ᠦᠪᠦᠷ ᠮᠣᠩᠭᠤᠯ᠄ ᠡᠨᠧᠷᠭᠢ ᠶᠢᠨ ᠬᠤᠷᠣᠭᠳᠠᠯ ᠶᠡᠭᠡ ᠪᠡᠯᠡ ᠣᠷᠣᠭᠤᠯᠤᠯᠲᠠ ᠶᠡᠬᠡᠪᠡᠷ ᠪᠠᠭᠠᠰᠴᠤ ᠪᠦᠲᠦᠴᠡ ᠶᠢᠨ ᠲᠣᠬᠢᠷᠠᠭᠤᠯᠤᠯᠲᠠ ᠶᠢᠨ ᠦᠷ᠎ᠡ ᠪᠦᠲᠦᠮᠵᠢ ᠳᠣᠪᠣᠶᠢᠪᠠ
ᠨᠡᠶᠢᠲᠡᠯᠡᠭᠰᠡᠨ ᠴᠠᠭ᠄
2017/3/13
      2016 ᠣᠨ ᠳᠤ᠂ ᠥᠪᠥᠷ ᠮᠣᠩᠭᠤᠯ ᠤᠨ 500 ᠲᠦᠮᠡᠨ ᠲᠥᠭᠦᠷᠢᠭ ᠠᠴᠠ ᠳᠡᠭᠡᠭᠰᠢᠬᠢ ᠬᠠᠷ᠎ᠠ ᠲᠡᠮᠦᠷᠯᠢᠭ ᠪᠣᠯᠤᠨ ᠥᠩᠭᠡᠲᠦ ᠲᠡᠮᠦᠷᠯᠢᠭ ᠬᠠᠶᠢᠯᠤᠭᠤᠯᠬᠤ᠂ ᠬᠡᠦᠷᠰᠢᠭᠦᠯᠬᠦ᠂ ᠴᠢᠯᠠᠭᠤᠨ ᠲᠤᠰᠤ ᠪᠣᠯᠪᠠᠰᠤᠷᠠᠭᠤᠯᠬᠤ᠂ ᠴᠠᠬᠢᠯᠭᠠᠨ ᠬᠦᠴᠦ᠂ ᠬᠢᠮᠢ ᠶᠢᠨ ᠲᠦᠭᠦᠬᠡᠶ ᠡᠳ᠋ ᠵᠢᠴᠢ ᠬᠢᠮᠢ ᠶᠢᠨ ᠪᠦᠲᠦᠭᠡᠭᠳᠡᠬᠦᠨ ᠵᠡᠷᠭᠡ ᠡᠨᠧᠷᠭᠢ ᠶᠢᠨ ᠬᠤᠷᠣᠭᠳᠠᠯ ᠶᠡᠭᠡ ᠠᠵᠤ ᠦᠢᠯᠡᠰ ᠤᠨ ᠲᠥᠷᠥᠯ ᠵᠦᠢᠯ ᠨᠢ ᠨᠡᠶᠢᠲᠡ 1143.55 ᠳ᠋ᠦᠩᠰᠢᠭᠤᠷ ᠲᠥᠭᠦᠷᠢᠭ ᠤᠨ ᠲᠣᠭᠲᠠᠮᠠᠯ ᠬᠦ᠋ᠷᠦᠩᠭᠡ ᠶᠢᠨ ᠪᠡᠯᠡ ᠣᠷᠤᠭᠤᠯᠤᠯᠲᠠ ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 64.9% ᠪᠠᠭᠤᠷᠠᠪᠠ᠃ ᠡᠭᠦᠨ ᠳᠤ᠄ ᠬᠠᠷ᠎ᠠ ᠲᠡᠮᠦᠷᠯᠢᠭ ᠬᠠᠶᠢᠯᠤᠭᠤᠯᠬᠤ ᠵᠢᠴᠢ ᠳᠠᠷᠤᠵᠤ ᠰᠤᠨᠤᠭᠠᠵᠤ ᠪᠣᠯᠪᠠᠰᠤᠷᠠᠭᠤᠯᠬᠤ ᠦᠢᠯᠡᠰ᠂ ᠥᠩᠭᠡᠲᠦ ᠲᠡᠮᠦᠷᠯᠢᠭ ᠬᠠᠶᠢᠯᠤᠭᠤᠯᠬᠤ ᠵᠢᠴᠢ ᠳᠠᠷᠤᠵᠤ ᠰᠤᠨᠤᠭᠠᠵᠤ ᠪᠣᠯᠪᠠᠰᠤᠷᠠᠭᠤᠯᠬᠤ ᠦᠢᠯᠡᠰ ᠤᠨ ᠪᠡᠯᠡ ᠣᠷᠣᠭᠤᠯᠤᠯᠲᠠ ᠶᠢᠨ ᠬᠡᠮᠵᠢᠶ᠎ᠡ ᠨᠢ ᠠᠳᠠᠯᠢ ᠬᠤᠭᠤᠴᠠᠭᠠᠨ ᠤ ᠬᠢ ᠠᠴᠠ ᠲᠤᠰ ᠲᠤᠰ 87.7% ᠪᠣᠯᠣᠨ 69% ᠪᠠᠭᠤᠷᠠᠵᠤ᠂ ᠬᠡᠦᠷᠰᠢᠭᠦᠯᠬᠦ᠂ ᠴᠢᠯᠠᠭᠤᠨ ᠲᠤᠰᠤ ᠪᠣᠯᠪᠠᠰᠤᠷᠠᠭᠤᠯᠬᠤ ᠵᠡᠷᠭᠡ ᠠᠵᠢᠯ ᠲᠦᠷᠤᠯ ᠤᠨ ᠪᠡᠯᠡ ᠣᠷᠣᠭᠤᠯᠤᠯᠲᠠ ᠶᠢᠨ ᠬᠡᠮᠵᠢᠶ᠎ᠡ ᠨᠢ ᠠᠳᠠᠯᠢ ᠬᠤᠭᠤᠴᠠᠭᠠᠨ ᠤ ᠬᠢ ᠠᠴᠠ 69.5% ᠪᠠᠭᠤᠷᠠᠨ᠂ ᠬᠢᠮᠢ ᠶᠢᠨ ᠲᠦᠭᠦᠬᠡᠶ ᠡᠳ᠋ ᠪᠣᠯᠤᠨ ᠬᠢᠮᠢ ᠶᠢᠨ ᠪᠦᠲᠦᠬᠡᠭᠳᠡᠬᠦᠨ ᠤ ᠠᠵᠢᠯ ᠲᠥᠷᠥᠯ ᠤᠨ ᠪᠡᠯᠡ ᠣᠷᠣᠭᠤᠯᠤᠯᠲᠠ ᠶᠢᠨ ᠬᠡᠮᠵᠢᠶ᠎ᠡ ᠨᠢ 85.7% ᠪᠠᠭᠤᠷᠠᠭᠰᠠᠨ ᠪᠠᠶᠢᠨ᠎ᠠ᠃ ᠡᠭᠦᠨ ᠤ ᠬᠠᠮᠲᠤ ᠥᠪᠥᠷ ᠮᠣᠩᠭᠤᠯ ᠤᠨ ᠡᠯᠧᠺᠲᠷᠣᠨ ᠮᠡᠳᠡᠭᠡ ᠵᠠᠩᠭᠢ᠂ ᠰᠢᠨ᠎ᠡ ᠡᠳ᠋ ᠮᠠᠲ᠋ᠧᠷᠢᠶᠠᠯ᠂ ᠣᠷᠴᠢᠨ ᠲᠣᠭᠤᠷᠢᠨ ᠢ ᠵᠠᠰᠠᠬᠤ ᠵᠡᠷᠭᠡ ᠰᠢᠨ᠎ᠡ ᠪᠠᠷ ᠪᠣᠢ ᠪᠣᠯᠣᠭᠰᠠᠨ ᠠᠵᠢᠯ ᠲᠥᠷᠥᠯ ᠤᠨ ᠬᠥᠭᠵᠢᠯᠲᠡ ᠮᠠᠰᠢ ᠲᠦᠷᠭᠡᠨ ᠪᠠᠶᠢᠵᠤ᠂ ᠪᠡᠯᠡ ᠣᠷᠣᠭᠤᠯᠤᠯᠲᠠ ᠶᠢᠨ ᠬᠡᠮᠵᠢᠶ᠎ᠡ ᠨᠢ ᠲᠦᠷᠭᠡᠨ ᠨᠡᠮᠡᠭᠳᠡᠬᠦ ᠬᠠᠨᠳᠤᠰᠢ ᠎ ᠲᠠᠢ ᠪᠣᠯᠵᠠᠢ᠃ ᠬᠥᠬᠡᠬᠤᠲᠠ ᠳᠤ ᠪᠠᠶᠢᠭ᠎ᠠ ᠳᠤᠮᠳᠠᠳᠤ ᠤᠯᠤᠰ ᠤᠨ ᠴᠠᠬᠢᠯᠭᠠᠨ ᠬᠤᠯᠪᠣᠭᠠᠨ ᠤ ᠡᠭᠦᠯᠡᠨ ᠪᠤᠳᠦᠯᠳᠠ ᠶᠢᠨ ᠥᠪᠥᠷ ᠮᠣᠩᠭᠤᠯ ᠳᠠᠬᠢ ᠮᠡᠳᠡᠭᠡ ᠵᠠᠩᠭᠢ ᠶᠢᠨ ᠬᠦᠷᠢᠶᠡᠯᠡᠩ ᠨᠢ ᠣᠳᠣᠬᠠᠨ ᠳᠤ ᠨᠢᠭᠡᠨᠲᠡ 22 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠥᠢᠯᠡᠴᠢᠯᠡᠭᠦᠷ ᠤᠨ ᠮᠠᠰᠢᠨ ᠤ ᠠᠰᠠᠷ 7 ᠪᠠᠶᠢᠭᠤᠯᠤᠨ᠂ ᠪᠠᠷᠤᠭ 20 ᠲᠦᠮᠡᠨ ᠰᠠᠭᠤᠷᠢ ᠦᠢᠯᠡᠴᠢᠯᠡᠭᠦᠷ ᠤᠨ ᠳᠠᠭᠠᠭᠠᠴᠠ ᠶᠢᠨ ᠴᠢᠳᠠᠪᠤᠷᠢ ᠶᠢ ᠪᠦᠷᠢᠯᠳᠦᠭᠦᠯᠦᠭᠰᠡᠨ ᠪᠠᠶᠢᠨ᠎ᠠ᠃ ᠠ ᠯᠢ ᠪᠠ ᠪᠠ᠂ ᠪᠠᠶ ᠳ᠋ᠦ᠋᠂ ᠲᠧᠩ ᠰᠢᠶᠦ᠋ᠨ᠂ ᠸᠠᠩ ᠢ᠂ ᠱᠠᠩᠬᠠᠶ ᠶᠢᠨ ᠲᠡᠮᠳᠡᠭᠲᠦ ᠠᠷᠠᠯᠵᠢᠶᠠᠯᠠᠬᠤ ᠭᠠᠵᠠᠷ᠂ ᠰᠤᠷᠭᠠᠨ ᠬᠥᠮᠦᠵᠢᠯ ᠤᠨ ᠶᠠᠮᠤᠨ ᠤ ᠤᠮᠠᠷᠠᠲᠤ ᠶᠢᠨ ᠡᠭᠦᠯᠡᠨ ᠪᠣᠳᠣᠯᠲᠠ ᠶᠢᠨ ᠳ᠋ᠠᠶᠢᠲ᠋ᠠ ᠶᠢᠨ ᠲᠥᠪ ᠁ ᠁ ᠤᠳᠦ ᠨᠢᠭᠡᠨᠲᠡ ᠢᠨᠲ᠋ᠧᠷ ᠰᠦᠯᠵᠢᠶ᠎ᠡ᠂ ᠮᠥᠩᠭᠦᠨ ᠭᠦᠢᠯᠭᠡᠭᠡ ᠵᠡᠷᠭᠡ 61 ᠠᠵᠤ ᠠᠬᠤᠶᠢᠯᠠᠯ ᠲᠠᠢ ᠪᠣᠯᠣᠭᠰᠠᠨ ᠪᠠ ᠵᠠᠰᠠᠭ ᠤᠨ ᠣᠷᠳᠣᠨ ᠤ ᠪᠠᠶᠢᠭᠤᠯᠤᠮᠵᠢ ᠮᠡᠳᠡᠭᠡ ᠵᠠᠩᠭᠢ ᠶᠢᠨ ᠬᠦᠷᠢᠶᠡᠯᠡᠩ ᠳᠤ ᠰᠠᠭᠤᠷᠢᠰᠢᠵᠤ᠂ ᠠᠳᠡᠬᠢ ᠶᠢ ᠦᠪᠡᠷ ᠤᠨ ᠬᠢ ᠪᠠᠨ ᠪᠦᠬᠦ ᠤᠯᠤᠰ ᠤᠨ ᠴᠢᠨᠠᠷᠲᠠᠶ ᠲᠤᠭ᠎ᠠ ᠪᠠᠷᠢᠮᠳᠠ ᠬᠠᠳᠠᠭᠠᠯᠠᠬᠤ ᠪᠠ ᠰᠢᠢᠳᠪᠦᠷᠢᠯᠡᠬᠦ ᠲᠥᠪ ᠪᠣᠯᠭᠠᠭᠰᠠᠨ ᠪᠠᠶᠢᠨ᠎ᠠ᠃     ᠣᠶᠢᠯᠭᠠᠭᠰᠠᠨ ᠢᠶᠠᠷ᠂ ᠨᠢᠳᠤᠨᠤᠨ ᠪᠥᠬᠦ ᠣᠷᠣᠨ ᠤ ᠮᠡᠳᠡᠭᠡ ᠵᠠᠩᠭᠢ ᠶᠢᠨ ᠳᠠᠮᠵᠢᠭᠤᠯᠭ᠎ᠠ᠂ ᠵᠥᠭᠡᠯᠡᠨ ᠲᠣᠨᠤᠭ ᠪᠣᠯᠣᠨ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ ᠦᠢᠯᠡᠰ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠬᠡᠮᠵᠢᠶ᠎ᠡ ᠨᠢ 125.96 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠎ ᠬᠢ ᠠᠴᠠ 49.6% ᠨᠡᠮᠡᠭᠳᠡᠪᠡ︔ ᠲᠣᠭᠤᠰᠣ ᠠᠷᠢᠯᠭᠠᠬᠤ ᠵᠡᠷᠭᠡ ᠣᠷᠴᠢᠨ ᠲᠣᠭᠤᠷᠢᠨ ᠢ ᠵᠠᠰᠠᠬᠤ ᠦᠢᠯᠡᠰ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠬᠡᠮᠵᠢᠶ᠎ᠡ ᠨᠢ 88 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 220%᠎ ᠪᠠᠷ ᠨᠡᠮᠡᠭᠳᠡᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号