ᠥᠪᠥᠷ ᠮᠣᠩᠭᠤᠯ ᠤᠨ ︽ᠨᠢᠭᠡ ᠪᠦᠰᠡ ᠨᠢᠭᠡ ᠵᠠᠮ︾ ᠳᠠᠭᠠᠤ ᠤᠯᠤᠰ ᠯᠤᠭ᠎ᠠ ᠶᠢᠨ ᠭᠠᠳᠠᠭᠠᠳᠤ ᠠᠷᠠᠯᠵᠢᠶ᠎ᠠ ᠰᠠᠶᠢᠵᠢᠷᠠᠬᠤ ᠬᠠᠨᠳᠤᠰᠢ ᠲᠠᠢ ᠪᠤᠯᠪᠠ
ᠨᠡᠶᠢᠲᠡᠯᠡᠭᠰᠡᠨ ᠴᠠᠭ᠄
2017/3/14
     ᠡᠨᠡ ᠵᠢᠯ ᠠᠴᠠ ᠨᠠᠰᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠨᠢᠭᠡ ᠪᠦᠰᠡ ᠨᠢᠭᠡ ᠵᠠᠮ ︾ ᠳᠠᠭᠠᠤ ᠤᠯᠤᠰ ᠯᠤᠭ᠎ᠠ ᠶᠢᠨ ᠭᠠᠳᠠᠭᠠᠳᠤ ᠠᠷᠠᠯᠵᠢᠶ᠎ᠠ ᠰᠠᠶᠢᠵᠢᠷᠠᠬᠤ ᠬᠠᠨᠳᠤᠰᠢ ᠲᠠᠢ ᠪᠤᠯᠵᠤ᠂ ᠠᠩᠬᠠᠳᠤᠭᠠᠷ ᠰᠠᠷ᠎ᠠ ᠳᠤ ᠭᠠᠳᠠᠭᠠᠳᠦ ᠤᠷᠤᠭᠤᠯᠤᠯᠲᠠ ᠭᠠᠷᠭᠠᠯᠲᠠ ᠨᠡᠶᠢᠲᠡ 50.2 ᠳ᠋ᠦᠩᠰᠢᠭᠤᠷ ᠲᠥᠭᠦᠷᠢᠭ ᠠᠷᠠᠳ ᠤᠨ ᠵᠣᠭᠤᠰ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 38.5% ᠨᠡᠮᠡᠭᠳᠡᠪᠡ᠂ ᠡᠭᠦᠨ ᠳᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ︽ᠨᠢᠭᠡ ᠪᠦᠰᠡ ᠨᠢᠭᠡ ᠵᠠᠮ︾ ᠳᠠᠭᠠᠤ ᠤᠯᠤᠰ ᠯᠤᠭ᠎ᠠ ᠶᠢᠨ ᠭᠠᠳᠠᠭᠠᠳᠤ ᠤᠷᠤᠭᠤᠯᠤᠯᠲᠠ ᠭᠠᠷᠭᠠᠯᠲᠠ 42.9 ᠳ᠋ᠦᠩᠰᠢᠭᠤᠷ ᠲᠥᠭᠦᠷᠢᠭ ᠲᠤ ᠬᠦᠷᠴᠦ᠂ 85.5%᠎ ᠶᠢ ᠡᠵᠡᠯᠡᠪᠡ᠃ ᠮᠠᠨᠵᠤᠤᠷ ᠪᠣᠭᠤᠮᠲᠠ ᠶᠢᠨ ᠲᠤᠭ᠎ᠠ ᠪᠠᠷᠢᠮᠲᠠ ᠠᠴᠠ ᠦᠵᠡᠪᠡᠯ᠂ ᠣᠳᠣᠬᠠᠨ ᠳᠤ ᠥᠪᠥᠷ ᠮᠣᠩᠭᠤᠯ ᠤᠨ ᠠᠵᠤ ᠠᠬᠤᠶᠢᠯᠠᠯ ᠤᠳ ᠤᠨ ︽ᠨᠢᠭᠡ ᠪᠦᠰᠡ ᠨᠢᠭᠡ ᠵᠠᠮ︾ ᠳᠠᠭᠠᠤ ᠤᠯᠤᠰ ᠯᠤᠭ᠎ᠠ ᠶᠢᠨ ᠭᠠᠳᠠᠭᠠᠳᠦ ᠤᠷᠤᠭᠤᠯᠤᠯᠲᠠ ᠭᠠᠷᠭᠠᠯᠲᠠ ᠶᠢᠨ ᠲᠠᠸᠠᠷ ᠤᠨ ᠲᠦᠷᠦᠯ ᠨᠢ ᠨᠢᠭᠡᠨᠲᠡ 1170 ᠵᠦᠢᠯ ᠳᠤ ᠬᠦᠷᠴᠡᠢ᠃ ᠭᠠᠭᠴᠠ ᠵᠦᠢᠯ ᠤᠨ ᠲᠠᠸᠠᠷ ᠤᠨ ᠳᠤᠲᠤᠷ᠎ᠠ ᠨᠡᠷᠡᠨ ᠬᠤᠸᠠᠷ ᠤᠨ ᠦᠷ᠎ᠡ ᠶᠢᠨ ᠭᠠᠳᠠᠭᠠᠳᠤ ᠭᠠᠷᠭᠠᠯᠲᠠ ᠤᠷᠤᠶᠢᠯᠠᠵᠤ᠂ ᠵᠡᠰ ᠤᠨ ᠬᠦᠳᠡᠷ ᠤᠨ ᠡᠯᠡᠰᠦ ᠵᠢᠴᠢ ᠨᠠᠷᠢᠯᠢᠭ ᠬᠦᠳᠡᠷ ᠤᠨ ᠭᠠᠳᠠᠭᠠᠳᠤ ᠤᠷᠤᠭᠤᠯᠤᠯᠲᠠ ᠶᠡᠬᠡᠩᠬᠢ ᠬᠤᠪᠢ ᠶᠢ ᠡᠵᠡᠯᠡᠵᠦ᠂ ᠬᠡᠤᠷᠰᠢᠭᠦᠯᠦᠭᠰᠡᠨ ᠨᠡᠭᠦᠷᠡᠰᠦ ᠶᠢᠨ ᠭᠠᠳᠠᠭᠠᠳᠦ ᠤᠷᠤᠭᠤᠯᠤᠯᠲᠠ 10.2 ᠳ᠋ᠦᠩᠰᠢᠭᠤᠷ ᠲᠥᠭᠦᠷᠢᠭ ᠲᠤ ᠬᠦᠷᠴᠦ᠂ 3.4 ᠳᠠᠬᠢᠨ ᠨᠡᠮᠡᠭᠳᠡᠵᠦ᠂ ᠠᠳᠠᠯᠢ ᠬᠤᠭᠤᠴᠠᠭᠠᠨ ᠤ ᠥᠪᠥᠷ ᠮᠣᠩᠭᠤᠯ ᠤᠨ ︽ᠨᠢᠭᠡ ᠪᠦᠰᠡ ᠨᠢᠭᠡ ᠵᠠᠮ︾ ᠳᠠᠭᠠᠤ ᠤᠯᠤᠰ ᠯᠤᠭ᠎ᠠ ᠶᠢᠨ ᠭᠠᠳᠠᠭᠠᠳᠤ ᠤᠷᠤᠭᠤᠯᠤᠯᠲᠠ ᠶᠢᠨ ᠶᠡᠷᠦᠩᠬᠡᠶ ᠦᠷᠳᠡᠭ ᠤᠨ 28.4%᠎ ᠶᠢ ᠡᠵᠡᠯᠡᠪᠡ᠃ ᠠᠷᠠᠯᠵᠢᠶᠠᠨ ᠤ ᠬᠠᠨᠢᠲᠠᠨ ᠠᠴᠠ ᠠᠪᠴᠤ ᠦᠵᠡᠪᠡᠯ᠂ ᠥᠪᠥᠷ ᠮᠣᠩᠭᠤᠯ ᠤᠨ ᠠᠵᠤ ᠠᠬᠤᠶᠢᠯᠠᠯ ᠤᠨ ᠠᠽᠢᠶ᠎ᠠ ᠲᠢᠪ ᠤᠨ ᠵᠠᠮ ᠳᠠᠭᠠᠤ ᠤᠯᠤᠰ ᠪᠣᠯᠤᠨ ᠭᠠᠵᠠᠷ ᠣᠷᠣᠨ ᠯᠤᠭ᠎ᠠ ᠶᠢᠨ ᠭᠠᠳᠠᠭᠠᠳᠤ ᠤᠷᠤᠭᠤᠯᠤᠯᠲᠠ ᠭᠠᠷᠭᠠᠯᠲᠠ 32.0 ᠳ᠋ᠦᠩᠰᠢᠭᠤᠷ ᠲᠥᠭᠦᠷᠢᠭ ᠲᠤ ᠬᠦᠷᠴᠦ᠂ 53.0%᠎ ᠢᠶᠠᠷ ᠶᠡᠭᠡ ᠪᠠᠷ ᠨᠡᠮᠡᠭᠳᠡᠵᠦ᠂ ᠠᠳᠠᠯᠢ ᠬᠤᠭᠤᠴᠠᠭᠠᠨ ᠤ ᠥᠪᠥᠷ ᠮᠣᠩᠭᠤᠯ ᠤᠨ ᠠᠵᠤ ᠠᠬᠤᠶᠢᠯᠠᠯ ᠤᠨ ︽ᠨᠢᠭᠡ ᠪᠦᠰᠡ ᠨᠢᠭᠡ ᠵᠠᠮ︾ ᠳᠠᠭᠠᠤ ᠤᠯᠤᠰ ᠯᠤᠭ᠎ᠠ ᠶᠢᠨ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠶᠡᠷᠦᠩᠬᠡᠶ ᠦᠷᠲᠡᠭ ᠤᠨ 63.8%᠎ ᠶᠢ ᠡᠵᠡᠯᠡᠪᠡ᠃      ᠵᠠᠳᠠᠯᠤᠨ ᠰᠢᠨᠵᠢᠯᠡᠭᠴᠢ ᠶᠢᠨ ᠵᠢᠭᠠᠵᠤ ᠭᠠᠷᠭᠠᠭᠰᠠᠨ ᠨᠢ᠂ ᠣᠳᠣᠬᠠᠨ ᠢᠶᠠᠷ ᠠᠪᠴᠤ ᠦᠵᠡᠪᠡᠯ᠂ ᠥᠪᠥᠷ ᠮᠣᠩᠭᠤᠯ ᠤᠨ ᠠᠵᠤ ᠠᠬᠤᠶᠢᠯᠠᠯ ᠤᠨ ᠬᠢᠷᠦᠭᠡᠲᠡᠮᠡᠯ ᠮᠣᠳᠣ᠂ ᠨᠡᠭᠦᠷᠡᠰᠦ᠂ ᠡᠯᠡᠰᠦᠯᠢᠭ ᠡᠷᠦᠳᠡᠰᠦ ᠵᠡᠷᠭᠡ ᠦᠢᠯᠡᠳᠬᠦᠨ ᠤ ᠭᠠᠳᠠᠭᠠᠳᠤ ᠤᠷᠤᠭᠤᠯᠤᠯᠲᠠ ᠶᠢᠨ ᠬᠡᠪᠴᠢᠶ᠎ᠡ ᠴᠥᠮ ᠦᠷᠭᠡᠳᠬᠦ ᠶᠢᠨ ᠵᠡᠷᠭᠡᠪᠡᠷ ᠬᠠᠪᠤᠷ ᠤᠨ ᠲᠠᠷᠢᠶᠠᠯᠠᠭ᠎ᠠ ᠤᠳᠠᠯ ᠦᠭᠡᠢ ᠬᠦᠷᠴᠦ ᠢᠷᠡᠵᠦ᠂ ᠬᠢᠮᠢ ᠶᠢᠨ ᠪᠤᠷᠳᠤᠭᠤᠷ ᠤᠨ ᠵᠠᠬ᠎ᠠ ᠳᠡᠯᠭᠡᠭᠦᠷ ᠴᠤ ᠬᠥᠰᠢᠭᠡ ᠪᠠᠨ ᠰᠡᠬᠦᠵᠦ᠂ ᠣᠯᠠᠨ ᠲᠦ᠋ᠷᠦᠯ ᠤᠨ ᠦᠢᠯᠡᠳᠬᠦᠨ ᠤ ᠵᠠᠶᠢᠯᠠᠰᠢ ᠦᠭᠡᠶ ᠬᠡᠷᠡᠭᠴᠡᠭᠡ ᠱᠠᠭᠠᠷᠳᠠᠯᠭ᠎ᠠ ᠨᠢ ᠪᠠᠰᠠ ᠥᠪᠥᠷ ᠮᠣᠩᠭᠤᠯ ᠤᠨ ᠠᠵᠤ ᠠᠬᠤᠶᠢᠯᠠᠯ ᠤᠨ ︽ᠨᠢᠭᠡ ᠪᠦᠰᠡ ᠨᠢᠭᠡ ᠵᠠᠮ︾ ᠳᠠᠭᠠᠤ ᠤᠯᠤᠰ ᠯᠤᠭ᠎ᠠ ᠶᠢᠨ ᠭᠠᠳᠠᠭᠠᠳᠤ ᠤᠷᠤᠭᠤᠯᠤᠯᠲᠠ ᠶᠢᠨ ᠬᠡᠮᠵᠢᠶ᠎ᠡ ᠶᠡᠭᠡ ᠪᠠᠷ ᠨᠡᠮᠡᠭᠳᠡᠬᠦ ᠶᠢ ᠳᠠᠶᠢᠴᠢᠯᠠᠬᠤ ᠪᠤᠯᠤᠨ᠎ᠠ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号