ᠮᠠᠨ ᠤ ᠤᠷᠤᠨ ᠳᠤ ᠰᠠᠭᠤᠭ᠎ᠠ ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠭᠡᠨ ᠤ ᠭᠡᠰᠢᠬᠦᠳ ᠢᠷᠭᠡᠨ ᠎ ᠤ ᠬᠠᠤᠯᠢ ᠶᠢᠨ ᠶᠡᠷᠦᠩᠭᠡᠢ ᠲᠦᠷᠢᠮ ᠤᠨ ᠲᠦᠰᠦᠯ ᠢ ᠶᠠᠷᠢᠯᠴᠠᠪᠠ
ᠨᠡᠶᠢᠲᠡᠯᠡᠭᠰᠡᠨ ᠴᠠᠭ᠄
2017/3/10
     3 ᠳ᠋ᠤᠭᠠᠷ ᠰᠠᠷ᠎ᠠ ᠶᠢᠨ 9᠎ ᠤ ᠦᠳᠡ ᠶᠢᠨ ᠡᠮᠤᠨ᠎ᠠ᠂ ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠭᠡᠨ ᠎ ᠤ ᠠᠷᠪᠠᠨ ᠬᠤᠶᠠᠳᠤᠭᠠᠷ ᠬᠤᠭᠤᠴᠠᠭᠠᠨ ᠤ ᠲᠠᠪᠤᠳᠤᠭᠠᠷ ᠬᠤᠷᠠᠯ ᠳᠤ ᠤᠷᠤᠯᠴᠠᠵᠤ ᠪᠠᠶᠢᠭ᠎ᠠ ᠮᠠᠨ ᠤ ᠤᠷᠤᠨ ᠳᠤ ᠰᠠᠭᠤᠭ᠎ᠠ ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠭᠡᠨ ᠤ ᠭᠡᠰᠢᠬᠦᠳ ᠦᠪᠡᠷ ᠦᠪᠡᠷ ᠤᠨ ᠡᠳᠡᠭᠡᠳ ᠢᠯᠭᠠᠯ ᠎ ᠤᠨ ᠳᠤᠭᠤᠶᠢᠯᠠᠩ ᠳᠠᠭᠠᠨ ︽ᠪᠦᠬᠦᠳᠠ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠶᠡᠷᠦᠩᠭᠡᠢ ᠲᠦᠷᠢᠮ ︵ᠲᠦᠰᠦᠯ︶︾᠎ ᠢ ᠶᠠᠷᠢᠯᠴᠠᠪᠠ᠃      ᠦᠪᠡᠷᠳᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠲᠠᠷᠢᠬᠦᠯᠡᠭᠴᠢ ᠷᠧᠨ ᠶᠠ ᠫᠢᠡᠭ᠂ ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠭᠡᠨ ᠤ ᠰᠤᠶᠤᠯ ᠲᠡᠤᠭᠡ ᠪᠠ ᠰᠤᠷᠤᠯᠴᠠᠯᠭ᠎ᠠ ᠶᠢᠨ ᠵᠦᠪᠯᠡᠯ ᠤᠨ ᠲᠡᠳ᠋ ᠡᠷᠬᠢᠯᠡᠭᠴᠢ ᠴᠧᠨ ᠭᠤᠸᠠᠩ ᠯᠢᠨ᠂ ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ ᠯᠢᠤ ᠰᠢᠨ ᠯᠧ᠂ ᠦᠪᠡᠷᠳᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠲᠡᠳ᠋ ᠲᠠᠷᠢᠬᠦᠯᠡᠭᠴᠢ ᠴᠧᠨ ᠢᠤᠢ᠂ ᠳ᠋ᠦᠡᠭ ᠾᠸᠡᠭ ᠢᠤᠢ᠂ ᠵᠸᠡᠭ ᠹᠦ᠋ ᠲᠢᠶᠠᠨ᠂ ᠨᠢᠤ ᠭᠤᠸᠠᠩ ᠮᠢᠩ ᠶᠠᠷᠢᠯᠴᠠᠬᠤ ᠳᠤ ᠤᠷᠤᠯᠴᠠᠵᠠᠢ᠃      ᠭᠡᠰᠢᠬᠦᠳ ᠦᠵᠡᠵᠡᠬᠡᠭᠰᠡᠨ ᠨᠢ᠂ ᠢᠷᠭᠡᠨ ᠤ ᠬᠠᠤᠯᠢ ᠶᠢᠨ ᠪᠢᠴᠢᠭ ᠪᠤᠯ ᠬᠤᠪᠢ ᠬᠦᠮᠤᠨ ᠤ ᠡᠷᠭᠡ ᠠᠰᠢᠭ ᠢ ᠬᠠᠮᠠᠭᠠᠯᠠᠬᠤ ᠬᠠᠮᠤᠭ ᠤᠨ ᠴᠢᠬᠤᠯᠠ ᠬᠠᠤᠯᠢ ᠪᠤᠯᠤᠨ᠎ᠠ᠃ ᠢᠷᠭᠡᠨ ᠤ ᠬᠠᠤᠯᠢ ᠶᠢ ᠲᠤᠭᠳᠠᠭᠠᠬᠤ ᠶᠢᠨ ᠦᠨᠳᠤᠰᠤᠨ ᠵᠠᠷᠴᠢᠮ ᠪᠠ ᠶᠡᠷᠤ ᠶᠢᠨ ᠲᠤᠭᠳᠠᠭᠠᠯ ᠨᠢ ᠢᠷᠭᠡᠨ ᠤ ᠭᠡᠷᠡᠭ ᠤᠨ ᠬᠠᠷᠢᠴᠠᠭ᠎ᠠ ᠶᠢ ᠵᠤᠬᠢᠴᠠᠭᠤᠯᠤᠨ᠂ ᠢᠷᠭᠡᠨ ᠤ ᠭᠡᠷᠡᠭ ᠎ ᠤᠨ ᠭᠤᠤᠯ ᠴᠤᠭᠴᠠᠳᠤ ᠬᠠᠤᠯᠢ ᠶᠤᠰᠤᠨ ᠤ ᠡᠷᠭᠡ ᠠᠰᠢᠭ ᠢ ᠬᠠᠮᠠᠭᠠᠯᠠᠵᠤ᠂ ᠨᠡᠶᠢᠭᠡᠮ ᠪᠠ ᠠᠵᠤ ᠠᠬᠤᠢ ᠶᠢᠨ ᠡᠮᠬᠢ ᠲᠢᠭᠯᠢᠮ ᠢ ᠪᠠᠳᠤᠯᠠᠬᠤ ᠳᠤ ᠮᠠᠰᠢ ᠴᠢᠬᠤᠯᠠ ᠠᠴᠢ ᠬᠤᠯᠪᠤᠭᠳᠠᠯ ᠲᠠᠢ ᠶᠤᠮ᠃ ᠢᠷᠭᠡᠨ ᠤ ᠬᠠᠤᠯᠢ ᠶᠢᠨ ᠶᠡᠷᠦᠩᠭᠡᠢ ᠲᠦᠷᠢᠮ ︵ᠲᠦᠰᠤᠯ︶᠎ ᠨᠢ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠳᠠᠯᠠᠨ᠂ ᠨᠡᠶᠢᠭᠡᠮ ᠤᠨ ᠠᠮᠢᠳᠤᠷᠠᠯ ᠲᠤᠮᠳᠠᠬᠢ ᠨᠠᠷᠢᠨ ᠪᠤᠳᠤᠯᠢᠶᠠᠨᠳᠠᠢ ᠠᠰᠠᠭᠤᠳᠠᠯ ᠢ ᠬᠦᠴᠤᠯᠠᠨ ᠰᠢᠢᠳᠪᠤᠷᠢᠯᠡᠬᠦ ᠪᠠᠷ ᠪᠠᠷᠠᠬᠤ ᠦᠭᠡᠢ ᠬᠠᠤᠯᠢ ᠲᠤᠭᠳᠠᠭᠠᠬᠤ ᠵᠢᠮ᠎ᠠ ᠶᠤᠰᠤ ᠶᠢ ᠵᠢᠷᠤᠮᠯᠠᠨ᠂ ᠬᠠᠤᠯᠢ ᠵᠦᠢ ᠶᠢ ᠡᠷᠬᠢᠮᠯᠡᠭᠰᠡᠨ ᠪᠠᠶᠢᠢᠨ᠎ᠠ︔ ᠢᠷᠭᠡᠨ ᠤ ᠭᠡᠷᠡᠭ ᠤᠨ ᠬᠠᠤᠯᠢ ᠲᠤᠭᠳᠠᠭᠠᠬᠤ ᠲᠡᠤᠭᠡ ᠶᠢᠨ ᠦᠷᠬᠦᠯᠵᠢᠯᠡᠬᠦ ᠴᠢᠨᠠᠷ ᠢ ᠵᠢᠷᠤᠮᠯᠠᠭᠰᠠᠨ ᠢᠶᠠᠷ ᠪᠠᠷᠠᠬᠤ ᠦᠭᠡᠢ ᠨᠡᠶᠢᠭᠡᠮ ᠤᠨ ᠠᠩᠬᠠᠷᠤᠯ ᠬᠠᠯᠠᠮᠵᠢᠯᠠᠯ ᠢ ᠲᠤᠰᠬᠠᠭᠰᠠᠨ᠂ ᠤᠳᠤᠬᠠᠨ ᠤ ᠠᠵᠤ ᠠᠬᠤᠢ ᠨᠡᠶᠢᠭᠡᠮ ᠤᠨ ᠬᠦᠭᠵᠢᠯᠳᠠ ᠳᠤ ᠵᠤᠬᠢᠴᠠᠭᠰᠠᠨ ᠪᠤᠰᠤᠳᠴᠢ ᠱᠠᠭᠠᠷᠳᠠᠯᠭ᠎ᠠ ᠪᠤᠯᠤᠨ᠎ᠠ︔ ᠮᠠᠨ ᠤ ᠤᠯᠤᠰ ᠤᠨ ᠰᠢᠯᠢᠳᠡᠭ ᠬᠠᠤᠯᠢ ᠶᠢᠨ ᠰᠤᠶᠤᠯ ᠤᠨ ᠤᠯᠠᠮᠵᠢᠯᠠᠯ ᠢ ᠤᠯᠠᠮᠵᠢᠯᠠᠬᠰᠠᠨ ᠢᠶᠠᠷ ᠪᠠᠷᠠᠬᠤ ᠦᠭᠡᠢ ᠭᠠᠳᠠᠭᠠᠳᠤ ᠶᠢᠨ ᠬᠠᠤᠯᠢ ᠲᠤᠭᠳᠠᠭᠠᠬᠤ ᠪᠦᠳᠤᠮᠵᠢᠳᠠᠢ ᠲᠤᠷᠰᠢᠯᠭ᠎ᠠ ᠪᠠᠷ ᠲᠤᠯᠢ ᠪᠤᠯᠭᠠᠭᠰᠠᠨ ᠨᠢᠭᠡᠨ ᠰᠢᠨ᠎ᠠ ᠶᠢ ᠡᠬᠦᠳᠦᠭᠰᠡᠨ᠂ ᠲᠤᠮᠳᠠᠳᠤ ᠤᠯᠤᠰ ᠤᠨ ᠤᠴᠠᠯᠢᠭ ᠲᠠᠢ᠂ ᠴᠠᠭ ᠦᠶ᠎ᠠ ᠶᠢᠨ ᠵᠤᠷᠢᠭ ᠰᠠᠨᠠᠭ᠎ᠠ ᠶᠢ ᠢᠯᠡᠷᠡᠬᠦᠯᠦᠭᠰᠡᠨ ᠬᠠᠤᠯᠢ ᠶᠢᠨ ᠲᠦᠰᠦᠯ ᠪᠤᠯᠤᠨ᠎ᠠ ᠭᠡᠪᠠ᠃      ᠶᠠᠷᠢᠯᠴᠠᠬᠤ ᠲᠤᠮᠳᠠ᠂ ᠭᠡᠰᠢᠬᠦᠳ ᠢᠷᠭᠡᠨ ᠤ ᠭᠡᠷᠡᠭ ᠤᠨ ᠬᠠᠷᠢᠭᠤᠴᠠᠯᠭ᠎ᠠ᠂ ᠵᠠᠭᠠᠯᠳᠤᠯᠭ᠎ᠠ ᠬᠢᠬᠦ ᠬᠦᠴᠤᠨ ᠪᠦᠬᠦᠢ ᠴᠠᠭ ᠬᠤᠭᠤᠴᠠᠭ᠎ᠠ ᠵᠡᠷᠭᠡ ᠲᠠᠯ᠎ᠠ ᠪᠠᠷ ᠢᠷᠭᠡᠨ ᠤ ᠬᠠᠤᠯᠢ ᠶᠢᠨ ᠶᠡᠷᠦᠩᠭᠡᠢ ᠲᠦᠷᠢᠮ ︵ᠲᠦᠰᠦᠯ︶᠎ ᠳᠤ ᠵᠠᠰᠠᠪᠤᠷᠢ ᠤᠷᠤᠭᠤᠯᠬᠤ ᠰᠠᠨᠠᠭᠤᠯᠭ᠎ᠠ ᠪᠠᠨ ᠲᠤᠷᠠᠳᠴᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号