3 ᠳ᠋ᠤᠭᠠᠷ ᠰᠠᠷ᠎ᠠ ᠶᠢᠨ 9 ᠤ ᠡᠳᠦᠷ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ | ᠠᠬᠤᠶ ᠶᠢᠨ ᠲᠢᠩᠬᠢᠮ ᠪᠣᠯᠤᠨ ᠪᠠᠶᠠᠨᠨᠠᠭᠤᠷ ᠬᠤᠳᠠ ᠶᠢᠨ ᠵᠠᠰᠠᠭ ᠤᠨ ᠣᠷᠳᠣᠨ ᠤ ᠬᠠᠮᠲᠤᠷᠠᠨ ᠡᠷᠭᠢᠯᠡᠭᠰᠡᠨ 2017 | ᠣᠨ ᠤ ᠬᠠᠪᠤᠷ ᠤᠨ ᠠᠩᠬ᠎ᠠ ᠲᠠᠷᠢᠶᠠᠯᠭ᠎ᠠ ᠶᠢᠨ ᠲᠤᠬᠠᠶ ᠶᠢᠨ ᠲᠠᠯᠠᠪᠠᠢ ᠶᠢᠨ ᠬᠤᠷᠠᠯ ᠪᠠᠶᠠᠨᠨᠠᠭᠤᠷ ᠬᠤᠲᠠ ᠶᠢᠨ | ᠦᠶᠤᠸᠠᠨ ᠰᠢᠶᠠᠨ ᠤ ᠯᠦᠩ ᠰᠢᠩ ᠴᠠᠩ ᠪᠠᠯᠭᠠᠰᠤ ᠳᠤ ᠬᠤᠷᠠᠯᠳᠤᠵᠤ᠂ ᠨᠠᠢᠮᠠᠨ ᠵᠠᠭᠤᠨ ᠭᠠᠵᠠᠷ ᠤᠨ ᠪᠣᠷᠣ | ᠲᠣᠬᠤᠶ ᠶᠢᠨ ᠬᠠᠪᠤᠷ ᠤᠨ ᠠᠩᠬᠠᠨ ᠤ ᠪᠤᠭᠤᠳᠠᠢ ᠲᠡᠷᠢᠬᠤ ᠶᠢ ᠳᠠᠭᠠᠯᠳᠤᠨ᠂ ᠪᠦᠬᠦ ᠣᠷᠣᠨ ᠤ ᠬᠠᠪᠤᠷ ᠤᠨ | ᠲᠠᠷᠢᠶᠠᠯᠠᠬᠤ ᠠᠵᠢᠯ ᠪᠠᠷᠠᠭᠤᠨ ᠠᠴᠠ ᠵᠡᠭᠦᠨᠰᠢ ᠪᠠᠨ ᠪᠦᠬᠦ ᠲᠠᠯ᠎ᠠ ᠪᠠᠷ ᠦᠷᠨᠢᠵᠤ ᠡᠬᠢᠯᠡᠪᠡ᠃ | ᠡᠨᠡ ᠵᠢᠯ ᠪᠠᠶᠠᠨᠨᠠᠭᠤᠷ ᠬᠤᠲᠠ ᠲᠠᠷᠢᠶᠠᠯᠠᠩ ᠮᠠᠯ ᠠᠵᠤ ᠠᠬᠤᠢ ᠶᠢᠨ ᠬᠠᠩᠭᠠᠯᠭ᠎ᠠ ᠶᠢᠨ ᠲᠠᠯ᠎ᠠ ᠶᠢᠨ | ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢᠨ ᠡᠨᠡᠬᠦ ᠭᠤᠣᠯ ᠰᠢᠵᠢᠮ ᠢ ᠴᠢᠩᠭ᠎ᠠ ᠠᠳᠬᠤᠵᠤ᠂ ᠲᠠᠷᠢᠮᠠᠯ ᠤᠨ | ᠦᠢᠯᠡᠰ ᠨᠢ ︽ᠠᠮᠤ ᠪᠤᠳᠠᠭᠠᠨ ᠤ ᠭᠠᠷᠤᠯᠲᠠ ᠶᠢ ᠲᠣᠭᠲᠠᠪᠤᠷᠢᠵᠢᠭᠤᠯᠬᠤ᠂ ᠡᠵᠡᠩᠨᠡᠯᠲᠡ ᠶᠢ ᠰᠢᠯᠢᠳᠡᠭᠵᠢᠬᠦᠯᠬᠦ᠂ | ᠪᠤᠷᠳᠤᠭ᠎ᠠ ᠶᠢᠨ ᠬᠡᠪᠴᠢᠶ᠎ᠡ ᠶᠢ ᠥᠷᠭᠡᠳᠬᠡᠬᠦ︾ ᠱᠠᠭᠠᠷᠳᠠᠯᠭ᠎ᠠ ᠶᠣᠰᠣᠭᠠᠷ᠂ ᠠᠮᠤ ᠪᠤᠳᠠᠭ᠎ᠠ ᠶᠢᠨ ᠶᠡᠷᠦᠩᠬᠡᠶ ᠲᠡᠷᠢᠬᠤ | ᠲᠠᠯᠠᠪᠠᠢ ᠶᠢ 500 ᠲᠦᠮᠡᠨ ᠮᠦ ᠣᠷᠴᠢᠮ ᠳᠤ ᠲᠣᠭᠲᠠᠪᠤᠷᠢᠵᠢᠭᠤᠯᠵᠤ᠂ ᠶᠡᠷᠦᠩᠭᠡᠶᠢᠯᠡᠭᠰᠡᠨ ᠦᠢᠯᠡᠳᠪᠦᠷᠢᠯᠡᠯ ᠤᠨ | ᠴᠢᠳᠠᠪᠤᠷᠢ ᠶᠢ 60 ᠳ᠋ᠦᠡᠭᠰᠢᠭᠤᠷ ᠵᠢᠩ ᠠᠴᠠ ᠳᠡᠭᠡᠭᠰᠢ ᠳᠤ ᠲᠣᠭᠲᠠᠭᠤᠨ ᠪᠠᠶᠢᠯᠭᠠᠬᠤ ᠶᠢ ᠪᠠᠲᠤᠯᠠᠬᠤ ᠪᠤᠯᠤᠨ᠎ᠠ᠃ | ᠪᠤᠭᠤᠳᠠᠶ ᠶᠢᠨ ᠳᠠᠷᠠᠭ᠎ᠠ ᠳᠠᠬᠢᠨ ᠲᠠᠷᠢᠬᠤ ᠪᠠ ᠠᠯᠠᠭᠯᠠᠨ ᠲᠡᠷᠢᠬᠤ ᠲᠤᠬᠤᠵᠤ ᠲᠠᠷᠢᠬᠤ ᠮᠡᠷᠭᠡᠵᠢᠯ ᠢ ᠳᠡᠯᠭᠡᠷᠡᠬᠦᠯᠬᠦ ᠪᠠᠷ | ᠳᠠᠮᠵᠢᠭᠤᠯᠤᠨ᠂ ᠴᠢᠨᠠᠷ ᠰᠠᠶᠢᠲᠠᠶ ᠪᠤᠭᠤᠳᠠᠢ ᠶᠢᠨ ᠦᠢᠯᠡᠳᠪᠦᠷᠢᠯᠡᠯ ᠢ ᠭᠤᠣᠯᠳᠠᠯᠭ᠎ᠠ ᠲᠠᠢ ᠰᠠᠶᠢᠲᠤᠷ ᠠᠳᠬᠤᠵᠤ᠂ | ᠪᠤᠭᠤᠳᠠᠢ ᠶᠢᠨ ᠲᠠᠯᠠᠪᠠᠶ ᠶᠢ 150 ᠲᠦᠮᠡᠨ ᠮᠤ᠋ ᠳᠤ ᠬᠦᠷᠦᠬᠦᠯᠵᠤ᠂ 20 ᠲᠦᠮᠡᠨ ᠮᠦ ᠶᠢ ᠰᠢᠨ᠎ᠡ ᠪᠠᠷ | ᠨᠡᠮᠡᠭᠳᠡᠬᠦᠯᠬᠦ ᠶᠢᠨ ᠬᠠᠮᠲᠤ ᠬᠠᠩᠭᠢᠨ ᠬᠤᠶᠢᠲᠤ ᠬᠤᠰᠢᠭᠤ᠂ ᠯᠢᠨᠾᠧ ᠲᠣᠭᠤᠷᠢᠭ᠂ ᠦᠶᠤᠸᠠᠨ ᠰᠢᠶᠠᠨ ᠳᠤ ᠭᠤᠷᠪᠠᠨ | ᠴᠢᠨᠠᠷ ᠰᠠᠶᠢᠲᠠᠶ ᠪᠤᠭᠤᠳᠠᠢ ᠶᠢᠨ ᠲᠦᠮᠡᠨ ᠮᠦ ᠶᠢᠨ ᠵᠠᠯᠭᠠᠯᠳᠤᠭᠰᠠᠨ ᠲᠠᠷᠢᠬᠤ ᠲᠠᠯᠠᠪᠠᠢ ᠶᠢ ᠪᠤᠢ ᠪᠤᠯᠭᠠᠬᠤ ᠪᠠᠷ | ᠪᠠᠶᠢᠨ᠎ᠠ᠃ | ᠤᠳᠤᠬᠠᠨ ᠳᠤ᠂ ᠪᠥᠬᠦ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠰᠢᠰᠲ᠋ᠧᠮ ᠤᠳ ᠲᠠᠷᠢᠬᠤ ᠴᠠᠭ ᠢ | ᠡᠵᠡᠮᠰᠢᠵᠤ᠂ ᠡᠷᠲᠡ ᠠᠴᠠ ᠲᠦᠯᠦᠪᠯᠡᠵᠤ᠂ ᠵᠣᠬᠢᠴᠠᠭᠤᠯᠤᠨ ᠬᠠᠮᠵᠢᠯᠴᠠᠵᠤ᠂ ᠨᠢᠭᠡᠳᠦᠯᠲᠡᠶ ᠲᠤᠬᠢᠷᠠᠭᠤᠯᠵᠤ᠂ | ᠬᠠᠪᠤᠷ ᠤᠨ ᠲᠠᠷᠢᠶᠠᠯᠠᠭ᠎ᠠ ᠶᠢᠨ ᠡᠯ᠎ᠡ ᠵᠦᠢᠯ ᠤᠨ ᠪᠡᠯᠡᠳᠬᠡᠯ ᠠᠵᠢᠯ ᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠵᠤ | ᠪᠠᠶᠢᠨ᠎ᠠ᠃ ᠪᠠᠶᠢᠴᠠᠭᠠᠯᠲᠠ ᠠᠴᠠ ᠦᠵᠡᠪᠡᠯ᠂ ᠪᠥᠬᠦ ᠣᠷᠣᠨ ᠤ ᠲᠠᠷᠢᠶᠠᠯᠠᠬᠤ ᠰᠠᠨᠠᠮᠵᠢ ᠨᠢ ︽ᠶᠠᠷᠦᠩᠭᠡᠶᠢᠯᠡᠨ ᠲᠠᠷᠢᠵᠤ | ᠪᠠᠭ᠎ᠠ ᠨᠡᠮᠡᠭᠳᠡᠬᠦᠯᠬᠦ᠂ ᠠᠮᠤ ᠪᠤᠳᠠᠭ᠎ᠠ ᠡᠵᠡᠩᠨᠡᠯᠲᠡ ᠶᠢ ᠲᠤᠭᠲᠠᠪᠤᠷᠢᠵᠢᠭᠤᠯᠬᠤ᠂ ᠲᠡᠵᠢᠭᠡᠯ ᠪᠣᠷᠳᠤᠭ᠎ᠠ ᠶᠢ | ᠨᠡᠮᠡᠭᠳᠡᠬᠦᠯᠬᠦ︾ ᠬᠠᠨᠳᠤᠰᠢ ᠲᠠᠢ ᠪᠠᠶᠢᠨ᠎ᠠ᠃ | ᠡᠯ᠎ᠡ ᠭᠠᠵᠠᠷ ᠤᠨ ᠬᠢᠨ ᠲᠦᠷᠭᠡᠨ ᠠᠮᠵᠢᠭᠤᠯᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢᠶᠠᠨ | ᠬᠦᠢᠴᠡᠳ ᠪᠡᠯᠡᠳᠭᠡᠭᠰᠡᠨ ᠪᠠᠶᠢᠨ᠎ᠠ᠃ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠤᠳ ᠬᠥᠳᠡᠭᠡ ᠠᠵᠤ | ᠠᠬᠤᠶ ᠶᠢᠨ ᠦᠢᠯᠡᠳᠪᠦᠷᠢᠯᠡᠯ ᠤᠨ ᠬᠡᠷᠡᠭᠴᠡᠭᠡ ᠪᠤᠯᠤᠨ ᠪᠦᠲᠦᠴᠡ ᠶᠢᠨ ᠲᠣᠬᠢᠷᠠᠭᠤᠯᠤᠯᠲᠠ ᠶᠢᠨ ᠴᠢᠭᠯᠡᠯ ᠢ | ᠦᠨᠳᠦᠰᠦᠯᠡᠨ᠂ ᠡᠵᠡᠩᠨᠡᠨ ᠪᠣᠷᠣᠯᠠᠭᠤᠯᠬᠤ ᠬᠤᠳᠠᠯᠳᠤᠭᠠᠴᠢᠳ ᠢ ᠢᠳᠡᠪᠬᠢᠲᠡᠶ ᠬᠥᠲᠥᠯᠥᠨ ᠵᠢᠯᠣᠭᠤᠳᠴᠤ ᠪᠠᠶᠢᠭᠠᠳ | ᠡᠯ᠎ᠡ ᠲᠦᠷᠦᠯ ᠤᠨ ᠬᠠᠪᠤᠷ ᠤᠨ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠰᠢᠯᠵᠢᠭᠦᠯᠦᠨ ᠵᠦᠭᠡᠭᠡᠪᠦᠷᠢᠯᠡᠵᠤ | ᠨᠥᠭᠡᠴᠡᠯᠡᠬᠦ ᠠᠵᠢᠯ ᠢ ᠵᠣᠬᠢᠶᠠᠨ ᠪᠠᠶᠢᠭᠤᠯᠪᠠ᠃ ᠪᠦᠬᠦ ᠣᠷᠣᠨ ᠤ ᠡᠯ᠎ᠡ ᠲᠥᠷᠥᠯ ᠤᠨ ᠲᠠᠷᠢᠶᠠᠯᠠᠩ ᠤᠨ | ᠦᠢᠯᠡᠳᠪᠦᠷᠢᠯᠡᠯ ᠤᠨ ᠬᠡᠷᠡᠭᠰᠡᠯ ᠤᠨ ᠪᠠᠷᠠᠭ᠎ᠠ ᠬᠦᠷᠭᠡᠬᠦ ᠨᠤᠷᠮ᠎ᠠ ᠨᠡᠶᠢᠳᠡᠮ ᠳᠡᠭᠡᠨ 60% ᠠᠴᠠ ᠳᠡᠭᠡᠭᠰᠢ ᠪᠠᠶᠢᠵᠤ᠂ | ᠵᠠᠷᠢᠮ ᠨᠢ 80% ᠳᠤ ᠬᠦᠷᠴᠦ᠂ ᠭᠤᠣᠯ ᠡᠵᠡᠩᠨᠡᠨ ᠪᠣᠷᠣᠯᠠᠭᠤᠯᠬᠤ ᠬᠤᠳᠠᠯᠳᠤᠭᠠᠴᠢᠨ ᠤ ᠰᠢᠯᠵᠢᠭᠦᠯᠦᠨ | ᠵᠦᠭᠡᠭᠡᠪᠦᠷᠢᠯᠡᠭᠰᠡᠨ ᠨᠦᠬᠡᠴᠡ ᠪᠤᠯᠤᠨ ᠵᠠᠬ᠎ᠠ ᠳᠡᠯᠭᠡᠭᠦᠷ ᠤᠨ ᠲᠤᠬᠢᠷᠠᠭᠤᠯᠭ᠎ᠠ ᠨᠢ ᠬᠠᠪᠤᠷ ᠤᠨ ᠲᠠᠷᠢᠶᠠᠯᠠᠩ ᠤᠨ | ᠦᠢᠯᠡᠳᠪᠦᠷᠢᠯᠡᠯ ᠤᠨ ᠬᠡᠷᠡᠭᠴᠡᠭᠡ ᠱᠠᠭᠠᠷᠳᠠᠯᠭ᠎ᠠ ᠶᠢ ᠪᠦᠷᠢᠨ ᠬᠠᠩᠭᠠᠵᠤ ᠴᠢᠳᠠᠪᠠ᠃ ᠡᠭᠦᠨ ᠠᠴᠠ ᠭᠠᠳᠠᠨ᠎ᠠ᠂ ᠡᠨᠡ | ᠵᠢᠯ ᠭᠠᠵᠠᠷ ᠬᠦᠯᠳᠡᠬᠦ ᠠᠴᠠ ᠡᠮᠦᠨ᠎ᠡ ᠪᠦᠬᠦ ᠣᠷᠣᠨ ᠤ ᠬᠥᠷᠥᠰᠥ ᠰᠢᠷᠣᠶ ᠶᠢᠨ ᠨᠢᠬᠡᠳᠦᠭᠡᠷ᠂ ᠬᠤᠶᠠᠳᠤᠭᠠᠷ᠂ | ᠭᠤᠷᠪᠠᠳᠤᠭᠠᠷ ᠲᠥᠷᠥᠯ ᠤᠨ ᠴᠢᠬᠢᠭ ᠤᠨ ᠲᠠᠯᠠᠪᠠᠶ ᠨᠢ ᠲᠤᠰ ᠲᠤᠰ ᠲᠠᠷᠢᠶᠠᠯᠠᠬᠤ ᠤᠷᠤᠨ ᠤ ᠪᠦᠬᠦ ᠲᠠᠯᠠᠪᠠᠢ ᠶᠢᠨ | 32.3%᠂ 40.2%᠂ 27.5% ᠶᠢ ᠡᠵᠡᠯᠡᠵᠤ᠂ ᠬᠦᠯᠳᠡᠬᠦ ᠠᠴᠠ ᠡᠮᠦᠨ᠎ᠡ ᠴᠢᠬᠢᠭ ᠰᠠᠶᠢᠲᠠᠶ ᠪᠠᠶᠢᠵᠤ᠂ | ᠬᠠᠪᠤᠷ ᠤᠨ ᠲᠠᠷᠢᠶᠠᠯᠭ᠎ᠠ ᠶᠢᠨ ᠨᠥᠬᠦᠴᠡᠯ ᠳᠤ ᠨᠡᠩ ᠠᠰᠢᠭᠲᠠᠶ ᠪᠤᠯᠪᠠ᠃ ᠤᠶᠢᠯᠠᠭᠠᠭᠰᠠᠨ ᠢᠶᠠᠷ᠂ ᠡᠨᠡ ᠵᠢᠯ ᠪᠥᠬᠦ | ᠣᠷᠣᠨ ᠤ ᠬᠥᠳᠡᠭᠡ ᠠᠵᠤ ᠠᠬᠤᠶ ᠶᠢᠨ ᠦᠢᠯᠡᠳᠪᠦᠷᠢᠯᠡᠯ ︽ᠰᠢᠨ᠎ᠡ ᠶᠢ ᠡᠭᠦᠳᠬᠦ᠂ ᠵᠤᠬᠢᠴᠠᠩᠭᠤᠢ᠂ ᠪᠤᠬᠢᠷᠳᠤᠯ | ᠦᠭᠡᠢ᠂ ᠨᠡᠭᠡᠭᠡᠯᠲᠡ ᠲᠠᠢ ᠪᠦᠭᠡᠳ ᠬᠠᠮᠲᠤ ᠪᠠᠷ ᠬᠦᠷᠲᠡᠬᠦ︾ ᠬᠥᠭᠵᠢᠯᠲᠡ ᠶᠢᠨ ᠰᠢᠨ᠎ᠡ ᠤᠨᠤᠯᠵᠢᠬᠤᠨ ᠢ | ᠦᠷᠭᠦᠯᠵᠢᠯᠡᠨ ᠪᠠᠲᠤ ᠪᠠᠬᠢ ᠪᠤᠢ ᠪᠣᠯᠭᠠᠵᠤ᠂ ᠲᠠᠷᠢᠶᠠᠯᠠᠩ ᠤᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ | ᠴᠢᠨᠠᠷᠲᠠᠶ ᠥᠭᠡᠷᠡᠴᠢᠯᠡᠯᠲᠡ ᠶᠢ ᠲᠦᠯᠬᠢᠨ ᠠᠬᠢᠭᠤᠯᠬᠤ ᠠᠵᠢᠯ ᠤᠨ ᠭᠤᠤᠯ ᠰᠢᠵᠢᠮ ᠲᠠᠢ ᠨᠢᠭᠲᠠ ᠤᠶᠠᠯᠳᠤᠭᠤᠯᠤᠨ᠂ | ᠲᠠᠷᠢᠮᠠᠯ ᠤᠨ ᠶᠡᠷᠦᠩᠬᠡᠶ ᠳᠠᠷᠢᠬᠤ ᠳᠠᠯᠠᠪᠠᠢ ᠶᠢ 1 ᠳ᠋ᠦᠩᠰᠢᠭᠤᠷ ᠮᠦ ᠠᠴᠠ ᠳᠡᠭᠡᠭᠰᠢ ᠪᠠᠶᠢᠯᠭᠠᠵᠤ᠂ ᠠᠮᠤ ᠪᠤᠳᠠᠭᠠᠨ ᠤ | ᠲᠡᠷᠢᠬᠤ ᠲᠠᠯᠠᠪᠠᠢ ᠶᠢ 8000 ᠲᠦᠮᠡᠨ ᠮᠤ᠋ ᠠᠴᠠ ᠳᠡᠭᠡᠭᠰᠢ ᠳᠤ ᠲᠤᠭᠲᠠᠪᠤᠷᠢᠵᠢᠭᠤᠯᠵᠤ᠂ ᠬᠦᠨᠳᠦ ᠶᠡᠭᠡ | ᠪᠠᠶᠢᠭᠠᠯᠢ ᠶᠢᠨ ᠭᠠᠮᠰᠢᠭ ᠲᠤᠬᠢᠶᠠᠯᠳᠤᠬᠤ ᠦᠭᠡᠢ ᠪᠠᠶᠢᠳᠠᠯ ᠳᠣᠣᠷ᠎ᠠ᠂ ᠠᠮᠤ ᠪᠤᠳᠠᠭᠠᠨ ᠤ ᠤᠨᠠᠯᠲᠠ ᠶᠢ 550 | ᠳ᠋ᠦᠡᠭᠰᠢᠭᠤᠷ ᠵᠢᠩ ᠣᠷᠴᠢᠮ ᠳᠤ ᠲᠣᠭᠲᠠᠭᠤᠨ ᠪᠠᠶᠢᠯᠭᠠᠬᠤ ᠶᠢ ᠦᠨᠡᠨ ᠬᠦ ᠪᠠᠲᠤᠯᠠᠬᠤ ᠪᠤᠯᠤᠨ᠎ᠠ᠃ |