ᠲᠦᠷᠦᠬᠦᠦ ᠬᠤᠶᠠᠷ ᠰᠠᠷ᠎ᠠ ᠳᠤ ᠥᠪᠥᠷ ᠮᠣᠩᠭᠤᠯ ᠤᠨ ︽ᠨᠢᠭᠡ ᠪᠦᠰᠡ ᠨᠢᠭᠡ ᠵᠠᠮ︾᠎ ᠤᠨ ᠤᠯᠤᠰ ᠲᠠᠬᠢ ᠭᠠᠳᠠᠭᠠᠲᠤ ᠭᠠᠷᠭᠠᠯᠲᠠ ᠶᠢᠨ ᠬᠡᠮᠵᠢᠶ᠎ᠡ 37.1%᠎ ᠪᠠᠷ ᠨᠡᠮᠡᠭᠳᠡᠪᠡ
ᠨᠡᠶᠢᠲᠡᠯᠡᠭᠰᠡᠨ ᠴᠠᠭ᠄
2017/3/21
      ᠬᠥᠬᠡᠬᠤᠲᠠ ᠶᠢᠨ ᠪᠣᠭᠤᠮᠲᠠ ᠶᠢᠨ ᠪᠦᠷᠢᠳᠬᠡᠯ ᠠᠴᠠ ᠦᠵᠡᠪᠡᠯ᠂ ᠡᠨᠡ ᠵᠢᠯ ᠤᠨ ᠲᠦᠷᠦᠭᠦᠦ ᠬᠤᠶᠠᠷ ᠰᠠᠷ᠎ᠠ ᠳᠤ ᠥᠪᠡᠷᠲᠡᠭᠡᠨ ᠵᠠᠰᠠᠬᠤ ᠣᠷᠣᠨ ᠤ ︽ᠨᠢᠭᠡ ᠪᠦᠰᠡ ᠨᠢᠭᠡ ᠵᠠᠮ︾᠎ ᠤᠨ ᠤᠯᠤᠰ ᠲᠠᠬᠢ ᠭᠠᠳᠠᠭᠠᠲᠤ ᠤᠷᠤᠭᠤᠯᠤᠯᠲᠠ ᠪᠤᠯᠤᠨ ᠭᠠᠷᠭᠠᠯᠲᠠ 89.9 ᠳ᠋ᠦᠡᠭᠰᠢᠭᠤᠷ ᠲᠥᠭᠦᠷᠢᠭ ᠲᠤ ᠬᠦᠷᠴᠦ᠂ 37.1%᠎ ᠪᠠᠷ ᠨᠡᠮᠡᠭᠳᠡᠪᠡ᠃ ᠲᠦᠷᠦᠬᠦᠦ ᠬᠤᠶᠠᠷ ᠰᠠᠷ᠎ᠠ ᠳᠤ᠂ ᠥᠪᠡᠷᠲᠡᠭᠡᠨ ᠵᠠᠰᠠᠬᠤ ᠣᠷᠣᠨ ᠤ ︽ᠨᠢᠭᠡ ᠪᠦᠰᠡ ᠨᠢᠭᠡ ᠵᠠᠮ︾᠎ ᠤᠨ ᠤᠯᠤᠰ ᠎ ᠲᠠᠬᠢ ᠠᠷᠠᠯᠵᠢᠶᠠᠨ ᠳᠤ᠂ ᠮᠣᠩᠭᠤᠯ ᠤᠯᠤᠰ ᠪᠣᠯᠤᠨ ᠣᠷᠣᠰ ᠯᠤᠭ᠎ᠠ ᠭᠤᠤᠯ ᠠᠷᠠᠯᠵᠢᠶᠠᠯᠠᠪᠠ᠂ ᠡᠭᠦᠨ ᠳᠤ ᠮᠣᠩᠭᠤᠯ ᠤᠯᠤᠰ ᠲᠠᠬᠢ ᠤᠷᠤᠭᠤᠯᠤᠯᠲᠠ ᠪᠤᠯᠤᠨ ᠭᠠᠷᠭᠠᠯᠲᠠ ᠨᠢ 34.4 ᠳ᠋ᠦᠡᠭᠰᠢᠭᠤᠷ ᠲᠥᠭᠦᠷᠢᠭ ᠲᠤ ᠬᠦᠷᠴᠦ᠂ 38.1%᠎ ᠪᠠᠷ ᠨᠡᠮᠡᠭᠳᠡᠵᠤ᠂ ᠣᠷᠣᠰ ᠲᠠᠬᠢ ᠤᠷᠤᠭᠤᠯᠤᠯᠲᠠ ᠪᠤᠯᠤᠨ ᠭᠠᠷᠭᠠᠯᠲᠠ ᠨᠢ 32.2 ᠳ᠋ᠦᠡᠭᠰᠢᠭᠤᠷ ᠲᠥᠭᠦᠷᠢᠭ ᠲᠤ ᠬᠦᠷᠴᠦ᠂ 25.4%᠎ ᠪᠠᠷ ᠨᠡᠮᠡᠭᠳᠡᠵᠤ᠂ ᠡᠨᠡ ᠬᠤᠶᠠᠷ ᠨᠢ ᠨᠡᠶᠢᠯᠡᠭᠡᠳ ᠠᠳᠠᠯᠢ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ︽ᠨᠢᠭᠡ ᠪᠦᠰᠡ ᠨᠢᠭᠡ ᠵᠠᠮ︾᠎ ᠤᠨ ᠤᠯᠤᠰ ᠲᠠᠬᠢ ᠠᠷᠠᠯᠵᠢᠶᠠᠨ ᠤ ᠶᠡᠷᠦᠩᠬᠡᠶ ᠦᠷᠳᠡᠭ ᠤᠨ 74.1%᠎ ᠶᠢ ᠡᠵᠡᠯᠡᠪᠡ᠃ ᠥᠪᠡᠷᠲᠡᠭᠡᠨ ᠵᠠᠰᠠᠬᠤ ᠣᠷᠣᠨ ᠤ ︽ᠨᠢᠭᠡ ᠪᠦᠰᠡ ᠨᠢᠭᠡ ᠵᠠᠮ︾᠎ ᠤᠨ 57 ᠤᠯᠤᠰ ᠎ ᠯᠤᠭ᠎ᠠ ᠶᠢᠨ ᠠᠷᠠᠯᠵᠢᠶᠠᠨ ᠳᠤ᠂ 42 ᠤᠯᠤᠰ ᠯᠤᠭ᠎ᠠ ᠶᠢᠨ ᠠᠷᠠᠯᠵᠢᠶ᠎ᠠ ᠨᠢ ᠠᠳᠠᠯᠢ ᠪᠤᠰᠤ ᠬᠡᠮᠵᠢᠶ᠎ᠡ ᠪᠠᠷ ᠨᠡᠮᠡᠭᠳᠡᠵᠤ᠂ ᠵᠥᠪᠬᠡᠨ 15 ᠤᠯᠤᠰ ᠯᠤᠭ᠎ᠠ ᠶᠢᠨ ᠠᠷᠠᠯᠵᠢᠶ᠎ᠠ ᠨᠢ ᠪᠠᠭᠤᠷᠠᠭᠰᠠᠨ ᠪᠠᠶᠢᠨ᠎ᠠ᠃ ᠭᠠᠳᠠᠭᠠᠲᠤ ᠭᠠᠷᠭᠠᠯᠲᠠ ᠨᠢ ᠮᠠᠰᠢᠨ ᠴᠠᠬᠢᠯᠭᠠᠨ ᠤ ᠦᠢᠯᠡᠳᠬᠦᠨ᠂ ᠪᠤᠯᠤᠳ ᠮᠠᠲ᠋ᠧᠷᠢᠶᠠᠯ ᠪᠤᠯᠤᠨ ᠹᠯᠣᠷᠲᠤ ᠨᠢᠭᠡᠳᠪᠦᠷᠢ ᠡᠳ᠋ ᠢᠶᠠᠷ ᠭᠤᠣᠯ ᠪᠣᠯᠭᠠᠨ᠂  ᠤᠷᠤᠭᠤᠯᠤᠯᠲᠠ ᠨᠢ ᠨᠡᠭᠦᠷᠡᠰᠦ᠂ ᠬᠢᠷᠦᠭᠡᠲᠡᠮᠡᠯ ᠮᠣᠳᠣ ᠪᠤᠯᠤᠨ ᠵᠡᠰ ᠤᠨ ᠡᠯᠡᠰᠦ ᠪᠠᠷ ᠭᠤᠣᠯ ᠪᠤᠯᠭᠠᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号