ᠥᠪᠥᠷ ᠮᠣᠩᠭᠤᠯ ᠤᠨ ᠠᠭᠤᠷ ᠠᠮᠢᠰᠬᠤᠯ ᠳᠤᠯᠠᠭᠠᠷᠠᠨ ᠲᠤᠨᠳᠠᠰᠤᠨ ᠤ ᠬᠡᠮᠵᠢᠶ᠎ᠡ ᠶᠡᠬᠡᠰᠴᠦ ᠡᠪᠡᠰᠦ ᠪᠡᠯᠴᠢᠭᠡᠷ ᠡᠷᠲᠡ ᠨᠤᠭᠤᠭᠠᠷᠠᠬᠤ ᠪᠤᠯᠤᠨ᠎ᠠ
ᠨᠡᠶᠢᠲᠡᠯᠡᠭᠰᠡᠨ ᠴᠠᠭ᠄
2017/3/20
     ᠨᠢᠳᠤᠨᠤᠨ ᠡᠪᠦᠯ ᠡᠨᠡ ᠬᠠᠪᠤᠷ ᠠᠴᠠ ᠨᠠᠰᠢ᠂ ᠮᠠᠨ ᠤ ᠣᠷᠣᠨ ᠤ ᠶᠡᠬᠡᠩᠬᠢ ᠮᠠᠯᠵᠢᠬᠤ ᠣᠷᠣᠨ ᠤ ᠠᠭᠤᠷ ᠠᠮᠢᠰᠬᠤᠯ ᠳᠤᠯᠠᠭᠠᠷᠠᠨ᠂ ᠤᠯᠠᠨ ᠤᠳᠠᠭ᠎ᠠ ᠴᠠᠰᠤ ᠤᠷᠤᠵᠤ᠂ ᠰᠢᠷᠣᠶ ᠶᠢᠨ ᠴᠢᠭᠢᠭ ᠨᠡᠮᠡᠭᠳᠡᠬᠦ ᠪᠠ ᠡᠪᠡᠰᠦ ᠪᠡᠯᠴᠢᠭᠡᠷ ᠤᠨ ᠨᠤᠭᠤᠭᠠᠷᠠᠬᠤ ᠳᠤ ᠮᠠᠰᠢ ᠠᠰᠢᠭᠲᠠᠢ ᠪᠤᠯᠪᠠ᠃ ᠵᠢᠱᠢᠯᠲᠡ ᠪᠠᠷ ᠡᠨᠡ ᠬᠠᠪᠤᠷ ᠵᠡᠭᠦᠨ ᠬᠡᠰᠡᠭ ᠤᠨ ᠮᠠᠯᠵᠢᠬᠤ ᠣᠷᠣᠨ ᠤ ᠡᠪᠡᠰᠦ ᠪᠡᠯᠴᠢᠭᠡᠷ ᠤᠨ ᠨᠣᠭᠤᠭᠠᠷᠠᠬᠤ ᠴᠠᠭ ᠬᠡᠪ ᠤᠨ ᠬᠢ ᠠᠴᠠ 3 ~ 5 ᠡᠳᠦᠷ ᠤᠷᠢᠳᠴᠢᠯᠠᠵᠤ᠂ ᠳᠤᠮᠳᠠ ᠪᠠᠷᠠᠭᠤᠨ ᠬᠡᠰᠡᠭ ᠤᠨ ᠮᠠᠯᠵᠢᠬᠤ ᠣᠷᠣᠨ ᠤ ᠡᠪᠡᠰᠦ ᠪᠡᠯᠴᠢᠭᠡᠷ ᠤᠨ ᠨᠣᠭᠤᠭᠠᠷᠠᠬᠤ ᠴᠠᠭ ᠨᠢ 5 ~ 15 ᠡᠳᠦᠷ ᠤᠷᠢᠳᠴᠢᠯᠠᠬᠤ ᠪᠣᠯᠤᠨ᠎ᠠ᠃      2016 ~ 2017 ᠣᠨ ᠤ ᠡᠪᠦᠯ᠂ ᠮᠠᠨ ᠤ ᠣᠷᠣᠨ ᠤ ᠶᠡᠬᠡᠩᠬᠢ ᠮᠠᠯᠵᠢᠬᠤ ᠣᠷᠣᠨ ᠤ ᠳᠤᠮᠳᠠᠴᠢ ᠳᠤᠯᠠᠭᠠᠨ ᠤ ᠬᠡᠮᠵᠢᠶ᠎ᠡ ᠦᠩᠭᠡᠷᠡᠭᠰᠡᠨ ᠵᠢᠯ ᠤᠳ ᠲᠠᠢ ᠠᠳᠠᠯᠢᠳᠬᠠᠪᠠᠯ 2 ᠼᠧᠯᠰ ᠠᠴᠠ ᠳᠡᠭᠡᠭᠰᠢ ᠦᠨᠳᠦᠷ ᠪᠠᠶᠢᠵᠤ᠂ ᠪᠣᠷᠣᠭᠠᠨ ᠬᠤᠷ᠎ᠠ ᠡᠯᠪᠡᠭ ᠪᠤᠯᠪᠠ᠃ ᠣᠳᠣᠬᠠᠨ ᠳᠤ ᠪᠥᠬᠦ ᠣᠷᠣᠨ ᠤ ᠶᠡᠬᠡᠩᠬᠢ ᠮᠠᠯᠵᠢᠬᠤ ᠣᠷᠣᠨ ᠤ ᠬᠥᠷᠥᠰᠥ ᠰᠢᠷᠣᠶ ᠶᠢᠨ ᠴᠢᠬᠢᠭ ᠤᠨ ᠬᠡᠮᠵᠢᠶ᠎ᠡ ᠨᠡᠯᠢᠶᠡᠳ ᠰᠠᠶᠢᠨ ᠪᠠᠶᠢᠵᠤ᠂ ᠳᠤᠯᠠᠭᠠᠨ ᠤ ᠬᠡᠮᠵᠢᠶ᠎ᠡ ᠨᠢ ᠨᠡᠯᠢᠶᠡᠳ ᠦᠨᠳᠦᠷᠵᠢᠭᠰᠡᠨ ᠠᠴᠠ᠂ ᠲᠠᠯ᠎ᠠ ᠨᠤᠲᠤᠭ ᠤᠨ ᠡᠪᠡᠰᠦ ᠪᠡᠯᠴᠢᠭᠡᠷ ᠤᠨ ᠨᠤᠭᠤᠭᠠᠷᠠᠬᠤ ᠳᠤ ᠠᠰᠢᠭᠲᠠᠶ ᠪᠠᠶᠢᠨ᠎ᠠ᠃ ᠮᠠᠨ ᠤ ᠣᠷᠣᠨ ᠤ ᠵᠡᠭᠦᠨ ᠬᠡᠰᠡᠭ ᠤᠨ ᠡᠪᠡᠰᠦ ᠪᠡᠯᠴᠢᠭᠡᠷ ᠤᠨ ᠨᠣᠭᠤᠭᠠᠷᠠᠬᠤ ᠴᠠᠭ ᠶᠡᠷᠦᠳᠡᠭᠡᠨ 4 ᠳ᠋ᠦ᠋ᠭᠡᠷ ᠰᠠᠷ᠎ᠠ ᠶᠢᠨ 29᠎ ᠤ ᠡᠳᠦᠷ ~ 5 ᠳ᠋ᠤᠭᠠᠷ ᠰᠠᠷ᠎ᠠ ᠶᠢᠨ 14᠎ ᠤ ᠡᠳᠦᠷ᠂ ᠳᠤᠮᠳᠠ ᠬᠡᠰᠡᠭ ᠤᠨ ᠬᠢ 4 ᠳ᠋ᠦ᠋ᠭᠡᠷ ᠰᠠᠷ᠎ᠠ ᠶᠢᠨ 13᠎ ᠤ ᠡᠳᠦᠷ ~ 5 ᠳ᠋ᠤᠭᠠᠷ ᠰᠠᠷ᠎ᠠ ᠶᠢᠨ 6᠎ ᠤ ᠡᠳᠦᠷ᠂ ᠪᠠᠷᠠᠭᠤᠨ ᠬᠡᠰᠡᠭ ᠤᠨ ᠬᠢ 3 ᠳ᠋ᠤᠭᠠᠷ ᠰᠠᠷ᠎ᠠ ᠶᠢᠨ 27᠎ ᠤ ᠡᠳᠦᠷ ~ 5 ᠳ᠋ᠤᠭᠠᠷ ᠰᠠᠷ᠎ᠠ ᠶᠢᠨ 12᠎ ᠤ ᠡᠳᠦᠷ ᠪᠠᠶᠢᠳᠠᠭ᠃ ᠥᠪᠥᠷ ᠮᠣᠩᠭᠤᠯ ᠤᠨ ᠴᠠᠭ ᠠᠭᠤᠷ ᠤᠨ ᠲᠣᠪᠴᠢᠶ᠎ᠠ ᠶᠢᠨ ᠵᠢᠱᠢᠯᠲᠡ ᠪᠠᠷ᠂ ᠡᠨᠡ ᠬᠠᠪᠤᠷ ᠵᠡᠭᠦᠨ ᠬᠡᠰᠡᠭ ᠤᠨ ᠶᠡᠬᠡᠩᠬᠢ ᠮᠠᠯᠵᠢᠬᠤ ᠣᠷᠣᠨ ᠤ ᠡᠪᠡᠰᠦ ᠪᠡᠯᠴᠢᠭᠡᠷ ᠤᠨ ᠨᠣᠭᠤᠭᠠᠷᠠᠬᠤ ᠴᠠᠭ 3 ~ 5 ᠡᠳᠦᠷ ᠤᠷᠢᠳᠴᠢᠯᠠᠵᠤ᠂ ᠳᠤᠮᠳᠠ ᠬᠡᠰᠡᠭ ᠤᠨ ᠨᠡᠶᠢᠲᠡᠯᠢᠭ ᠲᠠᠯ᠎ᠠ ᠨᠤᠲᠤᠭ ᠤᠨ ᠬᠢ ᠦᠩᠭᠡᠷᠡᠭᠰᠡᠨ ᠵᠢᠯ ᠤᠳ ᠲᠠᠢ ᠠᠳᠠᠯᠢᠳᠬᠠᠪᠠᠯ 5 ~ 10 ᠡᠳᠦᠷ ᠤᠷᠢᠳᠴᠢᠯᠠᠵᠤ᠂ ᠪᠠᠷᠠᠭᠤᠨ ᠬᠡᠰᠡᠭ ᠤᠨ ᠮᠠᠯᠵᠢᠬᠤ ᠣᠷᠣᠨ ᠤ ᠬᠢ 5 ~15 ᠡᠳᠦᠷ ᠤᠷᠢᠳᠴᠢᠯᠠᠬᠤ ᠪᠣᠯᠤᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号