2016 ᠣᠨ ᠳᠤ᠂ ᠥᠪᠥᠷ ᠮᠣᠩᠭᠤᠯ ᠭᠤᠣᠯ ᠪᠣᠯᠬᠤ ᠠᠮᠤ ᠪᠤᠳᠠᠭ᠎ᠠ ᠢᠳᠡᠰᠢᠨ ᠳᠤᠰᠤᠨ ᠤ ᠲᠠᠷᠢᠮᠠᠯ ᠤᠨ | ᠲᠠᠯ᠎ᠠ ᠪᠠᠷ ᠪᠣᠬᠢᠷᠲᠤᠯ ᠦᠭᠡᠶ ᠤᠨᠠᠯᠲᠠ ᠶᠢ ᠨᠡᠮᠡᠭᠳᠡᠭᠦᠯᠦᠨ ᠦᠷ᠎ᠡ ᠠᠰᠢᠭ ᠢ ᠳᠡᠭᠡᠭᠰᠢᠯᠡᠭᠦᠯᠬᠦ ᠮᠡᠷᠭᠡᠵᠢᠯ ᠢ 3659 | ᠲᠦᠮᠡᠨ ᠮᠥ ᠳᠡᠯᠭᠡᠷᠡᠭᠦᠯᠵᠦ᠂ ᠠᠳᠠᠯᠢ ᠬᠤᠭᠤᠴᠠᠭᠠᠨ ᠤ ᠬᠢ ᠠᠴᠠ 21.9% ᠨᠡᠮᠡᠭᠳᠡᠭᠦᠯᠵᠦ᠂ ᠬᠢᠮᠢ ᠶᠢᠨ | ᠪᠤᠷᠳᠤᠭᠤᠷ ᠬᠡᠷᠡᠭᠯᠡᠬᠦ ᠨᠡᠮᠡᠭᠳᠡᠯ ᠤᠨ ᠬᠡᠮᠵᠢᠶ᠎ᠡ ᠶᠢ ᠶᠡᠷᠦ ᠶᠢᠨ ᠵᠢᠯ ᠤᠨ ᠬᠢᠨ ᠠᠴᠠ 7.5 ᠵᠠᠭᠤᠨ ᠤ ᠴᠡᠭ ᠪᠠᠭᠠᠰᠬᠠᠨ᠂ | ᠬᠢᠮᠢ ᠶᠢᠨ ᠪᠤᠷᠳᠤᠭᠤᠷ ᠤᠨ ᠠᠰᠢᠭᠯᠠᠯᠲᠠ ᠶᠢᠨ ᠨᠤᠷᠮ᠎ᠠ ᠶᠢ 31% ᠬᠦᠷᠦᠭᠦᠯᠵᠦ᠂ ᠲᠠᠷᠢᠶᠠᠯᠠᠩ ᠤᠨ | ᠦᠢᠯᠡᠳᠪᠦᠷᠢᠯᠡᠯ ᠤᠨ ᠬᠥᠭᠵᠢᠯᠲᠡ ᠨᠢ ᠶᠠᠭ ᠰᠠᠶᠢᠬᠠᠨ ᠡᠬᠢ ᠪᠠᠶᠠᠯᠢᠭ ᠢ ᠬᠤᠷᠣᠭᠳᠠᠭᠤᠯᠬᠤ ᠬᠡᠯᠪᠡᠷᠢ ᠠᠴᠠ ᠪᠠᠨ ᠶᠠᠰᠤ | ᠴᠢᠨᠠᠷ ᠰᠠᠶᠢᠨ ᠪᠣᠬᠢᠷᠲᠤᠯ ᠦᠭᠡᠢ ᠪᠠᠶᠢᠬᠤ ᠶᠢ ᠴᠢᠬᠤᠯᠠᠴᠢᠯᠠᠬᠤ ᠬᠡᠯᠪᠡᠷᠢ ᠲᠡᠰᠢ ᠬᠤᠪᠢᠷᠠᠵᠤ ᠪᠠᠶᠢᠨ᠎ᠠ᠃ | ᠪᠣᠬᠢᠷᠲᠤᠯ ᠦᠭᠡᠢ ᠬᠦᠭᠵᠢᠬᠦ ᠶᠢᠨ ᠬᠠᠮᠲᠤ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠶᠠᠰᠤ | ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠨᠢ ᠭᠠᠮᠰᠢᠭ ᠲᠠᠢ ᠲᠡᠮᠡᠴᠡᠬᠦ ᠴᠢᠳᠠᠪᠤᠷᠢ ᠪᠠ ᠮᠠᠯᠴᠢᠨ | ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠲᠠᠯ᠎ᠠ ᠪᠠᠷ ᠨᠡᠩ ᠢᠯᠡᠭᠦᠦ ᠢᠯᠡᠷᠡᠵᠦ ᠪᠠᠶᠢᠨ᠎ᠠ᠃ 2016 ᠣᠨ ᠳᠤ᠂ | ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠶ ᠳᠤ ᠬᠡᠰᠡᠭ ᠲᠠᠯ᠎ᠠ ᠶᠢᠨ ᠬᠦᠨᠳᠦ ᠨᠣᠴᠢᠲᠠᠶ ᠭᠠᠩ | ᠬᠠᠭᠰᠠᠷᠠᠭᠠᠨ ᠳᠣᠬᠢᠶᠠᠯᠳᠤᠭᠰᠠᠨ ᠪᠣᠯᠪᠠᠴᠤ ᠮᠦᠨᠬᠦ ︽ᠶᠡᠷᠦᠩᠬᠡᠶ ᠳᠡᠭᠡᠨ ᠲᠣᠭᠲᠠᠭᠤᠨ ᠪᠠᠶᠢᠵᠤ᠂ ᠲᠣᠭᠲᠠᠭᠤᠨ ᠤ | ᠳᠤᠮᠳᠠ ᠤᠷᠤᠭᠰᠢᠯᠠᠬᠤ︾ ᠰᠠᠶᠢᠨ ᠰᠠᠶᠢᠬᠠᠨ ᠪᠠᠶᠢᠳᠠᠯ ᠲᠠᠢ ᠪᠣᠯᠵᠠᠢ᠃ ᠠᠮᠤ ᠪᠤᠳᠠᠭᠠᠨ ᠤ ᠦᠢᠯᠡᠳᠪᠦᠷᠢᠯᠡᠯ ᠨᠢ ︽ | ᠠᠷᠪᠠᠨ ᠭᠤᠷᠪᠠᠨ ᠵᠢᠯ ᠳᠠᠷᠠᠭᠠᠯᠠᠭᠰᠠᠨ ᠡᠯᠪᠡᠭ ᠬᠤᠷᠢᠶᠠᠯᠲᠠ︾ ᠣᠯᠵᠣ ᠂ ᠶᠡᠷᠦᠩᠬᠡᠶ ᠤᠨᠠᠯᠲᠠ ᠨᠢ 556.04 | ᠳ᠋ᠦᠩᠰᠢᠭᠤᠷ ᠵᠢᠩ ᠳᠤ ᠬᠦᠷᠴᠦ᠂ 4 ᠵᠢᠯ ᠳᠠᠷᠠᠭᠠᠯᠠᠨ 550 ᠳ᠋ᠦᠩᠰᠢᠭᠤᠷ ᠵᠢᠩ ᠠᠴᠠ ᠳᠡᠭᠡᠭᠰᠢ ᠳᠤ | ᠲᠣᠭᠲᠠᠪᠤᠷᠢᠵᠢᠵᠠᠢ᠃ ᠮᠠᠯ ᠠᠵᠤ ᠠᠬᠤᠶ ᠨᠢ ︽ᠠᠷᠪᠠᠨ ᠬᠤᠶᠠᠷ ᠵᠢᠯ ᠳᠠᠷᠠᠭᠠᠯᠠᠨ ᠲᠣᠭᠲᠠᠭᠤᠨ ᠪᠠᠶᠢᠬᠤ︾ ᠶᠢ | ᠪᠡᠶᠡᠯᠡᠭᠦᠯᠵᠦ᠂ ᠮᠠᠯ ᠠᠵᠤ ᠠᠬᠤᠶ ᠶᠢᠨ ᠣᠨ ᠤ ᠮᠠᠯ ᠤᠨ ᠲᠤᠭ᠎ᠠ ᠨᠢ 12 ᠵᠢᠯ ᠳᠠᠷᠠᠭᠠᠯᠠᠨ 1 ᠳ᠋ᠦᠩᠰᠢᠭᠤᠷ ᠢ | ᠳᠠᠪᠠᠪᠠ᠃ ᠥᠪᠥᠷ ᠮᠣᠩᠭᠤᠯ ᠤᠨ ︽ᠤᠮᠠᠷᠠᠲᠤ ᠬᠢᠯᠢ ᠶᠢᠨ ᠠᠮᠤ ᠪᠤᠳᠠᠭᠠᠨ ᠤ ᠬᠥᠮᠥᠷᠭᠡ︾ ᠪᠣᠯᠣᠨ ︽ᠲᠠᠯ᠎ᠠ | ᠨᠤᠲᠤᠭ ᠤᠨ ᠮᠠᠯᠵᠢᠯ ᠤᠨ ᠲᠠᠯᠠᠪᠠᠶ︾ ᠶᠢᠨ ᠬᠤᠣᠰ ᠪᠠᠶᠢᠷᠢ ᠰᠠᠭᠤᠷᠢ ᠨᠢ ᠴᠦ ᠨᠡᠩ ᠪᠠᠲᠤ ᠪᠠᠬᠢ ᠪᠣᠯᠣᠭᠰᠠᠨ | ᠪᠠᠶᠢᠨ᠎ᠠ᠃ | ᠣᠳᠣᠬᠠᠨ ᠪᠣᠯᠲᠠᠯ᠎ᠠ᠂ ᠰᠦ ᠶᠢᠨ ᠵᠣᠭᠤᠰ ᠨᠡᠶᠢᠲᠡ 1400 ᠳ᠋ᠦᠩᠰᠢᠭᠤᠷ ᠰᠢᠬᠠᠮ ᠲᠥᠭᠦᠷᠢᠭ ᠣᠯᠭᠤᠵᠣ᠂ | 500 ᠲᠦᠮᠡᠨ ᠮᠠᠯᠴᠢᠨ ᠲᠠᠷᠢᠶᠠᠴᠢᠨ ᠢ ᠶᠠᠳᠠᠭᠤ ᠠᠴᠠ ᠠᠩᠭᠢᠵᠢᠷᠠᠭᠤᠯᠤᠨ ᠪᠠᠶᠠᠵᠢᠭᠤᠯᠵᠠᠢ᠃ | ᠣᠶᠢᠯᠭᠠᠭᠰᠠᠨ ᠢᠶᠠᠷ᠂ 2016 ᠣᠨ ᠤ ᠡᠴᠦᠰ ᠪᠣᠯᠬᠤ ᠳᠤ᠂ ᠥᠪᠥᠷ ᠮᠣᠩᠭᠤᠯ ᠤᠨ ᠪᠦᠲᠦᠭᠡᠨ | ᠪᠠᠶᠢᠭᠤᠯᠤᠭᠰᠠᠨ ᠠᠰᠢᠭ ᠲᠤᠰᠠ ᠶᠢ ᠬᠤᠯᠪᠣᠭᠰᠠᠨ ᠲᠣᠭᠲᠠᠴᠠ ᠶᠢᠨ ᠬᠡᠪᠴᠢᠶᠡᠵᠢᠯ ᠠᠴᠠ ᠳᠡᠭᠡᠭᠰᠢᠬᠢ ᠲᠠᠷᠢᠶᠠᠯᠠᠩ ᠤᠨ | ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠡᠳ᠋ᠰᠢᠭᠦᠯᠭᠡ ᠶᠢᠨ ᠠᠵᠤ ᠠᠬᠤᠶᠢᠯᠠᠯ 1505 ᠳᠤ ᠬᠦᠷᠴᠦ᠂ | ᠵᠠᠬᠢᠶᠠᠯᠠᠭ᠎ᠠ ᠶᠢᠨ ᠭᠡᠷ᠎ᠡ ᠲᠣᠭᠲᠠᠬᠤ᠂ ᠬᠤᠪᠢ ᠤᠷᠤᠭᠤᠯᠤᠨ ᠬᠠᠮᠲᠤᠷᠠᠯᠴᠠᠬᠤ᠂ ᠦᠨ᠎ᠡ ᠬᠠᠩᠰᠢ ᠶᠢ ᠬᠠᠮᠠᠭᠠᠯᠠᠬᠤ᠂ | ᠦᠢᠯᠡᠴᠢᠯᠡᠭᠡᠨ ᠤ ᠲᠠᠯ᠎ᠠ ᠪᠠᠷ ᠬᠠᠮᠵᠢᠯᠴᠠᠬᠤ᠂ ᠡᠷᠭᠢᠯᠳᠦᠭᠦᠯᠦᠨ ᠤᠷᠢᠨ ᠬᠡᠷᠡᠭᠯᠡᠬᠦ ᠵᠡᠷᠭᠡ 5 ᠵᠦᠢᠯ ᠤᠨ ᠨᠢᠭᠲᠠ | ᠬᠡᠯᠪᠡᠷᠢ ᠶᠢᠨ ᠠᠰᠢᠭ ᠲᠤᠰᠠ ᠶᠢ ᠬᠤᠯᠪᠣᠬᠤ ᠵᠠᠭᠪᠤᠷ ᠢ ᠪᠠᠶᠢᠭᠤᠯᠤᠨ᠂ ᠲᠦᠭ ᠲᠦᠮᠡᠨ ᠵᠢᠵᠢᠭ ᠦᠢᠯᠡᠳᠪᠦᠷᠢᠯᠡᠯ ᠢ | ᠲᠣᠮᠣ ᠵᠠᠬ᠎ᠠ ᠳᠡᠯᠭᠡᠭᠦᠷ ᠯᠦᠭᠡ ᠵᠣᠯᠭᠠᠯᠳᠤᠭᠤᠯᠵᠤ᠂ ᠲᠠᠷᠢᠶᠠᠯᠠᠩ ᠮᠠᠯ ᠠᠵᠤ ᠠᠬᠤᠢ ᠶᠢ ᠠᠵᠤ ᠦᠢᠯᠡᠰᠵᠢᠭᠦᠯᠦᠨ | ᠡᠵᠡᠩᠨᠡᠬᠦ ᠪᠠ ᠮᠠᠯᠴᠢᠨ ᠲᠠᠷᠢᠶᠠᠴᠢᠳ ᠤᠨ ᠣᠷᠣᠯᠭ᠎ᠠ ᠪᠠᠨ ᠨᠡᠮᠡᠭᠳᠡᠭᠦᠯᠦᠨ ᠴᠢᠨᠡᠭᠡᠯᠢᠭᠵᠢᠬᠦ ᠶᠢ ᠠᠬᠢᠭᠤᠯᠤᠭᠰᠠᠨ | ᠪᠠᠶᠢᠨ᠎ᠠ᠃ |