ᠮᠠᠨ ᠤ ᠤᠷᠤᠨ ᠪᠠᠶᠢᠴᠠᠭᠠᠬᠤ ᠪᠠᠶᠢᠭᠤᠯᠭ᠎ᠠ ᠶᠢᠨ ᠡᠷᠬᠡ ᠲᠤᠰᠢᠶᠠᠯ ᠢᠶᠠᠨ ᠠᠰᠢᠬᠯᠠᠨ ᠶᠠᠯ᠎ᠠ ᠬᠢᠬᠦ ᠶᠢ ᠲᠠᠩᠨᠠᠨ ᠪᠠᠶᠢᠴᠠᠭᠠᠵᠤ ᠤᠷᠢᠳᠴᠢᠯᠠᠨ ᠰᠡᠷᠬᠡᠶᠢᠯᠡᠬᠦ ᠠᠵᠢᠯ ᠤᠨ ᠶᠠᠷᠢᠯᠴᠠᠬᠤ ᠬᠤᠷᠠᠯ ᠬᠢᠪᠡ
ᠨᠡᠶᠢᠲᠡᠯᠡᠭᠰᠡᠨ ᠴᠠᠭ᠄
2017/3/2
      2 ᠳ᠋ᠤᠭᠠᠷ ᠰᠠᠷ᠎ᠠ ᠶᠢᠨ 28᠎ ᠤ ᠡᠳᠦᠷ᠂ ᠦᠪᠡᠷᠲᠡᠭᠡᠨ ᠵᠠᠰᠠᠬᠤ ᠤᠷᠤᠨ ᠤ ᠪᠠᠶᠢᠴᠠᠭᠠᠬᠤ ᠪᠠᠶᠢᠭᠤᠯᠭ᠎ᠠ ᠶᠢᠨ ᠡᠷᠬᠡ ᠲᠤᠰᠢᠶᠠᠯ ᠢᠶᠠᠨ ᠠᠰᠢᠬᠯᠠᠨ ᠶᠠᠯ᠎ᠠ ᠬᠢᠬᠦ ᠶᠢ ᠲᠠᠩᠨᠠᠨ ᠪᠠᠶᠢᠴᠠᠭᠠᠵᠤ ᠤᠷᠢᠳᠴᠢᠯᠠᠨ ᠰᠡᠷᠬᠡᠶᠢᠯᠡᠬᠦ ᠠᠵᠢᠯ ᠤᠨ ᠶᠠᠷᠢᠯᠴᠠᠬᠤ ᠬᠤᠷᠠᠯ ᠢ ᠬᠦᠬᠡᠬᠤᠲᠠ ᠳᠤ ᠬᠤᠷᠠᠯᠳᠤᠭᠤᠯᠵᠠᠢ᠃      ᠦᠪᠦᠷ ᠮᠤᠩᠭᠤᠯ ᠤᠨ ᠠᠷᠠᠳ ᠤᠨ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠳᠠᠷᠤᠭ᠎ᠠ ᠮᠠ ᠶᠦᠩ ᠱᠧᠩ ᠬᠤᠷᠠᠯ ᠳᠤ ᠤᠷᠤᠯᠴᠠᠵᠤ ᠶᠠᠷᠢᠶ᠎ᠠ ᠲᠠᠯᠪᠢᠪᠠ᠃      ᠮᠠ ᠶᠦᠩ ᠱᠧᠩ᠂ ᠡᠷᠬᠡ ᠲᠤᠰᠢᠶᠠᠯ ᠢᠶᠠᠨ ᠠᠰᠢᠬᠯᠠᠨ ᠶᠠᠯ᠎ᠠ ᠬᠢᠬᠦ ᠶᠢ ᠪᠠᠶᠢᠴᠠᠭᠠᠨ ᠰᠢᠳᠬᠡᠬᠦ ᠪᠠ ᠰᠡᠷᠭᠡᠶᠢᠯᠡᠬᠦ ᠠᠵᠢᠯ ᠨᠢ ᠢᠯᠵᠢᠷᠠᠯ ᠢ ᠡᠰᠡᠷᠭᠦᠴᠡᠬᠦ ᠲᠡᠮᠡᠴᠡᠯ ᠢ ᠰᠢᠨᠳᠠᠷᠠᠰᠢ ᠦᠭᠡᠢ ᠪᠠᠷ ᠠᠬᠢᠭᠤᠯᠬᠤ᠂ ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠶᠡᠭᠡ ᠪᠠᠶᠢᠳᠠᠯ ᠳᠤ ᠦᠢᠯᠡᠴᠢᠯᠡᠬᠦ ᠳᠤ ᠴᠢᠬᠤᠯᠠ ᠠᠴᠢ ᠬᠤᠯᠪᠤᠬᠳᠠᠯ ᠲᠠᠢ᠃ ᠪᠦᠬᠦ ᠤᠷᠤᠨ ᠤ ᠪᠠᠶᠢᠴᠠᠭᠠᠬᠤ ᠪᠠᠶᠢᠭᠤᠯᠭ᠎ᠠ ᠶᠢᠨ ᠲᠠᠩᠨᠠᠨ ᠪᠠᠶᠢᠴᠠᠭᠠᠵᠤ ᠤᠷᠢᠳᠴᠢᠯᠠᠨ ᠰᠡᠷᠭᠡᠶᠢᠯᠡᠬᠦ ᠰᠠᠯᠠᠭ᠎ᠠ ᠮᠦᠴᠢᠷ ᠤᠯᠤᠰ ᠲᠦᠷᠦ ᠶᠢᠨ ᠵᠤᠬᠰᠤᠴᠠ ᠪᠠ ᠤᠯᠤᠰ ᠲᠦᠷᠦ ᠶᠢᠨ ᠤᠬᠠᠮᠰᠠᠷ ᠢ ᠳᠡᠭᠡᠭᠰᠢᠯᠡᠭᠦᠯᠵᠦ᠂ ︽ᠢᠯᠵᠢᠷᠠᠯ ᠢ ᠶᠠᠯᠠᠯᠠᠨ ᠰᠢᠳᠬᠡᠬᠦ ᠡᠷᠴᠢᠮ ᠢᠶᠠᠨ ᠤᠬᠲᠤ ᠰᠤᠯᠠᠷᠠᠭᠤᠯᠬᠤ ᠦᠭᠡᠢ᠂ ᠦᠯᠦ ᠠᠭᠤᠴᠢᠯᠠᠬᠤ ᠤᠪᠤᠷ ᠢᠶᠠᠨ ᠤᠬᠲᠤ ᠦᠭᠡᠷᠡᠴᠢᠯᠡᠭᠦ ᠦᠭᠡᠢ︾ ᠱᠠᠭᠠᠷᠳᠠᠯᠭ᠎ᠠ ᠪᠠ ︽ᠳᠤᠬᠲᠠᠭᠤᠨ ᠪᠠᠶᠢᠯᠭᠠᠬᠤ ᠶᠢᠨ ᠳᠤᠮᠳᠠ ᠤᠷᠤᠬᠰᠢᠯᠠᠬᠤ︾ ᠶᠡᠷᠦᠩᠬᠡᠢ ᠬᠦᠭ ᠠᠶᠠᠰ ᠎ ᠢ ᠡᠷᠡᠰ ᠲᠤᠤᠱᠯᠠᠭᠤᠯᠵᠤ᠂ ᠬᠡᠷᠡᠭ ᠰᠢᠳᠬᠡᠬᠦ ᠠᠵᠢᠯ ᠢ ᠭᠤᠤᠯ ᠪᠤᠯᠭᠠᠬᠤ ᠶᠢ ᠪᠠᠷᠢᠮᠲᠠᠯᠠᠵᠤ᠂ ᠬᠡᠷᠡᠭ ᠰᠢᠳᠬᠡᠬᠦ ᠬᠦᠴᠦᠯᠡᠴᠡ ᠪᠠᠨ ᠪᠠᠲᠤᠯᠠᠵᠤ᠂ ᠶᠡᠭᠡ ᠬᠡᠷᠡᠭ ᠴᠢᠬᠤᠯᠠ ᠬᠡᠷᠡᠭ ᠢ ᠪᠠᠶᠢᠴᠠᠭᠠᠨ ᠰᠢᠳᠬᠡᠬᠦ ᠶᠢ ᠳᠤᠪᠤᠶᠢᠯᠭᠠᠵᠤ᠂ ᠠᠷᠠᠳ ᠤᠯᠠᠨ ᠤ ᠬᠠᠵᠠᠭᠤ ᠳᠠᠬᠢ ᠢᠯᠵᠢᠷᠠᠯ ᠤᠨ ᠶᠠᠯᠠᠲᠤ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃      ᠮᠠ ᠶᠦᠩ ᠱᠧᠩ᠂ ᠦᠵᠡᠯ ᠰᠠᠨᠠᠭ᠎ᠠ ᠤᠯᠤᠰ ᠲᠦᠷᠦ ᠶᠢᠨ ᠪᠦᠲᠦᠭᠡᠨ ᠪᠠᠶᠢᠭᠤᠯᠤᠯᠲᠠ ᠪᠠᠨ ᠢᠮᠠᠬᠲᠠ ᠲᠡᠷᠢᠭᠦᠨ ᠪᠠᠶᠢᠷᠢᠨ ᠳᠤ ᠲᠠᠯᠪᠢᠵᠤ᠂ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠵᠢᠷᠭᠤᠳᠤᠭᠠᠷ ᠪᠦᠭᠦᠳᠡ ᠬᠤᠷᠠᠯ ᠤᠨ ᠵᠤᠷᠢᠭ ᠰᠠᠨᠠᠭ᠎ᠠ ᠪᠠ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠳᠤᠯᠤᠳᠤᠭᠠᠷ ᠤᠳᠠᠭᠠᠨ ᠤ ᠪᠦᠬᠦᠳᠡ ᠬᠤᠷᠠᠯ  ᠎ ᠤᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ᠂ ︽ᠰᠢᠨ᠎ᠡ ᠪᠠᠶᠢᠳᠠᠯ ᠳᠤᠤᠷᠠᠬᠢ ᠨᠠᠮ  ᠎ ᠤᠨ ᠳᠤᠲᠤᠭᠠᠳᠤ ᠶᠢᠨ ᠤᠯᠤᠰ ᠲᠦᠷᠦ ᠶᠢᠨ ᠠᠮᠢᠳᠤᠷᠠᠯ  ᠎ ᠤᠨ ᠲᠤᠬᠠᠢ ᠪᠠᠷᠢᠮᠵᠢᠶ᠎ᠠ ᠨᠤᠭᠤᠳ︾ ᠪᠠ ︽ᠳᠤᠮᠳᠠᠳᠤ ᠤᠯᠤᠰ  ᠎ ᠤᠨ ᠡᠪ ᠬᠠᠮᠲᠤ ᠨᠠᠮ  ᠎ ᠤᠨ ᠨᠠᠮ  ᠎ ᠤᠨ ᠲᠤᠳᠤᠭᠠᠳᠤ ᠶᠢᠨ ᠬᠢᠨᠠᠯᠲᠠ ᠲᠠᠯᠪᠢᠬᠤ ᠳᠦᠷᠢᠮ︾᠎ ᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠳᠦᠷᠪᠡᠨ ᠤᠬᠠᠮᠰᠠᠷ︾᠎ ᠢ ᠤᠯᠠᠮ ᠴᠢᠨᠠᠬᠰᠢᠲᠠ ᠴᠢᠩᠭᠠᠳᠬᠠᠵᠤ᠂ ᠦᠨᠡᠨᠴᠢ ᠰᠢᠳᠤᠷᠭᠤ ᠪᠠᠷ ᠬᠠᠷᠢᠭᠤᠴᠠᠯᠭ᠎ᠠ ᠡᠭᠦᠷᠭᠡᠯᠡᠬᠦ ᠦᠵᠡᠯ ᠰᠠᠨᠠᠭᠠᠨ ᠤ ᠰᠠᠭᠤᠷᠢ ᠶᠢ ᠪᠠᠲᠤ ᠪᠤᠢ ᠪᠤᠯᠭᠠᠬᠤ ᠬᠡᠷᠡᠭᠲᠡᠢ ᠭᠡᠵᠦ ᠱᠠᠭᠠᠷᠳᠠᠪᠠ᠃      ᠬᠤᠷᠠᠯ ᠨᠢ ᠭᠤᠷᠪᠠᠨ ᠱᠠᠳᠤᠨ ᠤ ᠪᠠᠶᠢᠴᠠᠭᠠᠬᠤ ᠬᠤᠷᠢᠶ᠎ᠠ ᠶᠢᠨ ᠬᠠᠷᠠᠭᠠᠨ ᠳᠠᠪᠲᠠᠮᠵᠢ ᠶᠢᠨ ᠬᠤᠷᠠᠯ ᠤᠨ ᠬᠡᠯᠪᠡᠷᠢ ᠪᠠᠷ ᠶᠠᠪᠤᠬᠳᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号