ᠢᠥᠢ ᠯᠢ ᠰᠢᠨ ᠬᠥᠯᠥᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠤᠲᠠ ᠶᠢᠨ ᠳᠠᠷᠤᠭ᠎ᠠ ᠪᠠᠷ ᠰᠤᠩᠭᠤᠭᠳᠠᠪᠠ
ᠨᠡᠶᠢᠲᠡᠯᠡᠭᠰᠡᠨ ᠴᠠᠭ᠄
2017/3/2

      2 ᠳ᠋ᠤᠭᠠᠷ ᠰᠠᠷ᠎ᠠ ᠶᠢᠨ 16 ᠤ ᠡᠳᠦᠷ᠂ ᠬᠥᠯᠥᠨ ᠪᠤᠶᠢᠷ ᠬᠤᠳᠠ ᠶᠢᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯᠳᠤᠭᠠᠨ ᠵᠥᠪᠯᠡᠬᠦ ᠵᠦᠢᠯ ᠤᠳ ᠢᠶᠠᠨ ᠲᠡᠭᠦᠰ ᠠᠮᠵᠢᠯᠲᠠ ᠲᠠᠢ ᠪᠡᠶᠡᠯᠡᠭᠦᠯᠪᠡ᠃ ᠢᠥᠢ ᠯᠢ ᠰᠢᠨ ᠬᠥᠯᠥᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠤᠲᠠ ᠶᠢᠨ ᠳᠠᠷᠤᠭ᠎ᠠ ᠪᠠᠷ ᠰᠤᠩᠭᠤᠭᠳᠠᠪᠠ︔ ᠰᠢᠤᠢ ᠾᠧ ᠵᠥᠩ ᠬᠥᠯᠥᠨ ᠪᠤᠶᠢᠷ ᠬᠤᠲᠠ ᠶᠢᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠪᠠᠷ ᠰᠤᠩᠭᠤᠭᠳᠠᠪᠠ︔ ᠵᠢᠷᠭᠠᠯ᠂ ᠳ᠋ᠦ᠋ ᠽᠧ ᠴᠢᠤᠸᠠᠨ᠂ ᠬᠠᠨ ᠯᠢ ᠵᠢᠶᠧ ᠬᠥᠯᠥᠨ ᠪᠤᠶᠢᠷ ᠬᠤᠲᠠ ᠶᠢᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠭᠡᠰᠢᠭᠦᠨ ᠢᠶᠠᠷ ᠰᠤᠩᠭᠤᠭᠳᠠᠪᠠ᠃ ᠶᠡᠭᠡ ᠬᠤᠷᠠᠯ ᠦᠨᠳᠦᠰᠦᠨ ᠬᠠᠤᠯᠢ ᠳᠤ ᠲᠠᠩᠭᠠᠷᠢᠭᠯᠠᠬᠤ ᠶᠣᠰᠣᠯᠠᠯ ᠶᠠᠪᠤᠭᠤᠯᠵᠤ᠂ ᠢᠥᠢ ᠯᠢ ᠰᠢᠨ ᠵᠡᠷᠭᠡ ᠰᠢᠨ᠎ᠡ ᠪᠠᠷ ᠲᠤᠰᠢᠶᠠᠯ ᠳᠤ ᠲᠣᠮᠢᠯᠠᠭᠳᠠᠭᠰᠠᠳ ᠦᠨᠳᠦᠰᠦᠨ ᠬᠠᠤᠯᠢ ᠳᠤ ᠲᠥᠪ ᠴᠢᠩᠭ᠎ᠠ ᠪᠠᠷ ᠲᠠᠩᠭᠠᠷᠢᠭᠯᠠᠵᠠᠶ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ