ᠪᠦ᠋ ᠰᠢᠶᠤᠤ ᠯᠢᠨ ᠡᠩ ᠤᠨ ᠨᠠᠮ ᠤᠨ ᠬᠡᠰᠢᠭᠦᠨ ᠤ ᠬᠤᠪᠢ ᠪᠠᠷ ᠨᠠᠮ ᠤᠨ ᠡᠭᠦᠷ ᠤᠨ ᠢᠶᠠᠨ ᠲᠤᠰᠬᠠᠢ ᠰᠡᠳᠦᠪᠳᠤ ᠵᠤᠬᠢᠶᠠᠨ ᠪᠠᠶᠢᠭᠤᠯᠤᠯᠳᠠ ᠶᠢᠨ ᠠᠮᠢᠳᠤᠷᠠᠯ ᠤᠨ ᠬᠤᠷᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2017/3/1
     2 ᠳ᠋ᠤᠭᠠᠷ ᠰᠠᠷ᠎ᠠ ᠶᠢᠨ 28᠎ ᠤ ᠦᠳᠡ ᠶᠢᠨ ᠬᠤᠶᠢᠨ᠎ᠠ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠳᠡᠷᠢᠭᠦᠯᠡᠭᠴᠢ ᠪᠦ᠋ ᠰᠢᠶᠤᠤ ᠯᠢᠨ ᠡᠩ ᠤᠨ ᠨᠠᠮ ᠎ ᠤᠨ ᠬᠡᠰᠢᠭᠦᠨ ᠤ ᠬᠤᠪᠢ ᠪᠠᠷ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠠᠯᠪᠠᠨ ᠲᠢᠩᠬᠢᠮ ᠤᠨ ᠨᠠᠷᠢᠨ ᠪᠢᠴᠢᠭ ᠤᠨ ᠨᠢᠭᠡᠳᠦᠭᠡᠷ ᠭᠠᠵᠠᠷ ᠤᠨ ᠨᠠᠮ ᠤᠨ ᠡᠭᠦᠷ ᠤᠨ ᠳᠣᠰᠬᠠᠢ ᠰᠡᠳᠦᠪᠳᠦ ᠵᠤᠬᠢᠶᠠᠨ ᠪᠠᠶᠢᠭᠤᠯᠤᠯᠳᠠ ᠶᠢᠨ ᠠᠮᠢᠳᠤᠷᠠᠯ ᠤᠨ ᠬᠤᠷᠠᠯ ᠳᠤ ᠤᠷᠤᠯᠴᠠᠵᠤ᠂ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶ᠎ᠠ ᠶᠢᠨ ᠵᠢᠷᠭᠤᠳᠤᠭᠠᠷ ᠪᠦᠭᠦᠳᠡ ᠬᠤᠷᠠᠯ ᠤᠨ ᠵᠤᠷᠢᠭ ᠰᠠᠨᠠᠭ᠎ᠠ ᠶᠢ ᠳᠣᠣᠱᠯᠠᠭᠤᠯᠬᠤ᠂ ᠨᠠᠮ ᠤᠨ ᠳᠤᠳᠤᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠴᠢᠨᠠᠭᠰᠢᠳᠠ ᠴᠢᠩᠳᠠᠯᠠᠬᠤ᠂ ᠨᠠᠮ ᠤᠨ ᠦᠵᠡᠯᠳᠡ ᠶᠢ ᠴᠢᠩᠭᠠᠷᠠᠭᠤᠯᠬᠤ᠂ ᠨᠠᠮᠴᠢ ᠴᠢᠨᠠᠷ ᠤᠨ ᠪᠤᠯᠪᠠᠰᠤᠷᠠᠯ ᠢ ᠳᠡᠭᠡᠭᠰᠢᠯᠡᠭᠦᠯᠬᠦ ᠶᠢᠨ ᠲᠤᠭᠤᠷᠢᠨ ᠳᠤ ᠨᠠᠮ ᠤᠨ ᠡᠭᠦᠷ ᠤᠨ ᠪᠦᠬᠦ ᠨᠠᠮ ᠤᠨ ᠬᠡᠰᠢᠭᠦᠨ ᠲᠠᠢ ᠬᠠᠮᠳᠤ ᠰᠤᠯᠢᠯᠴᠠᠨ ᠰᠣᠷᠣᠯᠴᠠᠪᠠ᠃      ᠨᠠᠷᠢᠨ ᠪᠢᠴᠢᠭ ᠤᠨ ᠨᠢᠭᠡᠳᠦᠭᠡᠷ ᠭᠠᠵᠠᠷ ᠤᠨ ᠨᠠᠮ ᠤᠨ ᠡᠭᠦᠷ ᠤᠨ ᠨᠠᠮ ᠤᠨ ᠬᠡᠰᠢᠭᠦᠳ ︽ᠬᠤᠶᠠᠷ ᠢ ᠰᠤᠷᠤᠯᠴᠠᠵᠤ ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠬᠤ︾ ᠰᠤᠷᠤᠯᠴᠠᠯᠭ᠎ᠠ ᠬᠦᠮᠦᠵᠢᠯ  ᠤᠨ ᠱᠠᠭᠠᠷᠳᠠᠯᠭ᠎ᠠ ᠪᠣᠯᠣᠨ ︽ᠲᠦᠷᠪᠡ ᠶᠢ ᠡᠷᠬᠢᠮᠯᠡᠨ ᠲᠦᠷᠪᠡ ᠪᠠᠶᠢᠬᠤ︾ ᠬᠢᠷᠢ ᠳᠡᠩᠴᠡᠭᠰᠡᠨ ᠨᠠᠮ ᠤᠨ ᠬᠡᠰᠢᠭᠦᠨ ᠤ ᠪᠠᠷᠢᠮᠵᠢᠶ᠎ᠠ ᠲᠠᠢ ᠬᠠᠷᠢᠴᠠᠭᠤᠯᠵᠣ᠂ ᠦᠪᠡᠷ ᠦᠪᠡᠷᠰᠡᠳ ᠤᠨ ᠰᠤᠷᠤᠯᠴᠠᠯᠭ᠎ᠠ᠂ ᠦᠵᠡᠯ ᠰᠠᠨᠠᠭ᠎ᠠ ᠪᠣᠯᠣᠨ ᠠᠵᠢᠯ ᠤᠨ ᠪᠤᠳᠠᠳᠠᠢ ᠲᠠᠢ ᠪᠠᠨ ᠤᠶᠠᠯᠳᠤᠭᠤᠯᠤᠨ᠂ ᠨᠠᠮ ᠤᠨ ᠡᠭᠦᠷ ᠪᠣᠯᠣᠨ ᠳᠣᠰ ᠪᠡᠶ᠎ᠡ ᠶᠢᠨ ᠢᠶᠠᠨ ᠤᠯᠤᠰ ᠲᠦᠷᠦ ᠬᠢᠷᠢ ᠳᠡᠩᠴᠡᠭᠦ᠂ ᠰᠠᠬᠢᠯᠭ᠎ᠠ ᠪᠠᠳᠤ ᠶᠢᠨ ᠬᠡᠷᠡᠭᠵᠢᠭᠦᠯᠦᠯᠳᠡ ᠬᠢᠷᠢ ᠳᠡᠩᠴᠡᠬᠦ᠂ ᠶᠤᠰᠤ ᠮᠤᠷᠠᠯ ᠬᠢᠷᠢ ᠳᠡᠩᠴᠡᠭᠦ᠂ ᠦᠢᠯᠡᠳᠦᠯ ᠢᠶᠠᠨ ᠪᠠᠳᠠᠷᠠᠭᠤᠯᠬᠤ ᠬᠢᠷᠢ ᠳᠡᠩᠴᠡᠬᠦ ᠵᠡᠷᠭᠡ ᠳᠠᠯ᠎ᠠ ᠪᠠᠷ ᠤᠷᠤᠰᠢᠵᠦ ᠪᠠᠶᠢᠭ᠎ᠠ ᠵᠦᠷᠢᠶ᠎ᠡ ᠪᠣᠯᠣᠨ ᠬᠦᠷᠦᠯᠴᠡᠬᠦ ᠦᠭᠡᠢ ᠳᠠᠯ᠎ᠠ ᠪᠠᠨ ᠪᠠᠶᠢᠴᠠᠭᠠᠨ ᠳᠡᠯᠭᠡᠵᠦ᠂ ᠲᠦᠪ ᠴᠢᠩᠭ᠎ᠠ ᠨᠠᠷᠢᠨ ᠬᠢᠨᠠᠮᠠᠭᠠᠢ ᠪᠠᠷ ᠰᠢᠭᠦᠮᠵᠢᠯᠡᠯ ᠪᠠ ᠦᠪᠡᠷ ᠤᠨ ᠰᠢᠭᠦᠮᠵᠢᠯᠡᠯ ᠬᠢᠪᠡ᠃ ᠵᠠᠰᠠᠭ ᠤᠨ ᠤᠷᠳᠤᠨ ᠤ ᠠᠯᠪᠠᠨ ᠳᠢᠩᠬᠢᠮ ᠤᠨ ᠱᠠᠯᠠᠪᠳᠠᠭᠤᠯᠣᠨ ᠵᠢᠯᠤᠭᠤᠳᠬᠤ ᠳᠤᠭᠤᠶᠢᠯᠠᠩ ᠤᠨ ᠨᠦᠭᠦᠳ ᠦᠨᠡᠯᠡᠯᠳᠡ ᠬᠢᠪᠡ᠃      ᠪᠦ᠋ ᠰᠢᠶᠤᠤ ᠯᠢᠨ ᠤᠯᠠᠨ ᠤ ᠶᠠᠷᠢᠬᠤ ᠶᠢ ᠬᠢᠨᠠᠮᠠᠭᠠᠢ ᠰᠤᠨᠤᠰᠬᠤ ᠶᠢᠨ ᠬᠠᠮᠳᠣ ᠤᠯᠠᠨ ᠲᠠᠢ ᠰᠠᠨᠠᠯ  ᠢᠶᠠᠨ ᠰᠤᠯᠢᠯᠴᠠᠪᠠ᠃ ᠲᠡᠷᠡ ᠬᠡᠯᠡᠭᠰᠡᠨ ᠨᠢ᠂ ᠨᠠᠮ ᠤᠨ ᠬᠡᠰᠢᠭᠦᠨ ᠪᠤᠯᠤᠭᠰᠠᠨ ᠤ ᠬᠤᠪᠢ ᠳᠤ ᠴᠢᠩᠭ᠎ᠠ ᠳᠣᠯᠭᠠᠮ᠎ᠠ ᠨᠠᠮ ᠤᠨ ᠭᠡᠰᠢᠭᠦᠨ ᠤ ᠣᠬᠠᠮᠰᠠᠷ ᠲᠠᠢ ᠪᠠᠶᠢᠵᠣ᠂ ︽ᠪᠢ ᠬᠡᠨ︾ ᠬᠡᠳᠡᠭ ᠢᠶᠠᠨ ᠰᠡᠷᠭᠡᠭ ᠢᠶᠠᠷ ᠳᠠᠨᠢᠬᠤ ᠬᠡᠷᠡᠭᠳᠠᠢ᠃ ᠤᠯᠤᠰ ᠲᠦᠷᠦ ᠶᠢᠨ ᠤᠬᠠᠮᠰᠠᠷ᠂ ᠶᠡᠭᠡ ᠳᠠᠯ᠎ᠠ ᠶᠢᠨ ᠤᠬᠠᠮᠰᠠᠷ᠂ ᠭᠤᠤᠯᠯᠠᠬᠤ ᠤᠬᠠᠮᠰᠠᠷ᠂ ᠨᠢᠭᠡᠳᠦᠯᠳᠡᠢ ᠪᠠᠶᠢᠬᠤ ᠤᠬᠠᠮᠰᠠᠷ ᠢ ᠪᠠᠳᠣ ᠪᠠᠬᠢ ᠪᠣᠢ ᠪᠣᠯᠭᠠᠵᠣ᠂ ᠡᠷᠡᠰ ᠪᠠᠳᠣ ᠤᠬᠠᠮᠰᠠᠷ ᠠᠴᠠ ᠪᠠᠨ ᠰᠢ ᠶᠢᠨ ᠫᠢᠩ ᠨᠦᠬᠦᠷ ᠢᠶᠠᠷ ᠭᠤᠣᠯ ᠪᠤᠯᠭᠠᠭᠰᠠᠨ ᠨᠠᠮ ᠤᠨ ᠲᠦᠪ ᠬᠤᠷᠢᠶ᠎ᠠ ᠶᠢᠨ ᠡᠷᠬᠡ ᠰᠦᠷ ᠢ ᠬᠠᠮᠠᠭᠠᠯᠠᠬᠤ ᠬᠡᠷᠡᠭᠳᠡᠢ᠃ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶ᠎ᠠ ᠶᠢᠨ ᠵᠢᠷᠭᠤᠳᠣᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠣᠷᠣᠯᠴᠠᠨ ᠳᠣᠣᠱᠯᠠᠭᠤᠯᠵᠣ᠂ ᠨᠠᠮ ᠤᠨ ᠳᠣᠳᠣᠭᠠᠳᠣ ᠶᠢᠨ ᠣᠯᠣᠰ ᠲᠦᠷᠦ ᠶᠢᠨ ᠠᠮᠢᠳᠣᠷᠠᠯ ᠢ ᠴᠢᠨᠠᠭᠰᠢᠳᠠ ᠴᠢᠩᠳᠠᠯᠠᠵᠣ᠂ ᠨᠠᠮ ᠎ ᠤᠨ ᠭᠡᠰᠢᠭᠦᠨ ᠣᠳᠣᠷᠢᠳᠬᠤ ᠺᠠᠳ᠋ᠷᠴᠣᠳ ᠢ ᠱᠠᠭᠠᠷᠳᠠᠨ ᠡᠷᠬᠡᠪᠰᠢ ᠵᠢᠱᠢᠶᠡᠴᠢ ᠳᠠᠭᠠᠭᠤᠯᠣᠭᠴᠢ ᠶᠢᠨ ᠦᠢᠯᠡᠳᠦᠯ ᠢᠶᠠᠨ ᠪᠠᠳᠠᠷᠠᠭᠤᠯᠤᠨ᠂ ᠰᠢᠭᠦᠮᠵᠢᠯᠡᠯ ᠪᠠ ᠦᠪᠡᠷ ᠤᠨ ᠰᠢᠭᠦᠮᠵᠢᠯᠡᠯ ᠭᠡᠰᠡᠨ ᠡᠨᠡᠬᠦ ᠬᠦᠴᠦᠳᠦ ᠵᠡᠪᠰᠡᠭ ᠢ ᠰᠠᠶᠢᠳᠤᠷ ᠬᠡᠷᠡᠭᠯᠡᠨ᠂ ᠦᠪᠡᠷ ᠢ ᠪᠠᠨ ᠠᠷᠢᠭᠤᠳᠬᠠᠬᠤ᠂ ᠦᠪᠡᠷ ᠢ ᠪᠠᠨ ᠳᠡᠭᠦᠯᠳᠡᠷᠵᠢᠭᠦᠯᠬᠦ᠂ ᠦᠪᠡᠷ ᠢ ᠪᠠᠨ ᠬᠤᠪᠢᠰᠬᠠᠬᠤ᠂ ᠦᠪᠡᠷ ᠢ ᠪᠠᠨ ᠳᠡᠭᠡᠭᠰᠢᠯᠡᠭᠦᠯᠬᠦ ᠴᠢᠳᠠᠪᠤᠷᠢ ᠪᠠᠨ ᠴᠢᠩᠭᠠᠷᠠᠭᠤᠯᠬᠤ ᠬᠡᠷᠡᠭᠳᠠᠢ᠃ ᠶᠡᠷᠦᠩᠬᠡᠢ ᠱᠦᠵᠢ ᠰᠢ ᠶᠢᠨ ᠫᠢᠩ ᠤᠨ ᠳᠤᠷᠠᠳᠤᠭᠰᠠᠨ ᠵᠣᠬᠢᠶᠠᠯ ᠤᠨ ᠰᠤᠷᠳᠠᠯ ᠢᠶᠠᠨ ᠰᠠᠶᠢᠵᠢᠷᠠᠭᠤᠯᠬᠤ ᠳᠤ ︽ᠣᠬᠤᠷ᠂ ᠪᠤᠳᠠᠳᠠᠢ᠂ ᠰᠢᠨ᠎ᠡ︾ ᠪᠠᠶᠢᠬᠤ ᠳᠡᠭᠡᠷ᠎ᠡ ᠬᠦᠴᠦ ᠣᠷᠣᠭᠤᠯᠬᠤ ᠱᠠᠭᠠᠷᠳᠠᠯᠭ᠎ᠠ ᠶᠣᠰᠣᠭᠠᠷ᠂ ᠪᠢᠳᠡ ᠰᠤᠷᠤᠯᠴᠠᠯᠭ᠎ᠠ ᠪᠠᠨ ᠴᠢᠩᠭᠠᠳᠬᠠᠨ᠂ ᠬᠡᠪ ᠪᠤᠯᠪᠠᠰᠤᠷᠠᠯ ᠢᠶᠠᠨ ᠳᠡᠭᠡᠭᠰᠢᠯᠡᠭᠦᠯᠵᠦ᠂ ᠤᠪᠤᠷ ᠰᠤᠷᠳᠠᠯ ᠢᠶᠠᠨ ᠬᠠᠳᠠᠭᠤᠵᠢᠭᠤᠯᠵᠣ᠂ ᠳᠣᠰᠢᠶᠠᠯ ᠬᠠᠷᠢᠭᠤᠴᠠᠯᠭ᠎ᠠ ᠪᠠᠨ ᠬᠦᠢᠴᠡᠳᠬᠡᠬᠦ ᠴᠢᠳᠠᠪᠤᠷᠢ ᠪᠠᠨ  ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠳᠠᠢ ᠬᠡᠪᠡ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号