ᠥᠪᠥᠷ ᠮᠣᠩᠭᠤᠯ ᠤᠨ 10 ᠰᠤᠷᠭᠠᠭᠤᠯᠢ ᠠᠩᠬᠠᠳᠤᠭᠠᠷ ᠪᠦᠯᠦᠭ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠰᠤᠷᠭᠠᠨ ᠬᠥᠮᠦᠵᠢᠯ ᠤᠨ ᠲᠤᠷᠰᠢᠯᠲᠠ ᠶᠢᠨ ᠰᠤᠷᠭᠠᠭᠤᠯᠢ ᠪᠤᠯᠪᠠ
ᠨᠡᠶᠢᠲᠡᠯᠡᠭᠰᠡᠨ ᠴᠠᠭ᠄
2017/3/16
     3 ᠳ᠋ᠤᠭᠠᠷ ᠰᠠᠷ᠎ᠠ ᠶᠢᠨ 14᠎ ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ︵ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ︶᠂ ᠰᠤᠷᠭᠠᠨ ᠬᠥᠮᠦᠵᠢᠯ ᠤᠨ ᠲᠢᠩᠬᠢᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠬᠠᠮᠲᠤᠷᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠩᠬᠠᠳᠤᠭᠠᠷ ᠪᠦᠯᠦᠭ ᠳᠤᠮᠳᠠᠳᠤ ᠪᠠᠭ᠎ᠠ ᠰᠤᠷᠭᠠᠭᠤᠯᠢ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠰᠤᠷᠭᠠᠨ ᠬᠥᠮᠦᠵᠢᠯ ᠤᠨ ᠲᠤᠷᠰᠢᠯᠲᠠ ᠶᠢᠨ ᠰᠤᠷᠭᠠᠭᠤᠯᠢ ᠶᠢ ᠲᠤᠭᠲᠠᠭᠠᠬᠤ ᠲᠤᠬᠠᠢ ᠮᠡᠳᠡᠭᠳᠡᠯ︾᠎ ᠢ ᠳᠠᠷᠤᠮᠠᠯᠯᠠᠨ ᠲᠠᠷᠬᠠᠭᠠᠵᠤ᠂ ᠬᠥᠬᠡᠬᠤᠲᠠ ᠶᠢᠨ ᠬᠤᠶᠠᠳᠤᠭᠠᠷ ᠳᠤᠮᠳᠠᠳᠤ ᠰᠤᠷᠭᠠᠭᠤᠯᠢ᠂ ᠰᠢᠯᠢ ᠶᠢᠨ ᠭᠤᠣᠯ ᠠᠶᠢᠮᠠᠭ ᠤᠨ ᠮᠣᠩᠭᠤᠯ ᠳᠤᠮᠳᠠᠳᠤ ᠰᠤᠷᠭᠠᠭᠤᠯᠢ᠂ ᠲᠦᠩᠯᠢᠶᠣᠤ ᠬᠤᠲᠠ ᠶᠢᠨ ᠲᠠᠪᠤᠳᠤᠭᠠᠷ ᠳᠤᠮᠳᠠᠳᠤ ᠰᠤᠷᠭᠠᠭᠤᠯᠢ᠂ ᠦᠬᠠᠶ ᠬᠤᠳᠠ ᠶᠢᠨ ᠬᠠᠶᠢᠷᠤᠪ ᠤᠨ ᠲᠤᠬᠤᠢ ᠲᠣᠭᠤᠷᠢᠭ ᠤᠨ ᠲᠠᠪᠤᠳᠤᠭᠠᠷ ᠪᠠᠭ᠎ᠠ ᠰᠤᠷᠭᠠᠭᠤᠯᠢ᠂ ᠪᠠᠶᠠᠨᠨᠠᠭᠤᠷ ᠬᠤᠲᠠ ᠶᠢᠨ ᠬᠠᠩᠭᠢᠨ ᠬᠤᠶᠢᠲᠤ ᠬᠤᠰᠢᠭᠤ ᠶᠢᠨ ᠲᠡᠮᠡᠴᠡᠬᠦ ᠳᠤᠮᠳᠠᠳᠤ ᠰᠤᠷᠭᠠᠭᠤᠯᠢ᠂ ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠤᠯᠠᠭᠠᠨ ᠲᠤᠭ ᠳᠤᠮᠳᠠᠳᠤ ᠰᠤᠷᠭᠠᠭᠤᠯᠢ ᠶᠢᠨ ᠰᠦᠩᠱᠠᠨ ᠬᠤᠪᠢᠶᠠᠷᠢ ᠰᠤᠷᠭᠠᠭᠤᠯᠢ᠂ ᠮᠠᠨᠵᠤᠤᠷ ᠬᠤᠲᠠ ᠶᠢᠨ ᠭᠤᠷᠪᠠᠳᠤᠭᠠᠷ ᠪᠠᠭ᠎ᠠ ᠰᠤᠷᠭᠠᠭᠤᠯᠢ᠂ ᠪᠤᠭᠤᠲᠤ ᠬᠤᠲᠠ ᠶᠢᠨ ᠬᠦᠨᠳᠡᠯᠡᠨ ᠲᠤᠭᠤᠷᠢᠭ ᠤᠨ ᠪᠦᠯᠬᠦᠮᠳᠡᠯ ᠵᠡᠭᠡᠯᠢ ᠶᠢᠨ ᠳᠥᠷᠪᠡᠳᠦᠭᠡᠷ ᠪᠠᠭ᠎ᠠ ᠰᠤᠷᠭᠠᠭᠤᠯᠢ᠂ ᠣᠷᠳᠣᠰ ᠬᠤᠲᠠ ᠶᠢᠨ ᠮᠣᠩᠭᠤᠯ ᠳᠤᠮᠳᠠᠳᠤ ᠰᠤᠷᠭᠠᠭᠤᠯᠢ ᠪᠠ ᠬᠥᠯᠥᠨ ᠪᠤᠶᠢᠷ ᠬᠤᠲᠠ ᠶᠢᠨ ᠲᠦᠪ ᠬᠤᠲᠠ ᠶᠢᠨ ᠰᠢᠨ᠎ᠡ ᠲᠣᠭᠤᠷᠢᠭ ᠤᠨ ᠰᠢᠨ ᠬᠠᠶ ᠳᠤᠮᠳᠠᠳᠤ ᠰᠤᠷᠭᠠᠭᠤᠯᠢ ᠵᠠᠷᠭᠡ 10 ᠰᠤᠷᠭᠠᠭᠤᠯᠢ ᠶᠢ ᠥᠪᠡᠷᠲᠡᠭᠡᠨ ᠵᠠᠰᠠᠬᠤ ᠣᠷᠣᠨ ᠤ ᠠᠩᠬᠠᠳᠤᠭᠠᠷ ᠪᠦᠯᠦᠭ ᠳᠤᠮᠳᠠᠳᠤ ᠪᠠᠭ᠎ᠠ ᠰᠤᠷᠭᠠᠭᠤᠯᠢ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠰᠤᠷᠭᠠᠨ ᠬᠥᠮᠦᠵᠢᠯ ᠤᠨ ᠲᠤᠷᠰᠢᠯᠲᠠ ᠶᠢᠨ ᠰᠤᠷᠭᠠᠭᠤᠯᠢ ᠪᠠᠷ ᠲᠤᠭᠲᠠᠭᠠᠵᠤ᠂ 2017 ᠤᠨ ᠤ 3 ᠳ᠋ᠤᠭᠠᠷ ᠰᠠᠷ᠎ᠠ ᠠᠴᠠ 2019 ᠤᠨ ᠤ 3 ᠳ᠋ᠤᠭᠠᠷ ᠰᠠᠷ᠎ᠠ ᠪᠤᠯᠲᠠᠯ᠎ᠠ ᠲᠤᠷᠰᠢᠯᠲᠠ ᠬᠢᠬᠦ ᠪᠠᠷ ᠪᠤᠯᠪᠠ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ︵ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ︶᠂ ᠰᠤᠷᠭᠠᠨ ᠬᠥᠮᠦᠵᠢᠯ ᠤᠨ ᠲᠢᠩᠬᠢᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠪᠠᠰᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠰᠤᠷᠭᠠᠨ ᠬᠥᠮᠦᠵᠢᠯ ᠤᠨ ᠲᠤᠷᠰᠢᠯᠲᠠ ᠬᠢᠬᠦ ᠵᠢᠱᠢᠶ᠎ᠡ ᠦᠵᠡᠭᠦᠯᠬᠦ ᠠᠵᠢᠯ ᠤᠨ ᠲᠥᠰᠦᠯ ︵ᠲᠤᠷᠰᠢᠨ ᠬᠡᠷᠡᠭᠵᠢᠭᠦᠯᠬᠦ︶︾᠎ ᠢ ᠳᠠᠷᠤᠮᠠᠯᠯᠠᠨ ᠲᠠᠷᠬᠠᠭᠠᠵᠤ᠂ ᠳᠤᠮᠳᠠᠳᠤ ᠪᠠᠭ᠎ᠠ ᠰᠤᠷᠭᠠᠭᠤᠯᠢ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠰᠤᠷᠭᠠᠨ ᠬᠥᠮᠦᠵᠢᠯ ᠤᠨ ᠲᠤᠷᠰᠢᠯᠲᠠ ᠬᠢᠬᠦ ᠵᠢᠱᠢᠶ᠎ᠡ ᠦᠵᠡᠭᠦᠯᠬᠦ ᠨᠢᠭᠡᠴᠡ ᠶᠢ ᠲᠡᠳᠬᠦᠨ ᠳᠡᠮᠵᠢᠬᠦ 7 ᠵᠦᠢᠯ ᠤᠨ ᠠᠷᠭ᠎ᠠ ᠬᠡᠮᠵᠢᠶ᠎ᠡ ᠶᠢ ᠳᠤᠷᠠᠳᠪᠠ᠄ ᠨᠢᠭᠡ ᠳᠤ ᠲᠤᠷᠰᠢᠯᠲᠠ ᠬᠢᠬᠦ᠂ ᠵᠢᠱᠢᠶ᠎ᠡ ᠦᠵᠡᠭᠦᠯᠬᠦ ᠰᠤᠷᠭᠠᠭᠤᠯᠢ ᠳᠤ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ︵ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ︶᠂ ᠰᠤᠷᠭᠠᠨ ᠬᠥᠮᠦᠵᠢᠯ ᠤᠨ ᠲᠢᠩᠬᠢᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠠᠴᠠ ᠵᠣᠬᠢᠬᠤ ᠬᠡᠮᠵᠢᠶᠡᠨ ᠤ ᠬᠦᠲᠦᠯᠦᠨ ᠵᠢᠯᠤᠭᠤᠳᠬᠤ ᠵᠠᠷᠤᠳᠠᠯ ᠦᠭᠴᠦ᠂ ᠡᠯ᠎ᠡ ᠠᠶᠢᠮᠠᠭ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ︵ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ︶᠂ ᠰᠤᠷᠭᠠᠨ ᠬᠥᠮᠦᠵᠢᠯ ᠤᠨ ᠲᠣᠪᠴᠢᠶ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠠᠴᠠ ᠵᠣᠬᠢᠬᠤ ᠲᠦᠬᠦᠷ ᠳᠡᠮᠵᠢᠯᠭᠡ ᠶᠢᠨ ᠵᠠᠷᠤᠳᠠᠯ ᠦᠭᠴᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠰᠤᠷᠭᠠᠨ ᠬᠥᠮᠦᠵᠢᠯ ᠤᠨ ᠠᠵᠢᠯ ᠳᠤ ᠲᠤᠰᠬᠠᠶ ᠬᠡᠷᠡᠭᠯᠡᠭᠦᠯᠦᠨ᠎ᠡ︔ ᠬᠤᠶᠠᠷ ᠲᠤ ᠲᠤᠷᠰᠢᠯᠲᠠ ᠬᠢᠬᠦ᠂ ᠵᠢᠱᠢᠶ᠎ᠡ ᠦᠵᠡᠭᠦᠯᠬᠦ ᠰᠤᠷᠭᠠᠭᠤᠯᠢ ᠳᠤ ᠲᠤᠰᠬᠠᠶ ᠠᠰᠢᠭ ᠤᠨ ᠡᠷᠬᠡ ᠤᠯᠭᠤᠬᠤ ᠲᠠᠯ᠎ᠠ ᠪᠠᠷ᠂ ᠣᠷᠣᠨ ᠨᠤᠲᠤᠭ ᠪᠠᠶᠢᠳᠠᠯ ᠢᠶᠠᠨ ᠦᠵᠡᠵᠦ ᠪᠠᠶᠢᠭᠠᠳ ᠬᠥᠬᠢᠭᠦᠯᠦᠨ ᠱᠠᠩᠨᠠᠬᠤ ᠶᠢ ᠨᠢ‌ᠵᠤᠷᠢᠭᠵᠢᠭᠤᠯᠤᠨ᠎ᠠ︔ ᠭᠤᠷᠪᠠ ᠳᠤ ᠲᠤᠷᠰᠢᠯᠲᠠ ᠬᠢᠬᠦ᠂ ᠵᠢᠱᠢᠶ᠎ᠡ ᠦᠵᠡᠭᠦᠯᠬᠦ ᠰᠤᠷᠭᠠᠭᠤᠯᠢ ᠳᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠰᠤᠷᠭᠠᠨ ᠬᠥᠮᠦᠵᠢᠯ ᠤᠨ ᠠᠵᠢᠯ ᠬᠢᠵᠦ ᠪᠠᠶᠢᠭ᠎ᠠ ᠪᠠᠭᠰᠢ ᠨᠠᠷ ᠲᠤ ᠬᠤᠯᠪᠣᠭᠳᠠᠯ ᠪᠦᠬᠦᠢ ᠲᠤᠬᠠᠶᠢᠯᠠᠭᠰᠠᠨ ᠠᠵᠢᠯ ᠤᠨ ᠮᠡᠳᠡᠯᠭᠡ ᠪᠣᠯᠪᠠᠰᠤᠷᠠᠯ ᠬᠦᠷᠲᠡᠭᠡᠨ᠎ᠡ︔ ᠳᠦᠷᠪᠡ ᠳᠤ ᠲᠤᠷᠰᠢᠯᠲᠠ ᠬᠢᠬᠦ᠂ ᠵᠢᠱᠢᠶ᠎ᠡ ᠦᠵᠡᠭᠦᠯᠬᠦ ᠰᠤᠷᠭᠠᠭᠤᠯᠢ ᠳᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠰᠤᠷᠭᠠᠨ ᠬᠥᠮᠦᠵᠢᠯ ᠤᠨ ᠡᠬᠢ ᠪᠠᠶᠠᠯᠢᠭ ᠢ ᠤᠯᠭᠤᠨ᠎ᠠ︔ ᠲᠠᠪᠤ ᠳᠤ ᠡᠯ᠎ᠡ ᠲᠤᠷᠰᠢᠯᠲᠠ ᠬᠢᠬᠦ᠂ ᠵᠢᠱᠢᠶ᠎ᠡ ᠦᠵᠡᠭᠦᠯᠬᠦ ᠰᠤᠷᠭᠠᠭᠤᠯᠢ ᠳᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠰᠤᠷᠭᠠᠨ ᠬᠥᠮᠦᠵᠢᠯ ᠤᠨ ᠨᠣᠮ ᠬᠡᠪᠯᠡᠯ ᠬᠠᠩᠭᠠᠨ᠎ᠠ︔ ᠵᠢᠷᠭᠤᠭ᠎ᠠ ᠳᠤ ᠰᠣᠨᠢᠨ ᠰᠡᠳᠬᠦᠯ᠂ ᠲᠤᠤᠷ ᠰᠦᠯᠵᠢᠶ᠎ᠡ᠂ ᠲᠧᠯᠸᠢᠰ ᠵᠡᠷᠭᠡ ᠰᠣᠨᠢᠨ ᠮᠡᠳᠡᠭᠡᠨ ᠤ ᠵᠠᠭᠤᠴᠢᠯᠠᠭᠤᠷ ᠢ ᠭᠦᠢᠴᠡᠳ ᠠᠰᠢᠭᠯᠠᠵᠤ᠂ ᠲᠤᠷᠰᠢᠯᠲᠠ ᠬᠢᠬᠦ᠂ ᠵᠢᠱᠢᠶ᠎ᠡ ᠦᠵᠡᠭᠦᠯᠬᠦ ᠰᠤᠷᠭᠠᠭᠤᠯᠢ ᠶᠢᠨ ᠲᠡᠷᠢᠭᠦᠨ ᠤ ᠠᠷᠭ᠎ᠠ ᠬᠢᠳᠡᠯ ᠪᠤᠯᠤᠨ ᠠᠮᠵᠢᠯᠲᠠᠲᠠᠶ ᠲᠤᠷᠰᠢᠯᠭ᠎ᠠ ᠶᠢ ᠥᠷᠭᠡᠨ ᠢᠶᠠᠷ ᠤᠬᠠᠭᠤᠯᠵᠤ ᠳᠡᠯᠭᠡᠷᠡᠭᠦᠯᠦᠨ᠎ᠡ︔ ᠲᠤᠯᠤᠭ᠎ᠠ ᠳᠤ ᠲᠤᠷᠰᠢᠯᠲᠠ ᠬᠢᠬᠦ᠂ ᠵᠢᠱᠢᠶ᠎ᠡ ᠦᠵᠡᠭᠦᠯᠬᠦ ᠰᠤᠷᠭᠠᠭᠤᠯᠢ ᠶᠢᠨ ᠪᠠᠭᠰᠢ ᠰᠤᠷᠤᠭᠴᠢᠳ ᠢ ᠵᠤᠬᠢᠬᠤ ᠴᠠᠭ ᠲᠤ ᠵᠤᠬᠢᠶᠠᠨ ᠪᠠᠶᠢᠭᠤᠯᠤᠨ ᠣᠷᠣᠨ ᠤ ᠳᠣᠲᠣᠷ᠎ᠠ ᠭᠠᠳᠠᠨᠠᠬᠢ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠰᠤᠷᠭᠠᠨ ᠬᠥᠮᠦᠵᠢᠯ ᠤᠨ ᠰᠣᠯᠢᠯᠴᠠᠭ᠎ᠠ ᠬᠢᠬᠦ ᠠᠵᠢᠯᠯᠠᠭ᠎ᠠ ᠶᠢ ᠦᠷᠨᠢᠭᠦᠯᠦᠨ᠎ᠡ᠃      ᠣᠶᠢᠯᠠᠭᠠᠭᠰᠠᠨ ᠢᠶᠠᠷ᠂ 2015 ᠣᠨ ᠳᠤ᠂ ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠤ ᠡᠷᠬᠡ ᠶᠢᠨ ᠲᠣᠪᠴᠢᠶ᠎ᠠ᠂ ᠰᠤᠷᠭᠠᠨ ᠬᠥᠮᠦᠵᠢᠯ ᠤᠨ ᠶᠠᠮᠤᠨ ᠪᠦᠬᠦ ᠤᠯᠤᠰ ᠤᠨ ᠳᠤᠮᠳᠠᠳᠤ ᠪᠠᠭ᠎ᠠ ᠰᠤᠷᠭᠠᠭᠤᠯᠢ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠰᠤᠷᠭᠠᠨ ᠬᠥᠮᠦᠵᠢᠯ ᠤᠨ ᠲᠤᠷᠰᠢᠯᠲᠠ ᠬᠢᠬᠦ ᠵᠢᠱᠢᠶ᠎ᠡ ᠦᠵᠡᠭᠦᠯᠬᠦ ᠠᠵᠢᠯ ᠢ ᠡᠬᠢᠯᠡᠨ ᠥᠷᠨᠢᠭᠦᠯᠪᠡ᠃ 2016 ᠣᠨ ᠳᠤ᠂ ᠰᠢᠯᠢ ᠶᠢᠨ ᠭᠤᠣᠯ ᠠᠶᠢᠮᠠᠭ ᠤᠨ ᠮᠣᠩᠭᠤᠯ ᠳᠤᠮᠳᠠᠳᠤ ᠰᠤᠷᠭᠠᠭᠤᠯᠢ ᠎ ᠨᠢ ᠬᠤᠶᠠᠳᠤᠭᠠᠷ ᠪᠦᠯᠦᠭ ᠤᠨ ᠪᠦᠬᠦ ᠤᠯᠤᠰ ᠤᠨ ᠳᠤᠮᠳᠠᠳᠤ ᠪᠠᠭ᠎ᠠ ᠰᠤᠷᠭᠠᠭᠤᠯᠢ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠰᠤᠷᠭᠠᠨ ᠬᠥᠮᠦᠵᠢᠯ ᠤᠨ ᠲᠤᠷᠰᠢᠯᠲᠠ ᠶᠢᠨ ᠰᠤᠷᠭᠠᠭᠤᠯᠢ ᠪᠠᠷ ᠰᠤᠩᠭᠤᠭᠳᠠᠵᠤ᠂ ᠦᠪᠦᠷ ᠮᠤᠩᠭᠤᠯ ᠳᠤ ᠤᠯᠤᠰ ᠤᠨ ᠳᠡᠰ ᠤᠨ ᠳᠤᠮᠳᠠᠳᠤ ᠪᠠᠭ᠎ᠠ ᠰᠤᠷᠭᠠᠭᠤᠯᠢ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠰᠤᠷᠭᠠᠨ ᠬᠥᠮᠦᠵᠢᠯ ᠤᠨ ᠲᠤᠷᠰᠢᠯᠲᠠ ᠶᠢᠨ ᠴᠢᠭ᠋ ᠦᠭᠡᠢ ᠪᠠᠶᠢᠭᠰᠠᠨ ᠲᠡᠦᠬᠡ ᠶᠢ ᠡᠴᠦᠰᠯᠡᠭᠦᠯᠵᠡᠶ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号