ᠥᠪᠥᠷ ᠮᠣᠩᠭᠤᠯ ᠲᠠᠷᠢᠶᠠᠯᠠᠩ ᠮᠠᠯ ᠠᠵᠤ ᠠᠬᠤᠶ ᠶᠢᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠢᠳᠡᠪᠬᠢᠲᠡᠶ ᠠᠬᠢᠭᠤᠯᠵᠤ ᠪᠤᠢ
ᠨᠡᠶᠢᠲᠡᠯᠡᠭᠰᠡᠨ ᠴᠠᠭ᠄
2017/2/9
      ᠡᠨᠡ ᠵᠢᠯ ᠤᠨ ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠳᠤ᠂ ᠲᠠᠷᠢᠶᠠᠯᠠᠩ ᠤᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠳᠤ ᠠᠩᠬᠠᠷᠤᠯ ᠢᠶᠠᠨ ᠲᠥᠪᠯᠡᠷᠡᠭᠦᠯᠪᠡ᠃ ᠲᠠᠷᠢᠶᠠᠯᠠᠩ ᠮᠠᠯ ᠠᠵᠤ ᠠᠬᠤᠶ ᠶᠢᠨ ᠲᠣᠮᠣ ᠣᠷᠣᠨ ᠪᠣᠯᠤᠭᠰᠠᠨ ᠤ ᠬᠤᠪᠢ ᠳᠤ᠂ ᠥᠪᠥᠷ ᠮᠣᠩᠭᠤᠯ ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠢ ᠬᠡᠷᠬᠢᠨ ᠲᠤᠤᠱᠯᠠᠭᠤᠯᠤᠨ ᠨᠠᠶᠢᠳᠠᠪᠤᠷᠢᠵᠢᠭᠤᠯᠬᠤ ᠳᠤ᠂ ᠲᠠᠷᠢᠶᠠᠯᠠᠩ ᠮᠠᠯ ᠠᠵᠤ ᠠᠬᠤᠶ ᠶᠢᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠠᠬᠢᠭᠤᠯᠬᠤ ᠲᠠᠯ᠎ᠠ ᠪᠠᠷ ᠥᠨᠥᠬᠡᠨ ᠨᠡᠶᠢᠲᠡᠯᠡᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠣᠳᠣᠬᠢᠴᠢᠯᠠᠯᠲᠠ ᠶᠢᠨ ︿13·5﹀᠎ ᠶᠢᠨ ᠬᠥᠭᠵᠢᠯᠲᠡ ᠶᠢᠨ ᠲᠥᠯᠥᠪᠵᠢᠭᠦᠯᠭᠡ︾ ︵ᠳᠣᠷᠣᠭᠰᠢ ︽ᠲᠥᠯᠥᠪᠵᠢᠭᠦᠯᠭᠡ︾ ᠭᠡᠵᠦ ᠲᠣᠪᠴᠢᠯᠠᠨ᠎ᠠ︶᠎ ᠳᠤ᠂ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ ᠪᠦᠲᠦᠴᠡ ᠶᠢ ᠲᠣᠬᠢᠷᠠᠭᠤᠯᠤᠨ ᠰᠢᠯᠢᠳᠡᠭᠵᠢᠭᠦᠯᠬᠦ᠂ ᠨᠢᠭᠡ ᠬᠤᠶᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠲᠦᠯᠬᠢᠨ ᠠᠬᠢᠭᠤᠯᠬᠤ᠂ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠬᠦᠴᠦᠨ ᠤ ᠪᠠᠶᠢᠷᠢᠰᠢᠯ ᠢ ᠰᠢᠯᠢᠳᠡᠭᠵᠢᠭᠦᠯᠬᠦ ᠭᠤᠷᠪᠠᠨ ᠲᠠᠯ᠎ᠠ ᠪᠠᠷ ︽13·5︾᠎ ᠶᠢᠨ ᠲᠥᠯᠥᠪᠵᠢᠭᠦᠯᠭᠡ ᠶᠢᠨ ᠬᠤᠭᠤᠴᠠᠭᠠᠨ ᠳᠤ ᠥᠪᠥᠷ ᠮᠣᠩᠭᠤᠯ ᠲᠠᠷᠢᠶᠠᠴᠢᠳ ᠲᠤ ᠠᠰᠢᠭ ᠬᠦᠷᠲᠡᠭᠡᠬᠦ ᠶᠢ ᠵᠣᠬᠢᠴᠠᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠠᠬᠢᠭᠤᠯᠬᠤ ᠲᠠᠯ᠎ᠠ ᠪᠠᠷ ᠪᠦᠬᠦ ᠲᠠᠯ᠎ᠠ ᠶᠢᠨ ᠪᠠᠶᠢᠷᠢᠯᠠᠭᠤᠯᠤᠯᠲᠠ ᠬᠢᠵᠠᠢ᠃      ︽ᠲᠥᠯᠥᠪᠵᠢᠭᠦᠯᠭᠡ︾᠎ ᠳᠤ ᠵᠢᠭᠠᠭᠰᠠᠨ ᠨᠢ᠂ ᠲᠠᠷᠢᠶᠠᠯᠠᠩ ᠮᠠᠯ ᠠᠵᠤ ᠠᠬᠤᠶ ᠶᠢᠨ ᠵᠣᠬᠢᠴᠠᠩᠭᠤᠶ ᠴᠢᠨᠠᠷ ᠢ ᠴᠢᠩᠭᠠᠳᠬᠠᠨ ᠬᠥᠭᠵᠢᠭᠦᠯᠬᠦ ᠨᠢ᠂ ᠲᠠᠷᠢᠶᠠᠯᠠᠩ ᠮᠠᠯ ᠠᠵᠤ ᠠᠬᠤᠶ ᠶᠢᠨ ᠣᠳᠣᠬᠢᠴᠢᠯᠠᠯᠲᠠ ᠶᠢᠨ ᠳᠤᠲᠠᠭᠤᠳᠠᠯ ᠢ ᠲᠦᠷᠭᠡᠨ ᠨᠥᠬᠦᠪᠥᠷᠢᠯᠡᠬᠦ᠂ ᠲᠠᠷᠢᠶᠠᠯᠠᠩ ᠮᠠᠯ ᠠᠵᠤ ᠠᠬᠤᠶ ᠶᠢᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢᠨ ᠮᠥᠨ ᠴᠢᠨᠠᠷ ᠤᠨ ᠱᠠᠭᠠᠷᠳᠠᠯᠭ᠎ᠠ ᠮᠥᠨ᠂ ᠲᠠᠷᠢᠶᠠᠯᠠᠩ ᠮᠠᠯ ᠠᠵᠤ ᠠᠬᠤᠶ ᠶᠢᠨ ᠪᠦᠲᠦᠴᠡ ᠶᠢ ᠲᠣᠬᠢᠷᠠᠭᠤᠯᠤᠨ ᠰᠢᠯᠢᠳᠡᠭᠵᠢᠭᠦᠯᠬᠦ᠂ ᠣᠷᠣᠨ ᠪᠦᠰᠡ ᠶᠢᠨ ᠦᠢᠯᠡᠳᠪᠦᠷᠢᠯᠡᠯ ᠤᠨ ᠬᠦᠴᠦᠨ ᠎ ᠢ ᠡᠬᠢ ᠪᠠᠶᠠᠯᠢᠭ ᠤᠨ ᠳᠠᠭᠠᠭᠠᠴᠠ ᠬᠦᠴᠦᠨ ᠲᠠᠢ ᠲᠣᠬᠢᠷᠠᠮᠵᠢᠲᠠᠶ ᠪᠠᠶᠢᠯᠭᠠᠬᠤ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠪᠡᠶᠡᠴᠢ ᠴᠣᠭᠴᠠ ᠶᠢᠨ ᠬᠡᠯᠪᠡᠷᠢ ᠶᠢ ᠬᠤᠪᠢᠷᠠᠭᠤᠯᠤᠨ ᠬᠥᠭᠵᠢᠭᠦᠯᠬᠦ ᠶᠢ ᠪᠣᠶᠢᠵᠢᠭᠤᠯᠬᠤ ᠪᠠ ᠳᠡᠰ ᠳᠡᠪᠰᠢᠭᠦᠯᠬᠦ ᠲᠠᠢ ᠵᠡᠷᠭᠡᠪᠡᠷ ᠠᠳᠬᠤᠬᠤ ᠶᠢ ᠡᠷᠬᠡᠪᠰᠢ ᠪᠠᠷᠢᠮᠲᠠᠯᠠᠵᠤ᠂ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠶᠢᠨ ᠪᠦᠬᠦᠯᠢ ᠴᠣᠭᠴᠠᠲᠤ ᠴᠢᠨᠠᠷ᠂ ᠬᠠᠮᠵᠢᠯᠴᠠᠬᠤ ᠴᠢᠨᠠᠷ ᠢ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ᠃ ᠮᠠᠨ ᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠡᠷᠳᠡᠨᠢ ᠰᠢᠰᠢ ᠪᠠᠷ ᠭᠤᠣᠯᠯᠠᠭᠤᠯᠬᠤ᠂ ᠬᠤᠨᠢ ᠪᠠᠷ ᠭᠤᠣᠯᠯᠠᠭᠤᠯᠬᠤ ᠳᠠᠩ ᠭᠠᠭᠴᠠ ᠲᠠᠷᠢᠵᠦ ᠲᠡᠵᠢᠭᠡᠬᠦ ᠪᠦᠲᠦᠴᠡ ᠶᠢ ᠢᠳᠡᠪᠬᠢᠲᠡᠶ ᠪᠠᠷ ᠥᠭᠡᠷᠡᠴᠢᠯᠡᠨ᠂ ︽ᠠᠮᠤ ᠪᠤᠳᠠᠭ᠎ᠠ ᠶᠢ ᠪᠤᠷᠳᠤᠭᠤᠷ ᠪᠣᠯᠭᠠᠬᠤ︾ ᠪᠠ ︽ᠬᠤᠨᠢ ᠶᠢ ᠲᠣᠭᠲᠠᠪᠤᠷᠢᠵᠢᠭᠤᠯᠵᠤ ᠦᠬᠡᠷ ᠢ ᠨᠡᠮᠡᠭᠳᠡᠭᠦᠯᠦᠨ ᠭᠠᠭ᠋ᠠᠶ ᠵᠢᠭᠦᠷᠲᠡᠨ ᠢ ᠣᠯᠠᠰᠢᠷᠠᠭᠤᠯᠬᠤ︾ ᠬᠥᠭᠵᠢᠯᠲᠡ ᠶᠢᠨ ᠰᠡᠳᠬᠢᠴᠡ ᠶᠢ ᠶᠡᠬᠡᠪᠡᠷ ᠬᠡᠷᠡᠭᠵᠢᠭᠦᠯᠵᠦ᠂ ᠡᠪᠡᠰᠦ ᠪᠣᠷᠳᠤᠭ᠎ᠠ ᠶᠢᠨ ᠦᠢᠯᠡᠳᠪᠦᠷᠢᠯᠡᠯ ᠤᠨ ᠳᠠᠯᠳᠠ ᠬᠦᠴᠦᠨ ᠢ ᠠᠭᠤᠳᠠᠯᠵᠤ᠂ ᠮᠢᠩᠭᠠᠨ ᠲᠦᠮᠡᠨ ᠢᠳᠡᠰᠢᠨ ᠦᠬᠡᠷ ᠮᠠᠯᠵᠢᠬᠤ ᠲᠤᠰᠬᠠᠶ ᠠᠵᠢᠯᠯᠠᠭ᠎ᠠ ᠥᠷᠨᠢᠭᠦᠯᠵᠦ᠂ ᠠᠮᠤ ᠪᠤᠳᠠᠭᠠᠨ ᠤ ᠭᠤᠣᠯ ᠭᠠᠷᠤᠯᠲᠠ ᠶᠢᠨ ᠣᠷᠣᠨ ᠳᠤ ᠭᠠᠭ᠋ᠠᠶ᠂ ᠭᠡᠷ ᠤᠨ ᠵᠢᠭᠦᠷᠲᠡᠨ ᠢ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠶᠢ ᠲᠦᠯᠬᠢᠨ ᠠᠬᠢᠭᠤᠯᠵᠤ᠂ ᠲᠠᠷᠢᠮᠠᠯ ᠤᠨ ᠪᠦᠲᠦᠴᠡ᠂ ᠮᠠᠯ ᠰᠦᠷᠦᠭ ᠤᠨ ᠡᠭᠦᠯᠳᠡᠷ ᠤᠨ ᠪᠦᠲᠦᠴᠡ ᠂ ᠲᠠᠷᠢᠵᠦ ᠲᠡᠵᠢᠭᠡᠬᠦ ᠪᠦᠲᠦᠴᠡ ᠶᠢ ᠲᠠᠰᠤᠷᠠᠯᠲᠠ ᠦᠭᠡᠢ ᠰᠢᠯᠢᠳᠡᠭᠵᠢᠭᠦᠯᠦᠨ ᠲᠣᠬᠢᠷᠠᠭᠤᠯᠵᠦ᠂ ᠬᠥᠭᠵᠢᠯᠲᠡ ᠶᠢᠨ ᠪᠦᠬᠦᠯᠢ ᠴᠣᠭᠴᠠᠲᠤ ᠴᠢᠨᠠᠷ ᠪᠣᠯᠤᠨ ᠵᠣᠬᠢᠴᠠᠯᠳᠤ ᠴᠢᠨᠠᠷ ᠢ ᠨᠡᠮᠡᠭᠳᠡᠭᠦᠯᠦᠨ᠂ ᠤᠯᠠᠨ ᠲᠠᠯ᠎ᠠ ᠪᠠᠷ ᠲᠤᠯᠭᠠᠭᠤᠷᠢᠯᠠᠭᠰᠠᠨ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠶᠢᠨ ᠪᠠᠶᠢᠷᠢᠰᠢᠯ ᠢ ᠪᠤᠢ ᠪᠣᠯᠭᠠᠵᠤ᠂ ᠲᠠᠷᠢᠶᠠᠯᠠᠩ ᠮᠠᠯ ᠠᠵᠤ ᠠᠬᠤᠶ ᠶᠢ ᠣᠷᠭᠠᠨᠢᠭ ᠢᠶᠠᠷ ᠤᠶᠠᠯᠳᠤᠭᠤᠯᠤᠭᠰᠠᠨ᠂ ᠲᠠᠷᠢᠮᠠᠯ ᠲᠡᠵᠢᠭᠡᠪᠦᠷᠢ ᠶᠢ ᠣᠷᠴᠢᠯᠲᠤᠭᠤᠯᠤᠭᠰᠠᠨ᠂ ᠠᠮᠤ ᠡᠪᠡᠰᠦ ᠎ ᠶᠢ ᠬᠠᠮᠲᠤ ᠳᠤᠨᠢ ᠬᠠᠷᠠᠭᠠᠯᠵᠠᠭᠰᠠᠨ ᠰᠢᠨ᠎ᠡ ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠶ ᠶᠢᠨ ᠲᠠᠷᠢᠵᠦ ᠲᠡᠵᠢᠭᠡᠬᠦ ᠪᠦᠲᠦᠴᠡ ᠶᠢ ᠪᠠᠶᠢᠭᠤᠯᠬᠤ ᠬᠡᠷᠡᠭᠲᠡᠢ ᠭᠡᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号