ᠦᠢᠷ᠎ᠠ ᠳᠤ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨᠴᠢ ᠦᠨᠡᠯᠡᠯᠲᠡ ᠤᠨ ᠰᠤᠳᠤᠯᠤᠯ ᠤᠨ ᠲᠥᠪ᠂ | ᠦᠬᠠᠨ ᠶᠡᠭᠡ ᠰᠤᠷᠭᠠᠭᠤᠯᠢ ᠶᠢᠨ ᠳᠤᠮᠳᠠᠳᠤ ᠤᠯᠤᠰ ᠤᠨ ᠰᠤᠷᠭᠠᠨ ᠬᠥᠮᠦᠵᠢᠯ ᠤᠨ ᠶᠠᠰᠤ ᠴᠢᠨᠠᠷ ᠢ ᠦᠨᠡᠯᠡᠬᠦ ᠲᠥᠪ | ᠨᠢ ᠳᠤᠮᠳᠠᠳᠤ ᠤᠯᠤᠰ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠦᠨᠡᠯᠡᠯᠲᠡ ᠶᠢᠨ ᠰᠦᠯᠵᠢᠶ᠎ᠡ ᠲᠠᠢ ᠬᠠᠮᠲᠤᠷᠠᠨ | ︽2017-2018 ᠤᠨ ᠤ ᠳᠤᠮᠳᠠᠳᠤ ᠤᠯᠤᠰ ᠤᠨ ᠳᠡᠭᠡᠳᠦ ᠵᠡᠷᠭᠡ ᠶᠢᠨ ᠠᠵᠢᠯ ᠮᠡᠷᠭᠡᠵᠢᠯ ᠲᠤᠰᠬᠠᠶ | ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠥᠷᠢᠰᠥᠯᠳᠦᠬᠦ ᠬᠦᠴᠦᠨ ᠤ ᠵᠢᠭᠰᠠᠭᠠᠯᠲᠠ ︵600 ᠬᠦᠴᠦᠷᠬᠡᠭ︶ ᠶᠢᠨ | ᠨᠡᠷᠡᠰ︾ ᠢ ᠨᠡᠶᠢᠲᠡᠯᠡᠵᠡᠢ᠂ ᠥᠪᠥᠷ ᠮᠣᠩᠭᠤᠯ ᠤᠨ 12 ᠶᠡᠭᠡ ᠳᠡᠭᠡᠳᠦ ᠰᠤᠷᠭᠠᠭᠤᠯᠢ ᠳᠤᠮᠳᠠᠳᠤ ᠤᠯᠤᠰ ᠤᠨ | ᠳᠡᠭᠡᠳᠦ ᠵᠡᠷᠭᠡ ᠶᠢᠨ ᠠᠵᠢᠯ ᠮᠡᠷᠭᠡᠵᠢᠯ ᠲᠤᠰᠬᠠᠶ ᠮᠡᠷᠭᠡᠵᠢᠯ ᠤᠨ ᠳᠡᠭᠡᠳᠦ ᠰᠤᠷᠭᠠᠭᠤᠯᠢ ᠶᠢᠨ 600 ᠬᠦᠴᠦᠷᠬᠡᠭ ᠲᠤ | ᠵᠢᠭᠰᠠᠭᠠᠭᠳᠠᠪᠠ᠃ | ᠥᠪᠥᠷ ᠮᠣᠩᠭᠤᠯ ᠣᠷᠣᠨ ᠤ ᠨᠡᠷᠡᠰ ᠲᠤ ᠵᠢᠭᠰᠠᠭᠠᠭᠳᠠᠭᠰᠠᠨ 12 ᠶᠡᠭᠡ ᠳᠡᠭᠡᠳᠦ ᠰᠤᠷᠭᠠᠭᠤᠯᠢ ᠪᠤᠯ᠄ ᠥᠪᠥᠷ | ᠮᠣᠩᠭᠤᠯ ᠤᠨ ᠬᠢᠮᠢ ᠶᠢᠨ ᠠᠵᠤ ᠦᠢᠯᠡᠳᠪᠦᠷᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠥᠪᠥᠷ | ᠮᠣᠩᠭᠤᠯ ᠤᠨ ᠪᠠᠷᠢᠯᠭ᠎ᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠥᠪᠥᠷ ᠮᠣᠩᠭᠤᠯ ᠤᠨ ᠬᠤᠳᠠᠯᠳᠤᠭ᠎ᠠ | ᠠᠷᠠᠯᠵᠢᠶᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠥᠪᠥᠷ ᠮᠣᠩᠭᠤᠯ ᠤᠨ ᠮᠠᠰᠢᠨ ᠴᠠᠬᠢᠯᠭᠠᠨ ᠤ ᠠᠵᠢᠯ | ᠮᠡᠷᠭᠡᠵᠢᠯ ᠤᠨ ᠳᠡᠭᠡᠳᠦ ᠰᠤᠷᠭᠠᠭᠤᠯᠢ᠂ ᠥᠪᠥᠷ ᠮᠣᠩᠭᠤᠯ ᠤᠨ ᠡᠯᠧᠺᠲᠷᠣᠨ ᠮᠡᠳᠡᠭᠡ ᠵᠠᠩᠭᠢ ᠶᠢᠨ ᠠᠵᠢᠯ | ᠮᠡᠷᠭᠡᠵᠢᠯ ᠤᠨ ᠳᠡᠭᠡᠳᠦ ᠰᠤᠷᠭᠠᠭᠤᠯᠢ᠂ ᠬᠥᠬᠡᠬᠤᠲᠠ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠰᠢᠯᠢ ᠶᠢᠨ | ᠭᠤᠣᠯ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠪᠤᠭᠤᠲᠤ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ | ᠪᠤᠭᠤᠲᠤ ᠶᠢᠨ ᠬᠥᠩᠭᠡᠨ ᠠᠵᠤ ᠦᠢᠯᠡᠳᠪᠦᠷᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠬᠥᠯᠥᠨ ᠪᠤᠶᠢᠷ | ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠬᠢᠩᠭᠠᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠤᠯᠠᠭᠠᠨᠴᠠᠪ | ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠪᠤᠯᠤᠨ᠎ᠠ᠃ | ᠣᠶᠢᠯᠠᠭᠠᠭᠰᠠᠨ ᠢᠶᠠᠷ᠂ ᠲᠤᠰ ᠤᠳᠠᠭᠠᠨ ᠤ ᠨᠡᠷᠡᠰ ᠤᠨ ᠵᠢᠭᠰᠠᠭᠠᠯᠲᠠ ᠢ ᠪᠦᠬᠦ ᠤᠯᠤᠰ ᠤᠨ 1346 ᠲᠤᠰᠬᠠᠶ | ᠮᠡᠷᠭᠡᠵᠢᠯ ︵ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠲᠤᠰᠬᠠᠶ ᠮᠡᠷᠭᠡᠵᠢᠯ︶ ᠤᠨ ᠳᠡᠭᠡᠳᠦ ᠰᠤᠷᠭᠠᠭᠤᠯᠢ ᠶᠢᠨ | ᠰᠤᠷᠭᠠᠭᠤᠯᠢ ᠡᠷᠭᠢᠯᠡᠬᠦ ᠨᠥᠬᠦᠴᠡᠯ᠂ ᠴᠢᠳᠠᠪᠤᠷᠢᠲᠠᠨ ᠤ ᠬᠦᠮᠦᠵᠢᠭᠦᠯᠦᠯ᠂ ᠰᠤᠷᠭᠠᠭᠤᠯᠢ ᠶᠢᠨ ᠨᠡᠷ᠎ᠡ ᠬᠦᠨᠳᠦ ᠵᠡᠷᠭᠡ | ᠭᠦᠢᠴᠡᠳᠬᠡᠬᠦ ᠲᠤᠭ᠎ᠠ ᠪᠠᠷ ᠶᠡᠷᠦᠩᠬᠡᠶᠢᠯᠡᠨ ᠵᠢᠭᠰᠠᠭᠠᠵᠤ ᠭᠠᠷᠭᠠᠭᠰᠠᠨ ᠪᠠᠶᠢᠨ᠎ᠠ᠃ |