3 ᠳ᠋ᠤᠭᠠᠷ ᠰᠠᠷ᠎ᠠ ᠶᠢᠨ 11 ᠤ ᠦᠳᠡ ᠶᠢᠨ ᠬᠤᠶᠢᠨ᠎ᠠ᠂ ᠦᠪᠡᠷᠳᠡᠭᠡᠨ ᠵᠠᠰᠠᠬᠤ ᠤᠷᠤᠨ ᠤ ᠰᠠᠬᠢᠯᠭ᠎ᠠ ᠪᠠᠳᠤ | ᠪᠠᠶᠢᠴᠠᠭᠠᠬᠤ ᠬᠤᠷᠢᠶ᠎ᠠ ᠪᠦᠬᠦ ᠤᠷᠤᠨ ᠤ ︽ᠦᠩᠭᠡᠷᠡᠭᠦ ᠭᠠᠯᠠᠭᠤᠨ ᠤ ᠦᠳᠦ ᠶᠢ ᠰᠤᠭᠤᠯᠬᠤ︾ ᠮᠡᠳᠦ ᠬᠡᠯᠪᠡᠷᠢ ᠶᠢᠨ | ᠢᠯᠵᠢᠷᠡᠯ ᠤᠨ ᠠᠰᠠᠭᠤᠳᠠᠯ ᠢ ᠲᠦᠪᠯᠡᠷᠡᠭᠦᠯᠦᠨ ᠴᠡᠭᠴᠡᠯᠡᠭᠦ ᠠᠵᠢᠯ ᠢ ᠲᠠᠶᠢᠴᠢᠯᠠᠨ ᠪᠠᠶᠢᠷᠢᠯᠠᠭᠤᠯᠬᠤ ᠲᠧᠯᠸᠢᠰ | ᠤᠳᠠᠰᠤ ᠬᠤᠷᠠᠯ ᠬᠢᠵᠤ᠂ 12 ᠳ᠋ᠤᠭᠠᠷ ᠰᠠᠷ᠎ᠠ ᠶᠢᠨ ᠰᠡᠭᠦᠯᠴᠢ ᠪᠤᠯᠳᠠᠯ᠎ᠠ ᠲᠦᠷᠪᠡᠨ ᠱᠠᠳᠤ ᠬᠤᠪᠢᠶᠠᠵᠤ ᠭᠠᠴᠠᠭ᠎ᠠ | ᠲᠤᠰᠬᠤᠨ ︵ᠨᠡᠶᠢᠭᠡᠮ ᠲᠤᠭᠤᠷᠢᠭ︶᠂ ᠰᠤᠮᠤ ᠰᠢᠶᠠᠩ ᠪᠠᠯᠭᠠᠰᠦ ︵ᠵᠡᠭᠡᠯᠢ ᠭᠤᠳᠤᠮᠵᠢ︶ ᠵᠢᠴᠢ ᠦᠨᠳᠦᠰᠦᠨ | ᠱᠠᠳᠤᠨ ᠤ ᠦᠷᠳᠡᠭᠡ ᠭᠠᠵᠠᠷ᠂ ᠠᠶᠢᠮᠠᠭ ᠬᠤᠳᠠ᠂ ᠬᠤᠰᠢᠭᠤ ᠰᠢᠶᠠᠨ ︵ᠬᠤᠳᠠ᠂ ᠲᠤᠭᠤᠷᠢᠭ︶ ᠳᠤ ᠤᠷᠤᠰᠢᠵᠤ | ᠪᠦᠬᠦᠢ ︽ᠦᠩᠭᠡᠷᠡᠭᠦ ᠭᠠᠯᠠᠭᠤᠨ ᠤ ᠦᠳᠦ ᠶᠢ ᠰᠤᠭᠤᠯᠬᠤ︾ ᠮᠡᠳᠦ ᠬᠡᠯᠪᠡᠷᠢ ᠶᠢᠨ ᠢᠯᠵᠢᠷᠠᠯ ᠤᠨ ᠠᠰᠠᠭᠤᠳᠠᠯ ᠢ | ᠲᠦᠪᠯᠡᠷᠡᠭᠦᠯᠦᠨ ᠴᠡᠭᠴᠡᠯᠡᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠬᠠᠤ ᠶᠢ ᠦᠨᠳᠦᠰᠦᠨ ᠱᠠᠳᠤ ᠲᠡᠰᠢ | ᠦᠷᠭᠦᠯᠵᠢᠯᠡᠭᠦᠯᠬᠦ ᠶᠢ ᠴᠢᠨᠠᠬᠰᠢᠳᠠ ᠠᠬᠢᠭᠤᠯᠬᠤ ᠪᠠᠷ ᠲᠦᠯᠦᠪᠯᠡᠵᠡᠢ᠃ | ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠬᠦᠨ᠂ ᠰᠠᠬᠢᠯᠭ᠎ᠠ ᠪᠠᠳᠤ | ᠪᠠᠶᠢᠴᠠᠭᠠᠬᠤ ᠬᠤᠷᠢᠶ᠎ᠠ ᠶᠢᠨ ᠱᠦᠵᠢ ᠯᠢᠦ ᠴᠢ ᠹᠠᠨ ᠬᠤᠷᠠᠯ ᠳᠤ ᠤᠷᠤᠯᠴᠠᠨ ᠶᠠᠷᠢᠶ᠎ᠠ ᠲᠠᠯᠪᠢᠪᠠ᠃ | ᠯᠢᠦ ᠴᠢ ᠹᠠᠨ ᠵᠢᠭᠠᠵᠤ ᠭᠠᠷᠭᠠᠬᠰᠠᠨ ᠨᠢ᠂ ᠤᠳᠤᠬᠠᠨ ᠮᠠᠨ ᠤ ᠤᠷᠤᠨ ᠳᠤ᠂ ᠬᠠᠮᠳᠤ ᠶᠢᠨ ︽ᠭᠤᠷᠪᠠᠨ | ᠬᠦᠷᠦᠩᠭᠡ︾ ᠶᠢ ᠬᠤᠪᠢ ᠶᠢᠨ ᠬᠢ ᠪᠤᠯᠭᠠᠨ ᠲᠤᠷ᠎ᠠ ᠪᠠᠷ ᠰᠢᠢᠳᠪᠦᠷᠢᠯᠡᠭᠦ᠂ ᠲᠤᠰᠬᠠᠢ ᠲᠦᠷᠦᠯ ᠤᠨ ᠪᠡᠯᠡ ᠮᠦᠩᠭᠦ ᠶᠢ | ᠬᠤᠪᠢᠳᠡᠨ ᠠᠪᠴᠤ ᠲᠤᠷ᠎ᠠ ᠪᠠᠷ ᠱᠠᠮᠰᠢᠬᠤ᠂ ᠤᠯᠠᠨ ᠲᠦᠮᠡᠨ ᠤ ᠠᠰᠢᠭ ᠲᠤᠰᠠ ᠶᠢ ᠲᠤᠷ᠎ᠠ ᠲᠠᠪᠠ ᠪᠠᠷ ᠮᠦᠯᠵᠢᠭᠦ᠂ | ᠲᠤᠰᠢᠶᠠᠯ ᠡᠷᠭᠡ ᠪᠠᠨ ᠠᠰᠢᠬᠯᠠᠨ ᠲᠤᠷ᠎ᠠ ᠵᠤᠷᠢᠭ ᠢᠶᠠᠷ ᠢᠶᠠᠨ ᠠᠭᠠᠰᠢᠯᠠᠬᠤ ᠵᠡᠷᠭᠡ ︽ᠦᠩᠭᠡᠷᠡᠭᠦ ᠭᠠᠯᠠᠭᠤᠨ ᠤ | ᠦᠳᠦ ᠶᠢ ᠰᠤᠭᠤᠯᠬᠤ︾ ᠮᠡᠳᠦ ᠬᠡᠯᠪᠡᠷᠢ ᠶᠢᠨ ᠢᠯᠵᠢᠷᠠᠯ ᠤᠨ ᠠᠰᠠᠭᠤᠳᠠᠯ ᠮᠦᠨᠭᠦ ᠠᠮᠠᠷᠬᠠᠨ ᠡᠭᠦᠰᠴᠤ ᠤᠯᠠᠨ | ᠡᠭᠦᠰᠭᠦ ᠬᠠᠨᠳᠤᠰᠢ ᠢᠯᠡᠷᠡᠵᠤ᠂ ᠤᠯᠠᠨ ᠲᠦᠮᠡᠨ ᠤ ᠲᠤᠰᠬᠠᠯ ᠴᠢᠩᠭ᠎ᠠ ᠬᠦᠴᠦᠳᠡᠢ ᠪᠠᠶᠢᠨ᠎ᠠ᠃ ᠡᠯ᠎ᠠ ᠭᠠᠵᠠᠷ ᠡᠯ᠎ᠠ | ᠰᠠᠯᠠᠭ᠎ᠠ ᠮᠦᠴᠢᠷ ᠡᠯ᠎ᠠ ᠨᠢᠭᠡᠴᠡ ︽ᠦᠩᠭᠡᠷᠡᠭᠦ ᠭᠠᠯᠠᠭᠤᠨ ᠤ ᠦᠳᠦ ᠶᠢ ᠰᠤᠭᠤᠯᠬᠤ︾ ᠮᠡᠳᠦ ᠬᠡᠯᠪᠡᠷᠢ ᠶᠢᠨ | ᠢᠯᠵᠢᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠴᠢᠬᠤᠯᠠ ᠴᠢᠨᠠᠷ ᠪᠤᠯᠤᠨ ᠪᠠᠴᠢᠮ ᠲᠤᠯᠭᠠᠮ᠎ᠠ ᠴᠢᠨᠠᠷ ᠢ ᠬᠦᠢᠴᠡᠳ | ᠲᠠᠨᠢᠵᠤ᠂ ᠭᠤᠤᠯᠳᠠᠯᠭ᠎ᠠ ᠲᠠᠢ ᠡᠳᠡᠭᠡᠳ᠂ ᠭᠤᠤᠯᠳᠠᠯᠭ᠎ᠠ ᠲᠠᠢ ᠭᠠᠵᠠᠷ ᠤᠷᠤᠨ᠂ ᠭᠤᠤᠯᠳᠠᠯᠭ᠎ᠠ ᠲᠠᠢ ᠠᠰᠠᠭᠤᠳᠠᠯ ᠢ | ᠲᠤᠪᠤᠶᠢᠯᠭᠠᠨ᠂ ᠬᠠᠮᠤᠭ ᠤᠨ ᠬᠦᠴᠢᠷ ᠠᠰᠠᠭᠤᠳᠠᠯ ᠢ ᠰᠢᠢᠳᠪᠦᠷᠢᠯᠡᠭᠦ ᠬᠡᠷᠡᠭᠳᠡᠢ᠃ ᠡᠯ᠎ᠠ ᠱᠠᠳᠤᠨ ᠤ ᠨᠠᠮ ᠤᠨ | ᠬᠤᠷᠢᠶ᠎ᠠ ︵ᠤᠳᠤᠷᠢᠳᠬᠤ ᠲᠤᠭᠤᠶᠢᠯᠠᠩ︶ ᠭᠤᠤᠯ ᠴᠤᠬᠴᠠ ᠶᠢᠨ ᠬᠠᠷᠢᠭᠤᠴᠠᠯᠭ᠎ᠠ ᠪᠠᠨ ᠰᠠᠶᠢᠳᠤᠷ ᠬᠦᠢᠴᠡᠳᠭᠡᠵᠤ᠂ | ᠡᠯ᠎ᠠ ᠱᠠᠳᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ︵ᠰᠠᠬᠢᠯᠭ᠎ᠠ ᠪᠠᠳᠤ ᠪᠠᠶᠢᠴᠠᠭᠠᠬᠤ ᠲᠤᠭᠤᠶᠢᠯᠠᠩ︶ ᠵᠢᠴᠢ | ᠡᠯ᠎ᠠ ᠴᠢᠳᠠᠪᠬᠢᠳᠦ ᠰᠠᠯᠠᠭ᠎ᠠ ᠮᠦᠴᠢᠷ ᠬᠠᠮᠳᠤᠷᠠᠯ ᠬᠦᠴᠦᠨ ᠢ ᠪᠦᠷᠢᠯᠳᠦᠭᠦᠯᠭᠦ ᠬᠡᠷᠡᠭᠳᠡᠢ᠃ ᠶᠠᠷᠢᠶ᠎ᠠ ᠬᠡᠯᠡᠯᠴᠡᠭᠡᠨ ᠤ | ᠤᠬᠠᠭᠤᠯᠭ᠎ᠠ ᠶᠢ ᠴᠢᠩᠭᠠᠳᠬᠠᠨ᠂ ᠢᠯᠡᠴᠢᠯᠡᠨ ᠮᠡᠳᠡᠭᠦᠯᠭᠦ ᠠᠷᠭ᠎ᠠ ᠵᠠᠮ ᠢ ᠰᠢᠯᠤᠭᠤᠳᠬᠠᠵᠤ᠂ ᠵᠠᠷᠯᠠᠨ ᠨᠡᠶᠢᠳᠡᠯᠡᠵᠤ | ᠢᠯᠡᠴᠢᠯᠡᠭᠦ ᠡᠷᠴᠢᠮ ᠢ ᠴᠢᠩᠭᠠᠷᠠᠭᠤᠯᠤᠨ᠂ ᠤᠯᠠᠨ ᠲᠦᠮᠡᠨ ᠤ ᠪᠦᠳᠦᠮᠵᠢᠳᠡᠢ ᠤᠷᠤᠯᠴᠠᠯᠭ᠎ᠠ ᠶᠢ ᠲᠠᠶᠢᠴᠢᠯᠠᠬᠤ | ᠬᠡᠷᠡᠭᠳᠡᠢ᠃ ᠰᠦᠪᠡᠭᠴᠢ ᠶᠢ ᠬᠠᠮᠳᠤᠪᠡᠷ ᠡᠳ᠋ᠯᠡᠭᠦ᠂ ᠴᠠᠭ ᠲᠤᠬᠠᠢ ᠳᠤᠨᠢ ᠪᠠᠶᠢᠴᠠᠭᠠᠵᠤ ᠬᠠᠷᠢᠭᠤ ᠲᠤᠰᠬᠠᠬᠤ᠂ | ᠪᠠᠶᠢᠩᠭᠤ ᠴᠡᠭᠴᠡᠯᠡᠨ ᠵᠠᠰᠠᠬᠤ ᠲᠤᠬᠳᠠᠴᠠ ᠶᠢ ᠴᠤᠬᠴᠠᠯᠠᠵᠤ᠂ ᠡᠭᠢ ᠡᠭᠦᠰᠦᠯ ᠠᠴᠠ ᠨᠢ ᠤᠷᠢᠳᠴᠢᠯᠡᠨ ᠰᠡᠷᠬᠡᠶᠢᠯᠡᠭᠦ | ᠬᠡᠷᠡᠭᠳᠡᠢ ᠬᠡᠪᠡ᠃ | ᠯᠢᠦ ᠴᠢ ᠹᠠᠨ ᠱᠠᠭᠠᠷᠳᠠᠬᠰᠠᠨ ᠨᠢ᠂ ᠲᠦᠪ ᠴᠢᠩᠭ᠎ᠠ ᠬᠡᠪ ᠰᠤᠷᠳᠠᠯ ᠢ ᠵᠤᠷᠢᠬᠳᠠᠢ ᠪᠠᠷ ᠬᠠᠷᠢᠭᠤᠴᠠᠯᠭ᠎ᠠ | ᠡᠭᠦᠷᠬᠡᠯᠡᠭᠦ ᠲᠡᠭᠡᠷ᠎ᠡ ᠢᠯᠡᠷᠡᠭᠦᠯᠵᠤ᠂ ᠬᠦᠴᠢᠷ ᠠᠴᠠ ᠦᠯᠦ ᠠᠶᠤᠬᠤ ᠰᠠᠮᠠᠭᠤᠨ ᠠᠴᠠ ᠦᠯᠦ ᠡᠮᠢᠶᠡᠭᠦ ᠤᠪᠤᠷ ᠢᠶᠠᠷ | ᠬᠠᠷᠢᠭᠤᠴᠠᠯᠭ᠎ᠠ ᠪᠠᠨ ᠡᠭᠦᠷᠭᠡᠯᠡᠵᠤ᠂ ᠦᠪᠡᠷ ᠢ ᠪᠠᠨ ᠪᠠᠶᠢᠴᠠᠭᠠᠨ ᠵᠠᠯᠠᠷᠠᠭᠤᠯᠵᠤ᠂ ᠬᠢᠨᠠᠮᠠᠭᠠᠢ ᠴᠡᠭᠴᠡᠯᠡᠨ ᠵᠠᠯᠠᠷᠠᠭᠤᠯᠬᠤ | ᠬᠡᠷᠡᠭᠳᠡᠢ︔ ᠦᠨᠡᠨ ᠠᠴᠠ ᠵᠦᠪ ᠢ ᠡᠷᠢᠵᠤ ᠪᠤᠳᠠᠳᠠᠢ ᠶᠢ ᠡᠷᠬᠢᠮᠯᠡᠭᠦ ᠲᠡᠭᠡᠷ᠎ᠡ ᠢᠯᠡᠷᠡᠭᠦᠯᠵᠤ᠂ ︽ᠦᠨᠡᠨ ᠪᠤᠳᠠᠳᠤ︾ | ᠲᠡᠭᠡᠷ᠎ᠠ ᠬᠦᠴᠦ ᠲᠠᠯᠪᠢᠨ᠂ ︽ᠲᠠᠪᠤ ᠶᠢ ᠦᠯᠦ ᠲᠠᠯᠪᠢᠬᠤ︾ ᠬᠡᠷᠡᠭᠳᠡᠢ︔ ᠲᠦᠷᠭᠡᠨ ᠪᠠᠶᠢᠴᠠᠭᠠᠵᠤ ᠲᠦᠷᠭᠡᠨ | ᠰᠢᠢᠳᠪᠦᠷᠢᠯᠡᠭᠦ ᠲᠡᠭᠡᠷ᠎ᠡ ᠢᠯᠡᠷᠡᠭᠦᠯᠵᠤ᠂ ᠤᠯᠠᠨ ᠲᠦᠮᠡᠨ ᠤ ᠲᠤᠰᠬᠠᠬᠰᠠᠨ ᠠᠰᠠᠭᠤᠳᠠᠯ ᠳᠤ ᠲᠠᠷᠤᠢ ᠲᠦᠷᠭᠡᠨ | ᠲᠤᠰᠬᠠᠯ ᠭᠠᠷᠴᠤ᠂ ᠴᠠᠭ ᠲᠤᠬᠠᠢ ᠳᠤᠨᠢ ᠲᠤᠰᠢᠶᠠᠬᠤ ᠬᠡᠷᠡᠭᠳᠡᠢ᠃ ᠰᠠᠬᠢᠯᠭ᠎ᠠ ᠪᠠᠳᠤ ᠶᠢ ᠴᠢᠩᠭ᠎ᠠ ᠬᠡᠷᠡᠭᠵᠢᠭᠦᠯᠭᠦ | ᠲᠡᠭᠡᠷ᠎ᠡ ᠢᠯᠡᠷᠡᠭᠦᠯᠵᠤ᠂ ᠲᠦᠪᠯᠡᠷᠡᠭᠦᠯᠦᠨ ᠴᠡᠭᠴᠡᠯᠡᠭᠦ ᠠᠵᠢᠯᠯᠠᠭ᠎ᠠ ᠶᠢᠨ ᠲᠠᠯ᠎ᠠ ᠪᠠᠷ ᠤᠳᠠᠭᠠᠨ᠂ ᠬᠠᠷᠢᠭᠤᠴᠠᠯᠭ᠎ᠠ | ᠲᠦᠯᠬᠢᠭᠦ᠂ ᠬᠡᠷᠡᠭ ᠢ ᠲᠠᠷᠤᠵᠤ ᠦᠯᠦ ᠪᠠᠶᠢᠴᠠᠭᠠᠬᠤ᠂ ᠬᠡᠷᠡᠭ ᠢ ᠨᠢᠭᠤᠵᠤ ᠦᠯᠦ ᠮᠡᠳᠡᠭᠦᠯᠭᠦ ᠵᠡᠷᠭᠡ ᠠᠵᠢᠯᠯᠠᠭ᠎ᠠ ᠶᠢ | ᠴᠢᠩᠭ᠎ᠠ ᠬᠠᠷᠢᠭᠤᠴᠠᠯᠭ᠎ᠠ ᠨᠡᠭᠡᠮᠵᠢᠯᠡᠨ ᠬᠠᠷᠢᠭᠤᠴᠠᠯᠭ᠎ᠠ ᠲᠤᠯᠭᠠᠵᠤ᠂ ᠲᠦᠪᠯᠡᠷᠡᠭᠦᠯᠦᠨ ᠴᠡᠭᠴᠡᠯᠡᠭᠦ ᠠᠵᠢᠯ ᠤᠨ | ᠪᠤᠳᠠᠳᠤ ᠦᠷ᠎ᠡ ᠪᠦᠳᠦᠮᠵᠢ ᠤᠯᠬᠤ ᠶᠢ ᠪᠦᠬᠦ ᠬᠦᠴᠦᠨ ᠢᠶᠠᠷ ᠠᠬᠢᠭᠤᠯᠵᠤ᠂ ᠰᠢᠯᠢᠳᠡᠭ ᠠᠮᠵᠢᠯᠳᠠ ᠪᠠᠷ ᠦᠪᠡᠷᠳᠡᠭᠡᠨ | ᠵᠠᠰᠠᠬᠤ ᠤᠷᠤᠨ ᠪᠠᠶᠢᠭᠤᠯᠤᠬᠳᠠᠬᠰᠠᠨ 70 ᠵᠢᠯ ᠤᠨ ᠤᠢ ᠶᠢ ᠪᠡᠯᠭᠡᠯᠡᠭᠦ ᠪᠠ ᠨᠠᠮ ᠤᠨ ᠠᠷᠪᠠ ᠶᠢᠰᠦᠳᠦᠭᠡᠷ ᠶᠡᠭᠡ | ᠬᠤᠷᠠᠯ ᠤᠨ ᠠᠮᠵᠢᠯᠳᠡ ᠲᠠᠢ ᠬᠤᠷᠠᠯᠳᠤᠬᠤ ᠶᠢ ᠤᠬᠳᠤᠬᠤ ᠬᠡᠷᠡᠭᠳᠡᠢ ᠬᠡᠵᠡᠢ᠃ |