ᠨᠢᠳᠤᠨᠤᠨ ᠠᠴᠠ ᠨᠠᠰᠢ᠂ ᠮᠠᠨ ᠤ ᠣᠷᠣᠨ ᠡᠮ ᠡᠮᠨᠡᠯᠭᠡ ᠶᠢᠨ ᠳᠠᠭᠠᠳᠬᠠᠯ ᠤᠨ ᠥᠭᠬᠦ ᠠᠷᠭ᠎ᠠ ᠮᠠᠶ᠋ᠢᠭ ᠢ | ᠦᠭᠡᠷᠡᠴᠢᠯᠡᠵᠤ᠂ ᠣᠨᠳᠣᠤ ᠭᠠᠵᠠᠷ ᠲᠤ ᠡᠮᠨᠡᠭᠦᠯᠦᠭᠰᠡᠨ ᠵᠠᠷᠤᠳᠠᠯ ᠢ ᠳ᠋ᠦᠩᠨᠡᠨ ᠪᠣᠳᠣᠬᠤ ᠬᠦᠷᠢᠶ᠎ᠡ ᠬᠡᠪᠴᠢᠶ᠎ᠡ ᠶᠢ | ᠤᠯᠠᠮ ᠨᠢᠭᠡ ᠠᠯᠬᠤᠮ ᠥᠷᠭᠡᠳᠬᠡᠵᠦ᠂ ᠪᠦᠬᠦ ᠣᠷᠣᠨ ᠤ ᠨᠢᠭᠡᠳᠦᠯᠲᠡᠶ ᠲᠥᠯᠥᠪᠯᠡᠬᠦ 15 ᠭᠠᠵᠠᠷ ᠣᠷᠣᠨ ᠴᠥᠮ | ᠣᠨᠳᠣᠤ ᠭᠠᠵᠠᠷ ᠲᠤ ᠡᠮᠨᠡᠭᠦᠯᠦᠭᠰᠡᠨ ᠵᠠᠷᠤᠳᠠᠯ ᠢ ᠳ᠋ᠦᠩᠨᠡᠨ ᠪᠤᠳᠤᠬᠤ ᠲᠤᠬᠠᠶᠢᠯᠠᠭᠰᠠᠨ ᠠᠵᠢᠯ ᠢ ᠨᠡᠪᠲᠡᠷᠡᠭᠦᠯᠵᠦ᠂ | ᠡᠮᠨᠡᠭᠦᠯᠦᠭᠰᠡᠨ ᠬᠦᠮᠦᠰ ᠤᠨ ᠮᠡᠳᠡᠭᠡ ᠵᠠᠩᠭᠢ᠂ ᠡᠮ ᠡᠮᠨᠡᠯᠭᠡ ᠶᠢᠨ ᠦᠢᠯᠡᠴᠢᠯᠡᠭᠡᠨ ᠤ ᠲᠤᠭ᠎ᠠ ᠪᠠᠷᠢᠮᠲᠠ ᠵᠢᠴᠢ | ᠵᠠᠷᠤᠳᠠᠯ ᠢ ᠳ᠋ᠦᠩᠨᠡᠨ ᠪᠣᠳᠣᠬᠤ ᠲᠤᠭ᠎ᠠ ᠪᠠᠷᠢᠮᠲᠠ ᠵᠡᠷᠭᠡ ᠮᠡᠳᠡᠭᠡ ᠵᠠᠩᠭᠢ ᠶᠢ ᠬᠠᠷᠢᠯᠴᠠᠨ ᠨᠡᠪᠲᠡᠷᠡᠯᠴᠡᠵᠤ | ᠰᠤᠯᠢᠯᠴᠠᠬᠤ ᠶᠢ ᠪᠡᠶᠡᠯᠡᠬᠦᠯᠪᠡ᠃ ᠡᠨᠡᠬᠦ ᠨᠢᠭᠡᠳᠦᠯᠲᠡᠶ ᠲᠥᠯᠥᠪᠯᠡᠬᠦ 15 ᠣᠷᠣᠨ ᠳᠤ ᠥᠪᠡᠷᠲᠡᠭᠡᠨ ᠵᠠᠰᠠᠬᠤ | ᠣᠷᠣᠨ ᠤ ᠲᠤᠰ ᠱᠠᠲᠤᠨ ᠤ ᠪᠠ ᠪᠦᠬᠦ ᠣᠷᠣᠨ ᠤ 12 ᠠᠶᠢᠮᠠᠭ ᠬᠤᠲᠠ ᠵᠢᠴᠢ ᠮᠠᠨᠵᠤᠤᠷ ᠬᠤᠳᠠ᠂ ᠡᠷᠢᠶᠡᠨ | ᠬᠤᠳᠠ ᠵᠡᠷᠭᠡ 2 ᠲᠦᠯᠦᠪᠯᠡᠭᠡ ᠳᠤ ᠠᠰᠳᠠᠭᠠᠨ ᠵᠢᠭᠰᠠᠭᠠᠭᠰᠠᠨ ᠬᠤᠳᠠ ᠪᠠᠭᠲᠠᠨ᠎ᠠ᠃ ᠡᠮ ᠡᠮᠨᠡᠯᠭᠡ ᠶᠢᠨ | ᠳᠠᠭᠠᠳᠬᠠᠯ ᠤᠨ ᠥᠭᠬᠦ ᠠᠷᠭ᠎ᠠ ᠬᠡᠯᠪᠡᠷᠢ ᠶᠢ ᠦᠬᠡᠷᠡᠴᠢᠯᠡᠬᠦ ᠳᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ | ᠵᠠᠰᠠᠭ ᠤᠨ ᠲᠢᠩᠬᠢᠮ ︽ᠡᠭᠦᠷᠭᠡ ᠬᠠᠷᠢᠭᠤᠴᠠᠯᠭ᠎ᠠ ᠪᠠᠨ ᠬᠤᠪᠢᠷᠠᠭᠤᠯᠬᠤ ᠦᠭᠡᠢ ᠪᠠᠶᠢᠬᠤ᠂ ᠳᠥᠭᠦᠮ ᠬᠢᠯᠪᠠᠷ | ᠪᠠᠶᠢᠯᠭᠠᠬᠤ︾ ︽ᠵᠣᠭᠤᠰ ᠬᠠᠮᠢᠶᠠᠷᠬᠤ ᠪᠠ ᠤᠴᠢᠷ ᠶᠠᠪᠤᠳᠠᠯ ᠬᠠᠮᠢᠶᠠᠷᠬᠤ ᠶᠢ ᠰᠠᠯᠭᠠᠬᠤ︾ ᠵᠠᠷᠴᠢᠮ ᠤᠨ ᠶᠣᠰᠣᠭᠠᠷ᠂ | ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ︽ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠡᠮ | ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢ ᠰᠢᠭᠤᠳ ᠦᠭᠭᠦ ᠬᠦᠷᠢᠶ᠎ᠡ ᠬᠡᠪᠴᠢᠶ᠎ᠡ ᠶᠢ ᠥᠷᠭᠡᠳᠬᠡᠬᠦ ᠲᠤᠬᠠᠶ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠬᠥᠮᠦᠨ ᠤ ᠬᠦᠴᠦᠨ ᠤ ᠡᠬᠢ | ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠮᠡᠳᠡᠭᠳᠡᠯ︾ ᠪᠠᠭᠤᠯᠭᠠᠵᠤ᠂ ᠥᠪᠡᠷᠲᠡᠭᠡᠨ ᠵᠠᠰᠠᠬᠤ | ᠣᠷᠣᠨ ᠤ ᠲᠤᠰ ᠱᠠᠲᠤᠨ ᠤ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢ ᠰᠢᠭᠤᠳ ᠥᠭᠬᠦ ᠬᠦᠷᠢᠶ᠎ᠡ | ᠬᠡᠪᠴᠢᠶ᠎ᠡ ᠶᠢ ᠪᠦᠬᠦᠶᠢᠯᠡ ᠥᠪᠡᠷᠲᠡᠭᠡᠨ ᠵᠠᠰᠠᠬᠤ ᠣᠷᠣᠨ ᠤ ᠱᠡᠳᠦ᠂ ᠠᠶᠢᠮᠠᠭ ᠬᠤᠳᠠ ᠶᠢᠨ ᠱᠠᠲᠤ᠂ ᠶᠡᠷᠦᠩᠬᠡᠶ | ᠰᠠᠯᠠᠭ᠎ᠠ ᠲᠤᠰᠬᠠᠶ ᠮᠡᠷᠭᠡᠵᠢᠯ ᠤᠨ ᠰᠠᠯᠠᠭ᠎ᠠ ᠭᠤᠷᠪᠠᠳᠤᠭᠠᠷ ᠳᠡᠰ ᠤᠨ ᠡᠮᠨᠡᠯᠭᠡ ᠶᠢᠨ ᠬᠤᠷᠢᠶ᠎ᠠ ᠳᠤ ᠬᠦᠷᠲᠡᠯ᠎ᠡ | ᠦᠷᠭᠦᠯᠵᠢᠯᠡᠨ ᠦᠷᠭᠡᠳᠬᠡᠪᠡ᠃ | |