ᠦᠪᠡᠷᠳᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠎ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠭᠤᠴᠢᠨ ᠨᠢᠭᠡᠲᠦᠭᠡᠷ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2017/3/20
     3 ᠳ᠋ᠤᠭᠠᠷ ᠰᠠᠷ᠎ᠠ ᠶᠢᠨ 17᠎ ᠤ ᠡᠳᠦᠷ ᠤᠨ ᠦᠳᠡ ᠶᠢᠨ ᠬᠤᠶᠢᠨ᠎ᠠ᠂ ᠦᠪᠡᠷᠳᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠭᠤᠴᠢᠨ ᠨᠢᠭᠡᠲᠦᠭᠡᠷ ᠬᠤᠷᠠᠯ ᠬᠦᠬᠡᠬᠤᠳᠠ ᠳᠤ ᠬᠤᠷᠠᠯᠳᠤᠪᠠ᠃      ᠦᠪᠡᠷᠳᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠎ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠤᠳᠤ ᠪᠠᠶᠢᠭ᠎ᠠ ᠪᠦᠷᠢᠯᠳᠦᠭᠦᠨ 63 ᠬᠦᠮᠦᠨ ᠪᠣᠢ᠂ 51 ᠬᠦᠮᠦᠨ ᠬᠤᠷᠠᠯ ᠳᠤ ᠤᠷᠤᠯᠴᠠᠵᠣ᠂ ᠬᠠᠤᠯᠢ ᠳᠤ ᠲᠤᠬᠳᠠᠭᠠᠬᠰᠠᠨ ᠬᠦᠮᠦᠨ ᠤ ᠲᠤᠭ᠎ᠠ ᠳᠤ ᠨᠡᠶᠢᠴᠡᠪᠡ᠃      ᠬᠤᠷᠠᠯ ᠠᠴᠠ ︽ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢ ᠵᠸᠤ ᠪᠢᠡᠭ ᠯᠢ ᠳᠤ ᠠᠯᠪᠠᠳᠠᠯᠭ᠎ᠠ ᠶᠢᠨ ᠠᠷᠭ᠎ᠠ ᠬᠡᠮᠵᠢᠶ᠎ᠠ ᠠᠪᠬᠤ ᠪᠠᠷ ᠲᠡᠪᠰᠢᠭᠦᠯᠦᠨ ᠮᠡᠳᠡᠭᠦᠯᠵᠦ ᠵᠦᠪᠰᠢᠶᠡᠷᠡᠭᠦᠯᠭᠦ ᠲᠤᠬᠠᠢ ᠰᠠᠨᠠᠯ ᠵᠦᠪᠯᠡᠯᠭᠡ ᠶᠢᠨ ᠳᠣᠬᠠᠢ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠎ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠡᠷᠬᠢᠯᠡᠭᠴᠢᠳ ᠤᠨ ᠬᠤᠷᠠᠯ ᠤᠨ ᠲᠤᠳᠤᠷᠬᠠᠶᠢᠯᠠᠯᠳᠠ︾᠎ ᠶᠢ ᠰᠤᠨᠤᠰᠴᠠᠢ᠃ ᠲᠤᠭᠤᠶᠢᠯᠠᠩ ᠬᠤᠪᠢᠶᠠᠬᠰᠠᠨ ᠬᠤᠷᠠᠯ ᠤᠨ ᠲᠠᠷᠠᠭ᠎ᠠ᠂ ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ᠠᠯᠪᠠᠳᠠᠯᠭ᠎ᠠ ᠶᠢᠨ ᠠᠷᠭ᠎ᠠ ᠬᠡᠮᠵᠢᠶ᠎ᠠ ᠠᠪᠬᠤ ᠪᠠᠷ ᠮᠡᠳᠡᠭᠦᠯᠦᠨ ᠵᠦᠪᠰᠢᠶᠡᠷᠡᠭᠦᠯᠭᠦ ᠮᠡᠳᠡᠭᠦᠯᠦᠯᠳᠡ ᠶᠢᠨ ᠪᠢᠴᠢᠭ︾᠎ ᠢ ᠦᠨᠳᠦᠰᠦᠯᠡᠵᠦ᠂ ᠲᠦᠯᠦᠭᠡᠯᠡᠭᠴᠢ ᠶᠢᠨ ᠬᠠᠤᠯᠢ ᠶᠢᠨ ᠬᠠᠮᠢᠶ᠎ᠠ ᠪᠦᠭᠦᠢ ᠲᠤᠬᠳᠠᠭᠠᠯ ᠶᠤᠰᠤᠭᠠᠷ᠂ ᠪᠠᠶᠢᠡᠭᠭᠤ ᠶᠢᠨ ᠬᠤᠷᠢᠶ᠎ᠠ ᠪᠦᠭᠦᠳᠡ ᠬᠤᠷᠠᠯ ᠬᠤᠷᠠᠯᠳᠤᠭᠤᠯᠵᠦ᠂ ︽ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢ ᠵᠸᠤ ᠪᠢᠡᠭ ᠯᠢ ᠳᠤ ᠠᠯᠪᠠᠳᠠᠯᠭ᠎ᠠ ᠶᠢᠨ ᠠᠷᠭ᠎ᠠ ᠬᠡᠮᠵᠢᠶ᠎ᠠ ᠠᠪᠬᠤ ᠶᠢ ᠵᠦᠪᠰᠢᠶᠡᠷᠡᠭᠦ ᠲᠤᠬᠠᠢ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠲᠤᠬᠳᠠᠭᠠᠯ︾᠎ ᠢ ᠪᠠᠳᠤᠯᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号