3 ᠳ᠋ᠤᠭᠠᠷ ᠰᠠᠷ᠎ᠠ ᠶᠢᠨ 16 ᠤ ᠡᠳᠦᠷ ᠤᠨ ᠦᠳᠡ ᠶᠢᠨ ᠬᠤᠶᠢᠨ᠎ᠠ᠂ ᠦᠪᠡᠷᠳᠡᠭᠡᠨ ᠵᠠᠰᠠᠬᠤ ᠤᠷᠤᠨ ᠤ ᠨᠠᠮ | ᠤᠨ ᠬᠤᠷᠢᠶ᠎ᠠ ᠪᠠᠶᠢᠩᠭᠤ ᠶᠢᠨ ᠬᠤᠷᠢᠶ᠎ᠠ ᠶᠢᠨ ᠬᠤᠷᠠᠯ ᠬᠤᠷᠠᠯᠳᠤᠭᠤᠯᠵᠤ᠂ ᠯᠢᠦ ᠶᠦᠨ ᠱᠠᠨ᠂ ᠯᠢᠦ ᠶᠠᠨ ᠳ᠋ᠦᠩ | ᠨᠦᠬᠦᠷ ᠤᠨ ᠠᠷᠪᠠᠨ ᠬᠤᠶᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠤᠨ ᠳᠠᠪᠤᠳᠤᠭᠠᠷ ᠬᠤᠷᠠᠯ ᠤᠨ ᠦᠪᠦᠷ ᠮᠤᠩᠭᠤᠯ ᠤᠨ ᠲᠦᠯᠦᠭᠡᠯᠡᠭᠴᠢᠳ ᠤᠨ ᠪᠦᠯᠬᠦᠮ ᠤᠨ ᠬᠢᠨᠠᠨ ᠵᠦᠪᠯᠡᠬᠦ | ᠳᠤ ᠤᠷᠤᠯᠴᠠᠬᠤ ᠦᠶ᠎ᠡ ᠶᠢᠨ ᠴᠢᠬᠤᠯᠠ ᠶᠠᠷᠢᠶ᠎ᠠ ᠶᠢ ᠪᠦᠬᠦ ᠣᠳᠬ᠎ᠠ ᠪᠠᠷ ᠨᠢ ᠤᠯᠠᠮᠵᠢᠯᠠᠨ ᠰᠣᠷᠣᠯᠴᠠᠵᠤ᠂ ᠲᠤᠭᠤᠷᠢᠨ | ᠪᠠᠶᠢᠴᠠᠭᠠᠵᠤ ︽ᠡᠷᠬᠢᠨ ᠬᠠᠷᠠᠬᠤ︾ ᠶᠢ ᠳᠡᠮᠵᠢᠨ ᠬᠠᠮᠵᠢᠯᠴᠠᠬᠤ ᠵᠡᠷᠭᠡ ᠠᠵᠢᠯ ᠢ ᠰᠤᠳᠤᠯᠪᠠ᠃ ᠦᠪᠡᠷᠳᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠾᠧᠩ ᠬᠤᠷᠠᠯ ᠢ ᠡᠷᠬᠢᠯᠡᠪᠡ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠯᠢᠦ ᠶᠦᠨ ᠱᠠᠨ᠂ ᠯᠢᠦ ᠶᠠᠨ ᠳ᠋ᠦᠩ ᠨᠦᠬᠦᠷ ᠤᠨ ᠠᠷᠪᠠᠨ | ᠬᠤᠶᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠳᠠᠪᠤᠳᠤᠭᠠᠷ ᠬᠤᠷᠠᠯ ᠤᠨ ᠦᠪᠦᠷ ᠮᠤᠩᠭᠤᠯ ᠤᠨ ᠲᠦᠯᠦᠭᠡᠯᠡᠭᠴᠢᠳ ᠤᠨ ᠪᠦᠯᠬᠦᠮ ᠤᠨ ᠬᠢᠨᠠᠨ ᠵᠦᠪᠯᠡᠬᠦ ᠳᠤ | ᠤᠷᠤᠯᠴᠠᠬᠤ ᠦᠶ᠎ᠡ ᠶᠢᠨ ᠴᠢᠬᠤᠯᠠ ᠶᠠᠷᠢᠶ᠎ᠠ ᠨᠢ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠤᠭᠤᠳ | ᠤᠨ ᠵᠤᠷᠢᠭ ᠰᠠᠨᠠᠭ᠎ᠠ ᠪᠣᠯᠣᠨ ᠲᠦᠪ ᠤᠨ ᠰᠢᠢᠳᠪᠦᠷᠢᠳᠦ ᠪᠣᠳᠣᠯᠭ᠎ᠠ ᠪᠠᠶᠢᠷᠢᠯᠠᠭᠤᠯᠤᠯᠳᠠ ᠶᠢᠨ ᠬᠠᠮᠢᠶ᠎ᠠ ᠪᠦᠬᠦᠢ | ᠴᠢᠬᠤᠯᠠ ᠶᠡᠭᠡ ᠠᠰᠠᠭᠤᠳᠠᠯ ᠢ ᠬᠦᠨᠵᠡᠭᠡᠢ ᠦᠭᠦᠯᠡᠨ ᠳᠣᠭᠠᠴᠢᠵᠣ᠂ ᠪᠢᠳᠡ ᠪᠦᠬᠦ ᠤᠯᠤᠰ ᠤᠨ ︽ᠬᠤᠶᠠᠷ ᠬᠤᠷᠠᠯ︾ | ᠤᠨ ᠵᠤᠷᠢᠭ ᠰᠠᠨᠠᠭ᠎ᠠ ᠶᠢ ᠨᠡᠩ ᠪᠦᠬᠦ ᠳᠠᠯ᠎ᠠ ᠪᠠᠷ᠂ ᠨᠡᠩ ᠤᠨᠤᠪᠴᠢᠳᠠᠢ᠂ ᠨᠡᠩ ᠬᠦᠨᠵᠡᠭᠡᠢ ᠤᠶᠢᠯᠠᠭᠠᠵᠤ᠂ ᠪᠦᠬᠦ | ᠤᠷᠤᠨ ᠤ ᠡᠯ᠎ᠡ ᠵᠦᠢᠯ ᠤᠨ ᠠᠵᠢᠯ ᠢᠶᠠᠨ ᠴᠢᠨᠠᠭᠰᠢᠳᠠ ᠰᠠᠶᠢᠳᠤᠷ ᠬᠢᠬᠦ ᠳᠤ ᠴᠢᠬᠤᠯᠠ ᠵᠢᠯᠤᠭᠤᠳᠤᠯᠭ᠎ᠠ ᠬᠠᠩᠭᠠᠪᠠ᠃ | ᠡᠯ᠎ᠡ ᠱᠠᠳᠦ ᠡᠯ᠎ᠡ ᠰᠠᠯᠠᠭ᠎ᠠ ᠮᠦᠴᠢᠷ ᠯᠢᠦ ᠶᠦᠨ ᠱᠠᠨ᠂ ᠯᠢᠦ ᠶᠠᠨ ᠳ᠋ᠦᠩ ᠨᠦᠬᠦᠷ ᠤᠨ ᠴᠢᠬᠤᠯᠠ ᠶᠠᠷᠢᠶ᠎ᠠ ᠶᠢᠨ | ᠵᠤᠷᠢᠭ ᠰᠠᠨᠠᠭ᠎ᠠ ᠶᠢ ᠰᠤᠷᠤᠯᠴᠠᠨ ᠳᠣᠣᠱᠯᠠᠭᠤᠯᠬᠤ ᠶᠢ ᠪᠦᠬᠦ ᠤᠯᠤᠰ ᠤᠨ ︽ᠬᠤᠶᠠᠷ ᠬᠤᠷᠠᠯ︾ ᠤᠨ ᠵᠤᠷᠢᠭ | ᠰᠠᠨᠠᠭ᠎ᠠ ᠶᠢ ᠰᠤᠷᠤᠯᠴᠠᠨ ᠳᠣᠣᠱᠯᠠᠭᠤᠯᠬᠤ ᠴᠢᠬᠤᠯᠠ ᠠᠭᠤᠯᠭ᠎ᠠ ᠪᠤᠯᠭᠠᠵᠤ᠂ ᠨᠡᠪᠳᠡᠷᠡᠳᠡᠯ᠎ᠡ ᠰᠠᠶᠢᠳᠣᠷ ᠤᠶᠢᠯᠠᠭᠠᠵᠣ᠂ | ᠤᠨᠤᠪᠴᠢᠳᠠᠢ ᠭᠦᠨᠵᠡᠭᠡᠢ ᠡᠵᠡᠮᠰᠢᠵᠦ᠂ ᠨᠢᠭᠡᠳᠦᠯᠳᠠᠢ ᠲᠦᠯᠦᠪᠵᠢᠭᠦᠯᠦᠨ ᠪᠠᠶᠢᠷᠢᠯᠠᠭᠤᠯᠵᠣ ᠨᠠᠶᠢᠳᠠᠪᠤᠷᠢᠵᠢᠭᠤᠯᠬᠤ | ᠬᠡᠷᠡᠭᠳᠠᠢ᠃ ᠦᠩᠬᠡᠷᠡᠭᠰᠡᠨ ᠨᠢᠭᠡ ᠵᠢᠯ ᠤᠨ ᠨᠠᠮ ᠪᠣᠯᠣᠨ ᠤᠯᠤᠰ ᠤᠨ ᠦᠢᠯᠡᠰ ᠤᠨ ᠬᠦᠭᠵᠢᠯᠳᠡ ᠰᠢᠨ᠎ᠡ ᠢᠯᠡᠷᠬᠡᠢ | ᠠᠮᠵᠢᠯᠳᠠ ᠤᠯᠤᠭᠰᠠᠨ ᠤ ᠦᠨᠳᠦᠰᠦᠨ ᠵᠦᠢᠯ ᠨᠢ᠂ ᠰᠢ ᠶᠢᠨ ᠫᠢᠩ ᠨᠦᠬᠦᠷ ᠢᠶᠠᠷ ᠭᠤᠣᠯ ᠪᠤᠯᠭᠠᠭᠰᠠᠨ ᠨᠠᠮ ᠤᠨ | ᠲᠦᠪ ᠬᠤᠷᠢᠶ᠎ᠠ ᠶᠢᠨ ᠡᠷᠡᠰ ᠴᠢᠩᠭ᠎ᠠ ᠤᠳᠤᠷᠢᠳᠤᠯᠭ᠎ᠠ ᠪᠣᠯᠣᠨ ᠰᠢᠨᠵᠢᠯᠡᠬᠦ ᠤᠬᠠᠭᠠᠨᠴᠢ ᠰᠢᠢᠳᠪᠦᠷᠢᠳᠦ ᠪᠣᠳᠣᠯᠭ᠎ᠠ | ᠪᠣᠯᠬᠤ ᠶᠢ ᠬᠦᠨᠵᠡᠭᠡᠢ ᠳᠠᠨᠢᠵᠤ᠂ ᠮᠠᠨ ᠤ ᠤᠯᠤᠰ ᠤᠨ ᠤᠯᠤᠰ ᠲᠦᠷᠦ ᠶᠢᠨ ᠳᠠᠪᠠᠭᠤᠯᠢᠭ ᠤᠨ ᠳᠣᠬᠠᠢ ᠳᠠᠨᠢᠯᠳᠠ ᠪᠠᠨ | ᠴᠢᠨᠠᠭᠰᠢᠳᠠ ᠭᠦᠨᠵᠡᠭᠡᠶᠢᠷᠡᠭᠦᠯᠵᠦ᠂ ︽ᠲᠦᠷᠪᠡᠨ ᠤᠬᠠᠮᠰᠠᠷ︾ ᠢᠶᠠᠨ ᠴᠢᠩᠭᠠᠷᠠᠭᠤᠯᠵᠣ᠂ ︽ᠲᠦᠷᠪᠡᠨ ᠦᠪᠡᠷ ᠤᠨ | ᠢᠳᠡᠭᠡᠯ︾ ᠢᠶᠠᠨ ᠪᠠᠳᠣᠳᠬᠠᠵᠣ᠂ ᠢᠮᠠᠭᠳᠠ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠳᠡᠭᠡᠷ᠎ᠡ ᠪᠠᠨ | ᠰᠢ ᠶᠢᠨ ᠫᠢᠩ ᠨᠦᠬᠦᠷ ᠢᠶᠠᠷ ᠭᠤᠣᠯ ᠪᠤᠯᠭᠠᠭᠰᠠᠨ ᠨᠠᠮ ᠤᠨ ᠲᠦᠪ ᠬᠤᠷᠢᠶ᠎ᠠ ᠲᠠᠢ ᠲᠡᠭᠡᠳᠦ ᠬᠡᠮᠵᠢᠶ᠎ᠡ ᠪᠠᠷ | ᠨᠢᠬᠡᠳᠦᠯᠳᠡᠢ ᠪᠠᠶᠢᠬᠤ ᠬᠡᠷᠡᠭᠳᠠᠢ᠃ ᠨᠠᠮ ᠤᠨ ᠲᠦᠪ ᠬᠤᠷᠢᠶ᠎ᠠ ᠶᠢᠨ ᠡᠨᠡ ᠵᠢᠯ ᠤᠨ ᠠᠵᠤ ᠠᠬᠤᠢ ᠨᠡᠶᠢᠬᠡᠮ ᠤᠨ | ᠬᠦᠭᠵᠢᠯᠳᠡ ᠶᠢᠨ ᠳᠣᠬᠠᠢ ᠴᠢᠭᠯᠡᠯᠳᠡ ᠲᠦᠷᠦ ᠶᠢᠨ ᠪᠤᠳᠤᠯᠭ᠎ᠠ ᠶᠢ ᠬᠦᠨᠵᠡᠭᠡᠢ ᠨᠠᠶᠢᠳᠠᠪᠤᠷᠢᠵᠢᠭᠤᠯᠵᠤ᠂ ᠲᠤᠭᠳᠠᠭᠤᠨ | ᠤ ᠳᠣᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠭᠡᠢ ᠬᠦᠭ ᠠᠶᠠᠰ ᠢ ᠪᠠᠷᠢᠮᠳᠠᠯᠠᠨ᠂ ᠲᠤᠪᠤᠶᠢᠮ᠎ᠠ ᠠᠰᠠᠭᠤᠳᠠᠯ | ᠳᠡᠭᠡᠷ᠎ᠡ ᠠᠩᠬᠠᠷᠣᠯ ᠢᠶᠠᠨ ᠲᠦᠪᠯᠡᠷᠡᠭᠦᠯᠦᠨ᠂ ᠭᠤᠤᠯᠳᠠᠯᠭ᠎ᠠ ᠲᠠᠢ ᠡᠭᠦᠷᠭᠡ ᠳᠡᠭᠡᠷ᠎ᠡ ᠬᠦᠴᠦᠨ ᠢᠶᠠᠨ ᠲᠦᠪᠯᠡᠷᠡᠭᠦᠯᠵᠤ᠂ | ᠦᠭᠡᠷᠡᠴᠢᠯᠡᠯᠳᠡ ᠬᠦᠭᠵᠢᠯᠳᠡ ᠳᠣᠭᠳᠠᠭᠤᠨ ᠤ ᠡᠯ᠎ᠡ ᠵᠦᠢᠯ ᠤᠨ ᠠᠵᠢᠯ ᠳᠠᠰᠤᠷᠠᠯᠳᠠ ᠦᠭᠡᠢ ᠰᠢᠨ᠎ᠡ ᠠᠬᠢᠯᠳᠠ ᠲᠠᠢ | ᠪᠣᠯᠵᠣ ᠰᠢᠨ᠎ᠡ ᠠᠮᠵᠢᠯᠳᠠ ᠤᠯᠬᠤ ᠶᠢ ᠠᠬᠢᠭᠤᠯᠵᠤ ᠰᠢᠯᠢᠳᠡᠭ ᠠᠮᠵᠢᠯᠳᠠ ᠪᠠᠷ ᠢᠶᠠᠨ ᠨᠠᠮ ᠤᠨ ᠠᠷᠪᠠ ᠶᠢᠰᠦᠳᠦᠭᠡᠷ | ᠶᠡᠭᠡ ᠬᠤᠷᠠᠯ ᠤᠨ ᠠᠮᠵᠢᠯᠳᠠ ᠲᠠᠢ ᠬᠤᠷᠠᠯᠳᠤᠬᠤ ᠶᠢ ᠣᠭᠳᠣᠵᠣ᠂ ᠦᠪᠡᠷᠳᠡᠭᠡᠨ ᠵᠠᠰᠠᠬᠤ ᠤᠷᠤᠨ | ᠪᠠᠶᠢᠭᠤᠯᠤᠭᠳᠠᠭᠰᠠᠨ 70 ᠵᠢᠯ ᠢ ᠪᠡᠯᠭᠡᠯᠡᠬᠦ ᠬᠡᠷᠡᠭᠳᠠᠢ ᠭᠡᠪᠡ᠃ | ᠬᠤᠷᠠᠯ ᠠᠴᠠ ᠲᠦᠪ ᠤᠨ ᠬᠤᠶᠠᠳᠤᠭᠠᠷ ᠲᠤᠭᠤᠷᠢᠨ ᠪᠠᠶᠢᠴᠠᠭᠠᠬᠤ ᠲᠤᠭᠤᠶᠢᠯᠠᠩ ᠤᠨ ᠲᠤᠭᠤᠷᠢᠨ | ᠪᠠᠶᠢᠴᠠᠭᠠᠵᠣ ︽ᠡᠷᠬᠢᠨ ᠬᠠᠷᠠᠬᠤ︾ ᠳᠤ ᠬᠠᠮᠵᠢᠯᠴᠠᠬᠤ ᠬᠠᠮᠢᠶ᠎ᠠ ᠪᠦᠬᠦᠢ ᠪᠠᠶᠢᠳᠠᠯ ᠤᠨ ᠬᠠᠷᠢᠭᠤ ᠮᠡᠳᠡᠭᠦᠯᠦᠯᠳᠡ ᠶᠢ | ᠰᠤᠨᠤᠰᠴᠤ᠂ 2013 ᠣᠨ ᠤ ᠲᠦᠪ ᠤᠨ ᠲᠦᠷᠪᠡᠳᠦᠭᠡᠷ ᠳᠣᠭᠤᠷᠢᠨ ᠪᠠᠶᠢᠴᠠᠭᠠᠬᠤ ᠳᠣᠭᠤᠶᠢᠯᠠᠩ ᠮᠠᠨ ᠤ ᠤᠷᠤᠨ | ᠳᠤ ᠲᠤᠭᠤᠷᠢᠨ ᠪᠠᠶᠢᠴᠠᠭᠠᠬᠤ ᠦᠶ᠎ᠡ ᠳᠤ ᠬᠠᠷᠢᠭᠤ ᠳᠣᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠵᠣ | ᠨᠠᠶᠢᠳᠠᠪᠣᠷᠢᠵᠢᠭᠤᠯᠣᠭᠰᠠᠨ ᠪᠠᠶᠢᠳᠠᠯ ᠤᠨ ᠮᠡᠳᠡᠭᠦᠯᠦᠯᠳᠡ ᠶᠢ ᠰᠤᠳᠤᠯᠪᠠ᠃ ᠬᠤᠷᠠᠯ ᠠᠴᠠ ᠴᠢᠬᠤᠯᠠᠴᠢᠯᠠᠭᠰᠠᠨ ᠨᠢ᠂ | ᠶᠡᠷᠦᠩᠬᠡᠢ ᠱᠦᠵᠢ ᠰᠢ ᠶᠢᠨ ᠫᠢᠩ ᠤᠨ ᠲᠤᠭᠤᠷᠢᠨ ᠪᠠᠶᠢᠴᠠᠭᠠᠬᠤ ᠠᠵᠢᠯ ᠤᠨ ᠲᠤᠬᠠᠢ ᠴᠢᠬᠤᠯᠠ ᠦᠭᠦᠯᠡᠯᠳᠡ ᠪᠣᠯᠣᠨ | ᠴᠢᠬᠤᠯᠠ ᠶᠠᠷᠢᠶ᠎ᠠ ᠨᠤᠭᠤᠳ ᠤᠨ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠳᠣᠣᠱᠯᠠᠭᠤᠯᠵᠤ᠂ ᠡᠨᠡ ᠤᠳᠠᠭ᠎ᠠ ᠶᠢᠨ | ᠲᠤᠭᠤᠷᠢᠨ ᠪᠠᠶᠢᠴᠠᠭᠠᠵᠤ ︽ᠡᠷᠬᠢᠨ ᠬᠠᠷᠠᠬᠤ︾ ᠡᠯ᠎ᠡ ᠵᠦᠢᠯ ᠤᠨ ᠱᠠᠭᠠᠷᠳᠠᠯᠭ᠎ᠠ ᠶᠢ ᠬᠢᠨᠠᠮᠠᠭᠠᠢ ᠨᠠᠶᠢᠳᠠᠪᠣᠷᠢᠵᠢᠭᠤᠯᠵᠣ᠂ | ᠤᠯᠤᠰ ᠲᠦᠷᠦ ᠶᠢᠨ ᠲᠤᠭᠤᠷᠢᠨ ᠪᠠᠶᠢᠴᠠᠭᠠᠬᠤ ᠶᠢᠨ ᠴᠢᠬᠤᠯᠠ ᠠᠴᠢ ᠬᠤᠯᠪᠤᠭᠳᠠᠯ ᠢ ᠬᠦᠢᠴᠡᠳ ᠳᠠᠨᠢᠵᠤ᠂ ᠤᠯᠤᠰ | ᠲᠦᠷᠦ ᠶᠢᠨ ᠲᠤᠭᠤᠷᠢᠨ ᠪᠠᠶᠢᠴᠠᠭᠠᠬᠤ ᠶᠢᠨ ᠣᠨᠣᠯᠵᠢᠬᠤᠨ ᠪᠣᠯᠣᠨ ᠱᠠᠭᠠᠷᠳᠠᠯᠭ᠎ᠠ ᠶᠢ ᠬᠦᠨᠵᠡᠭᠡᠢ ᠡᠵᠡᠮᠰᠢᠵᠤ᠂ | ᠳᠡᠮᠵᠢᠨ ᠬᠠᠮᠵᠢᠯᠴᠠᠬᠤ᠂ ᠦᠢᠯᠡᠴᠢᠯᠡᠵᠦ ᠪᠠᠳᠤᠯᠠᠬᠤ ᠠᠵᠢᠯ ᠢ ᠰᠠᠶᠢᠳᠤᠷ ᠬᠢᠬᠦ ᠤᠯᠤᠰ ᠲᠦᠷᠦ ᠶᠢᠨ ᠤᠬᠠᠮᠰᠠᠷ᠂ | ᠦᠵᠡᠯ ᠰᠠᠨᠠᠭ᠎ᠠ ᠶᠢᠨ ᠤᠬᠠᠮᠰᠠᠷ᠂ ᠠᠵᠢᠯᠯᠠᠭ᠎ᠠ ᠶᠢᠨ ᠤᠬᠠᠮᠰᠠᠷ ᠢᠶᠠᠨ ᠦᠨᠡᠨᠬᠦ ᠴᠢᠩᠭᠠᠷᠠᠭᠤᠯᠬᠤ ᠬᠡᠷᠡᠭᠳᠠᠢ᠃ | 2013 ᠣᠨ ᠤ ᠲᠦᠪ ᠤᠨ ᠲᠦᠷᠪᠡᠳᠦᠭᠡᠷ ᠲᠤᠭᠤᠷᠢᠨ ᠪᠠᠶᠢᠴᠠᠭᠠᠬᠤ ᠲᠤᠭᠤᠶᠢᠯᠠᠩ ᠤᠨ ᠬᠠᠷᠢᠭᠤ ᠳᠣᠰᠬᠠᠭᠰᠠᠨ | ᠰᠠᠨᠠᠯ ᠢ ᠴᠡᠭᠴᠡᠯᠡᠨ ᠰᠠᠶᠢᠵᠢᠷᠠᠭᠤᠯᠣᠭᠰᠠᠨ ᠦᠷ᠎ᠡ ᠪᠦᠳᠦᠭᠡᠯ ᠢᠶᠠᠨ ᠳᠠᠰᠣᠷᠠᠯᠳᠠ ᠦᠭᠡᠢ ᠪᠠᠳᠤᠳᠬᠠᠵᠤ᠂ ᠡᠨᠡ | ᠣᠳᠠᠭ᠎ᠠ ᠶᠢᠨ ᠲᠤᠭᠤᠷᠢᠨ ᠪᠠᠶᠢᠴᠠᠭᠠᠵᠤ ︽ᠡᠷᠬᠢᠨ ᠬᠠᠷᠠᠬᠤ︾ ᠳᠣᠮᠳᠠ ᠢᠯᠡᠷᠡᠭᠦᠯᠦᠭᠰᠡᠨ ᠠᠰᠠᠭᠤᠳᠠᠯ ᠪᠣᠯᠣᠨ | ᠬᠠᠷᠢᠭᠤ ᠳᠣᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠵᠣ ᠨᠠᠶᠢᠳᠠᠪᠤᠷᠢᠵᠢᠭᠤᠯᠬᠤ ᠶᠢ ᠳᠡᠭᠡᠳᠦ ᠬᠡᠮᠵᠢᠶ᠎ᠡ ᠪᠠᠷ | ᠬᠦᠨᠳᠦᠳᠭᠡᠨ ᠰᠠᠶᠢᠳᠣᠷ ᠠᠳᠬᠤᠵᠣ᠂ ᠬᠦᠴᠦᠨ ᠪᠦᠬᠦᠢ ᠪᠦᠳᠦᠮᠵᠢᠳᠠᠢ ᠴᠡᠭᠴᠡᠯᠡᠨ ᠰᠠᠶᠢᠵᠢᠷᠠᠭᠤᠯᠬᠤ ᠠᠵᠢᠯ ᠢᠶᠠᠷ | ᠮᠠᠨ ᠤ ᠤᠷᠤᠨ ᠤ ᠨᠠᠮ ᠢᠶᠠᠨ ᠬᠠᠮᠢᠶᠠᠷᠴᠤ ᠨᠠᠮ ᠢᠶᠠᠨ ᠵᠠᠰᠠᠬᠤ ᠠᠵᠢᠯ ᠰᠢᠨ᠎ᠡ ᠳᠡᠭᠳᠡᠷ ᠲᠤ ᠭᠠᠷᠬᠤ ᠶᠢ ᠠᠬᠢᠭᠤᠯᠬᠤ | ᠬᠡᠷᠡᠭᠳᠠᠢ ᠬᠡᠪᠡ᠃ | ᠬᠤᠷᠠᠯ ᠠᠴᠠ ᠪᠠᠰᠠ ︽ᠠᠵᠤ ᠠᠬᠤᠢ ᠨᠡᠶᠢᠬᠡᠮ ᠤᠨ ᠬᠦᠭᠵᠢᠯᠳᠡ ᠶᠢᠨ ᠡᠯ᠎ᠡ ᠵᠦᠢᠯ ᠤᠨ ᠠᠵᠢᠯ ᠢ ᠰᠠᠶᠢᠳᠤᠷ | ᠬᠢᠵᠤ ᠰᠢᠯᠢᠳᠡᠭ ᠠᠮᠵᠢᠯᠳᠠ ᠪᠠᠷ ᠢᠶᠠᠨ ᠦᠪᠡᠷᠳᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠶᠢ | ᠪᠡᠯᠭᠡᠯᠡᠬᠦ ᠳᠣᠬᠠᠢ ᠮᠡᠳᠡᠭᠳᠡᠯ︾ ︽ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ | ᠣᠨᠣᠯ ᠰᠣᠷᠣᠯᠴᠠᠬᠤ ᠭᠤᠣᠯ ᠲᠤᠭᠤᠶᠢᠯᠠᠩ ᠤᠨ 2017 ᠣᠨ ᠤ ᠰᠤᠷᠤᠯᠴᠠᠬᠤ ᠲᠦᠯᠦᠪᠯᠡᠭᠡ︾ ᠶᠢ ᠬᠢᠨᠠᠨ | ᠵᠦᠪᠯᠡᠵᠦ ᠪᠠᠳᠤᠯᠠᠪᠠ᠃ | ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠪᠠ᠃ |