| ᠥᠪᠥᠷ ᠵᠠᠰᠠᠭ ᠠᠯᠪᠠᠨ ᠲᠠᠷᠬᠠᠭᠠᠭᠰᠠᠨ ﹇2016﹈ 154 ᠳ᠋ᠤᠭᠡᠷ ᠲᠤᠭᠠᠳᠤ | 2016 ᠣᠨ ᠤ 10 ᠳ᠋ᠣᠭᠠᠷ ᠰᠠᠷ᠎ᠡ ᠶᠢᠨ 26 ᠤ ᠡᠳᠣᠷ | ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ | ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠤ ᠠᠵᠤ ᠠᠬᠤᠶᠢᠯᠠᠯ᠂ ᠠᠵᠢᠯ ᠦᠢᠯᠡᠰ ᠤᠨ | ᠨᠢᠭᠡᠴᠡ ᠳᠤ᠄ | ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠲᠣᠭᠲᠠᠭᠠᠭᠰᠠᠨ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠭᠠᠯᠲᠠ ᠪᠠᠷ ᠰᠤᠷᠤᠭᠴᠢ ᠡᠯᠰᠡᠬᠦ ᠳᠦᠷᠢᠮ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠭᠦ ᠶᠢᠨ ᠬᠡᠷᠡᠭᠵᠢᠭᠦᠯᠬᠦ ᠲᠥᠰᠦᠯ︾ ᠢ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ | ᠬᠢᠨᠠᠮᠠᠭᠠᠶ ᠵᠣᠬᠢᠶᠠᠨ ᠪᠠᠶᠢᠭᠤᠯᠤᠨ ᠬᠡᠷᠡᠭᠵᠢᠭᠦᠯᠲᠦᠭᠡᠶ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠭᠠᠯᠲᠠ ᠪᠠᠷ ᠰᠤᠷᠤᠭᠴᠢ | ᠡᠯᠰᠡᠬᠦ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠭᠦ ᠶᠢᠨ ᠬᠡᠷᠡᠭᠵᠢᠭᠦᠯᠬᠦ ᠲᠥᠰᠦᠯ | ︵ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ | 2016 ᠣᠨ ᠤ 9 ᠳ᠋ᠣᠭᠡᠷ ᠰᠠᠷ᠎ᠠ︶ | ︽ᠰᠢᠯᠭᠠᠯᠲᠠ ᠪᠠᠷ ᠰᠤᠷᠤᠭᠴᠢ ᠡᠯᠰᠡᠬᠦ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠶ | ᠲᠥᠷᠥ ᠶᠢᠨ ᠶᠠᠪᠤᠳᠠᠯ ᠤᠨ ᠬᠤᠷᠢᠶ᠎ᠠ ᠶᠢᠨ ᠬᠡᠷᠡᠭᠵᠢᠭᠦᠯᠬᠦ ᠰᠠᠨᠠᠯ︾ ︵ᠲᠥᠷᠥ ᠲᠠᠷᠬᠠᠭᠠᠭᠰᠠᠨ ﹇2014﹈ 35 | ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ᠰᠤᠷᠭᠠᠨ | ᠬᠥᠮᠦᠵᠢᠯ ᠤᠨ ᠶᠠᠮᠤᠨ ᠤ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ | ᠪᠣᠳᠠᠳᠠᠢ ᠲᠠᠢ ᠤᠶᠠᠯᠳᠤᠭᠤᠯᠤᠨ᠂ ᠳᠤᠰ ᠲᠥᠰᠦᠯ ᠢ ᠲᠣᠭᠲᠠᠭᠠᠪᠠ᠃ | ᠨᠢᠭᠡ᠂ ᠶᠡᠷᠦᠩᠬᠡᠶ ᠱᠠᠭᠠᠷᠳᠠᠯᠭ᠎ᠠ | ᠰᠢᠯᠭᠠᠯᠲᠠ ᠪᠠᠷ ᠰᠤᠷᠤᠭᠴᠢ ᠡᠯᠰᠡᠬᠦ ᠳᠦᠷᠢᠮ ᠪᠣᠯ ᠤᠯᠤᠰ ᠤᠨ ᠦᠨᠳᠦᠰᠦᠨ ᠰᠤᠷᠭᠠᠨ ᠬᠥᠮᠦᠵᠢᠯ ᠤᠨ | ᠳᠦᠷᠢᠮ ᠪᠣᠯᠣᠨ᠎ᠠ᠃ ᠣᠳᠣᠬᠠᠨ ᠳᠤ᠂ ᠠᠵᠤ ᠠᠬᠤᠶ ᠨᠡᠶᠢᠭᠡᠮ ᠤᠨ ᠬᠥᠭᠵᠢᠯᠲᠡ ᠨᠢ ᠤᠯᠠᠨ ᠶᠠᠩᠵᠤᠴᠢᠯᠠᠭᠰᠠᠨ | ᠳᠡᠭᠡᠳᠣ ᠬᠡᠪ ᠴᠢᠨᠠᠷ ᠲᠠᠢ ᠴᠢᠳᠠᠪᠤᠷᠢᠲᠠᠨ ᠢ ᠬᠥᠮᠦᠵᠢᠭᠦᠯᠬᠦ ᠳᠤ ᠨᠡᠩ ᠥᠨᠳᠥᠷ ᠱᠠᠭᠠᠷᠳᠠᠯᠭ᠎ᠠ ᠶᠢ ᠲᠣᠷᠠᠳᠣᠨ | ᠭᠠᠷᠭᠠᠵᠣ᠂ ᠠᠷᠠᠳ ᠤᠯᠠᠨ ᠠᠴᠠ ᠴᠢᠨᠠᠷ ᠰᠠᠶᠢᠲᠠᠶ᠂ ᠲᠥᠪ ᠭᠤᠣᠯᠴᠢ ᠪᠥᠭᠡᠳ ᠤᠯᠠᠨ ᠶᠠᠩᠵᠤ ᠶᠢᠨ ᠰᠤᠷᠭᠠᠨ | ᠬᠥᠮᠦᠵᠢᠯ ᠭᠦᠷᠳᠡᠭᠦ ᠳᠤ ᠨᠡᠩ ᠥᠨᠳᠥᠷ ᠬᠦᠰᠡᠯ ᠨᠠᠶᠢᠳᠠᠯᠭ᠎ᠠ ᠲᠣᠷᠠᠳᠣᠨ ᠭᠠᠷᠭᠠᠭᠰᠠᠨ ᠪᠠᠶᠢᠨ᠎ᠠ᠃ ᠭᠡᠪᠡᠴᠦ | ᠤᠳᠤ ᠶᠢᠨ ᠬᠡᠷᠡᠭᠵᠢᠭᠦᠯᠵᠦ ᠪᠠᠶᠢᠭ᠎ᠠ ᠰᠢᠯᠭᠠᠯᠲᠠ ᠪᠠᠷ ᠰᠤᠷᠤᠭᠴᠢ ᠡᠯᠰᠡᠬᠦ ᠳᠦᠷᠢᠮ ᠨᠢ ᠦᠨᠡᠯᠡᠬᠦ ᠪᠠᠷᠢᠮᠵᠢᠶ᠎ᠠ᠂ | ᠰᠢᠯᠢᠨ ᠰᠣᠩᠭᠤᠬᠤ ᠠᠷᠭ᠎ᠠ ᠮᠠᠶ᠋ᠢᠭ ᠵᠡᠷᠭᠡ ᠲᠠᠯ᠎ᠠ ᠪᠠᠷ ᠲᠣᠳᠠᠭᠳᠠᠯ ᠲᠠᠢ ᠵᠦᠢᠯᠡᠰ ᠣᠷᠣᠰᠢᠵᠤ ᠪᠠᠶᠢᠭ᠎ᠠ ᠪᠣᠯᠬᠤᠷ | ᠵᠣᠬᠢᠬᠤ ᠭᠡᠮᠵᠢᠶᠠᠨ ᠳᠤ ᠬᠤᠪᠢ ᠶᠢ ᠯᠠ ᠡᠷᠬᠢᠮᠯᠡᠬᠦ᠂ ᠨᠢᠭᠡ ᠯᠡ ᠰᠢᠯᠭᠠᠯᠲᠠ ᠪᠠᠷ ᠨᠠᠰᠣᠨ ᠲᠣᠷᠰᠢᠳᠠ ᠶᠢ ᠨᠢ | ᠨᠦᠯᠣᠭᠡᠯᠡᠭᠦ᠂ ᠰᠤᠷᠤᠭᠴᠢᠣᠨ ᠤᠨ ᠰᠣᠩᠭᠤᠬᠤ ᠴᠢᠨᠠᠷ ᠬᠦᠷᠦᠯᠴᠡᠬᠦ ᠦᠭᠡᠢ ᠪᠠ ᠬᠢᠴᠢᠶᠡᠯ ᠬᠡᠳᠣ ᠭᠤᠯᠣᠬᠤ᠂ | ᠰᠤᠷᠤᠭᠴᠢᠳ ᠤᠨ ᠰᠤᠷᠤᠯᠭ᠎ᠠ ᠶᠢᠨ ᠳᠠᠷᠤᠭᠠᠰᠤ ᠬᠡᠳᠣ ᠬᠦᠨᠳᠦ ᠪᠠᠶᠢᠬᠤ ᠵᠡᠷᠭᠡ ᠠᠰᠠᠭᠤᠳᠠᠯ ᠭᠠᠷᠴᠣ᠂ | ᠰᠤᠷᠤᠭᠴᠢᠳ ᠤᠨ ᠪᠦᠬᠦ ᠲᠠᠯ᠎ᠠ ᠪᠠᠷ ᠬᠥᠭᠵᠢᠬᠦ ᠪᠠ ᠰᠢᠨ᠎ᠡ ᠶᠢ ᠡᠭᠦᠳᠴᠦ ᠠᠳᠠᠯ ᠦᠢᠯᠡᠰ ᠴᠣᠭᠴᠠᠯᠠᠬᠤ | ᠴᠢᠳᠠᠪᠤᠷᠢ ᠶᠢᠨ ᠪᠤᠯᠪᠠᠰᠤᠷᠠᠭᠤᠯᠤᠯ ᠢ ᠨᠥᠯᠥᠭᠡᠯᠡᠵᠣ᠂ ᠰᠤᠷᠤᠭᠴᠢᠳ ᠤᠨ ᠦᠰᠣᠨ ᠪᠤᠶᠢᠵᠢᠬᠤ ᠂ ᠴᠢᠳᠠᠪᠤᠷᠢᠲᠠᠨ | ᠪᠣᠯᠬᠤ᠂ ᠠᠮᠵᠢᠯᠲᠠ ᠣᠯᠬᠤ ᠶᠢ ᠨᠦᠯᠣᠭᠡᠯᠡᠭᠰᠡᠨ ᠠᠴᠠ ᠥᠭᠡᠷᠡᠴᠢᠯᠡᠯᠲᠡ ᠶᠢ ᠤᠯᠠᠮ ᠨᠢᠭᠡ ᠠᠯᠬᠤᠮ | ᠭᠦᠨᠵᠡᠭᠡᠶᠢᠷᠡᠭᠦᠯᠬᠦ ᠨᠢ ᠪᠠᠴᠢᠮ ᠲᠤᠯᠭᠠᠮ᠎ᠠ ᠱᠠᠭᠠᠷᠳᠠᠭᠳᠠᠵᠤ ᠪᠠᠶᠢᠨ᠎ᠠ᠃ | ︵ᠨᠢᠭᠡ︶ ᠵᠢᠯᠣᠭᠤᠳᠬᠤ ᠦᠵᠡᠯ ᠰᠠᠨᠠᠭ᠎ᠠ᠃ | ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠦᠬᠦ ᠲᠠᠯ᠎ᠠ ᠪᠠᠷ ᠲᠤᠤᠱᠯᠠᠭᠤᠯᠵᠤ᠂ ᠶᠣᠰᠣ | ᠰᠤᠷᠲᠠᠬᠤᠨ ᠢᠶᠠᠷ ᠬᠥᠮᠦᠨ ᠬᠥᠮᠦᠵᠢᠭᠦᠯᠬᠦ ᠶᠢ ᠪᠠᠷᠢᠮᠲᠠᠯᠠᠨ᠂ ᠠᠵᠤ ᠠᠬᠤᠶ ᠨᠡᠶᠢᠭᠡᠮ ᠤᠨ ᠬᠥᠭᠵᠢᠯᠲᠡ ᠳᠤ | ᠱᠠᠭᠠᠷᠳᠠᠭᠳᠠᠵᠣ ᠪᠠᠶᠢᠭ᠎ᠠ ᠤᠯᠠᠨ ᠶᠠᠩᠵᠤᠴᠢᠯᠠᠭᠰᠠᠨ ᠳᠡᠭᠡᠳᠣ ᠬᠡᠪ ᠴᠢᠨᠠᠷ ᠲᠠᠢ ᠴᠢᠳᠠᠪᠤᠷᠢᠲᠠᠨ ᠤ ᠪᠠᠶᠢᠳᠠᠯ ᠳᠤ | ᠵᠣᠬᠢᠴᠠᠭᠤᠯᠵᠣ᠂ ᠰᠤᠷᠤᠭᠴᠢᠳ ᠤᠨ ᠡᠷᠡᠭᠦᠯ ᠢᠶᠠᠷ ᠬᠥᠭᠵᠢᠬᠦ᠂ ᠨᠠᠰᠤᠨ ᠲᠣᠷᠰᠢ ᠬᠥᠭᠵᠢᠭᠦ ᠶᠢ ᠠᠬᠢᠭᠤᠯᠬᠤ ᠳᠤ | ᠠᠰᠢᠭᠲᠠᠶ ᠪᠠᠶᠢᠯᠭᠠᠬᠤ᠂ ᠰᠢᠨᠵᠢᠯᠡᠬᠦ ᠤᠬᠠᠭᠠᠨᠴᠢ ᠪᠠᠷ ᠴᠢᠳᠠᠪᠤᠷᠢᠲᠠᠨ ᠰᠢᠯᠢᠨ ᠰᠣᠩᠭᠤᠬᠤ᠂ ᠴᠢᠳᠠᠪᠤᠷᠢᠲᠠᠨ | ᠬᠥᠮᠦᠵᠢᠭᠦᠯᠬᠦ ᠳᠤ ᠠᠰᠢᠭᠳᠠᠢ ᠪᠠᠶᠢᠯᠭᠠᠬᠤ᠂ ᠨᠡᠶᠢᠭᠡᠮ ᠤᠨ ᠡᠷᠭᠡ ᠳᠡᠭᠰᠢ᠂ ᠲᠥᠪ ᠭᠤᠣᠯᠴᠢ ᠶᠢ ᠬᠠᠮᠠᠭᠠᠯᠠᠬᠤ ᠳᠤ | ᠠᠰᠢᠭᠲᠠᠶ ᠪᠠᠶᠢᠯᠭᠠᠬᠤ ᠠᠴᠠ ᠭᠠᠷᠳᠠᠨ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠤᠯᠤᠰ ᠤᠨ | ᠶᠡᠷᠦᠩᠬᠡᠶ ᠱᠠᠭᠠᠷᠳᠠᠯᠭ᠎ᠠ ᠶᠣᠰᠣᠭᠠᠷ᠂ ᠰᠢᠯᠭᠠᠯᠲᠠ ᠪᠠᠷ ᠰᠤᠷᠤᠭᠴᠢ ᠡᠯᠰᠡᠬᠦ ᠳᠦᠷᠢᠮ ᠤᠨ ᠥᠭᠡᠷᠡᠴᠢᠯᠡᠯᠲᠡ ᠶᠢ ᠪᠦᠬᠦ | ᠲᠠᠯ᠎ᠠ ᠪᠠᠷ ᠭᠦᠨᠵᠡᠭᠡᠶᠢᠷᠡᠭᠦᠯᠵᠣ᠂ ᠨᠡᠩ ᠢᠯᠡᠭᠦᠣ ᠡᠷᠬᠡ ᠲᠡᠭᠰᠢ ᠲᠥᠪ ᠭᠤᠣᠯᠴᠢ ᠪᠠ ᠰᠢᠨᠵᠢᠯᠡᠬᠦ ᠤᠬᠠᠭᠠᠨᠴᠢ ᠵᠦᠢ | ᠵᠣᠬᠢᠰᠲᠠᠶ ᠰᠢᠯᠭᠠᠯᠲᠠ ᠪᠠᠷ ᠰᠤᠷᠤᠭᠴᠢ ᠡᠯᠰᠡᠬᠦ ᠳᠦᠷᠢᠮ ᠢ ᠪᠠᠶᠢᠭᠤᠯᠣᠨ᠂ ᠠᠷᠠᠳ ᠲᠦᠮᠡᠨ ᠤ ᠰᠡᠣᠡᠬᠢᠯ ᠬᠠᠨᠤᠮᠵᠢᠲᠠᠶ | ᠰᠤᠷᠭᠠᠨ ᠬᠥᠮᠦᠵᠢᠯ ᠢ ᠰᠠᠶᠢᠳᠣᠷ ᠡᠷᠬᠢᠯᠡᠵᠣ᠂ ᠤᠯᠤᠰ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶ | ᠨᠡᠶᠢᠭᠡᠮ ᠤᠨ ᠬᠥᠭᠵᠢᠯᠲᠡ ᠶᠢ ᠠᠬᠢᠭᠤᠯᠬᠤ ᠳᠤ ᠭᠦᠴᠣᠨ ᠪᠦᠭᠦᠢ ᠴᠢᠳᠠᠪᠤᠷᠢᠲᠠᠨ ᠪᠠ ᠣᠶᠣᠠ ᠤ ᠲᠤᠯᠭᠠᠭᠤᠷᠢᠯᠡᠯ | ᠬᠠᠩᠭᠠᠬᠤ ᠪᠣᠯᠣᠨ᠎ᠠ᠃ | ︵ᠬᠤᠶᠠᠷ︶ ᠦᠨᠳᠦᠰᠦᠨ ᠵᠠᠷᠴᠢᠮ᠃ | 1.ᠬᠡᠪ ᠴᠢᠨᠠᠷ ᠤᠨ ᠰᠤᠷᠭᠠᠨ ᠬᠥᠮᠦᠵᠢᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠬᠤ ᠬᠡᠷᠩᠳᠠᠢ᠃ | ᠰᠤᠷᠤᠭᠴᠢᠳ ᠤᠨ ᠶᠣᠰᠣ ᠮᠣᠷᠠᠯ ᠣᠶᠣᠨ ᠣᠬᠠᠭᠠᠨ ᠪᠡᠶ᠎ᠡ ᠮᠠᠬᠠᠪᠣᠳ ᠭᠤᠸ᠎ᠠ ᠰᠠᠶᠢᠬᠠᠨ ᠢ ᠪᠦᠬᠦ ᠲᠠᠯ᠎ᠠ ᠪᠠᠷ | ᠬᠥᠭᠵᠢᠭᠦᠯᠬᠦ ᠳᠤ ᠬᠠᠨᠳᠣᠭᠤᠯᠵᠣ᠂ ᠰᠤᠷᠭᠠᠨ ᠬᠥᠮᠦᠵᠢᠯ ᠤᠨ ᠬᠥᠭᠵᠢᠯᠲᠡ ᠶᠢᠨ ᠵᠢᠮ᠎ᠡ ᠶᠣᠰᠣ ᠪᠠ ᠴᠢᠳᠠᠪᠤᠷᠢᠲᠠᠨ ᠤ | ᠥᠰᠦᠨ ᠪᠤᠶᠢᠵᠢᠯᠳᠠ ᠶᠢᠨ ᠵᠢᠮ᠎ᠡ ᠶᠣᠰᠣ ᠶᠢ ᠵᠢᠷᠣᠮᠯᠡᠨ᠂ ᠰᠤᠷᠭᠠᠨ ᠬᠥᠮᠦᠵᠢᠯ ᠤᠨ ᠰᠢᠯᠭᠠᠯᠲᠠ ᠪᠠᠷ ᠰᠤᠷᠤᠭᠴᠢ | ᠡᠯᠰᠡᠬᠦ ᠳᠦᠷᠢᠮ ᠤᠨ ᠴᠢᠳᠠᠮᠵᠢ ᠶᠢ ᠰᠢᠯᠢᠳᠡᠭᠵᠢᠭᠦᠯᠭᠦ ᠪᠠᠷ ᠳᠠᠮᠵᠢᠵᠣ᠂ ᠥᠷᠥᠭᠡᠰᠦᠭᠡᠯ ᠢᠶᠠᠷ ᠰᠢᠯᠭᠠᠯᠲᠠ ᠶᠢ | ᠭᠦᠭᠡᠭᠡᠯᠴᠡᠯᠳᠣᠭᠦ ᠰᠤᠷᠭᠠᠨ ᠬᠥᠮᠦᠵᠢᠯ ᠤᠨ ᠬᠡᠯᠪᠡᠷᠢᠯ ᠢ ᠬᠤᠪᠢᠷᠠᠭᠤᠯᠣᠨ᠂ ᠬᠡᠪ ᠴᠢᠨᠠᠷ ᠤᠨ ᠰᠤᠷᠭᠠᠨ ᠬᠥᠮᠦᠵᠢᠯ ᠢ | ᠭᠦᠨᠵᠡᠭᠡᠶ ᠬᠡᠷᠡᠭᠵᠢᠭᠦᠯᠵᠦ᠂ ᠰᠤᠷᠤᠭᠴᠢᠳ ᠤᠨ ᠦᠰᠦᠨ ᠪᠤᠶᠢᠵᠢᠵᠤ ᠴᠢᠳᠠᠪᠤᠷᠢᠲᠠᠨ ᠪᠣᠯᠬᠤ ᠳᠤ ᠨᠡᠩ ᠤᠯᠠᠨ | ᠵᠠᠪᠰᠢᠶᠠᠨ ᠲᠣᠬᠢᠶᠠᠯ ᠪᠠ ᠨᠡᠩ ᠶᠡᠭᠡ ᠲᠠᠪᠴᠠᠩ ᠬᠠᠩᠭᠠᠵᠣ ᠦᠭᠭᠦ ᠬᠡᠷᠩᠳᠠᠢ᠃ | 2.ᠡᠷᠬᠡ ᠲᠡᠭᠰᠢ ᠲᠥᠪ ᠭᠤᠣᠯᠴᠢ ᠢᠯᠡ ᠪᠠᠶᠢᠯᠭᠠᠬᠤ ᠶᠢ ᠪᠠᠲᠤᠯᠠᠬᠤ ᠬᠡᠷᠩᠳᠠᠢ᠃ ᠡᠷᠬᠡ ᠲᠡᠭᠰᠢ ᠲᠥᠪ | ᠭᠤᠣᠯᠴᠢ ᠪᠠᠶᠢᠬᠤ ᠶᠢ ᠠᠬᠢᠭᠤᠯᠬᠤ ᠪᠠᠷ ᠥᠭᠡᠷᠡᠴᠢᠯᠡᠯᠲᠡ ᠶᠢᠨ ᠦᠨᠳᠦᠰᠦᠨ ᠥᠷᠲᠡᠭ ᠤᠨ ᠬᠠᠨᠳᠤᠰᠢ ᠪᠣᠯᠭᠠᠵᠤ᠂ | ᠬᠤᠷᠸ᠎ᠠ ᠲᠤᠬᠢᠷᠠᠭᠤᠯᠣᠯ ᠡᠵᠡᠮᠳᠠᠯ ᠢᠶᠠᠨ ᠴᠢᠩᠭᠠᠳᠬᠠᠨ᠂ ᠪᠠᠶᠢᠭᠤᠯᠤᠯ ᠲᠣᠭᠲᠠᠴᠠ ᠪᠠᠨ ᠪᠦᠷᠢᠨᠰᠢᠭᠦᠯᠵᠣ᠂ | ᠰᠢᠯᠭᠠᠯᠲᠠ ᠪᠠᠷ ᠰᠤᠷᠤᠭᠴᠢ ᠡᠯᠰᠡᠬᠦ ᠵᠠᠪᠰᠢᠶᠠᠨ ᠲᠣᠬᠢᠶᠠᠯ ᠤᠨ ᠡᠷᠭᠡ ᠳᠡᠭᠰᠢ᠂ ᠳᠡᠰ ᠳᠠᠷᠠᠭᠠᠯᠠᠯ ᠢᠶᠠᠷ ᠢᠯᠨ ᠪᠠᠶᠢᠬᠤ | ᠂ ᠦᠷ᠎ᠡ ᠳ᠋ᠦᠩ ᠨᠢ ᠲᠥᠪ ᠭᠤᠣᠯᠴᠢ ᠪᠠᠶᠢᠬᠤ ᠶᠢ ᠦᠨᠡᠡᠭᠦ ᠪᠠᠲᠤᠯᠠᠬᠤ ᠬᠡᠷᠩᠳᠠᠢ᠃ ᠲᠥᠷᠥᠯ ᠬᠤᠪᠢᠶᠠᠨ ᠰᠢᠯᠭᠠᠬᠤ᠂ | ᠶᠡᠷᠦᠩᠬᠡᠶᠢᠯᠡᠨ ᠦᠨᠡᠯᠡᠬᠦ᠂ ᠣᠯᠠᠨ ᠡᠰᠢᠵᠢᠬᠦᠯᠦᠨ ᠡᠯᠰᠡᠬᠦ ᠶᠢ ᠬᠡᠷᠩᠵᠢᠭᠦᠯᠵᠣ᠂ ᠨᠡᠩ ᠥᠨᠳᠥᠷ ᠬᠢᠷᠢ ᠬᠡᠮᠵᠢᠶᠠᠨ ᠤ | ᠲᠥᠪ ᠭᠤᠣᠯᠴᠢ ᠪᠠᠶᠢᠬᠤ ᠶᠢ ᠡᠷᠢᠯᠬᠢᠯᠡᠭᠦ ᠬᠡᠷᠩᠳᠠᠢ᠃ | 3.ᠴᠢᠳᠠᠪᠤᠷᠢᠲᠠᠨ ᠰᠢᠯᠢᠨ ᠰᠣᠩᠭᠤᠬᠤ ᠬᠢᠷᠢ ᠬᠡᠮᠵᠢᠶ᠎ᠠ ᠪᠠᠨ ᠳᠡᠭᠡᠭᠰᠢᠯᠡᠭᠦᠯᠭᠦ ᠬᠡᠷᠩᠳᠠᠢ᠃ ᠰᠢᠨᠵᠢᠯᠡᠬᠦ | ᠤᠬᠠᠭᠠᠨᠴᠢ ᠪᠠᠷ ᠴᠢᠳᠠᠪᠤᠷᠢᠲᠠᠨ ᠢ ᠰᠢᠯᠢᠨ ᠰᠣᠩᠭᠤᠬᠤ ᠬᠢᠭᠡᠣᠨ ᠬᠥᠮᠦᠵᠢᠭᠦᠯᠬᠦ ᠵᠢᠮ᠎ᠡ ᠶᠣᠰᠣ ᠶᠢ ᠵᠢᠷᠤᠮᠯᠠᠨ᠂ ᠤᠯᠠᠨ | ᠡᠰᠢᠳᠣ ᠤᠯᠠᠨ ᠳᠠᠯᠠᠳᠣ ᠲᠠᠢ ᠦᠨᠡᠯᠡᠯᠳᠠ ᠶᠢᠨ ᠰᠢᠰᠲ᠋ᠤᠮᠵᠢ ᠶᠢ ᠠᠯᠬᠤᠮ ᠠᠯᠬᠤᠮ ᠢᠶᠠᠷ ᠪᠠᠶᠢᠭᠤᠯᠵᠤ᠂ | ᠰᠤᠷᠤᠭᠴᠢᠳ ᠶᠢᠨ ᠪᠥᠬᠦ ᠲᠠᠯ᠎ᠠ ᠪᠠᠷ ᠬᠥᠭᠵᠢᠭᠦ ᠶᠢᠨ ᠤᠳᠤᠷᠢᠳᠤᠮᠵᠢ ᠶᠢ ᠭᠦᠢᠴᠡᠳ ᠢᠯᠡᠷᠡᠭᠦᠯᠣᠨ᠂ | ᠰᠤᠷᠤᠭᠴᠢᠣᠨ ᠤᠨ ᠶᠡᠷᠦᠩᠬᠡᠶ ᠬᠡᠪ ᠴᠢᠨᠠᠷ ᠤᠨ ᠪᠠᠶᠢᠳᠠᠯ ᠢ ᠰᠢᠨᠵᠢᠯᠡᠬᠦ ᠤᠬᠠᠭᠠᠨᠴᠢ ᠪᠠᠷ ᠦᠨᠡᠯᠡᠨ ᠵᠢᠱᠢᠵᠣ᠂ | ᠰᠤᠷᠤᠭᠴᠢᠳ ᠤᠨ ᠥᠪᠡᠷᠮᠢᠴᠡ ᠴᠢᠳᠠᠪᠣᠷᠢ ᠶᠢ ᠨᠡᠩ ᠢᠯᠡᠭᠦᠣ ᠲᠣᠳᠣᠷᠠᠭᠤᠯᠣᠨ ᠢᠯᠡᠷᠡᠭᠦᠯᠵᠣ᠂ ᠰᠤᠷᠤᠭᠴᠢᠣᠨ ᠤᠨ | ᠰᠣᠩᠭᠤᠬᠤ ᠡᠷᠬᠡ ᠶᠢ ᠨᠢ ᠨᠡᠮᠡᠭᠳᠡᠭᠦᠯᠵᠣ᠂ ᠰᠢᠨᠵᠢᠯᠡᠬᠦ ᠤᠬᠠᠭᠠᠨᠴᠢ ᠪᠠᠷ ᠴᠢᠳᠠᠪᠤᠷᠢᠲᠠᠨ ᠰᠣᠩᠭᠤᠬᠤ ᠶᠢ ᠠᠬᠢᠭᠤᠯᠬᠤ | ᠬᠡᠷᠩᠳᠠᠢ᠃ | 4.ᠰᠢᠰᠲ᠋ᠧᠮ ᠤᠨ ᠶᠡᠷᠣᠩᠭᠡᠶᠢᠯᠡᠭᠰᠠᠨ ᠥᠭᠡᠷᠡᠴᠢᠯᠡᠯᠲᠡ ᠶᠢ ᠴᠢᠬᠤᠯᠠᠴᠢᠯᠠᠬᠤ ᠬᠡᠷᠩᠳᠠᠢ᠃ ᠤᠶᠢᠢᠷ᠎ᠠ ᠶᠢᠨ | ᠬᠤᠭᠤᠴᠠᠭᠠᠨ ᠤ ᠬᠠᠷᠠᠯᠲᠠ ᠪᠠ ᠠᠯᠤᠰ ᠭᠡᠳᠤ ᠶᠢᠨ ᠬᠠᠷᠠᠯᠲᠠ ᠶᠢᠨ ᠬᠠᠷᠢᠴᠠᠭ᠎ᠠ ᠶᠢ ᠵᠥᠪ ᠣᠨᠣᠪᠴᠢᠳᠠᠢ | ᠰᠢᠢᠣᠡᠪᠣᠷᠢᠯᠡᠵᠣ᠂ ᠠᠯᠬᠤᠮ ᠲᠡᠷᠠᠭ᠎ᠠ ᠲᠠᠢ ᠪᠠᠷ ᠭᠦᠨᠵᠡᠭᠡᠶᠢᠷᠡᠭᠦᠯᠣᠨ᠂ ᠯᠠᠪᠳᠠᠭᠤᠨ ᠪᠠᠳᠣᠳᠠᠢ ᠪᠠᠷ ᠬᠡᠷᠡᠭᠵᠢᠭᠦᠯᠭᠦ | ᠬᠡᠷᠩᠳᠠᠢ᠃ ᠰᠤᠷᠭᠠᠨ ᠬᠥᠮᠦᠵᠢᠯ ᠤᠨ ᠶᠡᠷᠣᠩᠭᠡᠶᠢᠯᠡᠭᠰᠠᠨ ᠥᠭᠡᠷᠡᠴᠢᠯᠡᠯᠲᠡ ᠶᠢᠨ ᠪᠦᠬᠦᠯᠢ ᠴᠣᠭᠴᠠ ᠶᠢᠨ ᠵᠢᠷᠤᠭ | ᠲᠥᠯᠥᠪᠯᠡᠭᠡ ᠬᠢᠬᠡᠳ ᠰᠢᠯᠭᠠᠯᠲᠠ ᠪᠠᠷ ᠰᠤᠷᠤᠭᠴᠢ ᠡᠯᠰᠡᠬᠦ ᠥᠭᠡᠷᠡᠴᠢᠯᠡᠯᠲᠡ ᠶᠢᠨ ᠭᠤᠣᠯᠳᠠᠯᠭ᠎ᠠ ᠲᠠᠢ ᠪᠠᠷ | ᠰᠢᠪᠲᠤᠯᠬᠤ ᠶᠢᠨ ᠬᠠᠷᠢᠴᠠᠭ᠎ᠠ ᠶᠢ ᠵᠦᠪ ᠣᠨᠣᠪᠴᠢᠳᠠᠢ ᠰᠢᠢᠣᠡᠪᠣᠷᠢᠯᠡᠵᠣ᠂ ᠡᠯ᠎ᠡ ᠵᠦᠢᠯ ᠤᠨ ᠰᠤᠷᠭᠠᠨ ᠬᠥᠮᠦᠵᠢᠯ ᠤᠨ | ᠥᠭᠡᠷᠡᠴᠢᠯᠡᠯᠲᠡ ᠶᠢ ᠵᠣᠯᠭᠠᠭᠤᠯᠣᠨ ᠲᠦᠭᠦᠷᠵᠢᠭᠦᠯᠭᠦ ᠠᠵᠢᠯ ᠢ ᠰᠠᠶᠢᠲᠤᠷ ᠬᠢᠭᠦ ᠬᠡᠷᠩᠳᠠᠢ᠃ ᠵᠢᠭᠠᠨ ᠰᠤᠷᠭᠠᠬᠤ ᠪᠠ | ᠰᠢᠯᠭᠠᠬᠤ᠂ ᠰᠢᠯᠭᠠᠬᠤ ᠪᠠ ᠰᠤᠷᠤᠭᠴᠢ ᠡᠯᠰᠡᠬᠦ᠂ ᠰᠤᠷᠤᠭᠴᠢ ᠡᠯᠰᠡᠬᠦ ᠪᠠ ᠬᠠᠮᠢᠶᠠᠷᠬᠤ ᠵᠡᠷᠭᠡ ᠬᠠᠷᠢᠴᠠᠭ᠎ᠠ ᠶᠢ ᠵᠦᠪ | ᠣᠨᠣᠪᠴᠢᠳᠠᠢ ᠰᠢᠢᠣᠡᠪᠣᠷᠢᠯᠡᠵᠣ᠂ ᠰᠢᠯᠭᠠᠯᠲᠠ ᠪᠠᠷ ᠰᠤᠷᠤᠭᠴᠢ ᠡᠯᠰᠡᠬᠦ ᠥᠭᠡᠷᠡᠴᠢᠯᠡᠯᠲᠡ ᠬᠢᠬᠡᠳ ᠴᠢᠳᠠᠪᠤᠷᠢᠲᠠᠨ | ᠬᠥᠮᠦᠵᠢᠭᠦᠯᠬᠦ ᠶᠢᠨ ᠬᠠᠮᠵᠢᠯᠴᠠᠬᠤ ᠴᠢᠨᠠᠷ ᠢ ᠴᠢᠩᠭᠠᠳᠬᠠᠠᠬᠤ ᠬᠡᠷᠩᠳᠠᠢ᠃ | ︵ᠭᠤᠷᠪᠠ︶ ᠶᠡᠷᠦᠩᠬᠡᠶ ᠬᠠᠷᠠᠯᠲᠠ᠃ | 2016 ᠣᠨ ᠳᠤ ᠥᠪᠡᠷᠲᠡᠭᠡᠨ ᠵᠠᠰᠠᠬᠤ ᠣᠷᠣᠨ ᠤ ᠰᠢᠯᠭᠠᠯᠲᠠ ᠪᠠᠷ ᠰᠤᠷᠤᠭᠴᠢ ᠡᠯᠰᠡᠬᠦ ᠳᠦᠷᠢᠮ ᠤᠨ | ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠡᠬᠢᠯᠡᠭᠦᠯᠵᠦ᠂ 2018 ᠣᠨ ᠳᠤ ᠪᠦᠬᠦᠯᠢ ᠴᠣᠭᠴᠠ ᠪᠠᠷ ᠬᠡᠷᠡᠭᠵᠢᠭᠦᠯᠣᠨ᠎ᠠ᠃ | 2021 ᠣᠨ ᠪᠣᠯᠳᠠᠯ᠎ᠠ᠂ ᠰᠤᠷᠭᠠᠨ ᠬᠥᠮᠦᠵᠢᠯ ᠤᠨ ᠵᠢᠮ᠎ᠡ ᠶᠣᠰᠣᠨ ᠳᠤ ᠨᠠᠶᠢᠴᠡᠭᠰᠡᠨ᠂ ᠴᠠᠭ ᠦᠶ᠎ᠡ ᠶᠢᠨ | ᠱᠠᠭᠠᠷᠳᠠᠯᠭ᠎ᠠ ᠶᠢ ᠳᠠᠭᠠᠭᠰᠠᠨ᠂ ᠭᠠᠵᠠᠷ ᠣᠷᠣᠨ ᠤ ᠣᠨᠴᠠᠯᠢᠭ ᠲᠠᠢ ᠰᠤᠷᠭᠠᠨ ᠬᠥᠮᠦᠵᠢᠯ ᠤᠨ ᠰᠢᠯᠠᠭᠠᠯᠲᠠ ᠪᠠᠷ | ᠰᠤᠷᠤᠭᠴᠢ ᠡᠯᠰᠡᠬᠦ ᠳᠦᠷᠢᠮ ᠢ ᠠᠩᠬ᠎ᠠ ᠠᠯᠬᠤᠮ ᠪᠠᠶᠢᠭᠤᠯᠵᠣ᠂ ᠲᠥᠷᠥᠯ ᠬᠤᠪᠢᠶᠠᠨ ᠰᠢᠯᠭᠠᠬᠤ᠂ ᠶᠡᠷᠦᠩᠬᠡᠶᠢᠯᠡᠨ | ᠦᠨᠡᠯᠡᠬᠦ᠂ ᠣᠯᠠᠨ ᠡᠰᠢᠵᠢᠬᠦᠯᠦᠨ ᠡᠯᠰᠡᠬᠦ ᠶᠢᠨ ᠰᠢᠯᠭᠠᠯᠲᠠ ᠪᠠᠷ ᠰᠤᠷᠤᠭᠴᠢ ᠡᠯᠰᠡᠬᠦ ᠵᠠᠭᠪᠤᠷ ᠢ ᠪᠣᠢ ᠪᠣᠯᠭᠠᠨ᠎ᠠ︔ | ᠲᠦᠪ ᠭᠤᠣᠯᠴᠢ ᠶᠢ ᠠᠬᠢᠭᠤᠯᠬᠤ᠂ ᠰᠢᠨᠵᠢᠯᠡᠬᠦ ᠤᠬᠠᠭᠠᠨᠴᠢ ᠪᠠᠷ ᠴᠢᠳᠠᠪᠤᠷᠢᠲᠠᠨ ᠰᠣᠩᠭᠤᠬᠤ᠂ ᠬᠢᠨᠠᠯᠲᠠ | ᠲᠠᠯᠪᠢᠯᠳᠠ ᠪᠠᠷ ᠡᠷᠴᠢᠮᠳᠠᠢ ᠪᠠᠶᠢᠬᠤ ᠪᠠᠶᠢᠭᠤᠯᠤᠯ ᠲᠣᠭᠲᠠᠴᠠ ᠶᠢ ᠪᠦᠷᠢᠨᠰᠢᠭᠦᠯᠵᠣ᠂ ᠡᠯ᠎ᠡ ᠱᠠᠲᠤᠨ ᠤ ᠡᠯ᠎ᠡ | ᠲᠦᠷᠦᠯ ᠤᠨ ᠰᠤᠷᠭᠠᠨ ᠬᠥᠮᠦᠵᠢᠯ ᠢ ᠵᠣᠯᠭᠠᠭᠤᠯᠵᠣ ᠨᠡᠪᠳᠡᠷᠡᠭᠦᠯᠣᠭ᠍ᠰᠡᠨ᠂ ᠣᠯᠠᠨ ᠵᠦᠢᠯ ᠤᠨ ᠰᠤᠷᠤᠯᠭ᠎ᠠ ᠶᠢᠨ ᠦᠷ᠎ᠡ | ᠪᠦᠲᠦᠭᠡᠯ ᠢ ᠮᠡᠳᠡᠷᠡᠨ ᠵᠥᠪᠰᠢᠶᠡᠷᠡᠭᠰᠡᠨ ᠨᠠᠰᠤᠨ ᠲᠤᠷᠰᠢᠳᠠ ᠰᠤᠷᠤᠯᠴᠠᠬᠤ ᠶᠢᠨ ︽ᠰᠣᠯᠢᠪᠴᠠᠭᠤᠯᠣᠨ | ᠰᠣᠷᠣᠯᠴᠠᠭᠤᠯᠬᠤ ᠲᠣᠭᠳᠠᠴᠨ︾ ᠶᠢ ᠪᠠᠶᠢᠭᠤᠯᠬᠤ ᠬᠡᠷᠩᠳᠠᠢ᠃ | ᠬᠤᠶᠠᠷ᠂ ᠥᠭᠡᠷᠡᠴᠢᠯᠡᠯᠲᠡ ᠶᠢᠨ ᠭᠤᠣᠯ ᠠᠭᠤᠯᠭ᠎ᠠ ᠵᠢᠴᠢ ᠬᠠᠷᠠᠯᠲᠠ | ︵ᠨᠢᠭᠡ︶ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠳᠣ ᠦᠶ᠎ᠡ ᠳᠠᠬᠢ ᠰᠢᠯᠭᠠᠯᠲᠠ ᠪᠠᠷ ᠰᠤᠷᠤᠭᠴᠢ | ᠡᠯᠰᠡᠬᠦ ᠳᠦᠷᠢᠮ ᠤᠨ ᠲᠤᠬᠠᠶ᠃ | ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠳᠣ ᠦᠶ᠎ᠡ ᠳᠠᠬᠢ ᠪᠠᠭ᠎ᠠ ᠰᠤᠷᠭᠠᠭᠤᠯᠢ᠂ ᠡᠩ ᠤᠨ ᠠᠩᠬ᠎ᠠ | ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢ ᠡᠯᠰᠡᠬᠦ ᠠᠵᠢᠯ ᠳᠤ ᠰᠢᠯᠭᠠᠬᠤ ᠦᠭᠡᠶ ᠪᠠᠷ ᠦᠢᠷ᠎ᠡ ᠬᠠᠪᠢ ᠶᠢᠨ | ᠰᠤᠷᠭᠠᠭᠤᠯᠢ ᠳᠤ ᠣᠷᠣᠬᠤ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠣᠨ᠎ᠠ᠂ ᠶᠠᠮᠠᠷᠪᠠ ᠨᠡᠷ᠎ᠡ ᠪᠠᠷ᠂ | ᠰᠢᠯᠳᠠᠭᠠᠨ ᠢᠶᠠᠷ ᠰᠢᠯᠭᠠᠬᠤ᠂ ᠰᠢᠯᠭᠠᠨ ᠬᠢᠨᠠᠬᠤ ᠪᠤᠶᠤ ᠬᠡᠯᠪᠡᠷᠢ ᠶᠢ ᠨᠢ ᠥᠭᠡᠷᠡᠳᠣᠭᠦᠯᠦᠨ ᠰᠢᠯᠭᠠᠬᠤ ᠵᠡᠷᠭᠡ | ᠬᠡᠯᠪᠡᠷᠢ ᠶᠢ ᠬᠡᠷᠩᠯᠡᠨ ᠰᠢᠨ᠎ᠡ ᠰᠤᠷᠦᠬᠴᠢ ᠡᠯᠰᠡᠨ ᠠᠪᠴᠣ ᠪᠣᠯᠬᠤ ᠦᠭᠡᠢ᠃ ᠪᠠᠭ᠎ᠠ ᠰᠤᠷᠭᠠᠭᠤᠯᠢ᠂ ᠠᠩᠬ᠎ᠠ | ᠵᠡᠷᠭᠡ ᠶᠢᠨ ᠳᠤᠮᠳᠠᠳᠤ ᠰᠤᠷᠭᠠᠭᠤᠯᠢ ᠨᠢ ᠰᠤᠷᠭᠠᠭᠤᠯᠢ ᠳᠤ ᠣᠷᠣᠬᠰᠠᠨ ᠰᠢᠨ᠎ᠠ ᠰᠣᠷᠣᠭᠴᠢᠣᠨ ᠲᠠᠭᠠᠨ ︽ᠢᠯᠡ ᠪᠠᠷ | ᠠᠩᠬᠢ ᠬᠤᠪᠢᠶᠠᠬᠤ︾ ᠠᠷᠭ᠎ᠠ ᠶᠢ ᠬᠡᠷᠡᠭᠵᠢᠭᠦᠯᠵᠦ᠂ ᠰᠤᠷᠭᠠᠭᠤᠯᠢ ᠨᠢ ᠡᠯᠳᠡᠪ ᠵᠦᠢᠯ ᠤᠨ ᠨᠡᠷ᠎ᠡ ᠪᠠᠷ ᠭᠤᠣᠯᠳᠠᠯᠭᠠᠳᠣ | ᠠᠩᠭᠢ᠂ ᠲᠤᠷᠰᠢᠯᠲᠠ ᠶᠢᠨ ᠠᠩᠬᠢ ᠪᠠᠶᠢᠭᠤᠯᠵᠣ ᠪᠣᠯᠬᠤ ᠦᠭᠡᠢ ᠃ ᠠᠯᠪᠠᠨ ᠠᠴᠠ ᠡᠷᠬᠢᠯᠡᠭᠰᠡᠨ ᠰᠤᠷᠭᠠᠭᠤᠯᠢ᠂ | ᠠᠷᠠᠳ ᠠᠴᠠ ᠡᠷᠬᠢᠯᠡᠭᠰᠡᠨ ᠰᠤᠷᠭᠠᠭᠤᠯᠢ ᠬᠡᠰᠡᠨ ᠦᠭᠡᠢ ᠴᠥᠮ ᠰᠢᠯᠭᠠᠬᠤ᠂ ᠰᠢᠯᠭᠠᠨ ᠬᠢᠨᠠᠬᠤ ᠠᠷᠭ᠎ᠠ ᠮᠠᠶ᠋ᠢᠭ ᠢᠶᠠᠷ | ᠰᠤᠷᠤᠭᠴᠢ ᠰᠢᠯᠢᠵᠣ ᠰᠣᠩᠭᠤᠨ ᠡᠯᠰᠡᠵᠣ ᠪᠣᠯᠬᠤ ᠦᠭᠡᠢ᠃ | ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠳᠣ ᠦᠶ᠎ᠡ ᠳᠠᠬᠢ ᠰᠤᠷᠭᠠᠭᠤᠯᠢ ᠨᠤᠭᠤᠳ ᠬᠡᠰᠡᠭ ᠬᠤᠪᠢᠶᠠᠨ | ᠰᠤᠷᠤᠭᠴᠢ ᠡᠯᠰᠡᠬᠦ ᠠᠷᠭ᠎ᠠ ᠮᠠᠶ᠋ᠢᠭ ᠢᠶᠠᠷ ᠭᠤᠣᠯ ᠪᠣᠯᠭᠠᠬᠤ ᠬᠡᠷᠩᠳᠠᠢ᠃ ᠬᠤᠰᠢᠭᠤ ᠰᠢᠶᠠᠨ ︵ᠬᠤᠳᠠ᠂ ᠲᠣᠭᠤᠷᠢᠭ︶ | ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯ ᠠᠯᠪᠠᠨ | ᠵᠢᠷᠤᠮ ᠤᠨ ᠰᠤᠷᠭᠠᠨ ᠬᠥᠮᠦᠵᠢᠯ ᠤᠨ ᠱᠠᠳᠣ ᠦᠶ᠎ᠡ ᠳᠠᠬᠢ ᠰᠤᠷᠤᠭᠴᠢ ᠡᠯᠰᠡᠬᠦ ᠠᠵᠢᠯ ᠤᠨ ᠬᠠᠮᠢᠶᠠᠷᠤᠯᠲᠠ ᠶᠢᠨ | ᠭᠤᠣᠯ ᠴᠣᠭᠴᠠ ᠮᠥᠨ᠂ ᠲᠤᠬᠠᠶ ᠶᠢᠨ ᠭᠠᠵᠠᠷ ᠤᠨ ᠰᠣᠷᠣᠭᠴᠢ ᠶᠢᠨ ᠢᠷᠠᠯᠳᠠ ᠶᠢᠨ ᠬᠤᠪᠢᠷᠠᠯᠲᠠ ᠶᠢᠨ ᠪᠠᠶᠢᠳᠠᠯ ᠢ | ᠦᠨᠳᠦᠰᠦᠯᠡᠨ᠂ ᠣᠨ ᠤ ᠰᠤᠷᠤᠭᠴᠢ ᠡᠯᠰᠡᠬᠦ ᠠᠵᠢᠯ ᠤᠨ ᠲᠥᠰᠦᠯ ᠢᠶᠠᠨ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ | ᠠᠯᠪᠠᠨ ᠠᠴᠠ ᠡᠷᠬᠢᠯᠡᠭᠰᠡᠨ ᠰᠤᠷᠭᠠᠭᠤᠯᠢ ᠨᠢᠭᠡᠪᠣᠷᠢ ᠶᠢᠨ ᠰᠤᠷᠤᠭᠴᠢ ᠡᠯᠰᠡᠬᠦ ᠭᠦᠷᠢᠶ᠎ᠠ ᠬᠡᠪᠴᠢᠶ᠎ᠡ ᠶᠢ ᠵᠦᠢ | ᠵᠣᠬᠢᠰᠲᠠᠶ ᠵᠠᠭᠠᠭᠯᠠᠨ ᠲᠣᠭᠲᠠᠭᠠᠬᠤ ᠶᠢᠨ ᠬᠠᠮᠳᠣ᠂ ᠬᠡᠰᠡᠭ ᠬᠤᠪᠢᠶᠠᠬᠤ ᠬᠦᠷᠢᠶ᠎ᠡ ᠬᠡᠪᠴᠢᠶ᠎ᠡ᠂ ᠰᠤᠷᠤᠭᠴᠢ ᠡᠯᠰᠡᠬᠦ | ᠲᠥᠷᠥ ᠶᠢᠨ ᠪᠣᠳᠣᠯᠭ᠎ᠠ᠂ ᠰᠤᠷᠤᠭᠴᠢ ᠡᠯᠰᠡᠬᠦ ᠳᠡᠰ ᠳᠠᠷᠠᠭᠠᠯᠠᠯ ᠵᠡᠷᠭᠡ ᠪᠠᠨ ᠭᠡᠷ ᠤᠨ ᠠᠬᠠᠮᠠᠳ᠂ ᠨᠡᠶᠢᠭᠡᠮ ᠳᠤ | ᠣᠷᠢᠣᠡᠴᠢᠯᠠᠨ ᠨᠡᠶᠢᠲᠡᠯᠡᠬᠦ ᠬᠡᠷᠡᠭᠲᠡᠶ᠃ ᠰᠤᠷᠭᠠᠭᠤᠯᠢ ᠶᠢᠨ ᠬᠤᠭᠤᠷᠣᠨᠳᠣᠬᠢ ᠵᠥᠷᠢᠶ᠎ᠠ ᠨᠢ ᠢᠯᠡᠷᠬᠡᠶ ᠪᠠᠶᠢᠬᠤ ᠬᠤᠰᠢᠭᠤ | ᠰᠢᠶᠠᠨ ︵ᠬᠤᠳᠠ᠂ ᠲᠣᠭᠤᠷᠢᠭ︶ ᠨᠢ ᠤᠯᠠᠨ ᠰᠤᠷᠭᠠᠭᠤᠯᠢ ᠪᠠᠷ ᠬᠡᠰᠡᠭ ᠬᠤᠪᠢᠶᠠᠬᠤ ᠶᠢ ᠬᠡᠷᠩᠵᠢᠭᠦᠯᠣᠨ᠂ ᠬᠡᠰᠡᠭ | ᠲᠣᠭᠤᠷᠢᠭ ᠨᠢᠭᠡᠪᠣᠷᠢ ᠳᠤ ᠴᠥᠮ ᠴᠢᠨᠠᠷᠵᠢᠭᠤᠨ ᠰᠤᠷᠭᠠᠭᠤᠯᠢ ᠲᠠᠢ ᠪᠠᠶᠢᠯᠭᠠᠬᠤ᠂ ᠬᠡᠰᠡᠭ ᠲᠣᠭᠤᠷᠢᠭ ᠨᠢᠭᠡᠪᠣᠷᠢ ᠶᠢᠨ | ᠰᠤᠷᠭᠠᠭᠤᠯᠢ ᠡᠷᠬᠢᠯᠡᠬᠦ ᠶᠠᠰᠤ ᠴᠢᠨᠠᠷ ᠨᠢ ᠶᠡᠭᠡ ᠲᠥᠯᠥᠪ ᠲᠡᠭᠡᠨ ᠠᠳᠠᠯᠢᠬᠠᠨ ᠪᠠᠶᠢᠬᠤ ᠶᠢ ᠦᠨᠡᠡᠭᠦ ᠪᠠᠲᠤᠯᠠᠬᠤ | ᠬᠡᠷᠡᠭᠲᠡᠶ᠃ | ᠰᠢᠶᠠᠨ ᠤ ᠬᠡᠪᠴᠢᠶᠡᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠢ ᠲᠡᠩᠴᠡᠭᠦᠷᠢᠲᠡᠶ ᠬᠥᠭᠵᠢᠭᠦᠯᠬᠦ ᠶᠢ | ᠬᠦᠴᠦᠳᠡᠢ ᠠᠬᠢᠭᠤᠯᠵᠤ᠂ ᠲᠣᠬᠠᠢ ᠶᠢᠨ ᠭᠠᠵᠠᠷ ᠲᠠᠭᠠᠨ ᠲᠣᠬᠢᠷᠠᠭᠤᠯᠤᠨ᠂ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠰᠢᠯᠭᠠᠬᠤ ᠦᠭᠡᠢ ᠪᠠᠷ ᠦᠢᠷ᠎ᠡ ᠬᠠᠪᠢ ᠶᠢᠨ ᠰᠤᠷᠭᠠᠭᠤᠯᠢ ᠳᠤ ᠣᠷᠣᠭᠤᠯᠬᠤ ᠶᠢᠨ ᠪᠣᠳᠠᠲᠠᠶ ᠠᠷᠭ᠎ᠠ ᠶᠢ | ᠳᠠᠰᠣᠷᠠᠯᠳᠠ ᠦᠭᠡᠢ ᠳᠡᠭᠦᠯᠳᠡᠷᠵᠢᠭᠦᠯᠣᠨ᠂ ᠰᠣᠷᠭᠠᠭᠤᠯᠢ ᠶᠢᠨ ᠲᠣᠭᠤᠷᠢᠭ ᠤᠨ ᠲᠦᠷᠢᠮ ᠪᠠ ᠶᠢᠰᠦᠨ ᠵᠢᠯ ᠳᠤ | ᠢᠮᠠᠭᠲᠠ ᠰᠢᠰᠲ᠋ᠤᠮᠵᠢᠭᠦᠯᠣᠨ ᠰᠤᠷᠤᠭᠴᠢ ᠡᠯᠰᠡᠬᠦ ᠶᠢ ᠠᠯᠬᠤᠮ ᠠᠯᠬᠤᠮ ᠢᠶᠠᠷ ᠲᠤᠷᠰᠢᠨ ᠬᠡᠷᠡᠭᠵᠢᠭᠦᠯᠵᠣ᠂ | ᠰᠤᠷᠭᠠᠭᠤᠯᠢ ᠰᠣᠩᠭᠤᠬᠤ ᠶᠢᠨ ᠬᠦᠴᠢᠷ ᠠᠰᠠᠭᠤᠳᠠᠯ ᠤᠳ ᠢ ᠰᠢᠢᠣᠡᠪᠣᠷᠢᠯᠡᠭᠦ ᠬᠡᠷᠩᠳᠠᠢ᠃ ᠥᠨᠳᠥᠷ ᠵᠡᠷᠭᠡ ᠶᠢᠨ | ᠳᠤᠮᠳᠠᠳᠤ ᠰᠤᠷᠭᠠᠭᠤᠯᠢ ᠶᠢᠨ ᠱᠠᠳᠣ ᠦᠶ᠎ᠡ ᠳᠠᠬᠢ ᠰᠤᠷᠭᠠᠭᠤᠯᠢ ᠶᠢᠨ ᠰᠢᠯᠭᠠᠯᠲᠠ ᠪᠠᠷ ᠰᠤᠷᠤᠭᠴᠢ ᠡᠯᠰᠡᠬᠦ ᠠᠷᠭ᠎ᠠ | ᠮᠠᠶ᠋ᠢᠭ ᠢ ᠦᠭᠡᠷᠡᠴᠢᠯᠡᠨ ᠰᠠᠶᠢᠵᠢᠷᠠᠭᠤᠯᠬᠤ ᠬᠡᠷᠩᠳᠠᠢ᠃ ᠴᠢᠨᠠᠷᠵᠢᠭᠤᠨ ᠡᠩ ᠤᠨ ᠥᠨᠳᠥᠷ ᠵᠡᠷᠭᠡ ᠶᠢᠨ ᠳᠤᠮᠳᠠᠳᠤ | ᠰᠤᠷᠭᠠᠭᠤᠯᠢ ᠪᠠ ᠴᠢᠨᠠᠷᠵᠢᠭᠤᠨ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠤᠭᠴᠢ ᠡᠯᠰᠡᠬᠦ | ᠲᠤᠭ᠎ᠠ ᠶᠢ ᠣᠷᠣᠨ ᠪᠦᠰᠠᠨ ᠤ ᠳᠣᠲᠣᠷᠠᠬᠢ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠳᠤ ᠵᠦᠢ ᠵᠣᠬᠢᠰᠲᠠᠶ ᠪᠠᠷ | ᠬᠤᠪᠢᠶᠠᠷᠢᠯᠠᠬᠤ ᠠᠷᠭ᠎ᠠ ᠶᠢ ᠬᠡᠷᠩᠵᠢᠭᠦᠯᠭᠦ ᠬᠡᠷᠩᠳᠠᠢ᠃ | ᠠᠷᠠᠳ ᠠᠴᠠ ᠡᠷᠬᠢᠯᠡᠭᠰᠡᠨ ᠲᠣᠮᠳᠠᠳᠣ ᠪᠠᠭ᠎ᠠ ᠰᠤᠷᠭᠠᠭᠤᠯᠢ ᠶᠢᠨ ᠲᠤᠰ ᠵᠠᠰᠠᠭ ᠵᠠᠬᠢᠷᠭᠠᠨ ᠤ ᠭᠦᠷᠢᠶ᠎ᠡ | ᠬᠡᠪᠴᠢᠶᠡᠨ ᠤ ᠲᠣᠳᠣᠷ᠎ᠡ ᠪᠠᠨ ᠰᠤᠷᠤᠭᠴᠢ ᠡᠯᠰᠡᠬᠦ ᠶᠢ ᠵᠣᠷᠢᠬᠵᠢᠭᠤᠯᠬᠤ ᠪᠠ ᠬᠥᠲᠥᠯᠥᠨ ᠵᠢᠯᠣᠭᠤᠳᠴᠤ᠂ ᠣᠨᠳᠣᠣ | ᠭᠠᠵᠠᠷ ᠲᠤ ᠭᠦᠷᠴᠣ ᠰᠢᠯᠭᠠᠯᠲᠠ ᠪᠠᠷ ᠰᠢᠯᠢᠨ ᠰᠣᠩᠭᠤᠬᠤ ᠶᠢ ᠵᠣᠬᠢᠶᠠᠨ ᠪᠠᠶᠢᠭᠤᠯᠵᠣ ᠪᠣᠯᠬᠤ ᠦᠭᠡᠶ᠃ ᠨᠡᠶᠢᠭᠡᠮ ᠤᠨ | ᠪᠣᠯᠪᠠᠰᠤᠷᠠᠭᠤᠯᠤᠯ ᠤᠨ ᠪᠠᠶᠢᠭᠤᠯᠤᠮᠵᠢ ᠲᠠᠢ ᠬᠤᠷᠰᠢᠯᠴᠠᠬᠤ ᠪᠣᠶᠣ ᠲᠡᠳᠡᠨ ᠳᠤ ᠨᠠᠶᠢᠳᠠᠵᠤ ︽ᠣᠷᠣ ᠡᠵᠡᠯᠡᠬᠦ ᠠᠩᠭᠢ︾ | ᠡᠷᠬᠢᠯᠡᠵᠣ ᠪᠠᠶᠢᠭᠠᠣᠨ ᠰᠤᠷᠤᠭᠴᠢ ᠰᠢᠯᠢᠨ ᠰᠣᠩᠭᠤᠵᠣ᠂ ᠰᠤᠷᠤᠭᠴᠢᠳ ᠤᠨ ᠬᠢᠴᠢᠶᠡᠯ ᠪᠠ ᠠᠵᠤ ᠠᠬᠤᠶ ᠶᠢᠨ | ᠳᠠᠷᠤᠭᠠᠰᠤ ᠶᠢ ᠬᠦᠨᠳᠦᠷᠡᠭᠦᠯᠣᠭ᠍ᠰᠡᠨ ᠪᠠᠶᠢᠪᠡᠯ ᠴᠢᠩᠭ᠎ᠠ ᠪᠠᠶᠢᠴᠠᠭᠠᠨ ᠰᠢᠢᠣᠡᠪᠣᠷᠢᠯᠡᠭᠦ ᠬᠡᠷᠡᠭᠲᠡᠶ᠃ ᠬᠤᠲᠠ ᠳᠤ ᠣᠷᠣᠵᠤ | ᠠᠵᠢᠯ ᠬᠥᠳᠡᠯᠮᠦᠷᠢ ᠬᠢᠭᠰᠡᠳ ᠤᠨ ᠳᠠᠭᠠᠵᠤ ᠨᠡᠭᠦᠭᠰᠡᠨ ᠦᠷ᠎ᠡ ᠬᠡᠦᠬᠡᠳ ᠨᠢ ᠠᠯᠪᠠᠨ ᠵᠢᠷᠤᠮ ᠤᠨ ᠰᠤᠷᠭᠠᠨ ᠬᠥᠮᠦᠵᠢᠯ | ᠬᠦᠷᠲᠡᠭᠦ ᠳᠤ ᠰᠦᠢᠳᠬᠡᠯ ᠬᠤᠷᠢᠶᠠᠵᠤ ᠪᠣᠯᠬᠤ ᠤᠶᠢᠭᠡᠢ᠃ | ᠬᠤᠳᠠ ᠳᠤ ᠣᠷᠣᠵᠤ ᠠᠵᠢᠯ ᠬᠥᠳᠡᠯᠮᠦᠷᠢ ᠬᠢᠭᠰᠡᠳ ᠤᠨ ᠳᠠᠭᠠᠵᠤ ᠨᠡᠭᠦᠭᠰᠡᠨ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠱᠠᠳᠣ ᠦᠶ᠎ᠡ ᠳᠠᠬᠢ ᠰᠤᠷᠬᠤ ᠨᠠᠰᠤᠨ ᠤ ᠦᠷ᠎ᠡ ᠬᠡᠦᠬᠡᠳ ᠤᠨ ᠰᠤᠷᠭᠠᠭᠤᠯᠢ ᠳᠤ ᠣᠷᠣᠬᠤ ᠶᠢ | ᠪᠠᠳᠣᠯᠠᠬᠤ ᠶᠢᠨ ᠲᠤᠰᠠᠳᠠ᠂ ᠬᠤᠰᠢᠭᠤ ᠰᠢᠶᠠᠨ ︵ᠬᠤᠳᠠ᠂ ᠲᠣᠭᠤᠷᠢᠭ︶ ᠤ ᠰᠤᠷᠭᠠᠨ ᠬᠥᠮᠦᠵᠢᠯ ᠤᠨ ᠵᠠᠰᠠᠭ | ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠠᠯᠪᠠᠨ ᠤ ᠰᠦᠯᠵᠢᠶᠡᠨ ᠳᠡᠭᠡᠷ᠎ᠡ ᠰᠤᠷᠭᠠᠭᠤᠯᠢ ᠳᠤ | ᠣᠷᠣᠬᠤ ᠲᠦᠷᠣ ᠶᠢᠨ ᠪᠣᠳᠣᠯᠭ᠎ᠠ ᠶᠢ ᠨᠡᠶᠢᠲᠡᠯᠡᠵᠦ᠂ ᠲᠤᠰᠬᠠᠶ ᠦᠢᠯᠡᠴᠢᠯᠡᠭᠡᠨ ᠤ ᠲᠢᠩᠬᠢᠮ ᠪᠤᠶᠤ ᠦᠢᠯᠡᠴᠢᠯᠡᠭᠦ | ᠴᠣᠩᠬᠤ ᠭᠠᠷᠭᠠᠵᠣ᠂ ᠠᠰᠠᠭᠤᠨ ᠯᠠᠪᠯᠠᠬᠤ ᠤᠲᠠᠰᠤ ᠪᠠ ᠰᠤᠷᠭᠠᠭᠤᠯᠢ ᠳᠤ ᠣᠷᠣᠬᠤ ᠨᠥᠬᠦᠴᠡᠯ ᠢ ᠨᠠᠶᠢᠳᠡᠯᠠᠨ᠂ | ᠭᠡᠷ ᠤᠨ ᠠᠬᠠᠮᠠᠳ ᠤᠨ ᠯᠠᠪᠯᠠᠯᠭ᠎ᠠ ᠶᠢ ᠭᠦᠯᠢᠶᠡᠭᠦ ᠬᠡᠷᠩᠳᠠᠢ᠃ ︽ᠰᠢᠯᠵᠢᠵᠦ ᠤᠷᠤᠭᠰᠠᠨ ᠭᠠᠵᠠᠷ ᠤᠨ ᠵᠠᠰᠠᠭ ᠤᠨ | ᠣᠷᠳᠣᠨ ᠢᠶᠠᠷ ᠭᠤᠣᠯ ᠪᠣᠯᠭᠠᠬᠤ᠂ ᠠᠯᠪᠠᠨ ᠠᠴᠠ ᠡᠷᠭᠢᠯᠡᠭᠰᠡᠨ ᠪᠦᠬᠦᠯᠢ ᠡᠳᠦᠷ ᠤᠨ ᠳᠦᠷᠢᠮᠲᠦ ᠰᠤᠷᠭᠠᠭᠤᠯᠢ ᠢᠶᠠᠷ | ᠭᠤᠣᠯ ᠪᠣᠯᠭᠠᠬᠤ︾ ᠵᠠᠷᠴᠢᠮ ᠢ ᠪᠠᠷᠢᠮᠳᠠᠯᠠᠵᠣ᠂ ᠬᠤᠳᠠ ᠳᠤ ᠣᠷᠣᠵᠤ ᠠᠵᠢᠯ ᠬᠥᠳᠡᠯᠮᠦᠷᠢ ᠬᠢᠭᠰᠡᠳ ᠤᠨ ᠳᠠᠭᠠᠵᠤ | ᠨᠡᠭᠦᠭᠰᠡᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠳᠣ ᠦᠶ᠎ᠡ ᠳᠠᠬᠢ ᠰᠤᠷᠬᠤ ᠨᠠᠰᠤᠨ ᠤ ᠦᠷ᠎ᠡ | ᠬᠡᠦᠬᠡᠳ ᠤᠨ ᠠᠯᠪᠠᠨ ᠠᠴᠠ ᠡᠷᠬᠢᠯᠡᠭᠰᠡᠨ ᠰᠤᠷᠭᠠᠭᠤᠯᠢ ᠳᠤ ᠣᠷᠣᠵᠣ ᠰᠤᠷᠤᠯᠴᠠᠬᠤ ᠶᠢ ᠨᠢᠭᠡᠳᠦᠯᠲᠡᠶ ᠲᠥᠯᠥᠪᠯᠡᠨ | ᠰᠠᠶᠢᠲᠤᠷ ᠲᠣᠬᠢᠷᠠᠭᠤᠯᠵᠣ᠂ ᠶᠠᠮᠠᠷ ᠴᠤ ᠰᠦᠢᠳᠬᠡᠯ ᠬᠤᠷᠢᠶᠠᠵᠤ ᠪᠣᠯᠬᠤ ᠤᠶᠢᠭᠡᠢ᠃ ᠡᠭᠦᠨ ᠤ ᠬᠠᠮᠲᠤ᠂ ︽ᠬᠥᠮᠦᠨ | ᠬᠢᠭᠡᠣᠨ ᠡᠷᠣᠭᠡ ᠠᠮᠨ ᠶᠢᠨ ᠳᠠᠩᠰᠨ ᠨᠢ ᠨᠢᠭᠡᠳᠣᠯᠳᠠᠢ ᠪᠠᠶᠢᠬᠤ︾ ᠵᠠᠷᠴᠢᠮ ᠶᠣᠰᠣᠭᠠᠷ᠂ ᠰᠢᠨ᠎ᠡ ᠰᠣᠷᠣᠭᠴᠢ ᠶᠢᠨ | ᠰᠤᠷᠭᠠᠭᠤᠯᠢ ᠶᠢᠨ ᠬᠠᠷᠢᠶᠠᠯᠠᠯ ᠢ ᠳᠠᠩᠰᠠᠯᠠᠨ ᠳᠡᠮᠳᠡᠭᠯᠡᠭᠦ ᠪᠠ ᠰᠢᠯᠵᠢᠭᠦᠯᠣᠨ ᠭᠦᠯᠢᠶᠡᠵᠣ ᠠᠪᠬᠤ ᠭᠠᠷᠳᠠᠮ ᠢ ᠨᠢ | ᠲᠠᠷᠦ᠋ᠢᠬᠠᠨ ᠭᠦᠢᠴᠡᠣᠡᠭᠡᠵᠣ ᠦᠭᠭᠦ ᠬᠡᠷᠡᠭᠲᠡᠶ᠃ | ︵ᠬᠤᠶᠠᠷ︶ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠭᠡᠮᠵᠢᠶ᠎ᠠ ᠶᠢᠨ | ᠰᠢᠯᠭᠠᠯᠲᠠ ᠪᠣᠯᠤᠨ ᠶᠡᠷᠣᠩᠭᠡᠶᠢᠯᠡᠭᠰᠡᠨ ᠬᠡᠪ ᠴᠢᠨᠠᠷ ᠤᠨ ᠦᠨᠡᠯᠡᠯᠲᠡ ᠶᠢᠨ ᠳᠦᠷᠢᠮ ᠤᠨ ᠲᠣᠬᠠᠢ᠃ | ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠢᠴᠢᠶᠡᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠣᠨ᠂ | ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠲᠡᠩᠴᠡᠭᠦᠷᠢᠲᠡᠶ ᠬᠥᠭᠵᠢᠭᠦ ᠶᠢ ᠠᠬᠢᠭᠤᠯᠵᠤ᠂ ᠰᠤᠷᠤᠭᠴᠢᠳ ᠤᠨ | ᠡᠷᠡᠭᠦᠯ ᠴᠢᠬᠢᠷᠠᠭ ᠢᠶᠠᠷ ᠦᠰᠦᠨ ᠪᠤᠶᠢᠵᠢᠬᠤ ᠶᠢ ᠠᠬᠢᠭᠤᠯᠬᠤ ᠶᠢᠨ ᠬᠠᠮᠳᠣ᠂ ᠡᠩ ᠤᠨ ᠥᠨᠳᠥᠷ ᠵᠡᠷᠭᠡ ᠶᠢᠨ | ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠭᠡᠮᠵᠢᠶ᠎ᠠ ᠶᠢᠨ ᠰᠢᠯᠭᠠᠯᠲᠠ ᠪᠣᠯᠤᠨ ᠶᠡᠷᠣᠩᠬᠡᠶᠢᠯᠡᠭᠰᠡᠨ ᠬᠡᠪ | ᠴᠢᠨᠠᠷ ᠤᠨ ᠦᠨᠡᠯᠡᠯᠲᠡ ᠶᠢᠨ ᠥᠭᠡᠷᠡᠴᠢᠯᠡᠯᠲᠡ ᠯᠦᠭᠡ ᠬᠠᠷᠢᠯᠴᠠᠨ ᠵᠣᠯᠭᠠᠭᠤᠯᠬᠤ ᠶᠢᠨ ᠲᠣᠰᠠᠳᠠ᠂ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢᠳ ᠤᠨ | ᠰᠤᠷᠤᠯᠭ᠎ᠠ ᠶᠢᠨ ᠬᠢᠷᠢ ᠭᠡᠮᠵᠢᠶ᠎ᠠ ᠶᠢᠨ ᠰᠢᠯᠭᠠᠯᠲᠠ ᠶᠢᠨ ᠲᠤᠬᠠᠶ ᠬᠡᠷᠡᠭᠵᠢᠭᠦᠯᠬᠦ ᠲᠥᠰᠦᠯ︾ ᠪᠠ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢᠳ ᠤᠨ | ᠶᠡᠷᠣᠩᠭᠡᠶᠢᠯᠡᠭᠰᠠᠨ ᠬᠡᠪ ᠴᠢᠨᠠᠷ ᠤᠨ ᠦᠨᠡᠯᠡᠯᠲᠡ ᠶᠢᠨ ᠲᠤᠬᠠᠶ ᠬᠡᠷᠡᠭᠵᠢᠭᠦᠯᠬᠦ ᠰᠠᠨᠠᠯ︾ ᠢ ᠰᠤᠳᠤᠯᠤᠨ ᠲᠣᠭᠲᠠᠭᠠᠵᠤ᠂ | ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠭᠡᠮᠵᠢᠶ᠎ᠠ ᠶᠢᠨ ᠰᠢᠯᠭᠠᠯᠲᠠ ᠶᠢᠨ ᠳᠦᠷᠢᠮ | ᠪᠠ ᠶᠡᠷᠣᠩᠭᠡᠶᠢᠯᠡᠭᠰᠠᠨ ᠬᠡᠪ ᠴᠢᠨᠠᠷ ᠤᠨ ᠦᠨᠡᠯᠡᠯᠳᠠ ᠶᠢᠨ ᠳᠦᠷᠢᠮ ᠢ ᠬᠡᠷᠩᠵᠢᠭᠦᠯᠵᠣ᠂ ᠠᠩᠬ᠎ᠠ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠭᠡᠮᠵᠢᠶ᠎ᠠ ᠶᠢᠨ ᠰᠢᠯᠭᠠᠯᠲᠠ ᠪᠣᠯᠤᠨ ᠶᠡᠷᠣᠩᠬᠡᠶᠢᠯᠡᠭᠰᠠᠨ ᠬᠡᠪ ᠴᠢᠨᠠᠷ ᠤᠨ | ᠦᠨᠡᠯᠡᠯᠳᠠ ᠶᠢᠨ ᠦᠷ᠎ᠡ ᠳ᠋ᠦᠩ ᠢᠶᠠᠷ ᠰᠤᠷᠭᠠᠭᠤᠯᠢ ᠳᠡᠪᠰᠢᠭᠦ ᠶᠢᠨ ᠦᠨᠳᠣᠰᠣᠯᠡᠯ ᠪᠣᠯᠭᠠᠬᠤ ᠬᠡᠷᠩᠳᠠᠢ᠃ | ︵ᠭᠤᠷᠪᠠ︶ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ | ᠭᠡᠮᠵᠢᠶ᠎ᠠ ᠶᠢᠨ ᠰᠢᠯᠭᠠᠯᠲᠠ ᠪᠣᠯᠤᠨ ᠶᠡᠷᠣᠩᠬᠡᠶᠢᠯᠡᠭᠰᠠᠨ ᠬᠡᠪ ᠴᠢᠨᠠᠷ ᠤᠨ ᠦᠨᠡᠯᠡᠯᠲᠡ ᠶᠢᠨ ᠳᠦᠷᠢᠮ ᠤᠨ ᠲᠤᠬᠠᠶ᠃ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠩ ᠤᠨ ᠥᠨᠳᠥᠷ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠭᠡᠮᠵᠢᠶ᠎ᠠ ᠶᠢᠨ ᠰᠢᠯᠭᠠᠯᠲᠠ ᠶᠢᠨ ᠬᠡᠷᠡᠭᠵᠢᠭᠦᠯᠬᠦ ᠠᠷᠭ᠎ᠠ︾ ᠪᠠ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ | ᠰᠤᠷᠤᠭᠴᠢᠣᠨ ᠤᠨ ᠶᠡᠷᠣᠩᠬᠡᠶᠢᠯᠡᠭᠰᠠᠨ ᠬᠡᠪ ᠴᠢᠨᠠᠷ ᠤᠨ ᠦᠨᠡᠯᠡᠯᠲᠡ ᠶᠢᠨ ᠬᠡᠷᠡᠭᠵᠢᠭᠦᠯᠬᠦ ᠠᠷᠭ᠎ᠠ︾ ᠶᠢ ᠲᠣᠭᠳᠠᠭᠠᠵᠣ᠂ | ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠭᠡᠮᠵᠢᠶ᠎ᠠ ᠶᠢᠨ ᠰᠢᠯᠭᠠᠯᠲᠠ ᠶᠢᠨ ᠳᠦᠷᠢᠮ | ᠪᠠ ᠶᠡᠷᠣᠩᠬᠡᠶᠢᠯᠡᠭᠰᠠᠨ ᠬᠡᠪ ᠴᠢᠨᠠᠷ ᠤᠨ ᠦᠨᠡᠯᠡᠯᠳᠠ ᠶᠢᠨ ᠳᠦᠷᠢᠮ ᠢ ᠬᠡᠷᠡᠭᠵᠢᠭᠦᠯᠭᠦ ᠬᠡᠷᠩᠳᠠᠢ᠃ | 1.ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠭᠡᠮᠵᠢᠶ᠎ᠠ ᠶᠢᠨ | ᠰᠢᠯᠭᠠᠯᠲᠠ᠃ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠭᠡᠮᠵᠢᠶ᠎ᠠ ᠶᠢᠨ | ᠰᠢᠯᠭᠠᠯᠲᠠ ᠶᠢᠨ ᠬᠢᠷᠢ ᠪᠦᠲᠦᠮᠵᠢ ᠨᠢ ᠰᠤᠷᠤᠭᠴᠢ ᠶᠢᠨ ᠰᠤᠷᠭᠠᠭᠤᠯᠢ ᠲᠡᠭᠦᠰᠬᠦ ᠪᠠ ᠰᠤᠷᠭᠠᠭᠤᠯᠢ ᠳᠡᠪᠰᠢᠬᠦ ᠶᠢᠨ | ᠴᠢᠬᠤᠯᠠ ᠦᠨᠳᠦᠰᠣᠯᠡᠯ ᠪᠣᠯᠵᠣ᠂ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠣᠷᠣᠭᠴᠢ ᠶᠢᠨ | ᠰᠤᠷᠤᠯᠭ᠎ᠠ ᠶᠢᠨ ᠬᠢᠷᠢ ᠲᠦᠪᠰᠢᠨ ᠢ ᠭᠡᠮᠵᠢᠭᠦ ᠶᠢᠨ ᠦᠨᠳᠦᠰᠦᠨ ᠱᠠᠭᠠᠷᠳᠠᠯᠭ᠎ᠠ ᠪᠣᠯᠬᠤ ᠪᠦᠭᠡᠣᠨ ᠮᠦᠨᠴᠣ | ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠪᠠᠶᠢᠳᠠᠯ ᠳᠤ ᠵᠠᠳᠠᠯᠤᠯᠲᠠ ᠬᠢᠵᠣ᠂ ᠰᠤᠷᠭᠠᠭᠤᠯᠢ᠂ ᠪᠠᠭᠰᠢ ᠨᠠᠷ ᠢ | ᠵᠢᠯᠣᠭᠤᠣᠡᠴᠣ ᠵᠢᠭᠠᠨ ᠰᠤᠷᠭᠠᠬᠤ ᠪᠠᠨ ᠦᠭᠡᠷᠡᠴᠢᠯᠡᠨ ᠰᠠᠶᠢᠵᠢᠷᠠᠭᠤᠯᠬᠤ ᠳᠤ ᠯᠠᠪᠯᠠᠯᠲᠠ ᠶᠢᠨ ᠴᠢᠨᠠᠷᠲᠠᠶ ᠦᠨᠳᠦᠰᠣᠯᠡᠯ | ᠪᠤᠯᠤᠨ᠎ᠠ᠃ | ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠭᠡᠮᠵᠢᠶ᠎ᠠ ᠶᠢᠨ | ᠰᠢᠯᠭᠠᠯᠲᠠ ᠶᠢ ᠬᠡᠷᠩᠵᠢᠭᠦᠯᠭᠦ ᠬᠢᠴᠢᠶᠡᠯ ᠲᠥᠷᠥᠯ ᠤᠨ ᠭᠦᠷᠢᠶ᠎ᠡ ᠬᠡᠪᠴᠢᠶ᠎ᠡ ᠶᠢ ᠪᠣᠯ ᠥᠪᠡᠷᠲᠡᠭᠡᠨ ᠵᠠᠰᠠᠬᠤ | ᠣᠷᠣᠨ ᠠᠴᠠ ᠤᠯᠤᠰ ᠤᠨ ᠬᠢᠴᠢᠶᠡᠯ ᠤᠨ ᠲᠥᠰᠦᠯ ᠪᠠ ᠰᠢᠨᠵᠢᠯᠡᠭᠡᠨ ᠤ ᠬᠢᠴᠢᠶᠡᠯ ᠤᠨ ᠪᠠᠷᠢᠮᠵᠢᠶ᠎ᠠ ᠪᠠᠷ ᠦᠨᠳᠣᠰᠣᠯᠡᠨ | ᠲᠣᠭᠲᠠᠭᠠᠨ᠎ᠠ᠃ 2018 ᠣᠨ ᠤ ᠨᠠᠮᠣᠷ ᠤᠨ ᠣᠯᠠᠷᠢᠯ ᠠᠴᠠ ᠡᠬᠢᠯᠡᠨ᠂ ᠮᠠᠨ ᠤ ᠣᠷᠣᠨ ᠤ ᠡᠩ ᠤᠨ ᠥᠨᠳᠥᠷ | ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠭᠤᠯᠢ ᠶᠢᠨ ᠬᠠᠷᠢᠶ᠎ᠠ ᠶᠢ ᠣᠯᠣᠭᠰᠠᠨ ᠰᠤᠷᠭᠠᠭᠤᠯᠢ ᠳᠤ ᠪᠠᠶᠢᠬᠤ | ᠰᠢᠨ᠎ᠡ ᠰᠤᠷᠤᠭᠴᠢ ᠵᠢᠴᠢ ᠬᠡᠷᠡᠭᠴᠡᠭᠡ ᠱᠠᠭᠠᠷᠳᠠᠯᠭ᠎ᠠ ᠪᠦᠭᠦᠢ ᠨᠡᠶᠢᠭᠡᠮ ᠤᠨ ᠬᠥᠮᠦᠰ ᠴᠦᠮ ᠥᠨᠳᠥᠷ ᠵᠡᠷᠭᠡ ᠶᠢᠨ | ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠭᠡᠮᠵᠢᠶ᠎ᠠ ᠶᠢᠨ ᠰᠢᠯᠭᠠᠯᠲᠠ ᠳᠤ ᠣᠷᠣᠯᠴᠠᠵᠤ ᠪᠣᠯᠤᠨ᠎ᠠ᠃ | 2018 ᠣᠨ ᠤ ᠨᠠᠮᠤᠷ ᠤᠨ ᠣᠯᠠᠷᠢᠯ ᠠᠴᠠ ᠡᠮᠦᠨ᠎ᠡ ᠰᠤᠷᠭᠠᠭᠤᠯᠢ ᠳᠤ ᠤᠷᠤᠭᠰᠠᠨ ᠰᠣᠷᠭᠠᠭᠤᠯᠢ ᠶᠢᠨ ᠬᠠᠷᠢᠶ᠎ᠠ ᠳᠤ | ᠪᠠᠶᠢᠬᠤ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢᠳ ᠤᠨ ᠰᠤᠷᠤᠯᠭ᠎ᠠ ᠶᠢᠨ ᠬᠢᠷᠢ | ᠭᠡᠮᠵᠢᠶ᠎ᠠ ᠶᠢᠨ ᠰᠢᠯᠭᠠᠯᠲᠠ ᠳᠤ ᠮᠥᠨ ᠤᠳᠤ ᠶᠢᠨ ︽ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ | ᠰᠤᠷᠤᠯᠭ᠎ᠠ ᠶᠢᠨ ᠬᠢᠷᠢ ᠭᠡᠮᠵᠢᠶ᠎ᠠ ᠶᠢᠨ ᠰᠢᠯᠭᠠᠯᠲᠠ ᠶᠢᠨ ᠲᠥᠰᠦᠯ︾ ᠢ ᠬᠡᠷᠡᠭᠵᠢᠭᠦᠯᠭᠦ ᠬᠡᠷᠩᠳᠠᠢ᠃ | ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠭᠡᠮᠵᠢᠶ᠎ᠠ ᠶᠢᠨ | ᠰᠢᠯᠭᠠᠯᠲᠠ ᠶᠢ ︽ᠵᠡᠷᠭᠡ ᠳᠡᠰ ᠤᠨ ᠰᠢᠯᠭᠠᠯᠲᠠ︾ ᠪᠠ ︽ᠬᠢᠷᠢ ᠲᠡᠩᠴᠡᠭᠦ ᠰᠢᠯᠭᠠᠯᠲᠠ︾ ᠭᠡᠵᠦ ᠬᠤᠶᠠᠷ ᠲᠦᠷᠣᠯ | ᠬᠤᠪᠢᠶᠠᠨ᠎ᠠ᠃ ᠥᠪᠡᠷᠲᠡᠭᠡᠨ ᠵᠠᠰᠠᠬᠤ ᠣᠷᠣᠨ ᠠᠴᠠ ︽ᠬᠢᠷᠢ ᠲᠡᠩᠴᠡᠭᠦ ᠰᠢᠯᠭᠠᠯᠲᠠ︾ ᠪᠠ ︽ᠵᠡᠷᠭᠡ ᠳᠡᠰ ᠤᠨ | ᠰᠢᠯᠭᠠᠯᠲᠠ︾ ᠶᠢ ᠨᠢᠭᠡᠳᠦᠯᠲᠡᠶ ᠵᠣᠬᠢᠶᠠᠨ ᠪᠠᠶᠢᠭᠤᠯᠣᠨ᠎ᠠ᠃ ᠰᠤᠷᠤᠭᠴᠢᠳ ︽ᠵᠡᠷᠭᠡ ᠳᠡᠰ ᠤᠨ ᠰᠢᠯᠭᠠᠯᠲᠠ ︾ ᠳᠤ | ᠣᠷᠣᠯᠴᠠᠬᠤ ᠦᠶᠡᠰ᠂ ᠥᠪᠡᠷ ᠤᠨ ᠳᠤᠷ᠎ᠠ ᠰᠣᠨᠢᠷᠬᠠᠯ᠂ ᠴᠢᠳᠠᠪᠤᠷᠢ ᠪᠠ ᠬᠥᠭᠵᠢᠭᠦ ᠬᠠᠨᠳᠣᠰᠢ ᠪᠠᠨ | ᠦᠨᠳᠣᠰᠣᠯᠡᠭᠦ ᠶᠢᠨ ᠬᠠᠮᠳᠣ᠂ ᠳᠡᠭᠡᠳᠦ ᠵᠡᠷᠭᠡ ᠶᠢᠨ ᠰᠤᠷᠭᠠᠭᠤᠯᠢ ᠶᠢᠨ ᠰᠤᠷᠤᠭᠴᠢ ᠡᠯᠰᠡᠬᠦ ᠨᠥᠬᠦᠴᠡᠯ | ᠱᠠᠭᠠᠷᠳᠠᠯᠭ᠎ᠠ ᠪᠠᠷ ᠯᠠᠪᠯᠠᠯᠲᠠ ᠪᠣᠯᠭᠠᠨ᠂ ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ 6 ᠬᠢᠴᠢᠶᠡᠯ | ᠲᠦᠷᠣᠯ ᠤᠨ ᠳᠣᠲᠣᠷ᠎ᠡ ᠠᠴᠠ 3 ᠬᠢᠴᠢᠶᠡᠯ ᠲᠥᠷᠥᠯ ᠢ ᠥᠪᠡᠰᠦᠪᠡᠨ ᠡᠵᠡᠨ ᠮᠡᠳᠡᠨ ᠰᠣᠩᠭᠤᠨ ᠰᠢᠯᠭᠠᠵᠣ ᠪᠣᠯᠤᠨ᠎ᠠ᠃ | ︽ᠬᠢᠷᠢ ᠲᠡᠩᠴᠡᠭᠦ ᠰᠢᠯᠭᠠᠯᠲᠠ︾ ᠨᠢ ︽ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ | ᠬᠢᠴᠢᠶᠡᠯ ᠤᠨ ᠲᠥᠰᠦᠯ ︵ᠲᠤᠷᠰᠢᠯᠲᠠ︶︾ ᠳᠤ ᠲᠣᠭᠲᠠᠭᠠᠭᠰᠠᠨ ᠪᠦᠭᠦ ᠬᠡᠴᠢᠶᠠᠯ ᠤᠳ ᠢ ᠬᠠᠮᠣᠷᠴᠣ᠂ ᠡᠭᠦᠨ ᠳᠤ | ᠬᠡᠯᠡ ᠪᠢᠴᠢᠭ᠂ ᠲᠣᠭᠠᠨ ᠤ ᠤᠬᠠᠭᠠᠨ᠂ ᠭᠠᠳᠠᠭᠠᠳᠤ ᠬᠡᠯᠡ᠂ ᠦᠵᠡᠯ ᠰᠠᠨᠠᠭ᠎ᠠ ᠤᠯᠤᠰ ᠲᠥᠷᠥ᠂ ᠲᠡᠦᠬᠡ᠂ ᠭᠠᠵᠠᠷ | ᠵᠦᠢ᠂ ᠹᠢᠽᠢᠺ᠂ ᠬᠢᠮᠢ᠂ ᠠᠮᠢᠳᠤ ᠪᠣᠳᠠᠰ ᠵᠡᠷᠭᠡ ᠬᠢᠴᠢᠶᠡᠯ ᠢ ᠥᠪᠡᠷᠲᠡᠭᠡᠨ ᠵᠠᠰᠠᠬᠤ ᠣᠷᠣᠨ ᠠᠴᠠ ᠨᠢᠭᠡᠳᠦᠯᠲᠡᠶ | ᠵᠣᠬᠢᠶᠠᠨ ᠪᠠᠶᠢᠭᠤᠯᠤᠨ ᠰᠢᠯᠭᠠᠨ᠎ᠠ︔ ᠤᠷᠠᠯᠢᠭ ︵ᠪᠤᠶᠤ ᠳᠠᠭᠤᠤ ᠬᠥᠭᠵᠢᠮ᠂ ᠤᠷᠠᠨ ᠵᠢᠷᠤᠭ︶᠂ ᠪᠡᠶ᠎ᠡ ᠶᠢᠨ ᠲᠠᠮᠢᠷ | ᠬᠢᠭᠡᠣᠨ ᠡᠷᠡᠭᠦᠯ ᠮᠡᠨᠳᠦ᠂ ᠨᠡᠶᠢᠳᠡᠮ ᠬᠡᠷᠡᠭᠯᠡᠭᠡᠨ ᠤ ᠮᠡᠷᠭᠡᠵᠢᠯ᠂ ᠮᠡᠳᠡᠭᠡ ᠵᠠᠩᠭᠢ ᠶᠢᠨ ᠮᠡᠷᠭᠡᠵᠢᠯ ᠤᠨ ᠰᠢᠯᠭᠠᠯᠲᠠ ᠳᠤ | ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠶ ᠪᠠᠷᠢᠮᠵᠢᠶ᠎ᠠ ᠶᠢ ᠬᠡᠷᠩᠯᠡᠨ᠂ ᠠᠶᠢᠮᠠᠭ ᠬᠤᠲᠠ ᠨᠤᠭᠤᠳ ᠵᠣᠬᠢᠶᠠᠨ | ᠪᠠᠶᠢᠭᠤᠯᠣᠨ ᠬᠡᠷᠩᠵᠢᠭᠦᠯᠭᠦ ᠠᠷᠭ᠎ᠠ ᠮᠠᠶ᠋ᠢᠭ ᠢᠶᠠᠷ ᠶᠠᠪᠣᠭᠳᠠᠭᠤᠯᠣᠨ᠎ᠠ᠃ ︽ᠬᠢᠷᠢ ᠲᠡᠩᠴᠡᠭᠦ ᠰᠢᠯᠭᠠᠯᠲᠠ︾ ᠶᠢᠨ ᠬᠢᠷᠢ | ᠪᠦᠲᠦᠮᠵᠢ ᠶᠢ ᠬᠢᠷᠢ ᠲᠡᠩᠴᠡᠭᠦ ᠪᠤᠶᠤ ᠬᠢᠷᠢ ᠲᠡᠩᠴᠡᠭᠦ ᠦᠭᠡᠢ ᠪᠠᠷ ᠢᠯᠡᠣᠡᠭᠡᠨᠠ᠃ ︽ᠵᠡᠷᠭᠡ ᠳᠡᠰ ᠤᠨ ᠰᠢᠯᠭᠠᠯᠲᠠ︾ | ᠶᠢᠨ ᠬᠢᠷᠢ ᠪᠦᠳᠣᠮᠵᠢ ᠶᠢ ᠵᠡᠷᠭᠡ ᠳᠡᠰ ᠢᠶᠠᠷ ᠢᠯᠡᠣᠡᠭᠡᠵᠣ᠂ A᠂ B᠂ C᠂ D᠂ E ᠲᠠᠪᠤᠨ ᠵᠡᠷᠭᠡ ᠳᠡᠰ | ᠬᠤᠪᠢᠶᠠᠵᠣ᠂ E ᠨᠢ ᠬᠢᠷᠢ ᠲᠡᠩᠴᠡᠭᠰᠡᠨ ᠦᠭᠡᠶ ᠶᠢ ᠢᠯᠡᠳᠬᠡᠨ᠎ᠠ᠂ ᠵᠠᠷᠴᠢᠮ ᠳᠡᠭᠡᠷ᠎ᠡ ᠪᠠᠨ A᠂ B᠂ C ᠵᠡᠷᠭᠡ | ᠳᠡᠰ ᠨᠢ ᠲᠤᠰ ᠲᠤᠰ 15%᠂ 30% ᠪᠣᠯᠣᠨ 40% ᠶᠢᠨ ᠬᠤᠪᠢ ᠶᠢ ᠡᠵᠡᠯᠡᠵᠣ᠂ D᠂ E ᠵᠡᠷᠭᠡ ᠳᠡᠰ ᠨᠢ | ᠨᠠᠶᠢᠳᠠ 15% ᠶᠢᠨ ᠬᠤᠪᠢ ᠶᠢ ᠡᠵᠡᠯᠠᠭᠦ ᠪᠣᠯᠣᠨ᠎ᠠ᠃ | ᠰᠤᠷᠤᠯᠭ᠎ᠠ ᠶᠢᠨ ᠬᠢᠷᠢ ᠬᠡᠮᠵᠢᠶ᠎ᠠ ᠶᠢᠨ ᠰᠢᠯᠭᠠᠯᠲᠠ ᠶᠢᠨ ᠬᠢᠷᠢ ᠪᠦᠲᠦᠮᠵᠢ ᠶᠢ ᠰᠣᠷᠣᠭᠴᠢ ᠶᠢᠨ ᠰᠤᠷᠭᠠᠭᠤᠯᠢ | ᠲᠡᠭᠦᠰᠭᠦ ᠶᠢᠨ ᠭᠤᠣᠯ ᠦᠨᠳᠦᠰᠣᠯᠡᠯ ᠪᠠ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠠᠳᠠᠯᠢ ᠳᠡᠰ ᠤᠨ | ᠰᠤᠷᠤᠯᠴᠠᠭᠰᠠᠨ ᠨᠠᠮᠲᠠᠷ ᠢᠶᠠᠷ ᠮᠠᠭᠠᠳᠯᠠᠨ ᠲᠣᠭᠲᠠᠭᠠᠬᠤ ᠶᠢᠨ ᠭᠤᠣᠯ ᠦᠨᠳᠦᠰᠣᠯᠡᠯ ᠪᠣᠯᠭᠠᠵᠣ᠂ ᠮᠦᠨᠴᠣ ᠳᠡᠭᠡᠳᠦ | ᠵᠡᠷᠭᠡ ᠶᠢᠨ ᠰᠤᠷᠭᠠᠭᠤᠯᠢ ᠶᠢᠨ ᠰᠤᠷᠤᠭᠴᠢ ᠡᠯᠰᠡᠬᠦ ᠳᠤ ᠬᠠᠩᠭᠠᠨ ᠦᠭᠭᠦ ᠦᠨᠳᠦᠰᠣᠯᠡᠯ ᠪᠣᠯᠭᠠᠨ᠎ᠠ᠃ ᠡᠭᠦᠨ ᠳᠤ᠂ | ᠰᠤᠷᠤᠭᠴᠢᠳ ᠤᠨ ᠦᠪᠡᠰᠣᠪᠡᠨ ᠡᠵᠡᠨ ᠮᠡᠳᠡᠵᠣ ᠰᠣᠩᠭᠤᠬᠰᠠᠨ 3 ᠬᠢᠴᠢᠶᠡᠯ ᠤᠨ ᠵᠡᠷᠭᠡ ᠳᠡᠰ ᠤᠨ ᠰᠢᠯᠭᠠᠯᠲᠠ ᠶᠢᠨ | ᠬᠢᠷᠢ ᠪᠦᠲᠦᠮᠵᠢ ᠶᠢ ᠳᠡᠭᠡᠳᠦ ᠵᠡᠷᠭᠡ ᠶᠢᠨ ᠰᠤᠷᠭᠠᠭᠤᠯᠢ ᠳᠤ ᠰᠢᠯᠭᠠᠬᠰᠠᠨ ᠶᠡᠷᠦᠩᠬᠡᠶ ᠬᠢᠷᠢ ᠪᠦᠲᠦᠮᠵᠢ ᠳᠤ | ᠣᠷᠣᠭᠤᠯᠬᠤ ᠬᠡᠷᠩᠳᠠᠢ᠃ | ᠮᠣᠩᠭᠤᠯ ᠦᠭᠡ ᠬᠡᠯᠡ ᠥᠰᠥᠭ ᠪᠢᠴᠢᠭ ᠢᠶᠠᠷ ᠬᠢᠴᠢᠶᠡᠯᠯᠡᠵᠣ ᠪᠠᠶᠢᠬᠤ ᠵᠢᠴᠢ ᠬᠢᠲᠠᠳ ᠬᠡᠯᠨ ᠪᠠᠷ | ᠬᠡᠴᠢᠶᠡᠯᠯᠡᠵᠣ ᠮᠣᠩᠭᠤᠯ ᠦᠭᠡ ᠬᠡᠯᠡ ᠥᠰᠥᠭ ᠪᠢᠴᠢᠭ ᠢ ᠨᠡᠮᠡᠵᠦ ᠰᠣᠷᠣᠭᠰᠠᠨ ᠰᠤᠷᠤᠭᠴᠢᠳ ᠤᠨ ᠰᠤᠷᠤᠯᠭ᠎ᠠ ᠶᠢᠨ | ᠬᠢᠷᠢ ᠭᠡᠮᠵᠢᠶ᠎ᠠ ᠶᠢᠨ ᠰᠢᠯᠭᠠᠯᠲᠠ ᠳᠤ ᠣᠷᠣᠯᠴᠠᠬᠤ ᠪᠣᠳᠠᠲᠠᠶ ᠠᠷᠭ᠎ᠠ ᠶᠢ ᠦᠷᠭᠦᠯᠵᠢᠯᠡᠨ ᠳᠡᠭᠦᠯᠳᠡᠷᠵᠢᠭᠦᠯᠭᠦ ᠬᠡᠷᠩᠳᠠᠢ᠃ | | 2.ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠶᠡᠷᠣᠩᠬᠡᠶᠢᠯᠡᠭᠰᠠᠨ ᠬᠡᠪ ᠴᠢᠨᠠᠷ ᠤᠨ | ᠦᠨᠡᠯᠡᠯᠲᠡ᠃ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢ ᠶᠢᠨ ᠶᠡᠷᠣᠩᠬᠡᠶᠢᠯᠡᠭᠰᠠᠨ ᠬᠡᠪ | ᠴᠢᠨᠠᠷ ᠤᠨ ᠦᠨᠡᠯᠡᠯᠲᠡ ᠶᠢᠨ ᠲᠦᠷᠢᠮ ᠢ ᠬᠡᠷᠡᠭᠵᠢᠭᠦᠯᠵᠦ᠂ ᠰᠤᠷᠤᠭᠴᠢᠳ ᠤᠨ ᠪᠥᠬᠦ ᠲᠠᠯ᠎ᠠ ᠪᠠᠷ ᠭᠦᠭᠵᠢᠭᠦ᠂ | ᠥᠪᠡᠷᠮᠢᠴᠡ ᠪᠠᠷ ᠬᠥᠭᠵᠢᠭᠦ ᠪᠠ ᠡᠷᠡᠭᠦᠯ ᠴᠢᠬᠢᠷᠠᠭ ᠢᠶᠠᠷ ᠦᠰᠦᠨ ᠪᠤᠶᠢᠵᠢᠬᠤ ᠶᠢ ᠠᠬᠢᠭᠤᠯᠬᠤ ᠬᠡᠷᠩᠳᠠᠢ᠃ ᠡᠩ ᠤᠨ | ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠶᠡᠷᠣᠩᠬᠡᠶᠢᠯᠡᠭᠰᠠᠨ ᠬᠡᠪ ᠴᠢᠨᠠᠷ ᠤᠨ ᠦᠨᠡᠯᠡᠯᠲᠡ ᠨᠢ ᠭᠤᠣᠯᠳᠠᠭᠤ | ᠰᠤᠷᠤᠭᠴᠢᠣᠨ ᠤᠨ ᠶᠣᠰᠣ ᠮᠣᠷᠠᠯ ᠣᠶᠣᠨ ᠣᠬᠠᠭᠠᠨ ᠪᠡᠶ᠎ᠡ ᠮᠠᠬᠠᠪᠣᠳ ᠭᠤᠸ᠎ᠠ ᠰᠠᠶᠢᠬᠠᠨ ᠪᠦᠬᠦ ᠲᠠᠯ᠎ᠠ ᠪᠠᠷ | ᠬᠥᠭᠵᠢᠭᠰᠡᠨ ᠪᠠᠶᠢᠳᠠᠯ ᠢ ᠲᠤᠰᠬᠠᠵᠤ᠂ ᠰᠤᠷᠤᠭᠴᠢᠣᠨ ᠤᠨ ᠰᠤᠷᠭᠠᠭᠤᠯᠢ ᠲᠡᠭᠦᠰᠬᠦ᠂ ᠰᠤᠷᠭᠠᠭᠤᠯᠢ ᠳᠡᠪᠰᠢᠬᠦ ᠶᠢᠨ | ᠴᠢᠬᠤᠯᠠ ᠯᠠᠪᠯᠠᠬᠤ ᠵᠦᠢᠯ ᠪᠣᠯᠣᠨ᠎ᠠ᠃ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ | ᠶᠡᠷᠣᠩᠬᠡᠶᠢᠯᠡᠭᠰᠠᠨ ᠬᠡᠪ ᠴᠢᠨᠠᠷ ᠤᠨ ᠦᠨᠡᠯᠡᠯᠲᠡ ᠳᠤ ᠠᠷᠠᠳ ᠢᠷᠭᠡᠳ ᠤᠨ ᠮᠡᠳᠡᠯᠭᠡ ᠪᠣᠯᠪᠠᠰᠤᠷᠠᠯ ᠪᠣᠯᠤᠨ ᠶᠣᠰᠣ | ᠰᠣᠷᠳᠠᠬᠤᠨ ᠤ ᠢᠯᠡᠷᠡᠯ᠂ ᠰᠤᠷᠤᠯᠭ᠎ᠠ ᠶᠢᠨ ᠬᠢᠷᠢ ᠭᠡᠮᠵᠢᠶ᠎ᠠ᠂ ᠳᠠᠮᠢᠷ ᠬᠢᠭᠡᠣᠨ ᠡᠷᠡᠭᠦᠯ ᠴᠢᠬᠢᠷᠠᠭ᠂ ᠤᠷᠠᠯᠢᠭ ᠤᠨ | ᠮᠡᠳᠡᠯᠭᠡ ᠪᠣᠯᠪᠠᠰᠤᠷᠠᠯ᠂ ᠨᠡᠶᠢᠭᠡᠮ ᠤᠨ ᠦᠢᠯᠡᠳᠦᠯᠭᠡ ᠵᠡᠷᠭᠡ 5 ᠲᠠᠯ᠎ᠠ ᠶᠢ ᠪᠠᠭᠳᠠᠭᠠᠬᠤ ᠬᠡᠷᠩᠳᠠᠢ᠃ | 2017 ᠣᠨ ᠳᠤ᠂ ᠥᠪᠡᠷᠲᠡᠭᠡᠨ ᠵᠠᠰᠠᠬᠤ ᠣᠷᠣᠨ ᠠᠴᠠ ᠡᠩ ᠤᠨ ᠥᠨᠳᠥᠷ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠶᠡᠷᠣᠩᠬᠡᠶᠢᠯᠡᠭᠰᠠᠨ ᠬᠡᠪ ᠴᠢᠨᠠᠷ ᠤᠨ ᠦᠨᠡᠯᠡᠯᠳᠠ ᠶᠢᠨ ᠠᠵᠢᠯ ᠤᠨ ᠪᠣᠳᠠᠲᠠᠶ ᠬᠡᠷᠡᠭᠵᠢᠭᠦᠯᠬᠦ ᠠᠷᠭ᠎ᠠ | ᠪᠣᠯᠤᠨ ᠬᠠᠮᠢᠶ᠎ᠠ ᠪᠥᠬᠦᠢ ᠲᠥᠬᠦᠷ ᠲᠥᠷᠥ ᠶᠢᠨ ᠪᠤᠳᠤᠯᠭ᠎ᠠ ᠶᠢ ᠰᠤᠳᠤᠯᠣᠨ ᠲᠣᠭᠲᠠᠭᠠᠵᠣ᠂ ᠬᠠᠮᠢᠶ᠎ᠠ ᠪᠦᠬᠦᠢ ᠰᠠᠯᠠᠭ᠎ᠠ | ᠮᠥᠴᠢᠷ ᠤᠳ ᠢ ᠨᠢᠭᠡᠳᠦᠯᠲᠡᠶ ᠲᠦᠯᠣᠪᠯᠡᠨ ᠵᠣᠬᠢᠴᠠᠭᠤᠯᠵᠤ ᠪᠠᠶᠢᠭᠠᠣᠨ ᠶᠡᠷᠣᠩᠬᠡᠶᠢᠯᠡᠭᠰᠠᠨ ᠬᠡᠪ ᠴᠢᠨᠠᠷ ᠤᠨ | ᠦᠨᠡᠯᠡᠯᠲᠡ ᠶᠢ ᠬᠡᠷᠩᠵᠢᠭᠦᠯᠭᠦ ᠳᠤ ᠳᠡᠮᠵᠢᠯᠭᠡ ᠪᠠᠳᠣᠯᠠᠭ᠎ᠠ ᠬᠠᠩᠭᠠᠬᠤ ᠬᠡᠷᠩᠳᠠᠢ᠃ ᠠᠶᠢᠮᠠᠭ ᠬᠤᠳᠠ᠂ ᠬᠤᠰᠢᠭᠤ | ᠰᠢᠶᠠᠨ ︵ᠬᠤᠳᠠ᠂ ᠲᠣᠭᠤᠷᠢᠭ︶ ᠨᠢ ᠲᠤᠰ ᠭᠠᠵᠠᠷ ᠣᠷᠣᠨ ᠤ ᠪᠠᠨ ᠡᠩ ᠤᠨ ᠥᠨᠳᠥᠷ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠶᠡᠷᠣᠩᠬᠡᠶᠢᠯᠡᠭᠰᠠᠨ ᠬᠡᠪ ᠴᠢᠨᠠᠷ ᠤᠨ ᠦᠨᠡᠯᠡᠯᠲᠡ ᠶᠢ ᠵᠣᠬᠢᠶᠠᠨ ᠪᠠᠶᠢᠭᠤᠯᠬᠤ᠂ ᠬᠡᠷᠡᠭᠵᠢᠭᠦᠯᠬᠦ ᠪᠠ | ᠬᠠᠮᠢᠶᠠᠷᠬᠤ ᠶᠢ ᠬᠠᠷᠢᠭᠤᠴᠠᠬᠤ ᠬᠡᠷᠩᠳᠠᠢ᠃ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠨᠤᠭᠤᠳ ᠨᠢ | ᠶᠡᠷᠣᠩᠬᠡᠶᠢᠯᠡᠭᠰᠠᠨ ᠬᠡᠪ ᠴᠢᠨᠠᠷ ᠤᠨ ᠦᠨᠡᠯᠡᠯᠳᠠ ᠶᠢᠨ ᠠᠵᠢᠯ ᠤᠨ ᠺᠣᠮᠢᠰ᠂ ᠣᠨ ᠤ ᠦᠨᠡᠯᠡᠯᠳᠠ ᠶᠢᠨ ᠠᠵᠢᠯ ᠤᠨ | ᠳᠤᠭᠤᠶᠢᠯᠠᠩ ᠪᠠ ᠠᠩᠬᠢ ᠶᠢᠨ ᠦᠨᠡᠯᠡᠯᠳᠠ ᠶᠢᠨ ᠠᠵᠢᠯ ᠤᠨ ᠳᠤᠭᠤᠶᠢᠯᠠᠩ ᠪᠠᠶᠢᠭᠤᠯᠬᠤ ᠶᠢᠨ ᠬᠠᠮᠳᠣ᠂ ᠲᠤᠰ | ᠲᠥᠰᠦᠯ ᠢ ᠦᠨᠳᠣᠰᠣᠯᠡᠨ᠂ ᠰᠤᠷᠭᠠᠭᠤᠯᠢ ᠶᠢᠨ ᠪᠣᠳᠠᠳᠠᠢ ᠲᠠᠢ ᠤᠶᠠᠯᠳᠤᠭᠤᠯᠤᠨ᠂ ᠰᠤᠷᠭᠠᠭᠤᠯᠢ ᠶᠢᠨ | ᠶᠡᠷᠣᠩᠬᠡᠶᠢᠯᠡᠭᠰᠠᠨ ᠬᠡᠪ ᠴᠢᠨᠠᠷ ᠤᠨ ᠦᠨᠡᠯᠡᠯᠲᠡ ᠶᠢᠨ ᠠᠵᠢᠯ ᠤᠨ ᠬᠡᠷᠡᠭᠵᠢᠭᠦᠯᠬᠦ ᠲᠥᠰᠦᠯ ᠪᠣᠯᠤᠨ ᠨᠠᠷᠢᠨ ᠲᠦᠷᠢᠮ ᠢ | ᠲᠣᠭᠲᠠᠭᠠᠵᠣ᠂ ᠶᠡᠷᠣᠩᠬᠡᠶᠢᠯᠡᠭᠰᠠᠨ ᠬᠡᠪ ᠴᠢᠨᠠᠷ ᠤᠨ ᠦᠨᠡᠯᠡᠯᠳᠠ ᠶᠢᠨ ᠠᠵᠢᠯ ᠢ ᠪᠣᠳᠠᠲᠠᠶ ᠵᠣᠬᠢᠶᠠᠨ ᠪᠠᠶᠢᠭᠤᠯᠣᠨ | ᠬᠡᠷᠡᠭᠵᠢᠭᠦᠯᠭᠦ ᠬᠡᠷᠩᠳᠠᠢ᠃ | ︵ᠳᠥᠷᠪᠡ︶ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠲᠥᠷᠥᠯ ᠬᠤᠪᠢᠶᠠᠭᠰᠠᠨ | ᠰᠢᠯᠭᠠᠯᠳᠠ ᠶᠢᠨ ᠳᠦᠷᠢᠮ ᠤᠨ ᠲᠤᠬᠠᠶ᠃ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ | ᠰᠢᠯᠭᠠᠯᠲᠠ ᠪᠠᠷ ᠰᠤᠷᠤᠭᠴᠢ ᠡᠯᠰᠡᠬᠦ ᠶᠢ ᠡᠩ ᠤᠨ ᠳᠡᠭᠡᠳᠦ ᠰᠤᠷᠭᠠᠭᠤᠯᠢ ᠠᠴᠠ ᠬᠠᠷᠢᠴᠠᠩᠭᠤᠶ ᠪᠠᠷ ᠰᠠᠯᠭᠠᠵᠣ᠂ ︽ | ᠰᠣᠶᠣᠯ ᠤᠨ ᠮᠡᠳᠡᠯᠭᠡ ᠪᠣᠯᠪᠠᠰᠣᠷᠠᠯ + ᠠᠵᠢᠯ ᠮᠡᠷᠭᠡᠵᠢᠯ ᠤᠨ ᠤᠷ᠎ᠠ ᠴᠢᠳᠠᠪᠤᠷᠢ︾ ᠤᠨ ᠦᠨᠡᠯᠡᠯᠲᠡ ᠶᠢᠨ ᠠᠷᠭ᠎ᠠ | ᠮᠠᠶ᠋ᠢᠭ ᠢ ᠬᠡᠷᠩᠵᠢᠭᠦᠯᠣᠨ᠎ᠠ᠃ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠠᠴᠠ ᠲᠡᠭᠦᠰᠣᠭ᠍ᠰᠡᠣᠨ | ᠳᠡᠭᠡᠳᠣ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢ ᠰᠢᠯᠭᠠᠬᠤ ᠳᠤ᠂ ᠰᠣᠶᠣᠯ ᠤᠨ ᠰᠠᠭᠤᠷᠢ ᠪᠣᠯᠣᠨ ᠠᠵᠢᠯ | ᠮᠡᠷᠭᠡᠵᠢᠯ ᠤᠨ ᠤᠷ᠎ᠠ ᠴᠢᠳᠠᠪᠤᠷᠢ ᠶᠢ ᠬᠠᠷᠢᠯᠴᠠᠨ ᠤᠶᠠᠯᠳᠤᠭᠤᠯᠤᠭᠰᠠᠨ ᠰᠢᠯᠭᠠᠯᠲᠠ ᠳᠤ ᠣᠷᠣᠯᠴᠠᠬᠤ ᠬᠡᠷᠩᠳᠠᠢ᠃ | ᠡ᠊ᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠠᠴᠠ ᠲᠡᠭᠦᠰᠣᠭ᠍ᠰᠡᠣᠨ ᠳᠡᠭᠡᠳᠣ ᠵᠡᠷᠭᠡ ᠶᠢᠨ ᠠᠵᠢᠯ | ᠮᠡᠷᠭᠡᠵᠢᠯ ᠤᠨ ᠰᠤᠷᠭᠠᠭᠤᠯᠢ ᠶᠢ ᠰᠢᠯᠭᠠᠬᠤ ᠳᠤ᠂ ᠠᠵᠢᠯ ᠮᠡᠷᠭᠡᠵᠢᠯ ᠤᠨ ᠲᠣᠬᠢᠷᠠᠯᠴᠠᠬᠤ ᠴᠢᠨᠠᠷ ᠤᠨ ᠰᠢᠯᠭᠠᠯᠲᠠ ᠳᠤ | ᠣᠷᠣᠯᠴᠠᠵᠣ᠂ ᠰᠣᠶᠣᠯ ᠤᠨ ᠮᠡᠳᠡᠯᠭᠡ ᠪᠣᠯᠪᠠᠰᠣᠷᠠᠯ ᠤᠨ ᠬᠢᠷᠢ ᠪᠦᠲᠦᠮᠵᠢ ᠳᠤ ᠥᠨᠳᠥᠷ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠭᠡᠮᠵᠢᠶ᠎ᠠ ᠶᠢᠨ ᠰᠢᠯᠭᠠᠯᠲᠠ ᠶᠢᠨ ᠬᠢᠷᠢ ᠪᠦᠲᠦᠮᠵᠢ ᠶᠢ ᠬᠡᠷᠩᠯᠡᠵᠣ᠂ | ᠶᠡᠷᠣᠩᠬᠡᠶᠢᠯᠡᠭᠰᠠᠨ ᠬᠡᠪ ᠴᠢᠨᠠᠷ ᠤᠨ ᠦᠨᠡᠯᠡᠯᠲᠡ ᠪᠠᠷ ᠯᠠᠪᠯᠠᠯᠲᠠ ᠪᠣᠯᠭᠠᠬᠤ ᠬᠡᠷᠩᠳᠠᠢ᠃ ᠥᠨᠳᠥᠷ ᠵᠡᠷᠭᠡ ᠶᠢᠨ | ᠳᠤᠮᠳᠠᠳᠤ ᠰᠤᠷᠭᠠᠭᠤᠯᠢ ᠶᠢᠨ ᠱᠠᠳᠣ ᠦᠶ᠎ᠡ ᠳᠠᠬᠢ ᠲᠡᠭᠦᠰᠣᠭ᠍ᠰᠡᠣᠨ ᠨᠢ ᠪᠠᠰᠠ ᠳᠡᠭᠡᠳᠣ ᠰᠣᠷᠭᠠᠭᠤᠯᠢ ᠶᠢᠨ ᠨᠢᠭᠡᠳᠦᠯᠲᠡᠶ | ᠰᠢᠯᠭᠠᠯᠲᠠ ᠳᠤ ᠣᠷᠣᠯᠴᠠᠭᠠᠣᠨ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠳᠤ ᠣᠷᠣᠵᠣ ᠪᠣᠯᠣᠨ᠎ᠠ᠃ | ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠨᠢ ᠰᠤᠷᠤᠭᠴᠢ ᠡᠯᠰᠡᠬᠦ ᠳᠤ ᠳᠠᠩᠰᠠᠯᠠᠨ ᠳᠡᠮᠳᠡᠭᠯᠡᠵᠣ | ᠰᠤᠷᠭᠠᠭᠤᠯᠢ ᠳᠤ ᠣᠷᠣᠬᠤ ᠠᠷᠭ᠎ᠠ ᠶᠢ ᠬᠡᠷᠡᠭᠵᠢᠭᠦᠯᠦᠨ᠎ᠡ᠃ ᠰᠤᠷᠭᠠᠨ ᠬᠥᠮᠦᠵᠢᠯ ᠤᠨ ᠶᠠᠮᠤᠨ ᠤ ᠬᠤᠯᠪᠣᠭᠳᠠᠯ ᠪᠦᠬᠦᠢ | ᠲᠣᠭᠲᠠᠭᠠᠯ ᠶᠣᠰᠣᠭᠠᠷ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ 3 ᠵᠢᠯ + ᠳᠡᠭᠡᠳᠦ ᠵᠡᠷᠭᠡ ᠶᠢᠨ ᠠᠵᠢᠯ | ᠮᠡᠷᠭᠡᠵᠢᠯ ᠤᠨ 2 ᠵᠢᠯ ︵︽3 + 2︾︶ ᠤᠨ ᠰᠢᠰᠲ᠋ᠤᠮᠵᠢᠭᠦᠯᠣᠭ᠍ᠰᠡᠨ ᠰᠤᠷᠭᠠᠭᠤᠯᠢ ᠳᠡᠪᠰᠢᠬᠦ ᠳᠦᠷᠢᠮ ᠢ | ᠦᠷᠭᠦᠯᠵᠢᠯᠡᠨ ᠬᠡᠷᠡᠭᠵᠢᠭᠦᠯᠣᠨ᠎ᠠ᠃ ᠰᠤᠷᠭᠠᠨ ᠬᠥᠮᠦᠵᠢᠯ ᠤᠨ ᠶᠠᠮᠤᠨ ᠤ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ | ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠣᠷᠭᠠᠭᠤᠯᠢ ᠶᠢᠨ ᠰᠤᠷᠤᠭᠴᠢᠳ ᠬᠡᠷᠡᠭᠯᠡᠭᠡᠨ ᠤ ᠮᠡᠷᠭᠡᠵᠢᠯ ᠤᠨ ᠵᠢᠩᠬᠢᠨᠢ | ᠠᠩᠭᠢ ᠶᠢᠨ ᠳᠡᠭᠡᠳᠦ ᠰᠤᠷᠭᠠᠭᠤᠯᠢ ᠳᠤ ᠰᠢᠰᠲ᠋ᠤᠮᠵᠢᠭᠦᠯᠣᠨ ᠲᠡᠪᠰᠢᠨ ᠣᠷᠣᠬᠤ ᠠᠷᠭ᠎ᠠ ᠶᠢ ᠰᠦᠪᠡᠭᠴᠢᠯᠡᠵᠦ᠂ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠤᠨ ᠴᠢᠳᠠᠪᠤᠷᠢᠲᠠᠨ ᠬᠥᠮᠦᠵᠢᠭᠦᠯᠬᠦ ︽ᠰᠣᠯᠢᠪᠴᠠᠭᠤᠯᠣᠨ ᠰᠣᠷᠣᠯᠴᠠᠭᠤᠯᠬᠤ | ᠲᠣᠭᠳᠠᠴᠨ︾ ᠶᠢ ᠶᠠᠪᠣᠭᠤᠯᠬᠤ ᠬᠡᠷᠩᠳᠠᠢ᠃ 2016 ᠣᠨ ᠳᠤ ᠲᠥᠷᠥᠯ ᠬᠤᠪᠢᠶᠠᠭᠰᠠᠨ ᠰᠢᠯᠭᠠᠯᠳᠠ ᠪᠠᠷ ᠳᠠᠮᠵᠢᠵᠣ | ᠡᠯᠰᠡᠨ ᠠᠪᠬᠤ ᠰᠤᠷᠤᠭᠴᠢᠳ ᠢ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠡᠯᠰᠡᠭᠦ | ᠰᠤᠷᠤᠭᠴᠢ ᠶᠢᠨ ᠶᠡᠷᠣᠩᠬᠡᠢ ᠲᠣᠭᠠᠨ ᠤ ᠬᠠᠭᠠᠰ ᠣᠷᠴᠢᠮ ᠢ ᠡᠵᠡᠯᠡᠭᠦᠯᠵᠦ᠂ 2017 ᠣᠨ ᠤ ᠭᠤᠣᠯ ᠠᠷᠭ᠎ᠠ ᠵᠠᠮ | ᠪᠣᠯᠭᠠᠬᠤ ᠬᠡᠷᠩᠳᠠᠢ᠃ | ︵ᠲᠠᠪᠤ︶ ᠳᠡᠭᠡᠳᠣ ᠰᠤᠷᠭᠠᠭᠤᠯᠢ ᠶᠢᠨ ᠨᠢᠭᠡᠳᠦᠯᠲᠡᠶ ᠰᠢᠯᠭᠠᠯᠲᠠ ᠶᠢᠨ ᠳᠦᠷᠢᠮ ᠤᠨ ᠲᠤᠬᠠᠶ᠃ | 1.ᠳᠡᠭᠡᠳᠣ ᠰᠤᠷᠭᠠᠭᠤᠯᠢ ᠶᠢᠨ ᠰᠢᠯᠭᠠᠯᠳᠠ ᠶᠢᠨ ᠥᠭᠡᠷᠡᠴᠢᠯᠡᠯᠲᠡ ᠶᠢᠨ ᠴᠠᠭ ᠤᠨ ᠲᠣᠬᠢᠷᠠᠭᠤᠯᠣᠯᠳᠠ ᠪᠠ | ᠬᠢᠴᠢᠶᠡᠯ ᠲᠥᠷᠥᠯ ᠤᠨ ᠪᠠᠶᠢᠷᠢᠯᠠᠭᠤᠯᠣᠯ᠃ ᠥᠭᠡᠷᠡᠴᠢᠯᠡᠯᠲᠡ ᠶᠢᠨ ᠲᠤᠷᠰᠢᠯᠲᠠ ᠶᠢ ᠭᠦᠢᠴᠡᠣᠨ ᠬᠢᠭᠰᠡᠨ ᠰᠠᠭᠤᠷᠢᠨ | ᠳᠡᠭᠡᠷ᠎ᠡ᠂ 2018 ᠣᠨ ᠳᠤ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠨᠢᠭᠡᠳᠦᠭᠡᠷ ᠣᠨ ᠤ | ᠰᠢᠨ᠎ᠠ ᠰᠤᠷᠤᠭᠴᠢᠳ ᠠᠴᠠ ᠡᠬᠢᠯᠡᠵᠣ ᠰᠤᠷᠤᠯᠭ᠎ᠠ ᠶᠢᠨ ᠬᠢᠷᠢ ᠬᠡᠮᠵᠢᠶ᠎ᠠ ᠶᠢᠨ ᠰᠢᠯᠭᠠᠯᠲᠠ ᠪᠠ ᠶᠡᠷᠣᠩᠬᠡᠶᠢᠯᠡᠭᠰᠠᠨ ᠬᠡᠪ | ᠴᠢᠨᠠᠷ ᠤᠨ ᠦᠨᠡᠯᠡᠯᠲᠡ ᠶᠢ ᠪᠦᠬᠦ ᠲᠠᠯ᠎ᠠ ᠪᠠᠷ ᠬᠡᠷᠡᠭᠵᠢᠭᠦᠯᠣᠨ᠂ ᠨᠠᠶᠢᠭᠡᠮ ᠤᠨ ᠰᠢᠨᠵᠢᠯᠡᠭᠦ ᠣᠬᠠᠭᠠᠨ ᠪᠠ | ᠪᠠᠶᠢᠭᠠᠯᠢ ᠶᠢᠨ ᠰᠢᠨᠵᠢᠯᠡᠭᠦ ᠣᠬᠠᠭᠠᠨ ᠭᠡᠵᠣ ᠬᠤᠪᠢᠶᠠᠬᠤ ᠦᠭᠡᠢ ᠪᠣᠯᠭᠠᠨ᠎ᠠ᠃ 2021 ᠣᠨ ᠠᠴᠠ ᠡᠬᠢᠯᠡᠵᠣ᠂ | ᠰᠢᠯᠭᠠᠭᠤᠯᠣᠭᠰᠠᠣᠨ ᠤᠨ ᠶᠡᠷᠦᠩᠬᠡᠶ ᠬᠢᠷᠢ ᠪᠦᠲᠦᠮᠵᠢ ᠶᠢ ᠪᠦᠬᠦ ᠤᠯᠤᠰ ᠤᠨ ᠳᠡᠭᠡᠳᠣ ᠰᠤᠷᠭᠠᠭᠤᠯᠢ ᠶᠢᠨ ᠨᠢᠭᠡᠳᠣᠯᠳᠠᠢ | ᠰᠢᠯᠭᠠᠯᠳᠠ ᠶᠢᠨ ᠬᠡᠯᠡ ᠪᠢᠴᠢᠭ᠂ ᠲᠣᠭᠠᠨ ᠤ ᠤᠬᠠᠭᠠᠨ᠂ ᠭᠠᠳᠠᠭᠠᠳᠤ ᠬᠡᠯᠡ 3 ᠬᠢᠴᠢᠶᠡᠯ ᠲᠥᠷᠥᠯ ᠪᠣᠯᠣᠨ | ᠡ᠊ᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠭᠡᠮᠵᠢᠶ᠎ᠠ ᠶᠢᠨ ︽ᠵᠡᠷᠭᠡ | ᠳᠡᠰ ᠤᠨ ᠰᠢᠯᠭᠠᠯᠲᠠ︾ ᠶᠢᠨ 3 ᠰᠣᠩᠭᠤᠨ ᠰᠢᠯᠭᠠᠬᠤ ᠬᠢᠴᠢᠶᠡᠯ ᠲᠦᠷᠣᠯ ᠤᠨ ᠬᠢᠷᠢ ᠪᠦᠲᠦᠮᠵᠢ ᠪᠠᠷ | ᠪᠦᠷᠢᠯᠳᠦᠭᠦᠯᠭᠦ ᠶᠢᠨ ᠬᠠᠮᠳᠣ᠂ ᠰᠤᠷᠤᠭᠴᠢᠣᠨ ᠤᠨ ᠶᠡᠷᠣᠩᠬᠡᠶᠢᠯᠡᠭᠰᠠᠨ ᠬᠡᠪ ᠴᠢᠨᠠᠷ ᠤᠨ ᠦᠨᠡᠯᠡᠯᠲᠡ ᠶᠢᠨ | ᠪᠠᠶᠢᠳᠠᠯ ᠢᠶᠠᠷ ᠯᠠᠪᠯᠠᠯᠳᠠ ᠪᠣᠯᠭᠠᠵᠣ᠂ ᠡᠩ ᠤᠨ ᠳᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ᠦᠨᠳᠦᠰᠣᠯᠡᠯ | ᠪᠣᠯᠭᠠᠬᠤ ᠬᠡᠷᠩᠳᠠᠢ᠃ ᠪᠦᠬᠦ ᠤᠯᠤᠰ ᠤᠨ ᠳᠡᠭᠡᠳᠣ ᠰᠤᠷᠭᠠᠭᠤᠯᠢ ᠶᠢᠨ ᠨᠢᠭᠡᠳᠣᠯᠳᠠᠢ ᠰᠢᠯᠭᠠᠯᠲᠠ ᠶᠢᠨ ᠬᠡᠯᠡ ᠪᠢᠴᠢᠭ᠂ | ᠲᠣᠭᠠᠨ ᠤ ᠤᠬᠠᠭᠠᠨ᠂ ᠭᠠᠳᠠᠭᠠᠳᠤ ᠬᠡᠯᠡᠨ ᠤ ᠬᠢᠴᠢᠶᠡᠯ ᠲᠦᠷᠣᠯ ᠢ ᠨᠢ ᠬᠤᠪᠢᠷᠠᠭᠤᠯᠬᠤ ᠦᠭᠡᠢ᠂ ᠬᠤᠪᠢ ᠶᠢ ᠨᠢ | ᠬᠤᠪᠢᠷᠠᠭᠤᠯᠬᠤ ᠦᠭᠡᠢ ᠪᠠᠷ ᠪᠦᠬᠦ ᠤᠯᠤᠰ ᠤᠨ ᠨᠢᠭᠡᠳᠦᠯᠲᠡᠶ ᠰᠢᠯᠭᠠᠯᠲᠠ ᠶᠢᠨ ᠬᠠᠭᠤᠳᠠᠰᠤ ᠶᠢ ᠬᠡᠷᠩᠯᠡᠨ᠎ᠠ᠃ | ᠭᠠᠳᠠᠭᠠᠳᠤ ᠬᠡᠯᠡᠨ ᠤ ᠬᠢᠴᠢᠶᠡᠯ ᠲᠦᠷᠣᠯ ᠳᠤ ᠬᠤᠶᠠᠷ ᠤᠳᠠᠭᠠᠨ ᠤ ᠰᠢᠯᠭᠠᠯᠳᠠ ᠶᠢᠨ ᠲᠤᠬᠢᠶᠠᠯ ᠬᠠᠩᠭᠠᠵᠣ ᠦᠭᠭᠦᠨ᠎ᠠ | ᠃ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠭᠡᠮᠵᠢᠶ᠎ᠠ ᠶᠢᠨ ︽ᠵᠡᠷᠭᠡ | ᠳᠡᠰ ᠤᠨ ᠰᠢᠯᠭᠠᠯᠲᠠ︾ ᠶᠢᠨ 3 ᠰᠣᠩᠭᠤᠨ ᠰᠢᠯᠭᠠᠬᠤ ᠬᠢᠴᠢᠶᠡᠯ ᠲᠦᠷᠣᠯ ᠳᠤ᠂ ᠰᠤᠷᠤᠭᠴᠢᠳ ᠦᠵᠡᠯ ᠰᠠᠨᠠᠭ᠎ᠠ | ᠤᠯᠤᠰ ᠲᠥᠷᠥ᠂ ᠲᠡᠦᠬᠡ᠂ ᠭᠠᠵᠠᠷ ᠵᠦᠢ᠂ ᠹᠢᠽᠢᠺ᠂ ᠬᠢᠮᠢ᠂ ᠠᠮᠢᠳᠤ ᠪᠣᠳᠠᠰ 6 ᠬᠢᠴᠢᠶᠡᠯ ᠲᠦᠷᠣᠯ ᠠᠴᠠ | ᠦᠪᠡᠰᠣᠪᠡᠨ ᠡᠵᠡᠨ ᠮᠡᠳᠡᠵᠣ ᠰᠣᠩᠭᠤᠨ᠎ᠠ᠃ | 2.ᠰᠤᠷᠤᠭᠴᠢ ᠡᠯᠰᠡᠬᠦ ᠲᠣᠭᠲᠠᠴᠠ ᠳᠤ ᠥᠭᠡᠷᠡᠴᠢᠯᠡᠯᠳᠠ ᠬᠢᠭᠦ ᠬᠡᠷᠩᠳᠠᠢ᠃ ᠳᠡᠭᠡᠳᠦ ᠰᠤᠷᠭᠠᠭᠤᠯᠢ ᠶᠢᠨ | ᠰᠤᠷᠤᠭᠴᠢ ᠡᠯᠰᠡᠬᠦ ᠤᠳᠠᠭ᠎ᠠ ᠪᠦᠯᠦᠭ ᠢ ᠠᠯᠬᠤᠮ ᠠᠯᠬᠤᠮ ᠢᠶᠠᠷ ᠡᠮᠬᠢᠯᠡᠨ ᠨᠡᠶᠢᠯᠡᠭᠦᠯᠭᠦ ᠬᠡᠷᠩᠳᠠᠢ᠃ ᠳᠠᠩᠰᠠ | ᠡᠪᠬᠡᠮᠡᠯ ᠭᠠᠷᠭᠠᠨ ᠦᠭᠴᠣ ᠡᠯᠰᠡᠬᠦ ᠵᠠᠭᠪᠤᠷ ᠢᠶᠠᠨ ᠲᠡᠭᠦᠯᠳᠡᠷᠵᠢᠭᠦᠯᠵᠦ᠂ ᠳᠡᠭᠡᠳᠦ ᠰᠤᠷᠭᠠᠭᠤᠯᠢ ᠪᠣᠯᠤᠨ | ᠰᠤᠷᠤᠭᠴᠢᠳ ᠤᠨ ᠬᠤᠣᠰ ᠴᠢᠭᠯᠡᠯ ᠢᠶᠠᠷ ᠰᠣᠩᠭᠤᠬᠤ ᠲᠣᠬᠢᠶᠠᠯ ᠢ ᠨᠡᠮᠡᠭᠳᠡᠭᠦᠯᠭᠦ ᠬᠡᠷᠩᠳᠠᠢ᠃ ᠳᠡᠭᠡᠳᠣ | ᠰᠤᠷᠭᠠᠭᠤᠯᠢ ᠶᠢᠨ ᠰᠢᠯᠭᠠᠨ ᠡᠯᠰᠡᠬᠦ ᠪᠣᠳᠠᠳᠠᠢ ᠵᠠᠭᠪᠤᠷ ᠢ 2018 ᠣᠨ ᠳᠤ ᠲᠣᠭᠲᠠᠭᠠᠨ ᠨᠡᠶᠢᠲᠡᠯᠡᠭᠦ ︽ᠥᠪᠡᠷᠲᠡᠭᠡᠨ | ᠵᠠᠰᠠᠬᠤ ᠣᠷᠣᠨ ᠤ ᠡᠩ ᠤᠨ ᠳᠡᠭᠡᠳᠦ ᠵᠡᠷᠭᠡ ᠶᠢᠨ ᠰᠤᠷᠭᠠᠭᠤᠯᠢ ᠶᠢᠨ ᠰᠤᠷᠤᠭᠴᠢ ᠡᠯᠰᠡᠬᠦ ᠰᠢᠯᠭᠠᠯᠲᠠ ᠶᠢᠨ | ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠦᠯ︾ ᠳᠤ ᠲᠣᠳᠣᠷᠬᠠᠶᠢᠯᠠᠵᠣ ᠦᠭᠭᠦᠨ᠎ᠠ᠃ | 3.ᠰᠢᠯᠭᠠᠯᠲᠠ ᠳᠤ ᠬᠤᠪᠢ ᠨᠡᠮᠡᠬᠦ ᠶᠢ ᠪᠠᠭᠠᠰᠬᠠᠬᠤ ᠪᠠ ᠵᠢᠷᠤᠮᠵᠢᠭᠤᠯᠬᠤ ᠬᠡᠷᠩᠳᠠᠢ᠃ ᠰᠤᠷᠭᠠᠨ | ᠬᠥᠮᠦᠵᠢᠯ ᠤᠨ ᠶᠠᠮᠤᠨ ᠵᠡᠷᠭᠡ 5 ᠰᠠᠯᠠᠭ᠎ᠠ ᠮᠥᠴᠢᠷ ᠤᠨ ︽ᠳᠡᠭᠡᠳᠦ ᠰᠤᠷᠭᠠᠭᠤᠯᠢ ᠶᠢᠨ ᠰᠢᠯᠭᠠᠯᠳᠠ ᠳᠤ ᠬᠤᠪᠢ | ᠨᠡᠮᠡᠬᠦ ᠲᠦᠷᠣᠯ ᠵᠦᠢᠯ ᠪᠣᠯᠤᠨ ᠬᠤᠪᠢ ᠶᠢ ᠤᠯᠠᠮ ᠨᠢᠭᠡ ᠠᠯᠬᠤᠮ ᠪᠠᠭᠠᠰᠬᠠᠬᠤ ᠪᠠ ᠵᠢᠷᠤᠮᠵᠢᠭᠤᠯᠬᠤ ᠲᠣᠬᠠᠢ ᠰᠠᠨᠠᠯ︾ | ︵ᠵᠢᠭᠠᠨ ᠰᠤᠷᠭᠠᠬᠤ ﹇2014﹈ 17 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠲᠣᠣᠱᠯᠠᠭᠤᠯᠵᠣ᠂ | ᠰᠢᠯᠭᠠᠯᠲᠠ ᠳᠤ ᠬᠤᠪᠢ ᠨᠡᠮᠡᠬᠦ ᠲᠦᠷᠣᠯ ᠵᠦᠢᠯ ᠢ ᠶᠡᠭᠡ ᠬᠡᠮᠵᠢᠶ᠎ᠡ ᠪᠠᠷ ᠪᠠᠭᠠᠰᠬᠠᠵᠣ᠂ ᠴᠢᠩᠭ᠎ᠠ ᠬᠢᠵᠠᠭᠠᠷᠯᠠᠬᠤ | ᠬᠡᠷᠩᠳᠠᠢ᠃ ᠪᠡᠶ᠎ᠡ ᠶᠢᠨ ᠲᠠᠮᠢᠷ᠂ ᠤᠷᠠᠯᠢᠭ ᠵᠡᠷᠭᠡ ᠣᠨᠴᠣᠭᠤᠢ ᠴᠢᠳᠠᠪᠤᠷᠢᠲᠠᠶ ᠰᠤᠷᠤᠭᠴᠢ ᠳᠤ ᠬᠤᠪᠢ ᠨᠡᠮᠡᠭᠦ ᠲᠦᠷᠣᠯ | ᠵᠦᠢᠯ ᠢ ᠭᠦᠴᠣᠨ ᠦᠭᠡᠢ ᠪᠣᠯᠭᠠᠨ᠎ᠠ︔ ᠮᠤᠵᠢ ᠶᠢᠨ ᠳᠡᠰ ᠤᠨ ᠰᠢᠯᠢᠳᠡᠭ ᠰᠤᠷᠤᠭᠴᠢ᠂ ᠦᠵᠡᠯ ᠰᠠᠨᠠᠭ᠎ᠠ ᠤᠯᠤᠰ | ᠲᠥᠷᠥ ᠶᠣᠰᠣ ᠮᠣᠷᠠᠯ ᠤᠨ ᠦᠢᠯᠨ ᠶᠠᠪᠣᠳᠠᠯ ᠢᠶᠠᠷ ᠲᠤᠪᠦ᠋ᠢᠬᠰᠡᠣᠨ᠂ ᠣᠯᠢᠮᠫᠢᠺ ᠤᠷᠤᠯᠳᠤᠭᠠᠨ ᠳᠤ ᠱᠠᠩᠨᠠᠯ | ᠭᠦᠷᠳᠡᠭᠰᠡᠣᠨ᠂ ᠰᠢᠨᠵᠢᠯᠡᠬᠦ ᠤᠬᠠᠭᠠᠨ ᠮᠡᠷᠭᠡᠵᠢᠯ ᠤᠨ ᠤᠷᠤᠯᠳᠤᠭᠠᠨ ᠳᠤ ᠱᠠᠩᠨᠠᠯ ᠭᠦᠷᠳᠡᠭᠰᠡᠣᠨ ᠵᠢᠴᠢ ᠪᠡᠶ᠎ᠡ ᠶᠢᠨ | ᠲᠠᠮᠢᠷ ᠤᠨ ᠴᠢᠬᠤᠯᠠ ᠶᠡᠭᠡ ᠤᠷᠤᠯᠳᠤᠭᠠᠨ ᠳᠤ ᠱᠠᠩᠨᠠᠯ ᠭᠦᠷᠳᠡᠭᠰᠡᠣᠨ᠂ ᠬᠤᠶᠠᠳᠤᠭᠠᠷ ᠳᠡᠰ ᠤᠨ ᠲᠠᠮᠢᠷᠴᠢᠨ ᠤ | ᠨᠢᠭᠡᠳᠦᠯᠲᠡᠶ ᠬᠢᠨᠠᠨ ᠦᠨᠡᠯᠡᠭᠦ ᠳᠤ ᠬᠢᠷᠢ ᠲᠡᠩᠴᠡᠭᠰᠡᠣᠨ ᠵᠡᠷᠭᠡ 6 ᠵᠦᠢᠯ ᠤᠨ ᠪᠦᠬᠦ ᠤᠯᠤᠰ ᠤᠨ ᠴᠢᠨᠠᠷᠲᠠᠶ ᠳᠡᠭᠡᠳᠦ | ᠰᠤᠷᠭᠠᠭᠤᠯᠢ ᠶᠢᠨ ᠰᠢᠯᠭᠠᠯᠳᠠ ᠳᠤ ᠬᠤᠪᠢ ᠨᠡᠮᠡᠬᠦ ᠲᠦᠷᠣᠯ ᠵᠦᠢᠯ ᠢ ᠭᠦᠴᠣᠨ ᠦᠭᠡᠢ ᠪᠣᠯᠭᠠᠨ᠎ᠠ︔ ᠴᠡᠷᠢᠭ ᠤᠨ | ᠠᠯᠪᠠ ᠠᠴᠠ ᠪᠠᠭᠤᠭᠰᠠᠣᠨ᠂ ᠪᠡᠶ᠎ᠡ ᠪᠠᠨ ᠳᠠᠭᠠᠭᠠᠵᠤ ᠠᠵᠢᠯ ᠣᠯᠣᠭᠰᠠᠨ ᠴᠡᠷᠢᠭ ᠤᠨ ᠠᠯᠪᠠ ᠠᠴᠠ ᠪᠠᠭᠤᠭᠰᠠᠨ | ᠪᠠᠶᠢᠯᠳᠤᠭᠴᠢ᠂ ᠨᠥᠭᠴᠢᠭᠰᠡᠨ ᠪᠠᠭᠠᠲᠤᠷ ᠤᠨ ᠦᠷ᠎ᠡ ᠬᠡᠦᠬᠡᠳ᠂ ᠴᠥᠭᠡᠨ ᠲᠣᠭᠠᠲᠤ ᠦᠨᠳᠦᠰᠦᠲᠡᠨ ᠵᠢᠴᠢ | ᠤᠯᠤᠰ ᠲᠠᠭᠠᠨ ᠪᠤᠴᠠᠵᠤ ᠢᠷᠡᠭᠰᠡᠨ ᠬᠠᠷᠢᠶᠠᠲᠤ᠂ ᠬᠠᠷᠢᠶᠠᠲᠤ ᠨᠠᠷ ᠤᠨ ᠦᠷ᠎ᠡ ᠬᠡᠦᠬᠡᠳ᠂ ᠤᠯᠤᠰ ᠲᠠᠭᠠᠨ ᠪᠤᠴᠠᠵᠤ | ᠢᠷᠡᠭᠰᠡᠨ ᠬᠠᠷᠢᠶᠠᠲᠤ ᠨᠠᠷ ᠤᠨ ᠦᠷ᠎ᠡ ᠬᠡᠦᠬᠡᠳ ᠪᠠ ᠲᠠᠶᠢᠸᠠᠨ ᠮᠤᠵᠢ ᠶᠢᠨ ᠨᠤᠲᠤᠭ ᠲᠠᠢ ᠰᠢᠯᠭᠠᠭᠤᠯᠣᠭᠰᠠᠣᠨ ᠵᠡᠷᠭᠡ | ᠰᠢᠯᠭᠠᠭᠤᠯᠣᠭᠰᠠᠣᠨ ᠲᠤ ᠬᠤᠪᠢ ᠨᠡᠮᠡᠬᠦ ᠬᠢᠷᠢ ᠬᠡᠮ ᠢ ᠨᠢ ᠲᠥᠷ ᠦᠯᠡᠳᠡᠭᠡᠨ᠎ᠠ᠃ ᠳᠡᠭᠡᠳᠦ ᠰᠤᠷᠭᠠᠭᠤᠯᠢ ᠶᠢᠨ | ᠰᠢᠯᠭᠠᠯᠳᠠ ᠳᠤ ᠬᠤᠪᠢ ᠨᠡᠮᠡᠬᠦ ᠤᠷᠮᠠᠰᠢᠭᠤᠯᠣᠨ ᠭᠦᠳᠣᠯᠭᠦ ᠴᠢᠳᠠᠮᠵᠢ ᠶᠢ ᠠᠯᠬᠤᠮ ᠠᠯᠬᠤᠮ ᠢᠶᠠᠷ ᠰᠤᠷᠤᠭᠴᠢᠣᠨ ᠤᠨ | ᠶᠡᠷᠣᠩᠬᠡᠶᠢᠯᠡᠭᠰᠠᠨ ᠬᠡᠪ ᠴᠢᠨᠠᠷ ᠤᠨ ᠦᠨᠡᠯᠡᠯᠲᠡ ᠳᠤ ᠰᠢᠯᠵᠢᠭᠦᠯᠭᠦ ᠬᠡᠷᠩᠳᠠᠢ᠃ | 4.ᠮᠠᠯᠵᠢᠬᠤ ᠲᠠᠷᠢᠶᠠᠯᠠᠬᠤ ᠣᠷᠣᠨ ᠤ ᠰᠤᠷᠤᠭᠴᠢᠣᠨ ᠤᠨ ᠭᠤᠣᠯᠳᠠᠯᠭ᠎ᠠ ᠲᠠᠢ ᠳᠡᠭᠡᠳᠦ ᠰᠤᠷᠭᠠᠭᠤᠯᠢ ᠳᠤ | ᠤᠷᠤᠬᠤ ᠬᠥᠮᠦᠨ ᠤ ᠲᠤᠭ᠎ᠠ ᠶᠢ ᠨᠡᠮᠡᠭᠳᠡᠭᠦᠯᠭᠦ ᠬᠡᠷᠩᠳᠠᠢ᠃ ᠰᠤᠷᠤᠭᠴᠢ ᠡᠯᠰᠡᠬᠦ ᠲᠥᠯᠥᠪᠯᠡᠭᠡ ᠶᠢ ᠬᠤᠪᠢᠶᠠᠷᠢᠯᠠᠬᠤ | ᠠᠷᠭ᠎ᠠ ᠮᠠᠶ᠋ᠢᠭ ᠢᠶᠠᠨ ᠰᠠᠶᠢᠵᠢᠷᠠᠭᠤᠯᠵᠣ᠂ ᠮᠠᠯᠵᠢᠬᠤ ᠲᠠᠷᠢᠶᠠᠯᠠᠬᠤ ᠣᠷᠣᠨ ᠤ ᠶᠠᠳᠠᠭᠤ ᠬᠦᠴᠢᠷᠳᠡᠯᠲᠡᠶ ᠭᠠᠵᠠᠷ | ᠣᠷᠣᠨ ᠳᠤ ᠴᠢᠭᠯᠡᠯ ᠲᠠᠢ ᠪᠠᠷ ᠰᠤᠷᠤᠭᠴᠢ ᠡᠯᠰᠡᠬᠦ ᠲᠤᠰᠬᠠᠶ ᠲᠥᠯᠥᠪᠯᠡᠭᠡ ᠶᠢ ᠦᠭᠭᠦ ᠡᠷᠴᠢᠮ ᠢᠶᠠᠨ ᠴᠢᠩᠭᠠᠷᠠᠭᠤᠯᠵᠣ᠂ | ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠳᠡᠭᠡᠳᠦ ᠰᠤᠷᠭᠠᠭᠤᠯᠢ ᠨᠤᠭᠤᠳ ᠠᠯᠣᠰ ᠬᠢᠵᠠᠭᠠᠷ᠂ ᠶᠠᠳᠠᠭᠤ | ᠬᠦᠴᠢᠷᠳᠡᠯᠲᠡᠶ᠂ ᠦᠨᠳᠦᠰᠦᠲᠡᠨ ᠤ ᠭᠠᠵᠠᠷ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠰᠢᠯᠢᠳᠡᠭ ᠰᠤᠷᠤᠭᠴᠢᠳ ᠢ | ᠡᠯᠰᠡᠭᠦ ᠳᠤ ᠴᠢᠭᠯᠡᠯ ᠲᠠᠢ ᠪᠠᠷ ᠡᠯᠰᠡᠬᠦ ᠬᠠᠷᠢᠴᠠᠯ ᠢ ᠠᠯᠬᠤᠮ ᠠᠯᠬᠤᠮ ᠢᠶᠠᠷ ᠥᠷᠭᠡᠳᠬᠡᠭᠦ ᠬᠡᠷᠩᠳᠠᠢ᠃ 2017 | ᠣᠨ ᠳᠤ ᠶᠠᠳᠠᠭᠤ ᠬᠦᠴᠢᠷᠳᠡᠯᠳᠠᠢ ᠭᠠᠵᠠᠷ ᠣᠷᠣᠨ ᠳᠠᠬᠢ ᠮᠠᠯᠵᠢᠬᠤ ᠲᠠᠷᠢᠶᠠᠯᠠᠬᠤ ᠣᠷᠣᠨ ᠤ ᠰᠤᠷᠤᠭᠴᠢ ᠶᠢᠨ | ᠭᠤᠣᠯᠳᠠᠯᠭ᠎ᠠ ᠲᠠᠢ ᠳᠡᠭᠡᠳᠣ ᠰᠤᠷᠭᠠᠭᠤᠯᠢ ᠳᠤ ᠣᠷᠣᠬᠤ ᠬᠥᠮᠦᠨ ᠤ ᠲᠤᠭ᠎ᠠ ᠶᠢ ᠢᠯᠡᠣᠡᠳᠠ ᠨᠡᠮᠡᠭᠳᠡᠭᠦᠯᠵᠣ᠂ ᠮᠠᠯᠵᠢᠬᠤ | ᠲᠠᠷᠢᠶᠠᠯᠠᠬᠤ ᠣᠷᠣᠨ ᠤ ᠰᠤᠷᠤᠭᠴᠢ ᠭᠤᠣᠯᠳᠠᠯᠭ᠎ᠠ ᠲᠠᠢ ᠳᠡᠭᠡᠳᠦ ᠰᠤᠷᠭᠠᠭᠤᠯᠢ ᠳᠤ ᠣᠷᠣᠬᠤ ᠶᠢ ᠨᠢ ᠪᠠᠳᠣᠯᠠᠬᠤ | ᠤᠷᠳᠤ ᠬᠤᠭᠤᠴᠠᠭᠠᠨ ᠤ ᠪᠦᠳᠣᠮᠵᠢᠳᠠᠢ ᠲᠣᠭᠲᠠᠴᠠ ᠶᠢ ᠪᠣᠢ ᠪᠣᠯᠭᠠᠬᠤ ᠬᠡᠷᠩᠳᠠᠢ᠃ 5.ᠥᠪᠡᠷᠲᠡᠭᠡᠨ ᠵᠠᠰᠠᠬᠤ | ᠣᠷᠣᠨ ᠤ ᠳᠡᠭᠡᠳᠦ ᠰᠤᠷᠭᠠᠭᠤᠯᠢ ᠶᠢᠨ ᠰᠤᠷᠤᠭᠴᠢ ᠡᠯᠰᠡᠭᠦ ᠶᠢᠨ ᠰᠢᠯᠢᠨ ᠰᠣᠩᠭᠤᠬᠤ ᠲᠣᠭᠲᠠᠴᠠ ᠶᠢ | ᠲᠡᠭᠦᠯᠳᠡᠷᠵᠢᠭᠦᠯᠭᠦ ᠬᠡᠷᠩᠳᠠᠢ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠩ ᠤᠨ ᠳᠡᠭᠡᠳᠦ | ᠵᠡᠷᠭᠡ ᠶᠢᠨ ᠰᠤᠷᠭᠠᠭᠤᠯᠢ ᠶᠢᠨ ᠰᠤᠷᠤᠭᠴᠢ ᠡᠯᠰᠡᠬᠦ ᠰᠢᠯᠭᠠᠯᠲᠠ ᠶᠢᠨ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠦᠯ︾ | ᠢ ᠲᠣᠭᠲᠠᠭᠠᠨ᠎ᠠ᠃ ᠳᠡᠭᠡᠳᠦ ᠰᠤᠷᠭᠠᠭᠤᠯᠢ ᠨᠤᠭᠤᠳ ᠰᠢᠯᠭᠠᠯᠳᠠ ᠪᠠᠷ ᠰᠤᠷᠤᠭᠴᠢ ᠡᠯᠰᠡᠬᠦ ᠳᠤ ᠬᠤᠯᠪᠣᠭᠳᠠᠭᠰᠠᠨ | ᠬᠠᠮᠢᠶ᠎ᠠ ᠪᠦᠬᠦᠢ ᠵᠦᠢᠯᠡᠰ ᠪᠣᠯᠬᠤ᠂ ᠰᠢᠯᠭᠠᠯᠳᠠ ᠳᠤ ᠨᠡᠷ᠎ᠡ ᠮᠡᠳᠡᠭᠦᠯᠭᠦ ᠨᠥᠬᠦᠴᠡᠯ᠂ ᠶᠡᠷᠦᠩᠬᠡᠶᠢᠯᠡᠭᠰᠡᠨ ᠬᠡᠪ | ᠴᠢᠨᠠᠷ ᠤᠨ ᠰᠢᠨᠵᠢᠨ ᠰᠢᠯᠭᠠᠬᠤ ᠠᠭᠤᠯᠭ᠎ᠠ ᠪᠠ ᠬᠡᠷᠡᠭᠵᠢᠭᠦᠯᠬᠦ ᠠᠷᠭ᠎ᠠ᠂ ᠶᠡᠷᠦᠩᠬᠡᠢ ᠬᠢᠷᠢ ᠪᠦᠲᠦᠮᠵᠢ ᠶᠢᠨ ᠨᠢᠭᠡᠣᠡᠭᠡᠯ | ᠬᠠᠷᠢᠴᠠᠯ᠂ ᠡᠯᠰᠡᠵᠣ ᠠᠪᠬᠤ ᠲᠦᠷᠢᠮ ᠪᠠ ᠳᠡᠰ ᠳᠠᠷᠠᠭᠠᠯᠠᠯ ᠵᠡᠷᠭᠡ ᠠᠭᠤᠯᠭ᠎ᠠ ᠶᠢ ᠪᠠᠭᠳᠠᠭᠠᠭᠰᠠᠨ ᠵᠦᠢᠯ ᠤᠳ ᠢ | ᠰᠤᠷᠤᠭᠴᠢ ᠡᠯᠰᠡᠬᠦ ᠲᠦᠷᠢᠮ ᠤᠨ ᠲᠣᠳᠣᠷ᠎ᠠ ᠪᠠᠨ ᠰᠢᠯᠭᠠᠭᠤᠯᠤᠭᠰᠠᠳ᠂ ᠭᠡᠷ ᠤᠨ ᠠᠬᠠᠮᠠᠳ ᠵᠢᠴᠢ ᠨᠡᠶᠢᠭᠡᠮ ᠳᠤ | ᠤᠷᠢᠳᠴᠢᠯᠠᠨ ᠨᠡᠶᠢᠲᠡᠯᠡᠵᠣ ᠦᠭᠭᠦ ᠬᠡᠷᠡᠭᠲᠡᠶ᠃ ᠰᠤᠷᠭᠠᠭᠤᠯᠢ ᠶᠢᠨ ᠰᠤᠷᠤᠭᠴᠢ ᠡᠯᠰᠡᠬᠦ ᠺᠣᠮᠢᠰ ᠤᠨ | ᠪᠠᠶᠢᠭᠤᠯᠤᠯᠲᠠ ᠶᠢ ᠴᠢᠩᠭᠠᠳᠬᠠᠵᠤ᠂ ᠰᠤᠷᠭᠠᠭᠤᠯᠢ ᠶᠢᠨ ᠰᠤᠷᠤᠭᠴᠢ ᠡᠯᠰᠡᠬᠦ ᠲᠥᠯᠥᠪᠯᠡᠭᠡ ᠲᠣᠭᠳᠠᠭᠠᠬᠤ᠂ | ᠰᠤᠷᠤᠭᠴᠢ ᠡᠯᠰᠡᠬᠦ ᠲᠦᠷᠦ ᠶᠢᠨ ᠪᠤᠳᠤᠯᠭ᠎ᠠ ᠪᠠ ᠲᠦᠷᠢᠮ ᠲᠣᠭᠲᠠᠭᠠᠬᠤ᠂ ᠰᠤᠷᠤᠭᠴᠢ ᠡᠯᠰᠡᠬᠦ ᠴᠢᠬᠤᠯᠠ ᠶᠡᠭᠡ | ᠣᠴᠢᠷ ᠶᠠᠪᠤᠳᠠᠯ ᠢ ᠲᠣᠭᠳᠠᠭᠠᠬᠤ ᠵᠡᠷᠭᠡ ᠲᠠᠯ᠎ᠠ ᠪᠠᠷ ᠰᠤᠷᠤᠭᠴᠢ ᠡᠯᠰᠡᠬᠦ ᠺᠣᠮᠢᠰ ᠤᠨ ᠦᠢᠯᠡᠳᠦᠯ ᠢ ᠭᠦᠢᠴᠡᠳ | ᠪᠠᠳᠠᠷᠠᠭᠤᠯᠬᠤ ᠬᠡᠷᠩᠳᠠᠢ᠃ ᠳᠡᠭᠡᠳᠦ ᠰᠤᠷᠭᠠᠭᠤᠯᠢ ᠨᠤᠭᠤᠳ ᠨᠡᠶᠢᠭᠡᠮ ᠤᠨ ᠬᠢᠨᠠᠯᠲᠠ ᠲᠠᠯᠪᠢᠭᠴᠢᠣᠨ ᠢ ᠤᠷᠢᠵᠤ | ᠰᠤᠷᠭᠠᠭᠤᠯᠢ ᠶᠢᠨ ᠰᠢᠨᠵᠢᠨ ᠰᠢᠯᠭᠠᠬᠤ᠂ ᠡᠯᠰᠡᠵᠦ ᠠᠪᠬᠤ ᠲᠤᠬᠠᠶ ᠶᠢᠨ ᠭᠠᠵᠠᠷ ᠲᠤᠨᠢ ᠲᠣᠭᠤᠷᠢᠨ ᠪᠠᠶᠢᠴᠠᠭᠠᠬᠤ | ᠵᠡᠷᠭᠡ ᠠᠷᠭ᠎ᠠ ᠮᠠᠶ᠋ᠢᠭ ᠢᠶᠠᠷ ᠳᠡᠮᠵᠢᠵᠣ᠂ ᠰᠤᠷᠤᠭᠴᠢ ᠡᠯᠰᠡᠬᠦ ᠠᠵᠢᠯ ᠳᠤ ᠭᠤᠷᠪᠠᠳᠠᠬᠢ ᠡᠲᠡᠭᠡᠳ ᠠᠴᠠ ᠬᠢᠨᠠᠯᠲᠠ | ᠲᠠᠯᠪᠢᠬᠤ ᠶᠢ ᠬᠡᠷᠩᠵᠢᠭᠦᠯᠵᠣ ᠪᠣᠯᠣᠨ᠎ᠠ᠃ ᠰᠢᠯᠭᠠᠯᠳᠠ ᠪᠠᠷ ᠡᠯᠰᠡᠬᠦ ᠳᠤ ᠭᠤᠮᠣᠳᠠᠯ ᠲᠣᠭᠠᠴᠢᠬᠤ ᠲᠣᠭᠲᠠᠴᠠ ᠶᠢ | ᠪᠠᠶᠢᠭᠤᠯᠵᠤ᠂ ᠡᠯ᠎ᠡ ᠵᠦᠢᠯ ᠤᠨ ᠠᠰᠠᠭᠤᠳᠠᠯ ᠢ ᠴᠠᠭ ᠲᠤᠬᠠᠶ ᠳᠤᠨᠢ ᠲᠣᠰᠬᠠᠨ ᠰᠢᠢᠣᠡᠪᠣᠷᠢᠯᠡᠭᠦ ᠬᠡᠷᠩᠳᠠᠢ᠃ | ᠰᠤᠷᠤᠭᠴᠢ ᠡᠯᠰᠡᠬᠦ ᠳᠤ ᠬᠠᠷᠢᠭᠤᠴᠠᠯᠭ᠎ᠠ ᠬᠡᠯᠡᠯᠴᠡᠭᠦ ᠲᠦᠷᠢᠮ ᠢ ᠪᠠᠶᠢᠭᠤᠯᠵᠤ᠂ ᠰᠤᠷᠭᠠᠭᠤᠯᠢ ᠶᠢᠨ ᠵᠠᠬᠢᠷᠣᠯ ᠠᠴᠠ | ᠡᠯᠰᠡᠵᠣ ᠠᠪᠣᠭᠰᠠᠨ ᠮᠡᠳᠡᠭᠳᠡᠯ ᠤᠨ ᠪᠢᠴᠢᠭ ᠢ ᠭᠠᠷ ᠤᠨ ᠦᠰᠦᠭ ᠵᠢᠷᠣᠵᠣ ᠶᠠᠪᠣᠭᠤᠯᠣᠨ᠂ ᠡᠯᠰᠡᠭᠰᠡᠨ ᠦᠷ᠎ᠡ | ᠳ᠋ᠦᠩ ᠳᠤ ᠬᠠᠷᠢᠭᠤᠴᠠᠬᠤ ᠬᠡᠷᠡᠭᠲᠡᠶ᠃ | ︵ᠵᠢᠷᠭᠤᠭ᠎ᠠ︶ ᠨᠡᠶᠢᠭᠡᠮ ᠤᠨ ᠪᠦᠷᠢᠯᠳᠦᠬᠦᠨ ᠭᠦᠮᠣᠰ ᠤᠨ ᠨᠠᠰᠤᠨ ᠲᠤᠷᠰᠢᠳᠠ ᠰᠤᠷᠤᠯᠴᠠᠬᠤ ᠠᠷᠭ᠎ᠠ | ᠵᠠᠮ ᠢ ᠨᠢ ᠥᠷᠭᠡᠳᠬᠡᠭᠦ ᠬᠡᠷᠩᠳᠠᠢ᠃ | ᠨᠡᠶᠢᠭᠡᠮ ᠤᠨ ᠪᠦᠷᠢᠯᠳᠦᠬᠦᠨ ᠭᠦᠮᠣᠰ ᠲᠤ ᠤᠯᠠᠨ ᠶᠠᠩᠵᠤᠴᠢᠯᠠᠭᠰᠠᠨ ᠰᠤᠷᠭᠠᠨ ᠬᠥᠮᠦᠵᠢᠯ ᠬᠦᠷᠳᠡᠬᠦ | ᠵᠠᠪᠰᠢᠶᠠᠨ ᠲᠣᠬᠢᠶᠠᠯ ᠢ ᠥᠷᠭᠡᠳᠬᠡᠵᠦ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠨᠤᠭᠤᠳ ᠲᠤ | ᠳᠠᠩᠰᠠᠯᠠᠵᠣ ᠰᠤᠷᠭᠠᠭᠤᠯᠢ ᠳᠤ ᠣᠷᠣᠬᠤ ᠶᠢ ᠬᠡᠷᠡᠭᠵᠢᠭᠦᠯᠣᠨ᠂ ᠨᠠᠰᠤᠨ ᠳᠤ ᠬᠦᠷᠦᠭᠰᠡᠳ ᠤᠨ ᠳᠡᠭᠡᠳᠦ ᠵᠡᠷᠭᠡ ᠶᠢᠨ | ᠰᠤᠷᠤᠯᠴᠠᠭᠰᠠᠨ ᠨᠠᠮᠲᠠᠷ ᠤᠨ ᠰᠤᠷᠭᠠᠨ ᠬᠥᠮᠦᠵᠢᠯ ᠤᠨ ᠬᠠᠷᠢᠮᠠᠬᠠᠢ ᠰᠣᠷᠣᠯᠴᠠᠬᠤ ᠲᠦᠷᠢᠮ ᠢ ᠬᠡᠷᠩᠵᠢᠭᠦᠯᠣᠨ᠂ | ᠡᠯᠰᠡᠬᠦ ᠳᠡᠭᠡᠨ ᠠᠭᠤᠵᠢᠭᠤ ᠪᠠᠶᠢᠯᠭᠠᠵᠣ ᠲᠡᠭᠦᠰᠬᠡᠬᠦ ᠳᠤᠨᠢ ᠴᠢᠩᠭ᠎ᠠ ᠪᠠᠶᠢᠯᠭᠠᠬᠤ ᠶᠢ ᠬᠡᠷᠩᠵᠢᠭᠦᠯᠭᠦ ᠬᠡᠷᠩᠳᠠᠢ᠃ ᠤᠯᠠᠨ | ᠵᠦᠢᠯ ᠤᠨ ᠬᠡᠯᠪᠡᠷᠢ ᠪᠦᠭᠦᠢ ᠰᠤᠷᠤᠯᠴᠠᠭᠰᠠᠨ ᠦᠷ᠎ᠡ ᠪᠦᠲᠦᠭᠡᠯ ᠢ ᠮᠠᠭᠠᠳᠯᠠᠨ ᠲᠣᠭᠲᠠᠭᠠᠵᠣ ᠬᠤᠪᠢᠷᠠᠭᠤᠯᠣᠨ | ᠰᠣᠯᠢᠬᠤ ᠲᠦᠷᠢᠮ ᠢ ᠰᠦᠪᠡᠭᠴᠢᠯᠡᠨ ᠪᠠᠶᠢᠭᠤᠯᠵᠤ᠂ ᠡᠩ ᠤᠨ ᠳᠡᠭᠡᠳᠦ ᠰᠤᠷᠭᠠᠭᠤᠯᠢ᠂ ᠳᠡᠭᠡᠳᠦ ᠵᠡᠷᠭᠡ ᠶᠢᠨ ᠠᠵᠢᠯ | ᠮᠡᠷᠭᠡᠵᠢᠯ ᠤᠨ ᠰᠤᠷᠭᠠᠭᠤᠯᠢ᠂ ᠨᠠᠰᠤᠨ ᠳᠤ ᠬᠥᠷᠦᠭᠰᠡᠳ ᠤᠨ ᠳᠡᠭᠡᠳᠦ ᠰᠤᠷᠭᠠᠭᠤᠯᠢ ᠨᠤᠭᠤᠳ ᠤᠨ | ᠬᠤᠭᠤᠷᠣᠨᠳᠣ ᠪᠠᠨ ᠰᠤᠷᠤᠯᠭ᠎ᠠ ᠶᠢᠨ ᠬᠤᠪᠢ ᠪᠠᠷ ᠰᠤᠷᠤᠬᠴᠢ ᠬᠤᠪᠢᠷᠠᠭᠤᠯᠣᠨ ᠰᠣᠯᠢᠬᠤ ᠶᠢ ᠰᠦᠪᠡᠭᠴᠢᠯᠠᠨ ᠲᠣᠷᠰᠢᠨ | ᠬᠡᠷᠩᠵᠢᠭᠦᠯᠵᠣ᠂ ᠣᠯᠠᠨ ᠵᠦᠢᠯ ᠤᠨ ᠰᠣᠷᠣᠯᠴᠠᠬᠤ ᠠᠷᠭ᠎ᠠ ᠵᠠᠮ᠂ ᠰᠣᠷᠣᠯᠴᠠᠬᠤ ᠠᠷᠭ᠎ᠠ ᠮᠠᠶ᠋ᠢᠭ᠂ ᠰᠤᠷᠤᠯᠴᠠᠬᠤ | ᠶᠠᠪᠤᠴᠠ ᠶᠢ ᠬᠠᠷᠢᠯᠴᠠᠨ ᠵᠣᠯᠭᠠᠭᠤᠯᠬᠤ ᠶᠢ ᠪᠡᠶᠡᠯᠡᠭᠦᠯᠵᠣ᠂ ᠴᠢᠳᠠᠪᠤᠷᠢᠲᠠᠨ ᠤ ᠦᠰᠦᠨ ᠪᠤᠶᠢᠵᠢᠬᠤ ᠶᠢᠨ ︽ | ᠰᠣᠯᠢᠪᠴᠠᠭᠤᠯᠣᠨ ᠰᠣᠷᠣᠯᠴᠠᠭᠤᠯᠬᠤ ᠲᠣᠭᠳᠠᠴᠨ︾ ᠶᠢ ᠪᠠᠶᠢᠭᠤᠯᠬᠤ ᠬᠡᠷᠩᠳᠠᠢ᠃ ᠰᠤᠷᠭᠠᠨ ᠬᠥᠮᠦᠵᠢᠯ ᠤᠨ | ᠶᠠᠮᠤᠨ ᠤ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ ᠰᠤᠷᠤᠯᠭ᠎ᠠ ᠶᠢᠨ ᠬᠤᠪᠢ ᠶᠢ ᠬᠠᠷᠢᠯᠴᠠᠨ ᠮᠡᠳᠡᠷᠡᠭᠦ ᠪᠠ | ᠬᠤᠪᠢᠷᠠᠭᠤᠯᠣᠨ ᠰᠣᠯᠢᠬᠤ ᠶᠢᠨ ᠬᠡᠷᠡᠭᠵᠢᠭᠦᠯᠬᠦ ᠰᠠᠨᠠᠯ ᠢ ᠰᠣᠳᠣᠯᠣᠨ ᠲᠣᠭᠳᠠᠭᠠᠬᠤ ᠬᠡᠷᠩᠳᠠᠢ᠃ ᠰᠢᠯᠢᠳᠡᠭ | ᠲᠠᠮᠢᠷᠴᠢᠨ ᠤ ᠰᠤᠷᠭᠠᠭᠤᠯᠢ ᠳᠡᠪᠰᠢᠭᠦ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠭᠦ ᠶᠢᠨ ᠬᠠᠮᠳᠣ ᠵᠢᠷᠤᠮᠵᠢᠭᠤᠯᠵᠤ᠂ | ᠬᠥᠯ ᠪᠥᠮᠪᠥᠭᠡᠨ ᠤ ᠬᠥᠳᠡᠯᠭᠡᠭᠡᠨ ᠢ ᠪᠠᠭᠲᠠᠭᠠᠭᠰᠠᠨ ᠣᠷᠣᠯᠳᠣᠭᠠᠨ ᠤ ᠪᠡᠶ᠎ᠡ ᠶᠢᠨ ᠲᠠᠮᠢᠷ ᠤᠨ ᠥᠭᠡᠷᠡᠴᠢᠯᠡᠯᠲᠡ | ᠬᠥᠭᠵᠢᠯᠳᠠ ᠶᠢ ᠠᠬᠢᠭᠤᠯᠬᠤ ᠬᠡᠷᠩᠳᠠᠢ᠃ | ︵ᠲᠤᠯᠤᠭ᠎ᠠ︶ ᠬᠢᠨᠠᠯᠳᠠ ᠬᠠᠮᠢᠶᠠᠷᠣᠯᠳᠠ ᠶᠢᠨ ᠲᠣᠭᠲᠠᠴᠠ ᠳᠤ ᠦᠭᠡᠷᠡᠴᠢᠯᠡᠯᠳᠠ ᠬᠢᠭᠦ ᠬᠡᠷᠩᠳᠠᠢ᠃ | 1.ᠮᠡᠳᠡᠭᠡ ᠵᠠᠩᠭᠢ ᠶᠢᠨ ᠢᠯᠨ ᠪᠣᠯᠭᠠᠬᠤ ᠶᠢ ᠴᠢᠩᠭᠠᠳᠬᠠᠬᠤ ᠬᠡᠷᠩᠳᠠᠢ᠃ ᠱᠠᠳᠣ ᠬᠤᠪᠢᠶᠠᠨ ᠬᠠᠷᠢᠭᠤᠴᠠᠬᠤ᠂ | ᠵᠢᠷᠣᠮᠵᠢᠯᠳᠠᠢ ᠪᠦᠭᠡᠣᠨ ᠪᠦᠲᠦᠮᠵᠢᠲᠡᠶ ᠪᠠᠷ ᠰᠤᠷᠤᠭᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠭᠢ ᠶᠢᠨ ᠢᠯᠡ | ᠪᠣᠯᠭᠠᠬᠤ ᠳᠦᠷᠢᠮ ᠢ ᠪᠦᠷᠢᠨᠰᠢᠭᠦᠯᠵᠣ᠂ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠬᠤ ᠬᠡᠷᠩᠳᠠᠢ᠃ ᠮᠡᠳᠡᠭᠡ | ᠵᠠᠩᠭᠢ ᠶᠢᠨ ᠢᠯᠡ ᠪᠣᠯᠭᠠᠬᠤ ᠠᠭᠤᠯᠭ᠎ᠠ ᠪᠠ ᠬᠦᠷᠢᠶ᠎ᠡ ᠬᠡᠪᠴᠢᠶ᠎ᠡ ᠪᠠᠨ ᠤᠯᠠᠮ ᠨᠢᠭᠡ ᠠᠯᠬᠤᠮ ᠥᠷᠭᠡᠳᠬᠡᠵᠦ᠂ | ᠰᠤᠷᠤᠭᠴᠢ ᠡᠯᠰᠡᠬᠦ ᠲᠥᠷᠥ ᠶᠢᠨ ᠪᠣᠳᠣᠯᠭ᠎ᠠ᠂ ᠰᠤᠷᠤᠭᠴᠢ ᠡᠯᠰᠡᠬᠦ ᠬᠢᠷᠢ ᠬᠡᠮ᠂ ᠰᠤᠷᠤᠭᠴᠢ ᠡᠯᠰᠡᠬᠦ ᠲᠦᠷᠢᠮ᠂ | ᠰᠤᠷᠤᠭᠴᠢ ᠡᠯᠰᠡᠬᠦ ᠲᠥᠯᠥᠪᠯᠡᠭᠡ᠂ ᠰᠢᠯᠭᠠᠭᠤᠯᠤᠭᠰᠠᠣᠨ ᠤᠨ ᠬᠢᠷᠢ ᠭᠡᠮ᠂ ᠡᠯᠰᠡᠨ ᠠᠪᠬᠤ ᠳᠡᠰ ᠳᠠᠷᠠᠭᠠᠯᠠᠯ᠂ | ᠡᠯᠰᠡᠭᠰᠡᠨ ᠦᠷ᠎ᠡ ᠳ᠋ᠦᠩ᠂ ᠯᠠᠪᠯᠡᠯᠭᠠ ᠵᠢᠴᠢ ᠭᠤᠮᠣᠳᠠᠯ ᠲᠣᠭᠠᠴᠢᠬᠤ ᠠᠷᠭ᠎ᠠ ᠵᠠᠮ᠂ ᠴᠢᠬᠤᠯᠠ ᠶᠡᠭᠡ ᠣᠴᠢᠷ | ᠶᠠᠪᠤᠳᠠᠯ ᠤᠨ ᠲᠣᠭᠲᠠᠭᠠᠯ ᠠᠴᠠ ᠵᠥᠷᠢᠴᠡᠭᠰᠡᠨ ᠢ ᠰᠢᠢᠣᠡᠪᠣᠷᠢᠯᠡᠭᠰᠠᠨ ᠦᠷ᠎ᠡ ᠳ᠋ᠦᠩ᠂ ᠡᠯᠰᠡᠭᠰᠡᠨ ᠰᠢᠨ᠎ᠡ | ᠰᠤᠷᠤᠭᠴᠢ ᠶᠢ ᠳᠠᠪᠲᠠᠨ ᠪᠠᠶᠢᠴᠠᠭᠠᠭᠰᠠᠨ ᠦᠷ᠎ᠡ ᠳ᠋ᠦᠩ ᠵᠡᠷᠭᠡ ᠮᠡᠳᠡᠭᠡ ᠵᠠᠩᠭᠢ ᠶᠢ ᠴᠠᠭ ᠲᠤᠬᠠᠶ ᠳᠤᠨᠢ ᠢᠯᠡ | ᠪᠣᠯᠭᠠᠵᠣ᠂ ᠰᠢᠯᠭᠠᠭᠤᠯᠤᠭᠰᠠᠣᠨ᠂ ᠰᠤᠷᠭᠠᠭᠤᠯᠢ ᠪᠠ ᠨᠡᠶᠢᠭᠡᠮ ᠤᠨ ᠬᠢᠨᠠᠯᠲᠠ ᠳᠠᠯᠪᠢᠯᠳᠠ ᠶᠢ ᠬᠦᠯᠢᠶᠡᠭᠦ ᠬᠡᠷᠩᠳᠠᠢ᠃ | ᠳᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ᠳᠤ ︽ᠢᠯᠨ ᠪᠠᠶᠢᠯᠭᠠᠬᠤ ᠢᠨᠵᠧᠨᠧᠷᠢᠩ︾ ᠢ ᠬᠡᠷᠡᠭᠵᠢᠭᠦᠯᠭᠦ | ᠬᠡᠷᠩᠳᠠᠢ᠃ | 2.ᠲᠦᠷᠢᠮ ᠤᠨ ᠪᠠᠲᠤᠯᠠᠭ᠎ᠠ ᠪᠠᠨ ᠴᠢᠩᠭᠠᠳᠬᠠᠬᠤ ᠬᠡᠷᠩᠳᠠᠢ᠃ ᠡᠯ᠎ᠡ ᠱᠠᠲᠤᠨ ᠤ ᠵᠠᠰᠠᠭ ᠤᠨ ᠣᠷᠳᠣᠨ ᠤ | ᠰᠠᠯᠠᠭ᠎ᠠ ᠮᠥᠴᠢᠷ ᠤᠨ ᠬᠠᠮᠵᠢᠯᠴᠠᠭ᠎ᠠ ᠶᠢᠨ ᠲᠣᠭᠲᠠᠴᠠ ᠶᠢ ᠪᠥᠷᠢᠨᠰᠢᠬᠦᠯᠣᠨ ᠲᠡᠭᠦᠯᠳᠡᠷᠵᠢᠭᠦᠯᠵᠦ᠂ ᠰᠤᠷᠭᠠᠨ | ᠬᠥᠮᠦᠵᠢᠯ ᠤᠨ ᠰᠢᠯᠭᠠᠯᠲᠠ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠲᠦᠷᠢᠮ ᠤᠨ ᠪᠠᠶᠢᠭᠤᠯᠤᠯᠲᠠ ᠶᠢ | ᠴᠢᠩᠭᠠᠷᠠᠭᠤᠯᠵᠣ᠂ ᠰᠢᠨᠵᠢᠯᠡᠬᠦ ᠤᠬᠠᠭᠠᠨᠴᠢ᠂ ᠵᠢᠷᠤᠮᠵᠢᠭᠰᠠᠨ᠂ ᠴᠢᠩᠭ᠎ᠠ ᠨᠢᠮᠪᠠᠶ ᠰᠤᠷᠭᠠᠨ ᠬᠥᠮᠦᠵᠢᠯ ᠤᠨ | ᠰᠢᠯᠭᠠᠯᠲᠠ ᠶᠢᠨ ᠠᠮᠤᠷ ᠲᠦᠪᠰᠢᠨ ᠤ ᠰᠢᠰᠲ᠋ᠧᠮᠵᠢ ᠶᠢ ᠪᠠᠶᠢᠭᠤᠯᠬᠤ ᠬᠡᠷᠩᠳᠠᠢ᠃ ᠦᠨᠡᠨᠴᠢ ᠢᠲᠡᠭᠡᠮᠵᠢᠳᠠᠢ ᠪᠠᠶᠢᠬᠤ | ᠳᠦᠷᠢᠮ ᠢ ᠪᠦᠷᠢᠨᠰᠢᠭᠦᠯᠵᠣ᠂ ᠰᠢᠯᠭᠠᠭᠤᠯᠤᠭᠰᠠᠣᠨ ᠤᠨ ᠦᠨᠡᠨᠴᠢ ᠢᠲᠡᠭᠡᠮᠵᠢᠳᠠᠢ ᠪᠠᠶᠢᠬᠤ ᠬᠥᠮᠦᠵᠢᠯ ᠪᠠ ᠦᠨᠡᠨᠴᠢ | ᠢᠲᠡᠭᠡᠮᠵᠢᠳᠠᠢ ᠳᠠᠩᠰᠠ ᠡᠪᠬᠡᠮᠡᠯ ᠤᠨ ᠬᠠᠮᠢᠶᠠᠷᠤᠯᠳᠠ ᠶᠢ ᠴᠢᠩᠭᠠᠣᠠᠬᠠᠬᠤ ᠬᠡᠷᠩᠳᠠᠢ᠃ ᠰᠤᠷᠭᠠᠨ ᠬᠥᠮᠦᠵᠢᠯ ᠤᠨ | ᠰᠢᠯᠭᠠᠯᠲᠠ ᠪᠠᠷ ᠰᠤᠷᠤᠭᠴᠢ ᠡᠯᠰᠡᠬᠦ ᠶᠢᠨ ᠬᠠᠤᠯᠢ ᠴᠠᠭᠠᠵᠠ ᠬᠠᠤᠯᠢ ᠲᠣᠭᠲᠠᠭᠠᠯ ᠢ ᠪᠦᠷᠢᠨᠰᠢᠭᠦᠯᠵᠣ᠂ ᠰᠢᠯᠭᠠᠯᠲᠠ ᠪᠠᠷ | ᠰᠤᠷᠤᠭᠴᠢ ᠡᠯᠰᠡᠬᠦ ᠠᠵᠢᠯ ᠤᠨ ᠬᠠᠤᠯᠢ ᠳᠦᠷᠢᠮᠵᠢᠯᠳᠠ ᠶᠢᠨ ᠬᠢᠷᠢ ᠬᠡᠮᠵᠢᠶ᠎ᠠ ᠶᠢ ᠳᠡᠭᠡᠭᠰᠢᠯᠡᠭᠦᠯᠭᠦ ᠬᠡᠷᠩᠳᠠᠢ᠃ | 3.ᠲᠣᠭᠲᠠᠭᠠᠯ ᠠᠴᠠ ᠵᠥᠷᠢᠴᠡᠭᠰᠡᠨ ᠢ ᠪᠠᠶᠢᠴᠠᠭᠠᠨ ᠰᠢᠢᠣᠡᠪᠣᠷᠢᠯᠡᠭᠦ ᠡᠷᠴᠢᠮ ᠢᠶᠠᠨ ᠴᠢᠩᠭᠠᠷᠠᠭᠤᠯᠬᠤ ᠬᠡᠷᠩᠳᠠᠢ᠃ | ᠰᠢᠯᠭᠠᠯᠲᠠ ᠪᠠᠷ ᠰᠤᠷᠤᠭᠴᠢ ᠡᠯᠰᠡᠬᠦ ᠪᠥᠬᠦ ᠶᠠᠪᠤᠴᠠ ᠳᠤ ᠬᠢᠨᠠᠯᠲᠠ ᠳᠠᠯᠪᠢᠬᠤ ᠪᠠᠨ ᠴᠢᠩᠭᠠᠳᠬᠠᠬᠤ ᠬᠡᠷᠩᠳᠠᠢ᠃ | ᠬᠠᠤᠯᠢ ᠲᠣᠭᠲᠠᠭᠠᠯ ᠠᠴᠠ ᠵᠥᠷᠢᠴᠡᠭᠰᠡᠨ ᠥᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠣᠡᠪᠣᠷᠢᠯᠡᠵᠣ᠂ | ᠲᠣᠬᠠᠶᠢᠳᠠᠢ ᠬᠥᠮᠦᠨ ᠵᠢᠴᠢ ᠬᠠᠮᠢᠶ᠎ᠠ ᠪᠦᠬᠦᠢ ᠬᠥᠮᠦᠰ ᠤᠨ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠵᠣ᠂ ᠪᠠᠶᠢᠴᠠᠭᠠᠨ | ᠰᠢᠢᠣᠡᠪᠣᠷᠢᠯᠡᠭᠰᠠᠨ ᠦᠷ᠎ᠡ ᠳ᠋ᠦᠩ ᠢᠶᠠᠨ ᠲᠠᠷᠦ᠋ᠢᠬᠠᠨ ᠨᠡᠶᠢᠲᠡᠯᠡᠭᠦ ᠬᠡᠷᠩᠳᠠᠢ᠃ ᠶᠠᠯ᠎ᠠ ᠳᠤ ᠭᠦᠷᠣᠭ᠍ᠰᠡᠨ ᠪᠠᠶᠢᠪᠠᠯ᠂ | ᠬᠠᠤᠯᠢ ᠴᠠᠭᠠᠵᠠ ᠶᠢᠨ ᠪᠠᠶᠢᠭᠤᠯᠭ᠎ᠠ ᠨᠢ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠭᠦ ᠬᠡᠷᠩᠳᠠᠢ᠃ | ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠬᠤᠷᠸ᠎ᠠ ᠬᠠᠮᠢᠶᠠᠷᠤᠯᠲᠠ ᠪᠠᠨ ᠴᠢᠩᠭᠠᠳᠬᠠᠬᠤ ᠬᠡᠷᠩᠳᠠᠢ᠃ | ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠬᠠᠮᠢᠶᠠᠷᠤᠯᠲᠠ ᠶᠢᠨ ᠣᠨᠣᠯᠵᠢᠬᠤᠨ ᠢᠶᠠᠨ ᠦᠨᠡᠨᠬᠦ ᠬᠤᠪᠢᠷᠠᠭᠤᠯᠣᠨ | ᠂ ᠬᠠᠮᠢᠶᠠᠷᠤᠯᠲᠠ ᠶᠢᠨ ᠠᠷᠭ᠎ᠠ ᠮᠠᠶ᠋ᠢᠭ ᠢᠶᠠᠨ ᠰᠠᠶᠢᠵᠢᠷᠠᠭᠤᠯᠵᠤ᠂ ᠬᠠᠮᠢᠶᠠᠷᠤᠯᠳᠠ ᠶᠢᠨ ᠴᠢᠳᠠᠪᠤᠷᠢ ᠪᠠᠨ ᠳᠡᠭᠡᠭᠰᠢᠯᠡᠭᠦᠯᠬᠦ | ᠬᠡᠷᠡᠭᠲᠡᠶ᠃ ᠥᠭᠡᠷᠡᠴᠢᠯᠡᠯᠲᠡ ᠶᠢᠨ ᠡᠯ᠎ᠡ ᠵᠦᠢᠯ ᠤᠨ ᠬᠡᠷᠡᠭᠵᠢᠭᠦᠯᠬᠦ ᠨᠠᠷᠢᠨ ᠳᠦᠷᠢᠮ ᠢ ᠨᠠᠷᠢᠨ ᠬᠢᠨᠠᠮᠠᠭᠠᠶ ᠲᠣᠭᠲᠠᠭᠠᠵᠤ | ᠂ ᠬᠠᠮᠢᠶᠠᠷᠤᠯᠲᠠ ᠶᠢᠨ ᠳᠦᠷᠢᠮ ᠪᠠ ᠰᠠᠭᠤᠷᠢ ᠰᠤᠷᠭᠠᠨ ᠬᠥᠮᠦᠵᠢᠯ ᠤᠨ ᠦᠨᠡᠯᠡᠨ ᠵᠢᠱᠢᠬᠦ ᠰᠢᠰᠲ᠋ᠧᠮᠵᠢ᠂ | ᠰᠢᠮᠳᠠᠭᠤᠯᠣᠨ ᠵᠢᠯᠣᠭᠤᠳᠬᠤ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠳᠤᠮᠳᠠᠳᠤ ᠪᠠᠭ᠎ᠠ ᠰᠤᠷᠭᠠᠭᠤᠯᠢ ᠶᠢ | ᠭᠦᠳᠣᠯᠣᠨ ᠵᠢᠯᠣᠭᠤᠣᠡᠴᠣ ᠪᠠᠶᠢᠭᠠᠣᠨ ᠬᠡᠪ ᠴᠢᠨᠠᠷ ᠤᠨ ᠰᠤᠷᠭᠠᠨ ᠬᠥᠮᠦᠵᠢᠯ ᠢ ᠢᠳᠡᠪᠬᠢᠲᠡᠶ ᠥᠷᠨᠢᠭᠦᠯᠬᠦ ᠬᠡᠷᠩᠳᠠᠢ᠃ | ᠰᠢᠯᠭᠠᠯᠲᠠ ᠪᠠᠷ ᠰᠤᠷᠤᠭᠴᠢ ᠡᠯᠰᠡᠬᠦ ᠳᠠᠬᠢ ᠰᠤᠷᠭᠠᠭᠤᠯᠢ ᠬᠢᠭᠡᠣᠨ ᠵᠠᠰᠠᠭ ᠤᠨ ᠣᠷᠳᠣᠨ ᠤ ᠬᠠᠷᠢᠭᠤᠴᠠᠯᠭ᠎ᠠ ᠪᠠ | ᠡᠷᠬᠡ ᠶᠢᠨ ᠬᠠᠷᠢᠴᠠᠭ᠎ᠠ ᠶᠢ ᠲᠣᠳᠣᠷᠬᠠᠶᠢᠯᠠᠵᠣ᠂ ᠰᠤᠷᠭᠠᠭᠤᠯᠢ ᠶᠢᠨ ᠰᠣᠷᠣᠭᠴᠢ ᠡᠯᠰᠡᠬᠦ ᠶᠢᠨ ᠦᠨᠡᠯᠡᠨ ᠰᠣᠩᠭᠤᠬᠤ | ᠭᠤᠣᠯ ᠴᠣᠭᠴᠠ ᠶᠢᠨ ᠦᠢᠯᠡᠳᠦᠯ ᠢ ᠪᠠᠳᠠᠷᠠᠭᠤᠯᠬᠤ ᠶᠢᠨ ᠬᠠᠮᠲᠤ᠂ ᠬᠢᠨᠠᠯᠳᠠ ᠬᠠᠮᠢᠶᠠᠷᠣᠯᠳᠠ ᠶᠢᠨ ᠰᠢᠰᠲ᠋ᠧᠮᠵᠢ ᠪᠠᠨ | ᠲᠡᠭᠦᠯᠳᠡᠷᠵᠢᠭᠦᠯᠭᠦ ᠬᠡᠷᠩᠳᠠᠢ᠃ ᠡᠯ᠎ᠡ ᠱᠠᠲᠤᠨ ᠤ ᠡᠯ᠎ᠡ ᠲᠦᠷᠦᠯ ᠤᠨ ᠰᠢᠯᠭᠠᠯᠲᠠ ᠪᠠᠷ ᠰᠤᠷᠤᠭᠴᠢ ᠡᠯᠰᠡᠬᠦ | ᠪᠠᠶᠢᠭᠤᠯᠤᠮᠵᠢ ᠶᠢ ᠪᠦᠷᠢᠨᠰᠢᠭᠦᠯᠵᠣ᠂ ᠲᠣᠰᠬᠠᠶᠢᠵᠢᠭᠰᠠᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠡᠯ᠎ᠡ | ᠱᠠᠲᠤᠨ ᠤ ᠡᠯ᠎ᠡ ᠲᠥᠷᠥᠯ ᠤᠨ ᠰᠤᠷᠤᠭᠴᠢ ᠡᠯᠰᠡᠬᠦ ᠰᠢᠯᠭᠠᠯᠲᠠ ᠪᠠ ᠶᠡᠷᠣᠩᠬᠡᠶᠢᠯᠡᠭᠰᠠᠨ ᠬᠡᠪ ᠴᠢᠨᠠᠷ ᠤᠨ ᠰᠢᠨᠵᠢᠨ | ᠰᠢᠯᠭᠠᠬᠤ ᠶᠢᠨ ᠰᠢᠨᠵᠢᠯᠡᠬᠦ ᠤᠬᠠᠭᠠᠨᠴᠢᠯᠠᠭᠰᠠᠨ ᠬᠢᠷᠢ ᠭᠡᠮᠵᠢᠶ᠎ᠠ ᠶᠢ ᠳᠡᠭᠡᠭᠰᠢᠯᠡᠭᠦᠯᠭᠦ ᠬᠡᠷᠩᠳᠠᠢ᠃ | ︵ᠬᠤᠶᠠᠷ︶ ᠡᠮᠬᠢ ᠵᠢᠷᠤᠮ ᠲᠠᠢ ᠪᠠᠷ ᠠᠬᠢᠭᠤᠯᠣᠨ ᠬᠡᠷᠡᠭᠵᠢᠭᠦᠯᠭᠦ ᠬᠡᠷᠩᠳᠠᠢ᠃ | ᠰᠤᠷᠭᠠᠨ ᠬᠥᠮᠦᠵᠢᠯ ᠤᠨ ᠦᠶᠡᠯᠡᠯᠳᠣ ᠴᠢᠨᠠᠷ ᠢ ᠭᠦᠢᠴᠡᠳ ᠪᠣᠳᠣᠯᠬᠢᠯᠠᠵᠤ᠂ ᠠᠯᠬᠤᠮ ᠳᠠᠷᠠᠭ᠎ᠠ ᠲᠠᠢ ᠪᠠᠷ | ᠠᠬᠢᠭᠤᠯᠬᠤ᠂ ᠢᠳᠡᠪᠬᠢᠲᠡᠶ ᠪᠦᠭᠡᠣᠨ ᠯᠠᠪᠳᠠᠭᠤᠨ ᠪᠠᠳᠣᠳᠠᠢ ᠪᠠᠶᠢᠯᠭᠠᠬᠤ ᠵᠠᠷᠴᠢᠮ ᠶᠣᠰᠣᠭᠠᠷ᠂ ᠡᠯ᠎ᠡ ᠵᠦᠢᠯ ᠤᠨ | ᠥᠭᠡᠷᠡᠴᠢᠯᠡᠯᠲᠡ ᠢ ᠲᠣᠭᠳᠠᠭᠤᠨ ᠢᠶᠠᠷ ᠬᠡᠷᠡᠭᠵᠢᠭᠦᠯᠭᠦ ᠬᠡᠷᠩᠳᠠᠢ᠃ ᠰᠢᠯᠭᠠᠯᠲᠠ ᠪᠠᠷ ᠰᠤᠷᠤᠭᠴᠢ ᠡᠯᠰᠡᠬᠦ ᠳᠦᠷᠢᠮ ᠤᠨ | ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠦᠯ ᠢ ᠤᠷᠢᠳᠴᠢᠯᠠᠨ ᠨᠡᠶᠢᠲᠡᠯᠡᠵᠣ᠂ ᠰᠢᠯᠭᠠᠭᠤᠯᠣᠭᠰᠠᠣᠨ ᠪᠠ | ᠨᠡᠶᠢᠭᠡᠮ ᠤᠨ ᠬᠢᠨ ᠳᠤ ᠲᠣᠳᠣᠷᠬᠠᠶ᠂ ᠲᠣᠭᠲᠠᠭᠤᠨ ᠪᠠᠶᠢᠬᠤ ᠭᠦᠰᠡᠯ ᠲᠦᠰᠣᠭᠡᠯᠡᠯ ᠲᠠᠢ ᠪᠠᠶᠢᠯᠭᠠᠬᠤ ᠬᠡᠷᠩᠳᠠᠢ᠃ | ᠥᠭᠡᠷᠡᠴᠢᠯᠡᠯᠲᠡ ᠶᠢᠨ ᠳᠤᠮᠳᠠ ᠲᠤᠯᠭᠠᠷᠠᠭᠰᠠᠨ ᠰᠢᠨ᠎ᠡ ᠪᠠᠶᠢᠳᠠᠯ ᠰᠢᠨ᠎ᠡ ᠠᠰᠠᠭᠤᠳᠠᠯ ᠤᠳ ᠢ ᠴᠠᠭ ᠲᠤᠬᠠᠶ ᠳᠤᠨᠢ | ᠰᠤᠳᠤᠯᠤᠨ ᠰᠢᠢᠣᠨᠪᠦᠷᠢᠯᠡᠵᠣ᠂ ᠲᠤᠷᠰᠢᠯᠭ᠎ᠠ ᠪᠠᠨ ᠲᠠᠰᠤᠷᠠᠯᠳᠠ ᠦᠭᠡᠢ ᠳ᠋ᠦᠩᠨᠡᠵᠦ᠂ ᠠᠷᠭ᠎ᠠ ᠬᠡᠮᠵᠢᠶ᠎ᠡ ᠪᠠᠨ | ᠲᠣᠬᠢᠷᠠᠭᠤᠯᠤᠨ ᠲᠡᠭᠦᠯᠳᠡᠷᠵᠢᠭᠦᠯᠭᠦ ᠬᠡᠷᠩᠳᠠᠢ᠃ | ︵ᠭᠤᠷᠪᠠ︶ ᠨᠥᠬᠦᠴᠡᠯ ᠤᠨ ᠪᠠᠲᠤᠯᠠᠭ᠎ᠠ ᠶᠢ ᠴᠢᠩᠭᠠᠣᠠᠬᠠᠬᠤ ᠬᠡᠷᠩᠳᠠᠢ᠃ | ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠪᠡᠯᠡᠳᠬᠡᠮᠵᠢ ᠲᠥᠬᠦᠭᠡᠷᠦᠮᠵᠢ᠂ ᠪᠠᠭᠰᠢ ᠶᠢᠨ | ᠲᠤᠬᠢᠷᠠᠭᠤᠯᠤᠯᠲᠡ᠂ ᠰᠢᠯᠭᠠᠯᠲᠠ ᠶᠢᠨ ᠪᠠᠶᠢᠭᠤᠯᠤᠮᠵᠢ ᠶᠢᠨ ᠲᠤᠰᠬᠠᠶᠢᠵᠢᠭᠰᠠᠨ ᠪᠠᠶᠢᠭᠤᠯᠤᠯᠲᠠ ᠶᠢ ᠴᠢᠩᠭᠠᠳᠬᠠᠵᠤ᠂ | ᠰᠢᠯᠭᠠᠯᠲᠠ ᠶᠢᠨ ᠵᠣᠬᠢᠶᠠᠨ ᠪᠠᠶᠢᠭᠤᠯᠬᠤ ᠠᠵᠢᠯ ᠤᠨ ᠰᠢᠨᠵᠢᠯᠡᠬᠦ ᠤᠬᠠᠭᠠᠨᠴᠢ ᠵᠢᠷᠤᠮᠵᠢᠭᠰᠠᠨ ᠪᠠᠶᠢᠬᠤ ᠶᠢ ᠦᠨᠡᠡᠭᠦ | ᠪᠠᠲᠤᠯᠠᠬᠤ ᠬᠡᠷᠡᠭᠲᠡᠶ᠃ ᠢᠳᠡᠪᠬᠢᠲᠡᠶ ᠪᠠᠷ ᠨᠥᠬᠦᠴᠡᠯ ᠪᠦᠷᠢᠯᠳᠦᠭᠦᠯᠣᠨ᠂ ᠵᠡᠮᠳᠡᠭᠴᠦᠳ ᠵᠡᠷᠭᠡ ᠣᠨᠴᠣᠭᠤᠢ | ᠭᠦᠮᠣᠰ ᠤᠨ ᠰᠢᠯᠭᠠᠯᠲᠠ ᠳᠤ ᠣᠷᠣᠯᠴᠠᠬᠤ ᠳᠤᠨᠢ ᠦᠢᠯᠡᠴᠢᠯᠡᠭᠡ ᠬᠠᠩᠭᠠᠬᠤ ᠬᠡᠷᠡᠭᠲᠡᠶ᠃ ᠥᠪᠡᠷᠲᠡᠭᠡᠨ ᠵᠠᠰᠠᠬᠤ | ᠣᠷᠣᠨ ᠤ ᠰᠤᠷᠭᠠᠨ ᠬᠥᠮᠦᠵᠢᠯ ᠤᠨ ᠲᠢᠩᠬᠢᠮ ᠨᠢ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ | ᠰᠤᠷᠤᠭᠴᠢᠳ ᠤᠨ ᠰᠤᠷᠭᠠᠭᠤᠯᠢ ᠶᠢᠨ ᠬᠠᠷᠢᠶᠠᠯ ᠬᠥᠮᠥᠷᠭᠡ ᠪᠠᠷ ᠰᠠᠭᠤᠷᠢ ᠪᠣᠯᠭᠠᠵᠣ᠂ ᠪᠥᠬᠦ ᠣᠷᠣᠨ ᠤ | ᠶᠡᠷᠣᠩᠬᠡᠶᠢᠯᠡᠭᠰᠠᠨ ᠬᠡᠪ ᠴᠢᠨᠠᠷ ᠤᠨ ᠦᠨᠡᠯᠡᠯᠲᠡ ᠶᠢᠨ ᠲᠤᠤᠷ ᠰᠦᠯᠵᠢᠶᠡᠨ ᠤ ᠬᠠᠮᠢᠶᠠᠷᠤᠯᠲᠠ ᠶᠢᠨ ᠨᠢᠭᠡᠳᠦᠯᠲᠡᠶ | ᠲᠠᠪᠴᠠᠩ ᠢ ᠪᠠᠶᠢᠭᠤᠯᠬᠤ ᠬᠡᠷᠩᠳᠠᠢ᠃ 2018 ᠣᠨ ᠠᠴᠠ ᠡᠬᠢᠯᠡᠨ᠂ ᠪᠥᠬᠦ ᠣᠷᠣᠨ ᠤ ᠡᠩ ᠤᠨ ᠥᠨᠳᠥᠷ | ᠵᠡᠷᠭᠡ ᠶᠢᠨ ᠳᠤᠮᠳᠠᠳᠤ ᠰᠤᠷᠭᠠᠭᠤᠯᠢ ᠪᠦᠬᠦᠨ ᠤ ᠰᠤᠷᠤᠭᠴᠢ ᠶᠢᠨ ᠶᠡᠷᠣᠩᠬᠡᠶᠢᠯᠡᠭᠰᠠᠨ ᠬᠡᠪ ᠴᠢᠨᠠᠷ ᠤᠨ ᠦᠨᠡᠯᠡᠯᠲᠡ ᠶᠢ | ᠴᠥᠮ ᠲᠣᠣᠷ ᠰᠦᠯᠵᠢᠶ᠎ᠠ ᠳᠤ ᠰᠠᠭᠤᠷᠢᠯᠠᠵᠣ ᠬᠡᠷᠩᠵᠢᠭᠦᠯᠭᠦ ᠬᠡᠷᠩᠳᠠᠢ᠃ ᠡᠯ᠎ᠡ ᠠᠶᠢᠮᠠᠭ ᠬᠤᠳᠠ᠂ ᠬᠤᠰᠢᠭᠤ ᠰᠢᠶᠠᠨ | ︵ᠬᠤᠳᠠ᠂ ᠲᠣᠭᠤᠷᠢᠭ︶ ᠤ ᠰᠤᠷᠭᠠᠭᠤᠯᠢ ᠨᠤᠭᠤᠳ ᠲᠤᠰᠬᠠᠶ ᠬᠥᠮᠦᠨ ᠲᠣᠭᠲᠠᠭᠠᠵᠤ ᠲᠣᠣᠷ ᠰᠦᠯᠵᠢᠶᠡᠨ ᠤ | ᠲᠠᠪᠴᠠᠩ ᠤᠨ ᠬᠠᠮᠢᠶ᠎ᠠ ᠪᠥᠬᠦᠢ ᠬᠠᠮᠢᠶᠠᠷᠤᠯᠲᠠ ᠶᠢᠨ ᠠᠵᠢᠯ ᠢ ᠬᠠᠷᠢᠭᠤᠴᠠᠭᠤᠯᠬᠤ ᠬᠡᠷᠩᠳᠠᠢ᠃ | ︵ᠲᠦᠷᠪᠡ︶ ᠤᠬᠠᠭᠤᠯᠭ᠎ᠠ ᠯᠠᠪᠯᠠᠯᠭ᠎ᠠ ᠪᠠᠷ ᠵᠢᠭᠠᠨ ᠵᠢᠯᠣᠭᠤᠣᠠᠬᠤ ᠪᠠᠨ ᠴᠢᠩᠭᠠᠳᠬᠠᠬᠤ ᠬᠡᠷᠩᠳᠠᠢ᠃ | ᠡᠯ᠎ᠡ ᠵᠦᠢᠯ ᠤᠨ ᠲᠥᠷᠥ ᠶᠢᠨ ᠪᠣᠳᠣᠯᠭ᠎ᠠ᠂ ᠲᠣᠭᠲᠠᠭᠠᠯ ᠪᠠ ᠱᠠᠭᠠᠷᠳᠠᠯᠭ᠎ᠠ ᠶᠢ ᠤᠬᠠᠭᠤᠯᠣᠨ | ᠲᠠᠶᠢᠯᠪᠤᠷᠢᠯᠠᠬᠤ ᠶᠢ ᠴᠢᠩᠭᠠᠳᠬᠠᠨ᠂ ᠥᠭᠡᠷᠡᠴᠢᠯᠡᠯᠲᠡ ᠬᠢᠬᠦ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ᠂ ᠰᠠᠶᠢᠨ | ᠰᠠᠶᠢᠬᠠᠨ ᠣᠷᠴᠢᠨ ᠠᠬᠤᠢ ᠶᠢ ᠪᠤᠢ ᠪᠣᠯᠭᠠᠬᠤ ᠬᠡᠷᠩᠳᠠᠢ᠃ ᠳᠤᠮᠳᠠᠳᠤ ᠰᠤᠷᠭᠠᠭᠤᠯᠢ ᠶᠢᠨ ᠰᠤᠷᠤᠭᠴᠢᠳ ᠤᠨ | ᠰᠤᠷᠤᠯᠭ᠎ᠠ ᠶᠢᠨ ᠲᠥᠯᠥᠪᠵᠢᠭᠦᠯᠣᠨ ᠵᠢᠯᠣᠭᠤᠣᠠᠬᠤ ᠪᠠᠨ ᠴᠢᠩᠭᠠᠳᠬᠠᠵᠣ᠂ ᠰᠤᠷᠤᠭᠴᠢᠳ ᠦᠪᠡᠰᠣᠪᠡᠨ ᠡᠵᠡᠨ | ᠮᠡᠳᠡᠵᠣ ᠰᠣᠩᠭᠤᠯᠳᠠ ᠬᠢᠭᠦ ᠴᠢᠳᠠᠪᠤᠷᠢ ᠶᠢ ᠨᠢ ᠬᠥᠮᠦᠵᠢᠭᠦᠯᠭᠦ ᠬᠡᠷᠩᠳᠠᠢ᠃ ᠯᠠᠪᠯᠠᠯᠭ᠎ᠠ ᠶᠢᠨ ᠦᠢᠯᠡᠴᠢᠯᠡᠭᠡᠨ ᠤ | ᠬᠡᠯᠪᠡᠷᠢ ᠳᠤ ᠰᠢᠨ᠎ᠡ ᠶᠢ ᠡᠭᠦᠳᠴᠣ᠂ ᠯᠠᠪᠯᠠᠯᠭ᠎ᠠ ᠶᠢᠨ ᠦᠢᠯᠡᠴᠢᠯᠡᠭᠡᠨ ᠤ ᠶᠠᠰᠤ ᠴᠢᠨᠠᠷ ᠢᠶᠠᠨ ᠳᠡᠭᠡᠭᠰᠢᠯᠡᠭᠦᠯᠬᠦ ᠬᠡᠷᠡᠭᠲᠡᠶ᠃ | ᠰᠢᠯᠭᠠᠭᠤᠯᠣᠭᠰᠠᠣᠨ᠂ ᠪᠠᠭᠰᠢ ᠵᠢᠴᠢ ᠠᠵᠢᠯᠲᠠᠨ ᠳᠤ ᠦᠨᠡᠨᠴᠢ ᠢᠲᠡᠭᠡᠮᠵᠢᠳᠠᠢ ᠪᠠᠶᠢᠬᠤ ᠬᠥᠮᠦᠵᠢᠯ ᠪᠠ | ᠬᠠᠮᠢᠶᠠᠷᠣᠯᠳᠠ ᠶᠢ ᠴᠢᠩᠭᠠᠣᠠᠬᠠᠵᠣ᠂ ᠬᠤᠪᠢ ᠬᠥᠮᠦᠨ᠂ ᠰᠤᠷᠭᠠᠭᠤᠯᠢ ᠶᠢᠨ ᠰᠢᠯᠭᠠᠯᠲᠠ ᠪᠠᠷ ᠰᠤᠷᠤᠭᠴᠢ ᠡᠯᠰᠡᠬᠦ | ᠦᠨᠡᠨᠴᠢ ᠢᠲᠡᠭᠡᠮᠵᠢᠳᠠᠢ ᠶᠢᠨ ᠳᠠᠩᠰᠠ ᠡᠪᠬᠡᠮᠡᠯ ᠢ ᠪᠦᠷᠢᠨᠰᠢᠭᠦᠯᠵᠣ᠂ ᠦᠨᠡᠨᠴᠢ ᠢᠲᠡᠭᠡᠮᠵᠢᠲᠡᠶ ᠪᠠᠷ ᠰᠢᠯᠭᠠᠯᠳᠠ ᠬᠢᠭᠦ᠂ | ᠲᠥᠪ ᠭᠤᠣᠯᠴᠢ ᠪᠠᠷ ᠴᠢᠳᠠᠪᠣᠷᠢᠳᠠᠨ ᠰᠣᠩᠭᠤᠬᠤ ᠰᠠᠶᠢᠨ ᠰᠠᠶᠢᠬᠠᠨ ᠣᠷᠴᠢᠨ ᠲᠣᠭᠤᠷᠢᠨ ᠢ ᠢᠳᠡᠪᠬᠢᠳᠠᠢ ᠪᠤᠢ | ᠪᠣᠯᠭᠠᠬᠤ ᠬᠡᠷᠩᠳᠠᠢ᠃ | | |