2017 ᠣᠨ ᠤ1- 2 ᠳ᠋ᠤᠭᠠᠷ ᠰᠠᠷ᠎ᠠ ᠳᠤ᠂ ᠥᠪᠥᠷ ᠮᠣᠩᠭᠤᠯ ᠤᠨ ᠭᠠᠳᠠᠭᠠᠳᠤ ᠠᠷᠠᠯᠵᠢᠶᠠᠨ ᠤ | ᠣᠷᠣᠭᠤᠯᠤᠯᠲᠠ ᠭᠠᠷᠭᠠᠯᠲᠠ ᠶᠢᠨ ᠶᠡᠷᠦᠩᠬᠡᠢ ᠥᠷᠲᠡᠭ ᠨᠢ 20.5 ᠳ᠋ᠦᠩᠰᠢᠭᠤᠷ ᠳ᠋ᠣᠯᠯᠠᠷ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 30.2% ᠨᠡᠮᠡᠭᠳᠡᠨ᠂ ᠨᠡᠮᠡᠭᠳᠡᠯ ᠤᠨ ᠬᠡᠮᠵᠢᠶ᠎ᠡ ᠨᠢ 1 ᠳ᠋ᠦ᠋ᠭᠡᠷ ᠰᠠᠷ᠎ᠠ ᠲᠠᠢ | ᠬᠠᠷᠢᠴᠠᠭᠤᠯᠪᠠᠯ12.2 ᠵᠠᠭᠤᠨ ᠤ ᠴᠡᠭ ᠳᠡᠭᠡᠭᠰᠢᠯᠡᠵᠦ᠂ ᠪᠦᠭᠦ ᠤᠯᠤᠰ ᠤᠨ ᠳᠤᠮᠳᠠᠴᠢ ᠨᠡᠮᠡᠭᠳᠡᠯ ᠤᠨ | ᠬᠡᠮᠵᠢᠶ᠎ᠡ ᠠᠴᠠ16.9 ᠵᠠᠭᠤᠨ ᠤ ᠴᠡᠭ ᠦᠨᠳᠦᠷ ᠪᠣᠯᠪᠠ᠃ ᠡᠭᠦᠨ ᠳᠤ ᠭᠠᠳᠠᠭᠠᠳᠤ ᠠᠴᠠ ᠣᠷᠣᠭᠤᠯᠤᠭᠰᠠᠨ | ᠲᠤᠭ᠎ᠠ ᠨᠢ 13.2 ᠳ᠋ᠦᠩᠰᠢᠭᠤᠷ ᠳ᠋ᠣᠯᠯᠠᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 35% ᠨᠡᠮᠡᠭᠳᠡᠨ᠂ | 1 ᠳ᠋ᠦ᠋ᠭᠡᠷ ᠰᠠᠷ᠎ᠠ ᠶᠢᠨ ᠬᠢ ᠲᠠᠢ ᠬᠠᠷᠢᠴᠠᠭᠤᠯᠪᠠᠯ 8.5 ᠵᠠᠭᠤᠨ ᠤ ᠴᠡᠭ ᠳᠡᠭᠡᠭᠰᠢᠯᠡᠭᠰᠡᠨ ᠪᠠᠶᠢᠨ᠎ᠠ︔ | ᠭᠠᠳᠠᠭᠠᠳᠤ ᠳᠤ ᠭᠠᠷᠭᠠᠭᠰᠠᠨ ᠲᠤᠭ᠎ᠠ ᠨᠢ 7.3 ᠳ᠋ᠦᠩᠰᠢᠭᠤᠷ ᠳ᠋ᠣᠯᠯᠠᠷ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 22.4% ᠪᠠᠷ ᠨᠡᠮᠡᠭᠳᠡᠨ᠂ 1 ᠳ᠋ᠦ᠋ᠭᠡᠷ ᠰᠠᠷ᠎ᠠ ᠶᠢᠨ ᠬᠢ ᠲᠠᠢ ᠬᠠᠷᠢᠴᠠᠭᠤᠯᠪᠠᠯ18.1 | ᠵᠠᠭᠤᠨ ᠤ ᠴᠡᠭ ᠳᠡᠭᠡᠭᠰᠢᠯᠡᠪᠡ᠃ | 2 ᠳ᠋ᠤᠭᠠᠷ ᠰᠠᠷ᠎ᠠ ᠳᠤ᠂ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠬᠡᠮᠵᠢᠶ᠎ᠡ ᠨᠢ 9.9 ᠳ᠋ᠦᠩᠰᠢᠭᠤᠷ | ᠳ᠋ᠣᠯᠯᠠᠷ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 46.5% ᠨᠡᠮᠡᠭᠳᠡᠨ᠂ ᠪᠦᠭᠦ ᠤᠯᠤᠰ ᠤᠨ | ᠳᠤᠮᠳᠠᠴᠢ ᠨᠡᠮᠡᠭᠳᠡᠯ ᠤᠨ ᠬᠡᠮᠵᠢᠶ᠎ᠡ ᠠᠴᠠ30.7 ᠵᠠᠭᠤᠨ ᠤ ᠴᠡᠭ ᠥᠨᠳᠥᠷ ᠪᠣᠯᠵᠠᠢ᠂ ᠡᠭᠦᠨ ᠳᠤ ᠭᠠᠳᠠᠭᠠᠳᠤ | ᠣᠷᠣᠭᠤᠯᠤᠯᠲᠠ ᠨᠢ 6.2 ᠳ᠋ᠦᠩᠰᠢᠭᠤᠷ ᠳ᠋ᠣᠯᠯᠠᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 46.2% | ᠨᠡᠮᠡᠭᠳᠡᠪᠡ︔ ᠲᠤᠰ ᠰᠠᠷ᠎ᠠ ᠶᠢᠨ ᠭᠠᠳᠠᠭᠠᠳᠤ ᠭᠠᠷᠭᠠᠯᠲᠠ ᠨᠢ3.7 ᠳ᠋ᠦᠩᠰᠢᠭᠤᠷ ᠳ᠋ᠣᠯᠯᠠᠷ ᠲᠤ ᠬᠦᠷᠴᠦ᠂ | ᠪᠠᠶᠢᠳᠠᠯ ᠢ ᠰᠥᠷᠴᠦ 47.2% ᠨᠡᠮᠡᠭᠳᠡᠭᠰᠡᠨ ᠪᠠᠶᠢᠨ᠎ᠠ᠃ ᠭᠠᠭᠴᠠᠬᠠᠨ ᠰᠠᠷ᠎ᠠ ᠶᠢᠨ ᠭᠠᠳᠠᠭᠠᠳᠤ ᠣᠷᠣᠭᠤᠯᠤᠯᠲᠠ | ᠭᠠᠷᠭᠠᠯᠲᠠ ᠶᠢᠨ ᠬᠡᠮᠵᠢᠶ᠎ᠡ᠂ ᠭᠠᠳᠠᠭᠠᠳᠤ ᠳᠤ ᠭᠠᠷᠭᠠᠭᠰᠠᠨ ᠨᠡᠮᠡᠭᠳᠡᠯ ᠤᠨ ᠬᠡᠮᠵᠢᠶ᠎ᠡ ᠨᠢ ᠴᠥᠮ 2015 ᠣᠨ ᠤ 8 | ᠳ᠋ᠤᠭᠠᠷ ᠰᠠᠷ᠎ᠠ ᠠᠴᠠ ᠨᠠᠰᠢᠬᠢ ᠰᠢᠨ᠎ᠡ ᠲᠡᠮᠳᠡᠭᠯᠡᠯ ᠢ ᠡᠭᠦᠳᠴᠦ᠂ ᠭᠠᠭᠴᠠᠬᠠᠨ ᠰᠠᠷ᠎ᠠ ᠶᠢᠨ ᠭᠠᠳᠠᠭᠠᠳᠤ | ᠣᠷᠣᠭᠤᠯᠤᠯᠲᠠ ᠶᠢᠨ ᠬᠡᠮᠵᠢᠶ᠎ᠡ ᠨᠢ 2013 ᠣᠨ ᠤ 10 ᠳ᠋ᠤᠭᠠᠷ ᠰᠠᠷ᠎ᠠ ᠠᠴᠠ ᠨᠠᠰᠢᠬᠢ ᠰᠢᠨ᠎ᠡ ᠲᠡᠮᠳᠡᠭᠯᠡᠯ ᠢ | ᠡᠭᠦᠳᠦᠭᠰᠡᠨ ᠪᠠᠶᠢᠨ᠎ᠠ᠃ |