| ᠥᠪᠥᠷ ᠵᠠᠰᠠᠭ ᠠᠯᠪᠠᠨ ᠲᠠᠷᠬᠠᠭᠠᠭᠰᠠᠨ ﹇2016﹈ 174 ᠳ᠋ᠤᠭᠡᠷ ᠲᠤᠭᠠᠳᠤ | 2016 ᠣᠨ ᠤ 11 ᠳ᠋ᠤᠭᠡᠷ ᠰᠠᠷ᠎ᠠ ᠶᠢᠨ 25 ᠤ ᠡᠳᠦᠷ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ | ᠡᠯ᠎ᠡ ᠵᠦᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ | ᠨᠢᠭᠡᠴᠡ ᠳᠤ᠄ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠬᠤᠭ ᠨᠣᠪᠰᠢ | ᠪᠣᠬᠢᠷ ᠤᠰᠤ ᠶᠢ ᠠᠷᠢᠯᠭᠠᠨ ᠴᠡᠪᠡᠷᠰᠢᠭᠦᠯᠬᠦ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠪᠤᠶᠢᠵᠢᠭᠤᠯᠤᠨ | ᠬᠦᠭᠵᠢᠭᠦᠯᠬᠦ ᠶᠢᠨ ᠬᠡᠷᠡᠭᠵᠢᠭᠦᠯᠬᠦ ᠲᠥᠰᠥᠯ︾ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠢᠶᠠᠷ ᠵᠦᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ | ᠤᠶᠠᠯᠳᠤᠭᠤᠯᠵᠤ᠂ ᠬᠢᠨᠠᠮᠠᠭᠠᠢ ᠲᠣᠣᠱᠯᠠᠭᠤᠯᠤᠨ ᠬᠡᠷᠡᠭᠵᠢᠭᠦᠯᠳᠦᠭᠡᠢ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯᠵᠢᠬᠤ | ᠲᠠᠷᠢᠶᠠᠯᠠᠬᠤ ᠣᠷᠣᠨ ᠤ ᠬᠤᠭ ᠨᠣᠪᠰᠢ ᠪᠣᠬᠢᠷ ᠤᠰᠤ ᠶᠢ | ᠠᠷᠢᠯᠭᠠᠨ ᠴᠡᠪᠡᠷᠰᠢᠭᠦᠯᠬᠦ ᠵᠠᠬ᠎ᠠ ᠳᠡᠯᠭᠡᠭᠦᠷ ᠤᠨ ᠭᠤᠣᠯ ᠴᠣᠭᠴᠠ ᠶᠢ | ᠪᠤᠶᠢᠵᠢᠭᠤᠯᠤᠨ ᠬᠦᠭᠵᠢᠭᠦᠯᠬᠦ ᠶᠢᠨ ᠬᠡᠷᠡᠭᠵᠢᠭᠦᠯᠬᠦ ᠲᠥᠰᠥᠯ | ᠵᠠᠬ᠎ᠠ ᠳᠡᠯᠭᠡᠭᠦᠷ ᠤᠨ ᠰᠢᠢᠳᠪᠦᠷᠢᠯᠡᠬᠦ ᠴᠢᠨᠠᠷᠲᠠᠢ ᠦᠢᠯᠡᠳᠦᠯ ᠢ ᠨᠢ ᠨᠡᠩ ᠰᠠᠶᠢᠨ ᠢᠶᠠᠷ ᠪᠠᠳᠠᠷᠠᠭᠤᠯᠵᠤ᠂ ᠣᠯᠠᠨ | ᠡᠰᠢᠵᠢᠭᠰᠡᠨ ᠮᠠᠯᠵᠢᠬᠤ ᠲᠠᠷᠢᠶᠠᠯᠠᠬᠤ ᠣᠷᠣᠨ ᠤ ᠬᠤᠭ ᠨᠣᠪᠰᠢ ᠪᠣᠬᠢᠷ ᠤᠰᠤ ᠶᠢ ᠠᠷᠢᠯᠭᠠᠨ ᠴᠡᠪᠡᠷᠰᠢᠭᠦᠯᠬᠦ ᠵᠠᠬ᠎ᠠ | ᠳᠡᠯᠭᠡᠭᠦᠷ ᠤᠨ ᠭᠤᠣᠯ ᠴᠣᠭᠴᠠ ᠶᠢ ᠪᠤᠶᠢᠵᠢᠭᠤᠯᠤᠨ ᠬᠦᠭᠵᠢᠭᠦᠯᠵᠦ᠂ ᠮᠠᠨ ᠤ ᠣᠷᠣᠨ ᠤ ᠮᠠᠯᠵᠢᠬᠤ ᠲᠠᠷᠢᠶᠠᠯᠠᠬᠤ | ᠣᠷᠣᠨ ᠤ ᠠᠮᠢᠳᠤᠷᠠᠯ ᠤᠨ ᠬᠤᠭ ᠨᠣᠪᠰᠢ ᠪᠣᠯᠣᠨ ᠪᠣᠬᠢᠷ ᠤᠰᠤ ᠶᠢ ᠠᠷᠢᠯᠭᠠᠨ ᠴᠡᠪᠡᠷᠰᠢᠭᠦᠯᠬᠦ ᠠᠵᠢᠯ ᠤᠨ ᠬᠢᠷᠢ | ᠬᠡᠮᠵᠢᠶ᠎ᠡ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠮᠠᠯᠵᠢᠬᠤ ᠲᠠᠷᠢᠶᠠᠯᠠᠬᠤ ᠣᠷᠣᠨ ᠳᠠᠬᠢ ᠣᠷᠣᠰᠢᠨ ᠰᠠᠭᠤᠷᠢᠰᠢᠬᠤ | ᠣᠷᠴᠢᠨ ᠲᠣᠭᠤᠷᠢᠨ ᠢ ᠰᠠᠶᠢᠵᠢᠷᠠᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ | ᠤᠶᠠᠯᠳᠤᠭᠤᠯᠤᠨ᠂ ᠲᠤᠰ ᠲᠥᠰᠥᠯ ᠢ ᠲᠣᠭᠲᠠᠭᠠᠪᠠ᠃ | ᠨᠢᠭᠡ᠂ ᠶᠡᠷᠦᠩᠬᠡᠢ ᠱᠠᠭᠠᠷᠳᠠᠯᠭ᠎ᠠ | ︵ᠨᠢᠭᠡ︶ ᠵᠢᠯᠣᠭᠤᠳᠬᠤ ᠦᠵᠡᠯ ᠰᠠᠨᠠᠭ᠎ᠠ᠃ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠪᠠ ᠠᠷᠪᠠᠨ ᠨᠠᠢᠮᠠᠳᠤᠭᠠᠷ ᠬᠤᠭᠤᠴᠠᠭᠠᠨ ᠤ ᠲᠥᠪ | ᠬᠤᠷᠢᠶ᠎ᠠ ᠶᠢᠨ ᠭᠤᠷᠪᠠᠳᠤᠭᠠᠷ᠂ ᠲᠥᠷᠪᠡᠳᠦᠭᠡᠷ᠂ ᠲᠠᠪᠤᠳᠤᠭᠠᠷ᠂ ᠵᠢᠷᠭᠤᠳᠤᠭᠠᠷ ᠪᠦᠭᠦᠲᠡ ᠬᠤᠷᠠᠯ ᠤᠨ ᠵᠣᠷᠢᠭ | ᠰᠠᠨᠠᠭ᠎ᠠ ᠶᠢ ᠪᠦᠬᠦ ᠲᠠᠯ᠎ᠠ ᠪᠠᠷ ᠲᠣᠣᠱᠯᠠᠭᠤᠯᠵᠤ᠂ ᠪᠦᠬᠦ ᠤᠯᠤᠰ ᠤᠨ ᠬᠦᠳᠡᠭᠡ ᠲᠣᠰᠬᠤᠨ ᠳᠠᠬᠢ ᠣᠷᠣᠰᠢᠨ | ᠰᠠᠭᠤᠷᠢᠰᠢᠬᠤ ᠣᠷᠴᠢᠨ ᠲᠣᠭᠤᠷᠢᠨ ᠢ ᠰᠠᠶᠢᠵᠢᠷᠠᠭᠤᠯᠬᠤ ᠠᠵᠢᠯ ᠤᠨ ᠬᠤᠷᠠᠯ ᠪᠠ ︽ᠬᠦᠳᠡᠭᠡ ᠲᠤᠰᠬᠤᠨ ᠳᠠᠬᠢ | ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠰᠠᠶᠢᠵᠢᠷᠠᠭᠤᠯᠬᠤ ᠲᠤᠬᠠᠢ ᠲᠥᠷᠥ ᠶᠢᠨ ᠶᠠᠪᠤᠳᠠᠯ ᠤᠨ | ᠬᠤᠷᠢᠶ᠎ᠠ ᠶᠢᠨ ᠠᠯᠪᠠᠨ ᠲᠢᠩᠬᠢᠮ ᠤᠨ ᠵᠢᠯᠣᠭᠤᠳᠬᠤ ᠰᠠᠨᠠᠯ︾ ︵ᠲᠥᠷᠥ ᠠᠯᠪᠠᠨ ᠲᠠᠷᠬᠠᠭᠠᠭᠰᠠᠨ ﹇2014﹈ 25 | ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ︽ᠬᠦᠳᠡᠭᠡ ᠲᠤᠰᠬᠤᠨ ᠤ ᠬᠤᠭ | ᠨᠣᠪᠰᠢ ᠶᠢ ᠴᠡᠪᠡᠷᠯᠡᠨ ᠠᠷᠢᠯᠭᠠᠬᠤ ᠶᠢ ᠪᠦᠬᠦ ᠲᠠᠯ᠎ᠠ ᠪᠠᠷ ᠠᠬᠢᠭᠤᠯᠬᠤ ᠲᠤᠬᠠᠢ ᠣᠷᠣᠨ ᠰᠠᠭᠤᠴᠠ ᠬᠤᠲᠠ | ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠵᠡᠷᠭᠡ ᠰᠠᠯᠭ᠎ᠠ ᠮᠦᠴᠢᠷ ᠤᠳ ᠤᠨ ᠵᠢᠯᠣᠭᠤᠳᠬᠤ ᠰᠠᠨᠠᠯ︾ ︵ | ᠪᠦᠲᠦᠭᠡᠨ ᠪᠠᠶᠢᠭᠤᠯᠬᠤ ᠬᠦᠳᠡᠭᠡ ᠲᠤᠰᠬᠤᠨ ﹇2015﹈ 170 ᠳ᠋ᠤᠭᠠᠷ ᠲᠣᠭᠠᠲᠤ︶᠂ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠬᠤᠭ ᠨᠣᠪᠰᠢ ᠶᠢ ᠴᠡᠪᠡᠷᠯᠡᠨ ᠠᠷᠢᠯᠭᠠᠬᠤ ᠶᠢᠨ | ᠬᠡᠷᠡᠭᠵᠢᠭᠦᠯᠬᠦ ᠲᠥᠰᠥᠯ︾ ᠤᠨ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠤᠭᠠᠷ᠂ ᠪᠦᠬᠦ ᠣᠷᠣᠨ ᠤ ᠬᠤᠲᠠ | ᠬᠦᠳᠡᠭᠡ ᠶᠢᠨ ᠬᠦᠭᠵᠢᠯᠲᠡ ᠶᠢ ᠤᠯᠠᠮ ᠨᠢᠭᠡ ᠠᠯᠬᠤᠮ ᠨᠢᠭᠡᠳᠦᠯᠲᠡᠢ ᠲᠥᠯᠥᠪᠯᠡᠬᠦ ᠪᠠ ᠮᠠᠯᠵᠢᠬᠤ ᠲᠠᠷᠢᠶᠠᠯᠠᠬᠤ | ᠣᠷᠣᠨ ᠳᠠᠬᠢ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠰᠠᠶᠢᠵᠢᠷᠠᠭᠤᠯᠬᠤ ᠪᠠᠷ ᠡᠬᠢᠯᠡᠴᠡ ᠪᠠ ᠬᠦᠴᠦᠯᠡᠴᠡ | ᠪᠣᠯᠭᠠᠵᠤ᠂ ᠡᠬᠢ ᠪᠠᠶᠠᠯᠢᠭ ᠤᠨ ᠲᠣᠬᠢᠷᠠᠭᠤᠯᠤᠯᠲᠠ ᠳᠠᠬᠢ ᠵᠠᠬ᠎ᠠ ᠳᠡᠯᠭᠡᠭᠦᠷ ᠤᠨ ᠰᠢᠢᠳᠪᠦᠷᠢᠯᠡᠬᠦ ᠴᠢᠨᠠᠷᠲᠠᠢ | ᠦᠢᠯᠡᠳᠦᠯ ᠢ ᠨᠢ ᠭᠦᠢᠴᠡᠳ ᠪᠠᠳᠠᠷᠠᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠬᠤᠭ ᠨᠣᠪᠰᠢ ᠪᠣᠬᠢᠷ ᠤᠰᠤ ᠶᠢ | ᠠᠷᠢᠯᠭᠠᠨ ᠴᠡᠪᠡᠷᠰᠢᠭᠦᠯᠬᠦ ᠶᠢᠨ ᠪᠡᠯᠡ ᠣᠷᠣᠭᠤᠯᠤᠯᠲᠠ ᠶᠢᠨ ᠠᠵᠢᠯᠯᠠᠭᠠᠨ ᠤ ᠲᠣᠭᠲᠠᠴᠠ ᠪᠠ ᠣᠷᠣᠭᠤᠯᠤᠯᠲᠠ ᠶᠢᠨ | ᠠᠷᠭ᠎ᠠ ᠮᠠᠶ᠋ᠢᠭ ᠢ ᠥᠭᠡᠷᠡᠴᠢᠯᠡᠨ ᠰᠢᠨ᠎ᠡ ᠶᠢ ᠡᠭᠦᠳᠴᠦ᠂ ᠪᠡᠯᠡ ᠴᠤᠭᠯᠠᠭᠤᠯᠬᠤ ᠠᠷᠭ᠎ᠠ ᠵᠠᠮ ᠳᠤ ᠰᠢᠨ᠎ᠡ ᠶᠢ ᠡᠭᠦᠳᠬᠦ | ᠪᠠ ᠦᠷᠭᠡᠳᠭᠡᠵᠦ᠂ ᠪᠦᠬᠦ ᠨᠡᠶᠢᠭᠡᠮ ᠤᠨ ᠬᠦᠷᠦᠩᠭᠡ ᠶᠢᠨ ᠣᠷᠣᠭᠤᠯᠤᠯᠲᠠ ᠶᠢᠨ ᠬᠠᠷᠢᠭᠤ ᠠᠰᠢᠭ ᠬᠦᠷᠲᠡᠭᠡᠬᠦ | ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠨᠡᠶᠢᠭᠡᠮ ᠤᠨ ᠬᠦᠷᠦᠩᠭᠡ ᠶᠢ ᠬᠦᠲᠦᠯᠦᠨ ᠵᠢᠯᠣᠭᠤᠳᠬᠤ ᠪᠠ | ᠵᠣᠷᠢᠬᠵᠢᠭᠤᠯᠵᠤ ᠪᠠᠶᠢᠭᠠᠳ ᠮᠠᠯᠵᠢᠬᠤ ᠲᠠᠷᠢᠶᠠᠯᠠᠬᠤ ᠣᠷᠣᠨ ᠤ ᠬᠤᠭ ᠨᠣᠪᠰᠢ ᠪᠣᠬᠢᠷ ᠤᠰᠤ ᠶᠢ ᠠᠷᠢᠯᠭᠠᠨ | ᠴᠡᠪᠡᠷᠰᠢᠭᠦᠯᠬᠦ ᠠᠵᠢᠯ ᠤᠨ ᠪᠦᠲᠦᠭᠡᠨ ᠪᠠᠶᠢᠭᠤᠯᠤᠯᠲᠠ ᠪᠠ ᠠᠵᠢᠯᠯᠠᠭᠠᠨ ᠳᠤ ᠣᠷᠣᠯᠴᠠᠭᠤᠯᠵᠤ᠂ ᠮᠠᠯᠵᠢᠬᠤ | ᠲᠠᠷᠢᠶᠠᠯᠠᠬᠤ ᠣᠷᠣᠨ ᠤ ᠣᠷᠴᠢᠨ ᠲᠣᠭᠤᠷᠢᠨ ᠢ ᠵᠠᠰᠠᠨ ᠴᠡᠭᠴᠡᠯᠡᠬᠦ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ | ᠣᠯᠠᠨ ᠡᠰᠢᠵᠢᠭᠦᠯᠦᠯᠲᠡ ᠶᠢ ᠠᠬᠢᠭᠤᠯᠬᠤ ᠬᠡᠷᠡᠭᠲᠡᠢ᠃ | ︵ᠬᠤᠶᠠᠷ︶ ᠶᠡᠷᠥᠩᠬᠡᠢ ᠬᠠᠷᠠᠯᠲᠠ᠃ | ︽ᠵᠠᠰᠠᠭ ᠤᠨ ᠣᠷᠳᠣᠨ ᠬᠦᠲᠦᠯᠦᠨ ᠵᠢᠯᠣᠭᠤᠳᠬᠤ᠂ ᠵᠠᠬ᠎ᠠ ᠳᠡᠯᠭᠡᠭᠦᠷ ᠢᠶᠠᠷ ᠭᠤᠣᠯ ᠤᠳᠤᠷᠢᠳᠤᠮᠵᠢ | ᠪᠣᠯᠭᠠᠬᠤ᠂ ᠲᠣᠭᠲᠠᠴᠠ ᠳᠤ ᠰᠢᠨ᠎ᠡ ᠶᠢ ᠡᠭᠦᠳᠬᠦ᠂ ᠳᠦᠷᠢᠮ ᠢᠶᠠᠨ ᠲᠡᠭᠦᠯᠳᠡᠷᠵᠢᠭᠦᠯᠬᠦ᠂ ᠵᠢᠱᠢᠶ᠎ᠡ ᠦᠵᠡᠭᠦᠯᠵᠦ | ᠤᠷᠢᠳᠠᠪᠡᠷ ᠬᠢᠬᠦ᠂ ᠪᠦᠬᠦᠶᠢᠯᠡ ᠰᠢᠶᠠᠨ ᠢᠶᠠᠷ ᠨᠢ ᠠᠬᠢᠭᠤᠯᠬᠤ᠂ ᠢᠳᠡᠪᠬᠢᠲᠡᠢ ᠪᠦᠭᠡᠳ ᠯᠠᠪᠳᠠᠭᠤᠨ ᠪᠠᠲᠤᠲᠠᠢ ᠪᠠᠶᠢᠬᠤ | ᠂ ᠪᠣᠳᠠᠲᠤ ᠥᠷ᠎ᠡ ᠪᠦᠲᠦᠮᠵᠢ ᠶᠢ ᠴᠢᠬᠤᠯᠠᠴᠢᠯᠠᠬᠤ︾ ᠵᠠᠷᠴᠢᠮ ᠶᠣᠰᠤᠭᠠᠷ᠂ ᠪᠡᠯᠡ ᠣᠷᠣᠭᠤᠯᠤᠯᠲᠠ ᠶᠢᠨ | ᠠᠵᠢᠯᠯᠠᠭᠠᠨ ᠤ ᠲᠣᠭᠲᠠᠴᠠ ᠪᠠ ᠵᠠᠭᠪᠤᠷ ᠲᠤ ᠰᠢᠨ᠎ᠡ ᠶᠢ ᠡᠭᠦᠳᠴᠦ᠂ ᠰᠠᠶᠢᠨ ᠰᠠᠶᠢᠬᠠᠨ ᠲᠥᠷᠥ ᠶᠢᠨ ᠪᠣᠳᠣᠯᠭ᠎ᠠ ᠶᠢᠨ | ᠣᠷᠴᠢᠨ ᠲᠣᠭᠤᠷᠢᠨ ᠢ ᠪᠣᠢ ᠪᠣᠯᠭᠠᠵᠤ᠂ ᠵᠠᠰᠠᠭ ᠤᠨ ᠣᠷᠳᠣᠨ ᠤ ᠦᠢᠯᠡᠴᠢᠯᠡᠭᠡ ᠬᠤᠳᠠᠯᠳᠤᠨ ᠠᠪᠬᠤ᠂ | ᠭᠤᠷᠪᠠᠳᠤᠭᠠᠷ ᠡᠲᠡᠭᠡᠳ ᠲᠤ ᠨᠠᠶᠢᠳᠠᠵᠤ ᠠᠵᠢᠯᠯᠠᠭᠤᠯᠬᠤ᠂ ᠲᠤᠰᠠᠬᠠᠶᠢᠵᠢᠭᠰᠠᠨ ᠠᠳᠠᠯ ᠠᠬᠤᠢ ᠶᠢᠨ | ᠬᠠᠮᠢᠶᠠᠷᠤᠯᠲᠠ ᠶᠢᠨ ᠺᠣᠮᠫᠠᠨᠢ ᠵᠤᠬᠢᠶᠠᠨ ᠪᠠᠶᠢᠭᠤᠯᠬᠤ᠂ ᠵᠠᠰᠠᠭ ᠤᠨ ᠣᠷᠳᠣᠨ ᠪᠠ ᠨᠠᠶᠢᠭᠡᠮ ᠤᠨ ᠬᠦᠷᠦᠩᠭᠡ ᠶᠢᠨ | ᠬᠠᠮᠲᠤᠷᠠᠯᠴᠠᠬᠤ ︵PPP︶ ᠵᠠᠭᠪᠤᠷ ᠵᠡᠷᠭᠡ ᠣᠯᠠᠨ ᠠᠷᠭ᠎ᠠ ᠮᠠᠶ᠋ᠢᠭ ᠢᠶᠠᠷ ᠳᠠᠮᠵᠢᠵᠤ᠂ ᠮᠠᠯᠵᠢᠬᠤ ᠲᠠᠷᠢᠶᠠᠯᠠᠬᠤ | ᠣᠷᠣᠨ ᠤ ᠬᠤᠭ ᠨᠣᠪᠰᠢ ᠪᠣᠬᠢᠷ ᠤᠰᠤ ᠶᠢ ᠠᠷᠢᠯᠭᠠᠨ ᠴᠡᠪᠡᠷᠰᠢᠭᠦᠯᠬᠦ ᠵᠠᠬ᠎ᠠ ᠳᠡᠯᠭᠡᠭᠦᠷ ᠤᠨ ᠬᠦᠷᠢᠶᠡᠨ ᠳᠠᠬᠢ | ᠥᠭᠡᠷᠡᠴᠢᠯᠡᠯᠲᠡ ᠶᠢ ᠠᠬᠢᠭᠤᠯᠬᠤ ᠬᠡᠷᠡᠭᠲᠡᠢ᠃ 2017 ᠣᠨ ᠳᠤ᠂ ᠪᠦᠬᠦ ᠣᠷᠣᠨ ᠳᠤ ᠮᠠᠯᠵᠢᠬᠤ ᠲᠠᠷᠢᠶᠠᠯᠠᠬᠤ | ᠣᠷᠣᠨ ᠤ ᠬᠤᠭ ᠨᠣᠪᠰᠢ ᠪᠣᠬᠢᠷ ᠤᠰᠤ ᠶᠢ ᠠᠷᠢᠯᠭᠠᠨ ᠴᠡᠪᠡᠷᠰᠢᠭᠦᠯᠬᠦ ᠵᠠᠬ᠎ᠠ ᠳᠡᠯᠭᠡᠭᠦᠷ ᠤᠨ ᠭᠤᠣᠯ ᠴᠣᠭᠴᠠ ᠶᠢ | ᠬᠦᠮᠦᠵᠢᠭᠦᠯᠦᠨ ᠪᠤᠶᠢᠵᠢᠭᠤᠯᠬᠤ ᠠᠵᠢᠯ ᠢ ᠲᠤᠷᠰᠢᠨ ᠥᠷᠨᠢᠭᠦᠯᠦᠨ᠎ᠡ︔ 2018 — 2020 ᠣᠨ ᠬᠦᠷᠲᠡᠯ᠎ᠡ᠂ | ᠲᠤᠷᠰᠢᠯᠲᠠ ᠶᠢᠨ ᠰᠠᠭᠤᠷᠢᠨ ᠳᠡᠭᠡᠷ᠎ᠡ ᠪᠠᠶᠢᠭᠤᠯᠤᠯ ᠲᠣᠭᠲᠠᠴᠠ ᠵᠢᠴᠢ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠪᠠᠨ | ᠠᠯᠬᠤᠮ ᠠᠯᠬᠤᠮ ᠢᠶᠠᠷ ᠲᠡᠭᠦᠯᠳᠡᠷᠵᠢᠭᠦᠯᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠪᠥᠬᠦ ᠲᠠᠯ᠎ᠠ ᠪᠠᠷ | ᠣᠷᠤᠭᠤᠯᠤᠨ ᠮᠠᠯᠵᠢᠬᠤ ᠲᠠᠷᠢᠶᠠᠯᠠᠬᠤ ᠣᠷᠣᠨ ᠤ ᠬᠤᠭ ᠨᠣᠪᠰᠢ ᠪᠣᠬᠢᠷ ᠤᠰᠤ ᠶᠢ ᠠᠷᠢᠯᠭᠠᠨ ᠴᠡᠪᠡᠷᠰᠢᠭᠦᠯᠬᠦ | ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠵᠢᠴᠢ ᠠᠵᠢᠯᠯᠠᠭᠠᠨ ᠤ ᠬᠠᠮᠢᠶᠠᠷᠤᠯᠲᠠ ᠳᠤ ᠣᠷᠣᠯᠴᠠᠭᠤᠯᠤᠨ᠎ᠠ︔ | ᠨᠡᠯᠢᠶᠡᠳ ᠲᠡᠭᠦᠯᠳᠡᠷᠵᠢᠭᠦᠯᠦᠭᠰᠡᠨ ᠮᠠᠯᠵᠢᠬᠤ ᠲᠠᠷᠢᠶᠠᠯᠠᠬᠤ ᠣᠷᠣᠨ ᠤ ᠬᠤᠭ ᠨᠣᠪᠰᠢ ᠪᠣᠬᠢᠷ ᠤᠰᠤ ᠶᠢ ᠠᠷᠢᠯᠭᠠᠨ | ᠴᠡᠪᠡᠷᠰᠢᠭᠦᠯᠬᠦ ᠳᠥᠷᠢᠮ ᠤᠨ ᠰᠢᠰᠲ᠋ᠤᠮᠵᠢ ᠪᠠ ᠰᠠᠶᠢᠨ ᠰᠠᠶᠢᠬᠠᠨ ᠲᠥᠷᠥ ᠶᠢᠨ ᠪᠣᠳᠣᠯᠭ᠎ᠠ ᠶᠢᠨ ᠣᠷᠴᠢᠨ ᠲᠣᠭᠤᠷᠢᠨ ᠢ | ᠪᠣᠢ ᠪᠣᠯᠭᠠᠨ᠎ᠠ︔ ᠮᠠᠯᠵᠢᠬᠤ ᠲᠠᠷᠢᠶᠠᠯᠠᠬᠤ ᠣᠷᠣᠨ ᠤ ᠬᠤᠭ ᠨᠣᠪᠰᠢ ᠪᠣᠬᠢᠷ ᠤᠰᠤ ᠶᠢ ᠠᠷᠢᠯᠭᠠᠨ ᠴᠡᠪᠡᠷᠰᠢᠭᠦᠯᠬᠦ | ᠪᠡᠯᠡᠳᠭᠡᠮᠵᠢ ᠶᠢᠨ ᠬᠠᠩᠭᠠᠨ ᠥᠭᠬᠦ ᠲᠤᠭ᠎ᠠ ᠬᠡᠮᠵᠢᠶ᠎ᠡ᠂ ᠶᠠᠰᠤ ᠴᠢᠨᠠᠷ ᠵᠢᠴᠢ ᠥᠷ᠎ᠡ ᠪᠦᠲᠦᠮᠵᠢ ᠶᠢ ᠶᠡᠭᠡ ᠬᠡᠮᠵᠢᠶ᠎ᠡ ᠪᠠᠷ | ᠳᠡᠭᠡᠭᠰᠢᠯᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠬᠤᠭ ᠨᠣᠪᠰᠢ ᠪᠣᠬᠢᠷ ᠤᠰᠤ ᠶᠢ ᠠᠷᠢᠯᠭᠠᠨ ᠴᠡᠪᠡᠷᠰᠢᠭᠦᠯᠬᠦ | ᠪᠡᠯᠡᠳᠭᠡᠮᠵᠢ ᠶᠢᠨ ᠪᠦᠲᠦᠭᠡᠨ ᠪᠠᠶᠢᠭᠤᠯᠵᠤ ᠠᠵᠢᠯᠯᠠᠭᠤᠯᠬᠤ ᠶᠢᠨ ᠤᠯᠠᠨ ᠡᠰᠢᠵᠢᠭᠦᠯᠦᠡ ᠪᠡᠯᠡ ᠣᠷᠣᠭᠤᠯᠵᠤ ᠪᠡᠯᠡ | ᠨᠡᠶᠢᠯᠡᠭᠦᠯᠬᠦ ᠪᠠᠶᠢᠷᠢᠰᠢᠯ ᠢ ᠦᠨᠳᠦᠰᠦᠨ ᠳᠡᠭᠡᠨ ᠪᠣᠢ ᠪᠣᠯᠭᠠᠨ᠎ᠠ᠃ | ᠬᠤᠶᠠᠷ᠂ ᠭᠤᠣᠯ ᠡᠭᠦᠷᠭᠡ | ︵ᠨᠢᠭᠡ︶ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠪᠤᠶᠢᠵᠢᠭᠤᠯᠤᠨ ᠬᠦᠭᠵᠢᠭᠦᠯᠬᠦ ᠲᠤᠷᠰᠢᠯᠲᠠ ᠶᠢᠨ | ᠴᠢᠬ ᠤᠨ ᠠᠵᠢᠯ ᠢ ᠥᠷᠨᠢᠭᠦᠯᠬᠦ ᠬᠡᠷᠡᠭᠲᠡᠢ᠃ | ᠡᠯ᠎ᠡ ᠠᠶᠢᠮᠠᠭ ᠬᠤᠲᠠ ᠨᠤᠭᠤᠳ ᠲᠤᠰ ᠪᠡᠶ᠎ᠡ ᠶᠢᠨ ᠪᠣᠳᠠᠲᠤ ᠪᠠᠶᠢᠳᠠᠯ ᠪᠠ ᠥᠪᠡᠷᠲᠡᠭᠡᠨ ᠵᠠᠰᠠᠬᠤ ᠣᠷᠣᠨ ᠤ | ᠮᠠᠯᠵᠢᠬᠤ ᠲᠠᠷᠢᠶᠠᠯᠠᠬᠤ ᠣᠷᠣᠨ ᠤ ᠬᠤᠭ ᠨᠣᠪᠰᠢ ᠪᠣᠬᠢᠷ ᠤᠰᠤ ᠶᠢ ᠠᠷᠢᠯᠭᠠᠨ ᠴᠡᠪᠡᠷᠰᠢᠭᠦᠯᠬᠦ ᠶᠡᠷᠥᠩᠬᠡᠢ ᠠᠵᠢᠯ ᠤᠨ | ᠱᠠᠭᠠᠷᠳᠠᠯᠭ᠎ᠠ ᠯᠤᠭ᠎ᠠ ᠤᠶᠠᠯᠳᠤᠭᠤᠯᠵᠤ᠂ ᠲᠤᠰ ᠭᠠᠵᠠᠷ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠬᠤᠭ ᠨᠣᠪᠰᠢ | ᠪᠣᠬᠢᠷ ᠤᠰᠤ ᠶᠢ ᠠᠷᠢᠯᠭᠠᠨ ᠴᠡᠪᠡᠷᠰᠢᠭᠦᠯᠬᠦ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠪᠤᠶᠢᠵᠢᠭᠤᠯᠤᠨ | ᠬᠦᠭᠵᠢᠭᠦᠯᠬᠦ ᠶᠢᠨ ᠬᠡᠷᠡᠭᠵᠢᠭᠦᠯᠬᠦ ᠲᠦᠰᠦᠯ ᠲᠣᠭᠲᠠᠭᠠᠵᠤ᠂ ᠠᠵᠤ ᠠᠬᠤᠢ ᠶᠢᠨ ᠰᠠᠭᠤᠷᠢ ᠪᠠᠷ ᠨᠡᠯᠢᠶᠡᠳ ᠰᠠᠶᠢᠨ᠂ | ᠮᠠᠯᠵᠢᠬᠤ ᠲᠠᠷᠢᠶᠠᠯᠠᠬᠤ ᠣᠷᠣᠨ ᠤ ᠬᠤᠭ ᠨᠣᠪᠰᠢ ᠶᠢ ᠬᠤᠷᠢᠶᠠᠨ ᠴᠤᠭᠯᠠᠭᠤᠯᠬᠤ᠂ ᠰᠢᠯᠵᠢᠭᠦᠯᠦᠨ ᠵᠦᠭᠡᠭᠡᠪᠦᠷᠢᠯᠡᠬᠦ ᠪᠠ | ᠠᠷᠢᠯᠭᠠᠨ ᠰᠢᠢᠳᠪᠦᠷᠢᠯᠡᠬᠦ ᠵᠠᠭᠪᠤᠷ ᠨᠢ ᠨᠡᠯᠢᠶᠡᠳ ᠪᠣᠯᠪᠠᠰᠤᠷᠠᠭᠰᠠᠨ ᠬᠤᠰᠢᠭᠤ ᠰᠢᠶᠠᠨ ︵ᠬᠤᠲᠠ᠂ ᠲᠣᠭᠤᠷᠢᠭ︶ ᠢ | ᠰᠤᠩᠭᠤᠵᠤ ᠵᠢᠱᠢᠶ᠎ᠡ ᠦᠵᠡᠭᠦᠯᠬᠦ ᠴᠢᠬ ᠪᠣᠯᠭᠠᠨ ᠤᠷᠢᠳᠠᠪᠠᠷ ᠬᠢᠵᠦ ᠤᠷᠢᠳᠠᠪᠠᠷ ᠲᠤᠷᠰᠢᠬᠤ ᠬᠡᠷᠡᠭᠲᠡᠢ᠃ ᠡᠯ᠎ᠡ | ᠠᠶᠢᠮᠠᠭ ᠬᠤᠲᠠ ᠶᠢᠨ ᠬᠡᠷᠡᠭᠵᠢᠭᠦᠯᠬᠦ ᠲᠦᠰᠦᠯ ᠢᠶᠠᠨ 2016 ᠣᠨ ᠤ 12 ᠳ᠋ᠤᠭᠠᠷ ᠰᠠᠷ᠎ᠠ ᠶᠢᠨ 30 ᠤ | ᠡᠳᠦᠷ ᠠᠴᠠ ᠡᠮᠦᠨ᠎ᠡ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠬᠤᠲᠠ ᠬᠦᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠢᠩᠬᠢᠮ ᠳᠤ ᠮᠡᠳᠡᠭᠦᠯᠬᠦ ᠬᠡᠷᠡᠭᠲᠡᠢ᠃ | ︵ᠬᠤᠶᠠᠷ︶ ᠠᠷᠢᠯᠭᠠᠨ ᠴᠡᠪᠡᠷᠰᠢᠭᠦᠯᠬᠦ ᠪᠡᠯᠡᠳᠭᠡᠮᠵᠢ ᠶᠢᠨ ᠪᠡᠯᠡ ᠣᠷᠣᠭᠤᠯᠤᠯᠲᠠ ᠶᠢᠨ ᠠᠵᠢᠯᠯᠠᠭᠠᠨ ᠤ | ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠬᠡᠷᠡᠭᠲᠡᠢ᠃ | 1. ᠠᠷᠢᠯᠭᠠᠨ ᠴᠡᠪᠡᠷᠰᠢᠭᠦᠯᠬᠦ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠠᠵᠢᠯᠯᠠᠭᠠᠨ ᠤ | ᠲᠣᠭᠲᠠᠴᠠ ᠶᠢᠨ ᠵᠠᠭᠪᠤᠷ ᠲᠤ ᠰᠢᠨ᠎ᠡ ᠶᠢ ᠡᠭᠦᠳᠬᠦ ᠬᠡᠷᠡᠭᠲᠡᠢ᠃ ᠮᠠᠯᠵᠢᠬᠤ ᠲᠠᠷᠢᠶᠠᠯᠠᠬᠤ ᠣᠷᠣᠨ ᠤ ᠬᠤᠭ ᠨᠣᠪᠰᠢ | ᠪᠣᠬᠢᠷ ᠤᠰᠤ ᠶᠢ ᠠᠷᠢᠯᠭᠠᠨ ᠴᠡᠪᠡᠷᠰᠢᠭᠦᠯᠬᠦ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠠᠵᠢᠯᠯᠠᠭᠠᠨ ᠤ ᠠᠵᠢᠯ | ᠦᠢᠯᠡᠰ ᠤᠨ ᠨᠢᠭᠡᠴᠡ ᠶᠢ ᠲᠤᠰᠠᠭᠠᠷ ᠲᠣᠭᠠᠴᠠᠭ᠎ᠠ ᠬᠢᠬᠦ᠂ ᠡᠵᠡᠨ ᠮᠡᠳᠡᠨ ᠡᠵᠡᠩᠨᠡᠬᠦ ᠶᠢᠨ ᠠᠵᠤ | ᠠᠬᠤᠶᠢᠴᠢᠯᠠᠯᠴᠢᠯᠠᠭᠰᠠᠨ ᠬᠠᠮᠢᠶᠠᠷᠤᠯᠲᠠ ᠲᠡᠰᠢ ᠬᠤᠪᠢᠷᠠᠬᠤ ᠶᠢ ᠠᠬᠢᠭᠤᠯᠬᠤ ᠬᠡᠷᠡᠭᠲᠡᠢ᠃ ᠲᠥᠷᠥᠯ ᠵᠦᠢᠯ ᠢᠶᠠᠷ | ᠨᠢᠭᠡᠴᠢ ᠪᠣᠯᠭᠠᠭᠰᠠᠨ ᠪᠣᠲᠠᠷᠬᠠᠢ ᠠᠵᠢᠯᠯᠠᠭᠠᠨ ᠤ ᠵᠠᠭᠪᠤᠷ ᠢ ᠰᠢᠨᠡᠳᠭᠡᠨ᠂ ᠬᠡᠪᠴᠢᠶᠡᠵᠢᠭᠦᠯᠦᠭᠰᠡᠨ ᠡᠵᠡᠩᠨᠡᠯᠲᠡ ᠶᠢ | ᠬᠡᠷᠡᠭᠵᠢᠭᠦᠯᠵᠦ᠂ ᠪᠦᠲᠦᠭᠡᠨ ᠪᠠᠶᠢᠭᠤᠯᠤᠯᠲᠠ ᠪᠠ ᠠᠵᠢᠯᠯᠠᠭᠠᠨ ᠤ ᠥᠪᠡᠷ ᠤᠨ ᠥᠷᠲᠡᠭ ᠢ ᠨᠢ ᠪᠠᠭᠤᠷᠠᠭᠤᠯᠵᠤ᠂ ᠪᠡᠯᠡ | ᠣᠷᠣᠭᠤᠯᠤᠯᠲᠠ ᠶᠢᠨ ᠥᠷ᠎ᠡ ᠠᠰᠢᠭ ᠢᠶᠠᠨ ᠳᠡᠭᠡᠭᠰᠢᠯᠡᠭᠦᠯᠬᠦ ᠶᠢ ᠵᠣᠷᠢᠬᠵᠢᠭᠤᠯᠬᠤ ᠬᠡᠷᠡᠭᠲᠡᠢ᠃ ᠪᠦᠬᠦ᠋ᠢᠯᠡ ᠬᠤᠰᠢᠭᠤ | ᠰᠢᠶᠠᠨ ︵ᠬᠤᠲᠠ᠂ ᠲᠣᠭᠤᠷᠢᠭ︶ ᠢᠶᠠᠷ ᠢᠶᠠᠨ ᠮᠠᠯᠵᠢᠬᠤ ᠲᠠᠷᠢᠶᠠᠯᠠᠬᠤ ᠣᠷᠣᠨ ᠤ ᠬᠤᠭ ᠨᠣᠪᠰᠢ ᠪᠣᠬᠢᠷ ᠤᠰᠤ ᠶᠢ | ᠠᠷᠢᠯᠭᠠᠨ ᠴᠡᠪᠡᠷᠰᠢᠭᠦᠯᠬᠦ ᠶᠢ ᠠᠬᠢᠭᠤᠯᠵᠤ᠂ ᠠᠵᠢᠯ ᠲᠥᠷᠥᠯ ᠢᠶᠠᠷ ᠨᠢ ︽ᠳᠠᠭᠠᠭᠠᠴᠢᠯᠠᠨ︾ ᠪᠡᠯᠡ ᠣᠷᠤᠭᠤᠯᠬᠤ ᠪᠠ | ᠠᠵᠢᠯᠯᠠᠭᠤᠯᠬᠤ ᠬᠡᠷᠡᠭᠲᠡᠢ᠃ | 2. ᠠᠷᠢᠯᠭᠠᠨ ᠴᠡᠪᠡᠷᠰᠢᠭᠦᠯᠬᠦ ᠪᠡᠯᠡᠳᠭᠡᠮᠵᠢ ᠶᠢᠨ ᠣᠯᠠᠨ ᠡᠰᠢᠵᠢᠭᠰᠡᠨ ᠪᠡᠯᠡ ᠣᠷᠤᠭᠤᠯᠤᠯᠲᠠ ᠶᠢᠨ ᠭᠤᠣᠯ | ᠴᠣᠭᠴᠠ ᠶᠢ ᠬᠦᠮᠦᠵᠢᠭᠦᠯᠦᠨ ᠪᠤᠶᠢᠵᠢᠭᠤᠯᠬᠤ ᠬᠡᠷᠡᠭᠲᠡᠢ᠃ PPP ᠵᠠᠭᠪᠤᠷ ᠢ ᠶᠡᠬᠡᠪᠡᠷ ᠳᠡᠯᠭᠡᠷᠡᠭᠦᠯᠵᠦ᠂ PPP | ᠵᠠᠭᠪᠤᠷ ᠢ ᠬᠡᠷᠡᠭᠵᠢᠭᠦᠯᠬᠦ ᠪᠠᠶᠢᠭᠤᠯᠤᠮᠵᠢ ᠨᠢ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠠᠴᠠ ᠡᠷᠬᠡ ᠣᠯᠭᠤᠭᠰᠠᠨ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠪᠠ ᠠᠵᠢᠯ | ᠦᠢᠯᠡᠰ ᠤᠨ ᠨᠢᠭᠡᠴᠡ ᠪᠠᠶᠢᠬᠤ ᠬᠡᠷᠡᠭᠲᠡᠢ᠃ ᠮᠠᠯᠵᠢᠬᠤ ᠲᠠᠷᠢᠶᠠᠯᠠᠬᠤ ᠣᠷᠣᠨ ᠤ ᠬᠤᠭ ᠨᠣᠪᠰᠢ ᠪᠣᠬᠢᠷ ᠤᠰᠤ ᠶᠢ | ᠠᠷᠢᠯᠭᠠᠨ ᠴᠡᠪᠡᠷᠰᠢᠭᠦᠯᠬᠦ ᠲᠥᠷᠥᠯ ᠵᠦᠢᠯ ᠤᠨ ᠬᠠᠮᠲᠤᠷᠠᠯᠴᠠᠬᠤ ᠲᠠᠯ᠎ᠠ ᠶᠢ ᠵᠢᠷᠤᠮᠵᠢᠭᠤᠯᠤᠨ ᠰᠤᠩᠭᠤᠵᠤ᠂ ᠡᠳ᠋ ᠤᠨ | ᠵᠠᠰᠠᠭ ᠤᠨ ᠨᠡᠮᠡᠭᠦᠷᠢ ᠶᠢᠨ ᠳᠦᠷᠢᠮ ᠢ ᠲᠡᠭᠦᠯᠳᠡᠷᠵᠢᠭᠦᠯᠵᠦ᠂ ᠬᠠᠮᠲᠤᠷᠠᠯᠴᠠᠬᠤ ᠬᠠᠷᠢᠴᠠᠭ᠎ᠠ ᠶᠢ ᠵᠢᠷᠤᠮᠵᠢᠭᠤᠯᠵᠤ᠂ ᠡᠯ᠎ᠡ | ᠲᠠᠯ᠎ᠠ ᠶᠢᠨ ᠠᠰᠢᠭ ᠲᠤᠰᠠ ᠶᠢ ᠪᠠᠲᠤᠯᠠᠵᠤ᠂ ᠲᠦᠭᠰᠢᠭᠦᠷᠢ ᠶᠢ ᠰᠡᠷᠭᠡᠶᠢᠯᠡᠨ ᠬᠢᠨᠠᠯᠲᠠ ᠲᠠᠯᠪᠢᠬᠤ ᠪᠠ ᠪᠣᠴᠠᠭᠠᠨ | ᠭᠠᠷᠭᠠᠬᠤ ᠲᠣᠭᠲᠠᠴᠠ ᠶᠢ ᠪᠦᠷᠢᠨᠰᠢᠭᠦᠯᠬᠦ ᠬᠡᠷᠡᠭᠲᠡᠢ᠃ ᠠᠳᠠᠯᠢ ᠨᠦᠬᠦᠴᠡᠯ ᠳᠤ᠂ ᠵᠠᠰᠠᠭ ᠤᠨ ᠣᠷᠳᠣᠨ ᠤ ᠪᠡᠯᠡ | ᠣᠷᠤᠭᠤᠯᠤᠯᠲᠠ ᠨᠢ ᠡᠩ ᠲᠡᠷᠢᠭᠦᠨ ᠳᠤ ᠨᠡᠶᠢᠭᠡᠮ ᠤᠨ ᠬᠦᠷᠦᠩᠭᠡ ᠣᠷᠤᠯᠴᠠᠭᠰᠠᠨ ᠮᠠᠯᠵᠢᠬᠤ ᠲᠠᠷᠢᠶᠠᠯᠠᠬᠤ ᠣᠷᠣᠨ ᠤ | ᠬᠤᠭ ᠨᠣᠪᠰᠢ ᠪᠣᠬᠢᠷ ᠤᠰᠤ ᠶᠢ ᠠᠷᠢᠯᠭᠠᠨ ᠴᠡᠪᠡᠷᠰᠢᠭᠦᠯᠬᠦ ᠲᠥᠷᠥᠯ ᠵᠦᠢᠯ ᠢ ᠲᠡᠮᠵᠢᠬᠦ ᠬᠡᠷᠡᠭᠲᠡᠢ᠂ ᠠᠳᠠᠯᠢ ᠪᠣᠰᠤ | ᠲᠥᠷᠥᠯ ᠵᠦᠢᠯ ᠤᠨ ᠪᠠᠶᠢᠳᠠᠯ ᠢ ᠦᠨᠳᠦᠰᠦᠯᠡᠨ᠂ ᠣᠨᠴᠠ ᠵᠦᠪᠰᠢᠶᠡᠷᠡᠭᠰᠡᠨ ᠡᠵᠡᠩᠨᠡᠯᠲᠡ᠂ ᠪᠡᠯᠡ | ᠣᠷᠤᠭᠤᠯᠤᠯᠲᠠ ᠶᠢᠨ ᠨᠦᠬᠦᠪᠦᠷᠢ᠂ ᠳᠠᠭᠠᠭᠠᠯᠲᠠ ᠶᠢᠨ ᠨᠡᠮᠡᠭᠦᠷᠢ᠂ ᠵᠢᠭᠡᠯᠡᠯᠭᠡ ᠶᠢᠨ ᠳᠠᠮ ᠬᠦᠦ᠂ ᠭᠤᠷᠪᠠᠳᠤᠭᠠᠷ | ᠡᠲᠡᠭᠡᠳ ᠲᠤ ᠨᠠᠶᠢᠳᠠᠵᠤ ᠠᠵᠢᠯᠯᠠᠭᠤᠯᠬᠤ᠂ ᠲᠤᠰᠬᠠᠶᠢᠵᠢᠭᠰᠠᠨ ᠠᠳᠠᠯ ᠠᠬᠤᠢ ᠶᠢᠨ ᠬᠠᠮᠢᠶᠠᠷᠤᠯᠲᠠ ᠶᠢᠨ ᠺᠣᠮᠫᠠᠨᠢ ᠶᠢ | ᠵᠣᠬᠢᠶᠠᠨ ᠪᠠᠶᠢᠭᠤᠯᠬᠤ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠵᠤ᠂ ᠨᠡᠶᠢᠭᠡᠮ ᠤᠨ ᠬᠦᠷᠦᠩᠭᠡ ᠶᠢ | ᠲᠡᠮᠵᠢᠵᠦ ᠪᠠᠶᠢᠭᠠᠳ ᠠᠷᠢᠯᠭᠠᠨ ᠴᠡᠪᠡᠷᠰᠢᠭᠦᠯᠬᠦ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠠᠵᠢᠯᠯᠠᠭᠠᠨ ᠤ | ᠬᠠᠮᠢᠶᠠᠷᠤᠯᠲᠠ ᠳᠤ ᠣᠷᠣᠯᠴᠠᠭᠤᠯᠬᠤ ᠬᠡᠷᠡᠭᠲᠡᠢ᠃ ᠮᠠᠯᠴᠢᠨ ᠲᠠᠷᠢᠶᠠᠴᠢᠨ ᠤ ᠬᠤᠷᠰᠢᠶᠠᠯᠠᠯ᠂ ᠭᠡᠷ ᠪᠦᠯᠢ ᠶᠢᠨ ᠮᠠᠯᠵᠢᠯ | ᠲᠠᠷᠢᠶᠠᠯᠠᠩ ᠤᠨ ᠲᠠᠯᠠᠪᠠᠢ᠂ ᠲᠤᠰᠬᠠᠢ ᠮᠡᠷᠭᠡᠵᠢᠯ ᠤᠨ ᠲᠣᠮᠤ ᠡᠷᠦᠬᠡ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠲᠣᠮᠣ ᠬᠡᠯᠪᠡᠷᠢ ᠶᠢᠨ ᠠᠵᠤ ᠠᠬᠤᠶᠢᠯᠠᠯ ᠵᠡᠷᠭᠡ ᠡᠵᠡᠩᠨᠡᠯᠲᠡ ᠶᠢᠨ ᠭᠤᠣᠯ ᠴᠣᠭᠴᠠ ᠶᠢ ᠳᠡᠮᠵᠢᠵᠦ ᠪᠠᠶᠢᠭᠠᠳ ᠮᠠᠯᠵᠢᠬᠤ | ᠲᠠᠷᠢᠶᠠᠯᠠᠬᠤ ᠣᠷᠣᠨ ᠤ ᠬᠤᠭ ᠨᠣᠪᠰᠢ ᠪᠣᠬᠢᠷ ᠤᠰᠤ ᠶᠢ ᠠᠷᠢᠯᠭᠠᠨ ᠴᠡᠪᠡᠷᠰᠢᠭᠦᠯᠬᠦ ᠪᠡᠯᠡᠳᠭᠡᠮᠵᠢ ᠵᠢᠴᠢ ᠬᠠᠮᠢᠶ᠎ᠠ | ᠪᠦᠬᠦᠢ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠳᠤ ᠪᠡᠯᠡ ᠣᠷᠤᠭᠤᠯᠬᠤ ᠬᠡᠷᠡᠭᠲᠡᠢ᠃ | 3. ᠠᠷᠢᠯᠭᠠᠨ ᠴᠡᠪᠡᠷᠰᠢᠭᠦᠯᠬᠦ ᠠᠵᠢᠯ ᠤᠨ ᠠᠮᠵᠢᠯᠲᠠ ᠪᠦᠲᠦᠮᠵᠢ ᠶᠢᠨ ᠭᠡᠷᠡᠲᠦ ᠦᠢᠯᠡᠴᠢᠯᠡᠭᠡ ᠶᠢ | ᠳᠡᠯᠭᠡᠷᠡᠭᠦᠯᠬᠦ ᠬᠡᠷᠡᠭᠲᠡᠢ᠃ ᠨᠡᠶᠢᠭᠡᠮ ᠤᠨ ᠬᠦᠷᠦᠩᠭᠡ ᠶᠢ ᠣᠷᠤᠭᠤᠯᠤᠨ ᠪᠦᠲᠦᠭᠡᠨ ᠪᠠᠶᠢᠭᠤᠯᠵᠤ ᠠᠵᠢᠯᠯᠠᠭᠤᠯᠵᠤ | ᠪᠠᠶᠢᠭ᠎ᠠ ᠮᠠᠯᠵᠢᠬᠤ ᠲᠠᠷᠢᠶᠠᠯᠠᠬᠤ ᠣᠷᠣᠨ ᠤ ᠬᠤᠭ ᠨᠣᠪᠰᠢ ᠪᠣᠬᠢᠷ ᠤᠰᠤ ᠶᠢ ᠠᠷᠢᠯᠭᠠᠨ ᠴᠡᠪᠡᠷᠰᠢᠭᠦᠯᠬᠦ | ᠪᠡᠯᠡᠳᠭᠡᠮᠵᠢ ᠳᠤ ᠠᠵᠢᠯ ᠤᠨ ᠠᠮᠵᠢᠯᠲᠠ ᠪᠦᠲᠦᠮᠵᠢ ᠶᠢᠨ ᠭᠡᠷᠡᠲᠦ ᠦᠢᠯᠡᠴᠢᠯᠡᠭᠡ ᠶᠢ ᠢᠳᠡᠪᠬᠢᠲᠡᠢ ᠳᠡᠯᠭᠡᠷᠡᠭᠦᠯᠵᠦ᠂ | ᠠᠷᠢᠯᠭᠠᠨ ᠴᠡᠪᠡᠷᠰᠢᠭᠦᠯᠦᠭᠰᠡᠨ ᠦᠷ᠎ᠡ ᠪᠦᠲᠦᠮᠵᠢ ᠶᠢ ᠦᠢᠯᠡᠴᠢᠯᠡᠭᠡᠨ ᠤ ᠰᠦᠢᠳᠭᠡᠯ ᠲᠠᠢ ᠬᠤᠯᠪᠣᠭᠳᠠᠭᠤᠯᠵᠤ᠂ ᠬᠤᠭ | ᠨᠣᠪᠰᠢ ᠪᠣᠬᠢᠷ ᠤᠰᠤ ᠶᠢ ᠠᠷᠢᠯᠭᠠᠨ ᠴᠡᠪᠡᠷᠰᠢᠭᠦᠯᠬᠦ ᠠᠵᠢᠯ ᠤᠨ ᠠᠮᠵᠢᠯᠲᠠ ᠪᠦᠲᠦᠮᠵᠢ ᠳᠤ ᠰᠠᠭᠤᠷᠢᠯᠠᠭᠰᠠᠨ | ᠰᠦᠢᠳᠭᠡᠯ ᠥᠭᠬᠦ ᠲᠣᠭᠲᠠᠴᠠ ᠶᠢ ᠪᠠᠶᠢᠭᠤᠯᠵᠤ᠂ ︽ᠢᠨᠵᠧᠨᠧᠷᠢᠩ ᠬᠤᠳᠠᠯᠳᠤᠨ ᠠᠪᠴᠤ︾ ᠪᠠᠶᠢᠬᠰᠠᠨ ᠠᠴᠠ ︽ | ᠦᠢᠯᠡᠴᠢᠯᠡᠭᠡ ᠬᠤᠳᠠᠯᠳᠤᠨ ᠠᠪᠬᠤ︾ ᠲᠡᠰᠢ ᠬᠤᠪᠢᠷᠠᠭᠤᠯᠬᠤ ᠶᠢ ᠪᠡᠶᠡᠯᠡᠭᠦᠯᠬᠦ ᠬᠡᠷᠡᠭᠲᠡᠢ᠃ | 4. ᠬᠤᠭ ᠨᠣᠪᠰᠢ ᠪᠣᠬᠢᠷ ᠤᠰᠤ ᠶᠢ ᠠᠷᠢᠯᠭᠠᠨ ᠴᠡᠪᠡᠷᠰᠢᠭᠦᠯᠬᠦ ᠦᠨ᠎ᠡ ᠬᠠᠩᠰᠢ᠂ ᠰᠦᠢᠳᠭᠡᠯ ᠬᠤᠷᠢᠶᠠᠬᠤ | ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠬᠡᠷᠡᠭᠲᠡᠢ᠃ ︽ᠬᠡᠨ ᠪᠣᠬᠢᠷᠳᠤᠭᠤᠯᠤᠭᠰᠠᠨ ᠪᠣᠯ᠂ ᠬᠡᠨ ᠵᠠᠰᠠᠵᠤ | ᠴᠡᠭᠴᠡᠯᠡᠬᠦ᠂ ᠬᠡᠨ ᠠᠰᠢᠭ ᠬᠦᠷᠲᠡᠪᠡᠯ᠂ ᠬᠡᠨ ᠰᠦᠢᠳᠭᠡᠯ ᠥᠭᠬᠦ︾ ᠵᠠᠷᠴᠢᠮ ᠶᠣᠰᠣᠭᠠᠷ᠂ ᠮᠠᠯᠵᠢᠬᠤ ᠲᠠᠷᠢᠶᠠᠯᠠᠬᠤ | ᠣᠷᠣᠨ ᠤ ᠬᠤᠭ ᠨᠣᠪᠰᠢ ᠪᠣᠬᠢᠷ ᠤᠰᠤ ᠶᠢ ᠰᠢᠢᠳᠪᠦᠷᠢᠯᠡᠬᠦ ᠶᠢᠨ ᠰᠦᠢᠳᠭᠡᠯ ᠬᠤᠷᠢᠶᠠᠬᠤ ᠠᠵᠢᠯ ᠢ ᠢᠳᠡᠪᠬᠢᠲᠡᠢ | ᠪᠦᠭᠡᠳ ᠯᠠᠪᠳᠠᠭᠤᠨ ᠢᠶᠠᠷ ᠠᠬᠢᠭᠤᠯᠵᠤ᠂ ᠡᠵᠡᠩᠨᠡᠭᠴᠢᠳ ᠲᠤ ᠵᠤᠬᠢᠰᠲᠠᠢ ᠪᠠᠷ ᠠᠰᠢᠭ ᠣᠯᠭᠤᠬᠤ ᠬᠡᠷᠡᠭᠲᠡᠢ᠃ ᠡᠯ᠎ᠡ | ᠭᠠᠵᠠᠷ ᠣᠷᠣᠨ ᠨᠢ ︽ᠰᠢᠶᠠᠩ ᠪᠠᠯᠭᠠᠰᠤ ᠥᠪᠡᠰᠦᠪᠡᠨ ᠴᠤᠭᠯᠠᠭᠤᠯᠬᠤ᠂ ᠲᠤᠰᠬᠤᠨ ᠤ ᠠᠷᠠᠳ ᠰᠦᠢᠳᠭᠡᠯ | ᠬᠤᠷᠢᠶᠠᠬᠤ᠂ ᠡᠳ᠋ ᠤᠨ ᠵᠠᠰᠠᠭ ᠨᠦᠬᠦᠪᠦᠷᠢᠯᠡᠬᠦ︾ ᠵᠠᠷᠴᠢᠮ ᠶᠣᠰᠤᠭᠠᠷ᠂ ᠵᠠᠷᠤᠳᠠᠯ ᠢ ᠬᠤᠪᠢᠶᠠᠷᠢᠯᠠᠨ ᠡᠭᠦᠷᠭᠡᠯᠡᠬᠦ | ᠲᠣᠭᠲᠠᠴᠠ ᠶᠢ ᠲᠦᠷᠭᠡᠬᠡᠨ ᠪᠠᠶᠢᠭᠤᠯᠬᠤ ᠬᠡᠷᠡᠭᠲᠡᠢ᠃ ᠪᠣᠬᠢᠷ ᠤᠰᠤ ᠶᠢ ᠰᠢᠢᠳᠪᠦᠷᠢᠯᠡᠬᠦ ᠠᠵᠢᠯᠯᠠᠭᠠᠨ ᠤ | ᠰᠦᠢᠳᠭᠡᠯ ᠢᠶᠠᠷ ᠬᠠᠷᠢᠴᠠᠩᠭᠤᠢ ᠨᠡᠯᠢᠶᠡᠳ ᠥᠨᠳᠦᠷ ᠪᠠᠶᠢᠭ᠎ᠠ ᠠᠰᠠᠭᠤᠳᠠᠯ ᠢ ᠤᠰᠤᠨ ᠤ ᠦᠨ᠎ᠡ᠂ ᠰᠦᠢᠳᠭᠡᠯ | ᠬᠤᠷᠢᠶᠠᠬᠤ᠂ ᠡᠳ᠋ ᠤᠨ ᠵᠠᠰᠠᠭ ᠨᠦᠬᠦᠪᠦᠷᠢᠯᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠵᠤ ᠨᠢᠭᠡᠳᠦᠯᠲᠡᠢ ᠲᠦᠯᠦᠪᠯᠡᠨ | ᠰᠢᠢᠳᠪᠦᠷᠢᠯᠡᠬᠦ ᠬᠡᠷᠡᠭᠲᠡᠢ᠃ ᠬᠤᠲᠠ ᠬᠦᠳᠡᠭᠡ ᠶᠢᠨ ᠤᠰᠤ ᠬᠠᠩᠭᠠᠬᠤ ᠶᠢ ᠨᠢᠭᠡ ᠴᠣᠭᠴᠠᠵᠢᠭᠤᠯᠬᠤ ᠶᠢ | ᠬᠡᠷᠡᠭᠵᠢᠭᠦᠯᠦᠭᠰᠡᠨ ᠭᠠᠵᠠᠷ ᠣᠷᠣᠨ ᠨᠤᠭᠤᠳ ᠲᠦᠬᠡᠭᠡᠭᠦᠷ ᠤᠰᠤᠨ ᠤ ᠦᠨ᠎ᠡ ᠪᠠᠨ ᠲᠡᠭᠦᠯᠳᠡᠷᠵᠢᠭᠦᠯᠬᠦ ᠪᠠ | ᠲᠣᠬᠢᠷᠠᠭᠤᠯᠬᠤ ᠶᠢ ᠵᠣᠷᠢᠬᠵᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠪᠣᠬᠢᠷ ᠤᠰᠤ ᠶᠢ ᠰᠢᠢᠳᠪᠦᠷᠢᠯᠡᠬᠦ | ᠰᠦᠢᠳᠭᠡᠯ ᠢ ᠨᠢ ᠢᠯᠡᠷᠡᠭᠦᠯᠬᠦ ᠬᠡᠷᠡᠭᠲᠡᠢ᠃ | 5. ᠠᠷᠢᠯᠭᠠᠨ ᠴᠡᠪᠡᠷᠰᠢᠭᠦᠯᠬᠦ ᠪᠡᠯᠡᠳᠭᠡᠮᠵᠢ ᠶᠢᠨ ᠪᠡᠯᠡ ᠣᠷᠤᠭᠤᠯᠤᠯᠲᠠ ᠪᠠᠷ ᠢᠶᠠᠨ ᠵᠣᠬᠢᠰᠲᠠᠢ ᠠᠰᠢᠭ | ᠬᠦᠷᠲᠡᠬᠦ ᠶᠢ ᠨᠢ ᠪᠠᠲᠤᠯᠠᠬᠤ ᠬᠡᠷᠡᠭᠲᠡᠢ᠃ ᠨᠡᠶᠢᠭᠡᠮ ᠤᠨ ᠬᠦᠷᠦᠩᠭᠡ ᠶᠢᠨ ᠪᠡᠯᠡ ᠣᠷᠤᠭᠤᠯᠤᠨ ᠪᠦᠲᠦᠭᠡᠨ ᠪᠠᠶᠢᠭᠤᠯᠬᠤ | ᠪᠣᠶᠤ ᠠᠵᠢᠯᠯᠠᠭᠤᠯᠵᠤ ᠪᠠᠶᠢᠭ᠎ᠠ ᠮᠠᠯᠵᠢᠬᠤ ᠲᠠᠷᠢᠶᠠᠯᠠᠬᠤ ᠣᠷᠣᠨ ᠤ ᠬᠤᠭ ᠨᠣᠪᠰᠢ ᠪᠣᠬᠢᠷ ᠤᠰᠤ ᠶᠢ ᠠᠷᠢᠯᠭᠠᠨ | ᠴᠡᠪᠡᠷᠰᠢᠭᠦᠯᠬᠦ ᠪᠡᠯᠡᠳᠭᠡᠮᠵᠢ ᠳᠤ ᠤᠯᠤᠰ ᠤᠨ ᠦᠮᠴᠢᠯᠡᠯ᠂ ᠨᠡᠶᠢᠲᠡ ᠶᠢᠨ ᠪᠡᠯᠡ ᠣᠷᠤᠭᠤᠯᠬᠤ ᠲᠥᠷᠥᠯ ᠵᠦᠢᠯ ᠯᠦᠭᠡ | ᠠᠳᠠᠯᠢ ᠵᠡᠷᠭᠡ ᠪᠠᠷ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠢ ᠬᠦᠷᠲᠡᠭᠡᠵᠦ᠂ ᠲᠡᠳᠡᠭᠡᠷ ᠤᠨ ᠪᠣᠬᠢᠷᠳᠤᠯ | ᠭᠠᠳᠠᠭᠰᠢᠯᠠᠭᠤᠯᠬᠤ ᠰᠦᠢᠳᠭᠡᠯ ᠵᠡᠷᠭᠡ ᠡᠵᠡᠩᠨᠡᠯᠲᠡ ᠶᠢᠨ ᠠᠰᠢᠭ ᠣᠯᠵᠠᠪᠤᠷᠢ ᠶᠢ ᠬᠠᠤᠯᠢ ᠶᠣᠰᠤᠭᠠᠷ ᠣᠯᠬᠤ ᠶᠢ ᠨᠢ | ᠮᠡᠳᠡᠷᠡᠬᠦ ᠶᠢᠨ ᠬᠠᠮᠳᠤ᠂ ᠲᠡᠳᠡᠭᠡᠷ ᠤᠨ ᠡᠷᠬᠡ ᠠᠰᠢᠭ ᠢᠶᠠᠨ ᠬᠠᠤᠯᠢ ᠶᠣᠰᠤᠭᠠᠷ ᠰᠢᠯᠵᠢᠭᠦᠯᠦᠨ ᠬᠤᠳᠠᠯᠳᠤᠵᠤ ᠥᠭᠬᠦ᠂ | ᠳᠠᠮᠵᠢᠭᠤᠯᠤᠨ ᠲᠥᠷᠢᠶᠡᠰᠥᠯᠡᠬᠦ᠂ ᠪᠠᠷᠢᠴᠠᠭᠠᠯᠠᠵᠤ ᠪᠣᠯᠣᠨ᠎ᠠ︔ ᠲᠠᠲᠠᠪᠤᠷᠢᠯᠠᠨ ᠬᠤᠷᠢᠶᠠᠭᠰᠠᠨ᠂ ᠲᠠᠲᠠᠪᠤᠷᠢᠯᠠᠨ | ᠬᠡᠷᠡᠭᠯᠡᠭᠰᠡᠨ ᠪᠣᠶᠣ ᠡᠵᠡᠯᠡᠨ ᠬᠡᠷᠡᠭᠯᠡᠭᠰᠡᠨ ᠪᠣᠯ᠂ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠤᠭᠠᠷ | ᠨᠦᠬᠦᠪᠦᠷᠢ ᠦᠭᠬᠦ ᠪᠣᠶᠣ ᠲᠥᠯᠥᠪᠦᠷᠢ ᠥᠭᠬᠦ ᠬᠡᠷᠡᠭᠲᠡᠢ︔ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ | ᠨᠣᠪᠰᠢ ᠪᠣᠬᠢᠷ ᠤᠰᠤ ᠶᠢ ᠰᠢᠢᠳᠪᠦᠷᠢᠯᠡᠬᠦ ᠦᠨ᠎ᠡ ᠬᠠᠩᠰᠢ᠂ ᠰᠦᠢᠳᠭᠡᠯ ᠬᠤᠷᠢᠶᠠᠬᠤ ᠪᠠᠷᠢᠮᠵᠢᠶ᠎ᠠ ᠵᠡᠷᠭᠡ ᠶᠢ | ᠪᠣᠳᠠᠲᠠᠶᠢᠵᠢᠭᠤᠯᠤᠭᠰᠠᠨ ᠦᠭᠡᠢ ᠪᠠᠶᠢᠳᠠᠯ ᠳᠤ᠂ ᠬᠤᠯᠪᠣᠭᠳᠠᠯ ᠪᠦᠬᠦᠢ ᠭᠠᠵᠠᠷ ᠣᠷᠣᠨ ᠨᠢ ᠪᠣᠳᠠᠲᠤ ᠪᠠᠶᠢᠳᠠᠯ ᠢᠶᠠᠨ | ᠦᠨᠳᠦᠰᠦᠯᠡᠨ ᠡᠳ᠋ ᠤᠨ ᠵᠠᠰᠠᠭ ᠤᠨ ᠴᠢᠨᠠᠷᠲᠠᠢ ᠪᠡᠯᠡ ᠮᠦᠩᠭᠦ ᠲᠣᠬᠢᠷᠠᠭᠤᠯᠵᠤ ᠪᠠᠶᠢᠭᠠᠳ ᠠᠵᠢᠯᠯᠠᠬᠤ ᠨᠢᠭᠡᠴᠡ ᠳᠤ | ᠵᠦᠢ ᠵᠣᠬᠢᠰᠲᠠᠢ ᠨᠦᠬᠦᠪᠦᠷᠢ ᠥᠭᠬᠦ ᠬᠡᠷᠡᠭᠲᠡᠢ᠃ | 6. ᠮᠠᠯᠴᠢᠨ ᠲᠠᠷᠢᠶᠠᠴᠢᠨ ᠤ ᠭᠤᠣᠯ ᠴᠣᠭᠴᠠ ᠶᠢᠨ ᠦᠢᠯᠡᠳᠦᠯ ᠢ ᠨᠢ ᠪᠠᠳᠠᠷᠠᠭᠤᠯᠬᠤ ᠬᠡᠷᠡᠭᠲᠡᠢ᠃ ᠳᠡᠭᠡᠲᠥ | ᠱᠠᠲᠤᠨ ᠠᠴᠠ ᠳᠣᠣᠷᠠᠳᠤ ᠱᠠᠲᠤᠨ ᠬᠦᠷᠲᠡᠯᠡᠬᠢ ᠠᠷᠠᠳᠴᠢᠯᠠᠯ ᠢᠶᠠᠷ ᠰᠢᠢᠳᠪᠤᠷᠢᠲᠤ ᠪᠣᠳᠣᠯᠭ᠎ᠠ ᠲᠣᠭᠲᠠᠭᠠᠬᠤ | ᠲᠣᠭᠲᠠᠴᠠ ᠶᠢ ᠪᠠᠶᠢᠭᠤᠯᠵᠤ᠂ ᠲᠤᠰᠬᠤᠨ ᠤ ᠠᠷᠠᠳ ᠤᠨ ᠥᠪᠡᠰᠦᠪᠡᠨ ᠰᠤᠩᠭᠤᠬᠤ᠂ ᠥᠪᠡᠰᠦᠪᠡᠨ ᠪᠠᠶᠢᠭᠤᠯᠬᠤ᠂ | ᠥᠪᠡᠰᠦᠪᠡᠨ ᠬᠠᠮᠢᠶᠠᠷᠬᠤ᠂ ᠥᠪᠡᠰᠦᠪᠡᠨ ᠬᠡᠷᠡᠭᠯᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠵᠤ᠂ ᠮᠠᠯᠴᠢᠨ ᠲᠠᠷᠢᠶᠠᠴᠢᠨ ᠤ | ᠭᠤᠣᠯ ᠴᠣᠭᠴᠠ ᠶᠢᠨ ᠦᠢᠯᠡᠳᠦᠯ ᠢ ᠨᠡᠩ ᠰᠠᠶᠢᠨ ᠪᠠᠳᠠᠷᠠᠭᠤᠯᠬᠤ ᠬᠡᠷᠡᠭᠲᠡᠢ᠃ ᠭᠠᠴᠠᠭ᠎ᠠ ᠲᠤᠰᠬᠤᠨ ᠤ ᠨᠡᠶᠢᠲᠡ ᠶᠢᠨ | ᠠᠰᠠᠷᠠᠮᠵᠢ ᠶᠢᠨ ᠠᠵᠢᠯ ᠦᠢᠯᠡᠰ ᠤᠨ ᠪᠦᠲᠦᠭᠡᠨ ᠪᠠᠶᠢᠭᠤᠯᠤᠯᠲᠠ ᠶᠢᠨ ᠠᠰ ᠠᠰ ᠢᠶᠠᠷ ᠨᠢ ᠵᠦᠪᠯᠡᠬᠦ ᠡᠳ᠋ ᠤᠨ | ᠵᠠᠰᠠᠭ ᠤᠨ ᠱᠠᠩᠨᠠᠨ ᠨᠦᠬᠦᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠡᠳ᠋ ᠤᠨ ᠵᠠᠰᠠᠭ ᠤᠨ ᠨᠦᠬᠦᠪᠦᠷᠢ ᠪᠠᠷ ᠪᠣᠢ | ᠪᠣᠯᠣᠭᠰᠠᠨ ᠬᠤᠭ ᠨᠣᠪᠰᠢ ᠪᠣᠬᠢᠷ ᠤᠰᠤ ᠶᠢ ᠰᠢᠢᠳᠪᠦᠷᠢᠯᠡᠬᠦ ᠪᠡᠯᠡᠳᠭᠡᠮᠵᠢ ᠶᠢ ᠨᠢ ᠭᠠᠴᠠᠭ᠎ᠠ ᠲᠣᠰᠬᠤᠨ ᠤ | ᠨᠡᠶᠢᠲᠡ ᠳᠤ ᠥᠮᠴᠢᠯᠡᠭᠳᠡᠬᠦ ᠶᠢ ᠵᠦᠪᠰᠢᠶᠡᠷᠡᠵᠦ᠂ ᠮᠠᠯᠴᠢᠨ ᠲᠠᠷᠢᠶᠠᠴᠢᠨ ᠬᠦᠴᠦ ᠬᠦᠳᠡᠯᠮᠦᠷᠢ ᠪᠠᠨ ᠣᠷᠤᠭᠤᠯᠬᠤ ᠶᠢ | ᠵᠣᠷᠢᠬᠵᠢᠭᠤᠯᠵᠤ᠂ ᠮᠠᠯᠴᠢᠨ ᠲᠠᠷᠢᠶᠠᠴᠢᠳ ᠤᠨ ᠮᠠᠯᠵᠢᠬᠤ ᠲᠠᠷᠢᠶᠠᠯᠠᠬᠤ ᠣᠷᠣᠨ ᠤ ᠬᠤᠭ ᠨᠣᠪᠰᠢ ᠪᠣᠬᠢᠷ ᠤᠰᠤ ᠶᠢ | ᠠᠷᠢᠯᠭᠠᠨ ᠴᠡᠪᠡᠷᠰᠢᠭᠦᠯᠬᠦ ᠠᠵᠢᠯ ᠳᠤ ᠣᠷᠣᠯᠴᠠᠬᠤ ᠢᠳᠡᠪᠬᠢᠵᠢᠯ ᠢ ᠨᠢ ᠭᠦᠢᠴᠡᠳ ᠳᠠᠶᠢᠴᠢᠯᠠᠬᠤ ᠬᠡᠷᠡᠭᠲᠡᠢ᠃ | ︵ᠭᠤᠷᠪᠠ︶ ᠪᠡᠯᠡ ᠲᠣᠬᠢᠷᠠᠭᠤᠯᠭ᠎ᠠ ᠶᠢᠨ ᠵᠠᠮ ᠮᠥᠷ ᠪᠠ ᠠᠷᠭ᠎ᠠ ᠮᠠᠶ᠋ᠢᠭ ᠲᠤ ᠰᠢᠨ᠎ᠡ ᠶᠢ ᠡᠭᠦᠳᠴᠦ | ᠦᠷᠭᠡᠳᠭᠡᠬᠦ ᠬᠡᠷᠡᠭᠲᠡᠢ᠃ | ᠤᠯᠤᠰ ᠠᠴᠠ ᠪᠡᠯᠡ ᠮᠦᠩᠭᠦ ᠴᠢᠷᠮᠠᠶᠢᠨ ᠣᠯᠬᠤ ᠪᠠᠷ ᠢᠳᠡᠪᠬᠢᠯᠡᠨ᠂ ᠢᠯᠠᠩᠭᠤᠶ᠎ᠠ ᠠᠵᠤ ᠠᠬᠤᠢ ᠨᠢ ᠬᠠᠷᠠᠬᠠᠨ | ᠬᠦᠭᠵᠢᠭᠡᠳᠦᠢ ᠭᠠᠵᠠᠷ ᠣᠷᠣᠨ ᠳᠤ ᠲᠥᠷᠥ ᠶᠢᠨ ᠪᠣᠳᠣᠯᠭ᠎ᠠ ᠶᠢᠨ ᠲᠠᠯ᠎ᠠ ᠪᠠᠷ ᠬᠢ ᠳᠡᠮᠵᠢᠯᠭᠡ ᠪᠠ ᠪᠡᠯᠡ ᠮᠦᠩᠭᠦ ᠶᠢᠨ | ᠲᠠᠯ᠎ᠠ ᠪᠠᠷ ᠬᠡᠯᠪᠠᠶᠢᠯᠭᠡᠬᠦ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ ᠬᠤᠰᠢᠭᠤ ᠰᠢᠶᠠᠨ ︵ᠬᠤᠲᠠ᠂ ᠲᠣᠭᠤᠷᠢᠭ︶ | ᠤ ᠡᠳ᠋ ᠤᠨ ᠵᠠᠰᠠᠭ ᠨᠢ ᠮᠠᠯᠵᠢᠬᠤ ᠲᠠᠷᠢᠶᠠᠯᠠᠬᠤ ᠣᠷᠣᠨ ᠤ ᠬᠤᠭ ᠨᠣᠪᠰᠢ ᠪᠣᠬᠢᠷ ᠤᠰᠤ ᠶᠢ ᠠᠷᠢᠯᠭᠠᠨ | ᠴᠡᠪᠡᠷᠰᠢᠭᠦᠯᠬᠦ ᠪᠡᠯᠡᠳᠭᠡᠮᠵᠢ ᠶᠢᠨ ᠪᠦᠲᠦᠭᠡᠨ ᠪᠠᠶᠢᠭᠤᠯᠬᠤ ᠠᠵᠢᠯᠯᠠᠭᠠᠨ ᠳᠠᠬᠢ ᠣᠷᠤᠭᠤᠯᠤᠯᠲᠠ ᠶᠢᠨ ᠡᠷᠴᠢᠮ ᠢᠶᠠᠨ | ᠴᠢᠩᠭᠠᠷᠠᠭᠤᠯᠤᠨ᠂ ᠮᠠᠯᠵᠢᠬᠤ ᠲᠠᠷᠢᠶᠠᠯᠠᠬᠤ ᠣᠷᠣᠨ ᠤ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠡᠯ᠎ᠡ ᠲᠥᠷᠥᠯ ᠤᠨ | ᠲᠠᠷᠢᠶᠠᠯᠠᠩ ᠳᠤ ᠬᠤᠯᠪᠤᠭᠳᠠᠭᠰᠠᠨ ᠪᠡᠯᠡ ᠮᠦᠩᠭᠦ ᠶᠢ ᠨᠢᠭᠡᠳᠦᠯᠲᠡᠢ ᠲᠦᠯᠦᠪᠯᠡᠵᠦ ᠪᠠᠶᠢᠭᠠᠳ ᠬᠤᠭ ᠨᠣᠪᠰᠢ ᠪᠠ | ᠪᠣᠬᠢᠷ ᠤᠰᠤ ᠶᠢ ᠠᠷᠢᠯᠭᠠᠨ ᠴᠡᠪᠡᠷᠰᠢᠭᠦᠯᠬᠦ ᠳᠤ ᠬᠡᠷᠡᠭᠯᠡᠵᠦ ᠪᠣᠯᠣᠨ᠎ᠠ᠂ ᠥᠪᠡᠷᠲᠡᠭᠡᠨ ᠵᠠᠰᠠᠬᠤ ᠣᠷᠣᠨ᠂ ᠠᠶᠢᠮᠠᠭ | ᠬᠤᠲᠠ ᠠᠴᠠ ᠵᠣᠬᠢᠬᠤ ᠬᠡᠮᠵᠢᠶᠡᠨ ᠤ ᠨᠦᠬᠦᠪᠦᠷᠢ ᠥᠭᠴᠦ ᠪᠣᠯᠣᠨ᠎ᠠ᠃ ᠣᠷᠴᠢᠨ ᠲᠣᠭᠤᠷᠢᠨ ᠤ ᠠᠷᠢᠭᠤᠨ ᠴᠡᠪᠡᠷ ᠢ | ᠬᠠᠮᠠᠭᠠᠯᠠᠬᠤ ᠠᠵᠢᠯ ᠬᠢᠭᠡᠳ ᠬᠠᠮᠢᠶᠠᠷᠤᠯᠲᠠ ᠶᠢᠨ ᠠᠵᠢᠯ ᠢ ᠰᠠᠯᠭᠠᠬᠤ ᠵᠠᠷᠴᠢᠮ ᠶᠣᠰᠣᠭᠠᠷ᠂ PPP ᠵᠠᠭᠪᠤᠷ ᠢ | ᠰᠦᠪᠡᠭᠴᠢᠯᠡᠨ᠂ ᠠᠵᠤ ᠠᠬᠤᠶᠢᠴᠢᠯᠠᠭᠤᠯᠤᠨ ᠠᠵᠢᠯᠯᠠᠭᠤᠯᠬᠤ ᠶᠢ ᠬᠡᠷᠡᠭᠵᠢᠭᠦᠯᠦᠨ᠂ ᠮᠠᠯᠵᠢᠬᠤ ᠲᠠᠷᠢᠶᠠᠯᠠᠬᠤ ᠣᠷᠣᠨ ᠤ | ᠬᠤᠭ ᠨᠣᠪᠰᠢ ᠪᠣᠬᠢᠷ ᠤᠰᠤ ᠶᠢ ᠠᠷᠢᠯᠭᠠᠨ ᠴᠡᠪᠡᠷᠰᠢᠭᠦᠯᠬᠦ ᠠᠵᠢᠯ ᠢ ᠨᠢ ᠵᠠᠬ᠎ᠠ ᠳᠡᠯᠭᠡᠭᠦᠷ ᠲᠤ ᠣᠷᠣᠭᠤᠯᠵᠤ᠂ ︽ | ᠵᠠᠰᠠᠭ ᠤᠨ ᠣᠷᠳᠣᠨ ᠢᠶᠠᠷ ᠭᠤᠤᠯ ᠤᠳᠤᠷᠢᠳᠤᠮᠵᠢ ᠪᠣᠯᠭᠠᠭᠰᠠᠨ᠂ ᠵᠠᠬ᠎ᠠ ᠳᠡᠯᠭᠡᠭᠦᠷ ᠢᠶᠠᠷ ᠠᠵᠢᠯᠯᠠᠭᠤᠯᠬᠤ᠂ | ᠨᠡᠶᠢᠭᠡᠮ ᠤᠨ ᠬᠢᠨ ᠣᠷᠣᠯᠴᠠᠬᠤ︾ ᠣᠯᠠᠨ ᠡᠰᠢᠵᠢᠭᠰᠡᠨ ᠣᠷᠤᠭᠤᠯᠤᠯᠲᠠ ᠶᠢᠨ ᠲᠣᠭᠲᠠᠴᠠ ᠶᠢ ᠠᠯᠬᠤᠮ | ᠠᠯᠬᠤᠮ ᠢᠶᠠᠷ ᠪᠦᠷᠢᠯᠳᠦᠭᠦᠯᠬᠦ ᠬᠡᠷᠡᠭᠲᠡᠢ᠃ ᠲᠥᠷᠥ ᠶᠢᠨ ᠪᠣᠳᠣᠯᠭ᠎ᠠ ᠶᠢᠨ ᠴᠢᠨᠠᠷᠲᠠᠢ ᠮᠥᠩᠭᠦᠨ ᠭᠦᠢᠯᠭᠡᠭᠡᠨ ᠤ | ᠪᠠᠶᠢᠭᠤᠯᠤᠮᠵᠢ ᠶᠢ ᠵᠣᠷᠢᠬᠵᠢᠭᠤᠯᠵᠤ ᠪᠠᠶᠢᠭᠠᠳ ᠨᠡᠶᠢᠭᠡᠮ ᠤᠨ ᠬᠦᠷᠦᠩᠭᠡ ᠣᠷᠣᠯᠴᠠᠭᠰᠠᠨ ᠮᠠᠯᠵᠢᠬᠤ ᠲᠠᠷᠢᠶᠠᠯᠠᠬᠤ | ᠣᠷᠣᠨ ᠤ ᠣᠷᠴᠢᠨ ᠲᠣᠭᠤᠷᠢᠨ ᠢ ᠵᠠᠰᠠᠬᠤ ᠢᠨᠵᠧᠨᠧᠷᠢᠩ ᠳᠤ ᠤᠷᠲᠤ ᠬᠤᠭᠤᠴᠠᠭᠠᠨ ᠤ ᠲᠣᠭᠲᠠᠭᠤᠨ ᠪᠦᠭᠡᠳ | ᠳᠣᠣᠷ᠎ᠠ ᠥᠪᠡᠷ ᠤᠨ ᠥᠷᠲᠡᠭ ᠲᠠᠢ ᠪᠡᠯᠡ ᠮᠥᠩᠭᠦ ᠶᠢᠨ ᠳᠡᠮᠵᠢᠯᠭᠡ ᠬᠠᠩᠭᠠᠬᠤ ᠬᠡᠷᠡᠭᠲᠡᠢ᠃ ᠡᠳ᠋ ᠤᠨ ᠵᠠᠰᠠᠭ ᠢᠶᠠᠷ | ᠬᠦᠴᠢᠷᠳᠡᠯᠲᠡᠢ ᠪᠠᠶᠢᠭ᠎ᠠ ᠰᠣᠮᠣ ᠰᠢᠶᠠᠩ ᠪᠠᠯᠭᠠᠰᠤ ᠪᠠ ᠶᠠᠳᠠᠭᠤ ᠬᠦᠴᠢᠷᠲᠡᠯᠲᠡᠢ ᠭᠠᠴᠠᠭ᠎ᠠ ᠲᠤᠰᠬᠤᠨ ᠳᠤ᠂ | ᠬᠤᠰᠢᠭᠤ ᠰᠢᠶᠠᠨ ᠤ ᠱᠠᠲᠤᠨ ᠤ ᠡᠳ᠋ ᠤᠨ ᠵᠠᠰᠠᠭ ᠠᠴᠠ ᠳᠠᠭᠠᠭᠠᠨ ᠪᠠᠲᠤᠯᠠᠬᠤ ᠬᠠᠷᠢᠭᠤᠴᠠᠯᠭ᠎ᠠ ᠶᠢ ᠡᠭᠦᠷᠭᠡᠯᠡᠬᠦ | ᠬᠡᠷᠡᠭᠲᠡᠢ᠃ | ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠠ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠷᠠᠭᠤᠯᠬᠤ ᠬᠡᠷᠡᠭᠲᠡᠢ᠃ | ᠥᠪᠡᠷᠲᠡᠭᠡᠨ ᠵᠠᠰᠠᠬᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠬᠤᠭ ᠨᠣᠪᠰᠢ ᠠᠷᠢᠯᠭᠠᠨ ᠴᠡᠪᠡᠷᠰᠢᠭᠦᠯᠬᠦ | ᠠᠵᠢᠯ ᠤᠨ ᠲᠢᠩᠬᠢᠮ ᠤᠨ ᠬᠤᠭᠤᠷᠣᠨᠳᠤ ᠶᠢᠨ ᠬᠠᠮᠳᠤᠷᠠᠭᠰᠠᠨ ᠬᠤᠷᠠᠯ ᠨᠢ ᠪᠦᠬᠦ ᠣᠷᠣᠨ ᠤ ᠮᠠᠯᠵᠢᠬᠤ ᠲᠠᠷᠢᠶᠠᠯᠠᠬᠤ | ᠣᠷᠣᠨ ᠤ ᠬᠤᠭ ᠨᠣᠪᠰᠢ ᠪᠣᠬᠢᠷ ᠤᠰᠤ ᠶᠢ ᠠᠷᠢᠯᠭᠠᠨ ᠴᠡᠪᠡᠷᠰᠢᠭᠦᠯᠬᠦ ᠵᠠᠬ᠎ᠠ ᠳᠡᠯᠭᠡᠭᠦᠷ ᠤᠨ ᠭᠤᠣᠯ ᠴᠣᠭᠴᠠ ᠶᠢ | ᠪᠤᠶᠢᠵᠢᠭᠤᠯᠤᠨ ᠬᠦᠭᠵᠢᠭᠦᠯᠬᠦ ᠠᠵᠢᠯ ᠤᠨ ᠵᠣᠬᠢᠶᠠᠨ ᠪᠠᠶᠢᠭᠤᠯᠵᠦ ᠤᠳᠤᠷᠢᠳᠬᠤ ᠶᠢ ᠬᠠᠷᠢᠭᠤᠴᠠᠵᠤ᠂ ᠲᠣᠭᠲᠠᠭᠰᠠᠨ | ᠬᠤᠭᠤᠴᠠᠭ᠎ᠠ ᠲᠠᠢ ᠪᠠᠷ ᠪᠦᠬᠦ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠬᠤᠭ ᠨᠣᠪᠰᠢ ᠪᠣᠬᠢᠷ ᠤᠰᠤ ᠶᠢ | ᠠᠷᠢᠯᠭᠠᠨ ᠴᠡᠪᠡᠷᠰᠢᠭᠦᠯᠬᠦ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠪᠤᠶᠢᠵᠢᠭᠤᠯᠤᠨ ᠬᠦᠭᠵᠢᠭᠦᠯᠬᠦ ᠲᠥᠷᠥ ᠶᠢᠨ | ᠪᠣᠳᠣᠯᠭ᠎ᠠ ᠶᠢᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠢᠮᠳᠠᠭᠤᠯᠤᠨ ᠪᠠᠶᠢᠴᠠᠭᠠᠵᠤ᠂ ᠪᠣᠳᠠᠲᠠᠢ ᠠᠬᠢᠭᠤᠯᠬᠤ ᠠᠷᠭ᠎ᠠ | ᠬᠡᠮᠵᠢᠶ᠎ᠡ ᠶᠢ ᠰᠣᠳᠤᠯᠵᠤ᠂ ᠠᠵᠢᠯ ᠤᠨ ᠳᠤᠮᠳᠠ ᠲᠣᠬᠢᠶᠠᠯᠳᠤᠭᠰᠠᠨ ᠠᠰᠠᠭᠤᠳᠠᠯ ᠪᠠ ᠬᠦᠴᠢᠷᠳᠡᠯ ᠢ ᠳᠠᠷᠦ᠋ᠢᠬᠠᠨ | ᠰᠢᠢᠳᠪᠦᠷᠢᠯᠡᠬᠦ ᠬᠡᠷᠡᠭᠲᠡᠢ᠃ ᠡᠯ᠎ᠡ ᠠᠶᠢᠮᠠᠭ ᠬᠤᠲᠠ ᠨᠤᠭᠤᠳ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ | ᠴᠢᠩᠭᠠᠳᠬᠠᠵᠤ᠂ ᠠᠵᠢᠯᠲᠠᠨ ᠪᠠ ᠵᠠᠷᠤᠳᠠᠯ ᠢᠶᠠᠨ ᠵᠦᠢ ᠵᠣᠬᠢᠰᠲᠠᠢ ᠲᠣᠬᠢᠷᠠᠭᠤᠯᠵᠤ᠂ ᠮᠠᠯᠵᠢᠬᠤ ᠲᠠᠷᠢᠶᠠᠯᠠᠬᠤ | ᠣᠷᠣᠨ ᠤ ᠬᠤᠭ ᠨᠣᠪᠰᠢ ᠪᠣᠬᠢᠷ ᠤᠰᠤ ᠶᠢ ᠠᠷᠢᠯᠭᠠᠨ ᠴᠡᠪᠡᠷᠰᠢᠭᠦᠯᠬᠦ ᠵᠠᠬ᠎ᠠ ᠳᠡᠯᠭᠡᠭᠦᠷ ᠤᠨ ᠭᠤᠣᠯ ᠴᠣᠭᠴᠠ ᠶᠢ | ᠪᠤᠶᠢᠵᠢᠭᠤᠯᠤᠨ ᠬᠦᠮᠦᠵᠢᠭᠦᠯᠬᠦ ᠡᠯ᠎ᠡ ᠵᠦᠢᠯ ᠤᠨ ᠠᠵᠢᠯ ᠢ ᠦᠨᠡᠨᠬᠦ ᠰᠠᠶᠢᠲᠤᠷ ᠬᠢᠬᠦ ᠬᠡᠷᠡᠭᠲᠡᠢ᠃ | ︵ᠬᠤᠶᠠᠷ︶ ᠠᠵᠢᠯ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠬᠤ ᠬᠡᠷᠡᠭᠲᠡᠢ᠃ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠤᠭᠤᠳ ᠲᠣᠰ ᠵᠠᠰᠠᠭ | ᠵᠠᠬᠢᠷᠭᠠᠨ ᠤ ᠣᠷᠣᠨ ᠳᠠᠬᠢ ᠮᠠᠯᠵᠢᠬᠤ ᠲᠠᠷᠢᠶᠠᠯᠠᠬᠤ ᠣᠷᠣᠨ ᠤ ᠬᠤᠭ ᠨᠣᠪᠰᠢ ᠪᠣᠬᠢᠷ ᠤᠰᠤ ᠶᠢ ᠠᠷᠢᠯᠭᠠᠨ | ᠴᠡᠪᠡᠷᠰᠢᠭᠦᠯᠬᠦ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠪᠤᠶᠢᠵᠢᠭᠤᠯᠤᠨ ᠬᠦᠮᠦᠵᠢᠭᠦᠯᠬᠦ ᠠᠵᠢᠯ ᠢ ᠶᠡᠷᠦᠩᠬᠡᠢ ᠳᠤᠨᠢ | ᠬᠠᠷᠢᠭᠤᠴᠠᠵᠤ᠂ ᠲᠤᠰ ᠭᠠᠵᠠᠷ ᠣᠷᠣᠨ ᠳᠠᠬᠢ ᠮᠠᠯᠵᠢᠬᠤ ᠲᠠᠷᠢᠶᠠᠯᠠᠬᠤ ᠣᠷᠣᠨ ᠤ ᠬᠤᠭ ᠨᠣᠪᠰᠢ ᠪᠣᠬᠢᠷ ᠤᠰᠤ | ᠠᠷᠢᠯᠭᠠᠨ ᠴᠡᠪᠡᠷᠰᠢᠭᠦᠯᠬᠦ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠪᠤᠶᠢᠵᠢᠭᠤᠯᠤᠨ ᠬᠦᠮᠦᠵᠢᠭᠦᠯᠬᠦ ᠶᠢᠨ | ᠬᠡᠷᠡᠭᠵᠢᠭᠦᠯᠬᠦ ᠲᠥᠰᠥᠯ ᠢᠶᠠᠨ ᠬᠢᠨᠠᠮᠠᠭᠠᠢ ᠲᠣᠭᠲᠠᠭᠠᠵᠤ᠂ ᠨᠠᠷᠢᠨ ᠬᠢᠨᠠᠮᠠᠭᠠᠢ ᠵᠣᠬᠢᠶᠠᠨ ᠪᠠᠶᠢᠭᠤᠯᠵᠤ᠂ ᠨᠢᠭᠡᠳᠦᠯᠲᠡᠢ | ᠲᠦᠯᠦᠪᠯᠡᠨ ᠲᠣᠬᠢᠷᠠᠭᠤᠯᠬᠤ ᠶᠢᠨ ᠬᠠᠮᠳᠤ᠂ ᠬᠠᠷᠢᠶᠠᠲᠤ ᠬᠤᠰᠢᠭᠤ ᠰᠢᠶᠠᠨ ︵ᠬᠤᠲᠠ᠂ ᠲᠣᠭᠤᠷᠢᠭ︶ ᠳᠤ | ᠰᠢᠮᠳᠠᠭᠤᠯᠤᠨ ᠵᠢᠯᠣᠭᠤᠳᠬᠤ ᠪᠠᠨ ᠴᠢᠩᠭᠠᠳᠬᠠᠬᠤ ᠬᠡᠷᠡᠭᠲᠡᠢ︔ ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶ | ᠤ ᠠᠷᠠᠳ ᠤᠨ ᠵᠠᠰᠠᠭ ᠤᠨ ᠣᠷᠳᠣᠨ ᠨᠤᠭᠤᠳ ᠬᠠᠷᠢᠭᠤᠴᠠᠯᠭ᠎ᠠ ᠶᠢᠨ ᠭᠤᠣᠯ ᠴᠣᠭᠴᠠ ᠪᠣᠯᠵᠤ᠂ ᠲᠤᠰ ᠵᠠᠰᠠᠭ | ᠵᠠᠬᠢᠷᠭᠠᠨ ᠤ ᠣᠷᠣᠨ ᠤ ᠬᠡᠷᠡᠭᠵᠢᠭᠦᠯᠬᠦ ᠲᠥᠰᠥᠯ᠂ ᠣᠨ ᠤ ᠲᠥᠯᠥᠪᠯᠡᠭᠡ ᠶᠢᠨ ᠲᠣᠭᠲᠠᠭᠠᠬᠤ ᠪᠠ ᠬᠡᠷᠡᠭᠵᠢᠭᠦᠯᠬᠦ ᠶᠢ | ᠬᠠᠷᠢᠭᠤᠴᠠᠬᠤ ᠬᠡᠷᠡᠭᠲᠡᠢ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ ᠤᠳ ᠡᠭᠦᠷᠭᠡ ᠬᠠᠷᠢᠭᠤᠴᠠᠯᠭ᠎ᠠ ᠠᠵᠢᠯ ᠤᠨ | ᠬᠤᠪᠢᠶᠠᠷᠢᠯᠠᠯ ᠢᠶᠠᠷ ᠲᠥᠷᠥ ᠶᠢᠨ ᠪᠣᠳᠣᠯᠭ᠎ᠠ ᠶᠢ ᠨᠠᠷᠢᠯᠢᠬᠵᠢᠭᠤᠯᠤᠨ ᠨᠠᠶᠢᠳᠠᠪᠤᠷᠢᠵᠢᠭᠤᠯᠵᠤ᠂ ᠨᠢᠭᠲᠠ ᠬᠠᠮᠵᠢᠯᠴᠠᠵᠤ᠂ | ᠨᠡᠶᠢᠯᠡᠮᠡᠯ ᠬᠦᠴᠦᠨ ᠢ ᠪᠦᠷᠢᠯᠳᠤᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠦᠭᠵᠢᠯᠲᠡ ᠶᠢᠨ ᠣᠷᠴᠢᠨ | ᠲᠣᠭᠤᠷᠢᠨ ᠢᠶᠠᠨ ᠤᠯᠠᠮ ᠨᠢᠭᠡ ᠠᠯᠬᠤᠮ ᠰᠢᠯᠢᠳᠡᠭᠵᠢᠭᠦᠯᠬᠦ ᠬᠡᠷᠡᠭᠲᠡᠢ᠃ | ︵ᠭᠤᠷᠪᠠ︶ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠢ᠃ | ᠨᠡᠶᠢᠭᠡᠮ ᠤᠨ ᠬᠦᠷᠦᠩᠭᠡ ᠣᠷᠣᠯᠴᠠᠭᠰᠠᠨ ᠮᠠᠯᠵᠢᠬᠤ ᠲᠠᠷᠢᠶᠠᠯᠠᠬᠤ ᠣᠷᠣᠨ ᠤ ᠬᠤᠭ ᠨᠣᠪᠰᠢ ᠪᠣᠬᠢᠷ ᠤᠰᠤ ᠶᠢ | ᠠᠷᠢᠯᠭᠠᠨ ᠴᠡᠪᠡᠷᠰᠢᠭᠦᠯᠬᠦ ᠲᠥᠷᠥᠯ ᠵᠦᠢᠯ ᠤᠨ ᠴᠠᠬᠢᠯᠭᠠᠨ ᠬᠡᠷᠡᠭᠯᠡᠬᠦ᠂ ᠭᠠᠵᠠᠷ ᠬᠡᠷᠡᠭᠯᠡᠬᠦ ᠵᠡᠷᠭᠡ ᠲᠠᠯ᠎ᠠ ᠪᠠᠷ | ᠬᠠᠷᠠᠭᠠᠯᠵᠠᠨ ᠳᠡᠳᠭᠦᠬᠦ ᠲᠥᠷᠥ ᠶᠢᠨ ᠪᠣᠳᠣᠯᠭ᠎ᠠ ᠣᠯᠭᠤᠵᠤ᠂ ᠠᠵᠤ ᠠᠬᠤᠶᠢᠯᠠᠯ ᠤᠨ ᠪᠦᠲᠦᠭᠡᠨ ᠪᠠᠶᠢᠭᠤᠯᠤᠯᠲᠠ ᠶᠢᠨ | ᠠᠵᠢᠯᠯᠠᠭᠠᠨ ᠤ ᠥᠪᠡᠷ ᠤᠨ ᠥᠷᠲᠡᠭ ᠢ ᠨᠢ ᠪᠠᠭᠤᠷᠠᠭᠤᠯᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ | ᠬᠡᠷᠡᠭᠯᠡᠬᠦ ᠭᠠᠵᠠᠷ ᠢ ᠨᠢ ᠪᠠᠲᠤᠯᠠᠬᠤ ᠬᠡᠷᠡᠭᠲᠡᠢ᠃ ᠡᠳ᠋ ᠤᠨ ᠵᠠᠰᠠᠭ ᠭᠠᠶᠢᠯᠢ ᠪᠠᠷ ᠳᠡᠮᠵᠢᠬᠦ ᠲᠥᠷᠥ ᠶᠢᠨ ᠪᠣᠳᠣᠯᠭ᠎ᠠ ᠶᠢ | ᠲᠡᠭᠦᠯᠳᠡᠷᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠬᠤᠭ ᠨᠣᠪᠰᠢ ᠪᠣᠬᠢᠷ ᠤᠰᠤ ᠶᠢ ᠠᠷᠢᠯᠭᠠᠨ ᠴᠡᠪᠡᠷᠰᠢᠭᠦᠯᠬᠦ | ᠵᠠᠬ᠎ᠠ ᠳᠡᠯᠭᠡᠭᠦᠷ ᠤᠨ ᠭᠤᠣᠯ ᠴᠣᠭᠴᠠ ᠨᠢ ᠲᠣᠭᠲᠠᠭᠠᠯ ᠶᠣᠰᠤᠭᠠᠷ ᠬᠠᠮᠢᠶ᠎ᠠ ᠪᠦᠬᠦᠢ ᠭᠠᠶᠢᠯᠢ ᠲᠠᠲᠠᠪᠤᠷᠢ ᠶᠢᠨ | ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠬᠦᠷᠲᠡᠵᠦ ᠪᠣᠯᠣᠨ᠎ᠠ᠃ ᠱᠠᠩᠨᠠᠬᠤ ᠪᠠᠷ ᠨᠦᠬᠦᠪᠦᠷᠢᠯᠡᠬᠦ ᠶᠢ | ᠣᠷᠤᠯᠠᠭᠤᠯᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠵᠤ᠂ ᠡᠳ᠋ ᠤᠨ ᠵᠠᠰᠠᠭ ᠤᠨ ᠪᠡᠯᠡ ᠮᠥᠩᠭᠦ ᠪᠠᠷ ᠨᠡᠶᠢᠭᠡᠮ ᠤᠨ | ᠪᠡᠯᠡ ᠮᠥᠩᠭᠦ ᠪᠠ ᠮᠥᠩᠭᠦᠨ ᠭᠦᠢᠯᠭᠡᠭᠡᠨ ᠤ ᠬᠦᠷᠦᠩᠭᠡ ᠶᠢᠨ PPP ᠲᠥᠷᠥᠯ ᠵᠦᠢᠯ ᠳᠤ ᠣᠷᠣᠯᠴᠠᠬᠤ ᠶᠢ | ᠳᠠᠶᠢᠴᠢᠯᠠᠬᠤ ᠪᠦᠲᠦᠮᠵᠢᠲᠡᠢ ᠠᠷᠭ᠎ᠠ ᠮᠠᠶ᠋ᠢᠭ ᠢ ᠢᠳᠡᠪᠬᠢᠲᠡᠢ ᠰᠥᠪᠡᠭᠴᠢᠯᠡᠬᠦ ᠬᠡᠷᠡᠭᠲᠡᠢ᠃ | ︵ᠳᠥᠷᠪᠡ︶ ᠤᠬᠠᠭᠤᠯᠭ᠎ᠠ ᠬᠦᠮᠦᠵᠢᠯ ᠢ ᠴᠢᠩᠭᠠᠳᠬᠠᠬᠤ ᠬᠡᠷᠡᠭᠲᠡᠢ᠃ | ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ ᠤᠳ ᠷᠠᠳᠢᠣ᠋ ᠨᠡᠪᠲᠡᠷᠡᠭᠦᠯᠭᠡ᠂ | ᠲᠧᠯᠸᠢᠰ᠂ ᠰᠣᠨᠢᠨ᠂ ᠲᠣᠣᠷ ᠰᠥᠯᠵᠢᠶ᠎ᠡ ᠵᠡᠷᠭᠡ ᠵᠠᠭᠤᠴᠢᠯᠠᠭᠤᠷ ᠢ ᠭᠦᠢᠴᠡᠳ ᠠᠰᠢᠭᠯᠠᠵᠤ᠂ ᠣᠯᠠᠨ ᠵᠦᠢᠯ ᠤᠨ | ᠤᠬᠠᠭᠤᠯᠬᠤ ᠠᠷᠭ᠎ᠠ ᠮᠠᠶ᠋ᠢᠭ ᠢ ᠬᠡᠷᠡᠭᠯᠡᠨ᠂ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠪᠠᠨ | ᠴᠢᠩᠭᠠᠳᠬᠠᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠮᠠᠯᠵᠢᠬᠤ ᠲᠠᠷᠢᠶᠠᠯᠠᠬᠤ ᠣᠷᠣᠨ ᠤ ᠬᠤᠭ ᠨᠣᠪᠰᠢ | ᠪᠣᠬᠢᠷ ᠤᠰᠤ ᠶᠢ ᠠᠷᠢᠯᠭᠠᠨ ᠴᠡᠪᠡᠷᠰᠢᠭᠦᠯᠬᠦ ᠠᠵᠢᠯ ᠳᠤ ᠣᠷᠣᠯᠴᠠᠬᠤ ᠠᠷᠭ᠎ᠠ ᠮᠠᠶ᠋ᠢᠭ᠂ ᠠᠵᠢᠯᠯᠠᠬᠤ ᠠᠷᠭ᠎ᠠ ᠮᠠᠶ᠋ᠢᠭ᠂ | ᠠᠰᠢᠭ ᠣᠯᠬᠤ ᠵᠠᠭᠪᠤᠷ᠂ ᠪᠡᠯᠡ ᠣᠷᠤᠭᠤᠯᠤᠯᠲᠠ ᠶᠢᠨ ᠬᠠᠷᠢᠭᠤ ᠠᠰᠢᠭ ᠬᠦᠷᠲᠡᠬᠦ ᠵᠡᠷᠭᠡ ᠬᠠᠮᠢᠶ᠎ᠠ ᠪᠦᠬᠦᠢ | ᠲᠥᠷᠥ ᠶᠢᠨ ᠪᠣᠳᠣᠯᠭ᠎ᠠ ᠶᠢ ᠣᠶᠢᠯᠠᠭᠠᠭᠤᠯᠵᠤ᠂ ᠨᠡᠶᠢᠭᠡᠮ ᠤᠨ ᠪᠡᠯᠡ ᠣᠷᠣᠭᠤᠯᠬᠤ ᠢᠳᠡᠪᠬᠢᠵᠢᠯ ᠢ ᠨᠢ ᠭᠦᠢᠴᠡᠳ | ᠳᠠᠶᠢᠴᠢᠯᠠᠬᠤ ᠬᠡᠷᠡᠭᠲᠡᠢ᠃ ᠬᠡᠯᠪᠡᠷᠢ ᠮᠠᠶ᠋ᠢᠭ ᠢᠶᠠᠷ ᠣᠯᠠᠨ ᠶᠠᠩᠵᠤ ᠶᠢᠨ ᠣᠯᠠᠨ ᠲᠦᠮᠡᠨᠴᠢ ᠭᠤᠣᠯ ᠰᠡᠳᠦᠪᠲᠦ | ᠬᠦᠮᠦᠵᠢᠯ ᠤᠨ ᠠᠵᠢᠯᠯᠠᠭ᠎ᠠ ᠶᠢ ᠦᠷᠭᠡᠨ ᠳᠡᠯᠭᠡᠷ ᠦᠷᠨᠢᠭᠦᠯᠵᠦ᠂ ᠣᠯᠠᠨ ᠲᠦᠮᠡᠨ ᠤ ᠢᠳᠡᠪᠬᠢᠲᠡᠢ ᠪᠠᠷ ᠣᠷᠣᠯᠴᠠᠬᠤ | ᠡᠵᠡᠨ ᠬᠦᠮᠥᠨ ᠤ ᠦᠵᠡᠯ ᠤᠬᠠᠮᠰᠠᠷ ᠢ ᠨᠢ ᠴᠢᠩᠭᠠᠷᠠᠭᠤᠯᠵᠤ᠂ ᠮᠠᠯᠴᠢᠨ ᠲᠠᠷᠢᠶᠠᠴᠢᠳ ᠤᠨ ᠪᠦᠳᠦᠭᠦᠯᠢᠭ | ᠳᠠᠳᠬᠠᠯ ᠢᠶᠠᠨ ᠬᠠᠶᠠᠬᠤ᠂ ᠰᠢᠨ᠎ᠡ ᠰᠤᠷᠲᠠᠯ ᠢ ᠪᠤᠢ ᠪᠣᠯᠬᠤ ᠶᠢ ᠬᠦᠲᠦᠯᠦᠨ ᠵᠢᠯᠣᠭᠤᠳᠴᠦ᠂ ᠮᠠᠯᠴᠢᠨ | ᠲᠠᠷᠢᠶᠠᠴᠢᠳ ᠤᠨ ᠬᠤᠭ ᠨᠣᠪᠰᠢ ᠪᠣᠬᠢᠷ ᠤᠰᠤ ᠶᠢ ᠠᠷᠢᠯᠭᠠᠨ ᠴᠡᠪᠡᠷᠰᠢᠭᠦᠯᠬᠦ ᠳᠤ ᠣᠷᠣᠯᠴᠠᠬᠤ ᠢᠳᠡᠪᠬᠢᠵᠢᠯ ᠪᠠ | ᠰᠢᠨ᠎ᠡ ᠲᠥᠷᠢᠮ ᠰᠢᠨ᠎ᠡ ᠲᠥᠷᠥ ᠶᠢᠨ ᠪᠣᠳᠣᠯᠭ᠎ᠠ ᠶᠢ ᠮᠡᠳᠡᠷᠡᠬᠦ ᠰᠡᠳᠬᠢᠯᠭᠡ ᠶᠢ ᠨᠢ ᠤᠷᠮᠠᠰᠢᠭᠤᠯᠤᠨ ᠬᠦᠭᠵᠢᠭᠡᠬᠦ | ᠬᠡᠷᠡᠭᠲᠡᠢ᠃ | | | |