| | | | | | ᠮᠠᠨ ᠤ ᠣᠷᠣᠨ ᠳᠤ ᠰᠠᠭᠤᠭ᠎ᠠ ᠪᠦᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠰᠠᠨᠠᠭ᠎ᠠ | ᠰᠢᠭᠦᠬᠦ ᠬᠤᠷᠢᠶ᠎ᠠ ᠪᠠᠶᠢᠴᠠᠭᠠᠬᠤ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠶᠢ ᠶᠠᠷᠢᠯᠴᠠᠬᠤ ᠦᠶ᠎ᠡ ᠳᠤ ᠶᠠᠷᠢᠶ᠎ᠠ | ᠲᠠᠯᠪᠢᠵᠤ | ᠪᠠᠶᠢᠭ᠎ᠠ ᠨᠢ᠃ | 3 ᠳ᠋ᠤᠭᠠᠷ ᠰᠠᠷ᠎ᠠ ᠶᠢᠨ 12 ᠤᠨ ᠡᠳᠦᠷ ᠤᠨ ᠦᠳᠡ ᠶᠢᠨ ᠬᠤᠶᠢᠨ᠎ᠠ᠂ ᠪᠥᠬᠦ ᠤᠯᠤᠰ ᠤᠨ ᠤᠯᠤᠰ | ᠲᠥᠷᠥ ᠶᠢᠨ ᠵᠥᠪᠯᠡᠯᠭᠡᠨ ᠤ ᠠᠷᠪᠠᠨ ᠬᠤᠶᠠᠳᠤᠭᠠᠷ ᠬᠤᠭᠤᠴᠠᠭᠠᠨ ᠤ ᠲᠠᠪᠤᠳᠤᠭᠠᠷ ᠬᠤᠷᠠᠯ ᠳᠤ ᠣᠷᠣᠯᠴᠠᠭᠰᠠᠨ ᠮᠠᠨ ᠤ | ᠣᠷᠣᠨ ᠳᠤ ᠰᠠᠭᠤᠭ᠎ᠠ ᠪᠦᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ᠂ ᠲᠤᠰ ᠲᠤᠰ ᠤᠨ | ᠡᠲᠡᠭᠡᠳ ᠤᠨ ᠢᠯᠭᠠᠯ ᠤᠨ ᠳᠤᠭᠤᠶᠢᠯᠠᠩ ᠳᠠᠭᠠᠨ ᠠᠷᠠᠳ ᠤᠨ ᠳᠡᠭᠡᠳᠦ ᠰᠢᠭᠦᠬᠦ ᠬᠤᠷᠢᠶ᠎ᠠ ᠶᠢᠨ ᠠᠵᠢᠯ ᠤᠨ | ᠮᠡᠳᠡᠭᠦᠯᠦᠯᠲᠡ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠶᠢ ᠶᠠᠷᠢᠯᠴᠠᠪᠠ᠃ | ᠶᠠᠷᠢᠯᠴᠠᠭᠠᠨ ᠳᠤ᠂ ᠭᠡᠰᠢᠭᠦᠳ ᠢᠳᠡᠪᠬᠢᠲᠡᠶ ᠪᠠᠷ ᠶᠠᠷᠢᠶ᠎ᠠ ᠲᠠᠯᠪᠢᠵᠠᠢ᠃ ᠬᠤᠶᠠᠷ ᠮᠡᠳᠡᠭᠦᠯᠦᠯᠲᠡ ᠶᠢᠨ ᠭᠤᠣᠯ | ᠰᠡᠳᠦᠪ ᠨᠢ ᠢᠯᠡ ᠲᠣᠳᠣ᠂ ᠦᠨᠡᠨ ᠢ ᠪᠠᠷᠢᠮᠲᠠᠯᠠᠨ ᠪᠣᠳᠠᠲᠠᠶ ᠶᠢ ᠡᠷᠬᠢᠮᠯᠡᠵᠦ᠂ ᠠᠮᠵᠢᠯᠲᠠ ᠪᠦᠲᠦᠮᠵᠢ ᠪᠠᠨ ᠪᠦᠷᠢᠨ | ᠨᠤᠲᠠᠯᠠᠭᠰᠠᠨ ᠮᠥᠷᠲᠡᠭᠡᠨ ᠣᠷᠣᠰᠢᠵᠤ ᠪᠠᠶᠢᠭ᠎ᠠ ᠠᠰᠠᠭᠤᠳᠠᠯ ᠢ ᠨᠢᠭᠤᠯ ᠦᠭᠡᠢ ᠳᠤᠷᠠᠳᠴᠤ᠂ ᠣᠯᠠᠨ ᠲᠦᠮᠡᠨ ᠠᠴᠠ | ᠬᠠᠤᠯᠢ ᠴᠠᠭᠠᠵᠠ ᠶᠢᠨ ᠲᠥᠪ ᠭᠤᠣᠯᠴᠢ ᠪᠠᠶᠢᠬᠤ ᠳᠤ ᠲᠠᠯᠪᠢᠭᠰᠠᠨ ᠬᠦᠰᠡᠯ ᠱᠠᠭᠠᠷᠳᠠᠯᠭ᠎ᠠ ᠶᠢ ᠦᠨᠡᠨᠬᠦ ᠲᠤᠰᠬᠠᠵᠤ᠂ | ᠬᠠᠤᠯᠢ ᠴᠠᠭᠠᠵᠠ ᠶᠢᠨ ᠪᠠᠶᠢᠭᠤᠯᠭ᠎ᠠ ᠶᠢᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠬᠤ᠂ ᠬᠠᠤᠯᠢ ᠶᠣᠰᠣᠭᠠᠷ | ᠤᠯᠤᠰ ᠢᠶᠠᠨ ᠵᠠᠰᠠᠬᠤ ᠶᠠᠪᠤᠳᠠᠯ ᠢ ᠪᠦᠬᠦ ᠲᠠᠯ᠎ᠠ ᠪᠠᠷ ᠲᠦᠯᠬᠢᠨ ᠠᠬᠢᠭᠤᠯᠬᠤ ᠵᠡᠷᠭᠡ ᠲᠠᠯ᠎ᠠ ᠪᠠᠷ ᠦᠵᠡᠭᠦᠯᠦᠭᠰᠡᠨ | ᠴᠤᠴᠠᠰᠢ ᠦᠭᠡᠢ ᠴᠢᠷᠮᠠᠶᠢᠯᠭ᠎ᠠ ᠶᠢ ᠭᠦᠢᠴᠡᠳ ᠬᠠᠷᠠᠭᠤᠯᠤᠭᠰᠠᠨ ᠪᠠᠶᠢᠨ᠎ᠠ ᠭᠡᠵᠦ ᠣᠯᠠᠨ ᠢᠶᠠᠷ ᠢᠶᠠᠨ ᠦᠵᠡᠪᠡ᠃ | ᠡᠭᠦᠨ ᠤ ᠵᠡᠷᠭᠡᠴᠡᠭᠡᠪᠡᠷ᠂ ᠭᠡᠰᠢᠭᠦᠳ ᠪᠤᠳᠠᠲᠠᠢ ᠲᠠᠢ ᠪᠠᠨ ᠤᠶᠠᠯᠳᠤᠭᠤᠯᠤᠨ ᠬᠤᠯᠪᠣᠭᠳᠠᠯ ᠪᠦᠬᠦᠢ ᠰᠠᠨᠠᠭᠤᠯᠭ᠎ᠠ | ᠳᠤᠷᠠᠳᠤᠭᠰᠠᠨ ᠪᠠᠶᠢᠨ᠎ᠠ᠃ | | | |