ᠲᠣᠭᠲᠠᠬᠤ ᠰᠢᠶᠠᠨ ᠳᠤ ᠡᠮᠴᠢᠯᠡᠭᠡᠨ ᠤ ᠦᠨ᠎ᠡ ᠥᠷᠲᠡᠭ ᠲᠠᠢ ᠭᠠᠵᠠᠷ ᠤᠨ ᠢᠯᠴᠢ ᠶᠢᠨ ᠤᠰᠤ ᠠᠩᠬ᠎ᠠ ᠤᠳᠠᠭ᠎ᠠ ᠣᠯᠳᠠᠪᠠ
ᠨᠡᠶᠢᠲᠡᠯᠡᠭᠰᠡᠨ ᠴᠠᠭ᠄
2017/3/22
     ᠣᠷᠴᠢᠮᠬᠠᠨ᠂ ᠥᠪᠥᠷ ᠮᠣᠩᠭᠤᠯ ᠤᠨ ᠭᠠᠵᠠᠷ ᠰᠢᠨᠵᠢᠯᠡᠭᠡ ᠠᠭᠤᠷᠬᠠᠶ ᠶᠢᠨ ᠭᠠᠷᠤᠯᠲᠠ ᠶᠢ ᠬᠠᠶᠢᠨ ᠰᠢᠨᠵᠢᠯᠡᠵᠦ ᠨᠡᠭᠡᠭᠡᠨ ᠠᠰᠢᠭᠯᠠᠬᠤ ᠳᠣᠯᠣᠳᠤᠭᠠᠷ ᠬᠦᠷᠢᠶᠡᠯᠡᠩ ᠤᠨ ᠳᠠᠭᠠᠭᠠᠴᠢᠯᠠᠭᠰᠠᠨ ᠥᠪᠡᠷᠲᠡᠭᠡᠨ ᠵᠠᠰᠠᠬᠤ ᠣᠷᠣᠨ ᠤ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠬᠤ ᠰᠠᠭᠤᠷᠢ ᠮᠥᠩᠭᠦᠨ ᠤ ᠲᠥᠷᠥᠯ ᠵᠦᠢᠯ — ᠲᠣᠭᠲᠠᠬᠤ ᠰᠢᠶᠠᠨ ᠤ ᠭᠠᠵᠠᠷ ᠤᠨ ᠢᠯᠴᠢ ᠶᠢ ᠬᠠᠶᠢᠨ ᠪᠠᠶᠢᠴᠠᠭᠠᠬᠤ ᠬᠤᠳᠳᠤᠭ ᠠᠴᠠ ᠠᠮᠵᠢᠯᠲᠠ ᠲᠠᠢ ᠪᠠᠷ ᠤᠰᠤ ᠭᠠᠷᠪᠠ᠂ ᠡᠨᠡ ᠪᠣᠯ ᠬᠥᠬᠡᠬᠤᠲᠠ ᠪᠤᠭᠤᠲᠤ ᠶᠢᠨ ᠲᠠᠯ᠎ᠠ ᠭᠠᠵᠠᠷ ᠤᠨ ᠡᠮᠦᠨᠡᠲᠦ ᠪᠡᠯ ᠤᠨ ᠭᠠᠵᠠᠷ ᠤᠨ ᠢᠯᠴᠢ ᠶᠢᠨ ᠬᠠᠶᠢᠨ ᠪᠠᠶᠢᠴᠠᠭᠠᠯᠲᠠ ᠶᠢᠨ ᠴᠢᠬᠤᠯᠠ ᠶᠡᠭᠡ ᠰᠢᠪᠲᠤᠯᠤᠯᠲᠠ ᠮᠥᠨ᠂ ᠬᠥᠬᠡᠬᠤᠲᠠ ᠪᠤᠭᠤᠲᠤ ᠶᠢᠨ ᠲᠠᠯ᠎ᠠ ᠭᠠᠵᠠᠷ ᠤᠨ ᠡᠮᠦᠨᠡᠲᠦ ᠪᠠᠯ ᠳᠤ ᠡᠯᠪᠡᠭ ᠪᠠᠶᠠᠯᠢᠭ ᠭᠠᠵᠠᠷ ᠤᠨ ᠢᠯᠴᠢ ᠶᠢᠨ ᠡᠬᠢ ᠰᠤᠷᠪᠤᠯᠵᠢ ᠬᠠᠳᠠᠭᠠᠯᠠᠭᠳᠠᠵᠤ ᠪᠠᠶᠢᠭ᠎ᠠ ᠶᠢ ᠤᠯᠠᠮ ᠨᠢᠭᠡ ᠠᠯᠬᠤᠮ ᠭᠡᠷᠡᠴᠢᠯᠡᠪᠡ᠃      ᠲᠤᠰ ᠭᠠᠵᠠᠷ ᠤᠨ ᠢᠯᠴᠢ ᠶᠢᠨ ᠬᠤᠳᠳᠤᠭ ᠨᠢ ᠬᠥᠬᠡᠬᠤᠲᠠ ᠪᠤᠭᠤᠲᠤ ᠤᠷᠳᠤᠰ ᠶᠢᠨ ᠭᠡᠪᠡᠯᠢ᠂ ᠲᠣᠭᠲᠠᠬᠤ ᠰᠢᠶᠠᠨ ᠤ ᠴᠧᠩ ᠭᠤᠸᠠᠨ ᠪᠠᠯᠭᠠᠰᠤ ᠶᠢᠨ ᠬᠠᠪᠢ ᠳᠤ ᠪᠠᠶᠢᠷᠢᠰᠢᠵᠤ᠂ ᠬᠠᠲᠤᠨ ᠭᠤᠣᠯ ᠲᠠᠢ ᠬᠥᠷᠰᠢᠯᠡᠵᠦ᠂ ᠭᠠᠵᠠᠷ ᠵᠦᠶ ᠶᠢᠨ ᠪᠠᠶᠢᠷᠢᠯᠠᠯ ᠳᠠᠪᠠᠭᠤᠯᠢᠭ᠂ ᠵᠠᠮ ᠬᠠᠷᠢᠯᠴᠠᠭ᠎ᠠ ᠲᠦᠭᠦᠮ᠂ ᠨᠡᠭᠡᠭᠡᠨ ᠠᠰᠢᠭᠯᠠᠬᠤ ᠨᠥᠬᠦᠴᠡᠯ ᠢᠶᠠᠷ ᠰᠠᠶᠢᠨ ᠪᠠᠶᠢᠳᠠᠭ᠃ ᠵᠠᠭᠪᠤᠷ ᠠᠪᠤᠭᠰᠠᠨ ᠭᠠᠵᠠᠷ ᠤᠨ ᠢᠯᠴᠢ ᠶᠢᠨ ᠤᠰᠤ ᠶᠢ ᠠᠩᠬ᠎ᠠ ᠠᠯᠬᠤᠮ ᠵᠠᠳᠠᠯᠤᠭᠰᠠᠨ ᠢᠶᠠᠷ᠂ ᠲᠤᠰ ᠬᠤᠳᠳᠤᠭ ᠤᠨ ᠴᠠᠬᠢᠭᠤᠷ ᠬᠦᠴᠢᠯ᠂ ᠹᠯᠣᠷ ᠨᠢ ᠴᠥᠮ ᠹᠢᠽᠢᠺ ᠵᠠᠰᠠᠯ ᠤᠨ ᠦᠷᠳᠡᠭ ᠤᠨ ᠥᠳᠬᠡᠴᠡ ᠪᠠ ᠷᠠᠰᠢᠶᠠᠨ ᠤᠰᠤ ᠶᠢᠨ ᠥᠳᠬᠡᠴᠡ ᠶᠢᠨ ᠪᠠᠷᠢᠮᠵᠢᠶ᠎ᠠ ᠳᠤ ᠬᠦᠷᠪᠡ᠃ ᠲᠤᠰ ᠬᠤᠳᠳᠤᠭ ᠠᠴᠠ ᠤᠰᠤ ᠭᠠᠷᠤᠭᠰᠠᠨ ᠶᠠᠪᠤᠳᠠᠯ ᠨᠢ ᠲᠣᠭᠲᠠᠬᠤ ᠰᠢᠶᠠᠨ ᠤ ᠭᠠᠵᠠᠷ ᠣᠷᠣᠨ ᠤ ᠭᠠᠵᠠᠷ ᠤᠨ ᠢᠯᠴᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ᠂ ᠳᠣᠣᠷ᠎ᠠ ᠨᠡᠭᠦᠷᠡᠰᠦᠲᠥ᠋ᠷᠥᠭᠴᠢᠲᠦ ᠠᠵᠤ ᠠᠬᠤᠶ ᠶᠢ ᠬᠥᠭᠵᠢᠭᠦᠯᠬᠦ᠂ ᠬᠠᠳᠤᠨ ᠭᠤᠣᠯ ᠤᠨ ᠵᠢᠭᠤᠯᠴᠢᠯᠠᠯ ᠤᠨ ᠰᠣᠶᠣᠯ ᠤᠨ ᠦᠵᠡᠮᠵᠢᠲᠦ ᠣᠷᠣᠨ ᠢ ᠪᠠᠶᠢᠭᠤᠯᠬᠤ ᠵᠢᠴᠢ ᠪᠤᠰᠤᠳ ᠬᠤᠯᠪᠣᠭᠳᠠᠯ ᠪᠦᠬᠦᠢ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃      ᠲᠤᠰ ᠬᠤᠳᠳᠤᠭ ᠤᠨ ᠭᠦᠨ ᠨᠢ 2002 ᠮᠧᠲᠷ ᠪᠠᠶᠢᠵᠤ᠂ ᠭᠠᠵᠠᠷ ᠤᠨ ᠢᠯᠴᠢ ᠲᠠᠢ ᠤᠰᠤ ᠪᠤᠷᠭᠢᠯᠤᠨ ᠭᠠᠷᠴᠤ᠂ ᠤᠰᠤᠨ ᠳᠥᠷᠢᠯᠭᠡ ᠨᠢ ᠭᠠᠵᠠᠷ ᠤᠨ ᠲᠦᠪᠰᠢᠨ ᠠᠴᠠ ᠳᠡᠭᠡᠭᠰᠢ ᠪᠠᠷᠤᠭ ᠭᠤᠴᠢᠨ ᠮᠧᠲᠷ ᠲᠤ ᠬᠦᠷᠪᠡ᠃ ᠠᠩᠬ᠎ᠠ ᠠᠯᠬᠤᠮ ᠤᠨ ᠤᠰᠤ ᠲᠠᠲᠠᠬᠤ ᠲᠤᠷᠰᠢᠯᠲᠠ ᠶᠢᠨ ᠤᠰᠤᠨ ᠤ ᠲᠦᠪᠰᠢᠨ ᠨᠢ 70 ᠮᠧᠲᠷ ᠭᠦᠨ ᠪᠠᠶᠢᠵᠤ᠂ ᠡᠳᠦᠷ ᠪᠦᠷᠢ 2640 ᠪᠣᠰᠤᠭ᠎ᠠ ᠳᠥᠷᠪᠡᠯᠵᠢᠨ ᠮᠧᠲᠷ ᠤᠰᠤ ᠣᠷᠭᠢᠯᠵᠤ᠂ ᠤᠰᠤᠨ ᠤ ᠳᠤᠯᠠᠭᠠᠨ ᠤ ᠬᠡᠮᠵᠢᠶ᠎ᠡ ᠨᠢ 35 ℃ ᠪᠠᠶᠢᠪᠠ︔ ᠠᠶᠠᠨᠳᠠᠭᠠᠨ ᠤᠷᠤᠰᠬᠤ ᠬᠡᠮᠵᠢᠶ᠎ᠡ ᠨᠢ ᠡᠳᠦᠷ ᠪᠦᠷᠢ 530 ᠪᠣᠰᠤᠭ᠎ᠠ ᠳᠥᠷᠪᠡᠯᠵᠢᠨ ᠮᠧᠲᠷ ᠲᠤ ᠬᠦᠷᠴᠦ᠂ ᠤᠰᠤᠨ ᠤ ᠳᠤᠯᠠᠭᠠᠨ ᠤ ᠬᠡᠮᠵᠢᠶ᠎ᠡ ᠨᠢ 49 ℃ ᠪᠠᠶᠢᠨ᠎ᠠ᠃      ᠲᠠᠨᠢᠯᠴᠠᠭᠤᠯᠤᠭᠰᠠᠨ ᠢᠶᠠᠷ᠂ ᠲᠤᠰ ᠲᠥᠷᠥᠯ ᠵᠦᠢᠯ ᠳᠤ ᠥᠪᠡᠷᠲᠡᠭᠡᠨ ᠵᠠᠰᠠᠬᠤ ᠣᠷᠣᠨ ᠤ ᠭᠠᠵᠠᠷ ᠰᠢᠨᠵᠢᠯᠡᠭᠡᠨ ᠤ ᠰᠠᠭᠤᠷᠢ ᠮᠥᠩᠭᠦ ᠠᠴᠠ 759 ᠲᠦᠮᠡᠨ ᠲᠥᠭᠦᠷᠢᠭ ᠤᠨ ᠪᠡᠯᠡ ᠣᠷᠣᠭᠤᠯᠵᠤ᠂ 4 ᠵᠢᠯ ᠤᠨ ᠬᠠᠶᠢᠨ ᠪᠠᠶᠢᠴᠠᠭᠠᠯᠲᠠ ᠪᠣᠯᠣᠨ ᠨᠤᠲᠠᠯᠠᠯᠲᠠ ᠪᠠᠷ ᠳᠠᠮᠵᠢᠨ᠂ ᠬᠤᠳᠳᠤᠭ ᠤᠨ ᠪᠠᠶᠢᠷᠢ ᠶᠢ ᠰᠢᠨᠵᠢᠯᠡᠬᠦ ᠤᠬᠠᠭᠠᠨᠴᠢ ᠪᠠᠷ ᠰᠣᠩᠭᠤᠨ ᠲᠣᠭᠲᠠᠭᠠᠵᠤ᠂ ᠵᠢᠯ ᠭᠠᠷᠤᠶ ᠥᠷᠥᠮᠳᠡᠨ ᠬᠠᠶᠢᠵᠠᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号