᠩᠭᠦ ᠶᠢᠨ ᠳᠦᠷᠢᠮ ᠢ ᠪᠦᠬᠦ ᠲᠠᠯ᠎ᠠ ᠪᠠᠷ ᠪᠠᠶᠢᠭᠤᠯᠬᠤ ᠶᠢᠨ ᠬᠠᠮᠲᠤ᠂ ᠣᠨ ᠤ ᠪᠥᠳᠥᠭᠡᠨ ᠪᠠᠶᠢᠭᠤᠯᠤᠯᠲᠠ ᠶᠢᠨ ᠪᠡᠯᠡ ᠮᠥᠩᠭᠦ ᠶᠢᠨ ᠬᠡᠪᠴᠢᠶ᠎ᠡ ᠪᠣᠯᠣᠨ ᠲᠦᠷᠦᠭᠦᠦ ᠵᠢᠯ ᠤᠨ ᠥᠷᠢᠲᠦᠭᠰᠡᠨ ᠴᠠᠯᠢᠩ ᠤᠨ ᠲᠤᠭ᠎ᠠ ᠵᠡᠷᠭᠡ ᠪᠠᠶᠢᠳᠠᠯ ᠢ ᠦᠨᠳᠦᠰᠦᠯᠡᠨ᠂ ᠪᠠᠴᠢᠮ ᠪᠠᠶᠢᠳᠠᠯ ᠢ ᠠᠷᠭᠠᠴᠠᠬᠤ ᠡᠷᠭᠢᠯᠲᠡ ᠶᠢᠨ ᠮᠥᠩᠭᠦ ᠶᠢᠨ ᠪᠠᠷᠢᠮᠵᠢᠶ᠎ᠠ ᠶᠢ ᠵᠣᠬᠢᠰᠲᠠᠶ ᠪᠠᠷ ᠳᠡᠭᠡᠭᠰᠢᠯᠡᠭᠦᠯᠦᠨ᠎ᠡ᠃ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ ᠣᠷᠣᠯᠠᠨ ᠥᠭᠴᠦ ᠪᠠᠶᠢᠭ᠎ᠠ ᠪᠠᠴᠢᠮ ᠪᠠᠶᠢᠳᠠᠯ ᠢ ᠠᠷᠭᠠᠴᠠᠵᠤ ᠡᠷᠭᠢᠯᠲᠡ ᠶᠢᠨ ᠮᠥᠩᠭᠦ ᠶᠢ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠬᠠᠷᠢᠭᠤᠴᠠᠵᠤ ᠨᠡᠬᠡᠮᠵᠢᠯᠡᠨ ᠠᠪᠴᠤ ᠥᠭᠭᠦᠨ᠎ᠡ᠃      ︵ᠡᠯ᠎ᠡ ᠱᠠᠲᠤᠨ ᠤ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠲᠦᠷᠦᠭᠦᠯᠡᠨ ᠬᠢᠵᠦ᠂ ᠡᠳ᠋ ᠤᠨ ᠵᠠᠰᠠᠭ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ᠂ ᠠᠷᠠᠳ ᠤᠨ ᠪᠠᠩᠬᠢ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠬᠠᠮᠵᠢᠯᠴᠠᠨ᠎ᠠ︶      2. ᠪᠠᠷᠢᠯᠭ᠎ᠠ ᠪᠠᠷᠢᠬᠤ ᠶᠠᠪᠤᠴᠠ ᠳᠤ ᠳ᠋ᠦ᠋ᠶᠢᠩᠨᠡᠨ ᠪᠤᠳᠤᠬᠤ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠦᠨ᠎ᠡ᠃ ᠪᠠᠷᠢᠯᠭ᠎ᠠ ᠶᠢᠨ ᠵᠣᠭᠤᠰ ᠢ ᠥᠭᠬᠦ ᠪᠠ ᠳ᠋ᠦ᠋ᠶᠢᠩᠨᠡᠨ ᠪᠤᠳᠤᠬᠤ ᠦᠢᠯᠡ ᠠᠵᠢᠯᠯᠠᠭ᠎ᠠ ᠶᠢ ᠴᠢᠩᠭ᠎ᠠ ᠪᠠᠷ ᠵᠢᠷᠤᠮᠵᠢᠭᠤᠯᠵᠦ᠂ ᠪᠦᠲᠦᠭᠡᠨ ᠪᠠᠶᠢᠭᠤᠯᠬᠤ ᠨᠢᠭᠡᠴᠡ ᠨᠢ ᠭᠡᠷ᠎ᠡ ᠳᠤ ᠪᠣᠯᠵᠣᠨ ᠲᠣᠭᠲᠠᠭᠰᠠᠨ ᠬᠡᠮᠵᠢᠯᠲᠡ ᠶᠢᠨ ᠦᠶᠡᠯᠡᠯ ᠪᠤᠶᠤ ᠪᠠᠷᠢᠯᠭ᠎ᠠ ᠶᠢᠨ ᠠᠬᠢᠴᠠ ᠶᠣᠰᠣᠭᠠᠷ ᠳ᠋ᠦ᠋ᠶᠢᠩᠨᠡᠨ ᠪᠤᠳᠦᠬᠤ ᠶᠢᠨ ᠬᠠᠮᠲᠤ ᠪᠠᠷᠢᠯᠭ᠎ᠠ ᠶᠢᠨ ᠮᠥᠩᠭᠦ ᠶᠢ ᠥᠭᠭᠦᠨ᠎ᠡ᠃ ᠪᠥᠳᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠠᠷᠢᠴᠠᠭᠠᠯᠠᠨ ᠲᠦᠯᠦᠬᠦ᠂ ᠥᠮᠴᠢᠲᠡᠨ ᠨᠢ ᠳᠠᠭᠠᠭᠠᠯᠲᠠ ᠬᠢᠬᠦ᠂ ᠪᠠᠩᠬᠢ ᠶᠢᠨ ᠳᠠᠭᠠᠭᠠᠯᠲᠠ ᠶᠢᠨ ᠪᠢᠴᠢᠭ ᠵᠡᠷᠭᠡ ᠳᠦᠷᠢᠮ ᠪᠣᠯᠤᠨ ᠬᠤᠳᠠᠯᠳᠤᠭᠠᠨ ᠤ ᠳᠠᠭᠠᠳᠬᠠᠯ ᠳᠤ ᠣᠷᠣᠭᠤᠯᠬᠤ ᠲᠣᠭᠲᠠᠴᠠ ᠶᠢ ᠬᠠᠶᠢᠨ ᠰᠦᠪᠡᠭᠴᠢᠯᠡᠵᠦ ᠪᠠᠶᠢᠭᠤᠯᠤᠨ᠂ ᠪᠠᠷᠢᠯᠭ᠎ᠠ ᠶᠢᠨ ᠵᠣᠭᠤᠰ ᠢ ᠥᠷᠢᠲᠦᠬᠦ ᠠᠰᠠᠭᠤᠳᠠᠯ ᠢ ᠪᠦᠲᠦᠮᠵᠢᠲᠡᠶ ᠪᠠᠷ ᠰᠢᠢᠳᠪᠦᠷᠢᠯᠡᠨ᠎ᠡ᠃      ︵ᠡᠯ᠎ᠡ ᠱᠠᠲᠤᠨ ᠤ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠦᠴᠢᠷ ᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      3. ᠴᠠᠯᠢᠩ ᠪᠠ ᠪᠠᠷᠢᠯᠭ᠎ᠠ ᠶᠢᠨ ᠵᠣᠭᠤᠰ ᠢ ᠠᠰ ᠲᠤᠨᠢ ᠲᠠᠩᠰᠠ ᠪᠠᠶᠢᠭᠤᠯᠤᠨ ᠬᠠᠮᠢᠶᠠᠷᠬᠤ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠦᠨ᠎ᠡ᠃ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶ᠎ᠡ ᠴᠠᠷᠠᠭ᠎ᠠ ᠳᠤ ᠬᠥᠮᠦᠨ ᠤ ᠬᠦᠴᠦᠨ ᠤ ᠰᠦᠢᠳᠬᠡᠯ ᠪᠣᠯᠤᠨ ᠪᠠᠷᠢᠯᠭ᠎ᠠ ᠶᠢᠨ ᠪᠤᠰᠤᠳ ᠵᠣᠭᠤᠰ ᠢ ᠠᠰ ᠲᠤᠨᠢ ᠲᠠᠩᠰᠠ ᠪᠠᠶᠢᠭᠤᠯᠤᠨ ᠬᠠᠮᠢᠶᠠᠷᠬᠤ ᠳᠦᠷᠢᠮ ᠢ ᠬᠡᠷᠡᠭᠵᠢᠭᠦᠯᠵᠦ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠲᠤ ᠤᠷᠢᠳᠴᠢᠯᠠᠨ ᠥᠭᠬᠦ ᠴᠠᠯᠢᠩ ᠤᠨ ᠬᠢᠷᠢ ᠬᠡᠮᠵᠢᠶ᠎ᠡ ᠶᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠭᠰᠠᠨ ᠨᠠᠭᠠᠳᠤ ᠵᠠᠬ᠎ᠠ ᠶᠢᠨ ᠴᠠᠯᠢᠩ ᠤᠨ ᠪᠠᠷᠢᠮᠵᠢᠶ᠎ᠠ ᠠᠴᠠ ᠳᠣᠣᠷ᠎ᠠ ᠦᠯᠦ ᠪᠠᠶᠢᠯᠭᠠᠵᠤ᠂ ᠪᠤᠳᠠᠲᠠᠢ ᠠᠰ ᠲᠤᠨᠢ ᠲᠠᠩᠰᠠ ᠪᠠᠶᠢᠭᠤᠯᠬᠤ ᠬᠠᠷᠢᠴᠠᠯ ᠢ ᠡᠯ᠎ᠡ ᠭᠠᠵᠠᠷ ᠣᠷᠣᠨ ᠠᠴᠠ ᠲᠣᠭᠲᠠᠭᠠᠵᠤ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ ᠥᠭᠬᠦ ᠳᠤ ᠲᠤᠰᠬᠠᠢ ᠬᠡᠷᠡᠭᠯᠡᠨ᠎ᠡ᠃ ᠪᠤᠢ ᠪᠦᠬᠦᠢ ᠪᠦᠳᠦᠭᠡᠨ ᠪᠠᠶᠢᠭᠤᠯᠤᠯᠳᠠ ᠶᠢᠨ ᠲᠥᠷᠥᠯ ᠵᠦᠢᠯ ᠢ ᠪᠦᠲᠦᠭᠡᠨ ᠪᠠᠶᠢᠭᠤᠯᠬᠤ ᠨᠢᠭᠡᠴᠡ ᠨᠢ ᠴᠦᠮ ᠪᠠᠷᠢᠯᠭ᠎ᠠ ᠶᠢᠨ ᠠᠵᠢᠯ ᠢ ᠳᠠᠭᠠᠭᠠᠴᠢᠯᠠᠬᠤ ᠭᠡᠷ᠎ᠡ ᠳᠤ ᠪᠣᠯᠵᠣᠨ ᠲᠣᠭᠲᠠᠭᠰᠠᠨ ᠬᠠᠷᠢᠴᠠᠯ ᠶᠣᠰᠣᠭᠠᠷ ᠪᠤᠶᠤ ᠪᠠᠷᠢᠯᠭ᠎ᠠ ᠶᠢᠨ ᠶᠡᠷᠦᠩᠭᠡᠢ ᠳᠠᠭᠠᠭᠠᠴᠢᠯᠠᠭᠰᠠᠨ ᠠᠵᠤ ᠠᠬᠤᠶᠢᠯᠠᠯ ᠤᠨ ᠬᠠᠩᠭᠠᠭᠰᠠᠨ ᠬᠥᠮᠦᠨ ᠤ ᠬᠦᠴᠦᠨ ᠤ ᠰᠦᠢᠳᠬᠡᠯ ᠤᠨ ᠲᠤᠭ᠎ᠠ ᠬᠡᠮᠵᠢᠶ᠎ᠡ ᠶᠣᠰᠣᠭᠠᠷ᠂ ᠥᠭᠬᠦ ᠶᠣᠰᠣᠲᠠᠶ ᠪᠠᠷᠢᠯᠭ᠎ᠠ ᠶᠢᠨ ᠵᠣᠭᠤᠰ ᠲᠤᠳᠤᠷᠠᠬᠢ ᠬᠥᠮᠦᠨ ᠤ ᠬᠦᠴᠦᠨ ᠤ ᠰᠦᠢᠳᠬᠡᠯ ᠢ ᠪᠠᠷᠢᠯᠭ᠎ᠠ ᠶᠢᠨ ᠶᠡᠷᠦᠩᠬᠡᠶ ᠳᠠᠭᠠᠭᠠᠴᠢᠯᠠᠭᠰᠠᠨ ᠠᠵᠤ ᠠᠬᠤᠶᠢᠯᠠᠯ ᠤᠨ ᠪᠠᠶᠢᠭᠤᠯᠤᠭᠰᠠᠨ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠤᠨ ᠳᠠᠩᠰᠠᠨ ᠡᠷᠦᠬᠡ ᠳᠤ ᠲᠤᠰᠠᠭᠠᠷ ᠨᠢ ᠰᠢᠯᠵᠢᠭᠦᠯᠦᠨ ᠥᠭᠬᠦ ᠶᠢᠨ ᠬᠠᠮᠲᠤ᠂ ᠬᠠᠷᠢᠶ᠎ᠠ ᠭᠠᠵᠠᠷ ᠤᠨ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠤᠨ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠲᠤ ᠪᠦᠷᠢᠳᠬᠡᠨ ᠳᠠᠩᠰᠠᠯᠠᠭᠤᠯᠤᠨ᠎ᠠ᠃ ᠳᠠᠩᠰᠠᠨ ᠡᠷᠦᠬᠡ ᠪᠠᠶᠢᠭᠤᠯᠤᠭᠰᠠᠨ ᠪᠠᠩᠬᠢ ᠨᠢ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠤᠨ ᠲᠤᠰᠬᠠᠶ ᠲᠠᠩᠰᠠ ᠡᠷᠦᠬᠡ ᠶᠢᠨ ᠡᠳᠦᠷ ᠲᠤᠳᠤᠮ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠪᠡᠯᠡ ᠮᠥᠩᠭᠦ ᠬᠦᠷᠦᠯᠴᠡᠬᠦ ᠦᠭᠡᠢ᠂ ᠨᠡᠭᠦᠯᠭᠡᠨ ᠬᠡᠷᠡᠭᠯᠡᠭᠰᠡᠨ ᠵᠡᠷᠭᠡ ᠪᠠᠶᠢᠳᠠᠯ ᠢ ᠮᠡᠳᠡᠪᠡᠯ ᠬᠠᠷᠢᠶ᠎ᠠ ᠭᠠᠵᠠᠷ ᠤᠨ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠤᠨ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠲᠤ ᠴᠠᠭ ᠲᠣᠬᠠᠢ ᠳᠤᠨᠢ ᠮᠡᠳᠡᠭᠦᠯᠵᠦ᠂ ᠲᠤᠰᠬᠠᠶ ᠵᠣᠭᠤᠰ ᠢ ᠲᠤᠰᠬᠠᠶ ᠵᠦᠢᠯ ᠳᠤ ᠬᠡᠷᠡᠭᠯᠡᠬᠦ ᠶᠢ ᠦᠨᠡᠨᠬᠦ ᠪᠠᠲᠤᠯᠠᠨ᠎ᠠ᠃      ︵ᠡᠯ᠎ᠡ ᠱᠠᠲᠤᠨ ᠤ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠲᠦᠷᠦᠭᠦᠯᠡᠨ ᠬᠢᠵᠦ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ᠂ ᠠᠷᠠᠳ ᠤᠨ ᠪᠠᠩᠬᠢ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠤᠨ ᠨᠢᠭᠡᠴᠡ ᠬᠠᠮᠵᠢᠯᠴᠠᠨ᠎ᠠ︶      4. ᠪᠠᠩᠬᠢ ᠠᠴᠠ ᠰᠠᠷ᠎ᠠ ᠪᠦᠷᠢ ᠶᠢᠨ ᠴᠠᠯᠢᠩ ᠢ ᠣᠷᠣᠯᠠᠨ ᠥᠭᠬᠦ ᠲᠦᠷᠢᠮ ᠢ ᠪᠦᠬᠦ ᠲᠠᠯ᠎ᠠ ᠪᠠᠷ ᠬᠡᠷᠡᠭᠵᠢᠭᠦᠯᠦᠨ᠎ᠡ᠃ ᠡᠯ᠎ᠡ ᠲᠦᠷᠦᠯ ᠤᠨ ᠠᠵᠤ ᠠᠬᠤᠶᠢᠯᠠᠯ ᠤᠳ ᠪᠠᠩᠬᠢ ᠳᠤ ᠨᠠᠶᠢᠳᠠᠵᠤ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ ᠣᠷᠣᠯᠠᠨ ᠥᠭᠭᠦᠨ᠎ᠡ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠪᠠᠲᠤᠯᠠᠭ᠎ᠠ ᠶᠢᠨ ᠺᠠᠷᠲ ᠲᠠᠢ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠪᠠᠷᠢᠯᠭ᠎ᠠ ᠶᠢᠨ ᠠᠵᠤ ᠠᠬᠤᠶᠢᠯᠠᠯ ᠨᠢ ᠴᠠᠯᠢᠩ ᠢ ᠰᠠᠷ᠎ᠠ ᠪᠦᠷᠢ ᠨᠡᠶᠢᠭᠡᠮ ᠤᠨ ᠪᠠᠲᠤᠯᠠᠭ᠎ᠠ ᠶᠢᠨ ᠺᠠᠷᠲ ᠨᠡᠮᠡᠭᠰᠡᠨ ᠪᠠᠩᠬᠢ ᠶᠢᠨ ᠳᠠᠩᠰᠠᠨ ᠡᠷᠦᠬᠡ ᠳᠤ ᠤᠷᠤᠭᠤᠯᠤᠨ ᠥᠭᠴᠦ᠂ ᠬᠤᠪᠢ ᠬᠥᠮᠦᠨ ᠨᠢ ᠨᠡᠶᠢᠭᠡᠮ ᠤᠨ ᠪᠠᠲᠤᠯᠠᠭ᠎ᠠ ᠶᠢᠨ ᠺᠠᠷᠲ ᠢᠶᠠᠷ ᠢᠶᠠᠨ ᠪᠠᠩᠬᠢ ᠶᠢᠨ ᠵᠠᠮ ᠮᠥᠷ ᠢᠶᠠᠷ ᠳᠠᠮᠵᠢᠨ ᠠᠪᠴᠤ ᠪᠤᠯᠣᠨ᠎ᠠ︔ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠪᠦᠰᠡ ᠶᠢᠨ ᠲᠣᠲᠣᠷᠠᠬᠢ ᠨᠡᠶᠢᠭᠡᠮ ᠤᠨ ᠪᠠᠲᠤᠯᠠᠭ᠎ᠠ ᠶᠢᠨ ᠺᠠᠷᠲ ᠪᠠᠶᠢᠬᠤ ᠦᠭᠡᠢ ᠮᠠᠯᠴᠢᠨ ᠲᠠᠷᠢᠶᠠᠴᠢᠨ ᠬᠦᠴᠦ ᠶᠠᠪᠤᠭᠰᠠᠳ ᠲᠤ᠂ ᠪᠠᠷᠢᠯᠭ᠎ᠠ ᠶᠢᠨ ᠠᠵᠤ ᠠᠬᠤᠶᠢᠯᠠᠯ ᠠᠴᠠ ᠲᠡᠳᠡᠨ ᠳᠤ ᠪᠠᠩᠬᠢ ᠶᠢᠨ ᠴᠠᠯᠢᠩ ᠤᠨ ᠺᠠᠷᠲ ᠭᠦᠢᠴᠡᠳᠬᠡᠵᠦ ᠥᠭᠬᠦ ᠶᠢ ᠬᠠᠷᠢᠭᠤᠴᠠᠬᠤ ᠶᠢᠨ ᠬᠠᠮᠲᠤ᠂ ᠪᠠᠩᠬᠢ ᠠᠴᠠ ᠰᠠᠷ᠎ᠠ ᠪᠦᠷᠢ ᠴᠠᠯᠢᠩ ᠢ ᠨᠢ ᠣᠷᠣᠯᠠᠨ ᠥᠭᠭᠦᠨ᠎ᠡ᠃ ᠡᠯ᠎ᠡ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠲᠦᠷᠦ ᠠᠯᠪᠠᠨ ᠲᠠᠷᠬᠠᠭᠠᠭᠰᠠᠨ ﹇2016﹈ 1 ᠳ᠋ᠤᠭᠡᠷ ᠲᠣᠭᠠᠲᠤ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠲᠦᠷᠢᠮ ᠢ ᠲᠣᠭᠲᠠᠭᠠᠵᠤ ᠲᠡᠭᠦᠯᠳᠡᠷᠵᠢᠭᠦᠯᠬᠦ ᠶᠢᠨ ᠬᠠᠮᠲᠤ ᠠᠵᠤ ᠠᠬᠤᠶᠢᠯᠠᠯ ᠳᠤ ᠬᠢᠨᠠᠯᠲᠠ ᠲᠠᠯᠪᠢᠵᠤ ᠪᠠᠶᠢᠭᠠᠳ ᠬᠡᠷᠡᠭᠵᠢᠭᠦᠯᠦᠨ᠎ᠡ      ︵ᠡᠯ᠎ᠡ ᠱᠠᠲᠤᠨ ᠤ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ᠂ ᠠᠷᠠᠳ ᠤᠨ ᠪᠠᠩᠬᠢ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠪᠠ ᠨᠢᠭᠡᠴᠡ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      5. ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠦᠨᠡᠨ ᠨᠡᠷ᠎ᠡ ᠶᠢᠨ ᠳᠦᠷᠢᠮ ᠤᠨ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠦᠨ᠎ᠡ᠃ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶ᠎ᠡ ᠴᠠᠷᠠᠭ᠎ᠠ ᠳᠤ ᠪᠠᠷᠢᠯᠭ᠎ᠠ ᠶᠢᠨ ᠠᠵᠤ ᠠᠬᠤᠶᠢᠯᠠᠯ ᠤᠳ ᠴᠥᠮ ᠰᠢᠭᠤᠳ ᠡᠯᠰᠡᠨ ᠬᠡᠷᠡᠭᠯᠡᠬᠦ ᠪᠦᠬᠦᠢ ᠮᠠᠯᠴᠢᠨ ᠲᠠᠷᠢᠶᠠᠴᠢᠨ ᠬᠦᠴᠦ ᠶᠠᠪᠤᠭᠰᠠᠳ ᠲᠠᠢ ᠤᠷᠢᠳᠠᠪᠠᠷ ᠬᠥᠳᠡᠯᠮᠦᠷᠢ ᠶᠢᠨ ᠭᠡᠷ᠎ᠡ ᠲᠣᠭᠲᠠᠭᠰᠠᠨ ᠤ ᠳᠠᠷᠠᠭ᠎ᠠ ᠪᠠᠷᠢᠯᠭ᠎ᠠ ᠶᠢᠨ ᠠᠵᠢᠯ ᠳᠤ ᠤᠷᠤᠯᠴᠠᠭᠤᠯᠵᠦ᠂ ᠬᠥᠳᠡᠯᠮᠦᠷᠢ ᠠᠵᠢᠯᠴᠢᠨ ᠬᠡᠷᠡᠭᠯᠡᠬᠦ ᠶᠢ ᠰᠦᠯᠵᠢᠶᠡᠨ ᠳᠡᠭᠡᠷ᠎ᠡ ᠪᠦᠷᠢᠳᠬᠡᠨ ᠳᠠᠩᠰᠠᠯᠠᠭᠤᠯᠬᠤ ᠶᠢ ᠪᠦᠬᠦ ᠲᠠᠯ᠎ᠠ ᠪᠠᠷ ᠬᠡᠷᠡᠭᠵᠢᠭᠦᠯᠦᠨ᠎ᠡ᠃ ᠬᠥᠳᠡᠯᠮᠦᠷᠢ ᠬᠦᠴᠦ ᠶᠢ ᠳᠠᠭᠠᠭᠠᠴᠢᠯᠠᠬᠤ ᠠᠵᠢᠯᠯᠠᠭ᠎ᠠ ᠲᠠᠢ ᠬᠥᠳᠡᠯᠮᠦᠷᠢ ᠠᠵᠢᠯᠴᠢᠨ ᠬᠡᠷᠡᠭᠯᠡᠬᠦ ᠳᠤ ᠶᠡᠷᠦᠩᠭᠡᠢ ᠳᠠᠭᠠᠭᠠᠴᠢᠯᠠᠭᠰᠠᠨ ᠲᠠᠯ᠎ᠠ ᠨᠢ ᠬᠥᠳᠡᠯᠮᠦᠷᠢ ᠬᠦᠴᠦᠨ ᠤ ᠬᠥᠮᠦᠰ ᠢ ᠦᠨᠡᠨ ᠨᠡᠷ᠎ᠡ ᠪᠠᠷ ᠨᠢ ᠲᠡᠮᠳᠡᠭᠯᠡᠨ ᠳᠠᠩᠰᠠᠯᠠᠵᠤ᠂ ᠦᠨᠡᠨ ᠨᠡᠷ᠎ᠡ ᠶᠢᠨ ᠳᠦᠷᠢᠮ ᠤᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠳᠤ ᠣᠷᠣᠭᠤᠯᠤᠨ᠂ ᠨᠡᠷᠡᠰ ᠢ ᠨᠢ ᠬᠦᠳᠡᠯᠮᠦᠷᠢ ᠬᠦᠴᠦᠨ ᠤ ᠬᠥᠯᠥᠰᠥ ᠮᠥᠩᠭᠦ ᠥᠭᠬᠦ ᠦᠨᠳᠦᠰᠦᠨ ᠡᠰᠢ ᠪᠠᠷᠢᠮᠲᠠ ᠪᠣᠯᠭᠠᠵᠤ᠂ ᠠᠳᠠᠭ ᠲᠠᠭᠠᠨ 3 ᠵᠢᠯ ᠬᠠᠳᠠᠭᠠᠯᠠᠵᠤ ᠪᠠᠶᠢᠴᠠᠭᠠᠬᠤ ᠳᠤ ᠪᠡᠯᠡᠳᠬᠡᠨ᠎ᠡ᠃      ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠪᠦᠲᠦᠭᠡᠨ ᠪᠠᠶᠢᠭᠤᠯᠬᠤ ᠨᠢᠭᠡᠴᠡ ᠂ ᠪᠠᠷᠢᠯᠭ᠎ᠠ ᠶᠢᠨ ᠠᠵᠢᠯ ᠢ ᠬᠢᠨᠠᠵᠤ ᠬᠠᠮᠢᠶᠠᠷᠬᠤ ᠡᠲᠡᠭᠡᠳ᠂ ᠪᠠᠷᠢᠯᠭ᠎ᠠ ᠶᠢᠨ ᠠᠵᠤ ᠠᠬᠤᠶᠢᠯᠠᠯ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠲᠥᠯᠥᠭᠡᠯᠡᠭᠴᠢᠳ ᠢᠶᠠᠷ ᠪᠠᠷᠢᠯᠭ᠎ᠠ ᠶᠢᠨ ᠲᠤᠬᠠᠶ ᠶᠢᠨ ᠭᠠᠵᠠᠷ ᠲᠠᠬᠢ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠠᠵᠢᠯ ᠤᠨ ᠠᠯᠪᠠᠨ ᠭᠡᠷ ᠪᠠᠶᠢᠭᠤᠯᠬᠤ ᠳᠤ ᠬᠢᠨᠠᠯᠲᠠ ᠲᠠᠯᠪᠢᠵᠤ᠂ ᠠᠵᠤ ᠠᠬᠤᠶᠢᠯᠠᠯ ᠤᠨ ᠡᠯ᠎ᠡ ᠵᠦᠢᠯ ᠤᠨ ᠠᠵᠢᠯᠴᠢᠨ ᠬᠡᠷᠡᠭᠯᠡᠬᠦ ᠳᠦᠷᠢᠮ ᠢ ᠨᠠᠶᠢᠳᠠᠪᠤᠷᠢᠵᠢᠭᠤᠯᠬᠤ ᠳᠤ ᠬᠢᠨᠠᠯᠲᠠ ᠲᠠᠯᠪᠢᠨ᠎ᠠ᠃ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠬᠠᠤᠯᠢ ᠲᠣᠭᠲᠠᠭᠠᠯ ᠶᠣᠰᠣᠭᠠᠷ ᠮᠡᠳᠡᠭᠡᠯᠡᠬᠦ᠂ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ᠂ ᠳᠠᠭᠠᠭᠠᠴᠢᠯᠠᠯᠲᠠ ᠵᠠᠷᠯᠠᠨ ᠳᠠᠭᠠᠭᠠᠴᠢᠯᠠᠯᠲᠠ ᠬᠦᠯᠢᠶᠡᠬᠦ ᠶᠢ ᠨᠢ ᠬᠢᠵᠠᠭᠠᠷᠯᠠᠬᠤ᠂ ᠨᠥᠯᠥᠭᠡ ᠮᠠᠭᠤᠳᠠᠢ ᠤᠶᠢᠢᠯᠠ ᠠᠵᠢᠯᠯᠠᠭ᠎ᠠ ᠶᠢ ᠨᠢ ᠲᠡᠮᠳᠡᠭᠯᠡᠬᠦ᠂ ᠵᠠᠬ᠎ᠠ ᠳᠡᠯᠭᠡᠭᠦᠷ ᠠᠴᠠ ᠴᠡᠪᠡᠷᠯᠡᠨ ᠭᠠᠷᠭᠠᠬᠤ ᠵᠡᠷᠭᠡ ᠠᠷᠭ᠎ᠠ ᠮᠠᠶ᠋ᠢᠭ ᠢᠶᠠᠷ ᠰᠢᠳᠬᠡᠨ ᠲᠤᠷᠭᠠᠵᠦ ᠵᠠᠯᠬᠠᠭᠠᠨ᠎ᠠ᠃      ︵ᠡᠯ᠎ᠡ ᠱᠠᠲᠤᠨ ᠤ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠤᠰᠤᠭᠠᠷ ᠬᠠᠷᠢᠭᠤᠴᠠᠨ᠎ᠠ︶      6. ᠪᠠᠷᠢᠯᠭ᠎ᠠ ᠶᠢᠨ ᠲᠤᠬᠠᠶ ᠶᠢᠨ ᠭᠠᠵᠠᠷ ᠲᠤ ᠡᠷᠬᠡ ᠪᠠᠨ ᠬᠠᠮᠠᠭᠠᠯᠠᠬᠤ ᠮᠡᠳᠡᠭᠡ ᠵᠠᠩᠭᠢ ᠶᠢ ᠢᠯᠡ ᠨᠡᠶᠢᠲᠡᠯᠡᠬᠦ ᠲᠦᠷᠢᠮ ᠢ ᠪᠦᠬᠦ ᠲᠠᠯ᠎ᠠ ᠪᠠᠷ ᠬᠡᠷᠡᠭᠵᠢᠭᠦᠯᠦᠨ᠎ᠡ᠃ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠪᠠᠷᠢᠯᠭ᠎ᠠ ᠶᠢᠨ ᠲᠣᠬᠠᠢ ᠶᠢᠨ ᠭᠠᠵᠠᠷ ᠲᠤ ᠢᠯᠡ ᠨᠡᠶᠢᠲᠡᠯᠡᠬᠦ ᠵᠡᠷᠭᠡ ᠬᠠᠮᠢᠶᠠᠷᠤᠯᠲᠠ ᠶᠢᠨ ᠳᠦᠷᠢᠮ ᠢ ᠲᠣᠭᠲᠠᠭᠠᠨ ᠲᠡᠭᠦᠯᠳᠡᠷᠵᠢᠭᠦᠯᠬᠦ ᠶᠢᠨ ᠬᠠᠮᠲᠤ᠂ ᠪᠠᠷᠢᠯᠭ᠎ᠠ ᠶᠢᠨ ᠠᠵᠤ ᠠᠬᠤᠶᠢᠯᠠᠯ ᠤᠨ ᠨᠠᠶᠢᠢᠳᠠᠪᠤᠷᠢᠵᠢᠭᠤᠯᠤᠨ ᠪᠤᠳᠠᠲᠠᠶᠢᠵᠢᠭᠤᠯᠬᠤ ᠳᠤ ᠬᠢᠨᠠᠯᠲᠠ ᠲᠠᠯᠪᠢᠵᠤ᠂ ᠢᠯᠡ ᠨᠡᠶᠢᠲᠡᠯᠡᠭᠰᠡᠨ ᠮᠡᠳᠡᠭᠡ ᠵᠠᠩᠭᠢ ᠶᠢᠨ ᠪᠦᠷᠢᠨ ᠪᠦᠷᠬᠦᠭᠦᠯᠬᠦ ᠶᠢ ᠦᠨᠡᠨᠬᠦ ᠪᠠᠲᠤᠯᠠᠨ᠎ᠠ᠃ ᠦᠨᠡᠨ ᠮᠥᠨ ᠢᠶᠠᠷ ᠨᠢ ᠢᠯᠡ ᠨᠡᠶᠢᠲᠡᠯᠡᠭᠰᠡᠨ ᠦᠭᠡᠢ ᠪᠠᠶᠢᠪᠠᠯ᠂ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠵᠠᠯᠠᠷᠠᠭᠤᠯᠤᠨ᠎ᠠ᠃      ︵ᠡᠯ᠎ᠡ ᠱᠠᠲᠤᠨ ᠤ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠭᠤᠷᠪᠠ︶ ᠡᠷᠬᠡ ᠪᠠᠨ ᠬᠠᠮᠠᠭᠠᠯᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃        1.ᠢᠯᠡᠴᠢᠯᠡᠨ ᠵᠠᠭᠠᠯᠳᠤᠭᠰᠠᠨ ᠢ ᠰᠢᠢᠳᠪᠦᠷᠢᠯᠡᠬᠦ ᠲᠣᠭᠲᠠᠴᠠ ᠶᠢ ᠪᠦᠷᠢᠨᠰᠢᠭᠦᠯᠦᠨ᠎ᠡ᠃ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠶᠡᠷᠦᠩᠬᠡᠶ ᠳᠠᠭᠠᠭᠠᠴᠢᠯᠠᠬᠰᠠᠨ ᠠᠵᠤ ᠠᠬᠤᠶᠢᠯᠠᠯ᠂ ᠬᠥᠳᠡᠯᠮᠦᠷᠢ ᠶᠢᠨ ᠪᠠᠲᠤᠯᠠᠭ᠎ᠠ ᠬᠢᠨᠠᠯᠲᠠ ᠪᠠᠶᠢᠴᠠᠭᠠᠯᠲᠠ ᠶᠢᠨ ᠬᠢᠨ ᠤ ᠰᠦᠯᠵᠢᠶᠡᠨ ᠳᠡᠭᠡᠷ᠎ᠡ ᠬᠠᠮᠲᠤᠷᠠᠨ ᠬᠦᠳᠡᠯᠦᠯᠴᠡᠵᠦ ᠢᠯᠡᠴᠢᠯᠡᠨ ᠵᠠᠭᠠᠯᠳᠤᠬᠤ ᠴᠣᠩᠬᠤᠪᠴᠢ ᠪᠠ ᠬᠦᠯᠢᠶᠡᠨ ᠠᠪᠴᠤ ᠰᠢᠢᠳᠪᠦᠷᠢᠯᠡᠬᠦ ᠴᠣᠩᠬᠤᠪᠴᠢ ᠶᠢ ᠲᠦᠷᠭᠡᠳᠬᠡᠨ ᠪᠠᠶᠢᠭᠤᠯᠵᠤ᠂ ᠢᠯᠡᠴᠢᠯᠡᠨ ᠵᠠᠭᠠᠯᠳᠣᠬᠤ ᠳ᠋ᠢᠶᠠᠩᠬᠤᠸᠠ᠂ ᠬᠦᠯᠢᠶᠡᠨ ᠠᠪᠴᠤ ᠰᠢᠢᠳᠪᠦᠷᠢᠯᠡᠬᠦ ᠰᠦᠯᠵᠢᠶ᠎ᠡ ᠶᠢᠨ ᠬᠠᠶ᠋ᠢᠭ ᠪᠠ ᠭᠠᠵᠠᠷ ᠢ ᠨᠡᠶᠢᠲᠡᠯᠡᠨ᠂ ᠢᠯᠡᠴᠢᠯᠡᠨ ᠮᠡᠳᠡᠭᠦᠯᠵᠦ ᠵᠠᠭᠠᠯᠳᠤᠭᠴᠢ ᠶᠢᠨ ᠡᠷᠬᠡ ᠠᠰᠢᠭ ᠢ ᠪᠠᠲᠤᠯᠠᠨ᠎ᠠ᠃ ᠬᠠᠮᠲᠤᠷᠠᠨ ᠬᠦᠳᠡᠯᠦᠯᠴᠡᠵᠦ ᠢᠯᠡᠴᠢᠯᠡᠨ ᠵᠠᠭᠠᠯᠳᠤᠬᠤ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ᠂ ᠲᠦᠷᠦᠯ ᠬᠤᠪᠢᠶᠠᠨ ᠬᠦᠯᠢᠶᠡᠨ ᠠᠪᠴᠤ ᠰᠢᠢᠳᠪᠦᠷᠢᠯᠡᠵᠦ᠂ ︽ᠪᠦᠬᠦᠯᠢ ᠡᠳᠦᠷ ᠤᠨ᠂ ᠪᠦᠷᠢᠨ ᠪᠦᠷᠬᠦᠭᠦᠯᠦᠭᠰᠡᠨ᠂ ᠪᠦᠬᠦ ᠬᠦᠷᠢᠶ᠎ᠡ ᠴᠠᠷᠠᠭ᠎ᠠ︾ ᠪᠠᠷ ᠬᠢᠨᠠᠨ ᠡᠵᠡᠮᠳᠡᠵᠦ ᠰᠢᠢᠳᠪᠦᠷᠢᠯᠡᠬᠦ ᠲᠣᠭᠲᠠᠴᠠ ᠶᠢ ᠬᠦᠴᠦᠯᠡᠨ ᠪᠠᠶᠢᠭᠤᠯᠵᠤ᠂ ᠰᠦᠯᠵᠢᠶᠡᠨ ᠳᠡᠭᠡᠷ᠎ᠡ ᠪᠠ ᠰᠦᠯᠵᠢᠶ᠎ᠡ ᠠᠴᠠ ᠭᠠᠳᠠᠨ᠎ᠠ ᠢᠯᠡᠴᠢᠯᠡᠨ ᠵᠠᠭᠠᠯᠳᠤᠬᠤ ᠶᠢ ᠪᠡᠶᠡᠯᠡᠭᠦᠯᠦᠨ᠂ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠰᠢᠰᠲ᠋ᠧᠮ ᠢᠶᠠᠷ ᠢᠶᠠᠨ ᠬᠦᠯᠢᠶᠡᠨ ᠠᠪᠴᠤ ᠰᠢᠢᠳᠪᠦᠷᠢᠯᠡᠨ᠎ᠡ᠃      ︵ᠡᠯ᠎ᠡ ᠱᠠᠲᠤᠨ ᠤ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠲᠦᠷᠦᠭᠦᠯᠡᠨ ᠬᠢᠵᠦ᠂ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠮᠵᠢᠯᠴᠠᠨ᠎ᠠ︶      2. ᠮᠡᠳᠡᠭᠡ ᠵᠠᠩᠭᠢ ᠶᠢᠨ ᠬᠢᠨᠠᠨ ᠰᠢᠨᠵᠢᠬᠦ ᠪᠠ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ ᠲᠡᠭᠦᠯᠳᠡᠷᠵᠢᠭᠦᠯᠦᠨ᠎ᠡ᠃ ᠠᠵᠢᠯ ᠲᠥᠷᠥᠯ ᠤᠨ ᠬᠢᠨᠠᠯᠳᠠ ᠬᠠᠮᠢᠶᠠᠷᠤᠯᠳᠠ ᠶᠢᠨ ᠰᠠᠯᠠᠭ᠎ᠠ ᠮᠥᠴᠢᠷ ᠤᠨ ᠮᠡᠳᠡᠭᠡ ᠵᠠᠩᠭᠢ ᠶᠢ ᠡᠮᠬᠢᠯᠡᠨ ᠨᠡᠶᠢᠯᠡᠭᠦᠯᠬᠦ ᠶᠢ ᠴᠢᠩᠭᠠᠳᠬᠠᠨ᠂ ᠡᠳᠦᠷ ᠲᠤᠳᠤᠮ ᠤᠨ ᠬᠢᠨᠠᠯᠲᠠ ᠪᠠᠶᠢᠴᠠᠭᠠᠯᠲᠠ ᠶᠢ ᠴᠢᠩᠭᠠᠷᠠᠭᠤᠯᠵᠤ᠂ ᠦᠨᠡᠨ ᠨᠡᠷ᠎ᠡ ᠶᠢᠨ ᠳᠦᠷᠢᠮ ᠤᠨ ᠮᠡᠳᠡᠭᠡ ᠵᠠᠩᠭᠢ ᠶᠢᠨ ᠬᠠᠮᠢᠶᠠᠷᠤᠯᠲᠠ᠂ ᠬᠥᠳᠡᠯᠮᠦᠷᠢ ᠬᠦᠴᠦ ᠠᠵᠢᠯᠴᠢᠨ ᠢ ᠪᠦᠷᠢᠳᠬᠡᠨ ᠳᠠᠩᠰᠠᠯᠠᠬᠤ ᠵᠡᠷᠭᠡ ᠰᠢᠰᠲ᠋ᠧᠮ ᠳᠤ ᠲᠦᠰᠢᠭᠯᠡᠨ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠲᠤ ᠴᠠᠯᠢᠩ ᠥᠭᠴᠦ ᠪᠠᠶᠢᠭ᠎ᠠ ᠪᠠᠶᠢᠳᠠᠯ ᠳᠤ ᠬᠥᠳᠡᠯᠦᠩᠭᠦᠶ ᠬᠢᠨᠠᠯᠲᠠ ᠬᠠᠮᠢᠶᠠᠷᠤᠯᠲᠠ ᠬᠢᠵᠦ᠂ ᠴᠠᠯᠢᠩ ᠦᠷᠢᠲᠦᠬᠦ ᠲᠠᠯᠳᠠ ᠭᠡᠮ ᠰᠣᠭᠤᠭ ᠢ ᠴᠠᠭ ᠲᠤᠬᠠᠶ ᠳᠤᠨᠢ ᠮᠡᠳᠡᠬᠦ ᠶᠢᠨ ᠬᠠᠮᠲᠤ ᠰᠢᠢᠳᠪᠦᠷᠢᠯᠡᠨ᠎ᠡ᠃ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠣᠨ ᠶᠡᠷᠦᠩᠬᠡᠶ ᠳᠠᠭᠠᠭᠠᠴᠢᠯᠠᠬᠰᠠᠨ ᠠᠵᠤ ᠠᠬᠤᠶᠢᠯᠠᠯ ᠨᠢ ᠲᠤᠬᠠᠶ ᠶᠢᠨ ᠭᠠᠵᠠᠷ ᠤᠨ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠲᠤ ᠮᠠᠯᠴᠢᠨ ᠲᠠᠷᠢᠶᠠᠴᠢᠨ ᠬᠦᠴᠦ ᠶᠠᠪᠤᠭᠰᠠᠳ ᠢ ᠬᠡᠷᠡᠭᠯᠡᠵᠦ ᠪᠠᠶᠢᠭ᠎ᠠ ᠪᠠᠶᠢᠳᠠᠯ ᠪᠠ ᠴᠠᠯᠢᠩ ᠥᠭᠬᠦ ᠬᠦᠳᠡᠯᠦᠩᠭᠦᠢ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠡᠭᠦᠷᠭᠡ ᠲᠠᠢ ᠶᠤᠮ᠃ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠨᠢ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ᠂ ᠤᠰᠤ ᠴᠠᠬᠢᠯᠭᠠᠨ ᠤ ᠬᠠᠩᠭᠠᠯᠭ᠎ᠠ ᠵᠡᠷᠭᠡ ᠬᠠᠮᠢᠶ᠎ᠠ ᠪᠦᠬᠦᠢ ᠭᠦᠢᠴᠡᠳᠬᠡᠯ ᠲᠤᠭ᠎ᠠ ᠶᠢᠨ ᠬᠤᠪᠢᠷᠠᠯᠲᠠ ᠶᠢᠨ ᠪᠠᠶᠢᠳᠠᠯ᠂ ᠭᠠᠶᠢᠯᠢ ᠶᠢᠨ ᠮᠥᠩᠭᠦ ᠲᠤᠰᠢᠶᠠᠬᠤ ᠵᠢᠴᠢ ᠭᠠᠶᠢᠯᠢ ᠶᠢᠨ ᠮᠥᠩᠭᠦ ᠥᠷᠢᠲᠦᠵᠦ ᠪᠠᠶᠢᠭ᠎ᠠ ᠮᠡᠳᠡᠭᠡ ᠵᠠᠩᠭᠢ ᠶᠢ ᠦᠨᠳᠦᠰᠦᠯᠡᠨ᠂ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠯᠤᠭ᠎ᠠ ᠬᠠᠮᠵᠢᠯᠴᠠᠨ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ᠂ ᠭᠤᠣᠯᠳᠠᠯᠭ᠎ᠠ ᠲᠠᠢ ᠠᠵᠤ ᠠᠬᠤᠶᠢᠯᠠᠯ᠂ ᠭᠤᠣᠯᠳᠠᠯᠭ᠎ᠠ ᠲᠠᠢ ᠲᠥᠷᠥᠯ ᠵᠦᠢᠯ ᠳᠤ ᠲᠣᠭᠲᠠᠮᠠᠯ ᠬᠤᠭᠤᠴᠠᠭ᠎ᠠ ᠲᠠᠢ ᠪᠠᠷ ᠰᠢᠮᠳᠠᠭᠤᠯᠤᠨ ᠪᠠᠶᠢᠴᠠᠭᠠᠬᠤ ᠪᠠ ᠶᠡᠷᠦᠩᠭᠡᠶᠢᠯᠡᠨ ᠵᠠᠳᠠᠯᠵᠤ ᠰᠤᠳᠤᠯᠤᠨ ᠮᠠᠭᠠᠳᠯᠠᠵᠤ᠂ ᠴᠠᠯᠢᠩ ᠥᠷᠢᠲᠦᠬᠦ ᠲᠠᠯᠳᠠ ᠬᠡᠮ ᠰᠣᠭᠤᠭ ᠢ ᠮᠡᠳᠡᠪᠡᠯ ᠳᠠᠷᠦ᠋ᠢᠬᠠᠨ ᠲᠤᠬᠠᠶ ᠶᠢᠨ ᠭᠠᠵᠠᠷ ᠤᠨ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ᠂ ᠤᠷᠢᠳᠴᠢᠯᠠᠨ ᠰᠡᠷᠡᠮᠵᠢᠯᠡᠭᠦᠯᠵᠦ ᠰᠡᠷᠭᠡᠶᠢᠯᠡᠬᠦ ᠠᠵᠢᠯ ᠢ ᠰᠠᠶᠢᠲᠤᠷ ᠬᠢᠨ᠎ᠡ᠃      ︵ᠡᠯ᠎ᠡ ᠱᠠᠲᠤᠨ ᠤ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠤᠨ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠲᠦᠷᠦᠭᠦᠯᠡᠨ ᠬᠢᠵᠦ᠂ ᠠᠵᠤ ᠦᠢᠯᠡᠳᠪᠦᠷᠢ ᠬᠤᠳᠠᠯᠳᠤᠭ᠎ᠠ᠂ ᠭᠠᠶᠢᠯᠢ ᠶᠢᠨ ᠶᠠᠪᠤᠳᠠᠯ᠂ ᠮᠥᠩᠭᠦᠨ ᠭᠦᠢᠯᠭᠡᠭᠡᠨ᠂ ᠤᠰᠤᠨ ᠠᠰᠢᠭᠯᠠᠯᠲᠠ᠂ ᠴᠠᠬᠢᠯᠭᠠᠨ ᠬᠦᠴᠦᠨ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠤᠨ ᠨᠢᠭᠡᠴᠡ ᠬᠠᠮᠵᠢᠯᠴᠠᠨ᠎ᠠ︶      3. ᠠᠵᠤ ᠠᠬᠤᠶᠢᠯᠠᠯ ᠤᠨ ᠦᠨᠡᠨᠴᠢ ᠢᠲᠡᠭᠡᠮᠵᠢ ᠶᠢᠨ ᠬᠠᠮᠢᠶᠠᠷᠤᠯᠲᠠ ᠪᠣᠯᠣᠨ ᠢᠲᠡᠭᠡᠮᠵᠢ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠲᠣᠭᠲᠠᠴᠠ ᠶᠢ ᠲᠡᠭᠦᠯᠳᠡᠷᠵᠢᠭᠦᠯᠦᠨ᠎ᠡ᠃ ᠬᠥᠭᠵᠢᠭᠦᠯᠦᠯᠲᠡ ᠥᠭᠡᠷᠡᠴᠢᠯᠡᠯᠲᠡ ᠶᠢᠨ ᠰᠠᠯᠠᠭ᠎ᠠ ᠮᠥᠴᠢᠷ ᠨᠢ ᠠᠵᠤ ᠠᠬᠤᠶᠢᠯᠠᠯ ᠤᠨ ᠢᠲᠡᠭᠡᠮᠵᠢ ᠣᠯᠬᠤ ᠬᠠᠮᠢᠶᠠᠷᠤᠯᠲᠠ ᠶᠢᠨ ᠮᠡᠳᠡᠭᠡ ᠵᠠᠩᠭᠢ ᠶᠢ ᠡᠮᠬᠢᠯᠡᠨ ᠨᠡᠶᠢᠯᠡᠭᠦᠯᠵᠦ᠂ ᠰᠦᠯᠵᠢᠶ᠎ᠡ ᠪᠠᠷ ᠬᠠᠷᠢᠯᠴᠠᠬᠤ ᠵᠠᠮ ᠮᠥᠷ ᠢ ᠪᠠᠶᠢᠭᠤᠯᠵᠤ᠂ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ᠂ ᠬᠠᠷᠢᠯᠴᠠᠨ ᠮᠡᠳᠡᠷᠡᠵᠦ ᠬᠠᠮᠲᠤᠪᠠᠷ ᠡᠳ᠋ᠯᠡᠬᠦ ᠶᠢ ᠪᠡᠶᠡᠯᠡᠭᠦᠯᠵᠦ᠂ ᠨᠢᠭᠡ ᠴᠣᠭᠴᠠᠵᠢᠭᠤᠯᠤᠭᠰᠠᠨ ᠦᠨᠡᠨᠴᠢ ᠢᠲᠡᠭᠡᠮᠵᠢ ᠶᠢᠨ ᠦᠨᠡᠯᠡᠯᠲᠡ ᠪᠣᠯᠤᠨ ᠢᠲᠡᠭᠡᠮᠵᠢ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠶᠢ ᠬᠡᠷᠡᠭᠵᠢᠭᠦᠯᠦᠨ᠎ᠡ᠃ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ︽ᠢᠲᠡᠭᠡᠮᠵᠢ ᠠᠯᠳᠠᠭᠰᠠᠨ ᠠᠵᠤ ᠠᠬᠤᠶᠢᠯᠠᠯ ᠢ ᠬᠠᠮᠵᠢᠯᠴᠠᠨ ᠬᠢᠨᠠᠨ ᠬᠠᠮᠢᠶᠠᠷᠬᠤ ᠪᠠ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠬᠠᠮᠲᠤᠷᠠᠯᠴᠠᠭ᠎ᠠ ᠶᠢᠨ ᠪᠢᠴᠢᠭ︾ ︵ᠥᠪᠥᠷ ᠬᠦᠭᠵᠢᠬᠦᠯᠦᠯᠳᠡ ᠥᠭᠡᠷᠡᠴᠢᠯᠡᠯᠲᠡ ᠡᠳ᠋ ᠮᠥᠩᠭᠦᠨ ᠦᠰᠦᠭ ﹇2015 ﹈ 126 ᠳ᠋ᠤᠭᠠᠷ ᠲᠣᠭᠠᠲᠤ ᠪᠢᠴᠢᠭ ᠮᠠᠲ᠋ᠧᠷᠢᠶᠠᠯ︶ ᠪᠣᠯᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠬᠠᠤᠯᠢ ᠶᠢᠨ ᠡᠷᠬᠡᠲᠡᠨ ᠤ ᠬᠥᠳᠡᠯᠮᠦᠷᠢ ᠶᠢᠨ ᠪᠠᠲᠤᠯᠠᠭ᠎ᠠ ᠶᠢᠨ ᠢᠲᠡᠭᠡᠮᠵᠢ ᠳᠤ ᠢᠲᠡᠭᠡᠮᠵᠢ ᠠᠯᠳᠠᠭᠰᠠᠨ ᠢ ᠵᠠᠯᠬᠠᠭᠠᠨ ᠴᠡᠭᠡᠷᠯᠡᠭᠦᠯᠬᠦ ᠠᠷᠭ᠎ᠠ︾ ︵ᠥᠪᠥᠷ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠲᠠᠷᠬᠠᠭᠠᠭᠰᠠᠨ ﹇2014﹈ 97 ᠳ᠋ᠤᠭᠠᠷ ᠲᠣᠭᠠᠲᠤ ᠪᠢᠴᠢᠭ ᠮᠠᠲ᠋ᠧᠷᠢᠶᠠᠯ︶ ᠵᠡᠷᠭᠡ ᠢᠲᠡᠭᠡᠮᠵᠢ ᠠᠯᠳᠠᠭᠰᠠᠨ ᠢ ᠵᠠᠯᠬᠠᠭᠠᠨ ᠴᠡᠭᠡᠷᠯᠡᠭᠦᠯᠬᠦ ᠲᠣᠭᠲᠠᠭᠠᠯ ᠢ ᠬᠢᠨᠠᠮᠠᠭᠠᠢ ᠨᠠᠶᠢᠳᠠᠪᠤᠷᠢᠵᠢᠭᠤᠯᠵᠤ᠂ ᠢᠲᠡᠭᠡᠮᠵᠢ ᠠᠯᠳᠠᠭᠰᠠᠨ ᠭᠤᠣᠯ ᠴᠣᠭᠴᠠ ᠶᠢ ︽ᠨᠢᠭᠡ ᠭᠠᠵᠠᠷ ᠬᠠᠤᠯᠢ ᠠᠴᠠ ᠵᠦᠷᠢᠴᠡᠪᠡᠯ᠂ ᠭᠠᠵᠠᠷ ᠪᠣᠯᠭᠠᠨ ᠳᠤ ᠬᠢᠵᠠᠭᠠᠷᠯᠠᠬᠳᠠᠬᠤ︾ ᠪᠣᠯᠭᠠᠨ᠎ᠠ᠃      ︵ᠡᠯ᠎ᠡ ᠱᠠᠲᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠰᠠᠯᠠᠭ᠎ᠠ ᠮᠥᠴᠢᠷ ᠲᠦᠷᠦᠭᠦᠯᠡᠨ ᠬᠢᠵᠦ᠂ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠤᠨ ᠡᠳ᠋ ᠤᠨ ᠵᠠᠰᠠᠭ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ᠂ ᠤᠯᠤᠰ ᠤᠨ ᠦᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠵᠥᠪᠯᠡᠯ ᠵᠢᠴᠢ ᠤᠯᠤᠰ ᠤᠨ ᠦᠮᠴᠢᠯᠡᠯᠲᠦ ᠡᠳ᠋ ᠬᠦᠷᠦᠩᠭᠡ ᠶᠢᠨ ᠪᠤᠰᠤᠳ ᠬᠢᠨᠠᠯᠲᠠ ᠬᠠᠮᠢᠶᠠᠷᠤᠯᠲᠠ᠂ ᠠᠵᠤ ᠦᠢᠯᠡᠳᠪᠦᠷᠢ ᠬᠤᠳᠠᠯᠳᠤᠭ᠎ᠠ᠂ ᠠᠵᠢᠯᠴᠢᠨ ᠤ ᠡᠪᠯᠡᠯ᠂ ᠠᠷᠠᠳ ᠤᠨ ᠪᠠᠩᠬᠢ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠪᠠ ᠨᠢᠭᠡᠴᠡ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠳᠦᠷᠪᠡ︶ ᠴᠠᠯᠢᠩ ᠥᠭᠬᠦ ᠶᠢ ᠡᠬᠢ ᠡᠭᠦᠰᠦᠯ ᠠᠴᠠ ᠨᠢ ᠵᠠᠰᠠᠬᠤ ᠶᠢ ᠴᠢᠩᠭᠠᠳᠬᠠᠨ᠎ᠠ᠃      1. ᠪᠠᠷᠢᠯᠭ᠎ᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠲᠡᠰ ᠳᠠᠷᠠᠭᠠᠯᠠᠯ ᠢ ᠴᠢᠩᠭᠠᠳᠬᠠᠨ᠎ᠠ᠃ ︽ᠤᠷᠢᠳᠠᠪᠠᠷ ᠪᠡᠯᠡ ᠮᠥᠩᠭᠦ ᠶᠢ ᠨᠠᠶᠢᠳᠠᠪᠤᠷᠢᠵᠢᠭᠤᠯᠵᠤ᠂ ᠳᠠᠷᠠᠭ᠎ᠠ ᠳᠤᠨᠢ ᠲᠥᠷᠥᠯ ᠵᠦᠢᠯ ᠲᠤᠭᠳᠠᠭᠠᠵᠦ ᠪᠦᠲᠦᠭᠡᠨ ᠪᠠᠶᠢᠭᠤᠯᠬᠤ︾ ᠵᠠᠷᠴᠢᠮ ᠶᠣᠰᠣᠭᠠᠷ᠂ ᠲᠤᠰ ᠱᠠᠲᠤᠨ ᠤ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠬᠠᠮᠢᠶᠠᠷᠤᠯᠲᠠ ᠶᠢ ᠴᠢᠩᠭᠠᠳᠬᠠᠨ᠂ ᠪᠡᠯᠡ ᠮᠥᠩᠭᠦ ᠶᠢᠨ ᠢᠷᠡᠯᠲᠡ ᠪᠠ ᠴᠤᠭᠯᠠᠭᠤᠯᠬᠤ ᠠᠷᠭ᠎ᠠ ᠮᠠᠶ᠋ᠢᠭ ᠢ ᠴᠢᠩᠭ᠎ᠠ ᠬᠢᠨᠠᠨ ᠪᠠᠶᠢᠴᠠᠭᠠᠨ᠎ᠠ᠃ ᠪᠦᠳᠦᠭᠡᠠ ᠪᠠᠶᠢᠭᠤᠯᠬᠤ ᠨᠢᠭᠡᠴᠡ ᠶᠢᠨ ᠤᠷᠢᠳᠠᠪᠠᠷ ᠠᠵᠢᠯ ᠡᠬᠢᠯᠡᠭᠦᠯᠵᠦ ᠳᠠᠷᠠᠭ᠎ᠠ ᠪᠠᠷ ᠨᠢ ᠬᠢᠨᠠᠨ ᠵᠥᠪᠰᠢᠶᠡᠷᠡᠭᠦᠯᠬᠦ ᠭᠠᠷᠳᠠᠮ ᠨᠦᠬᠦᠪᠦᠷᠢᠯᠡᠬᠦ ᠶᠢ ᠴᠢᠩᠭ᠎ᠠ ᠴᠠᠭᠠᠵᠠᠯᠠᠨ᠂ ᠪᠠᠷᠢᠯᠭ᠎ᠠ ᠶᠢᠨ ᠵᠣᠭᠤᠰ ᠢ ᠳ᠋ᠦ᠋ᠶᠢᠩᠨᠡᠨ ᠪᠤᠳᠦᠬᠤ ᠶᠢ ᠤᠷᠲᠤ ᠬᠤᠭᠤᠴᠠᠭ᠎ᠠ ᠪᠠᠷ ᠥᠷᠢᠲᠦᠭᠰᠡᠨ ᠪᠤᠶᠤ ᠪᠠᠷᠢᠯᠭ᠎ᠠ ᠶᠢᠨ ᠵᠣᠭᠤᠰ ᠢ ᠥᠷᠢᠲᠦᠵᠤ ᠪᠠᠶᠢᠢᠭ᠎ᠠ ᠪᠦᠳᠦᠭᠡᠠ ᠪᠠᠶᠢᠭᠤᠯᠬᠤ ᠨᠢᠭᠡᠴᠡ ᠶᠢ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠠᠴᠠ ᠲᠡᠳᠡᠨ ᠤ ᠰᠢᠨ᠎ᠡ ᠲᠥᠷᠥᠯ ᠵᠦᠢᠯ ᠤᠨ ᠠᠵᠢᠯ ᠡᠬᠢᠯᠡᠭᠦᠯᠬᠦ ᠶᠢ ᠨᠢ ᠵᠥᠪᠰᠢᠶᠡᠷᠡᠵᠦ ᠪᠣᠯᠬᠤ ᠦᠭᠡᠢ᠃      ︵ᠡᠯ᠎ᠡ ᠱᠠᠲᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠰᠠᠯᠠᠭ᠎ᠠ ᠮᠥᠴᠢᠷ ᠪᠣᠯᠤᠨ ᠠᠵᠢᠯ ᠲᠥᠷᠥᠯ ᠤᠨ ᠬᠢᠨᠠᠯᠳᠠ ᠬᠠᠮᠢᠶᠠᠷᠤᠯᠲᠠ ᠶᠢᠨ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      2. ᠪᠥᠳᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠪᠠᠷᠢᠯᠭ᠎ᠠ ᠶᠢᠨ ᠵᠤᠭᠤᠰ ᠥᠭᠬᠦ ᠳᠠᠭᠠᠭᠠᠯᠲᠠ ᠶᠢᠨ ᠲᠦᠷᠢᠮ ᠢ ᠬᠡᠷᠡᠭᠵᠢᠭᠦᠯᠵᠦ᠂ ᠪᠠᠷᠢᠯᠭ᠎ᠠ ᠶᠢᠨ ᠵᠤᠭᠤᠰ ᠥᠷᠢᠲᠦᠬᠦ ᠶᠢ ᠤᠷᠢᠳᠴᠢᠯᠠᠨ ᠰᠡᠷᠭᠡᠶᠢᠯᠡᠨ᠎ᠡ᠃ ᠵᠠᠰᠠᠭ ᠤᠨ ᠣᠷᠳᠣᠨ ᠤ ᠪᠡᠯᠡ ᠣᠷᠣᠭᠤᠯᠤᠭᠰᠠᠨ ᠲᠥᠷᠥᠯ ᠵᠦᠢᠯ ᠳᠤ ᠪᠡᠯᠡ ᠮᠥᠩᠭᠦ ᠰᠢᠯᠵᠢᠬᠦᠯᠦᠨ ᠥᠭᠬᠦ ᠶᠢ ᠴᠢᠩᠭ᠎ᠠ ᠬᠢᠨᠠᠨ ᠪᠠᠶᠢᠴᠠᠭᠠᠵᠤ᠂ ᠲᠤᠰ ᠭᠠᠵᠠᠷ ᠤᠨ ᠵᠠᠰᠠᠭ ᠤᠨ ᠣᠷᠳᠣᠨ ᠤ ᠪᠡᠯᠡ ᠣᠷᠣᠭᠤᠯᠣᠭᠰᠠᠨ ᠲᠥᠷᠥᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠪᠦᠬᠦ ᠶᠠᠪᠤᠴᠠ ᠶᠢᠨ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠡᠳ᠋ ᠤᠨ ᠵᠠᠰᠠᠭ ᠤᠨ ᠪᠡᠯᠡ ᠮᠥᠩᠭᠦ ᠶᠢ ᠲᠣᠭᠲᠠᠭᠠᠯ ᠶᠣᠰᠣᠭᠠᠷ ᠴᠠᠭ ᠲᠤᠬᠠᠶ ᠳᠤᠨᠢ ᠲᠤᠭ᠎ᠠ ᠶᠣᠰᠣᠭᠠᠷ ᠰᠢᠯᠵᠢᠭᠦᠯᠦᠨ ᠥᠭᠴᠦ᠂ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢ ᠪᠣᠳᠠᠲᠠᠶᠢᠵᠢᠭᠤᠯᠤᠭᠰᠠᠨ ᠥᠭᠡᠢ ᠪᠠᠷᠢᠯᠭ᠎ᠠ ᠶᠢᠨ ᠲᠦᠷᠣᠯ ᠵᠦᠢᠯ ᠳᠤ ᠠᠵᠢᠯ ᠡᠬᠢᠯᠡᠭᠦᠯᠬᠦ ᠵᠥᠪᠰᠢᠶᠡᠷᠡᠯ ᠣᠯᠭᠤᠵᠤ ᠪᠣᠯᠬᠤ ᠦᠭᠡᠶ᠃ ᠵᠠᠰᠠᠭ ᠤᠨ ᠣᠷᠳᠣᠨ ᠤ ᠪᠡᠯᠡ ᠣᠷᠣᠭᠤᠯᠤᠭᠰᠠᠨ ᠲᠥᠷᠥᠯ ᠵᠦᠢᠯ ᠳᠤ ᠪᠠᠷᠢᠯᠭ᠎ᠠ ᠶᠢᠨ ᠠᠵᠤ ᠠᠬᠤᠶᠢᠯᠠᠯ ᠨᠢ ᠪᠡᠯᠡ ᠮᠥᠩᠭᠦ ᠠᠪᠴᠤ ᠳᠠᠭᠠᠭᠠᠴᠢᠯᠠᠬᠤ ᠠᠷᠭ᠎ᠠ ᠮᠠᠶ᠋ᠢᠭ ᠢᠶᠠᠷ ᠪᠦᠳᠦᠭᠡᠨ ᠪᠠᠶᠢᠭᠤᠯᠵᠤ ᠪᠣᠯᠬᠤ ᠦᠭᠡᠢ᠂ ᠪᠡᠯᠡ ᠮᠥᠩᠭᠦ ᠠᠪᠴᠤ ᠳᠠᠭᠠᠭᠠᠴᠢᠯᠠᠬᠤ ᠬᠤᠯᠪᠣᠭᠳᠠᠯ ᠪᠦᠬᠦᠢ ᠠᠭᠤᠯᠭ᠎ᠠ ᠶᠢ ᠠᠵᠢᠯ ᠤᠨ ᠳᠠᠭᠠᠭᠠᠴᠢᠯᠠᠯᠲᠠ ᠶᠢᠨ ᠭᠡᠷ᠎ᠡ ᠵᠢᠴᠢ ᠨᠥᠬᠦᠪᠥᠷᠢᠯᠡᠬᠦ ᠵᠣᠷᠪᠣᠰ ᠲᠤ ᠪᠢᠴᠢᠵᠦ ᠣᠷᠣᠭᠤᠯᠵᠤ ᠪᠣᠯᠬᠤ ᠦᠭᠡᠢ᠃      ︵ᠡᠯ᠎ᠡ ᠱᠠᠲᠤᠨ ᠤ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠣᠨ ᠡᠳ᠋ ᠤᠨ ᠵᠠᠰᠠᠭ ᠤᠨ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      3. ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶ᠎ᠡ ᠴᠠᠷᠠᠭ᠎ᠠ ᠶᠢᠨ ᠠᠵᠢᠯᠴᠢᠨ ᠬᠡᠷᠡᠭᠯᠡᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢ ᠬᠡᠷᠡᠭᠵᠢᠭᠦᠯᠦᠨ᠎ᠡ᠃ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶ᠎ᠡ ᠴᠠᠷᠠᠭ᠎ᠠ ᠶᠢᠨ ᠲᠤᠰᠬᠠᠶᠢᠵᠢᠭᠰᠠᠨ ᠡᠩᠨᠡᠭᠡ ᠶᠢ ᠪᠤᠶᠢᠵᠢᠭᠤᠯᠤᠨ ᠬᠥᠭᠵᠢᠭᠦᠯᠵᠦ᠂ ᠪᠦᠳᠦᠬᠡᠨ ᠪᠠᠶᠢᠢᠭᠤᠯᠬᠤ ᠲᠤᠰᠬᠠᠢ ᠠᠵᠢᠯ ᠤᠨ ᠡᠩᠨᠡᠭᠡ ᠪᠠᠷ ᠪᠥᠳᠥᠭᠡᠨ ᠪᠠᠶᠢᠭᠤᠯᠤᠯᠲᠠ ᠶᠢᠨ ᠲᠥᠷᠥᠯ ᠵᠦᠢᠯ ᠳᠠᠭᠠᠭᠠᠴᠢᠯᠠᠭᠤᠯᠬᠤ ᠶᠢ ᠵᠣᠷᠢᠬᠵᠢᠭᠤᠯᠤᠨ᠂ ᠲᠤᠰᠬᠠᠢ ᠠᠵᠢᠯᠯᠠᠬᠤ ᠺᠣᠮᠫᠠᠨᠢ ᠶᠢ ᠵᠣᠬᠢᠶᠠᠨ ᠪᠠᠶᠢᠭᠤᠯᠤᠨ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠢ ᠠᠵᠤ ᠦᠢᠯᠡᠰ ᠤᠨ ᠠᠵᠢᠯᠴᠢᠨ ᠲᠡᠰᠢ ᠬᠤᠪᠢᠷᠠᠭᠤᠯᠬᠤ ᠶᠢ ᠲᠥᠷᠭᠡᠳᠬᠡᠨ᠎ᠡ᠃ ᠬᠤᠪᠢᠶᠠᠨ ᠳᠠᠭᠠᠭᠠᠴᠢᠯᠠᠭᠰᠠᠨ ᠨᠢᠭᠡᠴᠡ ᠶᠢᠨ ᠠᠵᠢᠯᠴᠢᠨ ᠬᠡᠷᠡᠭᠯᠡᠬᠦ ᠬᠠᠮᠢᠶᠠᠷᠤᠯᠲᠠ ᠪᠠ ᠴᠠᠯᠢᠩ ᠥᠭᠴᠦ ᠪᠠᠶᠢᠭ᠎ᠠ ᠪᠠᠶᠢᠳᠠᠯ ᠢ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠶᠢ ᠴᠢᠩᠭ᠎ᠠ ᠭᠦᠢᠴᠡᠳᠬᠡᠨ᠎ᠡ᠃ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ ᠥᠷᠢᠲᠦᠭᠰᠡᠨ ᠦᠢᠯᠡ ᠠᠵᠢᠯᠯᠠᠭ᠎ᠠ ᠣᠷᠣᠰᠢᠵᠤ ᠪᠠᠷᠢᠬᠤ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠵᠦᠪᠰᠢᠶᠡᠷᠡᠨ ᠤᠷᠤᠬᠤ ᠶᠢ ᠬᠡᠷᠡᠭᠵᠢᠬᠦᠯᠬᠦ᠂ ᠳᠠᠭᠠᠭᠠᠴᠢᠯᠠᠯᠲᠠ ᠵᠠᠷᠯᠠᠬᠤ ᠪᠠ ᠳᠠᠭᠠᠭᠠᠴᠢᠯᠠᠯᠲᠠ ᠬᠦᠯᠢᠶᠡᠬᠦ ᠬᠢᠷᠢ ᠬᠡᠮ ᠢ ᠬᠢᠵᠠᠭᠠᠷᠯᠠᠬᠤ ᠪᠠ ᠰᠢᠨ᠎ᠡ ᠪᠠᠷ ᠠᠵᠢᠯ ᠡᠬᠢᠯᠡᠭᠦᠯᠬᠦ ᠲᠥᠷᠥᠯ ᠵᠦᠢᠯ ᠢ ᠵᠥᠪᠰᠢᠶᠡᠷᠡᠬᠦ ᠵᠡᠷᠭᠡ ᠬᠢᠨᠠᠨ ᠬᠠᠮᠢᠶᠠᠷᠬᠤ ᠡᠷᠴᠢᠮ ᠢᠶᠠᠨ ᠴᠢᠩᠭᠠᠷᠠᠭᠤᠯᠬᠤ ᠶᠢᠨ ᠬᠠᠮᠲᠤ ᠵᠣᠬᠢᠬᠤ ᠬᠡᠮᠵᠢᠶ᠎ᠡ ᠪᠠᠷ ᠵᠠᠯᠬᠠᠭᠠᠨ ᠰᠢᠳᠬᠡᠵᠦ ᠲᠤᠷᠭᠠᠨ᠎ᠠ᠃      ︵ᠡᠯ᠎ᠡ ᠱᠠᠲᠤᠨ ᠤ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠲᠠᠪᠤ︶ ᠴᠠᠯᠢᠩ ᠥᠭᠬᠦ ᠶᠢ ᠬᠠᠣᠯᠢ ᠪᠠᠷ ᠵᠠᠰᠠᠬᠤ ᠵᠠᠮ ᠮᠦᠷ ᠢ ᠰᠢᠯᠤᠭᠤᠳᠬᠠᠨ᠎ᠠ᠃      1. ᠴᠠᠯᠢᠩ ᠥᠷᠢᠲᠦᠭᠰᠡᠨ ᠬᠡᠷᠡᠭ ᠢ ᠴᠢᠩᠭ᠎ᠠ ᠪᠠᠶᠢᠴᠠᠭᠠᠵᠤ ᠰᠢᠢᠳᠪᠦᠷᠢᠯᠡᠨ᠎ᠡ᠃ ᠰᠠᠯᠠᠭ᠎ᠠ ᠮᠥᠴᠢᠷ ᠤᠳ ᠤᠨ ᠬᠤᠭᠤᠷᠣᠨᠳᠣᠬᠢ ᠬᠠᠤᠯᠢ ᠬᠡᠷᠡᠭᠵᠢᠭᠦᠯᠬᠦ ᠬᠠᠮᠲᠤᠷᠠᠯᠴᠠᠭ᠎ᠠ ᠶᠢ ᠴᠢᠩᠭᠠᠳᠬᠠᠨ᠂ ᠬᠠᠮᠲᠤᠷᠠᠨ ᠪᠠᠶᠢᠴᠠᠭᠠᠬᠤ᠂ ᠬᠠᠮᠲᠤᠷᠠᠨ ᠬᠡᠷᠡᠭ ᠰᠢᠢᠳᠪᠦᠷᠢᠯᠡᠬᠦ᠂ ᠬᠠᠮᠲᠤᠷᠠᠨ ᠰᠢᠮᠳᠠᠭᠤᠯᠤᠨ ᠪᠠᠶᠢᠴᠠᠭᠠᠬᠤ ᠵᠡᠷᠭᠡ ᠠᠷᠭ᠎ᠠ ᠮᠠᠶ᠋ᠢᠭ ᠢ ᠠᠪᠴᠤ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠥᠷᠢᠲᠦᠭᠰᠡᠨ ᠬᠡᠷᠡᠭ ᠢ ᠪᠠᠶᠢᠴᠠᠭᠠᠨ ᠰᠢᠢᠳᠪᠦᠷᠢᠯᠡᠬᠦ ᠦᠷ᠎ᠡ ᠴᠢᠳᠠᠮᠵᠢ ᠶᠢ ᠳᠡᠭᠡᠭᠰᠢᠯᠡᠭᠦᠯᠦᠨ᠎ᠡ᠃ ᠬᠥᠳᠡᠯᠮᠦᠷᠢ ᠶᠢᠨ ᠬᠥᠯᠥᠰᠥ ᠣᠯᠭᠤᠮᠵᠢ ᠥᠭᠬᠦ ᠶᠢ ᠲᠡᠪᠴᠢᠭᠰᠡᠨ ᠶᠠᠯ᠎ᠠ ᠬᠢᠭᠰᠡᠨ ᠰᠡᠵᠢᠭᠯᠡᠯᠲᠡᠶ ᠬᠡᠷᠡᠭ ᠢ ᠪᠠᠶᠢᠴᠠᠭᠠᠨ ᠰᠢᠢᠳᠪᠦᠷᠢᠯᠡᠬᠦ ᠡᠷᠴᠢᠮ ᠢ ᠴᠢᠩᠭᠠᠷᠠᠭᠤᠯᠤᠨ᠂ ᠮᠠᠭᠤ ᠰᠠᠨᠠᠭ᠎ᠠ ᠲᠠᠢ ᠪᠠᠷ ᠴᠠᠯᠢᠩ ᠥᠷᠢᠲᠦᠭᠰᠡᠨ ᠪᠠ ᠴᠠᠯᠢᠩ ᠥᠷᠢᠲᠦᠭᠰᠡᠨ ᠠᠴᠠ ᠪᠤᠯᠵᠤ ᠵᠠᠶᠢᠢᠯᠠᠨ ᠲᠤᠲᠠᠭᠠᠵᠤ ᠲᠠᠯᠳᠠᠯᠠᠬᠰᠠᠨ ᠬᠠᠤᠯᠢ ᠠᠴᠠ ᠵᠦᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ ᠰᠦᠷᠳᠡᠭᠦᠯᠦᠨ᠎ᠡ᠃      ︵ᠡᠯ᠎ᠡ ᠱᠠᠲᠤᠨ ᠤ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠤᠨ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ᠂ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      2. ᠴᠠᠯᠢᠩ ᠥᠷᠢᠲᠦᠭᠰᠡᠨ ᠮᠠᠷᠭᠤᠯᠳᠤᠭᠠᠨ ᠲᠠᠢ ᠬᠡᠷᠡᠭ ᠢ ᠴᠠᠭ ᠲᠤᠬᠠᠶ ᠳᠤᠨᠢ ᠰᠢᠢᠳᠪᠦᠷᠢᠯᠡᠨ᠎ᠡ᠃ ᠬᠥᠳᠡᠯᠮᠦᠷᠢ ᠬᠦᠴᠦ ᠶᠢᠨ ᠳᠠᠭᠠᠭᠠᠴᠢᠯᠠᠯᠲᠠ ᠶᠢᠨ ᠭᠡᠷ᠎ᠡ ᠠᠴᠠ ᠡᠭᠦᠰᠦᠭᠰᠡᠨ ᠬᠥᠳᠡᠯᠮᠦᠷᠢ ᠬᠦᠴᠦ ᠶᠢᠨ ᠬᠠᠷᠠᠮᠵᠢ ︵ᠬᠥᠳᠡᠯᠮᠦᠷᠢ ᠶᠢᠨ ᠬᠦᠯᠦᠰᠦ ᠣᠯᠭᠤᠮᠵᠢ ᠪᠠᠭᠲᠠᠨ᠎ᠠ︶ ᠶᠢᠨ ᠮᠠᠷᠭᠤᠯᠳᠤᠭᠠᠨ ᠪᠠ ᠵᠢᠭᠤᠷᠠᠯᠳᠤᠭᠠᠨ ᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠠᠷᠢᠯᠭ᠎ᠠ ᠶᠢᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠡᠷ᠎ᠡ ᠶᠢᠨ ᠬᠠᠤᠯᠢ︾ ᠪᠣᠯᠣᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠶᠡᠷᠦᠩᠬᠡᠶ ᠲᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ ᠰᠢᠢᠳᠪᠦᠷᠢᠯᠡᠨ᠎ᠡ᠃ ᠬᠥᠳᠡᠯᠮᠦᠷᠢ ᠶᠢᠨ ᠭᠡᠷ᠎ᠡ ᠠᠴᠠ ᠡᠭᠦᠰᠦᠭᠰᠡᠨ ᠴᠠᠯᠢᠩ ᠤᠨ ᠮᠠᠷᠭᠤᠯᠳᠤᠭᠠᠨ ᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠳᠡᠯᠮᠦᠷᠢ ᠶᠢᠨ ᠮᠠᠷᠭᠤᠯᠳᠤᠭᠠᠨ ᠢ ᠡᠶᠡᠳᠡᠭᠦᠯᠵᠦ ᠬᠥᠨᠳᠡᠯᠡᠨ ᠠᠴᠠ ᠲᠠᠰᠤᠯᠬᠤ ᠬᠠᠤᠯᠢ︾ ᠶᠢᠨ ᠲᠣᠭᠲᠠᠭᠠᠯ ᠶᠣᠰᠣᠭᠠᠷ᠂ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶᠂ ᠭᠠᠴᠠᠭ᠎ᠠ ᠲᠣᠰᠬᠤᠨ ᠤ ᠦᠨᠳᠦᠰᠦᠨ ᠱᠠᠲᠤᠨ ᠤ ᠡᠶᠡᠳᠡᠭᠦᠯᠬᠦ ᠵᠡᠷᠭᠡ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠢ ᠬᠥᠲᠥᠯᠥᠨ ᠵᠢᠯᠣᠭᠤᠳᠴᠤ ᠪᠠᠶᠢᠭᠠᠳ ᠲᠤᠬᠠᠢ ᠶᠢᠨ ᠭᠠᠵᠠᠷ ᠪᠠ ᠣᠶᠢᠷᠠᠯᠴᠠᠭ᠎ᠠ ᠭᠠᠵᠠᠷ ᠲᠠᠭᠠᠨ ᠴᠠᠯᠢᠩ ᠤᠨ ᠮᠠᠷᠭᠤᠯᠳᠤᠭᠠᠨ ᠢ ᠰᠢᠢᠳᠪᠦᠷᠢᠯᠡᠬᠦᠯᠦᠨ᠎ᠡ᠃ ᠡᠯ᠎ᠡ ᠱᠠᠲᠤᠨ ᠤ ᠬᠥᠳᠡᠯᠮᠦᠷᠢ ᠠᠵᠢᠯᠳᠠᠨ ᠤ ᠶᠠᠪᠤᠳᠠᠯ ᠤᠨ ᠮᠠᠷᠭᠤᠯᠳᠤᠭᠠᠨ ᠤ ᠬᠥᠨᠳᠡᠯᠡᠨ ᠠᠴᠠ ᠲᠠᠰᠤᠯᠬᠤ ᠵᠥᠪᠯᠡᠯ ᠨᠢ ᠴᠠᠯᠢᠩ ᠢ ᠥᠷᠢᠲᠦᠭᠰᠡᠨ ᠬᠡᠷᠡᠭ ᠲᠤ ︽ᠰᠠᠭᠠᠳ ᠥᠭᠡᠢ ᠨᠡᠪᠲᠡᠷᠡᠬᠦ ᠵᠠᠮ︾ ᠨᠡᠭᠡᠭᠡᠵᠦ᠂ ᠡᠶᠡᠲᠡᠭᠦᠯᠵᠦ ᠬᠥᠨᠳᠡᠯᠡᠨ ᠠᠴᠠ ᠲᠠᠰᠤᠯᠬᠤ᠂ ᠡᠶᠡᠲᠡᠭᠦᠯᠵᠦ ᠰᠢᠭᠦᠬᠦ᠂ ᠲᠠᠰᠤᠯᠤᠨ ᠰᠢᠬᠦᠬᠦ ᠶᠢ ᠵᠤᠯᠭᠠᠭᠤᠯᠬᠤ ᠪᠠᠨ ᠴᠢᠩᠭᠠᠳᠬᠠᠨ᠂ ᠴᠠᠯᠢᠩ ᠦᠷᠢᠲᠦᠭᠰᠡᠨ ᠮᠠᠷᠭᠤᠯᠳᠤᠭᠠᠨ ᠤ ᠬᠡᠷᠡᠭ ᠢ ᠴᠠᠭ ᠲᠤᠬᠠᠶ ᠳᠤᠨᠢ ᠰᠢᠢᠳᠪᠦᠷᠢᠯᠡᠨ᠎ᠡ᠃      ︵ᠡᠯ᠎ᠡ ᠱᠠᠲᠤᠨ ᠤ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠤᠨ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      3. ᠭᠡᠨᠡᠳᠲᠡ ᠶᠢᠨ ᠴᠢᠨᠠᠷᠲᠠᠶ ᠪᠦᠯᠦᠭᠯᠡᠯᠳᠤ ᠴᠣᠭᠴᠠ ᠶᠢᠨ ᠬᠡᠷᠡᠭ ᠢ ᠲᠣᠬᠢᠲᠠᠢ ᠰᠢᠢᠳᠪᠦᠷᠢᠯᠡᠨ᠎ᠡ᠃ ᠥᠪᠥᠷ ᠨᠠᠮ ᠲᠠᠷᠬᠠᠭᠠᠭᠰᠠᠨ ﹇2015﹈ 22 ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠠᠵᠢᠯᠴᠢᠨ ᠤ ᠡᠪᠯᠡᠯ᠂ ᠠᠵᠤ ᠠᠬᠤᠶᠢᠯᠠᠯ ᠤᠨ ᠲᠥᠯᠥᠭᠡᠯᠡᠭᠴᠢ ᠶᠢᠨ ᠵᠣᠬᠢᠶᠠᠨ ᠪᠠᠶᠢᠭᠤᠯᠤᠯᠲᠠ ᠨᠢ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠬᠠᠤᠯᠢ ᠴᠠᠭᠠᠵᠠ ᠶᠢᠨ ᠵᠥᠪᠯᠡᠯ ᠢ ᠢᠳᠡᠪᠬᠢᠲᠡᠢ ᠬᠠᠮᠵᠢᠵᠤ ᠪᠠᠶᠢᠭᠠᠳ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ ᠥᠷᠢᠲᠦᠭᠰᠡᠨ ᠠᠴᠠ ᠡᠭᠦᠰᠦᠭᠰᠡᠨ ᠪᠦᠯᠦᠭᠯᠡᠯᠳᠤ ᠴᠣᠭᠴᠠ ᠶᠢᠨ ᠴᠢᠨᠠᠷᠲᠠᠶ ᠬᠡᠷᠡᠭ ᠢ ᠰᠢᠢᠳᠪᠦᠷᠢᠯᠡᠵᠦ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ ᠨᠢ ᠥᠭᠬᠦ ᠠᠰᠠᠭᠤᠳᠠᠯ ᠢ ᠦᠳᠲᠡᠷ ᠲᠦᠷᠭᠡᠨ ᠲᠤᠰᠬᠠᠬᠤ ᠪᠠ ᠰᠢᠢᠳᠪᠦᠷᠢᠯᠡᠬᠦ ᠠᠵᠢᠯ ᠤᠨ ᠨᠡᠶᠢᠯᠡᠮᠡᠯ ᠬᠦᠴᠦᠨ ᠢ ᠪᠣᠢ ᠪᠣᠯᠭᠠᠵᠤ᠂ ᠠᠵᠤ ᠠᠬᠤᠶᠢᠯᠠᠯ ᠢ ᠰᠢᠮᠳᠠᠭᠤᠯᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠪᠦᠯᠦᠭᠯᠡᠯᠳᠤ ᠴᠣᠭᠴᠠ ᠶᠢᠨ ᠴᠢᠨᠠᠷᠲᠠᠶ ᠬᠡᠷᠡᠭ ᠢ ᠴᠠᠭ ᠲᠣᠬᠠᠢ ᠳᠤᠨᠢ ᠲᠣᠬᠢᠲᠠᠢ ᠰᠢᠢᠳᠪᠦᠷᠢᠯᠡᠨ᠎ᠡ᠃      ︵ᠡᠯ᠎ᠡ ᠱᠠᠲᠤᠨ ᠤ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠤᠨ ᠳᠣᠲᠣᠭᠠᠳᠤ ᠶᠢ ᠬᠠᠮᠠᠭᠠᠯᠠᠬᠤ᠂ ᠠᠵᠢᠯᠴᠢᠨ ᠤ ᠡᠪᠯᠡᠯ᠂ ᠠᠵᠤ ᠦᠢᠯᠡᠳᠪᠦᠷᠢ ᠬᠤᠳᠠᠯᠳᠤᠭᠠᠨ ᠤ ᠬᠤᠯᠪᠤᠭᠠᠳᠤ ᠬᠤᠷᠠᠯ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠪᠠ ᠨᠢᠭᠡᠴᠡ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ      ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃      ᠡᠯ᠎ᠡ ᠭᠠᠵᠠᠷ ᠣᠷᠣᠨ ᠤ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ ᠥᠷᠢᠲᠦᠭᠰᠡᠨ ᠠᠰᠠᠭᠤᠳᠠᠯ ᠢ ᠪᠦᠬᠦ ᠲᠠᠯ᠎ᠠ ᠪᠠᠷ ᠵᠠᠰᠠᠬᠤ ᠠᠵᠢᠯ ᠤᠨ ᠪᠠᠶᠢᠭᠤᠯᠤᠯ ᠢ ᠪᠠᠶᠢᠭᠤᠯᠤᠨ ᠪᠦᠷᠢᠨᠰᠢᠭᠦᠯᠦᠨ᠎ᠡ᠃ ᠬᠠᠷᠠᠯᠲᠠᠲᠤ ᠬᠠᠷᠢᠭᠤᠴᠠᠯᠭ᠎ᠠ ᠶᠢᠨ ᠲᠦᠷᠢᠮ ᠢ ᠲᠡᠭᠦᠯᠳᠡᠷᠵᠢᠭᠦᠯᠵᠦ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ ᠥᠭᠬᠦ ᠪᠠᠲᠤᠯᠠᠭ᠎ᠠ ᠶᠢ ᠵᠠᠰᠠᠭ ᠤᠨ ᠣᠷᠳᠣᠨ ᠤ ᠰᠢᠯᠭᠠᠨ ᠬᠢᠨᠠᠵᠤ ᠦᠨᠡᠯᠡᠬᠦ ᠭᠦᠢᠴᠡᠳᠬᠡᠯ ᠲᠤᠭ᠎ᠠ ᠶᠢᠨ ᠰᠢᠰᠲ᠋ᠧᠮᠵᠢ ᠳᠤ ᠣᠷᠣᠭᠤᠯᠤᠨ᠎ᠠ᠃ ᠡᠯ᠎ᠡ ᠱᠠᠲᠤᠨ ᠤ ᠵᠠᠰᠠᠭ ᠤᠨ ᠣᠷᠳᠣᠨ ᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢ ᠬᠤᠪᠢᠳᠠᠨ ᠬᠠᠮᠢᠶᠠᠷᠴᠤ ᠪᠦᠬᠦᠢ ᠬᠠᠷᠢᠭᠤᠴᠠᠯᠭᠠᠲᠠᠨ ᠲᠣᠯᠣᠭᠠᠶᠢᠯᠠᠭᠰᠠᠨ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠣᠨ ᠨᠢᠭᠡᠴᠡ ᠶᠢᠨ ᠣᠷᠣᠯᠴᠠᠭᠰᠠᠨ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ ᠥᠷᠢᠲᠦᠭᠰᠡᠨ ᠠᠰᠠᠭᠤᠳᠠᠯ ᠢ ᠪᠦᠬᠦ ᠲᠠᠯ᠎ᠠ ᠪᠠᠷ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠢ ᠪᠦᠷᠢᠨᠰᠢᠭᠦᠯᠵᠦ᠂ ᠲᠣᠭᠲᠠᠮᠠᠯ ᠬᠤᠭᠤᠴᠠᠭ᠎ᠠ ᠲᠠᠢ ᠪᠠᠷ ᠰᠤᠳᠤᠯᠤᠨ ᠮᠠᠭᠠᠳᠯᠠᠵᠤ᠂ ᠤᠯᠠᠷᠢᠯ ᠪᠦᠷᠢ ᠮᠡᠳᠡᠭᠡᠯᠡᠨ᠂ ᠶᠡᠷᠦᠩᠬᠡᠶᠢᠯᠡᠨ ᠵᠠᠰᠠᠵᠤ᠂ ᠲᠤᠪᠤᠶᠢᠮ᠎ᠠ ᠠᠰᠠᠭᠤᠳᠠᠯ ᠢ ᠰᠢᠢᠳᠪᠦᠷᠢᠯᠡᠬᠦ ᠪᠣᠳᠠᠲᠠᠶ ᠠᠷᠭ᠎ᠠ ᠬᠡᠮᠵᠢᠶ᠎ᠡ ᠲᠣᠭᠲᠠᠭᠠᠵᠤ᠂ ᠴᠢᠬᠤᠯᠠ ᠶᠡᠭᠡ ᠲᠦᠪᠡᠭᠲᠡᠢ ᠬᠦᠴᠢᠷ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠂ ᠴᠠᠯᠢᠩ ᠥᠷᠢᠲᠦᠭᠰᠡᠨ ᠬᠡᠷᠡᠭ ᠢ ᠰᠢᠮᠳᠠᠭᠤᠯᠤᠨ ᠰᠢᠢᠳᠪᠦᠷᠢᠯᠡᠵᠦ᠂ ᠬᠠᠷᠢᠭᠤᠴᠠᠯᠭ᠎ᠠ ᠠᠯᠳᠠᠵᠤ ᠲᠤᠰᠢᠶᠠᠯ ᠢᠶᠠᠨ ᠭᠤᠲᠤᠭᠠᠭᠰᠠᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠨ᠎ᠡ᠃      ︵ᠬᠤᠶᠠᠷ︶ ᠬᠠᠣᠯᠢ ᠬᠡᠷᠡᠭᠵᠢᠭᠦᠯᠵᠦ ᠡᠷᠬᠡ ᠬᠠᠮᠠᠭᠠᠯᠠᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠷᠠᠭᠤᠯᠤᠨ᠎ᠠ᠃      ᠡᠯ᠎ᠡ ᠭᠠᠵᠠᠷ ᠣᠷᠣᠨ ᠨᠢ ᠡᠯ᠎ᠡ ᠱᠠᠲᠤᠨ ᠤ ᠬᠠᠤᠯᠢ ᠬᠡᠷᠡᠭᠵᠢᠭᠦᠯᠵᠦ ᠡᠷᠬᠡ ᠬᠠᠮᠠᠭᠠᠯᠠᠬᠤ ᠪᠠᠶᠢᠭᠤᠯᠤᠮᠵᠢ ᠶᠢᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠠᠵᠢᠯ ᠤᠨ ᠬᠡᠷᠡᠭᠴᠡᠭᠡ ᠪᠠᠨ ᠦᠨᠳᠦᠰᠦᠯᠡᠨ ᠬᠠᠤᠯᠢ ᠬᠡᠷᠡᠭᠵᠢᠭᠦᠯᠬᠦ ᠪᠠᠶᠢᠭᠤᠯᠤᠮᠵᠢ ᠳᠤ ᠵᠠᠮ ᠬᠠᠷᠢᠯᠴᠠᠭ᠎ᠠ᠂ ᠬᠠᠤᠯᠢ ᠬᠡᠷᠡᠭᠵᠢᠭᠦᠯᠬᠦ ᠲᠤᠨᠤᠭ ᠲᠥᠬᠦᠭᠡᠷᠦᠮᠵᠢ ᠵᠡᠷᠭᠡ ᠪᠡᠯᠡᠳᠬᠡᠮᠵᠢ ᠶᠢᠨ ᠪᠠᠭᠠᠵᠢ ᠬᠡᠷᠡᠭᠰᠡᠯ ᠲᠣᠬᠢᠷᠠᠭᠤᠯᠤᠨ᠎ᠠ᠃      ︵ᠭᠤᠷᠪᠠ︶ ᠬᠠᠤᠯᠢ ᠴᠠᠭᠠᠵᠠ ᠶᠢ ᠲᠦᠭᠡᠮᠡᠯᠵᠢᠭᠦᠯᠬᠦ ᠤᠬᠠᠭᠤᠯᠭ᠎ᠠ ᠪᠠ ᠶᠠᠷᠢᠶ᠎ᠠ ᠬᠡᠯᠡᠯᠴᠡᠭᠡᠨ ᠢᠶᠠᠷ ᠬᠥᠲᠥᠯᠬᠦ ᠵᠢᠯᠣᠭᠤᠳᠤᠯᠭ᠎ᠠ ᠶᠢ ᠴᠢᠩᠭᠠᠳᠬᠠᠨ᠎ᠠ᠃      ᠰᠣᠨᠢᠨ ᠮᠡᠳᠡᠭᠡᠨ ᠤ ᠵᠠᠭᠤᠴᠢᠯᠠᠭᠤᠷ ᠤᠨ ᠤᠬᠠᠭᠤᠯᠵᠤ ᠬᠥᠲᠥᠯᠥᠨ ᠵᠢᠯᠣᠭᠤᠳᠬᠤ ᠪᠠ ᠶᠠᠷᠢᠶ᠎ᠠ ᠬᠡᠯᠡᠯᠴᠡᠭᠡᠨ ᠢᠶᠠᠷ ᠬᠢᠨᠠᠯᠲᠠ ᠲᠠᠯᠪᠢᠬᠤ ᠦᠢᠯᠡᠳᠦᠯ ᠢ ᠪᠠᠳᠠᠷᠠᠭᠤᠯᠤᠨ᠂ ᠬᠥᠳᠡᠯᠮᠦᠷᠢ ᠶᠢᠨ ᠪᠠᠲᠤᠯᠠᠭ᠎ᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠢ ᠶᠡᠬᠡᠪᠡᠷ ᠤᠬᠠᠭᠤᠯᠤᠨ᠎ᠠ᠃ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠲᠥᠯᠥᠭᠡᠯᠡᠭᠴᠢ ᠪᠠᠷ ᠭᠤᠣᠯᠳᠠᠯᠭ᠎ᠠ ᠪᠣᠯᠭᠠᠭᠰᠠᠨ ᠬᠥᠳᠡᠯᠮᠦᠷᠢ ᠶᠢᠨ ᠪᠠᠲᠤᠯᠠᠭ᠎ᠠ ᠶᠢᠨ ᠬᠠᠤᠯᠢ ᠴᠠᠭᠠᠵᠠ ᠶᠢᠨ ᠮᠡᠳᠡᠯᠭᠡ ᠶᠢᠨ ᠪᠣᠯᠪᠠᠰᠤᠷᠠᠭᠤᠯᠤᠯ ᠢ ᠥᠷᠭᠡᠨ ᠳᠡᠯᠭᠡᠷ ᠦᠷᠨᠢᠭᠦᠯᠵᠦ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ ᠥᠷᠢᠲᠥᠭᠰᠡᠨ ᠠᠰᠠᠭᠤᠳᠠᠯ ᠢ ᠵᠠᠰᠠᠬᠰᠠᠨ ᠲᠤᠷᠰᠢᠯᠭ᠎ᠠ ᠪᠠ ᠠᠷᠭ᠎ᠠ ᠪᠠᠷᠢᠯ ᠢ ᠳ᠋ᠦ᠋ᠶᠢᠩᠨᠡᠨ ᠳᠡᠯᠭᠡᠷᠡᠭᠦᠯᠵᠦ᠂ ᠴᠠᠯᠢᠩ ᠥᠷᠢᠲᠦᠵᠦ ᠬᠠᠤᠯᠢ ᠠᠴᠠ ᠵᠥᠷᠢᠴᠡᠭᠰᠡᠨ ᠨᠡᠶᠢᠲᠡᠯᠢᠭ ᠬᠡᠷᠡᠭ ᠢ ᠬᠠᠤᠯᠢ ᠶᠣᠰᠣᠭᠠᠷ ᠨᠡᠶᠢᠲᠡᠯᠡᠵᠦ᠂ ᠠᠵᠤ ᠠᠬᠤᠶᠢᠯᠠᠯ ᠤᠨ ᠡᠵᠡᠩᠨᠡᠭᠴᠢᠳ ᠢ ᠬᠥᠲᠥᠯᠥᠨ ᠵᠢᠯᠣᠭᠤᠳᠴᠤ ᠪᠠᠶᠢᠭᠠᠳ ᠬᠠᠤᠯᠢ ᠶᠣᠰᠣᠭᠠᠷ ᠠᠵᠢᠯᠴᠢᠨ ᠬᠡᠷᠡᠭᠯᠡᠬᠦ᠂ ᠴᠠᠯᠢᠩ ᠢ ᠴᠠᠭ ᠲᠤᠬᠠᠶ ᠳᠤᠨᠢ ᠲᠤᠭ᠎ᠠ ᠶᠣᠰᠣᠭᠠᠷ ᠥᠭᠬᠦ ᠬᠠᠤᠯᠢ ᠴᠠᠭᠠᠵᠠ ᠶᠢᠨ ᠦᠵᠡᠯ ᠤᠬᠠᠮᠰᠠᠷ ᠢ ᠨᠢ ᠴᠢᠩᠭᠠᠷᠠᠭᠤᠯᠵᠤ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠢ ᠬᠦᠲᠦᠯᠦᠨ ᠵᠢᠯᠣᠭᠤᠳᠴᠦ ᠪᠠᠶᠢᠭᠠᠳ ᠬᠠᠤᠯᠢ ᠶᠣᠰᠣᠭᠠᠷ ᠤᠬᠠᠭᠠᠯᠢᠭ ᠢᠶᠠᠷ ᠬᠦᠰᠡᠯ ᠱᠠᠭᠠᠷᠳᠠᠯᠭ᠎ᠠ ᠪᠠᠨ ᠢᠯᠡᠳᠬᠡᠵᠦ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ ᠨᠢ ᠥᠭᠬᠦ ᠶᠢ ᠪᠠᠲᠤᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠬᠠᠮᠲᠤᠪᠡᠷ ᠪᠤᠢ ᠪᠣᠯᠭᠠᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号