| 2 ᠳ᠋ᠤᠭᠠᠷ ᠰᠠᠷ᠎ᠠ ᠶᠢᠨ 7 ᠤ ᠦᠳᠡ ᠶᠢᠨ ᠡᠮᠦᠨ᠎ᠡ᠂ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ | ᠵᠦᠪᠯᠡᠯᠬᠡᠨ 66 ᠳ᠋ᠤᠭᠠᠷ ᠤᠳᠠᠭ᠎ᠠ ᠶᠢᠨ ᠲᠡᠷᠢᠬᠦᠯᠡᠭᠴᠢᠳ ᠤᠨ ᠬᠤᠷᠠᠯ ᠬᠤᠷᠠᠯᠳᠤᠭᠤᠯᠵᠦ᠂ 2017 ᠤᠨ ᠤ | ᠲᠤᠰᠬᠠᠢ ᠰᠡᠳᠦᠪ ᠢᠶᠠᠷ ᠵᠦᠪᠯᠡᠬᠦ ᠠᠵᠢᠯ ᠤᠨ ᠲᠦᠰᠦᠯ᠂ ᠬᠡᠰᠢᠬᠦᠨ ᠤ ᠲᠤᠭᠤᠷᠢᠨ ᠪᠠᠶᠢᠴᠠᠭᠠᠬᠤ ᠰᠢᠨᠵᠢᠯᠡᠨ | ᠪᠠᠶᠢᠴᠠᠭᠠᠬᠤ ᠪᠠᠶᠢᠴᠠᠭᠠᠨ ᠰᠤᠳᠤᠯᠤᠯᠳᠠ ᠬᠢᠬᠦ ᠲᠦᠯᠦᠪᠯᠡᠭᠡ ᠪᠤᠯᠤᠨ ᠡᠲᠡᠭᠡᠳ ᠢᠯᠭᠠᠯ ᠤᠨ ᠠᠵᠢᠯᠯᠠᠭ᠎ᠠ ᠶᠢᠨ | ᠲᠦᠯᠦᠪᠯᠡᠭᠡ ᠶᠢ ᠰᠤᠳᠤᠯᠪᠠ᠃ | ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠬᠡᠨ ᠤ ᠲᠡᠷᠢᠬᠦᠯᠡᠭᠴᠢ ᠷᠧᠨ ᠶᠠ ᠫᠢᠩ ᠬᠤᠷᠠᠯ | ᠡᠷᠬᠢᠯᠡᠭᠰᠡᠨ ᠪᠦᠬᠡᠳ ᠶᠠᠷᠢᠶ᠎ᠠ ᠲᠠᠯᠪᠢᠵᠠᠢ᠃ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠬᠡᠨ ᠤ | ᠳᠡᠳ᠋ ᠲᠡᠷᠢᠬᠦᠯᠡᠭᠴᠢ ᠹᠦ᠋ ᠲᠠᠢ ᠽᠧᠩ᠂ ᠸᠠᠩ ᠵᠦᠩ ᠡᠾᠧ᠂ ᠳ᠋ᠦᠩ ᠡᠾᠧᠩ ᠢᠥᠢ᠂ ᠵᠧᠩ ᠹᠦ᠋ ᠲᠢᠶᠠᠨ᠂ ᠨᠢᠥ | ᠭᠤᠸᠠᠩ ᠮᠢᠩ᠂ ᠴᠠᠩ ᠬᠠᠢ᠂ ᠯᠢᠶᠠᠩ ᠲᠢᠶᠧ ᠴᠧᠩ᠂ ᠯᠦᠸᠧ ᡁᠢ ᠬᠤ᠋ ᠪᠤᠯᠤᠨ ᠨᠠᠷᠢᠨ ᠪᠢᠴᠢᠭ ᠤᠨ ᠳᠠᠷᠤᠭ᠎ᠠ | ᠸᠧᠢ ᠵᠢᠶᠦ᠋ᠨ ᠬᠤᠷᠠᠯ ᠳᠤ ᠤᠷᠤᠯᠴᠠᠪᠠ᠃ | ᠵᠢᠯ ᠤᠨ ᠠᠵᠢᠯ ᠬᠠᠪᠤᠷ ᠲᠠᠭᠠᠨ᠂ ᠤᠯᠤᠰ ᠲᠦᠷᠦ ᠶᠢᠨ ᠵᠦᠪᠯᠡᠯᠬᠡᠨ ᠤ ᠲᠤᠰᠢᠶᠠᠯ ᠬᠠᠷᠢᠭᠤᠴᠠᠯᠭ᠎ᠠ ᠪᠠᠨ | ᠬᠦᠢᠴᠡᠳᠭᠡᠬᠦ ᠠᠵᠢᠯ ᠴᠦ ᠡᠶᠢᠮᠤ ᠪᠠᠶᠢᠳᠠᠭ᠃ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠬᠡᠨ ᠤ | ᠲᠡᠷᠢᠬᠦᠯᠡᠭᠴᠢᠳ ᠤᠨ ᠬᠤᠷᠠᠯ ᠠᠴᠠ ᠡᠯ᠎ᠡ ᠲᠤᠰᠬᠠᠢ ᠵᠦᠪᠯᠡᠯ ᠢᠶᠠᠷ ᠬᠠᠷᠢᠭᠤᠴᠠᠭᠤᠯᠵᠤ᠂ ᠦᠪᠡᠷᠲᠡᠭᠡᠨ ᠵᠠᠰᠠᠬᠤ | ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠠᠴᠠ ᠬᠢᠨᠠᠨ ᠪᠠᠲᠤᠯᠠᠬᠰᠠᠨ 10 ᠵᠦᠪᠯᠡᠬᠦ | ᠰᠡᠳᠦᠪ ᠤᠨ ᠲᠦᠯᠦᠪᠯᠡᠭᠡ ᠶᠢᠨ ᠲᠤᠭᠤᠷᠢᠨ ᠳᠤ ᠨᠠᠷᠢᠨ ᠨᠢᠬᠲᠠ ᠠᠵᠢᠯ ᠤᠨ ᠲᠦᠰᠦᠯ ᠲᠤᠭᠲᠠᠭᠠᠵᠤ᠂ ᠪᠠᠶᠢᠴᠠᠭᠠᠨ | ᠰᠤᠳᠤᠯᠤᠯᠳᠠ ᠬᠢᠬᠦ᠂ ᠵᠦᠪᠯᠡᠬᠦ᠂ ᠦᠷ᠎ᠠ ᠪᠦᠲᠦᠮᠵᠢ ᠪᠠᠨ ᠮᠡᠳᠡᠬᠦᠯᠦᠨ ᠬᠦᠷᠭᠡᠬᠦ ᠶᠢ ᠪᠠᠶᠠᠯᠠᠬᠦᠯᠬᠦ ᠵᠡᠷᠭᠡ ᠡᠯ᠎ᠡ | ᠭᠤᠬᠴᠤᠭ᠎ᠠ᠂ ᠡᠯ᠎ᠡ ᠳᠠᠷᠠᠭᠠᠯᠠᠯ ᠤᠨ ᠴᠠᠭ ᠤᠨ ᠬᠢᠵᠠᠭᠠᠷᠯᠡᠯ᠂ ᠭᠠᠵᠠᠷ ᠤᠷᠤᠨ᠂ ᠠᠯᠬᠤᠮ ᠲᠠᠷᠠᠭ᠎ᠠ᠂ ᠬᠠᠷᠢᠭᠤᠴᠠᠬᠤ | ᠨᠢᠭᠡᠴᠡ ᠪᠤᠯᠤᠨ ᠤᠷᠤᠯᠴᠠᠬᠴᠢ ᠬᠦᠮᠦᠰ ᠢ ᠲᠤᠳᠤᠷᠬᠠᠶᠢᠯᠠᠪᠠ᠃ 10 ᠵᠦᠪᠯᠡᠬᠦ ᠰᠡᠳᠦᠪ ᠤᠨ ᠲᠦᠯᠦᠪᠯᠡᠭᠡ ᠪᠤᠯᠤᠨ | ᠪᠤᠰᠤᠳ 14 ᠴᠢᠬᠤᠯᠠ ᠵᠦᠪᠯᠡᠬᠦ ᠰᠡᠳᠦᠪ ᠤᠨ ᠲᠤᠭᠤᠷᠢᠨ ᠳᠤ᠂ ᠦᠪᠡᠷᠲᠡᠭᠡᠨ ᠵᠠᠰᠠᠬᠤ ᠤᠷᠤᠨ ᠤ ᠤᠯᠤᠰ | ᠲᠦᠷᠦ ᠶᠢᠨ ᠵᠦᠪᠯᠡᠯᠬᠡᠨ ᠤ ᠠᠯᠪᠠᠨ ᠲᠢᠩᠬᠢᠮ ᠤᠯᠤᠰ ᠲᠦᠷᠦ ᠶᠢᠨ ᠵᠦᠪᠯᠡᠯᠬᠡᠨ ᠤ ᠲᠤᠰᠢᠶᠠᠯ ᠬᠠᠷᠢᠭᠤᠴᠠᠯᠭ᠎ᠠ ᠪᠠᠨ | ᠬᠦᠢᠴᠡᠳᠭᠡᠬᠦ ᠬᠠᠮᠢᠶ᠎ᠠ ᠪᠦᠬᠦᠢ ᠲᠦᠷᠢᠮ ᠲᠤᠬᠲᠠᠭᠠᠯ ᠶᠤᠰᠤᠭᠠᠷ ᠭᠡᠰᠢᠬᠦᠨ ᠤ ᠲᠤᠭᠤᠷᠢᠨ ᠪᠠᠶᠢᠴᠠᠭᠠᠬᠤ᠂ ᠰᠢᠨᠵᠢᠯᠠᠨ | ᠪᠠᠶᠢᠴᠠᠭᠠᠬᠤ᠂ ᠪᠠᠶᠢᠴᠠᠭᠠᠨ ᠰᠤᠳᠤᠯᠤᠯᠲᠠ ᠬᠢᠬᠦ ᠠᠵᠢᠯᠯᠠᠭ᠎ᠠ ᠶᠢᠨ ᠲᠦᠯᠦᠪᠯᠡᠭᠡ ᠶᠢ ᠲᠤᠭᠲᠠᠭᠠᠵᠤ᠂ ᠡᠬᠦᠨ ᠳᠤ 6 | ᠵᠦᠢᠯ ᠤᠨ ᠠᠷᠠᠳᠴᠢᠯᠠᠯ ᠢᠶᠠᠷ ᠬᠢᠨᠠᠯᠲᠠ ᠲᠠᠯᠪᠢᠬᠤ ᠴᠢᠨᠠᠷᠲᠠᠢ ᠠᠵᠢᠯᠯᠠᠭ᠎ᠠ ᠶᠢ ᠪᠠᠭᠲᠠᠭᠠᠵᠠᠢ᠃ ᠭᠡᠰᠢᠬᠦᠨ ᠤ ᠡᠳᠦᠷ | ᠳᠤᠲᠤᠮ ᠤᠨ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠭᠡᠬᠦ ᠶᠢ ᠵᠢᠯᠤᠭᠤᠳᠤᠨ ᠲᠦᠷᠢᠮᠵᠢᠬᠦᠯᠬᠦ ᠶᠢᠨ ᠲᠦᠯᠦᠭᠡ᠂ | ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠬᠡᠨ ᠤ ᠠᠯᠪᠠᠨ ᠲᠢᠩᠬᠢᠮ 33 ᠡᠲᠡᠭᠡᠳ ᠢᠯᠭᠠᠯ ᠤᠨ | ᠠᠵᠢᠯᠯᠠᠭ᠎ᠠ ᠶᠢᠨ ᠳᠤᠭᠤᠶᠢᠯᠠᠩ ᠤᠨ ᠬᠢᠨ ᠲᠠᠢ ᠵᠦᠪᠯᠡᠨ᠂ 45 ᠵᠦᠢᠯ ᠤᠨ ᠡᠲᠡᠭᠡᠳ ᠢᠯᠭᠠᠯ ᠤᠨ ᠠᠵᠢᠯᠯᠠᠭ᠎ᠠ ᠶᠢᠨ | ᠲᠦᠯᠦᠪᠯᠡᠭᠡ ᠲᠤᠭᠲᠠᠭᠠᠵᠦ᠂ ᠬᠡᠰᠢᠬᠦᠨ ᠤ ᠡᠲᠡᠭᠡᠳ ᠢᠯᠭᠠᠯ ᠤᠨ ᠪᠠᠶᠢᠴᠠᠭᠠᠨ ᠰᠤᠳᠤᠯᠤᠯᠳᠠ ᠬᠢᠬᠦ᠂ ᠲᠤᠭᠤᠷᠢᠨ | ᠪᠠᠶᠢᠴᠠᠭᠠᠬᠤ᠂ ᠵᠦᠪᠯᠡᠬᠦ ᠵᠢᠴᠢ ᠤᠨᠴᠠᠯᠢᠬᠳᠤ ᠡᠲᠡᠭᠡᠳ ᠢᠯᠭᠠᠯ ᠤᠨ ᠠᠵᠢᠯᠯᠠᠭ᠎ᠠ ᠦᠷᠨᠢᠬᠦᠯᠬᠦ ᠶᠢ ᠨᠢᠭᠡᠲᠦᠯᠲᠡᠢ | ᠪᠠᠶᠢᠷᠢᠯᠠᠭᠤᠯᠤᠨ᠂ ᠡᠯ᠎ᠡ ᠵᠦᠢᠯ ᠤᠨ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠭᠡᠬᠦ ᠠᠵᠢᠯᠯᠠᠭ᠎ᠠ ᠶᠢᠨ ᠲᠤᠭᠳᠠᠭᠰᠠᠨ | ᠴᠠᠭ ᠲᠤ ᠲᠤᠭᠲᠠᠭᠠᠯ ᠶᠤᠰᠤᠭᠠᠷ ᠡᠮᠬᠢ ᠴᠡᠭᠴᠡ ᠲᠠᠢ ᠶᠠᠪᠤᠬᠳᠠᠬᠤ ᠶᠢ ᠪᠠᠲᠤᠯᠠᠬᠤ | ᠪᠤᠯᠤᠨ᠎ᠠ᠃ | ᠷᠧᠨ ᠶᠠ ᠫᠢᠩ ᠬᠤᠷᠠᠯ ᠳᠡᠭᠡᠷ᠎ᠡ ᠵᠢᠭᠠᠵᠦ ᠭᠠᠷᠭᠠᠬᠰᠠᠨ ᠨᠢ᠂ ᠪᠠᠶᠢᠴᠠᠭᠠᠨ ᠰᠤᠳᠤᠯᠤᠯᠲᠠ ᠬᠢᠬᠦ ᠦᠬᠡᠢ ᠪᠤᠯ | ᠦᠭᠡ ᠬᠡᠯᠡᠬᠦ ᠡᠷᠭᠡ ᠦᠬᠡᠢ ᠶᠤᠮ᠂ ᠡᠯ᠎ᠡ ᠵᠦᠢᠯ ᠤᠨ ᠵᠦᠪᠯᠡᠬᠦ ᠠᠵᠢᠯᠯᠠᠭ᠎ᠠ ᠪᠤᠯᠤᠨ ᠲᠤᠭᠤᠷᠢᠨ ᠪᠠᠶᠢᠴᠠᠭᠠᠬᠤ | ᠰᠢᠨᠵᠢᠯᠡᠨ ᠪᠠᠶᠢᠴᠠᠭᠠᠬᠤ ᠪᠠᠶᠢᠴᠠᠭᠠᠨ ᠰᠤᠳᠤᠯᠤᠯᠲᠠ ᠬᠢᠬᠦ ᠲᠦᠯᠦᠪᠯᠡᠭᠡ ᠪᠠᠨ ᠡᠷᠳᠡᠭᠡᠨ ᠰᠢᠨᠵᠢᠯᠡᠬᠦ ᠤᠬᠠᠭᠠᠨᠴᠢ ᠪᠠᠷ | ᠲᠤᠬᠢᠷᠠᠭᠤᠯᠵᠦ᠂ ᠦᠨᠳᠤᠷ ᠴᠢᠨᠠᠷ ᠴᠢᠨᠰᠠᠭ᠎ᠠ ᠲᠠᠢ ᠲᠤᠭᠤᠷᠢᠨ ᠪᠠᠶᠢᠴᠠᠭᠠᠬᠤ ᠰᠢᠨᠵᠢᠯᠠᠨ ᠪᠠᠶᠢᠴᠠᠭᠠᠬᠤ ᠪᠠᠶᠢᠴᠠᠭᠠᠨ | ᠰᠤᠳᠤᠯᠤᠯᠳᠠ ᠬᠢᠬᠦ ᠠᠵᠢᠯᠯᠠᠭ᠎ᠠ ᠳᠤ ᠲᠦᠰᠢᠭ᠌ᠯᠡᠨ᠂ ᠤᠨ ᠤ ᠵᠦᠪᠯᠡᠬᠦ ᠲᠦᠯᠦᠪᠯᠡᠭᠡ ᠪᠠᠨ ᠰᠠᠶᠢᠳᠤᠷ ᠪᠠᠶᠠᠯᠠᠬᠦᠯᠬᠦ | ᠭᠡᠷᠡᠭᠳᠡᠢ᠃ ᠤᠯᠤᠰ ᠲᠦᠷᠦ ᠶᠢᠨ ᠵᠦᠪᠯᠡᠯᠬᠡᠨ ᠨᠢ ᠡᠲᠡᠭᠡᠳ ᠢᠯᠭᠠᠯ ᠢᠶᠠᠷ ᠪᠦᠷᠢᠯᠳᠦᠵᠦ᠂ ᠡᠲᠡᠭᠡᠳ ᠢᠯᠭᠠᠯ ᠤᠨ | ᠠᠵᠢᠯᠯᠠᠭ᠎ᠠ ᠶᠢ ᠠᠬᠢᠭᠤᠯᠬᠤ ᠶᠢᠨ ᠵᠤᠷᠢᠯᠭ᠎ᠠ ᠪᠤᠯ ᠲᠡᠪᠴᠡᠩ ᠪᠠᠶᠢᠭᠤᠯᠵᠦ ᠦᠷᠭᠡᠨ ᠤᠯᠠᠨ ᠬᠡᠰᠢᠬᠦᠨ ᠤ ᠡᠳᠦᠷ | ᠳᠤᠲᠤᠮ ᠤᠨ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠭᠡᠬᠦ ᠢᠳᠡᠪᠬᠢᠵᠢᠯ ᠢ ᠲᠠᠶᠢᠴᠢᠯᠠᠬᠤ ᠶᠠᠪᠤᠳᠠᠯ ᠪᠤᠯᠤᠨ᠎ᠠ᠂ | ᠡᠶᠢᠮᠦ ᠠᠴᠠ ᠨᠠᠷᠢᠨ ᠨᠢᠮᠪᠠᠢ ᠲᠦᠯᠦᠪᠯᠡᠨ ᠡᠷᠲᠡᠭᠡᠨ ᠪᠠᠶᠢᠷᠢᠯᠠᠭᠤᠯᠵᠦ᠂ ᠠᠵᠢᠯᠯᠠᠭ᠎ᠠ ᠳᠤ ᠨᠡᠯᠢᠶᠡᠳ ᠴᠦᠭᠡᠨ | ᠤᠷᠤᠯᠴᠠᠳᠠᠭ ᠭᠡᠰᠢᠬᠦᠨ ᠳᠤ ᠢᠯᠡᠬᠦᠭᠡᠨ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠭᠡᠬᠦ ᠨᠦᠬᠦᠴᠡᠯ ᠪᠦᠷᠢᠯᠳᠦᠬᠦᠯᠵᠦ | ᠦᠭᠬᠦ ᠬᠡᠷᠡᠭᠲᠡᠢ ᠭᠡᠪᠠ᠃ ᠷᠧᠨ ᠶᠠ ᠫᠢᠩ ᠱᠠᠭᠠᠷᠳᠠᠬᠰᠠᠨ ᠨᠢ᠂ ᠲᠦᠰᠦᠯ ᠢᠶᠠᠨ ᠴᠢᠨᠠᠭᠰᠢᠳᠠ ᠨᠠᠷᠢᠯᠢᠬᠵᠢᠭᠤᠯᠵᠦ᠂ | ᠡᠨᠡ ᠵᠢᠯ ᠤᠨ ᠵᠦᠪᠯᠡᠬᠦ᠂ ᠲᠤᠭᠤᠷᠢᠨ ᠪᠠᠶᠢᠴᠠᠭᠠᠬᠤ᠂ ᠰᠢᠨᠵᠢᠯᠡᠨ ᠪᠠᠶᠢᠴᠠᠭᠠᠬᠤ᠂ ᠪᠠᠶᠢᠴᠠᠭᠠᠨ ᠰᠤᠳᠤᠯᠤᠯᠲᠠ ᠬᠢᠬᠦ | ᠵᠢᠴᠢ ᠡᠲᠡᠭᠡᠳ ᠢᠯᠭᠠᠯ ᠤᠨ ᠠᠵᠢᠯᠯᠠᠭ᠎ᠠ ᠶᠢ ᠰᠢᠨᠵᠢᠯᠡᠬᠦ ᠤᠬᠠᠭᠠᠨᠴᠢ ᠪᠠᠷ ᠲᠦᠯᠦᠪᠵᠢᠬᠦᠯᠤᠨ᠂ ᠭᠤᠤᠯᠳᠠᠯᠭ᠎ᠠ ᠶᠢ | ᠳᠤᠪᠤᠶᠢᠯᠭᠠᠨ ᠨᠠᠷᠢᠨ ᠨᠢᠮᠪᠠᠢ ᠵᠤᠬᠢᠶᠠᠨ ᠪᠠᠶᠢᠭᠤᠯᠵᠦ᠂ ᠨᠠᠷᠢᠨ ᠬᠢᠨᠠᠮᠠᠭᠠᠢ ᠬᠡᠷᠡᠭᠵᠢᠬᠦᠯᠤᠨ ᠪᠤᠳᠠᠲᠦ ᠦᠷ᠎ᠡ | ᠪᠦᠲᠦᠮᠵᠢ ᠶᠢ ᠪᠠᠲᠤᠯᠠᠬᠤ ᠬᠡᠷᠡᠭᠲᠡᠢ︔ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠬᠡᠨ ᠤ | ᠤᠶᠢᠷ᠎ᠠ ᠶᠢᠨ ᠵᠢᠯ ᠠᠴᠠ ᠨᠠᠰᠢᠬᠢ ᠲᠤᠬᠲᠠᠭᠠᠵᠦ ᠬᠡᠷᠡᠭᠵᠢᠬᠦᠯᠦᠭᠰᠡᠨ ᠤᠨ ᠤ ᠵᠦᠪᠯᠡᠬᠦ ᠲᠦᠯᠦᠪᠯᠡᠭᠡ ᠶᠢᠨ ᠪᠠᠶᠢᠳᠠᠯ ᠳᠤ | ᠪᠦᠬᠦ ᠲᠠᠯ᠎ᠡ ᠪᠠᠷ ᠳ᠋ᠦᠩᠨᠡᠯᠲᠡ ᠬᠢᠵᠦ᠂ ᠠᠮᠵᠢᠯᠳᠠ ᠪᠦᠳᠤᠮᠵᠢ ᠪᠠᠨ ᠬᠤᠷᠢᠶᠠᠩᠭᠤᠶᠢᠯᠠᠨ ᠲᠤᠷᠰᠢᠯᠭ᠎ᠠ ᠪᠠᠨ ᠳ᠋ᠦᠩᠨᠡᠵᠦ᠂ | ᠬᠦᠷᠦᠯᠴᠡᠬᠦ ᠦᠭᠡᠢ ᠲᠠᠯ᠎ᠠ ᠪᠠᠨ ᠡᠷᠢᠨ ᠭᠠᠷᠭᠠᠵᠦ᠂ ᠲᠠᠰᠤᠷᠠᠯᠳᠠ ᠦᠬᠡᠢ ᠴᠢᠩᠭᠠᠳᠬᠠᠨ ᠰᠠᠶᠢᠵᠢᠷᠠᠭᠤᠯᠵᠦ᠂ | ᠵᠦᠪᠯᠡᠬᠦ ᠴᠢᠳᠠᠪᠬᠢ ᠪᠠᠨ ᠳᠡᠭᠡᠭᠰᠢᠯᠡᠬᠦᠯᠤᠨ ᠦᠪᠡᠷᠲᠡᠭᠡᠨ ᠵᠠᠰᠠᠬᠤ ᠤᠷᠤᠨ ᠤ ᠦᠭᠡᠷᠡᠴᠢᠯᠡᠯᠲᠡ ᠬᠦᠭᠵᠢᠯᠲᠡ | ᠲᠤᠬᠲᠠᠭᠤᠨ ᠤ ᠶᠡᠭᠡ ᠲᠠᠯ᠎ᠠ ᠳᠤ ᠨᠡᠩ ᠰᠠᠶᠢᠳᠤᠷ ᠦᠢᠯᠡᠴᠢᠯᠡᠬᠦ ᠬᠡᠷᠡᠭᠲᠡᠢ ᠭᠡᠵᠡᠢ᠃ |