ᠬᠠᠳᠤᠨ ᠭᠤᠣᠯ ᠤᠨ ᠥᠪᠥᠷ ᠮᠣᠩᠭᠤᠯ ᠤᠨ ᠬᠡᠰᠡᠭ ᠲᠤᠭᠲᠠᠭᠤᠨ ᠢᠶᠠᠷ ᠭᠡᠰᠴᠦ ᠪᠠᠶᠢᠨ᠎ᠠ
ᠨᠡᠶᠢᠲᠡᠯᠡᠭᠰᠡᠨ ᠴᠠᠭ᠄
2017/3/2
     2 ᠳ᠋ᠤᠭᠠᠷ ᠰᠠᠷ᠎ᠠ ᠶᠢᠨ 28᠎ ᠤ ᠡᠳᠦᠷ ᠰᠡᠭᠦᠳᠡᠷᠯᠡᠭᠰᠡᠨ ᠬᠠᠳᠤᠨ ᠭᠤᠣᠯ ᠤᠨ ᠥᠪᠥᠷ ᠮᠣᠩᠭᠤᠯ ᠤᠨ ᠪᠠᠶᠠᠨᠨᠠᠭᠤᠷ ᠬᠡᠰᠡᠭ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠠᠵᠢᠯ ᠤᠨ ᠵᠢᠯᠣᠭᠤᠳᠬᠤ ᠭᠠᠵᠠᠷ ᠤᠨ ᠮᠡᠳᠡᠭᠡ ᠶᠢ ᠦᠨᠳᠦᠰᠦᠯᠡᠪᠡᠯ᠂ 2017 ᠣᠨ ᠳᠤ ᠬᠠᠳᠤᠨ ᠭᠤᠣᠯ ᠤᠨ ᠥᠪᠥᠷ ᠮᠣᠩᠭᠤᠯ ᠤᠨ ᠬᠡᠰᠡᠭ ᠤᠨ ᠭᠡᠰᠬᠦ ᠴᠠᠭ ᠦᠩᠭᠡᠷᠡᠭᠰᠡᠨ ᠵᠢᠯ ᠤᠳ ᠠᠴᠠ ᠡᠷᠲᠡ ᠰᠢᠭ ᠪᠠᠶᠢᠵᠤ᠂ 2 ᠳ᠋ᠤᠭᠠᠷ ᠰᠠᠷ᠎ᠠ ᠶᠢᠨ 28᠎ ᠤ ᠡᠳᠦᠷ ᠤᠨ ᠦᠳᠡ ᠶᠢᠨ ᠡᠮᠦᠨᠡᠬᠢ 10 ᠴᠠᠭ ᠪᠤᠯᠬᠤ ᠳᠤ᠂ ᠰᠠᠨ ᠱᠧᠩ ᠭᠦᠩ ᠤᠰᠤᠨ ᠠᠰᠢᠭᠯᠠᠯᠲᠠ ᠶᠢᠨ ᠬᠦᠢᠰᠦ ᠭᠤᠤᠯ ᠤᠨ ᠬᠠᠭᠠᠴᠠ ᠠᠴᠠ ᠤᠷᠤᠭᠤ 43 ᠺᠢᠯᠣᠮᠧᠲᠷ ᠬᠦᠷᠲᠡᠯ᠎ᠡ ᠭᠡᠰᠴᠦ᠂ ᠨᠡᠶᠢᠲᠡ 192 ᠺᠢᠯᠣᠮᠧᠲᠷ ᠭᠡᠰᠪᠡ᠃ ᠤᠳᠤᠬᠠᠨ ᠳᠤ᠂ ᠭᠤᠣᠯ ᠭᠡᠰᠬᠦ ᠪᠠᠶᠢᠳᠠᠯ ᠶᠡᠷᠦᠩᠬᠡᠶ ᠳᠡᠭᠡᠨ ᠲᠣᠭᠲᠠᠭᠤᠨ ᠪᠠᠶᠢᠨ᠎ᠠ᠃ ᠵᠢᠱᠢᠯᠲᠡ ᠪᠠᠷ ᠬᠠᠳᠤᠨ ᠭᠤᠣᠯ ᠤᠨ ᠥᠪᠥᠷ ᠮᠣᠩᠭᠤᠯ ᠤᠨ ᠬᠡᠰᠡᠭ 3 ᠳ᠋ᠤᠭᠠᠷ ᠰᠠᠷ᠎ᠠ ᠶᠢᠨ ᠳᠤᠮᠳᠠᠴᠢ ᠪᠠᠷ ᠪᠦ᠋ᠬᠦ ᠱᠤᠭᠤᠮ ᠢᠶᠠᠷ ᠭᠡᠰᠬᠦ ᠪᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号