ᠠᠷᠪᠠᠨ ᠬᠤᠶᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠥᠬᠡᠯᠡᠭᠴᠢᠳ ᠤᠨ ᠶᠡᠭᠡ | ᠬᠤᠷᠠᠯ ᠤᠨ ᠲᠠᠪᠤᠳᠤᠭᠠᠷ ᠬᠤᠷᠠᠯ 15 ᠤ ᠦᠳᠡ ᠶᠢᠨ ᠡᠮᠤᠨ᠎ᠡ ᠠᠷᠠᠳ ᠤᠨ ᠶᠡᠭᠡ ᠬᠤᠷᠠᠯ ᠤᠨ ᠲᠠᠩᠬᠢᠮ ᠳᠤ | ᠰᠤᠷᠪᠤᠯᠵᠢᠯᠠᠭᠴᠢᠳ ᠤᠨ ᠬᠤᠷᠠᠯ ᠬᠢᠵᠥ᠂ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠤᠩᠬᠡᠢ ᠰᠠᠶᠢᠳ ᠯᠢ ᠺᠧ | ᠴᠢᠶᠠᠩ ᠶᠡᠭᠡ ᠬᠤᠷᠠᠯ ᠤᠨ ᠦᠬᠦᠯᠡᠭᠴᠢ ᠹᠦ᠋ ᠶᠢᠩ ᠤᠨ ᠤᠷᠢᠯᠭ᠎ᠠ ᠪᠠᠷ ᠲᠤᠮᠳᠠᠳᠤ ᠭᠠᠳᠠᠭᠠᠳᠤ ᠶᠢᠨ | ᠰᠤᠷᠪᠤᠯᠵᠢᠯᠠᠭᠴᠢᠳ ᠲᠠᠢ ᠠᠭᠤᠯᠵᠠᠭᠰᠠᠠ ᠪᠦᠭᠡᠳ ᠲᠡᠳᠡᠨ ᠤ ᠠᠰᠠᠭᠤᠯᠳᠠ ᠶᠢ ᠬᠠᠷᠢᠭᠤᠯᠪᠠ᠃ | ᠰᠤᠷᠪᠤᠯᠵᠢᠯᠠᠭᠴᠢᠳ ᠤᠨ ᠬᠤᠷᠠᠯ ᠡᠬᠢᠯᠡᠬᠦ ᠦᠶ᠎ᠡ ᠳᠤ᠂ ᠯᠢ ᠺᠧ ᠴᠢᠶᠠᠩ ᠬᠡᠯᠡᠭᠰᠡᠨ ᠨᠢ᠂ ᠮᠠᠰᠢ ᠤᠯᠠᠨ | ᠰᠤᠷᠪᠤᠯᠵᠢᠯᠠᠭᠴᠢ ᠬᠤᠶᠠᠷ ᠭᠤᠷᠪᠠᠨ ᠴᠠᠭ ᠤᠨ ᠡᠮᠤᠨ᠎ᠡ ᠠᠳᠡ ᠢᠷᠡᠵᠡᠢ ᠭᠡᠳᠡᠭ ᠢ ᠰᠠᠶ᠋ᠢ ᠬᠤᠷᠠᠯ ᠤᠨ | ᠡᠷᠬᠢᠯᠡᠭᠴᠢ ᠠᠴᠠ ᠰᠤᠨᠤᠰᠤᠯ᠎ᠠ᠂ ᠤᠯᠠᠨ ᠢᠶᠠᠷ ᠢᠶᠠᠨ ᠶᠡᠭᠡ ᠵᠦᠳᠡᠷᠡᠵᠡᠭᠡᠯᠠ᠂ ᠡᠨᠡ ᠨᠢ ᠲᠠᠨᠠᠷ ᠤᠨ ᠲᠤᠬᠠᠢᠢᠯᠠᠭᠰᠠᠠ | ᠠᠵᠢᠯ ᠤᠨ ᠵᠤᠷᠢᠭ ᠰᠠᠨᠠᠭ᠎ᠠ ᠶᠢ ᠬᠦᠢᠴᠡᠳ ᠢᠯᠡᠷᠡᠬᠦᠯᠵᠥ ᠪᠠᠶᠢᠨ᠎ᠠ᠂ ᠪᠢ ᠲᠤᠮᠳᠠᠳᠤ ᠭᠠᠳᠠᠭᠠᠳᠤ ᠶᠢᠨ | ᠰᠤᠷᠪᠤᠯᠵᠢᠯᠠᠭᠴᠢᠳ ᠤᠨ ᠲᠤᠮᠳᠠᠳᠤ ᠤᠯᠤᠰ ᠤᠨ ᠬᠤᠶᠠᠷ ᠬᠤᠷᠠᠯ ᠢ ᠮᠡᠳᠡᠬᠡᠯᠡᠬᠦ ᠳᠤ ᠰᠢᠷᠭᠠᠭᠤ ᠬᠦᠳᠡᠯᠮᠤᠷᠢ | ᠵᠠᠷᠤᠴᠠᠭᠤᠯᠤᠭᠰᠠᠠ ᠳᠤ ᠲᠠᠯᠠᠷᠬᠠᠵᠥ ᠪᠠᠶᠢᠨ᠎ᠠ᠃ ᠴᠠᠭ ᠬᠢᠵᠠᠭᠠᠷ ᠲᠠᠢ ᠲᠤᠯᠠ ᠪᠢᠳᠡ ᠭᠤᠤᠯ ᠰᠡᠳᠦᠪ ᠲᠡᠭᠡᠨ | ᠰᠢᠭᠤᠳ ᠤᠷᠤᠶ᠎ᠠ᠂ ᠪᠢ ᠰᠤᠷᠪᠤᠯᠵᠢᠯᠠᠭᠴᠢ ᠨᠠᠶᠢᠵᠢ ᠨᠠᠷ ᠤᠨ ᠲᠤᠷᠠᠳᠤᠭᠰᠠᠠ ᠠᠰᠠᠭᠤᠯᠳᠠ ᠶᠢ ᠬᠠᠷᠢᠭᠤᠯᠬᠤ | ᠤᠷᠮᠠᠳᠠᠢ ᠪᠠᠶᠢᠨ᠎ᠠ ᠬᠡᠪᠡ᠃ | 3 ᠳ᠋ᠤᠭᠠᠷ ᠰᠠᠷ᠎ᠠ ᠶᠢᠨ 15 ᠤ ᠡᠳᠤᠷ᠂ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ | ᠺᠧ ᠴᠢᠶᠠᠩ ᠪᠡᠬᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠲᠤᠮᠳᠠᠳᠤ ᠭᠠᠳᠠᠭᠠᠳᠤ ᠶᠢᠨ | ᠰᠤᠷᠪᠤᠯᠵᠢᠯᠠᠭᠴᠢᠳ ᠢ ᠬᠦᠯᠢᠶᠡᠨ ᠠᠪᠴᠦ ᠠᠭᠤᠯᠵᠠᠬᠤ ᠶᠢᠨ ᠬᠠᠮᠳᠤ ᠰᠤᠷᠪᠤᠯᠵᠢᠯᠠᠭᠴᠢ ᠶᠢᠨ ᠲᠤᠷᠠᠳᠤᠭᠰᠠᠨ | ᠠᠰᠠᠭᠤᠯᠳᠠ ᠶᠢ ᠬᠠᠷᠢᠭᠤᠯᠪᠠ᠃ | ᠠᠮᠧᠷᠢᠺᠠ ᠶᠢᠨ ᠤᠳᠠᠰᠤᠳᠤ ᠲᠧᠯᠸᠢᠰ ᠤᠨ ᠰᠤᠨᠢᠨ ᠮᠡᠳᠡᠬᠡᠨ ᠤ ᠰᠦᠯᠵᠢᠶ᠎ᠡ ᠶᠢᠨ ᠰᠤᠷᠪᠤᠯᠵᠢᠯᠠᠭᠴᠢ᠄ | ᠶᠡᠷᠤᠩᠬᠡᠶᠢᠯᠡᠭᠴᠢ ᠲᠧᠷᠠᠮᠫᠦ᠋ ᠲᠤᠮᠳᠠᠳᠤ ᠤᠯᠤᠰ ᠢ ᠰᠢᠬᠦᠮᠵᠢᠯᠡᠭᠰᠡᠡ ᠴᠢᠨᠠᠷᠳᠠᠢ ᠦᠬᠡ ᠶᠠᠷᠢᠶ᠎ᠠ ᠨᠡᠶᠢᠳᠡᠯᠡᠵᠥ᠂ | ᠲᠤᠮᠳᠠᠳᠤ ᠤᠯᠤᠰ ᠠᠮᠧᠷᠢᠺᠠ ᠶᠢᠨ ᠠᠵᠢᠯ ᠤᠯᠭᠤᠯᠳᠠ ᠶᠢᠨ ᠠᠵᠢᠯ ᠤᠨ ᠪᠠᠶᠢᠷᠢ ᠶᠢ ᠬᠤᠯᠠᠭᠠᠢᠢᠯᠠᠭᠰᠠᠠ ᠬᠡᠮᠡᠨ | ᠢᠯᠡᠳᠭᠡᠵᠥ᠂ ᠲᠤᠮᠳᠠᠳᠤ ᠤᠯᠤᠰ ᠤᠨ ᠭᠤᠪᠢᠭᠤᠯᠭ᠎ᠠ ᠶᠢᠨ ᠨᠤᠷᠮ᠎ᠠ ᠶᠢᠨ ᠲᠦᠷᠦ ᠶᠢᠨ ᠪᠤᠳᠤᠯᠭ᠎ᠠ ᠵᠢᠴᠢ ᠲᠤᠮᠳᠠᠳᠤ | ᠤᠯᠤᠰ ᠭᠠᠵᠠᠷ ᠤᠷᠤᠨ ᠤ ᠠᠮᠤᠷ ᠲᠦᠪᠰᠢᠨ ᠢ ᠬᠠᠮᠠᠭᠠᠯᠠᠬᠤ ᠲᠠᠯ᠎ᠠ ᠪᠠᠷ ᠬᠦᠷᠦᠯᠴᠡᠭᠦ ᠦᠭᠡᠢ ᠬᠡᠵᠥ ᠰᠢᠬᠦᠮᠵᠢᠯᠡᠭᠰᠡᠡ | ᠪᠠᠶᠢᠨ᠎ᠠ᠃ ᠪᠢᠳᠡᠨ ᠤ ᠤᠢᠢᠯᠠᠭᠠᠭᠰᠠᠠ ᠢᠶᠠᠷ᠂ ᠲᠤᠮᠳᠠᠳᠤ ᠠᠮᠧᠷᠢᠺᠠ ᠬᠤᠶᠠᠷ ᠤᠯᠤᠰ ᠤᠨ ᠲᠡᠷᠢᠬᠦᠨ ᠬᠠᠮᠤᠭ | ᠡᠷᠳᠡ ᠳᠡᠭᠡᠨ ᠲᠠᠷᠠᠭ᠎ᠠ ᠰᠠᠷ᠎ᠠ ᠳᠤ ᠠᠭᠤᠯᠵᠠᠯᠳᠠ ᠬᠢᠵᠥ ᠮᠡᠳᠡᠨ᠎ᠡ᠃ ᠠᠮᠧᠷᠢᠺᠠ ᠲᠤᠮᠳᠠᠳᠤ ᠤᠯᠤᠰ ᠠᠴᠠ ᠶᠠᠭᠤ | ᠤᠯᠬᠤ ᠪᠠᠷ ᠬᠦᠰᠡᠵᠥ ᠪᠠᠶᠢᠬᠤ ᠲᠤᠬᠠᠢ ᠪᠢᠳᠡ ᠵᠠᠷᠢᠮ ᠲᠠᠯ᠎ᠠ ᠪᠠᠷ ᠤᠢᠢᠯᠠᠭᠠᠵᠠᠢ᠂ ᠲᠤᠮᠳᠠᠳᠤ ᠤᠯᠤᠰ | ᠠᠮᠧᠷᠢᠺᠠ ᠠᠴᠠ ᠶᠠᠭᠤ ᠤᠯᠬᠤ ᠶᠢ ᠬᠦᠰᠡᠵᠥ ᠪᠠᠶᠢᠬᠤ ᠪᠤᠢ︖ ᠡᠷᠡᠬᠦᠯ ᠪᠦᠭᠡᠳ ᠦᠷᠭᠦᠯᠵᠢᠯᠡᠨ ᠬᠦᠭᠵᠢᠭᠰᠡᠨ | ᠲᠤᠮᠳᠠᠳᠤ ᠠᠮᠧᠷᠢᠺᠠ ᠶᠢᠨ ᠬᠠᠷᠢᠴᠠᠭ᠎ᠠ ᠶᠢᠨ ᠲᠤᠬᠠᠢ ᠲᠤᠮᠳᠠᠳᠤ ᠤᠯᠤᠰ ᠤᠨ ᠬᠤᠷᠢᠭ᠎ᠠ ᠱᠤᠭᠤᠮ ᠶᠠᠭᠤ ᠪᠤᠢ︖ | ᠲᠤᠮᠳᠠᠳᠤ ᠠᠮᠧᠷᠢᠺᠠ ᠶᠢᠨ ᠡᠶᠢᠮᠤᠷᠬᠦ ᠬᠠᠷᠢᠴᠠᠭ᠎ᠠ ᠶᠢᠨ ᠬᠦᠭᠵᠢᠯᠳᠡ ᠳᠤ ᠲᠠ ᠢᠳᠡᠭᠡᠯ ᠲᠠᠢ ᠤᠤ︖ ᠡᠰᠡᠬᠦᠯ᠎ᠡ | ᠤᠷᠤᠭᠰᠢᠯᠠᠯᠳᠠ ᠶᠢᠨ ᠵᠠᠮ ᠨᠡᠯᠢᠶᠡᠳ ᠬᠦᠴᠢᠷᠳᠡᠯᠳᠡᠢ ᠬᠡᠮᠡᠨ ᠦᠵᠡᠵᠥ ᠪᠠᠶᠢᠨ᠎ᠠ ᠤᠤ︖ | ᠯᠢ ᠺᠧ ᠴᠢᠶᠠᠩ᠄ | ᠲᠠᠨ ᠤ ᠠᠰᠠᠭᠤᠯᠳᠠ ᠠᠴᠠ ᠪᠢ ᠨᠢᠳᠤᠨᠤᠨ ᠤ 9 ᠰᠠᠷ᠎ᠠ ᠳᠤ ᠤᠯᠠᠨ ᠤᠯᠤᠰ ᠤᠨ ᠬᠤᠯᠪᠤᠭᠠᠳᠤ | ᠪᠠᠶᠢᠭᠤᠯᠭ᠎ᠠ ᠳᠤ ᠬᠦᠷᠴᠦ ᠤᠯᠠᠨ ᠤᠯᠤᠰ ᠤᠨ ᠬᠤᠯᠪᠤᠭᠠᠳᠤ ᠪᠠᠶᠢᠭᠤᠯᠭ᠎ᠠ ᠶᠢᠨ ᠶᠡᠭᠡ ᠬᠤᠷᠠᠯ ᠤᠨ ᠲᠡᠬᠡᠳᠤ | ᠲᠠᠪᠬᠤᠷᠭ᠎ᠠ ᠶᠢᠨ ᠰᠢᠷᠢᠰ ᠬᠤᠷᠠᠯ ᠳᠤ ᠤᠷᠤᠯᠴᠠᠬᠤ ᠬᠤᠭᠤᠴᠠᠭᠠᠨ ᠳᠤ ᠠᠮᠧᠷᠢᠺᠠ ᠶᠢᠨ ᠨᠢᠦ᠋ ᠶᠤᠷᠺ ᠤᠨ ᠠᠵᠥ | ᠠᠬᠤᠢ ᠶᠢᠨ ᠺᠯᠦ᠋ᠪ ᠲᠤ ᠶᠠᠷᠢᠶ᠎ᠠ ᠢᠯᠡᠳᠭᠡᠯ ᠬᠢᠭᠰᠡᠨ ᠢᠶᠠᠨ ᠪᠤᠳᠤᠵᠤ ᠤᠯᠤᠯ᠎ᠠ᠃ ᠲᠤᠬᠠᠢ ᠶᠢᠨ ᠦᠶ᠎ᠡ ᠳᠤ | ᠠᠮᠧᠷᠢᠺᠠ ᠶᠢᠨ ᠶᠡᠷᠤᠩᠬᠡᠶᠢᠯᠡᠭᠴᠢ ᠶᠢᠨ ᠰᠤᠩᠭᠤᠭᠤᠯᠢ ᠶᠠᠭ ᠬᠤᠷᠴᠠ ᠰᠢᠷᠤᠬᠦᠨ ᠶᠠᠪᠤᠭᠳᠠᠵᠥ ᠪᠠᠶᠢᠪᠠ᠃ ᠵᠠᠷᠢᠮ | ᠬᠦᠮᠥᠨ ᠨᠠᠳᠠ ᠠᠴᠠ ᠬᠡᠷᠪᠡ ᠰᠢᠨ᠎ᠡ ᠶᠡᠷᠤᠩᠬᠡᠶᠢᠯᠡᠭᠴᠢ ᠰᠤᠩᠭᠤᠭᠳᠠᠪᠠᠯ᠂ ᠲᠤᠮᠳᠠᠳᠤ ᠠᠮᠧᠷᠢᠺᠠ ᠶᠢᠨ ᠬᠠᠷᠢᠴᠠᠭ᠎ᠠ ᠳᠤ | ᠶᠡᠭᠡ ᠬᠤᠪᠢᠷᠠᠯᠳᠡ ᠭᠠᠷᠤᠨ᠎ᠠ ᠤᠤ ᠭᠡᠵᠥ ᠠᠰᠠᠭᠤᠪᠠ᠃ ᠪᠢ ᠲᠡᠬᠦᠨ ᠳᠤ ᠬᠡᠨ ᠠᠮᠧᠷᠢᠺᠠ ᠶᠢᠨ ᠶᠡᠷᠤᠩᠬᠡᠶᠢᠯᠡᠭᠴᠢ ᠪᠠᠷ | ᠰᠤᠩᠭᠤᠭᠳᠠᠭᠰᠠᠠ ᠴᠦ᠂ ᠬᠡᠳᠦ᠋ᠢᠪᠡᠷ ᠲᠤᠮᠳᠠᠳᠤ ᠠᠮᠧᠷᠢᠺᠠ ᠶᠢᠨ ᠬᠠᠷᠢᠴᠠᠭ᠎ᠠ ᠤᠯᠠᠨ ᠶᠠᠪᠤᠳᠠᠯ ᠢ ᠦᠩᠭᠡᠷᠡᠭᠡᠭᠰᠡᠨ | ᠪᠤᠯᠪᠠᠴᠤ ᠬᠦᠭᠵᠢᠭᠰᠡᠭᠡᠷ ᠢᠷᠡᠪᠡ᠂ ᠡᠨᠡ ᠲᠤᠬᠠᠢ ᠪᠢ ᠪᠠᠶᠠᠰᠤᠩᠭᠤᠢ ᠤᠪᠤᠷ ᠲᠠᠢ ᠪᠠᠶᠢᠨ᠎ᠠ ᠬᠡᠵᠥ ᠬᠠᠷᠢᠭᠤᠯᠪᠠ᠃ | ᠲᠧᠷᠠᠮᠫᠦ᠋ ᠶᠡᠷᠤᠩᠬᠡᠶᠢᠯᠡᠭᠴᠢ ᠪᠠᠷ ᠰᠤᠩᠭᠤᠭᠳᠠᠭᠰᠠᠠ ᠤ ᠲᠠᠷᠠᠭ᠎ᠠ᠂ ᠲᠡᠷᠢᠬᠦᠯᠡᠭᠴᠢ ᠰᠢ ᠶᠢᠨ ᠫᠢᠩ ᠪᠤᠯᠤᠨ | ᠶᠡᠷᠤᠩᠬᠡᠶᠢᠯᠡᠭᠴᠢ ᠲᠧᠷᠠᠮᠫᠦ᠋ ᠤᠳᠠᠰᠤ ᠪᠠᠷ ᠶᠠᠷᠢᠯᠴᠠᠵᠥ᠂ ᠬᠤᠶᠠᠷ ᠤᠯᠤᠰ ᠤᠨ ᠲᠡᠷᠢᠬᠦᠨ ᠪᠦᠷ ᠲᠤᠮᠳᠠᠳᠤ | ᠠᠮᠧᠷᠢᠺᠠ ᠶᠢᠨ ᠬᠠᠷᠢᠴᠠᠭ᠎ᠠ ᠶᠢᠨ ᠬᠦᠭᠵᠢᠯᠳᠡ ᠶᠢ ᠬᠠᠮᠳᠤ ᠪᠠᠷ ᠠᠬᠢᠭᠤᠯᠤᠨ᠎ᠠ ᠬᠡᠵᠥ ᠢᠯᠡᠳᠬᠡᠭᠰᠡᠡ ᠪᠠᠶᠢᠨ᠎ᠠ᠃ | ᠶᠡᠷᠤᠩᠬᠡᠶᠢᠯᠡᠭᠴᠢ ᠲᠧᠷᠠᠮᠫᠦ᠋ ᠪᠤᠯᠤᠨ ᠠᠮᠧᠷᠢᠺᠠ ᠶᠢᠨ ᠰᠢᠨ᠎ᠡ ᠵᠠᠰᠠᠭ ᠤᠨ ᠤᠷᠳᠤᠨ ᠤ ᠲᠡᠬᠡᠳᠤ ᠵᠡᠷᠬᠡ ᠶᠢᠨ | ᠲᠤᠰᠢᠶᠠᠯᠳᠡᠳ ᠴᠦ᠂ ᠨᠢᠬᠡ ᠲᠤᠮᠳᠠᠳᠤ ᠤᠯᠤᠰ ᠬᠡᠭᠦ ᠲᠦᠷᠦ ᠶᠢᠨ ᠪᠤᠳᠤᠯᠭ᠎ᠠ ᠶᠢ ᠪᠠᠷᠢᠮᠳᠠᠯᠠᠨ᠎ᠠ ᠬᠡᠵᠥ ᠢᠯᠡᠳᠭᠡᠭᠰᠡᠡ | ᠪᠠᠶᠢᠨ᠎ᠠ᠂ ᠡᠨᠡ ᠪᠤᠯ ᠲᠤᠮᠳᠠᠳᠤ ᠠᠮᠧᠷᠢᠺᠠ ᠶᠢᠨ ᠬᠠᠷᠢᠴᠠᠭ᠎ᠠ ᠶᠢᠨ ᠤᠯᠤᠰ ᠲᠦᠷᠦ ᠶᠢᠨ ᠰᠠᠭᠤᠷᠢ ᠮᠥᠨ᠂ | ᠲᠤᠭᠳᠠᠪᠤᠷᠢ ᠦᠭᠡᠢ ᠪᠠᠶᠢᠳᠠᠯ ᠳᠤ ᠭᠤᠶᠢᠪᠢᠯᠵᠠᠬᠤ ᠦᠭᠡᠢ ᠮᠦᠷᠳᠡᠭᠡᠨ ᠭᠤᠶᠢᠪᠢᠯᠵᠠᠵᠥ ᠴᠤ ᠪᠤᠯᠬᠤ ᠦᠭᠡᠢ ᠶᠤᠮ᠃ | ᠡᠶᠢᠮᠤ ᠤᠯᠤᠰ ᠲᠦᠷᠦ ᠶᠢᠨ ᠰᠠᠭᠤᠷᠢ ᠲᠠᠢ ᠲᠤᠯᠠ ᠲᠤᠮᠳᠠᠳᠤ ᠠᠮᠧᠷᠢᠺᠠ ᠶᠢᠨ ᠬᠠᠷᠢᠴᠠᠭ᠎ᠠ ᠰᠠᠷᠠᠭᠤᠯ ᠢᠷᠡᠭᠡᠳᠦᠢ ᠲᠠᠢ | ᠪᠠᠶᠢᠨ᠎ᠠ᠃ | ᠪᠢᠳᠡ ᠲᠤᠮᠳᠠᠳᠤ ᠠᠮᠧᠷᠢᠺᠠ ᠶᠢᠨ ᠬᠠᠷᠢᠴᠠᠭ᠎ᠠ ᠶᠢᠨ ᠢᠷᠡᠭᠡᠳᠤᠢ ᠳᠤ ᠪᠠᠶᠠᠰᠤᠩᠭᠤᠢ ᠤᠪᠤᠷ ᠲᠠᠢ ᠪᠠᠶᠢᠭ᠎ᠠ ᠨᠢ | ᠲᠤᠮᠳᠠᠳᠤ ᠠᠮᠧᠷᠢᠺᠠ ᠬᠠᠷᠢᠴᠠᠭ᠎ᠠ ᠪᠠᠶᠢᠭᠤᠯᠤᠭᠰᠠᠠ ᠬᠡᠳᠤᠨ ᠠᠷᠪᠠᠨ ᠵᠢᠯ ᠳᠤ ᠨᠢᠬᠡᠨᠳᠡ ᠦᠷᠭᠡᠨ ᠲᠡᠯᠭᠡᠷ ᠬᠠᠮᠳᠤ ᠶᠢᠨ | ᠠᠰᠢᠭ ᠲᠤᠰᠠ ᠲᠠᠢ ᠪᠤᠯᠤᠭᠰᠠᠠ ᠳᠤ ᠪᠠᠶᠢᠨ᠎ᠠ᠃ ᠬᠡᠯᠡᠯᠬᠡᠨ ᠦᠭᠡᠢ᠂ ᠪᠢᠳᠡᠨ ᠤ ᠬᠤᠭᠤᠷᠤᠨᠳᠤ ᠪᠠᠰᠠ ᠵᠦᠷᠢᠯᠳᠦᠬᠡᠨ | ᠪᠠᠶᠢᠨ᠎ᠠ᠂ ᠵᠢᠱᠢᠶᠡᠯᠡᠪᠡᠯ ᠲᠠᠨ ᠤ ᠰᠠᠶ᠋ᠢ ᠶᠢᠨ ᠲᠤᠷᠠᠳᠤᠭᠰᠠᠠ ᠠᠵᠢᠯ ᠤᠯᠭᠤᠯᠳᠠ ᠶᠢᠨ ᠠᠵᠢᠯ ᠤᠨ ᠪᠠᠶᠢᠷᠢ᠂ | ᠭᠤᠪᠢᠭᠤᠯᠭ᠎ᠠ ᠶᠢᠨ ᠨᠤᠷᠮ᠎ᠠ ᠵᠡᠷᠬᠡ ᠠᠰᠠᠭᠤᠳᠠᠯ ᠤᠨ ᠲᠠᠯ᠎ᠠ ᠪᠠᠷ ᠦᠵᠡᠯᠳᠡ ᠠᠳᠠᠯᠢ ᠦᠭᠡᠢ ᠪᠤᠶᠤ ᠠᠮᠤᠷ | ᠲᠦᠪᠰᠢᠨ ᠤ ᠠᠰᠠᠭᠤᠳᠠᠯ ᠤᠨ ᠲᠠᠯ᠎ᠡ ᠪᠠᠷ ᠴᠦ ᠠᠳᠠᠯᠢ ᠪᠤᠰᠤ ᠲᠠᠨᠢᠯᠳᠡ ᠲᠠᠢ ᠪᠠᠶᠢᠨ᠎ᠠ᠃ ᠮᠠᠨ ᠤ ᠬᠤᠶᠠᠷ | ᠲᠠᠯ᠎ᠠ ᠪᠠᠷ ᠢᠶᠠᠨ ᠪᠦᠷ ᠪᠠᠶᠢᠯᠳᠤᠬᠤ ᠪᠤᠳᠤᠯᠭ᠎ᠠ ᠶᠢᠨ ᠲᠤᠭᠳᠠᠯ ᠬᠦᠴᠦᠨ ᠢ ᠪᠠᠳᠤᠯᠠᠵᠥ᠂ ᠨᠡᠪᠳᠡᠷᠡᠯᠴᠡᠭᠡ ᠪᠠᠨ | ᠴᠢᠩᠭᠠᠳᠬᠠᠵᠥ᠂ ᠰᠠᠶᠢᠳᠤᠷ ᠶᠠᠷᠢᠯᠴᠠᠵᠥ᠂ ᠤᠢᠢᠯᠠᠭᠠᠯᠴᠠᠭ᠎ᠠ ᠪᠠᠨ ᠨᠡᠮᠡᠭᠳᠡᠬᠦᠯᠬᠦ ᠴᠢᠬᠤᠯᠠᠳᠠᠢ ᠪᠠᠶᠢᠨ᠎ᠠ᠂ ᠤᠳᠤ | ᠬᠤᠶᠠᠷ ᠤᠯᠤᠰ ᠤᠨ ᠭᠠᠳᠠᠭᠠᠳᠤ ᠬᠠᠷᠢᠯᠴᠠᠭᠠᠨ ᠤ ᠰᠠᠯᠠᠭ᠎ᠠ ᠮᠦᠴᠢᠷ ᠬᠤᠶᠠᠷ ᠤᠯᠤᠰ ᠤᠨ ᠲᠡᠷᠢᠬᠦᠨ ᠤ ᠠᠭᠤᠯᠵᠠᠯᠳᠠ | ᠬᠢᠬᠦ ᠲᠤᠬᠠᠢ ᠰᠠᠨᠠᠯ ᠢᠶᠠᠨ ᠰᠤᠯᠢᠯᠴᠠᠵᠤ ᠪᠤᠢ᠃ ᠮᠢᠨᠦ ᠪᠤᠳᠤᠬᠤ ᠪᠠᠷ᠂ ᠲᠤᠮᠳᠠᠳᠤ ᠠᠮᠧᠷᠢᠺᠠ ᠶᠢᠨ ᠬᠠᠷᠢᠴᠠᠭ᠎ᠠ ᠨᠢ | ᠬᠤᠶᠠᠷ ᠤᠯᠤᠰ ᠤᠨ ᠠᠰᠢᠭ ᠲᠤᠰᠠ ᠳᠤ ᠬᠤᠯᠪᠤᠭᠳᠠᠬᠤ ᠪᠠᠷ ᠪᠠᠷᠠᠬᠤ ᠦᠭᠡᠢ ᠭᠠᠵᠠᠷ ᠤᠷᠤᠨ ᠪᠤᠯᠤᠨ ᠲᠡᠯᠡᠬᠡᠢ ᠶᠢᠨ | ᠠᠮᠤᠷ ᠲᠦᠪᠰᠢᠨ ᠲᠤᠭᠳᠠᠭᠤᠨ ᠳᠤ ᠬᠤᠯᠪᠤᠭᠳᠠᠨ᠎ᠠ᠂ ᠪᠢᠳᠡ ᠲᠡᠬᠦᠨ ᠢ ᠬᠠᠮᠠᠭᠠᠯᠠᠬᠤ ᠬᠡᠷᠡᠭᠳᠡᠢ᠃ | ᠠᠷᠠᠯᠵᠢᠶ᠎ᠠ ᠶᠢᠨ ᠠᠰᠠᠭᠤᠳᠠᠯ ᠤᠨ ᠲᠤᠬᠠᠢ᠂ ᠪᠢ ᠬᠤᠶᠠᠷ ᠬᠤᠷᠠᠯ ᠤᠨ ᠲᠦᠯᠥᠬᠡᠯᠡᠭᠴᠢᠳ ᠤᠨ ᠪᠦᠯᠬᠦᠮ ᠤᠨ | ᠶᠠᠷᠢᠯᠴᠠᠭ᠎ᠠ ᠳᠤ ᠤᠷᠤᠯᠴᠠᠬᠤ ᠳᠤ᠂ ᠭᠠᠳᠠᠭᠠᠳᠤ ᠠᠷᠠᠯᠵᠢᠶᠠᠨ ᠤ ᠠᠵᠥ ᠠᠬᠤᠢᠢᠯᠠᠯ ᠠᠴᠠ ᠢᠷᠡᠭᠰᠡᠡ ᠲᠦᠯᠥᠬᠡᠯᠡᠭᠴᠢ | ᠨᠠᠳᠠᠳᠤ ᠲᠤᠮᠳᠠᠳᠤ ᠤᠯᠤᠰ ᠪᠤᠯ ᠠᠷᠠᠯᠵᠢᠶᠠᠨ ᠤ ᠡᠶᠡᠷᠬᠦ ᠵᠦᠷᠢᠶ᠎ᠡ ᠲᠠᠢ ᠤᠯᠤᠰ ᠪᠤᠯᠪᠠᠴᠦ ᠠᠵᠥ ᠠᠬᠤᠢᠢᠯᠠᠯ ᠤᠨ | ᠦᠢᠯᠡᠳᠪᠤᠷᠢᠯᠡᠭᠰᠡᠡ ᠦᠢᠯᠡᠳᠬᠦᠨ ᠤ ᠠᠰᠢᠭ ᠤᠯᠵᠠᠪᠤᠷᠢ ᠶᠢᠨ 90% ᠠᠴᠠ ᠲᠡᠭᠡᠭᠰᠢᠬᠢ ᠶᠢ ᠠᠮᠧᠷᠢᠺᠠ ᠶᠢᠨ ᠠᠵᠤ | ᠠᠬᠤᠢᠢᠯᠠᠯ ᠬᠦᠷᠳᠡᠳᠡᠭ᠂ ᠲᠤᠮᠳᠠᠳᠤ ᠤᠯᠤᠰ ᠤᠨ ᠦᠢᠯᠡᠳᠪᠤᠷᠢᠯᠡᠭᠰᠡᠡ ᠠᠵᠥ ᠠᠬᠤᠢᠢᠯᠠᠯ ᠤᠨ ᠬᠦᠷᠳᠡᠭᠦ ᠠᠰᠢᠭ | ᠤᠯᠵᠠᠪᠤᠷᠢ ᠨᠢ ᠬᠠᠮᠤᠭ ᠲᠤᠤᠷ᠎ᠠ ᠳᠠᠭᠠᠨ ᠵᠦᠪᠭᠡᠨ 2% — 3% ᠪᠠᠶᠢᠳᠠᠭ ᠬᠡᠪᠡ᠃ ᠬᠠᠮᠢᠶ᠎ᠠ ᠪᠦᠬᠦᠢ | ᠪᠦᠷᠢᠳᠬᠡᠯ ᠢ ᠦᠨᠳᠦᠰᠦᠯᠡᠪᠡᠯ᠂ ᠨᠢᠳᠤᠨᠤᠨ ᠨᠢᠬᠡ ᠯᠡ ᠵᠢᠯ ᠳᠤ᠂ ᠲᠤᠮᠳᠠᠳᠤ ᠠᠮᠧᠷᠢᠺᠠ ᠶᠢᠨ ᠠᠷᠠᠯᠵᠢᠶ᠎ᠠ᠂ ᠪᠡᠯᠡ | ᠤᠷᠤᠭᠤᠯᠤᠯᠳᠠ ᠠᠴᠠ ᠠᠮᠧᠷᠢᠺᠠ ᠳᠤ ᠤᠯᠭᠤᠭᠰᠠᠠ ᠠᠵᠢᠯ ᠤᠯᠭᠤᠯᠳᠠ ᠶᠢᠨ ᠪᠠᠶᠢᠷᠢ ᠵᠠᠭᠤᠨ ᠲᠦᠮᠡ ᠶᠢ ᠲᠠᠪᠠᠭᠰᠠᠠ | ᠪᠠᠶᠢᠨ᠎ᠠ᠃ ᠬᠡᠯᠡᠯᠬᠡᠨ ᠦᠭᠡᠢ᠂ ᠡᠯ᠎ᠡ ᠲᠠᠯ᠎ᠠ ᠶᠢᠨ ᠪᠦᠷᠢᠳᠬᠡᠬᠦ ᠠᠷᠭ᠎ᠠ ᠨᠢ ᠠᠳᠠᠯᠢ ᠦᠭᠡᠢ ᠪᠠᠶᠢᠵᠥ ᠮᠡᠳᠡᠨ᠎ᠡ᠂ ᠪᠢᠳᠡ | ᠰᠠᠭᠤᠵᠥ ᠪᠠᠶᠢᠭᠠᠳ ᠶᠠᠷᠢᠯᠴᠠᠳᠠᠭ ᠯᠠ ᠶᠤᠮ ᠪᠤᠯ ᠬᠠᠮᠳᠤ ᠶᠢᠨ ᠲᠠᠨᠢᠯᠳᠠ ᠲᠠᠢ ᠪᠤᠯᠴᠢᠬᠠᠬᠤ ᠶᠤᠮ᠂ ᠬᠠᠮᠳᠤ ᠶᠢᠨ | ᠲᠠᠨᠢᠯᠳᠡ ᠲᠠᠢ ᠪᠤᠯᠵᠥ ᠲᠡᠶᠢᠯᠬᠦ ᠦᠭᠡᠢ ᠴᠦ᠂ ᠵᠦᠷᠢᠯᠳᠦᠬᠡᠨ ᠢᠶᠠᠨ ᠤᠷᠢᠳᠠᠪᠡᠷ ᠲᠠᠯᠪᠢᠵᠤ ᠪᠤᠯᠤᠨ᠎ᠠ᠃ ᠬᠠᠮᠳᠤ ᠶᠢᠨ | ᠲᠠᠨᠢᠯᠳᠡ ᠪᠠᠨ ᠦᠷᠭᠡᠳᠭᠡᠵᠤ᠂ ᠵᠦᠷᠢᠯᠳᠦᠭᠡᠨ ᠤ ᠡᠵᠡᠯᠡᠬᠦ ᠬᠠᠷᠢᠴᠠᠯ ᠢᠶᠠᠨ ᠤᠯᠠᠮ ᠢᠶᠠᠷ ᠪᠠᠭᠠᠰᠬᠠᠬᠤ ᠨᠢ ᠰᠠᠶ᠋ᠢ | ᠮᠡᠷᠭᠡᠨ ᠠᠷᠭ᠎ᠠ ᠪᠤᠯᠤᠨ᠎ᠠ᠃ | ᠪᠢ ᠲᠦᠷᠦᠭᠦᠦ ᠬᠤᠶᠠᠷ ᠡᠳᠦᠷ ᠲᠡᠯᠡᠬᠡᠢ ᠶᠢᠨ ᠨᠢᠭᠡᠨ ᠡᠷᠬᠡ ᠰᠦᠷᠲᠦ ᠤᠶᠤᠨᠲᠦ ᠬᠦᠮᠦᠷᠭᠡ ᠶᠢᠨ | ᠨᠡᠶᠢᠳᠡᠯᠡᠭᠰᠡᠨ ᠵᠤᠬᠢᠶᠠᠯ ᠢ ᠤᠯᠵᠤ ᠬᠠᠷᠠᠭᠰᠠ ᠢᠶᠠᠨ ᠪᠤᠳᠤᠵᠤ ᠤᠯᠵᠠᠢ᠂ ᠬᠡᠷᠪᠡ ᠳᠤᠮᠳᠠᠳᠤ ᠠᠮᠧᠷᠢᠺᠠ ᠠᠷᠠᠯᠵᠢᠶᠠᠨ ᠤ | ᠳᠠᠶᠢᠨ ᠬᠢᠬᠦ ᠳᠤ ᠬᠦᠷᠪᠡᠯ᠂ ᠬᠠᠮᠤᠭ ᠤᠨ ᠲᠦᠷᠦᠭᠦᠨ ᠳᠤ ᠰᠦᠢᠳᠦᠯ ᠭᠠᠷᠬᠤ ᠨᠢ ᠭᠠᠳᠠᠭᠠᠳᠦ ᠪᠡᠯᠡ ᠶᠢᠨ ᠠᠵᠤ | ᠠᠬᠤᠢᠢᠯᠠᠯ ᠪᠤᠯᠤᠨ᠎ᠠ᠂ ᠡᠭᠦᠨ ᠳᠤ ᠠᠮᠧᠷᠢᠺᠠ ᠪᠡᠯᠡ ᠶᠢᠨ ᠠᠵᠤ ᠠᠬᠤᠢᠢᠯᠠᠯ ᠡᠩ ᠲᠡᠷᠢᠭᠦᠨ ᠳᠤ ᠬᠤᠤᠷ ᠠᠮᠰᠠᠨ᠎ᠠ | ᠭᠡᠵᠤ ᠲᠡᠳᠡ ᠦᠵᠡᠵᠤ ᠪᠤᠢ᠃ ᠪᠢᠳᠡ ᠠᠷᠠᠯᠵᠢᠶᠠᠨ ᠤ ᠳᠠᠶᠢᠨ ᠬᠢᠬᠦ ᠶᠢ ᠬᠦᠰᠡᠬᠦ ᠦᠭᠡᠢ᠂ ᠠᠷᠠᠯᠵᠢᠶᠠᠨ ᠤ ᠳᠠᠶᠢᠨ ᠨᠢ | ᠠᠷᠠᠯᠵᠢᠶᠠᠨ ᠤ ᠡᠷᠬᠡ ᠲᠡᠭᠰᠢ ᠶᠢ ᠠᠪᠴᠢᠷᠠᠵᠤ ᠴᠢᠳᠠᠬᠤ ᠦᠭᠡᠢ ᠮᠦᠷᠲᠡᠭᠡᠨ ᠬᠤᠶᠠᠷ ᠡᠲᠡᠭᠡᠳ ᠲᠤ ᠪᠦᠷ ᠬᠤᠬᠢᠷᠠᠯ | ᠤᠴᠠᠷᠠᠭᠤᠯᠤᠨ᠎ᠠ᠃ ᠤᠳᠤ ᠪᠦᠬᠦ ᠳᠡᠯᠡᠬᠡᠢ ᠪᠠᠷ ᠢᠶᠠᠨ ᠳᠤᠮᠳᠠᠳᠤ ᠠᠮᠧᠷᠢᠺᠠ ᠶᠢᠨ ᠬᠠᠷᠢᠴᠠᠭ᠎ᠠ ᠶᠢ ᠲᠤᠩ ᠠᠩᠬᠠᠷᠴᠤ | ᠪᠠᠶᠢᠨ᠎ᠠ᠂ ᠳᠤᠮᠳᠠᠳᠤ ᠠᠮᠧᠷᠢᠺᠠ ᠶᠢᠨ ᠬᠠᠷᠢᠴᠠᠭ᠎ᠠ ᠳᠤ ᠶᠠᠮᠠᠷ ᠬᠠᠷᠰᠢ ᠰᠠᠭᠠᠳ ᠲᠤᠯᠭᠠᠷᠠᠭᠰᠠᠨ ᠴᠤ ᠤᠷᠤᠭᠰᠢ ᠪᠠᠨ | ᠳᠠᠪᠰᠢᠵᠤ᠂ ᠰᠠᠶᠢᠨ ᠲᠡᠰᠢ ᠤᠷᠤᠭᠰᠢᠯᠠᠬᠤ ᠶᠢ ᠳᠤᠮᠳᠠᠳᠤ ᠤᠯᠤᠰ ᠬᠦᠰᠡᠵᠤ ᠪᠠᠶᠢᠨ᠎ᠠ᠃ ᠳᠤᠮᠳᠠᠳᠤ ᠠᠮᠧᠷᠢᠺᠠ | ᠬᠤᠶᠠᠷ ᠤᠯᠤᠰ ᠤᠨ ᠠᠷᠠᠳ ᠲᠦᠮᠡᠨ ᠪᠤᠯ ᠴᠦᠮ ᠠᠭᠤᠤ ᠶᠡᠭᠡ ᠠᠷᠠᠳ ᠲᠦᠮᠡᠨ ᠶᠤᠮ᠂ ᠪᠢᠳᠡᠨ ᠳᠤ | ᠵᠦᠷᠢᠴᠡᠯ ᠢᠶᠠᠨ ᠡᠵᠡᠮᠳᠡᠬᠦ ᠤᠢ ᠤᠬᠠᠭᠠᠨ ᠪᠠᠶᠢᠨ᠎ᠠ᠂ ᠪᠢᠳᠡ ᠬᠠᠮᠲᠦ ᠶᠢᠨ ᠠᠰᠢᠭ ᠲᠤᠰᠠ ᠪᠠᠨ ᠦᠷᠭᠡᠳᠭᠡᠬᠦ | ᠬᠡᠷᠡᠭᠴᠡᠭᠡ ᠪᠠᠶᠢᠬᠤ ᠮᠦᠷᠳᠡᠭᠡᠨ ᠨᠦᠬᠦᠴᠡᠯ ᠴᠤ ᠪᠠᠶᠢᠨ᠎ᠠ ᠬᠡᠵᠡᠢ᠃ | ᠲᠦᠪ ᠤᠨ ᠠᠷᠠᠳ ᠤᠨ ᠷᠠᠳᠢᠣ᠋ ᠨᠡᠪᠲᠡᠷᠡᠭᠦᠯᠭᠡ ᠶᠢᠨ ᠬᠤᠷᠢᠶᠠᠨ ᠤ ᠰᠤᠷᠪᠤᠯᠵᠢᠯᠠᠭᠴᠢ᠄ | ᠡᠨᠡ ᠬᠡᠳᠦᠨ ᠵᠢᠯ ᠳᠤᠮᠳᠠᠳᠤ ᠤᠯᠤᠰ ᠤᠨ ᠠᠵᠤ ᠠᠬᠤᠢ ᠶᠢᠨ ᠨᠡᠮᠡᠭᠳᠡᠯ ᠳᠠᠷᠠᠭᠠᠯᠠᠨ ᠤᠳᠠᠭᠠᠰᠢᠷᠠᠵᠤ | ᠪᠠᠶᠢᠬᠤ ᠶᠢ ᠪᠢᠳᠡ ᠠᠩᠬᠠᠷᠴᠤ ᠤᠯᠵᠠᠢ᠂ ᠡᠨᠡ ᠵᠢᠯ ᠪᠠᠰᠠ ᠠᠵᠤ ᠠᠬᠤᠢ ᠶᠢᠨ ᠨᠡᠮᠡᠭᠳᠡᠯ ᠤᠨ ᠵᠢᠱᠢᠭᠰᠡᠨ | ᠬᠠᠷᠠᠯᠲᠠ ᠪᠠᠨ ᠳᠤᠷᠤᠭᠰᠢᠯᠠᠭᠤᠯᠤᠭᠠᠳ 6.5% ᠤᠷᠴᠢᠮ ᠪᠤᠯᠭᠠᠪᠠ᠂ ᠡᠨᠡ ᠨᠢ ᠳᠡᠯᠡᠬᠡᠢ ᠶᠢᠨ ᠠᠵᠤ ᠠᠬᠤᠢ ᠳᠤ | ᠠᠰᠢᠭ ᠦᠭᠡᠢ ᠨᠦᠯᠦᠭᠡ ᠦᠵᠡᠭᠦᠯᠵᠤ ᠮᠡᠳᠡᠨ᠎ᠠ ᠦᠦ︖ ᠡᠭᠦᠡ ᠠᠴᠠ ᠭᠠᠳᠠᠨ᠎ᠠ ᠵᠠᠷᠢᠮ ᠬᠦᠮᠦᠰ ᠤᠨ ᠦᠵᠡᠬᠦ ᠪᠠᠷ | ᠳᠤᠮᠳᠠᠳᠤ ᠤᠯᠤᠰ ᠤᠨ ᠠᠵᠤ ᠠᠬᠤᠢ ᠤᠨᠴᠠᠭᠠᠢᠢᠯᠠᠨ ᠮᠦᠩᠭᠦᠨ ᠭᠦᠢᠯᠭᠡᠭᠡᠨ ᠤ ᠲᠠᠯ᠎ᠠ ᠪᠠᠷ ᠮᠠᠰᠢ ᠤᠯᠠᠨ ᠠᠶᠤᠯ | ᠲᠦᠭᠰᠢᠭᠦᠷᠢ ᠤᠷᠤᠰᠢᠵᠤ ᠪᠠᠶᠢᠨ᠎ᠠ᠂ ᠳᠡᠯᠡᠬᠡᠢ ᠶᠢᠨ ᠠᠵᠤ ᠠᠬᠤᠢ ᠮᠠᠭᠤᠳᠠᠵᠤ ᠪᠠᠶᠢᠬᠤ ᠡᠨᠡᠬᠦ ᠤᠷᠴᠢᠨ ᠳᠤ ᠳᠤᠮᠳᠠᠳᠤ | ᠤᠯᠤᠰ ᠳᠡᠯᠡᠬᠡᠢ ᠶᠢᠨ ᠠᠵᠤ ᠠᠬᠤᠢ ᠶᠢᠨ ᠠᠬᠢᠭᠤᠯᠤᠭᠴᠢ ᠶᠢᠨ ᠳᠦᠷᠢ ᠪᠠᠨ ᠦᠷᠭᠦᠯᠵᠢᠯᠡᠨ ᠲᠤᠭᠯᠠᠵᠤ ᠳᠡᠶᠢᠯᠦᠨ᠎ᠠ | ᠤᠤ︖ | ᠯᠢ ᠺᠧ ᠴᠢᠶᠠᠩ᠄ | ᠪᠢᠳᠡ ᠡᠨᠡ ᠵᠢᠯ ᠤᠨ ᠠᠵᠤ ᠠᠬᠤᠢ ᠶᠢᠨ ᠨᠡᠮᠡᠭᠳᠡᠯ ᠤᠨ ᠬᠤᠷᠳᠤᠴᠠ ᠪᠠᠨ 6.5% ᠤᠷᠴᠢᠮ ᠪᠠᠷ | ᠲᠤᠭᠳᠠᠭᠠᠪᠠ᠂ ᠳᠤᠮᠳᠠᠳᠤ ᠤᠯᠤᠰ ᠨᠡᠮᠡᠭᠳᠡᠯ ᠤᠨ ᠬᠤᠷᠳᠤᠴᠠ ᠪᠠᠨ ᠳᠤᠷᠤᠭᠰᠢᠯᠠᠭᠤᠯᠤᠨ ᠲᠤᠬᠢᠷᠠᠭᠤᠯᠵᠠᠢ ᠭᠡᠵᠤ | ᠭᠠᠳᠠᠭᠠᠳᠦ ᠶᠢᠨ ᠵᠠᠭᠤᠴᠢᠯᠠᠭᠤᠷ ᠲᠤ ᠮᠡᠳᠡᠭᠡᠯᠡᠭᠰᠡᠨ ᠢ ᠪᠢ ᠤᠯᠵᠤ ᠬᠠᠷᠠᠪᠠ᠃ ᠦᠨᠡᠨᠳᠡᠭᠡᠨ 6.5% ᠤᠨ | ᠨᠡᠮᠡᠭᠳᠡᠯ ᠤᠨ ᠬᠤᠷᠳᠤᠴᠠ ᠨᠢ ᠤᠳᠠᠭᠠᠨ ᠪᠢᠰᠢ ᠪᠦᠭᠡᠳ ᠮᠠᠰᠢ ᠬᠢᠯᠪᠠᠷ ᠪᠤᠰᠤ ᠶᠤᠮ᠃ ᠪᠢ ᠡᠮᠦᠨ᠎ᠠ ᠨᠢ | ᠭᠠᠳᠠᠭᠠᠳᠦ ᠶᠢᠨ ᠵᠤᠴᠢᠨ ᠳᠤ ᠪᠠᠷ᠎ᠠ ᠪᠤᠯᠵᠤ ᠳᠤᠮᠳᠠᠳᠤ ᠤᠯᠤᠰ ᠤᠨ ᠱᠤᠤ ᠯᠢᠨ ᠰᠧ ᠰᠦᠮ᠎ᠠ ᠳᠤ ᠬᠤᠸᠠᠷᠠᠭ | ᠨᠠᠷ ᠤᠨ ᠵᠡᠪᠰᠡᠭ ᠤᠨ ᠡᠷᠳᠡᠮ ᠤᠨ ᠲᠤᠭᠯᠠᠯᠲᠠ ᠶᠢ ᠰᠤᠨᠢᠷᠬᠠᠪᠠ᠂ ᠬᠡᠳᠦᠬᠡᠨ ᠨᠠᠰᠤ ᠲᠠᠢ ᠪᠢᠴᠢᠬᠠᠨ ᠬᠤᠸᠠᠷᠠᠭ ᠨᠢᠭᠡ | ᠯᠡ ᠠᠮᠢᠰᠬᠤᠭ᠎ᠠ ᠪᠠᠷ ᠠᠪ ᠠᠮᠠᠷᠬᠠᠨ ᠠᠷᠪᠠᠨ ᠬᠡᠳᠦ ᠲᠤᠩᠭᠤᠷᠴᠠᠵᠤ ᠪᠠᠶᠢᠬᠤ ᠳᠤ ᠠᠷᠪᠠᠨ ᠬᠡᠳᠦᠨ ᠵᠢᠯ ᠡᠷᠳᠡᠮ | ᠪᠤᠯᠪᠠᠰᠤᠷᠠᠭᠰᠠᠨ ᠵᠠᠯᠠᠭᠤ ᠬᠤᠸᠠᠷᠠᠭ ᠬᠠᠷᠢᠨ ᠲᠠᠪᠤ ᠵᠢᠷᠭᠤᠭᠠᠬᠨ ᠲᠤᠩᠭᠤᠷᠴᠠᠵᠤ ᠪᠠᠶᠢᠯ᠎ᠠ᠂ ᠡᠭᠦᠨ ᠤ ᠭᠤᠤᠯ | ᠰᠢᠯᠲᠠᠭᠠᠨ ᠨᠢ ᠲᠡᠳᠡᠨ ᠤ ᠪᠡᠶ᠎ᠠ ᠨᠢ ᠳᠡᠩᠳᠡᠭᠦᠦ ᠲᠤᠮᠤ ᠪᠤᠯᠴᠢᠬᠠᠵᠠᠢ᠃ ᠬᠡᠷᠪᠡ ᠡᠨᠡ ᠵᠢᠯ ᠳᠤᠮᠳᠠᠳᠤ ᠤᠯᠤᠰ ᠠᠵᠤ | ᠠᠬᠤᠢ ᠶᠢᠨ ᠨᠡᠮᠡᠭᠳᠡᠯ ᠤᠨ ᠬᠠᠷᠠᠯᠲᠠ ᠪᠠᠨ ᠪᠡᠶᠡᠯᠡᠭᠦᠯᠪᠡᠯ᠂ ᠨᠡᠮᠡᠭᠳᠡᠬᠦ ᠬᠡᠮᠵᠢᠶ᠎ᠠ ᠨᠢ ᠨᠢᠳᠤᠨᠤᠨ ᠤ ᠬᠢ ᠠᠴᠠ ᠪᠠᠰᠠ | ᠶᠡᠭᠡ ᠶᠤᠮ᠂ ᠤᠴᠢᠷ ᠨᠢ ᠡᠨᠡ ᠪᠤᠯ ᠮᠠᠨ ᠤ ᠠᠵᠤ ᠠᠬᠤᠢ ᠶᠢᠨ ᠶᠡᠷᠤᠩᠬᠡᠢ ᠬᠡᠮᠵᠢᠶ᠎ᠠ 74 ᠲᠦᠮᠡᠨ ᠳ᠋ᠦᠩᠰᠢᠭᠤᠷ | ᠲᠦᠭᠦᠷᠢᠭ ᠳᠠᠷᠤᠢ 11 ᠲᠦᠮᠡᠨ ᠳ᠋ᠦᠩᠰᠢᠭᠤᠷ ᠳ᠋ᠤᠯᠯᠠᠷ ᠤᠨ ᠰᠠᠭᠤᠷᠢᠨ ᠳᠡᠭᠡᠷᠡᠬᠢ ᠨᠡᠮᠡᠭᠳᠡᠯ ᠪᠤᠯᠤᠨ᠎ᠠ᠂ ᠬᠡᠭᠦ ᠳᠡᠭᠡᠨ | 1100 ᠲᠦᠮᠡ ᠠᠴᠠ ᠳᠡᠭᠡᠭᠰᠢᠬᠢ ᠬᠦᠮᠦᠨ ᠤ ᠠᠵᠢᠯ ᠤᠯᠭᠤᠯᠲᠠ ᠶᠢ ᠳᠠᠶᠢᠴᠢᠯᠠᠵᠤ ᠳᠡᠶᠢᠯᠦᠨ᠎ᠠ᠃ ᠪᠢᠳᠡ | ᠢᠩᠭᠢᠵᠤ ᠬᠢᠬᠦ ᠨᠢ ᠠᠵᠤ ᠠᠬᠤᠢ ᠶᠢᠨ ᠵᠢᠮ᠎ᠠ ᠶᠤᠰᠤᠨ ᠳᠤ ᠨᠡᠶᠢᠴᠡᠵᠤ ᠪᠠᠶᠢᠬᠤ ᠪᠦᠭᠡᠳ ᠨᠡᠩ ᠤᠯᠠᠨ | ᠠᠩᠬᠠᠷᠤᠯ ᠢᠶᠠᠨ ᠶᠠᠰᠤ ᠴᠢᠨᠠᠷ ᠤᠨ ᠳᠡᠭᠡᠭᠰᠢᠯᠡᠯᠲᠡ ᠪᠤᠯᠤᠨ ᠦᠷ᠎ᠠ ᠠᠰᠢᠭ ᠳᠡᠭᠡᠷ᠎ᠠ ᠲᠦᠪᠯᠡᠷᠡᠭᠦᠯᠵᠤ ᠪᠤᠯᠤᠨ᠎ᠠ᠂ | ᠳᠡᠯᠡᠬᠡᠢ ᠶᠢᠨ ᠠᠵᠤ ᠠᠬᠤᠢ ᠶᠢᠨ ᠨᠡᠮᠡᠭᠳᠡᠯ ᠳᠤ ᠦᠵᠡᠭᠦᠯᠬᠦ ᠬᠤᠪᠢ ᠨᠡᠮᠡᠷᠢ ᠶᠢᠨ ᠨᠤᠷᠮ᠎ᠠ ᠪᠠᠭᠤᠷᠠᠬᠤ ᠦᠭᠡᠢ᠃ | ᠳᠤᠮᠳᠠᠳᠤ ᠤᠯᠤᠰ ᠮᠦᠨᠴᠤ ᠳᠡᠯᠡᠬᠡᠢ ᠶᠢᠨ ᠠᠵᠤ ᠠᠬᠤᠢ ᠶᠢᠨ ᠰᠡᠷᠭᠦᠯᠲᠡ ᠤᠳᠠᠭᠠᠨ ᠪᠠᠶᠢᠬᠤ ᠪᠠᠶᠢᠳᠠᠯ ᠳᠤᠤᠷᠠᠬᠢ | ᠪᠦᠬᠦ ᠪᠦᠮᠪᠦᠷᠴᠡᠭ ᠤᠨ ᠠᠵᠤ ᠠᠬᠤᠢ ᠶᠢᠨ ᠨᠡᠮᠡᠭᠳᠡᠯ ᠢ ᠠᠬᠢᠭᠤᠯᠬᠤ ᠴᠢᠬᠤᠯᠠ ᠬᠦᠴᠦᠨ ᠪᠤᠯᠤᠨ᠎ᠠ᠃ | ᠠᠶᠤᠯ ᠲᠦᠭᠰᠢᠭᠦᠷᠢ ᠶᠢᠨ ᠲᠤᠬᠠᠢ ᠬᠡᠯᠡᠪᠡᠯ᠂ ᠡᠨᠡ ᠵᠢᠯ ᠤᠨ ᠳᠡᠯᠡᠬᠡᠢ ᠶᠢᠨ ᠠᠵᠤ ᠠᠬᠤᠢ ᠤᠯᠤᠰ | ᠲᠦᠷᠦ ᠶᠢᠨ ᠲᠤᠭᠳᠠᠭᠤᠨ ᠪᠤᠰᠤ ᠡᠯᠧᠮᠧᠨ᠋ᠲ ᠲᠤᠩ ᠤᠯᠠᠨ᠂ ᠡᠨᠡ ᠪᠤᠯ ᠲᠦᠢᠯ ᠤᠨ ᠶᠡᠭᠡ ᠭᠠᠳᠠᠷ ᠲᠠᠯ᠎ᠠ ᠶᠢᠨ | ᠲᠦᠭᠰᠢᠭᠦᠷᠢ ᠪᠤᠯᠤᠨ᠎ᠠ᠃ ᠳᠤᠮᠳᠠᠳᠤ ᠤᠯᠤᠰ ᠲᠤ ᠠᠪᠴᠤ ᠬᠡᠯᠡᠪᠡᠯ᠂ ᠬᠦᠭᠵᠢᠬᠦ ᠦᠭᠡᠢ ᠪᠠᠶᠢᠬᠤ ᠪᠤᠯ ᠬᠠᠮᠤᠭ ᠤᠨ | ᠶᠡᠭᠡ ᠲᠦᠭᠰᠢᠭᠦᠷᠢ ᠶᠤᠮ᠃ ᠪᠢᠳᠡ ᠳᠤᠮᠳᠠ ᠳᠡᠭᠡᠳᠦ ᠬᠤᠷᠳᠤᠴᠠ ᠶᠢᠨ ᠲᠤᠭᠳᠠᠭᠤᠨ ᠨᠡᠮᠡᠭᠳᠡᠯ ᠢᠶᠠᠨ ᠪᠠᠳᠤᠯᠠᠵᠥ | ᠪᠠᠶᠢᠭ᠎ᠠ ᠨᠢ ᠳᠠᠷᠤᠢ ᠳᠡᠯᠡᠬᠡᠢ ᠶᠢᠨ ᠲᠤᠭᠳᠠᠭᠤᠨ ᠪᠠᠶᠢᠳᠠᠯ ᠳᠤ ᠬᠤᠪᠢ ᠨᠡᠮᠡᠷᠢ ᠦᠵᠡᠭᠦᠯᠵᠤ ᠪᠠᠶᠢᠭ᠎ᠠ ᠶᠠᠪᠤᠳᠠᠯ | ᠪᠤᠯᠤᠨ᠎ᠠ᠃ ᠶᠠᠷᠢᠶᠠᠨ ᠦᠭᠡᠢ᠂ ᠮᠠᠨ ᠤ ᠲᠤᠰ ᠪᠡᠶ᠎ᠠ ᠳᠤ ᠪᠠᠰᠨ ᠤᠮᠳᠤᠭᠠᠢᠢᠯᠠᠵᠤ ᠪᠤᠯᠤᠰᠢ ᠦᠭᠡᠢ ᠲᠦᠭᠰᠢᠭᠦᠷᠢ | ᠤᠷᠤᠰᠢᠵᠤ ᠪᠤᠢ᠂ ᠶᠠᠭ ᠲᠠᠨ ᠤ ᠰᠠᠶ᠋ᠢ ᠶᠢᠨ ᠬᠡᠯᠡᠭᠰᠡᠨ ᠮᠦᠩᠭᠦᠨ ᠭᠦᠢᠯᠭᠡᠭᠡᠨ ᠤ ᠬᠦᠷᠢᠶ᠎ᠠ᠃ ᠡᠳᠡᠭᠡᠷ | ᠲᠦᠭᠰᠢᠭᠦᠷᠢ ᠶᠢ ᠪᠢᠳᠡ ᠳᠡᠭᠡᠳᠦ ᠬᠡᠮᠵᠢᠶ᠎ᠠ ᠪᠠᠷ ᠠᠩᠬᠠᠷᠴᠤ ᠪᠠᠶᠢᠨ᠎ᠠ᠂ ᠢᠯᠡᠷᠡᠭᠦᠯᠦᠭᠰᠡᠭᠡᠷ ᠴᠠᠭ ᠲᠤᠬᠠᠢ ᠳᠤᠨᠢ | ᠰᠢᠢᠳᠪᠦᠷᠢᠯᠡᠵᠤ᠂ ᠴᠢᠭᠯᠡᠭᠦᠯᠦᠯᠲᠦ ᠴᠢᠨᠠᠷ ᠲᠠᠢ ᠪᠠᠷ ᠵᠠᠰᠠᠵᠤ᠂ ᠲᠡᠭᠦᠨ ᠢ ᠳᠡᠯᠭᠡᠷᠡᠭᠦᠯᠬᠦ ᠦᠭᠡᠢ ᠶᠤᠮ᠃ ᠶᠠᠷᠢᠶᠠᠨ | ᠦᠭᠡᠢ᠂ ᠪᠢᠳᠡ ᠡᠷᠬᠡᠪᠰᠢ ᠴᠢᠬᠤᠯᠠᠴᠢᠯᠠᠬᠤ ᠶᠤᠰᠤᠲᠠᠢ ᠨᠢ᠂ ᠳᠤᠮᠳᠠᠳᠤ ᠤᠯᠤᠰ ᠤᠨ ᠮᠦᠩᠭᠦᠨ ᠭᠦᠢᠯᠭᠡᠭᠡᠨ ᠤ | ᠰᠢᠰᠲ᠋ᠧᠮ ᠶᠡᠷᠤᠩᠬᠡᠢ ᠳᠡᠭᠡᠨ ᠠᠮᠤᠷ ᠲᠦᠪᠰᠢᠨ ᠪᠠᠶᠢᠨ᠎ᠠ᠂ ᠰᠢᠰᠲ᠋ᠧᠮᠲᠦ ᠴᠢᠨᠠᠷ ᠲᠠᠢ ᠲᠦᠭᠰᠢᠭᠦᠷᠢ ᠡᠭᠦᠰᠬᠦ ᠦᠭᠡᠢ᠂ | ᠤᠴᠢᠷ ᠨᠢ ᠪᠢᠳᠡᠨ ᠳᠤ ᠮᠠᠰᠢ ᠤᠯᠠᠨ ᠠᠷᠭᠠᠴᠠᠬᠤ ᠠᠷᠭ᠎ᠠ ᠬᠡᠮᠵᠢᠶ᠎ᠠ ᠪᠤᠢ᠂ ᠪᠡᠯᠡᠳᠭᠡᠯ ᠲᠦᠷᠦ ᠶᠢᠨ ᠪᠤᠳᠤᠯᠭ᠎ᠠ ᠶᠢᠨ | ᠤᠯᠠᠩᠬᠢ ᠶᠢ ᠨᠢ ᠬᠡᠷᠡᠭᠯᠡᠭᠡᠳᠦᠢ ᠪᠠᠶᠢᠨ᠎ᠠ᠃ ᠮᠠᠨ ᠤ ᠡᠳ᠋ ᠤᠨ ᠵᠠᠰᠠᠭ ᠤᠨ ᠤᠯᠠᠭᠠᠨ ᠲᠤᠭ᠎ᠠ 3% ᠠᠴᠠ | ᠬᠡᠳᠦᠷᠡᠭᠡᠳᠦᠢ᠂ ᠬᠤᠳᠠᠯᠳᠤᠭᠠᠨ ᠤ ᠪᠠᠩᠭᠢ ᠶᠢᠨ ᠪᠡᠯᠡ ᠮᠦᠩᠭᠦ ᠶᠢᠨ ᠬᠦᠷᠦᠯᠴᠡᠬᠦ᠋ᠢᠴᠡ ᠨᠤᠷᠮ᠎ᠠ 13% ᠲᠤ | ᠬᠦᠷᠴᠤ᠂ ᠪᠡᠯᠡᠳᠭᠡᠯ ᠮᠦᠩᠭᠦ ᠶᠢᠨ ᠪᠦᠷᠬᠦᠴᠡ ᠶᠢᠨ ᠨᠤᠷᠮ᠎ᠠ 176% ᠲᠤ ᠬᠦᠷᠪᠡ᠂ ᠡᠳᠡᠭᠡᠷ ᠲᠤᠭ᠎ᠠ ᠪᠠᠷᠢᠮᠲᠠ | ᠤᠯᠠᠩᠬᠢ ᠤᠯᠤᠰ ᠤᠨ ᠬᠢ ᠠᠴᠠ ᠳᠠᠪᠠᠵᠤ᠂ ᠤᠨᠴᠠᠭᠠᠢᠢᠯᠠᠨ ᠤᠯᠠᠨ ᠤᠯᠤᠰ ᠤᠨ ᠲᠤᠭᠳᠠᠭᠠᠭᠰᠠᠨ ᠬᠤᠯᠪᠤᠭᠳᠠᠯ | ᠪᠦᠬᠦᠢ ᠪᠠᠷᠢᠮᠵᠢᠶ᠎ᠠ ᠠᠴᠠ ᠳᠠᠪᠠᠵᠠᠢ᠃ ᠡᠶᠢᠮᠦ ᠠᠴᠠ ᠪᠢᠳᠡᠨ ᠳᠤ ᠲᠦᠭᠰᠢᠭᠦᠷᠢ ᠶᠢ ᠰᠡᠷᠭᠡᠶᠢᠯᠡᠬᠦ ᠴᠢᠳᠠᠪᠤᠷᠢ ᠪᠠᠶᠢᠭ᠎ᠠ | ᠶᠤᠮ᠃ ᠶᠠᠷᠢᠶᠠᠨ ᠦᠭᠡᠢ᠂ ᠪᠢᠳᠡ ᠳᠤᠮᠳᠠ ᠳᠡᠭᠡᠳᠦ ᠬᠤᠷᠳᠤᠴᠠ ᠪᠠᠷ ᠤᠷᠤᠭᠰᠢᠯᠠᠬᠤ ᠳᠤᠮᠳᠠ ᠪᠠᠨ ︽ᠠᠮᠤᠷ | ᠲᠦᠪᠰᠢᠨ ᠤ ᠪᠦᠰᠡ︾ ᠪᠠᠨ ᠴᠢᠩᠭ᠎ᠠ ᠪᠦᠰᠡᠯᠡᠵᠤ᠂ ᠲᠦᠭᠰᠢᠭᠦᠷᠢ ᠶᠢᠨ ︽ᠪᠠᠴᠢᠮ ᠡᠭᠦᠰᠦᠯᠳᠡ︾ ᠶᠢ ᠬᠤᠷᠢᠬᠯᠠᠵᠥ᠂ | ᠢᠯᠠᠩᠭᠤᠶ᠎ᠠ ᠤᠷᠤᠨ ᠪᠦᠰᠡ ᠶᠢᠨ ᠴᠢᠨᠠᠷᠲᠠᠢ ᠪᠤᠶᠤ ᠰᠢᠰᠲ᠋ᠧᠮᠲᠦ ᠴᠢᠨᠠᠷᠲᠠᠢ ᠲᠦᠭᠰᠢᠭᠦᠷᠢ ᠶᠢ ᠡᠭᠦᠰᠭᠡᠬᠦ ᠦᠭᠡᠢ | ᠬᠡᠪᠡ᠃ | ᠫᠧᠩᠪᠦ᠋ᠸᠧ ᠴᠢᠮᠡᠬᠡᠯᠡᠯ ᠤᠨ ᠬᠤᠷᠢᠶᠠᠨ ᠤ ᠰᠤᠷᠪᠤᠯᠵᠢᠯᠠᠬᠴᠢ᠄ | ᠨᠤᠮᠤᠬᠠᠨ ᠲᠠᠯᠠᠢ ᠠᠯᠤᠰᠯᠠᠬᠰᠠᠨ ᠬᠠᠨᠢᠳᠠᠨ ᠤ ᠬᠠᠷᠢᠴᠠᠭ᠎ᠠ ᠶᠢᠨ ᠬᠡᠯᠡᠯᠴᠡᠬᠡᠷ ᠠᠴᠠ ᠭᠠᠷᠤᠬᠰᠠᠨ ᠢ | ᠪᠠᠭᠳᠠᠭᠠᠬᠰᠠᠨ ᠠᠮᠧᠷᠢᠺᠠ ᠲᠡᠬᠦᠨ ᠤ ᠪᠦᠬᠦ ᠪᠦᠮᠪᠦᠷᠴᠡᠭ ᠤᠨ ᠠᠷᠠᠯᠵᠢᠶᠠᠨ ᠤ ᠰᠢᠰᠲ᠋ᠧᠮ ᠳᠤ ᠪᠠᠳᠠᠷᠠᠭᠤᠯᠵᠤ | ᠪᠠᠶᠢᠬᠰᠠᠨ ᠤᠢᠢᠯᠡᠳᠤᠯ ᠢᠶᠠᠨ ᠪᠠᠭᠠᠰᠬᠠᠬᠤ ᠶᠢ ᠲᠠᠭᠠᠯᠳᠤᠨ᠂ ᠳᠤᠮᠳᠠᠳᠤ ᠤᠯᠤᠰ ᠪᠦᠬᠦ ᠪᠦᠮᠪᠦᠷᠴᠡᠭ ᠤᠨ | ᠠᠷᠠᠯᠵᠢᠶᠠᠨ ᠳᠤ ᠤᠳᠤᠷᠢᠳᠬᠤ ᠴᠢᠨᠠᠷᠳᠠᠢ ᠤᠢᠢᠯᠡᠳᠤᠯ ᠦᠵᠡᠬᠦᠯᠬᠦ ᠲᠤᠷᠠᠳᠠᠢ ᠰᠢᠬ ᠪᠠᠶᠢᠨ᠎ᠠ᠃ ᠲᠠ ᠲᠡᠷᠢᠬᠦᠯᠡᠭᠴᠢ | ᠰᠢ ᠶᠢᠨ ᠫᠢᠩ ᠲᠠᠢ ᠴᠦᠮ ᠴᠢᠯᠤᠬᠡᠳᠤ ᠠᠷᠠᠯᠵᠢᠶ᠎ᠠ᠂ ᠨᠡᠬᠡᠬᠡᠯᠳᠡᠳᠤ ᠮᠠᠶ᠋ᠢᠬ ᠤᠨ ᠠᠵᠤ ᠠᠬᠤᠢ ᠵᠢᠴᠢ | ᠲᠡᠯᠡᠬᠡᠶᠢᠵᠢᠯᠳᠠ ᠶᠢ ᠰᠠᠨᠠᠭᠠᠴᠢᠯᠠᠵᠤ ᠪᠠᠶᠢᠨ᠎ᠠ᠃ ᠬᠡᠪᠡᠴᠤ ᠳᠤᠮᠳᠠᠳᠤ ᠤᠯᠤᠰ ᠪᠠᠰᠠ ᠡᠷᠬᠡ ᠲᠡᠭᠰᠢ ᠪᠤᠰᠤ ᠠᠷᠠᠯᠵᠢᠶ᠎ᠠ | ᠬᠢᠵᠤ ᠪᠠᠶᠢᠬᠤ᠂ ᠲᠤᠰ ᠪᠠᠶ᠎ᠠ ᠶᠢᠨ ᠠᠵᠤ ᠠᠬᠤᠢ ᠶᠢᠨ ᠨᠡᠬᠡᠬᠡᠯᠳᠠ ᠶᠢᠨ ᠬᠤᠷᠳᠤᠴᠠ ᠲᠦᠷᠬᠡᠨ ᠪᠤᠰᠤ ᠲᠠᠯ᠎ᠠ ᠪᠠᠷ | ᠵᠢᠮᠯᠡᠭᠳᠡᠵᠤ ᠪᠠᠶᠢᠬᠤ ᠶᠢ ᠪᠢᠳᠠ ᠤᠯᠵᠤ ᠬᠠᠷᠠᠪᠠ᠃ ᠢᠷᠡᠬᠦ ᠨᠢᠭᠡ ᠵᠢᠯ ᠳᠤ᠂ ᠳᠤᠮᠳᠠᠳᠤ ᠤᠯᠤᠰ ᠶᠠᠮᠠᠷ ᠠᠷᠭ᠎ᠠ | ᠬᠡᠮᠵᠢᠶ᠎ᠠ ᠠᠪᠴᠤ ᠲᠡᠯᠡᠬᠡᠢ ᠨᠡᠶᠢᠬᠡᠮ ᠳᠤ ᠳᠤᠮᠳᠠᠳᠤ ᠤᠯᠤᠰ ᠴᠢᠯᠤᠬᠡᠳᠤ ᠠᠷᠠᠯᠵᠢᠶ᠎ᠠ ᠪᠤᠯᠤᠨ ᠨᠡᠬᠡᠬᠡᠯᠳᠡᠳᠤ ᠮᠠᠶ᠋ᠢᠬ ᠤᠨ | ᠠᠵᠤ ᠠᠬᠤᠢ ᠶᠢ ᠠᠬᠢᠭᠤᠯᠬᠤ ᠶᠢᠨ ᠲᠦᠯᠤᠬᠡ ᠴᠢᠷᠮᠠᠶᠢᠵᠤ ᠪᠠᠶᠢᠬᠤ ᠪᠠᠨ ᠢᠳᠡᠭᠡᠭᠦᠯᠭᠦ ᠪᠤᠢ︖ | ᠯᠢ ᠺᠧ ᠴᠢᠶᠠᠩ᠄ | ᠶᠠᠭᠤᠨ ᠤ ᠤᠷᠢᠳ᠂ ᠲᠡᠯᠡᠬᠡᠶᠢᠵᠢᠯᠳᠠ ᠶᠢᠨ ᠠᠬᠢᠴᠠ ᠵᠠᠷᠢᠮ ᠲᠠᠯ᠎ᠠ ᠪᠠᠷ ᠨᠤᠭᠤᠷᠠᠯ ᠪᠦᠳᠤᠷᠢᠯ ᠳᠤ | ᠤᠴᠠᠷᠠᠬᠰᠠᠨ ᠪᠠᠶᠢᠳᠠᠯ ᠲᠤᠤᠷ᠎ᠠ᠂ ᠳᠤᠮᠳᠠᠳᠤ ᠤᠯᠤᠰ ᠵᠤᠬᠰᠤᠯᠳᠠ ᠪᠠᠨ ᠪᠠᠷᠢᠮᠳᠠᠯᠠᠬᠰᠠᠭᠠᠷ ᠢᠷᠡᠵᠠᠢ᠂ ᠲᠡᠷᠡ ᠨᠢ | ᠲᠠᠷᠤᠢ᠄ ᠠᠵᠤ ᠠᠬᠤᠢ ᠶᠢᠨ ᠲᠡᠯᠡᠬᠡᠶᠢᠵᠢᠯᠳᠠ ᠶᠢ ᠬᠠᠮᠠᠭᠠᠯᠠᠵᠤ᠂ ᠴᠢᠯᠤᠬᠡᠳᠤ ᠠᠷᠠᠯᠵᠢᠶ᠎ᠠ ᠶᠢ ᠲᠡᠮᠵᠢᠪᠠ᠃ ᠡᠬᠦᠨ ᠤ | ᠲᠤᠰ ᠪᠠᠶ᠎ᠠ ᠨᠢ ᠲᠠᠷᠤᠢ ᠳᠤᠮᠳᠠᠳᠤ ᠤᠯᠤᠰ ᠨᠡᠬᠡᠬᠡᠯᠳᠠ ᠶᠢ ᠠᠬᠢᠭᠤᠯᠵᠤ ᠪᠠᠶᠢᠬᠤ ᠶᠢ ᠬᠠᠷᠠᠭᠤᠯᠵᠤ ᠪᠤᠢ᠃ | ᠦᠨᠡᠨᠳᠡᠬᠡᠨ᠂ ᠲᠡᠯᠡᠬᠡᠶᠢᠵᠢᠯᠳᠠ ᠨᠢ ᠡᠯ᠎ᠠ ᠤᠯᠤᠰ ᠲᠤ ᠠᠰᠢᠬ ᠬᠦᠷᠳᠡᠬᠡᠭᠰᠡᠨ ᠪᠠᠶᠢᠨ᠎ᠠ᠂ ᠬᠡᠪᠡᠴᠦ ᠡᠨᠡᠬᠦ ᠶᠠᠪᠤᠴᠠ ᠳᠤ | ᠵᠠᠷᠢᠮ ᠠᠰᠠᠭᠤᠳᠠᠯ ᠤᠷᠤᠰᠢᠵᠤ ᠪᠤᠢ᠂ ᠵᠢᠱᠢᠶᠡᠯᠡᠪᠡᠯ ᠠᠰᠢᠬ ᠲᠤᠰᠠ ᠶᠢᠨ ᠬᠤᠪᠢᠶᠠᠷᠢᠯᠠᠯᠳᠠ ᠵᠡᠷᠬᠡ ᠪᠤᠯᠤᠨ᠎ᠠ᠂ | ᠬᠡᠪᠡᠴᠤ ᠲᠡᠷᠡ ᠨᠢ ᠲᠡᠯᠡᠬᠡᠶᠢᠵᠢᠯᠳᠠ ᠶᠢᠨ ᠲᠤᠰ ᠪᠠᠶ᠎ᠠ ᠶᠢᠨ ᠠᠰᠠᠭᠤᠳᠠᠯ ᠪᠢᠰᠢ᠂ ᠬᠠᠷᠢᠨ ᠠᠷᠭᠠᠴᠠᠬᠤ ᠠᠰᠠᠭᠤᠳᠠᠯ | ᠪᠤᠯᠤᠨ᠎ᠠ᠃ ᠳᠤᠮᠳᠠᠳᠤ ᠤᠯᠤᠰ ᠲᠤᠷᠠᠳᠠᠶ᠎ᠠ ᠲᠡᠯᠡᠬᠡᠢ ᠶᠢᠨ ᠡᠯ᠎ᠠ ᠤᠯᠤᠰ ᠲᠠᠢ ᠬᠠᠮᠳᠤ ᠪᠠᠷ ᠪᠦᠬᠦ ᠪᠦᠮᠪᠦᠷᠴᠡᠭ ᠤᠨ | ᠵᠠᠰᠠᠯᠳᠠ ᠶᠢᠨ ᠰᠢᠰᠲ᠋ᠧᠮ ᠢ ᠰᠠᠶᠢᠵᠢᠷᠠᠭᠤᠯᠤᠨ᠎ᠠ᠃ ᠲᠡᠯᠡᠬᠡᠶᠢᠵᠢᠯᠳᠠ ᠪᠤᠯᠤᠨ ᠲᠡᠯᠡᠬᠡᠢ ᠶᠢᠨ ᠡᠩᠬᠡ ᠲᠠᠶᠢᠪᠤᠩ | ᠬᠦᠭᠵᠢᠯᠳᠠ ᠬᠠᠮᠳᠤᠷᠠᠯᠴᠠᠭ᠎ᠠ ᠨᠢ ᠨᠢᠬᠡ ᠴᠤᠬᠴᠠ ᠮᠦᠷᠳᠡᠭᠡᠨ ᠰᠠᠯᠤᠰᠢ ᠦᠬᠡᠢ ᠶᠤᠮ᠃ ᠡᠬᠦᠳᠠ ᠪᠠᠨ ᠬᠠᠭᠠᠵᠤ | ᠬᠦᠴᠢᠷ ᠪᠡᠷᠬᠡᠰᠢᠶᠠᠯ ᠢ ᠬᠦᠮᠤᠨ ᠳᠤ ᠲᠦᠯᠬᠢᠪᠠᠯ ᠠᠰᠠᠭᠤᠳᠠᠯ ᠢ ᠰᠢᠢᠳᠪᠤᠷᠢᠯᠠᠵᠤ ᠲᠡᠶᠢᠯᠬᠦ ᠦᠬᠡᠢ ᠶᠤᠮ᠃ | ᠳᠤᠮᠳᠠᠳᠤ ᠤᠯᠤᠰ ᠲᠡᠯᠡᠬᠡᠢ ᠶᠢᠨ ᠮᠠᠰᠢ ᠤᠯᠠᠨ ᠤᠯᠤᠰ ᠲᠠᠢ ᠠᠳᠠᠯᠢ ᠪᠠᠷ᠂ ᠲᠡᠯᠡᠬᠡᠶᠢᠵᠢᠯᠳᠠ ᠶᠢᠨ ᠠᠰᠢᠬ ᠢ | ᠬᠦᠷᠳᠡᠭᠴᠢ ᠪᠤᠯᠤᠨ᠎ᠠ᠂ ᠡᠨᠡ ᠨᠢ ᠳᠤᠮᠳᠠᠳᠤ ᠤᠯᠤᠰ ᠲᠠᠰᠤᠷᠠᠯᠳᠠ ᠦᠬᠡᠢ ᠨᠡᠬᠡᠬᠡᠯᠳᠠ ᠪᠠᠨ ᠦᠷᠬᠡᠳᠬᠡᠬᠦ ᠶᠢ | ᠪᠠᠷᠢᠮᠳᠠᠯᠠᠬᠰᠠᠠᠭᠠᠷ ᠢᠷᠡᠭᠰᠡᠨ ᠳᠤ ᠪᠤᠢ᠃ ᠳᠤᠮᠳᠠᠳᠤ ᠤᠯᠤᠰ ᠶᠠᠭᠤᠨ ᠤ ᠤᠷᠢᠳ ᠦᠪᠡᠷ ᠤᠨ ᠶᠠᠪᠤᠳᠠᠯ ᠢᠶᠠᠨ ᠰᠠᠶᠢᠨ | ᠬᠢᠬᠦ ᠭᠡᠷᠡᠭᠳᠠᠢ᠂ ᠬᠡᠪᠡᠴᠤ ᠡᠬᠦᠳᠠ ᠪᠠᠨ ᠬᠠᠭᠠᠪᠠᠯ ᠦᠪᠡᠷ ᠤᠨ ᠶᠠᠪᠤᠳᠠᠯ ᠢᠶᠠᠨ ᠴᠤ ᠰᠠᠶᠢᠨ ᠬᠢᠬᠦ ᠳᠤ ᠪᠡᠷᠬᠡ ᠶᠤᠮ᠃ | ᠡᠶᠢᠮᠤ ᠠᠴᠠ ᠪᠢᠳᠠ ᠨᠡᠬᠡᠬᠡᠯᠳᠠ ᠪᠠᠨ ᠶᠠᠪᠤᠬᠤ ᠳᠤᠳᠤᠮ ᠦᠷᠬᠡᠳᠬᠡᠨ᠎ᠠ᠃ ᠬᠡᠯᠡᠯᠬᠡᠨ ᠦᠬᠡᠢ᠂ ᠨᠡᠬᠡᠬᠡᠯᠳᠠ ᠪᠤᠯ | ᠠᠭᠠᠵᠢᠮ ᠢᠶᠠᠷ ᠠᠬᠢᠬᠤ ᠶᠠᠪᠤᠴᠠ ᠪᠤᠯᠤᠨ᠎ᠠ᠃ ᠡᠷᠬᠢᠵᠤ ᠬᠠᠷᠠᠬᠤ ᠳᠤ᠂ ᠡᠨᠡ ᠠᠷᠪᠠᠨ ᠬᠡᠳᠤᠨ ᠵᠢᠯ ᠤᠨ ᠲᠤᠷᠰᠢ᠂ | ᠪᠢᠳᠠ ᠤᠷᠤᠬᠰᠢᠯᠠᠬᠰᠠᠭᠠᠷ ᠢᠷᠡᠵᠠᠢ ᠬᠡᠪᠡ᠃ | ᠨᠢᠳᠤᠨᠤᠨ᠂ ᠮᠠᠨ ᠤ ᠲᠠᠳᠠᠨ ᠤᠷᠤᠭᠤᠯᠤᠬᠰᠠᠨ ᠭᠠᠳᠠᠭᠠᠳᠤ ᠪᠡᠯᠡ ᠬᠦᠭᠵᠢᠵᠤ ᠪᠠᠶᠢᠭ᠎ᠠ ᠤᠯᠤᠰ ᠤᠳ ᠤᠨ | ᠲᠦᠷᠦᠭᠦᠨ ᠳᠤ ᠤᠷᠤᠵᠤ᠂ 1260 ᠳ᠋ᠦᠩᠰᠢᠭᠤᠷ ᠳ᠋ᠤᠯᠯᠠᠷ ᠲᠤ ᠬᠦᠷᠴᠠᠢ᠃ ᠲᠡᠯᠡᠬᠡᠢ ᠶᠢᠨ ᠪᠠᠩᠬᠢ ᠶᠢᠨ ᠳᠤᠮᠳᠠᠳᠤ | ᠤᠯᠤᠰ ᠤᠨ ᠡᠵᠡᠩᠨᠡᠯᠳᠠ ᠠᠷᠠᠯᠵᠢᠶᠠᠨ ᠤ ᠤᠷᠴᠢᠨ ᠪᠠᠶᠢᠳᠠᠯ ᠲᠤᠬᠠᠢ ᠦᠨᠡᠯᠠᠯᠳᠠ 2013 ᠤᠨ ᠤ ᠬᠢ ᠲᠠᠢ | ᠬᠠᠷᠢᠴᠠᠭᠤᠯᠪᠠᠯ 18 ᠨᠡᠷᠡᠰ ᠲᠡᠭᠡᠭᠰᠢᠯᠡᠭᠰᠡᠡ ᠪᠠᠶᠢᠨ᠎ᠠ᠃ ᠪᠢᠳᠠ ᠱᠠᠩᠬᠠᠢ ᠶᠢᠨ ᠴᠢᠯᠤᠬᠡᠳᠤ ᠠᠷᠠᠯᠵᠢᠶᠠᠨ ᠤ | ᠲᠤᠷᠰᠢᠯᠳᠠ ᠶᠢᠨ ᠤᠷᠤᠨ ᠪᠠᠶᠢᠭᠤᠯᠬᠤ ᠶᠢ ᠠᠬᠢᠭᠤᠯᠵᠤ᠂ 11 ᠮᠤᠵᠢ ᠤᠷᠤᠨ ᠬᠤᠳᠠ ᠳᠤ ᠢᠳᠡᠭ ᠢᠳᠡᠭ ᠢᠶᠠᠷ | ᠦᠷᠬᠡᠳᠬᠡᠭᠰᠡᠡ ᠪᠠᠶᠢᠨ᠎ᠠ᠂ ᠲᠡᠬᠡᠬᠦ ᠮᠦᠷᠳᠡᠬᠡᠨ ᠪᠠᠰᠠ ᠨᠡᠶᠢᠳᠡᠮ ᠵᠤᠬᠢᠴᠠᠬᠤ ᠲᠤᠷᠰᠢᠯᠭ᠎ᠠ ᠶᠢ ᠪᠦᠬᠦ ᠤᠯᠤᠰ ᠲᠤ | ᠲᠡᠯᠬᠡᠷᠡᠬᠦᠯᠤᠨᠠ᠃ ᠪᠢᠳᠠ ᠪᠠᠰᠠ ᠡᠨᠡ ᠵᠢᠯ ︽ᠨᠢᠬᠡ ᠪᠦᠰᠠ ᠨᠢᠬᠡ ᠵᠠᠮ︾ ᠤᠨ ᠲᠡᠯᠡᠬᠡᠢ ᠶᠢᠨ ᠬᠠᠮᠳᠤᠷᠠᠯᠴᠠᠭᠠᠨ ᠤ | ᠲᠦᠷᠤᠬᠦᠴᠤᠳ ᠤᠨ ᠶᠠᠷᠢᠶᠠᠨ ᠤ ᠲᠠᠪᠴᠠᠩ ᠢ ᠡᠷᠬᠢᠯᠠᠵᠤ᠂ ᠨᠡᠬᠡᠬᠡᠯᠳᠠ ᠶᠢ ᠦᠷᠬᠡᠳᠬᠡᠬᠦ ᠠᠷᠭ᠎ᠠ ᠶᠢ ᠲᠠᠰᠤᠷᠠᠯᠳᠠ | ᠦᠬᠡᠢ ᠭᠠᠷᠭᠠᠨ᠎ᠠ᠃ ᠪᠢᠳᠠ ᠴᠢᠯᠤᠬᠡᠳᠤ ᠠᠷᠠᠯᠵᠢᠶᠠᠨ ᠤ ᠤᠷᠤᠨ ᠪᠠᠶᠢᠭᠤᠯᠬᠤ ᠪᠤᠶᠤ ᠪᠡᠯᠡ ᠤᠷᠤᠭᠤᠯᠤᠯᠳᠠ | ᠠᠷᠠᠯᠵᠢᠶᠠᠨ ᠤ ᠬᠡᠯᠡᠯᠴᠡᠬᠡᠷ ᠤᠨ ᠬᠡᠯᠡᠯᠴᠡᠭᠡ ᠬᠢᠬᠦ ᠪᠠᠷ ᠮᠠᠰᠢ ᠤᠯᠠᠨ ᠤᠯᠤᠰ ᠲᠤ ᠰᠠᠨᠠᠭᠤᠯᠭ᠎ᠠ ᠲᠤᠷᠠᠳᠴᠠᠢ᠂ | ᠡᠳᠡᠬᠡᠷ ᠨᠢ ᠴᠦᠮ ᠬᠤᠤᠰ ᠴᠢᠭᠯᠡᠯ ᠤᠨ ᠨᠡᠬᠡᠬᠡᠯᠳᠠ ᠳᠤ ᠠᠰᠢᠬ ᠲᠠᠢ ᠠᠷᠭ᠎ᠠ ᠬᠡᠮᠵᠢᠶ᠎ᠡ ᠶᠤᠮ᠃ ᠪᠠᠰᠠ ᠨᠢᠬᠡ | ᠵᠦᠢᠯ ᠢ ᠪᠢ ᠤᠯᠠᠨ ᠳᠤ ᠳᠤᠳᠤᠷᠬᠠᠢᠢᠯᠠᠬᠤ ᠴᠢᠬᠤᠯᠠ ᠲᠠᠢ ᠪᠠᠶᠢᠨ᠎ᠠ᠂ ᠲᠠᠷᠤᠢ ᠨᠡᠬᠡᠬᠡᠯᠳᠠ ᠶᠢᠨ ᠡᠷᠴᠢᠮ ᠴᠢᠩᠭᠠᠷᠠᠬᠤ | ᠳᠤᠳᠤᠮ᠂ ᠨᠡᠬᠡᠬᠡᠯᠳᠠ ᠶᠢᠨ ᠬᠡᠮᠵᠢᠶ᠎ᠠ ᠤᠯᠠᠮ ᠠᠴᠠ ᠬᠦᠨ ᠤᠯᠵᠤ᠂ ᠵᠦᠷᠢᠯᠳᠦᠭᠡᠨ ᠬᠠᠪᠢᠷᠠᠯᠳᠤᠭᠠᠨ ᠬᠠᠷᠢᠴᠠᠩᠭᠤᠢ | ᠤᠯᠠᠰᠢᠷᠠᠬᠤ ᠪᠤᠯᠤᠨ᠎ᠠ᠂ ᠬᠡᠪᠡᠴᠤ ᠬᠠᠷᠢᠴᠠᠯ ᠶᠠᠪᠤᠬᠤ ᠳᠤᠳᠤᠮ ᠪᠠᠭ᠎ᠠ ᠪᠤᠯᠬᠤ ᠶᠤᠮ᠃ ᠡᠬᠦᠨ ᠳᠤ᠂ ᠪᠢᠳᠠ ᠢᠳᠡᠬᠡᠯ | ᠲᠦᠬᠦᠷᠡᠩ ᠪᠠᠶᠢᠨ᠎ᠠ᠃ ᠪᠢᠳᠠ ᠨᠡᠬᠡᠬᠡᠯᠳᠠ ᠶᠢᠨ ᠦᠨᠳᠦᠷᠯᠢᠭ ᠂ ᠪᠡᠯᠡ ᠤᠷᠤᠭᠤᠯᠤᠯᠳᠠ ᠶᠢᠨ ᠬᠠᠯᠠᠭᠤᠨ ᠬᠦᠷᠦᠰᠦ ᠶᠢ | ᠪᠤᠢ ᠪᠤᠯᠭᠠᠨ᠂ ᠲᠡᠯᠡᠬᠡᠢ ᠳ᠋ᠠᠬᠢᠨ ᠲᠠᠢ ᠬᠦᠭᠵᠢᠯᠳᠠ ᠶᠢᠨ ᠠᠵᠠ ᠲᠤᠬᠢᠶᠠᠯ ᠢ ᠬᠠᠮᠳᠤᠪᠡᠷ ᠡᠳ᠋ᠯᠠᠬᠦ ᠭᠡᠰᠡᠨ ᠶᠤᠮ᠃ | ᠪᠦᠬᠦ ᠪᠦᠮᠪᠦᠷᠴᠡᠭ ᠤᠨ ᠠᠷᠠᠯᠵᠢᠶᠠᠨ ᠤ ᠴᠢᠯᠤᠬᠡᠵᠢᠯ ᠢ ᠬᠠᠮᠠᠭᠠᠯᠠᠬᠤ ᠳᠤ᠂ ᠲᠡᠯᠡᠬᠡᠢ ᠶᠢᠨ ᠡᠯ᠎ᠠ ᠤᠯᠤᠰ ᠤᠨ | ᠬᠠᠮᠳᠤ ᠶᠢᠨ ᠴᠢᠷᠮᠠᠶᠢᠯᠭ᠎ᠠ ᠪᠠᠶᠢᠬᠤ ᠭᠡᠷᠡᠭᠳᠠᠢ᠂ ᠤᠴᠢᠷ ᠨᠢ ᠲᠡᠯᠡᠬᠡᠢ ᠶᠢᠷᠳᠢᠨᠴᠤ ᠪᠤᠯ ᠪᠦᠬᠦ ᠬᠦᠮᠤᠨ | ᠲᠦᠷᠤᠯᠬᠢᠳᠠᠨ ᠤ ᠲᠡᠯᠡᠬᠡᠢ ᠶᠢᠷᠳᠢᠨᠴᠤ ᠪᠤᠯᠬᠤ ᠶᠤᠮ᠃ ᠪᠢᠳᠠ ᠲᠤᠬᠢᠷᠠᠯᠴᠠᠬᠰᠨᠨ ᠪᠤᠶᠤ ᠲᠤᠬᠢᠷᠠᠯᠴᠠᠬᠤ ᠪᠠᠷ | ᠬᠦᠰᠡᠵᠤ ᠪᠠᠶᠢᠭ᠎ᠠ ᠵᠠᠷᠢᠮ ᠤᠷᠤᠨ ᠪᠦᠰᠠ ᠶᠢᠨ ᠠᠷᠠᠯᠵᠢᠶᠠᠨ ᠤ ᠲᠤᠬᠢᠷᠠᠭᠤᠯᠤᠯᠳᠠ ᠳᠤ ᠨᠡᠬᠡᠬᠡᠯᠳᠠ ᠲᠠᠢ ᠤᠪᠤᠷ | ᠠᠪᠴᠤ ᠪᠠᠶᠢᠭ᠎ᠠ ᠪᠦᠭᠡᠳ ᠲᠡᠬᠦᠨ ᠤ ᠪᠦᠳᠤᠬᠦ ᠶᠢ ᠬᠦᠰᠡᠨ ᠬᠦᠯᠢᠶᠠᠵᠤ ᠪᠤᠢ᠃ ᠤᠷᠤᠨ ᠪᠦᠰᠠ ᠶᠢᠨ ᠴᠢᠯᠤᠬᠡᠳᠤ | ᠠᠷᠠᠯᠵᠢᠶᠠᠨ ᠤ ᠲᠤᠬᠢᠷᠠᠭᠤᠯᠤᠯᠳᠠ ᠶᠢᠨ ᠲᠤᠬᠠᠢ ᠭᠡᠪᠡᠯ᠂ ᠳᠤᠮᠳᠠᠳᠤ ᠤᠯᠤᠰ ᠲᠤ ᠬᠤᠯᠪᠤᠬᠳᠠᠵᠤ᠂ ᠨᠦᠬᠦᠴᠠᠯ | ᠬᠦᠢᠴᠡᠪᠡᠯ᠂ ᠪᠢᠳᠠ ᠨᠡᠬᠡᠬᠡᠯᠳᠠ ᠶᠢᠨ ᠤᠪᠤᠷ ᠠᠪᠴᠤ ᠲᠤᠷᠠᠳᠠᠶ᠎ᠠ ᠠᠬᠢᠭᠤᠯᠤᠨ᠎ᠠ᠃ ᠪᠢᠳᠠ ᠳᠤᠮᠳᠠᠳᠤ ᠤᠯᠤᠰ ᠲᠤ | ᠬᠠᠷᠢᠶᠠᠯᠠᠬᠳᠠᠬᠤ ᠦᠬᠡᠢ ᠶᠠᠪᠤᠳᠠᠯ ᠢ ᠪᠤᠰᠤᠳ ᠢ ᠤᠷᠤᠯᠠᠨ ᠬᠢᠬᠦ ᠦᠬᠡᠢ᠃ ᠠᠷᠠᠯᠵᠢᠶᠠᠨ ᠤ ᠴᠢᠯᠤᠬᠡᠵᠢᠯ ᠳᠤ | ᠠᠰᠢᠬᠳᠠᠢ ᠯᠠ ᠶᠤᠮ ᠪᠤᠯ ᠪᠢᠳᠠ ᠴᠦᠮ ᠤᠷᠤᠯᠴᠠᠵᠤ ᠠᠬᠢᠭᠤᠯᠤᠨ᠎ᠠ᠂ ᠶᠠᠮᠠᠷᠪᠠ ᠦᠷᠢᠰᠤᠯᠳᠤᠬᠡᠨ ᠪᠠᠶᠢᠬᠰᠠᠨ ᠴᠤ | ᠬᠠᠮᠢᠶ᠎ᠠ ᠦᠬᠡᠢ ᠨᠡᠬᠡᠬᠡᠯᠳᠠ ᠪᠠᠷ ᠲᠡᠯᠡᠬᠡᠶᠢᠵᠢᠯᠳᠠ ᠶᠢᠨ ᠠᠵᠠ ᠲᠤᠬᠢᠶᠠᠯ ᠢ ᠠᠮᠵᠢᠬᠤ ᠶᠢ ᠳᠤᠮᠳᠠᠳᠤᠴᠤᠳ ᠳᠤᠳᠤᠷᠬᠠᠢ | ᠤᠢᠢᠯᠠᠭᠠᠵᠤ ᠪᠠᠶᠢᠨ᠎ᠠ᠃ | ︽ᠠᠷᠠᠳ ᠤᠨ ᠡᠳᠤᠷ ᠤᠨ ᠰᠤᠨᠢᠨ︾ ᠤ ᠰᠤᠷᠪᠤᠯᠵᠢᠯᠠᠬᠴᠢ᠄ | ᠡᠨᠡ 4 ᠵᠢᠯ ᠳᠤ ᠲᠠ ᠵᠠᠰᠠᠬ ᠢ ᠴᠤᠮᠬᠠᠳᠬᠠᠬᠤ ᠡᠷᠬᠡ ᠶᠢ ᠲᠠᠯᠪᠢᠬᠤ ᠶᠠᠪᠤᠳᠠᠯ ᠢ ᠴᠢᠩᠭ᠎ᠠ ᠠᠳᠬᠤᠬᠰᠠᠭᠠᠷ | ᠢᠷᠡᠭᠰᠡᠨ ᠢ ᠪᠢᠳᠠ ᠠᠩᠬᠠᠠᠷᠴᠦ ᠮᠡᠳᠡᠪᠡ᠂ ᠡᠨᠡ ᠵᠢᠯ ᠤᠨ ᠵᠠᠰᠠᠬ ᠤᠨ ᠤᠷᠳᠤᠨ ᠤ ᠠᠵᠢᠯ ᠤᠨ ᠢᠯᠡᠳᠬᠡᠯ ᠳᠤ᠂ | ᠲᠠᠨ ᠤ ᠱᠠᠭᠠᠷᠳᠠᠬᠰᠠᠨ ᠲᠤᠰ ᠬᠤᠭᠤᠴᠠᠭᠠᠨ ᠤ ᠵᠠᠰᠠᠬ ᠤᠨ ᠤᠷᠳᠤᠨ ᠤ ᠴᠤᠮᠬᠠᠳᠬᠠᠬᠤ ᠭᠤᠷᠪᠠᠨ ᠤ ᠨᠢᠬᠡ | ᠬᠤᠪᠢ ᠶᠢᠨ ᠵᠠᠰᠠᠬ ᠵᠠᠬᠢᠷᠭᠠᠨ ᠤ ᠬᠢᠨᠠᠨ ᠵᠦᠪᠰᠢᠶᠡᠷᠡᠬᠦ ᠵᠦᠢᠯ ᠤᠨ ᠡᠬᠦᠷᠬᠡ ᠶᠢ ᠤᠷᠢᠳᠴᠢᠯᠠᠨ ᠪᠡᠶᠡᠯᠡᠬᠦᠯᠵᠠᠢ ᠭᠡᠵᠤ | ᠪᠠᠶᠢᠨ᠎ᠠ᠂ ᠦᠯᠡᠳᠡᠭᠰᠡᠨ ᠭᠤᠷᠪᠠᠨ ᠤ ᠬᠤᠶᠠᠷ ᠬᠤᠪᠢ ᠶᠢ ᠬᠡᠷᠬᠢᠨ ᠪᠡᠶᠡᠯᠡᠬᠦᠯᠬᠦ ᠪᠤᠢ︖ ᠡᠨᠡᠬᠦ ᠠᠵᠢᠯ ᠢ | ᠦᠷᠬᠦᠯᠵᠢᠯᠠᠨ ᠠᠬᠢᠭᠤᠯᠤᠨ᠎ᠠ ᠦᠦ︖ ᠬᠡᠷᠪᠡ ᠦᠷᠬᠦᠯᠵᠢᠯᠠᠨ ᠠᠬᠢᠭᠤᠯᠬᠤ ᠳᠤ ᠬᠦᠷᠪᠡᠯ ᠲᠠ ᠶᠠᠭᠠᠬᠢᠵᠤ | ᠠᠬᠢᠭᠤᠯᠬᠤ ᠪᠠᠷ ᠪᠠᠶᠢᠭ᠎ᠠ ᠪᠤᠢ︖ | ᠯᠢ ᠺᠧ ᠴᠢᠶᠠᠩ᠄ | ᠵᠠᠰᠠᠬ ᠢ ᠴᠤᠮᠬᠠᠳᠬᠠᠵᠤ ᠡᠷᠬᠡ ᠶᠢ ᠲᠠᠯᠪᠢᠬᠤ ᠭᠤᠤᠯᠳᠠᠯᠭ᠎ᠠ ᠪᠤᠯ ᠵᠠᠰᠠᠬ ᠤᠨ ᠤᠷᠳᠤᠨ ᠤ ᠡᠭᠦᠷᠭᠡ | ᠴᠢᠳᠠᠪᠬᠢ ᠶᠢ ᠬᠤᠪᠢᠷᠠᠭᠤᠯᠵᠤ᠂ ᠵᠠᠰᠠᠬ ᠤᠨ ᠤᠷᠳᠤᠨ ᠪᠠ ᠵᠠᠬ᠎ᠠ ᠳᠡᠯᠭᠡᠭᠦᠷ ᠤᠨ ᠬᠠᠷᠢᠴᠠᠭ᠎ᠠ ᠶᠢ ᠰᠠᠶᠢᠳᠤᠷ | ᠰᠢᠢᠳᠪᠦᠷᠢᠯᠡᠬᠦ ᠶᠠᠪᠤᠳᠠᠯ ᠪᠤᠯᠤᠨ᠎ᠠ᠂ ᠡᠨᠡ ᠪᠤᠯ ᠦᠨᠦ ᠮᠠᠷᠭᠠᠰᠢ ᠬᠢᠭᠡᠳ ᠳᠠᠷᠤᠢ ᠪᠡᠶᠡᠯᠡᠭᠦᠯᠴᠢᠬᠡᠬᠦ ᠠᠵᠢᠯ ᠪᠢᠰᠢ᠃ | ᠪᠢᠳᠠ ᠨᠢᠭᠡᠨᠲᠡ ᠲᠤᠰ ᠬᠤᠭᠤᠴᠠᠭᠠᠨ ᠤ ᠵᠠᠰᠠᠬ ᠤᠨ ᠤᠷᠳᠤᠨ ᠤ ᠠᠩᠬ᠎ᠠ ᠪᠠᠶᠢᠭᠤᠯᠤᠬᠳᠠᠬᠤ ᠳᠠᠭᠠᠨ ᠳᠤᠬᠲᠠᠭᠠᠬᠰᠠᠨ | ᠡᠭᠦᠷᠭᠡ ᠶᠢ ᠪᠡᠶᠡᠯᠡᠭᠦᠯᠦᠭᠰᠡᠨ ᠨᠢ ᠦᠨᠡᠨ᠂ ᠭᠡᠪᠡᠴᠤ ᠠᠬᠢᠭᠤᠯᠬᠤ ᠶᠠᠪᠤᠴᠠ ᠳᠤᠮᠳᠠ ᠳᠠᠭᠠᠨ ᠡᠬᠦᠨ ᠳᠤ ᠤᠯᠠᠨ | ᠤᠴᠢᠷ ᠶᠠᠪᠤᠳᠠᠯ ᠪᠠᠶᠢᠬᠤ ᠶᠢ ᠤᠯᠵᠤ ᠮᠡᠳᠡᠵᠡᠢ᠂ ᠵᠦᠪᠬᠡᠨ ᠬᠢᠨᠠᠨ ᠵᠦᠪᠰᠢᠶᠡᠷᠡᠭᠦ ᠡᠷᠭᠡ ᠪᠢᠰᠢ᠂ ᠪᠠᠰᠠ ᠤᠯᠠᠨ | ᠠᠷᠪᠢᠨ ᠵᠠᠰᠠᠬ ᠵᠠᠷᠬᠢᠭᠠᠨ ᠤ ᠵᠦᠪᠰᠢᠶᠡᠷᠡᠯ᠂ ᠬᠢᠷᠢ ᠬᠡᠮ ᠤᠨ ᠭᠡᠷᠡᠴᠢᠯᠡᠯ᠂ ᠡᠯ᠎ᠡ ᠵᠦᠢᠯ ᠤᠨ ᠬᠠᠴᠢᠨ ᠭᠡᠷᠡᠴᠢ᠂ | ᠠᠵᠤ ᠠᠬᠤᠢᠢᠯᠠᠯ ᠢ ᠬᠦᠨᠳᠦ ᠳᠠᠷᠤᠭᠠᠰᠤ ᠶᠢ ᠳᠠᠭᠠᠭᠠᠬᠤ ᠳᠤ ᠪᠡᠷᠭᠡ ᠪᠤᠯᠭᠠᠬᠰᠠᠨ ᠰᠦᠢᠳᠬᠡᠯ ᠵᠡᠷᠭᠡ ᠪᠤᠢ᠂ | ᠡᠳᠡᠭᠡᠷ ᠨᠢ ᠴᠦᠮ ᠵᠠᠰᠠᠬ ᠢ ᠴᠤᠮᠬᠠᠳᠬᠠᠵᠤ ᠡᠷᠬᠡ ᠶᠢ ᠲᠠᠯᠪᠢᠬᠤ ᠳᠤ ᠦᠷᠬᠦᠯᠵᠢᠯᠡᠨ ᠠᠬᠢᠭᠤᠯᠬᠤ ᠬᠡᠷᠡᠭᠲᠡᠢ | ᠠᠭᠤᠯᠭ᠎ᠠ ᠪᠤᠯᠤᠨ᠎ᠠ᠃ ᠪᠢᠳᠠ ᠳᠠᠷᠤᠢ ᠠᠬᠢᠭᠤᠯᠬᠤ ᠶᠠᠪᠤᠴᠠ ᠳᠤᠮᠳᠠ ᠪᠠᠨ᠂ ᠵᠠᠰᠠᠬ ᠤᠨ ᠤᠷᠳᠤᠨ ᠤ ᠡᠭᠦᠷᠭᠡ | ᠴᠢᠳᠠᠪᠬᠢ ᠶᠢ ᠬᠤᠪᠢᠷᠠᠭᠤᠯᠵᠤ᠂ ᠤᠶᠤᠨ ᠴᠢᠳᠠᠯ ᠢᠶᠠᠨ ᠬᠠᠮᠢᠶᠠᠷᠬᠤ ᠶᠤᠰᠤᠲᠠᠢ ᠤᠴᠢᠷ ᠳᠡᠭᠡᠷ᠎ᠡ ᠨᠡᠩ ᠢᠯᠡᠭᠦᠦ | ᠲᠠᠯᠪᠢᠬᠤ ᠬᠡᠷᠡᠭᠲᠡᠢ ᠪᠠᠶᠢᠨ᠎ᠠ᠃ ᠵᠠᠰᠠᠬ ᠤᠨ ᠤᠷᠳᠤᠨ ᠠᠴᠠ ᠬᠠᠮᠢᠶᠠᠷᠬᠤ ᠶᠤᠰᠤ ᠦᠭᠡᠢ ᠮᠦᠷᠲᠡᠭᠡᠨ | ᠬᠠᠮᠢᠶᠠᠷᠤᠯᠲᠠ ᠶᠢᠨ ᠬᠡᠪᠴᠢᠶᠡᠨ ᠳᠤ ᠪᠠᠶᠢᠬᠤ ᠦᠭᠡᠢ ᠶᠠᠪᠤᠳᠠᠯ ᠢ ᠦᠨᠡᠨ ᠬᠠᠮᠢᠶᠠᠷᠴᠤ ᠪᠠᠶᠢᠨ᠎ᠠ᠂ ᠲᠡᠷᠡ ᠨᠢ ᠵᠠᠬ᠎ᠠ | ᠳᠡᠯᠭᠡᠭᠦᠷ ᠤᠨ ᠭᠤᠤᠯ ᠴᠤᠬᠴᠠ ᠶᠢ ᠬᠦᠯᠢᠶᠡᠰᠦᠯᠡᠵᠦ᠂ ᠵᠠᠰᠠᠬ ᠵᠠᠬᠢᠷᠭᠠᠨ ᠤ ᠠᠵᠢᠯ ᠤᠨ ᠦᠷ᠎ᠡ ᠪᠦᠲᠦᠮᠵᠢ ᠶᠢᠨ | ᠨᠤᠷᠮ᠎ᠠ ᠶᠢ ᠪᠠᠭᠤᠷᠠᠭᠤᠯᠵᠤ᠂ ᠨᠡᠩ ᠴᠢᠨᠠᠬᠰᠢᠲᠠ ᠵᠠᠰᠠᠬ ᠤᠨ ᠤᠷᠳᠤᠨ ᠤ ᠤᠯᠠᠨ ᠢ ᠢᠲᠡᠭᠡᠭᠦᠯᠬᠦ ᠬᠦᠴᠦᠨ ᠢ | ᠨᠦᠯᠦᠭᠡᠯᠡᠵᠡᠢ᠃ ᠡᠶᠢᠮᠦ ᠠᠴᠠ᠂ ᠪᠢᠳᠠ ᠡᠷᠬᠡᠪᠰᠢ ᠦᠪᠡᠷ ᠤᠨ ᠪᠡᠶ᠎ᠡ ᠳᠡᠭᠡᠨ ᠬᠤᠪᠢᠰᠬᠠᠯ ᠬᠢᠵᠥ᠂ ᠬᠢᠲᠤᠭᠠᠨ ᠤ | ᠢᠷ ᠢᠶᠠᠨ ᠲᠤᠳᠤᠬᠰᠢ ᠬᠠᠨᠳᠤᠭᠤᠯᠬᠤ ᠬᠡᠷᠡᠭᠲᠡᠢ᠃ ᠪᠠᠭᠠᠲᠤᠷ ᠡᠷ᠎ᠡ ᠪᠠᠭᠤᠤ ᠪᠠᠨ ᠴᠠᠪᠴᠢᠬᠤ ᠵᠤᠷᠢᠬ ᠰᠠᠨᠠᠭ᠎ᠠ ᠪᠠᠷ | ᠡᠨᠡᠬᠦ ᠦᠭᠡᠷᠡᠴᠢᠯᠡᠯᠲᠡ ᠶᠢ ᠭᠤᠶᠢᠪᠢᠰᠢ ᠦᠭᠡᠢ ᠪᠠᠷ ᠠᠬᠢᠭᠤᠯᠵᠤ᠂ ᠶᠠᠮᠠᠷ ᠠᠰᠠᠭᠤᠳᠠᠯ ᠲᠤᠯᠭᠠᠷᠠᠬᠰᠠᠨ ᠴᠤ᠂ ᠬᠡᠳᠦᠢ | ᠶᠡᠭᠡ ᠰᠠᠭᠠᠳ ᠬᠠᠷᠰᠢ ᠤᠴᠢᠷᠠᠬᠰᠠᠨ ᠴᠤ ᠪᠢᠳᠠ ᠭᠦᠢᠴᠡᠳ ᠤᠶᠠᠨ ᠬᠠᠲᠠᠨ ᠴᠢᠨᠠᠷ ᠲᠠᠢ ᠪᠠᠶᠢᠬᠤ ᠶᠢ ᠢᠲᠡᠭᠡᠬᠦ | ᠬᠡᠷᠡᠭᠲᠡᠢ ᠭᠡᠵᠦ ᠪᠢ ᠬᠡᠯᠡᠭᠰᠡᠭᠡᠷ ᠢᠷᠡᠵᠡᠢ᠃ | ᠵᠠᠰᠠᠬ ᠢ ᠴᠤᠮᠬᠠᠳᠬᠠᠵᠤ ᠡᠷᠬᠡ ᠶᠢ ᠲᠠᠯᠪᠢᠬᠤ᠂ ᠲᠠᠯᠪᠢᠵᠤ ᠬᠠᠮᠢᠶᠠᠷᠬᠤ ᠶᠢ ᠤᠶᠠᠯᠳᠤᠭᠤᠯᠬᠤ᠂ | ᠦᠢᠯᠡᠴᠢᠯᠡᠭᠡ ᠶᠢ ᠰᠢᠯᠢᠳᠡᠭᠵᠢᠭᠦᠯᠬᠦ ᠪᠤᠯ ᠭᠤᠷᠪᠠ ᠶᠢ ᠨᠢᠭᠡ ᠴᠤᠬᠴᠠᠵᠢᠭᠤᠯᠤᠬᠰᠠᠨ ᠶᠠᠪᠤᠳᠠᠯ ᠪᠤᠯᠤᠨ᠎ᠠ᠂ ᠳᠠᠷᠤᠢ | ᠵᠠᠰᠠᠬ ᠤᠨ ᠤᠷᠳᠤᠨ ᠤᠶᠤᠨ ᠴᠢᠳᠠᠯ ᠢᠶᠠᠨ ᠬᠡᠷᠡᠭ ᠤᠨ ᠳᠤᠮᠳᠠᠬᠢ ᠬᠡᠷᠡᠭ ᠤᠨ ᠳᠠᠷᠠᠭᠠᠬᠢ ᠬᠢᠨᠠᠨ ᠬᠠᠮᠢᠶᠠᠷᠤᠯᠲᠠ ᠪᠠ | ᠠᠷᠠᠳ ᠲᠦᠮᠡᠨ ᠤ ᠦᠢᠯᠡᠴᠢᠯᠡᠭᠡ ᠬᠠᠨᠭ᠍ᠭᠠᠬᠤ ᠶᠢ ᠰᠢᠯᠢᠳᠡᠭᠵᠢᠭᠦᠯᠬᠦ ᠳᠡᠭᠡᠷ᠎ᠡ ᠨᠡᠩ ᠢᠯᠡᠭᠦᠦ ᠲᠠᠯᠪᠢᠨ᠎ᠡ᠂ ᠵᠠᠬ᠎ᠠ | ᠳᠡᠯᠭᠡᠭᠦᠷ ᠲᠤ ᠤᠷᠤᠬᠤ ᠵᠦᠪᠰᠢᠶᠡᠷᠡᠯ ᠢ ᠠᠭᠤᠵᠢᠭᠤ ᠪᠤᠯᠭᠠᠴᠢᠬᠠᠪᠠᠯ᠂ ᠳᠠᠷᠤᠢ ᠵᠠᠬ᠎ᠠ ᠳᠡᠯᠭᠡᠭᠦᠷ ᠤᠨ ᠭᠤᠤᠯ | ᠴᠤᠬᠴᠠ ᠶᠢᠨ ᠡᠷᠬᠡ ᠲᠡᠭᠰᠢ ᠪᠠᠷ ᠦᠷᠢᠰᠦᠯᠳᠦᠬᠦ ᠳᠤ ᠤᠷᠴᠢᠨ ᠲᠤᠭᠤᠷᠢᠨ ᠪᠤᠢ ᠪᠤᠯᠭᠠᠵᠤ ᠦᠭᠬᠦ ᠪᠤᠯᠤᠨ᠎ᠠ᠃ | ᠲᠡᠳᠡᠭᠡᠷ ᠬᠤᠳᠠᠯ ᠬᠠᠭᠤᠷᠮᠠᠬ᠂ ᠬᠤᠤᠷᠯᠠᠬᠤ ᠮᠡᠬᠡᠯᠡᠬᠦ ᠬᠠᠭᠤᠷᠬᠤ ᠪᠡᠴᠢᠯᠡᠬᠤ᠂ ᠮᠡᠳᠡᠯᠭᠡ ᠶᠢᠨ ᠦᠮᠴᠢᠯᠡᠬᠦ ᠡᠷᠬᠡ ᠲᠠᠢ | ᠬᠠᠯᠳᠠᠬᠰᠠᠨ ᠵᠢᠴᠢ ᠢᠳᠡᠭᠡᠨ ᠤ ᠵᠦᠢᠯ᠂ ᠡᠮ ᠤᠨ ᠵᠦᠢᠯ᠂ ᠤᠷᠴᠢᠨ ᠲᠤᠭᠤᠷᠢᠨ ᠤ ᠬᠠᠮᠠᠭᠠᠯᠠᠯᠲᠠ ᠵᠡᠷᠭᠡ ᠲᠠᠢ | ᠬᠤᠯᠪᠤᠬᠳᠠᠬᠤ ᠤᠯᠠᠨ ᠲᠦᠮᠡᠨ ᠨᠢᠬᠲᠠ ᠠᠩᠬᠠᠷᠴᠤ ᠪᠠᠶᠢᠭ᠎ᠠ ᠬᠠᠤᠯᠢ ᠳᠤᠬᠲᠠᠭᠠᠯ ᠠᠴᠠ ᠵᠦᠷᠢᠴᠡᠭᠰᠡᠨ ᠠᠰᠠᠭᠤᠳᠠᠯ ᠢ | ᠡᠷᠡᠰ ᠪᠠᠶᠢᠴᠠᠭᠠᠨ ᠰᠢᠢᠳᠪᠦᠷᠢᠯᠡᠨ᠎ᠡ᠃ ᠪᠢᠳᠠ ︽ᠢᠨᠲ᠋ᠧᠷ ᠰᠦᠯᠵᠢᠶ᠎ᠡ + ᠵᠠᠰᠠᠬ ᠤᠨ ᠶᠠᠪᠤᠳᠠᠯ ᠤᠨ ᠦᠢᠯᠡᠴᠢᠯᠡᠭᠡ︾ | ᠪᠠᠷ ᠳᠠᠮᠵᠢᠨ᠂ ᠤᠯᠠᠨ ᠲᠦᠮᠡᠨ ᠢ ᠲᠤᠳᠠᠭᠤ ᠭᠦᠶᠦᠯᠭᠡᠵᠦ᠂ ᠲᠤᠳᠠᠭᠤ ᠵᠤᠪᠠᠭᠤᠯᠵᠤ᠂ ᠢᠯᠡᠭᠦᠬᠡᠨ ᠲᠠᠭᠠᠯᠠᠮᠵᠢᠲᠠᠢ | ᠪᠤᠯᠭᠠᠨ᠎ᠠ᠃ ᠬᠦᠴᠦᠨ ᠴᠢᠳᠠᠯ ᠢᠶᠠᠨ ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ᠂ ᠳᠦᠭᠦᠮ | ᠪᠦᠲᠦᠴᠡᠲᠤ ᠤᠷᠤᠨ ᠰᠠᠭᠤᠴᠠ ᠶᠢᠨ ᠲᠤᠭᠤᠷᠢᠭ ᠤᠨ ᠦᠭᠡᠷᠡᠴᠢᠯᠡᠯᠲᠡ᠂ ᠠᠯᠪᠠᠨ ᠵᠢᠷᠤᠮ ᠤᠨ ᠰᠤᠷᠭᠠᠨ ᠬᠦᠮᠦᠵᠢᠯ᠂ | ᠦᠨᠳᠦᠰᠦᠨ ᠡᠮ ᠡᠮᠨᠡᠯᠭᠡ ᠵᠡᠷᠭᠡ ᠠᠷᠠᠳ ᠤᠨ ᠠᠮᠢᠳᠤᠷᠠᠯ ᠤᠨ ᠠᠩᠬᠠᠷᠴᠤ ᠪᠠᠶᠢᠭ᠎ᠠ ᠦᠯᠡᠮᠵᠢ ᠤᠯᠠᠨ ᠲᠠᠯ᠎ᠠ ᠳᠤ | ᠢᠯᠡᠭᠦᠬᠡᠨ ᠬᠡᠷᠡᠭᠯᠡᠬᠦ ᠬᠡᠷᠡᠭᠲᠡᠢ ᠪᠠᠶᠢᠨ᠎ᠠ᠃ | ᠳᠦᠭᠦᠮᠴᠢᠯᠡᠪᠡᠯ᠂ ᠳᠠᠷᠤᠢ ᠬᠠᠤᠯᠢ ᠶᠤᠰᠤᠨ ᠤ᠂ ᠳᠤᠬᠲᠠᠭᠠᠯ ᠶᠤᠰᠤᠨ ᠤ ᠵᠠᠬ᠎ᠠ ᠳᠡᠯᠭᠡᠭᠦᠷ ᠤᠨ ᠭᠤᠤᠯ | ᠴᠤᠬᠴᠠ ᠵᠦᠭ ︽ᠤᠷᠤᠬᠰᠢᠯᠠᠬᠤ᠂ ᠤᠷᠤᠬᠰᠢᠯᠠᠬᠤ᠂ ᠳᠠᠬᠢᠨ ᠤᠷᠤᠬᠰᠢᠯᠠᠬᠤ︾ ᠭᠡᠬᠦ ᠳᠤᠬᠢᠶ᠎ᠠ ᠶᠢ ᠭᠠᠷᠭᠠᠬᠤ | ᠬᠡᠷᠡᠭᠲᠡᠢ︔ ᠬᠦᠳᠡᠯᠮᠦᠷᠢ ᠪᠠᠷ ᠢᠶᠠᠨ ᠦᠢᠯᠡᠰ ᠪᠤᠰᠬᠠᠬᠴᠢ ᠰᠢᠨ᠎ᠡ ᠶᠢ ᠡᠭᠦᠳᠦᠭᠴᠢ ᠳᠤ ︽ᠪᠤᠯᠤᠨ᠎ᠠ᠂ ᠪᠤᠯᠤᠨ᠎ᠠ᠂ | ᠪᠠᠰᠠ ᠪᠤᠯᠤᠨ᠎ᠠ︾ ᠭᠡᠬᠦ ᠨᠤᠭᠤᠭᠠᠨ ᠳ᠋ᠧᠩ ᠢ ᠬᠡᠷᠡᠯᠲᠦᠭᠦᠯᠬᠦ ᠬᠡᠷᠡᠭᠲᠡᠢ︔ ᠲᠡᠳᠡᠭᠡᠷ ᠬᠠᠤᠯᠢ ᠲᠤᠭᠲᠠᠭᠠᠯ ᠠᠴᠠ | ᠵᠦᠷᠢᠴᠡᠭᠰᠡᠨ ᠮᠠᠭᠤ ᠠᠵᠢᠯᠯᠠᠭ᠎ᠠ ᠳᠤ ᠴᠠᠬ ᠲᠤᠬᠠᠢ ᠳᠤᠨᠢ ᠰᠢᠷ᠎ᠠ ᠫᠠᠶᠢᠰᠠ ᠦᠵᠡᠭᠦᠯᠵᠤ᠂ ᠨᠡᠩ ᠴᠢᠨᠠᠬᠰᠢᠲᠠ | ᠤᠯᠠᠭᠠᠨ ᠫᠠᠶᠢᠰᠠ ᠦᠵᠡᠭᠦᠯᠵᠤ ᠲᠠᠯᠠᠪᠤᠷ ᠠᠴᠠ ᠪᠠᠭᠤᠯᠭᠠᠬᠤ ᠬᠡᠷᠡᠭᠲᠡᠢ᠃ | ᠶᠠᠫᠤᠨ ᠤ ᠠᠵᠤ ᠠᠬᠤᠢ ᠶᠢᠨ ᠰᠤᠨᠢᠨ ᠮᠡᠳᠡᠭᠡᠯᠡᠯ ᠤᠨ ᠬᠤᠷᠢᠶᠠᠨ ᠤ ᠰᠤᠷᠪᠤᠯᠵᠢᠯᠠᠬᠴᠢ᠄ | ᠠᠮᠧᠷᠢᠺᠠ ᠶᠢᠨ ᠲᠦᠷᠦ ᠶᠢᠨ ᠶᠠᠪᠤᠳᠠᠯ ᠤᠨ ᠰᠠᠶᠢᠳ ᠳ᠋ᠢᠯᠧᠰᠧᠨ ᠭᠤᠸᠠᠢ ᠡᠨᠡ ᠡᠳᠦᠷ ᠠᠴᠠ ᠡᠬᠢᠯᠡᠨ | ᠶᠠᠫᠤᠨ ᠳᠤ ᠠᠶᠢᠯᠴᠢᠯᠠᠯ᠎ᠠ᠂ ᠡᠭᠦᠨ ᠤ ᠳᠠᠷᠠᠭ᠎ᠠ ᠲᠡᠷᠡ ᠪᠠᠰᠠ ᠳᠤᠮᠳᠠᠳᠤ ᠤᠯᠤᠰ ᠪᠠ ᠺᠤᠷᠢᠶᠠ ᠳᠤ ᠠᠶᠢᠯᠴᠢᠯᠠᠨ᠎ᠠ᠃ | ᠭᠠᠳᠠᠨᠠᠬᠢ ᠡᠲᠡᠭᠡᠳ ᠤᠨ ᠬᠢᠨ ᠲᠤᠰ ᠤᠳᠠᠭᠠᠨ ᠤ ᠠᠶᠢᠯᠴᠢᠯᠠᠯᠲᠠ ᠶᠢᠨ ᠭᠤᠤᠳᠠᠯᠭ᠎ᠠ ᠶᠢᠨ ᠨᠢᠭᠡ ᠪᠤᠯ ᠰᠤᠯᠤᠩᠭᠤᠰ | ᠬᠤᠶᠢᠭ ᠤᠨ ᠠᠰᠠᠭᠤᠳᠠᠯ ᠢ ᠶᠠᠷᠢᠯᠴᠠᠬᠤ ᠪᠤᠯᠤᠨ᠎ᠠ ᠭᠡᠵᠦ ᠦᠵᠡᠵᠦ ᠪᠠᠶᠢᠨ᠎ᠠ᠃ ᠤᠳᠤᠬᠠᠨ ᠳᠤ᠂ ᠰᠤᠯᠤᠩᠭᠤᠰ | ᠦᠷᠭᠦᠯᠵᠢᠯᠡᠨ ᠵᠠᠯᠠᠭᠤᠷᠲᠤ ᠰᠤᠮᠤ ᠶᠢ ᠲᠤᠷᠰᠢᠨ ᠬᠠᠷᠪᠤᠵᠤ᠂ ᠴᠦᠮ᠎ᠠ ᠶᠢᠨ ᠵᠡᠪᠰᠡᠭ ᠤᠨ ᠲᠦᠯᠦᠪᠯᠡᠭᠡ ᠶᠢ | ᠠᠬᠢᠭᠤᠯᠵᠤ᠂ ᠵᠡᠭᠦᠨ ᠬᠤᠶᠢᠲᠤ ᠠᠽᠢᠶ᠎ᠠ ᠶᠢᠨ ᠪᠠᠶᠢᠳᠠᠯ ᠢ ᠲᠦᠢᠯ ᠤᠨ ᠪᠠᠴᠢᠮ ᠪᠤᠯᠭᠠᠵᠠᠢ᠃ ᠡᠶᠢᠨᠬᠦ ᠠᠷᠤ ᠦᠵᠡᠭᠳᠡᠯ | ᠳᠤᠤᠷ᠎ᠠ᠂ ᠳᠤᠮᠳᠠᠳᠤ ᠤᠯᠤᠰ ᠶᠠᠮᠠᠷ ᠠᠷᠭ᠎ᠠ ᠬᠡᠮᠵᠢᠶ᠎ᠡ ᠪᠠ ᠠᠵᠢᠯᠯᠠᠭ᠎ᠠ ᠠᠪᠴᠤ ᠭᠠᠵᠠᠷ ᠤᠷᠤᠨ ᠤ ᠪᠠᠴᠢᠮ | ᠪᠠᠶᠢᠳᠠᠯ ᠢ ᠨᠠᠮᠳᠠᠭᠤᠯᠬᠤ ᠭᠡᠵᠦ ᠪᠤᠳᠤᠵᠤ ᠪᠠᠶᠢᠬᠤ ᠪᠤᠢ︖ ᠳᠤᠮᠳᠠᠳᠤ ᠶᠢᠨ ᠬᠢᠨ ᠶᠠᠫᠤᠨ ᠵᠡᠷᠭᠡ ᠬᠤᠯᠪᠤᠬᠳᠠᠯ | ᠪᠦᠬᠦᠢ ᠤᠯᠤᠰ ᠲᠠᠢ ᠬᠡᠷᠬᠢᠨ ᠬᠠᠮᠲᠤᠷᠠᠯᠴᠠᠵᠤ᠂ ᠰᠤᠯᠤᠩᠭᠤᠰ ᠤᠨ ᠴᠦᠮ᠎ᠠ ᠶᠢᠨ ᠵᠡᠪᠰᠡᠭ ᠤᠨ ᠠᠰᠠᠭᠤᠳᠠᠯ ᠢ | ᠰᠢᠢᠳᠪᠦᠷᠢᠯᠡᠬᠦ ᠭᠡᠵᠦ ᠪᠠᠶᠢᠬᠤ ᠪᠤᠢ︖ | ᠯᠢ ᠺᠧ ᠴᠢᠶᠠᠩ᠄ | ᠳᠤᠮᠳᠠᠳᠤ ᠤᠯᠤᠰ ᠤᠨ ᠰᠤᠯᠤᠩᠭᠤᠰ ᠬᠤᠶᠢᠬ ᠤᠨ ᠠᠰᠠᠭᠤᠳᠠᠯ ᠲᠡᠭᠡᠷ᠎ᠡ ᠠᠪᠴᠤ ᠪᠠᠶᠢᠭ᠎ᠠ ᠵᠤᠬᠰᠤᠯᠲᠠ ᠪᠤᠯ | ᠲᠤᠳᠤᠷᠬᠠᠢ ᠪᠦᠭᠡᠳ ᠢᠮᠠᠭᠲᠠ ᠶᠢᠨ ᠶᠤᠮ᠂ ᠰᠤᠯᠤᠩᠭᠤᠰ ᠬᠤᠶᠢᠭ ᠢ ᠴᠦᠮ᠎ᠠ ᠶᠢᠨ ᠵᠡᠪᠰᠡᠭ ᠦᠭᠡᠢ ᠪᠤᠯᠭᠠᠬᠤ ᠶᠢ | ᠪᠡᠶᠡᠯᠡᠬᠦᠯᠬᠦ ᠶᠢ ᠪᠠᠷᠢᠮᠲᠠᠯᠠᠵᠤ᠂ ᠰᠤᠯᠤᠩᠭᠤᠰ ᠬᠤᠶᠢᠬ ᠤᠨ ᠡᠩᠬᠡ ᠲᠠᠶᠢᠪᠤᠩ ᠳᠤᠬᠲᠠᠭᠤᠨ ᠢ ᠬᠠᠮᠠᠭᠠᠯᠠᠬᠤ ᠶᠢ | ᠪᠠᠷᠢᠮᠲᠠᠯᠠᠵᠤ᠂ ᠶᠠᠷᠢᠯᠴᠠᠨ ᠵᠦᠪᠳᠡᠯᠴᠡᠬᠦ ᠪᠠᠷ ᠳᠠᠮᠵᠢᠨ ᠠᠰᠠᠭᠤᠳᠠᠯ ᠢ ᠰᠢᠢᠳᠪᠦᠷᠢᠯᠡᠬᠦ ᠶᠢ ᠪᠠᠷᠢᠮᠲᠠᠯᠠᠨ᠎ᠠ᠃ ᠤᠯᠠᠨ | ᠤᠯᠤᠰ ᠤᠨ ᠬᠤᠯᠪᠤᠭᠠᠲᠤ ᠪᠠᠶᠢᠭᠤᠯᠭ᠎ᠠ ᠶᠢᠨ ᠠᠶᠤᠯ ᠦᠭᠡᠢ ᠶᠢᠨ ᠵᠦᠪᠯᠡᠯ ᠠᠴᠠ ᠨᠢᠭᠡᠨᠲᠡ ᠪᠠᠲᠤᠯᠠᠬᠰᠠᠨ | ᠬᠤᠯᠪᠤᠬᠳᠠᠯ ᠪᠦᠬᠦᠢ ᠰᠢᠢᠳᠪᠦᠷᠢ ᠳᠤ᠂ ᠳᠤᠮᠳᠠᠳᠤ ᠤᠯᠤᠰ ᠤᠨ ᠤᠪᠤᠷ ᠢᠮᠠᠬᠲᠠ ᠲᠤᠳᠤ ᠮᠦᠷᠲᠡᠭᠡᠨ ᠪᠦᠬᠦ | ᠲᠠᠯ᠎ᠠ ᠪᠠᠷ ᠴᠢᠩᠭ᠎ᠠ ᠬᠡᠷᠡᠭᠵᠢᠭᠦᠯᠦᠨ᠎ᠡ᠃ ᠳᠤᠮᠳᠠᠳᠤ ᠤᠯᠤᠰ ᠢᠮᠠᠬᠲᠠ ᠴᠦᠮ᠎ᠡ ᠶᠢᠨ ᠵᠡᠪᠰᠡᠭ ᠢ ᠦᠯᠦ ᠲᠠᠷᠬᠠᠭᠠᠬᠤ | ᠰᠢᠰᠲ᠋ᠧᠮ ᠤᠨ ᠡᠷᠡᠰ ᠪᠠᠲᠤ ᠬᠠᠮᠠᠭᠠᠯᠠᠬᠴᠢ ᠪᠤᠯᠤᠨ᠎ᠠ᠃ | ᠦᠨᠡᠬᠡᠷ ᠶᠤᠮ᠂ ᠤᠢᠢᠷ᠎ᠠ ᠳᠤ ᠰᠤᠯᠤᠩᠭᠤᠰ ᠬᠤᠶᠢᠬ ᠴᠢᠨᠠᠬᠰᠢᠯᠠᠪᠠᠯ ᠵᠡᠭᠦᠨ ᠬᠤᠶᠢᠲᠤ ᠠᠽᠢᠶ᠎ᠠ ᠳᠤ ᠬᠡᠰᠡᠭ | ᠪᠠᠴᠢᠮ ᠪᠠᠶᠢᠳᠠᠯ ᠢᠯᠡᠷᠡᠵᠦ᠂ ᠪᠠᠴᠢᠮ ᠪᠠᠶᠢᠳᠠᠯ ᠨᠢ ᠮᠦᠷᠭᠦᠯᠳᠦᠭᠡᠨ ᠢ ᠡᠭᠦᠰᠭᠡᠵᠤ᠂ ᠬᠤᠯᠪᠤᠬᠳᠠᠯ ᠪᠦᠬᠦᠢ ᠡᠯ᠎ᠡ | ᠲᠠᠯ᠎ᠠ ᠶᠢᠨ ᠬᠢᠨ ᠢ ᠬᠤᠬᠢᠷᠠᠯ ᠠᠮᠰᠠᠭᠤᠯᠵᠤ ᠮᠡᠳᠡᠨ᠎ᠡ᠃ ᠪᠢᠳᠠ ᠬᠦᠰᠡᠬᠦ ᠨᠢ᠂ ᠡᠯ᠎ᠡ ᠲᠠᠯ᠎ᠠ ᠶᠢᠨ ᠬᠢᠨ ᠬᠠᠮᠲᠤᠪᠡᠷ | ᠴᠢᠷᠮᠠᠶᠢᠵᠤ᠂ ᠪᠠᠴᠢᠮ ᠪᠠᠶᠢᠳᠠᠯ ᠢ ᠨᠠᠮᠳᠠᠭᠤᠯᠵᠤ᠂ ᠤᠯᠠᠨ ᠢ ᠶᠠᠷᠢᠯᠴᠠᠬᠤ ᠵᠠᠮ ᠳᠠᠭᠠᠨ ᠪᠤᠴᠠᠭᠤᠯᠵᠤ᠂ ᠬᠠᠮᠤᠭ ᠤᠨ | ᠡᠴᠦᠰ ᠲᠤ ᠠᠰᠠᠭᠤᠳᠠᠯ ᠢ ᠰᠢᠢᠳᠪᠦᠷᠢᠯᠡᠨ᠎ᠡ᠃ ᠦᠨᠡᠨ ᠢ ᠬᠡᠯᠡᠪᠡᠯ᠂ ᠬᠡᠨ ᠴᠤ ᠭᠡᠳ ᠦᠪᠡᠷ ᠤᠨ ᠭᠡᠷ ᠤᠨ ᠢᠶᠠᠨ | ᠡᠭᠦᠳᠡᠨ ᠡᠮᠦᠨ᠎ᠡ ᠡᠳᠦᠷᠵᠢᠨ ᠦᠢᠮᠡᠯᠳᠦᠭᠡᠳ ᠪᠠᠶᠢᠬᠤ ᠶᠢ ᠦᠵᠡᠬᠦ ᠳᠤᠷ᠎ᠠ ᠦᠭᠡᠢ᠃ | ᠲᠦᠪ ᠤᠨ ᠲᠧᠯᠸᠢᠰ ᠬᠤᠷᠢᠶᠠᠨ ᠤ ᠰᠤᠷᠪᠤᠯᠵᠢᠯᠠᠭᠴᠢ᠄ | ᠠᠵᠢᠯ ᠤᠯᠭᠤᠯᠳᠠ ᠪᠤᠯ ᠠᠷᠠᠳ ᠤᠨ ᠠᠮᠢᠳᠤᠷᠠᠯ ᠤᠨ ᠦᠨᠳᠦᠰᠦ ᠰᠠᠭᠤᠷᠢ ᠭᠡᠵᠦ ᠲᠠ ᠦᠷᠭᠦᠯᠵᠢ ᠬᠡᠯᠡᠳᠡᠭ᠃ | ᠵᠠᠷᠢᠮ ᠮᠡᠳᠡᠭᠡᠯᠡᠯ ᠳᠤ ᠮᠡᠳᠡᠭᠡᠯᠡᠭᠰᠡᠨ ᠢᠶᠠᠷ᠂ ᠲᠠ ᠰᠠᠷ᠎ᠠ ᠪᠦᠷᠢ ᠠᠵᠤ ᠠᠬᠤᠢᠢᠯᠠᠯ ᠤᠨ ᠵᠢᠭᠠᠯᠳᠠ ᠲᠤᠭ᠎ᠠ ᠶᠢ | ᠦᠵᠡᠬᠦ ᠳᠡᠭᠡᠨ ᠠᠵᠢᠯ ᠤᠯᠭᠤᠯᠳᠠ ᠶᠢᠨ ᠬᠤᠪᠢᠷᠠᠯᠳᠠ ᠶᠢ ᠪᠠᠶᠢᠡᠭᠭᠤ ᠠᠩᠬᠠᠷᠳᠠᠭ ᠪᠠᠶᠢᠨ᠎ᠠ᠃ ᠵᠠᠰᠠᠭ ᠤᠨ ᠤᠷᠳᠤᠨ ᠤ | ᠠᠵᠢᠯ ᠤᠨ ᠢᠯᠡᠳᠭᠡᠯ ᠳᠤ᠂ ᠡᠨᠡ ᠵᠢᠯ ᠤᠨ ᠮᠠᠨ ᠤ ᠤᠯᠤᠰ ᠤᠨ ᠠᠵᠢᠯ ᠤᠯᠭᠤᠯᠳᠠ ᠶᠢᠨ ᠲᠠᠷᠤᠯᠳᠠ ᠤᠯᠠᠮ | ᠬᠦᠨᠳᠦᠷᠡᠨ᠎ᠡ ᠭᠡᠵᠦ ᠲᠠ ᠤᠨᠴᠠᠭᠠᠢᠢᠯᠠᠨ ᠲᠤᠷᠠᠳᠤᠭᠰᠠᠨ ᠪᠠᠶᠢᠨ᠎ᠠ᠃ ᠲᠡᠭᠡᠪᠡᠯ ᠶᠡᠷᠦᠩᠬᠡᠢ ᠰᠠᠶᠢᠳ ᠲᠠᠨ ᠠᠴᠠ | ᠠᠰᠠᠭᠤᠬᠤ ᠨᠢ᠂ ᠡᠨᠡ ᠵᠢᠯ ᠶᠡᠭᠡ ᠬᠡᠪᠴᠢᠶ᠎ᠡ ᠪᠠᠷ ᠠᠵᠢᠯ ᠠᠯᠳᠠᠬᠤ ᠦᠵᠡᠭᠳᠡᠯ ᠡᠭᠦᠰᠬᠦ ᠤᠤ︖ | ᠯᠢ ᠺᠧ ᠴᠢᠶᠠᠩ᠄ | ᠡᠨᠡ ᠲᠠᠯ᠎ᠠ ᠪᠠᠷ ᠲᠠ ᠵᠢᠭᠠᠬᠠᠨ ᠠᠩᠬᠠᠷᠤᠯ ᠲᠠᠯᠪᠢᠪᠠᠯ ᠮᠡᠳᠡᠵᠦ ᠪᠤᠯᠬᠤ ᠶᠤᠮ᠃ ᠵᠠᠰᠠᠭ ᠤᠨ ᠤᠷᠳᠤᠨ ᠤ | ᠠᠵᠢᠯ ᠤᠨ ᠢᠯᠡᠳᠭᠡᠯ ᠳᠤ ᠲᠤᠷᠠᠳᠤᠭᠰᠠᠨ ᠭᠤᠤᠯ ᠪᠤᠯᠬᠤ ᠠᠵᠤ ᠠᠬᠤᠢ ᠨᠡᠶᠢᠭᠡᠮ ᠤᠨ ᠬᠦᠭᠵᠢᠯᠳᠡ ᠶᠢᠨ ᠵᠢᠭᠠᠯᠳᠠ | ᠲᠤᠭ᠎ᠠ ᠶᠢᠨ ᠲᠤᠲᠤᠷ᠎ᠠ ᠨᠢᠭᠡ ᠵᠦᠢᠯ ᠤᠨ ᠲᠤᠭ᠎ᠠ ᠪᠠᠷᠢᠮᠳᠠ ᠨᠢ ᠲᠡᠭᠡᠭᠰᠢᠯᠡᠯᠳᠡ ᠲᠠᠢ ᠪᠤᠯᠪᠠ᠂ ᠲᠡᠷᠡ ᠨᠢ ᠲᠠᠷᠤᠢ ᠡᠨᠡ | ᠵᠢᠯ ᠪᠢᠳᠡ ᠬᠤᠳᠠ ᠪᠠᠯᠭᠠᠰᠤᠨ ᠤ ᠰᠢᠨ᠎ᠠ ᠪᠠᠷ ᠠᠵᠢᠯ ᠤᠯᠬᠤ ᠬᠦᠮᠦᠨ ᠤ ᠲᠤᠭ᠎ᠠ ᠶᠢ 1100 ᠲᠦᠮᠡ ᠠᠴᠠ | ᠲᠡᠭᠡᠭᠰᠢ ᠪᠠᠶᠢᠯᠭᠠᠵᠤ᠂ ᠨᠢᠳᠤᠨᠤᠨ ᠤ ᠬᠠᠷᠠᠯᠳᠠ ᠠᠴᠠ ᠢᠯᠡᠭᠦᠦ 100 ᠲᠦᠮᠡᠨ ᠬᠦᠮᠦᠨ ᠨᠡᠮᠡᠭᠳᠡᠵᠠᠢ᠃ ᠪᠢᠳᠡ | ᠢᠡᠭᠭᠢᠵᠦ ᠠᠵᠤ ᠠᠬᠤᠢ ᠶᠢᠨ ᠦᠰᠦᠯᠳᠡ ᠶᠢᠨ ᠬᠤᠷᠳᠤᠴᠠ ᠶᠢ 6.5% ᠤᠷᠴᠢᠮ ᠪᠠᠶᠢᠯᠭᠠᠬᠤ ᠶᠢᠨ ᠰᠢᠯᠳᠠᠭᠠᠨ ᠨᠢ | ᠲᠠᠷᠤᠢ ᠬᠠᠰᠢᠯᠠ ᠦᠰᠦᠯᠳᠡ ᠶᠢ ᠲᠤᠭᠳᠠᠭᠤᠨ ᠪᠤᠯᠭᠠᠵᠤ ᠠᠵᠢᠯ ᠤᠯᠭᠤᠯᠳᠠ ᠶᠢ ᠪᠠᠲᠤᠯᠠᠬᠤ ᠳᠤ ᠪᠤᠢ᠃ ᠤᠴᠢᠷ ᠨᠢ | ᠠᠵᠢᠯ ᠤᠯᠭᠤᠯᠳᠠ ᠨᠢ ᠮᠠᠨ ᠤ ᠡᠨᠡᠬᠦ 13 ᠳ᠋ᠦᠡᠭᠰᠢᠭᠤᠷ ᠭᠠᠷᠤᠢ ᠬᠦᠮᠦᠨ ᠠᠮᠠ ᠲᠠᠢ ᠲᠤᠮᠤ ᠤᠯᠤᠰ ᠲᠤ ᠠᠪᠴᠤ | ᠬᠡᠯᠡᠪᠡᠯ ᠬᠠᠮᠤᠭ ᠤᠨ ᠶᠡᠭᠡ ᠠᠷᠠᠳ ᠤᠨ ᠠᠮᠢᠳᠤᠷᠠᠯ ᠪᠤᠯᠤᠨ᠎ᠠ᠃ ᠠᠵᠢᠯ ᠤᠯᠭᠤᠯᠳᠠ ᠪᠤᠯ ᠠᠵᠤ ᠠᠬᠤᠢ ᠶᠢᠨ | ᠬᠦᠭᠵᠢᠯᠳᠡ ᠶᠢᠨ ᠰᠠᠭᠤᠷᠢ᠂ ᠡᠳ᠋ ᠬᠦᠷᠦᠩᠭᠡ ᠶᠢᠨ ᠨᠡᠮᠡᠭᠳᠡᠯ ᠤᠨ ᠡᠬᠢ ᠢᠷᠡᠯᠳᠡ ᠪᠠᠶᠢᠵᠤ᠂ ᠪᠠᠰᠠᠴᠤ ᠰᠠᠭᠤᠭᠠᠯᠢ | ᠠᠷᠠᠳ ᠤᠨ ᠤᠷᠤᠯᠭ᠎ᠠ ᠶᠢᠨ ᠴᠢᠬᠤᠯᠠ ᠵᠠᠮ ᠰᠤᠪᠠᠬ ᠮᠦᠨ᠃ ᠪᠢᠳᠡ ᠤᠢᠢᠷ᠎ᠠ ᠶᠢᠨ ᠬᠡᠳᠦᠨ ᠵᠢᠯ ᠳᠤ ᠢᠮᠠᠬᠳᠠ | ᠢᠳᠡᠪᠬᠢᠲᠡᠢ ᠠᠵᠢᠯ ᠤᠯᠭᠤᠯᠳᠠ ᠶᠢᠨ ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠦ᠂ 4 ᠵᠢᠯ ᠲᠠᠷᠠᠭᠠᠯᠠᠨ ᠬᠤᠲᠠ | ᠪᠠᠯᠭᠠᠰᠤᠨ ᠤ ᠰᠢᠨ᠎ᠠ ᠪᠠᠷ ᠨᠡᠮᠡᠭᠳᠡᠭᠰᠡᠨ ᠠᠵᠢᠯ ᠤᠯᠤᠭᠰᠠᠨ ᠬᠦᠮᠦᠨ ᠠᠮᠠ ᠶᠢᠨ ᠲᠤᠭ᠎ᠠ ᠶᠢ 1300 ᠲᠦᠮᠡᠨ | ᠬᠦᠮᠦᠨ ᠠᠴᠠ ᠲᠡᠭᠡᠭᠰᠢ ᠪᠠᠶᠢᠯᠭᠠᠬᠤ ᠶᠢ ᠪᠠᠳᠤᠯᠠᠵᠤ᠂ ᠤᠨᠴᠠᠭᠠᠢᠢᠯᠠᠨ ᠡᠨᠡ ᠵᠢᠯ ᠠᠵᠢᠯ ᠤᠯᠭᠤᠯᠳᠠ ᠶᠢ ᠲᠡᠷᠢᠭᠦᠨ ᠳᠤ | ᠲᠠᠯᠪᠢᠬᠤ ᠶᠢ ᠴᠢᠩᠭᠠᠳᠬᠠᠵᠤ ᠪᠠᠶᠢᠭ᠎ᠠ ᠪᠤᠯ ᠲᠠᠷᠤᠢ ᠨᠡᠯᠢᠶᠡᠳ ᠬᠦᠢᠴᠡᠳ ᠠᠵᠢᠯ ᠤᠯᠭᠤᠯᠳᠠ ᠶᠢ ᠪᠠᠲᠤᠯᠠᠬᠤ ᠶᠢ | ᠪᠡᠶᠡᠯᠡᠭᠦᠯᠵᠦ᠂ ᠠᠵᠢᠯ ᠠᠯᠳᠠᠬᠤ ᠨᠤᠷᠮ᠎ᠠ ᠶᠢ ᠬᠠᠷᠢᠴᠠᠩᠭᠤᠢ ᠲᠤᠤᠷ᠎ᠠ ᠬᠡᠮᠵᠢᠶᠡᠨ ᠳᠤ ᠬᠢᠵᠠᠭᠠᠷᠯᠠᠬᠤ ᠪᠤᠯᠤᠨ᠎ᠠ᠃ | ᠡᠨᠡ ᠬᠡᠳᠦᠨ ᠵᠢᠯ ᠪᠢᠳᠡ ᠦᠷᠭᠦᠯᠵᠢᠯᠡᠨ ᠰᠢᠨ᠎ᠡ ᠪᠠᠷ ᠨᠡᠮᠡᠭᠳᠡᠭᠰᠡᠨ ᠬᠦᠳᠡᠯᠮᠦᠷᠢ ᠬᠦᠴᠤᠨ ᠤ ᠤᠷᠬᠢᠯ ᠤᠨ | ᠬᠤᠭᠤᠴᠠᠭᠠᠨ ᠳᠤ ᠪᠠᠶᠢᠵᠤ᠂ ᠡᠨᠡ ᠵᠢᠯ ᠤᠨ ᠠᠵᠢᠯ ᠤᠯᠭᠤᠯᠳᠠ ᠶᠢᠨ ᠲᠠᠷᠤᠯᠳᠠ ᠪᠠᠰᠠᠴᠤ ᠬᠦᠨᠲᠤ ᠪᠠᠶᠢᠬᠰᠠᠭᠠᠷ᠂ | ᠵᠦᠪᠬᠡᠨ ᠶᠡᠭᠡ ᠲᠡᠭᠡᠲᠤ ᠰᠤᠷᠭᠠᠭᠤᠯᠢ ᠠᠴᠠ ᠲᠡᠭᠦᠰᠦᠭᠰᠡᠨ ᠤᠶᠤᠳᠠᠨ 795 ᠲᠦᠮᠡ ᠳᠤ ᠬᠦᠷᠴᠤ᠂ ᠲᠡᠤᠬᠡᠨ | ᠰᠢᠨ᠎ᠡ ᠲᠡᠮᠳᠡᠭᠯᠡᠯ ᠢ ᠡᠭᠦᠳᠴᠠᠢ᠂ ᠪᠠᠰᠠ 500 ᠲᠦᠮᠡ ᠤᠷᠴᠢᠮ ᠤᠨ ᠲᠤᠮᠳᠠ ᠵᠡᠷᠭᠡ ᠶᠢᠨ ᠠᠵᠢᠯ ᠮᠡᠷᠭᠡᠵᠢᠯ ᠤᠨ | ᠰᠤᠷᠭᠠᠭᠤᠯᠢ ᠠᠴᠠ ᠲᠡᠭᠦᠰᠦᠭᠰᠡᠨ ᠤᠶᠤᠳᠠᠨ ᠪᠠᠶᠢᠵᠤ᠂ ᠡᠭᠦᠨ ᠤ ᠲᠡᠭᠡᠷ᠎ᠡ ᠪᠠᠰᠠ ᠦᠯᠡᠬᠦᠳᠡᠭᠰᠡᠨ | ᠦᠢᠯᠡᠳᠪᠦᠷᠢᠯᠡᠯ ᠠᠴᠠ ᠭᠠᠷᠴᠤ ᠢᠷᠡᠭᠰᠡᠨ ᠬᠡᠳᠦᠨ ᠠᠷᠪᠠᠨ ᠲᠦᠮᠡᠨ ᠬᠦᠮᠦᠨ ᠳᠤ ᠠᠵᠢᠯ ᠤᠨ ᠪᠠᠶᠢᠷᠢ ᠲᠤᠬᠢᠷᠠᠭᠤᠯᠬᠤ | ᠴᠢᠬᠤᠯᠠᠳᠠᠢ ᠪᠠᠶᠢᠨ᠎ᠠ᠃ ᠪᠢᠳᠡ ᠦᠢᠯᠡᠰ ᠡᠷᠬᠢᠯᠡᠵᠦ ᠠᠳᠠᠯ ᠪᠤᠰᠬᠠᠬᠤ ᠳᠤ ᠲᠤᠬᠢᠷᠠᠮᠵᠢᠲᠠᠢ ᠤᠷᠴᠢᠨ ᠨᠦᠬᠦᠴᠡᠯ ᠢ | ᠪᠤᠢ ᠪᠤᠯᠭᠠᠬᠤ ᠳᠤ ᠵᠠᠰᠠᠭ ᠤᠨ ᠤᠷᠳᠤᠨ ᠠᠴᠠ ︽ᠲᠡᠮᠦᠷ ᠠᠶᠠᠭ᠎ᠠ︾ ᠬᠠᠨᠭ᠍ᠭᠠᠬᠤ ᠳᠤ ᠲᠦᠰᠢᠭᠯᠡᠬᠦ ᠪᠢᠰᠢ᠂ ᠬᠠᠷᠢᠨ | ᠦᠷᠬᠡᠨ ᠤᠯᠠᠨ ᠠᠷᠠᠳ ᠲᠦᠮᠡᠨ ᠤ ᠠᠷᠢᠭᠤᠨ ᠬᠦᠳᠡᠯᠮᠦᠷᠢ ᠪᠠ ᠤᠶᠤᠨ ᠪᠢᠯᠢᠭ ᠲᠤ ᠲᠦᠰᠢᠭᠯᠡᠨ ︽ᠠᠯᠳᠠᠨ | ᠠᠶᠠᠭ᠎ᠠ︾ ᠪᠦᠲᠦᠭᠡᠬᠦ ᠴᠢᠬᠤᠯᠠᠲᠠᠢ᠃ ᠡᠨᠡ ᠬᠡᠳᠦᠨ ᠵᠢᠯ ᠳᠤ ᠪᠢᠳᠡ ᠲᠠᠷᠤᠢ ᠢᠯᠡᠭᠦᠬᠡᠨ ᠠᠵᠢᠯ ᠤᠨ ᠪᠠᠶᠢᠷᠢ | ᠪᠦᠲᠦᠭᠡᠬᠦ ᠪᠠᠷ ᠲᠠᠮᠵᠢᠭᠤᠯᠤᠨ ᠨᠡᠯᠢᠶᠡᠳ ᠬᠠᠨᠭ᠍ᠭᠠᠮᠵᠢᠲᠠᠢ ᠠᠵᠢᠯ ᠤᠯᠭᠤᠯᠳᠠ ᠶᠢ ᠪᠡᠶᠡᠯᠡᠭᠦᠯᠦᠭᠰᠡᠨ ᠶᠤᠮ᠃ ᠠᠳᠡ | ᠪᠢ ᠭᠠᠳᠠᠭᠠᠲᠤ ᠤᠯᠤᠰ ᠤᠨ ᠰᠤᠷᠪᠤᠯᠵᠢᠯᠠᠭᠴᠢ ᠨᠠᠶᠢᠵᠢ ᠨᠠᠷ ᠲᠤ ᠲᠤᠮᠳᠠᠳᠤ ᠤᠯᠤᠰ ᠤᠨ ᠠᠵᠢᠯ ᠤᠨ ᠪᠠᠶᠢᠷᠢ ᠪᠤᠯ | ᠦᠪᠡᠷ ᠤᠨ ᠪᠡᠶ᠎ᠡ ᠳᠡᠭᠡᠨ ᠲᠦᠰᠢᠭᠯᠡᠨ ᠪᠦᠲᠦᠭᠡᠭᠰᠡᠨ ᠬᠡᠳᠡᠭ ᠢ ᠮᠡᠳᠡᠭᠡᠯᠡᠬᠡᠷᠡᠢ ᠬᠡᠵᠤ ᠬᠦᠰᠡᠵᠦ ᠪᠠᠶᠢᠨ᠎ᠠ᠃ | ᠪᠢᠳᠡᠨ ᠳᠤ ᠠᠵᠢᠯ ᠤᠯᠭᠤᠯᠳᠠ ᠶᠢ ᠦᠷᠭᠡᠳᠬᠡᠬᠦ ᠪᠦᠷᠢᠨ ᠴᠢᠳᠠᠪᠤᠷᠢ ᠪᠤᠢ᠂ ᠶᠡᠭᠡ ᠬᠡᠪᠴᠢᠶ᠎ᠡ ᠪᠠᠷ ᠠᠵᠢᠯ | ᠠᠯᠳᠠᠬᠤ ᠪᠠᠶᠢᠳᠠᠯ ᠡᠭᠦᠰᠬᠦ ᠦᠭᠡᠢ ᠮᠦᠷᠳᠡᠭᠡᠨ ᠡᠭᠦᠰᠬᠦ ᠶᠢ ᠴᠤ ᠪᠢᠳᠡ ᠵᠦᠪᠰᠢᠶᠡᠷᠡᠬᠦ ᠦᠭᠡᠢ ᠶᠤᠮ᠂ ᠠᠪᠤᠨ | ᠲᠤᠤᠷ᠎ᠠ ᠪᠠᠨ ᠠᠵᠢᠯ ᠤᠯᠵᠤ ᠲᠡᠶᠢᠯᠬᠦ ᠦᠭᠡᠢ ᠪᠤᠶᠤ ᠠᠵᠤ ᠠᠮᠢᠳᠤᠷᠠᠯ ᠤᠨ ᠲᠠᠯ᠎ᠠ ᠪᠠᠷ ᠬᠦᠴᠢᠷᠳᠡᠯ ᠲᠠᠢ ᠪᠠᠶᠢᠭ᠎ᠠ | ᠲᠡᠳᠡᠭᠡᠷ ᠤᠯᠠᠨ ᠲᠦᠮᠡᠨ ᠳᠤ ᠵᠠᠰᠠᠭ ᠤᠨ ᠤᠷᠳᠤᠨ ᠠᠴᠠ ᠬᠠᠷᠢᠭᠤᠴᠠᠵᠤ ᠪᠠᠶᠢᠭᠠᠳ ᠲᠡᠳᠡᠨ ᠤ ᠦᠨᠳᠦᠰᠦᠨ | ᠠᠮᠢᠳᠤᠷᠠᠯ ᠢ ᠪᠠᠲᠤᠯᠠᠨ᠎ᠠ᠃ | ᠰᠢᠩᠭᠠᠫᠤᠷ ᠤᠨ ︽ᠬᠤᠯᠪᠤᠭᠠᠲᠤ ᠦᠷᠯᠦᠭᠡ ᠶᠢᠨ ᠰᠤᠨᠢᠨ︾ ᠤ ᠰᠤᠷᠪᠤᠯᠵᠢᠯᠠᠭᠴᠢ᠄ | ᠡᠨᠡ ᠵᠢᠯ ᠪᠤᠯ ᠲᠤᠰ ᠬᠤᠭᠤᠴᠠᠭᠠᠨ ᠤ ᠵᠠᠰᠠᠭ ᠤᠨ ᠤᠷᠳᠤᠨ ᠤ ᠰᠡᠭᠦᠯᠴᠢ ᠶᠢᠨ ᠵᠢᠯ ᠪᠤᠯᠤᠨ᠎ᠠ᠃ ᠲᠠᠨ ᠤ | ᠦᠵᠡᠬᠦ ᠪᠠᠷ ᠦᠡᠭᠭᠡᠷᠡᠭᠰᠡᠨ ᠲᠦᠷᠪᠡᠨ ᠵᠢᠯ ᠭᠠᠷᠤᠢ ᠶᠢᠨ ᠬᠠᠮᠤᠭ ᠤᠨ ᠴᠢᠬᠤᠯᠠ ᠠᠮᠵᠢᠯᠳᠠ ᠪᠦᠲᠦᠮᠵᠢ ᠨᠢ ᠶᠠᠭᠤ ᠪᠤᠢ | ︖ ᠬᠠᠮᠤᠭ ᠤᠨ ᠬᠦᠴᠢᠷ ᠪᠡᠷᠬᠡᠰᠢᠶᠡᠯ ᠨᠢ ᠪᠠᠰᠠ ᠶᠠᠭᠤ ᠪᠤᠯᠬᠤ ᠪᠤᠢ︖ | ᠯᠢ ᠺᠧ ᠴᠢᠶᠠᠩ᠄ | ᠲᠠᠨ ᠤ ᠲᠤᠷᠠᠳᠤᠬᠰᠠᠨ ᠠᠰᠠᠭᠤᠯᠳᠠ ᠬᠡᠳᠦ᠋ᠢᠪᠡᠷ ᠤᠬᠤᠷ ᠠᠪᠰᠠᠷᠬᠠᠨ ᠪᠤᠯᠪᠠᠴᠤ ᠦᠨᠡᠨᠳᠡᠭᠡᠨ ᠨᠡᠯᠢᠶᠡᠳ | ᠲᠤᠮᠤ ᠰᠡᠳᠦᠪ᠃ ᠬᠡᠷᠪᠡ ᠦᠡᠭᠭᠡᠷᠡᠭᠰᠡᠨ ᠲᠦᠷᠪᠡᠨ ᠵᠢᠯ ᠤᠨ ᠵᠠᠰᠠᠭ ᠶᠠᠪᠤᠭᠤᠯᠤᠭᠰᠠᠨ ᠭᠤᠤᠯ ᠪᠤᠯᠬᠤ ᠠᠮᠵᠢᠯᠳᠠ | ᠪᠦᠲᠦᠮᠵᠢ ᠶᠢ ᠲᠤᠷᠠᠳᠤᠪᠠᠯ᠂ ᠲᠠᠷᠤᠢ ᠰᠢ ᠶᠢᠨ ᠫᠢᠡᠭ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ | ᠬᠤᠷᠢᠶᠠᠨ ᠤ ᠤᠳᠤᠷᠢᠳᠤᠯᠭ᠎ᠠ ᠲᠤᠤᠷ᠎ᠠ ᠪᠦᠬᠦ ᠤᠯᠤᠰ ᠤᠨ ᠲᠠᠶᠠᠭᠠᠷ ᠬᠠᠮᠲᠤᠪᠡᠷ ᠴᠢᠷᠮᠠᠶᠢᠵᠤ᠂ ᠬᠤᠷᠸ᠎ᠠ | ᠲᠤᠬᠢᠷᠠᠭᠤᠯᠭ᠎ᠠ ᠶᠢᠨ ᠰᠢᠨ᠎ᠠ ᠠᠷᠭ᠎ᠠ ᠬᠡᠯᠪᠡᠷᠢ ᠶᠢ ᠲᠠᠰᠤᠷᠠᠯᠳᠠ ᠦᠭᠡᠢ ᠡᠬᠦᠳᠴᠤ᠂ ᠲᠤᠮᠳᠠᠳᠤ ᠤᠯᠤᠰ ᠤᠨ ᠠᠵᠤ | ᠠᠬᠤᠢ ᠶᠢ ᠲᠤᠬᠢᠷᠠᠮᠵᠢᠲᠠᠢ ᠬᠦᠷᠢᠶ᠎ᠡ ᠬᠡᠪᠴᠢᠶᠡᠨ ᠳᠤ ᠪᠠᠶᠢᠯᠭᠠᠬᠤ ᠶᠢ ᠪᠠᠲᠤᠯᠠᠵᠤ᠂ ᠢᠮᠠᠬᠳᠠ ᠲᠤᠮᠳᠠ ᠦᠨᠳᠦᠷ | ᠬᠤᠷᠳᠤᠴᠠ ᠪᠠᠷ ᠨᠡᠮᠡᠭᠳᠡᠨ᠂ ᠲᠦᠷᠪᠡᠨ ᠵᠢᠯ ᠤᠨ ᠲᠤᠷᠰᠢ ᠬᠡᠯᠪᠡᠯᠵᠢᠯᠳᠡ ᠨᠢ ᠵᠦᠪᠬᠡᠨ ᠵᠠᠭᠤᠨ ᠤ ᠬᠠᠷᠢᠴᠠᠯ ᠢᠶᠠᠷ 1 | ᠴᠡᠭ ᠤᠷᠴᠢᠮ ᠪᠠᠶᠢᠵᠤ᠂ ᠲᠤᠭᠳᠠᠭᠤᠨ ᠪᠠᠶᠢᠳᠠᠯ ᠲᠠᠢ ᠪᠤᠯᠵᠠᠢ ᠬᠡᠵᠤ ᠬᠡᠯᠡᠵᠦ ᠪᠤᠯᠤᠨ᠎ᠠ᠃ | ᠡᠭᠦᠨ ᠢᠶᠠᠷ ᠦᠯᠦ ᠪᠠᠷᠠᠮ᠂ ᠡᠨᠡ ᠨᠢ ᠪᠠᠰᠠᠴᠤ ︽ᠲᠤᠬᠰᠢᠨ ᠤᠰᠤ ᠪᠠᠷ ᠴᠢᠳᠬᠤᠨ ᠤᠰᠤᠯᠠᠬᠤ︾ | ᠮᠡᠳᠦ ᠶᠢᠨ ᠴᠢᠩᠭ᠎ᠠ ᠰᠡᠳᠡᠯᠳᠡ ᠪᠠᠷ ᠳᠠᠮᠵᠢᠵᠦ ᠤᠯᠤᠬᠰᠠᠨ ᠪᠢᠰᠢ᠂ ᠬᠠᠷᠢᠨ ᠠᠵᠦ ᠦᠢᠯᠡᠰ ᠢ ᠠᠬᠢᠭᠤᠯᠬᠤ᠂ | ᠭᠡᠷᠡᠭᠯᠡᠭᠡᠨ ᠢ ᠳᠡᠰ ᠳᠡᠪᠰᠢᠬᠦᠯᠬᠦ ᠪᠠᠷ ᠳᠠᠮᠵᠢᠨ ᠠᠵᠦ ᠠᠬᠤᠢ ᠶᠢᠨ ᠪᠦᠲᠦᠴᠡ ᠶᠢ ᠰᠢᠯᠢᠳᠡᠭᠵᠢᠬᠦᠯᠬᠦ ᠲᠠᠯ᠎ᠠ ᠪᠠᠷ ᠰᠢᠨ᠎ᠡ | ᠠᠬᠢᠴᠠ ᠲᠠᠢ ᠪᠤᠯᠵᠦ᠂ ᠰᠢᠨ᠎ᠡ ᠬᠠᠭᠤᠴᠢᠨ ᠬᠦᠳᠡᠯᠭᠡᠬᠦᠷ ᠤᠨ ᠡᠨᠧᠷᠬᠢ ᠶᠢ ᠬᠤᠪᠢᠷᠠᠭᠤᠯᠬᠤ ᠶᠢ ᠲᠦᠷᠭᠡᠳᠬᠡᠬᠦ ᠪᠠᠷ | ᠳᠠᠮᠵᠢᠨ ᠠᠵᠦ ᠠᠬᠤᠢ ᠶᠢ ᠠᠬᠢᠭᠤᠯᠤᠭᠰᠠᠨ ᠰᠠᠶᠢᠨ ᠰᠠᠶᠢᠬᠠᠨ ᠬᠠᠨᠳᠤᠰᠢ ᠢᠯᠡᠷᠡᠭᠰᠡᠨ ᠪᠠᠶᠢᠨ᠎ᠠ᠃ ᠨᠡᠩ ᠴᠢᠬᠤᠯᠠ ᠨᠢ | 5000 ᠭᠠᠷᠤᠢ ᠲᠦᠮᠡᠨ ᠬᠦᠮᠦᠨ ᠤ ᠬᠤᠳᠠ ᠪᠠᠯᠭᠠᠰᠤᠨ ᠤ ᠰᠢᠨ᠎ᠠ ᠪᠠᠷ ᠠᠵᠢᠯ ᠤᠯᠭᠤᠯᠳᠠ ᠶᠢ ᠳᠠᠶᠢᠴᠢᠯᠠᠵᠦ | ᠴᠢᠳᠠᠪᠠ᠃ | ᠡᠨᠡ ᠬᠡᠳᠦᠨ ᠵᠢᠯ᠂ ᠳᠤᠮᠳᠠᠳᠦ ᠤᠯᠤᠰ ᠤᠨ ᠠᠵᠦ ᠠᠬᠤᠢ ᠨᠢ ︽ᠲᠤᠯᠬᠢᠨ ᠰᠢᠯᠵᠢᠯᠳᠠ︾ ᠲᠠᠢ ᠪᠤᠯᠤᠨ᠎ᠠ | ᠬᠡᠬᠦᠳᠠᠭᠤᠨ ᠢ ᠪᠢ ᠨᠡᠶᠢᠳᠡᠮ ᠰᠤᠨᠤᠰᠤᠭᠰᠠᠭᠠᠷ ᠢᠷᠡᠵᠠᠢ᠃ ᠨᠢᠳᠤᠨᠤᠨ ᠳᠡᠯᠡᠬᠡᠢ ᠶᠢᠨ ᠠᠵᠦ ᠠᠬᠤᠢ ᠪᠤᠯᠤᠨ | ᠠᠷᠠᠯᠵᠢᠶᠠᠨ ᠤ ᠨᠡᠮᠡᠭᠳᠡᠯ ᠨᠢ 7 ᠵᠢᠯ ᠤᠨ ᠳᠤᠷᠰᠢᠬᠢ ᠬᠠᠮᠤᠭ ᠳᠤᠤᠷ᠎ᠠ ᠨᠡᠮᠡᠭᠳᠡᠯ ᠤᠨ ᠬᠤᠷᠳᠤᠴᠠ ᠢᠯᠡᠷᠡᠭᠰᠡᠨ | ᠪᠠᠶᠢᠳᠠᠯ ᠳᠤᠤᠷ᠎ᠠ᠂ ᠳᠤᠮᠳᠠᠳᠦ ᠤᠯᠤᠰ ᠳᠤᠮᠳᠠ ᠲᠡᠬᠡᠳᠦ ᠬᠤᠷᠳᠤᠴᠠ ᠶᠢᠨ ᠨᠡᠮᠡᠭᠳᠡᠯ ᠢᠶᠠᠨ ᠮᠦᠨ ᠯᠠ ᠪᠠᠲᠤᠯᠠᠵᠦ | ᠴᠢᠳᠠᠪᠠ᠃ ᠡᠨᠡ ᠬᠡᠳᠦᠨ ᠵᠢᠯ ᠤᠨ ᠦᠢᠯᠡᠳᠦᠯᠭᠡ ᠭᠡᠷᠡᠴᠢᠯᠡᠭᠰᠡᠨ ᠨᠢ᠂ ᠳᠤᠮᠳᠠᠳᠦ ᠤᠯᠤᠰ ᠤᠨ ᠠᠵᠦ ᠠᠬᠤᠢ ᠶᠢᠨ ︽ | ᠲᠤᠯᠬᠢᠨ ᠰᠢᠯᠵᠢᠯᠳᠠ︾ ᠬᠡᠬᠦ ᠶᠠᠷᠢᠶ᠎ᠠ ᠤᠳᠤ ᠠᠷᠢᠯᠵᠤ ᠪᠤᠯᠤᠨ᠎ᠠ᠃ ᠳᠤᠮᠳᠠᠳᠦ ᠤᠯᠤᠰ ᠤᠨ ᠠᠵᠦ ᠠᠬᠤᠢ ᠯᠠᠪᠳᠠᠢ | ︽ᠲᠤᠯᠬᠢᠨ ᠰᠢᠯᠵᠢᠬᠦ︾ ᠪᠢᠰᠢ᠂ ᠬᠠᠷᠢᠨ ᠪᠢᠳᠡ ᠳᠤᠮᠳᠠ ᠲᠡᠬᠡᠳᠦ ᠬᠤᠷᠳᠤᠴᠠ ᠶᠢᠨ ᠨᠡᠮᠡᠭᠳᠡᠯ ᠢ ᠤᠷᠳᠤ | ᠬᠤᠭᠤᠴᠠᠭ᠎ᠠ ᠪᠠᠷ ᠪᠠᠲᠤᠯᠠᠬᠤ ᠶᠢᠨ ᠬᠠᠮᠳᠤ ᠳᠤᠮᠳᠠ ᠲᠡᠬᠡᠳᠦ ᠬᠢᠷᠢ ᠲᠦᠪᠰᠢᠨ ᠵᠦᠭ ᠴᠡᠷᠢᠭᠯᠡᠬᠦ ᠪᠤᠯᠤᠨ᠎ᠠ᠃ | ᠶᠠᠷᠢᠶᠠᠨ ᠦᠭᠡᠢ᠂ ᠪᠢᠳᠡᠨ ᠳᠤ ᠠᠰᠠᠭᠤᠳᠠᠯ ᠪᠤᠯᠤᠨ ᠦᠷᠢᠰᠦᠯᠳᠦᠭᠡᠨ ᠤᠷᠤᠰᠢᠬᠤ ᠦᠭᠡᠢ ᠭᠡᠰᠡᠨ ᠦᠭᠡ | ᠪᠢᠰᠢ᠂ ᠡᠶᠢᠮᠦ ᠪᠤᠯᠬᠤᠷ ᠦᠭᠡᠷᠡᠴᠢᠯᠡᠯᠳᠡ ᠶᠢ ᠠᠬᠢᠭᠤᠯᠬᠤ ᠭᠡᠷᠡᠭᠳᠠᠢ᠃ ᠬᠠᠮᠤᠭ ᠬᠦᠴᠢᠷᠳᠡᠢ ᠲᠠᠯ᠎ᠠ ᠠᠴᠠ ᠶᠠᠷᠢᠪᠠᠯ᠂ | ᠬᠠᠰᠢᠯᠠ ᠦᠭᠡᠷᠡᠴᠢᠯᠡᠯᠳᠡ ᠶᠢ ᠬᠦᠨᠵᠡᠭᠡᠶᠢᠷᠡᠬᠦᠯᠬᠦ ᠲᠠᠯ᠎ᠠ ᠳᠤ ᠪᠤᠢ᠃ ᠵᠢᠱᠢᠶᠡᠯᠡᠪᠡᠯ᠂ ᠵᠠᠰᠠᠭ ᠢ ᠴᠤᠮᠬᠠᠳᠬᠠᠵᠦ | ᠡᠷᠭᠡ ᠶᠢ ᠲᠠᠯᠪᠢᠬᠤ᠂ ᠲᠠᠯᠪᠢᠬᠤ ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠭᠡ ᠶᠢ ᠰᠢᠯᠢᠳᠡᠭᠵᠢᠬᠦᠯᠬᠦ | ᠦᠭᠡᠷᠡᠴᠢᠯᠡᠯᠳᠡ ᠵᠡᠷᠭᠡ ᠨᠢ ᠠᠰᠢᠭ ᠲᠤᠰᠠ ᠲᠠᠢ ᠬᠤᠯᠪᠤᠭᠳᠠᠬᠤ ᠪᠠᠷ ᠪᠠᠷᠠᠬᠤ ᠦᠭᠡᠢ ᠬᠦᠮᠦᠰ ᠤᠨ ᠤᠶᠤᠨ | ᠰᠠᠨᠠᠭ᠎ᠠ ᠶᠢ ᠴᠦ ᠨᠦᠯᠦᠭᠡᠯᠡᠨ᠎ᠡ᠃ ᠡᠷᠭᠡ ᠶᠢ ᠳᠤᠷ᠎ᠠ ᠳᠠᠪᠠ ᠪᠠᠷ ᠭᠡᠷᠡᠭᠯᠡᠭᠦᠯᠬᠦ ᠦᠭᠡᠢ ᠭᠡᠪᠡᠯ᠂ ᠲᠡᠶᠢᠮᠦᠷᠬᠦ ᠵᠦᠢ | ᠵᠤᠬᠢᠰ ᠦᠭᠡᠢ ᠡᠷᠭᠡ ᠶᠢ ᠦᠭᠡᠶᠢᠰᠬᠡᠵᠦ᠂ ᠵᠠᠷᠢᠮ ᠰᠠᠯᠠᠭ᠎ᠠ ᠮᠦᠴᠢᠷ ᠤᠨ ᠠᠰᠢᠭ ᠲᠤᠰᠠ ᠳᠤ ᠬᠤᠯᠪᠤᠭᠳᠠᠪᠠᠯ ᠵᠦᠢ | ᠵᠤᠬᠢᠰ ᠦᠬᠡᠢ ᠤᠷᠤᠨ ᠵᠠᠢ ᠶᠢ ᠨᠢ ᠪᠠᠭᠠᠰᠬᠠᠬᠤ ᠭᠡᠷᠡᠭᠳᠠᠢ᠃ ᠡᠨᠡ ᠨᠢ ᠲᠦᠬᠦᠮ ᠬᠢᠯᠪᠠᠷ ᠶᠠᠪᠤᠴᠠ ᠪᠢᠰᠢ᠂ | ᠲᠦᠪ ᠤᠨ ᠵᠠᠰᠠᠭ ᠤᠨ ᠤᠷᠳᠤᠨ ᠠᠴᠠ ᠤᠷᠤᠨ ᠨᠤᠳᠤᠭ᠂ ᠦᠨᠳᠦᠰᠦᠨ ᠱᠠᠳᠤ ᠬᠦᠷᠳᠡᠯ᠎ᠡ ᠪᠦᠷ ᠯᠠ ᠢᠩᠬᠢᠵᠦ ᠬᠢᠬᠦ | ᠶᠤᠰᠤᠳᠠᠢ᠂ ︽ᠡᠴᠦᠰ ᠤᠨ ᠨᠢᠭᠡ ᠺᠢᠯᠦᠮᠧᠲᠷ︾ ᠢ ᠵᠠᠪᠠᠯ ᠨᠡᠪᠳᠡᠷᠡᠬᠦᠯᠬᠦ ᠭᠡᠷᠡᠭᠳᠠᠢ᠃ | ᠪᠢ ᠵᠠᠷᠢᠮ ᠭᠠᠵᠠᠷ ᠢᠶᠠᠷ ᠬᠦᠷᠬᠦ ᠳᠤ᠂ ᠵᠠᠰᠠᠭ ᠢ ᠴᠤᠮᠬᠠᠳᠬᠠᠨ ᠡᠷᠭᠡ ᠶᠢ ᠲᠠᠯᠪᠢᠬᠤ ᠶᠠᠪᠤᠴᠠ ᠳᠤ ᠨᠢᠭᠡ ᠯᠠ | ᠤᠳᠠᠭ᠎ᠠ ᠳᠤ 109 ᠠᠯᠪᠠᠨ ᠲᠠᠮᠠᠭ᠎ᠠ ᠶᠢ ᠪᠢᠳᠡᠬᠦᠮᠵᠢᠯᠡᠵᠦ᠂ ᠨᠢᠭᠡᠯᠡ ᠠᠯᠪᠠᠨ ᠲᠠᠮᠠᠭ᠎ᠠ ᠪᠠᠷ ᠤᠷᠤᠯᠠᠭᠤᠯᠤᠭᠰᠠᠨ | ᠪᠠᠶᠢᠪᠠ᠃ ᠳᠤᠮᠳᠠᠳᠦ ᠤᠯᠤᠰ ᠪᠤᠯ ᠲᠤᠮᠤ ᠤᠯᠤᠰ᠂ ᠡᠶᠢᠮᠦᠷᠬᠦ ᠪᠠᠶᠢᠳᠠᠯ ᠲᠠᠢ ᠠᠳᠠᠯᠢᠬᠠᠨ ᠠᠯᠪᠠᠨ ᠲᠠᠮᠠᠭ᠎ᠠ ᠬᠡᠳᠦ | ᠤᠯᠠᠨ ᠪᠠᠶᠢᠳᠠᠯ ᠪᠠᠰᠠ ᠠᠯᠢ ᠭᠠᠵᠠᠷ ᠲᠤ ᠴᠤ ᠪᠠᠶᠢᠵᠤ ᠮᠡᠳᠡᠨ᠎ᠠ᠃ ᠳᠠᠨᠡᠷ ᠪᠠᠷᠤᠭ ᠴᠡᠭᠡᠵᠢᠯᠡᠵᠦ ᠪᠠᠶᠢᠬ᠎ᠠ᠂ | ᠲᠦᠷᠦᠬᠦᠦ ᠬᠡᠳᠦᠨ ᠵᠢᠯ ᠤᠨ ᠬᠤᠶᠠᠷ ᠬᠤᠷᠠᠯ ᠳᠡᠭᠡᠷ᠎ᠡ᠂ ᠵᠠᠷᠢᠮ ᠬᠦᠮᠦᠨ ᠨᠢᠭᠡᠯᠡ ᠲᠦᠷᠦᠯ ᠵᠦᠢᠯ ᠢ ᠬᠢᠨᠠᠨ | ᠵᠦᠪᠰᠢᠶᠡᠷᠡᠬᠦᠯᠬᠦ ᠶᠢᠨ ᠲᠦᠯᠦᠬᠡ ︽ᠲᠦᠮᠡᠨ ᠭᠠᠵᠠᠷ ᠤᠨ ᠤᠷᠳᠤ ᠵᠠᠮ ᠤᠨ ᠠᠶᠠᠨ ᠬᠢᠭᠰᠡᠨ ᠵᠢᠷᠤᠭ︾ ᠢ ᠭᠠᠷᠭᠠᠵᠤ | ᠦᠵᠡᠬᠦᠯᠵᠠᠢ᠂ ᠰᠤᠨᠤᠰᠬᠤᠯᠠᠷ᠂ ᠤᠳᠤ ︽ᠵᠠᠭᠤᠨ ᠭᠠᠵᠠᠷ︾ ᠪᠤᠯᠵᠦ ᠬᠤᠪᠢᠷᠠᠭᠰᠠᠨ ᠭᠡᠨ᠎ᠡ᠂ ᠬᠡᠪᠡᠴᠤ ᠵᠠᠭᠤᠨ | ᠭᠠᠵᠠᠷ ᠴᠢᠨᠢ ᠪᠠᠰᠨ ᠤᠢᠢᠷ᠎ᠠ ᠵᠠᠮ ᠪᠢᠰᠢ ᠰᠢᠤ᠂ ᠡᠬᠦᠨ ᠢ ᠪᠢᠳᠡ ᠦᠷᠬᠦᠯᠵᠢᠯᠡᠨ ᠠᠬᠢᠭᠤᠯᠬᠤ ᠴᠢᠬᠤᠯᠠᠳᠠᠢ᠃ ᠪᠢ | ᠲᠡᠬᠡᠷ᠎ᠠ ᠶᠠᠷᠢᠭᠰᠠᠨ ᠰᠢᠬ ᠢᠶᠠᠷ ᠶᠠᠮᠠᠷᠪᠠ ᠬᠠᠷᠰᠢ ᠰᠠᠭᠠᠳ ᠤᠴᠠᠷᠠᠬᠰᠠᠨ ᠴᠦ ᠪᠢᠳᠡᠨ ᠳᠤ ᠦᠭᠡᠷᠡᠴᠢᠯᠡᠯᠳᠡ ᠶᠢ | ᠠᠬᠢᠭᠤᠯᠬᠤ ᠬᠠᠳᠠᠨ ᠵᠤᠷᠢᠭ ᠪᠦᠷᠢᠨ ᠲᠡᠬᠦᠯᠳᠡᠷ ᠪᠠᠶᠢᠨ᠎ᠠ᠃ ᠦᠭᠡᠷᠡᠴᠢᠯᠡᠯᠳᠡ ᠪᠤᠯ ᠳᠠᠷᠤᠢ ᠦᠢᠯᠡᠳᠪᠦᠷᠢᠯᠡᠯ ᠤᠨ | ᠬᠦᠴᠦᠨ ᠢ ᠴᠢᠯᠦᠭᠡᠯᠡᠬᠦ ᠪᠤᠯᠤᠨ ᠬᠦᠭᠵᠢᠬᠦᠯᠵᠦ᠂ ᠦᠷᠭᠡᠨ ᠤᠯᠠᠨ ᠠᠷᠠᠳ ᠲᠦᠮᠡᠨ ᠤ ᠢᠳᠡᠪᠬᠢ ᠴᠢᠨᠠᠷ ᠢ | ᠳᠠᠶᠢᠴᠢᠯᠠᠵᠦ᠂ ᠠᠷᠠᠳ ᠲᠦᠮᠡᠨ ᠳᠤ ᠪᠤᠳᠠᠳᠠᠢ ᠠᠰᠢᠭ ᠬᠦᠷᠳᠡᠭᠡᠬᠦ ᠪᠤᠯᠤᠨ᠎ᠠ᠃ ᠵᠠᠰᠠᠭ ᠢ ᠡᠷᠬᠢᠯᠡᠬᠦ ᠶᠢᠨ ᠭᠤᠤᠯ ᠨᠢ | ᠳᠠᠷᠤᠢ ᠪᠠᠭ᠎ᠠ ᠤᠯᠵᠠ ᠶᠢ ᠤᠷᠬᠢᠵᠦ᠂ ᠢᠳᠡᠬᠡᠯ ᠵᠢᠷᠦᠮ ᠢ ᠳᠡᠭᠡᠳᠦᠯᠡᠵᠦ᠂ ᠠᠷᠠᠳ ᠤᠨ ᠰᠠᠨᠠᠭ᠎ᠠ ᠶᠢ | ᠬᠦᠢᠴᠡᠳᠬᠡᠨ᠎ᠡ᠃ | ︽ᠱᠧᠨᠵᠧᠨ ᠤ ᠠᠵᠦ ᠠᠬᠤᠢ ᠶᠢᠨ ᠤᠨᠴᠠᠭᠠᠢ ᠤᠷᠤᠨ ᠤ ᠰᠤᠨᠢᠨ︾ ᠤ ᠰᠤᠷᠪᠤᠯᠵᠢᠯᠠᠭᠴᠢ᠄ | ᠨᠢᠳᠤᠨᠤᠨ ᠤ 10 ᠳ᠋ᠤᠭᠠᠷ ᠰᠠᠷ᠎ᠠ ᠳᠤ ᠲᠠ ᠱᠧᠨᠵᠧᠨ ᠳᠤ ᠬᠦᠷᠴᠦ ︽ᠪᠦᠬᠦ ᠤᠯᠤᠰ ᠤᠨ ᠦᠢᠯᠡᠰ ᠪᠤᠰᠬᠠᠵᠤ | ᠰᠢᠨ᠎ᠠ ᠶᠢ ᠡᠬᠦᠳᠬᠦ ᠭᠠᠷᠠᠭ︾ ᠤᠨ ᠭᠤᠤᠯ ᠬᠤᠷᠠᠯ ᠤᠨ ᠲᠠᠯᠠᠪᠠᠢ ᠶᠢᠨ ᠠᠵᠢᠯᠯᠠᠭ᠎ᠠ ᠳᠤ ᠤᠷᠤᠯᠴᠠᠵᠠᠢ᠃ | ᠪᠦᠷᠢᠳᠬᠡᠯ ᠢ ᠦᠨᠳᠤᠰᠤᠯᠠᠪᠠᠯ᠂ ᠨᠢᠭᠡᠯᠡ ᠭᠠᠷᠠᠭ ᠤᠨ ᠳᠤᠳᠤᠷ᠎ᠠ 50 ᠲᠦᠮᠡᠨ ᠬᠦᠮᠦᠨ ᠡᠨᠡ ᠤᠳᠠᠭ᠎ᠠ ᠶᠢᠨ | ᠠᠵᠢᠯᠯᠠᠭ᠎ᠠ ᠳᠤ ᠤᠷᠤᠯᠴᠠᠵᠤ ᠲᠠᠯᠠᠪᠤᠷ ᠪᠠᠶᠢᠳᠠᠯ ᠲᠦᠢᠯ ᠤᠨ ᠬᠦᠷ ᠬᠦᠭᠵᠢᠶᠡᠨ ᠲᠠᠢ ᠪᠠᠶᠢᠯ᠎ᠠ᠃ ᠦᠩᠭᠡᠷᠡᠭᠰᠡᠨ ᠨᠢᠭᠡ | ᠵᠢᠯ ᠳᠤ ᠤᠯᠠᠨ ᠢᠶᠠᠷ ᠢᠶᠠᠨ ᠦᠢᠯᠡᠰ ᠪᠤᠰᠬᠠᠵᠤ᠂ ᠨᠡᠶᠢᠳᠡ ᠪᠠᠷ ᠢᠶᠠᠨ ᠰᠢᠨ᠎ᠡ ᠶᠢ ᠡᠭᠦᠳᠬᠦ ᠠᠵᠢᠯ ᠦᠷᠨᠢᠩᠬᠦᠢ | ᠬᠦᠭᠵᠢᠵᠦ᠂ ᠤᠳᠤ ᠬᠠᠮᠳᠤᠪᠠᠷ ᠡᠳ᠋ᠯᠡᠬᠦ ᠠᠵᠦ ᠠᠬᠤᠢ ᠶᠢᠨ ᠬᠦᠭᠵᠢᠯᠳᠡ ᠴᠤ ᠶᠡᠬᠡᠳᠡ ᠲᠦᠷᠬᠡᠰᠪᠠ᠂ ᠭᠡᠪᠡᠴᠦ | ᠵᠠᠷᠢᠮ ᠬᠦᠮᠦᠰ ᠪᠠᠰᠠ ᠠᠳᠠᠯᠢ ᠪᠤᠰᠤ ᠦᠵᠡᠯᠳᠡ ᠲᠠᠢ ᠪᠠᠶᠢᠨ᠎ᠠ᠃ ᠶᠡᠷᠦᠩᠬᠡᠢ ᠰᠠᠶᠢᠳ ᠠᠴᠠ ᠠᠰᠠᠭᠤᠬᠤ ᠨᠢ᠄ ︽ | ᠦᠢᠯᠡᠰ ᠪᠤᠰᠬᠠᠵᠤ ᠰᠢᠨ᠎ᠠ ᠶᠢ ᠡᠬᠦᠳᠬᠦ︾ ᠶᠢᠨ ᠬᠠᠯᠠᠭᠤᠨ ᠤᠷᠮᠠᠰ ᠬᠡᠳᠦᠢ ᠦᠷᠬᠦᠯᠵᠢᠯᠡᠬᠦ ᠪᠤᠢ︖ | ᠯᠢ ᠺᠧ ᠴᠢᠶᠠᠩ᠄ | ︽ᠦᠢᠯᠡᠰ ᠪᠤᠰᠬᠠᠵᠤ ᠰᠢᠨ᠎ᠠ ᠶᠢ ᠡᠬᠦᠳᠬᠦ︾ ᠪᠤᠯ ᠠᠵᠢᠯᠯᠠᠭᠠᠨ ᠤ ᠳᠤᠮᠳᠠ ᠠᠶᠠᠨᠳᠠᠭᠠᠨ ᠪᠤᠢ ᠪᠤᠯᠤᠭᠰᠠᠨ | ᠭᠡᠵᠤ ᠬᠡᠯᠡᠵᠤ ᠪᠤᠯᠤᠨ᠎ᠠ᠂ ᠳᠡᠶᠠᠭᠠᠷᠴᠢᠯᠠᠯᠳᠠ᠂ ︽ᠢᠨᠲ᠋ᠧᠷ ᠰᠦᠯᠵᠢᠶ᠎ᠠ +︾ ᠶᠢᠨ ᠴᠠᠭ ᠦᠶ᠎ᠠ ᠳᠤ᠂ ᠪᠢᠳᠡ | ᠵᠠᠰᠠᠭ ᠢ ᠴᠤᠮᠬᠠᠳᠬᠠᠵᠤ ᠡᠷᠭᠡ ᠶᠢ ᠳᠠᠯᠪᠢᠨ᠂ ᠳᠠᠯᠪᠢᠬᠤ ᠬᠠᠮᠢᠶᠠᠷᠬᠤ ᠶᠢ ᠤᠶᠠᠯᠳᠤᠭᠤᠯᠵᠤ᠂ ᠦᠢᠯᠡᠴᠢᠯᠡᠭᠡ ᠶᠢ | ᠰᠢᠯᠢᠳᠡᠭᠵᠢᠭᠦᠯᠬᠦ ᠦᠭᠡᠷᠡᠴᠢᠯᠡᠯᠳᠡ ᠶᠢ ᠠᠬᠢᠭᠤᠯᠵᠤ᠂ ᠤᠯᠠᠨ ᠢᠶᠠᠷ ᠢᠶᠠᠨ ᠦᠢᠯᠡᠰ ᠪᠤᠰᠬᠠᠵᠤ᠂ ᠨᠡᠶᠢᠳᠡ ᠪᠠᠷ ᠢᠶᠠᠨ | ᠰᠢᠨ᠎ᠡ ᠶᠢ ᠡᠭᠦᠳᠬᠦ ᠶᠢ ᠠᠬᠢᠭᠤᠯᠤᠭᠰᠠᠨ ᠪᠠᠶᠢᠨ᠎ᠠ᠃ ᠡᠨᠡ 3 ᠵᠢᠯ ᠭᠠᠷᠤᠢ ᠳᠤ᠂ ᠡᠳᠦᠷ ᠪᠦᠷᠢ ᠳᠤᠮᠳᠠᠴᠢ ᠪᠠᠷ 4 | ᠲᠦᠮᠡ ᠠᠴᠠ ᠳᠡᠭᠡᠭᠰᠢᠬᠢ ᠵᠠᠬ᠎ᠠ ᠳᠡᠯᠭᠡᠭᠦᠷ ᠤᠨ ᠭᠤᠤᠯ ᠴᠤᠭᠴᠠ ᠶᠢ ᠳᠠᠩᠰᠠᠯᠠᠭᠤᠯᠵᠤ᠂ ᠡᠨᠡ ᠨᠢ ᠵᠢᠯ ᠪᠦᠷᠢ | ᠰᠢᠨ᠎ᠠ ᠪᠠᠷ 1000 ᠭᠠᠷᠤᠢ ᠲᠦᠮᠡ ᠨᠡᠮᠡᠭᠳᠡᠵᠤ ᠪᠠᠶᠢᠬᠤ ᠲᠠᠢ ᠳᠡᠩᠴᠡᠨ᠎ᠠ᠃ ᠪᠢ ᠵᠠᠷᠢᠮ ᠭᠠᠳᠠᠭᠠᠳᠤ ᠤᠯᠤᠰ ᠤᠨ | ᠤᠳᠤᠷᠢᠳᠤᠯᠭ᠎ᠠ ᠲᠠᠢ ᠡᠨᠡ ᠶᠠᠪᠤᠳᠠᠯ ᠢ ᠶᠠᠷᠢᠯᠴᠠᠵᠤ ᠦᠩᠭᠡᠷᠡᠭᠰᠡᠨ ᠪᠢᠯᠡ᠂ ᠳᠡᠳᠡ ᠮᠠᠰᠢ ᠭᠠᠶᠢᠬᠠᠰᠢᠷᠠᠵᠤ ᠪᠠᠶᠢᠯ᠎ᠠ᠂ | ᠡᠨᠡ ᠨᠢ ᠳᠡᠳᠡᠭᠡᠷ ᠤᠯᠤᠰ ᠤᠨ ᠳᠤᠮᠳᠠ ᠪᠠᠭ᠎ᠠ ᠵᠢᠵᠢᠭ ᠠᠵᠤ ᠠᠬᠤᠢᠢᠯᠠᠯ ᠤᠨ ᠶᠡᠷᠦᠩᠬᠡᠢ ᠬᠡᠮᠵᠢᠶ᠎ᠠ ᠲᠠᠢ ᠳᠡᠩᠴᠡᠵᠤ | ᠪᠠᠶᠢᠨ᠎ᠠ᠃ ᠦᠨᠡᠨᠳᠡᠭᠡᠨ ︽ᠦᠢᠯᠡᠰ ᠪᠤᠰᠬᠠᠵᠤ ᠰᠢᠨ᠎ᠠ ᠶᠢ ᠡᠭᠦᠳᠭᠦ︾ ᠪᠤᠯ ᠳᠤᠮᠳᠠ ᠪᠠᠭ᠎ᠠ ᠵᠢᠵᠢᠭ ᠠᠵᠤ | ᠠᠬᠤᠢᠢᠯᠠᠯ ᠤᠨ ᠶᠠᠪᠤᠳᠠᠯ ᠪᠤᠯᠬᠤ ᠪᠦᠬᠡᠳ ᠪᠠᠰᠠᠴᠦ ᠳᠤᠮᠤ ᠠᠵᠤ ᠠᠬᠤᠢᠢᠯᠠᠯ ᠤᠨ ᠶᠠᠪᠤᠳᠠᠯ ᠪᠤᠯᠤᠨ᠎ᠠ᠂ | ᠤᠳᠤᠬᠠᠨ ᠳᠤ ᠤᠯᠠᠩᠬᠢ ᠲᠤᠮᠤ ᠠᠵᠤ ᠠᠬᠤᠢᠢᠯᠠᠯ ᠪᠠᠰᠠ ︽ᠦᠢᠯᠡᠰ ᠪᠤᠰᠬᠠᠵᠤ ᠰᠢᠨ᠎ᠠ ᠶᠢ ᠡᠭᠦᠳᠭᠦ︾ ᠶᠢ | ᠠᠬᠢᠭᠤᠯᠵᠤ ᠪᠠᠶᠢᠨ᠎ᠠ᠂ ᠰᠦᠯᠵᠢᠶᠡᠨ ᠳᠡᠭᠡᠷ᠎ᠠ ᠤᠯᠠᠨ ᠢᠶᠠᠷ ᠢᠶᠠᠨ ᠦᠢᠯᠡᠰ ᠪᠤᠰᠬᠠᠬᠤ ᠨᠡᠩ ᠦᠷᠭᠡᠨ ᠤᠷᠤᠨ ᠵᠠᠢ ᠶᠢ | ᠡᠬᠦᠳᠴᠤ᠂ ᠰᠦᠯᠵᠢᠶᠡᠨ ᠳᠡᠭᠡᠷᠡᠬᠢ ᠠᠵᠢᠯᠴᠢᠨ ᠢ ᠦᠢᠯᠡᠰ ᠪᠦᠲᠦᠭᠡᠭᠴᠢ ᠪᠤᠯᠭᠠᠵᠤ᠂ ᠡᠬᠦᠨ ᠢᠶᠠᠨ ᠵᠠᠬᠢᠶᠠᠯᠠᠭ᠎ᠠ ᠶᠢᠨ | ᠠᠷᠤ ᠳᠠᠬᠢ ᠵᠠᠬ᠎ᠠ ᠳᠡᠯᠭᠡᠭᠦᠷ ᠤᠨ ᠬᠡᠷᠡᠭᠴᠡᠭᠡ ᠯᠦᠭᠡ ᠤᠶᠠᠯᠳᠤᠭᠤᠯᠤᠨ᠂ ᠬᠡᠷᠡᠭᠯᠡᠭᠴᠢᠳ ᠤᠨ ᠬᠡᠷᠡᠭᠴᠡᠭᠡ | ᠱᠠᠭᠠᠷᠳᠠᠯᠭ᠎ᠠ ᠲᠠᠢ ᠨᠡᠩ ᠵᠤᠬᠢᠴᠠᠭᠤᠯᠤᠭᠰᠠᠨ ᠪᠠᠶᠢᠳᠠᠭ᠃ ︽ᠦᠢᠯᠡᠰ ᠪᠤᠰᠬᠠᠵᠤ ᠰᠢᠨ᠎ᠠ ᠶᠢ ᠡᠭᠦᠳᠭᠦ︾ ᠨᠢ | ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ᠂ ᠳᠤᠮᠤ ᠳᠤᠮᠳᠠ ᠪᠠᠭ᠎ᠠ ᠠᠵᠤ ᠠᠬᠤᠢᠢᠯᠠᠯ ᠢ ᠪᠦᠷᠭᠦᠵᠤ᠂ | ᠬᠦᠴᠦᠷᠭᠡᠭ ᠶᠡᠭᠡ ᠠᠮᠢᠵᠢᠷᠠᠯ ᠤᠨ ᠬᠦᠴᠦᠨ ᠲᠠᠢ ᠪᠤᠯᠪᠠ᠃ | ︽ᠦᠢᠯᠡᠰ ᠪᠤᠰᠬᠠᠵᠤ ᠰᠢᠨ᠎ᠠ ᠶᠢ ᠡᠭᠦᠳᠭᠦ︾ ᠨᠢ ᠶᠡᠭᠡ ᠬᠡᠮᠵᠢᠶᠡᠨ ᠤ ᠠᠵᠢᠯ ᠤᠯᠭᠤᠯᠳᠠ ᠶᠢ ᠳᠠᠶᠢᠴᠢᠯᠠᠵᠤ | ᠴᠢᠳᠠᠭᠰᠠᠨ ᠢᠶᠠᠷ ᠪᠠᠷᠠᠬᠤ ᠦᠭᠡᠢ᠂ ᠰᠢᠨ᠎ᠠ ᠶᠢ ᠡᠭᠦᠳᠭᠦ ᠪᠠᠷ ᠬᠦᠳᠡᠯᠭᠡᠭᠦᠷ ᠪᠤᠯᠭᠠᠬᠤ ᠬᠦᠭᠵᠢᠯᠳᠡ ᠶᠢᠨ ᠪᠠᠶᠢᠯᠳᠤᠬᠤ | ᠪᠤᠳᠤᠯᠭ᠎ᠠ ᠶᠢ ᠬᠦᠨᠵᠡᠭᠡᠢ ᠬᠡᠷᠡᠭᠵᠢᠭᠦᠯᠭᠦ ᠶᠢ ᠠᠬᠢᠭᠤᠯᠤᠭᠰᠠᠨ ᠪᠠᠶᠢᠨ᠎ᠠ᠂ ᠡᠨᠡ ᠪᠤᠯ ᠪᠠᠰᠠᠴᠤ ᠨᠢᠭᠡ ᠤᠳᠠᠭ᠎ᠠ ᠶᠢᠨ | ᠦᠭᠡᠷᠡᠴᠢᠯᠡᠯᠳᠡ ᠪᠤᠯᠬᠤ ᠶᠤᠮ᠂ ᠤᠴᠢᠷ ᠨᠢ ᠳᠡᠷᠡ ᠨᠢ ︽ᠬᠦᠮᠦᠨ︾ ᠭᠡᠬᠦ ᠡᠨᠡᠭᠦ ᠦᠢᠯᠡᠳᠪᠦᠷᠢᠯᠡᠯ ᠤᠨ ᠬᠦᠴᠤᠨ ᠤ | ᠳᠤᠮᠳᠠᠬᠢ ᠬᠠᠮᠤᠭ ᠤᠨ ᠴᠢᠬᠤᠯᠠ ᠡᠯᠧᠮᠧᠨ᠋ᠲ ᠢ ᠠᠳᠬᠤᠵᠤ ᠴᠢᠳᠠᠭᠠᠳ᠂ ᠬᠦᠮᠦᠨ ᠤ ᠤᠶᠤᠨ ᠤᠬᠠᠭᠠᠨ ᠤᠢ ᠪᠢᠯᠢᠭ | ᠪᠠ ᠠᠮᠢᠵᠢᠷᠠᠯ ᠤᠨ ᠬᠦᠴᠤᠨ ᠢ ᠬᠦᠢᠴᠡᠳ ᠢᠯᠡᠷᠡᠭᠦᠯᠵᠤ᠂ ᠬᠦᠮᠦᠰ ᠲᠤ ᠬᠤᠪᠢ ᠵᠠᠶᠠᠭ᠎ᠠ ᠪᠠᠨ ᠬᠤᠪᠢᠷᠠᠭᠤᠯᠵᠤ᠂ | ᠭᠤᠯᠳᠤ ᠴᠢᠭᠯᠡᠯ ᠢᠶᠠᠷ ᠳᠡᠭᠡᠭᠰᠢᠯᠡᠭᠦ ᠳᠤ ᠡᠷᠭᠡ ᠳᠡᠭᠰᠢ ᠠᠵᠠ ᠳᠤᠬᠢᠶᠠᠯ ᠤᠯᠭᠤᠭᠰᠠᠨ ᠪᠠᠶᠢᠳᠠᠬ᠃ ᠳᠡᠷᠡ ᠨᠢ ᠨᠡᠩ | ᠴᠤ ᠦᠢᠯᠡᠳᠪᠦᠷᠢᠯᠡᠯ ᠤᠨ ᠵᠠᠭᠪᠤᠷ ᠤᠨ ᠰᠢᠨ᠎ᠠ ᠶᠢ ᠡᠭᠦᠳᠴᠦ᠂ ᠤᠯᠠᠨ ᠰᠢᠨ᠎ᠠ ᠡᠵᠡᠩᠨᠡᠯᠳᠡ ᠶᠢᠨ ᠬᠡᠯᠪᠡᠷᠢ᠂ | ᠵᠢᠱᠢᠶᠡᠯᠡᠪᠡᠯ ᠬᠠᠮᠳᠤᠪᠡᠷ ᠡᠳ᠋ᠯᠡᠭᠦ ᠠᠵᠤ ᠠᠬᠤᠢ᠂ ︽ᠢᠨᠲ᠋ᠧᠷ ᠰᠦᠯᠵᠢᠶ᠎ᠠ +︾ ᠵᠡᠷᠭᠡ ᠤᠯᠠᠨ ᠠᠷᠪᠢᠨ | ᠡᠵᠡᠩᠨᠡᠯᠳᠡ ᠶᠢᠨ ᠰᠢᠨ᠎ᠠ ᠬᠡᠯᠪᠡᠷᠢ ᠤᠳᠠᠭ᠎ᠠ ᠲᠠᠷᠠᠭᠠᠯᠠᠨ ᠢᠯᠡᠷᠡᠭᠰᠡᠨ ᠪᠠᠶᠢᠨ᠎ᠠ᠃ ᠡᠳᠡᠬᠡᠷ ᠰᠢᠨ᠎ᠠ ᠡᠵᠡᠩᠨᠡᠯᠳᠡ ᠶᠢᠨ | ᠬᠡᠯᠪᠡᠷᠢ ᠶᠢᠨ ᠵᠠᠷᠢᠮ ᠨᠢ ᠰᠢᠨ᠎ᠠ ᠬᠠᠭᠤᠴᠢᠨ ᠤ ᠬᠦᠳᠡᠯᠭᠡᠭᠦ ᠬᠦᠴᠦᠨ ᠢ ᠬᠤᠪᠢᠷᠠᠭᠤᠯᠬᠤ ᠶᠠᠪᠤᠴᠠ ᠳᠤᠮᠳᠠ ᠪᠤᠢ | ᠪᠤᠯᠵᠤ᠂ ᠰᠢᠨ᠎ᠠ ᠬᠠᠭᠤᠴᠢᠨ ᠢ ᠵᠤᠯᠭᠠᠯᠴᠠᠭᠤᠯᠵᠤ᠂ ᠵᠠᠷᠢᠮ ᠨᠢ ︽ᠬᠦᠭᠰᠢᠨ ᠮᠤᠳᠤᠨ ᠠᠴᠠ ᠰᠢᠨ᠎ᠠ ᠨᠠᠬᠢᠶ᠎ᠠ | ᠤᠷᠭᠤᠭᠤᠯᠤᠬᠰᠠᠨ︾ ᠪᠠᠶᠢᠨ᠎ᠠ᠃ ᠶᠡᠷᠦᠩᠬᠡᠶᠢᠯᠡᠬᠡᠳ ᠦᠵᠡᠪᠡᠯ ᠳᠡᠷᠡ ᠨᠢ ᠵᠠᠬ᠎ᠠ ᠳᠡᠯᠭᠡᠭᠦᠷ ᠤᠨ ᠬᠡᠷᠡᠭᠴᠡᠭᠡ | ᠱᠠᠭᠠᠷᠳᠠᠯᠭ᠎ᠠ ᠲᠠᠢ ᠵᠤᠬᠢᠴᠠᠨ᠂ ᠬᠡᠷᠡᠭᠯᠡᠭᠴᠢᠳ ᠤᠨ ᠦᠪᠡᠷᠮᠢᠴᠡ ᠴᠢᠨᠠᠷ᠂ ᠤᠯᠠᠨ ᠶᠠᠩᠵᠤᠳᠤ ᠴᠢᠨᠠᠷ ᠤᠨ | ᠱᠠᠭᠠᠷᠳᠠᠯᠭ᠎ᠠ ᠲᠠᠢ ᠵᠤᠬᠢᠴᠠᠭᠰᠠᠨ ᠪᠠᠶᠢᠨ᠎ᠠ᠃ | ᠡᠭᠦᠨ ᠠᠴᠠ ᠭᠠᠳᠠᠨ᠎ᠠ᠂ ᠰᠢᠨ᠎ᠠ ᠡᠵᠡᠩᠨᠡᠯᠳᠡ ᠶᠢᠨ ᠬᠡᠯᠪᠡᠷᠢ ᠶᠢᠨ ᠪᠤᠶᠢᠵᠢᠯᠳᠠ ᠨᠢ ᠪᠠᠰᠠ ᠵᠠᠰᠠᠭ ᠤᠨ | ᠤᠷᠳᠤᠨ ᠤ ᠴᠢᠳᠠᠪᠬᠢ ᠪᠠᠨ ᠬᠤᠪᠢᠷᠠᠭᠤᠯᠬᠤ ᠶᠢ ᠰᠢᠬᠠᠮᠳᠤᠭᠤᠯᠪᠠ᠃ ᠨᠡᠭᠡᠷᠡᠨ ᠳ᠋ᠡ᠂ ᠡᠳᠡᠭᠡᠷ ᠰᠢᠨ᠎ᠠ | ᠡᠵᠡᠩᠨᠡᠯᠳᠡ ᠶᠢᠨ ᠬᠡᠯᠪᠡᠷᠢ ᠶᠢᠨ ᠤᠯᠠᠩᠬᠢ ᠶᠢ ᠦᠩᠬᠡᠷᠡᠭᠰᠡᠨ ᠳᠤ ᠮᠡᠳᠡᠭᠰᠡᠨ ᠦᠬᠡᠢ ᠪᠠᠶᠢᠬᠰᠠᠨ ᠪᠤᠯᠬᠤᠷ | ᠮᠠᠷᠭᠤᠭᠠᠨ ᠲᠠᠢ ᠪᠠᠶᠢᠬᠤ ᠨᠢ ᠬᠡᠪ ᠤᠨ ᠶᠠᠪᠤᠳᠠᠯ ᠪᠤᠯᠬᠤ ᠶᠤᠮ᠂ ᠪᠢᠳᠡ ᠬᠠᠰᠢᠯᠠ ᠨᠡᠭᠡᠭᠡᠯᠳᠡᠳᠦ ᠤᠪᠤᠷ᠂ | ᠪᠠᠭᠳᠠᠭᠠᠮᠵᠢᠳᠤ ᠤᠢᠢᠯᠠᠭᠠᠭᠳᠠᠬᠤᠨ ᠢᠶᠠᠷ ᠬᠢᠴᠢᠶᠡᠩᠬᠦᠢ ᠪᠤᠯᠭᠤᠮᠵᠢᠳᠠᠢ ᠬᠢᠨᠡᠨ ᠬᠠᠮᠢᠶᠠᠷᠴᠦ᠂ ᠳᠡᠳᠡᠨᠠᠷ ᠤᠨ | ᠡᠷᠡᠭᠦᠯ ᠢᠶᠠᠷ ᠬᠦᠭᠵᠢᠭᠦ ᠶᠢ ᠠᠬᠢᠭᠤᠯᠪᠠᠯ ᠵᠤᠬᠢᠨ᠎ᠠ᠃ | ᠳᠤᠮᠳᠠᠳᠤ ᠤᠯᠤᠰ ᠲᠤ 1.7 ᠳ᠋ᠦᠩᠰᠢᠭᠤᠷ ᠶᠡᠭᠡ ᠳᠡᠭᠡᠳᠦ ᠵᠡᠷᠭᠡ ᠶᠢᠨ ᠰᠤᠷᠭᠠᠨ ᠬᠦᠮᠦᠵᠢᠯ ᠬᠦᠷᠳᠡᠭᠰᠡᠳ | ᠪᠠ ᠲᠡᠬᠡᠳᠦ ᠮᠡᠷᠭᠡᠵᠢᠯ ᠴᠢᠳᠠᠪᠤᠷᠢ ᠲᠠᠢ ᠴᠢᠳᠠᠪᠤᠷᠢᠳᠠᠨ ᠢ 8 ᠳ᠋ᠦᠩᠰᠢᠭᠤᠷ ᠰᠢᠬᠠᠮ ᠬᠦᠳᠡᠯᠮᠦᠷᠢ ᠬᠦᠴᠦᠨ ᠲᠠᠢ | ᠤᠶᠠᠯᠳᠤᠭᠤᠯᠪᠠᠯ᠂ ᠳᠡᠳᠡᠨᠠᠷ ᠤᠨ ᠡᠭᠦᠳᠦᠨ ᠪᠦᠳᠦᠭᠡᠭᠦ ᠡᠳ᠋ ᠬᠦᠷᠦᠩᠭᠡ ᠪᠤᠯᠤᠨ ᠤᠷᠬᠢᠯᠤᠨ ᠪᠤᠴᠠᠯᠤᠬᠰᠠᠨ | ᠠᠮᠢᠵᠢᠷᠠᠯ ᠤᠨ ᠬᠦᠴᠦᠨ ᠨᠢ ᠶᠡᠨᠳᠡᠰᠢ ᠦᠬᠡᠢ ᠪᠢᠯᠡ᠂ ᠡᠨᠡ ᠨᠢ ᠲᠡᠬᠡᠬᠡᠳ ᠵᠠᠬ᠎ᠠ ᠲᠡᠯᠬᠡᠬᠦᠷ᠂ ᠪᠠᠰᠠ ᠳᠡᠯᠡᠭᠡᠢ ᠶᠢᠨ | ᠵᠠᠬ᠎ᠠ ᠳᠡᠯᠭᠡᠭᠦᠷ ᠢ ᠪᠠᠭᠳᠠᠭᠠᠭᠰᠠᠨ ᠵᠠᠬ᠎ᠠ ᠳᠡᠯᠭᠡᠭᠦᠷ ᠲᠤ ᠯᠤᠳᠤ ᠶᠡᠭᠡ ᠠᠵᠠ ᠳᠤᠬᠢᠶᠠᠯ ᠢ ᠠᠪᠴᠢᠷᠠᠬᠤ ᠶᠤᠮ ᠬᠡᠵᠤ | ᠪᠢ ᠢᠮᠠᠬᠳᠠ ᠪᠤᠳᠤᠳᠠᠭ ᠪᠦᠬᠡᠳ ᠢᠩᠬᠢᠵᠤ ᠦᠵᠡᠭᠰᠡᠭᠡᠷ ᠢᠷᠡᠵᠠᠢ᠃ ᠳᠤᠮᠳᠠᠳᠤ ᠤᠯᠤᠰ ᠤᠨ ᠠᠷᠠᠳ ᠲᠦᠮᠡᠨ | ᠠᠵᠢᠯᠴᠢ ᠬᠦᠳᠡᠯᠮᠦᠷᠢᠴᠢ ᠤᠢ ᠪᠢᠯᠢᠭ ᠲᠠᠢ ᠪᠠᠶᠢᠵᠤ᠂ ᠰᠠᠶᠢᠨ ᠰᠠᠶᠢᠬᠠᠨ ᠠᠮᠢᠳᠤᠷᠠᠯ ᠢ ᠬᠦᠭᠡᠭᠡᠴᠡᠯᠳᠦᠭᠦ ᠰᠢᠷᠬᠢᠰᠢ | ᠦᠭᠡᠢ ᠬᠦᠳᠡᠯᠭᠡᠭᠴᠢ ᠬᠦᠴᠦᠨ ᠲᠠᠢ ᠶᠤᠮ᠂ ᠵᠠᠰᠠᠭ ᠤᠨ ᠤᠷᠳᠤᠨ ᠪᠤᠯ ᠲᠠᠷᠤᠢ ᠤᠷᠴᠢᠨ ᠳᠤᠭᠤᠷᠢᠨ ᠢ ᠡᠬᠦᠳᠦᠨ | ᠦᠭᠴᠤ᠂ ᠲᠦᠷᠬᠡᠨ ᠤᠯᠠᠨ ᠠᠷᠠᠳ ᠲᠦᠮᠡᠨ ᠤ ᠦᠢᠯᠡᠰ ᠪᠤᠰᠬᠠᠵᠤ ᠰᠢᠨ᠎ᠠ ᠶᠢ ᠡᠭᠦᠳᠭᠦ ᠤᠷᠬᠢᠯᠤᠮ᠎ᠠ ᠬᠠᠯᠠᠭᠤᠨ | ᠰᠡᠳᠬᠢᠯᠭᠡ ᠶᠢ ᠨᠢ ᠡᠬᠦᠷᠢᠳᠡ ᠵᠤᠷᠢᠬᠵᠢᠭᠤᠯᠪᠠᠯ ᠵᠤᠬᠢᠨ᠎ᠠ᠃ ᠶᠠᠷᠢᠶᠠᠨ ᠦᠭᠡᠢ ︽ᠦᠢᠯᠡᠰ ᠪᠤᠰᠬᠠᠵᠤ ᠰᠢᠨ᠎ᠠ ᠶᠢ | ᠡᠭᠦᠳᠭᠦ︾ ᠨᠢ ᠪᠠᠰᠠ ᠤᠯᠠᠨ ᠠᠷᠪᠢᠨ ᠰᠢᠨ᠎ᠠ ᠬᠡᠷᠡᠭ ᠪᠤᠳᠠᠰ ᠲᠠᠢ ᠠᠳᠠᠯᠢ ᠪᠠᠷ ᠬᠦᠭᠵᠢᠯᠳᠡ ᠶᠢᠨ ᠶᠠᠪᠤᠴᠠ ᠳᠤ | ᠵᠠᠷᠢᠮ ᠳᠠᠯ᠎ᠠ ᠪᠠᠷ᠂ ᠵᠠᠷᠢᠮ ᠠᠵᠤ ᠠᠬᠤᠢᠢᠯᠠᠯ ᠨᠢ ᠨᠤᠭᠤᠷᠠᠯ ᠪᠦᠳᠦᠷᠢᠯ ᠳᠤ ᠤᠴᠠᠷᠠᠵᠤ ᠮᠡᠳᠡᠨ᠎ᠠ᠂ ᠬᠡᠪᠡᠴᠤ ᠶᠡᠭᠡ | ᠴᠢᠭᠯᠡᠯ ᠨᠢ ᠯᠠᠪᠳᠠᠢ ᠵᠦᠪ ᠪᠢᠯᠡ᠃ | ᠹᠧᠩ ᠬᠤᠸᠠᠩ ᠤᠳᠤᠨ ᠲᠧᠯᠸᠢᠰ ᠤᠨ ᠰᠤᠷᠪᠤᠯᠵᠢᠯᠠᠬᠴᠢ᠄ | ᠡᠨᠡ ᠵᠢᠯ ᠤᠨ ᠵᠠᠰᠠᠭ ᠤᠨ ᠤᠷᠳᠤᠨ ᠤ ᠠᠵᠢᠯ ᠤᠨ ᠢᠯᠡᠳᠭᠡᠯ ᠳᠤ᠂ ᠲᠠ ︽ᠰᠢᠶᠠᠩᠭᠠᠩ ᠤᠨ ᠲᠤᠰᠠᠭᠠᠷ | ᠲᠤᠬᠳᠠᠨᠢᠯ︾ ᠤᠨ ᠠᠰᠠᠭᠤᠳᠠᠯ ᠢ ᠠᠩᠬ᠎ᠠ ᠤᠳᠠᠭ᠎ᠠ ᠲᠤᠷᠠᠳᠴᠤ᠂ ︽ᠰᠢᠶᠠᠩᠭᠠᠩ ᠤᠨ ᠲᠤᠰᠠᠭᠠᠷ ᠲᠤᠬᠳᠠᠨᠢᠯ ᠪᠤᠯ | ᠭᠠᠷᠬᠤ ᠵᠠᠮ ᠦᠭᠡᠢ︾ ᠬᠡᠵᠤ ᠵᠢᠭᠠᠨ ᠭᠠᠷᠭᠠᠪᠡ᠃ ᠡᠨᠡ ᠨᠢ ᠲᠦᠷᠦ ᠶᠢᠨ ᠪᠤᠳᠤᠯᠭ᠎ᠠ ᠶᠢᠨ ᠲᠠᠯ᠎ᠠ ᠪᠠᠷ ᠶᠠᠮᠠᠷ | ᠬᠤᠪᠢᠷᠠᠯᠳᠠ ᠭᠠᠷᠬᠤ ᠶᠢ ᠬᠠᠷᠠᠭᠤᠯᠵᠤ ᠪᠠᠶᠢᠨᠤ︖ ᠵᠢᠱᠢᠶᠡᠯᠡᠪᠡᠯ᠂ ︽ᠨᠢᠭᠡ ᠤᠯᠤᠰ ᠬᠤᠶᠠᠷ ᠪᠠᠶᠢᠭᠤᠯᠤᠯ︾ ᠬᠡᠭᠦ | ᠡᠨᠡᠭᠦ ᠵᠠᠷᠴᠢᠮ ᠤᠨ ᠠᠰᠠᠭᠤᠳᠠᠯ ᠲᠡᠭᠡᠷ᠎ᠡ ︽ᠨᠢᠭᠡ ᠤᠯᠤᠰ︾ ᠢ ᠨᠡᠩ ᠴᠢᠬᠤᠯᠠᠴᠢᠯᠠᠵᠤ ︽ᠬᠤᠶᠠᠷ ᠪᠠᠶᠢᠭᠤᠯᠤᠯ︾ ᠢ | ᠰᠤᠯᠠᠷᠠᠭᠤᠯᠬᠤ ᠡᠰᠡᠭᠦ︖ ᠡᠰᠡᠭᠦᠯ᠎ᠠ ᠬᠤᠵᠢᠮ ᠨᠠᠮ ᠤᠨ ᠲᠦᠪ ᠬᠤᠷᠢᠶ᠎ᠠ ᠠᠴᠠ ᠰᠢᠶᠠᠩᠭᠠᠩ ᠢ ᠲᠡᠮᠵᠢᠭᠦ ᠪᠠᠨ | ᠪᠠᠭᠠᠰᠬᠠᠨ᠎ᠠ ᠤᠤ︖ | ᠯᠢ ᠺᠧ ᠴᠢᠶᠠᠩ᠄ | ︽ᠨᠢᠭᠡ ᠤᠯᠤᠰ ᠬᠤᠶᠠᠷ ᠪᠠᠶᠢᠭᠤᠯᠤᠯ︾ ᠤᠨ ᠴᠢᠭᠯᠡᠯᠳᠡ ᠶᠢ ᠪᠦᠬᠦ ᠲᠠᠯ᠎ᠠ ᠪᠠᠷ ᠤᠢᠢᠯᠠᠭᠠᠨ ᠬᠡᠷᠡᠭᠵᠢᠭᠦᠯᠭᠦ | ᠭᠡᠷᠡᠭᠳᠡᠢ᠂ ᠪᠢ ᠵᠠᠰᠠᠭ ᠤᠨ ᠤᠷᠳᠤᠨ ᠤ ᠠᠵᠢᠯ ᠤᠨ ᠢᠯᠡᠳᠭᠡᠯ ᠳᠤ ᠨᠢᠭᠡᠨᠳᠡ ︽ᠨᠢᠭᠡ ᠤᠯᠤᠰ ᠬᠤᠶᠠᠷ ᠪᠠᠶᠢᠭᠤᠯᠤᠯ | ︾ ᠤᠨ ᠦᠢᠯᠡᠳᠦᠯᠭᠡ ᠶᠢ ᠭᠤᠶᠢᠪᠢᠰᠢ ᠦᠭᠡᠢ᠂ ᠬᠡᠯᠪᠡᠷᠢ ᠪᠠᠨ ᠠᠯᠳᠠᠯ ᠦᠭᠡᠢ᠂ ᠬᠤᠪᠢᠷᠠᠭᠤᠯᠦᠯ ᠦᠭᠡᠢ ᠪᠠᠶᠢᠯᠭᠠᠨ᠎ᠠ | ᠬᠡᠵᠤ ᠬᠡᠯᠡᠭᠰᠡᠨ ᠶᠤᠮ᠃ | ᠰᠢᠶᠠᠩᠭᠠᠩ ᠤᠨ ᠬᠦᠭᠵᠢᠯᠳᠡ ᠶᠢ ᠲᠡᠮᠵᠢᠭᠦ ᠲᠤᠬᠠᠢ ᠬᠡᠯᠡᠪᠡᠯ᠂ ᠲᠦᠷᠦ ᠶᠢᠨ ᠶᠠᠪᠤᠳᠠᠯ ᠤᠨ ᠬᠤᠷᠢᠶ᠎ᠠ ᠠᠴᠠ | ᠡᠷᠴᠢᠮ ᠢᠶᠠᠨ ᠲᠠᠰᠤᠷᠠᠯᠳᠠ ᠦᠭᠡᠢ ᠴᠢᠩᠭᠠᠳᠬᠠᠵᠤ᠂ ᠰᠢᠶᠠᠩᠭᠠᠩ ᠤᠨ ᠬᠦᠭᠵᠢᠯᠳᠡ ᠳᠤ ᠠᠰᠢᠬᠳᠠᠢ᠂ ᠲᠤᠳᠤᠷ | ᠭᠠᠵᠠᠷ ᠪᠠ ᠰᠢᠶᠠᠩᠭᠠᠩ ᠤᠨ ᠬᠠᠮᠳᠤᠷᠠᠯᠴᠠᠭ᠎ᠠ ᠳᠤ ᠠᠰᠢᠬᠳᠠᠢ ᠪᠠᠶᠢᠬᠤ ᠤᠯᠠᠨ ᠠᠷᠭ᠎ᠠ ᠠᠪᠴᠠᠯ ᠢ ᠦᠷᠭᠦᠯᠵᠢᠯᠡᠨ | ᠲᠤᠬᠳᠠᠭᠠᠨ᠎ᠠ᠃ ᠵᠢᠱᠢᠶᠡᠯᠡᠭᠡᠳ ᠬᠡᠯᠡᠪᠡᠯ᠂ ᠨᠢᠳᠤᠨᠤᠨ ᠪᠢᠳᠡ ︽ᠱᠧᠨᠵᠧᠨ ᠰᠢᠶᠠᠩᠭᠠᠩ ᠤᠨ ᠨᠡᠪᠳᠡᠷᠡᠯᠴᠡᠭᠡ︾ ᠶᠢ | ᠭᠠᠷᠭᠠᠵᠠᠢ᠃ ᠪᠢᠳᠡ ᠵᠢᠭᠡᠯᠡᠯᠭᠡ ᠶᠢᠨ ᠲᠡᠮᠳᠡᠭᠳᠦ ᠶᠢᠨ ᠵᠠᠬ᠎ᠠ ᠲᠡᠯᠭᠡᠭᠦᠷ ᠢ ᠴᠢᠯᠦᠭᠡᠳᠡᠢ ᠪᠤᠯᠭᠠᠬᠤ ᠶᠢ ᠴᠢᠨᠠᠬᠰᠢᠳᠠ | ᠰᠦᠪᠡᠭᠴᠢᠯᠡᠨ᠎ᠡ᠂ ᠡᠨᠡ ᠪᠤᠯ ᠤᠯᠤᠰ ᠤᠨ ᠬᠡᠷᠡᠭᠴᠡᠭᠡ ᠱᠠᠭᠠᠷᠳᠠᠯᠭ᠎ᠠ᠂ ᠰᠢᠶᠠᠩᠭᠠᠩ ᠳᠤ ᠪᠠᠰᠠ ᠲᠠᠪᠴᠠᠩ ᠪᠠᠶᠢᠨ᠎ᠠ᠃ | ᠪᠢᠳᠡ ᠡᠨᠡ ᠵᠢᠯ ᠳᠤ ᠰᠢᠶᠠᠩᠭᠠᠩ ᠪᠤᠯᠤᠨ ᠲᠤᠳᠤᠷ ᠭᠠᠵᠠᠷ ᠤᠨ ︽ᠵᠢᠭᠡᠯᠡᠯᠭᠡ ᠶᠢᠨ ᠲᠡᠮᠳᠡᠭᠳᠦ ᠶᠢᠨ ᠨᠡᠪᠳᠡᠷᠡᠯᠴᠡᠭᠡ︾ | ᠶᠢ ᠲᠤᠷᠰᠢᠨ ᠬᠡᠷᠡᠭᠵᠢᠭᠦᠯᠭᠦ ᠪᠠᠷ ᠲᠦᠯᠦᠪᠯᠡᠵᠤ ᠪᠠᠶᠢᠨ᠎ᠠ᠂ ᠲᠠᠷᠤᠢ ᠬᠢᠯᠢ ᠶᠢᠨ ᠭᠠᠳᠠᠨᠠᠬᠢ ᠪᠡᠯᠡ ᠮᠦᠩᠭᠦ ᠬᠢᠯᠢ ᠶᠢᠨ | ᠭᠠᠳᠠᠨ᠎ᠠ ᠠᠴᠠ ᠲᠤᠳᠤᠷ ᠭᠠᠵᠠᠷ ᠤᠨ ᠵᠢᠭᠡᠯᠡᠯᠭᠡ ᠶᠢᠨ ᠲᠡᠮᠳᠡᠭᠳᠦ ᠶᠢ ᠬᠤᠳᠠᠯᠳᠤᠨ ᠠᠪᠴᠤ ᠪᠤᠯᠤᠨ᠎ᠠ᠂ ᠡᠨᠡ ᠪᠤᠯ | ᠠᠩᠬᠠᠳᠠᠬᠴᠢ ᠤᠳᠠᠭ᠎ᠠ ᠶᠤᠮ᠃ ᠰᠢᠶᠠᠩᠭᠠᠩ ᠤᠷᠤᠨ ᠪᠠᠶᠢᠷᠢ ᠶᠢᠨ ᠲᠠᠪᠠᠭᠤᠯᠢᠭ ᠢᠶᠠᠷ ᠢᠶᠠᠨ ᠤᠷᠢᠳᠠᠪᠡᠷ ᠠᠰᠢᠭ | ᠬᠦᠷᠳᠡᠨ᠎ᠠ᠂ ᠡᠨᠡ ᠨᠢ ᠰᠢᠶᠠᠩᠭᠠᠩ ᠤᠨ ᠤᠯᠠᠨ ᠤᠯᠤᠰ ᠤᠨ ᠮᠦᠩᠭᠦᠨ ᠬᠦᠢᠯᠭᠡᠭᠡᠨ ᠤ ᠲᠦᠪ ᠤᠨ ᠪᠠᠶᠢᠷᠢ | ᠰᠠᠭᠤᠷᠢ ᠶᠢ ᠬᠠᠮᠠᠭᠠᠯᠠᠬᠤ ᠳᠤ ᠠᠰᠢᠬᠳᠠᠢ᠂ ᠰᠢᠶᠠᠩᠭᠠᠩ ᠤᠨ ᠰᠠᠭᠤᠭᠠᠯᠢ ᠠᠷᠠᠳ ᠤᠨ ᠨᠡᠩ ᠤᠯᠠᠨ ᠪᠡᠯᠡ | ᠤᠷᠤᠭᠤᠯᠬᠤ ᠵᠠᠮ ᠢᠶᠠᠷ ᠠᠰᠢᠭ ᠬᠦᠷᠳᠡᠭᠦ ᠳᠤ ᠠᠰᠢᠬᠳᠠᠢ ᠪᠦᠭᠡᠳ ᠰᠢᠶᠠᠩᠭᠠᠩ ᠤᠨ ᠤᠷᠳᠤ ᠬᠤᠭᠤᠴᠠᠭᠠᠨ ᠤ | ᠴᠡᠴᠡᠭᠯᠡᠯᠳᠡ ᠪᠤᠯᠤᠨ ᠲᠤᠬᠳᠠᠭᠤᠨ ᠳᠤ ᠠᠰᠢᠬᠳᠠᠢ ᠶᠤᠮ᠃ | ᠤᠷᠤᠰ ᠤᠨ ᠮᠡᠳᠡᠭᠡᠯᠡᠯ ᠤᠨ ᠬᠤᠷᠢᠶ᠎ᠠ — ᠲᠠᠰᠰ ︵TASS︶ ᠬᠤᠷᠢᠶ᠎ᠠ ᠶᠢᠨ ᠰᠤᠷᠪᠤᠯᠵᠢᠯᠠᠬᠴᠢ᠄ | ᠲᠠᠨ ᠠᠴᠠ ᠠᠰᠠᠭᠤᠬᠤ ᠨᠢ ᠲᠤᠮᠳᠠᠳᠤ ᠤᠷᠤᠰ ᠤᠨ ᠬᠠᠷᠢᠴᠠᠭ᠎ᠠ ᠶᠢ ᠬᠡᠷᠬᠢᠨ ᠦᠨᠡᠯᠡᠭᠦ ᠪᠤᠢ︖ ᠲᠡᠯᠡᠭᠡᠢ ᠶᠢᠨ | ᠠᠵᠤ ᠠᠬᠤᠢ ᠲᠤᠬᠳᠠᠭᠤᠨ ᠪᠤᠰᠤ᠂ ᠡᠨᠧᠷᠬᠢ ᠶᠢᠨ ᠦᠨ᠎ᠠ ᠲᠤᠬᠳᠠᠪᠤᠷᠢ ᠦᠭᠡᠢ ᠠᠬᠤᠢ ᠪᠠᠶᠢᠳᠠᠯ ᠲᠤᠤᠷ᠎ᠠ ᠬᠤᠶᠠᠷ | ᠤᠯᠤᠰ ᠠᠵᠤ ᠠᠬᠤᠢ ᠠᠷᠠᠯᠵᠢᠶᠠᠨ ᠤ ᠬᠠᠷᠢᠴᠠᠭ᠎ᠠ ᠪᠠᠨ ᠬᠦᠭᠵᠢᠭᠦᠯᠵᠤ ᠲᠡᠶᠢᠯᠦᠨ᠎ᠠ ᠤᠤ︖ | ᠯᠢ ᠺᠧ ᠴᠢᠶᠠᠩ᠄ | ᠲᠤᠮᠳᠠᠳᠤ ᠤᠷᠤᠰ ᠤᠨ ᠬᠠᠷᠢᠴᠠᠭ᠎ᠠ ᠠᠴᠠ ᠬᠡᠯᠡᠪᠡᠯ᠂ ᠬᠤᠶᠠᠷ ᠤᠯᠤᠰ ᠪᠤᠯ ᠬᠠᠮᠤᠭ ᠤᠨ ᠶᠡᠭᠡ ᠬᠦᠷᠰᠢ | ᠵᠡᠷᠭᠡᠯᠳᠡᠭᠡ ᠤᠯᠤᠰ ᠪᠦᠭᠡᠳ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠮᠵᠢᠯᠴᠠᠭᠠᠨ ᠤ ᠬᠠᠨᠢᠳᠠᠨ ᠪᠤᠯᠤᠨ᠎ᠠ᠃ | ᠲᠤᠮᠳᠠᠳᠤ ᠤᠷᠤᠰ ᠤᠨ ᠬᠠᠷᠢᠴᠠᠭ᠎ᠠ ᠡᠷᠡᠭᠦᠯ ᠢᠶᠠᠷ ᠲᠤᠬᠳᠠᠭᠤᠨ ᠬᠦᠭᠵᠢᠭᠦ ᠨᠢ ᠭᠠᠵᠠᠷ ᠤᠷᠤᠨ ᠳᠤ ᠠᠰᠢᠬᠳᠠᠢ | ᠮᠦᠷᠳᠡᠭᠡᠨ ᠲᠡᠯᠡᠭᠡᠢ ᠳ᠋ᠠᠬᠢᠨ ᠳᠤ ᠴᠤ ᠠᠰᠢᠬᠳᠠᠢ ᠶᠤᠮ᠃ ᠨᠢᠳᠤᠨᠤᠨ ᠬᠤᠶᠠᠷ ᠤᠯᠤᠰ ᠤᠨ ᠲᠡᠷᠢᠭᠦᠨ ᠤᠯᠠᠨ | ᠤᠳᠠᠭ᠎ᠠ ᠠᠭᠤᠯᠵᠠᠯᠳᠠ ᠬᠢᠵᠤ᠂ ᠮᠠᠰᠢ ᠤᠯᠠᠨ ᠴᠢᠬᠤᠯᠠ ᠬᠠᠮᠳᠤ ᠶᠢᠨ ᠲᠠᠨᠢᠯᠳᠠ ᠲᠠᠢ ᠪᠤᠯᠪᠠ᠃ ᠲᠤᠮᠳᠠᠳᠤ | ᠤᠷᠤᠰ ᠤᠨ ᠶᠡᠷᠦᠩᠬᠡᠢ ᠰᠠᠶᠢᠳ ᠲᠤᠬᠳᠠᠮᠠᠯ ᠬᠤᠭᠤᠴᠠᠭ᠎ᠠ ᠲᠠᠢ ᠠᠭᠤᠯᠵᠠᠯᠳᠠ ᠬᠢᠭᠦ ᠶᠢ ᠤᠯᠠᠨ ᠵᠢᠯ ᠲᠤᠬᠳᠠᠬᠰᠠᠨ | ᠬᠤᠭᠤᠴᠠᠭ᠎ᠠ ᠳᠠᠭᠠᠨ ᠶᠠᠪᠤᠬᠳᠠᠭᠤᠯᠤᠬᠰᠠᠭᠠᠷ ᠢᠷᠡᠪᠡ᠂ ᠡᠳᠡᠭᠡᠷ ᠨᠢ ᠲᠤᠮᠳᠠᠳᠤ ᠤᠷᠤᠰ ᠤᠨ ᠬᠠᠷᠢᠴᠠᠭ᠎ᠠ ᠶᠢᠨ | ᠲᠤᠬᠳᠠᠭᠤᠨ ᠴᠢᠨᠠᠷ ᠢ ᠬᠦᠢᠴᠡᠳ ᠬᠠᠷᠠᠭᠤᠯᠵᠤ ᠪᠠᠶᠢᠨ᠎ᠠ᠃ | ᠬᠤᠶᠠᠷ ᠤᠯᠤᠰ ᠤᠨ ᠠᠵᠤ ᠠᠬᠤᠢ ᠠᠷᠠᠯᠵᠢᠶ᠎ᠠ ᠶᠢᠨ ᠬᠠᠷᠢᠴᠠᠭ᠎ᠠ ᠠᠴᠠ ᠬᠡᠯᠡᠪᠡᠯ᠂ ᠡᠳᠡᠭᠡᠷ ᠵᠢᠯ ᠤᠳ ᠲᠤ | ᠲᠡᠯᠡᠭᠡᠢ ᠶᠢᠨ ᠠᠵᠤ ᠠᠬᠤᠢ ᠶᠢᠨ ᠰᠡᠷᠭᠦᠯᠳᠡ ᠤᠳᠠᠭᠠᠨ᠂ ᠠᠷᠠᠯᠵᠢᠶᠠᠨ ᠤ ᠨᠡᠮᠡᠭᠳᠡᠯ ᠬᠦᠷᠦᠯᠴᠡᠭᠦ ᠦᠭᠡᠢ ᠪᠠᠶᠢᠳᠠᠯ | ᠲᠤᠤᠷ᠎ᠠ᠂ ᠲᠤᠮᠳᠠᠳᠤ ᠤᠷᠤᠰ ᠤᠨ ᠠᠵᠤ ᠠᠬᠤᠢ ᠠᠷᠠᠯᠵᠢᠶ᠎ᠠ ᠶᠢᠨ ᠬᠠᠮᠳᠤᠷᠠᠯᠴᠠᠭ᠎ᠠ ᠡᠨᠧᠷᠬᠢ ᠶᠢᠨ ᠦᠨ᠎ᠠ | ᠬᠠᠩᠰᠢ ᠶᠢᠨ ᠪᠠᠭᠤᠷᠠᠯ ᠵᠡᠷᠭᠡ ᠰᠢᠯᠳᠠᠭᠠᠨ ᠠᠴᠠ ᠵᠤᠬᠢᠬᠤ ᠬᠡᠮᠵᠢᠶᠡᠨ ᠳᠤ ᠨᠦᠯᠦᠭᠡᠯᠡᠭᠳᠡᠵᠡᠢ᠃ ᠴᠡᠭᠡᠵᠢᠯᠡᠵᠤ | ᠪᠠᠶᠢᠬᠤ ᠪᠠᠷ ᠨᠢᠳᠤᠨᠤᠨ ᠤ ᠰᠤᠷᠪᠤᠯᠵᠢᠯᠠᠬᠴᠢᠳ ᠤᠨ ᠬᠤᠷᠠᠯ ᠲᠡᠭᠡᠷ᠎ᠡ ᠪᠢ ᠲᠤᠮᠳᠠᠳᠤ ᠤᠷᠤᠰ ᠤᠨ ᠠᠵᠤ ᠠᠬᠤᠢ | ᠠᠷᠠᠯᠵᠢᠶᠠᠨ ᠤ ᠬᠠᠮᠳᠤᠷᠠᠯᠴᠠᠭ᠎ᠠ ᠲᠤᠬᠠᠢ ᠶᠢᠨ ᠵᠢᠯ ᠳᠡᠭᠡᠨ ᠡᠷᠬᠢᠯᠳᠡ ᠶᠢᠨ ᠴᠢᠨᠠᠷᠳᠠᠢ ᠬᠤᠪᠢᠷᠠᠯᠳᠠ ᠭᠠᠷᠬᠤ ᠶᠢ | ᠬᠦᠰᠡᠵᠤ ᠪᠠᠶᠢᠨ᠎ᠠ ᠬᠡᠵᠤ ᠬᠡᠯᠡᠵᠤ ᠦᠩᠭᠡᠷᠡᠭᠰᠡᠨ᠂ ᠤᠳᠤ ᠪᠡᠶᠡᠯᠡᠯ ᠢᠶᠠᠨ ᠤᠯᠵᠠᠢ ᠬᠡᠵᠤ ᠬᠡᠯᠡᠪᠡᠯ ᠵᠤᠬᠢᠨ᠎ᠠ᠂ ᠡᠨᠡ ᠨᠢ | ᠶᠠᠷᠢᠶᠠᠨ ᠦᠭᠡᠢ ᠪᠢᠳᠡᠨ ᠤ ᠬᠠᠮᠳᠤ ᠶᠢᠨ ᠴᠢᠷᠮᠠᠶᠢᠯᠭ᠎ᠠ ᠶᠢᠨ ᠦᠷ᠎ᠡ ᠳ᠋ᠦᠩ ᠪᠤᠯᠤᠨ᠎ᠠ᠃ ᠤᠨᠴᠠᠭᠠᠢᠢᠯᠠᠨ ᠡᠨᠡ ᠵᠢᠯ ᠤᠨ | ᠡᠮᠦᠨ᠎ᠠ ᠬᠤᠶᠠᠷ ᠰᠠᠷ᠎ᠠ ᠳᠤ᠂ ᠲᠤᠮᠳᠠᠳᠤ ᠤᠷᠤᠰ ᠤᠨ ᠠᠷᠠᠯᠵᠢᠶᠠᠨ ᠤ ᠬᠡᠮᠵᠢᠶ᠎ᠠ ᠶᠡᠭᠡ ᠬᠡᠮᠵᠢᠶ᠎ᠡ ᠪᠠᠷ ᠨᠡᠮᠡᠭᠳᠡᠪᠡ᠂ | ᠡᠨᠡ ᠨᠢ ᠲᠤᠮᠳᠠᠳᠤ ᠤᠷᠤᠰ ᠤᠨ ᠬᠤᠶᠠᠷ ᠲᠠᠯ᠎ᠠ ᠶᠢᠨ ᠠᠵᠤ ᠠᠬᠤᠢ ᠠᠷᠠᠯᠵᠢᠶᠠᠨ ᠤ ᠬᠠᠮᠳᠤᠷᠠᠯᠴᠠᠭ᠎ᠠ ᠶᠢᠨ ᠨᠦᠬᠡᠴᠡ | ᠬᠦᠴᠦᠨ ᠶᠡᠭᠡ᠂ ᠬᠠᠷᠢᠯᠴᠠᠨ ᠨᠦᠬᠦᠪᠦᠷᠢᠯᠡᠭᠦ ᠴᠢᠨᠠᠷ ᠢᠶᠠᠷ ᠮᠠᠰᠢ ᠴᠢᠩᠭ᠎ᠠ᠂ ᠬᠤᠶᠠᠷ ᠲᠠᠯ᠎ᠠ ᠪᠠᠷ ᠢᠶᠠᠨ | ᠲᠤᠬᠳᠠᠭᠠᠬᠰᠠᠨ ᠠᠵᠤ ᠠᠬᠤᠢ ᠠᠷᠠᠯᠵᠢᠶ᠎ᠠ ᠶᠢᠨ ᠬᠠᠮᠳᠤᠷᠠᠯᠴᠠᠭᠠᠨ ᠤ ᠬᠠᠷᠠᠯᠳᠠ ᠪᠡᠶᠡᠯᠡᠭᠳᠡᠵᠤ ᠲᠡᠶᠢᠯᠦᠨ᠎ᠡ ᠬᠡᠳᠡᠭ ᠢ | ᠬᠠᠷᠠᠭᠤᠯᠵᠤ ᠪᠠᠶᠢᠨ᠎ᠠ᠃ | ᠡᠳ᠋ ᠤᠨ ᠵᠠᠰᠠᠭ ᠠᠵᠦ ᠠᠬᠤᠢ ᠶᠢᠨ ᠰᠤᠨᠢᠨ ᠮᠡᠳᠡᠭᠡ ᠰᠡᠳᠬᠦᠯ ᠤᠨ ᠰᠤᠷᠪᠤᠯᠵᠢᠯᠠᠬᠴᠢ᠄ | ᠤᠳᠤᠬᠠᠨ ᠳᠤ ᠠᠷᠠᠳ ᠤᠨ ᠵᠤᠭᠤᠰ ᠤᠨ ᠭᠤᠪᠢᠭᠤᠯᠤᠮᠵᠢ ᠳᠤ ᠵᠤᠬᠢᠬᠤ ᠬᠡᠮᠵᠢᠶᠡᠨ ᠤ ᠪᠠᠭᠤᠷᠠᠬᠤ ᠳᠠᠷᠤᠯᠲᠠ | ᠢᠯᠡᠷᠡᠵᠦ ᠪᠤᠢ᠂ ᠭᠡᠪᠡᠴᠦ ᠭᠤᠪᠢᠭᠤᠯᠤᠮᠵᠢ ᠶᠢ ᠲᠤᠬᠲᠠᠭᠤᠨ ᠪᠠᠶᠢᠯᠭᠠᠬᠤ ᠬᠡᠪᠡᠯ᠂ ᠨᠢᠭᠡ ᠪᠤᠯ ᠭᠠᠳᠠᠭᠠᠲᠦ | ᠭᠤᠪᠢᠭᠤᠯᠭ᠎ᠠ ᠶᠢᠨ ᠬᠠᠳᠠᠭᠠᠯᠠᠬᠳᠠᠴᠠ ᠶᠢ ᠪᠠᠭᠤᠷᠠᠭᠤᠯᠤᠨ᠎ᠡ᠂ ᠡᠰᠡᠪᠡᠯ ᠭᠠᠳᠠᠭᠠᠲᠦ ᠭᠤᠪᠢᠭᠤᠯᠭ᠎ᠠ ᠶᠢᠨ ᠬᠠᠮᠢᠶᠠᠷᠤᠯᠲᠠ | ᠡᠵᠡᠮᠳᠡᠭᠦ ᠶᠢ ᠴᠢᠩᠭᠠᠳᠬᠠᠨ᠎ᠡ᠃ ᠲᠠᠭᠡᠪᠡᠯ ᠲᠠ ᠭᠠᠳᠠᠭᠠᠲᠦ ᠭᠤᠪᠢᠭᠤᠯᠭ᠎ᠠ ᠶᠢᠨ ᠬᠠᠳᠠᠭᠠᠯᠠᠬᠳᠠᠴᠠ ᠶᠢ ᠪᠠᠭᠠᠰᠬᠠᠬᠤ | ᠪᠤᠶᠤ ᠭᠠᠳᠠᠭᠠᠲᠦ ᠭᠤᠪᠢᠭᠤᠯᠭ᠎ᠠ ᠶᠢᠨ ᠬᠠᠮᠢᠶᠠᠷᠤᠯᠲᠠ ᠡᠵᠡᠮᠳᠡᠭᠦ ᠶᠢ ᠴᠢᠩᠭᠠᠳᠬᠠᠬᠤ ᠲᠤᠬᠠᠢ ᠶᠠᠭᠠᠬᠢᠵᠦ ᠦᠵᠡᠵᠦ | ᠪᠠᠶᠢᠭ᠎ᠠ ᠪᠤᠢ︖ ᠡᠭᠦᠨ ᠤ ᠠᠰᠢᠬ ᠬᠤᠤᠷ ᠤᠨ ᠲᠤᠬᠠᠢ ᠲᠠ ᠶᠠᠭᠠᠭᠢᠵᠤ ᠰᠤᠩᠭᠤᠯᠲᠠ ᠬᠢᠭᠦ ᠪᠤᠢ︖ | ᠯᠢ ᠺᠧ ᠴᠢᠶᠠᠩ᠄ | ᠡᠩ ᠲᠡᠷᠢᠭᠦᠨ ᠳᠤ᠂ ᠭᠤᠪᠢᠭᠤᠯᠤᠮᠵᠢ ᠶᠢᠨ ᠲᠤᠬᠠᠢ᠃ ᠨᠢᠲᠤᠨᠤᠨ ᠲᠡᠯᠡᠬᠡᠢ ᠶᠢᠨ ᠵᠤᠭᠤᠰ ᠤᠨ ᠵᠠᠬ᠎ᠠ | ᠳᠡᠯᠭᠡᠭᠦᠷ ᠤᠨ ᠤᠷᠤᠭ᠎ᠠ ᠪᠤᠰᠤᠭ᠎ᠠ ᠪᠠᠶᠢᠳᠠᠯ ᠲᠤᠤᠷ᠎ᠠ᠂ ᠤᠨᠴᠠᠭᠠᠢᠢᠯᠠᠨ ᠳ᠋ᠤᠯᠯᠠᠷ ᠤᠨ ᠦᠨ᠎ᠡ ᠦᠰᠴᠦ᠂ ᠤᠯᠠᠩᠬᠢ | ᠵᠤᠭᠤᠰ ᠢᠯᠠᠩᠭᠤᠶ᠎ᠡ ᠭᠤᠤᠯᠳᠠᠯᠭ᠎ᠠ ᠲᠠᠢ ᠤᠯᠡᠨ ᠤᠯᠤᠰ ᠤᠨ ᠵᠤᠭᠤᠰ ᠤᠨ ᠳ᠋ᠤᠯᠯᠠᠷ ᠲᠠᠬᠢ ᠭᠤᠪᠢᠭᠤᠯᠤᠮᠵᠢ ᠶᠢᠨ | ᠦᠷᠳᠡᠭ ᠶᠡᠭᠡ ᠬᠡᠮᠵᠢᠶ᠎ᠡ ᠪᠠᠷ ᠪᠠᠭᠤᠷᠠᠪᠠ᠂ ᠬᠠᠷᠢᠨ ᠠᠷᠠᠳ ᠤᠨ ᠵᠤᠭᠤᠰ ᠤᠨ ᠭᠤᠪᠢᠭᠤᠯᠤᠮᠵᠢ ᠶᠢᠨ ᠦᠷᠳᠡᠭ | ᠪᠠᠭᠤᠷᠠᠬᠰᠡᠨ ᠬᠡᠮᠵᠢᠶ᠎ᠡ ᠬᠠᠷᠢᠴᠠᠩᠭᠤᠢ ᠲᠤᠤᠷ᠎ᠠ ᠪᠠᠶᠢᠵᠠᠢ᠃ ᠪᠢᠳᠡ ᠦᠷᠳᠡᠭ ᠢ ᠪᠠᠭᠤᠷᠠᠭᠤᠯᠬᠤ ᠪᠠᠷ ᠳᠠᠮᠵᠢᠵᠦ | ᠭᠠᠳᠠᠭᠠᠲᠦ ᠳᠤ ᠭᠠᠷᠭᠠᠬᠤ ᠶᠢ ᠨᠡᠮᠡᠭᠳᠡᠭᠦᠯᠬᠦ ᠶᠢ ᠬᠦᠰᠡᠬᠦ ᠦᠭᠡᠢ᠂ ᠡᠨᠡ ᠨᠢ ᠠᠵᠦ ᠠᠬᠤᠢᠢᠯᠠᠯ ᠤᠨ ᠬᠡᠯᠪᠡᠷᠢ ᠪᠠᠨ | ᠬᠤᠪᠢᠷᠠᠭᠤᠯᠤᠨ ᠲᠡᠰ ᠲᠡᠪᠰᠢᠭᠦᠯᠬᠦ ᠳᠤ ᠠᠰᠢᠭ ᠦᠭᠡᠢ᠃ ᠪᠢᠳᠡ ᠪᠠᠰᠠ ᠠᠷᠠᠯᠵᠢᠶᠡᠨ ᠤ ᠪᠠᠶᠢᠯᠳᠤᠭᠠᠨ ᠡᠭᠦᠰᠬᠦ ᠶᠢ | ᠬᠦᠰᠡᠬᠦ ᠦᠭᠡᠢ᠂ ᠡᠨᠡ ᠨᠢ ᠤᠯᠡᠨ ᠤᠯᠤᠰ ᠤᠨ ᠠᠷᠠᠯᠵᠢᠶ᠎ᠡ ᠪᠠ ᠵᠤᠭᠤᠰ ᠤᠨ ᠰᠢᠰᠲ᠋ᠧᠮ ᠤᠨ ᠲᠤᠬᠳᠠᠭᠤᠨ ᠳᠤ | ᠠᠰᠢᠭ ᠦᠭᠡᠢ᠃ ᠪᠢᠳᠡ ᠠᠷᠠᠳ ᠤᠨ ᠵᠤᠭᠤᠰ ᠤᠨ ᠭᠤᠪᠢᠭᠤᠯᠤᠮᠵᠢ ᠶᠢᠨ ᠲᠤᠬᠲᠠᠴᠠ ᠪᠦᠷᠢᠯᠳᠦᠭᠦ | ᠦᠭᠡᠷᠡᠴᠢᠯᠡᠯᠲᠡ ᠶᠢ ᠠᠭᠢᠭᠤᠯᠬᠤ ᠶᠢ ᠪᠠᠷᠢᠮᠳᠠᠯᠠᠨ᠂ ᠵᠠᠬ᠎ᠠ ᠳᠡᠯᠭᠡᠭᠦᠷ ᠤᠨ ᠬᠠᠨᠭ᠍ᠭᠠᠯᠭ᠎ᠠ ᠬᠡᠷᠡᠭᠴᠡᠭᠡ ᠪᠠᠷ ᠰᠠᠭᠤᠷᠢ | ᠪᠤᠯᠭᠠᠬᠰᠡᠨ᠂ ᠬᠠᠮᠢᠶᠠᠷᠤᠯᠲᠠ ᠲᠠᠢ ᠬᠡᠯᠪᠡᠯᠵᠡᠭᠰᠡᠨ ᠭᠤᠪᠢᠭᠤᠯᠤᠮᠵᠢ ᠶᠢᠨ ᠲᠦᠷᠢᠮ ᠢ ᠬᠡᠷᠡᠭᠵᠢᠭᠦᠯᠦᠨ᠎ᠡ᠃ ᠲᠠᠷᠤᠢ | ᠠᠷᠠᠳ ᠤᠨ ᠵᠤᠭᠤᠰ ᠤᠨ ᠬᠠᠷᠢᠮᠠᠬᠠᠢ ᠴᠢᠨᠠᠷ ᠨᠡᠮᠡᠭᠳᠡᠭᠰᠡᠨ ᠪᠠᠶᠢᠳᠠᠯ ᠲᠤᠤᠷ᠎ᠠ᠂ ᠪᠢᠲᠠ ᠠᠷᠠᠳ ᠤᠨ ᠵᠤᠭᠤᠰ ᠤᠨ | ᠭᠤᠪᠢᠭᠤᠯᠤᠮᠵᠢ ᠶᠢᠨ ᠵᠦᠢ ᠵᠤᠬᠢᠰᠲᠠᠢ ᠲᠡᠩᠴᠡᠭᠦᠷᠢᠲᠠᠢ ᠲᠦᠪᠰᠢᠨ ᠳᠤ ᠦᠨᠳᠦᠰᠦᠨ ᠳᠡᠭᠡᠨ ᠲᠤᠬᠲᠠᠭᠤᠨ | ᠪᠠᠶᠢᠬᠤ ᠶᠢ ᠪᠠᠲᠤᠯᠠᠪᠡ ᠭᠡᠵᠦ ᠬᠡᠯᠡᠵᠦ ᠪᠤᠯᠤᠨ᠎ᠡ᠃ ᠶᠠᠷᠢᠶᠠᠨ ᠦᠭᠡᠢ᠂ ᠨᠡᠨ ᠨᠢ ᠮᠦᠨᠴᠦ ᠲᠤᠮᠳᠠᠳᠤ ᠤᠯᠤᠰ ᠤᠨ | ᠠᠵᠦ ᠠᠬᠤᠢ ᠶᠢᠨ ᠦᠨᠳᠤᠰᠤᠨ ᠪᠠᠶᠢᠳᠡᠯ ᠰᠠᠶᠢᠨ ᠬᠠᠨᠳᠤᠰᠢ ᠲᠠᠢ ᠪᠠᠶᠢᠬᠤ ᠠᠴᠠ ᠠᠰᠢᠬ ᠭᠦᠷᠳᠡᠵᠡᠢ᠃ ᠠᠷᠠᠳ ᠤᠨ | ᠵᠤᠭᠤᠰ ᠤᠨ ᠭᠤᠪᠢᠭᠤᠯᠤᠮᠵᠢ ᠦᠨᠳᠤᠰᠤᠨ ᠳᠡᠭᠡᠨ ᠲᠤᠬᠳᠠᠭᠤᠨ ᠪᠠᠶᠢᠬᠤ ᠪᠤᠯ ᠤᠯᠡᠨ ᠤᠯᠤᠰ ᠤᠨ ᠵᠤᠭᠤᠰ ᠤᠨ | ᠰᠢᠰᠲ᠋ᠧᠮ ᠤᠨ ᠲᠤᠬᠲᠠᠭᠤᠨ ᠳᠤ ᠦᠵᠡᠭᠦᠯᠦᠭᠰᠡᠨ ᠴᠢᠬᠤᠯᠠ ᠬᠤᠪᠢ ᠨᠡᠮᠡᠷᠢ ᠮᠦᠨ᠃ | ᠭᠠᠳᠠᠭᠠᠲᠦ ᠭᠤᠪᠢᠭᠤᠯᠭ᠎ᠠ ᠶᠢᠨ ᠬᠠᠳᠠᠭᠠᠯᠠᠬᠳᠠᠴᠠ ᠶᠢᠨ ᠲᠤᠬᠠᠢ᠂ ᠲᠤᠮᠳᠠᠳᠤ ᠤᠯᠤᠰ ᠪᠤᠯ ᠲᠡᠯᠡᠬᠡᠢ ᠶᠢᠨ | ᠭᠠᠳᠠᠭᠠᠲᠦ ᠭᠤᠪᠢᠭᠤᠯᠭ᠎ᠠ ᠶᠢᠨ ᠬᠠᠳᠠᠭᠠᠯᠠᠬᠳᠠᠴᠠ ᠪᠠᠷ ᠬᠠᠮᠤᠭ ᠤᠨ ᠠᠷᠪᠢᠨ ᠤᠯᠤᠰ ᠮᠦᠨ᠃ ᠭᠠᠳᠠᠭᠠᠲᠦ | ᠭᠤᠪᠢᠭᠤᠯᠭ᠎ᠠ ᠶᠢᠨ ᠬᠠᠳᠠᠭᠠᠯᠠᠬᠳᠠᠴᠠ ᠶᠢᠨ ᠬᠡᠪᠴᠢᠶ᠎ᠡ ᠴᠤᠬᠤᠮ ᠬᠡᠳᠦᠢ ᠪᠠᠶᠢᠪᠡᠯ ᠵᠤᠭᠢᠰᠳᠡᠢ ᠪᠤᠢ᠂ ᠡᠨᠡ ᠨᠢ ᠬᠡᠰᠡᠭ | ᠬᠤᠭᠤᠴᠠᠭᠠᠨ ᠤ ᠦᠢᠯᠡᠳᠦᠯᠭᠡ ᠪᠠ ᠰᠦᠪᠡᠭᠴᠢᠯᠡᠯᠲᠡ ᠶᠢᠨ ᠶᠠᠪᠤᠴᠠ ᠪᠠᠶᠢᠬᠤ ᠬᠡᠷᠡᠭᠲᠡᠢ᠃ ᠶᠡᠷᠤᠩᠭᠡᠢ ᠳᠡᠭᠡᠨ᠂ | ᠮᠠᠨ ᠤ ᠭᠠᠳᠠᠭᠠᠲᠦ ᠭᠤᠪᠢᠭᠤᠯᠭ᠎ᠠ ᠶᠢᠨ ᠬᠠᠳᠠᠭᠠᠯᠠᠬᠳᠠᠴᠠ ᠶᠢᠨ ᠬᠡᠮᠵᠢᠶ᠎ᠡ ᠡᠯᠪᠡᠭ ᠳᠡᠯᠪᠡᠭ᠂ ᠭᠠᠳᠠᠭᠠᠲᠦ ᠠᠴᠠ | ᠤᠷᠤᠭᠤᠯᠬᠤ ᠲᠤᠭᠠᠴᠢᠭ᠎ᠠ ᠬᠢᠬᠦ ᠪᠠ ᠤᠬᠤᠷᠬᠠᠨ ᠬᠤᠭᠤᠴᠠᠭᠠᠨ ᠤ ᠦᠷᠢ ᠲᠦᠯᠦᠪᠦᠷᠢ ᠶᠢᠨ ᠱᠠᠭᠠᠷᠳᠠᠯᠭ᠎ᠠ ᠶᠢ | ᠬᠠᠨᠭ᠍ᠭᠠᠵᠦ ᠲᠡᠶᠢᠯᠬᠦ ᠮᠦᠷᠲᠡᠭᠡᠨ ᠤᠯᠠᠨ ᠤᠯᠤᠰ ᠤᠨ ᠪᠠᠷᠢᠮᠵᠢᠶ᠎ᠡ ᠠᠴᠠ ᠬᠤᠯᠠ ᠳᠠᠪᠠᠵᠠᠢ᠃ | ᠪᠢᠳᠡᠨ ᠤ ᠭᠤᠪᠢᠭᠤᠯᠤᠮᠵᠢ ᠶᠢ ᠠᠰᠢᠬᠯᠠᠬᠤ ᠲᠤᠬᠠᠢ ᠦᠨᠡᠨ ᠪᠤᠳᠠᠲᠠᠢ᠂ ᠲᠦᠷᠢᠮ ᠲᠤᠬᠲᠠᠭᠠᠯ ᠳᠤ | ᠨᠡᠶᠢᠴᠡᠭᠰᠡᠨ ᠪᠠᠶᠢᠴᠠᠭᠠᠯᠲᠠ ᠦᠷᠨᠢᠭᠦᠯᠦᠭᠰᠡᠨ ᠲᠤᠬᠠᠢ ᠶᠠᠷᠢᠪᠠᠯ᠂ ᠦᠨᠡᠨ ᠳᠡᠭᠡᠨ ᠡᠨᠡ ᠨᠢ ᠬᠠᠤᠯᠢ ᠴᠠᠭᠠᠵᠠ ᠲᠦᠷᠢᠮ | ᠲᠤᠬᠲᠠᠭᠠᠯ ᠳᠤ ᠠᠯᠢ ᠡᠷᠲᠡ ᠲᠤᠬᠳᠠᠬᠰᠡᠨ ᠵᠦᠢᠯ ᠮᠦᠨ᠃ ᠪᠢ ᠠᠲᠡ ᠠᠵᠦ ᠠᠬᠤᠢᠢᠯᠠᠯ ᠬᠡᠪ ᠶᠤᠰᠤᠭᠠᠷ | ᠭᠤᠪᠢᠭᠤᠯᠤᠮᠵᠢ ᠭᠡᠷᠡᠭᠯᠡᠭᠦ᠂ ᠰᠠᠭᠤᠭᠠᠯᠢ ᠠᠷᠠᠳ ᠤᠨ ᠭᠠᠳᠠᠭᠠᠲᠦ ᠳᠤ ᠭᠠᠷᠴᠦ ᠰᠤᠷᠤᠯᠴᠠᠬᠤ ᠵᠤᠭᠠᠴᠠᠬᠤ ᠵᠡᠷᠭᠡ ᠵᠦᠢ | ᠶᠤᠰᠤᠨ ᠤ ᠭᠤᠪᠢᠭᠤᠯᠤᠮᠵᠢ ᠭᠡᠷᠡᠭᠯᠡᠭᠦ ᠪᠤᠯ ᠪᠠᠲᠤᠯᠠᠭ᠎ᠠ ᠲᠠᠢ ᠭᠡᠰᠡᠨ ᠢ ᠲᠤᠳᠤᠷᠬᠠᠢᠢᠯᠠᠶᠡ᠃ ᠠᠷᠠᠳ ᠤᠨ ᠵᠤᠭᠤᠰ | ᠤᠯᠡᠨ ᠤᠯᠤᠰ ᠤᠨ ᠵᠤᠭᠤᠰ ᠤᠨ ᠰᠢᠰᠲ᠋ᠧᠮ ᠳᠤ ᠦᠪᠡᠷ ᠤᠨ ᠬᠤᠪᠢ ᠵᠢᠩ ᠲᠠᠢ᠂ ᠭᠤᠪᠢᠭᠤᠯᠤᠮᠵᠢ | ᠦᠨᠳᠦᠰᠦᠨ ᠳᠡᠭᠡᠨ ᠲᠤᠬᠲᠠᠭᠤᠨ ᠪᠠᠶᠢᠳᠠᠯ ᠢ ᠪᠠᠲᠤᠯᠠᠨ᠎ᠡ᠃ | ᠷᠦᠲᠧᠷ ᠬᠤᠷᠢᠶᠠᠨ ᠤ ᠰᠤᠷᠪᠤᠯᠵᠢᠯᠠᠬᠴᠢ᠄ | ᠡᠨᠡ ᠵᠢᠯ ᠳᠤᠮᠳᠠᠳᠤ ᠤᠯᠤᠰ ᠤᠨ ᠵᠠᠰᠠᠭ ᠤᠨ ᠤᠷᠳᠤᠨ ᠪᠦᠳᠦᠮᠵᠢ ᠦᠭᠡᠢ ᠬᠠᠩᠭᠠᠯᠭ᠎ᠠ ᠶᠢ ᠴᠢᠨᠠᠭᠰᠢᠳᠠ | ᠪᠠᠭᠠᠰᠬᠠᠵᠦ᠂ ᠪᠦᠳᠦᠮᠵᠢᠳᠠᠢ ᠬᠠᠩᠭᠠᠯᠭ᠎ᠠ ᠶᠢ ᠦᠷᠭᠡᠳᠭᠡᠬᠦ ᠪᠠᠷ ᠪᠡᠯᠡᠳᠭᠡᠵᠦ ᠪᠤᠢ᠃ ᠡᠨᠡᠬᠦ ᠶᠠᠪᠤᠴᠠ ᠳᠤᠮᠳᠠ᠂ | ᠵᠠᠰᠠᠭ ᠤᠨ ᠤᠷᠳᠤᠨ ᠠᠵᠢᠯ ᠤᠨ ᠪᠠᠶᠢᠷᠢ ᠪᠠᠨ ᠠᠯᠳᠠᠭᠰᠠᠨ ᠠᠵᠢᠯᠴᠢᠨ ᠤ ᠰᠢᠨ᠎ᠠ ᠠᠵᠢᠯ ᠤᠨ ᠪᠠᠶᠢᠷᠢ ᠤᠯᠬᠤ ᠶᠢ | ᠪᠠᠳᠤᠯᠠᠬᠤ ᠶᠢᠨ ᠬᠠᠮᠳᠦ ᠳᠡᠳᠡᠨ ᠤ ᠠᠵᠤ ᠠᠮᠢᠳᠤᠷᠠᠯ ᠢ ᠪᠠᠳᠤᠯᠠᠬᠤ ᠴᠢᠬᠤᠯᠠᠳᠠᠢ᠃ ᠭᠡᠷᠪᠡ ᠪᠢ ᠨᠢᠭᠡᠨ | ᠠᠭᠤᠷᠬᠠᠢ ᠶᠢᠨ ᠠᠵᠢᠯᠴᠢᠨ ᠪᠤᠶᠤ ᠪᠤᠯᠤᠳ ᠲᠡᠮᠦᠷ ᠤᠨ ᠦᠢᠯᠡᠳᠪᠤᠷᠢ ᠶᠢᠨ ᠠᠵᠢᠯᠴᠢᠨ ᠪᠤᠯᠤᠭᠰᠠᠨ ᠪᠤᠯ᠂ ᠪᠢ ᠲᠤᠰ | ᠮᠤᠵᠢ ᠳᠤ ᠶᠠᠮᠠᠷᠰᠢᠤ ᠰᠢᠨ᠎ᠠ ᠠᠵᠢᠯ ᠤᠯᠬᠤ ᠪᠤᠢ︖ ᠡᠨᠡ ᠵᠢᠯ ᠵᠢᠱᠢᠯᠳᠠ ᠪᠠᠷ ᠶᠠᠮᠠᠷ ᠶᠠᠮᠠᠷ ᠰᠠᠯᠠᠭ᠎ᠠ ᠮᠦᠴᠢᠷ ᠲᠤ | ᠠᠵᠢᠯ ᠤᠨ ᠪᠠᠶᠢᠷᠢ ᠨᠡᠮᠡᠭᠳᠡᠬᠦᠯᠬᠦ ᠪᠤᠢ︖ | ᠯᠢ ᠺᠧ ᠴᠢᠶᠠᠩ᠄ | ᠲᠠ ᠠᠵᠢᠯ ᠤᠯᠭᠤᠯᠳᠠ ᠶᠢᠨ ᠠᠰᠠᠭᠤᠳᠠᠯ ᠢ ᠨᠡᠩ ᠬᠦᠮᠦᠨᠴᠢᠯᠡᠯ ᠲᠠᠢ᠂ ᠦᠪᠡᠷᠮᠢᠴᠡ ᠪᠤᠯᠭᠠᠵᠠᠢ᠃ ᠨᠢᠳᠤᠨᠤᠨ | ᠵᠢᠯ᠂ ᠮᠠᠨ ᠤ ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠠ ᠶᠢ ᠠᠬᠢᠭᠤᠯᠬᠤ ᠨᠢᠭᠡᠨ | ᠴᠢᠬᠤᠯᠠ ᠡᠬᠦᠷᠭᠡ ᠪᠤᠯ ᠳᠠᠷᠤᠢ ᠪᠤᠯᠤᠳ ᠲᠡᠮᠦᠷ᠂ ᠨᠡᠬᠦᠷᠡᠰᠦᠨ ᠤ ᠠᠵᠢᠯ ᠲᠦᠷᠦᠯ ᠤᠨ ᠦᠯᠡᠬᠦᠳᠡᠭᠰᠡᠨ ᠪᠠ | ᠬᠤᠴᠤᠷᠤᠩᠭᠤᠢ ᠦᠢᠯᠡᠳᠪᠤᠷᠢᠯᠡᠯ ᠤᠨ ᠴᠢᠳᠠᠪᠤᠷᠢ ᠶᠢ ᠰᠢᠢᠳᠪᠦᠷᠢᠯᠡᠬᠦ ᠶᠠᠪᠤᠳᠠᠯ ᠪᠤᠯᠤᠨ᠎ᠠ᠂ ᠮᠠᠨ ᠤ ᠬᠠᠮᠤᠭ ᠠᠴᠠ | ᠠᠩᠬᠠᠷᠴᠦ ᠪᠠᠶᠢᠭ᠎ᠠ ᠨᠢ ᠳᠠᠷᠤᠢ ᠦᠯᠡᠬᠦᠦ ᠦᠢᠯᠡᠳᠪᠤᠷᠢᠯᠡᠯ ᠤᠨ ᠴᠢᠳᠠᠪᠤᠷᠢ ᠶᠢ ᠪᠠᠭᠠᠰᠬᠠᠬᠤ ᠶᠠᠪᠤᠴᠠ ᠳᠤ ᠠᠵᠢᠯᠳᠠᠨ | ᠠᠵᠢᠯᠴᠢᠨ ᠢ ᠭᠡᠷᠬᠢᠨ ᠲᠦᠪᠬᠢᠨᠡᠬᠦᠯᠬᠦ ᠠᠰᠠᠭᠤᠳᠠᠯ ᠪᠤᠯᠤᠨ᠎ᠠ᠃ ᠡᠶᠢᠮᠦ ᠪᠤᠯᠬᠤᠷ᠂ ᠲᠦᠪ ᠤᠨ ᠡᠳ᠋ ᠤᠨ ᠵᠠᠰᠠᠭ ᠠᠴᠠ | 1000 ᠳ᠋ᠦᠩᠰᠢᠭᠤᠷ ᠲᠦᠬᠦᠷᠢᠭ ᠤᠨ ᠲᠤᠰᠬᠠᠢ ᠪᠡᠯᠡ ᠮᠦᠩᠬᠦ ᠭᠠᠷᠭᠠᠵᠦ ᠠᠵᠢᠯᠳᠠᠨ ᠠᠵᠢᠯᠴᠢᠨ ᠤ ᠠᠵᠢᠯ ᠤᠨ | ᠪᠠᠶᠢᠷᠢ ᠶᠢ ᠰᠢᠯᠵᠢᠬᠦᠯᠦᠨ ᠲᠦᠪᠬᠢᠨᠡᠬᠦᠯᠬᠦ ᠳᠤ ᠭᠡᠷᠡᠭᠯᠡᠬᠦ ᠶᠢᠨ ᠬᠠᠮᠳᠦ ᠤᠷᠤᠨ ᠨᠤᠳᠤᠭ ᠤᠨ ᠵᠠᠰᠠᠭ ᠤᠨ ᠤᠷᠳᠤᠨ ᠢ | ᠢᠵᠢ ᠲᠦᠬᠦᠷᠵᠢᠬᠦᠯᠬᠦ ᠭᠡᠷᠡᠭᠲᠡᠢ ᠭᠡᠵᠦ ᠱᠠᠭᠠᠷᠳᠠᠪᠠ᠃ ᠨᠢᠳᠤᠨᠤᠨ ᠵᠢᠯ ᠳᠤ᠂ ᠦᠯᠡᠬᠦᠦ ᠦᠢᠯᠡᠳᠪᠤᠷᠢᠯᠡᠯ ᠤᠨ | ᠴᠢᠳᠠᠪᠤᠷᠢ ᠶᠢ ᠪᠠᠭᠠᠰᠬᠠᠬᠤ ᠶᠠᠪᠤᠴᠠ ᠳᠤ 72 ᠲᠦᠮᠠ ᠭᠠᠷᠤᠢ ᠠᠵᠢᠯᠳᠠᠨ ᠠᠵᠢᠯᠴᠢᠨ ᠢ ᠲᠤᠬᠢᠳᠠᠢ | ᠲᠦᠪᠬᠢᠨᠡᠬᠦᠯᠦᠭᠰᠡᠨ ᠪᠠᠶᠢᠨ᠎ᠠ᠂ ᠶᠠᠷᠢᠶᠠᠨ ᠦᠭᠡᠢ᠂ ᠵᠠᠷᠢᠮ ᠠᠵᠢᠯᠳᠠᠨ ᠠᠵᠢᠯᠴᠢᠨ ᠤᠯᠠᠨ ᠵᠦᠢᠯ ᠤᠨ ᠡᠯᠧᠮᠧᠨ᠋ᠲ ᠠᠴᠠ | ᠪᠤᠯᠵᠦ ᠰᠢᠨ᠎ᠠ ᠠᠵᠢᠯ ᠤᠨ ᠪᠠᠶᠢᠷᠢ ᠳᠤ ᠭᠠᠷᠤᠭᠰᠠᠨ ᠦᠭᠡᠢ᠂ ᠡᠬᠦᠨ ᠳᠤ ᠵᠠᠷᠢᠮ ᠠᠵᠢᠯᠳᠠᠨ ᠠᠵᠢᠯᠴᠢᠨ ᠠᠵᠤ | ᠠᠬᠤᠢᠢᠯᠠᠯ ᠳᠠᠭᠠᠨ ᠬᠠᠶᠢᠷ᠎ᠠ ᠰᠡᠳᠬᠢᠯᠭᠡ ᠬᠦᠨ ᠪᠠᠶᠢᠵᠤ᠂ ᠤᠤᠯ ᠤᠨ ᠭᠠᠵᠠᠷ ᠲᠠᠭᠠᠨ ᠢᠯᠡᠬᠦᠭᠡᠨ ᠰᠢᠭ ᠠᠵᠢᠯᠯᠠᠬᠤ | ᠰᠠᠨᠠᠭ᠎ᠠ ᠲᠠᠢ ᠪᠠᠶᠢᠬᠤ ᠪᠠᠶᠢᠳᠠᠯ ᠢ ᠪᠠᠭᠳᠠᠭᠠᠵᠦ ᠪᠤᠢ᠂ ᠭᠡᠪᠡᠴᠦ ᠳᠡᠳᠡᠨ ᠤ ᠠᠮᠢᠳᠤᠷᠠᠯ ᠨᠢ ᠴᠦᠮ ᠪᠠᠳᠤᠯᠠᠭ᠎ᠠ ᠲᠠᠢ | ᠶᠤᠮ᠃ | ᠡᠨᠡ ᠵᠢᠯ ᠦᠯᠡᠬᠦᠦ ᠦᠢᠯᠡᠳᠪᠤᠷᠢᠯᠡᠯ ᠤᠨ ᠴᠢᠳᠠᠪᠤᠷᠢ ᠶᠢ ᠪᠠᠭᠠᠰᠬᠠᠬᠤ ᠶᠢ ᠪᠠᠰᠠ ᠨᠡᠬᠦᠷᠡᠰᠦ ᠴᠠᠬᠢᠯᠭᠠᠨ ᠤ | ᠬᠦᠷᠢᠶ᠎ᠠ ᠬᠦᠷᠳᠡᠯ᠎ᠠ ᠦᠷᠭᠡᠳᠭᠡᠵᠦ᠂ ᠡᠬᠦᠨ ᠤ ᠳᠠᠭᠡᠷ᠎ᠠ ᠨᠢᠳᠤᠨᠤᠨ ᠵᠢᠯ ᠤᠨ ᠲᠦᠪᠬᠢᠨᠡᠬᠦᠯᠵᠦ ᠠᠮᠵᠢᠭᠠᠳᠤᠢ | ᠪᠠᠶᠢᠭᠰᠠᠨ ᠭᠡᠰᠡᠭ ᠠᠵᠢᠯᠳᠠᠨ ᠠᠵᠢᠯᠴᠢᠨ ᠢ ᠨᠡᠮᠡᠪᠡᠯ᠂ ᠡᠨᠡ ᠵᠢᠯ ᠨᠡᠶᠢᠳᠡ ᠵᠠᠭᠤᠨ ᠲᠦᠮᠡ ᠰᠢᠬᠠᠮ ᠬᠦᠮᠦᠨ ᠢ | ᠲᠦᠪᠬᠢᠨᠡᠬᠦᠯᠬᠦ ᠴᠢᠬᠤᠯᠠᠳᠠᠢ ᠪᠠᠶᠢᠨ᠎ᠠ᠃ ᠮᠠᠨ ᠤ ᠠᠷᠭ᠎ᠠ ᠪᠤᠯ ᠮᠦᠨᠬᠦ ᠰᠢᠨ᠎ᠠ ᠠᠵᠢᠯ ᠤᠨ ᠪᠠᠶᠢᠷᠢ ᠭᠠᠷᠭᠠᠬᠤ ᠪᠤᠯᠤᠨ᠎ᠠ | ᠂ ᠤᠴᠢᠷ ᠨᠢ ᠪᠢᠳᠡ ᠰᠢᠨ᠎ᠠ ᠬᠦᠳᠡᠯᠭᠡᠬᠦ ᠬᠦᠴᠦᠨ ᠤ ᠬᠦᠭᠵᠢᠯᠳᠠ ᠶᠢ ᠠᠬᠢᠭᠤᠯᠵᠦ ᠪᠤᠢ᠃ ᠰᠠᠶᠢ ᠪᠢ ︽ᠬᠤᠤᠰ | ᠡᠬᠦᠳᠦᠯᠳᠠ︾ ᠨᠢ ᠶᠡᠭᠡ ᠭᠡᠮᠵᠢᠶᠠᠨ ᠤ ᠰᠢᠨ᠎ᠠ ᠠᠵᠢᠯ ᠤᠯᠭᠤᠯᠳᠠ ᠶᠢ ᠲᠠᠶᠢᠴᠢᠯᠠᠭᠰᠠᠨ ᠢ ᠶᠠᠷᠢᠪᠡ᠂ ᠦᠨᠡᠨ ᠳᠡᠭᠡᠨ | ᠡᠨᠡ ᠨᠢ ᠮᠠᠰᠢ ᠤᠯᠠᠨ ᠤᠯᠠᠮᠵᠢᠯᠠᠯᠳᠦ ᠬᠦᠳᠡᠯᠭᠡᠬᠦ ᠬᠦᠴᠦᠨ ᠤ ᠠᠵᠢᠯ ᠤᠯᠭᠤᠯᠳᠠ ᠶᠢ ᠰᠢᠯᠵᠢᠬᠦᠯᠵᠦ᠂ ᠰᠢᠨ᠎ᠠ | ᠬᠠᠭᠤᠴᠢᠨ ᠬᠦᠳᠡᠯᠭᠡᠬᠦ ᠬᠦᠴᠦᠨ ᠤ ᠰᠤᠯᠢᠬᠳᠠᠯ ᠨᠢ ᠤᠯᠠᠮᠵᠢᠯᠠᠯᠳᠦ ᠠᠵᠤ ᠦᠢᠯᠡᠰ ᠲᠤ ᠰᠢᠨ᠎ᠠ ᠠᠮᠢᠵᠢᠷᠠᠯ ᠤᠨ | ᠬᠦᠴᠦᠨ ᠢ ᠤᠯᠭᠤᠵᠦ᠂ ᠰᠢᠨ᠎ᠠ ᠠᠵᠢᠯ ᠤᠯᠭᠤᠯᠳᠠ ᠶᠢᠨ ᠠᠵᠢᠯ ᠤᠨ ᠪᠠᠶᠢᠷᠢ ᠶᠢ ᠪᠤᠢ ᠪᠤᠯᠭᠠᠵᠦ ᠦᠭᠬᠦᠭᠰᠡᠨ ᠶᠤᠮ᠃ | ᠶᠠᠷᠢᠶᠠᠨ ᠦᠭᠡᠢ ᠪᠢᠳᠡ ᠡᠬᠦᠨ ᠳᠤ ᠬᠦᠩᠭᠡᠨ ᠬᠠᠭᠤᠳᠠᠮ ᠢᠶᠠᠷ ᠬᠠᠨᠳᠤᠬᠰᠠᠨ ᠦᠭᠡᠢ᠂ ᠮᠦᠨᠬᠦ ᠲᠤᠰᠬᠠᠢ ᠰᠠᠭᠤᠷᠢ | ᠮᠦᠩᠬᠦ ᠶᠢ ᠦᠷᠬᠦᠯᠵᠢᠯᠡᠨ ᠰᠠᠶᠢᠳᠤᠷ ᠠᠰᠢᠬᠯᠠᠬᠤ ᠶᠢᠨ ᠵᠡᠷᠭᠡᠪᠡᠷ ᠤᠷᠤᠨ ᠨᠤᠳᠤᠭ ᠤᠨ ᠵᠠᠰᠠᠭ ᠤᠨ ᠤᠷᠳᠤᠨ ᠢ | ᠰᠠᠶᠢᠳᠤᠷ ᠢᠵᠢ ᠲᠦᠬᠦᠷᠵᠢᠬᠦᠯᠬᠦ ᠶᠢ ᠱᠠᠭᠠᠷᠳᠠᠨ᠎ᠠ᠃ ᠡᠬᠦᠨ ᠤ ᠵᠡᠷᠭᠡᠪᠡᠷ ᠠᠵᠤ ᠠᠬᠤᠢᠢᠯᠠᠯ ᠨᠢ ᠨᠡᠶᠢᠭᠡᠮ ᠤᠨ | ᠬᠠᠷᠢᠭᠤᠴᠠᠯᠭ᠎ᠠ ᠪᠠᠨ ᠰᠠᠶᠢᠳᠤᠷ ᠬᠦᠢᠴᠡᠳᠭᠡᠬᠦ ᠭᠡᠷᠡᠭᠲᠡᠢ᠃ | ᠭᠡᠷᠪᠡ ᠳᠠ ᠨᠢᠭᠡᠨ ᠨᠡᠬᠦᠷᠡᠰᠦᠨ ᠠᠭᠤᠷᠬᠠᠢ ᠶᠢᠨ ᠠᠵᠢᠯᠴᠢᠨ ᠪᠠᠶᠢᠪᠠᠯ᠂ ᠡᠨᠡᠬᠦ ᠠᠭᠤᠷᠬᠠᠢ ᠨᠢ ᠰᠢᠭᠰᠢᠳᠡᠨ | ᠬᠠᠶᠠᠭᠳᠠᠭᠰᠠᠨ ᠪᠤᠶᠤ ᠦᠢᠯᠡᠳᠪᠤᠷᠢᠯᠡᠯ ᠢᠶᠠᠨ ᠵᠤᠭᠰᠤᠭᠠᠭᠰᠠᠨ ᠪᠠᠶᠢᠪᠠᠯ ᠮᠢᠨᠤ ᠦᠵᠡᠬᠦ ᠪᠠᠷ ᠲᠠ ᠮᠠᠰᠢ ᠴᠢᠩᠭ᠎ᠠ᠂ | ᠠᠮᠢᠳᠤᠯᠢᠭ ᠠᠵᠢᠯ ᠤᠯᠭᠤᠯᠳᠠ ᠶᠢᠨ ᠴᠢᠳᠠᠪᠤᠷᠢ ᠲᠠᠢ ᠪᠠᠶᠢᠨ᠎ᠠ᠂ ᠲᠠᠨ ᠢ ᠰᠢᠨ᠎ᠠ ᠬᠦᠳᠡᠯᠭᠡᠬᠦ ᠬᠦᠴᠦᠨ ᠤ ᠠᠵᠤ | ᠠᠬᠤᠢᠢᠯᠠᠯ ᠳᠤ ᠤᠴᠢᠬᠤ ᠪᠤᠶᠤ ᠬᠠᠭᠤᠴᠢᠨ ᠬᠦᠳᠡᠯᠭᠡᠬᠦ ᠬᠦᠴᠦᠨ ᠤ ᠠᠵᠤ ᠠᠬᠤᠢᠢᠯᠠᠯ ᠳᠤᠮᠳᠠ ᠪᠤᠢ ᠪᠤᠯᠤᠭᠰᠠᠨ | ᠰᠢᠨ᠎ᠠ ᠲᠤᠬᠠᠢᠢᠯᠠᠭᠰᠠᠨ ᠠᠵᠢᠯ ᠳᠡᠭᠡᠷ᠎ᠠ ᠤᠴᠢᠬᠤ ᠶᠢ ᠪᠢ ᠰᠠᠨᠠᠭᠤᠯᠤᠨ᠎ᠠ᠃ ᠳᠤᠮᠳᠠᠳᠤ ᠤᠯᠤᠰ ᠤᠨ ᠮᠠᠰᠢ ᠤᠯᠠᠨ | ᠠᠵᠤ ᠠᠬᠤᠢᠢᠯᠠᠯ ᠨᠢ ᠠᠵᠤ ᠠᠬᠤᠢᠢᠯᠠᠯ ᠤᠨ ᠰᠤᠶᠤᠯ ᠲᠠᠢ ᠪᠠᠶᠢᠵᠦ᠂ ᠳᠡᠳᠡ ᠬᠠᠭᠤᠴᠢᠨ ᠠᠵᠢᠯᠳᠠᠨ | ᠠᠵᠢᠯᠴᠢᠨ ᠳᠠᠭᠠᠨ ᠮᠠᠰᠢ ᠶᠡᠭᠡ ᠬᠠᠶᠢᠷ᠎ᠠ ᠰᠡᠳᠬᠢᠯᠭᠡ ᠲᠠᠢ ᠪᠠᠶᠢᠳᠠᠭ᠂ ᠰᠢᠨ᠎ᠠ ᠠᠵᠢᠯ ᠤᠨ ᠪᠠᠶᠢᠷᠢ ᠳᠤ ᠭᠠᠷᠤᠭᠰᠠᠨ | ᠴᠦ ᠳᠡᠳᠡ ᠬᠠᠭᠤᠴᠢᠨ ᠠᠵᠢᠯᠳᠠᠨ ᠠᠵᠢᠯᠴᠢᠨ ᠳᠠᠭᠠᠨ ᠭᠡᠰᠡᠭ ᠨᠦᠬᠦᠪᠦᠷᠢ ᠦᠭᠴᠦ᠂ ᠳᠡᠮᠵᠢᠯᠭᠡ ᠬᠠᠩᠭᠠᠳᠠᠭ᠃ | ᠬᠤᠷᠢᠶᠠᠩᠭᠤᠢᠢᠯᠠᠭᠠᠳ ᠭᠡᠯᠡᠪᠡᠯ᠂ ᠠᠵᠢᠯᠳᠠᠨ ᠠᠵᠢᠯᠴᠢᠨ ᠢ ᠰᠠᠶᠢᠳᠤᠷ ᠲᠦᠪᠬᠢᠨᠡᠬᠦᠯᠬᠦ ᠪᠤᠯ ᠮᠠᠨ ᠤ ᠬᠠᠩᠭᠠᠯᠭ᠎ᠠ ᠶᠢᠨ | ᠲᠠᠯ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠠ ᠶᠢ ᠠᠬᠢᠭᠤᠯᠬᠤ᠂ ᠦᠯᠡᠬᠦᠦ ᠦᠢᠯᠡᠳᠪᠤᠷᠢᠯᠡᠯ ᠤᠨ | ᠴᠢᠳᠠᠪᠤᠷᠢ ᠶᠢ ᠰᠢᠢᠳᠪᠤᠷᠢᠯᠡᠬᠦ ᠪᠠ ᠠᠷᠢᠯᠭᠠᠬᠤ ᠶᠢ ᠠᠬᠢᠭᠤᠯᠬᠤ ᠳᠤᠮᠳᠠᠬᠢ ᠬᠠᠮᠤᠭ ᠵᠠᠩᠬᠢᠯᠠᠭ᠎ᠠ ᠶᠢᠨ ᠠᠰᠠᠭᠤᠳᠠᠯ | ᠮᠦᠨ᠃ | ᠫᠧᠩ ᠫᠠᠢ ᠰᠤᠨᠢᠨ ᠮᠡᠳᠡᠭᠡᠨ ᠤ ᠰᠤᠷᠪᠤᠯᠵᠢᠯᠠᠭᠴᠢ᠄ | ᠡᠨᠡ ᠵᠢᠯ ᠤᠨ ᠬᠤᠶᠠᠷ ᠬᠤᠷᠠᠯ ᠠᠴᠠ ᠡᠮᠦᠨᠡᠭᠡᠨ᠂ ᠳᠤᠮᠳᠠᠳᠤ ᠤᠯᠤᠰ ᠤᠨ ᠵᠠᠰᠠᠭ ᠤᠨ ᠤᠷᠳᠤᠨ ᠤ | ᠰᠦᠯᠵᠢᠶ᠎ᠠ 27 ᠰᠦᠯᠵᠢᠶᠡᠨ ᠤ ᠵᠠᠭᠤᠴᠢᠯᠠᠭᠤᠷ ᠲᠠᠢ ᠬᠠᠮᠳᠤᠷᠠᠨ ︽ᠪᠢ ᠶᠡᠷᠦᠩᠭᠡᠢ ᠰᠠᠶᠢᠳ ᠲᠤ ᠦᠭᠡ ᠭᠡᠯᠡᠶᠠ︾ | ᠭᠡᠬᠦ ᠰᠠᠨᠠᠯ ᠰᠠᠨᠠᠭᠤᠯᠭ᠎ᠠ ᠬᠤᠷᠢᠶᠠᠬᠤ ᠠᠵᠢᠯᠯᠠᠭ᠎ᠠ ᠦᠷᠨᠢᠬᠦᠯᠪᠠ᠂ ᠫᠧᠩ ᠫᠠᠢ ᠰᠤᠨᠢᠨ ᠮᠡᠳᠡᠭᠡ ᠪᠠ ᠦᠨᠦᠳᠦᠷ ᠤᠨ | ᠲᠡᠷᠢᠬᠦᠨ ᠵᠤᠷᠪᠤᠰ ᠮᠡᠳᠡᠭᠡ ᠨᠢ ᠡᠬᠦᠨ ᠤ ᠳᠤᠮᠳᠠᠬᠢ ᠠᠷᠠᠳ ᠤᠨ ᠠᠮᠢᠳᠤᠷᠠᠯ ᠲᠠᠢ ᠨᠢᠭᠳᠠ ᠬᠤᠯᠪᠤᠭᠳᠠᠬᠤ | ᠠᠰᠠᠭᠤᠳᠠᠯ ᠤᠨ ᠲᠤᠬᠠᠢ ᠰᠦᠯᠵᠢᠶᠡᠨ ᠳᠡᠭᠡᠷ᠎ᠠ ᠪᠢᠯᠧᠲ ᠦᠭᠬᠦ ᠠᠵᠢᠯᠯᠠᠭ᠎ᠠ ᠦᠷᠨᠢᠬᠦᠯᠵᠡᠢ᠃ ᠤᠳᠤ ᠪᠤᠯᠬᠤ ᠳᠤ | ᠨᠢᠭᠡᠨᠳᠠ 2131 ᠲᠦᠮᠡᠨ ᠰᠦᠯᠵᠢᠶᠡᠨ ᠠᠨᠳᠠ ︽ᠤᠷᠤᠨ ᠰᠠᠭᠤᠴᠠ ᠶᠢᠨ ᠦᠮᠴᠢᠯᠡᠯ ᠤᠨ ᠡᠷᠭᠡ ᠶᠢᠨ 70 | ᠵᠢᠯ ᠤᠨ ᠬᠤᠭᠤᠴᠠᠭ᠎ᠠ ᠲᠦᠬᠦᠷᠬᠦ ᠳᠤ ᠶᠠᠭᠠᠬᠢᠬᠤ ᠪᠤᠢ︖︾ ᠭᠡᠬᠦ ᠠᠰᠠᠭᠤᠯᠲᠠ ᠳᠤ ᠪᠢᠯᠧᠲ ᠦᠭᠴᠦ᠂ | ᠲᠡᠷᠢᠬᠦᠨ ᠳᠤ ᠵᠢᠬᠰᠠᠭᠠᠭᠳᠠᠵᠦ ᠪᠤᠢ᠃ ᠶᠡᠷᠦᠩᠭᠡᠢ ᠰᠠᠶᠢᠳ ᠠᠴᠠ ᠠᠰᠠᠭᠤᠬᠤ ᠨᠢ᠂ ᠤᠯᠤᠰ ᠠᠴᠠ ᠡᠨᠡᠬᠦ | ᠠᠰᠠᠭᠤᠳᠠᠯ ᠢ ᠭᠡᠷᠬᠢᠨ ᠰᠢᠢᠳᠪᠤᠷᠢᠯᠡᠬᠦ ᠪᠠᠷ ᠪᠠᠶᠢᠬᠤ ᠪᠤᠢ︖ | ᠯᠢ ᠺᠧ ᠴᠢᠶᠠᠩ᠄ | ᠳᠤᠮᠳᠠᠳᠤ ᠤᠯᠤᠰ ᠤᠨ ᠡᠷᠲᠡᠨ ᠤ ᠦᠭᠡᠨ ᠳᠤ᠂ ᠵᠤᠬᠢᠬᠤ ᠡᠳ᠋ ᠬᠦᠷᠦᠩᠬᠡ ᠶᠢᠨ ᠤᠷᠤᠯᠭ᠎ᠠ ᠲᠠᠢ ᠬᠦᠮᠦᠨ | ᠰᠠᠢᠢ ᠵᠤᠬᠢᠬᠤ ᠶᠤᠰᠤ ᠰᠤᠷᠲᠠᠬᠤᠨ ᠤ ᠦᠵᠡᠯᠲᠡ ᠪᠠ ᠠᠵᠢᠯᠯᠠᠭᠠᠨ ᠤ ᠪᠠᠷᠢᠮᠵᠢᠶ᠎ᠠ ᠲᠠᠢ ᠪᠠᠶᠢᠳᠠᠭ ᠭᠡᠵᠤ ᠬᠡᠯᠡᠳᠡᠭ᠃ | ᠰᠦᠯᠵᠢᠶᠡᠨ ᠤ ᠢᠷᠭᠡᠨ ᠢ ᠪᠠᠭᠳᠠᠭᠠᠭᠰᠠᠨ ᠦᠷᠭᠡᠨ ᠤᠯᠠᠨ ᠲᠦᠮᠡᠨ᠂ 70 ᠵᠢᠯ ᠤᠨ ᠤᠷᠤᠨ ᠰᠠᠭᠤᠴᠠ ᠭᠠᠵᠠᠷ | ᠰᠢᠷᠤᠢ ᠶᠢᠨ ᠭᠡᠷᠡᠭᠯᠡᠬᠦ ᠡᠷᠭᠡ ᠶᠢᠨ ᠬᠤᠭᠤᠴᠠᠭ᠎ᠠ ᠲᠠᠭᠤᠰᠪᠠᠯ ᠬᠤᠭᠤᠴᠠᠭ᠎ᠠ ᠪᠠᠨ ᠦᠷᠬᠦᠯᠵᠢᠯᠡᠬᠦᠯᠬᠦ ᠠᠰᠠᠭᠤᠳᠠᠯ ᠢ | ᠨᠡᠶᠢᠳᠡᠮ ᠠᠩᠬᠠᠷᠴᠦ ᠪᠠᠶᠢᠬᠤ ᠶᠢ ᠤᠢᠢᠯᠠᠭᠠᠵᠦ ᠪᠤᠯᠤᠨ᠎ᠠ᠃ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠬᠤᠯᠪᠤᠭᠳᠠᠯ | ᠪᠦᠬᠦᠢ ᠰᠠᠯᠠᠭ᠎ᠠ ᠮᠦᠴᠢᠷ ᠢ ᠱᠠᠭᠠᠷᠳᠠᠨ ᠬᠠᠷᠢᠭᠤ ᠲᠤᠰᠬᠠᠵᠠᠢ᠂ ᠳᠠᠷᠤᠢ ᠬᠤᠭᠤᠴᠠᠭ᠎ᠠ ᠶᠢ ᠦᠷᠬᠦᠯᠵᠢᠯᠡᠬᠦᠯᠵᠦ | ᠪᠤᠯᠤᠨ᠎ᠠ᠂ ᠭᠤᠶᠤᠴᠢᠯᠠᠬᠤ ᠴᠢᠬᠤᠯᠠ ᠦᠭᠡᠢ᠂ ᠤᠷᠢᠳᠠᠯ ᠨᠦᠬᠦᠴᠡᠯ ᠭᠡᠵᠦ ᠪᠠᠰᠠ ᠭᠠᠷᠭᠠᠬᠤ ᠦᠭᠡᠢ᠂ ᠲᠡᠷᠡᠴᠢᠯᠡᠨ | ᠰᠤᠯᠢᠯᠴᠠᠭ᠎ᠠ ᠬᠢᠬᠦ ᠶᠢ ᠨᠦᠯᠦᠭᠡᠯᠡᠬᠦ ᠦᠭᠡᠢ᠃ ᠶᠠᠷᠢᠶᠠᠨ ᠦᠭᠡᠢ᠂ ᠵᠠᠷᠢᠮ ᠬᠦᠮᠦᠰ ᠲᠠ ᠵᠦᠪᠭᠡᠨ ᠭᠡᠯᠡᠭᠡᠳ | ᠪᠠᠶᠢᠬᠤ ᠠᠴᠠ ᠪᠢᠰᠢ᠂ ᠡᠨᠡ ᠨᠢ ᠬᠠᠤᠯᠢ ᠴᠠᠭᠠᠵᠠ ᠶᠢᠨ ᠪᠠᠳᠤᠯᠠᠭ᠎ᠠ ᠪᠠᠶᠢᠨ᠎ᠠ ᠤᠤ︖ ᠭᠡᠵᠦ ᠭᠡᠯᠡᠵᠦ ᠮᠠᠭᠠᠳ᠂ | ᠲᠦᠷᠦ ᠶᠢᠨ ᠶᠠᠪᠤᠳᠠᠯ ᠤᠨ ᠬᠤᠷᠢᠶ᠎ᠠ ᠠᠴᠠ ᠬᠤᠯᠪᠤᠭᠳᠠᠯ ᠪᠦᠬᠦᠢ ᠰᠠᠯᠠᠭ᠎ᠠ ᠮᠦᠴᠢᠷ ᠢ ᠬᠦᠳᠡᠯᠦᠩᠬᠦᠢ ᠪᠤᠰᠤ | ᠦᠮᠴᠢᠯᠡᠯ ᠤᠨ ᠡᠷᠭᠡ ᠶᠢ ᠬᠠᠮᠠᠭᠠᠯᠠᠬᠤ ᠬᠤᠯᠪᠤᠭᠳᠠᠯ ᠪᠦᠬᠦᠢ ᠬᠠᠤᠯᠢ ᠴᠠᠭᠠᠵᠠ ᠶᠢ ᠲᠦᠷᠭᠡᠨ ᠰᠤᠳᠤᠯᠵᠦ ᠲᠦᠰᠦᠯ | ᠳᠤᠷᠠᠳᠬᠤ ᠭᠡᠷᠡᠭᠲᠡᠢ ᠭᠡᠵᠦ ᠱᠠᠭᠠᠷᠳᠠᠵᠠᠢ ᠭᠡᠳᠡᠭ ᠢ ᠠᠳᠠ ᠳᠤᠳᠤᠷᠬᠠᠢᠢᠯᠠᠨ ᠴᠢᠬᠤᠯᠠᠴᠢᠯᠠᠶ᠎ᠠ᠃ | ᠲᠠᠢ ᠤᠯᠤᠰ ᠤᠨ ︽ᠲᠠᠭᠠᠭᠠᠮᠠᠯ ᠰᠤᠨᠢᠨ︾ ᠤ ᠰᠤᠷᠪᠤᠯᠵᠢᠯᠠᠭᠴᠢ᠄ | ᠶᠡᠷᠦᠩᠭᠡᠶᠢᠯᠡᠭᠴᠢ ᠤᠤᠪᠠᠮᠠ ᠲᠤᠰᠢᠶᠠᠯ ᠳᠤ ᠪᠠᠶᠢᠬᠤ ᠬᠤᠭᠤᠴᠠᠭᠠᠠ ᠳᠠᠭᠠᠨ ︽ᠠᠽᠢᠶ᠎ᠠ ᠲᠢᠪ ᠨᠤᠮᠤᠬᠠᠨ | ᠳᠠᠯᠠᠢ ᠶᠢᠨ ᠤᠷᠤᠨ ᠢ ᠲᠠᠬᠢᠨ ᠲᠡᠩᠴᠡᠬᠦᠷᠢᠰᠢᠭᠦᠯᠬᠦ︾ ᠪᠠᠶᠢᠯᠲᠤᠬᠤ ᠪᠤᠲᠤᠯᠭ᠎ᠠ ᠶᠢ ᠲᠤᠷᠠᠳᠴᠤ᠂ ᠲᠧᠷᠠᠮᠫᠦ᠋ ᠶᠢᠨ | ᠵᠠᠰᠠᠭ ᠤᠨ ᠤᠷᠲᠤᠨ ᠤᠲᠤ ᠶᠠᠭ ᠠᠽᠢᠶ᠎ᠠ ᠲᠢᠪ ᠲᠤ ᠭᠡᠷᠡᠭᠵᠢᠭᠦᠯᠬᠦ ᠭᠠᠲᠠᠭᠠᠲᠤ ᠬᠠᠷᠢᠯᠴᠠᠭᠠᠠ ᠤ ᠲᠦᠷᠦ ᠶᠢᠨ | ᠪᠤᠲᠤᠯᠭ᠎ᠠ ᠶᠢ ᠲᠤᠭᠲᠠᠭᠠᠵᠦ ᠪᠠᠶᠢᠨ᠎ᠠ᠂ ᠲᠠᠢ ᠤᠯᠤᠰ ᠪᠤᠯᠤᠨ ᠪᠤᠰᠤᠳ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ | ᠪᠦᠷ ᠲᠤᠰ ᠭᠠᠵᠠᠷ ᠤᠷᠤᠨ ᠡᠩᠭᠡ ᠲᠠᠶᠢᠪᠤᠩ ᠪᠤᠯᠤᠨ ᠲᠤᠭᠲᠠᠭᠤᠨ ᠪᠠᠶᠢᠲᠠᠯ ᠢᠶᠠᠨ ᠬᠠᠮᠠᠭᠠᠯᠠᠬᠤ ᠶᠢ ᠬᠦᠰᠡᠵᠦ | ᠪᠠᠶᠢᠨ᠎ᠠ᠂ ᠲᠤᠮᠲᠠᠲᠤ ᠠᠮᠧᠷᠢᠺᠠ ᠡᠨᠡᠬᠦ ᠭᠠᠵᠠᠷ ᠤᠷᠤᠨ ᠳᠤ ᠮᠦᠷᠭᠦᠯᠲᠦᠭᠡᠡ ᠭᠠᠷᠬᠤ ᠶᠢ ᠤᠯᠵᠤ ᠬᠠᠷᠠᠬᠤ ᠲᠤᠷ᠎ᠠ | ᠦᠭᠡᠢ᠂ ᠨᠡᠩ ᠴᠤ ᠲᠤᠮᠲᠠ ᠠᠴᠠ ︽ᠭᠤᠷᠪᠠᠲᠤᠭᠠᠷ ᠡᠲᠡᠭᠡᠳ ᠢ ᠦᠪᠡᠷ ᠤᠨ ᠵᠤᠭᠰᠤᠯᠲᠠ ᠲᠡᠭᠡᠷ᠎ᠠ ᠪᠠᠨ | ᠵᠤᠭᠰᠤᠭᠠᠬᠤ ᠰᠤᠩᠭᠤᠯᠲᠠ ᠬᠢᠯᠭᠡᠬᠦ︾ ᠲᠤᠷ᠎ᠠ ᠦᠭᠡᠢ᠃ ᠲᠠ ᠲᠤᠮᠲᠠᠲᠤ ᠤᠯᠤᠰ ᠤᠨ ᠠᠽᠢᠶ᠎ᠠ ᠲᠢᠪ ᠨᠤᠮᠤᠬᠠᠠ | ᠲᠠᠯᠠᠢ ᠶᠢᠨ ᠤᠷᠤᠨ ᠳᠤ ᠦᠵᠡᠭᠦᠯᠬᠦ ᠦᠢᠯᠡᠲᠦᠯ ᠢ ᠭᠡᠷᠬᠢᠨ ᠦᠵᠡᠵᠦ ᠪᠠᠶᠢᠬᠤ ᠪᠤᠢ︖ ᠲᠤᠮᠲᠠᠲᠤ ᠤᠯᠤᠰ ᠤᠨ | ᠲᠤᠰ ᠭᠠᠵᠠᠷ ᠤᠷᠤᠨ ᠳᠠᠬᠢ ᠬᠦᠰᠡᠯᠡᠩᠵᠢᠭᠦᠯᠦᠭᠰᠡᠡ ᠡᠮᠬᠢ ᠵᠢᠷᠤᠮ ᠪᠤᠯᠤᠨ ᠲᠦᠷᠢᠮ ᠨᠢ ᠶᠠᠮᠷᠰᠢᠤ ᠪᠠᠶᠢᠭ᠎ᠠ ᠪᠤᠢ︖ | ᠲᠤᠮᠲᠠᠲᠤ ᠠᠮᠧᠷᠢᠺᠠ ᠡᠨᠡᠬᠦ ᠭᠠᠵᠠᠷ ᠤᠷᠤᠨ ᠳᠤ ᠭᠡᠷᠬᠢᠨ ᠦᠷᠬᠦᠯᠵᠢᠯᠡᠡ ᠨᠠᠶᠢᠷᠠᠮᠲᠠᠯ ᠢᠶᠠᠷ ᠬᠠᠮᠲᠤ ᠤᠷᠤᠰᠢᠬᠤ ᠪᠤᠢ︖ | | ᠯᠢ ᠺᠧ ᠴᠢᠶᠠᠩ᠄ | ᠠᠽᠢᠶ᠎ᠠ ᠲᠢᠪ ᠨᠤᠮᠤᠬᠠᠨ ᠳᠠᠯᠠᠢ ᠶᠢᠨ ᠤᠷᠤᠨ ᠪᠤᠯ ᠲᠤᠰ ᠭᠠᠵᠠᠷ ᠤᠷᠤᠨ ᠤ ᠤᠯᠤᠰ ᠤᠳ ᠤᠨ ᠬᠠᠮᠲᠤ ᠶᠢᠨ | ᠭᠡᠷ ᠤᠷᠤᠨ ᠮᠦᠨ᠂ ᠪᠢᠲᠠ ᠬᠦᠢᠲᠡᠡ ᠲᠠᠶᠢᠨ ᠤ ᠰᠡᠳᠭᠢᠬᠦᠢ ᠶᠢᠨ ᠲᠤᠤᠷᠠᠬᠢ ︽ᠭᠤᠷᠪᠠᠲᠤᠭᠠᠷ ᠡᠲᠡᠭᠡᠳ ᠢ | ᠦᠪᠡᠷ ᠤᠨ ᠵᠤᠭᠰᠤᠯᠲᠠ ᠲᠡᠭᠡᠷ᠎ᠠ ᠪᠠᠨ ᠵᠤᠭᠰᠤᠭᠠᠬᠤ ᠰᠤᠩᠭᠤᠯᠲᠠ ᠬᠢᠯᠭᠡᠬᠦ︾ ᠤᠴᠢᠷ ᠡᠭᠦᠰᠬᠦ ᠶᠢ ᠬᠦᠰᠡᠬᠦ ᠦᠭᠡᠢ | ᠪᠦᠭᠡᠳ ᠮᠦᠨ ᠴᠤ ᠤᠯᠵᠦ ᠬᠠᠷᠠᠬᠤ ᠲᠤᠷ᠎ᠠ ᠦᠭᠡᠢ᠂ ᠶᠠᠮᠠᠷ ᠤᠴᠢᠷ ᠢ ᠪᠤᠯᠤᠯ᠎ᠠ ᠭᠡᠳ ᠵᠦᠪ ᠪᠤᠷᠤᠭᠤ ᠬᠠᠵᠠᠭᠠᠢ | ᠰᠢᠯᠤᠭᠤᠠ ᠢᠶᠠᠷ ᠶᠠᠷᠢᠬᠤ ᠬᠡᠷᠡᠭᠲᠡᠢ᠂ ᠶᠡᠭᠤ ᠴᠤ ᠭᠡᠰᠡᠡ ᠠᠽᠢᠶ᠎ᠠ ᠲᠢᠪ ᠨᠤᠮᠤᠬᠠᠠ ᠲᠠᠯᠠᠢ ᠶᠢᠨ ᠭᠠᠵᠠᠷ ᠤᠷᠤᠨ ᠤ | ᠡᠩᠭᠡ ᠲᠠᠶᠢᠪᠤᠩ ᠪᠤᠯᠤᠨ ᠲᠤᠭᠲᠠᠭᠤᠨ ᠪᠠᠶᠢᠲᠠᠯ ᠢ ᠬᠠᠮᠠᠭᠠᠯᠠᠬᠤ ᠬᠡᠷᠡᠭᠲᠡᠢ᠃ ᠠᠽᠢᠶ᠎ᠠ ᠲᠢᠪ ᠨᠤᠮᠤᠬᠠᠠ ᠲᠠᠯᠠᠢ ᠶᠢᠨ | ᠤᠷᠤᠨ ᠳᠤ᠂ ᠪᠢᠲᠠ ᠢᠮᠠᠭᠲᠠ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠤᠭ᠎ᠠ ᠶᠢ ᠲᠤᠮᠲᠠᠲᠤ | ᠤᠯᠤᠰ ᠤᠨ ᠤᠷᠴᠢᠨ ᠲᠤᠭᠤᠷᠢᠨ ᠤ ᠭᠠᠲᠠᠭᠠᠲᠤ ᠬᠠᠷᠢᠯᠴᠠᠭᠠᠠ ᠤ ᠤᠷᠢᠲᠠᠪᠠᠷ ᠰᠢᠯᠢᠬᠦ ᠴᠢᠭᠯᠡᠯ ᠪᠤᠯᠭᠠᠵᠦ᠂ ᠵᠡᠭᠦᠨ | ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠤᠭ᠎ᠠ ᠶᠢᠨ ᠬᠠᠮᠲᠤ ᠶᠢᠨ ᠴᠤᠭᠴᠠ ᠶᠢᠨ ᠪᠠᠶᠢᠭᠤᠯᠤᠯᠲᠠ ᠶᠢ ᠲᠡᠮᠵᠢᠵᠦ | ᠂ ᠤᠷᠤᠨ ᠪᠦᠰᠡ ᠶᠢᠨ ᠬᠠᠮᠲᠤᠷᠠᠯᠴᠠᠭ᠎ᠠ ᠲᠤᠮᠲᠠ ᠭᠤᠤᠯ ᠪᠠᠶᠢᠷᠢ ᠶᠢᠨ ᠦᠢᠯᠡᠲᠦᠯ ᠢ ᠪᠠᠲᠠᠷᠠᠭᠤᠯᠤᠨ᠎ᠠ᠃ ᠪᠢᠲᠠ | ᠠᠽᠢᠶ᠎ᠠ ᠲᠢᠪ ᠨᠤᠮᠤᠬᠠᠠ ᠲᠠᠯᠠᠢ ᠶᠢᠨ ᠭᠠᠵᠠᠷ ᠤᠷᠤᠨ ᠲᠤᠭᠲᠠᠭᠤᠨ᠂ ᠡᠮᠬᠢ ᠲᠢᠭᠯᠢᠮ ᠲᠠᠢ ᠭᠠᠵᠠᠷ ᠤᠷᠤᠨ ᠪᠤᠯᠵᠦ᠂ | ᠵᠦᠪᠲᠡᠬᠦ ᠪᠠᠷ ᠲᠠᠮᠵᠢᠵᠦ ᠵᠠᠷᠴᠢᠮ ᠳᠤ ᠰᠠᠨᠠᠯ ᠨᠢᠭᠡᠳᠭᠦ ᠭᠠᠵᠠᠷ ᠤᠷᠤᠨ ᠪᠤᠯᠵᠦ᠂ ᠵᠦᠷᠢᠯᠲᠦᠭᠡᠡ ᠢ ᠬᠠᠮᠢᠶᠠᠷᠤᠠ | ᠡᠵᠡᠮᠲᠡᠬᠦ ᠴᠢᠲᠠᠪᠤᠷᠢ ᠲᠠᠢ ᠭᠠᠵᠠᠷ ᠤᠷᠤᠨ ᠪᠤᠯᠵᠦ᠂ ᠮᠦᠨ ᠴᠤ ᠪᠠᠰᠠ ᠮᠠᠷᠭᠤᠯᠲᠤᠭᠠᠠ ᠢ ᠰᠢᠢᠳᠪᠦᠷᠢᠯᠡᠬᠦ ᠤᠶᠤᠨ | ᠤᠬᠠᠭᠠᠠ ᠲᠠᠢ ᠭᠠᠵᠠᠷ ᠤᠷᠤᠨ ᠪᠤᠯᠬᠤ ᠶᠢ ᠬᠦᠰᠡᠵᠦ ᠪᠠᠶᠢᠨ᠎ᠠ᠃ | ᠲᠤᠮᠲᠠᠲᠤ ᠤᠯᠤᠰ ᠪᠤᠯᠤᠨ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠶᠠᠭ ︽ᠡᠮᠦᠨᠡᠲᠦ ᠲᠠᠩᠭᠢᠰ ᠤᠨ | ᠠᠵᠢᠯᠯᠠᠭ᠎ᠠ ᠶᠢᠨ ᠪᠠᠷᠢᠮᠵᠢᠶ᠎ᠠ︾ ᠶᠢ ᠵᠦᠪᠲᠡᠵᠦ ᠪᠤᠢ᠂ ᠲᠡᠷᠡ ᠮᠦᠷᠳᠡᠭᠡᠨ ᠮᠦᠠ ᠴᠢᠨᠠᠷ ᠤᠨ ᠠᠬᠢᠯᠲᠠ ᠲᠠᠢ | ᠪᠤᠯᠤᠭᠠᠳ ᠪᠤᠢ᠂ ᠪᠢᠲᠠ ᠦᠷᠬᠦᠯᠵᠢᠯᠡᠡ ᠢᠲᠡᠪᠬᠢᠲᠠᠢ ᠠᠬᠢᠭᠤᠯᠤᠨ᠎ᠠ᠃ ᠪᠢᠲᠠ ᠡᠮᠦᠨᠡᠲᠦ ᠲᠠᠩᠭᠢᠰ ᠤᠨ ᠡᠩᠬᠡ | ᠲᠠᠶᠢᠪᠤᠩ ᠲᠤᠭᠲᠠᠭᠤᠨ ᠪᠠᠶᠢᠲᠠᠯ ᠢ ᠬᠠᠮᠠᠭᠠᠯᠠᠵᠦ᠂ ᠬᠤᠯᠪᠤᠭᠲᠠᠯ ᠪᠦᠬᠦᠢ ᠮᠠᠷᠭᠤᠯᠲᠤᠭᠠᠠ ᠢ ᠭᠡᠷᠡᠭ ᠤᠨ ᠲᠤᠬᠠᠢ ᠶᠢᠨ | ᠲᠠᠯ᠎ᠠ ᠰᠢᠭᠤᠳ ᠶᠠᠷᠢᠯᠴᠠᠠ ᠰᠢᠢᠳᠪᠦᠷᠢᠯᠡᠵᠦ᠂ ᠡᠯ᠎ᠠ ᠲᠠᠯ᠎ᠠ ᠶᠢᠨ ᠬᠢᠨ ᠭᠠᠵᠠᠷ ᠤᠷᠤᠨ ᠤ ᠡᠩᠭᠡ ᠲᠠᠶᠢᠪᠤᠩ | ᠲᠤᠭᠲᠠᠭᠤᠨ ᠪᠠᠶᠢᠲᠠᠯ ᠪᠤᠯᠤᠨ ᠬᠦᠭᠵᠢᠯᠲᠠ ᠶᠢ ᠬᠠᠮᠲᠤ ᠪᠠᠷ ᠬᠠᠮᠠᠭᠠᠯᠠᠬᠤ ᠶᠢ ᠬᠦᠰᠡᠵᠦ ᠪᠠᠶᠢᠨ᠎ᠠ᠃ | ᠲᠤᠮᠲᠠᠲᠤ ᠠᠮᠧᠷᠢᠺᠠ ᠠᠽᠢᠶ᠎ᠠ ᠲᠢᠪ ᠨᠤᠮᠤᠬᠠᠠ ᠲᠠᠯᠠᠢ ᠶᠢᠨ ᠤᠷᠤᠨ ᠳᠤ ᠤᠯᠠᠠ ᠵᠢᠯ ᠬᠠᠮᠲᠤᠷᠠᠯᠴᠠᠭ᠎ᠠ | ᠬᠢᠭᠰᠡᠭᠡᠷ ᠢᠷᠡᠵᠠᠢ᠂ ᠪᠢᠲᠠᠠ ᠳᠤ ᠮᠠᠰᠢ ᠤᠯᠠᠠ ᠬᠠᠮᠲᠤᠷᠠᠯᠴᠠᠬᠤ ᠵᠦᠢᠯ ᠪᠤᠢ᠃ ᠠᠮᠧᠷᠢᠺᠠ ᠶᠢᠨ ᠤᠯᠤᠰ | ᠠᠯᠤᠰᠯᠠᠭᠰᠠᠠ ᠴᠦᠭᠡᠡ ᠪᠤᠰᠤ ᠺᠤᠮᠫᠠᠨᠢ ᠠᠽᠢᠶ᠎ᠠ ᠲᠢᠪ ᠨᠤᠮᠤᠬᠠᠠ ᠲᠠᠯᠠᠢ ᠶᠢᠨ ᠤᠷᠤᠨ ᠤ ᠪᠤᠷᠤᠯᠠᠭᠤᠯᠭ᠎ᠠ ᠶᠢᠨ | ᠶᠡᠷᠦᠩᠭᠡᠢ ᠭᠠᠵᠠᠷ ᠢᠶᠠᠨ ᠲᠤᠮᠲᠠᠲᠤ ᠤᠯᠤᠰ ᠲᠤ ᠪᠠᠶᠢᠷᠢᠯᠠᠭᠤᠯᠵᠠᠢ᠂ ᠪᠢᠲᠠ ᠲᠤᠮᠲᠠᠲᠤ ᠠᠮᠧᠷᠢᠺᠠ ᠶᠢᠨ | ᠬᠠᠮᠲᠤᠷᠠᠯᠴᠠᠭᠠᠨ ᠤ ᠬᠠᠮᠲᠤ ᠶᠢᠨ ᠠᠰᠢᠭ ᠲᠤᠰᠠ ᠲᠠᠰᠤᠷᠠᠯᠲᠠ ᠦᠭᠡᠢ ᠦᠷᠭᠡᠳᠴᠤ᠂ ᠵᠡᠭᠦᠨ ᠡᠮᠦᠨᠡᠲᠦ ᠠᠽᠢᠶ᠎ᠠ ᠶᠢᠨ | ᠤᠯᠤᠰ ᠤᠳ ᠡᠭᠦᠨ ᠠᠴᠠ ᠠᠵᠠ ᠲᠤᠬᠢᠶᠠᠯ ᠤᠯᠬᠤ ᠠᠴᠠ ᠪᠢᠰᠢ᠂ ᠬᠠᠷᠢᠠ ᠶᠠᠷᠰᠢᠭ ᠲᠦᠪᠡᠭ ᠤᠴᠠᠷᠠᠭᠤᠯᠬᠤ ᠦᠭᠡᠢ | ᠪᠠᠶᠢᠬᠤ ᠶᠢ ᠬᠦᠰᠡᠵᠦ ᠪᠠᠶᠢᠨ᠎ᠠ᠃ | ᠰᠢᠨᠬᠤᠸᠠ ᠬᠤᠷᠢᠶᠠᠠ ᠤ ᠰᠤᠷᠪᠤᠯᠵᠢᠯᠠᠭᠴᠢ᠄ | ᠪᠢᠲᠠ ᠪᠠᠶᠢᠴᠠᠭᠠᠠ ᠰᠤᠲᠤᠯᠤᠯᠲᠠ ᠬᠢᠵᠦ ᠰᠤᠷᠪᠤᠯᠵᠢᠯᠠᠭ᠎ᠠ ᠬᠢᠬᠦ ᠶᠠᠪᠤᠴᠠ ᠳᠠᠭᠠᠨ᠂ ᠤᠲᠤ ᠵᠠᠷᠢᠮ ᠠᠵᠦ | ᠠᠬᠤᠢᠢᠯᠠᠯ ᠭᠠᠶᠢᠯᠢ ᠶᠢᠨ ᠰᠦᠢᠳᠭᠡᠯ ᠤᠨ ᠲᠠᠷᠤᠭᠠᠰᠤ ᠲᠡᠩᠲᠡᠭᠦᠦ ᠬᠦᠨᠲᠦ ᠪᠠᠶᠢᠨ᠎ᠠ᠂ ᠵᠦᠲᠡᠷᠡᠲᠡᠯᠠ ᠠᠵᠢᠯᠯᠠᠭᠠᠳ | ᠪᠠᠰᠠ ᠲᠡᠮᠠᠢ ᠵᠤᠭᠤᠰ ᠤᠯᠬᠤ ᠦᠭᠡᠢ ᠭᠡᠵᠦ ᠭᠤᠮᠤᠷᠬᠠᠵᠦ ᠪᠠᠶᠢᠨ᠎ᠠ᠂ ᠵᠠᠷᠢᠮ ᠭᠡᠷᠡᠭᠯᠡᠭᠴᠢᠳ ᠪᠠᠰᠠ ᠮᠠᠰᠢ ᠤᠯᠠᠠ | ᠴᠢᠨᠠᠷᠯᠢᠭ ᠦᠢᠯᠡᠳᠭᠦᠨ ᠢ ᠤᠯᠤᠰ ᠤᠨ ᠲᠤᠲᠤᠭᠠᠲᠤ ᠳᠤ ᠦᠢᠯᠡᠳᠴᠤ ᠲᠡᠶᠢᠯᠬᠦ ᠦᠭᠡᠢ ᠭᠡᠵᠦ ᠭᠤᠮᠤᠷᠬᠠᠵᠦ ᠪᠠᠶᠢᠨ᠎ᠠ | ᠃ ᠶᠡᠷᠦᠩᠭᠭᠡᠢ ᠰᠠᠶᠢᠳ ᠠᠴᠠ ᠠᠰᠠᠭᠤᠬᠤ ᠨᠢ᠂ ᠲᠠ ᠡᠨᠡ ᠲᠤᠬᠠᠢ ᠶᠠᠮᠠᠷ ᠦᠵᠡᠯᠳᠡ ᠪᠠᠶᠢᠬᠤ ᠪᠤᠢ︖ ᠴᠢᠨᠠᠭᠰᠢᠲᠠ | ᠰᠠᠶᠢᠵᠢᠷᠠᠭᠤᠯᠬᠤ ᠶᠠᠮᠠᠷ ᠲᠦᠷᠦ ᠶᠢᠨ ᠪᠤᠲᠤᠯᠭ᠎ᠠ ᠠᠷᠭ᠎ᠠ ᠬᠡᠮᠵᠢᠶ᠎ᠠ ᠪᠠᠶᠢᠬᠤ ᠪᠤᠢ︖ | ᠯᠢ ᠺᠧ ᠴᠢᠶᠠᠩ᠄ | ᠪᠢ ᠵᠠᠰᠠᠭ ᠤᠨ ᠤᠷᠲᠤᠨ ᠤ ᠠᠵᠢᠯ ᠤᠨ ᠢᠯᠡᠳᠭᠡᠯ ᠳᠤ ᠮᠠᠰᠢ ᠤᠯᠠᠠ ᠬᠠᠭᠤᠲᠠᠰᠤ ᠪᠠᠷ ᠮᠠᠰᠢ ᠤᠯᠠᠠ ᠠᠷᠭ᠎ᠠ | ᠬᠡᠮᠵᠢᠶ᠎ᠠ ᠲᠤᠷᠠᠳᠴᠤ ᠴᠢᠬᠤᠯᠠᠴᠢᠯᠠᠬᠰᠠᠨ ᠪᠠᠶᠢᠨ᠎ᠠ᠂ ᠡᠨᠡ ᠵᠢᠯ ᠨᠡᠩ ᠶᠡᠭᠡ ᠬᠦᠴᠤ ᠤᠷᠤᠭᠤᠯᠵᠦ ᠪᠠᠶᠢᠭᠠᠳ | ᠭᠠᠶᠢᠯᠢ ᠶᠢ ᠬᠦᠡᠭᠭᠡᠯᠡᠵᠤ ᠰᠦᠢᠳᠭᠡᠯ ᠢ ᠪᠠᠭᠤᠷᠠᠭᠤᠯᠬᠤ ᠠᠵᠢᠯ ᠢ ᠠᠬᠢᠭᠤᠯᠤᠨ᠎ᠠ᠂ ᠢᠯᠠᠩᠭᠤᠶ᠎ᠠ ᠲᠡᠲᠡᠭᠡᠷ ᠡᠯᠳᠡᠪ | ᠨᠡᠷ᠎ᠡ ᠪᠠᠷ ᠠᠪᠬᠤ᠂ ᠠᠵᠦ ᠠᠬᠤᠢᠢᠯᠠᠯ ᠡᠬᠦᠷᠭᠡᠯᠡᠬᠦᠶᠡ ᠪᠡᠷᠬᠡ ᠵᠠᠰᠠᠭ ᠵᠠᠬᠢᠷᠭᠠᠠ ᠤ ᠠᠵᠢᠯ ᠦᠢᠯᠡᠰ ᠤᠨ ᠴᠢᠨᠠᠷᠲᠠᠢ | ᠬᠤᠷᠢᠶᠠᠬᠤ ᠰᠦᠢᠳᠭᠡᠯ ᠢ ᠪᠠᠭᠤᠷᠠᠭᠤᠯᠤᠨ᠎ᠠ᠃ ᠡᠲᠡᠭᠡᠷ ᠰᠦᠢᠳᠭᠡᠯ ᠤᠤᠯ ᠨᠢ ᠭᠡᠷᠡᠭᠴᠡᠭᠡ ᠲᠠᠢ ᠪᠠᠶᠢᠭᠰᠠᠠ᠂ | ᠵᠠᠷᠢᠮ ᠢ ᠨᠢ ︽ᠠᠵᠢᠯᠳᠡᠨ ᠢ ᠠᠰᠠᠷᠠᠬᠤ︾ ᠳᠤ ᠭᠡᠷᠡᠭᠯᠡᠵᠦ ᠪᠠᠶᠢᠵᠠᠢ᠂ ᠰᠦᠢᠳᠭᠡᠯ ᠢ ᠪᠠᠭᠤᠷᠠᠭᠤᠯᠪᠠᠯ᠂ ᠵᠠᠰᠠᠭ ᠤᠨ | ᠤᠷᠲᠤᠨ ᠠᠷᠪᠢᠯᠠᠠ ᠭᠠᠮᠨᠠᠵᠦ ᠠᠮᠢᠲᠤᠷᠠᠬᠤ ᠴᠢᠬᠤᠯᠠ ᠲᠠᠢ ᠪᠤᠯᠤᠨ᠎ᠠ᠃ ᠲᠦᠪ ᠵᠠᠰᠠᠭ ᠤᠨ ᠤᠷᠲᠤᠨ ᠲᠦᠷᠦᠭᠦᠯᠡᠵᠤ᠂ | ᠡᠩ ᠤᠨ ᠴᠢᠨᠠᠷᠲᠠᠢ ᠵᠠᠷᠤᠯᠭ᠎ᠠ ᠶᠢ ᠪᠦᠷ 5% ᠠᠴᠠ ᠲᠡᠭᠡᠭᠰᠢ ᠬᠠᠰᠤᠨ᠎ᠠ ᠭᠡᠵᠦ ᠲᠤᠲᠤᠷᠠᠬᠠᠢ ᠲᠤᠷᠠᠳᠴᠠᠢ᠃ ᠪᠢ | ᠲᠦᠯᠦᠭᠡᠯᠡᠭᠴᠢᠳ ᠤᠨ ᠪᠦᠯᠬᠦᠮ ᠤᠨ ᠶᠠᠷᠢᠯᠴᠠᠭ᠎ᠠ ᠳᠤ ᠤᠷᠤᠯᠴᠠᠬᠤ ᠳᠤ᠂ ᠮᠠᠰᠢ ᠤᠯᠠᠠ ᠤᠷᠤᠨ ᠨᠤᠲᠤᠭ ᠤᠨ | ᠵᠠᠰᠠᠭ ᠤᠨ ᠤᠷᠲᠤᠨ ᠪᠠᠰᠠ ᠪᠦᠷ ᠢᠩᠭᠢᠵᠦ ᠢᠯᠡᠳᠭᠡᠵᠦ ᠪᠠᠶᠢᠭᠰᠠᠠ᠃ ᠪᠢᠲᠠ ᠵᠠᠰᠠᠭ ᠤᠨ ᠤᠷᠲᠤᠨ ᠤ ︽ | ᠡᠪᠡᠷᠰᠢᠶᠠᠯ︾ ᠢᠶᠠᠷ ᠠᠵᠦ ᠠᠬᠤᠢᠢᠯᠠᠯ ᠤᠨ ︽ᠤᠷᠤᠭᠰᠢᠲᠠᠢ ᠪᠠᠶᠢᠲᠠᠯ︾ ᠢ ᠰᠤᠯᠢᠵᠤ᠂ ᠠᠵᠦ ᠠᠬᠤᠢᠢᠯᠠᠯ ᠤᠨ | ᠲᠠᠷᠤᠭᠠᠰᠤ ᠶᠢ ᠬᠦᠩᠭᠡᠷᠡᠭᠦᠯᠵᠦ᠂ ᠦᠷᠢᠰᠦᠯᠲᠦᠬᠦ ᠬᠦᠴᠤᠨ ᠢ ᠲᠡᠭᠡᠭᠰᠢᠯᠡᠭᠦᠯᠦᠨ᠎ᠠ᠃ ᠪᠢᠲᠠ ᠪᠠᠰᠠ ᠰᠦᠯᠵᠢᠶᠠᠠ ᠤ | ᠰᠦᠢᠳᠭᠡᠯ ᠢ ᠪᠠᠭᠤᠷᠠᠭᠤᠯᠬᠤ᠂ ᠴᠠᠬᠢᠯᠭᠠᠠ ᠤ ᠰᠦᠢᠳᠭᠡᠯ ᠢ ᠪᠠᠭᠤᠷᠠᠭᠤᠯᠬᠤ᠂ ᠪᠠᠷᠠᠭᠠᠠ ᠤ ᠰᠦᠢᠳᠭᠡᠯ ᠢ | ᠪᠠᠭᠤᠷᠠᠭᠤᠯᠬᠤ ᠵᠡᠷᠭᠡ ᠠᠷᠭ᠎ᠠ ᠬᠡᠮᠵᠢᠶ᠎ᠠ ᠪᠠᠷ ᠲᠠᠮᠵᠢᠭᠤᠯᠵᠦ᠂ ᠡᠨᠡ ᠵᠢᠯ ᠤᠨ ᠭᠠᠶᠢᠯᠢ ᠶᠢ ᠬᠦᠡᠭᠭᠡᠯᠡᠵᠤ ᠰᠦᠢᠳᠭᠡᠯ ᠢ | ᠪᠠᠭᠤᠷᠠᠭᠤᠯᠤᠭᠰᠠᠠ ᠵᠤᠭᠤᠰ ᠢ ᠲᠦᠮᠡᠡ ᠳ᠋ᠦᠩᠰᠢᠭᠤᠷ ᠠᠷᠠᠳ ᠤᠨ ᠵᠤᠭᠤᠰ ᠲᠤ ᠬᠦᠷᠭᠡᠨ᠎ᠠ᠃ ᠶᠠᠷᠢᠶᠠᠠ ᠦᠭᠡᠢ | ᠪᠠᠰᠠ ᠲᠦᠷᠢᠮ ᠤᠨ ᠴᠢᠨᠠᠷ ᠲᠠᠢ ᠠᠷᠠᠯᠵᠢᠶᠠᠠ ᠤ ᠦᠪᠡᠷ ᠤᠨ ᠦᠷᠲᠡᠭ ᠢ ᠪᠠᠭᠤᠷᠠᠭᠤᠯᠤᠨ᠎ᠠ᠃ | ᠳᠤᠮᠳᠠᠳᠦ ᠤᠯᠥᠰ ᠤᠨ ᠵᠠᠷᠢᠮ ᠦᠢᠯᠡᠳᠬᠦᠨ ᠤ ᠶᠠᠰᠦ ᠴᠢᠨᠠᠷ ᠪᠠᠷᠦᠬᠳᠠᠢ ᠪᠠᠶᠢᠬᠤ ᠳᠤᠬᠠᠢ ᠭᠡᠷᠡᠭᠯᠡᠭᠴᠢᠳ | ᠭᠤᠮᠤᠷᠬᠠᠵᠦ ᠪᠠᠶᠢᠬᠤ ᠪᠤᠯ ᠮᠠᠠ ᠤ ᠠᠵᠦ ᠠᠬᠤᠢᠢᠯᠠᠯ ᠨᠤᠭᠤᠳ ᠦᠢᠯᠡᠳᠬᠦᠨ ᠢᠶᠠᠨ ᠶᠠᠰᠦ ᠴᠢᠨᠠᠷ ᠤᠨ ᠴᠠᠬ | ᠦᠶ᠎ᠠ ᠳᠤ ᠤᠷᠦᠭᠤᠯᠬᠤ ᠴᠢᠬᠤᠯᠠᠳᠠᠢ ᠪᠠᠶᠢᠨ᠎ᠠ ᠬᠡᠳᠡᠭ ᠢ ᠬᠠᠷᠠᠭᠤᠯᠵᠦ ᠪᠠᠶᠢᠨ᠎ᠠ᠂ ᠡᠨᠡ ᠨᠢ ᠪᠠᠰᠠ ᠬᠠᠩᠭᠠᠯᠭ᠎ᠠ ᠶᠢᠨ | ᠳᠠᠯ᠎ᠠ ᠶᠢᠨ ᠪᠦᠳᠦᠴᠠ ᠶᠢᠨ ᠴᠢᠨᠠᠷᠳᠠᠢ ᠦᠬᠡᠷᠡᠴᠢᠯᠡᠯᠳᠡ ᠶᠢᠨ ᠴᠢᠬᠤᠯᠠ ᠠᠭᠤᠯᠭ᠎ᠠ ᠪᠤᠯᠤᠨ᠎ᠠ᠃ ᠪᠢᠳᠠ ︽ᠳᠤᠮᠳᠠᠳᠦ | ᠤᠯᠥᠰ ᠤᠨ ᠦᠢᠯᠠᠳᠬᠡᠯ 2025︾ ᠶᠢ ᠬᠡᠷᠡᠭᠵᠢᠬᠦᠯᠵᠦ ᠪᠠᠶᠢᠬᠤ ᠨᠢ ᠠᠵᠦ ᠠᠬᠤᠢᠢᠯᠠᠯ ᠤᠨ ᠦᠢᠯᠡᠳᠬᠦᠨ ᠪᠡ | ᠳᠤᠨᠤᠬᠯᠠᠯ ᠤᠨ ᠶᠠᠰᠦ ᠴᠢᠨᠠᠷ ᠢ ᠳᠡᠭᠡᠭᠰᠢᠯᠡᠬᠦᠯᠬᠦ ᠶᠢᠨ ᠳᠤᠰᠠᠳᠠ ᠶᠤᠮ᠃ ᠳᠠᠯᠠᠬᠡᠢ ᠳᠡᠬᠡᠷ᠎ᠠ ᠳᠤᠮᠳᠠᠳᠦ ᠤᠯᠥᠰ | ᠭᠠᠳᠠᠭᠠᠳᠦ ᠤᠷᠦᠭᠤᠯᠤᠯᠳᠠ ᠪᠠᠨ ᠪᠠᠭᠠᠰᠬᠠᠵᠦ᠂ ᠨᠡᠬᠡᠬᠡᠯᠳᠡ ᠪᠠᠨ ᠪᠠᠭᠠᠰᠬᠠᠵᠦ ᠮᠠᠳᠠᠨ᠎ᠠ ᠬᠡᠳᠡᠭ ᠨᠢᠬᠡ ᠵᠦᠢᠯ ᠤᠨ | ᠶᠠᠷᠢᠶ᠎ᠠ ᠬᠡᠯᠡᠯᠬᠡ ᠶᠠᠪᠤᠬᠳᠠᠵᠦ ᠪᠠᠶᠢᠨ᠎ᠠ᠃ ᠡᠨᠡ ᠪᠤᠯ ᠡ᠊ᠡᠳᠡᠬᠦᠦ ᠦᠢᠯᠠᠭᠠᠯᠳᠠ ᠪᠤᠯᠤᠨ᠎ᠠ᠃ ᠳᠤᠮᠳᠠᠳᠦ ᠤᠯᠥᠰ ᠤᠨ | ᠦᠢᠯᠡᠳᠬᠦᠨ ᠤ ᠶᠠᠰᠦ ᠴᠢᠨᠠᠷ ᠢ ᠳᠡᠭᠡᠭᠰᠢᠯᠡᠬᠦᠯᠵᠦ᠂ ᠠᠵᠦ ᠦᠢᠯᠠᠰ ᠤᠨ ᠳᠤᠮᠳᠠ ᠪᠠ ᠳᠡᠬᠡᠳᠦ ᠳᠡᠰ ᠳᠠᠰᠢ | ᠤᠷᠦᠬᠰᠢᠯᠠᠬᠤ ᠶᠢ ᠠᠬᠢᠭᠤᠯᠬᠤ ᠳᠤ ᠶᠠᠷᠢᠶᠠᠠ ᠦᠬᠡᠢ ᠨᠡᠬᠡᠬᠡᠯᠳᠡ ᠶᠢᠨ ᠡᠬᠦᠳᠡ ᠪᠠᠨ ᠤᠯᠠᠮ ᠶᠡᠭᠡ ᠨᠠᠬᠡᠬᠡᠵᠦ᠂ | ᠭᠠᠳᠠᠭᠠᠳᠦ ᠶᠢᠨ ᠳᠡᠷᠢᠬᠦᠡ ᠤ ᠮᠠᠷᠬᠡᠵᠢᠯ ᠪᠡ ᠦᠢᠯᠡᠳᠬᠦᠨ ᠢ ᠨᠠᠩ ᠢᠯᠠᠬᠦᠦ ᠤᠷᠦᠭᠤᠯᠤᠡ ᠠᠪᠴᠢᠷᠠᠨ᠎ᠠ᠃ ᠬᠡᠯᠡᠯᠬᠡᠡ | ᠦᠬᠡᠢ ᠪᠢᠳᠠ ᠮᠡᠳᠡᠯᠬᠡ ᠶᠢᠨ ᠦᠮᠴᠢᠯᠡᠯ ᠤᠨ ᠡᠷᠬᠡ ᠶᠢ ᠴᠢᠩᠭ᠎ᠠ ᠬᠠᠮᠠᠭᠠᠯᠠᠵᠦ᠂ ᠳᠤᠮᠳᠠᠳᠦ ᠭᠠᠳᠠᠭᠠᠳᠦ ᠶᠢᠨ ᠠᠵᠦ | ᠠᠬᠤᠢᠢᠯᠠᠯ ᠳᠤ ᠪᠦᠷ ᠠᠰᠢᠬ ᠬᠦᠷᠳᠡᠭᠡᠨ᠎ᠡ᠃ ᠡᠩ ᠤᠨ ᠬᠡᠷᠡᠭᠯᠡᠭᠴᠢᠳ ᠤᠨ ᠬᠡᠷᠡᠭᠰᠠᠬᠦ ᠵᠠᠷᠢᠮ ᠰᠢᠯᠢᠳᠡᠭ | ᠦᠢᠯᠡᠳᠬᠦᠨ ᠤ ᠬᠠᠩᠭᠠᠯᠭ᠎ᠠ ᠨᠢᠬᠡ ᠦᠶ᠎ᠠ ᠬᠦᠷᠦᠯᠴᠠᠬᠦ ᠦᠬᠡᠢ ᠪᠠᠶᠢᠬᠤ ᠳᠤᠬᠠᠢ᠂ ᠪᠢᠳᠠ ᠪᠤᠭᠤᠮᠳᠠ ᠶᠢᠨ | ᠭᠠᠶᠢᠯᠢ ᠪᠠᠨ ᠪᠠᠭᠠᠰᠬᠠᠵᠦ᠂ ᠭᠠᠳᠠᠭᠠᠳᠦ ᠭᠠᠷᠭᠠᠯᠳᠠ ᠪᠠᠨ ᠨᠡᠮᠡᠭᠳᠡᠬᠦᠯᠬᠦ ᠶᠢ ᠪᠤᠳᠤᠯᠬᠢᠯᠠᠵᠤ ᠪᠤᠯᠤᠨ᠎ᠠ᠃ | ᠶᠠᠷᠦᠩᠬᠡᠢ ᠳᠤᠨᠢ ᠬᠡᠯᠡᠪᠡᠯ᠂ ᠬᠡᠷᠡᠭᠯᠡᠭᠴᠢᠳ ᠢ ᠨᠠᠩ ᠢᠯᠡᠬᠦᠦ ᠰᠤᠩᠭᠤᠯᠳᠠ ᠲᠠᠢ ᠪᠤᠯᠭᠠᠵᠤ᠂ ᠳᠤᠮᠳᠠ ᠠᠴᠠ ᠨᠢ | ᠠᠰᠢᠬ ᠬᠦᠷᠳᠡᠬᠡᠨ᠎ᠠ᠃ ᠨᠠᠩ ᠴᠢᠬᠤᠯᠠ ᠨᠢ ᠮᠠᠠ ᠤ ᠠᠵᠦ ᠠᠬᠤᠢᠢᠯᠠᠯ ᠨᠤᠭᠤᠳ ᠵᠤᠷᠢᠬ ᠰᠢᠭᠤᠳᠴᠦ᠂ ᠤᠷᠠᠨ | ᠳᠠᠷᠬᠠᠠ ᠤ ᠵᠤᠷᠢᠬ ᠰᠠᠨᠠᠭ᠎ᠠ ᠶᠢ ᠪᠠᠳᠠᠷᠠᠭᠤᠯᠬᠤ ᠪᠠᠷ ᠳᠠᠮᠵᠢᠭᠤᠯᠵᠤ ᠬᠡᠷᠡᠭᠯᠡᠭᠴᠢᠳ ᠤᠨ ᠢᠳᠡᠭᠡᠯ ᠢ ᠤᠯᠤᠨ᠎ᠠ᠃ | ᠳᠠᠶᠢᠸᠠᠠ ᠤ ︽ᠬᠤᠯᠪᠤᠭᠠᠳᠦ ᠰᠤᠨᠢᠡ︾ ᠤ ᠰᠤᠷᠪᠤᠯᠵᠢᠯᠠᠬᠴᠢ᠄ | ᠨᠢᠳᠦᠨᠤᠠ ᠠᠴᠠ ᠨᠠᠰᠢ ᠳᠠᠯᠠᠢ ᠶᠢᠨ ᠬᠤᠭᠤᠯᠠᠢ ᠶᠢᠨ ᠬᠤᠶᠠᠷ ᠬᠦᠪᠡᠭᠡᠨ ᠤ ᠬᠠᠷᠢᠴᠠᠭ᠎ᠠ ᠤᠯᠠᠮ ᠠᠴᠠ ᠤᠯᠠᠮ | ᠨᠠᠷᠢᠠ ᠪᠤᠳᠦᠯᠢᠶᠡᠡᠳᠡᠢ ᠬᠦᠨᠳᠤ ᠨᠤᠴᠢᠳᠠᠢ ᠪᠤᠯᠵᠦ᠂ ᠤᠷᠦᠬᠰᠢ ᠢᠷᠡᠬᠡᠳᠦᠢ ᠨᠢ ᠬᠦᠮᠦᠰ ᠢ ᠰᠠᠨᠠᠭᠠᠰᠢᠷᠠᠭᠤᠯᠵᠤ | ᠪᠠᠶᠢᠨ᠎ᠠ᠃ ᠡᠶᠢᠮᠤ ᠪᠠᠶᠢᠳᠠᠯ ᠳᠤ ᠳᠠᠯᠠᠢ ᠶᠢᠨ ᠬᠤᠭᠤᠯᠠᠢ ᠶᠢᠨ ᠬᠤᠶᠠᠷ ᠬᠦᠪᠡᠭᠡᠨ ᠤ ᠬᠠᠷᠢᠴᠠᠭ᠎ᠠ ᠶᠢᠨ ᠡᠩᠬᠡ | ᠲᠠᠶᠢᠪᠤᠩ ᠬᠦᠭᠵᠢᠯᠳᠠ ᠵᠢᠴᠢ ᠳᠠᠯᠠᠢ ᠶᠢᠨ ᠬᠤᠭᠤᠯᠠᠢ ᠶᠢᠨ ᠬᠤᠶᠠᠷ ᠬᠦᠪᠡᠬᠡᠡ ᠤ ᠠᠬ᠎ᠠ ᠳᠠᠬᠦᠦ ᠨᠠᠷ ᠤᠨ ᠠᠵᠠ | ᠵᠢᠷᠭᠠᠯ ᠢ ᠡᠬᠡ ᠬᠠᠭᠤᠷᠠᠢ ᠬᠡᠷᠬᠢᠡ ᠬᠠᠮᠠᠭᠠᠯᠠᠬᠤ ᠪᠤᠢ︖ | ᠯᠢ ᠺᠧ ᠴᠢᠶᠠᠩ᠄ | ᠳᠠᠯᠠᠢ ᠶᠢᠨ ᠬᠤᠭᠤᠯᠠᠢ ᠶᠢᠨ ᠬᠤᠶᠠᠷ ᠬᠦᠪᠡᠭᠡ ᠶᠢᠨ ᠬᠢᠨ ᠮᠢᠬ᠎ᠠ ᠴᠢᠰᠤᠨ ᠤ ᠪᠠᠷᠢᠯᠳᠤᠯᠭ᠎ᠠ ᠲᠠᠢ ᠠᠬ᠎ᠠ ᠳᠠᠬᠦᠦ | ᠪᠤᠯᠤᠨ᠎ᠠ᠃ ᠠᠷᠠᠯ ᠳᠤᠳᠤᠷᠠᠬᠢ ᠪᠠᠶᠢᠳᠠᠯ ᠶᠠᠭᠠᠬᠢᠵᠦ ᠬᠤᠪᠢᠷᠠᠬᠰᠠᠠ ᠴᠦ ᠳᠠᠷᠠ᠂ ᠳᠠᠯᠠᠢ ᠶᠢᠨ ᠬᠤᠭᠤᠯᠠᠢ ᠶᠢᠨ | ᠬᠤᠶᠠᠷ ᠬᠦᠪᠡᠬᠡᠡ ᠤ ᠡᠯᠢᠭᠡᠰᠡᠭ ᠳᠤᠳᠤᠨᠤ ᠰᠠᠳᠬᠢᠯᠬᠡ ᠶᠢ ᠳᠠᠰᠦᠳᠠᠵᠦ ᠴᠢᠳᠠᠬᠤ ᠦᠬᠡᠢ᠂ ᠳᠠᠯᠠᠢ ᠶᠢᠨ | ᠬᠤᠭᠤᠯᠠᠢ ᠶᠢᠨ ᠬᠤᠶᠠᠷ ᠬᠦᠪᠡᠭᠡ ᠨᠢᠬᠡ ᠳᠤᠮᠳᠠᠳᠦ ᠤᠯᠤᠰ ᠲᠤ ᠬᠠᠷᠢᠶᠠᠯᠠᠬᠳᠠᠬᠤ ᠳᠠᠤᠬᠡ ᠶᠢᠨ ᠪᠠ ᠤᠳᠦᠬᠢ | ᠪᠠᠶᠢᠳᠠᠯ ᠢ ᠬᠤᠪᠢᠷᠠᠭᠤᠯᠵᠦ ᠴᠢᠳᠠᠬᠤ ᠦᠬᠡᠢ᠂ ᠲᠡᠷᠡᠴᠢᠯᠡᠨ ᠪᠢᠳᠡᠨ ᠤ ᠳᠠᠯᠠᠢ ᠶᠢᠨ ᠬᠤᠭᠤᠯᠠᠢ ᠶᠢᠨ ᠬᠤᠶᠠᠷ | ᠬᠦᠪᠡᠬᠡᠡ ᠤ ᠬᠠᠷᠢᠴᠠᠭᠠᠨ ᠤ ᠡᠩᠬᠡ ᠲᠠᠶᠢᠪᠤᠩ ᠬᠦᠭᠵᠢᠯᠳᠠ ᠶᠢ ᠬᠠᠮᠠᠭᠠᠯᠠᠬᠤ ᠡᠷᠴᠢ ᠵᠤᠷᠢᠬ ᠪᠠ ᠴᠢᠩ ᠰᠠᠳᠬᠢᠯ ᠢ | ᠬᠤᠪᠢᠷᠠᠭᠤᠯᠵᠦ ᠴᠢᠳᠠᠬᠤ ᠦᠬᠡᠢ ᠶᠤᠮ᠃ | ᠮᠠᠠ ᠤ ᠳᠠᠶᠢᠸᠠᠠ ᠳᠤ ᠠᠪᠴᠦ ᠪᠠᠶᠢᠭ᠎ᠠ ᠴᠢᠭᠯᠡᠯᠳᠡ ᠪᠤᠯ ᠢᠮᠠᠬᠳᠠ ᠶᠢᠨ ᠶᠤᠮ᠂ ᠳᠤᠳᠤᠷᠬᠠᠢ ᠶᠤᠮ᠂ ᠨᠢᠬᠡ | ᠳᠤᠮᠳᠠᠳᠦ ᠤᠯᠥᠰ ᠪᠠᠶᠢᠬᠤ ᠵᠠᠷᠴᠢᠮ ᠢ ᠢᠯᠡᠷᠡᠬᠦᠯᠦᠭᠰᠠᠠ ︽1992 ᠤᠠ ᠤ ᠬᠠᠮᠳᠦ ᠶᠢᠨ ᠳᠠᠨᠢᠯᠳᠠ︾ ᠶᠢᠨ | ᠤᠯᠤᠰ ᠳᠦᠷᠦ ᠶᠢᠨ ᠰᠠᠭᠤᠷᠢ ᠶᠢ ᠪᠠᠷᠢᠮᠳᠠᠯᠠᠵᠦ᠂ ︽ᠳᠠᠶᠢᠸᠠᠠ ᠢ ᠳᠤᠰᠠᠭᠠᠷ ᠳᠤᠬᠳᠠᠨᠢᠭᠤᠯᠬᠤ︾ ᠶᠢ ᠡᠷᠡᠰ | ᠡᠰᠠᠷᠬᠦᠴᠠᠵᠦ᠂ ᠳᠠᠶᠢᠸᠠᠠ ᠬᠤᠭᠤᠯᠠᠢ ᠶᠢᠨ ᠡᠩᠬᠡ ᠲᠠᠶᠢᠪᠤᠩ ᠢ ᠬᠠᠮᠠᠭᠠᠯᠠᠵᠦ᠂ ᠳᠠᠯᠠᠢ ᠶᠢᠨ ᠬᠤᠭᠤᠯᠠᠢ ᠶᠢᠨ ᠬᠤᠶᠠᠷ | ᠬᠦᠪᠡᠬᠡᠡ ᠤ ᠬᠠᠷᠢᠴᠠᠭ᠎ᠠ ᠶᠢᠨ ᠨᠠᠶᠢᠷᠠᠮᠳᠠᠯ ᠤᠨ ᠬᠦᠭᠵᠢᠯᠳᠠ ᠶᠢ ᠬᠠᠮᠠᠭᠠᠯᠠᠵᠦ᠂ ᠳᠠᠯᠠᠢ ᠶᠢᠨ ᠬᠤᠭᠤᠯᠠᠢ ᠶᠢᠨ ᠬᠤᠶᠠᠷ | ᠬᠦᠪᠡᠬᠡᠡ ᠤ ᠠᠬ᠎ᠠ ᠳᠠᠬᠦᠦ ᠨᠠᠷ ᠤᠨ ᠠᠵᠠ ᠵᠢᠷᠭᠠᠯ ᠢ ᠨᠡᠮᠡᠭᠳᠡᠬᠦᠯᠤᠨ᠎ᠠ᠃ | ᠳᠠᠯᠠᠢ ᠶᠢᠨ ᠬᠤᠭᠤᠯᠠᠢ ᠶᠢᠨ ᠬᠤᠶᠠᠷ ᠬᠦᠪᠡᠬᠡᠡ ᠤ ᠡᠩᠬᠡ ᠲᠠᠶᠢᠪᠤᠩ ᠬᠦᠭᠵᠢᠯᠳᠠ ᠨᠢ ᠳᠠᠯᠠᠢ ᠶᠢᠨ | ᠬᠤᠭᠤᠯᠠᠢ ᠶᠢᠨ ᠬᠤᠶᠠᠷ ᠬᠦᠪᠡᠬᠡᠡ ᠤ ᠠᠬ᠎ᠠ ᠳᠠᠬᠦᠦ ᠨᠠᠷ ᠲᠤ ᠮᠠᠰᠢ ᠤᠯᠠᠠ ᠰᠢᠨ᠎ᠠ ᠠᠵᠠ ᠳᠤᠬᠢᠶᠠᠯ ᠢ ᠤᠯᠭᠤᠵᠠᠢ᠃ | ᠪᠦᠷᠢᠠ ᠪᠤᠰᠦ ᠪᠦᠷᠢᠳᠬᠡᠯ ᠢ ᠦᠨᠳᠦᠰᠦᠯᠠᠪᠡᠯ᠂ ᠵᠢᠯ ᠪᠦᠷᠢ ᠳᠠᠶᠢᠸᠠᠠ ᠤ 500 ᠳᠦᠮᠡ ᠰᠢᠬᠠᠮ ᠠᠬ᠎ᠠ ᠳᠠᠬᠦᠦ ᠨᠠᠷ | ᠡᠬᠡ ᠬᠠᠭᠤᠷᠠᠢ ᠪᠡ ᠳᠠᠶᠢᠸᠠᠠ ᠠᠷᠠᠯ ᠤᠨ ᠬᠤᠭᠤᠷᠤᠠᠳᠦ ᠨᠠᠰᠢ ᠴᠠᠰᠢ ᠶᠠᠪᠤᠵᠤ ᠪᠤᠢ᠃ ᠪᠢᠳᠠ ᠨᠠᠩ ᠤᠯᠠᠠ | ᠳᠦᠷᠦ ᠶᠢᠨ ᠪᠤᠳᠤᠯᠭ᠎ᠠ ᠳᠤᠭᠳᠠᠭᠠᠵᠦ ᠳᠠᠶᠢᠸᠠᠠ ᠤ ᠠᠬ᠎ᠠ ᠳᠠᠬᠦᠦ ᠨᠠᠷ ᠢ ᠡᠬᠡ ᠬᠠᠭᠤᠷᠠᠢ ᠳᠤ ᠠᠵᠢᠯ ᠤᠯᠭᠤᠵᠦ᠂ | ᠦᠢᠯᠠᠰ ᠪᠤᠰᠬᠠᠯᠭᠠᠵᠦ᠂ ᠠᠵᠢᠯᠯᠠᠭᠤᠯᠵᠦ᠂ ᠠᠮᠢᠳᠦᠷᠠᠭᠤᠯᠵᠦ᠂ ᠨᠢᠬᠡ ᠬᠡᠷ ᠤᠨ ᠬᠦᠮᠦᠠ ᠰᠢᠭ ᠳᠦᠬᠦᠮ ᠨᠦᠬᠦᠴᠠᠯ | ᠪᠦᠷᠢᠯᠳᠦᠭᠦᠯᠵᠤ ᠦᠭᠬᠦᠨ᠎ᠡ᠃ ᠳᠠᠶᠢᠸᠠᠠ ᠤ ᠠᠷᠠᠯᠵᠢᠶᠠᠴᠢᠨ ᠤ ᠡᠬᠡ ᠬᠠᠭᠤᠷᠠᠢ ᠳᠤ ᠢᠷᠠᠵᠦ ᠪᠠᠯᠠ ᠤᠷᠦᠭᠤᠯᠬᠤ ᠶᠢ | ᠪᠢᠳᠠ ᠪᠠᠶᠠᠷᠯᠠᠠ ᠤᠬᠳᠦᠵᠦ ᠪᠠᠶᠢᠨ᠎ᠠ᠃ ᠮᠢᠨᠦ ᠴᠠᠬᠡᠵᠢᠯᠠᠵᠦ ᠪᠠᠶᠢᠬᠤ ᠪᠠᠷ᠂ ᠳᠠᠶᠢᠸᠠᠠ ᠤ ᠠᠷᠠᠯᠵᠢᠶᠠᠴᠢᠨ ᠤ ᠪᠡᠯᠡ | ᠤᠷᠦᠭᠤᠯᠬᠤ ᠳᠤ ᠬᠠᠷᠠᠭᠠᠯᠵᠡᠯ ᠬᠦᠷᠳᠡᠬᠡᠬᠦ ᠳᠦᠷᠦ ᠶᠢᠨ ᠪᠤᠳᠤᠯᠭ᠎ᠠ ᠪᠠᠨ ᠦᠷᠬᠦᠯᠵᠢᠯᠡᠡ ᠪᠠᠳᠦᠯᠠᠬᠤ ᠶᠢ ᠬᠦᠰᠠᠵᠤ | ᠪᠠᠶᠢᠨ᠎ᠠ ᠬᠡᠵᠦ ᠨᠢᠳᠦᠨᠤᠠ ᠤ ᠰᠤᠷᠪᠤᠯᠵᠢᠯᠠᠬᠴᠢ ᠶᠢᠨ ᠬᠤᠷᠠᠯ ᠳᠡᠭᠡᠷ᠎ᠠ ᠵᠠᠷᠢᠮ ᠬᠦᠮᠦᠠ ᠳᠤᠷᠠᠳᠴᠦ ᠦᠩᠬᠡᠷᠡᠪᠡ᠃ | ᠪᠢᠳᠠ ᠦᠷᠬᠦᠯᠵᠢᠯᠡᠡ ᠬᠠᠷᠠᠭᠠᠯᠵᠠᠯ ᠬᠦᠷᠳᠡᠭᠡᠵᠤ᠂ ᠳᠠᠶᠢᠸᠠᠠ ᠤ ᠠᠷᠠᠯᠵᠢᠶᠠᠴᠢᠨ᠂ ᠳᠠᠶᠢᠸᠠᠠ ᠤ ᠠᠬ᠎ᠠ ᠳᠠᠬᠦᠦ ᠨᠠᠷ᠂ | ᠡᠬᠡ ᠬᠠᠭᠤᠷᠠᠢ ᠳᠤ ᠬᠦᠭᠵᠢᠯᠳᠠ ᠶᠢᠨ ᠠᠵᠠ ᠳᠤᠬᠢᠶᠠᠯ ᠢ ᠬᠠᠮᠳᠤᠪᠡᠷ ᠡᠳ᠋ᠯᠡᠬᠦᠯᠥᠨᠠ ᠭᠡᠵᠤ ᠲᠠᠬᠢᠨᠳᠠ ᠴᠢᠬᠤᠯᠠᠴᠢᠯᠠᠶ᠎ᠠ | ᠃ ᠪᠢᠳᠠ ᠨᠢᠬᠡ ᠬᠡᠷ ᠤᠨ ᠬᠦᠮᠦᠠ ᠰᠢᠤ ᠳ᠋ᠠ᠃ | ᠹᠷᠠᠠᠼᠢ ᠶᠢᠨ ᠷᠠᠳᠢᠣ᠋ ᠨᠡᠪᠳᠡᠷᠡᠬᠦᠯᠬᠡ ᠶᠢᠨ ᠺᠤᠮᠫᠠᠨᠢ ᠶᠢᠨ ᠰᠤᠷᠪᠤᠯᠵᠢᠯᠠᠬᠴᠢ᠄ | ᠡᠸᠦ᠋ᠷᠦᠫᠠ ᠲᠢᠪ ᠤᠨ ᠤᠯᠥᠰ ᠤᠳ ᠤᠨ ᠬᠤᠯᠪᠤᠭ᠎ᠠ ᠪᠤᠯ ᠳᠤᠮᠳᠠᠳᠦ ᠤᠯᠥᠰ ᠤᠨ ᠬᠤᠶᠠᠳᠤᠭᠠᠷ ᠶᠡᠭᠡ | ᠠᠷᠠᠯᠵᠢᠶᠠᠠ ᠤ ᠬᠠᠨᠢᠳᠠᠠ ᠪᠤᠯᠤᠨ᠎ᠠ᠂ ᠬᠡᠳᠡᠯ᠎ᠠ ᠡᠸᠦ᠋ᠷᠦᠫᠠ ᠲᠢᠪ ᠤᠨ ᠤᠯᠥᠰ ᠤᠳ ᠤᠨ ᠬᠤᠯᠪᠤᠭ᠎ᠠ ᠶᠢᠨ ᠳᠤᠮᠳᠠᠳᠦ | ᠤᠯᠥᠰ ᠲᠠᠬᠢ ᠠᠷᠠᠯᠵᠢᠶᠡᠡ ᠤ ᠤᠯᠠᠭᠠᠠ ᠳᠤᠭ᠎ᠠ 1370 ᠳ᠋ᠦᠩᠰᠢᠭᠤᠷ ᠡᠸᠦ᠋ᠷᠣ᠋ ᠳᠤ ᠬᠦᠷᠴᠠᠢ᠂ ᠡᠨᠡ ᠪᠤᠯ | ᠡᠸᠦ᠋ᠷᠦᠫᠡ ᠶᠢᠨ ᠳᠡᠯ᠎ᠠ ᠶᠢᠨ ᠪᠦᠷᠢᠳᠬᠡᠯ ᠳᠤᠭ᠎ᠠ ᠪᠤᠯᠤᠨ᠎ᠠ᠃ ᠡᠶᠢᠮᠤ ᠠᠴᠠ ᠡᠸᠦ᠋ᠷᠦᠫᠠ ᠲᠢᠪ ᠤᠨ ᠤᠯᠥᠰ ᠤᠳ ᠤᠨ | ᠬᠤᠯᠪᠤᠭ᠎ᠠ ᠶᠢᠨ ᠵᠠᠷᠢᠮ ᠠᠵᠦ ᠠᠬᠤᠢᠢᠯᠠᠯ ᠡᠬᠦᠡ ᠳᠤ ᠮᠠᠰᠢ ᠳᠤᠷ᠎ᠠ ᠦᠬᠡᠶᠢᠴᠡᠵᠦ ᠪᠠᠶᠢᠨ᠎ᠠ᠃ ᠳᠤᠮᠳᠠᠳᠦ ᠤᠯᠥᠰ | ᠡᠸᠦ᠋ᠷᠦᠫᠡ ᠶᠢᠨ ᠠᠵᠦ ᠠᠬᠤᠢᠢᠯᠠᠯ ᠨᠤᠭᠤᠳ ᠤᠨ ᠵᠠᠬ᠎ᠠ ᠳᠠᠯᠬᠡᠬᠦᠷ ᠲᠤ ᠤᠷᠦᠬᠤ ᠶᠢ ᠵᠦᠪᠰᠢᠶᠠᠷᠠᠬᠦ ᠪᠠᠨ ᠬᠡᠷᠬᠢᠠ | ᠴᠢᠨᠠᠬᠰᠢᠳᠠ ᠬᠠᠯᠠᠠ ᠰᠠᠶᠢᠵᠢᠷᠠᠭᠤᠯᠬᠤ ᠵᠢᠴᠢ ᠭᠠᠳᠠᠭᠠᠳᠦ ᠶᠢᠨ ᠠᠷᠠᠯᠵᠢᠶᠠᠴᠢᠨ ᠳᠤ ᠨᠠᠩ ᠰᠠᠶᠢᠠ ᠠᠳᠠᠯᠢ ᠲᠡᠭᠰᠢ | ᠬᠠᠷᠠᠭᠠᠯᠵᠡᠯ ᠬᠦᠷᠳᠡᠭᠡᠬᠦ ᠪᠤᠢ︖ | ᠯᠢ ᠺᠧ ᠴᠢᠶᠠᠩ᠄ | ᠴᠢᠨᠦ ᠰᠠᠶᠢᠬᠠᠠ ᠶᠠᠷᠢᠬᠰᠠᠠ ᠳᠤᠮᠳᠠᠳᠦ ᠡᠸᠦ᠋ᠷᠦᠫᠡ ᠶᠢᠨ ᠠᠷᠠᠯᠵᠢᠶᠠᠠ ᠤ ᠰᠦᠬᠡᠷᠭᠦ ᠵᠦᠷᠢᠶ᠎ᠠ ᠶᠢ | ᠡᠸᠦ᠋ᠷᠥᠫᠡ ᠶᠢᠨ ᠬᠢᠨ ᠪᠦᠷᠢᠳᠬᠡᠭᠰᠡᠨ ᠶᠤᠮ᠂ ᠲᠠᠨ ᠤ ᠶᠠᠷᠢᠵᠤ ᠪᠠᠶᠢᠭ᠎ᠠ ᠮᠠᠰᠢ ᠵᠦᠪ ᠪᠠᠶᠢᠨ᠎ᠠ᠃ ᠬᠡᠯᠡᠯᠬᠡᠡ ᠦᠬᠡᠢ | ᠳᠤᠮᠳᠠᠳᠦ ᠶᠢᠨ ᠳᠠᠯ᠎ᠠ ᠠᠷᠠᠯᠵᠢᠶᠡᠡ ᠤ ᠡᠶᠡᠷᠬᠦ ᠵᠦᠷᠢᠶ᠎ᠠ ᠶᠢ ᠵᠤᠷᠢᠭᠤᠳᠠ ᠬᠦᠬᠡᠬᠡᠴᠡᠯᠳᠦᠬᠦ ᠦᠬᠡᠢ᠂ ᠬᠠᠷᠢᠨ | ᠠᠷᠠᠯᠵᠢᠶ᠎ᠠ ᠳᠡᠩᠴᠠᠬᠦᠷᠢᠳᠠᠢ ᠪᠠᠶᠢᠬᠤ ᠶᠢ ᠬᠦᠰᠠᠵᠦ ᠪᠠᠶᠢᠨ᠎ᠠ᠂ ᠳᠠᠶᠢᠮᠤ ᠪᠢᠰᠢ ᠪᠤᠯ ᠦᠷᠬᠦᠯᠵᠢᠯᠡᠵᠦ ᠴᠢᠳᠠᠬᠤ ᠦᠬᠡᠢ | ᠶᠤᠮ᠃ ᠵᠤᠭᠤᠰ ᠤᠯᠬᠤ ᠲᠤᠬᠠᠢ ᠬᠡᠯᠡᠪᠡᠯ᠂ ᠮᠢᠨᠦ ᠪᠤᠳᠦᠬᠤ ᠪᠠᠷ ᠡᠸᠦ᠋ᠷᠦᠫᠡ ᠶᠢᠨ ᠠᠵᠦ ᠠᠬᠤᠢᠢᠯᠠᠯ ᠨᠤᠭᠤᠳ | ᠳᠤᠮᠳᠠᠳᠦ ᠤᠯᠥᠰ ᠲᠤ ᠢᠷᠡᠭᠡᠳ ᠵᠤᠭᠤᠰ ᠤᠯᠵᠤ ᠲᠡᠶᠢᠯᠬᠦ ᠪᠠᠷ ᠦᠯᠤ ᠪᠠᠷᠠᠮ᠂ ᠪᠠᠰᠠ ᠦᠯᠡᠮᠵᠢ ᠵᠤᠭᠤᠰ ᠤᠯᠵᠤ | ᠲᠡᠶᠢᠯᠤᠨ᠎ᠡ᠃ ᠤᠴᠢᠷ ᠨᠢ ᠳᠠᠨᠠᠷ ᠦᠷᠳᠡᠭ ᠤᠨ ᠬᠡᠯᠬᠢᠶ᠎ᠠ ᠶᠢᠨ ᠳᠡᠬᠡᠳᠦ ᠳᠡᠰ ᠲᠤ ᠤᠷᠦᠰᠢᠵᠦ ᠪᠠᠶᠢᠨ᠎ᠠ᠃ ᠬᠡᠷᠪᠡ | ᠳᠠ᠎ᠠ ᠤ ᠡᠸᠦ᠋ᠷᠦᠫᠡ ᠳᠢᠪ ᠳᠤᠮᠳᠠᠳᠦ ᠤᠯᠤᠰ ᠲᠤ ᠳᠡᠬᠡᠳᠦ ᠮᠠᠷᠬᠡᠵᠢᠯ ᠤᠨ ᠭᠠᠷᠭᠠᠯᠳᠠ ᠪᠠᠨ ᠨᠡᠮᠡᠭᠳᠡᠭᠦᠯᠬᠦ ᠳᠤ | ᠬᠦᠷᠪᠡᠯ᠂ ᠠᠷᠠᠯᠵᠢᠶ᠎ᠠ ᠳᠠᠩᠴᠠᠬᠦᠷᠢ ᠦᠬᠡᠢ ᠪᠠᠶᠢᠬᠤ ᠪᠠᠶᠢᠳᠠᠯ ᠢᠯᠠᠷᠬᠡᠢ ᠰᠠᠶᠢᠵᠢᠷᠠᠬᠤ ᠶᠤᠮ᠃ | ᠲᠤᠮᠳᠠᠳᠤ ᠤᠯᠤᠰ ᠠᠴᠠ ᠡᠸᠦ᠋ᠷᠤᠫᠠ ᠲᠢᠪ ᠤᠨ ᠤᠯᠤᠰ ᠤᠳ ᠤᠨ ᠬᠤᠯᠪᠤᠭ᠎ᠠ ᠲᠠᠢ ᠪᠡᠯᠡ | ᠤᠷᠤᠭᠤᠯᠤᠯᠳᠡ ᠶᠢ ᠠᠬᠢᠭᠤᠯᠬᠤ ᠬᠡᠯᠡᠯᠴᠡᠭᠡᠷ ᠤᠨ ᠲᠤᠬᠠᠢ ᠬᠡᠯᠡᠯᠴᠡᠭᠡ ᠬᠢᠭᠦ ᠶᠢ ᠲᠤᠷᠠᠳᠴᠤ᠂ ᠢᠳᠠᠪᠬᠢ ᠬᠠᠷᠢᠭᠤᠯᠳᠠ | ᠤᠯᠬᠤ ᠶᠢ ᠭᠦᠰᠡᠵᠤ ᠪᠤᠢ᠃ ᠦᠨᠳᠤᠷ ᠲᠦᠪᠰᠢᠨ ᠲᠠᠢ ᠬᠤᠶᠠᠷ ᠲᠠᠯᠠᠳᠤ ᠪᠡᠯᠡ ᠤᠷᠤᠭᠤᠯᠤᠯᠳᠡ ᠶᠢᠨ | ᠬᠡᠯᠡᠯᠴᠡᠭᠡᠷ ᠲᠠᠢ ᠪᠤᠯᠬᠤ ᠳᠤ ᠬᠦᠷᠪᠡᠯ᠂ ᠯᠠᠪᠳᠠᠢ ᠬᠤᠶᠠᠷ ᠲᠠᠯ᠎ᠡ ᠶᠢᠨ ᠨᠡᠭᠡᠭᠡᠯᠳᠡ ᠶᠢ ᠦᠷᠭᠡᠳᠭᠡᠭᠦ ᠳᠤ ᠲᠤᠰᠠᠳᠠᠢ | ᠪᠠᠶᠢᠭ᠎ᠠ ᠶᠤᠮ᠃ ᠲᠦᠷ ᠴᠠᠭ ᠡᠶᠢᠮᠦᠷᠬᠦ ᠬᠡᠯᠡᠯᠴᠡᠭᠡᠷ ᠪᠠᠶᠢᠬᠤ ᠦᠭᠡᠢ ᠪᠤᠯᠪᠠᠴᠤ᠂ ᠪᠢᠳᠡ ᠡᠸᠦ᠋ᠷᠤᠫᠠ ᠲᠢᠪ ᠤᠨ | ᠤᠯᠤᠰ ᠤᠳ ᠤᠨ ᠬᠤᠯᠪᠤᠭᠠᠨ ᠤ ᠠᠵᠤ ᠠᠬᠤᠢᠢᠯᠡᠯ ᠤᠨ ᠵᠠᠬ᠎ᠠ ᠲᠡᠯᠭᠡᠭᠦᠷ ᠲᠤ ᠤᠷᠤᠬᠤ ᠶᠢ ᠲᠠᠰᠤᠷᠠᠯᠳᠡ ᠦᠭᠡᠢ | ᠦᠷᠭᠡᠳᠭᠡᠨ᠎ᠡ᠂ ᠡᠸᠦ᠋ᠷᠤᠫᠠ ᠲᠢᠪ ᠤᠨ ᠤᠯᠤᠰ ᠤᠳ ᠤᠨ ᠬᠤᠯᠪᠤᠭᠠᠨ ᠤ ᠠᠵᠤ ᠠᠬᠤᠢᠢᠯᠡᠯ ᠤᠨ ᠲᠤᠮᠳᠠᠳᠤ | ᠤᠯᠤᠰ ᠲᠤ ᠪᠡᠯᠡ ᠤᠷᠤᠭᠤᠯᠬᠤ ᠨᠢ ᠲᠤᠮᠳᠠᠳᠤ ᠤᠯᠤᠰ ᠤᠨ ᠠᠵᠤ ᠠᠬᠤᠢᠢᠯᠡᠯ ᠲᠠᠢ ᠠᠳᠠᠯᠢ᠂ ᠲᠠᠩᠰᠠᠯᠠᠭᠤᠯᠬᠤ ᠳᠤ | ᠯᠡ ᠬᠦᠷᠪᠡᠯ᠂ ᠠᠳᠠᠯᠢ ᠲᠡᠭᠰᠢ ᠪᠠᠷ ᠬᠠᠨᠳᠤᠨᠡ᠃ ᠲᠤᠮᠳᠠᠳᠤ ᠡᠸᠦ᠋ᠷᠤᠫᠠ ᠶᠢᠨ ᠬᠤᠭᠤᠷᠤᠨᠳᠤ ᠠᠷᠠᠯᠵᠢᠶᠠᠨ ᠤ | ᠵᠦᠷᠢᠯᠳᠦᠭᠡᠨ ᠤᠷᠤᠰᠢᠵᠤ ᠪᠠᠶᠢᠨ᠎ᠠ᠂ ᠪᠢᠳᠡ ᠰᠠᠶᠢᠳᠤᠷ ᠰᠢᠢᠳᠪᠦᠷᠢᠯᠡᠭᠦ ᠲᠤᠷᠰᠢᠯᠠᠭ᠎ᠠ ᠲᠠᠢ ᠶᠤᠮ᠃ ᠲᠤᠮᠳᠠᠳᠤ | ᠤᠯᠤᠰ ᠢᠮᠠᠬᠳᠠ ᠪᠦᠯᠭᠦᠮᠳᠠᠯ ᠴᠡᠴᠡᠭᠯᠡᠯ ᠲᠠᠢ ᠠᠮᠤᠷ ᠲᠤᠭᠳᠠᠭᠤᠨ ᠡᠸᠦ᠋ᠷᠤᠫᠠ ᠲᠢᠪ ᠤᠨ ᠤᠯᠤᠰ ᠤᠳ ᠤᠨ | ᠬᠤᠯᠪᠤᠭ᠎ᠠ ᠪᠡ ᠭᠦᠴᠦᠷᠭᠡᠭ ᠶᠡᠭᠡ ᠡᠸᠦ᠋ᠷᠣ᠋ ᠶᠢ ᠦᠵᠡᠬᠦ ᠲᠤᠷᠠᠳᠠᠢ ᠪᠠᠶᠢᠭ᠎ᠠ ᠶᠤᠮ᠂ ᠡᠸᠦ᠋ᠷᠤᠫᠠ ᠲᠢᠪ ᠤᠨ ᠨᠢᠭᠡ | ᠴᠤᠭᠴᠠᠵᠢᠯᠳᠡ ᠶᠢᠨ ᠠᠬᠢᠴᠡ ᠶᠢ ᠪᠢᠳᠡ ᠲᠡᠮᠵᠢᠨ᠎ᠡ᠂ ᠤᠴᠢᠷ ᠨᠢ ᠡᠨᠡ ᠨᠢ ᠠᠵᠤ ᠠᠬᠤᠢ ᠶᠢᠨ ᠲᠠᠯᠠᠬᠡᠶᠢᠵᠢᠯᠳᠡ᠂ | ᠲᠠᠯᠠᠬᠡᠢ ᠶᠢᠨ ᠤᠯᠠᠨ ᠲᠦᠢᠯᠵᠢᠯ ᠪᠡ ᠪᠤᠯᠪᠠᠰᠤᠨ ᠤ ᠤᠯᠠᠨ ᠶᠠᠩᠵᠤᠵᠢᠯᠳᠠ ᠳᠤ ᠠᠰᠢᠬᠲᠠᠢ ᠶᠤᠮ᠃ ᠡᠸᠦ᠋ᠷᠤᠫᠠ | ᠲᠢᠪ ᠤᠨ ᠤᠯᠤᠰ ᠤᠳ ᠤᠨ ᠬᠤᠯᠪᠤᠭᠠᠨ ᠤ ᠠᠯᠤᠰ ᠢᠷᠡᠭᠡᠳᠦᠢ ᠳᠤ ᠪᠢ ᠮᠠᠰᠢ ᠪᠠᠶᠠᠰᠤᠩᠭᠤᠢ ᠤᠪᠤᠷ ᠲᠠᠢ ᠪᠠᠶᠢᠨ᠎ᠠ᠂ | ᠲᠤᠮᠳᠠᠳᠤ ᠡᠸᠦ᠋ᠷᠤᠫᠠ ᠶᠢᠨ ᠬᠠᠷᠢᠯᠴᠠᠭᠠᠨ ᠤ ᠭᠦᠭᠵᠢᠯᠳᠡ ᠶᠢᠨ ᠠᠯᠤᠰ ᠢᠷᠡᠭᠡᠳᠦᠢ ᠴᠤ ᠮᠠᠰᠢ ᠰᠠᠶᠢᠨ ᠪᠠᠶᠢᠨ᠎ᠡ | ᠭᠡᠵᠤ ᠪᠢ ᠠᠳᠡ ᠤᠨᠴᠠᠭᠠᠢᠢᠯᠠᠨ ᠴᠢᠬᠤᠯᠠᠴᠢᠯᠠᠵᠤ ᠪᠤᠢ᠃ | ︽ᠰᠢᠨ ᠵᠢᠩ ᠰᠤᠨᠢᠨ︾ ᠤ ᠰᠤᠷᠪᠤᠯᠵᠢᠯᠠᠭᠴᠢ᠄ | ᠨᠡᠨ ᠭᠡᠳᠤᠨ ᠵᠢᠯ ᠳᠤ ᠪᠤᠬᠢᠷ ᠮᠠᠨᠠᠨ ᠨᠢ ᠠᠷᠠᠳ ᠤᠯᠠᠨ ᠤ ᠰᠡᠳᠬᠢᠯ ᠤᠨ ᠵᠤᠪᠠᠭᠤᠷᠢ ᠪᠤᠯᠵᠤ᠂ ᠤᠯᠠᠨ ᠤ | ᠠᠮᠢᠳᠤᠷᠠᠯ ᠢ ᠭᠦᠨᠳᠤ ᠨᠤᠴᠢᠲᠠᠢ ᠨᠦᠯᠦᠭᠡᠯᠡᠵᠤ ᠪᠠᠶᠢᠨ᠎ᠠ᠂ ᠬᠡᠪᠡᠴᠤ ᠴᠢᠬᠤᠯᠡ ᠶᠡᠭᠡ ᠠᠵᠢᠯᠯᠠᠭ᠎ᠠ ᠪᠤᠯᠬᠤ ᠦᠶ᠎ᠡ ᠳᠤ | ᠲᠡᠭᠷᠢ ᠴᠡᠯᠮᠡᠭᠰᠢᠴᠢᠨᠡ᠂ ᠤᠯᠠᠨ ᠢᠶᠠᠷ ᠢᠶᠠᠨ ᠪᠠᠶᠠᠷᠯᠡᠨ ᠭᠦᠭᠡᠷᠦᠯᠳᠤᠵᠤ ᠰᠡᠭᠦᠳᠡᠷ ᠲᠠᠳᠠᠵᠤ᠂ ᠵᠢᠷᠬᠢᠶ᠎ᠡ ᠳᠤ | ᠭᠠᠷᠭᠠᠵᠠᠭᠠᠨᠡ᠃ ᠲᠡᠭᠡᠪᠡᠯ ᠶᠡᠷᠦᠩᠬᠡᠢ ᠰᠠᠶᠢᠳ ᠠᠴᠠ ᠠᠰᠠᠭᠤᠬᠤ ᠨᠢ᠂ ᠬᠡᠷᠬᠢᠪᠡᠯ ᠰᠠᠶᠢ ᠦᠨᠢᠳᠡ ᠤᠷᠤᠰᠢᠬᠤ | ᠴᠡᠮᠮᠡᠭ ᠲᠡᠭᠷᠢ ᠨᠢ ᠭᠡᠭᠡᠨᠴᠢᠷ ᠡᠳ᠋ ᠪᠤᠯᠬᠤ ᠦᠭᠡᠢ ᠪᠤᠯᠬᠤ ᠪᠤᠯ︖ | ᠯᠢ ᠺᠧ ᠴᠢᠶᠠᠩ᠄ | ᠪᠤᠬᠢᠷ ᠮᠠᠨᠠᠨ ᠤ ᠠᠰᠠᠭᠤᠳᠠᠯ ᠦᠨᠡᠭᠡᠷ ᠠᠷᠠᠳ ᠤᠯᠠᠨ ᠤ ᠵᠤᠪᠠᠭᠤᠷᠢ ᠪᠤᠯᠵᠤ ᠪᠠᠶᠢᠨ᠎ᠠ᠃ ᠴᠡᠯᠮᠡᠭ ᠲᠡᠭᠷᠢ ᠨᠢ | ᠴᠡᠪᠡᠷ ᠠᠭᠠᠷ ᠲᠠᠢ ᠠᠳᠠᠯᠢ ᠪᠠᠷ ᠬᠦᠮᠤᠨ ᠪᠦᠭᠦᠨ ᠳᠤ ᠴᠦᠮ ᠡᠷᠭᠡ ᠲᠡᠭᠰᠢ ᠪᠠᠶᠢᠭ᠎ᠠ ᠶᠤᠮ᠂ ᠠᠳᠡ ᠰᠠᠭᠤᠭ᠎ᠠ ᠲᠠ | ᠪᠦᠭᠦᠨ ᠴᠦᠮ ᠴᠡᠯᠮᠡᠭ ᠲᠡᠭᠷᠢ ᠶᠢ ᠦᠷᠭᠦᠯᠵᠢ ᠤᠯᠵᠤ ᠬᠠᠷᠠᠬᠤ ᠶᠢ ᠭᠦᠰᠡᠨ᠎ᠡ᠂ ᠬᠡᠪᠡᠴᠤ ᠲᠤᠮᠳᠠᠳᠤ ᠤᠯᠤᠰ | ᠭᠦᠭᠵᠢᠯᠳᠡ ᠶᠢᠨ ᠠᠬᠢᠴᠡ ᠳᠤ ᠦᠨᠡᠨᠬᠦ ᠤᠷᠴᠢᠨ ᠲᠤᠭᠤᠷᠢᠨ ᠤ ᠬᠠᠮᠠᠭᠠᠯᠠᠯᠳᠡ ᠢᠯᠠᠩᠭᠤᠶ᠎ᠠ ᠪᠤᠬᠢᠷ ᠮᠠᠨᠠᠨ ᠤ | ᠠᠰᠠᠭᠤᠳᠠᠯ ᠤᠨ ᠦᠷᠢᠰᠦᠯᠳᠦᠭᠡᠨ ᠳᠤ ᠲᠤᠯᠭᠠᠷᠠᠵᠠᠢ᠃ ᠪᠢ ᠵᠠᠰᠠᠭ ᠤᠨ ᠤᠷᠳᠤᠨ ᠤ ᠠᠵᠢᠯ ᠤᠨ ᠢᠯᠡᠳᠭᠡᠯ ᠳᠤ | ᠲᠠᠪᠤᠨ ᠵᠤᠷᠪᠤᠰ ᠠᠷᠭ᠎ᠠ ᠬᠡᠮᠵᠢᠶ᠎ᠡ ᠶᠢ ᠶᠠᠷᠢᠬᠰᠠᠨ᠂ ᠵᠤᠷᠢᠬ ᠰᠢᠭᠤᠳᠴᠤ ᠤᠷᠤᠬᠰᠢ ᠠᠬᠢᠭᠤᠯᠤᠨ᠂ ︽ᠭᠦᠭᠡ | ᠤᠭᠳᠠᠷᠭᠤᠢ ᠶᠢ ᠬᠠᠮᠠᠭᠠᠯᠠᠬᠤ ᠲᠠᠶᠢᠯᠠᠯᠳᠤᠭᠠᠨ︾ ᠬᠢᠨ᠎ᠡ᠃ ᠭᠡᠪᠡᠴᠤ ᠡᠭᠦᠨ ᠳᠤ ᠪᠠᠰᠠ ᠶᠠᠪᠤᠴᠠ ᠭᠡᠷᠡᠭᠰᠡᠨ᠎ᠡ | ᠭᠡᠳᠡᠭ ᠢ ᠤᠯᠠᠨ ᠳᠤ ᠰᠢᠯᠤᠭᠤᠬᠠᠨ ᠢᠶᠠᠷ ᠬᠡᠯᠡᠵᠤ ᠦᠭᠬᠦᠶ᠎ᠡ᠃ | ᠪᠢᠳᠡ ᠪᠤᠬᠢᠷ ᠮᠠᠨᠠᠨ ᠢ ᠵᠠᠰᠠᠬᠤ ᠳᠠᠭᠠᠨ ᠤᠳᠤᠬᠠᠨ ᠳᠤ ᠰᠢᠳᠠᠭᠠᠯᠭ᠎ᠠ ᠶᠢᠨ ᠨᠡᠭᠦᠷᠡᠰᠤ᠂ ᠮᠡᠰᠢᠨ ᠲᠡᠷᠭᠡᠨ ᠤ | ᠢᠯᠭᠠᠳᠠᠰᠤ ᠬᠡᠢ ᠭᠠᠳᠠᠭᠰᠢᠯᠠᠭᠤᠯᠬᠤ᠂ ᠬᠤᠬ ᠲᠤᠭᠤᠰᠤ ᠵᠡᠷᠭᠡ ᠳᠤ ᠭᠤᠤᠯᠳᠠᠯᠭ᠎ᠠ ᠪᠠᠨ ᠲᠠᠯᠪᠢᠪᠡ᠂ ᠬᠡᠪᠡᠴᠤ ᠡᠨᠡ | ᠵᠢᠯ ᠪᠢ ᠬᠤᠶᠠᠷ ᠬᠤᠷᠠᠯ ᠤᠨ ᠶᠠᠷᠢᠯᠴᠠᠭ᠎ᠠ ᠳᠤ ᠤᠷᠤᠯᠴᠠᠬᠤ ᠳᠠᠭᠠᠨ᠂ ᠵᠠᠷᠢᠮ ᠰᠢᠨᠵᠢᠯᠡᠭᠦ ᠤᠬᠠᠭᠠᠨᠳᠠᠨ᠄ ᠡᠭᠦᠨ ᠠᠴᠠ | ᠭᠠᠳᠠᠨ᠎ᠡ ᠪᠡᠰᠡ ᠪᠤᠰᠤᠳ ᠵᠦᠢᠯ ᠤᠨ ᠴᠢᠬᠤᠯᠡ ᠡᠯᠧᠮᠧᠨ᠋ᠲ ᠪᠤᠢ᠂ ᠪᠤᠬᠢᠷ ᠮᠠᠨᠠᠨ ᠤ ᠪᠦᠷᠢᠯᠳᠦᠭᠰᠡᠨ ᠰᠢᠯᠳᠠᠭᠠᠨ ᠢ | ᠪᠢᠳᠡ ᠬᠠᠷᠠᠬᠠᠨ ᠪᠦᠷᠢᠮᠤᠰᠤᠨ ᠦᠢᠯᠠᠭᠠᠵᠤ ᠮᠡᠳᠡᠭᠡᠳᠦᠢ ᠪᠠᠶᠢᠭᠰᠠᠭᠠᠷ᠃ ᠲᠡᠭᠦᠨ ᠤ ᠬᠡᠯᠡᠭᠦ ᠪᠠᠷ ᠲᠤᠮᠳᠠᠳᠤ | ᠤᠯᠤᠰ ᠤᠨ ᠤᠮᠠᠷᠠᠳᠤ ᠤᠷᠤᠨ ᠤ ᠡᠪᠤᠯ ᠤᠨ ᠤᠯᠠᠷᠢᠯ ᠤᠨ ᠪᠤᠬᠢᠷ ᠮᠠᠨᠠᠨ ᠤ ᠪᠦᠷᠢᠯᠳᠦᠭᠰᠡᠨ ᠰᠢᠯᠳᠠᠭᠠᠨ ᠪᠦᠭᠦ | ᠲᠠᠯᠠᠬᠡᠢ ᠳᠤ ᠠᠪᠴᠤ ᠬᠡᠯᠡᠭᠰᠡᠨ ᠴᠤ ᠡᠳᠡᠭᠡᠳ ᠤᠨᠴᠠᠭᠠᠢ ᠪᠠᠶᠢᠭ᠎ᠠ ᠶᠤᠮ᠂ ᠶᠠᠷᠢᠶᠡᠨ ᠦᠭᠡᠢ᠂ ᠡᠨᠡᠭᠦ ᠡᠯᠧᠮᠧᠨ᠋ᠲ ᠢ | ᠠᠳᠡ ᠪᠢ ᠶᠠᠷᠢᠵᠤ ᠪᠤᠯᠬᠤ ᠦᠭᠡᠢ ᠶᠤᠮ᠂ ᠰᠢᠨᠵᠢᠯᠡᠭᠦ ᠤᠬᠠᠭᠠᠨᠳᠠᠨ ᠪᠡᠰᠡ ᠭᠦᠢᠴᠡᠳ ᠨᠤᠳᠠᠯᠠᠯᠳᠡ ᠬᠢᠭᠦ | ᠴᠢᠬᠤᠯᠠᠲᠠᠢ ᠪᠠᠶᠢᠨ᠎ᠠ᠃ ᠭᠡᠪᠡᠴᠤ᠂ ᠤᠯᠤᠰ ᠠᠴᠠ ᠡᠭᠦᠨ ᠳᠤ ᠵᠤᠷᠢᠭᠤᠯᠵᠤ ᠲᠤᠰᠬᠠᠢ ᠰᠠᠭᠤᠷᠢ ᠮᠦᠩᠭᠦ | ᠲᠤᠬᠢᠷᠠᠭᠤᠯᠵᠤ᠂ ᠦᠯᠡᠮᠵᠢ ᠮᠦᠩᠭᠦ ᠶᠢ ᠬᠠᠷᠠᠮ ᠦᠭᠡᠢ ᠵᠠᠷᠤᠴᠠᠭᠤᠯᠵᠤ ᠬᠠᠮᠤᠭ ᠤᠨ ᠰᠢᠯᠢᠳᠡᠭ ᠰᠢᠨᠵᠢᠯᠡᠭᠦ | ᠤᠬᠠᠭᠠᠨᠳᠠᠨ ᠢ ᠵᠤᠬᠢᠶᠠᠨ ᠪᠠᠶᠢᠭᠤᠯᠵᠤ ᠪᠤᠭᠤᠮᠳᠡ ᠰᠢᠪᠳᠤᠯᠤᠨ᠂ ᠪᠤᠬᠢᠷ ᠮᠠᠨᠠᠨ ᠤ ᠪᠦᠷᠢᠯᠳᠦᠭᠰᠡᠨ ᠮᠡᠳᠡᠭᠡᠳᠦᠢ | ᠡᠯᠧᠮᠧᠨ᠋ᠲ ᠢ ᠴᠠᠭ ᠢ ᠠᠮᠵᠢᠵᠤ ᠡᠷᠢᠨ ᠭᠠᠷᠭᠠᠵᠤ᠂ ᠪᠤᠬᠢᠷ ᠮᠠᠨᠠᠨ ᠤ ᠵᠠᠰᠠᠯᠳᠡ ᠶᠢ ᠨᠡᠩ ᠪᠦᠳᠦᠮᠵᠢᠳᠠᠢ ᠪᠤᠯᠭᠠᠨ᠎ᠡ | ᠭᠡᠰᠡᠨ ᠢ ᠪᠢ ᠲᠤᠳᠤᠷᠬᠠᠢᠢᠯᠠᠬᠤ ᠰᠠᠨᠠᠭ᠎ᠠ ᠲᠠᠢ᠃ | ᠪᠠᠶᠢᠭᠠᠯᠢ ᠶᠢᠨ ᠦᠵᠡᠭᠳᠡᠯ ᠢ ᠬᠦᠮᠤᠨ ᠲᠦᠷᠦᠯᠬᠢᠳᠡᠨ ᠡᠵᠡᠮᠳᠡᠵᠤ ᠲᠡᠶᠢᠯᠬᠦ ᠦᠭᠡᠢ ᠶᠤᠮ᠂ ᠭᠡᠪᠡᠴᠤ ᠪᠢᠳᠡ | ᠦᠪᠡᠷ ᠤᠨ ᠠᠵᠢᠯᠯᠠᠭ᠎ᠠ ᠪᠠᠨ ᠡᠵᠡᠮᠳᠡᠵᠤ᠂ ᠭᠦᠭᠵᠢᠯᠳᠡ ᠶᠢᠨ ᠠᠷᠭ᠎ᠠ ᠮᠠᠶᠢᠬ ᠢᠶᠠᠨ ᠬᠤᠪᠢᠷᠠᠭᠤᠯᠵᠤ ᠪᠤᠯᠤᠨ᠎ᠡ᠃ | ᠮᠢᠨᠦ ᠪᠤᠳᠤᠯ ᠴᠤ ᠤᠯᠠᠨ ᠲᠠᠢ ᠠᠳᠠᠯᠢ ᠪᠠᠶᠢᠭ᠎ᠠ ᠶᠤᠮ᠂ ᠪᠤᠬᠢᠷ ᠮᠠᠨᠠᠨ ᠢ ᠵᠠᠰᠠᠬᠤ ᠴᠢᠬᠤᠯᠠᠳᠠᠢ᠂ ᠴᠡᠯᠮᠡᠭ ᠲᠡᠭᠷᠢ | ᠢᠷᠡᠭᠡᠳᠤᠢ ᠳᠤ ᠭᠡᠭᠡᠨᠴᠢᠷ ᠡᠳ᠋ ᠪᠤᠯᠬᠤ ᠦᠭᠡᠢ ᠪᠦᠭᠡᠳ ᠪᠤᠯᠬᠤ ᠴᠤ ᠶᠤᠰᠤ ᠦᠭᠡᠢ ᠶᠤᠮ᠃ | ︽ᠲᠤᠮᠳᠠᠳᠤ ᠤᠯᠤᠰ ᠤᠨ ᠭᠡᠷᠡᠭᠯᠡᠭᠴᠢᠳ ᠤᠨ ᠰᠤᠨᠢᠨ︾ ᠤ ᠰᠤᠷᠪᠤᠯᠵᠢᠯᠠᠭᠴᠢ᠄ | ᠡᠨᠡ ᠡᠳᠤᠷ ᠪᠤᠯ ︽3 · 15︾᠂ ᠶᠡᠷᠦᠩᠬᠡᠢ ᠰᠠᠶᠢᠳ ᠠᠴᠠ ᠭᠡᠷᠡᠭᠯᠡᠭᠴᠢᠳ ᠲᠤ ᠬᠡᠳᠤᠨ ᠦᠭᠡ ᠶᠠᠷᠢᠬᠤ | ᠪᠤᠯᠪᠠᠤ︖ | ᠯᠢ ᠺᠧ ᠴᠢᠶᠠᠩ᠄ | ᠪᠢ ᠪᠠᠰᠠ ᠤᠯᠠᠨ ᠲᠠᠢ ᠠᠳᠠᠯᠢᠬᠠᠨ ᠭᠡᠷᠡᠭᠯᠡᠭᠴᠢ ᠰᠢᠤ ᠳ᠋ᠠ᠂ ᠪᠦᠷ ᠡᠷᠭᠡ ᠠᠰᠢᠭ ᠢᠶᠠᠨ ᠬᠠᠮᠠᠭᠠᠯᠠᠬᠤ ᠶᠢ | ᠪᠤᠳᠤᠨ᠎ᠠ᠂ ᠰᠦᠯᠵᠢᠶᠡᠨ ᠤ ᠦᠭᠡ ᠪᠠᠷ ᠬᠡᠯᠡᠪᠡᠯ᠄ ᠴᠢᠨᠠᠷ ᠰᠠᠶᠢᠳᠠᠢ ᠦᠢᠯᠡᠳᠭᠦᠨ ᠢ ︽ᠤᠤᠬᠠᠢᠢᠯᠠᠨ ᠮᠠᠬᠳᠠᠵᠤ︾᠂ | ᠵᠠᠯᠢᠬᠠᠢ ᠬᠤᠳᠠᠯᠳᠤᠭᠠᠨᠴᠢᠨ ᠢ ︽ᠬᠠᠷ᠎ᠠ ᠲᠠᠩᠰᠠᠨ︾ ᠳᠤ ᠤᠷᠤᠭᠤᠯᠤᠶ᠎ᠠ᠃ ᠤᠯᠠᠨ ᠢᠶᠠᠷ ᠢᠶᠠᠨ ᠴᠢᠷᠮᠠᠶᠢᠵᠤ ᠪᠠᠶᠢᠭᠠᠳ | ᠂ ᠪᠢᠳᠡᠨ ᠤ ᠴᠢᠨᠠᠷ ᠰᠠᠶᠢᠲᠠᠢ ᠦᠢᠯᠡᠳᠭᠦᠨ ᠢᠶᠠᠨ ᠡᠳᠦᠷ ᠠᠴᠠ ᠡᠳᠦᠷ ᠤᠯᠠᠰᠢᠷᠠᠭᠤᠯᠵᠤ᠂ ᠪᠢᠳᠡᠨ ᠤ ᠠᠮᠢᠳᠤᠷᠠᠯ ᠢᠶᠠᠨ | ᠵᠢᠯ ᠠᠴᠠ ᠵᠢᠯ ᠳᠤ ᠰᠠᠶᠢᠵᠢᠷᠠᠭᠤᠯᠤᠶ᠎ᠠ᠃ |